ᠠᠯᠠᠱᠠ ᠵᠡᠭᠦᠨ ᠬᠤᠰᠢᠭᠤ ᠬᠥᠭᠦᠷᠭᠡ ᠶᠢᠨ ᠦᠶᠡᠷ ᠤᠨ ᠬᠤᠭᠤᠴᠠᠭᠠᠨ ᠤ ᠪᠠᠶᠢᠴᠠᠭᠠᠯᠲᠠ ᠶᠢᠨ ᠠᠵᠢᠯ ᠢ ᠥᠷᠨᠢᠭᠦᠯᠵᠦ᠂ ᠦᠶᠡᠷ ᠤᠰᠠᠳᠤᠯ ᠤᠨ ᠭᠠᠮᠰᠢᠭ ᠠᠴᠠ ᠰᠡᠷᠭᠡᠶᠢᠯᠡᠬᠦ ᠠᠵᠢᠯ ᠢ ᠡᠷᠴᠢᠮᠲᠡᠢ ᠶᠠᠪᠤᠭᠳᠠᠭᠤᠯᠵᠤ ᠪᠣᠢ
ᠨᠡᠶᠢᠲᠡᠯᠡᠭᠰᠡᠨ ᠴᠠᠭ᠄
2022/8/12
     
                        ᠦᠶᠡᠷ ᠤᠨ ᠬᠤᠭᠤᠴᠠᠭᠠᠨ ᠳᠤ ᠬᠠᠷᠢᠶᠠᠯᠠᠭᠳᠠᠬᠤ ᠵᠠᠮ ᠤᠨ ᠬᠡᠰᠡᠭ ᠤᠨ ᠬᠥᠭᠦᠷᠭᠡ ᠶᠢᠨ ᠭᠤᠯᠳᠤᠩ ᠠᠭᠤᠢ ᠶᠢᠨ ᠠᠮᠤᠷ ᠲᠦᠪᠰᠢᠨ ᠢᠶᠠᠷ ᠠᠵᠢᠯᠯᠠᠬᠤ ᠶᠢ ᠪᠠᠲᠤᠯᠠᠬᠤ ᠶᠢᠨ ᠲᠥᠯᠥᠭᠡ᠂ ᠠᠯᠠᠱᠠ ᠵᠡᠭᠦᠨ ᠬᠤᠰᠢᠭᠤᠨ ᠤ ᠵᠠᠰᠠᠮᠠᠯ ᠵᠠᠮ ᠤᠨ ᠲᠡᠭᠡᠭᠡᠪᠦᠷᠢ ᠶᠢᠨ ᠬᠠᠮᠠᠭᠠᠯᠠᠯᠲᠠ ᠶᠢᠨ ᠲᠥᠪ ᠤᠨ ᠠᠷᠠᠴᠢᠯᠠᠨ ᠬᠠᠮᠠᠭᠠᠯᠠᠬᠤ ᠮᠡᠷᠭᠡᠵᠢᠯᠲᠡᠨ ᠠᠴᠠ ᠬᠠᠷᠢᠶᠠᠲᠤ ᠵᠠᠮ ᠤᠨ ᠬᠡᠰᠡᠭ ᠤᠨ ᠬᠥᠭᠦᠷᠭᠡ ᠶᠢᠨ ᠭᠤᠯᠳᠤᠩ ᠠᠭᠤᠢ ᠶᠢ ᠨᠢᠭᠡᠳ ᠨᠢᠭᠡ ᠪᠠᠷ ᠨᠠᠷᠢᠪᠴᠢᠯᠠᠨ ᠪᠠᠶᠢᠴᠠᠭᠠᠪᠠ᠃ ᠨᠢᠭᠡ ᠳᠤ᠂ ᠬᠥᠭᠦᠷᠭᠡᠨ ᠤ ᠳᠡᠭᠡᠷ᠎ᠡ ᠳᠣᠣᠷ᠎ᠠ ᠪᠦᠲᠦᠴᠡ᠂ ᠬᠥᠭᠦᠷᠭᠡᠨ ᠤ ᠳᠣᠣᠷᠠᠬᠢ ᠣᠷᠣᠨ ᠵᠠᠢ᠂ ᠤᠰᠤ ᠲᠠᠲᠠᠷᠠᠭᠤᠯᠬᠤ ᠪᠡᠯᠡᠳᠬᠡᠮᠵᠢ᠂ ᠭᠤᠯᠳᠤᠩ ᠤᠨ ᠳᠡᠭᠡᠷ᠎ᠡ ᠳᠣᠣᠷ᠎ᠠ ᠤᠷᠤᠰᠬᠠᠯ ᠤᠨ ᠤᠰᠤ ᠣᠷᠣᠭᠤᠯᠵᠤ ᠭᠠᠷᠭᠠᠬᠤ ᠠᠮᠠᠰᠠᠷ᠂ ᠬᠠᠯᠬᠠᠪᠴᠢ ᠵᠡᠷᠭᠡ ᠳᠤ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢᠨ ᠬᠡᠮᠵᠢᠯᠲᠡ᠂ ᠰᠡᠭᠦᠳᠡᠷ᠂ ᠲᠡᠮᠳᠡᠭᠯᠡᠯ ᠪᠠ ᠪᠠᠶᠢᠴᠠᠭᠠᠯᠲᠠ ᠬᠢᠬᠦ ᠶᠢᠨ ᠬᠠᠮᠲᠤ ᠪᠠᠶᠢᠴᠠᠭᠠᠬᠤ ᠬᠦᠰᠦᠨᠦᠭᠲᠦ ᠶᠢ ᠬᠢᠨᠠᠮᠠᠭᠠᠢ ᠲᠠᠭᠯᠠᠵᠤ᠂ ᠬᠥᠭᠦᠷᠭᠡᠨ ᠤ ᠭᠤᠯᠳᠤᠩ ᠢ ᠵᠠᠰᠠᠵᠤ ᠠᠷᠠᠴᠢᠯᠠᠬᠤ ᠳᠤ ᠨᠠᠶᠢᠳᠠᠪᠤᠷᠢᠲᠠᠢ ᠪᠠᠷᠢᠮᠲᠠ ᠬᠠᠩᠭᠠᠪᠠ᠃ ᠬᠤᠶᠠᠷ ᠲᠤ᠂ ᠬᠥᠭᠦᠷᠭᠡ ᠶᠢᠨ ᠭᠤᠯᠳᠤᠩ ᠢ ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠤᠰᠤ ᠵᠠᠯᠠᠬᠤ ᠠᠮᠠᠰᠠᠷ᠂ ᠰᠤᠨᠵᠤ ᠠᠪᠴᠢᠬᠤ ᠵᠠᠪᠰᠠᠷ᠂ ᠤᠰᠤ ᠣᠷᠣᠬᠤ ᠠᠮᠠᠰᠠᠷ ᠪᠥᠭᠯᠡᠷᠡᠬᠦ ᠵᠡᠷᠭᠡ ᠡᠪᠡᠳᠴᠢᠨ ᠤ ᠬᠥᠨᠥᠭᠡᠯ ᠢ ᠴᠠᠭ ᠲᠤᠬᠠᠢ ᠳᠤᠨᠢ ᠠᠷᠠᠴᠢᠯᠠᠨ ᠬᠠᠮᠠᠭᠠᠯᠠᠬᠤ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠲᠤᠬᠠᠢ ᠶᠢᠨ ᠲᠠᠯᠠᠪᠤᠷ ᠲᠤᠨᠢ ᠰᠢᠢᠳᠪᠦᠷᠢᠯᠡᠵᠦ᠂ ᠲᠦᠷ ᠴᠠᠭ ᠰᠢᠢᠳᠪᠦᠷᠢᠯᠡᠵᠦ ᠳᠡᠶᠢᠯᠬᠦ ᠦᠭᠡᠢ ᠶᠢ ᠨᠢ ᠬᠠᠮᠢᠶ᠎ᠠ ᠪᠦᠬᠦᠢ ᠲᠡᠮᠳᠡᠭᠯᠡᠯ ᠢ ᠰᠠᠶᠢᠲᠤᠷ ᠬᠢᠵᠦ᠂ ᠲᠠᠷᠠᠭᠠᠴᠢ ᠶᠢᠨ ᠠᠯᠬᠤᠮ ᠤᠨ ᠵᠠᠰᠠᠨ ᠰᠡᠷᠭᠦᠭᠡᠬᠦ ᠲᠥᠯᠥᠪᠯᠡᠭᠡ ᠳᠤ ᠣᠷᠣᠭᠤᠯᠪᠠ᠃ ᠭᠤᠷᠪᠠ ᠳᠤ᠂ ︽ᠨᠢᠭᠡ ᠬᠥᠭᠦᠷᠭᠡ ᠨᠢᠭᠡ ᠲᠠᠩᠰᠠ ᠡᠪᠬᠡᠮᠡᠯ︾᠎ ᠤᠨ ᠵᠢᠷᠤᠮᠵᠢᠯ ᠤᠨ ᠱᠠᠭᠠᠷᠳᠠᠯᠭ᠎ᠠ ᠶᠣᠰᠣᠭᠠᠷ᠂ ᠬᠥᠭᠦᠷᠭᠡ ᠶᠢᠨ ᠭᠤᠯᠳᠤᠩ ᠤᠨ ᠬᠠᠮᠢᠶ᠎ᠠ ᠪᠦᠬᠦᠢ ᠲᠤᠭ᠎ᠠ ᠪᠠᠷᠢᠮᠲᠠ ᠶᠢ ᠣᠷᠣᠭᠤᠯᠬᠤ ᠶᠢ ᠲᠡᠭᠦᠯᠳᠡᠷᠵᠢᠭᠦᠯᠵᠦ᠂ ᠬᠥᠭᠦᠷᠭᠡ ᠶᠢᠨ ᠭᠤᠯᠳᠤᠩ ᠤᠨ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢ ᠠᠬᠢᠭᠤᠯᠤᠨ᠎ᠠ᠃ ᠡᠨᠡ ᠬᠤᠭᠤᠴᠠᠭᠠᠨ ᠳᠤ᠂ ᠨᠡᠶᠢᠲᠡ 21 ᠲᠣᠮᠣ ᠬᠥᠭᠦᠷᠭᠡ᠂ ᠲᠣᠮᠣ ᠬᠥᠭᠦᠷᠭᠡ᠂ ᠳᠤᠮᠳᠠ ᠬᠥᠭᠦᠷᠭᠡ᠂ ᠵᠢᠵᠢᠭ ᠬᠥᠭᠦᠷᠭᠡ᠂ 333 ᠭᠤᠯᠳᠤᠩ ᠢ ᠨᠠᠷᠢᠪᠴᠢᠯᠠᠨ ᠪᠠᠶᠢᠴᠠᠭᠠᠵᠤ᠂ 310 ᠤᠰᠤ ᠵᠠᠯᠠᠬᠤ ᠭᠤᠯᠳᠤᠩ ᠢ 12 ᠴᠡᠪᠡᠷᠯᠡᠵᠦ᠂ 11 ᠲᠡᠭᠰᠢ ᠳᠥᠷᠪᠡᠯᠵᠢᠨ ᠮᠧᠲᠷ ᠬᠥᠭᠦᠷᠭᠡ ᠶᠢ ᠰᠡᠯᠪᠢᠨ ᠵᠠᠰᠠᠵᠤ᠂ ᠭᠤᠯᠳᠤᠩ ᠢᠶᠠᠷ ᠣᠷᠣᠵᠤ ᠭᠠᠷᠬᠤ ᠤᠰᠤᠨ ᠠᠮᠠᠰᠠᠷ ᠤᠨ ᠡᠯᠡᠰᠦ ᠰᠢᠷ᠎ᠠ ᠡᠪᠡᠰᠦ ᠎ ᠶᠢ 21 ᠴᠡᠪᠡᠷᠯᠡᠵᠦ᠂ ᠠᠷᠠᠳ ᠣᠯᠠᠨ ᠤ ᠶᠠᠪᠤᠵᠤ ᠰᠠᠭᠤᠬᠤ ᠳᠤ ᠠᠮᠤᠷ ᠲᠦᠪᠰᠢᠨ ᠵᠠᠰᠠᠮᠠᠯ ᠵᠠᠮ ᠤᠨ ᠣᠷᠴᠢᠨ ᠲᠣᠭᠤᠷᠢᠨ ᠢ ᠪᠣᠶ ᠪᠣᠯᠭᠠᠵᠤ᠂ ᠣᠯᠠᠨ ᠲᠦᠮᠡᠨ ᠤ ᠬᠠᠨᠤᠮᠵᠢ ᠶᠢᠨ ᠲᠥᠪᠰᠢᠨ ᠢ ᠳᠡᠭᠡᠭᠰᠢᠯᠡᠭᠦᠯᠪᠡ᠃  
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠮ ᠬᠠᠷᠢᠯᠴᠠᠭᠠᠨ ᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号