ᠠᠷᠢᠬᠢ ᠶᠢ ᠶᠠᠭᠠᠬᠢᠵᠤ ᠤᠤᠭᠤᠪᠠᠯ ᠰᠠᠢᠢ ᠡᠷᠡᠬᠦᠯ ᠮᠡᠨᠳᠦ ᠳᠤ ᠠᠰᠢᠭᠳᠠᠢ ᠪᠤᠢ︖
ᠨᠡᠶᠢᠲᠡᠯᠡᠭᠰᠡᠨ ᠴᠠᠭ᠄
2022/9/2
       ᠠᠷᠢᠬᠢ ᠤᠤᠭᠤᠬᠤ ᠳᠤ ᠴᠢᠷᠠᠢ ᠤᠯᠠᠶᠢᠬᠬᠤ ᠪᠤᠶᠤ ᠴᠢᠷᠠᠢ ᠴᠠᠶᠢᠬᠤ᠂ ᠡᠰᠡᠬᠦᠯ᠎ᠡ ᠠᠷᠢᠬᠢᠨ ᠤ ᠬᠡᠮᠵᠢᠶ᠎ᠡ ᠲᠡᠮᠡᠢ ᠪᠠᠶᠢᠭᠰᠠᠨ ᠴᠦ ᠵᠠᠷᠢᠮ ᠦᠶ᠎ᠡ ᠳᠤ ᠪᠠᠭ᠎ᠠ ᠰᠠᠭ᠎ᠠ ᠴᠦ ᠬᠡᠰᠡᠨ ᠠᠷᠢᠬᠢ ᠤᠤᠭᠤᠬᠤ ᠠᠴᠠ ᠵᠠᠶᠢᠯᠠᠰᠬᠢᠵᠤ ᠴᠢᠳᠠᠬᠤ ᠦᠭᠡᠢ ᠶᠤᠮ᠃ ᠲᠡᠭᠡᠪᠡᠯ ᠬᠡᠷᠬᠢᠨ ᠤᠤᠭᠤᠪᠠᠯ ᠰᠠᠢᠢ ᠡᠷᠡᠬᠦᠯ ᠮᠡᠨᠳᠦ ᠳᠤ ᠠᠰᠢᠭᠳᠠᠢ ᠪᠤᠢ︖ ᠲᠤᠤᠷ᠎ᠠ 7 ᠲᠠᠯ᠎ᠠ ᠶᠢᠨ ᠠᠷᠭ᠎ᠠ ᠶᠢ ᠵᠢᠭᠠᠵᠤ ᠦᠭᠬᠦᠶ᠎ᠡ᠃        1. ᠬᠡᠮᠵᠢᠶ᠎ᠡ ᠲᠠᠢ ᠤᠤᠭᠤᠬᠤ        ᠬᠡᠮᠵᠢᠶ᠎ᠡ ᠲᠠᠢ ᠤᠤᠭᠤᠬᠤ᠂ ᠲᠠᠷᠤᠢ ᠡᠯᠢᠭᠡᠨ ᠤ ᠰᠢᠢᠳᠪᠦᠷᠢᠯᠡᠬᠦ ᠴᠢᠳᠠᠪᠤᠷᠢ ᠠᠴᠠ ᠬᠡᠳᠦᠷᠡᠳᠡᠯ᠎ᠡ ᠠᠷᠢᠬᠢ ᠤᠤᠭᠤᠬᠤ ᠦᠭᠡᠢ ᠪᠠᠶᠢᠬᠤ᠃ ᠡᠯᠢᠭᠡᠨ ᠤ ᠠᠷᠢᠬᠢᠨ ᠤ ᠰᠫᠢᠷᠲ ᠢ ᠵᠠᠳᠠᠷᠠᠭᠤᠯᠬᠤ ᠴᠢᠳᠠᠪᠤᠷᠢ ᠨᠢ ᠴᠠᠭ ᠲᠤᠮᠳᠠᠴᠢ ᠪᠠᠷ ᠪᠠᠷᠤᠭ 10 ᠰᠡᠨᠲ᠋ᠢᠮᠧᠲᠷ ᠪᠤᠢ᠂ ᠠᠷᠢᠬᠢᠨ ᠤ ᠲᠤᠳᠤᠷ᠎ᠠ ᠠᠭᠤᠯᠤᠭᠳᠠᠵᠤ ᠪᠠᠶᠢᠭ᠎ᠠ ᠴᠤᠯ ᠰᠫᠢᠷᠲ ︵ᠡᠲ᠋ᠢᠯ ᠠᠯᠺᠤᠤᠯ︶᠎ ᠤᠨ ᠬᠡᠮᠵᠢᠶ᠎ᠡ ᠶᠢ ᠠᠷᠢᠬᠢᠨ ᠯᠤᠩᠬᠤᠨ ᠤ ᠱᠤᠰᠢᠭ᠎ᠠ ᠲᠡᠮᠳᠡᠭ ᠲᠡᠭᠡᠷᠡᠬᠢ ᠪᠠᠷᠢᠮᠵᠢᠶ᠎ᠡ ᠠᠴᠠ ᠪᠤᠳᠤᠵᠤ ᠭᠠᠷᠭᠠᠵᠤ ᠪᠤᠯᠤᠨ᠎ᠠ᠃ ᠵᠢᠱᠢᠶᠡᠯᠡᠪᠡᠯ᠂ ᠠᠷᠢᠬᠢᠨ ᠤ ᠰᠫᠢᠷᠲ ᠤᠨ ᠬᠡᠮᠵᠢᠶ᠎ᠡ ᠨᠢ 16%᠎ ᠤᠨ 250 ᠰᠡᠨᠲ᠋ᠢᠮᠧᠲᠷ ᠠᠷᠢᠬᠢᠨ ᠳᠤ 40 ᠰᠡᠨᠲ᠋ᠢᠮᠧᠲᠷ ᠰᠫᠢᠷᠲ ᠠᠭᠤᠯᠤᠭᠳᠠᠵᠤ ᠪᠠᠶᠢᠨ᠎ᠠ᠃ ᠬᠡᠷᠪᠡ ᠨᠢᠭᠡ ᠬᠦᠮᠦᠨ ᠡᠳᠡᠭᠡᠷ ᠠᠷᠢᠬᠢ ᠶᠢ 4 ᠴᠠᠭ ᠤᠨ ᠲᠤᠳᠤᠷ᠎ᠠ ᠤᠤᠭᠤᠵᠤ ᠪᠠᠷᠠᠪᠠᠯ᠂ ᠨᠢᠭᠡ ᠴᠠᠭ ᠲᠤ ᠰᠢᠩᠭᠡᠭᠡᠨ ᠠᠪᠬᠤ ᠰᠫᠢᠷᠲ ᠤᠨ ᠬᠡᠮᠵᠢᠶ᠎ᠡ ᠨᠢ 10 ᠰᠡᠨᠲ᠋ᠢᠮᠧᠲᠷ ᠪᠠᠶᠢᠵᠤ᠂ ᠡᠯᠢᠭᠡᠨ ᠤ ᠰᠫᠢᠷᠲ ᠢ ᠵᠠᠳᠠᠷᠠᠭᠤᠯᠬᠤ ᠴᠢᠳᠠᠪᠬᠢ ᠲᠠᠢ ᠨᠡᠶᠢᠴᠡᠨ᠎ᠡ᠃ ᠡᠨᠡᠬᠦ ᠬᠤᠷᠳᠤᠴᠠ ᠪᠠᠷ ᠤᠤᠭᠤᠬᠤ ᠨᠢ ᠡᠯᠢᠭᠡᠨ ᠤ ᠬᠡᠮ ᠢ ᠪᠠᠭᠠᠰᠬᠠᠵᠤ ᠴᠢᠳᠠᠨ᠎ᠠ᠃        2. ᠤᠰᠤ ᠤᠤᠭᠤᠵᠤ ᠪᠡᠶ᠎ᠡ ᠶᠢᠨ ᠲᠤᠳᠤᠷᠠᠬᠢ ᠤᠰᠤᠨ ᠤ ᠲᠡᠩᠴᠡᠬᠦᠷᠢ ᠶᠢ ᠰᠡᠷᠬᠦᠭᠡᠬᠦ        ᠠᠷᠢᠬᠢᠨ ᠤ ᠰᠫᠢᠷᠲ ᠨᠢ ᠬᠦᠮᠦᠨ ᠤ ᠪᠡᠶ᠎ᠠ ᠮᠠᠬᠠᠪᠤᠳ ᠤᠨ ᠡᠰ ᠤᠨ ᠲᠤᠳᠤᠨ᠎ᠠ ᠭᠠᠳᠠᠨᠠᠬᠢ ᠤᠰᠤᠨ ᠤ ᠪᠦᠷᠢᠯᠳᠦᠬᠦᠨ ᠤ ᠲᠡᠩᠴᠡᠬᠦᠷᠢ ᠶᠢ ᠬᠤᠪᠢᠷᠠᠭᠤᠯᠬᠤ ᠦᠢᠯᠡᠳᠦᠯ ᠲᠠᠢ᠃ ᠶᠡᠷᠦᠳᠡᠭᠡᠨ ᠬᠦᠮᠦᠨ ᠤ ᠪᠡᠶ᠎ᠡ ᠶᠢᠨ ᠲᠤᠳᠤᠷᠠᠬᠢ ᠤᠰᠤᠨ ᠤ 2/3᠎ ᠨᠢ ᠪᠦᠷ ᠡᠰ ᠤᠨ ᠲᠤᠳᠤᠨ᠎ᠠ ᠪᠠᠶᠢᠳᠠᠭ ᠪᠤᠯᠪᠠᠴᠤ᠂ ᠰᠫᠢᠷᠲ ᠨᠡᠮᠡᠭᠳᠡᠭᠰᠡᠨ ᠤ ᠲᠠᠷᠠᠭ᠎ᠠ ᠡᠰ ᠤᠨ ᠲᠤᠳᠤᠷᠠᠬᠢ ᠤᠰᠤᠨ ᠤ ᠪᠦᠷᠢᠯᠳᠦᠬᠦᠨ ᠨᠢ ᠴᠢᠰᠤᠨ ᠰᠤᠳᠠᠯ ᠳᠤ ᠰᠢᠯᠵᠢᠳᠡᠭ᠃ ᠡᠶᠢᠮᠦ ᠠᠴᠠ᠂ ᠪᠦᠬᠦ᠋ᠢᠯᠡ ᠪᠡᠶ᠎ᠡ ᠲᠤᠳᠤᠷᠠᠬᠢ ᠤᠰᠤᠨ ᠤ ᠬᠡᠮᠵᠢᠶ᠎ᠡ ᠬᠤᠪᠢᠷᠠᠭᠰᠠᠨ ᠦᠭᠡᠢ ᠪᠤᠯᠪᠠᠴᠤ᠂ ᠡᠰ ᠤᠨ ᠲᠤᠳᠤᠷᠠᠬᠢ ᠤᠰᠤᠨ ᠤ ᠬᠡᠮᠵᠢᠶ᠎ᠡ ᠪᠠᠭᠠᠰᠴᠤ᠂ ᠡᠬᠦᠨ ᠤ ᠤᠯᠠᠮ ᠢᠶᠠᠷ ᠤᠮᠳᠠᠭᠠᠰᠬᠤ ᠲᠦᠷᠦᠭᠳᠡᠯ ᠦᠭᠬᠦᠨ᠎ᠡ᠃        ᠶᠠᠮᠠᠷ ᠵᠦᠢᠯ ᠤᠨ ᠰᠢᠯᠳᠠᠭᠠᠨ ᠪᠤᠯᠤᠭᠰᠠᠨ ᠴᠦ᠂ ᠬᠦᠢᠴᠡᠳ ᠤᠰᠤ ᠰᠢᠩᠭᠡᠭᠡᠨ ᠠᠪᠬᠤ ᠨᠢ ᠪᠤᠷᠤᠭᠤ ᠦᠭᠡᠢ ᠶᠤᠮ ᠃ ︽ᠠᠷᠢᠬᠢ ᠰᠡᠷᠬᠦᠭᠡᠬᠦ ᠤᠰᠤ︾ ᠪᠤᠯ ᠡᠷᠳᠡᠨ ᠠᠴᠠ ᠢᠨᠠᠭᠰᠢᠬᠢ ᠠᠷᠢᠬᠢ ᠤᠤᠭᠤᠭᠰᠠᠨ ᠤ ᠲᠠᠷᠠᠭᠠᠬᠢ ᠪᠡᠶ᠎ᠡ ᠶᠢᠨ ᠡᠪ ᠦᠭᠡᠢ ᠪᠠᠶᠢᠳᠠᠯ ᠢ ᠠᠷᠭᠠᠴᠠᠬᠤ ᠠᠷᠭ᠎ᠠ ᠶᠢᠨ ᠨᠢᠭᠡ ᠮᠦᠨ᠃ ᠲᠦᠬᠦᠷᠡᠩ ᠨᠢᠭᠡ ᠴᠤᠮᠤ ᠤᠰᠤᠨ ᠳᠤ ᠭᠤᠷᠪᠠᠨ ᠪᠠᠭ᠎ᠠ ᠬᠠᠯᠪᠠᠭ᠎ᠠ ᠲᠠᠪᠤᠰᠤ ᠬᠢᠵᠦ ᠤᠤᠭᠤᠪᠠᠯ ᠬᠤᠳᠤᠭᠤᠳᠤ ᠳᠤ ᠰᠡᠳᠡᠯᠳᠡ ᠦᠭᠴᠦ ᠠᠮᠠᠷᠬᠠᠨ ᠪᠦᠭᠡᠯᠵᠢᠬᠦᠯᠦᠨ᠎ᠡ᠃        3. ᠲᠠᠮᠢᠷ ᠤᠨ ᠬᠦᠳᠡᠯᠭᠡᠭᠡᠨ ᠤ ᠤᠮᠳᠠᠭᠠᠨ ᠪᠤᠯᠤᠨ ᠵᠢᠮᠢᠰ ᠤᠨ ᠰᠢᠬᠦᠰᠦ ᠤᠤᠭᠤᠬᠤ        ᠠᠷᠢᠬᠢ ᠬᠡᠳᠦᠷᠭᠡᠢ ᠤᠤᠭᠤᠵᠤ ᠬᠤᠶᠠᠳᠤᠭᠠᠷ ᠡᠳᠦᠷ ᠤᠨ ᠦᠷᠯᠦᠭᠡ ᠡᠷᠳᠡ ᠰᠡᠷᠢᠬᠦ ᠳᠤ ᠮᠠᠰᠢ ᠤᠮᠳᠠᠭᠠᠰᠬᠤ ᠲᠦᠷᠦᠭᠳᠡᠯ ᠲᠠᠢ᠃ ᠡᠨᠡ ᠨᠢ ᠪᠡᠶ᠎ᠡ ᠲᠤᠳᠤᠷ᠎ᠠ ᠠᠷᠢᠬᠢᠨ ᠤ ᠰᠫᠢᠷᠲ ᠪᠤᠯᠤᠨ ᠬᠤᠤᠷᠠᠳᠤ ᠪᠤᠳᠠᠰ ᠡᠲ᠋ᠢᠯ ᠠᠯᠳᠧᠬᠢᠳ᠋ ᠦᠯᠡᠳᠡᠵᠦ ᠪᠠᠶᠢᠬᠤ ᠠᠴᠠ ᠪᠤᠯᠤᠭᠰᠠᠨ ᠶᠤᠮ᠃ ᠲᠦᠷᠭᠡᠨ ᠭᠠᠳᠠᠭᠰᠢᠯᠠᠭᠤᠯᠪᠠᠯ ᠵᠤᠬᠢᠨ᠎ᠠ᠃ ᠡᠬᠦᠨ ᠳᠤ ᠤᠷᠭᠠᠨᠢᠭ ᠲᠠᠪᠤᠰᠤ ᠪᠤᠯᠤᠨ ᠰᠢᠬᠢᠷ ᠦᠭᠡᠢ ᠤᠮᠳᠠᠭᠠᠨ ᠨᠢ ᠤᠰᠤ ᠨᠦᠬᠦᠪᠦᠷᠢᠯᠡᠬᠦ ᠪᠠᠷ ᠪᠠᠷᠠᠬᠤ ᠦᠭᠡᠢ ᠪᠠᠰᠠ ᠪᠡᠶ᠎ᠡ ᠲᠤᠳᠤᠷᠠᠬᠢ ᠠᠷᠢᠬᠢᠨ ᠤ ᠰᠫᠢᠷᠲ ᠢ ᠠᠷᠢᠯᠭᠠᠬᠤ ᠦᠢᠯᠡᠳᠦᠯ ᠲᠠᠢ᠃ ᠲᠠᠮᠢᠷ ᠤᠨ ᠬᠦᠳᠡᠯᠭᠡᠭᠡᠨ ᠬᠢᠬᠦ ᠳᠤ ᠤᠤᠭᠤᠬᠤ ᠤᠮᠳᠠᠭᠠᠨ ᠪᠤᠯᠤᠨ ᠵᠢᠮᠢᠰ ᠤᠨ ᠰᠢᠬᠦᠰᠦ ᠶᠢᠨ ᠦᠢᠯᠡᠳᠦᠯ ᠨᠢ ᠢᠯᠡᠳᠳᠡ᠃ ᠤᠨᠴᠠᠭᠠᠢᠢᠯᠠᠨ ᠲᠠᠮᠢᠷ ᠤᠨ ᠬᠦᠳᠡᠯᠭᠡᠭᠡᠨ ᠤ ᠤᠮᠳᠠᠭᠠᠨ ᠪᠤᠯ ᠬᠦᠮᠦᠨ ᠤ ᠪᠡᠶ᠎ᠡ ᠎ ᠶᠢᠨ ᠰᠢᠩᠭᠡᠨ ᠪᠡᠶᠡᠳᠦ ᠲᠠᠢ ᠲᠦᠰᠦᠭᠡᠳᠡᠢ ᠪᠠᠶᠢᠵᠤ᠂ ᠠᠮᠠᠷᠬᠠᠨ ᠬᠦᠮᠦᠨ ᠤ ᠪᠡᠶ᠎ᠡ ᠳᠤ ᠰᠢᠩᠭᠡᠭᠳᠡᠳᠡᠭ᠃ ᠡᠶᠢᠮᠦ ᠠᠴᠠ ᠠᠷᠢᠬᠢ ᠤᠤᠭᠤᠬᠤ ᠳᠠᠭᠠᠨ ᠴᠤᠭ ᠤᠤᠭᠤᠪᠠᠯ ᠬᠡᠳᠦᠷᠡᠳᠡᠯ᠎ᠡ ᠰᠤᠭᠳᠤᠬᠤ ᠶᠢ ᠰᠡᠷᠭᠡᠶᠢᠯᠡᠵᠦ ᠴᠢᠳᠠᠨ᠎ᠠ᠃ ᠡᠬᠦᠨ ᠠᠴᠠ ᠭᠠᠳᠠᠨ᠎ᠠ᠂ ᠸᠢᠲ᠋ᠠᠮᠢᠨ C ᠠᠭᠤᠯᠤᠭᠳᠠᠵᠤ ᠪᠠᠶᠢᠭ᠎ᠠ ᠴᠠᠢ᠂ ᠡᠰᠡᠬᠦᠯ᠎ᠡ ᠨᠢᠮᠪᠡᠭᠡ ᠪᠤᠯᠤᠨ ᠵᠦᠭᠡᠢ ᠶᠢᠨ ᠪᠠᠯ ᠢᠶᠠᠷ ᠬᠢᠭᠰᠡᠨ ᠪᠠᠯᠳᠤ ᠨᠢᠮᠪᠡᠭᠡ ᠶᠢᠨ ᠤᠰᠤ ᠨᠢ ᠮᠦᠨᠴᠦ ᠰᠤᠭᠳᠤᠬᠤ ᠶᠢ ᠪᠠᠭᠠᠰᠬᠠᠬᠤ ᠦᠢᠯᠡᠳᠦᠯ ᠲᠠᠢ᠃        ᠠᠩᠬᠠᠷᠤᠭᠤᠰᠢᠳᠠᠢ ᠨᠢ᠂ ᠠᠯᠢ ᠨᠢᠭᠡ ᠵᠦᠢᠯ ᠤᠨ ᠤᠮᠳᠠᠭᠠᠨ ᠪᠤᠯᠤᠭᠰᠠᠨ ᠴᠦ᠂ ᠬᠡᠷᠪᠡ ᠬᠡᠳᠦᠷᠭᠡᠢ ᠬᠦᠢᠳᠡᠨ ᠪᠤᠯ ᠬᠦᠴᠦᠨ ᠪᠦᠬᠦᠢ ᠪᠦᠷᠢᠯᠳᠦᠬᠦᠨ ᠨᠢ ᠪᠡᠶ᠎ᠡ ᠳᠤ ᠠᠮᠠᠷᠬᠠᠨ ᠰᠢᠩᠭᠡᠭᠡᠭᠳᠡᠬᠦ ᠦᠭᠡᠢ᠂ ᠡᠶᠢᠮᠦ ᠠᠴᠠ ᠬᠡᠪ ᠤᠨ ᠲᠤᠯᠠᠭᠠᠨ ᠤ ᠬᠡᠮᠵᠢᠶ᠎ᠡ ᠲᠠᠢ ᠪᠤᠶᠤ ᠬᠠᠯᠠᠭᠤᠨ ᠪᠠᠶᠢᠪᠠᠯ ᠵᠤᠬᠢᠨ᠎ᠠ᠃        4. ᠱᠠᠪᠳᠠᠯ᠎ᠠ ᠢᠳᠡᠵᠦ ᠠᠷᠢᠬᠢᠨ ᠤ ᠰᠫᠢᠷᠲ ᠢ ᠵᠠᠳᠠᠷᠠᠭᠤᠯᠬᠤ        ᠱᠠᠪᠳᠠᠯ᠎ᠠ ᠳᠤ ᠵᠢᠮᠢᠰ ᠤᠨ ᠰᠢᠬᠢᠷ ᠪᠤᠯᠤᠨ ᠸᠢᠲ᠋ᠠᠮᠢᠨ C ᠡᠯᠪᠡᠭ ᠠᠭᠤᠯᠤᠭᠳᠠᠳᠠᠭ᠂ ᠡᠷᠳᠡᠨ ᠤ ᠦᠶ᠎ᠡ ᠳᠤ ᠠᠷᠢᠬᠢᠨ ᠳᠤ ᠰᠤᠭᠳᠤᠬᠤ ᠶᠢ ᠰᠡᠷᠭᠡᠶᠢᠯᠡᠬᠦ ᠪᠤᠶᠤ ᠰᠤᠭᠳᠤᠬᠤ ᠶᠢ ᠪᠠᠭᠠᠰᠬᠠᠬᠤ ᠦᠢᠯᠡᠳᠦᠯ ᠲᠠᠢ ᠢᠳᠡᠭᠡᠨ ᠢᠶᠠᠷ ᠬᠡᠷᠡᠭᠯᠡᠵᠦ ᠪᠠᠶᠢᠵᠠᠢ᠃        ᠱᠠᠪᠳᠠᠯ᠎ᠠ ᠶᠢᠨ ᠨᠠᠪᠴᠢᠨ ᠳᠤ ᠵᠦᠷᠵᠢ ᠠᠴᠠ ᠢᠯᠡᠬᠦᠦ ᠬᠡᠳᠦᠨ ᠠᠷᠪᠠᠨ ᠲᠠᠬᠢᠨ ᠸᠢᠲᠮᠢᠨ C ᠠᠭᠤᠯᠤᠭᠳᠠᠵᠤ ᠪᠠᠶᠢᠳᠠᠭ ᠠᠴᠠ ᠨᠢᠷᠠᠢ ᠴᠢᠬᠢ ᠶᠢ ᠨᠢ ᠲᠠᠩᠨᠠᠵᠤ ᠢᠳᠡᠬᠦ ᠪᠤᠶᠤ ᠬᠠᠳᠠᠭᠰᠠᠨ ᠤ ᠲᠠᠷᠠᠭ᠎ᠠ ᠴᠢᠯᠡᠵᠦ ᠤᠤᠭᠤᠵᠤ ᠪᠤᠯᠤᠨ᠎ᠠ᠃        5. ᠬᠢᠰᠤᠭ᠎ᠠ ᠶᠢᠨ ᠲᠦᠷᠦᠯ ᠢ ᠢᠯᠡᠬᠦᠦ ᠢᠳᠡᠵᠦ ᠡᠯᠢᠭᠡᠨ ᠤ ᠬᠤᠤᠷ᠎ᠠ ᠶᠢ ᠲᠠᠶᠢᠯᠬᠤ ᠴᠢᠳᠠᠪᠤᠷᠢ ᠶᠢ ᠴᠢᠩᠭᠠᠳᠬᠬᠤ ᠬᠢᠰᠤᠭ᠎ᠠ ᠶᠢᠨ ᠲᠦᠷᠦᠯ ᠤᠨ ᠢᠳᠡᠭᠡᠨ ᠳᠤ ᠸᠢᠲᠮᠢᠨ B12 ᠵᠡᠷᠭᠡ ᠡᠯᠪᠡᠭ ᠠᠭᠤᠯᠤᠭᠳᠠᠵᠤ᠂ ᠡᠯᠢᠭᠡᠨ ᠤ ᠴᠢᠳᠠᠪᠬᠢ ᠶᠢ ᠠᠬᠢᠭᠤᠯᠬᠤ ᠦᠢᠯᠡᠳᠦᠯ ᠲᠠᠢ᠃        6. ᠠᠷᠤᠤ ᠴᠡᠴᠡᠭ ᠤᠨ ᠰᠢᠬᠦᠰᠦ ᠤᠤᠭᠤᠵᠤ ᠴᠢᠰᠤᠨ ᠲᠤᠳᠤᠷᠠᠬᠢ ᠡᠲ᠋ᠢᠯ ᠠᠯᠳᠧᠬᠢᠳ᠋ ᠤᠨ ᠦᠳᠭᠡᠴᠡ ᠶᠢ ᠪᠠᠭᠤᠷᠠᠭᠤᠯᠬᠤ ᠠᠷᠤᠤ ᠴᠡᠴᠡᠭ ᠤᠨ ᠦᠷᠭᠡᠰᠦ ᠲᠠᠢ ᠨᠤᠭᠤᠭᠠᠨ ᠦᠩᠭᠡᠳᠡᠢ ᠬᠡᠰᠡᠭ ᠪᠤᠯᠤᠨ ᠲᠤᠳᠤᠷᠠᠬᠢ ᠴᠪᠠᠤᠯᠢᠭ ᠡᠳ᠋ ᠎ ᠲᠤᠨᠢ ᠤᠯᠠᠨ ᠵᠦᠢᠯ ᠤᠨ ᠰᠢᠬᠢᠷᠯᠢᠭ ᠡᠳ᠋ ᠠᠭᠤᠯᠤᠭᠳᠠᠵᠤ᠂ ᠠᠷᠢᠬᠢᠨ ᠤ ᠰᠫᠢᠷᠲ ᠵᠠᠳᠠᠷᠠᠭᠰᠠᠨ ᠤ ᠲᠠᠷᠠᠭ᠎ᠠ ᠪᠤᠢ ᠪᠤᠯᠤᠭᠰᠠᠨ ᠡᠲ᠋ᠢᠯ ᠠᠯᠳᠧᠬᠢᠳ᠋ ᠤᠨ ᠴᠢᠰᠤᠨ ᠳᠤ ᠦᠯᠡᠳᠡᠬᠦ ᠶᠢ ᠪᠠᠭᠠᠰᠬᠠᠵᠤ ᠴᠢᠳᠠᠨ᠎ᠠ᠃ ᠡᠶᠢᠮᠦ ᠠᠴᠠ᠂ ᠠᠷᠢᠬᠢ ᠤᠤᠭᠤᠬᠤ ᠠᠴᠠ ᠡᠮᠦᠨ᠎ᠡ ᠠᠷᠤᠤ ᠴᠡᠴᠡᠭ ᠤᠨ ᠰᠢᠬᠦᠰᠦ ᠪᠠᠭ᠎ᠠ ᠤᠤᠭᠤᠪᠠᠯ ᠠᠷᠢᠬᠢ ᠤᠤᠭᠤᠭᠰᠠᠨ ᠤ ᠲᠠᠷᠠᠭ᠎ᠠ ᠲᠤᠯᠤᠭᠠᠢ ᠡᠪᠡᠳᠬᠦ ᠪᠤᠶᠤ ᠪᠦᠭᠡᠯᠵᠢᠰᠦ ᠬᠦᠷᠬᠦ᠂ ᠴᠢᠷᠠᠢ ᠤᠯᠠᠶᠢᠬᠤ ᠵᠡᠷᠭᠡ ᠪᠠᠶᠢᠳᠠᠯ ᠢᠯᠡᠷᠡᠬᠦ ᠶᠢ ᠪᠦᠳᠦᠮᠵᠢᠳᠡᠢ ᠰᠡᠷᠭᠡᠶᠢᠯᠡᠵᠦ ᠴᠢᠳᠠᠨ᠎ᠠ᠃        ᠡᠬᠦᠨ ᠠᠴᠠ ᠭᠠᠳᠠᠨ᠎ᠠ᠂ ᠠᠷᠤᠤ ᠴᠡᠴᠡᠭ ᠤᠨ ᠲᠤᠳᠤᠷᠠᠬᠢ ᠭᠠᠰᠢᠭᠤᠨ ᠠᠮᠳᠠᠳᠤ ᠪᠦᠷᠢᠯᠳᠦᠬᠦᠨ ᠨᠢ ᠬᠤᠳᠤᠭᠤᠳᠤ ᠎ ᠳᠤ ᠲᠤᠰᠠᠳᠠᠢ ᠪᠤᠯᠬᠤᠷ ᠠᠷᠢᠬᠢᠨ ᠳᠤ ᠰᠤᠭᠳᠤᠭᠰᠠᠨ ᠠᠴᠠ ᠪᠤᠯᠵᠤ ᠰᠢᠷᠠᠳᠠᠬᠤ᠂ ᠪᠦᠭᠡᠯᠵᠢᠰᠦ ᠬᠦᠷᠬᠦ ᠶᠢ ᠰᠡᠷᠭᠡᠶᠢᠯᠡᠬᠦ ᠦᠢᠯᠡᠳᠦᠯ ᠲᠠᠢ᠃        7. ᠤᠭᠤᠷᠠᠭ ᠤᠨ ᠠᠭᠤᠯᠤᠭᠳᠠᠴᠠ ᠡᠯᠪᠡᠭ ᠢᠳᠡᠭᠡᠨ ᠢ ᠢᠳᠡᠵᠦ ᠡᠯᠢᠭᠡᠨ ᠤ ᠲᠠᠷᠤᠭᠠᠰᠤ ᠶᠢ ᠬᠦᠩᠭᠡᠷᠡᠬᠦᠯᠬᠦ        ᠤᠭᠤᠷᠠᠭ ᠪᠤᠯᠤᠨ ᠦᠭᠡᠬᠦ ᠶᠢᠨ ᠬᠤᠳᠤᠭᠤᠳᠤᠨ ᠲᠤᠳᠤᠷᠠᠬᠢ ᠡᠷᠬᠢᠯᠳᠦᠬᠦ ᠴᠠᠭ ᠨᠢ ᠬᠠᠮᠤᠭ ᠤᠷᠳᠤ ᠪᠠᠶᠢᠬᠤ ᠪᠤᠯᠬᠤᠷ ᠠᠷᠢᠬᠢ ᠤᠤᠭᠤᠬᠤ ᠳᠤ ᠢᠳᠡᠬᠦ ᠬᠠᠮᠤᠭ ᠤᠨ ᠰᠠᠶᠢᠨ ᠢᠳᠡᠭᠡᠨ ᠪᠤᠯᠤᠨ᠎ᠠ᠃        ᠤᠭᠤᠷᠠᠭ ᠬᠡᠳᠦ ᠠᠭᠤᠯᠤᠭᠳᠠᠭᠰᠠᠨ ᠢᠳᠡᠭᠡᠨ ᠢ ᠬᠡᠳᠦᠷᠭᠡᠢ ᠢᠳᠡᠭᠰᠡᠨ ᠠᠴᠠ ᠪᠤᠯᠵᠤ ᠮᠠᠷᠢᠶᠠᠯᠠᠬᠤ ᠶᠢ ᠰᠡᠷᠭᠡᠶᠢᠯᠡᠬᠦ ᠎ ᠶᠢᠨ ᠲᠦᠯᠦᠭᠡ᠂ ᠬᠠᠮᠤᠭ ᠰᠠᠶᠢᠨ ᠨᠢ ᠵᠢᠭᠠᠰᠤᠨ ᠤ ᠵᠦᠢᠯ᠂ ᠬᠠᠷ᠎ᠠ ᠮᠢᠬ᠎ᠠ᠂ ᠲᠠᠬᠢᠶᠠᠨ ᠮᠢᠬ᠎ᠠ᠂ ᠪᠤᠷᠴᠠᠭ ᠤᠨ ᠦᠢᠯᠡᠳᠬᠦᠨ ᠂ ᠦᠨᠳᠡᠭᠡ᠂ ᠰᠦᠨ ᠤ ᠦᠢᠯᠡᠳᠬᠦᠨ ᠵᠢᠴᠢ ᠡᠳᠡᠭᠡᠷ ᠢᠶᠠᠷ ᠬᠢᠭᠰᠡᠨ ᠱᠦᠯᠦ ᠶᠢ ᠰᠤᠩᠭᠤᠪᠠᠯ ᠰᠠᠶᠢᠨ᠃ ᠲᠡᠷᠡ ᠨᠢ ᠡᠯᠢᠭᠡᠨ ᠤ ᠰᠢᠩᠭᠡᠭᠡᠬᠦ ᠴᠢᠳᠠᠪᠤᠷᠢ ᠶᠢ ᠲᠡᠭᠡᠭᠰᠢᠯᠡᠬᠦᠯᠬᠦ ᠳᠤ ᠠᠰᠢᠭᠳᠠᠢ ᠪᠦᠭᠡᠳ ᠬᠤᠳᠤᠭᠤᠳᠤᠨ ᠤ ᠲᠠᠷᠤᠯᠳᠠ ᠶᠢ ᠨᠡᠮᠡᠭᠳᠡᠬᠦᠯᠬᠦ ᠦᠭᠡᠢ᠃ ᠵᠠᠷᠢᠮ ᠬᠦᠮᠦᠨ ᠠᠷᠢᠬᠢ ᠤᠤᠭᠤᠭᠰᠠᠨ ᠤ ᠲᠠᠷᠠᠭ᠎ᠠ ᠦᠭᠡᠬᠦ ᠲᠤᠰᠤ ᠢᠯᠡᠬᠦᠦ ᠢᠳᠡᠭᠡᠨ ᠢ ᠢᠳᠡᠬᠦ ᠲᠤᠷᠠᠳᠠᠢ ᠪᠠᠶᠢᠳᠠᠭ᠂ ᠡᠳᠡᠭᠡᠷ ᠨᠢ ᠬᠤᠳᠤᠭᠤᠳᠤᠨ ᠤ ᠲᠠᠷᠤᠭᠠᠰᠤ ᠶᠢ ᠨᠡᠮᠡᠭᠳᠡᠬᠦᠯᠵᠦ᠂ ᠠᠷᠢᠬᠢᠨ ᠳᠤ ᠰᠤᠭᠳᠤᠭᠰᠠᠨ ᠤ ᠲᠠᠷᠠᠭᠠᠬᠢ ᠡᠪ ᠦᠭᠡᠢ ᠪᠠᠶᠢᠳᠠᠯ ᠢ ᠤᠷᠳᠤᠳᠬᠠᠨ᠎ᠠ᠃ ᠡᠶᠢᠮᠦ ᠠᠴᠠ ᠵᠢᠮᠢᠰ᠂ ᠪᠠᠯ ᠲᠠᠢ ᠰᠦ᠂ ᠡᠭᠡᠳᠡᠭᠰᠡᠨ ᠰᠦ᠂ ᠦᠨᠳᠡᠭᠡ ᠵᠡᠷᠭᠡ ᠬᠢᠯᠪᠠᠷᠬᠠᠨ ᠰᠢᠩᠭᠡᠬᠦ ᠪᠦᠭᠡᠳ ᠡᠯᠢᠭᠡᠨ ᠤ ᠴᠢᠳᠠᠪᠬᠢ ᠶᠢ ᠨᠡᠮᠡᠭᠳᠡᠬᠦᠯᠬᠦ ᠢᠳᠡᠭᠡᠨ ᠢ ᠢᠳᠡᠪᠡᠯ ᠰᠠᠶᠢᠨ᠃      
 
ᠢᠷᠡᠯᠲᠡ᠄ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号