| ᠮᠠᠨ ᠤ ᠣᠶᠢᠷ᠎ᠠ ᠬᠠᠪᠢ ᠳᠤ ᠨᠢᠳᠦᠨ ᠰᠢᠯ ᠵᠡᠭᠦᠵᠦ ᠪᠠᠶᠢᠭ᠎ᠠ ᠬᠥᠮᠥᠨ ᠤᠯᠠᠮ ᠢᠶᠠᠷ ᠣᠯᠠᠰᠢᠷᠠᠵᠤ ᠪᠠᠶᠢᠭ᠎ᠠ ᠶᠤᠮ᠂ | ᠲᠡᠷᠡᠴᠢᠯᠡᠨ ᠬᠡᠦᠬᠡᠳ ᠪᠠᠭᠠᠴᠤᠤᠯ ᠠᠴᠠ ᠡᠬᠢᠯᠡᠭᠡᠳ ᠬᠠᠷᠠᠭ᠎ᠠ ᠨᠢ ᠮᠠᠭᠤᠳᠠᠵᠤ ᠪᠠᠶᠢᠭ᠎ᠠ ᠶᠢ ᠲᠠ ᠯᠠᠪ ᠠᠩᠬᠠᠷᠤᠯ ᠳᠠᠭᠠᠨ | ᠠᠪᠤᠭᠰᠠᠨ ᠪᠠᠶᠢᠬ᠎ᠠ︖ | ᠨᠢᠳᠦ ᠪᠣᠯ ᠰᠡᠳᠬᠢᠯ ᠤᠨ ᠴᠣᠩᠬᠤ ᠭᠡᠳᠡᠭ᠃ ᠲᠡᠭᠡᠪᠡᠯ ᠨᠢᠳᠦ ᠨᠢ ᠬᠠᠷᠠᠭ᠎ᠠ ᠠᠯᠳᠠᠴᠢᠬᠠᠪᠠᠯ ᠰᠡᠳᠬᠢᠯ ᠨᠢ | ᠴᠣᠩᠬᠤ ᠪᠠᠨ ᠬᠠᠭᠠᠵᠠᠢ ᠭᠡᠵᠤ ᠣᠶᠢᠯᠠᠭᠠᠵᠤ ᠪᠣᠯᠬᠤ ᠦᠦ︖ ᠶᠠᠭᠤ ᠴᠦ ᠭᠡᠰᠡᠨ ᠨᠢᠳᠦ ᠪᠣᠯ ᠬᠥᠮᠥᠨ ᠤ ᠪᠡᠶ᠎ᠡ ᠳᠡᠭᠡᠷᠡᠬᠢ | ᠮᠠᠰᠢ ᠴᠢᠬᠤᠯᠠ ᠡᠷᠬᠡᠲᠡᠨ ᠪᠣᠯᠬᠤ ᠶᠤᠮ᠃ ᠲᠡᠭᠡᠪᠡᠯ ᠪᠢᠳᠠ ᠨᠢᠳᠦ ᠣᠨᠴᠠᠭᠠᠶᠢᠯᠠᠨ ᠨᠢᠳᠦᠨ ᠤ ᠬᠠᠷᠠᠭ᠎ᠠ ᠪᠠᠨ ᠶᠠᠭᠠᠬᠢᠵᠤ | ᠬᠠᠮᠠᠭᠠᠯᠠᠬᠤ ᠪᠣᠢ︖ | ᠢᠳᠡᠭᠡᠨ ᠤᠮᠳᠠᠭᠠᠨ ᠤ ᠵᠦᠢᠯ ᠢᠶᠠᠨ ᠰᠠᠶᠢᠬᠠᠨ ᠲᠣᠬᠢᠷᠠᠭᠤᠯᠬᠤ ᠪᠠᠷ ᠳᠠᠮᠵᠢᠵᠤ ᠬᠠᠷᠠᠭ᠎ᠠ ᠪᠠᠨ ᠬᠠᠮᠠᠭᠠᠯᠠᠵᠤ ᠪᠣᠯᠣᠨ᠎ᠠ | ᠃ | ᠸᠢᠲ᠋ᠠᠮᠢᠨ A ᠨᠢ ᠨᠢᠳᠦᠨ ᠤ ᠬᠠᠷᠠᠭ᠎ᠠ ᠶᠢ ᠬᠠᠮᠠᠭᠠᠯᠠᠬᠤ ᠳᠤ ᠬᠠᠮᠤᠭ ᠤᠨ ᠲᠤᠰᠠ ᠲᠠᠢ ᠰᠢᠮ᠎ᠡ ᠲᠡᠵᠢᠭᠡᠯ ᠤᠨ ᠵᠦᠢᠯ | ᠶᠤᠮ᠃ | ᠨᠣᠭᠤᠭᠠᠨ ᠥᠩᠭᠡ ᠲᠠᠢ ᠪᠠ ᠰᠢᠷ᠎ᠠ ᠥᠩᠭᠡ ᠲᠠᠢ ᠨᠣᠭᠤᠭ᠎ᠠ ᠴᠠᠭ᠎ᠠ᠂ ᠮᠠᠯ ᠤᠨ ᠡᠯᠢᠭᠡ᠂ ᠰᠦ᠂ ᠬᠤᠷᠤᠳ | ᠴᠠᠭ᠎ᠠ᠂ ᠲᠠᠬᠢᠶ᠎ᠠ ᠭᠠᠯᠠᠭᠤᠨ ᠤ ᠥᠨᠳᠡᠭᠡ ᠵᠡᠷᠭᠡ ᠳᠤ ᠸᠢᠲ᠋ᠠᠮᠢᠨ A ᠡᠯᠪᠡᠭ ᠪᠠᠶᠢᠳᠠᠭ᠃ ᠨᠣᠭᠤᠭᠠᠨ ᠥᠩᠭᠡ ᠲᠠᠢ | ᠨᠣᠭᠤᠭᠠᠨ ᠠᠴᠠ ᠳᠤᠷᠠᠳᠪᠠᠯ ᠥᠷᠭᠡᠰᠦᠲᠦ ᠨᠣᠭᠤᠭ᠎ᠠ᠂ ᠴᠠᠷᠭᠠᠰᠦ᠂ ᠨᠣᠭᠤᠭᠠᠨ ᠯᠠᠵᠤᠤ ᠵᠡᠷᠭᠡ ᠳᠤ ᠸᠢᠲ᠋ᠠᠮᠢᠨ A ᠠᠷᠪᠢᠨ | ᠠᠭᠤᠯᠳᠠᠭ᠃ ᠥᠷᠭᠡᠰᠦᠲᠦ ᠨᠣᠭᠤᠭ᠎ᠠ ᠶᠢ ᠬᠢᠲᠠᠳ ᠢᠶᠠᠷ ᠪᠦᠸᠧᠼᠠᠢ ᠭᠡᠵᠤ᠂ ᠴᠠᠷᠭᠠᠰᠦ ᠶᠢ ᠮᠦ ᠰᠢᠦᠢ ᠭᠡᠳᠡᠭ᠃ | ᠰᠢᠷ᠎ᠠ ᠥᠩᠭᠡ ᠲᠠᠢ ᠨᠣᠭᠤᠭ᠎ᠠ ᠠᠴᠠ ᠳᠤᠷᠠᠳᠪᠠᠯ᠂ ᠪᠢᠳᠠᠨ ᠤ ᠰᠠᠶᠢᠨ ᠮᠡᠳᠡᠳᠡᠭ ᠬᠤᠤ ᠯᠤᠤᠪᠠᠩ᠂ ᠯᠠᠩᠭᠤᠸᠠ᠂ | ᠸᠠᠨᠳᠣᠣ ᠪᠤᠷᠴᠠᠭ ᠤᠨ ᠰᠣᠶᠤᠭ᠎ᠠ᠂ ᠤᠯᠠᠭᠠᠨ ᠭᠤᠣᠯ ᠲᠠᠢ ᠰᠢᠬᠢᠷᠯᠢᠭ ᠲᠥᠮᠥᠰᠥ ᠵᠡᠷᠭᠡ ᠳᠤ ᠸᠢᠲ᠋ᠠᠮᠢᠨ ᠡᠯᠪᠡᠭ ᠠᠭᠤᠯᠳᠠᠭ | ᠪᠠᠶᠢᠨ᠎ᠠ᠃ ᠯᠠᠩᠭᠤᠸᠠ ᠶᠢ ᠬᠢᠲᠠᠳ ᠢᠶᠠᠷ ᠨᠠᠩᠭᠤᠸᠠ ᠭᠡᠳᠡᠭ᠂ ᠮᠠᠨ ᠤ ᠠᠷᠠᠳ ᠤᠨ ᠶᠠᠷᠢᠶᠠᠨ ᠳᠤ ᠶᠡᠷᠦ ᠨᠢ ᠯᠠᠩᠭᠤᠸᠠ | ᠭᠡᠳᠡᠭ ᠶᠤᠮ᠃ | ᠪᠢᠳᠠ ᠬᠤᠤ ᠯᠤᠤᠪᠠᠩ ᠢ ᠶᠡᠷᠦ ᠨᠢ ᠲᠦᠭᠦᠬᠡᠢ ᠪᠠᠷ ᠢᠳᠡᠳᠡᠭ᠃ ᠬᠤᠤ ᠯᠤᠤᠪᠠᠩ ᠢ ᠲᠦᠭᠦᠬᠡᠢ ᠪᠠᠷ ᠢᠳᠡᠪᠡᠯ ᠬᠤᠤ | ᠯᠤᠤᠪᠠᠩ ᠤᠨ ᠡᠳ᠋ ᠨᠢ ᠬᠥᠮᠥᠨ ᠤ ᠪᠡᠶ᠎ᠡ ᠳᠤ ᠲᠡᠶᠢᠮᠦ ᠰᠠᠶᠢᠨ ᠰᠢᠩᠭᠡᠭᠡᠭᠳᠡᠬᠦ ᠦᠭᠡᠢ ᠪᠠᠶᠢᠳᠠᠭ ᠪᠣᠯᠬᠤᠷ ᠪᠣᠯᠭᠤᠵᠤ ᠪᠠᠶᠢᠭᠠᠳ | ᠢᠳᠡᠭᠡᠷᠡᠢ ᠭᠡᠵᠤ ᠡᠮᠴᠢ ᠠᠴᠠ ᠰᠠᠨᠠᠭᠤᠯᠤᠭᠰᠠᠨ ᠪᠠᠶᠢᠨ᠎ᠠ᠃ | ᠵᠠᠷᠢᠮ ᠠᠶᠢᠯ ᠶᠡᠷᠦ ᠨᠢ ᠱᠦᠯᠦ ᠲᠠᠢ ᠨᠣᠭᠤᠭ᠎ᠠ ᠬᠢᠬᠦ ᠳᠡᠭᠡᠨ ᠪᠦᠷ ᠬᠤᠤ ᠯᠤᠤᠪᠠᠩ ᠬᠢᠳᠡᠭ᠂ ᠡᠨᠡ ᠪᠣᠯ ᠶᠡᠭᠡ | ᠵᠥᠪ ᠠᠷᠭ᠎ᠠ ᠶᠤᠮ᠃ ᠣᠳᠣ ᠵᠠᠷᠢᠮ ᠠᠶᠢᠯ ᠤᠳ ᠥᠨᠳᠥᠷ ᠳᠠᠷᠤᠴᠠ ᠲᠠᠢ ᠲᠣᠭᠤᠭ᠎ᠠ ᠬᠡᠷᠡᠭᠯᠡᠳᠡᠭ᠂ ᠬᠡᠷᠪᠡ ᠬᠤᠤ | ᠯᠤᠤᠪᠠᠩ ᠢᠶᠠᠷ ᠱᠦᠯᠦ ᠬᠢᠬᠦ ᠳᠡᠭᠡᠨ ᠥᠨᠳᠥᠷ ᠳᠠᠷᠤᠴᠠ ᠲᠠᠢ ᠲᠣᠭᠤᠭᠠᠨ ᠳᠤ ᠬᠢᠪᠡᠯ᠂ ᠠᠭᠠᠷ ᠲᠠᠢ ᠣᠶᠢᠷᠠᠲᠤᠬᠤ ᠨᠢ ᠪᠠᠭ᠎ᠠ | ᠪᠠᠶᠢᠳᠠᠭ ᠠᠴᠠ ᠪᠣᠯᠵᠤ᠂ ᠬᠤᠤ ᠯᠤᠤᠪᠠᠩ ᠤᠨ ᠰᠢᠮ᠎ᠡ ᠲᠠᠢ ᠡᠳ᠋ ᠤᠨ ᠱᠦᠯᠦᠨ ᠳᠣᠲᠣᠷ᠎ᠠ ᠬᠠᠳᠠᠭᠠᠯᠠᠭᠳᠠᠬᠤ ᠬᠡᠮᠵᠢᠶ᠎ᠡ ᠨᠢ | ᠮᠠᠰᠢ ᠶᠡᠭᠡ | ᠪᠠᠶᠢᠳᠠᠭ᠃ ᠲᠡᠭᠡᠪᠡᠯ ᠪᠠᠰᠠ ᠱᠦᠯᠦ ᠬᠢᠬᠦ ᠠᠴᠠ ᠪᠠᠨ ᠡᠮᠦᠨ᠎ᠡ ᠪᠠᠭ᠎ᠠ ᠲᠣᠰᠣ ᠬᠢᠵᠦ ᠬᠠᠭᠤᠷᠠᠪᠠᠯ ᠵᠠᠳᠠᠷᠠᠬᠤ ᠳᠤ | ᠬᠦᠴᠢᠷᠲᠡᠢ ᠪᠠᠶᠢᠳᠠᠭ ᠬᠤᠤ ᠯᠤᠤᠪᠠᠩ ᠤᠨ ᠡᠳ᠋ ᠨᠢ ᠠᠮᠠᠷᠬᠠᠨ ᠵᠠᠳᠠᠷᠠᠵᠤ᠂ ᠬᠥᠮᠥᠨ ᠤ ᠪᠡᠶ᠎ᠡ ᠳᠤ ᠰᠢᠩᠭᠡᠭᠡᠭᠳᠡᠬᠦ ᠨᠢ ᠰᠠᠶᠢᠨ | ᠪᠠᠶᠢᠳᠠᠭ ᠢ ᠲᠤᠷᠰᠢᠯᠲᠠ ᠭᠡᠷᠡᠴᠢᠯᠡᠭᠰᠡᠨ ᠪᠠᠶᠢᠨ᠎ᠠ᠃ | ᠨᠢᠳᠦ ᠪᠠᠨ ᠬᠠᠮᠠᠭᠠᠯᠠᠬᠤ ᠳᠤ ᠢᠳᠡᠭᠡᠨ ᠤᠮᠳᠠᠭᠠᠨ ᠤ ᠵᠦᠢᠯ ᠢᠶᠠᠨ ᠵᠣᠬᠢᠰᠲᠠᠢ ᠲᠣᠬᠢᠷᠠᠭᠤᠯᠬᠤ ᠠᠴᠠ ᠭᠠᠳᠠᠨ᠎ᠠ | ᠪᠠᠰᠠ ᠠᠮᠢᠳᠤᠷᠠᠯ ᠳᠠᠬᠢ ᠵᠠᠷᠢᠮ ᠵᠣᠬᠢᠰ ᠦᠭᠡᠢ ᠳᠠᠳᠬᠠᠯ ᠢᠶᠠᠨ ᠥᠭᠡᠷᠡᠴᠢᠯᠡᠬᠦ ᠬᠡᠷᠡᠭᠲᠡᠢ᠃ | ᠨᠢᠭᠡ ᠳᠤ᠂ ᠨᠣᠮ ᠤᠩᠰᠢᠬᠤ ᠳᠤᠷᠠᠲᠠᠢ ᠬᠥᠮᠥᠰ ᠨᠣᠮ ᠤᠩᠰᠢᠬᠤ ᠦᠶ᠎ᠡ ᠶᠢᠨ ᠵᠣᠬᠢᠰ ᠦᠭᠡᠢ ᠳᠠᠳᠬᠠᠯ ᠢᠶᠠᠨ | ᠥᠭᠡᠷᠡᠴᠢᠯᠡᠬᠦ ᠬᠡᠷᠡᠭᠲᠡᠢ᠃ | ᠬᠡᠲᠦᠷᠬᠡᠢ ᠪᠦᠳᠡᠭᠢ ᠭᠡᠷᠡᠯ ᠲᠠᠢ ᠭᠠᠵᠠᠷ ᠪᠤᠶᠤ ᠨᠢᠳᠦ ᠭᠢᠯᠠᠰᠤᠮ᠎ᠠ ᠭᠡᠷᠡᠯ ᠲᠠᠢ ᠭᠠᠵᠠᠷ ᠨᠣᠮ ᠤᠩᠰᠢᠵᠤ ᠪᠣᠯᠬᠤ | ᠦᠭᠡᠢ︔ ᠪᠠᠰᠠ ᠨᠣᠮ ᠢᠶᠠᠨ ᠬᠡᠲᠦᠷᠬᠡᠢ ᠣᠶᠢᠷ᠎ᠠ ᠪᠠᠷᠢᠵᠤ ᠤᠩᠰᠢᠬᠤ᠂ ᠶᠠᠪᠤᠵᠤ ᠪᠠᠶᠢᠭᠠᠳ ᠤᠩᠰᠢᠬᠤ ᠪᠤᠶᠤ ᠲᠡᠷᠭᠡ | ᠤᠨᠤᠭᠠᠨ ᠳᠡᠭᠡᠷ᠎ᠡ ᠰᠠᠭᠤᠵᠤ ᠪᠠᠶᠢᠬᠤ ᠳᠠᠭᠠᠨ ᠤᠩᠰᠢᠬᠤ ᠪᠣᠯ ᠪᠦᠷ ᠨᠢᠳᠦᠨ ᠳᠤ ᠬᠠᠯᠠᠲᠠᠢ ᠪᠠᠶᠢᠳᠠᠭ᠃ | ᠨᠣᠮ ᠢ ᠨᠢᠳᠦ ᠰᠠᠯᠭᠠᠯ ᠦᠭᠡᠢ ᠤᠳᠠᠭᠠᠨ ᠤᠩᠰᠢᠭᠠᠳ ᠪᠠᠶᠢᠵᠤ ᠪᠣᠯᠬᠤ ᠦᠭᠡᠢ᠂ ᠬᠠᠷᠢᠨ ᠳᠤᠮᠳᠠ ᠨᠢ ᠨᠢᠳᠦ ᠪᠠᠨ | ᠠᠮᠠᠷᠠᠭᠤᠯᠬᠤ ᠬᠡᠷᠡᠭᠲᠡᠢ᠃ ᠶᠡᠷᠦ ᠶᠢᠨ ᠪᠠᠶᠢᠳᠠᠯ ᠳᠤ 50 ᠮᠢᠨᠦ᠋ᠲ ᠠᠯᠤᠰᠯᠠᠭᠠᠳ ᠨᠢᠭᠡ ᠠᠮᠠᠷᠠᠭᠤᠯᠬᠤ ᠪᠤᠶᠤ ᠨᠢᠳᠦᠨ ᠤ | ᠲᠠᠮᠢᠷ ᠬᠢᠵᠦ ᠪᠣᠯᠣᠨ᠎ᠠ᠃ ᠪᠠᠰᠠ ᠬᠤᠯᠠ ᠶᠢ ᠪᠠᠷᠠᠯᠠᠵᠤ ᠪᠣᠯᠣᠨ᠎ᠠ᠃ | ᠲᠡᠭᠡᠪᠡᠯ ᠨᠣᠮ ᠤᠩᠰᠢᠬᠤ ᠰᠢᠷᠡᠭᠡᠨ ᠳᠡᠭᠡᠷ᠎ᠡ ᠪᠠᠨ ᠭᠡᠷᠡᠯ ᠣᠶᠢᠳᠠᠭ ᠰᠢᠯ ᠵᠡᠷᠭᠡ ᠶᠢ ᠲᠠᠯᠪᠢᠬᠤ ᠦᠭᠡᠢ ᠪᠠᠶᠢᠪᠠᠯ | ᠰᠠᠶᠢᠨ ᠪᠠᠶᠢᠳᠠᠭ᠃ | ᠡᠭᠦᠨ ᠤ ᠬᠠᠮᠲᠤ ᠲᠡᠭᠰᠢᠬᠡᠨ ᠰᠠᠶᠢᠬᠠᠨ ᠰᠠᠭᠤᠵᠤ ᠨᠣᠮ ᠤᠩᠰᠢᠬᠤ ᠨᠢ ᠪᠠᠰᠠ ᠬᠠᠷᠠᠭ᠎ᠠ ᠶᠢ ᠬᠠᠮᠠᠭᠠᠯᠠᠬᠤ ᠳᠤ | ᠲᠤᠰᠠᠲᠠᠢ ᠪᠠᠶᠢᠳᠠᠭ ᠶᠤᠮ᠃ | ᠬᠤᠶᠠᠷ ᠲᠤ᠂ ᠨᠢᠳᠦ ᠪᠠᠨ ᠠᠷᠢᠭᠤᠨ ᠴᠡᠪᠡᠷ ᠪᠠᠶᠢᠯᠭᠠᠬᠤ ᠶᠢ ᠠᠩᠬᠠᠷᠬᠤ ᠬᠡᠷᠡᠭᠲᠡᠢ᠃ | ᠶᠠᠭᠤᠨ ᠤ ᠤᠷᠢᠳ ᠨᠢᠭᠤᠷ ᠭᠠᠷ ᠢᠶᠠᠨ ᠴᠡᠪᠡᠷ ᠰᠠᠶᠢᠬᠠᠨ ᠪᠠᠶᠢᠯᠭᠠᠬᠤ ᠶᠢ ᠠᠩᠬᠠᠷᠬᠤ ᠬᠡᠷᠡᠭᠲᠡᠢ᠂ ᠨᠢᠭᠤᠷ ᠭᠠᠷ | ᠴᠡᠪᠡᠷ ᠦᠭᠡᠢ ᠪᠠᠶᠢᠪᠠᠯ ᠭᠠᠭᠴᠠ ᠠᠮᠠ ᠬᠠᠮᠠᠷ ᠲᠤ ᠪᠠᠺᠲ᠋ᠧᠷᠢ ᠣᠷᠣᠬᠤ ᠪᠢᠰᠢ᠂ ᠨᠢᠳᠦᠨ ᠳᠤ ᠪᠠᠰᠠ ᠪᠠᠺᠲ᠋ᠧᠷᠢ ᠣᠷᠣᠳᠠᠭ᠃ | ᠨᠢᠳᠦᠨ ᠳᠤ ᠬᠤᠭ ᠲᠣᠭᠤᠰᠣ ᠣᠷᠣᠪᠠᠯ ᠰᠢᠭᠤᠳ ᠬᠦᠴᠦᠲᠡᠢ ᠨᠤᠬᠤᠯᠠᠵᠤ ᠪᠣᠯᠬᠤ ᠦᠭᠡᠢ᠂ ᠪᠠᠰᠠ ᠭᠠᠷ | ᠠᠯᠴᠢᠭᠤᠷ ᠵᠡᠷᠭᠡ ᠪᠠᠷ ᠰᠢᠭᠤᠳ ᠠᠷᠴᠢᠵᠤ ᠪᠣᠯᠬᠤ ᠦᠭᠡᠢ᠃ | ᠡᠭᠦᠨ ᠤ ᠬᠠᠮᠲᠤ ᠨᠢᠭᠤᠷ ᠤᠨ ᠠᠯᠴᠢᠭᠤᠷ᠂ ᠨᠢᠭᠤᠷ ᠤᠬᠢᠶᠠᠬᠤ ᠰᠠᠪᠠ ᠵᠡᠷᠭᠡ ᠶᠢ ᠪᠦᠷ ᠲᠤᠰᠠᠭᠠᠷ ᠢᠶᠠᠨ ᠬᠡᠷᠡᠭᠯᠡᠪᠡᠯ | ᠰᠠᠶᠢᠨ ᠪᠠᠶᠢᠳᠠᠭ᠃ ᠪᠠᠰᠠ ᠪᠢᠴᠢᠭ ᠤᠨ ᠰᠢᠷᠡᠭᠡ᠂ ᠲᠧᠯᠸᠢᠰ ᠤᠨ ᠵᠢᠯᠣᠭᠤᠳᠤᠮᠵᠢ᠂ ᠺᠣᠮᠫᠢᠦ᠋ᠲ᠋ᠧᠷ᠂ ᠪᠢᠷ ᠴᠠᠭᠠᠨᠰᠣ | ᠵᠡᠷᠭᠡ ᠪᠠᠨ ᠪᠦᠷ ᠴᠡᠪᠡᠷ ᠰᠠᠶᠢᠬᠠᠨ ᠪᠠᠶᠢᠯᠭᠠᠬᠤ ᠬᠡᠷᠡᠭᠲᠡᠢ᠃ ᠡᠳᠡᠭᠡᠷ ᠢ ᠪᠠᠶᠢᠩᠭᠤ ᠴᠡᠪᠡᠷᠯᠡᠬᠦ ᠦᠭᠡᠢ ᠪᠣᠯ ᠪᠠᠺᠲ᠋ᠧᠷᠢ ᠨᠢ | ᠬᠥᠮᠥᠨ ᠤ ᠭᠠᠷ ᠢᠶᠠᠷ | ᠳᠠᠮᠵᠢᠵᠤ᠂ ᠨᠢᠳᠦ ᠵᠡᠷᠭᠡ ᠡᠷᠬᠡᠲᠡᠨ ᠳᠤ ᠬᠠᠯᠳᠠᠵᠤ ᠮᠡᠳᠡᠨ᠎ᠡ᠂ ᠢᠩᠭᠢᠪᠡᠯ ᠨᠢᠳᠦ ᠶᠢ ᠰᠢᠷᠬᠠᠲᠤᠭᠤᠯᠬᠤ ᠪᠤᠶᠤ | ᠬᠠᠷᠠᠭ᠎ᠠ ᠶᠢ ᠨᠥᠯᠥᠭᠡᠯᠡᠨ᠎ᠡ᠃ | ᠭᠤᠷᠪᠠ ᠳᠤ᠂ ᠬᠡᠲᠦᠷᠬᠡᠢ ᠴᠢᠩᠭ᠎ᠠ ᠬᠡᠷᠡᠯ ᠢ ᠰᠢᠭᠤᠳ ᠬᠠᠷᠠᠵᠤ ᠪᠣᠯᠬᠤ ᠦᠭᠡᠢ᠃ | ᠬᠤᠷᠴᠠ ᠨᠠᠷᠠᠨ ᠤ ᠭᠡᠷᠡᠯ᠂ ᠲᠡᠮᠦᠷ ᠭᠠᠩᠨᠠᠬᠤ ᠦᠶ᠎ᠡ ᠶᠢᠨ ᠭᠡᠷᠡᠯ ᠵᠡᠷᠭᠡ ᠴᠢᠩᠭ᠎ᠠ ᠭᠡᠷᠡᠯ ᠢ ᠰᠢᠭᠤᠳ ᠬᠠᠷᠠᠪᠠᠯ | ᠨᠢᠳᠦ ᠶᠢ ᠭᠡᠮᠳᠦᠭᠡᠵᠦ ᠮᠡᠳᠡᠨ᠎ᠡ᠃ | ᠭᠤᠷᠪᠠ ᠳᠤ᠂ ᠤᠳᠠᠭᠠᠨ ᠴᠠᠭ ᠢᠶᠠᠷ ᠲᠧᠯᠸᠢᠰ ᠦᠵᠡᠬᠦ᠂ ᠪᠠᠶᠢᠩᠭᠤ ᠲᠧᠯᠸᠢᠰ ᠦᠵᠡᠬᠦ᠂ ᠬᠡᠲᠦᠷᠬᠡᠢ | ᠣᠶᠢᠷᠠᠬᠠᠨ ᠠᠴᠠ ᠦᠵᠡᠬᠦ ᠵᠡᠷᠭᠡ ᠨᠢ ᠪᠦᠷ ᠨᠢᠳᠦᠨ ᠳᠤ ᠬᠠᠯᠠᠲᠠᠢ ᠪᠠᠶᠢᠳᠠᠭ᠃ ᠲᠧᠯᠸᠢᠰ ᠦᠵᠡᠵᠦ ᠪᠠᠶᠢᠭ᠎ᠠ ᠨᠢ ᠴᠠᠬᠢᠯᠭᠠᠨ | ᠳ᠋ᠧᠩ ᠢ ᠬᠠᠷᠠᠵᠤ ᠪᠠᠶᠢᠭ᠎ᠠ ᠲᠠᠢ ᠠᠳᠠᠯᠢᠬᠠᠨ ᠨᠢᠳᠦᠨ ᠳᠤ ᠮᠠᠰᠢ ᠬᠠᠯᠠᠲᠠᠢ ᠪᠠᠶᠢᠳᠠᠭ ᠭᠡᠵᠤ ᠰᠤᠳᠤᠯᠤᠭᠠᠴᠢᠳ ᠰᠠᠨᠠᠭᠤᠯᠵᠤ | ᠪᠠᠶᠢᠨ᠎ᠠ᠃ | ᠳᠥᠷᠪᠡ ᠳᠤ᠂ ᠭᠦᠢᠴᠡᠳ ᠰᠠᠶᠢᠨ ᠤᠨᠲᠠᠵᠤ ᠠᠮᠠᠷᠠᠬᠤ ᠬᠡᠷᠡᠭᠲᠡᠢ᠃ | ᠦᠷᠭᠦᠯᠵᠢ ᠨᠣᠶᠢᠷ ᠳᠤᠲᠠᠬᠤ ᠨᠢ ᠨᠢᠳᠦᠨ ᠤ ᠬᠠᠷᠠᠭᠠᠨ ᠳᠤ ᠶᠡᠭᠡ ᠬᠠᠯᠠᠲᠠᠢ ᠪᠠᠶᠢᠳᠠᠭ᠃ ᠡᠭᠦᠨ ᠤ ᠬᠠᠮᠲᠤ ᠨᠢᠭᠤᠷ | ᠴᠢᠷᠠᠢ ᠳᠤ ᠠᠮᠠᠷᠬᠠᠨ ᠦᠷᠴᠢᠯᠡᠭᠡᠰᠦ ᠰᠠᠭᠤᠨ᠎ᠠ᠃ ᠡᠶᠢᠮᠦ ᠠᠴᠠ ᠣᠨᠴᠠᠭᠠᠶᠢᠯᠠᠨ ᠪᠦᠰᠡᠭᠦᠶᠢᠴᠦᠳ ᠮᠠᠨᠢ ᠤᠨᠲᠠᠵᠤ ᠠᠮᠠᠷᠠᠬᠤ | ᠴᠠᠭ ᠢᠶᠠᠨ ᠵᠣᠬᠢᠰᠲᠠᠢ ᠲᠣᠬᠢᠷᠠᠭᠤᠯᠵᠤ᠂ ᠨᠢᠳᠦ ᠪᠠᠨ ᠬᠠᠮᠠᠭᠠᠯᠠᠬᠤ ᠶᠢᠨ ᠳᠠᠭᠠᠤ ᠪᠠᠰᠠ ᠨᠢᠭᠤᠷ ᠴᠢᠷᠠᠢ ᠪᠠᠨ ᠬᠠᠮᠠᠭᠠᠯᠠᠬᠤ ᠶᠢ | ᠰᠠᠨᠠᠭᠤᠯᠵᠤ ᠪᠠᠶᠢᠨ᠎ᠠ᠃ |