ᠠᠵᠢᠯ ᠠᠯᠳᠠᠭᠰᠠᠳ ᠤᠨ ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠲᠤᠬᠠᠢ
ᠨᠡᠶᠢᠲᠡᠯᠡᠭᠰᠡᠨ ᠴᠠᠭ᠄
2023/12/18
           ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠤᠨ ᠳᠡᠭᠡᠷ᠎ᠡ ᠵᠢᠯ ᠤᠨ ᠠᠵᠢᠯᠳᠠᠨ ᠬᠠᠰᠤᠭᠰᠠᠨ ᠥᠭᠡᠢ ᠪᠤᠶᠤ ᠠᠵᠢᠯᠳᠠᠨ ᠬᠠᠰᠤᠭᠰᠠᠨ ᠨᠤᠷᠮ᠎ᠠ ᠨᠢ ᠳᠡᠭᠡᠷ᠎ᠡ ᠵᠢᠯ ᠤᠨ ᠪᠥᠬᠦ ᠤᠯᠤᠰ ᠤᠨ ᠬᠤᠲᠠ ᠪᠠᠯᠭᠠᠰᠤ ᠶᠢᠨ ᠪᠠᠶᠢᠴᠠᠭᠠᠯᠲᠠ ᠬᠢᠭᠰᠡᠨ ᠠᠵᠢᠯ ᠠᠯᠳᠠᠯᠲᠠ ᠶᠢᠨ ᠨᠤᠷᠮ᠎ᠠ ᠶᠢ ᠡᠵᠡᠮᠳᠡᠬᠦ ᠬᠠᠷᠠᠯᠲᠠ ᠠᠴᠠ ᠥᠨᠳᠥᠷ ᠥᠭᠡᠢ ᠪᠠᠶᠢᠵᠤ᠂ 30 ᠬᠥᠮᠦᠨ ︵ᠪᠠᠭᠲᠠᠨ᠎ᠠ︶᠎ ᠠᠴᠠ ᠳᠣᠷᠣᠭᠰᠢᠬᠢ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠤᠨ ᠠᠵᠢᠯᠳᠠᠨ ᠬᠠᠰᠤᠭᠰᠠᠨ ᠨᠤᠷᠮ᠎ᠠ ᠨᠢ 20%᠎ ᠠᠴᠠ ᠥᠨᠳᠥᠷ ᠥᠭᠡᠢ ᠪᠣᠯ ᠠᠵᠢᠯ ᠠᠯᠳᠠᠯᠲᠠ ᠶᠢᠨ ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠯᠭᠠᠬᠤ ᠪᠠᠷ ᠭᠤᠶᠤᠴᠢᠯᠠᠵᠤ ᠪᠣᠯᠤᠨ᠎ᠠ᠃ ᠲᠣᠮᠣ ᠬᠡᠯᠪᠡᠷᠢ ᠶᠢᠨ ᠠᠵᠤ ᠠᠬᠤᠶᠢᠯᠠᠯ ᠵᠢᠴᠢ ᠪᠤᠰᠤᠳ ᠠᠵᠤ ᠠᠬᠤᠶᠢᠯᠠᠯ ᠢ ᠠᠵᠤ ᠠᠬᠤᠶᠢᠯᠠᠯ ᠵᠢᠴᠢ ᠲᠡᠭᠦᠨ ᠤ ᠠᠵᠢᠯᠲᠠᠨ ᠠᠵᠢᠯᠴᠢᠨ ᠤ ᠳᠡᠭᠡᠷ᠎ᠡ ᠵᠢᠯ ᠤᠨ ᠪᠣᠳᠠᠲᠠᠶ ᠲᠤᠰᠢᠶᠠᠭᠰᠠᠨ ᠲᠣᠰ ᠵᠢᠯ ᠤᠨ ᠠᠵᠢᠯ ᠠᠯᠳᠠᠯᠲᠠ ᠶᠢᠨ ᠳᠠᠭᠠᠳᠬᠠᠯ ᠤᠨ ᠵᠠᠷᠤᠳᠠᠯ ᠤᠨ 50%᠎ ᠪᠠᠷ ᠪᠤᠴᠠᠭᠠᠨ ᠥᠭᠴᠦ᠂ ᠨᠢᠭᠡᠨᠲᠡ 30%᠎ ᠪᠠᠷ ᠪᠤᠴᠠᠭᠠᠨ ᠥᠭᠭᠦᠭᠰᠡᠨ ᠪᠠᠶᠢᠪᠠᠯ 50%᠎ ᠪᠠᠷ ᠪᠤᠴᠠᠭᠠᠨ ᠥᠭᠴᠦ ᠪᠣᠯᠤᠨ᠎ᠠ᠃ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠠᠵᠤ ᠠᠬᠤᠶᠢᠯᠠᠯ ᠵᠢᠴᠢ ᠲᠡᠭᠦᠨ ᠤ ᠠᠵᠢᠯᠲᠠᠨ ᠠᠵᠢᠯᠴᠢᠨ ᠤ ᠳᠡᠭᠡᠷ᠎ᠡ ᠵᠢᠯ ᠤᠨ ᠪᠣᠳᠠᠲᠠᠶ ᠲᠤᠰᠢᠶᠠᠭᠰᠠᠨ ᠲᠣᠰ ᠵᠢᠯ ᠤᠨ ᠠᠵᠢᠯ ᠠᠯᠳᠠᠯᠲᠠ ᠶᠢᠨ ᠳᠠᠭᠠᠳᠬᠠᠯ ᠤᠨ ᠵᠠᠷᠤᠳᠠᠯ ᠤᠨ 90%᠎ ᠪᠠᠷ ᠪᠤᠴᠠᠭᠠᠨ᠎ᠠ᠃ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ ᠦᠶᠯᠡᠴᠢᠯᠡᠭᠡᠨ ᠤ ᠪᠠᠶᠢᠭᠤᠯᠤᠮᠵᠢ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ᠂ ᠨᠢᠭᠲᠠᠯᠠᠨ ᠪᠤᠳᠤᠭᠴᠢ ᠶᠢᠨ ᠬᠡᠷᠡᠭ ᠡᠷᠬᠢᠯᠡᠬᠦ ᠭᠠᠵᠠᠷ᠂ ᠨᠢᠭᠡᠴᠢ ᠶᠢᠨ ᠬᠡᠯᠪᠡᠷᠢ ᠪᠠᠷ ᠳᠠᠭᠠᠳᠬᠠᠯ ᠳᠤ ᠣᠷᠣᠯᠴᠠᠭᠰᠠᠨ ᠬᠤᠪᠢ ᠶᠢᠨ ᠠᠵᠤ ᠦᠶᠯᠡᠳᠪᠦᠷᠢ ᠬᠤᠳᠠᠯᠳᠤᠭᠠᠨ ᠤ ᠡᠷᠦᠬᠡ ᠳᠤᠮᠳᠠ ᠵᠢᠵᠢᠭ ᠪᠢᠴᠢᠯ ᠠᠵᠤ ᠠᠬᠤᠶᠢᠯᠠᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃            ᠬᠠᠷᠢᠭᠤᠴᠠᠯᠭᠠᠲᠤ ᠨᠢᠭᠡᠴᠢ᠄ ᠠᠯᠠᠱᠠ ᠠᠶᠢᠮᠠᠭ ᠤᠨ ᠠᠵᠢᠯ ᠣᠯᠭᠤᠬᠤ ᠦᠶᠯᠡᠴᠢᠯᠡᠭᠡᠨ ᠤ ᠲᠥᠪ ᠭᠤᠣᠯᠯᠠᠨ ᠬᠠᠷᠢᠭᠤᠴᠠᠵᠤ᠂ ᠠᠯᠠᠱᠠ ᠠᠶᠢᠮᠠᠭ ᠤᠨ ᠨᠡᠶᠢᠭᠡᠮ ᠤᠨ ᠳᠠᠭᠠᠳᠬᠠᠯ ᠤᠨ ᠦᠶᠯᠡᠰ ᠤᠨ ᠦᠶᠯᠡᠴᠢᠯᠡᠭᠡᠨ ᠤ ᠲᠥᠪ ᠬᠠᠮᠵᠢᠯᠴᠠᠨ᠎ᠠ            ᠭᠠᠷᠲᠠᠨ ᠭᠦᠶᠴᠡᠳᠬᠡᠬᠦ ᠳᠤ᠄ ᠠᠵᠤ ᠠᠬᠤᠶᠢᠯᠠᠯ ︵ᠨᠢᠭᠡᠴᠢ︶᠎ ᠤᠨ ᠪᠠᠩᠬᠢ ᠶᠢᠨ ᠲᠠᠩᠰᠠᠨ ᠡᠷᠦᠬᠡ ᠵᠡᠷᠭᠡ ᠶᠢᠨ ᠮᠡᠳᠡᠭᠡ ᠵᠠᠩᠭᠢ ᠨᠢ ᠪᠦᠷᠢᠨ ᠲᠡᠭᠦᠯᠳᠡᠷ ᠪᠣᠯ ᠬᠦᠰᠡᠯᠲᠡ ᠪᠠᠨ ᠳᠡᠪᠰᠢᠭᠦᠯᠬᠦ ᠴᠢᠬᠤᠯᠠ ᠥᠬᠡᠶ᠂ ︽ᠬᠦᠰᠡᠯᠲᠡ ᠪᠠᠨ ᠳᠡᠪᠰᠢᠭᠦᠯᠬᠦ ᠥᠬᠡᠶ ᠪᠠᠷ ᠳᠠᠷᠤᠶ ᠡᠳ᠋ᠯᠡᠬᠦ︾ ᠵᠠᠭᠪᠤᠷ ᠢᠶᠠᠷ ᠳᠠᠮᠵᠢᠭᠤᠯᠤᠨ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ︵ᠨᠢᠭᠡᠴᠢ︶᠎ ᠳᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠪᠠᠯᠠ ᠮᠥᠩᠭᠦ ᠶᠢ ᠰᠢᠭᠤᠳ ᠨᠠᠷᠢᠯᠢᠭ ᠣᠨᠣᠴᠠᠲᠠᠶ ᠪᠠᠷ ᠲᠠᠷᠬᠠᠭᠠᠨ᠎ᠠ᠃ ᠮᠡᠳᠡᠭᠡ ᠵᠠᠩᠭᠢ ᠶᠢᠨ ᠬᠠᠷᠢᠴᠠᠭᠤᠯᠤᠯ ᠢᠶᠠᠷ ᠳᠡᠮᠵᠢᠨ ᠰᠢᠭᠰᠢᠨ ᠪᠠᠶᠢᠴᠠᠭᠠᠵᠤ ᠭᠠᠷᠭᠠᠭᠰᠠᠨ ᠥᠬᠡᠶ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ᠂ ᠨᠢᠭᠡᠴᠢ ᠶᠢ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠰᠦᠯᠵᠢᠶᠡᠨ ᠥᠷᠲᠡᠭᠡ ︵http://rst.nmg.gov.cn/︶᠎ ᠶᠢᠨ ᠰᠦᠯᠵᠢᠶᠡᠨ ᠳᠡᠭᠡᠷᠡᠬᠢ ᠠᠵᠢᠯ ᠶᠠᠪᠤᠳᠠᠯ ᠭᠦᠶᠴᠡᠳᠬᠡᠬᠦ ᠶᠡᠭᠡ ᠲᠢᠩᠬᠢᠮ ᠤᠨ ᠨᠢᠭᠡᠴᠢ ᠶᠢᠨ ᠠᠵᠢᠯ ᠶᠠᠪᠤᠳᠠᠯ ᠭᠦᠶᠴᠡᠳᠬᠡᠬᠦ ᠲᠤᠰᠬᠠᠶ ᠪᠤᠯᠤᠩ ᠳᠤ ᠭᠤᠶᠤᠴᠢᠯᠠᠵᠤ ᠪᠣᠯᠤᠨ᠎ᠠ᠂ ᠡᠵᠡᠩᠨᠡᠯᠲᠡ ᠶᠢᠨ ᠦᠨᠡᠮᠯᠡᠯ ᠵᠡᠷᠭᠡ ᠮᠠᠲ᠋ᠧᠷᠢᠶᠠᠯ ᠢ ᠳᠡᠭᠡᠭᠰᠢ ᠳᠠᠮᠵᠢᠭᠤᠯᠬᠤ ᠴᠢᠬᠤᠯᠠ ᠥᠬᠡᠶ᠃          ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠠᠮᠵᠢᠭᠤᠯᠤᠨ ᠨᠡᠶᠢᠲᠡᠯᠡᠭᠰᠡᠨ ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠵᠤ ᠠᠬᠤᠢ ᠶᠢᠨ ᠬᠠᠮ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠨᠠᠷᠢᠨ ᠳᠦᠷᠢᠮ︾
       ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号