ᠲᠦᠷᠦᠭᠦᠸ ᠬᠠᠭᠠᠰ ᠵᠢᠯ ᠳᠤ ᠠᠯᠠᠱᠠ ᠵᠡᠭᠦᠨ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠲᠤ ᠲᠣᠭᠲᠠᠭᠤᠨ ᠪᠠᠶᠢᠬᠤ ᠶᠢᠨ ᠵᠡᠷᠭᠡ ᠳᠤ ᠰᠠᠶᠢᠵᠢᠷᠠᠬᠤ ᠬᠠᠨᠳᠤᠰᠢ ᠢᠯᠡᠷᠡᠪᠡ
ᠨᠡᠶᠢᠲᠡᠯᠡᠭᠰᠡᠨ ᠴᠠᠭ᠄
2022/8/12
                                  ᠠᠯᠠᠱᠠ ᠵᠡᠭᠦᠨ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 14.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.6%᠎ ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠨᠢᠭᠡᠳᠦᠭᠡᠷ ᠤᠯᠠᠷᠢᠯ ᠤᠨ ᠬᠢ ᠠᠴᠠ 1.6 ᠵᠠᠭᠤᠨ ᠤ ᠨᠢᠭᠡᠴᠢ ᠤᠳᠠᠭᠠᠰᠢᠷᠠᠵᠤ᠂ 1 ︱ 5 ᠳ᠋ᠤᠭᠠᠷ ᠰᠠᠷ᠎ᠠ ᠶᠢᠨ ᠬᠢ ᠠᠴᠠ 0.8 ᠵᠠᠭᠤᠨ ᠤ ᠨᠢᠭᠡᠴᠢ ᠲᠦᠷᠭᠡᠳᠪᠡ᠃ ᠨᠢᠭᠡ ᠳᠤ ᠬᠤᠳᠠ ᠬᠥᠳᠡᠭᠡ ᠶᠢᠨ ᠬᠡᠷᠡᠭᠯᠡᠭᠡᠨ ᠤ ᠵᠠᠬ᠎ᠠ ᠳᠡᠯᠭᠡᠭᠦᠷ ᠤᠨ ᠵᠥᠷᠢᠶ᠎ᠡ ᠨᠡᠯᠢᠶᠡᠳ ᠶᠡᠭᠡ ᠪᠠᠶᠢᠨ᠎ᠠ᠃ ᠬᠤᠲᠠ ᠪᠠᠯᠭᠠᠰᠤ ᠬᠥᠳᠡᠭᠡ ᠲᠣᠰᠬᠤᠨ ᠤ ᠬᠡᠷᠡᠭᠯᠡᠭᠡᠨ ᠤ ᠳᠠᠯᠳᠠ ᠬᠦᠴᠦᠨ ᠢ ᠦᠷᠭᠦᠯᠵᠢᠯᠡᠨ ᠪᠠᠳᠠᠷᠠᠭᠤᠯᠵᠤ ᠪᠠᠶᠢᠭ᠎ᠠ ᠪᠣᠯᠪᠠᠴᠤ ᠬᠤᠲᠠ ᠬᠥᠳᠡᠭᠡ ᠶᠢᠨ ᠬᠡᠷᠡᠭᠯᠡᠭᠡ ᠠᠴᠠ ᠠᠪᠴᠤ ᠦᠵᠡᠪᠡᠯ᠂ ᠬᠤᠲᠠ ᠪᠠᠯᠭᠠᠰᠤᠨ ᠤ ᠬᠡᠷᠡᠭᠯᠡᠭᠡ ᠨᠢ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠲᠤ ᠮᠥᠨ ᠬᠦ ᠭᠤᠣᠯᠯᠠᠬᠤ ᠪᠠᠶᠢᠷᠢ ᠶᠢ ᠡᠵᠡᠯᠡᠵᠦ ᠪᠠᠶᠢᠨ᠎ᠠ᠃ ᠠᠯᠠᠱᠠ ᠵᠡᠭᠦᠨ ᠬᠤᠰᠢᠭᠤᠨ ᠤ ᠬᠥᠳᠡᠭᠡ ᠲᠣᠰᠬᠤᠨ ᠤ ᠵᠠᠬ᠎ᠠ ᠳᠡᠯᠭᠡᠭᠦᠷ ᠲᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 1.81 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.7%᠎ ᠪᠠᠷ ᠪᠠᠭᠤᠷᠠᠪᠠ︔ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 12.79 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.1%᠎ ᠪᠠᠷ ᠨᠡᠮᠡᠭᠳᠡᠨ᠂ ᠬᠤᠲᠠ ᠬᠥᠳᠡᠭᠡ ᠶᠢᠨ ᠬᠡᠷᠡᠭᠯᠡᠭᠡᠨ ᠤ ᠪᠦᠲᠦᠴᠡ ᠶᠢᠨ ᠬᠠᠷᠢᠴᠠᠯ 87᠄ 13 ᠪᠣᠯᠪᠠ᠃ ᠬᠤᠶᠠᠷ ᠲᠤ ᠳᠥᠷᠪᠡᠨ ᠶᠡᠭᠡ ᠠᠵᠢᠯ ᠲᠥᠷᠥᠯ ᠤᠨ ᠠᠵᠢᠯᠯᠠᠭᠠᠨ ᠤ ᠦᠨᠳᠦᠰᠦᠨ ᠪᠠᠶᠢᠳᠠᠯ᠃ ᠪᠥᠭᠡᠮ ᠢᠶᠠᠷ ᠬᠤᠳᠠᠯᠳᠤᠬᠤ ᠦᠢᠯᠡᠰ ᠤᠨ ᠲᠠᠸᠠᠷ ᠤᠨ ᠪᠣᠷᠣᠯᠠᠭᠤᠯᠤᠯᠲᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 2.1%᠎ ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠨᠢᠭᠡᠳᠦᠭᠡᠷ ᠤᠯᠠᠷᠢᠯ ᠤᠨ ᠬᠢ ᠠᠴᠠ 4.4 ᠵᠠᠭᠤᠨ ᠤ ᠨᠢᠭᠡᠴᠢ ᠪᠠᠭᠠᠰᠪᠠ︔ ᠵᠢᠵᠢᠭᠯᠡᠨ ᠬᠤᠳᠠᠯᠳᠤᠬᠤ ᠦᠢᠯᠡᠰ ᠤᠨ ᠲᠠᠸᠠᠷ ᠤᠨ ᠪᠣᠷᠣᠯᠠᠭᠤᠯᠤᠯᠲᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 16.9%᠎ ᠪᠠᠷ ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ ᠨᠢᠭᠡᠳᠦᠭᠡᠷ ᠤᠯᠠᠷᠢᠯ ᠤᠨ ᠬᠢ ᠠᠴᠠ 5 ᠵᠠᠭᠤᠨ ᠤ ᠨᠢᠭᠡᠴᠢ ᠬᠤᠨᠣᠭᠯᠠᠬᠤ ᠦᠢᠯᠡᠰ ᠤᠨ ᠡᠵᠡᠩᠨᠡᠯᠲᠡ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 15.8%᠎ ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠨᠢᠭᠡᠳᠦᠭᠡᠷ ᠤᠯᠠᠷᠢᠯ ᠤᠨ ᠬᠢ ᠠᠴᠠ 2.7 ᠵᠠᠭᠤᠨ ᠤ ᠨᠢᠭᠡᠴᠢ ᠪᠠᠭᠠᠰᠪᠠ︔ ᠢᠳᠡᠭᠡᠨ ᠤᠮᠳᠠᠭᠠᠨ ᠤ ᠦᠢᠯᠡᠰ ᠤᠨ ᠡᠵᠡᠩᠨᠡᠯᠲᠡ ᠶᠢᠨ ᠨᠣᠷᠮ᠎ᠠ ᠠᠳᠠᠯᠢ ᠬᠤᠭᠤᠴᠠᠭᠠᠨ ᠤ ᠬᠢ ᠠᠴᠠ 3.3%᠎ ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠨᠢᠭᠡᠳᠦᠭᠡᠷ ᠤᠯᠠᠷᠢᠯ ᠤᠨ ᠬᠢ ᠲᠠᠢ ᠠᠳᠠᠯᠢ ᠪᠣᠯᠵᠠᠢ᠃ ᠭᠤᠷᠪᠠ ᠳᠤ ᠬᠤᠨᠣᠭᠯᠠᠬᠤ ᠢᠳᠡᠭᠡᠨ ᠤᠮᠳᠠᠭᠠᠨ ᠤ ᠠᠵᠢᠯ ᠲᠥᠷᠥᠯ ᠰᠡᠷᠭᠦᠵᠦ ᠡᠬᠢᠯᠡᠪᠡ᠃ ᠬᠤᠨᠣᠭᠯᠠᠬᠤ ᠢᠳᠡᠭᠡᠨ ᠤᠮᠳᠠᠭᠠᠨ ᠤ ᠠᠵᠢᠯ ᠲᠥᠷᠥᠯ ᠤᠨ ᠬᠢᠨ ᠬᠢᠵᠢᠭ ᠤᠨ ᠬᠠᠯᠳᠠᠪᠤᠷᠢ ᠳᠠᠬᠢᠨ ᠡᠭᠦᠰᠬᠦ ᠵᠢᠴᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠠᠴᠠ ᠪᠣᠯᠵᠤ᠂ ᠲᠦᠷᠦᠭᠦᠸ 5 ᠰᠠᠷ᠎ᠠ ᠳᠤ ᠨᠡᠯᠢᠶᠡᠳ ᠶᠡᠭᠡ ᠳᠠᠭᠠᠷᠢᠯᠲᠠ ᠳᠤ ᠤᠴᠠᠷᠠᠵᠤ᠂ ᠲᠣᠮᠣ ᠬᠡᠯᠪᠡᠷᠢ ᠶᠢᠨ ᠬᠠᠮᠲᠤ ᠶᠢᠨ ᠬᠤᠭᠤᠯᠠ ᠵᠢᠴᠢ ᠪᠦᠯᠬᠦᠮ ᠨᠡᠶᠢᠲᠡ ᠶᠢᠨ ᠣᠷᠣᠵᠤ ᠰᠠᠭᠤᠬᠤ ᠶᠠᠪᠤᠳᠠᠯ ᠢᠯᠡᠳᠲᠡ ᠪᠠᠭᠠᠰᠴᠤ᠂ ᠬᠤᠨᠣᠭᠯᠠᠬᠤ ᠢᠳᠡᠭᠡᠨ ᠤᠮᠳᠠᠭᠠᠨ ᠤ ᠦᠢᠯᠡᠰ ᠤᠨ ᠣᠷᠣᠯᠭ᠎ᠠ ᠢᠯᠡᠳᠲᠡ ᠪᠠᠭᠤᠷᠠᠪᠠ᠃ 6 ᠳ᠋ᠤᠭᠠᠷ ᠰᠠᠷ᠎ᠠ ᠳᠤ ᠲᠣᠮᠣ ᠬᠡᠯᠪᠡᠷᠢ ᠶᠢᠨ ᠳᠠᠶᠢᠯᠠᠯᠭ᠎ᠠ ᠶᠢᠨ ᠬᠠᠮᠢᠶᠠᠷᠤᠯᠲᠠ ᠶᠢ ᠵᠣᠬᠢᠰᠲᠠᠢ ᠴᠢᠯᠦᠭᠡᠲᠡᠢ ᠪᠣᠯᠭᠠᠵᠤ᠂ ᠲᠣᠰ ᠰᠠᠷ᠎ᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠤᠨᠤᠭ ᠤᠨ ᠢᠳᠡᠭᠡᠨ ᠤᠮᠳᠠᠭᠠᠨ ᠤ ᠦᠢᠯᠡᠰ ᠤᠨ ᠡᠵᠡᠩᠨᠡᠯᠲᠡ ᠶᠢᠨ ᠬᠡᠮᠵᠢᠶ᠎ᠡ ᠨᠡᠯᠢᠶᠡᠳ ᠲᠦᠷᠭᠡᠨ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 2.37%᠎ ᠪᠠᠷ ᠨᠡᠮᠡᠭᠳᠡᠨ᠂ 5 ᠳ᠋ᠤᠭᠠᠷ ᠰᠠᠷ᠎ᠠ ᠶᠢᠨ ᠬᠢ ᠠᠴᠠ 38.76 ᠵᠠᠭᠤᠨ ᠤ ᠨᠢᠭᠡᠴᠢ ᠲᠦᠷᠭᠡᠨ ᠪᠣᠯᠵᠤ᠂ ᠡᠵᠡᠩᠨᠡᠯᠲᠡ ᠶᠢᠨ ᠨᠣᠷᠮ᠎ᠠ ᠶᠢᠨ ᠨᠡᠶᠢᠲᠡ ᠪᠠᠭᠤᠷᠠᠯᠲᠠ ᠨᠢ ᠪᠠᠭᠠᠰᠴᠤ᠂ 1᠎ ᠠᠴᠠ 5 ᠳ᠋ᠤᠭᠠᠷ ᠰᠠᠷ᠎ᠠ ᠶᠢᠨ ᠬᠢ ᠠᠴᠠ 4.82 ᠵᠠᠭᠤᠨ ᠤ ᠨᠢᠭᠡᠴᠢ ᠪᠠᠭᠠᠰᠪᠠ᠂ ᠬᠢᠵᠢᠭ ᠤᠨ ᠬᠠᠯᠳᠠᠪᠤᠷᠢ ᠲᠣᠭᠲᠠᠭᠤᠨ ᠪᠠᠶᠢᠬᠤ ᠪᠠᠶᠢᠳᠠᠯ ᠳᠣᠣᠷ᠎ᠠ ᠬᠤᠨᠤᠭ ᠤᠨ ᠢᠳᠡᠭᠡᠨ ᠤᠮᠳᠠᠭᠠᠨ ᠤ ᠠᠵᠢᠯ ᠲᠥᠷᠥᠯ ᠤᠨ ᠰᠡᠷᠭᠦᠯᠲᠡ ᠲᠦᠷᠭᠡᠳᠪᠡ᠃ ᠳᠥᠷᠪᠡ ᠳᠤ ᠦᠨᠳᠦᠰᠦᠨ ᠠᠮᠢᠳᠤᠷᠠᠯ ᠤᠨ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ ᠨᠡᠮᠡᠭᠳᠡᠬᠦ ᠬᠠᠨᠳᠤᠰᠢ ᠪᠠᠨ ᠪᠠᠲᠤᠯᠠᠪᠠ᠃ ᠦᠨᠳᠦᠰᠦᠨ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠬᠠᠩᠭᠠᠯᠭ᠎ᠠ ᠭᠦᠢᠴᠡᠳ᠂ ᠲᠥᠷᠥᠯ ᠵᠦᠢᠯ ᠡᠯᠪᠡᠭ ᠳᠡᠯᠪᠡᠭ ᠪᠠᠶᠢᠵᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠡ ᠶᠢᠨ ᠦᠨᠳᠦᠰᠦᠨ ᠠᠮᠢᠳᠤᠷᠠᠯ ᠤᠨ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 14.9% ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠭᠰᠠᠨ ᠬᠡᠮᠵᠢᠶ᠎ᠡ ᠶᠢ 3.3 ᠵᠠᠭᠤᠨ ᠤ ᠨᠢᠭᠡᠴᠢ ᠨᠡᠮᠡᠭᠳᠡᠭᠦᠯᠬᠦ ᠪᠠᠷ ᠳᠠᠶᠢᠴᠢᠯᠠᠪᠠ᠃ ᠡᠭᠦᠨ ᠳᠤ᠂ ᠠᠮᠤ ᠪᠤᠳᠠᠭ᠎ᠠ ᠲᠣᠰᠣ ᠢᠳᠡᠭᠡᠨ ᠤ ᠵᠦᠢᠯ᠂ ᠤᠮᠳᠠᠭᠠᠨ ᠤ ᠵᠦᠢᠯ᠂ ᠠᠷᠢᠬᠢ ᠲᠠᠮᠠᠬᠢᠨ ᠤ ᠵᠦᠢᠯ᠂ ᠵᠠᠰᠠᠯ ᠴᠢᠮᠡᠭᠯᠡᠯ ᠤᠨ ᠡᠳ᠋ ᠤᠨ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠲᠣᠰ ᠲᠣᠰ 46.6%᠂ 17.4%᠂ 9.9% ᠪᠠ 4% ᠨᠡᠮᠡᠭᠳᠡᠪᠡ︔ ᠬᠢᠲᠠᠳ ᠡᠸᠦ᠋ᠷᠦᠫᠡ ᠡᠮ ᠤᠨ ᠲᠦᠷᠦᠯ ᠵᠦᠢᠯ ᠪᠠ ᠬᠢᠲᠠᠳ ᠡᠪᠡᠰᠦᠨ ᠡᠮ ᠵᠢᠴᠢ ᠬᠢᠲᠠᠳ ᠪᠡᠯᠡᠨ ᠡᠮ ᠤᠨ ᠲᠦᠷᠦᠯ ᠤᠨ ᠲᠠᠸᠠᠷ ᠤᠨ ᠵᠢᠵᠢᠭᠯᠡᠨ ᠬᠤᠳᠠᠯᠳᠤᠬᠤ ᠬᠡᠮᠵᠢᠶ᠎ᠡ ᠶᠢ ᠲᠤᠰ ᠲᠤᠰ 7.7% ᠪᠠ 4.2%᠎ ᠢᠶᠠᠷ ᠨ᠊ ᠨᠡᠮᠡᠭᠳᠡᠭᠦᠯᠪᠡ᠃ ᠲᠠᠪᠤ ᠳᠤ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠨᠡᠯᠢᠶᠡᠳ ᠶᠡᠭᠡ ᠨᠡᠮᠡᠭᠳᠡᠵᠡᠢ᠃ ᠴᠢᠶ᠋ᠢᠦ ᠴᠠᠶᠢᠶ᠋ᠢᠦ ᠲᠣᠰᠣᠨ ᠤ ᠦᠨ᠎ᠡ ᠬᠠᠩᠰᠢ ᠲᠠᠰᠤᠷᠠᠯᠲᠠ ᠦᠭᠡᠢ ᠥᠰᠴᠦ ᠪᠠᠶᠢᠬᠤ ᠵᠢᠴᠢ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠪᠣᠷᠤᠯᠠᠭᠤᠯᠭ᠎ᠠ ᠶᠢ ᠠᠬᠢᠭᠤᠯᠬᠤ ᠬᠠᠷᠠᠭᠠᠯᠵᠠᠯ ᠤᠨ ᠠᠵᠢᠯᠯᠠᠭ᠎ᠠ ᠶᠢᠨ ᠠᠬᠢᠭᠤᠯᠤᠯ ᠵᠡᠷᠭᠡ ᠬᠦᠴᠦᠨ ᠵᠦᠢᠯ ᠤᠨ ᠨᠥᠯᠥᠭᠡᠯᠡᠯ ᠳᠣᠣᠷ᠎ᠠ᠂ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ ᠤᠨ ᠲᠠᠸᠠᠷ ᠤᠨ ᠡᠵᠡᠯᠡᠬᠦ ᠬᠠᠷᠢᠴᠠᠯ ᠬᠡᠲᠦ ᠶᠡᠭᠡ ᠪᠥᠭᠡᠳ ᠨᠡᠮᠡᠭᠳᠡᠯ ᠨᠢ ᠨᠡᠯᠢᠶᠡᠳ ᠲᠦᠷᠭᠡᠨ ᠪᠠᠶᠢᠵᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠠ ᠪᠥᠬᠦ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ ᠳᠠᠶᠢᠴᠢᠯᠠᠬᠤ ᠲᠠᠯ᠎ᠠ ᠪᠠᠷ ᠮᠠᠰᠢ ᠢᠯᠡᠷᠬᠡᠢ ᠪᠠᠶᠢᠨ᠎ᠠ᠃ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠨᠡᠶᠢᠲᠡ 6.09 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠨᠡᠶᠢᠲᠡ 23.3% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠨᠢᠭᠡᠳᠦᠭᠡᠷ ᠤᠯᠠᠷᠢᠯ ᠤᠨ ᠬᠢ ᠠᠴᠠ 2 ᠵᠠᠭᠤᠨ ᠤ ᠨᠢᠭᠡᠴᠢ ᠲᠦᠷᠭᠡᠳᠪᠡ᠃ ᠲᠣᠰ ᠲᠣᠰ ᠠᠯᠠᠱᠠ ᠵᠡᠭᠦᠨ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠭᠰᠠᠨ ᠲᠤᠭ᠎ᠠ ᠪᠠ ᠪᠥᠬᠦ ᠨᠡᠶᠢᠭᠡᠮ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠶᠢᠨ 72.04% ᠪᠠ 41.71%᠎ ᠶᠢ ᠡᠵᠡᠯᠡᠵᠦ᠂ ᠲᠣᠰ ᠲᠣᠰ ᠠᠯᠠᠱᠠ ᠵᠡᠭᠦᠨ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠭᠰᠠᠨ ᠲᠤᠭ᠎ᠠ ᠪᠠ ᠪᠥᠬᠦ ᠨᠡᠶᠢᠭᠡᠮ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠶᠢ 15.8 ᠪᠠ 8.17 ᠵᠠᠭᠤᠨ ᠤ ᠨᠢᠭᠡᠴᠢ ᠳᠠᠶᠢᠴᠢᠯᠠᠪᠠ᠃ ᠵᠢᠷᠭᠤᠭ᠎ᠠ ᠳᠤ ᠨᠢᠭᠡᠴᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠬᠡᠮᠵᠢᠶ᠎ᠡ ᠶᠢ ᠬᠤᠶᠠᠷ ᠣᠷᠣᠨᠲᠤ ᠲᠤᠭ᠎ᠠ ᠪᠠᠷ ᠦᠷᠭᠦᠯᠵᠢᠯᠡᠨ ᠨᠡᠮᠡᠭᠳᠡᠭᠦᠯᠬᠦ ᠪᠠᠷ ᠬᠢᠵᠠᠭᠠᠷᠯᠠᠪᠠ᠎ᠠ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 8.45 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.3%᠎ ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠨᠢᠭᠡᠳᠦᠭᠡᠷ ᠤᠯᠠᠷᠢᠯ ᠤᠨ ᠬᠢ ᠠᠴᠠ 1.2 ᠵᠠᠭᠤᠨ ᠤ ᠨᠢᠭᠡᠴᠢ ᠲᠦᠷᠭᠡᠨ ᠪᠣᠯᠵᠤ᠂ 1 ︱ 5 ᠳ᠋ᠤᠭᠠᠷ ᠰᠠᠷ᠎ᠠ ᠶᠢᠨ ᠬᠢ ᠠᠴᠠ 2.4 ᠵᠠᠭᠤᠨ ᠤ ᠨᠢᠭᠡᠴᠢ ᠲᠦᠷᠭᠡᠨ ᠪᠣᠯᠵᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠣᠭᠠᠨ ᠤ 57.9%᠎ ᠶᠢ ᠡᠵᠡᠯᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠦᠷᠭᠦᠯᠵᠢᠯᠡᠨ ᠬᠤᠶᠠᠷ ᠣᠷᠣᠨᠲᠤ ᠲᠤᠭ᠎ᠠ ᠪᠠᠷ ᠨᠡᠮᠡᠭᠳᠡᠪᠡ᠃  
 
ᠢᠷᠡᠯᠲᠡ᠄ ᠠᠯᠠᠱᠠ ᠵᠡᠭᠦᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号