ᠨᠢᠭᠡ ᠤᠳᠠᠭ᠎ᠠ ᠶᠢᠨ ᠴᠢᠨᠠᠷᠲᠠᠶ ᠠᠵᠢᠯ ᠤᠨ ᠪᠠᠶᠢᠷᠢ ᠶᠢ ᠥᠷᠭᠡᠳᠬᠡᠬᠦ ᠨᠥᠬᠦᠪᠥᠷᠢ ᠶᠢᠨ ᠲᠤᠬᠠᠢ ᠭᠠᠷ ᠤᠨ ᠠᠪᠤᠯᠭ᠎ᠠ
ᠨᠡᠶᠢᠲᠡᠯᠡᠭᠰᠡᠨ ᠴᠠᠭ᠄
2023/12/18
           ᠠᠵᠤ ᠠᠬᠤᠶᠢᠯᠠᠯ ᠲᠡᠭᠦᠰᠬᠦ ᠣᠨ ᠤ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠨ ᠬᠡᠷᠡᠭᠯᠡᠵᠦ᠂ ᠬᠥᠳᠡᠯᠮᠦᠷᠢ ᠶᠢᠨ ᠭᠡᠷ᠎ᠡ ᠲᠣᠭᠲᠠᠭᠰᠠᠨ ᠪᠥᠭᠡᠳ ᠠᠵᠢᠯ ᠠᠯᠳᠠᠯᠲᠠ ᠶᠢᠨ ᠳᠠᠭᠠᠳᠬᠠᠯ ᠳᠤ ᠣᠷᠣᠯᠴᠠᠭᠰᠠᠨ ᠪᠠᠶᠢᠪᠠᠯ᠂ ᠬᠥᠮᠦᠨ ᠪᠦᠷᠢ ᠳᠤ 1500 ᠲᠥᠭᠦᠷᠢᠭ ᠤᠨ ᠪᠠᠷᠢᠮᠵᠢᠶ᠎ᠠ ᠪᠠᠷ᠂ ᠨᠢᠭᠡ ᠤᠳᠠᠭ᠎ᠠ ᠶᠢᠨ ᠴᠢᠨᠠᠷᠲᠠᠶ ᠠᠵᠢᠯ ᠤᠨ ᠪᠠᠶᠢᠷᠢ ᠶᠢ ᠥᠷᠭᠡᠳᠬᠡᠬᠦ ᠨᠥᠬᠦᠪᠥᠷᠢ ᠣᠯᠭᠤᠵᠤ᠂ ᠨᠢᠭᠡ ᠤᠳᠠᠭ᠎ᠠ ᠶᠢᠨ ᠴᠢᠨᠠᠷᠲᠠᠶ ᠠᠵᠢᠯ ᠣᠯᠭᠤᠯᠲᠠ ᠶᠢᠨ ᠨᠥᠬᠦᠪᠥᠷᠢ ᠶᠢ ᠰᠢᠩᠭᠡᠭᠡᠨ ᠠᠪᠬᠤ ᠲᠥᠷᠥ ᠶᠢᠨ ᠪᠣᠳᠣᠯᠭ᠎ᠠ ᠯᠤᠭ᠎ᠠ ᠳᠠᠬᠢᠨ ᠳᠠᠪᠲᠠᠨ ᠬᠦᠷᠲᠡᠭᠡᠬᠦ ᠥᠬᠡᠶ᠂ ᠬᠡᠷᠡᠭᠵᠢᠭᠦᠯᠬᠦ ᠬᠤᠭᠤᠴᠠᠭ᠎ᠠ ᠶᠢ 2022 ᠣᠨ ᠤ ᠵᠢᠯ ᠤᠨ ᠡᠴᠦᠰ ᠪᠣᠯᠲᠠᠯ᠎ᠠ ᠬᠡᠷᠡᠭᠵᠢᠭᠦᠯᠦᠨ᠎ᠡ᠃            ᠬᠠᠷᠢᠭᠤᠴᠠᠯᠭᠠᠲᠤ ᠨᠢᠭᠡᠴᠢ᠄ ᠠᠯᠠᠱᠠ ᠠᠶᠢᠮᠠᠭ ᠤᠨ ᠠᠵᠢᠯ ᠣᠯᠭᠤᠯᠲᠠ ᠶᠢᠨ ᠦᠶᠯᠡᠴᠢᠯᠡᠭᠡᠨ ᠤ ᠲᠥᠪ ᠭᠤᠣᠯᠯᠠᠨ ᠬᠠᠷᠢᠭᠤᠴᠠᠵᠤ᠂ ᠠᠯᠠᠱᠠ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠣᠯᠭᠤᠯᠲᠠ ᠶᠢ ᠠᠬᠢᠭᠤᠯᠬᠤ ᠰᠠᠯᠠᠭ᠎ᠠ᠂ ᠰᠠᠭᠤᠷᠢ ᠮᠥᠩᠭᠦ ᠶᠢᠨ ᠪᠠᠯᠠ ᠮᠥᠩᠭᠦ ᠶᠢᠨ ᠬᠢᠨᠠᠯᠲᠠ ᠶᠢᠨ ᠲᠠᠰᠤᠭ ᠬᠠᠮᠵᠢᠯᠴᠠᠨ ᠭᠦᠢᠴᠡᠳᠬᠡᠨ᠎ᠡ            ᠭᠠᠷᠲᠠᠨ ᠭᠦᠶᠴᠡᠳᠬᠡᠬᠦ ᠳᠤ᠄             ︵1︶ ᠠᠵᠤ ᠠᠬᠤᠶᠢᠯᠠᠯ ᠤᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ︵ᠠᠯᠪᠠᠨ ᠲᠠᠮᠠᠭ᠎ᠠ ᠶᠢ ᠳᠠᠷᠤᠨ᠎ᠠ︶᠂ ᠠᠵᠤ ᠠᠬᠤᠶᠢᠯᠠᠯ ᠤᠨ ᠪᠠᠩᠬᠢ ᠳᠤ ᠪᠠᠶᠢᠭᠤᠯᠤᠭᠰᠠᠨ ᠦᠨᠳᠦᠰᠦᠨ ᠳᠠᠩᠰᠠᠨ ᠡᠷᠦᠬᠡ ︵ᠳᠠᠩᠰᠠ ᠪᠠᠶᠢᠭᠤᠯᠬᠤ ᠵᠥᠪᠰᠢᠶᠡᠷᠡᠯ ᠤᠨ ᠦᠨᠡᠮᠯᠡᠯ︶᠂ ᠠᠵᠤ ᠠᠬᠤᠶᠢᠯᠠᠯ ᠬᠢᠭᠡᠳ ᠲᠡᠭᠦᠰᠬᠦ ᠣᠨ ᠤ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠲᠣᠭᠲᠠᠭᠰᠠᠨ ᠬᠥᠳᠡᠯᠮᠦᠷᠢ ᠶᠢᠨ ᠭᠡᠷ᠎ᠡ ᠶᠢᠨ ᠬᠤᠯᠪᠣᠭᠳᠠᠯ ᠪᠦᠬᠦᠢ ᠭᠡᠷᠡᠴᠢ ᠪᠠᠷᠢᠮᠲᠠ ︵ᠬᠠᠭᠤᠯᠪᠤᠷᠢ︶᠂ ᠲᠡᠭᠦᠰᠬᠦ ᠣᠨ ᠤ ᠳᠡᠭᠡᠳᠦ ᠰᠤᠷᠭᠠᠭᠤᠯᠢ ᠲᠡᠭᠦᠰᠦᠭᠰᠡᠳ ᠤᠨ ᠬᠦᠴᠦᠨ ᠪᠥᠬᠦᠶ ᠪᠡᠶ᠎ᠡ ᠶᠢᠨ ᠦᠨᠡᠮᠯᠡᠯ ︵ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠨᠡᠶᠢᠭᠡᠮ ᠤᠨ ᠪᠠᠲᠤᠯᠠᠭ᠎ᠠ ᠶᠢᠨ ᠺᠠᠷᠲ ᠪᠤᠶᠤ ᠵᠢᠯᠣᠭᠤᠴᠢ ᠶᠢᠨ ᠦᠨᠡᠮᠯᠡᠯ ᠵᠡᠷᠭᠡ ᠲᠡᠭᠦᠨ ᠤ ᠳᠣᠲᠣᠷᠠᠬᠢ ᠨᠢᠭᠡ ᠬᠠᠭᠤᠯᠪᠤᠷᠢ︶᠂ ᠲᠡᠭᠦᠰᠬᠦ ᠦᠨᠡᠮᠯᠡᠯ ︵ᠬᠠᠭᠤᠯᠪᠤᠷᠢ ︶᠂ ᠠᠵᠤ ᠠᠬᠤᠶᠢᠯᠠᠯ ᠤᠳ ᠲᠡᠭᠦᠰᠬᠦ ᠣᠨ ᠤ ᠳᠡᠭᠡᠳᠦ ᠰᠤᠷᠭᠠᠭᠤᠯᠢ ᠲᠡᠭᠦᠰᠦᠭᠰᠡᠳ ᠤᠨ ᠨᠡᠷ᠎ᠡ ᠶᠢᠨ ᠪᠦᠷᠢᠳᠬᠡᠯ ᠢ ᠰᠢᠩᠭᠡᠭᠡᠨ ᠠᠪᠴᠤ ᠪᠠᠶᠢᠭ᠎ᠠ ᠬᠤᠰᠢᠭᠤ ᠲᠣᠭᠤᠷᠢᠭ ᠤᠨ ᠣᠯᠠᠨ ᠨᠡᠶᠢᠲᠡ ᠶᠢᠨ ᠠᠵᠢᠯ ᠣᠯᠭᠤᠬᠤ ᠦᠶᠯᠡᠴᠢᠯᠡᠭᠡᠨ ᠤ ᠪᠠᠶᠢᠭᠤᠯᠤᠮᠵᠢ᠂ ᠦᠶᠯᠡᠴᠢᠯᠡᠭᠡᠨ ᠤ ᠴᠣᠩᠬᠤᠪᠴᠢ ᠠᠴᠠ ᠬᠦᠰᠡᠯᠲᠡ ᠪᠠᠨ ᠳᠡᠪᠰᠢᠭᠦᠯᠦᠨ᠎ᠡ᠃             ︵2︶ ᠪᠠᠶᠢᠭ᠎ᠠ ᠭᠠᠵᠠᠷ ᠤᠨ ᠠᠵᠢᠯ ᠣᠯᠭᠤᠬᠤ ᠰᠠᠯᠠᠭ᠎ᠠ ᠮᠥᠴᠢᠷ ᠠᠴᠠ ᠬᠢᠨᠠᠨ ᠬᠠᠷᠭᠤᠭᠤᠯᠤᠭᠰᠠᠨ ᠤ ᠳᠠᠷᠠᠭ᠎ᠠ ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ ᠵᠥᠪᠰᠢᠶᠡᠷᠡᠭᠦᠯᠵᠦ᠂ 5 ᠠᠵᠢᠯᠯᠠᠬᠤ ᠡᠳᠦᠷ ᠵᠠᠷᠯᠠᠨ ᠨᠡᠶᠢᠲᠡᠯᠡᠨ᠎ᠡ             ︵3︶ ᠭᠠᠷᠳᠠᠨ ᠬᠢᠬᠦ ᠪᠠᠶᠢᠭᠤᠯᠤᠮᠵᠢ ᠨᠢ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠨᠥᠬᠦᠪᠥᠷᠢ ᠮᠥᠩᠭᠦ ᠭᠤᠶᠤᠴᠢᠯᠠᠵᠤ᠂ ᠠᠵᠤ ᠠᠬᠤᠶᠢᠯᠠᠯ ᠤᠨ ᠲᠠᠩᠰᠠᠨ ᠡᠷᠦᠭᠡ ᠳᠤ ᠲᠠᠷᠬᠠᠭᠠᠨ᠎ᠠ᠃         ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠠᠮᠵᠢᠭᠤᠯᠤᠨ ᠨᠡᠶᠢᠲᠡᠯᠡᠭᠰᠡᠨ ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠵᠤ ᠠᠬᠤᠢ ᠶᠢᠨ ᠬᠠᠮ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠨᠠᠷᠢᠨ ᠳᠦᠷᠢᠮ︾
       ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号