ᠭᠤᠷᠪᠠ᠂ ᠬᠤᠯᠪᠣᠭᠳᠠᠯ ᠪᠦᠬᠦᠢ ᠨᠡᠷᠡᠰ ᠤᠨ ᠲᠠᠶᠢᠯᠪᠤᠷᠢᠯᠠᠯᠲᠠ | ︵ᠨᠢᠭᠡ︶ ᠵᠢᠷᠭᠤᠭᠠᠨ ᠭᠤᠷᠪᠠ᠄ ᠭᠤᠤᠯᠳᠠᠯᠭ᠎ᠠ ᠲᠠᠢ ᠭᠤᠷᠪᠠᠨ ᠡᠭᠦᠷᠭᠡ᠂ ᠠᠵᠤ ᠦᠶᠯᠡᠰ ᠤᠨ ᠭᠤᠷᠪᠠᠨ | ᠬᠥᠭᠵᠢᠯᠲᠡ᠂ ᠠᠵᠤ ᠦᠶᠯᠡᠰ ᠤᠨ ᠭᠤᠷᠪᠠᠨ ᠰᠠᠭᠤᠷᠢᠨ᠂ ᠰᠠᠭᠤᠷᠢ ᠲᠥᠬᠦᠭᠡᠷᠦᠮᠵᠢ ᠶᠢᠨ ᠭᠤᠷᠪᠠᠨ ᠨᠥᠬᠦᠴᠡᠯ᠂ | ᠬᠥᠭᠵᠢᠯᠲᠡ ᠶᠢᠨ ᠭᠤᠷᠪᠠᠨ ᠰᠢᠨ᠎ᠡ ᠬᠥᠳᠡᠯᠭᠡᠭᠴᠢ ᠡᠨᠧᠷᠭᠢ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠭᠤᠷᠪᠠᠨ | ᠳᠤᠲᠠᠭᠤᠳᠠᠯ᠃ | ︵ᠬᠤᠶᠠᠷ︶ ︽ᠲᠤᠰᠬᠠᠢ᠂ ᠨᠠᠷᠢᠨ᠂ ᠥᠪᠡᠷᠮᠢᠴᠡ᠂ ᠰᠢᠨ᠎ᠡ︾ ᠠᠵᠤ ᠠᠬᠤᠶᠢᠯᠠᠯ᠄ ︽ᠲᠤᠰᠬᠠᠢ | ᠮᠡᠷᠭᠡᠰᠢᠯ ᠲᠠᠢ᠂ ᠨᠠᠷᠢᠨ ᠮᠡᠷᠭᠡᠵᠢᠯ ᠲᠠᠢ᠂ ᠥᠪᠡᠷᠮᠢᠴᠡ ᠣᠨᠴᠠᠯᠢᠭ ᠲᠠᠢ᠂ ᠰᠢᠨ᠎ᠡ ᠡᠭᠦᠳᠦᠯᠲᠡ ᠲᠠᠢ︾ ᠠᠵᠤ | ᠠᠬᠤᠶᠢᠯᠠᠯ᠃ | ︵ᠭᠤᠷᠪᠠ︶ ᠲᠠᠪᠤᠨ ᠦᠨᠳᠦᠰᠦᠨ ᠡᠬᠢᠯᠡᠯᠲᠡ᠄ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠶᠯ ᠢᠶᠠᠷ | ᠦᠨᠳᠦᠰᠦᠨ ᠡᠬᠢᠯᠡᠯᠲᠡ ᠪᠣᠯᠭᠠᠨ᠎ᠠ᠃ ᠨᠡᠭᠡᠭᠡᠯᠲᠡ ᠶᠢᠨ ᠲᠣᠭᠤᠷᠢᠭ ᠤᠨ ᠰᠤᠯᠠ ᠪᠠᠶᠢᠭ᠎ᠠ ᠡᠬᠢ ᠪᠠᠶᠠᠯᠢᠭ ᠤᠨ ᠬᠦᠴᠦᠨ | ᠵᠦᠢᠯ ᠢᠶᠠᠷ ᠦᠨᠳᠦᠰᠦᠨ ᠡᠬᠢᠯᠡᠯᠲᠡ ᠪᠣᠯᠭᠠᠨ᠎ᠠ᠃ ᠨᠥᠭᠡᠴᠡ ᠪᠡᠯᠡ ᠮᠥᠩᠭᠦ ᠪᠠᠷ ᠦᠨᠳᠦᠰᠦᠨ ᠡᠬᠢᠯᠡᠯᠲᠡ ᠪᠣᠯᠭᠠᠨ᠎ᠠ᠃ | ︽ᠬᠠᠭᠠᠰ ᠳᠤᠲᠠᠭᠤ︾ ᠢᠨᠵᠧᠨᠧᠷᠢᠩ ᠢᠶᠠᠷ ᠦᠨᠳᠦᠰᠦᠨ ᠡᠬᠢᠯᠡᠯᠲᠡ ᠪᠣᠯᠭᠠᠨ᠎ᠠ᠃ ᠵᠥᠪᠰᠢᠶᠡᠷᠡᠭᠡᠳ ᠬᠠᠩᠭᠠᠭᠰᠠᠨ | ᠦᠭᠡᠢ᠂ ᠰᠤᠯᠠ ᠲᠠᠯᠪᠢᠵᠤ ᠪᠠᠶᠢᠭ᠎ᠠ ᠭᠠᠵᠠᠷ ᠰᠢᠷᠣᠶ ᠪᠠᠷ ᠦᠨᠳᠦᠰᠦᠨ ᠡᠬᠢᠯᠡᠯᠲᠡ ᠪᠣᠯᠭᠠᠨ᠎ᠠ᠃ | ︵ᠳᠥᠷᠪᠡ︶ ᠮᠥᠩᠬᠡ ᠰᠤᠪᠠᠭ · ᠳᠥᠷᠪᠡᠨ ᠭᠦᠢᠴᠡᠳᠬᠡᠬᠦ᠄ ᠮᠥᠩᠬᠡ ᠰᠤᠪᠠᠭ · ᠨᠢᠭᠡ ᠰᠦᠯᠵᠢᠶ᠎ᠡ ᠪᠠᠷ | ᠭᠦᠢᠴᠡᠳᠬᠡᠬᠦ᠂ ᠮᠥᠩᠬᠡ ᠰᠤᠪᠠᠭ · ᠨᠧᠲ ᠤᠨ ᠦᠵᠦᠭᠦᠷ ᠮᠡᠷᠭᠡᠵᠢᠯ ᠢᠶᠠᠷ ᠭᠦᠢᠴᠡᠳᠬᠡᠬᠦ᠂ ᠮᠥᠩᠬᠡ ᠰᠤᠪᠠᠭ · ᠨᠢᠭᠡ | ᠯᠠ ᠤᠳᠠᠭ᠎ᠠ ᠳᠤ ᠭᠦᠢᠴᠡᠳᠬᠡᠬᠦ᠂ ᠮᠥᠩᠬᠡ ᠰᠤᠪᠠᠭ · ᠲᠠᠨ ᠢ ᠬᠠᠪᠰᠤᠷᠤᠨ ᠭᠦᠢᠴᠡᠳᠬᠡᠬᠦ ᠶᠢ ᠬᠡᠯᠡᠵᠦ ᠪᠣᠢ᠃ | ︵ᠲᠠᠪᠤ︶ ︽ᠰᠢᠨᠵᠢᠯᠡᠭᠡ ᠮᠡᠷᠭᠡᠵᠢᠯ ᠢᠶᠠᠷ ᠥᠪᠥᠷ ᠮᠣᠩᠭᠤᠯ ᠢᠶᠠᠨ ᠬᠥᠭᠵᠢᠭᠦᠯᠬᠦ︾ ᠠᠵᠢᠯᠯᠠᠭ᠎ᠠ᠄ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠢᠭᠡᠳ ᠰᠢᠨᠵᠢᠯᠡᠭᠡ ᠮᠡᠷᠭᠡᠵᠢᠯ ᠤᠨ ᠶᠠᠮᠤᠨ ᠠᠴᠠ ᠬᠤᠶᠠᠷ | ᠲᠠᠯ᠎ᠠ ᠶᠢᠨ ᠬᠠᠮᠲᠤᠷᠠᠯᠴᠠᠭ᠎ᠠ ᠶᠢ ᠲᠦᠯᠬᠢᠨ ᠠᠬᠢᠭᠤᠯᠬᠤ ᠭᠤᠤᠯᠳᠠᠯᠭ᠎ᠠ ᠲᠠᠢ ᠠᠵᠢᠯ ᠪᠣᠯᠤᠨ᠎ᠠ᠃ ᠥᠪᠡᠷᠲᠡᠭᠡᠨ | ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠴᠢᠨᠠᠷᠯᠢᠭ ᠬᠥᠭᠵᠢᠯᠲᠡ ᠶᠢᠨ ᠰᠢᠨᠵᠢᠯᠡᠭᠡ ᠮᠡᠷᠭᠡᠵᠢᠯ ᠤᠨ ᠰᠢᠨ᠎ᠡ ᠶᠢ | ᠡᠭᠦᠳᠬᠦ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ︽ᠨᠡᠭᠡᠭᠡᠯᠲᠡ ᠬᠢᠵᠦ ᠬᠠᠮᠲᠤᠷᠠᠨ ᠠᠵᠢᠯᠯᠠᠨ ᠰᠢᠨ᠎ᠡ ᠶᠢ | ᠡᠭᠦᠳᠴᠦ᠂ ᠴᠢᠬᠤᠯᠠ ᠲᠠᠯ᠎ᠠ ᠳᠤ ᠠᠩᠬᠠᠷᠤᠯ ᠢᠶᠠᠨ ᠬᠠᠨᠳᠤᠭᠤᠯᠵᠤ ᠰᠢᠨ᠎ᠡ ᠶᠢ ᠡᠭᠦᠳᠴᠦ᠂ ᠣᠨᠴᠠᠯᠢᠭ ᠢᠶᠠᠨ | ᠳᠣᠪᠤᠶᠢᠯᠭᠠᠵᠤ ᠰᠢᠨ᠎ᠡ ᠶᠢ ᠡᠭᠦᠳᠬᠦ︾ ᠪᠠᠷ ᠳᠠᠮᠵᠢᠨ ᠵᠡᠭᠦᠨ ᠪᠠᠷᠠᠭᠤᠨ ᠣᠷᠣᠨ ᠤ ᠬᠠᠷᠢᠯᠴᠠᠭ᠎ᠠ ᠶᠢ | ᠴᠢᠩᠭᠠᠳᠬᠠᠬᠤ ᠪᠠᠷ ᠳᠠᠮᠵᠢᠨ ᠪᠦᠰᠡ ᠨᠤᠲᠤᠭ ᠤᠨ ᠰᠢᠨ᠎ᠡ ᠶᠢ ᠡᠭᠦᠳᠬᠦ ᠬᠠᠮᠲᠤᠷᠠᠯᠴᠠᠭ᠎ᠠ ᠶᠢ ᠴᠢᠩᠭᠠᠷᠠᠭᠤᠯᠵᠤ᠂ | ᠳᠠᠪᠠᠭᠤ ᠲᠠᠯ᠎ᠠ ᠪᠠᠨ ᠬᠠᠷᠢᠯᠴᠠᠨ ᠨᠥᠬᠦᠪᠦᠷᠢᠯᠡᠨ᠂ ᠬᠠᠮᠲᠤᠷᠠᠯᠴᠠᠵᠤ᠂ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠵᠦ | ᠂ ᠥᠪᠡᠷᠲᠡᠭᠡᠨ ᠵᠠᠰᠠᠬᠤ ᠣᠷᠣᠨ ᠤ ᠪᠦᠬᠦ ᠲᠠᠯ᠎ᠠ ᠪᠠᠷ ᠰᠢᠨᠵᠢᠯᠡᠭᠡ ᠮᠡᠷᠭᠡᠵᠢᠯ ᠢᠶᠠᠷ ᠰᠢᠨ᠎ᠡ ᠶᠢ ᠡᠭᠦᠳᠬᠦ ᠴᠢᠳᠠᠪᠤᠷᠢ ᠪᠠ | ᠠᠵᠤ ᠦᠢᠯᠡᠰ ᠤᠨ ᠬᠥᠭᠵᠢᠯᠲᠡ ᠳᠤ ᠲᠤᠯᠭᠠᠭᠤᠷᠢᠯᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠠᠵᠢᠯᠯᠠᠭ᠎ᠠ ᠪᠣᠯᠣᠨ᠎ᠠ᠃ | ︵ᠵᠢᠷᠭᠤᠭ᠎ᠠ︶ ᠵᠠᠷᠯᠠᠨ ᠬᠤᠰᠢᠭᠤᠴᠢᠯᠠᠭᠤᠯᠬᠤ᠄ ᠮᠡᠷᠭᠡᠵᠢᠯ ᠤᠨ ᠬᠠᠩᠭᠠᠯᠭ᠎ᠠ ᠬᠡᠷᠡᠭᠴᠡᠭᠡ ᠠᠴᠠ ᠬᠤᠶᠠᠷ | ᠲᠠᠯ᠎ᠠ ᠪᠠᠷ ᠢᠶᠠᠨ ᠮᠡᠷᠭᠡᠵᠢᠯ ᠤᠨ ᠲᠠᠯ᠎ᠠ ᠪᠠᠷ ᠰᠤᠳᠤᠯᠤᠨ ᠨᠡᠭᠡᠭᠡᠬᠦ ᠲᠤᠰᠬᠠᠢ ᠬᠡᠷᠡᠭᠴᠡᠭᠡ ᠱᠠᠭᠠᠷᠳᠠᠯᠭ᠎ᠠ ᠪᠠ ᠦᠷ᠎ᠡ | ᠪᠦᠲᠦᠭᠡᠯ ᠢ ᠤᠯᠠᠷᠢᠭᠤᠯᠬᠤ ᠬᠡᠷᠡᠭᠴᠡᠭᠡ ᠱᠠᠭᠠᠷᠳᠠᠯᠭ᠎ᠠ ᠶᠢ ᠳᠤᠷᠠᠳᠴᠤ᠂ ᠵᠠᠰᠠᠭ ᠤᠨ ᠣᠷᠳᠣᠨ ᠠᠴᠠ ᠬᠠᠷᠢᠯᠴᠠᠭᠤᠯᠬᠤ | ᠲᠠᠪᠴᠠᠩ ᠬᠠᠩᠭᠠᠵᠤ᠂ ᠢᠯᠡ ᠪᠠᠷ ᠨᠡᠶᠢᠲᠡᠯᠡᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠮᠡᠷᠭᠡᠵᠢᠯ ᠤᠨ ᠬᠠᠩᠭᠠᠯᠭ᠎ᠠ | ᠬᠡᠷᠡᠭᠴᠡᠭᠡᠨ ᠤ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢ ᠠᠬᠢᠭᠤᠯᠤᠨ᠂ ᠮᠡᠷᠭᠡᠵᠢᠯ ᠤᠨ ᠬᠦᠴᠢᠷᠳᠡᠯ ᠢ ᠰᠢᠶᠳᠪᠦᠷᠢᠯᠡᠬᠦ | ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠲᠦᠷᠭᠡᠳᠬᠡᠬᠦ ᠶᠢᠨ ᠬᠠᠮᠲᠤ ᠲᠥᠷᠥᠯ | ᠵᠦᠶᠯ ᠲᠣᠭᠲᠠᠭᠠᠵᠤ᠂ ᠵᠠᠷᠤᠳᠠᠯ ᠤᠨ ᠲᠤᠰᠠᠯᠠᠮᠵᠢ ᠣᠯᠭᠤᠬᠤ ᠰᠢᠨ᠎ᠡ ᠬᠡᠯᠪᠡᠷᠢ ᠶᠢᠨ ᠰᠢᠨᠵᠢᠯᠡᠭᠡ ᠮᠡᠷᠭᠡᠵᠢᠯ ᠤᠨ | ᠲᠥᠯᠥᠪᠯᠡᠭᠡ ᠶᠢᠨ ᠲᠥᠷᠥᠯ ᠵᠦᠶᠯ ᠤᠨ ᠵᠣᠬᠢᠶᠠᠨ ᠪᠠᠶᠢᠭᠤᠯᠤᠯᠲᠠ ᠶᠢᠨ ᠵᠠᠭᠪᠤᠷ ᠢ ᠪᠦᠷᠢᠯᠳᠦᠭᠦᠯᠦᠨ᠎ᠡ᠃ | ︵ᠲᠤᠯᠤᠭ᠎ᠠ︶ ᠬᠤᠶᠠᠷ ᠢ ᠬᠥᠩᠭᠡᠷᠡᠭᠦᠯᠬᠦ᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ | ᠰᠤᠷᠤᠭᠴᠢᠳ ᠤᠨ ᠬᠡᠲᠦ ᠣᠯᠠᠨ ᠬᠦᠴᠢᠷᠲᠡᠢ ᠳᠠᠰᠬᠠᠯ ᠤᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ | ᠰᠤᠷᠭᠠᠯᠲᠠ ᠶᠢᠨ ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠦᠨ᠎ᠡ᠃ | ︵ᠨᠠᠢᠮᠨ︶ ᠬᠡᠷ ᠣᠶᠢᠷᠠᠯᠴᠠᠭ᠎ᠠ ᠰᠤᠷᠭᠠᠭᠤᠯᠢ ᠳᠤ ᠡᠯᠰᠡᠬᠦ ᠵᠠᠷᠴᠢᠮ ᠶᠣᠰᠣᠭᠠᠷ᠂ ᠲᠠᠪᠤ ᠶᠢ ᠲᠡᠩᠴᠡᠭᠦᠷᠢᠲᠡᠶ | ︽ᠢᠯᠡ ᠪᠠᠷ ᠠᠩᠭᠢ ᠬᠤᠪᠢᠶᠠᠬᠤ︾ ᠠᠵᠢᠯ ᠢ ᠶᠠᠪᠤᠭᠳᠠᠭᠤᠯᠤᠨ᠎ᠠ᠃ ᠰᠣᠷᠣᠭᠴᠢ ᠶᠢ ᠢᠯᠡ ᠪᠠᠷ ᠠᠩᠭᠢ ᠬᠤᠪᠢᠶᠠᠵᠤ | ᠂ ᠪᠠᠭᠰᠢ ᠶᠢ ᠢᠯᠡ ᠪᠠᠷ ᠠᠩᠭᠢ ᠲᠣᠬᠢᠷᠠᠭᠤᠯᠵᠤ᠂ ᠠᠩᠭᠢ ᠶᠢᠨ ᠡᠷᠬᠢᠯᠡᠭᠴᠢ ᠶᠢ ᠢᠯᠡ ᠪᠠᠷ ᠬᠤᠪᠢᠶᠠᠷᠢᠯᠠᠨ᠎ᠠ᠃ ︽ | ᠲᠠᠪᠤ ᠶᠢ ᠲᠡᠩᠴᠡᠭᠦᠷᠢᠲᠡᠶ ᠪᠠᠶᠢᠯᠭᠠᠬᠤ︾ ᠬᠦᠶᠰᠦ ᠶᠢᠨ ᠬᠠᠷᠢᠴᠠᠯ᠂ ᠰᠣᠷᠣᠭᠴᠢ ᠶᠢᠨ ᠲᠤᠭ᠎ᠠ᠂ ᠰᠤᠷᠤᠯᠭ᠎ᠠ ᠶᠢᠨ | ᠲᠥᠪᠰᠢᠨ᠂ ᠦᠨᠳᠦᠰᠦᠲᠡᠨ ᠤ ᠪᠦᠷᠢᠯᠳᠦᠬᠦᠨ᠂ ᠠᠶᠢᠮᠠᠭ ᠤᠨ ᠳᠣᠲᠣᠷ᠎ᠠ ᠭᠠᠳᠠᠨᠠᠬᠢ ᠡᠷᠦᠬᠡ ᠠᠮᠠ ᠶᠢᠨ ᠲᠠᠩᠰᠠ ᠶᠢ | ᠲᠡᠩᠴᠡᠭᠦᠷᠢᠲᠡᠶ ᠪᠠᠶᠢᠯᠭᠠᠨ᠎ᠠ᠃ | ︵ᠶᠢᠰᠦ︶ ᠭᠤᠷᠪᠠ ᠶᠢ ᠪᠠᠶᠢᠴᠠᠭᠠᠵᠤ ᠨᠢᠭᠡ ᠶᠢ ᠡᠵᠡᠮᠳᠡᠬᠦ᠄ ᠪᠣᠳᠠᠲᠠᠶ ᠪᠠᠶᠢᠭ᠎ᠠ ᠬᠥᠮᠦᠨ ᠠᠮᠠ ᠶᠢ ᠶᠡᠭᠡ ᠪᠠᠷ | ᠬᠠᠷᠭᠤᠭᠤᠯᠤᠨ ᠪᠠᠶᠢᠴᠠᠭᠠᠵᠤ᠂ ᠲᠦᠷᠢᠶᠡᠰᠦᠯᠡᠭᠰᠡᠨ ᠬᠡᠷ ᠪᠠᠶᠢᠰᠢᠩ ᠢ ᠨᠠᠷᠢᠪᠴᠢᠯᠠᠨ ᠪᠠᠶᠢᠴᠠᠭᠠᠵᠤ᠂ ᠵᠥᠷᠢᠴᠡᠯ | ᠵᠢᠭᠤᠷᠠᠯᠳᠤᠭᠠᠨ ᠢ ᠲᠣᠳᠣᠯᠠᠨ ᠪᠠᠶᠢᠴᠠᠭᠠᠵᠤ᠂ ᠭᠤᠤᠯᠳᠠᠯᠭ᠎ᠠ ᠲᠠᠢ ᠬᠥᠮᠦᠨ ᠠᠮᠠ ᠶᠢ ᠬᠠᠮᠢᠶᠠᠷᠤᠨ ᠡᠵᠡᠮᠳᠡᠬᠦ᠃ | ︵ᠠᠷᠪᠠ︶ ᠬᠤᠶᠠᠷ ᠢ ᠴᠡᠭᠴᠡᠯᠡᠵᠦ ᠬᠤᠶᠠᠷ ᠲᠤ ᠴᠣᠬᠢᠯᠲᠠ ᠥᠭᠬᠦ᠄ ᠨᠡᠶᠢᠭᠡᠮ ᠤᠨ ᠲᠣᠭᠲᠠᠪᠤᠷᠢᠲᠠᠢ | ᠪᠠᠶᠢᠳᠠᠯ ᠳᠤ ᠬᠤᠯᠪᠣᠭᠠᠲᠠᠢ ᠬᠡᠮ ᠠᠷᠬᠠᠭ ᠢ ᠠᠷᠢᠯᠭᠠᠨ ᠴᠡᠭᠴᠡᠯᠡᠬᠦ᠂ ᠨᠡᠶᠢᠭᠡᠮ ᠤᠨ ᠠᠮᠤᠷ ᠲᠦᠪᠰᠢᠨ ᠲᠠᠢ | ᠬᠤᠯᠪᠣᠭᠳᠠᠬᠤ ᠬᠡᠮ ᠠᠷᠬᠠᠭ ᠢ ᠠᠷᠢᠯᠭᠠᠨ ᠴᠡᠭᠴᠡᠯᠡᠬᠦ᠂ ᠬᠦᠨᠳᠦ ᠨᠣᠴᠢᠲᠠᠶ ᠬᠦᠴᠦᠷᠬᠡᠭᠯᠡᠯ ᠤᠨ ᠶᠠᠯᠠᠲᠤ | ᠠᠵᠢᠯᠯᠠᠭ᠎ᠠ ᠶᠢ ᠲᠠᠰᠤᠯᠤᠨ ᠵᠣᠭᠰᠣᠭᠠᠬᠤ᠂ ᠣᠯᠠᠨᠲᠠ ᠡᠭᠦᠰᠬᠦ ᠴᠢᠨᠠᠷᠲᠠᠶ ᠡᠳ᠋ ᠬᠥᠷᠥᠩᠭᠡ ᠳᠤ ᠬᠠᠯᠳᠠᠭᠰᠠᠨ ᠶᠠᠯᠠᠲᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ᠃ | ︵ᠠᠷᠪᠠᠨ ᠨᠢᠭᠡ︶ ᠬᠤᠶᠠᠷ ᠢ ᠲᠣᠭᠲᠠᠭᠠᠬᠤ᠄ ᠰᠢ ᠶᠢᠨ ᠫᠢᠩ ᠨᠥᠬᠦᠷ ᠤᠨ ᠨᠠᠮ ᠤᠨ ᠲᠥᠪ ᠬᠤᠷᠢᠶᠠᠨ ᠤ | ᠭᠤᠣᠯᠯᠠᠭᠴᠢ᠂ ᠪᠦᠬᠦ ᠨᠠᠮ ᠤᠨ ᠭᠤᠣᠯᠯᠠᠭᠴᠢ ᠶᠢᠨ ᠪᠠᠶᠢᠷᠢ ᠰᠠᠭᠤᠷᠢ ᠶᠢ ᠲᠣᠭᠲᠠᠭᠠᠬᠤ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠣᠭᠤᠳᠬᠤ | ᠪᠠᠶᠢᠷᠢ ᠰᠠᠭᠤᠷᠢ ᠶᠢ ᠲᠣᠭᠲᠠᠭᠠᠬᠤ ᠶᠢ ᠬᠡᠯᠡᠨ᠎ᠡ᠃ | ︵ᠠᠷᠪᠠᠨ ᠬᠤᠶᠠᠷ︶ ᠳᠥᠷᠪᠡᠨ ᠤᠬᠠᠮᠰᠠᠷ᠄ ᠤᠯᠤᠰ ᠲᠥᠷᠥ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ | ᠂ ᠭᠤᠤᠯᠯᠠᠬᠤ ᠤᠬᠠᠮᠰᠠᠷ᠂ ᠨᠢᠭᠡᠳᠦᠯᠲᠡᠶ ᠪᠠᠶᠢᠬᠤ ᠤᠬᠠᠮᠰᠠᠷ᠃ | ︵ᠠᠷᠪᠠᠨ ᠭᠤᠷᠪᠠ︶ ᠲᠦᠷᠪᠡᠨ ᠢᠲᠡᠭᠡᠯ᠄ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠵᠠᠮ ᠤᠨ ᠢᠲᠡᠭᠡᠯ᠂ ᠤᠨᠤᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ᠃ | ︵ᠠᠷᠪᠠᠨ ᠳᠥᠷᠪᠡ︶ ᠬᠤᠶᠠᠷ ᠢ ᠬᠠᠮᠠᠭᠠᠯᠠᠬᠤ᠄ ᠰᠢ ᠶᠢᠨ ᠫᠢᠩ ᠶᠡᠷᠦᠩᠬᠡᠢ ᠱᠦᠵᠢ ᠨᠠᠮ ᠤᠨ ᠲᠥᠪ | ᠬᠤᠷᠢᠶᠠᠨ ᠤ ᠭᠤᠣᠯᠯᠠᠭᠴᠢ᠂ ᠪᠦᠬᠦ ᠨᠠᠮ ᠤᠨ ᠭᠤᠣᠯᠯᠠᠭᠴᠢ ᠶᠢᠨ ᠪᠠᠶᠢᠷᠢ ᠰᠠᠭᠤᠷᠢ ᠶᠢ ᠡᠷᠡᠰ ᠬᠠᠮᠠᠭᠠᠯᠠᠬᠤ᠂ ᠨᠠᠮ ᠤᠨ | ᠲᠥᠪ ᠬᠤᠷᠢᠶᠠᠨ ᠤ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠬᠤ ᠶᠢ | ᠬᠡᠯᠡᠨ᠎ᠡ᠃ | ︵ᠠᠷᠪᠠᠨ ᠲᠠᠪᠤ︶ ᠭᠤᠷᠪᠠ ᠶᠢ ᠴᠢᠬᠤᠯᠠᠴᠢᠯᠠᠬᠤ ᠭᠤᠷᠪᠠ ᠶᠢ ᠠᠳᠠᠯᠢᠳᠬᠠᠬᠤ ᠭᠤᠷᠪᠠ ᠶᠢ ᠳᠡᠭᠡᠭᠰᠢᠯᠡᠭᠦᠯᠬᠦ᠄ | ᠲᠥᠷᠥᠯ ᠵᠦᠶᠯ ᠢ ᠴᠢᠬᠤᠯᠠᠴᠢᠯᠠᠵᠤ᠂ ᠦᠶᠯᠡᠴᠢᠯᠡᠭᠡ ᠶᠢ ᠠᠳᠠᠯᠢᠳᠬᠠᠨ᠂ ᠬᠥᠭᠵᠢᠯᠲᠡ ᠶᠢᠨ ᠪᠣᠳᠠᠲᠤ ᠬᠦᠴᠦᠨ ᠢ | ᠳᠡᠭᠡᠭᠰᠢᠯᠡᠭᠦᠯᠬᠦ᠃ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠴᠢᠬᠤᠯᠠᠴᠢᠯᠠᠵᠤ᠂ ᠦᠷ᠎ᠡ ᠪᠦᠲᠦᠮᠵᠢ ᠶᠢ | ᠬᠠᠷᠢᠴᠠᠭᠤᠯᠵᠤ᠂ ᠣᠯᠠᠨ ᠲᠦᠮᠡᠨ ᠤ ᠰᠡᠳᠬᠢᠯ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ᠃ ᠰᠤᠷᠲᠠᠯ ᠢ | ᠴᠢᠩᠭᠠᠳᠬᠠᠵᠤ᠂ ᠡᠷᠴᠢ ᠵᠣᠷᠢᠭ ᠢ ᠠᠳᠠᠯᠢᠳᠬᠠᠵᠤ᠂ ᠺᠠᠳ᠋ᠷᠴᠤᠳ ᠤᠨ ᠴᠤᠭ ᠰᠦᠯᠳᠡ ᠶᠢ ᠳᠡᠭᠡᠭᠰᠢᠯᠡᠭᠦᠯᠬᠦ᠃ | ︵ᠠᠷᠪᠠᠨ ᠵᠢᠷᠭᠤᠭ᠎ᠠ︶ ᠭᠤᠷᠪᠠᠨ ᠣᠯᠠᠨ᠂ ᠭᠤᠷᠪᠠᠨ ᠴᠥᠭᠡᠨ᠂ ᠭᠤᠷᠪᠠᠨ ᠤᠳᠠᠭᠠᠨ᠄ ︽ᠭᠤᠷᠪᠠᠨ | ᠣᠯᠠᠨ︾ ᠭᠡᠳᠡᠭ ᠨᠢ ᠳᠠᠷᠤᠶ ᠬᠤᠷᠠᠯ ᠣᠯᠠᠨ᠂ ᠠᠵᠢᠯᠯᠠᠭ᠎ᠠ ᠬᠥᠳᠡᠯᠭᠡᠭᠡᠨ ᠣᠯᠠᠨ᠂ ᠭᠠᠳᠠᠭᠰᠢ ᠶᠠᠪᠤᠬᠤ ᠨᠢ ᠣᠯᠠᠨ᠃ | ︽ᠭᠤᠷᠪᠠᠨ ᠴᠥᠭᠡᠨ︾ ᠭᠡᠳᠡᠭ ᠨᠢ ᠳᠠᠷᠤᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠴᠥᠭᠡᠨ᠂ | ᠠᠵᠢᠯ ᠤᠨ ᠰᠡᠳᠬᠢᠴᠡ ᠴᠥᠭᠡᠨ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠨᠢ ᠴᠥᠭᠡᠨ᠃ ︽ᠭᠤᠷᠪᠠᠨ | ᠤᠳᠠᠭᠠᠨ︾ ᠭᠡᠳᠡᠭ ᠨᠢ ᠰᠢᠶᠳᠪᠦᠷᠢᠲᠦ ᠪᠤᠳᠤᠯᠭ᠎ᠠ ᠲᠣᠭᠲᠠᠭᠠᠬᠤ ᠳᠠᠭᠠᠨ ᠤᠳᠠᠭᠠᠨ᠂ ᠠᠵᠢᠯᠯᠠᠬᠤ ᠳᠠᠭᠠᠨ ᠤᠳᠠᠭᠠᠨ | ᠂ ᠦᠷ᠎ᠡ ᠳ᠋ᠦᠩ ᠭᠠᠷᠭᠠᠬᠤ ᠨᠢ ᠤᠳᠠᠭᠠᠨ ᠪᠠᠶᠢᠬᠤ ᠶᠢ ᠬᠡᠯᠡᠵᠦ ᠪᠠᠶᠢᠨ᠎ᠠ᠃ | ︵ᠠᠷᠪᠠᠨ ᠲᠤᠯᠤᠭ᠎ᠠ︶ ᠭᠤᠷᠪᠠᠨ ᠡᠷᠡᠰ ᠭᠤᠶᠢᠪᠢᠰᠢ ᠥᠬᠡᠶ ᠪᠠᠶᠢᠬᠤ᠄ ᠠᠷᠠᠳ ᠲᠦᠮᠡᠨ ᠢ ᠳᠡᠭᠡᠳᠦᠯᠡᠬᠦ᠂ | ᠠᠮᠢ ᠨᠠᠰᠤ ᠶᠢ ᠳᠡᠭᠡᠳᠦᠯᠡᠬᠦ ᠶᠢ ᠡᠷᠡᠰ ᠭᠤᠶᠢᠪᠢᠰᠢ ᠥᠬᠡᠶ ᠪᠠᠷᠢᠮᠲᠠᠯᠠᠵᠤ᠂ ︽ᠭᠠᠳᠠᠨ᠎ᠠ ᠳᠣᠲᠣᠨ᠎ᠠ ᠶᠢᠨ | ᠬᠠᠯᠳᠠᠪᠤᠷᠢ ᠠᠴᠠ ᠰᠡᠷᠭᠡᠶᠢᠯᠡᠬᠦ︾ ᠠᠷᠭ᠎ᠠ ᠪᠣᠳᠣᠯᠭ᠎ᠠ ᠶᠢ ᠡᠷᠡᠰ ᠭᠤᠶᠢᠪᠢᠰᠢ ᠥᠬᠡᠶ ᠨᠠᠶᠢᠳᠠᠪᠤᠷᠢᠵᠢᠭᠤᠯᠵᠤ᠂ ︽ | ᠬᠥᠳᠡᠯᠦᠩᠭᠦᠶ ᠪᠠᠷ ᠦᠭᠡᠶᠢᠰᠬᠡᠬᠦ︾ ᠶᠡᠷᠦᠩᠬᠡᠶ ᠴᠢᠭᠯᠡᠯᠲᠡ ᠶᠢ ᠡᠷᠡᠰ ᠭᠤᠶᠢᠪᠢᠰᠢ ᠥᠬᠡᠶ ᠲᠤᠤᠱᠯᠠᠭᠤᠯᠤᠨ᠎ᠠ᠃ | ︵ᠠᠷᠪᠠᠨ ᠨᠠᠢᠮᠨ︶ ᠪᠠᠭᠤᠯᠭᠠᠬᠤ ᠬᠠᠮᠢᠶᠠᠷᠬᠤ ᠦᠢᠯᠡᠴᠢᠯᠡᠬᠦ᠄ ︽ᠪᠠᠭᠤᠯᠭᠠᠬᠤ︾ ᠭᠡᠳᠡᠭ ᠨᠢ ᠵᠠᠰᠠᠭ ᠢ | ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ ᠵᠥᠪᠰᠢᠶᠡᠷᠡᠯ ᠤᠨ ᠪᠠᠷᠢᠮᠵᠢᠶ᠎ᠠ ᠶᠢ ᠪᠠᠭᠤᠷᠠᠭᠤᠯᠬᠤ ᠶᠢ ᠬᠡᠯᠡᠵᠦ ᠪᠣᠢ | ︔ ︽ᠬᠠᠮᠢᠶᠠᠷᠬᠤ︾ ᠭᠡᠳᠡᠭ ᠨᠢ ᠳᠠᠷᠤᠶ ᠲᠥᠪ ᠭᠤᠣᠯᠴᠢ ᠪᠠᠷ ᠬᠢᠨᠠᠨ ᠬᠠᠮᠢᠶᠠᠷᠴᠤ᠂ ᠡᠷᠬᠡ ᠲᠡᠭᠰᠢ ᠪᠠᠷ | ᠥᠷᠢᠰᠥᠯᠳᠦᠬᠦ ᠶᠢ ᠠᠬᠢᠭᠤᠯᠬᠤ ᠶᠢ ᠬᠡᠯᠡᠵᠦ ᠪᠣᠢ᠃ ︽ᠦᠢᠯᠡᠴᠢᠯᠡᠬᠦ︾ ᠭᠡᠳᠡᠭ ᠨᠢ ᠳᠠᠷᠤᠶ ᠥᠨᠳᠥᠷ ᠪᠦᠲᠦᠮᠵᠢᠲᠡᠶ | ᠦᠢᠯᠡᠴᠢᠯᠡᠭᠡ ᠬᠠᠩᠭᠠᠵᠤ᠂ ᠳᠥᠭᠦᠮ ᠳᠥᠲᠡ ᠣᠷᠴᠢᠨ ᠨᠥᠬᠦᠴᠡᠯ ᠢ ᠪᠣᠶ ᠪᠣᠯᠭᠠᠬᠤ ᠶᠢ ᠬᠡᠯᠡᠵᠦ ᠪᠣᠢ᠃ | ︵ᠠᠷᠪᠠ ᠶᠢᠰᠦ︶ ᠬᠤᠶᠠᠷ ᠲᠣᠬᠢᠶᠠᠯᠳᠤᠯ᠂ ᠨᠢᠭᠡ ᠶᠢ ᠢᠯᠡ ᠪᠣᠯᠭᠠᠬᠤ᠄ ︽ᠬᠤᠶᠠᠷ ᠲᠣᠬᠢᠶᠠᠯᠳᠤᠯ ︾ | ᠭᠡᠳᠡᠭ ᠨᠢ ᠳᠠᠷᠤᠶ ᠬᠢᠨᠠᠨ ᠬᠠᠮᠢᠶᠠᠷᠬᠤ ᠶᠠᠪᠤᠴᠠ ᠳᠤ ᠪᠠᠶᠢᠴᠠᠭᠠᠬᠤ ᠡᠲᠡᠭᠡᠳ ᠢ ᠲᠣᠬᠢᠶᠠᠯᠳᠤᠯ ᠢᠶᠠᠷ ᠰᠣᠩᠭᠤᠨ ᠠᠪᠬᠤ | ᠪᠠ ᠬᠠᠤᠯᠢ ᠬᠡᠷᠡᠭᠵᠢᠭᠦᠯᠦᠨ ᠪᠠᠶᠢᠴᠠᠭᠠᠬᠤ ᠠᠵᠢᠯᠲᠠᠨ ᠢ ᠲᠣᠬᠢᠶᠠᠯᠳᠤᠯ ᠢᠶᠠᠷ ᠰᠣᠩᠭᠤᠨ ᠲᠣᠮᠢᠯᠠᠬᠤ ᠶᠢ ᠬᠡᠯᠡᠵᠦ ᠪᠣᠢ᠃ | ︽ᠨᠢᠭᠡ ᠶᠢ ᠢᠯᠡ ᠪᠣᠯᠭᠠᠬᠤ︾ ᠭᠡᠳᠡᠭ ᠨᠢ ᠳᠠᠷᠤᠶ ᠰᠣᠩᠭᠤᠨ ᠪᠠᠶᠢᠴᠠᠭᠠᠭᠰᠠᠨ ᠪᠠᠶᠢᠳᠠᠯ ᠵᠢᠴᠢ ᠪᠠᠶᠢᠴᠠᠭᠠᠨ | ᠰᠢᠢᠳᠪᠦᠷᠢᠯᠡᠭᠰᠡᠨ ᠦᠷ᠎ᠡ ᠳ᠋ᠦᠩ ᠢ ᠴᠠᠭ ᠲᠤᠬᠠᠶ ᠳᠤᠨᠢ ᠨᠡᠶᠢᠭᠡᠮ ᠳᠤ ᠢᠯᠡ ᠪᠣᠯᠭᠠᠬᠤ ᠶᠢ ᠬᠡᠯᠡᠵᠦ ᠪᠣᠢ᠃ | ︵ᠬᠤᠷᠢ︶ ᠨᠢᠭᠡ ᠲᠥᠪ · ᠨᠢᠭᠡ ᠲᠣᠭᠤᠷᠢᠭ · ᠭᠤᠷᠪᠠᠨ ᠱᠤᠭᠤᠮ · ᠭᠤᠷᠪᠠᠨ ᠣᠷᠣᠨ᠄ ᠨᠢᠭᠡ ᠲᠥᠪ ᠨᠢ | ᠪᠠᠶᠠᠨᠬᠤᠲᠠ ᠶᠢᠨ ᠰᠣᠶᠣᠯ ᠵᠢᠭᠤᠯᠴᠢᠯᠠᠯ ᠰᠡᠯᠡᠭᠦᠴᠡᠯ ᠤᠨ ᠲᠥᠪ ᠪᠣᠯᠤᠨ᠎ᠠ᠃ ᠨᠢᠭᠡ ᠲᠣᠭᠤᠷᠢᠭ ᠨᠢ ᠪᠠᠶᠠᠨᠬᠤᠲᠠ ᠶᠢᠨ | ᠲᠣᠭᠤᠷᠢᠨ ᠤ ᠡᠯᠡᠰᠦᠨ ᠴᠥᠯ ᠤᠨ ᠵᠢᠭᠤᠯᠴᠢᠯᠠᠯ ᠤᠨ ᠲᠣᠭᠤᠷᠢᠭ ᠪᠣᠯᠤᠨ᠎ᠠ᠃ ᠭᠤᠷᠪᠠᠨ ᠱᠤᠭᠤᠮ ᠨᠢ ᠳᠠᠷᠤᠶ | ᠡᠯᠡᠰᠦᠨ ᠴᠥᠯ ᠤᠨ ᠵᠠᠩ ᠦᠶᠯᠡ ᠶᠢᠨ ᠦᠵᠡᠮᠵᠢ ᠶᠢᠨ ᠱᠤᠭᠤᠮ᠂ ᠲᠣᠷᠭᠠᠨ ᠵᠠᠮ ᠤᠨ ᠲᠡᠮᠡᠭᠡᠨ ᠵᠠᠮ ᠤᠨ | ᠦᠵᠡᠮᠵᠢ ᠶᠢᠨ ᠱᠤᠭᠤᠮ᠂ ᠠᠯᠠᠱᠠ ᠠᠭᠤᠯᠠᠨ ᠤ ᠠᠮᠢ ᠠᠬᠤᠶ ᠶᠢᠨ ᠰᠣᠶᠣᠯ ᠤᠨ ᠦᠵᠡᠮᠵᠢ ᠶᠢᠨ ᠱᠤᠭᠤᠮ᠃ | ᠭᠤᠷᠪᠠᠨ ᠣᠷᠣᠨ ᠭᠡᠳᠡᠭ ᠨᠢ ᠪᠠᠶᠠᠨᠬᠤᠲᠠ ᠪᠠᠷ ᠲᠥᠪ ᠪᠣᠯᠭᠠᠭᠰᠠᠨ ᠭᠤᠤᠯ ᠵᠢᠭᠤᠯᠴᠢᠯᠠᠯ ᠤᠨ ᠣᠷᠣᠨ᠂ ᠬᠤᠶᠢᠲᠤ | ᠬᠡᠰᠡᠭ ᠤᠨ ᠭᠠᠵᠠᠷ ᠵᠦᠢ ᠶᠢᠨ ᠭᠠᠶᠢᠬᠠᠮᠰᠢᠭᠲᠤ ᠦᠵᠡᠮᠵᠢ ᠶᠢᠨ ᠣᠷᠣᠨ ᠪᠣᠯᠣᠨ ᠪᠣᠭᠤᠮᠲᠠ ᠶᠢᠨ ᠵᠢᠭᠤᠯᠴᠢᠯᠠᠯ ᠤᠨ | ᠣᠷᠣᠨ᠂ ᠡᠮᠦᠨ᠎ᠡ ᠬᠡᠰᠡᠭ ᠤᠨ ᠡᠯᠡᠰᠦᠨ ᠴᠥᠯ ᠤᠨ ᠵᠢᠭᠤᠯᠴᠢᠯᠠᠯ ᠤᠨ ᠣᠷᠣᠨ ᠪᠣᠯᠤᠨ᠎ᠠ᠃ | ︵ᠬᠤᠷᠢᠨ ᠨᠢᠭᠡ︶ ᠣᠰᠣᠨ ᠤ ᠨᠥᠭᠡᠴᠡ ᠶᠢᠨ ᠬᠡᠮᠵᠢᠶ᠎ᠡ ᠪᠠᠷ ᠳᠥᠷᠪᠡ ᠶᠢ ᠲᠣᠭᠳᠠᠭᠠᠬᠤ᠄ ᠤᠰᠤ ᠪᠠᠷ | ᠬᠤᠳᠠ ᠶᠢ ᠲᠣᠭᠲᠠᠭᠠᠵᠤ᠂ ᠤᠰᠤ ᠪᠠᠷ ᠭᠠᠵᠠᠷ ᠢ ᠲᠣᠭᠲᠠᠭᠠᠵᠤ᠂ ᠤᠰᠤ ᠪᠠᠷ ᠬᠥᠮᠦᠨ ᠢ ᠲᠣᠭᠲᠠᠭᠠᠵᠤ᠂ ᠤᠰᠤ ᠪᠠᠷ | ᠭᠠᠷᠤᠯᠲᠠ ᠶᠢ ᠲᠣᠭᠲᠠᠭᠠᠨ᠎ᠠ᠃ | ︵ᠬᠤᠷᠢᠨ ᠬᠤᠶᠠᠷ︶ ᠭᠤᠷᠪᠠ ᠶᠢ ᠬᠠᠮᠢᠶᠠᠷᠬᠤ ᠳᠤ ᠪᠠᠨ ᠭᠤᠷᠪᠠ ᠶᠢ ᠡᠷᠬᠡᠪᠰᠢ ᠭᠦᠢᠴᠡᠳᠬᠡᠬᠦ᠄ | ᠲᠤᠬᠠᠶᠢᠯᠠᠭᠰᠠᠨ ᠠᠵᠢᠯ ᠢ ᠬᠠᠮᠢᠶᠠᠷᠬᠤ ᠳᠠᠭᠠᠨ ᠡᠷᠬᠡᠪᠰᠢ ᠠᠶᠤᠯᠭᠦᠶ ᠲᠠᠢ ᠬᠤᠯᠪᠣᠭᠳᠠᠬᠤ ᠠᠵᠢᠯ ᠢ ᠬᠠᠷᠢᠭᠤᠴᠠᠬᠤ᠂ | ᠠᠵᠢᠯ ᠲᠦᠷᠦᠯ ᠢ ᠬᠠᠮᠢᠶᠠᠷᠬᠤ ᠳᠠᠭᠠᠨ ᠡᠷᠬᠡᠪᠰᠢ ᠠᠶᠤᠯᠭᠦᠶ ᠲᠠᠢ ᠬᠤᠯᠪᠣᠭᠳᠠᠬᠤ ᠠᠵᠢᠯ ᠢ ᠬᠠᠷᠢᠭᠤᠴᠠᠬᠤ᠂ | ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠠᠭᠠᠨ ᠡᠷᠬᠡᠪᠰᠢ ᠠᠶᠤᠯᠭᠦᠶ ᠲᠠᠢ ᠬᠤᠯᠪᠣᠭᠳᠠᠬᠤ ᠠᠵᠢᠯ ᠢ | ᠬᠠᠷᠢᠭᠤᠴᠠᠬᠤ᠃ | ︵ᠬᠤᠷᠢᠨ ᠭᠤᠷᠪᠠ︶ ︽4+8+N︾ ᠬᠠᠮᠲᠤᠷᠠᠯᠴᠠᠭᠠᠨ ᠤ ᠲᠣᠭᠲᠠᠴᠠ᠄ ︽4︾ ᠭᠡᠳᠡᠭ ᠨᠢ | ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠪᠡᠭᠡᠵᠢᠩ | ᠬᠤᠳᠠ᠂ ᠭᠤᠸᠠᠩᠳᠦ᠋ᠩ ᠮᠤᠵᠢ ᠵᠡᠷᠭᠡ 4 ᠵᠠᠰᠠᠭ ᠤᠨ ᠣᠷᠳᠣᠨ ᠵᠢᠴᠢ ᠬᠠᠷᠢᠶ᠎ᠠ ᠰᠠᠯᠠᠭ᠎ᠠ ᠮᠥᠴᠢᠷ ᠢ ᠬᠡᠯᠡᠨ᠎ᠡ᠂ ︽ | 8︾ ᠭᠡᠳᠡᠭ ᠨᠢ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ | ᠢᠨᠵᠧᠨᠧᠷᠢᠩ ᠤᠨ ᠬᠦᠷᠢᠶᠡᠯᠡᠩ᠂ ᠴᠢᠩᠬᠤᠸᠠ ᠶᠡᠭᠡ ᠰᠤᠷᠭᠠᠭᠤᠯᠢ᠂ ᠪᠡᠭᠡᠵᠢᠩ ᠶᠡᠭᠡ ᠰᠤᠷᠭᠠᠭᠤᠯᠢ᠂ ᠱᠠᠩᠬᠠᠢ ᠶᠢᠨ | ᠵᠠᠮ ᠬᠠᠷᠢᠯᠴᠠᠭᠠᠨ ᠤ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ | ᠬᠦᠷᠢᠶᠡᠯᠡᠩ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠪᠡᠭᠡᠵᠢᠩ ᠤᠨ ᠪᠤᠯᠤᠳ ᠲᠡᠮᠦᠷ ᠤᠨ | ᠰᠤᠳᠤᠯᠭᠠᠨ ᠤ ᠪᠦᠯᠦᠭᠯᠡᠯ ᠤᠨ ᠤᠯᠤᠰ ᠤᠨ ᠳᠣᠲᠣᠭᠠᠳᠤ ᠶᠢᠨ 8 ᠥᠨᠳᠥᠷ ᠲᠦᠪᠰᠢᠨ ᠤ ᠶᠡᠭᠡ ᠰᠤᠷᠭᠠᠭᠤᠯᠢ᠂ | ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠢ ᠬᠡᠯᠡᠨ᠎ᠡ᠂ ︽N︾ ᠭᠡᠳᠡᠭ ᠨᠢ ︽4+8︾ ᠠᠴᠠ | ᠭᠠᠳᠠᠨᠠᠬᠢ ᠪᠤᠰᠤᠳ ᠬᠠᠮᠲᠤᠷᠠᠯᠴᠠᠨ ᠰᠢᠨ᠎ᠡ ᠶᠢ ᠡᠭᠦᠳᠬᠦ ᠭᠤᠣᠯ ᠴᠣᠭᠴᠠ ᠶᠢ ᠬᠡᠯᠡᠨ᠎ᠡ᠃ | ︵ᠬᠤᠷᠢᠨ ᠲᠥᠷᠪᠡ︶ ᠲᠦᠷᠪᠡ ᠶᠢ ᠲᠠᠶᠠᠭᠳᠠᠬᠤ ᠦᠭᠡᠢ᠄ ᠶᠠᠳᠠᠭᠤᠷᠠᠯ ᠠᠴᠠ ᠠᠩᠬᠢᠵᠢᠷᠠᠭᠤᠯᠤᠭᠰᠠᠨ ᠴᠤ | ᠡᠭᠦᠷᠭᠡ ᠬᠠᠷᠢᠴᠠᠭᠤᠯᠭ᠎ᠠ ᠪᠠᠨ ᠲᠠᠶᠠᠭᠳᠠᠬᠤ ᠦᠭᠡᠢ᠂ ᠶᠠᠳᠠᠭᠤᠷᠠᠯ ᠠᠴᠠ ᠠᠩᠬᠢᠵᠢᠷᠠᠭᠤᠯᠤᠭᠰᠠᠨ ᠴᠤ ᠲᠦᠷᠦ ᠶᠢᠨ | ᠪᠤᠳᠤᠯᠭ᠎ᠠ ᠶᠢ ᠲᠠᠶᠠᠭᠳᠠᠬᠤ ᠦᠭᠡᠢ᠂ ᠶᠠᠳᠠᠭᠤᠷᠠᠯ ᠠᠴᠠ ᠠᠩᠬᠢᠵᠢᠷᠠᠭᠤᠯᠤᠭᠰᠠᠨ ᠴᠤ ᠬᠠᠪᠰᠤᠷᠤᠨ ᠲᠡᠳᠬᠦᠬᠦ ᠶᠢ | ᠲᠠᠶᠠᠭᠳᠠᠬᠤ ᠦᠭᠡᠢ᠂ ᠶᠠᠳᠠᠭᠤᠷᠠᠯ ᠠᠴᠠ ᠠᠩᠬᠢᠵᠢᠷᠠᠭᠤᠯᠤᠭᠰᠠᠨ ᠴᠤ ᠬᠢᠨᠠᠯᠲᠠ ᠬᠠᠮᠢᠶᠠᠷᠤᠯᠲᠠ ᠶᠢ ᠲᠠᠶᠠᠭᠳᠠᠬᠤ | ᠦᠭᠡᠢ᠃ | ︵ᠬᠤᠷᠢᠨ ᠲᠠᠪᠤ︶ ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ᠄ ᠬᠥᠳᠡᠭᠡ ᠲᠣᠰᠬᠤᠨ ᠤ ᠶᠠᠳᠠᠭᠤ | ᠬᠦᠴᠢᠷᠳᠡᠯᠲᠡᠢ ᠬᠥᠮᠥᠰ ᠤᠨ ᠢᠳᠡᠬᠦ᠂ ᠡᠮᠦᠰᠬᠦ ᠳᠤ ᠵᠣᠪᠠᠭ᠋ᠤ ᠥᠬᠡᠶ ᠪᠠᠶᠢᠬᠤ ᠶᠢ ᠲᠣᠭᠲᠠᠪᠤᠷᠢᠲᠠᠢ ᠪᠠᠷ ᠪᠡᠶᠡᠯᠡᠭᠦᠯᠵᠦ᠂ | ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮ ᠡᠮᠨᠡᠯᠭᠡ ᠪᠣᠯᠤᠨ ᠣᠷᠣᠨ ᠰᠠᠭᠤᠴᠠ ᠶᠢᠨ ᠠᠮᠤᠷ | ᠲᠦᠪᠰᠢᠨ ᠢ ᠪᠠᠲᠤᠯᠠᠭ᠎ᠠ ᠲᠠᠢ ᠪᠣᠯᠭᠠᠨ᠎ᠠ᠃ | ︵ᠬᠤᠷᠢᠨ ᠵᠢᠷᠭᠤᠭ᠎ᠠ︶ ᠬᠤᠶᠠᠷ ᠶᠡᠭᠡ ᠲᠠᠯ᠎ᠠ᠄ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠡᠶᠡᠯᠡᠭᠦᠯᠬᠦ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠪᠣᠯᠤᠨ ᠳᠡᠯᠡᠬᠡᠢ ᠶᠢᠨ ᠵᠠᠭᠤᠨ ᠵᠢᠯ ᠳᠤ | ᠭᠠᠷᠤᠭ᠎ᠠ ᠦᠭᠡᠢ ᠶᠡᠭᠡ ᠬᠤᠪᠢᠷᠠᠯᠲᠠ ᠪᠣᠯᠤᠨ᠎ᠠ᠃ | ︵ᠬᠤᠷᠢᠨ ᠲᠤᠯᠤᠭ᠎ᠠ︶ ᠳᠥᠷᠪᠡᠨ ᠰᠤᠷᠲᠠᠯ᠄ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ᠂ ᠵᠢᠷᠭᠠᠨ | ᠴᠡᠩᠭᠡᠬᠦ ᠦᠵᠡᠯ ᠪᠣᠯᠤᠨ ᠱᠠᠯᠢᠨ ᠪᠦᠷᠢᠯᠭᠡᠬᠦ ᠰᠤᠷᠲᠠᠯ᠃ | ︵ᠬᠤᠷᠢᠨ ᠨᠠᠢᠮᠨ︶ ᠠᠯᠪᠠᠨ ᠤ ᠭᠤᠷᠪᠠᠨ ᠵᠠᠷᠤᠳᠠᠯ᠄ ᠡᠳ᠋ ᠤᠨ ᠵᠠᠰᠠᠭ ᠠᠴᠠ ᠠᠯᠪᠠᠨ ᠵᠠᠷᠤᠳᠠᠯ ᠳᠤ | ᠲᠤᠬᠢᠷᠠᠭᠤᠯᠤᠨ ᠪᠠᠭᠤᠯᠭᠠᠭᠰᠠᠨ ᠭᠠᠳᠠᠭᠠᠳᠤ ︵ᠬᠢᠯᠢ︶ ᠳᠤ ᠭᠠᠷᠬᠤ ᠵᠠᠷᠤᠳᠠᠯ᠂ ᠲᠡᠷᠭᠡ ᠤᠨᠤᠭ᠎ᠠ ᠬᠤᠳᠠᠯᠳᠤᠨ | ᠠᠪᠬᠤ ᠵᠢᠴᠢ ᠲᠡᠷᠭᠡᠨ ᠳᠤ ᠭᠡᠷᠡᠭᠯᠡᠭᠦ ᠵᠠᠷᠤᠳᠠᠯ᠂ ᠠᠯᠪᠠᠨ ᠶᠠᠪᠤᠳᠠᠯ ᠤᠨ ᠵᠣᠴᠢᠯᠠᠬᠤ ᠵᠠᠷᠤᠳᠠᠯ ᠵᠡᠷᠭᠡ ᠭᠤᠷᠪᠠᠨ | ᠵᠠᠷᠤᠳᠠᠯ ᠢ ᠵᠢᠭᠠᠵᠤ ᠪᠤᠢ᠃ | |