| | | ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ︽ᠨᠠᠰᠤᠵᠢᠯ ᠤᠨ | ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ ᠦᠢᠯᠡᠰ ᠤᠨ ᠬᠦᠴᠢᠷᠳᠡᠯ ᠢ ᠰᠢᠢᠳᠪᠦᠷᠢᠯᠡᠵᠦ ᠲᠡᠳᠬᠦᠨ | ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ᠢ ᠬᠡᠪᠯᠡᠨ ᠲᠠᠷᠬᠠᠭᠠᠬᠤ ᠲᠤᠬᠠᠢ ᠮᠡᠳᠡᠭᠳᠡᠯ | | ᠬᠥᠭᠵᠢᠭᠦᠯᠦᠯᠲᠡ ᠥᠭᠡᠷᠡᠴᠢᠯᠡᠯᠲᠡ ﹇2022﹈ 1356 ᠳ᠋ᠤᠭᠠᠷ ᠲᠣᠭᠠᠲᠤ | | ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠴᠢ ᠠᠰ ᠲᠠᠭᠠᠨ ᠲᠥᠯᠥᠪᠯᠡᠭᠡ | ᠬᠢᠬᠦ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠰᠢᠨᠵᠢᠶᠠᠩ ᠤᠨ ᠦᠢᠯᠡᠳᠪᠦᠷᠢᠯᠡᠬᠦ ᠠᠵᠢᠯ ᠪᠦᠲᠦᠭᠡᠨ | ᠪᠠᠶᠢᠭᠤᠯᠤᠯᠲᠠ ᠶᠢᠨ ᠪᠢᠩᠲ᠋ᠤᠸᠠᠨ᠂ ᠲᠦᠷᠦ ᠶᠢᠨ ᠶᠠᠪᠤᠳᠠᠯ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ ᠡᠯ᠎ᠡ | ᠰᠢᠭᠤᠳ ᠬᠠᠷᠢᠶ᠎ᠠ ᠪᠠᠶᠢᠭᠤᠯᠤᠮᠵᠢ ᠳᠤ᠄ | | ᠨᠠᠰᠤᠵᠢᠯ ᠤᠨ ᠠᠰᠠᠷᠠᠮᠵᠢ ᠶᠢᠨ ᠬᠡᠦᠬᠡᠳ ᠰᠠᠭᠠᠲᠠᠭᠤᠯᠬᠤ ᠬᠥᠮᠦᠵᠢᠯ ᠤᠨ ᠦᠢᠯᠡᠴᠢᠯᠡᠭᠡᠨ ᠤ ᠡᠷᠡᠭᠦᠯ ᠢᠶᠠᠷ | ᠬᠥᠭᠵᠢᠬᠦ ᠶᠢ ᠠᠬᠢᠭᠤᠯᠵᠤ᠂ ︽ᠨᠢᠭᠡ ᠨᠠᠰᠤᠲᠠᠨ ᠨᠢᠭᠡ ᠪᠠᠭ᠎ᠠ︾ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠨᠢ | ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠬᠥᠮᠥᠨ ᠠᠮᠠ ᠶᠢᠨ ᠣᠷᠳᠣ ᠬᠤᠭᠤᠴᠠᠭᠠᠨ ᠤ | ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠰᠢᠨ᠎ᠡ ᠲᠢᠲᠢᠮ ᠤᠨ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠵᠡᠷᠭᠡ ᠡᠯᠧᠮᠧᠨ᠋ᠲ ᠤᠨ ᠨᠥᠯᠥᠭᠡ ᠠᠴᠠ ᠪᠣᠯᠵᠤ᠂ ᠨᠠᠰᠤᠵᠢᠯ ᠤᠨ | ᠠᠰᠠᠷᠠᠮᠵᠢ ᠶᠢᠨ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠦᠢᠯᠡᠰ ᠨᠡᠯᠢᠶᠡᠳ ᠣᠯᠠᠨ ᠬᠦᠴᠢᠷᠳᠡᠯ ᠳᠤ ᠲᠤᠯᠭᠠᠷᠠᠵᠤ | ᠪᠠᠶᠢᠨ᠎ᠠ᠃ ᠨᠠᠰᠤᠵᠢᠯ ᠤᠨ ᠠᠰᠠᠷᠠᠮᠵᠢ ᠶᠢᠨ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠦᠢᠯᠡᠰ ᠤᠨ ᠪᠡᠷᠬᠡ | ᠪᠣᠭᠤᠮᠲᠠ ᠶᠢ ᠳᠤᠭᠤᠯᠬᠤ᠂ ᠰᠡᠷᠭᠦᠭᠡᠨ ᠬᠥᠭᠵᠢᠭᠦᠯᠬᠦ ᠶᠢ ᠦᠨᠡᠨᠬᠦ ᠠᠬᠢᠭᠤᠯᠵᠤ᠂ ᠠᠷᠠᠳ ᠣᠯᠠᠨ ᠤ ᠡᠳᠦᠷ ᠢᠷᠡᠬᠦᠶ᠎ᠡ | ᠨᠡᠮᠡᠭᠳᠡᠵᠦ ᠪᠠᠶᠢᠭ᠎ᠠ ᠨᠠᠰᠤᠵᠢᠯ ᠤᠨ ᠠᠰᠠᠷᠠᠮᠵᠢ ᠶᠢᠨ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠡᠷᠡᠭᠴᠡᠭᠡ ᠶᠢ ᠨᠠᠩ | ᠰᠠᠶᠢᠲᠤᠷ ᠬᠠᠩᠭᠠᠬᠤ ᠶᠢᠨ ᠲᠤᠰᠠᠳᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠡᠳᠦᠭᠡ | ᠳᠣᠣᠷᠠᠬᠢ ᠮᠡᠲᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠪᠠ᠃ | | ᠨᠢᠭᠡ᠂ ᠭᠡᠷ ᠤᠨ ᠲᠦᠷᠢᠶᠡᠰᠦ ᠶᠢ ᠬᠥᠩᠭᠡᠯᠡᠵᠦ ᠬᠡᠯᠲᠦᠷᠢᠭᠦᠯᠬᠦ ᠠᠷᠭ᠎ᠠ ᠬᠡᠮᠵᠢᠶ᠎ᠡ | | ︵ᠨᠢᠭᠡ︶ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠪᠠ ᠬᠡᠦᠬᠡᠳ ᠰᠠᠭᠠᠲᠠᠭᠤᠯᠬᠤ | ᠦᠢᠯᠡᠴᠢᠯᠡᠭᠡᠨ ᠤ ᠪᠠᠶᠢᠭᠤᠯᠤᠮᠵᠢ ︵ᠳᠣᠷᠣᠭᠰᠢ ᠨᠠᠰᠤᠵᠢᠯ ᠤᠨ ᠠᠰᠠᠷᠠᠮᠵᠢ ᠶᠢᠨ ᠬᠡᠦᠬᠡᠳ ᠰᠠᠭᠠᠲᠠᠭᠤᠯᠬᠤ | ᠦᠢᠯᠡᠴᠢᠯᠡᠭᠡᠨ ᠤ ᠪᠠᠶᠢᠭᠤᠯᠤᠮᠵᠢ ᠭᠡᠵᠦ ᠲᠣᠪᠴᠢᠯᠠᠨ᠎ᠠ︶ ᠨᠢ ᠳᠤᠮᠳᠠ ᠵᠢᠵᠢᠭ ᠪᠢᠴᠢᠯ ᠠᠵᠤ ᠠᠬᠤᠶᠢᠯᠠᠯ ᠪᠠ | ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠡᠪᠴᠢᠶᠡᠨ ᠳᠤ ᠬᠠᠷᠢᠶᠠᠯᠠᠭᠳᠠᠵᠤ᠂ ᠤᠯᠤᠰ ᠤᠨ | ᠥᠮᠴᠢᠯᠡᠯᠲᠦ ᠭᠡᠷ ᠪᠠᠶᠢᠰᠢᠩ ᠢ ᠲᠦᠷᠢᠶᠡᠰᠦᠯᠡᠭᠰᠡᠨ ᠪᠠᠶᠢᠪᠠᠯ᠂ 2022 ᠣᠨ ᠤ ᠡᠴᠦᠰ ᠪᠣᠯᠲᠠᠯ᠎ᠠ ᠲᠦᠷᠢᠶᠡᠰᠦᠨ | ᠮᠥᠩᠭᠦ ᠶᠢ ᠴᠥᠮ ᠬᠡᠯᠲᠦᠷᠢᠭᠦᠯᠦᠨ᠎ᠡ᠃ ᠡᠭᠦᠨ ᠳᠤ ᠤᠯᠤᠰ ᠤᠨ ᠥᠮᠴᠢᠯᠡᠯ ᠤᠨ ᠡᠵᠡᠩᠨᠡᠯᠲᠡ ᠳᠤ ᠬᠡᠷᠡᠭᠯᠡᠬᠦ ᠭᠡᠷ | ᠪᠠᠶᠢᠰᠢᠩ ᠢ ᠲᠦᠷᠢᠶᠡᠰᠦᠯᠡᠭᠰᠡᠨ ᠪᠠᠶᠢᠪᠠᠯ᠂ ᠡᠯ᠎ᠡ ᠭᠠᠵᠠᠷ ᠣᠷᠣᠨ ᠨᠤᠭᠤᠳ ᠡᠭᠦᠨ ᠤ ᠰᠠᠭᠤᠷᠢᠨ ᠳᠡᠭᠡᠷ᠎ᠡ ᠤᠯᠠᠮ | ᠬᠠᠰᠤᠵᠤ ᠬᠡᠯᠲᠦᠷᠢᠭᠦᠯᠬᠦ ᠠᠷᠭ᠎ᠠ ᠬᠡᠮᠵᠢᠶ᠎ᠡ ᠶᠢ ᠰᠤᠳᠤᠯᠤᠨ ᠨᠡᠶᠢᠲᠡᠯᠡᠵᠦ ᠪᠣᠯᠣᠨ᠎ᠠ᠃ ᠰᠤᠷᠭᠠᠨ ᠬᠥᠮᠦᠵᠢᠯ᠂ | ᠰᠢᠨᠵᠢᠯᠡᠬᠦ ᠤᠬᠠᠭᠠᠨ ᠤ ᠰᠤᠳᠤᠯᠤᠯ ᠵᠡᠷᠭᠡ ᠰᠢᠰᠲ᠋ᠧᠮ ᠤᠨ ᠬᠤᠯᠪᠣᠭᠳᠠᠯ ᠪᠦᠬᠦᠢ ᠨᠢᠭᠡᠴᠢ ᠪᠠ | ᠪᠠᠶᠢᠭᠤᠯᠤᠮᠵᠢ ᠨᠤᠭᠤᠳ ᠭᠡᠷ ᠪᠠᠶᠢᠰᠢᠩ ᠲᠦᠷᠢᠶᠡᠰᠦᠯᠡᠭᠦᠯᠦᠭᠰᠡᠨ ᠪᠠᠶᠢᠪᠠᠯ᠂ ᠲᠡᠳᠡᠨ ᠤ ᠨᠠᠰᠤᠵᠢᠯ ᠤᠨ | ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠠᠵᠤ | ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠬᠦ ᠶᠢ | ᠵᠣᠷᠢᠭᠵᠢᠭᠤᠯᠤᠨ᠎ᠠ᠃ ᠲᠦᠷᠢᠶᠡᠰᠦᠯᠡᠭᠦᠯᠦᠭᠴᠢ ᠠᠴᠠ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠦᠭᠰᠡᠨ | ᠪᠠᠶᠢᠪᠠᠯ ᠲᠣᠭᠲᠠᠭᠠᠯ ᠶᠣᠰᠣᠭᠠᠷ ᠲᠣᠰ ᠵᠢᠯ ᠤᠨ ᠭᠡᠷ ᠬᠥᠷᠥᠩᠭᠡ ᠶᠢᠨ ᠭᠠᠶᠢᠯᠢ᠂ ᠬᠤᠲᠠ ᠪᠠᠯᠭᠠᠰᠤ ᠶᠢᠨ ᠭᠠᠵᠠᠷ | ᠰᠢᠷᠣᠢ ᠬᠡᠷᠡᠭᠯᠡᠬᠦ ᠭᠠᠶᠢᠯᠢ ᠶᠢ ᠬᠠᠰᠤᠵᠤ ᠬᠡᠯᠲᠦᠷᠢᠭᠦᠯᠵᠦ ᠪᠣᠯᠣᠨ᠎ᠠ᠂ ᠨᠠᠰᠤᠵᠢᠯ ᠤᠨ ᠠᠰᠠᠷᠠᠮᠵᠢ ᠶᠢᠨ ᠨᠠᠶᠢᠳᠠᠨ | ᠬᠥᠮᠥᠵᠢᠭᠦᠯᠬᠦ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ | ᠡᠷᠦᠬᠡ ᠶᠢᠨ ᠲᠦᠷᠢᠶᠡᠰᠦᠯᠡᠭᠴᠢ ᠶᠢᠨ ᠭᠡᠷ ᠪᠠᠶᠢᠰᠢᠩ ᠤᠨ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠦᠭᠰᠡᠨ | ᠲᠦᠷᠢᠶᠡᠰᠦᠯᠡᠭᠦᠯᠦᠭᠴᠢ ᠳᠤ᠂ ᠤᠯᠤᠰ ᠤᠨ ᠥᠮᠴᠢᠯᠡᠯᠲᠦ ᠪᠠᠩᠬᠢ ᠶᠢᠨ ᠬᠢᠷᠢ ᠬᠡᠮ ᠤᠨ ᠬᠢᠷᠢ ᠬᠡᠮᠵᠢᠶ᠎ᠡ ᠪᠠ | ᠲᠦᠭᠰᠢᠭᠦᠷᠢ ᠶᠢᠨ ᠬᠢᠷᠢ ᠬᠡᠮᠵᠢᠶ᠎ᠡ ᠪᠠᠷ ᠨᠢ ᠬᠠᠷᠠᠭᠠᠯᠵᠠᠯ ᠤᠨ ᠬᠦᠦ ᠶᠢᠨ ᠨᠣᠷᠮ᠎ᠠ ᠪᠠᠷ ᠳᠠᠨᠵᠢᠯᠠᠭᠰᠠᠨ ᠵᠢᠭᠡᠯᠡᠯᠭᠡ ᠵᠡᠷᠭᠡ | ᠳᠡᠮᠵᠢᠯᠭᠡ ᠦᠵᠡᠭᠦᠯᠬᠦ ᠶᠢ ᠵᠣᠷᠢᠭᠵᠢᠭᠤᠯᠤᠨ᠎ᠠ᠃ ᠲᠦᠷᠢᠶᠡᠰᠦᠨ ᠮᠥᠩᠭᠦ ᠶᠢ ᠬᠥᠩᠭᠡᠯᠡᠵᠦ ᠬᠡᠯᠲᠦᠷᠢᠭᠦᠯᠦᠭᠰᠡᠨ ᠠᠴᠠ | ᠪᠣᠯᠵᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯ ᠤᠨ ᠪᠦᠲᠦᠮᠵᠢ ᠶᠢ | ᠨᠥᠯᠥᠭᠡᠯᠡᠭᠰᠡᠨ ᠪᠠᠶᠢᠪᠠᠯ᠂ ᠬᠢᠨᠠᠨ ᠰᠢᠯᠭᠠᠬᠤ ᠳᠤᠮᠳᠠ ᠪᠣᠳᠠᠲᠤ ᠪᠠᠶᠢᠳᠠᠯ ᠢ ᠦᠨᠳᠦᠰᠦᠯᠡᠨ ᠮᠡᠳᠡᠷᠡᠨ ᠵᠥᠪᠰᠢᠶᠡᠷᠡᠨ᠎ᠡ᠃ | | | ︵ᠬᠤᠶᠠᠷ︶ ᠤᠯᠤᠰ ᠤᠨ ᠥᠮᠴᠢᠯᠡᠯᠲᠦ ᠪᠤᠰᠤ ᠭᠡᠷ ᠪᠠᠶᠢᠰᠢᠩ ᠤᠨ ᠲᠦᠷᠢᠶᠡᠰᠦᠯᠡᠬᠦ ᠭᠤᠣᠯ ᠴᠣᠭᠴᠠ ᠶᠢᠨ | ᠡᠷᠬᠡ ᠲᠡᠭᠰᠢ ᠪᠠᠷ ᠵᠥᠪᠳᠡᠯᠴᠡᠭᠰᠡᠨ ᠰᠠᠭᠤᠷᠢᠨ ᠳᠡᠭᠡᠷ᠎ᠡ ᠬᠢᠵᠢᠭ ᠤᠨ ᠪᠠᠶᠢᠳᠠᠯ ᠠᠴᠠ ᠪᠣᠯᠤᠭᠰᠠᠨ ᠬᠤᠬᠢᠷᠠᠯ ᠢ ᠵᠦᠢ | ᠵᠣᠬᠢᠰᠲᠠᠢ ᠬᠤᠪᠢᠶᠠᠨ ᠡᠭᠦᠷᠭᠡᠯᠡᠬᠦ ᠶᠢ ᠵᠣᠷᠢᠭᠵᠢᠭᠤᠯᠤᠨ᠎ᠠ᠃ ᠤᠯᠤᠰ ᠤᠨ ᠥᠮᠴᠢᠯᠡᠯ ᠤᠨ ᠪᠤᠰᠤ ᠭᠡᠷ ᠪᠠᠶᠢᠰᠢᠩ ᠤᠨ | ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠦᠭᠰᠡᠨ ᠲᠦᠷᠢᠶᠡᠰᠦᠯᠡᠭᠦᠯᠦᠭᠴᠢ ᠨᠢ ᠳᠡᠭᠡᠷ᠎ᠡ ᠳᠤᠷᠠᠳᠤᠭᠰᠠᠨ ᠡᠯ᠎ᠡ | ᠵᠦᠢᠯ ᠤᠨ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠠᠳᠠᠯᠢ ᠲᠡᠭᠰᠢ ᠪᠠᠷ ᠬᠦᠷᠲᠡᠵᠦ ᠪᠣᠯᠣᠨ᠎ᠠ᠃ ᠨᠥᠬᠦᠴᠡᠯ ᠲᠠᠢ | ᠭᠠᠵᠠᠷ ᠣᠷᠣᠨ ᠨᠢ ᠲᠤᠰᠠᠲᠠᠢ ᠠᠷᠭ᠎ᠠ ᠬᠡᠮᠵᠢᠶ᠎ᠡ ᠠᠪᠴᠤ ᠪᠠᠶᠢᠭᠠᠳ ᠤᠯᠤᠰ ᠤᠨ ᠥᠮᠴᠢᠯᠡᠯ ᠤᠨ ᠪᠤᠰᠤ ᠭᠡᠷ | ᠪᠠᠶᠢᠰᠢᠩ ᠤᠨ ᠲᠦᠷᠢᠶᠡᠰᠦᠯᠡᠭᠦᠯᠦᠭᠴᠢ ᠶᠢᠨ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠬᠦ ᠶᠢ ᠳᠡᠮᠵᠢᠬᠦ | ᠬᠡᠷᠡᠭᠲᠡᠢ᠃ | | ︵ᠭᠤᠷᠪᠠ︶ ᠡᠯ᠎ᠡ ᠭᠠᠵᠠᠷ ᠤᠨ ᠬᠢᠨ ᠤ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠣᠯᠠᠨ ᠨᠡᠶᠢᠲᠡ ᠶᠢᠨ | ᠦᠢᠯᠡᠴᠢᠯᠡᠭᠡᠨ ᠤ ᠪᠡᠯᠡᠳᠬᠡᠮᠵᠢ᠂ ᠤᠯᠤᠰ ᠤᠨ ᠥᠮᠴᠢᠯᠡᠯᠲᠦ ᠭᠡᠷ ᠪᠠᠶᠢᠰᠢᠩ ᠵᠡᠷᠭᠡ ᠠᠳᠠᠯ ᠠᠬᠤᠢ ᠶᠢ ᠵᠣᠬᠢᠰᠲᠠᠢ | ᠠᠷᠭ᠎ᠠ ᠮᠠᠶ᠋ᠢᠭ ᠢᠶᠠᠷ ᠵᠠᠰᠠᠭ ᠤᠨ ᠣᠷᠳᠣᠨ ᠳᠤ ᠰᠢᠯᠵᠢᠭᠦᠯᠦᠨ ᠲᠤᠰᠢᠶᠠᠵᠤ ᠲᠥᠪᠯᠡᠷᠡᠭᠦᠯᠦᠨ ᠥᠭᠡᠷᠡᠴᠢᠯᠡᠨ | ᠠᠰᠢᠭᠯᠠᠭᠤᠯᠬᠤ᠂ ᠰᠦᠢᠳᠬᠡᠯ ᠬᠤᠷᠢᠶᠠᠬᠤ ᠦᠭᠡᠢ ᠪᠤᠶᠤ ᠬᠢᠮᠳᠠ ᠦᠨ᠎ᠡ ᠪᠠᠷ ᠲᠠᠯᠠᠪᠤᠷ ᠬᠠᠩᠭᠠᠬᠤ᠂ | ᠲᠤᠰᠬᠠᠶᠢᠵᠢᠭᠰᠠᠨ ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠳᠤ | ᠨᠠᠶᠢᠳᠠᠨ ᠡᠵᠡᠩᠨᠡᠭᠦᠯᠬᠦ ᠶᠢ ᠰᠦᠪᠡᠭᠴᠢᠯᠡᠬᠦ ᠶᠢ ᠵᠣᠷᠢᠭᠵᠢᠭᠤᠯᠤᠨ᠎ᠠ᠃ ᠭᠡᠷ ᠪᠠᠶᠢᠰᠢᠩ ᠤᠨ ᠲᠦᠷᠢᠶᠡᠰᠦᠨ ᠮᠥᠩᠭᠦ ᠶᠢ | ᠲᠤᠰᠢᠶᠠᠬᠤ ᠳᠤ ᠬᠦᠴᠢᠷᠲᠡᠢ ᠪᠠᠶᠢᠭ᠎ᠠ ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ | ᠪᠠᠶᠢᠭᠤᠯᠤᠮᠵᠢ ᠳᠤ᠂ ᠭᠡᠷ᠎ᠡ ᠲᠣᠭᠲᠠᠭᠰᠠᠨ ᠬᠤᠶᠠᠷ ᠲᠠᠯ᠎ᠠ ᠪᠠᠷ ᠢᠶᠠᠨ ᠡᠷᠬᠡ ᠲᠡᠭᠰᠢ ᠪᠠᠷ ᠵᠥᠪᠳᠡᠯᠴᠡᠬᠦ ᠠᠷᠭ᠎ᠠ | ᠮᠠᠶ᠋ᠢᠭ ᠢᠶᠠᠷ ᠳᠠᠮᠵᠢᠭᠤᠯᠤᠨ ᠬᠤᠶᠢᠰᠢᠯᠠᠭᠤᠯᠤᠨ ᠬᠤᠷᠢᠶᠠᠬᠤ ᠶᠢ ᠵᠣᠷᠢᠭᠵᠢᠭᠤᠯᠤᠨ᠎ᠠ᠃ ᠬᠤᠭᠤᠰᠤᠨ ᠪᠠᠶᠢᠭ᠎ᠠ | ᠨᠡᠶᠢᠲᠡ ᠶᠢᠨ ᠲᠦᠷᠢᠶᠡᠰᠦᠯᠡᠯ ᠤᠨ ᠭᠡᠷ ᠪᠠᠶᠢᠰᠢᠩ ᠢ ᠨᠡᠶᠢᠭᠡᠮ ᠤᠨ ᠬᠦᠴᠦᠨ ᠳᠤ ᠰᠦᠢᠳᠬᠡᠯ ᠬᠤᠷᠢᠶᠠᠬᠤ ᠦᠭᠡᠢ ᠪᠠᠷ | ᠬᠠᠩᠭᠠᠵᠤ᠂ ᠨᠡᠶᠢᠭᠡᠮ ᠲᠣᠭᠤᠷᠢᠭ ᠲᠤ ᠨᠠᠰᠤᠲᠠᠶᠢᠴᠤᠳ ᠲᠤ ᠬᠤᠭᠤᠯᠠ ᠤᠮᠳᠠ ᠶᠢ ᠲᠤᠰᠠᠯᠠᠬᠤ᠂ ᠡᠳᠦᠷ | ᠲᠤᠲᠤᠮ ᠤᠨ ᠬᠠᠷᠠᠭᠠᠯᠵᠠᠯ᠂ ᠡᠷᠡᠭᠦᠯᠵᠢᠯ ᠤᠨ ᠰᠤᠪᠢᠯᠠᠯᠲᠠ᠂ ᠨᠠᠰᠤᠲᠠᠶᠢᠴᠤᠳ ᠤᠨ ᠬᠥᠮᠦᠵᠢᠯ ᠵᠡᠷᠭᠡ ᠦᠢᠯᠡᠴᠢᠯᠡᠭᠡ | ᠬᠠᠩᠭᠠᠬᠤ ᠶᠢ ᠵᠥᠪᠰᠢᠶᠡᠷᠡᠬᠦ ᠶᠢ ᠬᠠᠶᠢᠨ ᠰᠦᠪᠡᠭᠴᠢᠯᠡᠨ᠎ᠡ᠃ | | ᠬᠤᠶᠠᠷ᠂ ᠭᠠᠶᠢᠯᠢ ᠰᠦᠢᠳᠬᠡᠯ ᠢ ᠬᠥᠩᠭᠡᠯᠡᠵᠦ ᠬᠡᠯᠲᠦᠷᠢᠭᠦᠯᠬᠦ ᠠᠷᠭ᠎ᠠ ᠬᠡᠮᠵᠢᠶ᠎ᠡ | | ︵ᠳᠥᠷᠪᠡ︶ 2022 ᠣᠨ ᠳᠤ᠂ ᠡᠯ᠎ᠡ ᠭᠠᠵᠠᠷ ᠤᠨ ᠬᠢᠨ ᠨᠥᠬᠦᠴᠡᠯ ᠳᠤ ᠨᠡᠶᠢᠴᠡᠬᠦ ᠨᠠᠰᠤᠵᠢᠯ ᠤᠨ | ᠠᠰᠠᠷᠠᠮᠵᠢ ᠶᠢᠨ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠪᠠᠶᠢᠭᠤᠯᠤᠮᠵᠢ ᠠᠴᠠ 50% ᠶᠢᠨ ᠭᠠᠶᠢᠯᠢ ᠶᠢᠨ | ᠲᠤᠭ᠎ᠠ ᠪᠠᠷ ᠡᠬᠢ ᠪᠠᠶᠠᠯᠢᠭ ᠤᠨ ᠭᠠᠶᠢᠯᠢ᠂ ᠬᠤᠲᠠ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠭᠠᠶᠢᠯᠢ᠂ | ᠭᠡᠷ ᠬᠥᠷᠥᠩᠭᠡ ᠶᠢᠨ ᠭᠠᠶᠢᠯᠢ᠂ ᠬᠤᠲᠠ ᠪᠠᠯᠭᠠᠰᠤᠨ ᠤ ᠭᠠᠵᠠᠷ ᠰᠢᠷᠣᠢ ᠶᠢᠨ ᠬᠡᠷᠡᠭᠯᠡᠭᠡᠨ ᠤ ᠭᠠᠶᠢᠯᠢ᠂ ᠲᠡᠮᠳᠡᠭᠲᠦ ᠶᠢᠨ | ᠭᠠᠶᠢᠯᠢ ︵ᠦᠨᠡᠲᠦ ᠲᠡᠮᠳᠡᠭᠲᠦ ᠶᠢᠨ ᠠᠷᠠᠯᠵᠢᠶᠠᠨ ᠤ ᠲᠡᠮᠳᠡᠭᠲᠦ ᠶᠢᠨ ᠭᠠᠶᠢᠯᠢ ᠪᠠᠭᠲᠠᠬᠤ ᠦᠭᠡᠢ︶᠂ ᠲᠠᠷᠢᠶᠠᠨ | ᠭᠠᠵᠠᠷ ᠢ ᠡᠵᠡᠯᠡᠨ ᠬᠡᠷᠡᠭᠯᠡᠬᠦ ᠭᠠᠶᠢᠯᠢ ᠪᠠ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠯᠲᠡ᠂ ᠣᠷᠣᠨ ᠨᠤᠲᠤᠭ ᠤᠨ | ᠰᠤᠷᠭᠠᠨ ᠬᠥᠮᠦᠵᠢᠯ ᠤᠨ ᠨᠡᠮᠡᠯᠲᠡ ᠵᠡᠷᠭᠡ ︽ᠵᠢᠷᠭᠤᠭᠠᠨ ᠭᠠᠶᠢᠯᠢ ᠬᠤᠶᠠᠷ ᠰᠦᠢᠳᠬᠡᠯ︾ ᠢ ᠬᠠᠰᠤᠵᠤ | ᠲᠠᠲᠠᠪᠤᠷᠢᠯᠠᠨ᠎ᠠ᠃ | | ︵ᠲᠠᠪᠤ︶ ᠨᠠᠰᠤᠵᠢᠯ ᠤᠨ ᠠᠰᠠᠷᠠᠮᠵᠢ ᠶᠢᠨ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠪᠠᠶᠢᠭᠤᠯᠤᠮᠵᠢ ᠨᠢ | ᠲᠣᠭᠲᠠᠭᠠᠯ ᠶᠣᠰᠣᠭᠠᠷ ︽ᠨᠠᠰᠤᠵᠢᠯ ᠤᠨ ᠠᠰᠠᠷᠠᠮᠵᠢ᠂ ᠬᠡᠦᠬᠡᠳ ᠰᠠᠭᠠᠲᠠᠭᠤᠯᠬᠤ᠂ ᠭᠡᠷ ᠤᠨ ᠶᠠᠪᠤᠳᠠᠯ ᠵᠡᠷᠭᠡ ᠨᠡᠶᠢᠭᠡᠮ | ᠲᠣᠭᠤᠷᠢᠭ ᠤᠨ ᠭᠡᠷ ᠪᠦᠯᠢ ᠶᠢᠨ ᠦᠢᠯᠡᠴᠢᠯᠡᠭᠡᠨ ᠤ ᠦᠢᠯᠡᠰ ᠤᠨ ᠭᠠᠶᠢᠯᠢ ᠰᠦᠢᠳᠬᠡᠯ ᠤᠨ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢᠨ ᠲᠤᠬᠠᠢ ᠠᠯᠪᠠᠨ ᠵᠠᠷ︾ ︵ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ | ᠶᠡᠷᠦᠩᠬᠡᠢ ᠲᠣᠪᠴᠢᠶ᠎ᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠷᠠᠳ ᠤᠨ ᠶᠠᠪᠤᠳᠠᠯ ᠤᠨ ᠶᠠᠮᠤᠨ | ᠬᠤᠳᠠᠯᠳᠤᠭᠠᠨ ᠤ ᠶᠠᠪᠤᠳᠠᠯ ᠤᠨ ᠶᠠᠮᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠵᠠᠷ | 2019 ᠣᠨ ᠤ 76 ᠳ᠋ᠤᠭᠠᠷ ᠲᠣᠭᠠᠲᠤ︶ ᠳᠤ ᠲᠣᠭᠲᠠᠭᠠᠭᠰᠠᠨ ᠭᠠᠶᠢᠯᠢ ᠰᠦᠢᠳᠬᠡᠯ ᠤᠨ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠭᠥᠷᠳᠡᠵᠦ ᠪᠣᠯᠣᠨ᠎ᠠ᠃ | | ︵ᠵᠢᠷᠭᠤᠭ᠎ᠠ︶ ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠠᠵᠢᠯ ᠲᠥᠷᠥᠯ ᠤᠨ ᠭᠠᠶᠢᠯᠢ | ᠲᠤᠰᠢᠶᠠᠭᠴᠢ ᠨᠢ ᠲᠣᠭᠲᠠᠭᠠᠯ ᠶᠣᠰᠣᠭᠠᠷ ᠨᠡᠮᠡᠭᠳᠡᠯ ᠤᠨ ᠬᠡᠮᠵᠢᠶ᠎ᠡ ᠶᠢᠨ ᠦᠯᠡᠳᠡᠭᠡᠨ ᠲᠤᠯᠭᠠᠨ ᠰᠠᠭᠤᠯᠭᠠᠬᠤ | ᠭᠠᠶᠢᠯᠢ ᠶᠢᠨ ᠲᠤᠭ᠎ᠠ ᠶᠢ ᠰᠠᠷ᠎ᠠ ᠰᠠᠷ᠎ᠠ ᠪᠠᠷ ᠪᠥᠬᠦ ᠲᠤᠭ᠎ᠠ ᠪᠠᠷ ᠪᠤᠴᠠᠭᠠᠬᠤ᠂ ᠦᠯᠡᠳᠡᠭᠡᠯ ᠭᠠᠶᠢᠯᠢ ᠶᠢᠨ ᠲᠤᠭ᠎ᠠ ᠶᠢ | ᠨᠢᠭᠡ ᠤᠳᠠᠭ᠎ᠠ ᠶᠢᠨ ᠴᠢᠨᠠᠷᠲᠠᠢ ᠪᠠᠷ ᠪᠥᠬᠦ ᠲᠤᠭ᠎ᠠ ᠪᠠᠷ ᠪᠤᠴᠠᠭᠠᠬᠤ ᠦᠯᠡᠳᠡᠭᠡᠨ ᠲᠤᠯᠭᠠᠨ ᠰᠠᠭᠤᠯᠭᠠᠬᠤ ᠭᠠᠶᠢᠯᠢ ᠶᠢᠨ | ᠲᠤᠭ᠎ᠠ ᠶᠢ ᠦᠯᠡᠳᠡᠭᠡᠨ ᠲᠤᠯᠭᠠᠨ ᠪᠤᠴᠠᠭᠠᠬᠤ ᠲᠥᠷᠥ ᠶᠢᠨ ᠪᠣᠳᠣᠯᠭ᠎ᠠ ᠶᠢ | | ︵ᠳᠣᠯᠤᠭ᠎ᠠ︶ ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ | ᠪᠠᠶᠢᠭᠤᠯᠤᠮᠵᠢ ᠶᠢᠨ ᠴᠠᠬᠢᠯᠭᠠᠨ᠂ ᠤᠰᠤ᠂ ᠬᠡᠢ᠂ ᠢᠯᠴᠢ ᠬᠡᠷᠡᠭᠯᠡᠬᠦ ᠶᠢ ᠰᠠᠭᠤᠭᠠᠯᠢ ᠠᠷᠠᠳ ᠤᠨ ᠠᠮᠢᠳᠤᠷᠠᠯ ᠤᠨ | ᠲᠥᠷᠥᠯ ᠤᠨ ᠦᠨ᠎ᠡ ᠬᠠᠩᠰᠢ ᠪᠠᠷ ᠬᠡᠷᠡᠭᠵᠢᠭᠦᠯᠬᠦ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠣᠷᠣᠨ ᠨᠤᠲᠤᠭ ᠤᠨ 2022 ᠣᠨ ᠳᠤ ᠪᠠᠶᠢᠳᠠᠯ ᠢ ᠦᠵᠡᠵᠦ ᠪᠠᠶᠢᠭᠠᠳ ᠤᠯᠠᠮ ᠬᠠᠰᠤᠵᠤ ᠬᠡᠯᠲᠦᠷᠢᠭᠦᠯᠬᠦ | ᠬᠠᠷᠠᠭᠠᠯᠵᠠᠯ ᠦᠵᠡᠭᠦᠯᠬᠦ ᠶᠢ ᠵᠣᠷᠢᠭᠵᠢᠭᠤᠯᠤᠨ᠎ᠠ᠃ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ ᠪᠢᠲᠡᠭᠦᠮᠵᠢᠯᠡᠨ | ᠬᠠᠮᠢᠶᠠᠷᠴᠤ ᠪᠠᠶᠢᠭ᠎ᠠ ᠨᠠᠰᠤᠵᠢᠯ ᠤᠨ ᠠᠰᠠᠷᠠᠮᠵᠢ ᠶᠢᠨ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠪᠠᠶᠢᠭᠤᠯᠤᠮᠵᠢ ᠶᠢᠨ | ᠴᠠᠬᠢᠯᠭᠠᠨ ᠬᠡᠷᠡᠭᠯᠡᠬᠦ᠂ ᠤᠰᠤ ᠬᠡᠷᠡᠭᠯᠡᠬᠦ᠂ ᠬᠡᠢ ᠬᠡᠷᠡᠭᠯᠡᠬᠦ ᠳᠤ ︽ᠵᠠᠷᠤᠳᠠᠯ ᠥᠷᠢᠲᠦᠪᠡᠯ ᠲᠠᠰᠤᠷᠠᠯᠲᠠ ᠦᠭᠡᠢ | ᠬᠠᠩᠭᠠᠬᠤ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ 6 ᠰᠠᠷ᠎ᠠ ᠶᠢᠨ ᠵᠠᠷᠤᠳᠠᠯ ᠢ ᠬᠤᠶᠢᠰᠢᠯᠠᠭᠤᠯᠤᠨ | ᠲᠤᠰᠢᠶᠠᠬᠤ ᠬᠤᠭᠤᠴᠠᠭ᠎ᠠ ᠶᠢ ᠲᠣᠭᠲᠠᠭᠠᠬᠤ ᠶᠢᠨ ᠬᠠᠮᠲᠤ᠂ ᠲᠣᠰ ᠭᠠᠵᠠᠷ ᠣᠷᠣᠨ ᠤ ᠪᠣᠳᠠᠲᠤ ᠪᠠᠶᠢᠳᠠᠯ ᠢᠶᠠᠨ | ᠦᠨᠳᠦᠰᠦᠯᠡᠨ ᠤᠯᠠᠮ ᠤᠷᠲᠤᠳᠬᠠᠵᠤ᠂ ᠬᠤᠶᠢᠰᠢᠯᠠᠭᠤᠯᠤᠨ ᠲᠤᠰᠢᠶᠠᠬᠤ ᠬᠤᠭᠤᠴᠠᠭᠠᠨ ᠳᠤ ᠵᠠᠷᠤᠳᠠᠯ ᠥᠷᠢᠲᠦᠬᠦ | ᠬᠤᠭᠤᠴᠠᠭ᠎ᠠ ᠰᠠᠭᠠᠲᠠᠭᠤᠯᠤᠭᠰᠠᠨ ᠲᠣᠷᠭᠠᠭᠤᠯᠢ ᠶᠢᠨ ᠮᠥᠩᠭᠦ ᠬᠤᠷᠢᠶᠠᠬᠤ ᠦᠭᠡᠢ ᠪᠠᠶᠢᠵᠤ ᠪᠣᠯᠣᠨ᠎ᠠ᠃ | ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠨᠢ ᠴᠠᠬᠢᠯᠭᠠᠨ᠂ ᠤᠰᠤ᠂ | ᠬᠡᠢ᠂ ᠢᠯᠴᠢ ᠵᠡᠷᠭᠡ ᠲᠤᠬᠠᠶᠢᠯᠠᠭᠰᠠᠨ ᠠᠵᠢᠯ ᠢ ᠭᠤᠶᠤᠴᠢᠯᠠᠨ ᠭᠦᠢᠴᠡᠳᠬᠡᠬᠦ ᠳᠤ᠂ ᠬᠤᠭᠤᠴᠠᠭ᠎ᠠ ᠬᠢᠵᠠᠭᠠᠷᠯᠠᠨ | ᠭᠦᠢᠴᠡᠳᠬᠡᠵᠦ ᠳᠠᠭᠤᠰᠬᠠᠬᠤ ᠳᠦᠷᠢᠮ ᠢ ᠬᠡᠷᠡᠭᠵᠢᠭᠦᠯᠦᠨ᠎ᠡ᠃ | | ᠭᠤᠷᠪᠠ᠂ ᠨᠡᠶᠢᠭᠡᠮ ᠤᠨ ᠳᠠᠭᠠᠳᠬᠠᠯ ᠢ ᠳᠡᠮᠵᠢᠬᠦ ᠠᠷᠭ᠎ᠠ ᠬᠡᠮᠵᠢᠶ᠎ᠡ | | ︵ᠨᠠᠢᠮᠠ︶ ᠠᠵᠢᠯ ᠠᠯᠳᠠᠯᠲᠠ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ | ᠵᠠᠷᠤᠳᠠᠯ ᠤᠨ ᠨᠤᠷᠮ᠎ᠠ ᠶᠢ ᠱᠠᠲᠤ ᠦᠶ᠎ᠡ ᠶᠢᠨ ᠴᠢᠨᠠᠷᠲᠠᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ | ᠦᠷᠭᠦᠯᠵᠢᠯᠡᠨᠬᠥ᠋ᠮᠥᠨ ᠬᠠᠰᠤᠬᠤ ᠦᠭᠡᠢ᠂ ᠬᠥᠮᠥᠨ ᠴᠥᠭᠡᠨ ᠬᠠᠰᠤᠭᠰᠠᠨ ᠨᠠᠰᠤᠵᠢᠯ ᠤᠨ ᠠᠰᠠᠷᠠᠮᠵᠢ ᠶᠢᠨ ᠨᠠᠶᠢᠳᠠᠨ | ᠬᠥᠮᠥᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠳᠤ ᠲᠦᠭᠡᠮᠡᠯ ᠬᠠᠷᠠᠭᠠᠯᠵᠠᠯ ᠤᠨ ᠴᠢᠨᠠᠷᠲᠠᠢ ᠠᠵᠢᠯ ᠠᠯᠳᠠᠯᠲᠠ ᠶᠢᠨ | ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠲᠦᠷᠦ ᠶᠢᠨ ᠪᠣᠳᠣᠯᠭ᠎ᠠ ᠶᠢ | ᠬᠡᠷᠡᠭᠵᠢᠭᠦᠯᠦᠨ᠎ᠡ᠃ | | ︵ᠶᠢᠰᠦ︶ ᠬᠢᠵᠢᠭ ᠲᠠᠬᠤᠯ ᠤᠨ ᠬᠠᠯᠳᠠᠪᠤᠷᠢ ᠶᠢᠨ ᠨᠥᠯᠥᠭᠡ ᠠᠴᠠ ᠪᠣᠯᠵᠤ ᠡᠵᠡᠩᠨᠡᠯᠲᠡ ᠳᠤ ᠲᠦᠷ ᠴᠠᠭ | ᠬᠦᠴᠢᠷᠳᠡᠯ ᠲᠠᠢ ᠪᠣᠯᠤᠭᠰᠠᠨ ᠨᠠᠰᠤᠵᠢᠯ ᠤᠨ ᠠᠰᠠᠷᠠᠮᠵᠢ ᠶᠢᠨ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ | ᠪᠠᠶᠢᠭᠤᠯᠤᠮᠵᠢ ᠨᠢ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ᠂ ᠠᠵᠢᠯ ᠤᠨ | ᠭᠡᠮᠲᠦᠯ ᠤᠨ ᠳᠠᠭᠠᠳᠬᠠᠯ ᠤᠨ ᠨᠢᠭᠡᠴᠢ ᠶᠢᠨ ᠰᠦᠢᠳᠬᠡᠯ ᠲᠤᠰᠢᠶᠠᠬᠤ ᠬᠡᠰᠡᠭ ᠢ ᠱᠠᠲᠤ ᠦᠶᠡᠴᠢ ᠴᠢᠨᠠᠷᠲᠠᠢ ᠪᠠᠷ | ᠬᠤᠶᠢᠰᠢᠯᠠᠭᠤᠯᠤᠨ ᠲᠤᠰᠢᠶᠠᠬᠤ ᠪᠠᠷ ᠭᠤᠶᠤᠴᠢᠯᠠᠵᠤ ᠪᠣᠯᠣᠨ᠎ᠠ᠂ ᠬᠤᠶᠢᠰᠢᠯᠠᠭᠤᠯᠤᠨ ᠲᠤᠰᠢᠶᠠᠬᠤ ᠬᠤᠭᠤᠴᠠᠭᠠᠨ ᠳᠤ | ᠬᠤᠭᠤᠴᠠᠭ᠎ᠠ ᠰᠠᠭᠠᠲᠠᠭᠤᠯᠤᠭᠰᠠᠨ ᠲᠣᠷᠭᠠᠭᠤᠯᠢ ᠶᠢᠨ ᠮᠥᠩᠭᠦ ᠬᠤᠷᠢᠶᠠᠬᠤ ᠶᠢ ᠬᠡᠯᠲᠦᠷᠢᠭᠦᠯᠦᠨ᠎ᠡ᠃ ᠨᠥᠬᠦᠴᠡᠯ ᠳᠤ | ᠨᠡᠶᠢᠴᠡᠬᠦ ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠳᠤ᠂ ︽ | ᠭᠤᠶᠤᠴᠢᠯᠠᠬᠤ ᠦᠭᠡᠢ ᠪᠠᠷ ᠳᠠᠷᠤᠢ ᠡᠳ᠋ᠯᠡᠬᠦ︾ ᠠᠷᠭ᠎ᠠ ᠪᠠᠷ ᠠᠵᠢᠯᠲᠠᠨ ᠠᠵᠢᠯᠴᠢᠨ ᠤ ᠡᠮ ᠡᠮᠨᠡᠯᠭᠡ ᠶᠢᠨ | ᠳᠠᠭᠠᠳᠬᠠᠯ ᠤᠨ ᠨᠢᠭᠡᠴᠢ ᠶᠢᠨ ᠲᠤᠰᠢᠶᠠᠬᠤ ᠰᠦᠢᠳᠬᠡᠯ ᠢ 3 ᠰᠠᠷ᠎ᠠ ᠬᠤᠶᠢᠰᠢᠯᠠᠭᠤᠯᠤᠨ ᠲᠤᠰᠢᠶᠠᠵᠤ᠂ | ᠬᠤᠶᠢᠰᠢᠯᠠᠭᠤᠯᠤᠨ ᠲᠤᠰᠢᠶᠠᠬᠤ ᠬᠤᠭᠤᠴᠠᠭᠠᠨ ᠳᠤ ᠬᠤᠭᠤᠴᠠᠭ᠎ᠠ ᠰᠠᠭᠠᠲᠠᠭᠤᠯᠤᠭᠰᠠᠨ ᠲᠣᠷᠭᠠᠭᠤᠯᠢ ᠶᠢᠨ ᠮᠥᠩᠭᠦ | ᠬᠤᠷᠢᠶᠠᠬᠤ ᠶᠢ ᠬᠡᠯᠲᠦᠷᠢᠭᠦᠯᠦᠨ᠎ᠡ᠃ | | ︵ᠠᠷᠪᠠ︶ ᠬᠤᠪᠢ ᠬᠥᠮᠥᠨ ᠤ ᠬᠤᠪᠢ ᠪᠠᠷ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ | ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠨᠠᠰᠤᠵᠢᠯ ᠤᠨ ᠠᠰᠠᠷᠠᠮᠵᠢ ᠶᠢᠨ ᠬᠡᠦᠬᠡᠳ ᠰᠠᠭᠠᠲᠠᠭᠤᠯᠬᠤ | ᠦᠢᠯᠡᠴᠢᠯᠡᠭᠡᠨ ᠤ ᠪᠠᠶᠢᠭᠤᠯᠤᠮᠵᠢ ᠶᠢᠨ ᠠᠵᠢᠯᠲᠠᠨ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯᠲᠠᠨ | ᠵᠡᠷᠭᠡ ᠡᠯ᠎ᠡ ᠲᠥᠷᠥᠯ ᠤᠨ ᠴᠢᠯᠦᠭᠡᠲᠡᠢ ᠠᠵᠢᠯ ᠣᠯᠣᠭᠰᠠᠳ᠂ 2022 ᠣᠨ ᠳᠤ ᠰᠦᠢᠳᠬᠡᠯ ᠲᠤᠰᠢᠶᠠᠬᠤ ᠳᠤ | ᠦᠨᠡᠬᠡᠷ ᠬᠦᠴᠢᠷᠲᠡᠢ ᠪᠠᠶᠢᠪᠠᠯ᠂ ᠰᠠᠶᠢᠨ ᠳᠤᠷ᠎ᠠ ᠠᠴᠠ ᠪᠠᠨ ᠰᠦᠢᠳᠬᠡᠯ ᠲᠤᠰᠢᠶᠠᠬᠤ ᠪᠠᠨ ᠲᠦᠷ ᠬᠤᠶᠢᠰᠢᠯᠠᠭᠤᠯᠵᠤ | ᠪᠣᠯᠣᠨ᠎ᠠ᠂ 2022 ᠣᠨ ᠤ ᠰᠦᠢᠳᠬᠡᠯ ᠲᠤᠰᠢᠶᠠᠭᠠᠳᠤᠢ ᠰᠠᠷ᠎ᠠ ᠳᠤ 2023 ᠣᠨ ᠤ ᠵᠢᠯ ᠤᠨ ᠡᠴᠦᠰ ᠠᠴᠠ | ᠡᠮᠦᠨ᠎ᠡ ᠨᠥᠬᠦᠨ ᠲᠤᠰᠢᠶᠠᠵᠤ ᠪᠣᠯᠣᠨ᠎ᠠ᠂ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢ 2023 ᠣᠨ ᠤ | ᠲᠤᠬᠠᠢ ᠶᠢᠨ ᠭᠠᠵᠠᠷ ᠤᠨ ᠬᠤᠪᠢ ᠬᠥᠮᠥᠨ ᠤ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢᠨ ᠳᠡᠭᠡᠳᠦ ᠳᠣᠣᠷᠠᠳᠤ | ᠬᠢᠵᠠᠭᠠᠷ ᠤᠨ ᠬᠡᠪᠴᠢᠶᠡᠨ ᠳᠤ ᠡᠵᠡᠨ ᠮᠡᠳᠡᠵᠦ ᠰᠣᠩᠭᠤᠵᠤ᠂ ᠰᠦᠢᠳᠬᠡᠯ ᠲᠤᠰᠢᠶᠠᠭᠰᠠᠨ ᠵᠢᠯ ᠬᠤᠭᠤᠴᠠᠭ᠎ᠠ ᠶᠢ | ᠨᠡᠶᠢᠯᠡᠭᠦᠯᠦᠨ ᠪᠤᠳᠤᠨ᠎ᠠ᠃ | | ᠳᠥᠷᠪᠡ᠂ ᠮᠥᠩᠭᠦᠨ ᠭᠦᠢᠯᠭᠡᠭᠡᠨ ᠤ ᠳᠡᠮᠵᠢᠯᠭᠡ ᠶᠢᠨ ᠠᠷᠭ᠎ᠠ ᠬᠡᠮᠵᠢᠶ᠎ᠡ | | ︵ᠠᠷᠪᠠᠨ ᠨᠢᠭᠡ︶ ᠲᠦᠭᠡᠮᠡᠯ ᠬᠠᠷᠠᠭᠠᠯᠵᠠᠯᠲᠤ ᠨᠠᠰᠤᠵᠢᠯ ᠤᠨ ᠠᠰᠠᠷᠠᠮᠵᠢ ᠶᠢᠨ ᠲᠤᠰᠬᠠᠢ ᠵᠦᠢᠯ ᠤᠨ ᠳᠠᠬᠢᠨ | ᠵᠢᠭᠡᠯᠡᠯᠭᠡ ᠶᠢᠨ ᠲᠤᠷᠰᠢᠯᠲᠠ ᠶᠢ ᠥᠷᠨᠢᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠡᠯᠡ | ᠲᠣᠬᠢᠷᠠᠭᠤᠯᠭ᠎ᠠ ᠶᠢᠨ ᠢᠲᠡᠭᠡᠮᠵᠢ ᠶᠢᠨ ᠦᠢᠯᠡᠴᠢᠯᠡᠭᠡᠨ ᠤ ᠲᠠᠪᠴᠠᠩ ᠤᠨ ᠲᠣᠣᠷ ᠰᠦᠯᠵᠢᠶ᠎ᠡ ᠪᠠᠷ ᠳᠠᠮᠵᠢᠭᠤᠯᠤᠨ | ᠲᠦᠭᠡᠮᠡᠯ ᠬᠠᠷᠠᠭᠠᠯᠵᠠᠯᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠵᠢᠭᠡᠯᠡᠯᠭᠡ | ᠬᠠᠩᠭᠠᠬᠤ ᠶᠢ ᠳᠡᠮᠵᠢᠵᠦ᠂ ᠲᠤᠷᠰᠢᠯᠲᠠ ᠶᠢᠨ ᠴᠢᠭ᠋ ᠤᠨ ᠪᠠᠶᠢᠳᠠᠯ ᠢ ᠦᠨᠳᠦᠰᠦᠯᠡᠨ᠂ ᠲᠥᠷᠥ ᠶᠢᠨ ᠪᠣᠳᠣᠯᠭ᠎ᠠ ᠶᠢ | ᠦᠨᠡᠯᠡᠨ ᠵᠢᠱᠢᠵᠦ ᠲᠡᠭᠦᠯᠳᠡᠷᠵᠢᠭᠦᠯᠦᠭᠰᠡᠨ ᠤ ᠳᠠᠷᠠᠭ᠎ᠠ ᠲᠤᠷᠰᠢᠯᠲᠠ ᠶᠢᠨ ᠴᠢᠭ᠋ ᠤᠨ ᠬᠡᠪᠴᠢᠶ᠎ᠡ ᠶᠢ | | ︵ᠠᠷᠪᠠᠨ ᠬᠤᠶᠠᠷ︶ ᠬᠤᠳᠠᠯᠳᠤᠭᠠᠨ ᠤ ᠪᠠᠩᠬᠢ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ | ᠬᠥᠲᠥᠯᠥᠨ ᠵᠢᠯᠤᠭᠤᠳᠴᠤ ᠪᠠᠶᠢᠭᠠᠳ ᠦᠷᠭᠦᠯᠵᠢᠯᠡᠨ ᠵᠠᠬ᠎ᠠ ᠳᠡᠯᠭᠡᠭᠦᠷᠴᠢᠯᠡᠬᠦ ᠵᠠᠷᠴᠢᠮ ᠶᠣᠰᠣᠭᠠᠷ ᠨᠠᠰᠤᠵᠢᠯ ᠤᠨ | ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠬᠦᠷᠢᠶ᠎ᠡ ᠴᠠᠷᠠᠭ᠎ᠠ ᠳᠠᠬᠢ ᠳᠤᠮᠳᠠ ᠵᠢᠵᠢᠭ ᠪᠢᠴᠢᠯ ᠠᠵᠤ ᠠᠬᠤᠶᠢᠯᠠᠯ ︵ | ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠡᠵᠡᠨ ᠪᠠᠭᠲᠠᠨ᠎ᠠ︶ ᠪᠣᠯᠣᠨ ᠬᠤᠪᠢ ᠶᠢᠨ ᠠᠵᠤ ᠦᠢᠯᠡᠳᠪᠦᠷᠢ | ᠬᠤᠳᠠᠯᠳᠤᠭᠠᠨ ᠤ ᠡᠷᠦᠬᠡ ᠯᠦᠭᠡ ᠪᠡᠶ᠎ᠡ ᠪᠠᠨ ᠳᠠᠭᠠᠭᠠᠨ ᠵᠥᠪᠳᠡᠯᠴᠡᠬᠦ ᠶᠢ ᠬᠡᠷᠡᠭᠵᠢᠭᠦᠯᠵᠦ᠂ ᠲᠡᠳᠡᠨ ᠤ ᠵᠢᠭᠡᠯᠡᠯᠭᠡ ᠶᠢ | ᠬᠤᠶᠢᠰᠢᠯᠠᠭᠤᠯᠤᠨ ᠡᠬᠡ ᠬᠦᠦ ᠲᠠᠢ ᠨᠢ ᠪᠤᠴᠠᠭᠠᠵᠤ ᠥᠭᠬᠦ ᠶᠢ ᠬᠡᠷᠡᠭᠵᠢᠭᠦᠯᠵᠦ᠂ ᠤᠷᠲᠤᠳᠬᠠᠬᠤ ᠶᠣᠰᠣᠲᠠᠢ ᠶᠢ ᠨᠢ | ᠪᠦᠬᠦᠨ ᠢ ᠤᠷᠲᠤᠳᠬᠠᠬᠤ ᠶᠢ ᠴᠢᠷᠮᠠᠶᠢᠨ ᠪᠡᠶᠡᠯᠡᠭᠦᠯᠵᠦ᠂ ᠬᠤᠶᠢᠰᠢᠯᠠᠭᠤᠯᠤᠨ ᠡᠬᠡ ᠬᠦᠦ ᠲᠠᠢ ᠨᠢ ᠪᠤᠴᠠᠭᠠᠬᠤ ᠡᠳᠦᠷ | ᠬᠤᠭᠤᠴᠠᠭ᠎ᠠ ᠶᠢ ᠵᠠᠷᠴᠢᠮ ᠳᠡᠭᠡᠷ᠎ᠡ ᠪᠠᠨ 2022 ᠣᠨ ᠤ ᠵᠢᠯ ᠤᠨ ᠰᠡᠭᠦᠯᠴᠢ ᠠᠴᠠ ᠬᠡᠲᠦᠷᠡᠭᠦᠯᠬᠦ ᠦᠭᠡᠢ᠃ | | ︵ᠠᠷᠪᠠᠨ ᠭᠤᠷᠪᠠ︶ ᠣᠷᠣᠨ ᠨᠤᠲᠤᠭ ᠤᠨ ᠡᠳ᠋ ᠤᠨ ᠬᠦᠴᠦᠨ ᠤ ᠪᠣᠳᠠᠲᠠᠢ ᠲᠠᠢ ᠪᠠᠨ ᠤᠶᠠᠯᠳᠤᠭᠤᠯᠤᠨ᠂ | ᠨᠠᠰᠤᠵᠢᠯ ᠤᠨ ᠠᠰᠠᠷᠠᠮᠵᠢ ᠶᠢᠨ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠪᠠᠶᠢᠭᠤᠯᠤᠮᠵᠢ ᠳᠤ ᠵᠢᠭᠡᠯᠡᠯᠭᠡ ᠶᠢᠨ ᠳᠠᠮ | ᠬᠦᠦ ᠶᠢᠨ ᠳᠡᠮᠵᠢᠯᠭᠡ ᠦᠵᠡᠭᠦᠯᠬᠦ ᠶᠢ ᠵᠣᠷᠢᠭᠵᠢᠭᠤᠯᠵᠤ᠂ ᠨᠠᠰᠤᠵᠢᠯ ᠤᠨ ᠠᠰᠠᠷᠠᠮᠵᠢ ᠶᠢᠨ ᠬᠡᠦᠬᠡᠳ ᠰᠠᠭᠠᠲᠠᠭᠤᠯᠬᠤ | ᠦᠢᠯᠡᠴᠢᠯᠡᠭᠡᠨ ᠤ ᠪᠠᠶᠢᠭᠤᠯᠤᠮᠵᠢ ᠶᠢᠨ ᠪᠡᠯᠡ ᠲᠣᠬᠢᠷᠠᠭᠤᠯᠬᠤ ᠳᠤ ᠬᠦᠴᠢᠷᠲᠡᠢ | | ︵ᠠᠷᠪᠠᠨ ᠳᠥᠷᠪᠡ︶ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ | ᠪᠠᠶᠢᠭᠤᠯᠤᠮᠵᠢ ᠶᠢᠨ ᠵᠠᠬ᠎ᠠ ᠳᠡᠯᠭᠡᠭᠦᠷᠴᠢᠯᠡᠬᠦ ᠵᠠᠷᠴᠢᠮ ᠶᠣᠰᠣᠭᠠᠷ ᠨᠠᠰᠤᠵᠢᠯ ᠤᠨ ᠠᠰᠠᠷᠠᠮᠵᠢ ᠶᠢᠨ ᠨᠠᠶᠢᠳᠠᠨ | ᠬᠥᠮᠥᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠳᠤ ᠪᠡᠯᠡ ᠲᠣᠬᠢᠷᠠᠭᠤᠯᠭ᠎ᠠ ᠶᠢᠨ ᠢᠲᠡᠭᠡᠮᠵᠢ ᠶᠢ ᠨᠡᠮᠡᠭᠳᠡᠭᠦᠯᠬᠦ | ᠳᠡᠮᠵᠢᠯᠭᠡ ᠬᠠᠩᠭᠠᠬᠤ ᠶᠢ ᠵᠣᠷᠢᠭᠵᠢᠭᠤᠯᠵᠤ᠂ ᠬᠢᠵᠢᠭ ᠤᠨ ᠪᠠᠶᠢᠳᠠᠯ ᠳᠤ ᠨᠥᠯᠥᠭᠡᠯᠡᠭᠳᠡᠭᠰᠡᠨ ᠠᠵᠤ ᠠᠬᠤᠶᠢᠯᠠᠯ ᠳᠤ | ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠳᠡᠮᠵᠢᠯᠭᠡ ᠶᠢ ᠢᠳᠡᠪᠬᠢᠲᠡᠢ ᠬᠠᠩᠭᠠᠨ᠎ᠠ᠃ ᠣᠷᠣᠨ ᠨᠤᠲᠤᠭ ᠤᠨ | ᠡᠳ᠋ ᠤᠨ ᠬᠦᠴᠦᠨ ᠤ ᠪᠣᠳᠠᠲᠠᠢ ᠲᠠᠢ ᠪᠠᠨ ᠤᠶᠠᠯᠳᠤᠭᠤᠯᠤᠨ ᠵᠠᠰᠠᠭ ᠤᠨ ᠣᠷᠳᠣᠨ ᠤ ᠴᠢᠨᠠᠷᠲᠠᠢ ᠪᠡᠯᠡ | ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠳᠤ ᠪᠡᠯᠡ ᠣᠷᠣᠭᠤᠯᠬᠤ ᠶᠢ ᠳᠡᠮᠵᠢᠵᠦ᠂ ᠪᠡᠯᠡ | ᠲᠣᠬᠢᠷᠠᠭᠤᠯᠭ᠎ᠠ ᠶᠢᠨ ᠳᠠᠭᠠᠭᠠᠯᠲᠠ ᠶᠢᠨ | | ︵ᠠᠷᠪᠠᠨ ᠲᠠᠪᠤ︶ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠶᠡᠷᠦᠩᠬᠡᠶᠢᠯᠡᠭᠰᠡᠨ | ᠬᠠᠷᠢᠭᠤᠴᠠᠯᠭ᠎ᠠ ᠶᠢᠨ ᠳᠠᠭᠠᠳᠬᠠᠯ ᠤᠨ ᠳᠠᠭᠠᠭᠠᠴᠢᠯᠠᠬᠤ ᠪᠠᠶᠢᠭᠤᠯᠤᠮᠵᠢ ᠨᠢ 2022 ᠣᠨ ᠳᠤ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠲᠥᠯᠥᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠥᠯᠥᠬᠦ | ᠶᠣᠰᠣᠲᠠᠢ ᠶᠢ ᠨᠢ ᠪᠦᠬᠦᠨ ᠢ ᠲᠥᠯᠥᠨ᠎ᠡ᠃ ᠣᠷᠣᠨ ᠨᠤᠲᠤᠭ ᠤᠨ ᠵᠠᠰᠠᠭ ᠤᠨ ᠣᠷᠳᠣᠨ ᠢᠶᠠᠷ ᠳᠠᠮᠵᠢᠭᠤᠯᠤᠨ | ᠦᠢᠯᠡᠴᠢᠯᠡᠭᠡ ᠬᠤᠳᠠᠯᠳᠤᠨ ᠠᠪᠬᠤ ᠶᠢ ᠵᠣᠷᠢᠭᠵᠢᠭᠤᠯᠵᠤ᠂ ᠥᠷᠢᠰᠦᠯᠳᠦᠭᠦᠯᠦᠨ ᠰᠢᠯᠢᠳᠡᠭ ᠢ ᠨᠢ ᠰᠣᠩᠭᠤᠬᠤ | ᠵᠠᠷᠴᠢᠮ ᠶᠣᠰᠣᠭᠠᠷ᠂ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠳᠤ ᠬᠠᠮᠢᠶ᠎ᠠ ᠪᠦᠬᠦᠢ ᠳᠠᠭᠠᠳᠬᠠᠯ ᠢ | ᠬᠠᠩᠭᠠᠨ᠎ᠠ᠃ 2022 ᠣᠨ ᠳᠤ ᠬᠢᠵᠢᠭ ᠤᠨ ᠪᠠᠶᠢᠳᠠᠯ ᠤᠨ ᠳᠤᠮᠳᠠᠬᠢ ᠲᠦᠭᠰᠢᠭᠦᠷᠢ ᠶᠡᠬᠡᠲᠡᠢ ᠣᠷᠣᠨ ᠳᠤ | ᠵᠢᠭᠰᠠᠭᠠᠭᠳᠠᠭᠰᠠᠨ ᠰᠢᠶᠠᠨ ᠤ ᠱᠠᠲᠤᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠨᠠᠰᠤᠵᠢᠯ ᠤᠨ ᠠᠰᠠᠷᠠᠮᠵᠢ ᠶᠢᠨ | ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠪᠠᠶᠢᠭᠤᠯᠤᠮᠵᠢ ᠳᠤ᠂ ᠳᠠᠭᠠᠳᠬᠠᠯ ᠤᠨ ᠪᠠᠶᠢᠭᠤᠯᠤᠮᠵᠢ ᠶᠢᠨ | ᠲᠦᠭᠰᠢᠭᠦᠷᠢ ᠶᠢ ᠡᠵᠡᠮᠳᠡᠵᠦ ᠪᠣᠯᠬᠤ᠂ ᠵᠠᠬ᠎ᠠ ᠳᠡᠯᠭᠡᠭᠦᠷᠴᠢᠯᠡᠬᠦ ᠪᠠ ᠬᠤᠳᠠᠯᠳᠤᠭᠠᠨ ᠤ ᠰᠠᠶᠢᠨ ᠳᠤᠷ᠎ᠠ ᠶᠢᠨ ᠪᠠᠶᠢᠬᠤ | ᠤᠷᠢᠲᠠᠯ ᠳᠣᠣᠷ᠎ᠠ᠂ ᠪᠣᠳᠠᠲᠠᠢ ᠪᠠᠶᠢᠳᠠᠯ ᠢᠶᠠᠨ ᠦᠨᠳᠦᠰᠦᠯᠡᠨ ᠳᠠᠭᠠᠳᠬᠠᠯ ᠤᠨ ᠬᠠᠭᠤᠳᠠᠰᠤ ᠶᠢᠨ ᠬᠤᠭᠤᠴᠠᠭ᠎ᠠ | ᠲᠤᠯᠬᠤ ᠡᠳᠦᠷ ᠢ ᠵᠣᠬᠢᠰᠲᠠᠢ ᠤᠷᠲᠤᠳᠬᠠᠬᠤ ᠪᠤᠶᠤ ᠳᠠᠭᠠᠳᠬᠠᠯ ᠤᠨ ᠵᠠᠷᠤᠳᠠᠯ ᠢ ᠬᠤᠶᠢᠰᠢᠯᠠᠭᠤᠯᠤᠨ ᠬᠤᠷᠢᠶᠠᠬᠤ ᠶᠢ | ᠵᠣᠷᠢᠭᠵᠢᠭᠤᠯᠤᠨ᠎ᠠ᠃ | | ︵ᠠᠷᠪᠠᠨ ᠵᠢᠷᠭᠤᠭ᠎ᠠ︶ ᠨᠥᠬᠦᠴᠡᠯ ᠳᠤ ᠨᠡᠶᠢᠴᠡᠬᠦ ᠨᠠᠰᠤᠵᠢᠯ ᠤᠨ ᠠᠵᠤ ᠠᠬᠤᠶᠢᠯᠠᠯ ᠤᠨ ᠺᠣᠮᠫᠠᠨᠢ ᠶᠢᠨ | ᠢᠲᠡᠭᠡᠮᠵᠢ ᠶᠢᠨ ᠲᠥᠷᠥᠯ ᠤᠨ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠶᠢ ᠳᠡᠮᠵᠢᠵᠦ᠂ ᠨᠠᠰᠤᠵᠢᠯ ᠤᠨ ᠠᠵᠤ | ᠠᠬᠤᠶᠢᠯᠠᠯ ᠤᠨ ᠣᠯᠠᠨ ᠡᠰᠢᠵᠢᠭᠰᠡᠨ ᠪᠡᠯᠡ ᠲᠣᠬᠢᠷᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠎ᠡ᠃ | | ᠲᠠᠪᠤ᠂ ᠬᠢᠵᠢᠭ ᠰᠡᠷᠭᠡᠶᠢᠯᠡᠬᠦ ᠶᠢ ᠳᠡᠮᠵᠢᠬᠦ ᠠᠷᠭ᠎ᠠ ᠬᠡᠮᠵᠢᠶ᠎ᠡ | | ︵ᠠᠷᠪᠠᠨ ᠳᠣᠯᠤᠭ᠎ᠠ︶ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ | ᠡᠳ᠋ ᠪᠠᠷᠠᠭ᠎ᠠ ᠶᠢ ᠲᠣᠬᠢᠷᠠᠭᠤᠯᠬᠤ᠂ ᠰᠢᠯᠵᠢᠭᠦᠯᠦᠨ ᠲᠡᠭᠡᠭᠡᠪᠦᠷᠢᠯᠡᠬᠦ ᠶᠢ ᠲᠤᠰᠠᠭᠠᠷᠯᠠᠬᠤ᠂ ᠡᠮᠴᠢᠯᠡᠭᠡᠨ ᠤ ᠠᠪᠤᠷᠠᠨ | ᠵᠠᠰᠠᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢᠨ ᠲᠠᠯ᠎ᠠ ᠪᠠᠷ | ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠳᠤ ᠬᠡᠯᠪᠡᠶᠢᠯᠭᠡᠵᠦ᠂ | ᠮᠡᠷᠭᠡᠵᠢᠯ ᠤᠨ ᠳᠡᠮᠵᠢᠯᠭᠡ ᠪᠠ ᠴᠢᠬᠤᠯᠠ ᠪᠦᠬᠦᠢ ᠪᠠᠲᠤᠯᠠᠭ᠎ᠠ ᠬᠠᠩᠭᠠᠬᠤ ᠬᠡᠷᠡᠭᠲᠡᠢ᠃ | | ︵ᠠᠷᠪᠠᠨ ᠨᠠᠢᠮᠠ︶ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠭᠲᠠᠭᠠᠯ ᠢ ᠦᠨᠳᠦᠰᠦᠯᠡᠨ ᠬᠠᠷᠢᠶ᠎ᠠ ᠣᠷᠣᠨ ᠤ ᠪᠠᠨ ᠳᠣᠲᠣᠷᠠᠬᠢ | ᠨᠠᠰᠤᠵᠢᠯ ᠤᠨ ᠠᠰᠠᠷᠠᠮᠵᠢ ᠶᠢᠨ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ | ᠲᠣᠭᠲᠠᠮᠠᠯ ᠬᠤᠭᠤᠴᠠᠭ᠎ᠠ ᠲᠠᠢ ᠪᠠᠷ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠥᠷᠨᠢᠭᠦᠯᠬᠦ ᠶᠢᠨ ᠬᠠᠮᠲᠤ | ᠪᠠᠶᠢᠳᠠᠯ ᠢ ᠦᠵᠡᠵᠦ ᠪᠠᠶᠢᠴᠠᠭᠠᠨᠨᠠᠰᠤᠵᠢᠯ ᠤᠨ ᠠᠰᠠᠷᠠᠮᠵᠢ ᠶᠢᠨ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ | ᠪᠠᠶᠢᠭᠤᠯᠤᠮᠵᠢ ᠨᠢ ᠲᠣᠭᠲᠠᠭᠠᠯ ᠶᠣᠰᠣᠭᠠᠷ ᠡᠷᠬᠡᠪᠰᠢ ᠪᠦᠷᠢᠯᠳᠦᠭᠦᠯᠬᠦ ᠴᠢᠬᠤᠯᠠᠲᠠᠢ ᠬᠢᠵᠢᠭ ᠢ ᠰᠡᠷᠭᠡᠶᠢᠯᠡᠬᠦ ᠡᠳ᠋ | ᠪᠣᠳᠠᠰ ᠢ ᠨᠥᠭᠡᠴᠡᠯᠡᠵᠦ᠂ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠶᠢ | ᠬᠥᠲᠥᠯᠥᠨ ᠵᠢᠯᠤᠭᠤᠳᠴᠤ ᠪᠠᠶᠢᠭᠠᠳ ᠨᠠᠰᠤᠵᠢᠯ ᠤᠨ ᠠᠰᠠᠷᠠᠮᠵᠢ ᠶᠢᠨ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ | ᠪᠠᠶᠢᠭᠤᠯᠤᠮᠵᠢ ᠳᠤ ᠬᠢᠵᠢᠭ ᠢ | | ︵ᠠᠷᠪᠠ ᠶᠢᠰᠦ︶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠠᠴᠠ ᠪᠣᠯᠵᠤ | ᠪᠢᠲᠡᠭᠦᠮᠵᠢᠯᠡᠨ ᠬᠠᠮᠢᠶᠠᠷᠴᠤ᠂ ᠬᠡᠪ ᠤᠨ ᠶᠣᠰᠣᠭᠠᠷ ᠠᠵᠢᠯᠯᠠᠬᠤ ᠶᠢᠨ ᠠᠷᠭ᠎ᠠ ᠦᠭᠡᠢ ᠪᠣᠯᠤᠭᠰᠠᠨ ᠨᠠᠰᠤᠵᠢᠯ ᠤᠨ | ᠠᠰᠠᠷᠠᠮᠵᠢ ᠶᠢᠨ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠬᠢᠵᠢᠭ ᠢ ᠰᠡᠷᠭᠡᠶᠢᠯᠡᠬᠦ ᠡᠳ᠋ ᠪᠠᠷᠠᠭ᠎ᠠ | ᠂ ᠠᠷᠢᠯᠭᠠᠬᠤ ᠵᠠᠷᠤᠯᠭ᠎ᠠ ᠶᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠵᠣᠬᠢᠬᠤ ᠳᠡᠮᠵᠢᠯᠭᠡ | ᠦᠵᠡᠭᠦᠯᠵᠦ ᠪᠣᠯᠣᠨ᠎ᠠ᠃ | | ︵ᠬᠤᠷᠢ︶ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ | ᠬᠢᠵᠢᠭ ᠤᠨ ᠪᠠᠶᠢᠳᠠᠯ ᠢ ᠦᠵᠡᠵᠦ᠂ ᠠᠶᠦᠯᠭᠦᠢ ᠶᠢᠨ ᠬᠠᠮᠢᠶᠠᠷᠤᠯᠲᠠ ᠳᠤ ᠬᠤᠯᠪᠣᠭᠳᠠᠬᠤ ᠪᠠᠶᠢᠳᠠᠯ ᠢ ᠭᠠᠷᠭᠠᠪᠠᠯ᠂ | ᠬᠢᠵᠢᠭ ᠤᠨ ᠪᠠᠶᠢᠳᠠᠯ ᠤᠨ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠠᠨᠤᠮᠵᠢ ᠶᠢᠨ ᠬᠡᠮᠵᠢᠶ᠎ᠡ ᠶᠢ | ᠦᠨᠡᠯᠡᠬᠦ ᠳᠤ ᠦᠵᠡᠭᠦᠯᠬᠦ ᠨᠥᠯᠥᠭᠡ ᠶᠢ ᠵᠣᠬᠢᠬᠤ ᠬᠡᠮᠵᠢᠶ᠎ᠡ ᠪᠠᠷ ᠪᠣᠳᠣᠯᠬᠢᠯᠠᠵᠤ᠂ ᠡᠵᠡᠩᠨᠡᠯᠲᠡ ᠶᠢᠨ ᠨᠥᠬᠦᠪᠦᠷᠢ | ᠣᠯᠭᠤᠬᠤ ᠨᠥᠬᠦᠴᠡᠯ ᠳᠤ ᠵᠦᠢ ᠵᠣᠬᠢᠰᠲᠠᠢ ᠲᠣᠬᠢᠷᠠᠭᠤᠯᠤᠯᠲᠠ ᠬᠢᠵᠦ᠂ ᠡᠵᠡᠩᠨᠡᠯᠲᠡ ᠶᠢᠨ ᠨᠥᠬᠦᠪᠦᠷᠢ ᠶᠢ ᠴᠠᠭ | ᠲᠤᠬᠠᠢ ᠳᠤᠨᠢ ᠲᠤᠭ᠎ᠠ ᠶᠣᠰᠣᠭᠠᠷ ᠣᠯᠭᠤᠬᠤ ᠶᠢ ᠠᠬᠢᠭᠤᠯᠤᠨ᠎ᠠ | | ᠵᠢᠷᠭᠤᠭ᠎ᠠ᠂ ᠪᠤᠰᠤᠳ ᠳᠡᠮᠵᠢᠬᠦ ᠠᠷᠭ᠎ᠠ ᠬᠡᠮᠵᠢᠶ᠎ᠡ | | ︵ᠬᠤᠷᠢᠨ ᠨᠢᠭᠡ︶ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠪᠠᠷ ᠨᠠᠰᠤᠵᠢᠯ ᠤᠨ | ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠡᠷᠴᠢᠮ ᠢᠶᠠᠨ | ᠴᠢᠩᠭᠠᠷᠠᠭᠤᠯᠵᠤ᠂ ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ | ᠵᠢᠭᠡᠯᠡᠯᠭᠡ ᠵᠢᠨᠡᠯ᠎ᠡ ᠭᠠᠵᠠᠷ ᠤᠨ ᠤᠷᠢᠳᠠᠪᠠᠷ ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠬᠦ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠡᠵᠡᠩᠨᠡᠯᠲᠡ ᠶᠢᠨ ᠴᠢᠳᠠᠪᠤᠷᠢ ᠪᠠᠷ ᠴᠢᠩᠭ᠎ᠠ ᠪᠠᠶᠢᠭᠤᠯᠤᠮᠵᠢ ᠶᠢ ᠬᠥᠲᠥᠯᠥᠨ | ᠵᠢᠯᠤᠭᠤᠳᠴᠤ ᠪᠠᠶᠢᠭᠠᠳ ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠪᠠ ᠡᠵᠡᠩᠨᠡᠯᠲᠡ ᠳᠤ ᠣᠷᠣᠯᠴᠠᠭᠤᠯᠵᠤ᠂ ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ | ᠦᠢᠯᠡᠴᠢᠯᠡᠭᠡᠨ ᠤ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠳᠠᠬᠢ ᠣᠷᠣᠭᠤᠯᠤᠯᠲᠠ ᠶᠢᠨ ᠥᠪᠡᠷ ᠤᠨ | ᠥᠷᠲᠡᠭ ᠢ ᠪᠠᠭᠠᠰᠬᠠᠨ᠎ᠠ᠃ | | ︵ᠬᠤᠷᠢᠨ ᠬᠤᠶᠠᠷ︶ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ | ᠰᠡᠳᠬᠢᠴᠡ ᠶᠢᠨ ᠡᠮᠴᠢ᠂ ᠨᠡᠶᠢᠭᠡᠮ ᠤᠨ ᠠᠵᠢᠯᠲᠠᠨ ᠵᠡᠷᠭᠡ ᠪᠦᠯᠬᠦᠮ ᠨᠡᠶᠢᠲᠡ ᠶᠢ ᠵᠣᠬᠢᠶᠠᠨ ᠪᠠᠶᠢᠭᠤᠯᠵᠤ᠂ | ᠲᠤᠬᠠᠢ ᠶᠢᠨ ᠲᠠᠯᠠᠪᠠᠶ ᠪᠤᠶᠤ ᠬᠠᠷᠠᠭᠠᠨ ᠳᠠᠪᠲᠠᠮᠵᠢ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠡᠷᠡᠭᠴᠡᠭᠡ ᠪᠠᠨ | ᠦᠨᠳᠦᠰᠦᠯᠡᠨ ᠴᠠᠭ ᠲᠤᠬᠠᠢ ᠳᠤᠨᠢ ᠰᠡᠳᠬᠢᠴᠡ ᠶᠢᠨ ᠯᠠᠪᠯᠠᠯᠭ᠎ᠠ ᠶᠢᠨ ᠨᠥᠬᠦᠴᠡᠯ ᠢ ᠪᠦᠷᠢᠯᠳᠦᠭᠦᠯᠦᠭᠰᠡᠨ ᠦᠭᠡᠢ | ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠳᠤ ᠰᠡᠳᠬᠢᠴᠡ ᠶᠢᠨ ᠲᠠᠶᠢᠳᠬᠤᠷᠠᠭᠤᠯᠤᠨ ᠵᠢᠯᠤᠭᠤᠳᠬᠤ | ᠦᠢᠯᠡᠴᠢᠯᠡᠭᠡ ᠬᠠᠩᠭᠠᠵᠤ᠂ ᠣᠷᠣᠵᠤ ᠰᠠᠭᠤᠭᠰᠠᠨ ᠨᠠᠰᠤᠲᠠᠶᠢᠴᠤᠳ ᠵᠢᠴᠢ ᠠᠵᠢᠯᠲᠠᠨ ᠠᠵᠢᠯᠴᠢᠨ ᠤ ᠣᠷᠳᠣ | ᠬᠤᠭᠤᠴᠠᠭ᠎ᠠ ᠪᠠᠷ ᠪᠢᠲᠡᠭᠦᠮᠵᠢᠯᠡᠭᠰᠡᠨ ᠠᠴᠠ ᠪᠣᠯᠤᠭᠰᠠᠨ ᠵᠣᠪᠠᠨᠢᠯ ᠵᠡᠷᠭᠡ ᠰᠡᠳᠬᠢᠴᠡ ᠶᠢᠨ ᠡᠷᠡᠭᠦᠯ ᠮᠡᠨᠳᠦ ᠶᠢᠨ | ᠠᠰᠠᠭᠤᠳᠠᠯ ᠢ ᠬᠠᠪᠰᠤᠷᠤᠨ ᠨᠠᠮᠳᠠᠭᠤᠯᠤᠨ᠎ᠠ᠃ | | ︵ᠬᠤᠷᠢᠨ ᠭᠤᠷᠪᠠ︶ ᠢᠳᠡᠭᠡᠨ ᠤᠮᠳᠠᠭᠠᠨ ᠤ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ ᠢᠳᠡᠭᠡᠨ | ᠤᠮᠳᠠᠭᠠᠨ ᠤ ᠥᠪᠡᠰᠦᠪᠡᠨ ᠦᠢᠯᠡᠳᠬᠦ ᠴᠢᠳᠠᠪᠤᠷᠢ ᠦᠭᠡᠢ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠪᠠ | ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠲᠤ ᠬᠤᠭᠤᠯᠠ ᠲᠤᠰᠠᠯᠠᠬᠤ ᠦᠢᠯᠡᠴᠢᠯᠡᠭᠡ ᠬᠠᠩᠭᠠᠵᠤ᠂ ᠣᠷᠣᠨ | ᠨᠤᠲᠤᠭ ᠨᠢ ᠪᠣᠳᠠᠲᠠᠢ ᠲᠠᠢ ᠪᠠᠨ ᠤᠶᠠᠯᠳᠤᠭᠤᠯᠤᠨ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ | ᠨᠠᠰᠤᠲᠠᠶᠢᠴᠤᠳ ᠤᠨ ᠬᠤᠭᠤᠯᠠ ᠲᠤᠰᠠᠯᠠᠬᠤ ᠦᠢᠯᠡᠴᠢᠯᠡᠭᠡᠨ ᠳᠤ ᠵᠣᠬᠢᠬᠤ ᠳᠡᠮᠵᠢᠯᠭᠡ ᠦᠵᠡᠭᠦᠯᠵᠦ ᠪᠣᠯᠣᠨ᠎ᠠ᠃ | | ︵ᠬᠤᠷᠢᠨ ᠳᠥᠷᠪᠡ︶ ᠭᠡᠷ ᠤᠨ ᠶᠠᠪᠤᠳᠠᠯ ᠤᠨ ᠠᠵᠤ ᠠᠬᠤᠶᠢᠯᠠᠯ ᠤᠨ ᠭᠡᠷ ᠲᠤᠨᠢ ᠬᠦᠷᠴᠦ ᠨᠠᠰᠤᠲᠠᠨ ᠢ | ᠠᠰᠠᠷᠠᠵᠤ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ ᠵᠢᠷᠤᠮᠵᠢᠭᠤᠯᠬᠤ ᠳᠤ ᠢᠳᠡᠪᠬᠢᠲᠡᠢ ᠣᠷᠣᠯᠴᠠᠬᠤ ᠶᠢ | ᠵᠣᠷᠢᠭᠵᠢᠭᠤᠯᠵᠤ᠂ ᠨᠡᠶᠢᠭᠡᠮ ᠲᠣᠭᠤᠷᠢᠭ ᠤᠨ ᠭᠡᠷ ᠲᠡᠭᠡᠨ ᠰᠠᠭᠤᠵᠤ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ | ᠦᠢᠯᠡᠴᠢᠯᠡᠭᠡᠨ ᠤ ᠬᠢᠷᠢ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃ ᠣᠷᠣᠨ ᠨᠤᠲᠤᠭ ᠤᠨ ᠬᠢᠨ ᠤ | ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠳᠤ ᠣᠷᠣᠯᠴᠠᠭᠰᠠᠨ ᠭᠡᠷ ᠠᠬᠤᠢ ᠶᠢᠨ ᠠᠵᠤ | ᠠᠬᠤᠶᠢᠯᠠᠯ ᠳᠤ ᠵᠣᠬᠢᠬᠤ ᠳᠡᠮᠵᠢᠯᠭᠡ ᠦᠵᠡᠭᠦᠯᠬᠦ ᠶᠢ ᠰᠦᠪᠡᠭᠴᠢᠯᠡᠬᠦ ᠶᠢ ᠵᠣᠷᠢᠭᠵᠢᠭᠤᠯᠤᠨ᠎ᠠ᠃ | | ︵ᠬᠤᠷᠢᠨ ᠲᠠᠪᠤ︶ ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ | ᠪᠠᠶᠢᠭᠤᠯᠤᠮᠵᠢ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠬᠥᠭᠵᠢᠯᠲᠡ ᠶᠢᠨ ᠰᠢᠨ᠎ᠡ ᠵᠠᠭᠪᠤᠷ ᠢ | ᠰᠦᠪᠡᠭᠴᠢᠯᠡᠬᠦ ᠶᠢ ᠳᠡᠮᠵᠢᠨ᠎ᠡ᠃ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ | ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠰᠦᠯᠵᠢᠶᠡᠨ ᠳᠡᠭᠡᠷ᠎ᠡ | ᠪᠠ ᠰᠦᠯᠵᠢᠶᠡᠨ ᠭᠠᠳᠠᠨᠠᠬᠢ ᠶᠢ ᠠᠭᠤᠰᠤᠯᠴᠠᠭᠤᠯᠤᠨ ᠬᠥᠭᠵᠢᠭᠦᠯᠬᠦ ᠶᠢ ᠬᠥᠲᠥᠯᠥᠨ ᠵᠢᠯᠤᠭᠤᠳᠴᠤ᠂ ᠨᠠᠰᠤᠵᠢᠯ ᠤᠨ | ᠠᠰᠠᠷᠠᠮᠵᠢ ᠶᠢᠨ ᠬᠦᠷᠢᠶᠡᠨ ᠤ ᠠᠵᠤ ᠠᠬᠤᠶᠢᠯᠠᠯ ᠤᠨ ᠣᠶᠤᠨᠴᠢ ᠨᠠᠰᠤᠵᠢᠯ ᠤᠨ ᠠᠰᠠᠷᠠᠮᠵᠢ ᠶᠢᠨ ᠵᠠᠭᠪᠤᠷ ᠢ | ᠬᠥᠭᠵᠢᠭᠦᠯᠬᠦ ᠶᠢ ᠳᠡᠮᠵᠢᠵᠦ᠂ ᠢᠨᠲ᠋ᠧᠷ ᠰᠦᠯᠵᠢᠶᠡᠨ ᠤ ᠡᠮᠴᠢᠯᠡᠭᠡ᠂ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ | ᠦᠢᠯᠡᠳᠬᠦ ᠵᠡᠷᠭᠡ ᠡᠬᠢ ᠪᠠᠶᠠᠯᠢᠭ ᠢ ᠬᠠᠪᠰᠤᠷᠤᠨ ᠵᠣᠯᠭᠠᠭᠤᠯᠵᠤ᠂ ᠣᠶᠤᠨᠴᠢᠯᠠᠭᠰᠠᠨ ᠦᠢᠯᠡᠴᠢᠯᠡᠭᠡ ᠬᠠᠩᠭᠠᠨ᠎ᠠ᠃ | ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠬᠡᠯᠪᠡᠷᠢ ᠶᠢᠨ ᠰᠢᠨ᠎ᠡ ᠶᠢ | ᠡᠭᠦᠳᠬᠦ ᠶᠢ ᠳᠡᠮᠵᠢᠵᠦ᠂ ᠢᠨᠲ᠋ᠧᠷ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠬᠠᠷᠢᠯᠴᠠᠨ ᠬᠥᠳᠡᠯᠦᠯᠴᠡᠬᠦ | ᠮᠠᠶ᠋ᠢᠭ ᠤᠨ ᠭᠡᠷ ᠪᠦᠯᠢ ᠶᠢᠨ ᠬᠡᠦᠬᠡᠳ ᠪᠣᠶᠢᠵᠢᠭᠤᠯᠬᠤ ᠦᠢᠯᠡᠴᠢᠯᠡᠭᠡ ᠶᠢ ᠬᠥᠭᠵᠢᠭᠦᠯᠵᠦ᠂ ᠨᠢᠯᠬ᠎ᠠ ᠬᠡᠦᠬᠡᠳ ᠢ | ᠠᠰᠠᠷᠠᠨ ᠬᠥᠮᠥᠵᠢᠭᠦᠯᠬᠦ ᠬᠢᠴᠢᠶᠡᠯ᠂ ᠡᠴᠢᠭᠡ ᠡᠬᠡ ᠶᠢᠨ ᠬᠢᠴᠢᠶᠡᠯ ᠤᠨ ᠲᠠᠩᠬᠢᠮ ᠵᠡᠷᠭᠡ ᠶᠢ ᠨᠡᠭᠡᠭᠡᠨ ᠬᠥᠭᠵᠢᠭᠦᠯᠬᠦ ᠶᠢ | ᠵᠣᠷᠢᠭᠵᠢᠭᠤᠯᠤᠨ᠂ ᠴᠠᠬᠢᠮ ᠢᠶᠠᠷ ᠦᠢᠯᠡᠴᠢᠯᠡᠭᠡ ᠶᠢ ᠥᠷᠭᠡᠳᠬᠡᠨ᠎ᠡ᠃ ᠨᠥᠬᠦᠴᠡᠯ ᠲᠠᠢ ᠭᠠᠵᠠᠷ ᠣᠷᠣᠨ ᠨᠢ | ᠪᠣᠳᠠᠲᠠᠢ ᠲᠠᠢ ᠪᠠᠨ ᠤᠶᠠᠯᠳᠤᠭᠤᠯᠤᠨ ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ | ᠬᠡᠷᠡᠭᠯᠡᠭᠡᠨ ᠤ ᠲᠡᠮᠳᠡᠭᠲᠦ ᠶᠢ ᠰᠦᠪᠡᠭᠴᠢᠯᠡᠨ ᠲᠠᠷᠬᠠᠭᠠᠵᠤ ᠪᠣᠯᠣᠨ᠎ᠠ | | ︵ᠬᠤᠷᠢᠨ ᠵᠢᠷᠭᠤᠭ᠎ᠠ︶ ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ | ᠪᠠᠶᠢᠭᠤᠯᠤᠮᠵᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠲᠦᠰᠢᠭᠯᠡᠨ ᠦᠢᠯᠡᠳᠪᠦᠷᠢᠯᠡᠬᠦ ᠠᠵᠢᠯ ᠰᠤᠷᠭᠠᠨ | ᠬᠥᠮᠦᠵᠢᠯ ᠢ ᠠᠭᠤᠰᠤᠯᠴᠠᠭᠤᠯᠤᠨ ᠳᠠᠳᠤᠯᠭ᠎ᠠ ᠰᠤᠷᠭᠠᠯᠲᠠ ᠶᠢᠨ ᠰᠠᠭᠤᠷᠢᠨ ᠭᠠᠵᠠᠷ ᠢ ᠬᠠᠮᠲᠤ ᠪᠠᠷ ᠪᠠᠶᠢᠭᠤᠯᠬᠤ ᠶᠢ | ᠳᠡᠮᠵᠢᠵᠦ᠂ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢ ︽ᠠᠷᠪᠠᠨ ᠳᠥᠷᠪᠡᠳᠦᠭᠡᠷ ᠲᠠᠪᠤᠨ ᠵᠢᠯ | ︾ ᠤᠨ ᠬᠤᠭᠤᠴᠠᠭᠠᠨ ᠤ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠲᠦᠯᠬᠢᠨ ᠠᠬᠢᠭᠤᠯᠬᠤ | ᠢᠨᠵᠧᠨᠧᠷᠢᠩ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠳᠡᠮᠵᠢᠨ᠎ᠡ᠃ ᠠᠵᠢᠯᠯᠠᠵᠤ ᠰᠤᠷᠤᠯᠴᠠᠬᠤ ᠶᠢ ᠨᠢᠭᠡ | ᠴᠣᠭᠴᠠᠵᠢᠭᠤᠯᠤᠭᠰᠠᠨ ᠰᠤᠷᠭᠠᠯᠲᠠ ᠶᠢᠨ ᠵᠠᠭᠪᠤᠷ ᠢ ᠰᠦᠪᠡᠭᠴᠢᠯᠡᠵᠦ᠂ ᠨᠠᠰᠤᠵᠢᠯ ᠤᠨ ᠠᠰᠠᠷᠠᠮᠵᠢ ᠶᠢᠨ ᠨᠠᠶᠢᠳᠠᠨ | ᠬᠥᠮᠥᠵᠢᠭᠦᠯᠬᠦ ᠠᠵᠢᠯ ᠲᠥᠷᠥᠯ ᠤᠨ ᠠᠵᠢᠯᠴᠢᠨ ᠬᠡᠷᠡᠭᠯᠡᠬᠦ ᠳᠤ ᠬᠦᠴᠢᠷᠲᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢ | ᠠᠬᠢᠭᠤᠯᠤᠨ᠎ᠠ᠃ | | ᠡᠯ᠎ᠡ ᠭᠠᠵᠠᠷ ᠣᠷᠣᠨ ᠨᠤᠭᠤᠳ ᠪᠣᠳᠠᠲᠤ ᠪᠠᠶᠢᠳᠠᠯ ᠪᠠ ᠨᠠᠰᠤᠵᠢᠯ ᠤᠨ ᠠᠰᠠᠷᠠᠮᠵᠢ ᠶᠢ ᠨᠠᠶᠢᠳᠠᠨ ᠬᠥᠮᠥᠵᠢᠭᠦᠯᠬᠦ | ᠦᠢᠯᠡᠴᠢᠯᠡᠭᠡᠨ ᠤ ᠦᠢᠯᠡᠰ ᠤᠨ ᠬᠦᠷᠢᠶᠡᠨ ᠤ ᠣᠨᠴᠠᠯᠢᠭ ᠲᠠᠢ ᠪᠠᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠭᠤᠶᠤᠴᠢᠯᠠᠬᠤ ᠨᠥᠬᠦᠴᠡᠯ ᠪᠠ ᠬᠡᠷᠡᠭᠵᠢᠭᠦᠯᠬᠦ ᠠᠷᠭ᠎ᠠ ᠵᠠᠮ ᠢ ᠲᠣᠳᠣᠷᠬᠠᠶᠢᠯᠠᠵᠤ᠂ ᠪᠥᠬᠦ ᠤᠯᠤᠰ ᠤᠨ | ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ︽ᠠᠵᠤ ᠠᠬᠤᠶᠢᠯᠠᠯ ᠢ ᠳᠡᠮᠵᠢᠨ | ᠬᠦᠴᠢᠷᠳᠡᠯ ᠢ ᠲᠠᠶᠢᠯᠬᠤ ᠦᠢᠯᠡᠴᠢᠯᠡᠭᠡᠨ ᠤ ᠲᠤᠰᠬᠠᠢ ᠣᠷᠣᠨ︾ ᠵᠡᠷᠭᠡ ᠲᠣᠭᠠᠴᠢᠯᠠᠭᠰᠠᠨ ᠲᠠᠪᠴᠠᠩ ᠤᠨ | ᠦᠢᠯᠡᠳᠦᠯ ᠢ ᠭᠦᠢᠴᠡᠳ ᠪᠠᠳᠠᠷᠠᠭᠤᠯᠤᠨ᠂ ᠬᠠᠮᠢᠶ᠎ᠠ ᠪᠦᠬᠦᠢ ᠬᠦᠴᠢᠷᠳᠡᠯ ᠲᠠᠢ ᠠᠵᠢᠯ ᠲᠥᠷᠥᠯ ᠤᠨ ᠰᠡᠷᠭᠦᠯᠲᠡ ᠶᠢᠨ | ᠪᠠᠶᠢᠳᠠᠯ ᠢ ᠴᠠᠭ ᠲᠤᠬᠠᠢ ᠳᠤᠨᠢ ᠮᠥᠷᠳᠡᠨ ᠰᠤᠳᠤᠯᠤᠨ ᠮᠠᠭᠠᠳᠯᠠᠵᠤ᠂ ᠬᠠᠨᠳᠤᠯᠭᠠᠲᠤ ᠴᠢᠨᠠᠷᠲᠠᠢ ᠲᠤᠰᠬᠠᠢ ᠵᠦᠢᠯ ᠤᠨ | ᠢᠵᠢ ᠪᠦᠷᠢᠳᠦᠭᠦᠯᠦᠨ ᠳᠡᠮᠵᠢᠬᠦ ᠲᠥᠷᠥ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢ | ᠵᠠᠬ᠎ᠠ ᠳᠡᠯᠭᠡᠭᠦᠷ ᠤᠨ ᠭᠤᠣᠯ ᠴᠣᠭᠴᠠ ᠳᠤ ᠪᠦᠲᠦᠮᠵᠢᠲᠡᠶ ᠪᠠᠷ ᠳᠠᠮᠵᠢᠭᠤᠯᠬᠤ ᠶᠢ ᠦᠨᠡᠨᠬᠦ ᠪᠠᠲᠤᠯᠠᠨ᠎ᠠ᠃ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ | ᠬᠠᠮᠵᠢᠯᠴᠠᠭ᠎ᠠ ᠪᠠᠨ ᠴᠢᠩᠭᠠᠳᠬᠠᠨ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤᠮᠳᠠᠬᠢ ᠬᠦᠴᠢᠷ | ᠲᠦᠪᠡᠭᠲᠡᠢ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠨᠡᠶᠢᠭᠡᠮ ᠤᠨ ᠠᠩᠬᠠᠷᠤᠯ | ᠲᠠᠯᠪᠢᠵᠤ ᠪᠠᠶᠢᠭ᠎ᠠ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠬᠦ ᠬᠡᠷᠡᠭᠲᠡᠢ᠃ ᠤᠯᠤᠰ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠶᠠᠪᠤᠳᠠᠯ ᠤᠨ ᠶᠠᠮᠤᠨ᠂ ᠤᠯᠤᠰ ᠤᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠲᠦᠷᠦᠭᠦᠯᠡᠨ ᠨᠢᠭᠡᠳᠦᠯᠲᠡᠢ ᠲᠥᠯᠥᠪᠯᠡᠨ | ᠵᠣᠬᠢᠴᠠᠭᠤᠯᠵᠤ᠂ ᠬᠠᠮᠢᠶ᠎ᠠ ᠪᠦᠬᠦᠢ ᠲᠠᠯ᠎ᠠ ᠶᠢᠨ ᠬᠢᠨ ᠲᠠᠢ ᠬᠠᠮᠲᠤᠷᠠᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ | ᠤᠬᠠᠭᠤᠯᠵᠤ ᠬᠥᠲᠥᠯᠥᠨ ᠵᠢᠯᠤᠭᠤᠳᠬᠤ ᠠᠵᠢᠯ ᠢ ᠰᠠᠶᠢᠲᠤᠷ ᠬᠢᠵᠦ᠂ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠬᠤ ᠶᠢ ᠡᠷᠴᠢᠮ ᠢᠶᠠᠨ ᠴᠢᠩᠭᠠᠷᠠᠭᠤᠯᠤᠨ ᠠᠬᠢᠭᠤᠯᠵᠤ᠂ ᠠᠵᠢᠯ | ᠲᠥᠷᠥᠯ ᠤᠨ ᠠᠵᠢᠯᠯᠠᠭᠠᠨ ᠤ ᠪᠠᠶᠢᠳᠠᠯ ᠤᠨ ᠵᠠᠳᠠᠯᠤᠯᠲᠠ ᠪᠠ ᠲᠥᠷᠥ ᠶᠢᠨ ᠪᠣᠳᠣᠯᠭ᠎ᠠ ᠶᠢᠨ ᠨᠥᠭᠡᠴᠡᠯᠡᠯᠲᠡ ᠶᠢᠨ | ᠰᠤᠳᠤᠯᠭᠠᠨ ᠢ ᠲᠠᠰᠤᠷᠠᠯᠲᠠ ᠦᠭᠡᠢ ᠰᠠᠶᠢᠲᠤᠷ ᠬᠢᠬᠦ ᠬᠡᠷᠡᠭᠲᠡᠢ᠃ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠶᠢᠨ | ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠮᠢᠶ᠎ᠠ ᠪᠦᠬᠦᠢ ᠵᠢᠯᠤᠭᠤᠳᠬᠤ | ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠠᠵᠢᠯ ᠲᠥᠷᠥᠯ ᠤᠨ ᠬᠥᠭᠵᠢᠯᠲᠡ ᠶᠢᠨ ᠨᠡᠶᠢᠲᠡᠴᠢ ᠴᠢᠨᠠᠷᠲᠠᠢ | ᠠᠰᠠᠭᠤᠳᠠᠯ ᠪᠠ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠠᠷᠢᠭᠤ ᠲᠤᠰᠬᠠᠬᠤ ᠬᠡᠷᠡᠭᠲᠡᠢ᠃ | | | ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ | ᠰᠤᠷᠭᠠᠨ ᠬᠥᠮᠦᠵᠢᠯ ᠤᠨ ᠶᠠᠮᠤᠨ | ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ | ᠠᠷᠠᠳ ᠤᠨ ᠶᠠᠪᠤᠳᠠᠯ ᠤᠨ ᠶᠠᠮᠤᠨ | ᠡᠳ᠋ ᠤᠨ ᠵᠠᠰᠠᠭ ᠤᠨ ᠶᠠᠮᠤᠨ | ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠣᠷᠣᠨ ᠰᠠᠭᠤᠴᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | ᠠᠷᠠᠳ ᠤᠨ ᠪᠠᠩᠬᠢ | ᠲᠦᠷᠦ ᠶᠢᠨ ᠶᠠᠪᠤᠳᠠᠯ ᠤᠨ ᠬᠤᠷᠢᠶᠠᠨ ᠤ | ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ | ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ | ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠡᠪᠯᠡᠯ | 2022 ᠣᠨ ᠤ 8 ᠰᠠᠷ᠎ᠠ ᠶᠢᠨ 29 | | ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ᠄ ︽ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ | ᠦᠢᠯᠡᠴᠢᠯᠡᠭᠡᠨ ᠤ ᠦᠢᠯᠡᠰ ᠤᠨ ᠬᠦᠴᠢᠷᠳᠡᠯ ᠢ ᠰᠢᠢᠳᠪᠦᠷᠢᠯᠡᠵᠦ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠨᠦᠭᠦᠳ︾ ᠤᠨ ᠲᠤᠬᠠᠢ ᠠᠯᠠᠱᠠ ᠵᠡᠭᠦᠨ ᠬᠤᠰᠢᠭᠤᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠤᠨ ᠳᠠᠮᠵᠢᠭᠤᠯᠤᠨ ᠨᠡᠶᠢᠲᠡᠯᠡᠭᠰᠡᠨ ᠲᠠᠶᠢᠯᠤᠮᠵᠢ | | | ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ |