| | ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 12 ᠤᠨ ᠴᠠᠬᠢᠯᠭᠠᠨ ᠮᠡᠳᠡᠭᠡ 8 ᠰᠠᠷ᠎ᠠ ᠶᠢᠨ 12 ᠤᠨ | ᠡᠳᠦᠷ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠯᠠᠨ ᠤᠯᠤᠰ ᠤᠨ | ᠠᠷᠠᠳ ᠤᠨ ᠪᠦᠯᠬᠦᠮ ᠤᠨ ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠬᠠᠮᠲᠤ ᠪᠠᠷ ᠨᠠᠶᠢᠳᠠᠪᠤᠷᠢᠵᠢᠭᠤᠯᠬᠤ | ᠰᠣᠯᠢᠯᠴᠠᠭ᠎ᠠ ᠶᠢᠨ ᠶᠡᠭᠡ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ᠃ | ᠰᠢ ᠶᠢᠨ ᠫᠢᠩ᠂ ᠬᠥᠭᠵᠢᠯᠲᠡ ᠪᠣᠯ ᠬᠥᠮᠦᠨ ᠲᠥᠷᠥᠯᠬᠢᠲᠡᠨ ᠤ ᠨᠡᠶᠢᠭᠡᠮ ᠤᠨ ᠥᠨᠢᠳᠡ ᠶᠢᠨ ᠭᠤᠣᠯ ᠰᠡᠳᠦᠪ ᠮᠥᠨ᠂ | ᠡᠯ᠎ᠡ ᠤᠯᠤᠰ ᠤᠨ ᠠᠷᠠᠳ ᠲᠦᠮᠡᠨ ᠬᠥᠭᠵᠢᠯᠲᠡ ᠪᠠᠷ ᠳᠠᠮᠵᠢᠨ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢᠶᠠᠨ | ᠪᠡᠶᠡᠯᠡᠭᠦᠯᠬᠦ ᠶᠢ ᠬᠠᠯᠠᠭᠤᠨ ᠢᠶᠠᠷ ᠬᠦᠰᠡᠵᠦ ᠪᠠᠶᠢᠨ᠎ᠠ᠃ ᠣᠳᠣᠬᠠᠨ ᠳᠤ᠂ ᠪᠦᠬᠦ ᠪᠥᠮᠪᠥᠷᠴᠡᠭ ᠤᠨ ᠠᠵᠤ ᠠᠬᠤᠢ ᠶᠢᠨ | ᠬᠥᠭᠵᠢᠯᠲᠡ ᠤᠯᠠᠨ ᠵᠦᠢᠯ ᠤᠨ ᠬᠦᠴᠦᠨ ᠵᠦᠢᠯ ᠳᠤ ᠨᠥᠯᠥᠭᠡᠯᠡᠭᠳᠡᠵᠦ᠂ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯᠡᠰ ᠢ ᠨᠠᠶᠢᠳᠠᠪᠤᠷᠢᠵᠢᠭᠤᠯᠬᠤ ᠠᠬᠢᠴᠠ | ᠬᠦᠴᠢᠷᠳᠡᠯ ᠳᠤ ᠲᠤᠯᠭᠠᠷᠠᠵᠤ ᠪᠠᠶᠢᠨ᠎ᠠ᠃ ᠬᠦᠴᠢᠷ ᠪᠡᠷᠬᠡᠰᠢᠶᠡᠯ ᠪᠣᠯᠤᠨ ᠥᠷᠢᠰᠥᠯᠳᠦᠭᠡᠨ ᠤ ᠡᠮᠦᠨ᠎ᠡ᠂ ᠪᠢᠳᠡ ᠭᠠᠭᠴᠠ ᠬᠦ | ᠢᠲᠡᠭᠡᠯ ᠵᠣᠷᠢᠭ ᠢᠶᠠᠨ ᠪᠠᠲᠤᠳᠬᠠᠵᠤ᠂ ᠰᠡᠳᠭᠢᠯ ᠨᠢᠭᠡᠲᠦᠨ ᠬᠠᠮᠲᠤᠷᠠᠯᠴᠠᠵᠤ᠂ ᠡᠷᠡᠰ ᠭᠤᠶᠢᠪᠢᠰᠢ ᠦᠭᠡᠢ ᠪᠠᠷ ᠬᠢᠵᠢᠭ ᠲᠠᠢ | ᠲᠡᠮᠡᠴᠡᠵᠦ᠂ ᠰᠡᠳᠭᠢᠯ ᠨᠢᠭᠡᠳᠦᠨ ᠬᠦᠴᠦ ᠪᠠᠨ ᠬᠠᠮᠳᠤᠳᠬᠠᠵᠦ ᠬᠥᠭᠵᠢᠯᠲᠡ ᠶᠢ ᠠᠬᠢᠭᠤᠯᠤᠨ᠂ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯᠡᠰ ᠢ ᠦᠨᠡᠨ ᠬᠦ | ᠨᠠᠶᠢᠳᠠᠪᠤᠷᠢᠵᠢᠭᠤᠯᠪᠠᠯ᠂ ᠡᠯ᠎ᠡ ᠤᠯᠤᠰ ᠤᠨ ᠠᠷᠠᠳ ᠲᠦᠮᠡᠨ ᠰᠠᠶ᠋ᠢ ᠰᠠᠶᠢᠨ ᠰᠠᠶᠢᠬᠠᠨ ᠠᠮᠢᠳᠤᠷᠠᠯ ᠢ ᠡᠳ᠋ᠯᠡᠵᠦ᠂ ᠬᠥᠮᠦᠨ | ᠲᠥᠷᠥᠯᠬᠢᠲᠡᠨ ᠤ ᠨᠡᠶᠢᠭᠡᠮ ᠰᠠᠶ᠋ᠢ ᠨᠡᠩ ᠰᠠᠶᠢᠨ ᠰᠠᠶᠢᠬᠠᠨ ᠢᠷᠡᠭᠡᠳᠦᠢ ᠶᠢ ᠤᠭᠲᠤᠨ ᠠᠪᠴᠢᠷᠠᠵᠤ ᠴᠢᠳᠠᠨ᠎ᠠ ᠭᠡᠵᠤ ᠵᠢᠭᠠᠵᠤ | ᠭᠠᠷᠭᠠᠵᠠᠢ᠃ | ᠰᠢ ᠶᠢᠨ ᠫᠢᠩ᠂ ᠳᠡᠯᠡᠬᠡᠢ ᠨᠡᠶᠢᠭᠡᠮ ᠢᠶᠠᠷ ᠢᠶᠠᠨ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠠᠮᠲᠤ ᠶᠢᠨ | ᠲᠠᠨᠢᠯᠲᠠ ᠶᠢ ᠲᠠᠰᠤᠷᠠᠯᠳᠠ ᠦᠭᠡᠢ ᠨᠢᠭᠲᠠᠷᠠᠭᠤᠯᠵᠤ᠂ ᠬᠥᠭᠵᠢᠯᠲᠡ ᠳᠤ ᠠᠰᠢᠭᠲᠠᠢ ᠤᠯᠠᠨ ᠤᠯᠤᠰ ᠤᠨ ᠣᠷᠴᠢᠨ | ᠨᠦᠬᠦᠴᠡᠯ ᠢ ᠴᠢᠷᠮᠠᠶᠢᠨ ᠪᠤᠢ ᠪᠣᠯᠭᠠᠵᠤ᠂ ᠪᠦᠬᠦ ᠪᠥᠮᠪᠥᠷᠴᠡᠭ ᠤᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ | ᠢᠳᠡᠪᠬᠢᠲᠡᠢ ᠪᠤᠶᠢᠵᠢᠭᠤᠯᠵᠤ᠂ ᠪᠦᠬᠦ ᠪᠥᠮᠪᠥᠷᠴᠡᠭ ᠤᠨ ᠬᠥᠭᠵᠢᠯᠲᠡ ᠶᠢᠨ ᠬᠠᠨᠢᠲᠠᠨ ᠤ ᠬᠠᠷᠢᠯᠴᠠᠭ᠎ᠠ ᠶᠢ ᠭᠠᠷ ᠬᠤᠯᠪᠣᠯᠴᠠᠨ | ᠪᠠᠶᠢᠭᠤᠯᠪᠠᠯ ᠵᠤᠬᠢᠨ᠎ᠠ᠃ ᠤᠯᠠᠨ ᠤᠯᠤᠰ ᠤᠨ ᠠᠷᠠᠳ ᠤᠨ ᠪᠦᠯᠬᠦᠮ ᠤᠨ ᠪᠦᠬᠦ ᠪᠥᠮᠪᠥᠷᠴᠡᠭ ᠤᠨ ᠬᠥᠭᠵᠢᠯᠲᠡ ᠶᠢᠨ | ᠰᠠᠨᠠᠭᠠᠴᠢᠯᠠᠭ᠎ᠠ ᠶᠢ ᠦᠨᠡᠨ ᠬᠦ ᠪᠤᠲᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠳᠤ ᠨᠡᠩ ᠪᠠᠲᠤ ᠪᠠᠬᠢ ᠠᠷᠠᠳ ᠤᠨ | ᠰᠠᠨᠠᠭᠠᠨ ᠤ ᠰᠠᠭᠤᠷᠢ ᠶᠢ ᠴᠣᠭᠴᠠᠯᠠᠵᠤ᠂ ᠨᠡᠩ ᠬᠦᠴᠦᠲᠡᠢ ᠠᠷᠠᠳ ᠤᠨ ᠰᠡᠳᠭᠢᠯ ᠤᠨ ᠲᠤᠯᠭᠠᠭᠤᠷᠢᠯᠠᠯ ᠬᠠᠩᠭᠠᠨ᠎ᠠ ᠭᠡᠳᠡᠭ ᠢ | ᠪᠢ ᠢᠲᠡᠭᠡᠵᠦ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠭᠠᠷ ᠬᠤᠯᠪᠣᠯᠴᠠᠨ ᠴᠢᠷᠮᠠᠶᠢᠵᠤ᠂ | ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ | ᠵᠦᠶᠯᠡᠰ ᠢ ᠲᠦᠷᠭᠡᠳᠭᠡᠨ ᠠᠬᠢᠭᠤᠯᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠬᠠᠮᠲᠤ ᠪᠠᠷ ᠪᠠᠶᠢᠭᠤᠯᠬᠤ᠂ ᠬᠥᠭᠵᠢᠨ ᠴᠡᠴᠡᠭᠯᠡᠭᠰᠡᠨ ᠰᠢᠨ᠎ᠡ ᠴᠠᠭ ᠦᠶ᠎ᠡ ᠶᠢ ᠬᠠᠮᠲᠤ ᠪᠠᠷ ᠴᠣᠭᠴᠠᠯᠠᠬᠤ ᠳᠤ ᠨᠠᠩ ᠶᠡᠭᠡ | ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠭᠡᠪᠡ᠃ |