| | | ᠨᠢᠭᠡᠳᠦᠭᠡᠷ ᠪᠦᠯᠦᠭ ᠶᠡᠷᠦᠩᠬᠡᠢ ᠳᠦᠷᠢᠮ | | ᠨᠢᠭᠡᠳᠦᠭᠡᠷ ᠵᠦᠢᠯ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ | ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢᠨ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠮᠠᠯᠵᠢᠬᠤ | ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢᠨ ᠬᠠᠮᠠᠭᠠᠯᠠᠯᠲᠠ ᠪᠠ | ᠬᠠᠮᠢᠶᠠᠷᠤᠯᠲᠠ ᠶᠢ ᠴᠢᠩᠭᠠᠳᠬᠠᠨ᠂ ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢᠨ ᠬᠡᠪ ᠤᠨ ᠥᠨᠳᠥᠷ | ᠪᠦᠲᠦᠮᠵᠢᠲᠡᠶ᠂ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠶᠢᠨ ᠲᠤᠰᠠᠳᠠ᠂ ᠠᠯᠠᠱᠠ ᠵᠡᠭᠦᠨ ᠬᠤᠰᠢᠭᠤᠨ ᠤ | ᠪᠣᠳᠠᠲᠠᠢ ᠲᠠᠢ ᠤᠶᠠᠯᠳᠤᠭᠤᠯᠤᠨ᠂ ᠠᠯᠠᠱᠠ ᠵᠡᠭᠦᠨ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ | ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢᠨ ᠠᠵᠢᠯᠯᠠᠭᠠᠨ ᠢ ᠬᠠᠮᠠᠭᠠᠯᠠᠨ ᠬᠠᠮᠢᠶᠠᠷᠬᠤ ᠠᠷᠭ᠎ᠠ ᠶᠢ ᠲᠣᠭᠲᠠᠭᠠᠪᠠ᠃ | | | ᠬᠤᠶᠠᠳᠤᠭᠠᠷ ᠵᠦᠢᠯ ᠲᠣᠰ ᠠᠷᠭ᠎ᠠ ᠶᠢ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ | ᠤᠰᠤ ᠶᠢ ᠵᠠᠰᠠᠬᠤ ᠡᠭᠦᠷᠭᠡ ᠳᠤ ᠣᠷᠣᠭᠤᠯᠬᠤ ᠶᠢᠨ ᠬᠠᠮᠲᠤ ᠨᠢᠭᠡᠨᠲᠡ ᠰᠢᠯᠭᠠᠨ ᠠᠪᠬᠤ ᠳᠤ ᠬᠢᠷᠢ ᠲᠡᠩᠴᠡᠭᠰᠡᠨ | ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠳᠤ ᠬᠡᠷᠡᠭᠯᠡᠨ᠎ᠡ᠃ | | ᠭᠤᠷᠪᠠᠳᠤᠭᠠᠷ ᠵᠦᠢᠯ ᠲᠠᠷᠢᠶᠠᠯᠠᠬᠤ ᠮᠠᠯᠵᠢᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ | ᠰᠢᠢᠳᠪᠦᠷᠢᠯᠡᠬᠦ ᠪᠡᠯᠡᠳᠬᠡᠮᠵᠢ ᠶᠢᠨ ᠠᠵᠢᠯᠯᠠᠭᠠᠨ ᠢ ᠬᠠᠮᠠᠭᠠᠯᠠᠵᠤ ᠬᠠᠮᠢᠶᠠᠷᠬᠤ ᠠᠵᠢᠯ ᠤᠨ ᠦᠨᠳᠦᠰᠦᠨ ᠡᠭᠦᠷᠭᠡ ᠪᠣᠯ | ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢᠨ ᠬᠡᠪ ᠤᠨ ᠪᠥᠭᠡᠳ ᠥᠨᠳᠥᠷ ᠦᠷ᠎ᠡ ᠪᠦᠲᠦᠮᠵᠢᠲᠡᠶ᠂ | ᠲᠣᠭᠲᠠᠭᠤᠨ ᠢᠶᠠᠷ ᠠᠵᠢᠯᠯᠠᠬᠤ ᠶᠢ ᠪᠠᠲᠤᠯᠠᠵᠤ᠂ ᠭᠠᠷᠭᠠᠭᠰᠠᠨ ᠤᠰᠤ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢᠨ | ᠭᠠᠳᠠᠭᠰᠢᠯᠠᠭᠤᠯᠬᠤ ᠪᠠᠷᠢᠮᠵᠢᠶ᠎ᠠ ᠶᠢᠨ ᠱᠠᠭᠠᠷᠳᠠᠯᠭ᠎ᠠ ᠳᠤ ᠬᠦᠷᠦᠭᠦᠯᠬᠦ ᠶᠠᠪᠤᠳᠠᠯ ᠪᠣᠯᠣᠨ᠎ᠠ᠃ | | ᠬᠤᠶᠠᠳᠤᠭᠠᠷ ᠪᠦᠯᠦᠭ ᠡᠵᠢᠯ ᠤᠨ ᠡᠭᠦᠷᠭᠡ ᠬᠠᠷᠢᠭᠤᠴᠠᠯᠭ᠎ᠠ | | ᠳᠥᠷᠪᠡᠳᠦᠭᠡᠷ ᠵᠦᠢᠯ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠨᠢ ᠲᠣᠰ ᠵᠠᠰᠠᠭ | ᠵᠠᠬᠢᠷᠭᠠᠨ ᠤ ᠣᠷᠣᠨ ᠤ ᠳᠣᠲᠣᠷᠠᠬᠢ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ | ᠰᠢᠢᠳᠪᠦᠷᠢᠯᠡᠬᠦ ᠪᠡᠯᠡᠳᠬᠡᠮᠵᠢ ᠶᠢᠨ ᠠᠵᠢᠯᠯᠠᠭᠠᠨ ᠢ ᠬᠠᠮᠠᠭᠠᠯᠠᠵᠤ ᠬᠠᠮᠢᠶᠠᠷᠬᠤ ᠠᠵᠢᠯ ᠢ ᠨᠢᠭᠡᠳᠦᠯᠲᠡᠢ ᠲᠥᠯᠥᠪᠯᠡᠨ | ᠲᠣᠬᠢᠷᠠᠭᠤᠯᠬᠤ ᠶᠢ ᠬᠠᠷᠢᠭᠤᠴᠠᠵᠤ᠂ ᠲᠣᠰ ᠠᠷᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠮᠢ ᠠᠬᠤᠢ ᠶᠢᠨ | ᠣᠷᠴᠢᠨ ᠨᠥᠬᠦᠴᠡᠯ ᠤᠨ ᠰᠠᠯᠠᠭ᠎ᠠ ᠮᠥᠴᠢᠷ ᠨᠢ ᠣᠷᠣᠨ ᠪᠦᠰᠡ ᠶᠢᠨ ᠳᠣᠲᠣᠷᠠᠬᠢ ᠮᠠᠯᠵᠢᠬᠤ ᠲᠠᠷᠢᠶᠠᠯᠠᠬᠤ ᠣᠷᠣᠨ ᠤ | ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢᠨ ᠠᠵᠢᠯᠯᠠᠭᠠᠨ ᠢ ᠬᠠᠮᠠᠭᠠᠯᠠᠨ ᠬᠠᠮᠢᠶᠠᠷᠬᠤ ᠳᠤ | ᠬᠢᠨᠠᠯᠲᠠ ᠲᠠᠯᠪᠢᠵᠤ ᠵᠢᠯᠤᠭᠤᠳᠬᠤ ᠶᠢ ᠬᠠᠷᠢᠭᠤᠴᠠᠨ᠎ᠠ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠲᠣᠰ ᠣᠷᠣᠨ | ᠪᠦᠰᠡ ᠶᠢᠨ ᠳᠣᠲᠣᠷᠠᠬᠢ ᠲᠠᠷᠢᠶᠠᠯᠠᠬᠤ ᠮᠠᠯᠵᠢᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ | ᠪᠡᠯᠡᠳᠬᠡᠮᠵᠢ ᠶᠢᠨ ᠠᠵᠢᠯᠯᠠᠭᠠᠨ ᠢ ᠬᠠᠮᠠᠭᠠᠯᠠᠨ ᠬᠠᠮᠢᠶᠠᠷᠬᠤ ᠪᠡᠯᠡ ᠬᠥᠷᠥᠩᠭᠡ ᠶᠢ ᠰᠠᠯᠭᠠᠨ ᠥᠭᠬᠦ ᠶᠢ ᠬᠠᠷᠢᠭᠤᠴᠠᠨ᠎ᠠ᠃ | | | ᠲᠠᠪᠤᠳᠤᠭᠠᠷ ᠵᠦᠢᠯ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯ ᠲᠣᠰ | ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ | ᠰᠢᠢᠳᠪᠦᠷᠢᠯᠡᠬᠦ ᠪᠡᠯᠡᠳᠬᠡᠮᠵᠢ ᠶᠢᠨ ᠠᠵᠢᠯᠯᠠᠭᠠᠨ ᠢ ᠬᠠᠮᠠᠭᠠᠯᠠᠵᠤ ᠬᠠᠮᠢᠶᠠᠷᠬᠤ ᠠᠵᠢᠯ ᠤᠨ ᠬᠠᠷᠢᠭᠤᠴᠠᠯᠭ᠎ᠠ ᠶᠢᠨ ᠭᠤᠣᠯ | ᠴᠣᠭᠴᠠ ᠪᠣᠯᠣᠨ᠎ᠠ᠃ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ | ᠪᠡᠯᠡᠳᠬᠡᠮᠵᠢ ᠶᠢᠨ ᠠᠵᠢᠯᠯᠠᠭᠠᠨ ᠢ ᠬᠠᠮᠠᠭᠠᠯᠠᠨ ᠬᠠᠮᠢᠶᠠᠷᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠪᠣᠳᠠᠲᠠᠢ | ᠬᠠᠷᠢᠭᠤᠴᠠᠵᠤ᠂ ᠬᠡᠷᠡᠭᠯᠡᠬᠦ ᠬᠠᠮᠢᠶᠠᠷᠤᠯᠲᠠ ᠶᠢᠨ ᠵᠠᠭᠪᠤᠷ ᠢ ᠲᠣᠭᠲᠠᠭᠠᠨ᠂ ᠠᠵᠢᠯᠯᠠᠭᠠᠨ ᠢ ᠬᠠᠮᠠᠭᠠᠯᠠᠨ ᠬᠠᠮᠢᠶᠠᠷᠬᠤ | ᠵᠠᠷᠤᠳᠠᠯ ᠢ ᠨᠢᠭᠡᠳᠦᠯᠲᠡᠢ ᠲᠥᠯᠥᠪᠯᠡᠨ ᠬᠡᠷᠡᠭᠯᠡᠬᠦ ᠵᠢᠴᠢ ᠬᠢᠨᠠᠨ ᠬᠠᠮᠢᠶᠠᠷᠴᠤ᠂ ᠡᠳᠦᠷ ᠲᠤᠲᠤᠮ ᠤᠨ ᠠᠵᠢᠯᠯᠠᠭᠠᠨ ᠢ | ᠬᠠᠮᠠᠭᠠᠯᠠᠨ ᠬᠠᠮᠢᠶᠠᠷᠬᠤ ᠶᠢᠨ ᠬᠢᠨᠠᠨ ᠬᠠᠮᠢᠶᠠᠷᠬᠤ ᠪᠠ ᠦᠨᠡᠯᠡᠨ ᠵᠢᠱᠢᠵᠦ ᠰᠢᠯᠭᠠᠨ ᠬᠢᠨᠠᠬᠤ ᠠᠵᠢᠯ ᠢ ᠥᠷᠨᠢᠭᠦᠯᠦᠨ᠎ᠡ᠃ | | | ᠵᠢᠷᠭᠤᠳᠤᠭᠠᠷ ᠵᠦᠢᠯ ᠡᠯ᠎ᠡ ᠭᠠᠴᠠᠭᠠᠨ ᠤ ᠭᠤᠣᠯ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ᠄ | | ︵ᠨᠢᠭᠡ︶ ᠬᠠᠮᠢᠶᠠᠷᠤᠯᠲᠠ ᠶᠢᠨ ᠬᠠᠷᠢᠶ᠎ᠠ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ | ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢᠨ ᠠᠵᠢᠯᠯᠠᠭᠠᠨ ᠢ ᠬᠠᠮᠠᠭᠠᠯᠠᠨ ᠬᠠᠮᠢᠶᠠᠷᠬᠤ ᠳᠤ ᠶᠡᠷᠦᠩᠬᠡᠢ | ᠬᠠᠷᠢᠭᠤᠴᠠᠯᠭ᠎ᠠ ᠶᠢ ᠡᠭᠦᠷᠭᠡᠯᠡᠨ᠎ᠡ᠃ ᠠᠵᠢᠯᠯᠠᠭᠠᠨ ᠤ ᠬᠠᠮᠠᠭᠠᠯᠠᠯᠲᠠ ᠬᠠᠮᠢᠶᠠᠷᠤᠯᠲᠠ ᠶᠢᠨ ᠡᠯ᠎ᠡ ᠵᠦᠢᠯ ᠤᠨ ᠬᠡᠷᠡᠭ | ᠶᠠᠪᠤᠳᠠᠯ᠂ ᠪᠡᠯᠡᠳᠬᠡᠮᠵᠢ ᠶᠢᠨ ᠬᠠᠮᠢᠶᠠᠷᠤᠯᠲᠠ ᠶᠢᠨ ᠠᠵᠢᠯᠲᠠᠨ ᠤ ᠵᠢᠱᠢᠭᠳᠡᠭᠴᠢ ᠪᠠ ᠨᠥᠬᠦᠪᠦᠷᠢ ᠶᠢ ᠵᠣᠬᠢᠶᠠᠨ | ᠪᠠᠶᠢᠭᠤᠯᠤᠨ ᠰᠤᠳᠤᠯᠵᠤ ᠲᠣᠭᠲᠠᠭᠠᠨ᠎ᠠ︔ ︵ᠬᠤᠶᠠᠷ︶ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ | ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢᠨ ᠠᠵᠢᠯᠯᠠᠭᠠᠨ ᠤ ᠪᠠᠶᠢᠳᠠᠯ ᠵᠢᠴᠢ ᠪᠡᠯᠡᠳᠬᠡᠮᠵᠢ ᠶᠢᠨ ᠬᠠᠮᠢᠶᠠᠷᠤᠯᠲᠠ ᠶᠢᠨ | ᠠᠵᠢᠯᠲᠠᠨ ᠤ ᠡᠳᠦᠷ ᠲᠤᠲᠤᠮ ᠤᠨ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ᠎ᠠ︔ ︵ᠭᠤᠷᠪᠠ︶ | ᠪᠡᠯᠡ ᠬᠥᠷᠥᠩᠭᠡ ᠴᠤᠭᠯᠠᠭᠤᠯᠵᠤ᠂ ᠪᠡᠯᠡᠳᠬᠡᠮᠵᠢ ᠶᠢᠨ ᠬᠠᠮᠢᠶᠠᠷᠤᠯᠲᠠ ᠶᠢᠨ ᠠᠵᠢᠯᠲᠠᠨ ᠤ ᠨᠥᠬᠦᠪᠦᠷᠢ ᠵᠢᠴᠢ ᠪᠣᠬᠢᠷ | ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢ ᠰᠡᠯᠪᠢᠨ ᠵᠠᠰᠠᠬᠤ ᠶᠢ ᠨᠠᠶᠢᠳᠠᠪᠤᠷᠢᠵᠢᠭᠤᠯᠤᠨ᠂ ᠰᠡᠯᠪᠢᠨ ᠵᠠᠰᠠᠬᠤ | ᠪᠠᠷᠢᠯᠭ᠎ᠠ ᠶᠢᠨ ᠴᠢᠨᠠᠷ ᠴᠢᠨᠰᠠᠭ᠎ᠠ ᠪᠠ ᠠᠮᠤᠷ ᠲᠦᠪᠰᠢᠨ ᠢ ᠬᠢᠨᠠᠨ ᠬᠠᠮᠢᠶᠠᠷᠤᠨ᠎ᠠ︔ ︵ᠳᠥᠷᠪᠡ︶ ᠬᠠᠮᠢᠶ᠎ᠠ ᠪᠦᠬᠦᠢ | ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠨ ᠤᠰᠤᠨ ᠤ ᠴᠢᠨᠠᠷ ᠤᠨ ᠰᠣᠷᠢᠴᠠ ᠠᠪᠴᠤ᠂ ᠡᠯ᠎ᠡ ᠱᠠᠲᠤ ᠡᠯ᠎ᠡ | ᠰᠠᠯᠠᠭ᠎ᠠ ᠮᠥᠴᠢᠷ ᠲᠠᠢ ᠬᠠᠮᠵᠢᠯᠴᠠᠨ ᠲᠣᠰ ᠭᠠᠴᠠᠭᠠᠨ ᠤ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ | ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢᠨ ᠠᠵᠢᠯᠯᠠᠭᠠᠨ ᠢ ᠬᠠᠮᠠᠭᠠᠯᠠᠵᠤ ᠬᠠᠮᠢᠶᠠᠷᠬᠤ ᠠᠵᠢᠯ ᠢ ᠪᠠᠶᠢᠴᠠᠭᠠᠵᠤ | ᠰᠢᠯᠭᠠᠨ ᠬᠢᠨᠠᠬᠤ ᠳᠤ ᠬᠠᠮᠵᠢᠯᠴᠠᠨ᠎ᠠ︔ ᠡᠯ᠎ᠡ ᠭᠠᠴᠠᠭᠠᠨ ᠤ ᠭᠤᠣᠯ ᠬᠠᠷᠢᠭᠤᠴᠠᠯᠭᠠᠲᠠᠨ ᠨᠢ ᠪᠣᠬᠢᠷ ᠤᠰᠤ ᠶᠢ | ᠰᠢᠢᠳᠪᠦᠷᠢᠯᠡᠬᠦ ᠪᠡᠯᠡᠳᠬᠡᠮᠵᠢ ᠶᠢᠨ ᠭᠤᠣᠯ ᠬᠠᠷᠢᠭᠤᠴᠠᠯᠭᠠᠲᠠᠨ ᠨᠢ ᠪᠣᠯᠣᠨ᠎ᠠ᠃ ᠡᠯ᠎ᠡ ᠭᠠᠴᠠᠭ᠎ᠠ ᠨᠢ ᠬᠠᠷᠢᠭᠤᠴᠠᠯᠭᠠᠲᠤ | ᠰᠡᠳᠬᠢᠯᠭᠡ ᠪᠠᠷ ᠨᠡᠯᠢᠶᠡᠳ ᠴᠢᠩᠭ᠎ᠠ ᠦᠨᠳᠦᠰᠦᠨ ᠬᠠᠮᠠᠭᠠᠯᠠᠯᠲᠠ ᠶᠢᠨ ᠮᠡᠷᠭᠡᠵᠢᠯ ᠢ ᠮᠡᠳᠡᠳᠡᠭ ᠨᠢᠭᠡ ᠪᠡᠯᠡᠳᠬᠡᠮᠵᠢ ᠶᠢᠨ | ᠬᠠᠮᠢᠶᠠᠷᠤᠯᠲᠠ ᠶᠢᠨ ᠠᠵᠢᠯᠲᠠᠨ ᠢ ᠨᠠᠶᠢᠳᠠᠪᠤᠷᠢᠵᠢᠭᠤᠯᠵᠤ᠂ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢᠨ | ᠠᠵᠢᠯᠯᠠᠭᠠᠨ ᠢ ᠬᠠᠮᠠᠭᠠᠯᠠᠵᠤ ᠬᠠᠮᠢᠶᠠᠷᠬᠤ ᠠᠵᠢᠯ ᠢ ᠪᠣᠳᠠᠲᠠᠢ ᠬᠠᠷᠢᠭᠤᠴᠠᠨ ᠰᠠᠶᠢᠲᠤᠷ ᠬᠢᠵᠦ᠂ ᠮᠠᠯᠵᠢᠬᠤ ᠲᠠᠷᠢᠶᠠᠯᠠᠬᠤ | ᠣᠷᠣᠨ ᠤ ᠠᠮᠢᠳᠤᠷᠠᠯ ᠤᠨ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢᠨ ᠬᠢᠵᠠᠭᠠᠷᠯᠠᠯ ᠪᠤᠶᠤ ᠰᠡᠯᠭᠦᠭᠡ | ᠴᠢᠨᠠᠷᠲᠠᠢ ᠪᠠᠷ ᠠᠵᠢᠯᠯᠠᠬᠤ ᠶᠢ ᠲᠠᠰᠤ ᠵᠣᠭᠰᠣᠭᠠᠨ᠎ᠠ᠃ | | ᠳᠣᠯᠣᠳᠤᠭᠠᠷ ᠵᠦᠢᠯ ᠪᠡᠯᠡᠳᠬᠡᠮᠵᠢ ᠶᠢᠨ ᠬᠠᠮᠢᠶᠠᠷᠤᠯᠲᠠ ᠶᠢᠨ ᠠᠵᠢᠯᠲᠠᠨ ᠤ ᠭᠤᠣᠯ ᠡᠭᠦᠷᠭᠡ | ᠬᠠᠷᠢᠭᠤᠴᠠᠯᠭ᠎ᠠ᠄ ︵ᠨᠢᠭᠡ︶ ᠠᠵᠢᠯᠯᠠᠬᠤ ᠳᠦᠷᠢᠮ ᠢ ᠦᠨᠳᠦᠰᠦᠯᠡᠨ ᠮᠠᠯᠵᠢᠬᠤ ᠲᠠᠷᠢᠶᠠᠯᠠᠬᠤ ᠣᠷᠣᠨ ᠤ | ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠳᠤ ᠡᠳᠦᠷ ᠲᠤᠲᠤᠮ ᠤᠨ ᠪᠠᠶᠢᠴᠠᠭᠠᠯᠲᠠ ᠪᠠ | ᠬᠠᠮᠠᠭᠠᠯᠠᠯᠲᠠ ᠭᠦᠢᠴᠡᠳᠬᠡᠬᠦ ᠶᠢᠨ ᠬᠠᠮᠲᠤ ᠰᠠᠶᠢᠲᠤᠷ ᠲᠡᠮᠳᠡᠭᠯᠡᠯ ᠭᠦᠢᠴᠡᠳᠬᠡᠬᠦ ᠬᠡᠷᠡᠭᠲᠡᠢ᠃ ᠬᠡᠪ ᠤᠨ ᠪᠤᠰᠤ | ᠪᠠᠶᠢᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠰᠢᠢᠳᠪᠦᠷᠢᠯᠡᠵᠦ᠂ ᠴᠢᠬᠤᠯᠠ ᠶᠡᠭᠡ ᠠᠰᠠᠭᠤᠳᠠᠯ ᠢ ᠴᠠᠭ ᠲᠤᠬᠠᠢ | ᠳᠤᠨᠢ ᠭᠠᠴᠠᠭᠠᠨ ᠤ ᠬᠠᠷᠢᠭᠤᠴᠠᠯᠭᠠᠲᠠᠨ ᠳᠤ ᠮᠡᠳᠡᠭᠦᠯᠬᠦ ᠬᠡᠷᠡᠭᠲᠡᠢ︔ ︵ᠬᠤᠶᠠᠷ︶ ᠮᠠᠯᠵᠢᠬᠤ ᠲᠠᠷᠢᠶᠠᠯᠠᠬᠤ ᠣᠷᠣᠨ ᠤ | ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢᠨ ᠡᠪᠳᠡᠷᠡᠯ ᠰᠦᠢᠳᠦᠯ ᠳᠤ ᠲᠣᠬᠢᠶᠠᠯᠳᠤᠪᠠᠯ᠂ ᠴᠠᠭ | ᠲᠤᠬᠠᠢ ᠳᠤᠨᠢ ᠰᠡᠯᠪᠢᠨ ᠵᠠᠰᠠᠬᠤ ᠬᠡᠷᠡᠭᠲᠡᠢ᠃ ᠪᠡᠯᠡᠳᠬᠡᠮᠵᠢ ᠶᠢᠨ ᠬᠠᠮᠢᠶᠠᠷᠤᠯᠲᠠ ᠶᠢᠨ ᠠᠵᠢᠯᠲᠠᠨ ᠰᠡᠯᠪᠢᠨ ᠵᠠᠰᠠᠵᠤ | ᠳᠡᠶᠢᠯᠬᠦ ᠦᠭᠡᠢ ᠪᠣᠯ ᠴᠠᠭ ᠲᠤᠬᠠᠢ ᠳᠤᠨᠢ ᠭᠠᠴᠠᠭᠠᠨ ᠤ ᠬᠠᠷᠢᠭᠤᠴᠠᠯᠭᠠᠲᠠᠨ ᠳᠤ ᠮᠡᠳᠡᠭᠦᠯᠬᠦ ᠶᠢᠨ ᠬᠠᠮᠲᠤ ᠰᠡᠯᠪᠢᠨ | ᠵᠠᠰᠠᠬᠤ ᠰᠠᠨᠠᠯ ᠢᠶᠠᠨ ᠳᠤᠷᠠᠳᠬᠤ ᠬᠡᠷᠡᠭᠲᠡᠢ︔ ︵ᠭᠤᠷᠪᠠ︶ ᠪᠡᠯᠡᠳᠬᠡᠮᠵᠢ ᠶᠢᠨ ᠠᠮᠤᠷ ᠢ ᠬᠠᠮᠠᠭᠠᠯᠠᠬᠤ ᠠᠵᠢᠯ ᠢ | ᠬᠠᠷᠢᠭᠤᠴᠠᠨ ᠰᠢᠢᠳᠪᠦᠷᠢᠯᠡᠵᠦ᠂ ᠪᠡᠯᠡᠳᠬᠡᠮᠵᠢ ᠶᠢᠨ ᠡᠪᠳᠡᠭᠳᠡᠬᠦ ᠪᠤᠶᠤ ᠬᠤᠯᠠᠭᠠᠶᠢᠯᠠᠭᠳᠠᠬᠤ ᠠᠴᠠ ᠰᠡᠷᠭᠡᠶᠢᠯᠡᠬᠦ | ᠬᠡᠷᠡᠭᠲᠡᠢ︔ ︵ᠳᠥᠷᠪᠡ︶ ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢᠨ ᠡᠷᠬᠢᠨ ᠲᠣᠭᠤᠷᠢᠨ ᠤ ᠣᠷᠴᠢᠨ | ᠨᠥᠬᠦᠴᠡᠯ ᠤᠨ ᠠᠷᠢᠭᠤᠨ ᠴᠡᠪᠡᠷ ᠪᠠ ᠣᠶᠢᠵᠢᠭᠤᠯᠵᠤ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢ ᠬᠠᠷᠢᠭᠤᠴᠠᠨ᠎ᠠ᠃ | | ᠨᠠᠢᠮᠠᠳᠤᠭᠠᠷ ᠵᠦᠢᠯ ᠨᠥᠬᠦᠴᠡᠯ ᠲᠠᠢ ᠭᠠᠵᠠᠷ ᠣᠷᠣᠨ ᠳᠤ ᠬᠡᠷᠡᠭᠯᠡᠬᠦ ᠶᠢ ᠵᠣᠷᠢᠭᠵᠢᠭᠤᠯᠤᠨ᠎ᠠ | | ᠭᠤᠷᠪᠠᠳᠠᠭᠢ ᠡᠲᠡᠭᠡᠳ ᠨᠢ ᠠᠵᠢᠯᠯᠠᠭᠠᠨ ᠢ ᠬᠠᠮᠠᠭᠠᠯᠠᠨ ᠬᠠᠮᠢᠶᠠᠷᠬᠤ ᠠᠷᠭ᠎ᠠ ᠮᠠᠶ᠋ᠢᠭ ᠢ ᠨᠠᠶᠢᠳᠠᠨ | ᠬᠠᠮᠢᠶᠠᠷᠤᠭᠤᠯᠵᠤ᠂ ᠬᠢᠷᠢ ᠴᠢᠳᠠᠮᠵᠢ ᠲᠠᠢ ᠠᠵᠢᠯᠯᠠᠭᠠᠨ ᠢ ᠬᠠᠮᠠᠭᠠᠯᠠᠨ ᠬᠠᠮᠢᠶᠠᠷᠬᠤ ᠨᠢᠭᠡᠴᠡ ᠳᠤ ᠨᠠᠶᠢᠳᠠᠨ ᠬᠠᠷᠢᠶᠠᠯᠠᠬᠤ | ᠣᠷᠣᠨ ᠤ ᠳᠣᠲᠣᠷᠠᠬᠢ ᠲᠠᠷᠢᠶᠠᠯᠠᠬᠤ ᠮᠠᠯᠵᠢᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ | ᠪᠡᠯᠡᠳᠬᠡᠮᠵᠢ ᠳᠤ ᠠᠵᠢᠯᠯᠠᠭᠠᠨ ᠢ ᠬᠠᠮᠠᠭᠠᠯᠠᠨ ᠬᠠᠮᠢᠶᠠᠷᠤᠭᠤᠯᠤᠨ᠎ᠠ᠃ | | ᠭᠤᠷᠪᠠᠳᠤᠭᠠᠷ ᠪᠦᠯᠦᠭ ᠬᠠᠮᠢᠶᠠᠷᠤᠯᠲᠠ ᠶᠢᠨ ᠠᠵᠢᠯ ᠤᠨ ᠦᠨᠳᠦᠰᠦᠨ ᠳᠦᠷᠢᠮ | | ᠶᠢᠰᠦᠳᠦᠭᠡᠷ ᠵᠦᠢᠯ ᠡᠯ᠎ᠡ ᠰᠤᠮᠤ᠂ ᠪᠠᠯᠭᠠᠰᠤ ᠨᠢ 3 — 5 ᠬᠥᠮᠥᠨ ᠢᠶᠠᠷ ᠪᠦᠷᠢᠯᠳᠦᠭᠰᠡᠨ ᠮᠠᠯᠵᠢᠬᠤ | ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢᠨ ᠡᠳᠦᠷ ᠲᠤᠲᠤᠮ ᠤᠨ | ᠠᠵᠢᠯᠯᠠᠭᠠᠨ ᠢ ᠬᠠᠮᠠᠭᠠᠯᠠᠨ ᠬᠠᠮᠢᠶᠠᠷᠴᠤ ᠬᠢᠨᠠᠯᠲᠠ ᠲᠠᠯᠪᠢᠬᠤ ᠠᠵᠢᠯ ᠤᠨ ᠳᠤᠭᠤᠶᠢᠯᠠᠩ ᠢ ᠪᠠᠶᠢᠭᠤᠯᠵᠤ᠂ ᠵᠣᠬᠢᠬᠤ | ᠳᠦᠷᠢᠮ ᠢ ᠪᠠᠶᠢᠭᠤᠯᠤᠨ᠂ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠵᠢᠯ ᠤᠨ ᠲᠥᠯᠥᠪᠯᠡᠭᠡ ᠶᠢ | ᠲᠣᠭᠲᠠᠭᠠᠬᠤ ᠶᠢᠨ ᠬᠠᠮᠲᠤ ᠲᠣᠰᠬᠤᠨ ᠤ ᠲᠣᠭᠲᠠᠭᠠᠯ ᠠᠷᠠᠳ ᠤᠨ ᠭᠡᠷ᠎ᠡ ᠳᠤ ᠣᠷᠣᠭᠤᠯᠬᠤ ᠬᠡᠷᠡᠭᠲᠡᠢ᠃ ᠡᠯ᠎ᠡ ᠰᠤᠮᠤ | ᠂ ᠪᠠᠯᠭᠠᠰᠤ ᠶᠢᠨ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ | ᠪᠡᠯᠡᠳᠬᠡᠮᠵᠢ ᠶᠢᠨ ᠡᠳᠦᠷ ᠲᠤᠲᠤᠮ ᠤᠨ ᠠᠵᠢᠯᠯᠠᠭᠠᠨ ᠢ ᠬᠠᠮᠠᠭᠠᠯᠠᠨ ᠬᠠᠮᠢᠶᠠᠷᠴᠤ ᠬᠢᠨᠠᠯᠲᠠ ᠲᠠᠯᠪᠢᠬᠤ ᠠᠵᠢᠯ ᠤᠨ | ᠳᠤᠭᠤᠶᠢᠯᠠᠩ ᠨᠢ ᠤᠯᠠᠷᠢᠯ ᠪᠦᠷᠢ ᠡᠯ᠎ᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ | ᠪᠡᠯᠡᠳᠬᠡᠮᠵᠢ ᠶᠢᠨ ᠠᠵᠢᠯᠯᠠᠭᠠᠨ ᠢ ᠰᠡᠯᠪᠢᠨ ᠵᠠᠰᠠᠵᠤ ᠬᠠᠮᠢᠶᠠᠷᠴᠤ ᠪᠠᠶᠢᠭ᠎ᠠ ᠪᠠᠶᠢᠳᠠᠯ ᠢ ᠪᠠᠶᠢᠴᠠᠭᠠᠵᠤ᠂ ᠡᠯ᠎ᠡ | ᠲᠣᠰᠬᠤᠨ ᠤ ᠡᠳᠦᠷ ᠲᠤᠲᠤᠮ ᠤᠨ ᠠᠵᠢᠯᠯᠠᠭᠠᠨ ᠢ ᠬᠠᠮᠠᠭᠠᠯᠠᠨ ᠬᠠᠮᠢᠶᠠᠷᠬᠤ ᠠᠵᠢᠯ ᠥᠷᠨᠢᠭᠦᠯᠬᠦ ᠶᠢ ᠴᠠᠭ ᠲᠤᠬᠠᠢ | ᠳᠤᠨᠢ ᠬᠢᠨᠠᠨ ᠵᠢᠯᠤᠭᠤᠳᠬᠤ ᠬᠡᠷᠡᠭᠲᠡᠢ᠃ | | ᠠᠷᠪᠠᠳᠤᠭᠠᠷ ᠵᠦᠢᠯ ᠡᠯ᠎ᠡ ᠭᠠᠴᠠᠭ᠎ᠠ ᠨᠢ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ | ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢᠨ ᠰᠢᠭᠤᠳ ᠠᠵᠢᠯᠯᠠᠭᠠᠨ ᠤ ᠬᠠᠮᠢᠶᠠᠷᠤᠯᠲᠠ ᠶᠢᠨ ᠨᠢᠭᠡᠴᠡ ᠪᠣᠯᠤᠭᠰᠠᠨ ᠤ | ᠬᠤᠪᠢ ᠳᠤ᠂ ᠰᠤᠮᠤ᠂ ᠪᠠᠯᠭᠠᠰᠤ ᠶᠢᠨ ᠵᠠᠰᠠᠭ ᠤᠨ ᠣᠷᠳᠣᠨ ᠤ ᠵᠢᠯᠣᠭᠤᠳᠤᠯᠭ᠎ᠠ ᠪᠠ ᠬᠢᠨᠠᠯᠲᠠ ᠲᠠᠯᠪᠢᠯᠲᠠ ᠶᠢᠨ | ᠳᠣᠣᠷ᠎ᠠ᠂ ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢᠨ ᠠᠵᠢᠯᠯᠠᠭᠠᠨ ᠢ ᠬᠠᠮᠠᠭᠠᠯᠠᠵᠤ ᠬᠠᠮᠢᠶᠠᠷᠬᠤ ᠠᠵᠢᠯ ᠢ | ᠰᠠᠶᠢᠲᠤᠷ ᠭᠦᠢᠴᠡᠳᠬᠡᠬᠦ ᠬᠡᠷᠡᠭᠲᠡᠢ᠃ | | ᠠᠷᠪᠠᠨ ᠨᠢᠭᠡᠳᠦᠭᠡᠷ ᠵᠦᠢᠯ ᠪᠡᠯᠡᠳᠬᠡᠮᠵᠢ ᠶᠢᠨ ᠬᠠᠮᠢᠶᠠᠷᠤᠯᠲᠠ ᠶᠢᠨ ᠠᠵᠢᠯᠲᠠᠨ ᠤ ᠦᠨᠳᠦᠰᠦᠨ | ᠱᠠᠭᠠᠷᠳᠠᠯᠭ᠎ᠠ᠄ ︵ᠨᠢᠭᠡ︶ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ | ᠲᠤᠬᠠᠶᠢᠯᠠᠭᠰᠠᠨ ᠠᠵᠢᠯ ᠤᠨ ᠰᠤᠷᠭᠠᠯᠲᠠ ᠶᠢ ᠳᠠᠮᠵᠢᠭᠰᠠᠨ ᠪᠠᠶᠢᠬᠤ ᠬᠡᠷᠡᠭᠲᠡᠢ︔ ︵ᠬᠤᠶᠠᠷ︶ ᠪᠦᠬᠦᠯᠢ 60 | ᠨᠠᠰᠤᠨ ᠠᠴᠠ ᠳᠣᠭᠤᠭᠰᠢ᠂ ᠪᠡᠶ᠎ᠡ ᠮᠠᠬᠠᠪᠤᠳ ᠨᠢ ᠡᠷᠡᠭᠦᠯ ᠴᠢᠭᠢᠷᠠᠭ ᠪᠠᠶᠢᠬᠤ︔ ︵ᠭᠤᠷᠪᠠ︶ ᠬᠠᠮᠠᠭᠠᠯᠠᠨ | ᠬᠠᠮᠢᠶᠠᠷᠬᠤ ᠠᠵᠢᠯ ᠤᠨ ᠡᠳᠡᠬᠡᠳ ︵ᠲᠥᠬᠦᠭᠡᠷᠦᠮᠵᠢ᠂ ᠤᠷᠠᠯᠠᠯ ᠵᠡᠷᠭᠡ ᠶᠢ ᠪᠠᠭᠲᠠᠭᠠᠨ᠎ᠠ︶ ᠢ ᠰᠠᠶᠢᠨ ᠮᠡᠳᠡᠵᠤ᠂ | ᠬᠠᠮᠠᠭᠠᠯᠠᠬᠤ ᠠᠷᠭ᠎ᠠ ᠪᠠ ᠬᠠᠮᠠᠭᠠᠯᠠᠬᠤ ᠮᠡᠷᠭᠡᠵᠢᠯ ᠤᠨ ᠭᠦᠢᠴᠡᠳᠬᠡᠬᠦ ᠲᠤᠭ᠎ᠠ ᠶᠢ ᠰᠠᠶᠢᠨ ᠮᠡᠳᠡᠬᠦ︔ ︵ᠳᠥᠷᠪᠡ︶ | ᠪᠡᠯᠡᠳᠬᠡᠮᠵᠢ ᠶᠢᠨ ᠠᠵᠢᠯᠯᠠᠭᠠᠨ ᠢ ᠬᠠᠮᠠᠭᠠᠯᠠᠵᠤ ᠬᠠᠮᠢᠶᠠᠷᠬᠤ ᠠᠵᠢᠯ ᠢ ᠬᠢᠨᠠᠮᠠᠭᠠᠢ ᠬᠠᠷᠢᠭᠤᠴᠠᠨ ᠰᠠᠶᠢᠲᠤᠷ | ᠭᠦᠢᠴᠡᠳᠬᠡᠬᠦ ᠬᠡᠷᠡᠭᠲᠡᠢ᠃ | | ᠠᠷᠪᠠᠨ ᠬᠤᠶᠠᠳᠤᠭᠠᠷ ᠵᠦᠢᠯ ᠮᠡᠷᠭᠡᠵᠢᠯ ᠤᠨ ᠲᠠᠩᠰᠠ ᠡᠪᠬᠡᠮᠡᠯ᠂ ᠮᠠᠲ᠋ᠧᠷᠢᠶᠠᠯ ᠪᠠ ᠠᠩᠬᠠᠨ ᠤ | ᠲᠡᠮᠳᠡᠭᠯᠡᠯ ᠪᠣᠯ ᠬᠠᠮᠠᠭᠠᠯᠠᠨ ᠬᠠᠮᠢᠶᠠᠷᠬᠤ ᠶᠢᠨ ᠦᠨᠳᠦᠰᠦᠯᠡᠯ ᠮᠥᠨ᠂ ᠡᠯ᠎ᠡ ᠰᠤᠮᠤ᠂ ᠪᠠᠯᠭᠠᠰᠤᠨ ᠤ ᠠᠷᠠᠳ ᠤᠨ | ᠵᠠᠰᠠᠭ ᠤᠨ ᠣᠷᠳᠣᠨ ᠨᠤᠭᠤᠳ ᠲᠠᠩᠰᠠ ᠡᠪᠬᠡᠮᠡᠯ ᠤᠨ ᠮᠠᠲ᠋ᠧᠷᠢᠶᠠᠯ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ | ᠪᠦᠷᠢᠨᠰᠢᠭᠦᠯᠵᠦ᠂ ᠲᠤᠰᠬᠠᠢ ᠬᠥᠮᠥᠨ ᠲᠣᠭᠲᠠᠭᠠᠨ ᠬᠠᠳᠠᠭᠠᠯᠠᠨ ᠬᠠᠮᠢᠶᠠᠷᠤᠭᠤᠯᠵᠤ᠂ ᠮᠠᠲ᠋ᠧᠷᠢᠶᠠᠯ ᠤᠨ ᠪᠦᠷᠢᠨ | ᠪᠦᠲᠦᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠳᠣᠣᠷᠠᠬᠢ ᠮᠠᠲ᠋ᠧᠷᠢᠶᠠᠯ ᠤᠳ ᠪᠠᠶᠢᠬᠤ ᠬᠡᠷᠡᠭᠲᠡᠢ᠄ ︵ᠨᠢᠭᠡ︶ | ᠪᠠᠷᠢᠯᠭ᠎ᠠ ᠶᠢᠨ ᠲᠥᠬᠦᠭᠡᠷᠦᠮᠵᠢ᠂ ᠪᠠᠷᠢᠯᠭ᠎ᠠ ᠶᠢᠨ ᠠᠵᠢᠯ᠂ ᠪᠠᠷᠢᠯᠭ᠎ᠠ ᠶᠢᠨ ᠠᠵᠢᠯ ᠳᠠᠭᠤᠰᠤᠭᠰᠠᠨ ᠮᠠᠲ᠋ᠧᠷᠢᠶᠠᠯ ᠪᠠ | ᠰᠢᠯᠭᠠᠨ ᠠᠪᠴᠤ ᠰᠢᠯᠵᠢᠭᠦᠯᠦᠨ ᠲᠤᠰᠢᠶᠠᠭᠰᠠᠨ ᠲᠡᠮᠳᠡᠭᠯᠡᠯ ᠵᠡᠷᠭᠡ︔ ︵ᠬᠤᠶᠠᠷ︶ ᠰᠢᠢᠳᠪᠦᠷᠢᠯᠡᠬᠦ | ᠲᠥᠬᠦᠭᠡᠷᠦᠮᠵᠢ ᠶᠢᠨ ᠲᠣᠳᠣᠷᠬᠠᠶᠢᠯᠠᠯᠲᠠ ᠶᠢᠨ ᠪᠢᠴᠢᠭ᠂ ᠵᠢᠷᠤᠭ ᠵᠢᠷᠤᠭ᠂ ᠬᠠᠮᠠᠭᠠᠯᠠᠯᠲᠠ ᠶᠢᠨ ᠭᠠᠷ ᠳᠡᠪᠲᠡᠷ︔ ︵ | ᠭᠤᠷᠪᠠ︶ ᠡᠯ᠎ᠡ ᠵᠦᠢᠯ ᠤᠨ ᠳᠦᠷᠢᠮ ᠲᠣᠭᠲᠠᠭᠠᠯ᠂ ᠲᠧᠭᠨᠢᠭ ᠮᠡᠷᠭᠡᠵᠢᠯ ᠤᠨ ᠵᠢᠷᠤᠮᠵᠢᠯ ᠪᠠ ᠬᠠᠮᠠᠭᠠᠯᠠᠯᠲᠠ ᠶᠢᠨ | ᠭᠦᠢᠴᠡᠳᠬᠡᠬᠦ ᠲᠤᠭ᠎ᠠ᠂ ᠲᠧᠭᠨᠢᠭ ᠮᠡᠷᠭᠡᠵᠢᠯ ᠤᠨ ᠪᠢᠴᠢᠭ ᠮᠠᠲ᠋ᠧᠷᠢᠶᠠᠯ ᠪᠠ ᠬᠤᠯᠪᠣᠭᠳᠠᠯ ᠪᠦᠬᠦᠢ ᠲᠣᠭᠲᠠᠭᠠᠯ ᠵᠡᠷᠭᠡ︔ | ︵ᠳᠥᠷᠪᠡ︶ ᠠᠩᠬᠠᠨ ᠤ ᠲᠡᠮᠳᠡᠭᠯᠡᠯ᠂ ᠬᠦᠨᠳᠦ ᠶᠡᠭᠡ ᠰᠠᠭᠠᠳ ᠤᠨ ᠮᠡᠳᠡᠭᠦᠯᠦᠯᠲᠡ ᠬᠢᠭᠡᠳ ᠰᠢᠢᠳᠪᠦᠷᠢᠯᠡᠭᠰᠡᠨ | ᠦᠷ᠎ᠡ ᠳ᠋ᠦᠩ︔ ︵ᠲᠠᠪᠤ︶ ᠣᠨ ᠤ ᠪᠠᠶᠢᠴᠠᠭᠠᠨ ᠵᠠᠰᠠᠭᠰᠠᠨ ᠰᠢᠯᠭᠠᠯᠲᠠ ᠶᠢᠨ ᠲᠡᠮᠳᠡᠭᠯᠡᠯ︔ ︵ᠵᠢᠷᠭᠤᠭ᠎ᠠ︶ | ᠠᠵᠢᠯᠯᠠᠭᠠᠨ ᠢ ᠬᠠᠮᠠᠭᠠᠯᠠᠭᠰᠠᠨ ᠲᠡᠮᠳᠡᠭᠯᠡᠯ᠃ | | ᠳᠥᠷᠪᠡᠳᠦᠭᠡᠷ ᠪᠦᠯᠦᠭ ᠠᠵᠢᠯᠯᠠᠭᠠᠨ ᠢ ᠬᠠᠮᠠᠭᠠᠯᠠᠵᠤ ᠬᠠᠮᠢᠶᠠᠷᠬᠤ ᠠᠵᠢᠯ ᠤᠨ ᠠᠭᠤᠯᠭ᠎ᠠ | | ᠠᠷᠪᠠᠨ ᠭᠤᠷᠪᠠᠳᠤᠭᠠᠷ ᠵᠦᠢᠯ ᠠᠮᠢ ᠠᠬᠤᠢ ᠶᠢᠨ ᠣᠷᠴᠢᠨ ᠨᠥᠬᠦᠴᠡᠯ ᠤᠨ ᠰᠠᠯᠠᠭ᠎ᠠ ᠮᠥᠴᠢᠷ ᠤᠳ | ᠬᠠᠭᠠᠰ ᠵᠢᠯ ᠪᠦᠷᠢ ᠵᠣᠬᠢᠬᠤ ᠬᠢᠷᠢ ᠴᠢᠳᠠᠮᠵᠢ ᠲᠠᠢ ᠤᠰᠤᠨ ᠤ ᠴᠢᠨᠠᠷ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠶᠢ | ᠵᠣᠬᠢᠶᠠᠨ ᠪᠠᠶᠢᠭᠤᠯᠤᠨ ᠥᠷᠨᠢᠭᠦᠯᠬᠦ ᠪᠤᠶᠤ ᠨᠠᠶᠢᠳᠠᠵᠤ ᠪᠠᠶᠢᠭᠠᠳ ᠲᠣᠰ ᠣᠷᠣᠨ ᠪᠦᠰᠡ ᠶᠢᠨ ᠳᠣᠲᠣᠷᠠᠬᠢ | ᠲᠠᠷᠢᠶᠠᠯᠠᠬᠤ ᠮᠠᠯᠵᠢᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢᠨ ᠣᠷᠣᠭᠤᠯᠵᠤ | ᠭᠠᠷᠭᠠᠬᠤ ᠤᠰᠤᠨ ᠤ ᠴᠢᠨᠠᠷ ᠢ ᠪᠠᠶᠢᠴᠠᠭᠠᠨ ᠰᠢᠯᠭᠠᠬᠤ ᠶᠢ ᠥᠷᠨᠢᠭᠦᠯᠵᠦ᠂ ᠪᠣᠬᠢᠷ ᠤᠰᠤ ᠶᠢ ᠰᠢᠢᠳᠪᠦᠷᠢᠯᠡᠬᠦ | ᠪᠡᠯᠡᠳᠬᠡᠮᠵᠢ ᠶᠢᠨ ᠤᠰᠤᠨ ᠤ ᠴᠢᠨᠠᠷ ᠢ ᠰᠢᠢᠳᠪᠦᠷᠢᠯᠡᠭᠰᠡᠨ ᠪᠠᠶᠢᠳᠠᠯ ᠳᠤ ᠦᠨᠡᠯᠡᠨ ᠵᠢᠱᠢᠯᠲᠡ ᠬᠢᠵᠦ᠂ ᠬᠡᠷᠡᠭᠰᠡᠬᠦ | ᠵᠠᠷᠤᠳᠠᠯ ᠢ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠡᠳ᠋ ᠤᠨ ᠵᠠᠰᠠᠭ ᠤᠨ | ᠲᠥᠰᠥᠪ ᠲᠤ ᠣᠷᠣᠭᠤᠯᠬᠤ ᠬᠡᠷᠡᠭᠲᠡᠢ᠃ | | ᠠᠷᠪᠠᠨ ᠳᠥᠷᠪᠡᠳᠦᠭᠡᠷ ᠵᠦᠢᠯ ᠠᠵᠢᠯᠯᠠᠭᠠᠨ ᠤ ᠬᠠᠮᠢᠶᠠᠷᠤᠯᠲᠠ ᠶᠢᠨ ᠨᠢᠭᠡᠴᠡ ᠨᠢ ᠪᠣᠬᠢᠷ ᠤᠰᠤ ᠶᠢ | ᠰᠢᠢᠳᠪᠦᠷᠢᠯᠡᠬᠦ ᠪᠡᠯᠡᠳᠬᠡᠮᠵᠢ ᠶᠢᠨ ᠲᠣᠶᠢᠮᠣ ᠪᠠᠶᠢᠳᠠᠯ᠂ ᠬᠠᠪᠲᠠᠭᠠᠢ ᠪᠠᠶᠢᠷᠢᠯᠠᠭᠤᠯᠤᠯᠲᠠ ᠶᠢᠨ ᠵᠢᠷᠤᠭ᠂ ᠠᠵᠢᠯᠯᠠᠭᠠᠨ ᠤ | ᠨᠠᠷᠢᠨ ᠳᠦᠷᠢᠮ ᠵᠢᠴᠢ ᠬᠤᠭᠤᠯᠠᠢ ᠶᠢᠨ ᠲᠣᠣᠷ ᠢ ᠪᠠᠶᠢᠴᠠᠭᠠᠨ ᠵᠠᠰᠠᠬᠤ᠂ ᠲᠥᠬᠦᠭᠡᠷᠦᠮᠵᠢ ᠶᠢ ᠠᠵᠢᠯᠯᠠᠭᠤᠯᠬᠤ ᠶᠢᠨ | ᠠᠮᠤᠷ ᠲᠦᠪᠰᠢᠨ ᠤ ᠳᠦᠷᠢᠮ᠂ ᠬᠠᠷᠢᠭᠤᠴᠠᠯᠭ᠎ᠠ ᠲᠠᠢ ᠬᠥᠮᠥᠨ᠂ ᠬᠠᠮᠢᠶᠠᠷᠤᠯᠲᠠ ᠶᠢᠨ ᠠᠵᠢᠯᠲᠠᠨ ᠤ ᠨᠡᠷᠡᠰ ᠵᠡᠷᠭᠡ ᠶᠢ | ᠬᠡᠷᠡᠮ ᠳᠤ ᠭᠠᠷᠭᠠᠨ ᠲᠣᠳᠣᠷᠬᠠᠢ ᠢᠯᠡᠳᠬᠡᠬᠦ ᠶᠢᠨ ᠬᠠᠮᠲᠤ ᠠᠵᠢᠯᠯᠠᠭᠠᠨ ᠤ ᠲᠡᠮᠳᠡᠭᠯᠡᠯ ᠢ ᠵᠢᠷᠤᠮᠵᠢᠭᠤᠯᠤᠨ ᠲᠠᠭᠯᠠᠨ | ᠪᠢᠴᠢᠬᠦ ᠬᠡᠷᠡᠭᠲᠡᠢ᠃ | | ᠠᠷᠪᠠᠨ ᠲᠠᠪᠤᠳᠤᠭᠠᠷ ᠵᠦᠢᠯ ᠠᠵᠢᠯᠯᠠᠭᠠᠨ ᠤ ᠬᠠᠮᠢᠶᠠᠷᠤᠯᠲᠠ ᠶᠢᠨ ᠨᠢᠭᠡᠴᠡ ᠨᠢ ᠮᠠᠯᠵᠢᠬᠤ | ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢ ᠲᠣᠭᠲᠠᠮᠠᠯ | ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠵᠤ᠂ ᠵᠤᠷᠰᠢᠯ ᠤᠨ ᠪᠠᠶᠢᠴᠠᠭᠠᠯᠲᠠ ᠶᠢᠨ ᠲᠡᠮᠳᠡᠭᠯᠡᠯ ᠪᠠ ᠠᠵᠢᠯᠯᠠᠭᠠᠨ ᠤ | ᠲᠡᠮᠳᠡᠭᠯᠡᠯ ᠢ ᠰᠠᠶᠢᠲᠤᠷ ᠭᠦᠢᠴᠡᠳᠬᠡᠬᠦ ᠬᠡᠷᠡᠭᠲᠡᠢ᠃ ᠡᠭᠦᠨ ᠳᠤ ᠭᠤᠣᠯᠳᠠᠭᠤ ᠳᠠᠷᠠᠭᠠᠬᠢ ᠪᠠᠶᠢᠳᠠᠯ ᠢᠶᠠᠷ ᠬᠠᠮᠠᠭᠠᠯᠠᠬᠤ | ᠠᠭᠤᠯᠭ᠎ᠠ ᠪᠠᠭᠲᠠᠨ᠎ᠠ᠄ ︵ᠨᠢᠭᠡ︶ ᠪᠣᠬᠢᠷ ᠤᠰᠤᠨ ᠤ ᠬᠤᠳᠳᠤᠭ᠂ ᠳᠠᠮᠵᠢᠭᠤᠯᠬᠤ ᠬᠤᠭᠤᠯᠠᠢ ᠪᠠ ᠪᠣᠬᠢᠷ ᠤᠰᠤ ᠶᠢ | ᠬᠤᠷᠢᠶᠠᠨ ᠴᠤᠭᠯᠠᠭᠤᠯᠬᠤ ᠭᠤᠤ ᠰᠤᠪᠠᠭ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ᠂ ᠲᠤᠨᠤᠮᠠᠯ ᠪᠣᠳᠠᠰ ᠢ | ᠴᠡᠪᠡᠷᠯᠡᠨ᠂ ᠳᠠᠮᠵᠢᠭᠤᠯᠬᠤ ᠬᠤᠭᠤᠯᠠᠢ ᠪᠠ ᠭᠤᠤ ᠰᠤᠪᠠᠭ ᠤᠨ ᠤᠷᠤᠰᠬᠠᠯ ᠤᠨ ᠰᠠᠭᠠᠳ ᠦᠭᠡᠢ ᠨᠡᠪᠲᠡᠷᠡᠬᠦ ᠶᠢ | ᠪᠠᠲᠤᠯᠠᠨ᠎ᠠ︔ ︵ᠬᠤᠶᠠᠷ︶ ᠰᠠᠷᠠᠯᠵᠢ ᠶᠢᠨ ᠰᠢᠭᠠᠷᠤ ᠶᠢ ᠰᠠᠷ᠎ᠠ ᠳᠤ ᠠᠳᠠᠭ ᠲᠠᠭᠠᠨ ᠨᠢᠭᠡ ᠤᠳᠠᠭ᠎ᠠ ᠴᠡᠪᠡᠷᠯᠡᠵᠦ᠂ | ᠰᠠᠷᠠᠯᠵᠢ ᠶᠢᠨ ᠬᠤᠳᠳᠤᠭ ᠤᠨ ᠬᠡᠪ ᠤᠨ ᠴᠢᠳᠠᠮᠵᠢ ᠶᠢ ᠪᠠᠲᠤᠯᠠᠨ᠎ᠠ︔ ︵ᠭᠤᠷᠪᠠ︶ ᠲᠣᠬᠢᠷᠠᠭᠤᠯᠬᠤ ᠲᠠᠲᠠᠭᠠᠯ ᠢ | ᠬᠠᠭᠠᠰ ᠵᠢᠯ ᠪᠦᠷᠢ ᠨᠢᠭᠡ ᠤᠳᠠᠭ᠎ᠠ ᠴᠡᠪᠡᠷᠯᠡᠵᠦ᠂ ᠡᠯᠡᠰᠦ ᠰᠢᠪᠠᠷ ᠬᠤᠷᠠᠵᠤ ᠬᠤᠷᠠᠭᠠᠳ ᠤᠰᠤᠨ ᠬᠥᠭᠡᠷᠭᠡ | ᠪᠥᠭᠯᠡᠷᠡᠬᠦ ᠠᠴᠠ ᠰᠡᠷᠭᠡᠶᠢᠯᠡᠬᠦ︔ ︵ᠳᠥᠷᠪᠡ︶ ᠵᠢᠯ ᠪᠦᠷᠢ ᠲᠠᠲᠠᠭᠠᠯ ᠢ ᠨᠢᠭᠡ ᠤᠳᠠᠭ᠎ᠠ ᠴᠡᠪᠡᠷᠯᠡᠵᠦ ᠪᠤᠵᠠᠷ | ᠰᠢᠪᠠᠷ ᠤᠨ ᠬᠤᠷᠠᠵᠤ ᠬᠤᠷᠠᠬᠤ ᠠᠴᠠ ᠰᠡᠷᠭᠡᠶᠢᠯᠡᠨ᠎ᠡ᠃ ᠬᠦᠴᠢᠯᠲᠥ᠋ᠷᠥᠭᠴᠢ ᠴᠡᠭᠡᠷᠰᠡᠭ ᠴᠥᠭᠦᠷᠥᠮ ᠳᠤ | ᠠᠵᠢᠯᠯᠠᠬᠤ ᠳᠠᠭᠠᠨ ᠤᠷᠢᠳ ᠢᠶᠠᠷ ᠪᠠᠶᠢᠴᠠᠭᠠᠬᠤ ᠬᠤᠳᠳᠤᠭ ᠤᠨ ᠠᠮᠠᠰᠠᠷ ᠢ ᠪᠦᠬᠦᠨ ᠢ ᠨᠡᠭᠡᠭᠡᠵᠦ ᠠᠯᠪᠠᠳᠠᠯᠭ᠎ᠠ ᠪᠠᠷ | ᠰᠠᠯᠬᠢ ᠨᠠᠪᠲᠠᠷᠡᠭᠦᠯᠵᠦ᠂ ᠠᠶᠤᠯ ᠦᠭᠡᠢ ᠪᠠᠶᠢᠬᠤ ᠶᠢ ᠦᠨᠡᠨ ᠬᠦ ᠪᠠᠲᠤᠯᠠᠭᠰᠠᠨ ᠪᠠᠶᠢᠳᠠᠯ ᠳᠣᠣᠷ᠎ᠠ ᠰᠠᠶ᠋ᠢ ᠣᠷᠣᠵᠤ | ᠪᠣᠯᠣᠨ᠎ᠠ᠂ ᠠᠮᠢᠰᠬᠤᠯ ᠪᠦᠲᠡᠬᠦ ᠪᠤᠶᠤ ᠬᠤᠣᠷᠳᠠᠭᠳᠠᠬᠤ ᠬᠡᠷᠡᠭ ᠭᠠᠷᠬᠤ ᠠᠴᠠ ᠰᠡᠷᠭᠡᠶᠢᠯᠡᠬᠦ ᠬᠡᠷᠡᠭᠲᠡᠢ︔ ︵ᠲᠠᠪᠤ︶ | ᠲᠥᠬᠦᠭᠡᠷᠦᠮᠵᠢ ᠬᠡᠷᠡᠭᠯᠡᠬᠦ ᠲᠣᠳᠣᠷᠬᠠᠶᠢᠯᠠᠯᠲᠠ ᠶᠢᠨ ᠱᠠᠭᠠᠷᠳᠠᠯᠭ᠎ᠠ ᠶᠣᠰᠣᠭᠠᠷ ᠤᠰᠤᠨ ᠬᠥᠭᠡᠷᠭᠡ᠂ ᠦᠯᠢᠶᠡᠭᠦᠷ ᠮᠠᠰᠢᠨ | ᠵᠡᠷᠭᠡ ᠮᠠᠰᠢᠨ ᠴᠠᠬᠢᠯᠭᠠᠨ ᠤ ᠲᠥᠬᠦᠭᠡᠷᠦᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ ᠬᠠᠮᠠᠭᠠᠯᠠᠬᠤ︔ ︵ | ᠵᠢᠷᠭᠤᠭ᠎ᠠ︶ ᠪᠣᠬᠢᠷ ᠤᠰᠤ ᠶᠢ ᠰᠢᠢᠳᠪᠦᠷᠢᠯᠡᠬᠦ ᠶᠠᠪᠤᠴᠠ ᠳᠤ ᠭᠠᠷᠤᠭᠰᠠᠨ ᠪᠤᠵᠠᠷ ᠰᠢᠪᠠᠷ ᠢ ᠴᠠᠭ ᠲᠤᠬᠠᠢ ᠳᠤᠨᠢ | ᠴᠡᠪᠡᠷᠯᠡᠬᠦ ᠶᠢᠨ ᠬᠠᠮᠲᠤ ᠬᠢᠷᠢ ᠴᠢᠳᠠᠯ ᠲᠠᠢ ᠨᠢᠭᠡᠴᠡ ᠳᠤ ᠲᠤᠰᠢᠶᠠᠵᠤ ᠰᠢᠢᠳᠪᠦᠷᠢᠯᠡᠭᠦᠯᠦᠨ᠎ᠡ︔ ︵ᠲᠤᠯᠤᠭ᠎ᠠ︶ | ᠬᠠᠮᠢᠶ᠎ᠠ ᠪᠦᠬᠦᠢ ᠬᠤᠳᠳᠤᠭ ᠤᠨ ᠲᠠᠭᠯᠠᠭ᠎ᠠ ᠵᠢᠴᠢ ᠡᠯ᠎ᠡ ᠵᠦᠢᠯ ᠤᠨ ᠲᠠᠭᠯᠠᠭ᠎ᠠ ᠬᠠᠪᠲᠠᠰᠤ ᠶᠢᠨ ᠪᠦᠷᠢᠨ ᠪᠦᠲᠦᠨ | ᠴᠢᠨᠠᠷ᠂ ᠠᠶᠤᠯ ᠦᠭᠡᠢ ᠴᠢᠨᠠᠷ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ ᠬᠡᠷᠡᠭᠲᠡᠢ᠃ | | ᠲᠠᠪᠤᠳᠤᠭᠠᠷ ᠪᠦᠯᠦᠭ ᠠᠷᠠᠴᠢᠯᠠᠨ ᠬᠠᠮᠠᠭᠠᠯᠠᠬᠤ ᠵᠠᠷᠤᠳᠠᠯ ᠤᠨ ᠢᠷᠡᠯᠲᠡ ᠵᠢᠴᠢ ᠬᠡᠷᠡᠭᠯᠡᠬᠦ ᠬᠠᠮᠢᠶᠠᠷᠤᠯᠲᠠ | | ᠠᠷᠪᠠᠨ ᠵᠢᠷᠭᠤᠳᠤᠭᠠᠷ ᠵᠦᠢᠯ ᠲᠠᠷᠢᠶᠠᠯᠠᠬᠤ ᠮᠠᠯᠵᠢᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ | ᠰᠢᠢᠳᠪᠦᠷᠢᠯᠡᠬᠦ ᠪᠡᠯᠡᠳᠬᠡᠮᠵᠢ ᠶᠢᠨ ᠠᠷᠠᠴᠢᠯᠠᠨ ᠬᠠᠮᠠᠭᠠᠯᠠᠬᠤ ᠵᠠᠷᠤᠳᠠᠯ ᠭᠡᠳᠡᠭ ᠨᠢ ᠵᠠᠰᠠᠭ ᠤᠨ ᠣᠷᠳᠣᠨ ᠠᠴᠠ | ᠲᠣᠬᠢᠷᠠᠭᠤᠯᠤᠭᠰᠠᠨ ᠲᠠᠷᠢᠶᠠᠯᠠᠬᠤ ᠮᠠᠯᠵᠢᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠲᠥᠷᠥᠯ | ᠵᠦᠢᠯ ᠳᠤ ᠣᠷᠣᠭᠤᠯᠬᠤ ᠲᠤᠰᠬᠠᠢ ᠵᠦᠢᠯ ᠤᠨ ᠪᠡᠯᠡ ᠬᠥᠷᠥᠩᠭᠡ ᠶᠢ ᠵᠢᠭᠠᠵᠤ ᠪᠤᠢ᠃ | | ᠠᠷᠪᠠᠨ ᠳᠣᠯᠣᠳᠤᠭᠠᠷ ᠵᠦᠢᠯ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ | ᠰᠢᠢᠳᠪᠦᠷᠢᠯᠡᠬᠦ ᠪᠡᠯᠡᠳᠬᠡᠮᠵᠢ ᠶᠢᠨ ᠠᠵᠢᠯᠯᠠᠭᠠᠨ ᠢ ᠬᠠᠮᠠᠭᠠᠯᠠᠨ ᠬᠠᠮᠢᠶᠠᠷᠬᠤ ᠶᠢᠨ ᠲᠤᠰᠬᠠᠢ ᠵᠦᠢᠯ ᠤᠨ ᠪᠡᠯᠡ | ᠬᠥᠷᠥᠩᠭᠡ ᠶᠢᠨ ᠢᠷᠡᠯᠲᠡ᠄ ᠳᠡᠭᠡᠳᠦ ᠱᠠᠲᠤᠨ ᠤ ᠲᠥᠰᠥᠪ ᠤᠨ ᠪᠡᠯᠡ ᠬᠥᠷᠥᠩᠭᠡ᠂ ᠣᠷᠣᠨ ᠨᠤᠲᠤᠭ ᠤᠨ ᠢᠵᠢ | ᠪᠦᠷᠢᠳᠦᠭᠦᠯᠬᠦ ᠲᠤᠰᠠᠯᠠᠮᠵᠢ ᠶᠢᠨ ᠪᠡᠯᠡ ᠬᠥᠷᠥᠩᠭᠡ᠂ ᠭᠠᠴᠠᠭ᠎ᠠ ᠲᠣᠰᠬᠤᠨ ᠤ ᠥᠪᠡᠷ ᠲᠡᠭᠡᠨ ᠴᠤᠭᠯᠠᠭᠤᠯᠤᠭᠰᠠᠨ | ᠪᠡᠯᠡ ᠬᠥᠷᠥᠩᠭᠡ᠃ | | ᠠᠷᠪᠠᠨ ᠨᠠᠢᠮᠠᠳᠤᠭᠠᠷ ᠵᠦᠢᠯ ᠡᠯ᠎ᠡ ᠰᠤᠮᠤ᠂ ᠪᠠᠯᠭᠠᠰᠤ ᠨᠤᠭᠤᠳ ᠮᠠᠯᠵᠢᠬᠤ ᠲᠠᠷᠢᠶᠠᠯᠠᠬᠤ ᠣᠷᠣᠨ ᠤ | ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢᠨ ᠠᠵᠢᠯᠯᠠᠭᠠᠨ ᠢ ᠬᠠᠮᠠᠭᠠᠯᠠᠨ ᠬᠠᠮᠢᠶᠠᠷᠬᠤ ᠲᠤᠰᠬᠠᠢ | ᠵᠦᠢᠯ ᠤᠨ ᠪᠡᠯᠡ ᠬᠥᠷᠥᠩᠭᠡ ᠶᠢ ᠨᠢᠭᠡᠳᠦᠯᠲᠡᠢ ᠲᠥᠯᠥᠪᠯᠡᠵᠦ᠂ ᠲᠤᠰᠬᠠᠢ ᠲᠠᠩᠰᠠᠨ ᠡᠷᠦᠬᠡ ᠪᠠᠶᠢᠭᠤᠯᠤᠨ᠂ ᠲᠤᠰᠬᠠᠢ | ᠵᠣᠭᠤᠰ ᠢ ᠲᠤᠰᠬᠠᠢ ᠵᠦᠢᠯ ᠳᠤ ᠬᠡᠷᠡᠭᠯᠡᠬᠦ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ | ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢᠨ ᠠᠵᠢᠯᠯᠠᠭᠠᠨ ᠢ ᠠᠷᠠᠴᠢᠯᠠᠨ ᠬᠠᠮᠠᠭᠠᠯᠠᠬᠤ ᠵᠠᠷᠤᠳᠠᠯ ᠢ ᠵᠢᠯ ᠪᠦᠷᠢ | ᠳᠤᠮᠳᠠᠴᠢ ᠪᠠᠷ 20 ᠲᠦᠮᠡᠨ ᠲᠥᠭᠦᠷᠢᠭ ᠣᠷᠴᠢᠮ ︵ᠪᠡᠯᠡᠳᠬᠡᠮᠵᠢ ᠶᠢᠨ ᠬᠠᠮᠢᠶᠠᠷᠤᠭᠴᠢ ᠶᠢᠨ ᠨᠥᠬᠦᠪᠦᠷᠢ᠂ | ᠴᠠᠬᠢᠯᠭᠠᠨ ᠤ ᠵᠠᠷᠤᠳᠠᠯ᠂ ᠰᠡᠯᠪᠢᠨ ᠵᠠᠰᠠᠬᠤ ᠵᠠᠷᠤᠳᠠᠯ ᠵᠡᠷᠭᠡ︶ ᠢᠶᠠᠷ ᠯᠠᠪᠯᠠᠯᠲᠠ ᠪᠣᠯᠭᠠᠨ᠎ᠠ᠃ ᠡᠳ᠋ ᠤᠨ ᠵᠠᠰᠠᠭ ᠠᠴᠠ | ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠭᠠᠴᠠᠭᠠᠨ ᠳᠤ ᠵᠢᠯ ᠪᠦᠷᠢ 18 ᠲᠦᠮᠡᠨ ᠲᠥᠭᠦᠷᠢᠭ ᠤᠨ ᠪᠡᠯᠡ | ᠬᠥᠷᠥᠩᠭᠡ ᠶᠢᠨ ᠨᠥᠬᠦᠪᠦᠷᠢ ᠣᠯᠭᠤᠨ ᠥᠭᠴᠦ᠂ ᠦᠯᠡᠳᠡᠭᠰᠡᠨ ᠪᠡᠯᠡ ᠬᠥᠷᠥᠩᠭᠡ ᠶᠢ ᠭᠠᠴᠠᠭᠠᠨ ᠤ ᠬᠠᠮᠲᠤ | ᠨᠡᠶᠢᠲᠡ ᠠᠴᠠ ᠡᠭᠦᠷᠭᠡᠯᠡᠨ᠎ᠡ᠃ ᠡᠯ᠎ᠡ ᠰᠤᠮᠤ᠂ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠲᠤᠰ | ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ | ᠶᠢ ᠰᠢᠢᠳᠪᠦᠷᠢᠯᠡᠬᠦ ᠲᠥᠬᠦᠭᠡᠷᠦᠮᠵᠢ ᠶᠢᠨ ᠠᠷᠠᠴᠢᠯᠠᠨ ᠬᠠᠮᠠᠭᠠᠯᠠᠬᠤ ᠵᠠᠷᠤᠳᠠᠯ ᠤᠨ ᠨᠥᠬᠦᠪᠦᠷᠢ ᠶᠢ ᠬᠡᠷᠡᠭᠵᠢᠭᠦᠯᠬᠦ | ᠪᠣᠳᠠᠲᠠᠢ ᠨᠠᠷᠢᠨ ᠳᠦᠷᠢᠮ ᠢ ᠲᠣᠭᠲᠠᠭᠠᠵᠤ ᠪᠣᠯᠣᠨ᠎ᠠ᠃ ᠳᠡᠭᠡᠳᠦ ᠱᠠᠲᠤᠨ ᠤ ᠨᠥᠬᠦᠪᠦᠷᠢ ᠶᠢᠨ ᠪᠡᠯᠡ ᠬᠥᠷᠥᠩᠭᠡ ︵ | ᠬᠤᠰᠢᠭᠤᠨ ᠤ ᠵᠠᠰᠠᠭ ᠤᠨ ᠣᠷᠳᠣᠨ ᠪᠠᠭᠲᠠᠨ᠎ᠠ︶᠂ ᠰᠤᠮᠤ᠂ ᠪᠠᠯᠭᠠᠰᠤ ᠶᠢᠨ ᠢᠵᠢ ᠪᠦᠷᠢᠳᠦᠭᠦᠯᠬᠦ ᠨᠥᠬᠦᠪᠦᠷᠢ ᠶᠢᠨ | ᠪᠡᠯᠡ ᠬᠥᠷᠥᠩᠭᠡ ᠶᠢ ᠡᠯ᠎ᠡ ᠵᠠᠰᠠᠭ ᠵᠠᠬᠢᠷᠭᠠᠨ ᠤ ᠲᠣᠰᠬᠤᠨ ᠤ ᠪᠣᠬᠢᠷ ᠤᠰᠤ ᠶᠢ ᠰᠢᠢᠳᠪᠦᠷᠢᠯᠡᠬᠦ ᠵᠠᠭᠪᠤᠷ᠂ ᠪᠣᠬᠢᠷ | ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢᠨ ᠲᠤᠭ᠎ᠠ᠂ ᠬᠤᠭᠤᠯᠠᠢ ᠶᠢᠨ ᠲᠣᠣᠷ ᠤᠨ ᠣᠷᠳᠣ ᠶᠢᠨ ᠬᠡᠮᠵᠢᠶ᠎ᠡ᠂ ᠵᠠᠯᠭᠠᠵᠤ | ᠣᠷᠣᠭᠤᠯᠤᠭᠰᠠᠨ ᠡᠷᠦᠬᠡ ᠶᠢᠨ ᠲᠤᠭ᠎ᠠ ᠵᠡᠷᠭᠡ ᠪᠠᠶᠢᠳᠠᠯ ᠢ ᠦᠨᠳᠦᠰᠦᠯᠡᠨ ᠵᠥᠷᠢᠶᠡᠲᠦ ᠨᠥᠬᠦᠪᠦᠷᠢ ᠶᠢ ᠬᠡᠷᠡᠭᠵᠢᠭᠦᠯᠬᠦ | ᠪᠤᠶᠤ ᠭᠤᠷᠪᠠᠳᠠᠭᠢ ᠡᠲᠡᠭᠡᠳ ᠤᠨ ᠠᠵᠢᠯᠯᠠᠭᠠᠨ ᠢ ᠬᠠᠮᠠᠭᠠᠯᠠᠨ ᠬᠠᠮᠢᠶᠠᠷᠬᠤ ᠳᠤ ᠬᠡᠷᠡᠭᠯᠡᠨ᠎ᠡ᠃ | | ᠠᠷᠪᠠ ᠶᠢᠰᠦᠳᠦᠭᠡᠷ ᠵᠦᠢᠯ ᠡᠯ᠎ᠡ ᠰᠤᠮᠤ᠂ ᠪᠠᠯᠭᠠᠰᠤ ᠨᠤᠭᠤᠳ ᠡᠯ᠎ᠡ ᠵᠠᠰᠠᠭ ᠵᠠᠬᠢᠷᠭᠠᠨ ᠤ | ᠲᠣᠰᠬᠤᠨ ᠤ ᠰᠢᠯᠭᠠᠨ ᠬᠢᠨᠠᠭᠰᠠᠨ ᠦᠷ᠎ᠡ ᠳ᠋ᠦᠩ ᠪᠠ ᠨᠥᠬᠦᠪᠦᠷᠢ ᠶᠢᠨ ᠬᠡᠷᠡᠭᠵᠢᠭᠦᠯᠬᠦ ᠨᠠᠷᠢᠨ ᠳᠦᠷᠢᠮ ᠤᠨ ᠶᠣᠰᠣᠭᠠᠷ | ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢᠨ ᠠᠷᠠᠴᠢᠯᠠᠨ | ᠬᠠᠮᠠᠭᠠᠯᠠᠬᠤ ᠵᠠᠷᠤᠳᠠᠯ ᠢ ᠰᠠᠯᠭᠠᠨ ᠥᠭᠬᠦ ᠶᠢ ᠬᠠᠷᠢᠭᠤᠴᠠᠬᠤ ᠬᠡᠷᠡᠭᠲᠡᠢ᠃ | | ᠭᠤᠷᠪᠠᠳᠠᠭᠢ ᠡᠲᠡᠭᠡᠳ ᠨᠢ ᠠᠵᠢᠯᠯᠠᠭᠠᠨ ᠢ ᠬᠠᠮᠠᠭᠠᠯᠠᠨ ᠬᠠᠮᠢᠶᠠᠷᠬᠤ ᠠᠷᠭ᠎ᠠ ᠮᠠᠶ᠋ᠢᠭ ᠢ ᠨᠠᠶᠢᠳᠠᠨ | ᠬᠠᠮᠢᠶᠠᠷᠤᠭᠰᠠᠨ ᠪᠠᠶᠢᠪᠠᠯ᠂ ᠭᠡᠷ᠎ᠡ ᠳᠤ ᠪᠣᠯᠵᠣᠨ ᠲᠣᠭᠲᠠᠭᠰᠠᠨ ᠪᠠ ᠬᠠᠮᠢᠶ᠎ᠠ ᠪᠦᠬᠦᠢ ᠰᠢᠯᠭᠠᠨ ᠬᠢᠨᠠᠭᠰᠠᠨ ᠦᠷ᠎ᠡ | ᠳ᠋ᠦᠩ ᠤᠨ ᠶᠣᠰᠣᠭᠠᠷ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ | ᠪᠡᠯᠡᠳᠬᠡᠮᠵᠢ ᠶᠢᠨ ᠠᠵᠢᠯᠯᠠᠭᠤᠯᠵᠤ ᠪᠠᠲᠤᠯᠠᠬᠤ ᠵᠠᠷᠤᠳᠠᠯ ᠢ ᠰᠠᠯᠭᠠᠨ ᠥᠭᠬᠦ ᠬᠡᠷᠡᠭᠲᠡᠢ᠃ | | ᠬᠤᠷᠢᠳᠤᠭᠠᠷ ᠵᠦᠢᠯ ᠬᠤᠰᠢᠭᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠲᠣᠰ ᠵᠠᠰᠠᠭ | ᠵᠠᠬᠢᠷᠭᠠᠨ ᠤ ᠣᠷᠣᠨ ᠤ ᠳᠣᠲᠣᠷᠠᠬᠢ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ | ᠰᠢᠢᠳᠪᠦᠷᠢᠯᠡᠬᠦ ᠪᠡᠯᠡᠳᠬᠡᠮᠵᠢ ᠶᠢᠨ ᠠᠷᠠᠴᠢᠯᠠᠨ ᠬᠠᠮᠠᠭᠠᠯᠠᠬᠤ ᠵᠠᠷᠤᠳᠠᠯ ᠢ ᠬᠢᠨᠠᠨ ᠬᠠᠷᠭᠤᠭᠤᠯᠵᠤ ᠰᠠᠯᠭᠠᠨ ᠥᠭᠬᠦ ᠶᠢ | ᠬᠠᠷᠢᠭᠤᠴᠠᠵᠤ᠂ ᠪᠡᠯᠡ ᠬᠥᠷᠥᠩᠭᠡ ᠶᠢ ᠵᠢᠷᠤᠮᠵᠢᠭᠤᠯᠤᠨ ᠬᠡᠷᠡᠭᠯᠡᠬᠦ ᠳᠤ ᠬᠢᠨᠠᠯᠲᠠ ᠲᠠᠯᠪᠢᠨ᠎ᠠ᠃ | | ᠵᠢᠷᠭᠤᠳᠤᠭᠠᠷ ᠪᠦᠯᠦᠭ ᠬᠠᠮᠠᠭᠠᠯᠠᠯᠲᠠ ᠬᠠᠮᠢᠶᠠᠷᠤᠯᠲᠠ ᠶᠢᠨ ᠬᠢᠨᠠᠨ ᠰᠢᠯᠭᠠᠬᠤ ᠵᠢᠴᠢ ᠬᠠᠷᠢᠭᠤᠴᠠᠯᠭ᠎ᠠ | ᠨᠡᠬᠡᠮᠵᠢᠯᠡᠬᠦ | | ᠬᠤᠷᠢᠨ ᠨᠢᠭᠡᠳᠦᠭᠡᠷ ᠵᠦᠢᠯ ᠠᠵᠢᠯᠯᠠᠭᠠᠨ ᠢ ᠬᠠᠮᠠᠭᠠᠯᠠᠨ ᠬᠠᠮᠢᠶᠠᠷᠬᠤ ᠠᠵᠢᠯ ᠳᠤ ᠰᠢᠯᠭᠠᠨ ᠬᠢᠨᠠᠬᠤ | ᠳᠦᠷᠢᠮ ᠢ ᠬᠡᠷᠡᠭᠵᠢᠭᠦᠯᠵᠦ᠂ ᠰᠢᠯᠭᠠᠨ ᠬᠢᠨᠠᠬᠤ ᠳᠤ ᠲᠣᠭᠲᠠᠮᠠᠯ ᠬᠤᠭᠤᠴᠠᠭ᠎ᠠ ᠲᠠᠢ᠂ ᠲᠣᠭᠲᠠᠮᠠᠯ ᠪᠤᠰᠤ | ᠬᠤᠭᠤᠴᠠᠭ᠎ᠠ ᠲᠠᠢ ᠪᠠᠷ ᠰᠢᠯᠭᠠᠨ ᠬᠢᠨᠠᠬᠤ ᠬᠤᠶᠠᠷ ᠵᠦᠢᠯ ᠤᠨ ᠠᠷᠭ᠎ᠠ ᠮᠠᠶ᠋ᠢᠭ ᠢ ᠬᠡᠷᠡᠭᠯᠡᠨ᠎ᠡ᠃ ᠲᠣᠭᠲᠠᠮᠠᠯ | ᠬᠤᠭᠤᠴᠠᠭ᠎ᠠ ᠲᠠᠢ ᠪᠠᠷ ᠰᠢᠯᠭᠠᠨ ᠬᠢᠨᠠᠬᠤ ᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠲᠦᠷᠦᠭᠦᠯᠡᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠵᠢᠯ ᠪᠦᠷᠢ ᠡᠯ᠎ᠡ ᠰᠤᠮᠤ᠂ ᠪᠠᠯᠭᠠᠰᠤ ᠶᠢᠨ ᠮᠠᠯᠵᠢᠬᠤ | ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢᠨ ᠠᠵᠢᠯᠯᠠᠭᠠᠨ ᠢ | ᠬᠠᠮᠠᠭᠠᠯᠠᠨ ᠬᠠᠮᠢᠶᠠᠷᠴᠤ ᠪᠠᠶᠢᠭ᠎ᠠ ᠪᠠᠶᠢᠳᠠᠯ ᠳᠤ ᠰᠢᠯᠭᠠᠨ ᠬᠢᠨᠠᠨ᠎ᠠ᠃ ᠰᠤᠮᠤ᠂ ᠪᠠᠯᠭᠠᠰᠤ ᠶᠢᠨ ᠠᠷᠠᠳ ᠤᠨ ᠵᠠᠰᠠᠭ ᠤᠨ | ᠣᠷᠳᠣᠨ ᠨᠢ ᠬᠠᠭᠠᠰ ᠵᠢᠯ ᠪᠦᠷᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠮᠠᠯᠵᠢᠬᠤ ᠲᠠᠷᠢᠶᠠᠯᠠᠬᠤ | ᠣᠷᠣᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢᠨ ᠠᠵᠢᠯᠯᠠᠭᠠᠨ ᠢ ᠬᠠᠮᠠᠭᠠᠯᠠᠵᠤ | ᠬᠠᠮᠢᠶᠠᠷᠤᠭᠰᠠᠨ ᠪᠠᠶᠢᠳᠠᠯ ᠢ ᠰᠢᠯᠭᠠᠨ ᠬᠢᠨᠠᠨ᠎ᠠ᠃ ᠪᠡᠯᠡᠳᠬᠡᠮᠵᠢ ᠶᠢᠨ ᠠᠵᠢᠯᠯᠠᠭᠠᠨ ᠤ ᠪᠠᠶᠢᠳᠠᠯ᠂ ᠤᠰᠤ ᠭᠠᠷᠬᠤ | ᠠᠮᠠᠰᠠᠷ ᠤᠨ ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠪᠠᠶᠢᠳᠠᠯ᠂ ᠪᠡᠯᠡ ᠬᠥᠷᠥᠩᠭᠡ ᠶᠢ | ᠪᠣᠳᠠᠲᠠᠶᠢᠵᠢᠭᠤᠯᠤᠭᠰᠠᠨ ᠪᠠᠶᠢᠳᠠᠯ ᠵᠢᠴᠢ ᠡᠬᠡ ᠲᠠᠩᠰᠠ ᠶᠢᠨ ᠪᠦᠷᠢᠨ ᠪᠦᠲᠦᠨ ᠪᠠᠶᠢᠳᠠᠯ ᠢᠶᠠᠷ ᠯᠠᠪᠯᠠᠯᠲᠠ ᠪᠣᠯᠭᠠᠵᠤ | ᠪᠠᠶᠢᠭᠠᠳ ᠰᠢᠯᠭᠠᠨ ᠬᠢᠨᠠᠬᠤ ᠠᠭᠤᠯᠭ᠎ᠠ ᠶᠢ ᠲᠣᠭᠲᠠᠭᠠᠨ᠎ᠠ᠃ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠢᠯᠭᠠᠨ | ᠬᠢᠨᠠᠬᠤ ᠶᠢ ᠬᠤᠰᠢᠭᠤ᠂ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠪᠣᠳᠠᠲᠤ ᠬᠡᠷᠡᠭᠴᠡᠭᠡ ᠪᠠᠨ | ᠦᠨᠳᠦᠰᠦᠯᠡᠨ ᠰᠢᠯᠭᠠᠨ ᠬᠢᠨᠠᠨ᠎ᠠ᠃ | | ᠬᠤᠷᠢᠨ ᠬᠤᠶᠠᠳᠤᠭᠠᠷ ᠵᠦᠢᠯ ᠬᠠᠮᠠᠭᠠᠯᠠᠵᠤ ᠬᠠᠮᠢᠶᠠᠷᠤᠭᠰᠠᠨ ᠨᠢ ᠮᠠᠭᠤ ᠠᠴᠠ ᠪᠣᠯᠵᠤ ᠬᠥᠮᠥᠨ ᠤ | ᠪᠡᠶ᠎ᠡ ᠶᠢ ᠭᠡᠮᠲᠦᠭᠡᠭᠰᠡᠨ ᠡ᠊ᠨᠳᠡᠯ ᠪᠤᠶᠤ ᠡᠳ᠋ ᠬᠥᠷᠥᠩᠭᠡ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠠᠵᠢᠯᠯᠠᠭᠠᠨ ᠤ | ᠬᠠᠮᠢᠶᠠᠷᠤᠯᠲᠠ ᠶᠢᠨ ᠨᠢᠭᠡᠴᠢ ᠠᠴᠠ ᠲᠦᠯᠦᠬᠦ ᠬᠠᠷᠢᠭᠤᠴᠠᠯᠭ᠎ᠠ ᠪᠠ ᠬᠠᠤᠯᠢ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | | ᠬᠤᠷᠢᠨ ᠭᠤᠷᠪᠠᠳᠤᠭᠠᠷ ᠵᠦᠢᠯ ᠬᠠᠮᠢᠶᠠᠷᠤᠯᠲᠠ ᠮᠠᠭᠤ ᠠᠴᠠ ᠪᠣᠯᠣᠭᠠᠳ ᠲᠠᠷᠢᠶᠠᠯᠠᠬᠤ ᠮᠠᠯᠵᠢᠬᠤ | ᠣᠷᠣᠨ ᠤ ᠠᠮᠢᠳᠤᠷᠠᠯ ᠤᠨ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢᠨ ᠮᠠᠰᠢᠨ ᠴᠠᠬᠢᠯᠭᠠᠨ ᠤ ᠲᠥᠬᠦᠭᠡᠷᠦᠮᠵᠢ ︵ | ᠴᠠᠬᠢᠯᠭᠠᠨ ᠬᠥᠳᠡᠯᠭᠡᠭᠦᠷ᠂ ᠤᠰᠤᠨ ᠬᠥᠭᠡᠷᠭᠡ᠂ ᠰᠠᠯᠬᠢᠨ ᠤ ᠮᠠᠰᠢᠨ ᠵᠡᠷᠭᠡ ᠪᠠᠭᠲᠠᠨ᠎ᠠ︶ ᠨᠢ ᠬᠤᠯᠠᠭᠠᠶᠢᠯᠠᠭᠳᠠᠭᠰᠠᠨ | ᠪᠤᠶᠤ ᠡᠪᠳᠡᠭᠳᠡᠭᠰᠡᠨ ᠪᠣᠯ ᠠᠵᠢᠯᠯᠠᠭᠠᠨ ᠤ ᠬᠠᠮᠢᠶᠠᠷᠤᠯᠲᠠ ᠶᠢᠨ ᠨᠢᠭᠡᠴᠡ ᠠᠴᠠ ᠬᠠᠷᠢᠭᠤᠴᠠᠵᠤ ᠪᠠᠶᠢᠭᠠᠳ ᠨᠥᠬᠦᠵᠦ | ᠭᠦᠢᠴᠡᠭᠡᠬᠦ ᠪᠤᠶᠤ ᠰᠣᠯᠢᠬᠤ ᠬᠡᠷᠡᠭᠲᠡᠢ᠃ | | ᠬᠤᠷᠢᠨ ᠳᠥᠷᠪᠡᠳᠦᠭᠡᠷ ᠵᠦᠢᠯ ᠭᠠᠳᠠᠭᠰᠢᠯᠠᠭᠤᠯᠤᠯᠲᠠ ᠨᠢ ᠪᠠᠷᠢᠮᠵᠢᠶ᠎ᠠ ᠳᠤ ᠬᠦᠷᠦᠭᠰᠡᠨ ᠦᠭᠡᠢ ᠠᠴᠠ | ᠪᠣᠯᠵᠤ ᠣᠷᠴᠢᠨ ᠠᠬᠤᠢ ᠶᠢ ᠪᠣᠬᠢᠷᠲᠤᠭᠤᠯᠤᠭᠰᠠᠨ ᠪᠠᠶᠢᠪᠠᠯ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠤᠨ ᠶᠣᠰᠣᠭᠠᠷ ᠰᠢᠢᠳᠪᠦᠷᠢᠯᠡᠨ᠎ᠡ᠃ | | ᠳᠣᠯᠣᠳᠤᠭᠠᠷ ᠪᠦᠯᠦᠭ ᠬᠠᠪᠰᠤᠷᠤᠯᠲᠠ ᠳᠦᠷᠢᠮ | | ᠬᠤᠷᠢᠨ ᠲᠠᠪᠤᠳᠤᠭᠠᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ | | | | | |