ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ 2022 ᠣᠨ ᠤ ᠨᠢᠭᠡᠳᠦᠭᠡᠷ ᠤᠯᠠᠷᠢᠯ ᠳᠤ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ ᠠᠵᠢᠯ ᠢ ᠪᠥᠬᠦ ᠲᠠᠯ᠎ᠠ ᠪᠠᠷ ᠲᠦᠯᠬᠢᠨ ᠠᠬᠢᠭᠤᠯᠤᠭᠰᠠᠨ ᠠᠬᠢᠴᠠ ᠶᠢᠨ ᠪᠠᠶᠢᠳᠠᠯ ᠤᠨ ᠲᠤᠬᠠᠢ
ᠨᠡᠶᠢᠲᠡᠯᠡᠭᠰᠡᠨ ᠴᠠᠭ᠄
2022/9/30
                                ᠠᠯᠠᠱᠠ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠄              ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ ᠠᠵᠢᠯ ᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠶᠢᠨ ᠬᠡᠷᠡᠭᠵᠢᠭᠦᠯᠬᠦ ᠰᠠᠨᠠᠯ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2020﹈ 2 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠠᠯᠠᠱᠠ ᠵᠡᠭᠦᠨ ᠬᠤᠰᠢᠭᠤᠨ ᠤ 2022 ᠣᠨ ᠤ ᠨᠢᠭᠡᠳᠦᠭᠡᠷ ᠤᠯᠠᠷᠢᠯ ᠤᠨ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ ᠠᠵᠢᠯ ᠢ ᠪᠥᠬᠦ ᠲᠠᠯ᠎ᠠ ᠪᠠᠷ ᠲᠦᠯᠬᠢᠨ ᠠᠬᠢᠭᠤᠯᠤᠭᠰᠠᠨ ᠠᠬᠢᠴᠠ ᠶᠢᠨ ᠪᠠᠶᠢᠳᠠᠯ ᠢ ᠳᠠᠷᠠᠭᠠᠬᠢ ᠪᠠᠶᠢᠳᠠᠯ ᠢᠶᠠᠷ ᠬᠠᠷᠢᠭᠤ ᠮᠡᠳᠡᠭᠦᠯᠦᠶ᠎ᠡ᠃             ᠨᠢᠭᠡ᠂ ᠪᠥᠬᠦ ᠬᠤᠰᠢᠭᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠦᠨᠳᠦᠰᠦᠨ ᠠᠵᠢᠯᠯᠠᠭᠠᠨ ᠤ ᠪᠠᠶᠢᠳᠠᠯ             ᠨᠢᠭᠡ ᠳᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ︾ ᠢ ︽ᠢᠯᠡ ᠪᠣᠯᠭᠠᠬᠤ ᠶᠢ ᠬᠡᠪ ᠤᠨ ᠪᠠᠶᠢᠳᠠᠯ ᠪᠣᠯᠭᠠᠬᠤ᠂ ᠢᠯᠡ ᠪᠣᠯᠭᠠᠬᠤ ᠦᠭᠡᠢ ᠶᠢ ᠣᠨᠴᠠᠭᠠᠶ ᠪᠠᠶᠢᠳᠠᠯ ᠪᠣᠯᠭᠠᠬᠤ︾ ᠵᠠᠷᠴᠢᠮ ᠢ ᠪᠠᠷᠢᠮᠲᠠᠯᠠᠵᠤ ᠂ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠮᠡᠳᠡᠭᠡ ᠵᠠᠩᠭᠢ᠂ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢᠨ ᠭᠠᠷᠴᠠᠭ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ ᠭᠠᠷᠴᠠᠭ ᠵᠢᠴᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠵᠡᠷᠭᠡ ᠶᠢᠨ ᠡᠷᠬᠡ ᠬᠡᠷᠡᠭᠯᠡᠬᠦ ᠶᠢ ᠢᠯᠡ ᠪᠣᠯᠭᠠᠬᠤ ᠶᠢ ᠠᠬᠢᠭᠤᠯᠤᠨ᠎ᠠ᠃ ᠬᠤᠶᠠᠷ ᠲᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠶᠢ ᠨᠡᠶᠢᠲᠡᠯᠡᠨ ᠲᠠᠶᠢᠯᠪᠤᠷᠢᠯᠠᠬᠤ ᠪᠠ ᠶᠠᠷᠢᠶ᠎ᠠ ᠬᠡᠯᠡᠯᠴᠡᠭᠡᠨ ᠤ ᠬᠠᠷᠢᠭᠤ ᠲᠤᠰᠬᠠᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠭᠦᠢᠴᠡᠳᠬᠡᠬᠦ ᠠᠵᠢᠯ ᠤᠨ ᠬᠢᠨᠠᠯᠲᠠ ᠬᠠᠮᠢᠶᠠᠷᠤᠯᠲᠠ ᠶᠢᠨ ᠵᠠᠭᠪᠤᠷ ᠪᠠ ᠮᠡᠳᠡᠭᠡᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠨᠢᠭᠡᠳᠦᠭᠡᠷ ᠤᠯᠠᠷᠢᠯ ᠳᠤ ︽ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ︾ ᠤ ᠫᠤᠷᠲ᠋ᠧᠯ ᠰᠦᠯᠵᠢᠶ᠎ᠡ ᠵᠢᠴᠢ ᠡᠯ᠎ᠡ ᠰᠠᠯᠠᠭ᠎ᠠ ᠮᠥᠴᠢᠷ ᠤᠨ ᠸᠢᠴᠠᠲ ᠤᠨ ᠴᠠᠬᠢᠮ ᠲᠠᠪᠴᠠᠩ ᠢᠶᠠᠷ ᠳᠠᠮᠵᠢᠭᠤᠯᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠨᠡᠶᠢᠲᠡ 3 ᠬᠤᠪᠢ ᠨᠡᠶᠢᠲᠡᠯᠡᠵᠦ᠂ ᠸᠢᠳᠢᠤ᠋᠂ ᠡᠬᠡ ᠪᠢᠴᠢᠭ᠂ ᠵᠢᠷᠤᠭᠲᠤ ᠲᠠᠶᠢᠯᠪᠤᠷᠢ᠂ ᠰᠣᠷᠪᠤᠯᠵᠢᠯᠠᠭ᠎ᠠ ᠵᠡᠷᠭᠡ ᠣᠯᠠᠨ ᠵᠦᠢᠯ ᠤᠨ ᠲᠠᠶᠢᠯᠤᠮᠵᠢ ᠭᠦᠢᠴᠡᠳᠬᠡᠬᠦ ᠬᠡᠯᠪᠡᠷᠢ ᠳᠤ ᠬᠤᠯᠪᠣᠭᠳᠠᠨ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠭᠦᠢᠴᠡᠳᠬᠡᠬᠦ ᠬᠢᠷᠢ ᠲᠦᠪᠰᠢᠨ ᠪᠠ ᠦᠷ᠎ᠡ ᠪᠦᠲᠦᠮᠵᠢ ᠶᠢ ᠤᠯᠠᠮ ᠳᠡᠭᠡᠭᠰᠢᠯᠡᠭᠦᠯᠪᠡ᠃ ᠭᠤᠷᠪᠠ ᠳᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶ᠎ᠡ ᠣᠨᠴᠠᠭᠠᠶᠢᠯᠠᠨ ᠭᠡᠨᠡᠳᠲᠡ ᠶᠢᠨ ᠬᠡᠷᠡᠭ ᠢ ᠠᠷᠭᠠᠴᠠᠬᠤ ᠵᠡᠷᠭᠡ ᠬᠦᠷᠢᠶ᠎ᠡ ᠶᠢᠨ ᠮᠡᠳᠡᠭᠡ ᠵᠠᠩᠭᠢ ᠶᠢ ᠢᠯᠡ ᠪᠣᠯᠭᠠᠬᠤ ᠶᠢ ᠭᠦᠨᠵᠡᠭᠡᠶᠢᠷᠡᠭᠦᠯᠵᠦ᠂ ᠨᠢᠭᠡᠳᠦᠭᠡᠷ ᠤᠯᠠᠷᠢᠯ ᠳᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ 536 ᠵᠤᠷᠪᠤᠰ ᠢᠯᠡ ᠪᠣᠯᠭᠠᠪᠠ᠃ ᠳᠥᠷᠪᠡ ᠳᠤ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠮᠡᠳᠡᠭᠡ ᠶᠢᠨ ᠰᠦᠯᠵᠢᠶᠡᠨ ᠤ ᠬᠡᠪᠯᠡᠯ ᠤᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠭᠠᠷ ᠤᠲᠠᠰᠤᠨ ᠤ ᠲᠠᠪᠴᠠᠩ ᠤᠨ ᠳᠡᠯᠭᠡᠨ ᠦᠵᠡᠭᠦᠯᠬᠦ ᠪᠠ ᠤᠩᠰᠢᠬᠤ ᠳᠤ ᠲᠣᠬᠢᠷᠠᠬᠤ ᠮᠡᠷᠭᠡᠨ ᠴᠣᠬᠤᠷ ᠤᠨ ᠬᠡᠪᠯᠡᠯ ᠤᠨ ᠠᠯᠪᠠᠨ ᠮᠡᠳᠡᠭᠡ ᠶᠢ ᠨᠡᠶᠢᠲᠡᠯᠡᠵᠦ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠢᠯᠡ ᠨᠡᠶᠢᠲᠡᠯᠡᠬᠦ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠭᠦᠢᠴᠡᠳᠬᠡᠬᠦ ᠠᠵᠢᠯ ᠢ ᠵᠢᠷᠤᠮᠵᠢᠭᠤᠯᠵᠤ᠂ ᠪᠥᠬᠦ ᠬᠤᠰᠢᠭᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠴᠢᠨᠠᠷ ᠴᠢᠨᠰᠠᠭ᠎ᠠ ᠶᠢ ᠡᠷᠴᠢᠮᠲᠡᠢ ᠰᠠᠶᠢᠵᠢᠷᠠᠭᠤᠯᠪᠠ᠃             ᠬᠤᠶᠠᠷ᠂ ᠣᠷᠣᠰᠢᠵᠤ ᠪᠠᠶᠢᠭ᠎ᠠ ᠠᠰᠠᠭᠤᠳᠠᠯ              ︵ᠨᠢᠭᠡ︶ ᠵᠠᠰᠠᠭ ᠤᠨ ᠣᠷᠳᠣᠨ ᠤ ᠰᠦᠯᠵᠢᠶᠡᠨ ᠥᠷᠲᠡᠭᠡ             1. ᠰᠦᠯᠵᠢᠶᠡᠨ ᠥᠷᠲᠡᠭᠡᠨ ᠤ ᠠᠭᠤᠯᠭ᠎ᠠ ᠶᠢ ᠳᠡᠭᠡᠭᠰᠢ ᠳᠠᠮᠵᠢᠭᠤᠯᠬᠤ ᠳᠤ ᠮᠥᠨ ᠬᠦ ᠭᠠᠷᠴᠠᠭ ᠨᠢ ᠬᠤᠭᠤᠰᠤᠨ᠂ ᠬᠡᠰᠡᠭ ᠨᠢ ᠲᠣᠳᠣᠷᠬᠠᠢ ᠦᠭᠡᠢ᠂ ᠬᠤᠯᠪᠣᠭᠳᠠᠬᠤ ᠴᠥᠷᠬᠡᠯᠡᠭᠡ ᠵᠢᠴᠢ ᠬᠠᠪᠰᠤᠷᠤᠯᠲᠠ ᠨᠡᠮᠡᠭᠰᠡᠨ ᠦᠭᠡᠢ᠂ ᠲᠠᠰᠢᠶᠠᠷᠠᠭᠰᠠᠨ ᠥᠰᠥᠭ᠂ ᠪᠢᠴᠢᠭ ᠮᠠᠲ᠋ᠧᠷᠢᠶᠠᠯ ᠤᠨ ᠬᠠᠷᠢᠶᠠᠯᠠᠭᠳᠠᠬᠤ ᠣᠷᠣᠨ ᠪᠠᠶᠢᠷᠢ ᠨᠢ ᠲᠠᠭᠠᠷᠠᠬᠤ ᠦᠭᠡᠢ ᠵᠡᠷᠭᠡ ᠠᠰᠠᠭᠤᠳᠠᠯ ᠣᠷᠣᠰᠢᠵᠤ ᠪᠠᠶᠢᠨ᠎ᠠ᠃             2. ᠰᠦᠯᠵᠢᠶᠡᠨ ᠤ ᠥᠷᠲᠡᠭᠡ ᠶᠢᠨ ᠪᠤᠯᠤᠩ ᠤᠨ ᠱᠠᠭᠠᠷᠳᠠᠯᠭ᠎ᠠ ᠶᠣᠰᠣᠭᠠᠷ ᠰᠢᠨᠡᠳᠬᠡᠬᠦ ᠴᠠᠭ ᠤᠨ ᠬᠢᠵᠠᠭᠠᠷ ᠢ ᠥᠯᠥ ᠵᠢᠷᠤᠮᠯᠠᠨ ᠴᠠᠭ ᠲᠤᠬᠠᠢ ᠳᠤᠨᠢ ᠰᠢᠨᠡᠳᠬᠡᠬᠦ ᠶᠠᠪᠤᠳᠠᠯ ᠨᠡᠶᠢᠳᠡᠮ ᠣᠷᠣᠰᠢᠵᠤ᠂ ᠡᠯ᠎ᠡ ᠲᠤᠰᠬᠠᠢ ᠰᠡᠳᠦᠪᠲᠦ ᠪᠤᠯᠤᠩ ᠤᠨ ᠰᠢᠨᠡᠳᠬᠡᠬᠦ ᠠᠭᠤᠯᠭ᠎ᠠ ᠤᠳᠠᠭᠠᠨ ᠪᠠᠶᠢᠨ᠎ᠠ᠃             3. ᠭᠤᠣᠯᠳᠠᠯᠭ᠎ᠠ ᠲᠠᠢ ᠮᠡᠳᠡᠭᠡ ᠵᠠᠩᠭᠢ ᠶᠢ ᠢᠯᠡ ᠪᠣᠯᠭᠠᠬᠤ ᠬᠦᠷᠢᠶ᠎ᠡ ᠴᠠᠷᠠᠭ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠤ ᠰᠠᠯᠠᠭ᠎ᠠ ᠮᠥᠴᠢᠷ ᠤᠨ ᠳᠡᠭᠡᠭᠰᠢ ᠳᠠᠮᠵᠢᠭᠤᠯᠬᠤ ᠠᠭᠤᠯᠭ᠎ᠠ ᠴᠥᠭᠡᠨ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠦᠷᠦᠭᠦᠯᠡᠨ ᠭᠦᠢᠴᠡᠳᠬᠡᠬᠦ ᠰᠠᠯᠠᠭ᠎ᠠ ᠮᠥᠴᠢᠷ᠂ ᠪᠦᠷᠢᠯᠳᠦᠭᠦᠨ ᠨᠢᠭᠡᠴᠡ ᠶᠢᠨ ᠰᠦᠯᠵᠢᠶᠡᠨ ᠳᠤ ᠭᠠᠷᠬᠤ ᠮᠡᠳᠡᠭᠡ ᠵᠠᠩᠭᠢ ᠴᠥᠭᠡᠨ᠂ ᠰᠢᠨᠡᠳᠬᠡᠬᠦ ᠨᠢ ᠤᠳᠠᠭᠠᠨ᠃              ︵ᠬᠤᠶᠠᠷ︶ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ             ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠰᠢᠨᠡᠳᠬᠡᠬᠦ ᠴᠠᠭ ᠤᠨ ᠬᠢᠵᠠᠭᠠᠷ ᠤᠨ ᠱᠠᠭᠠᠷᠳᠠᠯᠭ᠎ᠠ ᠶᠣᠰᠣᠭᠠᠷ ᠠᠭᠤᠯᠭ᠎ᠠ ᠶᠢ ᠰᠢᠨᠡᠳᠬᠡᠬᠦ ᠦᠭᠡᠢ᠂ ᠰᠢᠨ᠎ᠡ ᠵᠠᠭᠤᠴᠢᠯᠠᠭᠤᠷ ᠤᠨ ᠲᠠᠩᠰᠠᠨ ᠨᠣᠮᠧᠷ ᠢ ᠰᠢᠨ᠎ᠡ ᠪᠠᠷ ᠨᠡᠮᠡᠬᠦ ᠪᠠ ᠬᠦᠴᠦᠨ ᠦᠭᠡᠢ ᠪᠣᠯᠭᠠᠬᠤ ᠶᠢ ᠱᠠᠭᠠᠷᠳᠠᠯᠭ᠎ᠠ ᠶᠣᠰᠣᠭᠠᠷ ᠮᠡᠳᠡᠭᠦᠯᠦᠨ ᠳᠠᠩᠰᠠᠯᠠᠭᠤᠯᠤᠭᠰᠠᠨ ᠦᠭᠡᠢ᠂ ᠣᠨᠴᠠ ᠵᠠᠷᠢᠮ ᠰᠠᠯᠠᠭ᠎ᠠ ᠮᠥᠴᠢᠷ ᠡᠶᠢᠮᠦᠷᠬᠦ ᠠᠰᠠᠭᠤᠳᠠᠯ ᠢ ᠴᠢᠬᠤᠯᠠᠴᠢᠯᠠᠬᠤ ᠪᠠᠷ ᠬᠦᠷᠦᠯᠴᠡᠬᠦ ᠦᠭᠡᠢ ᠪᠠᠶᠢᠨ᠎ᠠ᠃              ︵ᠭᠤᠷᠪᠠ︶ ᠲᠥᠷᠥ ᠶᠢᠨ ᠪᠣᠳᠣᠯᠭ᠎ᠠ ᠶᠢᠨ ᠲᠠᠶᠢᠯᠤᠮᠵᠢ             1. ᠣᠲᠣ ᠪᠣᠯᠲᠠᠯ᠎ᠠ᠂ ᠰᠠᠯᠠᠭ᠎ᠠ ᠮᠥᠴᠢᠷ ᠤᠳ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠭᠦᠢᠴᠡᠳᠬᠡᠬᠦ ᠠᠵᠢᠯ ᠥᠷᠨᠢᠭᠦᠯᠦᠭᠡᠳᠦᠢ ᠪᠠᠶᠢᠭᠰᠠᠭᠠᠷ︔             2. ᠣᠯᠠᠨ ᠰᠠᠯᠠᠭ᠎ᠠ ᠮᠥᠴᠢᠷ ᠲᠣᠭᠲᠠᠭᠰᠠᠨ ᠴᠠᠭ ᠤᠨ ᠬᠢᠵᠠᠭᠠᠷ ᠶᠣᠰᠣᠭᠠᠷ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠᠨ ᠮᠡᠳᠡᠭᠦᠯᠦᠨ ᠳᠠᠩᠰᠠᠯᠠᠭᠤᠯᠤᠭᠰᠠᠨ ᠦᠭᠡᠢ︔             3. ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠬᠡᠯᠪᠡᠷᠢ ᠨᠢ ᠬᠥᠰᠢᠭᠦᠨ ᠪᠠᠶᠢᠵᠤ᠂ ᠡᠬᠡ ᠪᠢᠴᠢᠭ ᠤᠨ ᠲᠥᠷᠥᠯ ᠤᠨ ᠲᠠᠶᠢᠯᠤᠮᠵᠢ ᠳᠤ ᠲᠤᠭᠤᠷᠪᠢᠭᠰᠠᠨ ᠲᠣᠳᠣᠷᠬᠠᠶᠢᠯᠠᠯᠲᠠ ᠶᠢ ᠰᠢᠭᠤᠳ ᠲᠣᠬᠤᠨ ᠬᠡᠷᠡᠭᠯᠡᠵᠦ᠂ ᠲᠠᠶᠢᠯᠤᠮᠵᠢ ᠶᠢᠨ ᠠᠭᠤᠯᠭ᠎ᠠ ᠪᠠ ᠤᠭ ᠵᠣᠬᠢᠶᠠᠯ ᠢ ᠳᠠᠪᠲᠠᠬᠤ ᠠᠰᠠᠭᠤᠳᠠᠯ ᠣᠷᠣᠰᠢᠵᠤ ᠪᠠᠶᠢᠨ᠎ᠠ︔             4. ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠰᠦᠯᠵᠢᠶᠡᠨ ᠳᠡᠭᠡᠷ᠎ᠡ ᠳᠠᠮᠵᠢᠭᠤᠯᠤᠨ ᠰᠢᠨᠡᠳᠬᠡᠬᠦ ᠦᠶ᠎ᠡ ᠳᠤ ᠮᠠᠰᠢ ᠣᠯᠠᠨ ᠰᠠᠯᠠᠭ᠎ᠠ ᠮᠥᠴᠢᠷ ᠤᠨ ᠬᠢᠨ ᠰᠢᠭᠤᠳ ᠰᠢᠯᠵᠢᠭᠦᠯᠦᠨ ᠨᠡᠶᠢᠲᠡᠯᠡᠵᠦ᠂ ᠥᠪᠡᠷ ᠤᠨ ᠠᠭᠤᠯᠭ᠎ᠠ ᠦᠭᠡᠢ ᠪᠠᠶᠢᠨ᠎ᠠ᠃              ︵ᠳᠥᠷᠪᠡ︶ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ ᠠᠵᠢᠯ             1. ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠵᠦᠢᠯᠡᠰ ᠤᠨ ᠪᠠᠷᠢᠮᠵᠢᠶ᠎ᠠ ᠶᠢᠨ ᠭᠠᠷᠴᠠᠭ ᠢ 2020 ᠣᠨ ᠤ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠬᠢᠯᠡᠨ ᠪᠠᠶᠢᠭᠤᠯᠵᠤ ᠳᠡᠭᠡᠭᠰᠢ ᠳᠠᠮᠵᠢᠭᠤᠯᠤᠭᠰᠠᠨ ᠤ ᠳᠠᠷᠠᠭ᠎ᠠ ᠳᠠᠬᠢᠨ ᠡᠮᠬᠢᠯᠡᠵᠦ ᠳᠠᠬᠢᠨ ᠨᠠᠶᠢᠳᠠᠪᠤᠷᠢᠵᠢᠭᠤᠯᠤᠭᠰᠠᠨ ᠦᠭᠡᠢ ᠪᠥᠭᠡᠳ ᠴᠠᠭ ᠲᠤᠬᠠᠢ  ᠳᠤᠨᠢ ᠰᠢᠨᠡᠳᠬᠡᠨ ᠲᠡᠭᠦᠯᠳᠡᠷᠵᠢᠭᠦᠯᠦᠭᠰᠡᠨ ᠦᠭᠡᠢ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠪᠠᠷᠢᠮᠵᠢᠶ᠎ᠠ ᠶᠢᠨ ᠭᠠᠷᠴᠠᠭ ᠤᠨ ᠶᠣᠰᠣᠭᠠᠷ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠪᠤᠯᠤᠩ ᠳᠤ ᠬᠠᠮᠢᠶ᠎ᠠ ᠪᠦᠬᠦᠢ ᠠᠭᠤᠯᠭ᠎ᠠ ᠶᠢ ᠴᠠᠭ ᠲᠤᠬᠠᠢ ᠳᠤᠨᠢ ᠳᠠᠮᠵᠢᠭᠤᠯᠵᠤ ᠰᠢᠨᠡᠳᠬᠡᠭᠰᠡᠨ ᠦᠭᠡᠢ︔             2. ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠯᠪᠠᠨ ᠭᠡᠷ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠲᠤ ᠨᠢᠭᠡᠨᠲᠡ ᠵᠠᠰᠠᠭ ᠤᠨ ᠶᠠᠪᠤᠳᠠᠯ ᠢ ᠢᠯᠡ ᠪᠣᠯᠭᠠᠬᠤ ᠲᠤᠰᠬᠠᠢ ᠣᠷᠣᠨ ᠪᠠᠶᠢᠭᠤᠯᠤᠭᠰᠠᠨ ᠪᠣᠯᠪᠠᠴᠤ ᠪᠠᠷᠢᠮᠵᠢᠶᠠᠵᠢᠭᠤᠯᠤᠯᠲᠠ ᠳᠤ ᠬᠦᠷᠦᠭᠰᠡᠨ ᠦᠭᠡᠢ ︵ᠵᠠᠰᠠᠭ ᠤᠨ ᠣᠷᠳᠣᠨ ᠤ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ᠂ ᠮᠡᠳᠡᠭᠡ ᠵᠠᠩᠭᠢ ᠶᠢ ᠢᠯᠡ ᠪᠣᠯᠭᠠᠬᠤ ᠪᠠᠷ ᠭᠤᠶᠤᠴᠢᠯᠠᠬᠤ᠂ ᠠᠵᠢᠯ ᠶᠠᠪᠤᠳᠠᠯ ᠭᠦᠢᠴᠡᠳᠬᠡᠬᠦ ᠳᠤ ᠠᠰᠠᠭᠤᠨ ᠯᠠᠪᠯᠠᠵᠤ ᠬᠠᠷᠢᠭᠤᠯᠲᠠ ᠥᠭᠬᠦ ᠵᠡᠷᠭᠡ ᠦᠢᠯᠡᠴᠢᠯᠡᠭᠡ ᠬᠠᠩᠭᠠᠬᠤ︶ ᠠᠰᠠᠭᠤᠳᠠᠯ ᠣᠷᠣᠰᠢᠵᠤ ᠪᠠᠶᠢᠨ᠎ᠠ︔             3. ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠮᠠᠯᠵᠢᠬᠤ ᠲᠠᠷᠢᠶᠠᠯᠠᠬᠤ ᠣᠷᠣᠨ ᠪᠠ ᠨᠡᠶᠢᠭᠡᠮ ᠲᠣᠭᠤᠷᠢᠭ ᠳᠠᠰᠢ ᠤᠷᠲᠤᠳᠬᠠᠬᠤ ᠶᠢ ᠰᠠᠶᠢᠲᠤᠷ ᠬᠢᠭᠡᠳᠦᠢ ᠪᠠᠶᠢᠵᠤ᠂ ᠡᠯ᠎ᠡ ᠭᠠᠴᠠᠭ᠎ᠠ ᠲᠣᠰᠬᠤᠨ ︵ᠰᠠᠭᠤᠭᠠᠯᠢ ᠠᠷᠠᠳ︶ ᠤ ᠮᠡᠳᠡᠭᠡ ᠵᠠᠩᠭᠢ ᠶᠢ ᠢᠯᠡ ᠨᠡᠶᠢᠲᠡᠯᠡᠬᠦ ᠪᠤᠯᠤᠩ᠂ ᠸᠢᠴᠠᠲ ᠤᠨ ᠬᠤᠯᠪᠣᠭ᠎ᠠ᠂ ᠴᠠᠬᠢᠮ ᠲᠠᠪᠴᠠᠩ ᠵᠡᠷᠭᠡ ᠠᠷᠭ᠎ᠠ ᠵᠠᠮ ᠢᠶᠠᠷ ᠶᠠᠳᠠᠭᠤᠷᠠᠯ ᠠᠴᠠ ᠠᠩᠭᠢᠵᠢᠷᠠᠭᠤᠯᠬᠤ ᠪᠣᠱᠤᠭ᠎ᠠ ᠶᠢ ᠳᠠᠪᠠᠭ᠋ᠤ ᠶᠢ ᠭᠤᠣᠯᠳᠠᠯᠭ᠎ᠠ ᠲᠠᠢ ᠢᠯᠡ ᠪᠣᠯᠭᠠᠵᠤ᠂ ᠲᠣᠰᠬᠤᠨ ᠤ ᠱᠠᠲᠤᠨ ᠤ ᠡᠳ᠋ ᠤᠨ ᠶᠠᠪᠤᠳᠠᠯ᠂ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠵᠡᠷᠭᠡ ᠲᠠᠯ᠎ᠠ ᠶᠢᠨ ᠮᠡᠳᠡᠭᠡ ᠵᠠᠩᠭᠢ ᠶᠢ ᠨᠡᠯᠢᠶᠡᠳ ᠴᠥᠭᠡᠨ ᠪᠣᠯᠭᠠᠨ᠎ᠠ᠃             ᠭᠤᠷᠪᠠ᠂ ᠲᠠᠷᠠᠭᠠᠴᠢ ᠶᠢᠨ ᠠᠯᠬᠤᠮ ᠤᠨ ᠱᠠᠭᠠᠷᠳᠠᠯᠭ᠎ᠠ             ᠨᠢᠭᠡ ᠳᠤ ᠵᠠᠰᠠᠭ ᠤᠨ ᠣᠷᠳᠣᠨ ᠤ ᠮᠡᠳᠡᠭᠡ ᠵᠠᠩᠭᠢ ᠨᠡᠶᠢᠲᠡᠯᠡᠬᠦ ᠶᠢ ᠱᠠᠲᠤ ᠳᠠᠷᠠᠭᠠᠯᠠᠨ ᠬᠢᠨᠠᠨ ᠪᠠᠶᠢᠴᠠᠭᠠᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠡᠯ᠎ᠡ ᠪᠤᠯᠤᠩ ᠤᠨ ᠬᠠᠷᠢᠭᠤᠴᠠᠯᠭᠠᠲᠤ ᠰᠠᠯᠠᠭ᠎ᠠ ᠮᠥᠴᠢᠷ ᠪᠠ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠪᠤᠯᠤᠩ ᠤᠨ ᠰᠢᠨᠡᠳᠬᠡᠯ ᠪᠠ ᠠᠭᠤᠯᠭ᠎ᠠ ᠶᠢᠨ ᠴᠢᠨᠠᠷ ᠴᠢᠨᠰᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ ᠶᠢᠨ ᠬᠠᠮᠲᠤ ᠴᠠᠭ ᠲᠤᠬᠠᠢ ᠳᠤᠨᠢ ᠰᠢᠨᠡᠳᠬᠡᠬᠦ ᠶᠢ ᠪᠠᠲᠤᠯᠠᠵᠤ᠂ ᠤᠯᠠᠷᠢᠯ ᠪᠦᠷᠢ ᠳᠤ ᠠᠳᠠᠭ ᠲᠠᠭᠠᠨ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠶᠢᠨ ᠮᠡᠳᠡᠭᠡ ᠵᠠᠩᠭᠢ ᠶᠢ ᠨᠢᠭᠡ ᠤᠳᠠᠭ᠎ᠠ ᠲᠣᠭᠤᠷᠢᠨ ᠪᠠᠶᠢᠴᠠᠭᠠᠵᠤ ᠰᠤᠭᠤᠴᠢᠨ ᠪᠠᠶᠢᠴᠠᠭᠠᠵᠤ᠂ ᠬᠠᠷᠢᠴᠠᠯ ᠢ 30% ᠠᠴᠠ ᠳᠣᠣᠷ᠎ᠠ ᠪᠠᠶᠢᠯᠭᠠᠬᠤ ᠦᠭᠡᠢ ᠪᠠᠶᠢᠵᠤ᠂ ᠫᠤᠷᠲ᠋ᠧᠯ ᠰᠦᠯᠵᠢᠶ᠎ᠡ ᠳᠤ ᠪᠠᠶᠢᠴᠠᠭᠠᠭᠰᠠᠨ ᠪᠠᠶᠢᠳᠠᠯ ᠢᠶᠠᠨ ᠴᠠᠭ ᠲᠤᠬᠠᠢ ᠳᠤᠨᠢ ᠢᠯᠡ ᠪᠣᠯᠭᠠᠨ᠎ᠠ︔ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠡᠳᠦᠷ ᠲᠤᠲᠤᠮ ᠤᠨ ᠠᠵᠢᠯᠯᠠᠭᠤᠯᠵᠤ ᠪᠠᠲᠤᠯᠠᠬᠤ ᠶᠢ ᠦᠨᠡᠨᠬᠦ ᠰᠠᠶᠢᠲᠤᠷ ᠬᠢᠵᠦ᠂ ᠲᠥᠷᠥ ᠶᠢᠨ ᠪᠣᠳᠣᠯᠭ᠎ᠠ ᠶᠢ ᠤᠩᠰᠢᠨ ᠲᠠᠶᠢᠯᠪᠤᠷᠢᠯᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠬᠤᠶᠠᠷ ᠲᠤ ᠦᠨᠳᠦᠰᠦᠨ ᠱᠠᠲᠤᠨ ᠤ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠴᠢᠩᠭᠠᠳᠬᠠᠨ᠎ᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠵᠦᠢᠯᠡᠰ ᠢ ᠡᠮᠬᠢᠯᠡᠨ ᠳᠢᠭᠯᠡᠬᠦ ᠪᠠ ᠪᠠᠷᠢᠮᠵᠢᠶ᠎ᠠ ᠶᠢᠨ ᠭᠠᠷᠴᠠᠭ ᠢ ᠨᠠᠶᠢᠷᠠᠭᠤᠯᠤᠨ ᠵᠣᠬᠢᠶᠠᠬᠤ ᠠᠵᠢᠯ ᠢ ᠰᠠᠶᠢᠲᠤᠷ ᠬᠢᠵᠦ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠵᠦᠢᠯᠡᠰ ᠤᠨ ᠪᠠᠷᠢᠮᠵᠢᠶ᠎ᠠ ᠶᠢᠨ ᠭᠠᠷᠴᠠᠭ ᠢ ᠴᠠᠭ ᠲᠤᠬᠠᠢ ᠳᠤᠨᠢ ᠰᠢᠨᠡᠳᠬᠡᠨ ᠲᠡᠭᠦᠯᠳᠡᠷᠵᠢᠭᠦᠯᠬᠦ ᠵᠢᠨ‌‍ᠪᠠᠷᠢᠮᠵᠢᠶᠠᠲᠤ ᠵᠢᠷᠤᠮᠵᠢᠭᠰᠠᠨ ᠵᠠᠰᠠᠭ ᠤᠨ ᠶᠠᠪᠤᠳᠠᠯ ᠢ ᠢᠯᠡ ᠪᠣᠯᠭᠠᠬᠤ ᠲᠠᠪᠴᠠᠩ ᠤᠨ ᠵᠢᠭᠰᠠᠭᠠᠯ ᠢ ᠶᠡᠬᠡᠪᠡᠷ ᠪᠠᠶᠢᠭᠤᠯᠵᠤ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠲᠤᠰᠬᠠᠢ ᠣᠷᠣᠨ ᠢ ᠨᠠᠩ ᠵᠢᠷᠤᠮᠵᠢᠭᠤᠨ᠂ ᠠᠷᠠᠳ ᠲᠤ ᠲᠥᠬᠦᠮ ᠦᠵᠡᠭᠦᠯᠦᠨ᠎ᠡ︔ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠮᠠᠯᠵᠢᠬᠤ ᠲᠠᠷᠢᠶᠠᠯᠠᠬᠤ ᠣᠷᠣᠨ ᠪᠠ ᠨᠡᠶᠢᠭᠡᠮ ᠲᠣᠭᠤᠷᠢᠭ ᠳᠠᠰᠢ ᠤᠷᠲᠤᠳᠬᠠᠬᠤ ᠶᠢ ᠢᠳᠡᠪᠬᠢᠲᠡᠢ ᠪᠠᠷ ᠠᠬᠢᠭᠤᠯᠵᠤ᠂ ᠠᠷᠠᠳ ᠤᠨ ᠠᠮᠢᠳᠤᠷᠠᠯ ᠤᠨ ᠭᠤᠣᠯᠳᠠᠯᠭ᠎ᠠ ᠲᠠᠢ ᠵᠦᠢᠯᠡᠰ ᠢ ᠢᠯᠡ ᠪᠣᠯᠭᠠᠬᠤ ᠶᠢᠨ ᠥᠷᠭᠡᠴᠡ ᠪᠠ ᠭᠦᠨᠴᠡ ᠶᠢ ᠨᠡᠮᠡᠭᠳᠡᠭᠦᠯᠦᠨ᠎ᠡ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号