| | | | | | 8 ᠳ᠋ᠤᠭᠠᠷ ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢᠨ ᠪᠠᠷᠢᠮᠵᠢᠶᠠᠵᠢᠭᠤᠯᠤᠯᠲᠠ ᠶᠢᠨ ᠭᠠᠵᠠᠷ ᠤᠨ ᠳᠠᠷᠤᠭ᠎ᠠ ᠨᠠᠷ ᠤᠯᠤᠰ ᠤᠨ | ᠪᠠᠷᠢᠮᠵᠢᠶᠠᠵᠢᠭᠤᠯᠤᠯᠲᠠ ᠶᠢᠨ ᠬᠠᠮᠢᠶᠠᠷᠤᠯᠲᠠ ᠶᠢᠨ ᠵᠥᠪᠯᠡᠯ ᠤᠨ ᠨᠠᠶᠢᠳᠠᠯᠭ᠎ᠠ ᠪᠠᠷ᠂ ᠠᠯᠠᠱᠠ ᠵᠡᠭᠦᠨ ᠬᠤᠰᠢᠭᠤᠨ ᠤ | ᠶᠡᠷᠦᠩᠬᠡᠶᠢᠯᠡᠭᠰᠡᠨ ᠠᠰᠠᠷᠠᠮᠵᠢ ᠶᠢᠨ ᠲᠥᠪ ᠤᠨ ᠡᠭᠦᠷᠭᠡᠯᠡᠭᠰᠡᠨ ᠵᠢᠷᠭᠤᠳᠤᠭᠠᠷ ᠪᠦᠯᠦᠭ ᠤᠨ ᠤᠯᠤᠰ ᠤᠨ ᠲᠠᠰ ᠤᠨ | ᠨᠡᠶᠢᠭᠡᠮ ᠤᠨ ᠬᠠᠮᠢᠶᠠᠷᠤᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠶᠡᠷᠦᠩᠬᠡᠶᠢᠯᠡᠭᠰᠡᠨ | ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠶᠢᠨ ᠲᠥᠷᠥᠯ ᠵᠦᠢᠯ ᠳᠤ ᠪᠥᠬᠦ ᠲᠠᠯ᠎ᠠ ᠶᠢᠨ ᠰᠢᠯᠭᠠᠨ ᠲᠣᠭᠲᠠᠭᠠᠯᠲᠠ ᠪᠠ | ᠰᠢᠯᠭᠠᠨ ᠪᠠᠶᠢᠴᠠᠭᠠᠯᠲᠠ ᠬᠢᠪᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ | ᠪᠠᠷᠢᠮᠵᠢᠶᠠᠵᠢᠭᠤᠯᠤᠯᠲᠠ ᠶᠢᠨ ᠭᠠᠵᠠᠷ ᠶᠢᠨ ᠬᠢᠨ ᠬᠠᠷᠢᠭᠤ ᠮᠡᠳᠡᠭᠦᠯᠦᠯᠲᠡ ᠶᠢ ᠰᠣᠨᠣᠰᠬᠤ᠂ ᠲᠣᠬᠢᠶᠠᠯᠳᠤᠯ ᠢᠶᠠᠷ | ᠪᠠᠶᠢᠴᠠᠭᠠᠯᠲᠠ ᠬᠢᠬᠦ᠂ ᠰᠢᠯᠭᠠᠨ ᠦᠨᠡᠯᠡᠬᠦ᠂ ᠲᠤᠰᠬᠠᠢ ᠮᠡᠷᠭᠡᠵᠢᠯᠲᠡᠨ ᠬᠠᠮᠲᠤᠷᠠᠨ ᠵᠥᠪᠯᠡᠬᠦ ᠵᠡᠷᠭᠡ ᠲᠠᠰ | ᠳᠠᠷᠠᠭᠠᠯᠠᠯ ᠢᠶᠠᠷ ᠳᠡᠮᠵᠢᠨ᠂ ᠠᠯᠠᠱᠠ ᠵᠡᠭᠦᠨ ᠬᠤᠰᠢᠭᠤᠨ ᠤ ᠶᠡᠷᠦᠩᠬᠡᠶᠢᠯᠡᠭᠰᠡᠨ ᠠᠰᠠᠷᠠᠮᠵᠢ ᠶᠢᠨ ᠲᠥᠪ ᠤᠨ | ᠤᠯᠤᠰ ᠤᠨ ᠲᠠᠰ ᠤᠨ ᠨᠡᠶᠢᠭᠡᠮ ᠤᠨ ᠬᠠᠮᠢᠶᠠᠷᠤᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠶᠡᠷᠦᠩᠬᠡᠶᠢᠯᠡᠭᠰᠡᠨ | ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠶᠢᠨ ᠲᠥᠷᠥᠯ ᠵᠦᠢᠯ ᠤᠨ ᠭᠤᠣᠯ ᠰᠡᠳᠦᠪ ᠨᠢ ᠲᠣᠪᠣᠶᠢᠮ᠎ᠠ᠂ ᠰᠢᠰᠲ᠋ᠧᠮ | ᠨᠢ ᠲᠣᠬᠢᠷᠠᠮᠵᠢᠲᠠᠢ᠂ ᠪᠠᠷᠢᠮᠵᠢᠶ᠎ᠠ ᠶᠢᠨ ᠬᠡᠷᠡᠭᠯᠡᠭᠡᠨ ᠤ ᠴᠢᠨᠠᠷ ᠢᠶᠠᠷ ᠴᠢᠩᠭ᠎ᠠ᠂ ᠦᠷ᠎ᠡ ᠪᠦᠲᠦᠮᠵᠢ ᠨᠢ ᠢᠯᠡᠷᠬᠡᠢ ᠪᠠᠶᠢᠵᠤ | ᠂ ᠡᠭᠦᠷᠭᠡ ᠶᠢᠨ ᠪᠢᠴᠢᠭ ᠲᠤ ᠲᠣᠭᠲᠠᠭᠠᠭᠰᠠᠨ ᠬᠠᠷᠠᠯᠲᠠ ᠪᠠᠨ ᠪᠡᠶᠡᠯᠡᠭᠦᠯᠵᠦ᠂ ᠡᠴᠦᠰ ᠲᠡᠭᠡᠨ 90.2 ᠬᠤᠪᠢ ᠶᠢᠨ | ᠥᠨᠳᠥᠷ ᠬᠤᠪᠢ ᠪᠠᠷ ᠰᠢᠯᠭᠠᠨ ᠦᠨᠡᠯᠡᠯᠲᠡ ᠶᠢ ᠥᠩᠭᠡᠷᠡᠭᠡᠭᠰᠡᠨ ᠪᠠᠶᠢᠨ᠎ᠠ ᠭᠡᠵᠦ ᠰᠠᠨᠠᠯ ᠨᠢᠭᠡᠲᠡᠢ ᠦᠵᠡᠪᠡ᠃ ᠠᠯᠠᠱᠠ | ᠵᠡᠭᠦᠨ ᠬᠤᠰᠢᠭᠤᠨ ᠤ ᠶᠡᠷᠦᠩᠬᠡᠶᠢᠯᠡᠭᠰᠡᠨ ᠠᠰᠠᠷᠠᠮᠵᠢ ᠶᠢᠨ ᠲᠥᠪ ᠤᠨ ᠤᠯᠤᠰ ᠤᠨ ᠲᠠᠰ ᠤᠨ ᠨᠡᠶᠢᠭᠡᠮ ᠤᠨ | ᠬᠠᠮᠢᠶᠠᠷᠤᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠶᠡᠷᠦᠩᠬᠡᠶᠢᠯᠡᠭᠰᠡᠨ ᠪᠠᠷᠢᠮᠵᠢᠶᠠᠵᠢᠭᠤᠯᠤᠯᠲᠠ ᠶᠢᠨ | ᠲᠤᠷᠰᠢᠯᠲᠠ ᠶᠢᠨ ᠲᠥᠷᠥᠯ ᠵᠦᠢᠯ ᠢ 2020 ᠣᠨ ᠤ 1 ᠳ᠋ᠦᠭᠡᠷ ᠰᠠᠷ᠎ᠠ ᠶᠢᠨ 23 ᠤ ᠡᠳᠦᠷ ᠤᠯᠤᠰ ᠤᠨ | ᠪᠠᠷᠢᠮᠵᠢᠶᠠᠵᠢᠭᠤᠯᠤᠯᠲᠠ ᠶᠢᠨ ᠬᠠᠮᠢᠶᠠᠷᠤᠯᠲᠠ ᠶᠢᠨ ᠵᠥᠪᠯᠡᠯ ᠠᠴᠠ ᠵᠢᠷᠭᠤᠳᠤᠭᠠᠷ ᠪᠦᠯᠦᠭ ᠤᠨ ᠨᠡᠶᠢᠭᠡᠮ ᠤᠨ | ᠬᠠᠮᠢᠶᠠᠷᠤᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠶᠡᠷᠦᠩᠬᠡᠶᠢᠯᠡᠭᠰᠡᠨ ᠪᠠᠷᠢᠮᠵᠢᠶᠠᠵᠢᠭᠤᠯᠤᠯᠲᠠ ᠶᠢᠨ | ᠲᠤᠷᠰᠢᠯᠲᠠ ᠶᠢᠨ ᠲᠥᠷᠥᠯ ᠵᠦᠢᠯ ᠳᠤ ᠨᠠᠷᠢᠪᠴᠢᠯᠠᠨ ᠣᠷᠣᠭᠤᠯᠵᠤ᠂ ᠬᠡᠷᠡᠭᠵᠢᠭᠦᠯᠬᠦ ᠦᠶᠡᠯᠡᠯ ᠤᠨ ᠬᠤᠭᠤᠴᠠᠭ᠎ᠠ ᠨᠢ | 2 ᠵᠢᠯ ᠪᠣᠯᠣᠨ᠎ᠠ᠃ ᠲᠥᠷᠥᠯ ᠵᠦᠢᠯ ᠢ ᠬᠡᠷᠡᠭᠵᠢᠭᠦᠯᠦᠭᠰᠡᠨ ᠠᠴᠠ ᠨᠠᠰᠢ᠂ ᠠᠯᠠᠱᠠ ᠵᠡᠭᠦᠨ ᠬᠤᠰᠢᠭᠤᠨ ᠤ | ᠶᠡᠷᠦᠩᠬᠡᠶᠢᠯᠡᠭᠰᠡᠨ ᠠᠰᠠᠷᠠᠮᠵᠢ ᠶᠢᠨ ᠲᠥᠪ ᠤᠨ ᠬᠢᠨ ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠶᠢᠨ ᠪᠦᠲᠦᠭᠡᠨ | ᠪᠠᠶᠢᠭᠤᠯᠤᠯᠲᠠ ᠶᠢᠨ ᠵᠠᠩᠭᠢᠯᠠᠭ᠎ᠠ ᠶᠢᠨ ᠠᠯᠬᠤᠮ ᠳᠠᠷᠠᠭ᠎ᠠ ᠪᠠ ᠴᠠᠭ ᠬᠤᠭᠤᠴᠠᠭ᠎ᠠ ᠶᠢ ᠴᠢᠩᠭ᠎ᠠ ᠡᠵᠡᠮᠳᠡᠵᠦ᠂ ᠨᠡᠶᠢᠳᠡᠮ | ᠬᠡᠷᠡᠭᠯᠡᠬᠦ ᠦᠢᠯᠡᠴᠢᠯᠡᠭᠡᠨ ᠤ ᠰᠠᠭᠤᠷᠢ᠂ ᠦᠢᠯᠡᠴᠢᠯᠡᠭᠡᠨ ᠤ ᠪᠠᠲᠤᠯᠠᠭ᠎ᠠ᠂ ᠦᠢᠯᠡᠴᠢᠯᠡᠭᠡᠨ ᠤ ᠬᠠᠩᠭᠠᠯᠭ᠎ᠠ ᠪᠠ | ᠠᠵᠢᠯ ᠤᠨ ᠪᠠᠶᠢᠷᠢ ᠵᠡᠷᠭᠡ 4 ᠶᠡᠭᠡ ᠲᠥᠷᠥᠯ ᠤᠨ 21 ᠵᠦᠢᠯ ᠤᠨ ᠰᠢᠰᠲ᠋ᠧᠮ ᠤᠨ ᠪᠠᠷᠢᠮᠵᠢᠶ᠎ᠠ ᠶᠢ ᠪᠠᠶᠢᠭᠤᠯᠵᠤ᠂ | ᠤᠯᠤᠰ ᠤᠨ ᠪᠠᠷᠢᠮᠵᠢᠶ᠎ᠠ᠂ ᠣᠷᠣᠨ ᠨᠤᠲᠤᠭ ᠤᠨ ᠪᠠᠷᠢᠮᠵᠢᠶ᠎ᠠ᠂ ᠠᠵᠢᠯ ᠲᠦᠷᠦᠯ ᠤᠨ ᠪᠠᠷᠢᠮᠵᠢᠶ᠎ᠠ ᠶᠢ 90 ᠵᠦᠢᠯ ᠢ | ᠡᠮᠬᠢᠯᠡᠨ ᠲᠢᠭᠯᠡᠵᠦ᠂ ᠠᠵᠤ ᠠᠬᠤᠶᠢᠯᠠᠯ ᠤᠨ ᠪᠠᠷᠢᠮᠵᠢᠶ᠎ᠠ ᠶᠢ 69 ᠵᠦᠢᠯ ᠢ ᠨᠠᠶᠢᠷᠠᠭᠤᠯᠤᠨ ᠪᠢᠴᠢᠵᠦ᠂ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠡᠯ᠎ᠡ ᠵᠠᠩᠭᠢᠯᠠᠭ᠎ᠠ ᠳᠤ ᠪᠠᠷᠢᠮᠵᠢᠶᠠᠵᠢᠭᠰᠠᠨ ᠣᠶᠢᠯᠠᠭᠠᠭᠳᠠᠬᠤᠨ ᠢ ᠬᠡᠷᠡᠭᠯᠡᠨ | ᠠᠵᠢᠯᠯᠠᠬᠤ ᠪᠠ ᠬᠠᠮᠢᠶᠠᠷᠬᠤ ᠶᠢ ᠲᠦᠯᠬᠢᠨ ᠠᠬᠢᠭᠤᠯᠵᠤ᠂ ᠥᠪᠡᠷ ᠤᠨ ᠦᠷᠳᠡᠭ ᠢ ᠪᠠᠭᠤᠷᠠᠭᠤᠯᠤᠨ ᠦᠷ᠎ᠡ ᠠᠰᠢᠭ ᠢ | ᠨᠡᠮᠡᠭᠳᠡᠭᠦᠯᠬᠦ᠂ ᠠᠵᠢᠯ ᠣᠯᠭᠤᠯᠲᠠ ᠶᠢ ᠳᠠᠶᠢᠴᠢᠯᠠᠬᠤ ᠶᠢᠨ ᠬᠠᠮᠲᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ | ᠲᠦᠪᠰᠢᠨ ᠢ ᠳᠡᠭᠡᠭᠰᠢᠯᠡᠭᠦᠯᠬᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠳᠤ ᠪᠠᠷᠢᠮᠵᠢᠶ᠎ᠠ ᠶᠢᠨ | ᠲᠤᠯᠭᠠᠭᠤᠷᠢᠯᠠᠯ ᠬᠠᠩᠭᠠᠪᠠ᠃ | | | | | | | | | |