ᠠᠯᠠᠱᠠ ᠵᠡᠭᠦᠨ  ᠬᠤᠰᠢᠭᠤ ᠲᠡᠮᠡᠭᠡᠨ ᠰᠦ ᠶᠢᠨ ᠠᠵᠤ ᠦᠢᠯᠡᠰ ᠢ ᠡᠷᠴᠢᠮᠲᠡᠢ ᠬᠥᠭᠵᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2022/8/12
       
                                      ᠬᠤᠣᠰ ᠪᠥᠬᠦᠲᠦ ᠲᠡᠮᠡᠭᠡᠨ ᠤ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠵᠢᠱᠢᠶ᠎ᠡ ᠦᠵᠡᠭᠦᠯᠬᠦ ᠪᠠᠯᠭᠠᠰᠤ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ᠂ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠬᠤ ᠵᠡᠷᠭᠡ ᠲᠥᠷᠥᠯ ᠵᠦᠢᠯ ᠤᠨ ᠪᠡᠯᠡ ᠮᠥᠩᠭᠦ ᠶᠢ ᠣᠯᠬᠤ ᠪᠠᠷ ᠢᠳᠡᠪᠬᠢᠲᠡᠢ ᠴᠢᠷᠮᠠᠶᠢᠵᠤ᠂ ᠡᠭᠦᠨ ᠤ ᠬᠠᠮᠲᠤ ᠶᠠᠳᠠᠭᠤ ᠶᠢ ᠲᠡᠳᠬᠦᠬᠦ᠂ ᠡᠳ᠋ ᠤᠨ ᠵᠠᠰᠠᠭ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠰᠠᠯᠠᠭ᠎ᠠ ᠮᠥᠴᠢᠷ ᠤᠨ ᠪᠡᠯᠡ ᠮᠥᠩᠭᠦ ᠶᠢ ᠡᠮᠬᠢᠯᠡᠨ ᠨᠡᠶᠢᠯᠡᠭᠦᠯᠵᠦ᠂ ᠰᠦ ᠶᠢᠨ ᠢᠷᠡᠯᠲᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠰᠠᠭᠤᠷᠢ ᠪᠡᠯᠡᠳᠬᠡᠮᠵᠢ ᠶᠢ ᠳᠡᠭᠡᠭᠰᠢᠯᠡᠭᠦᠯᠦᠨ ᠥᠭᠡᠷᠡᠴᠢᠯᠡᠬᠦ᠂ ᠰᠠᠶᠢᠨ ᠡᠭᠦᠯᠳᠡᠷ ᠤᠨ ᠮᠠᠯ ᠳᠤ ᠨᠥᠬᠦᠪᠦᠷᠢ ᠥᠭᠬᠦ᠂ ᠴᠠᠭᠠᠨ ᠢᠳᠡᠭᠡ ᠡᠳ᠋ᠰᠢᠭᠦᠯᠬᠦ᠂ ᠡᠪᠡᠰᠦ ᠪᠣᠷᠳᠤᠭ᠎ᠠ ᠶᠢ ᠬᠤᠷᠢᠶᠠᠨ ᠬᠠᠳᠠᠭᠠᠯᠠᠬᠤ᠂ ᠨᠠᠷᠠᠲᠤ ᠲᠥᠷᠥᠯ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ᠂ ᠡᠵᠡᠩᠨᠡᠨ ᠪᠣᠷᠣᠯᠠᠭᠤᠯᠬᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠲᠡᠳᠬᠦᠨ ᠳᠡᠮᠵᠢᠵᠦ᠂ ᠲᠡᠮᠡᠭᠡ ᠰᠦ ᠶᠢᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠪᠠ᠃ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠥᠭᠴᠦ ᠱᠠᠩᠨᠠᠬᠤ ᠲᠣᠭᠲᠠᠴᠠ ᠶᠢ ᠬᠡᠷᠡᠭᠵᠢᠭᠦᠯᠬᠦ ᠠᠷᠭ᠎ᠠ ᠶᠢ ᠲᠣᠭᠲᠠᠭᠠᠬᠤ ᠳᠠᠭᠠᠨ᠂ ︽ᠲᠡᠵᠢᠭᠡᠭᠰᠡᠨ ᠲᠡᠮᠡᠭᠡ 60 ᠣᠷᠭᠢᠯ ᠠᠴᠠ ᠳᠣᠷᠣᠭᠰᠢ ᠪᠠᠶᠢᠪᠠᠯ᠂ ᠪᠡᠯᠴᠢᠭᠡᠷᠯᠡᠭᠦᠯᠬᠦ ᠶᠢ ᠬᠤᠷᠢᠭᠯᠠᠬᠤ ᠣᠷᠣᠨ ᠤ ᠣᠯᠭᠤᠮᠵᠢ ᠶᠢ ᠬᠦᠷᠲᠡᠭᠡᠨ᠎ᠡ︔ ᠲᠡᠵᠢᠭᠡᠭᠰᠡᠨ ᠲᠡᠮᠡᠭᠡ 60 ᠣᠷᠭᠢᠯ ᠠᠴᠠ ᠳᠡᠭᠡᠭᠰᠢ 150 ᠣᠷᠭᠢᠯ ᠠᠴᠠ ᠳᠣᠷᠣᠭᠰᠢ ᠪᠠᠶᠢᠪᠠᠯ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠤ ᠣᠯᠭᠤᠮᠵᠢ ᠶᠢ ᠬᠦᠷᠲᠡᠭᠡᠨ᠎ᠡ︾ ᠭᠡᠵᠦ ᠲᠣᠭᠲᠠᠭᠠᠵᠠᠢ᠃
      ᠨᠤᠲᠤᠭ ᠪᠡᠯᠴᠢᠭᠡᠷ ᠢ ᠡᠷᠭᠢᠯᠲᠡ ᠳᠤ ᠣᠷᠣᠭᠤᠯᠬᠤ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠠᠭᠠᠨ ᠲᠡᠮᠡᠭᠡ ᠶᠢ ᠪᠡᠯᠴᠢᠭᠡᠷᠯᠡᠭᠦᠯᠬᠦ ᠶᠢ ᠬᠤᠷᠢᠭᠯᠠᠬᠤ ᠮᠠᠯ ᠤᠨ ᠬᠡᠪᠴᠢᠶᠡᠨ ᠳᠤ ᠣᠷᠣᠭᠤᠯᠬᠤ ᠦᠭᠡᠢ᠂ ᠪᠡᠯᠴᠢᠭᠡᠷᠯᠡᠭᠦᠯᠬᠦ ᠶᠢ ᠬᠤᠷᠢᠭᠯᠠᠬᠤ ᠣᠷᠣᠨ ᠢ ᠵᠥᠪᠬᠡᠨ ᠠᠮᠢ ᠠᠬᠤᠢ ᠶᠢᠨ ᠬᠠᠮᠠᠭᠠᠯᠠᠯᠲᠠ ᠵᠢᠴᠢ ᠲᠡᠮᠡᠭᠡ ᠶᠢ ᠲᠡᠵᠢᠭᠡᠨ ᠦᠷᠡᠵᠢᠭᠦᠯᠬᠦ ᠳᠤ ᠬᠡᠷᠡᠭᠯᠡᠬᠦ ᠬᠡᠷᠡᠭᠲᠡᠢ ᠭᠡᠵᠦ ᠲᠣᠳᠣᠷᠬᠠᠢ ᠲᠣᠭᠲᠠᠭᠠᠵᠠᠢ ᠠᠯᠠᠱᠠ ᠶᠢᠨ ᠬᠤᠣᠰ ᠪᠥᠬᠦᠲᠦ ᠲᠡᠮᠡᠭᠡᠨ ᠳᠤ ᠲᠡᠵᠢᠭᠡᠨ ᠦᠷᠡᠵᠢᠭᠦᠯᠬᠦ ᠳᠠᠭᠠᠳᠬᠠᠯ ᠢ ᠬᠡᠷᠡᠭᠵᠢᠭᠦᠯᠵᠦ᠂ ᠪᠤᠬ᠎ᠠ ᠨᠢᠭᠡᠪᠦᠷᠢ ᠶᠢᠨ ᠳᠠᠭᠠᠳᠬᠠᠯ ᠤᠨ ᠵᠣᠭᠤᠰ ᠤᠨ ᠲᠤᠭ᠎ᠠ ᠶᠢ 11000 ᠲᠥᠭᠦᠷᠢᠭ᠂ 8000 ᠲᠥᠭᠦᠷᠢᠭ ᠪᠣᠯᠣᠨ 4000 ᠲᠥᠭᠦᠷᠢᠭ ︵ᠪᠤᠬ᠎ᠠ ᠲᠡᠮᠡᠭᠡ ᠪᠣᠶᠢᠵᠢᠭᠤᠯᠬᠤ︶ ᠭᠤᠷᠪᠠᠨ ᠳᠡᠰ ᠬᠤᠪᠢᠶᠠᠵᠤ᠂ ᠰᠠᠭᠠᠯᠢ ᠶᠢᠨ ᠡᠮ᠎ᠡ ᠲᠡᠮᠡᠭᠡᠨ ᠤ ᠳᠠᠭᠠᠳᠬᠠᠯ ᠤᠨ ᠵᠣᠭᠤᠰ ᠤᠨ ᠲᠤᠭ᠎ᠠ ᠶᠢ 8500 ᠲᠥᠭᠦᠷᠢᠭ᠂ 6500 ᠲᠥᠭᠦᠷᠢᠭ ᠬᠤᠶᠠᠷ ᠳᠡᠰ ᠬᠤᠪᠢᠶᠠᠵᠤ᠂ ᠳᠠᠭᠠᠳᠬᠠᠯ ᠤᠨ ᠵᠠᠷᠤᠳᠠᠯ ᠤᠨ ᠨᠤᠷᠮ᠎ᠠ ᠨᠢ 2%4%᠂ ᠳᠠᠭᠠᠳᠬᠠᠯ ᠤᠨ ᠵᠠᠷᠤᠳᠠᠯ ᠤᠨ ᠬᠠᠷᠢᠴᠠᠯ ᠨᠢ ᠠᠶᠢᠮᠠᠭ ᠤᠨ ᠱᠠᠲᠤᠨ ᠤ ᠡᠳ᠋ ᠤᠨ ᠵᠠᠰᠠᠭ 20%᠂ ᠬᠤᠰᠢᠭᠤ ᠣᠷᠣᠨ ᠤ ᠡᠳ᠋ ᠤᠨ ᠵᠠᠰᠠᠭ 50%᠂ ᠲᠠᠷᠢᠶᠠᠯᠠᠬᠤ ᠮᠠᠯᠵᠢᠬᠤ ᠡᠷᠥᠭᠡ ᠪᠤᠶᠤ ᠳᠠᠭᠠᠭᠤᠯᠤᠭᠴᠢ ᠠᠵᠤ ᠠᠬᠤᠶᠢᠯᠠᠯ 30%᠎ ᠶᠢ ᠡᠭᠦᠷᠭᠡᠯᠡᠵᠦ᠂ ᠮᠠᠯᠴᠢᠳ ᠤᠨ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠪᠦᠲᠦᠮᠵᠢᠲᠡᠶ ᠪᠠᠷ ᠨᠡᠮᠡᠭᠳᠡᠭᠦᠯᠵᠦ᠂ ᠬᠤᠶᠢᠰᠢᠳᠠ ᠶᠢᠨ ᠵᠣᠪᠠᠨᠢᠯ ᠢ ᠰᠢᠢᠳᠪᠦᠷᠢᠯᠡᠪᠡ᠃
    ᠬᠤᠶᠠᠷ ᠲᠤ ᠲᠡᠮᠡᠭᠡᠨ ᠰᠦ ᠶᠢᠨ ᠠᠵᠤ ᠦᠢᠯᠡᠰ ᠤᠨ ᠬᠡᠯᠬᠢᠶᠡᠵᠢᠭᠰᠡᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠪᠠ᠃ ᠣᠯᠠᠨ ᠲᠠᠯ᠎ᠠ ᠠᠴᠠ 1180 ᠲᠦᠮᠡᠨ ᠲᠥᠭᠦᠷᠢᠭ ᠤᠨ ᠪᠡᠯᠡ ᠮᠥᠩᠭᠦ ᠴᠤᠭᠯᠠᠭᠤᠯᠵᠤ᠂ ᠵᠢᠷᠡᠲᠡᠢ ᠪᠠᠯᠭᠠᠰᠤᠨ ᠤ ᠰᠢᠷ᠎ᠠ ᠪᠦᠷᠢᠳᠦ ᠭᠠᠴᠠᠭ᠎ᠠ ᠪᠠ ᠪᠠᠶᠠᠨᠬᠤᠲᠠ ᠪᠠᠯᠭᠠᠰᠤᠨ ᠤ ᠰᠦᠮᠡᠲᠦ ᠭᠠᠴᠠᠭ᠎ᠠ ᠳᠤ 2 ᠥᠨᠳᠥᠷ ᠪᠠᠷᠢᠮᠵᠢᠶᠠᠲᠤ ᠲᠡᠮᠡᠭᠡᠨ ᠰᠦ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠᠶᠢᠭᠤᠯᠵᠤ᠂ ᠰᠢᠨ᠎ᠡ ᠮᠡᠷᠭᠡᠵᠢᠯ᠂ ᠰᠢᠨ᠎ᠡ ᠲᠣᠨᠤᠭ ᠲᠥᠬᠦᠭᠡᠷᠦᠮᠵᠢ᠂ ᠰᠢᠨ᠎ᠡ ᠵᠠᠭᠪᠤᠷ ᠢ ᠣᠷᠣᠭᠤᠯᠤᠨ ᠠᠪᠴᠢᠷᠠᠬᠤ᠂ ᠲᠤᠷᠰᠢᠯᠲᠠ ᠬᠢᠬᠦ᠂ ᠬᠤᠷᠠᠭᠤᠯᠬᠤ᠂ ᠳᠡᠯᠭᠡᠷᠡᠭᠦᠯᠬᠦ ᠶᠢ ᠥᠷᠨᠢᠭᠦᠯᠵᠦ᠂ ᠪᠥᠬᠦ ᠬᠤᠰᠢᠭᠤᠨ ᠤ ᠰᠠᠭᠠᠯᠢ ᠶᠢᠨ ᠲᠡᠮᠡᠭᠡ ᠲᠡᠵᠢᠭᠡᠨ ᠦᠷᠡᠵᠢᠭᠦᠯᠬᠦ ᠶᠢ ᠤᠯᠠᠮᠵᠢᠯᠠᠯᠲᠤ ᠪᠡᠯᠴᠢᠭᠡᠷᠯᠡᠭᠦᠯᠬᠦ ᠵᠠᠭᠪᠤᠷ ᠠᠴᠠ ᠪᠠᠷᠢᠮᠵᠢᠶᠠᠵᠢᠭᠤᠯᠤᠨ ᠦᠢᠯᠡᠳᠪᠦᠷᠢᠯᠡᠬᠦ᠂ ᠨᠠᠷᠢᠯᠢᠭᠵᠢᠭᠤᠯᠤᠨ ᠬᠠᠮᠢᠶᠠᠷᠬᠤ ᠣᠲᠣ ᠦᠶ᠎ᠡ ᠶᠢᠨ ᠡᠵᠡᠩᠨᠡᠯᠲᠡ ᠶᠢᠨ ᠵᠠᠭᠪᠤᠷ ᠳᠠᠰᠢ ᠬᠤᠪᠢᠷᠠᠭᠤᠯᠬᠤ ᠶᠢ ᠵᠢᠱᠢᠶ᠎ᠡ ᠦᠵᠡᠭᠦᠯᠦᠨ ᠤᠬᠠᠭᠤᠯᠤᠨ ᠳᠠᠭᠠᠭᠤᠯᠪᠠ᠃ ᠠᠯᠠᠱᠠ ᠶᠢᠨ ᠨᠡᠭᠦᠳᠡᠯ ᠮᠠᠯᠵᠢᠯ ᠮᠠᠯ ᠠᠵᠤ ᠠᠬᠤᠢ ᠶᠢᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢ ᠣᠷᠣᠭᠤᠯᠤᠨ ᠠᠪᠴᠢᠷᠠᠵᠤ ᠪᠠᠶᠠᠨᠬᠤᠲᠠ ᠪᠠᠯᠭᠠᠰᠤ ᠶᠢᠨ ᠡᠯᠡᠰᠦᠨ ᠤ ᠠᠵᠤ ᠦᠢᠯᠡᠰ ᠤᠨ ᠬᠦᠷᠢᠶᠡᠯᠡᠩ ᠳᠤ ᠵᠢᠯ ᠳᠤ 3000 ᠲᠣᠨ ᠲᠦᠭᠦᠬᠡᠢ ᠰᠦ ᠰᠢᠢᠳᠪᠦᠷᠢᠯᠡᠬᠦ ᠲᠡᠮᠡᠭᠡᠨ ᠰᠦ ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ ᠭᠠᠵᠠᠷ ᠪᠠᠶᠢᠭᠤᠯᠵᠤ᠂ ᠲᠡᠮᠡᠭᠡᠨ ᠰᠦ᠂ ᠲᠡᠮᠡᠭᠡᠨ ᠡᠩ ᠤᠨ ᠳᠤᠯᠠᠭᠠᠨ ᠰᠦ ᠵᠢᠴᠢ ᠲᠡᠮᠡᠭᠡᠨ ᠰᠦ ᠶᠢᠨ ᠪᠢᠩᠵᠢᠯᠢᠨ ᠵᠡᠷᠭᠡ ᠰᠢᠷᠢᠰ ᠦᠢᠯᠡᠳᠬᠦᠨ ᠢ ᠦᠢᠯᠡᠳᠪᠦᠷᠢᠯᠡᠨ ᠨᠡᠭᠡᠭᠡᠨ ᠬᠥᠭᠵᠢᠭᠦᠯᠵᠦ᠂ ᠵᠢᠯ ᠤᠨ ᠡᠴᠦᠰ ᠲᠤ ᠠᠰᠢᠭᠯᠠᠯᠲᠠ ᠳᠤ ᠣᠷᠣᠭᠤᠯᠬᠤ ᠪᠠᠷ ᠵᠢᠱᠢᠵᠦ ᠪᠣᠶ᠃ ᠭᠤᠪᠢ ᠶᠢᠨ ᠲᠡᠮᠡᠭᠡᠨ ᠰᠦ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠶᠢ ᠳᠡᠮᠵᠢᠨ ᠥᠯᠵᠡᠢ ᠰᠤᠮᠤ ᠳᠤ ᠲᠡᠮᠡᠭᠡᠨ ᠰᠦ ᠡᠳ᠋ᠰᠢᠭᠦᠯᠬᠦ ᠰᠠᠭᠤᠷᠢᠨ ᠭᠠᠵᠠᠷ ᠪᠠᠶᠢᠭᠤᠯᠵᠤ᠂ ᠬᠤᠶᠢᠲᠤ ᠬᠡᠰᠡᠭ ᠤᠨ ᠰᠤᠮᠤ ᠪᠠᠯᠭᠠᠰᠤ ᠶᠢᠨ ᠲᠡᠮᠡᠭᠡᠨ ᠰᠦ ᠲᠥᠪᠯᠡᠷᠡᠭᠦᠯᠦᠨ ᠲᠠᠷᠬᠠᠭᠠᠬᠤ᠂ ᠡᠳ᠋ᠰᠢᠭᠦᠯᠬᠦ ᠲᠥᠪ ᠢ ᠪᠠᠶᠢᠭᠤᠯᠪᠠ᠃ ᠲᠡᠮᠡᠭᠡᠨ ᠤ ᠨᠠᠭᠠᠳᠤᠮ᠂ ᠪᠠᠭᠠᠲᠤᠷᠴᠤᠳ ᠤᠨ ᠴᠤᠭᠯᠠᠭᠠᠨ ᠵᠡᠷᠭᠡ ᠲᠠᠪᠴᠠᠩ ᠢ ᠠᠰᠢᠭᠯᠠᠨ᠂ ᠴᠡᠪᠡᠷ ᠪᠠᠶᠢᠭᠠᠯᠢᠯᠢᠭ᠂ ᠪᠣᠬᠢᠷᠳᠤᠯ ᠦᠭᠡᠢ᠂ ᠡᠷᠡᠭᠦᠯᠵᠢᠯ ᠤᠨ ᠴᠢᠳᠠᠮᠵᠢ ᠪᠠᠷ ᠭᠤᠣᠯᠳᠠᠯᠭ᠎ᠠ ᠪᠣᠯᠭᠠᠭᠰᠠᠨ ᠲᠡᠮᠡᠭᠡᠨ ᠤ ᠣᠨᠴᠠᠯᠢᠭᠲᠤ ᠪᠦᠲᠦᠭᠡᠭᠳᠡᠬᠦᠨ ᠤ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠲᠡᠮᠡᠭᠡᠨ ᠤ ᠣᠨᠴᠠᠯᠢᠭᠲᠤ ᠪᠦᠲᠦᠭᠡᠭᠳᠡᠬᠦᠨ ᠤ ᠠᠯᠳᠠᠷᠰᠢᠯ ᠢ ᠤᠯᠠᠮ ᠨᠢᠭᠡ ᠠᠯᠬᠤᠮ ᠳᠡᠭᠡᠭᠰᠢᠯᠡᠭᠦᠯᠪᠠ᠃
   ᠭᠤᠷᠪᠠ ᠳᠤ᠂ ᠲᠡᠮᠡᠭᠡᠨ ᠤ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠣᠣᠷ ᠢ ᠬᠦᠴᠦᠯᠡᠨ ᠪᠠᠶᠢᠭᠤᠯᠪᠠ᠃ ᠲᠡᠮᠡᠭᠡᠨ ᠰᠦ ᠶᠢᠨ ᠠᠵᠤ ᠦᠢᠯᠡᠰ ᠤᠨ ᠡᠬᠢᠯᠡᠯᠲᠡ ᠶᠢᠨ ᠱᠠᠲᠤᠨ ᠳᠤ ᠳᠠᠷᠤᠢ ︽ᠪᠡᠯᠴᠢᠭᠡᠷᠯᠡᠭᠦᠯᠬᠦ + ᠲᠡᠵᠢᠭᠡᠯ ᠨᠥᠬᠦᠪᠦᠷᠢᠯᠡᠬᠦ︾ ᠤᠤᠯ ᠠᠮᠢ ᠠᠬᠤᠢ ᠶᠢᠨ ᠠᠷᠠᠴᠢᠯᠠᠭ᠎ᠠ ᠶᠢᠨ ᠵᠠᠭᠪᠤᠷ ᠪᠠ ︽ᠲᠤᠰᠬᠠᠢ ᠲᠡᠵᠢᠭᠡᠨ ᠦᠷᠡᠵᠢᠭᠦᠯᠬᠦ ᠬᠤᠷᠰᠢᠶ᠎ᠠ + ᠲᠠᠷᠠᠬᠠᠢ ᠡᠷᠦᠬᠡ ᠶᠢᠨ ᠰᠠᠭᠠᠯᠢ ᠶᠢᠨ ᠲᠡᠮᠡᠭᠡ ᠶᠢ ᠡᠭᠡᠯᠵᠢᠯᠡᠨ ᠰᠣᠯᠢᠵᠤ ᠨᠠᠶᠢᠳᠠᠨ ᠲᠡᠵᠢᠭᠡᠯᠭᠡᠬᠦ︾ ᠣᠲᠣ ᠦᠶ᠎ᠡ ᠶᠢᠨ ᠡᠵᠡᠩᠨᠡᠯᠲᠡ ᠶᠢᠨ ᠵᠠᠭᠪᠤᠷ ᠢ ᠭᠤᠣᠯᠳᠠᠭᠤᠯᠤᠨ ᠬᠡᠷᠡᠭᠵᠢᠭᠦᠯᠵᠦ᠂ ᠤᠬᠠᠭᠤᠯᠤᠨ ᠤᠬᠠᠭᠤᠯᠤᠨ ᠵᠢᠯᠤᠭᠤᠳᠬᠤ ᠪᠠ ᠲᠡᠳᠬᠦᠨ ᠳᠡᠮᠵᠢᠵᠦ ᠪᠦᠲᠦᠭᠡᠨ ᠪᠠᠶᠢᠭᠤᠯᠬᠤ ᠶᠢ ᠪᠠᠷᠢᠮᠲᠠᠯᠠᠨ᠂ ᠮᠠᠯᠵᠢᠬᠤ ᠣᠷᠣᠨ ᠤ ᠬᠥᠳᠡᠯᠮᠦᠷᠢ ᠬᠦᠴᠦ ᠬᠦᠷᠦᠯᠴᠡᠬᠦ ᠦᠭᠡᠢ᠂ ᠰᠦ ᠶᠢᠨ ᠢᠷᠡᠯᠲᠡ ᠶᠢᠨ ᠴᠢᠨᠠᠷ ᠴᠢᠨᠰᠠᠭ᠎ᠠ ᠶᠢ ᠬᠢᠨᠠᠨ ᠬᠠᠮᠢᠶᠠᠷᠬᠤ ᠳᠤ ᠬᠦᠴᠢᠷᠲᠡᠢ ᠪᠠᠶᠢᠬᠤ ᠠᠰᠠᠭᠤᠳᠠᠯ ᠢ ᠰᠢᠢᠳᠪᠦᠷᠢᠯᠡᠪᠡ᠃ ᠲᠡᠮᠡᠭᠡᠨ ᠤ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠳᠤ ᠲᠦᠰᠢᠭᠯᠡᠨ᠂ ᠠᠯᠠᠱᠠ ᠶᠢᠨ ᠬᠤᠣᠰ ᠪᠥᠬᠦᠲᠦ ᠲᠡᠮᠡᠭᠡᠨ ᠤ ᠡᠭᠦᠯᠳᠡᠷ ᠤᠨ ᠲᠣᠭᠤᠷᠢᠨ ᠳᠤ ᠲᠡᠵᠢᠭᠡᠨ ᠠᠷᠠᠴᠢᠯᠠᠬᠤ ᠬᠠᠮᠢᠶᠠᠷᠤᠯᠲᠠ᠂ ᠦᠷᠡᠵᠢᠭᠦᠯᠵᠦ ᠡᠭᠦᠯᠳᠡᠷ ᠬᠠᠮᠠᠭᠠᠯᠠᠬᠤ᠂ ᠰᠦ ᠰᠠᠭᠠᠵᠤ ᠳᠠᠰᠬᠠᠬᠤ᠂ ᠲᠡᠵᠢᠭᠡᠨ ᠦᠷᠡᠵᠢᠭᠦᠯᠬᠦ ᠲᠠᠯᠠᠪᠠᠶ ᠶᠢᠨ ᠪᠦᠲᠦᠭᠡᠨ ᠪᠠᠶᠢᠭᠤᠯᠤᠯᠲᠠ᠂ ᠬᠢᠵᠢᠭ ᠢ ᠰᠡᠷᠭᠡᠶᠢᠯᠡᠬᠦ ᠮᠡᠷᠭᠡᠵᠢᠯ ᠤᠨ ᠵᠢᠷᠤᠮᠵᠢᠯ᠂ ᠲᠦᠭᠦᠬᠡᠢ ᠮᠠᠲ᠋ᠧᠷᠢᠶᠠᠯ ᠵᠢᠴᠢ ᠪᠦᠲᠦᠭᠡᠭᠳᠡᠬᠦᠨ ᠤ ᠴᠢᠨᠠᠷ ᠴᠢᠨᠰᠠᠭ᠎ᠠ ᠶᠢ ᠮᠥᠷᠳᠡᠬᠦ ᠵᠡᠷᠭᠡ ᠠᠯᠢ ᠣᠯᠠᠨ ᠣᠷᠣᠨ ᠨᠤᠲᠤᠭ ᠤᠨ ᠶᠠᠰᠤ ᠴᠢᠨᠠᠷ ᠤᠨ ᠪᠠᠷᠢᠮᠵᠢᠶ᠎ᠠ ᠶᠢ ᠲᠣᠭᠲᠠᠭᠠᠨ ᠨᠡᠶᠢᠲᠡᠯᠡᠨ᠎ᠡ᠃ ᠰᠠᠭᠠᠯᠢ ᠶᠢᠨ ᠲᠡᠮᠡᠭᠡᠨ ᠤ ᠡᠷᠡᠭᠦᠯ ᠮᠡᠨᠳᠦ ᠶᠢᠨ ᠪᠠᠶᠢᠳᠠᠯ᠂ ᠲᠡᠵᠢᠭᠡᠯ ᠪᠣᠷᠳᠤᠭ᠎ᠠ ᠮᠠᠯ ᠤᠨ ᠡᠮ ᠤᠨ ᠢᠷᠡᠯᠲᠡ ᠵᠢᠴᠢ ᠬᠡᠷᠡᠭᠯᠡᠵᠦ ᠪᠠᠶᠢᠭ᠎ᠠ ᠪᠠᠶᠢᠳᠠᠯ᠂ ᠣᠷᠴᠢᠨ ᠲᠣᠭᠤᠷᠢᠨ ᠤ ᠠᠷᠢᠭᠤᠳᠬᠠᠯ ᠤᠨ ᠪᠠᠶᠢᠳᠠᠯ ᠵᠢᠴᠢ ᠠᠮᠢᠲᠠᠨ ᠤ ᠡᠷᠡᠭᠦᠯ ᠢ ᠬᠠᠮᠠᠭᠠᠯᠠᠵᠤ ᠬᠢᠵᠢᠭ ᠢ ᠰᠡᠷᠭᠡᠶᠢᠯᠡᠬᠦ ᠵᠡᠷᠭᠡ ᠡᠯ᠎ᠡ ᠭᠤᠭᠴᠤᠭ᠎ᠠ ᠳᠤ ᠬᠢᠨᠠᠯᠲᠠ ᠬᠠᠮᠢᠶᠠᠷᠤᠯᠲᠠ ᠶᠠᠪᠤᠭᠤᠯᠵᠤ᠂ ᠰᠦ ᠶᠢᠨ ᠢᠷᠡᠯᠲᠡ ᠶᠢᠨ ᠠᠮᠤᠷ ᠲᠦᠪᠰᠢᠨ ᠢ ᠡᠬᠢ ᠡᠭᠦᠰᠦᠯ ᠠᠴᠠ ᠨᠢ ᠠᠳᠬᠤᠪᠠ᠃  
 
ᠢᠷᠡᠯᠲᠡ᠄ ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号