ᠠᠯᠠᠱᠠ ᠵᠡᠭᠦᠨ ᠬᠤᠰᠢᠭᠤ ᠡᠪ ᠬᠠᠮᠲᠤ ᠵᠠᠯᠠᠭᠤᠴᠤᠳ ᠤᠨ ᠡᠪᠯᠡᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2023/1/28
              ︽ᠡᠪ ᠬᠠᠮᠲᠤ ᠵᠠᠯᠠᠭᠤᠴᠤᠳ ᠤᠨ ᠡᠪᠯᠡᠯ ᠤᠨ ᠠᠯᠠᠱᠠ ᠵᠡᠭᠦᠨ ᠬᠤᠰᠢᠭᠤᠨ ᠤ ᠬᠤᠷᠢᠶ᠎ᠠ︾ ᠴᠠᠬᠢᠮ ᠲᠠᠪᠴᠠᠩ ᠠᠴᠠ ᠵᠠᠯᠠᠭᠤᠴᠤᠳ ᠤᠨ ︿ᠪᠠᠴᠢᠮ ᠪᠡᠷᠬᠡ ᠵᠣᠪᠠᠨᠢᠯ﹀ ᠠᠰᠠᠭᠤᠳᠠᠯ ᠢ ᠴᠤᠭᠯᠠᠭᠤᠯᠬᠤ ᠲᠠᠯ᠎ᠠ ᠪᠠᠷ ᠣᠲᠣ ᠪᠣᠯᠲᠠᠯ᠎ᠠ ᠨᠢᠭᠡᠨᠲᠡ 113 ᠵᠤᠷᠪᠤᠰ ᠰᠠᠨᠠᠯ ᠰᠠᠨᠠᠭᠤᠯᠭ᠎ᠠ ᠴᠤᠭᠯᠠᠭᠤᠯᠤᠭᠰᠠᠨ ᠪᠠᠶᠢᠨ᠎ᠠ᠃ ᠬᠢᠴᠢᠶᠡᠯ ᠤᠨ ᠲᠠᠩᠬᠢᠮ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠭᠠᠳᠠᠭᠠᠳᠤ ᠳᠤ ᠰᠤᠷᠤᠯᠴᠠᠵᠤ ᠪᠠᠶᠢᠭ᠎ᠠ ᠰᠤᠷᠤᠭᠴᠢᠳ ᠤᠨ ᠭᠡᠷ ᠨᠤᠲᠤᠭ ᠲᠠᠢ ᠪᠠᠨ ᠪᠠᠶᠢᠩᠭᠤᠵᠢᠭᠤᠯᠤᠨ ᠬᠠᠷᠢᠯᠴᠠᠬᠤ ᠦᠢᠯᠡᠳᠦᠯᠭᠡ ᠶᠢᠨ ᠬᠥᠭᠦᠷᠭᠡ ᠶᠢ ᠪᠠᠶᠢᠭᠤᠯᠤᠨ᠂ ᠠᠯᠠᠱᠠ ᠵᠡᠭᠦᠨ ᠬᠤᠰᠢᠭᠤᠨ ᠳᠤ ᠨᠤᠲᠤᠭ ᠲᠠᠢ ᠣᠶᠤᠲᠠᠳ ᠤᠨ ᠭᠡᠷ ᠨᠤᠲᠤᠭ ᠲᠠᠭᠠᠨ ᠦᠢᠯᠡᠴᠢᠯᠡᠬᠦ ᠠᠮᠢᠳᠤᠯᠢᠭ ᠦᠢᠯᠡᠳᠦᠯᠭᠡ ᠶᠢᠨ ᠳᠤᠮᠳᠠ ᠰᠤᠷᠭᠠᠨ ᠬᠥᠮᠦᠵᠢᠯ ᠭᠥᠷᠳᠡᠬᠦ᠂ ᠡᠷᠳᠡᠮ ᠴᠢᠳᠠᠪᠤᠷᠢ ᠪᠠᠨ ᠳᠡᠭᠡᠭᠰᠢᠯᠡᠭᠦᠯᠬᠦ᠂ ᠬᠤᠪᠢ ᠨᠡᠮᠡᠷᠢ ᠦᠵᠡᠭᠦᠯᠬᠦ ᠶᠢ ᠬᠥᠲᠥᠯᠥᠨ ᠳᠠᠭᠠᠭᠤᠯᠪᠠ᠃  
 
ᠢᠷᠡᠯᠲᠡ᠄ ᠡᠪᠯᠡᠯ ᠤᠨ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号