ᠠᠯᠠᠱᠠ ᠵᠡᠭᠦᠨ ᠬᠤᠰᠢᠭᠤᠨ ᠤ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠ ᠡᠪᠡᠳᠴᠢᠨ ᠢ ᠮᠤᠵᠢ ᠠᠯᠤᠰᠯᠠᠨ ᠰᠢᠭᠤᠳ ᠳ᠋ᠦᠩᠨᠡᠨ ᠪᠤᠳᠤᠵᠤ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠬᠥᠩᠭᠡᠷᠡᠭᠦᠯᠪᠠ
ᠨᠡᠶᠢᠲᠡᠯᠡᠭᠰᠡᠨ ᠴᠠᠭ᠄
2022/8/12
 
                          ᠡᠮᠴᠢᠯᠡᠭᠡᠨ ᠤ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠨᠢ ᠣᠯᠠᠨ᠂ ᠬᠥᠮᠥᠨ ᠤᠳᠠᠭ᠎ᠠ ᠶᠢᠨ ᠬᠡᠪᠴᠢᠶ᠎ᠡ ᠎ ᠨᠢ ᠶᠡᠭᠡ᠂ ᠡᠮᠨᠡᠭᠦᠯᠬᠦ ᠬᠡᠪᠴᠢᠶ᠎ᠡ ᠨᠢ ᠲᠠᠷᠠᠬᠠᠢ᠂ ᠠᠵᠢᠯᠯᠠᠭ᠎ᠠ ᠨᠢ ᠪᠤᠳᠤᠯᠢᠶᠠᠨᠲᠠᠢ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠ ᠡᠪᠡᠳᠴᠢᠨ ᠤ ᠵᠠᠷᠤᠳᠠᠯ ᠢ ᠮᠤᠵᠢ ᠠᠯᠤᠰᠯᠠᠨ ᠰᠢᠭᠤᠳ ᠲᠡᠰᠦᠯᠦᠨ ᠪᠤᠳᠤᠬᠤ ᠳᠤ ᠴᠢᠭᠯᠡᠭᠦᠯᠵᠦ᠂ ᠠᠯᠠᠱᠠ ᠵᠡᠭᠦᠨ ᠬᠤᠰᠢᠭᠤᠨ ᠤ ᠡᠮ ᠡᠮᠨᠡᠯᠭᠡ ᠶᠢᠨ ᠪᠠᠲᠤᠯᠠᠪᠤᠷᠢ ᠶᠢᠨ ᠦᠢᠯᠡᠴᠢᠯᠡᠭᠡᠨ ᠤ ᠲᠥᠪ ᠠᠵᠢᠯ ᠤᠨ ᠪᠣᠳᠠᠲᠠᠢ ᠳᠠᠭᠠᠨ ᠰᠠᠭᠤᠷᠢᠯᠠᠨ᠂ 2021 ᠣᠨ ᠤ ᠰᠡᠭᠦᠯᠴᠢ ᠠᠴᠠ ᠡᠬᠢᠯᠡᠨ᠂ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ᠂ ᠬᠤᠣᠷᠲᠤ ᠬᠠᠪᠤᠳᠠᠷ ᠤᠨ ᠡᠭᠦᠳᠡᠨ ᠡᠮᠨᠡᠯᠭᠡ ᠶᠢᠨ ᠰᠠᠴᠤᠷᠠᠭ ᠬᠢᠮᠢ ᠶᠢᠨ ᠵᠠᠰᠠᠯ᠂ ᠰᠢᠭᠡᠰᠦᠨ ᠬᠤᠣᠷᠳᠠᠯᠭ᠎ᠠ ᠶᠢᠨ ᠡᠪᠡᠳᠴᠢᠨ ᠢ ᠨᠡᠪᠴᠢᠭᠦᠯᠦᠨ ᠢᠯᠭᠠᠷᠠᠭᠤᠯᠬᠤ᠂ ᠡᠷᠬᠡᠲᠡᠨ ᠰᠢᠯᠵᠢᠭᠦᠯᠬᠦ ᠮᠡᠰᠡ ᠵᠠᠰᠠᠯ ᠤᠨ ᠳᠠᠷᠠᠭᠠᠬᠢ ᠣᠨᠳᠣᠣᠰᠢᠯ ᠢ ᠡᠰᠡᠷᠭᠦᠴᠡᠬᠦ ᠡᠮᠴᠢᠯᠡᠭᠡ ᠵᠡᠷᠭᠡ ᠣᠯᠠᠨ ᠲᠦᠮᠡᠨ ᠤ ᠬᠡᠷᠡᠭᠴᠡᠭᠡ ᠪᠠᠷ ᠨᠡᠯᠢᠶᠡᠳ ᠶᠡᠭᠡ ᠲᠠᠪᠤᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠ ᠡᠪᠡᠳᠴᠢᠨ ᠢ ᠮᠤᠵᠢ ᠠᠯᠤᠰᠯᠠᠨ ᠬᠤᠣᠰ ᠴᠢᠭᠯᠡᠯ ᠢᠶᠠᠷ ᠰᠢᠭᠤᠳ ᠲᠡᠰᠦᠯᠦᠨ ᠪᠤᠳᠤᠬᠤ ᠠᠵᠢᠯ ᠢ ᠢᠳᠡᠪᠬᠢᠲᠡᠢ ᠨᠠᠶᠢᠳᠠᠪᠤᠷᠢᠵᠢᠭᠤᠯᠵᠤ᠂ ᠡᠪᠡᠳᠴᠢᠲᠡᠨ ᠤ ᠭᠦᠶᠦᠬᠦ᠂ ᠵᠣᠭᠤᠰ ᠣᠷᠣᠯᠠᠨ ᠥᠭᠬᠦ ᠭᠠᠴᠢᠭᠳᠠᠯ ᠢ ᠰᠢᠢᠳᠪᠦᠷᠢᠯᠡᠪᠡ᠃ ᠣᠲᠣ ᠪᠣᠯᠲᠠᠯ᠎ᠠ᠂ ᠪᠥᠬᠦ ᠬᠤᠰᠢᠭᠤᠨ ᠤ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠ ᠡᠪᠡᠳᠴᠢᠨ ᠢ ᠮᠤᠵᠢ ᠠᠯᠤᠰᠯᠠᠨ 11 ᠬᠥᠮᠥᠨ ᠤᠳᠠᠭ᠎ᠠ ᠰᠢᠭᠤᠳ ᠲᠡᠰᠦᠯᠦᠨ ᠪᠤᠳᠤᠵᠤ᠂ ᠡᠪᠡᠳᠴᠢᠨ ᠤ ᠲᠥᠷᠥᠯ ᠤᠨ ᠬᠤᠣᠷᠲᠤ ᠬᠠᠪᠤᠳᠠᠷ᠂ ᠰᠢᠬᠢᠷ ᠰᠢᠵᠢᠩ ᠡᠪᠡᠳᠴᠢᠨ᠂ ᠴᠢᠰᠤᠨ ᠳᠠᠷᠤᠯᠲᠠ ᠥᠨᠳᠥᠷ ᠡᠪᠡᠳᠴᠢᠨ ᠢ ᠬᠠᠮᠤᠷᠤᠭᠤᠯᠪᠠ᠃ ᠳᠠᠭᠠᠳᠬᠠᠯ ᠳᠤ ᠣᠷᠣᠭᠰᠠᠳ ᠨᠢᠩᠰᠢᠶᠠ ᠶᠢᠨ ᠡᠮᠨᠡᠯᠭᠡ ᠶᠢᠨ ᠶᠡᠭᠡ ᠰᠤᠷᠭᠠᠭᠤᠯᠢ ᠶᠢᠨ ᠶᠡᠷᠦᠩᠬᠡᠢ ᠡᠮᠨᠡᠯᠭᠡ ᠶᠢᠨ ᠬᠤᠷᠢᠶ᠎ᠠ᠂ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠬᠤᠶᠠᠷ ᠡᠮᠨᠡᠯᠭᠡ ᠶᠢᠨ ᠬᠤᠷᠢᠶ᠎ᠠ ᠶᠢᠨ 5 ᠡᠮᠨᠡᠯᠭᠡ ᠶᠢᠨ ᠬᠤᠷᠢᠶ᠎ᠠ ᠳᠤ ᠡᠪᠡᠳᠴᠢᠨ ᠤ ᠲᠥᠷᠥᠯ ᠢᠶᠠᠷ ᠡᠮᠨᠡᠭᠦᠯᠬᠦ᠂ ᠳ᠋ᠦᠩᠨᠡᠨ ᠪᠤᠳᠤᠬᠤ ᠲᠤᠷᠰᠢᠯᠲᠠ ᠬᠢᠵᠦ ᠪᠣᠯᠣᠨ᠎ᠠ᠂ ᠳᠠᠭᠠᠳᠬᠠᠯ ᠳᠤ ᠣᠷᠣᠭᠰᠠᠳ ᠪᠠᠰᠠ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠠᠪᠴᠠᠩ ᠤᠨ APP᠎ ᠳᠤ ᠬᠦᠷᠴᠦ ᠡᠮᠨᠡᠭᠦᠯᠦᠭᠰᠡᠨ ᠭᠠᠵᠠᠷ ᠤᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠ ᠡᠪᠡᠳᠴᠢᠨ ᠢ ᠣᠨᠳᠣᠣ ᠭᠠᠵᠠᠷ ᠲᠤ ᠰᠢᠭᠤᠳ ᠳ᠋ᠦᠩᠨᠡᠨ ᠪᠤᠳᠤᠬᠤ ᠡᠮ ᠡᠮᠨᠡᠯᠭᠡ ᠶᠢᠨ ᠪᠠᠶᠢᠭᠤᠯᠤᠮᠵᠢ ᠶᠢ ᠨᠠᠷᠢᠨ ᠨᠢᠮᠪᠠᠢ ᠪᠠᠶᠢᠴᠠᠭᠠᠨ ᠯᠠᠪᠯᠠᠵᠤ᠂ ᠣᠶᠢᠷ᠎ᠠ ᠬᠠᠪᠢ ᠳᠠᠭᠠᠨ ᠡᠮᠨᠡᠭᠦᠯᠬᠦ ᠳᠤ ᠲᠥᠬᠦᠮ ᠦᠵᠡᠭᠦᠯᠵᠦ ᠪᠣᠯᠣᠨ᠎ᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号