| | | | | ᠠᠯᠠᠱᠠ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠄ | | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ ᠵᠠᠰᠠᠭ ᠤᠨ | ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ ᠠᠵᠢᠯ ᠢ ᠪᠥᠬᠦ ᠲᠠᠯ᠎ᠠ ᠪᠠᠷ ᠲᠦᠯᠬᠢᠨ | ᠠᠬᠢᠭᠤᠯᠬᠤ ᠶᠢᠨ ᠬᠡᠷᠡᠭᠵᠢᠭᠦᠯᠬᠦ ᠰᠠᠨᠠᠯ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2020﹈ 2 | ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠠᠯᠠᠱᠠ ᠵᠡᠭᠦᠨ ᠬᠤᠰᠢᠭᠤᠨ ᠤ 2022 | ᠣᠨ ᠤ ᠨᠢᠭᠡᠳᠦᠭᠡᠷ ᠤᠯᠠᠷᠢᠯ ᠤᠨ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ | ᠪᠠᠷᠢᠮᠵᠢᠶᠠᠵᠢᠭᠤᠯᠤᠨ ᠵᠢᠷᠤᠮᠵᠢᠭᠤᠯᠬᠤ ᠠᠵᠢᠯ ᠢ ᠪᠥᠬᠦ ᠲᠠᠯ᠎ᠠ ᠪᠠᠷ ᠲᠦᠯᠬᠢᠨ ᠠᠬᠢᠭᠤᠯᠤᠭᠰᠠᠨ ᠠᠬᠢᠴᠠ ᠶᠢᠨ | ᠪᠠᠶᠢᠳᠠᠯ ᠢ ᠳᠠᠷᠠᠭᠠᠬᠢ ᠪᠠᠶᠢᠳᠠᠯ ᠢᠶᠠᠷ ᠬᠠᠷᠢᠭᠤ ᠮᠡᠳᠡᠭᠦᠯᠦᠶ᠎ᠡ᠃ | | ᠨᠢᠭᠡ᠂ ᠪᠥᠬᠦ ᠬᠤᠰᠢᠭᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠦᠨᠳᠦᠰᠦᠨ | ᠠᠵᠢᠯᠯᠠᠭᠠᠨ ᠤ ᠪᠠᠶᠢᠳᠠᠯ | | ᠨᠢᠭᠡ ᠳᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠵᠠᠰᠠᠭ ᠤᠨ ᠶᠠᠪᠤᠳᠠᠯ ᠢ | ᠢᠯᠡ ᠪᠣᠯᠭᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠲᠤᠬᠠᠢ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠪᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ︾ ᠢ ︽ᠢᠯᠡ ᠪᠣᠯᠭᠠᠬᠤ ᠶᠢ | ᠬᠡᠪ ᠤᠨ ᠪᠠᠶᠢᠳᠠᠯ ᠪᠣᠯᠭᠠᠬᠤ᠂ ᠢᠯᠡ ᠪᠣᠯᠭᠠᠬᠤ ᠦᠭᠡᠢ ᠶᠢ ᠣᠨᠴᠠᠭᠠᠶ ᠪᠠᠶᠢᠳᠠᠯ ᠪᠣᠯᠭᠠᠬᠤ︾ ᠵᠠᠷᠴᠢᠮ ᠢ ᠪᠠᠷᠢᠮᠲᠠᠯᠠᠵᠤ | ᠂ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠮᠡᠳᠡᠭᠡ ᠵᠠᠩᠭᠢ᠂ ᠪᠠᠶᠢᠭᠤᠯᠤᠮᠵᠢ ᠶᠢᠨ ᠡᠭᠦᠷᠭᠡ | ᠴᠢᠳᠠᠪᠤᠷᠢ ᠶᠢᠨ ᠭᠠᠷᠴᠠᠭ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ | ᠪᠠᠷᠢᠮᠵᠢᠶᠠᠵᠢᠭᠤᠯᠤᠨ ᠵᠢᠷᠤᠮᠵᠢᠭᠤᠯᠬᠤ ᠭᠠᠷᠴᠠᠭ ᠵᠢᠴᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠵᠡᠷᠭᠡ ᠶᠢᠨ | ᠡᠷᠬᠡ ᠬᠡᠷᠡᠭᠯᠡᠬᠦ ᠶᠢ ᠢᠯᠡ ᠪᠣᠯᠭᠠᠬᠤ ᠶᠢ ᠠᠬᠢᠭᠤᠯᠤᠨ᠎ᠠ᠃ ᠬᠤᠶᠠᠷ ᠲᠤ᠂ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠶᠢ ᠨᠡᠶᠢᠲᠡᠯᠡᠨ ᠲᠠᠶᠢᠯᠪᠤᠷᠢᠯᠠᠬᠤ ᠪᠠ ᠶᠠᠷᠢᠶ᠎ᠠ ᠬᠡᠯᠡᠯᠴᠡᠭᠡᠨ ᠤ | ᠬᠠᠷᠢᠭᠤ ᠲᠤᠰᠬᠠᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠭᠦᠢᠴᠡᠳᠬᠡᠬᠦ | ᠠᠵᠢᠯ ᠤᠨ ᠬᠢᠨᠠᠯᠲᠠ ᠬᠠᠮᠢᠶᠠᠷᠤᠯᠲᠠ ᠶᠢᠨ ᠵᠠᠭᠪᠤᠷ ᠪᠠ ᠮᠡᠳᠡᠭᠡᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ | ᠨᠢᠭᠡᠳᠦᠭᠡᠷ ᠤᠯᠠᠷᠢᠯ ᠳᠤ ︽ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ︾ ᠤ ᠫᠤᠷᠲ᠋ᠧᠯ | ᠰᠦᠯᠵᠢᠶ᠎ᠡ ᠵᠢᠴᠢ ᠡᠯ᠎ᠡ ᠰᠠᠯᠠᠭ᠎ᠠ ᠮᠥᠴᠢᠷ ᠤᠨ ᠸᠢᠴᠠᠲ ᠤᠨ ᠴᠠᠬᠢᠮ ᠲᠠᠪᠴᠠᠩ ᠢᠶᠠᠷ ᠳᠠᠮᠵᠢᠭᠤᠯᠤᠨ ᠲᠥᠷᠥ ᠶᠢᠨ | ᠪᠣᠳᠣᠯᠭ᠎ᠠ ᠶᠢᠨ ᠲᠠᠶᠢᠯᠤᠮᠵᠢ ᠨᠡᠶᠢᠲᠡ 3 ᠬᠤᠪᠢ ᠨᠡᠶᠢᠲᠡᠯᠡᠵᠦ᠂ ᠸᠢᠳᠢᠤ᠋᠂ ᠡᠬᠡ ᠪᠢᠴᠢᠭ᠂ ᠵᠢᠷᠤᠭᠲᠤ ᠲᠠᠶᠢᠯᠪᠤᠷᠢ᠂ | ᠰᠣᠷᠪᠤᠯᠵᠢᠯᠠᠭ᠎ᠠ ᠵᠡᠷᠭᠡ ᠣᠯᠠᠨ ᠵᠦᠢᠯ ᠤᠨ ᠲᠠᠶᠢᠯᠤᠮᠵᠢ ᠭᠦᠢᠴᠡᠳᠬᠡᠬᠦ ᠬᠡᠯᠪᠡᠷᠢ ᠳᠤ ᠬᠤᠯᠪᠣᠭᠳᠠᠨ᠂ ᠲᠥᠷᠥ ᠶᠢᠨ | ᠪᠣᠳᠣᠯᠭ᠎ᠠ ᠶᠢᠨ ᠲᠠᠶᠢᠯᠤᠮᠵᠢ ᠭᠦᠢᠴᠡᠳᠬᠡᠬᠦ ᠬᠢᠷᠢ ᠲᠦᠪᠰᠢᠨ ᠪᠠ ᠦᠷ᠎ᠡ ᠪᠦᠲᠦᠮᠵᠢ ᠶᠢ ᠤᠯᠠᠮ ᠳᠡᠭᠡᠭᠰᠢᠯᠡᠭᠦᠯᠪᠡ᠃ | ᠭᠤᠷᠪᠠ ᠳᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠬᠤᠳᠠᠯᠳᠤᠭ᠎ᠠ | ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠬᠤ ᠶᠢ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶ᠎ᠡ ᠣᠨᠴᠠᠭᠠᠶᠢᠯᠠᠨ ᠭᠡᠨᠡᠳᠲᠡ ᠶᠢᠨ ᠬᠡᠷᠡᠭ ᠢ ᠠᠷᠭᠠᠴᠠᠬᠤ | ᠵᠡᠷᠭᠡ ᠬᠦᠷᠢᠶ᠎ᠡ ᠶᠢᠨ ᠮᠡᠳᠡᠭᠡ ᠵᠠᠩᠭᠢ ᠶᠢ ᠢᠯᠡ ᠪᠣᠯᠭᠠᠬᠤ ᠶᠢ ᠭᠦᠨᠵᠡᠭᠡᠶᠢᠷᠡᠭᠦᠯᠵᠦ᠂ ᠨᠢᠭᠡᠳᠦᠭᠡᠷ ᠤᠯᠠᠷᠢᠯ ᠳᠤ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ 536 ᠵᠤᠷᠪᠤᠰ ᠢᠯᠡ ᠪᠣᠯᠭᠠᠪᠠ᠃ | ᠳᠥᠷᠪᠡ ᠳᠤ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠮᠡᠳᠡᠭᠡ ᠶᠢᠨ ᠰᠦᠯᠵᠢᠶᠡᠨ ᠤ ᠬᠡᠪᠯᠡᠯ ᠤᠨ | ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠭᠠᠷ ᠤᠲᠠᠰᠤᠨ ᠤ ᠲᠠᠪᠴᠠᠩ ᠤᠨ ᠳᠡᠯᠭᠡᠨ ᠦᠵᠡᠭᠦᠯᠬᠦ ᠪᠠ | ᠤᠩᠰᠢᠬᠤ ᠳᠤ ᠲᠣᠬᠢᠷᠠᠬᠤ ᠮᠡᠷᠭᠡᠨ ᠴᠣᠬᠤᠷ ᠤᠨ ᠬᠡᠪᠯᠡᠯ ᠤᠨ ᠠᠯᠪᠠᠨ ᠮᠡᠳᠡᠭᠡ ᠶᠢ ᠨᠡᠶᠢᠲᠡᠯᠡᠵᠦ᠂ ᠢᠨᠲ᠋ᠧᠷ | ᠰᠦᠯᠵᠢᠶᠡᠨ ᠤ ᠮᠡᠳᠡᠭᠡ ᠵᠠᠩᠭᠢ ᠶᠢᠨ ᠢᠯᠡ ᠨᠡᠶᠢᠲᠡᠯᠡᠬᠦ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠭᠦᠢᠴᠡᠳᠬᠡᠬᠦ ᠠᠵᠢᠯ ᠢ ᠵᠢᠷᠤᠮᠵᠢᠭᠤᠯᠵᠤ᠂ ᠪᠥᠬᠦ | ᠬᠤᠰᠢᠭᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠴᠢᠨᠠᠷ ᠴᠢᠨᠰᠠᠭ᠎ᠠ ᠶᠢ ᠡᠷᠴᠢᠮᠲᠡᠢ | ᠰᠠᠶᠢᠵᠢᠷᠠᠭᠤᠯᠪᠠ᠃ | | ᠬᠤᠶᠠᠷ᠂ ᠣᠷᠣᠰᠢᠵᠤ ᠪᠠᠶᠢᠭ᠎ᠠ ᠠᠰᠠᠭᠤᠳᠠᠯ | | ︵ᠨᠢᠭᠡ︶ ᠵᠠᠰᠠᠭ ᠤᠨ ᠣᠷᠳᠣᠨ ᠤ ᠰᠦᠯᠵᠢᠶᠡᠨ ᠥᠷᠲᠡᠭᠡ | | 1. ᠰᠦᠯᠵᠢᠶᠡᠨ ᠥᠷᠲᠡᠭᠡᠨ ᠤ ᠠᠭᠤᠯᠭ᠎ᠠ ᠶᠢ ᠳᠡᠭᠡᠭᠰᠢ ᠳᠠᠮᠵᠢᠭᠤᠯᠬᠤ ᠳᠤ ᠮᠥᠨ ᠬᠦ ᠭᠠᠷᠴᠠᠭ ᠨᠢ | ᠬᠤᠭᠤᠰᠤᠨ᠂ ᠬᠡᠰᠡᠭ ᠨᠢ ᠲᠣᠳᠣᠷᠬᠠᠢ ᠦᠭᠡᠢ᠂ ᠬᠤᠯᠪᠣᠭᠳᠠᠬᠤ ᠴᠥᠷᠬᠡᠯᠡᠭᠡ ᠵᠢᠴᠢ ᠬᠠᠪᠰᠤᠷᠤᠯᠲᠠ ᠨᠡᠮᠡᠭᠰᠡᠨ | ᠦᠭᠡᠢ᠂ ᠲᠠᠰᠢᠶᠠᠷᠠᠭᠰᠠᠨ ᠥᠰᠥᠭ᠂ ᠪᠢᠴᠢᠭ ᠮᠠᠲ᠋ᠧᠷᠢᠶᠠᠯ ᠤᠨ ᠬᠠᠷᠢᠶᠠᠯᠠᠭᠳᠠᠬᠤ ᠣᠷᠣᠨ ᠪᠠᠶᠢᠷᠢ ᠨᠢ ᠲᠠᠭᠠᠷᠠᠬᠤ | ᠦᠭᠡᠢ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ | | 2. ᠰᠦᠯᠵᠢᠶᠡᠨ ᠤ ᠥᠷᠲᠡᠭᠡ ᠶᠢᠨ ᠪᠤᠯᠤᠩ ᠤᠨ ᠱᠠᠭᠠᠷᠳᠠᠯᠭ᠎ᠠ ᠶᠣᠰᠣᠭᠠᠷ ᠰᠢᠨᠡᠳᠬᠡᠬᠦ ᠴᠠᠭ ᠤᠨ ᠬᠢᠵᠠᠭᠠᠷ ᠢ | ᠥᠯᠥ ᠵᠢᠷᠤᠮᠯᠠᠨ ᠴᠠᠭ ᠲᠤᠬᠠᠢ ᠳᠤᠨᠢ ᠰᠢᠨᠡᠳᠬᠡᠬᠦ ᠶᠠᠪᠤᠳᠠᠯ ᠨᠡᠶᠢᠳᠡᠮ ᠣᠷᠣᠰᠢᠵᠤ᠂ ᠡᠯ᠎ᠡ ᠲᠤᠰᠬᠠᠢ ᠰᠡᠳᠦᠪᠲᠦ | ᠪᠤᠯᠤᠩ ᠤᠨ ᠰᠢᠨᠡᠳᠬᠡᠬᠦ ᠠᠭᠤᠯᠭ᠎ᠠ ᠤᠳᠠᠭᠠᠨ ᠪᠠᠶᠢᠨ᠎ᠠ᠃ | | 3. ᠭᠤᠣᠯᠳᠠᠯᠭ᠎ᠠ ᠲᠠᠢ ᠮᠡᠳᠡᠭᠡ ᠵᠠᠩᠭᠢ ᠶᠢ ᠢᠯᠡ ᠪᠣᠯᠭᠠᠬᠤ ᠬᠦᠷᠢᠶ᠎ᠡ ᠴᠠᠷᠠᠭ᠎ᠠ ᠶᠢᠨ ᠬᠠᠮᠢᠶ᠎ᠠ ᠪᠦᠬᠦᠢ | ᠬᠠᠷᠢᠭᠤᠴᠠᠯᠭᠠᠲᠤ ᠰᠠᠯᠠᠭ᠎ᠠ ᠮᠥᠴᠢᠷ ᠤᠨ ᠳᠡᠭᠡᠭᠰᠢ ᠳᠠᠮᠵᠢᠭᠤᠯᠬᠤ ᠠᠭᠤᠯᠭ᠎ᠠ ᠴᠥᠭᠡᠨ᠂ ᠭᠤᠣᠯᠳᠠᠯᠭ᠎ᠠ ᠲᠠᠢ ᠬᠦᠷᠢᠶ᠎ᠡ | ᠴᠠᠷᠠᠭ᠎ᠠ ᠶᠢᠨ ᠲᠦᠷᠦᠭᠦᠯᠡᠨ ᠭᠦᠢᠴᠡᠳᠬᠡᠬᠦ ᠰᠠᠯᠠᠭ᠎ᠠ ᠮᠥᠴᠢᠷ᠂ ᠪᠦᠷᠢᠯᠳᠦᠭᠦᠨ ᠨᠢᠭᠡᠴᠡ ᠶᠢᠨ ᠰᠦᠯᠵᠢᠶᠡᠨ ᠳᠤ | ᠭᠠᠷᠬᠤ ᠮᠡᠳᠡᠭᠡ ᠵᠠᠩᠭᠢ ᠴᠥᠭᠡᠨ᠂ ᠰᠢᠨᠡᠳᠬᠡᠬᠦ ᠨᠢ ᠤᠳᠠᠭᠠᠨ᠃ | | ︵ᠬᠤᠶᠠᠷ︶ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ | | ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠰᠢᠨᠡᠳᠬᠡᠬᠦ ᠴᠠᠭ ᠤᠨ ᠬᠢᠵᠠᠭᠠᠷ ᠤᠨ ᠱᠠᠭᠠᠷᠳᠠᠯᠭ᠎ᠠ | ᠶᠣᠰᠣᠭᠠᠷ ᠠᠭᠤᠯᠭ᠎ᠠ ᠶᠢ ᠰᠢᠨᠡᠳᠬᠡᠬᠦ ᠦᠭᠡᠢ᠂ ᠰᠢᠨ᠎ᠡ ᠵᠠᠭᠤᠴᠢᠯᠠᠭᠤᠷ ᠤᠨ ᠲᠠᠩᠰᠠᠨ ᠨᠣᠮᠧᠷ ᠢ ᠰᠢᠨ᠎ᠡ ᠪᠠᠷ ᠨᠡᠮᠡᠬᠦ | ᠪᠠ ᠬᠦᠴᠦᠨ ᠦᠭᠡᠢ ᠪᠣᠯᠭᠠᠬᠤ ᠶᠢ ᠱᠠᠭᠠᠷᠳᠠᠯᠭ᠎ᠠ ᠶᠣᠰᠣᠭᠠᠷ ᠮᠡᠳᠡᠭᠦᠯᠦᠨ ᠳᠠᠩᠰᠠᠯᠠᠭᠤᠯᠤᠭᠰᠠᠨ ᠦᠭᠡᠢ᠂ ᠣᠨᠴᠠ | ᠵᠠᠷᠢᠮ ᠰᠠᠯᠠᠭ᠎ᠠ ᠮᠥᠴᠢᠷ ᠡᠶᠢᠮᠦᠷᠬᠦ ᠠᠰᠠᠭᠤᠳᠠᠯ ᠢ ᠴᠢᠬᠤᠯᠠᠴᠢᠯᠠᠬᠤ ᠪᠠᠷ ᠬᠦᠷᠦᠯᠴᠡᠬᠦ ᠦᠭᠡᠢ ᠪᠠᠶᠢᠨ᠎ᠠ᠃ | | ︵ᠭᠤᠷᠪᠠ︶ ᠲᠥᠷᠥ ᠶᠢᠨ ᠪᠣᠳᠣᠯᠭ᠎ᠠ ᠶᠢᠨ ᠲᠠᠶᠢᠯᠤᠮᠵᠢ | | 1. ᠣᠲᠣ ᠪᠣᠯᠲᠠᠯ᠎ᠠ᠂ ᠰᠠᠯᠠᠭ᠎ᠠ ᠮᠥᠴᠢᠷ ᠤᠳ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠭᠦᠢᠴᠡᠳᠬᠡᠬᠦ | ᠠᠵᠢᠯ ᠥᠷᠨᠢᠭᠦᠯᠦᠭᠡᠳᠦᠢ ᠪᠠᠶᠢᠭᠰᠠᠭᠠᠷ︔ | | 2. ᠣᠯᠠᠨ ᠰᠠᠯᠠᠭ᠎ᠠ ᠮᠥᠴᠢᠷ ᠲᠣᠭᠲᠠᠭᠰᠠᠨ ᠴᠠᠭ ᠤᠨ ᠬᠢᠵᠠᠭᠠᠷ ᠶᠣᠰᠣᠭᠠᠷ ᠲᠥᠷᠥ ᠶᠢᠨ ᠪᠣᠳᠣᠯᠭ᠎ᠠ ᠶᠢᠨ | ᠲᠠᠶᠢᠯᠤᠮᠵᠢ ᠪᠠᠨ ᠮᠡᠳᠡᠭᠦᠯᠦᠨ ᠳᠠᠩᠰᠠᠯᠠᠭᠤᠯᠤᠭᠰᠠᠨ ᠦᠭᠡᠢ︔ | | 3. ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠬᠡᠯᠪᠡᠷᠢ ᠨᠢ ᠬᠥᠰᠢᠭᠦᠨ ᠪᠠᠶᠢᠵᠤ᠂ ᠡᠬᠡ ᠪᠢᠴᠢᠭ ᠤᠨ | ᠲᠥᠷᠥᠯ ᠤᠨ ᠲᠠᠶᠢᠯᠤᠮᠵᠢ ᠳᠤ ᠲᠤᠭᠤᠷᠪᠢᠭᠰᠠᠨ ᠲᠣᠳᠣᠷᠬᠠᠶᠢᠯᠠᠯᠲᠠ ᠶᠢ ᠰᠢᠭᠤᠳ ᠲᠣᠬᠤᠨ ᠬᠡᠷᠡᠭᠯᠡᠵᠦ᠂ | ᠲᠠᠶᠢᠯᠤᠮᠵᠢ ᠶᠢᠨ ᠠᠭᠤᠯᠭ᠎ᠠ ᠪᠠ ᠤᠭ ᠵᠣᠬᠢᠶᠠᠯ ᠢ ᠳᠠᠪᠲᠠᠬᠤ ᠠᠰᠠᠭᠤᠳᠠᠯ ᠣᠷᠣᠰᠢᠵᠤ ᠪᠠᠶᠢᠨ᠎ᠠ︔ | | 4. ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠰᠦᠯᠵᠢᠶᠡᠨ ᠳᠡᠭᠡᠷ᠎ᠡ ᠳᠠᠮᠵᠢᠭᠤᠯᠤᠨ ᠰᠢᠨᠡᠳᠬᠡᠬᠦ | ᠦᠶ᠎ᠡ ᠳᠤ ᠮᠠᠰᠢ ᠣᠯᠠᠨ ᠰᠠᠯᠠᠭ᠎ᠠ ᠮᠥᠴᠢᠷ ᠤᠨ ᠬᠢᠨ ᠰᠢᠭᠤᠳ ᠰᠢᠯᠵᠢᠭᠦᠯᠦᠨ ᠨᠡᠶᠢᠲᠡᠯᠡᠵᠦ᠂ ᠥᠪᠡᠷ ᠤᠨ ᠠᠭᠤᠯᠭ᠎ᠠ | ᠦᠭᠡᠢ ᠪᠠᠶᠢᠨ᠎ᠠ᠃ | | ︵ᠳᠥᠷᠪᠡ︶ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠤᠨ | ᠵᠢᠷᠤᠮᠵᠢᠭᠤᠯᠬᠤ ᠠᠵᠢᠯ | | 1. ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠵᠦᠢᠯᠡᠰ ᠤᠨ ᠪᠠᠷᠢᠮᠵᠢᠶ᠎ᠠ ᠶᠢᠨ | ᠭᠠᠷᠴᠠᠭ ᠢ 2020 ᠣᠨ ᠤ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠬᠢᠯᠡᠨ ᠪᠠᠶᠢᠭᠤᠯᠵᠤ ᠳᠡᠭᠡᠭᠰᠢ | ᠳᠠᠮᠵᠢᠭᠤᠯᠤᠭᠰᠠᠨ ᠤ ᠳᠠᠷᠠᠭ᠎ᠠ ᠳᠠᠬᠢᠨ ᠡᠮᠬᠢᠯᠡᠵᠦ ᠳᠠᠬᠢᠨ ᠨᠠᠶᠢᠳᠠᠪᠤᠷᠢᠵᠢᠭᠤᠯᠤᠭᠰᠠᠨ ᠦᠭᠡᠢ ᠪᠥᠭᠡᠳ ᠴᠠᠭ ᠲᠤᠬᠠᠢ | ᠳᠤᠨᠢ ᠰᠢᠨᠡᠳᠬᠡᠨ ᠲᠡᠭᠦᠯᠳᠡᠷᠵᠢᠭᠦᠯᠦᠭᠰᠡᠨ ᠦᠭᠡᠢ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ | ᠪᠠᠷᠢᠮᠵᠢᠶ᠎ᠠ ᠶᠢᠨ ᠭᠠᠷᠴᠠᠭ ᠤᠨ ᠶᠣᠰᠣᠭᠠᠷ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠰᠦᠯᠵᠢᠶᠡᠨ ᠥᠷᠲᠡᠭᠡ ᠶᠢᠨ ᠪᠤᠯᠤᠩ ᠳᠤ ᠬᠠᠮᠢᠶ᠎ᠠ ᠪᠦᠬᠦᠢ ᠠᠭᠤᠯᠭ᠎ᠠ ᠶᠢ ᠴᠠᠭ ᠲᠤᠬᠠᠢ ᠳᠤᠨᠢ ᠳᠠᠮᠵᠢᠭᠤᠯᠵᠤ | ᠰᠢᠨᠡᠳᠬᠡᠭᠰᠡᠨ ᠦᠭᠡᠢ︔ | | 2. ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠯᠪᠠᠨ ᠭᠡᠷ ᠤᠨ | ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠲᠤ ᠨᠢᠭᠡᠨᠲᠡ ᠵᠠᠰᠠᠭ ᠤᠨ ᠶᠠᠪᠤᠳᠠᠯ ᠢ ᠢᠯᠡ ᠪᠣᠯᠭᠠᠬᠤ | ᠲᠤᠰᠬᠠᠢ ᠣᠷᠣᠨ ᠪᠠᠶᠢᠭᠤᠯᠤᠭᠰᠠᠨ ᠪᠣᠯᠪᠠᠴᠤ ᠪᠠᠷᠢᠮᠵᠢᠶᠠᠵᠢᠭᠤᠯᠤᠯᠲᠠ ᠳᠤ ᠬᠦᠷᠦᠭᠰᠡᠨ ᠦᠭᠡᠢ ︵ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ᠂ ᠮᠡᠳᠡᠭᠡ ᠵᠠᠩᠭᠢ ᠶᠢ ᠢᠯᠡ ᠪᠣᠯᠭᠠᠬᠤ ᠪᠠᠷ ᠭᠤᠶᠤᠴᠢᠯᠠᠬᠤ᠂ | ᠠᠵᠢᠯ ᠶᠠᠪᠤᠳᠠᠯ ᠭᠦᠢᠴᠡᠳᠬᠡᠬᠦ ᠳᠤ ᠠᠰᠠᠭᠤᠨ ᠯᠠᠪᠯᠠᠵᠤ ᠬᠠᠷᠢᠭᠤᠯᠲᠠ ᠥᠭᠬᠦ ᠵᠡᠷᠭᠡ ᠦᠢᠯᠡᠴᠢᠯᠡᠭᠡ ᠬᠠᠩᠭᠠᠬᠤ︶ | ᠠᠰᠠᠭᠤᠳᠠᠯ ᠣᠷᠣᠰᠢᠵᠤ ᠪᠠᠶᠢᠨ᠎ᠠ︔ | | 3. ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠮᠠᠯᠵᠢᠬᠤ ᠲᠠᠷᠢᠶᠠᠯᠠᠬᠤ ᠣᠷᠣᠨ | ᠪᠠ ᠨᠡᠶᠢᠭᠡᠮ ᠲᠣᠭᠤᠷᠢᠭ ᠳᠠᠰᠢ ᠤᠷᠲᠤᠳᠬᠠᠬᠤ ᠶᠢ ᠰᠠᠶᠢᠲᠤᠷ ᠬᠢᠭᠡᠳᠦᠢ ᠪᠠᠶᠢᠵᠤ᠂ ᠡᠯ᠎ᠡ ᠭᠠᠴᠠᠭ᠎ᠠ ᠲᠣᠰᠬᠤᠨ ︵ | ᠰᠠᠭᠤᠭᠠᠯᠢ ᠠᠷᠠᠳ︶ ᠤ ᠮᠡᠳᠡᠭᠡ ᠵᠠᠩᠭᠢ ᠶᠢ ᠢᠯᠡ ᠨᠡᠶᠢᠲᠡᠯᠡᠬᠦ ᠪᠤᠯᠤᠩ᠂ ᠸᠢᠴᠠᠲ ᠤᠨ ᠬᠤᠯᠪᠣᠭ᠎ᠠ᠂ ᠴᠠᠬᠢᠮ | ᠲᠠᠪᠴᠠᠩ ᠵᠡᠷᠭᠡ ᠠᠷᠭ᠎ᠠ ᠵᠠᠮ ᠢᠶᠠᠷ ᠶᠠᠳᠠᠭᠤᠷᠠᠯ ᠠᠴᠠ ᠠᠩᠭᠢᠵᠢᠷᠠᠭᠤᠯᠬᠤ ᠪᠣᠱᠤᠭ᠎ᠠ ᠶᠢ ᠳᠠᠪᠠᠭ᠋ᠤ ᠶᠢ | ᠭᠤᠣᠯᠳᠠᠯᠭ᠎ᠠ ᠲᠠᠢ ᠢᠯᠡ ᠪᠣᠯᠭᠠᠵᠤ᠂ ᠲᠣᠰᠬᠤᠨ ᠤ ᠱᠠᠲᠤᠨ ᠤ ᠡᠳ᠋ ᠤᠨ ᠶᠠᠪᠤᠳᠠᠯ᠂ ᠲᠠᠷᠢᠶᠠᠴᠢᠳ ᠲᠤ ᠠᠰᠢᠭ | ᠬᠦᠷᠲᠡᠭᠡᠬᠦ ᠲᠥᠷᠥ ᠶᠢᠨ ᠪᠣᠳᠣᠯᠭ᠎ᠠ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠵᠡᠷᠭᠡ ᠲᠠᠯ᠎ᠠ ᠶᠢᠨ ᠮᠡᠳᠡᠭᠡ | ᠵᠠᠩᠭᠢ ᠶᠢ ᠨᠡᠯᠢᠶᠡᠳ ᠴᠥᠭᠡᠨ ᠪᠣᠯᠭᠠᠨ᠎ᠠ᠃ | | ᠭᠤᠷᠪᠠ᠂ ᠲᠠᠷᠠᠭᠠᠴᠢ ᠶᠢᠨ ᠠᠯᠬᠤᠮ ᠤᠨ ᠱᠠᠭᠠᠷᠳᠠᠯᠭ᠎ᠠ | | ᠨᠢᠭᠡ ᠳᠤ ᠵᠠᠰᠠᠭ ᠤᠨ ᠣᠷᠳᠣᠨ ᠤ ᠮᠡᠳᠡᠭᠡ ᠵᠠᠩᠭᠢ ᠨᠡᠶᠢᠲᠡᠯᠡᠬᠦ ᠶᠢ ᠱᠠᠲᠤ ᠳᠠᠷᠠᠭᠠᠯᠠᠨ ᠬᠢᠨᠠᠨ ᠪᠠᠶᠢᠴᠠᠭᠠᠬᠤ | ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠡᠯ᠎ᠡ ᠪᠤᠯᠤᠩ ᠤᠨ ᠬᠠᠷᠢᠭᠤᠴᠠᠯᠭᠠᠲᠤ ᠰᠠᠯᠠᠭ᠎ᠠ ᠮᠥᠴᠢᠷ ᠪᠠ | ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠪᠤᠯᠤᠩ ᠤᠨ ᠰᠢᠨᠡᠳᠬᠡᠯ ᠪᠠ ᠠᠭᠤᠯᠭ᠎ᠠ ᠶᠢᠨ ᠴᠢᠨᠠᠷ ᠴᠢᠨᠰᠠᠭ᠎ᠠ ᠶᠢ | ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ ᠶᠢᠨ ᠬᠠᠮᠲᠤ ᠴᠠᠭ ᠲᠤᠬᠠᠢ ᠳᠤᠨᠢ ᠰᠢᠨᠡᠳᠬᠡᠬᠦ ᠶᠢ ᠪᠠᠲᠤᠯᠠᠵᠤ᠂ | ᠤᠯᠠᠷᠢᠯ ᠪᠦᠷᠢ ᠳᠤ ᠠᠳᠠᠭ ᠲᠠᠭᠠᠨ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠫᠤᠷᠲ᠋ᠧᠯ | ᠰᠦᠯᠵᠢᠶ᠎ᠡ ᠶᠢᠨ ᠮᠡᠳᠡᠭᠡ ᠵᠠᠩᠭᠢ ᠶᠢ ᠨᠢᠭᠡ ᠤᠳᠠᠭ᠎ᠠ ᠲᠣᠭᠤᠷᠢᠨ ᠪᠠᠶᠢᠴᠠᠭᠠᠵᠤ ᠰᠤᠭᠤᠴᠢᠨ ᠪᠠᠶᠢᠴᠠᠭᠠᠵᠤ᠂ | ᠬᠠᠷᠢᠴᠠᠯ ᠢ 30% ᠠᠴᠠ ᠳᠣᠣᠷ᠎ᠠ ᠪᠠᠶᠢᠯᠭᠠᠬᠤ ᠦᠭᠡᠢ ᠪᠠᠶᠢᠵᠤ᠂ ᠫᠤᠷᠲ᠋ᠧᠯ ᠰᠦᠯᠵᠢᠶ᠎ᠡ ᠳᠤ ᠪᠠᠶᠢᠴᠠᠭᠠᠭᠰᠠᠨ | ᠪᠠᠶᠢᠳᠠᠯ ᠢᠶᠠᠨ ᠴᠠᠭ ᠲᠤᠬᠠᠢ ᠳᠤᠨᠢ ᠢᠯᠡ ᠪᠣᠯᠭᠠᠨ᠎ᠠ︔ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ | ᠵᠠᠭᠤᠴᠢᠯᠠᠭᠤᠷ ᠤᠨ ᠡᠳᠦᠷ ᠲᠤᠲᠤᠮ ᠤᠨ ᠠᠵᠢᠯᠯᠠᠭᠤᠯᠵᠤ ᠪᠠᠲᠤᠯᠠᠬᠤ ᠶᠢ ᠦᠨᠡᠨᠬᠦ ᠰᠠᠶᠢᠲᠤᠷ ᠬᠢᠵᠦ᠂ ᠲᠥᠷᠥ ᠶᠢᠨ | ᠪᠣᠳᠣᠯᠭ᠎ᠠ ᠶᠢ ᠤᠩᠰᠢᠨ ᠲᠠᠶᠢᠯᠪᠤᠷᠢᠯᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠵᠠᠰᠠᠭ ᠤᠨ ᠶᠠᠪᠤᠳᠠᠯ ᠢ ᠢᠯᠡ | ᠪᠣᠯᠭᠠᠬᠤ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠬᠤᠶᠠᠷ ᠲᠤ | ᠦᠨᠳᠦᠰᠦᠨ ᠱᠠᠲᠤᠨ ᠤ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠴᠢᠩᠭᠠᠳᠬᠠᠨ᠎ᠠ᠃ ᠵᠠᠰᠠᠭ ᠤᠨ ᠶᠠᠪᠤᠳᠠᠯ ᠢ ᠢᠯᠡ | ᠪᠣᠯᠭᠠᠬᠤ ᠵᠦᠢᠯᠡᠰ ᠢ ᠡᠮᠬᠢᠯᠡᠨ ᠳᠢᠭᠯᠡᠬᠦ ᠪᠠ ᠪᠠᠷᠢᠮᠵᠢᠶ᠎ᠠ ᠶᠢᠨ ᠭᠠᠷᠴᠠᠭ ᠢ ᠨᠠᠶᠢᠷᠠᠭᠤᠯᠤᠨ ᠵᠣᠬᠢᠶᠠᠬᠤ ᠠᠵᠢᠯ ᠢ | ᠰᠠᠶᠢᠲᠤᠷ ᠬᠢᠵᠦ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠵᠦᠢᠯᠡᠰ ᠤᠨ ᠪᠠᠷᠢᠮᠵᠢᠶ᠎ᠠ ᠶᠢᠨ | ᠭᠠᠷᠴᠠᠭ ᠢ ᠴᠠᠭ ᠲᠤᠬᠠᠢ ᠳᠤᠨᠢ ᠰᠢᠨᠡᠳᠬᠡᠨ ᠲᠡᠭᠦᠯᠳᠡᠷᠵᠢᠭᠦᠯᠬᠦ ᠵᠢᠨᠪᠠᠷᠢᠮᠵᠢᠶᠠᠲᠤ ᠵᠢᠷᠤᠮᠵᠢᠭᠰᠠᠨ ᠵᠠᠰᠠᠭ ᠤᠨ | ᠶᠠᠪᠤᠳᠠᠯ ᠢ ᠢᠯᠡ ᠪᠣᠯᠭᠠᠬᠤ ᠲᠠᠪᠴᠠᠩ ᠤᠨ ᠵᠢᠭᠰᠠᠭᠠᠯ ᠢ ᠶᠡᠬᠡᠪᠡᠷ ᠪᠠᠶᠢᠭᠤᠯᠵᠤ᠂ ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡᠨ ᠤ ᠲᠥᠪ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠲᠤᠰᠬᠠᠢ ᠣᠷᠣᠨ ᠢ ᠨᠠᠩ ᠵᠢᠷᠤᠮᠵᠢᠭᠤᠨ᠂ | ᠠᠷᠠᠳ ᠲᠤ ᠲᠥᠬᠦᠮ ᠦᠵᠡᠭᠦᠯᠦᠨ᠎ᠡ︔ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠮᠠᠯᠵᠢᠬᠤ ᠲᠠᠷᠢᠶᠠᠯᠠᠬᠤ ᠣᠷᠣᠨ | ᠪᠠ ᠨᠡᠶᠢᠭᠡᠮ ᠲᠣᠭᠤᠷᠢᠭ ᠳᠠᠰᠢ ᠤᠷᠲᠤᠳᠬᠠᠬᠤ ᠶᠢ ᠢᠳᠡᠪᠬᠢᠲᠡᠢ ᠪᠠᠷ ᠠᠬᠢᠭᠤᠯᠵᠤ᠂ ᠠᠷᠠᠳ ᠤᠨ ᠠᠮᠢᠳᠤᠷᠠᠯ ᠤᠨ | ᠭᠤᠣᠯᠳᠠᠯᠭ᠎ᠠ ᠲᠠᠢ ᠵᠦᠢᠯᠡᠰ ᠢ ᠢᠯᠡ ᠪᠣᠯᠭᠠᠬᠤ ᠶᠢᠨ ᠥᠷᠭᠡᠴᠡ ᠪᠠ ᠭᠦᠨᠴᠡ ᠶᠢ ᠨᠡᠮᠡᠭᠳᠡᠭᠦᠯᠦᠨ᠎ᠡ᠃ |