2023 ᠣᠨ ᠤ ᠵᠠᠰᠠᠭ ᠤᠨ ᠣᠷᠳᠤᠨ ᠤ ᠠᠵᠢᠯ ᠤᠨ ᠢᠯᠡᠳᠬᠡᠯ ︵ᠨᠢᠭᠡ︶
ᠨᠡᠶᠢᠲᠡᠯᠡᠭᠰᠡᠨ ᠴᠠᠭ᠄
2023/10/8
ᠠᠯᠠᠱᠠ ᠵᠡᠭᠦᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠤᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯᠳᠤᠭᠠᠨ ᠤ ᠵᠠᠰᠠᠭ ᠤᠨ ᠣᠷᠳᠤᠨ ᠤ ᠠᠵᠢᠯ ᠤᠨ ᠢᠯᠡᠳᠬᠡᠯ                   — ᠠᠯᠠᠱᠠ ᠵᠡᠭᠦᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠤᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯᠳᠤᠭᠠᠨ ᠳᠠᠬᠢ ᠠᠵᠢᠯ ᠤᠨ ᠢᠯᠡᠳᠬᠡᠯ       2022 ᠣᠨ ᠤ 12 ᠳ᠋ᠤᠭᠠᠷ ᠰᠠᠷ᠎ᠠ ᠶᠢᠨ 30 ᠤ ᠡᠳᠣᠷ                               ᠮᠡᠷᠭᠡᠨ            ᠲᠦᠯᠦᠭᠡᠯᠡᠭᠴᠢᠳ ᠡ᠄       ᠣᠳᠤ ᠪᠢ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠳᠦᠯᠦᠬᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠬᠢᠨᠠᠨ ᠵᠥᠪᠯᠡᠬᠦ ᠪᠣᠯᠪᠠᠤ᠂ ᠬᠤᠷᠠᠯ ᠳᠤ ᠣᠷᠣᠯᠴᠠᠭᠰᠠᠨ ᠣᠯᠣᠰ ᠲᠦᠷᠦ  ᠶᠢᠨ  ᠵᠥᠪᠯᠡᠯᠭᠡᠨ ᠤ ᠭᠡᠰᠢᠭᠦᠳ ᠪᠣᠯᠣᠨ ᠰᠤᠯᠠ ᠤᠷᠤᠯᠴᠠᠭᠰᠠᠳ ᠰᠠᠨᠠᠯ ᠰᠠᠨᠠᠭᠤᠯᠭ᠎ᠠ ᠪᠠᠨ ᠳᠤᠷᠠᠳᠬᠤ ᠪᠤᠯᠪᠠᠤ᠃      ᠨᠢᠭᠡ᠂ 2022 ᠣᠨ ᠤ ᠠᠵᠢᠯ ᠤᠨ ᠲᠦᠢᠮᠣ      2022 ᠣᠨ ᠪᠣᠯ᠂ ᠨᠠᠮ ᠤᠨ ᠬᠤᠷᠢᠳᠤᠭᠠᠷ ᠶᠡᠭᠡ ᠬᠤᠷᠠᠯ ᠠᠮᠵᠢᠯᠲᠠ ᠲᠠᠢ ᠬᠤᠷᠠᠯᠳᠤᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠬᠤ ᠰᠢᠨ᠎ᠡ ᠠᠶᠠᠨ ᠵᠠᠮ ᠳᠤ ᠣᠷᠣᠬᠤ ᠴᠢᠬᠤᠯᠠ ᠵᠢᠯ ᠮᠥᠨ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠲᠠᠬᠤᠯ ᠂ ᠠᠵᠤ ᠠᠬᠤᠢ ᠶᠢᠨ ᠬᠦᠨᠳᠦ ᠬᠡᠴᠡᠭᠦᠦ ᠨᠥᠬᠦᠴᠡᠯ ᠪᠠᠶᠢᠳᠠᠯ ᠲᠠᠢ ᠨᠢᠭᠤᠷᠯᠠᠭᠰᠠᠨ ᠦᠶ᠎ᠡ ᠳᠤ ᠂ ᠠᠶᠢᠮᠠᠭ ᠤᠨ ᠨᠠᠮ ᠤᠨ ᠬᠤᠷᠢᠶ᠎ᠠ᠂ ᠵᠠᠰᠠᠭ ᠵᠠᠬᠢᠷᠭ᠎ᠠ ᠪᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠪᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠦᠵᠡᠯ ᠪᠠᠷᠢᠮᠲᠠᠯᠠᠯ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠲᠤᠤᠱᠯᠠᠭᠤᠯᠤᠨ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷᠯᠢᠭ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ︽ᠵᠢᠷᠭᠤᠭᠠᠨ ᠭᠤᠷᠪᠠ︾ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠳᠠᠲᠠᠢ ᠠᠷᠭ᠎ᠠ ᠬᠡᠮᠵᠢᠶ᠎ᠡ ᠶᠢ ᠡᠷᠴᠢᠮᠲᠡᠢ ᠬᠡᠷᠡᠭᠵᠢᠭᠦᠯᠵᠦ᠂ ᠪᠥᠬᠦ ᠬᠤᠰᠢᠭᠤᠨ ᠤ ᠠᠵᠢᠯ ᠦᠢᠯᠡᠰ ᠢ ᠰᠢᠨ᠎ᠡ ᠠᠮᠵᠢᠯᠲᠠ ᠳᠤ ᠬᠦᠷᠭᠡᠪᠡ᠃       ᠵᠢᠱᠢᠯᠲᠡ ᠪᠠᠷ 2022 ᠣᠨ ᠳᠤ ᠪᠥᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 2% ᠢᠶᠠᠷ ᠨᠡᠮᠡᠭᠳᠡᠪᠡ᠃ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 40% ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠥᠰᠥᠯᠲᠡ ᠶᠢᠨ ᠦᠷᠳᠡᠭ ᠢ 6% ᠪᠠᠷ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ 3% ᠪᠠᠷ ᠨᠡᠮᠡᠭᠳᠡᠪᠡ᠃ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ 6.6% ᠪᠠᠷ ᠨᠡᠮᠡᠭᠳᠡᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠥᠰᠥᠯᠲᠡ ᠶᠢᠨ ᠬᠤᠷᠳᠤᠴᠠ ᠨᠢ ᠠᠵᠤ ᠠᠬᠤᠢ ᠶᠢᠨ ᠥᠰᠦᠯᠲᠡ ᠶᠢᠨ ᠬᠤᠷᠳᠤ ᠠᠴᠠ ᠥᠨᠳᠥᠷ ᠪᠠᠶᠢᠨ᠎ᠠ ᠃ ᠮᠠᠨ ᠤ ᠬᠤᠰᠢᠭᠤ ᠳᠤᠮᠳᠠᠳᠤ ᠤᠯᠤᠰ ᠤᠨ ᠪᠠᠷᠠᠭᠤᠨ ᠣᠷᠣᠨ ᠤ 100 ᠬᠦᠴᠦᠷᠬᠡ ᠬᠤᠰᠢᠭᠤ ᠰᠢᠶᠠᠨ ᠤ ᠵᠢᠭᠰᠠᠭᠠᠯᠲᠠ ᠳᠤ ᠪᠦᠷᠢᠳᠬᠡᠭᠳᠡᠭᠰᠡᠨ ᠪᠠᠶᠢᠨ᠎ᠠ᠃       ᠥᠩᠭᠡᠷᠡᠭᠰᠡᠨ ᠨᠢᠭᠡ ᠵᠢᠯ ᠤᠨ ᠬᠤᠭᠤᠴᠠᠭᠠᠨ ᠳᠤ᠂ ᠪᠢᠳᠡ ᠳᠠᠷᠠᠭᠠᠬᠢ ᠲᠤᠯᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠭᠦᠢᠴᠡᠳᠬᠡᠪᠡ᠄       ︵ᠨᠢᠭᠡ︶ ᠥᠰᠦᠯᠲᠡ ᠶᠢ ᠲᠣᠭᠲᠠᠪᠤᠷᠢᠵᠢᠭᠤᠯᠤᠨ᠂ ᠬᠡᠯᠪᠡᠷᠢ ᠶᠢᠨ ᠰᠢᠨᠡᠴᠢᠯᠡᠯᠲᠡ ᠶᠢ ᠠᠬᠢᠭᠤᠯᠵᠤ᠂ ᠠᠵᠤ ᠠᠬᠤᠢ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠪᠡ       ᠮᠠᠯ ᠲᠠᠷᠢᠶᠠᠯᠠᠩ ᠠᠵᠤ ᠠᠬᠤᠢ ᠶᠢᠨ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠪᠠ᠃ ᠲᠠᠷᠢᠮᠠᠯ ᠤᠨ ᠨᠡᠶᠢᠲᠡ ᠲᠠᠯᠠᠪᠠᠶ 28.37 ᠲᠦᠮᠡᠨ ᠮᠦ ᠪᠠᠶᠢᠵᠤ᠂ ᠠᠮᠤ ᠪᠤᠳᠠᠭᠠᠨ ᠤ ᠤᠨᠠᠯᠲᠠ 1.3 ᠳ᠋ᠦᠩᠰᠢᠭᠤᠷ ᠵᠢᠩ ᠳᠤ ᠬᠦᠷᠴᠦ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠬᠠᠩᠭᠠᠯᠭ᠎ᠠ ᠤᠯᠠᠮ ᠪᠠᠬᠢᠵᠢᠪᠡ᠃ 1.5 ᠲᠦᠮᠡᠨ ᠮᠦ ᠥᠨᠳᠥᠷ ᠵᠡᠷᠭᠡᠯᠡᠯ ᠤᠨ ᠲᠠᠷᠢᠶᠠᠨ ᠭᠠᠵᠠᠷ ᠢ ᠪᠦᠲᠦᠭᠡᠨ ᠪᠠᠶᠢᠭᠤᠯᠵᠤ᠂ ᠪᠣᠬᠢᠷᠳᠤᠯ ᠦᠭᠡᠢ ᠴᠢᠨᠠᠷᠯᠢᠭ ᠥᠨᠳᠥᠷ ᠦᠷ᠎ᠡ ᠠᠰᠢᠭ ᠲᠠᠢ ᠠᠮᠤ ᠪᠤᠳᠠᠭ᠎ᠠ ᠨᠡᠮᠡᠭᠳᠡᠭᠦᠯᠬᠦ ᠵᠢᠱᠢᠶ᠎ᠡ ᠦᠵᠡᠭᠦᠯᠬᠦ 22 ᠬᠡᠰᠡᠭ ︵ᠲᠠᠷᠢᠶᠠᠨ ᠭᠠᠵᠠᠷ︶ ᠢ ᠪᠠᠶᠢᠭᠤᠯᠪᠠ᠃ ᠲᠠᠷᠢᠮᠠᠯ ᠤᠨ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠲᠦᠪᠰᠢᠨ 88.4% ᠳᠤ ᠬᠦᠷᠴᠦ᠂ ︽ᠪᠦᠬᠦ ᠤᠯᠤᠰ ᠤᠨ ᠵᠢᠷᠭᠤᠳᠤᠭᠠᠷ ᠪᠦᠯᠦᠭ ᠤᠨ ᠭᠤᠣᠯ ᠪᠣᠯᠬᠤ ᠲᠠᠷᠢᠮᠠᠯ ᠤᠨ ᠦᠢᠯᠡᠳᠪᠦᠷᠢᠯᠡᠯ ᠤᠨ ᠪᠦᠬᠦ ᠶᠠᠪᠤᠴᠠ ᠶᠢᠨ ᠮᠠᠰᠢᠨᠴᠢᠯᠠᠯᠲᠠ ᠶᠢᠨ ᠵᠢᠱᠢᠶ᠎ᠡ ᠦᠵᠡᠭᠦᠯᠬᠦ  ᠬᠤᠰᠢᠭᠤ ᠰᠢᠶᠠᠨ︾ ᠳᠤ ᠠᠮᠵᠢᠯᠲᠠ ᠲᠠᠢ ᠪᠠᠷ ᠰᠣᠩᠭᠤᠭᠳᠠᠪᠠ᠃ ᠪᠥᠬᠦ ᠬᠤᠰᠢᠭᠤᠨ ᠤ ᠮᠠᠯ ᠤᠨ ᠶᠡᠷᠦᠩᠬᠡᠢ ᠲᠤᠭ᠎ᠠ ᠲᠣᠯᠣᠭᠠᠢ 78.39 ᠲᠦᠮᠡ ᠳᠤ ᠬᠦᠷᠴᠦ᠂ ᠴᠠᠭᠠᠨ ᠨᠣᠯᠤᠥᠷ ᠤᠨ ᠢᠮᠠᠭ᠎ᠠ᠂ ᠬᠤᠣᠰ ᠪᠥᠬᠦᠲᠦ ᠲᠡᠮᠡᠭᠡ᠂ ᠮᠣᠩᠭᠤᠯ ᠦᠬᠡᠷ ᠤᠨ ᠭᠤᠣᠯ ᠰᠦᠷᠦᠭ ᠢ ᠬᠥᠭᠵᠢᠭᠦᠯᠵᠦ᠂ ᠮᠠᠯ ᠤᠨ ᠰᠢᠯᠢᠳᠡᠭ ᠡᠭᠦᠯᠳᠡᠷ ᠤᠨ ᠠᠵᠤ ᠦᠢᠯᠡᠰ ᠢ ᠵᠣᠬᠢᠰᠲᠠᠢ ᠬᠥᠭᠵᠢᠭᠦᠯᠪᠠ᠃ ᠰᠦᠨ ᠤ ᠦᠢᠯᠡᠳᠪᠦᠷᠢ ᠶᠢ ᠰᠡᠷᠭᠦᠭᠡᠨ ᠬᠥᠭᠵᠢᠭᠦᠯᠵᠤ᠂ ᠵᠢᠯ ᠳᠤ 11.8 ᠲᠦᠮᠡᠨ ᠲᠣᠨ ᠰᠦ ᠦᠢᠯᠡᠳᠪᠦᠷᠢᠯᠡᠪᠡ᠃ ᠵᠢᠯ ᠤᠨ ᠪᠣᠷᠤᠯᠠᠭᠤᠯᠭ᠎ᠠ ᠶᠢᠨ ᠨᠣᠷᠮ᠎ᠠ  ᠨᠢ 500 ᠲᠦᠮᠡᠨ ᠲᠥᠭᠦᠷᠢᠭ ᠠᠴᠠ ᠳᠡᠭᠡᠭᠰᠢᠬᠢ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠣᠯᠪᠠᠰᠤᠷᠠᠭᠤᠯᠬᠤ ᠠᠵᠤ ᠠᠬᠤᠶᠢᠯᠠᠯ 38 ᠪᠣᠯᠵᠤ᠂ ᠰᠢᠩ ᠮᠤ᠋ ᠬᠤᠨᠢ ᠮᠠᠯ ᠢ ᠨᠢᠲᠤᠯᠬᠤ᠂ ᠰᠣᠷᠭᠤᠭ ᠢᠶᠠᠷ ᠨᠢ ᠬᠠᠳᠠᠭᠠᠯᠠᠵᠤ ᠲᠡᠭᠡᠭᠡᠪᠦᠷᠢᠯᠡᠬᠦ᠂ ᠶᠦᠩ ᠬᠤᠸ ᠰᠠᠭᠠᠯᠢ ᠶᠢᠨ ᠦᠨᠢᠶ᠎ᠡ ᠶᠢᠨ ᠰᠠᠭᠤᠷᠢᠨ ᠭᠠᠵᠠᠷ ᠵᠡᠷᠭᠡ ᠲᠥᠷᠥᠯ ᠵᠦᠢᠯ ᠢ ᠪᠦᠲᠦᠭᠡᠨ ᠪᠠᠶᠢᠭᠤᠯᠵᠤ᠂ ᠮᠠᠯ ᠲᠠᠷᠢᠶᠠᠯᠠᠩ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠶᠢ ᠨᠠᠩ ᠲᠡᠭᠦᠯᠳᠡᠷᠵᠢᠭᠦᠯᠪᠡ᠃       ᠠᠵᠤ ᠦᠢᠯᠡᠳᠪᠦᠷᠢ ᠶᠢᠨ ᠬᠡᠯᠪᠡᠷᠢ ᠪᠠᠨ ᠥᠭᠡᠷᠡᠴᠢᠯᠡᠨ ᠰᠢᠨᠡᠴᠢᠯᠡᠬᠦ ᠬᠤᠷᠳᠤ ᠪᠠᠨ ᠲᠦᠷᠭᠡᠳᠬᠡᠪᠡ᠃ 6 ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ 60.18 ᠳ᠋ᠦᠩᠰᠢᠭᠤᠷ ᠲᠥᠭᠦᠷᠢᠭ ᠲᠤ ᠬᠦᠷᠴᠦ᠂ 25.1% ᠪᠠᠷ ᠨᠡᠮᠡᠭᠳᠡᠭᠦᠯᠪᠡ᠃ ᠴᠠᠬᠢᠯᠭᠠᠨ ᠬᠦᠴᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠵᠢᠴᠢ ᠪᠣᠯᠪᠠᠰᠤᠷᠠᠭᠤᠯᠬᠤ ᠵᠡᠷᠭᠡ ᠠᠵᠢᠯ ᠲᠥᠷᠥᠯ ᠨᠢ ᠮᠥᠨ ᠬᠦ ᠠᠵᠤ ᠠᠬᠤᠢ ᠶᠢᠨ ᠥᠰᠥᠯᠲᠡ ᠶᠢᠨ ᠲᠤᠯᠭᠠᠭᠤᠷᠢᠯᠠᠬᠤ ᠴᠡᠭ ᠪᠣᠯᠣᠭᠰᠠᠭᠠᠷ ᠪᠠᠶᠢᠨ᠎ᠠ᠃ ᠪᠠᠲᠤᠯᠠᠭ᠎ᠠ ᠶᠢᠨ ᠴᠢᠨᠠᠷᠲᠠᠢ 100 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠳᠤ ᠲᠣᠣᠷ ᠨᠡᠶᠢᠯᠡᠭᠦᠯᠦᠨ ᠴᠠᠬᠢᠯᠭᠠᠨ ᠭᠠᠷᠭᠠᠬᠤ ᠶᠢ ᠱᠠᠲᠤ ᠲᠠᠷᠠᠭ᠎ᠠ ᠲᠠᠢ ᠪᠠᠷ ᠪᠡᠶᠡᠯᠡᠭᠦᠯᠵᠦ᠂ 160 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠭᠠᠵᠠᠷ᠂ ᠬᠤᠸ ᠶᠠ 500 ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠨᠢ ᠪᠠᠷᠢᠯᠭ᠎ᠠ ᠪᠠᠷᠢᠬᠤ ᠱᠠᠲᠤᠨ ᠳᠤ ᠣᠷᠣᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠶᠡᠷᠦᠩᠬᠡᠢ ᠪᠠᠭᠲᠠᠭᠠᠮᠵᠢ 353 ᠲᠦᠮᠡᠨ ᠺᠢᠯᠣᠸᠠᠲ ᠲᠤ ᠬᠦᠷᠴᠦ᠂ ᠴᠠᠬᠢᠯᠭᠠᠨ ᠭᠠᠷᠭᠠᠬᠤ ᠬᠡᠮᠵᠢᠶ᠎ᠡ 11.16 ᠳ᠋ᠦᠩᠰᠢᠭᠤᠷ ᠭᠷᠡᠳᠦ᠋ᠰ ᠲᠤ ᠬᠦᠷᠴᠦ᠂ ᠰᠢᠨ᠎ᠡ ᠡᠨᠧᠷᠭᠢ ᠶᠢᠨ ᠠᠵᠤ ᠦᠢᠯᠡᠰ ᠤᠨ ᠠᠵᠤ ᠠᠬᠤᠢ ᠳᠤ ᠦᠵᠡᠭᠦᠯᠬᠦ ᠬᠤᠪᠢ ᠨᠡᠮᠡᠷᠢ ᠶᠢ ᠦᠷᠭᠦᠯᠵᠢᠯᠡᠨ ᠨᠡᠮᠡᠭᠳᠡᠭᠦᠯᠪᠡ᠃ ᠬᠤᠸᠠᠪᠸᠢ ᠴᠢᠯᠠᠭᠤᠨ ᠲᠣᠰᠣ᠂ ᠶᠢᠨ ᠪᠤᠯᠠᠭ ᠪᠠᠯ ᠴᠢᠯᠠᠭᠤᠨ ᠤ ᠦᠢᠯᠡᠳᠪᠦᠷᠢᠯᠡᠯ ᠤᠨ ᠴᠢᠳᠠᠪᠤᠷᠢ ᠶᠢ ᠤᠯᠠᠮ ᠪᠠᠳᠠᠷᠠᠭᠤᠯᠪᠠ᠃ ᠲᠦᠸᠧ ᠵᠦᠩ ᠸᠠᠩ ᠪᠣᠯᠣᠨ ᠮᠠᠨᠳᠠᠯ᠂ ᠱᠠᠩ ᠷᠦᠩ ᠶᠤᠸᠠᠨ ᠺᠣᠮᠫᠠᠨᠢ ᠨᠢ ᠲᠣᠰ ᠲᠣᠰ ᠥᠪᠡᠷᠲᠡᠭᠡᠨ ᠵᠠᠰᠠᠬᠤ ᠣᠷᠣᠨ ᠤ ︽ᠲᠤᠰᠬᠠᠢ᠂ ᠨᠠᠷᠢᠨ᠂ ᠥᠪᠡᠷᠮᠢᠴᠡ᠂ ᠰᠢᠨ᠎ᠡ︾ ︽ᠰᠢᠨ᠎ᠡ ᠶᠢ ᠡᠭᠦᠳᠬᠦ ᠬᠡᠯᠪᠡᠷᠢ ︾ ᠶᠢᠨ ᠠᠵᠤ ᠠᠬᠤᠶᠢᠯᠠᠯ ᠤᠨ ᠨᠡᠷᠡᠰ ᠲᠤ ᠰᠣᠩᠭᠤᠭᠳᠠᠵᠤ᠂ ᠲᠣᠰ ᠬᠦᠷᠢᠶᠡᠨ ᠳᠠᠬᠢ ᠳᠤᠮᠳᠠ ᠪᠠᠭ᠎ᠠ ᠠᠵᠤ ᠠᠬᠤᠶᠢᠯᠠᠯ ᠪᠠᠶᠢᠬᠤ ᠦᠭᠡᠢ ᠪᠠᠶᠢᠭᠰᠠᠨ ᠲᠡᠤᠬᠡ ᠶᠢ ᠡᠴᠦᠰᠯᠡᠭᠦᠯᠵᠦ᠂ ᠪᠥᠬᠦ ᠬᠤᠰᠢᠭᠤᠨ ᠤ ᠠᠵᠤ ᠦᠢᠯᠡᠳᠪᠦᠷᠢ ᠶᠢᠨ ᠠᠵᠤ ᠦᠢᠯᠡᠰ ᠤᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠪᠡ᠃       ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠴᠢᠨᠠᠷ ᠴᠢᠨᠰᠠᠭ᠎ᠠ ᠶᠢ ᠰᠠᠶᠢᠵᠢᠷᠠᠭᠤᠯᠤᠨ ᠰᠢᠨᠡᠴᠢᠯᠡᠪᠡ᠃ 2000 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠬᠤᠨᠳᠣ ᠶᠢᠨ ︵ᠤᠯᠠᠭᠠᠨ ᠤ︶ ᠨᠠᠭᠤᠷ ᠤᠨ ᠦᠵᠡᠮᠵᠢ ᠶᠢᠨ ᠣᠷᠣᠨ ᠤ ᠰᠠᠭᠤᠷᠢ ᠲᠥᠬᠦᠭᠡᠷᠦᠮᠵᠢ ᠶᠢ ᠳᠡᠭᠡᠭᠰᠢᠯᠡᠭᠦᠯᠦᠨ ᠥᠭᠡᠷᠡᠴᠢᠯᠡᠬᠦ᠂ ᠤᠯᠠᠭᠠᠨᠮᠥ᠋ᠴᠢᠷ ᠤᠨ ᠠᠷᠠᠳ ᠲᠤ ᠠᠰᠢᠭ ᠬᠦᠷᠲᠡᠭᠡᠬᠦ ᠪᠣᠯᠪᠠᠰᠤᠷᠠᠯ ᠤᠨ ᠲᠢᠩᠬᠢᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠪᠠ᠃ ᠬᠤᠯᠠᠳᠠᠬᠢᠨ ᠢ ᠲᠣᠭᠲᠠᠭᠠᠭᠴᠢ ᠬᠤᠷᠢᠶ᠎ᠠ ᠨᠢ ᠥᠪᠡᠷᠲᠡᠭᠡᠨ ᠵᠠᠰᠠᠬᠤ ᠣᠷᠣᠨ ᠤ ᠳᠡᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ᠂ ᠰᠥᠨᠢ ᠶᠢᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠲᠣᠭᠤᠷᠢᠭ ᠢᠶᠠᠷ ᠵᠥᠪᠰᠢᠶᠡᠷᠡᠭᠳᠡᠵᠦ᠂ ᠡᠮᠦᠨᠡᠭᠤᠣᠯ ᠭᠠᠴᠠᠭ᠎ᠠ ᠨᠢ ᠥᠪᠡᠷᠲᠡᠭᠡᠨ ᠵᠠᠰᠠᠬᠤ ᠣᠷᠣᠨ ᠤ ᠳᠡᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠢᠶᠠᠷ ᠦᠨᠡᠯᠡᠭᠳᠡᠪᠡ᠃ ᠭᠠᠳᠠᠭᠠᠳᠤ ᠠᠷᠠᠯᠵᠢᠶᠠᠨ ᠤ ᠬᠥᠭᠵᠢᠯᠲᠡ ᠶᠢ ᠣᠯᠠᠨ ᠲᠠᠯ᠎ᠠ ᠪᠠᠷ ᠠᠬᠢᠭᠤᠯᠵᠤ᠂ ᠭᠠᠳᠠᠭᠠᠳᠤ ᠭᠠᠷᠭᠠᠯᠲᠠ ᠶᠢᠨ ᠬᠡᠮᠵᠢᠶ᠎ᠡ 9120.77 ᠲᠦᠮᠡᠨ ᠲᠥᠭᠦᠷᠢᠭ ᠲᠤ ᠬᠦᠷᠴᠦ᠂ 94.73% ᠪᠠᠷ ᠨᠡᠮᠡᠭᠳᠡᠪᠡ᠃ 59 ᠬᠡᠷᠡᠭᠯᠡᠭᠡ ᠶᠢ ᠳᠡᠮᠵᠢᠬᠦ ᠦᠢᠯᠡ ᠠᠵᠢᠯᠯᠠᠭ᠎ᠠ ᠶᠢ ᠥᠷᠨᠢᠭᠦᠯᠵᠦ᠂ ᠪᠣᠷᠤᠯᠠᠭᠤᠯᠭ᠎ᠠ ᠶᠢᠨ ᠬᠡᠮᠵᠢᠶ᠎ᠡ 1.56 ᠳ᠋ᠦᠩᠰᠢᠭᠤᠷ ᠲᠥᠭᠦᠷᠢᠭ ᠲᠤ ᠬᠦᠷᠴᠦ᠂ ᠪᠣᠷᠤᠯᠠᠭᠤᠯᠭ᠎ᠠ ᠪᠠ ᠠᠰᠢᠭ ᠢ ᠵᠡᠷᠭᠡᠪᠡᠷ ᠨᠡᠮᠡᠭᠳᠡᠭᠦᠯᠬᠦ ᠶᠢ ᠪᠡᠶᠡᠯᠡᠭᠦᠯᠵᠦ᠂ ᠬᠤᠰᠢᠭᠤ ᠰᠢᠶᠠᠨ ᠤ ᠲᠥᠪᠰᠢᠨ ᠤ ᠠᠷᠠᠯᠵᠢᠶᠠᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ᠵᠢᠱᠢᠶᠡᠴᠢ  ᠬᠤᠰᠢᠭᠤ ᠰᠢᠶᠠᠨ ᠢᠶᠠᠷ ᠰᠢᠯᠭᠠᠷᠠᠪᠠ᠃       ︵ᠬᠤᠶᠠᠷ︶ ᠪᠦᠲᠦᠭᠡᠨ ᠪᠠᠶᠢᠭᠤᠯᠤᠯᠲᠠ ᠶᠢ ᠠᠳᠬᠤᠵᠤ᠂ ᠠᠵᠤ ᠦᠢᠯᠡᠰ ᠢ ᠬᠦᠴᠦᠷᠬᠡᠭᠵᠢᠭᠦᠯᠵᠦ᠂ ᠰᠢᠨ᠎ᠡ ᠠᠵᠤ ᠦᠢᠯᠡᠰ ᠤᠨ ᠴᠣᠭᠴᠠ ᠶᠢ ᠪᠤᠢ ᠪᠣᠯᠭᠠᠪᠠ       ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠠᠵᠢᠯ ᠢ ᠤᠷᠤᠭᠰᠢᠲᠠᠢ ᠠᠬᠢᠭᠤᠯᠪᠠ᠃ 52 ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ 107.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠣᠨ ᠤ ᠲᠥᠯᠥᠪᠯᠡᠭᠡ ᠶᠢᠨ ᠪᠡᠯᠡ ᠣᠷᠣᠭᠤᠯᠤᠯᠲᠠ ᠶᠢᠨ 105.6% ᠶᠢ ᠪᠡᠶᠡᠯᠡᠭᠦᠯᠪᠡ᠃ ᠡᠭᠦᠨ ᠳᠤ᠂ ᠠᠶᠢᠮᠠᠭ ᠤᠨ ᠲᠠᠰ ᠤᠨ ᠬᠢᠨᠠᠨ ᠰᠢᠯᠭᠠᠬᠤ ᠲᠥᠷᠥᠯ ᠵᠦᠢᠯ 16 ᠪᠠᠶᠢᠵᠤ᠂ 82.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠣᠨ ᠤ ᠲᠥᠯᠥᠪᠯᠡᠭᠡ ᠶᠢᠨ ᠪᠡᠯᠡ ᠣᠷᠣᠭᠤᠯᠤᠯᠲᠠ ᠶᠢᠨ 101% ᠶᠢ ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 186.4% ᠪᠠᠷ ᠳᠡᠭᠡᠭᠰᠢᠯᠡᠪᠡ᠃ ᠲᠥᠷᠥᠯ ᠵᠦᠢᠯ ᠤᠨ ᠭᠠᠷᠳᠠᠮ ᠢ ᠭᠦᠢᠴᠡᠳᠬᠡᠭᠰᠡᠨ ᠨᠣᠷᠮ᠎ᠠ᠂ ᠠᠵᠢᠯ ᠢᠶᠠᠨ ᠡᠬᠢᠯᠡᠭᠦᠯᠦᠭᠰᠡᠨ ᠨᠣᠷᠮ᠎ᠠ ᠪᠠ ᠪᠡᠯᠡ ᠣᠷᠣᠭᠤᠯᠤᠯᠲᠠ ᠶᠢᠨ ᠨᠣᠷᠮ᠎ᠠ ᠴᠥᠮ ᠪᠥᠬᠦ ᠠᠶᠢᠮᠠᠭ ᠤᠨ ᠲᠡᠷᠢᠭᠦᠨ ᠳᠤ ᠵᠢᠭᠰᠠᠭᠠᠭᠳᠠᠪᠠ᠃ ᠡᠨᠧᠷᠭᠢ ᠶᠢᠨ ᠰᠤᠷᠪᠤᠯᠵᠢ᠂ ᠰᠢᠨ᠎ᠡ ᠮᠠᠲ᠋ᠧᠷᠢᠶᠠᠯ᠂ ᠥᠨᠳᠥᠷ ᠵᠡᠷᠭᠡᠯᠡᠯ ᠤᠨ ᠮᠠᠯ ᠠᠵᠤ ᠠᠬᠤᠢ ᠵᠡᠷᠭᠡ 8  ᠲᠥᠰᠥᠯ ᠳᠤ ᠭᠡᠷ᠎ᠡ ᠲᠣᠭᠲᠠᠵᠤ᠂ ᠶᠡᠷᠦᠩᠬᠡᠢ ᠪᠡᠯᠡ ᠣᠷᠣᠭᠤᠯᠤᠯᠲᠠ ᠨᠢ 1105.87 ᠳ᠋ᠦᠩᠰᠢᠭᠤᠷ ᠲᠥᠭᠦᠷᠢᠭ ᠲᠤ ᠬᠦᠷᠴᠦ᠂ 2022 ᠣᠨ ᠳᠤ ᠠᠷᠠᠯᠵᠢᠶᠠᠴᠢᠨ ᠤᠷᠢᠵᠤ ᠬᠥᠷᠥᠩᠭᠡ ᠣᠷᠣᠭᠤᠯᠤᠭᠰᠠᠨ ᠪᠡᠯᠡ ᠮᠥᠩᠭᠦ 50.78 ᠳ᠋ᠦᠩᠰᠢᠭᠤᠷ ᠲᠥᠭᠦᠷᠢᠭ ᠲᠤ ᠬᠦᠷᠴᠦ᠂ 806% ᠪᠠᠷ ᠨᠡᠮᠡᠭᠳᠡᠪᠡ᠃       ᠠᠵᠤ ᠦᠢᠯᠡᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠪᠠ᠃ ᠣᠯᠠᠨᠪᠤᠯᠠᠭ ᠠᠵᠤ ᠦᠢᠯᠡᠰ ᠤᠨ ᠬᠦᠷᠢᠶᠡᠯᠡᠩ ᠨᠢ ᠠᠯᠪᠠᠨ ᠶᠣᠰᠣ ᠪᠠᠷ ᠨᠡᠭᠡᠭᠡᠯᠲᠡ ᠪᠠᠨ ᠬᠢᠵᠤ᠂ ᠭᠠᠵᠠᠷ ᠰᠢᠷᠣᠢ ᠲᠠᠲᠠᠪᠤᠷᠢᠯᠠᠬᠤ᠂ ᠲᠥᠯᠦᠪᠵᠢᠭᠦᠯᠭᠡ ᠶᠢ ᠬᠢᠨᠠᠨ ᠲᠣᠭᠲᠠᠭᠠᠬᠤ ᠵᠡᠷᠭᠡ ᠤᠷᠢᠳᠴᠢᠯᠠᠭᠰᠠᠨ ᠠᠵᠢᠯ ᠢ ᠪᠡᠶᠡᠯᠡᠭᠦᠯᠵᠦ᠂ ᠠᠷᠠᠯᠵᠢᠶᠠᠴᠢᠨ ᠤᠷᠢᠬᠤ ᠶᠢᠨ ᠬᠠᠮᠲᠤ  ᠴᠠᠬᠢᠯᠭᠠᠨ ᠬᠦᠴᠦᠨ ᠤ ᠡᠬᠢ ᠡᠭᠦᠰᠪᠦᠷᠢ ᠂ ᠰᠦᠯᠵᠢᠶ᠎ᠡ ᠂ ᠠᠴᠢᠶᠠᠯᠠᠯ ᠂ ᠬᠠᠳᠠᠭᠠᠯᠠᠬᠤ ᠶᠢ ᠨᠢᠭᠡᠳᠬᠡᠭᠰᠡᠨ ᠲᠦᠷᠦᠯ ᠵᠦᠢᠯ ᠤᠨ ᠬᠡᠯᠡᠯᠴᠡᠭᠡᠷ ᠲᠣᠭᠲᠠᠵᠤ᠂ ᠨᠡᠭᠦᠷᠡᠰᠦᠲᠥ᠋ᠷᠥᠭᠴᠢ ᠢᠯᠭᠠᠷᠠᠭᠤᠯᠬᠤ ᠦᠭᠡᠢ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠪᠠ᠃ 1.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠥᠯᠵᠡᠢ ᠪᠣᠭᠤᠮᠲᠠ ᠶᠢᠨ ᠰᠢᠯᠭᠠᠨ ᠪᠠᠶᠢᠴᠠᠭᠠᠬᠤ ᠠᠰᠠᠷ ᠵᠡᠷᠭᠡ 3 ᠭᠤᠣᠯᠳᠠᠯᠭ᠎ᠠ ᠲᠠᠢ ᠲᠥᠷᠥᠯ ᠵᠦᠢᠯ ᠢ ᠪᠡᠶᠡᠯᠡᠭᠦᠯᠵᠦ᠂ ᠪᠣᠭᠤᠮᠲᠠ ᠪᠠᠷ ᠪᠣᠭᠤᠨᠢ ᠬᠤᠭᠤᠴᠠᠭᠠᠨ ᠳᠤ ᠪᠠᠷᠠᠭ᠎ᠠ ᠥᠩᠭᠡᠷᠡᠭᠦᠯᠬᠦ ᠶᠢ ᠪᠡᠶᠡᠯᠡᠭᠦᠯᠪᠡ᠃ ᠠᠯᠠᠱᠠ ᠶᠢᠨ ᠠᠮᠢ ᠠᠬᠤᠢ ᠶᠢᠨ ᠠᠵᠤ ᠦᠢᠯᠡᠰ ᠤᠨ ᠰᠢᠨᠵᠢᠯᠡᠭᠡ ᠮᠡᠷᠭᠡᠵᠢᠯ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠢ ᠤᠯᠤᠰ ᠤᠨ ᠳᠠᠰ ᠤᠨ ᠣᠶ ᠰᠢᠭᠤᠢ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠢᠶᠠᠷ ᠮᠠᠭᠠᠳᠯᠠᠨ ᠲᠣᠭᠲᠠᠭᠠᠵᠤ᠂ ᠦᠢᠯᠡ ᠠᠵᠢᠯᠯᠠᠭ᠎ᠠ ᠪᠠᠨ ᠡᠬᠢᠯᠡᠭᠦᠯᠦᠭᠰᠡᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢ ᠴᠡᠭᠴᠡ ᠲᠠᠢ ᠠᠬᠢᠭᠤᠯᠵᠤ᠂ ᠡᠮ ᠪᠠ ᠢᠳᠡᠭᠡᠨ ᠤ ᠠᠵᠤ ᠠᠬᠤᠶᠢᠯᠠᠯ ᠤᠨ 42 ᠦᠢᠯᠡᠳᠬᠦᠨ ᠢ ᠠᠮᠵᠢᠯᠲᠠᠲᠠᠢ ᠰᠤᠳᠤᠯᠤᠨ ᠨᠡᠭᠡᠭᠡᠪᠡ᠃       ︵ᠭᠤᠷᠪᠠ︶ ᠬᠠᠮᠠᠭᠠᠯᠠᠬᠤ ᠶᠢ ᠴᠢᠬᠤᠯᠠᠴᠢᠯᠠᠵᠤ᠂ ᠪᠣᠬᠢᠷᠳᠤᠯ ᠢ ᠵᠠᠰᠠᠵᠤ᠂ ᠠᠮᠢ ᠠᠬᠤᠢ ᠶᠢᠨ ᠰᠢᠰᠲ᠋ᠧᠮ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠪᠡ       ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠡᠷᠴᠢᠮ ᠢ ᠴᠢᠩᠭᠠᠷᠠᠭᠤᠯᠪᠠ᠃ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠴᠥᠭᠦᠷᠥᠮ ᠡᠪᠡᠰᠦ ᠡᠯᠡᠰᠦ ᠶᠢ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠪᠠᠷ ᠵᠠᠰᠠᠬᠤ ᠶᠢ ᠪᠠᠷᠢᠮᠲᠠᠯᠠᠵᠤ᠂ ᠪᠠᠶᠢᠭᠠᠯᠢ ᠶᠢᠨ ᠤᠢ ᠶᠢᠨ ᠡᠬᠢ ᠪᠠᠶᠠᠯᠢᠭ ᠢ ᠬᠠᠮᠠᠭᠠᠯᠠᠬᠤ᠂ ᠪᠡᠯᠴᠢᠭᠡᠷᠯᠡᠭᠦᠯᠬᠦ ᠶᠢ ᠬᠤᠷᠢᠭᠯᠠᠵᠤ ᠡᠪᠡᠰᠦ ᠪᠡᠯᠴᠢᠭᠡᠷ ᠢ ᠰᠡᠷᠭᠦᠭᠡᠬᠦ᠂ ᠬᠥᠮᠥᠨ ᠤ ᠬᠦᠴᠦ ᠪᠠᠷ  ᠬᠤᠷ᠎ᠠ  ᠣᠷᠣᠭᠤᠯᠬᠤ ᠵᠡᠷᠭᠡ ᠢᠨᠵᠧᠨᠧᠷᠢᠩ ᠢ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠱᠠᠩᠨᠠᠯ ᠨᠥᠬᠦᠪᠦᠷᠢ ᠪᠠ ᠨᠡᠶᠢᠲᠡ ᠶᠢᠨ ᠠᠰᠠᠷᠠᠮᠵᠢ ᠶᠢᠨ ᠤᠢ ᠶᠢᠨ ᠨᠥᠬᠦᠪᠦᠷᠢ ᠪᠡᠯᠡ ᠮᠥᠩᠭᠦ ᠶᠢ 3.41 ᠳ᠋ᠦᠩᠰᠢᠭᠤᠷ ᠲᠥᠭᠦᠷᠢᠭ ᠲᠠᠷᠬᠠᠭᠠᠪᠠ᠃ 11.5 ᠲᠦᠮᠡᠨ ᠮᠦ ᠬᠥᠮᠥᠨ ᠤ ᠬᠦᠴᠦ ᠪᠠᠷ ᠣᠶᠢᠵᠢᠭᠤᠯᠵᠤ᠂ 17 ᠲᠦᠮᠡᠨ ᠮᠦ ᠨᠢᠰᠬᠡᠯ ᠢᠶᠠᠷ ᠣᠶᠢᠵᠢᠭᠤᠯᠵᠤ᠂ 39 ᠲᠦᠮᠡᠨ ᠰᠠᠭᠤᠷᠢ ᠠᠯᠪᠠᠨ ᠵᠢᠷᠤᠮ ᠤᠨ ᠮᠣᠳᠣ ᠳᠠᠷᠢᠵᠤ᠂ 8.14 ᠲᠦᠮᠡᠨ ᠮᠦ ᠬᠥᠮᠥᠨ ᠤ ᠬᠦᠴᠦ ᠪᠠᠷ ᠡᠪᠡᠰᠦ ᠳᠠᠷᠢᠪᠠ᠃ ᠤᠢ ᠰᠢᠭᠤᠢ ᠶᠢᠨ ᠠᠵᠢᠯ ᠢ ᠬᠠᠷᠢᠭᠤᠴᠠᠬᠤ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠤᠢ ᠰᠢᠭᠤᠢ ᠶᠢᠨ ᠳᠠᠷᠤᠭ᠎ᠠ + ᠪᠠᠶᠢᠴᠠᠭᠠᠬᠤ ᠳᠠᠷᠤᠭ᠎ᠠ︾ ᠶᠢᠨ ᠬᠠᠮᠵᠢᠯᠴᠠᠬᠤ ᠲᠣᠭᠲᠠᠴᠠ ᠶᠢ ᠪᠤᠢ ᠪᠣᠯᠭᠠᠪᠠ᠃ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠭᠤᠷᠪᠠᠨ ᠱᠠᠲᠤᠨ ᠤ ᠭᠤᠣᠯ ᠮᠥᠷᠡᠨ ᠨᠠᠭᠤᠷ ᠴᠥᠭᠦᠷᠥᠮ ᠤᠨ ᠠᠵᠢᠯ ᠢ ᠬᠠᠷᠢᠭᠤᠴᠠᠬᠤ ᠳᠠᠷᠤᠭ᠎ᠠ ᠶᠢᠨ ᠰᠢᠰᠲ᠋ᠧᠮ ᠢ ᠲᠡᠭᠦᠯᠳᠡᠷᠵᠢᠭᠦᠯᠪᠠ᠃ ᠵᠡᠭᠦᠨ ᠠᠯᠠᠱᠠ᠂ ᠨᠣᠴᠣᠭᠠᠨ᠎ᠠ᠂ ᠠᠪᠤᠷᠭᠤ ᠭᠦᠷᠪᠡᠯ ᠤᠨ ᠴᠢᠯᠠᠭᠤᠵᠢᠮᠠᠯ ᠤᠨ ᠬᠠᠮᠠᠭᠠᠯᠠᠯᠲᠠ ᠶᠢᠨ ᠣᠷᠣᠨ ᠳᠠᠬᠢ ᠪᠦᠬᠦ ᠠᠭᠤᠷᠬᠠᠢ ᠶᠢ ᠵᠣᠭᠰᠣᠭᠠᠪᠠ᠃ ᠠᠯᠠᠱᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠨᠢ ᠬᠠᠲᠤᠨ ᠭᠤᠣᠯ ᠤᠨ ᠰᠠᠪᠠ ᠭᠠᠵᠠᠷ ᠤᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠬᠠᠮᠠᠭᠠᠯᠠᠯᠲᠠ ᠶᠢᠨ ᠦᠷ᠎ᠡ ᠨᠥᠯᠥᠭᠡ ᠶᠢ ᠦᠨᠡᠯᠡᠬᠦ ᠳᠤ ᠰᠢᠯᠢᠳᠡᠭ ᠦᠨᠡᠯᠡᠭᠡ ᠠᠪᠤᠭᠰᠠᠨ ᠪᠠᠶᠢᠨ᠎ᠠ ᠃       ᠠᠮᠢ ᠠᠬᠤᠢ ᠶᠢᠨ ᠣᠷᠴᠢᠨ ᠨᠥᠬᠦᠴᠡᠯ ᠢ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠪᠡ᠃ ᠴᠡᠯᠮᠡᠭ ᠲᠡᠭᠷᠢ᠂ ᠴᠡᠩᠬᠡᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠠᠵᠢᠯ ᠢ ᠦᠷᠭᠦᠯᠵᠢᠯᠡᠨ ᠡᠷᠴᠢᠮᠲᠡᠢ ᠶᠠᠪᠤᠭᠳᠠᠭᠤᠯᠪᠠ᠃ ᠪᠥᠬᠦ ᠵᠢᠯ ᠤᠨ ᠰᠢᠯᠢᠳᠡᠭ ᠡᠳᠦᠷ ᠤᠨ ᠲᠤᠭ᠎ᠠ ᠶᠢᠨ ᠬᠠᠷᠢᠴᠠᠯ 91.8% ᠳᠤ ᠬᠦᠷᠴᠡᠢ᠃ ᠤᠤᠭᠤᠬᠤ ᠤᠰᠤᠨ ᠤ ᠡᠬᠢ ᠰᠤᠷᠪᠤᠯᠵᠢ ᠶᠢᠨ ᠴᠢᠨᠠᠷ ᠴᠢᠨᠰᠠᠭ᠎ᠠ ᠶᠢ ᠴᠥᠮ ᠪᠠᠷᠢᠮᠵᠢᠶ᠎ᠠ ᠳᠤ ᠬᠦᠷᠭᠡᠪᠡ᠃ ᠬᠦᠨᠳᠦ ᠲᠡᠮᠦᠷᠯᠢᠭ᠂ ᠡᠮᠴᠢᠯᠡᠭᠡᠨ ᠤ ᠬᠠᠶᠠᠭᠳᠠᠯ ᠢ ᠰᠢᠢᠳᠪᠦᠷᠢᠯᠡᠬᠦ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠥᠷᠥᠰᠥ ᠰᠢᠷᠣᠢ ᠶᠢᠨ ᠠᠮᠤᠷ ᠲᠦᠪᠰᠢᠨ ᠢ ᠪᠦᠲᠦᠮᠵᠢᠲᠡᠶ  ᠪᠠᠲᠤᠯᠠᠪᠠ᠃ ᠲᠥᠪ ᠤᠨ ᠬᠤᠶᠠᠳᠤᠭᠠᠷ ᠡᠭᠡᠯᠵᠢ ᠶᠢᠨ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠱᠠᠯᠠᠪᠳᠠᠨ ᠪᠠᠶᠢᠴᠠᠭᠠᠯᠲᠠ ᠳᠤ ᠲᠤᠰᠢᠶᠠᠨ ᠰᠢᠢᠳᠪᠦᠷᠢᠯᠡᠭᠦᠯᠦᠭᠰᠡᠨ 11 ᠵᠠᠬᠢᠳᠠᠯ ᠰᠣᠷᠪᠤᠯᠵᠢᠯᠠᠭ᠎ᠠ ᠶᠢᠨ ᠵᠦᠢᠯ ᠢ ᠪᠦᠬᠦᠨ ᠢ ᠰᠢᠢᠳᠪᠦᠷᠢᠯᠡᠵᠦ ᠳᠠᠭᠤᠰᠬᠠᠨ᠂ 14 ᠵᠤᠷᠪᠤᠰ ᠬᠠᠷᠢᠭᠤ ᠲᠤᠰᠬᠠᠭᠰᠠᠨ ᠰᠠᠨᠠᠯ ᠢ ᠨᠢᠭᠡᠨᠲᠡ ᠪᠥᠬᠦ ᠲᠠᠯ᠎ᠠ ᠪᠠᠷ ᠴᠠᠭ ᠤᠨ ᠳᠠᠷᠠᠭᠠᠯᠠᠯ ᠤᠨ ᠱᠠᠭᠠᠷᠳᠠᠯᠭ᠎ᠠ ᠶᠣᠰᠣᠭᠠᠷ  ᠰᠠᠶᠢᠵᠢᠷᠠᠭᠤᠯᠤᠨ ᠴᠡᠭᠴᠡᠯᠡᠵᠦ᠂ ᠠᠯᠠᠱᠠ ᠠᠭᠤᠯᠠᠨ ᠤ ᠠᠭᠤᠷᠬᠠᠢ ᠶᠢᠨ ᠠᠮᠢ ᠠᠬᠤᠢ ᠶᠢᠨ ᠣᠷᠴᠢᠨ ᠨᠥᠬᠦᠴᠡᠯ ᠤᠨ ᠲᠤᠰᠬᠠᠢ ᠵᠠᠰᠠᠨ ᠴᠡᠭᠴᠡᠯᠡᠯᠲᠡ ᠶᠢᠨ 18 ᠠᠰᠠᠭᠤᠳᠠᠯ ᠢ ᠴᠡᠭᠴᠡᠯᠡᠵᠦ ᠳᠠᠭᠤᠰᠬᠠᠭᠰᠠᠨ ᠪᠥᠭᠡᠳ ᠠᠶᠢᠮᠠᠭ ᠤᠨ ᠱᠠᠲᠤᠨ ᠤ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠪᠠᠶᠢᠨ᠎ᠠ᠃ ᠠᠯᠠᠱᠠ ᠠᠭᠤᠯᠠ ᠶᠢᠨ ᠤᠯᠤᠰ ᠤᠨ ᠳᠡᠰ ᠤᠨ ᠴᠡᠴᠡᠷᠯᠢᠭ ᠤᠨ ᠣᠷᠣᠨ ᠵᠠᠢ ᠶᠢᠨ ᠲᠥᠯᠥᠪᠯᠡᠭᠡ ᠨᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠥᠪᠰᠢᠶᠡᠷᠡᠯ ᠢ ᠣᠯᠵᠡᠢ᠃       ︵ᠳᠥᠷᠪᠡ︶ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠥᠭᠡᠷᠡᠴᠢᠯᠡᠯᠲᠡ ᠶᠢ ᠠᠳᠬᠤᠵᠤ᠂ ᠬᠥᠭᠵᠢᠯᠲᠡ ᠶᠢᠨ ᠬᠥᠳᠡᠯᠭᠡᠭᠦ ᠬᠦᠴᠦᠨ ᠢ ᠪᠦᠲᠦᠮᠵᠢᠲᠡᠢ ᠪᠠᠳᠠᠷᠠᠭᠤᠯᠪᠠ       ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠥᠬᠦ ᠲᠠᠯ᠎ᠠ ᠪᠠᠷ ᠰᠢᠯᠢᠳᠡᠭᠵᠢᠭᠦᠯᠪᠡ᠃ ︽ᠲᠠᠪᠤᠨ ᠦᠨᠳᠦᠰᠦᠨ ᠡᠬᠢᠯᠡᠯᠲᠡ︾ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠠᠵᠤ ᠠᠬᠤᠢ ᠶᠢᠨ ᠬᠦᠷᠢᠶᠡᠨ ᠳᠠᠬᠢ ᠴᠢᠨᠠᠷ ᠮᠠᠭᠤ ᠦᠷ᠎ᠡ ᠠᠰᠢᠭ ᠢᠶᠠᠷ ᠳᠣᠣᠷ᠎ᠠ᠂ ᠰᠤᠯᠠ ᠲᠠᠯᠪᠢᠵᠤ ᠪᠦᠷᠢᠯᠭᠡᠨ ᠰᠦᠢᠳᠬᠡᠬᠦ ᠪᠣᠯᠣᠨ ᠥᠩᠭᠡᠷᠡᠭᠰᠡᠨ ᠤ ᠠᠷᠬᠠᠭ ᠠᠰᠠᠭᠤᠳᠠᠯ ᠢ ᠰᠢᠢᠳᠪᠦᠷᠢᠯᠡᠪᠡ᠃ ᠦᠢᠯᠡᠴᠢᠯᠡᠭᠡᠨ ᠤ ᠠᠷᠭ᠎ᠠ ᠵᠠᠮ ᠢ ᠥᠷᠭᠡᠳᠬᠡᠵᠦ᠂ ︽ᠠᠵᠤ ᠠᠬᠤᠶᠢᠯᠠᠯ ᠳᠤ ᠦᠢᠯᠡᠴᠢᠯᠡᠬᠦ︾ ᠶᠡᠷᠦᠩᠬᠡᠶᠢᠯᠡᠭᠰᠡᠨ ᠲᠠᠪᠴᠠᠩ ᠳᠤ 7592 ᠠᠵᠤ ᠠᠬᠤᠶᠢᠯᠠᠯ ᠢ ᠪᠦᠷᠢᠳᠬᠡᠭᠦᠯᠵᠦ᠂ ᠪᠥᠬᠦ ᠠᠶᠢᠮᠠᠭ ᠤᠨ ᠶᠡᠷᠦᠩᠬᠡᠢ ᠬᠡᠮᠵᠢᠶᠡᠨ ᠤ 71.13% ᠶᠢ ᠡᠵᠡᠯᠡᠪᠡ᠃ ︽ᠮᠥᠩᠬᠡ ᠰᠤᠪᠠᠭ · ᠳᠥᠷᠪᠡᠨ ᠭᠦᠢᠴᠡᠳᠬᠡᠬᠦ  ︾  ᠵᠠᠰᠠᠭ ᠤᠨ  ᠶᠠᠪᠤᠳᠠᠯ ᠤᠨ  ᠦᠢᠯᠡᠴᠢᠯᠡᠭᠡᠨ ᠤ  ᠨᠠᠷᠠᠲᠤ  ᠲᠥᠷᠥᠯ  ᠲᠡᠮᠳᠡᠭᠲᠦ  ᠶᠢ  ᠪᠥᠬᠦ  ᠲᠠᠯ᠎ᠠ  ᠪᠠᠷ  ᠪᠣᠶ  ᠪᠣᠯᠭᠠᠵᠤ  ᠂ ︽ᠶᠡᠷᠦᠩᠬᠡᠶᠢᠯᠡᠭᠰᠡᠨ ᠨᠢᠭᠡ ᠴᠣᠩᠬᠤᠪᠴᠢ︾ ᠦᠢᠯᠡᠴᠢᠯᠡᠭᠡᠨ ᠤ ᠲᠥᠷᠥᠯ ᠵᠦᠢᠯ ᠢ 1553 ᠵᠦᠢᠯ ᠪᠣᠯᠭᠠᠨ ᠨᠡᠮᠡᠭᠳᠡᠭᠦᠯᠵᠦ᠂ ᠠᠷᠠᠳ ᠲᠤ ᠲᠥᠬᠦᠮ ᠦᠵᠡᠭᠦᠯᠬᠦ 12345 ᠦᠢᠯᠡᠴᠢᠯᠡᠭᠡᠨ ᠤ ᠲᠠᠪᠴᠠᠩ ᠠᠴᠠ 1.13 ᠲᠦᠮᠡᠨ ᠠᠵᠢᠯ ᠢ ᠭᠥᠯᠢᠶᠡᠨ ᠠᠪᠴᠤ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 98.7% ᠪᠣᠯᠪᠠ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ᠂ ᠮᠥᠩᠭᠦᠨ ᠭᠦᠢᠯᠭᠡᠭᠡᠨ ᠢᠶᠠᠷ ᠲᠡᠳᠬᠦᠬᠦ ᠵᠡᠷᠭᠡ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠳᠤᠮᠳᠠ ᠪᠠᠭ᠎ᠠ ᠠᠵᠤ ᠠᠬᠤᠶᠢᠯᠠᠯ ᠤᠨ ᠲᠡᠳᠬᠦᠮᠵᠢ ᠶᠢᠨ ᠳᠠᠭᠠᠳᠬᠠᠯ ᠤᠨ ᠮᠥᠩᠭᠦ ᠶᠢᠨ ᠵᠢᠭᠡᠯᠡᠯᠭᠡ ᠶᠢ 2722 ᠲᠦᠮᠡᠨ ᠲᠥᠭᠦᠷᠢᠭ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠲᠤᠰᠬᠠᠢ ᠲᠡᠳᠬᠦᠮᠵᠢ ᠶᠢᠨ ᠪᠡᠯᠡ ᠮᠥᠩᠭᠦ 802.97 ᠲᠦᠮᠡᠨ ᠲᠥᠭᠦᠷᠢᠭ ᠲᠤ ᠬᠦᠷᠴᠡᠢ᠃       ᠥᠭᠡᠷᠡᠴᠢᠯᠡᠯᠲᠡ ᠶᠢᠨ ᠠᠮᠢᠳᠤᠯᠢᠭ ᠬᠦᠴᠦᠨ ᠢ ᠦᠷᠭᠦᠯᠵᠢᠯᠡᠨ ᠪᠠᠳᠠᠷᠠᠭᠤᠯᠪᠠ᠃ ᠤᠯᠤᠰ ᠤᠨ ᠥᠮᠴᠢᠯᠡᠯ ᠤᠨ ᠡᠳ᠋ ᠬᠥᠷᠥᠩᠭᠡ᠂ ᠮᠥᠩᠭᠦᠨ ᠭᠦᠢᠯᠭᠡᠭᠡ ᠡᠳ᠋ ᠤᠨ ᠵᠠᠰᠠᠭ ᠭᠠᠶᠢᠯᠢ᠂ ᠰᠤᠷᠭᠠᠨ ᠬᠥᠮᠦᠵᠢᠯ ᠡᠮ ᠡᠮᠨᠡᠯᠭᠡ᠂ ᠰᠣᠶᠣᠯ ᠵᠢᠭᠤᠯᠴᠢᠯᠠᠯ ᠤᠨ ᠰᠠᠯᠪᠤᠷᠢ ᠳᠤ ᠠᠩᠬᠠᠷᠤᠯ ᠢᠶᠠᠨ ᠬᠠᠨᠳᠤᠭᠤᠯᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠤᠷᠤᠭᠰᠢ ᠠᠬᠢᠭᠤᠯᠪᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠳ᠋ ᠬᠥᠷᠥᠩᠭᠡ ᠶᠢ ᠲᠣᠭᠠᠯᠠᠨ ᠪᠦᠷᠢᠳᠬᠡᠬᠦ᠂ ᠡᠮᠬᠢᠯᠡᠨ ᠨᠡᠶᠢᠯᠡᠭᠦᠯᠵᠦ ᠲᠠᠬᠢᠨ ᠵᠣᠬᠢᠶᠠᠨ ᠪᠠᠶᠢᠭᠤᠯᠬᠤ᠂ ᠡᠵᠡᠩᠨᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠲᠦᠷᠭᠡᠪᠴᠢᠯᠡᠨ ᠠᠬᠢᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠳ᠋ ᠤᠨ ᠵᠠᠰᠠᠭ ᠤᠨ ᠲᠥᠰᠥᠪ ᠤᠨ ᠬᠠᠮᠢᠶᠠᠷᠤᠯᠲᠠ ᠶᠢ ᠴᠣᠭᠴᠠᠵᠢᠭᠤᠯᠬᠤ ᠶᠢ ᠬᠡᠷᠡᠭᠵᠢᠭᠦᠯᠵᠦ᠂ ᠡᠳ᠋ ᠤᠨ ᠵᠠᠰᠠᠭ ᠤᠨ ᠵᠠᠷᠤᠯᠭ᠎ᠠ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠬᠤᠣᠰ ᠴᠢᠭᠯᠡᠯ ᠢᠶᠠᠷ ᠰᠢᠯᠵᠢᠭᠦᠯᠦᠨ ᠡᠮᠨᠡᠬᠦ ᠠᠷᠭ᠎ᠠ ᠵᠠᠮ ᠢ ᠪᠠᠶᠢᠭᠤᠯᠵᠤ᠂ ᠡᠪᠡᠳᠴᠢᠨ ᠦᠵᠡᠭᠦᠯᠬᠦ ᠳᠠᠷᠠᠭᠠᠯᠠᠯ ᠢ ᠰᠢᠯᠢᠳᠡᠭᠵᠢᠭᠦᠯᠪᠡ᠃ ︽ᠠᠯᠠᠱᠠ ᠵᠡᠭᠦᠨ ᠬᠤᠰᠢᠭᠤᠨ ᠤ ᠲᠥᠯᠥᠪᠯᠡᠭᠡᠲᠦ ᠬᠥᠩᠭᠡᠵᠢᠯ ᠤᠨ ᠨᠡᠶᠢᠭᠡᠮᠯᠢᠭ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ︾ ︽ᠠᠯᠠᠱᠠ ᠵᠡᠭᠦᠨ ᠬᠤᠰᠢᠭᠤᠨ ᠤ ᠡᠯᠡᠰᠦᠨ ᠴᠥᠯ ᠤᠨ ᠵᠢᠭᠤᠯᠴᠢᠯᠠᠯ ᠤᠨ ᠠᠵᠢᠯᠯᠠᠭ᠎ᠠ ᠶᠢᠨ ᠬᠠᠮᠢᠶᠠᠷᠤᠯᠲᠠ ᠶᠢᠨ ᠠᠷᠭ᠎ᠠ︾ ᠵᠡᠷᠭᠡ ᠳᠦᠷᠢᠮ ᠤᠨ ᠴᠢᠨᠠᠷᠲᠠᠢ ᠦᠷ᠎ᠡ ᠪᠦᠲᠦᠭᠡᠯ ᠢ ᠪᠣᠶ ᠪᠣᠯᠭᠠᠪᠠ᠃ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠳᠠᠮᠵᠢᠨ ᠠᠵᠤ ᠠᠬᠤᠢ ᠨᠡᠶᠢᠭᠡᠮ ᠤᠨ ᠬᠥᠭᠵᠢᠯ ᠳᠤ ᠰᠢᠨ᠎ᠡ ᠳᠠᠪᠠᠭᠤᠯᠢᠭ ᠲᠠᠯ᠎ᠠ ᠤᠳ ᠢᠶᠠᠨ ᠪᠠᠳᠠᠷᠠᠭᠤᠯᠤᠭᠰᠠᠨ ᠪᠠᠶᠢᠨ᠎ᠠ᠃       ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ︽ᠰᠢᠨᠵᠢᠯᠡᠭᠡ ᠮᠡᠷᠭᠡᠵᠢᠯ ᠢᠶᠠᠷ ᠥᠪᠥᠷ ᠮᠣᠩᠭᠤᠯ ᠢᠶᠠᠨ ᠬᠥᠭᠵᠢᠭᠦᠯᠬᠦ︾ ᠠᠵᠢᠯᠯᠠᠭ᠎ᠠ ᠶᠢ ᠡᠷᠴᠢᠮᠲᠡᠢ ᠬᠡᠷᠡᠭᠵᠢᠭᠦᠯᠵᠦ᠂ 13 ᠳᠤᠮᠳᠠ ᠪᠠᠭ᠎ᠠ ᠠᠵᠤ ᠠᠬᠤᠶᠢᠯᠠᠯ ᠢ ᠪᠦᠷᠢᠳᠬᠡᠨ ᠬᠥᠮᠥᠷᠭᠡᠯᠡᠪᠡ᠃ ᠬᠤᠣᠰ ᠪᠥᠬᠦᠲᠦ ᠲᠡᠮᠡᠭᠡ ᠶᠢ ᠪᠠᠷᠢᠮᠵᠢᠶᠠᠵᠢᠭᠤᠯᠤᠨ ᠪᠤᠬᠢᠷᠳᠤᠯ ᠦᠭᠡᠢ ᠪᠠᠷ ᠲᠡᠵᠢᠭᠡᠨ ᠦᠷᠡᠵᠢᠭᠦᠯᠬᠦ᠂ ᠴᠠᠭᠠᠨ ᠭᠤᠶᠣᠣ ᠶᠢᠨ ᠭᠠᠷᠤᠯᠲᠠ ᠶᠢᠨ ᠣᠷᠣᠨ ᠤ ᠰᠢᠨ᠎ᠡ ᠰᠣᠷᠭᠤᠭ ᠢᠶᠠᠷ ᠡᠳ᠋ᠰᠢᠭᠦᠯᠬᠦ ᠵᠡᠷᠭᠡ 53 ᠭᠤᠣᠯᠳᠠᠯᠭ᠎ᠠ ᠲᠠᠢ ᠰᠢᠨᠵᠢᠯᠡᠬᠦ ᠤᠬᠠᠭᠠᠨ ᠤ ᠰᠤᠳᠤᠯᠭᠠᠨ ᠤ ᠲᠦᠷᠦᠯ ᠵᠦᠢᠯ  ᠨᠢ ᠥᠪᠡᠷᠲᠡᠭᠡᠨ ᠵᠠᠰᠠᠬᠤ ᠣᠷᠣᠨ ᠤ ᠵᠥᠪᠰᠢᠶᠡᠷᠡᠯ ᠢ ᠣᠯᠪᠠ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠭᠡ ᠮᠡᠷᠭᠡᠵᠢᠯ ᠤᠨ ᠲᠥᠯᠥᠪᠯᠡᠭᠡ ᠶᠢᠨ ︽ᠵᠠᠷᠯᠠᠨ ᠬᠤᠰᠢᠭᠤᠴᠢᠯᠠᠭᠤᠯᠬᠤ︾ ᠲᠤᠰᠬᠠᠢ ᠵᠦᠢᠯ ᠤᠨ ᠠᠵᠢᠯᠯᠠᠭ᠎ᠠ ᠶᠢ ᠢᠳᠡᠪᠬᠢᠲᠡᠢ ᠪᠠᠷ ᠳᠠᠭᠠᠵᠤ᠂ ᠲᠠᠷᠢᠮᠠᠯ ᠤᠨ ᠦᠢᠯᠡᠰ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠶᠢ ᠡᠷᠴᠢᠮᠲᠡᠢ ᠠᠬᠢᠭᠤᠯᠪᠠ᠃ 92 ᠰᠢᠨᠵᠢᠯᠡᠭᠡ ᠮᠡᠷᠭᠡᠵᠢᠯ ᠤᠨ ᠣᠨᠴᠠ ᠴᠢᠳᠠᠪᠤᠷᠢᠲᠠᠨ ᠢ ᠰᠣᠩᠭᠤᠨ ᠲᠣᠮᠢᠯᠠᠵᠤ᠂ ᠮᠠᠯᠴᠢᠨ ᠲᠠᠷᠢᠶᠠᠴᠢᠨ ᠳᠤ ᠨᠡᠶᠢᠲᠡ 1 ᠲᠦᠮᠡ ᠭᠠᠷᠤᠢ ᠬᠥᠮᠥᠨ ᠤᠳᠠᠭ᠎ᠠ ᠦᠢᠯᠡᠴᠢᠯᠡᠵᠦ᠂ ᠰᠢᠨᠵᠢᠯᠡᠭᠡ ᠮᠡᠷᠭᠡᠵᠢᠯ ᠢᠶᠠᠷ ᠮᠠᠯᠴᠢᠨ ᠲᠠᠷᠢᠶᠠᠴᠢᠨ ᠢ ᠲᠤᠰᠠᠯᠠᠬᠤ ᠦᠢᠯᠡᠴᠢᠯᠡᠭᠡ ᠶᠢ ᠤᠯᠠᠮ ᠳᠡᠭᠡᠭᠰᠢᠯᠡᠭᠦᠯᠪᠡ᠃       ︵ᠲᠠᠪᠤ︶ ᠳᠤᠲᠠᠭᠤᠳᠠᠯ ᠢ ᠨᠥᠬᠦᠪᠦᠷᠢᠯᠡᠵᠦ᠂ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠬᠥᠭᠵᠢᠯᠲᠡ ᠶᠢᠨ ᠰᠠᠭᠤᠷᠢ ᠶᠢ ᠲᠡᠭᠦᠯᠳᠡᠷᠵᠢᠭᠦᠯᠪᠡ       ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠡᠷᠴᠢᠮᠲᠡᠢ ᠰᠠᠶᠢᠵᠢᠷᠠᠭᠤᠯᠪᠠ᠃ ᠠᠵᠢᠯ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠰᠢᠭᠤᠳ ᠱᠤᠭᠤᠮ ᠤᠨ ᠨᠢᠰᠬᠡᠯ ᠤᠨ ᠪᠠᠭᠤᠳᠠᠯ ᠪᠣᠯᠭᠠᠬᠤ ᠠᠵᠢᠯ ᠲᠥᠷᠥᠯ ᠢ ᠠᠬᠢᠭᠤᠯᠪᠠ᠃ ᠪᠠᠶᠠᠨᠬᠤᠲᠠ ᠠᠴᠠ ᠢᠷᠭᠠᠢ ᠬᠦᠷᠬᠦ ᠲᠦᠷᠭᠡᠨ ᠲᠡᠮᠦᠷ  ᠵᠠᠮ ᠤᠨ ᠠᠵᠢᠯ ᠢ ᠡᠬᠢᠯᠡᠭᠦᠯᠪᠡ᠃ G1817 ᠲᠦᠷᠭᠡᠨ ᠵᠠᠰᠠᠮᠠᠯ ᠵᠠᠮ ᠤᠨ ᠠᠬᠢᠴᠠ ᠶᠢ ᠤᠷᠤᠭᠰᠢᠲᠠᠢ ᠶᠠᠪᠤᠭᠳᠠᠭᠤᠯᠪᠠ᠃ 1.42 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠮᠠᠯᠵᠢᠬᠤ ᠲᠠᠷᠢᠶᠠᠯᠠᠬᠤ ᠣᠷᠣᠨ ᠤ 18 ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠬᠢᠭᠡᠳ ᠠᠷᠠᠴᠢᠯᠠᠨ ᠬᠠᠮᠠᠭᠠᠯᠠᠬᠤ ᠢᠨᠵᠧᠨᠧᠷᠢᠩ ᠢ ᠭᠦᠢᠴᠡᠳᠬᠡᠪᠡ᠃ 1743 ᠰᠠᠭᠤᠷᠢ 4G ᠶᠢᠨ ᠥᠷᠲᠡᠭᠡ᠂ 229 ᠰᠠᠭᠤᠷᠢ 5G ᠶᠢᠨ ᠥᠷᠲᠡᠭᠡ ᠶᠢ ᠪᠠᠶᠢᠭᠤᠯᠵᠤ᠂ ᠨᠡᠭᠦᠳᠡᠯ ᠰᠦᠯᠵᠢᠶ᠎ᠡ ᠨᠢ ᠦᠨᠳᠦᠰᠦᠨ ᠳᠡᠭᠡᠨ ᠪᠦᠬᠦᠨ ᠢ ᠬᠠᠮᠤᠷᠤᠭᠤᠯᠪᠠ᠃ ᠬᠠᠷ᠎ᠠ ᠠᠭᠤᠯᠠ ᠶᠢᠨ ᠠᠮᠠ ᠵᠡᠷᠭᠡ 12 ᠤᠰᠤᠨ ᠴᠥᠭᠦᠷᠥᠮ ᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠠᠵᠢᠯ ᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠶᠢ ᠪᠠᠲᠤᠯᠠᠬᠤ ᠢᠨᠵᠧᠨᠧᠷᠢᠩ ᠢ ᠬᠡᠷᠡᠭᠵᠢᠭᠦᠯᠦᠨ᠂ 5073 ᠬᠥᠮᠥᠨ ᠪᠣᠯᠣᠨ 4.4 ᠲᠦᠮᠡᠨ ᠲᠣᠯᠣᠭᠠᠢ ᠮᠠᠯ ᠤᠨ ᠤᠤᠭᠤᠬᠤ ᠤᠰᠤᠨ ᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠮᠠᠯᠵᠢᠬᠤ ᠲᠠᠷᠢᠶᠠᠯᠠᠬᠤ ᠣᠷᠣᠨ ᠤ ᠲᠥᠪᠯᠡᠷᠡᠭᠦᠯᠦᠨ ᠤᠰᠤ ᠬᠠᠩᠭᠠᠬᠤ ᠠᠵᠢᠯ ᠢ ᠰᠠᠶᠢᠵᠢᠷᠠᠭᠤᠯᠪᠠ᠃       ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠡᠷᠴᠢᠮᠲᠡᠢ ᠠᠬᠢᠭᠤᠯᠪᠠ᠃ ᠶᠠᠳᠠᠭᠤᠷᠠᠬᠤ ᠪᠠ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠯᠲᠡ ᠶᠢ ᠯᠠᠪᠳᠠᠭᠤᠨ ᠪᠠᠲᠤᠲᠠᠢ ᠥᠷᠨᠢᠭᠦᠯᠵᠦ᠂ ᠬᠡᠪᠴᠢᠶᠡᠲᠦ ᠴᠢᠨᠠᠷᠲᠠᠢ ᠲᠠᠬᠢᠨ ᠶᠠᠳᠠᠭᠤᠷᠠᠬᠤ ᠬᠢᠵᠠᠭᠠᠷ ᠱᠤᠭᠤᠮ ᠢ ᠡᠷᠡᠰ ᠬᠤᠷᠢᠭᠯᠠᠪᠠ᠃ 1.04 ᠳ᠋ᠦᠩᠰᠢᠭᠤᠷ ᠲᠥᠭᠦᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠦᠷᠢ ᠶᠢᠨ ᠪᠡᠯᠡ ᠮᠥᠩᠭᠦ ᠶᠢ ᠡᠮᠬᠢᠯᠡᠨ ᠨᠡᠶᠢᠯᠡᠭᠦᠯᠵᠦ᠂ ᠠᠵᠤ ᠦᠢᠯᠡᠰ ᠢ ᠬᠥᠭᠵᠢᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ  ᠲᠠᠯ᠎ᠠ ᠪᠠᠷ 56 ᠲᠥᠷᠥᠯ ᠵᠦᠢᠯ ᠢ ᠬᠡᠷᠡᠭᠵᠢᠭᠦᠯᠪᠡ᠃ 9.7 ᠳ᠋ᠦᠩᠰᠢᠭᠤᠷ ᠲᠥᠭᠦᠷᠢᠭ ᠤᠨ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠵᠢᠭᠡᠯᠡᠯᠭᠡ ᠲᠠᠯᠪᠢᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠳᠡᠮᠵᠢᠯᠭᠡ ᠦᠵᠡᠭᠦᠯᠪᠡ᠃ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ᠂ ᠪᠣᠬᠢᠷ ᠤᠰᠤ ᠵᠡᠷᠭᠡ ᠶᠢ ᠶᠡᠷᠦᠩᠬᠡᠶᠢᠯᠡᠨ ᠵᠠᠰᠠᠬᠤ ᠶᠢ ᠠᠬᠢᠭᠤᠯᠵᠤ᠂ ᠬᠥᠮᠥᠰ ᠤᠨ ᠣᠷᠣᠰᠢᠨ ᠰᠠᠭᠤᠬᠤ ᠣᠷᠴᠢᠨ ᠢ ᠵᠠᠰᠠᠨ ᠴᠡᠭᠴᠡᠯᠡᠵᠦ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠪᠡ᠃ ᠬᠥᠳᠡᠭᠡ ᠲᠣᠰᠬᠤᠨ ᠤ ᠤᠯᠠᠨ ᠨᠡᠶᠢᠲᠡ ᠶᠢᠨ ᠰᠣᠶᠣᠯ ᠤᠨ ᠪᠠᠶᠢᠭᠤᠯᠤᠯᠲᠠ ᠪᠠ ᠦᠢᠯᠡᠴᠢᠯᠡᠭᠡ ᠶᠢ ᠴᠢᠩᠭᠠᠳᠬᠠᠵᠤ᠂ ᠬᠥᠳᠡᠭᠡ ᠲᠣᠰᠬᠤᠨ ᠤ ᠪᠣᠯᠪᠠᠰᠤᠨ ᠤ ᠰᠢᠨ᠎ᠡ ᠲᠥᠷᠬᠦ ᠶᠢ ᠪᠤᠢ ᠪᠣᠯᠭᠠᠪᠠ᠃       ᠬᠤᠳᠠ ᠬᠥᠳᠡᠭᠡ ᠶᠢᠨ ᠬᠥᠭᠵᠢᠯᠲᠡ ᠡᠳᠦᠷ ᠢᠷᠡᠬᠦᠶ᠎ᠡ ᠰᠠᠶᠢᠵᠢᠷᠠᠪᠠ᠃ 2.92 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ 9 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠪᠡ᠃ ᠪᠠᠶᠠᠨᠬᠤᠲᠠ ᠶᠢᠨ ᠨᠢᠭᠡᠳᠦᠯᠲᠡᠢ ᠳᠤᠯᠠᠭᠠᠯᠠᠭ᠎ᠠ ᠬᠠᠩᠭᠠᠬᠤ ᠲᠣᠣᠷ ᠤᠨ ᠬᠤᠶᠠᠳᠤᠭᠠᠷ ᠬᠤᠭᠤᠴᠠᠭᠠᠨ ᠤ ᠠᠵᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠬᠠᠯᠲᠠᠷ ᠨᠠᠭᠤᠷ ᠤᠨ ᠵᠠᠮ ᠵᠡᠷᠭᠡ 3 ᠵᠤᠷᠪᠤᠰ ᠵᠠᠮ ᠢ ᠨᠡᠪᠲᠡᠷᠡᠭᠦᠯᠪᠡ᠃ ᠪᠠᠶᠠᠨᠬᠤᠲᠠ ᠶᠢᠨ ᠪᠣᠬᠢᠷ ᠤᠰᠤ ᠶᠢ ᠴᠡᠪᠡᠷᠰᠢᠭᠦᠯᠬᠦ ᠦᠢᠯᠡᠳᠪᠦᠷᠢ ᠶᠢ ᠲᠠᠰ ᠳᠡᠪᠰᠢᠭᠦᠯᠦᠨ ᠥᠭᠡᠷᠡᠴᠢᠯᠡᠵᠦ᠂ ᠴᠡᠪᠡᠷᠰᠢᠭᠦᠯᠦᠭᠰᠡᠨ ᠤᠰᠤ ᠶᠢ ᠲᠣᠬᠢᠷᠠᠭᠤᠯᠤᠨ ᠬᠠᠳᠠᠭᠠᠯᠠᠬᠤ ᠲᠠᠲᠠᠭᠠᠯ ᠢ ᠪᠠᠶᠢᠭᠤᠯᠵᠤ ᠠᠰᠢᠭᠯᠠᠯᠲᠠ ᠳᠤ ᠣᠷᠣᠭᠤᠯᠪᠠ᠃ 1000 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠪᠠᠶᠠᠨᠬᠤᠲᠠ ᠶᠢᠨ ᠲᠣᠭᠤᠷᠢᠭ ᠤᠨ ᠡᠪᠳᠡᠷᠡᠵᠦ ᠰᠦᠢᠳᠦᠭᠰᠡᠨ ᠵᠡᠭᠡᠯᠢ ᠭᠤᠳᠤᠮᠵᠢ᠂ ᠵᠢᠭᠤᠯᠴᠢᠯᠠᠯ ᠤᠨ ᠬᠦᠷᠢᠶᠡᠯᠡᠩ ᠵᠡᠷᠭᠡ ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ ᠶᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ᠬᠤᠲᠠ ᠶᠢᠨ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠲᠡᠭᠦᠯᠳᠡᠷᠵᠢᠭᠦᠯᠪᠠ᠃ ᠬᠤᠲᠠ ᠪᠠᠯᠭᠠᠰᠤ ᠶᠢᠨ 11 ᠬᠠᠭᠤᠴᠢᠨ ᠬᠤᠷᠢᠶᠠᠯᠠᠯ ᠪᠠ 150 ᠢᠵᠢ ᠭᠡᠷ ᠬᠤᠷᠢᠶᠠᠯᠠᠯ ᠤᠨ ᠣᠷᠣᠨ ᠰᠠᠭᠤᠴᠠ ᠶᠢ ᠰᠢᠨᠡᠳᠬᠡᠨ ᠪᠠᠶᠢᠭᠤᠯᠵᠤ᠂ ᠨᠡᠶᠢᠲᠡ ᠲᠠᠯᠠᠪᠠᠶ ᠨᠢ 21.35 ᠲᠦᠮᠡᠨ ᠺᠦᠸᠠᠳ᠋ ᠮᠧᠲᠷ ᠲᠤ ᠬᠥᠷᠪᠡ᠃ ᠠᠳᠠᠯ ᠠᠬᠤᠢ ᠶᠢᠨ ᠬᠠᠮᠢᠶᠠᠷᠤᠯᠲᠠ ᠶᠢ ᠴᠢᠩᠭᠠᠳᠬᠠᠵᠤ᠂ 2 ᠣᠶᠤᠨᠲᠤ ᠬᠤᠷᠢᠶᠠᠯᠠᠯ᠂ 4 ᠠᠳᠠᠯ ᠠᠬᠤᠢ ᠶᠢᠨ ᠦᠢᠯᠡᠴᠢᠯᠡᠭᠡᠨ ᠤ ᠵᠢᠱᠢᠶᠡᠴᠢ ᠬᠤᠷᠢᠶᠠᠯᠠᠯ ᠢ ᠡᠭᠦᠳᠦᠨ ᠪᠠᠶᠢᠭᠤᠯᠪᠠ᠃ ᠬᠤᠳᠠ ᠶᠢᠨ ᠲᠤᠨᠤᠮᠠᠯ ᠤᠰᠤᠨ ᠤ ᠠᠰᠠᠭᠤᠳᠠᠯ ᠢ ᠰᠢᠢᠳᠪᠦᠷᠢᠯᠡᠵᠦ᠂ ᠶᠠᠪᠠᠷᠠᠢ ᠵᠠᠮ ᠤᠨ ᠡᠮᠦᠨ᠎ᠡ  ᠭᠤᠳᠤᠮᠵᠢ ᠶᠢᠨ ᠵᠠᠮ ᠢ ᠥᠭᠡᠷᠡᠴᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠬᠤᠳᠠ ᠶᠢᠨ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠪᠡ᠃       ︵ᠵᠢᠷᠭᠤᠭ᠎ᠠ︶ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠠᠷᠠᠳ ᠤᠨ ᠬᠠᠯᠠᠮᠰᠢᠯ ᠠᠰᠠᠭᠤᠳᠠᠯ ᠢ ᠰᠢᠢᠳᠪᠦᠷᠢᠯᠡᠵᠦ᠂ ᠨᠡᠶᠢᠭᠡᠮ ᠤᠨ ᠦᠢᠯᠡᠰ ᠢ ᠬᠥᠭᠵᠢᠭᠦᠯᠪᠡ       ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠨᠢᠭᠡᠳᠦᠯᠲᠡᠢ ᠲᠥᠯᠥᠪᠯᠡᠨ ᠠᠷᠠᠳ ᠤᠨ ᠠᠮᠢᠳᠤᠷᠠᠯ ᠲᠠᠢ ᠬᠤᠯᠪᠣᠭᠳᠠᠬᠤ 8 ᠪᠣᠳᠠᠲᠤ ᠠᠵᠢᠯ ᠢ ᠪᠡᠶᠡᠯᠡᠭᠦᠯᠪᠡ᠃ ᠪᠦᠬᠦ ᠵᠢᠯ ᠤᠨ ᠠᠷᠠᠳ ᠤᠨ ᠠᠮᠢᠳᠤᠷᠠᠯ ᠤᠨ ᠵᠠᠷᠤᠯᠭ᠎ᠠ 21.39 ᠳ᠋ᠦᠩᠰᠢᠭᠤᠷ ᠲᠥᠭᠦᠷᠢᠭ ᠲᠤ ᠬᠦᠷᠴᠦ᠂ ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ 79%  ᠶᠢ ᠡᠵᠡᠯᠡᠪᠡ᠃ ᠬᠤᠳᠠ ᠪᠠᠯᠭᠠᠰᠤᠨ ᠤ 786 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 3.3% ᠶᠢᠨ ᠳᠣᠲᠣᠷ᠎ᠠ ᠬᠢᠵᠠᠭᠠᠷᠯᠠᠪᠠ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠦᠷᠢᠮ ᠢ ᠨᠡᠶᠢᠳᠡᠮ ᠬᠡᠷᠡᠭᠵᠢᠭᠦᠯᠵᠦ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠪᠦᠬᠦ ᠲᠠᠯ᠎ᠠ ᠪᠠᠷ ᠬᠠᠮᠤᠷᠤᠭᠤᠯᠪᠠ᠃ 2540.8 ᠲᠦᠮᠡᠨ ᠲᠥᠭᠦᠷᠢᠭ ᠤᠨ ᠪᠠᠲᠤᠯᠠᠭ᠎ᠠ ᠶᠢᠨ ᠴᠢᠨᠠᠷᠲᠠᠢ ᠪᠡᠯᠡ ᠮᠥᠩᠭᠦ ᠲᠠᠷᠬᠠᠭᠠᠵᠤ᠂ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠪᠠ ᠣᠨᠴᠠ ᠬᠦᠴᠢᠷᠳᠡᠯᠲᠡᠢ ᠬᠥᠮᠥᠰ ᠢ ᠠᠰᠠᠷᠠᠨ ᠲᠡᠵᠢᠭᠡᠬᠦ ᠪᠠᠷᠢᠮᠵᠢᠶ᠎ᠠ ᠶᠢ ᠵᠡᠷᠭᠡᠪᠡᠷ ᠳᠡᠭᠡᠭᠰᠢᠯᠡᠭᠦᠯᠵᠦ᠂ ᠲᠦᠷ ᠴᠠᠭ ᠤᠨ ᠠᠪᠤᠷᠠᠨ ᠲᠤᠰᠠᠯᠠᠯᠲᠠ ᠶᠢᠨ ᠪᠦᠬᠦᠨ ᠢ ᠬᠠᠮᠤᠷᠬᠤ᠂ ᠰᠢᠭᠤᠷᠬᠠᠢ ᠲᠤᠰᠠᠯᠠᠬᠤ ᠶᠢ ᠴᠢᠩᠭᠠᠳᠬᠠᠪᠠ᠃ ᠣᠷᠣᠯᠭ᠎ᠠ ᠪᠠᠭᠠᠲᠠᠢ ᠬᠥᠮᠥᠰ ᠤᠨ ᠣᠷᠣᠨ ᠰᠠᠭᠤᠴᠠ ᠶᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠬᠦᠴᠢᠷᠳᠡᠯ ᠲᠠᠢ ᠭᠡᠷ ᠪᠦᠯᠢ ᠶᠢᠨ 1401 ᠢᠵᠢ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢ ᠲᠥᠪᠬᠢᠨᠡᠭᠦᠯᠪᠡ᠃ 6 ᠲᠤᠰᠬᠠᠶᠢᠵᠢᠭᠰᠠᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠤᠷᠢᠵᠤ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠬᠡᠪᠴᠢᠶᠡᠵᠢᠭᠦᠯᠬᠦ᠂ ᠠᠵᠤ ᠦᠶᠯᠡᠰᠵᠢᠭᠦᠯᠬᠦ ᠶᠢ ᠠᠬᠢᠭᠤᠯᠪᠠ᠃ 9070 ᠡᠷᠦᠬᠡ ᠮᠠᠯᠴᠢᠨ ᠲᠠᠷᠢᠶᠠᠴᠢᠨ ᠳᠤ 18140 ᠲᠣᠨ ︽ᠬᠠᠯᠠᠮᠵᠢ ᠶᠢᠨ ᠨᠡᠭᠦᠷᠡᠰᠦ︾ ᠲᠦᠭᠡᠭᠡᠨ ᠥᠭᠴᠦ᠂ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠪᠠ       ᠰᠤᠷᠭᠠᠨ ᠬᠥᠮᠦᠵᠢᠯ ᠤᠨ ᠦᠢᠯᠡᠰ ᠵᠣᠬᠢᠴᠠᠩᠭᠤᠢ ᠪᠠᠷ ᠬᠥᠭᠵᠢᠪᠡ᠃ ᠤᠯᠤᠰ ᠤᠨ ︽ᠬᠤᠶᠠᠷ ᠢ ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠭᠤᠯᠭ᠎ᠠ᠂ ᠴᠠᠭ ᠤᠨ ᠬᠡᠮᠵᠢᠶ᠎ᠡ ᠶᠢ ᠴᠥᠮ ᠪᠠᠷᠢᠮᠵᠢᠶ᠎ᠠ ᠳᠤ ᠬᠦᠷᠭᠡᠪᠡ᠃ ︽ᠢᠯᠡ ᠪᠠᠷ ᠰᠣᠷᠣᠭᠴᠢ ᠡᠯᠰᠡᠵᠦ᠂ ᠢᠯᠡ ᠪᠠᠷ ᠠᠩᠭᠢ ᠬᠤᠪᠢᠶᠠᠬᠤ︾ ᠶᠢ ᠬᠡᠷᠡᠭᠵᠢᠭᠦᠯᠵᠦ᠂ ᠰᠤᠷᠭᠠᠨ ᠬᠥᠮᠦᠵᠢᠯ ᠤᠨ ᠡᠷᠬᠡ ᠲᠡᠭᠰᠢ ᠪᠠᠶᠢᠬᠤ ᠶᠢ ᠲᠠᠰᠤᠷᠠᠯᠲᠠ ᠦᠭᠡᠢ ᠠᠬᠢᠭᠤᠯᠪᠠ᠃ 3430 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠲᠠᠪᠤᠳᠤᠭᠠᠷ ᠴᠡᠴᠡᠷᠯᠢᠭ᠂  ᠵᠢᠷᠭᠤᠳᠤᠭᠠᠷ ᠴᠡᠴᠡᠷᠯᠢᠭ ᠢ ᠦᠷᠭᠦᠯᠵᠢᠯᠡᠨ ᠪᠠᠶᠢᠭᠤᠯᠵᠤ᠂ ᠨᠠᠢᠮᠠᠳᠤᠭᠠᠷ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠢ ᠰᠢᠨ᠎ᠡ ᠪᠠᠷ ᠪᠠᠶᠢᠭᠤᠯᠪᠠ᠃ ᠴᠢᠳᠠᠪᠤᠷᠢᠲᠠᠨ ᠢ  ᠤᠷᠢᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠵᠢᠯ ᠤᠨ ᠳᠣᠲᠣᠷ᠎ᠠ 76 ᠪᠠᠭᠰᠢ ᠶᠢ ᠤᠷᠢᠨ ᠠᠵᠢᠯᠯᠠᠭᠤᠯᠪᠠ᠃ ᠠᠯᠠᠱᠠ ᠵᠡᠭᠦᠨ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠢᠨ᠎ᠡ ᠲᠣᠭᠤᠷᠢᠭ ᠢ ᠰᠢᠨᠡᠴᠢᠯᠡᠨ ᠥᠭᠡᠷᠡᠴᠢᠯᠡᠵᠦ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠪᠠ᠃ ᠵᠠᠯᠠᠭᠤᠴᠤᠳ ᠪᠠᠭᠠᠴᠤᠳ ᠤᠨ ᠠᠵᠢᠯᠯᠠᠭ᠎ᠠ ᠶᠢᠨ ᠲᠥᠪ᠂ ᠳᠤᠮᠳᠠᠳᠤ ᠪᠠᠭ᠎ᠠ ᠰᠤᠷᠭᠠᠭᠤᠯᠢ ᠶᠢᠨ ᠬᠥᠳᠡᠯᠮᠦᠷᠢ ᠦᠢᠯᠡᠳᠦᠯᠭᠡ ᠶᠢᠨ ᠰᠠᠭᠤᠷᠢᠨ ᠭᠠᠵᠠᠷ ᠨᠢ ᠥᠪᠡᠷᠲᠡᠭᠡᠨ ᠵᠠᠰᠠᠬᠤ ᠣᠷᠣᠨ ᠤ ᠲᠦᠷᠦᠭᠦᠦ ᠪᠦᠯᠦᠭ ᠶᠡᠭᠡ ᠰᠤᠷᠭᠠᠭᠤᠯᠢ ᠳᠤᠮᠳᠠᠳᠤ ᠰᠤᠷᠭᠠᠭᠤᠯᠢ ᠪᠠᠭ᠎ᠠ ᠰᠤᠷᠭᠠᠭᠤᠯᠢ ᠶᠢᠨ ᠬᠥᠳᠡᠯᠮᠦᠷᠢ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠢᠶᠠᠷ ᠦᠨᠡᠯᠡᠭᠳᠡᠪᠡ       ᠡᠮ ᠡᠮᠨᠡᠯᠭᠡ ᠶᠢᠨ ᠦᠢᠯᠡᠴᠢᠯᠡᠭᠡ ᠲᠠᠰᠤᠷᠠᠯᠲᠠ ᠦᠭᠡᠢ ᠰᠢᠯᠢᠳᠡᠭᠵᠢᠪᠡ᠃ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢᠨ ᠥᠯᠵᠡᠢ ᠶᠢᠨ ᠬᠤᠪᠢᠶᠠᠷᠢ ᠡᠮᠨᠡᠯᠭᠡ᠂ ᠵᠢᠷᠠᠲᠠᠢ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠵᠡᠷᠭᠡ ᠲᠥᠷᠥᠯ ᠵᠦᠢᠯ ᠤᠷᠤᠭᠰᠢᠲᠠᠢ ᠶᠠᠪᠤᠭᠳᠠᠵᠤ᠂ ᠪᠥᠬᠦ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠡᠮᠡᠭᠳᠡᠭᠡᠳ 147 ᠪᠣᠯᠵᠤ᠂ ᠡᠷᠡᠭᠦᠯ ᠡᠩᠬᠡ ᠠᠯᠠᠱᠠ ᠵᠡᠭᠦᠨ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠪᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠳᠠᠷᠤᠭ᠎ᠠ᠂ ᠳᠡᠳ᠋ ᠳᠠᠷᠤᠭ᠎ᠠ ᠶᠢ ᠰᠣᠩᠭᠤᠨ ᠲᠣᠬᠢᠷᠠᠭᠤᠯᠵᠤ᠂ ᠪᠠᠴᠢᠮ ᠱᠠᠭᠠᠷᠳᠠᠭᠳᠠᠵᠤ ᠪᠠᠶᠢᠭ᠎ᠠ ᠪᠠ ᠲᠤᠲᠠᠭᠳᠠᠵᠤ ᠪᠠᠶᠢᠭ᠎ᠠ 35 ᠴᠢᠳᠠᠪᠤᠷᠢᠲᠠᠨ ᠢ ᠤᠷᠢᠨ ᠠᠵᠢᠯᠯᠠᠭᠤᠯᠪᠠ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠠ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠢ ᠬᠡᠷᠡᠭᠵᠢᠭᠦᠯᠵᠦ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠣᠷᠣᠨ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ᠃ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠷᠠᠭᠤᠯᠵᠤ᠂ ᠬᠢᠲᠠᠳ ︵ᠮᠣᠩᠭᠤᠯ︶ ᠡᠮᠴᠢᠯᠡᠭᠡᠨ ᠤ ᠣᠨᠴᠠᠯᠢᠭᠲᠤ ᠳᠠᠪᠠᠭᠤᠯᠢᠭ ᠪᠣᠯᠬᠤ ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠬᠢᠲᠠᠳ ᠡᠮᠨᠡᠯᠭᠡ ᠶᠢᠨ ᠥᠷᠥᠭᠡ︾ ︽ᠮᠣᠩᠭᠤᠯ ᠡᠮᠨᠡᠯᠭᠡ ᠶᠢᠨ ᠥᠷᠥᠭᠡ︾ ᠤ ᠪᠦᠬᠦᠨ ᠢ ᠬᠠᠮᠤᠷᠬᠤ ᠶᠢ ᠪᠡᠶᠡᠯᠡᠭᠦᠯᠪᠡ᠃       ᠰᠣᠶᠣᠯ ᠤᠨ ᠦᠢᠯᠡᠰ ᠴᠡᠴᠡᠭᠯᠡᠨ ᠬᠥᠭᠵᠢᠪᠡ᠃ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠤᠯᠠᠨ ᠲᠦᠮᠡᠨ ᠤ ᠰᠣᠶᠣᠯ ᠤᠨ ᠠᠵᠢᠯᠯᠠᠭ᠎ᠠ ᠶᠢ 468 ᠤᠳᠠᠭ᠎ᠠ ᠥᠷᠨᠢᠭᠦᠯᠵᠦ᠂ 4.2 ᠲᠦᠮᠡᠨ ᠬᠥᠮᠥᠨ ᠤᠳᠠᠭ᠎ᠠ ᠠᠰᠢᠭ ᠬᠦᠷᠲᠡᠭᠡᠪᠡ᠃ ᠤᠯᠠᠭᠠᠨᠮᠥ᠋ᠴᠢᠷ ᠠᠴᠠ 54 ᠲᠠᠯᠠᠪᠠᠢ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ 16  ᠤᠷᠠᠨ ᠪᠦᠲᠦᠭᠡᠯ ᠲᠤᠭᠤᠷᠪᠢᠪᠠ᠃ ᠦᠷᠡᠭᠳᠡᠭᠰᠡᠨ ᠪᠠᠭᠠᠲᠤᠷ ᠼᠣᠣ ᠳ᠋ᠦᠩ ᡁᠢ ᠶᠢᠨ ᠳᠤᠷᠠᠰᠬᠠᠯ ᠤᠨ ᠬᠥᠰᠢᠶ᠎ᠡ᠂ ᠤᠷᠳᠤ ᠴᠠᠭᠠᠨ ᠬᠡᠷᠡᠮ ᠤᠨ ᠪᠠᠭᠤᠷᠢ᠂ ᠴᠢᠯᠠᠭᠤᠨ ᠬᠠᠰᠢᠶᠠᠲᠤ ᠶᠢᠨ ᠬᠠᠳᠠᠨ ᠵᠢᠷᠤᠭ ᠵᠡᠷᠭᠡ ᠬᠤᠪᠢᠰᠬᠠᠯᠲᠤ ᠳᠤᠷᠠᠰᠬᠠᠯᠲᠤ ᠵᠦᠢᠯ ᠪᠠ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠪᠡ᠃ ᠠᠯᠠᠱᠠ ᠶᠢᠨ ᠮᠥᠩᠭᠦᠨ ᠠᠶᠠᠭ᠎ᠠ᠂ ᠲᠡᠮᠡᠭᠡᠨ ᠶᠠᠰᠤᠨ ᠰᠡᠶᠢᠯᠦᠮᠡᠯ᠂ ᠮᠣᠩᠭᠤᠯ ᠦᠨᠳᠦᠰᠦᠲᠡᠨ ᠤ ᠠᠯᠲᠠᠨ ᠰᠢᠷ ᠵᠢᠷᠤᠬᠤ ᠤᠷ᠎ᠠ ᠮᠡᠷᠭᠡᠵᠢᠯ ᠵᠡᠷᠭᠡ ᠤᠯᠠᠮᠵᠢᠯᠠᠯᠲᠤ ᠵᠠᠩ ᠦᠶᠯᠡ ᠶᠢᠨ ᠭᠠᠷ ᠤᠷᠠᠯᠠᠯ ᠢ ᠤᠯᠠᠮᠵᠢᠯᠠᠵᠤ᠂ ︽ᠪᠣᠳᠠᠰ ᠤᠨ ᠪᠤᠰᠤ ᠰᠣᠶᠣᠯ ᠤᠨ ᠥᠪ ᠤᠨ ᠳᠠᠷᠬᠠᠳ ᠲᠤ ᠬᠦᠨᠳᠦᠳᠬᠡᠯ ᠢᠶᠠᠨ ᠦᠵᠡᠭᠦᠯᠦᠨᠡᠮ — ᠠᠯᠠᠱᠠ ᠵᠡᠭᠦᠨ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ᠰᠢᠷᠢᠰ ᠲᠤᠰᠬᠠᠢ ᠰᠡᠳᠦᠪᠲᠦ ᠹᠢᠯᠢᠮ︾ ᠢ ᠪᠦᠲᠦᠭᠡᠵᠦ᠂ ᠪᠣᠳᠠᠰ ᠤᠨ ᠪᠤᠰᠤ ᠰᠣᠶᠣᠯ ᠤᠨ ᠥᠪ ᠤᠨ ᠭᠠᠶᠢᠬᠠᠮᠰᠢᠭ ᠢ ᠭᠦᠢᠴᠡᠳ ᠲᠠᠨᠢᠯᠴᠠᠭᠤᠯᠪᠠ᠃       ︵ᠳᠣᠯᠤᠭ᠎ᠠ︶ ᠤᠬᠠᠮᠰᠠᠷ ᠢᠶᠠᠨ ᠴᠢᠩᠭᠠᠳᠬᠠᠵᠤ᠂ ᠰᠡᠷᠭᠡᠶᠢᠯᠡᠯᠲᠡ ᠶᠢ ᠴᠢᠩᠭᠠᠳᠬᠠᠵᠤ᠂ ᠬᠠᠮᠲᠤ ᠶᠢᠨ ᠵᠠᠰᠠᠯᠲᠠ ᠴᠤᠭᠭᠠᠷ ᠡᠳ᠋ᠯᠡᠬᠦ ᠰᠢᠨ᠎ᠡ ᠬᠡᠪ ᠮᠠᠶ᠋ᠢᠭ ᠢ ᠪᠤᠢ ᠪᠣᠯᠭᠠᠪᠠ       ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ ᠪᠠᠬᠢᠵᠢᠭᠦᠯᠪᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠡᠷᠴᠢᠮᠲᠡᠢ ᠥᠷᠨᠢᠭᠦᠯᠵᠦ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠶᠢ ᠠᠬᠢᠭᠤᠯᠪᠠ᠃ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠤᠶᠠᠯᠳᠤᠭᠤᠯᠵᠤ᠂ 1512 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ 11 ᠲᠥᠷᠥᠯ ᠵᠦᠢᠯ ᠢ ᠬᠡᠷᠡᠭᠵᠢᠭᠦᠯᠦᠨ᠂ ᠬᠢᠯᠢ ᠬᠢᠵᠠᠭᠠᠷ ᠣᠷᠣᠨ ᠤ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠢᠯᠡᠳᠲᠡ ᠰᠠᠶᠢᠵᠢᠷᠠᠭᠤᠯᠪᠠ᠃ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠠᠨᠳᠠ ᠨᠡᠶᠢᠭᠡᠮ ᠲᠣᠭᠤᠷᠢᠭ᠂ ᠶᠡᠬᠡᠪᠤᠯᠠᠭ ᠭᠠᠴᠠᠭ᠎ᠠ ᠨᠢ ᠥᠪᠡᠷᠲᠡᠭᠡᠨ ᠵᠠᠰᠠᠬᠤ ᠣᠷᠣᠨ ᠤ ᠨᠠᠢᠮᠠᠳᠤᠭᠠᠷ ᠤᠳᠠᠭᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠪᠠᠷ ᠦᠨᠡᠯᠡᠭᠳᠡᠪᠡ᠃       ᠭᠤᠣᠯᠳᠠᠯᠭ᠎ᠠ ᠲᠠᠢ ᠬᠡᠪᠴᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢ ᠴᠢᠩᠭᠠᠳᠬᠠᠪᠠ᠃ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ 6.51 ᠳ᠋ᠦᠩᠰᠢᠭᠤᠷ ᠲᠥᠭᠦᠷᠢᠭ ᠰᠢᠢᠳᠪᠦᠷᠢᠯᠡᠵᠦ᠂ ᠣᠨ ᠤ ᠥᠷᠢ ᠥᠭᠴᠡᠭᠡ ᠶᠢ ᠰᠢᠢᠳᠪᠦᠷᠢᠯᠡᠬᠦ ᠡᠭᠦᠷᠭᠡ ᠶᠢ ᠤᠷᠢᠳᠴᠢᠯᠠᠨ ᠪᠡᠶᠡᠯᠡᠭᠦᠯᠪᠡ᠃ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠠᠶᠤᠯ  ᠡᠷᠡᠰᠳᠡᠯ ᠢ ᠲᠤᠰᠬᠠᠢ ᠲᠥᠷᠥᠯ ᠢᠶᠠᠷ ᠨᠠᠷᠢᠪᠴᠢᠯᠠᠨ ᠪᠠᠶᠢᠴᠠᠭᠠᠵᠤ᠂ ᠠᠷᠠᠳ ᠤᠨ ᠥᠨᠳᠥᠷ ᠬᠦᠦ ᠲᠠᠢ ᠵᠢᠭᠡᠯᠡᠯᠭᠡ ᠶᠢ ᠪᠦᠬᠦ ᠲᠠᠯ᠎ᠠ  ᠪᠠᠷ ᠴᠡᠭᠴᠡᠯᠡᠵᠦ᠂ ᠬᠠᠤᠯᠢ ᠪᠤᠰᠤ ᠵᠢᠭᠡᠯᠡᠯᠭᠡ ᠶᠢ ᠴᠢᠩᠭ᠎ᠠ ᠬᠢᠵᠠᠭᠠᠷᠯᠠᠵᠤ᠂ ᠣᠷᠣᠨ ᠪᠦᠰᠡ ᠶᠢᠨ ᠴᠢᠨᠠᠷᠲᠠᠢ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠡᠷᠡᠰᠳᠡᠯ ᠤᠨ ᠬᠤᠷᠢᠭ᠎ᠠ ᠱᠤᠭᠤᠮ ᠢ ᠪᠠᠲᠤ ᠰᠠᠬᠢᠪᠠ᠃ ᠢᠳᠡᠭᠡᠨ᠂ ᠡᠮ ᠤᠨ ᠪᠠᠭᠠᠵᠢ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ᠂ ᠦᠢᠯᠡᠳᠬᠦᠨ ᠤ ᠴᠢᠨᠠᠷ ᠴᠢᠨᠰᠠᠭ᠎ᠠ ᠵᠡᠷᠭᠡ ᠠᠷᠠᠳ ᠤᠨ ᠠᠮᠢᠳᠤᠷᠠᠯ ᠤᠨ ᠳᠥᠷᠪᠡᠨ ᠶᠡᠭᠡ ᠬᠦᠷᠢᠶᠡᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠪᠠ᠃ ᠠᠶᠤᠯᠭᠦᠢ ᠦᠢᠯᠡᠳᠪᠦᠷᠢᠯᠡᠯ ᠤᠨ ᠲᠤᠰᠬᠠᠢ ᠲᠥᠷᠥᠯ ᠢᠶᠠᠷ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠨᠡᠭᠦᠷᠡᠰᠦᠨ ᠠᠭᠤᠷᠬᠠᠢ᠂ ᠨᠡᠭᠦᠷᠡᠰᠦᠨ ᠤ ᠪᠤᠰᠤ ᠠᠭᠤᠷᠬᠠᠢ ᠵᠡᠷᠭᠡ 8 ᠭᠤᠣᠯᠳᠠᠯᠭ᠎ᠠ ᠲᠠᠢ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢᠨ ᠲᠠᠯᠳᠠ ᠭᠡᠮ ᠢ ᠪᠦᠲᠦᠮᠵᠢᠲᠡᠶ ᠪᠠᠷ ᠰᠡᠷᠭᠡᠶᠢᠯᠡᠵᠦ᠂ ᠪᠦᠬᠦ ᠵᠢᠯ ᠳᠤ ᠠᠶᠤᠯᠭᠦᠢ ᠦᠢᠯᠡᠳᠪᠦᠷᠢᠯᠡᠯ ᠤᠨ ᠬᠦᠨᠳᠦ  ᠨᠣᠴᠢᠲᠠᠢ ᠡ᠊ᠨᠳᠡᠯ ᠭᠠᠷᠤᠭᠰᠠᠨ ᠦᠭᠡᠢ᠃ ᠪᠠᠶᠢᠭᠠᠯᠢ ᠶᠢᠨ ᠭᠠᠢ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠪᠥᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠲᠣᠭᠲᠠᠪᠤᠷᠢᠲᠠᠢ ᠪᠠᠷ ᠰᠠᠶᠢᠵᠢᠷᠠᠪᠠ᠃       ᠨᠡᠶᠢᠭᠡᠮ ᠤᠨ ᠵᠠᠰᠠᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠤᠷᠤᠭᠰᠢ ᠠᠬᠢᠭᠤᠯᠪᠠ᠃ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠪᠡ᠃ ︽ᠭᠤᠷᠪᠠ ᠶᠢ ᠪᠠᠶᠢᠴᠠᠭᠠᠵᠤ ᠨᠢᠭᠡ ᠶᠢ ᠡᠵᠡᠮᠳᠡᠬᠦ︾ ︽ᠬᠤᠶᠠᠷ ᠢ ᠴᠡᠭᠴᠡᠯᠡᠵᠦ ᠬᠤᠶᠠᠷ ᠲᠤ ᠴᠣᠬᠢᠯᠲᠠ ᠥᠭᠬᠦ︾ ᠵᠡᠷᠭᠡ ᠲᠤᠰᠬᠠᠢ ᠠᠵᠢᠯᠯᠠᠭ᠎ᠠ ᠶᠢ ᠡᠷᠴᠢᠮᠲᠡᠢ ᠠᠬᠢᠭᠤᠯᠵᠤ᠂ ᠴᠢᠬᠤᠯᠠ ᠵᠠᠩᠭᠢᠯᠠᠭ᠎ᠠ ᠶᠢᠨ ᠴᠡᠭ ᠤᠨ ᠠᠮᠤᠷ ᠢ ᠬᠠᠮᠠᠭᠠᠯᠠᠵᠤ ᠲᠣᠭᠲᠠᠪᠤᠷᠢᠲᠠᠢ ᠪᠠᠶᠢᠳᠠᠯ ᠢ ᠬᠠᠮᠠᠭᠠᠯᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠭᠠᠷ ᠤᠲᠠᠰᠤ ᠪᠣᠯᠣᠨ ᠴᠠᠬᠢᠮ ᠰᠦᠯᠵᠢᠶᠡᠨ ᠤ ᠮᠡᠬᠡᠯᠡᠯ ᠳᠤ ᠴᠣᠬᠢᠯᠲᠠ ᠥᠭᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠨᠡᠶᠢᠭᠡᠮ ᠤᠨ ᠠᠮᠤᠷ ᠲᠦᠪᠰᠢᠨ ᠤ ᠣᠷᠴᠢᠨ ᠨᠥᠬᠦᠴᠡᠯ ᠢ ᠰᠠᠶᠢᠵᠢᠷᠠᠭᠤᠯᠪᠠ᠃ ᠠᠷᠠᠳ ᠤᠨ ᠡᠶᠡᠳᠡᠭᠦᠯᠭᠡ ᠬᠢᠭᠡᠳ ᠬᠠᠤᠯᠢ ᠴᠠᠭᠠᠵᠠ ᠶᠢᠨ ᠡᠶᠡᠳᠡᠭᠦᠯᠭᠡ᠂ ᠵᠠᠰᠠᠭ ᠵᠠᠬᠢᠷᠭᠠᠨ ᠤ ᠡᠶᠡᠳᠡᠭᠦᠯᠭᠡ ᠶᠢ ᠬᠠᠷᠢᠯᠴᠠᠨ ᠵᠣᠯᠭᠠᠯᠳᠤᠭᠤᠯᠬᠤ ᠶᠢ ᠴᠢᠩᠭᠠᠳᠬᠠᠪᠠ᠃ ᠵᠠᠬᠢᠳᠠᠯ ᠰᠣᠷᠪᠤᠯᠵᠢᠯᠠᠭ᠎ᠠ᠂ ᠱᠠᠲᠤ ᠠᠯᠤᠰᠯᠠᠨ ᠳᠡᠭᠡᠭᠰᠢ ᠰᠤᠷᠪᠤᠯᠵᠢᠯᠠᠬᠤ ᠶᠢ ᠲᠥᠪᠯᠡᠷᠡᠭᠦᠯᠦᠨ ᠴᠡᠭᠴᠡᠯᠡᠵᠦ᠂ ᠨᠢᠭᠡ ᠪᠦᠯᠦᠭ ᠬᠦᠨᠳᠦ ᠬᠡᠴᠡᠭᠦᠦ ᠬᠡᠷᠡᠭ᠂ ᠲᠦᠪᠡᠭ ᠪᠤᠳᠤᠯᠢᠶᠠᠨ ᠲᠠᠢ ᠠᠷᠬᠠᠭ ᠬᠡᠷᠡᠭ ᠤᠳ ᠢ ᠰᠢᠢᠳᠪᠦᠷᠢᠯᠡᠬᠦ ᠳᠤ ᠴᠠᠭ ᠬᠤᠭᠤᠴᠠᠭ᠎ᠠ ᠂ ᠠᠩᠬᠠᠷᠤᠯ ᠬᠠᠨᠳᠤᠭᠤᠯᠵᠤ ᠭᠦᠢᠴᠡᠳᠬᠡᠭᠰᠡᠨ ᠠᠴᠠ ᠢᠷᠭᠡᠳ ᠤᠨ ᠬᠠᠨᠤᠮᠵᠢ ᠶᠢᠨ ᠲᠥᠪᠰᠢᠨ ᠶᠡᠷᠦᠩᠬᠡᠢ ᠳᠤ ᠪᠠᠨ ᠳᠡᠭᠡᠭᠰᠢᠯᠡᠭᠰᠡᠨ ᠪᠠᠶᠢᠨ᠎ᠠ᠃       ᠡᠭᠦᠨ ᠠᠴᠠ ᠭᠠᠳᠠᠨ᠎ᠠ᠂ ᠨᠠᠮ ᠤᠨ ᠦᠨᠳᠦᠰᠦᠲᠡᠨ ᠱᠠᠰᠢᠨ ᠰᠤᠷᠲᠠᠬᠤᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠨᠠᠨ ᠪᠤᠳᠤᠬᠤ᠂ ᠪᠦᠷᠢᠳᠬᠡᠨ ᠪᠠᠶᠢᠴᠠᠭᠠᠬᠤ᠂ ᠠᠮᠤ ᠪᠤᠳᠠᠭ᠎ᠠ ᠬᠠᠩᠭᠠᠨ ᠪᠣᠷᠣᠯᠠᠭᠤᠯᠬᠤ᠂ ᠭᠠᠵᠠᠷ ᠬᠥᠳᠡᠯᠦᠯᠲᠡ ᠴᠠᠭ ᠠᠭᠤᠷ᠂ ᠴᠡᠷᠢᠭ ᠠᠴᠠ ᠬᠠᠯᠠᠭᠳᠠᠭᠰᠠᠳ᠂ ᠲᠠᠩᠰᠠ ᠡᠪᠬᠡᠮᠡᠯ ᠲᠡᠦᠬᠡ ᠲᠡᠮᠳᠡᠭᠯᠡᠯ᠂ ᠭᠠᠳᠠᠭᠠᠳᠤ ᠶᠠᠪᠤᠳᠠᠯ ᠬᠠᠷᠢᠶᠠᠲᠤ ᠨᠠᠷ ᠤᠨ ᠶᠠᠪᠤᠳᠠᠯ ᠵᠡᠷᠭᠡ ᠰᠠᠯᠪᠤᠷᠢ ᠤᠳ ᠤᠨ ᠠᠵᠢᠯ ᠢ ᠤᠯᠠᠮ ᠴᠢᠩᠭᠠᠳᠬᠠᠪᠠ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠰᠢᠨᠵᠢᠯᠡᠭᠡ ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠵᠡᠮᠳᠡᠭᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠵᠡᠷᠭᠡ ᠶᠢᠨ ᠦᠢᠯᠡᠰ ᠰᠢᠨ᠎ᠡ ᠲᠠᠪᠰᠢᠯᠳᠠ ᠲᠠᠢ ᠪᠣᠯᠪᠠ       ᠲᠥᠯᠥᠭᠡᠯᠡᠭᠴᠢᠳ ᠠ᠋︕ ᠨᠢᠭᠡ ᠵᠢᠯ ᠤᠨ ᠲᠤᠷᠰᠢ᠂ ᠪᠢᠳᠡ ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠡᠷᠴᠢᠮᠲᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠪᠠ᠃ ︽ᠭᠤᠷᠪᠠ ᠶᠢ ᠴᠢᠬᠤᠯᠠᠴᠢᠯᠠᠬᠤ ᠭᠤᠷᠪᠠ ᠶᠢ ᠠᠳᠠᠯᠢᠳᠬᠠᠬᠤ ᠭᠤᠷᠪᠠ ᠶᠢ ᠳᠡᠭᠡᠭᠰᠢᠯᠡᠭᠦᠯᠬᠦ︾ ᠪᠠᠷ ᠪᠣᠳᠠᠲᠠᠢ ᠭᠠᠷᠳᠠᠴᠠ ᠪᠣᠯᠭᠠᠭᠰᠠᠨ ᠴᠢᠩᠭ᠎ᠠ ᠰᠤᠷᠲᠠᠯ ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠳᠦᠷᠢ ᠲᠥᠷᠬᠦ ᠶᠢ ᠪᠤᠢ ᠪᠣᠯᠭᠠᠬᠤ ᠲᠤᠰᠬᠠᠢ ᠠᠵᠢᠯᠯᠠᠭ᠎ᠠ ᠢᠯᠡᠳᠲᠡ ᠦᠷ᠎ᠡ ᠪᠦᠲᠦᠮᠵᠢ ᠣᠯᠵᠤ᠂ ︽ᠲᠦᠷᠪᠡᠨ  ᠰᠤᠷᠲᠠᠯ︾ ᠤᠨ ᠠᠰᠠᠭᠤᠳᠠᠯ ᠢ  ᠤᠯᠠᠮ  ᠵᠠᠯᠠᠷᠠᠭᠤᠯᠤᠨ ᠵᠠᠰᠠᠵᠤ᠂ ︽ᠭᠤᠷᠪᠠᠨ ᠣᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠦᠵᠡᠭᠳᠡᠯ ᠢ ᠡᠷᠴᠢᠮᠲᠡᠢ ᠬᠢᠵᠠᠭᠠᠷᠯᠠᠪᠠ᠃ ︽ᠬᠦᠴᠦ ᠪᠠᠨ ᠬᠠᠮᠲᠤᠳᠬᠠᠵᠤ ᠬᠥᠭᠵᠢᠯᠲᠡ ᠶᠢ ᠰᠦᠪᠡᠭᠴᠢᠯᠡᠶ᠎ᠡ · ᠡᠷᠡᠮᠡᠬᠡᠶᠢᠯᠡᠨ ᠤᠷᠤᠭᠰᠢᠯᠠᠵᠤ ᠰᠢᠨ᠎ᠡ   ᠶᠢ ᠪᠢᠴᠢᠭᠯᠡᠶ᠎ᠡ︾ ᠭᠡᠬᠦ ᠰᠢᠷᠢᠰ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠰᠢᠨ᠎ᠡ ᠪᠠᠷ ᠥᠷᠨᠢᠭᠦᠯᠵᠦ᠂ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠠᠮᠢᠵᠢᠷᠠᠯ ᠤᠨ ᠬᠦᠴᠦᠨ ᠢ ᠬᠥᠭᠵᠢᠭᠡᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠨ ᠤ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ 45 ᠬᠤᠪᠢ ᠰᠢᠢᠳᠪᠦᠷᠢᠯᠡᠪᠡ᠃ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠡᠷᠡᠰ ᠲᠤᠤᠱᠯᠠᠭᠤᠯᠵᠤ᠂ ᠲᠥᠪ ᠤᠨ ᠨᠠᠢᠮᠠᠨ ᠵᠦᠢᠯ ᠤᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ︽ᠠᠷᠪᠢᠯᠠᠨ ᠭᠠᠮᠨᠠᠬᠤ︾ ᠶᠢ ᠪᠠᠷᠢᠮᠲᠠᠯᠠᠵᠤ᠂ ᠬᠤᠰᠢᠭᠤᠨ ᠤ ᠲᠣᠰ ᠱᠠᠲᠤᠨ ᠤ ᠭᠤᠣᠯᠳᠠᠯᠭ᠎ᠠ ᠶᠢᠨ ᠪᠤᠰᠤ᠂ ᠴᠢᠬᠤᠯᠠ ᠪᠤᠰᠤ ᠵᠠᠷᠤᠯᠭ᠎ᠠ ᠶᠢ ᠤᠯᠠᠮ ᠪᠠᠭᠠᠰᠬᠠᠵᠤ᠂ ᠠᠷᠪᠢᠯᠠᠨ ᠭᠠᠮᠨᠠᠬᠤ ᠵᠠᠰᠠᠭ ᠤᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠪᠠ᠃       ᠲᠥᠯᠥᠭᠡᠯᠡᠭᠴᠢᠳ ᠠ᠋︕ ᠥᠩᠭᠡᠷᠡᠭᠰᠡᠨ ᠨᠢᠭᠡ ᠵᠢᠯ ᠳᠤ᠂ ᠪᠢᠳᠡ ︽ᠭᠤᠷᠪᠠᠨ ᠡᠷᠡᠰ ᠭᠤᠶᠢᠪᠢᠰᠢ ᠥᠬᠡᠶ ᠪᠠᠶᠢᠬᠤ︾ ᠶᠢ ᠲᠤᠤᠱᠯᠠᠭᠤᠯᠵᠤ᠂ ᠵᠢᠯᠣᠭᠤᠳᠤᠨ ᠲᠣᠬᠢᠷᠠᠭᠤᠯᠬᠤ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠤᠷᠢᠳ ᠬᠤᠵᠢᠳ 1 ᠳ᠋ᠦᠩᠰᠢᠭᠤᠷ ᠲᠥᠭᠦᠷᠢᠭ ᠤᠨ ᠪᠡᠯᠡ ᠬᠥᠷᠥᠩᠭᠡ ᠣᠷᠣᠭᠤᠯᠤᠨ᠂ ᠬᠢᠵᠢᠭ ᠤᠨ ᠬᠠᠯᠳᠠᠪᠤᠷᠢ ᠶᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠪᠠᠲᠤᠯᠠᠨ᠂ ᠨᠠᠷᠢᠯᠢᠭ ᠣᠨᠣᠴᠢᠲᠠᠢ ᠪᠠᠷ ᠥᠷᠨᠢᠭᠦᠯᠵᠦ᠂ ᠭᠡᠨᠡᠳᠲᠡ ᠡᠭᠦᠰᠦᠭᠰᠡᠨ ᠬᠢᠵᠢᠭ ᠤᠨ ᠬᠠᠯᠳᠠᠪᠤᠷᠢ ᠶᠢ ᠡᠷᠡᠰ ᠰᠢᠭᠤᠷᠬᠠᠢ ᠪᠠᠷ ᠰᠢᠢᠳᠪᠦᠷᠢᠯᠡᠨ᠂ ᠪᠠᠶᠢᠩᠭᠤᠵᠢᠭᠤᠯᠤᠭᠰᠠᠨ ᠬᠢᠵᠢᠭ ᠤᠨ ᠬᠠᠯᠳᠠᠪᠤᠷᠢ ᠶᠢ ᠰᠡᠷᠭᠡᠶᠢᠯᠡᠨ ᠡᠵᠡᠮᠳᠡᠬᠦ ᠲᠠᠯ᠎ᠠ ᠪᠠᠷ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠮᠵᠢ ᠣᠯᠵᠤ᠂ 2982 ᠰᠠᠶᠢᠨ ᠳᠤᠷᠠᠴᠤᠳ᠂ ᠳᠡᠭᠡᠳᠦ ᠰᠤᠷᠭᠠᠭᠤᠯᠢ ᠶᠢᠨ ᠰᠣᠷᠣᠭᠴᠢ ᠶᠢ ᠲᠤᠰᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠪᠥᠬᠦ ᠬᠤᠰᠢᠭᠤᠨ ᠳᠤ ᠬᠤᠷᠢᠭ᠎ᠠ ᠲᠠᠢ ᠬᠠᠮᠢᠶᠠᠷᠤᠯᠲᠠ ᠶᠢ ᠬᠡᠷᠡᠭᠵᠢᠭᠦᠯᠦᠭᠰᠡᠨ ᠦᠭᠡᠢ ᠠᠴᠠ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠡᠮᠬᠢ ᠳᠢᠭᠯᠢᠮ ᠲᠠᠢ ᠪᠣᠯᠪᠠ᠃ ᠠᠳᠡ᠂ ᠪᠢᠳᠡ ᠪᠥᠬᠦ ᠬᠤᠰᠢᠭᠤᠨ ᠤ ᠡᠮᠴᠢ ᠰᠤᠪᠢᠯᠠᠭᠴᠢ᠂ ᠴᠠᠭᠳᠠᠭ᠎ᠠ᠂ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠺᠠᠳ᠋ᠷ ᠪᠣᠯᠣᠨ ᠥᠷᠭᠡᠨ ᠣᠯᠠᠨ ᠰᠠᠶᠢᠨ ᠳᠤᠷᠠᠴᠤᠳ ᠤᠨ ᠰᠢᠷᠭᠠᠭᠤ ᠵᠢᠳᠬᠦᠨ᠂ ᠨᠣᠶᠢᠷ ᠬᠤᠭᠤᠯᠠ ᠦᠭᠡᠢ ᠤᠨᠲᠠᠵᠤ ᠠᠮᠠᠷᠠᠯ ᠦᠭᠡᠢ ᠪᠠᠷ ᠰᠢᠭᠤᠷᠬᠠᠶᠢᠯᠠᠨ ᠠᠵᠢᠯᠯᠠᠭᠰᠠᠨ ᠳᠤ ᠡᠷᠬᠢᠮ ᠳᠡᠭᠡᠳᠤ ᠬᠦᠨᠳᠦᠳᠬᠡᠯ ᠢᠶᠠᠨ ᠢᠯᠡᠷᠬᠡᠶᠢᠯᠡᠶ᠎ᠡ᠃ ᠣᠨᠴᠠᠭᠠᠶᠢᠯᠠᠨ ᠪᠥᠬᠦ ᠬᠤᠰᠢᠭᠤᠨ ᠤ ᠠᠷᠠᠳ ᠲᠦᠮᠡᠨ ᠤ ᠣᠶᠢᠯᠠᠭᠠᠯᠴᠠᠨ ᠪᠠᠭᠲᠠᠭᠠᠵᠤ᠂ ᠪᠥᠬᠦ ᠬᠦᠴᠦᠨ ᠢᠶᠠᠷ ᠢᠶᠠᠨ ᠳᠡᠮᠵᠢᠵᠦ᠂ ᠨᠢᠭᠲᠠ ᠬᠠᠮᠵᠢᠯᠴᠠᠭᠰᠠᠨ ᠳᠤ ᠲᠠᠯᠠᠷᠬᠠᠵᠤ ᠪᠠᠶᠢᠨ᠎ᠠ᠃ ᠥᠩᠭᠡᠷᠡᠭᠰᠡᠨ ᠨᠢᠭᠡ ᠵᠢᠯ ᠤᠨ ᠠᠮᠵᠢᠯᠲᠠ ᠪᠦᠲᠦᠮᠵᠢ ᠪᠣᠯ ᠬᠢᠵᠢᠭ ᠤᠨ ᠬᠠᠯᠳᠠᠪᠤᠷᠢ ᠠᠬᠢᠨ ᠳᠠᠬᠢᠨ ᠨᠥᠯᠥᠭᠡᠯᠡᠵᠦ᠂ ᠬᠤᠷᠸ᠎ᠠ ᠠᠵᠤ ᠠᠬᠤᠢ ᠨᠠᠷᠢᠨ ᠪᠤᠳᠤᠯᠢᠶᠠᠨᠲᠠᠢ ᠪᠥᠭᠡᠳ ᠬᠤᠪᠢᠷᠠᠯᠲᠠ ᠶᠡᠬᠡᠲᠡᠢ᠂ ᠡᠯᠧᠮᠧᠨ᠋ᠲ ᠤᠨ ᠬᠢᠵᠠᠭᠠᠷᠯᠠᠯ ᠳᠠᠪᠬᠤᠴᠠᠭᠰᠠᠨ ᠨᠥᠯᠥᠭᠡᠯᠡᠯ ᠤᠨ ᠳᠣᠣᠷ᠎ᠠ ᠣᠯᠣᠭᠰᠠᠨ ᠶᠤᠮ᠂ ᠡᠨᠡ ᠨᠢ ᠲᠤᠶᠢᠯ ᠤᠨ ᠬᠢᠯᠪᠠᠷ ᠪᠤᠰᠤ᠂ ᠡᠷᠬᠢᠮ ᠨᠠᠨᠳᠢᠨ ᠵᠦᠢᠯ ᠪᠣᠯᠬᠤ ᠶᠤᠮ᠃ ᠡᠨᠡ ᠪᠣᠯ ᠠᠶᠢᠮᠠᠭ ᠤᠨ ᠨᠠᠮ ᠤᠨ ᠬᠤᠷᠢᠶ᠎ᠠ᠂ ᠵᠠᠰᠠᠭ ᠵᠠᠬᠢᠷᠭ᠎ᠠ ᠪᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠶᠢᠨ ᠦᠷ᠎ᠡ ᠳ᠋ᠦᠩ ᠮᠥᠨ᠂ ᠨᠠᠩ ᠴᠤ ᠪᠥᠬᠦ ᠬᠤᠰᠢᠭᠤᠨ ᠤ ᠠᠷᠠᠳ ᠲᠦᠮᠡᠨ ᠤ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ ᠡᠯ᠎ᠡ ᠹᠷᠣᠨᠲ ᠲᠤ ᠰᠢᠷᠭᠠᠭᠤ ᠠᠵᠢᠯᠯᠠᠵᠤ ᠪᠠᠶᠢᠭ᠎ᠠ ᠥᠷᠭᠡᠨ ᠤᠯᠠᠨ ᠺᠠᠳ᠋ᠷ ᠤᠯᠠᠨ ᠲᠦᠮᠡᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠥᠰ᠂ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ᠂ ᠠᠵᠢᠯ ᠠᠴᠠ ᠪᠠᠨ ᠳᠠᠷᠬᠠᠯᠠᠭᠳᠠᠭᠰᠠᠨ ᠠᠬᠠᠮᠠᠳ ᠨᠥᠬᠦᠳ ᠪᠣᠯᠣᠨ ᠠᠯᠠᠱᠠ ᠵᠡᠭᠦᠨ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠬᠥᠮᠥᠰ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕       ᠲᠥᠯᠥᠭᠡᠯᠡᠭᠴᠢᠳ ᠠ᠋︕ ᠠᠮᠵᠢᠯᠲᠠ ᠪᠦᠲᠦᠮᠵᠢ ᠪᠠᠨ ᠳ᠋ᠦᠩᠨᠡᠬᠦ ᠶᠢᠨ ᠵᠡᠷᠭᠡᠴᠡᠭᠡᠪᠡᠷ ᠪᠢᠳᠡ ᠪᠠᠰᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠮᠳᠠ ᠮᠠᠰᠢ ᠤᠯᠠᠨ ᠲᠦᠪᠡᠭᠲᠡᠢ ᠠᠰᠠᠭᠤᠳᠠᠯ ᠲᠤᠯᠭᠠᠷᠠᠵᠤ ᠪᠠᠶᠢᠬᠤ ᠶᠢ ᠰᠡᠷᠭᠡᠭ ᠢᠶᠠᠷ ᠲᠠᠨᠢᠵᠤ ᠣᠯᠬᠤ ᠬᠡᠷᠡᠭᠲᠡᠢ᠃ ᠭᠤᠣᠯᠳᠠᠭᠤ ᠬᠠᠭᠤᠴᠢᠨ ᠠᠵᠤ ᠦᠢᠯᠡᠳᠪᠦᠷᠢᠯᠡᠯ ᠢ ᠰᠢᠨ᠎ᠡ ᠠᠵᠤ ᠦᠢᠯᠡᠳᠪᠦᠷᠢᠯᠡᠯ ᠢᠶᠠᠷ ᠰᠣᠯᠢᠬᠤ ᠠᠵᠢᠯ ᠲᠤᠤᠱᠲᠠᠢ ᠶᠠᠪᠤᠭᠳᠠᠭ᠎ᠠ ᠦᠭᠡᠢ᠂ ᠴᠢᠨᠠᠷᠯᠢᠭ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠵᠥᠷᠢᠴᠡᠯ ᠮᠥᠨᠬᠦ ᠲᠣᠪᠣᠶᠢᠮ᠎ᠠ ᠪᠠᠶᠢᠨ᠎ᠠ᠃ ᠰᠠᠶᠢᠨ ᠲᠦᠷᠦᠯ ᠵᠦᠢᠯ᠂ ᠲᠣᠮᠣ ᠲᠦᠷᠦᠯ ᠵᠦᠢᠯ ᠢ ᠨᠠᠶᠢᠳᠠᠪᠤᠷᠢᠵᠢᠭᠤᠯᠤᠭᠰᠠᠨ ᠨᠢ ᠴᠥᠭᠡᠨ᠂ ᠠᠵᠤ ᠠᠬᠤᠢ ᠶᠢᠨ ᠰᠢᠨ᠎ᠡ ᠥᠰᠥᠯᠲᠡ ᠶᠢᠨ ᠴᠡᠭ ᠤᠨ ᠪᠦᠷᠢᠯᠳᠦᠯ ᠤᠳᠠᠭᠠᠨ ᠪᠠᠶᠢᠨ᠎ᠠ᠃ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠲᠡᠭᠰᠢ ᠪᠤᠰᠤ ᠪᠠᠶᠢᠵᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠣᠮᠲᠣᠭᠠᠶᠢᠯᠠᠵᠤ ᠪᠣᠯᠣᠰᠢ ᠦᠭᠡᠢ᠃ ᠬᠤᠳᠠ ᠶᠢᠨ ᠬᠠᠮᠢᠶᠠᠷᠤᠯᠲᠠ᠂ ᠰᠤᠷᠭᠠᠨ ᠬᠥᠮᠦᠵᠢᠯ ᠡᠮ ᠡᠮᠨᠡᠯᠭᠡ᠂ ︽ᠨᠠᠰᠤᠲᠠᠶᠢᠴᠤᠳ ᠪᠣᠯᠤᠨ ᠨᠢᠯᠬᠠᠰ︾᠂ ᠨᠡᠶᠢᠭᠡᠮ ᠤᠨ ᠦᠢᠯᠡᠰ ᠤᠨ ᠬᠥᠭᠵᠢᠯᠲᠡ ᠳᠤ ᠮᠥᠨ ᠯᠡ ᠳᠤᠲᠠᠭᠤᠳᠠᠯ ᠣᠷᠣᠰᠢᠵᠤ ᠪᠠᠶᠢᠨ᠎ᠠ᠃ ᠬᠡᠰᠡᠭ ᠺᠠᠳ᠋ᠷᠴᠤᠳ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠠᠰᠠ ᠲᠠᠰᠤᠷᠠᠯᠲᠠ ᠦᠭᠡᠢ ᠰᠢᠯᠢᠳᠡᠭᠵᠢᠭᠦᠯᠬᠦ ᠴᠢᠬᠤᠯᠠᠲᠠᠢ ᠪᠠᠶᠢᠨ᠎ᠠ᠃ ᠡᠳᠡᠭᠡᠷ ᠠᠰᠠᠭᠤᠳᠠᠯ ᠤᠳ ᠲᠤ ᠪᠢᠳᠠ ᠶᠡᠬᠡᠬᠡᠨ ᠠᠩᠬᠠᠷᠤᠯ ᠬᠠᠨᠳᠤᠭᠤᠯᠵᠤ᠂ ᠬᠦᠨᠳᠦᠷᠡᠯ ᠪᠡᠷᠬᠡᠰᠢᠶᠡᠯ ᠢ ᠳᠠᠪᠠᠨ ᠲᠤᠭᠤᠯᠵᠤ ᠂ ᠰᠢᠢᠳᠪᠦᠷᠢᠯᠡᠬᠦ ᠦᠷ᠎ᠡ ᠳ᠋ᠦᠩ ᠲᠠᠢ ᠠᠷᠭ᠎ᠠ ᠬᠡᠮᠵᠢᠶ᠎ᠡ ᠠᠪᠤᠨ᠎ᠠ ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号