ᠠᠯᠠᠱᠠ ᠵᠡᠭᠦᠨ ᠬᠤᠰᠢᠭᠤ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠵᠠᠮ ᠬᠠᠷᠢᠯᠴᠠᠭᠠᠨ ᠤ ᠬᠠᠤᠯᠢ ᠵᠥᠷᠢᠴᠡᠭᠰᠡᠨ ᠦᠵᠡᠭᠳᠡᠯ ᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2022/8/12
            7 ᠰᠠᠷ᠎ᠠ ᠠᠴᠠ ᠡᠬᠢᠯᠡᠨ᠂ ᠠᠯᠠᠱᠠ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ ᠴᠠᠭᠳᠠᠭᠠᠨ ᠤ ᠬᠢᠨ᠂ ᠪᠠᠶᠠᠨᠬᠤᠲᠠ ᠪᠠᠯᠭᠠᠰᠤᠨ ᠤ ᠬᠤᠲᠠ ᠶᠢᠨ ᠲᠣᠭᠤᠷᠢᠭ ᠤᠨ ᠭᠤᠣᠯᠳᠠᠯᠭ᠎ᠠ ᠲᠠᠢ ᠵᠠᠮ ᠤᠨ ᠬᠡᠰᠡᠭ᠂ ᠭᠤᠣᠯᠳᠠᠯᠭ᠎ᠠ ᠲᠠᠢ ᠴᠠᠭ ᠤᠨ ᠬᠡᠰᠡᠭ ᠵᠦᠭ ᠬᠡᠯᠪᠡᠶᠢᠯᠭᠡᠵᠦ᠂ ᠡᠳᠦᠷ ᠲᠤᠲᠤᠮ ᠤᠨ ᠪᠠᠶᠢᠴᠠᠭᠠᠨ ᠡᠵᠡᠮᠳᠡᠬᠦ ᠪᠠ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠤᠶᠠᠯᠳᠤᠭᠤᠯᠤᠭᠰᠠᠨ ᠦᠢᠯᠡᠴᠢᠯᠡᠭᠡᠨ ᠤ ᠵᠠᠭᠪᠤᠷ ᠢ ᠬᠡᠷᠡᠭᠯᠡᠨ᠂ ᠬᠤᠶᠠᠳᠤᠭᠠᠷ ᠡᠭᠡᠯᠵᠢ᠂ ᠭᠤᠷᠪᠠᠳᠤᠭᠠᠷ ᠡᠭᠡᠯᠵᠢ ᠶᠢᠨ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠤᠯᠠᠭᠠᠨ ᠭᠡᠷᠡᠯ ᠢ ᠵᠥᠷᠢᠴᠡᠬᠦ᠂ ᠰᠥᠷᠭᠡᠤ ᠤᠷᠤᠰᠬᠠᠯ ᠢᠶᠠᠷ ᠵᠣᠷᠴᠢᠬᠤ᠂ ᠬᠠᠤᠯᠢ ᠠᠴᠠ ᠵᠥᠷᠢᠴᠡᠨ ᠬᠥᠮᠥᠨ ᠰᠠᠭᠤᠯᠭᠠᠬᠤ᠂ ᠠᠮᠤᠷ ᠲᠦᠪᠰᠢᠨ ᠤ ᠳᠤᠭᠤᠯᠠᠭ᠎ᠠ ᠵᠡᠭᠦᠬᠦ ᠦᠭᠡᠢ ᠵᠡᠷᠭᠡ ᠪᠠᠶᠢᠩᠭᠤ ᠲᠣᠬᠢᠶᠠᠯᠳᠤᠳᠠᠭ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠭᠤᠣᠯᠳᠠᠯᠭ᠎ᠠ ᠲᠠᠢ ᠪᠠᠷ ᠴᠡᠭᠴᠡᠯᠡᠨ ᠵᠠᠰᠠᠨ᠎ᠠ᠃ ᠡᠭᠦᠨ ᠤ ᠬᠠᠮᠲᠤ᠂ ᠰᠤᠷᠭᠠᠨ ᠬᠥᠮᠥᠵᠢᠭᠦᠯᠬᠦ ᠪᠠ ᠰᠢᠢᠳᠬᠡᠬᠦ ᠶᠢ ᠤᠶᠠᠯᠳᠤᠭᠤᠯᠬᠤ ᠵᠠᠷᠴᠢᠮ ᠢ ᠪᠠᠷᠢᠮᠲᠠᠯᠠᠵᠤ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠵᠢᠯᠣᠭᠤᠴᠢ ᠶᠢᠨ ᠠᠮᠤᠷ ᠲᠦᠪᠰᠢᠨ ᠤ ᠬᠥᠮᠦᠵᠢᠯ ᠵᠢᠴᠢ ︽ᠳᠤᠭᠤᠯᠠᠭ᠎ᠠ ᠪᠠᠨ ᠵᠡᠭᠦᠬᠦ︾ ᠲᠤᠬᠠᠢ ᠠᠮᠤᠷ ᠲᠦᠪᠰᠢᠨ ᠤ ᠬᠠᠮᠠᠭᠠᠯᠠᠯᠲᠠ ᠶᠢᠨ ᠤᠬᠠᠭᠤᠯᠭ᠎ᠠ ᠶᠢ ᠴᠢᠩᠭᠠᠳᠬᠠᠵᠤ᠂ ᠵᠢᠯᠣᠭᠤᠴᠢ ᠶᠢᠨ ᠬᠠᠤᠯᠢ ᠶᠢ ᠵᠥᠷᠢᠴᠡᠨ ᠴᠠᠬᠢᠯᠭᠠᠨ ᠬᠥᠳᠡᠯᠭᠡᠭᠦᠷᠲᠦ ᠲᠡᠷᠭᠡ ᠵᠢᠯᠤᠭᠤᠳᠬᠤ ᠶᠢᠨ ᠬᠦᠨᠳᠦ ᠨᠣᠴᠢᠲᠠᠢ ᠬᠤᠣᠷ ᠬᠥᠨᠥᠭᠡᠯ ᠵᠢᠴᠢ ᠪᠤᠰᠤᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠮᠠᠭᠤ ᠨᠥᠯᠥᠭᠡ ᠤᠴᠠᠷᠠᠭᠤᠯᠬᠤ ᠶᠢ ᠮᠡᠳᠡᠭᠳᠡᠵᠦ᠂ ᠲᠡᠳᠡᠨ ᠢ ᠢᠳᠡᠪᠬᠢᠲᠡᠢ ᠪᠠᠷ ᠤᠬᠠᠭᠤᠯᠤᠨ ᠵᠢᠯᠤᠭᠤᠳᠴᠤ ᠪᠠᠶᠢᠭᠠᠳ ᠶᠠᠪᠤᠵᠤ ᠰᠠᠭᠤᠬᠤ ᠳᠤ ᠵᠠᠮ ᠬᠠᠷᠢᠯᠴᠠᠭᠠᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ ᠰᠠᠬᠢᠵᠤ᠂ ᠠᠮᠤᠷ ᠲᠦᠪᠰᠢᠨ ᠤ ᠳᠤᠭᠤᠯᠠᠭ᠎ᠠ ᠵᠡᠭᠦᠵᠦ᠂ ᠠᠮᠤᠷ ᠲᠦᠪᠰᠢᠨ ᠢᠶᠠᠷ ᠵᠢᠯᠤᠭᠤᠳᠴᠤ᠂ ᠪᠣᠯᠪᠠᠰᠤᠨ ᠢᠶᠠᠷ ᠶᠠᠪᠤᠵᠤ ᠰᠠᠭᠤᠬᠤ ᠶᠢ ᠰᠠᠨᠠᠭᠤᠯᠪᠠ᠃ ᠣᠲᠣ ᠪᠣᠯᠲᠠᠯ᠎ᠠ᠂ ᠡᠯ᠎ᠡ ᠲᠥᠷᠥᠯ ᠤᠨ ᠴᠠᠬᠢᠯᠭᠠᠨ ᠬᠥᠳᠡᠯᠭᠡᠭᠦᠷᠲᠦ ᠲᠡᠷᠭᠡᠨ ᠤ ᠵᠠᠮ ᠬᠠᠷᠢᠯᠴᠠᠭᠠᠨ ᠤ ᠬᠠᠤᠯᠢ ᠶᠢ ᠵᠥᠷᠢᠴᠡᠭᠰᠡᠨ ᠦᠶᠯᠡ ᠠᠵᠢᠯᠯᠠᠭ᠎ᠠ ᠶᠢ ᠨᠡᠶᠢᠲᠡ 3512 ᠪᠠᠶᠢᠴᠠᠭᠠᠨ ᠰᠢᠢᠳᠪᠦᠷᠢᠯᠡᠪᠡ᠂ ᠡᠭᠦᠨ ᠳᠤ ᠲᠣᠭᠲᠠᠭᠠᠯ ᠶᠣᠰᠣᠭᠠᠷ 2100 ᠠᠮᠤᠷ ᠲᠦᠪᠰᠢᠨ ᠤ ᠳᠤᠭᠤᠯᠠᠭ᠎ᠠ ᠵᠡᠭᠦᠭᠰᠡᠨ ᠦᠭᠡᠢ᠂ 814 ᠬᠠᠤᠯᠢ ᠶᠢ ᠵᠥᠷᠢᠴᠡᠨ ᠬᠥᠮᠥᠨ ᠰᠠᠭᠤᠯᠭᠠᠭᠰᠠᠨ ᠦᠭᠡᠢ᠂ 350 ᠬᠠᠤᠯᠢ ᠶᠢ ᠵᠥᠷᠢᠴᠡᠨ ᠲᠡᠷᠭᠡ ᠵᠣᠭᠰᠣᠭᠠᠵᠤ᠂ 93 ᠤᠯᠠᠭᠠᠨ ᠭᠡᠷᠡᠯ ᠢ ᠵᠥᠷᠢᠴᠡᠬᠦ᠂ 155 ᠰᠥᠷᠭᠡᠤ ᠤᠷᠤᠰᠬᠠᠯ ᠢᠶᠠᠷ ᠶᠠᠪᠤᠬᠤ ᠶᠠᠪᠤᠭᠰᠠᠨ ᠲᠡᠷᠭᠡ ᠮᠠᠰᠢᠨ ᠢ ᠵᠢᠷᠤᠭᠯᠠᠨ ᠰᠠᠨᠠᠭᠤᠯᠬᠤ᠂ ᠲᠣᠷᠭᠠᠭᠤᠯᠢ ᠣᠨᠣᠭᠳᠠᠭᠤᠯᠬᠤ ᠵᠡᠷᠭᠡ ᠪᠠᠷ ᠰᠢᠢᠳᠪᠦᠷᠢᠯᠡᠵᠡᠢ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号