2022 ᠣᠨ ᠤ ᠭᠤᠣᠯ ᠠᠵᠢᠯ | | ᠡᠨᠡ ᠵᠢᠯ ᠪᠣᠯ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠪᠦᠬᠦ ᠲᠠᠯ᠎ᠠ ᠪᠠᠷ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠡᠬᠢᠯᠡᠯᠲᠡ ᠶᠢᠨ ᠵᠢᠯ ᠮᠥᠨ᠂ ᠨᠡᠶᠢᠭᠡᠮ ᠵᠢᠷᠤᠮ ᠤᠨ ᠣᠳᠣᠬᠢᠴᠢᠯᠠᠭᠰᠠᠨ | ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ | ᠲᠡᠰᠢ ᠣᠷᠣᠭᠰᠢᠯᠠᠬᠤ ᠠᠩᠬᠠᠨ ᠤ ᠵᠢᠯ ᠮᠥᠨ᠂ ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠬᠤ ᠵᠢᠯ ᠮᠥᠨ᠃ | ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠶ ᠥᠷᠲᠡᠭ ᠢ 7 % ᠠᠴᠠ ᠲᠡᠭᠡᠭᠰᠢ ᠨᠡᠮᠡᠭᠳᠡᠭᠦᠯᠵᠦ᠂ 500 ᠲᠦᠮᠡᠨ | ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 18% ᠨᠡᠮᠡᠭᠳᠡᠭᠦᠯᠵᠦ᠂ | ᠨᠡᠶᠢᠭᠡᠮ ᠤᠨ ᠬᠡᠷᠡᠭᠯᠡᠭᠡᠨ ᠤ ᠵᠦᠢᠯ ᠢ ᠵᠢᠵᠢᠭᠯᠡᠨ ᠪᠣᠷᠣᠯᠠᠭᠤᠯᠣᠭᠰᠠᠨ ᠶᠡᠷᠦᠩᠬᠡᠶ ᠲᠤᠭ᠎ᠠ ᠶᠢ 5% ᠨᠡᠮᠡᠭᠳᠡᠭᠦᠯᠵᠦ᠂ | ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠵᠦ᠂ ᠬᠤᠳᠠ ᠬᠥᠳᠡᠭᠡ ᠶᠢᠨ | ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ ᠠᠵᠤ ᠠᠬᠤᠶ ᠶᠢᠨ ᠨᠡᠮᠡᠭᠳᠡᠯ ᠤᠨ | ᠬᠤᠷᠳᠤᠴᠠ ᠠᠴᠠ ᠲᠣᠳᠠᠭᠤ ᠪᠠᠶᠢᠯᠭᠠᠬᠤ ᠦᠭᠡᠢ ᠪᠠᠷ ᠪᠠᠷᠢᠮᠳᠠᠯᠠᠵᠣ᠂ ᠳᠡᠭᠡᠳᠦ ᠱᠠᠲᠤᠨ ᠠᠴᠠ ᠪᠠᠭᠤᠯᠭᠠᠭᠰᠠᠨ | ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠡᠭᠦᠷᠭᠡ ᠶᠢ | ᠪᠡᠶᠡᠯᠡᠭᠦᠯᠦᠨ᠎ᠡ᠃ ᠭᠤᠣᠯᠳᠠᠯᠭ᠎ᠠ ᠲᠠᠢ ᠪᠦ᠋ᠳᠦᠭᠡᠨ ᠪᠠᠶᠢᠭᠤᠯᠤᠯᠲᠠ ᠶᠢᠨ 51 ᠲᠦᠷᠦᠯ ᠵᠦᠢᠯ ᠢ ᠬᠡᠷᠡᠭᠵᠢᠭᠦᠯᠬᠦ ᠪᠠᠷ | ᠲᠥᠯᠥᠪᠯᠡᠵᠦ᠂ ᠶᠡᠷᠦᠩᠬᠡᠶ ᠪᠡᠯᠡ ᠣᠷᠣᠭᠤᠯᠤᠯᠲᠠ ᠶᠢ 349 ᠳ᠋ᠦᠩᠰᠢᠭᠤᠷ ᠲᠥᠭᠦᠷᠢᠭ᠂ ᠵᠢᠯ ᠤᠨ ᠲᠥᠯᠥᠪᠯᠡᠭᠡᠨ ᠤ | ᠪᠡᠯᠡ ᠣᠷᠣᠭᠤᠯᠤᠯᠲᠠ ᠶᠢ 102 ᠳ᠋ᠦᠩᠰᠢᠭᠤᠷ ᠲᠥᠭᠦᠷᠢᠭ ᠲᠤ ᠬᠦᠷᠭᠡᠨ᠎ᠡ᠃ 6 ᠶᠡᠭᠡ ᠲᠥᠷᠥᠯ ᠤᠨ 16 ᠵᠦᠢᠯ ᠢ | ᠠᠶᠢᠮᠠᠭ ᠤᠨ ᠱᠠᠲᠤᠨ ᠤ ᠭᠤᠣᠯᠳᠠᠯᠭ᠎ᠠ ᠲᠠᠢ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠵᠢᠭᠰᠠᠭᠠᠨ | ᠣᠷᠣᠭᠤᠯᠬᠤ ᠪᠠᠷ ᠲᠥᠯᠥᠪᠯᠡᠵᠦ᠂ ᠶᠡᠷᠦᠩᠬᠡᠶ ᠪᠡᠯᠡ ᠣᠷᠣᠭᠤᠯᠤᠯᠲᠠ ᠶᠢ 248 ᠳ᠋ᠦᠩᠰᠢᠭᠤᠷ ᠲᠥᠭᠦᠷᠢᠭ᠂ ᠵᠢᠯ ᠳᠤ | 81 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠤᠢ᠃ | ᠡᠮᠣᠨ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠣᠭᠤᠷᠢᠨ ᠳᠤ᠂ ᠳᠠᠷᠠᠭᠠᠬᠢ ᠨᠠᠢᠮᠠᠨ ᠲᠠᠯ᠎ᠠ ᠶᠢᠨ | ᠠᠵᠢᠯ ᠢ ᠭᠤᠤᠯᠳᠠᠯᠭ᠎ᠠ ᠲᠠᠢ ᠰᠠᠶᠢᠲᠤᠷ ᠬᠥᠢᠴᠡᠳᠬᠡᠨᠡ᠄ | ᠨᠢᠭᠡ᠂ ᠠᠮᠢ ᠠᠬᠤᠶ ᠶᠢᠨ ᠣᠷᠴᠢᠨ ᠲᠣᠭᠤᠷᠢᠨ ᠤ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ | ᠠᠬᠢᠭᠤᠯᠤᠨ᠎ᠠ | 12 ᠲᠦᠮᠡᠨ ᠮᠥ ᠲᠠᠯᠠᠪᠠᠢ ᠶᠢ ᠨᠢᠰᠬᠡᠯ ᠢᠶᠠᠷ ᠣᠶᠢᠵᠢᠭᠤᠯᠬᠤ᠂ 10 ᠲᠦᠮᠡᠨ ᠮᠥ ᠲᠠᠯᠠᠪᠡᠢ ᠶᠢ ᠲᠠᠷᠢᠵᠣ | ᠣᠶᠢᠵᠢᠭᠤᠯᠬᠤ᠂ ᠭᠤᠤᠯᠳᠠᠯᠭ᠎ᠠ ᠲᠠᠢ ᠣᠷᠣᠨ ᠪᠦᠰᠡ ᠶᠢ 0.2 ᠲᠦᠮᠡᠨ ᠮᠥ ᠣᠶᠢᠵᠢᠭᠤᠯᠵᠤ᠂ ᠪᠥᠬᠦ ᠠᠷᠠᠳ ᠤᠨ | ᠠᠯᠪᠠᠨ ᠵᠢᠷᠤᠮ ᠤᠨ 50 ᠲᠦᠮᠡᠨ ᠰᠠᠭᠤᠷᠢ ᠮᠣᠳᠣ ᠶᠢ ᠳᠠᠷᠢᠬᠤ ᠪᠠᠷ ᠲᠥᠯᠥᠪᠯᠡᠵᠦ ᠪᠣᠶ᠃ 10 ᠲᠦᠮᠡᠨ ᠮᠥ ᠶᠢ | ᠲᠣᠣᠷᠯᠠᠨ ᠬᠦᠷᠢᠶᠡᠯᠡᠵᠦ᠂ 5 ᠲᠦᠮᠡᠨ ᠮᠥ ᠡᠪᠡᠰᠦ ᠳᠠᠷᠢᠨ᠎ᠠ᠃ ᠵᠠᠭᠲᠤ ᠶᠢᠨ ᠤᠯᠤᠰ ᠤᠨ ᠲᠡᠰ ᠤᠨ | ᠴᠥᠯᠵᠢᠭᠰᠡᠨ ᠣᠷᠣᠨ ᠤ ᠪᠢᠲᠡᠭᠦᠮᠵᠢᠯᠡᠭᠰᠡᠨ ᠬᠠᠮᠠᠭᠠᠯᠠᠯᠲᠠ ᠶᠢᠨ ᠣᠷᠣᠨ ᠤ ᠲᠥᠷᠥᠯ ᠵᠦᠢᠯ ᠤᠨ ᠬᠤᠶᠠᠳᠤᠭᠠᠷ | ᠬᠤᠭᠤᠴᠠᠭᠠᠨ ᠤ ᠢᠨᠵᠧᠨᠧᠷᠢᠩ ᠢ ᠬᠡᠷᠡᠭᠵᠢᠭᠦᠯᠦᠨ᠎ᠡ᠃ ᠣᠶ ᠰᠢᠭᠤᠶ ︵ᠪᠡᠯᠴᠢᠭᠡᠷ ᠡᠪᠡᠰᠦ︶ ᠶᠢᠨ ᠳᠠᠷᠤᠭ᠎ᠠ ᠶᠢᠨ | ᠲᠦᠷᠢᠮ ᠢ ᠭᠦᠨᠵᠡᠭᠡᠶ ᠬᠡᠷᠡᠭᠵᠢᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠬᠠᠮᠢᠶᠠᠷᠤᠯᠲᠠ ᠪᠠ ᠬᠠᠮᠠᠭᠠᠯᠠᠯᠲᠠ ᠶᠢᠨ | ᠡᠷᠴᠢᠮ ᠢ ᠴᠢᠩᠭᠠᠷᠠᠭᠤᠯᠤᠨ᠂ ᠣᠶ ᠰᠢᠭᠤᠶ ᠨᠤᠲᠤᠭ ᠪᠡᠯᠴᠢᠭᠡᠷ᠂ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ | ᠪᠠᠶᠠᠯᠢᠭ ᠪᠠ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠬᠦ ᠵᠡᠷᠭᠡ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠲᠥᠯᠥᠪᠵᠢᠭᠦᠯᠭᠡ ᠪᠠ ᠬᠡᠷᠡᠭᠯᠡᠯᠲᠡ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠤᠯᠤᠰ ᠤᠨ ᠨᠤᠲᠤᠭ | ᠪᠡᠯᠴᠢᠭᠡᠷ ᠤᠨ ᠣᠷᠣᠨ ᠵᠠᠶ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ︽ᠵᠢᠷᠤᠭ ᠲᠦᠰᠦᠪ︾ ᠢ ᠪᠠᠶᠢᠭᠤᠯᠤᠨ᠎ᠠ᠃ | ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠪᠠ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠶᠢ ᠵᠠᠰᠠᠨ ᠴᠡᠭᠴᠡᠯᠡᠬᠦ | ᠠᠵᠢᠯ ᠢ ᠳᠤᠤᠱᠲᠠᠢ ᠬᠢᠨ᠎ᠠ᠃ ︽ᠭᠤᠷᠪᠠᠨ ᠬᠤᠷᠢᠭ᠎ᠠ ᠱᠤᠭᠤᠮ ᠨᠢᠭᠡ ᠭᠦᠢᠴᠡᠳᠬᠡᠯ ᠲᠠᠩᠰᠠ︾ ᠶᠢᠨ ᠦᠷ᠎ᠡ | ᠪᠦᠲᠦᠭᠡᠯ ᠢ ᠪᠣᠳᠠᠲᠠᠶ ᠪᠠᠷ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠦᠷᠭᠦᠯᠵᠢᠯᠡᠨ ᠤᠷᠤᠭᠰᠢ ᠠᠬᠢᠭᠤᠯᠤᠨ᠎ᠠ᠃ | ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠠᠵᠠᠷ | ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃ | ᠬᠤᠶᠠᠷ᠂ ᠭᠤᠷᠪᠠᠨ ᠶᠡᠭᠡ ᠤᠨᠴᠠᠯᠢᠭᠳᠤ ᠠᠵᠤ ᠦᠢᠯᠡᠰ ᠤᠨ ᠰᠠᠭᠤᠷᠢᠨ ᠭᠠᠵᠠᠷ ᠢ ᠬᠦᠴᠦᠯᠡᠨ ᠪᠠᠶᠢᠭᠤᠯᠤᠨ᠎ᠠ | | ᠤᠯᠠᠨᠪᠤᠯᠠᠭ ᠠᠵᠤ ᠦᠢᠯᠡᠰ ᠤᠨ ᠬᠦᠷᠢᠶᠡᠯᠡᠩ ᠢ ᠲᠦᠷᠭᠡᠳᠬᠡᠨ ᠪᠠᠶᠢᠭᠤᠯᠤᠨ᠎ᠠ᠃ ᠤᠯᠠᠨᠪᠤᠯᠠᠭ ᠠᠵᠤ | ᠦᠢᠯᠡᠰ ᠤᠨ ᠬᠦᠷᠢᠶᠡᠯᠡᠩ ᠤᠨ ᠪᠥᠳᠥᠭᠡᠨ ᠪᠠᠶᠢᠭᠤᠯᠤᠯᠲᠠ ᠶᠢ ᠡᠨᠡ ᠵᠢᠯ ᠤᠨ ᠴᠢᠬᠤᠯᠠ ᠡᠭᠦᠷᠭᠡ ᠪᠣᠯᠭᠠᠵᠤ᠂ | ᠬᠦᠷᠢᠶᠡᠯᠡᠩ ᠤᠨ ᠪᠥᠳᠥᠭᠡᠨ ᠪᠠᠶᠢᠭᠤᠯᠤᠯᠲᠠ ᠶᠢᠨ ᠠᠵᠢᠯ ᠤᠨ ᠲᠣᠭᠲᠠᠴᠠ ᠶᠢ ᠱᠠᠯᠠᠪᠳᠠᠨ ᠪᠠᠶᠢᠭᠤᠯᠤᠨ | ᠪᠥᠷᠢᠨᠰᠢᠬᠦᠯᠵᠤ᠂ ᠬᠦᠷᠢᠶᠡᠯᠡᠩ ᠤᠨ ᠪᠥᠳᠥᠭᠡᠨ ᠪᠠᠶᠢᠭᠤᠯᠤᠯᠲᠠ ᠶᠢᠨ ᠡᠮᠦᠨᠡᠬᠢ ᠬᠤᠭᠤᠴᠠᠭᠠᠨ ᠤ ᠭᠠᠷᠳᠠᠮ ᠢ | ᠲᠦᠷᠭᠡᠳᠬᠡᠨ ᠭᠦᠢᠴᠡᠳᠬᠡᠵᠦ᠂ ᠳᠣᠯᠠᠭᠠᠯᠭ᠎ᠠ ᠬᠠᠩᠭᠠᠬᠤ᠂ ᠪᠣᠬᠢᠷᠲᠤᠯ ᠭᠠᠳᠠᠭᠰᠢᠯᠠᠭᠤᠯᠬᠤ᠂ ᠠᠵᠤ | ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠲᠠᠯᠠᠪᠠᠢ ᠵᠡᠷᠭᠡ ᠢᠵᠢ ᠪᠦᠷᠢᠳᠦᠭᠦᠯᠬᠦ ᠰᠠᠭᠤᠷᠢ | ᠲᠦᠬᠦᠭᠡᠷᠦᠮᠵᠢ ᠶᠢᠨ ᠪᠥᠳᠥᠭᠡᠨ ᠪᠠᠶᠢᠭᠤᠯᠤᠯᠲᠠ ᠶᠢ ᠲᠥᠯᠬᠢᠨ ᠠᠬᠢᠭᠤᠯᠵᠤ᠂ ᠠᠵᠤ ᠠᠬᠤᠶᠢᠯᠠᠯ ᠤᠨ ᠡᠵᠡᠩᠨᠡᠯᠳᠡ ᠪᠠ | ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢᠨ ᠰᠠᠭᠤᠷᠢ ᠶᠢ ᠰᠠᠶᠢᠲᠤᠷ ᠲᠠᠯᠪᠢᠨ᠎ᠠ᠃ ᠦᠯᠵᠡᠢ ᠪᠣᠭᠤᠮᠲᠠ ᠶᠢᠨ | ᠰᠠᠭᠤᠷᠢ ᠲᠥᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠦᠨ᠎ᠡ᠃ 1.3 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠵᠤ᠂ ᠬᠢᠨᠠᠨ ᠬᠠᠮᠢᠶᠠᠷᠬᠤ ᠣᠷᠣᠨ ᠤ ᠬᠤᠲᠠ ᠶᠢᠨ ᠶᠠᠪᠤᠳᠠᠯ ᠤᠨ ᠵᠠᠮ ᠤᠨ ᠦ᠋ ᠵᠢᠩ ᠬᠤᠶᠠᠳᠤᠭᠠᠷ ᠵᠠᠮ᠂ | ᠪᠠᠷᠠᠭᠠᠨ ᠤ ᠭᠦᠢᠯᠭᠡᠭᠡᠨ ᠤ ᠢᠵᠢ ᠪᠦᠷᠢᠳᠦᠭᠦᠯᠬᠦ ᠦᠢᠯᠡᠴᠢᠯᠡᠭᠡᠨ ᠵᠡᠷᠭᠡ 3 ᠲᠥᠷᠥᠯ ᠵᠦᠢᠯ ᠢ ᠭᠤᠤᠯᠳᠠᠯᠭ᠎ᠠ ᠲᠠᠢ | ᠬᠡᠷᠡᠭᠵᠢᠭᠦᠯᠦᠨ᠎ᠡ᠃ ᠮᠣᠩᠭᠤᠯ ᠣᠯᠣᠰ ᠢ ᠲᠤᠰᠠᠯᠠᠬᠤ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ | ᠢᠳᠡᠪᠬᠢᠲᠡᠶ ᠪᠠᠷ ᠲᠥᠯᠬᠢᠨ ᠠᠬᠢᠭᠤᠯᠤᠨ᠎ᠠ᠃ ᠪᠠᠶᠠᠨᠬᠤᠲᠠ ᠶᠢᠨ ᠠᠮᠢ ᠠᠬᠤᠶ ᠪᠠ ᠰᠢᠨᠵᠢᠯᠡᠭᠡ ᠮᠡᠷᠭᠡᠵᠢᠯ ᠤᠨ ᠠᠳᠠᠯ | ᠦᠢᠯᠡᠰ ᠴᠣᠭᠴᠠᠯᠠᠬᠤ ᠵᠢᠱᠢᠶ᠎ᠡ ᠦᠵᠡᠭᠦᠯᠬᠦ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ | ᠠᠬᠢᠭᠤᠯᠤᠨ᠎ᠠ᠃ ᠡᠯᠡᠰᠦᠨ ᠴᠥᠯ ᠤᠨ ᠰᠦᠯᠳᠡ ᠵᠡᠷᠭᠡ ᠡᠯᠡᠰᠦᠨ ᠳᠤ ᠲᠠᠷᠢᠭᠰᠠᠨ ᠬᠢᠲᠠᠳ ᠡᠮ ᠤᠨ ᠪᠡᠯᠡᠳᠦᠮᠡᠯ ᠢ | ᠨᠠᠷᠢᠯᠢᠭ ᠡᠳ᠋ᠰᠢᠭᠦᠯᠬᠦ᠂ ᠮᠠᠨᠳᠣᠯ ᠴᠠᠭᠠᠨ ᠭᠤᠶᠣᠣ ᠶᠢᠨ ᠪᠥᠬᠦ ᠠᠵᠤ ᠦᠢᠯᠡᠰ ᠤᠨ ᠬᠡᠯᠬᠢᠶᠡᠵᠢᠯ ᠤᠨ | ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ ᠲᠥᠷᠥᠯ ᠵᠦᠢᠯ ᠵᠡᠷᠭᠡ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠪᠠᠷ | ᠠᠬᠢᠭᠤᠯᠤᠨ᠎ᠠ᠃ | ᠭᠤᠷᠪᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠡᠷᠴᠢᠮᠲᠡᠢ | ᠬᠡᠷᠡᠭᠵᠢᠭᠦᠯᠦᠨ᠎ᠡ | ᠶᠠᠳᠠᠭᠤ ᠠᠴᠠ ᠠᠩᠭᠢᠵᠢᠷᠠᠭᠤᠯᠬᠤ ᠪᠣᠱᠤᠭ᠎ᠠ ᠶᠢ ᠳᠠᠪᠠᠭ᠋ᠣ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠤᠶᠠᠯᠳᠤᠭᠤᠯᠬᠤ ᠠᠵᠢᠯ ᠢ ᠢᠳᠡᠪᠬᠢᠲᠡᠢ | ᠠᠬᠢᠭᠤᠯᠤᠨ᠎ᠠ᠃ ︽ᠳᠥᠷᠪᠡ ᠶᠢ ᠲᠠᠶᠠᠭᠳᠠᠬᠤ ᠥᠬᠡᠶ︾ ᠠᠵᠢᠯ ᠤᠨ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ᠂ ᠡᠮᠴᠢᠯᠡᠭᠡ ᠵᠡᠷᠭᠡ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ | ᠴᠢᠨᠠᠷᠲᠠᠶ ᠲᠥᠷᠥ ᠶᠢᠨ ᠪᠣᠳᠣᠯᠭ᠎ᠠ ᠪᠠ ᠣᠨᠴᠠ ᠬᠦᠴᠢᠷᠳᠡᠯ ᠲᠠᠢ ᠬᠥᠮᠦᠰ ᠢ ᠠᠰᠠᠷᠠᠨ ᠲᠡᠵᠢᠭᠡᠬᠦ᠂ ᠲᠦᠷ ᠴᠠᠭ | ᠠᠪᠤᠷᠠᠨ ᠲᠤᠰᠠᠯᠠᠬᠤ ᠵᠡᠷᠭᠡ ᠦᠨᠳᠦᠰᠦᠨ ᠵᠦᠢᠯ ᠢ ᠪᠠᠲᠤᠯᠠᠵᠤ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢᠨ | ᠲᠣᠭᠲᠠᠪᠤᠷᠢᠲᠠᠢ ᠪᠠᠶᠢᠬᠤ ᠶᠢ ᠪᠠᠲᠤᠯᠠᠨ᠎ᠠ᠃ ᠶᠠᠳᠠᠭᠤᠷᠠᠬᠤ ᠪᠠ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠬᠤ ᠪᠠ | ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠦᠨ᠎ᠠ᠃ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠠᠷᠠᠳ ᠤᠨ | ᠠᠮᠢᠳᠤᠷᠠᠯ ᠤᠨ ᠪᠠᠲᠤᠯᠠᠭ᠎ᠠ ᠶᠢᠨ ᠴᠢᠨᠠᠷᠲᠠᠶ ᠲᠦᠷᠦ ᠶᠢᠨ ᠪᠤᠳᠤᠯᠭ᠎ᠠ ᠪᠠ ᠣᠨᠴᠠ ᠬᠦᠴᠢᠷᠳᠡᠯ ᠲᠠᠢ ᠬᠥᠮᠦᠰ ᠢ | ᠠᠰᠠᠷᠠᠨ ᠳᠡᠳᠬᠦᠬᠦ᠂ ᠲᠦᠷ ᠴᠠᠭ ᠠᠪᠤᠷᠠᠨ ᠲᠤᠰᠠᠯᠠᠬᠤ ᠵᠡᠷᠭᠡ ᠦᠨᠳᠦᠰᠦᠨ ᠵᠦᠢᠯ ᠢ ᠪᠠᠲᠤᠯᠠᠵᠤ ᠠᠪᠤᠷᠠᠨ | ᠲᠤᠰᠠᠯᠠᠬᠤ ᠲᠦᠷᠦ ᠶᠢᠨ ᠪᠤᠳᠤᠯᠭ᠎ᠠ ᠶᠢᠨ ᠲᠣᠭᠲᠠᠭᠤᠨ ᠪᠠᠶᠢᠳᠠᠯ ᠢ ᠪᠠᠳᠤᠯᠠᠨ᠎ᠠ᠃ ᠥᠪᠡᠷᠲᠡᠭᠡᠨ ᠵᠠᠰᠠᠬᠤ ᠣᠷᠣᠨ ᠤ | ᠵᠣᠬᠢᠴᠠᠭᠤᠯᠬᠤ ᠪᠠᠯᠠ ᠮᠥᠩᠭᠦ ᠶᠢ ᠢᠳᠡᠪᠬᠢᠲᠡᠶ ᠭᠤᠶᠤᠴᠢᠯᠠᠵᠤ᠂ ᠮᠠᠯᠵᠢᠬᠤ ᠲᠠᠷᠢᠶᠠᠯᠠᠬᠤ ᠣᠷᠣᠨ ᠤ ᠰᠠᠭᠤᠷᠢ | ᠲᠥᠬᠦᠭᠡᠷᠦᠮᠵᠢ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ 30 ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠵᠢᠱᠢᠶ᠎ᠡ ᠦᠵᠡᠭᠦᠯᠬᠦ ᠴᠡᠭ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠤᠨ᠎ᠠ᠃ | ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠤᠨ ᠥᠭᠡᠷᠡᠴᠢᠯᠡᠯᠲᠡ᠂ ᠬᠤᠭ ᠨᠣᠪᠰᠢ ᠶᠢ ᠰᠢᠢᠳᠪᠦᠷᠢᠯᠡᠬᠦ | ᠵᠡᠷᠭᠡ ᠠᠵᠢᠯ ᠢ ᠯᠠᠪᠳᠠᠭᠤᠨ ᠪᠠᠲᠣᠲᠠᠢ ᠠᠬᠢᠭᠤᠯᠵᠣ᠂ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ | ᠰᠠᠭᠤᠷᠢᠰᠢᠯ ᠤᠨ ᠣᠷᠴᠢᠨ ᠢ ᠦᠨᠡᠨᠬᠦ ᠰᠠᠶᠢᠵᠢᠷᠠᠭᠤᠯᠤᠨ᠎ᠠ᠃ | ᠳᠥᠷᠪᠡ᠂ ᠭᠤᠷᠪᠠᠨ ᠠᠵᠤ ᠦᠢᠯᠡᠰ ᠤᠨ ᠴᠢᠨᠠᠷᠯᠢᠭ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠤᠨ᠎ᠠ | 2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠰᠢᠩ ᠮᠦ ᠨᠢᠲᠤᠯᠬᠤ ᠪᠠ ᠢᠳᠡᠭᠡᠨ ᠤᠮᠳᠠᠭᠠᠨ ᠢ | ᠰᠣᠷᠭᠤᠭ ᠢᠶᠠᠷ ᠨᠢ ᠬᠠᠳᠠᠭᠠᠯᠠᠬᠤ ᠪᠠᠷᠠᠭᠠᠨ ᠤ ᠭᠦᠢᠯᠭᠡᠭᠡᠨ᠂ ᠠᠯᠠᠱᠠ ᠶᠢᠨ ᠬᠤᠣᠰ ᠪᠥᠬᠦᠲᠦ ᠲᠡᠮᠡᠭᠡᠨ ᠨᠣᠯᠤᠤᠷᠲᠤ | ᠠᠵᠤ ᠦᠢᠯᠡᠰ ᠤᠨ ᠰᠠᠭᠤᠷᠢᠨ ᠭᠠᠵᠠᠷ ᠵᠡᠷᠭᠡ 11 ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠠᠵᠤ | ᠦᠢᠯᠡᠰ ᠤᠨ ᠲᠦᠷᠦᠯ ᠵᠦᠢᠯ ᠢ ᠪᠦᠳᠦᠭᠡᠨ ᠪᠠᠶᠢᠭᠤᠯᠤᠨ᠎ᠠ᠃ ᠣᠷᠭᠠᠨᠢᠭ ᠲᠠᠷᠢᠶᠠᠯᠠᠩ ᠢ ᠶᠡᠬᠡᠪᠡᠷ ᠬᠥᠭᠵᠢᠭᠦᠯᠵᠦ᠂ | ᠰᠢᠨ᠎ᠡ ᠡᠭᠦᠯᠳᠡᠷ ᠢ ᠣᠷᠣᠭᠤᠯᠬᠤ ᠪᠠ ᠲᠠᠷᠢᠶᠠᠯᠠᠩ ᠤᠨ ᠪᠦᠲᠦᠭᠡᠭᠳᠡᠬᠦᠨ ᠢ ᠪᠣᠭᠤᠳᠠᠯᠯᠠᠵᠤ ᠡᠵᠡᠩᠨᠡᠨ ᠪᠣᠷᠣᠯᠠᠭᠤᠯᠬᠤ | ᠡᠷᠴᠢᠮ ᠢ ᠲᠦᠷᠭᠡᠳᠬᠡᠨ᠂ ᠣᠷᠭᠠᠨᠢᠭ ᠪᠤᠭᠤᠳᠠᠶ᠂ ᠪᠣᠬᠢᠷᠲᠤᠯ ᠥᠬᠡᠶ ᠳᠠᠷᠪᠤᠰ ᠪᠠ ᠵᠢᠮᠢᠰ ᠤᠨ ᠲᠦᠷᠦᠯ᠂ ᠰᠢᠯᠢᠳᠡᠭ | ᠡᠮ ᠤᠨ ᠮᠠᠲ᠋ᠧᠷᠢᠶᠠᠯ ᠵᠡᠷᠭᠡ ᠶᠢᠨ ᠳᠠᠷᠢᠬᠤ ᠲᠠᠯᠠᠪᠠᠶ ᠶᠢ 5 ᠲᠦᠮᠡᠨ ᠮᠥ ᠳᠤ ᠬᠦᠷᠦᠭᠦᠯᠬᠦ ᠶᠢ ᠠᠬᠢᠭᠤᠯᠣᠨ᠎ᠠ᠃ | ᠦᠨᠳᠦᠷ ᠵᠡᠷᠭᠡᠯᠡᠯ ᠤᠨ ᠮᠠᠯ ᠠᠵᠤ ᠠᠬᠤᠶ ᠶᠢ ᠢᠳᠡᠪᠬᠢᠲᠡᠶ ᠬᠥᠭᠵᠢᠭᠦᠯᠵᠦ᠂ ᠠᠯᠠᠱᠠ ᠶᠢᠨ ᠴᠠᠭᠠᠨ ᠨᠣᠯᠤᠤᠷᠲᠤ | ᠢᠮᠠᠭ᠎ᠠ᠂ ᠠᠯᠠᠱᠠ ᠶᠢᠨ ᠬᠤᠤᠰ ᠪᠥᠬᠦᠲᠦ ᠲᠡᠮᠡᠭᠡ᠂ ᠠᠯᠠᠱᠠ ᠶᠢᠨ ᠨᠣᠳᠤᠭ ᠤᠨ ᠦᠬᠡᠷ ᠵᠡᠷᠭᠡ ᠴᠢᠨᠠᠷᠯᠢᠭ ᠮᠠᠯ ᠤᠨ | ᠡᠭᠦᠯᠳᠡᠷ ᠤᠨ ᠡᠬᠢ ᠪᠠᠶᠠᠯᠢᠭ ᠢ ᠨᠠᠷᠢᠯᠢᠬᠵᠢᠭᠤᠯᠬᠤ᠂ ᠳᠡᠭᠡᠳᠦ ᠵᠡᠷᠭᠡᠯᠡᠯ ᠤᠨ᠂ ᠬᠡᠪᠴᠢᠶᠡᠵᠢᠭᠦᠯᠬᠦ ᠴᠢᠭᠯᠡᠯ ᠢᠶᠠᠷ | ᠤᠷᠤᠭᠰᠢᠯᠠᠭᠤᠯᠤᠨ᠎ᠠ᠃ | ᠰᠢᠨ ᠲᠤᠤ ᠠᠭᠤᠷᠬᠠᠶ ᠶᠢᠨ ᠦᠢᠯᠡᠰ ᠤᠨ ᠵᠡᠰ ᠢ ᠰᠢᠯᠢᠬᠦ ᠪᠠ ᠣᠯᠪᠤᠷᠢᠯᠠᠬᠤ᠂ ᠮᠧᠩ ᠳ᠋ᠦᠩ ᠠᠭᠤᠷᠬᠠᠶ ᠶᠢᠨ | ᠦᠢᠯᠡᠰ ᠤᠨ ᠵᠢᠯ ᠳᠤ 300 ᠲᠦᠮᠡᠨ ᠲᠣᠨ ᠤ ᠭᠠᠷᠤᠯᠲᠠ ᠲᠠᠢ ᠬᠦᠳᠡᠷ ᠰᠣᠩᠭᠤᠬᠤ ᠵᠡᠷᠭᠡ ᠲᠥᠷᠥᠯ ᠵᠦᠢᠯ ᠤᠨ | ᠡᠮᠦᠨᠡᠬᠢ ᠬᠤᠭᠤᠴᠠᠭᠠᠨ ᠤ ᠠᠵᠢᠯ ᠢ ᠡᠮᠬᠢ ᠵᠢᠷᠤᠮ ᠲᠠᠢ ᠠᠬᠢᠭᠤᠯᠤᠨ᠎ᠠ᠃ ᠶᠢᠦ ᠪᠠᠩ ᠠᠭᠤᠷᠬᠠᠶ ᠶᠢᠨ ᠦᠢᠯᠡᠰ ᠤᠨ | 30 ᠲᠦᠮᠡᠨ ᠲᠣᠨ ᠬᠠᠷ᠎ᠠ ᠲᠤᠭᠤᠯᠭ᠎ᠠ ᠴᠠᠶᠢᠷ ᠮᠥᠩᠭᠦ ᠵᠡᠰ ᠣᠯᠠᠨ ᠲᠡᠮᠦᠷᠯᠢᠭ ᠤᠨ ᠠᠭᠤᠷᠬᠠᠶ᠂ ᠰᠦᠩ ᠲᠠ ᠪᠣᠷᠣ | ᠴᠣᠬᠤᠢ ᠶᠢᠨ 300 ᠲᠦᠮᠡᠨ ᠲᠣᠨ ᠴᠣᠬᠤᠶ ᠶᠢᠨ ᠴᠢᠯᠠᠭᠤᠯᠢᠭ ᠤᠨ ᠮᠦᠬᠦᠯᠢᠭᠲᠦ ᠮᠠᠲ᠋ᠧᠷᠢᠶᠠᠯ ᠤᠨ ᠲᠥᠷᠥᠯ | ᠵᠦᠢᠯ ᠢ ᠲᠤᠷᠰᠢᠨ ᠦᠢᠯᠡᠳᠪᠦᠷᠢᠯᠡᠬᠦ ᠳᠤ ᠣᠷᠣᠭᠤᠯᠬᠤ ᠶᠢ ᠶᠡᠬᠡᠪᠡᠷ ᠳᠡᠮᠵᠢᠨ᠎ᠡ᠃ ᠶᠢᠨ ᠪᠤᠯᠠᠭ ᠲᠠᠯᠠᠰᠲᠤ ᠪᠠᠷ | ᠬᠢᠭᠰᠡᠨ ᠪᠠᠯ ᠴᠢᠯᠠᠭᠤ ᠶᠢ ᠨᠠᠷᠢᠯᠢᠭ ᠪᠣᠯᠪᠠᠰᠤᠷᠠᠭᠤᠯᠬᠤ᠂ ᠢ ᠶᠢᠩ ᠮᠧᠶ ᠣᠷᠭᠠᠨᠢᠭ ᠰᠦᠨ ᠲᠠᠯᠬ᠎ᠠ᠂ ᠷᠦᠨ ᠱᠧᠩ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠰᠣ ᠬᠡᠶ ᠶᠢᠨ ᠠᠭᠤᠷᠬᠠᠶ ᠶᠢᠨ ᠬᠠᠶᠠᠭᠳᠠᠯ ᠡᠳ᠋ ᠢ ᠲᠥᠪᠯᠡᠷᠡᠭᠦᠯᠦᠨ | ᠰᠢᠶᠳᠪᠦᠷᠢᠯᠡᠬᠦ ᠲᠥᠷᠥᠯ ᠵᠦᠶᠯ ᠢ ᠠᠰᠢᠭᠯᠠᠯᠲᠠ ᠳᠤ ᠣᠷᠣᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ | 160 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ᠂ ᠬᠤᠣ ᠶᠠ 500 ᠺᠢᠯᠥᠸᠥᠯᠲ ᠤᠨ ᠴᠠᠬᠢᠯᠭᠠᠨ | ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ᠂ 100 ᠲᠦᠮᠡᠨ ᠺᠢᠯᠣᠸᠠᠲ ᠤᠨ ᠪᠠᠲᠤᠯᠠᠭ᠎ᠠ ᠶᠢᠨ ᠴᠢᠨᠠᠷᠲᠠᠶ | ᠲᠣᠣᠷ ᠲᠤ ᠨᠡᠶᠢᠯᠡᠭᠦᠯᠬᠦ ᠲᠥᠪᠯᠡᠷᠡᠩᠭᠦᠶ ᠮᠠᠶ᠋ᠢᠭ ᠤᠨ ᠰᠠᠯᠬᠢᠨ ᠬᠦᠴᠦᠨ ᠤ ᠴᠠᠬᠢᠯᠭᠠᠨ ᠤ ᠵᠦᠢᠯᠡᠰ ᠢ ᠲᠦᠷᠭᠡᠪᠴᠢᠯᠡᠨ | ᠠᠬᠢᠭᠤᠯᠤᠨ᠎ᠠ᠃ | ᠠᠯᠠᠱᠠ ᠶᠢᠨ ᠪᠠᠭᠠᠲᠤᠷᠴᠤᠳ ᠤᠨ ᠴᠤᠭᠯᠠᠭᠠᠨ᠂ ᠠᠽᠢᠶ᠎ᠠ ᠨᠣᠮᠣᠬᠠᠨ ᠳᠠᠯᠠᠢ ᠶᠢᠨ ᠣᠷᠣᠨ ᠤ | ᠬᠤᠳᠠᠯᠳᠤᠭᠠᠨ ᠤ ᠳᠡᠭᠡᠳᠦ ᠰᠤᠷᠭᠠᠭᠤᠯᠢ ᠶᠢᠨ ᠡᠯᠡᠰᠦᠨ ᠴᠦᠯ ᠤᠨ ᠥᠷᠢᠰᠥᠯᠳᠦᠭᠡᠨ ᠤ ᠤᠷᠤᠯᠳᠤᠭᠠᠨ᠂ | ᠠᠯᠠᠱᠠ ᠶᠢᠨ ᠬᠠᠰ · ᠦᠵᠡᠮᠦᠷᠢ ᠶᠢᠨ ᠴᠢᠯᠠᠭᠤᠨ ᠤ ᠦᠵᠡᠰᠬᠦᠯᠡᠩ ᠵᠡᠷᠭᠡ ᠭᠤᠤᠯᠳᠠᠯᠭ᠎ᠠ ᠲᠠᠢ ᠵᠢᠭᠤᠯᠴᠢᠯᠠᠯ ᠤᠨ | ᠨᠠᠷᠠᠲᠤ ᠲᠡᠮᠳᠡᠭ ᠢ ᠨᠠᠷᠢᠯᠢᠭ ᠪᠥᠭᠡᠳ ᠰᠢᠯᠢᠳᠡᠭ ᠪᠣᠯᠭᠠᠨ᠎ᠠ᠃ ᠠᠯᠠᠱᠠ ᠵᠡᠭᠦᠨ ᠬᠤᠰᠢᠭᠤᠨ ᠤ ᠡᠯᠡᠰᠦᠨ ᠴᠥᠯ ᠤᠨ | ᠨᠤᠲᠤᠭ ᠪᠡᠯᠴᠢᠭᠡᠷ ᠤᠨ ᠡᠵᠡᠩᠨᠡᠯᠲᠡ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ ᠬᠡᠷᠡᠭᠵᠢᠭᠦᠯᠵᠦ᠂ ᠲᠩᠷᠢ | ᠡᠯᠡᠰᠦᠨ ᠤ ᠵᠢᠭᠤᠯᠴᠢᠯᠠᠯ ᠤᠨ ᠦᠶᠯᠡᠴᠢᠯᠡᠭᠡᠨ ᠤ ᠪᠠᠲᠤᠯᠠᠭ᠎ᠠ ᠶᠢᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ᠃ | ᠤᠯᠠᠭᠠᠨᠮᠥ᠋ᠴᠢᠷ ᠤᠨ ᠪᠣᠯᠪᠠᠰᠤᠷᠠᠯ ᠤᠨ ᠲᠢᠩᠬᠢᠮ᠂ ᠤᠯᠠᠭᠠᠨ ᠤ ᠭᠤᠤᠯ ᠤᠨ ᠠᠮᠢ ᠠᠬᠤᠶ ᠶᠢᠨ ᠵᠢᠭᠤᠯᠴᠢᠯᠠᠯ ᠤᠨ | ᠣᠷᠣᠨ ᠤ ᠰᠠᠭᠤᠷᠢ ᠲᠦᠬᠦᠭᠡᠷᠦᠮᠵᠢ ᠶᠢ ᠲᠠᠰ ᠳᠡᠪᠰᠢᠭᠦᠯᠦᠨ ᠥᠭᠡᠷᠡᠴᠢᠯᠡᠬᠦ᠂ ᠤᠯᠠᠨᠪᠤᠯᠠᠭ ᠵᠢᠭᠤᠯᠴᠢᠯᠠᠯ ᠤᠨ | ᠣᠷᠣᠨ ᠤ ᠶᠡᠷᠦᠩᠬᠡᠶᠢᠯᠡᠭᠰᠡᠨ ᠦᠶᠯᠡᠴᠢᠯᠡᠭᠡ ᠶᠢ ᠳᠡᠭᠡᠭᠰᠢᠯᠡᠭᠦᠯᠬᠦ ᠲᠥᠷᠥᠯ ᠵᠦᠶᠯ ᠢ ᠬᠡᠷᠡᠭᠵᠢᠭᠦᠯᠦᠨ᠎ᠡ᠃ | ᠬᠤᠪᠢᠰᠬᠠᠯᠲᠣ ᠰᠣᠶᠣᠯ ᠤᠨ ᠰᠢᠷᠢᠰ ᠦᠵᠡᠰᠬᠦᠯᠡᠩ ᠤᠨ ᠣᠷᠳᠣᠨ ᠳᠤ ᠲᠦᠰᠢᠭᠯᠡᠨ᠂ ᠬᠤᠪᠢᠰᠬᠠᠯᠲᠣ ᠰᠣᠶᠣᠯ ᠤᠨ | ᠬᠥᠮᠦᠵᠢᠯ ᠤᠨ ᠰᠣᠷᠭᠠᠯᠳᠠ ᠶᠢ ᠶᠠᠪᠣᠭᠳᠠᠭᠤᠯᠣᠨ᠎ᠠ᠃ ᠬᠤᠯᠠᠳᠠᠬᠢᠨ ᠢ ᠳᠤᠭᠳᠠᠭᠠᠭᠴᠢ ᠵᠢᠭᠤᠯᠴᠢᠯᠠᠯ ᠰᠡᠯᠡᠭᠦᠴᠡᠯ ᠤᠨ | ᠵᠡᠭᠡᠯᠢ ᠪᠠ ᠰᠥᠨᠢ ᠶᠢᠨ ᠵᠠᠬ᠎ᠠ ᠳᠡᠯᠭᠡᠬᠦᠷ ᠤᠨ ᠠᠵᠤ ᠠᠬᠤᠶ ᠶᠢᠨ ᠴᠤᠭᠯᠠᠷᠠᠯ ᠤᠨ ᠲᠣᠭᠤᠷᠢᠭ ᠢ ᠬᠦᠴᠦᠯᠡᠨ | ᠪᠠᠶᠢᠭᠤᠯᠤᠨ᠎ᠠ᠃ ᠬᠠᠴᠢᠨ ᠴᠢᠯᠠᠭᠤ ᠡᠷᠳᠡᠨᠢ ᠶᠢᠨ ᠴᠢᠯᠠᠭᠤ᠂ ᠲᠠᠷᠢᠶᠠᠯᠠᠩ ᠤᠨ ᠲᠤᠰᠠᠯᠠᠬᠤ ᠠᠵᠤ ᠠᠬᠤᠶ ᠶᠢᠨ | ᠪᠦᠲᠦᠭᠡᠭᠳᠡᠬᠦᠨ ᠢ ᠰᠦᠯᠵᠢᠶᠡᠨ ᠳᠡᠭᠡᠷ᠎ᠡ ᠰᠢᠭᠤᠳ ᠪᠤᠷᠤᠯᠠᠭᠤᠯᠬᠤ ᠶᠢ ᠬᠥᠭᠵᠢᠭᠦᠯᠵᠦ᠂ ᠴᠠᠬᠢᠮ ᠬᠤᠳᠠᠯᠳᠤᠭᠠᠨ ᠤ | ᠵᠢᠱᠢᠶ᠎ᠡ ᠦᠵᠡᠭᠦᠯᠬᠦ ᠬᠤᠰᠢᠭᠤ ᠶᠢ ᠴᠢᠷᠮᠠᠶᠢᠨ ᠡᠭᠦᠳᠦᠨ ᠪᠠᠶᠢᠭᠤᠯᠤᠨ᠎ᠠ᠃ | ᠲᠠᠪᠤ᠂ ᠬᠤᠲᠠ ᠬᠥᠳᠡᠭᠡ ᠶᠢᠨ ᠰᠠᠭᠤᠷᠢ ᠲᠦᠬᠦᠬᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠣᠯᠠᠮ | ᠴᠢᠨᠠᠭᠰᠢᠲᠠ ᠴᠢᠩᠭᠠᠳᠬᠠᠨ᠎ᠠ | ᠪᠠᠶᠠᠨᠬᠤᠲᠠ ᠠᠴᠠ ᠢᠷᠭᠠᠶ ᠬᠥᠷᠬᠦ ᠲᠡᠮᠦᠷ ᠵᠠᠮ᠂ ᠠᠯᠠᠱᠠ ᠵᠡᠭᠦᠨ ᠬᠤᠰᠢᠭᠤᠨ ᠤ ᠠᠵᠢᠯ ᠤᠨ ᠬᠡᠷᠡᠭᠯᠡᠬᠡᠨ ᠤ | ᠨᠢᠰᠬᠡᠯ ᠤᠨ ᠪᠠᠭᠤᠳᠠᠯ ᠤᠨ ᠲᠠᠰ ᠳᠡᠪᠰᠢᠬᠦ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ᠂ G1817 ᠱᠤᠭᠤᠮ | ᠤᠨ ᠪᠠᠶᠠᠨᠬᠤᠳᠤᠭ ᠠᠴᠠ ᠪᠠᠶᠠᠨᠬᠤᠲᠠ ᠬᠥᠷᠬᠦ ᠬᠡᠰᠡᠭ ᠤᠨ ᠬᠤᠷᠳᠣᠨ ᠤ ᠵᠠᠮ ᠤᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠤᠨ᠎ᠠ᠃ 1.1 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠨ᠂ ᠰᠢᠯᠢ ᠭᠤᠣᠯ ᠠᠴᠠ | ᠲᠣᠩᠭᠠᠯᠠᠭ ᠨᠠᠭᠤᠷ ᠬᠦᠷᠬᠦ ᠵᠠᠮ ᠵᠡᠷᠭᠡ 3 ᠬᠥᠳᠡᠭᠡ ᠲᠣᠰᠬᠤᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ | ᠲᠥᠷᠥᠯ ᠵᠦᠶᠯ ᠢ ᠪᠠᠶᠢᠭᠤᠯᠤᠨ᠎ᠠ᠃ 415 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠵᠢᠷᠠᠲᠠᠶ ᠪᠠᠯᠭᠠᠰᠤ ᠵᠡᠷᠭᠡ | 3 ᠰᠤᠮᠤ ᠪᠠᠯᠭᠠᠰᠤᠨ ᠳᠤ ᠮᠠᠯᠵᠢᠬᠤ ᠲᠠᠷᠢᠶᠠᠯᠠᠬᠤ ᠣᠷᠣᠨ ᠤ ᠤᠰᠤᠨ ᠤ ᠬᠠᠩᠭᠠᠯᠭ᠎ᠠ ᠶᠢᠨ ᠪᠠᠲᠤᠯᠠᠭ᠎ᠠ ᠶᠢᠨ | ᠢᠨᠵᠧᠨᠧᠷᠢᠩ ᠢ ᠬᠡᠷᠡᠭᠵᠢᠭᠦᠯᠦᠨ᠎ᠡ᠃ ᠣᠪᠣᠭᠠᠨ ᠭᠤᠤ ᠶᠢᠨ ᠦᠶᠡᠷ ᠢ ᠰᠡᠷᠭᠡᠶᠢᠯᠡᠬᠦ ᠪᠠᠷᠢᠯᠭ᠎ᠠ ᠶᠢ ᠪᠣᠳᠠᠲᠠᠶᠢᠵᠢᠭᠤᠯᠤᠨ | ᠠᠵᠢᠯ ᠡᠬᠢᠯᠡᠭᠦᠯᠬᠦ ᠪᠠᠷ ᠴᠢᠷᠮᠠᠶᠢᠨ᠎ᠠ᠃ ᠪᠠᠶᠢᠭᠠᠯᠢ ᠶᠢᠨ ᠰᠢᠲᠠᠮᠠᠬᠠᠶ ᠬᠡᠶ ᠶᠢ ᠶᠡᠷᠦᠩᠬᠡᠶᠢᠯᠡᠨ ᠠᠰᠢᠭᠯᠠᠬᠤ ᠵᠡᠷᠭᠡ | ᠲᠥᠷᠥᠯ ᠵᠦᠶᠯ ᠢ ᠦᠷᠭᠦᠯᠵᠢᠯᠡᠨ ᠠᠬᠢᠭᠤᠯᠤᠨ᠎ᠠ᠃ 5G ᠰᠠᠭᠤᠷᠢ ᠥᠷᠲᠡᠭᠡ ᠶᠢᠨ ᠲᠤᠭ᠎ᠠ ᠬᠡᠮᠵᠢᠶ᠎ᠡ ᠶᠢ | ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠳᠣᠬᠢᠶ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ | 3.4 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠵᠤ᠂ ᠪᠠᠶᠠᠨᠬᠤᠲᠠ ᠶᠢᠨ ᠬᠤᠲᠠ ᠪᠠᠯᠭᠠᠰᠤ ᠶᠢᠨ | ᠪᠥᠲᠥᠭᠡᠨ ᠪᠠᠶᠢᠭᠤᠯᠤᠯᠲᠠ ᠶᠢᠨ 12 ᠲᠥᠷᠥᠯ ᠵᠦᠶᠯ ᠢ ᠬᠡᠷᠡᠭᠵᠢᠭᠦᠯᠦᠨ᠎ᠡ᠃ 11 ᠬᠠᠭᠤᠴᠢᠨ ᠬᠤᠷᠢᠶᠠᠯᠠᠯ ᠂ 500 | ᠬᠠᠭᠤᠴᠢᠨ ᠭᠡᠷ ᠬᠤᠷᠢᠶᠠᠯᠠᠯ ᠢ ᠥᠭᠡᠷᠡᠴᠢᠯᠡᠨ ᠪᠠᠶᠢᠭᠤᠯᠤᠨ᠎ᠠ᠃ ᠬᠠᠯᠳᠠᠷ ᠨᠠᠭᠤᠷ ᠵᠠᠮ᠂ ᠨᠠᠶᠢᠷᠠᠮᠳᠠᠯ ᠵᠠᠮ ᠵᠡᠷᠭᠡ 3 | ᠵᠤᠷᠪᠤᠰ ︽ᠮᠤᠬᠤᠷ ᠵᠠᠮ︾ ᠢ ᠨᠡᠪᠲᠡᠷᠡᠭᠦᠯᠵᠣ᠂ ᠨᠠᠶᠢᠷᠠᠮᠳᠠᠯ ᠵᠠᠮ ᠤᠨ ᠪᠠᠷᠠᠭᠤᠨ ᠬᠡᠰᠡᠭ ᠤᠨ 1 ᠵᠤᠷᠪᠤᠰ ︽ᠤᠰᠤ | ᠲᠣᠭᠳᠠᠳᠠᠭ ᠵᠠᠮ︾ ᠢ ᠵᠠᠰᠠᠨ ᠰᠠᠶᠢᠵᠢᠷᠠᠭᠤᠯᠣᠨ᠎ᠠ᠃ ᠪᠠᠶᠠᠨᠬᠤᠲᠠ ᠶᠢᠨ ᠲᠥᠪᠯᠡᠷᠡᠭᠦᠯᠦᠨ ᠳᠣᠯᠠᠭᠠᠯᠭ᠎ᠠ ᠬᠠᠩᠭᠠᠬᠤ | ᠬᠤᠭᠤᠯᠠᠶ ᠶᠢᠨ ᠲᠣᠤᠷ ᠤᠨ ᠬᠤᠶᠠᠳᠤᠭᠠᠷ ᠬᠤᠭᠤᠴᠠᠭᠠᠨ ᠤ ᠲᠥᠷᠥᠯ ᠵᠦᠶᠯ ᠢ ᠲᠦᠷᠭᠡᠳᠬᠡᠨ ᠬᠡᠷᠡᠭᠵᠢᠭᠦᠯᠦᠨ᠎ᠡ᠃ | ᠪᠠᠶᠠᠨᠬᠤᠲᠠ ᠶᠢᠨ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢ ᠲᠠᠰ ᠳᠡᠪᠰᠢᠭᠦᠯᠦᠨ ᠥᠭᠡᠷᠡᠴᠢᠯᠡᠵᠦ᠂ ᠡᠳᠦᠷ | ᠪᠦᠷᠢ 1 ᠲᠦᠮᠡᠨ ᠺᠥᠪ ᠮᠧᠲᠷ ᠤᠨ ᠪᠣᠬᠢᠷ ᠤᠰᠤ ᠰᠢᠶᠳᠪᠦᠷᠢᠯᠡᠬᠦ ᠴᠢᠳᠠᠪᠤᠷᠢ ᠶᠢ ᠰᠢᠨ᠎ᠡ ᠪᠠᠷ ᠨᠡᠮᠡᠭᠳᠡᠭᠦᠯᠦᠨ᠎ᠡ᠃ ︽ | ᠤᠯᠤᠰ ᠤᠨ ᠳᠡᠰ ᠤᠨ ᠴᠡᠴᠡᠷᠯᠢᠭᠲᠦ ᠬᠤᠰᠢᠭᠤ ᠰᠢᠶᠠᠨ︾ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ | ᠦᠷᠭᠦᠯᠵᠢᠯᠡᠨ ᠪᠠᠬᠢᠵᠢᠭᠦᠯᠦᠨ᠎ᠡ᠃ ᠨᠠᠨ ᠲᠢᠶᠠᠨ ᠳᠤᠰᠬᠤᠨ ᠤ ᠠᠮᠢ ᠠᠬᠤᠶ ᠶᠢ ᠵᠠᠰᠠᠨ ᠰᠢᠨᠡᠴᠢᠯᠡᠬᠦ ᠲᠦᠷᠦᠯ ᠵᠦᠢᠯ ᠢ | ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ | ᠡᠷᠴᠢᠮᠳᠠᠢ ᠠᠬᠢᠭᠤᠯᠵᠤ᠂ ᠬᠤᠳᠠ ᠶᠢᠨ ᠦᠡᠭᠭᠡ ᠲᠦᠷᠬᠦ ᠪᠠ ᠰᠣᠶᠣᠯ ᠤᠨ ᠠᠭᠤᠯᠤᠭᠳᠠᠬᠤᠨ ᠤ ᠬᠤᠣᠰ | ᠳᠡᠭᠡᠭᠰᠢᠯᠡᠯᠲᠡ ᠶᠢ ᠪᠡᠶᠡᠯᠡᠭᠦᠯᠦᠨ᠎ᠡ᠃ | ᠵᠢᠷᠭᠤᠭ᠎ᠠ᠂ ᠨᠡᠶᠢᠭᠡᠮ ᠤᠨ ᠡᠯ᠎ᠡ ᠲᠦᠷᠦᠯ ᠤᠨ ᠦᠢᠯᠡᠰ ᠤᠨ ᠬᠥᠭᠵᠢᠯᠲᠡ ᠶᠢ ᠠᠬᠢᠭᠤᠯᠤᠨ᠎ᠠ | ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢᠨ ᠦᠯᠵᠡᠶ ᠳᠠᠬᠢ ᠬᠤᠪᠢᠶᠠᠷᠢ ᠬᠤᠷᠢᠶ᠎ᠠ᠂ ᠵᠢᠷᠠᠲᠠᠶ ᠡᠮᠨᠡᠯᠭᠡ ᠶᠢᠨ | ᠬᠤᠷᠢᠶ᠎ᠠ ᠶᠢᠨ ᠲᠠᠬᠤᠯ ᠡᠪᠡᠳᠴᠢᠨ ᠤ ᠲᠣᠭᠤᠷᠢᠭ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ | ᠪᠡᠶᠡᠯᠡᠭᠦᠯᠦᠨ᠎ᠡ᠃ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ | ᠴᠢᠳᠠᠪᠤᠷᠢ ᠶᠢ ᠳᠡᠭᠡᠭᠰᠢᠯᠡᠭᠦᠯᠬᠦ ᠲᠦᠷᠦᠯ ᠵᠦᠢᠯ ᠢ ᠬᠡᠷᠡᠭᠵᠢᠭᠦᠯᠦᠨ᠎ᠡ᠃ ᠬᠢᠲᠠᠳ ᠡᠮ ᠡᠮᠨᠡᠯᠭᠡ ︵ᠮᠣᠩᠭᠤᠯ ᠡᠮ | ᠡᠮᠨᠡᠯᠭᠡ︶ ᠶᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ︽ᠥᠳᠡᠭᠦᠰ ᠪᠠ ᠨᠢᠯᠬᠠᠰ︾ ᠢ | ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠠᠵᠢᠯ ᠢ ᠯᠠᠪᠳᠠᠭᠤᠨ ᠢᠶᠠᠷ ᠠᠬᠢᠭᠤᠯᠤᠨ᠎ᠠ᠃ | ᠳᠡᠭᠡᠲᠣ ᠵᠡᠷᠭᠡ ᠶᠢᠨ ᠲᠣᠮᠳᠠᠳᠣ ᠰᠣᠷᠭᠠᠭᠤᠯᠢ ᠪᠠ ᠲᠠᠪᠣᠳᠣᠭᠠᠷ ᠪᠠᠭ᠎ᠠ ᠰᠤᠷᠭᠠᠭᠤᠯᠢ ᠶᠢ ᠨᠡᠭᠦᠯᠭᠡᠬᠦ ᠠᠵᠢᠯ ᠢ | ᠬᠡᠷᠡᠭᠵᠢᠭᠦᠯᠵᠦ᠂ ᠨᠠᠢᠮᠠᠳᠣᠭᠠᠷ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠢ ᠰᠢᠨ᠎ᠡ ᠪᠠᠷ ᠪᠠᠶᠢᠭᠤᠯᠵᠤ᠂ | ᠬᠡᠣᠬᠡᠳ ᠤᠨ ᠲᠠᠪᠣᠳᠣᠭᠠᠷ ᠴᠡᠴᠡᠷᠯᠢᠭ᠂ ᠬᠡᠣᠬᠡᠳ ᠤᠨ ᠵᠢᠷᠭᠤᠳᠣᠭᠠᠷ ᠴᠡᠴᠡᠷᠯᠢᠭ ᠢ ᠪᠠᠶᠢᠭᠤᠯᠵᠤ | ᠳᠠᠭᠤᠰᠬᠠᠬᠤ ᠶᠢᠨ ᠬᠠᠮᠲᠤ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ ᠭᠤᠷᠪᠠᠳᠤᠭᠠᠷ ᠳᠤᠮᠳᠠᠳᠤ | ᠰᠤᠷᠭᠠᠭᠤᠯᠢ᠂ ᠲᠠᠪᠤᠳᠤᠭᠠᠷ ᠳᠤᠮᠳᠠᠳᠤ ᠰᠤᠷᠭᠠᠭᠤᠯᠢ᠂ ᠣᠯᠠᠨᠪᠣᠯᠠᠭ ᠤᠨ ᠶᠢᠰᠣᠨ ᠵᠢᠯ ᠤᠨ ᠲᠦᠷᠢᠮᠲᠣ ᠰᠤᠷᠭᠠᠭᠤᠯᠢ᠂ | ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠵᠡᠷᠭᠡ ᠰᠤᠷᠭᠠᠭᠤᠯᠢ ᠶᠢᠨ ᠲᠠᠮᠢᠷ ᠤᠨ | ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠤᠯᠤᠰ ᠤᠨ ︽ᠬᠤᠶᠠᠷ ᠢ | ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠪᠠ ᠤᠯᠤᠰ ᠤᠨ ᠭᠤᠷᠪᠠᠨ ᠲᠥᠷᠥᠯ ᠤᠨ | ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠦᠷᠭᠦᠯᠵᠢᠯᠡᠨ ᠰᠠᠶᠢᠲᠤᠷ | ᠭᠦᠢᠴᠡᠳᠬᠡᠨ᠎ᠡ᠃ | ︽ᠤᠯᠠᠭᠠᠨᠮᠥ᠋ᠴᠢᠷ +︾ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠶ | ᠬᠡᠷᠡᠭᠵᠢᠭᠦᠯᠵᠦ᠂ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠎ᠡ᠃ ︽ᠢᠨᠲ᠋ᠧᠷ | ᠰᠦᠯᠵᠢᠶ᠎ᠡ + ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ︾ ᠵᠠᠭᠪᠤᠷ ᠢᠶᠠᠷ ᠳᠠᠮᠵᠢᠭᠤᠯᠤᠨ 100 | ᠭᠠᠷᠣᠢ ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠪᠣᠯᠪᠠᠰᠣᠷᠠᠯ ᠳᠤ ᠣᠷᠣᠯᠴᠠᠭᠤᠯᠣᠨ᠎ᠠ᠃ ᠨᠡᠶᠢᠭᠡᠮ ᠤᠨ | ᠪᠠᠲᠤᠯᠠᠭ᠎ᠠ ᠶᠢᠨ ᠬᠠᠮᠤᠷᠬᠤ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠵᠦ᠂ ᠨᠡᠶᠢᠭᠡᠮ ᠤᠨ ᠳᠠᠭᠠᠳᠬᠠᠯ ᠤᠨ | ᠰᠠᠭᠤᠷᠢ ᠮᠥᠩᠭᠦᠨ ᠤ ᠲᠦᠭᠰᠢᠭᠦᠷᠢ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠡᠮᠨᠡᠯᠭᠡ ᠶᠢᠨ ᠳᠠᠭᠠᠳᠬᠠᠯ ᠤᠨ | ᠬᠠᠮᠤᠷᠬᠤ ᠬᠡᠪᠴᠢᠶ᠎ᠡ ᠶᠢ ᠴᠢᠨᠠᠭᠰᠢᠳᠠ ᠥᠷᠭᠡᠳᠬᠡᠵᠦ᠂ ᠮᠤᠵᠢ ᠠᠯᠤᠰᠯᠠᠨ ᠡᠮᠨᠡᠭᠦᠯᠦᠭᠰᠡᠨ ᠵᠠᠷᠤᠳᠠᠯ ᠢ ᠰᠢᠭᠤᠳ | ᠲᠠᠰᠤᠯᠤᠨ ᠪᠤᠳᠤᠬᠤ ᠠᠵᠢᠯ ᠢ ᠲᠡᠭᠦᠯᠳᠡᠷᠵᠢᠭᠦᠯᠦᠨ᠎ᠡ᠃ ᠼᠢ ᠰᠢᠨ ᠶᠤᠸᠠᠨ ᠨᠠᠰᠤᠵᠢᠯ ᠤᠨ ᠦᠢᠯᠡᠴᠢᠯᠡᠭᠡᠨ ᠤ | ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠢᠳᠡᠪᠬᠢᠲᠡᠶ ᠪᠠᠷ ᠠᠬᠢᠭᠤᠯᠵᠤ᠂ ᠬᠡᠷ ᠪᠠ ᠨᠡᠶᠢᠭᠡᠮ ᠤᠨ ᠠᠰᠠᠷᠠᠮᠵᠢ ᠶᠢᠨ | ᠦᠢᠯᠡᠴᠢᠯᠡᠭᠡᠨ ᠤ ᠲᠥᠪ ︵ᠥᠷᠲᠡᠭᠡ︶ ᠤᠨ ᠪᠥᠲᠥᠭᠡᠨ ᠪᠠᠶᠢᠭᠤᠯᠤᠯᠲᠠ ᠡᠵᠡᠩᠨᠡᠯᠲᠡ ᠶᠢ ᠪᠥᠬᠦ ᠲᠠᠯ᠎ᠠ ᠪᠠᠷ | ᠥᠷᠨᠢᠭᠦᠯᠦᠨ᠎ᠡ᠃ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠰᠢᠰᠲ᠋ᠧᠮ ᠪᠠ ᠪᠠᠲᠤᠯᠠᠭ᠎ᠠ ᠶᠢᠨ ᠲᠦᠷᠢᠮ ᠢ | ᠲᠡᠭᠦᠯᠳᠡᠷᠵᠢᠭᠦᠯᠦᠨ᠎ᠡ᠃ 8 ᠲᠦᠷᠦᠯ ᠤᠨ ᠠᠷᠠᠳ ᠲᠤ ᠪᠣᠳᠠᠲᠤ ᠶᠠᠪᠤᠳᠠᠯ ᠬᠢᠬᠦ ᠠᠵᠢᠯ ᠢ ᠲᠡᠭᠦᠰ ᠠᠮᠵᠢᠯᠲᠠ ᠲᠠᠢ | ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠵᠣ᠂ ︽ᠱᠠᠯᠢᠭ ᠵᠠᠪᠬᠠᠶ ᠵᠦᠢᠯᠡᠰ ᠢ ᠰᠢᠢᠳᠪᠦᠷᠢᠯᠡᠵᠤ ᠬᠠᠤᠯᠢ ᠪᠤᠰᠤ | ᠬᠡᠪᠯᠡᠭᠳᠡᠬᠦᠨ ᠳᠤ ᠴᠣᠬᠢᠯᠲᠠ ᠥᠭᠬᠦ︾᠂ ᠴᠠᠬᠢᠮ ᠮᠡᠬᠡᠯᠡᠯ ᠳᠤ ᠴᠣᠬᠢᠯᠲᠠ ᠥᠭᠬᠦ ᠵᠡᠷᠭᠡ ᠲᠤᠰᠬᠠᠶ ᠠᠵᠢᠯᠯᠠᠭ᠎ᠠ ᠶᠢ | ᠪᠠᠶᠢᠩᠭᠤᠵᠢᠭᠤᠯᠤᠨ ᠠᠬᠢᠭᠤᠯᠵᠤ᠂ ︽ᠠᠮᠤᠷ ᠠᠮᠤᠭᠤᠯᠠᠩᠲᠤ ᠠᠯᠠᠱᠠ ᠵᠡᠭᠦᠨ ᠬᠤᠰᠢᠭᠤ︾ ᠶᠢᠨ ᠪᠥᠲᠥᠭᠡᠨ | ᠪᠠᠶᠢᠭᠤᠯᠤᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠲᠠᠪᠳᠠᠭᠰᠠᠨ ᠵᠠᠬᠢᠳᠠᠯ | ᠰᠤᠷᠪᠤᠯᠵᠢᠯᠠᠭ᠎ᠠ ᠶᠢ ᠲᠥᠪᠯᠡᠷᠡᠭᠦᠯᠦᠨ ᠵᠠᠰᠠᠵᠤ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ | ᠰᠢᠢᠳᠪᠦᠷᠢᠯᠡᠨ᠎ᠠ᠃ ᠢᠳᠡᠭᠡᠨ ᠪᠠ ᠡᠮ ᠤᠨ ᠵᠦᠢᠯᠡᠰ ᠤᠨ ᠠᠶᠤᠯᠭᠦᠶ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ | ᠪᠣᠳᠠᠲᠠᠶᠢᠵᠢᠭᠤᠯᠵᠤ᠂ ᠢᠳᠡᠭᠡᠨ ᠪᠠ ᠡᠮ ᠤᠨ ᠵᠦᠢᠯ ᠤᠨ ᠠᠶᠤᠯᠭᠦᠶ ᠰᠡᠷᠭᠡᠶᠢᠯᠡᠯᠲᠡ ᠶᠢᠨ ᠱᠣᠭᠤᠮ ᠢ ᠪᠠᠲᠤ ᠰᠠᠬᠢᠨ᠎ᠠ᠃ | ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠨᠠᠭᠰᠢᠳᠠ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠪᠠ ᠭᠠᠮᠰᠢᠭ ᠢ ᠰᠡᠷᠭᠡᠶᠢᠯᠡᠨ ᠭᠠᠮᠰᠢᠭ ᠠᠴᠠ ᠠᠪᠤᠷᠠᠬᠤ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠳᠬᠠᠨ᠎ᠠ᠃ | ᠳᠤᠯᠤᠭ᠎ᠠ᠂ ᠬᠢᠵᠢᠭ ᠤᠨ ᠬᠠᠯᠳᠠᠪᠣᠷᠢ ᠶᠢ ᠰᠡᠷᠭᠡᠶᠢᠯᠡᠨ ᠡᠵᠡᠮᠳᠡᠬᠦ ᠠᠵᠢᠯ ᠢ ᠣᠨᠢᠨ ᠳᠡᠭᠡᠷ᠎ᠡ ᠨᠢ ᠰᠠᠶᠢᠳᠤᠷ | ᠬᠢᠨ᠎ᠡ | ᠣᠳᠣᠬᠠᠨ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠯᠳᠠᠪᠣᠷᠢ ᠶᠢᠨ ᠪᠠᠶᠢᠳᠠᠯ | ᠪᠠᠰᠠ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠵᠤ᠂ ᠪᠢᠳᠡ ︽ᠭᠠᠳᠠᠨ᠎ᠠ ᠳᠣᠲᠣᠨ᠎ᠠ ᠠᠴᠠ ᠬᠠᠯᠳᠠᠪᠤᠷᠢᠯᠠᠬᠤ ᠶᠢ | ᠰᠡᠷᠭᠡᠶᠢᠯᠡᠬᠦ︾ ᠶᠢ ᠪᠠᠷᠢᠮᠲᠠᠯᠠᠵᠤ᠂ ︽ᠲᠦᠷᠪᠡᠨ ᠲᠠᠯ᠎ᠠ︾ ᠶᠢᠨ ᠬᠠᠷᠢᠭᠤᠴᠠᠯᠭ᠎ᠠ ᠶᠢ ᠦᠷᠭᠦᠯᠵᠢᠯᠡᠨ ᠪᠠᠲᠤᠳᠬᠠᠵᠤ᠂ | ᠶᠡᠷᠦ ᠶᠢᠨ ᠪᠠᠶᠢᠳᠠᠯ ᠪᠠ ᠪᠠᠴᠢᠮ ᠪᠠᠶᠢᠳᠠᠯ ᠢ ᠨᠢᠭᠡ ᠴᠤᠬᠴᠠᠵᠢᠭᠤᠯᠤᠬᠰᠠᠨ ᠰᠡᠷᠭᠡᠶᠢᠯᠡᠨ ᠡᠵᠡᠮᠳᠡᠬᠦ ᠰᠢᠰᠲ᠋ᠧᠮ ᠢ | ᠲᠡᠭᠦᠯᠳᠡᠷᠵᠢᠭᠦᠯᠥᠨ᠎ᠡ᠃ ︽ᠪᠦᠬᠦ ᠰᠡᠳᠭᠢᠯ ᠵᠣᠷᠢᠭ ᠢᠶᠠᠷ ᠢᠶᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ︾ | ᠱᠠᠭᠠᠷᠳᠠᠯᠭ᠎ᠠ ᠶᠣᠰᠣᠭᠠᠷ᠂ ᠬᠢᠵᠢᠭ ᠤᠨ ᠬᠠᠯᠳᠠᠪᠦᠷᠢ ᠶᠢ ᠪᠠᠶᠢᠩᠭᠤᠵᠢᠭᠤᠯᠦᠨ ᠰᠡᠷᠭᠡᠶᠢᠯᠡᠨ ᠬᠢᠵᠠᠭᠠᠷᠯᠠᠬᠤ ᠠᠷᠭ᠎ᠠ | ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠣᠨ᠎ᠠ᠃ ︽ᠶᠢᠰᠦᠨ ᠦᠨᠳᠤᠰᠤᠨ ᠴᠢᠳᠠᠪᠤᠷᠢ︾ ᠶᠢᠨ ᠲᠣᠭᠤᠷᠢᠨ ᠳᠤ᠂ | ᠲᠤᠰᠬᠠᠶ ᠮᠡᠷᠭᠡᠵᠢᠯ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠣᠷᠭᠠᠯᠳᠠ ᠰᠣᠷᠢᠯᠲᠠ ᠶᠢᠨ ᠴᠢᠨᠠᠷ | ᠴᠢᠨᠰᠠᠭ᠎ᠠ ᠦᠷ᠎ᠡ ᠪᠦᠲᠦᠮᠵᠢ ᠶᠢ ᠴᠢᠩᠭᠠᠷᠠᠭᠤᠯᠤᠨ᠂ ᠪᠠᠴᠢᠮ ᠪᠠᠶᠢᠳᠠᠯ ᠢ ᠠᠷᠭᠠᠴᠠᠨ ᠰᠢᠢᠳᠪᠤᠷᠢᠯᠡᠬᠦ ᠴᠢᠳᠠᠪᠤᠷᠢ ᠶᠢ | ᠳᠡᠭᠡᠭᠰᠢᠯᠡᠭᠦᠯᠵᠦ᠂ ᠣᠳᠣᠬᠠᠨ ᠤ ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠ ᠣᠷᠣᠰᠢᠵᠤ ᠪᠠᠶᠢᠭ᠎ᠠ ᠬᠠᠯᠠᠭᠤᠷᠠᠯ ᠢ | ᠡᠮᠴᠢᠯᠡᠬᠦ ᠡᠭᠦᠳᠡᠨ ᠡᠮᠨᠡᠯᠭᠡ ᠶᠢᠨ ᠪᠠᠶᠢᠷᠢᠯᠠᠭᠤᠯᠤᠯᠲᠠ ᠶᠢᠨ ᠲᠠᠯ᠎ᠠ ᠪᠠᠷ ᠵᠢᠷᠤᠮᠵᠢᠯ ᠥᠬᠡᠶ᠂ ᠪᠥᠭᠡᠮ ᠬᠦᠴᠢᠯ ᠤᠨ | ᠰᠢᠨᠵᠢᠯᠡᠭᠡ ᠬᠢᠬᠦ ᠮᠡᠷᠭᠡᠵᠢᠯ ᠤᠨ ᠲᠠᠯ᠎ᠠ ᠪᠠᠷ ᠳᠤᠲᠠᠮᠠᠭ᠂ ᠰᠣᠷᠪᠤᠯᠵᠢ ᠢᠷᠡᠯᠲᠡ ᠶᠢ ᠨᠢ ᠨᠣᠳᠠᠯᠠᠬᠤ ᠲᠠᠯ᠎ᠠ ᠪᠠᠷ | ᠪᠠᠭᠤᠷᠠᠶ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ | ᠲᠠᠯ᠎ᠠ ᠪᠠᠷ ᠬᠠᠩᠭᠠᠯᠲᠠᠲᠠᠢ ᠪᠢᠰᠢ ᠪᠠᠶᠢᠭ᠎ᠠ ᠵᠡᠷᠭᠡ ᠲᠣᠪᠤᠶᠢᠮ᠎ᠠ ᠠᠰᠠᠭᠤᠳᠠᠯ ᠢ ᠪᠦᠲᠦᠮᠵᠢᠲᠡᠶ ᠰᠢᠢᠳᠪᠤᠷᠢᠯᠡᠨ᠎ᠡ᠃ ᠵᠠᠮ | ᠬᠠᠷᠢᠯᠴᠠᠭᠠᠨ ᠤ ᠪᠠᠶᠢᠴᠠᠭᠠᠯᠲᠠ ᠶᠢᠨ ᠭᠠᠵᠠᠷ ᠪᠠ ᠲᠣᠤᠷᠵᠢᠭᠤᠯᠬᠤ ᠤᠶᠢᠯᠡᠳᠤᠯ ᠢ ᠭᠦᠢᠴᠡᠳ ᠪᠠᠳᠠᠷᠠᠭᠤᠯᠵᠤ᠂ ᠲᠣᠮᠣ | ᠳ᠋ᠠᠶᠢᠲ᠋ᠠ᠂ ︽ᠲᠡᠮᠡᠭᠡᠲᠤ ᠨᠤᠲᠤᠭ ᠤᠨ ᠪᠦᠬᠦᠨ ᠢ ᠰᠢᠯᠭᠠᠬᠤ ᠺᠣᠳ᠋︾ ᠮᠡᠳᠡᠭᠡ ᠵᠠᠩᠭᠢ ᠶᠢᠨ ᠲᠠᠪᠴᠠᠩ ᠢ ᠠᠰᠢᠭᠯᠠᠨ᠂ | ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠᠶᠢᠩᠭᠤ ᠶᠢᠨ ᠲᠣᠭᠲᠠᠴᠠ ᠶᠢ ᠲᠡᠭᠦᠯᠳᠡᠷᠵᠢᠭᠦᠯᠵᠦ᠂ | ᠭᠤᠤᠯᠳᠠᠯᠭ᠎ᠠ ᠲᠠᠢ ᠲᠠᠯᠠᠪᠤᠷ ᠭᠠᠵᠠᠷ᠂ ᠭᠤᠤᠯᠳᠠᠯᠭ᠎ᠠ ᠲᠠᠢ ᠬᠥᠮᠦᠰ ᠪᠠ ᠭᠤᠤᠯᠳᠠᠯᠭ᠎ᠠ ᠲᠠᠢ ᠭᠤᠭᠴᠤᠭ᠎ᠠ ᠶᠢ | ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠸᠠᠺᠼᠢᠨ ᠤ ᠲᠠᠷᠢᠯᠭ᠎ᠠ ᠶᠢ ᠦᠷᠭᠦᠯᠵᠢᠯᠡᠨ ᠰᠠᠶᠢᠲᠤᠷ ᠬᠢᠵᠦ᠂ | ᠳᠠᠷᠬᠠᠯᠠᠭ᠎ᠠ ᠶᠢᠨ ᠬᠠᠯᠬᠠᠪᠴᠢ ᠶᠢ ᠪᠠᠬᠢᠵᠢᠭᠦᠯᠦᠨ᠂ ᠬᠢᠵᠢᠭ ᠤᠨ ᠬᠠᠯᠳᠠᠪᠤᠷᠢᠯᠠᠯᠳᠠ ᠶᠢ ᠴᠢᠩᠭ᠎ᠠ ᠰᠡᠷᠭᠡᠶᠢᠯᠡᠵᠦ᠂ | ᠬᠢᠵᠢᠭ ᠤᠨ ᠬᠠᠯᠳᠠᠪᠦᠷᠢ ᠠᠴᠠ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ︽ | ᠬᠤᠣᠰ ᠢᠯᠠᠯᠲᠠ︾ ᠶᠢ ᠡᠷᠡᠰ ᠲᠡᠮᠡᠴᠡᠨ ᠣᠯᠤᠨ᠎ᠠ᠃ | ᠨᠠᠢᠮᠠ᠂ ᠵᠠᠰᠠᠭ ᠤᠨ ᠣᠷᠳᠣᠨ ᠤ ᠥᠪᠡᠷ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ | ᠨᠠᠮ ᠤᠨ ᠤᠳᠤᠷᠢᠳᠤᠯᠭ᠎ᠠ ᠶᠢ ᠢᠮᠠᠭᠲᠠ ᠲᠤᠤᠱᠯᠠᠭᠤᠯᠬᠤ ᠶᠢ ᠪᠠᠷᠢᠮᠲᠠᠯᠠᠨ᠂ ᠵᠠᠰᠠᠭ ᠤᠨ ᠣᠷᠳᠣᠨ ᠤ ᠡᠭᠦᠷᠭᠡ | ᠴᠢᠳᠠᠪᠤᠷᠢ ᠶᠢ ᠲᠦᠷᠭᠡᠪᠴᠢᠯᠡᠨ ᠬᠤᠪᠢᠷᠠᠭᠤᠯᠵᠤ᠂ ᠵᠠᠰᠠᠭ ᠤᠨ ᠣᠷᠳᠣᠨ ᠤ ᠦᠢᠯᠡᠳᠦᠯ ᠴᠢᠳᠠᠪᠤᠷᠢ ᠶᠢ ᠲᠠᠰᠤᠷᠠᠯᠳᠠ | ᠦᠭᠡᠢ ᠳᠡᠭᠡᠭᠰᠢᠯᠡᠭᠦᠯᠦᠨ᠂ ᠠᠷᠢᠭᠤᠨ ᠴᠢᠬᠡᠴᠢ ᠵᠠᠰᠠᠭ ᠤᠨ ᠣᠷᠳᠣᠨ᠂ ᠬᠠᠤᠯᠢ ᠪᠠᠷ ᠵᠠᠰᠠᠬᠤ ᠵᠠᠰᠠᠭ ᠤᠨ ᠣᠷᠳᠣᠨ᠂ | ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ | ᠦᠵᠡᠯ ᠰᠠᠨᠠᠭ᠎ᠠ ᠤᠯᠤᠰ ᠲᠦᠷᠦ ᠶᠢᠨ ᠵᠢᠯᠤᠭᠤᠳᠤᠯᠭ᠎ᠠ ᠪᠠᠨ ᠴᠢᠩᠭᠠᠳᠬᠠᠨ᠎ᠠ᠃ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠤᠱᠯᠠᠭᠤᠯᠵᠤ᠂ ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ ᠬᠦᠷᠢᠶᠡᠯᠡᠵᠣ᠂ ︽ | ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠣ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ | ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠬᠦᠴᠦᠨ ᠢ ᠠᠵᠢᠯᠯᠠᠭ᠎ᠠ ᠳᠡᠭᠡᠷ᠎ᠡ ᠪᠠᠨ | ᠨᠠᠶᠢᠳᠠᠪᠤᠷᠢᠵᠢᠭᠤᠯᠣᠨ᠎ᠠ᠃ ︽ᠤᠭ ᠰᠠᠨᠠᠭ᠎ᠠ ᠪᠠᠨ ᠮᠠᠷᠳᠠᠯ ᠦᠭᠡᠢ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ | ︾ ᠭᠤᠣᠯ ᠰᠡᠳᠦᠪᠲᠦ ᠬᠥᠮᠦᠵᠢᠯ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ | ᠳᠡᠬᠡᠭᠰᠢᠯᠡᠬᠦᠯᠵᠥ᠂ ᠤᠯᠠᠨ ᠲᠦᠮᠡᠨ ᠤ ︽ᠪᠠᠴᠢᠮ᠂ ᠬᠦᠴᠢᠷ᠂ ᠵᠣᠪᠠᠨᠢᠯ᠂ ᠬᠦᠰᠡᠯ︾ ᠤᠨ ᠠᠰᠠᠭᠤᠳᠠᠯ ᠢ | ᠦᠨᠡᠨᠬᠦ ᠰᠢᠢᠳᠪᠦᠷᠢᠯᠡᠨ᠎ᠡ᠃ | ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠴᠢᠩᠭ᠎ᠠ ᠠᠳᠬᠤᠨ᠎ᠠ᠃ ᠦᠵᠡᠯ ᠤᠬᠠᠮᠰᠠᠷ ᠤᠨ ᠬᠡᠯᠪᠡᠷᠢ ᠶᠢᠨ | ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ | ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠰᠢᠵᠦ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠤ | ᠠᠮᠤᠷ ᠲᠦᠪᠰᠢᠨ ᠢ ᠬᠠᠮᠠᠭᠠᠯᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠪᠠᠬᠢ ᠪᠤᠢ ᠪᠣᠯᠭᠠᠬᠤ ᠡᠨᠡᠬᠦ ᠭᠤᠣᠯ ᠰᠢᠵᠢᠮ ᠤᠨ ᠲᠣᠭᠤᠷᠢᠨ ᠳᠤ ᠦᠨᠳᠦᠰᠦᠲᠡᠨ ᠤ ᠠᠵᠢᠯ ᠢ ᠴᠢᠩᠭᠠᠳᠬᠠᠨ | ᠰᠠᠶᠢᠵᠢᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠦᠮᠦᠵᠢᠯ ᠢ | ᠪᠠᠶᠢᠩᠭᠤᠵᠢᠭᠤᠯᠦᠨ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ | ᠡᠷᠴᠢᠮᠲᠠᠢ ᠳᠠᠭᠠᠭᠠᠮᠠᠭᠠᠢ ᠥᠷᠨᠢᠭᠦᠯᠵᠦ᠂ ︽ᠭᠤᠷᠪᠠᠨ ᠰᠠᠯᠵᠤ ᠴᠢᠳᠠᠬᠤ ᠦᠭᠡᠢ︾ ︽ᠲᠠᠪᠤ ᠶᠢ ᠮᠡᠳᠡᠷᠡᠨ | ᠵᠥᠪᠰᠢᠶᠡᠷᠡᠬᠦ︾ ᠦᠵᠡᠯ ᠰᠠᠨᠠᠭ᠎ᠠ ᠪᠠ ︽ᠲᠦᠷᠪᠡ ᠶᠢ ᠬᠠᠮᠲᠤᠳᠬᠠᠬᠤ︾ ᠤᠢᠢᠯᠠᠭᠠᠭᠳᠠᠬᠤᠨ ᠢ ᠺᠠᠳ᠋ᠷ ᠤᠯᠠᠨ | ᠲᠦᠮᠡᠨ ᠤ ᠰᠡᠳᠬᠢᠯ ᠳᠤ ᠭᠦᠨ ᠬᠠᠳᠠᠩᠰᠢᠭᠤᠯᠣᠨᠠ᠃ | ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠨᠠᠮ ᠤᠨ ᠰᠤᠷᠲᠠᠯ ᠤᠨ ᠪᠠ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ | ᠤᠯᠬᠤ ᠶᠢ ᠠᠬᠢᠭᠤᠯᠤᠨ᠎ᠠ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ | ᠲᠦᠷᠢᠮ ᠢ ᠴᠢᠩᠭ᠎ᠠ ᠬᠡᠷᠡᠭᠵᠢᠭᠦᠯᠵᠦ᠂ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠨ᠎ᠡ᠃ | ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠬᠦᠷᠢᠶᠡᠨ ᠳᠠᠬᠢ ᠪᠡᠯᠡ ᠮᠥᠩᠭᠦ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠡᠷᠡᠰᠳᠡᠯ ᠢ ᠪᠦᠲᠦᠮᠵᠢᠲᠠᠢ | ᠰᠡᠷᠭᠡᠶᠢᠯᠡᠨ᠎ᠡ᠃ ᠺᠠᠳ᠋ᠷ ᠤᠨ ᠡᠩᠨᠡᠭᠡᠨ ᠤ ᠰᠤᠷᠲᠠᠯ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠰᠤᠷᠲᠠᠯ ᠴᠢᠬᠡᠴᠢ | ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠦᠬᠦ ᠬᠦᠴᠦᠨ ᠢᠶᠠᠷ ᠢᠶᠠᠨ ᠪᠤᠢ ᠪᠣᠯᠭᠠᠨ᠎ᠠ᠃ | ᠬᠠᠤᠯᠢ ᠶᠣᠰᠣᠭᠠᠷ ᠵᠠᠰᠠᠭᠯᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠰᠢ ᠶᠢᠨ ᠫᠢᠩ ᠤᠨ ᠬᠠᠤᠯᠢ ᠪᠠᠷ | ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ | ᠪᠠᠶᠢᠭᠤᠯᠤᠯᠲᠠ ᠶᠢ ᠴᠥᠬᠦᠷᠡᠰᠢ ᠦᠭᠡᠢ ᠤᠷᠤᠭᠰᠢ ᠠᠬᠢᠭᠤᠯᠵᠤ᠂ ᠬᠠᠤᠯᠢ ᠬᠡᠷᠡᠭᠵᠢᠭᠦᠯᠬᠦ ᠡᠷᠬᠡ ᠶᠢ ᠬᠢᠨᠠᠵᠤ | ᠬᠢᠵᠠᠭᠠᠷᠯᠠᠬᠤ ᠲᠣᠭᠲᠠᠴᠠ ᠪᠠ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠰᠢᠰᠲ᠋ᠧᠮ ᠤᠨ ᠥᠭᠡᠷᠡᠴᠢᠯᠡᠯᠲᠡ ᠶᠢ | ᠪᠦᠷᠢᠨᠰᠢᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ | ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠤᠯᠤᠰ ᠲᠦᠷᠦ ᠶᠢᠨ | ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠪᠠ ᠶᠠᠷᠢᠶ᠎ᠠ | ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠣ᠂ ᠬᠢᠨᠠᠨ ᠪᠣᠳᠣᠬᠤ ᠬᠢᠨᠠᠯᠲᠠ ᠶᠢ | ᠴᠢᠩᠭᠠᠳᠬᠠᠨ᠎ᠠ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢᠨ | ᠲᠦᠭᠡᠮᠡᠯᠵᠢᠭᠦᠯᠦᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ︽ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠳᠥᠯᠪᠣᠷᠢ ︵2021 — 2025 ᠣᠨ︶︾ ᠶᠢ ᠭᠦᠨᠵᠡᠭᠡᠶ | ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ | ᠮᠠᠶ᠋ᠢᠭ ᠢ ᠬᠡᠷᠡᠭᠯᠡᠨ ᠠᠰᠠᠭᠤᠳᠠᠯ ᠢ ᠰᠢᠢᠳᠪᠦᠷᠢᠯᠡᠬᠦ᠂ ᠬᠥᠭᠵᠢᠯᠲᠡ ᠶᠢ ᠤᠷᠤᠭᠰᠢ ᠠᠬᠢᠭᠤᠯᠬᠤ ᠴᠢᠳᠠᠪᠤᠷᠢ ᠪᠠᠨ | ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠠᠵᠢᠯ ᠢ ᠬᠠᠤᠯᠢ ᠪᠠᠷ ᠵᠠᠰᠠᠬᠤ ᠵᠠᠮ ᠳᠤ ᠲᠠᠰᠤᠷᠠᠯᠳᠠ ᠦᠭᠡᠢ | ᠣᠷᠣᠭᠤᠯᠤᠨ᠎ᠠ᠃ | ᠵᠠᠰᠠᠭ ᠤᠨ ᠣᠷᠳᠣᠨ ᠤ ᠠᠵᠢᠯ ᠤᠨ ᠦᠷ᠎ᠡ ᠪᠦᠲᠦᠮᠵᠢ ᠶᠢ ᠴᠢᠩᠭᠠᠷᠠᠭᠤᠯᠣᠨ᠎ᠠ᠃ ᠬᠡᠷᠡᠭᠵᠢᠭᠦᠯᠬᠦ ᠤᠬᠠᠮᠰᠠᠷ | ᠪᠠ ᠴᠠᠭ ᠬᠤᠭᠤᠴᠠᠭᠠᠨ ᠤ ᠤᠬᠠᠮᠰᠠᠷ ᠢ ᠦᠨᠡᠨ ᠬᠦ ᠴᠢᠩᠭᠠᠳᠬᠠᠵᠤ᠂ ᠡᠯ᠎ᠡ ᠱᠠᠲᠤᠨ ᠤ ᠲᠣᠭᠤᠷᠢᠨ ᠪᠠᠶᠢᠴᠠᠭᠠᠬᠤ᠂ | ᠴᠠᠭᠳᠠᠨ ᠪᠠᠶᠢᠴᠠᠭᠠᠬᠤ᠂ ᠱᠠᠯᠠᠪᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠬᠦᠴᠦᠯᠡᠨ ᠰᠠᠶᠢᠲᠤᠷ ᠠᠳᠬᠤᠵᠤ᠂ ᠰᠢᠢᠳᠪᠦᠷᠢᠲᠦ ᠪᠤᠳᠤᠯᠭ᠎ᠠ ᠶᠢᠨ ᠬᠡᠷᠡᠭᠵᠢᠭᠦᠯᠦᠯᠲᠡ ᠶᠢᠨ | ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠵᠤ᠂ ᠴᠢᠬᠤᠯᠠ ᠠᠵᠢᠯ ᠢ ᠬᠦᠴᠦᠯᠡᠨ ᠠᠬᠢᠭᠤᠯᠤᠨ᠎ᠠ᠃ ᠡᠳ᠋ ᠤᠨ | ᠵᠠᠰᠠᠭ ᠤᠨ ᠵᠠᠷᠤᠯᠭ᠎ᠠ ᠶᠢ ᠵᠦᠢ ᠵᠣᠬᠢᠰᠲᠠᠶ ᠲᠣᠬᠢᠷᠠᠭᠤᠯᠵᠤ᠂ ︽ᠭᠤᠷᠪᠠ ᠶᠢ ᠪᠠᠲᠤᠯᠠᠬᠤ︾ ᠵᠠᠷᠤᠯᠭ᠎ᠠ ᠶᠢᠨ | ᠬᠠᠷᠢᠭᠤᠴᠠᠯᠭ᠎ᠠ ᠶᠢᠨ ᠨᠠᠭᠠᠳᠤ ᠵᠠᠬ᠎ᠠ ᠶᠢᠨ ᠪᠠᠷᠢᠮᠵᠢᠶ᠎ᠠ ᠶᠢ ᠦᠨᠡᠨ ᠬᠦ ᠪᠠᠲᠤᠯᠠᠨ᠎ᠠ᠃ ︽ᠲᠠᠯᠪᠢᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ | ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ᠎ᠡ᠃ ᠰᠠᠯᠠᠭ᠎ᠠ ᠮᠥᠴᠢᠷ ᠤᠨ ᠬᠢᠨ ᠳᠠᠭᠠᠭᠤᠯᠤᠨ ᠭᠦᠢᠴᠡᠳᠬᠡᠬᠦ᠂ | ᠣᠷᠣᠯᠠᠨ ᠭᠦᠢᠴᠡᠳᠬᠡᠬᠦ ᠪᠠᠷ ᠭᠤᠤᠯ ᠪᠣᠯᠭᠠᠭᠰᠠᠨ ᠨᠢᠭᠡᠳᠦᠭᠡᠷ ᠬᠠᠷᠢᠭᠤᠴᠠᠭᠴᠢ ᠶᠢᠨ ᠲᠦᠷᠢᠮ ᠢ ᠢᠳᠡᠪᠬᠢᠲᠡᠶ ᠪᠠᠷ | ᠠᠬᠢᠭᠤᠯᠵᠤ᠂ ︽ᠬᠤᠶᠠᠷ ᠢ ᠰᠣᠭᠤᠴᠢᠵᠣ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠰᠢᠭᠤᠷᠬᠠᠢ | ᠥᠷᠨᠢᠭᠦᠯᠵᠦ᠂ ᠵᠠᠰᠠᠭ ᠤᠨ ᠣᠷᠳᠣᠨ ᠤ ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠪᠠ ᠠᠵᠢᠯ ᠶᠠᠪᠤᠳᠠᠯ | ᠭᠦᠢᠴᠡᠳᠬᠡᠬᠦ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠴᠢᠳᠠᠪᠤᠷᠢ ᠲᠠᠢ ᠵᠠᠰᠠᠭ ᠤᠨ ᠣᠷᠳᠣᠨ ᠢ | ᠴᠢᠷᠮᠠᠶᠢᠨ ᠪᠠᠶᠢᠭᠤᠯᠤᠨ᠎ᠠ᠃ | ᠲᠥᠯᠥᠭᠡᠯᠡᠭᠴᠢᠳ ᠡ᠂ ᠨᠥᠬᠦᠳ ᠡ︕ ᠠᠯᠠᠱᠠ ᠵᠡᠭᠦᠨ ᠬᠤᠰᠢᠭᠤᠨ ᠤ ᠠᠵᠤ ᠠᠬᠤᠢ ᠨᠡᠶᠢᠭᠡᠮ ᠤᠨ | ᠴᠢᠨᠠᠷᠯᠢᠭ ᠬᠥᠭᠵᠢᠯᠲᠡ ᠶᠢ ᠠᠬᠢᠭᠤᠯᠬᠤ ᠪᠣᠯ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠤᠳᠤᠷᠢᠳᠬᠤ | ᠪᠠᠭ ᠤᠨ ᠡᠭᠦᠷᠭᠡ ᠪᠣᠯᠤᠨ᠎ᠠ᠃ ᠬᠡᠯᠡᠪᠡᠯ ᠦᠭᠡ ᠭᠢᠰᠬᠢᠪᠡᠯ ᠭᠠᠵᠠᠷ ᠭᠡᠳᠡᠭᠴᠢᠯᠡᠨ ᠪᠢᠳᠠ ᠠᠮᠠᠯᠠᠭᠰᠠᠨ ᠪᠦᠬᠦᠨ ᠢᠶᠠᠨ | ᠵᠠᠪᠠᠯ ᠪᠡᠶᠡᠯᠡᠭᠦᠯᠬᠦ ᠪᠣᠯᠣᠨ᠎ᠠ︕ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠣᠯᠤᠨ | ᠬᠤᠰᠢᠭᠤᠨ ᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠳᠣᠣᠷ᠎ᠠ᠂ ᠴᠢᠩᠭ᠎ᠠ ᠠᠳᠬᠤᠨ ᠰᠢᠭᠤᠷᠬᠠᠢ | ᠠᠵᠢᠯᠯᠠᠵᠤ᠂ ᠳᠠᠷᠤᠤ ᠬᠢᠴᠢᠶᠡᠩᠭᠦᠢ ᠪᠠᠷ ᠮᠠᠷᠠᠶᠢᠨ ᠵᠢᠳᠬᠦᠵᠦ᠂ ᠣᠳᠣᠬᠢᠴᠢᠯᠠᠯᠲᠠ ᠶᠢᠨ ᠪᠦᠳᠦᠭᠡᠨ | ᠪᠠᠶᠢᠭᠤᠯᠤᠯᠲᠠ ᠶᠢᠨ ᠰᠢᠨ᠎ᠡ ᠠᠶᠠᠨ ᠳᠤ᠂ ᠠᠯᠠᠱᠠ ᠵᠡᠭᠦᠨ ᠬᠤᠰᠢᠭᠤᠨ ᠤ ᠴᠢᠨᠠᠷᠯᠢᠭ ᠬᠥᠭᠵᠢᠯᠲᠡ ᠶᠢᠨ ᠰᠢᠨ᠎ᠡ | ᠢᠷᠡᠭᠡᠳᠦᠢ ᠶᠢ ᠴᠣᠭᠴᠠᠯᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ | ᠠᠮᠵᠢᠯᠲᠠ ᠲᠠᠢ ᠬᠤᠷᠠᠯᠳᠤᠬᠤ ᠶᠢ ᠤᠭᠲᠤᠰᠤᠭᠠᠢ︕ | |