ᠠᠯᠠᠱᠠ ᠵᠡᠭᠦᠨ ᠬᠤᠰᠢᠭᠤᠨ ᠤ ᠭᠤᠣᠯᠳᠠᠯᠭ᠎ᠠ ᠲᠠᠢ ᠪᠦᠲᠦᠭᠡᠨ ᠪᠠᠶᠢᠭᠤᠯᠬᠤ ᠲᠥᠷᠥᠯ ᠵᠦᠢᠯ ᠤᠨ ᠬᠢᠨᠠᠨ ᠡᠵᠡᠮᠳᠡᠬᠦ ᠬᠠᠮᠢᠶᠠᠷᠤᠯᠲᠠ ᠶᠢᠨ ᠠᠷᠭ᠎ᠠ
ᠨᠡᠶᠢᠲᠡᠯᠡᠭᠰᠡᠨ ᠴᠠᠭ᠄
2022/9/30
                ᠨᠢᠭᠡᠳᠦᠭᠡᠷ ᠪᠦᠯᠦᠭ ᠶᠡᠷᠦᠩᠬᠡᠢ ᠳᠦᠷᠢᠮ       ᠨᠢᠭᠡᠳᠦᠭᠡᠷ ᠵᠦᠢᠯ       ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠬᠢᠨᠠᠨ ᠡᠵᠡᠮᠳᠡᠬᠦ ᠪᠠ ᠬᠠᠮᠢᠶᠠᠷᠬᠤ ᠶᠢ ᠴᠢᠩᠭᠠᠳᠬᠠᠨ᠂ ᠣᠨ ᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢᠨ ᠤᠷᠤᠭᠰᠢᠲᠠᠢ ᠪᠡᠶᠡᠯᠡᠭᠳᠡᠬᠦ ᠶᠢ ᠦᠨᠡᠨᠬᠦ ᠪᠠᠲᠤᠯᠠᠬᠤ ᠶᠢᠨ ᠲᠤᠰᠠᠳᠠ᠂ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠣᠨ ᠴᠢᠬᠤᠯᠠ ᠶᠡᠭᠡ ᠡᠮᠦᠨᠡᠬᠢ ᠬᠤᠭᠤᠴᠠᠭᠠᠨ ᠤ ᠲᠥᠷᠥᠯ ᠵᠦᠢᠯ ᠤᠨ ᠬᠠᠷᠢᠭᠤᠴᠠᠯᠭ᠎ᠠ ᠶᠢᠨ ᠳᠦᠷᠢᠮ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃       ᠬᠤᠶᠠᠳᠤᠭᠠᠷ ᠪᠦᠯᠦᠭ ᠵᠦᠢᠯᠡᠰ ᠢ ᠬᠠᠮᠢᠶᠠᠷᠬᠤ ᠪᠠ ᠬᠢᠨᠠᠨ ᠡᠵᠡᠮᠳᠡᠬᠦ       ᠬᠤᠶᠠᠳᠤᠭᠠᠷ ᠵᠦᠢᠯ       ᠬᠠᠷᠢᠭᠤᠴᠠᠯᠭ᠎ᠠ ᠶᠢᠨ ᠳᠦᠷᠢᠮ ‍ᠦᠨ‌ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠭᠲᠠᠭᠠᠭᠰᠠᠨ ᠣᠨ ᠤ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠴᠢᠬᠤᠯᠠ ᠶᠡᠭᠡ ᠡᠮᠦᠨᠡᠬᠢ ᠬᠤᠭᠤᠴᠠᠭᠠᠨ ᠤ ᠲᠥᠷᠥᠯ ᠵᠦᠢᠯ ᠤᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠳᠤ ᠬᠠᠷᠢᠭᠤᠴᠠᠯᠭ᠎ᠠ ᠶᠢᠨ ᠳᠦᠷᠢᠮ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠣᠨ ᠤ ᠰᠠᠯᠠᠭ᠎ᠠ ᠮᠥᠴᠢᠷ ᠵᠢᠴᠢ ᠤᠳᠤᠷᠢᠳᠬᠤ ᠺᠠᠳ᠋ᠷ ᠤᠨ ᠪᠣᠳᠠᠲᠤ ᠠᠮᠵᠢᠯᠲᠠ ᠶᠢ ᠬᠢᠨᠠᠨ ᠰᠢᠯᠭᠠᠬᠤ ᠰᠢᠰᠲ᠋ᠧᠮ ᠳᠤ ᠣᠷᠣᠭᠤᠯᠤᠨ᠎ᠠ‌ᠬᠤᠰᠢᠭᠤᠨ ᠤ ᠱᠠᠲᠤᠨ ᠤ ᠡᠯ᠎ᠡ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠡᠯ᠎ᠡ ᠬᠤᠰᠢᠭᠤ ᠭᠠᠵᠠᠷ ᠤᠨ ᠱᠠᠲᠤᠨ ᠤ ᠤᠳᠤᠷᠢᠳᠤᠯᠭ᠎ᠠ ᠲᠥᠷᠥᠯ ᠵᠦᠢᠯ ᠢ ᠬᠡᠷᠡᠭᠵᠢᠭᠦᠯᠬᠦ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠡᠯ᠎ᠡ ᠰᠤᠮᠤ ᠪᠠᠯᠭᠠᠰᠤ ᠪᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠲᠡᠭᠦᠨ ᠤ ᠭᠤᠣᠯ ᠬᠠᠷᠢᠭᠤᠴᠠᠯᠭᠠᠲᠠᠨ ᠨᠢ ᠲᠥᠷᠥᠯ ᠵᠦᠢᠯ ᠢ ᠬᠡᠷᠡᠭᠵᠢᠭᠦᠯᠬᠦ ᠬᠠᠷᠢᠭᠤᠴᠠᠯᠭᠠᠲᠤ ᠨᠢᠭᠡᠴᠡ ᠪᠠ ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠬᠠᠷᠠᠯᠲᠠ ᠪᠠᠨ ᠲᠣᠳᠣᠷᠬᠠᠶᠢᠯᠠᠨ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠲᠥᠷᠥᠯ ᠵᠦᠢᠯ ᠤᠨ ᠡᠯ᠎ᠡ ᠭᠤᠭᠴᠤᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠨ᠎ᠠ᠃ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠎ ᠨᠢ ᠲᠥᠷᠥᠯ ᠵᠦᠢᠯ ᠢ ᠴᠤᠭᠯᠠᠭᠤᠯᠬᠤ᠂ ᠰᠢᠭᠰᠢᠨ ᠰᠣᠩᠭᠤᠬᠤ᠂ ᠡᠮᠬᠢᠯᠡᠬᠦ ᠪᠠ ᠶᠡᠷᠦᠩᠬᠡᠶᠢᠯᠡᠨ ᠬᠢᠨᠠᠨ ᠡᠵᠡᠮᠳᠡᠵᠦ ᠲᠣᠬᠢᠷᠠᠭᠤᠯᠬᠤ ᠠᠵᠢᠯ ᠢ ᠬᠠᠷᠢᠭᠤᠴᠠᠵᠤ᠂ ᠴᠠᠭ ᠲᠤᠬᠠᠢ ᠳᠤᠨᠢ ᠬᠤᠰᠢᠭᠤᠨ ᠤ ᠵᠠᠰᠠᠭ ᠤᠨ ᠣᠷᠳᠣᠨ ᠳᠤ ᠮᠡᠳᠡᠭᠦᠯᠦᠨ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠣᠰ ᠵᠢᠯ ᠤᠨ ᠲᠥᠷᠥᠯ ᠵᠦᠢᠯ ᠤᠨ ᠠᠵᠢᠯ ᠡᠬᠢᠯᠡᠭᠦᠯᠦᠭᠰᠡᠨ ᠨᠣᠷᠮ᠎ᠠ ᠶᠢ 6 ᠰᠠᠷ᠎ᠠ ᠶᠢᠨ ᠰᠡᠭᠦᠯᠴᠢ ᠳᠤ 70%᠎ ᠳᠤ ᠬᠦᠷᠭᠡᠵᠦ᠂ 9 ᠰᠠᠷ᠎ᠠ ᠶᠢᠨ ᠰᠡᠭᠦᠯᠴᠢ ᠳᠤ 90%᠎ ᠳᠤ ᠬᠦᠷᠭᠡᠵᠦ᠂ 10 ᠰᠠᠷ᠎ᠠ ᠶᠢᠨ ᠰᠡᠭᠦᠯᠴᠢ ᠳᠤ ᠪᠦᠬᠦᠨ ᠢ ᠠᠵᠢᠯ ᠡᠬᠢᠯᠡᠭᠦᠯᠬᠦ ᠶᠢ ᠪᠠᠲᠤᠯᠠᠨ᠎ᠠ᠃       ᠭᠤᠷᠪᠠᠳᠤᠭᠠᠷ ᠵᠦᠢᠯ       ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠤᠨ᠎ᠠ᠃        ︵ᠨᠢᠭᠡ︶ ᠲᠥᠷᠥᠯ ᠵᠦᠢᠯ ᠲᠣᠬᠢᠷᠠᠭᠤᠯᠬᠤ ᠬᠠᠮᠲᠤᠷᠠᠭᠰᠠᠨ ᠬᠤᠷᠠᠯ ᠢ ᠵᠣᠬᠢᠶᠠᠨ ᠪᠠᠶᠢᠭᠤᠯᠬᠤ ᠪᠠ ᠬᠤᠷᠠᠯᠳᠤᠭᠤᠯᠬᠤ ᠠᠷᠭ᠎ᠠ ᠮᠠᠶ᠋ᠢᠭ       ᠬᠤᠷᠠᠯᠳᠤᠭᠠᠨ ᠢ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠵᠦᠢᠯᠡᠰ᠂ ᠴᠢᠬᠤᠯᠠ ᠶᠡᠭᠡ ᠡᠮᠦᠨᠡᠬᠢ ᠬᠤᠭᠤᠴᠠᠭᠠᠨ ᠤ ᠵᠦᠢᠯᠡᠰ ᠢ ᠬᠢᠨᠠᠨ ᠵᠥᠪᠰᠢᠶᠡᠷᠡᠭᠰᠡᠨ ᠪᠠᠶᠢᠳᠠᠯ᠂ ᠠᠬᠢᠴᠠ ᠶᠢᠨ ᠪᠠᠶᠢᠳᠠᠯ ᠪᠠ ᠬᠡᠷᠡᠭᠵᠢᠭᠦᠯᠬᠦ ᠳᠤᠮᠳᠠ ᠣᠷᠣᠰᠢᠵᠤ ᠪᠠᠶᠢᠭ᠎ᠠ ᠠᠰᠠᠭᠤᠳᠠᠯ᠂ ᠬᠦᠴᠢᠷᠳᠡᠯ ᠢ ᠦᠨᠳᠦᠰᠦᠯᠡᠨ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ ᠬᠤᠷᠠᠯᠳᠤᠭᠤᠯᠤᠨ᠎ᠠ᠃ ᠰᠠᠷ᠎ᠠ ᠪᠦᠷᠢ ᠬᠥᠭᠵᠢᠭᠦᠯᠦᠯᠲᠡ ᠥᠭᠡᠷᠡᠴᠢᠯᠡᠯᠲᠡ ᠶᠢᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠬᠤᠰᠢᠭᠤᠨ ᠤ ᠳᠠᠷᠤᠭ᠎ᠠ ᠠᠴᠠ ᠨᠢᠭᠡ ᠤᠳᠠᠭ᠎ᠠ ᠡᠷᠭᠢᠯᠡᠨ ᠬᠤᠷᠠᠯᠳᠤᠭᠤᠯᠤᠨ᠎ᠠ ︵ᠪᠣᠳᠠᠲᠠᠢ ᠠᠵᠢᠯ ᠤᠨ ᠠᠬᠢᠴᠠ ᠶᠢᠨ ᠪᠠᠶᠢᠳᠠᠯ ᠢ ᠦᠨᠳᠦᠰᠦᠯᠡᠨ᠂ ᠬᠡᠵᠢᠶ᠎ᠡ ᠴᠦ ᠵᠣᠬᠢᠶᠠᠨ ᠪᠠᠶᠢᠭᠤᠯᠵᠤ ᠬᠤᠷᠠᠯᠳᠤᠭᠤᠯᠵᠤ ᠪᠣᠯᠣᠨ᠎ᠠ︶᠃ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠠᠮᠢ ᠠᠬᠤᠢ ᠶᠢᠨ ᠣᠷᠴᠢᠨ ᠨᠥᠬᠦᠴᠡᠯ ᠤᠨ ᠬᠤᠪᠢᠶᠠᠷᠢ ᠲᠣᠪᠴᠢᠶ᠎ᠠ᠂ ᠤᠯᠤᠰ ᠤᠨ ᠭᠠᠵᠠᠷ ᠰᠢᠷᠣᠢ ᠶᠢᠨ ᠲᠣᠪᠴᠢᠶ᠎ᠠ ᠵᠡᠷᠭᠡ ᠲᠥᠷᠥᠯ ᠵᠦᠢᠯ ᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠂ ᠲᠥᠷᠥᠯ ᠵᠦᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠠᠮᠢᠶ᠎ᠠ ᠪᠦᠬᠦᠢ ᠲᠥᠷᠥᠯ ᠵᠦᠢᠯ ᠤᠨ ᠨᠢᠭᠡᠴᠡ ᠵᠢᠴᠢ ᠬᠤᠰᠢᠭᠤᠨ ᠤ ᠨᠠᠮ ᠤᠨ ᠬᠤᠷᠢᠶ᠎ᠠ ᠶᠢᠨ ᠰᠢᠮᠳᠠᠭᠤᠯᠤᠨ ᠪᠠᠶᠢᠴᠠᠭᠠᠬᠤ ᠲᠠᠰᠤᠭ᠂ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠲᠠᠰᠤᠭ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠤ ᠣᠷᠣᠯᠴᠠᠭᠰᠠᠨ ᠬᠤᠷᠠᠯ ᠤᠨ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠶᠢ ᠪᠦᠷᠢᠯᠳᠦᠭᠦᠯᠦᠨ᠎ᠡ᠃        ︵ᠬᠤᠶᠠᠷ︶ ᠲᠥᠷᠥᠯ ᠵᠦᠢᠯ ᠲᠣᠬᠢᠷᠠᠭᠤᠯᠬᠤ ᠬᠠᠮᠲᠤᠷᠠᠭᠰᠠᠨ ᠬᠤᠷᠠᠯ ᠤᠨ ᠭᠤᠣᠯ ᠠᠵᠢᠯ ᠤᠨ ᠡᠭᠦᠷᠭᠡ ᠬᠠᠷᠢᠭᠤᠴᠠᠯᠭ᠎ᠠ       1. ᠬᠤᠷᠠᠯ ᠠᠴᠠ ᠭᠤᠣᠯᠳᠠᠭᠤ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠵᠦᠢᠯᠡᠰ᠂ ᠴᠢᠬᠤᠯᠠ ᠶᠡᠭᠡ ᠡᠮᠦᠨᠡᠬᠢ ᠬᠤᠭᠤᠴᠠᠭᠠᠨ ᠤ ᠵᠦᠢᠯᠡᠰ ᠤᠨ ᠬᠠᠮᠢᠶᠠᠷᠤᠯᠲᠠ ᠵᠢᠴᠢ ᠬᠤᠯᠪᠣᠭᠳᠠᠯ ᠪᠦᠬᠦᠢ ᠳᠦᠷᠢᠮ᠂ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠢ ᠰᠣᠯᠢᠯᠴᠠᠬᠤ ᠪᠠ ᠪᠠᠶᠢᠴᠠᠭᠠᠨ᠎ᠠ᠃       2% ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠴᠢᠬᠤᠯᠠ ᠶᠡᠭᠡ ᠡᠮᠦᠨᠡᠬᠢ ᠬᠤᠭᠤᠴᠠᠭᠠᠨ ᠤ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠴᠣᠬᠤᠯᠠᠪᠤᠷᠢ ᠪᠣᠯᠣᠨ ᠬᠡᠷᠡᠭᠵᠢᠭᠦᠯᠦᠭᠰᠡᠨ ᠠᠬᠢᠴᠠ ᠶᠢᠨ ᠪᠠᠶᠢᠳᠠᠯ ᠢ ᠨᠠᠪᠲᠠᠷᠡᠭᠦᠯᠵᠦ᠂ ᠲᠥᠷᠥᠯ ᠵᠦᠢᠯ ᠤᠨ ᠠᠬᠢᠴᠠ ᠶᠢ ᠨᠥᠯᠥᠭᠡᠯᠡᠬᠦ ᠡᠯ᠎ᠡ ᠲᠥᠷᠥᠯ ᠤᠨ ᠵᠥᠷᠢᠴᠡᠯ ᠪᠣᠯᠣᠨ ᠬᠦᠴᠦᠨ ᠵᠦᠢᠯ      ᠎ ᠢ ᠵᠢᠭᠰᠠᠭᠠᠨ ᠪᠠᠶᠢᠴᠠᠭᠠᠬᠤ ᠪᠠ ᠵᠠᠳᠠᠯᠵᠤ᠂ ᠦᠨᠡᠨᠬᠦ ᠶᠠᠪᠤᠭᠳᠠᠭᠤᠰᠢᠲᠠᠢ ᠠᠵᠢᠯᠯᠠᠬᠤ ᠠᠷᠭ᠎ᠠ ᠪᠣᠯᠣᠨ ᠠᠷᠭᠠᠴᠠᠭᠠᠬᠤ ᠠᠷᠭ᠎ᠠ ᠬᠡᠮᠵᠢᠶ᠎ᠡ ᠶᠢ ᠳᠤᠷᠠᠳᠴᠤ᠂ ᠲᠦᠷᠭᠡᠬᠡᠨ ᠬᠠᠪᠰᠤᠷᠤᠨ ᠰᠢᠢᠳᠪᠦᠷᠢᠯᠡᠨ᠎ᠡ᠃       3% ᠲᠥᠷᠥᠯ ᠵᠦᠢᠯ ᠤᠨ ᠨᠠᠶᠢᠳᠠᠪᠤᠷᠢᠵᠢᠭᠤᠯᠤᠭᠳᠠᠬᠤ ᠶᠢ ᠬᠢᠵᠠᠭᠠᠷᠯᠠᠬᠤ ᠬᠦᠴᠦᠨ ᠵᠦᠢᠯ      ᠎ ᠢ ᠠᠷᠭᠠᠴᠠᠨ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠠᠪᠤᠴᠠ ᠶᠢ ᠪᠣᠭᠤᠨᠢᠰᠬᠠᠬᠤ ᠶᠠᠪᠤᠴᠠ ᠶᠢ ᠰᠤᠳᠤᠯᠤᠨ ᠲᠣᠭᠲᠠᠭᠠᠵᠤ᠂ ᠲᠥᠷᠥᠯ ᠵᠦᠢᠯ ᠤᠨ ᠨᠥᠭᠡᠴᠡᠯᠡᠬᠦ ᠶᠢ ᠴᠢᠩᠭᠠᠳᠬᠠᠨ᠂ ᠪᠦᠲᠦᠭᠡᠨ ᠪᠠᠶᠢᠭᠤᠯᠬᠤ ᠨᠥᠬᠦᠴᠡᠯ ᠢ ᠦᠨᠡᠨᠬᠦ ᠨᠠᠶᠢᠳᠠᠪᠤᠷᠢᠵᠢᠭᠤᠯᠵᠤ᠂ ᠢᠳᠡᠪᠬᠢᠲᠡᠢ ᠪᠠᠷ ᠪᠡᠯᠡ ᠬᠥᠷᠥᠩᠭᠡ ᠴᠤᠭᠯᠠᠭᠤᠯᠤᠨ᠂ ᠣᠷᠣᠭᠤᠯᠤᠯᠲᠠ ᠶᠢᠨ ᠡᠷᠴᠢᠮ ᠢᠶᠠᠨ ᠨᠡᠮᠡᠭᠳᠡᠭᠦᠯᠦᠨ᠂ ᠨᠢᠭᠡ ᠥᠷᠳᠡᠭᠡᠯᠢᠭ ᠠᠯᠪᠠᠯᠠᠬᠤ ᠬᠡᠯᠬᠢᠶ᠎ᠡ ᠦᠢᠯᠡᠴᠢᠯᠡᠭᠡᠨ ᠢ ᠪᠡᠶᠡᠯᠡᠭᠦᠯᠵᠦ᠂ ᠬᠠᠤᠯᠢ ᠶᠣᠰᠣᠭᠠᠷ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠶᠢ ᠪᠡᠶᠡᠯᠡᠭᠦᠯᠵᠦ᠂ ᠡᠯ᠎ᠡ ᠰᠠᠯᠠᠭ᠎ᠠ ᠮᠥᠴᠢᠷ ᠵᠣᠬᠢᠴᠠᠯᠳᠤᠨ ᠬᠠᠮᠵᠢᠯᠴᠠᠵᠤ ᠪᠠᠶᠢᠭᠠᠳ ᠠᠵᠢᠯ ᠤᠨ ᠨᠡᠶᠢᠯᠡᠯ ᠬᠦᠴᠦᠨ ᠢ ᠪᠤᠢ ᠪᠣᠯᠭᠠᠵᠤ᠂ ᠲᠥᠷᠥᠯ ᠵᠦᠢᠯ ᠤᠨ ᠬᠡᠷᠡᠭᠵᠢᠭᠦᠯᠬᠦ ᠠᠬᠢᠴᠠ ᠶᠢ ᠲᠦᠷᠭᠡᠳᠬᠡᠨ ᠠᠬᠢᠭᠤᠯᠤᠨ᠎ᠠ᠃       4. ᠣᠨ ᠤ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠴᠢᠬᠤᠯᠠ ᠶᠡᠭᠡ ᠡᠮᠦᠨᠡᠬᠢ ᠬᠤᠭᠤᠴᠠᠭᠠᠨ ᠤ ᠲᠥᠷᠥᠯ ᠵᠦᠢᠯ ᠵᠢᠴᠢ ᠲᠥᠷᠥᠯ ᠵᠦᠢᠯ ᠳᠤ ᠲᠣᠬᠢᠷᠠᠭᠤᠯᠤᠯᠲᠠ ᠬᠢᠵᠦ ᠰᠣᠯᠢᠬᠤ ᠠᠰᠠᠭᠤᠳᠠᠯ ᠢ ᠰᠤᠳᠤᠯᠤᠨ ᠲᠣᠭᠲᠠᠭᠠᠨ᠎ᠠ᠃       5. ᠠᠬᠢᠴᠠ ᠤᠳᠠᠭᠠᠨ᠂ ᠣᠷᠣᠰᠢᠵᠤ ᠪᠠᠶᠢᠭ᠎ᠠ ᠠᠰᠠᠭᠤᠳᠠᠯ ᠨᠡᠯᠢᠶᠡᠳ ᠣᠯᠠᠨ᠂ ᠪᠦᠬᠦᠶᠢᠯᠡ ᠲᠥᠷᠥᠯ ᠵᠦᠢᠯ ᠤᠨ ᠠᠵᠢᠯ ᠢ ᠠᠬᠢᠭᠤᠯᠬᠤ ᠶᠢ ᠨᠥᠯᠥᠭᠡᠯᠡᠬᠦ ᠴᠢᠬᠤᠯᠠ ᠶᠡᠭᠡ ᠲᠥᠷᠥᠯ ᠵᠦᠢᠯ ᠢ ᠴᠠᠭ ᠲᠤᠬᠠᠢ ᠳᠤᠨᠢ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠮᠡᠳᠡᠭᠦᠯᠦᠨ᠎ᠡ᠃       ᠳᠥᠷᠪᠡᠳᠦᠭᠡᠷ ᠵᠦᠢᠯ        ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠤᠭᠤᠴᠠᠭᠠᠨ ᠤ ᠲᠥᠯᠥᠪᠯᠡᠭᠡ ᠬᠢᠭᠡᠳ ᠲᠣᠬᠢᠷᠠᠭᠤᠯᠤᠯᠲᠠ ᠶᠢ ᠲᠣᠩᠭᠤᠷᠠᠭᠤᠯᠤᠨ ᠵᠢᠭᠰᠠᠭᠠᠨ᠎ᠠ᠃ ᠵᠢᠯ ᠪᠦᠷᠢ ᠶᠢᠨ 3 ᠰᠠᠷ᠎ᠠ ᠶᠢᠨ ᠰᠡᠭᠦᠯᠴᠢ ᠠᠴᠠ ᠡᠮᠦᠨ᠎ᠡ᠂ ᠡᠯ᠎ᠡ ᠲᠥᠷᠥᠯ ᠵᠦᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠭᠤᠯᠭᠠᠭᠰᠠᠨ ᠪᠦᠬᠦ ᠬᠤᠰᠢᠭᠤᠨ ᠤ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠴᠢᠬᠤᠯᠠ ᠶᠡᠭᠡ ᠡᠮᠦᠨᠡᠬᠢ ᠬᠤᠭᠤᠴᠠᠭᠠᠨ ᠤ ᠲᠥᠷᠥᠯ ᠵᠦᠢᠯ ᠤᠨ ᠲᠥᠯᠥᠪᠯᠡᠭᠡ ᠶᠢ ᠦᠨᠳᠦᠰᠦᠯᠡᠵᠦ᠂ ᠤᠯᠠᠷᠢᠯ ᠤᠨ ᠵᠠᠩᠭᠢᠯᠠᠭ᠎ᠠ ᠶᠢᠨ ᠴᠡᠭ ᠢᠶᠠᠷ ᠣᠨ ᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠬᠤᠪᠢᠶᠠᠷᠢᠯᠠᠵᠤ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠬᠤ ᠲᠥᠯᠥᠪᠯᠡᠭᠡ ᠶᠢ ᠲᠣᠭᠲᠠᠭᠠᠵᠤ᠂ ᠬᠤᠰᠢᠭᠤᠨ ᠤ ᠵᠠᠰᠠᠭ ᠤᠨ ᠣᠷᠳᠣᠨ ᠳᠤ ᠮᠡᠳᠡᠭᠦᠯᠬᠦ ᠶᠢᠨ ᠬᠠᠮᠲᠤ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠬᠠᠭᠤᠯᠤᠨ ᠬᠦᠷᠭᠡᠵᠦ᠂ ᠡᠯ᠎ᠡ ᠲᠥᠷᠥᠯ ᠵᠦᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠣᠰ ᠲᠥᠯᠥᠪᠯᠡᠭᠡ ᠶᠣᠰᠣᠭᠠᠷ ᠲᠥᠷᠥᠯ ᠵᠦᠢᠯ ᠤᠨ ᠬᠡᠷᠡᠭᠵᠢᠭᠦᠯᠬᠦ ᠠᠬᠢᠴᠠ ᠶᠢ ᠬᠢᠨᠠᠨ ᠡᠵᠡᠮᠳᠡᠵᠦ᠂ ᠢᠯᠠᠩᠭᠤᠶ᠎ᠠ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠤᠨ ᠲᠥᠷᠥᠯ ᠵᠦᠢᠯ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠦᠢ ᠵᠣᠬᠢᠰᠲᠠᠢ ᠪᠥᠭᠡᠳ ᠲᠣᠩᠭᠤᠷᠠᠭᠤᠯᠤᠨ ᠵᠢᠭᠰᠠᠭᠠᠬᠤ ᠪᠠᠷᠢᠯᠭ᠎ᠠ ᠶᠢᠨ ᠬᠤᠭᠤᠴᠠᠭ᠎ᠠ ᠶᠢᠨ ᠲᠥᠯᠥᠪᠯᠡᠭᠡ ᠶᠢ ᠴᠢᠩᠭ᠎ᠠ ᠬᠡᠷᠡᠭᠵᠢᠭᠦᠯᠦᠨ᠎ᠡ᠃ ᠵᠢᠯ ᠪᠦᠷᠢ ᠶᠢᠨ 5 ᠰᠠᠷ᠎ᠠ ᠶᠢᠨ ᠡᠬᠢᠨ ᠳᠤ᠂ ᠵᠢᠯ ᠤᠨ ᠡᠬᠢᠨ ᠳᠤ ᠲᠣᠭᠲᠠᠭᠠᠭᠰᠠᠨ ᠲᠣᠩᠭᠤᠷᠤᠤ ᠪᠠᠶᠢᠷᠢᠰᠢᠯᠳᠤ ᠪᠠᠷᠢᠯᠭ᠎ᠠ ᠶᠢᠨ ᠬᠤᠭᠤᠴᠠᠭᠠᠨ ᠤ ᠲᠥᠯᠥᠪᠯᠡᠭᠡ ᠶᠢ ᠲᠥᠷᠥᠯ ᠵᠦᠢᠯ ᠤᠨ ᠠᠬᠢᠭᠤᠯᠤᠯᠲᠠ ᠶᠢᠨ ᠪᠠᠶᠢᠳᠠᠯ ᠢ ᠦᠨᠳᠦᠰᠦᠯᠡᠨ ᠬᠠᠷᠭᠤᠭᠤᠯᠤᠨ ᠲᠣᠬᠢᠷᠠᠭᠤᠯᠵᠤ᠂ ᠲᠣᠬᠢᠷᠠᠭᠤᠯᠤᠭᠰᠠᠨ ᠤ ᠳᠠᠷᠠᠭᠠᠬᠢ ᠲᠣᠩᠭᠤᠷᠤᠤ ᠪᠠᠶᠢᠷᠢᠰᠢᠯᠳᠤ ᠪᠠᠷᠢᠯᠭ᠎ᠠ ᠶᠢᠨ ᠬᠤᠭᠤᠴᠠᠭᠠᠨ ᠤ ᠲᠥᠯᠥᠪᠯᠡᠭᠡ ᠶᠢ ᠰᠠᠯᠠᠭ᠎ᠠ ᠮᠥᠴᠢᠷ ᠤᠨ ᠭᠤᠣᠯ ᠤᠳᠤᠷᠢᠳᠤᠯᠭ᠎ᠠ ᠪᠠᠷ ᠬᠢᠨᠠᠨ ᠬᠠᠷᠭᠤᠭᠤᠯᠵᠤ ᠭᠠᠷ ᠤᠨ ᠥᠰᠥᠭ ᠵᠢᠷᠤᠭᠤᠯᠵᠤ ᠲᠠᠮᠠᠭ᠎ᠠ ᠳᠠᠷᠤᠭᠤᠯᠵᠤ᠂ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠵᠢᠯ ᠲᠥᠷᠥᠯ ᠤᠨ ᠰᠢᠰᠲ᠋ᠧᠮ ᠤᠨ ᠲᠠᠰᠤᠭ ᠲᠤ ᠮᠡᠳᠡᠭᠦᠯᠦᠨ ᠬᠢᠨᠠᠨ ᠬᠠᠷᠭᠤᠭᠤᠯᠵᠤ ᠳᠠᠩᠰᠠᠯᠠᠭᠤᠯᠤᠨ᠎ᠠ᠂ ᠴᠠᠬᠢᠮ ᠬᠡᠪᠯᠡᠯ ᠢ ᠠᠵᠢᠯ ᠲᠥᠷᠥᠯ ᠤᠨ ᠰᠢᠰᠲ᠋ᠧᠮ ᠤᠨ ᠲᠠᠰᠤᠭ ᠤᠨ ᠰᠢᠤᠳᠠᠨ ᠤ ᠬᠠᠶᠢᠷᠴᠠᠭ ᠲᠤ ᠬᠦᠷᠭᠡᠨ᠎ᠡ᠃       ᠲᠠᠪᠤᠳᠤᠭᠠᠷ ᠵᠦᠢᠯ       ᠲᠥᠷᠥᠯ ᠵᠦᠢᠯ ᠢ ᠲᠦᠯᠬᠢᠨ ᠠᠬᠢᠭᠤᠯᠬᠤ ᠪᠠ ᠲᠣᠬᠢᠷᠠᠭᠤᠯᠬᠤ᠃ ᠣᠨ ᠤ ᠭᠤᠣᠯᠳᠠᠯᠭ᠎ᠠ ᠲᠠᠢ ᠲᠥᠷᠥᠯ ᠵᠦᠢᠯ ᠢ ᠲᠣᠭᠲᠠᠭᠠᠮᠠᠭᠴᠠ᠂ ᠪᠣᠶ ᠪᠦᠬᠦᠢ ᠲᠥᠷᠥᠯ ᠵᠦᠢᠯ ᠵᠢᠴᠢ ᠲᠤᠭ᠎ᠠ ᠪᠠᠷᠢᠮᠲᠠ ᠶᠢᠨ ᠭᠦᠢᠴᠡᠳᠬᠡᠯ ᠲᠤᠭ᠎ᠠ ᠶᠢ ᠳᠤᠷ᠎ᠠ ᠪᠠᠷ ᠢᠶᠠᠨ ᠥᠭᠡᠷᠡᠴᠢᠯᠡᠵᠦ ᠲᠣᠬᠢᠷᠠᠭᠤᠯᠵᠤ ᠪᠣᠯᠬᠤ ᠦᠭᠡᠢ᠃ ᠬᠤᠰᠢᠭᠤᠨ ᠤ ᠵᠠᠰᠠᠭ ᠤᠨ ᠣᠷᠳᠣᠨ ᠠᠴᠠ ᠵᠢᠯ ᠪᠦᠷᠢ ᠶᠢᠨ ᠨᠢᠭᠡ ᠤᠳᠠᠭᠠᠨ ᠤ ᠲᠥᠷᠥᠯ ᠵᠦᠢᠯ ᠢ ᠲᠥᠪᠯᠡᠷᠡᠭᠦᠯᠦᠨ ᠲᠣᠬᠢᠷᠠᠭᠤᠯᠵᠤ᠂ ᠡᠯ᠎ᠡ ᠲᠥᠷᠥᠯ ᠵᠦᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠴᠢᠬᠤᠯᠠ ᠶᠡᠭᠡ ᠡᠮᠦᠨᠡᠬᠢ ᠬᠤᠭᠤᠴᠠᠭᠠᠨ ᠤ ᠲᠥᠯᠥᠪᠯᠡᠭᠡ ᠳᠤ ᠣᠷᠣᠭᠤᠯᠤᠭᠰᠠᠨ ᠲᠥᠷᠥᠯ ᠵᠦᠢᠯ ᠳᠤ᠂ ᠦᠨᠡᠬᠡᠷ ᠪᠤᠰᠤᠳᠴᠢ ᠰᠢᠯᠲᠠᠭᠠᠨ ᠠᠴᠠ ᠪᠣᠯᠵᠤ ᠪᠠᠷᠢᠯᠭ᠎ᠠ ᠡᠬᠢᠯᠡᠭᠦᠯᠬᠦ ᠶᠢᠨ ᠠᠷᠭ᠎ᠠ ᠦᠭᠡᠢ᠂ ᠳᠠᠷᠠᠭᠠᠴᠢ ᠶᠢᠨ ᠱᠠᠲᠤᠨ ᠤ ᠠᠵᠢᠯ ᠢ ᠭᠦᠢᠴᠡᠳᠬᠡᠬᠦ ᠶᠢᠨ ᠠᠷᠭ᠎ᠠ ᠦᠭᠡᠢ ᠣᠨᠴᠠ ᠵᠠᠷᠢᠮ ᠲᠥᠷᠥᠯ ᠵᠦᠢᠯ ᠡᠰᠡᠬᠦᠯ᠎ᠡ ᠪᠤᠰᠤᠳᠴᠢ ᠰᠢᠯᠲᠠᠭᠠᠨ ᠠᠴᠠ ᠪᠣᠯᠵᠤ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠬᠡᠪᠴᠢᠶ᠎ᠡ᠂ ᠣᠨ ᠤ ᠲᠥᠯᠥᠪᠯᠡᠭᠡ ᠶᠢᠨ ᠪᠡᠯᠡ ᠣᠷᠣᠭᠤᠯᠤᠯᠲᠠ᠂ ᠪᠦᠲᠦᠭᠡᠨ ᠪᠠᠶᠢᠭᠤᠯᠤᠯᠲᠠ ᠶᠢᠨ ᠵᠢᠯ ᠬᠤᠭᠤᠴᠠᠭ᠎ᠠ ᠵᠡᠷᠭᠡ ᠲᠤᠭ᠎ᠠ ᠪᠠᠷᠢᠮᠲᠠ ᠶᠢᠨ ᠭᠦᠢᠴᠡᠳᠬᠡᠬᠦ ᠲᠤᠭ᠎ᠠ ᠳᠤ ᠬᠤᠪᠢᠷᠠᠯᠲᠠ ᠭᠠᠷᠭᠠᠭᠰᠠᠨ ᠪᠠᠶᠢᠪᠠᠯ᠂ ᠵᠢᠯ ᠪᠦᠷᠢ ᠶᠢᠨ 6 ᠰᠠᠷ᠎ᠠ ᠶᠢᠨ ᠳᠤᠮᠳᠠᠴᠢ ᠪᠠᠷ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ᠂ ᠬᠡᠷᠡᠭᠵᠢᠭᠦᠯᠬᠦ ᠰᠢᠯᠲᠠᠭᠠᠨ᠂ ᠰᠣᠯᠢᠬᠤ ᠭᠡᠵᠦ ᠪᠠᠶᠢᠭ᠎ᠠ ᠲᠥᠷᠥᠯ ᠵᠦᠢᠯ ᠤᠨ ᠦᠨᠳᠦᠰᠦᠨ ᠪᠠᠶᠢᠳᠠᠯ ᠵᠢᠴᠢ ᠲᠣᠬᠢᠷᠠᠭᠤᠯᠬᠤ ᠪᠠᠷ ᠪᠠᠶᠢᠭ᠎ᠠ ᠲᠥᠷᠥᠯ ᠵᠦᠢᠯ ᠤᠨ ᠲᠤᠭ᠎ᠠ ᠪᠠᠷᠢᠮᠲᠠ ᠶᠢᠨ ᠭᠦᠢᠴᠡᠳᠬᠡᠬᠦ ᠲᠤᠭ᠎ᠠ ᠶᠢ ᠦᠷᠭᠦᠯᠵᠢᠯᠡᠨ ᠬᠢᠨᠠᠨ ᠡᠵᠡᠮᠳᠡᠵᠦ ᠪᠣᠯᠬᠤ ᠦᠭᠡᠢ᠃ ᠠᠯᠪᠠᠨ ᠶᠣᠰᠣᠨ ᠤ ᠪᠢᠴᠢᠭ ᠮᠠᠲ᠋ᠧᠷᠢᠶᠠᠯ ᠢᠶᠠᠷ ᠬᠤᠰᠢᠭᠤᠨ ᠤ ᠵᠠᠰᠠᠭ ᠤᠨ ᠣᠷᠳᠣᠨ ᠳᠤ ᠮᠡᠳᠡᠭᠦᠯᠬᠦ ᠶᠢᠨ ᠬᠠᠮᠲᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠬᠠᠭᠤᠯᠤᠨ ᠬᠦᠷᠭᠡᠵᠦ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠪᠣᠳᠠᠲᠠᠢ ᠪᠠᠶᠢᠳᠠᠯ ᠢ ᠦᠨᠳᠦᠰᠦᠯᠡᠨ ᠲᠣᠬᠢᠷᠠᠭᠤᠯᠤᠯᠲᠠ ᠬᠢᠭᠰᠡᠨ ᠲᠥᠷᠥᠯ ᠵᠦᠢᠯ ᠢᠶᠠᠨ ᠬᠤᠷᠢᠶᠠᠩᠭᠤᠶᠢᠯᠠᠨ ᠠᠯᠪᠠᠨ ᠶᠣᠰᠣᠨ ᠤ ᠪᠢᠴᠢᠭ ᠮᠠᠲ᠋ᠧᠷᠢᠶᠠᠯ ᠢᠶᠠᠷ ᠬᠤᠰᠢᠭᠤᠨ ᠤ ᠵᠠᠰᠠᠭ ᠤᠨ ᠣᠷᠳᠣᠨ ᠳᠤ ᠮᠡᠳᠡᠭᠦᠯᠵᠦ᠂ ᠵᠠᠰᠠᠭ ᠤᠨ ᠣᠷᠳᠣᠨ ᠠᠴᠠ ᠰᠤᠳᠤᠯᠤᠨ ᠲᠣᠭᠲᠠᠭᠠᠭᠰᠠᠨ ᠤ ᠳᠠᠷᠠᠭ᠎ᠠ ᠲᠣᠬᠢᠷᠠᠭᠤᠯᠤᠯᠲᠠ ᠬᠢᠵᠦ ᠰᠣᠯᠢᠬᠤ ᠶᠢᠨ ᠬᠠᠮᠲᠤ ᠳᠠᠷᠠᠭᠠᠬᠢ ᠪᠢᠴᠢᠭ ᠮᠠᠲ᠋ᠧᠷᠢᠶᠠᠯ ᠢ ᠮᠡᠳᠡᠭᠳᠡᠨ᠎ᠡ᠃       ᠵᠢᠷᠭᠤᠳᠤᠭᠠᠷ ᠵᠦᠢᠯ       ᠲᠥᠷᠥᠯ ᠵᠦᠢᠯ ᠤᠨ ᠮᠡᠳᠡᠭᠡ ᠵᠠᠩᠭᠢ ᠳᠤ ᠠᠷᠪᠠ ᠬᠤᠨᠤᠭ ᠤᠨ ᠮᠡᠳᠡᠭᠦᠯᠬᠦ ᠳᠦᠷᠢᠮ ᠢ ᠬᠡᠷᠡᠭᠵᠢᠭᠦᠯᠦᠨ᠎ᠡ᠃ ᠡᠯ᠎ᠡ ᠲᠥᠷᠥᠯ ᠵᠦᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠡᠷᠡᠭᠵᠢᠭᠦᠯᠦᠭᠰᠡᠨ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠬᠠᠭᠠᠰ ᠰᠠᠷ᠎ᠠ ᠶᠢᠨ ᠳᠣᠲᠣᠷ᠎ᠠ ᠳᠦᠷᠢᠮ ᠢᠶᠠᠨ ᠮᠡᠳᠡᠭᠦᠯᠵᠦ᠂ ᠲᠥᠷᠥᠯ ᠵᠦᠢᠯ ᠢ ᠬᠡᠷᠡᠭᠵᠢᠭᠦᠯᠦᠭᠰᠡᠨ ᠠᠬᠢᠴᠠ ᠶᠣᠰᠣᠭᠠᠷ ᠲᠣᠰ ᠵᠢᠯ ᠤᠨ ︽ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠦᠰᠦᠨᠦᠭᠲᠦ︾᠎ ᠶᠢ ᠲᠣᠬᠢᠷᠠᠭᠤᠯᠵᠤ᠂ ᠰᠠᠷ᠎ᠠ ᠪᠦᠷᠢ ᠶᠢᠨ 14 ᠡᠳᠦᠷ᠂ 28 ᠡᠳᠦᠷ ᠤᠨ ᠡᠮᠦᠨ᠎ᠡ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠯ᠎ᠡ ᠠᠵᠢᠯ ᠲᠥᠷᠥᠯ ᠤᠨ ᠲᠠᠰᠤᠭ ᠲᠤ ᠮᠡᠳᠡᠭᠦᠯᠦᠨ ᠬᠦᠷᠭᠡᠬᠦ ᠶᠢᠨ ᠬᠠᠮᠲᠤ ᠭᠡᠷᠡᠴᠢᠯᠡᠭᠰᠡᠨ ᠮᠠᠲ᠋ᠧᠷᠢᠶᠠᠯ ᠢᠶᠠᠨ ᠲᠤᠭ᠎ᠠ ᠪᠦᠷᠢᠳᠬᠡᠯ ᠤᠨ ᠲᠣᠪᠴᠢᠶ᠎ᠠ ᠳᠤ ᠮᠡᠳᠡᠭᠦᠯᠦᠨ ᠬᠦᠷᠭᠡᠵᠦ ᠲᠣᠭᠲᠠᠮᠠᠯ ᠬᠥᠷᠥᠩᠭᠡ ᠶᠢᠨ ᠪᠦᠷᠢᠳᠬᠡᠯ ᠳᠤ ᠣᠷᠣᠭᠤᠯᠤᠨ᠎ᠠ ᠂ ᠮᠡᠳᠡᠭᠦᠯᠦᠯᠲᠡ ᠶᠢᠨ ᠬᠦᠰᠦᠨᠦᠭᠲᠦ ᠶᠢ ᠪᠠᠶᠢᠭᠤᠯᠭ᠎ᠠ ᠶᠢᠨ ᠭᠤᠣᠯ ᠤᠳᠤᠷᠢᠳᠤᠯᠭ᠎ᠠ ᠪᠠᠷ ᠬᠢᠨᠠᠨ ᠬᠠᠷᠭᠤᠭᠤᠯᠵᠤ ᠭᠠᠷ ᠤᠨ ᠥᠰᠥᠭ ᠵᠢᠷᠤᠭᠤᠯᠵᠤ᠂ ᠠᠯᠪᠠᠨ ᠲᠠᠮᠠᠭ᠎ᠠ ᠳᠠᠷᠤᠭᠤᠯᠵᠤ᠂ ᠴᠠᠬᠢᠮ ᠬᠡᠪᠯᠡᠯ ᠢ ᠠᠵᠢᠯ ᠲᠥᠷᠥᠯ ᠤᠨ ᠲᠠᠰᠤᠭ ᠤᠨ ᠰᠢᠤᠳᠠᠨ ᠤ ᠬᠠᠶᠢᠷᠴᠠᠭ ᠲᠤ ᠬᠦᠷᠭᠡᠬᠦ ᠬᠡᠷᠡᠭᠲᠡᠢ᠃ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠯ᠎ᠡ ᠠᠵᠢᠯ ᠲᠥᠷᠥᠯ ᠤᠨ ᠲᠠᠰᠤᠭ ᠤᠨ ᠬᠢᠨ ᠮᠡᠳᠡᠭᠦᠯᠦᠯᠲᠡ ᠶᠢᠨ ᠬᠦᠰᠦᠨᠦᠭᠲᠦ ᠶᠢ ᠬᠢᠨᠠᠨ ᠬᠠᠷᠭᠤᠭᠤᠯᠵᠤ ᠬᠤᠷᠢᠶᠠᠩᠭᠤᠶᠢᠯᠠᠨ᠂ ᠴᠠᠭᠠᠰᠤᠨ ᠬᠡᠪᠯᠡᠯ ᠢ ᠲᠠᠩᠰᠠ ᠡᠪᠬᠡᠮᠡᠯ ᠳᠤ ᠣᠷᠣᠭᠤᠯᠤᠨ᠎ᠠ᠃ ᠡᠯ᠎ᠡ ᠲᠥᠷᠥᠯ ᠵᠦᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠭᠠᠷ ᠤᠨ ᠥᠰᠥᠭ ᠵᠢᠷᠤᠬᠤ ᠤᠳᠤᠷᠢᠳᠤᠯᠭ᠎ᠠ ᠨᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠣᠭᠤᠮᠲᠠ ᠶᠢ ᠴᠢᠩᠭ᠎ᠠ ᠠᠳᠬᠤᠨ᠂ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠲᠤᠭ᠎ᠠ ᠪᠠᠷᠢᠮᠲᠠ ᠶᠢ ᠳᠡᠭᠡᠭᠰᠢ ᠮᠡᠳᠡᠭᠦᠯᠪᠡᠯ ᠳᠤᠷ᠎ᠠ ᠪᠠᠷ ᠢᠶᠠᠨ ᠵᠠᠰᠠᠪᠤᠷᠢ ᠣᠷᠣᠭᠤᠯᠵᠤ ᠪᠣᠯᠬᠤ ᠦᠭᠡᠢ᠃ ᠳᠡᠭᠡᠭᠰᠢ ᠮᠡᠳᠡᠭᠦᠯᠬᠦ ᠭᠤᠣᠯ ᠠᠭᠤᠯᠭ᠎ᠠ ᠵᠢᠴᠢ ᠱᠠᠭᠠᠷᠳᠠᠯᠭ᠎ᠠ᠄       1. ᠪᠡᠯᠡ ᠣᠷᠣᠭᠤᠯᠤᠯᠲᠠ ᠶᠢᠨ ᠪᠠᠶᠢᠳᠠᠯ᠃ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ᠂ ᠨᠡᠶᠢᠲᠡ ᠪᠡᠶᠡᠯᠡᠭᠦᠯᠦᠭᠰᠡᠨ ᠪᠡᠯᠡ ᠣᠷᠣᠭᠤᠯᠤᠯᠲᠠ᠂ ᠣᠨ ᠤ ᠲᠥᠯᠥᠪᠯᠡᠭᠡ ᠶᠢᠨ ᠪᠡᠯᠡ ᠣᠷᠣᠭᠤᠯᠤᠯᠲᠠ᠂ ᠣᠨ ᠤ ᠪᠡᠶᠡᠯᠡᠭᠦᠯᠦᠭᠰᠡᠨ ᠪᠡᠯᠡ ᠣᠷᠣᠭᠤᠯᠤᠯᠲᠠ ᠳᠤ᠂ ᠡᠯ᠎ᠡ ᠲᠥᠷᠥᠯ ᠵᠦᠢᠯ ᠤᠨ ᠬᠠᠷᠢᠭᠤᠴᠠᠯᠭᠠᠲᠤ ᠨᠢᠭᠡᠴᠡ ᠨᠦᠭᠦᠳ ᠲᠤᠭ᠎ᠠ ᠪᠠᠷᠢᠮᠲᠠ ᠶᠢᠨ ᠣᠨᠣᠪᠴᠢᠲᠠᠶ ᠨᠢᠭᠡᠳᠦᠯᠲᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃       2. ᠠᠵᠢᠯ ᠢᠶᠠᠨ ᠡᠬᠢᠯᠡᠭᠦᠯᠦᠭᠰᠡᠨ ︵ᠰᠡᠷᠭᠦᠭᠡᠭᠰᠡᠨ︶ ᠪᠠᠶᠢᠳᠠᠯ᠃ ᠲᠥᠷᠥᠯ ᠵᠦᠢᠯ ᠤᠨ ᠠᠵᠢᠯ ᠡᠬᠢᠯᠡᠭᠦᠯᠦᠭᠰᠡᠨ ᠪᠠ ᠠᠵᠢᠯ ᠰᠡᠷᠭᠦᠭᠡᠭᠰᠡᠨ ᠪᠠᠶᠢᠳᠠᠯ ᠢ ᠴᠠᠭ ᠲᠤᠬᠠᠢ ᠳᠤᠨᠢ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠠᠵᠢᠯ ᠲᠥᠷᠥᠯ ᠤᠨ ᠲᠠᠰᠤᠭ ᠲᠤ ᠬᠠᠷᠢᠭᠤ ᠲᠤᠰᠬᠠᠬᠤ ᠬᠡᠷᠡᠭᠲᠡᠢ᠃ ᠲᠥᠷᠥᠯ ᠵᠦᠢᠯ ᠤᠨ ᠠᠵᠢᠯ ᠡᠬᠢᠯᠡᠭᠦᠯᠬᠦ ︵ᠳᠠᠬᠢᠨ ᠰᠡᠷᠭᠦᠭᠡᠬᠦ︶ ᠡᠰᠡᠬᠦ᠂ ᠪᠠᠭᠠᠵᠢ ᠬᠡᠷᠡᠭᠰᠡᠯ ᠤᠨ ᠴᠣᠭᠴᠠ ᠶᠢᠨ ᠴᠠᠭ᠂ ᠠᠵᠢᠯ ᠡᠬᠢᠯᠡᠭᠦᠯᠬᠦ ︵ᠳᠠᠬᠢᠨ ᠰᠡᠷᠭᠦᠭᠡᠬᠦ︶ ᠴᠠᠭ ᠢ ᠲᠥᠰᠥᠭᠡᠯᠡᠨ᠎ᠡ᠃ ᠠᠵᠢᠯ ᠢᠶᠠᠨ ᠡᠬᠢᠯᠡᠭᠦᠯᠪᠡᠯ ᠵᠣᠬᠢᠬᠤ ︵ᠬᠠᠷᠢᠭᠤᠯᠬᠤ︶᠎ ᠳᠠᠭᠠᠨ ᠡᠬᠢᠯᠡᠭᠦᠯᠦᠭᠡᠳᠦᠢ᠂ ᠠᠵᠢᠯ ᠢᠶᠠᠨ ᠡᠬᠢᠯᠡᠭᠦᠯᠦᠭᠰᠡᠨ ︵ᠬᠠᠷᠢᠭᠤᠯᠬᠤ︶ᠦᠭᠡᠢ ᠪᠣᠯ ᠰᠢᠯᠲᠠᠭᠠᠨ ᠪᠠ ᠣᠷᠣᠰᠢᠵᠤ ᠪᠠᠶᠢᠭ᠎ᠠ ᠠᠰᠠᠭᠤᠳᠠᠯ ᠢ ᠨᠢ ᠲᠣᠳᠣᠷᠬᠠᠶᠢᠯᠠᠬᠤ ᠬᠡᠷᠡᠭᠲᠡᠢ᠃       3. ᠲᠥᠷᠥᠯ ᠵᠦᠢᠯ ᠤᠨ ᠭᠠᠷᠳᠠᠮ ᠢ ᠭᠦᠢᠴᠡᠳᠬᠡᠭᠰᠡᠨ ᠪᠠᠶᠢᠳᠠᠯ᠃ ᠣᠳᠣᠬᠠᠨ ᠤ ᠲᠥᠷᠥᠯ ᠵᠦᠢᠯ ᠤᠨ ᠡᠯ᠎ᠡ ᠵᠦᠢᠯ ᠤᠨ ᠭᠠᠷᠳᠠᠮ ᠢ ᠭᠦᠢᠴᠡᠳᠬᠡᠭᠰᠡᠨ ᠠᠬᠢᠴᠠ ᠶᠢ ᠦᠨᠡᠨ ᠮᠥᠨ ᠢᠶᠠᠷ ᠨᠢ ᠲᠤᠰᠬᠠᠵᠤ᠂ ᠬᠠᠷᠠᠬᠠᠨ ᠭᠦᠢᠴᠡᠳᠬᠡᠭᠡᠳᠦᠢ᠂ ᠭᠦᠢᠴᠡᠳᠬᠡᠬᠦ ᠨᠢ ᠤᠳᠠᠭᠠᠨ᠂ ᠭᠦᠢᠴᠡᠳᠬᠡᠵᠦ ᠳᠡᠶᠢᠯᠬᠦ ᠦᠭᠡᠢ ᠳᠤᠨᠢ ᠪᠠᠶᠢᠳᠠᠯ ᠢ ᠲᠣᠳᠣᠷᠬᠠᠶᠢᠯᠠᠵᠤ᠂ ᠰᠢᠯᠲᠠᠭᠠᠨ ᠪᠠ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠬᠤ ᠬᠡᠷᠡᠭᠲᠡᠢ᠃       4. ᠳᠦᠷᠢ ᠲᠥᠷᠬᠦ ᠶᠢᠨ ᠠᠬᠢᠴᠠ ᠶᠢ ᠪᠡᠶᠡᠯᠡᠭᠦᠯᠦᠭᠰᠡᠨ ᠪᠠᠶᠢᠳᠠᠯ᠃ ᠪᠠᠶᠢᠭᠤᠯᠵᠤ ᠪᠠᠶᠢᠭ᠎ᠠ ᠲᠥᠷᠥᠯ ᠵᠦᠢᠯ ᠎ ᠨᠢ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠶᠢ ᠦᠨᠳᠦᠰᠦᠯᠡᠨ ᠪᠠᠷᠢᠯᠭ᠎ᠠ ᠶᠢᠨ ᠳᠦᠷᠢ ᠲᠥᠷᠬᠦ ᠶᠢᠨ ᠠᠬᠢᠴᠠ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ᠂ ᠭᠤᠣᠯ ᠠᠵᠢᠯ ᠢ ᠪᠡᠶᠡᠯᠡᠭᠦᠯᠦᠭᠰᠡᠨ ᠬᠡᠮᠵᠢᠶ᠎ᠡ᠂ ᠠᠬᠢᠴᠠ ᠶᠢ ᠪᠡᠶᠡᠯᠡᠭᠦᠯᠦᠭᠰᠡᠨ ᠬᠠᠷᠢᠴᠠᠯ ᠢ ᠭᠤᠣᠯᠳᠠᠯᠭ᠎ᠠ ᠲᠠᠢ ᠲᠤᠰᠬᠠᠬᠤ ᠬᠡᠷᠡᠭᠲᠡᠢ︔ ᠠᠵᠢᠯ ᠡᠬᠢᠯᠡᠭᠦᠯᠦᠭᠡᠳᠦᠢ ᠲᠥᠷᠥᠯ ᠵᠦᠢᠯ ᠨᠢ ᠲᠥᠷᠥᠯ ᠵᠦᠢᠯ ᠢ ᠮᠡᠳᠡᠭᠦᠯᠦᠨ ᠵᠥᠪᠰᠢᠶᠡᠷᠡᠭᠦᠯᠬᠦ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠵᠡᠷᠭᠡ ᠡᠮᠦᠨᠡᠬᠢ ᠬᠤᠭᠤᠴᠠᠭᠠᠨ ᠤ ᠠᠵᠢᠯ ᠤᠨ ᠬᠠᠮᠤᠭ ᠤᠨ ᠰᠢᠨ᠎ᠡ ᠠᠬᠢᠴᠠ ᠶᠢᠨ ᠪᠠᠶᠢᠳᠠᠯ ᠢ ᠭᠤᠣᠯᠳᠠᠯᠭ᠎ᠠ ᠲᠠᠢ ᠲᠤᠰᠬᠠᠨ᠎ᠠ᠃ ᠲᠥᠷᠥᠯ ᠵᠦᠢᠯ ᠢ ᠮᠡᠳᠡᠭᠦᠯᠦᠨ ᠵᠥᠪᠰᠢᠶᠡᠷᠡᠭᠦᠯᠦᠭᠰᠡᠨ ᠪᠠᠶᠢᠳᠠᠯ ᠳᠤ ᠪᠣᠳᠠᠲᠠᠢ᠄ ᠪᠣᠯᠣᠮᠵᠢᠲᠤ ᠰᠤᠳᠤᠯᠭᠠᠨ ᠤ ᠮᠡᠳᠡᠭᠦᠯᠦᠯᠲᠡ᠂ ᠲᠥᠯᠦᠪᠵᠢᠭᠦᠯᠭᠡ ᠶᠢᠨ ᠭᠠᠵᠠᠷ ᠰᠣᠩᠭᠤᠬᠤ᠂ ᠣᠷᠴᠢᠨ ᠨᠥᠬᠦᠴᠡᠯ ᠳᠤ ᠦᠵᠡᠭᠦᠯᠬᠦ ᠨᠥᠯᠥᠭᠡ ᠶᠢᠨ ᠦᠨᠡᠯᠡᠯᠲᠡ᠂ ᠭᠠᠵᠠᠷ ᠰᠢᠷᠣᠢ᠂ ᠦᠨᠡᠯᠡᠨ ᠵᠢᠱᠢᠯᠲᠡ ᠵᠡᠷᠭᠡ ᠳᠡᠮᠵᠢᠯᠭᠡ ᠶᠢᠨ ᠴᠢᠨᠠᠷᠲᠠᠢ ᠪᠢᠴᠢᠭ ᠮᠠᠲ᠋ᠧᠷᠢᠶᠠᠯ ᠢ ᠬᠢᠨᠠᠨ ᠵᠥᠪᠰᠢᠶᠡᠷᠡᠭᠰᠡᠨ ᠪᠠᠶᠢᠳᠠᠯ᠂ ᠨᠢᠭᠡᠨᠲᠡ ᠠᠵᠢᠯ ᠳᠠᠭᠤᠰᠤᠭᠰᠠᠨ ᠲᠥᠷᠥᠯ ᠵᠦᠢᠯ ᠤᠨ ᠳᠠᠭᠢᠵᠤ ᠮᠡᠳᠡᠭᠡ ᠵᠠᠩᠭᠢ ᠪᠠᠨ ᠮᠡᠳᠡᠭᠦᠯᠦᠨ ᠬᠦᠷᠭᠡᠬᠦ ᠦᠭᠡᠢ ᠪᠠᠶᠢᠬᠤ ᠵᠡᠷᠭᠡ ᠪᠠᠭᠲᠠᠨ᠎ᠠ᠃       5. ᠣᠷᠣᠰᠢᠵᠤ ᠪᠠᠶᠢᠭ᠎ᠠ ᠠᠰᠠᠭᠤᠳᠠᠯ ᠵᠢᠴᠢ ᠠᠷᠭ᠎ᠠ ᠬᠡᠮᠵᠢᠶ᠎ᠡ ᠶᠢᠨ ᠲᠤᠬᠠᠢ ᠰᠠᠨᠠᠭᠤᠯᠭ᠎ᠠ᠃ ᠡᠯ᠎ᠡ ᠲᠥᠷᠥᠯ ᠵᠦᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠥᠷᠥᠯ ᠵᠦᠢᠯ ᠤᠨ ᠨᠢᠭᠡᠴᠡ ᠯᠦᠭᠡ ᠨᠡᠪᠲᠡᠷᠡᠯᠴᠡᠵᠦ ᠪᠠᠶᠢᠴᠠᠭᠠᠨ ᠰᠤᠳᠤᠯᠤᠯᠲᠠ ᠭᠦᠢᠴᠡᠳᠬᠡᠬᠦ ᠪᠠᠨ ᠦᠨᠡᠨᠬᠦ ᠴᠢᠩᠭᠠᠳᠬᠠᠵᠤ᠂ ᠲᠥᠷᠥᠯ ᠵᠦᠢᠯ ᠢ ᠠᠬᠢᠭᠤᠯᠬᠤ ᠶᠠᠪᠤᠴᠠ ᠳᠤ᠂ ᠲᠥᠷᠥᠯ ᠵᠦᠢᠯ ᠢ ᠮᠡᠳᠡᠭᠦᠯᠦᠨ ᠵᠥᠪᠰᠢᠶᠡᠷᠡᠭᠦᠯᠬᠦ᠂ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ᠂ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠣᠨᠣᠪᠴᠢᠲᠠᠶ ᠡᠵᠡᠮᠰᠢᠵᠦ᠂ ᠴᠢᠭᠯᠡᠭᠦᠯᠬᠦ ᠴᠢᠨᠠᠷᠲᠠᠢ ᠪᠠᠷ ᠦᠨᠡᠨᠬᠦ ᠶᠠᠪᠤᠭᠳᠠᠭᠤᠰᠢᠲᠠᠢ ᠠᠷᠭ᠎ᠠ ᠬᠡᠮᠵᠢᠶ᠎ᠡ ᠪᠠ ᠰᠠᠨᠠᠭᠤᠯᠭ᠎ᠠ ᠶᠢ ᠳᠤᠷᠠᠳᠬᠤ ᠬᠡᠷᠡᠭᠲᠡᠢ᠃       ᠳᠣᠯᠣᠳᠤᠭᠠᠷ ᠵᠦᠢᠯ       ᠲᠥᠷᠥᠯ ᠵᠦᠢᠯ ᠤᠨ ᠪᠠᠷᠢᠯᠭ᠎ᠠ ᠡᠬᠢᠯᠡᠭᠰᠡᠨ ︵ᠰᠡᠷᠭᠦᠭᠡᠭᠰᠡᠨ︶ ᠪᠠᠶᠢᠳᠠᠯ ᠳᠤ ᠬᠥᠳᠡᠯᠦᠩᠭᠦᠢ ᠪᠠᠷ ᠮᠡᠳᠡᠭᠦᠯᠦᠨ ᠬᠦᠷᠭᠡᠬᠦ ᠳᠦᠷᠢᠮ ᠢ ᠬᠡᠷᠡᠭᠵᠢᠭᠦᠯᠦᠨ᠎ᠡ᠃ ᠡᠯ᠎ᠡ ᠲᠥᠷᠥᠯ ᠵᠦᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠭᠤᠣᠯᠳᠠᠯᠭ᠎ᠠ ᠲᠠᠢ ᠲᠥᠷᠥᠯ ᠵᠦᠢᠯ ᠤᠨ ᠠᠵᠢᠯ ᠡᠬᠢᠯᠡᠭᠦᠯᠦᠭᠰᠡᠨ ᠪᠠᠶᠢᠳᠠᠯ ᠢ ᠬᠥᠳᠡᠯᠦᠩᠭᠦᠢ ᠪᠠᠷ ᠮᠡᠳᠡᠭᠦᠯᠦᠨ ᠬᠦᠷᠭᠡᠬᠦ ᠳᠦᠷᠢᠮ ᠢ ᠬᠡᠷᠡᠭᠵᠢᠭᠦᠯᠵᠦ᠂ ᠲᠣᠰ ᠡᠳᠦᠷ ᠤᠨ ᠠᠵᠢᠯ ᠡᠬᠢᠯᠡᠭᠦᠯᠦᠭᠰᠡᠨ ᠲᠤᠬᠠᠢ ᠶᠢᠨ ᠡᠳᠦᠷ ᠲᠤ ᠮᠡᠳᠡᠭᠦᠯᠦᠨ ᠬᠦᠷᠭᠡᠵᠦ᠂ ᠲᠥᠷᠥᠯ ᠵᠦᠢᠯ ᠢ ᠬᠡᠷᠡᠭᠵᠢᠭᠦᠯᠦᠭᠰᠡᠨ ᠠᠬᠢᠴᠠ ᠪᠠᠷ ᠲᠣᠰ ᠵᠢᠯ ᠤᠨ ︽ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠦᠰᠦᠨᠦᠭᠲᠦ︾᠎ ᠶᠢ ᠲᠣᠬᠢᠷᠠᠭᠤᠯᠤᠨ᠂ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠯ᠎ᠡ ᠠᠵᠢᠯ ᠲᠥᠷᠥᠯ ᠤᠨ ᠰᠢᠰᠲ᠋ᠧᠮ ᠤᠨ ᠲᠠᠰᠤᠭ ᠲᠤ ᠮᠡᠳᠡᠭᠦᠯᠦᠨ ᠬᠦᠷᠭᠡᠬᠦ ᠬᠡᠷᠡᠭᠲᠡᠢ ᠭᠡᠵᠦ ᠱᠠᠭᠠᠷᠳᠠᠪᠠ᠃ ᠮᠡᠳᠡᠭᠦᠯᠦᠯᠲᠡ ᠶᠢᠨ ᠬᠦᠰᠦᠨᠦᠭᠲᠦ ᠶᠢ ᠪᠠᠶᠢᠭᠤᠯᠭ᠎ᠠ ᠶᠢᠨ ᠭᠤᠣᠯ ᠤᠳᠤᠷᠢᠳᠤᠯᠭ᠎ᠠ ᠪᠠᠷ ᠬᠢᠨᠠᠨ ᠬᠠᠷᠭᠤᠭᠤᠯᠵᠤ ᠭᠠᠷ ᠤᠨ ᠥᠰᠥᠭ ᠵᠢᠷᠤᠭᠤᠯᠵᠤ᠂ ᠠᠯᠪᠠᠨ ᠲᠠᠮᠠᠭ᠎ᠠ ᠳᠠᠷᠤᠭᠤᠯᠵᠤ᠂ ᠴᠠᠬᠢᠮ ᠬᠡᠪᠯᠡᠯ ᠢ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠵᠢᠯ ᠲᠥᠷᠥᠯ ᠤᠨ ᠰᠢᠰᠲ᠋ᠧᠮ ᠤᠨ ᠲᠠᠰᠤᠭ ᠤᠨ ᠰᠢᠤᠳᠠᠨ ᠤ ᠬᠠᠶᠢᠷᠴᠠᠭ ᠲᠤ ᠬᠦᠷᠭᠡᠵᠦ᠂ ᠴᠠᠭᠠᠰᠤᠨ ᠬᠡᠪᠯᠡᠯ ᠢ ᠲᠠᠩᠰᠠ ᠡᠪᠬᠡᠮᠡᠯ ᠳᠤ ᠣᠷᠣᠭᠤᠯᠤᠨ᠎ᠠ᠃       ᠨᠠᠢᠮᠠᠳᠤᠭᠠᠷ ᠵᠦᠢᠯ       ᠲᠥᠷᠥᠯ ᠵᠦᠢᠯ ᠤᠨ ᠮᠡᠳᠡᠭᠡ ᠵᠠᠩᠭᠢ ᠳᠤ ᠲᠤᠰᠬᠠᠢ ᠬᠥᠮᠥᠨ ᠢᠶᠠᠷ ᠬᠠᠷᠢᠭᠤᠴᠠᠬᠤ ᠳᠦᠷᠢᠮ ᠢ ᠬᠡᠷᠡᠭᠵᠢᠭᠦᠯᠦᠨ᠎ᠡ᠃ ᠡᠯ᠎ᠡ ᠲᠥᠷᠥᠯ ᠵᠦᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠥᠳᠡᠯᠦᠯ ᠪᠠᠶᠢᠳᠠᠯ ᠢ ᠰᠠᠶᠢᠨ ᠮᠡᠳᠡᠳᠡᠭ ᠨᠢᠭᠡᠨ ᠤᠳᠤᠷᠢᠳᠬᠤ ᠺᠠᠳ᠋ᠷ ᠪᠤᠶᠤ ᠠᠵᠢᠯᠲᠠᠨ ᠢ ᠮᠡᠳᠡᠭᠡ ᠵᠠᠩᠭᠢ ᠶᠢᠨ ᠬᠤᠯᠪᠣᠭᠠᠴᠢᠨ ᠪᠣᠯᠭᠠᠵᠤ᠂ ᠲᠥᠷᠥᠯ ᠵᠦᠢᠯ ᠤᠨ ᠮᠡᠳᠡᠭᠡ ᠵᠠᠩᠭᠢ ᠶᠢ ᠴᠤᠭᠯᠠᠭᠤᠯᠵᠤ ᠳᠡᠭᠡᠭᠰᠢ ᠮᠡᠳᠡᠭᠦᠯᠬᠦ ᠠᠵᠢᠯ ᠢ ᠬᠠᠷᠢᠭᠤᠴᠠᠭᠤᠯᠬᠤ ᠬᠡᠷᠡᠭᠲᠡᠢ᠃ ᠮᠡᠳᠡᠭᠡ ᠵᠠᠩᠭᠢ ᠶᠢ ᠲᠤᠬᠠᠢ ᠶᠢᠨ ᠵᠢᠯ ᠤᠨ ︽ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠦᠰᠦᠨᠦᠭᠲᠦ︾᠎ ᠪᠠᠷ ᠳᠠᠮᠵᠢᠭᠤᠯᠤᠨ ᠳᠡᠭᠡᠭᠰᠢ ᠮᠡᠳᠡᠭᠦᠯᠵᠦ᠂ ᠡᠯ᠎ᠡ ᠬᠤᠯᠪᠣᠭᠠᠴᠢᠨ ᠲᠥᠷᠥᠯ ᠵᠦᠢᠯ ᠤᠨ ᠨᠢᠭᠡᠴᠡ ᠯᠦᠭᠡ ᠶᠢᠨ ᠬᠠᠷᠢᠯᠴᠠᠭ᠎ᠠ ᠨᠡᠪᠲᠡᠷᠡᠯᠴᠡᠭᠡ ᠪᠠᠨ ᠦᠨᠡᠨᠬᠦ ᠴᠢᠩᠭᠠᠳᠬᠠᠨ᠂ ᠲᠥᠷᠥᠯ ᠵᠦᠢᠯ ᠤᠨ ᠲᠤᠬᠠᠢ ᠶᠢᠨ ᠲᠠᠯᠠᠪᠤᠷ ᠲᠤ ᠪᠠᠶᠢᠩᠭᠤ ᠭᠦᠨᠵᠡᠭᠡᠶᠢᠷᠡᠵᠦ᠂ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠣᠶᠢᠯᠠᠭᠠᠨ ᠡᠵᠡᠮᠰᠢᠬᠦ ᠬᠡᠷᠡᠭᠲᠡᠢ᠃ ᠲᠠᠭᠯᠠᠨ ᠮᠡᠳᠡᠭᠦᠯᠦᠭᠰᠡᠨ ᠲᠤᠭ᠎ᠠ ᠪᠠᠷᠢᠮᠲᠠ ᠶᠢ ᠴᠠᠭ ᠲᠤᠬᠠᠢ ᠳᠤᠨᠢ᠂ ᠣᠨᠣᠪᠴᠢᠲᠠᠶ᠂ ᠪᠦᠷᠢᠨ ᠪᠦᠲᠦᠨ ᠪᠠᠶᠢᠯᠭᠠᠬᠤ ᠪᠠᠷ ᠴᠢᠷᠮᠠᠶᠢᠵᠤ᠂ ᠲᠥᠷᠥᠯ ᠵᠦᠢᠯ ᠤᠨ ᠠᠬᠢᠴᠠ ᠶᠢᠨ ᠴᠢᠬᠤᠯᠠ ᠵᠠᠩᠭᠢᠯᠠᠭ᠎ᠠ ᠶᠢᠨ ᠴᠢᠭ᠋ ᠪᠠ ᠪᠣᠳᠠᠲᠠᠢ ᠠᠬᠢᠴᠠ ᠶᠢᠨ ᠲᠣᠭᠠᠴᠢᠯᠲᠠ ᠶᠢ ᠵᠢᠷᠤᠮᠵᠢᠯ ᠲᠠᠢ᠂ ᠲᠣᠳᠣᠷᠬᠠᠢ᠂ ᠲᠣᠪᠴᠢ ᠠᠪᠰᠠᠷᠬᠠᠨ ᠪᠠᠶᠢᠯᠭᠠᠨ᠎ᠠ᠃ ᠡᠯ᠎ᠡ ᠲᠥᠷᠥᠯ ᠵᠦᠢᠯ ᠤᠨ ᠭᠤᠣᠯ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠮᠡᠳᠡᠭᠡ ᠵᠠᠩᠭᠢ ᠶᠢᠨ ᠬᠤᠯᠪᠣᠭᠠᠴᠢᠨ ᠬᠤᠪᠢᠷᠠᠯᠲᠠ ᠭᠠᠷᠪᠠᠯ᠂ ᠴᠠᠭ ᠲᠤᠬᠠᠢ ᠳᠤᠨᠢ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠵᠢᠯ ᠲᠥᠷᠥᠯ ᠤᠨ ᠰᠢᠰᠲ᠋ᠧᠮ ᠤᠨ ᠲᠠᠰᠤᠭ ᠲᠤ ᠮᠡᠳᠡᠭᠳᠡᠵᠦ᠂ ᠲᠤᠬᠠᠶᠢᠯᠠᠭᠰᠠᠨ ᠠᠵᠢᠯ ᠤᠨ ᠲᠠᠯ᠎ᠠ ᠪᠠᠷ ᠨᠡᠪᠲᠡᠷᠡᠯᠴᠡᠬᠦ ᠳᠤ ᠲᠥᠬᠦᠮ ᠪᠣᠯᠭᠠᠨ᠎ᠠ᠃       ᠭᠤᠷᠪᠠᠳᠤᠭᠠᠷ ᠪᠦᠯᠦᠭ ᠰᠢᠮᠳᠠᠭᠤᠯᠤᠨ ᠪᠠᠶᠢᠴᠠᠭᠠᠵᠤ ᠬᠢᠨᠠᠨ ᠰᠢᠯᠭᠠᠬᠤ       ᠶᠢᠰᠦᠳᠦᠭᠡᠷ ᠵᠦᠢᠯ       ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠨᠢ ᠭᠤᠣᠯᠳᠠᠯᠭ᠎ᠠ ᠲᠠᠢ ᠲᠥᠷᠥᠯ ᠵᠦᠢᠯ ᠢ ᠰᠢᠮᠳᠠᠭᠤᠯᠤᠨ ᠪᠠᠶᠢᠴᠠᠭᠠᠬᠤ ᠶᠢ ᠣᠨ ᠤ ᠰᠢᠮᠳᠠᠭᠤᠯᠤᠨ ᠪᠠᠶᠢᠴᠠᠭᠠᠬᠤ ᠲᠥᠯᠥᠪᠯᠡᠭᠡ ᠳᠤ ᠣᠷᠣᠭᠤᠯᠬᠤ ᠶᠢᠨ ᠬᠠᠮᠲᠤ᠂ ᠰᠢᠮᠳᠠᠭᠤᠯᠤᠨ ᠪᠠᠶᠢᠴᠠᠭᠠᠬᠤ ᠲᠥᠯᠥᠪᠯᠡᠭᠡ ᠶᠢᠨ ᠶᠣᠰᠣᠭᠠᠷ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠰᠢᠮᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠣᠳᠠᠲᠠᠢ ᠠᠬᠢᠴᠠ ᠵᠢᠴᠢ ᠣᠷᠣᠰᠢᠵᠤ ᠪᠠᠶᠢᠭ᠎ᠠ ᠠᠰᠠᠭᠤᠳᠠᠯ ᠵᠡᠷᠭᠡ ᠪᠠᠶᠢᠳᠠᠯ ᠢ ᠴᠠᠭ ᠲᠤᠬᠠᠢ ᠳᠤᠨᠢ ᠡᠵᠡᠮᠰᠢᠬᠦ ᠶᠢᠨ ᠬᠠᠮᠲᠤ᠂ ᠬᠤᠰᠢᠭᠤᠨ ᠤ ᠵᠠᠰᠠᠭ ᠤᠨ ᠣᠷᠳᠣᠨ ᠳᠤ ᠬᠠᠷᠢᠭᠤ ᠲᠤᠰᠬᠠᠬᠤ ᠬᠡᠷᠡᠭᠲᠡᠢ᠃ ᠣᠨᠴᠠ ᠵᠠᠷᠢᠮ ᠴᠢᠬᠤᠯᠠ ᠶᠡᠭᠡ ᠪᠤᠶᠤ ᠣᠨᠴᠣᠭᠤᠢ ᠲᠥᠷᠥᠯ ᠵᠦᠢᠯ ᠢ ᠡᠷᠬᠡᠪᠰᠢ ᠲᠤᠬᠠᠢ ᠶᠢᠨ ᠭᠠᠵᠠᠷ ᠲᠤᠨᠢ ᠰᠢᠮᠳᠠᠭᠤᠯᠤᠨ ᠪᠠᠶᠢᠴᠠᠭᠠᠭᠰᠠᠨ ᠪᠠᠶᠢᠳᠠᠯ ᠲᠠᠢ ᠪᠠᠨ ᠤᠶᠠᠯᠳᠤᠭᠤᠯᠤᠨ ᠴᠠᠭ ᠲᠤᠨᠢ ᠲᠣᠬᠢᠷᠠᠭᠤᠯᠤᠨ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠤᠰᠬᠠᠢ ᠵᠦᠢᠯ ᠢᠶᠠᠷ ᠬᠠᠷᠢᠭᠤ ᠲᠤᠰᠬᠠᠬᠤ ᠬᠡᠷᠡᠭᠲᠡᠢ᠃       ᠠᠷᠪᠠᠳᠤᠭᠠᠷ ᠵᠦᠢᠯ       ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠨ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠥᠯᠦᠪᠵᠢᠭᠦᠯᠭᠡ᠂ ᠭᠠᠵᠠᠷ ᠰᠢᠷᠣᠢ᠂ ᠣᠷᠴᠢᠨ ᠨᠥᠬᠦᠴᠡᠯ ᠤᠨ ᠦᠨᠡᠯᠡᠯᠲᠡ ᠶᠢᠨ᠂ ᠡᠨᠧᠷᠭᠢ ᠶᠢᠨ ᠦᠨᠡᠯᠡᠯᠲᠡ ᠶᠢᠨ᠂ ᠲᠥᠷᠥᠯ ᠵᠦᠢᠯ ᠲᠣᠭᠲᠠᠭᠠᠬᠤ᠂ ᠵᠢᠷᠤᠭ ᠲᠥᠯᠥᠪᠯᠡᠭᠡ᠂ ᠤᠰᠤᠨ ᠤ ᠬᠠᠮᠠᠭᠠᠯᠠᠯᠲᠠ᠂ ᠳᠠᠭᠠᠭᠠᠴᠢᠯᠠᠯᠲᠠ ᠵᠠᠷᠯᠠᠬᠤ ᠵᠡᠷᠭᠡ ᠭᠠᠷᠳᠠᠮ ᠢ ᠭᠦᠢᠴᠡᠳᠬᠡᠭᠰᠡᠨ ᠪᠠᠶᠢᠳᠠᠯ ᠤᠨ ᠲᠣᠭᠤᠷᠢᠨ ᠳᠤ᠂ ᠠᠵᠢᠯ ᠡᠬᠢᠯᠡᠭᠦᠯᠦᠭᠡᠳᠦᠢ᠂ ᠠᠵᠢᠯ ᠰᠡᠷᠭᠦᠭᠡᠭᠰᠡᠨ ᠲᠥᠷᠥᠯ ᠵᠦᠢᠯ ᠤᠨ ᠪᠠᠶᠢᠳᠠᠯ ᠪᠣᠯᠣᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠬᠤ ᠲᠥᠯᠥᠪᠯᠡᠭᠡ ᠶᠢᠨ ᠲᠣᠬᠢᠷᠠᠭᠤᠯᠤᠯᠲᠠ ᠶᠢ ᠴᠢᠩᠭᠠᠳᠬᠠᠵᠤ᠂ ᠠᠰᠠᠭᠤᠳᠠᠯ ᠤᠨ ᠨᠠᠷᠢᠨ ᠲᠠᠩᠰᠠ ᠶᠢ ᠪᠦᠷᠢᠯᠳᠦᠭᠦᠯᠵᠦ᠂ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠶᠢ ᠠᠬᠢᠭᠤᠯᠤᠨ᠎ᠠ᠃       ᠠᠷᠪᠠᠨ ᠨᠢᠭᠡᠳᠦᠭᠡᠷ ᠵᠦᠢᠯ       ᠰᠢᠯᠭᠠᠨ ᠬᠢᠨᠠᠬᠤ ᠰᠢᠰᠲ᠋ᠧᠮᠵᠢ ᠶᠢ ᠪᠠᠶᠢᠭᠤᠯᠤᠨ᠎ᠠ᠃ ᠬᠢᠨᠠᠨ ᠰᠢᠯᠭᠠᠵᠤ ᠠᠳᠠᠯᠢᠳᠬᠠᠨ ᠰᠢᠯᠭᠠᠷᠠᠭᠤᠯᠬᠤ ᠠᠵᠢᠯ ᠢ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠢᠶᠠᠷ ᠲᠦᠷᠦᠭᠦᠯᠡᠭᠦᠯᠦᠨ᠂ ᠤᠯᠠᠷᠢᠯ ᠪᠦᠷᠢ ᠳᠤ ᠡᠯ᠎ᠡ ᠲᠥᠷᠥᠯ ᠵᠦᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠥᠷᠥᠯ ᠵᠦᠢᠯ ᠢ ᠠᠬᠢᠭᠤᠯᠵᠤ ᠪᠠᠶᠢᠭ᠎ᠠ ᠪᠠᠶᠢᠳᠠᠯ ᠳᠤ ᠬᠤᠪᠢ ᠥᠭᠴᠦ᠂ ᠵᠢᠯ ᠤᠨ ᠡᠴᠦᠰ ᠲᠤ ᠤᠯᠠᠷᠢᠯ ᠪᠦᠷᠢ ᠶᠢᠨ ᠬᠢᠨᠠᠨ ᠰᠢᠯᠭᠠᠭᠰᠠᠨ ᠦᠷ᠎ᠡ ᠳ᠋ᠦᠩ ᠢ ᠡᠷᠬᠡ ᠨᠡᠮᠡᠵᠦ ᠲᠡᠭᠰᠢᠳᠬᠡᠨ᠂ ᠬᠤᠪᠢ ᠶᠢᠨ ᠥᠷᠲᠡᠭ ᠢ ᠬᠤᠰᠢᠭᠤᠨ ᠤ ᠵᠠᠰᠠᠭ ᠤᠨ ᠣᠷᠳᠣᠨ ᠤ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠳᠤᠭᠤᠶᠢᠯᠠᠩ ᠳᠤ ᠮᠡᠳᠡᠭᠦᠯᠵᠦ ᠰᠠᠯᠠᠭ᠎ᠠ ᠮᠥᠴᠢᠷ ᠤᠨ ᠤᠳᠤᠷᠢᠳᠬᠤ ᠪᠠᠭ ᠤᠨ ᠪᠣᠳᠠᠲᠤ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠦᠨᠳᠦᠰᠦᠯᠡᠯ ᠪᠣᠯᠭᠠᠨ᠎ᠠ᠃       ᠠᠷᠪᠠᠨ ᠬᠤᠶᠠᠳᠤᠭᠠᠷ ᠵᠦᠢᠯ       ᠲᠥᠷᠥᠯ ᠵᠦᠢᠯ ᠤᠨ ᠰᠢᠯᠭᠠᠨ ᠦᠨᠡᠯᠡᠯᠲᠡ ᠳᠤ ᠬᠤᠪᠢ ᠣᠯᠭᠤᠨ᠎ᠠ᠃ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠴᠢᠬᠤᠯᠠ ᠶᠡᠭᠡ ᠡᠮᠦᠨᠡᠬᠢ ᠬᠤᠭᠤᠴᠠᠭᠠᠨ ᠤ ᠲᠥᠷᠥᠯ ᠵᠦᠢᠯ ᠤᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠳᠤ ᠲᠥᠷᠥᠯ ᠬᠤᠪᠢᠶᠠᠨ ᠰᠢᠯᠭᠠᠨ ᠦᠨᠡᠯᠡᠬᠦ ᠶᠢ ᠬᠡᠷᠡᠭᠵᠢᠭᠦᠯᠵᠦ᠂ ᠡᠮᠦᠨᠡᠬᠢ ᠬᠤᠭᠤᠴᠠᠭᠠᠨ ᠤ ᠭᠠᠷᠳᠠᠮ ᠢ ᠪᠦᠷᠢᠨ ᠭᠦᠢᠴᠡᠳ᠂ ᠠᠵᠢᠯ ᠡᠬᠢᠯᠡᠭᠦᠯᠦᠭᠰᠡᠨ ᠨᠣᠷᠮ᠎ᠠ᠂ ᠵᠠᠩᠭᠢᠯᠠᠭ᠎ᠠ ᠶᠢᠨ ᠴᠡᠭ ᠤᠨ ᠡᠭᠦᠷᠭᠡ ᠶᠢ ᠪᠡᠶᠡᠯᠡᠭᠦᠯᠦᠭᠰᠡᠨ᠂ ᠮᠡᠳᠡᠭᠡ ᠵᠠᠩᠭᠢ ᠶᠢ ᠳᠡᠭᠡᠭᠰᠢ ᠮᠡᠳᠡᠭᠦᠯᠦᠭᠰᠡᠨ᠂ ᠠᠰᠠᠭᠤᠳᠠᠯ ᠢ ᠰᠢᠢᠳᠪᠦᠷᠢᠯᠡᠭᠰᠡᠨ ᠵᠡᠷᠭᠡ ᠳᠤ ᠠᠳᠠᠯᠢ ᠪᠤᠰᠤ ᠬᠤᠪᠢ ᠶᠢᠨ ᠵᠢᠩ ᠢ ᠦᠨᠡᠯᠡᠵᠦ ᠬᠤᠪᠢ ᠪᠤᠳᠤᠨ᠎ᠠ︔ ᠬᠤᠶᠠᠷ ᠠᠴᠠ ᠳᠡᠭᠡᠭᠰᠢᠬᠢ ᠲᠥᠷᠥᠯ ᠵᠦᠢᠯ ᠢ ᠬᠠᠷᠢᠭᠤᠴᠠᠨ ᠬᠡᠷᠡᠭᠵᠢᠭᠦᠯᠬᠦ ᠰᠠᠯᠠᠭ᠎ᠠ ᠮᠥᠴᠢᠷ ᠨᠢ ᠬᠡᠷᠡᠭᠵᠢᠭᠦᠯᠬᠦ ᠲᠥᠷᠥᠯ ᠵᠦᠢᠯ ᠤᠨ ᠳᠤᠮᠳᠠᠴᠢ ᠬᠤᠪᠢ ᠶᠢᠨ ᠥᠷᠲᠡᠭ ᠢᠶᠠᠷ ᠬᠤᠪᠢ ᠪᠤᠳᠤᠨ᠎ᠠ᠃ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠴᠢᠬᠤᠯᠠ ᠶᠡᠭᠡ ᠡᠮᠦᠨᠡᠬᠢ ᠬᠤᠭᠤᠴᠠᠭᠠᠨ ᠤ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ ᠢᠯᠡᠳᠲᠡ ᠠᠮᠵᠢᠯᠲᠠ ᠪᠦᠲᠦᠮᠵᠢ ᠣᠯᠣᠭᠰᠠᠳ ᠲᠤ ᠬᠤᠪᠢ ᠨᠡᠮᠡᠨ᠎ᠡ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ ᠲᠥᠷᠥᠯ ᠵᠦᠢᠯ ᠤᠨ ᠣᠷᠣᠰᠢᠵᠤ ᠪᠠᠶᠢᠭ᠎ᠠ ᠲᠥᠯᠦᠪᠵᠢᠭᠦᠯᠭᠡ᠂ ᠰᠠᠨᠠᠭᠤᠯᠭ᠎ᠠ ᠶᠢᠨ ᠪᠢᠴᠢᠭ᠂ ᠰᠤᠳᠤᠯᠵᠤ ᠪᠣᠯᠬᠤ ᠮᠡᠳᠡᠭᠦᠯᠦᠯᠲᠡ᠂ ᠠᠩᠬ᠎ᠠ ᠠᠯᠬᠤᠮ ᠤᠨ ᠵᠢᠷᠤᠭ ᠲᠥᠯᠥᠪᠯᠡᠭᠡ ᠵᠡᠷᠭᠡ ᠱᠠᠲᠤ ᠦᠶ᠎ᠡ ᠶᠢ ᠦᠨᠳᠦᠰᠦᠯᠡᠨ ᠦᠨᠡᠯᠡᠯᠲᠡ ᠬᠢᠵᠦ ᠬᠤᠪᠢ ᠪᠤᠳᠤᠨ᠎ᠠ᠃ ᠵᠠᠰᠠᠭ ᠤᠨ ᠣᠷᠳᠣᠨ ᠤ ᠪᠤᠰᠤ ᠪᠡᠯᠡ ᠣᠷᠣᠭᠤᠯᠤᠯᠲᠠ ᠶᠢᠨ ᠲᠥᠷᠥᠯ ᠵᠦᠢᠯ ᠨᠢ ᠲᠥᠷᠥᠯ ᠵᠦᠢᠯ ᠤᠨ ᠣᠷᠣᠰᠢᠵᠤ ᠪᠠᠶᠢᠭ᠎ᠠ ᠪᠡᠯᠡ ᠣᠷᠣᠭᠤᠯᠤᠯᠲᠠ ᠶᠢᠨ ᠵᠥᠪᠯᠡᠯᠴᠡᠭᠡᠷ ᠲᠣᠭᠲᠠᠬᠤ ᠪᠤᠶᠤ ᠠᠵᠤ ᠠᠬᠤᠶᠢᠯᠠᠯ ᠤᠨ ᠳᠠᠩᠰᠠᠯᠠᠯᠲᠠ᠂ ᠲᠥᠷᠥᠯ ᠵᠦᠢᠯ ᠤᠨ ᠭᠤᠶᠤᠴᠢᠯᠠᠯ ᠤᠨ ᠮᠡᠳᠡᠭᠦᠯᠦᠯᠲᠡ᠂ ᠮᠡᠳᠡᠭᠦᠯᠬᠦ ᠭᠠᠷᠳᠠᠮ᠂ ᠴᠣᠬᠤᠯᠠᠪᠤᠷᠢᠯᠠᠨ ᠬᠠᠷᠢᠭᠤᠯᠬᠤ ᠵᠡᠷᠭᠡ ᠱᠠᠲᠤ ᠦᠶ᠎ᠡ ᠶᠢ ᠦᠨᠳᠦᠰᠦᠯᠡᠨ ᠦᠨᠡᠯᠡᠯᠲᠡ ᠬᠢᠵᠦ ᠬᠤᠪᠢ ᠪᠤᠳᠤᠨ᠎ᠠ᠃       ᠠᠷᠪᠠᠨ ᠭᠤᠷᠪᠠᠳᠤᠭᠠᠷ ᠵᠦᠢᠯ       ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠪᠠ ᠰᠢᠭᠤᠳ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠵᠦ᠂ ᠬᠤᠰᠢᠭᠤᠨ ᠤ ᠨᠠᠮ ᠤᠨ ᠬᠤᠷᠢᠶ᠎ᠠ ᠠᠴᠠ ᠲᠡᠭᠦᠨ ᠢ ᠰᠡᠷᠡᠮᠵᠢᠯᠡᠭᠦᠯᠦᠨ ᠢᠳᠬᠠᠬᠤ ᠪᠠ ᠵᠠᠷᠯᠠᠨ ᠰᠢᠭᠦᠮᠵᠢᠯᠡᠨ᠎ᠡ᠃ ᠨᠢᠭᠡ ᠳᠤ ᠬᠠᠮᠲᠤᠷᠠᠭᠰᠠᠨ ᠬᠤᠷᠠᠯᠳᠤᠭᠠᠨ᠂ ᠲᠤᠰᠬᠠᠢ ᠰᠡᠳᠦᠪᠲᠦ ᠬᠤᠷᠠᠯᠳᠤᠭᠠᠨ ᠠᠴᠠ ᠪᠤᠢ ᠪᠣᠯᠤᠭᠰᠠᠨ ᠵᠥᠪᠯᠡᠨ ᠲᠣᠭᠲᠠᠭᠠᠭᠰᠠᠨ ᠵᠦᠢᠯᠡᠰ ᠢ ᠴᠠᠭ ᠲᠤᠬᠠᠢ ᠳᠤᠨᠢ ᠪᠡᠶᠡᠯᠡᠭᠦᠯᠵᠦ ᠳᠡᠶᠢᠯᠬᠦ ᠦᠭᠡᠢ ᠪᠠᠶᠢᠬᠤ︔ ᠬᠤᠶᠠᠷ ᠲᠤ ᠡᠯ᠎ᠡ ᠵᠦᠢᠯ ᠤᠨ ᠰᠢᠯᠲᠠᠭ ᠢᠶᠠᠷ ᠲᠤᠰ ᠰᠠᠯᠠᠭ᠎ᠠ ᠮᠥᠴᠢᠷ ᠤᠨ ᠢᠶᠠᠨ ᠬᠠᠷᠢᠭᠤᠴᠠᠬᠤ ᠶᠣᠰᠣᠲᠠᠢ ᠠᠵᠢᠯ ᠢ ᠲᠦᠯᠬᠢᠯᠴᠡᠭᠰᠡᠨ᠂ ᠤᠳᠠᠭᠠᠰᠢᠷᠠᠭᠤᠯᠤᠭᠰᠠᠨ︔ ᠭᠤᠷᠪᠠ ᠳᠤ ᠪᠠᠷᠢᠯᠭ᠎ᠠ ᠶᠢᠨ ᠵᠦᠢᠯᠡᠰ ᠢ ᠤᠳᠠᠲᠠᠯ᠎ᠠ ᠠᠵᠢᠯ ᠡᠬᠢᠯᠡᠭᠦᠯᠬᠦ ᠦᠭᠡᠢ᠂ ᠠᠵᠢᠯ ᠡᠬᠢᠯᠡᠭᠦᠯᠦᠮᠡᠭᠴᠡ ᠠᠵᠢᠯ ᠵᠣᠭᠰᠣᠵᠤ᠂ ᠪᠠᠷᠢᠯᠭ᠎ᠠ ᠶᠢᠨ ᠠᠬᠢᠴᠠ ᠤᠳᠠᠭᠠᠨ᠂ ᠪᠡᠯᠡ ᠬᠥᠷᠥᠩᠭᠡ ᠶᠢ ᠨᠡᠭᠦᠯᠭᠡᠨ ᠬᠡᠷᠡᠭᠯᠡᠬᠦ᠂ ᠠᠶᠤᠯᠭᠦᠢ ᠶᠢᠨ ᠡ᠊ᠨᠳᠡᠯ ᠵᠡᠷᠭᠡ ᠬᠦᠨᠳᠦ ᠶᠡᠭᠡ ᠠᠰᠠᠭᠤᠳᠠᠯ ᠭᠠᠷᠤᠭᠰᠠᠨ︔ ᠳᠥᠷᠪᠡ ᠳᠤ ᠵᠢᠯ ᠤᠨ ᠡᠴᠦᠰ ᠤᠨ ᠬᠤᠪᠢ ᠶᠢᠨ ᠥᠷᠲᠡᠭ ᠤᠨ ᠳᠠᠷᠠᠭᠠᠯᠠᠯ ᠳᠤ ᠬᠤᠶᠢᠨ᠎ᠠ ᠪᠠᠶᠢᠭ᠎ᠠ ᠲᠥᠷᠥᠯ ᠵᠦᠢᠯ ᠤᠨ ᠬᠠᠷᠢᠭᠤᠴᠠᠯᠭᠠᠲᠤ ᠨᠢᠭᠡᠴᠡ ᠵᠢᠴᠢ ᠬᠠᠷᠢᠭᠤᠴᠠᠯᠭᠠᠲᠠᠨ᠃       ᠠᠷᠪᠠᠨ ᠳᠥᠷᠪᠡᠳᠦᠭᠡᠷ ᠵᠦᠢᠯ       ᠵᠣᠬᠢᠴᠠᠭᠤᠯᠭ᠎ᠠ ᠨᠢ ᠬᠦᠴᠦᠲᠡᠢ᠂ ᠠᠷᠭ᠎ᠠ ᠬᠡᠮᠵᠢᠶ᠎ᠡ ᠨᠢ ᠵᠣᠬᠢᠰᠲᠠᠢ᠂ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠦᠭᠰᠡᠨ ᠲᠥᠷᠥᠯ ᠵᠦᠢᠯ ᠤᠨ ᠨᠢᠭᠡᠴᠡ ᠶᠢ ᠨᠡᠪᠲᠡᠷᠡᠭᠦᠯᠦᠨ ᠰᠠᠶᠢᠰᠢᠶᠠᠨ᠎ᠠ᠃       ᠳᠥᠷᠪᠡᠳᠦᠭᠡᠷ ᠪᠦᠯᠦᠭ ᠬᠠᠪᠰᠤᠷᠤᠯᠲᠠ ᠳᠦᠷᠢᠮ       ᠠᠷᠪᠠᠨ ᠲᠠᠪᠤᠳᠤᠭᠠᠷ ᠵᠦᠢᠯ       ᠳ᠋ᠡᠭᠡᠳᠦ ᠱᠠᠲᠤᠨ ᠤ ᠪᠢᠴᠢᠭ ᠮᠠᠲ᠋ᠧᠷᠢᠶᠠᠯ ᠳᠤ ᠠᠰᠲᠠᠭᠠᠨ ᠰᠢᠨ᠎ᠡ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃       ᠠᠷᠪᠠᠨ ᠵᠢᠷᠭᠤᠳᠤᠭᠠᠷ ᠵᠦᠢᠯ       ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ ᠲᠠᠪᠤᠨ ᠵᠢᠯ ᠪᠣᠯᠣᠨ᠎ᠠ᠃             ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ       2022 ᠣᠨ ᠤ 4 ᠰᠠᠷ᠎ᠠ ᠶᠢᠨ 30᠎ ᠤ ᠡᠳᠦᠷ ᠬᠡᠪᠯᠡᠨ ᠲᠠᠷᠬᠠᠭᠠᠪᠠ
 
ᠢᠷᠡᠯᠲᠡ᠄ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号