| | 1 ᠰᠠᠷ᠎ᠠ ᠶᠢᠨ 3 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ | ᠳᠠᠷᠤᠭ᠎ᠠ ᠮᠡᠷᠭᠡᠨ ᠠᠭᠤᠷᠬᠠᠢ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠲᠤᠰᠬᠠᠢ ᠴᠡᠭᠴᠡᠯᠡᠨ ᠵᠠᠰᠠᠬᠤ᠂ | ᠠᠶᠤᠯᠭᠦᠢ ᠦᠢᠯᠡᠳᠪᠦᠷᠢᠯᠡᠬᠦ ᠵᠡᠷᠭᠡ ᠠᠵᠢᠯ ᠢ ᠬᠢᠨᠠᠨ ᠵᠢᠯᠤᠭᠤᠳᠴᠤ ᠪᠠᠶᠢᠴᠠᠭᠠᠨ ᠰᠤᠳᠤᠯᠵᠤ᠂ ᠲᠠᠷᠠᠭᠠᠴᠢ ᠶᠢᠨ | ᠠᠯᠬᠤᠮ ᠤᠨ ᠠᠵᠢᠯ ᠪᠠ ᠴᠠᠭᠠᠨ ᠰᠠᠷ᠎ᠠ ᠶᠢᠨ ᠬᠤᠭᠤᠴᠠᠭᠠᠨ ᠳᠠᠬᠢ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ | ᠠᠵᠢᠯ ᠢ ᠰᠠᠶᠢᠲᠤᠷ ᠬᠢᠬᠦ ᠲᠤᠬᠠᠢ ᠪᠠᠶᠢᠷᠢᠯᠠᠭᠤᠯᠤᠯᠲᠠ ᠬᠢᠪᠡ᠃ | | ᠮᠡᠷᠭᠡᠨ ᠤᠷᠢᠳ ᠬᠤᠵᠢᠳ ᠥᠪᠥᠷ ᠮᠣᠩᠭᠤᠯ ᠤᠨ ᠲᠡᠶᠢᠰᠢ ᠶᠢᠨ ᠨᠡᠭᠦᠷᠡᠰᠦᠨ ᠤ ᠪᠦᠯᠦᠭᠯᠡᠯ ᠤᠨ ᠬᠤᠪᠢ | ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠡᠯ ᠳ᠋ᠣᠣ ᠯᠢᠩ ᠠᠭᠤᠷᠬᠠᠢ ᠶᠢᠨ ᠣᠷᠣᠨ ᠤ ᠮᠠᠯᠲᠠᠵᠤ | ᠬᠥᠨᠳᠡᠶᠢᠷᠡᠭᠦᠯᠦᠭᠰᠡᠨ ᠣᠷᠣᠨ ᠤ ᠭᠠᠮᠰᠢᠭ ᠢ ᠶᠡᠷᠦᠩᠬᠡᠶᠢᠯᠡᠨ ᠵᠠᠰᠠᠬᠤ ᠲᠥᠷᠥᠯ ᠵᠦᠢᠯ᠂ ᠯᠠᠨ ᠲᠠᠢ ᠪᠠᠶᠠᠨ ᠤ | ᠨᠡᠭᠦᠷᠡᠰᠦᠨ ᠠᠭᠤᠷᠬᠠᠢ ᠵᠡᠷᠭᠡ ᠭᠠᠵᠠᠷ ᠲᠤ ᠬᠦᠷᠴᠦ᠂ ᠵᠠᠰᠠᠬᠤ ᠲᠥᠷᠥᠯ ᠵᠦᠢᠯ ᠤᠨ ᠠᠬᠢᠴᠠ ᠶᠢᠨ ᠪᠠᠶᠢᠳᠠᠯ ᠪᠣᠯᠣᠨ | ᠪᠠᠲᠤᠯᠠᠨ ᠬᠠᠩᠭᠠᠬᠤ ᠨᠡᠭᠦᠷᠡᠰᠦᠨ ᠤ ᠦᠢᠯᠡᠳᠪᠦᠷᠢᠯᠡᠯ ᠤᠨ ᠪᠠᠷᠢᠯᠭ᠎ᠠ ᠶᠢᠨ ᠠᠵᠢᠯ ᠤᠨ ᠪᠠᠶᠢᠳᠠᠯ ᠢ ᠨᠠᠷᠢᠨ ᠣᠶᠢᠯᠠᠭᠠᠵᠤ | ᠂ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ | ᠨᠠᠶᠢᠳᠠᠪᠤᠷᠢᠵᠢᠭᠤᠯᠤᠭᠰᠠᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠤ ᠠᠬᠤᠶᠢᠯᠠᠯ ᠳᠤ ᠲᠤᠯᠭᠠᠷᠠᠭᠰᠠᠨ | ᠬᠦᠴᠢᠷᠳᠡᠯ ᠪᠣᠯᠣᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃ | | ᠮᠡᠷᠭᠡᠨ ᠠᠴᠠ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠵᠤ ᠵᠠᠰᠠᠬᠤ ᠶᠢᠨ ᠴᠢᠬᠤᠯᠠ ᠴᠢᠨᠠᠷ ᠢ | ᠭᠦᠨᠵᠡᠭᠡᠢ ᠲᠠᠨᠢᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ | ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ ᠬᠠᠮᠢᠶ᠎ᠠ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ | ᠨᠠᠶᠢᠳᠠᠪᠤᠷᠢᠵᠢᠭᠤᠯᠤᠨ᠂ ᠨᠡᠭᠦᠷᠡᠰᠦ ᠮᠠᠯᠲᠠᠵᠤ ᠬᠥᠨᠳᠡᠶᠢᠷᠡᠭᠦᠯᠦᠭᠰᠡᠨ ᠣᠷᠣᠨ ᠢ ᠶᠡᠷᠦᠩᠬᠡᠶᠢᠯᠡᠨ ᠵᠠᠰᠠᠬᠤ ᠵᠢᠴᠢ ᠠᠮᠢ | ᠠᠬᠤᠢ ᠶᠢ ᠰᠡᠷᠭᠦᠭᠡᠬᠦ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠂ ᠵᠠᠰᠠᠬᠤ ᠠᠬᠢᠴᠠ ᠶᠢ ᠲᠦᠷᠭᠡᠳᠬᠡᠵᠦ᠂ ᠠᠯᠠᠱᠨ ᠣᠷᠣᠨ ᠤ | ᠠᠭᠤᠷᠬᠠᠢ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠵᠤ ᠵᠠᠰᠠᠬᠤ ᠦᠷ᠎ᠡ ᠪᠦᠲᠦᠮᠵᠢ ᠶᠢ ᠦᠷᠭᠦᠯᠵᠢᠯᠡᠨ | ᠳᠡᠭᠡᠭᠰᠢᠯᠡᠭᠦᠯᠪᠡ᠃ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠠᠶᠤᠯᠭᠦᠢ | ᠦᠢᠯᠡᠳᠪᠦᠷᠢᠯᠡᠯ ᠤᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢᠶᠠᠨ | ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠦᠬᠦ ᠲᠠᠯ᠎ᠠ ᠪᠠᠷ ᠪᠠᠬᠢᠵᠢᠭᠦᠯᠵᠦ᠂ ᠵᠠᠰᠠᠯᠲᠠ ᠶᠢᠨ | ᠠᠵᠢᠯ ᠤᠨ ᠠᠮᠤᠷ ᠲᠦᠪᠰᠢᠨ ᠡᠮᠬᠢ ᠳᠢᠭᠯᠢᠮ ᠲᠠᠢ ᠪᠠᠶᠢᠬᠤ ᠶᠢ ᠪᠠᠲᠤᠯᠠᠬᠤ ᠶᠢᠨ ᠬᠠᠮᠲᠤ᠂ ᠴᠠᠭᠠᠨ ᠰᠠᠷ᠎ᠠ ᠶᠢᠨ ᠡᠮᠦᠨ᠎ᠡ | ᠬᠤᠶᠢᠨᠠᠬᠢ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠥᠷᠭᠡᠨ | ᠤᠯᠠᠨ ᠲᠦᠮᠡᠨ ᠤ ᠪᠠᠶᠠᠷ ᠪᠠᠶᠠᠰᠬᠤᠯᠠᠩ ᠲᠠᠢ ᠥᠯᠵᠡᠢ ᠪᠡᠯᠭᠡ ᠲᠠᠢ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠲᠤᠯᠠᠬᠤ | ᠬᠡᠷᠡᠭᠲᠡᠢ ᠭᠡᠪᠠ᠃ | | ᠮᠡᠷᠭᠡᠨ ᠪᠠᠰᠠ ᠵᠠᠩ ᠵᠢᠶᠠ ᠹᠠᠩ ᠤᠨ ᠨᠡᠭᠦᠷᠡᠰᠦᠨ ᠤ ᠬᠡᠮᠵᠢᠯᠲᠡ ᠶᠢᠨ ᠦᠷᠳᠡᠭᠡ ᠳᠤ ᠭᠦᠨᠵᠡᠭᠡᠶᠢᠷᠡᠨ ᠡᠷᠬᠢᠨ | ᠦᠵᠡᠵᠦ ᠲᠣᠬᠤᠨᠢᠭᠤᠯᠵᠤ᠂ ᠳᠡᠳᠡᠨ ᠤ ᠠᠵᠢᠯ ᠠᠮᠢᠳᠤᠷᠠᠯ ᠤᠨ ᠪᠠᠶᠢᠳᠠᠯ ᠢ ᠳᠣᠲᠣᠨᠣ ᠪᠠᠷ ᠬᠠᠯᠠᠮᠵᠢᠯᠠᠵᠤ᠂ ᠳᠡᠳᠡᠨ ᠤ | ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠳᠤ ᠲᠠᠯᠠᠷᠬᠠᠵᠤ᠂ ᠳᠡᠳᠡᠨ ᠳᠤ ᠬᠦᠢᠲᠡᠨ ᠢ ᠰᠡᠷᠭᠡᠶᠢᠯᠡᠨ ᠳᠤᠯᠠᠭᠠᠯᠠᠬᠤ ᠶᠢ | ᠰᠠᠶᠢᠲᠤᠷ ᠬᠢᠵᠦ᠂ ᠢᠳᠡᠵᠦ ᠤᠤᠭᠤᠬᠤ ᠬᠤᠨᠣᠵᠤ ᠬᠡᠪᠲᠡᠬᠦ ᠪᠠ ᠡᠭᠡᠯᠵᠢᠯᠡᠨ ᠵᠢᠵᠢᠭᠦᠷᠯᠡᠬᠦ ᠶᠢ ᠵᠣᠬᠢᠰᠲᠠᠢ | ᠲᠣᠬᠢᠷᠠᠭᠤᠯᠵᠤ᠂ ᠠᠯᠠᠱᠠ ᠵᠡᠭᠦᠨ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠳᠠᠬᠢᠨᠲᠠ ᠬᠤᠪᠢ | ᠨᠡᠮᠡᠷᠢ ᠦᠵᠡᠭᠦᠯᠬᠦ ᠬᠡᠷᠡᠭᠲᠡᠢ ᠭᠡᠪᠠ᠃ | | ᠠᠯᠠᠱᠠ ᠵᠡᠭᠦᠨ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ | ᠭᠤᠣᠯ ᠬᠠᠷᠢᠭᠤᠴᠠᠯᠭᠠᠲᠠᠳ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠵᠡᠢ᠃ |