| 1. ︽ᠡᠨᠧᠷᠭᠢ ᠶᠢᠨ ᠬᠤᠷᠣᠭᠳᠠᠯ ᠤᠨ ᠬᠤᠣᠰ ᠬᠢᠵᠠᠭᠠᠷᠯᠠᠯᠲᠠ︾᠄ ᠡᠨᠧᠷᠭᠢ ᠶᠢᠨ ᠬᠤᠷᠣᠭᠳᠠᠯ ᠤᠨ | ᠶᠡᠷᠦᠩᠬᠡᠶ ᠬᠡᠮᠵᠢᠶ᠎ᠡ ᠪᠣᠯᠤᠨ ᠬᠦᠴᠦᠯᠡᠴᠡ ᠬᠤᠶᠠᠷ ᠢ ᠬᠢᠵᠠᠭᠠᠷᠯᠠᠬᠤ ᠶᠢ ᠬᠡᠯᠡᠨ᠎ᠡ᠃ | 2. ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾᠄ ᠬᠥᠳᠡᠭᠡ ᠲᠣᠰᠬᠤᠨ ᠤ ᠶᠠᠳᠠᠭᠤ | ᠬᠦᠴᠢᠷᠳᠡᠯᠲᠡᠶ ᠬᠥᠮᠦᠨ ᠠᠮᠠ ᠶᠢᠨ ᠢᠳᠡᠵᠦ ᠡᠮᠦᠰᠬᠦ ᠳᠡᠭᠡᠨ ᠵᠣᠪᠠᠭ᠋ᠤ ᠥᠬᠡᠶ ᠪᠠᠶᠢᠬᠤ ᠶᠢ ᠲᠣᠭᠲᠠᠭᠤᠨ ᠢᠶᠠᠷ | ᠪᠡᠶᠡᠯᠡᠭᠦᠯᠵᠦ᠂ ᠲᠡᠳᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮ ᠡᠮᠨᠡᠯᠭᠡ ᠪᠠ ᠣᠷᠣᠨ | ᠰᠠᠭᠤᠴᠠ ᠶᠢᠨ ᠠᠮᠤᠷ ᠲᠦᠪᠰᠢᠨ ᠢ ᠪᠠᠲᠤᠯᠠᠨ᠎ᠠ᠃ | 3. ︽ᠬᠤᠲᠠ ᠶᠢᠨ ᠬᠠᠮᠢᠶᠠᠷᠤᠯᠲᠠ +︾᠄ ᠬᠤᠲᠠ ᠶᠢᠨ ᠬᠠᠮᠢᠶᠠᠷᠤᠯᠲᠠ + ᠨᠡᠶᠢᠭᠡᠮ ᠲᠣᠭᠤᠷᠢᠭ᠂ | ᠬᠤᠲᠠ ᠶᠢᠨ ᠬᠠᠮᠢᠶᠠᠷᠤᠯᠲᠠ + ᠰᠠᠯᠠᠭ᠎ᠠ ᠮᠥᠴᠢᠷ᠂ ᠬᠤᠲᠠ ᠶᠢᠨ ᠬᠠᠮᠢᠶᠠᠷᠤᠯᠲᠠ + ᠴᠡᠴᠡᠷᠯᠢᠭ᠂ ᠬᠤᠲᠠ ᠶᠢᠨ | ᠬᠠᠮᠢᠶᠠᠷᠤᠯᠲᠠ + ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠬᠤᠲᠠ ᠶᠢᠨ ᠬᠠᠮᠢᠶᠠᠷᠤᠯᠲᠠ + ᠬᠤᠲᠠ ᠶᠢᠨ | ᠶᠠᠪᠤᠳᠠᠯ ᠵᠡᠷᠭᠡ ᠬᠠᠮᠢᠶᠠᠷᠤᠯᠲᠠ ᠶᠢᠨ ᠵᠠᠭᠪᠤᠷ ᠢᠶᠠᠷ ᠬᠤᠲᠠ ᠶᠢᠨ ᠬᠠᠮᠢᠶᠠᠷᠤᠯᠲᠠ ᠳᠤᠮᠳᠠᠬᠢ ᠠᠰᠠᠭᠤᠳᠠᠯ ᠢ ᠴᠠᠭ | ᠲᠤᠬᠠᠶ ᠳᠤᠨᠢ ᠢᠯᠡᠷᠡᠭᠦᠯᠤᠨ᠂ ᠰᠢᠶᠳᠪᠦᠷᠢᠯᠡᠵᠦ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ | 4. ︽ᠲᠠᠪᠤᠨ ᠠᠯᠬᠤᠮ ᠤᠨ ᠲᠣᠣᠷᠵᠢᠯᠲᠠ︾᠄ ᠲᠣᠭᠤᠷᠢᠨ ᠪᠠᠶᠢᠴᠠᠭᠠᠬᠤ + ᠬᠠᠷᠢᠭᠤ ᠲᠤᠰᠬᠠᠬᠤ + | ᠰᠢᠢᠳᠪᠦᠷᠢᠯᠡᠬᠦ + ᠵᠣᠬᠢᠴᠠᠭᠤᠯᠬᠤ + ᠱᠠᠯᠠᠪᠳᠠᠭᠤᠯᠤᠨ ᠪᠠᠶᠢᠴᠠᠭᠠᠬᠤ ᠬᠠᠮᠢᠶᠠᠷᠤᠯᠲᠠ ᠶᠢᠨ ᠵᠠᠭᠪᠤᠷ ᠢᠶᠠᠷ | ᠳᠠᠮᠵᠢᠭᠤᠯᠵᠤ᠂ ᠬᠤᠳᠠ ᠶᠢᠨ ᠲᠣᠣᠷᠵᠢᠯᠲᠠ ᠶᠢᠨ ᠬᠠᠮᠢᠶᠠᠷᠤᠯᠲᠠ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ | ᠦᠨᠳᠦᠰᠦ ᠰᠤᠷᠪᠤᠯᠵᠢ ᠠᠴᠠ ᠨᠢ ᠰᠢᠢᠳᠪᠦᠷᠢᠯᠡᠵᠦ᠂ ᠬᠤᠳᠠ ᠶᠢᠨ ᠬᠠᠮᠢᠶᠠᠷᠤᠯᠲᠠ ᠶᠢᠨ ᠴᠢᠨᠠᠷ ᠴᠢᠨᠰᠠᠭ᠎ᠠ ᠪᠣᠯᠤᠨ | ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | 5. ︽ᠭᠤᠷᠪᠠᠨ ᠬᠠᠶᠠᠭᠳᠠᠯ︾ ᠢ ᠵᠠᠰᠠᠬᠤ᠄ ᠤᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ ᠠᠵᠤ | ᠦᠢᠯᠡᠳᠪᠦᠷᠢ ᠶᠢᠨ ᠦᠢᠯᠡᠳᠪᠦᠷᠢᠯᠡᠯ ᠤᠨ ᠭᠠᠳᠠᠭᠰᠢᠯᠠᠭᠤᠯᠤᠭᠰᠠᠨ ᠬᠠᠶᠠᠭᠳᠠᠯ ᠬᠡᠢ᠂ ᠬᠠᠶᠠᠭᠳᠠᠯ ᠤᠰᠤ᠂ ᠬᠠᠶᠠᠭᠳᠠᠯ | ᠰᠢᠭᠠᠷᠤ ᠶᠢ ᠰᠢᠶᠳᠪᠦᠷᠢᠯᠡᠬᠦ ᠪᠠ ᠵᠦᠢ ᠵᠣᠬᠢᠰᠲᠠᠶ ᠠᠰᠢᠭᠯᠠᠬᠤ ᠰᠢᠰᠲ᠋ᠧᠮᠲᠦ ᠢᠨᠵᠧᠨᠧᠷᠢᠩ ᠢ ᠬᠡᠯᠡᠨ᠎ᠡ᠃ | 6. ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾᠄ ᠬᠤᠪᠢᠳᠠᠨ ᠬᠠᠮᠢᠶᠠᠷᠴᠤ | ᠪᠠᠶᠢᠭ᠎ᠠ ᠲᠤᠬᠠᠶᠢᠯᠠᠭᠰᠠᠨ ᠠᠵᠢᠯ ᠢᠶᠠᠨ ᠰᠠᠶᠢᠲᠤᠷ ᠠᠳᠬᠤᠵᠤ᠂ ᠪᠠᠰᠠ ᠬᠤᠪᠢᠳᠠᠨ ᠬᠠᠮᠢᠶᠠᠷᠴᠤ ᠪᠠᠶᠢᠭ᠎ᠠ ᠰᠠᠯᠠᠭ᠎ᠠ | ᠮᠥᠴᠢᠷ ᠤᠨ ᠢᠶᠠᠨ ᠨᠠᠮ ᠤᠨ ᠰᠤᠷᠲᠠᠯ ᠴᠢᠬᠡᠴᠢ ᠵᠠᠰᠠᠭ ᠶᠢᠨ ᠪᠠᠶᠢᠭᠤᠯᠤᠯᠲᠠ ᠶᠢ ᠠᠳᠠᠯᠢᠬᠠᠨ ᠢᠶᠠᠷ ᠰᠠᠶᠢᠲᠤᠷ | ᠠᠳᠬᠤᠵᠤ᠂ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ᠂ ᠬᠡᠷᠡᠭ ᠢ ᠰᠡᠷᠭᠡᠶᠢᠯᠡᠬᠦ ᠠᠵᠢᠯ ᠪᠣᠯᠤᠨ | ᠲᠤᠬᠠᠶᠢᠯᠠᠭᠰᠠᠨ ᠠᠵᠢᠯ ᠢ ᠬᠠᠮᠲᠤ ᠳᠤᠨᠢ ᠰᠤᠳᠤᠯᠵᠤ᠂ ᠬᠠᠮᠲᠤ ᠳᠤᠨᠢ ᠲᠥᠯᠥᠪᠵᠢᠭᠦᠯᠵᠦ᠂ ᠬᠠᠮᠲᠤ ᠳᠤᠨᠢ | ᠪᠠᠶᠢᠷᠢᠯᠠᠭᠤᠯᠵᠤ᠂ ᠬᠠᠮᠲᠤ ᠳᠤᠨᠢ ᠪᠠᠶᠢᠴᠠᠭᠠᠵᠤ᠂ ᠬᠠᠮᠲᠤ ᠳᠤᠨᠢ ᠬᠢᠨᠠᠨ ᠰᠢᠯᠭᠠᠵᠤ᠂ ᠬᠠᠮᠲᠤ ᠳᠤᠨᠢ ᠬᠠᠷᠢᠭᠤᠴᠠᠯᠭ᠎ᠠ | ᠨᠡᠬᠡᠮᠵᠢᠯᠡᠵᠦ᠂ ︽ᠬᠤᠶᠠᠷ ᠲᠠᠯ᠎ᠠ ᠶᠢ ᠠᠳᠬᠤᠵᠤ᠂ ᠬᠤᠶᠠᠷ ᠲᠠᠯ᠎ᠠ ᠶᠢ ᠴᠢᠩᠭ᠎ᠠ ᠠᠳᠬᠤᠬᠤ︾ ᠶᠢ ᠦᠨᠡᠨ ᠬᠦ | ᠪᠡᠶᠡᠯᠡᠭᠦᠯᠵᠦ᠂ ᠨᠠᠮ ᠤᠨ ᠰᠤᠷᠲᠠᠯ ᠴᠢᠬᠡᠴᠢ ᠵᠠᠰᠠᠭ ᠶᠢᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ | ᠢᠮᠠᠭᠲᠠ ᠪᠠᠶᠢᠪᠠᠰᠤ ᠵᠣᠬᠢᠬᠤ ᠡᠷᠴᠢᠮ ᠲᠠᠢ ᠪᠠᠶᠢᠯᠭᠠᠬᠤ ᠬᠡᠷᠡᠭᠲᠡᠶ᠃ | 7. ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾᠄ ᠨᠠᠮ ᠤᠨ ᠲᠦᠷᠢᠮ | ᠨᠠᠮ ᠤᠨ ᠲᠣᠭᠲᠠᠭᠠᠯ ᠢ ᠰᠤᠷᠤᠯᠴᠠᠵᠤ᠂ ᠰᠢᠷᠢᠰ ᠶᠠᠷᠢᠶ᠎ᠠ ᠶᠢ ᠰᠤᠷᠤᠯᠴᠠᠵᠤ᠂ ᠬᠢᠷᠢ ᠲᠡᠩᠴᠡᠭᠰᠡᠨ ᠨᠠᠮ ᠤᠨ ᠭᠡᠰᠢᠭᠦᠨ | ᠪᠣᠯᠤᠨ᠎ᠠ᠃ | 8. ︽ᠠᠯᠪᠠᠨ ᠤ ᠭᠤᠷᠪᠠᠨ ᠵᠠᠷᠤᠳᠠᠯ︾᠄ ᠡᠳ᠋ ᠤᠨ ᠵᠠᠰᠠᠭ ᠤᠨ ᠵᠣᠭᠤᠰ ᠤᠨ ᠵᠠᠷᠤᠯᠭ᠎ᠠ ᠳᠤ | ᠲᠣᠬᠢᠷᠠᠭᠤᠯᠤᠭᠰᠠᠨ ᠤᠯᠤᠰ ︵ᠬᠢᠯᠢ︶ ᠠᠴᠠ ᠭᠠᠷᠬᠤ ᠵᠠᠷᠤᠳᠠᠯ᠂ ᠲᠡᠷᠭᠡ ᠬᠥᠰᠬᠡ ᠬᠤᠳᠠᠯᠳᠤᠨ ᠠᠪᠬᠤ ᠵᠢᠴᠢ | ᠠᠶᠠᠯᠠᠨ ᠶᠠᠪᠤᠬᠤ ᠵᠠᠷᠤᠳᠠᠯ᠂ ᠠᠯᠪᠠᠨ ᠶᠠᠪᠤᠳᠠᠯ ᠤᠨ ᠵᠣᠴᠢᠯᠠᠯᠭ᠎ᠠ ᠶᠢᠨ ᠵᠠᠷᠤᠳᠠᠯ ᠵᠡᠷᠭᠡ ᠭᠤᠷᠪᠠᠨ ᠵᠠᠷᠤᠳᠠᠯ ᠪᠣᠯᠤᠨ᠎ᠠ᠃ | | 9. ︽ᠬᠤᠶᠠᠷ ᠲᠣᠭᠤᠷᠢᠭ 3 ᠬᠦᠷᠢᠶᠡᠯᠡᠩ︾᠄ ︽ᠬᠤᠶᠠᠷ ᠲᠣᠭᠤᠷᠢᠭ︾ ᠭᠡᠳᠡᠭ ᠨᠢ ᠥᠪᠥᠷ | ᠮᠣᠩᠭᠤᠯ ᠤᠨ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ᠂ ᠥᠪᠥᠷ | ᠮᠣᠩᠭᠤᠯ ᠤᠨ ᠴᠡᠭᠡ ᠪᠣᠭᠤᠮᠲᠠ ᠶᠢᠨ ᠠᠵᠤ ᠠᠬᠤᠶ ᠶᠢᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠢ ᠵᠢᠭᠠᠵᠤ ᠪᠣᠶ︔ | ︽3 ᠬᠦᠷᠢᠶᠡᠯᠡᠩ︾ ᠭᠡᠳᠡᠭ ᠨᠢ ᠥᠪᠥᠷ ᠮᠣᠩᠭᠤᠯ ᠤᠨ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ᠢ ᠪᠠᠭᠲᠠᠭᠠᠭᠰᠠᠨ ᠳᠡᠭᠡᠳᠦ ᠰᠢᠨ᠎ᠡ ᠮᠡᠷᠭᠡᠵᠢᠯ ᠤᠨ ᠠᠵᠤ ᠦᠶᠯᠡᠰ ᠤᠨ ᠬᠦᠷᠢᠶᠡᠯᠡᠩ᠂ | ᠲᠩᠷᠢ ᠠᠵᠤ ᠠᠬᠤᠢ ᠶᠢᠨ ᠮᠡᠷᠭᠡᠵᠢᠯ ᠤᠨ ᠨᠡᠭᠡᠭᠡᠯᠲᠡ ᠶᠢᠨ ᠬᠦᠷᠢᠶᠡᠯᠡᠩ᠂ ᠣᠯᠠᠨᠪᠣᠯᠠᠭ ᠠᠵᠤ ᠦᠶᠯᠡᠰ ᠤᠨ | ᠬᠦᠷᠢᠶᠡᠯᠡᠩ ᠵᠡᠷᠭᠡ 3 ᠲᠣᠭᠤᠷᠢᠭ ᠢ ᠵᠢᠭᠠᠵᠤ ᠪᠣᠶ᠃ | 10. ︽ᠬᠤᠶᠠᠷ ᠢ ᠬᠥᠩᠭᠡᠷᠡᠭᠦᠯᠬᠦ︾᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ | ᠰᠤᠷᠤᠭᠴᠢᠳ ᠤᠨ ᠬᠡᠲᠦ ᠬᠦᠨᠳᠦ ᠳᠠᠰᠬᠠᠯ ᠤᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠰᠤᠷᠭᠠᠯᠲᠠ ᠶᠢᠨ | ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠦᠨ᠎ᠡ᠃ | 11. ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾᠄ ᠬᠢᠨᠠᠨ ᠬᠠᠮᠢᠶᠠᠷᠬᠤ ᠶᠠᠪᠤᠴᠠ ᠳᠤ | ᠪᠠᠶᠢᠴᠠᠭᠠᠭᠳᠠᠬᠤ ᠡᠲᠡᠭᠡᠳ ᠢ ᠲᠣᠬᠢᠶᠠᠯᠳᠤᠯ ᠢᠶᠠᠷ ᠰᠣᠩᠭᠤᠨ ᠭᠠᠷᠭᠠᠵᠤ᠂ ᠬᠠᠤᠯᠢ ᠬᠡᠷᠡᠭᠵᠢᠭᠦᠯᠦᠯᠲᠡ ᠶᠢᠨ | ᠪᠠᠶᠢᠴᠠᠭᠠᠬᠤ ᠠᠵᠢᠯᠲᠠᠨ ᠢ ᠲᠣᠬᠢᠶᠠᠯᠳᠤᠯ ᠢᠶᠠᠷ ᠰᠣᠩᠭᠤᠨ ᠲᠣᠮᠢᠯᠠᠵᠤ᠂ ᠰᠣᠩᠭᠤᠨ ᠪᠠᠶᠢᠴᠠᠭᠠᠭᠰᠠᠨ ᠪᠠᠶᠢᠳᠠᠯ ᠵᠢᠴᠢ | ᠪᠠᠶᠢᠴᠠᠭᠠᠨ ᠰᠢᠶᠳᠪᠦᠷᠢᠯᠡᠭᠰᠡᠨ ᠦᠷ᠎ᠡ ᠳ᠋ᠦᠩ ᠢ ᠴᠠᠭ ᠲᠤᠬᠠᠶ ᠳᠤᠨᠢ ᠨᠡᠶᠢᠭᠡᠮ ᠳᠤ ᠢᠯᠡ ᠪᠣᠯᠭᠠᠨ᠎ᠠ᠃ | 12. ︽ᠲᠡᠮᠡᠭᠡᠲᠦ ᠨᠣᠳᠤᠭ ᠤᠨ ᠪᠦᠬᠦᠨ ᠢ ᠰᠢᠯᠭᠠᠬᠤ ᠺᠣᠳ᠋︾᠄ ᠺᠣᠳ᠋ ᠰᠢᠷᠪᠢᠵᠦ ᠲᠡᠮᠳᠡᠭᠯᠡᠬᠦ ᠪᠠᠷ ᠳᠡᠮᠵᠢᠨ | ᠂ ᠪᠠᠶᠠᠨᠬᠤᠲᠠ ᠪᠠᠯᠭᠠᠰᠤ ᠵᠢᠴᠢ ᠳᠥᠷᠪᠡᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠠᠷᠢᠶᠠᠨ ᠳᠠᠬᠢ | ᠣᠷᠣᠰᠢᠨ ᠰᠠᠭᠤᠭᠴᠢᠳ ᠤᠨ ᠮᠡᠳᠡᠭᠡ ᠵᠠᠩᠭᠢ ᠶᠢ ᠣᠶᠢᠯᠠᠭᠠᠵᠤ᠂ ᠵᠣᠴᠢᠳ ᠤᠨ ᠪᠠᠭᠤᠳᠠᠯ᠂ ᠡᠮᠴᠢᠯᠡᠭᠡᠨ ᠤ | ᠪᠠᠶᠢᠭᠤᠯᠤᠮᠵᠢ᠂ ᠬᠤᠳᠠᠯᠳᠤᠭᠠᠨ ᠤ ᠡᠷᠦᠬᠡ ᠵᠡᠷᠭᠡ ᠭᠤᠣᠯᠳᠠᠯᠭ᠎ᠠ ᠲᠠᠢ ᠲᠠᠯᠠᠪᠤᠷ ᠤᠨ ᠬᠥᠮᠦᠰ ᠤᠨ ᠶᠠᠪᠤᠯᠴᠠᠭᠠᠨ ᠤ | ᠮᠡᠳᠡᠭᠡ ᠵᠠᠩᠭᠢ ᠶᠢ ᠪᠦᠷᠢᠳᠬᠡᠵᠦ᠂ ᠬᠠᠭᠤᠷᠠᠶ ᠵᠠᠮ᠂ ᠨᠢᠰᠬᠡᠯ ᠤᠨ ᠪᠠᠭᠤᠳᠠᠯ᠂ ᠲᠡᠷᠭᠡᠨ ᠥᠷᠲᠡᠭᠡ ᠵᠡᠷᠭᠡ ᠨᠡᠭᠦᠳᠡᠯ | ᠬᠥᠮᠦᠰ ᠤᠨ ᠮᠡᠳᠡᠭᠡ ᠵᠠᠩᠭᠢ ᠶᠢ ᠴᠤᠭᠯᠠᠭᠤᠯᠵᠤ᠂ ᠠᠶᠠᠯᠠᠯ ᠤᠨ ᠺᠣᠳ᠋᠂ ᠡᠷᠡᠭᠦᠯ ᠮᠡᠨᠳᠦ ᠶᠢᠨ ᠺᠣᠳ᠋᠂ ᠸᠠᠺᠼᠢᠨ ᠤ | ᠲᠠᠷᠢᠯᠭ᠎ᠠ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠵᠡᠷᠭᠡ ᠡᠷᠡᠭᠦᠯ ᠮᠡᠨᠳᠦ ᠶᠢᠨ ᠲᠤᠭ᠎ᠠ ᠪᠠᠷᠢᠮᠲᠠ ᠶᠢ ᠬᠤᠯᠪᠣᠨ | ᠨᠡᠪᠲᠡᠷᠡᠭᠦᠯᠵᠦ᠂ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠬᠤᠷᠠᠮᠳᠤᠭᠤᠯᠬᠤ ᠳᠠᠪᠠᠭᠤᠯᠢᠭ ᠢ ᠭᠦᠶᠴᠡᠳ ᠪᠠᠳᠠᠷᠠᠭᠤᠯᠤᠨ | ᠂ ᠣᠯᠠᠨ ᠺᠣᠳ᠋ ᠢ ᠤᠶᠠᠯᠳᠣᠭᠤᠯᠬᠤ᠂ ᠨᠢᠭᠡ ᠺᠣᠳ᠋ ᠢ ᠨᠡᠶᠢᠳᠡᠮ ᠬᠡᠷᠡᠭᠯᠡᠬᠦ ᠶᠢ ᠪᠡᠶᠡᠯᠡᠭᠦᠯᠵᠦ᠂ ᠬᠢᠵᠢᠭ ᠤᠨ ᠬᠠᠯᠳᠠᠪᠦᠷᠢ | ᠶᠢ ᠰᠡᠷᠭᠡᠶᠢᠯᠡᠨ ᠬᠢᠵᠠᠭᠠᠷᠯᠠᠬᠤ᠂ ᠲᠠᠬᠤᠯ ᠡᠪᠡᠳᠴᠢᠨ ᠤ ᠡᠬᠢ ᠰᠤᠷᠪᠤᠯᠵᠢ ᠶᠢ ᠪᠠᠶᠢᠴᠠᠭᠠᠨ ᠰᠣᠳᠣᠯᠬᠤ᠂ ᠨᠡᠶᠢᠭᠡᠮ ᠤᠨ | ᠵᠠᠰᠠᠯᠲᠠ ᠳᠤ ᠲᠣᠮᠣ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠨ᠎ᠠ᠃ | 13. ︽ᠨᠢᠭᠡ ᠪᠦᠰᠡ ᠨᠢᠭᠡ ᠵᠠᠮ︾᠄ ︽ᠲᠣᠷᠭᠠᠨ ᠵᠠᠮ ᠤᠨ ᠠᠵᠤ ᠠᠬᠤᠶ ᠶᠢᠨ ᠪᠦᠰᠡ︾ ᠪᠠ ︽21 | ᠳ᠋ᠦ᠋ᠭᠡᠷ ᠵᠠᠭᠤᠨ ᠤ ᠳᠠᠯᠠᠶ ᠳᠡᠭᠡᠷᠡᠬᠢ ᠲᠣᠷᠭᠠᠨ ᠵᠠᠮ︾ ᠤᠨ ᠲᠣᠪᠴᠢ ᠨᠡᠷᠡᠶᠢᠳᠦᠯ᠃ ᠡᠭᠦᠨ ᠤ ᠵᠣᠷᠢᠯᠭ᠎ᠠ ᠨᠢ ᠡᠷᠲᠡᠨ ᠤ | ᠲᠣᠷᠭᠠᠨ ᠵᠠᠮ ᠤᠨ ᠲᠡᠮᠳᠡᠭ ᠢ ᠵᠢᠭᠡᠯᠡᠨ ᠬᠡᠷᠡᠭᠯᠡᠵᠦ᠂ ᠡᠩᠬᠡ ᠲᠠᠶᠢᠪᠤᠩ ᠬᠥᠭᠵᠢᠯᠲᠡ ᠶᠢᠨ ᠲᠤᠭ ᠢ ᠥᠨᠳᠥᠷ | ᠮᠠᠨᠳᠤᠭᠤᠯᠤᠨ᠂ ᠵᠠᠮ ᠳᠠᠭᠠᠤ ᠶᠢᠨ ᠤᠯᠤᠰ ᠤᠳ ᠯᠤᠭ᠎ᠠ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠦᠩᠰᠢ ᠶᠢᠨ | ᠬᠠᠷᠢᠴᠠᠭ᠎ᠠ ᠪᠠᠨ ᠢᠳᠡᠪᠬᠢᠲᠡᠶ ᠬᠥᠭᠵᠢᠭᠦᠯᠵᠦ᠂ ᠤᠯᠤᠰ ᠲᠥᠷᠥ ᠶᠢᠨ ᠲᠠᠯ᠎ᠠ ᠪᠠᠷ ᠢᠲᠡᠭᠡᠯᠴᠡᠭᠰᠡᠨ᠂ ᠠᠵᠤ | ᠠᠬᠤᠶ ᠶᠢᠨ ᠤᠶᠠᠯᠳᠤᠭ᠎ᠠ ᠬᠤᠯᠪᠣᠭ᠎ᠠ ᠲᠠᠢ᠂ ᠰᠣᠶᠣᠯ ᠤᠨ ᠲᠠᠯ᠎ᠠ ᠪᠠᠷ ᠪᠠᠭᠲᠠᠭᠠᠮᠵᠢᠲᠠᠶ ᠠᠰᠢᠭ ᠲᠤᠰᠠ ᠶᠢᠨ | ᠬᠠᠮᠲᠤ ᠶᠢᠨ ᠴᠣᠭᠴᠠ᠂ ᠬᠤᠪᠢ ᠵᠠᠶᠠᠭᠠᠨ ᠤ ᠬᠠᠮᠲᠤ ᠶᠢᠨ ᠴᠣᠭᠴᠠ ᠪᠠ ᠬᠠᠷᠢᠭᠤᠴᠠᠯᠭᠠᠲᠤ ᠬᠠᠮᠲᠤ ᠶᠢᠨ | ᠴᠣᠭᠴᠠ ᠶᠢ ᠬᠠᠮᠲᠣᠪᠠᠷ ᠪᠣᠢ ᠪᠣᠯᠭᠠᠨ᠎ᠠ᠃ | 14. ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ︽ᠨᠢᠭᠡ ᠬᠥᠭᠦᠷᠭᠡᠨ ᠪᠠᠬᠢᠯᠡᠯᠲᠡ︾᠄ ︽ | ᠬᠤᠶᠠᠷ ᠬᠠᠯᠬᠠᠪᠴᠢ︾ ᠭᠡᠳᠡᠭ ᠨᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ | ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ | ᠵᠢᠭᠠᠵᠤ ᠪᠣᠶ᠃ ︽ᠬᠤᠶᠠᠷ ᠰᠠᠭᠤᠷᠢᠨ ᠭᠠᠵᠠᠷ︾ ᠭᠡᠳᠡᠭ ᠨᠢ ᠤᠯᠤᠰ ᠤᠨ ᠴᠢᠬᠤᠯᠠ ᠡᠨᠧᠷᠭᠢ ᠶᠢᠨ ᠰᠤᠷᠪᠤᠯᠵᠢ ᠪᠠ | ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠬᠡᠯᠡᠨ᠎ᠡ᠃ ︽ᠨᠢᠭᠡ ᠬᠥᠭᠦᠷᠭᠡᠨ ᠪᠠᠬᠢᠯᠡᠯᠲᠡ︾ | ᠭᠡᠳᠡᠭ ᠨᠢ ᠮᠠᠨ ᠤ ᠤᠯᠤᠰ ᠤᠨ ᠤᠮᠠᠷᠠᠰᠢ ᠨᠡᠭᠡᠭᠡᠯᠳᠡ ᠬᠢᠬᠦ ᠴᠢᠬᠤᠯᠠ ᠬᠥᠭᠦᠷᠭᠡᠨ ᠦᠵᠦᠭᠦᠷ ᠤᠨ ᠪᠠᠬᠢᠯᠡᠯᠲᠡ ᠶᠢ | ᠬᠡᠯᠡᠨ᠎ᠡ᠃ | 15. ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾᠄ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠵᠤ᠂ | ᠮᠥᠩᠭᠦᠨ ᠭᠦᠶᠯᠭᠡᠭᠡ ᠶᠢ ᠲᠣᠭᠲᠠᠭᠤᠨ ᠪᠠᠶᠢᠯᠭᠠᠵᠤ᠂ ᠭᠠᠳᠠᠭᠠᠳᠤ ᠠᠷᠠᠯᠵᠢᠶ᠎ᠠ ᠶᠢ ᠲᠣᠭᠲᠠᠭᠤᠨ ᠪᠠᠶᠢᠯᠭᠠᠵᠤ᠂ | ᠭᠠᠳᠠᠭᠠᠳᠤ ᠪᠠᠯᠠ ᠶᠢ ᠲᠣᠭᠲᠠᠭᠤᠨ ᠪᠠᠶᠢᠯᠭᠠᠵᠤ᠂ ᠪᠠᠯᠠ ᠣᠷᠣᠭᠤᠯᠤᠯᠲᠠ ᠶᠢ ᠲᠣᠭᠲᠠᠭᠤᠨ ᠪᠠᠶᠢᠯᠭᠠᠵᠤ᠂ | ᠵᠢᠱᠢᠯᠲᠡ ᠶᠢ ᠲᠣᠭᠲᠠᠭᠤᠨ ᠪᠠᠶᠢᠯᠭᠠᠨ᠎ᠠ᠃ | 16. ︽ᠵᠢᠷᠭᠤᠭ᠎ᠠ ᠶᠢ ᠪᠠᠲᠤᠯᠠᠬᠤ︾᠄ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠵᠤ᠂ | ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠲᠤᠯᠠᠵᠤ᠂ ᠠᠮᠤ | ᠪᠤᠳᠠᠭᠠᠨ ᠤ ᠡᠨᠧᠷᠭᠢ ᠶᠢᠨ ᠠᠮᠤᠷ ᠲᠦᠪᠰᠢᠨ ᠢ ᠪᠠᠲᠤᠯᠠᠵᠤ᠂ ᠠᠵᠤ ᠦᠶᠯᠡᠰ ᠤᠨ ᠬᠠᠩᠭᠠᠯᠭ᠎ᠠ ᠶᠢᠨ ᠬᠡᠯᠬᠢᠶ᠎ᠡ ᠶᠢᠨ | ᠲᠣᠭᠲᠠᠭᠤᠨ ᠪᠠᠶᠢᠬᠤ ᠶᠢ ᠪᠠᠲᠤᠯᠠᠵᠤ᠂ ᠦᠨᠳᠦᠰᠦᠨ ᠱᠠᠲᠤᠨ ᠤ ᠠᠵᠢᠯᠯᠠᠭᠠᠨ ᠢ ᠪᠠᠲᠤᠯᠠᠨ᠎ᠠ᠃ | 17. ︽ᠣᠯᠠᠭᠠᠨᠪᠣᠬᠠ᠂ ᠠᠯᠠᠱᠠ ᠠᠭᠤᠯᠠ᠂ ᠣᠷᠳᠣᠰ ᠤᠨ ᠦᠨᠳᠦᠷᠯᠢᠭ︾ ᠤᠨ ᠠᠮᠢ ᠠᠬᠤᠶ ᠶᠢᠨ ᠠᠮᠤᠷ | ᠲᠦᠪᠰᠢᠨ ᠤ ᠬᠠᠯᠬᠠᠪᠴᠢ ᠶᠢᠨ ᠢᠨᠵᠧᠨᠧᠷᠢᠩ᠄ ︽ᠣᠯᠠᠭᠠᠨᠪᠣᠬᠠ᠂ ᠠᠯᠠᠱᠠ ᠠᠭᠤᠯᠠ᠂ ᠣᠷᠳᠣᠰ ᠤᠨ ᠦᠨᠳᠦᠷᠯᠢᠭ︾ | ᠭᠡᠳᠡᠭ ᠨᠢ ᠤᠯᠠᠭᠠᠨᠪᠤᠬ᠎ᠠ ᠶᠢᠨ ᠡᠯᠡᠰᠦᠨ ᠴᠥᠯ᠂ ᠠᠯᠠᠱᠨ ᠠᠭᠤᠯᠠ ᠬᠢᠭᠡᠳ ᠬᠠᠨᠢ ᠶᠢᠨ ᠠᠭᠤᠯᠠ ᠶᠢᠨ | ᠵᠠᠯᠭᠠᠯᠳᠤᠭᠰᠠᠨ ᠣᠷᠣᠨ ᠪᠦᠰᠡ᠂ ᠣᠷᠳᠣᠰ ᠤᠨ ᠥᠨᠳᠦᠷᠯᠢᠭ ᠢ ᠬᠡᠯᠡᠨ᠎ᠡ᠃ ︽ᠣᠯᠠᠭᠠᠨᠪᠣᠬᠠ᠂ ᠠᠯᠠᠱᠠ ᠠᠭᠤᠯᠠ᠂ | ᠣᠷᠳᠣᠰ ᠤᠨ ᠦᠨᠳᠦᠷᠯᠢᠭ︾ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠢᠨᠵᠧᠨᠧᠷᠢᠩ ᠨᠢ | ᠥᠪᠥᠷ ᠮᠣᠩᠭᠤᠯ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠴᠢᠬᠤᠯᠠ ᠪᠦᠷᠢᠯᠳᠦᠬᠦᠨ ᠬᠡᠰᠡᠭ | ᠪᠣᠯᠬᠤ ᠪᠠᠷ ᠪᠠᠷᠠᠬᠤ ᠦᠭᠡᠢ᠂ ᠨᠡᠩ ᠴᠤ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ | ᠭᠤᠣᠯ ᠪᠣᠭᠤᠮᠲᠠ ᠪᠣᠯᠤᠨ᠎ᠠ᠃ | 18. ︽ᠲᠠᠪᠣᠨ ᠪᠦᠬᠦᠨ ᠢ ᠵᠠᠰᠠᠨ ᠴᠡᠭᠴᠡᠯᠡᠬᠦ︾᠄ ᠪᠣᠶ ᠪᠥᠬᠦᠶ ᠵᠠᠳᠠᠭᠠᠶ ᠨᠡᠭᠦᠷᠡᠰᠦᠨ ᠠᠭᠤᠷᠬᠠᠶ ᠶᠢ | ᠪᠦᠬᠦᠨ ᠢ ᠬᠠᠭᠠᠵᠤ ᠵᠣᠭᠰᠣᠭᠠᠵᠤ᠂ ᠪᠣᠶ ᠪᠥᠬᠦᠶ ᠮᠠᠯᠲᠠᠵᠤ ᠬᠥᠨᠳᠡᠶᠢᠷᠡᠭᠦᠯᠦᠭᠰᠡᠨ ᠣᠷᠣᠨ ᠤ ᠵᠠᠰᠠᠯᠲᠠ ᠶᠢ ᠪᠦᠬᠦᠨ ᠢ | ᠪᠡᠶᠡᠯᠡᠭᠦᠯᠦᠨ᠂ ᠪᠣᠶ ᠪᠥᠬᠦᠶ ᠭᠠᠯ ᠲᠦᠢᠮᠡᠷ ᠤᠨ ᠠᠶᠤᠯ ᠭᠠᠮᠰᠢᠭ ᠤᠨ ᠴᠡᠭ ᠢ ᠪᠦᠬᠦᠨ ᠢ ᠵᠠᠰᠠᠵᠤ᠂ ᠪᠣᠶ ᠪᠥᠬᠦᠶ | ᠠᠭᠤᠷᠬᠠᠶ ᠶᠢᠨ ᠬᠤᠳᠳᠤᠭ ᠤᠨ ᠠᠵᠤ ᠦᠶᠯᠡᠳᠪᠦᠷᠢ ᠶᠢᠨ ᠨᠡᠭᠦᠷᠡᠰᠦᠨ ᠠᠭᠤᠷᠬᠠᠶ ᠶᠢ ᠪᠦᠬᠦᠨ ᠢ ᠪᠣᠬᠢᠷᠲᠤᠯ ᠥᠬᠡᠶ | ᠠᠭᠤᠷᠬᠠᠶ ᠶᠢᠨ ᠪᠠᠷᠢᠮᠵᠢᠶ᠎ᠠ ᠳᠤ ᠬᠦᠷᠦᠭᠦᠯᠵᠦ᠂ ᠪᠣᠶ ᠪᠥᠬᠦᠶ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ | ᠪᠦᠬᠦᠨ ᠢ ᠢᠯᠭᠠᠷᠠᠭᠤᠯᠤᠨ ᠴᠡᠭᠴᠡᠯᠡᠨ᠎ᠡ᠃ | 19. ︽ᠨᠡᠶᠢᠭᠡᠮ ᠤᠨ ᠲᠠᠪᠤᠨ ᠬᠠᠮᠲᠤᠷᠠᠯ ᠤᠨ ᠠᠵᠢᠯᠯᠠᠭ᠎ᠠ︾᠄ ᠨᠡᠶᠢᠭᠡᠮ ᠲᠣᠭᠤᠷᠢᠭ᠂ ᠨᠡᠶᠢᠭᠡᠮ ᠤᠨ | ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯ᠂ ᠨᠡᠶᠢᠭᠡᠮ ᠤᠨ ᠡᠬᠢ ᠪᠠᠶᠠᠯᠢᠭ ᠬᠢᠭᠡᠳ ᠨᠡᠶᠢᠭᠡᠮ ᠲᠣᠭᠤᠷᠢᠭ ᠤᠨ | ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠬᠠᠮᠲᠤᠷᠠᠨ ᠠᠵᠢᠯᠯᠠᠬᠤ ᠶᠢ ᠬᠡᠯᠡᠨ᠎ᠡ᠃ ︽ᠨᠡᠶᠢᠭᠡᠮ ᠤᠨ ᠲᠠᠪᠤᠨ | ᠬᠠᠮᠲᠤᠷᠠᠯ ᠤᠨ ᠠᠵᠢᠯᠯᠠᠭ᠎ᠠ︾ ᠨᠢ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ | ᠤᠳᠤᠷᠢᠳᠤᠮᠵᠢ ᠪᠣᠯᠭᠠᠵᠤ᠂ ᠵᠠᠰᠠᠭ ᠤᠨ ᠣᠷᠳᠣᠨ ᠬᠤᠳᠠᠯᠳᠤᠨ ᠠᠪᠬᠤ ᠦᠶᠯᠡᠴᠢᠯᠡᠭᠡ ᠪᠠᠷ ᠳᠠᠮᠵᠢᠭᠤᠯᠤᠨ᠂ ᠨᠡᠶᠢᠭᠡᠮ | ᠲᠣᠭᠤᠷᠢᠭ ᠤᠨ ᠵᠠᠰᠠᠯᠲᠠ ᠶᠢᠨ ᠲᠤᠰᠬᠠᠶᠢᠵᠢᠯᠲᠠ ᠪᠠ ᠨᠠᠷᠢᠯᠢᠬᠵᠢᠯᠲᠠ ᠶᠢ ᠪᠡᠶᠡᠯᠡᠭᠦᠯᠵᠦ᠂ ᠨᠡᠶᠢᠭᠡᠮ ᠲᠣᠭᠤᠷᠢᠭ ᠤᠨ | ᠰᠠᠭᠤᠭᠠᠯᠢ ᠠᠷᠠᠳ ᠤᠨ ᠠᠮᠢᠳᠤᠷᠠᠯ ᠢ ᠨᠠᠩ ᠴᠢᠨᠠᠷᠯᠢᠭ ᠪᠣᠯᠭᠠᠵᠤ᠂ ᠵᠣᠯ ᠵᠢᠷᠭᠠᠯ ᠤᠨ ᠵᠢᠭᠠᠯᠲᠠ ᠲᠤᠭ᠎ᠠ ᠶᠢ | ᠳᠡᠭᠡᠭᠰᠢᠯᠡᠭᠦᠯᠦᠨ᠎ᠡ᠃ | 20. ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢᠨ ᠣᠷᠬᠢᠯ ᠴᠡᠭ ᠤᠨ | ᠬᠤᠷᠢᠭ᠎ᠠ ᠱᠤᠭᠤᠮ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠲᠥᠪ ᠢ ᠰᠠᠬᠢᠬᠤ᠄ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠨᠡᠮᠡᠭᠳᠡᠭᠦᠯᠬᠦ ᠪᠠᠨ ᠪᠤᠯᠢᠵᠤ᠂ | ᠣᠷᠭᠢᠯ ᠤᠨ ᠬᠡᠮᠵᠢᠭᠳᠡᠯ ᠳᠤ ᠬᠦᠷᠦᠭᠰᠡᠨ ᠤ ᠳᠠᠷᠠᠭ᠎ᠠ ᠠᠭᠠᠵᠢᠮ ᠢᠶᠠᠷ ᠳᠣᠷᠣᠭᠰᠢᠯᠠᠭᠤᠯᠬᠤ ᠶᠢ ᠬᠡᠯᠡᠨ᠎ᠡ᠃ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠲᠥᠪ ᠢ ᠰᠠᠬᠢᠬᠤ ᠭᠡᠳᠡᠭ ᠨᠢ ᠵᠣᠬᠢᠬᠤ ᠬᠤᠭᠤᠴᠠᠭᠠᠨ ᠳᠣᠲᠣᠷ᠎ᠠ᠂ | ᠪᠦᠬᠦ ᠨᠡᠶᠢᠭᠡᠮ ᠢᠶᠠᠷ ᠢᠶᠠᠨ ᠰᠢᠭᠤᠳ ᠪᠤᠶᠤ ᠳᠠᠮ ᠢᠶᠠᠷ ᠡᠭᠦᠰᠦᠭᠰᠡᠨ ᠬᠦᠯᠡᠮᠵᠢ ᠶᠢᠨ ᠬᠡᠢ ᠪᠡᠶᠡᠲᠦ ᠶᠢᠨ | ᠭᠠᠳᠠᠭᠰᠢᠯᠠᠭᠤᠯᠤᠯᠲᠠ ᠶᠢᠨ ᠶᠡᠷᠦᠩᠬᠡᠶ ᠬᠡᠮᠵᠢᠶ᠎ᠡ ᠶᠢ ᠮᠣᠳᠣ ᠲᠠᠷᠢᠵᠤ ᠣᠶᠢᠵᠢᠭᠤᠯᠬᠤ᠂ ᠡᠨᠧᠷᠭᠢ ᠠᠷᠪᠢᠯᠠᠵᠤ | ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠵᠡᠷᠭᠡ ᠬᠡᠯᠪᠡᠷᠢ ᠪᠠᠷ ᠰᠠᠭᠠᠷᠮᠠᠭᠵᠢᠭᠤᠯᠣᠨ | ᠰᠢᠢᠳᠪᠦᠷᠢᠯᠡᠬᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ︽ᠳᠠᠭᠤᠰᠪᠦᠷᠢ ᠪᠣᠯᠭᠠᠬᠤ︾ ᠶᠢ ᠬᠡᠯᠡᠨ᠎ᠡ᠃ | ᠮᠠᠨ ᠤ ᠤᠯᠤᠰ 2030 ᠣᠨ ᠳᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢᠨ | ᠣᠷᠬᠢᠯ ᠴᠡᠭ ᠤᠨ ᠬᠤᠷᠢᠭ᠎ᠠ ᠱᠤᠭᠤᠮ ᠠᠴᠠ ᠠᠭᠠᠵᠢᠮ ᠢᠶᠠᠷ ᠪᠠᠭᠤᠷᠠᠭᠤᠯᠬᠤ ᠶᠢ ᠪᠡᠶᠡᠯᠡᠭᠦᠯᠵᠣ᠂ 2060 | ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠲᠥᠪ ᠢ ᠰᠠᠬᠢᠬᠤ ᠶᠢ ᠪᠡᠶᠡᠯᠡᠭᠦᠯᠬᠦ ᠪᠠᠷ | ᠲᠣᠳᠣᠷᠬᠠᠢ ᠲᠣᠭᠲᠠᠪᠠ᠃ | 21. ︽ᠡᠨᠧᠷᠭᠢ ᠶᠢᠨ ᠬᠤᠶᠠᠷ ᠬᠤᠷᠣᠭᠳᠠᠭᠤᠯᠤᠯ ᠶᠡᠬᠡᠲᠡᠢ︾᠄ ᠡᠨᠧᠷᠭᠢ ᠶᠢᠨ ᠬᠤᠷᠣᠭᠳᠠᠭᠤᠯᠤᠯ ᠶᠡᠬᠡᠲᠡᠢ᠂ | ᠪᠤᠬᠢᠷᠳᠤᠯ ᠶᠡᠬᠡᠲᠡᠢ ᠶᠢ ᠬᠡᠯᠡᠨ᠎ᠡ᠃ | 22. ︽ᠣᠰᠣᠨ ᠤ ᠨᠥᠭᠡᠴᠡ ᠶᠢᠨ ᠬᠡᠮᠵᠢᠶ᠎ᠡ ᠪᠠᠷ ᠳᠥᠷᠪᠡ ᠶᠢ ᠲᠣᠭᠳᠠᠭᠠᠬᠤ︾᠄ ᠤᠰᠤ ᠪᠠᠷ ᠬᠤᠳᠠ ᠶᠢ | ᠲᠣᠭᠲᠠᠭᠠᠵᠤ᠂ ᠤᠰᠤ ᠪᠠᠷ ᠭᠠᠵᠠᠷ ᠢ ᠲᠣᠭᠲᠠᠭᠠᠵᠤ᠂ ᠤᠰᠤ ᠪᠠᠷ ᠬᠥᠮᠦᠨ ᠢ ᠲᠣᠭᠲᠠᠭᠠᠵᠤ᠂ ᠤᠰᠤ ᠪᠠᠷ | ᠤᠨᠠᠯᠲᠠ ᠶᠢ ᠲᠣᠭᠲᠠᠭᠠᠨ᠎ᠠ᠃ | 23. ︽ᠳᠥᠷᠪᠡ ᠶᠢ ᠲᠠᠶᠠᠭᠳᠠᠬᠤ ᠥᠬᠡᠶ︾᠄ ᠮᠠᠯᠠᠭᠠᠢ ᠪᠠᠨ ᠲᠠᠶᠠᠭᠳᠠᠬᠤ ᠠᠴᠠ ᠪᠢᠰᠢ ᠬᠠᠷᠢᠭᠤᠴᠠᠯᠭ᠎ᠠ ᠪᠠᠨ | ᠦᠯᠦ ᠲᠠᠶᠠᠭᠳᠠᠬᠤ᠂ ᠮᠠᠯᠠᠭᠠᠢ ᠪᠠᠨ ᠲᠠᠶᠠᠭᠳᠠᠬᠤ ᠠᠴᠠ ᠪᠢᠰᠢ ᠲᠦᠷᠦ ᠶᠢᠨ ᠪᠤᠳᠤᠯᠭ᠎ᠠ ᠪᠠᠨ ᠦᠯᠦ ᠲᠠᠶᠠᠭᠳᠠᠬᠤ᠂ | ᠮᠠᠯᠠᠭᠠᠢ ᠪᠠᠨ ᠲᠠᠶᠠᠭᠳᠠᠬᠤ ᠠᠴᠠ ᠪᠢᠰᠢ ᠬᠠᠪᠰᠤᠷᠤᠨ ᠲᠡᠳᠬᠦᠬᠦ ᠪᠠᠨ ᠦᠯᠦ ᠲᠠᠶᠠᠭᠳᠠᠬᠤ᠂ ᠮᠠᠯᠠᠭᠠᠢ ᠪᠠᠨ | ᠲᠠᠶᠠᠭᠳᠠᠬᠤ ᠠᠴᠠ ᠪᠢᠰᠢ ᠬᠢᠨᠠᠯᠲᠠ ᠬᠠᠮᠢᠶᠠᠷᠤᠯᠲᠠ ᠪᠠᠨ ᠦᠯᠦ ᠲᠠᠶᠠᠭᠳᠠᠬᠤ᠃ | 24. ︽ᠰᠢᠨᠵᠢᠯᠡᠭᠡ ᠮᠡᠷᠭᠡᠵᠢᠯ ᠢᠶᠠᠷ ᠥᠪᠥᠷ ᠮᠣᠩᠭᠤᠯ ᠢᠶᠠᠨ ᠬᠥᠭᠵᠢᠭᠦᠯᠬᠦ︾ ᠠᠵᠢᠯᠯᠠᠭ᠎ᠠ᠄ ᠥᠪᠡᠷᠲᠡᠭᠡᠨ | ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠴᠢᠨᠠᠷᠯᠢᠭ ᠬᠥᠭᠵᠢᠯᠲᠡ ᠶᠢᠨ ᠰᠢᠨᠵᠢᠯᠡᠭᠡ ᠮᠡᠷᠭᠡᠵᠢᠯ ᠤᠨ ᠰᠢᠨ᠎ᠡ ᠶᠢ | ᠡᠭᠦᠳᠬᠦ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ︽ᠨᠡᠭᠡᠭᠡᠯᠲᠡ ᠬᠢᠵᠦ ᠬᠠᠮᠲᠤᠷᠠᠯᠴᠠᠨ ᠰᠢᠨ᠎ᠡ ᠶᠢ ᠡᠭᠦᠳᠬᠦ᠂ | ᠵᠠᠩᠭᠢᠯᠠᠭ᠎ᠠ ᠶᠢ ᠠᠳᠬᠤᠨ ᠰᠢᠨ᠎ᠡ ᠶᠢ ᠡᠭᠦᠳᠬᠦ᠂ ᠣᠨᠴᠠᠯᠢᠭ ᠢ ᠳᠣᠪᠤᠶᠢᠯᠭᠠᠨ ᠰᠢᠨ᠎ᠡ ᠶᠢ ᠡᠭᠦᠳᠬᠦ︾ ᠳᠤ | ᠰᠠᠭᠤᠷᠢᠯᠠᠨ᠂ ᠵᠡᠭᠦᠨ ᠪᠠᠷᠠᠭᠤᠨ ᠣᠷᠣᠨ ᠤ ᠬᠤᠯᠪᠣᠭᠠᠯᠠᠨ ᠠᠵᠢᠯᠯᠠᠬᠤ ᠶᠢ ᠴᠢᠩᠭᠠᠳᠬᠠᠬᠤ ᠪᠠᠷ ᠳᠠᠮᠵᠢᠭᠤᠯᠤᠨ᠂ | ᠣᠷᠣᠨ ᠪᠦᠰᠡ ᠶᠢᠨ ᠰᠢᠨ᠎ᠡ ᠶᠢ ᠡᠭᠦᠳᠬᠦ ᠬᠠᠮᠲᠤᠷᠠᠯᠴᠠᠭ᠎ᠠ ᠶᠢ ᠴᠢᠩᠭᠠᠳᠬᠠᠵᠤ᠂ ᠳᠠᠪᠠᠭᠤᠯᠢᠭ ᠢᠶᠠᠨ ᠬᠠᠷᠢᠯᠴᠠᠨ | ᠨᠥᠬᠦᠪᠥᠷᠢᠯᠡᠬᠦ᠂ ᠬᠠᠮᠲᠤᠷᠠᠯᠴᠠᠨ ᠬᠠᠮᠲᠤᠪᠠᠷ ᠠᠰᠢᠭ ᠭᠥᠷᠳᠡᠬᠦ ᠶᠢ ᠪᠡᠶᠡᠯᠡᠭᠦᠯᠦᠨ᠂ ᠥᠪᠡᠷᠲᠡᠭᠡᠨ ᠵᠠᠰᠠᠬᠤ ᠣᠷᠣᠨ ᠤ | ᠪᠦᠬᠦᠯᠢ ᠴᠣᠭᠴᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠ ᠠᠵᠤ ᠦᠶᠯᠡᠰ ᠤᠨ | ᠬᠥᠭᠵᠢᠯᠲᠡ ᠶᠢ ᠲᠤᠯᠭᠠᠭᠤᠷᠢᠯᠠᠬᠤ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | 25. ︽4+8+N︾ ᠬᠠᠮᠲᠤᠷᠠᠯᠴᠠᠭᠠᠨ ᠤ ᠲᠣᠭᠲᠠᠴᠠ᠄ ︽4︾ ᠭᠡᠳᠡᠭ ᠨᠢ ᠰᠢᠨᠵᠢᠯᠡᠬᠦ ᠤᠬᠠᠭᠠᠨ | ᠮᠡᠷᠭᠡᠵᠢᠯ ᠤᠨ ᠶᠠᠮᠤᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠪᠡᠭᠡᠵᠢᠩ ᠬᠤᠳᠠ᠂ ᠭᠤᠸᠠᠩᠳᠦ᠋ᠩ | ᠮᠤᠵᠢ ᠵᠡᠷᠭᠡ 4 ᠵᠠᠰᠠᠭ ᠤᠨ ᠣᠷᠳᠣᠨ ᠵᠢᠴᠢ ᠬᠠᠷᠢᠶ᠎ᠠ ᠰᠠᠯᠠᠭ᠎ᠠ ᠮᠥᠴᠢᠷ ᠢ ᠬᠡᠯᠡᠨ᠎ᠡ᠂ ︽8︾ ᠭᠡᠳᠡᠭ ᠨᠢ | ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠢᠨᠵᠧᠨᠧᠷᠢᠩ ᠤᠨ | ᠬᠦᠷᠢᠶᠡᠯᠡᠩ᠂ ᠴᠢᠩᠬᠤᠸᠠ ᠶᠡᠭᠡ ᠰᠤᠷᠭᠠᠭᠤᠯᠢ᠂ ᠪᠡᠭᠡᠵᠢᠩ ᠶᠡᠭᠡ ᠰᠤᠷᠭᠠᠭᠤᠯᠢ᠂ ᠱᠠᠩᠬᠠᠢ ᠶᠢᠨ ᠵᠠᠮ ᠬᠠᠷᠢᠯᠴᠠᠭᠠᠨ ᠤ | ᠶᠡᠭᠡ ᠰᠤᠷᠭᠠᠭᠤᠯᠢ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ | ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠪᠡᠭᠡᠵᠢᠩ ᠤᠨ ᠪᠤᠯᠤᠳ ᠲᠡᠮᠦᠷ ᠤᠨ ᠰᠤᠳᠤᠯᠭᠠᠨ ᠤ | ᠪᠦᠯᠦᠭᠯᠡᠯ ᠤᠨ ᠤᠯᠤᠰ ᠤᠨ ᠳᠣᠲᠣᠭᠠᠳᠤ ᠶᠢᠨ 8 ᠥᠨᠳᠥᠷ ᠲᠦᠪᠰᠢᠨ ᠤ ᠶᠡᠭᠡ ᠰᠤᠷᠭᠠᠭᠤᠯᠢ᠂ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠢ ᠬᠡᠯᠡᠨ᠎ᠡ᠂ ︽N︾ ᠭᠡᠳᠡᠭ ᠨᠢ ︽4+8︾ ᠠᠴᠠ ᠭᠠᠳᠠᠨᠠᠬᠢ | ᠪᠤᠰᠤᠳ ᠬᠠᠮᠲᠤᠷᠠᠯᠴᠠᠨ ᠰᠢᠨ᠎ᠡ ᠶᠢ ᠡᠭᠦᠳᠬᠦ ᠭᠤᠣᠯ ᠴᠣᠭᠴᠠ ᠶᠢ ᠬᠡᠯᠡᠨ᠎ᠡ᠃ | 26. ︽ᠭᠤᠷᠪᠠᠨ ᠬᠤᠷᠢᠭ᠎ᠠ ᠱᠤᠭᠤᠮ ᠨᠢᠭᠡ ᠭᠦᠢᠴᠡᠳᠬᠡᠯ ᠳᠠᠩᠰᠠ︾᠄ ᠠᠮᠢ ᠠᠬᠤᠶ ᠶᠢᠨ | ᠬᠠᠮᠠᠭᠠᠯᠠᠯᠲᠠ ᠶᠢᠨ ᠬᠤᠷᠢᠭ᠎ᠠ ᠱᠤᠭᠤᠮ᠂ ᠣᠷᠴᠢᠨ ᠠᠬᠤᠶ ᠶᠢᠨ ᠶᠠᠰᠤ ᠴᠢᠨᠠᠷ ᠤᠨ ᠬᠤᠷᠢᠭ᠎ᠠ ᠱᠤᠭᠤᠮ᠂ ᠡᠬᠢ | ᠪᠠᠶᠠᠯᠢᠭ ᠤᠨ ᠠᠰᠢᠭᠯᠠᠯᠲᠠ ᠶᠢᠨ ᠬᠤᠷᠢᠭ᠎ᠠ ᠱᠤᠭᠤᠮ᠂ ᠠᠮᠢ ᠠᠬᠤᠶ ᠶᠢᠨ ᠣᠷᠴᠢᠨ ᠨᠥᠬᠦᠴᠡᠯ ᠤᠨ ᠣᠷᠣᠬᠤ | ᠵᠥᠪᠰᠢᠶᠡᠷᠡᠯ ᠤᠨ ᠭᠦᠢᠴᠡᠳᠬᠡᠯ ᠳᠠᠩᠰᠠ᠃ | 27 ︽ᠨᠤᠲᠤᠭ ᠤᠨ ᠠᠪᠢᠶᠠᠰᠳᠠᠳ ᠢ ᠣᠷᠢᠨ ᠬᠡᠷᠡᠭᠯᠡᠬᠦ︾᠄ 2019 ᠣᠨ ᠠᠴᠠ ᠡᠬᠢᠯᠡᠨ᠂ ᠠᠯᠠᠱᠠ | ᠨᠤᠲᠤᠭ ᠲᠠᠢ ᠥᠨᠳᠥᠷ ᠰᠤᠷᠤᠯᠭ᠎ᠠ ᠶᠢᠨ ᠨᠠᠮᠲᠠᠷ ᠲᠠᠢ ᠴᠢᠳᠠᠪᠤᠷᠢᠲᠠᠨ ᠢ ᠤᠷᠢᠨ ᠠᠪᠴᠢᠷᠠᠬᠤ ᠶᠢᠨ ᠲᠥᠯᠥᠭᠡ ᠬᠢᠭᠰᠡᠨ | ᠴᠢᠬᠤᠯᠠ ᠠᠵᠢᠯ ᠪᠣᠯᠤᠨ᠎ᠠ᠃ ᠡᠭᠦᠨ ᠳᠤ ᠳ᠋ᠣᠺᠲ᠋ᠣᠷᠠᠨᠲ ᠤᠨ ᠰᠤᠳᠤᠯᠬᠤ ᠰᠣᠷᠣᠭᠴᠢ ᠶᠢᠨ ᠴᠢᠳᠠᠪᠤᠷᠢᠲᠠᠨ ᠢ ᠤᠷᠢᠨ | ᠠᠪᠴᠢᠷᠠᠬᠤ ︽ᠰᠠᠭᠠᠳ ᠥᠬᠡᠶ ᠨᠡᠪᠲᠡᠷᠡᠬᠦ ᠵᠠᠮ︾ ᠢ ᠨᠡᠭᠡᠭᠡᠬᠦ ᠳᠤ ᠴᠢᠭᠯᠡᠭᠦᠯᠦᠨ᠂ ᠠᠶᠢᠮᠠᠭ ᠤᠨ ᠴᠢᠳᠠᠪᠤᠷᠢᠲᠠᠨ ᠤ | ᠠᠵᠢᠯ ᠤᠨ ᠤᠳᠤᠷᠢᠳᠬᠤ ᠳᠤᠭᠤᠶᠢᠯᠠᠩ ᠤᠨ ︽ᠠᠰ ᠠᠰ ᠢᠶᠠᠷ ᠨᠢ ᠵᠥᠪᠯᠡᠬᠦ︾ ᠰᠤᠳᠤᠯᠭᠠᠨ ᠢᠶᠠᠷ ᠳᠡᠮᠵᠢᠨ | ᠣᠷᠣᠭᠤᠯᠤᠨ ᠠᠪᠴᠢᠷᠠᠨ᠎ᠠ︔ ᠪᠦᠬᠦᠯᠢ ᠡᠳᠦᠷ ᠤᠨ ᠳᠦᠷᠢᠮᠲᠦ ᠠᠰᠫᠢᠷᠠᠨᠲ ᠪᠠ ︽ᠳᠡᠯᠡᠬᠡᠶ ᠶᠢᠨ ᠲᠡᠷᠢᠭᠦᠨ ᠲᠠᠰ ᠤᠨ | ᠶᠡᠭᠡ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢᠨ ᠳᠡᠭᠡᠳᠦ ᠰᠤᠷᠭᠠᠭᠤᠯᠢ︾ ᠶᠢᠨ ᠵᠢᠩᠬᠢᠨᠢ ᠠᠩᠭᠢ ᠶᠢᠨ | ᠲᠡᠭᠦᠰᠦᠭᠰᠡᠳ ᠢ ᠨᠡᠶᠢᠭᠡᠮ ᠨᠡᠶᠢᠲᠡ ᠠᠴᠠ ᠢᠯᠡ ᠪᠠᠷ ᠤᠷᠢᠬᠤ ᠠᠷᠭ᠎ᠠ ᠮᠠᠶ᠋ᠢᠭ ᠢᠶᠠᠷ ᠠᠵᠢᠯᠯᠠᠭᠤᠯᠤᠨ᠎ᠠ᠃ | 28. ᠬᠢᠵᠢᠭ ᠤᠨ ᠬᠠᠯᠳᠠᠪᠤᠷᠢ ᠶᠢ ᠰᠡᠷᠭᠡᠶᠢᠯᠡᠨ ᠬᠢᠵᠠᠭᠠᠷᠯᠠᠬᠤ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾᠄ | ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠠᠷᠢᠭᠤᠴᠠᠯᠭ᠎ᠠ᠂ ᠨᠢᠭᠡᠴᠡ ᠶᠢᠨ ᠬᠠᠷᠢᠭᠤᠴᠠᠯᠭ᠎ᠠ ᠪᠠ | ᠬᠤᠪᠢ ᠬᠥᠮᠦᠨ ᠤ ᠬᠠᠷᠢᠭᠤᠴᠠᠯᠭ᠎ᠠ ᠶᠢ ᠬᠡᠯᠡᠨ᠎ᠡ᠃ | 29. ︽ᠳᠦᠷᠪᠡᠨ ᠤᠬᠠᠮᠰᠠᠷ︾᠄ ᠤᠯᠤᠰ ᠲᠦᠷᠦ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ | ᠭᠤᠣᠯᠯᠠᠬᠤ ᠤᠬᠠᠮᠰᠠᠷ᠂ ᠨᠢᠭᠡᠳᠦᠯᠲᠡᠢ ᠪᠠᠶᠢᠬᠤ ᠤᠬᠠᠮᠰᠠᠷ᠃ | 30. ︽ᠳᠦᠷᠪᠡᠨ ᠢᠲᠡᠭᠡᠯ︾᠄ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠤᠨ | ᠢᠲᠡᠭᠡᠯ᠂ ᠤᠨᠤᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ᠃ | 31. ︽ᠬᠤᠶᠠᠷ ᠢ ᠬᠠᠮᠠᠭᠠᠯᠠᠬᠤ︾᠄ ᠰᠢ ᠶᠢᠨ ᠫᠢᠩ ᠶᠡᠷᠦᠩᠬᠡᠢ ᠱᠦᠵᠢ ᠨᠠᠮ ᠤᠨ ᠲᠥᠪ ᠬᠤᠷᠢᠶᠠᠨ ᠤ | ᠭᠤᠣᠯᠯᠠᠭᠴᠢ᠂ ᠪᠦᠬᠦ ᠨᠠᠮ ᠤᠨ ᠭᠤᠣᠯᠯᠠᠭᠴᠢ ᠶᠢᠨ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠨᠠᠮ ᠤᠨ ᠲᠥᠪ | ᠬᠤᠷᠢᠶᠠᠨ ᠤ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠨ᠎ᠠ᠃ | 32. ︽ᠬᠤᠶᠠᠷ ᠢ ᠲᠣᠭᠲᠠᠭᠠᠬᠤ︾᠄ ᠰᠢ ᠶᠢᠨ ᠫᠢᠩ ᠨᠥᠬᠦᠷ ᠤᠨ ᠨᠠᠮ ᠤᠨ ᠲᠥᠪ ᠬᠤᠷᠢᠶᠠᠨ ᠤ | ᠭᠤᠣᠯᠯᠠᠭᠴᠢ᠂ ᠪᠦᠬᠦ ᠨᠠᠮ ᠤᠨ ᠭᠤᠣᠯᠯᠠᠭᠴᠢ ᠶᠢᠨ ᠪᠠᠶᠢᠷᠢ ᠰᠠᠭᠤᠷᠢ ᠶᠢ ᠲᠣᠭᠲᠠᠭᠠᠵᠤ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠣᠭᠤᠳᠬᠤ | ᠪᠠᠶᠢᠷᠢ ᠰᠠᠭᠤᠷᠢ ᠶᠢ ᠲᠣᠭᠲᠠᠭᠠᠨ᠎ᠠ᠃ | 33 ︽ᠭᠤᠷᠪᠠ ᠠᠴᠠ ᠰᠠᠯᠵᠤ ᠴᠢᠳᠠᠬᠤ ᠦᠭᠡᠢ︾ ︽ᠲᠠᠪᠤ ᠶᠢ ᠮᠡᠳᠡᠷᠡᠨ ᠵᠥᠪᠰᠢᠶᠡᠷᠡᠬᠦ︾᠄ ᠬᠢᠲᠠᠳ | ᠦᠨᠳᠦᠰᠦᠲᠡᠨ ᠴᠥᠭᠡᠨ ᠲᠣᠭᠠᠲᠤ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ | ᠦᠨᠳᠦᠰᠦᠲᠡᠨ ᠴᠦ ᠬᠢᠲᠠᠳ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ | ᠦᠨᠳᠦᠰᠦᠲᠡᠨ ᠨᠦᠭᠦᠳ ᠬᠤᠭᠤᠷᠣᠨᠳᠣ ᠪᠠᠨ ᠰᠠᠯᠵᠤ ᠴᠢᠳᠠᠬᠤ ᠦᠭᠡᠢ᠃ ᠲᠠᠪᠤ ᠶᠢ ᠮᠡᠳᠡᠷᠡᠨ ᠵᠥᠪᠰᠢᠶᠡᠷᠡᠬᠦ᠃ | ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ | ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢ ᠮᠡᠳᠡᠷᠡᠨ ᠵᠥᠪᠰᠢᠶᠡᠷᠡᠬᠦ᠃ | 34. ︽ᠲᠦᠷᠪᠡ ᠪᠠᠨ ᠬᠠᠮᠲᠤᠳᠬᠠᠬᠤ︾᠄ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠢᠷᠠᠭᠤ ᠠᠯᠳᠠᠷ | ᠢᠴᠢᠭᠦᠷᠢ ᠭᠤᠳᠤᠮᠰᠢᠭ ᠢᠶᠠᠨ ᠬᠠᠮᠳᠣᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ | ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ᠃ | 35. ︽ᠭᠤᠷᠪᠠᠨ ᠪᠠᠲᠤᠯᠠᠭ᠎ᠠ︾ ᠶᠢᠨ ᠵᠠᠷᠤᠯᠭ᠎ᠠ᠄ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠵᠤ᠂ | ᠴᠠᠯᠢᠩ ᠢ ᠪᠠᠲᠤᠯᠠᠵᠤ᠂ ᠠᠵᠢᠯᠯᠠᠭᠠᠨ ᠢ ᠪᠠᠲᠤᠯᠠᠨ᠎ᠠ᠃ | 36. ︽ᠲᠠᠯᠪᠢᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ᠄ ᠵᠠᠰᠠᠭ ᠢ ᠴᠣᠮᠬᠠᠳᠬᠠᠨ ᠡᠷᠬᠡ ᠶᠢ | ᠳᠣᠷᠣᠭᠰᠢ ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠶᠯᠡᠴᠢᠯᠡᠭᠡ ᠶᠢ | ᠰᠢᠯᠢᠳᠡᠭᠵᠢᠭᠦᠯᠬᠦ ᠶᠢᠨ ᠲᠣᠪᠴᠢ ᠨᠡᠷᠡᠶᠢᠳᠦᠯ᠃ ︽ᠲᠠᠯᠪᠢᠬᠤ︾ ᠭᠡᠳᠡᠭ ᠨᠢ ᠵᠠᠰᠠᠭ ᠢ ᠴᠣᠮᠬᠠᠳᠬᠠᠨ ᠡᠷᠬᠡ ᠶᠢ | ᠳᠣᠷᠣᠭᠰᠢ ᠪᠠᠭᠤᠯᠭᠠᠵᠤ᠂ ᠣᠷᠣᠬᠤ ᠵᠥᠪᠰᠢᠶᠡᠷᠡᠯ ᠤᠨ ᠪᠠᠷᠢᠮᠵᠢᠶ᠎ᠠ ᠶᠢ ᠳᠣᠷᠣᠭᠰᠢᠯᠠᠭᠤᠯᠬᠤ ᠶᠢ ᠬᠡᠯᠡᠨ᠎ᠡ᠃ ︽ | ᠬᠠᠮᠢᠶᠠᠷᠬᠤ︾ ᠭᠡᠳᠡᠭ ᠨᠢ ᠳᠠᠷᠤᠶ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠭᠤᠣᠯᠴᠢ | ᠥᠷᠢᠰᠥᠯᠳᠦᠭᠡᠨ ᠢ ᠠᠬᠢᠭᠤᠯᠬᠤ ᠶᠠᠪᠤᠳᠠᠯ ᠪᠣᠯᠤᠨ᠎ᠠ᠃ ︽ᠦᠶᠯᠡᠴᠢᠯᠡᠬᠦ︾ ᠭᠡᠳᠡᠭ ᠨᠢ ᠳᠠᠷᠤᠶ ᠥᠨᠳᠥᠷ | ᠪᠦᠲᠦᠮᠵᠢᠲᠡᠶ ᠦᠶᠯᠡᠴᠢᠯᠡᠭᠡ ᠬᠠᠩᠭᠠᠵᠤ᠂ ᠳᠥᠭᠦᠮ ᠳᠥᠲᠡ ᠣᠷᠴᠢᠨ ᠲᠣᠭᠤᠷᠢᠨ ᠢ ᠪᠣᠶ ᠪᠣᠯᠭᠠᠬᠤ ᠶᠢ ᠬᠡᠯᠡᠨ᠎ᠡ᠃ | 2015 ᠣᠨ ᠤ 5 ᠳ᠋ᠤᠭᠠᠷ ᠰᠠᠷ᠎ᠠ ᠶᠢᠨ 12 ᠤᠨ ᠡᠳᠦᠷ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠪᠥᠬᠦ | ᠤᠯᠤᠰ ᠤᠨ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠬᠠᠮᠢᠶᠠᠷᠣᠯᠳᠠ ᠶᠢ ᠳᠣᠷᠣᠭᠰᠢ | ᠪᠠᠭᠤᠯᠭᠠᠬᠤ ᠶᠢ ᠡᠭᠦᠷᠭᠡ ᠴᠢᠳᠠᠪᠤᠷᠢ ᠶᠢᠨ ᠰᠢᠨᠡᠴᠢᠯᠡᠯᠳᠡ ᠲᠠᠢ ᠤᠶᠠᠯᠳᠤᠭᠤᠯᠬᠤ ᠲᠣᠬᠠᠢ ᠠᠵᠢᠯ ᠢ ᠠᠬᠢᠭᠤᠯᠬᠤ | ᠴᠠᠬᠢᠮ ᠬᠤᠷᠠᠯ ᠢ ᠬᠤᠷᠠᠯᠳᠤᠭᠤᠯᠵᠤ᠂ ︽ᠲᠠᠯᠪᠢᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢᠨ | ᠤᠬᠠᠭᠳᠠᠬᠤᠨ ᠢ ᠠᠩᠬ᠎ᠠ ᠤᠳᠠᠭ᠎ᠠ ᠳᠤᠷᠠᠳᠤᠨ ᠭᠠᠷᠭᠠᠪᠠ᠃ |