ᠠᠯᠠᠱᠠ ᠵᠡᠭᠦᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠤᠭᠡᠯᠡᠭᠴᠢᠳ | ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ ᠵᠠᠰᠠᠭ ᠤᠨ ᠣᠷᠳᠤᠨ ᠤ ᠠᠵᠢᠯ ᠤᠨ ᠢᠯᠡᠳᠬᠡᠯ | | — ᠠᠯᠠᠱᠠ ᠵᠡᠭᠦᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠤᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠤᠳᠠᠭᠠᠨ ᠤ ᠬᠤᠷᠠᠯᠳᠤᠭᠠᠨ ᠳᠠᠬᠢ ᠠᠵᠢᠯ ᠤᠨ ᠢᠯᠡᠳᠬᠡᠯ | 2022 ᠣᠨ ᠤ 1 ᠳ᠋ᠦ᠋ᠭᠡᠷ ᠰᠠᠷ᠎ᠠ ᠶᠢᠨ 9 ᠤ ᠡᠳᠣᠷ | ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ | ᠣᠷᠣᠯᠠᠭᠴᠢ ᠬᠤᠰᠢᠭᠤ ᠳᠠᠷᠤᠭ᠎ᠠ ᠮᠡᠷᠭᠡᠨ | | ᠲᠦᠯᠦᠭᠡᠯᠡᠭᠴᠢᠳ ᠡ᠄ | ᠣᠳᠤ ᠪᠢ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠳᠦᠯᠦᠬᠡᠯᠡᠨ ᠶᠡᠭᠡ | ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠬᠢᠨᠠᠨ ᠵᠥᠪᠯᠡᠬᠦ ᠪᠣᠯᠪᠠᠤ᠂ ᠬᠤᠷᠠᠯ ᠳᠤ ᠣᠷᠣᠯᠴᠠᠭᠰᠠᠨ ᠣᠯᠣᠰ ᠲᠦᠷᠦ | ᠶᠢᠨ ᠵᠥᠪᠯᠡᠯᠭᠡᠨ ᠤ ᠭᠡᠰᠢᠭᠦᠳ ᠪᠣᠯᠣᠨ ᠰᠤᠯᠠ ᠤᠷᠤᠯᠴᠠᠭᠰᠠᠳ ᠰᠠᠨᠠᠯ ᠰᠠᠨᠠᠭᠤᠯᠭ᠎ᠠ ᠪᠠᠨ ᠳᠤᠷᠠᠳᠬᠤ ᠪᠤᠯᠪᠠᠤ᠃ | ᠥᠩᠭᠡᠷᠡᠭᠰᠡᠨ ᠲᠦᠷᠪᠡᠨ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠣᠶᠢᠮᠣ | ᠥᠩᠭᠡᠷᠡᠭᠰᠡᠨ ᠲᠦᠷᠪᠡᠨ ᠵᠢᠯ ᠪᠣᠯ ᠠᠯᠠᠱᠠ ᠵᠡᠭᠦᠨ ᠬᠤᠰᠢᠭᠤᠨ ᠤ ᠬᠥᠭᠵᠢᠯᠲᠡ ᠳᠤ ᠬᠦᠨᠳᠦᠷᠡᠯ ᠪᠡᠷᠬᠡᠰᠢᠶᠡᠯ | ᠲᠠᠢ᠂ ᠣᠨᠴᠠᠭᠠᠢ ᠲᠦᠷᠪᠡᠨ ᠵᠢᠯ ᠪᠣᠯᠤᠨ᠎ᠠ᠃ ᠥᠩᠭᠡᠷᠡᠭᠰᠡᠨ ᠳᠥᠷᠪᠡᠨ ᠵᠢᠯ ᠤᠨ ᠬᠤᠭᠤᠴᠠᠭᠠᠨ ᠳᠤ᠂ ᠪᠢᠳᠡ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ | ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠪᠥᠬᠦ ᠬᠤᠰᠢᠭᠤᠨ ᠤ ᠡᠯ᠎ᠡ | ᠦᠨᠳᠦᠰᠦᠲᠡᠨ ᠤ ᠺᠠᠳ᠋ᠷ ᠣᠯᠠᠨ ᠲᠦᠮᠡᠨ ᠢ ᠤᠳᠤᠷᠢᠳᠤᠨ ᠴᠢᠭᠯᠡᠭᠦᠯᠵᠦ᠂ ᠲᠤᠯᠭᠠᠷᠠᠵᠤ ᠢᠷᠡᠭᠰᠡᠨ ᠪᠡᠷᠬᠡᠰᠢᠶᠡᠯ ᠤᠳ ᠢ | ᠳᠠᠭᠠᠭᠠᠨ ᠲᠤᠭᠤᠯᠵᠤ᠂ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠳᠤ ᠲᠣᠭᠲᠠᠭᠠᠭᠰᠠᠨ ᠬᠠᠷᠠᠯᠲᠠ ᠡᠭᠦᠷᠭᠡ ᠶᠢ | ᠤᠷᠤᠭᠰᠢᠲᠠᠢ ᠪᠡᠶᠡᠯᠡᠭᠦᠯᠵᠦ᠂ ᠪᠥᠬᠦ ᠬᠤᠰᠢᠭᠤᠨ ᠤ ᠠᠵᠢᠯ ᠦᠢᠯᠡᠰ ᠰᠢᠨ᠎ᠡ ᠠᠬᠢᠴᠠ ᠳᠡᠪᠰᠢᠯ᠂ ᠰᠢᠨ᠎ᠡ ᠣᠯᠣᠯᠲᠠ | ᠠᠮᠵᠢᠯᠲᠠ ᠳᠤ ᠬᠦᠷᠦᠭᠰᠡᠨ ᠪᠠᠶᠢᠨ᠎ᠠ᠃ | —— ᠳᠥᠷᠪᠡᠨ ᠵᠢᠯ ᠤᠨ ᠰᠢᠷᠭᠠᠭᠤ ᠬᠥᠳᠡᠯᠮᠦᠷᠢ ᠪᠠᠷ ᠠᠵᠤ ᠠᠬᠤᠶ ᠨᠡᠶᠢᠭᠡᠮ ᠤᠨ ᠬᠥᠭᠵᠢᠯᠲᠡ ᠶᠢ | ᠲᠣᠭᠲᠠᠪᠤᠷᠢᠲᠠᠢ ᠪᠠᠲᠤᠯᠠᠨ ᠠᠬᠢᠭᠤᠯᠪᠠ᠃ ᠠᠵᠤ ᠠᠬᠤᠶ ᠶᠢᠨ ᠪᠠᠭᠤᠷᠠᠯᠲᠠ ᠪᠠ ᠰᠢᠨ᠎ᠡ ᠲᠢᠲᠢᠮᠯᠢᠭ ᠠᠭᠤᠰᠭᠢᠨ | ᠥᠷᠪᠢᠰᠤᠯ ᠤᠨ ᠬᠦᠨᠳᠦ ᠬᠡᠴᠡᠭᠦᠦ ᠪᠠᠶᠢᠳᠠᠯ ᠳᠤ᠂ ᠪᠢᠳᠡ ᠬᠢᠵᠢᠭ ᠤᠨ ᠬᠠᠯᠳᠠᠪᠤᠷᠢ ᠶᠢ ᠰᠡᠷᠭᠡᠶᠢᠯᠡᠨ ᠬᠢᠵᠠᠭᠠᠷᠯᠠᠬᠤ | ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠵᠦ᠂ ᠠᠵᠤ ᠠᠬᠤᠶ ᠶᠢᠨ ᠠᠷᠭ᠎ᠠ ᠮᠠᠶ᠋ᠢᠭ ᠤᠨ | ᠰᠢᠨᠡᠴᠢᠯᠡᠯᠳᠡ ᠪᠠ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ ᠶᠢ ᠲᠦᠷᠭᠡᠳᠬᠡᠪᠡ᠃ ᠣᠯᠠᠨ ᠠᠷᠭ᠎ᠠ | ᠵᠠᠮ ᠢᠶᠠᠷ 275.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠴᠡᠪᠡᠷ ᠡᠨᠧᠷᠭᠢ᠂ ᠠᠮᠢ ᠠᠬᠤᠶ ᠶᠢᠨ | ᠣᠨᠴᠠᠯᠢᠭ᠂ ᠴᠡᠷᠢᠭ ᠠᠷᠠᠳ ᠤᠨ ᠬᠡᠷᠡᠭᠯᠡᠭᠡ ᠶᠢ ᠤᠶᠠᠯᠳᠤᠭᠤᠯᠬᠤ᠂ ᠰᠣᠶᠣᠯ ᠵᠢᠭᠤᠯᠴᠢᠯᠠᠯ᠂ ᠡᠷᠡᠭᠦᠯ ᠬᠠᠮᠠᠭᠠᠯᠠᠯ | ᠡᠷᠡᠭᠦᠯ ᠮᠡᠨᠳᠦ᠂ ᠬᠤᠲᠠ ᠶᠢᠨ ᠶᠠᠪᠤᠳᠠᠯ ᠤᠨ ᠲᠥᠬᠦᠭᠡᠷᠦᠮᠵᠢ ᠵᠡᠷᠭᠡ ᠬᠦᠷᠢᠶᠡᠨ ᠳᠠᠬᠢ 226 ᠭᠤᠤᠯᠳᠠᠯᠭ᠎ᠠ ᠲᠠᠢ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠪᠡ᠃ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ | ᠥᠷᠲᠡᠭ ᠵᠢᠯ ᠪᠦᠷᠢ ᠳᠤᠮᠳᠠᠴᠢ ᠪᠠᠷ 5.7% ᠨᠡᠮᠡᠭᠳᠡᠪᠡ︔ 500 ᠲᠦᠮᠡᠨ ᠲᠥᠭᠦᠷᠢᠭ ᠠᠴᠠ ᠳᠡᠭᠡᠭᠰᠢᠬᠢ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠵᠢᠯ ᠪᠦᠷᠢ ᠳᠤᠮᠳᠠᠴᠢ ᠪᠠᠷ 7.8% ᠨᠡᠮᠡᠭᠳᠡᠪᠡ︔ ᠡᠩ ᠤᠨ | ᠤᠯᠠᠨ ᠨᠡᠶᠢᠲᠡ ᠶᠢᠨ ᠲᠥᠰᠦᠪ ᠢ ᠵᠢᠯ ᠪᠦᠷᠢ ᠳᠤᠮᠳᠠᠴᠢ ᠪᠠᠷ 6.7% ᠨᠡᠮᠡᠭᠳᠡᠪᠡ︔ ᠬᠤᠲᠠ ᠬᠥᠳᠡᠭᠡ ᠶᠢᠨ | ᠪᠠᠶᠢᠩᠭᠤ ᠶᠢᠨ ᠣᠷᠣᠰᠢᠨ ᠰᠠᠭᠤᠭᠴᠢᠳ ᠤᠨ ᠳᠤᠮᠳᠠᠴᠢ ᠣᠷᠣᠯᠭ᠎ᠠ ᠲᠤᠰᠪᠤᠷᠢ 46753 ᠲᠥᠭᠦᠷᠢᠭ ᠪᠠ | 23966 ᠲᠥᠭᠦᠷᠢᠭ ᠪᠣᠯᠵᠣ ᠨᠡᠮᠡᠭᠳᠡᠨ᠂ ᠵᠢᠯ ᠤᠨ ᠳᠤᠮᠳᠠᠴᠢ ᠥᠰᠦᠯᠲᠡ ᠨᠢ ᠲᠤᠰᠪᠦᠷᠢ 6.2% ᠪᠠ 8.5% | ᠨᠡᠮᠡᠭᠳᠡᠪᠡ︔ ᠨᠡᠶᠢᠬᠡᠮ ᠤᠨ ᠬᠡᠷᠡᠭᠯᠡᠭᠡᠨ ᠤ ᠪᠠᠷᠠᠭ᠎ᠠ ᠶᠢᠨ ᠵᠢᠵᠢᠭᠯᠡᠨ ᠪᠣᠷᠤᠯᠠᠭᠤᠯᠤᠭᠰᠠᠨ ᠶᠡᠷᠦᠩᠬᠡᠢ ᠲᠣᠭᠠᠨ ᠤ | ᠨᠡᠮᠡᠭᠳᠡᠯ ᠤᠨ ᠬᠤᠷᠳᠤᠴᠠ ᠨᠢ ᠲᠣᠭᠲᠠᠪᠤᠷᠢᠵᠢᠪᠠ᠃ ︽ᠡᠨᠧᠷᠭᠢ ᠶᠢᠨ ᠬᠤᠷᠣᠭᠳᠠᠯ ᠤᠨ ᠬᠤᠤᠰ ᠡᠵᠡᠮᠰᠢᠯ︾ ᠶᠢᠨ | ᠬᠠᠷᠠᠯᠲᠠ ᠶᠢ ᠪᠡᠶᠡᠯᠡᠭᠦᠯᠵᠦ᠂ ᠪᠥᠬᠦ ᠬᠤᠰᠢᠭᠤᠨ ᠤ ᠠᠵᠤ ᠠᠬᠤᠶ ᠶᠢᠨ ᠲᠣᠭᠲᠠᠪᠤᠷᠢᠲᠠᠢ ᠬᠥᠭᠵᠢᠯᠲᠡ ᠶᠢ ᠪᠠᠲᠤᠯᠠᠪᠠ᠃ | | —— ᠳᠥᠷᠪᠡᠨ ᠵᠢᠯ ᠤᠨ ᠴᠥᠬᠦᠷᠡᠰᠢ ᠦᠭᠡᠢ ᠴᠢᠷᠮᠠᠶᠢᠯᠭ᠎ᠠ ᠪᠠᠷ᠂ ᠬᠦᠴᠢᠷᠳᠡᠯ ᠢ ᠳᠠᠪᠠᠨ ᠲᠤᠭᠤᠯᠵᠤ | ᠣᠯᠤᠯᠲᠠ ᠠᠮᠵᠢᠯᠲᠠ ᠶᠢ ᠪᠠᠨ ᠡᠷᠴᠢᠮᠲᠠᠢ ᠪᠠᠬᠢᠵᠢᠭᠦᠯᠪᠡ᠃ ᠶᠠᠳᠠᠭᠤ ᠠᠴᠠ ᠠᠩᠭᠢᠵᠢᠷᠠᠭᠤᠯᠬᠤ ᠠᠵᠢᠯ ᠢ ᠲᠡᠭᠦᠰ | ᠠᠮᠵᠢᠯᠲᠠ ᠲᠠᠢ ᠪᠠᠷ ᠪᠡᠶᠡᠯᠡᠭᠦᠯᠪᠡ᠃ ᠶᠠᠳᠠᠭᠤ ᠠᠴᠠ ᠠᠩᠭᠢᠵᠢᠷᠠᠭᠤᠯᠬᠤ ᠲᠦᠷᠦ ᠶᠢᠨ ᠪᠤᠳᠤᠯᠭ᠎ᠠ ᠶᠢ ᠨᠠᠷᠢᠯᠢᠭ | ᠣᠨᠣᠴᠠᠲᠠᠶ ᠪᠠᠷ ᠨᠠᠶᠢᠳᠠᠪᠤᠷᠢᠵᠢᠭᠤᠯᠵᠤ᠂ 5.4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 161 | ᠶᠠᠳᠠᠭᠤᠰ ᠢ ᠲᠡᠳᠬᠦᠬᠦ ᠲᠥᠷᠥᠯ ᠵᠦᠢᠯ ᠢ ᠬᠡᠷᠡᠭᠵᠢᠭᠦᠯᠵᠦ᠂ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ | ︾ ᠪᠠ ᠠᠶᠦᠯᠭᠦᠢ ᠤᠮᠳᠠᠨ ᠤ ᠤᠰᠤᠨ ᠤ ᠠᠰᠠᠭᠤᠳᠠᠯ ᠢ ᠶᠡᠷᠦᠩᠬᠡᠶ ᠳᠤᠨᠢ ᠰᠢᠢᠳᠪᠤᠷᠢᠯᠡᠵᠦ᠂ ᠠᠯᠠᠱᠠ ᠵᠡᠭᠦᠨ | ᠬᠤᠰᠢᠭᠤ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠡᠩᠨᠡᠭᠡᠨ ᠠᠴᠠ ᠭᠠᠷᠪᠠ᠃ ᠰᠤᠷᠭᠠᠨ ᠬᠥᠮᠦᠵᠢᠯ᠂ ᠡᠮ | ᠡᠮᠨᠡᠯᠭᠡ᠂ ᠣᠷᠣᠨ ᠰᠠᠭᠤᠴᠠ᠂ ᠤᠮᠳᠠᠨ ᠤ ᠤᠰᠤ ᠵᠡᠷᠭᠡ ᠲᠠᠯ᠎ᠠ ᠶᠢᠨ ᠲᠦᠭᠡᠮᠡᠯ ᠬᠠᠷᠠᠭᠠᠯᠵᠠᠯ ᠤᠨ ᠴᠢᠨᠠᠷᠲᠠᠢ | ᠲᠦᠷᠦ ᠶᠢᠨ ᠪᠤᠳᠤᠯᠭ᠎ᠠ ᠶᠢ ᠶᠡᠷᠦᠩᠬᠡᠢ ᠳᠡᠭᠡᠨ ᠲᠣᠭᠲᠠᠪᠤᠷᠢᠲᠠᠢ ᠪᠠᠶᠢᠯᠭᠠᠵᠤ᠂ ᠶᠠᠳᠠᠭᠤᠷᠠᠬᠤ ᠪᠣᠶᠣ ᠲᠠᠬᠢᠨ | ᠶᠠᠳᠠᠭᠤᠷᠠᠬᠤ ᠶᠢ ᠰᠡᠷᠭᠡᠶᠢᠯᠡᠨ ᠬᠢᠨᠠᠬᠤ ᠪᠠ ᠬᠠᠪᠰᠤᠷᠤᠨ ᠲᠡᠳᠬᠦᠬᠦ ᠲᠣᠭᠲᠠᠴᠠ ᠶᠢ ᠲᠠᠰᠤᠷᠠᠯᠲᠠ ᠦᠭᠡᠢ | ᠪᠦᠷᠢᠨᠰᠢᠬᠦᠯᠵᠦ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠶᠢ ᠰᠡᠷᠭᠡᠶᠢᠯᠡᠨ ᠪᠠᠲᠤᠵᠢᠭᠤᠯᠪᠠ᠃ ᠥᠷᠢ | ᠥᠭᠴᠡᠭᠡᠨ ᠤ ᠠᠶᠤᠯ ᠡᠷᠡᠰᠳᠡᠯ ᠢ ᠪᠦᠲᠦᠮᠵᠢᠲᠡᠶ ᠪᠠᠷ ᠰᠡᠷᠭᠡᠶᠢᠯᠡᠨ ᠡᠵᠡᠮᠳᠡᠪᠡ᠃ ᠵᠠᠰᠠᠭ ᠤᠨ ᠣᠷᠳᠣᠨ ᠤ ᠥᠷᠢ | ᠥᠭᠴᠡᠭᠡ ᠶᠢᠨ ᠬᠠᠮᠢᠶᠠᠷᠤᠯᠲᠠ ᠶᠢ ᠴᠢᠩᠳᠠᠯᠠᠵᠤ᠂ ᠳᠠᠯᠳᠠ ᠥᠷᠢ ᠥᠭᠴᠡᠭᠡ ᠶᠢᠨ ᠠᠶᠤᠯ ᠡᠷᠡᠰᠳᠡᠯ ᠢ ᠰᠡᠷᠭᠡᠶᠢᠯᠡᠨ | ᠰᠢᠢᠳᠪᠦᠷᠢᠯᠡᠪᠡ᠃ ᠰᠢᠨ᠎ᠡ ᠶᠢ ᠡᠭᠦᠳᠬᠦ ᠵᠢᠭᠡᠯᠡᠯᠭᠡ ᠶᠢᠨ ᠠᠷᠭ᠎ᠠ ᠮᠠᠶ᠋ᠢᠭ ᠢ ᠰᠦᠪᠡᠭᠴᠢᠯᠡᠵᠦ᠂ ᠤᠯᠤᠰ ᠤᠨ | ᠪᠠᠶᠢᠭᠤᠯᠤᠮᠵᠢ ᠶᠢᠨ ᠣᠷᠣᠨ ᠲᠤᠭ᠎ᠠ ᠲᠠᠢ ᠬᠤᠰᠢᠭᠤ ᠰᠢᠶᠠᠨ ᠤ ᠵᠢᠭᠡᠯᠡᠯᠭᠡ ᠶᠢᠨ ᠲᠡᠮᠳᠡᠭᠲᠦ ᠶᠢ ᠰᠣᠯᠢᠬᠤ ᠡᠷᠭᠦᠳᠡᠯ | ᠭᠠᠷᠭᠠᠬᠤ᠂ ᠠᠰᠢᠭᠯᠠᠭᠳᠠᠭ᠎ᠠ ᠦᠭᠡᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠡᠷᠭᠢᠯᠲᠡ ᠳᠤ ᠣᠷᠣᠭᠤᠯᠬᠤ᠂ | ᠮᠥᠩᠭᠦᠨ ᠭᠦᠶᠯᠭᠡᠭᠡᠨ ᠤ ᠠᠷᠭ᠎ᠠ ᠪᠠᠷᠢᠯ ᠢ ᠠᠰᠢᠭᠯᠠᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠ ᠳᠤᠮᠳᠠ | ᠵᠢᠵᠢᠭ ᠠᠵᠤ ᠠᠬᠤᠶᠢᠯᠠᠯ ᠤᠨ ᠵᠢᠭᠡᠯᠡᠳᠦᠭᠦᠯᠦᠭᠴᠢ ᠶᠢᠨ ᠡᠷᠬᠡ ᠶᠢ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ ᠵᠠᠰᠠᠭ ᠤᠨ ᠣᠷᠳᠣᠨ ᠤ ᠥᠷᠢ ᠥᠭᠴᠡᠭᠡ ᠶᠢ ᠲᠣᠭᠲᠠᠭᠤᠨ ᠢᠶᠠᠷ ᠰᠢᠢᠳᠪᠦᠷᠢᠯᠡᠪᠡ᠃ ᠥᠷᠢ | ᠥᠭᠴᠡᠭᠡ ᠪᠠᠨ ᠲᠦᠯᠦᠬᠦ ᠪᠡᠯᠡ ᠮᠥᠩᠭᠦ ᠶᠢ ᠬᠠᠤᠯᠢ ᠲᠣᠭᠲᠠᠭᠠᠯ ᠶᠣᠰᠤᠭᠠᠷ ᠴᠤᠭᠯᠠᠭᠤᠯᠵᠤ᠂ ᠤᠯᠠᠨ ᠠᠷᠭ᠎ᠠ | ᠬᠡᠮᠵᠢᠶ᠎ᠡ ᠶᠢ ᠵᠡᠷᠭᠡ ᠪᠠᠷ ᠬᠡᠷᠡᠭᠯᠡᠨ ᠥᠷᠢ ᠥᠭᠴᠡᠭᠡ ᠶᠢᠨ ᠡᠷᠡᠰᠳᠡᠯ ᠢ ᠵᠣᠬᠢᠴᠠᠭᠤᠯᠬᠤ ᠪᠣᠯᠣᠮᠵᠢ ᠶᠢ ᠪᠦᠷᠢᠳᠦᠭᠦᠯᠵᠦ᠂ | ᠨᠡᠶᠢᠲᠡ 69.2 ᠳ᠋ᠦᠩᠰᠢᠭᠤᠷ ᠲᠥᠭᠦᠷᠢᠭ ᠤᠨ ᠥᠷᠢ ᠥᠭᠴᠡᠭᠡ ᠶᠢ ᠰᠢᠢᠳᠪᠦᠷᠢᠯᠡᠪᠠ᠃ ᠪᠣᠬᠢᠷᠲᠤᠯ ᠢ ᠰᠡᠷᠭᠡᠶᠢᠯᠡᠨ | ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ 200 ᠪᠣᠬᠢᠷᠲᠤᠯ ᠢ ᠰᠡᠷᠭᠡᠶᠢᠯᠡᠨ ᠵᠠᠰᠠᠬᠤ | ᠰᠢᠪᠲᠤᠯᠤᠯᠲᠠ ᠶᠢᠨ ᠲᠦᠷᠦᠯ ᠵᠦᠢᠯ ᠢ ᠬᠡᠷᠡᠭᠵᠢᠭᠦᠯᠵᠦ᠂ ᠪᠡᠶᠡᠯᠡᠭᠦᠯᠦᠭᠰᠡᠨ ᠨᠤᠷᠮ᠎ᠠ 98.5% ᠳᠤ ᠬᠦᠷᠪᠡ᠃ | ᠪᠠᠶᠠᠨᠬᠤᠲᠠ ᠣᠷᠣᠨ ᠤ ᠠᠭᠠᠷ ᠤᠨ ᠴᠢᠨᠠᠷᠯᠢᠭ ᠡᠳᠦᠷ ᠤᠨ ᠲᠣᠭᠠᠨ ᠤ ᠬᠠᠷᠢᠴᠠᠯ ᠢ 89.2% ᠠᠴᠠ ᠳᠡᠭᠡᠭᠰᠢ | ᠪᠠᠶᠢᠯᠭᠠᠬᠤ ᠶᠢ ᠪᠠᠲᠤᠯᠠᠪᠡ᠃ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ | ᠬᠡᠷᠡᠭᠵᠢᠭᠦᠯᠵᠦ᠂ ᠬᠠᠷᠢᠶ᠎ᠠ ᠣᠷᠣᠨ ᠤ ᠬᠥᠷᠥᠰᠥᠨ ᠤ ᠭᠠᠳᠠᠷᠭᠤ ᠶᠢᠨ ᠤᠰᠤᠨ ᠤ ᠴᠢᠨᠠᠷ ᠤᠨ ᠰᠢᠯᠢᠳᠡᠭ ᠨᠣᠷᠮ᠎ᠠ ᠶᠢ | 100% ᠳᠤ ᠬᠦᠷᠭᠡᠪᠡ᠃ ᠬᠥᠷᠥᠰᠥ ᠰᠢᠷᠣᠶ ᠶᠢᠨ ᠣᠷᠴᠢᠨ ᠠᠬᠤᠶ ᠶᠢᠨ ᠰᠢᠯᠢᠳᠡᠭ ᠴᠢᠨᠠᠷ ᠢ ᠪᠠᠳᠣᠯᠠᠪᠠ᠃ | ᠠᠶᠤᠯᠲᠠᠶ ᠬᠠᠶᠠᠭᠳᠠᠯ ᠪᠣᠳᠠᠰ ᠤᠨ ᠣᠷᠴᠢᠨ ᠠᠬᠤᠶ ᠶᠢ ᠪᠣᠬᠢᠷᠲᠤᠭᠤᠯᠤᠭᠰᠠᠨ ᠬᠡᠷᠡᠭ ᠭᠠᠷᠤᠭᠰᠠᠨ ᠦᠭᠡᠢ᠃ 16 | ᠠᠭᠠᠷ ᠤᠨ ᠪᠣᠬᠢᠷᠲᠤᠯ ᠢ ᠰᠠᠶᠢᠵᠢᠷᠠᠭᠤᠯᠵᠤ᠂ 7 ᠲᠥᠷᠥᠯ ᠤᠨ ᠤᠰᠤᠨ ᠤ ᠪᠣᠬᠢᠷᠲᠤᠯ ᠢ ᠰᠠᠶᠢᠵᠢᠷᠠᠭᠤᠯᠬᠤ ᠡᠭᠦᠷᠭᠡ ᠶᠢ | ᠠᠮᠵᠢᠯᠲᠠ ᠲᠠᠢ ᠪᠡᠶᠡᠯᠡᠭᠦᠯᠪᠡ᠃ ᠪᠠᠶᠠᠨᠬᠤᠲᠠ ᠶᠢᠨ ᠡᠮ ᠡᠮᠨᠡᠯᠭᠡ ᠶᠢᠨ ᠬᠠᠶᠠᠭᠳᠠᠯ ᠪᠣᠳᠠᠰ ᠢ ᠬᠤᠷᠢᠶᠠᠨ᠂ | ᠰᠢᠢᠳᠪᠦᠷᠢᠯᠡᠬᠦ ᠠᠵᠢᠯ ᠤᠨ ᠨᠣᠷᠮ᠎ᠠ 100% ᠳᠤ ᠬᠦᠷᠴᠡᠢ᠃ | —— ᠳᠥᠷᠪᠡᠨ ᠵᠢᠯ ᠤᠨ ᠲᠤᠷᠰᠢ ᠠᠵᠤ ᠦᠢᠯᠡᠰ ᠤᠨ ᠲᠣᠭᠲᠠᠯᠴᠠᠭ᠎ᠠ ᠶᠢᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠦᠨ ᠰᠢᠯᠢᠳᠡᠭᠵᠢᠭᠦᠯᠬᠦ ᠠᠵᠢᠯ ᠢ ᠡᠷᠴᠢᠮᠲᠡᠢ ᠠᠬᠢᠭᠤᠯᠪᠠ᠃ ᠤᠨᠴᠠᠯᠢᠭᠳᠤ ᠲᠠᠷᠢᠶᠠᠯᠠᠩ ᠮᠠᠯ ᠠᠵᠤ | ᠠᠬᠤᠶ ᠠᠩᠬᠠᠨ ᠤ ᠦᠷ᠎ᠡ ᠪᠦᠲᠦᠮᠵᠢ ᠤᠯᠪᠠ᠃ 2.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 17 | ᠲᠠᠷᠢᠶᠠᠯᠠᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠦᠨ᠂ 7.9 ᠲᠦᠮᠡᠨ ᠮᠥ ᠥᠨᠳᠥᠷ | ᠵᠡᠷᠭᠡᠯᠡᠯ ᠤᠨ ᠲᠠᠷᠢᠶᠠᠯᠠᠩ ᠤᠨ ᠲᠠᠯᠠᠪᠠᠢ ᠶᠢ ᠪᠠᠶᠢᠭᠤᠯᠵᠠᠢ᠃ ᠲᠦᠷᠭᠡᠨ ᠤ ᠬᠥᠳᠡᠭᠡ ᠶᠢᠨ ᠣᠷᠭᠠᠨᠢᠭ ᠪᠤᠭᠤᠳᠠᠢ᠂ | ᠴᠠᠬᠠᠷ ᠤᠨ ᠬᠥᠳᠡᠭᠡ ᠶᠢᠨ ᠪᠠᠶᠢᠭᠠᠯᠢᠯᠢᠭ ᠲᠠᠷᠪᠤᠰ ᠪᠠ ᠵᠢᠮᠢᠰ ᠵᠡᠷᠭᠡ 4 ᠤᠨᠴᠠᠯᠢᠬᠳᠤ ᠲᠠᠷᠢᠶᠠᠯᠠᠩ ᠤᠨ | ᠪᠦᠲᠦᠭᠡᠭᠳᠡᠬᠦᠨ ᠤ ᠲᠠᠷᠢᠮᠠᠯ ᠤᠨ ᠲᠣᠮᠣ ᠰᠠᠭᠤᠷᠢᠨ ᠭᠠᠵᠠᠷ ᠢ ᠪᠠᠶᠢᠭᠤᠯᠪᠠ ᠃ ᠤᠨᠴᠠᠯᠢᠭᠳᠤ ᠮᠠᠯ ᠠᠵᠤ ᠠᠬᠤᠶ ᠶᠢᠨ | ᠬᠡᠪᠴᠢᠶ᠎ᠡ ᠶᠢ ᠥᠷᠭᠡᠳᠬᠡᠵᠦ᠂ ᠮᠢᠩᠭᠠᠨ ᠲᠣᠯᠣᠭᠠᠢ ᠶᠢ ᠳᠠᠪᠠᠭᠰᠠᠨ ᠦᠬᠡᠷ ᠲᠡᠵᠢᠭᠡᠬᠦ 10 ᠰᠠᠭᠤᠷᠢᠨ ᠭᠠᠵᠠᠷ᠂ 4 | ᠢᠩᠭᠡᠨ ᠰᠠᠭᠠᠯᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠪᠡ᠃ 7 ᠪᠦᠲᠦᠭᠡᠭᠳᠡᠬᠦᠨ ᠨᠢ ᠪᠥᠬᠦ | ᠤᠯᠤᠰ ᠤᠨ ︽ᠨᠠᠷᠠᠲᠤ ᠣᠨᠴᠠ ᠰᠢᠯᠢᠳᠡᠭ ᠰᠢᠨ᠎ᠡ︾ ᠲᠠᠷᠢᠶᠠᠯᠠᠩ ᠮᠠᠯ ᠠᠵᠤ ᠠᠬᠤᠢ ᠶᠢᠨ ᠠᠰᠢᠭ ᠰᠢᠮ᠎ᠡ ᠶᠢᠨ | ᠪᠦᠲᠦᠭᠡᠭᠳᠡᠬᠦᠨ ᠢᠶᠠᠷ ᠦᠨᠡᠯᠡᠭᠳᠡᠪᠡ᠃ ︽ᠠᠯᠠᠱᠠ ᠶᠢᠨ ᠴᠠᠭᠠᠨ ᠨᠣᠯᠤᠤᠷᠲᠤ ᠢᠮᠠᠭ᠎ᠠ︾ ᠨᠢ ᠳᠤᠮᠳᠠᠳᠤ | ᠧᠦ᠋ᠷᠣᠫᠠ ᠶᠢᠨ ᠭᠠᠵᠠᠷ ᠵᠦᠢ ᠶᠢᠨ ᠪᠡᠯᠭᠡ ᠳᠡᠮᠳᠡᠭ ᠤᠨ ᠬᠡᠯᠡᠯᠴᠡᠭᠡᠷ ᠤᠨ ᠬᠠᠮᠠᠭᠠᠯᠠᠯᠲᠠ ᠶᠢᠨ ᠨᠡᠷᠡᠰ ᠲᠤ | ᠰᠣᠩᠭᠤᠭᠳᠠᠪᠠ᠃ ᠵᠢᠯ ᠤᠨ ᠪᠣᠷᠣᠯᠠᠭᠤᠯᠭ᠎ᠠ ᠶᠢᠨ ᠨᠣᠷᠮ᠎ᠠ ᠨᠢ 500 ᠲᠦᠮᠡᠨ ᠲᠥᠭᠦᠷᠢᠭ ᠠᠴᠠ ᠳᠡᠭᠡᠭᠰᠢᠬᠢ 38 | ᠲᠠᠷᠢᠶᠠᠯᠠᠩ ᠮᠠᠯ ᠠᠵᠤ ᠠᠬᠤᠢ ᠶᠢᠨ ᠠᠰᠢᠭ ᠰᠢᠮ᠎ᠡ ᠶᠢᠨ ᠪᠦᠲᠦᠭᠡᠭᠳᠡᠬᠦᠨ ᠤ ᠲᠣᠯᠣᠭᠠᠶᠢᠯᠠᠭᠴᠢ ᠠᠵᠤ ᠠᠬᠤᠶᠢᠯᠠᠯ ᠢ | ᠪᠠᠶᠢᠭᠤᠯᠤᠨ ᠬᠥᠭᠵᠢᠭᠦᠯᠪᠡ᠃ ᠤᠯᠤᠰ ᠤᠨ ᠲᠠᠰ ᠤᠨ ᠣᠶ ᠰᠢᠭᠤᠶ ᠶᠢᠨ ᠠᠵᠤ ᠠᠬᠤᠶ ᠶᠢᠨ ᠵᠢᠱᠢᠶ᠎ᠡ ᠦᠵᠡᠭᠦᠯᠬᠦ 3 | ᠰᠠᠭᠤᠷᠢᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠲᠠᠰ ᠤᠨ ᠣᠶ ᠰᠢᠭᠤᠶ ᠶᠢᠨ ᠠᠵᠤ ᠦᠢᠯᠡᠰᠵᠢᠭᠰᠡᠨ | ᠭᠤᠤᠯᠳᠠᠯᠭ᠎ᠠ ᠲᠠᠢ 2 ᠲᠣᠯᠣᠭᠠᠶᠢᠯᠠᠭᠴᠢ ᠠᠵᠤ ᠠᠬᠤᠶᠢᠯᠠᠯ ᠢ ᠬᠥᠭᠵᠢᠭᠦᠯᠪᠡ᠃ ᠮᠠᠯᠵᠢᠬᠤ ᠲᠠᠷᠢᠶᠠᠯᠠᠬᠤ ᠣᠷᠣᠨ ᠤ | 2434 ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢ ᠪᠡᠶᠡᠯᠡᠭᠦᠯᠪᠡ᠃ 2020 ᠣᠨ ᠤ ᠠᠯᠠᠱᠠ ᠵᠡᠭᠦᠨ | ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠰᠠᠭᠤᠷᠢᠰᠢᠯ ᠤᠨ ᠣᠷᠴᠢᠨ ᠢ ᠴᠣᠭᠴᠠ ᠪᠠᠷ ᠨᠢ ᠵᠠᠰᠠᠨ ᠴᠡᠭᠴᠡᠯᠡᠬᠦ | ᠭᠤᠷᠪᠠᠨ ᠵᠢᠯ ᠤᠨ ᠠᠵᠢᠯᠯᠠᠭ᠎ᠠ ᠶᠢᠨ ᠦᠨᠡᠯᠡᠭᠡ ᠳᠤ ᠥᠪᠡᠷᠲᠡᠭᠡᠨ ᠵᠠᠰᠠᠬᠤ ᠣᠷᠣᠨ ᠤ ᠰᠢᠯᠢᠳᠡᠭ ᠲᠠᠰ ᠢᠶᠠᠷ | ᠴᠣᠯᠠᠯᠠᠭᠳᠠᠪᠠ᠃ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠴᠢᠨᠰᠠᠭ᠎ᠠ ᠪᠠ ᠦᠷ᠎ᠡ ᠠᠰᠢᠭ ᠢ ᠤᠯᠠᠮ | ᠳᠡᠭᠡᠭᠰᠢᠯᠡᠭᠦᠯᠪᠡ᠃ ᠮᠢᠩᠭᠠᠨ ᠲᠦᠮᠡᠨ ᠺᠢᠯᠣᠸᠠᠲ ᠤᠨ ᠴᠡᠪᠡᠷ ᠡᠨᠧᠷᠭᠢ ᠶᠢᠨ ᠭᠠᠷᠭᠠᠯᠲᠠ ᠶᠢᠨ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠠᠵᠢᠯ ᠤᠨ ᠲᠣᠭᠤᠷᠢᠨ ᠳᠤ᠂ ᠴᠡᠪᠡᠷ ᠡᠨᠧᠷᠭᠢ ᠶᠢᠨ ᠡᠬᠢ ᠪᠠᠶᠠᠯᠢᠭ ᠢ | 92.7 ᠲᠦᠮᠡᠨ ᠺᠢᠯᠣᠸᠠᠲ ᠲᠤ ᠬᠦᠷᠭᠡᠵᠦ᠂ ᠴᠡᠪᠡᠷ ᠡᠨᠧᠷᠭᠢ ᠶᠢᠨ ᠡᠬᠢ ᠪᠠᠶᠠᠯᠢᠭ ᠤᠨ ᠨᠡᠭᠡᠭᠡᠨ | ᠬᠥᠭᠵᠢᠭᠦᠯᠦᠯᠲᠡ ᠶᠢᠨ ᠬᠡᠪᠴᠢᠶ᠎ᠡ ᠨᠢ ᠪᠥᠬᠦ ᠠᠶᠢᠮᠠᠭ ᠤᠨ ᠨᠢᠭᠡᠳᠦᠭᠡᠷ ᠲᠤ ᠵᠢᠭᠰᠠᠭᠠᠭᠳᠠᠪᠠ᠃ ᠵᠢᠯ ᠳᠤ 180 | ᠲᠦᠮᠡᠨ ᠲᠣᠨ ᠤ ᠭᠠᠷᠭᠠᠯᠲᠠ ᠲᠠᠢ ᠴᠢᠩ ᠬᠤᠸᠠ ᠪᠠᠢ ᠯᠢᠩ ᠨᠡᠭᠦᠷᠡᠰᠦᠨ ᠠᠭᠤᠷᠬᠠᠢ᠂ ᠵᠢᠯ ᠳᠤ 120 ᠲᠦᠮᠡᠨ | ᠲᠣᠨ ᠤ ᠭᠠᠷᠭᠠᠯᠲᠠ ᠲᠠᠢ ᠬᠤᠳᠳᠤᠭ ᠢᠶᠠᠷ ᠣᠯᠪᠣᠷᠢᠯᠠᠬᠤ ᠹᠦ᠋ ᠴᠢᠤᠸᠠᠨ ᠺᠣᠮᠫᠠᠨᠢ ᠶᠢᠨ ᠨᠡᠭᠦᠷᠡᠰᠦᠨ ᠠᠭᠤᠷᠬᠠᠢ ᠶᠢᠨ | ᠮᠡᠷᠭᠡᠵᠢᠯ ᠤᠨ ᠰᠢᠨᠡᠴᠢᠯᠡᠯ ᠤᠨ ᠡᠭᠦᠷᠭᠡ ᠶᠢ ᠪᠡᠶᠡᠯᠡᠭᠦᠯᠪᠡ᠃ 195 ᠲᠦᠮᠡᠨ ᠲᠣᠨ ᠭᠠᠷᠭᠠᠯᠳᠠ ᠲᠠᠢ 7 | ᠨᠡᠭᠦᠷᠡᠰᠦᠨ ᠤ ᠠᠭᠤᠷᠬᠠᠢ ᠶᠢᠨ ᠬᠤᠴᠣᠷᠤᠩᠭᠤᠢ ᠦᠢᠯᠡᠳᠪᠦᠷᠢᠯᠡᠯ ᠢ ᠵᠣᠭᠰᠣᠭᠠᠪᠠ᠃ ᠵᠢᠷᠠᠲᠠᠶ ᠶᠢᠨ ᠴᠢᠯᠠᠭᠤᠨ | ᠲᠣᠰᠣᠨ ᠤ ᠠᠭᠤᠷᠬᠠᠶ ᠶᠢᠨ ᠨᠡᠭᠡᠭᠡᠨ ᠬᠥᠭᠵᠢᠭᠦᠯᠬᠦ ᠴᠣᠭᠴᠠ ᠲᠥᠷᠥᠯ ᠵᠦᠢᠯ᠂ ᠪᠠᠯ ᠴᠢᠯᠠᠭᠤ ᠣᠯᠪᠤᠷᠢᠯᠠᠬᠤ ᠪᠠ | ᠨᠠᠷᠢᠯᠢᠭ ᠪᠣᠯᠪᠠᠰᠤᠷᠠᠭᠤᠯᠬᠤ᠂ ᠨᠢᠯᠬᠠᠰ ᠤᠨ ᠰᠦᠨ ᠲᠠᠯᠬ᠎ᠠ᠂ ᠵᠤᠯᠵᠠᠭ᠎ᠠ ᠠᠯᠲᠠᠨ ᠤ ᠠᠭᠤᠷᠬᠠᠢ ᠶᠢᠨ ᠬᠠᠶᠠᠭᠳᠠᠯ | ᠴᠢᠯᠠᠭᠤ ᠶᠢ ᠲᠠᠬᠢᠨ ᠪᠣᠯᠪᠠᠰᠤᠷᠠᠭᠤᠯᠬᠤ ᠮᠡᠷᠭᠡᠵᠢᠯ ᠤᠨ ᠥᠭᠡᠷᠡᠴᠢᠯᠡᠯᠲᠡ ᠵᠡᠷᠭᠡ ᠲᠦᠷᠦᠯ ᠵᠦᠢᠯ ᠢ | ᠬᠡᠷᠡᠭᠵᠢᠭᠦᠯᠦᠭᠰᠡᠨ ᠨᠢ ᠠᠵᠤ ᠦᠢᠯᠡᠰ ᠢ ᠲᠠᠬᠢᠨ ᠲᠣᠬᠢᠷᠠᠭᠤᠯᠬᠤ ᠪᠠ ᠬᠡᠯᠪᠡᠷᠢ ᠪᠠᠨ ᠰᠢᠨᠡᠴᠢᠯᠡᠨ ᠬᠥᠭᠵᠢᠭᠦᠯᠬᠦ ᠳᠤ | ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠦᠢᠯᠡᠴᠢᠯᠡᠭᠡᠨ ᠤ ᠦᠢᠯᠡᠰ ᠢ ᠡᠷᠴᠢᠮᠲᠠᠢ ᠬᠥᠭᠵᠢᠭᠦᠯᠪᠡ᠃ | ᠬᠤᠯᠠᠳᠠᠬᠢᠨ ᠢ ᠲᠣᠭᠲᠠᠭᠠᠭᠴᠢ ᠬᠤᠷᠢᠶ᠎ᠠ ᠶᠢᠨ ᠡᠷᠲᠡᠨ ᠤ ᠣᠷᠣᠨ ᠰᠠᠭᠤᠴᠠ ᠶᠢ ᠰᠡᠯᠪᠢᠨ ᠵᠠᠰᠠᠬᠤ ᠵᠡᠷᠭᠡ | ᠭᠤᠤᠯᠳᠠᠯᠭ᠎ᠠ ᠲᠠᠢ ᠢᠨᠵᠧᠨᠧᠷᠢᠩ ᠢ ᠶᠠᠪᠤᠭᠳᠠᠭᠤᠯᠪᠠ᠃ ᠠᠯᠠᠱᠠ ᠶᠢᠨ ᠬᠦᠰᠡᠯ ᠮᠥᠷᠥᠭᠡᠳᠦᠯ ᠤᠨ ᠡᠯᠡᠰᠦᠨ ᠴᠦᠯ ᠤᠨ | ᠮᠠᠰᠢᠨ ᠲᠡᠷᠭᠡ ᠪᠠ ᠠᠭᠠᠷ ᠠᠶᠠᠯᠠᠯ ᠤᠨ ᠭᠤᠣᠯ ᠰᠡᠳᠦᠪᠲᠦ ᠴᠡᠩᠭᠡᠯ ᠤᠨ ᠬᠦᠷᠢᠶᠡᠯᠡᠩ ᠨᠢ ᠠᠩᠬᠠᠳᠠᠭᠴᠢ ᠤᠯᠤᠰ ᠤᠨ | ᠪᠡᠶ᠎ᠡ ᠶᠢᠨ ᠲᠠᠮᠢᠷ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠷ ᠰᠣᠩᠭᠤᠭᠳᠠᠪᠠ᠃ ᠥᠪᠡᠷᠲᠡᠭᠡᠨ | ᠵᠠᠰᠠᠬᠤ ᠣᠷᠣᠨ ᠤ ᠲᠠᠰ ᠤᠨ ᠪᠥᠬᠦ ᠴᠠᠷᠠᠭᠠᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠤ ᠵᠡᠷᠭᠡᠯᠡᠯ ᠳᠤ | ᠣᠷᠣᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠢᠮᠠᠳᠤᠭᠠᠷ ᠬᠤᠭᠤᠴᠠᠭᠠᠨ ᠤ ᠤᠯᠠᠭᠠᠨᠮᠥ᠋ᠴᠢᠷ ᠤᠨ ᠤᠷᠠᠯᠢᠭ ᠤᠨ | ᠨᠠᠶᠢᠷ᠂ ᠠᠯᠠᠱᠠ ᠶᠢᠨ ᠪᠠᠭᠠᠲᠤᠷᠴᠤᠳ ᠤᠨ ᠴᠤᠭᠯᠠᠭᠠᠨ᠂ ᠠᠽᠢᠶ᠎ᠠ ᠨᠣᠮᠣᠬᠠᠨ ᠳᠠᠯᠠᠢ ᠶᠢᠨ ᠣᠷᠣᠨ ᠤ | ᠬᠤᠳᠠᠯᠳᠤᠭᠠᠨ ᠤ ᠳᠡᠭᠡᠳᠦ ᠰᠤᠷᠭᠠᠭᠤᠯᠢ ᠶᠢᠨ ᠡᠯᠡᠰᠦᠨ ᠴᠦᠯ ᠤᠨ ᠲᠡᠮᠡᠴᠡᠭᠡᠨ᠂ ᠦᠵᠡᠮᠦᠷᠢ ᠶᠢᠨ ᠴᠢᠯᠠᠭᠤᠨ ᠤ | ᠰᠣᠶᠣᠯ ᠵᠢᠭᠤᠯᠴᠢᠯᠠᠯ ᠤᠨ ᠨᠠᠶᠢᠷ ᠵᠡᠷᠭᠡ ᠨᠠᠷᠠᠲᠤ ᠲᠡᠮᠳᠡᠭ ᠪᠣᠯᠭᠠᠬᠤ ᠠᠵᠢᠯᠯᠠᠭ᠎ᠠ ᠶᠢ ᠡᠷᠴᠢᠮᠲᠡᠢ ᠵᠣᠬᠢᠶᠠᠨ | ᠪᠠᠶᠢᠭᠤᠯᠪᠠ᠃ ᠲᠦᠷᠪᠡᠨ ᠵᠢᠯ ᠤᠨ ᠲᠤᠷᠰᠢ᠂ ᠨᠡᠶᠢᠳᠡ 2707 ᠲᠦᠮᠡᠨ ᠵᠢᠭᠤᠯᠴᠢᠳ ᠢ ᠬᠦᠯᠢᠶᠠᠨ ᠠᠪᠴᠤ᠂ | 248 ᠳ᠋ᠦᠩᠰᠢᠭᠤᠷ ᠲᠥᠭᠦᠷᠢᠭ ᠤᠨ ᠵᠢᠭᠤᠯᠴᠢᠯᠠᠯ ᠤᠨ ᠣᠷᠣᠯᠭ᠎ᠠ ᠶᠢ ᠪᠡᠶᠡᠯᠡᠭᠦᠯᠪᠡ᠃ ᠤᠯᠠᠭᠠᠨᠮᠥ᠋ᠴᠢᠷ ᠤᠨ | ᠨᠠᠶᠢᠷᠠᠭᠤᠯᠤᠨ ᠵᠣᠬᠢᠶᠠᠭᠰᠠᠨ ᠪᠥᠵᠢᠭᠲᠦ ᠵᠦᠴᠦᠭᠡ ᠵᠡᠷᠭᠡ ᠪᠦᠲᠦᠭᠡᠯ ᠨᠢ ᠳᠡᠯᠡᠬᠡᠢ ᠶᠢᠨ ᠪᠠ ᠤᠯᠤᠰ᠂ ᠥᠪᠡᠷᠲᠡᠭᠡᠨ | ᠵᠠᠰᠠᠬᠤ ᠣᠷᠣᠨ ᠤ ᠳᠡᠰ ᠤᠨ ᠱᠠᠩᠨᠠᠯ ᠤᠳ ᠢ ᠬᠦᠷᠳᠡᠵᠡᠢ᠃ ᠠᠯᠠᠱᠠ ᠵᠡᠭᠦᠨ ᠬᠤᠰᠢᠭᠤᠨ ᠤ ᠣᠷᠳᠣ ᠴᠠᠭᠠᠨ | ᠬᠡᠷᠡᠮ ᠤᠨ ᠬᠠᠮᠠᠭᠠᠯᠠᠯᠲᠠ ᠶᠢᠨ ᠠᠵᠢᠯ ᠤᠨ ᠥᠷᠲᠡᠭᠡ ᠪᠠ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ | ᠬᠠᠮᠠᠭᠠᠯᠠᠬᠤ ᠲᠥᠪ ᠢ ᠪᠠᠶᠢᠭᠤᠯᠵᠤ᠂ 6 ᠤᠯᠤᠰ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠢ | ᠪᠦᠷᠢᠳᠬᠡᠭᠦᠯᠪᠡ᠃ 114 ᠭᠠᠴᠠᠭ᠎ᠠ ᠳᠤ ᠰᠣᠶᠣᠯ ᠤᠨ ᠠᠵᠢᠯᠯᠠᠭ᠎ᠠ ᠶᠢᠨ ᠲᠥᠪ ᠶᠢ ᠪᠦᠷᠢᠨ ᠬᠠᠮᠤᠷᠤᠭᠤᠯᠵᠤ᠂ 1 | ᠰᠣᠶᠣᠯ ᠤᠨ ᠣᠷᠳᠣᠨ ᠨᠢ ᠤᠯᠤᠰ ᠤᠨ ᠳᠡᠰ ᠤᠨ ᠰᠣᠶᠣᠯ ᠤᠨ ᠣᠷᠳᠣᠨ ᠢᠶᠠᠷ ᠦᠨᠡᠯᠡᠭᠳᠡᠵᠦ᠂ 800 ᠭᠠᠷᠤᠶ | ᠤᠳᠠᠭᠠᠨ ᠤ ᠰᠣᠶᠣᠯ ᠤᠨ ᠠᠵᠢᠯᠯᠠᠭ᠎ᠠ ᠶᠢ ᠡᠷᠬᠢᠯᠡᠨ ᠶᠠᠪᠤᠭᠳᠠᠭᠤᠯᠪᠠ᠃ ᠠᠮᠢ ᠠᠬᠤᠶ ᠶᠢᠨ ᠠᠵᠤ ᠦᠶᠯᠡᠰ ᠤᠨ | ᠰᠢᠨᠵᠢᠯᠡᠭᠡ ᠮᠡᠷᠭᠡᠵᠢᠯ ᠤᠨ ᠦᠶᠯᠡᠰ ᠴᠣᠭᠴᠠᠯᠠᠬᠤ ᠬᠦᠷᠢᠶᠡᠯᠡᠩ ᠨᠢ ᠤᠯᠤᠰ ᠤᠨ ᠳᠡᠰ ᠤᠨ ᠡᠯᠡᠰᠦᠨ ᠤ ᠠᠵᠤ | ᠦᠶᠯᠡᠰ ᠤᠨ ᠵᠢᠱᠢᠶ᠎ᠡ ᠦᠵᠡᠭᠦᠯᠬᠦ ᠣᠷᠣᠨ ᠢᠶᠠᠷ ᠦᠨᠡᠯᠡᠭᠳᠡᠪᠡ᠃ ᠬᠤᠤ ᠶᠤᠸᠠᠢ᠂ ᠲᠦᠸᠧ ᠵᠥᠩ ᠸᠠᠩ ᠵᠡᠷᠭᠡ 4 | ᠴᠠᠬᠢᠮ ᠬᠤᠳᠠᠯᠳᠤᠭᠠᠨ ᠤ ᠲᠠᠪᠴᠠᠩ ᠵᠢᠴᠢ ᠠᠯᠠᠱᠠ ᠶᠢᠨ ᠤᠨᠴᠠᠯᠢᠬᠳᠤ ᠲᠠᠷᠢᠶᠠᠯᠠᠩ ᠮᠠᠯ ᠠᠵᠤ ᠠᠬᠤᠢ ᠶᠢᠨ ᠠᠰᠢᠭ | ᠰᠢᠮ᠎ᠡ ᠶᠢᠨ ᠪᠦᠲᠦᠭᠡᠭᠳᠡᠬᠦᠨ ᠤ ᠣᠷᠳᠣᠨ ᠢ ᠪᠠᠶᠢᠭᠤᠯᠪᠠ᠃ 3 ᠬᠤᠭᠤᠴᠠᠭᠠᠨ ᠤ ᠡᠯᠡᠰᠦᠨ ᠤ ᠠᠵᠤ ᠦᠶᠯᠡᠰ ᠤᠨ | ᠰᠢᠨ᠎ᠡ ᠶᠢ ᠡᠭᠦᠳᠦᠨ ᠠᠳᠠᠯ ᠦᠶᠯᠡᠰ ᠴᠣᠭᠴᠠᠯᠠᠬᠤ ᠤᠷᠤᠯᠳᠤᠭᠠᠨ ᠢ ᠠᠮᠵᠢᠯᠲᠠ ᠲᠠᠢ ᠡᠷᠬᠢᠯᠡᠵᠦ᠂ ᠤᠯᠤᠰ ᠤᠨ | ᠳᠡᠰ ᠤᠨ ᠤᠷᠤᠯᠳᠤᠭᠠᠨ ᠤ ᠵᠡᠷᠭᠡᠯᠡᠯ ᠳᠤ ᠪᠦᠷᠢᠳᠬᠡᠭᠳᠡᠪᠡ᠃ ᠦᠢᠯᠡᠴᠢᠯᠡᠭᠡᠨ ᠤ ᠦᠢᠯᠡᠰ ᠤᠨ ᠨᠡᠮᠡᠭᠦᠦ ᠦᠷᠳᠡᠭ ᠨᠢ | ᠭᠠᠵᠠᠷ ᠣᠷᠣᠨ ᠤ ᠦᠢᠯᠡᠳᠪᠦᠷᠢᠯᠡᠯ ᠤᠨ ᠨᠣᠷᠮ᠎ᠠ ᠶᠢᠨ 47% ᠶᠢ ᠡᠵᠡᠯᠡᠪᠡ ᠃ | —— ᠳᠥᠷᠪᠡᠨ ᠵᠢᠯ ᠤᠨ ᠲᠤᠷᠰᠢ ᠪᠡᠷᠬᠡ ᠪᠣᠱᠤᠭ᠎ᠠ ᠶᠢ ᠳᠠᠪᠠᠵᠤ᠂ ᠬᠥᠭᠵᠢᠯᠲᠡ ᠶᠢᠨ ᠨᠥᠬᠦᠴᠡᠯ ᠢ | ᠢᠯᠡᠳᠲᠡ ᠰᠠᠶᠢᠵᠢᠷᠠᠭᠤᠯᠪᠠ᠃ ᠠᠮᠢ ᠠᠬᠤᠶ ᠶᠢᠨ ᠬᠠᠮᠠᠭᠠᠯᠠᠯᠲᠠ ᠶᠢᠨ ᠦᠷ᠎ᠡ ᠠᠰᠢᠭ ᠢᠯᠡᠳᠲᠡ ᠰᠠᠶᠢᠵᠢᠷᠠᠪᠠ᠃ 5 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 140 ᠲᠦᠮᠡᠨ ᠮᠥ ᠲᠠᠯᠠᠪᠠᠢ ᠶᠢ ᠣᠶᠢᠵᠢᠭᠤᠯᠵᠤ᠂ 92 | ᠲᠦᠮᠡᠨ ᠮᠥ ᠲᠠᠯᠠᠪᠠᠢ ᠶᠢ ᠨᠢᠰᠬᠡᠯ ᠢᠶᠠᠷ ᠣᠶᠢᠵᠢᠭᠤᠯᠵᠤ᠂ 2 ᠲᠦᠮᠡᠨ ᠮᠥ ᠡᠯᠡᠰᠦ ᠶᠢ ᠪᠢᠲᠡᠭᠦᠮᠵᠢᠯᠡᠨ ᠣᠶᠢᠵᠢᠭᠤᠯᠵᠤ | ᠂ 16 ᠲᠦᠮᠡᠨ ᠮᠥ ᠭᠤᠤᠯᠳᠠᠯᠭ᠎ᠠ ᠲᠠᠢ ᠣᠷᠣᠨ ᠪᠦᠰᠡ ᠶᠢ ᠣᠶᠢᠵᠢᠭᠤᠯᠵᠤ᠂ 4 ᠲᠦᠮᠡᠨ ᠮᠥ ᠣᠶ ᠰᠢᠭᠤᠶ ᠶᠢᠨ | ᠴᠢᠨᠠᠷ ᠢ ᠪᠦᠲᠦᠮᠵᠢᠲᠡᠢ ᠳᠡᠭᠡᠭᠰᠢᠯᠡᠭᠦᠯᠦᠨ᠂ 202 ᠲᠦᠮᠡᠨ ᠰᠠᠭᠤᠷᠢ ᠠᠯᠪᠠᠨ ᠵᠢᠷᠣᠮ ᠤᠨ ᠣᠶᠢᠵᠢᠭᠤᠯᠤᠯᠲᠠ ᠬᠢᠪᠡ | ᠃ 1.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 191 ᠲᠦᠮᠡᠨ ᠮᠥ ᠪᠡᠯᠴᠢᠭᠡᠷ ᠢ ᠲᠣᠣᠷᠯᠠᠵᠤ᠂ 37 | ᠲᠦᠮᠡᠨ ᠮᠥ ᠡᠪᠡᠰᠦ ᠲᠠᠷᠢᠪᠠ᠃ 276 ᠲᠦᠮᠡᠨ ᠮᠥ ᠵᠠᠭ ᠲᠠᠷᠢᠵᠤ᠂ 50 ᠲᠦᠮᠡᠨ ᠮᠥ ᠴᠠᠭᠠᠨ ᠭᠤᠶᠣᠣ ᠳᠠᠷᠢᠵᠤ᠂ | 98 ᠲᠦᠮᠡᠨ ᠮᠥ ᠪᠥᠭᠡᠷᠡᠭ ᠢ ᠪᠢᠳᠡᠭᠦᠮᠵᠢᠯᠡᠨ ᠬᠦᠷᠢᠶᠡᠯᠡᠵᠣ᠂ 19 ᠲᠦᠮᠡᠨ ᠮᠥ ᠤᠯᠠᠭᠠᠨ ᠭᠤᠶᠣᠣ ᠲᠠᠷᠢᠪᠡ᠃ | ᠣᠶ ᠰᠢᠭᠤᠶ ︵ᠨᠤᠲᠤᠭ ᠪᠡᠯᠴᠢᠭᠡᠷ︶ ᠶᠢᠨ ᠲᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠤᠰᠢᠭᠤ᠂ | ᠰᠤᠮᠤ ᠪᠠᠯᠭᠠᠰᠤ᠂ ᠭᠠᠴᠠᠭ᠎ᠠ ᠭᠤᠷᠪᠠᠨ ᠱᠠᠲᠤᠨ ᠤ ᠣᠶ ᠰᠢᠭᠤᠶ ︵ᠨᠤᠲᠤᠭ ᠪᠡᠯᠴᠢᠭᠡᠷ︶ ᠶᠢᠨ ᠲᠠᠷᠤᠭ᠎ᠠ ᠶᠢᠨ | ᠲᠣᠭᠲᠠᠴᠠ ᠶᠢ ᠠᠩᠬ᠎ᠠ ᠠᠯᠬᠤᠮ ᠪᠦᠷᠢᠯᠳᠦᠭᠦᠯᠪᠡ᠃ ᠵᠠᠭᠲᠤ ᠶᠢᠨ ᠤᠯᠤᠰ ᠤᠨ ᠲᠡᠰ ᠤᠨ ᠴᠥᠯᠵᠢᠭᠰᠡᠨ ᠣᠷᠣᠨ ᠤ | ᠪᠢᠳᠡᠭᠦᠮᠵᠢᠯᠡᠭᠰᠡᠨ ᠬᠠᠮᠠᠭᠠᠯᠠᠯᠲᠠ ᠶᠢᠨ ᠣᠷᠣᠨ ᠤ ᠲᠥᠷᠥᠯ ᠵᠦᠢᠯ ᠢ ᠡᠷᠴᠢᠮᠲᠡᠢ ᠠᠬᠢᠭᠤᠯᠪᠠ᠃ ᠪᠠᠶᠢᠭᠠᠯᠢ ᠶᠢᠨ | ᠬᠠᠮᠠᠭᠠᠯᠠᠯᠲᠠ ᠶᠢᠨ ᠭᠠᠵᠠᠷ ᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠬᠦ ᠠᠵᠢᠯ ᠱᠠᠳᠤ ᠦᠶ᠎ᠡ ᠶᠢᠨ ᠴᠢᠨᠠᠷᠲᠠᠶ | ᠠᠮᠵᠢᠯᠲᠠ ᠶᠢ ᠣᠯᠪᠠ᠃ ᠬᠤᠯᠠᠨ ᠤ ᠲᠠᠯ᠎ᠠ ᠨᠢ ᠠᠩᠬᠠᠳᠠᠭᠴᠢ ᠤᠯᠤᠰ ᠤᠨ ᠵᠡᠷᠭᠡᠯᠡᠯ ᠤᠨ ᠲᠠᠯ᠎ᠠ ᠨᠤᠲᠤᠭ ᠤᠨ | ᠪᠠᠶᠢᠭᠠᠯᠢ ᠶᠢᠨ ᠴᠡᠴᠡᠷᠯᠢᠭ ᠤᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠨᠡᠷᠡᠰ ᠲᠤ | ᠪᠦᠷᠢᠳᠬᠡᠭᠳᠡᠪᠡ᠃ ᠠᠭᠤᠷᠬᠠᠶ ᠶᠢᠨ ᠠᠮᠢ ᠠᠬᠤᠶ ᠶᠢ ᠶᠡᠷᠦᠩᠬᠡᠶᠢᠯᠡᠨ ᠵᠠᠰᠠᠬᠤ ᠠᠵᠢᠯ ᠢ ᠪᠠᠶᠢᠩᠭᠤᠵᠢᠭᠤᠯᠤᠨ | ᠥᠷᠨᠢᠭᠦᠯᠵᠦ᠂ ᠨᠡᠭᠦᠷᠡᠰᠦᠨ ᠠᠭᠤᠷᠬᠠᠶ ᠶᠢᠨ ᠣᠷᠣᠨ ᠤ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ | ᠠᠵᠢᠯ ᠢ ᠲᠦᠷᠭᠡᠳᠬᠡᠨ ᠭᠦᠢᠴᠡᠳᠬᠡᠪᠡ᠃ ᠨᠡᠭᠦᠷᠡᠰᠦᠨ ᠤ ᠡᠬᠢ ᠪᠠᠶᠠᠯᠢᠭ ᠤᠨ ᠬᠦᠷᠢᠶ᠎ᠡ ᠴᠠᠷᠠᠭ᠎ᠠ ᠶᠢᠨ ᠲᠤᠰᠬᠠᠶ | ᠲᠥᠷᠥᠯ ᠢᠶᠠᠷ ᠴᠡᠭᠴᠡᠯᠡᠨ ᠵᠠᠰᠠᠬᠤ ᠠᠵᠢᠯ ᠢ ᠡᠷᠴᠢᠮᠲᠡᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠂ | ᠠᠶᠢᠮᠠᠭ ᠤᠨ ᠱᠠᠲᠤᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠵᠠᠰᠠᠬᠤ | ᠠᠵᠢᠯ ᠢ ᠰᠢᠭᠤᠷᠬᠠᠢ ᠪᠡᠶᠡᠯᠡᠭᠦᠯᠪᠡ᠃ ᠪᠣᠷᠵᠢᠨ ᠴᠢᠯᠠᠭᠤᠨ ᠤ ᠬᠠᠪᠲᠠᠩ ᠢ ᠪᠣᠯᠪᠠᠰᠤᠷᠠᠭᠤᠯᠬᠤ 30 ᠠᠵᠤ | ᠠᠬᠤᠶᠢᠯᠠᠯ ᠤᠨ ︽ᠭᠤᠷᠪᠠᠨ ᠬᠠᠶᠠᠭᠳᠠᠯ︾ ᠤᠨ ᠵᠠᠰᠠᠯᠲᠠ ᠶᠢ ᠪᠡᠶᠡᠯᠡᠭᠦᠯᠪᠡ᠃ ᠰᠠᠭᠤᠷᠢ ᠲᠥᠬᠦᠭᠡᠷᠦᠮᠵᠢ ᠶᠢ ᠤᠯᠠᠮ | ᠰᠠᠶᠢᠵᠢᠷᠠᠭᠤᠯᠪᠠ᠃ 90 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠤᠯᠤᠰ ᠤᠨ ᠪᠠ ᠮᠤᠵᠢ ᠶᠢᠨ 6 | ᠴᠢᠬᠤᠯᠠ ᠵᠠᠮ ᠤᠨ ᠪᠥᠲᠥᠭᠡᠨ ᠪᠠᠶᠢᠭᠤᠯᠤᠯᠲᠠ ᠶᠢ ᠡᠷᠴᠢᠮᠲᠡᠢ ᠠᠬᠢᠭᠤᠯᠵᠤ᠂ ᠪᠥᠬᠦ ᠣᠷᠳᠣ ᠨᠢ 546.4 | ᠺᠢᠯᠣᠮᠧᠲᠷ ᠲᠤ ᠬᠥᠷᠪᠡ᠃ ᠲᠣᠯᠢ ᠠᠴᠠ ᠳᠡᠷᠡᠰᠤᠨ ᠬᠥᠷᠬᠦ ᠵᠡᠷᠭᠡ 3 ᠵᠤᠷᠪᠤᠰ ᠨᠢᠭᠡᠳᠦᠭᠡᠷ ᠵᠡᠷᠭᠡᠯᠡᠯ ᠤᠨ ᠵᠠᠰᠠᠮᠠᠯ | ᠵᠠᠮ ᠢ ᠵᠠᠰᠠᠨ ᠨᠡᠪᠲᠡᠷᠡᠭᠦᠯᠵᠦ᠂ G1817 ᠱᠤᠭᠤᠮ ᠤᠨ ᠪᠠᠶᠠᠨᠬᠤᠳᠤᠭ ᠠᠴᠠ ᠪᠠᠶᠠᠨᠬᠤᠲᠠ ᠬᠥᠷᠬᠦ ᠬᠡᠰᠡᠭ ᠤᠨ | ᠪᠥᠲᠥᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠪᠠ᠃ 5.4 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ 75 ᠲᠥᠷᠥᠯ ᠵᠦᠢᠯ ᠢ | ᠪᠡᠶᠡᠯᠡᠭᠦᠯᠵᠦ᠂ ᠪᠥᠲᠥᠭᠡᠨ ᠪᠠᠶᠢᠭᠤᠯᠤᠯᠲᠠ ᠶᠢᠨ ᠪᠥᠬᠦ ᠣᠷᠳᠣ 1190 ᠺᠢᠯᠣᠮᠧᠲᠷ ᠲᠤ ᠬᠥᠷᠪᠡ᠃ 11 ᠰᠤᠮᠤ | ᠪᠠᠯᠭᠠᠰᠤ ᠶᠢᠨ ︽ᠲᠦᠷᠢᠶᠡᠰᠦᠨ ᠮᠠᠰᠢᠨ ᠲᠡᠷᠭᠡ + ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ︾ ᠶᠢᠨ | ᠨᠡᠪᠲᠡᠷᠡᠬᠦ ᠨᠣᠷᠮ᠎ᠠ ᠶᠢ 100% ᠳᠤ ᠬᠦᠷᠭᠡᠵᠦ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ | ᠨᠥᠬᠦᠴᠡᠯ ᠢ ᠴᠢᠨᠠᠭᠰᠢᠳᠠ ᠰᠠᠶᠢᠵᠢᠷᠠᠭᠤᠯᠪᠠ᠃ 123 ᠮᠠᠯᠵᠢᠬᠤ ᠲᠠᠷᠢᠶᠠᠯᠠᠬᠤ ᠣᠷᠣᠨ ᠤ ᠭᠠᠮᠰᠢᠭ ᠢ ᠳᠠᠭᠠᠭᠠᠨ | ᠲᠤᠭᠤᠯᠬᠤ ᠬᠤᠳᠳᠤᠭ ᠤᠨ ᠲᠥᠷᠥᠯ ᠵᠦᠢᠯ ᠢ ᠬᠡᠷᠡᠭᠵᠢᠭᠦᠯᠪᠡ᠃ 6.8 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠵᠤ᠂ ᠵᠡᠭᠦᠨ ᠪᠡᠯ ᠤᠨ 220 ᠺᠢᠯᠤᠸᠤᠯᠲ ᠤᠨ ᠲᠥᠷᠥᠯ ᠵᠦᠢᠯ ᠵᠡᠷᠭᠡ 10 ᠴᠠᠬᠢᠯᠭᠠᠨ ᠲᠣᠤᠷ ᠤᠨ | ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠦᠨ᠂ ᠬᠤᠲᠠ ᠬᠥᠳᠡᠭᠡ ᠶᠢᠨ ᠶᠡᠷᠦᠩᠬᠡᠶᠢᠯᠡᠭᠰᠡᠨ | ᠴᠠᠬᠢᠯᠭᠠᠨ ᠬᠠᠩᠭᠠᠬᠤ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠪᠡ᠃ ᠰᠠᠭᠤᠷᠢᠰᠢᠯ ᠤᠨ ᠣᠷᠴᠢᠨ ᠨᠥᠬᠦᠴᠡᠯ | ᠢᠯᠡᠳᠲᠡ ᠰᠠᠶᠢᠵᠢᠷᠠᠪᠠ᠃ 36 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠬᠤᠲᠠ ᠶᠢᠨ ᠪᠦᠲᠦᠭᠡᠨ | ᠪᠠᠢᠭᠤᠯᠤᠯᠲᠠ ᠶᠢᠨ 38 ᠵᠦᠢᠯ ᠤᠨ ᠲᠥᠷᠥᠯ ᠵᠦᠢᠯ ᠢ ᠭᠦᠢᠴᠡᠳᠬᠡᠪᠡ᠃ 1.1 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠵᠤ᠂ 53 ᠬᠠᠭᠤᠴᠢᠨ ᠬᠤᠷᠢᠶᠠᠯᠠᠯ ᠢ ᠰᠢᠨᠡᠴᠢᠯᠡᠨ ᠰᠠᠶᠢᠵᠢᠷᠠᠭᠤᠯᠪᠠ᠃ 11.8 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠵᠤ᠂ 3000 ᠬᠤᠲᠠ ᠶᠢᠨ ᠬᠠᠭᠤᠴᠢᠨ ᠭᠡᠷ ᠬᠤᠷᠢᠶᠠᠯᠠᠯ ᠢ ᠰᠢᠨᠡᠴᠢᠯᠡᠨ | ᠰᠠᠶᠢᠵᠢᠷᠠᠭᠤᠯᠪᠠ᠃ ᠬᠤᠲᠠ ᠪᠠᠯᠭᠠᠰᠤᠨ ᠤ ᠲᠦᠭᠡᠭᠡᠯ ᠤᠰᠤ ᠬᠠᠩᠭᠠᠬᠤ ᠨᠣᠷᠮ᠎ᠠ 99.5% ᠳᠤ ᠬᠦᠷᠴᠦ᠂ ᠪᠣᠬᠢᠷ | ᠤᠰᠤ ᠶᠢ ᠰᠢᠢᠳᠪᠦᠷᠢᠯᠡᠭᠰᠡᠨ ᠨᠣᠷᠮ᠎ᠠ 94% ᠳᠤ ᠬᠦᠷᠴᠦ᠂ ᠲᠥᠪᠯᠡᠷᠡᠩᠭᠦᠢ ᠳᠤᠯᠠᠭᠠᠯᠠᠭ᠎ᠠ ᠬᠠᠩᠭᠠᠭᠰᠠᠨ ᠨᠣᠷᠮ᠎ᠠ | 93.1% ᠳᠤ ᠬᠦᠷᠴᠦ᠂ ᠰᠢᠲᠠᠮᠠᠬᠠᠶ ᠬᠡᠶ ᠶᠢ ᠬᠠᠩᠭᠠᠭᠰᠠᠨ ᠨᠣᠷᠮ᠎ᠠ 98.1% ᠳᠤ ᠬᠥᠷᠪᠡ᠃ ᠡᠳ᠋ᠯᠡᠩ ᠤᠨ | ᠬᠠᠮᠢᠶᠠᠷᠤᠯᠲᠠ ᠶᠢᠨ ᠬᠢᠷᠢ ᠲᠥᠪᠰᠢᠨ ᠢᠯᠡᠳᠲᠡ ᠳᠡᠭᠡᠭᠰᠢᠯᠡᠪᠡ᠃ ︽ᠬᠡᠰᠡᠭ ᠤᠨ ᠳᠠᠷᠤᠭ᠎ᠠ ᠶᠢᠨ ᠲᠥᠷᠢᠮ︾ ᠪᠠ ︽ | ᠬᠤᠳᠠ ᠶᠢᠨ ᠬᠠᠮᠢᠶᠠᠷᠤᠯᠲᠠ +︾ ᠬᠠᠮᠢᠶᠠᠷᠤᠯᠲᠠ ᠶᠢᠨ ᠲᠤᠤᠷᠴᠢᠯᠠᠬᠰᠠᠨ ᠵᠠᠭᠪᠤᠷ ᠢ ᠬᠡᠷᠡᠭᠵᠢᠭᠦᠯᠵᠦ᠂ ︽ᠲᠠᠪᠤᠨ | ᠠᠯᠬᠤᠮ ᠤᠨ ᠲᠣᠣᠷᠵᠢᠯᠲᠠ︾ ᠶᠢᠨ ᠪᠠᠶᠢᠩᠭᠤ ᠶᠢᠨ ᠬᠢᠨᠠᠯᠲᠠ ᠶᠢᠨ ᠲᠣᠭᠲᠠᠴᠠ ᠶᠢ ᠪᠠᠶᠢᠭᠤᠯᠪᠠ᠃ ᠬᠤᠲᠠ ᠶᠢᠨ | ᠲᠣᠭᠤᠷᠢᠭ ᠲᠤ 4.2 ᠲᠦᠮᠡᠨ ᠮᠥ ᠲᠠᠯᠠᠪᠠᠶ ᠶᠢ ᠰᠢᠨ᠎ᠡ ᠪᠠᠷ ᠴᠡᠴᠡᠷᠯᠢᠭᠵᠢᠭᠦᠯᠵᠦ᠂ ᠴᠡᠴᠡᠷᠯᠢᠭᠵᠢᠭᠦᠯᠦᠭᠰᠡᠨ ᠨᠣᠷᠮ᠎ᠠ | 40% ᠳᠤ ᠬᠦᠷᠴᠦ᠂ ᠤᠯᠤᠰ ᠤᠨ ᠵᠡᠷᠭᠡᠯᠡᠯ ᠤᠨ ᠴᠡᠴᠡᠷᠯᠢᠭᠵᠢᠭᠦᠯᠦᠭᠰᠡᠨ ᠬᠤᠰᠢᠭᠤ ᠰᠢᠶᠠᠨ ᠤ ᠬᠤᠲᠠ ᠳᠤ | ᠪᠦᠷᠢᠳᠬᠡᠭᠳᠡᠪᠡ᠃ | —— ᠳᠥᠷᠪᠡᠨ ᠵᠢᠯ ᠤᠨ ᠡᠷᠡᠰ ᠰᠢᠭᠤᠷᠬᠠᠢ ᠵᠢᠳᠭᠦᠯ ᠢᠶᠠᠷ᠂ ᠥᠭᠡᠷᠡᠴᠢᠯᠡᠯᠲᠡ ᠨᠡᠭᠡᠭᠡᠯᠲᠡ ᠶᠢᠨ | ᠢᠳᠡᠪᠬᠢ ᠬᠦᠴᠦᠨ ᠢ ᠪᠠᠳᠠᠷᠠᠭᠤᠯᠪᠠ᠃ ᠰᠢᠨᠵᠢᠯᠡᠭᠡ ᠮᠡᠷᠭᠡᠵᠢᠯ ᠤᠨ ᠰᠢᠨᠡᠴᠢᠯᠡᠯ ᠢᠶᠠᠷ ᠬᠥᠭᠵᠢᠭᠦᠯᠦᠯᠲᠡ ᠶᠢᠨ ᠬᠦᠴᠦ | ᠪᠠᠨ ᠢᠳᠡᠪᠬᠢᠵᠢᠭᠦᠯᠪᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠳᠡᠰ ᠤᠨ 120 ᠰᠢᠨᠵᠢᠯᠡᠭᠡ ᠮᠡᠷᠭᠡᠵᠢᠯ ᠤᠨ | ᠲᠥᠷᠥᠯ ᠵᠦᠢᠯ ᠢ ᠳᠡᠪᠰᠢᠭᠦᠯᠦᠨ ᠲᠠᠨᠢᠯᠴᠠᠭᠤᠯᠵᠤ᠂ 2976 ᠲᠦᠮᠡᠨ ᠲᠥᠭᠦᠷᠢᠭ ᠤᠨ ᠡᠯ᠎ᠡ ᠱᠠᠲᠤᠨ ᠤ ᠲᠥᠷᠥᠯ | ᠵᠦᠢᠯ ᠤᠨ ᠪᠠᠯᠠ ᠮᠥᠩᠭᠦ ᠶᠢ ᠡᠷᠡᠮᠡᠯᠵᠡᠯᠡᠨ ᠵᠥᠪᠰᠢᠶᠡᠷᠡᠭᠦᠯᠪᠡ᠃ ᠴᠧᠨ ᠬᠠᠶ ᠰᠢᠨᠵᠢᠯᠡᠭᠡ ᠮᠡᠷᠭᠡᠵᠢᠯ ᠵᠡᠷᠭᠡ 2 | ᠤᠯᠤᠰ ᠤᠨ ᠵᠡᠷᠭᠡᠯᠡᠯ ᠤᠨ ᠳᠡᠭᠡᠳᠦ ᠰᠢᠨᠵᠢᠯᠡᠭᠡ ᠮᠡᠷᠭᠡᠵᠢᠯ ᠤᠨ ᠠᠵᠤ ᠠᠬᠤᠶᠢᠯᠠᠯ ᠢ ᠬᠥᠭᠵᠢᠭᠦᠯᠵᠦ᠂ 52 ᠰᠢᠨ᠎ᠡ | ᠶᠢ ᠡᠭᠦᠳᠬᠦ ᠲᠠᠪᠴᠠᠩ ᠢ ᠬᠥᠭᠵᠢᠭᠦᠯᠪᠡ᠃ 300 ᠰᠢᠨᠵᠢᠯᠡᠭᠡ ᠮᠡᠷᠭᠡᠵᠢᠯ ᠤᠨ ᠲᠤᠰᠬᠠᠢ ᠠᠵᠢᠯᠲᠠᠳ ᠢ ᠲᠣᠮᠢᠯᠠᠵᠤ᠂ | 7 ᠰᠢᠨᠵᠢᠯᠡᠭᠡ ᠮᠡᠷᠭᠡᠵᠢᠯ ᠤᠨ ᠲᠤᠰᠬᠠᠢ ᠠᠵᠢᠯ ᠤᠨ ᠥᠷᠲᠡᠭᠡ ᠶᠢ ᠪᠠᠶᠢᠭᠤᠯᠵᠤ᠂ 1000 ᠭᠠᠷᠤᠶ ᠣᠷᠣᠨ | ᠨᠤᠲᠤᠭ ᠤᠨ ᠰᠢᠨᠵᠢᠯᠡᠭᠡ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠵᠦ᠂ ᠪᠥᠬᠦ ᠬᠤᠰᠢᠭᠤᠨ ᠤ 80 | ᠦᠢᠯᠡᠴᠢᠯᠡᠭᠡᠨ ᠤ ᠴᠡᠭ ᠢ ᠬᠠᠮᠤᠷᠪᠠ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ | ᠤᠯᠤᠰ ᠤᠨ ᠲᠠᠷᠢᠶᠠᠯᠠᠩ ᠣᠶ ᠰᠢᠭᠤᠶ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠵᠡᠷᠭᠡ ᠶᠡᠭᠡ ᠳᠡᠭᠡᠳᠦ | ᠰᠤᠷᠭᠠᠭᠤᠯᠢ ᠨᠤᠭᠤᠳ ᠠᠴᠠ 87 ᠲᠤᠰᠬᠠᠶ ᠮᠡᠷᠭᠡᠵᠢᠯᠲᠡᠨ ᠪᠠ ᠫᠷᠣᠹᠧᠰᠰᠣᠷ ᠢ ᠰᠣᠩᠭᠤᠨ ᠲᠣᠮᠢᠯᠠᠵᠤ᠂ ᠬᠤᠤᠷᠲᠤ | ᠡᠪᠡᠰᠦᠨ ᠤ ᠬᠥᠨᠥᠭᠡᠯ ᠤᠨ ᠡᠭᠦᠰᠬᠦ ᠨᠥᠬᠦᠴᠡᠯ ᠤᠨ ᠵᠢᠮ᠎ᠡ ᠶᠣᠰᠤᠨ ᠤ ᠲᠤᠬᠠᠢ ᠪᠠᠶᠢᠴᠠᠭᠠᠯᠲᠠ ᠵᠡᠷᠭᠡ ᠰᠢᠨᠵᠢᠯᠡᠬᠦ | ᠤᠬᠠᠭᠠᠨ ᠤ ᠰᠤᠳᠤᠯᠭᠠᠨ ᠤ ᠠᠵᠢᠯ ᠢ ᠪᠦᠲᠦᠮᠵᠢᠲᠡᠶ ᠥᠷᠨᠢᠭᠦᠯᠪᠡ᠃ 2685 ᠲᠦᠮᠡᠨ ᠲᠥᠭᠦᠷᠢᠭ ᠤᠨ ᠪᠡᠯᠡ | ᠣᠷᠣᠭᠤᠯᠵᠤ᠂ ᠪᠤᠶᠢᠳᠠ ᠪᠥᠭᠯᠡᠭᠦᠤ ᠮᠠᠯᠵᠢᠬᠤ ᠲᠠᠷᠢᠶᠠᠯᠠᠬᠤ ᠣᠷᠣᠨ ᠤ ᠴᠠᠬᠢᠯᠭᠠᠨ ᠤ ᠬᠦᠴᠦᠳᠡᠯ ᠢ ᠲᠡᠭᠡᠭᠰᠢᠯᠡᠭᠦᠯᠬᠦ | ᠢᠨᠵᠧᠨᠧᠷᠢᠩ ᠢ ᠬᠡᠷᠡᠭᠵᠢᠭᠦᠯᠦᠨ᠂ ᠮᠠᠯᠴᠢᠳ ᠲᠠᠷᠢᠶᠠᠴᠢᠳ ᠤᠨ ᠦᠢᠯᠡᠳᠪᠦᠷᠢᠯᠡᠯ ᠠᠮᠢᠳᠤᠷᠠᠯ ᠤᠨ ᠴᠠᠬᠢᠯᠭᠠᠨ ᠤ | ᠬᠦᠴᠢᠷᠳᠡᠯ ᠢ ᠪᠦᠲᠦᠮᠵᠢᠲᠡᠶ ᠰᠢᠢᠳᠪᠦᠷᠢᠯᠡᠪᠡ᠃ ᠥᠭᠡᠷᠡᠴᠢᠯᠡᠯᠲᠡ ᠬᠢᠵᠦ ᠴᠢᠯᠦᠭᠡᠲᠡᠢ ᠶᠠᠪᠤᠯᠴᠠᠬᠤ ᠠᠵᠢᠯ ᠢ | ᠠᠬᠢᠭᠤᠯᠪᠠ᠃ ᠲᠦᠷᠪᠡᠨ ᠵᠢᠯ ᠤᠨ ᠲᠤᠷᠰᠢ᠂ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠮᠢ ᠠᠬᠤᠶ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠬᠦᠷᠢᠶᠡᠨ ᠳᠠᠬᠢ ᠥᠭᠡᠷᠡᠴᠢᠯᠡᠯᠲᠡ ᠶᠢᠨ ᠡᠭᠦᠷᠭᠡ ᠶᠢ ᠨᠡᠶᠢᠳᠡ 169 ᠲᠥᠷᠦᠯ | ᠪᠡᠶᠡᠯᠡᠭᠦᠯᠪᠡ᠃ ᠤᠮᠠᠷᠠᠰᠢ ᠨᠡᠭᠡᠭᠡᠯᠲᠡ ᠬᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠨᠡᠶᠢᠲᠡ 14 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠥᠯᠵᠡᠶ ᠪᠣᠭᠤᠮᠲᠠ ᠶᠢᠨ ᠬᠠᠮᠲᠤᠷᠠᠭᠰᠠᠨ ᠰᠢᠯᠭᠠᠨ ᠤ ᠠᠰᠠᠷ᠂ | 110 ᠺᠢᠯᠣᠸᠣᠯᠲ ᠤᠨ ᠴᠠᠬᠢᠯᠭᠠᠨ ᠬᠠᠩᠭᠠᠬᠤ ᠢᠨᠵᠧᠨᠧᠷᠢᠩ᠂ ᠪᠡᠭᠡᠵᠢᠩ ᠠᠴᠠ ᠰᠢᠨᠵᠢᠶᠠᠩ ᠬᠦᠷᠬᠦ ᠬᠤᠷᠳᠤᠨ ᠤ | ᠵᠠᠮ ᠢ ᠬᠤᠯᠪᠣᠬᠤ ᠢᠨᠵᠧᠨᠧᠷᠢᠩ ᠵᠡᠷᠭᠡ 23 ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ ᠢ ᠪᠡᠶᠡᠯᠡᠭᠦᠯᠵᠦ᠂ | ᠪᠣᠭᠤᠮᠲᠠ ᠳᠤ ᠬᠡᠷᠡᠭᠯᠡᠬᠦ ᠤᠰᠤ᠂ ᠴᠠᠬᠢᠯᠭᠠᠨ᠂ ᠵᠠᠮ᠂ ᠮᠡᠳᠡᠭᠡ ᠵᠠᠩᠭᠢ ᠵᠡᠷᠭᠡ ᠭᠤᠤᠯᠳᠠᠯᠭ᠎ᠠ ᠲᠠᠢ ᠰᠠᠭᠤᠷᠢ | ᠲᠥᠬᠦᠭᠡᠷᠦᠮᠵᠢ ᠶᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠪᠠ᠃ ᠴᠡᠷᠢᠭ ᠠᠷᠠᠳ ᠤᠨ ᠬᠡᠷᠡᠭᠯᠡᠭᠡ ᠶᠢ | ᠤᠶᠠᠯᠳᠤᠭᠤᠯᠤᠨ ᠬᠥᠭᠵᠢᠭᠦᠯᠬᠦ ᠪᠠᠷ ᠳᠠᠮᠵᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠪᠠ᠃ ᠴᠡᠷᠢᠭ | ᠠᠷᠠᠳ ᠤᠨ ᠬᠡᠷᠡᠭᠯᠡᠭᠡ ᠶᠢ ᠤᠶᠠᠯᠳᠤᠭᠤᠯᠤᠨ ᠬᠥᠭᠵᠢᠭᠦᠯᠬᠦ ᠭᠤᠤᠯᠳᠠᠯᠭ᠎ᠠ ᠲᠠᠢ ᠲᠥᠷᠥᠯ ᠵᠦᠢᠯ ᠪᠠ | ᠭᠤᠤᠯᠳᠠᠯᠭ᠎ᠠ ᠲᠠᠢ ᠡᠭᠦᠷᠭᠡ ᠶᠢ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠲᠥᠯᠥᠪᠵᠢᠭᠦᠯᠭᠡ ᠳᠤ | ᠣᠷᠣᠭᠤᠯᠪᠠ᠃ ᠴᠡᠷᠢᠭ ᠠᠷᠠᠳ ᠤᠨ ᠬᠡᠷᠡᠭᠯᠡᠭᠡ ᠶᠢ ᠤᠶᠠᠯᠳᠤᠭᠤᠯᠤᠨ ᠬᠥᠭᠵᠢᠭᠦᠯᠬᠦ ᠠᠵᠤ ᠦᠢᠯᠡᠰ ᠬᠢᠭᠡᠳ ᠰᠣᠶᠣᠯ | ᠵᠢᠭᠤᠯᠴᠢᠯᠠᠯ ᠵᠡᠷᠭᠡ ᠭᠤᠷᠪᠠᠨ ᠠᠵᠤ ᠦᠢᠯᠡᠰ ᠤᠨ ᠤᠶᠠᠯᠳᠤᠭ᠎ᠠ ᠬᠤᠯᠪᠣᠭ᠎ᠠ ᠶᠢ ᠡᠷᠴᠢᠮᠵᠢᠭᠦᠯᠵᠦ᠂ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠬᠦᠮᠦᠵᠢᠯ ᠵᠢᠴᠢ ᠤᠯᠤᠰ ᠢᠶᠠᠨ ᠬᠠᠶᠢᠷᠠᠯᠠᠬᠤ ᠬᠦᠮᠦᠵᠢᠯ ᠤᠨ ᠰᠠᠭᠤᠷᠢᠨ ᠭᠠᠵᠠᠷ ᠤᠨ | ᠪᠥᠲᠥᠭᠡᠨ ᠪᠠᠶᠢᠭᠤᠯᠤᠯᠲᠠ ᠶᠢᠨ ᠪᠡᠯᠡᠳᠭᠡᠯ ᠠᠵᠢᠯ ᠢ ᠭᠦᠢᠴᠡᠳᠬᠡᠪᠡ᠃ ᠴᠡᠷᠢᠭ ᠠᠩᠭᠢ ᠪᠠ ᠮᠠᠨ ᠤ ᠬᠤᠰᠢᠭᠤ | ᠬᠠᠮᠲᠤᠷᠠᠨ 40 ᠵᠢᠯ ᠤᠨ ᠲᠤᠷᠰᠢ ᠨᠢᠰᠬᠡᠯ ᠢᠶᠠᠷ ᠣᠶᠢᠵᠢᠭᠤᠯᠵᠤ᠂ ︽ᠨᠣᠭᠤᠭᠠᠨ ᠬᠠᠯᠬᠠᠪᠴᠢ︾ ᠶᠢ | ᠪᠥᠷᠢᠯᠳᠣᠭᠦᠯᠪᠡ᠃ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠠᠵᠢᠯ ᠢ ᠴᠢᠩᠭᠠᠳᠬᠠᠵᠣ᠂ ᠨᠠᠢᠮᠠᠨ ᠵᠢᠯ | ᠳᠠᠷᠠᠭᠠᠯᠠᠨ ︽ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠲᠠ︾ ᠶᠢᠨ ᠢᠷᠠᠭᠤ | ᠠᠯᠳᠠᠷ ᠤᠨ ᠴᠣᠯᠠ ᠶᠢ ᠭᠥᠷᠳᠡᠪᠡ᠃ | —— ᠳᠥᠷᠪᠡᠨ ᠵᠢᠯ ᠤᠨ ᠬᠦᠴᠦᠯᠡᠨ ᠴᠢᠷᠮᠠᠶᠢᠭᠰᠠᠨ ᠢᠶᠠᠷ ᠠᠷᠠᠳ ᠤᠨ ᠠᠮᠢᠳᠤᠷᠠᠯ ᠤᠨ ᠵᠣᠯ | ᠵᠢᠷᠭᠠᠯᠲᠣ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠪᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠬᠢᠷᠢ | ᠲᠦᠪᠰᠢᠨ ᠲᠣᠭᠲᠠᠪᠤᠷᠢᠲᠠᠢ ᠪᠠᠷ ᠳᠡᠭᠡᠭᠰᠢᠯᠡᠪᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ | ᠥᠭᠡᠷᠡᠴᠢᠯᠡᠯᠲᠡ ᠶᠢ ᠪᠥᠬᠦ ᠲᠠᠯ᠎ᠠ ᠪᠠᠷ ᠰᠠᠶᠢᠵᠢᠷᠠᠭᠤᠯᠵᠤ᠂ ᠪᠥᠬᠦ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢ 147 ᠪᠣᠯᠭᠠᠨ ᠨᠡᠮᠡᠭᠳᠡᠭᠦᠯᠪᠠ᠃ 59 ᠥᠨᠳᠥᠷ ᠰᠤᠷᠤᠯᠭ᠎ᠠ ᠶᠢᠨ ᠨᠠᠮᠲᠠᠷ ᠲᠠᠢ ᠠᠨᠠᠭᠠᠬᠤ | ᠤᠬᠠᠭᠠᠨ ᠤ ᠴᠢᠳᠠᠪᠤᠷᠢᠲᠠᠨ ᠢ ᠤᠷᠢᠵᠤ᠂ 20 ᠲᠣᠰᠬᠠᠢ ᠠᠵᠢᠯ ᠤᠨ ᠵᠣᠷᠢᠭᠤᠯᠣᠯᠳᠠ ᠲᠠᠢ ᠣᠶᠣᠳᠠᠨ ᠲᠠᠢ ᠭᠡᠷ᠎ᠡ | ᠲᠣᠭᠳᠠᠵᠣ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠳᠤᠲᠠᠭᠤᠳᠠᠯ ᠢ ᠨᠥᠬᠦᠪᠥᠷᠢᠯᠡᠪᠡ᠃ ᠮᠤᠩᠭᠤᠯ ᠡᠮᠨᠡᠯᠬᠡ | ᠪᠤᠯᠤᠨ ᠬᠢᠳᠠᠳ ᠡᠮᠨᠡᠯᠭᠡ ᠶᠢᠨ ᠤᠨᠴᠠᠯᠢᠬᠳᠤ ᠳᠠᠪᠠᠭᠤᠯᠢᠭ ᠲᠠᠢ ᠭᠤᠣᠯᠳᠠᠯᠭᠠᠲᠤ ᠲᠤᠰᠬᠠᠶ ᠰᠠᠯᠠᠭ᠎ᠠ ᠶᠢᠨ ᠪᠥᠲᠥᠭᠡᠨ | ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠪᠠ᠃ ᠡᠷᠡᠭᠦᠯ ᠮᠡᠨᠳᠦ ᠠᠯᠠᠱᠠ ᠵᠡᠭᠦᠨ ᠬᠤᠰᠢᠭᠤ ᠶᠢ ᠦᠷᠭᠦᠯᠵᠢᠯᠡᠨ | ᠴᠣᠭᠴᠠᠯᠠᠵᠤ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠢ 21.5% | ᠪᠣᠯᠭᠠᠨ ᠳᠡᠭᠡᠭᠰᠢᠯᠡᠭᠦᠯᠪᠡ᠃ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠣᠳᠣᠬᠢᠴᠢᠯᠠᠭᠰᠠᠨ ᠡᠮᠨᠡᠯᠭᠡ ᠶᠢᠨ | ᠬᠤᠷᠢᠶᠠᠨ ᠤ ᠬᠠᠮᠢᠶᠠᠷᠤᠯᠲᠠ ᠶᠢᠨ ᠲᠦᠷᠢᠮ ᠤᠨ ᠤᠯᠤᠰ ᠤᠨ ᠲᠠᠰ ᠤᠨ ᠲᠤᠷᠰᠢᠯᠲᠠ ᠶᠢᠨ ᠨᠢᠬᠡᠴᠢ ᠪᠠᠷ ᠦᠨᠡᠯᠡᠭᠳᠡᠪᠡ᠃ | ︽ᠤᠯᠤᠰ ᠤᠨ ᠳᠡᠰ ᠤᠨ ᠡᠷᠡᠭᠦᠯ ᠬᠠᠮᠠᠭᠠᠯᠠᠯ ᠤᠨ ᠬᠤᠰᠢᠭᠤ ᠰᠢᠶᠠᠨ ᠤ ᠬᠤᠲᠠ︾ ᠪᠠᠷ ᠰᠢᠯᠭᠠᠷᠠᠪᠠ᠃ ᠰᠤᠷᠭᠠᠨ | ᠬᠥᠮᠦᠵᠢᠯ ᠤᠨ ᠲᠤᠬᠠᠢ ᠬᠠᠨᠤᠮᠵᠢ ᠶᠢᠨ ᠲᠥᠪᠰᠢᠨ ᠣᠯᠠᠮ ᠳᠡᠭᠡᠭᠰᠢᠯᠡᠪᠡ᠃ 1.8 ᠳ᠋ᠦᠩᠰᠢᠭᠤᠷ ᠲᠥᠭᠦᠷᠢᠭ ᠤᠨ | ᠪᠡᠯᠡ ᠣᠷᠣᠭᠤᠯᠵᠤ᠂ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠪᠠ᠃ 14.8 ᠲᠦᠮᠡᠨ ᠺᠦᠸᠠᠳ᠋ ᠮᠧᠲᠷ | ᠤᠨ ᠰᠤᠷᠭᠠᠨ ᠬᠥᠮᠦᠵᠢᠯ ᠳᠤ ᠬᠡᠷᠡᠭᠯᠡᠬᠦ ᠭᠠᠵᠠᠷ ᠢ ᠰᠢᠨ᠎ᠡ ᠪᠠᠷ ᠨᠡᠮᠡᠭᠳᠡᠭᠦᠯᠪᠡ᠃ 5 ᠠᠯᠪᠠᠨ ᠠᠴᠠ ᠡᠷᠬᠢᠯᠡᠭᠰᠡᠨ | ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠪᠠ᠃ ᠮᠠᠯᠵᠢᠬᠤ ᠲᠠᠷᠢᠶᠠᠯᠠᠬᠤ ᠣᠷᠣᠨ ᠤ ᠬᠡᠤᠬᠡᠳ ᠤᠨ | ᠴᠡᠴᠡᠷᠯᠢᠭ ᠤᠨ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ | ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠤᠬᠡᠳ ᠤᠨ ᠴᠡᠴᠡᠷᠯᠢᠭ ᠤᠨ ᠡᠵᠡᠯᠡᠬᠦ ᠬᠠᠷᠢᠴᠠᠯ ᠢ 81% ᠪᠣᠯᠲᠠᠯ᠎ᠠ | ᠳᠡᠭᠡᠭᠰᠢᠯᠡᠭᠦᠯᠪᠡ᠃ 369 ᠰᠤᠷᠭᠠᠨ ᠬᠥᠮᠦᠵᠢᠯ ᠤᠨ ᠴᠢᠳᠠᠪᠤᠷᠢᠲᠠᠨ ᠢ ᠣᠷᠢᠨ ᠠᠵᠢᠯᠯᠠᠭᠤᠯᠪᠠ᠃ ᠪᠠᠭᠰᠢ ᠶᠢᠨ | ᠣᠪᠣᠷ ᠰᠤᠷᠲᠠᠯ ᠢ ᠦᠨᠡᠯᠡᠨ ᠬᠥᠬᠢᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠪᠡ᠃ ᠰᠤᠷᠭᠠᠨ ᠬᠥᠮᠦᠵᠢᠯ ᠤᠨ | ᠴᠢᠨᠠᠷ ᠴᠢᠨᠰᠠᠭ᠎ᠠ ᠢ ᠶᠡᠷᠦᠩᠬᠡᠶᠢᠯᠡᠨ ᠦᠨᠡᠯᠡᠬᠦ ᠵᠡᠷᠭᠡ ᠰᠢᠷᠢᠰ ᠥᠭᠡᠷᠡᠴᠢᠯᠡᠯᠲᠡ ᠶᠢᠨ ᠡᠭᠦᠷᠭᠡ ᠶᠢ ᠲᠡᠭᠦᠰ | ᠠᠮᠵᠢᠯᠲᠠ ᠲᠠᠢ ᠪᠡᠶᠡᠯᠡᠭᠦᠯᠪᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠢ ᠨᠡᠩ ᠴᠢᠨᠠᠷᠯᠢᠭ ᠪᠥᠭᠡᠳ | ᠲᠡᠩᠴᠡᠭᠦᠷᠢᠲᠡᠶ ᠪᠣᠯᠭᠠᠪᠠ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠡᠷᠡᠰ ᠭᠤᠶᠢᠪᠢᠰᠢ | ᠦᠭᠡᠢ ᠪᠠᠷ ᠳᠡᠯᠭᠡᠷᠡᠭᠦᠯᠵᠦ᠂ ᠭᠤᠷᠪᠠᠨ ᠲᠦᠷᠦᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ | ᠲᠠᠯ᠎ᠠ ᠪᠠᠷ ᠲᠥᠬᠡᠮᠡᠯᠵᠢᠭᠦᠯᠬᠦ ᠶᠢ ᠪᠦᠷᠢᠨ ᠬᠠᠮᠤᠷᠤᠭᠤᠯᠪᠠ᠃ ᠨᠡᠶᠢᠭᠡᠮ ᠤᠨ ᠪᠠᠲᠤᠯᠠᠭ᠎ᠠ ᠶᠢᠨ ᠴᠢᠳᠠᠪᠤᠷᠢ ᠤᠯᠠᠮ | ᠴᠢᠩᠭᠠᠷᠠᠪᠠ᠃ 12 ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠲᠠᠰ ᠤᠨ ᠪᠠᠷᠢᠮᠵᠢᠶᠠᠵᠢᠭᠤᠯᠤᠭᠰᠠᠨ ᠠᠳᠠᠯ | ᠦᠢᠯᠡᠰ ᠴᠣᠭᠴᠠᠯᠠᠬᠤ ᠬᠦᠷᠢᠶᠡᠯᠡᠩ ᠢ ᠪᠠᠶᠢᠭᠤᠯᠪᠠ᠃ ᠬᠤᠳᠠ ᠬᠥᠳᠡᠭᠡ ᠶᠢᠨ ᠠᠵᠢᠯᠴᠢᠳ ᠢ 5854 ᠬᠥᠮᠥᠨ | ᠤᠳᠠᠭ᠎ᠠ ᠳᠠᠪᠲᠠᠨ ᠪᠣᠯᠪᠠᠰᠤᠷᠠᠭᠤᠯᠪᠠ᠃ 1.2 ᠳ᠋ᠦᠩᠰᠢᠭᠤᠷ ᠲᠥᠭᠦᠷᠢᠭ ᠤᠨ ᠠᠵᠢᠯ ᠣᠯᠭᠤᠯᠲᠠ ᠶᠢᠨ ᠲᠦᠷᠦ ᠶᠢᠨ | ᠪᠤᠳᠤᠯᠭ᠎ᠠ ᠶᠢᠨ ᠨᠥᠬᠦᠪᠥᠷᠢ ᠮᠥᠩᠭᠦ ᠶᠢ ᠨᠠᠶᠢᠳᠠᠪᠦᠷᠢᠵᠢᠭᠤᠯᠪᠠ᠃ 1788 ᠠᠵᠢᠯᠲᠠᠳ ᠤᠨ 4754 ᠲᠦᠮᠡᠨ | ᠲᠥᠭᠦᠷᠢᠭ ᠤᠨ ᠠᠵᠤ ᠠᠬᠤᠶ ᠶᠢᠨ ᠬᠤᠬᠢᠷᠠᠯ ᠢ ᠰᠢᠢᠳᠪᠦᠷᠢᠯᠡᠨ ᠵᠣᠬᠢᠴᠠᠭᠤᠯᠪᠠ᠃ ᠪᠥᠬᠦ ᠬᠤᠰᠢᠭᠤᠨ ᠤ 9682 | ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠪᠦᠷᠢᠳᠬᠡᠯ ᠲᠠᠢ ᠠᠵᠢᠯ ᠠᠯᠳᠠᠯᠲᠠ ᠶᠢᠨ | ᠨᠣᠷᠮ᠎ᠠ ᠶᠢ 3.5% ᠠᠴᠠ ᠳᠣᠷᠤᠭᠰᠢ ᠬᠢᠵᠠᠭᠠᠷᠯᠠᠪᠠ᠃ ᠠᠵᠢᠯ ᠲᠥᠷᠥᠯ ᠤᠨ ᠴᠢᠬᠤᠯᠠ ᠱᠠᠭᠠᠷᠳᠠᠯᠭ᠎ᠠ ᠲᠠᠢ 481 | ᠴᠢᠳᠠᠪᠤᠷᠢᠲᠠᠨ ᠢ ᠤᠷᠢᠨ ᠠᠪᠴᠢᠷᠠᠵᠤ᠂ 681 ᠲᠤᠰᠬᠠᠶ ᠮᠡᠷᠭᠡᠵᠢᠯ ᠤᠨ ᠠᠵᠢᠯᠳᠠᠳ ᠢ ᠰᠢᠯᠭᠠᠷᠠᠭᠤᠯᠤᠨ ᠤᠷᠢᠪᠠ᠃ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠬᠥᠮᠦᠨ ᠤ ᠲᠤᠭ᠎ᠠ ᠶᠢ ᠵᠢᠯ ᠪᠦᠷᠢ 11.5% ᠪᠠᠷ | ᠨᠡᠮᠡᠭᠳᠡᠭᠦᠯᠵᠦ᠂ ᠮᠤᠵᠢ ᠠᠯᠤᠰᠯᠠᠨ ᠡᠮᠨᠡᠭᠦᠯᠦᠭᠰᠡᠨ ᠵᠠᠷᠤᠳᠠᠯ ᠢ ᠲᠠᠰᠤᠯᠤᠨ ᠪᠤᠳᠤᠬᠤ ᠠᠵᠢᠯ ᠢ ᠪᠦᠷᠢᠨ ᠬᠠᠮᠤᠷᠤᠭᠤᠯᠪᠠ | ᠃ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠠᠮᠤᠷᠬᠤ ᠬᠡᠪᠴᠢᠶ᠎ᠡ ᠶᠢ ᠤᠯᠠᠮ ᠦᠷᠭᠡᠳᠬᠡᠪᠡ᠃ 4 | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠪᠠᠶᠢᠭᠤᠯᠬᠤ ᠶᠢ ᠲᠡᠳᠬᠦᠨ ᠳᠡᠮᠵᠢᠵᠦ᠂ 1378 ᠬᠥᠮᠥᠨ | ᠤᠳᠠᠭ᠎ᠠ ᠳᠤ 52.6 ᠲᠦᠮᠡᠨ ᠲᠥᠭᠦᠷᠢᠭ ᠤᠨ ᠭᠡᠷ ᠤᠨ ᠠᠰᠠᠷᠠᠮᠵᠢ ᠶᠢᠨ ᠦᠢᠯᠡᠴᠢᠯᠡᠭᠡᠨ ᠤ ᠨᠥᠬᠦᠪᠦᠷᠢ ᠶᠢ | ᠲᠠᠷᠬᠠᠭᠠᠪᠠ᠃ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠬᠤᠲᠠ | ᠬᠥᠳᠡᠭᠡ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ 2017 ᠣᠨ ᠤ ᠡᠴᠦᠰ ᠤᠨ ᠬᠢ ᠠᠴᠠ ᠲᠣᠰ | ᠲᠣᠰ 48% ᠪᠠ 40% ᠪᠠᠷ ᠳᠡᠭᠡᠭᠰᠢᠯᠡᠭᠦᠯᠪᠡ᠃ ᠨᠡᠶᠢᠭᠡᠮ ᠤᠨ ᠠᠪᠤᠷᠠᠨ ᠲᠤᠰᠠᠯᠠᠬᠤ ᠲᠦᠷᠢᠮ ᠡᠳᠦᠷ ᠢᠷᠡᠬᠦᠶ᠎ᠡ | ᠲᠡᠭᠦᠯᠳᠡᠷᠵᠢᠪᠡ᠃ ᠨᠡᠶᠢᠭᠡᠮ ᠤᠨ ᠵᠠᠰᠠᠯᠲᠠ ᠶᠢᠨ ᠴᠢᠳᠠᠪᠤᠷᠢ ᠢᠯᠡᠳᠲᠡ ᠳᠡᠭᠡᠭᠰᠢᠯᠡᠪᠡ᠃ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠲᠤᠰᠬᠠᠶ ᠲᠡᠮᠡᠴᠡᠯ ᠲᠠᠢ ᠤᠶᠠᠯᠳᠤᠭᠤᠯᠤᠨ᠂ ᠠᠷᠠᠳ ᠤᠨ ᠳᠤᠮᠳᠠᠬᠢ ᠵᠢᠭᠡᠯᠡᠯᠭᠡ ᠵᠢᠴᠢ ᠬᠠᠤᠯᠢ | ᠪᠤᠰᠤ ᠪᠠᠷ ᠪᠠᠯᠠ ᠴᠤᠭᠯᠠᠭᠤᠯᠬᠤ ᠶᠢ ᠶᠡᠷᠦᠩᠬᠡᠶᠢᠯᠡᠨ ᠵᠠᠰᠠᠵᠤ᠂ ᠴᠠᠬᠢᠮ ᠮᠡᠬᠡᠯᠡᠯ ᠵᠡᠷᠭᠡ ᠬᠠᠤᠯᠢ ᠠᠴᠠ ᠵᠥᠷᠢᠴᠡᠭᠰᠡᠨ | ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠢ ᠦᠨᠡᠨᠬᠦ ᠪᠠᠳᠤᠯᠠᠵᠠᠢ᠃ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠣᠯᠭ᠎ᠠ ᠶᠢᠨ ᠸᠢᠳᠢᠤ᠋ ᠬᠢᠨᠠᠯᠳᠠ ᠶᠢᠨ | ᠰᠢᠰᠲ᠋ᠧᠮ ᠪᠣᠯᠤᠨ ︽ᠤᠶᠤᠨᠲᠤ ᠵᠠᠮ ᠬᠠᠷᠢᠯᠴᠠᠭ᠎ᠠ︾ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ | ᠬᠤᠲᠠ ᠶᠢᠨ ᠣᠶᠤᠨᠴᠢ ᠬᠠᠮᠢᠶᠠᠷᠤᠯᠲᠠ ᠶᠢ ᠪᠡᠶᠡᠯᠡᠬᠦᠯᠪᠡ᠃ ᠦᠨᠳᠦᠰᠦᠨ ᠱᠠᠲᠤᠨ ᠤ ᠠᠷᠠᠳ ᠤᠨ ᠡᠶᠡᠳᠡᠭᠦᠯᠭᠡ ᠶᠢᠨ | ᠵᠣᠬᠢᠶᠠᠨ ᠪᠠᠶᠢᠭᠤᠯᠤᠯᠲᠠ 179 ᠪᠤᠯᠤᠨ ᠨᠡᠮᠡᠭᠳᠡᠵᠦ᠂ ᠵᠥᠷᠢᠴᠡᠯ ᠵᠢᠭᠤᠷᠠᠯᠳᠤᠭᠠᠨ ᠢ 4697 ᠬᠤᠪᠢ ᠡᠶᠡᠳᠡᠭᠦᠯᠦᠨ | ᠰᠢᠶᠳᠪᠦᠷᠢᠯᠡᠪᠡ᠃ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠲᠣᠭᠲᠠᠭᠤᠨ ᠤ ᠳᠤᠮᠳᠠ ᠰᠠᠶᠢᠵᠢᠷᠠᠪᠠ᠃ ᠠᠷᠪᠠᠳᠤᠭᠠᠷ | ᠬᠤᠭᠤᠴᠠᠭ᠎ᠠ᠂ ᠠᠷᠪᠠᠨ ᠨᠢᠭᠡᠳᠦᠭᠡᠷ ᠬᠤᠭᠤᠴᠠᠭᠠᠨ ᠤ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠵᠥᠪᠯᠡᠯ ᠤᠨ | ᠬᠤᠭᠤᠴᠠᠭ᠎ᠠ ᠰᠣᠯᠢᠬᠤ ᠰᠣᠩᠭᠤᠭᠤᠯᠢ ᠶᠢ ᠪᠡᠶᠡᠯᠡᠬᠦᠯᠪᠡ᠃ ᠠᠶᠤᠯᠭᠦᠶ ᠦᠢᠯᠡᠳᠪᠦᠷᠢᠯᠡᠯ ᠤᠨ ᠲᠤᠰᠬᠠᠶ ᠲᠦᠷᠦᠯ ᠢᠶᠠᠷ | ᠵᠠᠰᠠᠨ ᠴᠡᠭᠴᠡᠯᠡᠬᠦ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠲᠦᠯᠬᠢᠨ ᠠᠬᠢᠭᠤᠯᠵᠤ᠂ ᠡᠯ᠎ᠡ ᠲᠦᠷᠦᠯ ᠤᠨ | ᠬᠦᠨᠳᠦ ᠨᠣᠴᠢᠲᠠᠢ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠲᠠᠯᠳᠠ ᠡᠷᠡᠰᠳᠡᠯ ᠢ ᠪᠦᠲᠦᠮᠵᠢᠲᠡᠶ ᠪᠠᠷ | ᠰᠡᠷᠭᠡᠶᠢᠯᠡᠨ ᠰᠢᠢᠳᠪᠦᠷᠢᠯᠡᠪᠡ᠃ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠭᠤᠤᠯ ᠴᠣᠭᠴᠠᠲᠤ | ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠥᠷᠪᠡᠨ ᠵᠢᠯ ᠳᠤ ᠰᠢᠰᠲ᠋ᠧᠮ ᠤᠨ ᠴᠢᠨᠠᠷᠲᠠᠶ᠂ | ᠣᠷᠣᠨ ᠪᠦᠰᠡ ᠶᠢᠨ ᠴᠢᠨᠠᠷᠲᠠᠶ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠠᠳᠡᠯ ᠡᠬᠦᠰᠦᠭᠡ ᠦᠭᠡᠢ᠃ | | —— ᠲᠦᠷᠪᠡᠨ ᠵᠢᠯ ᠤᠨ ᠦᠷ᠎ᠡ ᠪᠦᠲᠦᠮᠵᠢ ᠶᠢ ᠰᠠᠶᠢᠵᠢᠷᠠᠭᠤᠯᠤᠨ ᠳᠡᠭᠡᠭᠰᠢᠯᠡᠭᠦᠯᠬᠦ ᠪᠠᠷ ᠳᠠᠮᠵᠢᠨ᠂ | ᠥᠪᠡᠷ ᠤᠨ ᠪᠠᠶᠢᠭᠤᠯᠤᠯᠲᠠ ᠪᠠᠨ ᠲᠠᠰᠤᠷᠠᠯᠳᠠ ᠦᠭᠡᠢ ᠴᠢᠩᠭᠠᠳᠬᠠᠪᠠ᠃ ᠪᠢᠳᠡ ᠨᠠᠮ ᠢ ᠪᠦᠬᠦ ᠲᠠᠯ᠎ᠠ ᠪᠠᠷ ᠴᠢᠩᠭ᠎ᠠ | ᠵᠠᠰᠠᠬᠤ ᠶᠢ ᠪᠠᠷᠢᠮᠲᠠᠯᠠᠵᠤ᠂ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠨᠠᠮ ᠤᠨ ᠲᠥᠪ | ᠬᠤᠷᠢᠶᠠᠨ ᠤ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠲᠦᠷᠢᠮ ᠢ ᠴᠢᠩᠭ᠎ᠠ ᠲᠣᠣᠱᠯᠠᠭᠤᠯᠵᠣ᠂ ᠨᠠᠮ ᠤᠨ ᠰᠤᠷᠲᠠᠯ | ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ︽ᠨᠢᠭᠡ ᠠᠵᠢᠯ ᠤᠨ ᠪᠠᠶᠢᠷᠢ ᠳᠤ ᠬᠤᠶᠠᠷ | ᠬᠠᠷᠢᠭᠤᠴᠠᠯᠭ᠎ᠠ ᠲᠠᠢ ᠪᠠᠶᠢᠬᠤ︾ ᠲᠦᠷᠢᠮ ᠢ ᠭᠦᠨᠵᠡᠭᠡᠶ ᠨᠠᠶᠢᠳᠠᠪᠤᠷᠢᠵᠢᠭᠤᠯᠵᠤ᠂ ᠴᠢᠬᠡᠴᠢ ᠵᠠᠰᠠᠭ ᠤᠨ | ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠪᠠ᠃ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ | ᠪᠣᠯᠬᠤ︾ ᠰᠤᠷᠤᠯᠴᠠᠯᠭ᠎ᠠ ᠬᠥᠮᠦᠵᠢᠯ᠂ ︽ᠣᠭ ᠰᠠᠨᠠᠭ᠎ᠠ ᠪᠠᠨ ᠮᠠᠷᠲᠠᠯ ᠦᠭᠡᠢ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠪᠠ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠰᠢᠭᠤᠷᠬᠠᠢ | ᠥᠷᠨᠢᠭᠦᠯᠵᠦ᠂ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠭᠤᠤᠯ ᠰᠡᠳᠦᠪᠲᠦ ᠦᠶᠯᠡ | ᠠᠵᠢᠯᠯᠠᠭ᠎ᠠ ᠶᠢ ᠲᠤᠤᠱᠲᠠᠢ ᠶᠠᠪᠤᠭᠳᠠᠭᠤᠯᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠦᠨᠳᠦᠰᠦᠨ ᠴᠢᠭᠯᠡᠯ ᠪᠣᠯᠭᠠᠨ ᠪᠠᠷᠢᠮᠲᠠᠯᠠᠨ᠂ ᠦᠨᠳᠦᠰᠦᠲᠡᠨ ᠤ | ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠭᠤᠣᠯ ᠹᠷᠣᠨᠲ ᠢ ᠪᠠᠲᠤ ᠰᠠᠬᠢᠪᠡ᠃ | ᠠᠷᠠᠳ ᠤᠨ ᠲᠥᠯᠥᠭᠡᠯᠡᠭᠴᠢᠳ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ᠂ ᠰᠠᠨᠠᠯ | ᠰᠠᠨᠠᠭᠤᠯᠭ᠎ᠠ ᠶᠢ 303 ᠬᠤᠪᠢ ᠰᠢᠢᠳᠪᠦᠷᠢᠯᠡᠪᠡ᠃ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠤᠢ ᠪᠣᠯᠭᠠᠵᠤ᠂ | ︽ᠠᠯᠪᠠᠨ ᠤ ᠭᠤᠷᠪᠠᠨ ᠵᠠᠷᠤᠳᠠᠯ︾ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠵᠢᠯ ᠪᠦᠷᠢ ᠳᠤᠮᠳᠠᠴᠢ ᠪᠠᠷ | 20% ᠪᠠᠷ ᠪᠠᠭᠤᠷᠠᠭᠤᠯᠪᠡ᠃ ᠬᠠᠤᠯᠢ ᠶᠢ ᠬᠠᠲᠠᠭᠤ ᠵᠢᠷᠤᠮ ᠢᠶᠠᠷ ᠲᠥᠪ ᠭᠤᠣᠯᠴᠢ ᠪᠣᠯᠪᠠᠰᠤᠨ ᠢᠶᠠᠷ ᠬᠡᠷᠡᠭᠵᠢᠭᠦᠯᠵᠦ | ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢᠨ ᠥᠭᠡᠷᠡᠴᠢᠯᠡᠯᠲᠡ ᠪᠠ ᠵᠠᠰᠠᠭ ᠵᠠᠬᠢᠷᠭᠠᠨ ᠤ ᠳᠠᠬᠢᠨ ᠵᠥᠪᠯᠡᠬᠦ | ᠥᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠦᠨ᠂ ᠵᠠᠰᠠᠭ ᠵᠠᠬᠢᠷᠭᠠᠨ ᠤ ᠪᠠᠶᠢᠴᠠᠭᠠᠯᠲᠠ᠂ ᠬᠢᠨᠠᠨ ᠪᠤᠳᠤᠯᠲᠠ ᠶᠢᠨ | ᠬᠢᠨᠠᠯᠲᠠ ᠪᠠ ᠴᠠᠭᠳᠠᠨ ᠪᠠᠶᠢᠴᠠᠭᠠᠵᠤ ᠱᠠᠯᠠᠪᠳᠠᠨ ᠰᠢᠢᠳᠪᠦᠷᠢᠯᠡᠭᠦᠯᠬᠦ ᠠᠵᠢᠯ ᠢ ᠴᠢᠩᠭᠠᠳᠬᠠᠪᠡ᠃ ︽ᠳᠣᠯᠣᠳᠤᠭᠠᠷ | ᠲᠠᠪᠤᠨ ᠵᠢᠯ ᠤᠨ ᠲᠥᠯᠥᠪᠵᠢᠭᠦᠯᠭᠡ︾ ᠶᠢᠨ ᠬᠤᠭᠤᠴᠠᠭᠠᠨ ᠤ ᠬᠠᠤᠯᠢ ᠴᠠᠭᠠᠵᠠ ᠶᠢ ᠲᠦᠭᠡᠮᠡᠯᠵᠢᠭᠦᠯᠬᠦ ᠠᠵᠢᠯ ᠢ | ᠲᠡᠭᠦᠰ ᠠᠮᠵᠢᠯᠲᠠ ᠲᠠᠢ ᠳᠠᠭᠤᠰᠬᠠᠪᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ | ᠬᠦᠴᠦᠯᠡᠨ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ︾ ᠶᠢᠨ ᠴᠣᠯᠠ ᠶᠢ ᠬᠦᠷᠲᠡᠪᠡ᠃ | ᠡᠭᠦᠨ ᠤ ᠵᠡᠷᠭᠡᠴᠡᠭᠡ ᠪᠠᠷ᠂ ᠭᠠᠳᠠᠭᠠᠳᠤ ᠶᠠᠪᠤᠳᠠᠯ ᠬᠠᠷᠢᠶᠠᠲᠤ ᠨᠠᠷ ᠤᠨ ᠶᠠᠪᠤᠳᠠᠯ᠂ ᠦᠨᠳᠦᠰᠦᠲᠡᠨ ᠱᠠᠰᠢᠨ | ᠰᠤᠷᠲᠠᠬᠤᠨ᠂ ᠲᠠᠩᠰᠠ ᠡᠪᠬᠡᠮᠡᠯ ᠲᠡᠦᠬᠡ ᠣᠶᠢᠯᠠᠯᠭ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ᠂ | ᠴᠠᠭ ᠠᠭᠤᠷ ᠵᠡᠷᠭᠡ ᠠᠵᠢᠯ ᠢ ᠤᠯᠠᠮ ᠴᠢᠩᠭᠠᠳᠬᠠᠵᠤ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ | ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠰᠢᠨᠵᠢᠯᠡᠭᠡ ᠮᠡᠷᠭᠡᠵᠢᠯ ᠤᠨ ᠨᠡᠶᠢᠭᠡᠮᠯᠢᠭ᠂ | ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠵᠡᠷᠭᠡ ᠠᠵᠢᠯ ᠰᠢᠨ᠎ᠡ ᠠᠬᠢᠴᠠ ᠲᠠᠢ ᠪᠣᠯᠪᠠ᠃ | ᠲᠦᠯᠦᠭᠡᠯᠡᠭᠴᠢᠳ ᠡ᠂ ᠨᠦᠬᠦᠳ ᠡ︕ ᠰᠠᠶ᠋ᠢᠬᠠᠨ ᠥᠩᠭᠡᠷᠡᠭᠰᠡᠨ 2021 ᠣᠨ ᠪᠣᠯ ︽ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ︾ ᠶᠢᠨ ᠡᠬᠢᠯᠡᠯᠲᠡ ᠶᠢᠨ ᠵᠢᠯ ᠮᠥᠨ᠃ ᠡᠨᠡ ᠨᠢᠭᠡ ᠵᠢᠯ ᠳᠤ᠂ | ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠯᠳᠠᠪᠦᠷᠢ ᠭᠡᠨᠡᠳᠲᠡ ᠡᠭᠦᠰᠴᠦ᠂ ᠠᠵᠤ ᠠᠬᠤᠶ | ᠮᠠᠭᠤᠳᠠᠬᠤ ᠳᠠᠷᠤᠯᠲᠠ ᠦᠷᠭᠦᠯᠵᠢᠯᠡᠨ ᠨᠡᠮᠡᠭᠳᠡᠵᠦ᠂ ᠤᠷᠢᠳ ᠡᠮᠦᠨ᠎ᠡ ᠪᠠᠶᠢᠭ᠎ᠠ ᠥᠬᠡᠶ ᠰᠢᠯᠭᠠᠯᠲᠠ ᠶᠢᠨ ᠡᠮᠦᠨ᠎ᠡ᠂ | ᠪᠢᠳᠡ ᠪᠥᠬᠦ ᠬᠦᠴᠦᠨ ᠢᠶᠠᠷ ᠢᠶᠠᠨ ᠬᠢᠵᠢᠭ ᠲᠠᠢ ᠲᠡᠮᠡᠴᠡᠵᠦ᠂ ᠨᠡᠮᠡᠭᠳᠡᠯ ᠢ ᠲᠣᠭᠲᠠᠪᠤᠷᠢᠵᠢᠭᠤᠯᠤᠨ᠂ ᠪᠦᠲᠦᠴᠡ ᠶᠢ | ᠳᠣᠭᠢᠷᠠᠭᠤᠯᠵᠤ᠂ ᠠᠷᠠᠳ ᠤᠨ ᠠᠮᠢᠳᠤᠷᠠᠯ ᠳᠤ ᠠᠰᠢᠭ ᠬᠦᠷᠳᠡᠭᠡᠬᠦ᠂ ᠲᠣᠭᠲᠠᠭᠤᠨ ᠢ ᠪᠠᠳᠤᠯᠠᠬᠤ᠂ ᠬᠢᠵᠢᠭ ᠤᠨ | ᠬᠠᠯᠳᠠᠪᠣᠷᠢ ᠶᠢ ᠰᠡᠷᠭᠡᠶᠢᠯᠡᠨ ᠬᠢᠵᠠᠭᠠᠷᠯᠠᠬᠤ ᠠᠵᠢᠯ ᠴᠢᠬᠤᠯᠠ ᠶᠡᠭᠡ ᠦᠷ᠎ᠡ ᠪᠦᠲᠦᠮᠵᠢ ᠣᠯᠵᠤ᠂ ᠠᠵᠤ ᠠᠬᠤᠶ ᠶᠢᠨ | ᠠᠵᠢᠯᠯᠠᠭ᠎ᠠ ᠲᠣᠭᠲᠠᠭᠤᠨ ᠤ ᠳᠤᠮᠳᠠ ᠯᠠᠪᠳᠠᠭᠤᠨ ᠢᠶᠠᠷ ᠤᠷᠤᠭᠰᠢᠯᠠᠭᠰᠠᠨ ᠰᠠᠶᠢᠨ ᠡᠬᠢᠯᠡᠯᠲᠡ ᠶᠢ ᠲᠠᠯᠪᠢᠭᠰᠠᠨ | ᠪᠠᠶᠢᠨ᠎ᠠ᠃ ᠵᠢᠱᠢᠯᠲᠡ ᠪᠠᠷ ᠪᠥᠬᠦ ᠬᠤᠰᠢᠭᠤᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠢ 3% ᠨᠡᠮᠡᠭᠳᠡᠬᠦᠯᠵᠦ᠂ | 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 6% | ᠨᠡᠮᠡᠭᠳᠡᠬᠦᠯᠪᠡ᠂ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠬᠡᠮᠵᠢᠶ᠎ᠡ ᠶᠢ 6% | ᠨᠡᠮᠡᠭᠳᠡᠬᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 5%ᠨᠡᠮᠡᠭᠳᠡᠬᠦᠯᠪᠡ᠂ ᠬᠤᠲᠠ | ᠬᠥᠳᠡᠭᠡ ᠶᠢᠨ ᠣᠷᠣᠰᠢᠨ ᠰᠠᠭᠤᠭᠴᠢᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ | 7% ᠪᠠ 8% ᠨᠡᠮᠡᠭᠳᠡᠬᠦᠯᠪᠡ᠃ ᠵᠢᠯ ᠤᠨ ᠲᠤᠷᠰᠢ᠂ ᠪᠢᠳᠡ ᠲᠠᠷᠠᠭᠠᠬᠢ ᠠᠵᠢᠯ ᠤᠳ ᠢ ᠭᠤᠤᠯᠳᠠᠯᠭ᠎ᠠ ᠲᠠᠢ | ᠠᠳᠬᠤᠪᠠ᠄ | ︵ᠨᠢᠭᠡ︶ ᠰᠠᠭᠤᠷᠢ ᠲᠦᠬᠦᠭᠡᠷᠦᠮᠵᠢ ᠶᠢᠨ ᠨᠥᠬᠦᠴᠡᠯ ᠢ ᠳᠠᠰᠤᠷᠠᠯᠳᠠ ᠥᠬᠡᠶ ᠰᠠᠶᠢᠵᠢᠷᠠᠭᠤᠯᠪᠠ᠃ | ᠭᠤᠷᠪᠠᠳᠤᠭᠠᠷ ᠤᠳᠠᠭᠠᠨ ᠤ ᠤᠯᠤᠰ ᠤᠨ ᠨᠤᠲᠤᠭ ᠳᠡᠪᠢᠰᠬᠡᠷ ᠤᠨ ᠪᠠᠶᠢᠴᠠᠭᠠᠯᠲᠠ ᠶᠢᠨ ᠠᠵᠢᠯ ᠢ ᠪᠡᠶᠡᠯᠡᠭᠦᠯᠪᠡ᠃ | ᠤᠯᠠᠨᠪᠤᠯᠠᠭ ᠠᠵᠤ ᠦᠶᠯᠡᠰ ᠤᠨ ᠬᠦᠷᠢᠶᠡᠯᠡᠩ ᠢ ᠠᠶᠢᠮᠠᠭ ᠤᠨ ︽ᠬᠤᠶᠠᠷ ᠲᠣᠭᠤᠷᠢᠭ ᠭᠤᠷᠪᠠᠨ ᠬᠦᠷᠢᠶᠡᠯᠡᠩ︾ ᠤᠨ | ᠨᠡᠭᠡᠭᠡᠯᠲᠡ ᠶᠢᠨ ᠲᠣᠭᠤᠷᠢᠭ ᠲᠤ ᠪᠠᠭᠲᠠᠭᠠᠨ ᠣᠷᠣᠭᠤᠯᠪᠠ᠃ ᠠᠯᠠᠱᠠ ᠵᠡᠭᠦᠨ ᠬᠤᠰᠢᠭᠤᠨ ᠤ ᠠᠵᠢᠯ ᠤᠨ | ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠲᠠᠰ ᠳᠡᠪᠰᠢᠬᠦ ᠰᠠᠯᠪᠤᠷᠢ ᠱᠤᠭᠤᠮ ᠤᠨ ᠲᠥᠷᠥᠯ ᠵᠦᠶᠯ ᠨᠢ ᠲᠥᠷᠥ ᠶᠢᠨ | ᠶᠠᠪᠤᠳᠠᠯ ᠤᠨ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠵᠥᠪᠰᠢᠶᠡᠷᠡᠯ ᠢ ᠣᠯᠪᠠ᠃ | ᠪᠠᠶᠠᠨᠬᠤᠲᠠ ᠠᠴᠠ ᠢᠷᠭᠠᠶ ᠬᠦᠷᠬᠦ ᠲᠡᠮᠦᠷ ᠵᠠᠮ ᠤᠨ ᠪᠥᠲᠥᠭᠡᠨ ᠪᠠᠶᠢᠭᠤᠯᠤᠯᠲᠠ ᠶᠢ ᠡᠷᠴᠢᠮᠲᠡᠢ ᠠᠬᠢᠭᠤᠯᠪᠠ᠃ | ᠪᠠᠶᠠᠨᠬᠤᠲᠠ ᠶᠢᠨ ᠴᠡᠪᠡᠷᠰᠢᠭᠦᠯᠦᠭᠰᠡᠨ ᠤᠰᠤ ᠶᠢ ᠨᠥᠭᠡᠴᠡᠯᠡᠨ ᠬᠠᠳᠠᠭᠠᠯᠠᠬᠤ ᠵᠢᠴᠢ ᠪᠠᠴᠢᠮ ᠪᠠᠶᠢᠳᠠᠯ ᠳᠤ ᠬᠡᠷᠡᠭᠯᠡᠬᠦ | ᠴᠥᠬᠦᠷᠥᠮ ᠤᠨ ᠢᠨᠵᠧᠨᠧᠷᠢᠩ ᠢ ᠪᠠᠶᠢᠭᠤᠯᠵᠤ ᠠᠰᠢᠭᠯᠠᠯᠲᠠ ᠳᠤ ᠣᠷᠣᠭᠤᠯᠪᠠ᠃ ᠣᠪᠣᠭᠠᠨ ᠭᠤᠤ ᠶᠢᠨ ᠦᠶᠡᠷ ᠤᠨ | ᠭᠠᠮᠰᠢᠭ ᠠᠴᠠ ᠰᠡᠷᠭᠡᠶᠢᠯᠡᠬᠦ ᠢᠨᠵᠧᠨᠧᠷᠢᠩ ᠤᠨ ᠠᠩᠬ᠎ᠠ ᠠᠯᠬᠤᠮ ᠤᠨ ᠵᠠᠭᠪᠤᠷ ᠲᠥᠯᠥᠪᠯᠡᠭᠡ ᠨᠢ ᠥᠪᠡᠷᠲᠡᠭᠡᠨ | ᠵᠠᠰᠠᠬᠤ ᠣᠷᠣᠨ ᠤ ᠠᠵᠢᠯ ᠲᠦᠷᠦᠯ ᠤᠨ ᠮᠡᠷᠭᠡᠵᠢᠯ ᠤᠨ ᠬᠢᠨᠠᠨ ᠪᠠᠶᠢᠴᠠᠭᠠᠯᠲᠠ ᠶᠢ ᠥᠩᠭᠡᠷᠡᠭᠡᠪᠡ᠃ ᠮᠣᠩᠭᠤᠯ | ᠤᠯᠤᠰ ᠢ ᠲᠤᠰᠠᠯᠠᠬᠤ ︽ᠳᠥᠷᠪᠡᠨ ᠲᠠᠯ᠎ᠠ ᠶᠢᠨ ᠬᠡᠯᠡᠯᠴᠡᠭᠡᠷ︾ ᠢ ᠪᠠᠶᠢᠭᠤᠯᠵᠤ᠂ ᠦᠯᠵᠡᠢ ᠪᠣᠭᠤᠮᠲᠠ ᠪᠠᠷ ᠲᠦᠷ | ᠴᠠᠭ ᠤᠨ ᠪᠠᠷᠠᠭ᠎ᠠ ᠨᠠᠪᠲᠡᠷᠡᠬᠦ ᠶᠢ ᠪᠡᠶᠡᠯᠡᠭᠦᠯᠪᠡ᠃ | ︵ᠬᠤᠶᠠᠷ︶ ᠭᠤᠷᠪᠠᠨ ᠠᠵᠤ ᠦᠢᠯᠡᠰ ᠢ ᠵᠣᠬᠢᠴᠠᠩᠭᠤᠶ ᠪᠠᠷ ᠲᠦᠯᠬᠢᠨ ᠠᠬᠢᠭᠤᠯᠪᠠ᠃ ᠮᠠᠨ ᠤ ᠬᠤᠰᠢᠭᠤ | ᠨᠢ ᠪᠥᠬᠦ ᠤᠯᠤᠰ ᠤᠨ ᠭᠤᠤᠯ ᠪᠣᠯᠬᠤ ᠲᠠᠷᠢᠮᠠᠯ ᠤᠨ ᠦᠶᠯᠡᠳᠪᠦᠷᠢᠯᠡᠯ ᠤᠨ ᠮᠠᠰᠢᠨᠴᠢᠯᠠᠯᠲᠠ ᠶᠢᠨ ᠵᠢᠱᠢᠶ᠎ᠡ ᠦᠵᠡᠭᠦᠯᠬᠦ | ᠬᠤᠰᠢᠭᠤ ᠰᠢᠶᠠᠨ ᠢᠶᠠᠷ ᠦᠨᠡᠯᠡᠭᠳᠡᠪᠡ᠃ ᠯᠢᠦᠢ ᠰᠧᠨ ᠡᠭᠦᠯᠳᠡᠷ ᠤᠨ ᠦᠬᠡᠷ ᠤᠨ ᠲᠠᠯᠠᠪᠠᠶ ᠨᠢ ᠤᠯᠤᠰ ᠤᠨ ᠮᠤᠩᠭᠤᠯ | ᠦᠬᠡᠷ ᠤᠨ ᠡᠭᠦᠯᠳᠡᠷ ᠢ ᠬᠠᠮᠠᠭᠠᠯᠠᠬᠤ ᠲᠠᠯᠠᠪᠠᠶ ᠪᠠᠷ ᠲᠣᠭᠳᠠᠭᠠᠭᠳᠠᠵᠠᠶ᠃ ᠶᠢᠨ ᠪᠤᠯᠠᠭ ᠲᠠᠯᠠᠰᠲᠤ ᠪᠠᠯ ᠴᠢᠯᠠᠭᠤᠨ ᠤ | ᠠᠭᠤᠷᠬᠠᠶ ᠶᠢᠨ ᠬᠦᠳᠡᠷ ᠰᠢᠯᠢᠬᠦ ᠵᠢᠴᠢ ᠣᠯᠪᠤᠷᠢᠯᠠᠬᠤ᠂ ᠢ ᠶᠢᠩ ᠮᠧᠶ 2 ᠲᠦᠮᠡᠨ ᠲᠣᠨ ᠤ ᠨᠢᠯᠬᠠᠰ ᠤᠨ ᠣᠷᠭᠠᠨᠢᠭ | ᠰᠦᠨ ᠲᠠᠯᠬ᠎ᠠ ᠵᠡᠷᠭᠡ 5 ᠲᠥᠷᠥᠯ ᠵᠦᠶᠯ ᠢ ᠲᠤᠷᠰᠢᠨ ᠦᠶᠯᠡᠳᠪᠦᠷᠢᠯᠡᠪᠡ᠃ 160 ᠲᠦᠮᠡᠨ ᠺᠢᠯᠣᠸᠠᠲ ᠤᠨ | ᠰᠠᠯᠬᠢᠨ ᠬᠦᠴᠦᠨ ᠤ ᠴᠠᠬᠢᠯᠭᠠᠨ ᠭᠠᠷᠭᠠᠬᠤ ᠲᠥᠷᠥᠯ ᠵᠦᠶᠯ ᠢ ᠡᠬᠢᠯᠡᠨ ᠪᠠᠶᠢᠭᠤᠯᠵᠤ᠂ ᠥᠪᠡᠷᠲᠡᠭᠡᠨ ᠵᠠᠰᠠᠬᠤ | ᠣᠷᠣᠨ ᠠᠴᠠ 100 ᠲᠦᠮᠡᠨ ᠺᠢᠯᠣᠸᠠᠲ ᠤᠨ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ ᠲᠥᠷᠥᠯ ᠵᠦᠶᠯ ᠤᠨ | ᠭᠦᠶᠴᠡᠳᠬᠡᠯ ᠲᠤᠭ᠎ᠠ ᠶᠢ ᠠᠮᠵᠢᠯᠲᠠ ᠲᠠᠢ ᠪᠠᠷ ᠭᠤᠶᠤᠴᠢᠯᠠᠪᠠ᠃ ᠠᠷᠪᠠᠨ ᠵᠢᠷᠭᠤᠳᠤᠭᠠᠷ ᠬᠤᠭᠤᠴᠠᠭᠠᠨ ᠤ | ᠠᠯᠠᠱᠠ ᠶᠢᠨ ᠪᠠᠭᠠᠲᠤᠷᠴᠤᠳ ᠤᠨ ᠴᠤᠭᠯᠠᠭᠠᠨ᠂ ᠠᠷᠪᠠᠳᠤᠭᠠᠷ ᠬᠤᠭᠤᠴᠠᠭᠠᠨ ᠤ ᠠᠽᠢᠶ᠎ᠠ ᠨᠣᠮᠣᠬᠠᠨ ᠳᠠᠯᠠᠢ ᠶᠢᠨ | ᠣᠷᠣᠨ ᠤ ᠬᠤᠳᠠᠯᠳᠤᠭᠠᠨ ᠤ ᠳᠡᠭᠡᠳᠦ ᠰᠤᠷᠭᠠᠭᠤᠯᠢ ᠶᠢᠨ ᠡᠯᠡᠰᠦᠨ ᠴᠦᠯ ᠤᠨ ᠲᠡᠮᠡᠴᠡᠭᠡᠨ᠂ ᠠᠯᠠᠱᠠ ᠶᠢᠨ ᠬᠠᠰ · | ᠦᠵᠡᠮᠦᠷᠢ ᠶᠢᠨ ᠴᠢᠯᠠᠭᠤᠨ ᠤ ᠰᠣᠶᠣᠯ ᠤᠨ ᠨᠠᠶᠢᠷ ᠵᠡᠷᠭᠡ ᠶᠢ ᠨᠠᠷᠠᠲᠤ ᠲᠡᠮᠳᠡᠭ ᠪᠣᠯᠭᠠᠬᠤ ᠠᠵᠢᠯ ᠢ ᠠᠮᠵᠢᠯᠲᠠ ᠲᠠᠢ | ᠡᠷᠭᠢᠯᠡᠪᠡ᠃ ᠡᠪ ᠬᠠᠮᠲᠤ ᠶᠢᠨ ᠢᠨᠲ᠋ᠧᠷᠨᠠᠼᠢᠣᠨᠠᠯ ᠤᠨ ᠨᠢᠭᠤᠴᠠ ᠵᠠᠮ ︵ᠠᠯᠠᠱᠠ ᠳᠠᠬᠢ ᠬᠡᠰᠡᠭ︶ ᠤᠨ 16 ᠤᠯᠠᠭ᠎ᠠ | ᠥᠷᠲᠡᠭᠡ ᠶᠢᠨ ᠪᠠᠭᠤᠷᠢ ᠶᠢ ᠬᠤᠰᠢᠭᠤᠨ ᠤ ᠲᠠᠰ ᠤᠨ ᠲᠡᠤᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ | ᠨᠢᠭᠡᠴᠡ ᠳᠤ ᠵᠢᠭᠰᠠᠭᠠᠨ ᠣᠷᠣᠭᠤᠯᠪᠠ᠃ ︽ᠪᠢ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠬᠦᠦ — | ᠳ᠋ᠧᠩ ᠰᠢᠶᠤᠤ ᠫᠢᠩ ᠤᠨ ᠬᠠᠭᠤᠴᠢᠨ ᠰᠠᠭᠤᠴᠠ ᠶᠢᠨ ᠳᠡᠯᠭᠡᠨ ᠦᠵᠡᠭᠦᠯᠦᠯᠭᠡ ᠶᠢᠨ ᠣᠷᠳᠣᠨ ᠤ ᠦᠨᠳᠦᠰᠦᠨ | ᠦᠵᠡᠭᠦᠯᠦᠯᠭᠡ ︵ᠠᠯᠠᠱᠠ ᠳᠠᠬᠢ ᠲᠣᠭᠤᠷᠢᠨ ᠦᠵᠡᠭᠦᠯᠦᠯᠭᠡ︶︾ ᠶᠢ ᠤᠷᠢᠨ ᠣᠷᠣᠭᠤᠯᠵᠠᠢ᠃ | ︵ᠭᠤᠷᠪᠠ︶ ᠠᠷᠠᠳ ᠲᠤ ᠠᠰᠢᠭ ᠬᠦᠷᠲᠡᠭᠡᠬᠦ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠲᠠ | ᠬᠥᠳᠡᠭᠡ ᠶᠢᠨ ᠣᠯᠠᠨ ᠲᠦᠮᠡᠨ ᠤ ᠠᠵᠠ ᠵᠢᠷᠭᠠᠯ ᠢ ᠨᠡᠮᠡᠭᠳᠡᠬᠦᠯᠪᠡ᠃ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠠᠵᠢᠯ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠦᠲᠦᠮᠵᠢᠲᠠᠢ | ᠤᠶᠠᠯᠳᠤᠭᠤᠯᠬᠤ ᠶᠢ ᠬᠦᠴᠦᠯᠡᠨ ᠪᠠᠲᠤᠳᠬᠠᠪᠠ᠃ 5.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠣ 30 | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠴᠡᠭ ᠢ ᠬᠡᠷᠡᠭᠵᠢᠭᠦᠯᠵᠦ᠂ 96 ᠵᠢᠱᠢᠶ᠎ᠡ | ᠦᠵᠡᠭᠦᠯᠬᠦ ᠲᠦᠷᠦᠯ ᠵᠦᠢᠯ ᠢ ᠬᠡᠷᠡᠭᠵᠢᠭᠦᠯᠪᠡ᠃ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ︽ | ᠶᠠᠳᠠᠭᠤᠷᠠᠯ ᠠᠴᠠ ᠰᠡᠷᠭᠡᠶᠢᠯᠡᠬᠦ ᠳᠠᠭᠠᠳᠬᠠᠯ︾ ᠢ ᠬᠡᠷᠡᠭᠵᠢᠭᠦᠯᠵᠦ᠂ 2.3 ᠲᠥᠮᠡᠨ ᠮᠠᠯᠴᠢᠨ ᠲᠠᠷᠢᠶᠠᠴᠢᠨ | ᠳᠠᠭᠠᠳᠬᠠᠯ ᠳᠤ ᠣᠷᠣᠯᠴᠠᠪᠠ᠃ 2 ᠬᠤᠭ ᠨᠣᠪᠰᠢ ᠰᠢᠶᠳᠪᠦᠷᠢᠯᠡᠬᠦ ᠭᠠᠵᠠᠷ᠂ 4 ᠰᠤᠮᠤ ᠪᠠᠯᠭᠠᠰᠤ ᠶᠢᠨ ᠬᠤᠭ | ᠨᠣᠪᠰᠢ ᠰᠢᠯᠵᠢᠭᠦᠯᠦᠨ ᠲᠡᠭᠡᠭᠡᠪᠦᠷᠢᠯᠡᠬᠦ ᠥᠷᠲᠡᠭᠡ ᠶᠢ ᠰᠢᠨ᠎ᠡ ᠪᠠᠷ ᠪᠠᠶᠢᠭᠤᠯᠵᠤ᠂ ᠪᠥᠬᠦ ᠬᠤᠰᠢᠭᠤᠨ ᠤ 90% ᠠᠴᠠ | ᠳᠡᠭᠡᠭᠰᠢᠬᠢ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠳᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ | ᠲᠡᠭᠡᠭᠡᠪᠦᠷᠢᠯᠡᠬᠦ ᠲᠣᠭᠳᠠᠴᠠ ᠶᠢ ᠦᠨᠳᠦᠰᠦᠨ ᠳᠡᠭᠡᠨ ᠪᠠᠶᠢᠭᠤᠯᠪᠠ᠃ ᠢᠯᠡᠭᠡᠮᠵᠢ ᠪᠠ ᠪᠠᠷᠠᠭᠠᠨ ᠤ ᠭᠦᠶᠯᠭᠡᠭᠡ ᠨᠢ ᠪᠥᠬᠦ | ᠬᠤᠰᠢᠭᠤᠨ ᠤ 11 ᠰᠤᠮᠤ ᠪᠠᠯᠭᠠᠰᠤ ᠶᠢ ᠬᠠᠮᠤᠷᠪᠠ᠃ 4G ᠶᠢᠨ ᠳᠣᠬᠢᠶ᠎ᠠ 100 ᠭᠠᠴᠠᠭ᠎ᠠ ᠲᠣᠰᠬᠤᠨ ᠢ | ᠬᠠᠮᠣᠷᠠᠭᠤᠯᠪᠠ᠃ 1470 ᠲᠦᠮᠡᠨ ᠲᠥᠭᠦᠷᠢᠭ ᠤᠨ ᠲᠡᠳᠬᠦᠮᠵᠢ ᠶᠢᠨ ᠪᠡᠯᠡ ᠮᠥᠩᠭᠦ ᠭᠠᠷᠭᠠᠵᠤ᠂ 9330 ᠡᠷᠦᠬᠡ | ᠮᠠᠯᠴᠢᠨ ᠲᠠᠷᠢᠶᠠᠴᠢᠨ ᠳᠤ ᠡᠪᠦᠯ ᠤᠨ ᠤᠯᠠᠷᠢᠯ ᠤᠨ ︽ᠬᠠᠯᠠᠮᠵᠢ ᠶᠢᠨ ᠨᠡᠭᠦᠷᠡᠰᠦ︾ ᠣᠯᠭᠤᠪᠠ᠃ ᠬᠢᠲᠠᠳ ᠮᠣᠩᠭᠤᠯ | ᠡᠮᠨᠡᠯᠭᠡ ᠶᠢᠨ ᠬᠤᠷᠢᠶᠠᠨ ᠤ ᠦᠯᠵᠡᠶ ᠳᠠᠬᠢ ᠬᠤᠪᠢᠶᠠᠷᠢ ᠡᠮᠨᠡᠯᠭᠡ ᠶᠢᠨ ᠬᠤᠷᠢᠶ᠎ᠠ ᠶᠢ ᠰᠢᠨ᠎ᠡ ᠪᠠᠷ ᠪᠠᠶᠢᠭᠤᠯᠵᠤ᠂ ᠵᠢᠷᠠᠲᠠᠶ | ᠡᠮᠨᠡᠯᠭᠡ ᠶᠢᠨ ᠬᠤᠷᠢᠶᠠᠨ ᠤ ᠬᠤᠰᠢᠭᠤ ᠰᠢᠶᠠᠨ ᠤ ᠱᠠᠲᠤᠨ ᠤ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠠ ᠲᠠᠬᠤᠯ | ᠡᠪᠡᠳᠴᠢᠨ ᠤ ᠣᠷᠣᠨ ᠢ ᠥᠭᠡᠷᠡᠴᠢᠯᠡᠨ ᠪᠠᠶᠢᠭᠤᠯᠬᠤ ᠲᠦᠷᠦᠯ ᠵᠦᠢᠯ ᠢ ᠲᠦᠷᠭᠡᠳᠬᠡᠨ ᠠᠬᠢᠭᠤᠯᠪᠠ᠃ ᠲᠠᠪᠣᠳᠣᠭᠠᠷ | ᠪᠠᠭ᠎ᠠ ᠰᠣᠷᠭᠠᠭᠤᠯᠢ᠂ ᠬᠡᠦᠬᠡᠳ ᠤᠨ ᠲᠠᠪᠣᠳᠣᠭᠠᠷ ᠴᠡᠴᠡᠷᠯᠢᠭ᠂ ᠬᠡᠦᠬᠡᠳ ᠤᠨ ᠵᠢᠷᠭᠤᠳᠣᠭᠠᠷ ᠴᠡᠴᠡᠷᠯᠢᠭ ᠢ | ᠰᠢᠨ᠎ᠡ ᠪᠠᠷ ᠪᠠᠶᠢᠭᠤᠯᠪᠡ᠃ ︽ᠬᠤᠶᠠᠷ ᠢ ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ 29 ᠭᠤᠣᠯ ᠬᠢᠴᠢᠶᠡᠯ ᠲᠦᠷᠦᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠣᠷᠠᠯ ᠤᠨ | ᠪᠠᠶᠢᠭᠤᠯᠤᠮᠵᠢ ᠶᠢᠨ ᠦᠢᠯᠡ ᠠᠵᠢᠯᠯᠠᠭ᠎ᠠ ᠶᠢ ᠨᠢ ᠵᠣᠭᠰᠣᠭᠠᠪᠠ᠃ 957 ᠲᠦᠮᠡᠨ ᠲᠥᠭᠦᠷᠢᠭ ᠤᠨ ᠴᠥᠭᠡᠨ ᠲᠣᠭᠠᠲᠤ | ᠦᠨᠳᠦᠰᠦᠲᠡᠨ ᠤ ᠬᠥᠭᠵᠢᠯᠲᠡ ᠶᠢᠨ ᠡᠭᠦᠷᠭᠡ ᠶᠢᠨ ᠪᠠᠯᠠ ᠮᠥᠩᠭᠦ ᠶᠢ ᠨᠠᠶᠢᠳᠠᠪᠤᠷᠢᠵᠢᠭᠤᠯᠵᠤ᠂ 8 ᠲᠥᠷᠥᠯ ᠵᠦᠢᠯ ᠢ | ᠪᠡᠯᠡᠳᠬᠡᠨ ᠳᠠᠩᠰᠠᠯᠠᠪᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ᠂ ᠲᠦᠭᠡᠭᠡᠯ | ᠤᠰᠤᠨ ᠤ ᠺᠣᠮᠫᠠᠨᠢ ᠶᠢᠨ ᠪᠠᠶᠢᠭᠤᠯᠤᠯ ᠤᠨ ᠥᠭᠡᠷᠡᠴᠢᠯᠡᠯᠲᠡ᠂ ᠤᠯᠠᠭᠠᠨᠮᠥ᠋ᠴᠢᠷ ᠤᠨ ︽ᠭᠤᠷᠪᠠᠨ ᠲᠦᠷᠢᠮ︾ ᠤᠨ | ᠥᠭᠡᠷᠡᠴᠢᠯᠡᠯᠲᠡ ᠵᠡᠷᠭᠡ ᠠᠵᠢᠯ ᠨᠢ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠶᠢ ᠤᠯᠪᠠ᠃ | ︵ᠳᠥᠷᠪᠡ︶ ᠰᠢᠪᠳᠥᠯᠥᠯᠳᠡ ᠶᠢᠨ ᠠᠵᠢᠯ ᠢ ᠲᠥᠪᠯᠡᠷᠡᠭᠦᠯᠥᠨ ᠶᠠᠪᠣᠭᠳᠠᠭᠤᠯᠵᠣ᠂ ᠲᠤᠰᠬᠠᠢ ᠴᠡᠭᠴᠡᠯᠡᠨ | ᠵᠠᠰᠠᠯᠲᠠ ᠶᠢ ᠠᠬᠢᠭᠤᠯᠪᠠ᠃ ᠠᠯᠠᠱᠠ ᠠᠭᠤᠯᠠᠨ ᠣᠷᠣᠨ ᠤ ᠠᠭᠤᠷᠬᠠᠶ ᠶᠢᠨ ᠠᠮᠢ ᠠᠬᠤᠶ ᠶᠢᠨ ᠣᠷᠴᠢᠨ | ᠲᠣᠭᠤᠷᠢᠨ ᠤ ᠲᠤᠰᠬᠠᠶ ᠲᠥᠷᠥᠯ ᠢᠶᠠᠷ ᠵᠠᠰᠠᠨ ᠴᠡᠭᠴᠡᠯᠡᠬᠦ ᠠᠵᠢᠯ ᠢ ᠰᠠᠶᠢᠲᠣᠷ ᠠᠬᠢᠭᠤᠯᠪᠠ᠃ ᠥᠪᠡᠷᠲᠡᠭᠡᠨ ᠵᠠᠰᠠᠬᠤ | ᠣᠷᠣᠨ ᠤ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠲᠤᠰᠬᠠᠶ ᠲᠦᠷᠦᠯ ᠢᠶᠠᠷ ᠵᠠᠰᠠᠨ ᠴᠡᠭᠴᠡᠯᠡᠬᠦ ᠬᠠᠷᠢᠭᠤ | ᠲᠤᠰᠬᠠᠭᠰᠠᠨ 294 ᠵᠦᠢᠯ ᠤᠨ ᠠᠰᠠᠭᠤᠳᠠᠯ ᠢ ᠪᠦᠬᠦᠨ ᠢ ᠵᠠᠰᠠᠨ ᠴᠡᠭᠴᠡᠯᠡᠪᠡ᠃ 17 ᠪᠣᠷᠵᠢᠨ ᠴᠢᠯᠠᠭᠤᠯᠢᠭ ᠤᠨ | ᠠᠵᠤ ᠠᠬᠤᠶᠢᠯᠠᠯ ᠤᠨ ᠶᠡᠷᠦᠩᠬᠡᠶᠢᠯᠡᠨ ᠵᠠᠰᠠᠯᠲᠠ ᠶᠢ ᠪᠡᠶᠡᠯᠡᠭᠦᠯᠪᠡ᠃ ᠲᠩᠷᠢ ᠡᠯᠡᠰᠣᠨ ᠤ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠤ ᠴᠣᠬᠤᠶ ᠶᠢᠨ ᠴᠢᠯᠠᠭᠤᠨ ᠠᠭᠤᠷᠬᠠᠶ᠂ ᠦᠯᠵᠡᠢ ᠶᠢᠨ ᠥᠯᠭᠡ ᠭᠦᠷᠪᠡᠯ ᠤᠨ | ᠴᠢᠯᠠᠭᠤᠵᠢᠮᠠᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠮᠠᠨᠤ ᠶᠢᠨ ᠠᠭᠤᠷᠬᠠᠶ ᠵᠡᠷᠭᠡ ᠨᠡᠭᠦᠷᠡᠰᠦᠨ ᠤ | ᠪᠤᠰᠤ ᠠᠭᠤᠷᠬᠠᠶ ᠶᠢ ᠶᠡᠷᠦᠩᠬᠡᠶᠢᠯᠡᠨ ᠵᠠᠰᠠᠬᠤ ᠠᠵᠢᠯ ᠢ ᠪᠦᠬᠦᠨ ᠢ ᠪᠡᠶᠡᠯᠡᠭᠦᠯᠪᠡ᠃ ᠬᠠᠩᠭᠠᠨ ᠪᠣᠷᠣᠯᠠᠭᠤᠯᠬᠤ | ᠰᠢᠰᠲ᠋ᠧᠮ᠂ ᠠᠮᠤ ᠪᠤᠳᠠᠭ᠎ᠠ ᠬᠤᠳᠠᠯᠳᠤᠬᠤ ᠪᠠ ᠪᠣᠷᠣᠯᠠᠭᠤᠯᠬᠤ ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠢ ᠵᠠᠰᠠᠨ | ᠴᠡᠭᠴᠡᠯᠡᠬᠦ ᠪᠠ ᠬᠤᠳᠠ ᠪᠠᠯᠭᠠᠰᠤᠨ ᠤ ᠤᠯᠠᠨ ᠨᠡᠶᠢᠲᠡ ᠶᠢᠨ ᠰᠦᠢᠳᠬᠡᠯ ᠬᠤᠷᠢᠶᠠᠬᠤ ᠲᠡᠷᠭᠡᠨ ᠵᠣᠭᠰᠣᠭᠠᠯ ᠢ | ᠲᠤᠰᠬᠠᠢ ᠲᠥᠷᠥᠯ ᠢᠶᠠᠷ ᠵᠠᠰᠠᠨ ᠴᠡᠭᠴᠡᠯᠡᠬᠦ ᠠᠵᠢᠯ ᠢ ᠤᠷᠤᠭᠰᠢᠲᠠᠶ ᠠᠬᠢᠭᠤᠯᠪᠠ᠃ | ︵ᠲᠠᠪᠤ︶ ᠬᠠᠷᠰᠢ ᠰᠠᠭᠠᠳ ᠢ ᠠᠷᠢᠯᠭᠠᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠪᠡ | ᠃ ︽ᠤᠯᠠᠨ ᠦᠨᠡᠮᠯᠡᠯ ᠢ ᠨᠡᠶᠢᠯᠡᠭᠦᠯᠦᠨ ᠨᠢᠭᠡᠳᠬᠡᠬᠦ︾᠂ ︽ᠦᠨᠡᠮᠯᠡᠯ ᠪᠠ ᠭᠡᠷᠡᠴᠢ ᠶᠢ ᠰᠠᠯᠭᠠᠬᠤ︾ | ᠥᠭᠡᠷᠡᠴᠢᠯᠡᠯᠲᠡ ᠶᠢ ᠬᠡᠷᠡᠭᠵᠢᠭᠦᠯᠵᠦ᠂ ᠨᠢᠭᠡ ᠣᠳᠠᠭ᠎ᠠ ᠪᠠᠷ ᠮᠡᠳᠡᠭᠳᠡᠨ ᠠᠮᠠᠯᠠᠭᠤᠯᠬᠤ ᠲᠦᠷᠢᠮ ᠢ ᠬᠡᠷᠡᠭᠵᠢᠭᠦᠯᠪᠡ᠃ | ᠠᠵᠤ ᠠᠬᠤᠶᠢᠯᠠᠯ ᠢ ᠡᠷᠭᠢᠯᠡᠬᠦ ᠭᠤᠶᠤᠴᠢᠯᠠᠯ ᠤᠨ ᠪᠥᠬᠦ ᠶᠠᠪᠤᠴᠠ ᠶᠢ ᠴᠠᠬᠢᠮ ᠢᠶᠠᠷ ᠭᠦᠢᠴᠡᠳᠭᠡᠬᠦ᠂ ᠬᠠᠭᠠᠰ ᠡᠳᠦᠷ ᠲᠤ | ᠰᠢᠶᠳᠪᠦᠷᠢᠯᠡᠵᠦ ᠳᠠᠭᠤᠰᠬᠠᠬᠤ ᠶᠢ ᠪᠡᠶᠡᠯᠡᠭᠦᠯᠪᠡ᠃ ᠠᠵᠤ ᠠᠬᠤᠶᠢᠯᠠᠯ ᠢ ᠴᠤᠴᠠᠯᠠᠬᠤ ᠭᠦᠢᠴᠡᠳᠬᠡᠯ ᠤᠨ | ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ 45 ᠠᠵᠢᠯ ᠤᠨ ᠡᠳᠦᠷ ᠪᠠᠶᠢᠭᠰᠠᠨ ᠢ 20 ᠠᠵᠢᠯ ᠤᠨ ᠡᠳᠦᠷ ᠪᠣᠯᠭᠠᠨ | ᠬᠠᠰᠣᠪᠠ᠃ ︽ᠴᠠᠬᠢᠮ ᠢᠶᠠᠷ ᠰᠢᠢᠳᠪᠦᠷᠢᠯᠡᠬᠦ︾ ᠨᠣᠷᠮ᠎ᠠ 95.6% ᠳᠤ ᠬᠥᠷᠪᠡ᠃ ︽ᠮᠥᠩᠭᠡ ᠰᠣᠪᠠᠭ︾ | APP ᠨᠢ ᠠᠷᠠᠳ ᠲᠤ ᠲᠥᠬᠦᠮ ᠦᠵᠡᠭᠦᠯᠬᠦ 33 ᠠᠵᠢᠯ ᠢ ᠨᠡᠪᠲᠡᠷᠡᠭᠦᠯᠪᠡ᠃ ︽ᠨᠢᠭᠡ ᠶᠡᠷᠥᠩᠬᠡᠶᠢᠯᠡᠭᠰᠡᠨ | ᠴᠣᠩᠬᠤᠪᠴᠢ ᠪᠠᠷ ᠭᠥᠯᠢᠶᠡᠨ ᠠᠪᠴᠤ ᠪᠦᠬᠦᠨ ᠢ ᠰᠢᠶᠳᠪᠦᠷᠢᠯᠡᠬᠦ︾ ᠵᠦᠢᠯᠡᠰ ᠨᠢ 238 ᠪᠣᠯᠣᠨ ᠨᠡᠮᠡᠭᠳᠡᠵᠦ᠂ | 3604 ᠠᠵᠢᠯ ᠬᠡᠷᠡᠭ ᠢ ᠭᠦᠶᠴᠡᠳᠬᠡᠪᠡ᠃ ︽ᠨᠢᠭᠡᠳ ᠢᠶᠠᠷ ᠰᠢᠶᠳᠪᠦᠷᠢᠯᠡᠬᠦ︾ ᠵᠦᠢᠯᠡᠰ ᠢ 130 ᠲᠥᠷᠥᠯ ᠪᠣᠯᠣᠨ | ᠨᠡᠮᠡᠭᠳᠡᠵᠦ᠂ 568 ᠵᠦᠢᠯᠡᠰ ᠤᠨ ᠬᠢᠨᠠᠨ ᠵᠥᠪᠰᠢᠶᠡᠷᠡᠬᠦ ᠶᠠᠪᠣᠴᠠ ᠶᠢ ᠴᠣᠮᠬᠠᠳᠬᠠᠪᠠ᠃ ᠭᠤᠤᠯᠳᠠᠯᠭ᠎ᠠ ᠲᠠᠢ ᠲᠥᠷᠥᠯ | ᠵᠦᠶᠯ ᠢ ᠬᠢᠨᠠᠨ ᠵᠥᠪᠰᠢᠶᠡᠷᠡᠭᠦᠯᠬᠦ ︽ᠲᠠᠨ ᠢ ᠬᠠᠪᠰᠤᠷᠤᠨ ᠭᠦᠶᠴᠡᠳᠬᠡᠬᠦ︾ ᠠᠵᠢᠯ ᠢ 27 ᠲᠥᠷᠥᠯ ᠪᠣᠯᠣᠨ | ᠨᠡᠮᠡᠭᠳᠡᠪᠡ᠃ ︽12345︾ ᠵᠠᠰᠠᠭ ᠤᠨ ᠶᠠᠪᠤᠳᠠᠯ ᠤᠨ ᠤᠲᠠᠰᠤᠨ ᠤ ᠦᠢᠯᠡᠴᠢᠯᠡᠭᠡ ᠪᠠᠷ 5217 ᠬᠤᠪᠢ | ᠠᠵᠢᠯ ᠢ ᠪᠡᠶᠡᠯᠡᠭᠦᠯᠵᠣ᠂ ᠰᠢᠶᠳᠪᠦᠷᠢᠯᠡᠵᠦ ᠳᠠᠭᠤᠰᠬᠠᠭᠰᠠᠨ ᠨᠤᠷᠮ᠎ᠠ 96.8% ᠳᠤ ᠬᠦᠷᠪᠡ᠃ ᠡᠯ᠎ᠡ ᠰᠠᠯᠠᠭ᠎ᠠ | ᠮᠥᠴᠢᠷ ᠤᠨ ᠬᠢᠨ ᠳᠤ 152 ᠵᠦᠶᠯ ᠤᠨ ︽ᠬᠤᠶᠠᠷ ᠢ ᠰᠤᠭᠤᠴᠢᠬᠤ︾ ᠡᠭᠦᠷᠭᠡ ᠶᠢ ᠲᠣᠭᠲᠠᠭᠠᠵᠤ᠂ ᠬᠢᠨᠠᠨ | ᠬᠠᠮᠢᠶᠠᠷᠬᠤ ᠡᠷᠴᠢᠮ ᠢᠶᠠᠨ ᠤᠯᠠᠮ ᠴᠢᠨᠠᠭᠰᠢᠳᠠ ᠴᠢᠩᠭᠠᠷᠠᠭᠤᠯᠪᠠ᠃ | ︵ᠵᠢᠷᠭᠤᠭ᠎ᠠ︶ ᠰᠢᠨ᠎ᠡ ᠲᠢᠳᠢᠮᠯᠢᠭ ᠠᠭᠤᠰᠬᠢᠨ ᠥᠷᠪᠢᠰᠥᠯ ᠤᠨ ᠬᠢᠵᠢᠭ ᠤᠨ ᠬᠠᠯᠳᠠᠪᠦᠷᠢ ᠶᠢᠨ ᠠᠵᠢᠯ ᠢ | ᠡᠷᠴᠢᠮᠲᠠᠢ ᠪᠡᠶᠡᠯᠡᠬᠦᠯᠪᠡ᠃ ᠭᠡᠨᠡᠳᠲᠡ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠬᠠᠯᠳᠠᠪᠦᠷᠢ ᠶᠢᠨ ᠡᠮᠦᠨ᠎ᠡ᠂ ᠪᠢᠲᠠ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠠᠶᠢᠮᠠᠭ ᠤᠨ ᠨᠠᠮ ᠤᠨ ᠬᠤᠷᠢᠶ᠎ᠠ | ᠵᠠᠬᠢᠷᠭ᠎ᠠ ᠪᠠ ᠬᠤᠰᠢᠭᠤᠨ ᠤ ᠨᠠᠮ ᠤᠨ ᠬᠤᠷᠢᠶ᠎ᠠ ᠶᠢᠨ ᠨᠢᠭᠡᠳᠦᠯᠲᠡᠶ ᠤᠳᠤᠷᠢᠳᠤᠯᠭ᠎ᠠ ᠳᠣᠤᠷ᠎ᠠ᠂ ᠡᠷᠡᠰ ᠰᠢᠭᠤᠷᠬᠠᠶ ᠪᠠᠷ | ᠰᠢᠶᠳᠪᠦᠷᠢᠲᠦ ᠪᠤᠲᠤᠯᠭ᠎ᠠ ᠲᠣᠭᠲᠠᠭᠠᠵᠤ᠂ ᠤᠷᠢᠳᠴᠢᠯᠠᠨ ᠵᠢᠯᠣᠭᠤᠳᠴᠤ᠂ ᠰᠡᠷᠭᠡᠶᠢᠯᠡᠨ ᠡᠵᠡᠮᠳᠡᠬᠦ ᠲᠣᠭᠲᠠᠴᠠ ᠶᠢ | ᠲᠡᠭᠦᠯᠳᠡᠷᠵᠢᠭᠦᠯᠦᠨ᠂ ᠬᠠᠮᠢᠶᠠᠷᠣᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠪᠡ᠃ ᠪᠠᠶᠠᠨᠬᠤᠲᠠ | ᠪᠠᠯᠭᠠᠰᠤ ᠶᠢ 210 ᠬᠡᠰᠡᠭ ᠪᠣᠯᠭᠠᠨ ᠲᠣᠤᠷᠵᠢᠭᠤᠯᠤᠨ ᠬᠤᠪᠢᠶᠠᠵᠤ᠂ ᠭᠤᠤᠯ ᠪᠣᠯᠬᠤ ᠵᠠᠮ ᠬᠠᠷᠢᠯᠴᠠᠭᠠᠨ ᠤ | ᠠᠭᠤᠯᠵᠠᠭᠤᠷ ᠲᠤ ᠬᠢᠵᠢᠭ ᠤᠨ ᠬᠠᠯᠳᠠᠪᠤᠷᠢ ᠶᠢ ᠰᠢᠯᠭᠠᠨ ᠬᠢᠨᠠᠬᠤ ᠴᠡᠭ ᠪᠠᠶᠢᠭᠤᠯᠤᠨ᠂ ︽ᠲᠡᠮᠡᠭᠡᠲᠦ ᠨᠤᠲᠤᠭ ᠤᠨ | ᠪᠦᠬᠦᠨ ᠢ ᠰᠢᠯᠭᠠᠬᠤ ᠺᠣᠳ᠋︾ ᠲᠠᠪᠴᠠᠩ ᠢ ᠨᠡᠭᠡᠭᠡᠨ ᠠᠰᠢᠭᠯᠠᠵᠤ᠂ ᠣᠨᠣᠪᠴᠢᠲᠠᠶ ᠬᠠᠮᠢᠶᠠᠷᠤᠨ ᠡᠵᠡᠮᠳᠡᠬᠦ ᠶᠢ | ᠬᠡᠷᠡᠭᠵᠢᠭᠦᠯᠪᠡ᠃ ᠪᠠᠶᠠᠨᠬᠤᠲᠠ ᠶᠢᠨ ᠲᠣᠭᠤᠷᠢᠨ ᠳᠤ 4 ᠡᠭᠡᠯᠵᠢ᠂ ᠰᠤᠮᠤ ᠪᠠᠯᠭᠠᠰᠤᠨ ᠳᠤ 2 ᠡᠭᠡᠯᠵᠢ ᠶᠢᠨ ᠪᠦᠬᠦ | ᠠᠷᠠᠳ ᠤᠨ ᠪᠥᠭᠡᠮ ᠬᠦᠴᠢᠯ ᠤᠨ ᠰᠢᠨᠵᠢᠯᠡᠭᠡᠨ ᠤ ᠰᠣᠷᠢᠴᠠ ᠠᠪᠬᠤ ᠠᠵᠢᠯ ᠢ ᠪᠡᠶᠡᠯᠡᠭᠦᠯᠵᠡᠶ᠃ ᠡᠵᠡᠨ᠎ᠡ | ᠬᠤᠰᠢᠭᠤᠨ ᠳᠤ ᠬᠤᠴᠣᠷᠤᠭᠰᠠᠨ 2078 ᠵᠢᠭᠤᠯᠴᠢᠯᠠᠭᠴᠢ ᠪᠠ 1000 ᠭᠠᠷᠥᠢ ᠡᠵᠡᠨ᠎ᠡ ᠬᠤᠰᠢᠭᠤ ᠶᠢ | ᠲᠣᠰᠠᠯᠠᠭᠰᠠᠨ ᠠᠵᠢᠯᠳᠠᠨ ᠢ ᠲᠥᠪᠯᠡᠷᠡᠭᠦᠯᠥᠨ ᠲᠣᠰᠠᠭᠠᠷᠯᠠᠵᠣ ᠰᠢᠯᠭᠠᠨ ᠬᠢᠨᠠᠬᠤ ᠡᠭᠦᠷᠬᠡ ᠶᠢ ᠲᠡᠭᠦᠰ ᠠᠮᠵᠢᠯᠲᠠ ᠲᠠᠢ | ᠪᠡᠶᠡᠯᠡᠭᠦᠯᠪᠡ᠃ ᠡᠨᠡ ᠤᠳᠠᠭᠠᠨ ᠤ ᠬᠢᠵᠢᠭ ᠲᠠᠢ ᠲᠡᠮᠡᠴᠡᠬᠦ ᠠᠵᠢᠯ ᠤᠨ ᠳᠤᠮᠳᠠ᠂ ᠪᠦᠭᠦ ᠬᠤᠰᠢᠭᠤᠨ ᠤ ᠡᠯ᠎ᠡ | ᠦᠨᠳᠦᠰᠦᠲᠡᠨ ᠤ ᠺᠠᠳ᠋ᠷ ᠤᠯᠠᠨ ᠲᠦᠮᠡᠨ ᠬᠦᠴᠢᠷ ᠪᠡᠷᠬᠡᠰᠢᠶᠡᠯ ᠢ ᠳᠠᠪᠠᠨ ᠲᠤᠭᠤᠯᠬᠤ ᠶᠢᠨ ᠲᠥᠯᠥᠭᠡ ᠣᠷᠢᠳᠣ | ᠭᠠᠷᠤᠭ᠎ᠠ ᠥᠬᠡᠢ ᠪᠥᠯᠬᠦᠮᠳᠡᠨ᠂ ᠨᠡᠶᠢᠭᠡᠮ ᠤᠨ ᠪᠦᠬᠦ ᠰᠠᠯᠪᠤᠷᠢ ᠨᠤᠭᠤᠳ ᠥᠪᠡᠷᠰᠡᠳ ᠤᠨ ᠬᠦᠴᠦᠨ ᠴᠢᠳᠠᠯ ᠢᠶᠠᠨ | ᠬᠠᠷᠠᠮ ᠦᠭᠡᠢ ᠵᠣᠷᠢᠭᠤᠯᠤᠭᠰᠠᠨ ᠨᠢ᠂ ᠬᠠᠮᠳᠣᠷᠠᠨ ᠬᠦᠴᠦᠯᠡᠵᠣ ᠶᠡᠭᠡ ᠶᠢ ᠪᠥᠳᠥᠬᠡᠬᠦ ᠲᠦᠷᠢᠮᠵᠢᠯ ᠤᠨ ᠲᠠᠪᠠᠭᠤᠯᠢᠭ | ᠢ ᠬᠥᠢᠴᠡᠳ ᠪᠠᠳᠠᠷᠠᠭᠤᠯᠵᠥ᠂ ᠬᠠᠷᠢᠭᠤᠴᠠᠯᠭ᠎ᠠ ᠪᠠᠨ ᠡᠭᠦᠷᠭᠡᠯᠡᠨ ᠠᠵᠢᠯ ᠳᠠᠭᠠᠨ ᠭᠠᠪᠰᠢᠭᠠᠶᠢᠯᠠᠬᠤ᠂ ᠴᠢᠳᠠᠮᠠᠭᠠᠶ ᠪᠠᠷ | ᠬᠢᠵᠦ ᠪᠦᠲᠦᠭᠡᠬᠦ᠂ ᠵᠣᠷᠢᠭᠲᠠᠶ ᠪᠠᠷ ᠲᠡᠮᠡᠴᠡᠵᠦ ᠭᠠᠷᠮᠠᠭᠠᠢ ᠪᠠᠷ ᠢᠯᠠᠬᠤ ᠰᠠᠶᠢᠨ ᠰᠠᠶᠢᠬᠠᠨ ᠤᠶᠤᠨ ᠰᠠᠨᠠᠭᠠᠨ ᠤ | ᠳᠦᠷᠰᠦ ᠪᠠᠶᠢᠳᠠᠯ ᠢ ᠬᠠᠷᠠᠭᠤᠯᠣᠨ᠂ ᠬᠢᠵᠢᠭ ᠲᠠᠢ ᠲᠡᠮᠡᠴᠡᠬᠦ ᠠᠮᠣᠷ ᠲᠥᠪᠰᠢᠨ ᠤ ᠬᠠᠯᠬᠠᠪᠴᠢ ᠶᠢ ᠬᠠᠮᠳᠣ ᠪᠠᠷ ᠢᠶᠠᠨ | ᠴᠣᠭᠴᠠᠯᠠᠪᠠ᠃ | ᠲᠥᠯᠥᠭᠡᠯᠡᠭᠴᠢᠳ ᠡ᠂ ᠨᠥᠬᠦᠳ ᠡ︕ 2021 ᠣᠨ ᠤ ᠬᠠᠲᠠᠭᠤᠵᠢᠯᠲᠠᠶ ᠴᠢᠷᠮᠠᠶᠢᠯᠭ᠎ᠠ᠂ ᠥᠩᠭᠡᠷᠡᠭᠰᠡᠨ | ᠳᠥᠷᠪᠡᠨ ᠵᠢᠯ ᠤᠨ ᠡᠷᠡᠯᠬᠡᠭᠯᠡᠨ ᠤᠷᠤᠭᠰᠢᠯᠠᠭᠰᠠᠨ ᠥᠩᠭᠡᠷᠡᠯᠲᠡ ᠪᠠᠨ ᠡᠷᠭᠢᠴᠡᠭᠦᠯᠪᠡᠯ᠂ ᠮᠠᠨ ᠤ ᠢᠯᠠᠨ ᠳᠠᠪᠠᠭᠰᠠᠨ | ᠠᠯᠢᠪᠠ ᠬᠦᠴᠢᠷ ᠪᠡᠷᠬᠡᠰᠢᠶᠡᠯ᠂ ᠪᠡᠶᠡᠯᠡᠬᠦᠯᠥᠨ ᠪᠥᠳᠥᠬᠡᠭᠰᠡᠨ ᠪᠥᠬᠦ ᠳᠠᠪᠰᠢᠯᠲᠠ᠂ ᠣᠯᠤᠭᠰᠠᠨ ᠠᠮᠵᠢᠯᠲᠠ ᠨᠢ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠶᠢᠨ ᠦᠷ᠎ᠡ ᠳ᠋ᠦᠩ ᠮᠥᠨ᠂ ᠬᠤᠰᠢᠭᠤᠨ ᠤ ᠨᠠᠮ ᠤᠨ | ᠬᠤᠷᠢᠶᠠᠨ ᠤ ᠰᠢᠭᠤᠷᠬᠠᠢ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠶᠢᠨ ᠦᠷ᠎ᠡ ᠳ᠋ᠦᠩ | ᠮᠥᠨ᠂ ᠠᠷᠠᠳ ᠤᠨ ᠲᠥᠯᠦᠭᠡᠯᠡᠭᠴᠢᠳ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ᠂ ᠠᠵᠢᠯ ᠠᠴᠠ ᠪᠠᠨ | ᠳᠠᠷᠬᠠᠯᠠᠭᠳᠠᠭᠰᠠᠨ ᠪᠠ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠤᠨ ᠰᠠᠨᠠᠯ ᠵᠥᠪᠯᠡᠯᠭᠡ ᠳᠤᠷᠠᠳᠤᠨ ᠠᠷᠭ᠎ᠠ | ᠤᠬᠠᠭᠠᠨ ᠭᠠᠷᠭᠠᠭᠰᠠᠨ ᠤ ᠦᠷ᠎ᠡ ᠳ᠋ᠦᠩ ᠮᠥᠨ᠂ ᠪᠥᠬᠦ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ᠂ | ᠨᠡᠶᠢᠭᠡᠮ ᠤᠨ ᠡᠯ᠎ᠡ ᠡᠲᠡᠭᠡᠳ ᠤᠨ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ ᠪᠢ ᠠᠯᠠᠱᠠ ᠵᠡᠭᠦᠨ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠬᠡᠯᠡᠨ ᠡᠯ᠎ᠡ ᠱᠠᠲᠤᠨ ᠤ ᠤᠳᠤᠷᠢᠳᠤᠯᠭ᠎ᠠ᠂ ᠠᠷᠠᠳ ᠤᠨ | ᠲᠥᠯᠥᠭᠡᠯᠡᠭᠴᠢᠳ ᠪᠣᠯᠣᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ᠂ ᠪᠥᠬᠦ ᠬᠤᠰᠢᠭᠤᠨ ᠤ ᠥᠷᠭᠡᠨ ᠣᠯᠠᠨ | ᠺᠠᠳ᠋ᠷ ᠣᠯᠠᠨ ᠲᠦᠮᠡᠨ ᠪᠠ ᠠᠯᠠᠱᠠ ᠵᠡᠭᠦᠨ ᠬᠤᠰᠢᠭᠤᠨ ᠤ ᠬᠥᠭᠵᠢᠯᠲᠡ ᠶᠢ ᠬᠠᠯᠠᠮᠵᠢᠯᠠᠨ ᠳᠡᠮᠵᠢᠵᠦ ᠪᠠᠶᠢᠭ᠎ᠠ ᠣᠯᠠᠨ | ᠨᠠᠶᠢᠳᠠ ᠳᠤ ᠴᠢᠩ ᠰᠡᠳᠬᠢᠯ ᠤᠨ ᠲᠠᠯᠠᠷᠬᠠᠯ ᠪᠣᠯᠣᠨ ᠡᠷᠬᠢᠮ ᠳᠡᠭᠡᠳᠦ ᠬᠦᠨᠳᠦᠳᠬᠡᠯ ᠢᠶᠠᠨ ᠲᠡᠪᠰᠢᠬᠦᠯᠥᠶᠡ︕ | ᠠᠶᠤᠯ ᠡᠷᠡᠰᠳᠠᠯ ᠶᠢ ᠣᠷᠢᠳᠴᠢᠯᠠᠨ ᠰᠡᠷᠬᠡᠶᠢᠯᠡᠪᠡᠯ ᠰᠠᠶ᠋ᠢ ᠠᠮᠤᠷ ᠲᠠᠶᠢᠪᠤᠩ ᠪᠠᠶᠢᠵᠤ ᠴᠢᠳᠠᠨ᠎ᠠ᠃ ᠠᠯᠠᠱᠠ | ᠵᠡᠭᠦᠨ ᠬᠤᠰᠢᠭᠤ ᠶᠠᠭ ᠲᠦᠢᠯ ᠤᠨ ᠬᠦᠴᠢᠷ ᠪᠡᠷᠬᠡᠰᠢᠶᠡᠯ ᠲᠠᠢ ᠮᠥᠷᠲᠡᠭᠡᠨ ᠮᠠᠰᠢ ᠴᠢᠬᠤᠯᠠ ᠠᠵᠤ ᠠᠬᠤᠶ ᠶᠢᠨ | ᠬᠡᠯᠪᠡᠷᠢ ᠪᠠᠨ ᠰᠢᠨᠡᠴᠢᠯᠡᠬᠦ ᠬᠤᠭᠤᠴᠠᠭᠠᠨ ᠳᠤ ᠣᠷᠣᠰᠢᠵᠤ ᠪᠠᠶᠢᠭ᠎ᠠ᠂ ᠥᠭᠡᠷᠡᠴᠢᠯᠡᠯᠲᠡ ᠬᠥᠭᠵᠢᠯᠲᠡ ᠪᠠ ᠲᠣᠭᠲᠠᠭᠤᠨ | ᠢ ᠪᠠᠳᠣᠯᠠᠬᠤ ᠠᠵᠢᠯ ᠳᠤ ᠪᠠᠰᠠ ᠴᠥᠭᠡᠨ ᠪᠤᠰᠤ ᠬᠦᠴᠢᠷᠳᠡᠯ ᠪᠠ ᠠᠰᠠᠭᠤᠳᠠᠯ ᠲᠤᠯᠭᠠᠷᠠᠵᠤ ᠪᠠᠶᠢᠬᠤ ᠶᠢ ᠪᠢᠳᠡ | ᠲᠣᠳᠣᠷᠬᠠᠢ ᠮᠡᠳᠡᠵᠦ ᠪᠠᠶᠢᠨ᠎ᠠ᠂ ᠭᠤᠣᠯᠳᠠᠭᠤ ᠲᠠᠷᠠᠭᠠᠬᠢ ᠭᠡᠳᠦᠨ ᠠᠰᠠᠭᠤᠳᠠᠯ ᠳᠤ ᠢᠯᠡᠷᠡᠵᠣ ᠪᠠᠶᠢᠨ᠎ᠠ᠄ ᠠᠵᠤ | ᠠᠬᠤᠶ ᠶᠢᠨ ᠶᠡᠷᠦᠩᠬᠡᠶ ᠬᠡᠮᠵᠢᠶ᠎ᠡ ᠪᠠᠭ᠎ᠠ᠂ ᠠᠵᠤ ᠣᠶᠢᠯᠡᠰ ᠤᠨ ᠪᠦᠲᠦᠴᠡ᠂ ᠡᠨᠧᠷᠭᠢ ᠶᠢᠨ ᠰᠤᠷᠪᠤᠯᠵᠢ ᠶᠢᠨ | ᠪᠦᠲᠦᠴᠡ ᠨᠢ ᠪᠠᠰᠠ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠪᠠᠭᠠᠲᠠᠢ ᠬᠥᠭᠵᠢᠯᠲᠡ ᠶᠢᠨ ᠱᠠᠭᠠᠷᠳᠠᠯᠭ᠎ᠠ ᠳᠤ | ᠵᠣᠬᠢᠴᠠᠬᠤ ᠥᠬᠡᠶ ᠪᠠᠶᠢᠬᠤ︔ ᠠᠮᠢ ᠠᠬᠤᠶ ᠶᠢᠨ ᠣᠷᠴᠢᠨ ᠨᠥᠬᠦᠴᠡᠯ ᠮᠥᠨ ᠯᠡ ᠬᠡᠪᠡᠷᠡᠭ ᠪᠠᠭᠤᠷᠠᠶ᠂ ᠰᠠᠭᠤᠷᠢ | ᠲᠥᠬᠦᠭᠡᠷᠦᠮᠵᠢ ᠶᠢᠨ ᠢᠵᠢ ᠪᠦᠷᠢᠳᠦᠭᠦᠯᠬᠦ ᠪᠦᠳᠦᠭᠡᠨ ᠪᠠᠶᠢᠭᠤᠯᠤᠯᠲᠠ ᠶᠢ ᠪᠠᠰᠠ ᠰᠠᠶᠢᠵᠢᠷᠠᠭᠤᠯᠬᠤ ᠴᠢᠬᠤᠯᠠᠲᠠᠶ᠂ | ᠬᠤᠳᠠ ᠪᠠᠯᠭᠠᠰᠤᠨ ᠤ ᠳᠠᠭᠠᠭᠠᠴᠠ ᠪᠠ ᠦᠢᠯᠡᠴᠢᠯᠡᠭᠡᠨ ᠤ ᠴᠢᠳᠠᠮᠵᠢ ᠶᠢ ᠴᠢᠩᠭᠠᠷᠠᠭᠤᠯᠬᠤ ᠴᠢᠬᠤᠯᠠᠲᠠᠶ ᠪᠠᠶᠢᠨ᠎ᠠ︔ | ᠠᠵᠤ ᠠᠬᠤᠶ ᠶᠢᠨ ᠰᠢᠨ᠎ᠡ ᠨᠡᠮᠡᠭᠳᠡᠯ ᠴᠡᠭ ᠢ ᠤᠯᠠᠮ ᠭᠦᠭᠵᠢᠭᠦᠯᠦᠨ ᠪᠤᠵᠠᠭᠠᠶᠢᠷᠠᠭᠤᠯᠬᠤ ᠴᠢᠬᠤᠯᠠᠲᠠᠶ ᠪᠠᠶᠢᠨ᠎ᠠ︔ | ᠡᠳ᠋ ᠤᠨ ᠵᠠᠰᠠᠭ ᠤᠨ ᠭᠠᠶᠢᠯᠢ ᠶᠢᠨ ᠢᠷᠡᠯᠳᠡ ᠶᠢᠨ ᠪᠦᠲᠦᠴᠡ ᠲᠠᠩ ᠴᠤᠯᠭᠤᠶ ᠪᠠᠶᠢᠵᠤ᠂ ᠡᠳ᠋ ᠤᠨ ᠵᠠᠰᠠᠭ ᠤᠨ | ᠣᠷᠣᠯᠭ᠎ᠠ ᠵᠠᠷᠤᠯᠭ᠎ᠠ ᠶᠢᠨ ᠵᠥᠷᠢᠴᠡᠯ ᠲᠤᠪᠤᠶᠢᠮ᠎ᠠ᠂ ᠮᠥᠩᠭᠦᠨ ᠭᠦᠢᠯᠭᠡᠭᠡ ᠪᠠ ᠥᠷᠢ ᠥᠭᠴᠡᠭᠡᠨ ᠤ ᠠᠶᠤᠯ | ᠡᠷᠡᠰᠳᠡᠯ ᠤᠨ ᠳᠠᠷᠤᠯᠲᠠ ᠮᠥᠨ ᠯᠡ ᠨᠡᠯᠢᠶᠡᠳ ᠶᠡᠭᠡ ᠪᠠᠶᠢᠨ᠎ᠠ︔ ᠠᠷᠠᠳ ᠤᠨ ᠠᠮᠢᠳᠤᠷᠠᠯ ᠤᠨ ᠠᠵᠢᠯ ᠨᠢ ᠤᠯᠠᠨ | ᠲᠦᠮᠡᠨ ᠤ ᠰᠢᠨ᠎ᠡ ᠬᠦᠰᠡᠯ ᠡᠷᠡᠮᠡᠯᠵᠡᠯ ᠠᠴᠠ ᠪᠠᠰᠠ ᠵᠦᠷᠢᠶ᠎ᠡ ᠲᠠᠢ ᠪᠠᠶᠢᠨ᠎ᠠ︔ ᠵᠠᠰᠠᠭ ᠤᠨ ᠣᠷᠳᠣᠨ ᠤ | ᠵᠠᠰᠠᠯᠲᠠ ᠶᠢᠨ ᠦᠷ᠎ᠡ ᠪᠦᠲᠦᠮᠵᠢ ᠶᠢ ᠪᠠᠰᠠ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃ ᠣᠷᠣᠰᠢᠵᠣ ᠪᠠᠶᠢᠭ᠎ᠠ | ᠠᠰᠠᠭᠤᠳᠠᠯ ᠪᠣᠯ ᠳᠠᠷᠤᠢ ᠲᠠᠪᠠᠨ ᠲᠠᠭᠤᠯᠬᠤ ᠬᠠᠷᠠᠯᠲᠠ ᠪᠣᠯᠣᠨ ᠠᠵᠢᠯ ᠤᠨ ᠴᠢᠭᠯᠡᠯ ᠪᠣᠯᠤᠨ᠎ᠠ᠂ ᠪᠢᠳᠡ ᠵᠠᠪᠠᠯ | ᠠᠰᠠᠭᠤᠳᠠᠯ ᠢ ᠰᠢᠢᠳᠪᠦᠷᠢᠯᠡᠬᠦ ᠪᠠᠷ ᠬᠥᠲᠥᠯᠦᠮᠵᠢ ᠪᠣᠯᠭᠠᠵᠤ ᠵᠠᠰᠠᠭ ᠤᠨ ᠣᠷᠳᠣᠨ ᠤ ᠠᠵᠢᠯ ᠢ ᠨᠡᠩ ᠰᠠᠶᠢᠲᠤᠷ | ᠬᠢᠬᠦ ᠶᠢ ᠪᠠᠷᠢᠮᠲᠠᠯᠠᠨ᠎ᠠ᠃ |