| | ᠠᠯᠠᠱᠠ ᠵᠡᠭᠦᠨ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠠᠬᠤᠢ ᠶᠢᠨ ᠬᠡᠷᠡᠭᠯᠡᠭᠡᠨ ᠤ ᠬᠠᠶᠠᠭᠳᠠᠯ | ᠤᠰᠤ ᠶᠢ ᠴᠡᠪᠡᠷᠰᠢᠭᠦᠯᠬᠦ ᠲᠥᠬᠦᠭᠡᠷᠦᠮᠵᠢ ᠶᠢᠨ ᠠᠰᠢᠭᠯᠠᠯᠲᠠ ᠂ ᠵᠠᠰᠠᠪᠤᠷᠢ ᠦᠢᠯᠡᠴᠢᠯᠡᠭᠡ᠂ ᠬᠠᠮᠢᠶᠠᠷᠤᠯᠲᠠ ᠶᠢᠨ ᠠᠷᠭ᠎ᠠ | | ᠨᠢᠭᠡᠳᠦᠭᠡᠷ ᠪᠦᠯᠦᠭ ᠶᠡᠷᠦᠩᠬᠡᠢ ᠳᠦᠷᠢᠮ | | ᠨᠢᠭᠡᠳᠦᠭᠡᠷ ᠵᠦᠢᠯ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠠᠬᠤᠢ ᠶᠢᠨ ᠬᠡᠷᠡᠭᠯᠡᠭᠡᠨ ᠤ | ᠬᠠᠶᠠᠭᠳᠠᠯ ᠤᠰᠤ ᠶᠢ ᠴᠡᠪᠡᠷᠰᠢᠭᠦᠯᠬᠦ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠠᠬᠤᠢ ᠶᠢᠨ ᠬᠡᠷᠡᠭᠯᠡᠭᠡᠨ ᠤ ᠬᠠᠶᠠᠭᠳᠠᠯ ᠤᠰᠤ ᠶᠢ | ᠴᠡᠪᠡᠷᠰᠢᠭᠦᠯᠬᠦ ᠲᠥᠬᠦᠭᠡᠷᠦᠮᠵᠢ ᠶᠢᠨ ᠵᠠᠰᠠᠪᠤᠷᠢ ᠦᠢᠯᠡᠴᠢᠯᠡᠭᠡ ᠪᠠ ᠬᠠᠮᠢᠶᠠᠷᠤᠯᠲᠠ ᠶᠢ ᠴᠢᠩᠭᠠᠳᠬᠠᠨ᠂ ᠬᠠᠶᠠᠭᠳᠠᠯ | ᠤᠰᠤ ᠶᠢ ᠴᠡᠪᠡᠷᠰᠢᠭᠦᠯᠬᠦ ᠲᠥᠬᠦᠭᠡᠷᠦᠮᠵᠢ ᠶᠢᠨ ᠬᠡᠪ ᠤᠨ ᠥᠨᠳᠥᠷ ᠪᠦᠲᠦᠮᠵᠢᠲᠡᠶ᠂ ᠲᠣᠭᠲᠠᠭᠤᠨ ᠢᠶᠠᠷ ᠠᠵᠢᠯᠯᠠᠬᠤ ᠶᠢ | ᠪᠠᠲᠤᠯᠠᠬᠤ ᠶᠢᠨ ᠲᠤᠰᠠᠳᠠ᠂ ᠠᠯᠠᠱᠠ ᠵᠡᠭᠦᠨ ᠬᠤᠰᠢᠭᠤᠨ ᠤ ᠪᠣᠳᠠᠲᠠᠢ ᠲᠠᠢ ᠤᠶᠠᠯᠳᠤᠭᠤᠯᠤᠨ᠂ ᠠᠯᠠᠱᠠ ᠵᠡᠭᠦᠨ | ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠠᠬᠤᠢ ᠶᠢᠨ ᠬᠡᠷᠡᠭᠯᠡᠭᠡᠨ ᠤ ᠬᠠᠶᠠᠭᠳᠠᠯ ᠤᠰᠤ ᠶᠢ ᠴᠡᠪᠡᠷᠰᠢᠭᠦᠯᠬᠦ | ᠲᠥᠬᠦᠭᠡᠷᠦᠮᠵᠢ ᠶᠢᠨ ᠠᠰᠢᠭᠯᠠᠯᠲᠠ ᠂ ᠵᠠᠰᠠᠪᠤᠷᠢ ᠦᠢᠯᠡᠴᠢᠯᠡᠭᠡ᠂ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠣᠰ ᠠᠷᠭ᠎ᠠ ᠶᠢ ᠮᠠᠯᠵᠢᠬᠤ ᠲᠠᠷᠢᠶᠠᠯᠠᠬᠤ ᠣᠷᠣᠨ ᠤ ᠠᠬᠤᠢ ᠶᠢᠨ ᠬᠡᠷᠡᠭᠯᠡᠭᠡᠨ ᠤ | ᠬᠠᠶᠠᠭᠳᠠᠯ ᠤᠰᠤ ᠶᠢ ᠴᠡᠪᠡᠷᠰᠢᠭᠦᠯᠬᠦ ᠡᠭᠦᠷᠭᠡ ᠳᠤ ᠣᠷᠣᠭᠤᠯᠬᠤ ᠶᠢᠨ ᠬᠠᠮᠲᠤ ᠨᠢᠭᠡᠨᠲᠡ ᠰᠢᠯᠭᠠᠨ ᠠᠪᠬᠤ ᠳᠤ ᠬᠢᠷᠢ | ᠲᠡᠩᠴᠡᠭᠰᠡᠨ ᠮᠠᠯᠵᠢᠬᠤ ᠲᠠᠷᠢᠶᠠᠯᠠᠬᠤ ᠣᠷᠣᠨ ᠤ ᠠᠬᠤᠢ ᠶᠢᠨ ᠬᠡᠷᠡᠭᠯᠡᠭᠡᠨ ᠤ ᠬᠠᠶᠠᠭᠳᠠᠯ ᠤᠰᠤ ᠶᠢ ᠴᠡᠪᠡᠷᠰᠢᠭᠦᠯᠬᠦ | ᠲᠥᠬᠦᠭᠡᠷᠦᠮᠵᠢ ᠳᠤ ᠬᠡᠷᠡᠭᠯᠡᠨ᠎ᠡ᠃ | ᠭᠤᠷᠪᠠᠳᠤᠭᠠᠷ ᠵᠦᠢᠯ ᠮᠠᠯᠵᠢᠬᠤ ᠲᠠᠷᠢᠶᠠᠯᠠᠬᠤ ᠣᠷᠣᠨ ᠤ ᠠᠬᠤᠢ ᠶᠢᠨ ᠬᠡᠷᠡᠭᠯᠡᠭᠡᠨ ᠤ ᠬᠠᠶᠠᠭᠳᠠᠯ ᠤᠰᠤ ᠶᠢ | ᠴᠡᠪᠡᠷᠰᠢᠭᠦᠯᠬᠦ ᠲᠥᠬᠦᠭᠡᠷᠦᠮᠵᠢ ᠶᠢᠨ ᠠᠰᠢᠭᠯᠠᠯᠲᠠ ᠂ ᠵᠠᠰᠠᠪᠤᠷᠢ ᠦᠢᠯᠡᠴᠢᠯᠡᠭᠡ᠂ ᠬᠠᠮᠢᠶᠠᠷᠤᠯᠲᠠ ᠶᠢᠨ ᠠᠵᠢᠯ ᠤᠨ | ᠦᠨᠳᠦᠰᠦᠨ ᠡᠭᠦᠷᠭᠡ ᠪᠣᠯ ᠠᠬᠤᠢ ᠶᠢᠨ ᠬᠡᠷᠡᠭᠯᠡᠭᠡᠨ ᠤ ᠬᠠᠶᠠᠭᠳᠠᠯ ᠤᠰᠤ ᠶᠢ ᠴᠡᠪᠡᠷᠰᠢᠭᠦᠯᠬᠦ ᠲᠥᠬᠦᠭᠡᠷᠦᠮᠵᠢ ᠶᠢᠨ | ᠬᠡᠪ ᠤᠨ ᠪᠥᠭᠡᠳ ᠥᠨᠳᠥᠷ ᠦᠷ᠎ᠡ ᠪᠦᠲᠦᠮᠵᠢᠲᠡᠶ᠂ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠵᠤ᠂ ᠤᠰᠤ ᠶᠢ ᠨᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠬᠠᠶᠠᠭᠳᠠᠯ ᠤᠰᠤ ᠶᠢ ᠴᠡᠪᠡᠷᠰᠢᠭᠦᠯᠬᠦ | ᠪᠠᠷᠢᠮᠵᠢᠶ᠎ᠠ ᠱᠠᠭᠠᠷᠳᠠᠯᠭ᠎ᠠ ᠳᠤ ᠬᠦᠷᠦᠭᠦᠯᠬᠦ ᠶᠠᠪᠤᠳᠠᠯ ᠪᠣᠯᠤᠨ᠎ᠠ᠃ | | ᠬᠤᠶᠠᠳᠤᠭᠠᠷ ᠪᠦᠯᠦᠭ ᠠᠵᠢᠯ ᠤᠨ ᠡᠭᠦᠷᠭᠡ ᠬᠠᠷᠢᠭᠤᠴᠠᠯᠭ᠎ᠠ | | ᠳᠥᠷᠪᠡᠳᠦᠭᠡᠷ ᠵᠦᠢᠯ ᠬᠤᠰᠢᠭᠤᠨ ᠠᠷᠠᠳ ᠤᠨ ᠵᠠᠰᠠᠭ ᠤᠨ ᠣᠷᠳᠣᠨ ᠨᠢ ᠲᠣᠰ ᠵᠠᠰᠠᠭ ᠵᠠᠬᠢᠷᠭᠠᠨ ᠤ | ᠣᠷᠣᠨ ᠤ ᠳᠣᠲᠣᠷᠠᠬᠢ ᠮᠠᠯᠵᠢᠬᠤ ᠲᠠᠷᠢᠶᠠᠯᠠᠬᠤ ᠣᠷᠣᠨ ᠤ ᠠᠬᠤᠢ ᠶᠢᠨ ᠬᠡᠷᠡᠭᠯᠡᠭᠡᠨ ᠤ ᠬᠠᠶᠠᠭᠳᠠᠯ ᠤᠰᠤ ᠶᠢ | ᠴᠡᠪᠡᠷᠰᠢᠭᠦᠯᠬᠦ ᠲᠥᠬᠦᠭᠡᠷᠦᠮᠵᠢ ᠶᠢᠨ ᠠᠰᠢᠭᠯᠠᠯᠲᠠ ᠂ ᠵᠠᠰᠠᠪᠤᠷᠢ ᠦᠢᠯᠡᠴᠢᠯᠡᠭᠡ᠂ ᠬᠠᠮᠢᠶᠠᠷᠤᠯᠲᠠ ᠶᠢᠨ ᠠᠵᠢᠯ ᠢ | ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠶᠢ ᠬᠠᠷᠢᠭᠤᠴᠠᠵᠤ᠂ ᠲᠣᠰ ᠠᠷᠭ᠎ᠠ ᠶᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠠᠮᠢ ᠠᠬᠤᠢ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠨᠢ ᠣᠷᠣᠨ ᠪᠦᠰᠡ ᠶᠢᠨ | ᠳᠣᠲᠣᠷᠠᠬᠢ ᠮᠠᠯᠵᠢᠬᠤ ᠲᠠᠷᠢᠶᠠᠯᠠᠬᠤ ᠣᠷᠣᠨ ᠤ ᠠᠬᠤᠢ ᠶᠢᠨ ᠬᠡᠷᠡᠭᠯᠡᠭᠡᠨ ᠤ ᠬᠠᠶᠠᠭᠳᠠᠯ ᠤᠰᠤ ᠶᠢ ᠴᠡᠪᠡᠷᠰᠢᠭᠦᠯᠬᠦ | ᠲᠥᠬᠦᠭᠡᠷᠦᠮᠵᠢ ᠶᠢᠨ ᠠᠰᠢᠭᠯᠠᠯᠲᠠ ᠂ ᠵᠠᠰᠠᠪᠤᠷᠢ ᠦᠢᠯᠡᠴᠢᠯᠡᠭᠡ᠂ ᠬᠠᠮᠢᠶᠠᠷᠤᠯᠲᠠ ᠶᠢᠨ ᠠᠵᠢᠯ ᠳᠤ ᠬᠢᠨᠠᠯᠲᠠ ᠲᠠᠯᠪᠢᠵᠤ | ᠵᠢᠯᠤᠭᠤᠳᠬᠤ ᠶᠢ ᠬᠠᠷᠢᠭᠤᠴᠠᠨ᠎ᠠ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠲᠣᠰ ᠣᠷᠣᠨ ᠪᠦᠰᠡ ᠶᠢᠨ | ᠳᠣᠲᠣᠷᠠᠬᠢ ᠲᠠᠷᠢᠶᠠᠯᠠᠬᠤ ᠮᠠᠯᠵᠢᠬᠤ ᠣᠷᠣᠨ ᠤ ᠠᠬᠤᠢ ᠶᠢᠨ ᠬᠡᠷᠡᠭᠯᠡᠭᠡᠨ ᠤ ᠬᠠᠶᠠᠭᠳᠠᠯ ᠤᠰᠤ ᠶᠢ ᠴᠡᠪᠡᠷᠰᠢᠭᠦᠯᠬᠦ | ᠲᠥᠬᠦᠭᠡᠷᠦᠮᠵᠢ ᠶᠢᠨ ᠠᠰᠢᠭᠯᠠᠯᠲᠠ ᠂ ᠵᠠᠰᠠᠪᠤᠷᠢ ᠦᠢᠯᠡᠴᠢᠯᠡᠭᠡ᠂ ᠬᠠᠮᠢᠶᠠᠷᠤᠯᠲᠠ ᠶᠢᠨ ᠪᠡᠯᠡ ᠮᠥᠩᠭᠦ ᠶᠢ ᠰᠠᠯᠭᠠᠨ | ᠥᠭᠬᠦ ᠶᠢ ᠬᠠᠷᠢᠭᠤᠴᠠᠨ᠎ᠠ᠃ | | | ᠲᠠᠪᠤᠳᠤᠭᠠᠷ ᠵᠦᠢᠯ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯ ᠲᠣᠰ ᠵᠠᠰᠠᠭ | ᠵᠠᠬᠢᠷᠭᠠᠨ ᠤ ᠣᠷᠣᠨ ᠤ ᠳᠣᠲᠣᠷᠠᠬᠢ ᠮᠠᠯᠵᠢᠬᠤ ᠲᠠᠷᠢᠶᠠᠯᠠᠬᠤ ᠣᠷᠣᠨ ᠤ ᠠᠬᠤᠢ ᠶᠢᠨ ᠬᠡᠷᠡᠭᠯᠡᠭᠡᠨ ᠤ ᠬᠠᠶᠠᠭᠳᠠᠯ | ᠤᠰᠤ ᠶᠢ ᠴᠡᠪᠡᠷᠰᠢᠭᠦᠯᠬᠦ ᠲᠥᠬᠦᠭᠡᠷᠦᠮᠵᠢ ᠶᠢᠨ ᠠᠰᠢᠭᠯᠠᠯᠲᠠ ᠂ ᠵᠠᠰᠠᠪᠤᠷᠢ ᠦᠢᠯᠡᠴᠢᠯᠡᠭᠡ᠂ ᠬᠠᠮᠢᠶᠠᠷᠤᠯᠲᠠ ᠶᠢᠨ | ᠠᠵᠢᠯ ᠤᠨ ᠬᠠᠷᠢᠭᠤᠴᠠᠯᠭ᠎ᠠ ᠶᠢᠨ ᠭᠤᠣᠯ ᠴᠣᠭᠴᠠ ᠪᠣᠯᠣᠨ᠎ᠠ᠃ ᠮᠠᠯᠵᠢᠬᠤ ᠲᠠᠷᠢᠶᠠᠯᠠᠬᠤ ᠣᠷᠣᠨ ᠤ ᠠᠬᠤᠢ ᠶᠢᠨ | ᠬᠡᠷᠡᠭᠯᠡᠭᠡᠨ ᠤ ᠬᠠᠶᠠᠭᠳᠠᠯ ᠤᠰᠤ ᠶᠢ ᠴᠡᠪᠡᠷᠰᠢᠭᠦᠯᠬᠦ ᠲᠥᠬᠦᠭᠡᠷᠦᠮᠵᠢ ᠶᠢᠨ ᠠᠰᠢᠭᠯᠠᠯᠲᠠ ᠂ ᠵᠠᠰᠠᠪᠤᠷᠢ ᠦᠢᠯᠡᠴᠢᠯᠡᠭᠡ᠂ | ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠪᠣᠳᠠᠲᠠᠢ ᠬᠠᠷᠢᠭᠤᠴᠠᠵᠤ᠂ ᠬᠡᠷᠡᠭᠯᠡᠬᠦ | ᠬᠠᠮᠢᠶᠠᠷᠤᠯᠲᠠ ᠶᠢᠨ ᠵᠠᠭᠪᠤᠷ ᠢ ᠲᠣᠭᠲᠠᠭᠠᠨ᠂ ᠠᠰᠢᠭᠯᠠᠯᠲᠠ ᠂ ᠵᠠᠰᠠᠪᠤᠷᠢ ᠦᠢᠯᠡᠴᠢᠯᠡᠭᠡ᠂ ᠬᠠᠮᠢᠶᠠᠷᠤᠯᠲᠠ ᠶᠢᠨ | ᠵᠠᠷᠤᠳᠠᠯ ᠢ ᠨᠢᠭᠡᠳᠦᠯᠲᠡᠢ ᠲᠥᠯᠥᠪᠯᠡᠨ ᠬᠡᠷᠡᠭᠯᠡᠬᠦ ᠵᠢᠴᠢ ᠬᠢᠨᠠᠨ ᠬᠠᠮᠢᠶᠠᠷᠴᠤ᠂ ᠡᠳᠦᠷ ᠲᠤᠲᠤᠮ ᠤᠨ ᠠᠰᠢᠭᠯᠠᠯᠲᠠ ᠂ | ᠵᠠᠰᠠᠪᠤᠷᠢ ᠦᠢᠯᠡᠴᠢᠯᠡᠭᠡ᠂ ᠬᠠᠮᠢᠶᠠᠷᠤᠯᠲᠠ ᠶᠢᠨ ᠶᠢᠨ ᠬᠢᠨᠠᠨ ᠬᠠᠮᠢᠶᠠᠷᠬᠤ ᠪᠠ ᠦᠨᠡᠯᠡᠨ ᠵᠢᠱᠢᠵᠦ ᠰᠢᠯᠭᠠᠨ ᠬᠢᠨᠠᠬᠤ | ᠠᠵᠢᠯ ᠢ ᠥᠷᠨᠢᠭᠦᠯᠦᠨ᠎ᠡ᠃ | ᠵᠢᠷᠭᠤᠳᠤᠭᠠᠷ ᠵᠦᠢᠯ ᠡᠯ᠎ᠡ ᠭᠠᠴᠠᠭᠠᠨ ᠤ ᠭᠤᠣᠯ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ | ︵ᠨᠢᠭᠡ︶ ᠬᠠᠮᠢᠶᠠᠷᠤᠯᠲᠠ ᠶᠢᠨ ᠬᠠᠷᠢᠶ᠎ᠠ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠠᠬᠤᠢ ᠶᠢᠨ | ᠬᠡᠷᠡᠭᠯᠡᠭᠡᠨ ᠤ ᠬᠠᠶᠠᠭᠳᠠᠯ ᠤᠰᠤ ᠶᠢ ᠴᠡᠪᠡᠷᠰᠢᠭᠦᠯᠬᠦ ᠲᠥᠬᠦᠭᠡᠷᠦᠮᠵᠢ ᠶᠢᠨ ᠠᠰᠢᠭᠯᠠᠯᠲᠠ ᠂ ᠵᠠᠰᠠᠪᠤᠷᠢ ᠦᠢᠯᠡᠴᠢᠯᠡᠭᠡ᠂ | ᠬᠠᠮᠢᠶᠠᠷᠤᠯᠲᠠ ᠶᠢᠨ ᠠᠵᠢᠯ ᠳᠤ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠨ᠎ᠡ᠃ ᠠᠰᠢᠭᠯᠠᠯᠲᠠ ᠂ ᠵᠠᠰᠠᠪᠤᠷᠢ | ᠦᠢᠯᠡᠴᠢᠯᠡᠭᠡ᠂ ᠬᠠᠮᠢᠶᠠᠷᠤᠯᠲᠠ ᠶᠢᠨ ᠲᠥᠷᠥᠯ ᠪᠦᠷᠢ ᠶᠢᠨ ᠬᠡᠷᠡᠭ ᠶᠠᠪᠤᠳᠠᠯ᠂ ᠲᠥᠬᠦᠭᠡᠷᠦᠮᠵᠢ ᠶᠢᠨ | ᠬᠠᠮᠢᠶᠠᠷᠤᠯᠲᠠ ᠶᠢᠨ ᠠᠵᠢᠯᠲᠠᠨ ᠤ ᠵᠢᠱᠢᠭᠳᠡᠭᠴᠢ ᠪᠠ ᠨᠥᠬᠦᠪᠦᠷᠢ ᠶᠢ ᠵᠣᠬᠢᠶᠠᠨ ᠪᠠᠶᠢᠭᠤᠯᠤᠨ ᠰᠤᠳᠤᠯᠤᠨ ᠲᠣᠭᠲᠠᠭᠠᠨ᠎ᠠ | ᠃ | ︵ᠬᠤᠶᠠᠷ︶ ᠲᠠᠷᠢᠶᠠᠯᠠᠬᠤ ᠮᠠᠯᠵᠢᠬᠤ ᠣᠷᠣᠨ ᠤ ᠠᠬᠤᠢ ᠶᠢᠨ ᠬᠡᠷᠡᠭᠯᠡᠭᠡᠨ ᠤ ᠬᠠᠶᠠᠭᠳᠠᠯ ᠤᠰᠤ | ᠰᠢᠢᠳᠪᠦᠷᠢᠯᠡᠬᠦ ᠲᠥᠬᠦᠭᠡᠷᠦᠮᠵᠢ ᠶᠢᠨ ᠠᠰᠢᠭᠯᠠᠯᠲᠠ ᠶᠢᠨ ᠪᠠᠶᠢᠳᠠᠯ ᠬᠢᠭᠡᠳ ᠲᠥᠬᠦᠭᠡᠷᠦᠮᠵᠢ ᠶᠢᠨ ᠬᠠᠮᠢᠶᠠᠷᠤᠯᠲᠠ ᠶᠢᠨ | ᠠᠵᠢᠯᠲᠠᠨ ᠤ ᠡᠳᠦᠷ ᠲᠤᠳᠤᠮ ᠤᠨ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ ᠬᠡᠷᠡᠭᠲᠡᠢ | ︵ᠭᠤᠷᠪᠠ︶ ᠪᠡᠯᠡ ᠮᠥᠩᠭᠦ ᠴᠤᠭᠯᠠᠭᠤᠯᠤᠨ᠂ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠠᠵᠢᠯᠲᠠᠨ ᠤ | ᠨᠥᠬᠦᠪᠦᠷᠢ ᠵᠢᠴᠢ ᠬᠠᠶᠠᠭᠳᠠᠯ ᠤᠰᠤ ᠰᠢᠢᠳᠪᠦᠷᠢᠯᠡᠬᠦ ᠲᠥᠬᠦᠭᠡᠷᠦᠮᠵᠢ ᠶᠢ ᠰᠡᠯᠪᠢᠨ ᠵᠠᠰᠠᠬᠤ ᠶᠢ ᠨᠠᠶᠢᠳᠠᠪᠤᠷᠢᠵᠢᠭᠤᠯᠵᠤ᠂ | ᠰᠡᠯᠪᠢᠨ ᠵᠠᠰᠠᠬᠤ ᠪᠠᠷᠢᠯᠭ᠎ᠠ ᠶᠢᠨ ᠶᠠᠰᠤ ᠴᠢᠨᠠᠷ ᠪᠣᠯᠣᠨ ᠠᠶᠤᠯᠭᠦᠢ ᠶᠢ ᠬᠢᠨᠠᠨ ᠬᠠᠮᠢᠶᠠᠷᠬᠤ ᠬᠡᠷᠡᠭᠲᠡᠢ | ︵ᠳᠥᠷᠪᠡ︶ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠨ ᠤᠰᠤᠨ ᠤ ᠴᠢᠨᠠᠷ ᠤᠨ | ᠥᠯᠢᠭᠡᠷ ᠠᠪᠴᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠲᠠᠢ ᠬᠠᠮᠵᠢᠯᠴᠠᠨ ᠲᠣᠰ ᠲᠣᠰᠬᠤᠨ ᠤ ᠮᠠᠯᠵᠢᠬᠤ | ᠲᠠᠷᠢᠶᠠᠯᠠᠬᠤ ᠣᠷᠣᠨ ᠤ ᠠᠬᠤᠢ ᠶᠢᠨ ᠬᠡᠷᠡᠭᠯᠡᠭᠡᠨ ᠤ ᠬᠠᠶᠠᠭᠳᠠᠯ ᠤᠰᠤ ᠶᠢ ᠴᠡᠪᠡᠷᠰᠢᠭᠦᠯᠬᠦ ᠲᠥᠬᠦᠭᠡᠷᠦᠮᠵᠢ ᠶᠢᠨ | ᠠᠰᠢᠭᠯᠠᠯᠲᠠ ᠂ ᠵᠠᠰᠠᠪᠤᠷᠢ ᠦᠢᠯᠡᠴᠢᠯᠡᠭᠡ᠂ ᠬᠠᠮᠢᠶᠠᠷᠤᠯᠲᠠ ᠶᠢᠨ ᠠᠵᠢᠯ ᠢ ᠪᠠᠶᠢᠴᠠᠭᠠᠵᠤ ᠰᠢᠯᠭᠠᠨ ᠬᠢᠨᠠᠬᠤ ᠳᠤ | ᠬᠠᠮᠵᠢᠯᠴᠠᠨ᠎ᠠ | ᠡᠯ᠎ᠡ ᠭᠠᠴᠠᠭᠠᠨ ᠤ ᠭᠤᠣᠯ ᠬᠠᠷᠢᠭᠤᠴᠠᠯᠭᠠᠲᠠᠨ ᠨᠢ ᠬᠠᠶᠠᠭᠳᠠᠯ ᠤᠰᠤ ᠶᠢ ᠴᠡᠪᠡᠷᠰᠢᠭᠦᠯᠬᠦ ᠲᠥᠬᠦᠭᠡᠷᠦᠮᠵᠢ ᠶᠢᠨ | ᠭᠤᠣᠯ ᠬᠠᠷᠢᠭᠤᠴᠠᠯᠭᠠᠲᠠᠨ ᠨᠢ ᠪᠣᠯᠣᠨ᠎ᠠ᠃ ᠡᠯ᠎ᠡ ᠭᠠᠴᠠᠭ᠎ᠠ ᠨᠢ ᠬᠠᠷᠢᠭᠤᠴᠠᠯᠭᠠᠲᠤ ᠰᠡᠳᠬᠢᠯᠭᠡ ᠪᠠᠷ ᠨᠡᠯᠢᠶᠡᠳ | ᠴᠢᠩᠭ᠎ᠠ ᠦᠨᠳᠦᠰᠦᠨ ᠵᠠᠰᠠᠪᠤᠷᠢ ᠦᠢᠯᠡᠴᠢᠯᠡᠭᠡ ᠶᠢᠨ ᠮᠡᠷᠭᠡᠵᠢᠯ ᠢ ᠮᠡᠳᠡᠳᠡᠭ ᠨᠢᠭᠡ ᠲᠥᠬᠦᠭᠡᠷᠦᠮᠵᠢ ᠶᠢᠨ | ᠬᠠᠮᠢᠶᠠᠷᠤᠯᠲᠠ ᠶᠢᠨ ᠠᠵᠢᠯᠲᠠᠨ ᠢ ᠨᠠᠶᠢᠳᠠᠪᠤᠷᠢᠵᠢᠭᠤᠯᠵᠤ᠂ ᠬᠠᠶᠠᠭᠳᠠᠯ ᠤᠰᠤ ᠰᠢᠢᠳᠪᠦᠷᠢᠯᠡᠬᠦ ᠲᠥᠬᠦᠭᠡᠷᠦᠮᠵᠢ ᠶᠢᠨ | ᠠᠰᠢᠭᠯᠠᠯᠲᠠ ᠂ ᠵᠠᠰᠠᠪᠤᠷᠢ ᠦᠢᠯᠡᠴᠢᠯᠡᠭᠡ᠂ ᠬᠠᠮᠢᠶᠠᠷᠤᠯᠲᠠ ᠶᠢᠨ ᠠᠵᠢᠯ ᠢ ᠪᠣᠳᠠᠲᠠᠢ ᠬᠠᠷᠢᠭᠤᠴᠠᠨ ᠰᠠᠶᠢᠲᠤᠷ ᠬᠢᠵᠦ᠂ | ᠮᠠᠯᠵᠢᠬᠤ ᠲᠠᠷᠢᠶᠠᠯᠠᠬᠤ ᠣᠷᠣᠨ ᠤ ᠠᠬᠤᠢ ᠶᠢᠨ ᠬᠡᠷᠡᠭᠯᠡᠭᠡᠨ ᠤ ᠬᠠᠶᠠᠭᠳᠠᠯ ᠤᠰᠤ ᠰᠢᠢᠳᠪᠦᠷᠢᠯᠡᠬᠦ ᠲᠥᠬᠦᠭᠡᠷᠦᠮᠵᠢ ᠶᠢᠨ | ᠬᠢᠵᠠᠭᠠᠷᠯᠠᠯ ᠪᠤᠶᠤ ᠰᠡᠯᠭᠦᠭᠡ ᠴᠢᠨᠠᠷᠲᠠᠢ ᠪᠠᠷ ᠠᠵᠢᠯᠯᠠᠬᠤ ᠶᠢ ᠲᠠᠰᠤ ᠵᠣᠭᠰᠤᠭᠠᠬᠤ ᠬᠡᠷᠡᠭᠲᠡᠢ᠃ | ᠳᠣᠯᠣᠳᠤᠭᠠᠷ ᠵᠦᠢᠯ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠠᠵᠢᠯᠲᠠᠨ ᠤ ᠭᠤᠣᠯ ᠡᠭᠦᠷᠭᠡ | ᠬᠠᠷᠢᠭᠤᠴᠠᠯᠭ᠎ᠠ | ︵ᠨᠢᠭᠡ︶ ᠠᠵᠢᠯᠯᠠᠬᠤ ᠳᠦᠷᠢᠮ ᠢ ᠦᠨᠳᠦᠰᠦᠯᠡᠨ ᠮᠠᠯᠵᠢᠬᠤ ᠲᠠᠷᠢᠶᠠᠯᠠᠬᠤ ᠣᠷᠣᠨ ᠤ ᠠᠬᠤᠢ ᠶᠢᠨ | ᠬᠡᠷᠡᠭᠯᠡᠭᠡᠨ ᠤ ᠬᠠᠶᠠᠭᠳᠠᠯ ᠤᠰᠤ ᠶᠢ ᠴᠡᠪᠡᠷᠰᠢᠭᠦᠯᠬᠦ ᠲᠥᠬᠦᠭᠡᠷᠦᠮᠵᠢ ᠳᠤ ᠡᠳᠦᠷ ᠲᠤᠲᠤᠮ ᠤᠨ ᠪᠠᠶᠢᠴᠠᠭᠠᠯᠲᠠ ᠪᠠ | ᠵᠠᠰᠠᠪᠤᠷᠢ ᠦᠢᠯᠡᠴᠢᠯᠡᠭᠡ ᠬᠢᠬᠦ ᠶᠢᠨ ᠬᠠᠮᠲᠤ ᠰᠠᠶᠢᠲᠤᠷ ᠲᠡᠮᠳᠡᠭᠯᠡᠯ ᠬᠢᠬᠦ ᠬᠡᠷᠡᠭᠲᠡᠢ᠃ ᠬᠡᠪ ᠤᠨ ᠪᠤᠰᠤ ᠪᠠᠶᠢᠳᠠᠯ ᠢ | ᠣᠯᠵᠤ ᠮᠡᠳᠡᠪᠡᠯ ᠴᠠᠭ ᠲᠤᠬᠠᠢ ᠳᠤᠨᠢ ᠰᠢᠢᠳᠪᠦᠷᠢᠯᠡᠵᠦ᠂ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤᠨᠢ | ᠭᠠᠴᠠᠭᠠᠨ ᠤ ᠬᠠᠷᠢᠭᠤᠴᠠᠯᠭᠠᠲᠠᠨ ᠳᠤ ᠮᠡᠳᠡᠭᠦᠯᠬᠦ | ︵ᠬᠤᠶᠠᠷ︶ ᠮᠠᠯᠵᠢᠬᠤ ᠲᠠᠷᠢᠶᠠᠯᠠᠬᠤ ᠣᠷᠣᠨ ᠤ ᠠᠬᠤᠢ ᠶᠢᠨ ᠬᠡᠷᠡᠭᠯᠡᠭᠡᠨ ᠤ ᠬᠠᠶᠠᠭᠳᠠᠯ ᠤᠰᠤ ᠶᠢ | ᠴᠡᠪᠡᠷᠰᠢᠭᠦᠯᠬᠦ ᠲᠥᠬᠦᠭᠡᠷᠦᠮᠵᠢ ᠶᠢᠨ ᠡᠪᠳᠡᠷᠡᠯ ᠰᠦᠢᠳᠦᠯ ᠳᠤ ᠲᠣᠬᠢᠶᠠᠯᠳᠤᠪᠠᠯ᠂ ᠴᠠᠭ ᠲᠤᠬᠠᠢ ᠳᠤᠨᠢ ᠰᠡᠯᠪᠢᠨ | ᠵᠠᠰᠠᠬᠤ ᠬᠡᠷᠡᠭᠲᠡᠢ᠃ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠠᠵᠢᠯᠲᠠᠨ ᠰᠡᠯᠪᠢᠨ ᠵᠠᠰᠠᠵᠤ ᠳᠡᠶᠢᠯᠬᠦ ᠦᠭᠡᠢ ᠪᠣᠯ | ᠴᠠᠭ ᠲᠤᠬᠠᠢ ᠳᠤᠨᠢ ᠭᠠᠴᠠᠭᠠᠨ ᠤ ᠬᠠᠷᠢᠭᠤᠴᠠᠯᠭᠠᠲᠠᠨ ᠳᠤ ᠮᠡᠳᠡᠭᠦᠯᠬᠦ ᠶᠢᠨ ᠬᠠᠮᠲᠤ ᠰᠡᠯᠪᠢᠨ ᠵᠠᠰᠠᠬᠤ ᠰᠠᠨᠠᠯ ᠢᠶᠠᠨ | ᠳᠤᠷᠠᠳᠬᠤ ᠬᠡᠷᠡᠭᠲᠡᠢ᠃ | ︵ᠭᠤᠷᠪᠠ︶ ᠲᠥᠬᠦᠭᠡᠷᠦᠮᠵᠢ ᠶᠢᠨ ᠠᠮᠤᠷ ᠢ ᠬᠠᠮᠠᠭᠠᠯᠠᠬᠤ ᠠᠵᠢᠯ ᠢ ᠬᠠᠷᠢᠭᠤᠴᠠᠨ ᠰᠢᠢᠳᠪᠦᠷᠢᠯᠡᠵᠦ᠂ | ᠲᠥᠬᠦᠭᠡᠷᠦᠮᠵᠢ ᠶᠢᠨ ᠡᠪᠳᠡᠭᠳᠡᠬᠦ ᠪᠤᠶᠤ ᠬᠤᠯᠠᠭᠠᠶᠢᠯᠠᠭᠳᠠᠬᠤ ᠠᠴᠠ ᠰᠡᠷᠭᠡᠶᠢᠯᠡᠨ᠎ᠡ᠃ | ︵ᠳᠥᠷᠪᠡ︶ ᠬᠠᠶᠠᠭᠳᠠᠯ ᠤᠰᠤ ᠶᠢ ᠴᠡᠪᠡᠷᠰᠢᠭᠦᠯᠬᠦ ᠲᠥᠬᠦᠭᠡᠷᠦᠮᠵᠢ ᠶᠢᠨ ᠡᠷᠬᠢᠨ ᠲᠣᠭᠤᠷᠢᠨ ᠤ ᠣᠷᠴᠢᠨ | ᠲᠣᠭᠤᠷᠢᠨ ᠤ ᠠᠷᠢᠭᠤᠨ ᠴᠡᠪᠡᠷ ᠪᠠ ᠨᠣᠭᠤᠭᠠᠷᠠᠭᠤᠯᠵᠤ ᠵᠠᠰᠠᠪᠤᠷᠢ ᠦᠢᠯᠡᠴᠢᠯᠡᠭᠡ ᠶᠢᠨ ᠬᠠᠮᠢᠶᠠᠷᠤᠯᠲᠠ ᠶᠢ | ᠬᠠᠷᠢᠭᠤᠴᠠᠨ᠎ᠠ᠃ | ᠨᠠᠢᠮᠠᠳᠤᠭᠠᠷ ᠵᠦᠢᠯ ᠨᠥᠬᠦᠴᠡᠯ ᠲᠠᠢ ᠭᠠᠵᠠᠷ ᠣᠷᠣᠨ ᠤ ᠭᠤᠷᠪᠠᠳᠠᠭᠢ ᠡᠲᠡᠭᠡᠳ ᠤᠨ ᠨᠠᠶᠢᠳᠠᠨ | ᠬᠠᠮᠢᠶᠠᠷᠤᠭᠤᠯᠬᠤ ᠠᠰᠢᠭᠯᠠᠯᠲᠠ ᠂ ᠵᠠᠰᠠᠪᠤᠷᠢ ᠦᠢᠯᠡᠴᠢᠯᠡᠭᠡ᠂ ᠬᠠᠮᠢᠶᠠᠷᠤᠯᠲᠠ ᠶᠢᠨ ᠠᠵᠢᠯ ᠢ ᠵᠣᠷᠢᠭᠵᠢᠭᠤᠯᠤᠨ᠎ᠠ᠃ | ᠠᠷᠭ᠎ᠠ ᠮᠠᠶ᠋ᠢᠭ ᠢᠶᠠᠷ᠂ ᠬᠢᠷᠢ ᠴᠢᠳᠠᠮᠵᠢ ᠲᠠᠢ ᠠᠰᠢᠭᠯᠠᠯᠲᠠ ᠂ ᠵᠠᠰᠠᠪᠤᠷᠢ ᠦᠢᠯᠡᠴᠢᠯᠡᠭᠡ᠂ ᠬᠠᠮᠢᠶᠠᠷᠤᠯᠲᠠ ᠶᠢᠨ | ᠨᠢᠭᠡᠴᠢ ᠳᠤ ᠨᠠᠶᠢᠳᠠᠵᠤ ᠬᠠᠷᠢᠶᠠᠯᠠᠬᠤ ᠣᠷᠣᠨ ᠤ ᠳᠣᠲᠣᠷᠠᠬᠢ ᠲᠠᠷᠢᠶᠠᠯᠠᠬᠤ ᠮᠠᠯᠵᠢᠬᠤ ᠣᠷᠣᠨ ᠤ ᠠᠬᠤᠢ ᠶᠢᠨ | ᠬᠡᠷᠡᠭᠯᠡᠭᠡᠨ ᠤ ᠬᠠᠶᠠᠭᠳᠠᠯ ᠤᠰᠤ ᠶᠢ ᠴᠡᠪᠡᠷᠰᠢᠭᠦᠯᠬᠦ ᠲᠥᠬᠦᠭᠡᠷᠦᠮᠵᠢ ᠳᠤ ᠠᠵᠢᠯᠯᠠᠭᠠᠨ ᠢ ᠬᠠᠮᠠᠭᠠᠯᠠᠨ | ᠬᠠᠮᠢᠶᠠᠷᠤᠭᠤᠯᠤᠨ᠎ᠠ᠃ | | ᠭᠤᠷᠪᠠᠳᠤᠭᠠᠷ ᠪᠦᠯᠦᠭ ᠬᠠᠮᠢᠶᠠᠷᠤᠯᠲᠠ ᠶᠢᠨ ᠠᠵᠢᠯ ᠤᠨ ᠦᠨᠳᠦᠰᠦᠨ ᠳᠦᠷᠢᠮ | | ᠶᠢᠰᠦᠳᠦᠭᠡᠷ ᠵᠦᠢᠯ ᠡᠯ᠎ᠡ ᠰᠤᠮᠤ᠂ ᠪᠠᠯᠭᠠᠰᠤ ᠨᠢ 3 — 5 ᠬᠥᠮᠥᠨ ᠢᠶᠠᠷ ᠪᠦᠷᠢᠯᠳᠦᠭᠰᠡᠨ ᠮᠠᠯᠵᠢᠬᠤ | ᠲᠠᠷᠢᠶᠠᠯᠠᠬᠤ ᠣᠷᠣᠨ ᠤ ᠠᠬᠤᠢ ᠶᠢᠨ ᠬᠡᠷᠡᠭᠯᠡᠭᠡᠨ ᠤ ᠬᠠᠶᠠᠭᠳᠠᠯ ᠤᠰᠤ ᠶᠢ ᠴᠡᠪᠡᠷᠰᠢᠭᠦᠯᠬᠦ ᠲᠥᠬᠦᠭᠡᠷᠦᠮᠵᠢ ᠶᠢᠨ ᠡᠳᠦᠷ | ᠲᠤᠲᠤᠮ ᠤᠨ ᠠᠰᠢᠭᠯᠠᠯᠲᠠ ᠂ ᠵᠠᠰᠠᠪᠤᠷᠢ ᠦᠢᠯᠡᠴᠢᠯᠡᠭᠡ᠂ ᠬᠠᠮᠢᠶᠠᠷᠤᠯᠲᠠ ᠶᠢᠨ ᠬᠢᠨᠠᠯᠲᠠ ᠲᠠᠯᠪᠢᠬᠤ ᠠᠵᠢᠯ ᠤᠨ | ᠳᠤᠭᠤᠶᠢᠯᠠᠩ ᠢ ᠪᠠᠶᠢᠭᠤᠯᠵᠤ᠂ ᠵᠣᠬᠢᠬᠤ ᠳᠦᠷᠢᠮ ᠢ ᠪᠠᠶᠢᠭᠤᠯᠤᠨ᠂ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ | ᠠᠵᠢᠯ ᠤᠨ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠲᠣᠰᠬᠤᠨ ᠤ ᠲᠣᠭᠲᠠᠭᠠᠯ ᠠᠷᠠᠳ ᠤᠨ ᠭᠡᠷ᠎ᠡ ᠳᠤ | ᠣᠷᠣᠭᠤᠯᠬᠤ ᠬᠡᠷᠡᠭᠲᠡᠢ᠃ | ᠡᠯ᠎ᠡ ᠰᠤᠮᠤ᠂ ᠪᠠᠯᠭᠠᠰᠤ ᠶᠢᠨ ᠮᠠᠯᠵᠢᠬᠤ ᠲᠠᠷᠢᠶᠠᠯᠠᠬᠤ ᠣᠷᠣᠨ ᠤ ᠠᠬᠤᠢ ᠶᠢᠨ ᠬᠡᠷᠡᠭᠯᠡᠭᠡᠨ ᠤ ᠬᠠᠶᠠᠭᠳᠠᠯ | ᠤᠰᠤ ᠶᠢ ᠴᠡᠪᠡᠷᠰᠢᠭᠦᠯᠬᠦ ᠲᠥᠬᠦᠭᠡᠷᠦᠮᠵᠢ ᠶᠢᠨ ᠡᠳᠦᠷ ᠲᠤᠲᠤᠮ ᠤᠨ ᠠᠰᠢᠭᠯᠠᠯᠲᠠ ᠂ ᠵᠠᠰᠠᠪᠤᠷᠢ ᠦᠢᠯᠡᠴᠢᠯᠡᠭᠡ᠂ | ᠬᠠᠮᠢᠶᠠᠷᠤᠯᠲᠠ ᠶᠢᠨ ᠬᠢᠨᠠᠯᠲᠠ ᠲᠠᠯᠪᠢᠬᠤ ᠠᠵᠢᠯ ᠤᠨ ᠳᠤᠭᠤᠶᠢᠯᠠᠩ ᠨᠢ ᠤᠯᠠᠷᠢᠯ ᠪᠦᠷᠢ ᠡᠯ᠎ᠡ ᠲᠣᠰᠬᠤᠨ ᠤ | ᠠᠬᠤᠢ ᠶᠢᠨ ᠬᠡᠷᠡᠭᠯᠡᠭᠡᠨ ᠤ ᠬᠠᠶᠠᠭᠳᠠᠯ ᠤᠰᠤ ᠶᠢ ᠴᠡᠪᠡᠷᠰᠢᠭᠦᠯᠬᠦ ᠲᠥᠬᠦᠭᠡᠷᠦᠮᠵᠢ ᠶᠢᠨ ᠠᠵᠢᠯᠯᠠᠭᠠᠨ ᠢ ᠰᠡᠯᠪᠢᠨ | ᠵᠠᠰᠠᠵᠤ ᠬᠠᠮᠢᠶᠠᠷᠴᠤ ᠪᠠᠶᠢᠭ᠎ᠠ ᠪᠠᠶᠢᠳᠠᠯ ᠢ ᠪᠠᠶᠢᠴᠠᠭᠠᠵᠤ᠂ ᠡᠯ᠎ᠡ ᠲᠣᠰᠬᠤᠨ ᠤ ᠡᠳᠦᠷ ᠲᠤᠲᠤᠮ ᠤᠨ ᠠᠰᠢᠭᠯᠠᠯᠲᠠ ᠂ | ᠵᠠᠰᠠᠪᠤᠷᠢ ᠦᠢᠯᠡᠴᠢᠯᠡᠭᠡ᠂ ᠬᠠᠮᠢᠶᠠᠷᠤᠯᠲᠠ ᠶᠢᠨ ᠠᠵᠢᠯ ᠥᠷᠨᠢᠭᠦᠯᠬᠦ ᠶᠢ ᠴᠠᠭ ᠲᠤᠬᠠᠢ ᠳᠤᠨᠢ ᠬᠢᠨᠠᠨ ᠵᠢᠯᠤᠭᠤᠳᠬᠤ | ᠬᠡᠷᠡᠭᠲᠡᠢ᠃ | ᠠᠷᠪᠠᠳᠤᠭᠠᠷ ᠵᠦᠢᠯ ᠡᠯ᠎ᠡ ᠭᠠᠴᠠᠭ᠎ᠠ ᠨᠢ ᠮᠠᠯᠵᠢᠬᠤ ᠲᠠᠷᠢᠶᠠᠯᠠᠬᠤ ᠣᠷᠣᠨ ᠤ ᠠᠬᠤᠢ ᠶᠢᠨ ᠬᠡᠷᠡᠭᠯᠡᠭᠡᠨ ᠤ | ᠬᠠᠶᠠᠭᠳᠠᠯ ᠤᠰᠤ ᠶᠢ ᠴᠡᠪᠡᠷᠰᠢᠭᠦᠯᠬᠦ ᠲᠥᠬᠦᠭᠡᠷᠦᠮᠵᠢ ᠶᠢᠨ ᠰᠢᠭᠤᠳ ᠠᠰᠢᠭᠯᠠᠯᠲᠠ ᠶᠢᠨ ᠬᠠᠮᠢᠶᠠᠷᠤᠯᠲᠠ ᠶᠢᠨ ᠨᠢᠭᠡᠴᠢ | ᠪᠣᠯᠤᠭᠰᠠᠨ ᠤ ᠬᠤᠪᠢ ᠳᠤ᠂ ᠰᠤᠮᠤ᠂ ᠪᠠᠯᠭᠠᠰᠤ ᠶᠢᠨ ᠵᠠᠰᠠᠭ ᠤᠨ ᠣᠷᠳᠣᠨ ᠤ ᠵᠢᠯᠣᠭᠤᠳᠤᠯᠭ᠎ᠠ ᠪᠠ ᠬᠢᠨᠠᠯᠲᠠ | ᠲᠠᠯᠪᠢᠯᠲᠠ ᠶᠢᠨ ᠳᠣᠣᠷ᠎ᠠ᠂ ᠬᠠᠶᠠᠭᠳᠠᠯ ᠤᠰᠤ ᠶᠢ ᠴᠡᠪᠡᠷᠰᠢᠭᠦᠯᠬᠦ ᠲᠥᠬᠦᠭᠡᠷᠦᠮᠵᠢ ᠶᠢᠨ ᠠᠰᠢᠭᠯᠠᠯᠲᠠ ᠂ ᠵᠠᠰᠠᠪᠤᠷᠢ | ᠦᠢᠯᠡᠴᠢᠯᠡᠭᠡ᠂ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ | ᠠᠷᠪᠠᠨ ᠨᠢᠭᠡᠳᠦᠭᠡᠷ ᠵᠦᠢᠯ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠠᠵᠢᠯᠲᠠᠨ ᠤ ᠦᠨᠳᠦᠰᠦᠨ | ᠱᠠᠭᠠᠷᠳᠠᠯᠭ᠎ᠠ | ︵ᠨᠢᠭᠡ︶ ᠲᠠᠷᠢᠶᠠᠯᠠᠬᠤ ᠮᠠᠯᠵᠢᠬᠤ ᠣᠷᠣᠨ ᠤ ᠠᠬᠤᠢ ᠶᠢᠨ ᠬᠡᠷᠡᠭᠯᠡᠭᠡᠨ ᠤ ᠬᠠᠶᠠᠭᠳᠠᠯ ᠤᠰᠤ ᠶᠢ | ᠴᠡᠪᠡᠷᠰᠢᠭᠦᠯᠬᠦ ᠲᠤᠬᠠᠶᠢᠯᠠᠭᠰᠠᠨ ᠠᠵᠢᠯ ᠤᠨ ᠰᠤᠷᠭᠠᠯᠲᠠ ᠶᠢ ᠥᠩᠭᠡᠷᠡᠭᠡᠭᠰᠡᠨ ᠪᠠᠶᠢᠬᠤ ᠬᠡᠷᠡᠭᠲᠡᠢ | ︵ᠬᠤᠶᠠᠷ︶ ᠪᠦᠬᠦᠯᠢ60 ᠨᠠᠰᠤᠨ ᠠᠴᠠ ᠳᠣᠭᠤᠭᠰᠢ᠂ ᠪᠡᠶ᠎ᠡ ᠮᠠᠬᠠᠪᠤᠳ ᠡᠷᠡᠭᠦᠯ ᠴᠢᠭᠢᠷᠠᠭ᠃ | ︵ᠭᠤᠷᠪᠠ︶ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠤᠨ ᠡᠲᠡᠭᠡᠳ ︵ᠲᠥᠬᠦᠭᠡᠷᠦᠮᠵᠢ᠂ ᠤᠷᠠᠯᠠᠯ | ᠵᠡᠷᠭᠡ ᠶᠢ ᠪᠠᠭᠲᠠᠭᠠᠨ᠎ᠠ︶ ᠬᠠᠮᠠᠭᠠᠯᠠᠬᠤ ᠠᠷᠭ᠎ᠠ ᠪᠠ ᠬᠠᠮᠠᠭᠠᠯᠠᠬᠤ ᠮᠡᠷᠭᠡᠵᠢᠯ ᠤᠨ ᠭᠦᠢᠴᠡᠳᠬᠡᠬᠦ ᠲᠤᠭ᠎ᠠ ᠶᠢ ᠰᠠᠶᠢᠨ | ᠮᠡᠳᠡᠬᠦ ᠬᠡᠷᠡᠭᠲᠡᠢ ︵ᠲᠥᠬᠦᠭᠡᠷᠡᠮᠵᠢ ᠪᠠ ᠤᠷᠠᠯᠠᠯ ᠵᠡᠷᠭᠡ ᠶᠢ ᠪᠠᠭᠲᠠᠭᠠᠨ᠎ᠠ︶ ᠠᠴᠠ ᠬᠠᠮᠠᠭᠠᠯᠠᠬᠤ ᠠᠷᠭ᠎ᠠ ᠪᠠ | ᠬᠠᠮᠠᠭᠠᠯᠠᠬᠤ ᠮᠡᠷᠭᠡᠵᠢᠯ ᠤᠨ ᠭᠦᠢᠴᠡᠳᠬᠡᠬᠦ ᠲᠤᠭ᠎ᠠ ᠶᠢ ᠰᠠᠶᠢᠨ ᠮᠡᠳᠡᠬᠦ ᠬᠡᠷᠡᠭᠲᠡᠢ | ︵ᠳᠥᠷᠪᠡ︶ ᠲᠥᠬᠦᠭᠡᠷᠦᠮᠵᠢ ᠶᠢᠨ ᠠᠰᠢᠭᠯᠠᠯᠲᠠ ᠂ ᠵᠠᠰᠠᠪᠤᠷᠢ ᠦᠢᠯᠡᠴᠢᠯᠡᠭᠡ᠂ ᠬᠠᠮᠢᠶᠠᠷᠤᠯᠲᠠ ᠶᠢᠨ ᠠᠵᠢᠯ ᠢ | ᠬᠢᠨᠠᠮᠠᠭᠠᠢ ᠬᠠᠷᠢᠭᠤᠴᠠᠨ ᠰᠠᠶᠢᠲᠤᠷ ᠬᠢᠬᠦ ᠬᠡᠷᠡᠭᠲᠡᠢ᠃ | ᠠᠷᠪᠠᠨ ᠬᠤᠶᠠᠳᠤᠭᠠᠷ ᠵᠦᠢᠯ ᠮᠡᠷᠭᠡᠵᠢᠯ ᠤᠨ ᠲᠠᠩᠰᠠ ᠡᠪᠬᠡᠮᠡᠯ᠂ ᠮᠠᠲ᠋ᠧᠷᠢᠶᠠᠯ ᠪᠠ ᠠᠩᠬᠠᠨ ᠤ ᠲᠡᠮᠳᠡᠭᠯᠡᠯ ᠪᠣᠯ | ᠬᠠᠮᠠᠭᠠᠯᠠᠨ ᠬᠠᠮᠢᠶᠠᠷᠬᠤ ᠶᠢᠨ ᠦᠨᠳᠦᠰᠦᠯᠡᠯ ᠮᠥᠨ᠂ ᠡᠯ᠎ᠡ ᠰᠤᠮᠤ᠂ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ ᠨᠤᠭᠤᠳ ᠲᠠᠩᠰᠠ ᠡᠪᠬᠡᠮᠡᠯ ᠤᠨ ᠮᠠᠲ᠋ᠧᠷᠢᠶᠠᠯ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ | ᠪᠦᠷᠢᠨᠰᠢᠭᠦᠯᠵᠦ᠂ ᠲᠤᠰᠬᠠᠢ ᠬᠥᠮᠥᠨ ᠲᠣᠭᠲᠠᠭᠠᠨ ᠬᠠᠳᠠᠭᠠᠯᠠᠨ ᠬᠠᠮᠢᠶᠠᠷᠤᠭᠤᠯᠵᠤ᠂ ᠮᠠᠲ᠋ᠧᠷᠢᠶᠠᠯ ᠤᠨ ᠪᠦᠷᠢᠨ | ᠪᠦᠲᠦᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠳᠣᠣᠷᠠᠬᠢ ᠮᠠᠲᠧᠷᠢᠶᠠᠯ ᠪᠠᠶᠢᠬᠤ ᠬᠡᠷᠡᠭᠲᠡᠢ᠃ | ︵ᠨᠢᠭᠡ︶ ᠪᠠᠷᠢᠯᠭ᠎ᠠ ᠶᠢᠨ ᠲᠥᠬᠦᠭᠡᠷᠦᠮᠵᠢ᠂ ᠪᠠᠷᠢᠯᠭ᠎ᠠ ᠶᠢᠨ ᠠᠵᠢᠯ᠂ ᠪᠠᠷᠢᠯᠭ᠎ᠠ ᠶᠢᠨ ᠠᠵᠢᠯ ᠳᠠᠭᠤᠰᠤᠭᠰᠠᠨ | ᠮᠠᠲ᠋ᠧᠷᠢᠶᠠᠯ ᠪᠠ ᠰᠢᠯᠭᠠᠨ ᠬᠤᠷᠢᠶᠠᠵᠤ ᠰᠢᠯᠵᠢᠭᠦᠯᠦᠨ ᠲᠤᠰᠢᠶᠠᠭᠰᠠᠨ ᠲᠡᠮᠳᠡᠭᠯᠡᠯ ᠵᠡᠷᠭᠡ | ︵ᠬᠤᠶᠠᠷ︶ ᠰᠢᠢᠳᠪᠦᠷᠢᠯᠡᠬᠦ ᠲᠥᠬᠦᠭᠡᠷᠦᠮᠵᠢ ᠶᠢᠨ ᠲᠣᠳᠣᠷᠬᠠᠶᠢᠯᠠᠯᠲᠠ ᠶᠢᠨ ᠪᠢᠴᠢᠭ᠂ ᠬᠥᠬᠡ ᠵᠢᠷᠤᠭ᠂ | ᠵᠠᠰᠠᠪᠤᠷᠢ ᠦᠢᠯᠡᠴᠢᠯᠡᠭᠡ ᠶᠢᠨ ᠭᠠᠷ ᠳᠡᠪᠲᠡᠷ᠃ | ︵ᠭᠤᠷᠪᠠ︶ ᠲᠥᠷᠥᠯ ᠪᠦᠷᠢ ᠶᠢᠨ ᠳᠦᠷᠢᠮ ᠲᠣᠭᠲᠠᠭᠠᠯ᠂ ᠲᠧᠭᠨᠢᠭ ᠮᠡᠷᠭᠡᠵᠢᠯ ᠤᠨ ᠵᠢᠷᠤᠮᠵᠢᠯ ᠪᠠ | ᠵᠠᠰᠠᠪᠤᠷᠢ ᠦᠢᠯᠡᠴᠢᠯᠡᠭᠡ ᠶᠢᠨ ᠭᠦᠢᠴᠡᠳᠬᠡᠬᠦ ᠲᠤᠭ᠎ᠠ᠂ ᠲᠧᠭᠨᠢᠭ ᠮᠡᠷᠭᠡᠵᠢᠯ ᠤᠨ ᠪᠢᠴᠢᠭ ᠮᠠᠲ᠋ᠧᠷᠢᠶᠠᠯ ᠪᠠ ᠬᠤᠯᠪᠣᠭᠳᠠᠯ | ᠪᠦᠬᠦᠢ ᠲᠣᠭᠲᠠᠭᠠᠯ ᠵᠡᠷᠭᠡ | ︵ᠳᠥᠷᠪᠡ︶ ᠠᠩᠬᠠᠨ ᠤ ᠲᠡᠮᠳᠡᠭᠯᠡᠯ᠂ ᠬᠦᠨᠳᠦ ᠨᠣᠴᠢᠲᠠᠢ ᠰᠠᠭᠠᠳ ᠤᠨ ᠮᠡᠳᠡᠭᠦᠯᠦᠯᠲᠡ ᠵᠢᠴᠢ | ᠰᠢᠢᠳᠪᠦᠷᠢᠯᠡᠭᠰᠡᠨ ᠦᠷ᠎ᠡ ᠳ᠋ᠦᠩ | ︵ᠲᠠᠪᠤ︶ ᠣᠨ ᠤ ᠪᠠᠶᠢᠴᠠᠭᠠᠨ ᠵᠠᠰᠠᠬᠤ ᠰᠢᠯᠭᠠᠯᠲᠠ ᠶᠢᠨ ᠲᠡᠮᠳᠡᠭᠯᠡᠯ | ︵ᠵᠢᠷᠭᠤᠭ᠎ᠠ︶ ᠠᠵᠢᠯᠯᠠᠭᠠᠨ ᠢ ᠬᠠᠮᠠᠭᠠᠯᠠᠭᠰᠠᠨ ᠲᠡᠮᠳᠡᠭᠯᠡᠯ᠃ | | ᠳᠥᠷᠪᠡᠳᠦᠭᠡᠷ ᠪᠦᠯᠦᠭ ᠠᠰᠢᠭᠯᠠᠯᠲᠠ ᠂ ᠵᠠᠰᠠᠪᠤᠷᠢ ᠦᠢᠯᠡᠴᠢᠯᠡᠭᠡ᠂ ᠬᠠᠮᠢᠶᠠᠷᠤᠯᠲᠠ ᠶᠢᠨ ᠠᠵᠢᠯ ᠤᠨ | ᠠᠭᠤᠯᠭ᠎ᠠ | | ᠠᠷᠪᠠᠨ ᠭᠤᠷᠪᠠᠳᠤᠭᠠᠷ ᠵᠦᠢᠯ ᠠᠮᠢ ᠠᠬᠤᠢ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠤᠳ ᠬᠠᠭᠠᠰ | ᠵᠢᠯ ᠪᠦᠷᠢ ᠵᠣᠬᠢᠬᠤ ᠬᠢᠷᠢ ᠴᠢᠳᠠᠮᠵᠢ ᠲᠠᠢ ᠤᠰᠤᠨ ᠤ ᠴᠢᠨᠠᠷ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠶᠢ ᠵᠣᠬᠢᠶᠠᠨ | ᠪᠠᠶᠢᠭᠤᠯᠤᠨ ᠥᠷᠨᠢᠭᠦᠯᠬᠦ ᠪᠤᠶᠤ ᠨᠠᠶᠢᠳᠠᠵᠤ ᠪᠠᠶᠢᠭᠠᠳ ᠲᠣᠰ ᠣᠷᠣᠨ ᠪᠦᠰᠡ ᠶᠢᠨ ᠳᠣᠲᠣᠷᠠᠬᠢ ᠲᠠᠷᠢᠶᠠᠯᠠᠬᠤ | ᠮᠠᠯᠵᠢᠬᠤ ᠣᠷᠣᠨ ᠤ ᠠᠬᠤᠢ ᠶᠢᠨ ᠬᠡᠷᠡᠭᠯᠡᠭᠡᠨ ᠤ ᠬᠠᠶᠠᠭᠳᠠᠯ ᠤᠰᠤ ᠶᠢ ᠴᠡᠪᠡᠷᠰᠢᠭᠦᠯᠬᠦ ᠲᠥᠬᠦᠭᠡᠷᠦᠮᠵᠢ ᠶᠢᠨ | ᠣᠷᠣᠭᠤᠯᠵᠤ ᠭᠠᠷᠭᠠᠬᠤ ᠤᠰᠤᠨ ᠤ ᠴᠢᠨᠠᠷ ᠢ ᠪᠠᠶᠢᠴᠠᠭᠠᠨ ᠰᠢᠯᠭᠠᠬᠤ ᠶᠢ ᠥᠷᠨᠢᠭᠦᠯᠵᠦ᠂ ᠬᠠᠶᠠᠭᠳᠠᠯ ᠤᠰᠤ ᠶᠢ | ᠴᠡᠪᠡᠷᠰᠢᠭᠦᠯᠬᠦ ᠲᠥᠬᠦᠭᠡᠷᠦᠮᠵᠢ ᠶᠢᠨ ᠤᠰᠤᠨ ᠤ ᠴᠢᠨᠠᠷ ᠢ ᠰᠢᠢᠳᠪᠦᠷᠢᠯᠡᠭᠰᠡᠨ ᠪᠠᠶᠢᠳᠠᠯ ᠳᠤ ᠦᠨᠡᠯᠡᠨ ᠵᠢᠱᠢᠯᠲᠡ ᠬᠢᠵᠦ᠂ | ᠬᠡᠷᠡᠭᠰᠡᠬᠦ ᠵᠠᠷᠤᠳᠠᠯ ᠢ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠡᠳ᠋ ᠤᠨ | ᠵᠠᠰᠠᠭ ᠤᠨ ᠲᠥᠰᠥᠪ ᠲᠤ ᠣᠷᠣᠭᠤᠯᠬᠤ ᠬᠡᠷᠡᠭᠲᠡᠢ᠃ | ᠠᠷᠪᠠᠨ ᠳᠥᠷᠪᠡᠳᠦᠭᠡᠷ ᠵᠦᠢᠯ ᠠᠰᠢᠭᠯᠠᠯᠲᠠ ᠶᠢᠨ ᠬᠠᠮᠢᠶᠠᠷᠤᠯᠲᠠ ᠶᠢᠨ ᠨᠢᠭᠡᠴᠢ ᠨᠢ ᠬᠠᠶᠠᠭᠳᠠᠯ ᠤᠰᠤ ᠶᠢ | ᠴᠡᠪᠡᠷᠰᠢᠭᠦᠯᠬᠦ ᠲᠥᠬᠦᠭᠡᠷᠦᠮᠵᠢ ᠶᠢᠨ ᠲᠣᠶᠢᠮᠣ ᠪᠠᠶᠢᠳᠠᠯ᠂ ᠬᠠᠪᠲᠠᠭᠠᠢ ᠪᠠᠶᠢᠷᠢᠯᠠᠭᠤᠯᠤᠯᠲᠠ ᠶᠢᠨ ᠵᠢᠷᠤᠭ᠂ | ᠠᠰᠢᠭᠯᠠᠯᠲᠠ ᠶᠢᠨ ᠨᠠᠷᠢᠨ ᠳᠦᠷᠢᠮ ᠵᠢᠴᠢ ᠬᠤᠭᠤᠯᠠᠢ ᠶᠢᠨ ᠲᠣᠣᠷ ᠢ ᠪᠠᠶᠢᠴᠠᠭᠠᠨ ᠵᠠᠰᠠᠬᠤ᠂ ᠲᠥᠬᠦᠭᠡᠷᠦᠮᠵᠢ ᠶᠢ | ᠠᠰᠢᠭᠯᠠᠯᠲᠠ ᠶᠢᠨ ᠠᠶᠦᠯᠭᠦᠢ ᠶᠢᠨ ᠳᠦᠷᠢᠮ᠂ ᠬᠠᠷᠢᠭᠤᠴᠠᠯᠭ᠎ᠠ ᠲᠠᠢ ᠬᠥᠮᠥᠨ᠂ ᠬᠠᠮᠢᠶᠠᠷᠤᠯᠲᠠ ᠶᠢᠨ ᠠᠵᠢᠯᠲᠠᠨ ᠤ | ᠨᠡᠷᠡᠰ ᠵᠡᠷᠭᠡ ᠶᠢ ᠬᠡᠷᠡᠮ ᠳᠤ ᠭᠠᠷᠭᠠᠨ ᠲᠣᠳᠣᠷᠬᠠᠢ ᠢᠯᠡᠳᠬᠡᠬᠦ ᠶᠢᠨ ᠬᠠᠮᠲᠤ ᠠᠰᠢᠭᠯᠠᠯᠲᠠ ᠶᠢᠨ ᠲᠡᠮᠳᠡᠭᠯᠡᠯ ᠢ | ᠵᠢᠷᠤᠮᠵᠢᠭᠤᠯᠤᠨ ᠲᠠᠭᠯᠠᠨ ᠪᠢᠴᠢᠬᠦ ᠬᠡᠷᠡᠭᠲᠡᠢ᠃ | | | ᠠᠷᠪᠠᠨ ᠲᠠᠪᠤᠳᠤᠭᠠᠷ ᠵᠦᠢᠯ ᠠᠰᠢᠭᠯᠠᠯᠲᠠ ᠶᠢᠨ ᠬᠠᠮᠢᠶᠠᠷᠤᠯᠲᠠ ᠶᠢᠨ ᠨᠢᠭᠡᠴᠢ ᠨᠢ ᠮᠠᠯᠵᠢᠬᠤ ᠲᠠᠷᠢᠶᠠᠯᠠᠬᠤ | ᠣᠷᠣᠨ ᠤ ᠠᠬᠤᠢ ᠶᠢᠨ ᠬᠡᠷᠡᠭᠯᠡᠭᠡᠨ ᠤ ᠬᠠᠶᠠᠭᠳᠠᠯ ᠤᠰᠤ ᠶᠢ ᠴᠡᠪᠡᠷᠰᠢᠭᠦᠯᠬᠦ ᠲᠥᠬᠦᠭᠡᠷᠦᠮᠵᠢ ᠶᠢ ᠲᠣᠭᠲᠠᠮᠠᠯ | ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠵᠤ᠂ ᠵᠤᠷᠰᠢᠯ ᠤᠨ ᠪᠠᠶᠢᠴᠠᠭᠠᠯᠲᠠ ᠶᠢᠨ ᠲᠡᠮᠳᠡᠭᠯᠡᠯ ᠪᠠ | ᠠᠰᠢᠭᠯᠠᠯᠲᠠ ᠶᠢᠨ ᠲᠡᠮᠳᠡᠭᠯᠡᠯ ᠢ ᠰᠠᠶᠢᠲᠤᠷ ᠬᠢᠬᠦ ᠬᠡᠷᠡᠭᠲᠡᠢ᠃ ᠭᠤᠣᠯᠳᠠᠭᠤ ᠳᠣᠣᠷᠠᠬᠢ ᠮᠡᠲᠦ ᠬᠠᠮᠠᠭᠠᠯᠠᠬᠤ | ᠠᠭᠤᠯᠭ᠎ᠠ ᠶᠢ ᠪᠠᠭᠲᠠᠭᠠᠨ᠎ᠠ | ︵ᠨᠢᠭᠡ︶ ᠪᠣᠬᠢᠷ ᠤᠰᠤᠨ ᠤ ᠬᠤᠳᠳᠤᠭ᠂ ᠳᠠᠮᠵᠢᠭᠤᠯᠬᠤ ᠬᠤᠭᠤᠯᠠᠢ ᠪᠠ ᠪᠣᠬᠢᠷ ᠤᠰᠤ ᠶᠢ ᠬᠤᠷᠢᠶᠠᠨ | ᠴᠤᠭᠯᠠᠭᠤᠯᠬᠤ ᠭᠤᠤ ᠰᠤᠪᠠᠭ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ᠂ ᠲᠤᠨᠤᠮᠠᠯ ᠪᠣᠳᠠᠰ ᠢ ᠴᠡᠪᠡᠷᠯᠡᠨ᠂ | ᠳᠠᠮᠵᠢᠭᠤᠯᠬᠤ ᠬᠤᠭᠤᠯᠠᠢ ᠪᠠ ᠭᠤᠤ ᠰᠤᠪᠠᠭ ᠤᠨ ᠤᠷᠤᠰᠬᠠᠯ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ | ᠬᠡᠷᠡᠭᠲᠡᠢ | ︵ᠬᠤᠶᠠᠷ︶ ᠰᠠᠷ᠎ᠠ ᠳᠤ ᠠᠳᠠᠭ ᠲᠠᠭᠠᠨ ᠰᠠᠷ᠎ᠠ ᠳᠤ ᠨᠢᠭᠡ ᠤᠳᠠᠭ᠎ᠠ ᠰᠠᠷᠠᠯᠵᠢ ᠶᠢᠨ ᠰᠢᠭᠠᠷᠤ ᠶᠢ ᠴᠡᠪᠡᠷᠯᠡᠵᠦ᠂ | ᠰᠠᠷᠠᠯᠵᠢ ᠶᠢᠨ ᠬᠤᠳᠳᠤᠭ ᠤᠨ ᠬᠡᠪ ᠤᠨ ᠴᠢᠳᠠᠮᠵᠢ ᠶᠢ ᠪᠠᠲᠤᠯᠠᠨ᠎ᠠ | ︵ᠭᠤᠷᠪᠠ︶ ᠵᠣᠬᠢᠴᠠᠭᠤᠯᠬᠤ ᠴᠦᠬᠦᠷᠡᠮ ᠢ ᠬᠠᠭᠠᠰ ᠵᠢᠯ ᠳᠤ ᠨᠢᠭᠡ ᠤᠳᠠᠭ᠎ᠠ ᠴᠡᠪᠡᠷᠯᠡᠨ᠂ ᠡᠯᠡᠰᠦ ᠰᠢᠪᠠᠷ | ᠬᠤᠷᠠᠭᠰᠠᠨ ᠠᠴᠠ ᠪᠣᠯᠵᠤ ᠤᠰᠤᠨ ᠬᠥᠭᠡᠷᠭᠡ ᠪᠥᠭᠯᠡᠷᠡᠬᠦ ᠶᠢ ᠰᠡᠷᠭᠡᠶᠢᠯᠡᠨ᠎ᠡ | ︵ᠲᠦᠷᠪᠡ︶ ᠵᠢᠯ ᠪᠦᠷᠢ ᠬᠦᠴᠢᠯᠲᠥ᠋ᠷᠥᠭᠴᠢ ᠵᠢᠭᠰᠢᠬᠦ ᠴᠥᠭᠦᠷᠥᠮ ᠢ ᠨᠢᠭᠡ ᠤᠳᠠᠭ᠎ᠠ ᠴᠡᠪᠡᠷᠯᠡᠵᠦ | ᠪᠣᠬᠢᠷᠲᠤᠯ ᠰᠢᠷᠣᠢ ᠬᠤᠷᠠᠭᠰᠠᠨ ᠠᠴᠠ ᠰᠡᠷᠭᠡᠶᠢᠯᠡᠬᠦ ᠬᠡᠷᠡᠭᠲᠡᠢ᠃ ᠬᠦᠴᠢᠯᠲᠥ᠋ᠷᠥᠭᠴᠢ ᠵᠢᠭᠰᠢᠬᠦ ᠴᠥᠭᠦᠷᠥᠮ ᠳᠤ | ᠤᠷᠢᠳ ᠢᠶᠠᠷ ᠪᠦᠬᠦ ᠪᠠᠶᠢᠴᠠᠭᠠᠯᠲᠠ ᠶᠢᠨ ᠬᠤᠳᠳᠤᠭ ᠤᠨ ᠠᠮᠠᠰᠠᠷ ᠢ ᠨᠡᠭᠡᠭᠡᠵᠦ ᠠᠯᠪᠠᠳᠠᠯᠭ᠎ᠠ ᠪᠠᠷ ᠰᠠᠯᠬᠢ | ᠨᠡᠪᠲᠡᠷᠡᠭᠦᠯᠬᠦ ᠬᠡᠷᠡᠭᠲᠡᠢ᠂ ᠠᠮᠤᠷ ᠲᠦᠪᠰᠢᠨ ᠢ ᠪᠠᠲᠤᠯᠠᠭᠰᠠᠨ ᠪᠠᠶᠢᠳᠠᠯ ᠳᠣᠣᠷ᠎ᠠ ᠰᠠᠶ᠋ᠢ ᠣᠷᠣᠵᠤ ᠪᠣᠯᠤᠨ᠎ᠠ᠂ | ᠠᠮᠢᠰᠬᠤᠭ᠎ᠠ ᠪᠥᠭᠯᠡᠷᠡᠬᠦ ᠪᠤᠶᠤ ᠬᠤᠣᠷᠳᠠᠭᠳᠠᠬᠤ ᠠᠳᠠᠯ ᠭᠠᠷᠬᠤ ᠶᠢ ᠰᠡᠷᠭᠡᠶᠢᠯᠡᠨ ᠬᠤᠷᠢᠭᠯᠠᠨ᠎ᠠ᠃ | ︵ᠲᠠᠪᠤ︶ ᠲᠣᠨᠤᠭ ᠲᠥᠬᠦᠭᠡᠷᠦᠮᠵᠢ ᠶᠢ ᠬᠡᠷᠡᠭᠯᠡᠬᠦ ᠲᠣᠳᠣᠷᠬᠠᠶᠢᠯᠠᠯᠲᠠ ᠶᠢᠨ ᠱᠠᠭᠠᠷᠳᠠᠯᠭ᠎ᠠ ᠶᠣᠰᠣᠭᠠᠷ | ᠲᠣᠭᠲᠠᠮᠠᠯ ᠬᠤᠭᠤᠴᠠᠭ᠎ᠠ ᠲᠠᠢ ᠪᠠᠷ ᠤᠰᠤᠨ ᠬᠥᠭᠡᠷᠭᠡ᠂ ᠦᠯᠢᠶᠡᠭᠦᠷ ᠮᠠᠰᠢᠨ ᠵᠡᠷᠭᠡ ᠮᠠᠰᠢᠨ ᠴᠠᠬᠢᠯᠭᠠᠨ ᠤ | ᠲᠥᠬᠦᠭᠡᠷᠦᠮᠵᠢ ᠶᠢ ᠪᠠᠶᠢᠴᠠᠭᠠᠨ ᠬᠠᠮᠠᠭᠠᠯᠠᠨ᠎ᠠ᠃ | ︵ᠵᠢᠷᠭᠤᠭ᠎ᠠ︶ ᠪᠣᠬᠢᠷ ᠤᠰᠤ ᠶᠢ ᠰᠢᠢᠳᠪᠦᠷᠢᠯᠡᠬᠦ ᠶᠠᠪᠤᠴᠠ ᠳᠤ ᠡᠭᠦᠰᠦᠭᠰᠡᠨ ᠪᠣᠬᠢᠷ ᠰᠢᠪᠠᠷ ᠢ ᠴᠠᠭ | ᠲᠤᠬᠠᠢ ᠳᠤ ᠨᠢ ᠴᠡᠪᠡᠷᠯᠡᠨ ᠠᠷᠢᠯᠭᠠᠬᠤ ᠶᠢᠨ ᠬᠠᠮᠲᠤ ᠬᠢᠷᠢ ᠭᠡᠮ ᠲᠠᠢ ᠨᠢᠭᠡᠴᠢ ᠳᠤ ᠲᠤᠰᠢᠶᠠᠨ ᠰᠢᠢᠳᠪᠦᠷᠢᠯᠡᠭᠦᠯᠵᠡᠢ᠃ | ︵ᠳᠤᠯᠤᠭ᠎ᠠ︶ ᠲᠣᠭᠲᠠᠮᠠᠯ ᠬᠤᠭᠤᠴᠠᠭ᠎ᠠ ᠲᠠᠢ ᠪᠠᠷ ᠬᠠᠮᠢᠶ᠎ᠠ ᠪᠦᠬᠦᠢ ᠬᠤᠳᠳᠤᠭ ᠤᠨ ᠠᠮᠠᠰᠠᠷ ᠵᠢᠴᠢ ᠡᠯ᠎ᠡ | ᠵᠦᠢᠯ ᠤᠨ ᠬᠠᠪᠬᠠᠭᠠᠰᠤ ᠶᠢᠨ ᠪᠦᠷᠢᠨ ᠪᠦᠲᠦᠨ ᠴᠢᠨᠠᠷ᠂ ᠠᠮᠤᠷ ᠲᠦᠪᠰᠢᠨ ᠴᠢᠨᠠᠷ ᠢ ᠪᠠᠶᠢᠴᠠᠭᠠᠨ᠎ᠠ᠃ | | ᠲᠠᠪᠤᠳᠤᠭᠠᠷ ᠪᠦᠯᠦᠭ ᠵᠠᠰᠠᠪᠤᠷᠢ ᠦᠢᠯᠡᠴᠢᠯᠡᠭᠡ ᠶᠢᠨ ᠵᠠᠷᠤᠳᠠᠯ ᠤᠨ ᠢᠷᠡᠯᠲᠡ ᠵᠢᠴᠢ ᠬᠡᠷᠡᠭᠯᠡᠬᠦ ᠬᠠᠮᠢᠶᠠᠷᠤᠯᠲᠠ | | ᠠᠷᠪᠠᠨ ᠵᠢᠷᠭᠤᠳᠤᠭᠠᠷ ᠵᠦᠢᠯ ᠲᠠᠷᠢᠶᠠᠯᠠᠬᠤ ᠮᠠᠯᠵᠢᠬᠤ ᠣᠷᠣᠨ ᠤ ᠠᠬᠤᠢ ᠶᠢᠨ ᠬᠡᠷᠡᠭᠯᠡᠭᠡᠨ ᠤ ᠬᠠᠶᠠᠭᠳᠠᠯ | ᠤᠰᠤ ᠶᠢ ᠴᠡᠪᠡᠷᠰᠢᠭᠦᠯᠬᠦ ᠲᠥᠬᠦᠭᠡᠷᠦᠮᠵᠢ ᠶᠢᠨ ᠵᠠᠰᠠᠪᠤᠷᠢ ᠦᠢᠯᠡᠴᠢᠯᠡᠭᠡ ᠶᠢᠨ ᠵᠠᠷᠤᠳᠠᠯ ᠭᠡᠳᠡᠭ ᠨᠢ ᠵᠠᠰᠠᠭ ᠤᠨ | ᠣᠷᠳᠣᠨ ᠠᠴᠠ ᠲᠣᠬᠢᠷᠠᠭᠤᠯᠤᠭᠰᠠᠨ ᠲᠠᠷᠢᠶᠠᠯᠠᠬᠤ ᠮᠠᠯᠵᠢᠬᠤ ᠣᠷᠣᠨ ᠤ ᠠᠬᠤᠢ ᠶᠢᠨ ᠬᠡᠷᠡᠭᠯᠡᠭᠡᠨ ᠤ ᠬᠠᠶᠠᠭᠳᠠᠯ | ᠤᠰᠤ ᠶᠢ ᠴᠡᠪᠡᠷᠰᠢᠭᠦᠯᠬᠦ ᠲᠥᠷᠥᠯ ᠵᠦᠢᠯ ᠳᠤ ᠣᠷᠣᠭᠤᠯᠬᠤ ᠲᠤᠰᠬᠠᠢ ᠵᠦᠢᠯ ᠤᠨ ᠪᠡᠯᠡ ᠮᠥᠩᠭᠦ ᠶᠢ ᠵᠢᠭᠠᠵᠤ ᠪᠤᠢ᠃ | | | | ᠠᠷᠪᠠᠨ ᠳᠣᠯᠣᠳᠤᠭᠠᠷ ᠵᠦᠢᠯ ᠮᠠᠯᠵᠢᠬᠤ ᠲᠠᠷᠢᠶᠠᠯᠠᠬᠤ ᠣᠷᠣᠨ ᠤ ᠠᠬᠤᠢ ᠶᠢᠨ ᠬᠡᠷᠡᠭᠯᠡᠭᠡᠨ ᠤ ᠬᠠᠶᠠᠭᠳᠠᠯ | ᠤᠰᠤ ᠶᠢ ᠴᠡᠪᠡᠷᠰᠢᠭᠦᠯᠬᠦ ᠲᠥᠬᠦᠭᠡᠷᠦᠮᠵᠢ ᠶᠢᠨ ᠠᠰᠢᠭᠯᠠᠯᠲᠠ ᠂ ᠵᠠᠰᠠᠪᠤᠷᠢ ᠦᠢᠯᠡᠴᠢᠯᠡᠭᠡ᠂ ᠬᠠᠮᠢᠶᠠᠷᠤᠯᠲᠠ ᠶᠢᠨ ᠶᠢᠨ | ᠲᠤᠰᠬᠠᠢ ᠵᠦᠢᠯ ᠤᠨ ᠪᠡᠯᠡ ᠮᠥᠩᠭᠦ ᠶᠢᠨ ᠢᠷᠡᠯᠲᠡ᠄ ᠳᠡᠭᠡᠳᠦ ᠱᠠᠲᠤᠨ ᠤ ᠲᠥᠰᠥᠪ ᠤᠨ ᠪᠡᠯᠡ ᠮᠥᠩᠭᠦ᠂ ᠣᠷᠣᠨ | ᠨᠤᠲᠤᠭ ᠤᠨ ᠢᠵᠢ ᠪᠦᠷᠢᠳᠦᠭᠦᠯᠬᠦ ᠲᠤᠰᠠᠯᠠᠮᠵᠢ ᠶᠢᠨ ᠪᠡᠯᠡ ᠮᠥᠩᠭᠦ᠂ ᠭᠠᠴᠠᠭ᠎ᠠ ᠲᠣᠰᠬᠤᠨ ᠤ ᠥᠪᠡᠷ ᠲᠡᠭᠡᠨ | ᠴᠤᠭᠯᠠᠭᠤᠯᠤᠭᠰᠠᠨ ᠪᠡᠯᠡ ᠮᠥᠩᠭᠦ᠃ | ᠠᠷᠪᠠᠨ ᠨᠠᠢᠮᠠᠳᠤᠭᠠᠷ ᠵᠦᠢᠯ ᠡᠯ᠎ᠡ ᠰᠤᠮᠤ᠂ ᠪᠠᠯᠭᠠᠰᠤ ᠨᠤᠭᠤᠳ ᠮᠠᠯᠵᠢᠬᠤ ᠲᠠᠷᠢᠶᠠᠯᠠᠬᠤ ᠣᠷᠣᠨ ᠤ | ᠠᠬᠤᠢ ᠶᠢᠨ ᠬᠡᠷᠡᠭᠯᠡᠭᠡᠨ ᠤ ᠬᠠᠶᠠᠭᠳᠠᠯ ᠤᠰᠤ ᠶᠢ ᠴᠡᠪᠡᠷᠰᠢᠭᠦᠯᠬᠦ ᠲᠥᠬᠦᠭᠡᠷᠦᠮᠵᠢ ᠶᠢᠨ ᠠᠰᠢᠭᠯᠠᠯᠲᠠ ᠂ ᠵᠠᠰᠠᠪᠤᠷᠢ | ᠦᠢᠯᠡᠴᠢᠯᠡᠭᠡ᠂ ᠬᠠᠮᠢᠶᠠᠷᠤᠯᠲᠠ ᠶᠢᠨ ᠲᠤᠰᠬᠠᠢ ᠵᠦᠢᠯ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠵᠦ᠂ ᠲᠤᠰᠬᠠᠢ | ᠲᠠᠩᠰᠠᠨ ᠡᠷᠦᠬᠡ ᠪᠠᠶᠢᠭᠤᠯᠤᠨ᠂ ᠲᠤᠰᠬᠠᠢ ᠵᠣᠭᠤᠰ ᠢ ᠲᠤᠰᠬᠠᠢ ᠵᠦᠢᠯ ᠳᠤ ᠬᠡᠷᠡᠭᠯᠡᠬᠦ ᠬᠡᠷᠡᠭᠲᠡᠢ᠃ | ᠮᠠᠯᠵᠢᠬᠤ ᠲᠠᠷᠢᠶᠠᠯᠠᠬᠤ ᠣᠷᠣᠨ ᠤ ᠠᠬᠤᠢ ᠶᠢᠨ ᠬᠡᠷᠡᠭᠯᠡᠭᠡᠨ ᠤ ᠬᠠᠶᠠᠭᠳᠠᠯ ᠤᠰᠤ ᠶᠢ ᠴᠡᠪᠡᠷᠰᠢᠭᠦᠯᠬᠦ | ᠲᠥᠬᠦᠭᠡᠷᠦᠮᠵᠢ ᠶᠢᠨ ᠠᠵᠢᠯᠯᠠᠭᠠᠨ ᠢ ᠵᠠᠰᠠᠪᠤᠷᠢ ᠦᠢᠯᠡᠴᠢᠯᠡᠭᠡ ᠶᠢᠨ ᠵᠠᠷᠤᠳᠠᠯ ᠢ ᠵᠢᠯ ᠪᠦᠷᠢ ᠳᠤᠮᠳᠠᠴᠢ ᠪᠠᠷ 20 | ᠲᠦᠮᠡᠨ ᠲᠥᠭᠦᠷᠢᠭ ᠣᠷᠴᠢᠮ ︵ᠲᠥᠬᠦᠭᠡᠷᠦᠮᠵᠢ ᠶᠢᠨ ᠬᠠᠮᠢᠶᠠᠷᠤᠭᠴᠢ ᠶᠢᠨ ᠨᠥᠬᠦᠪᠦᠷᠢ᠂ ᠴᠠᠬᠢᠯᠭᠠᠨ ᠤ ᠵᠠᠷᠤᠳᠠᠯ᠂ | ᠰᠡᠯᠪᠢᠨ ᠵᠠᠰᠠᠬᠤ ᠵᠠᠷᠤᠳᠠᠯ ᠵᠡᠷᠭᠡ︶ ᠢᠶᠠᠷ ᠯᠠᠪᠯᠠᠯᠲᠠ ᠪᠣᠯᠭᠠᠨ᠎ᠠ᠃ ᠡᠳ᠋ ᠤᠨ ᠵᠠᠰᠠᠭ ᠠᠴᠠ ᠬᠢᠨᠠᠨ ᠰᠢᠯᠭᠠᠯᠲᠠ ᠳᠤ | ᠬᠢᠷᠢ ᠲᠡᠩᠴᠡᠭᠰᠡᠨ ᠭᠠᠴᠠᠭᠠᠨ ᠳᠤ ᠵᠢᠯ ᠪᠦᠷᠢ 18 ᠲᠦᠮᠡᠨ ᠲᠥᠭᠦᠷᠢᠭ ᠤᠨ ᠪᠡᠯᠡ ᠮᠥᠩᠭᠦ ᠶᠢᠨ ᠨᠥᠬᠦᠪᠦᠷᠢ | ᠣᠯᠭᠤᠨ ᠥᠭᠴᠦ᠂ ᠦᠯᠡᠳᠡᠭᠰᠡᠨ ᠪᠡᠯᠡ ᠮᠥᠩᠭᠦ ᠶᠢ ᠭᠠᠴᠠᠭᠠᠨ ᠤ ᠬᠠᠮᠲᠤ ᠨᠡᠶᠢᠲᠡ ᠠᠴᠠ ᠡᠭᠦᠷᠭᠡᠯᠡᠨ᠎ᠡ᠃ | ᠡᠯ᠎ᠡ ᠰᠤᠮᠤ᠂ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠲᠤᠰ ᠭᠠᠵᠠᠷ ᠤᠨ ᠪᠣᠳᠠᠲᠤ | ᠪᠠᠶᠢᠳᠠᠯ ᠢᠶᠠᠨ ᠦᠨᠳᠦᠰᠦᠯᠡᠨ ᠮᠠᠯᠵᠢᠬᠤ ᠲᠠᠷᠢᠶᠠᠯᠠᠬᠤ ᠣᠷᠣᠨ ᠤ ᠠᠬᠤᠢ ᠶᠢᠨ ᠬᠡᠷᠡᠭᠯᠡᠭᠡᠨ ᠤ ᠬᠠᠶᠠᠭᠳᠠᠯ ᠤᠰᠤ ᠶᠢ | ᠰᠢᠢᠳᠪᠦᠷᠢᠯᠡᠬᠦ ᠲᠥᠬᠦᠭᠡᠷᠦᠮᠵᠢ ᠶᠢᠨ ᠵᠠᠰᠠᠪᠤᠷᠢ ᠦᠢᠯᠡᠴᠢᠯᠡᠭᠡ ᠶᠢᠨ ᠵᠠᠷᠤᠳᠠᠯ ᠤᠨ ᠨᠥᠬᠦᠪᠦᠷᠢ ᠶᠢ ᠬᠡᠷᠡᠭᠵᠢᠭᠦᠯᠬᠦ | ᠪᠣᠳᠠᠲᠠᠢ ᠨᠠᠷᠢᠨ ᠳᠦᠷᠢᠮ ᠢ ᠲᠣᠭᠲᠠᠭᠠᠵᠤ ᠪᠣᠯᠣᠨ᠎ᠠ᠃ ᠳᠡᠭᠡᠳᠦ ᠱᠠᠲᠤᠨ ᠤ ᠨᠥᠬᠦᠪᠦᠷᠢ ᠶᠢᠨ ᠪᠡᠯᠡ ᠮᠥᠩᠭᠦ ︵ | ᠬᠤᠰᠢᠭᠤᠨ ᠵᠠᠰᠠᠭ ᠤᠨ ᠣᠷᠳᠣᠨ ᠪᠠᠭᠲᠠᠨ᠎ᠠ︶᠂ ᠰᠤᠮᠤ᠂ ᠪᠠᠯᠭᠠᠰᠤ ᠶᠢᠨ ᠢᠵᠢ ᠪᠦᠷᠢᠳᠦᠭᠦᠯᠬᠦ ᠨᠥᠬᠦᠪᠦᠷᠢ ᠶᠢᠨ | ᠪᠡᠯᠡ ᠮᠥᠩᠭᠦ ᠶᠢ ᠡᠯ᠎ᠡ ᠵᠠᠰᠠᠭ ᠵᠠᠬᠢᠷᠭᠠᠨ ᠤ ᠲᠣᠰᠬᠤᠨ ᠤ ᠬᠠᠶᠠᠭᠳᠠᠯ ᠤᠰᠤ ᠶᠢ ᠴᠡᠪᠡᠷᠰᠢᠭᠦᠯᠬᠦ ᠵᠠᠭᠪᠤᠷ᠂ ᠬᠠᠶᠠᠭᠳᠠᠯ | ᠤᠰᠤ ᠶᠢ ᠴᠡᠪᠡᠷᠰᠢᠭᠦᠯᠬᠦ ᠲᠥᠬᠦᠭᠡᠷᠦᠮᠵᠢ ᠶᠢᠨ ᠲᠤᠭ᠎ᠠ᠂ ᠬᠤᠭᠤᠯᠠᠢ ᠶᠢᠨ ᠲᠣᠣᠷ ᠤᠨ ᠣᠷᠳᠣ ᠶᠢᠨ ᠬᠡᠮᠵᠢᠶ᠎ᠡ᠂ | ᠵᠠᠯᠭᠠᠵᠤ ᠣᠷᠣᠭᠤᠯᠤᠭᠰᠠᠨ ᠡᠷᠦᠬᠡ ᠶᠢᠨ ᠲᠤᠭ᠎ᠠ ᠵᠡᠷᠭᠡ ᠪᠠᠶᠢᠳᠠᠯ ᠢ ᠦᠨᠳᠦᠰᠦᠯᠡᠨ ᠵᠥᠷᠢᠶᠡᠲᠦ ᠨᠥᠬᠦᠪᠦᠷᠢ ᠶᠢ | ᠬᠡᠷᠡᠭᠵᠢᠭᠦᠯᠬᠦ ᠪᠤᠶᠤ ᠭᠤᠷᠪᠠᠳᠠᠭᠢ ᠡᠲᠡᠭᠡᠳ ᠤᠨ ᠠᠰᠢᠭᠯᠠᠯᠲᠠ ᠂ ᠵᠠᠰᠠᠪᠤᠷᠢ ᠦᠢᠯᠡᠴᠢᠯᠡᠭᠡ᠂ ᠬᠠᠮᠢᠶᠠᠷᠤᠯᠲᠠ ᠶᠢᠨ | ᠠᠵᠢᠯ ᠳᠤ ᠬᠡᠷᠡᠭᠯᠡᠨ᠎ᠡ᠃ | ᠠᠷᠪᠠ ᠶᠢᠰᠦᠳᠦᠭᠡᠷ ᠵᠦᠢᠯ ᠡᠯ᠎ᠡ ᠰᠤᠮᠤ᠂ ᠪᠠᠯᠭᠠᠰᠤ ᠨᠤᠭᠤᠳ ᠡᠯ᠎ᠡ ᠵᠠᠰᠠᠭ ᠵᠠᠬᠢᠷᠭᠠᠨ ᠤ ᠲᠣᠰᠬᠤᠨ ᠤ | ᠰᠢᠯᠭᠠᠨ ᠬᠢᠨᠠᠭᠰᠠᠨ ᠦᠷ᠎ᠡ ᠳ᠋ᠦᠩ ᠪᠠ ᠨᠥᠬᠦᠪᠦᠷᠢ ᠶᠢᠨ ᠬᠡᠷᠡᠭᠵᠢᠭᠦᠯᠬᠦ ᠨᠠᠷᠢᠨ ᠳᠦᠷᠢᠮ ᠤᠨ ᠶᠣᠰᠣᠭᠠᠷ ᠮᠠᠯᠵᠢᠬᠤ | ᠲᠠᠷᠢᠶᠠᠯᠠᠬᠤ ᠣᠷᠣᠨ ᠤ ᠠᠬᠤᠢ ᠶᠢᠨ ᠬᠡᠷᠡᠭᠯᠡᠭᠡᠨ ᠤ ᠬᠠᠶᠠᠭᠳᠠᠯ ᠤᠰᠤ ᠶᠢ ᠴᠡᠪᠡᠷᠰᠢᠭᠦᠯᠬᠦ ᠲᠥᠬᠦᠭᠡᠷᠦᠮᠵᠢ ᠶᠢᠨ | ᠵᠠᠰᠠᠪᠤᠷᠢ ᠦᠢᠯᠡᠴᠢᠯᠡᠭᠡ ᠶᠢᠨ ᠵᠠᠷᠤᠳᠠᠯ ᠢ ᠰᠠᠯᠭᠠᠨ ᠥᠭᠬᠦ ᠶᠢ ᠬᠠᠷᠢᠭᠤᠴᠠᠬᠤ ᠬᠡᠷᠡᠭᠲᠡᠢ᠃ ᠭᠤᠷᠪᠠᠳᠠᠭᠢ | ᠡᠲᠡᠭᠡᠳ ᠠᠴᠠ ᠨᠠᠶᠢᠳᠠᠨ ᠬᠠᠮᠢᠶᠠᠷᠤᠭᠤᠯᠬᠤ ᠠᠰᠢᠭᠯᠠᠯᠲᠠ ᠂ ᠵᠠᠰᠠᠪᠤᠷᠢ ᠦᠢᠯᠡᠴᠢᠯᠡᠭᠡ᠂ ᠬᠠᠮᠢᠶᠠᠷᠤᠯᠲᠠ ᠶᠢᠨ ᠠᠷᠭ᠎ᠠ | ᠮᠠᠶ᠋ᠢᠭ ᠢ ᠬᠡᠷᠡᠭᠯᠡᠭᠰᠡᠨ ᠪᠠᠶᠢᠪᠠᠯ᠂ ᠭᠡᠷ᠎ᠡ ᠳᠤ ᠪᠣᠯᠵᠣᠨ ᠲᠣᠭᠲᠠᠭᠰᠠᠨ ᠪᠠ ᠬᠠᠮᠢᠶ᠎ᠠ ᠪᠦᠬᠦᠢ ᠰᠢᠯᠭᠠᠨ ᠬᠢᠨᠠᠭᠰᠠᠨ ᠦᠷ᠎ᠡ | ᠳ᠋ᠦᠩ ᠤᠨ ᠶᠣᠰᠣᠭᠠᠷ ᠮᠠᠯᠵᠢᠬᠤ ᠲᠠᠷᠢᠶᠠᠯᠠᠬᠤ ᠣᠷᠣᠨ ᠤ ᠠᠬᠤᠢ ᠶᠢᠨ ᠬᠡᠷᠡᠭᠯᠡᠭᠡᠨ ᠤ ᠬᠠᠶᠠᠭᠳᠠᠯ ᠤᠰᠤ ᠶᠢ | ᠴᠡᠪᠡᠷᠰᠢᠭᠦᠯᠬᠦ ᠲᠥᠬᠦᠭᠡᠷᠦᠮᠵᠢ ᠶᠢᠨ ᠠᠵᠢᠯᠯᠠᠭᠤᠯᠵᠤ ᠪᠠᠲᠤᠯᠠᠬᠤ ᠵᠠᠷᠤᠳᠠᠯ ᠢ ᠰᠠᠯᠭᠠᠨ ᠥᠭᠬᠦ ᠬᠡᠷᠡᠭᠲᠡᠢ᠃ | ᠬᠤᠷᠢᠳᠤᠭᠠᠷ ᠵᠦᠢᠯ ᠬᠤᠰᠢᠭᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠲᠣᠰ ᠵᠠᠰᠠᠭ ᠵᠠᠬᠢᠷᠭᠠᠨ ᠤ | ᠣᠷᠣᠨ ᠤ ᠳᠣᠲᠣᠷᠠᠬᠢ ᠮᠠᠯᠵᠢᠬᠤ ᠲᠠᠷᠢᠶᠠᠯᠠᠬᠤ ᠣᠷᠣᠨ ᠤ ᠠᠬᠤᠢ ᠶᠢᠨ ᠬᠡᠷᠡᠭᠯᠡᠭᠡᠨ ᠤ ᠬᠠᠶᠠᠭᠳᠠᠯ ᠤᠰᠤ ᠶᠢ | ᠴᠡᠪᠡᠷᠰᠢᠭᠦᠯᠬᠦ ᠲᠥᠬᠦᠭᠡᠷᠦᠮᠵᠢ ᠶᠢᠨ ᠵᠠᠰᠠᠪᠤᠷᠢ ᠦᠢᠯᠡᠴᠢᠯᠡᠭᠡ ᠶᠢᠨ ᠵᠠᠷᠤᠳᠠᠯ ᠢ ᠬᠢᠨᠠᠨ ᠬᠠᠷᠭᠤᠭᠤᠯᠵᠤ ᠰᠠᠯᠭᠠᠨ | ᠥᠭᠬᠦ ᠶᠢ ᠬᠠᠷᠢᠭᠤᠴᠠᠵᠤ᠂ ᠪᠡᠯᠡ ᠮᠥᠩᠭᠦ ᠶᠢ ᠵᠢᠷᠤᠮᠵᠢᠭᠤᠯᠤᠨ ᠬᠡᠷᠡᠭᠯᠡᠬᠦ ᠳᠤ ᠬᠢᠨᠠᠯᠲᠠ ᠲᠠᠯᠪᠢᠨ᠎ᠠ᠃ | | ᠵᠢᠷᠭᠤᠳᠤᠭᠠᠷ ᠪᠦᠯᠦᠭ ᠵᠠᠰᠠᠪᠤᠷᠢ ᠦᠢᠯᠡᠴᠢᠯᠡᠭᠡ ᠬᠠᠮᠢᠶᠠᠷᠤᠯᠲᠠ ᠶᠢᠨ ᠬᠢᠨᠠᠨ ᠰᠢᠯᠭᠠᠬᠤ ᠵᠢᠴᠢ ᠬᠠᠷᠢᠭᠤᠴᠠᠯᠭ᠎ᠠ | ᠨᠡᠬᠡᠮᠵᠢᠯᠡᠬᠦ | | ᠬᠤᠷᠢᠨ ᠨᠢᠭᠡᠳᠦᠭᠡᠷ ᠵᠦᠢᠯ ᠠᠰᠢᠭᠯᠠᠯᠲᠠ ᠂ ᠵᠠᠰᠠᠪᠤᠷᠢ ᠦᠢᠯᠡᠴᠢᠯᠡᠭᠡ᠂ ᠬᠠᠮᠢᠶᠠᠷᠤᠯᠲᠠ ᠶᠢᠨ ᠠᠵᠢᠯ ᠳᠤ | ᠰᠢᠯᠭᠠᠨ ᠬᠢᠨᠠᠬᠤ ᠳᠦᠷᠢᠮ ᠢ ᠬᠡᠷᠡᠭᠵᠢᠭᠦᠯᠵᠦ᠂ ᠰᠢᠯᠭᠠᠨ ᠬᠢᠨᠠᠬᠤ ᠳᠤ ᠲᠣᠭᠲᠠᠮᠠᠯ ᠬᠤᠭᠤᠴᠠᠭ᠎ᠠ ᠲᠠᠢ᠂ ᠲᠣᠭᠲᠠᠮᠠᠯ | ᠪᠤᠰᠤ ᠬᠤᠭᠤᠴᠠᠭ᠎ᠠ ᠲᠠᠢ ᠪᠠᠷ ᠰᠢᠯᠭᠠᠨ ᠬᠢᠨᠠᠬᠤ ᠬᠤᠶᠠᠷ ᠵᠦᠢᠯ ᠤᠨ ᠠᠷᠭ᠎ᠠ ᠮᠠᠶ᠋ᠢᠭ ᠢ ᠬᠡᠷᠡᠭᠯᠡᠨ᠎ᠡ᠃ | ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠬᠢᠨᠠᠬᠤ ᠳᠤ ᠬᠤᠰᠢᠭᠤᠨ ᠠᠷᠠᠳ ᠤᠨ ᠵᠠᠰᠠᠭ ᠤᠨ ᠣᠷᠳᠣᠨ | ᠲᠦᠷᠦᠭᠦᠯᠡᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠵᠢᠯ ᠪᠦᠷᠢ ᠡᠯ᠎ᠡ ᠰᠤᠮᠤ᠂ | ᠪᠠᠯᠭᠠᠰᠤ ᠶᠢᠨ ᠮᠠᠯᠵᠢᠬᠤ ᠲᠠᠷᠢᠶᠠᠯᠠᠬᠤ ᠣᠷᠣᠨ ᠤ ᠠᠬᠤᠢ ᠶᠢᠨ ᠬᠡᠷᠡᠭᠯᠡᠭᠡᠨ ᠤ ᠬᠠᠶᠠᠭᠳᠠᠯ ᠤᠰᠤ ᠶᠢ ᠴᠡᠪᠡᠷᠰᠢᠭᠦᠯᠬᠦ | ᠲᠥᠬᠦᠭᠡᠷᠦᠮᠵᠢ ᠶᠢᠨ ᠠᠰᠢᠭᠯᠠᠯᠲᠠ ᠂ ᠵᠠᠰᠠᠪᠤᠷᠢ ᠦᠢᠯᠡᠴᠢᠯᠡᠭᠡ᠂ ᠬᠠᠮᠢᠶᠠᠷᠤᠯᠲᠠ ᠶᠢᠨ ᠲᠠᠯ᠎ᠠ ᠪᠠᠷ ᠰᠢᠯᠭᠠᠨ ᠦᠨᠡᠯᠡᠨ᠎ᠡ | ᠃ ᠰᠤᠮᠤ᠂ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠬᠠᠭᠠᠰ ᠵᠢᠯ ᠪᠦᠷᠢ ᠲᠣᠰ ᠵᠠᠰᠠᠭ ᠵᠠᠬᠢᠷᠭᠠᠨ ᠤ | ᠣᠷᠣᠨ ᠤ ᠳᠣᠲᠣᠷᠠᠬᠢ ᠮᠠᠯᠵᠢᠬᠤ ᠲᠠᠷᠢᠶᠠᠯᠠᠬᠤ ᠣᠷᠣᠨ ᠤ ᠠᠬᠤᠢ ᠶᠢᠨ ᠬᠡᠷᠡᠭᠯᠡᠭᠡᠨ ᠤ ᠬᠠᠶᠠᠭᠳᠠᠯ ᠤᠰᠤ ᠶᠢ | ᠴᠡᠪᠡᠷᠰᠢᠭᠦᠯᠬᠦ ᠲᠥᠬᠦᠭᠡᠷᠦᠮᠵᠢ ᠶᠢᠨ ᠠᠰᠢᠭᠯᠠᠯᠲᠠ ᠂ ᠵᠠᠰᠠᠪᠤᠷᠢ ᠦᠢᠯᠡᠴᠢᠯᠡᠭᠡ᠂ ᠬᠠᠮᠢᠶᠠᠷᠤᠯᠲᠠ ᠶᠢᠨ ᠪᠠᠶᠢᠳᠠᠯ ᠢ | ᠰᠢᠯᠭᠠᠨ ᠦᠨᠡᠯᠡᠨ᠎ᠡ᠃ ᠲᠥᠬᠦᠭᠡᠷᠦᠮᠵᠢ ᠶᠢᠨ ᠠᠰᠢᠭᠯᠠᠯᠲᠠ ᠶᠢᠨ ᠪᠠᠶᠢᠳᠠᠯ᠂ ᠤᠰᠤ ᠭᠠᠷᠬᠤ ᠠᠮᠠᠰᠠᠷ ᠤᠨ ᠤᠰᠤᠨ ᠤ | ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠪᠠᠶᠢᠳᠠᠯ᠂ ᠪᠡᠯᠡ ᠮᠥᠩᠭᠦ ᠶᠢ ᠪᠣᠳᠠᠲᠠᠶᠢᠵᠢᠭᠤᠯᠤᠭᠰᠠᠨ ᠪᠠᠶᠢᠳᠠᠯ ᠵᠢᠴᠢ ᠡᠬᠡ | ᠲᠠᠩᠰᠠ ᠶᠢᠨ ᠪᠦᠷᠢᠨ ᠪᠦᠲᠦᠨ ᠪᠠᠶᠢᠳᠠᠯ ᠢᠶᠠᠷ ᠯᠠᠪᠯᠠᠯᠲᠠ ᠪᠣᠯᠭᠠᠵᠤ ᠪᠠᠶᠢᠭᠠᠳ ᠰᠢᠯᠭᠠᠨ ᠬᠢᠨᠠᠬᠤ ᠠᠭᠤᠯᠭ᠎ᠠ ᠶᠢ | ᠲᠣᠭᠲᠠᠭᠠᠨ᠎ᠠ᠃ | ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠢᠯᠭᠠᠨ ᠬᠢᠨᠠᠬᠤ ᠶᠢ ᠬᠤᠰᠢᠭᠤ᠂ ᠰᠤᠮᠤ ᠪᠠᠯᠭᠠᠰᠤ ᠶᠢᠨ | ᠠᠷᠠᠳ ᠤᠨ ᠵᠠᠰᠠᠭ ᠤᠨ ᠣᠷᠳᠣᠨ ᠠᠴᠠ ᠪᠣᠳᠠᠲᠤ ᠬᠡᠷᠡᠭᠴᠡᠭᠡ ᠪᠠᠨ ᠦᠨᠳᠦᠰᠦᠯᠡᠨ ᠰᠢᠯᠭᠠᠨ ᠦᠨᠡᠯᠡᠨ᠎ᠡ᠃ | ᠬᠤᠷᠢᠨ ᠬᠤᠶᠠᠳᠤᠭᠠᠷ ᠵᠦᠢᠯ ᠵᠠᠰᠠᠪᠤᠷᠢ ᠦᠢᠯᠡᠴᠢᠯᠡᠭᠡ ᠬᠠᠮᠢᠶᠠᠷᠤᠯᠲᠠ ᠮᠠᠭᠤ ᠠᠴᠠ ᠪᠣᠯᠵᠤ ᠬᠥᠮᠥᠨ ᠤ | ᠪᠡᠶ᠎ᠡ ᠶᠢ ᠭᠡᠮᠲᠦᠭᠡᠨ ᠬᠤᠬᠢᠷᠠᠭᠤᠯᠤᠭᠰᠠᠨ ᠡ᠊ᠨᠳᠡᠯ ᠪᠤᠶᠤ ᠡᠳ᠋ ᠬᠥᠷᠥᠩᠭᠡ ᠶᠢ ᠪᠤᠢ ᠪᠣᠯᠭᠠᠪᠠ | ᠬᠤᠬᠢᠷᠠᠭᠰᠠᠨ ᠪᠠᠶᠢᠪᠠᠯ᠂ ᠠᠰᠢᠭᠯᠠᠯᠲᠠ ᠶᠢᠨ ᠬᠠᠮᠢᠶᠠᠷᠤᠯᠲᠠ ᠶᠢᠨ ᠨᠢᠭᠡᠴᠢ ᠠᠴᠠ ᠲᠥᠯᠥᠪᠦᠷᠢ ᠶᠢᠨ | ᠬᠠᠷᠢᠭᠤᠴᠠᠯᠭ᠎ᠠ ᠪᠠ ᠬᠠᠤᠯᠢ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | ᠬᠤᠷᠢᠨ ᠭᠤᠷᠪᠠᠳᠤᠭᠠᠷ ᠵᠦᠢᠯ ᠬᠠᠮᠢᠶᠠᠷᠤᠯᠲᠠ ᠮᠠᠭᠤ ᠠᠴᠠ ᠪᠣᠯᠣᠭᠠᠳ ᠲᠠᠷᠢᠶᠠᠯᠠᠬᠤ ᠮᠠᠯᠵᠢᠬᠤ ᠣᠷᠣᠨ ᠤ | ᠠᠬᠤᠢ ᠶᠢᠨ ᠬᠡᠷᠡᠭᠯᠡᠭᠡᠨ ᠤ ᠬᠠᠶᠠᠭᠳᠠᠯ ᠤᠰᠤ ᠰᠢᠢᠳᠪᠦᠷᠢᠯᠡᠬᠦ ᠲᠥᠬᠦᠭᠡᠷᠦᠮᠵᠢ ᠶᠢᠨ ᠮᠠᠰᠢᠨ ᠴᠠᠬᠢᠯᠭᠠᠨ ᠤ | ᠲᠥᠬᠦᠭᠡᠷᠦᠮᠵᠢ ︵ᠴᠠᠬᠢᠯᠭᠠᠨ ᠬᠥᠳᠡᠯᠭᠡᠭᠦᠷ᠂ ᠤᠰᠤᠨ ᠬᠥᠭᠡᠷᠭᠡ᠂ ᠰᠠᠯᠬᠢᠨ ᠤ ᠮᠠᠰᠢᠨ ᠵᠡᠷᠭᠡ ᠪᠠᠭᠲᠠᠨ᠎ᠠ︶ ᠨᠢ | ᠬᠤᠯᠠᠭᠠᠶᠢᠯᠠᠭᠳᠠᠭᠰᠠᠨ ᠪᠤᠶᠤ ᠡᠪᠳᠡᠭᠳᠡᠭᠰᠡᠨ ᠪᠣᠯ ᠠᠰᠢᠭᠯᠠᠯᠲᠠ ᠶᠢᠨ ᠬᠠᠮᠢᠶᠠᠷᠤᠯᠲᠠ ᠶᠢᠨ ᠨᠢᠭᠡᠴᠢ ᠠᠴᠠ | ᠬᠠᠷᠢᠭᠤᠴᠠᠵᠤ ᠪᠠᠶᠢᠭᠠᠳ ᠨᠥᠬᠦᠵᠦ ᠭᠦᠢᠴᠡᠭᠡᠬᠦ ᠪᠤᠶᠤ ᠰᠣᠯᠢᠬᠤ ᠬᠡᠷᠡᠭᠲᠡᠢ᠃ | ᠬᠤᠷᠢᠨ ᠳᠥᠷᠪᠡᠳᠦᠭᠡᠷ ᠵᠦᠢᠯ ᠭᠠᠳᠠᠭᠰᠢᠯᠠᠭᠤᠯᠤᠯᠲᠠ ᠨᠢ ᠪᠠᠷᠢᠮᠵᠢᠶ᠎ᠠ ᠳᠤ ᠬᠦᠷᠦᠭᠰᠡᠨ ᠦᠭᠡᠢ ᠠᠴᠠ ᠪᠣᠯᠵᠤ | ᠣᠷᠴᠢᠨ ᠠᠬᠤᠢ ᠶᠢ ᠪᠣᠬᠢᠷᠲᠤᠭᠤᠯᠤᠭᠰᠠᠨ ᠪᠠᠶᠢᠪᠠᠯ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠤᠨ ᠶᠣᠰᠣᠭᠠᠷ ᠰᠢᠢᠳᠪᠦᠷᠢᠯᠡᠨ᠎ᠡ᠃ | | ᠳᠣᠯᠣᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | | ᠬᠤᠷᠢᠨ ᠲᠠᠪᠤᠳᠤᠭᠠᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ | | |