| ᠬᠤᠶᠠᠷ᠂ 2023 ᠣᠨ ᠤ ᠠᠵᠢᠯ ᠤᠨ ᠲᠣᠬᠢᠷᠠᠭᠤᠯᠤᠯᠲᠠ | 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠪᠠᠰᠠ ᠴᠤ ᠠᠷᠪᠠᠨ ᠳᠥᠷᠪᠡᠳᠦᠭᠡᠷ ᠲᠠᠪᠤᠨ | ᠵᠢᠯ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ | ᠵᠠᠩᠭᠢᠯᠠᠭ᠎ᠠ ᠶᠢᠨ ᠵᠢᠯ ᠮᠥᠨ᠃ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ | ᠶᠡᠭᠡ ᠬᠤᠷᠠᠯ ᠪᠣᠯᠣᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ | ᠨᠢᠭᠡᠳᠦᠭᠡᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠶᠢᠮᠠᠭ ᠤᠨ ᠨᠠᠮ ᠤᠨ | ᠬᠤᠷᠢᠶ᠎ᠠ᠂ ᠵᠠᠬᠢᠷᠭ᠎ᠠ ᠶᠢᠨ ᠠᠵᠢᠯ ᠤᠨ ᠪᠠᠶᠢᠷᠢᠯᠠᠭᠤᠯᠤᠯᠲᠠ ᠪᠣᠯᠣᠨ ᠠᠵᠢᠯ ᠤᠨ ᠱᠠᠭᠠᠷᠳᠠᠯᠭ᠎ᠠ ᠪᠠᠷ᠂ ᠰᠢᠨ᠎ᠡ ᠴᠠᠭ | ᠦᠶ᠎ᠡ ᠰᠢᠨ᠎ᠡ ᠠᠶᠠᠨ ᠵᠠᠮ ᠳᠠᠬᠢ ᠨᠠᠮ ᠤᠨ ᠭᠤᠣᠯ ᠡᠭᠦᠷᠭᠡ ᠲᠠᠢ ᠨᠢᠭᠲᠠ ᠤᠶᠠᠯᠳᠤᠭᠤᠯᠤᠨ᠂ ᠰᠢ ᠶᠢᠨ ᠫᠢᠩ | ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠳᠤ ᠠᠩᠬᠠᠷᠤᠯ ᠢᠶᠠᠨ | ᠬᠠᠨᠳᠤᠭᠤᠯᠤᠨ ᠭᠦᠢᠴᠡᠳᠬᠡᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷᠯᠢᠭ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ︽ | ᠵᠢᠷᠭᠤᠭᠠᠨ ᠭᠤᠷᠪᠠ︾ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠳᠠᠲᠠᠢ ᠠᠷᠭ᠎ᠠ ᠬᠡᠮᠵᠢᠶ᠎ᠡ ᠶᠢ ᠦᠨᠡᠨᠬᠦ | ᠴᠢᠩᠭᠠᠳᠬᠠᠵᠤ᠂ ᠥᠰᠥᠯᠲᠡ ᠶᠢ ᠲᠣᠭᠲᠠᠪᠤᠷᠢᠲᠠᠢ ᠪᠠᠶᠢᠯᠭᠠᠬᠤ᠂ ᠠᠵᠢᠯ ᠣᠯᠭᠤᠯᠲᠠ ᠶᠢ ᠲᠣᠭᠲᠠᠪᠤᠷᠢᠲᠠᠢ ᠪᠠᠶᠢᠯᠭᠠᠬᠤ | ᠂ ᠪᠠᠷᠠᠭᠠᠨ ᠤ ᠦᠨ᠎ᠡ ᠶᠢ ᠲᠣᠭᠲᠠᠪᠤᠷᠢᠲᠠᠢ ᠪᠠᠶᠢᠯᠭᠠᠬᠤ ᠠᠵᠢᠯ ᠢ ᠰᠠᠶᠢᠲᠤᠷ ᠭᠦᠢᠴᠡᠳᠬᠡᠵᠦ᠂ ᠬᠦᠨᠳᠦ ᠨᠣᠴᠢᠲᠠᠢ | ᠠᠶᠤᠯ ᠡᠷᠡᠰᠳᠡᠯ ᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠠᠵᠤ ᠠᠬᠤᠢ ᠶᠢᠨ ᠠᠵᠢᠯᠯᠠᠭᠠᠨ ᠤ ᠪᠦᠬᠦᠯᠢ | ᠴᠣᠭᠴᠠ ᠶᠢᠨ ᠰᠠᠶᠢᠵᠢᠷᠠᠯᠲᠠ ᠶᠢ ᠠᠬᠢᠭᠤᠯᠤᠨ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠪᠤᠷᠢᠲᠠᠢ | ᠪᠠᠶᠢᠬᠤ ᠶᠢ ᠪᠠᠲᠤᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠡᠷᠡᠰ ᠪᠠᠲᠤ | ᠪᠣᠶ ᠪᠣᠯᠭᠠᠵᠤ᠂ ᠠᠮᠢ ᠠᠬᠤᠢ ᠭᠤᠶᠢᠳᠠ ᠰᠠᠶᠢᠬᠠᠨ᠂ ᠠᠵᠤ ᠦᠢᠯᠡᠰ ᠥᠭᠡᠳᠡ ᠡᠰᠡᠷᠡᠭ᠂ ᠠᠷᠠᠳ ᠲᠦᠮᠡᠨ ᠪᠠᠶᠠᠨ | ᠴᠢᠨᠡᠭᠡᠯᠢᠭ ᠡᠶ᠎ᠡ ᠵᠣᠬᠢᠴᠠᠯ ᠲᠠᠢ ᠵᠣᠯ ᠵᠢᠷᠭᠠᠯᠲᠤ ᠠᠯᠠᠱᠠ ᠵᠡᠭᠦᠨ ᠬᠤᠰᠢᠭᠤ ᠶᠢ ᠴᠢᠷᠮᠠᠶᠢᠨ ᠪᠦᠲᠦᠭᠡᠨ ᠪᠠᠶᠢᠭᠤᠯᠤᠨ᠎ᠠ᠃ | | 2023 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ | ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 7% ᠣᠷᠴᠢᠮ ᠢᠶᠠᠷ ᠨᠡᠮᠡᠭᠳᠡᠭᠦᠯᠵᠦ᠂ 500 | ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 50% ᠠᠴᠠ | ᠳᠡᠭᠡᠭᠰᠢ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ | 3% ᠪᠠᠷ ᠨᠡᠮᠡᠭᠳᠡᠭᠦᠯᠦᠨ᠂ ᠤᠯᠠᠨ ᠨᠡᠶᠢᠲᠡ ᠶᠢᠨ ᠡᠩ ᠤᠨ ᠲᠥᠰᠥᠪ ᠤᠨ ᠣᠷᠣᠯᠭ᠎ᠠ ᠶᠢ ᠲᠣᠭᠲᠠᠪᠤᠷᠢᠲᠠᠢ ᠪᠠᠷ | ᠨᠡᠮᠡᠭᠳᠡᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠥᠰᠥᠯᠲᠡ ᠶᠢ ᠠᠵᠤ ᠠᠬᠤᠢ ᠶᠢᠨ | ᠥᠰᠥᠯᠲᠡ ᠲᠠᠢ ᠦᠨᠳᠦᠰᠦᠨ ᠳᠡᠭᠡᠨ ᠠᠳᠠᠯᠢ ᠪᠠᠶᠢᠯᠭᠠᠵᠤ᠂ ᠳᠡᠭᠡᠳᠦ ᠱᠠᠲᠤᠨ ᠠᠴᠠ ᠪᠠᠭᠤᠯᠭᠠᠭᠰᠠᠨ ᠡᠨᠧᠷᠭᠢ | ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠠᠷᠠᠯᠲᠠ ᠡᠭᠦᠷᠭᠡ ᠶᠢ ᠪᠡᠶᠡᠯᠡᠭᠦᠯᠦᠨ᠎ᠡ᠃ ᠡᠯ᠎ᠡ ᠵᠦᠢᠯ ᠤᠨ | ᠬᠢᠵᠠᠭᠠᠷᠯᠠᠬᠤ ᠴᠢᠨᠠᠷᠲᠠᠢ ᠭᠦᠢᠴᠡᠳᠬᠡᠬᠦ ᠲᠤᠭ᠎ᠠ ᠶᠢ ᠳᠡᠭᠡᠳᠦ ᠱᠠᠲᠤᠨ ᠠᠴᠠ ᠪᠠᠭᠤᠯᠭᠠᠭᠰᠠᠨ ᠭᠦᠢᠴᠡᠳᠬᠡᠬᠦ | ᠲᠤᠭ᠎ᠠ ᠶᠢᠨ ᠳᠣᠲᠣᠷ᠎ᠠ ᠬᠢᠵᠠᠭᠠᠷᠯᠠᠨ᠎ᠠ᠃ | ᠡᠮᠦᠨ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠤᠯᠠᠳᠠ᠂ ᠳᠠᠷᠠᠭᠠᠬᠢ ᠨᠠᠢᠮᠠᠨ ᠲᠠᠯ᠎ᠠ ᠶᠢᠨ ᠠᠵᠢᠯ ᠢ | ᠭᠤᠣᠯᠳᠠᠯᠭ᠎ᠠ ᠲᠠᠢ ᠰᠠᠶᠢᠲᠤᠷ ᠭᠦᠢᠴᠡᠳᠬᠡᠨ᠎ᠡ᠃ | ︵ᠨᠢᠭᠡ︶ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠪᠥᠬᠦ ᠲᠠᠯ᠎ᠠ ᠪᠠᠷ ᠬᠥᠭᠵᠢᠭᠡᠨ᠎ᠡ | ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠵᠠᠰᠠᠭ ᠤᠨ ᠣᠷᠴᠢᠨ ᠨᠥᠬᠦᠴᠡᠯ ᠢ ᠪᠤᠢ ᠪᠣᠯᠭᠠᠨ᠎ᠠ᠃ | ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ᠂ ᠳᠥᠭᠦᠮᠴᠢᠯᠡᠯᠲᠡ ᠶᠢ ᠲᠦᠷᠭᠡᠳᠬᠡᠨ | ᠠᠬᠢᠭᠤᠯᠵᠤ᠂ ᠨᠠᠩ ᠣᠯᠠᠨ ᠬᠡᠷᠡᠭ ᠶᠠᠪᠤᠳᠠᠯ ᠢ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ︽ᠪᠥᠬᠦ | ᠶᠠᠪᠤᠴᠠ ᠳᠤ ᠰᠦᠯᠵᠢᠶ᠎ᠡ ᠪᠠᠷ ᠭᠦᠢᠴᠡᠳᠬᠡᠬᠦ︾ ᠪᠠ ︽ᠨᠢᠭᠡ ᠯᠡ ᠤᠳᠠᠭ᠎ᠠ ᠪᠠᠷ ᠭᠦᠢᠴᠡᠳᠬᠡᠬᠦ︾ ᠶᠢ ᠪᠡᠶᠡᠯᠡᠭᠦᠯᠦᠨ᠎ᠡ | ᠃ ᠭᠡᠷᠡᠴᠢ ᠱᠠᠭᠠᠷᠳᠠᠭᠳᠠᠬᠤ ᠲᠥᠷᠥᠯ ᠵᠦᠢᠯ ᠢ ᠤᠯᠠᠮ ᠪᠠᠭᠠᠰᠬᠠᠵᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ | ᠲᠥᠷᠥᠯ ᠵᠦᠢᠯ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠨᠠᠩ ᠣᠯᠠᠨ | ︽ᠬᠠᠪᠰᠤᠷᠤᠨ ᠰᠢᠢᠳᠪᠦᠷᠢᠯᠡᠵᠦ ᠣᠷᠣᠯᠠᠨ ᠭᠦᠢᠴᠡᠳᠬᠡᠬᠦ︾ ᠲᠥᠷᠥᠯ ᠵᠦᠢᠯ ᠢ ᠦᠨᠳᠦᠰᠦᠨ ᠱᠠᠲᠤᠨ ᠤ ᠠᠷᠠᠳ ᠲᠤ | ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠲᠤ ᠪᠠᠭᠤᠯᠭᠠᠬᠤ ᠶᠢ ᠠᠬᠢᠭᠤᠯᠤᠨ᠎ᠠ᠃ 12345 ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠤᠲᠠᠰᠤᠨ ᠤ ᠵᠢᠷᠤᠮᠵᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠵᠤ | ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ᠂ ᠠᠷᠠᠳ ᠤᠨ ᠰᠠᠨᠠᠭ᠎ᠠ ᠪᠣᠯᠵᠤ ᠪᠠᠶᠢᠭ᠎ᠠ ᠬᠡᠷᠡᠭ ᠤᠴᠢᠷ ᠤᠳ ᠢ | ᠰᠢᠢᠳᠪᠦᠷᠢᠯᠡᠬᠦ ᠳᠤ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | ᠭᠤᠣᠯᠴᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠤᠢ ᠪᠣᠯᠭᠠᠨ᠎ᠠ᠃ ᠠᠵᠤ | ᠠᠬᠤᠶᠢᠯᠠᠯ ᠡᠷᠭᠢᠯᠡᠬᠦ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠤᠨ | ᠳᠠᠩᠰᠠᠯᠠᠯᠲᠠ ᠶᠢᠨ ᠪᠥᠬᠦ ᠶᠠᠪᠤᠴᠠ ᠶᠢ ᠴᠠᠬᠢᠮᠴᠢᠯᠠᠬᠤ ᠶᠢ ᠡᠷᠴᠢᠮᠲᠡᠢ ᠠᠬᠢᠭᠤᠯᠤᠨ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠤᠬᠤᠷᠢᠨ ᠭᠠᠷᠬᠤ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠢᠲᠡᠭᠡᠮᠵᠢ ᠶᠢᠨ | ᠬᠢᠨᠠᠯᠲᠠ ᠬᠠᠮᠢᠶᠠᠷᠤᠯᠲᠠ ᠶᠢ ᠤᠯᠠᠮ ᠴᠢᠩᠭᠠᠳᠬᠠᠨ᠂ ᠣᠯᠠᠨ ᠰᠠᠯᠠᠭ᠎ᠠ ᠮᠥᠴᠢᠷ ᠬᠤᠯᠪᠤᠭᠠᠯᠠᠨ ︽ᠬᠤᠶᠠᠷ ᠢ | ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ | ᠠᠬᠢᠭᠤᠯᠤᠨ᠎ᠠ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ︽ᠲᠡᠳᠬᠦᠮᠵᠢ ᠶᠢᠨ ᠮᠥᠩᠭᠦ︾ ᠶᠢᠨ ᠵᠢᠭᠡᠯᠡᠯᠭᠡ ᠶᠢᠨ ᠲᠤᠭ᠎ᠠ ᠬᠡᠮᠵᠢᠶ᠎ᠡ ᠪᠠ ᠠᠵᠤ | ᠠᠬᠤᠶᠢᠯᠠᠯ ᠳᠤ ᠠᠰᠢᠭ ᠬᠦᠷᠲᠡᠭᠡᠬᠦ ᠬᠦᠷᠢᠶ᠎ᠡ ᠬᠡᠪᠴᠢᠶ᠎ᠡ ᠶᠢ ᠥᠷᠭᠡᠳᠬᠡᠨ᠂ ᠠᠵᠤ ᠠᠬᠤᠶᠢᠯᠠᠯ ᠤᠨ ᠪᠡᠯᠡ | ᠲᠣᠬᠢᠷᠠᠭᠤᠯᠬᠤ ᠠᠷᠭ᠎ᠠ ᠵᠠᠮ ᠢ ᠥᠷᠭᠡᠳᠬᠡᠵᠦ᠂ ︽ᠭᠤᠶᠤᠴᠢᠯᠠᠬᠤ ᠭᠠᠷᠳᠠᠮ ᠦᠭᠡᠢ ᠪᠠᠷ ᠳᠠᠷᠤᠢ ᠭᠦᠢᠴᠡᠳᠬᠡᠬᠦ︾ | ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠲᠥᠬᠦᠮ ᠦᠵᠡᠭᠦᠯᠬᠦ | ᠲᠥᠷᠥ ᠶᠢᠨ ᠪᠣᠳᠣᠯᠭ᠎ᠠ ᠶᠢ ᠨᠡᠶᠢᠳᠡᠮ ᠬᠡᠷᠡᠭᠵᠢᠭᠦᠯᠬᠦ ᠶᠢ ᠠᠬᠢᠭᠤᠯᠤᠨ᠎ᠠ᠃ | ᠴᠢᠬᠤᠯᠠ ᠲᠥᠷᠥᠯ ᠵᠦᠢᠯ ᠢ ᠳᠠᠭᠠᠭᠠᠴᠢᠯᠠᠨ ᠬᠠᠮᠢᠶᠠᠷᠬᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠦᠨ᠎ᠡ | ᠃ ᠲᠥᠷᠥᠯ ᠵᠦᠢᠯ ᠢ ᠠᠬᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠤᠰᠢᠭᠤ ᠭᠠᠵᠠᠷ ᠤᠨ ᠲᠠᠰ ᠤᠨ | ᠤᠳᠤᠷᠢᠳᠤᠯᠭ᠎ᠠ ᠶᠢᠨ ᠳᠠᠭᠠᠭᠠᠴᠢᠯᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠲᠥᠷᠥᠯ ᠵᠦᠶᠯᠴᠢᠯᠡᠨ | ᠠᠵᠢᠯᠯᠠᠭᠤᠯᠬᠤ᠂ ᠲᠣᠳᠣᠷᠬᠠᠢ ᠬᠠᠭᠤᠳᠠᠰᠤᠵᠢᠭᠤᠯᠤᠨ ᠬᠠᠮᠢᠶᠠᠷᠬᠤ᠂ ᠰᠢᠨᠵᠢᠯᠡᠬᠦ ᠤᠬᠠᠭᠠᠨᠴᠢᠯᠠᠨ ᠲᠣᠬᠢᠷᠠᠭᠤᠯᠬᠤ ᠶᠢ | ᠪᠡᠶᠡᠯᠡᠭᠦᠯᠵᠦ᠂ ᠠᠵᠢᠯ ᠤᠨ ᠠᠬᠢᠴᠠ ᠶᠢ ᠲᠣᠳᠣᠷᠬᠠᠶᠢᠯᠠᠵᠤ᠂ ᠲᠥᠷᠥᠯ ᠵᠦᠢᠯ ᠤᠨ ᠤᠷᠢᠳᠴᠢᠯᠠᠭᠰᠠᠨ ᠪᠡᠯᠡᠳᠬᠡᠯ᠂ | ᠪᠠᠷᠢᠯᠭ᠎ᠠ ᠶᠢᠨ ᠠᠬᠢᠴᠠ᠂ ᠬᠦᠴᠢᠷᠳᠡᠯ ᠲᠠᠢ ᠠᠰᠠᠭᠤᠳᠠᠯ ᠵᠡᠷᠭᠡ ᠳᠤ ᠮᠥᠷᠳᠡᠨ ᠦᠢᠯᠡᠴᠢᠯᠡᠨ᠎ᠡ᠃ ᠲᠣᠭᠲᠠᠮᠠᠯ | ᠬᠤᠭᠤᠴᠠᠭ᠎ᠠ ᠲᠠᠢ ᠪᠠᠷ ᠬᠠᠮᠲᠤᠷᠠᠭᠰᠠᠨ ᠬᠤᠷᠠᠯ ᠬᠤᠷᠠᠯᠳᠤᠭᠤᠯᠵᠤ ᠴᠢᠬᠤᠯᠠ ᠠᠵᠢᠯ ᠤᠨ ᠪᠦᠲᠦᠭᠡᠨ | ᠪᠠᠶᠢᠭᠤᠯᠤᠯᠲᠠ ᠶᠢᠨ ᠪᠠᠶᠢᠳᠠᠯ ᠢ ᠲᠣᠬᠢᠷᠠᠭᠤᠯᠵᠤ᠂ ᠬᠦᠴᠢᠷ ᠲᠦᠪᠡᠭᠲᠡᠢ ᠠᠰᠠᠭᠤᠳᠠᠯ ᠢ ᠲᠥᠪᠯᠡᠷᠡᠭᠦᠯᠦᠨ ᠰᠤᠳᠤᠯᠵᠤ᠂ | ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠴᠢᠬᠤᠯᠠ ᠲᠥᠷᠥᠯ ᠵᠦᠢᠯ ᠤᠨ ᠡᠷᠲᠡᠬᠡᠨ ᠠᠰᠢᠭᠯᠠᠯᠲᠠ ᠳᠤ | ᠣᠷᠣᠵᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠨ᠎ᠠ᠃ | ︵ᠬᠤᠶᠠᠷ︶ ᠠᠵᠤ ᠦᠢᠯᠡᠰ ᠤᠨ ᠬᠥᠭᠵᠢᠯᠲᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ | ᠮᠠᠯ ᠲᠠᠷᠢᠶᠠᠯᠠᠩ ᠠᠵᠤ ᠠᠬᠤᠢ ᠶᠢᠨ ᠴᠢᠨᠠᠷᠯᠢᠭ ᠥᠨᠳᠥᠷ ᠦᠷ᠎ᠡ ᠪᠦᠲᠦᠮᠵᠢᠲᠡᠶ ᠬᠥᠭᠵᠢᠯᠲᠡ ᠶᠢ | ᠠᠬᠢᠭᠤᠯᠤᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠬᠤᠷᠢᠭ᠎ᠠ ᠱᠤᠭᠤᠮ ᠢ ᠴᠢᠩᠳᠠᠯᠠᠵᠤ᠂ ᠠᠮᠤ ᠪᠤᠳᠠᠭᠠᠨ ᠤ | ᠤᠨᠠᠯᠲᠠ ᠶᠢᠨ ᠲᠣᠭᠲᠠᠪᠤᠷᠢᠲᠠᠢ ᠪᠠᠶᠢᠬᠤ ᠶᠢ ᠪᠠᠲᠤᠯᠠᠨ᠎ᠠ᠃ ᠬᠦᠨᠡᠰᠦ ᠨᠣᠭᠤᠭ᠎ᠠ ᠶᠢᠨ ᠬᠠᠩᠭᠠᠯᠭ᠎ᠠ ᠶᠢᠨ ᠰᠠᠭᠤᠷᠢᠨ | ᠭᠠᠵᠠᠷ ᠵᠢᠴᠢ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ | ᠰᠣᠷᠭᠤᠭ ᠢᠶᠠᠷ ᠨᠢ ᠬᠠᠳᠠᠭᠠᠯᠠᠬᠤ ᠬᠥᠮᠥᠷᠭᠡ᠂ ᠢᠵᠢ ᠪᠦᠷᠢᠨ ᠲᠥᠬᠦᠭᠡᠷᠡᠮᠵᠢᠲᠦ ᠲᠠᠷᠢᠶᠠᠯᠠᠩ᠂ ᠲᠠᠬᠢᠶ᠎ᠠ ᠲᠡᠵᠢᠭᠡᠨ | ᠦᠷᠡᠵᠢᠭᠦᠯᠬᠦ ᠵᠡᠷᠭᠡ ᠲᠥᠷᠥᠯ ᠵᠦᠢᠯ ᠢ ᠴᠢᠷᠮᠠᠶᠢᠨ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠭᠦᠢᠯᠭᠡᠭᠡᠨ ᠤ | ᠰᠢᠰᠲ᠋ᠧᠮᠵᠢ ᠪᠠ ᠪᠠᠴᠢᠮ ᠪᠠᠶᠢᠳᠠᠯ ᠢ ᠠᠷᠭᠠᠴᠠᠬᠤ ᠨᠥᠭᠡᠴᠡᠯᠡᠬᠦ ᠴᠢᠳᠠᠪᠤᠷᠢ ᠶᠢᠨ ᠳᠡᠭᠡᠭᠰᠢᠯᠡᠯᠲᠡ ᠶᠢ ᠲᠦᠷᠭᠡᠳᠬᠡᠨ᠎ᠡ᠃ | ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠥᠷᠨᠢᠭᠦᠯᠵᠦ᠂ ᠬᠥᠲᠥᠴᠢ ᠠᠵᠤ | ᠠᠬᠤᠶᠢᠯᠠᠯ ᠤᠨ ᠭᠠᠷᠤᠯᠲᠠ ᠪᠠᠨ ᠥᠷᠭᠡᠳᠬᠡᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠵᠣᠷᠢᠭᠵᠢᠭᠤᠯᠤᠨ᠎ᠠ᠃ ᠠᠯᠠᠱᠠ | ᠦᠬᠡᠷ ᠵᠡᠷᠭᠡ ᠳᠠᠪᠠᠭᠤᠯᠢᠭ ᠮᠠᠯ ᠤᠨ ᠡᠭᠦᠯᠳᠡᠷ ᠢ ᠴᠡᠪᠡᠷᠰᠢᠭᠦᠯᠦᠨ ᠰᠠᠶᠢᠵᠢᠷᠠᠭᠤᠯᠬᠤ ᠶᠢ ᠳᠡᠮᠵᠢᠵᠦ᠂ ᠡᠭᠦᠯᠳᠡᠷ ᠤᠨ | ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠶᠡᠬᠡᠪᠡᠷ ᠠᠬᠢᠭᠤᠯᠤᠨ᠎ᠠ᠃ ᠲᠡᠮᠡᠭᠡᠨ ᠰᠦ᠂ ᠲᠡᠮᠡᠭᠡᠨ ᠨᠣᠣᠰᠣ᠂ | ᠴᠢᠰᠤᠨ ᠤ ᠫᠧᠫᠲ᠋ᠢᠳ᠋ ᠤᠨ ᠪᠦᠲᠦᠭᠡᠭᠳᠡᠬᠦᠨ ᠢ ᠡᠷᠴᠢᠮᠲᠡᠢ ᠨᠡᠭᠡᠭᠡᠨ ᠬᠥᠭᠵᠢᠭᠦᠯᠵᠦ᠂ ᠮᠠᠯ ᠲᠠᠷᠢᠶᠠᠯᠠᠩ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠦᠨ᠎ᠡ᠃ ᠮᠢᠬᠠᠨ ᠤ ᠲᠥᠷᠥᠯ ᠤᠨ | ᠪᠦᠲᠦᠭᠡᠭᠳᠡᠬᠦᠨ ᠢ ᠨᠠᠷᠢᠯᠢᠭ ᠡᠷᠴᠢᠮᠲᠡᠢ ᠡᠳ᠋ᠰᠢᠭᠦᠯᠬᠦ ᠶᠢ ᠠᠬᠢᠭᠤᠯᠵᠤ᠂ ᠠᠯᠠᠵᠤ ᠨᠢᠲᠤᠯᠬᠤ᠂ ᠰᠣᠷᠭᠤᠭ ᠢᠶᠠᠷ | ᠬᠠᠳᠠᠭᠠᠯᠠᠵᠤ ᠲᠡᠭᠡᠭᠡᠪᠦᠷᠢᠯᠡᠬᠦ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ | ᠠᠵᠤ ᠦᠢᠯᠡᠳᠪᠦᠷᠢ ᠶᠢᠨ ᠠᠵᠤ ᠠᠬᠤᠢ ᠶᠢᠨ ᠥᠭᠡᠷᠡᠴᠢᠯᠡᠯᠲᠡ ᠰᠢᠨᠡᠴᠢᠯᠡᠯ ᠢ ᠠᠬᠢᠭᠤᠯᠤᠨ᠎ᠠ᠃ ᠪᠠᠯ | ᠴᠢᠯᠠᠭᠤ ᠶᠢ ᠨᠠᠷᠢᠯᠢᠭ ᠡᠳ᠋ᠰᠢᠭᠦᠯᠬᠦ᠂ ᠪᠠᠷᠠᠭᠤᠨ ᠣᠷᠣᠨ ᠤ ᠮᠧᠩ ᠨᠧᠩ ᠪᠠᠶᠢᠭᠠᠯᠢ ᠶᠢᠨ ᠰᠢᠲᠠᠮᠠᠬᠠᠢ ᠬᠡᠢ ᠶᠢᠨ | ᠬᠠᠮᠲᠤᠷᠠᠨ ᠦᠢᠯᠡᠳᠪᠦᠷᠢᠯᠡᠬᠦ ᠤᠰᠤᠲᠥ᠋ᠷᠥᠭᠴᠢ ᠶᠢᠨ ᠡᠨᠧᠷᠭᠢ ᠶᠢᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠬᠤᠸᠠᠪᠸᠢ ᠴᠢᠯᠠᠭᠤᠨ ᠲᠣᠰᠣᠨ ᠤ ᠵᠢᠲᠠᠢ ᠴᠢᠯᠠᠭᠤᠨ ᠲᠣᠰᠣᠨ ᠤ ᠠᠭᠤᠷᠬᠠᠢ ᠶᠢᠨ | ᠲᠦᠭᠦᠬᠡᠢ ᠴᠢᠯᠠᠭᠤᠨ ᠲᠣᠰᠣᠨ ᠤ ᠦᠢᠯᠡᠳᠪᠦᠷᠢᠯᠡᠯ ᠢ ᠬᠥᠭᠵᠢᠭᠦᠯᠵᠦ᠂ ᠲᠡᠶᠢᠰᠢ᠂ ᠰᠢᠨ ᠰᠢ ᠵᠢᠩ᠂ ᠲᠢᠶᠠᠨ ᠷᠦᠩ | ᠨᠡᠭᠦᠷᠡᠰᠦᠨ ᠠᠭᠤᠷᠬᠠᠢ ᠶᠢᠨ ᠤᠷᠢᠳᠴᠢᠯᠠᠭᠰᠠᠨ ᠭᠠᠷᠳᠠᠮ ᠢ ᠭᠦᠢᠴᠡᠳᠬᠡᠬᠦ ᠠᠵᠢᠯ ᠢ ᠪᠥᠬᠦ ᠬᠦᠴᠦᠨ ᠢᠶᠠᠷ ᠢᠶᠠᠨ | ᠠᠬᠢᠭᠤᠯᠤᠨ᠎ᠠ᠃ ᠬᠤᠶᠢᠲᠤ ᠠᠭᠤᠯᠠ ᠶᠢᠨ ᠠᠭᠤᠷᠬᠠᠢ ᠶᠢᠨ ᠪᠦᠰᠡ᠂ ᠠᠯᠠᠱᠠ ᠠᠭᠤᠯᠠ ᠶᠢᠨ ᠨᠡᠭᠦᠷᠡᠰᠦᠨ | ᠳᠠᠪᠬᠤᠷᠭ᠎ᠠ ᠶᠢᠨ ᠬᠡᠢ ᠶᠢ ᠬᠠᠶᠢᠨ ᠰᠢᠨᠵᠢᠯᠡᠬᠦ ᠪᠠᠷ ᠭᠤᠣᠯᠳᠠᠯᠭ᠎ᠠ ᠪᠣᠯᠭᠠᠵᠤ᠂ ᠪᠥᠬᠦ ᠬᠤᠰᠢᠭᠤᠨ ᠤ ᠠᠭᠤᠷᠬᠠᠢ ᠶᠢᠨ | ᠭᠠᠷᠤᠯᠲᠠ ᠶᠢᠨ ᠡᠬᠢ ᠪᠠᠶᠠᠯᠢᠭ ᠢ ᠬᠠᠶᠢᠨ ᠰᠢᠨᠵᠢᠵᠦ ᠨᠡᠭᠡᠭᠡᠨ ᠠᠰᠢᠭᠯᠠᠬᠤ ᠡᠷᠴᠢᠮ ᠢ ᠲᠦᠷᠭᠡᠳᠬᠡᠨ᠎ᠡ᠃ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠬᠥᠭᠵᠢᠭᠦᠯᠬᠦ ᠡᠷᠴᠢᠮ ᠢ | ᠴᠢᠩᠭᠠᠷᠠᠭᠤᠯᠤᠨ᠎ᠠ᠃ ᠮᠡᠷᠭᠡᠵᠢᠯ ᠤᠨ ᠥᠭᠡᠷᠡᠴᠢᠯᠡᠯᠲᠡ᠂ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠬᠤ᠂ ᠬᠤᠴᠤᠷᠤᠩᠭᠤᠢ ᠦᠢᠯᠡᠳᠪᠦᠷᠢᠯᠡᠯ ᠢ ᠰᠢᠨᠡᠴᠢᠯᠡᠬᠦ ᠪᠠᠷ ᠭᠤᠣᠯᠳᠠᠯᠭ᠎ᠠ ᠪᠣᠯᠭᠠᠵᠤ᠂ ᠪᠥᠬᠦ | ᠬᠤᠰᠢᠭᠤᠨ ᠤ ᠠᠵᠤ ᠦᠢᠯᠡᠳᠪᠦᠷᠢ ᠶᠢᠨ ᠬᠥᠭᠵᠢᠯᠲᠡ ᠶᠢ ᠡᠬᠢ ᠪᠠᠶᠠᠯᠢᠭ ᠤᠨ ᠬᠤᠷᠣᠭᠳᠠᠯ ᠤᠨ ᠬᠡᠯᠪᠡᠷᠢ ᠠᠴᠠ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠡᠯᠪᠡᠷᠢ ᠳᠠᠰᠢ ᠬᠤᠪᠢᠷᠠᠭᠤᠯᠵᠤ᠂ ᠡᠩ ᠤᠨ ᠡᠳ᠋ᠰᠢᠭᠦᠯᠬᠦ ᠬᠡᠯᠪᠡᠷᠢ ᠶᠢ | ᠰᠢᠨᠡᠴᠢᠯᠡᠵᠦ ᠳᠡᠭᠡᠳᠦ ᠲᠠᠰ ᠤᠨ ᠦᠶᠯᠡᠳᠬᠦ ᠬᠡᠯᠪᠡᠷᠢ ᠪᠣᠯᠭᠠᠨ ᠬᠤᠪᠢᠷᠠᠭᠤᠯᠤᠨ᠎ᠠ᠃ | ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠬᠥᠭᠵᠢᠯᠲᠡ ᠶᠢ ᠪᠦᠬᠦ ᠲᠠᠯ᠎ᠠ ᠪᠠᠷ | ᠬᠥᠭᠵᠢᠭᠦᠯᠦᠨ᠎ᠡ᠃ ᠤᠯᠤᠰ ᠤᠨ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠬᠡᠷᠡᠯ ᠸᠣᠯᠲ ᠤᠨ | ᠰᠠᠭᠤᠷᠢᠨ ᠭᠠᠵᠠᠷ ᠢ ᠪᠠᠶᠢᠭᠤᠯᠬᠤ᠂ ᠪᠥᠬᠦ ᠠᠶᠢᠮᠠᠭ ᠤᠨ ᠳ᠋ᠦᠩᠰᠢᠭᠤᠷ ᠺᠢᠯᠣᠸᠠᠲ ᠤᠨ ᠲᠠᠰ ᠤᠨ ᠴᠡᠪᠡᠷ ᠡᠨᠧᠷᠭᠢ ᠶᠢᠨ | ᠲᠣᠮᠣ ᠰᠠᠭᠤᠷᠢᠨ ᠭᠠᠵᠠᠷ ᠢ ᠪᠠᠶᠢᠭᠤᠯᠬᠤ ᠲᠡᠦᠬᠡᠨ ᠠᠵᠠ ᠲᠣᠬᠢᠶᠠᠯ ᠢ ᠵᠠᠪᠳᠤᠨ ᠠᠳᠬᠤᠵᠤ᠂ ᠴᠢᠨᠠᠷᠯᠢᠭ ᠴᠡᠪᠡᠷ | ᠡᠨᠧᠷᠭᠢ ᠶᠢᠨ ᠲᠥᠷᠥᠯ ᠵᠦᠢᠯ ᠢ ᠠᠯᠠᠱᠠ ᠵᠡᠭᠦᠨ ᠬᠤᠰᠢᠭᠤᠨ ᠳᠤ ᠨᠠᠶᠢᠳᠠᠪᠤᠷᠢᠵᠢᠭᠤᠯᠬᠤ ᠪᠠᠷ ᠴᠢᠷᠮᠠᠶᠢᠨ᠎ᠠ᠃ 160 | ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠭᠠᠵᠠᠷ᠂ ᠬᠤᠸ ᠶᠠ 500 ᠺᠢᠯᠣᠸᠠᠲ ᠤᠨ | ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠵᠡᠷᠭᠡ ᠲᠥᠷᠥᠯ ᠵᠦᠢᠯ ᠤᠨ ᠠᠰᠢᠭᠯᠠᠯᠲᠠ ᠳᠤ ᠣᠷᠣᠬᠤ ᠶᠢ | ᠠᠬᠢᠭᠤᠯᠤᠨ᠎ᠠ᠃ ᠠᠯᠠᠱᠠ ᠵᠡᠭᠦᠨ ᠬᠤᠰᠢᠭᠤᠨ ᠤ ᠴᠡᠪᠡᠷ ᠡᠨᠧᠷᠭᠢ ᠶᠢᠨ ᠰᠠᠭᠤᠷᠢᠨ ᠭᠠᠵᠠᠷ᠂ ᠠᠯᠠᠱᠠ — | ᠦᠬᠠᠢ ᠶᠢᠨ ᠣᠷᠣᠨ ᠪᠦᠰᠡ ᠶᠢᠨ ᠬᠠᠮᠲᠤᠷᠠᠯᠴᠠᠭᠠᠨ ᠤ ᠪᠣᠬᠢᠷᠳᠤᠯ ᠦᠭᠡᠢ ᠡᠨᠧᠷᠭᠢ ᠪᠠᠷ ᠴᠠᠬᠢᠯᠭᠠᠨ ᠬᠠᠩᠭᠠᠬᠤ᠂ | ᠣᠯᠠᠨᠪᠤᠯᠠᠭ ᠤᠨ ᠴᠠᠬᠢᠯᠭᠠᠨ ᠬᠦᠴᠦᠨ ᠤ ᠡᠬᠢ ᠡᠭᠦᠰᠪᠦᠷᠢ ᠂ ᠰᠦᠯᠵᠢᠶ᠎ᠡ ᠂ ᠠᠴᠢᠶᠠᠯᠠᠯ ᠂ ᠬᠠᠳᠠᠭᠠᠯᠠᠬᠤ ᠶᠢ | ᠨᠢᠭᠡᠳᠬᠡᠭᠰᠡᠨ ᠰᠢᠨ᠎ᠡ ᠡᠨᠧᠷᠭᠢ ᠶᠢᠨ ᠲᠥᠷᠥᠯ ᠵᠦᠢᠯ ᠤᠨ ᠪᠠᠷᠢᠯᠭ᠎ᠠ ᠶᠢ ᠡᠬᠢᠯᠡᠭᠦᠯᠦᠨ ᠪᠦᠲᠦᠭᠡᠨ ᠪᠠᠶᠢᠭᠤᠯᠬᠤ | ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠭᠦᠸᠧ ᠷᠦᠨ 10GW ᠬᠡᠷᠡᠯ ᠴᠡᠨᠡᠭ ᠤᠨ ᠲᠣᠨᠤᠭ | ᠲᠥᠬᠦᠭᠡᠷᠦᠮᠵᠢ ᠵᠡᠷᠭᠡ ᠲᠣᠨᠤᠭ ᠲᠥᠬᠦᠭᠡᠷᠦᠮᠵᠢ ᠦᠶᠯᠡᠳᠬᠦ ᠲᠥᠷᠥᠯ ᠵᠦᠢᠯ ᠢ ᠲᠦᠷᠭᠡᠳᠬᠡᠨ ᠨᠠᠶᠢᠳᠠᠪᠤᠷᠢᠵᠢᠭᠤᠯᠤᠨ᠎ᠠ | ᠃ | ᠣᠳᠣᠬᠢᠴᠢᠯᠠᠭᠰᠠᠨ ᠦᠢᠯᠡᠴᠢᠯᠡᠭᠡᠨ ᠤ ᠦᠢᠯᠡᠰ ᠢ ᠶᠡᠬᠡᠪᠡᠷ ᠬᠥᠭᠵᠢᠭᠦᠯᠦᠨ᠎ᠡ᠃ ᠬᠡᠷᠡᠭᠯᠡᠭᠡ ᠶᠢ ᠰᠡᠷᠭᠦᠭᠡᠬᠦ ᠪᠠ | ᠥᠷᠭᠡᠳᠬᠡᠬᠦ ᠶᠢ ᠲᠡᠷᠢᠭᠦᠨ ᠪᠠᠶᠢᠷᠢᠨ ᠳᠤ ᠲᠠᠯᠪᠢᠵᠤ᠂ ᠬᠡᠷᠡᠭᠯᠡᠭᠡᠨ ᠤ ᠲᠠᠯᠳᠠ ᠬᠦᠴᠦᠨ ᠢ ᠪᠦᠲᠦᠮᠵᠢᠲᠡᠶ ᠪᠠᠷ | ᠪᠠᠳᠠᠷᠠᠭᠤᠯᠤᠨ᠎ᠠ᠃ ᠤᠯᠤᠰ ᠤᠨ ᠲᠠᠰ ᠤᠨ ᠪᠥᠬᠦ ᠬᠡᠪᠴᠢᠶᠡᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ | ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂ ︽ᠨᠢᠭᠡ ᠲᠥᠪ · ᠨᠢᠭᠡ ᠲᠣᠭᠤᠷᠢᠭ · ᠭᠤᠷᠪᠠᠨ ᠱᠤᠭᠤᠮ · | ᠭᠤᠷᠪᠠᠨ ᠣᠷᠣᠨ︾ ᠤ ᠵᠢᠭᠤᠯᠴᠢᠯᠠᠯ ᠤᠨ ᠬᠥᠭᠵᠢᠯᠲᠡ ᠶᠢᠨ ᠣᠷᠣᠨ ᠵᠠᠢ ᠶᠢᠨ ᠰᠢᠨ᠎ᠡ ᠪᠠᠶᠢᠷᠢᠰᠢᠯ ᠢ ᠲᠦᠷᠭᠡᠳᠬᠡᠨ | ᠪᠠᠶᠢᠭᠤᠯᠵᠤ᠂ ᠬᠤᠲᠣᠢ ᠨᠠᠭᠤᠷ ᠤᠨ ᠵᠣᠴᠢᠳ ᠪᠠᠭᠤᠳᠠᠯ᠂ ᠵᠢᠭᠤᠯᠴᠢᠯᠠᠯ ᠤᠨ ᠰᠣᠶᠣᠯ ᠤᠨ ᠡᠭᠦᠳᠦᠯᠲᠡ ᠶᠢᠨ | ᠦᠢᠯᠡᠴᠢᠯᠡᠭᠡᠨ ᠤ ᠲᠥᠪ ᠵᠡᠷᠭᠡ ᠭᠤᠣᠯᠳᠠᠯᠭ᠎ᠠ ᠲᠠᠢ ᠰᠣᠶᠣᠯ ᠤᠨ ᠵᠢᠭᠤᠯᠴᠢᠯᠠᠯ ᠤᠨ ᠲᠥᠷᠥᠯ ᠵᠦᠢᠯ ᠢ | ᠬᠡᠷᠡᠭᠵᠢᠭᠦᠯᠦᠨ᠂ ︽ᠠᠯᠠᠱᠠ ᠶᠢᠨ ᠪᠠᠭᠠᠲᠤᠷᠴᠤᠳ ᠤᠨ ᠴᠤᠭᠯᠠᠭᠠᠨ︾ ︽ᠠᠽᠢᠶ᠎ᠠ ᠨᠣᠮᠣᠬᠠᠨ ᠳᠠᠯᠠᠢ ᠶᠢᠨ ᠣᠷᠣᠨ ᠤ | MBA ᠰᠤᠷᠭᠠᠭᠤᠯᠢ ᠶᠢᠨ ᠡᠯᠡᠰᠦᠨ ᠤ ᠪᠠᠷᠲᠠᠭ᠎ᠠ ᠶᠢ ᠲᠤᠭᠤᠯᠬᠤ ᠤᠷᠤᠯᠳᠤᠭᠠᠨ︾ ︽ᠠᠯᠠᠱᠠ ᠶᠢᠨ ᠬᠠᠰ · | ᠬᠠᠴᠢᠨ ᠴᠢᠯᠠᠭᠤᠨ ᠤ ᠰᠣᠶᠣᠯ ᠵᠢᠭᠤᠯᠴᠢᠯᠠᠯ ᠤᠨ ᠨᠠᠶᠢᠷ︾ ᠵᠡᠷᠭᠡ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ | ᠬᠦᠴᠦᠨ ᠢ ᠦᠷᠭᠦᠯᠵᠢᠯᠡᠨ ᠥᠷᠭᠡᠳᠬᠡᠨ᠎ᠡ᠃ ᠬᠤᠳᠠᠯᠳᠤᠭᠠᠨ ᠤ ᠬᠡᠲᠦ ᠳᠡᠯᠭᠡᠭᠦᠷ᠂ ᠮᠠᠰᠢᠨ ᠲᠡᠷᠭᠡ᠂ ᠭᠡᠷ ᠤᠨ | ᠴᠠᠬᠢᠯᠭᠠᠨ ᠬᠡᠷᠡᠭᠰᠡᠯ᠂ ᠪᠣᠬᠢᠷᠳᠤᠯ ᠦᠭᠡᠢ ᠭᠡᠷ ᠤᠨ ᠬᠡᠷᠡᠭᠰᠡᠯ ᠵᠡᠷᠭᠡ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ | ᠥᠷᠨᠢᠭᠦᠯᠵᠦ᠂ ᠵᠠᠬ᠎ᠠ ᠳᠡᠯᠭᠡᠭᠦᠷ ᠤᠨ ᠬᠡᠷᠡᠭᠯᠡᠭᠡ ᠶᠢᠨ ᠠᠮᠢᠵᠢᠷᠠᠯ ᠤᠨ ᠬᠦᠴᠦᠨ ᠢ ᠤᠯᠠᠮ ᠬᠥᠭᠵᠢᠭᠡᠨ᠎ᠡ᠃ | ︵ᠭᠤᠷᠪᠠ︶ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ | ᠣᠨᠴᠠᠯᠢᠭᠲᠤ ᠠᠵᠤ ᠦᠢᠯᠡᠰ ᠤᠨ ᠰᠠᠭᠤᠷᠢᠨ ᠭᠠᠵᠠᠷ ᠢ ᠬᠦᠴᠦᠯᠡᠨ ᠪᠠᠶᠢᠭᠤᠯᠤᠨ᠎ᠠ | ᠭᠤᠣᠯᠳᠠᠯᠭ᠎ᠠ ᠲᠠᠢ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ ᠠᠬᠢᠭᠤᠯᠤᠨ᠎ᠠ᠃ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ᠂ ᠣᠷᠣᠨ | ᠨᠤᠲᠤᠭ ᠤᠨ ᠵᠠᠰᠠᠭ ᠤᠨ ᠣᠷᠳᠣᠨ ᠤ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ ᠵᠡᠷᠭᠡ ᠪᠡᠯᠡ ᠮᠥᠩᠭᠦ ᠶᠢᠨ | ᠳᠡᠮᠵᠢᠯᠭᠡ ᠶᠢ ᠣᠯᠬᠤ ᠪᠠᠷ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠠᠵᠤ ᠠᠬᠤᠶᠢᠯᠠᠯ ᠳᠤ ᠦᠷᠭᠦᠯᠵᠢᠯᠡᠨ | ᠦᠢᠯᠡᠴᠢᠯᠡᠵᠦ᠂ ᠨᠡᠶᠢᠭᠡᠮ ᠤᠨ ᠬᠥᠷᠥᠩᠭᠡ ᠶᠢᠨ ᠣᠷᠤᠯᠴᠠᠬᠤ ᠶᠢ ᠵᠣᠷᠢᠭᠵᠢᠭᠤᠯᠤᠨ᠎ᠠ᠃ 2023 ᠣᠨ ᠳᠤ 58 | ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠶᠡᠷᠦᠩᠬᠡᠢ | ᠪᠡᠯᠡ ᠣᠷᠣᠭᠤᠯᠤᠯᠲᠠ ᠨᠢ 1344 ᠳ᠋ᠦᠩᠰᠢᠭᠤᠷ ᠲᠥᠭᠦᠷᠢᠭ ᠲᠤ ᠬᠦᠷᠭᠡᠵᠦ᠂ ᠣᠨ ᠤ ᠲᠥᠯᠥᠪᠯᠡᠭᠡ ᠶᠢᠨ ᠪᠡᠯᠡ | ᠣᠷᠣᠭᠤᠯᠤᠯᠲᠠ ᠨᠢ 286.8 ᠳ᠋ᠦᠩᠰᠢᠭᠤᠷ ᠲᠥᠭᠦᠷᠢᠭ ᠲᠤ ᠬᠦᠷᠭᠡᠵᠦ᠂ ᠲᠦᠷᠦᠭᠦᠦ ᠵᠢᠯ ᠤᠨ ᠬᠢ ᠠᠴᠠ | 182% ᠢᠶᠠᠷ ᠨᠡᠮᠡᠭᠳᠡᠭᠦᠯᠦᠨ᠎ᠡ᠃ ᠠᠶᠢᠮᠠᠭ ᠤᠨ ᠱᠠᠲᠤᠨ ᠤ 21 ᠭᠤᠣᠯᠳᠠᠯᠭ᠎ᠠ ᠲᠠᠢ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠶᠡᠷᠦᠩᠬᠡᠢ ᠪᠡᠯᠡ ᠣᠷᠣᠭᠤᠯᠤᠯᠲᠠ ᠨᠢ | 388 ᠳ᠋ᠦᠩᠰᠢᠭᠤᠷ ᠲᠥᠭᠦᠷᠢᠭ ᠲᠤ ᠬᠦᠷᠭᠡᠵᠦ᠂ ᠪᠦᠬᠦ ᠵᠢᠯ ᠳᠤ 118.6 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠨ᠎ᠠ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ | ᠂ 39 ᠴᠢᠬᠤᠯᠠ ᠲᠥᠷᠥᠯ ᠵᠦᠢᠯ ᠢ ᠨᠥᠭᠡᠴᠡᠯᠡᠵᠦ᠂ ᠨᠡᠶᠢᠲᠡ 1218 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠨ᠎ᠠ᠃ ᠴᠢᠨᠠᠷᠯᠢᠭ ᠲᠥᠷᠥᠯ ᠵᠦᠢᠯ ᠢᠶᠠᠷ ᠴᠢᠨᠠᠷᠯᠢᠭ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠨ᠎ᠠ᠃ | ᠣᠯᠠᠨᠪᠤᠯᠠᠭ ᠠᠵᠤ ᠦᠢᠯᠡᠰ ᠤᠨ ᠬᠦᠷᠢᠶᠡᠯᠡᠩ ᠢ ᠭᠤᠣᠯᠳᠠᠯᠭ᠎ᠠ ᠲᠠᠢ ᠪᠠᠶᠢᠭᠤᠯᠤᠨ᠎ᠠ᠃ ᠠᠵᠤ ᠦᠢᠯᠡᠰ ᠤᠨ | ᠬᠦᠷᠢᠶᠡᠯᠡᠩ ᠤᠨ ᠰᠠᠭᠤᠷᠢ ᠲᠥᠬᠦᠭᠡᠷᠦᠮᠵᠢ ᠶᠢᠨ ᠠᠵᠢᠯ ᠢ ᠲᠦᠷᠭᠡᠳᠬᠡᠨ ᠠᠬᠢᠭᠤᠯᠵᠤ᠂ ᠲᠤᠰᠬᠠᠢ ᠲᠥᠷᠥᠯ ᠤᠨ ᠪᠡᠯᠡ | ᠮᠥᠩᠭᠦ ᠶᠢ ᠡᠷᠡᠮᠡᠯᠵᠡᠯᠡᠨ ᠣᠯᠵᠤ᠂ ᠬᠦᠷᠢᠶᠡᠯᠡᠩ ᠲᠣᠭᠤᠷᠢᠭ ᠤᠨ ᠵᠠᠮ᠂ ᠪᠣᠬᠢᠷ ᠤᠰᠤ ᠴᠡᠪᠡᠷᠰᠢᠭᠦᠯᠬᠦ ᠦᠢᠯᠡᠳᠪᠦᠷᠢ | ᠵᠢᠴᠢ ᠢᠵᠢ ᠪᠦᠷᠢᠳᠦᠭᠦᠯᠦᠭᠰᠡᠨ ᠰᠦᠯᠵᠢᠶ᠎ᠡ᠂ ᠠᠵᠤ ᠦᠢᠯᠡᠳᠪᠦᠷᠢ ᠶᠢᠨ ᠬᠠᠲᠠᠭᠤ ᠬᠤᠭ ᠬᠠᠶᠠᠭᠳᠠᠯ ᠢ ᠪᠤᠯᠠᠬᠤ | ᠲᠠᠯᠠᠪᠠᠶ ᠵᠡᠷᠭᠡ ᠲᠥᠷᠥᠯ ᠵᠦᠢᠯ ᠤᠨ ᠠᠵᠢᠯ ᠢ ᠡᠬᠢᠯᠡᠭᠦᠯᠦᠨ ᠪᠦᠲᠦᠭᠡᠨ ᠪᠠᠶᠢᠭᠤᠯᠤᠨ᠎ᠠ᠃ ᠬᠢᠮᠢ ᠶᠢᠨ ᠠᠵᠤ | ᠦᠢᠯᠡᠳᠪᠦᠷᠢ᠂ ᠰᠢᠨ᠎ᠡ ᠮᠠᠲ᠋ᠧᠷᠢᠶᠠᠯ᠂ ᠲᠤᠨᠤᠭ ᠲᠥᠬᠦᠭᠡᠷᠦᠮᠵᠢ ᠦᠢᠯᠡᠳᠬᠦ᠂ ᠬᠥᠮᠥᠷᠭᠡᠯᠡᠨ ᠬᠠᠳᠠᠭᠠᠯᠠᠬᠤ ᠡᠳ᠋ | ᠪᠠᠷᠠᠭᠠᠨ ᠤ ᠭᠦᠢᠯᠭᠡᠭᠡ ᠵᠡᠷᠭᠡ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠳ᠋ᠦᠩ ᡂᠢ ᠶᠢᠨ ᠰᠧᠮᠢᠰᠣᠯᠢᠳ᠋ ᠴᠡᠨᠡᠭ᠂ | ᠬᠠᠢ ᠰᠢᠩ ᠤᠨ 10 ᠲᠦᠮᠡᠨ ᠺᠥᠪ ᠮᠧᠲᠷ ᠤᠨ ᠲᠦᠭᠦᠬᠡᠢ ᠴᠢᠯᠠᠭᠤᠨ ᠲᠣᠰᠣ ᠶᠢ ᠬᠥᠮᠥᠷᠭᠡᠯᠡᠨ ᠬᠠᠳᠠᠭᠠᠯᠠᠬᠤ ᠵᠡᠷᠭᠡ | ᠲᠥᠷᠥᠯ ᠵᠦᠢᠯ ᠤᠨ ᠠᠵᠢᠯ ᠢ ᠡᠬᠢᠯᠡᠭᠦᠯᠬᠦ ᠪᠠᠷ ᠴᠢᠷᠮᠠᠶᠢᠨ᠎ᠠ᠃ ᠭᠤᠣᠯ ᠠᠵᠢᠯ ᠨᠢ ᠲᠣᠳᠣᠷᠬᠠᠢ᠂ ᠪᠣᠬᠢᠷᠳᠤᠯ ᠦᠭᠡᠢ᠂ | ᠡᠷᠭᠢᠯᠲᠡᠲᠦ ᠬᠥᠭᠵᠢᠯᠲᠡ ᠲᠠᠢ ᠣᠳᠣᠬᠢᠴᠢᠯᠠᠭᠰᠠᠨ ᠨᠡᠭᠦᠷᠡᠰᠦᠲᠥ᠋ᠷᠥᠭᠴᠢ ᠢᠯᠭᠠᠷᠠᠭᠤᠯᠬᠤ ᠦᠭᠡᠢ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠪᠠᠶᠢᠭᠤᠯᠤᠨ᠎ᠠ᠃ | ᠥᠯᠵᠡᠢ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠎ᠡ᠃ 1.3 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠪᠣᠭᠤᠮᠲᠠ ᠶᠢᠨ ᠪᠠᠷᠠᠭ᠎ᠠ ᠶᠢ ᠪᠠᠶᠢᠴᠠᠭᠠᠨ | ᠰᠢᠯᠭᠠᠬᠤ ᠲᠥᠬᠦᠭᠡᠷᠦᠮᠵᠢ᠂ ᠬᠢᠨᠠᠨ ᠬᠠᠮᠢᠶᠠᠷᠬᠤ ᠣᠷᠣᠨ ᠵᠢᠴᠢ ᠪᠠᠷᠠᠭᠠᠨ ᠤ ᠭᠦᠢᠯᠭᠡᠭᠡᠨ ᠤ ᠢᠵᠢ ᠪᠦᠷᠢᠳᠦᠭᠦᠯᠬᠦ | ᠦᠢᠯᠡᠴᠢᠯᠡᠭᠡᠨ ᠵᠡᠷᠭᠡ ᠲᠥᠷᠥᠯ ᠵᠦᠢᠯ ᠢ ᠪᠦᠲᠦᠭᠡᠨ ᠪᠠᠶᠢᠭᠤᠯᠤᠨ᠎ᠠ᠃ ᠬᠢᠯᠢ ᠬᠢᠵᠠᠭᠠᠷ ᠤᠨ ᠠᠮᠢ ᠠᠬᠤᠢ ᠶᠢᠨ | ᠣᠷᠴᠢᠨ ᠲᠣᠭᠤᠷᠢᠨ ᠢ ᠰᠡᠷᠭᠦᠭᠡᠬᠦ᠂ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠰᠡᠷᠭᠡᠶᠢᠯᠡᠨ ᠡᠵᠡᠮᠳᠡᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠰᠢᠰᠲ᠋ᠧᠮᠵᠢ᠂ ᠶᠡᠷᠦᠩᠬᠡᠶᠢᠯᠡᠭᠰᠡᠨ | ᠬᠤᠳᠠᠯᠳᠤᠭᠠᠨ ᠤ ᠠᠰᠠᠷ ᠤᠨ ᠲᠥᠷᠥᠯ ᠵᠦᠢᠯ ᠤᠨ ᠠᠵᠢᠯ ᠢ ᠠᠬᠢᠭᠤᠯᠤᠨ᠎ᠠ᠃ ᠮᠣᠩᠭᠤᠯ ᠤᠯᠤᠰ ᠲᠠᠢ ᠬᠠᠷᠢᠯᠴᠠᠬᠤ | ᠡᠷᠴᠢᠮ ᠢᠶᠠᠨ ᠴᠢᠩᠭᠠᠷᠠᠭᠤᠯᠵᠤ᠂ ᠮᠣᠩᠭᠤᠯ ᠤᠯᠤᠰ ᠤᠨ ᠲᠠᠯ᠎ᠠ ᠶᠢᠨ ᠪᠣᠭᠤᠮᠲᠠ ᠶᠢ ᠲᠤᠰᠠᠯᠠᠨ ᠪᠠᠶᠢᠭᠤᠯᠬᠤ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠢᠳᠡᠪᠬᠢᠲᠡᠢ ᠪᠠᠷ ᠠᠬᠢᠭᠤᠯᠤᠨ ᠵᠢᠩᠬᠢᠨᠢ ᠪᠠᠷ ᠪᠤᠭᠤᠮᠲᠠ | ᠨᠡᠭᠡᠭᠡᠬᠦ ᠶᠢ ᠪᠡᠶᠡᠯᠡᠭᠦᠯᠬᠦ ᠪᠠᠷ ᠴᠢᠷᠮᠠᠶᠢᠨ᠎ᠠ᠃ | ᠪᠠᠶᠠᠨᠬᠤᠲᠠ ᠶᠢᠨ ᠠᠮᠢ ᠠᠬᠤᠢ ᠪᠠ ᠰᠢᠨᠵᠢᠯᠡᠭᠡ ᠮᠡᠷᠭᠡᠵᠢᠯ ᠤᠨ ᠠᠳᠠᠯ ᠦᠢᠯᠡᠰ ᠴᠣᠭᠴᠠᠯᠠᠬᠤ ᠵᠢᠱᠢᠶ᠎ᠡ | ᠦᠵᠡᠭᠦᠯᠬᠦ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠎ᠠ᠃ ᠬᠦᠷᠢᠶᠡᠯᠡᠩ | ᠲᠣᠭᠤᠷᠢᠭ ᠤᠨ ᠰᠤᠯᠠ ᠪᠠᠶᠢᠭ᠎ᠠ ᠭᠠᠵᠠᠷ ᠰᠢᠷᠣᠢ ᠶᠢ ᠡᠷᠭᠢᠯᠲᠠ ᠳᠤ ᠣᠷᠣᠭᠤᠯᠵᠤ᠂ ᠬᠥᠭᠵᠢᠯᠲᠡ ᠶᠢᠨ ᠬᠥᠳᠡᠯᠭᠡᠭᠦ | ᠬᠦᠴᠦᠨ ᠢ ᠦᠷᠭᠦᠯᠵᠢᠯᠡᠨ ᠪᠠᠳᠠᠷᠠᠭᠤᠯᠤᠨ᠎ᠠ᠃ ᠮᠢᠩ ᠶᠠᠩ ᠤᠨ ᠡᠾᠲ᠋ᠧᠷᠥᠵᠤᠠᠱᠧᠨ ᠴᠡᠨᠡᠭ ᠤᠨ ᠳ᠋ᠢᠶᠠᠨ ᡂᠢ᠂ ᠶᠦᠨ | ᠳ᠋ᠡ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠶᠯᠡᠳᠬᠦ᠂ ᠬᠠᠷᠪᠢᠨ ᠤ ᠴᠠᠬᠢᠯᠭᠠᠨ ᠤ ᠰᠢᠨ᠎ᠡ | ᠡᠨᠧᠷᠭᠢ ᠶᠢᠨ ᠲᠣᠨᠤᠭ ᠲᠥᠬᠦᠭᠡᠷᠦᠮᠵᠢ ᠦᠶᠯᠡᠳᠬᠦ ᠵᠡᠷᠭᠡ ᠲᠥᠷᠥᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠪᠠᠷ | ᠴᠢᠷᠮᠠᠶᠢᠨ᠎ᠠ᠃ ᠴᠠᠭᠠᠨ ᠭᠤᠶᠣᠣ᠂ ᠤᠯᠠᠭᠠᠨ ᠭᠤᠶᠣᠣ᠂ ᠲᠡᠮᠡᠭᠡᠨ ᠰᠦ ᠵᠡᠷᠭᠡ ᠡᠯᠡᠰᠦᠨ ᠤ ᠠᠮᠢᠲᠠᠨ ᠤᠷᠭᠤᠮᠠᠯ ᠤᠨ | ᠡᠮ ᠤᠨ ᠵᠦᠢ ᠶᠢᠨ ᠰᠤᠳᠤᠯᠭᠠᠨ ᠢ ᠴᠢᠩᠭᠠᠳᠬᠠᠵᠤ᠂ ᠣᠨᠴᠠᠯᠢᠭᠲᠤ ᠪᠦᠲᠦᠭᠡᠭᠳᠡᠬᠦᠨ ᠤ ᠪᠠᠷᠢᠮᠵᠢᠶ᠎ᠠ ᠶᠢ ᠲᠣᠭᠲᠠᠭᠠᠨ᠂ | ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠲᠦᠷᠭᠡᠳᠬᠡᠵᠦ᠂ ᠠᠮᠢ ᠠᠬᠤᠢ ᠶᠢᠨ ᠠᠵᠤ ᠦᠢᠯᠡᠰ ᠤᠨ ᠴᠢᠨᠠᠷᠯᠢᠭ | ᠪᠦᠲᠦᠭᠡᠭᠳᠡᠬᠦᠨ ᠤ ᠣᠯᠠᠨ ᠨᠡᠶᠢᠲᠡ ᠶᠢᠨ ᠣᠷᠣᠨ ᠪᠦᠰᠡ ᠶᠢᠨ ᠨᠠᠷᠠᠲᠤ ᠲᠡᠮᠳᠡᠭ ᠢ ᠪᠣᠶ ᠪᠣᠯᠭᠠᠨ᠎ᠠ᠃ | ᠣᠳᠣᠬᠢᠴᠢᠯᠠᠭᠰᠠᠨ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ | ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠨᠢᠭᠡᠳᠦᠮᠡᠯ ᠴᠣᠭᠴᠠ ᠶᠢ ᠪᠤᠢ ᠪᠣᠯᠭᠠᠨ᠎ᠠ᠃ | ︵ᠳᠥᠷᠪᠡ︶ ᠬᠦᠨᠳᠦ ᠨᠣᠴᠢᠲᠠᠢ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠵᠦ᠂ ᠨᠡᠶᠢᠭᠡᠮ ᠤᠨ | ᠵᠠᠰᠠᠯᠲᠠ ᠶᠢᠨ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ | ᠠᠮᠢ ᠠᠬᠤᠢ ᠶᠢᠨ ᠬᠠᠮᠠᠭᠠᠯᠠᠯᠲᠠ ᠰᠡᠷᠭᠦᠭᠡᠯᠲᠡ ᠶᠢ ᠴᠢᠩᠭᠠᠳᠬᠠᠨ᠎ᠠ᠃ ᠪᠥᠬᠦ ᠬᠤᠰᠢᠭᠤᠨ ᠤ ᠣᠶ ᠰᠢᠭᠤᠢ | ᠨᠤᠲᠤᠭ ᠪᠡᠯᠴᠢᠭᠡᠷ ᠤᠨ ᠠᠮᠢ ᠠᠬᠤᠢ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ 5080 | ᠲᠦᠮᠡᠨ ᠲᠥᠭᠦᠷᠢᠭ ᠤᠨ ᠪᠡᠯᠡ ᠣᠷᠣᠭᠤᠯᠤᠨ᠂ ᠪᠠᠶᠢᠭᠠᠯᠢᠯᠢᠭ ᠰᠢᠭᠤᠢ ᠶᠢ ᠬᠠᠮᠠᠭᠠᠯᠠᠬᠤ ᠪᠠ ᠣᠶᠢᠵᠢᠭᠤᠯᠬᠤ | ᠢᠨᠵᠧᠨᠧᠷᠢᠩ ᠢ ᠬᠡᠷᠡᠭᠵᠢᠭᠦᠯᠵᠦ᠂ 22.3 ᠲᠦᠮᠡᠨ ᠮᠦ ᠣᠶᠢᠵᠢᠭᠤᠯᠤᠨ᠎ᠠ᠃ 880 ᠲᠦᠮᠡᠨ ᠲᠥᠭᠦᠷᠢᠭ ᠤᠨ | ᠪᠡᠯᠡ ᠣᠷᠣᠭᠤᠯᠵᠤ᠂ ᠴᠥᠯᠵᠢᠯ ᠢ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ 1.6 ᠲᠦᠮᠡᠨ ᠮᠦ ᠡᠯᠡᠰᠦ ᠶᠢ | ᠲᠣᠭᠲᠠᠪᠤᠷᠢᠵᠢᠭᠤᠯᠤᠨ᠎ᠠ᠃ 1506 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠲᠠᠴᠢᠷᠳᠠᠭᠰᠠᠨ ᠨᠤᠲᠤᠭ | ᠪᠡᠯᠴᠢᠭᠡᠷ ᠢ ᠨᠥᠬᠦᠨ ᠰᠡᠷᠭᠦᠭᠡᠬᠦ ᠢᠨᠵᠧᠨᠧᠷᠢᠩ ᠢ ᠶᠠᠪᠤᠭᠳᠠᠭᠤᠯᠵᠤ᠂ 3.5 ᠲᠦᠮᠡᠨ ᠮᠦ ᠬᠥᠮᠥᠨ ᠤ ᠬᠦᠴᠦ ᠪᠠᠷ | ᠡᠪᠡᠰᠦ ᠳᠠᠷᠢᠵᠤ᠂ 10 ᠲᠦᠮᠡᠨ ᠮᠦ ᠨᠤᠲᠤᠭ ᠪᠡᠯᠴᠢᠭᠡᠷ ᠢ ᠲᠣᠣᠷᠯᠠᠨᠠ᠃ ᠣᠶ ᠰᠢᠭᠤᠢ ᠡᠪᠡᠰᠦ ᠪᠡᠯᠴᠢᠭᠡᠷ ᠤᠨ | ᠶᠡᠷᠦᠩᠬᠡᠶᠢᠯᠡᠭᠰᠡᠨ ᠨᠡᠭᠦᠷᠡᠰᠦᠲᠥ᠋ᠷᠥᠭᠴᠢ ᠶᠢ ᠰᠢᠢᠳᠪᠦᠷᠢᠯᠡᠬᠦ ᠬᠥᠭᠵᠢᠯᠲᠡ ᠶᠢᠨ ᠰᠢᠨ᠎ᠡ ᠵᠠᠭᠪᠤᠷ ᠢ ᠰᠦᠪᠡᠭᠴᠢᠯᠡᠨ | ᠪᠠᠶᠢᠭᠤᠯᠤᠨ᠎ᠠ᠃ ᠠᠯᠠᠱᠠ ᠠᠭᠤᠯᠠ ᠶᠢᠨ ᠤᠯᠤᠰ ᠤᠨ ᠳᠡᠰ ᠤᠨ ᠴᠡᠴᠡᠷᠯᠢᠭ ᠢ ᠢᠳᠡᠪᠬᠢᠲᠡᠢ ᠪᠠᠷ ᠡᠭᠦᠳᠦᠨ | ᠪᠠᠶᠢᠭᠤᠯᠤᠨ᠎ᠠ᠃ ᠠᠭᠤᠷᠬᠠᠢ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠲᠠᠰᠤᠷᠠᠯᠳᠠ ᠦᠭᠡᠢ ᠰᠠᠶᠢᠵᠢᠷᠠᠭᠤᠯᠤᠨ᠎ᠠ | ᠃ ︽ᠣᠰᠣᠨ ᠤ ᠨᠥᠭᠡᠴᠡ ᠶᠢᠨ ᠬᠡᠮᠵᠢᠶ᠎ᠡ ᠪᠠᠷ ᠳᠥᠷᠪᠡ ᠶᠢ ᠲᠣᠭᠳᠠᠭᠠᠬᠤ︾ ᠵᠠᠷᠴᠢᠮ ᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠣᠯᠠᠨᠪᠤᠯᠠᠭ ᠣᠷᠣᠨ ᠤ ᠲᠠᠷᠢᠶᠠᠯᠠᠩ ᠤᠨ ᠤᠰᠤ ᠠᠷᠪᠢᠯᠠᠬᠤ ᠠᠷᠭ᠎ᠠ ᠬᠡᠮᠵᠢᠶ᠎ᠡ ᠶᠢ | ᠰᠠᠶᠢᠵᠢᠷᠠᠭᠤᠯᠵᠤ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠵᠠᠰᠠᠭᠰᠠᠨ ᠠᠮᠵᠢᠯᠲᠠ ᠶᠢ | ᠪᠠᠲᠤᠳᠬᠠᠨ᠎ᠠ ᠃ | ᠮᠥᠩᠭᠦᠨ ᠭᠦᠢᠯᠭᠡᠭᠡᠨ ᠤ ᠠᠶᠤᠯ ᠡᠷᠡᠰᠳᠡᠯ ᠢ ᠡᠷᠴᠢᠮᠲᠡᠢ ᠰᠡᠷᠭᠡᠶᠢᠯᠡᠨ᠎ᠡ᠃ ᠣᠷᠣᠯᠭ᠎ᠠ ᠵᠠᠷᠤᠯᠭ᠎ᠠ ᠶᠢᠨ | ᠬᠠᠮᠢᠶᠠᠷᠤᠯᠲᠠ ᠶᠢ ᠴᠢᠩᠭᠠᠳᠬᠠᠵᠤ᠂ ᠬᠢᠵᠠᠭᠠᠷ ᠲᠠᠢ ᠪᠡᠯᠡ ᠮᠥᠩᠭᠦ ᠶᠢ ᠬᠥᠭᠵᠢᠯᠲᠡ ᠶᠢᠨ ᠴᠢᠬᠤᠯᠠ ᠭᠠᠵᠠᠷ᠂ | ᠠᠷᠠᠳ ᠤᠨ ᠠᠮᠢᠳᠤᠷᠠᠯ ᠤᠨ ᠪᠠᠴᠢᠮ ᠬᠡᠷᠡᠭᠴᠡᠭᠡ ᠳᠤ ᠬᠡᠷᠡᠭᠯᠡᠵᠦ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠪᠠ ᠠᠷᠠᠳ ᠤᠨ ᠠᠮᠢᠳᠤᠷᠠᠯ ᠤᠨ ᠦᠢᠯᠡᠰ ᠢ ᠪᠠᠲᠤᠯᠠᠨ᠎ᠠ᠃ ᠠᠶᠤᠯ ᠡᠷᠡᠰᠳᠡᠯ ᠳᠤ ᠤᠷᠢᠳᠴᠢᠯᠠᠨ | ᠰᠡᠷᠡᠮᠵᠢᠯᠡᠭᠦᠯᠬᠦ᠂ ᠰᠡᠷᠭᠡᠶᠢᠯᠡᠨ ᠡᠵᠡᠮᠳᠡᠬᠦ ᠲᠣᠭᠲᠠᠴᠠ ᠪᠠ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠠᠵᠤ ᠠᠬᠤᠢ ᠮᠥᠩᠭᠦᠨ ᠭᠦᠢᠯᠭᠡᠭᠡᠨ ᠤ ᠬᠦᠷᠢᠶᠡᠨ ᠳᠠᠬᠢ ᠠᠶᠤᠯ ᠡᠷᠡᠰᠳᠡᠯ ᠢ ᠰᠡᠷᠭᠡᠶᠢᠯᠡᠬᠦ ᠪᠠ ᠰᠢᠢᠳᠪᠦᠷᠢᠯᠡᠬᠦ | ᠠᠵᠢᠯ ᠢ ᠦᠷᠭᠦᠯᠵᠢᠯᠡᠨ ᠰᠠᠶᠢᠲᠤᠷ ᠭᠦᠢᠴᠡᠳᠬᠡᠨ᠎ᠡ᠃ ᠥᠷᠢ ᠥᠭᠴᠡᠭᠡ ᠶᠢ ᠰᠢᠢᠳᠪᠦᠷᠢᠯᠡᠬᠦ ᠡᠷᠴᠢᠮ ᠢᠶᠠᠨ | ᠴᠢᠩᠭᠠᠷᠠᠭᠤᠯᠵᠤ᠂ ᠥᠷᠢ ᠥᠭᠴᠡᠭᠡ ᠶᠢᠨ ᠬᠡᠮᠵᠢᠶ᠎ᠡ ᠶᠢ ᠯᠠᠪᠳᠠᠭᠤᠨ ᠢᠶᠠᠷ ᠰᠢᠢᠳᠪᠦᠷᠢᠯᠡᠵᠦ᠂ ᠲᠠᠯᠳᠠ ᠥᠷᠢ | ᠥᠭᠴᠡᠭᠡ ᠰᠢᠨ᠎ᠡ ᠪᠠᠷ ᠨᠡᠮᠡᠭᠳᠡᠬᠦ ᠶᠢ ᠡᠷᠡᠰ ᠬᠤᠷᠢᠭᠯᠠᠨ᠎ᠠ᠃ ᠭᠠᠶᠢᠯᠢ ᠲᠠᠲᠠᠪᠤᠷᠢ ᠶᠢᠨ ᠲᠠᠲᠠᠪᠤᠷᠢᠯᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠨᠡᠩ ᠢᠳᠡᠪᠬᠢᠲᠡᠢ ᠪᠥᠭᠡᠳ ᠠᠵᠢᠯ ᠦᠢᠯᠡᠰ ᠪᠦᠲᠦᠭᠡᠬᠦ᠂ ᠪᠣᠳᠠᠲᠤ ᠦᠷ᠎ᠡ | ᠪᠦᠲᠦᠮᠵᠢ ᠶᠢ ᠴᠢᠬᠤᠯᠠᠴᠢᠯᠠᠬᠤ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠳᠤᠲᠠᠭᠤᠳᠠᠯ ᠢ | ᠬᠦᠴᠦᠯᠡᠨ ᠨᠥᠬᠦᠪᠦᠷᠢᠯᠡᠵᠦ᠂ ᠰᠠᠭᠤᠷᠢ ᠶᠢ ᠴᠢᠩᠭᠠᠳᠬᠠᠨ᠂ ᠪᠦᠲᠦᠴᠡ ᠶᠢ ᠲᠣᠬᠢᠷᠠᠭᠤᠯᠤᠨ᠂ ᠰᠡᠯᠭᠦᠬᠦ ᠬᠦᠴᠦᠨ ᠢ | ᠨᠡᠮᠡᠭᠳᠡᠭᠦᠯᠵᠦ᠂ ᠰᠢᠰᠲ᠋ᠧᠮ ᠤᠨ ᠴᠢᠨᠠᠷᠲᠠᠢ ᠠᠶᠤᠯ ᠡᠷᠡᠰᠳᠡᠯ ᠭᠠᠷᠬᠤ ᠠᠴᠠ ᠰᠡᠷᠭᠡᠶᠢᠯᠡᠬᠦ ᠬᠤᠷᠢᠭ᠎ᠠ ᠱᠤᠭᠤᠮ ᠢ ᠡᠷᠡᠰ | ᠰᠠᠬᠢᠨ᠎ᠠ᠃ | ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠡᠶᠢᠭᠡᠮ | ᠵᠢᠷᠤᠮ ᠤᠨ ᠬᠠᠤᠯᠢ ᠪᠠᠷ ᠵᠠᠰᠠᠬᠤ ᠣᠶᠢᠯᠠᠭᠠᠭᠳᠠᠬᠤᠨ ᠤ ᠬᠥᠮᠦᠵᠢᠯ ᠢ ᠴᠢᠩᠭᠠᠳᠬᠠᠵᠤ᠂ ᠬᠠᠤᠯᠢ ᠬᠡᠷᠡᠭᠵᠢᠭᠦᠯᠦᠯᠲᠡ ᠶᠢ | ᠵᠢᠷᠤᠮᠵᠢᠭᠤᠯᠬᠤ ᠪᠠᠶᠢᠭᠤᠯᠤᠯᠲᠠ ᠶᠢ ᠴᠥᠬᠦᠷᠡᠰᠢ ᠦᠭᠡᠢ ᠤᠷᠤᠭᠰᠢ ᠠᠬᠢᠭᠤᠯᠤᠨ᠎ᠠ᠃ ︽ᠭᠤᠷᠪᠠ ᠶᠢ ᠬᠠᠮᠢᠶᠠᠷᠬᠤ ᠳᠤ | ᠪᠠᠨ ᠭᠤᠷᠪᠠ ᠶᠢ ᠡᠷᠬᠡᠪᠰᠢ ᠭᠦᠢᠴᠡᠳᠬᠡᠬᠦ︾ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠴᠢᠳᠠᠮᠵᠢ ᠶᠢ ᠲᠠᠰ ᠳᠡᠪᠰᠢᠭᠦᠯᠬᠦ ᠶᠢ | ᠯᠠᠪᠳᠠᠭᠤᠨ ᠢᠶᠠᠷ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠬᠦᠴᠦᠨ ᠤ ᠰᠢᠰᠲ᠋ᠧᠮᠵᠢ ᠶᠢᠨ | ᠪᠠᠶᠢᠭᠤᠯᠤᠯᠲᠠ ᠶᠢ ᠲᠦᠷᠭᠡᠳᠬᠡᠨ᠂ ᠬᠦᠨᠳᠦ ᠨᠣᠴᠢᠲᠠᠢ ᠠᠳᠡᠯ ᠭᠠᠷᠬᠤ ᠶᠢ ᠬᠤᠷᠢᠭᠯᠠᠨ᠎ᠠ᠃ ᠨᠡᠶᠢᠭᠡᠮ ᠤᠨ ᠠᠮᠤᠷ | ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠱᠠᠲᠤ ᠲᠠᠷᠠᠭ᠎ᠠ ᠲᠠᠢ ᠪᠠᠷ ᠲᠡᠭᠦᠯᠳᠡᠷᠵᠢᠭᠦᠯᠵᠦ᠂ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠶᠢ ᠡᠷᠡᠰ ᠰᠡᠷᠭᠡᠶᠢᠯᠡᠨ ᠴᠣᠬᠢᠯᠲᠠ ᠥᠭᠴᠦ᠂ ᠨᠠᠩ ᠥᠨᠳᠥᠷ ᠲᠥᠪᠰᠢᠨ ᠤ ᠠᠮᠤᠷ | ᠠᠮᠤᠭᠤᠯᠠᠩ ᠠᠯᠠᠱᠠ ᠵᠡᠭᠦᠨ ᠬᠤᠰᠢᠭᠤ ᠶᠢ ᠴᠢᠷᠮᠠᠶᠢᠨ ᠪᠠᠶᠢᠭᠤᠯᠤᠨ᠎ᠠ᠃ | ︵ᠲᠠᠪᠤ︶ ᠬᠥᠭᠵᠢᠯᠲᠡ ᠶᠢᠨ ᠰᠢᠨ᠎ᠡ ᠶᠢ ᠡᠭᠦᠳᠬᠦ ᠬᠥᠳᠡᠯᠭᠡᠭᠴᠢ ᠡᠨᠧᠷᠭᠢ ᠶᠢ ᠪᠣᠶᠢᠵᠢᠭᠤᠯᠵᠤ᠂ ᠠᠵᠤ | ᠠᠬᠤᠢ ᠶᠢᠨ ᠥᠰᠥᠯᠲᠡ ᠶᠢᠨ ᠬᠦᠴᠦᠷᠬᠡᠭ ᠶᠡᠭᠡ ᠬᠥᠳᠡᠯᠭᠡᠭᠦᠷ ᠢ ᠪᠤᠢ ᠪᠣᠯᠭᠠᠨ᠎ᠠ | ᠰᠢᠨ᠎ᠡ ᠶᠢ ᠡᠭᠦᠳᠬᠦ ᠭᠤᠣᠯ ᠴᠣᠭᠴᠠ ᠶᠢᠨ ᠬᠦᠴᠦᠨ ᠢ ᠰᠡᠷᠭᠦᠭᠡᠨ ᠬᠥᠭᠵᠢᠭᠦᠯᠦᠨ᠎ᠡ᠃ ︽ᠰᠢᠨᠵᠢᠯᠡᠭᠡ | ᠮᠡᠷᠭᠡᠵᠢᠯ ᠢᠶᠠᠷ ᠥᠪᠥᠷ ᠮᠣᠩᠭᠤᠯ ᠢᠶᠠᠨ ᠬᠥᠭᠵᠢᠭᠦᠯᠬᠦ︾ ᠠᠵᠢᠯᠯᠠᠭ᠎ᠠ ᠶᠢ ᠡᠷᠴᠢᠮᠲᠡᠢ ᠬᠡᠷᠡᠭᠵᠢᠭᠦᠯᠵᠦ᠂ ︽ | 4+8+N︾ ᠬᠠᠮᠲᠤᠷᠠᠯᠴᠠᠭᠠᠨ ᠤ ᠲᠣᠭᠲᠠᠴᠠ ᠶᠢ ᠡᠷᠴᠢᠮᠲᠡᠢ ᠶᠠᠪᠤᠭᠳᠠᠭᠤᠯᠵᠤ᠂ ᠠᠵᠤ ᠠᠬᠤᠶᠢᠯᠠᠯ ᠤᠨ ᠰᠢᠨ᠎ᠡ ᠶᠢ | ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠷᠠᠭᠤᠯᠵᠤ᠂ ᠰᠢᠨ᠎ᠡ ᠡᠨᠧᠷᠭᠢ᠂ ᠬᠢᠲᠠᠳ ︵ᠮᠣᠩᠭᠤᠯ︶ | ᠡᠮ ᠡᠮᠨᠡᠯᠭᠡ ᠵᠡᠷᠭᠡ ᠬᠡᠪᠴᠢᠶᠡᠨ ᠤ ᠦᠷ᠎ᠡ ᠪᠦᠲᠦᠭᠡᠯ ᠢ ᠤᠯᠠᠷᠢᠭᠤᠯᠬᠤ ᠲᠥᠷᠥᠯ ᠵᠦᠢᠯ ᠢ ᠢᠳᠡᠪᠬᠢᠲᠡᠢ ᠪᠠᠷ | ᠭᠤᠶᠤᠴᠢᠯᠠᠨ ᠮᠡᠳᠡᠭᠦᠯᠵᠦ᠂ ᠤᠯᠠᠮᠵᠢᠯᠠᠯᠲᠤ ᠠᠵᠤ ᠦᠢᠯᠡᠰ ᠤᠨ ᠣᠶᠤᠨᠴᠢᠯᠠᠬᠤ᠂ ᠪᠣᠬᠢᠷᠳᠤᠯ ᠦᠭᠡᠢ | ᠪᠦᠲᠦᠭᠡᠭᠳᠡᠬᠦᠨ ᠪᠣᠯᠬᠤ ᠶᠢ ᠠᠬᠢᠭᠤᠯᠤᠨ᠎ᠠ᠃ ︽ᠣᠶᠤᠨᠲᠤ ᠠᠯᠠᠱᠠ ᠵᠡᠭᠦᠨ ᠬᠤᠰᠢᠭᠤ︾ ᠶᠢᠨ ᠮᠡᠳᠡᠭᠡ ᠵᠠᠩᠭᠢ ᠶᠢᠨ | ᠲᠠᠪᠴᠠᠩ ᠢ ᠬᠦᠴᠦᠯᠡᠨ ᠪᠠᠶᠢᠭᠤᠯᠤᠨ᠎ᠠ᠃ ᠬᠡᠷᠡᠭᠯᠡᠭᠡᠨ ᠤ ᠰᠢᠨᠵᠢᠯᠡᠭᠡ ᠮᠡᠷᠭᠡᠵᠢᠯ ᠤᠨ ᠴᠢᠳᠠᠪᠤᠷᠢᠲᠠᠨ ᠤ | ᠣᠳᠣᠬᠢᠴᠢᠯᠠᠭᠰᠠᠨ ᠲᠠᠷᠢᠶᠠᠯᠠᠩ᠂ ᠮᠠᠯ ᠠᠵᠤ ᠠᠬᠤᠢ᠂ ᠠᠮᠢ ᠠᠬᠤᠢ ᠶᠢᠨ ᠣᠨᠴᠠᠯᠢᠭᠲᠤ ᠠᠵᠤ ᠦᠢᠯᠡᠰ ᠤᠨ | ᠲᠠᠯ᠎ᠠ ᠪᠠᠷ ᠬᠢ ᠦᠢᠯᠡᠴᠢᠯᠡᠭᠡᠨ ᠤ ᠬᠢᠷᠢ ᠲᠥᠪᠰᠢᠨ ᠢ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠪᠠᠨ | ᠨᠡᠮᠡᠭᠳᠡᠭᠦᠯᠦᠨ ᠴᠢᠨᠡᠭᠡᠯᠢᠭᠵᠢᠭᠦᠯᠬᠦ ᠠᠷᠭ᠎ᠠ ᠵᠠᠮ ᠢ ᠣᠯᠠᠨ ᠪᠣᠯᠭᠠᠨ᠎ᠠ᠃ | ᠴᠡᠷᠢᠭ ᠠᠷᠠᠳ ᠤᠨ ᠠᠭᠤᠰᠤᠯᠴᠠᠭ᠎ᠠ ᠶᠢ ᠤᠶᠠᠯᠳᠤᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠡᠬᠡ | ᠣᠷᠣᠨᠴᠢ ᠦᠵᠡᠯ ᠪᠠ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠦᠷᠭᠦᠯᠵᠢᠯᠡᠨ | ᠥᠷᠨᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠬᠤᠶᠠᠷ ᠢ ᠬᠦᠷᠢᠶᠡᠯᠡᠨ ᠬᠠᠮᠲᠤ ᠪᠠᠷ | ᠪᠠᠶᠢᠭᠤᠯᠬᠤ ᠶᠢ ᠲᠠᠰᠤᠷᠠᠯᠲᠠ ᠦᠭᠡᠢ ᠴᠢᠩᠭᠠᠳᠬᠠᠵᠤ᠂ ᠬᠢᠯᠢ ᠶᠢᠨ ᠬᠠᠮᠠᠭᠠᠯᠠᠯᠲᠠ ᠶᠢᠨ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠪᠠᠬᠢᠵᠢᠭᠦᠯᠦᠨ ᠲᠡᠭᠦᠯᠳᠡᠷᠵᠢᠭᠦᠯᠵᠦ᠂ ᠨᠠᠮ ᠵᠠᠰᠠᠭ ᠴᠡᠷᠢᠭ ᠴᠠᠭᠳᠠᠭ᠎ᠠ ᠠᠷᠠᠳ | ᠣᠯᠠᠨ ᠢᠶᠠᠷ ᠢᠶᠠᠨ ᠬᠦᠴᠦ ᠪᠠᠨ ᠬᠠᠮᠲᠤᠳᠬᠠᠨ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ | ᠪᠠᠬᠢᠵᠢᠭᠦᠯᠬᠦ ᠶᠢ ᠪᠦᠬᠦ ᠲᠠᠯ᠎ᠠ ᠪᠠᠷ ᠤᠷᠤᠭᠰᠢ ᠠᠬᠢᠭᠤᠯᠤᠨ᠎ᠠ᠃ ᠴᠡᠷᠢᠭ ᠠᠷᠠᠳ ᠤᠨ ᠠᠭᠤᠰᠤᠯᠴᠠᠭ᠎ᠠ ᠶᠢ | ᠤᠶᠠᠯᠳᠤᠭᠤᠯᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠰᠣᠶᠣᠯ ᠵᠢᠭᠤᠯᠴᠢᠯᠠᠯ᠂ | ᠨᠡᠶᠢᠭᠡᠮ ᠤᠨ ᠦᠢᠯᠡᠴᠢᠯᠡᠭᠡ ᠵᠡᠷᠭᠡ ᠲᠠᠯ᠎ᠠ ᠶᠢᠨ ᠡᠷᠴᠢᠮᠲᠡᠢ ᠬᠠᠮᠲᠤᠷᠠᠯᠴᠠᠭ᠎ᠠ ᠶᠢ ᠬᠠᠶᠢᠨ ᠰᠦᠪᠡᠭᠴᠢᠯᠡᠨ᠎ᠡ᠃ ᠥᠨᠳᠥᠷ | ᠬᠡᠪ ᠪᠣᠯᠪᠠᠰᠤᠷᠠᠯ ᠲᠠᠢ ᠴᠡᠷᠢᠭ ᠢ ᠡᠯᠰᠡᠬᠦ᠂ ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠬᠦ᠂ ᠴᠡᠷᠢᠭ ᠤᠨ ᠭᠡᠷ | ᠪᠦᠯᠢ ᠶᠢᠨ ᠬᠢᠨ ᠳᠤ ᠠᠵᠢᠯ ᠣᠯᠭᠤᠬᠤ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠭᠦᠢᠴᠡᠳᠬᠡᠵᠦ᠂ | ᠬᠠᠷᠠᠭᠠᠯᠵᠠᠨ ᠲᠥᠪᠬᠢᠨᠡᠭᠦᠯᠬᠦ ᠲᠦᠷᠦ ᠶᠢᠨ ᠪᠣᠳᠣᠯᠭ᠎ᠠ ᠶᠢ ᠪᠣᠳᠠᠲᠠᠢ ᠪᠠᠷ ᠨᠠᠶᠢᠳᠠᠪᠤᠷᠢᠵᠢᠭᠤᠯᠬᠤ ᠶᠢ ᠦᠨᠡᠨ ᠬᠦ | ᠪᠠᠲᠤᠯᠠᠨ᠎ᠠ᠃ | ᠭᠤᠣᠯᠳᠠᠯᠭ᠎ᠠ ᠲᠠᠢ ᠬᠦᠷᠢᠶᠡᠨ ᠳᠠᠬᠢ ᠰᠢᠨᠡᠴᠢᠯᠡᠯ ᠢ ᠡᠷᠴᠢᠮᠲᠡᠢ ᠠᠬᠢᠭᠤᠯᠤᠨ᠎ᠠ᠃ ᠤᠯᠤᠰ ᠤᠨ ᠥᠮᠴᠢᠯᠡᠯ ᠤᠨ | ᠡᠳ᠋ ᠬᠥᠷᠥᠩᠭᠡ᠂ ᠡᠨᠧᠷᠭᠢ ᠶᠢᠨ ᠰᠤᠷᠪᠤᠯᠵᠢ ᠶᠢᠨ ᠡᠯᠧᠮᠧᠨ᠋ᠲ ᠤᠨ ᠲᠣᠬᠢᠷᠠᠭᠤᠯᠤᠯᠲᠠ ᠶᠢ ᠡᠷᠴᠢᠮᠲᠡᠢ | ᠰᠢᠯᠢᠳᠡᠭᠵᠢᠭᠦᠯᠦᠨ᠎ᠡ᠃ ᠪᠡᠯᠡ ᠣᠷᠣᠭᠤᠯᠵᠤ ᠪᠡᠯᠡ ᠲᠣᠬᠢᠷᠠᠭᠤᠯᠬᠤ ᠲᠣᠭᠲᠠᠴᠠ ᠶᠢᠨ ᠰᠢᠨ᠎ᠡ ᠶᠢ ᠡᠭᠦᠳᠴᠦ᠂ ᠠᠵᠤ | ᠠᠬᠤᠢ ᠶᠢᠨ ᠬᠥᠭᠵᠢᠯᠲᠡ ᠳᠤ ᠦᠵᠡᠭᠦᠯᠬᠦ ᠬᠡᠷᠡᠭᠯᠡᠭᠡ ᠶᠢᠨ ᠬᠤᠪᠢ ᠨᠡᠮᠡᠷᠢ ᠶᠢ ᠳᠡᠭᠡᠭᠰᠢᠯᠡᠭᠦᠯᠦᠨ᠎ᠡ᠃ ᠰᠢᠨᠵᠢᠯᠡᠭᠡ | ᠮᠡᠷᠭᠡᠵᠢᠯ ᠤᠨ ᠰᠢᠨ᠎ᠡ ᠶᠢ ᠡᠭᠦᠳᠬᠦ᠂ ᠮᠠᠯᠵᠢᠬᠤ ᠣᠷᠣᠨ ᠪᠣᠯᠣᠨ ᠲᠠᠷᠢᠶᠠᠯᠠᠬᠤ ᠣᠷᠣᠨ᠂ ᠰᠤᠷᠭᠠᠨ ᠬᠥᠮᠦᠵᠢᠯ ᠡᠷᠡᠭᠦᠯ | ᠬᠠᠮᠠᠭᠠᠯᠠᠯ᠂ ᠰᠣᠶᠣᠯ ᠵᠢᠭᠤᠯᠴᠢᠯᠠᠯ᠂ ᠨᠡᠶᠢᠭᠡᠮ ᠤᠨ ᠵᠠᠰᠠᠯᠲᠠ ᠪᠠ ᠬᠠᠤᠯᠢ ᠴᠠᠭᠠᠵᠠ ᠵᠡᠷᠭᠡ ᠥᠭᠡᠷᠡᠴᠢᠯᠡᠯᠲᠡ ᠶᠢᠨ | ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠠᠯᠢ ᠤᠯᠠᠨ ᠥᠭᠡᠷᠡᠴᠢᠯᠡᠯᠲᠡ ᠪᠠᠷ ᠳᠠᠮᠵᠢᠭᠤᠯᠤᠨ | ᠥᠩᠭᠡᠷᠡᠭᠰᠡᠨ ᠤ ᠠᠷᠬᠠᠭ ᠠᠰᠠᠭᠤᠳᠠᠯ ᠪᠠ ᠭᠦᠨ ᠳᠠᠪᠬᠤᠷᠭ᠎ᠠ ᠶᠢᠨ ᠵᠥᠷᠢᠴᠡᠯ ᠠᠰᠠᠭᠤᠳᠠᠯ ᠢ ᠰᠢᠢᠳᠪᠦᠷᠢᠯᠡᠵᠦ᠂ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠪᠠ ᠲᠠᠯᠳᠠ ᠬᠦᠴᠦᠨ ᠢ ᠬᠥᠭᠵᠢᠭᠦᠯᠦᠨ᠎ᠡ᠃ | ︵ᠵᠢᠷᠭᠤᠭ᠎ᠠ︶ ᠰᠠᠭᠤᠷᠢ ᠨᠥᠬᠦᠴᠡᠯ ᠢ ᠲᠠᠰᠤᠷᠠᠯᠲᠠ ᠦᠭᠡᠢ ᠰᠠᠶᠢᠵᠢᠷᠠᠭᠤᠯᠵᠤ᠂ ᠬᠤᠲᠠ ᠬᠥᠳᠡᠭᠡ ᠶᠢᠨ | ᠤᠶᠠᠯᠳᠤᠨ ᠬᠥᠭᠵᠢᠬᠦ ᠶᠢ ᠦᠷᠭᠦᠯᠵᠢᠯᠡᠨ ᠠᠬᠢᠭᠤᠯᠤᠨ᠎ᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠤᠷᠤᠭᠰᠢ ᠠᠬᠢᠭᠤᠯᠤᠨ᠎ᠠ᠃ ︽ | ᠲᠦᠷᠪᠡ ᠶᠢ ᠲᠠᠶᠠᠭᠳᠠᠬᠤ ᠦᠭᠡᠢ︾ ᠪᠠᠶᠢᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠨ ᠬᠡᠮᠵᠢᠬᠦ ᠪᠠ | ᠬᠠᠪᠰᠤᠷᠤᠨ ᠲᠡᠳᠬᠦᠬᠦ ᠲᠣᠭᠲᠠᠴᠠ ᠶᠢ ᠲᠡᠭᠦᠯᠳᠡᠷᠵᠢᠭᠦᠯᠦᠨ᠂ ︽ᠬᠤᠶᠠᠷ ᠲᠤ ᠵᠣᠪᠠᠭ᠋ᠤ ᠦᠭᠡᠢ ᠭᠤᠷᠪᠠ ᠶᠢ | ᠪᠠᠲᠤᠯᠠᠬᠤ︾ ᠵᠢᠴᠢ ᠤᠤᠭᠤᠬᠤ ᠤᠰᠤᠨ ᠤ ᠠᠮᠤᠷ ᠲᠦᠪᠰᠢᠨ ᠤ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠬᠦᠴᠢᠷ ᠠᠰᠠᠭᠤᠳᠠᠯ ᠢ ᠰᠢᠢᠳᠪᠦᠷᠢᠯᠡᠭᠰᠡᠨ ᠦᠷ᠎ᠡ ᠪᠦᠲᠦᠭᠡᠯ ᠢ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠲᠥᠷᠥᠯ ᠵᠦᠢᠯ ᠤᠨ | ᠬᠥᠮᠥᠷᠭᠡ ᠶᠢ ᠰᠢᠯᠢᠳᠡᠭᠵᠢᠭᠦᠯᠦᠨ ᠪᠠᠬᠢᠵᠢᠭᠦᠯᠵᠦ᠂ 1.37 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠯᠬᠤ ᠪᠠᠷ | ᠲᠥᠯᠥᠪᠯᠡᠵᠦ᠂ 36 ᠲᠥᠷᠥᠯ ᠵᠦᠢᠯ ᠢ ᠬᠡᠷᠡᠭᠵᠢᠭᠦᠯᠦᠨ᠂ ᠲᠥᠷᠥᠯ ᠵᠦᠢᠯ ᠢᠶᠠᠷ ᠮᠠᠯ ᠲᠠᠷᠢᠶᠠᠯᠠᠩ ᠠᠵᠤ ᠠᠬᠤᠢ ᠶᠢᠨ | ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠵᠤ᠂ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠬᠠᠮᠲᠤ ᠶᠢᠨ | ᠠᠵᠤ ᠠᠬᠤᠢ ᠶᠢ ᠪᠤᠵᠠᠭᠠᠶᠢᠷᠠᠭᠤᠯᠵᠤ᠂ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠥᠷᠭᠡᠳᠬᠡᠨ᠂ | ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠤᠨ᠎ᠠ᠃ ᠮᠠᠯᠵᠢᠬᠤ | ᠲᠠᠷᠢᠶᠠᠯᠠᠬᠤ ᠣᠷᠣᠨ ᠤ ᠬᠥᠮᠥᠰ ᠤᠨ ᠰᠠᠭᠤᠷᠢᠰᠢᠯ ᠤᠨ ᠣᠷᠴᠢᠨ ᠢ ᠴᠡᠭᠴᠡᠯᠡᠨ ᠵᠠᠰᠠᠬᠤ ᠠᠵᠢᠯ ᠢ ᠡᠷᠴᠢᠮᠲᠡᠢ | ᠥᠷᠨᠢᠭᠦᠯᠵᠦ᠂ ᠲᠥᠪᠯᠡᠷᠡᠨ ᠰᠠᠭᠤᠷᠢᠰᠢᠭᠰᠠᠨ ᠣᠷᠣᠨ ᠪᠦᠰᠡ ᠶᠢᠨ ᠪᠣᠬᠢᠷ ᠤᠰᠤ ᠶᠢ ᠴᠡᠪᠡᠷᠰᠢᠭᠦᠯᠬᠦ ᠪᠠ ᠬᠤᠭ | ᠨᠣᠪᠰᠢ ᠶᠢ ᠳᠠᠮᠵᠢᠭᠤᠯᠤᠨ ᠲᠡᠭᠡᠭᠡᠪᠦᠷᠢᠯᠡᠬᠦ ᠰᠢᠰᠲ᠋ᠧᠮᠵᠢ ᠶᠢ ᠲᠡᠭᠦᠯᠳᠡᠷᠵᠢᠭᠦᠯᠦᠨ᠂ ᠲᠤᠬᠠᠢ ᠶᠢᠨ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠤᠨ ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ ᠠᠵᠢᠯ ᠢ ᠠᠬᠢᠭᠤᠯᠤᠨ᠎ᠠ᠃ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠪᠠᠶᠠᠨᠬᠤᠲᠠ ᠠᠴᠠ ᠢᠷᠭᠠᠢ | ᠬᠦᠷᠬᠦ ᠲᠦᠷᠭᠡᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠠᠬᠢᠭᠤᠯᠵᠤ᠂ | ᠴᠠᠭᠠᠨᠳᠡᠷᠡᠰᠤ ᠠᠴᠠ ᠵᠢᠷᠡᠲᠡᠢ ᠬᠦᠷᠬᠦ ᠵᠠᠮ᠂ ᠪᠤᠩᠬᠤᠨ ᠠᠴᠠ ᠪᠠᠶᠠᠨᠬᠤᠲᠠ ᠬᠦᠷᠬᠦ ᠲᠡᠮᠦᠷ ᠵᠠᠮ ᠤᠨ ᠲᠥᠷᠥᠯ | ᠵᠦᠢᠯ ᠤᠨ ᠠᠵᠢᠯ ᠢ ᠭᠦᠢᠴᠡᠳᠬᠡᠨ᠎ᠡ᠃ ᠠᠵᠢᠯ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠰᠠᠯᠪᠤᠷᠢ ᠱᠤᠭᠤᠮ ᠤᠨ | ᠨᠢᠰᠬᠡᠯ ᠤᠨ ᠪᠠᠭᠤᠳᠠᠯ ᠪᠣᠯᠭᠠᠬᠤ ᠳᠡᠰ ᠳᠡᠪᠰᠢᠭᠦᠯᠬᠦ ᠠᠵᠢᠯ ᠤᠨ ᠭᠠᠷᠳᠠᠮ ᠢ ᠭᠦᠢᠴᠡᠳᠬᠡᠬᠦ ᠶᠢ ᠲᠦᠷᠭᠡᠳᠬᠡᠵᠦ᠂ | ᠵᠢᠯ ᠤᠨ ᠳᠣᠲᠣᠷ᠎ᠠ ᠪᠠᠷᠢᠯᠭ᠎ᠠ ᠶᠢᠨ ᠠᠵᠢᠯ ᠢ ᠡᠬᠢᠯᠡᠭᠦᠯᠬᠦ ᠪᠠᠷ ᠴᠢᠷᠮᠠᠶᠢᠨ᠎ᠠ᠃ ᠵᠠᠮ ᠤᠨ ᠲᠣᠣᠷ ᠤᠨ ᠪᠦᠲᠦᠭᠡᠨ | ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ 2.9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ | ᠤᠯᠤᠰ ᠤᠨ ᠪᠠ ᠮᠤᠵᠢ ᠶᠢᠨ ᠵᠠᠮ ᠤᠨ ᠶᠡᠭᠡ ᠳᠤᠮᠳᠠ ᠵᠠᠰᠠᠯᠲᠠ ᠵᠢᠴᠢ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ | ᠵᠠᠮ ᠢ ᠰᠢᠨ᠎ᠡ ᠪᠠᠷ ᠪᠠᠶᠢᠭᠤᠯᠬᠤ᠂ ᠰᠢᠨᠡᠴᠢᠯᠡᠨ ᠰᠠᠶᠢᠵᠢᠷᠠᠭᠤᠯᠬᠤ᠂ ᠠᠷᠠᠴᠢᠯᠠᠨ ᠬᠠᠮᠠᠭᠠᠯᠠᠬᠤ ᠶᠢ ᠬᠡᠷᠡᠭᠵᠢᠭᠦᠯᠦᠨ᠎ᠡ᠃ | S315 ᠱᠤᠭᠤᠮ ᠤᠨ ᠭᠤᠣᠯ ᠱᠤᠭᠤᠮ ᠤᠨ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ | G1817 ᠲᠦᠷᠭᠡᠨ ᠵᠠᠰᠠᠮᠠᠯ ᠵᠠᠮ ᠤᠨ ᠰᠠᠭᠤᠷᠢ᠂ ᠵᠠᠮ ᠤᠨ ᠪᠠᠷᠢᠯᠭ᠎ᠠ ᠶᠢᠨ ᠠᠵᠢᠯ ᠢ ᠪᠡᠶᠡᠯᠡᠭᠦᠯᠵᠦ᠂ ᠵᠢᠯ ᠤᠨ | ᠳᠣᠲᠣᠷ᠎ᠠ ᠲᠡᠷᠭᠡ ᠨᠡᠪᠲᠡᠷᠡᠬᠦ ᠶᠢ ᠪᠠᠲᠤᠯᠠᠨ᠎ᠠ᠃ ᠰᠤᠮᠤ ᠪᠠᠯᠭᠠᠰᠤ ᠶᠢᠨ ᠦᠶᠡᠷ ᠢ ᠰᠡᠷᠭᠡᠶᠢᠯᠡᠵᠦ ᠭᠠᠮᠰᠢᠭ ᠢ | ᠪᠠᠭᠠᠰᠬᠠᠬᠤ ᠢᠨᠵᠧᠨᠧᠷᠢᠩ ᠤᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠬᠢᠯᠢ ᠬᠢᠵᠠᠭᠠᠷ ᠤᠨ ᠰᠤᠮᠤ ᠶᠢᠨ ᠲᠦᠭᠡᠭᠡᠯ | ᠤᠰᠤ ᠶᠢ ᠡᠷᠦᠬᠡ ᠳᠤ ᠣᠷᠣᠭᠤᠯᠬᠤ ᠢᠨᠵᠧᠨᠧᠷᠢᠩ ᠢ ᠬᠡᠷᠡᠭᠵᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠤᠰᠤ | ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ᠬᠤᠲᠠ ᠪᠠᠯᠭᠠᠰᠤ ᠶᠢᠨ ᠰᠠᠭᠤᠷᠢᠰᠢᠯ ᠤᠨ ᠣᠷᠴᠢᠨ ᠢ ᠰᠠᠶᠢᠵᠢᠷᠠᠭᠤᠯᠤᠨ᠎ᠠ᠃ ᠬᠤᠲᠠ ᠶᠢᠨ ᠰᠠᠭᠤᠷᠢ | ᠲᠥᠬᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ 2.68 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠵᠤ᠂ ᠪᠠᠶᠠᠨᠬᠤᠲᠠ ᠶᠢᠨ ᠬᠤᠲᠠ ᠶᠢᠨ ᠲᠣᠭᠤᠷᠢᠭ ᠤᠨ ᠣᠶᠤᠨᠲᠤ ᠤᠰᠤᠨ ᠤ ᠶᠠᠪᠤᠳᠠᠯ ᠵᠢᠴᠢ ᠡᠪᠳᠡᠷᠡᠵᠦ | ᠬᠠᠭᠤᠴᠢᠷᠠᠭᠰᠠᠨ ᠤᠰᠤ ᠬᠠᠩᠭᠠᠬᠤ ᠲᠣᠣᠷ ᠢ ᠰᠢᠨᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠭᠦᠯᠵᠦ᠂ | ᠬᠤᠲᠠ ᠶᠢᠨ ᠤᠰᠤ ᠵᠠᠶᠢᠯᠠᠭᠤᠯᠬᠤ ᠪᠠ ᠦᠶᠡᠷ ᠤᠨ ᠭᠠᠮᠰᠢᠭ ᠠᠴᠠ ᠰᠡᠷᠭᠡᠶᠢᠯᠡᠬᠦ ᠴᠢᠳᠠᠪᠤᠷᠢ ᠶᠢ ᠬᠦᠴᠦᠯᠡᠨ | ᠳᠡᠭᠡᠭᠰᠢᠯᠡᠭᠦᠯᠦᠨ᠎ᠡ᠃ ᠬᠠᠭᠤᠴᠢᠨ ᠬᠤᠷᠢᠶᠠᠯᠠᠯ ᠪᠠ ᠭᠡᠷ ᠬᠤᠷᠢᠶᠠᠯᠠᠯ ᠤᠨ ᠥᠭᠡᠷᠡᠴᠢᠯᠡᠯᠲᠡ ᠶᠢ ᠦᠷᠭᠦᠯᠵᠢᠯᠡᠨ | ᠬᠡᠷᠡᠭᠵᠢᠭᠦᠯᠦᠨ᠎ᠡ᠃ ᠲᠦᠷᠦ ᠶᠢᠨ ᠪᠣᠳᠣᠯᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ | ᠪᠠᠶᠢᠭᠤᠯᠤᠯᠲᠠ ᠶᠢ ᠶᠠᠪᠤᠭᠳᠠᠭᠤᠯᠵᠤ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠠᠩᠭᠠᠯᠭ᠎ᠠ ᠶᠢ | ᠰᠠᠶᠢᠵᠢᠷᠠᠭᠤᠯᠤᠨ᠎ᠠ᠃ ᠦᠨᠳᠦᠰᠦᠲᠡᠨ ᠤ ᠵᠡᠭᠡᠯᠢ ᠵᠡᠷᠭᠡ ᠬᠤᠳᠠ ᠶᠢᠨ ᠵᠠᠮ ᠢ ᠨᠠᠪᠲᠠᠷᠡᠭᠦᠯᠵᠦ᠂ ᠰᠢᠨ᠎ᠡ ᠡᠨᠧᠷᠭᠢ ᠶᠢᠨ | ᠣᠶᠤᠨᠴᠢ ᠬᠠᠮᠢᠶᠠᠷᠤᠯᠲᠠ ᠶᠢᠨ ᠲᠡᠷᠭᠡᠨ ᠵᠣᠭᠰᠣᠭᠠᠯ ᠢ ᠪᠠᠶᠢᠭᠤᠯᠤᠨ᠎ᠠ᠃ ᠬᠤᠲᠠ ᠶᠢᠨ ᠨᠠᠷᠢᠯᠢᠭᠵᠢᠭᠤᠯᠤᠭᠰᠠᠨ | ᠬᠠᠮᠢᠶᠠᠷᠤᠯᠲᠠ ᠶᠢ ᠡᠷᠴᠢᠮᠲᠡᠢ ᠠᠬᠢᠭᠤᠯᠵᠤ᠂ ᠠᠳᠠᠯ ᠠᠬᠤᠢ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠂ ᠬᠤᠲᠠ ᠶᠢᠨ ᠬᠠᠮᠢᠶᠠᠷᠤᠯᠲᠠ ᠶᠢ ᠲᠠᠰᠤᠷᠠᠯᠲᠠ ᠦᠭᠡᠢ ᠵᠢᠷᠤᠮᠵᠢᠭᠤᠯᠤᠨ᠎ᠠ᠃ ᠨᠠᠨ ᠲᠢᠶᠠᠨ | ᠲᠣᠰᠬᠤᠨ ᠤ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ ᠨᠡᠭᠡᠭᠡᠨ ᠠᠰᠢᠭᠯᠠᠬᠤ ᠲᠥᠷᠥᠯ ᠵᠦᠢᠯ ᠢ ᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠦᠨ ᠬᠡᠷᠡᠭᠵᠢᠭᠦᠯᠵᠦ᠂ ᠬᠤᠲᠠ ᠪᠠᠯᠭᠠᠰᠤ ᠶᠢᠨ ᠲᠥᠷᠬᠦ ᠪᠠ ᠰᠣᠶᠣᠯ ᠤᠨ | ᠠᠭᠤᠯᠤᠭᠳᠠᠬᠤᠨ ᠤ ᠬᠤᠣᠰ ᠳᠡᠭᠡᠭᠰᠢᠯᠡᠯᠲᠡ ᠶᠢ ᠴᠢᠷᠮᠠᠶᠢᠨ ᠪᠡᠶᠡᠯᠡᠭᠦᠯᠦᠨ᠎ᠡ᠃ | ︵ᠲᠤᠯᠤᠭ᠎ᠠ︶ ᠠᠷᠠᠳ ᠤᠨ ᠠᠮᠢᠳᠤᠷᠠᠯ ᠤᠨ ᠬᠦᠷᠦᠯᠴᠡᠬᠦ ᠦᠭᠡᠢ ᠲᠠᠯ᠎ᠠ ᠶᠢ ᠨᠥᠬᠦᠪᠦᠷᠢᠯᠡᠵᠦ᠂ ᠠᠷᠠᠳ ᠤᠨ | ᠠᠮᠢᠳᠤᠷᠠᠯ ᠤᠨ ᠴᠢᠨᠠᠷ ᠴᠢᠨᠰᠠᠭ᠎ᠠ ᠶᠢ ᠴᠢᠷᠮᠠᠶᠢᠨ ᠳᠡᠭᠡᠭᠰᠢᠯᠡᠭᠦᠯᠦᠨ᠎ᠡ | ᠠᠷᠠᠳ ᠤᠨ ᠠᠮᠢᠳᠤᠷᠠᠯ ᠢ ᠦᠷᠭᠦᠯᠵᠢᠯᠡᠨ ᠪᠠᠲᠤᠯᠠᠨ ᠰᠠᠶᠢᠵᠢᠷᠠᠭᠤᠯᠤᠨ᠎ᠠ᠃ ᠠᠷᠠᠳ ᠤᠨ ᠲᠥᠯᠥᠭᠡ ᠪᠣᠳᠠᠲᠠᠢ | ᠠᠵᠢᠯ ᠬᠢᠬᠦ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠦᠨ᠎ᠡ᠃ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ | ᠠᠵᠢᠯ ᠤᠨ ᠪᠠᠶᠢᠷᠢ ᠶᠢ ᠥᠷᠭᠡᠳᠬᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠶᠡᠭᠡ ᠳᠡᠭᠡᠳᠦ ᠰᠤᠷᠭᠠᠭᠤᠯᠢ | ᠲᠡᠭᠦᠰᠦᠭᠰᠡᠨ ᠰᠤᠷᠤᠭᠴᠢ᠂ ᠬᠥᠯᠥᠰᠦᠨ ᠠᠵᠢᠯᠴᠢᠨ᠂ ᠠᠵᠢᠯ ᠦᠢᠯᠡᠰ ᠡᠷᠬᠢᠯᠡᠭᠡ ᠦᠭᠡᠢ ᠭᠡᠷ ᠪᠦᠯᠢ ᠵᠡᠷᠭᠡ | ᠭᠤᠣᠯᠳᠠᠯᠭ᠎ᠠ ᠲᠠᠢ ᠬᠥᠮᠥᠰ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠪᠠᠲᠤᠯᠠᠨ᠎ᠠ᠃ ︽ᠲᠠᠪᠤᠨ | ᠳᠠᠭᠠᠳᠬᠠᠯ︾ ᠤᠨ ᠬᠡᠪᠴᠢᠶ᠎ᠡ ᠶᠢ ᠥᠷᠭᠡᠳᠬᠡᠨ ᠲᠠᠲᠠᠪᠤᠷᠢᠯᠠᠨ ᠲᠤᠰᠢᠶᠠᠬᠤ ᠶᠢ ᠯᠠᠪᠳᠠᠭᠤᠨ ᠢᠶᠠᠷ ᠤᠷᠤᠭᠰᠢ | ᠠᠬᠢᠭᠤᠯᠵᠤ᠂ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ ᠶᠢᠨ ᠬᠠᠷᠠᠭᠠᠯᠵᠠᠯ ᠤᠨ ᠬᠢᠷᠢ ᠲᠦᠪᠰᠢᠨ ᠢ ᠱᠠᠲᠤ | ᠲᠠᠷᠠᠭ᠎ᠠ ᠲᠠᠢ ᠪᠠᠷ ᠳᠡᠭᠡᠭᠰᠢᠯᠡᠭᠦᠯᠦᠨ᠎ᠡ᠃ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ | ᠪᠤᠳᠤᠬᠤ ᠦᠢᠯᠡᠴᠢᠯᠡᠭᠡ ᠶᠢ ᠲᠦᠷᠭᠡᠨ ᠲᠡᠭᠦᠯᠳᠡᠷᠵᠢᠭᠦᠯᠵᠦ᠂ ᠪᠠᠲᠤᠯᠠᠬᠤ ᠶᠣᠰᠣᠲᠠᠢ ᠶᠢ ᠨᠢ ᠪᠦᠬᠦᠨ ᠢ ᠪᠠᠲᠤᠯᠠᠵᠤ᠂ | ᠬᠠᠪᠰᠤᠷᠬᠤ ᠶᠣᠰᠣᠲᠠᠢ ᠶᠢ ᠨᠢ ᠪᠦᠬᠦᠨ ᠢ ᠲᠤᠰᠠᠯᠠᠬᠤ ᠶᠢ ᠴᠢᠷᠮᠠᠶᠢᠨ ᠪᠡᠶᠡᠯᠡᠭᠦᠯᠦᠨ᠎ᠡ᠃ ᠭᠡᠷ ᠵᠠᠭᠤᠷ᠎ᠠ ᠶᠢᠨ | ᠨᠠᠰᠤᠵᠢᠯ ᠤᠨ ᠦᠢᠯᠡᠴᠢᠯᠡᠭᠡ᠂ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡ᠂ ᠪᠠᠶᠢᠭᠤᠯᠤᠮᠵᠢ ᠶᠢᠨ | ᠨᠠᠰᠤᠵᠢᠯ ᠤᠨ ᠦᠢᠯᠡᠴᠢᠯᠡᠭᠡ ᠶᠢᠨ ᠬᠠᠷᠢᠯᠴᠠᠨ ᠤᠶᠠᠯᠳᠤᠭᠤᠯᠤᠭᠰᠠᠨ ᠦᠢᠯᠡᠴᠢᠯᠡᠭᠡᠨ ᠤ ᠰᠢᠰᠲ᠋ᠧᠮᠵᠢ ᠶᠢ ᠤᠯᠠᠮ | ᠲᠡᠭᠦᠯᠳᠡᠷᠵᠢᠭᠦᠯᠵᠦ᠂ ᠨᠠᠰᠤᠲᠠᠶᠢᠴᠤᠳ ᠲᠤ ᠣᠯᠠᠨ ᠲᠥᠷᠥᠯ ᠤᠨ ᠨᠠᠰᠤᠵᠢᠯ ᠤᠨ ᠦᠢᠯᠡᠴᠢᠯᠡᠭᠡᠨ ᠢ ᠬᠠᠩᠭᠠᠨ᠎ᠠ᠃ | ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠲᠦᠷᠭᠡᠳᠬᠡᠨ᠎ᠡ᠃ ᠰᠤᠷᠬᠤ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ᠂ ᠦᠨᠳᠦᠰᠦᠲᠡᠨ ᠤ ᠰᠤᠷᠭᠠᠨ ᠬᠥᠮᠦᠵᠢᠯ᠂ ᠣᠨᠴᠠᠭᠠᠶ ᠰᠤᠷᠭᠠᠨ ᠬᠥᠮᠦᠵᠢᠯ᠂ ᠠᠷᠠᠳ ᠠᠴᠠ | ᠡᠷᠬᠢᠯᠡᠭᠰᠡᠨ ᠰᠤᠷᠭᠠᠨ ᠬᠥᠮᠦᠵᠢᠯ ᠢ ᠨᠢᠭᠡᠳᠦᠯᠲᠡᠢ ᠲᠥᠯᠥᠪᠯᠡᠨ ᠬᠥᠭᠵᠢᠭᠦᠯᠦᠨ᠎ᠡ᠃ 3308 ᠲᠦᠮᠡᠨ ᠲᠥᠭᠦᠷᠢᠭ ᠤᠨ | ᠪᠡᠯᠡ ᠣᠷᠣᠭᠤᠯᠵᠤ᠂ ᠨᠠᠢᠮᠠᠳᠤᠭᠠᠷ ᠴᠡᠴᠡᠷᠯᠢᠭ᠂ ᠣᠨᠴᠠᠭᠠᠶ ᠰᠤᠷᠭᠠᠨ ᠬᠥᠮᠥᠵᠢᠯ ᠤᠨ ᠰᠤᠷᠭᠠᠭᠤᠯᠢ ᠶᠢᠨ | ᠶᠡᠷᠦᠩᠬᠡᠶᠢᠯᠡᠭᠰᠡᠨ ᠦᠢᠯᠡᠴᠢᠯᠡᠭᠡᠨ ᠤ ᠠᠰᠠᠷ᠂ ᠨᠠᠢᠮᠠᠳᠤᠭᠠᠷ ᠳᠤᠮᠳᠠᠳᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ | ᠲᠠᠯᠠᠪᠠᠶ ᠵᠡᠷᠭᠡ ᠰᠠᠭᠤᠷᠢ ᠲᠥᠬᠦᠭᠡᠷᠦᠮᠵᠢ ᠶᠢ ᠰᠢᠨ᠎ᠡ ᠪᠠᠷ ᠪᠠᠶᠢᠭᠤᠯᠵᠤ᠂ ᠲᠠᠪᠤᠳᠤᠭᠠᠷ ᠴᠡᠴᠡᠷᠯᠢᠭ᠂ ᠵᠢᠷᠭᠤᠳᠤᠭᠠᠷ | ᠴᠡᠴᠡᠷᠯᠢᠭ ᠢ ᠠᠰᠢᠭᠯᠠᠯᠲᠠ ᠳᠤ ᠣᠷᠣᠭᠤᠯᠬᠤ ᠶᠢ ᠲᠦᠷᠭᠡᠳᠬᠡᠨ ᠠᠬᠢᠭᠤᠯᠤᠨ᠎ᠠ᠃ ︽ᠬᠤᠶᠠᠷ ᠢ ᠬᠥᠩᠭᠡᠷᠡᠭᠦᠯᠬᠦ︾ | ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠶᠢ ᠪᠠᠬᠢᠵᠢᠭᠦᠯᠵᠦ᠂ ᠬᠡᠪ ᠴᠢᠨᠠᠷ ᠤᠨ ᠰᠤᠷᠭᠠᠨ ᠬᠥᠮᠦᠵᠢᠯ ᠢ | ᠬᠥᠭᠵᠢᠭᠦᠯᠵᠦ᠂ ᠰᠤᠷᠭᠠᠨ ᠬᠥᠮᠦᠵᠢᠯ ᠤᠨ ᠭᠤᠣᠯᠴᠢ ᠪᠠᠶᠢᠬᠤ ᠶᠢ ᠪᠠᠷᠢᠮᠲᠠᠯᠠᠨ᠎ᠠ᠃ ᠰᠤᠷᠭᠠᠭᠤᠯᠢ ᠶᠢᠨ ᠵᠠᠬᠢᠷᠤᠯ᠂ | ᠭᠤᠣᠯᠯᠠᠭᠴᠢ ᠪᠠᠭᠰᠢ ᠶᠢ ᠬᠥᠮᠥᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠪᠠᠭᠰᠢ ᠶᠢ ᠰᠣᠯᠢᠯᠴᠠᠭᠤᠯᠤᠨ | ᠠᠵᠢᠯᠯᠠᠭᠤᠯᠵᠤ᠂ ᠠᠵᠢᠯ ᠤᠨ ᠪᠠᠶᠢᠷᠢ ᠡᠭᠡᠯᠵᠢᠯᠡᠭᠦᠯᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠥᠨᠳᠥᠷ | ᠬᠡᠪ ᠪᠣᠯᠪᠠᠰᠤᠷᠠᠯ ᠲᠠᠢ ᠪᠠᠭᠰᠢ ᠶᠢᠨ ᠡᠩᠨᠡᠭᠡ ᠶᠢ ᠬᠥᠮᠥᠵᠢᠭᠦᠯᠦᠨ᠎ᠡ᠃ ᠬᠢᠨᠠᠨ ᠵᠢᠯᠤᠭᠤᠳᠬᠤ ᠪᠠᠶᠢᠭᠤᠯᠤᠯ | ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ | ᠪᠠᠶᠢᠭᠤᠯᠤᠯᠲᠠ ᠶᠢ ᠴᠢᠩᠭᠠᠳᠬᠠᠵᠤ᠂ ᠰᠤᠷᠤᠭᠴᠢᠳ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃ | ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ 3507 ᠲᠦᠮᠡᠨ ᠲᠥᠭᠦᠷᠢᠭ ᠤᠨ | ᠪᠡᠯᠡ ᠣᠷᠣᠭᠤᠯᠵᠤ᠂ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠶᠢᠨ ᠠᠵᠢᠯᠯᠠᠬᠤ ᠠᠯᠪᠠᠨ ᠤ ᠠᠰᠠᠷ᠂ | ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠥᠪ ᠵᠡᠷᠭᠡ ᠶᠢ ᠪᠦᠲᠦᠭᠡᠨ ᠪᠠᠶᠢᠭᠤᠯᠤᠨ᠎ᠠ᠃ ᠡᠮ ᠡᠮᠨᠡᠯᠭᠡ | ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠮ ᠡᠮᠨᠡᠯᠭᠡ | ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤ ᠡᠩᠨᠡᠭᠡ ᠶᠢ ᠪᠤᠵᠠᠭᠠᠶᠢᠷᠠᠭᠤᠯᠤᠨ᠂ ᠬᠢᠲᠠᠳ ︵ᠮᠣᠩᠭᠤᠯ︶ ᠡᠮ ᠡᠮᠨᠡᠯᠭᠡ ᠶᠢ | ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠤᠨ᠎ᠠ᠃ ᠡᠪᠡᠳᠴᠢᠨ ᠡᠮᠭᠡᠭ ᠢ | ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠵᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠭᠡᠨᠡᠳᠲᠡ ᠶᠢᠨ ᠬᠡᠷᠡᠭ ᠢ ᠴᠠᠭ ᠲᠤᠬᠠᠢ ᠳᠤᠨᠢ ᠪᠦᠲᠦᠮᠵᠢᠲᠡᠶ ᠪᠠᠷ ᠰᠢᠢᠳᠪᠦᠷᠢᠯᠡᠨ᠎ᠡ᠃ ᠡᠷᠡᠭᠦᠯ ᠡᠩᠬᠡ ᠠᠯᠠᠱᠠ ᠵᠡᠭᠦᠨ | ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠡᠷᠴᠢᠮᠲᠡᠢ ᠠᠬᠢᠭᠤᠯᠵᠤ᠂ ᠡᠷᠡᠭᠦᠯ ᠮᠡᠨᠳᠦ ᠶᠢᠨ ᠬᠥᠮᠦᠵᠢᠯ ᠪᠠ | ᠬᠠᠮᠢᠶᠠᠷᠤᠯᠲᠠ ᠶᠢ ᠴᠢᠩᠭᠠᠳᠬᠠᠨ᠎ᠠ᠃ ᠬᠥᠩᠭᠡᠵᠢᠯ ᠢ ᠳᠡᠮᠵᠢᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ︽ | ᠨᠠᠰᠤᠲᠠᠶᠢᠴᠤᠳ ᠪᠠ ᠨᠢᠯᠬᠠᠰ︾ ᠢ ᠬᠠᠯᠠᠮᠵᠢᠯᠠᠨ ᠬᠠᠶᠢᠷᠠᠯᠠᠵᠤ᠂ ᠤᠯᠤᠰ ᠤᠨ ᠡᠷᠡᠭᠦᠯ ᠬᠠᠮᠠᠭᠠᠯᠠᠯ ᠤᠨ ᠬᠤᠰᠢᠭᠤ | ᠰᠢᠶᠠᠨ ᠤ ᠬᠤᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ | ᠰᠣᠶᠣᠯ ᠪᠡᠶ᠎ᠡ ᠶᠢᠨ ᠲᠠᠮᠢᠷ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠤᠯᠠᠨ ᠨᠡᠶᠢᠲᠡ ᠶᠢᠨ | ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠤᠨ | ᠵᠣᠬᠢᠶᠠᠨ ᠪᠦᠲᠦᠭᠡᠯᠭᠡ ᠶᠢ ᠴᠢᠩᠭᠠᠳᠬᠠᠵᠤ᠂ ︽ᠠᠷᠠᠳ ᠤᠨ ᠲᠢᠶᠠᠲᠷ︾ ᠵᠡᠷᠭᠡ ᠤᠯᠠᠨ ᠲᠦᠮᠡᠨ ᠤ ᠤᠷᠠᠨ | ᠰᠠᠶᠢᠬᠠᠨ ᠤ ᠲᠣᠭᠯᠠᠯᠲᠠ ᠶᠢ ᠦᠷᠭᠦᠯᠵᠢᠯᠡᠨ ᠥᠷᠨᠢᠭᠦᠯᠦᠨ᠎ᠡ᠃ 1300 ᠲᠦᠮᠡᠨ ᠲᠥᠭᠦᠷᠢᠭ ᠤᠨ ᠪᠡᠯᠡ | ᠣᠷᠣᠭᠤᠯᠵᠤ᠂ ᠤᠯᠠᠭᠠᠨᠮᠥ᠋ᠴᠢᠷ ᠤᠨ ᠠᠷᠠᠳ ᠲᠤ ᠠᠰᠢᠭ ᠬᠦᠷᠲᠡᠭᠡᠬᠦ ᠪᠣᠯᠪᠠᠰᠤᠷᠠᠯ ᠤᠨ ᠲᠢᠩᠬᠢᠮ ᠢ ᠪᠠᠶᠢᠭᠤᠯᠵᠤ᠂ ︽ | ᠴᠠᠬᠢᠮ ᠤᠯᠠᠭᠠᠨᠮᠥ᠋ᠴᠢᠷ︾ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠠᠷᠠᠳ ᠲᠤ ᠦᠢᠯᠡᠴᠢᠯᠡᠬᠦ ᠬᠠᠮᠤᠷᠬᠤ | ᠬᠡᠪᠴᠢᠶ᠎ᠡ ᠶᠢ ᠥᠷᠭᠡᠳᠬᠡᠨ᠎ᠡ᠃ ︽ᠬᠤᠯᠠᠳᠠᠬᠢᠨ ᠢ ᠲᠣᠭᠲᠠᠭᠠᠭᠴᠢ ᠬᠤᠷᠢᠶ᠎ᠠ ᠶᠢᠨ ᠬᠠᠮᠠᠭᠠᠯᠠᠯᠲᠠ ᠶᠢᠨ 2022 - | 2035 ᠣᠨ ᠤ ᠲᠥᠯᠦᠪᠵᠢᠭᠦᠯᠭᠡ︾ ᠳᠤ ᠵᠠᠰᠠᠪᠤᠷᠢ ᠣᠷᠣᠭᠤᠯᠤᠨ ᠨᠠᠶᠢᠷᠠᠭᠤᠯᠬᠤ ᠠᠵᠢᠯ ᠢ ᠤᠷᠤᠭᠰᠢ | ᠠᠬᠢᠭᠤᠯᠤᠨ᠎ᠠ᠃ ᠲᠡᠦᠬᠡ ᠶᠢᠨ ᠳᠤᠷᠠᠰᠬᠠᠯᠲᠤ ᠲᠥᠷᠥᠯ ᠵᠦᠢᠯ ᠪᠠ ᠪᠣᠳᠠᠰ ᠤᠨ ᠪᠤᠰᠤ ᠰᠣᠶᠣᠯ ᠤᠨ ᠥᠪ ᠤᠨ | ᠰᠢᠰᠲ᠋ᠧᠮᠲᠦ ᠬᠠᠮᠠᠭᠠᠯᠠᠯᠲᠠ ᠶᠢ ᠯᠠᠪᠳᠠᠭᠤᠨ ᠪᠠᠲᠤᠲᠠᠢ ᠰᠠᠶᠢᠲᠤᠷ ᠭᠦᠢᠴᠡᠳᠬᠡᠵᠦ᠂ ᠰᠢᠷ᠎ᠠ ᠪᠦᠷᠢᠳᠤ ᠶᠢᠨ | ᠤᠯᠤᠰ ᠢᠶᠠᠨ ᠬᠠᠶᠢᠷᠠᠯᠠᠬᠤ ᠦᠵᠡᠯ ᠪᠠ ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ ᠬᠥᠮᠦᠵᠢᠯ ᠤᠨ ᠭᠠᠵᠠᠷ ᠢ | ᠪᠠᠶᠢᠭᠤᠯᠵᠤ᠂ ᠪᠤᠳᠠᠰ ᠤᠨ ᠪᠤᠰᠤ ᠰᠣᠶᠣᠯ ᠢ ᠤᠯᠠᠮᠵᠢᠯᠠᠨ ᠪᠠᠳᠠᠷᠠᠭᠤᠯᠬᠤ ᠰᠠᠭᠤᠷᠢᠨ ᠭᠠᠵᠠᠷ ᠢ ᠪᠠᠶᠢᠭᠤᠯᠤᠨ᠎ᠠ᠃ | ᠤᠯᠠᠨ ᠲᠦᠮᠡᠨ ᠤ ᠪᠠᠭ᠋ᠠᠲᠠᠢ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠰᠠᠶᠢᠲᠤᠷ ᠡᠷᠬᠢᠯᠡᠵᠦ᠂ ᠪᠦᠬᠦ ᠠᠷᠠᠳ ᠤᠨ ᠪᠡᠶ᠎ᠡ | ᠮᠠᠬᠠᠪᠤᠳ ᠢᠶᠠᠨ ᠴᠢᠭᠢᠷᠠᠭᠵᠢᠭᠤᠯᠬᠤ ᠠᠵᠢᠯ ᠤᠨ ᠬᠡᠪ ᠵᠠᠩᠰᠢᠯ ᠲᠠᠢ ᠪᠣᠯᠬᠤ ᠶᠢ ᠠᠬᠢᠭᠤᠯᠤᠨ᠎ᠠ᠃ | ︵ᠨᠠᠢᠮᠠ︶ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ | ᠥᠪᠡᠷ ᠤᠨ ᠪᠠᠶᠢᠭᠤᠯᠤᠯᠲᠠ ᠶᠢ ᠴᠢᠩᠭᠠᠳᠬᠠᠨ᠎ᠠ | ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠯᠭ᠎ᠠ ᠶᠢ ᠴᠢᠩᠭᠠᠳᠬᠠᠨ᠎ᠠ᠃ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ | ᠲᠣᠯᠣᠭᠠᠢ ᠪᠠᠨ ᠵᠡᠪᠰᠡᠭᠯᠡᠬᠦ᠂ ᠦᠢᠯᠡᠳᠦᠯᠭᠡ ᠪᠠᠨ ᠵᠢᠯᠣᠭᠤᠳᠤᠭᠤᠯᠬᠤ᠂ ᠠᠵᠢᠯ ᠢᠶᠠᠨ ᠠᠬᠢᠭᠤᠯᠬᠤ ᠶᠢ ᠪᠠᠷᠢᠮᠲᠠᠯᠠᠵᠤ᠂ | ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ ᠬᠦᠷᠢᠶᠡᠯᠡᠬᠦ ᠶᠢ ᠪᠣᠳᠠᠲᠠᠢ ᠠᠵᠢᠯᠯᠠᠭ᠎ᠠ ᠳᠡᠭᠡᠷ᠎ᠡ ᠪᠠᠨ | ᠨᠠᠶᠢᠳᠠᠪᠤᠷᠢᠵᠢᠭᠤᠯᠵᠤ᠂ ᠠᠵᠢᠯ ᠤᠨ ᠪᠣᠳᠠᠲᠤ ᠦᠷ᠎ᠡ ᠪᠦᠲᠦᠮᠵᠢ ᠳᠤᠮᠳᠠ ᠪᠠᠨ ᠢᠯᠡᠷᠡᠭᠦᠯᠵᠦ᠂ ᠢᠮᠠᠭᠲᠠ ᠬᠡᠬᠦᠳᠡᠭ | ᠴᠡᠭᠡᠵᠢᠨ ᠳᠡᠭᠡᠨ ︽ᠬᠤᠶᠠᠷ ᠶᠡᠭᠡ ᠲᠠᠯ᠎ᠠ︾ ᠶᠢ ᠪᠠᠭᠲᠠᠭᠠᠵᠤ᠂ ︽ᠲᠥᠷᠥ ᠶᠡᠭᠡ︾ ᠭᠡᠮᠡᠬᠦ ᠦᠵᠡᠯ ᠪᠠᠷᠢᠮᠲᠠᠯᠠᠯ ᠲᠠᠢ | ᠰᠡᠳᠬᠢᠯ ᠵᠢᠷᠦᠬᠡ ᠪᠠᠨ ᠬᠤᠯᠪᠣᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ | ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠬᠦᠴᠦᠨ ᠢᠶᠠᠨ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠦᠨ᠎ᠡ᠃ | ᠦᠵᠡᠯ ᠰᠠᠨᠠᠭ᠎ᠠ ᠪᠠᠨ ᠨᠢᠭᠡᠳᠬᠡᠨ᠂ ᠬᠦᠴᠦᠨ ᠴᠢᠳᠠᠯ ᠢᠶᠠᠨ ᠨᠢᠭᠲᠠᠷᠠᠭᠤᠯᠵᠤ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠠᠶᠢᠳᠠᠪᠤᠷᠢᠵᠢᠭᠤᠯᠤᠨ᠎ᠠ᠃ | ᠬᠠᠤᠯᠢ ᠪᠠᠷ ᠵᠠᠰᠠᠭᠯᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠬᠠᠤᠯᠢ ᠪᠠᠷ ᠵᠠᠰᠠᠭᠯᠠᠬᠤ ᠪᠠᠶᠢᠭᠤᠯᠤᠯᠲᠠ ᠶᠢ | ᠲᠦᠷᠭᠡᠳᠬᠡᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠡᠷᠴᠢᠮᠲᠡᠢ ᠠᠬᠢᠭᠤᠯᠵᠤ᠂ ᠰᠢᠢᠳᠪᠦᠷᠢᠲᠦ ᠪᠣᠳᠣᠯᠭ᠎ᠠ | ᠲᠣᠭᠲᠠᠭᠠᠬᠤ ᠪᠠ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠰᠢᠨᠵᠢᠯᠡᠬᠦ ᠤᠬᠠᠭᠠᠨᠴᠢᠯᠠᠬᠤ᠂ ᠬᠠᠤᠯᠢ ᠪᠠᠷ ᠵᠠᠰᠠᠬᠤ | ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠵᠢᠴᠢ ᠪᠠᠶᠢᠩᠭᠤ ᠶᠢᠨ ᠬᠤᠷᠢᠶᠠᠨ ᠤ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠠᠷᠠᠳ ᠤᠨ ᠤᠯᠤᠰ ᠲᠦᠷᠦ ᠶᠢᠨ | ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠪᠠ ᠶᠠᠷᠢᠶ᠎ᠠ | ᠬᠡᠯᠡᠯᠴᠡᠭᠡᠨ ᠤ ᠬᠢᠨᠠᠯᠲᠠ ᠶᠢ ᠬᠦᠯᠢᠶᠡᠨ᠎ᠡ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠠᠤᠯᠢ ᠶᠢ ᠬᠦᠨᠳᠦᠳᠬᠡᠬᠦ᠂ | ᠬᠠᠤᠯᠢ ᠶᠢ ᠰᠤᠷᠤᠯᠴᠠᠬᠤ᠂ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠶᠢ ᠤᠳᠤᠷᠢᠳᠤᠨ ᠵᠢᠯᠣᠭᠤᠳᠤᠨ᠎ᠠ᠃ | ᠵᠠᠰᠠᠭ ᠤᠨ ᠣᠷᠳᠣᠨ ᠤ ᠦᠢᠯᠡᠳᠦᠯ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠪᠣᠳᠠᠲᠤ ᠪᠠᠷ | ᠭᠦᠢᠴᠡᠳᠬᠡᠬᠦ ᠤᠬᠠᠮᠰᠠᠷ ᠪᠠ ᠲᠦᠷᠭᠡᠨ ᠭᠦᠢᠴᠡᠳᠬᠡᠬᠦ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠺᠠᠳ᠋ᠷᠴᠤᠳ ᠤᠨ | ᠠᠵᠢᠯ ᠳᠠᠭᠠᠨ ᠭᠠᠷᠮᠠᠭᠠᠶᠢᠯᠠᠬᠤ ᠬᠦᠰᠡᠯ ᠲᠠᠢ᠂ ᠭᠦᠢᠴᠡᠳᠬᠡᠬᠦ ᠴᠢᠳᠠᠪᠤᠷᠢ ᠲᠠᠢ᠂ ᠪᠣᠳᠠᠲᠤ ᠠᠵᠢᠯ ᠤᠨ ᠪᠦᠲᠦᠮᠵᠢ | ᠲᠠᠢ ᠪᠠᠶᠢᠬᠤ ᠶᠢ ᠬᠥᠲᠥᠯᠥᠨ ᠵᠢᠯᠤᠭᠤᠳᠴᠤ ᠤᠷᠮᠠᠰᠢᠭᠤᠯᠤᠨ ᠵᠣᠷᠢᠭᠵᠢᠭᠤᠯᠵᠤ᠂ ᠡᠯ᠎ᠡ ᠱᠠᠲᠤᠨ ᠤ ᠲᠣᠭᠤᠷᠢᠨ | ᠪᠠᠶᠢᠴᠠᠭᠠᠬᠤ᠂ ᠴᠠᠭᠳᠠᠨ ᠪᠠᠶᠢᠴᠠᠭᠠᠬᠤ᠂ ᠱᠠᠯᠠᠪᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠬᠦᠴᠦᠯᠡᠨ ᠰᠠᠶᠢᠲᠤᠷ ᠠᠳᠬᠤᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ | ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠵᠦ᠂ ᠲᠤᠤᠱᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠪᠠᠷ ᠢᠶᠠᠨ | ᠰᠢᠨ᠎ᠡ ᠬᠠᠷᠢᠭᠤᠴᠠᠯᠭ᠎ᠠ ᠶᠢ ᠡᠭᠦᠷᠭᠡᠯᠡᠨ᠂ ᠰᠢᠨ᠎ᠡ ᠪᠣᠱᠤᠭ᠎ᠠ ᠶᠢ ᠳᠠᠪᠠᠵᠤ᠂ ᠰᠢᠨ᠎ᠡ ᠵᠢᠳᠬᠦᠯ ᠴᠢᠷᠮᠠᠶᠢᠯᠭ᠎ᠠ ᠲᠠᠢ | ᠠᠵᠢᠯᠯᠠᠨ᠎ᠠ᠃ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ | ᠣᠷᠳᠣᠨ᠂ ᠠᠶᠢᠮᠠᠭ ᠤᠨ ᠨᠠᠮ ᠤᠨ ᠬᠤᠷᠢᠶ᠎ᠠ ᠵᠠᠰᠠᠭ ᠵᠠᠬᠢᠷᠭ᠎ᠠ ᠪᠠ ᠬᠤᠰᠢᠭᠤᠨ ᠤ ᠨᠠᠮ ᠤᠨ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠲᠤᠤᠱᠯᠠᠭᠤᠯᠤᠨ᠎ᠠ᠃ | ᠠᠷᠢᠭᠤᠨ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠲᠥᠪ ᠤᠨ ᠨᠠᠢᠮᠠᠨ ᠲᠣᠭᠲᠠᠭᠠᠯ ᠵᠢᠴᠢ | ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠵᠠᠰᠠᠭ ᠤᠨ ᠣᠷᠳᠣᠨ ᠤ | ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ | ᠢᠯᠵᠠᠷᠠᠯ ᠢ ᠡᠰᠡᠷᠭᠦᠴᠡᠬᠦ ᠲᠡᠮᠡᠴᠡᠯ ᠢ ᠯᠠᠪᠳᠠᠭᠤᠨ ᠢᠶᠠᠷ ᠠᠬᠢᠭᠤᠯᠵᠤ᠂ ︽ᠲᠦᠷᠪᠡᠨ ᠰᠤᠷᠲᠠᠯ︾ ᠢ ᠥᠴᠥᠬᠡᠨ ᠴᠦ | ᠰᠤᠯᠠᠷᠠᠭᠤᠯᠤᠯ ᠦᠭᠡᠢ ᠪᠠᠷ ᠵᠠᠯᠠᠷᠠᠭᠤᠯᠤᠨ ᠵᠠᠰᠠᠵᠤ᠂ ᠬᠡᠯᠪᠡᠷᠢ ᠶᠢᠨ ᠦᠵᠡᠯ ᠨᠣᠶᠠᠨᠴᠢ ᠰᠤᠷᠲᠠᠯ ᠢ ᠡᠷᠡᠰ ᠠᠷᠢᠯᠭᠠᠨ᠎ᠠ᠃ | ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ︽ᠠᠯᠪᠠᠨ ᠤ ᠭᠤᠷᠪᠠᠨ ᠵᠠᠷᠤᠳᠠᠯ︾ | ᠪᠠ ᠡᠩ ᠤᠨ ᠴᠢᠨᠠᠷᠲᠠᠢ ᠵᠠᠷᠤᠯᠭ᠎ᠠ ᠶᠢ ᠡᠷᠡᠰ ᠢᠶᠠᠷ ᠪᠠᠭᠠᠰᠬᠠᠨ᠂ ᠬᠢᠵᠠᠭᠠᠷᠲᠠᠢ ᠡᠳ᠋ ᠤᠨ ᠵᠠᠰᠠᠭ ᠢᠶᠠᠷ ᠢᠶᠠᠨ | ᠳᠤᠲᠠᠭᠤᠳᠠᠯ ᠢ ᠨᠥᠬᠦᠪᠦᠷᠢᠯᠡᠬᠦ᠂ ᠠᠷᠠᠳ ᠤᠨ ᠠᠮᠢᠳᠤᠷᠠᠯ ᠢ ᠪᠠᠲᠤᠯᠠᠬᠤ᠂ ᠬᠥᠭᠵᠢᠯᠲᠡ ᠶᠢ ᠠᠬᠢᠭᠤᠯᠬᠤ ᠳᠡᠭᠡᠷ᠎ᠡ | ᠬᠡᠷᠡᠭᠯᠡᠨ᠎ᠡ᠃ | ᠲᠥᠯᠥᠭᠡᠯᠡᠭᠴᠢᠳ ︕ ᠥᠩᠭᠡᠷᠡᠭᠰᠡᠨ ᠭᠤᠷᠪᠠᠨ ᠵᠢᠯ ᠤᠨ ᠬᠤᠭᠤᠴᠠᠭᠠᠨ ᠳᠤ ᠬᠢᠵᠢᠭ ᠡᠪᠡᠳᠴᠢᠨ ᠲᠠᠢ | ᠬᠢᠭᠰᠡᠨ ᠲᠡᠮᠡᠴᠡᠯ ᠢᠶᠠᠨ ᠡᠷᠭᠢᠨ ᠬᠠᠷᠠᠬᠤ ᠳᠤ᠂ ︽ᠬᠦᠴᠢᠷ ᠪᠡᠷᠬᠡᠰᠢᠶᠡᠯ ᠲᠠᠢ ᠲᠤᠯᠭᠠᠷᠠᠬᠤ ᠲᠤᠰᠤᠮ ᠬᠠᠲᠠᠭᠤᠵᠢᠨᠠ︾ | ᠭᠡᠳᠡᠭ ᠢᠶᠠᠷ ᠮᠢᠩᠭ᠎ᠠ ᠲᠦᠮᠡᠨ ᠰᠠᠭᠠᠳ ᠲᠤᠳᠬᠠᠷ ᠢ ᠲᠡᠰᠪᠦᠷᠢ ᠲᠡᠪᠴᠢᠶᠡᠷᠢ ᠲᠠᠢ ᠪᠠᠷ ᠳᠠᠪᠠᠨ ᠲᠤᠭᠤᠯᠤᠭᠰᠠᠨ | ᠪᠠᠶᠢᠨ᠎ᠠ᠃ ᠪᠢᠲᠠ ︽ᠠᠷᠠᠳ ᠲᠦᠮᠡᠨ ᠪᠣᠯ ᠡᠷᠬᠢᠮ ᠳᠡᠭᠡᠳᠦ᠂ ᠠᠮᠢ ᠨᠠᠰᠤ ᠪᠣᠯ ᠡᠷᠬᠢᠮ ᠳᠡᠭᠡᠳᠦ︾ ᠬᠡᠰᠡᠨ ᠦᠵᠡᠯ | ᠤᠬᠠᠮᠰᠠᠷ ᠢ ᠢᠮᠠᠭᠲᠠ ᠪᠠᠷᠢᠮᠲᠠᠯᠠᠵᠤ᠂ ᠵᠢᠷᠭᠠᠯ ᠵᠣᠪᠠᠯᠠᠩ ᠢᠶᠠᠨ ᠬᠠᠮᠲᠤᠳᠬᠠᠬᠤ ᠵᠣᠷᠢᠭ ᠰᠠᠨᠠᠭ᠎ᠠ ᠪᠠᠨ ᠪᠠᠲᠤ ᠰᠠᠬᠢᠵᠤ | ᠂ ᠰᠢᠨᠲᠠᠷᠠᠰᠢ ᠦᠭᠡᠢ ᠬᠠᠳᠠᠨ ᠵᠣᠷᠢᠭ ᠢᠶᠠᠷ ᠤᠷᠢᠳ ᠡᠮᠦᠨ᠎ᠡ ᠭᠠᠷᠤᠭ᠎ᠠ ᠦᠭᠡᠢ ᠥᠷᠢᠰᠦᠯᠳᠦᠭᠡᠨ ᠢ ᠢᠯᠠᠨ ᠳᠠᠪᠠᠵᠤ᠂ | ᠪᠦᠬᠦ ᠬᠤᠰᠢᠭᠤᠨ ᠤ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠡᠷᠡᠭᠦᠯ ᠮᠠᠨᠲᠤ ᠶᠢ ᠪᠦᠬᠦ | ᠬᠦᠴᠦᠨ ᠢᠶᠠᠷ ᠢᠶᠠᠨ ᠰᠠᠬᠢᠨ ᠬᠠᠮᠠᠭᠠᠯᠠᠵᠤ ᠴᠢᠳᠠᠭᠰᠠᠨ ᠪᠠᠶᠢᠨ᠎ᠠ᠃ ᠥᠷᠢᠰᠦᠯᠳᠦᠭᠡᠨ᠂ ᠰᠢᠨᠡᠴᠢᠯᠡᠯᠲᠡ ᠲᠠᠢ ᠰᠢᠨ᠎ᠡ | ᠢᠷᠡᠭᠡᠳᠦᠢ ᠳᠤ ᠪᠢᠳᠡ ᠬᠦᠴᠦᠲᠡᠢ ᠂ ᠵᠣᠷᠢᠭ ᠲᠠᠢ ᠂ ᠢᠲᠡᠭᠡᠯ ᠲᠠᠢ ᠰᠢᠭᠤᠷᠬᠠᠶᠢᠯᠠᠨ ᠠᠵᠢᠯᠯᠠᠨ᠎ᠠ᠃ ᠲᠠᠷᠠᠭᠠᠴᠢ ᠶᠢᠨ | ᠠᠯᠬᠤᠮ ᠳᠤ᠂ ᠪᠢᠳᠡ ᠠᠵᠢᠯ ᠤᠨ ᠭᠤᠣᠯᠳᠠᠯᠭ᠎ᠠ ᠪᠠᠨ ᠠᠵᠤ ᠠᠬᠤᠢ ᠶᠢᠨ ᠬᠥᠭᠵᠢᠯᠲᠡ ᠳᠡᠭᠡᠷ᠎ᠡ ᠰᠢᠯᠵᠢᠭᠦᠯᠵᠦ᠂ | ᠨᠠᠩ ᠡᠷᠡᠰ ᠬᠠᠲᠠᠭᠤ ᠰᠢᠢᠳᠮᠡᠭᠡᠢ ᠪᠠᠷ᠂ ᠡᠷᠴᠢ ᠬᠦᠴᠦ ᠪᠠᠨ ᠪᠦᠷᠢᠨ ᠳᠠᠶᠢᠴᠢᠯᠠᠵᠤ᠂ ᠨᠠᠩ ᠴᠤᠭ ᠪᠠᠳᠠᠷᠠᠩᠭᠤᠢ | ᠲᠡᠮᠡᠴᠡᠯ ᠤᠨ ᠵᠣᠷᠢᠭ ᠢᠶᠠᠷ ᠦᠢᠯᠡᠳᠪᠦᠷᠢᠯᠡᠯ ᠠᠮᠢᠳᠤᠷᠠᠯ ᠤᠨ ᠬᠡᠪ ᠤᠨ ᠡᠮᠬᠢ ᠵᠢᠷᠤᠮ ᠢ ᠪᠥᠬᠦ ᠲᠠᠯ᠎ᠠ ᠪᠠᠷ ᠰᠡᠷᠭᠦᠭᠡᠵᠦ | ᠂ ᠠᠯᠠᠱᠠ ᠵᠡᠭᠦᠨ ᠬᠤᠰᠢᠭᠤᠨ ᠤ ᠠᠵᠤ ᠠᠬᠤᠢ ᠶᠢᠨ ᠦᠷᠭᠦᠯᠵᠢᠯᠡᠨ ᠰᠡᠷᠭᠦᠬᠦ ᠪᠠ ᠴᠢᠨᠠᠷᠯᠢᠭ ᠬᠥᠭᠵᠢᠬᠦ ᠶᠢ ᠪᠥᠬᠦ | ᠬᠦᠴᠦᠨ ᠢᠶᠠᠷ ᠢᠶᠠᠨ ᠤᠷᠤᠭᠰᠢ ᠠᠬᠢᠭᠤᠯᠤᠨ᠎ᠠ᠃ | ᠲᠥᠯᠥᠭᠡᠯᠡᠭᠴᠢᠳ ᠠ᠋︕ ᠪᠦᠯᠬᠦᠮᠳᠡᠨ ᠨᠢᠭᠲᠠᠷᠠᠪᠠᠯ ᠰᠠᠶ᠋ᠢ ᠡᠷᠡᠯᠬᠡᠭᠯᠡᠨ ᠤᠷᠤᠭᠰᠢᠯᠠᠵᠤ ᠴᠢᠳᠠᠨ᠎ᠠ᠃ | ᠡᠭᠦᠷᠭᠡ ᠬᠠᠷᠢᠭᠤᠴᠠᠯᠭ᠎ᠠ ᠪᠠᠨ ᠵᠠᠪᠠᠯ ᠭᠦᠢᠴᠡᠳᠬᠡᠵᠦ᠂ ᠴᠢᠷᠮᠠᠶᠢᠨ ᠲᠡᠮᠡᠴᠡᠬᠦ ᠬᠡᠷᠡᠭᠲᠡᠢ᠃ ᠪᠢᠳᠠ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠠᠶᠢᠮᠠᠭ ᠤᠨ ᠨᠠᠮ ᠤᠨ | ᠬᠤᠷᠢᠶ᠎ᠠ᠂ ᠵᠠᠬᠢᠷᠭ᠎ᠠ ᠪᠣᠯᠣᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ | ᠳᠤᠤᠭᠠᠷᠬᠤ ᠳᠠᠭᠤ᠂ ᠳᠤᠭᠲᠤᠷᠬᠤ ᠬᠦᠴᠦ ᠪᠠᠨ ᠨᠢᠭᠡᠳᠬᠡᠵᠦ᠂ ᠰᠢᠭᠤᠷᠬᠠᠶᠢᠯᠠᠨ ᠲᠡᠮᠡᠴᠡᠵᠦ᠂ ᠠᠮᠵᠢᠯᠲᠠ ᠪᠠᠨ ᠰᠦ | ᠪᠠᠷ ᠮᠢᠯᠢᠶᠠᠨ ᠤᠷᠮᠠᠰᠢᠵᠤ᠂ ᠠᠮᠢ ᠠᠬᠤᠢ ᠭᠤᠶᠢᠳᠠ ᠰᠠᠶᠢᠬᠠᠨ᠂ ᠠᠵᠤ ᠦᠢᠯᠡᠰ ᠥᠭᠡᠳᠡ ᠡᠰᠡᠷᠡᠭ᠂ ᠠᠷᠠᠳ | ᠲᠦᠮᠡᠨ ᠪᠠᠶᠠᠨ ᠴᠢᠨᠡᠭᠡᠯᠢᠭ ᠡᠶ᠎ᠡ ᠵᠣᠬᠢᠴᠠᠩᠭᠤᠢ ᠵᠣᠯ ᠵᠢᠷᠭᠠᠯᠲᠤ ᠠᠯᠠᠱᠠ ᠵᠡᠭᠦᠨ ᠬᠤᠰᠢᠭᠤ ᠶᠢ ᠪᠦᠲᠦᠭᠡᠨ | ᠪᠠᠶᠢᠭᠤᠯᠬᠤ ᠶᠢᠨ ᠲᠥᠯᠥᠭᠡ ᠪᠦᠯᠬᠦᠮᠳᠡᠨ ᠵᠢᠳᠬᠦᠰᠦᠭᠡᠢ︕ |