ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ 2022 ᠣᠨ ᠤ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠤᠨ ᠣᠨ ᠤ ᠮᠡᠳᠡᠭᠦᠯᠦᠯᠲᠡ
ᠨᠡᠶᠢᠲᠡᠯᠡᠭᠰᠡᠨ ᠴᠠᠭ᠄
2023/12/18
            ᠲᠣᠰ ᠵᠢᠯ ᠤᠨ ᠮᠡᠳᠡᠭᠦᠯᠦᠯᠲᠡ ᠶᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠳᠦᠷᠢᠮ︾ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠤᠨ ᠣᠨ ᠤ ᠮᠡᠳᠡᠭᠦᠯᠦᠯᠲᠡ ᠶᠢᠨ ᠵᠠᠭᠪᠤᠷ﹀ ᠢ ᠬᠡᠪᠯᠡᠨ ᠲᠠᠷᠬᠠᠭᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠬᠢᠭᠡᠳ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠯᠪᠠᠨ ᠭᠡᠷ ᠤᠨ ᠮᠡᠳᠡᠭᠳᠡᠯ︾ ︵ᠲᠥᠷᠥ ᠠᠯᠪᠠᠨ ᠠᠵᠢᠯ ᠡᠷᠭᠢᠯᠡᠬᠦ ᠵᠠᠬᠢᠳᠠᠯ ﹇2021﹈ 30 ᠳ᠋ᠤᠭᠠᠷ ᠲᠣᠭᠠᠲᠤ︶ ᠢ ᠦᠨᠳᠦᠰᠦᠯᠡᠨ ᠲᠤᠭᠤᠷᠪᠢᠪᠠ᠃ ᠪᠥᠬᠦ ᠠᠭᠤᠯᠭ᠎ᠠ ᠳᠤ ᠠᠯᠠᠱᠠ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠭᠰᠠᠨ ᠲᠦᠢᠮᠣ ᠪᠠᠶᠢᠳᠠᠯ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠠᠶᠢᠯᠭᠠᠭᠰᠠᠨ ᠪᠠᠶᠢᠳᠠᠯ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠭᠤᠶᠤᠴᠢᠯᠠᠯ ᠢ ᠭᠥᠯᠢᠶᠡᠨ ᠠᠪᠤᠭᠰᠠᠨ ᠪᠠ ᠰᠢᠢᠳᠪᠦᠷᠢᠯᠡᠭᠰᠡᠨ ᠪᠠᠶᠢᠳᠠᠯ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠭᠰᠠᠨ ᠵᠠᠰᠠᠭ ᠵᠠᠬᠢᠷᠭᠠᠨ ᠤ ᠳᠠᠬᠢᠨ ᠵᠥᠪᠯᠡᠭᠰᠡᠨ ᠪᠠᠶᠢᠳᠠᠯ᠂ ᠵᠠᠰᠠᠭ ᠵᠠᠬᠢᠷᠭᠠᠨ ᠤ ᠵᠠᠷᠭᠤ ᠶᠢᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠬᠠᠯᠠᠨ ᠰᠠᠶᠢᠵᠢᠷᠠᠭᠤᠯᠤᠭᠰᠠᠨ ᠪᠠᠶᠢᠳᠠᠯ᠂ ᠪᠤᠰᠤᠳ ᠮᠡᠳᠡᠭᠦᠯᠬᠦ ᠴᠢᠬᠤᠯᠠᠲᠠᠢ ᠵᠦᠢᠯᠡᠰ ᠢ ᠪᠠᠭᠲᠠᠭᠠᠨ᠎ᠠ᠃ ᠵᠢᠭᠰᠠᠭᠠᠭᠰᠠᠨ ᠲᠤᠭ᠎ᠠ ᠪᠠᠷᠢᠮᠲᠠ ᠶᠢ ᠪᠦᠷᠢᠳᠬᠡᠬᠦ ᠬᠤᠭᠤᠴᠠᠭ᠎ᠠ ᠨᠢ 2022 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 2022 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠲᠣᠰ ᠵᠢᠯ ᠤᠨ ᠮᠡᠳᠡᠭᠦᠯᠦᠯᠲᠡ ᠶᠢᠨ ᠴᠠᠬᠢᠮ ᠬᠡᠪᠯᠡᠯ ᠢ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ︵http://www.alszq.gov.cn/︶ ᠠᠴᠠ ᠭᠠᠷᠭᠠᠵᠤ ᠪᠣᠯᠣᠨ᠎ᠠ᠃ ᠬᠡᠷᠪᠡ ᠲᠣᠰ ᠵᠢᠯ ᠤᠨ ᠮᠡᠳᠡᠭᠦᠯᠦᠯᠲᠡ ᠳᠤ ᠮᠠᠳᠠᠭ ᠲᠠᠢ ᠪᠠᠶᠢᠪᠠᠯ᠂ ᠠᠯᠠᠱᠠ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠲᠠᠢ ᠬᠠᠷᠢᠯᠴᠠᠭᠠᠷᠠᠢ ︵ᠤᠲᠠᠰᠤ᠄ 0483 — 6110483︶᠃             ᠨᠢᠭᠡ᠂ ᠲᠦᠢᠮᠣ ᠪᠠᠶᠢᠳᠠᠯ             ︵1︶ ᠰᠠᠨᠠᠭᠠᠴᠢᠯᠠᠭ᠎ᠠ ᠠᠴᠠ ᠪᠠᠨ ᠢᠯᠠ ᠲᠣᠳᠣ ᠨᠡᠶᠢᠲᠡᠯᠡᠪᠡ᠃ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠢ ᠪᠦᠲᠦᠮᠵᠢᠲᠡᠶ ᠠᠬᠢᠭᠤᠯᠬᠤ ᠵᠣᠷᠢᠯᠭ᠎ᠠ ᠪᠠᠷ᠂ ᠬᠤᠰᠢᠭᠤᠨ ᠬᠤᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠨᠢ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠶᠢ ᠪᠣᠳᠣᠯᠬᠢᠯᠠᠵᠤ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠶᠢ ᠨᠢᠭᠡ ᠵᠦᠢᠯ ᠤᠨ ᠤᠬᠠᠮᠰᠠᠷᠲᠤ ᠤᠬᠠᠮᠰᠠᠷ ᠪᠠ ᠦᠶᠯᠡ ᠠᠵᠢᠯᠯᠠᠭ᠎ᠠ ᠪᠣᠯᠭᠠᠭᠰᠠᠨ ᠪᠠᠶᠢᠨ᠎ᠠ᠃ ᠨᠢᠭᠡ ᠳᠤ ᠤᠳᠤᠷᠢᠳᠬᠤ ᠲᠣᠭᠲᠠᠴᠠ ᠶᠢ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠢ ᠲᠡᠭᠦᠯᠳᠡᠷᠵᠢᠭᠦᠯᠦᠨ ᠲᠣᠬᠢᠷᠠᠭᠤᠯᠵᠤ᠂ ᠲᠣᠪᠴᠢᠶᠠᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠠ ᠬᠤᠶᠠᠳᠤᠭᠠᠷ ᠳᠡᠰ ᠤᠨ ᠨᠢᠭᠡᠴᠢ ᠶᠢᠨ ᠤᠳᠤᠷᠢᠳᠤᠯᠭ᠎ᠠ ᠪᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠭᠰᠠᠨ᠂ ᠡᠯ᠎ᠡ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠢᠶᠠᠷ ᠪᠦᠷᠢᠯᠳᠦᠭᠦᠨ ᠪᠣᠯᠭᠠᠭᠰᠠᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠪᠥᠬᠦ ᠰᠢᠰᠲ᠋ᠧᠮ ᠤᠨ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠢ ᠵᠣᠬᠢᠶᠠᠨ ᠪᠠᠶᠢᠭᠤᠯᠬᠤ᠂ ᠵᠢᠯᠤᠭᠤᠳᠬᠤ᠂ ᠵᠣᠬᠢᠴᠠᠭᠤᠯᠬᠤ᠂ ᠰᠢᠮᠳᠠᠭᠤᠯᠬᠤ ᠠᠵᠢᠯ ᠢ ᠬᠠᠷᠢᠭᠤᠴᠠᠭᠤᠯᠪᠠ᠃ ᠡᠭᠦᠨ ᠤ ᠬᠠᠮᠲᠤ ᠲᠣᠪᠴᠢᠶ᠎ᠠ ᠶᠢᠨ ᠠᠯᠪᠠᠨ ᠭᠡᠷ ᠢ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠶᠢᠨ ᠲᠦᠷᠦᠭᠦᠯᠡᠬᠦ ᠰᠠᠯᠠᠭ᠎ᠠ ᠮᠥᠴᠢᠷ ᠢᠶᠠᠷ ᠲᠣᠭᠲᠠᠭᠠᠵᠤ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃ ᠬᠤᠶᠠᠷ ᠲᠤ ᠬᠤᠯᠪᠣᠭᠳᠠᠯ ᠪᠦᠬᠦᠢ ᠳᠦᠷᠢᠮ ᠢ ᠲᠡᠭᠦᠯᠳᠡᠷᠵᠢᠭᠦᠯᠵᠦ᠂ ᠠᠵᠢᠯ ᠤᠨ ᠲᠣᠭᠲᠠᠴᠠ ᠶᠢ ᠪᠦᠷᠢᠨᠰᠢᠭᠦᠯᠪᠠ ᠬᠤᠰᠢᠭᠤᠨ ᠬᠤᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠪᠥᠬᠦ ᠰᠢᠰᠲ᠋ᠧᠮ ᠤᠨ ᠠᠵᠢᠯ ᠤᠨ ᠪᠠᠶᠢᠳᠠᠯ ᠢ ᠦᠨᠳᠦᠰᠦᠯᠡᠨ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠤᠨ ᠱᠠᠭᠠᠷᠳᠠᠯᠭ᠎ᠠ ᠶᠣᠰᠣᠭᠠᠷ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠬᠠᠷᠢᠭᠤᠴᠠᠯᠭ᠎ᠠ᠂ ᠬᠢᠨᠠᠨ ᠵᠥᠪᠯᠡᠬᠦ᠂ ᠬᠠᠷᠢᠭᠤ ᠲᠤᠰᠬᠠᠬᠤ᠂ ᠬᠢᠨᠠᠯᠲᠠ ᠲᠠᠯᠪᠢᠬᠤ ᠵᠡᠷᠭᠡ ᠳᠦᠷᠢᠮ ᠢ ᠪᠠᠶᠢᠭᠤᠯᠤᠨ ᠪᠦᠷᠢᠨᠰᠢᠭᠦᠯᠬᠦ ᠪᠠᠷ ᠳᠡᠮᠵᠢᠨ᠂ ᠲᠣᠪᠴᠢᠶ᠎ᠠ ᠳᠤ ᠬᠠᠷᠢᠶᠠᠯᠠᠭᠳᠠᠬᠤ ᠡᠯ᠎ᠡ ᠬᠤᠶᠠᠳᠤᠭᠠᠷ ᠳᠡᠰ ᠤᠨ ᠨᠢᠭᠡᠴᠢ᠂ ᠡᠯ᠎ᠡ ᠰᠠᠯᠠᠭ᠎ᠠ ᠲᠠᠰᠤᠭ᠂ ᠶᠡᠭᠡ ᠠᠩᠭᠢ ︵ᠳᠤᠮᠳᠠ ᠠᠩᠭᠢ︶ ᠶᠢᠨ ᠭᠤᠣᠯᠳᠠᠯᠭ᠎ᠠ ᠲᠠᠢ ᠵᠦᠢᠯᠡᠰ ᠢ ᠲᠣᠰ ᠲᠣᠰ ᠢᠯᠠ ᠲᠣᠳᠣ ᠪᠠᠶᠢᠯᠭᠠᠵᠤ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠤᠨ ᠳᠦᠷᠢᠮᠵᠢᠯᠲᠡ ᠪᠠ ᠵᠢᠷᠦᠮᠵᠢᠯᠲᠡ ᠶᠢ ᠠᠬᠢᠭᠤᠯᠪᠠ᠃ ᠭᠤᠷᠪᠠ ᠳᠤ ᠢᠯᠠ ᠲᠣᠳᠣ ᠪᠠᠶᠢᠯᠭᠠᠬᠤ ᠠᠭᠤᠯᠭ᠎ᠠ ᠶᠢ ᠨᠡᠩ ᠲᠡᠭᠦᠯᠳᠡᠷᠵᠢᠭᠦᠯᠪᠡ᠃ ᠭᠤᠣᠯᠳᠠᠭᠤ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠭᠤᠯᠭ᠎ᠠ ᠶᠢ ᠣᠨ ᠤ ᠬᠢᠨᠠᠨ ᠰᠢᠯᠭᠠᠯᠲᠠ ᠶᠢᠨ ᠬᠡᠪᠴᠢᠶᠡᠨ ᠳᠤ ᠣᠷᠣᠭᠤᠯᠵᠤ᠂ ᠡᠯ᠎ᠡ ᠬᠤᠶᠠᠳᠤᠭᠠᠷ ᠳᠡᠰ ᠤᠨ ᠨᠢᠭᠡᠴᠢ᠂ ᠡᠯ᠎ᠡ ᠰᠠᠯᠠᠭ᠎ᠠ ᠲᠠᠰᠤᠭ᠂ ᠶᠡᠭᠡ ᠠᠩᠭᠢ ︵ᠳᠤᠮᠳᠠ ᠠᠩᠭᠢ︶ ᠶᠢᠨ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠢ ᠴᠠᠭ ᠲᠤᠬᠠᠢ ᠳᠤᠨᠢ ᠰᠢᠪᠠᠳᠠᠨ ᠪᠠᠶᠢᠴᠠᠭᠠᠵᠤ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠳᠦᠷᠢᠮ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠬᠡᠪᠴᠢᠶ᠎ᠡ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠭᠤᠯᠭ᠎ᠠ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠬᠡᠯᠪᠡᠷᠢ ᠵᠡᠷᠭᠡ ᠶᠢ ᠤᠯᠠᠮ ᠲᠣᠳᠣᠷᠬᠠᠶᠢᠯᠠᠪᠠ᠃ ᠳᠥᠷᠪᠡ ᠳᠤ ᠢᠯᠠ ᠲᠣᠳᠣ ᠪᠠᠶᠢᠯᠭᠠᠬᠤ ᠴᠠᠭ ᠢ ᠨᠠᠩ ᠴᠠᠭ ᠲᠤᠬᠠᠢ ᠳᠤᠨᠢ ᠨᠡᠶᠢᠲᠡᠯᠡᠪᠠ᠃ ᠢᠯᠠ ᠲᠣᠳᠣ ᠪᠠᠶᠢᠯᠭᠠᠬᠤ ᠲᠥᠷᠥᠯ ᠵᠦᠢᠯ ᠤᠨ ᠠᠳᠠᠯᠢ ᠪᠤᠰᠤ ᠪᠠᠶᠢᠳᠠᠯ ᠳᠤ ᠴᠢᠭᠯᠡᠭᠦᠯᠦᠨ᠂ ᠢᠯᠠ ᠲᠣᠳᠣ ᠪᠠᠶᠢᠯᠭᠠᠬᠤ ᠴᠠᠭ ᠢ ᠲᠣᠭᠲᠠᠭᠠᠵᠤ᠂ ᠪᠠᠶᠢᠩᠭᠤ ᠶᠢᠨ ᠴᠢᠨᠠᠷᠲᠠᠢ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠢᠯᠠ ᠲᠣᠳᠣ ᠪᠠᠶᠢᠯᠭᠠᠬᠤ᠂ ᠲᠦᠷ ᠴᠠᠭ ᠤᠨ ᠴᠢᠨᠠᠷᠲᠠᠢ ᠠᠵᠢᠯ ᠢ ᠴᠠᠭ ᠲᠤᠬᠠᠢ ᠳᠤᠨᠢ ᠢᠯᠠ ᠲᠣᠳᠣ ᠪᠠᠶᠢᠯᠭᠠᠬᠤ᠂ ᠲᠣᠭᠲᠠᠮᠠᠯ ᠴᠢᠨᠠᠷᠲᠠᠢ ᠠᠵᠢᠯ ᠢ ᠣᠷᠳᠣ ᠬᠤᠭᠤᠴᠠᠭ᠎ᠠ ᠪᠠᠷ ᠢᠯᠠ ᠲᠣᠳᠣ ᠪᠠᠶᠢᠯᠭᠠᠬᠤ ᠶᠢ ᠪᠡᠶᠡᠯᠡᠭᠦᠯᠬᠦ ᠬᠡᠷᠡᠭᠲᠡᠢ᠃ ᠲᠠᠪᠤ ᠳᠤ ᠢᠯᠠ ᠲᠣᠳᠣ ᠪᠠᠶᠢᠯᠭᠠᠬᠤ ᠭᠤᠣᠯᠳᠠᠯᠭ᠎ᠠ ᠶᠢ ᠨᠠᠩ ᠲᠣᠪᠣᠶᠢᠮ᠎ᠠ ᠪᠣᠯᠭᠠᠪᠠ᠃ ᠣᠯᠠᠨ ᠲᠦᠮᠡᠨ ᠤ ᠬᠠᠮᠤᠭ  ᠠᠴᠠ ᠢᠯᠡᠭᠦᠦ ᠠᠩᠬᠠᠷᠴᠤ ᠪᠠᠶᠢᠭ᠎ᠠ᠂ ᠬᠠᠮᠤᠭ ᠠᠴᠠ ᠢᠯᠡᠭᠦᠦ ᠣᠶᠢᠯᠠᠭᠠᠬᠤ ᠴᠢᠬᠤᠯᠠᠲᠠᠢ ᠵᠦᠢᠯᠡᠰ ᠢ ᠢᠯᠠ ᠲᠣᠳᠣ ᠪᠠᠶᠢᠯᠭᠠᠬᠤ ᠶᠢ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠶᠢᠨ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ᠂ ᠵᠠᠰᠠᠭ ᠤᠨ ᠶᠠᠪᠤᠳᠠᠯ ᠢ ᠺᠣᠮᠫᠢᠦ᠋ᠲ᠋ᠧᠷ ᠢᠶᠠᠷ ᠭᠦᠢᠴᠡᠳᠬᠡᠬᠦ ᠪᠠ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠵᠡᠷᠭᠡ ᠭᠤᠷᠪᠠᠨ ᠲᠠᠯ᠎ᠠ ᠠᠴᠠ ᠭᠠᠷᠳᠠᠵᠤ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠶᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠪᠠ᠃ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠵᠠᠰᠠᠭ ᠵᠠᠬᠢᠷᠭᠠᠨ ᠤ ᠡᠷᠬᠡ ᠶᠢᠨ ᠠᠵᠢᠯᠯᠠᠭᠠᠨ ᠳᠤ ᠬᠢᠨᠠᠯᠲᠠ ᠲᠠᠯᠪᠢᠬᠤ ᠪᠠ ᠲᠡᠭᠦᠨ ᠢ ᠬᠢᠵᠠᠭᠠᠷᠯᠠᠵᠤ᠂ ᠬᠡᠷᠡᠭ ᠶᠠᠪᠤᠳᠠᠯ ᠢ ᠪᠠᠭ᠎ᠠ ᠳᠡᠭᠡᠷ᠎ᠡ ᠨᠢ ᠰᠡᠷᠭᠡᠶᠢᠯᠡᠨ᠂ ᠠᠷᠢᠭᠤᠨ ᠴᠢᠬᠡᠴᠢ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠠᠬᠢᠭᠤᠯᠬᠤ ᠶᠢᠨ ᠬᠠᠮᠲᠤ ᠢᠯᠵᠠᠷᠠᠯ ᠢ ᠡᠰᠡᠷᠭᠦᠴᠡᠬᠦ ᠠᠵᠢᠯ ᠤᠨ ᠲᠤᠷᠰᠢᠯᠭ᠎ᠠ ᠪᠠ ᠠᠷᠭ᠎ᠠ ᠬᠢᠳᠡᠯ ᠢ ᠲᠠᠰᠤᠷᠠᠯᠳᠠ ᠦᠭᠡᠢ ᠳ᠋ᠦᠩᠨᠡᠬᠦ ᠶᠢᠨ ᠵᠡᠷᠭᠡᠴᠡᠭᠡᠪᠡᠷ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠳᠦᠷᠢᠮ ᠤᠨ ᠤᠯᠠᠮ ᠲᠡᠭᠦᠯᠳᠡᠷᠵᠢᠬᠦ ᠶᠢ ᠠᠬᠢᠭᠤᠯᠵᠤ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠤᠨ ᠭᠦᠨᠵᠡᠭᠡᠶᠢᠷᠡᠨ ᠥᠷᠨᠢᠬᠦ ᠶᠢ ᠠᠬᠢᠭᠤᠯᠪᠠ᠃             ︵2︶ ᠡᠷᠭᠦᠳᠡᠯ ᠤᠨ ᠳᠠᠭᠠᠤ ᠢᠯᠠ ᠲᠣᠳᠣ ᠪᠣᠯᠭᠠᠭᠰᠠᠨ ᠲᠤᠬᠠᠢ᠃ ᠲᠣᠰ ᠵᠢᠯ ᠳᠤ ᠭᠤᠶᠤᠴᠢᠯᠠᠯ ᠢ ᠦᠨᠳᠦᠰᠦᠯᠡᠨ ᠢᠯᠠ ᠲᠣᠳᠣ  ᠪᠠᠶᠢᠯᠭᠠᠬᠤ ᠲᠠᠢ ᠬᠤᠯᠪᠣᠭᠳᠠᠬᠤ ᠮᠡᠳᠡᠭᠡ ᠵᠠᠩᠭᠢ ᠪᠠᠶᠢᠬᠤ ᠦᠭᠡᠢ᠃             ︵3︶ ᠵᠠᠰᠠᠭ ᠤᠨ ᠣᠷᠳᠣᠨ ᠤ ᠮᠡᠳᠡᠭᠡᠯᠡᠯ ᠤᠨ ᠬᠠᠮᠢᠶᠠᠷᠤᠯᠲᠠ ᠶᠢᠨ ᠲᠤᠬᠠᠢ᠃ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ᠲᠤᠰᠬᠠᠢ ᠬᠥᠮᠥᠨ ᠲᠣᠬᠢᠷᠠᠭᠤᠯᠤᠨ ᠪᠥᠬᠦ ᠲᠠᠯ᠎ᠠ ᠶᠢᠨ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠢ ᠠᠬᠢᠭᠤᠯᠬᠤ᠂ ᠵᠢᠯᠤᠭᠤᠳᠬᠤ᠂ ᠵᠣᠬᠢᠴᠠᠭᠤᠯᠬᠤ᠂ ᠬᠢᠨᠠᠯᠲᠠ ᠲᠠᠯᠪᠢᠬᠤ ᠶᠢ ᠬᠠᠷᠢᠭᠤᠴᠠᠭᠤᠯᠵᠤ᠂ ᠳᠡᠭᠡᠳᠦ ᠱᠠᠲᠤ ᠯᠤᠭ᠎ᠠ ᠢᠳᠡᠪᠬᠢᠲᠡᠢ ᠪᠠᠷ ᠵᠣᠯᠭᠠᠭᠤᠯᠤᠨ᠂ ᠳᠡᠭᠡᠳᠦ ᠳᠣᠣᠷᠠᠳᠤ ᠱᠠᠲᠤ ᠬᠠᠮᠲᠤᠷᠠᠨ ᠠᠵᠢᠯᠯᠠᠵᠤ᠂ ᠬᠠᠮᠤᠷᠬᠤ ᠬᠡᠪᠴᠢᠶ᠎ᠡ ᠪᠠᠷ ᠥᠷᠭᠡᠨ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠴᠠᠬᠢᠮ ᠰᠦᠯᠵᠢᠶ᠎ᠡ ᠶᠢᠨ ᠪᠦᠲᠦᠴᠡ ᠶᠢ ᠪᠣᠶ ᠪᠣᠯᠭᠠᠵᠤ᠂ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠪᠠ᠃             ︵4︶ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠲᠠᠪᠴᠠᠩ ᠤᠨ ᠪᠠᠶᠢᠭᠤᠯᠤᠯᠲᠠ᠃ ᠨᠢᠭᠡ ᠳᠤ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠨᠢ ᠮᠡᠳᠡᠭᠡ ᠵᠠᠩᠭᠢᠴᠢ ᠶᠢ ᠴᠤᠭᠯᠠᠭᠤᠯᠬᠤ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠰᠢᠭᠤᠳ ᠤᠲᠠᠰᠤ ᠶᠢ ᠰᠢᠯᠵᠢᠭᠦᠯᠦᠨ ᠭᠦᠢᠴᠡᠳᠬᠡᠬᠦ᠂ 12319 ᠬᠤᠲᠠ ᠶᠢᠨ ᠬᠠᠮᠢᠶᠠᠷᠤᠯᠲᠠ ᠶᠢᠨ ᠰᠢᠭᠤᠳ ᠤᠲᠠᠰᠤ ᠶᠢ ᠰᠢᠯᠵᠢᠭᠦᠯᠦᠨ ᠭᠦᠢᠴᠡᠳᠬᠡᠬᠦ᠂ ᠨᠡᠶᠢᠭᠡᠮ ᠨᠡᠶᠢᠲᠡ ᠪᠠᠷ ᠢᠶᠠᠨ ᠢᠯᠡᠴᠢᠯᠡᠨ ᠮᠡᠳᠡᠭᠦᠯᠬᠦ᠂ ᠥᠪᠡᠰᠦᠪᠡᠨ ᠰᠢᠢᠳᠪᠦᠷᠢᠯᠡᠵᠦ ᠳᠡᠭᠡᠭᠰᠢ ᠮᠡᠳᠡᠭᠦᠯᠬᠦ ᠵᠡᠷᠭᠡ ᠣᠯᠠᠨ ᠠᠷᠭ᠎ᠠ ᠵᠠᠮ ᠢᠶᠠᠷ ᠡᠯ᠎ᠡ ᠲᠥᠷᠥᠯ ᠤᠨ ᠠᠰᠠᠭᠤᠳᠠᠯ ᠢ ᠨᠡᠶᠢᠲᠡ 6478 ᠬᠤᠪᠢ ᠳᠡᠭᠡᠭᠰᠢ ᠮᠡᠳᠡᠭᠦᠯᠪᠡ᠃ ᠨᠢᠭᠡᠨᠲᠡ 6258 ᠬᠤᠪᠢ ᠬᠡᠷᠡᠭ ᠢ ᠭᠥᠯᠢᠶᠡᠨ ᠠᠪᠴᠤ ᠰᠢᠢᠳᠪᠦᠷᠢᠯᠡᠵᠡᠢ᠂ ᠣᠨᠴᠠ ᠵᠠᠷᠢᠮ ᠠᠵᠢᠯ ᠤᠨ ᠬᠠᠭᠤᠳᠠᠰᠤ ᠶᠢ ᠬᠢᠨᠠᠨ ᠬᠠᠷᠭᠤᠭᠤᠯᠤᠭᠠᠳ ᠳᠠᠬᠢᠨ ᠳᠠᠪᠲᠠᠨ ᠳᠡᠭᠡᠭᠰᠢ ᠮᠡᠳᠡᠭᠦᠯᠦᠭᠰᠡᠨ ᠪᠤᠶᠤ ᠣᠶᠤᠨ ᠤ ᠢᠲᠡᠭᠡᠮᠵᠢ ᠶᠢᠨ ᠲᠠᠪᠴᠠᠩ ᠢ ᠰᠢᠢᠳᠪᠦᠷᠢᠯᠡᠬᠦ ᠰᠠᠯᠠᠭ᠎ᠠ ᠮᠥᠴᠢᠷ ᠲᠤ ᠬᠠᠷᠢᠶᠠᠯᠠᠭᠳᠠᠬᠤ ᠦᠭᠡᠢ᠂ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢ ᠪᠤᠴᠠᠭᠠᠬᠤ 12345 ᠰᠢᠭᠤᠳ ᠤᠲᠠᠰᠤ ᠳᠤ ᠬᠠᠷᠢᠶᠠᠯᠠᠭᠳᠠᠬᠤ ᠦᠭᠡᠢ ᠵᠡᠷᠭᠡ ᠰᠢᠯᠲᠠᠭᠠᠨ ᠠᠴᠠ ᠪᠣᠯᠵᠤ 220 ᠬᠤᠪᠢ ᠬᠡᠷᠡᠭ ᠢ ᠬᠦᠴᠦᠨ ᠦᠭᠡᠢ ᠪᠣᠯᠭᠠᠪᠠ︔ ᠨᠢᠭᠡᠨᠲᠡ 6248 ᠬᠡᠷᠡᠭ ᠢ ᠳᠠᠭᠤᠰᠬᠠᠵᠤ᠂ ᠬᠡᠷᠡᠭ ᠢ ᠳᠠᠭᠤᠰᠬᠠᠭᠰᠠᠨ ᠨᠤᠷᠮ᠎ᠠ 99.87% ᠳᠤ ᠬᠦᠷᠴᠡᠢ︔ ᠨᠢᠭᠡᠨᠲᠡ 1450 ᠬᠡᠷᠡᠭ ᠢ ᠲᠣᠮᠢᠯᠠᠵᠤ᠂ 1441 ᠬᠡᠷᠡᠭ ᠢ ᠰᠢᠢᠳᠪᠦᠷᠢᠯᠡᠪᠡ᠂ ᠰᠢᠢᠳᠪᠦᠷᠢᠯᠡᠭᠰᠡᠨ ᠨᠤᠷᠮ᠎ᠠ ᠨᠢ 99.37% ᠳᠤ ᠬᠦᠷᠴᠡᠢ︔ ᠬᠤᠶᠠᠷ ᠲᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠠᠯ᠎ᠠ ᠪᠠᠷ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠲᠠᠢ ᠬᠠᠮᠵᠢᠯᠴᠠᠨ ︽ᠨᠢᠭᠡ ᠴᠣᠩᠬᠤᠪᠴᠢ ᠮᠠᠶ᠋ᠢᠭ︾ ᠤᠨ ᠥᠭᠡᠷᠡᠴᠢᠯᠡᠯᠲᠡ ᠶᠢ ᠠᠬᠢᠭᠤᠯᠵᠤ᠂ ︽ᠬᠢᠨᠠᠨ ᠵᠥᠪᠰᠢᠶᠡᠷᠡᠬᠦ ᠵᠦᠢᠯᠡᠰ ᠴᠥᠭᠡᠨ᠂ ᠠᠵᠢᠯ ᠤᠨ ᠦᠷ᠎ᠡ ᠪᠦᠲᠦᠮᠵᠢ ᠥᠨᠳᠥᠷ᠂ ᠡᠵᠡᠩᠨᠡᠯᠲᠡ ᠶᠢᠨ ᠥᠪᠡᠷ ᠤᠨ ᠥᠷᠲᠡᠭ ᠳᠣᠣᠷ᠎ᠠ᠂ ᠵᠠᠰᠠᠭ ᠤᠨ ᠣᠷᠳᠣᠨ ᠤ ᠦᠢᠯᠡᠴᠢᠯᠡᠭᠡ ᠰᠢᠯᠢᠳᠡᠭ᠂ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠠᠮᠢᠳᠤᠯᠢᠭ ᠬᠦᠴᠦᠨ ᠢᠶᠠᠷ ᠴᠢᠩᠭ᠎ᠠ︾ ᠦᠢᠯᠡᠴᠢᠯᠡᠭᠡᠨ ᠤ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠵᠤ᠂ ᠰᠠᠯᠠᠭ᠎ᠠ ᠮᠥᠴᠢᠷ ᠤᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠨᠠᠩ ᠥᠨᠳᠥᠷ ᠪᠦᠲᠦᠮᠵᠢᠲᠡᠶ᠂ ᠨᠠᠩ ᠨᠠᠷᠢᠯᠢᠭ ᠣᠨᠣᠴᠠᠲᠠᠢ ᠪᠣᠯᠭᠠᠨ᠎ᠠ᠃ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠤᠯᠠᠮ ᠳᠡᠭᠡᠭᠰᠢᠯᠡᠭᠦᠯᠵᠦ᠂ APP ᠶᠢᠨ ᠵᠦᠢᠯᠡᠰ ᠢ 3 ︽ᠮᠥᠩᠬᠡ ᠰᠤᠪᠠᠭ︾ ᠤᠨ APP ᠶᠢᠨ ᠵᠦᠢᠯᠡᠰ ᠢ 3 ᠵᠦᠢᠯ ᠪᠠ ᠥᠪᠡᠷᠲᠡᠭᠡᠨ ᠵᠠᠰᠠᠬᠤ ᠣᠷᠣᠨ ᠤ ︽ᠨᠢᠭᠡ ᠴᠣᠩᠬᠤᠪᠴᠢ ᠪᠠᠷ ᠪᠦᠬᠦᠨ ᠢ ᠭᠦᠢᠴᠡᠳᠬᠡᠬᠦ︾ ᠰᠢᠰᠲ᠋ᠧᠮ ᠳᠤ ᠲᠦᠰᠢᠭᠯᠡᠬᠦ ᠶᠢ ᠪᠡᠶᠡᠯᠡᠭᠦᠯᠵᠦ᠂ ᠴᠠᠬᠢᠮ ᠢᠶᠠᠷ 3 ᠵᠦᠢᠯ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠴᠣᠩᠬᠤᠪᠴᠢ ᠪᠠᠷ ᠪᠦᠬᠦᠨ ᠢ ᠭᠦᠢᠴᠡᠳᠬᠡᠬᠦ︾ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠤᠬᠠᠶᠢᠯᠠᠭᠰᠠᠨ ᠠᠵᠢᠯ ᠢ 2 ᠵᠦᠢᠯ᠂ ᠠᠷᠠᠳ ᠲᠤ ᠦᠢᠯᠡᠴᠢᠯᠡᠬᠦ ᠬᠤᠲᠠ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠯᠠᠪᠯᠠᠯᠭ᠎ᠠ ᠶᠢ 37 ᠭᠠᠷᠤᠢ ᠬᠥᠮᠥᠨ ᠤᠳᠠᠭ᠎ᠠ ᠪᠡᠶᠡᠯᠡᠭᠦᠯᠵᠦ᠂ ᠣᠯᠠᠨ ᠲᠦᠮᠡᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠢ 50 ᠭᠠᠷᠤᠢ ᠤᠳᠠᠭ᠎ᠠ ᠬᠥᠲᠥᠯᠥᠨ ᠵᠢᠯᠣᠭᠤᠳᠪᠠ᠃             ︵5︶ ᠬᠢᠨᠠᠯᠲᠠ ᠲᠠᠯᠪᠢᠵᠤ ᠪᠠᠲᠤᠯᠠᠬᠤ᠃ ᠲᠤᠰᠬᠠᠢ ᠬᠥᠮᠥᠨ ᠢᠶᠠᠷ ᠰᠦᠯᠵᠢᠶᠡᠨ ᠤ ᠥᠷᠲᠡᠭᠡ ᠶᠢᠨ ᠮᠡᠳᠡᠭᠡ ᠵᠠᠩᠭᠢ ᠲᠠᠢ ᠵᠣᠯᠭᠠᠭᠤᠯᠤᠨ ᠬᠢᠨᠠᠯᠲᠠ ᠬᠠᠮᠢᠶᠠᠷᠤᠯᠲᠠ ᠶᠠᠪᠤᠭᠤᠯᠵᠤ᠂ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠪᠠ᠃             ᠬᠤᠶᠠᠷ᠂ ᠵᠠᠰᠠᠭ ᠤᠨ ᠣᠷᠳᠣᠨ ᠤ ᠮᠡᠳᠡᠭᠡᠯᠡᠯ ᠢ ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠬᠰᠠᠨ ᠪᠠᠶᠢᠳᠠᠯ       ᠵᠠᠰᠠᠭ ᠵᠠᠬᠢᠷᠭᠠᠨ ᠤ ᠰᠢᠢᠳᠬᠡᠯ 55 ᠬᠤᠪᠢ       ᠥᠭᠡᠷ᠎ᠡ ᠲᠠᠯ᠎ᠠ ᠪᠠᠷ ᠬᠤᠯᠪᠣᠭᠳᠠᠬᠤ ᠦᠭᠡᠢ᠃       ᠭᠤᠷᠪᠠ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠡᠷᠭᠦᠳᠡᠯ ᠢ ᠭᠥᠯᠢᠶᠡᠨ ᠠᠪᠴᠤ᠂ ᠰᠢᠢᠳᠪᠦᠷᠢᠯᠡᠭᠰᠡᠨ ᠪᠠᠶᠢᠳᠠᠯ       ᠥᠭᠡᠷ᠎ᠡ ᠲᠠᠯ᠎ᠠ ᠪᠠᠷ ᠬᠤᠯᠪᠣᠭᠳᠠᠬᠤ ᠦᠭᠡᠢ᠃       ᠳᠥᠷᠪᠡ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠵᠠᠰᠠᠭ ᠵᠠᠬᠢᠷᠭᠠᠨ ᠢᠶᠠᠷ ᠳᠠᠭᠢᠨ ᠵᠥᠪᠯᠡᠭᠰᠡᠨ ᠪᠣᠯᠣᠨ ᠵᠠᠰᠠᠭ ᠵᠠᠬᠢᠷᠭᠠᠨ ᠤ ᠵᠠᠷᠭᠤ ᠶᠢᠨ ᠪᠠᠶᠢᠳᠠᠯ       ᠥᠭᠡᠷ᠎ᠡ ᠲᠠᠯ᠎ᠠ ᠪᠠᠷ ᠬᠤᠯᠪᠣᠭᠳᠠᠬᠤ ᠦᠭᠡᠢ᠃             ᠲᠠᠪᠤ᠂ ᠣᠷᠣᠰᠢᠵᠤ ᠪᠠᠶᠢᠭ᠎ᠠ ᠭᠤᠣᠯ ᠠᠰᠠᠭᠤᠳᠠᠯ ᠵᠢᠴᠢ ᠰᠠᠶᠢᠵᠢᠷᠠᠭᠤᠯᠤᠭᠰᠠᠨ ᠪᠠᠶᠢᠳᠠᠯ             ︵ᠨᠢᠭᠡ︶ ᠣᠷᠣᠰᠢᠵᠤ ᠪᠠᠶᠢᠭ᠎ᠠ ᠭᠤᠣᠯ ᠠᠰᠠᠭᠤᠳᠠᠯ             ᠨᠢᠭᠡ ᠳᠤ ᠢᠯᠠ ᠲᠣᠳᠣ ᠪᠠᠶᠢᠯᠭᠠᠬᠤ ᠤᠬᠠᠮᠰᠠᠷ ᠵᠢᠴᠢ ᠠᠭᠤᠯᠭ᠎ᠠ ᠶᠢ ᠤᠯᠠᠮ ᠭᠦᠨᠵᠡᠭᠡᠶᠢᠷᠡᠭᠦᠯᠬᠦ ᠴᠢᠬᠤᠯᠠᠲᠠᠢ ᠪᠠᠶᠢᠨ᠎ᠠ︔ ᠬᠤᠶᠠᠷ ᠲᠤ ᠢᠯᠠ ᠲᠣᠳᠣ ᠪᠠᠶᠢᠯᠭᠠᠬᠤ ᠬᠡᠯᠪᠡᠷᠢ ᠶᠢ ᠠᠳᠬᠤᠬᠤ ᠶᠢ ᠴᠢᠬᠤᠯᠠᠴᠢᠯᠠᠵᠤ᠂ ᠦᠷ᠎ᠡ ᠪᠦᠲᠦᠮᠵᠢ ᠶᠢ ᠴᠢᠬᠤᠯᠠᠴᠢᠯᠠᠬᠤ ᠲᠠᠯ᠎ᠠ ᠪᠠᠷ ᠪᠠᠰᠠ ᠤᠯᠠᠮ ᠴᠢᠩᠭᠠᠳᠬᠠᠬᠤ ᠴᠢᠬᠤᠯᠠᠲᠠᠢ ᠪᠠᠶᠢᠨ᠎ᠠ︔ ᠭᠤᠷᠪᠠ ᠳᠤ ᠠᠵᠢᠯᠲᠠᠨ ᠤ ᠲᠣᠬᠢᠷᠠᠭᠤᠯᠤᠯᠲᠠ ᠵᠢᠴᠢ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠤᠯᠠᠮ ᠲᠡᠭᠦᠯᠳᠡᠷᠵᠢᠭᠦᠯᠬᠦ ᠴᠢᠬᠤᠯᠠᠲᠠᠢ ᠪᠠᠶᠢᠨ᠎ᠠ᠃             ︵ᠬᠤᠶᠠᠷ︶ ᠬᠠᠯᠠᠨ ᠰᠠᠶᠢᠵᠢᠷᠠᠭᠤᠯᠤᠭᠰᠠᠨ ᠪᠠᠶᠢᠳᠠᠯ             ᠨᠢᠭᠡ ᠳᠤ ᠢᠯᠠ ᠲᠣᠳᠣ ᠪᠠᠶᠢᠯᠭᠠᠬᠤ ᠠᠭᠤᠯᠭ᠎ᠠ ᠶᠢ ᠲᠡᠭᠦᠯᠳᠡᠷᠵᠢᠭᠦᠯᠪᠠ᠃ ︽ᠢᠯᠠ ᠲᠣᠳᠣ ᠪᠠᠶᠢᠯᠭᠠᠬᠤ ᠪᠠᠷ ᠵᠠᠷᠴᠢᠮ ᠪᠣᠯᠭᠠᠵᠤ᠂ ᠢᠯᠠ ᠲᠣᠳᠣ ᠪᠠᠶᠢᠯᠭᠠᠬᠤ ᠦᠭᠡᠢ ᠶᠢ ᠣᠨᠴᠠᠭᠠᠶ ᠵᠦᠢᠯ ᠪᠣᠯᠭᠠᠬᠤ︾ ᠶᠡᠷᠦᠩᠬᠡᠢ ᠱᠠᠭᠠᠷᠳᠠᠯᠭ᠎ᠠ ᠶᠣᠰᠣᠭᠠᠷ᠂ ᠢᠯᠠ ᠲᠣᠳᠣ ᠪᠠᠶᠢᠯᠭᠠᠬᠤ ᠪᠠ ᠢᠯᠠ ᠲᠣᠳᠣ ᠪᠠᠶᠢᠯᠭᠠᠬᠤ ᠠᠴᠠ ᠬᠡᠯᠲᠦᠷᠢᠭᠦᠯᠬᠦ ᠬᠤᠶᠠᠷ ᠲᠥᠷᠥᠯ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠵᠠᠭᠠᠭ ᠬᠢᠵᠠᠭᠠᠷ ᠢ ᠤᠯᠠᠮ ᠰᠠᠶᠢᠲᠤᠷ ᠬᠢᠵᠦ᠂ ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠠᠶᠢᠯᠭᠠᠬᠤ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠭᠠᠷᠴᠠᠭ ᠢ ᠲᠡᠭᠦᠯᠳᠡᠷᠵᠢᠭᠦᠯᠪᠠ᠃ ᠤᠯᠠᠨ ᠨᠡᠶᠢᠲᠡ ᠶᠢᠨ ᠠᠩᠬᠠᠷᠤᠯ ᠢ ᠶᠡᠭᠡ ᠲᠠᠲᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠡᠮᠬᠢᠯᠡᠬᠦ ᠶᠢ ᠴᠢᠩᠭᠠᠳᠬᠠᠵᠤ᠂ ᠤᠯᠠᠨ ᠨᠡᠶᠢᠲᠡ ᠶᠢᠨ ᠰᠠᠨᠠᠯ ᠢ ᠭᠦᠢᠴᠡᠳ ᠬᠤᠷᠢᠶᠠᠵᠤ᠂ ᠰᠢᠨᠵᠢᠯᠡᠬᠦ ᠤᠬᠠᠭᠠᠨᠴᠢ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠲᠦᠯᠬᠢᠨ ᠠᠬᠢᠭᠤᠯᠪᠠ᠃ ᠬᠤᠶᠠᠷ ᠲᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠶᠠᠪᠤᠴᠠ ᠶᠢ ᠵᠢᠷᠤᠮᠵᠢᠭᠤᠯᠵᠤ᠂ ᠭᠤᠶᠤᠴᠢᠯᠠᠯ ᠢ ᠰᠢᠢᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠣᠯᠠᠨ ᠨᠡᠶᠢᠲᠡ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠣᠯᠬᠤ ᠳᠤ ᠲᠥᠬᠦᠮ ᠦᠵᠡᠭᠦᠯᠪᠠ᠃ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠵᠥᠪᠯᠡᠯᠭᠡ ᠣᠯᠭᠤᠬᠤ ᠦᠢᠯᠡᠴᠢᠯᠡᠭᠡᠨ ᠤ ᠠᠵᠢᠯ ᠢ ᠭᠤᠷᠪᠠ ᠳᠤ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠤᠨ ᠭᠠᠷᠲᠠᠨ ᠭᠦᠢᠴᠡᠳᠬᠡᠬᠦ ᠠᠵᠢᠯᠲᠠᠨ ᠤ ᠬᠢᠷᠢ ᠬᠡᠮᠵᠢᠶ᠎ᠡ ᠶᠢ ᠤᠯᠠᠮ ᠳᠡᠭᠡᠭᠰᠢᠯᠡᠭᠦᠯᠪᠠ᠃ ᠪᠢᠳᠡ ᠦᠷᠭᠦᠯᠵᠢᠯᠡᠨ ᠬᠤᠰᠢᠭᠤᠨ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠶᠣᠰᠣᠭᠠᠷ᠂ ᠠᠵᠢᠯ ᠤᠨ ᠰᠡᠳᠬᠢᠮᠵᠢ ᠪᠠᠨ ᠤᠯᠠᠮ ᠰᠢᠨ᠎ᠡ ᠪᠠᠷ ᠡᠭᠦᠳᠴᠦ᠂ ᠬᠤᠲᠠ ᠶᠢᠨ ᠬᠠᠮᠢᠶᠠᠷᠤᠯᠲᠠ ᠶᠢᠨ ᠰᠢᠰᠲ᠋ᠧᠮ ᠤᠨ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠢ ᠲᠠᠰᠤᠷᠠᠯᠲᠠ ᠦᠭᠡᠢ ᠲᠦᠯᠬᠢᠨ ᠠᠬᠢᠭᠤᠯᠵᠤ᠂ ᠬᠠᠤᠯᠢ ᠪᠠᠷ ᠵᠠᠰᠠᠭᠯᠠᠬᠤ ᠵᠠᠰᠠᠭ ᠤᠨ ᠣᠷᠳᠣᠨ᠂ ᠢᠯᠡ ᠲᠣᠳᠣ ᠵᠠᠰᠠᠭ ᠤᠨ ᠣᠷᠳᠣᠨ ᠢ ᠪᠠᠶᠢᠭᠤᠯᠬᠤ ᠪᠠ ᠮᠠᠨ ᠤ ᠲᠣᠪᠴᠢᠶ᠎ᠠ ᠶᠢᠨ ᠡᠯ᠎ᠡ ᠵᠦᠢᠯ ᠤᠨ ᠠᠵᠢᠯ ᠢ ᠲᠦᠯᠬᠢᠨ ᠠᠬᠢᠭᠤᠯᠬᠤ ᠳᠤ ᠨᠠᠩ ᠰᠠᠶᠢᠨ ᠦᠢᠯᠡᠴᠢᠯᠡᠨ᠎ᠡ᠃             ᠵᠢᠷᠭᠤᠭ᠎ᠠ᠂ ᠪᠤᠰᠤᠳ ᠮᠡᠳᠡᠭᠡᠯᠡᠬᠦ ᠱᠠᠭᠠᠷᠳᠠᠯᠭ᠎ᠠ ᠲᠠᠢ ᠠᠰᠠᠭᠤᠳᠠᠯ             ︵ᠨᠢᠭᠡ︶ 2022 ᠣᠨ ᠳᠤ᠂ ᠠᠯᠠᠱᠠ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠳᠤ ᠮᠡᠳᠡᠭᠡᠯᠡᠯ ᠢ ᠢᠯᠡ ᠲᠣᠳᠣ ᠪᠣᠯᠭᠠᠬᠤ ᠲᠠᠢ ᠬᠤᠯᠪᠣᠭᠳᠠᠬᠤ ᠬᠤᠷᠢᠶᠠᠮᠵᠢ ᠠᠪᠤᠭ᠎ᠠ ᠦᠭᠡᠢ᠃             ︵ᠬᠤᠶᠠᠷ︶ 2022 ᠣᠨ ᠳᠤ᠂ ᠠᠯᠠᠱᠠ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ᠂ ᠠᠶᠢᠮᠠᠭ᠂ ᠬᠤᠰᠢᠭᠤᠨ ᠤ ︽2022 ᠣᠨ ᠤ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠤᠨ ᠭᠤᠣᠯᠳᠠᠯᠭ᠎ᠠ︾ ᠶᠢᠨ ᠱᠠᠭᠠᠷᠳᠠᠯᠭ᠎ᠠ ᠶᠣᠰᠣᠭᠠᠷ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠨᠠᠷᠢᠨ ᠨᠢᠮᠪᠠᠢ ᠲᠦᠯᠬᠢᠨ ᠠᠬᠢᠭᠤᠯᠤᠨ᠎ᠠ᠃ ᠨᠢᠭᠡ ᠳᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠶᠠᠰᠤ ᠴᠢᠨᠠᠷ ᠪᠠ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠭᠤᠯᠭ᠎ᠠ ᠶᠢ ᠤᠯᠠᠮ ᠨᠠᠷᠢᠯᠢᠭᠵᠢᠭᠤᠯᠤᠨ᠂ ᠦᠭᠡ ᠬᠡᠯᠡ ᠶᠢ ᠤᠯᠠᠮ ᠠᠪᠰᠠᠷᠬᠠᠨ ᠪᠣᠯᠭᠠᠵᠤ᠂ ᠣᠯᠠᠨ ᠨᠡᠶᠢᠲᠡ ᠶᠢᠨ ᠣᠶᠢᠯᠠᠭᠠᠬᠤ ᠳᠤ ᠬᠢᠯᠪᠠᠷ᠂ ᠬᠡᠷᠡᠭᠯᠡᠬᠦ ᠳᠤ ᠴᠢᠳᠠᠮᠠᠭᠠᠢ ᠪᠠᠶᠢᠬᠤ ᠶᠢ ᠦᠨᠡᠨ ᠬᠦ ᠪᠠᠲᠤᠯᠠᠵᠤ᠂ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠳᠤ ᠨᠠᠷᠢᠯᠢᠭ ᠦᠢᠯᠡᠳᠬᠦ᠂ ᠨᠠᠷᠢᠯᠢᠭ ᠬᠠᠮᠢᠶᠠᠷᠬᠤ᠂ ᠨᠠᠷᠢᠯᠢᠭ ᠣᠨᠣᠴᠠᠲᠠᠢ ᠪᠠᠷ ᠬᠦᠷᠭᠡᠬᠦ ᠶᠢ ᠪᠡᠶᠡᠯᠡᠭᠦᠯᠦᠨ᠎ᠡ᠃ ᠬᠤᠶᠠᠷ ᠲᠤ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ ᠂ ᠨᠡᠶᠢᠲᠡᠯᠡᠬᠦ ᠶᠠᠪᠤᠴᠠ ᠶᠢ ᠵᠢᠷᠤᠮᠵᠢᠭᠤᠯᠵᠤ᠂ ᠵᠠᠰᠠᠭ ᠵᠠᠬᠢᠷᠭᠠᠨ ᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠵᠦᠢᠯᠡᠰ ᠤᠨ ᠨᠠᠷᠢᠨ ᠬᠠᠭᠤᠳᠠᠰᠤ᠂ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠵᠦᠢᠯᠡᠰ ᠤᠨ ᠨᠠᠷᠢᠨ ᠬᠠᠭᠤᠳᠠᠰᠤ᠂ ︽ᠬᠤᠶᠠᠷ ᠢ ᠲᠣᠬᠢᠶᠠᠯᠳᠤᠯ ᠢᠶᠠᠷ ᠭᠦᠢᠴᠡᠳᠬᠡᠬᠦ᠂ ᠨᠢᠭᠡ ᠶᠢ ᠢᠯᠠ ᠲᠣᠳᠣ ᠪᠠᠶᠢᠯᠭᠠᠬᠤ︾ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠢ ᠦᠨᠡᠨ ᠬᠦ ᠰᠠᠶᠢᠲᠤᠷ ᠭᠤᠷᠪᠠ ᠳᠤ᠂ ᠠᠷᠠᠳ ᠤᠨ ᠠᠮᠢᠳᠤᠷᠠᠯ ᠤᠨ ᠴᠢᠬᠤᠯᠠ ᠬᠡᠷᠡᠭ ᠶᠠᠪᠤᠳᠠᠯ ᠳᠤ ᠠᠩᠬᠠᠷᠤᠯ ᠢᠶᠠᠨ ᠬᠠᠨᠳᠤᠭᠤᠯᠵᠤ᠂ ᠲᠦᠷᠦ ᠶᠢᠨ ᠪᠣᠳᠣᠯᠭ᠎ᠠ ᠶᠢ ᠣᠶᠢᠯᠠᠭᠠᠬᠤ ᠳᠤ ᠲᠦᠭᠦᠮ ᠬᠢᠯᠪᠠᠷ ᠪᠠᠶᠢᠵᠤ᠂ ᠡᠷᠴᠢᠮᠲᠡᠢ ᠲᠠᠶᠢᠯᠪᠤᠷᠢᠯᠠᠬᠤ ᠪᠠ ᠶᠡᠷᠦᠩᠬᠡᠶᠢᠯᠡᠨ ᠵᠢᠯᠤᠭᠤᠳᠬᠤ ᠲᠦᠪᠰᠢᠨ ᠢ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠳᠤ ᠰᠠᠨᠠᠭᠠᠴᠢᠯᠠᠭ᠎ᠠ ᠠᠴᠠ ᠪᠠᠨ ᠪᠠᠶᠢᠬᠤ᠂ ᠤᠨᠢᠨ ᠳᠡᠭᠡᠷ᠎ᠡ ᠨᠢ ᠪᠠᠶᠢᠬᠤ᠂ ᠤᠯᠠᠨ ᠨᠡᠶᠢᠲᠡ ᠳᠤ ᠣᠶᠤᠨᠴᠢ ᠪᠠᠷ ᠦᠢᠯᠡᠴᠢᠯᠡᠬᠦ ᠴᠢᠳᠠᠪᠤᠷᠢ ᠶᠢ ᠨᠡᠮᠡᠭᠳᠡᠭᠦᠯᠦᠨ᠎ᠡ᠃                         ᠮᠡᠳᠡᠭᠡᠯᠡᠯ ᠤᠨ ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ                   ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠮᠦᠳᠡᠨ ᠣᠷᠴᠢᠭᠤᠯᠵᠤ᠂ ᠡᠷᠳᠡᠨᠢᠬᠦᠦ ᠨᠠᠶᠢᠷᠠᠭᠤᠯᠤᠨ ᠬᠢᠨᠠᠵᠤ᠂ ᠨᠠᠮᠤᠷ ᠳᠠᠪᠲᠠᠨ ᠬᠢᠨᠠᠪᠠ᠃                              
 
ᠢᠷᠡᠯᠲᠡ᠄ ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号