ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ 2022 ᠣᠨ ᠤ ᠬᠤᠶᠠᠳᠤᠭᠠᠷ ᠤᠯᠠᠷᠢᠯ ᠤᠨ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ ᠠᠵᠢᠯ ᠢ ᠪᠥᠬᠦ ᠲᠠᠯ᠎ᠠ ᠪᠠᠷ ᠲᠦᠯᠬᠢᠨ ᠠᠬᠢᠭᠤᠯᠤᠭᠰᠠᠨ ᠠᠬᠢᠴᠠ ᠶᠢᠨ ᠪᠠᠶᠢᠳᠠᠯ ᠤᠨ ᠲᠤᠬᠠᠢ ᠮᠡᠳᠡᠭᠦᠯᠦᠯᠲᠡ
ᠨᠡᠶᠢᠲᠡᠯᠡᠭᠰᠡᠨ ᠴᠠᠭ᠄
2022/9/30
                       ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ ᠠᠵᠢᠯ ᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠶᠢᠨ ᠬᠡᠷᠡᠭᠵᠢᠭᠦᠯᠬᠦ ᠰᠠᠨᠠᠯ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2020﹈ 2 ᠳ᠋ᠤᠭᠠᠷ ᠲᠣᠭᠠᠲᠤ︶᠎ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠠᠯᠠᠱᠠ ᠵᠡᠭᠦᠨ ᠬᠤᠰᠢᠭᠤᠨ ᠤ 2022 ᠣᠨ ᠤ ᠬᠤᠶᠠᠳᠤᠭᠠᠷ ᠤᠯᠠᠷᠢᠯ ᠤᠨ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ ᠠᠵᠢᠯ ᠢ ᠪᠥᠬᠦ ᠲᠠᠯ᠎ᠠ ᠪᠠᠷ ᠲᠦᠯᠬᠢᠨ ᠠᠬᠢᠭᠤᠯᠤᠭᠰᠠᠨ ᠠᠬᠢᠴᠠ ᠶᠢᠨ ᠪᠠᠶᠢᠳᠠᠯ ᠢ ᠳᠠᠷᠠᠭᠠᠬᠢ ᠪᠠᠶᠢᠳᠠᠯ ᠢᠶᠠᠷ ᠬᠠᠷᠢᠭᠤ ᠮᠡᠳᠡᠭᠦᠯᠦᠶ᠎ᠡ᠃             ᠨᠢᠭᠡ᠂ ᠮᠡᠳᠡᠭᠡ ᠵᠠᠩᠭᠢ ᠨᠡᠶᠢᠲᠡᠯᠡᠭᠰᠡᠨ ᠪᠠᠶᠢᠳᠠᠯ             2022 ᠣᠨ ᠤ ᠬᠤᠶᠠᠳᠤᠭᠠᠷ ᠤᠯᠠᠷᠢᠯ ᠳᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠰᠠᠨᠠᠭᠠᠴᠢᠯᠠᠭ᠎ᠠ ᠠᠴᠠ ᠪᠠᠨ 809 ᠵᠤᠷᠪᠤᠰ ᠮᠡᠳᠡᠭᠡ ᠵᠠᠩᠭᠢ ᠶᠢ ᠢᠯᠡ ᠪᠣᠯᠭᠠᠪᠠ᠂ ᠡᠭᠦᠨ ᠳᠤ᠄ ᠬᠠᠤᠯᠢ ᠪᠠᠷ ᠲᠣᠭᠲᠠᠭᠠᠭᠰᠠᠨ ᠰᠠᠨᠠᠭᠠᠴᠢᠯᠠᠭ᠎ᠠ ᠠᠴᠠ ᠪᠠᠨ ᠢᠯᠡ ᠪᠣᠯᠭᠠᠭᠰᠠᠨ ᠠᠭᠤᠯᠭ᠎ᠠ 405 ᠵᠤᠷᠪᠤᠰ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠮᠡᠳᠡᠭᠡ ᠵᠠᠩᠭᠢ ᠶᠢ ᠢᠯᠡ ᠪᠣᠯᠭᠠᠭᠰᠠᠨ ᠨᠢ 90 ᠵᠤᠷᠪᠤᠰ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ 32 ᠵᠤᠷᠪᠤᠰ᠂ ᠡᠯ᠎ᠡ ᠰᠠᠯᠠᠭ᠎ᠠ ᠮᠥᠴᠢᠷ ᠰᠠᠨᠠᠭᠠᠴᠢᠯᠠᠭ᠎ᠠ ᠠᠴᠠ ᠪᠠᠨ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ 2 ᠵᠤᠷᠪᠤᠰ ᠢᠯᠡ ᠪᠣᠯᠭᠠᠪᠠ᠃             ᠬᠤᠶᠠᠷ᠂ ᠪᠤᠯᠤᠩ ᠢ ᠰᠢᠨᠡᠳᠬᠡᠨ ᠬᠠᠮᠠᠭᠠᠯᠠᠬᠤ ᠶᠢ ᠰᠠᠶᠢᠵᠢᠷᠠᠭᠤᠯᠪᠠ             ᠭᠤᠷᠪᠠᠳᠠᠭᠢ ᠡᠲᠡᠭᠡᠳ ᠤᠨ ᠦᠨᠡᠯᠡᠨ ᠵᠢᠱᠢᠬᠦ ᠭᠦᠢᠴᠡᠳᠬᠡᠯ ᠲᠤᠭ᠎ᠠ᠂ ᠰᠢᠯᠭᠠᠨ ᠦᠨᠡᠯᠡᠬᠦ ᠭᠤᠣᠯᠳᠠᠯᠭ᠎ᠠ ᠵᠡᠷᠭᠡ ᠲᠠᠢ ᠬᠠᠷᠢᠴᠠᠭᠤᠯᠤᠨ ᠮᠠᠨ ᠤ ᠬᠤᠰᠢᠭᠤᠨ ᠤ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠪᠤᠯᠤᠩ ᠢ ᠵᠢᠭᠰᠠᠭᠠᠨ ᠪᠠᠶᠢᠴᠠᠭᠠᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠪᠤᠯᠤᠩ ᠳᠤ ᠣᠷᠣᠰᠢᠵᠤ ᠪᠠᠶᠢᠭ᠎ᠠ ᠬᠥᠳᠡᠯᠦᠩᠭᠦᠢ ᠮᠡᠳᠡᠭᠡ ᠵᠠᠩᠭᠢ ᠵᠢᠴᠢ ᠳᠠᠬᠢᠨ ᠳᠠᠪᠲᠠᠨ ᠨᠡᠶᠢᠲᠡᠯᠡᠭᠰᠡᠨ ᠠᠭᠤᠯᠭ᠎ᠠ ᠶᠢ ᠡᠮᠬᠢᠯᠡᠬᠦ ᠶᠢᠨ ᠬᠠᠮᠲᠤ ᠬᠤᠯᠪᠣᠭᠳᠠᠬᠤ ᠨᠢᠭᠡᠴᠡ ᠶᠢ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠵᠤ᠂ ᠤᠳᠠᠯ ᠦᠭᠡᠢ ᠬᠤᠭᠤᠴᠠᠭ᠎ᠠ ᠠᠴᠠ ᠬᠡᠲᠦᠷᠡᠬᠦ ᠪᠤᠯᠤᠩ ᠢ ᠴᠠᠭ ᠲᠤᠬᠠᠢ ᠳᠤᠨᠢ ᠰᠢᠮᠳᠠᠭᠤᠯᠤᠨ ᠰᠢᠨᠡᠳᠬᠡᠵᠦ᠂ ᠪᠤᠯᠤᠩ ᠤᠨ ᠰᠢᠨᠡᠳᠬᠡᠯ ᠨᠢ ᠱᠠᠭᠠᠷᠳᠠᠯᠭ᠎ᠠ ᠳᠤ ᠨᠡᠶᠢᠴᠡᠬᠦ ᠶᠢ ᠪᠠᠲᠤᠯᠠᠨ᠎ᠠ᠃ ᠡᠭᠦᠨ ᠤ ᠵᠡᠷᠭᠡ ᠳᠤ᠂ ᠳᠤᠲᠠᠭᠤᠳᠠᠯ ᠪᠠ ᠪᠠᠭᠤᠷᠠᠢ ᠲᠠᠯ᠎ᠠ ᠪᠠᠨ ᠱᠠᠯᠠᠪᠳᠠᠨ ᠨᠥᠬᠦᠪᠦᠷᠢᠯᠡᠵᠦ᠂ ᠰᠠᠭᠠᠳ ᠦᠭᠡᠢ ᠨᠡᠪᠲᠡᠷᠡᠬᠦ ᠶᠣᠰᠣᠲᠠᠢ ᠠᠷᠭ᠎ᠠ ᠵᠠᠮ ᠢ ᠪᠦᠬᠦᠨ ᠢ ᠰᠠᠭᠠᠳ ᠦᠭᠡᠢ ᠨᠡᠪᠲᠡᠷᠡᠭᠦᠯᠬᠦ ᠶᠢ ᠦᠨᠡᠨ ᠬᠦ ᠪᠠᠲᠤᠯᠠᠵᠤ᠂ ᠬᠢᠭᠰᠡᠨ ᠮᠡᠳᠡᠭᠡ ᠵᠠᠩᠭᠢ ᠪᠠᠨ ᠢᠯᠡ ᠪᠣᠯᠭᠠᠬᠤ ᠶᠢ ᠴᠥᠮ ᠢᠯᠡ ᠪᠣᠯᠭᠠᠵᠤ ᠂ ᠨᠡᠭᠡᠭᠡᠪᠡᠯ ᠵᠣᠬᠢᠬᠤ ᠪᠤᠯᠤᠩ ᠢᠶᠠᠨ ᠪᠦᠬᠦᠨ ᠢ ᠨᠡᠭᠡᠭᠡᠵᠦ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠭᠦᠢᠴᠡᠳᠬᠡᠬᠦ ᠶᠢ ᠲᠠᠶᠢᠯᠪᠤᠷᠢᠯᠠᠪᠠᠯ ᠵᠣᠬᠢᠬᠤ ᠶᠢ ᠨᠢ ᠴᠥᠮ ᠲᠠᠶᠢᠯᠪᠤᠷᠢᠯᠠᠬᠤ ᠶᠢᠨ ᠬᠠᠮᠲᠤ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠲᠠᠶᠢᠯᠤᠮᠵᠢ ᠭᠦᠢᠴᠡᠳᠬᠡᠬᠦ ᠬᠡᠯᠪᠡᠷᠢ ᠶᠢ ᠪᠠᠶᠠᠯᠢᠭᠵᠢᠭᠤᠯᠤᠭᠰᠠᠨ ᠪᠠᠶᠢᠨ᠎ᠠ᠃             ᠭᠤᠷᠪᠠ᠂ ᠮᠡᠳᠡᠭᠡ ᠵᠠᠩᠭᠢ ᠨᠡᠶᠢᠲᠡᠯᠡᠬᠦ ᠶᠢ ᠦᠷᠭᠦᠯᠵᠢᠯᠡᠨ ᠰᠢᠯᠢᠳᠡᠭᠵᠢᠭᠦᠯᠦᠨ ᠲᠡᠭᠦᠯᠳᠡᠷᠵᠢᠭᠦᠯᠪᠡ              ︽ᠭᠤᠷᠪᠠ ᠶᠢ ᠬᠢᠨᠠᠵᠤ ᠭᠤᠷᠪᠠ ᠶᠢ ᠬᠠᠷᠭᠤᠭᠤᠯᠬᠤ︾᠎ ᠶᠢᠨ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠶᠠᠪᠤᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠶᠠᠳᠤᠭᠠᠷ ᠤᠯᠠᠷᠢᠯ ᠳᠤ ᠡᠯ᠎ᠡ ᠨᠢᠭᠡᠴᠡ ᠶᠢ ᠰᠢᠮᠳᠠᠭᠤᠯᠵᠤ ᠪᠠᠶᠢᠭᠠᠳ ᠡᠭᠦᠳᠡ ᠡᠷᠦᠬᠡ ᠶᠢᠨ ᠰᠦᠯᠵᠢᠶ᠎ᠡ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠨᠡᠶᠢᠲᠡᠯᠡᠭᠰᠡᠨ ᠠᠭᠤᠯᠭ᠎ᠠ ᠳᠤ ᠪᠥᠬᠦ ᠲᠠᠯ᠎ᠠ ᠶᠢᠨ ᠥᠪᠡᠷ ᠤᠨ ᠪᠠᠶᠢᠴᠠᠭᠠᠯᠲᠠ ᠬᠢᠯᠭᠡᠵᠦ᠂ ᠮᠡᠳᠡᠭᠡ ᠵᠠᠩᠭᠢ ᠨᠡᠶᠢᠲᠡᠯᠡᠬᠦ ᠠᠭᠤᠯᠭ᠎ᠠ ︵ᠥᠰᠥᠭ ᠪᠢᠴᠢᠭ᠂ ᠵᠢᠷᠤᠭ᠂ ᠵᠠᠭᠪᠤᠷ︶᠂ ᠮᠡᠳᠡᠭᠡ ᠵᠠᠩᠭᠢ ᠨᠡᠶᠢᠲᠡᠯᠡᠬᠦ ᠴᠠᠭ ᠵᠡᠷᠭᠡ ᠶᠢ ᠵᠢᠷᠤᠮᠵᠢᠭᠤᠯᠤᠨ᠂ ᠥᠪᠡᠷ ᠤᠨ ᠪᠠᠶᠢᠴᠠᠭᠠᠯᠲᠠ ᠳᠤ ᠢᠯᠡᠷᠡᠭᠰᠡᠨ ᠠᠰᠠᠭᠤᠳᠠᠯ ᠢ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠵᠠᠰᠠᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠬᠠᠷᠢᠴᠠᠭᠤᠯᠵᠤ᠂ ᠡᠶᠢᠮᠦᠷᠬᠦ ᠠᠰᠠᠭᠤᠳᠠᠯ ᠤᠨ ᠳᠠᠬᠢᠨ ᠡᠭᠦᠰᠬᠦ ᠶᠢ ᠬᠤᠷᠢᠭᠯᠠᠪᠠ᠃             ᠳᠥᠷᠪᠡ᠂ ᠲᠠᠷᠠᠭᠠᠴᠢ ᠶᠢᠨ ᠠᠯᠬᠤᠮ ᠤᠨ ᠠᠵᠢᠯ ᠤᠨ ᠱᠠᠭᠠᠷᠳᠠᠯᠭ᠎ᠠ             ᠨᠢᠭᠡ ᠳᠤ ᠪᠠᠶᠢᠩᠭᠤᠵᠢᠭᠰᠠᠨ ᠮᠡᠳᠡᠭᠡ ᠵᠠᠩᠭᠢ ᠨᠡᠶᠢᠲᠡᠯᠡᠬᠦ ᠠᠵᠢᠯ ᠢ ᠰᠠᠶᠢᠲᠤᠷ ᠬᠢᠨ᠎ᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠪᠠᠷᠢᠮᠲᠠᠯᠠᠵᠤ᠂ ᠡᠯ᠎ᠡ ᠰᠠᠯᠠᠭ᠎ᠠ ᠮᠥᠴᠢᠷ ᠤᠳ ᠬᠠᠷᠢᠭᠤᠴᠠᠯᠭ᠎ᠠ ᠶᠢᠨ ᠦᠵᠡᠯ ᠤᠬᠠᠮᠰᠠᠷ ᠪᠠ ᠦᠢᠯᠡᠴᠢᠯᠡᠭᠡᠨ ᠤ ᠦᠵᠡᠯ ᠤᠬᠠᠮᠰᠠᠷ ᠢᠶᠠᠨ ᠴᠢᠩᠭᠠᠳᠬᠠᠵᠤ᠂ ᠮᠡᠳᠡᠭᠡ ᠵᠠᠩᠭᠢ ᠨᠡᠶᠢᠲᠡᠯᠡᠬᠦ ᠠᠵᠢᠯ ᠢ ᠴᠠᠭ ᠲᠤᠬᠠᠢ ᠳᠤᠨᠢ᠂ ᠣᠨᠣᠪᠴᠢᠲᠠᠶ᠂ ᠵᠢᠷᠤᠮᠵᠢᠯ ᠲᠠᠢ ᠰᠠᠶᠢᠲᠤᠷ ᠬᠢᠵᠦ᠂ ᠮᠡᠳᠡᠭᠡ ᠵᠠᠩᠭᠢ ᠨᠡᠶᠢᠲᠡᠯᠡᠬᠦ ᠶᠢ ᠬᠢᠨᠠᠨ ᠬᠠᠷᠭᠤᠭᠤᠯᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ︽ᠨᠢᠭᠤᠴᠠ ᠳᠤ ᠬᠤᠯᠪᠣᠭᠳᠠᠬᠤ ᠮᠡᠳᠡᠭᠡ ᠵᠠᠩᠭᠢ ᠶᠢ ᠰᠦᠯᠵᠢᠶᠡᠨ ᠳᠤ ᠣᠷᠣᠭᠤᠯᠬᠤ ᠦᠭᠡᠢ᠂ ᠰᠦᠯᠵᠢᠶᠡᠨ ᠳᠤ ᠭᠠᠷᠬᠤ ᠮᠡᠳᠡᠭᠡ ᠵᠠᠩᠭᠢ ᠶᠢ ᠨᠢᠭᠤᠴᠠ ᠳᠤ ᠣᠷᠣᠭᠤᠯᠬᠤ ᠦᠭᠡᠢ︾ ᠪᠠᠶᠢᠬᠤ ᠶᠢ ᠪᠡᠶᠡᠯᠡᠭᠦᠯᠦᠨ᠎ᠡ᠃ ᠬᠤᠶᠠᠷ ᠲᠤ ᠰᠤᠮᠤ ᠪᠠᠯᠭᠠᠰᠤ ᠶᠢ ᠵᠢᠯᠤᠭᠤᠳᠬᠤ ᠡᠷᠴᠢᠮ ᠢᠶᠠᠨ ᠴᠢᠩᠭᠠᠷᠠᠭᠤᠯᠤᠨ᠎ᠠ᠃ ᠬᠠᠷᠢᠶᠠᠲᠤ ᠣᠷᠣᠨ ᠤ ᠡᠯ᠎ᠡ ᠰᠤᠮᠤ ᠪᠠᠯᠭᠠᠰᠤ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠠᠷᠲᠠᠨ ᠭᠦᠢᠴᠡᠳᠬᠡᠬᠦ ᠠᠵᠢᠯᠲᠠᠨ ᠯᠤᠭ᠎ᠠ ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠰᠠᠶᠢᠲᠤᠷ ᠭᠦᠢᠴᠡᠳᠬᠡᠬᠦ ᠶᠢ ᠵᠢᠯᠣᠭᠤᠳᠤᠨ᠂ ᠴᠠᠭ ᠲᠤᠬᠠᠢ ᠳᠤᠨᠢ᠂ ᠣᠨᠣᠪᠴᠢᠲᠠᠶ ᠢᠯᠡ ᠪᠣᠯᠭᠠᠬᠤ ᠶᠢ ᠦᠨᠡᠨᠬᠦ ᠪᠠᠲᠤᠯᠠᠨ᠎ᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号