| | | | | ᠠᠯᠠᠱᠠ ᠵᠡᠭᠦᠨ ᠬᠤᠰᠢᠭᠤᠨ ᠤ ᠡᠯᠡᠰᠦᠨ ᠴᠦᠯ ᠤᠨ ᠵᠢᠭᠤᠯᠴᠢᠯᠠᠯ ᠤᠨ ᠠᠵᠢᠯᠯᠠᠭ᠎ᠠ ᠶᠢᠨ ᠬᠠᠮᠢᠶᠠᠷᠤᠯᠲᠠ ᠶᠢᠨ | ᠠᠷᠭ᠎ᠠ | | ᠨᠢᠭᠡᠳᠦᠭᠡᠷ ᠪᠦᠯᠦᠭ ᠶᠡᠷᠦᠩᠬᠡᠢ ᠳᠦᠷᠢᠮ | | ᠨᠢᠭᠡᠳᠦᠭᠡᠷ ᠵᠦᠢᠯ ᠠᠯᠠᠱᠠ ᠵᠡᠭᠦᠨ ᠬᠤᠰᠢᠭᠤᠨ ᠤ ᠬᠢᠯᠢ ᠳᠣᠲᠣᠷᠠᠬᠢ ᠲᠡᠭᠷᠢ ᠡᠯᠡᠰᠦᠨ ᠴᠥᠯ ᠤᠨ ᠣᠷᠣᠨ | ᠪᠦᠰᠡ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠤᠯᠠᠮ ᠵᠢᠷᠤᠮᠵᠢᠭᠤᠯᠬᠤ ᠶᠢᠨ ᠲᠥᠯᠥᠭᠡ᠂ | ᠡᠯᠡᠰᠦ ᠮᠠᠩᠬ᠎ᠠ ᠶᠢᠨ ᠵᠢᠭᠤᠯᠴᠢᠯᠠᠯ ᠤᠨ ᠠᠮᠤᠷ ᠲᠦᠪᠰᠢᠨ᠂ ᠵᠢᠷᠤᠮᠵᠢᠯ ᠲᠠᠢ᠂ ᠡᠮᠬᠢ ᠵᠢᠷᠤᠮ ᠲᠠᠢ ᠪᠠ ᠡᠷᠡᠭᠦᠯ ᠢᠶᠠᠷ | ᠬᠥᠭᠵᠢᠬᠦ ᠶᠢ ᠠᠬᠢᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ | ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠢᠭᠤᠯᠴᠢᠯᠠᠯ ᠤᠨ ᠬᠠᠤᠯᠢ︾᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠡᠶ᠎ᠡ ᠶᠢᠨ ᠲᠠᠮᠢᠷ ᠤᠨ ᠬᠠᠤᠯᠢ︾᠂ ︽ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ | ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠤᠨ | ᠬᠠᠮᠠᠭᠠᠯᠠᠯᠲᠠ ᠶᠢᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠠᠯᠠᠱᠠ ᠵᠡᠭᠦᠨ | ᠬᠤᠰᠢᠭᠤᠨ ᠤ ᠪᠣᠳᠠᠲᠠᠢ ᠲᠠᠢ ᠤᠶᠠᠯᠳᠤᠭᠤᠯᠵᠤ᠂ ᠲᠣᠰ ᠠᠷᠭ᠎ᠠ ᠶᠢ ᠣᠨᠴᠠᠭᠠᠶᠢᠯᠠᠨ ᠲᠣᠭᠲᠠᠭᠠᠪᠠ᠃ | | ᠬᠤᠶᠠᠳᠤᠭᠠᠷ ᠵᠦᠢᠯ ᠠᠯᠠᠱᠠ ᠵᠡᠭᠦᠨ ᠬᠤᠰᠢᠭᠤᠨ ᠤ ᠲᠡᠭᠷᠢ ᠡᠯᠡᠰᠦᠨ ᠴᠥᠯ ᠤᠨ ᠣᠷᠣᠨ ᠳᠤ | ᠵᠢᠭᠤᠯᠴᠢᠯᠠᠯ ᠤᠨ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠵᠦ ᠪᠠᠶᠢᠭ᠎ᠠ ᠡᠵᠡᠩᠨᠡᠭᠴᠢ᠂ ᠬᠡᠭᠡᠷ᠎ᠡ ᠶᠢᠨ ᠬᠥᠳᠡᠯᠭᠡᠭᠡᠨ ᠤ | ᠵᠣᠬᠢᠶᠠᠨ ᠪᠠᠶᠢᠭᠤᠯᠤᠭᠴᠢ ᠪᠠ ᠣᠷᠣᠯᠴᠠᠭᠴᠢ ᠪᠦᠬᠦᠨ ᠡᠷᠬᠡᠪᠰᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠵᠢᠭᠤᠯᠴᠢᠯᠠᠯ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠡᠶ᠎ᠡ ᠶᠢᠨ | ᠲᠠᠮᠢᠷ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠳᠦᠷᠢᠮ︾ | ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ ᠲᠣᠭᠲᠠᠭᠠᠯ ᠪᠠ ᠥᠪᠡᠷᠲᠡᠭᠡᠨ ᠵᠠᠰᠠᠬᠤ | ᠣᠷᠣᠨ᠂ ᠠᠶᠢᠮᠠᠭ ᠤᠨ ᠱᠠᠲᠤᠨ ᠤ ᠬᠠᠮᠢᠶ᠎ᠠ ᠪᠦᠬᠦᠢ ᠲᠣᠭᠲᠠᠭᠠᠯ ᠢ ᠵᠢᠷᠤᠮᠯᠠᠬᠤ ᠶᠢᠨ ᠬᠠᠮᠲᠤ ᠲᠣᠰ ᠠᠷᠭ᠎ᠠ ᠶᠢ | ᠵᠢᠷᠤᠮᠯᠠᠬᠤ ᠬᠡᠷᠡᠭᠲᠡᠢ᠃ | | ᠲᠣᠰ ᠠᠷᠭ᠎ᠠ ᠳᠤ ᠬᠡᠯᠡᠵᠦ ᠪᠠᠶᠢᠭ᠎ᠠ ᠵᠢᠭᠤᠯᠴᠢᠯᠠᠯ ᠤᠨ ᠡᠵᠡᠩᠨᠡᠯᠲᠡ ᠶᠢᠨ ᠠᠵᠢᠯᠯᠠᠭ᠎ᠠ ᠭᠡᠳᠡᠭ ᠨᠢ ᠭᠤᠣᠯᠳᠠᠭᠤ | ᠠᠯᠠᠱᠠ ᠵᠡᠭᠦᠨ ᠬᠤᠰᠢᠭᠤᠨ ᠤ ᠲᠡᠭᠷᠢ ᠡᠯᠡᠰᠦᠨ ᠴᠥᠯ ᠤᠨ ᠣᠷᠣᠨ ᠳᠤ ᠢᠳᠡᠭᠡᠨ ᠤᠮᠳᠠᠭᠠᠨ ᠤ ᠦᠢᠯᠡᠴᠢᠯᠡᠭᠡ᠂ | ᠵᠢᠭᠤᠯᠴᠢᠯᠠᠯ ᠤᠨ ᠦᠢᠯᠡᠴᠢᠯᠡᠭᠡ᠂ ᠬᠤᠨᠤᠭ ᠤᠨ ᠦᠢᠯᠡᠴᠢᠯᠡᠭᠡ᠂ ᠵᠢᠭᠤᠯᠴᠢᠯᠠᠯ ᠤᠨ ᠦᠢᠯᠡᠴᠢᠯᠡᠭᠡ ᠵᠡᠷᠭᠡ | ᠵᠢᠭᠤᠯᠴᠢᠯᠠᠯ ᠤᠨ ᠡᠵᠡᠩᠨᠡᠯᠲᠡ ᠶᠢᠨ ᠠᠵᠢᠯᠯᠠᠭ᠎ᠠ ᠡᠷᠭᠢᠯᠡᠬᠦ ᠶᠢ ᠵᠢᠭᠠᠵᠤ ᠪᠣᠶ᠃ | | ᠲᠣᠰ ᠠᠷᠭ᠎ᠠ ᠳᠤ ᠬᠡᠯᠡᠵᠦ ᠪᠠᠶᠢᠭ᠎ᠠ ᠬᠡᠭᠡᠷ᠎ᠡ ᠶᠢᠨ ᠲᠠᠮᠢᠷ ᠤᠨ ᠬᠥᠳᠡᠯᠭᠡᠭᠡᠨ ᠭᠡᠳᠡᠭ ᠨᠢ ᠭᠤᠣᠯᠳᠠᠭᠤ ᠡᠯᠡᠰᠦᠨ | ᠴᠥᠯ ᠤᠨ ᠬᠡᠪᠴᠢᠶᠡᠨ ᠳᠤ ᠶᠠᠪᠤᠭᠳᠠᠬᠤ ᠳᠠᠯᠳᠠ ᠠᠶᠤᠯ ᠲᠠᠢ ᠡᠯᠡᠰᠦᠨ ᠴᠥᠯ ᠤᠨ ᠶᠠᠪᠠᠭᠠᠨ ᠶᠠᠪᠤᠬᠤ᠂ ᠪᠠᠷᠲᠠᠭ᠎ᠠ | ᠰᠢᠨᠵᠢᠯᠡᠬᠦ᠂ ᠨᠡᠪᠲᠡᠯᠦᠨ ᠥᠩᠭᠡᠷᠡᠬᠦ᠂ ᠬᠡᠭᠡᠷ᠎ᠡ ᠪᠠᠭᠤᠳᠠᠯᠯᠠᠬᠤ᠂ ᠰᠤᠳᠤᠯᠤᠨ ᠰᠤᠷᠤᠯᠴᠠᠬᠤ᠂ ᠮᠠᠷᠠᠽᠤᠨ ᠰᠤᠷᠤᠯᠴᠠᠬᠤ | ᠂ ᠳᠤᠭᠤᠢ ᠲᠡᠷᠭᠡ ᠤᠨᠤᠬᠤ᠂ ᠡᠯᠡᠰᠦᠨ ᠴᠥᠯ ᠤᠨ ᠬᠡᠭᠡᠷ᠎ᠡ ᠶᠢᠨ ᠲᠡᠷᠭᠡ ᠥᠩᠭᠡᠷᠡᠬᠦ᠂ ᠮᠠᠰᠢᠨ ᠪᠣᠯᠣᠨ ᠮᠣᠲ᠋ᠣᠷ | ᠤᠷᠤᠯᠳᠤᠭᠠᠨ᠂ ᠳᠣᠣᠷ᠎ᠠ ᠠᠭᠠᠷ ᠤᠨ ᠨᠢᠰᠦᠯᠲᠡ᠂ ᠡᠯᠡᠰᠦᠨ ᠳᠠᠩ ᠤᠨ ᠲᠡᠷᠭᠡ᠂ ᠬᠡᠭᠡᠷ᠎ᠡ ᠶᠢᠨ ᠳᠥᠷᠪᠡᠨ ᠬᠦᠷᠳᠦᠲᠦ | ᠲᠡᠷᠭᠡᠨ ᠤ ᠲᠥᠷᠥᠯ ᠤᠨ ᠠᠵᠢᠯᠯᠠᠭ᠎ᠠ ᠶᠢ ᠵᠢᠭᠠᠵᠤ ᠪᠣᠶ᠂ ᠡᠭᠦᠨ ᠳᠤ ᠡᠵᠡᠩᠨᠡᠯᠲᠡ ᠶᠢᠨ ᠴᠢᠨᠠᠷᠲᠠᠢ ᠪᠠ | ᠡᠵᠡᠩᠨᠡᠯᠲᠡ ᠶᠢᠨ ᠪᠤᠰᠤ ᠴᠢᠨᠠᠷᠲᠠᠢ ᠤᠷᠤᠯᠳᠤᠭᠠᠨ ᠵᠢᠴᠢ ᠰᠡᠯᠡᠭᠦᠴᠡᠨ ᠵᠤᠭᠠᠴᠠᠬᠤ ᠠᠵᠢᠯᠯᠠᠭ᠎ᠠ ᠪᠠᠭᠲᠠᠨ᠎ᠠ᠃ | | ᠭᠤᠷᠪᠠᠳᠤᠭᠠᠷ ᠵᠦᠢᠯ ᠬᠤᠰᠢᠭᠤᠨ ᠠᠷᠠᠳ ᠤᠨ ᠵᠠᠰᠠᠭ ᠤᠨ ᠣᠷᠳᠣᠨ ᠨᠢ ᠵᠢᠭᠤᠯᠴᠢᠯᠠᠯ ᠤᠨ ᠠᠵᠢᠯ ᠤᠨ | ᠵᠣᠬᠢᠶᠠᠨ ᠪᠠᠶᠢᠭᠤᠯᠤᠯᠲᠠ ᠪᠠ ᠤᠳᠤᠷᠢᠳᠤᠯᠭ᠎ᠠ ᠪᠠᠨ ᠴᠢᠩᠭᠠᠳᠬᠠᠵᠤ᠂ ᠵᠣᠬᠢᠴᠠᠭᠤᠯᠤᠨ ᠬᠤᠯᠪᠣᠭᠠᠯᠠᠬᠤ | ᠲᠣᠭᠲᠠᠴᠠ ᠶᠢ ᠪᠠᠶᠢᠭᠤᠯᠤᠨ᠂ ᠠᠯᠠᠱᠠ ᠵᠡᠭᠦᠨ ᠬᠤᠰᠢᠭᠤᠨ ᠤ ᠡᠯᠡᠰᠦᠨ ᠴᠥᠯ ᠤᠨ ᠵᠢᠭᠤᠯᠴᠢᠯᠠᠯ ᠤᠨ ᠦᠢᠯᠡᠰ ᠤᠨ | ᠬᠥᠭᠵᠢᠯᠲᠡ ᠪᠠ ᠬᠢᠨᠠᠯᠲᠠ ᠬᠠᠮᠢᠶᠠᠷᠤᠯᠲᠠ ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠤᠨ᠎ᠠ᠃ ᠰᠤᠮᠤ ︵ᠪᠠᠯᠭᠠᠰᠤ︶ | ᠶᠢᠨ ᠵᠠᠰᠠᠭ ᠤᠨ ᠣᠷᠳᠣᠨ ᠨᠢ ᠲᠣᠰ ᠬᠠᠷᠢᠶ᠎ᠠ ᠭᠠᠵᠠᠷ ᠤᠨ ᠢᠶᠠᠨ ᠵᠢᠭᠤᠯᠴᠢᠯᠠᠯ ᠤᠨ ᠦᠢᠯᠡᠰ ᠤᠨ ᠬᠥᠭᠵᠢᠯᠲᠡ᠂ | ᠦᠢᠯᠡᠴᠢᠯᠡᠭᠡᠨ ᠤ ᠵᠢᠯᠣᠭᠤᠳᠤᠯᠭ᠎ᠠ ᠪᠠ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃ | ᠬᠤᠰᠢᠭᠤᠨ ᠵᠠᠰᠠᠭ ᠤᠨ ᠣᠷᠳᠣᠨ ᠤ ᠡᠯ᠎ᠡ ᠪᠦᠷᠢᠯᠳᠦᠭᠦᠨ ᠰᠠᠯᠠᠭ᠎ᠠ ᠮᠥᠴᠢᠷ ᠬᠤᠰᠢᠭᠤᠨ ᠵᠠᠰᠠᠭ ᠤᠨ ᠣᠷᠳᠣᠨ ᠤ | ᠪᠠᠶᠢᠷᠢᠯᠠᠭᠤᠯᠤᠯᠲᠠ ᠱᠠᠭᠠᠷᠳᠠᠯᠭ᠎ᠠ ᠪᠠ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠡᠯᠡᠰᠦᠨ | ᠴᠥᠯ ᠤᠨ ᠵᠢᠭᠤᠯᠴᠢᠯᠠᠯ ᠤᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠥᠷᠨᠢᠭᠦᠯᠦᠨ᠎ᠡ᠃ | | ᠬᠤᠶᠠᠳᠤᠭᠠᠷ ᠪᠥᠯᠥᠭ ᠵᠢᠭᠤᠯᠴᠢᠯᠠᠯ ᠤᠨ ᠡᠵᠡᠩᠨᠡᠯᠲᠡ ᠶᠢᠨ ᠠᠵᠢᠯᠯᠠᠭ᠎ᠠ ᠶᠢᠨ ᠬᠠᠮᠢᠶᠠᠷᠤᠯᠲᠠ | | ᠳᠥᠷᠪᠡᠳᠦᠭᠡᠷ ᠵᠦᠢᠯ ᠵᠢᠭᠤᠯᠴᠢᠯᠠᠯ ᠤᠨ ᠡᠵᠡᠩᠨᠡᠯᠲᠡ ᠶᠢᠨ ᠠᠵᠢᠯᠯᠠᠭ᠎ᠠ ᠶᠢᠨ ᠬᠡᠪᠴᠢᠶ᠎ᠡ᠂ ᠵᠠᠮ ᠱᠤᠭᠤᠮ ᠢ | ᠲᠣᠭᠲᠠᠭᠠᠵᠤ᠂ ᠬᠠᠷᠢᠶ᠎ᠠ ᠭᠠᠵᠠᠷ ᠤᠨ ᠰᠤᠮᠤ ᠪᠠᠯᠭᠠᠰᠤ ᠶᠢᠨ ᠵᠠᠰᠠᠭ ᠤᠨ ᠣᠷᠳᠣᠨ ᠠᠴᠠ ᠰᠣᠶᠣᠯ ᠵᠢᠭᠤᠯᠴᠢᠯᠠᠯ᠂ | ᠰᠤᠷᠭᠠᠨ ᠬᠥᠮᠦᠵᠢᠯ ᠤᠨ ᠪᠡᠶ᠎ᠡ ᠶᠢᠨ ᠲᠠᠮᠢᠷ᠂ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ ᠲᠡᠭᠡᠭᠡᠪᠦᠷᠢ᠂ | ᠰᠢᠨᠵᠢᠯᠡᠬᠦ ᠤᠬᠠᠭᠠᠨ ᠣᠶ ᠡᠪᠡᠰᠦ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ | ᠬᠠᠮᠵᠢᠯᠴᠠᠨ ᠠᠩᠬ᠎ᠠ ᠰᠣᠩᠭᠤᠯᠲᠠ ᠬᠢᠬᠦ ᠶᠢᠨ ᠬᠠᠮᠲᠤ᠂ ᠶᠡᠷᠦᠩᠬᠡᠶᠢᠯᠡᠨ ᠨᠤᠲᠠᠯᠠᠭᠰᠠᠨ ᠤ ᠳᠠᠷᠠᠭ᠎ᠠ ᠬᠤᠰᠢᠭᠤᠨ ᠤ | ᠵᠠᠰᠠᠭ ᠤᠨ ᠣᠷᠳᠣᠨ ᠳᠤ ᠮᠡᠳᠡᠭᠦᠯᠵᠦ ᠨᠢᠭᠡᠳᠦᠯᠲᠡᠢ ᠲᠥᠷᠥᠯ ᠬᠤᠪᠢᠶᠠᠨ ᠨᠡᠶᠢᠲᠡᠯᠡᠨ᠎ᠡ᠃ | | ᠲᠣᠭᠲᠠᠭᠠᠭᠰᠠᠨ ᠬᠦᠷᠢᠶ᠎ᠡ ᠬᠡᠪᠴᠢᠶ᠎ᠡ ᠵᠢᠴᠢ ᠵᠠᠮ ᠱᠤᠭᠤᠮ ᠳᠤ ᠵᠣᠬᠢᠬᠤ ᠢᠯᠡᠷᠬᠡᠶᠢᠯᠡᠯ ᠤᠨ ᠫᠠᠶᠢᠰᠠ᠂ | ᠰᠡᠷᠡᠮᠵᠢ ᠶᠢᠨ ᠲᠡᠮᠳᠡᠭ᠂ ᠤᠬᠠᠭᠤᠯᠭ᠎ᠠ ᠶᠢᠨ ᠫᠠᠶᠢᠰᠠ ᠵᠡᠷᠭᠡ ᠶᠢ ᠪᠠᠶᠢᠷᠢᠯᠠᠭᠤᠯᠬᠤ ᠬᠡᠷᠡᠭᠲᠡᠢ᠃ | | ᠲᠠᠪᠤᠳᠤᠭᠠᠷ ᠵᠦᠢᠯ ᠵᠢᠭᠤᠯᠴᠢᠯᠠᠯ ᠤᠨ ᠭᠠᠵᠠᠷ᠂ ᠦᠵᠡᠮᠵᠢ ᠶᠢᠨ ᠣᠷᠣᠨ ᠤ ᠦᠢᠯᠡᠴᠢᠯᠡᠭᠡᠨ ᠤ | ᠵᠢᠯᠣᠭᠤᠳᠤᠯᠭ᠎ᠠ ᠪᠠ ᠬᠢᠨᠠᠯᠲᠠ ᠬᠠᠮᠢᠶᠠᠷᠤᠯᠲᠠ ᠶᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠵᠢᠭᠤᠯᠴᠢᠯᠠᠯ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠳᠦᠷᠢᠮ | ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ ᠲᠣᠭᠲᠠᠭᠠᠯ ᠢ ᠴᠢᠩᠭ᠎ᠠ ᠵᠢᠷᠤᠮᠯᠠᠨ | ᠬᠡᠷᠡᠭᠵᠢᠭᠦᠯᠦᠨ᠎ᠡ᠃ | | ᠵᠢᠷᠭᠤᠳᠤᠭᠠᠷ ᠵᠦᠢᠯ ᠡᠯᠡᠰᠦᠨ ᠴᠥᠯ ᠤᠨ ᠣᠷᠣᠨ ᠪᠦᠰᠡ ᠶᠢᠨ ᠳᠣᠲᠣᠷᠠᠬᠢ ᠠᠷᠠᠳ ᠤᠨ ᠣᠷᠣᠨ ᠰᠠᠭᠤᠴᠠ᠂ | ᠮᠠᠯᠴᠢᠨ ᠠᠶᠢᠯ ᠤᠨ ᠵᠢᠭᠤᠯᠴᠢᠯᠠᠯ ᠢ ᠨᠡᠭᠡᠭᠡᠨ ᠡᠷᠭᠢᠯᠡᠬᠦ ᠳᠤ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠶᠢ | ᠠᠮᠠᠯᠳᠠᠪᠠᠯ ᠳᠠᠷᠤᠢ ᠣᠷᠣᠭᠤᠯᠬᠤ ᠳᠦᠷᠢᠮ ᠢ ᠬᠡᠷᠡᠭᠵᠢᠭᠦᠯᠦᠨ᠎ᠡ᠃ ᠪᠣᠳᠠᠲᠠᠢ ᠶᠠᠪᠤᠴᠠ ᠨᠢ᠄ | | ︵ᠨᠢᠭᠡ︶ ᠠᠷᠠᠳ ᠤᠨ ᠪᠠᠭᠤᠳᠠᠯ᠂ ᠮᠠᠯᠴᠢᠨ ᠠᠶᠢᠯ ᠤᠨ ᠵᠤᠭᠠᠴᠠᠯ ᠤᠨ ᠡᠵᠡᠩᠨᠡᠭᠴᠢ ᠬᠤᠲᠠ ᠶᠢᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠡᠵᠡᠩᠨᠡᠯᠲᠡ ᠶᠢᠨ ᠦᠨᠡᠮᠯᠡᠯ ᠭᠤᠶᠤᠴᠢᠯᠠᠨ ᠣᠯᠣᠭᠰᠠᠨ ᠤ ᠳᠠᠷᠠᠭ᠎ᠠ᠂ | ᠡᠷᠬᠡᠪᠰᠢ APP ᠶᠢᠨ ᠠᠯᠪᠠᠨ ᠤ ᠲᠠᠪᠴᠠᠩ ᠪᠤᠶᠤ ᠨᠢᠭᠡᠨᠲᠡ ᠨᠡᠶᠢᠲᠡᠯᠡᠭᠰᠡᠨ ᠡᠷᠬᠡ ᠣᠯᠭᠤᠬᠤ ᠳᠠᠩᠰᠠᠯᠠᠯᠲᠠ ᠶᠢᠨ | ᠴᠡᠭ ᠲᠤ ᠭᠠᠷᠴᠤ᠂ ᠪᠡᠶ᠎ᠡ ᠪᠠᠨ ᠳᠠᠭᠠᠭᠠᠨ ᠮᠡᠳᠡᠭᠦᠯᠵᠦ ᠪᠦᠷᠢᠳᠬᠡᠨ ᠳᠠᠩᠰᠠᠯᠠᠭᠤᠯᠵᠤ᠂ ᠱᠠᠭᠠᠷᠳᠠᠯᠭ᠎ᠠ ᠶᠣᠰᠣᠭᠠᠷ | ᠬᠤᠯᠪᠣᠭᠳᠠᠯ ᠪᠦᠬᠦᠢ ᠮᠠᠲ᠋ᠧᠷᠢᠶᠠᠯ ᠢ ᠳᠡᠭᠡᠭᠰᠢ ᠳᠠᠮᠵᠢᠭᠤᠯᠬᠤ ᠶᠢᠨ ᠬᠠᠮᠲᠤ ︽ᠠᠮᠠᠯᠠᠯᠲᠠ ᠶᠢᠨ ᠪᠢᠴᠢᠭ︾ ᠢᠶᠠᠨ | ᠲᠤᠰᠢᠶᠠᠬᠤ ᠬᠡᠷᠡᠭᠲᠡᠢ᠃ ᠮᠠᠲ᠋ᠧᠷᠢᠶᠠᠯ ᠨᠢ ᠪᠦᠷᠢᠨ ᠪᠠᠶᠢᠪᠠᠯ᠂ ᠰᠢᠢᠳᠪᠦᠷᠢᠯᠡᠬᠦ ᠪᠠᠷ ᠭᠥᠯᠢᠶᠡᠨ ᠠᠪᠤᠭᠰᠠᠨ ᠡᠳᠦᠷ ᠠᠴᠠ | ᠡᠬᠢᠯᠡᠨ 3 ᠠᠵᠢᠯᠯᠠᠬᠤ ᠡᠳᠦᠷ ᠤᠨ ᠳᠣᠲᠣᠷ᠎ᠠ ᠭᠦᠢᠴᠡᠳᠬᠡᠵᠦ ᠳᠠᠭᠤᠰᠬᠠᠬᠤ ᠶᠢᠨ ᠬᠠᠮᠲᠤ᠂ ᠠᠷᠠᠳ ᠤᠨ ᠣᠷᠣᠨ | ᠰᠠᠭᠤᠴᠠ ᠶᠢᠨ ᠡᠵᠡᠩᠨᠡᠭᠴᠢ ᠳᠤ ᠳᠡᠩᠰᠡᠯᠡᠨ ᠲᠡᠮᠳᠡᠭᠯᠡᠭᠦᠯᠦᠭᠰᠡᠨ ᠬᠠᠷᠢᠭᠤ ᠪᠠᠷᠢᠮᠲᠠ ᠶᠢ ᠣᠯᠭᠤᠬᠤ ᠬᠡᠷᠡᠭᠲᠡᠢ᠃ | ᠪᠦᠷᠢᠳᠬᠡᠨ ᠲᠡᠮᠳᠡᠭᠯᠡᠬᠦ ᠭᠠᠷᠳᠠᠮ ᠢ ᠭᠦᠢᠴᠡᠳᠬᠡᠬᠦ ᠬᠤᠯᠪᠣᠭᠳᠠᠯ ᠪᠦᠬᠦᠢ ᠠᠵᠢᠯ ᠢ ᠰᠣᠶᠣᠯ ᠵᠢᠭᠤᠯᠴᠢᠯᠠᠯ ᠤᠨ | ᠰᠠᠯᠠᠭ᠎ᠠ ᠮᠥᠴᠢᠷ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠢ ᠬᠠᠮᠢᠶᠠᠷᠬᠤ ᠪᠠ ᠵᠣᠬᠢᠴᠠᠭᠤᠯᠤᠨ ᠵᠣᠯᠭᠠᠭᠤᠯᠬᠤ ᠶᠢ | ᠬᠠᠷᠢᠭᠤᠴᠠᠨ᠎ᠠ᠃ | | ︵ᠬᠤᠶᠠᠷ︶ ᠠᠷᠠᠳ ᠤᠨ ᠪᠠᠭᠤᠳᠠᠯ᠂ ᠮᠠᠯᠴᠢᠨ ᠠᠶᠢᠯ ᠤᠨ ᠵᠤᠭᠠᠴᠠᠯ ᠤᠨ ᠡᠵᠡᠩᠨᠡᠭᠴᠢ ᠬᠤᠲᠠ ᠶᠢᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠣᠯᠭᠤᠭᠰᠠᠨ ᠠᠵᠤ ᠦᠢᠯᠡᠳᠪᠦᠷᠢ ᠬᠤᠳᠠᠯᠳᠤᠭᠠᠨ ᠤ | ᠡᠵᠡᠩᠨᠡᠯᠲᠡ ᠶᠢᠨ ᠦᠨᠡᠮᠯᠡᠯ ᠢᠶᠠᠷ ᠢᠶᠠᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠤ ᠬᠦᠷᠴᠦ ᠪᠠᠭᠤᠳᠠᠯ ᠤᠨ | ᠦᠢᠯᠡᠰ ᠤᠨ ᠦᠨᠡᠨ ᠨᠡᠷ᠎ᠡ ᠪᠠᠷ ᠳᠠᠩᠰᠠᠯᠠᠬᠤ ᠮᠡᠳᠡᠭᠡ ᠵᠠᠩᠭᠢ ᠶᠢᠨ ᠰᠢᠰᠲ᠋ᠧᠮ ᠢ ᠤᠭᠰᠠᠷᠠᠭᠤᠯᠬᠤ ᠪᠠᠷ ᠭᠤᠶᠤᠴᠢᠯᠠᠨ᠎ᠠ | ᠃ | | ︵ᠭᠤᠷᠪᠠ︶ ᠠᠷᠠᠳ ᠤᠨ ᠪᠠᠭᠤᠳᠠᠯ᠂ ᠮᠠᠯᠴᠢᠨ ᠠᠶᠢᠯ ᠤᠨ ᠵᠤᠭᠠᠴᠠᠯ ᠤᠨ ᠪᠦᠷᠢᠳᠬᠡᠨ ᠲᠡᠮᠳᠡᠭᠯᠡᠭᠰᠡᠨ | ᠵᠦᠢᠯᠡᠰ ᠲᠤ ᠬᠤᠪᠢᠷᠠᠯᠲᠠ ᠭᠠᠷᠪᠠᠯ᠂ ᠲᠡᠭᠦᠨ ᠤ ᠡᠵᠡᠩᠨᠡᠭᠴᠢ 30 ᠡᠳᠦᠷ ᠤᠨ ᠳᠣᠲᠣᠷ᠎ᠠ ᠤᠤᠯ ᠤᠨ ᠪᠦᠷᠢᠳᠬᠡᠨ | ᠳᠠᠩᠰᠠᠯᠠᠭᠤᠯᠤᠭᠰᠠᠨ ᠰᠠᠯᠠᠭ᠎ᠠ ᠮᠥᠴᠢᠷ ᠲᠤ ᠪᠦᠷᠢᠳᠬᠡᠨ ᠲᠡᠮᠳᠡᠭᠯᠡᠭᠰᠡᠨ ᠵᠦᠢᠯᠡᠰ ᠢᠶᠠᠨ ᠬᠤᠪᠢᠷᠠᠭᠤᠯᠬᠤ ᠭᠠᠷᠳᠠᠮ ᠢ | ᠭᠦᠢᠴᠡᠳᠬᠡᠬᠦ ᠬᠡᠷᠡᠭᠲᠡᠢ᠃ ᠠᠷᠠᠳ ᠤᠨ ᠣᠷᠣᠨ ᠰᠠᠭᠤᠴᠠ᠂ ᠮᠠᠯᠴᠢᠨ ᠠᠶᠢᠯ ᠤᠨ ᠵᠤᠭᠠᠴᠠᠯ ᠤᠨ ᠡᠵᠡᠩᠨᠡᠯᠲᠡ ᠶᠢ | ᠵᠣᠭᠰᠤᠭᠠᠬᠤ ᠪᠤᠶᠤ ᠵᠣᠭᠰᠤᠭᠠᠬᠤ ᠳᠤ᠂ ᠤᠤᠯ ᠤᠨ ᠪᠦᠷᠢᠳᠬᠡᠨ ᠳᠠᠩᠰᠠᠯᠠᠭᠤᠯᠤᠭᠰᠠᠨ ᠰᠠᠯᠠᠭ᠎ᠠ ᠮᠥᠴᠢᠷ ᠲᠤ | ᠪᠦᠷᠢᠳᠬᠡᠨ ᠳᠠᠩᠰᠠᠯᠠᠭᠤᠯᠵᠤ ᠬᠦᠴᠦᠨ ᠦᠭᠡᠢ ᠪᠣᠯᠭᠠᠬᠤ ᠶᠢ ᠮᠡᠳᠡᠭᠳᠡᠬᠦ ᠬᠡᠷᠡᠭᠲᠡᠢ᠃ | | ᠠᠷᠠᠳ ᠤᠨ ᠰᠠᠭᠤᠴᠠ᠂ ᠮᠠᠯᠴᠢᠨ ᠠᠶᠢᠯ ᠤᠨ ᠵᠤᠭᠠᠴᠠᠯ ᠤᠨ ᠡᠵᠡᠩᠨᠡᠭᠴᠢ ᠥᠪᠡᠷ ᠤᠨ ᠬᠠᠩᠭᠠᠭᠰᠠᠨ | ᠳᠠᠩᠰᠠᠯᠠᠭᠤᠯᠤᠭᠰᠠᠨ ᠵᠦᠢᠯᠡᠰ ᠤᠨ ᠮᠡᠳᠡᠭᠡ ᠵᠠᠩᠭᠢ ᠪᠤᠶᠤ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠲᠤ | ᠬᠠᠷᠢᠭᠤᠴᠠᠬᠤ ᠬᠡᠷᠡᠭᠲᠡᠢ᠂ ᠦᠨᠡᠨ ᠪᠣᠳᠠᠲᠤ ᠪᠠᠶᠢᠳᠠᠯ ᠢ ᠨᠢᠭᠤᠨ ᠳᠠᠯᠳᠠᠯᠠᠬᠤ ᠪᠤᠶᠤ ᠬᠤᠳᠠᠯ ᠬᠠᠭᠤᠷᠮᠠᠭ ᠮᠠᠲ᠋ᠧᠷᠢᠶᠠᠯ | ᠲᠤᠰᠢᠶᠠᠵᠤ ᠪᠣᠯᠬᠤ ᠦᠭᠡᠢ᠃ | | ︵ᠳᠥᠷᠪᠡ︶ ᠠᠷᠠᠳ ᠤᠨ ᠪᠠᠭᠤᠳᠠᠯ᠂ ᠮᠠᠯᠴᠢᠨ ᠠᠶᠢᠯ ᠤᠨ ᠵᠢᠭᠤᠯᠴᠢᠯᠠᠯ ᠢ ᠪᠦᠷᠢᠳᠬᠡᠨ ᠳᠠᠩᠰᠠᠯᠠᠭᠰᠠᠨ ᠤ | ᠳᠠᠷᠠᠭᠠᠬᠢ 30 ᠡᠳᠦᠷ ᠤᠨ ᠳᠣᠲᠣᠷ᠎ᠠ᠂ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠤᠳ ᠣᠷᠣᠨ ᠰᠠᠭᠤᠴᠠ ᠪᠠ | ᠪᠦᠲᠦᠭᠡᠨ ᠪᠠᠶᠢᠭᠤᠯᠤᠯᠲᠠ᠂ ᠬᠤᠲᠠ ᠶᠢᠨ ᠬᠢᠨᠠᠯᠲᠠ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ᠂ ᠭᠠᠯ | ᠤᠨᠲᠠᠷᠠᠭᠠᠬᠤ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ | ᠪᠠᠶᠢᠭᠤᠯᠵᠤ ᠰᠤᠮᠤ ᠪᠠᠯᠭᠠᠰᠤ ᠶᠢᠨ ᠵᠠᠰᠠᠭ ᠤᠨ ᠣᠷᠳᠣᠨ ᠲᠠᠢ ᠬᠠᠮᠲᠤᠷᠠᠨ ᠠᠷᠠᠳ ᠤᠨ ᠪᠠᠭᠤᠳᠠᠯ᠂ ᠮᠠᠯᠴᠢᠨ | ᠠᠶᠢᠯ ᠤᠨ ᠵᠢᠭᠤᠯᠴᠢᠯᠠᠯ ᠢ ᠨᠡᠭᠡᠭᠡᠨ ᠡᠷᠭᠢᠯᠡᠬᠦ ᠬᠤᠯᠪᠣᠭᠳᠠᠯ ᠪᠦᠬᠦᠢ ᠠᠮᠠᠯᠠᠯᠲᠠ ᠶᠢᠨ ᠵᠦᠢᠯᠡᠰ ᠢ ᠬᠢᠨᠠᠨ ᠰᠢᠯᠭᠠᠬᠤ | ᠬᠡᠷᠡᠭᠲᠡᠢ᠃ | | ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠠᠤᠯᠢ ᠶᠣᠰᠣᠭᠠᠷ᠂ ᠥᠨᠳᠥᠷ ᠦᠷ᠎ᠡ ᠪᠦᠲᠦᠮᠵᠢᠲᠡᠶ᠂ ᠴᠢᠨᠠᠷ | ᠰᠠᠶᠢᠲᠠᠢ ᠪᠠᠷ ᠭᠤᠶᠤᠴᠢᠯᠠᠭᠴᠢ ᠳᠤ ᠬᠠᠮᠢᠶ᠎ᠠ ᠪᠦᠬᠦᠢ ᠦᠨᠡᠮᠯᠡᠯ ᠢ ᠭᠦᠢᠴᠡᠳᠬᠡᠵᠦ ᠥᠭᠬᠦ ᠬᠡᠷᠡᠭᠲᠡᠢ᠂ ᠪᠤᠰᠤᠳ | ᠤᠷᠢᠳᠠᠴᠢ ᠨᠥᠬᠦᠴᠡᠯ ᠲᠣᠬᠢᠷᠠᠭᠤᠯᠵᠤ ᠪᠣᠯᠬᠤ ᠦᠭᠡᠢ᠃ ᠮᠡᠳᠡᠭᠡ ᠵᠠᠩᠭᠢ᠂ ᠮᠠᠲ᠋ᠧᠷᠢᠶᠠᠯ ᠨᠢ ᠪᠦᠷᠢᠨ ᠪᠤᠰᠤ ᠪᠠᠶᠢᠪᠠᠯ᠂ | ᠨᠢᠭᠡ ᠯᠡ ᠤᠳᠠᠭ᠎ᠠ ᠳᠤ ᠮᠡᠳᠡᠭᠳᠡᠵᠦ ᠨᠥᠬᠦᠪᠦᠷᠢᠯᠡᠨ ᠵᠠᠯᠠᠷᠠᠭᠤᠯᠬᠤ ᠬᠡᠷᠡᠭᠲᠡᠢ᠃ | | ᠳᠣᠯᠣᠳᠤᠭᠠᠷ ᠵᠦᠢᠯ ᠠᠷᠠᠳ ᠤᠨ ᠪᠠᠭᠤᠳᠠᠯ᠂ ᠮᠠᠯᠴᠢᠨ ᠠᠶᠢᠯ ᠤᠨ ᠵᠢᠭᠤᠯᠴᠢᠯᠠᠯ ᠨᠢ ᠴᠢᠬᠤᠯᠠ ᠪᠦᠬᠦᠢ | ᠲᠠᠯᠠᠪᠤᠷ ᠭᠠᠵᠠᠷ᠂ ᠭᠡᠷ ᠪᠠᠶᠢᠰᠢᠩ ᠤᠨ ᠪᠠᠷᠢᠯᠭ᠎ᠠ᠂ ᠠᠮᠤᠷ ᠢ ᠬᠠᠮᠠᠭᠠᠯᠠᠬᠤ᠂ ᠭᠠᠯ ᠤᠨᠲᠠᠷᠠᠭᠠᠬᠤ᠂ ᠡᠷᠡᠭᠦᠯ ᠬᠠᠮᠠᠭᠠᠯᠠᠯ | ᠂ ᠢᠳᠡᠭᠡᠨ ᠤ ᠠᠶᠤᠯᠭᠦᠢ᠂ ᠠᠮᠢ ᠠᠬᠤᠢ ᠪᠠᠨ ᠣᠷᠴᠢᠨ ᠲᠣᠭᠤᠷᠢᠨ ᠵᠡᠷᠭᠡ ᠲᠠᠯ᠎ᠠ ᠪᠠᠨ ᠨᠥᠬᠦᠴᠡᠯ ᠢ ᠪᠦᠷᠢᠳᠦᠭᠦᠯᠵᠦ | ᠂ ᠲᠥᠷᠥᠯ ᠪᠦᠷᠢ ᠶᠢᠨ ᠠᠶᠤᠯᠭᠦᠢ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠬᠤ ᠶᠢᠨ ᠬᠠᠮᠲᠤ ᠠᠶᠤᠯᠭᠦᠢ ᠪᠠᠷ | ᠬᠡᠷᠡᠭᠯᠡᠬᠦ ᠪᠠᠷᠢᠮᠵᠢᠶ᠎ᠠ ᠳᠤ ᠨᠡᠶᠢᠴᠡᠭᠦᠯᠬᠦ ᠬᠡᠷᠡᠭᠲᠡᠢ᠃ | | ᠨᠠᠢᠮᠠᠳᠤᠭᠠᠷ ᠵᠦᠢᠯ ᠬᠤᠰᠢᠭᠤᠨ ᠰᠣᠶᠣᠯ ᠤᠨ ᠵᠢᠭᠤᠯᠴᠢᠯᠠᠯ ᠤᠨ ᠲᠣᠪᠴᠢᠶ᠎ᠠ ︽ᠵᠢᠭᠤᠯᠴᠢᠯᠠᠯ ᠤᠨ | ᠠᠷᠠᠳ ᠤᠨ ᠣᠷᠣᠨ ᠰᠠᠭᠤᠴᠠ ᠶᠢᠨ ᠦᠨᠳᠦᠰᠦᠨ ᠱᠠᠭᠠᠷᠳᠠᠯᠭ᠎ᠠ ᠬᠢᠭᠡᠳ ᠦᠨᠡᠯᠡᠯᠲᠡ︾ ︵LB/T065-2019 | ︶ ︽ᠬᠥᠳᠡᠭᠡ ᠲᠣᠰᠬᠤᠨ ᠤ ᠵᠢᠭᠤᠯᠴᠢᠯᠠᠯ ᠤᠨ ᠭᠥᠯᠢᠶᠡᠨ ᠠᠪᠬᠤ ᠡᠷᠦᠬᠡ ᠶᠢᠨ ᠣᠳᠣᠨ ᠲᠠᠰ ᠢ ᠦᠨᠡᠯᠡᠨ | ᠲᠣᠭᠲᠠᠭᠠᠬᠤ ᠭᠦᠢᠴᠡᠳᠬᠡᠯ ᠲᠤᠭ᠎ᠠ︾ ︵DB15/T1445-2020︶ ᠶᠢᠨ ᠱᠠᠭᠠᠷᠳᠠᠯᠭ᠎ᠠ ᠶᠢ ᠦᠨᠳᠦᠰᠦᠯᠡᠨ᠂ | ᠠᠷᠠᠳ ᠤᠨ ᠣᠷᠣᠨ ᠰᠠᠭᠤᠴᠠ᠂ ᠮᠠᠯᠴᠢᠨ ᠠᠶᠢᠯ ᠤᠨ ᠵᠢᠭᠤᠯᠴᠢᠯᠠᠯ ᠤᠨ ᠶᠠᠰᠤ ᠴᠢᠨᠠᠷ ᠤᠨ ᠵᠡᠷᠭᠡ ᠳᠡᠰ ᠢ ᠦᠨᠡᠯᠡᠨ | ᠲᠣᠭᠲᠠᠭᠠᠬᠤ ᠪᠠ ᠳᠠᠬᠢᠨ ᠬᠢᠨᠠᠬᠤ ᠳᠦᠷᠢᠮ ᠳᠤ ᠬᠢᠨᠠᠯᠲᠠ ᠲᠠᠯᠪᠢᠨ᠎ᠠ᠃ ᠠᠷᠠᠳ ᠤᠨ ᠣᠷᠣᠨ ᠰᠠᠭᠤᠴᠠ᠂ ᠮᠠᠯᠴᠢᠨ | ᠠᠶᠢᠯ ᠤᠨ ᠵᠤᠭᠠᠴᠠᠯ ᠤᠨ ᠡᠵᠡᠩᠨᠡᠭᠴᠢ ᠬᠠᠤᠯᠢ ᠶᠣᠰᠣᠭᠠᠷ ᠡᠵᠡᠩᠨᠡᠯᠲᠡ ᠶᠢᠨ ᠠᠵᠢᠯᠯᠠᠭ᠎ᠠ ᠬᠢᠵᠦ᠂ ᠦᠨᠡᠨᠴᠢ | ᠢᠲᠡᠭᠡᠮᠵᠢᠲᠡᠢ ᠪᠠᠶᠢᠵᠤ᠂ ᠭᠤᠣᠯᠴᠢ ᠪᠠᠷ ᠥᠷᠢᠰᠦᠯᠳᠦᠵᠦ᠂ ᠲᠠᠸᠠᠷ ᠪᠣᠷᠣᠯᠠᠭᠤᠯᠬᠤ ᠪᠠ ᠦᠢᠯᠡᠴᠢᠯᠡᠭᠡ | ᠬᠠᠩᠭᠠᠬᠤ ᠳᠠᠭᠠᠨ ᠵᠦᠢ ᠵᠣᠬᠢᠰᠲᠠᠢ ᠪᠠᠷ ᠰᠦᠢᠳᠬᠡᠯ ᠬᠤᠷᠢᠶᠠᠵᠤ᠂ ᠦᠨ᠎ᠡ ᠬᠠᠩᠰᠢ ᠶᠢ ᠢᠯᠡ ᠬᠠᠳᠠᠬᠤ ᠶᠢᠨ ᠬᠠᠮᠲᠤ | ᠦᠨ᠎ᠡ ᠬᠠᠩᠰᠢ᠂ ᠬᠤᠨᠤᠭ ᠤᠨ ᠮᠡᠳᠡᠯᠭᠡ ᠪᠠᠨ ᠡᠵᠡᠩᠨᠡᠯᠲᠡ ᠶᠢᠨ ᠭᠠᠵᠠᠷ ᠤᠨ ᠢᠶᠠᠨ ᠢᠯᠡ ᠭᠠᠵᠠᠷ ᠲᠤ ᠲᠠᠯᠪᠢᠵᠤ᠂ | ᠲᠥᠷᠥᠯ ᠪᠦᠷᠢ ᠶᠢᠨ ᠲᠡᠮᠳᠡᠭ ᠨᠢ ᠪᠦᠷᠢᠨ ᠭᠦᠢᠴᠡᠳ ᠪᠠᠶᠢᠬᠤ ᠬᠡᠷᠡᠭᠲᠡᠢ᠃ | | ᠶᠢᠰᠦᠳᠦᠭᠡᠷ ᠵᠦᠢᠯ ᠬᠠᠷᠢᠶ᠎ᠠ ᠭᠠᠵᠠᠷ ᠤᠨ ᠰᠤᠮᠤ ᠪᠠᠯᠭᠠᠰᠤ ᠨᠢ ᠬᠤᠲᠠ ᠶᠢᠨ ᠬᠢᠨᠠᠨ ᠪᠠᠶᠢᠴᠠᠭᠠᠬᠤ᠂ ᠰᠤᠷᠭᠠᠨ | ᠬᠥᠮᠦᠵᠢᠯ ᠤᠨ ᠪᠡᠶ᠎ᠡ ᠶᠢᠨ ᠲᠠᠮᠢᠷ᠂ ᠰᠣᠶᠣᠯ ᠵᠢᠭᠤᠯᠴᠢᠯᠠᠯ᠂ ᠪᠠᠴᠢᠮ ᠪᠠᠶᠢᠳᠠᠯ ᠢ ᠠᠷᠭᠠᠴᠠᠬᠤ᠂ ᠡᠷᠡᠭᠦᠯ ᠬᠠᠮᠠᠭᠠᠯᠠᠯ᠂ | ᠠᠮᠢ ᠠᠬᠤᠢ ᠶᠢᠨ ᠣᠷᠴᠢᠨ ᠲᠣᠭᠤᠷᠢᠨ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠰᠠᠯᠠᠭ᠎ᠠ ᠮᠥᠴᠢᠷ ᠲᠠᠢ | ᠬᠠᠮᠵᠢᠯᠴᠠᠨ ᠵᠢᠵᠢᠭ ᠬᠡᠯᠪᠡᠷᠢ ᠶᠢᠨ ᠰᠡᠯᠡᠭᠦᠴᠡᠨ ᠵᠤᠭᠠᠯᠠᠬᠤ ᠲᠥᠷᠥᠯ ᠵᠦᠢᠯ᠂ ᠵᠢᠵᠢᠭ ᠬᠤᠳᠠᠯᠳᠤᠭᠠᠴᠢᠨ᠂ ᠨᠡᠭᠦᠳᠡᠯ | ᠳᠡᠯᠭᠡᠭᠡ ᠮᠠᠶᠢᠮᠠᠢ ᠶᠢᠨ ᠠᠵᠢᠯᠯᠠᠭᠠᠨ ᠤ ᠣᠷᠣᠨ ᠲᠣᠭᠤᠷᠢᠭ ︵ᠴᠢᠭ᠋︶ ᠢ ᠰᠢᠨᠵᠢᠯᠡᠬᠦ ᠤᠬᠠᠭᠠᠨᠴᠢ ᠪᠠᠷ᠂ ᠵᠦᠢ | ᠵᠣᠬᠢᠰᠲᠠᠢ ᠬᠤᠪᠢᠶᠠᠷᠢᠯᠠᠨ ᠲᠣᠭᠲᠠᠭᠠᠵᠤ᠂ ᠵᠢᠯᠣᠭᠤᠳᠤᠨ ᠬᠠᠮᠢᠶᠠᠷᠬᠤ ᠵᠢᠷᠤᠮᠵᠢᠯ ᠪᠤᠶᠤ ᠪᠠᠷᠢᠮᠵᠢᠶ᠎ᠠ ᠶᠢ | ᠨᠠᠷᠢᠯᠢᠭᠵᠢᠭᠤᠯᠤᠨ᠎ᠠ᠃ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠵᠢᠯᠣᠭᠤᠳᠤᠨ ᠦᠢᠯᠡᠴᠢᠯᠡᠬᠦ ᠪᠠ ᠬᠢᠨᠠᠨ | ᠬᠠᠮᠢᠶᠠᠷᠬᠤ ᠠᠵᠢᠯ ᠢᠶᠠᠨ ᠦᠨᠡᠨᠬᠦ ᠭᠦᠢᠴᠡᠳᠬᠡᠬᠦ ᠬᠡᠷᠡᠭᠲᠡᠢ᠃ | | ᠠᠷᠪᠠᠳᠤᠭᠠᠷ ᠵᠦᠢᠯ ᠵᠢᠵᠢᠭ ᠬᠡᠯᠪᠡᠷᠢ ᠶᠢᠨ ᠰᠡᠯᠡᠭᠦᠴᠡᠯ ᠵᠤᠭᠠᠴᠠᠯ ᠤᠨ ᠲᠥᠷᠥᠯ ᠵᠦᠢᠯ᠂ ᠵᠢᠵᠢᠭ | ᠬᠤᠳᠠᠯᠳᠤᠭᠠᠴᠢᠨ᠂ ᠨᠡᠭᠦᠳᠡᠯ ᠳᠡᠯᠭᠡᠭᠡ ᠮᠠᠶᠢᠮᠠᠢ ᠶᠢ ᠨᠡᠭᠡᠭᠡᠨ ᠡᠷᠭᠢᠯᠡᠬᠦ ᠳᠤ ᠵᠠᠬ᠎ᠠ ᠳᠡᠯᠭᠡᠭᠦᠷ ᠲᠤ ᠵᠥᠪᠰᠢᠶᠡᠷᠡᠨ | ᠣᠷᠣᠭᠤᠯᠬᠤ ᠠᠮᠠᠯᠠᠯᠲᠠ ᠶᠢᠨ ᠳᠠᠷᠤᠢ ᠣᠷᠣᠭᠤᠯᠬᠤ ᠳᠦᠷᠢᠮ ᠢ ᠬᠡᠷᠡᠭᠵᠢᠭᠦᠯᠦᠨ᠎ᠡ᠃ ᠡᠵᠡᠩᠨᠡᠭᠴᠢ ᠡᠷᠬᠡᠪᠰᠢ APP | ᠶᠢᠨ ᠠᠯᠪᠠᠨ ᠤ ᠲᠠᠪᠴᠠᠩ ᠪᠤᠶᠤ ᠨᠢᠭᠡᠨᠲᠡ ᠨᠡᠶᠢᠲᠡᠯᠡᠭᠰᠡᠨ ᠡᠷᠬᠡ ᠣᠯᠭᠤᠬᠤ ᠳᠠᠩᠰᠠᠯᠠᠯᠲᠠ ᠶᠢᠨ ᠴᠡᠭ ᠲᠤ ᠭᠠᠷᠴᠤ᠂ | ᠪᠡᠶ᠎ᠡ ᠪᠠᠨ ᠳᠠᠭᠠᠭᠠᠨ ᠮᠡᠳᠡᠭᠦᠯᠦᠨ ᠳᠠᠩᠰᠠᠯᠠᠭᠤᠯᠵᠤ᠂ ᠱᠠᠭᠠᠷᠳᠠᠯᠭ᠎ᠠ ᠶᠣᠰᠣᠭᠠᠷ ᠬᠤᠯᠪᠣᠭᠳᠠᠯ ᠪᠦᠬᠦᠢ ᠮᠠᠲ᠋ᠧᠷᠢᠶᠠᠯ ᠢ | ᠳᠡᠭᠡᠭᠰᠢ ᠳᠠᠮᠵᠢᠭᠤᠯᠬᠤ ᠶᠢᠨ ᠬᠠᠮᠲᠤ ︽ᠠᠮᠠᠯᠠᠯᠲᠠ ᠶᠢᠨ ᠪᠢᠴᠢᠭ︾ ᠢᠶᠠᠨ ᠲᠤᠰᠢᠶᠠᠬᠤ ᠬᠡᠷᠡᠭᠲᠡᠢ᠃ | | ᠡᠵᠡᠩᠨᠡᠭᠴᠢᠳ ᠥᠪᠡᠷ ᠤᠨ ᠬᠠᠩᠭᠠᠭᠰᠠᠨ ᠳᠠᠩᠰᠠᠯᠠᠭᠤᠯᠤᠭᠰᠠᠨ ᠵᠦᠢᠯ ᠤᠨ ᠢᠶᠠᠨ ᠮᠡᠳᠡᠭᠡ ᠵᠠᠩᠭᠢ ᠪᠤᠶᠤ | ᠮᠠᠲ᠋ᠧᠷᠢᠶᠠᠯ ᠤᠨ ᠢᠶᠠᠨ ᠦᠨᠡᠨ ᠪᠣᠳᠠᠲᠤ ᠴᠢᠨᠠᠷ ᠲᠤ ᠬᠠᠷᠢᠭᠤᠴᠠᠬᠤ ᠬᠡᠷᠡᠭᠲᠡᠢ᠂ ᠦᠨᠡᠨ ᠪᠣᠳᠠᠲᠤ ᠪᠠᠶᠢᠳᠠᠯ ᠢ ᠨᠢᠭᠤᠨ | ᠳᠠᠯᠳᠠᠯᠠᠬᠤ ᠪᠤᠶᠤ ᠬᠤᠳᠠᠯ ᠬᠠᠭᠤᠷᠮᠠᠭ ᠮᠠᠲ᠋ᠧᠷᠢᠶᠠᠯ ᠲᠤᠰᠢᠶᠠᠵᠤ ᠪᠣᠯᠬᠤ ᠦᠭᠡᠢ᠃ | | ᠡᠯᠡᠰᠦᠨ ᠳᠠᠩ ᠤᠨ ᠲᠡᠷᠭᠡ᠂ ᠬᠡᠦᠬᠡᠳ ᠤᠨ ᠳᠥᠷᠪᠡᠨ ᠬᠦᠷᠳᠦᠲᠦ ᠲᠡᠷᠭᠡᠨ ᠤ ᠲᠥᠷᠥᠯ ᠢ ᠬᠡᠷᠡᠭᠯᠡᠨ | ᠰᠡᠯᠡᠭᠦᠴᠡᠯ ᠤᠨ ᠬᠥᠳᠡᠯᠭᠡᠭᠡᠨ ᠤ ᠲᠥᠷᠥᠯ ᠵᠦᠢᠯ ᠢ ᠡᠷᠭᠢᠯᠡᠬᠦ ᠳᠤ ᠭᠦᠷᠪᠡᠯ᠂ ᠬᠠᠤᠯᠢ ᠶᠣᠰᠣᠭᠠᠷ ᠬᠤᠳᠠᠯᠳᠤᠭᠠᠨ ᠤ | ᠶᠠᠪᠤᠳᠠᠯ ᠤᠨ ᠳᠠᠩᠰᠠᠯᠠᠯᠲᠠ ᠬᠢᠬᠦ ᠶᠢᠨ ᠬᠠᠮᠲᠤ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠲᠤ | ᠪᠦᠷᠢᠳᠬᠡᠭᠦᠯᠬᠦ ᠬᠡᠷᠡᠭᠲᠡᠢ᠃ ᠳᠠᠩᠰᠠᠯᠠᠭᠤᠯᠤᠭᠰᠠᠨ ᠤ ᠳᠠᠷᠠᠭᠠᠬᠢ 10 ᠡᠳᠦᠷ ᠤᠨ ᠳᠣᠲᠣᠷ᠎ᠠ᠂ ᠰᠤᠷᠭᠠᠨ ᠬᠥᠮᠦᠵᠢᠯ | ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠠᠴᠠ ᠰᠣᠶᠣᠯ ᠤᠨ ᠪᠠᠷᠢᠭᠠᠳᠠ᠂ ᠬᠤᠲᠠ ᠶᠢᠨ ᠬᠢᠨᠠᠨ ᠪᠠᠶᠢᠴᠠᠭᠠᠭᠴᠢ᠂ | ᠰᠤᠮᠤ ᠪᠠᠯᠭᠠᠰᠤᠨ ᠤ ᠵᠠᠰᠠᠭ ᠤᠨ ᠣᠷᠳᠣᠨ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠡᠵᠡᠩᠨᠡᠭᠴᠢ ᠶᠢᠨ ᠬᠤᠯᠪᠣᠭᠳᠠᠯ ᠪᠦᠬᠦᠢ ᠠᠮᠠᠯᠠᠯᠲᠠ ᠶᠢᠨ ᠵᠦᠢᠯᠡᠰ ᠢ ᠬᠢᠨᠠᠨ ᠰᠢᠯᠭᠠᠨ᠎ᠠ᠃ ᠬᠢᠨᠠᠨ ᠪᠠᠶᠢᠴᠠᠭᠠᠭᠰᠠᠨ ᠤ | ᠳᠠᠷᠠᠭ᠎ᠠ 5 ᠠᠵᠢᠯᠯᠠᠬᠤ ᠡᠳᠦᠷ ᠤᠨ ᠳᠣᠲᠣᠷ᠎ᠠ ᠨᠡᠶᠢᠭᠡᠮ ᠨᠡᠶᠢᠲᠡ ᠳᠤ ᠮᠡᠳᠡᠭᠡ ᠵᠠᠩᠭᠢ ᠨᠡᠶᠢᠲᠡᠯᠡᠨ᠎ᠡ᠃ | | ᠪᠤᠰᠤᠳ ᠵᠢᠵᠢᠭ ᠬᠡᠯᠪᠡᠷᠢ ᠶᠢᠨ ᠰᠡᠯᠡᠭᠦᠴᠡᠯ ᠵᠤᠭᠠᠴᠠᠯ ᠤᠨ ᠲᠥᠷᠥᠯ ᠵᠦᠢᠯ᠂ ᠵᠢᠵᠢᠭ ᠬᠤᠳᠠᠯᠳᠤᠭᠠᠴᠢᠨ᠂ | ᠨᠡᠭᠦᠳᠡᠯ ᠳᠡᠯᠭᠡᠭᠡ ᠮᠠᠶᠢᠮᠠᠢ ᠶᠢ ᠳᠠᠩᠰᠠᠯᠠᠭᠰᠠᠨ ᠤ ᠳᠠᠷᠠᠭᠠᠬᠢ 10 ᠡᠳᠦᠷ ᠤᠨ ᠳᠣᠲᠣᠷ᠎ᠠ᠂ ᠬᠠᠷᠢᠶ᠎ᠠ ᠭᠠᠵᠠᠷ ᠤᠨ | ᠰᠤᠮᠤ ᠪᠠᠯᠭᠠᠰᠤ ᠶᠢᠨ ᠵᠠᠰᠠᠭ ᠤᠨ ᠣᠷᠳᠣᠨ ᠠᠴᠠ ᠰᠣᠶᠣᠯ ᠤᠨ ᠵᠢᠭᠤᠯᠴᠢᠯᠠᠯ᠂ ᠬᠤᠲᠠ ᠶᠢᠨ ᠬᠢᠨᠠᠨ ᠪᠠᠶᠢᠴᠠᠭᠠᠬᠤ | ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠵᠡᠩᠨᠡᠭᠴᠢ ᠶᠢᠨ ᠬᠤᠯᠪᠣᠭᠳᠠᠯ ᠪᠦᠬᠦᠢ ᠠᠮᠠᠯᠠᠯᠲᠠ ᠶᠢᠨ | ᠵᠦᠢᠯᠡᠰ ᠢ ᠬᠢᠨᠠᠨ ᠰᠢᠯᠭᠠᠨ᠎ᠠ᠃ | | ᠠᠷᠪᠠᠨ ᠨᠢᠭᠡᠳᠦᠭᠡᠷ ᠵᠦᠢᠯ ᠡᠯᠡᠰᠦᠨ ᠳᠠᠩ ᠤᠨ ᠲᠡᠷᠭᠡ᠂ ᠬᠡᠦᠬᠡᠳ ᠤᠨ ᠳᠥᠷᠪᠡᠨ ᠬᠦᠷᠳᠦᠲᠦ ᠲᠡᠷᠭᠡᠨ ᠤ | ᠲᠥᠷᠥᠯ ᠢ ᠬᠡᠷᠡᠭᠯᠡᠨ ᠰᠡᠯᠡᠭᠦᠴᠡᠯ ᠤᠨ ᠬᠥᠳᠡᠯᠭᠡᠭᠡᠨ ᠤ ᠲᠥᠷᠥᠯ ᠵᠦᠢᠯ ᠢ ᠡᠷᠭᠢᠯᠡᠵᠦ ᠪᠠᠶᠢᠭ᠎ᠠ ᠡᠵᠡᠩᠨᠡᠭᠴᠢ ᠪᠣᠯ | ᠠᠶᠤᠯᠭᠦᠢ ᠦᠢᠯᠡᠳᠪᠦᠷᠢᠯᠡᠬᠦ ᠠᠵᠢᠯ ᠤᠨ ᠬᠠᠷᠢᠭᠤᠴᠠᠯᠭ᠎ᠠ ᠶᠢᠨ ᠭᠤᠣᠯ ᠴᠣᠭᠴᠠ ᠪᠠᠶᠢᠵᠤ᠂ ᠠᠶᠤᠯᠭᠦᠢ | ᠦᠢᠯᠡᠳᠪᠦᠷᠢᠯᠡᠬᠦ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠵᠢᠯᠴᠠᠨ ᠠᠶᠤᠯᠭᠦᠢ ᠶᠢᠨ ᠪᠠᠶᠢᠴᠠᠭᠠᠯᠲᠠ ᠥᠷᠨᠢᠭᠦᠯᠦᠨ᠎ᠡ᠃ | | ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ ᠦᠢᠯᠡᠴᠢᠯᠡᠭᠡ ᠶᠢ ᠳᠡᠭᠡᠳᠦᠯᠡᠬᠦ᠂ ᠦᠨ᠎ᠡ ᠬᠠᠩᠰᠢ ᠶᠢ ᠢᠯᠡ | ᠬᠠᠳᠠᠬᠤ ᠶᠢ ᠪᠠᠷᠢᠮᠲᠠᠯᠠᠵᠤ᠂ ᠦᠢᠯᠡᠴᠢᠯᠡᠭᠡᠨ ᠤ ᠠᠭᠤᠯᠭ᠎ᠠ ᠪᠠ ᠦᠢᠯᠡᠴᠢᠯᠡᠭᠡᠨ ᠤ ᠦᠨ᠎ᠡ ᠬᠠᠩᠰᠢ ᠶᠢ | ᠲᠣᠳᠣᠷᠬᠠᠶᠢᠯᠠᠬᠤ ᠬᠡᠷᠡᠭᠲᠡᠢ᠃ ᠡᠵᠡᠩᠨᠡᠭᠴᠢᠳ ᠤᠨ ᠵᠣᠬᠢᠴᠠᠩᠭᠤᠢ ᠬᠠᠷᠢᠭᠤᠴᠠᠯᠭ᠎ᠠ ᠶᠢᠨ ᠳᠠᠭᠠᠳᠬᠠᠯ ᠬᠤᠳᠠᠯᠳᠤᠨ | ᠠᠪᠬᠤ ᠶᠢ ᠵᠣᠷᠢᠭᠵᠢᠭᠤᠯᠤᠨ᠎ᠠ᠃ | | ᠭᠤᠷᠪᠠᠳᠤᠭᠠᠷ ᠪᠦᠯᠦᠭ ᠬᠡᠭᠡᠷ᠎ᠡ ᠶᠢᠨ ᠬᠥᠳᠡᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ | | ᠠᠷᠪᠠᠨ ᠬᠤᠶᠠᠳᠤᠭᠠᠷ ᠵᠦᠢᠯ ᠡᠯᠡᠰᠦᠨ ᠴᠥᠯ ᠤᠨ ᠣᠷᠣᠨ ᠤ ᠬᠡᠭᠡᠷ᠎ᠡ ᠶᠢᠨ ᠬᠥᠳᠡᠯᠭᠡᠭᠡᠨ ᠤ ᠬᠡᠪᠴᠢᠶ᠎ᠡ᠂ | ᠠᠵᠢᠯᠯᠠᠭᠠᠨ ᠤ ᠱᠤᠭᠤᠮ ᠢ ᠲᠣᠭᠲᠠᠭᠠᠵᠤ᠂ ᠰᠤᠷᠭᠠᠨ ᠬᠥᠮᠦᠵᠢᠯ ᠤᠨ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠠᠴᠠ | ᠬᠠᠷᠢᠶ᠎ᠠ ᠭᠠᠵᠠᠷ ᠤᠨ ᠰᠤᠮᠤ ᠪᠠᠯᠭᠠᠰᠤᠨ ᠤ ᠵᠠᠰᠠᠭ ᠤᠨ ᠣᠷᠳᠣᠨ᠂ ᠰᠣᠶᠣᠯ ᠪᠠᠷᠢᠭᠠᠳᠠ᠂ ᠳᠣᠲᠣᠭᠠᠳᠤ ᠶᠢ | ᠬᠠᠮᠠᠭᠠᠯᠠᠬᠤ᠂ ᠵᠠᠮ ᠬᠠᠷᠢᠯᠴᠠᠭ᠎ᠠ ᠲᠡᠭᠡᠭᠡᠪᠦᠷᠢ᠂ ᠰᠢᠨᠵᠢᠯᠡᠬᠦ ᠤᠬᠠᠭᠠᠨ ᠤ ᠡᠪᠡᠰᠦ᠂ ᠪᠠᠶᠢᠭᠠᠯᠢ ᠶᠢᠨ ᠡᠬᠢ ᠪᠠᠶᠠᠯᠢᠭ | ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠠᠩᠬᠠᠨ ᠤ ᠰᠣᠩᠭᠤᠯᠲᠠ ᠬᠢᠬᠦ ᠶᠢᠨ ᠬᠠᠮᠲᠤ | ᠶᠡᠷᠦᠩᠬᠡᠶᠢᠯᠡᠨ ᠨᠤᠲᠠᠯᠠᠭᠰᠠᠨ ᠤ ᠳᠠᠷᠠᠭ᠎ᠠ ᠬᠤᠰᠢᠭᠤᠨ ᠤ ᠵᠠᠰᠠᠭ ᠤᠨ ᠣᠷᠳᠣᠨ ᠳᠤ ᠮᠡᠳᠡᠭᠦᠯᠵᠦ ᠨᠢᠭᠡᠳᠦᠯᠲᠡᠢ | ᠲᠥᠷᠥᠯ ᠬᠤᠪᠢᠶᠠᠨ ᠨᠡᠶᠢᠲᠡᠯᠡᠨ᠎ᠡ᠃ | | ᠬᠠᠷᠢᠶ᠎ᠠ ᠭᠠᠵᠠᠷ ᠤᠨ ᠰᠤᠮᠤ ᠪᠠᠯᠭᠠᠰᠤ ᠶᠢᠨ ᠵᠠᠰᠠᠭ ᠤᠨ ᠣᠷᠳᠣᠨ ᠨᠢ ᠲᠣᠰ ᠣᠷᠣᠨ ᠪᠦᠰᠡ ᠶᠢᠨ ᠳᠣᠲᠣᠷᠠᠬᠢ | ᠬᠡᠭᠡᠷ᠎ᠡ ᠶᠢᠨ ᠬᠥᠳᠡᠯᠭᠡᠭᠡᠨ ᠤ ᠵᠠᠮ ᠱᠤᠭᠤᠮ ᠤᠨ ᠲᠥᠬᠦᠭᠡᠷᠦᠮᠵᠢ ᠶᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ | ᠱᠠᠭᠠᠷᠳᠠᠯᠭ᠎ᠠ ᠶᠣᠰᠣᠭᠠᠷ ᠬᠡᠭᠡᠷ᠎ᠡ ᠶᠢᠨ ᠬᠥᠳᠡᠯᠭᠡᠭᠡᠨ ᠤ ᠵᠠᠮ ᠱᠤᠭᠤᠮ ᠤᠨ ᠢᠯᠡᠷᠬᠡᠶᠢᠯᠡᠯ ᠫᠠᠶᠢᠰᠠ᠂ ᠰᠡᠷᠡᠮᠵᠢᠯᠡᠭᠦᠯᠬᠦ | ᠲᠡᠮᠳᠡᠭ᠂ ᠤᠬᠠᠭᠤᠯᠭ᠎ᠠ ᠶᠢᠨ ᠫᠠᠶᠢᠰᠠ᠂ ᠵᠠᠮ ᠤᠨ ᠬᠡᠷᠡᠰᠬᠡ ᠵᠡᠷᠭᠡ ᠶᠢ ᠲᠣᠳᠣᠷᠬᠠᠶᠢᠯᠠᠵᠤ᠂ ᠦᠵᠡᠮᠵᠢ᠂ | ᠦᠵᠡᠮᠵᠢ ᠶᠢᠨ ᠣᠷᠣᠨ ᠤ ᠬᠠᠮᠠᠭᠠᠯᠠᠯᠲᠠ ᠶᠢᠨ ᠲᠣᠳᠣᠷᠬᠠᠶᠢᠯᠠᠯᠲᠠ ᠶᠢᠨ ᠫᠠᠶᠢᠰᠠ ᠪᠠᠶᠢᠭᠤᠯᠤᠨ᠂ ᠬᠤᠭ ᠨᠣᠪᠰᠢ ᠶᠢᠨ | ᠬᠠᠶᠢᠷᠴᠠᠭ ᠲᠠᠯᠪᠢᠵᠤ᠂ ᠬᠡᠭᠡᠷ᠎ᠡ ᠶᠢᠨ ᠬᠥᠳᠡᠯᠭᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠢ᠃ | | ᠠᠷᠪᠠᠨ ᠭᠤᠷᠪᠠᠳᠤᠭᠠᠷ ᠵᠦᠢᠯ ᠵᠢᠭᠤᠯᠴᠢᠯᠠᠭᠴᠢ᠂ ᠬᠡᠭᠡᠷ᠎ᠡ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ | ᠪᠠᠭ᠋ᠠᠲᠠᠢ ᠬᠥᠮᠥᠰ ᠵᠡᠷᠭᠡ ᠬᠤᠪᠢ ᠬᠥᠮᠥᠨ ᠡᠯᠡᠰᠦᠨ ᠴᠥᠯ ᠤᠨ ᠬᠡᠭᠡᠷ᠎ᠡ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ | ᠬᠢᠬᠦ ᠠᠴᠠ ᠡᠮᠦᠨ᠎ᠡ᠂ APP ᠶᠢᠨ ᠠᠯᠪᠠᠨ ᠤ ᠲᠠᠯ᠎ᠠ ᠶᠢᠨ ᠲᠠᠪᠴᠠᠩ ᠳᠤ ᠭᠠᠷᠴᠤ ᠳᠡᠩᠰᠡᠯᠡᠨ ᠲᠡᠮᠳᠡᠭᠯᠡᠬᠦ ᠪᠠ | ᠠᠮᠠᠯᠠᠯᠲᠠ ᠬᠢᠬᠦ ᠬᠡᠷᠡᠭᠲᠡᠢ ︵ᠠᠮᠠᠯᠠᠯᠲᠠ ᠶᠢᠨ ᠵᠦᠢᠯᠡᠰ ᠲᠤ ᠠᠮᠢ ᠠᠬᠤᠢ ᠶᠢᠨ ᠣᠷᠴᠢᠨ ᠲᠣᠭᠤᠷᠢᠨ᠂ | ᠵᠢᠭᠤᠯᠴᠢᠯᠠᠯ ᠤᠨ ᠠᠮᠤᠷ ᠲᠦᠪᠰᠢᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠲᠠᠯ᠎ᠠ ᠪᠠᠭᠲᠠᠨ᠎ᠠ︶᠃ | | ᠬᠡᠭᠡᠷ᠎ᠡ ᠶᠢᠨ ᠬᠥᠳᠡᠯᠭᠡᠭᠡᠨ ᠢ ᠵᠣᠬᠢᠶᠠᠨ ᠪᠠᠶᠢᠭᠤᠯᠤᠭᠴᠢᠳ ᠬᠤᠰᠢᠭᠤᠨ ᠤ ᠰᠤᠷᠭᠠᠨ ᠬᠥᠮᠦᠵᠢᠯ ᠤᠨ ᠪᠡᠶ᠎ᠡ ᠶᠢᠨ | ᠲᠠᠮᠢᠷ ᠤᠨ ᠲᠣᠪᠴᠢᠶ᠎ᠠ ᠪᠤᠶᠤ ᠨᠠᠶᠢᠳᠠᠯᠭ᠎ᠠ ᠶᠢᠨ ᠭᠤᠣᠯ ᠴᠣᠭᠴᠠ ᠳᠤ APP ᠶᠢᠨ ᠠᠯᠪᠠᠨ ᠤ ᠲᠠᠪᠴᠠᠩ ᠪᠤᠶᠤ | ᠨᠢᠭᠡᠨᠲᠡ ᠨᠡᠶᠢᠲᠡᠯᠡᠭᠰᠡᠨ ᠡᠷᠬᠡ ᠣᠯᠭᠤᠬᠤ ᠳᠠᠩᠰᠠᠯᠠᠯᠲᠠ ᠶᠢᠨ ᠴᠡᠭ ᠲᠤ ᠤᠷᠢᠳᠴᠢᠯᠠᠨ ᠮᠡᠳᠡᠭᠦᠯᠵᠦ᠂ ᠪᠡᠶ᠎ᠡ ᠪᠠᠨ | ᠳᠠᠭᠠᠭᠠᠨ ᠮᠡᠳᠡᠭᠦᠯᠵᠦ ᠳᠠᠩᠰᠠᠯᠠᠭᠤᠯᠤᠨ᠎ᠠ᠂ ᠳᠠᠩᠰᠠᠯᠠᠯᠲᠠ ᠶᠢᠨ ᠠᠭᠤᠯᠭ᠎ᠠ ᠳᠤ ᠭᠤᠶᠤᠴᠢᠯᠠᠯ ᠤᠨ ᠮᠡᠳᠡᠭᠦᠯᠦᠯᠲᠡ᠂ | ᠠᠮᠠᠯᠠᠯᠲᠠ ᠶᠢᠨ ᠪᠢᠴᠢᠭ᠂ ᠬᠥᠮᠥᠨ ᠤ ᠲᠤᠭ᠎ᠠ᠂ ᠠᠵᠢᠯᠯᠠᠭᠠᠨ ᠤ ᠵᠠᠮ ᠱᠤᠭᠤᠮ᠂ ᠠᠶᠠᠯᠠᠯ ᠤᠨ ᠲᠥᠯᠥᠪᠯᠡᠭᠡ᠂ | ᠲᠣᠨᠤᠭ ᠲᠥᠬᠦᠭᠡᠷᠦᠮᠵᠢ᠂ ᠴᠢᠮᠡᠭᠡ ᠨᠡᠪᠲᠡᠷᠡᠯᠭᠡ ᠶᠢᠨ ᠬᠠᠷᠢᠯᠴᠠᠬᠤ ᠠᠷᠭ᠎ᠠ ᠵᠡᠷᠭᠡ ᠪᠠᠭᠲᠠᠨ᠎ᠠ᠃ ᠬᠡᠷᠪᠡ ᠪᠤᠰᠤᠳ | ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠬᠦ ᠳᠤ ᠬᠤᠯᠪᠣᠭᠳᠠᠬᠤ ᠵᠦᠢᠯ ᠪᠠᠶᠢᠪᠠᠯ᠂ ᠬᠠᠮᠢᠶ᠎ᠠ ᠪᠦᠬᠦᠢ ᠰᠠᠯᠠᠭ᠎ᠠ | ᠮᠥᠴᠢᠷ ᠲᠤ ᠬᠦᠷᠴᠦ ᠬᠢᠨᠠᠨ ᠵᠥᠪᠰᠢᠶᠡᠷᠡᠭᠦᠯᠬᠦ ᠭᠠᠷᠳᠠᠮ ᠭᠦᠢᠴᠡᠳᠬᠡᠬᠦ ᠬᠡᠷᠡᠭᠲᠡᠢ᠃ | | ᠠᠷᠪᠠᠨ ᠳᠥᠷᠪᠡᠳᠦᠭᠡᠷ ᠵᠦᠢᠯ ᠣᠷᠣᠯᠴᠠᠭᠰᠠᠨ ᠬᠥᠮᠥᠨ ᠤ ᠲᠤᠭ᠎ᠠ ᠨᠢ 1000 ᠬᠥᠮᠥᠨ ᠤᠳᠠᠭ᠎ᠠ ᠠᠴᠠ | ᠬᠡᠲᠦᠷᠡᠭᠰᠡᠨ ᠭᠡᠷ ᠤᠨ ᠭᠠᠳᠠᠨᠠᠬᠢ ᠲᠣᠮᠣ ᠬᠡᠯᠪᠡᠷᠢ ᠶᠢᠨ ᠬᠥᠳᠡᠯᠭᠡᠭᠡᠨ ᠢ ᠳᠣᠲᠣᠭᠠᠳᠤ ᠶᠢ ᠬᠠᠮᠠᠭᠠᠯᠠᠬᠤ | ᠪᠠᠶᠢᠭᠤᠯᠤᠯᠭ᠎ᠠ ᠠᠴᠠ ︽ᠤᠯᠠᠨ ᠲᠦᠮᠡᠨᠴᠢ ᠴᠢᠨᠠᠷᠲᠠᠢ ᠲᠣᠮᠣ ᠬᠡᠯᠪᠡᠷᠢ ᠶᠢᠨ ᠰᠣᠶᠣᠯ ᠤᠨ ᠠᠵᠢᠯᠯᠠᠭ᠎ᠠ ᠶᠢᠨ | ᠠᠶᠤᠯᠭᠦᠢ ᠶᠢᠨ ᠬᠠᠮᠢᠶᠠᠷᠤᠯᠲᠠ ᠶᠢᠨ ᠳᠦᠷᠢᠮ︾ ᠤᠨ ᠲᠣᠭᠲᠠᠭᠠᠯ ᠢ ᠦᠨᠳᠦᠰᠦᠯᠡᠨ ᠮᠡᠳᠡᠭᠦᠯᠵᠦ ᠳᠠᠩᠰᠠᠯᠠᠭᠤᠯᠤᠨ᠎ᠠ᠃ | | | ᠠᠷᠪᠠᠨ ᠲᠠᠪᠤᠳᠤᠭᠠᠷ ᠵᠦᠢᠯ ᠬᠡᠭᠡᠷ᠎ᠡ ᠶᠢᠨ ᠬᠥᠳᠡᠯᠭᠡᠭᠡᠨ ᠬᠢᠬᠦ ᠪᠠᠷ ᠭᠤᠶᠤᠴᠢᠯᠠᠬᠤ ᠳᠤ ᠳᠠᠷᠠᠭᠠᠬᠢ | ᠮᠠᠲ᠋ᠧᠷᠢᠶᠠᠯ ᠤᠳ ᠢ ᠬᠠᠩᠭᠠᠬᠤ ᠬᠡᠷᠡᠭᠲᠡᠢ᠄ | | ︵ᠨᠢᠭᠡ︶ ᠭᠤᠶᠤᠴᠢᠯᠠᠯ ᠤᠨ ᠪᠢᠴᠢᠭ᠃ | | ︵ᠬᠤᠶᠠᠷ︶ ᠬᠡᠭᠡᠷ᠎ᠡ ᠶᠢᠨ ᠬᠥᠳᠡᠯᠭᠡᠭᠡᠨ ᠢ ᠡᠭᠦᠰᠬᠡᠭᠰᠡᠨ ᠨᠢᠭᠡᠴᠢ ᠶᠢᠨ ᠬᠠᠤᠯᠢ ᠶᠢᠨ ᠬᠥᠮᠥᠨ ᠤ ᠬᠢᠷᠢ | ᠬᠡᠮ ᠤᠨ ᠭᠡᠷᠡᠴᠢᠯᠡᠯ᠂ ᠡᠵᠡᠩᠨᠡᠯᠲᠡ ᠶᠢᠨ ᠴᠢᠨᠠᠷᠲᠠᠢ ᠨᠢᠭᠡᠴᠢ ᠨᠢ ᠡᠵᠡᠩᠨᠡᠯᠲᠡ ᠶᠢᠨ ᠬᠡᠪᠴᠢᠶᠡᠨ ᠤ ᠭᠡᠷᠡᠴᠢᠯᠡᠯ ᠢ | ᠵᠡᠷᠭᠡᠪᠡᠷ ᠬᠠᠩᠭᠠᠬᠤ᠃ | | ︵ᠭᠤᠷᠪᠠ︶ ᠠᠵᠢᠯᠯᠠᠭ᠎ᠠ ᠶᠢ ᠵᠣᠬᠢᠶᠠᠨ ᠪᠠᠶᠢᠭᠤᠯᠤᠭᠰᠠᠨ ᠲᠠᠯ᠎ᠠ ᠶᠢᠨ ᠪᠦᠬᠦ ᠪᠦᠷᠢᠯᠳᠦᠭᠦᠨ ᠵᠢᠴᠢ | ᠠᠵᠢᠯ ᠤᠨ ᠬᠤᠪᠢᠶᠠᠷᠢᠯᠠᠯ᠃ | | ︵ᠳᠥᠷᠪᠡ︶ ᠪᠦᠯᠬᠦᠮ ᠤᠨ ᠬᠡᠭᠡᠷ᠎ᠡ ᠶᠢᠨ ᠬᠥᠳᠡᠯᠭᠡᠭᠡᠨ ᠤ ᠵᠢᠭᠠᠨ ᠵᠢᠯᠣᠭᠤᠳᠤᠭᠴᠢ ᠶᠢᠨ ᠲᠥᠷᠥᠯ | ᠪᠦᠷᠢ ᠶᠢᠨ ᠬᠢᠷᠢ ᠬᠡᠮ ᠤᠨ ᠦᠨᠡᠮᠯᠡᠯ᠃ | | ︵ᠲᠠᠪᠤ︶ ᠬᠡᠭᠡᠷ᠎ᠡ ᠶᠢᠨ ᠬᠥᠳᠡᠯᠭᠡᠭᠡᠨ ᠤ ᠲᠥᠯᠥᠪᠯᠡᠭᠡ ᠶᠢᠨ ᠪᠢᠴᠢᠭ ᠲᠤ ᠪᠣᠳᠠᠲᠠᠢ ᠠᠵᠢᠯᠯᠠᠭ᠎ᠠ ᠶᠢᠨ | ᠠᠭᠤᠯᠭ᠎ᠠ᠂ ᠵᠠᠮ ᠱᠤᠭᠤᠮ ᠤᠨ ᠵᠢᠷᠤᠭ᠂ ᠡᠷᠭᠢᠯᠡᠭᠰᠡᠨ ᠭᠠᠵᠠᠷ᠂ ᠴᠠᠭ ᠠᠭᠤᠷ ᠴᠠᠭ ᠠᠭᠤᠷ ᠪᠠ ᠠᠪᠤᠷᠠᠨ | ᠲᠤᠰᠠᠯᠠᠬᠤ ᠵᠢᠴᠢ ᠲᠡᠷᠭᠡ ᠬᠥᠰᠬᠡ ᠶᠢ ᠲᠣᠬᠢᠷᠠᠭᠤᠯᠤᠭᠰᠠᠨ ᠪᠠᠶᠢᠳᠠᠯ ᠵᠡᠷᠭᠡ ᠶᠢ ᠪᠠᠭᠲᠠᠭᠠᠨ᠎ᠠ ︵ᠪᠠᠴᠢᠮ ᠪᠠᠶᠢᠳᠠᠯ ᠢ | ᠠᠷᠭᠠᠴᠠᠬᠤ ᠴᠢᠮᠡᠭᠡ ᠨᠡᠪᠲᠡᠷᠡᠯᠭᠡ ᠶᠢᠨ ᠤᠲᠠᠰᠤ᠂ ᠷᠠᠳᠢᠣ᠋ ᠬᠤᠷᠢᠶ᠎ᠠ ᠶᠢᠨ ᠳᠠᠪᠲᠠᠮᠵᠢ ᠵᠢᠴᠢ ᠬᠠᠮᠢᠶ᠎ᠠ ᠪᠦᠬᠦᠢ | ᠲᠥᠬᠦᠭᠡᠷᠦᠮᠵᠢ ᠶᠢ ᠬᠡᠷᠡᠭᠯᠡᠬᠦ ᠳᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠷᠠᠳᠢᠣ᠋ ᠶᠢᠨ | ᠬᠠᠮᠢᠶᠠᠷᠤᠯᠲᠠ ᠶᠢᠨ ᠲᠣᠭᠲᠠᠭᠠᠯ︾ ᠶᠣᠰᠣᠭᠠᠷ ᠳᠡᠩᠰᠡᠯᠡᠨ ᠲᠡᠮᠳᠡᠭᠯᠡᠨ᠎ᠡ︶᠃ | | ︵ᠵᠢᠷᠭᠤᠭ᠎ᠠ︶ ᠵᠡᠪᠰᠡᠭ ᠲᠣᠨᠣᠭᠯᠠᠯ ᠤᠨ ᠲᠣᠳᠣᠷᠬᠠᠢ ᠬᠠᠭᠤᠳᠠᠰᠤ᠃ | | ︵ᠲᠤᠯᠤᠭ᠎ᠠ︶ ᠠᠵᠢᠯᠯᠠᠭ᠎ᠠ ᠳᠤ ᠣᠷᠣᠯᠴᠠᠭᠰᠠᠳ ᠤᠨ ᠳᠠᠭᠠᠳᠬᠠᠯ ᠤᠨ ᠭᠡᠷᠡᠴᠢᠯᠡᠯ᠂ ᠤᠷᠤᠯᠳᠤᠭᠠᠨ ᠳᠤ | ᠣᠷᠣᠯᠴᠠᠬᠤ ᠠᠵᠢᠯᠯᠠᠭ᠎ᠠ ᠶᠢᠨ ᠬᠡᠯᠡᠯᠴᠡᠭᠡᠷ᠃ | | ︵ᠨᠠᠢᠮᠠ︶ ᠠᠶᠤᠯᠭᠦᠢ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ᠂ ᠪᠡᠯᠡᠳᠬᠡᠯ ᠲᠥᠰᠥᠯ᠂ | ᠠᠶᠤᠯᠭᠦᠢ ᠶᠢᠨ ᠦᠨᠡᠯᠡᠨ ᠵᠢᠱᠢᠯᠲᠡ ᠵᠡᠷᠭᠡ ᠪᠤᠰᠤᠳ ᠬᠡᠷᠡᠭᠴᠡᠭᠡ ᠲᠠᠢ ᠮᠠᠲ᠋ᠧᠷᠢᠶᠠᠯ᠃ | | ︵ᠶᠢᠰᠦ︶ ᠠᠮᠠᠯᠠᠯᠲᠠ ᠶᠢᠨ ᠪᠢᠴᠢᠭ᠃ | | ᠬᠡᠭᠡᠷ᠎ᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠭᠴᠢ ᠪᠠ ᠣᠷᠣᠯᠴᠠᠭᠴᠢ ᠡᠷᠬᠡᠪᠰᠢ ᠲᠤᠰ ᠲᠣᠭᠲᠠᠭᠠᠯ ᠢ | ᠴᠢᠩᠭ᠎ᠠ ᠨᠠᠶᠢᠳᠠᠪᠤᠷᠢᠵᠢᠭᠤᠯᠵᠤ᠂ ᠬᠡᠭᠡᠷ᠎ᠡ ᠶᠢᠨ ᠠᠵᠢᠯᠯᠠᠭ᠎ᠠ ᠶᠢᠨ ᠲᠥᠯᠥᠪᠯᠡᠭᠡ ᠵᠢᠴᠢ ᠠᠮᠠᠯᠠᠯᠲᠠ ᠶᠢ ᠬᠢᠨᠠᠮᠠᠭᠠᠢ | ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠠᠵᠢᠯᠯᠠᠭ᠎ᠠ ᠶᠢᠨ ᠬᠤᠭᠤᠴᠠᠭᠠᠨ ᠳᠠᠬᠢ ᠠᠮᠤᠷ ᠲᠦᠪᠰᠢᠨ ᠢ | ᠥᠪᠡᠰᠦᠪᠡᠨ ᠬᠠᠷᠢᠭᠤᠴᠠᠨ ᠡᠭᠦᠷᠭᠡᠯᠡᠬᠦ ᠬᠡᠷᠡᠭᠲᠡᠢ᠃ | | ᠠᠷᠪᠠᠨ ᠵᠢᠷᠭᠤᠳᠤᠭᠠᠷ ᠵᠦᠢᠯ ᠬᠡᠭᠡᠷ᠎ᠡ ᠶᠢᠨ ᠬᠥᠳᠡᠯᠭᠡᠭᠡᠨ ᠵᠢᠴᠢ ᠬᠤᠯᠪᠣᠭᠳᠠᠯ ᠪᠦᠬᠦᠢ ᠠᠵᠢᠯᠯᠠᠭ᠎ᠠ ᠶᠢ | ᠵᠣᠬᠢᠶᠠᠨ ᠪᠠᠶᠢᠭᠤᠯᠬᠤ ᠳᠤ ᠳᠣᠣᠷᠠᠬᠢ ᠨᠥᠬᠦᠴᠡᠯ ᠤᠳ ᠢ ᠪᠦᠷᠢᠳᠦᠭᠦᠯᠦᠭᠰᠡᠨ ᠪᠠᠶᠢᠬᠤ ᠬᠡᠷᠡᠭᠲᠡᠢ᠄ | | ︵ᠨᠢᠭᠡ︶ ᠬᠠᠤᠯᠢ ᠶᠢᠨ ᠬᠥᠮᠥᠨ ᠤ ᠬᠢᠷᠢ ᠬᠡᠮ ᠪᠠ ᠤᠯᠤᠰ ᠤᠨ ᠵᠣᠬᠢᠴᠠᠩᠭᠤᠢ ᠲᠤᠰᠬᠠᠢ ᠮᠡᠷᠭᠡᠵᠢᠯ ᠤᠨ | ᠬᠢᠷᠢ ᠬᠡᠮ ᠢ ᠪᠦᠷᠢᠯᠳᠦᠭᠦᠯᠦᠭᠰᠡᠨ ᠵᠣᠬᠢᠶᠠᠨ ᠪᠠᠶᠢᠭᠤᠯᠤᠯᠲᠠ ᠪᠠ ᠨᠢᠭᠡᠴᠢ ᠰᠠᠨᠠᠭᠠᠴᠢᠯᠠᠭᠰᠠᠨ᠃ | | ︵ᠬᠤᠶᠠᠷ︶ ᠬᠡᠭᠡᠷ᠎ᠡ ᠶᠢᠨ ᠬᠥᠳᠡᠯᠭᠡᠭᠡᠨ ᠢ ᠵᠣᠬᠢᠶᠠᠨ ᠪᠠᠶᠢᠭᠤᠯᠬᠤ ᠳᠠᠭᠠᠨ ᠠᠵᠢᠯᠯᠠᠭ᠎ᠠ ᠶᠢᠨ ᠲᠦᠷᠦᠯ | ᠬᠡᠯᠪᠡᠷᠢ ᠪᠠ ᠬᠡᠪᠴᠢᠶ᠎ᠡ ᠶᠢ ᠦᠨᠳᠦᠰᠦᠯᠡᠨ᠂ ᠡᠷᠬᠡᠪᠰᠢ ᠵᠣᠬᠢᠴᠠᠩᠭᠤᠢ ᠬᠢᠷᠢ ᠬᠡᠮ ᠤᠨ ᠦᠨᠡᠮᠯᠡᠯ ᠲᠠᠢ ᠬᠡᠭᠡᠷ᠎ᠡ ᠶᠢᠨ | ᠬᠥᠳᠡᠯᠭᠡᠭᠡᠨ ᠤ ᠵᠢᠭᠠᠨ ᠵᠢᠯᠣᠭᠤᠳᠤᠭᠴᠢ ᠪᠠ ᠠᠪᠤᠷᠠᠨ ᠲᠤᠰᠠᠯᠠᠭᠴᠢ ᠶᠢ ᠲᠣᠬᠢᠷᠠᠭᠤᠯᠬᠤ ᠬᠡᠷᠡᠭᠲᠡᠢ᠃ | | ︵ᠭᠤᠷᠪᠠ︶ ᠶᠠᠪᠠᠭᠠᠨ ᠶᠠᠪᠤᠬᠤ᠂ ᠬᠡᠭᠡᠷ᠎ᠡ ᠪᠠᠭᠤᠳᠠᠯᠯᠠᠬᠤ᠂ ᠨᠡᠪᠲᠡᠯᠦᠨ ᠥᠩᠭᠡᠷᠡᠬᠦ᠂ ᠠᠭᠤᠯᠠ ᠠᠪᠠᠷᠢᠬᠤ | ᠵᠡᠷᠭᠡ ᠥᠨᠳᠥᠷ ᠠᠶᠤᠯᠲᠤ ᠴᠢᠨᠠᠷᠲᠠᠢ ᠬᠡᠭᠡᠷ᠎ᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠤᠯᠤᠰ ᠤᠨ ᠪᠡᠶ᠎ᠡ ᠶᠢᠨ | ᠲᠠᠮᠢᠷ ᠤᠨ ᠶᠡᠷᠦᠩᠬᠡᠢ ᠲᠣᠪᠴᠢᠶ᠎ᠠ ᠶᠢᠨ ︽ᠥᠨᠳᠥᠷ ᠠᠶᠤᠯᠲᠤ ᠴᠢᠨᠠᠷᠲᠠᠢ ᠪᠡᠶ᠎ᠡ ᠶᠢᠨ ᠲᠠᠮᠢᠷ ᠤᠨ ᠲᠥᠷᠥᠯ ᠵᠦᠢᠯ ᠢ | ᠡᠵᠡᠩᠨᠡᠬᠦ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠮᠢᠶᠠᠷᠤᠯᠲᠠ ᠶᠢᠨ ᠠᠷᠭ᠎ᠠ︾ ᠶᠢ ᠴᠢᠩᠭ᠎ᠠ ᠵᠢᠷᠤᠮᠯᠠᠨ | ᠬᠡᠷᠡᠭᠵᠢᠭᠦᠯᠵᠦ᠂ ᠪᠣᠳᠠᠲᠠᠢ ᠠᠵᠢᠯᠯᠠᠭ᠎ᠠ ᠶᠢᠨ ᠲᠥᠷᠥᠯ ᠵᠦᠢᠯ ᠢ ᠤᠯᠤᠰ ᠤᠨ ᠬᠠᠮᠢᠶ᠎ᠠ ᠪᠦᠬᠦᠢ ᠪᠡᠶ᠎ᠡ ᠶᠢᠨ ᠲᠠᠮᠢᠷ ᠤᠨ | ᠳᠠᠩ ᠵᠦᠢᠯ ᠤᠨ ᠨᠡᠶᠢᠭᠡᠮᠯᠢᠭ ᠤᠨ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ ᠪᠠᠷ ᠯᠠᠪᠯᠠᠯᠲᠠ ᠪᠣᠯᠭᠠᠨ | ᠬᠡᠷᠡᠭᠵᠢᠭᠦᠯᠦᠨ᠎ᠡ᠃ | | ︵ᠳᠥᠷᠪᠡ︶ ᠬᠡᠭᠡᠷ᠎ᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠬᠤ ᠬᠡᠪᠴᠢᠶ᠎ᠡ᠂ ᠭᠠᠵᠠᠷ ᠤᠨ ᠪᠠᠶᠢᠴᠠ | ᠵᠡᠷᠭᠡ ᠶᠢ ᠦᠨᠳᠦᠰᠦᠯᠡᠨ᠂ ᠡᠷᠬᠡᠪᠰᠢ ᠱᠠᠭᠠᠷᠳᠠᠯᠭ᠎ᠠ ᠳᠤ ᠨᠡᠶᠢᠴᠡᠭᠰᠡᠨ ᠠᠪᠤᠷᠠᠯᠳᠠ ᠶᠢᠨ ᠲᠡᠷᠭᠡ᠂ ᠠᠪᠤᠷᠠᠨ ᠲᠤᠰᠠᠯᠠᠬᠤ | ᠲᠡᠷᠭᠡ᠂ ᠴᠢᠮᠡᠭᠡ ᠬᠤᠯᠪᠣᠭ᠎ᠠ ᠶᠢᠨ ᠲᠡᠷᠭᠡ ᠵᠡᠷᠭᠡ ᠠᠪᠤᠷᠠᠨ ᠲᠤᠰᠠᠯᠠᠬᠤ ᠪᠠᠲᠤᠯᠠᠭ᠎ᠠ ᠶᠢᠨ ᠲᠥᠬᠦᠭᠡᠷᠦᠮᠵᠢ ᠶᠢ | ᠲᠣᠬᠢᠷᠠᠭᠤᠯᠵᠤ᠂ ᠨᠢᠭᠡᠳᠦᠯᠲᠡᠢ ᠲᠣᠬᠢᠷᠠᠭᠤᠯᠤᠨ᠂ ᠪᠦᠲᠦᠮᠵᠢᠲᠡᠶ ᠪᠠᠲᠤᠯᠠᠬᠤ ᠶᠢ ᠪᠡᠶᠡᠯᠡᠭᠦᠯᠬᠦ ᠬᠡᠷᠡᠭᠲᠡᠢ᠃ | | ᠠᠷᠪᠠᠨ ᠳᠣᠯᠣᠳᠤᠭᠠᠷ ᠵᠦᠢᠯ ᠪᠦᠬᠦ ᠤᠯᠤᠰ ᠤᠨ ᠳᠠᠩ ᠵᠦᠢᠯ ᠤᠨ ᠨᠡᠶᠢᠭᠡᠮᠯᠢᠭ ᠠᠴᠠ ᠭᠤᠣᠯᠯᠠᠨ ᠡᠷᠬᠢᠯᠡᠭᠰᠡᠨ | ᠪᠤᠶᠤ ᠭᠤᠣᠯᠯᠠᠨ ᠡᠷᠬᠢᠯᠡᠭᠰᠡᠨ ᠨᠢᠭᠡᠴᠢ ᠶᠢᠨ ᠨᠢᠭᠡ ᠪᠣᠯᠬᠤ ᠪᠡᠶ᠎ᠡ ᠶᠢᠨ ᠲᠠᠮᠢᠷ ᠤᠨ ᠤᠷᠤᠯᠳᠤᠭᠠᠨ ᠤ ᠨᠡᠷᠡᠶᠢᠳᠦᠯ ᠳᠤ | ︽ᠳᠤᠮᠳᠠᠳᠤ ᠤᠯᠤᠰ︾᠂ ︽ᠪᠦᠬᠦ ᠤᠯᠤᠰ︾᠂ ︽ᠤᠯᠤᠰ︾᠂ ︽ᠳᠤᠮᠳᠠᠳᠤ︾ ᠭᠡᠬᠦ ᠦᠰᠦᠭ ᠪᠤᠶᠤ | ᠡᠭᠦᠨ ᠲᠠᠢ ᠠᠳᠠᠯᠢᠪᠲᠤᠷ ᠤᠳᠬ᠎ᠠ ᠲᠠᠢ ᠦᠭᠡᠰ ᠤᠨ ᠰᠠᠩ ᠢ ᠬᠡᠷᠡᠭᠯᠡᠵᠦ ᠪᠣᠯᠣᠨ᠎ᠠ᠃ ᠵᠣᠬᠢᠴᠠᠩᠭᠤᠢ ᠣᠯᠠᠨ | ᠤᠯᠤᠰ ᠤᠨ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠨᠤᠲᠠᠯᠠᠯᠲᠠ ᠶᠢ ᠳᠠᠮᠵᠢᠭᠰᠠᠨ ᠦᠭᠡᠢ ᠪᠣᠯ᠂ | ᠪᠡᠶ᠎ᠡ ᠶᠢᠨ ᠲᠠᠮᠢᠷ ᠤᠨ ᠤᠷᠤᠯᠳᠤᠭᠠᠨ ᠤ ᠨᠡᠷᠡᠶᠢᠳᠦᠯ ᠢ ︽ ᠣᠯᠠᠨ ᠤᠯᠤᠰ︾ ︽ᠳᠡᠯᠡᠬᠡᠢ︾ ︽ᠠᠽᠢᠶ᠎ᠠ ᠲᠢᠪ︾ | ᠭᠡᠬᠦ ᠪᠤᠶᠤ ᠠᠳᠠᠯᠢᠪᠲᠤᠷ ᠤᠳᠬ᠎ᠠ ᠲᠠᠢ ᠦᠭᠡᠰ ᠤᠨ ᠰᠠᠩ ᠢᠶᠠᠷ ᠪᠢᠴᠢᠵᠦ ᠪᠣᠯᠬᠤ ᠦᠭᠡᠢ᠃ | | ᠠᠷᠪᠠᠨ ᠨᠠᠢᠮᠠᠳᠤᠭᠠᠷ ᠵᠦᠢᠯ ᠠᠵᠤ ᠠᠬᠤᠶᠢᠯᠠᠯ᠂ ᠵᠢᠭᠤᠯᠴᠢᠯᠠᠯ ᠡᠵᠡᠩᠨᠡᠭᠴᠢ᠂ ᠵᠢᠭᠤᠯᠴᠢᠯᠠᠯ ᠤᠨ ᠠᠵᠤ | ᠠᠬᠤᠶᠢᠯᠠᠯ᠂ ᠬᠡᠭᠡᠷ᠎ᠡ ᠶᠢᠨ ᠬᠥᠳᠡᠯᠭᠡᠭᠡᠨ ᠤ ᠵᠣᠬᠢᠶᠠᠨ ᠪᠠᠶᠢᠭᠤᠯᠤᠯᠲᠠ᠂ ᠡᠵᠡᠩᠨᠡᠯᠲᠡ ᠶᠢᠨ ᠠᠵᠤ ᠠᠬᠤᠶᠢᠯᠠᠯ᠂ | ᠨᠡᠶᠢᠭᠡᠮᠯᠢᠭ ᠪᠦᠯᠬᠦᠮ ᠵᠡᠷᠭᠡ ᠶᠢᠨ ᠬᠡᠭᠡᠷ᠎ᠡ ᠶᠢᠨ ᠬᠥᠳᠡᠯᠭᠡᠭᠡᠨ ᠢ ᠬᠥᠭᠵᠢᠭᠦᠯᠬᠦ ᠳᠤ ᠤᠯᠠᠨ ᠡᠰᠢᠴᠢᠯᠡᠨ ᠣᠷᠣᠯᠴᠠᠬᠤ ᠶᠢ | ᠢᠳᠡᠪᠬᠢᠲᠡᠢ ᠪᠠᠷ ᠲᠡᠮᠵᠢᠵᠤ᠂ ᠬᠤᠸᠠᠷᠠᠨ ᠵᠢᠴᠢ ᠪᠠᠲᠤᠯᠠᠭ᠎ᠠ ᠶᠢᠨ ᠲᠥᠬᠦᠭᠡᠷᠦᠮᠵᠢ ᠲᠥᠬᠦᠭᠡᠷᠦᠮᠵᠢ ᠶᠢ ᠪᠠᠶᠢᠭᠤᠯᠤᠨ | ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠠᠶᠦᠯᠭᠦᠢ ᠶᠢᠨ ᠬᠥᠮᠦᠵᠢᠯ᠂ ᠲᠤᠰᠬᠠᠢ ᠮᠡᠷᠭᠡᠵᠢᠯ ᠤᠨ ᠮᠡᠳᠡᠯᠭᠡ ᠶᠢᠨ | ᠪᠣᠯᠪᠠᠰᠤᠷᠠᠭᠤᠯᠤᠯ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠥᠷᠨᠢᠭᠦᠯᠦᠨ᠎ᠡ᠃ | | | ᠠᠷᠪᠠ ᠶᠢᠰᠦᠳᠦᠭᠡᠷ ᠵᠦᠢᠯ ᠡᠵᠡᠩᠨᠡᠯᠲᠡ᠂ ᠵᠣᠬᠢᠶᠠᠨ ᠪᠠᠶᠢᠭᠤᠯᠤᠯᠲᠠ ᠶᠢᠨ ᠭᠤᠣᠯ ᠴᠣᠭᠴᠠ ᠪᠤᠶᠤ ᠲᠡᠭᠦᠨ ᠤ | ᠡᠷᠬᠡ ᠣᠯᠭᠤᠭᠰᠠᠨ ᠭᠤᠣᠯ ᠴᠣᠭᠴᠠ ᠨᠢ ᠦᠢᠯᠡᠴᠢᠯᠡᠭᠡᠨ ᠤ ᠪᠠᠷᠢᠮᠵᠢᠶ᠎ᠠ ᠪᠠᠨ ᠵᠢᠷᠤᠮᠵᠢᠭᠤᠯᠵᠤ᠂ ᠦᠢᠯᠡᠴᠢᠯᠡᠭᠡᠨ ᠤ | ᠶᠠᠰᠤ ᠴᠢᠨᠠᠷ ᠢᠶᠠᠨ ᠳᠡᠭᠡᠭᠰᠢᠯᠡᠭᠦᠯᠦᠨ᠂ ᠬᠡᠭᠡᠷ᠎ᠡ ᠶᠢᠨ ᠬᠥᠳᠡᠯᠭᠡᠭᠡᠨ ᠤ ᠡᠬᠢ ᠪᠠᠶᠠᠯᠢᠭ ᠤᠨ ᠨᠡᠷᠡᠶᠢᠳᠦᠯ᠂ ᠭᠠᠵᠠᠷ | ᠵᠦᠢ ᠶᠢᠨ ᠪᠠᠶᠢᠷᠢᠯᠠᠯ᠂ ᠠᠭᠤᠷ ᠠᠮᠢᠰᠬᠤᠯ ᠤᠨ ᠨᠥᠬᠦᠴᠡᠯ᠂ ᠲᠦᠭᠰᠢᠭᠦᠷᠢ ᠶᠢᠨ ᠲᠠᠰ᠂ ᠠᠶᠦᠯᠭᠦᠢ ᠶᠢᠨ | ᠰᠡᠷᠡᠮᠵᠢᠯᠡᠭᠦᠯᠦᠯ᠂ ᠲᠥᠬᠦᠷ ᠲᠥᠬᠦᠭᠡᠷᠦᠮᠵᠢ᠂ ᠵᠠᠮ ᠬᠠᠷᠢᠯᠴᠠᠭᠠᠨ ᠤ ᠮᠡᠳᠡᠭᠡ ᠵᠠᠩᠭᠢ᠂ ᠪᠠᠴᠢᠮ ᠪᠠᠶᠢᠳᠠᠯ ᠢ | ᠠᠷᠭᠠᠴᠠᠵᠤ ᠠᠪᠤᠷᠠᠨ ᠲᠤᠰᠠᠯᠠᠬᠤ ᠵᠡᠷᠭᠡ ᠮᠡᠳᠡᠭᠡ ᠵᠠᠩᠭᠢ ᠶᠢ ᠬᠠᠩᠭᠠᠬᠤ ᠬᠡᠷᠡᠭᠲᠡᠢ᠃ | | ᠬᠤᠷᠢᠳᠤᠭᠠᠷ ᠵᠦᠢᠯ ᠬᠡᠭᠡᠷ᠎ᠡ ᠶᠢᠨ ᠬᠥᠳᠡᠯᠭᠡᠭᠡᠨ ᠬᠢᠬᠦ ᠳᠤ ᠠᠶᠤᠯᠭᠦᠢ ᠪᠠᠶᠢᠬᠤ ᠶᠢ ᠲᠡᠷᠢᠭᠦᠨ ᠳᠤ ᠲᠠᠯᠪᠢᠬᠤ | ᠪᠠ ︽ᠬᠡᠨ ᠵᠣᠬᠢᠶᠠᠨ ᠪᠠᠶᠢᠭᠤᠯᠪᠠᠯ ᠲᠡᠷᠡ ᠬᠠᠷᠢᠭᠤᠴᠠᠬᠤ︾ ᠵᠠᠷᠴᠢᠮ ᠢ ᠪᠠᠷᠢᠮᠲᠠᠯᠠᠬᠤ ᠬᠡᠷᠡᠭᠲᠡᠢ᠃ ᠬᠡᠭᠡᠷ᠎ᠡ ᠶᠢᠨ | ᠬᠥᠳᠡᠯᠭᠡᠭᠡᠨ ᠤ ᠵᠣᠬᠢᠶᠠᠨ ᠪᠠᠶᠢᠭᠤᠯᠤᠭᠴᠢ ︵ᠡᠭᠦᠰᠬᠡᠨ ᠪᠠᠶᠢᠭᠤᠯᠤᠭᠴᠢ᠂ ᠴᠤᠭᠯᠠᠭᠤᠯᠤᠭᠴᠢ᠂ ᠤᠬᠠᠭᠠᠯᠠᠭᠴᠢ᠂ | ᠬᠠᠷᠢᠯᠴᠠᠬᠤ ᠬᠥᠮᠥᠨ᠂ ᠠᠰᠢᠭ ᠬᠦᠷᠲᠡᠭᠴᠢ᠂ ᠳᠠᠭᠠᠭᠤᠯᠤᠭᠴᠢ ᠵᠡᠷᠭᠡ ᠪᠠᠭᠲᠠᠨ᠎ᠠ︶ ᠪᠣᠯ ᠵᠢᠭᠤᠯᠴᠢᠯᠠᠯ ᠤᠨ | ᠡᠵᠡᠩᠨᠡᠯᠲᠡ ᠶᠢᠨ ᠠᠵᠢᠯᠯᠠᠭ᠎ᠠ ᠶᠢᠨ ᠠᠶᠦᠯᠭᠦᠢ ᠶᠢᠨ ᠨᠢᠭᠡᠳᠦᠭᠡᠷ ᠬᠠᠷᠢᠭᠤᠴᠠᠯᠭᠠᠲᠠᠨ ᠪᠣᠯᠣᠨ᠎ᠠ᠃ | | ᠬᠡᠭᠡᠷ᠎ᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠭᠴᠢ ᠪᠠ ᠣᠷᠣᠯᠴᠠᠭᠴᠢ ᠨᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠵᠢᠯᠣᠭᠤᠳᠤᠯᠭ᠎ᠠ᠂ ᠬᠢᠨᠠᠯᠲᠠ ᠬᠠᠮᠢᠶᠠᠷᠤᠯᠲᠠ ᠶᠢ ᠬᠦᠯᠢᠶᠡᠵᠦ᠂ ᠠᠶᠦᠯᠭᠦᠢ ᠶᠢᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠶᠦᠯᠭᠦᠢ ᠶᠢᠨ ᠬᠠᠮᠢᠶᠠᠷᠤᠯᠲᠠ ᠶᠢᠨ ᠲᠥᠷᠥᠯ ᠪᠦᠷᠢ ᠶᠢᠨ ᠠᠵᠢᠯ ᠢ | ᠰᠠᠶᠢᠲᠤᠷ ᠬᠢᠵᠦ᠂ ᠬᠠᠤᠯᠢ ᠶᠣᠰᠣᠭᠠᠷ ᠠᠵᠢᠯᠯᠠᠭ᠎ᠠ ᠪᠠᠨ ᠥᠷᠨᠢᠭᠦᠯᠬᠦ ᠬᠡᠷᠡᠭᠲᠡᠢ᠃ | | ᠬᠤᠷᠢᠨ ᠨᠢᠭᠡᠳᠦᠭᠡᠷ ᠵᠦᠢᠯ ᠬᠡᠭᠡᠷ᠎ᠡ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠵᠣᠬᠢᠶᠠᠨ | ᠪᠠᠶᠢᠭᠤᠯᠤᠭᠴᠢᠳ ᠲᠤ ᠲᠤᠰᠬᠠᠢ ᠮᠡᠷᠭᠡᠵᠢᠯ ᠤᠨ ᠰᠤᠷᠭᠠᠯᠲᠠ ᠶᠢ ᠥᠩᠭᠡᠷᠡᠭᠡᠭᠰᠡᠨ ᠪᠥᠭᠡᠳ ᠵᠣᠬᠢᠬᠤ ᠬᠢᠷᠢ ᠬᠡᠮ ᠲᠠᠢ | ᠳᠠᠭᠠᠭᠤᠯᠤᠭᠴᠢ ᠪᠤᠶᠤ ᠳᠠᠰᠬᠠᠯᠵᠢᠭᠤᠯᠤᠭᠴᠢ ᠶᠢ ᠲᠣᠬᠢᠷᠠᠭᠤᠯᠬᠤ ᠬᠡᠷᠡᠭᠲᠡᠢ᠃ ᠳᠠᠭᠠᠭᠤᠯᠤᠭᠴᠢ ᠪᠤᠶᠤ | ᠳᠠᠰᠬᠠᠯᠵᠢᠭᠤᠯᠤᠭᠴᠢ ᠨᠢ ᠵᠣᠬᠢᠶᠠᠨ ᠪᠠᠶᠢᠭᠤᠯᠬᠤ ᠴᠢᠳᠠᠪᠤᠷᠢ᠂ ᠬᠠᠷᠢᠭᠤᠴᠠᠯᠭ᠎ᠠ ᠶᠢᠨ ᠤᠬᠠᠮᠰᠠᠷ ᠪᠠ ᠠᠪᠤᠷᠠᠯᠳᠠ ᠶᠢᠨ | ᠴᠢᠳᠠᠪᠤᠷᠢ ᠶᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠃ | | ᠬᠤᠷᠢᠨ ᠬᠤᠶᠠᠳᠤᠭᠠᠷ ᠵᠦᠢᠯ ᠬᠡᠭᠡᠷ᠎ᠡ ᠶᠢᠨ ᠬᠥᠳᠡᠯᠭᠡᠭᠡᠨ ᠢ ᠵᠣᠬᠢᠶᠠᠨ ᠪᠠᠶᠢᠭᠤᠯᠤᠭᠴᠢ᠂ ᠣᠷᠣᠯᠴᠠᠭᠴᠢ | ᠠᠵᠢᠯᠯᠠᠭ᠎ᠠ ᠥᠷᠨᠢᠭᠦᠯᠬᠦ ᠳᠡᠭᠡᠨ ᠳᠣᠣᠷᠠᠬᠢ ᠵᠦᠢᠯ ᠤᠳ ᠢ ᠭᠦᠢᠴᠡᠳᠬᠡᠬᠦ ᠬᠡᠷᠡᠭᠲᠡᠢ᠄ | | ︵ᠨᠢᠭᠡ︶ ᠠᠵᠢᠯᠯᠠᠭᠠᠨ ᠤ ᠲᠥᠯᠥᠪᠯᠡᠭᠡ ᠲᠣᠭᠲᠠᠭᠠᠵᠤ᠂ ᠶᠠᠪᠤᠬᠤ ᠠᠴᠠ ᠪᠠᠨ ᠡᠮᠦᠨ᠎ᠡ ᠰᠤᠷᠭᠠᠨ ᠬᠥᠮᠦᠵᠢᠯ | ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠲᠤ ᠮᠡᠳᠡᠭᠦᠯᠦᠨ ᠪᠦᠷᠢᠳᠬᠡᠭᠦᠯᠬᠦ ᠠᠵᠢᠯ ᠢ ᠰᠠᠶᠢᠲᠤᠷ ᠬᠢᠵᠦ᠂ ᠲᠣᠨᠤᠭ | ᠲᠥᠬᠦᠭᠡᠷᠦᠮᠵᠢ᠂ ᠤᠤᠭᠤᠬᠤ ᠤᠰᠤ᠂ ᠢᠳᠡᠭᠡᠨ᠂ ᠡᠮ ᠤᠨ ᠵᠦᠢᠯ᠂ ᠪᠠᠴᠢᠮ ᠪᠠᠶᠢᠳᠠᠯ ᠢ ᠠᠷᠭᠠᠴᠠᠬᠤ ᠵᠡᠷᠭᠡ | ᠪᠡᠯᠡᠳᠬᠡᠯ ᠠᠵᠢᠯ ᠢ ᠰᠠᠶᠢᠲᠤᠷ ᠬᠢᠨ᠎ᠡ᠃ | | ︵ᠬᠤᠶᠠᠷ︶ ᠶᠠᠪᠤᠬᠤ ᠠᠴᠠ ᠪᠠᠨ ᠡᠮᠦᠨ᠎ᠡ ᠣᠷᠣᠯᠴᠠᠭᠰᠠᠳ ᠲᠤ ᠴᠢᠬᠤᠯᠠ ᠪᠦᠬᠦᠢ ᠪᠡᠶ᠎ᠡ ᠮᠠᠬᠠᠪᠤᠳ ᠪᠠ | ᠲᠤᠷᠰᠢᠯᠭ᠎ᠠ ᠶᠢᠨ ᠬᠢᠨᠠᠨ ᠪᠠᠶᠢᠴᠠᠭᠠᠯᠲᠠ ᠬᠢᠵᠦ᠂ ᠬᠡᠭᠡᠷ᠎ᠡ ᠶᠢᠨ ᠬᠥᠳᠡᠯᠭᠡᠭᠡᠨ ᠤ ᠰᠠᠭᠤᠷᠢ ᠮᠡᠳᠡᠯᠭᠡ ︵ᠬᠥᠳᠡᠯᠭᠡᠭᠡᠨ ᠤ | ᠮᠡᠳᠡᠯᠭᠡ︶ ᠶᠢᠨ ᠪᠣᠯᠪᠠᠰᠤᠷᠠᠭᠤᠯᠤᠯ᠂ ᠠᠶᠦᠯᠭᠦᠢ ᠶᠢᠨ ᠤᠬᠠᠭᠤᠯᠭ᠎ᠠ᠂ ᠠᠮᠢ ᠠᠬᠤᠢ ᠶᠢᠨ ᠣᠷᠴᠢᠨ ᠲᠣᠭᠤᠷᠢᠨ ᠤ | ᠬᠥᠮᠦᠵᠢᠯ ᠵᠡᠷᠭᠡ ᠶᠠᠪᠤᠬᠤ ᠠᠴᠠ ᠡᠮᠦᠨᠡᠬᠢ ᠲᠣᠳᠣᠷᠬᠠᠶᠢᠯᠠᠯᠲᠠ ᠶᠢᠨ ᠬᠤᠷᠠᠯ ᠢ ᠬᠤᠷᠠᠯᠳᠤᠭᠤᠯᠤᠨ᠎ᠠ᠃ | | ︵ᠭᠤᠷᠪᠠ︶ ᠳᠡᠩᠰᠡᠯᠡᠨ ᠲᠡᠮᠳᠡᠭᠯᠡᠬᠦ ᠠᠭᠤᠯᠭ᠎ᠠ ᠪᠠ ᠱᠠᠭᠠᠷᠳᠠᠯᠭ᠎ᠠ ᠶᠣᠰᠣᠭᠠᠷ ᠬᠡᠭᠡᠷ᠎ᠡ ᠶᠢᠨ ᠬᠥᠳᠡᠯᠭᠡᠭᠡᠨ ᠢ | ᠥᠷᠨᠢᠭᠦᠯᠵᠦ᠂ ᠲᠤᠬᠠᠢ ᠶᠢᠨ ᠭᠠᠵᠠᠷ ᠤᠨ ᠦᠨᠳᠦᠰᠦᠲᠡᠨ ᠤ ᠵᠠᠩ ᠳᠠᠳᠬᠠᠯ ᠢ ᠭᠦᠢᠴᠡᠳ ᠬᠦᠨᠳᠦᠳᠬᠡᠨ᠎ᠡ᠃ | | ︵ᠳᠥᠷᠪᠡ︶ ᠣᠷᠣᠯᠴᠠᠭᠰᠠᠳ ᠤᠨ ᠦᠢᠯᠡ ᠠᠵᠢᠯᠯᠠᠭ᠎ᠠ ᠶᠢ ᠬᠢᠵᠠᠭᠠᠷᠯᠠᠵᠤ᠂ ᠠᠵᠢᠯᠯᠠᠭ᠎ᠠ ᠶᠢᠨ | ᠬᠤᠭᠤᠴᠠᠭᠠᠨ ᠳᠤ ᠣᠷᠣᠯᠴᠠᠭᠰᠠᠳ ᠤᠨ ᠳᠤᠷ᠎ᠠ ᠪᠠᠷ ᠢᠶᠠᠨ ᠲᠤᠰᠠᠭᠠᠷ ᠠᠩᠭᠢ ᠠᠴᠠ ᠪᠠᠨ ᠰᠠᠯᠬᠤ ᠶᠢ ᠴᠢᠩᠭ᠎ᠠ | ᠴᠠᠭᠠᠵᠠᠯᠠᠨ᠎ᠠ᠂ ᠬᠡᠭᠡᠷ᠎ᠡ ᠶᠢᠨ ᠠᠮᠢᠲᠠᠨ ᠢ ᠠᠩᠨᠠᠵᠤ ᠪᠣᠯᠬᠤ ᠦᠭᠡᠢ᠂ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠵᠤ | ᠪᠣᠯᠬᠤ ᠦᠭᠡᠢ᠂ ᠤᠷᠭᠤᠮᠠᠯ ᠤᠨ ᠬᠤᠴᠢᠯᠭ᠎ᠠ ᠶᠢ ᠡᠪᠳᠡᠵᠦ᠂ ᠠᠮᠢ ᠠᠬᠤᠢ ᠶᠢ ᠡᠪᠳᠡᠵᠦ᠂ ᠬᠡᠭᠡᠷ᠎ᠡ ᠶᠢᠨ | ᠠᠵᠢᠯᠯᠠᠭᠠᠨ ᠤ ᠣᠷᠣᠨ ᠤ ᠡᠬᠢ ᠪᠠᠶᠠᠯᠢᠭ᠂ ᠣᠷᠴᠢᠨ ᠠᠬᠤᠢ ᠪᠠ ᠲᠥᠬᠦᠭᠡᠷᠦᠮᠵᠢ ᠶᠢ ᠬᠠᠮᠠᠭᠠᠯᠠᠵᠤ ᠪᠣᠯᠬᠤ ᠦᠭᠡᠢ᠃ | | | ︵ᠲᠠᠪᠤ︶ ᠴᠠᠭ ᠠᠭᠤᠷ ᠤᠨ ᠬᠤᠪᠢᠷᠠᠯᠲᠠ ᠶᠢ ᠦᠨᠳᠦᠰᠦᠯᠡᠨ᠂ ᠴᠠᠭ ᠲᠤᠬᠠᠢ ᠳᠤᠨᠢ ᠠᠷᠭ᠎ᠠ ᠬᠡᠮᠵᠢᠶ᠎ᠡ | ᠠᠪᠴᠤ ᠪᠠᠶᠢᠭᠠᠳ ᠣᠷᠣᠯᠴᠠᠭᠰᠠᠳ ᠤᠨ ᠠᠮᠤᠷ ᠲᠦᠪᠰᠢᠨ ᠢᠶᠠᠷ ᠵᠠᠶᠢᠯᠠᠬᠤ ᠶᠢ ᠦᠨᠡᠨᠬᠦ ᠪᠠᠲᠤᠯᠠᠨ᠎ᠠ᠃ | | ︵ᠵᠢᠷᠭᠤᠭ᠎ᠠ︶ ᠭᠡᠨᠡᠳᠲᠡ ᠶᠢᠨ ᠬᠡᠷᠡᠭ ᠲᠣᠬᠢᠶᠠᠯᠳᠤᠪᠠᠯ᠂ ᠴᠠᠭ ᠲᠤᠬᠠᠢ ᠳᠤᠨᠢ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠤ ᠠᠶᠤᠯ ᠲᠦᠭᠰᠢᠭᠦᠷᠢ ᠶᠢᠨ ᠪᠠᠶᠢᠳᠠᠯ ᠢ ᠮᠡᠳᠡᠭᠦᠯᠵᠦ ᠠᠪᠤᠷᠠᠨ ᠲᠤᠰᠠᠯᠠᠭᠤᠯᠬᠤ ᠪᠠᠷ | ᠭᠤᠶᠤᠴᠢᠯᠠᠬᠤ ᠶᠢᠨ ᠬᠠᠮᠲᠤ᠂ ᠥᠪᠡᠷ ᠤᠨ ᠪᠡᠶ᠎ᠡ ᠵᠢᠴᠢ ᠪᠤᠰᠤᠳ ᠣᠷᠣᠯᠴᠠᠭᠰᠠᠳ ᠤᠨ ᠪᠡᠶ᠎ᠡ ᠶᠢᠨ ᠠᠮᠤᠷ | ᠲᠦᠪᠰᠢᠨ ᠳᠤ ᠠᠶᠤᠯ ᠲᠦᠭᠰᠢᠭᠦᠷᠢ ᠤᠴᠠᠷᠠᠭᠤᠯᠬᠤ ᠦᠭᠡᠢ ᠪᠠᠶᠢᠳᠠᠯ ᠤᠨ ᠳᠣᠣᠷ᠎ᠠ᠂ ᠪᠠᠴᠢᠮ ᠠᠪᠤᠷᠠᠨ ᠲᠤᠰᠠᠯᠠᠬᠤ | ᠪᠠ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠳᠠᠷᠤᠶᠢᠬᠠᠨ ᠠᠪᠴᠤ᠂ ᠠᠪᠤᠷᠠᠨ ᠲᠤᠰᠠᠯᠠᠬᠤ ᠶᠢ ᠬᠦᠯᠢᠶᠡᠬᠦ ᠦᠶ᠎ᠡ ᠳᠤ | ᠪᠠᠰᠠ ᠠᠷᠭ᠎ᠠ ᠬᠡᠮᠵᠢᠶ᠎ᠡ ᠠᠪᠴᠤ ᠪᠠᠶᠢᠭᠠᠳ ᠪᠤᠰᠤᠳ ᠣᠷᠣᠯᠴᠠᠭᠰᠠᠳ ᠤᠨ ᠪᠡᠶ᠎ᠡ ᠶᠢᠨ ᠠᠮᠤᠷ ᠲᠦᠪᠰᠢᠨ ᠢ | ᠪᠠᠲᠤᠯᠠᠬᠤ ᠬᠡᠷᠡᠭᠲᠡᠢ᠃ | | ︵ᠳᠣᠯᠤᠭ᠎ᠠ︶ ᠬᠡᠭᠡᠷ᠎ᠡ ᠶᠢᠨ ᠬᠥᠳᠡᠯᠭᠡᠭᠡᠨ ᠤ ᠵᠣᠬᠢᠶᠠᠨ ᠪᠠᠶᠢᠭᠤᠯᠤᠭᠴᠢ ᠬᠠᠮᠢᠶ᠎ᠠ ᠪᠦᠬᠦᠢ | ᠬᠠᠷᠢᠭᠤᠴᠠᠯᠭ᠎ᠠ ᠶᠢᠨ ᠳᠠᠭᠠᠳᠬᠠᠯ ᠢ ᠬᠤᠳᠠᠯᠳᠤᠨ ᠠᠪᠬᠤ ᠬᠡᠷᠡᠭᠲᠡᠢ᠃ | | ᠬᠤᠷᠢᠨ ᠭᠤᠷᠪᠠᠳᠤᠭᠠᠷ ᠵᠦᠢᠯ ᠭᠡᠷ ᠤᠨ ᠭᠠᠳᠠᠨᠠᠬᠢ ᠬᠥᠳᠡᠯᠭᠡᠭᠡᠨ ᠢ ᠵᠣᠬᠢᠶᠠᠨ ᠪᠠᠶᠢᠭᠤᠯᠤᠭᠴᠢᠳ ᠡᠷᠬᠡᠪᠰᠢ | ᠣᠷᠣᠯᠴᠠᠭᠴᠢ ᠯᠤᠭ᠎ᠠ ᠦᠢᠯᠡᠴᠢᠯᠡᠭᠡᠨ ᠤ ᠭᠡᠷ᠎ᠡ ᠲᠣᠭᠲᠠᠵᠤ᠂ ᠠᠵᠢᠯᠯᠠᠭᠠᠨ ᠤ ᠶᠠᠪᠤᠴᠠ᠂ ᠦᠢᠯᠡᠴᠢᠯᠡᠭᠡᠨ ᠤ ᠵᠦᠢᠯ᠂ | ᠰᠦᠢᠳᠬᠡᠯ ᠬᠤᠷᠢᠶᠠᠬᠤ ᠪᠠᠷᠢᠮᠵᠢᠶ᠎ᠠ᠂ ᠠᠮᠤᠷ ᠲᠦᠪᠰᠢᠨ ᠤ ᠲᠦᠭᠰᠢᠭᠦᠷᠢ ᠵᠡᠷᠭᠡ ᠠᠩᠬᠠᠷᠬᠤ ᠵᠦᠢᠯ ᠵᠡᠷᠭᠡ ᠶᠢ | ᠲᠣᠳᠣᠷᠬᠠᠢ ᠲᠡᠮᠳᠡᠭᠯᠡᠬᠦ ᠬᠡᠷᠡᠭᠲᠡᠢ᠂ ᠥᠪᠡᠷ ᠤᠨ ᠦᠷᠳᠡᠭ ᠤᠨ ᠮᠡᠳᠡᠭᠦᠯᠦᠭᠰᠡᠨ ᠦᠨ᠎ᠡ ᠠᠴᠠ ᠳᠣᠭᠤᠤᠷ ᠦᠨ᠎ᠡ ᠪᠠᠷ | ᠣᠷᠣᠯᠴᠠᠭᠴᠢ ᠶᠢ ᠲᠠᠳᠠᠨ ᠠᠪᠴᠢᠷᠠᠵᠤ ᠪᠣᠯᠬᠤ ᠦᠭᠡᠢ᠂ ᠣᠷᠴᠢᠨ ᠲᠣᠭᠤᠷᠢᠨ ᠤ ᠬᠠᠮᠠᠭᠠᠯᠠᠯᠲᠠ᠂ ᠵᠢᠭᠤᠯᠴᠢᠯᠠᠯ ᠤᠨ | ᠠᠮᠤᠷ ᠲᠦᠪᠰᠢᠨ᠂ ᠪᠠᠴᠢᠮ ᠠᠪᠤᠷᠠᠬᠤ ᠵᠡᠷᠭᠡ ᠬᠥᠮᠦᠵᠢᠯ ᠤᠬᠠᠭᠤᠯᠭ᠎ᠠ ᠶᠢ ᠴᠢᠩᠭᠠᠳᠬᠠᠬᠤ ᠬᠡᠷᠡᠭᠲᠡᠢ᠃ | | ᠬᠤᠷᠢᠨ ᠳᠥᠷᠪᠡᠳᠦᠭᠡᠷ ᠵᠦᠢᠯ ᠵᠢᠭᠤᠯᠴᠢᠯᠠᠯ ᠤᠨ ᠡᠵᠡᠩᠨᠡᠯᠲᠡ ᠶᠢᠨ ᠠᠵᠢᠯᠯᠠᠭ᠎ᠠ ᠳᠤ᠂ ᠬᠡᠭᠡᠷ᠎ᠡ ᠶᠢᠨ | ᠬᠥᠳᠡᠯᠭᠡᠭᠡᠨ ᠳᠤ ᠣᠷᠣᠯᠴᠠᠭᠰᠠᠳ ᠰᠠᠨᠠᠭᠠᠴᠢᠯᠠᠭ᠎ᠠ ᠠᠴᠠ ᠪᠠᠨ ᠠᠶᠤᠯ ᠲᠦᠭᠰᠢᠭᠦᠷᠢ ᠶᠢ ᠭᠦᠢᠴᠡᠳ ᠣᠶᠢᠯᠠᠭᠠᠵᠤ᠂ | ᠥᠪᠡᠷ ᠤᠨ ᠪᠡᠶ᠎ᠡ ᠶᠢᠨ ᠪᠠᠶᠢᠳᠠᠯ ᠳᠠᠭᠠᠨ ᠲᠣᠬᠢᠷᠠᠭᠰᠠᠨ ᠵᠦᠢᠯᠡᠰ ᠢ ᠰᠣᠩᠭᠤᠵᠤ᠂ ᠬᠢᠷᠢ ᠬᠡᠮ ᠲᠠᠢ ᠵᠢᠭᠤᠯᠴᠢᠯᠠᠯ ᠤᠨ | ᠡᠵᠡᠩᠨᠡᠯᠲᠡ ᠶᠢᠨ ᠠᠵᠢᠯᠯᠠᠭ᠎ᠠ ᠶᠢᠨ ᠵᠣᠬᠢᠶᠠᠨ ᠪᠠᠶᠢᠭᠤᠯᠤᠯᠲᠠ ᠶᠢ ᠰᠣᠩᠭᠤᠬᠤ ᠶᠢᠨ ᠬᠠᠮᠲᠤ ᠵᠣᠬᠢᠶᠠᠨ | ᠪᠠᠶᠢᠭᠤᠯᠤᠭᠴᠢ ᠶᠢᠨ ᠱᠠᠭᠠᠷᠳᠠᠯᠭ᠎ᠠ ᠶᠢ ᠦᠨᠳᠦᠰᠦᠯᠡᠨ ᠶᠠᠪᠤᠬᠤ ᠠᠴᠠ ᠡᠮᠦᠨᠡᠬᠢ ᠪᠡᠯᠡᠳᠬᠡᠯ ᠢ ᠭᠦᠢᠴᠡᠳ ᠰᠠᠶᠢᠲᠤᠷ | ᠬᠢᠬᠦ ᠬᠡᠷᠡᠭᠲᠡᠢ᠂ ᠭᠠᠭᠴᠠᠭᠠᠷ ᠢᠶᠠᠨ ᠭᠠᠳᠠᠭᠰᠢ ᠭᠠᠷᠴᠤ ᠪᠣᠯᠬᠤ ᠦᠭᠡᠢ᠃ ᠠᠵᠢᠯᠯᠠᠭ᠎ᠠ ᠶᠢᠨ ᠳᠤᠮᠳᠠ᠂ ᠣᠷᠣᠯᠴᠠᠭᠴᠢ | ᠨᠢ ᠵᠣᠬᠢᠶᠠᠨ ᠪᠠᠶᠢᠭᠤᠯᠤᠭᠴᠢ ᠶᠢᠨ ᠵᠢᠯᠣᠭᠤᠳᠤᠯᠭ᠎ᠠ ᠶᠣᠰᠣᠭᠠᠷ ᠤᠷᠤᠭᠰᠢᠯᠠᠬᠤ ᠪᠠ ᠠᠮᠠᠷᠠᠬᠤ ᠬᠡᠷᠡᠭᠲᠡᠢ᠂ | ᠤᠷᠤᠭᠰᠢᠯᠠᠬᠤ ᠵᠠᠮ ᠱᠤᠭᠤᠮ ᠪᠠ ᠴᠠᠭ ᠢᠶᠠᠨ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠢ᠃ | | ᠬᠤᠷᠢᠨ ᠲᠠᠪᠤᠳᠤᠭᠠᠷ ᠵᠦᠢᠯ ᠰᠤᠷᠭᠠᠨ ᠬᠥᠮᠦᠵᠢᠯ ᠪᠡᠶ᠎ᠡ ᠶᠢᠨ ᠲᠠᠮᠢᠷ᠂ ᠰᠣᠶᠣᠯ ᠵᠢᠭᠤᠯᠴᠢᠯᠠᠯ᠂ ᠪᠠᠴᠢᠮ | ᠪᠠᠶᠢᠳᠠᠯ ᠢ ᠠᠷᠭᠠᠴᠠᠬᠤ᠂ ᠳᠣᠲᠣᠭᠠᠳᠤ ᠶᠢ ᠬᠠᠮᠠᠭᠠᠯᠠᠬᠤ᠂ ᠬᠤᠲᠠ ᠶᠢᠨ ᠬᠢᠨᠠᠨ ᠪᠠᠶᠢᠴᠠᠭᠠᠬᠤ᠂ ᠲᠤᠰᠢᠶᠠᠨ | ᠲᠡᠭᠡᠭᠡᠪᠦᠷᠢᠯᠡᠬᠦ ᠵᠡᠷᠭᠡ ᠰᠠᠯᠠᠭ᠎ᠠ ᠮᠥᠴᠢᠷ ᠪᠠ ᠬᠠᠮᠢᠶ᠎ᠠ ᠪᠦᠬᠦᠢ ᠨᠡᠶᠢᠭᠡᠮᠯᠢᠭ᠂ ᠡᠷᠬᠡ ᠣᠯᠭᠤᠨ ᠡᠵᠡᠩᠨᠡᠵᠦ ᠨᠡᠭᠡᠭᠡᠨ | ᠬᠥᠭᠵᠢᠭᠦᠯᠬᠦ ᠬᠡᠭᠡᠷ᠎ᠡ ᠶᠢᠨ ᠬᠥᠳᠡᠯᠭᠡᠭᠡᠨ ᠤ ᠵᠠᠮ ᠱᠤᠭᠤᠮ ᠢ ᠬᠡᠷᠡᠭᠵᠢᠭᠦᠯᠬᠦ ᠭᠤᠣᠯ ᠴᠣᠭᠴᠠ᠂ ᠠᠵᠢᠯᠯᠠᠭ᠎ᠠ | ᠥᠷᠨᠢᠭᠦᠯᠬᠦ ᠪᠤᠶᠤ ᠵᠣᠬᠢᠶᠠᠨ ᠪᠠᠶᠢᠭᠤᠯᠤᠭᠴᠢ ᠵᠡᠷᠭᠡ ᠨᠢ ᠬᠡᠭᠡᠷ᠎ᠡ ᠶᠢᠨ ᠬᠥᠳᠡᠯᠭᠡᠭᠡᠨ ᠤ ᠠᠶᠦᠯᠭᠦᠢ ᠶᠢᠨ ᠬᠢᠨᠠᠯᠲᠠ | ᠬᠠᠮᠢᠶᠠᠷᠤᠯᠲᠠ᠂ ᠤᠬᠠᠭᠤᠯᠭ᠎ᠠ ᠶᠢ ᠴᠢᠩᠭᠠᠳᠬᠠᠵᠤ᠂ ᠵᠠᠰᠠᠭ ᠤᠨ ᠣᠷᠳᠣᠨ ᠬᠢᠭᠡᠳ ᠠᠪᠤᠷᠠᠨ ᠲᠤᠰᠠᠯᠠᠬᠤ ᠪᠦᠯᠬᠦᠮ | ᠬᠤᠯᠪᠤᠭᠠᠯᠠᠨ ᠬᠥᠳᠡᠯᠦᠯᠴᠡᠭᠰᠡᠨ ᠠᠪᠤᠷᠠᠨ ᠲᠤᠰᠠᠯᠠᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ ᠴᠠᠭ ᠠᠭᠤᠷ᠂ | ᠭᠠᠵᠠᠷ ᠤᠨ ᠭᠠᠮᠰᠢᠭ ᠭᠠᠷᠴᠤ ᠮᠡᠳᠡᠬᠦ ᠪᠠᠶᠢᠳᠠᠯ ᠤᠨ ᠳᠣᠣᠷ᠎ᠠ᠂ ᠬᠡᠭᠡᠷ᠎ᠡ ᠶᠢᠨ ᠬᠥᠳᠡᠯᠭᠡᠭᠡᠨ ᠬᠢᠬᠦ ᠶᠢ ᠴᠠᠭᠠᠵᠠᠯᠠᠨ᠎ᠠ᠃ | | ᠬᠤᠷᠢᠨ ᠵᠢᠷᠭᠤᠳᠤᠭᠠᠷ ᠵᠦᠢᠯ ᠳ᠋ᠣᠣᠷᠠᠬᠢ ᠪᠠᠶᠢᠳᠠᠯ ᠤᠨ ᠠᠯᠢ ᠨᠢᠭᠡ ᠨᠢ ᠪᠠᠶᠢᠪᠠᠯ᠂ ᠬᠤᠯᠪᠣᠭᠳᠠᠯ ᠪᠦᠬᠦᠢ | ᠰᠠᠯᠠᠭ᠎ᠠ ᠮᠥᠴᠢᠷ ᠪᠤᠶᠤ ᠠᠪᠤᠷᠠᠨ ᠲᠤᠰᠠᠯᠠᠬᠤ ᠵᠣᠬᠢᠶᠠᠨ ᠪᠠᠶᠢᠭᠤᠯᠤᠯᠲᠠ ᠶᠢᠨ ᠠᠪᠤᠷᠠᠨ ᠲᠤᠰᠠᠯᠠᠯᠲᠠ ᠶᠢ | ᠬᠦᠯᠢᠶᠡᠭᠰᠡᠨ ᠤ ᠲᠠᠷᠠᠭ᠎ᠠ᠂ ᠬᠤᠯᠪᠣᠭᠳᠠᠯ ᠪᠦᠬᠦᠢ ᠬᠥᠮᠥᠰ ᠠᠪᠤᠷᠠᠨ ᠲᠤᠰᠠᠯᠠᠬᠤ ᠵᠠᠷᠤᠳᠠᠯ ᠢ ᠪᠦᠬᠦᠨ ᠢ ᠪᠤᠶᠤ | ᠬᠡᠰᠡᠭ ᠢ ᠨᠢ ᠡᠭᠦᠷᠭᠡᠯᠡᠬᠦ ᠬᠡᠷᠡᠭᠲᠡᠢ᠄ | | ︵ᠨᠢᠭᠡ︶ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠠᠴᠠ ᠵᠥᠷᠢᠴᠡᠵᠦ᠂ ᠳᠠᠩᠰᠠᠯᠠᠨ | ᠲᠡᠮᠳᠡᠭᠯᠡᠭᠰᠡᠨ ᠠᠭᠤᠯᠭ᠎ᠠ ᠶᠣᠰᠣᠭᠠᠷ ᠪᠤᠶᠤ ᠨᠡᠭᠡᠭᠡᠭᠳᠡᠭᠡᠳᠦᠢ ᠣᠷᠣᠨ ᠤ ᠳᠣᠲᠣᠷ᠎ᠠ ᠭᠡᠷ ᠤᠨ ᠭᠠᠳᠠᠨᠠᠬᠢ | ᠬᠥᠳᠡᠯᠭᠡᠭᠡᠨ ᠢ ᠥᠯᠥ ᠥᠷᠨᠢᠭᠦᠯᠦᠭᠰᠡᠨ | | ︵ᠬᠤᠶᠠᠷ︶ ᠠᠶᠤᠯᠭᠦᠢ ᠶᠢᠨ ᠰᠡᠷᠡᠮᠵᠢᠯᠡᠭᠦᠯᠬᠦ ᠲᠣᠭᠲᠠᠭᠠᠯ ᠪᠤᠶᠤ ᠢᠯᠡᠳᠬᠡᠮᠵᠢ ᠲᠡᠮᠳᠡᠭ ᠢ ᠵᠥᠷᠢᠴᠡᠨ | ᠬᠡᠭᠡᠷ᠎ᠡ ᠶᠢᠨ ᠬᠥᠳᠡᠯᠭᠡᠭᠡᠨ ᠬᠢᠭᠰᠡᠨ᠃ | | ︵ᠭᠤᠷᠪᠠ︶ ᠠᠪᠤᠭᠰᠠᠨ ᠲᠦᠷ ᠴᠠᠭ ᠤᠨ ᠬᠢᠵᠠᠭᠠᠷᠯᠠᠯ᠂ ᠠᠶᠤᠯᠭᠦᠢ ᠶᠢᠨ ᠰᠡᠷᠭᠡᠶᠢᠯᠡᠯᠲᠡ ᠪᠠ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ ᠵᠡᠷᠭᠡ ᠳᠤ ᠡᠰᠡ ᠬᠠᠮᠵᠢᠯᠴᠠᠭᠰᠠᠨ᠃ | | ︵ᠳᠥᠷᠪᠡ︶ ᠪᠤᠰᠤᠳ ᠬᠦᠨᠳᠦ ᠨᠣᠴᠢᠲᠠᠢ ᠠᠯᠳᠠᠰᠢ ᠠᠴᠠ ᠪᠣᠯᠵᠤ ᠠᠶᠤᠯ ᠳᠤ ᠤᠴᠠᠷᠠᠭᠰᠠᠨ ᠪᠠᠶᠢᠳᠠᠯ᠃ | | ᠳᠥᠷᠪᠡᠳᠦᠭᠡᠷ ᠪᠦᠯᠦᠭ ᠬᠢᠨᠠᠵᠤ ᠬᠠᠮᠢᠶᠠᠷᠬᠤ | | ᠬᠤᠷᠢᠨ ᠳᠣᠯᠣᠳᠤᠭᠠᠷ ᠵᠦᠢᠯ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ︽ᠬᠤᠶᠠᠷ ᠢ ᠲᠠᠰᠢᠷᠠᠮ | ᠳᠠᠭᠠᠤ ᠨᠢᠭᠡ ᠶᠢ ᠢᠯᠡ ᠪᠣᠯᠭᠠᠬᠤ︾ ᠵᠠᠷᠴᠢᠮ ᠶᠣᠰᠣᠭᠠᠷ ᠵᠢᠭᠤᠯᠴᠢᠯᠠᠯ ᠤᠨ ᠡᠵᠡᠩᠨᠡᠯᠲᠡ ᠶᠢᠨ ᠠᠵᠢᠯᠯᠠᠭ᠎ᠠ᠂ | ᠬᠡᠭᠡᠷ᠎ᠡ ᠶᠢᠨ ᠬᠥᠳᠡᠯᠭᠡᠭᠡᠨ ᠤ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠎ᠠ᠃ | | ᠬᠤᠷᠢᠨ ᠨᠠᠢᠮᠠᠳᠤᠭᠠᠷ ᠵᠦᠢᠯ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠮᠡᠳᠡᠭᠡ ᠵᠠᠩᠭᠢ ᠶᠢ | ᠬᠠᠮᠲᠤᠪᠠᠷ ᠭᠥᠷᠳᠡᠬᠦ ᠪᠠ ᠬᠠᠤᠯᠢ ᠬᠡᠷᠡᠭᠵᠢᠭᠦᠯᠬᠦ ᠶᠢᠨ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠵᠤ᠂ | ᠢᠯᠡᠷᠡᠭᠦᠯᠦᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠮᠢᠶ᠎ᠠ ᠪᠦᠬᠦᠢ | ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠰᠢᠢᠳᠬᠡᠨ ᠲᠣᠷᠭᠠᠬᠤ ᠶᠢ ᠬᠡᠷᠡᠭᠵᠢᠭᠦᠯᠬᠦ ᠬᠡᠷᠡᠭᠲᠡᠢ᠃ | | | ᠬᠤᠷᠢ ᠶᠢᠰᠦᠳᠦᠭᠡᠷ ᠵᠦᠢᠯ ᠵᠢᠭᠤᠯᠴᠢᠯᠠᠯ ᠤᠨ ᠡᠵᠡᠩᠨᠡᠯᠲᠡ ᠶᠢᠨ ᠠᠵᠢᠯᠯᠠᠭ᠎ᠠ᠂ ᠬᠡᠭᠡᠷ᠎ᠡ ᠶᠢᠨ ᠠᠵᠢᠯᠯᠠᠭ᠎ᠠ ᠳᠤ | ᠬᠢᠨᠠᠯᠲᠠ ᠲᠠᠯᠪᠢᠬᠤ ᠳᠤᠮᠳᠠᠬᠢ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠳᠤ ᠬᠤᠯᠪᠣᠭᠳᠠᠭᠰᠠᠨ ᠬᠠᠤᠯᠢ ᠴᠠᠭᠠᠵᠠ | ᠬᠠᠤᠯᠢ ᠲᠣᠭᠲᠠᠭᠠᠯ ᠤᠨ ᠵᠢᠷᠤᠮᠵᠢᠯ ᠦᠭᠡᠢ ᠲᠥᠷᠥᠯ ᠵᠦᠢᠯ ᠳᠤ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠂ | ᠠᠵᠢᠯ ᠲᠥᠷᠥᠯ ᠤᠨ ᠣᠶᠢᠷᠠᠯᠴᠠᠭ᠎ᠠ ᠪᠠᠶᠢᠬᠤ ᠵᠠᠷᠴᠢᠮ ᠶᠣᠰᠣᠭᠠᠷ᠂ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ | ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠠ ᠮᠡᠷᠭᠡᠵᠢᠯ ᠤᠨ ᠪᠠᠷᠢᠮᠵᠢᠶ᠎ᠠ ᠶᠢ ᠲᠣᠭᠲᠠᠭᠠᠨ ᠨᠡᠶᠢᠲᠡᠯᠡᠵᠦ᠂ ᠬᠢᠨᠠᠯᠲᠠ | ᠲᠠᠯᠪᠢᠵᠤ ᠵᠢᠯᠤᠭᠤᠳᠬᠤ ᠶᠢ ᠬᠡᠷᠡᠭᠵᠢᠭᠦᠯᠦᠨ᠎ᠡ᠃ | | ᠭᠤᠴᠢᠳᠤᠭᠠᠷ ᠵᠦᠢᠯ ᠵᠢᠭᠤᠯᠴᠢᠯᠠᠭᠴᠢ ᠪᠠ ᠵᠢᠭᠤᠯᠴᠢᠯᠠᠯ ᠡᠵᠡᠩᠨᠡᠭᠴᠢ ᠵᠢᠭᠤᠷᠠᠯᠳᠤᠭᠠᠨ ᠭᠠᠷᠪᠠᠯ᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠢᠭᠤᠯᠴᠢᠯᠠᠯ ᠤᠨ ᠬᠠᠤᠯᠢ︾᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ | ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠬᠠᠤᠯᠢ ᠶᠣᠰᠣᠭᠠᠷ ᠰᠢᠢᠳᠪᠦᠷᠢᠯᠡᠨ᠎ᠡ᠃ | | ᠭᠤᠴᠢᠨ ᠨᠢᠭᠡᠳᠦᠭᠡᠷ ᠵᠦᠢᠯ ᠵᠢᠭᠤᠯᠴᠢᠯᠠᠯ ᠤᠨ ᠡᠵᠡᠩᠨᠡᠭᠴᠢ᠂ ᠬᠡᠭᠡᠷ᠎ᠡ ᠶᠢᠨ ᠬᠥᠳᠡᠯᠭᠡᠭᠡᠨ ᠤ ᠵᠣᠬᠢᠶᠠᠨ | ᠪᠠᠶᠢᠭᠤᠯᠤᠭᠴᠢ ᠵᠣᠬᠢᠶᠠᠨ ᠪᠠᠶᠢᠭᠤᠯᠵᠤ ᠡᠵᠡᠩᠨᠡᠬᠦ ᠶᠠᠪᠤᠴᠠ ᠳᠤ ᠲᠣᠰ ᠠᠷᠭ᠎ᠠ ᠶᠢᠨ ᠬᠠᠮᠢᠶ᠎ᠠ ᠪᠦᠬᠦᠢ ᠲᠣᠭᠲᠠᠭᠠᠯ | ᠠᠴᠠ ᠵᠥᠷᠢᠴᠡᠵᠦ᠂ ᠠᠶᠦᠯᠭᠦᠢ ᠶᠢᠨ ᠠᠳᠡᠯ ᠭᠠᠷᠴᠤ᠂ ᠬᠥᠮᠥᠨ ᠬᠠᠷ᠎ᠠ ᠦᠬᠦᠵᠦ ᠰᠢᠷᠬᠠᠲᠤᠭᠰᠠᠨ᠂ ᠡᠳ᠋ | ᠬᠥᠷᠥᠩᠭᠡ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠵᠣᠬᠢᠴᠠᠩᠭᠤᠢ ᠢᠷᠭᠡᠨ ᠤ ᠬᠡᠷᠡᠭ᠂ ᠵᠠᠰᠠᠭ ᠵᠠᠬᠢᠷᠭᠠᠨ ᠤ | ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠤᠯᠪᠣᠭᠳᠠᠯ ᠪᠦᠬᠦᠢ | ᠬᠥᠮᠥᠰ ᠠᠴᠠ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | | ᠭᠤᠴᠢᠨ ᠬᠤᠶᠠᠳᠤᠭᠠᠷ ᠵᠦᠢᠯ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠵᠥᠷᠢᠴᠡᠵᠦ᠂ | ᠶᠠᠯ᠎ᠠ ᠬᠢᠭᠰᠡᠨ ᠰᠡᠵᠢᠭᠯᠡᠯᠲᠡᠢ ᠪᠠᠶᠢᠪᠠᠯ᠂ ᠬᠠᠤᠯᠢ ᠶᠣᠰᠣᠭᠠᠷ ᠬᠠᠤᠯᠢ ᠪᠠᠷᠢᠬᠤ ᠪᠠᠶᠢᠭᠤᠯᠭ᠎ᠠ ᠳᠤ ᠰᠢᠯᠵᠢᠭᠦᠯᠦᠨ | ᠬᠦᠷᠭᠡᠵᠦ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠭᠦᠯᠦᠨ᠎ᠡ᠃ ᠪᠤᠰᠤᠳ ᠬᠤᠯᠪᠣᠭᠳᠠᠯ ᠪᠦᠬᠦᠢ ᠬᠠᠤᠯᠢ ᠴᠠᠭᠠᠵᠠ᠂ | ᠬᠠᠤᠯᠢ ᠲᠣᠭᠲᠠᠭᠠᠯ ᠳᠤ ᠲᠣᠭᠲᠠᠭᠠᠯ ᠲᠠᠢ ᠪᠠᠶᠢᠪᠠᠯ᠂ ᠲᠡᠷᠡ ᠬᠦ ᠲᠤᠭᠲᠠᠭᠠᠯ ᠢ ᠵᠢᠷᠤᠮᠯᠠᠨ᠎ᠠ᠃ | | ᠭᠤᠴᠢᠨ ᠭᠤᠷᠪᠠᠳᠤᠭᠠᠷ ᠵᠦᠢᠯ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠰᠢᠢᠳᠬᠡᠨ | ᠲᠣᠷᠭᠠᠬᠤ ᠲᠣᠭᠲᠠᠭᠠᠯ ᠢ ᠲᠣᠳᠣᠷᠬᠠᠢ ᠲᠣᠭᠲᠠᠭᠠᠭᠰᠠᠨ ᠦᠭᠡᠢ ᠪᠣᠯ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠵᠣᠨ | ᠶᠠᠷᠢᠯᠴᠠᠵᠤ ᠶᠠᠷᠢᠯᠴᠠᠬᠤ᠂ ᠰᠡᠷᠡᠮᠵᠢᠯᠡᠭᠦᠯᠬᠦ ᠵᠠᠬᠢᠳᠠᠯ ᠪᠢᠴᠢᠵᠦ ᠥᠭᠬᠦ᠂ ᠰᠢᠭᠦᠮᠵᠢᠯᠡᠨ ᠵᠠᠯᠠᠷᠠᠭᠤᠯᠬᠤ ᠵᠡᠷᠭᠡ ᠵᠠᠰᠠᠬᠤ | ᠠᠷᠭ᠎ᠠ ᠬᠡᠮᠵᠢᠶ᠎ᠡ ᠠᠪᠴᠤ᠂ ᠠᠵᠢᠯᠯᠠᠭᠰᠠᠳ ᠲᠤ ᠰᠠᠨᠠᠭᠤᠯᠬᠤ ᠪᠤᠶᠤ ᠰᠡᠷᠡᠮᠵᠢᠯᠡᠭᠦᠯᠵᠦ ᠪᠣᠯᠣᠨ᠎ᠠ᠃ | | ᠲᠠᠪᠤᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | | ᠭᠤᠴᠢᠨ ᠳᠥᠷᠪᠡᠳᠦᠭᠡᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ 1 | ᠵᠢᠯ ᠲᠤᠷᠰᠢᠨ ᠬᠡᠷᠡᠭᠵᠢᠭᠦᠯᠦᠨ᠎ᠡ᠃ | | ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ᠄ ︽ᠠᠯᠠᠱᠠ ᠵᠡᠭᠦᠨ ᠬᠤᠰᠢᠭᠤᠨ ᠤ ᠡᠯᠡᠰᠦᠨ ᠴᠥᠯ ᠤᠨ | ᠵᠢᠭᠤᠯᠴᠢᠯᠠᠯ ᠤᠨ ᠠᠵᠢᠯᠯᠠᠭ᠎ᠠ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢᠨ ᠲᠤᠬᠠᠢ | ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ ᠲᠠᠶᠢᠯᠤᠮᠵᠢ | | | ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ |