ᠨᠢᠭᠡ ᠤᠳᠠᠭ᠎ᠠ ᠶᠢᠨ ᠴᠢᠨᠠᠷᠲᠠᠶ ᠠᠵᠢᠯ ᠦᠯᠡᠳᠡᠭᠡᠬᠦ ᠨᠥᠬᠦᠪᠥᠷᠢ ᠶᠢᠨ ᠲᠤᠬᠠᠢ ᠭᠠᠷ ᠤᠨ ᠠᠪᠤᠯᠭ᠎ᠠ
ᠨᠡᠶᠢᠲᠡᠯᠡᠭᠰᠡᠨ ᠴᠠᠭ᠄
2023/12/18
           2022 ᠣᠨ ᠤ 1 ᠰᠠᠷ᠎ᠠ ᠶᠢᠨ 1᠎ ᠤ ᠡᠳᠦᠷ ᠠᠴᠠ 12 ᠨᠡᠶᠢᠲᠡ 1 ︵ᠪᠠᠭᠲᠠᠨ᠎ᠠ︶᠎ ᠠᠴᠠ ᠳᠡᠭᠡᠭᠰᠢᠬᠢ ᠳᠤᠮᠳᠠ ᠠᠶᠤᠯ ᠲᠦᠭᠰᠢᠭᠦᠷᠢ ᠶᠡᠬᠡᠲᠡᠶ ᠬᠢᠵᠢᠭ ᠲᠠᠬᠤᠯ ᠤᠨ ᠬᠠᠯᠳᠠᠪᠤᠷᠢ ᠲᠠᠢ ᠭᠠᠵᠠᠷ ᠣᠷᠣᠨ ᠤ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠪᠤᠶ ᠪᠣᠯᠵᠤ᠂ ᠰᠢᠨ᠎ᠡ ᠠᠭᠤᠰᠬᠢᠨ ᠦᠷᠪᠢᠰᠦᠯ ᠤᠨ ᠬᠢᠵᠢᠭ ᠲᠠᠬᠤᠯ ᠤᠨ ᠬᠠᠯᠳᠠᠪᠤᠷᠢ ᠶᠢᠨ ᠬᠦᠨᠳᠦ ᠨᠣᠴᠢᠲᠠᠶ ᠨᠥᠯᠥᠭᠡ ᠠᠴᠠ ᠪᠣᠯᠵᠣ ᠲᠦᠷ ᠴᠠᠭ ᠬᠡᠪ ᠤᠨ ᠪᠠᠶᠢᠳᠠᠯ ᠢᠶᠠᠷ ᠦᠶᠯᠡᠳᠪᠦᠷᠢᠯᠡᠵᠦ ᠡᠵᠡᠩᠨᠡᠬᠦ ᠶᠢᠨ ᠠᠷᠭ᠎ᠠ ᠥᠬᠡᠶ ᠪᠣᠯᠤᠭᠰᠠᠨ ᠠᠵᠤ ᠠᠬᠤᠶᠢᠯᠠᠯ ᠳᠤ ᠳᠠᠭᠠᠳᠬᠠᠯ ᠳᠤ ᠣᠷᠣᠯᠴᠠᠭᠰᠠᠨ ᠠᠵᠢᠯᠲᠠᠨ ᠨᠢᠭᠡᠪᠦᠷᠢ ᠳᠤ 500 ᠲᠥᠭᠦᠷᠢᠭ ᠤᠨ ᠪᠠᠷᠢᠮᠵᠢᠶ᠎ᠠ ᠪᠠᠷ ᠨᠢᠭᠡ ᠤᠳᠠᠭ᠎ᠠ ᠶᠢᠨ ᠴᠢᠨᠠᠷᠲᠠᠶ ᠠᠵᠢᠯ ᠦᠯᠡᠳᠡᠭᠡᠬᠦ ᠰᠤᠷᠭᠠᠯᠲᠠ ᠶᠢᠨ ᠨᠥᠬᠦᠪᠥᠷᠢ ᠣᠯᠭᠤᠵᠤ᠂ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ ᠦᠶᠯᠡᠴᠢᠯᠡᠭᠡᠨ ᠤ ᠪᠠᠶᠢᠭᠤᠯᠤᠮᠵᠢ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ᠂ ᠨᠢᠭᠲᠠᠯᠠᠨ ᠪᠤᠳᠤᠭᠴᠢ ᠶᠢᠨ ᠬᠡᠷᠡᠭ ᠡᠷᠬᠢᠯᠡᠬᠦ ᠭᠠᠵᠠᠷ᠂ ᠨᠢᠭᠡᠴᠢ ᠶᠢᠨ ᠬᠡᠯᠪᠡᠷᠢ ᠪᠠᠷ ᠳᠠᠭᠠᠳᠬᠠᠯ ᠳᠤ ᠣᠷᠣᠯᠴᠠᠭᠰᠠᠨ ᠬᠤᠪᠢ ᠶᠢᠨ ᠠᠵᠤ ᠦᠶᠯᠡᠳᠪᠦᠷᠢ ᠬᠤᠳᠠᠯᠳᠤᠭᠠᠨ ᠤ ᠡᠷᠦᠬᠡ ᠳᠤ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ ᠳᠤᠮᠳᠠ ᠲᠦᠭᠰᠢᠭᠦᠷᠢ ᠶᠡᠬᠡᠲᠡᠶ ᠬᠢᠵᠢᠭ ᠲᠠᠬᠤᠯ ᠤᠨ ᠬᠠᠯᠳᠠᠪᠤᠷᠢ ᠭᠠᠷᠤᠭ᠎ᠠ ᠥᠬᠡᠶ ᠭᠠᠵᠠᠷ ᠣᠷᠣᠨ ᠤ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠨᠢ᠂ ᠢᠳᠡᠭᠡᠨ ᠤᠮᠳᠠᠭᠠᠨ᠂ ᠵᠢᠵᠢᠭᠯᠡᠨ ᠬᠤᠳᠠᠯᠳᠤᠬᠤ᠂ ᠵᠢᠭᠤᠯᠴᠢᠯᠠᠯ᠂ ᠠᠷᠠᠳ ᠤᠨ ᠠᠭᠠᠷ ᠤᠨ ᠲᠡᠭᠡᠭᠡᠪᠦᠷᠢ ᠪᠠ ᠵᠠᠰᠠᠮᠠᠯ ᠵᠠᠮ ᠤᠰᠤᠨ ᠵᠠᠮ ᠲᠡᠮᠦᠷ ᠵᠠᠮ ᠤᠨ ᠲᠡᠭᠡᠭᠡᠪᠦᠷᠢ ᠵᠡᠷᠭᠡ 5 ᠠᠵᠢᠯ ᠲᠥᠷᠥᠯ ᠤᠨ ᠠᠵᠤ ᠠᠬᠤᠶᠢᠯᠠᠯ ᠳᠤ ᠪᠠᠰᠠ ᠳᠠᠭᠠᠳᠬᠠᠯ ᠳᠤ ᠣᠷᠣᠯᠴᠠᠭᠰᠠᠨ ᠬᠥᠮᠦᠨ ᠨᠢᠭᠡᠪᠦᠷᠢ ᠳᠤ 500 ᠲᠥᠭᠦᠷᠢᠭ ᠤᠨ ᠪᠠᠷᠢᠮᠵᠢᠶ᠎ᠠ ᠪᠠᠷ ᠨᠢᠭᠡ ᠤᠳᠠᠭ᠎ᠠ ᠶᠢᠨ ᠴᠢᠨᠠᠷᠲᠠᠶ ᠠᠵᠢᠯ ᠦᠯᠡᠳᠡᠭᠡᠬᠦ ᠰᠤᠷᠭᠠᠯᠲᠠ ᠶᠢᠨ ᠨᠥᠬᠦᠪᠥᠷᠢ ᠣᠯᠭᠤᠵᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠢᠶᠠᠨ ᠵᠣᠬᠢᠶᠠᠨ ᠪᠠᠶᠢᠭᠤᠯᠤᠨ ᠠᠵᠢᠯ ᠢᠶᠠᠷ ᠰᠤᠷᠭᠠᠯᠲᠠ ᠶᠢ ᠣᠷᠣᠯᠠᠭᠤᠯᠬᠤ ᠶᠢ ᠳᠡᠮᠵᠢᠨ᠎ᠡ᠃            ᠬᠠᠷᠢᠭᠤᠴᠠᠯᠭᠠᠲᠤ ᠨᠢᠭᠡᠴᠢ᠄ ᠠᠯᠠᠱᠠ ᠠᠶᠢᠮᠠᠭ ᠤᠨ ᠠᠵᠢᠯ ᠣᠯᠭᠤᠬᠤ ᠦᠶᠯᠡᠴᠢᠯᠡᠭᠡᠨ ᠤ ᠲᠥᠪ ᠭᠤᠣᠯᠯᠠᠨ ᠬᠠᠷᠢᠭᠤᠴᠠᠵᠤ᠂ ᠠᠯᠠᠱᠠ ᠠᠶᠢᠮᠠᠭ ᠤᠨ ᠨᠡᠶᠢᠭᠡᠮ ᠤᠨ ᠳᠠᠭᠠᠳᠬᠠᠯ ᠤᠨ ᠦᠶᠯᠡᠰ ᠤᠨ ᠦᠶᠯᠡᠴᠢᠯᠡᠭᠡᠨ ᠤ ᠲᠥᠪ ᠬᠠᠮᠵᠢᠯᠴᠠᠨ᠎ᠠ            ᠭᠠᠷᠲᠠᠨ ᠭᠦᠶᠴᠡᠳᠬᠡᠬᠦ ᠳᠤ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠠᠵᠢᠯ ᠠᠯᠳᠠᠯᠲᠠ ᠶᠢᠨ ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠵᠤ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠵᠦ ᠠᠵᠢᠯ ᠠᠯᠳᠠᠯᠲᠠ ᠶᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠬᠥᠮᠦᠨ ᠤ ᠨᠢᠭᠡ ᠤᠳᠠᠭ᠎ᠠ ᠶᠢᠨ ᠴᠢᠨᠠᠷᠲᠠᠶ ᠠᠵᠢᠯ ᠦᠯᠡᠳᠡᠭᠡᠬᠦ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠳᠡᠭᠡᠷ᠎ᠡ ᠵᠢᠯ ᠤᠨ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠤᠷᠠᠮᠳᠤᠯ ᠦᠯᠡᠳᠡᠪᠦᠷᠢ ᠶᠢᠨ ᠪᠡᠯᠡᠳᠬᠡᠯ ᠥᠭᠬᠦ ᠬᠤᠭᠤᠴᠠᠭ᠎ᠠ ᠬᠢᠵᠠᠭᠠᠷ ᠢ 2 ᠵᠢᠯ ᠠᠴᠠ ᠳᠡᠭᠡᠭᠰᠢ ᠪᠠᠶᠢᠯᠭᠠᠬᠤ ᠬᠡᠷᠡᠭᠲᠡᠶ᠃            ᠠᠵᠤ ᠠᠬᠤᠶᠢᠯᠠᠯ ︵ᠨᠢᠭᠡᠴᠢ︶᠎ ᠤᠨ ᠪᠠᠩᠬᠢ ᠶᠢᠨ ᠲᠠᠩᠰᠠᠨ ᠡᠷᠦᠬᠡ ᠵᠡᠷᠭᠡ ᠶᠢᠨ ᠮᠡᠳᠡᠭᠡ ᠵᠠᠩᠭᠢ ᠨᠢ ᠪᠦᠷᠢᠨ ᠲᠡᠭᠦᠯᠳᠡᠷ ᠪᠠᠶᠢᠪᠠᠯ ᠬᠦᠰᠡᠯᠲᠡ ᠪᠠᠨ ᠳᠡᠪᠰᠢᠭᠦᠯᠬᠦ ᠴᠢᠬᠤᠯᠠ ᠥᠬᠡᠶ ᠪᠣᠯ᠂ ︽ᠬᠦᠰᠡᠯᠲᠡ ᠪᠠᠨ ᠳᠡᠪᠰᠢᠭᠦᠯᠬᠦ ᠥᠬᠡᠶ ᠪᠠᠷ ᠳᠠᠷᠤᠶ ᠡᠳ᠋ᠯᠡᠬᠦ︾ ᠵᠠᠭᠪᠤᠷ ᠢᠶᠠᠷ ᠳᠠᠮᠵᠢᠭᠤᠯᠤᠨ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ︵ᠨᠢᠭᠡᠴᠢ︶ ᠎ ᠳᠤ ᠰᠢᠭᠤᠳ ᠨᠠᠷᠢᠯᠢᠭ ᠣᠨᠣᠴᠠᠲᠠᠶ ᠪᠠᠷ ᠨᠥᠬᠦᠪᠥᠷᠢ ᠮᠥᠩᠭᠦ ᠣᠯᠭᠤᠨ᠎ᠠ᠃ ᠮᠡᠳᠡᠭᠡ ᠵᠠᠩᠭᠢ ᠶᠢᠨ ᠬᠠᠷᠢᠴᠠᠭᠤᠯᠤᠯ ᠢᠶᠠᠷ ᠳᠡᠮᠵᠢᠨ ᠰᠢᠭᠰᠢᠨ ᠪᠠᠶᠢᠴᠠᠭᠠᠵᠤ ᠭᠠᠷᠭᠠᠭᠰᠠᠨ ᠥᠬᠡᠶ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ᠂ ᠨᠢᠭᠡᠴᠢ ᠶᠢ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠰᠦᠯᠵᠢᠶᠡᠨ ᠥᠷᠲᠡᠭᠡ ︵http://rst.nmg.gov.cn/︶᠎ ᠶᠢᠨ ᠰᠦᠯᠵᠢᠶᠡᠨ ᠳᠡᠭᠡᠷᠡᠬᠢ ᠠᠵᠢᠯ ᠶᠠᠪᠤᠳᠠᠯ ᠭᠦᠶᠴᠡᠳᠬᠡᠬᠦ ᠶᠡᠭᠡ ᠲᠢᠩᠬᠢᠮ ᠤᠨ ᠨᠢᠭᠡᠴᠢ ᠶᠢᠨ ᠠᠵᠢᠯ ᠶᠠᠪᠤᠳᠠᠯ ᠭᠦᠶᠴᠡᠳᠬᠡᠬᠦ ᠲᠤᠰᠬᠠᠶ ᠪᠤᠯᠤᠩ ᠳᠤ ᠭᠤᠶᠤᠴᠢᠯᠠᠵᠤ ᠪᠣᠯᠤᠨ᠎ᠠ᠂ ᠮᠠᠲ᠋ᠧᠷᠢᠶᠠᠯ ᠢ ᠳᠡᠭᠡᠭᠰᠢ ᠳᠠᠮᠵᠢᠭᠤᠯᠬᠤ ᠴᠢᠬᠤᠯᠠ ᠥᠬᠡᠶ᠃         ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠠᠮᠵᠢᠭᠤᠯᠤᠨ ᠨᠡᠶᠢᠲᠡᠯᠡᠭᠰᠡᠨ ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠵᠤ ᠠᠬᠤᠢ ᠶᠢᠨ ᠬᠠᠮ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠨᠠᠷᠢᠨ ᠳᠦᠷᠢᠮ︾
       ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号