ᠠᠯᠠᠱᠠ ᠵᠡᠭᠦᠨ ᠬᠤᠰᠢᠭᠤ ᠲᠦᠷᠦᠯ ᠬᠤᠪᠢᠶᠠᠨ ᠦᠢᠯᠡᠴᠢᠯᠡᠬᠦ ᠶᠢ ᠰᠠᠶᠢᠲᠤᠷ ᠬᠢᠵᠦ ᠵᠠᠯᠠᠭᠤᠴᠤᠳ ᠪᠠᠭᠠᠴᠤᠳ ᠤᠨ ᠦᠰᠦᠨ ᠪᠣᠶᠢᠵᠢᠵᠤ ᠴᠢᠳᠠᠪᠤᠷᠢᠲᠠᠨ ᠪᠣᠯᠬᠤ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠨᠥᠬᠦᠴᠡᠯ ᠢ ᠪᠦᠷᠢᠯᠳᠦᠭᠦᠯᠪᠡ
ᠨᠡᠶᠢᠲᠡᠯᠡᠭᠰᠡᠨ ᠴᠠᠭ᠄
2022/8/12
     
       
                  ᠨᠢᠭᠡ ᠳᠤ ︽6.26︾᠎ ᠤ ᠣᠯᠠᠨ ᠤᠯᠤᠰ ᠤᠨ ᠬᠤᠣᠷ ᠴᠠᠭᠠᠵᠠᠯᠠᠬᠤ ᠡᠳᠦᠷ᠂ ︽12.4︾᠎ ᠤ ᠤᠯᠤᠰ ᠤᠨ ᠦᠨᠳᠦᠰᠦᠨ ᠬᠠᠤᠯᠢ ᠶᠢᠨ ᠡᠳᠦᠷ᠂ 12355 ᠵᠠᠯᠠᠭᠤᠴᠤᠳ ᠪᠠᠭᠠᠴᠤᠳ ᠤᠨ ᠦᠢᠯᠡᠴᠢᠯᠡᠭᠡᠨ ᠤ ᠲᠠᠪᠴᠠᠩ ᠵᠡᠷᠭᠡ ᠠᠵᠢᠯᠯᠠᠭ᠎ᠠ ᠳᠤ ᠲᠦᠰᠢᠭᠯᠡᠨ᠂ ᠸᠢᠴᠠᠲ ᠤᠨ ᠲᠠᠪᠴᠠᠩ ᠤᠨ ᠤᠬᠠᠭᠤᠯᠭ᠎ᠠ᠂ ᠰᠤᠷᠭᠠᠭᠤᠯᠢ ᠶᠢᠨ ᠤᠯᠠᠭᠠᠨ ᠪᠦᠴᠡᠲᠡᠨ ᠤ ᠷᠠᠳᠢᠣ᠋ ᠨᠡᠪᠲᠡᠷᠡᠭᠦᠯᠭᠡ ᠶᠢᠨ ᠥᠷᠲᠡᠭᠡ ᠶᠢᠨ ᠨᠡᠪᠲᠡᠷᠡᠭᠦᠯᠭᠡ ᠪᠠ ᠠᠩᠭᠢ ᠶᠢᠨ ᠰᠠᠮᠪᠠᠷ᠎ᠠ ᠶᠢᠨ ᠰᠣᠨᠢᠨ᠂ ᠬᠠᠭᠤᠯᠤᠮᠠᠯ ᠰᠣᠨᠢᠨ ᠤ ᠦᠵᠡᠭᠦᠯᠦᠯᠭᠡ ᠵᠡᠷᠭᠡ ᠬᠡᠯᠪᠡᠷᠢ ᠪᠠᠷ ᠳᠠᠮᠵᠢᠭᠤᠯᠤᠨ᠂ ︽ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ︾᠂ ︽ᠵᠠᠯᠠᠭᠤᠴᠤᠳ ᠪᠠᠭᠠᠴᠤᠳ ᠤᠨ ᠬᠠᠤᠯᠢ ᠶᠢ ᠵᠥᠷᠢᠴᠡᠵᠦ ᠶᠠᠯ᠎ᠠ ᠬᠢᠬᠦ ᠶᠢ ᠰᠡᠷᠭᠡᠶᠢᠯᠡᠬᠦ ᠬᠠᠤᠯᠢ︾ ᠵᠢᠴᠢ ᠭᠠᠵᠢᠭᠤ ᠨᠣᠮᠯᠠᠯ ᠢ ᠡᠰᠡᠷᠭᠦᠴᠡᠬᠦ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠥᠷᠭᠡᠨ ᠢᠶᠠᠷ ᠤᠬᠠᠭᠤᠯᠵᠤ᠂ ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ ᠤᠬᠠᠮᠰᠠᠷ ᠢ ᠦᠨᠡᠨᠬᠦ ᠴᠢᠩᠭᠠᠷᠠᠭᠤᠯᠪᠠ᠃ ᠬᠤᠶᠠᠷ ᠲᠤ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠶᠢ ᠯᠠᠪᠳᠠᠭᠤᠨ ᠪᠠᠲᠤᠲᠠᠢ ᠥᠷᠨᠢᠭᠦᠯᠵᠦ᠂ ᠬᠦᠴᠢᠷᠳᠡᠯ ᠳᠤ ᠲᠤᠯᠭᠠᠷᠠᠭᠰᠠᠨ ᠪᠠᠭᠠᠴᠤᠳ ᠬᠡᠦᠬᠡᠳ ᠢ ᠬᠠᠯᠠᠭᠤᠨ ᠢᠶᠠᠷ ᠬᠠᠮᠠᠭᠠᠯᠠᠬᠤ ᠶᠢᠨ ᠲᠥᠯᠥᠭᠡ ᠂ ᠡᠪᠦᠯ ᠵᠤᠨ ᠤ ᠠᠮᠠᠷᠠᠯᠲᠠ ᠶᠢᠨ ᠬᠤᠭᠤᠴᠠᠭᠠᠨ ᠳᠤ ︽ᠬᠤᠶᠠᠷ ᠢ ᠪᠠᠭᠠᠰᠬᠠᠬᠤ︾ ᠬᠠᠶᠢᠷ᠎ᠠ ᠬᠠᠯᠠᠮᠵᠢ ᠶᠢᠨ ᠬᠢᠴᠢᠶᠡᠯ ᠤᠨ ᠲᠠᠩᠬᠢᠮ ᠢ 4 ᠬᠤᠭᠤᠴᠠᠭ᠎ᠠ ᠨᠡᠭᠡᠭᠡᠵᠦ᠂ 112 ᠵᠠᠯᠠᠭᠤᠴᠤᠳ ᠪᠠᠭᠠᠴᠤᠳ ᠢ ᠬᠠᠮᠤᠷᠴᠤ᠂ ᠬᠤᠳᠠ ᠳᠤ ᠣᠷᠣᠵᠤ ᠠᠵᠢᠯ ᠬᠥᠳᠡᠯᠮᠦᠷᠢ ᠬᠢᠵᠦ ᠪᠠᠶᠢᠭ᠎ᠠ ᠬᠥᠮᠥᠰ ᠤᠨ ᠦᠷ᠎ᠡ ᠬᠡᠦᠬᠡᠳ᠂ ᠬᠢᠵᠢᠭ ᠤᠨ ᠬᠠᠯᠳᠠᠪᠤᠷᠢ ᠢ ᠰᠡᠷᠭᠡᠶᠢᠯᠡᠨ ᠡᠵᠡᠮᠳᠡᠵᠦ ᠲᠤᠬᠠᠢ ᠶᠢᠨ ᠭᠠᠵᠠᠷ ᠲᠠᠭᠠᠨ ᠰᠢᠨᠡᠯᠡᠵᠦ ᠪᠠᠶᠢᠭ᠎ᠠ ᠵᠠᠯᠠᠭᠤᠴᠤᠳ ᠪᠠᠭᠠᠴᠤᠳ ᠵᠡᠷᠭᠡ ᠭᠤᠣᠯᠳᠠᠯᠭ᠎ᠠ ᠲᠠᠢ ᠬᠠᠮᠲᠤᠯᠢᠭ ᠲᠤ ᠨᠡᠶᠢᠲᠡ ᠶᠢᠨ ᠠᠰᠠᠷᠠᠮᠵᠢ ᠶᠢᠨ ᠬᠠᠪᠰᠤᠷᠤᠨ ᠵᠢᠯᠣᠭᠤᠳᠤᠯᠭ᠎ᠠ ᠬᠠᠩᠭᠠᠵᠤ᠂ ᠵᠠᠯᠠᠭᠤᠴᠤᠳ ᠪᠠᠭᠠᠴᠤᠳ ᠤᠨ ᠠᠮᠠᠷᠠᠯᠲᠠ ᠶᠢᠨ ᠬᠤᠭᠤᠴᠠᠭᠠᠨ ᠤ ᠥᠪᠡᠷ ᠢ ᠪᠠᠨ ᠬᠠᠮᠠᠭᠠᠯᠠᠬᠤ ᠬᠥᠮᠦᠵᠢᠯ ᠪᠠ ︽ᠠᠰᠠᠷᠠᠬᠤ ᠳᠤ ᠬᠦᠴᠢᠷᠲᠡᠢ︾ ᠪᠠᠶᠢᠬᠤ ᠠᠰᠠᠭᠤᠳᠠᠯ ᠢ ᠦᠨᠡᠨᠬᠦ ᠰᠢᠢᠳᠪᠦᠷᠢᠯᠡᠪᠡ᠃ ᠭᠤᠷᠪᠠ ᠳᠤ᠂ ᠨᠡᠶᠢᠭᠡᠮ ᠲᠣᠭᠤᠷᠢᠭ ᠢ ᠪᠠᠭᠠᠴᠤᠳ ᠤᠨ ᠬᠤᠰᠢᠭᠤᠴᠢ ᠠᠩᠭᠢ ᠶᠢᠨ ᠵᠣᠬᠢᠶᠠᠨ ᠪᠠᠶᠢᠭᠤᠯᠤᠯᠲᠠ ᠶᠢᠨ ᠨᠡᠶᠢᠭᠡᠮ ᠳᠤ ᠣᠷᠣᠬᠤ ᠴᠢᠬᠤᠯᠠ ᠲᠤᠯᠭᠠᠭᠤᠷᠢᠯᠠᠯ ᠪᠣᠯᠭᠠᠵᠤ᠂ ᠣᠷᠣᠨ ᠪᠦᠰᠡᠴᠢᠯᠡᠭᠰᠡᠨ ᠠᠩᠭᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠥᠷᠭᠡᠳᠬᠡᠵᠦ᠂ ᠪᠠᠶᠢᠭᠤᠯᠬᠤ ᠶᠣᠰᠣᠲᠠᠢ ᠶᠢ ᠨᠢ ᠴᠥᠮ ᠪᠠᠶᠢᠭᠤᠯᠬᠤ᠂ ᠪᠠᠶᠢᠭᠤᠯᠵᠤ ᠪᠣᠯᠬᠤ ᠶᠢ ᠨᠢ ᠠᠳᠠᠯᠢᠳᠬᠠᠨ ᠪᠠᠶᠢᠭᠤᠯᠬᠤ ᠵᠠᠷᠴᠢᠮ ᠢᠶᠠᠷ᠂ 2002 ᠣᠨ ᠤ ᠳᠡᠭᠡᠷ᠎ᠡ ᠬᠠᠭᠠᠰ ᠵᠢᠯ ᠳᠤ 18 ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠭ᠎ᠠ ᠵᠡᠭᠡᠯᠢ ᠭᠤᠳᠤᠮᠵᠢ ︵ᠰᠤᠮᠤ ᠪᠠᠯᠭᠠᠰᠤ︶᠂ ᠨᠡᠶᠢᠭᠡᠮ ᠲᠣᠭᠤᠷᠢᠭ ᠲᠤ ᠰᠤᠷᠭᠠᠭᠤᠯᠢ ᠶᠢᠨ ᠭᠠᠳᠠᠨᠠᠬᠢ ᠪᠠᠭᠠᠴᠤᠳ ᠤᠨ ᠠᠵᠢᠯ ᠤᠨ ᠵᠥᠪᠯᠡᠯ ᠪᠠᠶᠢᠭᠤᠯᠬᠤ ᠶᠢ ᠲᠦᠯᠬᠢᠨ ᠠᠬᠢᠭᠤᠯᠵᠤ᠂ ᠤᠳᠤ ᠨᠢᠭᠡᠨᠲᠡ ᠪᠦᠬᠦᠨ ᠢ ᠪᠡᠶᠡᠯᠡᠭᠦᠯᠵᠦ᠂ ᠰᠤᠷᠭᠠᠭᠤᠯᠢ ᠶᠢᠨ ᠳᠣᠲᠣᠷ᠎ᠠ ᠭᠠᠳᠠᠨ᠎ᠠ ᠬᠠᠷᠢᠯᠴᠠᠨ ᠨᠥᠬᠦᠪᠦᠷᠢᠯᠡᠬᠦ᠂ ᠣᠷᠭᠠᠨᠢᠭ ᠢᠶᠠᠷ ᠬᠠᠮᠲᠤᠷᠠᠨ ᠬᠥᠳᠡᠯᠦᠯᠴᠡᠬᠦ᠂ ᠪᠠᠭᠠᠴᠤᠳ ᠬᠡᠦᠬᠡᠳ ᠲᠤ ᠨᠡᠶᠢᠳᠡᠮ ᠠᠰᠢᠭ ᠬᠦᠷᠲᠡᠭᠡᠬᠦ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠤᠨ ᠰᠢᠨ᠎ᠡ ᠪᠠᠶᠢᠳᠠᠯ ᠢ ᠪᠤᠢ ᠪᠣᠯᠭᠠᠪᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠡᠪᠯᠡᠯ ᠤᠨ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号