ᠠᠮᠠᠪᠴᠢ ᠵᠡᠬᠦᠬᠦ ᠳᠤ ᠠᠩᠬᠠᠷᠬᠤ
ᠨᠡᠶᠢᠲᠡᠯᠡᠭᠰᠡᠨ ᠴᠠᠭ᠄
2022/9/2
         ᠬᠠᠪᠤᠷ ᠤᠨ ᠤᠯᠠᠷᠢᠯ ᠳᠤ ᠬᠦᠬᠡ ᠬᠡᠯᠪᠡᠷᠢ ᠶᠢᠨ HINI ᠬᠠᠯᠳᠠᠪᠤᠷᠢᠳᠤ ᠳᠠᠬᠰᠢᠭᠤᠷ ᠳᠡᠯᠭᠡᠷᠡᠵᠤ ᠪᠠᠶᠢᠬᠤ ᠪᠠᠶᠢᠳᠠᠯ ᠳᠤᠤᠷ᠎ᠠ᠂ ᠠᠮᠠᠪᠴᠢ ᠵᠡᠬᠦᠬᠦ ᠨᠢ ᠦᠪᠡᠷ ᠤᠨ ᠪᠡᠶ᠎ᠠ ᠪᠠᠨ ᠬᠠᠮᠠᠭᠠᠯᠠᠵᠤ ᠴᠢᠳᠠᠬᠤ ᠪᠠᠷ ᠪᠠᠷᠠᠬᠤ ᠦᠭᠡᠢ ᠪᠠᠰᠠ ᠪᠤᠰᠤᠳ ᠢ ᠬᠠᠮᠠᠭᠠᠯᠠᠵᠤ ᠴᠢᠳᠠᠨ᠎ᠠ᠂ ᠭᠡᠪᠡᠴᠤ ᠠᠮᠠᠪᠴᠢ ᠶᠢ ᠵᠦᠪ ᠵᠡᠭᠦᠪᠡᠯ ᠰᠠᠢᠢ ᠬᠠᠯᠳᠠᠪᠤᠷᠢᠳᠤ ᠳᠠᠬᠰᠢᠭᠤᠷ ᠢ ᠰᠡᠷᠭᠡᠶᠢᠯᠡᠬᠦ ᠵᠤᠷᠢᠯᠭ᠎ᠠ ᠎ ᠳᠠᠭᠠᠨ ᠬᠦᠷᠴᠤ ᠴᠢᠳᠠᠨ᠎ᠠ᠃        ᠬᠦᠬᠡ ᠬᠡᠯᠪᠡᠷᠢ ᠶᠢᠨ HINI ᠬᠠᠯᠳᠠᠪᠤᠷᠢᠳᠤ ᠳᠠᠬᠰᠢᠭᠤᠷ ᠬᠦᠮᠤᠰ ᠤᠨ ᠬᠤᠭᠤᠷᠤᠡᠳᠤ ᠬᠠᠯᠳᠠᠪᠤᠷᠢᠯᠠᠬᠤ ᠭᠤᠤᠯ ᠵᠠᠮ ᠨᠢ ᠦᠭᠡ ᠶᠡᠷᠢᠬᠤ᠂ ᠨᠠᠶᠢᠳᠠᠭᠠᠬᠤ ᠪᠤᠶᠤ ᠡᠰᠡᠭᠦᠯ᠎ᠠ ᠬᠠᠨᠢᠶᠠᠬᠤ ᠦᠶ᠎ᠠ ᠳᠤ ᠠᠮᠢᠰᠬᠤᠯ ᠤᠨ ᠵᠠᠮ ᠠᠴᠠ ᠦᠰᠤᠷᠴᠤ ᠭᠠᠷᠴᠤ ᠢᠷᠡᠭᠰᠡᠨ ᠰᠢᠯᠤᠰᠤ ᠤᠰᠤ ᠵᠡᠷᠭᠡ ᠪᠤᠯᠤᠨ᠎ᠠ᠂ ᠳᠠ ᠬᠡᠷᠪᠡ ᠬᠠᠯᠳᠠᠪᠤᠷᠢᠳᠤ ᠳᠠᠬᠰᠢᠭᠤᠷ ᠲᠤ ᠨᠡᠷᠪᠡᠭᠳᠡᠭᠰᠡᠨ ᠬᠦᠮᠤᠨ ᠎ ᠲᠠᠢ ᠬᠡᠳᠦᠷᠭᠡᠢ ᠤᠢᠢᠷᠠᠳᠤᠯᠴᠠᠪᠠᠯ᠂ ᠳᠡᠭᠦᠨ ᠤ ᠠᠮᠢᠰᠬᠤᠯ ᠤᠨ ᠵᠠᠮ ᠠᠴᠠ ᠦᠰᠤᠷᠴᠤ ᠭᠠᠷᠴᠤ ᠢᠷᠡᠭᠰᠡᠨ ᠡᠪᠡᠳᠴᠢᠨ ᠤ ᠬᠠᠯᠳᠠᠪᠤᠷᠢᠳᠤ ᠴᠢᠨᠠᠷ ᠲᠠᠢ ᠰᠢᠯᠤᠰᠤ ᠨᠢ ᠳᠡᠨ ᠤ ᠬᠠᠮᠠᠷ ᠳᠡᠭᠡᠷ᠎ᠠ ᠴᠢᠨᠢ ᠦᠰᠤᠷᠴᠤ ᠨᠠᠭᠠᠯᠳᠤᠬᠤ ᠪᠤᠯᠤᠨ᠎ᠠ᠂ ᠡᠶᠢᠮᠤ ᠠᠴᠠ ᠠᠮᠠᠪᠴᠢ ᠶᠢ ᠵᠦᠪ ᠵᠡᠭᠦᠪᠡᠯ ᠵᠤᠬᠢᠨ᠎ᠠ᠃ ᠦᠭᠡᠷ᠎ᠠ ᠪᠠᠷ ᠬᠡᠯᠡᠪᠡᠯ ᠦᠪᠡᠷ ᠢᠶᠠᠨ ᠪᠤᠶᠤ ᠭᠡᠷ ᠤᠨ ᠬᠦᠮᠤᠰ ᠢᠶᠠᠨ ᠳᠠᠭᠠᠵᠤ ᠡᠮᠨᠡᠯᠭᠡ ᠶᠢᠨ ᠬᠤᠷᠢᠶᠠᠨ ᠤ ᠬᠠᠯᠠᠭᠤᠷᠠᠯ ᠤᠨ ᠡᠮᠨᠡᠯᠭᠡ ᠳᠤ ᠬᠦᠷᠴᠤ ᠡᠪᠡᠳᠴᠢᠨ ᠦᠵᠡᠭᠦᠯᠬᠦ ᠳᠤ ᠡᠷᠬᠡᠪᠰᠢ ᠠᠮᠠᠪᠴᠢ ᠵᠡᠭᠦᠬᠦ ᠬᠡᠷᠡᠭᠳᠠᠢ︔ ᠪᠦᠬᠦ ᠭᠡᠷ ᠢᠶᠠᠷ ᠢᠶᠠᠨ ᠬᠦᠬᠡ ᠬᠡᠯᠪᠡᠷᠢ ᠶᠢᠨ HINI ᠬᠠᠯᠳᠠᠪᠤᠷᠢᠳᠤ ᠳᠠᠬᠰᠢᠭᠤᠷ ᠵᠡᠷᠭᠡ ᠠᠮᠢᠰᠬᠤᠯ ᠤᠨ ᠵᠠᠮ ᠤᠨ ᠬᠠᠯᠳᠠᠪᠤᠷᠢᠳᠤ ᠡᠪᠡᠳᠴᠢᠨ ᠳᠤ ᠬᠦᠩᠭᠡᠨ ᠨᠡᠷᠪᠡᠭᠳᠡᠭᠰᠡᠨ ᠬᠦᠮᠤᠰ ᠢ ᠠᠰᠠᠷᠠᠵᠤ ᠰᠤᠪᠢᠯᠠᠬᠤ ᠳᠠᠭᠠᠨ ᠡᠷᠬᠡᠪᠰᠢ ᠠᠮᠠᠪᠴᠢ ᠵᠡᠬᠦᠬᠦ ᠬᠡᠷᠡᠭᠳᠠᠢ︔ ᠳᠡᠯᠭᠡᠷᠡᠯ ᠤᠨ ᠴᠢᠨᠠᠷᠳᠠᠢ ᠬᠠᠯᠳᠠᠪᠤᠷᠢᠳᠤ ᠳᠠᠬᠰᠢᠭᠤᠷ ᠲᠤ ᠬᠦᠩᠭᠡᠨ ᠨᠡᠷᠪᠡᠭᠳᠡᠭᠰᠡᠨ ᠬᠦᠮᠤᠰ ᠭᠡᠷ ᠠᠴᠠ ᠪᠠᠨ ᠭᠠᠷᠴᠤ ᠪᠤᠰᠤᠳ ᠬᠦᠮᠤᠰ ᠲᠠᠢ ᠤᠢᠢᠷᠠᠳᠤᠬᠤ ᠦᠶᠡᠰ ᠡᠷᠬᠡᠪᠰᠢ ᠠᠮᠠᠪᠴᠢ ᠵᠡᠭᠦᠬᠦ ᠬᠡᠷᠡᠭᠳᠠᠢ︔ ᠤᠯᠠᠨ ᠨᠡᠶᠢᠳᠡ ᠶᠢᠨ ᠮᠠᠰᠢᠨ ᠳᠡᠷᠭᠡ᠂ ᠭᠠᠵᠠᠷ ᠳᠤᠤᠷᠠᠬᠢ ᠭᠠᠯᠳᠤ ᠳᠡᠷᠭᠡ ᠵᠡᠷᠭᠡ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠦᠶ᠎ᠠ ᠳᠤ ᠡᠷᠬᠡᠪᠰᠢ ᠠᠮᠠᠪᠴᠢ ᠵᠡᠬᠦᠬᠦ ᠬᠡᠷᠡᠭᠳᠠᠢ᠃        ᠡᠮ ᠤᠨ ᠳᠡᠯᠭᠡᠭᠦᠷ ᠲᠤ ᠬᠤᠳᠠᠯᠳᠤᠵᠤ ᠪᠠᠶᠢᠭ᠎ᠠ ᠠᠮᠠᠪᠴᠢ ᠪᠤᠯ ᠡᠮᠨᠡᠯᠭᠡ ᠳᠤ ᠬᠡᠷᠡᠭᠯᠡᠬᠦ ᠡᠩ ᠤᠨ ᠭᠠᠳᠠᠷ ᠰᠠᠯᠠᠭ᠎ᠠ ᠶᠢᠨ ᠠᠮᠠᠪᠴᠢ ᠪᠤᠯᠤᠨ᠎ᠠ᠂ ᠡᠨᠡᠬᠦ ᠠᠮᠠᠪᠴᠢ ᠶᠢ ᠵᠡᠬᠦᠬᠦ ᠳᠡᠭᠡᠨ ᠤᠷᠢᠳᠠᠪᠡᠷ ᠬᠤᠶᠠᠷ ᠭᠠᠷ ᠢᠶᠠᠨ ᠤᠬᠢᠶᠠᠬᠤ ᠬᠡᠷᠡᠭᠳᠠᠢ᠂ ᠢᠩᠬᠢᠪᠡᠯ ᠠᠮᠠᠪᠴᠢ ᠶᠢᠨ ᠳᠤᠳᠤᠷ ᠳᠠᠯ᠎ᠠ ᠶᠢ ᠪᠤᠬᠢᠷᠳᠤᠭᠤᠯᠬᠤ ᠠᠴᠠ ᠰᠡᠷᠭᠡᠶᠢᠯᠡᠵᠤ ᠴᠢᠳᠠᠨ᠎ᠠ᠂ ᠠᠮᠠᠪᠴᠢ ᠶᠢ ᠵᠡᠭᠦᠭᠰᠡᠨ ᠤ ᠳᠠᠷᠠᠭ᠎ᠠ᠂ ᠬᠤᠶᠠᠷ ᠭᠠᠷ ᠢᠶᠠᠷ ᠢᠶᠠᠨ ᠠᠮᠠᠪᠴᠢ ᠶᠢᠨ ᠤᠭᠤᠰᠤᠷ ᠢ ᠳᠡᠭᠡᠭᠰᠢ ᠳᠤᠷᠤᠬᠰᠢ ᠳᠠᠳᠠᠵᠤ᠂ ᠠᠮᠠᠪᠴᠢ ᠪᠠᠷ ᠢᠶᠠᠨ ᠠᠮᠠ ᠬᠠᠮᠠᠷ ᠪᠤᠯᠤᠨ ᠡᠷᠡᠤ ᠪᠠᠨ ᠪᠦᠳᠡᠭᠡᠬᠦ ᠬᠡᠷᠡᠭᠳᠠᠢ᠂ ᠡᠭᠦᠨ ᠤ ᠬᠠᠮᠳᠤ ᠬᠤᠷᠤᠭᠤ ᠪᠠᠷ ᠢᠶᠠᠨ ᠠᠮᠠᠪᠴᠢ ᠳᠡᠭᠡᠷᠡᠬᠢ ᠬᠠᠮᠠᠷ ᠤᠨ ᠬᠤᠶᠠᠷ ᠳᠠᠯ᠎ᠠ ᠶᠢᠨ ᠳᠠᠮᠦᠷᠯᠢᠭ ᠤᠳᠠᠰᠤ ᠶᠢ ᠳᠠᠷᠤᠵᠤ᠂ ᠠᠮᠠᠪᠴᠢ ᠶᠢᠨ ᠳᠡᠭᠡᠷ᠎ᠠ ᠳᠠᠯ᠎ᠠ ᠶᠢᠨ ᠦᠵᠤᠭᠦᠷ ᠢ ᠬᠠᠮᠠᠷ ᠲᠠᠢ ᠨᠢᠬᠳᠡ ᠨᠠᠭᠠᠯᠳᠤᠭᠤᠯᠬᠤ ᠬᠡᠷᠡᠭᠳᠠᠢ᠂ ᠢᠩᠬᠢᠪᠡᠯ ᠰᠠᠢᠢ ᠬᠠᠯᠳᠠᠪᠤᠷᠢᠳᠤ ᠳᠠᠬᠰᠢᠭᠤᠷ ᠢ ᠰᠡᠷᠭᠡᠶᠢᠯᠡᠬᠦ ᠤᠢᠢᠯᠡᠳᠤᠯ ᠢ ᠨᠢ ᠨᠡᠩ ᠰᠠᠶᠢᠨ ᠢᠶᠠᠷ ᠪᠠᠳᠠᠷᠠᠭᠤᠯᠵᠤ ᠴᠢᠳᠠᠨ᠎ᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号