ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ  ᠪᠥᠬᠦ ᠬᠤᠰᠢᠭᠤᠨ ᠤ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ ᠠᠵᠢᠯ ᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠠᠬᠢᠴᠠ ᠶᠢᠨ ᠪᠠᠶᠢᠳᠠᠯ ᠢ ᠳᠡᠭᠡᠭᠰᠢ ᠮᠡᠳᠡᠭᠦᠯᠦᠭᠰᠡᠨ ᠲᠤᠬᠠᠢ ᠮᠡᠳᠡᠭᠦᠯᠦᠯᠲᠡ
ᠨᠡᠶᠢᠲᠡᠯᠡᠭᠰᠡᠨ ᠴᠠᠭ᠄
2022/9/30
            ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠄       ᠠᠯᠠᠱᠠ ᠵᠡᠭᠦᠨ ᠬᠤᠰᠢᠭᠤ 6 ᠳ᠋ᠤᠭᠠᠷ ᠰᠠᠷ᠎ᠠ ᠶᠢᠨ ᠡᠬᠢᠨ ᠠᠴᠠ ᠡᠬᠢᠯᠡᠨ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ ᠠᠵᠢᠯ ᠢ ᠪᠥᠬᠦ ᠲᠠᠯ᠎ᠠ ᠪᠠᠷ ᠡᠬᠢᠯᠡᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ ᠠᠵᠢᠯ ᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾᠎ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠠᠵᠢᠯ ᠤᠨ ᠬᠡᠷᠡᠭᠵᠢᠭᠦᠯᠬᠦ ᠲᠥᠰᠥᠯ ᠢ ᠬᠡᠪᠯᠡᠨ ᠲᠠᠷᠬᠠᠭᠠᠵᠤ᠂ ᠠᠵᠢᠯ ᠢ ᠲᠦᠯᠬᠢᠨ ᠠᠬᠢᠭᠤᠯᠬᠤ ᠬᠤᠷᠠᠯ ᠪᠠ ᠲᠤᠰᠬᠠᠢ ᠰᠡᠳᠦᠪᠲᠦ ᠰᠤᠷᠭᠠᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠯ᠎ᠡ ᠵᠦᠢᠯ ᠤᠨ ᠬᠠᠷᠠᠯᠲᠠ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠪᠠ᠃       ᠨᠢᠭᠡ᠂ ᠠᠵᠢᠯ ᠤᠨ ᠲᠥᠰᠥᠯ ᠢ ᠲᠣᠭᠲᠠᠭᠠᠨ ᠲᠠᠷᠬᠠᠭᠠᠵᠤ᠂ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ       7 ᠳ᠋ᠤᠭᠠᠷ ᠰᠠᠷ᠎ᠠ ᠶᠢᠨ 20᠎ ᠤ ᠡᠳᠦᠷ᠂ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︽ᠠᠯᠠᠱᠠ ᠵᠡᠭᠦᠨ ᠬᠤᠰᠢᠭᠤᠨ ᠤ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠬᠡᠷᠡᠭᠵᠢᠭᠦᠯᠬᠦ ᠲᠥᠰᠥᠯ︾᠎ ᠢ ᠬᠡᠪᠯᠡᠨ ᠲᠠᠷᠬᠠᠭᠠᠵᠤ᠂ ᠪᠥᠬᠦ ᠬᠤᠰᠢᠭᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠠᠵᠢᠯ ᠤᠨ ᠬᠠᠷᠠᠯᠲᠠ᠂ ᠭᠤᠣᠯ ᠡᠭᠦᠷᠭᠡ᠂ ᠬᠠᠷᠢᠭᠤᠴᠠᠯᠭ᠎ᠠ ᠶᠢᠨ ᠬᠤᠪᠢᠶᠠᠷᠢᠯᠠᠯ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠡᠯ᠎ᠡ ᠬᠤᠯᠪᠣᠭᠳᠠᠯ ᠪᠦᠬᠦᠢ ᠨᠢᠭᠡᠴᠡ ᠶᠢ ᠡᠨᠡ ᠵᠢᠯ ᠤᠨ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ 26 ᠲᠤᠷᠰᠢᠯᠲᠠ ᠶᠢᠨ ᠴᠢᠭ᠋ ᠤᠨ ᠬᠦᠷᠢᠶ᠎ᠡ ᠴᠠᠷᠠᠭ᠎ᠠ ᠶᠢᠨ ᠪᠠᠷᠢᠮᠵᠢᠶᠠᠵᠢᠭᠤᠯᠬᠤ ᠭᠠᠷᠴᠠᠭ ᠢ ᠡᠮᠬᠢᠯᠡᠵᠦ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃       ᠬᠤᠶᠠᠷ᠂ ᠳᠠᠶᠢᠴᠢᠯᠠᠯᠲᠠ ᠶᠢ ᠰᠠᠶᠢᠲᠤᠷ ᠬᠢᠵᠦ᠂ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠨ᠎ᠠ       7 ᠳ᠋ᠤᠭᠠᠷ ᠰᠠᠷ᠎ᠠ ᠶᠢᠨ 31᠎ ᠤ ᠡᠳᠦᠷ᠂ ᠠᠯᠠᠱᠠ ᠵᠡᠭᠦᠨ ᠬᠤᠰᠢᠭᠤᠨ ᠤ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠪᠥᠬᠦ ᠬᠤᠰᠢᠭᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠤᠳᠤᠷᠢᠳᠬᠤ ᠳᠤᠭᠤᠶᠢᠯᠠᠩ ᠤᠨ ᠳᠠᠷᠤᠭ᠎ᠠ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠪᠥᠬᠦ ᠬᠤᠰᠢᠭᠤᠨ ᠤ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠯᠪᠠᠨ ᠭᠡᠷ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠠ ᠠᠵᠢᠯᠲᠠᠨ ᠨᠡᠶᠢᠲᠡ 100 ᠭᠠᠷᠤᠢ ᠬᠥᠮᠥᠨ ᠣᠷᠣᠯᠴᠠᠵᠠᠢ᠃ ᠠᠬᠢᠭᠤᠯᠬᠤ ᠬᠤᠷᠠᠯ ᠳᠡᠭᠡᠷ᠎ᠡ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠲᠣᠰ ᠠᠵᠢᠯ ᠤᠨ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠤ᠂ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠯᠪᠠᠨ ᠭᠡᠷ᠂ ᠬᠤᠰᠢᠭᠤᠨ ᠤ ᠬᠠᠷᠢᠶ᠎ᠠ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ︽ᠪᠥᠬᠦ ᠬᠤᠰᠢᠭᠤᠨ ᠤ ᠨᠢᠭᠡ ᠬᠥᠯᠭᠡ ᠰᠢᠲᠠᠷ᠎ᠠ︾᠎ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃       ᠭᠤᠷᠪᠠ᠂ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠵᠤ᠂ ᠠᠵᠢᠯ ᠤᠨ ᠦᠷ᠎ᠡ ᠪᠦᠲᠦᠮᠵᠢ ᠪᠠᠨ ᠰᠠᠶᠢᠵᠢᠷᠠᠭᠤᠯᠪᠠ        ︽ᠲᠥᠰᠥᠯ︾᠎ ᠢ ᠬᠡᠪᠯᠡᠨ ᠲᠠᠷᠬᠠᠭᠠᠭᠰᠠᠨ ᠤ ᠳᠠᠷᠠᠭ᠎ᠠ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ ᠪᠠᠶᠢᠭᠤᠯᠤᠯᠲᠠ ᠶᠢ ᠨᠠᠩ ᠰᠠᠶᠢᠨ ᠥᠷᠨᠢᠭᠦᠯᠬᠦ ᠶᠢᠨ ᠲᠤᠰᠠᠳᠠ᠂ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠬᠦᠴᠦᠨ ᠴᠢᠳᠠᠪᠤᠷᠢ ᠳᠤ ᠬᠢᠨᠠᠯᠲᠠ ᠲᠠᠯᠪᠢᠬᠤ ᠰᠠᠯᠠᠭ᠎ᠠ ᠶᠢᠨ ᠠᠵᠢᠯᠲᠠᠨ ᠢ ᠤᠷᠢᠵᠤ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠠ ᠲᠥᠭᠡᠷᠢᠭᠳᠡᠯ ᠳᠤ ᠴᠢᠭᠯᠡᠭᠦᠯᠦᠨ᠂ ᠲᠤᠰᠬᠠᠢ ᠰᠡᠳᠦᠪᠲᠦ ᠲᠤᠬᠠᠶᠢᠯᠠᠭᠰᠠᠨ ᠠᠵᠢᠯ ᠤᠨ ᠰᠤᠷᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠨᠢᠭᠡᠴᠡ ᠶᠢᠨ ᠰᠤᠷᠤᠯᠴᠠᠨ ᠣᠶᠢᠯᠠᠭᠠᠬᠤ᠂ ᠨᠡᠪᠲᠡᠷᠡᠲᠡᠯ᠎ᠡ ᠣᠶᠢᠯᠠᠭᠠᠬᠤ᠂ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠪᠠ᠃ ᠸᠢᠴᠠᠲ ᠤᠨ ᠬᠤᠯᠪᠣᠭ᠎ᠠ ᠪᠠᠷ ᠳᠠᠮᠵᠢᠭᠤᠯᠤᠨ ᠪᠥᠬᠦ ᠬᠤᠰᠢᠭᠤᠨ ᠤ ᠬᠤᠯᠪᠣᠭᠳᠠᠯ ᠪᠦᠬᠦᠢ ᠨᠢᠭᠡᠴᠡ ᠳᠤ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠪᠠ ᠠᠷᠭ᠎ᠠ ᠬᠢᠳᠡᠯ ᠢ ᠬᠦᠷᠭᠡᠨ ᠥᠭᠴᠦ᠂ ᠠᠵᠢᠯ ᠢᠶᠠᠨ ᠥᠷᠨᠢᠭᠦᠯᠬᠦ ᠳᠤ ᠯᠠᠪᠯᠠᠯᠲᠠ ᠪᠠ ᠯᠠᠪᠯᠠᠯᠲᠠ ᠬᠠᠩᠭᠠᠪᠠ᠃ ᠣᠲᠣ ᠪᠣᠯᠲᠠᠯ᠎ᠠ᠂ ᠪᠥᠬᠦ ᠬᠤᠰᠢᠭᠤᠨ ᠤ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠯᠪᠠᠨ ᠭᠡᠷ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠳ ᠪᠠᠷᠢᠮᠵᠢᠶᠠᠵᠢᠭᠤᠯᠤᠯᠲᠠ ᠶᠢᠨ ᠭᠠᠷᠴᠠᠭ ᠢ ᠡᠮᠬᠢᠯᠡᠵᠦ ᠨᠠᠶᠢᠷᠠᠭᠤᠯᠤᠨ ᠵᠣᠬᠢᠶᠠᠬᠤ ᠠᠵᠢᠯ ᠢ ᠡᠮᠬᠢ ᠵᠢᠷᠤᠮ ᠲᠠᠢ ᠠᠬᠢᠭᠤᠯᠵᠤ ᠪᠠᠶᠢᠨ᠎ᠠ᠃                                     2020 ᠣᠨ ᠤ 8 ᠰᠠᠷ᠎ᠠ ᠶᠢᠨ 10᠎ ᠤ ᠡᠳᠦᠷ
 
ᠢᠷᠡᠯᠲᠡ᠄ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号