ᠠᠯᠠᠱᠠ ᠵᠡᠭᠦᠨ ᠬᠤᠰᠢᠭᠤᠨ ᠤ ᠴᠡᠪᠡᠷᠯᠡᠭᠡ ᠶᠢᠨ ᠠᠵᠢᠯ ᠢ ᠰᠠᠶᠢᠵᠢᠷᠠᠭᠤᠯᠪᠠ
ᠨᠡᠶᠢᠲᠡᠯᠡᠭᠰᠡᠨ ᠴᠠᠭ᠄
2023/1/28
              ᠨᠢᠭᠡ ᠳᠤ ᠮᠠᠰᠢᠨᠴᠢᠯᠠᠭᠰᠠᠨ ᠴᠡᠪᠡᠷᠯᠡᠭᠡ᠂ ᠤᠰᠤ ᠰᠦᠷᠴᠢᠬᠦ ᠲᠡᠷᠭᠡᠨ ᠤ ᠤᠬᠢᠶᠠᠬᠤ ᠣᠯᠠᠨ ᠮᠠᠰᠢᠨ ᠤ ᠬᠤᠯᠪᠣᠭᠠᠯᠠᠬᠤ ᠠᠷᠭ᠎ᠠ ᠮᠠᠶ᠋ᠢᠭ ᠢ ᠬᠡᠷᠡᠭᠯᠡᠨ ᠬᠤᠲᠠ ᠶᠢᠨ ᠲᠣᠭᠤᠷᠢᠭ ᠤᠨ ᠭᠤᠣᠯ᠂ ᠳᠡᠳ᠋ ᠭᠤᠣᠯ ᠵᠠᠮ ᠳᠤ ᠪᠦᠷᠢᠨ ᠪᠦᠷᠬᠦᠭᠦᠯᠬᠦ᠂ ᠥᠨᠴᠥᠭ ᠪᠤᠯᠤᠩ ᠦᠭᠡᠢ ᠭᠦᠨ ᠤᠬᠢᠶᠠᠵᠤ ᠴᠡᠪᠡᠷᠯᠡᠬᠦ ᠠᠵᠢᠯ ᠢ ᠭᠦᠢᠴᠡᠳᠬᠡᠪᠡ᠃ ᠬᠥᠮᠥᠨ ᠨᠡᠮᠡᠬᠦ᠂ ᠴᠠᠭ ᠨᠡᠮᠡᠵᠦ ᠠᠵᠢᠯᠯᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠲᠣᠭᠤᠷᠢᠨ ᠶᠠᠪᠤᠵᠤ ᠠᠷᠢᠭᠤᠨ ᠴᠡᠪᠡᠷ ᠪᠠᠶᠢᠯᠭᠠᠬᠤ ᠤᠳᠠᠭ᠎ᠠ ᠶᠢ ᠴᠢᠩᠭᠠᠳᠬᠠᠵᠤ᠂ ᠶᠠᠪᠠᠭᠠᠨ ᠬᠥᠮᠥᠨ ᠤ ᠵᠠᠮ᠂ ᠨᠣᠭᠤᠭᠠᠷᠠᠭᠤᠯᠤᠯᠲᠠ ᠶᠢᠨ ᠪᠦᠰᠡ᠂ ᠮᠣᠳᠣᠨ ᠤ ᠨᠦᠬᠡ ᠵᠡᠷᠭᠡ ᠬᠡᠰᠡᠭ ᠤᠨ ᠬᠤᠭ ᠨᠣᠪᠰᠢ ᠶᠢ ᠴᠠᠭ ᠲᠤᠬᠠᠢ ᠳᠤᠨᠢ ᠴᠡᠪᠡᠷᠯᠡᠪᠡ᠃ ᠳᠡᠭᠳᠡᠮᠡᠯ ᠲᠣᠭᠤᠰᠣᠨ ᠤ ᠪᠣᠬᠢᠷᠳᠤᠯ ᠢ ᠪᠠᠭᠠᠰᠬᠠᠵᠤ᠂ ᠵᠠᠮ ᠴᠡᠪᠡᠷ ᠪᠥᠭᠡᠳ ᠲᠣᠭᠤᠰᠣ ᠰᠢᠷᠣᠢ ᠦᠭᠡᠢ᠂ ᠬᠤᠲᠠ ᠶᠢᠨ ᠲᠣᠭᠤᠷᠢᠭ ᠢ ᠨᠠᠩ ᠭᠤᠶᠣ ᠰᠠᠶᠢᠬᠠᠨ ᠪᠣᠯᠭᠠᠬᠤ ᠪᠠᠷ ᠴᠢᠷᠮᠠᠶᠢᠪᠠ᠃ ᠪᠥᠬᠦ ᠵᠢᠯ ᠳᠤ᠂ ᠨᠡᠶᠢᠲᠡ 1398 ᠰᠠᠤᠷᠢ ᠲᠣᠮᠣ ᠬᠡᠯᠪᠡᠷᠢ ᠶᠢᠨ ᠴᠡᠪᠡᠷᠯᠡᠨ ᠱᠦᠭᠦᠷᠳᠡᠬᠦ ᠲᠡᠷᠭᠡ᠂ 91 ᠰᠠᠤᠷᠢ ᠲᠣᠮᠣ ᠬᠡᠯᠪᠡᠷᠢ ᠶᠢᠨ ᠣᠯᠠᠨ ᠴᠢᠳᠠᠪᠤᠷᠢᠲᠤ ᠲᠣᠭᠤᠰᠣ ᠬᠤᠷᠢᠭᠯᠠᠬᠤ ᠲᠡᠷᠭᠡ᠂ 1322 ᠰᠠᠤᠷᠢ ᠲᠣᠮᠣ ᠬᠡᠯᠪᠡᠷᠢ ᠶᠢᠨ ᠨᠣᠶᠢᠲᠠᠨ ᠱᠦᠭᠦᠷᠳᠡᠬᠦ ᠲᠡᠷᠭᠡ ᠶᠢ ᠬᠥᠳᠡᠯᠭᠡᠵᠦ᠂ ᠪᠠᠶᠢᠭᠤᠯᠤᠭᠰᠠᠨ ᠲᠣᠭᠤᠷᠢᠭ ᠤᠨ ᠵᠠᠮ ᠤᠨ ᠮᠠᠰᠢᠨᠴᠢᠯᠠᠭᠰᠠᠨ ᠴᠡᠪᠡᠷᠯᠡᠨ ᠱᠦᠭᠦᠷᠳᠡᠯᠲᠡ ᠶᠢᠨ ᠨᠣᠷᠮ᠎ᠠ 72%᠎ ᠠᠴᠠ ᠳᠡᠭᠡᠭᠰᠢ ᠳᠤ ᠬᠥᠷᠪᠡ᠃             ᠬᠤᠶᠠᠷ ᠲᠤ ᠠᠮᠢᠳᠤᠷᠠᠯ ᠤᠨ ᠬᠤᠭ ᠨᠣᠪᠰᠢ ᠶᠢᠨ ᠳᠠᠮᠵᠢᠭᠤᠯᠬᠤ ᠥᠷᠲᠡᠭᠡ᠂ ᠣᠯᠠᠨ ᠨᠡᠶᠢᠲᠡ ᠶᠢᠨ ᠠᠷᠢᠭᠤᠨ ᠴᠡᠪᠡᠷ ᠤᠨ ᠲᠠᠰᠤᠯᠭ᠎ᠠ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠡᠷᠭᠡ ᠬᠥᠰᠬᠡ ᠵᠡᠷᠭᠡ ᠣᠷᠴᠢᠨ ᠲᠣᠭᠤᠷᠢᠨ ᠤ ᠠᠷᠢᠭᠤᠨ ᠴᠡᠪᠡᠷ ᠤᠨ ᠰᠠᠭᠤᠷᠢ ᠪᠡᠯᠡᠳᠬᠡᠮᠵᠢ ᠶᠢ ᠪᠠᠶᠢᠩᠭᠤᠵᠢᠭᠤᠯᠤᠨ ᠨᠠᠷᠢᠪᠴᠢᠯᠠᠨ ᠪᠠᠶᠢᠴᠠᠭᠠᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠰᠠᠭᠤᠷᠢ ᠪᠡᠯᠡᠳᠬᠡᠮᠵᠢ ᠶᠢ ᠬᠠᠮᠠᠭᠠᠯᠠᠬᠤ᠂ ᠰᠣᠯᠢᠬᠤ ᠠᠵᠢᠯ ᠢ ᠢᠳᠡᠪᠬᠢᠲᠡᠢ ᠭᠦᠢᠴᠡᠳᠬᠡᠪᠡ᠃ ︽ᠮᠠᠰᠢᠨ + ᠬᠥᠮᠥᠨ ᠤ ᠬᠦᠴᠦᠨ︾᠎ ᠤ ᠲᠣᠭᠤᠰᠣ ᠠᠷᠢᠯᠭᠠᠵᠤ ᠠᠷᠴᠢᠵᠤ ᠤᠬᠢᠶᠠᠬᠤ ᠠᠵᠢᠯ ᠤᠨ ᠵᠠᠭᠪᠤᠷ ᠢ ᠬᠡᠷᠡᠭᠯᠡᠨ ᠬᠤᠲᠠ ᠶᠢᠨ ᠭᠡᠷ ᠤᠨ ᠬᠡᠷᠡᠭᠰᠡᠯ ᠢ ᠴᠡᠪᠡᠷᠯᠡᠬᠦ ᠡᠷᠴᠢᠮ ᠢ ᠭᠤᠣᠯᠳᠠᠯᠭ᠎ᠠ ᠲᠠᠢ ᠴᠢᠩᠭᠠᠷᠠᠭᠤᠯᠵᠤ᠂ ᠪᠥᠬᠦ ᠵᠢᠯ ᠳᠤ ᠨᠡᠶᠢᠲᠡ 189 ᠤᠳᠠᠭ᠎ᠠ ᠠᠷᠴᠢᠵᠤ ᠴᠡᠪᠡᠷᠯᠡᠭᠡᠳ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠰᠠᠭᠤᠷᠢ ᠪᠡᠯᠡᠳᠬᠡᠮᠵᠢ ᠶᠢ ᠴᠡᠪᠡᠷ ᠲᠡᠭᠰᠢ᠂ ᠬᠤᠭ ᠲᠣᠭᠤᠰᠣ ᠦᠭᠡᠢ᠂ ᠭᠬᠢᠷ ᠪᠤᠷᠲᠠᠭ ᠦᠭᠡᠢ ᠪᠠᠶᠢᠯᠭᠠᠬᠤ ᠶᠢ ᠦᠨᠡᠨ ᠬᠦ ᠪᠠᠲᠤᠯᠠᠪᠠ᠃             ᠭᠤᠷᠪᠠ ᠳᠤ ᠬᠠᠯᠠᠭᠤᠨ ᠳᠣᠲᠣᠨᠣ ᠰᠠᠨᠠᠭᠤᠯᠤᠮᠵᠢ ᠨᠠᠭᠠᠬᠤ᠂ ᠭᠠᠷᠠᠭ ᠤᠨ ᠲᠠᠪᠤᠨ ᠳᠤ ᠲᠤᠶᠢᠯᠪᠤᠷᠢᠲᠠᠢ ᠶᠡᠭᠡ ᠴᠡᠪᠡᠷᠯᠡᠭᠡ ᠬᠢᠬᠦ᠂ ᠨᠠᠷᠢᠯᠢᠭ ᠠᠷᠢᠭᠤᠨ ᠴᠡᠪᠡᠷ ᠪᠠᠶᠢᠯᠭᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠨᠡᠶᠢᠲᠡ ᠶᠢᠨ ᠵᠣᠷᠯᠣᠩ ᠤᠨ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠠ᠃ ᠪᠥᠬᠦ ᠵᠢᠯ ᠳᠤ᠂ ᠨᠡᠶᠢᠲᠡ ᠶᠢᠨ ᠵᠣᠷᠯᠣᠩ ᠤᠨ ᠪᠠᠭᠠᠰᠤ ᠰᠢᠭᠡᠰᠦᠨ ᠤ ᠪᠣᠬᠢᠷ ᠤᠰᠤ ᠶᠢ 22964 ᠲᠣᠨ ᠴᠡᠪᠡᠷᠯᠡᠨ ᠲᠡᠭᠡᠭᠡᠪᠦᠷᠢᠯᠡᠪᠡ︔ ᠤᠰᠤ ᠪᠠᠷ ᠤᠬᠢᠶᠠᠬᠤ ᠨᠡᠶᠢᠲᠡ ᠶᠢᠨ ᠵᠣᠷᠯᠣᠩ ᠤᠨ ᠲᠥᠬᠦᠭᠡᠷᠦᠮᠵᠢ ᠶᠢᠨ ᠬᠡᠮ ᠡᠷᠡᠰᠳᠡᠯ ᠢ ᠨᠡᠶᠢᠲᠡ 1790 ᠤᠳᠠᠭ᠎ᠠ ᠰᠡᠯᠪᠢᠨ ᠵᠠᠰᠠᠵᠤ᠂ ᠨᠡᠶᠢᠲᠡ ᠶᠢᠨ ᠵᠣᠷᠯᠣᠩ ᠤᠨ ᠤᠰᠤ ᠣᠷᠣᠭᠤᠯᠬᠤ ᠬᠤᠭᠤᠯᠠᠢ ᠶᠢ 649 ᠤᠳᠠᠭ᠎ᠠ ᠨᠡᠪᠲᠡᠷᠡᠭᠦᠯᠪᠡ᠃             ᠳᠥᠷᠪᠡ ᠳᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠵᠡᠷᠭᠡ ᠠᠵᠢᠯ ᠲᠠᠢ ᠤᠶᠠᠯᠳᠤᠭᠤᠯᠤᠨ᠂ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠡᠷᠡᠭᠦᠯ ᠮᠡᠨᠳᠦ ᠶᠢ ᠪᠠᠲᠤᠯᠠᠬᠤ︾ ᠠᠵᠢᠯ ᠤᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠬᠤᠲᠠ ᠶᠢᠨ ︽ᠡᠭᠡᠯᠢᠯᠡᠬᠦ ᠴᠢᠳᠠᠪᠤᠷᠢ︾᠎ ᠶᠢ ᠳᠡᠭᠡᠭᠰᠢᠯᠡᠭᠦᠯᠦᠨ ︽ᠥᠩᠭᠡ ᠵᠢᠰᠦ︾᠎ ᠶᠢ ᠨᠠᠩ ᠥᠨᠳᠥᠷ ᠪᠣᠯᠭᠠᠵᠤ᠂ ︽ᠰᠠᠭᠤᠷᠢ ᠥᠩᠭᠡ︾᠎ ᠶᠢ ᠨᠠᠩ ᠬᠡᠷᠡᠯ ᠲᠠᠢ ᠪᠣᠯᠭᠠᠬᠤ ᠶᠢ ᠬᠦᠴᠦᠯᠡᠨ ᠠᠬᠢᠭᠤᠯᠪᠠ᠃ ᠪᠥᠬᠦ ᠵᠢᠯ ᠳᠤ᠂ ᠣᠷᠴᠢᠨ ᠤ ᠠᠷᠢᠭᠤᠨ ᠴᠡᠪᠡᠷ ᠢ ᠲᠥᠪᠯᠡᠷᠡᠭᠦᠯᠦᠨ ᠴᠡᠭᠴᠡᠯᠡᠨ ᠵᠠᠰᠠᠬᠤ᠂ ᠬᠤᠭ ᠨᠣᠪᠰᠢ ᠶᠢ ᠴᠡᠪᠡᠷᠯᠡᠬᠦ ᠠᠵᠢᠯ ᠢ 704 ᠤᠳᠠᠭ᠎ᠠ ᠥᠷᠨᠢᠭᠦᠯᠵᠦ᠂ ᠨᠡᠶᠢᠲᠡ 4311 ᠬᠥᠮᠥᠨ ᠤᠳᠠᠭ᠎ᠠ ᠴᠡᠪᠡᠷᠯᠡᠭᠴᠢ ᠶᠢ ᠬᠥᠳᠡᠯᠭᠡᠵᠦ᠂ ᠡᠯ᠎ᠡ ᠲᠥᠷᠥᠯ ᠤᠨ ᠬᠤᠭ ᠨᠣᠪᠰᠢ ᠶᠢ 876 ᠲᠡᠷᠭᠡ ᠴᠡᠪᠡᠷᠯᠡᠵᠦ᠂ ᠪᠠᠷᠤᠭ 2061 ᠲᠣᠨ ᠴᠡᠪᠡᠷᠯᠡᠵᠡᠢ᠃             ᠲᠠᠪᠤ ᠳᠤ᠂ ᠡᠯ᠎ᠡ ᠬᠤᠭ ᠨᠣᠪᠰᠢ ᠶᠢᠨ ᠬᠠᠶᠢᠷᠴᠠᠭ᠂ ᠴᠢᠭ᠋ ᠢ ︽ᠡᠳᠦᠷ ᠪᠦᠷᠢ ᠨᠢᠭᠡ ᠤᠳᠠᠭ᠎ᠠ ᠴᠡᠪᠡᠷᠯᠡᠨ ᠲᠡᠭᠡᠭᠡᠪᠦᠷᠢᠯᠡᠪᠡ︾᠂ ᠵᠡᠭᠡᠯᠢ ᠳᠠᠭᠠᠤ ᠶᠢᠨ ᠬᠤᠳᠠᠯᠳᠤᠭᠠᠨ ᠤ ᠡᠷᠦᠬᠡ ᠶᠢᠨ ᠬᠤᠭ ᠨᠣᠪᠰᠢ ᠶᠢ ᠠᠪᠴᠢᠭᠤᠯᠤᠭᠰᠠᠨ ᠲᠡᠷᠭᠡ ᠠᠴᠠ ᠲᠣᠭᠲᠠᠭᠰᠠᠨ ᠴᠠᠭ ᠲᠤ ᠭᠡᠷ ᠲᠤᠨᠢ ᠬᠦᠷᠴᠦ ᠬᠤᠷᠢᠶᠠᠨ ᠴᠤᠭᠯᠠᠭᠤᠯᠵᠤ᠂ ᠡᠯ᠎ᠡ ᠶᠡᠭᠡ ᠪᠠᠶᠠᠷ ᠳᠤᠷᠠᠰᠬᠠᠯ ᠤᠨ ᠠᠵᠢᠯᠯᠠᠭ᠎ᠠ ᠶᠢᠨ ᠬᠤᠭᠤᠴᠠᠭᠠᠨ ᠳᠤ ᠬᠤᠭ ᠨᠣᠪᠰᠢ ᠶᠢᠨ ᠰᠠᠪᠠ ᠶᠢ ︽ᠳᠦᠭᠦᠷᠬᠦ ᠶᠢ ᠳᠠᠭᠠᠯᠳᠤᠨ ᠴᠡᠪᠡᠷᠯᠡᠪᠡ︾᠂ ᠬᠤᠲᠠ ᠶᠢᠨ ᠲᠣᠭᠤᠷᠢᠭ ᠤᠨ ᠠᠷᠢᠭᠤᠨ ᠴᠡᠪᠡᠷ ᠠᠷᠢᠭᠤᠨ ᠴᠡᠪᠡᠷ ᠪᠠᠶᠢᠬᠤ ᠶᠢ ᠪᠠᠲᠤᠯᠠᠵᠤ᠂ ᠪᠥᠬᠦ ᠵᠢᠯ ᠳᠤ᠂ ᠭᠤᠣᠯ ᠵᠡᠭᠡᠯᠢ ᠭᠤᠳᠤᠮᠵᠢ ᠶᠢᠨ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠨᠣᠷᠮ᠎ᠠ ᠶᠢ 100%᠎ ᠳᠤ ᠬᠦᠷᠦᠭᠦᠯᠵᠦ᠂ ᠪᠠᠶᠠᠨᠬᠤᠲᠠ ᠶᠢᠨ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠨᠡᠶᠢᠲᠡ 45198 ᠲᠣᠨ᠂ ᠬᠤᠭᠤᠯᠠᠨ ᠭᠡᠷ ᠤᠨ ᠬᠤᠭ ᠨᠣᠪᠰᠢ ᠶᠢ ᠨᠡᠶᠢᠲᠡ 3621.7 ᠲᠣᠨ ᠴᠡᠪᠡᠷᠯᠡᠨ ᠲᠡᠭᠡᠭᠡᠪᠦᠷᠢᠯᠡᠪᠡ᠃      
 
ᠢᠷᠡᠯᠲᠡ᠄ ᠬᠤᠲᠠ ᠶᠢᠨ ᠶᠠᠪᠤᠳᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号