ᠠᠯᠠᠱᠠ ᠵᠡᠭᠦᠨ ᠬᠤᠰᠢᠭᠤ 2022 ᠣᠨ ᠤ ᠰᠦᠯᠵᠢᠶᠡᠨ ᠤ ᠠᠮᠤᠷ ᠲᠦᠪᠰᠢᠨ ᠤ ᠠᠵᠢᠯ ᠢ ᠵᠣᠬᠢᠴᠠᠭᠤᠯᠤᠨ ᠠᠬᠢᠭᠤᠯᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/12
                        8 ᠰᠠᠷ᠎ᠠ ᠶᠢᠨ 11᠎ ᠤ ᠡᠳᠦᠷ᠂ ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶ᠎ᠠ ᠶᠢᠨ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠪᠥᠬᠦ ᠬᠤᠰᠢᠭᠤᠨ ᠤ 2022 ᠣᠨ ᠤ ᠰᠦᠯᠵᠢᠶᠡᠨ ᠤ ᠠᠮᠤᠷ ᠲᠦᠪᠰᠢᠨ ᠤ ᠠᠵᠢᠯ ᠢ ᠵᠣᠬᠢᠴᠠᠭᠤᠯᠤᠨ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠰᠦᠯᠵᠢᠶᠡᠨ ᠤ ᠠᠮᠤᠷ ᠲᠦᠪᠰᠢᠨ ᠬᠢᠭᠡᠳ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠬᠡᠰᠡᠭ ᠪᠦᠷᠢᠯᠳᠦᠭᠦᠨ ᠨᠢᠭᠡᠴᠡ ᠶᠢᠨ ᠤᠳᠤᠷᠢᠳᠤᠯᠭ᠎ᠠ ᠬᠤᠷᠠᠯ ᠳᠤ ᠣᠷᠣᠯᠴᠠᠵᠠᠢ᠃      
            ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠰᠦᠯᠵᠢᠶᠡᠨ ᠤ ᠠᠮᠤᠷ ᠲᠦᠪᠰᠢᠨ ᠤ ᠪᠠᠲᠤᠯᠠᠪᠤᠷᠢ ᠶᠢᠨ ᠠᠵᠢᠯ ᠪᠣᠯᠣᠨ 2022 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠪᠠ᠃ ᠬᠤᠰᠢᠭᠤᠨ ᠨᠠᠮ ᠤᠨ ᠬᠤᠷᠢᠶ᠎ᠠ ᠶᠢᠨ ᠨᠢᠭᠤᠴᠠ ᠴᠢᠬᠤᠯᠠ ᠨᠢᠭᠤᠴᠠ ᠶᠢ ᠬᠠᠮᠠᠭᠠᠯᠠᠬᠤ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠵᠡᠷᠭᠡ 8 ᠰᠠᠯᠠᠭ᠎ᠠ ᠮᠥᠴᠢᠷ ᠤᠨ ᠰᠦᠯᠵᠢᠶᠡᠨ ᠤ ᠠᠮᠤᠷ ᠲᠦᠪᠰᠢᠨ ᠤ ᠠᠵᠢᠯ ᠢ ᠥᠷᠨᠢᠭᠦᠯᠦᠭᠰᠡᠨ ᠪᠠᠶᠢᠳᠠᠯ ᠪᠠ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠡᠪᠯᠡᠯ ᠤᠨ ᠬᠤᠰᠢᠭᠤᠨ ᠨᠠᠮ ᠤᠨ ᠬᠤᠷᠢᠶ᠎ᠠ ᠵᠡᠷᠭᠡ 6 ᠰᠠᠯᠠᠭ᠎ᠠ ᠮᠥᠴᠢᠷ ᠤᠨ ᠭᠤᠣᠯ ᠰᠡᠳᠦᠪᠲᠦ ᠡᠳᠦᠷ ᠤᠨ ᠠᠵᠢᠯᠯᠠᠭ᠎ᠠ ᠶᠢ ᠪᠡᠯᠡᠳᠬᠡᠭᠰᠡᠨ ᠪᠠᠶᠢᠳᠠᠯ ᠢ ᠰᠣᠨᠣᠰᠪᠠ᠃      
                  ᠬᠤᠷᠠᠯ ᠠᠴᠠ᠂ ᠪᠥᠬᠦ ᠬᠤᠰᠢᠭᠤᠨ ᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠰᠢ ᠶᠢᠨ ᠫᠢᠩ ᠶᠡᠷᠦᠩᠬᠡᠢ ᠱᠦᠵᠢ ᠶᠢᠨ ᠰᠦᠯᠵᠢᠶᠡᠨ ᠤ ᠬᠦᠴᠦᠷᠬᠡᠭ ᠤᠯᠤᠰ ᠤᠨ ᠲᠤᠬᠠᠢ ᠴᠢᠬᠤᠯᠠ ᠦᠵᠡᠯ ᠰᠠᠨᠠᠭ᠎ᠠ ᠪᠠ ᠰᠦᠯᠵᠢᠶᠡᠨ ᠤ ᠠᠮᠤᠷ ᠲᠦᠪᠰᠢᠨ ᠤ ᠠᠵᠢᠯ ᠤᠨ ︽ᠳᠥᠷᠪᠡ ᠶᠢ ᠪᠠᠷᠢᠮᠲᠠᠯᠠᠬᠤ︾ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠰᠦᠯᠵᠢᠶᠡᠨ ᠤ ᠠᠮᠤᠷ ᠲᠦᠪᠰᠢᠨ ᠤ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠦᠯᠵᠢᠶᠡᠨ ᠤ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ᠃ ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ ᠲᠥᠬᠦᠭᠡᠷᠦᠮᠵᠢ᠂ ᠫᠤᠷᠲ᠋ᠧᠯ ᠰᠦᠯᠵᠢᠶ᠎ᠡ ᠪᠠ ᠰᠣᠨᠢᠨ ᠮᠡᠳᠡᠭᠡᠨ ᠤ ᠰᠦᠯᠵᠢᠶ᠎ᠡ ᠶᠢᠨ ᠲᠣᠭᠤᠷᠢᠨ ᠳᠤ᠂ ᠤᠰᠤ᠂ ᠴᠠᠬᠢᠯᠭᠠᠨ᠂ ᠰᠢᠲᠠᠮᠠᠬᠠᠢ ᠬᠡᠢ ᠵᠡᠷᠭᠡ ᠴᠢᠬᠤᠯᠠ ᠮᠡᠳᠡᠭᠡ ᠵᠠᠩᠭᠢ ᠶᠢᠨ ᠰᠢᠰᠲ᠋ᠧᠮ ᠲᠠᠢ ᠬᠤᠯᠪᠣᠭᠳᠠᠭᠤᠯᠤᠨ᠂ ᠰᠦᠯᠵᠢᠶᠡᠨ ᠤ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠰᠦᠯᠵᠢᠶᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠪᠥᠬᠦ ᠬᠤᠰᠢᠭᠤᠨ ᠤ ᠰᠦᠯᠵᠢᠶᠡᠨ ᠤ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠠᠵᠢᠯ ᠤᠨ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠤᠬᠠᠭᠤᠯᠭ᠎ᠠ ᠬᠥᠮᠦᠵᠢᠯ ᠤᠨ ᠡᠷᠴᠢᠮ ᠢ ᠴᠢᠩᠭᠠᠷᠠᠭᠤᠯᠵᠤ᠂ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠢᠳᠡᠪᠬᠢᠲᠡᠢ ᠪᠣᠶ ᠪᠣᠯᠭᠠᠵᠤ᠂ ᠪᠥᠬᠦ ᠬᠤᠰᠢᠭᠤᠨ ᠤ ᠰᠦᠯᠵᠢᠶᠡᠨ ᠤ ᠠᠮᠤᠷ ᠲᠦᠪᠰᠢᠨ ᠤ ᠠᠵᠢᠯ ᠢ ᠠᠬᠢᠭᠤᠯᠬᠤ ᠳᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠬᠤ ᠬᠡᠷᠡᠭᠲᠡᠢ ᠭᠡᠯ᠎ᠡ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号