ᠢᠷᠡᠬᠦ ᠲᠠᠪᠤᠨ ᠵᠢᠯ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠨᠥᠬᠦᠴᠡᠯ ᠪᠠᠶᠢᠳᠠᠯ ᠪᠠ ᠬᠠᠷᠠᠯᠲᠠ ᠡᠭᠦᠷᠭᠡ | | ᠲᠣᠰ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠤᠨ ᠬᠤᠭᠤᠴᠠᠭᠠᠨ ᠤ ᠲᠠᠪᠤᠨ ᠵᠢᠯ ᠪᠣᠯ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠪᠥᠬᠦ ᠲᠠᠯ᠎ᠠ ᠪᠠᠷ ᠠᠬᠢᠭᠤᠯᠬᠤ ᠰᠢᠢᠳᠪᠣᠷᠢᠳᠣ | ᠬᠤᠭᠤᠴᠠᠭ᠎ᠠ ᠶᠣᠮ᠂ ᠮᠥᠨ ᠴᠦ ᠮᠠᠨ ᠤ ᠬᠤᠰᠢᠭᠤᠨ ᠤ ᠴᠢᠨᠠᠷᠯᠢᠭ ᠬᠥᠭᠵᠢᠯᠲᠡ ᠳᠠᠶᠢᠰᠢ ᠤᠷᠤᠭᠰᠢᠯᠠᠬᠤ | ᠵᠠᠩᠭᠢᠯᠠᠭ᠎ᠠ ᠶᠢᠨ ᠬᠤᠭᠤᠴᠠᠭ᠎ᠠ ᠮᠥᠨ᠃ ᠪᠢᠳᠡ ᠲᠤᠯᠭᠠᠷᠠᠵᠤ ᠪᠠᠶᠢᠭ᠎ᠠ ᠨᠠᠷᠢᠨ ᠪᠤᠳᠤᠯᠢᠶᠠᠨᠲᠠᠢ ᠣᠷᠴᠢᠨ ᠲᠣᠭᠤᠷᠢᠨ᠂ | ᠬᠦᠨᠳᠦ ᠬᠡᠴᠡᠭᠦᠦ ᠪᠠᠶᠢᠳᠠᠯ ᠢ ᠣᠯᠵᠤ ᠬᠠᠷᠠᠬᠤ ᠪᠠᠷ ᠪᠠᠷᠠᠬᠤ ᠦᠭᠡᠢ᠂ ᠨᠡᠩ ᠴᠤ ᠨᠢᠭᠡᠨᠲᠡ ᠪᠣᠢ ᠪᠣᠯᠭᠠᠨ | ᠪᠦᠷᠢᠯᠳᠣᠭᠦᠯᠦᠭᠰᠡᠨ ᠪᠠᠲᠤ ᠪᠠᠬᠢ ᠰᠠᠭᠤᠷᠢ ᠪᠣᠯᠤᠨ ᠲᠦᠷᠦ ᠶᠢᠨ ᠪᠤᠳᠤᠯᠭ᠎ᠠ ᠶᠢᠨ ᠪᠣᠯᠣᠮᠵᠢ ᠲᠣᠬᠢᠶᠠᠯ ᠢ ᠲᠠᠨᠢᠨ | ᠣᠯᠵᠤ᠂ ᠶᠡᠭᠡ ᠬᠠᠨᠳᠤᠰᠢ ᠶᠢ ᠠᠵᠢᠨ᠂ ᠥᠪᠡᠷ ᠢ ᠪᠠᠨ ᠳ᠋ᠦᠩᠨᠡᠬᠦ ᠶᠠᠪᠤᠴᠠ ᠳᠤ ᠬᠠᠷᠠᠯᠲᠠ ᠪᠠᠨ ᠲᠣᠭᠲᠠᠭᠠᠵᠤ᠂ | ᠲᠣᠭᠳᠠᠴᠠ ᠪᠠ ᠵᠣᠭᠰᠣᠯᠳᠠ ᠪᠠᠨ ᠪᠠᠲᠣᠳᠬᠠᠨ᠂ ᠢᠲᠡᠭᠡᠯ ᠵᠣᠷᠢᠭ ᠢᠶᠠᠨ ᠬᠥᠪᠴᠢᠯᠡᠵᠥ᠂ ᠴᠥᠬᠦᠷᠡᠰᠢ ᠥᠬᠡᠢ | ᠣᠷᠣᠭᠰᠢᠯᠠᠨ᠂ ᠰᠢᠨ᠎ᠡ ᠠᠶᠠᠨ ᠳᠠᠭᠠᠨ ᠭᠠᠨᠵᠤᠭ᠎ᠠ ᠲᠥᠬᠦᠷᠡᠩ ᠣᠷᠣᠭᠰᠢᠯᠡᠶᠠ᠃ | ᠶᠡᠷᠦᠩᠬᠡᠶ ᠨᠥᠬᠦᠴᠡᠯ ᠪᠠᠶᠢᠳᠠᠯ ᠢ ᠠᠵᠢᠭᠯᠠᠪᠠᠯ᠂ ᠪᠢᠳᠡ ᠰᠢᠨ᠎ᠡ ᠬᠥᠭᠵᠢᠯᠲᠡ ᠶᠢᠨ ᠱᠠᠲᠤᠨ ᠳᠤ ᠮᠠᠰᠢ ᠣᠯᠠᠨ | ᠪᠣᠯᠣᠮᠵᠢ ᠲᠣᠬᠢᠶᠠᠯ ᠪᠣᠢ᠃ ᠮᠠᠨ ᠤ ᠤᠯᠤᠰ ᠤᠨ ᠠᠵᠤ ᠠᠬᠤᠶ ᠶᠢᠨ ᠬᠥᠭᠵᠢᠯᠲᠡ ᠰᠢᠨ᠎ᠡ ᠱᠠᠲᠤᠨ ᠳᠤ ᠣᠷᠣᠵᠤ᠂ | ᠤᠯᠤᠰ ᠤᠨ ᠳᠣᠲᠣᠭᠠᠳᠤ ᠶᠢᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠪᠴᠢᠯᠡᠨ ᠪᠠᠶᠢᠭᠤᠯᠵᠤ᠂ ᠳᠣᠲᠣᠭᠠᠳᠤ | ᠬᠡᠷᠡᠭᠴᠡᠭᠡ ᠶᠢᠨ ᠲᠠᠯᠳᠠ ᠬᠦᠴᠦᠨ ᠢ ᠲᠠᠰᠤᠷᠠᠯᠳᠠ ᠦᠭᠡᠢ ᠪᠠᠳᠠᠷᠠᠭᠤᠯᠣᠨ᠂ ᠨᠡᠩ ᠴᠢᠯᠦᠭᠡᠲᠡᠢ ᠵᠠᠬ᠎ᠠ ᠳᠡᠯᠭᠡᠭᠦᠷ ᠤᠨ | ᠣᠷᠣᠨ ᠵᠠᠶ ᠶᠢ ᠤᠭᠲᠤᠨ ᠠᠪᠴᠢᠷᠠᠬᠤ ᠨᠢ ᠯᠠᠪᠲᠠᠶ ᠶᠤᠮ︔ ᠪᠠᠷᠠᠭᠤᠨ ᠣᠷᠣᠨ ᠤ ᠶᠡᠭᠡ ᠨᠡᠬᠡᠬᠡᠯᠳᠡ᠂ ᠬᠠᠳᠤᠨ | ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠵᠡᠷᠭᠡ ᠤᠯᠤᠰ ᠤᠨ | ᠬᠡᠪᠴᠢᠶᠡᠨ ᠤ ᠪᠣᠯᠣᠮᠵᠢ ᠲᠣᠬᠢᠶᠠᠯ ᠲᠠᠪᠬᠤᠴᠠᠭᠰᠠᠨ ᠨᠢ ᠨᠡᠩ ᠤᠯᠠᠨ ᠨᠡᠩ ᠥᠨᠳᠥᠷ ᠪᠦᠲᠦᠮᠵᠢᠲᠡᠢ ᠡᠬᠢ | ᠪᠠᠶᠠᠯᠢᠭ ᠤᠨ ᠲᠤᠬᠢᠷᠠᠭᠤᠯᠤᠯᠳᠠ ᠶᠢ ᠤᠭᠲᠤᠨ ᠠᠪᠴᠢᠷᠠᠬᠤ ᠨᠢ ᠯᠠᠪᠲᠠᠢ ᠶᠤᠮ᠃ ᠣᠨᠴᠠᠭᠠᠶᠢᠯᠠᠨ ᠠᠮᠢ ᠠᠬᠤᠶ ᠶᠢᠨ | ᠬᠠᠮᠠᠭᠠᠯᠠᠯᠲᠠ ᠶᠢᠨ ᠲᠠᠯ᠎ᠠ ᠪᠠᠷ᠂ ᠮᠠᠨ ᠤ ᠬᠤᠰᠢᠭᠤᠨ ᠤ ᠠᠮᠢ ᠠᠬᠤᠶ ᠶᠢᠨ ᠣᠷᠣᠨ ᠪᠠᠶᠢᠷᠢ ᠪᠠ ᠠᠮᠢ ᠠᠬᠤᠶ ᠶᠢᠨ | ᠴᠢᠳᠠᠮᠵᠢ ᠶᠢᠨ ᠴᠢᠬᠤᠯᠠ ᠴᠢᠨᠠᠷ ᠨᠢ ᠯᠠᠪᠲᠠᠶ ᠤᠯᠠᠮ ᠠᠷᠪᠢᠨ ᠠᠰᠢᠭᠲᠠᠶ ᠲᠥᠷᠥ ᠶᠢᠨ ᠪᠣᠳᠣᠯᠭ᠎ᠠ ᠪᠠ ᠪᠠᠯᠠ | ᠮᠥᠩᠭᠦ ᠶᠢᠨ ᠣᠷᠣᠭᠤᠯᠤᠯᠲᠠ ᠶᠢ ᠠᠪᠴᠢᠷᠠᠬᠤ ᠪᠣᠯᠤᠨ᠎ᠠ︔ ᠠᠵᠤ ᠦᠢᠯᠡᠰ ᠤᠨ ᠬᠡᠯᠪᠡᠷᠢ ᠶᠢᠨ ᠰᠢᠨᠡᠴᠢᠯᠡᠯᠳᠡ ᠶᠢᠨ | ᠲᠠᠯ᠎ᠠ ᠳᠤ᠂ ᠤᠯᠤᠰ ᠠᠴᠠ ᠡᠯᠡᠰᠦᠨ ᠴᠥᠯ ᠭᠤᠪᠢ ᠭᠠᠵᠠᠷ ᠲᠤ ᠳᠠᠬᠢᠨ ᠰᠡᠷᠭᠦᠭᠡᠭᠳᠡᠬᠦ ᠡᠨᠧᠷᠭᠢ ᠶᠢᠨ ᠰᠤᠷᠪᠤᠯᠵᠢ ᠶᠢ | ᠶᠡᠭᠡ ᠪᠠᠷ ᠬᠥᠭᠵᠢᠭᠦᠯᠬᠦ ᠶᠢ ᠳᠡᠮᠵᠢᠵᠦ᠂ ᠢᠯᠠᠩᠭᠤᠶ᠎ᠠ ᠰᠠᠶ᠋ᠢᠬᠠᠨ ᠬᠤᠷᠠᠯᠳᠣᠭᠰᠠᠨ ᠠᠶᠢᠮᠠᠭ ᠤᠨ ᠨᠠᠮ ᠤᠨ ᠬᠤᠷᠢᠶ᠎ᠠ | ᠶᠢᠨ ︵ᠥᠷᠭᠡᠳᠬᠡᠭᠰᠡᠨ︶ ᠬᠤᠷᠠᠯ ᠠᠴᠠ ᠪᠥᠬᠦ ᠤᠯᠤᠰ ᠤᠨ ᠳᠠᠬᠢᠨ ᠰᠡᠷᠭᠦᠭᠡᠭᠳᠡᠬᠦ ᠡᠨᠧᠷᠭᠢ ᠶᠢᠨ ᠰᠤᠷᠪᠤᠯᠵᠢ ᠶᠢᠨ | ᠲᠣᠮᠣ ᠰᠠᠭᠤᠷᠢᠨ ᠭᠠᠵᠠᠷ ᠢ ᠪᠠᠶᠢᠭᠤᠯᠬᠤ ᠶᠢ ᠲᠣᠳᠣᠷᠬᠠᠶ ᠳᠤᠷᠠᠳᠤᠨ ᠭᠠᠷᠭᠠᠵᠤ᠂ ᠮᠢᠩᠭᠠᠨ ᠲᠦᠮᠡᠨ ᠺᠢᠯᠣᠸᠠᠲ ᠤᠨ | ᠲᠠᠰ ᠤᠨ ᠣᠶᠢᠷ᠎ᠠ ᠶᠢᠨ ᠬᠤᠭᠤᠴᠠᠭᠠᠨ ᠤ ᠬᠠᠷᠠᠯᠲᠠ ᠪᠠ ᠵᠠᠭᠤᠨ GW ᠤᠨ ᠠᠯᠤᠰ ᠤᠨ ᠬᠠᠷᠠᠯᠲᠠ ᠶᠢ | ᠲᠣᠭᠲᠠᠭᠠᠭᠰᠠᠨ ᠪᠠᠶᠢᠨ᠎ᠠ᠂ ᠡᠲᠡᠭᠡᠷ ᠪᠣᠯ ᠴᠥᠮ ᠪᠢᠳᠡᠨ ᠤ ᠣᠯᠳᠠᠰᠢ ᠥᠬᠡᠶ ᠬᠥᠭᠵᠢᠯᠲᠡ ᠶᠢᠨ ᠠᠵᠠ ᠲᠣᠬᠢᠶᠠᠯ | ᠪᠣᠯᠬᠤᠷ ᠴᠡᠪᠡᠷ ᠡᠨᠧᠷᠭᠢ ᠶᠢᠨ ᠠᠵᠤ ᠣᠶᠢᠯᠡᠰ ᠢ ᠰᠢᠨᠡᠴᠢᠯᠡᠨ ᠲᠠᠰ ᠳᠡᠪᠰᠢᠬᠦ ᠶᠢ ᠳᠥᠯᠭᠢᠨ ᠠᠬᠢᠭᠤᠯᠬᠤ ᠳᠤᠮᠳᠠ | ᠯᠤᠲᠤ ᠶᠡᠭᠡ ︽ᠥᠷᠡᠵᠢᠭᠦᠯᠦᠭᠴᠢ ᠶᠢᠨ ᠨᠥᠯᠥᠬᠡᠯᠡᠯ︾ ᠭᠠᠷᠭᠠᠬᠤ ᠨᠢ ᠯᠠᠪᠲᠠᠶ ᠶᠤᠮ᠃ | ᠥᠪᠡᠷ ᠢ ᠪᠠᠨ ᠬᠢᠨᠠᠨ ᠰᠢᠨᠵᠢᠪᠡᠯ᠂ ᠪᠢᠳᠡ ᠰᠢᠨ᠎ᠡ ᠬᠥᠭᠵᠢᠯᠲᠡ ᠶᠢᠨ ᠱᠠᠲᠤᠨ ᠳᠤ ᠮᠡᠳᠡᠬᠡᠵᠢ ᠦᠢᠯᠡᠳᠦᠯ | ᠭᠠᠷᠭᠠᠬᠤ ᠨᠢ ᠯᠠᠪᠳᠠᠢ᠃ ᠣᠶᠢᠷ᠎ᠠ ᠶᠢᠨ ᠵᠢᠯ ᠤᠳ ᠲᠤ᠂ ᠪᠢᠳᠡᠨ ᠤ ᠬᠡᠷᠡᠭᠵᠢᠭᠦᠯᠵᠦ ᠪᠠᠶᠢᠭ᠎ᠠ ᠨᠢᠭᠡ ᠪᠦᠯᠦᠭ ᠰᠠᠭᠤᠷᠢ | ᠪᠠᠨ ᠪᠠᠳᠣᠳᠬᠠᠬᠤ᠂ ᠠᠯᠤᠰ ᠬᠡᠳᠦ ᠳᠤ ᠠᠰᠢᠭᠲᠠᠶ ᠭᠤᠣᠯᠳᠠᠯᠭ᠎ᠠ ᠲᠠᠢ ᠢᠨᠵᠧᠨᠧᠷᠢᠩ᠂ ᠴᠢᠬᠤᠯᠠ ᠶᠡᠭᠡ ᠲᠥᠷᠥᠯ | ᠵᠦᠢᠯ ᠢ ᠡᠬᠢᠯᠡᠨ ᠬᠡᠷᠡᠭᠵᠢᠭᠦᠯᠵᠦ᠂ ᠳᠠᠪᠠᠭᠤᠯᠢᠭ ᠠᠵᠤ ᠦᠢᠯᠡᠰ ᠤᠨ ᠰᠢᠰᠲ᠋ᠧᠮ ᠪᠣᠯᠤᠨ ᠤᠨᠴᠠᠯᠢᠬᠳᠤ ᠠᠵᠤ | ᠦᠢᠯᠡᠰ ᠤᠨ ᠰᠠᠭᠤᠷᠢᠨ ᠭᠠᠵᠠᠷ ᠢ ᠡᠮᠬᠢ ᠵᠢᠷᠣᠮ ᠲᠠᠢ ᠪᠠᠶᠢᠭᠤᠯᠣᠨ᠂ ᠮᠠᠩᠬᠠᠨ ᠨᠣᠳᠤᠭ ᠤᠨ ᠵᠢᠭᠤᠯᠴᠢᠯᠠᠯ ᠤᠨ ︽ | ᠲᠣᠮᠣ IP︾ ᠶᠢᠨ ᠨᠥᠯᠦᠭᠡ ᠡᠬᠢᠯᠡᠨ ᠭᠠᠷᠴᠦ᠂ ᠢᠯᠠᠩᠭᠤᠶ᠎ᠠ ᠪᠠᠶᠠᠨᠬᠤᠳᠠ ᠠᠴᠠ ᠢᠷᠭᠠᠢ ᠬᠥᠷᠬᠦ ᠲᠡᠮᠦᠷ ᠵᠠᠮ᠂ | ᠨᠢᠰᠬᠡᠯ ᠤᠨ ᠪᠠᠭᠤᠳᠠᠯ ᠤᠨ ︽ᠲᠡᠰ ᠲᠡᠪᠰᠢᠬᠦ ᠰᠠᠯᠪᠣᠷᠢ ᠱᠣᠭᠤᠮ ᠤᠨ ᠨᠢᠰᠬᠡᠯ ᠤᠨ ᠪᠠᠭᠤᠳᠠᠯ︾ ᠵᠡᠷᠭᠡ ᠨᠢᠭᠡ | ᠪᠦᠯᠦᠭ ᠴᠢᠬᠤᠯᠠ ᠵᠠᠮ ᠬᠠᠷᠢᠯᠴᠠᠭᠠᠨ ᠤ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢᠨ ᠳᠠᠭᠠᠤ ᠳᠤ᠂ ᠥᠯᠵᠡᠢ | ᠪᠣᠭᠤᠮᠲᠠ ᠶᠢᠨ ᠨᠥᠯᠥᠬᠡᠯᠡᠯ ᠤᠨ ᠦᠢᠯᠡᠳᠦᠯ ᠲᠠᠰᠤᠷᠠᠯᠲᠠ ᠦᠭᠡᠶ ᠶᠡᠬᠡᠰᠬᠡᠭᠰᠡᠨ ᠨᠢ᠂ ᠪᠢᠳᠡᠨ ᠤ ᠳᠡᠯᠡᠬᠡᠢ ᠶᠢᠨ ᠪᠠ | ᠤᠯᠤᠰ ᠤᠨ ᠳᠣᠲᠣᠭᠠᠳᠤ ᠶᠢᠨ ᠬᠤᠶᠠᠷ ᠶᠡᠭᠡ ᠲᠠᠯ᠎ᠠ ᠳᠤ ᠨᠡᠩ ᠰᠠᠶᠢᠨ ᠤᠶᠠᠯᠳᠣᠬᠤ᠂ ᠤᠯᠤᠰ ᠤᠨ ᠬᠤᠷᠳᠣᠨ ᠤ | ᠲᠡᠮᠦᠷ ᠵᠠᠮ ᠤᠨ ᠲᠣᠣᠷ᠂ ᠬᠤᠷᠳᠣᠨ ᠤ ᠵᠠᠮ ᠤᠨ ᠲᠣᠣᠷ᠂ ᠠᠭᠠᠷ ᠤᠨ ᠠᠶᠠᠯᠠᠯ ᠤᠨ ᠲᠣᠣᠷ ᠲᠤ ᠨᠡᠩ ᠰᠠᠶᠢᠨ | ᠤᠶᠠᠯᠳᠤᠭ᠎ᠠ ᠬᠤᠯᠪᠣᠭ᠎ᠠ ᠲᠠᠢ ᠪᠣᠯᠬᠤ ᠳᠤ ᠨᠥᠬᠦᠴᠡᠯ ᠪᠦᠷᠢᠯᠳᠦᠭᠦᠯᠵᠦ ᠥᠭᠴᠡᠢ᠂ ᠡᠳᠡᠬᠡᠷ ᠤᠨ ᠳᠠᠭᠠᠣ ᠡᠳ᠋ | ᠪᠠᠷᠠᠭᠠᠨ ᠤ ᠭᠦᠢᠯᠭᠡᠭᠡ᠂ ᠬᠥᠮᠥᠨ ᠠᠮᠠ ᠶᠢᠨ ᠨᠡᠪᠳᠡᠷᠡᠯᠴᠡᠯ᠂ ᠪᠡᠯᠡ ᠮᠥᠩᠭᠦᠨ ᠤ ᠰᠣᠯᠢᠯᠴᠠᠭ᠎ᠠ ᠵᠡᠷᠭᠡ ᠡᠯ᠎ᠡ | ᠡᠯᠧᠮᠧᠨ᠋ᠲ ᠤᠨ ᠲᠦᠷᠭᠡᠨ ᠢᠶᠠᠷ ᠲᠥᠪᠯᠡᠷᠡᠬᠦ ᠨᠢ ᠪᠢᠳᠡᠨ ᠤ ᠴᠢᠨᠠᠷᠯᠢᠭ ᠬᠥᠭᠵᠢᠯᠲᠡ ᠳᠤ ᠨᠡᠩ ᠤᠯᠠᠨ ᠬᠥᠳᠡᠯᠭᠡᠬᠦ | ᠬᠦᠴᠦᠨ ᠢ ᠬᠤᠷᠠᠮᠳᠤᠭᠤᠯᠵᠤ᠂ ᠯᠤᠲᠤ ᠶᠡᠭᠡ ᠳᠠᠯᠳᠠ ᠬᠦᠴᠦᠨ ᠢ ᠡᠭᠦᠳᠴᠦ ᠥᠭᠬᠦ ᠨᠢ ᠯᠠᠪᠲᠠᠢ ᠶᠤᠮ᠃ | ᠬᠠᠷᠠᠯᠲᠠ ᠪᠠᠨ ᠪᠠᠷᠢᠮᠳᠠᠯᠠᠪᠠᠯ᠂ ᠪᠢᠳᠡ ᠰᠢᠨ᠎ᠡ ᠬᠥᠭᠵᠢᠯᠲᠡ ᠶᠢᠨ ᠱᠠᠲᠤᠨ ᠳᠤ ᠨᠡᠩ ᠰᠠᠨᠠᠭᠠᠴᠢᠯᠠᠭ᠎ᠠ ᠲᠠᠢ ᠪᠠᠷ | ᠠᠵᠢᠯᠯᠠᠬᠤ ᠨᠢ ᠯᠠᠪᠳᠠᠢ᠃ ᠣᠳᠣᠬᠠᠨ ᠤ ᠠᠯᠠᠱᠠ ᠵᠡᠭᠦᠨ ᠬᠤᠰᠢᠭᠤ ᠶᠠᠭ ᠴᠢᠨᠠᠷᠯᠢᠭ ᠬᠥᠭᠵᠢᠯᠲᠡ ᠶᠢᠨ | ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠤᠢ᠂ ᠪᠢᠳᠡ ︽ᠭᠤᠷᠪᠠᠨ ᠬᠦᠴᠢᠷ ᠪᠣᠱᠤᠭ᠎ᠠ ᠶᠢ ᠲᠠᠪᠠᠭ᠋ᠣ ᠠᠵᠢᠯ︾ | ᠤᠨ ᠦᠷ᠎ᠡ ᠪᠥᠳᠥᠮᠵᠢ ᠶᠢ ᠪᠠᠬᠢᠵᠢᠭᠦᠯᠬᠦ ᠵᠡᠷᠭᠡ ᠬᠠᠲᠠᠭᠤ ᠪᠡᠷᠬᠡ ᠡᠭᠦᠷᠭᠡ ᠶᠢ ᠪᠡᠶᠡᠯᠡᠭᠦᠯᠬᠦ ᠪᠠᠷ ᠪᠠᠷᠠᠬᠤ ᠦᠭᠡᠢ᠂ | ᠪᠠᠰᠠ ᠨᠡᠩ ᠶᠡᠭᠡ ᠳᠠᠯᠳᠠ ᠬᠦᠴᠦᠨ ᠲᠠᠢ᠂ ᠠᠮᠢᠵᠢᠷᠠᠯ ᠤᠨ ᠬᠦᠴᠦᠨ ᠲᠠᠢ ᠳᠠᠪᠠᠭᠤᠯᠢᠭ ᠠᠵᠤ ᠦᠢᠯᠡᠰ ᠤᠨ | ᠲᠣᠭᠳᠠᠯᠴᠠᠭ᠎ᠠ ᠶᠢ ᠪᠠᠶᠢᠭᠤᠯᠣᠨ᠎ᠠ︔ ᠠᠮᠢ ᠠᠬᠤᠢ ᠶᠢᠨ ᠬᠠᠯᠬᠠᠪᠴᠢ ᠶᠢ ᠨᠡᠩ ᠪᠠᠬᠢᠵᠢᠬᠦᠯᠥᠨ᠂ ᠨᠡᠩ ᠰᠠᠭᠠᠳ ᠦᠭᠡᠢ | ᠨᠡᠪᠲᠡᠷᠡᠬᠦ ᠪᠦᠬᠦ ᠲᠠᠯ᠎ᠠ ᠶᠢ ᠬᠠᠮᠣᠷᠣᠭᠰᠠᠨ ᠵᠠᠮ ᠬᠠᠷᠢᠯᠴᠠᠭᠠᠨ ᠤ ᠪᠠᠶᠢᠷᠢᠰᠢᠯ ᠢ ᠪᠠᠶᠢᠭᠤᠯᠬᠤ ᠪᠠᠷ ᠪᠠᠷᠠᠬᠤ ᠦᠭᠡᠢ | ᠪᠠᠰᠠ ᠨᠡᠩ ᠶᠡᠭᠡ ᠨᠥᠯᠥᠭᠡᠯᠡᠬᠦ ᠬᠦᠴᠦᠨ ᠲᠠᠢ ᠣᠷᠣᠨ ᠪᠦᠰᠡ ᠶᠢᠨ ᠤᠯᠠᠨ ᠨᠡᠶᠢᠲᠡ ᠶᠢᠨ ᠲᠦᠷᠦᠯ ᠲᠡᠮᠳᠡᠭ ᠢ | ᠡᠭᠦᠳᠥᠨ᠂ ᠨᠡᠩ ᠰᠢᠯᠢᠳᠡᠭ ᠰᠠᠶᠢᠨ ᠡᠵᠡᠩᠨᠡᠯᠳᠡ ᠶᠢᠨ ᠣᠷᠴᠢᠨ ᠨᠥᠬᠦᠴᠡᠯ ᠢ ᠪᠤᠢ ᠪᠣᠯᠭᠠᠨ᠎ᠠ︔ ᠭᠤᠣᠯ ᠪᠣᠯᠬᠤ | ᠬᠥᠭᠵᠢᠯᠲᠡ ᠶᠢᠨ ᠭᠦᠢᠴᠡᠳᠬᠡᠯ ᠲᠤᠭ᠎ᠠ ᠶᠢᠨ ︽ᠬᠡᠮᠵᠢᠶ᠎ᠡ︾ ᠶᠢᠨ ᠵᠣᠬᠢᠰᠲᠠᠢ ᠨᠡᠮᠡᠭᠳᠡᠯ ᠢ ᠪᠡᠶᠡᠯᠡᠭᠦᠯᠬᠦ ᠪᠠᠷ ᠪᠠᠷᠠᠬᠤ | ᠦᠭᠡᠢ ᠨᠡᠩ ᠴᠤ ᠠᠵᠤ ᠠᠬᠤᠢ ᠶᠢᠨ ᠬᠥᠭᠵᠢᠯᠲᠡ ᠶᠢᠨ ︽ᠴᠢᠨᠠᠷ︾ ᠤᠨ ᠯᠠᠪᠳᠠᠭᠤᠨ ᠢᠶᠠᠷ ᠳᠡᠭᠡᠭᠰᠢᠯᠡᠬᠦ ᠶᠢ | ᠠᠬᠢᠭᠤᠯᠣᠨ᠎ᠠ︔ ᠠᠮᠢᠳᠣᠷᠠᠬᠤ ᠳᠤ ᠨᠡᠩ ᠳᠠᠭᠠᠳᠠᠢ᠂ ᠵᠢᠭᠤᠯᠴᠢᠯᠠᠬᠤ ᠳᠤ ᠨᠡᠩ ᠳᠠᠭᠠᠯᠠᠮᠵᠢᠳᠠᠢ᠂ ᠠᠵᠢᠯᠯᠠᠬᠤ ᠳᠤ | ᠨᠡᠩ ᠲᠣᠬᠢᠷᠠᠮᠵᠢᠳᠠᠢ ᠥᠪᠡᠷᠮᠢᠴᠡ ᠣᠨᠴᠠᠯᠢᠭ ᠲᠠᠢ ᠬᠤᠲᠠ ᠪᠠᠯᠭᠠᠰᠤ ᠶᠢ ᠪᠦᠳᠦᠬᠡᠨ ᠪᠠᠶᠢᠭᠤᠯᠬᠤ ᠪᠠᠷ ᠪᠠᠷᠠᠬᠤ ᠦᠬᠡᠢ | ᠪᠠᠰᠠ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠬᠥᠭᠵᠢᠯᠲᠡ ᠶᠢᠨ | ᠦᠷ᠎ᠡ ᠪᠥᠳᠥᠮᠵᠢ ᠶᠢ ᠠᠷᠠᠳ ᠤᠯᠠᠨ ᠳᠤ ᠨᠡᠩ ᠰᠠᠶᠢᠨ ᠬᠦᠷᠲᠡᠭᠡᠨ᠎ᠡ᠃ | ᠬᠤᠯᠠ ᠬᠡᠮᠡᠨ ᠪᠣᠣ ᠴᠥᠬᠦ᠂ ᠶᠠᠪᠣᠪᠠᠰᠣ ᠬᠥᠷᠥᠶᠥ᠂ ᠬᠥᠨᠳᠥ ᠬᠡᠮᠡᠨ ᠪᠣᠣ ᠵᠢᠷᠣᠬᠡᠰᠢᠶᠡ᠂ ᠡᠷᠭᠦᠪᠡᠰᠥ | ᠳᠠᠭᠠᠭᠠᠶᠣ᠃ ᠪᠢᠳᠡ ᠡᠷᠬᠡᠪᠰᠢ ᠢᠮᠠᠭᠲᠠ ᠡᠭᠦᠷᠭᠡ ᠬᠠᠷᠢᠭᠤᠴᠠᠯᠭ᠎ᠠ ᠪᠠᠨ ᠡᠭᠦᠷᠬᠡᠯᠡᠨ᠂ ᠴᠢᠷᠮᠠᠶᠢᠨ ᠲᠡᠮᠡᠴᠡᠬᠦ ᠣᠷᠮ᠎ᠠ | ᠵᠣᠷᠢᠭ ᠢᠶᠠᠨ ᠳᠠᠶᠢᠴᠢᠯᠠᠬᠤ ᠪᠠᠷ ᠪᠡᠶ᠎ᠡ ᠪᠠᠨ ᠱᠠᠭᠠᠷᠳᠠᠬᠤ ᠶᠢ ᠪᠠᠷᠢᠮᠲᠠᠯᠠᠵᠤ᠂ ᠠᠶᠢᠮᠠᠭ ᠤᠨ ᠵᠠᠬᠢᠷᠭᠠᠨ ᠤ ᠪᠠᠶᠢᠭ᠎ᠠ | ᠭᠠᠵᠠᠷ ᠤᠨ ︽ᠬᠡᠪ ᠳᠠᠭᠤᠷᠢᠶᠠᠯ ᠦᠵᠡᠭᠦᠯᠵᠦ᠂ ᠲᠡᠷᠢᠬᠦᠨ ᠢ ᠡᠭᠦᠳᠬᠦ︾ ᠤᠯᠤᠰ ᠲᠥᠷᠥ ᠶᠢᠨ ᠬᠠᠷᠢᠭᠤᠴᠠᠯᠭ᠎ᠠ ᠪᠠ | ᠡᠭᠦᠷᠭᠡᠯᠡᠪᠡᠰᠦ ᠵᠣᠬᠢᠬᠤ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠬᠥᠯᠢᠶᠡᠵᠥ᠂ ᠢᠲᠡᠭᠡᠯ ᠵᠣᠷᠢᠭ ᠢᠶᠠᠨ | ᠬᠥᠪᠴᠢᠯᠡᠨ᠂ ᠥᠪᠡᠷ ᠢ ᠪᠠᠨ ᠱᠠᠭᠠᠷᠳᠠᠨ ᠡᠷᠡᠯᠬᠡᠭᠯᠡᠨ ᠤᠷᠤᠭᠰᠢᠯᠠᠵᠤ᠂ ᠰᠢᠨ᠎ᠡ ᠡᠷᠢᠨ ᠦᠶ᠎ᠡ ᠶᠢᠨ ᠰᠦᠷᠢᠯᠳᠡ ᠶᠢᠨ | ᠰᠢᠨ᠎ᠡ ᠭᠠᠷᠤᠭ᠎ᠠ ᠳᠡᠭᠡᠷ᠎ᠡ ᠪᠥᠬᠦ ᠬᠤᠰᠢᠭᠤᠨ ᠤ ᠴᠢᠨᠠᠷᠯᠢᠭ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠦᠨ | ᠨᠡᠬᠡᠬᠡᠰᠣᠬᠡᠢ᠃ | ᠢᠷᠡᠬᠦ ᠲᠠᠪᠤᠨ ᠵᠢᠯ ᠳᠤ᠂ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠣ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ | ᠬᠤᠭᠤᠴᠠᠭᠠᠨ ᠤ ᠪᠦᠭᠦᠳᠡ ᠬᠤᠷᠠᠯ ᠤᠳ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ | ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ᠂ ᠠᠶᠢᠮᠠᠭ ᠤᠨ ᠨᠠᠮ ᠤᠨ ᠬᠤᠷᠢᠶ᠎ᠠ ︵ᠥᠷᠭᠡᠳᠬᠡᠭᠰᠡᠨ︶ ᠶᠢᠨ ᠬᠤᠷᠠᠯ᠂ | ᠠᠯᠠᠱᠠ ᠵᠡᠭᠦᠨ ᠬᠤᠰᠢᠭᠤᠨ ᠤ ᠠᠷᠪᠠᠨ ᠳᠥᠷᠪᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠵᠣᠷᠢᠭ ᠰᠠᠨᠠᠭ᠎ᠠ ᠶᠢ ᠰᠢᠭᠤᠷᠬᠠᠢ ᠲᠤᠤᠱᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ | ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ | ᠭᠦᠢᠴᠡᠳ᠂ ᠣᠨᠣᠪᠴᠢᠲᠠᠶ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ | ᠢᠳᠡᠪᠬᠢᠲᠡᠶ ᠪᠠᠷ ᠦᠢᠯᠡᠴᠢᠯᠡᠬᠦ ᠪᠠ ᠣᠶᠠᠯᠳᠣᠭᠤᠯᠵᠣ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠵᠣ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠶᠢ ᠪᠠᠷᠢᠮᠲᠠᠯᠠᠨ᠂ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠪᠠᠷᠢᠮᠲᠠᠯᠠᠬᠤ ᠪᠠᠷ ᠭᠤᠣᠯ ᠰᠢᠵᠢᠮ | ᠪᠣᠯᠭᠠᠵᠤ᠂ ᠬᠢᠵᠢᠭ ᠤᠨ ᠬᠠᠯᠳᠠᠪᠦᠷᠢ ᠶᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠶ ᠨᠡᠶᠢᠭᠡᠮ ᠤᠨ | ᠬᠥᠭᠵᠢᠯᠲᠡ ᠶᠢ ᠨᠢᠭᠡᠳᠦᠯᠲᠡᠶ ᠲᠥᠯᠥᠪᠯᠡᠵᠦ᠂ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠵᠦ᠂ | ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ | ᠴᠢᠨᠠᠷᠯᠢᠭ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠶ ᠵᠠᠮᠨᠠᠵᠤ᠂ ︽ᠵᠢᠷᠭᠤᠭ᠎ᠠ ᠶᠢ ᠲᠣᠭᠲᠠᠭᠤᠨ | ᠪᠠᠶᠢᠯᠭᠠᠬᠤ︾᠂ ︽ᠵᠢᠷᠭᠤᠭ᠎ᠠ ᠶᠢ ᠪᠠᠲᠤᠯᠠᠬᠤ︾ ᠠᠵᠢᠯ ᠢ ᠦᠷᠭᠦᠯᠵᠢᠯᠡᠨ ᠰᠠᠶᠢᠲᠤᠷ ᠬᠢᠵᠦ᠂ ︽ᠬᠤᠶᠠᠷ | ᠬᠠᠯᠬᠠᠪᠴᠢ︾᠂ ︽ᠬᠤᠶᠠᠷ ᠰᠠᠭᠤᠷᠢᠨ ᠭᠠᠵᠠᠷ︾ ᠪᠠ ︽ᠬᠦᠬᠦᠷᠭᠡᠨ ᠪᠠᠬᠢᠯᠡᠯᠲᠡ︾ ᠶᠢ ᠲᠦᠷᠭᠡᠳᠬᠡᠨ ᠪᠠᠶᠢᠭᠤᠯᠬᠤ | ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠨ᠂ ︽ᠵᠢᠷᠭᠤᠭᠠᠨ ᠭᠤᠷᠪᠠ︾ ᠶᠢᠨ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠪᠣᠳᠠᠲᠠᠶ ᠠᠷᠭ᠎ᠠ ᠬᠡᠮᠵᠢᠶ᠎ᠡ ᠶᠢ ᠡᠷᠴᠢᠮᠲᠠᠢ ᠬᠡᠷᠡᠭᠵᠢᠭᠦᠯᠵᠦ᠂ | ᠣᠳᠣᠬᠢᠴᠢᠯᠠᠭᠰᠠᠨ ᠠᠵᠤ ᠠᠬᠤᠶ ᠶᠢᠨ ᠲᠣᠭᠳᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠠᠮᠢ ᠠᠬᠤᠶ ᠭᠤᠶᠢᠳᠠ | ᠰᠠᠶᠢᠬᠠᠨ᠂ ᠠᠵᠤ ᠦᠶᠯᠡᠰ ᠪᠠᠳᠠᠷᠠᠨ ᠬᠥᠭᠵᠢᠭᠰᠡᠨ᠂ ᠠᠷᠠᠳ ᠲᠦᠮᠡᠨ ᠪᠠᠶᠠᠨ ᠴᠢᠨᠡᠭᠡᠯᠢᠭ ᠡᠶ᠎ᠡ ᠨᠠᠶᠢᠷᠠᠮᠳᠠᠭᠤ ᠠᠵᠠ | ᠵᠢᠷᠭᠠᠯᠲᠤ ᠠᠯᠠᠱᠠ ᠵᠡᠭᠦᠨ ᠬᠤᠰᠢᠭᠤ ᠶᠢ ᠪᠥᠲᠥᠭᠡᠨ ᠪᠠᠶᠢᠭᠤᠯᠬᠤ ᠪᠠᠷ ᠴᠢᠷᠮᠠᠶᠢᠶ᠎ᠠ᠃ | ᠨᠢᠭᠡ᠂ ᠭᠤᠷᠪᠠᠨ ᠴᠢᠬᠤᠯᠠ ᠠᠵᠢᠯ ᠢ ᠭᠤᠶᠢᠪᠢᠰᠢ ᠦᠭᠡᠶ ᠰᠠᠶᠢᠲᠤᠷ ᠠᠳᠬᠤᠬᠤ ᠲᠠᠯ᠎ᠠ ᠪᠠᠷ ︽ᠰᠢᠨ᠎ᠡ | ᠡᠭᠦᠷᠭᠡᠯᠡᠯ︾ ᠢ ᠬᠥᠢᠴᠡᠳᠬᠡᠨᠡ | ᠨᠢᠭᠡ ᠳᠤ ᠠᠮᠢ ᠠᠬᠤᠶ ᠶᠢᠨ ᠤᠷᠴᠢᠨ ᠲᠣᠭᠤᠷᠢᠨ ᠤ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠨ᠎ᠠ᠃ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ | ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠨᠣᠳᠤᠭ ᠪᠡᠯᠴᠢᠭᠡᠷ ᠡᠯᠡᠰᠦ ᠮᠠᠩᠬ᠎ᠠ ᠶᠢ ᠨᠢᠭᠡ | ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ | ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠶᠢ | ᠲᠠᠰᠤᠷᠠᠯᠳᠡ ᠦᠭᠡᠢ ᠠᠬᠢᠭᠤᠯᠤᠨ᠎ᠠ᠃ ︽ᠤᠰᠤ᠂ ᠠᠭᠠᠷ ᠮᠠᠨᠳᠠᠯ᠂ ᠬᠦᠷᠦᠰᠦ︾ ᠶᠢᠨ ᠪᠣᠬᠢᠷᠲᠤᠯ ᠢ ᠰᠡᠷᠭᠡᠶᠢᠯᠡᠨ | ᠵᠠᠰᠠᠬᠤ ᠰᠢᠪᠲᠣᠯᠣᠯᠳᠠ ᠶᠢ ᠰᠠᠶᠢᠲᠤᠷ ᠬᠢᠵᠦ᠂ ︽ᠲᠠᠷᠠᠬᠠᠶ ᠪᠣᠳᠠᠷᠬᠠᠢ᠂ ᠵᠠᠮᠪᠠᠷᠠᠭ᠎ᠠ ᠥᠬᠡᠶ᠂ ᠪᠣᠬᠢᠷᠲᠤᠯ ᠲᠠᠢ︾ | ᠠᠵᠤ ᠠᠬᠤᠶᠢᠯᠠᠯ ᠢ ᠨᠠᠷᠢᠪᠴᠢᠯᠠᠨ ᠪᠠᠶᠢᠴᠠᠭᠠᠬᠤ ᠪᠠ ᠠᠵᠤ ᠦᠢᠯᠡᠳᠪᠦᠷᠢ ᠶᠢᠨ ᠪᠣᠬᠢᠷᠲᠤᠯ ᠤᠨ ᠡᠬᠢ ᠰᠤᠷᠪᠤᠯᠵᠢ ᠶᠢ | ᠡᠷᠴᠢᠮᠳᠠᠢ ᠵᠠᠰᠠᠬᠤ ᠶᠢ ᠰᠠᠶᠢᠲᠤᠷ ᠥᠷᠨᠢᠭᠦᠯᠦᠨ᠎ᠡ᠃ ︽ᠤᠯᠠᠭᠠᠨᠪᠤᠬ᠎ᠠ ᠠᠯᠠᠱᠠ ᠠᠭᠤᠯᠠ ᠤᠷᠳᠤᠰ ᠤᠨ ᠦᠨᠳᠦᠷᠯᠢᠭ | ︾ ᠤᠨ ᠠᠮᠢ ᠠᠬᠤᠶ ᠶᠢᠨ ᠬᠠᠯᠬᠠᠪᠴᠢ᠂ ᠪᠠᠶᠢᠭᠠᠯᠢ ᠶᠢᠨ ᠣᠶ ᠶᠢᠨ ᠡᠬᠢ ᠪᠠᠶᠠᠯᠢᠭ ᠤᠨ ᠬᠠᠮᠠᠭᠠᠯᠠᠯᠲᠠ᠂ ᠭᠤᠷᠪᠠᠨ | ᠤᠮᠠᠷᠠᠲᠤ ᠶᠢᠨ ᠬᠠᠯᠬᠠᠪᠴᠢ ᠣᠶ ᠵᠡᠷᠭᠡ ᠴᠢᠬᠤᠯᠠ ᠶᠡᠭᠡ ᠠᠮᠢ ᠠᠬᠤᠶ ᠶᠢᠨ ᠬᠠᠮᠠᠭᠠᠯᠠᠯᠲᠠ ᠪᠠ ᠵᠠᠰᠠᠨ ᠰᠡᠷᠭᠦᠭᠡᠬᠦ | ᠢᠨᠵᠧᠨᠧᠷᠢᠩ ᠢ ᠯᠠᠪᠳᠠᠭᠤᠨ ᠢᠶᠠᠷ ᠠᠬᠢᠭᠤᠯᠤᠨ᠎ᠠ᠃ ᠠᠯᠠᠱᠨ ᠠᠭᠤᠯᠠᠨ ᠤ ᠠᠮᠢ ᠠᠬᠤᠢ ᠶᠢᠨ ᠬᠤᠩᠭᠢᠯ ᠢ | ᠤᠷᠤᠭᠰᠢᠲᠠᠢ ᠲᠦᠯᠬᠢᠨ ᠠᠬᠢᠭᠤᠯᠵᠤ᠂ ᠠᠯᠠᠱᠠ ᠠᠭᠤᠯᠠᠨ ᠤ ᠤᠯᠤᠰ ᠤᠨ ᠴᠡᠴᠡᠷᠯᠢᠭ ᠤᠨ ᠪᠥᠲᠥᠭᠡᠨ | ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠤᠨ᠎ᠠ᠃ ᠠᠯᠠᠱᠠ ᠠᠭᠤᠯᠠᠨ ᠣᠷᠣᠨ ᠤ ᠠᠭᠤᠷᠬᠠᠶ ᠶᠢᠨ ᠠᠮᠢ | ᠠᠬᠤᠶ ᠶᠢᠨ ᠣᠷᠴᠢᠨ ᠲᠣᠭᠤᠷᠢᠨ ᠢ ᠲᠤᠰᠬᠠᠢ ᠵᠠᠰᠠᠨ ᠴᠡᠭᠴᠡᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ | ᠠᠳᠬᠤᠵᠤ᠂ ︽ᠲᠠᠪᠣᠨ ᠪᠦᠬᠦᠨ ᠢ ᠵᠠᠰᠠᠨ ᠴᠡᠭᠴᠡᠯᠡᠬᠦ︾ ᠬᠠᠷᠠᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ | ᠬᠤᠶᠠᠷ ᠲᠤ ᠬᠦᠨᠳᠦ ᠨᠣᠴᠢᠲᠠᠢ ᠠᠶᠤᠯ ᠡᠷᠡᠰᠳᠡᠯ ᠢ ᠪᠦᠬᠦ ᠬᠦᠴᠦᠨ ᠢᠶᠠᠷ ᠢᠶᠠᠨ ᠰᠡᠷᠭᠡᠶᠢᠯᠡᠨ ᠰᠢᠢᠳᠪᠦᠷᠢᠯᠡᠨ᠎ᠠ᠃ | ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠵᠠᠰᠠᠭ ᠤᠨ ᠣᠷᠳᠣᠨ ᠤ ᠥᠷᠢ | ᠥᠭᠴᠡᠭᠡ ᠶᠢᠨ ᠨᠡᠮᠡᠭᠳᠡᠯ ᠢ ᠡᠷᠡᠰ ᠬᠤᠷᠢᠭᠯᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠨᠥᠭᠡᠴᠡ ᠶᠢᠨ | ᠬᠡᠮᠵᠢᠶ᠎ᠡ ᠶᠢ ᠯᠠᠪᠳᠠᠭᠤᠨ ᠢᠶᠠᠷ ᠰᠢᠢᠳᠪᠦᠷᠢᠯᠡᠨ᠎ᠡ᠃ ᠪᠥᠬᠦ ᠣᠷᠣᠨ ᠪᠦᠰᠡ ᠶᠢᠨ ᠥᠷᠢ ᠥᠭᠴᠡᠭᠡ ᠶᠢᠨ ᠥᠨᠳᠥᠷ | ᠡᠷᠡᠰᠳᠡᠯ ᠤᠨ ᠲᠠᠰ ᠪᠠᠭᠤᠷᠠᠭᠤᠯᠬᠤ ᠲᠤᠷᠰᠢᠯᠲᠠ ᠶᠢᠨ ᠴᠡᠭ ᠤᠨ ᠠᠵᠢᠯ ᠢ ᠢᠳᠡᠪᠬᠢᠲᠡᠶ ᠭᠦᠢᠴᠡᠳᠭᠡᠨ᠎ᠡ᠃ ᠭᠠᠶᠢᠯᠢ | ᠲᠠᠳᠠᠪᠦᠷᠢ ᠶᠢᠨ ᠬᠠᠮᠢᠶᠠᠷᠣᠯᠳᠠ ᠶᠢᠨ ᠠᠵᠢᠯ ᠢ ᠴᠢᠩᠭᠠᠳᠬᠠᠨ᠎ᠠ᠃ ᠠᠷᠠᠳ ᠤᠨ ᠬᠤᠭᠤᠷᠣᠨᠳᠣᠬᠢ ᠵᠢᠭᠡᠯᠡᠯᠭᠡ ᠵᠢᠴᠢ | ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢ ᠶᠡᠷᠦᠩᠬᠡᠶᠢᠯᠡᠨ ᠵᠠᠰᠠᠵᠤ᠂ ᠴᠢᠩᠭ᠎ᠠ ᠬᠢᠨᠠᠵᠣ ᠤᠷᠢᠳᠴᠢᠯᠠᠨ | ᠰᠡᠷᠡᠮᠵᠢᠯᠡᠭᠦᠯᠬᠦ ᠠᠵᠢᠯ ᠢ ᠰᠠᠶᠢᠲᠤᠷ ᠬᠢᠵᠦ᠂ ᠭᠤᠣᠯᠳᠠᠯᠭ᠎ᠠ ᠲᠠᠢ ᠮᠥᠩᠭᠦᠨ ᠭᠦᠢᠯᠭᠡᠭᠡᠨ ᠤ ᠪᠠᠶᠢᠭᠤᠯᠤᠮᠵᠢ᠂ | ᠭᠤᠣᠯᠳᠠᠯᠭ᠎ᠠ ᠲᠠᠢ ᠠᠵᠤ ᠠᠬᠤᠶᠢᠯᠠᠯ ᠤᠨ ᠵᠦᠢ ᠪᠤᠰᠤ ᠵᠢᠭᠡᠯᠡᠯᠭᠡ ᠶᠢ ᠰᠢᠢᠳᠪᠦᠷᠢᠯᠡᠬᠤ ᠡᠷᠴᠢᠮ ᠢ ᠴᠢᠩᠭᠠᠷᠠᠭᠤᠯᠵᠤ᠂ | ᠰᠢᠰᠲ᠋ᠧᠮ ᠤᠨ ᠴᠢᠨᠠᠷᠲᠠᠶ ᠮᠥᠩᠭᠦᠨ ᠭᠦᠢᠯᠭᠡᠭᠡᠨ ᠤ ᠡᠷᠡᠰᠳᠡᠯ ᠡᠭᠦᠰᠬᠦ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ | ᠭᠤᠷᠪᠠ ᠳᠤ ᠨᠡᠶᠢᠭᠡᠮ ᠤᠨ ᠵᠠᠰᠠᠯᠲᠠ ᠶᠢᠨ ᠰᠢᠨᠡᠴᠢᠯᠡᠯ ᠢ ᠦᠨᠡᠨ ᠬᠦ ᠴᠢᠩᠭᠠᠳᠬᠠᠨ᠎ᠠ᠃ ᠠᠷᠠᠳ ᠤᠨ ᠡᠶᠡᠳᠡᠭᠦᠯᠭᠡ᠂ | ᠵᠠᠰᠠᠭ ᠵᠠᠬᠢᠷᠭᠠᠨ ᠤ ᠡᠶᠡᠳᠡᠭᠦᠯᠭᠡ᠂ ᠬᠠᠤᠯᠢ ᠴᠠᠭᠠᠵᠠ ᠶᠢᠨ ᠡᠶᠡᠳᠡᠭᠦᠯᠭᠡ ᠶᠢ ᠬᠤᠯᠪᠤᠯᠳᠤᠭᠤᠯᠤᠭᠰᠠᠨ ᠠᠵᠢᠯ ᠤᠨ | ᠰᠢᠰᠲ᠋ᠧᠮ ᠢ ᠲᠡᠭᠦᠯᠳᠡᠷᠵᠢᠭᠦᠯᠵᠦ᠂ ᠵᠥᠷᠢᠴᠡᠯ ᠢ ᠶᠡᠷᠦᠩᠬᠡᠶᠢᠯᠡᠨ ᠵᠠᠰᠠᠬᠤ ᠪᠠ ᠤᠯᠠᠨ ᠲᠠᠯ᠎ᠠ ᠪᠠᠷ ᠰᠢᠢᠳᠪᠦᠷᠢᠯᠡᠬᠦ | ᠲᠣᠭᠲᠠᠴᠠ ᠶᠢ ᠪᠠᠶᠢᠭᠤᠯᠤᠨ᠎ᠠ᠃ ︽ᠨᠡᠶᠢᠬᠡᠮ ᠤᠨ ᠲᠠᠪᠤᠨ ᠬᠠᠮᠳᠣᠷᠠᠯ ᠤᠨ ᠠᠵᠢᠯᠯᠠᠭ᠎ᠠ︾ ᠶᠢᠨ ᠦᠢᠯᠡᠴᠢᠯᠡᠭᠡᠨ ᠤ | ᠲᠥᠷᠥᠯ ᠵᠦᠢᠯ ᠢ ᠡᠷᠴᠢᠮᠲᠠᠢ ᠬᠡᠷᠡᠭᠵᠢᠭᠦᠯᠦᠨ᠎ᠡ᠃ ᠬᠤᠳᠠ ᠬᠥᠳᠡᠭᠡ ᠶᠢᠨ ᠦᠨᠳᠦᠰᠦᠨ ᠱᠠᠲᠤᠨ ᠤ ᠵᠠᠰᠠᠯᠲᠠ ᠶᠢᠨ | ᠰᠢᠰᠲ᠋ᠧᠮ ᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠬᠦᠯᠦᠨ᠎ᠡ᠃ ᠤᠯᠠᠨ ᠨᠡᠶᠢᠲᠡ ᠶᠢᠨ ᠠᠮᠤᠷ ᠲᠦᠪᠰᠢᠨ ᠤ ᠬᠡᠮ ᠡᠷᠡᠰᠳᠡᠯ ᠢ | ᠪᠠᠶᠢᠩᠭᠤᠵᠢᠭᠤᠯᠤᠨ ᠵᠠᠰᠠᠨ ᠴᠡᠭᠴᠡᠯᠡᠬᠦ ᠲᠣᠭᠲᠠᠴᠠ ᠶᠢ ᠪᠦᠷᠢᠨᠰᠢᠬᠦᠯᠵᠤ᠂ ᠲᠤᠤᠷᠴᠢᠯᠠᠭᠰᠠᠨ᠂ ᠪᠦᠬᠦ ᠲᠠᠯ᠎ᠠ ᠶᠢ | ᠬᠠᠮᠣᠷᠣᠭᠰᠠᠨ᠂ ᠮᠡᠳᠡᠭᠡ ᠵᠠᠩᠭᠢᠴᠢᠯᠠᠭᠰᠠᠨ ᠨᠡᠶᠢᠭᠡᠮ ᠤᠨ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ | ᠲᠦᠷᠭᠡᠪᠴᠢᠯᠡᠨ ᠠᠬᠢᠭᠤᠯᠵᠤ᠂ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠎ᠠ᠃ | ᠬᠤᠶᠠᠷ᠂ ᠭᠤᠷᠪᠠᠨ ᠠᠵᠤ ᠦᠢᠯᠡᠰ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠲᠠᠯ᠎ᠠ ᠪᠠᠷ ︽ᠰᠢᠨ᠎ᠡ | ᠵᠢᠳᠬᠦᠯ ᠴᠢᠷᠮᠠᠶᠢᠯᠭ᠎ᠠ︾ ᠦᠵᠡᠭᠦᠯᠦᠨ᠎ᠡ | ᠨᠢᠭᠡ ᠳᠤ ᠲᠠᠷᠢᠶᠠᠯᠠᠩ ᠮᠠᠯ ᠠᠵᠤ ᠠᠬᠤᠶ ᠶᠢ ᠣᠨᠴᠠᠯᠢᠬᠵᠢᠭᠤᠯᠤᠨ ᠬᠥᠭᠵᠢᠭᠦᠯᠬᠦ ᠶᠢ ᠠᠬᠢᠭᠤᠯᠤᠨ᠎ᠠ᠃ | ᠣᠷᠭᠠᠨᠢᠭ ᠥᠨᠳᠥᠷ ᠪᠦᠲᠦᠮᠵᠢᠲᠡᠶ ᠣᠰᠣᠨ ᠳᠤ ᠠᠷᠪᠢᠲᠠᠢ ᠲᠠᠷᠢᠶᠠᠯᠠᠩ ᠢ ᠢᠳᠡᠪᠬᠢᠲᠡᠶ ᠪᠠᠷ ᠬᠥᠭᠵᠢᠭᠦᠯᠵᠣ᠂ | ᠥᠨᠳᠥᠷ ᠵᠡᠷᠭᠡᠯᠡᠯ ᠤᠨ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠭᠠᠵᠠᠷ | ᠰᠢᠷᠣᠶ ᠶᠢᠨ ᠮᠥ ᠪᠦᠷᠢ ᠶᠢᠨ ᠳᠤᠮᠳᠠᠴᠢ ᠤᠨᠠᠯᠳᠠ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠪᠠᠷᠠᠭᠤᠨ ᠪᠡᠯ ᠵᠡᠷᠭᠡ | ᠲᠠᠷᠢᠶᠠᠯᠠᠩ ᠤᠨ ᠣᠷᠣᠨ ᠤ ᠥᠨᠳᠥᠷ ᠪᠠᠷᠢᠮᠵᠢᠶᠠᠲᠤ ᠡᠷᠴᠢᠮᠵᠢᠭᠦᠯᠦᠭᠰᠡᠨ ᠪᠡᠯᠡᠳᠭᠡᠮᠵᠢᠳᠤ ᠲᠠᠷᠢᠶᠠᠯᠠᠩ ᠤᠨ | ᠬᠥᠭᠵᠢᠯᠲᠡ ᠶᠢ ᠲᠦᠯᠬᠢᠨ ᠠᠬᠢᠭᠤᠯᠤᠨ᠎ᠠ᠃ ᠨᠤᠲᠤᠭ ᠪᠡᠯᠴᠢᠭᠡᠷ ᠤᠨ ᠮᠠᠯ ᠠᠵᠤ ᠠᠬᠤᠶ ᠶᠢ ᠵᠣᠬᠢᠬᠤ ᠬᠡᠮᠵᠢᠶ᠎ᠡ ᠪᠠᠷ | ᠬᠥᠭᠵᠢᠭᠦᠯᠵᠦ᠂ ᠲᠠᠷᠢᠶᠠᠯᠠᠬᠤ ᠣᠷᠣᠨ ᠤ ᠬᠠᠰᠢᠶᠠᠯᠠᠨ ᠲᠡᠵᠢᠭᠡᠨ ᠦᠷᠡᠵᠢᠭᠦᠯᠬᠦ ᠦᠢᠯᠡᠰ ᠢ ᠠᠬᠢᠭᠤᠯᠣᠨ | ᠬᠥᠭᠵᠢᠭᠦᠯᠦᠨ᠎ᠡ᠃ ︽ᠲᠠᠷᠢᠶᠠᠴᠢᠳ ᠲᠠᠷᠢᠶᠠᠨ ᠭᠠᠵᠠᠷ ᠢᠶᠠᠨ ᠬᠠᠩᠭᠠᠵᠣ᠂ ᠠᠵᠣ ᠠᠬᠤᠶᠢᠯᠠᠯ ᠲᠠᠭᠠᠭᠠᠴᠢᠯᠠᠨ ᠲᠠᠷᠢᠵᠤ | ᠂ ᠲᠠᠷᠢᠶᠠᠴᠢᠨ ᠪᠠ ᠠᠷᠠᠯᠵᠢᠶᠠᠴᠢᠨ ᠬᠠᠮᠲᠣᠷᠠᠨ ᠠᠵᠢᠯᠯᠠᠬᠤ︾ ᠦᠢᠯᠡᠳᠪᠦᠷᠢᠯᠡᠯ ᠪᠣᠷᠣᠯᠠᠭᠤᠯᠭ᠎ᠠ ᠶᠢ | ᠴᠤᠭᠴᠠᠵᠢᠭᠤᠯᠤᠭᠰᠠᠨ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠵᠠᠭᠪᠤᠷ ᠢ ᠢᠳᠡᠪᠬᠢᠲᠡᠶ ᠪᠠᠷ | ᠳᠡᠯᠭᠡᠷᠡᠭᠦᠯᠦᠨ᠎ᠡ᠃ ᠠᠯᠠᠱᠠ ᠶᠢᠨ ᠴᠠᠭᠠᠨ ᠨᠣᠯᠤᠤᠷᠲᠤ ᠢᠮᠠᠭ᠎ᠠ᠂ ᠠᠯᠠᠱᠠ ᠶᠢᠨ ᠬᠤᠤᠰ ᠪᠥᠬᠦᠲᠦ ᠲᠡᠮᠡᠭᠡ᠂ | ᠠᠯᠠᠱᠠ ᠶᠢᠨ ᠨᠣᠳᠤᠭ ᠤᠨ ᠦᠬᠡᠷ᠂ ᠮᠣᠩᠭᠤᠯ ᠮᠣᠷᠢ᠂ ᠴᠠᠭᠠᠨ ᠭᠤᠶᠣᠣ᠂ ᠤᠯᠠᠭᠠᠨ ᠭᠤᠶᠣᠣ ᠵᠡᠷᠭᠡ ᠪᠠᠷ | ᠭᠤᠣᠯᠯᠠᠭᠰᠠᠨ ︽ᠲᠤᠰᠬᠠᠶ ᠨᠠᠷᠢᠯᠢᠭ ᠣᠨᠴᠠ ᠰᠢᠨ᠎ᠡ︾ ᠳᠠᠪᠠᠭᠤᠯᠢᠭ ᠪᠦᠲᠦᠭᠡᠭᠳᠡᠬᠦᠨ ᠳᠤ ᠲᠦᠰᠢᠭᠯᠡᠨ᠂ ᠰᠦ | ᠮᠢᠬ᠎ᠠ ᠨᠣᠯᠤᠤᠷ ᠵᠡᠷᠭᠡ ᠣᠨᠴᠠᠯᠢᠠᠠᠳᠣ ᠠᠵᠤ ᠦᠢᠯᠡᠰ ᠢ ᠶᠡᠬᠡᠪᠡᠷ ᠬᠥᠭᠵᠢᠭᠦᠯᠣᠨᠡ᠂ ᠣᠳᠣᠬᠢᠴᠢᠯᠠᠭᠰᠠᠨ ᠤᠨᠴᠠᠯᠢᠬᠳᠤ | ᠲᠠᠷᠢᠶᠠᠯᠠᠩ ᠮᠠᠯ ᠠᠵᠤ ᠠᠬᠤᠶ ᠶᠢᠨ ᠲᠣᠯᠣᠭᠠᠶᠢᠯᠠᠭᠴᠢ ᠠᠵᠤ ᠠᠬᠤᠶᠢᠯᠠᠯ ᠢ ᠲᠦᠷᠭᠡᠳᠭᠡᠨ ᠭᠥᠭᠵᠢᠭᠦᠯᠵᠦ᠂ | ᠲᠠᠷᠢᠶᠠᠯᠠᠩ ᠮᠠᠯ ᠠᠵᠤ ᠠᠬᠤᠶ ᠶᠢᠨ ᠥᠪᠡᠷ ᠤᠨ ᠣᠨᠴᠠᠯᠢᠭ ᠲᠠᠢ᠂ ᠠᠵᠤ ᠦᠶᠢᠯᠡᠰᠵᠢᠭᠰᠡᠨ᠂ ᠪᠣᠬᠢᠷᠲᠤᠯ ᠥᠬᠡᠶ | ᠬᠥᠭᠵᠢᠯᠲᠡ ᠶᠢ ᠦᠷᠭᠦᠯᠵᠢᠯᠡᠨ ᠠᠬᠢᠭᠤᠯᠤᠨ᠎ᠠ᠃ ᠬᠤᠶᠠᠷ ᠲᠤ ᠠᠵᠤ ᠦᠢᠯᠡᠳᠪᠦᠷᠢ ᠶᠢᠨ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠣᠯᠳᠠ ᠪᠠᠭᠠᠲᠠᠢ ᠪᠣᠬᠢᠷᠲᠤᠯ ᠦᠭᠡᠢ ᠬᠥᠭᠵᠢᠯᠲᠡ ᠶᠢ ᠣᠷᠣᠭᠰᠢᠲᠠᠢ ᠠᠬᠢᠭᠤᠯᠤᠨ᠎ᠠ᠃ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢᠨ ᠣᠷᠬᠢᠯ ᠴᠡᠭ ᠤᠨ ᠬᠤᠷᠢᠭ᠎ᠠ ᠱᠤᠭᠤᠮ | ᠪᠠ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠲᠥᠪ ᠢ ᠰᠠᠬᠢᠬᠤ ᠬᠠᠷᠠᠯᠲᠠ ᠶᠢᠨ ᠲᠣᠭᠤᠷᠢᠨ ᠳᠤ ᠡᠨᠧᠷᠭᠢ ᠶᠢᠨ | ᠬᠤᠷᠣᠭᠳᠠᠯ ᠤᠨ ᠬᠤᠤᠰ ᠡᠵᠡᠮᠳᠡᠯ ᠢ ᠰᠠᠶᠢᠲᠤᠷ ᠠᠳᠬᠤᠵᠤ᠂ ︽ᠡᠨᠧᠷᠭᠢ ᠶᠢᠨ ᠬᠤᠷᠣᠭᠳᠠᠯ ᠤᠨ ᠬᠤᠣᠰ | ᠬᠢᠵᠠᠭᠠᠷᠯᠠᠯᠲᠠ︾ ᠲᠥᠷᠥᠯ ᠵᠦᠢᠯ ᠤᠨ ᠬᠥᠭᠵᠢᠯᠲᠡ ᠶᠢ ᠡᠷᠡᠰ ᠬᠤᠷᠢᠭᠯᠠᠨ᠎ᠠ᠃ ᠨᠢᠭᠡ ᠪᠦᠯᠦᠭ ᠪᠣᠬᠢᠷᠲᠤᠯ ᠥᠬᠡᠶ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠪᠠᠭᠠᠲᠠᠢ᠂ ᠪᠣᠬᠢᠷᠲᠤᠯ ᠥᠬᠡᠶ ᠡᠨᠧᠷᠭᠢ ᠪᠠᠷ ᠣᠷᠣᠯᠠᠭᠤᠯᠬᠤ᠂ | ᠡᠨᠧᠷᠭᠢ ᠠᠷᠪᠢᠯᠠᠨ ᠣᠷᠴᠢᠨ ᠲᠣᠭᠤᠷᠢᠨ ᠢ ᠬᠠᠮᠠᠭᠠᠯᠠᠬᠤ ᠠᠵᠤ ᠦᠢᠯᠡᠰ ᠤᠨ ᠲᠥᠷᠥᠯ ᠵᠦᠢᠯ ᠢ ᠭᠤᠤᠯᠳᠠᠯᠭ᠎ᠠ ᠲᠠᠢ | ᠪᠠᠶᠢᠷᠢᠰᠢᠭᠤᠯᠵᠤ᠂ ᠲᠣᠨᠤᠭ ᠲᠥᠬᠦᠭᠡᠷᠦᠮᠵᠢ ᠦᠢᠯᠡᠳᠬᠦ᠂ ᠲᠣᠮᠣ ᠳ᠋ᠠᠶᠢᠲ᠋ᠠ ᠵᠡᠷᠭᠡ ᠰᠢᠨ᠎ᠡ ᠪᠠᠷ ᠪᠣᠶ ᠪᠣᠯᠤᠭᠰᠠᠨ ᠠᠵᠤ | ᠦᠢᠯᠡᠰ ᠢ ᠬᠦᠭᠵᠢᠭᠦᠯᠦᠨ ᠪᠤᠵᠠᠭᠠᠶᠢᠷᠠᠭᠤᠯᠤᠨ᠎ᠠ᠃ ᠪᠠᠯ ᠴᠢᠯᠠᠭᠤ ᠶᠢ ᠨᠠᠷᠢᠯᠢᠭ ᠪᠣᠯᠪᠠᠰᠣᠷᠠᠭᠤᠯᠬᠤ ᠠᠵᠤ | ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠨᠡᠭᠦᠷᠡᠰᠦᠨ ᠳᠠᠪᠬᠤᠷᠭ᠎ᠠ ᠶᠢᠨ ᠬᠡᠶ᠂ ᠪᠠᠶᠢᠭᠠᠯᠢ ᠶᠢᠨ ᠰᠢᠲᠠᠮᠠᠬᠠᠶ | ᠬᠡᠶ ᠶᠢᠨ ᠨᠡᠭᠡᠭᠡᠨ ᠠᠰᠢᠭᠯᠠᠯᠳᠠ ᠶᠢ ᠨᠡᠮᠡᠭᠳᠡᠬᠦᠯᠦᠨ᠎ᠡ᠃ ᠰᠢᠨ᠎ᠡ ᠡᠨᠧᠷᠭᠢ ᠶᠢᠨ ᠰᠤᠷᠪᠤᠯᠵᠢ ᠶᠢᠨ ᠬᠥᠭᠵᠢᠯᠲᠡ ᠶᠢᠨ | ᠲᠥᠯᠥᠪᠵᠢᠭᠦᠯᠭᠡ ᠶᠢ ᠰᠠᠶᠢᠲᠤᠷ ᠬᠢᠵᠦ᠂ ᠰᠢᠨ᠎ᠡ ᠡᠨᠧᠷᠭᠢ ᠶᠢᠨ ᠡᠬᠢ ᠪᠠᠶᠠᠯᠢᠭ ᠢ ᠦᠢᠯᠡᠳᠪᠦᠷᠢᠯᠡᠬᠦ᠂ ᠲᠡᠬᠡᠬᠡᠪᠥᠷᠢᠯᠡᠬᠦ᠂ | ᠰᠢᠩᠭᠡᠭᠡᠬᠦ ᠪᠠ ᠨᠥᠬᠡᠴᠡᠯᠡᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠮᠢᠩᠭᠠᠨ ᠲᠦᠮᠡᠨ ᠺᠢᠯᠣᠸᠠᠲ ᠤᠨ | ᠰᠢᠨ᠎ᠡ ᠡᠨᠧᠷᠭᠢ ᠶᠢᠨ ᠰᠣᠷᠪᠣᠯᠵᠢ ᠶᠢᠨ ᠰᠠᠭᠤᠷᠢᠨ ᠭᠠᠵᠠᠷ ᠢ ᠪᠠᠶᠢᠭᠤᠯᠤᠨ᠎ᠠ᠃ ᠭᠤᠷᠪᠠ ᠳᠤ ᠣᠳᠣᠬᠢᠴᠢᠯᠠᠭᠰᠠᠨ | ᠦᠢᠯᠡᠴᠢᠯᠡᠭᠡᠨ ᠤ ᠦᠢᠯᠡᠰ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠬᠦᠯᠦᠨ᠎ᠡ᠃ | ᠤᠯᠤᠰ ᠤᠨ ᠲᠠᠰ ᠤᠨ ᠪᠥᠬᠦ ᠴᠠᠷᠠᠭᠠᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ | ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠪᠠᠶᠠᠨᠬᠤᠲᠠ ᠶᠢᠨ ᠰᠡᠯᠡᠭᠦᠴᠡᠯ ᠤᠨ ᠬᠤᠲᠠ ᠶᠢ ᠪᠥᠲᠥᠭᠡᠨ ᠪᠠᠶᠢᠭᠤᠯᠵᠤ | ᠂ 4A ᠲᠠᠰ ᠤᠨ ᠵᠢᠭᠤᠯᠴᠢᠯᠠᠯ ᠤᠨ ᠦᠵᠡᠮᠵᠢ ᠶᠢᠨ ᠴᠤᠭᠯᠠᠷᠠᠯ ᠤᠨ ᠣᠷᠣᠨ ᠢ ᠪᠥᠲᠥᠭᠡᠨ ᠪᠠᠶᠢᠭᠤᠯᠤᠨ᠎ᠠ᠃ | ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠦᠬᠦᠭᠡᠷᠦᠮᠵᠢ ᠶᠢ ᠲᠡᠭᠦᠯᠳᠡᠷᠵᠢᠭᠦᠯᠦᠨ᠂ ᠡᠯᠡᠰᠦᠨ ᠤ | ᠵᠢᠭᠤᠯᠴᠢᠯᠠᠯ ᠤᠨ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ ᠠᠯᠠᠱᠨ ᠠᠭᠤᠯᠠ ᠶᠢᠨ ᠪᠠᠷᠠᠭᠤᠨ | ᠬᠤᠷᠮᠣᠶ ᠶᠢᠨ ᠣᠶ ᠰᠢᠭᠤᠶ ᠶᠢᠨ ᠡᠷᠡᠭᠦᠯᠵᠢᠯ ᠰᠤᠪᠢᠯᠠᠯᠲᠠ ᠪᠠ ᠲᠠᠯ᠎ᠠ ᠨᠤᠲᠤᠭ ᠤᠨ ᠰᠡᠯᠡᠭᠦᠴᠡᠯ ᠠᠮᠢ ᠠᠬᠤᠶ ᠶᠢᠨ | ᠵᠢᠭᠤᠯᠴᠢᠯᠠᠯ ᠤᠨ ᠣᠷᠣᠨ ᠢ ᠴᠢᠷᠮᠠᠶᠢᠨ ᠪᠠᠶᠢᠭᠤᠯᠵᠤ᠂ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠷᠳᠣ ᠴᠠᠭᠠᠨ ᠬᠡᠷᠡᠮ ᠢ ᠬᠠᠮᠠᠭᠠᠯᠠᠵᠤ ᠰᠡᠯᠪᠢᠨ ᠵᠠᠰᠠᠬᠤ ᠪᠠ | ᠠᠯᠠᠱᠠ ᠶᠢᠨ ᠬᠤᠪᠢᠰᠬᠠᠯᠲᠣ ᠰᠣᠶᠣᠯ ᠤᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠵᠡᠷᠭᠡ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠮᠠᠰᠢᠨ ᠳᠡᠷᠭᠡᠨ ᠤ ᠤᠷᠤᠯᠳᠤᠭᠠᠨ᠂ ᠬᠡᠭᠡᠷᠯᠡᠨ | ᠠᠶᠠᠯᠠᠵᠣ ᠪᠡᠶᠡᠴᠢᠯᠡᠨ ᠦᠢᠯᠠᠭᠠᠬᠤ ᠭᠠᠵᠠᠷ᠂ ᠠᠮᠢ ᠠᠬᠤᠶ ᠶᠢᠨ ᠡᠷᠡᠭᠦᠯᠵᠢᠯ ᠰᠤᠪᠢᠯᠠᠯᠲᠠ᠂ ᠰᠤᠷᠭᠠᠨ ᠬᠥᠮᠦᠵᠢᠯ ᠤᠨ | ᠰᠤᠳᠤᠯᠭ᠎ᠠ ᠵᠡᠷᠭᠡ ᠤᠨᠴᠠᠯᠢᠬᠳᠤ ᠵᠢᠭᠤᠯᠴᠢᠯᠠᠯ ᠤᠨ ᠤᠶᠠᠯᠳᠤᠨ ᠬᠥᠭᠵᠢᠬᠦ ᠶᠢ ᠠᠬᠢᠭᠤᠯᠵᠤ᠂ ᠠᠯᠠᠱᠠ ᠶᠢᠨ ᠬᠦᠰᠡᠯ | ᠮᠦᠷᠦᠭᠡᠳᠦᠯ ᠤᠨ ᠡᠯᠡᠰᠦᠨ ᠴᠥᠯ ᠤᠨ ᠮᠠᠰᠢᠨ ᠲᠡᠷᠭᠡ ᠪᠠ ᠠᠭᠠᠷ ᠠᠶᠠᠯᠠᠯ ᠤᠨ ᠰᠣᠶᠣᠯ ᠤᠨ ᠭᠤᠣᠯ ᠰᠡᠳᠦᠪᠲᠦ | ᠴᠡᠩᠭᠡᠯ ᠤᠨ ᠬᠦᠷᠢᠶᠡᠯᠡᠩ ᠢ ᠪᠠᠶᠢᠩᠭᠤᠵᠢᠭᠤᠯᠤᠨ ᠡᠵᠡᠩᠨᠡᠵᠦ᠂ ᠰᠣᠶᠣᠯ ᠵᠢᠭᠤᠯᠴᠢᠯᠠᠯ ᠤᠨ ᠦᠢᠯᠡᠰ ᠢ ᠠᠵᠤ | ᠠᠬᠤᠶ ᠶᠢᠨ ᠰᠢᠨ᠎ᠡ ᠨᠡᠮᠡᠭᠳᠡᠯ ᠤᠨ ᠴᠡᠭ ᠪᠣᠯᠭᠠᠨ ᠪᠥᠲᠥᠭᠡᠨ ᠪᠠᠶᠢᠭᠤᠯᠬᠤ ᠪᠠᠷ ᠬᠦᠴᠦᠯᠡᠨ ᠴᠢᠷᠮᠠᠶᠢᠨ᠎ᠠ᠃ | ᠭᠤᠷᠪᠠ᠂ ᠭᠤᠷᠪᠠᠨ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠬᠤ ᠲᠠᠯ᠎ᠠ ᠪᠠᠷ ︽ᠰᠢᠨ᠎ᠡ | ᠰᠢᠪᠲᠤᠯᠤᠯᠲᠠ︾ ᠶᠢ ᠪᠡᠶᠡᠯᠡᠭᠦᠯᠦᠨ᠎ᠡ | ᠨᠢᠭᠡ ᠳᠤ ᠤᠯᠠᠨᠪᠤᠯᠠᠭ ᠠᠵᠤ ᠦᠢᠯᠡᠰ ᠤᠨ ᠬᠦᠷᠢᠶᠡᠯᠡᠩ ᠢ ᠲᠦᠷᠭᠡᠳᠬᠡᠨ ᠪᠠᠶᠢᠭᠤᠯᠤᠨ᠎ᠠ᠃ ᠮᠣᠩᠭᠤᠯ ᠲᠠᠢ | ᠬᠦᠷᠰᠢᠯᠡᠵᠦ ᠤᠷᠤᠰ ᠲᠠᠢ ᠨᠡᠪᠳᠡᠷᠡᠯᠴᠡᠭᠰᠡᠨ ᠬᠢᠯᠢ ᠶᠢᠨ ᠣᠷᠣᠨ ᠪᠠᠶᠢᠷᠢ ᠶᠢᠨ ᠳᠠᠪᠠᠭᠤᠯᠢᠭ᠂ ᠡᠮᠦᠨᠡᠰᠢ ᠨᠡᠪᠳᠡᠷᠠᠵᠣ | ᠤᠮᠠᠷᠠᠰᠢ ᠨᠡᠭᠡᠭᠡᠭᠰᠡᠨ᠂ ᠵᠡᠭᠦᠨ ᠪᠠᠷᠠᠭᠤᠨ ᠢ ᠬᠤᠯᠪᠣᠭᠰᠠᠨ ᠵᠠᠮ ᠬᠠᠷᠢᠯᠴᠠᠭᠠᠨ ᠤ ᠬᠦᠢᠰᠦ ᠴᠡᠭ ᠤᠨ ᠳᠠᠪᠠᠭᠤᠯᠢᠭ᠂ | ᠥᠪᠡᠷᠮᠢᠴᠡ ᠣᠨᠴᠠᠯᠢᠭ ᠲᠠᠢ ᠪᠠᠶᠢᠭᠠᠯᠢ ᠶᠢᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠪᠠᠯ | ᠴᠢᠯᠠᠭᠤ᠂ ᠴᠢᠯᠠᠭᠤᠨ ᠲᠣᠰᠣ᠂ ᠰᠢᠨ᠎ᠡ ᠡᠨᠧᠷᠭᠢ᠂ ᠬᠤᠶᠢᠳᠤ ᠠᠭᠤᠯᠠ ᠶᠢᠨ ᠬᠦᠳᠡᠷ ᠤᠨ ᠪᠠᠶᠠᠯᠢᠭ ᠲᠠᠢ ᠤᠷᠤᠨ ᠤ | ᠠᠭᠤᠷᠬᠠᠶ ᠶᠢᠨ ᠭᠠᠷᠤᠯᠲᠠ᠂ ᠭᠠᠳᠠᠭᠠᠳᠤ ᠠᠴᠠ ᠣᠷᠣᠭᠤᠯᠤᠭᠰᠠᠨ ᠡᠬᠢ ᠪᠠᠶᠠᠯᠢᠭ ᠢ ᠨᠠᠷᠢᠯᠢᠭ ᠪᠣᠯᠪᠠᠰᠤᠷᠠᠭᠤᠯᠬᠤ | ᠠᠵᠢᠯ ᠤᠨ ᠲᠣᠭᠤᠷᠢᠨ ᠳᠤ᠂ ᠪᠠᠯ ᠴᠢᠯᠠᠭᠤ ᠦᠢᠯᠡᠳᠪᠦᠷᠢᠯᠡᠵᠦ ᠪᠣᠯᠪᠠᠰᠤᠷᠠᠭᠤᠯᠬᠤ ᠴᠢᠬᠤᠯᠠ ᠰᠠᠭᠤᠷᠢᠨ ᠭᠠᠵᠠᠷ᠂ | ᠪᠠᠷᠠᠭᠤᠨ ᠬᠡᠰᠡᠭ ᠤᠨ ᠭᠠᠵᠠᠷ ᠣᠷᠣᠨ ᠤ ᠴᠢᠯᠠᠭᠤᠨ ᠲᠣᠰᠣ ᠨᠡᠭᠡᠭᠡᠨ ᠣᠯᠪᠣᠷᠢᠯᠠᠬᠤ ᠶᠡᠷᠦᠩᠬᠡᠶᠢᠯᠡᠭᠰᠡᠨ ᠢᠵᠢ | ᠪᠥᠷᠢᠳᠦᠭᠦᠯᠬᠦ ᠠᠵᠤ ᠦᠢᠯᠡᠰ ᠤᠨ ᠰᠠᠭᠤᠷᠢᠨ ᠭᠠᠵᠠᠷ᠂ ᠳᠤᠮᠳᠠᠳᠤ ᠮᠣᠩᠭᠤᠯ ᠤᠨ ᠬᠢᠯᠢ ᠬᠢᠵᠠᠭᠠᠷ ᠤᠨ | ᠠᠭᠤᠷᠬᠠᠶ ᠶᠢᠨ ᠭᠠᠷᠤᠯᠲᠠ ᠶᠢᠨ ᠰᠣᠯᠢᠯᠴᠠᠭᠠᠨ ᠤ ᠡᠳ᠋ᠰᠢᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ᠃ ᠬᠤᠶᠠᠷ ᠲᠤ | ᠥᠯᠵᠡᠢ ᠪᠣᠭᠤᠮᠲᠠ ᠶᠢᠨ ᠪᠦᠳᠦᠭᠡᠨ ᠪᠠᠶᠢᠭᠤᠯᠤᠯᠳᠠ ᠶᠢᠨ ᠠᠬᠢᠴᠠ ᠶᠢ ᠲᠦᠷᠭᠡᠳᠬᠡᠨ᠎ᠡ᠃ ᠲᠠᠪᠤᠨ ᠵᠢᠯ ᠳᠤ ᠨᠡᠶᠢᠲᠡ | 20.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠬᠠᠷᠢᠯᠴᠠᠨ ᠬᠤᠯᠪᠣᠭᠠᠯᠠᠵᠤ ᠨᠡᠪᠲᠡᠷᠡᠯᠴᠡᠬᠦ ᠠᠮᠢ | ᠠᠬᠤᠶ ᠶᠢᠨ ᠵᠠᠮ ᠤᠨ ᠬᠤᠶᠠᠳᠤᠭᠠᠷ ᠬᠤᠭᠤᠴᠠᠭ᠎ᠠ ᠵᠡᠷᠭᠡ 8 ᠲᠥᠷᠥᠯ ᠵᠦᠢᠯ ᠢ ᠪᠦᠲᠦᠭᠡᠨ ᠪᠠᠶᠢᠭᠤᠯᠤᠨ᠎ᠠ᠃ ᠤᠯᠠᠨ | ᠲᠠᠯ᠎ᠠ ᠶᠢ ᠬᠠᠮᠤᠷᠤᠭᠰᠠᠨ ᠪᠣᠭᠤᠮᠲᠠ ᠶᠢᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠪᠣᠭᠤᠮᠲᠠ ᠶᠢᠨ ᠡᠬᠢ | ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ︽ᠪᠣᠭᠤᠮᠲᠠ +︾ ᠠᠵᠤ ᠦᠢᠯᠡᠰ ᠤᠨ ᠲᠣᠭᠤᠷᠢᠨ ᠳᠤ᠂ | ᠨᠢᠭᠡ ᠪᠦᠯᠦᠭ ᠨᠥᠭᠡᠴᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ᠂ ᠢᠳᠡᠭᠡᠨ ᠤᠮᠳᠠᠭᠠᠨ ᠢ ᠰᠣᠷᠭᠤᠭ ᠢᠶᠠᠷ ᠨᠢ | ᠬᠠᠳᠠᠭᠠᠯᠠᠬᠤ ᠲᠡᠭᠡᠭᠡᠪᠦᠷᠢ᠂ ᠨᠠᠷᠢᠯᠢᠭ ᠪᠣᠯᠪᠠᠰᠣᠷᠠᠭᠤᠯᠬᠤ ᠵᠡᠷᠭᠡ ᠠᠵᠤ ᠠᠬᠤᠶᠢᠯᠠᠯ ᠢ ᠤᠷᠢᠳᠴᠢᠯᠠᠨ | ᠲᠥᠯᠥᠪᠵᠢᠭᠦᠯᠦᠨ ᠪᠠᠶᠢᠷᠢᠰᠢᠭᠤᠯᠵᠤ᠂ ᠦᠯᠵᠡᠢ ᠪᠣᠭᠤᠮᠲᠠ ᠶᠢ ᠲᠦᠷᠭᠡᠳᠬᠡᠨ ᠠᠬᠢᠭᠤᠯᠵᠤ ᠳᠤᠮᠳᠠᠳᠤ ᠮᠣᠩᠭᠤᠯ | ᠬᠤᠶᠠᠷ ᠲᠠᠯ᠎ᠠ ᠶᠢᠨ ᠵᠢᠯ ᠲᠤᠷᠰᠢ ᠪᠣᠭᠤᠮᠲᠠ ᠨᠡᠬᠡᠬᠡᠵᠥ ᠪᠠᠷᠠᠭ᠎ᠠ ᠨᠡᠪᠳᠡᠷᠡᠬᠦ ᠶᠢ ᠪᠡᠶᠡᠯᠡᠭᠦᠯᠦᠭᠰᠡᠨ ᠤ ᠳᠠᠷᠠᠭ᠎ᠠ᠂ ︽ᠡᠳ᠋ | ᠪᠠᠷᠠᠭ᠎ᠠ ᠶᠢ ᠥᠩᠭᠡᠷᠡᠭᠦᠯᠬᠦ︾ ᠠᠴᠠ ︽ᠣᠯᠠᠨ ᠴᠠᠷᠠᠭ᠎ᠠ ᠬᠦᠷᠢᠶ᠎ᠡ ᠶᠢ ᠬᠠᠮᠤᠷᠤᠭᠰᠠᠨ ᠭᠦᠢᠯᠭᠡᠭᠡᠨ ᠤ ᠬᠤᠩᠭᠢᠯ︾ | ᠪᠣᠯᠭᠠᠨ ᠬᠥᠭᠵᠢᠭᠦᠯᠵᠦ᠂ ︽ᠡᠳ᠋ ᠪᠠᠷᠠᠭ᠎ᠠ ᠶᠢ ᠳᠠᠮᠵᠢᠭᠤᠯᠬᠤ︾ ᠠᠴᠠ ︽ᠲᠤᠬᠠᠢ ᠶᠢᠨ ᠭᠠᠵᠠᠷ ᠲᠠᠭᠠᠨ | ᠪᠣᠯᠪᠠᠰᠤᠷᠠᠭᠤᠯᠬᠤ ᠠᠵᠤ ᠠᠬᠤᠢ︾ ᠪᠣᠯᠭᠠᠨ ᠬᠤᠪᠢᠷᠠᠭᠤᠯᠬᠤ ᠶᠢ ᠠᠬᠢᠭᠤᠯᠣᠨ᠎ᠠ᠃ ᠭᠤᠷᠪᠠ ᠳᠤ ᠪᠠᠶᠠᠨᠬᠤᠲᠠ ᠶᠢᠨ | ᠠᠮᠢ ᠠᠬᠤᠶ ᠪᠠ ᠰᠢᠨᠵᠢᠯᠡᠭᠡ ᠮᠡᠷᠭᠡᠵᠢᠯ ᠤᠨ ᠠᠳᠠᠯ ᠦᠢᠯᠡᠰ ᠪᠤᠰᠬᠠᠬᠤ ᠵᠢᠱᠢᠶ᠎ᠡ ᠦᠵᠡᠭᠦᠯᠬᠦ ᠬᠦᠷᠢᠶᠡᠯᠡᠩ ᠢ | ᠲᠦᠷᠭᠡᠳᠬᠡᠨ ᠪᠠᠶᠢᠭᠤᠯᠤᠨ᠎ᠠ᠃ ᠤᠷᠤᠨ ᠨᠤᠲᠤᠭ ᠤᠨ ᠠᠵᠤ ᠠᠬᠤᠶᠢᠯᠠᠯ ᠢ ᠳᠡᠮᠵᠢᠨ ᠪᠣᠶᠢᠵᠢᠭᠤᠯᠵᠣ᠂ | ᠰᠢᠯᠢᠳᠡᠭᠵᠢᠭᠦᠯᠦᠨ ᠬᠦᠴᠦᠷᠬᠡᠭᠵᠢᠬᠦᠯᠵᠦ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠪᠥᠷᠢᠯᠳᠥᠬᠦᠯᠥᠨ᠎ᠡ᠃ | ᠠᠮᠢ ᠠᠬᠤᠶ ᠶᠢᠨ ᠣᠨᠴᠠᠯᠢᠭ᠂ ᠠᠮᠢ ᠠᠬᠤᠶ ᠶᠢ ᠰᠡᠷᠭᠦᠭᠡᠬᠦ᠂ ᠴᠦᠯᠵᠢᠯ ᠢ ᠵᠠᠰᠠᠨ ᠰᠠᠶᠢᠵᠢᠷᠠᠭᠤᠯᠬᠤ᠂ ᠴᠡᠷᠢᠭ | ᠠᠷᠠᠳ ᠤᠨ ᠬᠡᠷᠡᠭᠯᠡᠭᠡ ᠶᠢ ᠤᠶᠠᠯᠳᠤᠭᠤᠯᠬᠤ ᠵᠡᠷᠭᠡ ᠠᠵᠤ ᠦᠢᠯᠡᠰ ᠤᠨ ᠲᠣᠭᠤᠷᠢᠨ ᠳᠤ᠂ ᠰᠢᠨ᠎ᠡ ᠶᠢ ᠡᠭᠦᠳᠬᠦ | ᠦᠵᠡᠯ ᠤᠬᠠᠮᠰᠠᠷ ᠢᠶᠠᠷ ᠴᠢᠩᠭ᠎ᠠ᠂ ᠪᠤᠳᠠᠳᠠᠶᠢᠵᠢᠭᠰᠠᠨ ᠴᠢᠨᠠᠷ ᠴᠢᠨᠰᠠᠭ᠎ᠠ ᠪᠠᠷ ᠥᠨᠳᠥᠷ᠂ ᠠᠵᠤ ᠠᠬᠤᠶ ᠶᠢᠨ ᠦᠷ᠎ᠡ | ᠠᠰᠢᠭ ᠢᠶᠠᠷ ᠦᠨᠳᠦᠷ ᠠᠵᠤ ᠠᠬᠤᠶᠢᠯᠠᠯ ᠢ ᠠᠳᠠᠯ ᠦᠢᠯᠡᠰ ᠴᠣᠭᠴᠠᠯᠠᠬᠤ ᠬᠦᠷᠢᠶᠡᠯᠡᠩ ᠳᠤ ᠬᠤᠳᠠᠯᠳᠤᠭ᠎ᠠ | ᠡᠵᠡᠩᠨᠡᠬᠦᠯᠵᠦ᠂ ᠠᠮᠢ ᠠᠬᠤᠶ ᠶᠢᠨ ᠤᠨᠴᠠᠯᠢᠭᠳᠤ ᠠᠵᠤ ᠦᠢᠯᠡᠰ ᠢᠶᠠᠷ ᠭᠤᠤᠯ ᠪᠣᠯᠭᠠᠭᠰᠠᠨ᠂ ᠣᠶᠤᠨᠴᠢ ᠲᠣᠨᠤᠭ | ᠲᠥᠬᠦᠭᠡᠷᠦᠮᠵᠢ ᠦᠢᠯᠡᠳᠬᠦ᠂ ᠠᠭᠠᠷ ᠰᠠᠨᠰᠠᠷ ᠤᠨ ᠠᠵᠤ ᠦᠢᠯᠡᠰ᠂ ᠴᠡᠷᠢᠭ ᠠᠷᠠᠳ ᠤᠨ ᠬᠡᠷᠡᠭᠯᠡᠬᠡᠨ ᠤ ᠣᠶᠠᠯᠳᠤᠯ ᠢ | ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠵᠢᠱᠢᠶ᠎ᠡ ᠦᠵᠡᠭᠦᠯᠬᠦ ᠬᠦᠷᠢᠶᠡᠯᠡᠩ ᠢ ᠴᠢᠷᠮᠠᠶᠢᠨ ᠴᠣᠭᠴᠠᠯᠠᠨ᠎ᠠ᠃ | ᠳᠥᠷᠪᠡ᠂ ᠭᠤᠷᠪᠠᠨ ᠲᠦᠷᠦᠯ ᠤᠨ ᠭᠤᠤᠯᠳᠠᠯᠭ᠎ᠠ ᠲᠠᠢ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ | ᠲᠠᠯ᠎ᠠ ᠪᠠᠷ ︽ᠰᠢᠨ᠎ᠡ ᠠᠬᠢᠴᠠ︾ ᠲᠠᠢ ᠪᠣᠯᠭᠠᠨ᠎ᠠ | ᠨᠢᠭᠡ ᠳᠤ ᠰᠠᠭᠠᠳ ᠥᠬᠡᠶ ᠲᠦᠷᠭᠡᠨ ᠨᠡᠪᠳᠡᠷᠡᠬᠦ ᠪᠦᠬᠦ ᠲᠠᠯ᠎ᠠ ᠶᠢ ᠬᠠᠮᠣᠷᠣᠭᠰᠠᠨ ᠵᠠᠮ ᠬᠠᠷᠢᠯᠴᠠᠭᠠᠨ ᠤ ᠲᠣᠤᠷ | ᠰᠦᠯᠵᠢᠶ᠎ᠡ ᠶᠢ ᠪᠠᠶᠢᠭᠤᠯᠤᠨ᠎ᠠ᠃ ᠲᠥᠪ ᠠᠴᠠ ᠳᠤᠷᠠᠳᠤᠭᠰᠠᠨ ︽ᠰᠠᠭᠤᠷᠢ ᠲᠥᠬᠦᠭᠡᠷᠦᠮᠵᠢ ᠶᠢᠨ ᠪᠡᠯᠡ | ᠣᠷᠣᠭᠤᠯᠤᠯᠲᠠ ᠶᠢ ᠵᠣᠬᠢᠬᠤ ᠬᠡᠮᠵᠢᠶ᠎ᠡ ᠪᠠᠷ ᠤᠷᠢᠳᠴᠢᠯᠠᠨ ᠥᠷᠨᠢᠭᠦᠯᠬᠦ︾ ᠴᠢᠬᠤᠯᠠ ᠶᠡᠭᠡ ᠪᠣᠯᠣᠮᠵᠢ ᠲᠣᠬᠢᠶᠠᠯ ᠢ | ᠠᠮᠵᠢᠵᠤ᠂ ᠪᠠᠶᠠᠨᠬᠤᠲᠠ᠂ ᠣᠯᠠᠨᠪᠤᠯᠠᠭ᠂ ᠥᠯᠵᠡᠢ ᠪᠣᠭᠤᠮᠲᠠ ᠵᠡᠷᠭᠡ ᠭᠤᠷᠪᠠᠨ ᠴᠢᠬᠤᠯᠠ ᠵᠠᠮ ᠬᠠᠷᠢᠯᠴᠠᠭᠠᠨ ᠤ | ᠬᠦᠢᠰᠦ ᠶᠢ ᠢᠳᠡᠪᠬᠢᠲᠡᠶ ᠪᠠᠷ ᠪᠠᠶᠢᠭᠤᠯᠤᠨ᠎ᠠ᠃ ᠪᠠᠶᠠᠨᠬᠤᠲᠠ ᠠᠴᠠ ᠢᠷᠭᠠᠶ ᠬᠥᠷᠬᠦ ᠲᠡᠮᠦᠷ ᠵᠠᠮ ᠢ ᠪᠠᠶᠢᠭᠤᠯᠤᠨ | ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠨ᠎ᠠ᠃ ᠦᠯᠵᠡᠢ ᠪᠣᠭᠤᠮᠲᠠ — ᠵᠢᠷᠠᠲᠠᠢ — | ᠪᠠᠶᠠᠨᠬᠤᠲᠠ — ᠳᠡᠷᠡᠰᠤᠨ ᠬᠦᠷᠬᠦ ᠲᠡᠮᠦᠷ ᠵᠠᠮ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ | ᠢᠳᠡᠪᠬᠢᠲᠡᠶ ᠪᠠᠷ ᠠᠬᠢᠭᠤᠯᠤᠨ᠎ᠠ᠃ ᠠᠯᠠᠱᠠ ᠵᠡᠭᠦᠨ ᠬᠤᠰᠢᠭᠤᠨ ᠤ ᠠᠵᠢᠯ ᠤᠨ ᠬᠡᠷᠡᠭᠯᠡᠬᠡᠨ ᠤ ᠨᠢᠰᠬᠡᠯ ᠤᠨ | ᠪᠠᠭᠤᠳᠠᠯ ᠤᠨ ᠲᠠᠰ ᠳᠡᠪᠰᠢᠬᠦ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠵᠡᠷᠭᠡ ᠭᠤᠤᠯᠳᠠᠯᠭ᠎ᠠ ᠲᠠᠢ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠬᠤᠶᠠᠷ ᠲᠤ ᠲᠣᠭᠲᠠᠪᠤᠷᠢᠲᠠᠢ ᠪᠥᠭᠡᠳ | ᠥᠨᠳᠥᠷ ᠪᠦᠲᠦᠮᠵᠢᠲᠡᠶ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢ ᠪᠦᠳᠦᠭᠡᠨ ᠪᠠᠶᠢᠭᠤᠯᠤᠨ᠎ᠠ᠃ ︽ | ᠣᠰᠣᠨ ᠤ ᠨᠥᠭᠡᠴᠡ ᠶᠢᠨ ᠬᠡᠮᠵᠢᠶ᠎ᠡ ᠪᠠᠷ ᠳᠥᠷᠪᠡ ᠶᠢ ᠲᠣᠭᠳᠠᠭᠠᠬᠤ︾ ᠵᠠᠷᠴᠢᠮ ᠢ ᠪᠠᠷᠢᠮᠲᠠᠯᠠᠨ᠂ ︽ᠤᠰᠤᠨ ᠤ ᠡᠬᠢ | ᠪᠠᠶᠠᠯᠢᠭ ᠢ ᠵᠤᠬᠢᠴᠠᠭᠤᠯᠬᠤ︾ ᠠᠵᠢᠯ ᠢ ᠰᠠᠶᠢᠲᠤᠷ ᠬᠢᠨ᠎ᠠ᠃ ᠤᠰᠤᠨ ᠤ ᠡᠬᠢ ᠪᠠᠶᠠᠯᠢᠭ ᠪᠠ ᠤᠰᠤᠨ ᠤ ᠠᠮᠢ | ᠠᠬᠤᠶ ᠶᠢᠨ ᠬᠠᠮᠢᠶᠠᠷᠤᠯᠳᠠ ᠶᠢ ᠰᠠᠶᠢᠳᠤᠷ ᠠᠳᠬᠤᠵᠣ᠂ ᠤᠯᠤᠰ᠂ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠲᠥᠷᠥᠯ ᠵᠦᠢᠯ ᠢ ᠡᠨᠡ ᠵᠢᠯ ᠤᠨ ᠲᠤᠰᠬᠠᠶ ᠲᠥᠷᠦᠯ ᠤᠨ ᠵᠢᠭᠡᠯᠡᠯᠭᠡ ᠶᠢᠨ ᠲᠡᠮᠳᠡᠭᠲᠦ ᠶᠢᠨ ᠪᠠᠯᠠ | ᠮᠥᠩᠭᠦ ᠪᠣᠯᠭᠠᠬᠤ ᠭᠤᠤᠯᠳᠠᠯᠭ᠎ᠠ ᠲᠠᠢ ᠪᠤᠯᠤᠮᠵᠢ ᠲᠣᠬᠢᠶᠠᠯ ᠢ ᠠᠰᠢᠭᠯᠠᠵᠣ᠂ ᠪᠠᠶᠠᠨᠬᠤᠲᠠ ᠵᠡᠷᠭᠡ ᠭᠤᠤᠯᠳᠠᠯᠭ᠎ᠠ ᠲᠠᠢ | ᠭᠠᠵᠠᠷ ᠣᠷᠣᠨ ᠤ ᠦᠶᠡᠷ ᠢ ᠰᠡᠷᠭᠡᠶᠢᠯᠡᠬᠦ ᠲᠦᠬᠦᠬᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ | ᠬᠠᠲᠤᠨ ᠭᠤᠤᠯ ᠤᠨ ᠥᠪᠥᠷ ᠮᠣᠩᠭᠤᠯ ᠤᠨ ᠠᠯᠠᠱᠠ ᠠᠶᠢᠮᠠᠭ ᠳᠠᠬᠢ ᠰᠥᠩ ᠬᠠᠯᠢᠶ᠎ᠠ ᠶᠢᠨ ᠪᠠᠴᠢᠮ ᠪᠠᠶᠢᠳᠠᠯ ᠢ | ᠠᠷᠭᠠᠴᠠᠭᠠᠬᠤ ︵ᠦᠶᠡᠷ ᠢ ᠰᠠᠯᠭᠠᠬᠤ︶ ᠢᠨᠵᠧᠨᠧᠷᠢᠩ ᠢ ᠠᠬᠢᠭᠤᠯᠤᠨ᠎ᠠ᠃ ᠪᠠᠶᠠᠨᠬᠤᠲᠠ ᠭᠠᠵᠠᠷ ᠣᠷᠣᠨ ᠤ ᠤᠰᠤ | ᠬᠠᠩᠭᠠᠨ ᠵᠠᠯᠠᠬᠤ ᠬᠤᠭᠤᠯᠠᠶ ᠶᠢᠨ ᠲᠣᠤᠷ ᠢ ᠥᠭᠡᠷᠡᠴᠢᠯᠡᠬᠦ ᠵᠢᠴᠢ ᠤᠰᠤᠨ ᠤ ᠴᠢᠨᠠᠷ ᠢ ᠳᠡᠭᠡᠭᠰᠢᠯᠡᠭᠦᠯᠬᠦ | ᠢᠨᠵᠧᠨᠧᠷᠢᠩ ᠢ ᠲᠦᠷᠭᠡᠳᠬᠡᠨ ᠠᠬᠢᠭᠤᠯᠤᠨ᠎ᠠ᠃ ᠤᠰᠤᠨ ᠤ ᠡᠬᠢ ᠪᠠᠶᠠᠯᠢᠭ ᠤᠨ ᠬᠠᠩᠭᠠᠯᠭ᠎ᠠ ᠶᠢ ᠣᠯᠠᠨ ᠠᠷᠭ᠎ᠠ | ᠵᠠᠮ ᠢᠶᠠᠷ ᠨᠡᠮᠡᠭᠳᠡᠭᠦᠯᠵᠦ᠂ ᠤᠰᠤᠨ ᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠦᠷ᠎ᠡ ᠪᠦᠲᠦᠮᠵᠢ ᠶᠢ ᠦᠨᠡᠨᠬᠦ | ᠳᠡᠭᠡᠭᠰᠢᠯᠡᠭᠦᠯᠵᠦ᠂ ᠪᠥᠬᠦ ᠬᠤᠰᠢᠭᠤᠨ ᠤ ᠰᠢᠨ᠎ᠡ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠭᠰᠠᠨ ᠤᠰᠤᠨ ᠤ ᠠᠮᠤᠷ | ᠲᠦᠪᠰᠢᠨ ᠤ ᠪᠠᠲᠤᠯᠠᠭ᠎ᠠ ᠶᠢᠨ ᠲᠤᠭᠲᠠᠴᠠ ᠶᠢ ᠪᠠᠶᠢᠭᠤᠯᠤᠨ᠎ᠠ᠃ ᠭᠤᠷᠪᠠ ᠳᠤ ᠣᠷᠣᠰᠢᠨ ᠰᠠᠭᠤᠬᠤ ᠳᠤ | ᠲᠠᠭᠠᠯᠠᠮᠵᠢᠲᠠᠢ ᠪᠥᠭᠡᠳ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠶ ᠬᠤᠳᠠ ᠬᠥᠳᠡᠭᠡ ᠶᠢᠨ ᠣᠷᠴᠢᠨ ᠨᠥᠬᠦᠴᠡᠯ ᠢ | ᠪᠤᠢ ᠪᠣᠯᠭᠠᠨ᠎ᠠ᠃ ᠬᠤᠲᠠ ᠪᠠᠯᠭᠠᠰᠤ ᠶᠢᠨ ᠠᠮᠢ ᠠᠬᠤᠶ ᠶᠢ ᠰᠡᠷᠭᠦᠭᠡᠬᠦ ᠪᠠ ᠴᠢᠳᠠᠮᠵᠢ ᠶᠢ ᠲᠡᠭᠦᠯᠳᠡᠷᠵᠢᠭᠦᠯᠬᠦ | ᠢᠨᠵᠧᠨᠧᠷᠢᠩ ᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠵᠣᠬᠢᠴᠠᠭᠤᠯᠣᠨ ᠬᠡᠷᠡᠭᠵᠢᠭᠦᠯᠵᠦ᠂ ᠬᠤᠲᠠ ᠶᠢᠨ ᠵᠠᠮ | ᠂ ᠬᠠᠭᠤᠴᠢᠨ ᠬᠤᠷᠢᠶᠠᠯᠠᠯ ᠤᠨ ᠥᠭᠡᠷᠡᠴᠢᠯᠡᠯᠲᠡ ᠪᠠ ᠬᠤᠲᠠ ᠬᠥᠳᠡᠭᠡ ᠶᠢᠨ ᠰᠠᠭᠤᠷᠢ ᠲᠦᠬᠦᠬᠡᠷᠦᠮᠵᠢ ᠶᠢᠨ ᠪᠥᠲᠥᠭᠡᠨ | ᠪᠠᠶᠢᠭᠤᠯᠤᠯᠲᠠ ᠶᠢ ᠴᠢᠩᠭᠠᠳᠬᠠᠨ᠂ ᠨᠡᠶᠢᠭᠡᠮ ᠲᠣᠭᠤᠷᠢᠭ ᠤᠨ ᠪᠢᠴᠢᠯ ᠦᠨᠳᠦᠰᠦᠨ ᠪᠥᠲᠥᠭᠡᠨ ᠪᠠᠶᠢᠭᠤᠯᠤᠯᠲᠠ ᠶᠢ | ᠠᠬᠢᠭᠤᠯᠵᠤ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠥᠪᠰᠢᠨ ᠢ ᠲᠠᠰᠤᠷᠠᠯᠲᠠ ᠥᠬᠡᠶ | ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠵᠦ᠂ | ᠬᠥᠳᠡᠭᠡ ᠲᠣᠰᠬᠤᠨ ᠤ ᠵᠠᠮ ᠬᠠᠷᠢᠯᠴᠠᠭ᠎ᠠ ᠲᠡᠭᠡᠭᠡᠪᠦᠷᠢ᠂ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡ᠂ ᠴᠠᠬᠢᠮ | ᠪᠦᠰᠡ ᠰᠦᠯᠵᠢᠶ᠎ᠡ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ | ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠭᠴᠢᠳ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠠᠪᠤᠨ | ᠵᠢᠯ ᠤᠨ ᠳᠡᠭᠡᠭᠰᠢᠯᠡᠭᠦᠯᠬᠦ ᠠᠵᠢᠯᠯᠠᠭ᠎ᠠ ᠶᠢ ᠡᠷᠴᠢᠮᠲᠡᠢ ᠠᠬᠢᠭᠤᠯᠵᠤ᠂ ᠵᠣᠷᠯᠣᠩ ᠤᠨ ᠦᠭᠡᠷᠡᠴᠢᠯᠡᠯᠳᠡ᠂ ᠪᠣᠬᠢᠷ | ᠤᠰᠤ ᠶᠢ ᠰᠢᠢᠳᠪᠦᠷᠢᠯᠡᠬᠦ᠂ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠵᠡᠷᠭᠡ ᠠᠵᠢᠯ ᠢ ᠨᠢᠭᠡᠳᠦᠯᠲᠡᠶ ᠲᠥᠯᠥᠪᠯᠡᠨ | ᠰᠠᠶᠢᠲᠤᠷ ᠬᠢᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠬᠦᠴᠦᠯᠡᠨ ᠪᠠᠶᠢᠭᠤᠯᠤᠨ᠎ᠠ᠃ | ᠲᠠᠪᠤ᠂ ᠭᠤᠷᠪᠠᠨ ᠶᠡᠭᠡ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠪᠤᠶᠢᠵᠢᠭᠤᠯᠬᠤ ᠲᠠᠯ᠎ᠠ ᠪᠠᠷ ︽ | ᠰᠢᠨ᠎ᠡ ᠠᠬᠢᠴᠠ︾ ᠲᠠᠢ ᠪᠣᠯᠭᠠᠨ᠎ᠠ | ᠨᠢᠭᠡ ᠳᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠶᠡᠬᠡᠪᠡᠷ ᠠᠬᠢᠭᠤᠯᠤᠨ᠎ᠠ᠃ ︽ᠰᠢᠨᠵᠢᠯᠡᠭᠡ | ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠡᠷᠴᠢᠮᠲᠡᠢ ᠦᠷᠨᠢᠬᠦᠯᠵᠦ᠂ ︽4+8+N | ︾ ᠬᠠᠮᠲᠤᠷᠠᠯᠴᠠᠭᠠᠨ ᠤ ᠲᠣᠭᠲᠠᠴᠠ ᠶᠢ ᠭᠦᠨᠵᠡᠭᠡᠶᠢᠷᠡᠭᠦᠯᠵᠣ᠂ ᠮᠡᠷᠭᠡᠵᠢᠯ ᠤᠨ ᠰᠤᠳᠤᠯᠤᠨ ᠨᠡᠭᠡᠭᠡᠬᠦ ᠲᠥᠪ ᠵᠡᠷᠭᠡ | ᠲᠠᠪᠴᠠᠩ ᠤᠨ ᠠᠴᠢᠶᠠᠯᠠᠪᠤᠷᠢ ᠶᠢᠨ ᠪᠠᠶᠢᠭᠤᠯᠤᠯᠲᠠ ᠶᠢ ᠲᠦᠷᠭᠡᠳᠬᠡᠬᠦ ᠶᠢ ᠳᠡᠮᠵᠢᠵᠣ᠂ ᠨᠢᠭᠡ ᠪᠦᠯᠦᠭ ᠭᠤᠤᠯᠯᠠᠬᠤ | ᠨᠠᠷᠠᠲᠤ ᠲᠡᠮᠳᠡᠭ ᠢ ᠪᠣᠶ ᠪᠣᠯᠭᠠᠵᠤ᠂ ᠰᠢᠨ᠎ᠡ ᠶᠢ ᠡᠭᠦᠳᠦᠨ ᠬᠥᠭᠵᠢᠯᠲᠡ ᠶᠢ ᠬᠥᠲᠥᠯᠦᠨ ᠳᠠᠭᠠᠭᠤᠯᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ | ᠪᠠᠶᠢᠭᠤᠯᠤᠯᠲᠠ ᠶᠢ ᠴᠢᠩᠭᠠᠳᠬᠠᠵᠤ᠂ ᠬᠠᠷᠢᠴᠠᠩᠭᠤᠶ ᠪᠠᠷ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ | ᠡᠷᠬᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠢ ᠬᠡᠷᠡᠭᠵᠢᠬᠦᠯᠦᠨ᠎ᠡ᠃ ᠭᠠᠶᠢᠯᠢ ᠶᠢ ᠬᠥᠩᠭᠡᠯᠡᠵᠦ | ᠰᠦᠢᠳᠬᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠤᠨ᠎ᠠ᠃ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶᠢᠷᠡᠭᠦᠯᠵᠦ᠂ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠢᠳᠡᠪᠬᠢ ᠬᠦᠴᠦᠨ ᠢ ᠳᠡᠭᠡᠭᠰᠢᠯᠡᠬᠦᠯᠦᠨ᠎ᠡ᠃ ︽ᠲᠣᠮᠣ ᠳ᠋ᠠᠶᠢᠲ᠋ᠠ | ︾ ᠶᠢᠨ ᠲᠥᠪ ᠢ ᠢᠳᠡᠪᠬᠢᠲᠡᠶ ᠪᠠᠶᠢᠭᠤᠯᠵᠤ᠂ ︽ᠤᠶᠤᠨᠲᠤ ᠠᠯᠠᠱᠠ ᠵᠡᠭᠦᠨ ᠬᠤᠰᠢᠭᠤ︾ ᠶᠢᠨ ᠮᠡᠳᠡᠭᠡ ᠵᠠᠩᠭᠢ ᠶᠢᠨ | ᠲᠠᠪᠴᠠᠩ ᠢ ᠬᠦᠴᠦᠯᠡᠨ ᠪᠠᠶᠢᠭᠤᠯᠤᠨ᠎ᠠ᠃ ᠬᠤᠶᠠᠷ ᠲᠤ ᠨᠡᠭᠡᠭᠡᠯᠲᠡᠲᠦ ᠬᠠᠮᠲᠤᠷᠠᠯᠴᠠᠭ᠎ᠠ ᠶᠢ ᠪᠦᠬᠦ ᠲᠠᠯ᠎ᠠ ᠪᠠᠷ | ᠠᠬᠢᠭᠤᠯᠤᠨ᠎ᠠ᠃ ᠨᠢᠩᠰᠢᠶᠠ᠂ ᠭᠠᠨᠰᠦ᠂ ᠱᠠᠨᠰᠢ ᠵᠡᠷᠭᠡ ᠭᠠᠵᠠᠷ ᠣᠷᠣᠨ ᠯᠤᠭ᠎ᠠ ᠶᠢᠨ ᠵᠠᠮ ᠬᠠᠷᠢᠯᠴᠠᠭ᠎ᠠ᠂ ᠵᠠᠬ᠎ᠠ | ᠳᠡᠯᠭᠡᠭᠦᠷ᠂ ᠠᠵᠤ ᠦᠢᠯᠡᠰ᠂ ᠠᠮᠢ ᠠᠬᠤᠶ᠂ ᠤᠯᠠᠨ ᠨᠡᠶᠢᠲᠡ ᠶᠢᠨ ᠦᠢᠯᠡᠴᠢᠯᠡᠭᠡ ᠵᠢᠴᠢ ᠲᠦᠷᠦ ᠶᠢᠨ ᠪᠤᠳᠤᠯᠭ᠎ᠠ | ᠵᠡᠷᠭᠡ ᠲᠠᠯ᠎ᠠ ᠪᠠᠷ ᠬᠠᠮᠵᠢᠯᠴᠠᠨ ᠬᠠᠮᠲᠤᠷᠠᠯᠴᠠᠬᠤ ᠶᠢ ᠡᠷᠴᠢᠮᠵᠢᠭᠦᠯᠦᠨ᠎ᠡ᠃ ᠦᠬᠠᠶ ᠂ ᠪᠠᠶᠠᠨᠨᠠᠭᠤᠷ᠂ ᠣᠷᠳᠣᠰ | ᠲᠠᠢ ᠬᠠᠮᠲᠤᠷᠠᠯᠴᠠᠵᠤ᠂ ︽ᠤᠯᠠᠭᠠᠨᠪᠤᠬ᠎ᠠ ᠠᠯᠠᠱᠠ ᠠᠭᠤᠯᠠ ᠤᠷᠳᠤᠰ ᠤᠨ ᠦᠨᠳᠦᠷᠯᠢᠭ︾ ᠤᠨ ᠠᠮᠢ ᠠᠬᠤᠶ ᠶᠢᠨ | ᠠᠮᠤᠷ ᠲᠦᠪᠰᠢᠨ ᠤ ᠬᠠᠯᠬᠠᠪᠴᠢ ᠶᠢ ᠬᠠᠮᠳᠣᠪᠠᠷ ᠪᠦᠲᠦᠭᠡᠨ ᠪᠠᠶᠢᠭᠤᠯᠣᠨ᠎ᠠ᠃ ᠦᠬᠠᠶ ᠵᠢᠴᠢ ᠡᠷᠬᠢᠨ ᠲᠣᠭᠤᠷᠢᠨ ᠤ | ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠵᠤ ᠬᠤᠯᠪᠣᠭᠠᠯᠠᠨ ᠰᠡᠷᠬᠡᠶᠢᠯᠡᠨ ᠡᠵᠡᠮᠳᠡᠬᠦ | ᠲᠣᠭᠲᠠᠴᠠ ᠳᠤ ᠰᠠᠨᠠᠭᠠᠴᠢᠯᠠᠭ᠎ᠠ ᠠᠴᠠ ᠪᠠᠨ ᠤᠷᠤᠯᠴᠠᠨ᠎ᠠ᠃ ᠭᠤᠷᠪᠠ ᠳᠤ ᠴᠡᠷᠢᠭ ᠠᠷᠠᠳ ᠤᠨ ᠬᠡᠷᠡᠭᠯᠡᠭᠡ ᠶᠢ | ᠤᠶᠠᠯᠳᠤᠭᠤᠯᠤᠨ ᠬᠥᠭᠵᠢᠭᠦᠯᠬᠦ ᠬᠥᠳᠡᠯᠭᠡᠬᠦ ᠬᠦᠴᠦᠨ ᠢ ᠭᠦᠢᠴᠡᠳ ᠪᠠᠳᠠᠷᠠᠭᠤᠯᠤᠨ᠎ᠠ᠃ ᠬᠢᠯᠢ ᠶᠢᠨ ᠬᠠᠮᠠᠭᠠᠯᠠᠯᠲᠠ ᠶᠢᠨ | ᠰᠠᠭᠤᠷᠢ ᠲᠦᠬᠦᠬᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠵᠠᠰᠠᠭ ᠴᠡᠷᠢᠭ ᠴᠠᠭᠳᠠᠭ᠎ᠠ | ᠠᠷᠠᠳ ᠬᠦᠴᠦ ᠪᠠᠨ ᠬᠠᠮᠳᠤᠳᠬᠠᠨ ︽ᠲᠠᠪᠤ ᠶᠢ ᠨᠢᠭᠡ ᠴᠤᠭᠴᠠᠵᠢᠭᠤᠯᠵᠤ︾ ᠬᠢᠯᠢ ᠪᠠᠨ ᠬᠦᠴᠦᠷᠭᠡᠭᠵᠢᠭᠦᠯᠦᠨ | ᠰᠡᠷᠭᠡᠶᠢᠯᠡᠯᠳᠡ ᠪᠠᠨ ᠴᠢᠩᠭᠠᠳᠬᠠᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠤ | ᠰᠤᠳᠤᠯᠭᠠᠨ ᠤ ᠪᠠᠶᠢᠭᠤᠯᠤᠮᠵᠢ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠢᠨ᠎ᠡ ᠮᠠᠲ᠋ᠧᠷᠢᠶᠠᠯ᠂ ᠠᠭᠠᠷ | ᠠᠶᠠᠯᠠᠯ ᠰᠠᠨᠰᠠᠷ ᠠᠶᠠᠯᠠᠯ ᠵᠡᠷᠭᠡ ᠳᠠᠪᠠᠭᠤᠯᠢᠭ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠠᠬᠢᠭᠤᠯᠵᠤ᠂ ᠰᠢᠨᠵᠢᠯᠡᠭᠡ | ᠮᠡᠷᠭᠡᠵᠢᠯ ᠢ ᠰᠤᠳᠤᠯᠤᠨ ᠨᠡᠭᠡᠭᠡᠬᠦ᠂ ᠳᠡᠭᠡᠳᠦ ᠲᠡᠰ ᠤᠨ ᠲᠣᠨᠣᠭᠯᠠᠯ ᠦᠢᠯᠡᠳᠬᠦ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠰᠢᠨᠵᠢᠯᠡᠭᠡ ᠮᠡᠷᠭᠡᠵᠢᠯ᠂ ᠰᠣᠶᠣᠯ ᠵᠢᠭᠤᠯᠴᠢᠯᠠᠯ ᠪᠠ ᠤᠯᠤᠰ ᠢᠶᠠᠨ ᠬᠠᠶᠢᠷᠠᠯᠠᠬᠤ ᠬᠥᠮᠦᠵᠢᠯ ᠢ ᠨᠢᠭᠡ | ᠴᠤᠭᠴᠠᠵᠢᠭᠤᠯᠤᠭᠰᠠᠨ ᠴᠡᠷᠢᠭ ᠠᠷᠠᠳ ᠤᠨ ᠬᠡᠷᠡᠭᠯᠡᠭᠡ ᠶᠢ ᠤᠶᠠᠯᠳᠤᠭᠤᠯᠬᠤ ᠭᠤᠣᠯᠳᠠᠯᠭ᠎ᠠ ᠲᠠᠢ ᠵᠢᠱᠢᠶ᠎ᠡ ᠦᠵᠡᠭᠦᠯᠬᠦ | ᠣᠷᠣᠨ ᠢ ᠬᠦᠴᠦᠯᠡᠨ ᠪᠠᠶᠢᠭᠤᠯᠤᠨ᠎ᠠ᠃ | ᠵᠢᠷᠭᠤᠭ᠎ᠠ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠭᠤᠷᠪᠠᠨ ᠬᠡᠰᠡᠭ ᠳᠤᠲᠠᠭᠤᠳᠠᠯ ᠢ | ᠪᠦᠲᠦᠮᠵᠢᠲᠡᠶ ᠪᠠᠷ ᠨᠥᠬᠦᠪᠥᠷᠢᠯᠡᠬᠦ ᠲᠠᠯ᠎ᠠ ᠪᠠᠷ ︽ᠰᠢᠨ᠎ᠡ ᠬᠦᠰᠡᠯ ᠡᠷᠡᠮᠡᠯᠵᠡᠯ︾ ᠢ ᠪᠡᠶᠡᠯᠡᠭᠦᠯᠦᠨ᠎ᠡ | ᠨᠢᠭᠡ ᠳᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠳᠤᠲᠠᠭᠤᠳᠠᠯ ᠢ ᠨᠥᠬᠦᠪᠥᠷᠢᠯᠡᠨ᠎ᠡ᠃ ᠬᠥᠮᠦᠨ ᠠᠮᠠ ᠶᠢᠨ | ᠡᠷᠡᠭᠦᠯ ᠮᠡᠨᠳᠦ ᠶᠢᠨ ᠮᠡᠳᠡᠭᠡ ᠵᠠᠩᠭᠢ ᠪᠠ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠢ | ᠪᠠᠶᠢᠭᠤᠯᠵᠤ᠂ ᠬᠤᠲᠠ ᠬᠥᠳᠡᠭᠡ ᠶᠢ ᠬᠠᠮᠤᠷᠤᠭᠰᠠᠨ ᠠᠯᠤᠰ ᠡᠵᠡᠮᠰᠢᠯᠲᠦ ᠡᠮᠴᠢᠯᠡᠭᠡᠨ ᠤ ᠦᠢᠯᠡᠴᠢᠯᠡᠭᠡ ᠪᠠ | ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠭᠳᠠᠴᠠ ᠶᠢ ᠪᠠᠶᠢᠭᠤᠯᠤᠨ᠎ᠠ᠃ ᠤᠯᠤᠰ ᠤᠨ ᠳᠣᠲᠣᠭᠠᠳᠤ | ᠭᠠᠳᠠᠭᠠᠳᠤ ᠶᠢᠨ ᠨᠠᠷᠠᠲᠤ ᠪᠠᠶᠢᠭᠤᠯᠤᠮᠵᠢ ᠯᠤᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠵᠦ᠂ | ᠶᠡᠷᠦᠩᠬᠡᠶᠢᠯᠡᠭᠰᠡᠨ ᠰᠠᠯᠠᠭᠠᠨ ᠤ ᠡᠮᠴᠢ᠂ ᠮᠠᠯᠵᠢᠬᠤ ᠲᠠᠷᠢᠶᠠᠯᠠᠬᠤ ᠣᠷᠣᠨ ᠤ ᠡᠮᠴᠢᠯᠡᠬᠡᠨ ᠤ ᠠᠵᠢᠯᠲᠠᠨ ᠢ ᠬᠥᠮᠦᠵᠢᠭᠦᠯᠬᠦ | ᠡᠷᠴᠢᠮ ᠢᠶᠠᠨ ᠴᠢᠩᠭᠠᠷᠠᠭᠤᠯᠤᠨ᠎ᠠ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠭᠤᠤᠯᠳᠠᠯᠭ᠎ᠠ ᠲᠠᠢ | ᠰᠢᠨᠵᠢᠯᠡᠭᠡᠨ ᠤ ᠰᠠᠯᠠᠭ᠎ᠠ᠂ ᠭᠤᠤᠯᠳᠠᠯᠭ᠎ᠠ ᠲᠠᠢ ᠲᠤᠰᠬᠠᠶ ᠰᠠᠯᠠᠭ᠎ᠠ ᠶᠢᠨ ᠪᠥᠲᠥᠭᠡᠨ ᠪᠠᠶᠢᠭᠤᠯᠤᠯᠲᠠ ᠶᠢ | ᠯᠠᠪᠳᠠᠭᠤᠨ ᠢᠶᠠᠷ ᠠᠬᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠭᠲᠠᠴᠠ ᠳᠤ ᠣᠷᠣᠭᠤᠯᠵᠤ᠂ ᠬᠢᠲᠠᠳ | ᠧᠦ᠋ᠷᠣᠫᠠ ᠡᠮᠨᠡᠯᠭᠡ ᠶᠢ ᠬᠤᠣᠰᠯᠠᠭᠤᠯᠣᠨ ᠬᠠᠯᠳᠠᠪᠣᠷᠢᠳᠣ ᠡᠪᠡᠳᠴᠢᠨ ᠢ ᠡᠮᠴᠢᠯᠡᠬᠦ ᠠᠷᠭ᠎ᠠ ᠠᠪᠴᠠᠯ ᠢ | ᠬᠡᠷᠡᠭᠵᠢᠭᠦᠯᠦᠨ᠎ᠡ᠃ ᠡᠮᠴᠢᠯᠡᠭᠡᠨ ᠤ ᠬᠠᠶᠠᠭᠳᠠᠯ ᠢ ᠲᠥᠪᠯᠡᠷᠡᠭᠦᠯᠦᠨ ᠰᠢᠢᠳᠪᠦᠷᠢᠯᠡᠵᠦ ᠰᠠᠶᠢᠵᠢᠷᠠᠭᠤᠯᠣᠨ ᠥᠭᠡᠷᠡᠴᠢᠯᠡᠬᠦ | ᠲᠦᠷᠦᠯ ᠵᠦᠢᠯ ᠢ ᠬᠡᠷᠡᠭᠵᠢᠭᠦᠯᠦᠨ᠎ᠡ᠃ ᠬᠢᠵᠢᠭ ᠲᠠᠬᠤᠯ ᠤᠨ ᠬᠢᠨᠠᠨ ᠬᠡᠮᠵᠢᠯᠳᠡ ᠶᠢ ᠴᠢᠩᠭᠠᠳᠬᠠᠵᠤ᠂ ᠭᠡᠨᠡᠳᠲᠡ | ᠡᠭᠦᠰᠦᠭᠰᠡᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠴᠢᠳᠠᠪᠤᠷᠢ ᠶᠢ ᠪᠦᠳᠦᠮᠵᠢᠳᠠᠢ ᠳᠡᠭᠡᠭᠰᠢᠯᠡᠬᠦᠯᠦᠨ᠎ᠡ᠃ ᠬᠥᠳᠡᠭᠡ ᠲᠣᠰᠬᠤᠨ ᠤ ᠤᠯᠠᠨ ᠨᠡᠶᠢᠲᠡ ᠶᠢᠨ | ᠦᠢᠯᠡᠴᠢᠯᠡᠭᠡᠨ ᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠡᠮ ᠡᠮᠨᠡᠯᠭᠡ | ᠡᠷᠡᠭᠦᠯ ᠬᠠᠮᠠᠭᠠᠯᠠᠯ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠠᠵᠢᠯ ᠢ ᠳᠡᠭᠡᠭᠰᠢᠯᠡᠭᠦᠯᠦᠨ᠎ᠡ᠃ | ᠬᠤᠶᠠᠷ ᠲᠤ ᠴᠢᠳᠠᠪᠤᠷᠢᠲᠠᠨ ᠪᠠ ᠰᠤᠷᠭᠠᠨ ᠬᠥᠮᠦᠵᠢᠯ ᠤᠨ ᠳᠤᠲᠠᠭᠤᠳᠠᠯ ᠢ ᠨᠥᠬᠦᠪᠥᠷᠢᠯᠡᠨ᠎ᠡ᠃ ᠭᠤᠣᠯᠳᠠᠯᠭ᠎ᠠ ᠲᠠᠢ | ᠠᠵᠢᠯ ᠲᠦᠷᠦᠯ ᠤᠨ ᠬᠦᠷᠢᠶᠡᠨ ᠳᠠᠬᠢ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠯ ᠲᠣᠭᠲᠠᠴᠠ ᠶᠢ ᠪᠠᠶᠢᠭᠤᠯᠵᠤ᠂ | ᠴᠢᠳᠠᠪᠤᠷᠢᠲᠠᠨ ᠢ ᠣᠷᠢᠬᠤ᠂ ᠤᠷᠮᠠᠰᠢᠭᠤᠯᠬᠤ᠂ ᠦᠨᠡᠯᠡᠬᠦ᠂ ᠮᠡᠷᠭᠡᠵᠢᠯ ᠤᠨ ᠴᠣᠯᠠ ᠲᠣᠭᠲᠠᠭᠠᠬᠤ ᠪᠠ ᠤᠷᠢᠬᠤ | ᠲᠤᠬᠠᠢ ᠲᠦᠷᠢᠮ ᠢ ᠲᠡᠭᠦᠯᠳᠡᠷᠵᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠯᠲᠡ ᠶᠢᠨ | ᠴᠢᠳᠠᠪᠤᠷᠢᠲᠠᠨ᠂ ᠲᠠᠷᠢᠶᠠᠯᠠᠩ ᠬᠥᠳᠡᠭᠡ ᠲᠣᠰᠬᠤᠨ ᠤ ᠰᠢᠨᠵᠢᠯᠡᠭᠡ ᠮᠡᠷᠭᠡᠵᠢᠯ ᠤᠨ ᠴᠢᠳᠠᠪᠤᠷᠢᠲᠠᠨ ᠢ ᠲᠦᠷᠭᠡᠳᠬᠡᠨ | ᠬᠥᠮᠦᠵᠢᠭᠦᠯᠦᠨ᠎ᠡ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠣᠷᠠᠯ ᠢ ᠳᠡᠭᠡᠭᠰᠢᠯᠡᠭᠦᠯᠬᠦ ᠠᠵᠢᠯᠯᠠᠭ᠎ᠠ ᠪᠠ | ︽ᠨᠤᠲᠤᠭ ᠤᠨ ᠠᠪᠢᠶᠠᠰᠳᠠᠳ ᠢ ᠣᠷᠢᠨ ᠬᠡᠷᠡᠭᠯᠡᠬᠦ︾ ᠲᠥᠷᠥ ᠶᠢᠨ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠦᠨ᠎ᠡ᠃ | ᠰᠤᠷᠭᠠᠨ ᠬᠥᠮᠦᠵᠢᠯ ᠤᠨ ᠦᠢᠯᠡᠰ ᠤᠨ ᠪᠡᠯᠡ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠦᠯᠵᠡᠢ ᠶᠢᠨ | ᠰᠣᠷᠭᠠᠭᠤᠯᠢ ᠶᠢ ᠰᠢᠨ᠎ᠡ ᠪᠠᠷ ᠪᠠᠶᠢᠭᠤᠯᠵᠣ᠂ ᠬᠡᠤᠬᠡᠳ ᠤᠨ ᠨᠠᠢᠮᠠᠳᠤᠭᠠᠷ ᠴᠡᠴᠡᠷᠯᠢᠭ ᠪᠣᠯᠤᠨ 6 ᠰᠤᠷᠭᠠᠭᠤᠯᠢ ᠶᠢᠨ | ᠲᠠᠮᠢᠷ ᠤᠨ ᠬᠥᠳᠡᠯᠭᠡᠭᠡᠨ ᠤ ᠲᠠᠰᠤᠭ᠂ 15 ᠳᠤᠮᠳᠠᠳᠤ ᠪᠠᠭ᠎ᠠ ᠰᠤᠷᠭᠠᠭᠤᠯᠢ ᠶᠢᠨ ᠨᠣᠮ ᠤᠨ ᠰᠠᠩ ᠰᠢᠨᠵᠢᠯᠡᠭᠡ | ᠮᠡᠷᠭᠡᠵᠢᠯ ᠤᠨ ᠶᠡᠷᠦᠩᠬᠡᠶᠢᠯᠡᠭᠰᠡᠨ ᠠᠰᠠᠷ ᠢ ᠰᠢᠨ᠎ᠡ ᠪᠠᠷ ᠪᠠᠶᠢᠭᠤᠯᠵᠤ᠂ 15 ᠰᠤᠷᠭᠠᠭᠤᠯᠢ ᠶᠢᠨ ᠲᠠᠮᠢᠷ ᠤᠨ | ᠲᠠᠯᠠᠪᠠᠢ ᠶᠢ ᠥᠭᠡᠷᠡᠴᠢᠯᠡᠨ᠎ᠡ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠪᠠᠳᠤᠯᠠᠭ᠎ᠠ ᠶᠢ ᠴᠢᠩᠭᠠᠳᠬᠠᠨ᠎ᠠ | ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠦᠨᠳᠦᠰᠦᠲᠡᠨ ᠤ ᠰᠤᠷᠭᠠᠨ ᠬᠥᠮᠦᠵᠢᠯ᠂ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ᠂ ᠣᠨᠴᠠᠭᠠᠶ ᠰᠤᠷᠭᠠᠨ ᠬᠥᠮᠦᠵᠢᠯ ᠢ ᠶᠡᠬᠡᠪᠡᠷ | ᠬᠥᠭᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠨᠡᠩ ᠰᠢᠯᠢᠳᠡᠭ ᠪᠥᠭᠡᠳ ᠲᠡᠩᠴᠡᠭᠦᠷᠢᠲᠡᠶ | ᠤᠷᠤᠭᠰᠢᠯᠠᠬᠤ ᠶᠢ ᠠᠬᠢᠭᠤᠯᠤᠨ᠎ᠠ᠃ ᠭᠤᠷᠪᠠ ᠳᠤ ᠠᠵᠢᠯ ᠤᠯᠭᠤᠯᠲᠠ ᠪᠠ ᠠᠳᠠᠯ ᠦᠢᠯᠡᠰ ᠴᠣᠭᠴᠠᠯᠠᠬᠤ ᠶᠢᠨ | ᠳᠤᠲᠠᠭᠤᠳᠠᠯ ᠢ ᠨᠥᠬᠦᠪᠥᠷᠢᠯᠡᠨ᠎ᠡ᠃ ᠠᠵᠢᠯ ᠣᠯᠭᠤᠯᠲᠠ᠂ ᠠᠳᠠᠯ ᠦᠢᠯᠡᠰ ᠴᠣᠭᠴᠠᠯᠠᠬᠤ ᠣᠷᠴᠢᠨ ᠨᠥᠬᠦᠴᠡᠯ ᠢ | ᠲᠠᠰᠤᠷᠠᠯᠳᠠ ᠦᠭᠡᠢ ᠰᠢᠯᠢᠳᠡᠭᠵᠢᠭᠦᠯᠵᠦ᠂ ᠭᠤᠷᠪᠠᠨ ᠱᠠᠲᠤᠨ ᠤ ᠤᠯᠠᠨ ᠨᠡᠶᠢᠲᠡ ᠶᠢᠨ ᠠᠵᠢᠯ ᠣᠯᠭᠤᠯᠲᠠ ᠶᠢᠨ | ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠨᠡᠶᠢᠭᠡᠮ ᠤᠨ ᠠᠵᠢᠯ ᠣᠯᠭᠤᠯᠲᠠ ᠶᠢᠨ ᠪᠠᠭᠲᠠᠭᠠᠮᠵᠢ ᠶᠢ ᠤᠯᠠᠨ | ᠠᠷᠭ᠎ᠠ ᠵᠠᠮ ᠢᠶᠠᠷ ᠨᠡᠮᠡᠭᠳᠡᠭᠦᠯᠵᠦ᠂ ᠠᠵᠢᠯ ᠠᠯᠳᠠᠯᠲᠠ ᠶᠢᠨ ᠨᠤᠷᠮ᠎ᠠ ᠶᠢ ᠪᠠᠭᠤᠷᠠᠭᠤᠯᠤᠨ᠎ᠠ᠃ ᠨᠡᠶᠢᠭᠡᠮ ᠤᠨ | ᠪᠠᠲᠤᠯᠠᠭ᠎ᠠ ᠶᠢᠨ ᠬᠠᠮᠤᠷᠬᠤ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠵᠦ᠂ ᠨᠡᠶᠢᠭᠡᠮ ᠤᠨ ᠳᠠᠭᠠᠳᠬᠠᠯ ᠤᠨ | ᠰᠠᠭᠤᠷᠢ ᠮᠥᠩᠭᠦᠨ ᠤ ᠡᠷᠡᠰᠳᠡᠯ ᠤᠨ ᠬᠠᠮᠢᠶᠠᠷᠤᠯᠳᠠ ᠶᠢ ᠴᠢᠩᠭᠠᠷᠠᠭᠤᠯᠤᠨ᠎ᠠ᠃ ᠨᠡᠶᠢᠲᠡ ᠶᠢᠨ ᠠᠰᠠᠷᠠᠮᠵᠢ ᠶᠢᠨ | ᠴᠢᠨᠠᠷᠲᠠᠶ ᠠᠵᠢᠯ ᠤᠨ ᠪᠠᠶᠢᠷᠢ ᠪᠠ ᠳᠠᠩᠰᠠᠯᠠᠭᠤᠯᠬᠤ ᠳᠦᠷᠢᠮᠲᠦ ᠠᠵᠢᠯᠳᠠᠨ ᠤ ᠬᠤᠯᠪᠣᠭᠳᠠᠯ ᠪᠦᠬᠦᠢ ᠲᠦᠷᠦ ᠶᠢᠨ | ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠪᠠᠳᠤᠯᠠᠨ᠎ᠠ᠃ ᠴᠠᠯᠢᠩ ᠦᠷᠢᠳᠦᠬᠦ ᠠᠵᠢᠯ ᠢ ᠦᠨᠳᠦᠰᠦ ᠠᠴᠠ ᠨᠢ ᠵᠠᠰᠠᠬᠤ | ᠬᠦᠴᠦᠯᠡᠴᠡ ᠶᠢ ᠴᠢᠩᠭᠠᠳᠬᠠᠵᠣ᠂ ᠵᠣᠷᠢᠭᠤᠳᠠ ᠪᠠᠷ ᠴᠠᠯᠢᠩ ᠦᠷᠢᠳᠦᠬᠦ ᠠᠵᠢᠯᠯᠠᠭ᠎ᠠ ᠳᠤ ᠴᠢᠩᠭ᠎ᠠ ᠴᠣᠬᠢᠯᠲᠠ | ᠦᠭᠴᠦ᠂ ᠡᠶ᠎ᠡ ᠵᠣᠬᠢᠴᠠᠯ ᠲᠠᠢ ᠲᠣᠭᠲᠠᠪᠤᠷᠢᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠤᠨ᠎ᠠ᠃ | ᠲᠥᠯᠥᠭᠡᠯᠡᠭᠴᠢᠳ ᠡ᠂ ᠨᠥᠭᠦᠳ ᠡ︕ ᠳᠣᠯᠵᠤ ᠢᠷᠡᠭᠰᠠᠠ ᠬᠦᠴᠢᠷ ᠢ ᠲᠤᠭᠤᠯᠵᠤ ᠭᠠᠷᠬᠤ ᠠᠴᠠ ᠪᠢᠰᠢ᠂ | ᠳᠣᠭᠤᠷᠢᠵᠤ ᠭᠠᠷᠴᠤ ᠴᠢᠳᠠᠳᠠᠭ ᠦᠬᠡᠢ ᠶᠤᠮ᠃ ᠰᠢᠨ᠎ᠡ ᠡᠭᠡᠯᠵᠢ ᠶᠢᠨ ᠵᠠᠰᠠᠭ ᠤᠨ ᠣᠷᠳᠣᠨ ᠨᠢ ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠠᠭᠤᠤ ᠵᠣᠷᠢᠯᠲᠠ ᠨᠤᠭᠤᠳ ᠢ ᠠᠮᠵᠢᠯᠲᠠ ᠲᠠᠢ ᠪᠡᠶᠡᠯᠡᠭᠦᠯᠬᠦ | ᠬᠦᠨᠳᠦ ᠡᠭᠦᠷᠭᠡ ᠶᠢ ᠬᠦᠯᠢᠶᠡᠵᠦ ᠪᠠᠶᠢᠨ᠎ᠠ᠃ ᠰᠢᠨ᠎ᠡ ᠪᠠᠶᠢᠳᠠᠯ᠂ ᠰᠢᠨ᠎ᠡ ᠵᠥᠷᠢᠴᠡᠯ᠂ ᠰᠢᠨ᠎ᠡ ᠥᠷᠢᠰᠥᠯᠳᠦᠭᠡᠨ ᠤ | ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠢᠳᠡᠭᠡᠯ ᠵᠣᠷᠢᠭ | ᠲᠠᠢ ᠪᠠᠷ ᠤᠯᠤᠰ ᠲᠦᠷᠦ ᠶᠢᠨ ᠡᠭᠦᠷᠬᠡ ᠬᠠᠷᠢᠭᠤᠴᠠᠯᠭ᠎ᠠ ᠪᠠᠨ ᠰᠢᠭᠤᠷᠬᠠᠢ ᠡᠭᠦᠷᠭᠡᠯᠡᠵᠦ᠂ ᠦᠯᠢᠭᠡᠷ ᠵᠢᠱᠢᠶ᠎ᠡ ᠪᠠ ᠬᠡᠪ | ᠳᠠᠭᠤᠷᠢᠶᠠᠯ ᠤᠨ ᠦᠢᠯᠡᠳᠦᠯ ᠢ ᠪᠠᠳᠠᠷᠠᠭᠤᠯᠵᠤ᠂ ︽ᠲᠣᠭᠲᠠᠪᠤᠷᠢᠲᠠᠢ ᠪᠠᠶᠢᠯᠭᠠᠬᠤ︾ ᠪᠠᠷ ᠦᠨᠳᠦᠰᠦᠨ ᠴᠢᠭᠯᠡᠯ | ᠪᠣᠯᠭᠠᠵᠤ᠂ ︽ᠴᠢᠷᠮᠠᠶᠢᠨ ᠠᠵᠢᠯᠯᠠᠬᠤ︾ ᠪᠠᠷ ᠭᠤᠣᠯ ᠰᠡᠳᠦᠪ ᠪᠣᠯᠭᠠᠵᠤ᠂ ᠬᠥᠭᠵᠢᠨ ᠳᠡᠭᠵᠢᠷᠡᠬᠦ ᠪᠠᠷ ᠴᠤᠴᠠᠯᠲᠠ | ᠦᠭᠡᠢ ᠲᠡᠮᠡᠴᠡᠵᠦ᠂ ᠪᠦᠬᠦ ᠬᠤᠰᠢᠭᠤᠨ ᠤ ᠠᠷᠠᠳ ᠲᠦᠮᠡᠨ ᠲᠠᠢ ᠬᠠᠮᠲᠤᠪᠠᠷ ᠢᠲᠡᠭᠡᠯ ᠵᠣᠷᠢᠭ ᠢᠶᠠᠨ ᠬᠥᠪᠴᠢᠯᠡᠵᠦ᠂ | ᠠᠶᠢᠮᠠᠭ ᠤᠨ ᠨᠠᠮ ᠤᠨ ᠬᠤᠷᠢᠶ᠎ᠠ ︵ᠥᠷᠭᠡᠳᠬᠡᠭᠰᠡᠨ︶ ᠶᠢᠨ ᠬᠤᠷᠠᠯ ᠪᠠ ᠠᠯᠠᠱᠠ ᠵᠡᠭᠦᠨ ᠬᠤᠰᠢᠭᠤᠨ ᠤ ᠠᠷᠪᠠᠨ | ᠳᠥᠷᠪᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠠᠷᠭᠠᠭᠰᠠᠨ ᠠᠤᠭ᠎ᠠ | ᠲᠥᠯᠥᠪᠯᠡᠭᠡ ᠶᠢ ᠪᠡᠶᠡᠯᠡᠭᠦᠯᠦᠨ᠎ᠡ᠃ |