| | | | ︽ᠠᠯᠠᠱᠠ ᠵᠡᠭᠦᠨ ᠬᠤᠰᠢᠭᠤᠨ ᠤ 2022 ᠣᠨ ᠤ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠤ ᠠᠵᠢᠯ ᠤᠨ ᠲᠥᠰᠥᠯ︾ ᠢ ᠬᠡᠪᠯᠡᠨ ᠲᠠᠷᠬᠠᠭᠠᠬᠤ ᠲᠤᠬᠠᠢ ᠮᠡᠳᠡᠭᠳᠡᠯ | | | | ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ᠂ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠲᠤ᠄ | | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ︽ | ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠳᠠᠶᠢᠨ ᠢ ᠭᠦᠨᠵᠡᠭᠡᠢ ᠰᠠᠶᠢᠲᠤᠷ ᠬᠢᠬᠦ ᠲᠤᠬᠠᠢ | ᠰᠠᠨᠠᠯ︾ ᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 2022 ᠣᠨ ᠤ ᠪᠣᠬᠢᠷᠲᠤᠯ ᠢ | ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠥᠬᠦ | ᠬᠤᠰᠢᠭᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠵᠤ᠂ ︽ | ᠠᠯᠠᠱᠠ ᠠᠶᠢᠮᠠᠭ ᠤᠨ 2022 ᠣᠨ ᠤ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ | ᠲᠥᠰᠥᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠰᠢᠭᠤ ︽ᠠᠯᠠᠱᠠ ᠵᠡᠭᠦᠨ ᠬᠤᠰᠢᠭᠤᠨ ᠤ 2022 | ᠣᠨ ᠤ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠲᠥᠰᠥᠯ︾ ᠢ ᠨᠠᠶᠢᠷᠠᠭᠤᠯᠤᠨ | ᠵᠣᠬᠢᠶᠠᠵᠤ ᠳᠠᠭᠤᠰᠬᠠᠪᠠ᠂ ᠬᠤᠰᠢᠭᠤᠨ ᠤ ᠵᠠᠰᠠᠭ ᠤᠨ ᠣᠷᠳᠣᠨ ᠢᠶᠠᠷ ᠬᠢᠨᠠᠨ ᠪᠠᠲᠤᠯᠠᠭᠤᠯᠤᠭᠠᠳ᠂ ᠡᠳᠦᠭᠡ | ᠲᠠᠨᠠᠷ ᠲᠤ ᠬᠡᠪᠯᠡᠨ ᠲᠠᠷᠬᠠᠭᠠᠯ᠎ᠠ᠂ ᠨᠠᠷᠢᠨ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠲᠦᠭᠡᠢ᠃ | | | | ᠳᠠᠭᠠᠯᠳᠤᠭᠤᠯᠤᠯ ᠠᠯᠠᠱᠠ ᠵᠡᠭᠦᠨ ᠬᠤᠰᠢᠭᠤᠨ ᠤ 2022 ᠣᠨ ᠤ ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ | ᠰᠡᠳᠦᠪ ᠢ ᠰᠢᠢᠳᠪᠦᠷᠢᠯᠡᠬᠦ ᠠᠵᠢᠯ ᠤᠨ ᠲᠥᠰᠥᠯ | | | | 2022 ᠣᠨ ᠤ 8 ᠰᠠᠷ᠎ᠠ ᠶᠢᠨ 8 ᠤ ᠡᠳᠦᠷ | | | | ᠳᠠᠭᠠᠯᠳᠤᠭᠤᠯᠤᠯ | | | | ᠠᠯᠠᠱᠠ ᠵᠡᠭᠦᠨ ᠬᠤᠰᠢᠭᠤᠨ ᠤ 2022 ᠣᠨ ᠤ ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ | ᠰᠢᠢᠳᠪᠦᠷᠢᠯᠡᠬᠦ ᠠᠵᠢᠯ ᠤᠨ ᠲᠥᠰᠥᠯ | | | | ᠮᠠᠨ ᠤ ᠬᠤᠰᠢᠭᠤᠨ ᠤ 2022 ᠣᠨ ᠤ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ | ᠳᠠᠶᠢᠯᠠᠯᠳᠤᠭᠠᠨ ᠤ ᠢᠯᠠᠯᠲᠠ ᠶᠢ ᠪᠥᠬᠦ ᠲᠠᠯ᠎ᠠ ᠪᠠᠷ ᠣᠯᠵᠤ᠂ ᠮᠠᠨ ᠤ ᠬᠤᠰᠢᠭᠤᠨ ᠤ ᠠᠮᠢ ᠠᠬᠤᠢ ᠶᠢᠨ ᠣᠷᠴᠢᠨ | ᠲᠣᠭᠤᠷᠢᠨ ᠤ ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠬᠤ ᠶᠢᠨ ᠲᠥᠯᠥᠭᠡ᠂ ᠲᠣᠰ ᠲᠥᠰᠥᠯ ᠢ | ᠣᠨᠴᠠᠭᠠᠶᠢᠯᠠᠨ ᠲᠣᠭᠲᠠᠭᠠᠪᠠ᠃ | | ᠨᠢᠭᠡ᠂ ᠶᠡᠷᠦᠩᠬᠡᠢ ᠬᠠᠷᠠᠯᠲᠠ | | 2022 ᠣᠨ ᠤ ᠡᠴᠦᠰ ᠪᠣᠯᠬᠤ ᠳᠤ᠂ P㎡.5 ᠶᠢᠨ ᠥᠳᠬᠡᠴᠡ ᠶᠢ ᠺᠦᠪ ᠮᠧᠲᠷ ᠲᠤ 25 ᠮᠢᠺᠷᠥᠭᠷᠠᠮ | ᠠᠴᠠ ᠬᠡᠲᠦᠷᠡᠭᠦᠯᠵᠦ ᠪᠣᠯᠬᠤ ᠦᠭᠡᠢ᠂ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ ᠢ 91.8% ᠳᠤ | ᠬᠦᠷᠦᠭᠦᠯᠵᠦ᠂ ᠬᠦᠨᠳᠦ ᠵᠢᠴᠢ ᠲᠡᠭᠦᠨ ᠠᠴᠠ ᠳᠡᠭᠡᠭᠰᠢᠬᠢ ᠪᠣᠬᠢᠷᠲᠤᠯ ᠲᠠᠢ ᠡᠳᠦᠷ ᠤᠨ ᠲᠤᠭ᠎ᠠ ᠶᠢᠨ ᠬᠠᠷᠢᠴᠠᠯ ᠢ | 0% ᠤᠨ ᠳᠣᠲᠣᠷ᠎ᠠ ᠬᠢᠵᠠᠭᠠᠷᠯᠠᠨ᠎ᠠ᠃ ᠠᠽᠣᠲ ᠤᠨ ᠢᠰᠦᠮᠡᠭ᠂ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠬᠤᠶᠠᠷ | ᠵᠦᠢᠯ ᠤᠨ ᠭᠤᠣᠯ ᠪᠣᠯᠬᠤ ᠪᠣᠬᠢᠷ ᠪᠣᠳᠠᠰ ᠢ ᠴᠥᠮ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠪᠣᠬᠢᠷᠲᠤᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠭᠦᠷᠭᠡ ᠶᠢ ᠪᠡᠶᠡᠯᠡᠭᠦᠯᠦᠨ᠎ᠡ᠃ ᠪᠣᠬᠢᠷᠲᠤᠭᠰᠠᠨ ᠲᠠᠷᠢᠶᠠᠨ ᠭᠠᠵᠠᠷ ᠤᠨ | ᠠᠶᠦᠯᠭᠦᠢ ᠶᠢᠨ ᠠᠰᠢᠭᠯᠠᠯᠲᠠ ᠶᠢᠨ ᠨᠣᠷᠮ᠎ᠠ ᠪᠠ ᠪᠣᠬᠢᠷᠲᠤᠭᠰᠠᠨ ᠲᠠᠷᠢᠶᠠᠨ ᠭᠠᠵᠠᠷ ᠤᠨ ᠠᠶᠦᠯᠭᠦᠢ ᠶᠢᠨ | ᠠᠰᠢᠭᠯᠠᠯᠲᠠ ᠶᠢᠨ ᠨᠣᠷᠮ᠎ᠠ ᠶᠢᠨ ᠵᠢᠱᠢᠯᠲᠡ ᠶᠢᠨ ᠴᠢᠨᠠᠷᠲᠠᠢ 2 ᠰᠢᠯᠭᠠᠨ ᠬᠢᠨᠠᠬᠤ ᠭᠦᠢᠴᠡᠳᠬᠡᠯ ᠲᠤᠭ᠎ᠠ ᠶᠢ | ᠠᠶᠢᠮᠠᠭ ᠤᠨ ᠨᠠᠮ ᠤᠨ ᠬᠤᠷᠢᠶ᠎ᠠ ᠶᠢᠨ ᠵᠠᠬᠢᠷᠭ᠎ᠠ ᠶᠢᠨ ᠬᠠᠷᠠᠯᠲᠠᠲᠤ ᠰᠢᠯᠭᠠᠨ ᠬᠢᠨᠠᠬᠤ ᠡᠭᠦᠷᠭᠡ ᠳᠤ ᠬᠦᠷᠦᠭᠦᠯᠦᠨ᠎ᠡ᠃ | ᠭᠠᠵᠠᠷ ᠳᠣᠣᠷᠠᠬᠢ ᠤᠰᠤ ᠶᠢ ᠤᠯᠤᠰ ᠠᠴᠠ ᠡᠵᠡᠮᠳᠡᠬᠦ ᠴᠡᠭ ᠤᠨ ᠪᠠᠶᠢᠷᠢ ᠶᠢᠨ V ᠲᠥᠷᠥᠯ ᠤᠨ ᠤᠰᠤᠨ ᠤ | ᠬᠠᠷᠢᠴᠠᠯ ᠢ ᠵᠣᠬᠢᠬᠤ ᠬᠡᠮᠵᠢᠶ᠎ᠡ ᠪᠠᠷ ᠪᠠᠭᠤᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ | ᠤᠰᠤ ᠶᠢ ᠵᠠᠰᠠᠬᠤ ᠨᠣᠷᠮ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ | | ᠬᠤᠶᠠᠷ᠂ ᠠᠵᠢᠯ ᠤᠨ ᠡᠭᠦᠷᠭᠡ | | ︵ᠨᠢᠭᠡ︶ ᠬᠥᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠨ᠎ᠡ | | 1.ᠠᠵᠤ ᠦᠢᠯᠡᠰ ᠤᠨ ᠪᠦᠲᠦᠴᠡ ᠶᠢ ᠲᠣᠬᠢᠷᠠᠭᠤᠯᠤᠨ᠎ᠠ᠃ ᠬᠠᠶᠢᠯᠤᠭᠤᠯᠤᠭᠰᠠᠨ ᠪᠣᠯᠣᠳ᠂ ᠱᠦᠢᠨᠢ᠂ | ᠴᠠᠬᠢᠯᠭᠠᠨ ᠵᠠᠳᠠᠯᠤᠯ ᠤᠨ ᠬᠥᠩᠭᠡᠨ ᠴᠠᠭᠠᠨ᠂ ᠬᠠᠪᠲᠠᠭᠠᠢ ᠰᠢᠯ ᠵᠡᠷᠭᠡ ᠠᠵᠢᠯ ᠲᠥᠷᠥᠯ ᠤᠨ ᠰᠢᠨ᠎ᠡ ᠪᠠᠷ ᠨᠡᠮᠡᠭᠳᠡᠬᠦ | ᠦᠢᠯᠡᠳᠪᠦᠷᠢᠯᠡᠬᠦ ᠠᠵᠢᠯ ᠤᠨ ᠴᠢᠳᠠᠪᠤᠷᠢ ᠶᠢ ᠠᠳᠠᠯᠢ ᠬᠡᠮᠵᠢᠶ᠎ᠡ ᠪᠠᠷ ᠨᠡᠮᠡᠭᠳᠡᠭᠦᠯᠬᠦ ᠪᠤᠶᠤ ᠬᠡᠮᠵᠢᠶ᠎ᠡ ᠶᠢ ᠪᠠᠭᠠᠰᠬᠠᠨ | ᠰᠣᠯᠢᠬᠤ ᠶᠢ ᠴᠢᠩᠭ᠎ᠠ ᠬᠡᠷᠡᠭᠵᠢᠭᠦᠯᠵᠦ᠂ ︽ᠠᠯᠠᠱᠠ ᠵᠡᠭᠦᠨ ᠬᠤᠰᠢᠭᠤᠨ ᠤ 2021 — 2023 ᠣᠨ ᠤ | ᠬᠤᠴᠤᠷᠤᠩᠭᠤᠢ ᠦᠢᠯᠡᠳᠪᠦᠷᠢᠯᠡᠬᠦ ᠠᠵᠢᠯ ᠤᠨ ᠴᠢᠳᠠᠪᠤᠷᠢ ᠶᠢ ᠰᠢᠭᠰᠢᠭᠳᠡᠭᠦᠯᠬᠦ ᠪᠠ ᠦᠢᠯᠡᠳᠪᠦᠷᠢᠯᠡᠬᠦ ᠴᠢᠳᠠᠪᠤᠷᠢ ᠶᠢᠨ | ᠦᠯᠡᠭᠦᠳᠡᠯ ᠢ ᠠᠷᠢᠯᠭᠠᠬᠤ ᠠᠵᠢᠯ ᠤᠨ ᠬᠡᠷᠡᠭᠵᠢᠭᠦᠯᠬᠦ ᠲᠥᠰᠥᠯ︾ ᠢ ᠦᠨᠳᠦᠰᠦᠯᠡᠨ᠂ ᠴᠠᠬᠢᠯᠠᠭᠤᠷ ᠴᠢᠯᠠᠭᠤ᠂ | ᠲᠡᠮᠦᠷ ᠤᠨ ᠬᠠᠶᠢᠯᠤᠰᠢ᠂ ᠬᠡᠦᠷᠰᠢᠭᠦᠯᠬᠦ ᠵᠡᠷᠭᠡ ᠠᠵᠢᠯ ᠲᠥᠷᠥᠯ ᠢᠶᠠᠷ ᠭᠤᠣᠯᠳᠠᠯᠭ᠎ᠠ ᠪᠣᠯᠭᠠᠵᠤ᠂ ᠬᠤᠴᠤᠷᠤᠩᠭᠤᠢ | ᠦᠢᠯᠡᠳᠪᠦᠷᠢᠯᠡᠬᠦ ᠠᠵᠢᠯ ᠤᠨ ᠴᠢᠳᠠᠪᠤᠷᠢ ᠶᠢ ᠰᠢᠭᠰᠢᠭᠳᠡᠭᠦᠯᠬᠦ ᠪᠠ ᠦᠯᠡᠭᠦᠳᠡᠯ ᠦᠢᠯᠡᠳᠪᠦᠷᠢᠯᠡᠬᠦ ᠠᠵᠢᠯ ᠤᠨ | ᠴᠢᠳᠠᠪᠤᠷᠢ ᠶᠢ ᠪᠠᠭᠤᠷᠠᠭᠤᠯᠬᠤ ᠶᠢ ᠪᠥᠬᠦ ᠲᠠᠯ᠎ᠠ ᠪᠠᠷ ᠠᠬᠢᠭᠤᠯᠤᠨ᠎ᠠ᠃ | | ︵ᠲᠦᠷᠦᠭᠦᠯᠡᠬᠦ ᠰᠠᠯᠠᠭ᠎ᠠ ᠮᠥᠴᠢᠷ᠄ ᠬᠤᠰᠢᠭᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠶᠢᠮᠠᠭ ᠤᠨ ᠠᠮᠢ ᠠᠬᠤᠢ ᠶᠢᠨ ᠣᠷᠴᠢᠨ | ᠲᠣᠭᠤᠷᠢᠨ ᠤ ᠲᠣᠪᠴᠢᠶ᠎ᠠ ᠶᠢᠨ ᠠᠯᠠᠱᠠ ᠵᠡᠭᠦᠨ ᠬᠤᠰᠢᠭᠤᠨ ᠤ ᠬᠤᠪᠢᠶᠠᠷᠢ ᠲᠣᠪᠴᠢᠶ᠎ᠠ᠃︶ | | 2. ︽ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠣᠬᠢᠷᠲᠤᠯ︾ ᠤᠨ ᠠᠵᠤ ᠠᠬᠤᠶᠢᠯᠠᠯ ᠤᠨ ᠣᠷᠳᠣ | ᠬᠤᠭᠤᠴᠠᠭᠠᠨ ᠤ ᠪᠦᠲᠦᠮᠵᠢᠲᠡᠶ ᠵᠠᠰᠠᠯᠲᠠ ᠶᠢ ᠭᠦᠨᠵᠡᠭᠡᠶᠢᠷᠡᠭᠦᠯᠦᠨ᠎ᠡ᠃ ︽ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ | ᠦᠭᠡᠢ ᠪᠣᠬᠢᠷᠲᠤᠯ︾ ᠤᠨ ᠠᠵᠤ ᠠᠬᠤᠶᠢᠯᠠᠯ ᠤᠨ ᠬᠥᠳᠡᠯᠦᠩᠭᠦᠢ ᠬᠠᠮᠢᠶᠠᠷᠤᠯᠲᠠ ᠶᠢ ᠲᠡᠭᠦᠯᠳᠡᠷᠵᠢᠭᠦᠯᠵᠦ᠂ | ᠨᠠᠷᠢᠪᠴᠢᠯᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ | ᠨᠢᠭᠡ ᠶᠢ ᠢᠯᠡᠷᠡᠭᠦᠯᠪᠡᠯ ᠨᠢᠭᠡ ᠶᠢ ᠴᠡᠭᠴᠡᠯᠡᠨ ᠵᠠᠰᠠᠵᠤ᠂ ︽ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠣᠬᠢᠷᠲᠤᠯ︾ | ᠤᠨ ᠠᠵᠤ ᠠᠬᠤᠶᠢᠯᠠᠯ ᠢ ᠬᠥᠳᠡᠯᠦᠩᠭᠦᠢ ᠪᠠᠷ ᠴᠡᠪᠡᠷᠯᠡᠬᠦ ᠶᠢ ᠪᠡᠶᠡᠯᠡᠭᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ | ᠬᠤᠰᠢᠭᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ | ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠶᠢᠮᠠᠭ ᠤᠨ ᠠᠮᠢ ᠠᠬᠤᠢ ᠶᠢᠨ ᠣᠷᠴᠢᠨ | ᠲᠣᠭᠤᠷᠢᠨ ᠤ ᠲᠣᠪᠴᠢᠶ᠎ᠠ ᠶᠢᠨ ᠠᠯᠠᠱᠠ ᠵᠡᠭᠦᠨ ᠬᠤᠰᠢᠭᠤᠨ ᠤ ᠬᠤᠪᠢᠶᠠᠷᠢ ᠲᠣᠪᠴᠢᠶ᠎ᠠ᠂ ᠬᠠᠮᠵᠢᠯᠴᠠᠬᠤ ᠰᠠᠯᠠᠭ᠎ᠠ | ᠮᠥᠴᠢᠷ᠄ ᠬᠤᠰᠢᠭᠤᠨ ᠤᠰᠤᠨ ᠤ ᠶᠠᠪᠤᠳᠠᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ︶ | | 3. ᠠᠵᠤ ᠦᠢᠯᠡᠳᠪᠦᠷᠢ ᠶᠢᠨ ᠪᠣᠬᠢᠷᠲᠤᠯ ᠤᠨ ᠡᠬᠢ ᠶᠢ ᠵᠠᠰᠠᠬᠤ ᠶᠢ ᠭᠦᠨᠵᠡᠭᠡᠶᠢᠷᠡᠭᠦᠯᠦᠨ᠎ᠡ᠃ ᠠᠵᠤ | ᠦᠢᠯᠡᠳᠪᠦᠷᠢ ᠶᠢᠨ ᠵᠤᠤᠬ᠎ᠠ ᠶᠢᠨ ᠲᠦᠯᠡᠰᠢ ᠶᠢ ᠴᠡᠪᠡᠷᠰᠢᠭᠦᠯᠦᠨ ᠣᠷᠣᠯᠠᠭᠤᠯᠬᠤ ᠶᠢ ᠲᠦᠷᠭᠡᠳᠬᠡᠨ᠎ᠡ᠃ ᠠᠵᠤ | ᠦᠢᠯᠡᠳᠪᠦᠷᠢ ᠶᠢᠨ ᠲᠣᠭᠤᠰᠣ ᠳᠡᠭᠳᠡᠬᠦ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠪᠣᠳᠠᠰ ᠣᠪᠣᠭᠠᠯᠠᠬᠤ | ᠲᠠᠯᠠᠪᠠᠢ ᠶᠢ ᠪᠦᠬᠦᠨ ᠢ ᠪᠢᠲᠡᠭᠦᠮᠵᠢᠯᠡᠨ ᠵᠠᠰᠠᠬᠤ ᠶᠢ ᠦᠷᠭᠦᠯᠵᠢᠯᠡᠨ ᠠᠬᠢᠭᠤᠯᠵᠤ᠂ ᠲᠡᠶᠢᠰᠢ ᠶᠢᠨ ᠨᠡᠭᠦᠷᠡᠰᠦᠨ ᠤ | ᠪᠦᠯᠦᠭᠯᠡᠯ ᠤᠨ ᠰᠢᠩ ᠲᠠᠢ ᠨᠡᠭᠦᠷᠡᠰᠦ ᠬᠢᠮᠢ ᠶᠢᠨ ᠨᠡᠭᠦᠷᠡᠰᠦᠨ ᠲᠠᠯᠠᠪᠠᠢ ᠶᠢ ᠪᠢᠲᠡᠭᠦᠮᠵᠢᠯᠡᠬᠦ ᠲᠦᠷᠦᠯ ᠵᠦᠢᠯ ᠢ | ᠪᠡᠶᠡᠯᠡᠭᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ | ᠲᠣᠪᠴᠢᠶ᠎ᠠ ᠶᠢᠨ ᠠᠯᠠᠱᠠ ᠵᠡᠭᠦᠨ ᠬᠤᠰᠢᠭᠤᠨ ᠤ ᠬᠤᠪᠢᠶᠠᠷᠢ ᠲᠣᠪᠴᠢᠶ᠎ᠠ︶ | | 4. ᠭᠤᠣᠯᠳᠠᠯᠭ᠎ᠠ ᠲᠠᠢ ᠠᠵᠢᠯ ᠲᠥᠷᠥᠯ ᠤᠨ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ︵VOCs︶ ᠤᠨ | ᠵᠠᠰᠠᠯᠲᠠ ᠶᠢ ᠠᠬᠢᠭᠤᠯᠤᠨ᠎ᠠ᠃ ︽ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠤᠨ ᠵᠣᠬᠢᠶᠠᠨ ᠪᠠᠶᠢᠭᠤᠯᠤᠯᠲᠠ | ᠦᠭᠡᠢ ᠪᠠᠷ ᠭᠠᠳᠠᠭᠰᠢᠯᠠᠭᠤᠯᠬᠤ ᠶᠢ ᠬᠢᠵᠠᠭᠠᠷᠯᠠᠬᠤ ᠪᠠᠷᠢᠮᠵᠢᠶ᠎ᠠ︾ ᠪᠠ ︽ᠴᠢᠯᠠᠭᠤᠨ ᠲᠣᠰᠣᠨ ᠤ ᠬᠢᠮᠢ ᠶᠢᠨ ᠠᠵᠤ | ᠦᠢᠯᠡᠳᠪᠦᠷᠢ ᠶᠢᠨ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠪᠠᠷᠢᠮᠵᠢᠶ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ | ᠭᠤᠭᠤᠵᠢᠯᠲᠠ ᠶᠢ ᠪᠠᠶᠢᠴᠠᠭᠠᠨ ᠬᠡᠮᠵᠢᠬᠦ ᠪᠠ ᠵᠠᠰᠠᠨ ᠰᠡᠷᠭᠦᠭᠡᠬᠦ ᠠᠵᠢᠯ ᠢ ᠪᠠᠶᠢᠩᠭᠤᠵᠢᠭᠤᠯᠤᠨ ᠰᠠᠶᠢᠲᠤᠷ ᠬᠢᠨ᠎ᠡ᠃ | ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠠᠭᠤᠯᠤᠭᠰᠠᠨ ᠪᠣᠳᠠᠰ ᠤᠨ ᠮᠠᠲ᠋ᠧᠷᠢᠶᠠᠯ ᠢ ᠬᠠᠳᠠᠭᠠᠯᠠᠬᠤ᠂ ᠰᠢᠯᠵᠢᠭᠦᠯᠬᠦ ᠪᠠ | ᠬᠦᠷᠭᠡᠬᠦ᠂ ᠲᠥᠬᠦᠭᠡᠷᠦᠮᠵᠢ ᠬᠢᠭᠡᠳ ᠬᠤᠭᠤᠯᠠᠢ ᠤᠲᠠᠰᠤᠨ ᠤ ᠰᠡᠯᠪᠢᠭ ᠲᠣᠨᠤᠭ᠂ ᠵᠠᠳᠠᠭᠠᠢ ᠰᠢᠩᠭᠡᠨ ᠤ ᠭᠠᠳᠠᠷᠭᠤ | ᠵᠢᠴᠢ ᠤᠷᠠᠯᠠᠯ ᠤᠨ ᠶᠠᠪᠤᠴᠠ ᠵᠡᠷᠭᠡ ᠭᠤᠭᠴᠤᠭ᠎ᠠ ᠳᠠᠬᠢ ᠵᠣᠬᠢᠶᠠᠨ ᠪᠠᠶᠢᠭᠤᠯᠤᠯᠲᠠ ᠲᠠᠢ ᠪᠠᠷ ᠭᠠᠳᠠᠭᠰᠢᠯᠠᠭᠤᠯᠬᠤ | ᠦᠭᠡᠢ ᠪᠠᠶᠢᠳᠠᠯ ᠢ ᠪᠥᠬᠦ ᠲᠠᠯ᠎ᠠ ᠪᠠᠷ ᠨᠠᠷᠢᠪᠴᠢᠯᠠᠨ ᠪᠠᠶᠢᠴᠠᠭᠠᠵᠤ᠂ ᠬᠠᠮᠢᠶ᠎ᠠ ᠪᠦᠬᠦᠢ ᠪᠠᠷᠢᠮᠵᠢᠶ᠎ᠠ ᠶᠢᠨ | ᠱᠠᠭᠠᠷᠳᠠᠯᠭ᠎ᠠ ᠳᠤ ᠬᠦᠷᠬᠦ ᠦᠭᠡᠢ ᠶᠢ ᠴᠡᠭᠴᠡᠯᠡᠨ ᠵᠠᠰᠠᠵᠤ᠂ 2022 ᠣᠨ ᠤ 12 ᠳ᠋ᠤᠭᠠᠷ ᠰᠠᠷ᠎ᠠ ᠶᠢᠨ ᠳᠤᠮᠳᠠᠴᠢ | ᠠᠴᠠ ᠡᠮᠦᠨ᠎ᠡ ᠴᠡᠭᠴᠡᠯᠡᠨ ᠵᠠᠰᠠᠬᠤ ᠶᠢ ᠪᠡᠶᠡᠯᠡᠭᠦᠯᠦᠨ᠎ᠡ᠃ ᠵᠤᠨ ᠨᠠᠮᠤᠷ ᠤᠨ ᠣᠽᠣᠨ ᠤ ᠪᠣᠬᠢᠷᠲᠤᠯ ᠢ ᠰᠡᠷᠭᠡᠶᠢᠯᠡᠨ | ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢ ᠥᠷᠨᠢᠭᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ | ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠠᠯᠠᠱᠠ ᠵᠡᠭᠦᠨ ᠬᠤᠰᠢᠭᠤᠨ ᠤ ᠬᠤᠪᠢᠶᠠᠷᠢ | ᠲᠣᠪᠴᠢᠶ᠎ᠠ᠂ ᠬᠠᠮᠵᠢᠯᠴᠠᠬᠤ ᠰᠠᠯᠠᠭ᠎ᠠ ᠮᠥᠴᠢᠷ᠄ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ | ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶ | | 5. ᠡᠨᠧᠷᠭᠢ ᠶᠢᠨ ᠬᠡᠷᠡᠭᠯᠡᠭᠡ ᠶᠢ ᠬᠢᠵᠠᠭᠠᠷᠯᠠᠨ᠎ᠠ᠃ ᠡᠨᠧᠷᠭᠢ ᠶᠢᠨ ᠬᠤᠷᠣᠭᠳᠠᠯ ᠤᠨ ᠬᠦᠴᠦᠯᠡᠴᠡ ᠪᠠ | ᠶᠡᠷᠦᠩᠬᠡᠢ ᠬᠡᠮᠵᠢᠶ᠎ᠡ ᠶᠢᠨ ︽ᠬᠤᠶᠠᠷ ᠢ ᠬᠢᠵᠠᠭᠠᠷᠯᠠᠬᠤ︾ ᠶᠢ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ ᠪᠠᠷ ᠬᠢᠨᠠᠨ | ᠰᠢᠯᠭᠠᠵᠤ᠂ ᠰᠢᠨ᠎ᠡ ᠪᠠᠷ ᠨᠡᠮᠡᠭᠳᠡᠭᠰᠡᠨ ᠳᠠᠬᠢᠯᠲᠠ ᠡᠨᠧᠷᠭᠢ ᠶᠢᠨ ᠰᠤᠷᠪᠤᠯᠵᠢ ᠪᠠ ᠲᠦᠭᠦᠬᠡᠢ ᠮᠠᠲ᠋ᠧᠷᠢᠶᠠᠯ ᠤᠨ ᠡᠨᠧᠷᠭᠢ | ᠬᠡᠷᠡᠭᠯᠡᠬᠦ ᠶᠢ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠠᠰᠠᠭᠤᠳᠠᠯ ᠤᠨ ᠬᠢᠵᠠᠭᠠᠷᠯᠠᠯ ᠳᠤ ᠣᠷᠣᠭᠤᠯᠬᠤ ᠦᠭᠡᠢ᠂ | ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠳᠤ ᠬᠠᠷᠢᠮᠠᠬᠠᠢ ᠴᠢᠨᠠᠷᠲᠠᠢᠨᠡᠭᠦᠷᠡᠰᠦ ᠶᠢ ᠴᠡᠪᠡᠷ ᠪᠥᠭᠡᠳ ᠥᠨᠳᠥᠷ | ᠪᠦᠲᠦᠮᠵᠢᠲᠡᠶ ᠪᠠᠷ ᠠᠰᠢᠭᠯᠠᠨ ᠴᠡᠪᠡᠷ ᠡᠨᠧᠷᠭᠢ ᠶᠢᠨ ᠰᠤᠷᠪᠤᠯᠵᠢ ᠪᠠ ᠰᠢᠨ᠎ᠡ ᠡᠨᠧᠷᠭᠢ ᠶᠢᠨ ᠰᠤᠷᠪᠤᠯᠵᠢ ᠶᠢ | ᠬᠥᠭᠵᠢᠭᠦᠯᠬᠦ ᠶᠢ ᠰᠠᠶᠢᠲᠤᠷ ᠠᠳᠬᠤᠵᠤ᠂ ᠰᠢᠨ᠎ᠡ ᠡᠨᠧᠷᠭᠢ ᠶᠢᠨ ᠰᠤᠷᠪᠤᠯᠵᠢ ᠶᠢ ᠰᠢᠩᠭᠡᠬᠡᠨ ᠠᠪᠬᠤ ᠴᠢᠳᠠᠪᠤᠷᠢ ᠶᠢ | ᠨᠡᠮᠡᠭᠳᠡᠭᠦᠯᠦᠨ᠂ ᠨᠡᠭᠦᠷᠡᠰᠦ ᠪᠠ ᠰᠢᠨ᠎ᠡ ᠡᠨᠧᠷᠭᠢ ᠶᠢᠨ ᠰᠤᠷᠪᠤᠯᠵᠢ ᠶᠢ ᠰᠢᠯᠢᠳᠡᠭᠵᠢᠭᠦᠯᠦᠨ ᠵᠣᠬᠢᠶᠠᠨ ᠪᠠᠶᠢᠭᠤᠯᠬᠤ ᠶᠢ | ᠲᠦᠯᠬᠢᠨ ᠠᠬᠢᠭᠤᠯᠤᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠬᠤᠰᠢᠭᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠬᠠᠮᠵᠢᠯᠴᠠᠬᠤ ᠰᠠᠯᠠᠭ᠎ᠠ ᠮᠥᠴᠢᠷ᠄ ᠬᠤᠰᠢᠭᠤᠨ ᠠᠵᠤ ᠦᠢᠯᠡᠳᠪᠦᠷᠢ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ | ᠬᠠᠮᠢᠶᠠᠷᠤᠯᠲᠠ ᠶᠢᠨ ᠲᠣᠪᠴᠢᠶ᠎ᠠ︶ | | 6. ᠡᠪᠦᠯ ᠤᠨ ᠤᠯᠠᠷᠢᠯ ᠤᠨ ᠠᠷᠢᠭᠤᠨ ᠴᠡᠪᠡᠷ ᠢᠶᠠᠷ ᠳᠤᠯᠠᠭᠠᠯᠠᠬᠤ ᠶᠢ ᠠᠬᠢᠭᠤᠯᠤᠨ᠎ᠠ᠃ ᠠᠷᠢᠭᠤᠨ ᠴᠡᠪᠡᠷ | ᠳᠤᠯᠠᠭᠠᠯᠠᠭ᠎ᠠ ᠶᠢᠨ ᠬᠡᠷᠡᠭᠵᠢᠭᠦᠯᠬᠦ ᠲᠥᠰᠥᠯ ᠢ ᠨᠠᠶᠢᠷᠠᠭᠤᠯᠤᠨ ᠵᠣᠬᠢᠶᠠᠵᠤ᠂ ᠲᠠᠷᠠᠬᠠᠢ ᠪᠤᠲᠠᠷᠬᠠᠢ ᠨᠡᠭᠦᠷᠡᠰᠦ ᠪᠠᠷ | ᠳᠤᠯᠠᠭᠠᠯᠠᠭ᠎ᠠ ᠶᠢᠨ ᠲᠠᠯᠠᠪᠠᠶ ᠵᠢᠴᠢ ᠡᠷᠦᠬᠡ ᠶᠢᠨ ᠲᠤᠭ᠎ᠠ ᠶᠢ ᠲᠣᠳᠣᠷᠬᠠᠢ ᠣᠶᠢᠯᠠᠭᠠᠨ᠂ ᠠᠷᠢᠭᠤᠨ ᠴᠡᠪᠡᠷ | ᠳᠤᠯᠠᠭᠠᠯᠠᠭ᠎ᠠ ᠶᠢᠨ ᠶᠡᠷᠦᠩᠬᠡᠢ ᠲᠥᠯᠥᠪᠯᠡᠭᠡ ᠪᠠ 2022 ᠣᠨ ᠤ ᠠᠵᠢᠯ ᠤᠨ ᠲᠥᠯᠥᠪᠯᠡᠭᠡ ᠶᠢ ᠳᠤᠷᠠᠳᠤᠨ | ᠭᠠᠷᠭᠠᠬᠤ ᠶᠢᠨ ᠬᠠᠮᠲᠤ ᠡᠮᠬᠢ ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃ ᠬᠤᠲᠠ ᠶᠢᠨ ᠪᠠᠶᠢᠭᠤᠯᠤᠭᠰᠠᠨ | ᠲᠣᠭᠤᠷᠢᠭ ᠲᠤ ᠲᠥᠪᠯᠡᠷᠡᠭᠦᠯᠦᠨ ᠢᠯᠴᠢ ᠬᠠᠩᠭᠠᠬᠤ ᠶᠢ ᠡᠩ ᠲᠡᠷᠢᠭᠦᠨ ᠳᠤ ᠬᠥᠭᠵᠢᠭᠦᠯᠵᠦ᠂ ᠲᠥᠪᠯᠡᠷᠡᠭᠦᠯᠦᠨ | ᠢᠯᠴᠢ ᠬᠠᠩᠭᠠᠬᠤ ᠶᠢ ᠲᠦᠷ ᠴᠠᠭ ᠪᠦᠷᠬᠦᠭᠦᠯᠬᠦ ᠳᠤ ᠬᠦᠴᠢᠷᠲᠡᠢ ᠪᠠᠶᠢᠪᠠᠯ᠂ ᠰᠢᠶᠠᠩ ᠪᠠᠯᠭᠠᠰᠤ ᠪᠠᠷ ᠨᠢᠭᠡᠴᠢ ᠪᠣᠯᠭᠠᠨ | ᠲᠠᠷᠠᠬᠠᠢ ᠪᠤᠲᠠᠷᠬᠠᠢ ᠮᠠᠶ᠋ᠢᠭ ᠤᠨ ᠠᠷᠢᠭᠤᠨ ᠴᠡᠪᠡᠷ ᠳᠤᠯᠠᠭᠠᠯᠠᠭ᠎ᠠ ᠶᠢ ᠪᠦᠬᠦᠯᠢ ᠴᠣᠭᠴᠠ ᠪᠠᠷ ᠨᠢ ᠲᠦᠯᠬᠢᠨ | ᠠᠬᠢᠭᠤᠯᠤᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠬᠤᠰᠢᠭᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ | ᠂ ᠬᠠᠮᠵᠢᠯᠴᠠᠬᠤ ᠰᠠᠯᠠᠭ᠎ᠠ ᠮᠥᠴᠢᠷ᠄ ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ | ᠠᠯᠠᠱᠠ ᠵᠡᠭᠦᠨ ᠬᠤᠰᠢᠭᠤᠨ ᠤ ᠬᠤᠪᠢᠶᠠᠷᠢ ᠲᠣᠪᠴᠢᠶ᠎ᠠ᠂ ᠬᠤᠰᠢᠭᠤᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ | ᠣᠷᠳᠣᠨ᠂ ᠵᠡᠭᠡᠯᠢ ᠭᠤᠳᠤᠮᠵᠢ ᠶᠢᠨ ᠠᠯᠪᠠᠨ ᠭᠡᠷ︶ ᠠᠷᠢᠭᠤᠨ ᠴᠡᠪᠡᠷ ᠳᠤᠯᠠᠭᠠᠯᠠᠭ᠎ᠠ ᠶᠢᠨ ᠲᠥᠷᠥᠯ ᠵᠦᠢᠯ ᠢ | ᠭᠤᠶᠤᠴᠢᠯᠠᠨ ᠮᠡᠳᠡᠭᠦᠯᠬᠦ ᠠᠵᠢᠯ ᠢ ᠰᠠᠶᠢᠲᠤᠷ ᠬᠢᠵᠦ᠂ ᠨᠠᠩ ᠣᠯᠠᠨ ᠲᠥᠷᠥᠯ ᠵᠦᠢᠯ ᠢ ᠬᠥᠮᠥᠷᠭᠡ ᠳᠤ | ᠣᠷᠣᠭᠤᠯᠬᠤ ᠪᠠᠷ ᠴᠢᠷᠮᠠᠶᠢᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠠᠮᠢ ᠠᠬᠤᠢ ᠶᠢᠨ ᠣᠷᠴᠢᠨ | ᠲᠣᠭᠤᠷᠢᠨ ᠤ ᠲᠣᠪᠴᠢᠶ᠎ᠠ ᠶᠢᠨ ᠠᠯᠠᠱᠠ ᠵᠡᠭᠦᠨ ᠬᠤᠰᠢᠭᠤᠨ ᠤ ᠬᠤᠪᠢᠶᠠᠷᠢ ᠲᠣᠪᠴᠢᠶ᠎ᠠ᠂ ᠬᠠᠮᠵᠢᠯᠴᠠᠬᠤ ᠰᠠᠯᠠᠭ᠎ᠠ | ᠮᠥᠴᠢᠷ᠄ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠠᠯᠪᠠᠨ ᠭᠡᠷ︶ ᠦᠨᠡᠮᠯᠡᠯ ᠦᠭᠡᠢ ᠪᠠᠷ ᠡᠵᠡᠩᠨᠡᠬᠦ ᠪᠠ | ᠴᠢᠨᠠᠷ ᠮᠠᠭᠤᠲᠠᠢ ᠨᠡᠭᠦᠷᠡᠰᠦ ᠪᠣᠷᠣᠯᠠᠭᠤᠯᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ︵ᠲᠦᠷᠦᠭᠦᠯᠡᠬᠦ | ᠰᠠᠯᠠᠭ᠎ᠠ ᠮᠥᠴᠢᠷ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ︶ | | 7. ᠭᠦᠸᠧᠯᠦ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠥᠷᠨᠢᠭᠦᠯᠦᠨ᠎ᠡ᠃ ᠨᠡᠭᠦᠷᠡᠰᠦ ᠰᠢᠲᠠᠭᠠᠬᠤ᠂ | ᠰᠢᠲᠠᠮᠠᠬᠠᠢ ᠬᠡᠢ᠂ ᠲᠣᠰᠣ ᠰᠢᠲᠠᠭᠠᠬᠤ ᠭᠦᠸᠧᠯᠦ ᠶᠢ ᠨᠠᠷᠢᠪᠴᠢᠯᠠᠨ ᠪᠠᠶᠢᠴᠠᠭᠠᠬᠤ ᠶᠢ ᠭᠦᠨᠵᠡᠭᠡᠢ ᠥᠷᠨᠢᠭᠦᠯᠵᠦ᠂ | ᠬᠠᠮᠢᠶᠠᠷᠤᠯᠲᠠ ᠶᠢᠨ ᠡᠬᠡ ᠲᠠᠩᠰᠠ ᠶᠢ ᠪᠠᠶᠢᠭᠤᠯᠤᠨ᠎ᠠ᠃ ᠨᠡᠭᠦᠷᠡᠰᠦ ᠰᠢᠲᠠᠭᠠᠬᠤ ᠭᠦᠸᠧᠯᠦ ᠶᠢ ᠭᠦᠨᠵᠡᠭᠡᠢ ᠵᠠᠰᠠᠬᠤ ᠶᠢ | ᠦᠷᠭᠦᠯᠵᠢᠯᠡᠨ ᠠᠬᠢᠭᠤᠯᠵᠤ᠂ ᠨᠡᠭᠦᠷᠡᠰᠦ ᠰᠢᠲᠠᠭᠠᠬᠤ ᠵᠢᠵᠢᠭ ᠭᠦᠸᠧᠯᠦ ᠶᠢ ᠰᠢᠭᠰᠢᠭᠳᠡᠭᠦᠯᠬᠦ ᠡᠷᠴᠢᠮ ᠢ | ᠴᠢᠩᠭᠠᠷᠠᠭᠤᠯᠤᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ | ᠲᠣᠪᠴᠢᠶ᠎ᠠ ᠶᠢᠨ ᠠᠯᠠᠱᠠ ᠵᠡᠭᠦᠨ ᠬᠤᠰᠢᠭᠤᠨ ᠤ ᠬᠤᠪᠢᠶᠠᠷᠢ ᠲᠣᠪᠴᠢᠶ᠎ᠠ᠂ ᠬᠠᠮᠵᠢᠯᠴᠠᠬᠤ ᠰᠠᠯᠠᠭ᠎ᠠ ᠮᠥᠴᠢᠷ᠄ ᠡᠯ᠎ᠡ | ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︶ | | 8. ᠪᠠᠷᠢᠯᠭ᠎ᠠ ᠶᠢᠨ ᠭᠠᠵᠠᠷ ᠪᠠ ᠵᠠᠮ ᠤᠨ ᠲᠣᠭᠤᠰᠣ ᠰᠢᠷᠣᠢ ᠶᠢ ᠬᠠᠮᠢᠶᠠᠷᠤᠨ ᠡᠵᠡᠮᠳᠡᠬᠦ ᠶᠢ ᠴᠢᠩᠳᠠᠯᠠᠨ᠎ᠠ᠃ | ᠪᠠᠷᠢᠯᠭ᠎ᠠ ᠶᠢᠨ ᠠᠵᠢᠯ ᠤᠨ ᠲᠣᠭᠤᠰᠣ ᠳᠡᠭᠳᠡᠬᠦ ᠶᠢ ᠬᠢᠵᠠᠭᠠᠷᠯᠠᠬᠤ ᠶᠢ ᠴᠢᠩᠭᠠᠳᠬᠠᠵᠤ᠂ ᠡᠯ᠎ᠡ ᠲᠦᠷᠦᠯ ᠤᠨ | ᠪᠠᠷᠢᠯᠭ᠎ᠠ ᠶᠢᠨ ᠭᠠᠵᠠᠷ ᠲᠤ ︽ᠵᠢᠷᠭᠤᠭᠠᠨ ᠵᠠᠭᠤᠨ ᠤ ᠵᠠᠭᠤ︾ ᠶᠢᠨ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠪᠠ᠃ ᠵᠠᠮ ᠤᠨ ᠬᠤᠭ ᠲᠣᠭᠤᠰᠣ ᠶᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠵᠠᠮ ᠤᠨ | ᠮᠠᠰᠢᠨᠴᠢᠯᠠᠯᠲᠠ ᠶᠢᠨ ᠴᠡᠪᠡᠷᠯᠡᠯᠲᠡ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ | ᠬᠤᠰᠢᠭᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ | ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ︶ | | 9. ᠠᠭᠤᠷᠬᠠᠢ ᠶᠢᠨ ᠣᠷᠴᠢᠨ ᠲᠣᠭᠤᠷᠢᠨ ᠤ ᠵᠠᠰᠠᠯᠲᠠ ᠶᠢ ᠴᠢᠩᠭᠠᠷᠠᠭᠤᠯᠤᠨ᠎ᠠ᠃ ᠠᠭᠤᠷᠬᠠᠢ ᠶᠢᠨ | ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ | ᠦᠨᠡᠯᠡᠬᠦ ᠶᠢ ᠴᠢᠩᠭ᠎ᠠ ᠬᠡᠷᠡᠭᠵᠢᠭᠦᠯᠵᠦ᠂ ᠪᠣᠬᠢᠷᠲᠤᠯ ᠦᠭᠡᠢᠵᠠᠳᠠᠭᠠᠢ ᠠᠭᠤᠷᠬᠠᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ | ᠡᠷᠴᠢᠮ ᠢ ᠴᠢᠩᠭᠠᠷᠠᠭᠤᠯᠵᠤ᠂ ᠠᠭᠤᠷᠬᠠᠢ ᠶᠢᠨ ᠭᠠᠷᠤᠯᠲᠠ ᠶᠢ ᠨᠡᠭᠡᠭᠡᠨ ᠮᠠᠯᠲᠠᠬᠤ᠂ ᠬᠠᠳᠠᠭᠠᠯᠠᠬᠤ᠂ ᠠᠴᠢᠶᠠᠯᠠᠵᠤ | ᠪᠠᠭᠤᠯᠭᠠᠬᠤ᠂ ᠲᠡᠭᠡᠭᠡᠪᠦᠷᠢᠯᠡᠬᠦ ᠶᠠᠪᠤᠴᠠ ᠳᠠᠬᠢ ᠪᠣᠬᠢᠷᠲᠤᠯ ᠢ ᠰᠡᠷᠭᠡᠶᠢᠯᠡᠨ ᠵᠠᠰᠠᠬᠤ ᠪᠠ ᠲᠣᠭᠤᠰᠣ ᠶᠢ ᠪᠠᠭᠠᠰᠬᠠᠨ | ᠲᠣᠭᠤᠰᠣ ᠶᠢ ᠬᠤᠷᠢᠭᠯᠠᠬᠤ ᠶᠢ ᠴᠢᠩᠭᠠᠷᠠᠭᠤᠯᠤᠨ᠎ᠠ᠃ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢᠨ | ᠭᠠᠵᠠᠷ ᠤᠨ ᠣᠷᠴᠢᠨ ᠠᠬᠤᠢ ᠶᠢ ᠵᠠᠰᠠᠨ ᠰᠡᠷᠭᠦᠭᠡᠬᠦ ︵ᠲᠦᠷᠦᠭᠦᠯᠡᠬᠦ ᠰᠠᠯᠠᠭ᠎ᠠ ᠮᠥᠴᠢᠷ᠄ ᠬᠤᠰᠢᠭᠤᠨ ᠪᠠᠶᠢᠭᠠᠯᠢ ᠶᠢᠨ | ᠡᠬᠢ ᠪᠠᠶᠠᠯᠢᠭ ᠤᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠠᠮᠵᠢᠯᠴᠠᠬᠤ | ᠰᠠᠯᠠᠭ᠎ᠠ ᠮᠥᠴᠢᠷ᠄ ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠠᠯᠠᠱᠠ ᠵᠡᠭᠦᠨ | ᠬᠤᠰᠢᠭᠤᠨ ᠤ ᠬᠤᠪᠢᠶᠠᠷᠢ ᠲᠣᠪᠴᠢᠶ᠎ᠠ᠂ ᠬᠤᠰᠢᠭᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ︶ | | 10. ᠡᠰᠢ ᠰᠦᠷᠡᠯ ᠢ ᠰᠢᠲᠠᠭᠠᠬᠤ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠡᠰᠢ ᠰᠦᠷᠡᠯ ᠢ | ᠶᠡᠷᠦᠩᠬᠡᠶᠢᠯᠡᠨ ᠠᠰᠢᠭᠯᠠᠬᠤ ᠶᠢ ᠴᠢᠩᠭᠠᠳᠬᠠᠵᠤ᠂ ᠡᠰᠢ ᠰᠦᠷᠡᠯ ᠢ ᠰᠢᠲᠠᠭᠠᠬᠤ ᠶᠢ ᠬᠤᠷᠢᠭᠯᠠᠬᠤ ᠬᠠᠮᠢᠶᠠᠷᠤᠯᠲᠠ | ᠡᠵᠡᠮᠳᠡᠯ ᠢ ᠴᠢᠩᠭᠠᠳᠬᠠᠵᠤ᠂ ᠬᠠᠪᠤᠷ ᠤᠨ ᠲᠠᠷᠢᠶᠠᠯᠠᠭ᠎ᠠ ᠪᠠ ᠨᠠᠮᠤᠷ ᠤᠨ ᠬᠤᠷᠢᠶᠠᠯᠲᠠ ᠶᠢᠨ ᠱᠠᠲᠤᠨ ᠳᠤ ᠡᠰᠢ | ᠰᠦᠷᠡᠯ ᠢ ᠰᠢᠲᠠᠭᠠᠬᠤ ᠶᠢ ᠬᠤᠷᠢᠭᠯᠠᠬᠤ ᠲᠤᠰᠬᠠᠢ ᠵᠦᠢᠯ ᠤᠨ ᠲᠣᠭᠤᠷᠢᠨ ᠪᠠᠶᠢᠴᠠᠭᠠᠯᠲᠠ ᠶᠢ ᠥᠷᠨᠢᠭᠦᠯᠵᠦ᠂ ᠵᠠᠳᠠᠭᠠᠢ | ᠡᠰᠢ ᠰᠦᠷᠡᠯ ᠢ ᠰᠢᠲᠠᠭᠠᠬᠤ ᠶᠢ ᠡᠷᠡᠰ ᠬᠤᠷᠢᠭᠯᠠᠬᠤ ᠬᠡᠷᠡᠭᠲᠡᠢ᠃ ︵ᠲᠦᠷᠦᠭᠦᠯᠡᠬᠦ ᠰᠠᠯᠠᠭ᠎ᠠ ᠮᠥᠴᠢᠷ᠄ ᠬᠤᠰᠢᠭᠤᠨ ᠤ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ | ᠬᠠᠮᠵᠢᠯᠴᠠᠬᠤ ᠰᠠᠯᠠᠭ᠎ᠠ ᠮᠥᠴᠢᠷ᠄ ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠠᠯᠠᠱᠠ | ᠵᠡᠭᠦᠨ ᠬᠤᠰᠢᠭᠤᠨ ᠤ ᠬᠤᠪᠢᠶᠠᠷᠢ ᠲᠣᠪᠴᠢᠶ᠎ᠠ︶ | | 11. ᠬᠤᠸᠠᠷ ᠫᠤᠤᠵᠢᠩ ᠲᠠᠯᠪᠢᠬᠤ ᠶᠢ ᠬᠤᠷᠢᠭᠯᠠᠬᠤ ︵ᠬᠢᠵᠠᠭᠠᠷᠯᠠᠬᠤ︶ ᠵᠠᠬᠢᠷᠤᠨ ᠬᠠᠮᠢᠶᠠᠷᠬᠤ ᠶᠢ | ᠬᠡᠷᠡᠭᠵᠢᠭᠦᠯᠦᠨ᠎ᠡ᠃ ᠬᠤᠸᠠᠷ ᠫᠤᠤᠵᠢᠩ ᠲᠠᠯᠪᠢᠬᠤ ᠶᠢ ᠴᠢᠩᠭ᠎ᠠ ᠬᠠᠮᠢᠶᠠᠷᠤᠨ ᠡᠵᠡᠮᠳᠡᠨ᠎ᠡ᠃ ᠰᠢᠲᠠᠬᠤ ᠶᠢ ᠬᠤᠷᠢᠭᠯᠠᠬᠤ | ᠪᠠ ᠲᠠᠯᠪᠢᠬᠤ ᠶᠢ ᠬᠤᠷᠢᠭᠯᠠᠬᠤ ᠣᠷᠣᠨ ᠪᠦᠰᠡ ᠶᠢ ᠰᠢᠯᠢᠳᠡᠭᠵᠢᠭᠦᠯᠵᠦ᠂ ᠬᠤᠸᠠᠷ ᠫᠤᠤᠵᠢᠩ ᠪᠣᠷᠣᠯᠠᠭᠤᠯᠬᠤ᠂ | ᠲᠠᠯᠪᠢᠬᠤ ᠶᠢ ᠬᠤᠷᠢᠭᠯᠠᠬᠤ ᠪᠠ ᠬᠢᠵᠠᠭᠠᠷᠯᠠᠬᠤ ᠬᠠᠮᠢᠶᠠᠷᠤᠯᠲᠠ ᠶᠢ ᠴᠢᠩᠭᠠᠳᠬᠠᠵᠤ᠂ ᠪᠣᠬᠢᠷᠲᠤᠯ ᠪᠣᠳᠠᠰ | ᠭᠠᠳᠠᠭᠰᠢᠯᠠᠭᠤᠯᠬᠤ ᠶᠢ ᠪᠠᠭᠠᠰᠬᠠᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠬᠤᠰᠢᠭᠤᠨ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ᠂ ᠬᠠᠮᠵᠢᠯᠴᠠᠬᠤ ᠰᠠᠯᠠᠭ᠎ᠠ ᠮᠥᠴᠢᠷ᠄ ᠬᠤᠰᠢᠭᠤᠨ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | | 12. ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠤ ᠣᠷᠴᠢᠨ ᠲᠣᠭᠤᠷᠢᠨ ᠤ ᠬᠠᠮᠢᠶᠠᠷᠤᠯᠲᠠ ᠶᠢ | ᠴᠢᠩᠭᠠᠳᠬᠠᠨ᠎ᠠ᠃ ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠮᠧᠬᠠᠨᠢᠭ ᠤᠨ ᠳᠥᠷᠪᠡᠳᠦᠭᠡᠷ ᠱᠠᠲᠤᠨ ᠤ | ᠭᠠᠳᠠᠭᠰᠢᠯᠠᠭᠤᠯᠤᠯᠲᠠ ᠶᠢᠨ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠷᠢᠮᠵᠢᠶ᠎ᠠ ᠳᠤ ᠥᠯᠥ ᠬᠦᠷᠬᠦ ᠮᠠᠰᠢᠨ | ᠮᠧᠬᠠᠨᠢᠭ ᠢ ᠪᠣᠷᠣᠯᠠᠭᠤᠯᠬᠤ ᠪᠠ ᠬᠤᠳᠠᠯᠳᠤᠨ ᠠᠪᠬᠤ ᠶᠢ ᠴᠢᠩᠭ᠎ᠠ ᠬᠢᠵᠠᠭᠠᠷᠯᠠᠨ᠎ᠠ᠃ ᠭᠠᠳᠠᠭᠰᠢᠯᠠᠭᠤᠯᠤᠯᠲᠠ ᠶᠡᠬᠡᠲᠡᠢ | ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠮᠧᠬᠠᠨᠢᠭ ᠤᠨ ᠶᠠᠪᠤᠬᠤ ᠶᠢ ᠬᠤᠷᠢᠭᠯᠠᠬᠤ ᠣᠷᠣᠨ ᠪᠦᠰᠡ ᠶᠢ ᠴᠢᠩᠭ᠎ᠠ | ᠨᠠᠶᠢᠳᠠᠪᠤᠷᠢᠵᠢᠭᠤᠯᠤᠨ᠎ᠠ᠃ ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠤ ᠪᠠᠶᠢᠳᠠᠯ ᠢ ᠣᠶᠢᠯᠠᠭᠠᠵᠤ ᠪᠠᠶᠢᠴᠠᠭᠠᠬᠤ | ᠪᠠ ᠳ᠋ᠤᠭᠠᠷᠯᠠᠨ ᠳᠠᠩᠰᠠᠯᠠᠬᠤ ᠠᠵᠢᠯ ᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠠᠶᠢᠮᠠᠭ ᠤᠨ ᠠᠮᠢ ᠠᠬᠤᠢ ᠶᠢᠨ | ᠣᠷᠴᠢᠨ ᠲᠣᠭᠤᠷᠢᠨ ᠢ ᠬᠢᠨᠠᠨ ᠬᠡᠮᠵᠢᠵᠦ ᠬᠢᠨᠠᠨ ᠡᠵᠡᠮᠳᠡᠬᠦ ᠥᠷᠲᠡᠭᠡ ᠲᠠᠢ ᠬᠠᠮᠵᠢᠯᠴᠠᠨ 2020 ᠣᠨ ᠤ 1 ᠳ᠋ᠦ᠋ᠭᠡᠷ | ᠰᠠᠷ᠎ᠠ ᠶᠢᠨ 1 ᠤ ᠡᠳᠦᠷ ᠠᠴᠠ ᠰᠡᠭᠦᠯᠡᠷ ᠬᠤᠳᠠᠯᠳᠤᠨ ᠠᠪᠤᠭᠰᠠᠨ ᠲᠠᠷᠢᠶᠠᠯᠠᠩ ᠤᠨ ᠮᠠᠰᠢᠨ ︵ᠪᠠᠷᠢᠮᠲᠠ ᠬᠤᠳᠠᠯᠳᠤᠨ | ᠠᠪᠤᠭᠰᠠᠨ ᠡᠳᠦᠷ ᠬᠤᠭᠤᠴᠠᠭ᠎ᠠ ᠪᠠᠷ ᠪᠠᠷᠢᠮᠵᠢᠶ᠎ᠠ ᠪᠣᠯᠭᠠᠨ᠎ᠠ︶ ᠳᠤ ᠰᠤᠭᠤᠴᠢᠨ ᠬᠡᠮᠵᠢᠬᠦ ᠶᠢ ᠥᠷᠨᠢᠭᠦᠯᠵᠦ᠂ | ᠰᠤᠭᠤᠴᠢᠨ ᠬᠡᠮᠵᠢᠬᠦ ᠨᠣᠷᠮ᠎ᠠ ᠶᠢ 10% ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ ︵ᠲᠦᠷᠦᠭᠦᠯᠡᠬᠦ ᠰᠠᠯᠠᠭ᠎ᠠ | ᠮᠥᠴᠢᠷ᠄ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠠᠯᠠᠱᠠ ᠵᠡᠭᠦᠨ ᠬᠤᠰᠢᠭᠤᠨ ᠤ | ᠬᠤᠪᠢᠶᠠᠷᠢ ᠲᠣᠪᠴᠢᠶ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ | ᠤᠰᠤᠨ ᠤ ᠶᠠᠪᠤᠳᠠᠯ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ︶ | | 13. ᠲᠡᠷᠭᠡ ᠬᠡᠷᠡᠭᠯᠡᠵᠦ ᠪᠠᠶᠢᠭ᠎ᠠ ᠣᠷᠴᠢᠨ ᠲᠣᠭᠤᠷᠢᠨ ᠤ ᠬᠠᠮᠢᠶᠠᠷᠤᠯᠲᠠ ᠶᠢ ᠴᠢᠩᠭᠠᠳᠬᠠᠨ᠎ᠠ᠃ ᠬᠢᠷᠢ | ᠲᠡᠩᠴᠡᠬᠦ ᠦᠭᠡᠢ ᠮᠠᠰᠢᠨᠲᠤ ᠲᠡᠷᠭᠡ ᠶᠢ ᠪᠣᠷᠣᠯᠠᠭᠤᠯᠤᠨ ᠬᠤᠳᠠᠯᠳᠤᠬᠤ ᠪᠠ ᠮᠡᠳᠡᠭᠡ ᠵᠠᠩᠭᠢ ᠶᠢ ᠢᠯᠡ ᠪᠣᠯᠭᠠᠬᠤ | ᠱᠠᠭᠠᠷᠳᠠᠯᠭ᠎ᠠ ᠠᠴᠠ ᠵᠥᠷᠢᠴᠡᠭᠰᠡᠨ ᠥᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ᠠᠶᠢᠮᠠᠭ ᠤᠨ | ᠠᠮᠢ ᠠᠬᠤᠢ ᠶᠢᠨ ᠣᠷᠴᠢᠨ ᠲᠣᠭᠤᠷᠢᠨ ᠤ ᠬᠢᠨᠠᠨ ᠰᠢᠨᠵᠢᠵᠦ ᠬᠢᠨᠠᠨ ᠡᠵᠡᠮᠳᠡᠬᠦ ᠥᠷᠲᠡᠭᠡ ᠲᠠᠢ ᠬᠠᠮᠵᠢᠯᠴᠠᠨ ᠪᠣᠬᠢᠷᠲᠤᠯ | ᠶᠡᠬᠡᠲᠡᠢ ᠲᠡᠷᠭᠡ ᠬᠥᠰᠬᠡ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠤᠳᠠᠭ᠎ᠠ ᠶᠢ ᠰᠤᠭᠤᠴᠢᠨ ᠪᠠᠶᠢᠴᠠᠭᠠᠵᠤ᠂ | ᠨᠠᠮᠤᠷ ᠡᠪᠦᠯ ᠤᠨ ᠤᠯᠠᠷᠢᠯ ᠤᠨ ᠰᠤᠭᠤᠴᠢᠨ ᠪᠠᠶᠢᠴᠠᠭᠠᠬᠤ ᠴᠠᠶᠢᠶ᠋ᠢᠦᠵᠢ ᠲᠡᠷᠭᠡ ᠶᠢᠨ ᠲᠤᠭ᠎ᠠ ᠬᠡᠮᠵᠢᠶ᠎ᠡ ᠶᠢ | ᠴᠠᠶᠢᠶ᠋ᠢᠦᠵᠢ ᠲᠡᠷᠭᠡ ᠶᠢᠨ ᠪᠠᠶᠢᠬᠤ ᠬᠡᠮᠵᠢᠶ᠎ᠡ ᠶᠢᠨ 50% ᠡᠴᠠᠮᠠᠰᠢᠨᠲᠤ ᠲᠡᠷᠭᠡᠨ ᠤ ᠭᠠᠳᠠᠭᠰᠢᠯᠠᠭᠤᠯᠤᠯᠲᠠ ᠶᠢ | ᠪᠠᠶᠢᠴᠠᠭᠠᠨ ᠰᠢᠯᠭᠠᠬᠤ ᠪᠠ ᠠᠯᠪᠠᠳᠠᠯᠭ᠎ᠠ ᠪᠠᠷ ᠬᠠᠮᠠᠭᠠᠯᠠᠬᠤ ︵I/M︶ ᠶᠢᠨ ᠳᠦᠷᠢᠮ ᠢ ᠬᠡᠷᠡᠭᠵᠢᠭᠦᠯᠵᠦ᠂ M | ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠲᠡᠭᠦᠯᠳᠡᠷᠵᠢᠭᠦᠯᠵᠦ᠂ ᠪᠥᠬᠦ ᠬᠤᠰᠢᠭᠤᠨ ᠤ | ᠠᠯᠪᠠᠳᠠᠯᠭ᠎ᠠ ᠪᠠᠷ ᠰᠡᠯᠪᠢᠨ ᠵᠠᠰᠠᠬᠤ ᠬᠡᠷᠡᠭᠴᠡᠭᠡ ᠶᠢ ᠬᠠᠩᠭᠠᠨ᠎ᠠ᠃ ᠮᠠᠰᠢᠨᠲᠤ ᠲᠡᠷᠭᠡᠨ ᠤ ᠭᠠᠳᠠᠭᠰᠢᠯᠠᠭᠤᠯᠤᠯᠲᠠ ᠶᠢ | ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠵᠢᠨᠮᠠᠰᠢᠨ ᠲᠡᠷᠭᠡᠨ ᠳᠤ ᠬᠡᠷᠡᠭᠯᠡᠬᠦ ᠲᠣᠰᠣᠨ ᠤ | ᠵᠦᠢᠯ᠂ ᠰᠢᠭᠡᠰᠦᠯᠢᠭ ᠡᠳ᠋ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠭᠤᠷᠮᠠᠭ ᠮᠠᠭᠤ ᠴᠠᠶᠢᠶ᠋ᠢᠦ ᠲᠣᠰᠣ | ᠪᠠ ᠰᠢᠭᠡᠰᠦᠯᠢᠭ ᠡᠳ᠋ ᠢ ᠦᠢᠯᠡᠳᠪᠦᠷᠢᠯᠡᠵᠦ ᠪᠣᠷᠣᠯᠠᠭᠤᠯᠬᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ | ᠴᠢᠩᠭ᠎ᠠ ᠴᠣᠬᠢᠯᠲᠠ ᠥᠭᠭᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠠᠮᠢ ᠠᠬᠤᠢ ᠣᠷᠴᠢᠨ | ᠲᠣᠭᠤᠷᠢᠨ ᠤ ᠲᠣᠪᠴᠢᠶ᠎ᠠ ᠶᠢᠨ ᠠᠯᠠᠱᠠ ᠵᠡᠭᠦᠨ ᠬᠤᠰᠢᠭᠤᠨ ᠤ ᠬᠤᠪᠢᠶᠠᠷᠢ ᠲᠣᠪᠴᠢᠶ᠎ᠠ ᠶᠢᠨ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠬᠤᠲᠠ ᠶᠢᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ︶ | | 14. ᠬᠦᠨᠳᠦ ᠪᠣᠬᠢᠷᠲᠤᠯ ᠲᠠᠢ ᠴᠠᠭ ᠠᠭᠤᠷ ᠢ ᠢᠳᠡᠪᠬᠢᠲᠡᠢ ᠠᠷᠭᠠᠴᠠᠨ᠎ᠠ᠃ ᠬᠦᠨᠳᠦ ᠪᠣᠬᠢᠷᠲᠤᠯ ᠲᠠᠢ ᠴᠠᠭ | ᠠᠭᠤᠷ ᠤᠨ ᠭᠤᠣᠯᠳᠠᠯᠭ᠎ᠠ ᠲᠠᠢ ᠠᠵᠢᠯ ᠲᠦᠷᠦᠯ ᠤᠨ ᠠᠵᠢᠯ ᠤᠨ ᠠᠮᠵᠢᠯᠲᠠ ᠪᠦᠲᠦᠮᠵᠢ ᠶᠢᠨ ᠲᠡᠰ ᠬᠤᠪᠢᠶᠠᠬᠤ | ᠠᠵᠢᠯ ᠢ ᠲᠦᠯᠬᠢᠨ ᠠᠬᠢᠭᠤᠯᠵᠤ᠂ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠥᠯ ᠢ ᠬᠡᠷᠡᠭᠵᠢᠭᠦᠯᠬᠦ ᠶᠢ ᠴᠢᠩᠭᠠᠳᠬᠠᠵᠤ᠂ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ | ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠠᠮᠢ ᠠᠬᠤᠢ ᠣᠷᠴᠢᠨ | ᠲᠣᠭᠤᠷᠢᠨ ᠤ ᠲᠣᠪᠴᠢᠶ᠎ᠠ ᠶᠢᠨ ᠠᠯᠠᠱᠠ ᠵᠡᠭᠦᠨ ᠬᠤᠰᠢᠭᠤᠨ ᠤ ᠬᠤᠪᠢᠶᠠᠷᠢ ᠲᠣᠪᠴᠢᠶ᠎ᠠ᠂ ᠬᠠᠮᠵᠢᠯᠴᠠᠬᠤ ᠰᠠᠯᠠᠭ᠎ᠠ | ᠮᠥᠴᠢᠷ᠄ ᠬᠤᠰᠢᠭᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ᠂ ᠴᠠᠭ ᠠᠭᠤᠷ ᠤᠨ ᠲᠣᠪᠴᠢᠶ᠎ᠠ︶ | | ︵ᠬᠤᠶᠠᠷ︶ ᠴᠡᠩᠭᠡᠭ ᠤᠰᠤᠨ ᠤ ᠬᠠᠮᠠᠭᠠᠯᠠᠯᠲᠠ ᠶᠢᠨ ᠪᠠᠶᠢᠯᠳᠤᠭᠠᠨ ᠢ ᠭᠦᠨᠵᠡᠭᠡᠢ ᠰᠠᠶᠢᠲᠤᠷ ᠬᠢᠨ᠎ᠡ | | 1. ᠭᠠᠵᠠᠷ ᠤᠨ ᠭᠠᠳᠠᠷᠭᠤ ᠶᠢᠨ ᠤᠰᠤᠨ ᠤ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠦᠷᠭᠦᠯᠵᠢᠯᠡᠨ | ᠰᠠᠶᠢᠵᠢᠷᠠᠭᠤᠯᠤᠨ᠎ᠠ | | ︵1︶ ᠤᠰᠤᠨ ᠤ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠬᠢᠨᠠᠨ ᠬᠡᠮᠵᠢᠵᠦ ᠬᠢᠨᠠᠨ ᠬᠠᠮᠢᠶᠠᠷᠬᠤ ᠶᠢ | ᠴᠢᠩᠭᠠᠳᠬᠠᠨ᠎ᠠ᠃ ᠦᠶᠡᠷ ᠤᠨ ᠬᠤᠭᠤᠴᠠᠭᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠵᠤ | ᠦᠢᠯᠡᠳᠪᠦᠷᠢ ᠶᠢᠨ ᠲᠥᠪᠯᠡᠷᠡᠭᠰᠡᠨ ᠣᠷᠣᠨ᠂ ᠪᠣᠷᠣᠭᠠᠨ ᠤ ᠪᠣᠬᠢᠷᠲᠤᠯ ᠤᠨ ᠪᠢᠯᠬᠠᠨ ᠤᠷᠤᠰᠬᠤ ᠠᠮᠠᠰᠠᠷ᠂ ᠬᠠᠲᠠᠭᠤ | ᠪᠡᠶᠡᠲᠦ ᠬᠠᠶᠠᠭᠳᠠᠮᠠᠯ ᠪᠣᠳᠠᠰ ᠢ ᠣᠪᠣᠭᠠᠯᠠᠨ ᠲᠠᠯᠪᠢᠬᠤ ᠲᠠᠯᠠᠪᠠᠶ᠂ ᠦᠯᠡᠳᠡᠭᠳᠡᠯ ᠬᠦᠳᠡᠷ ᠤᠨ ᠬᠥᠮᠥᠷᠭᠡ ᠵᠡᠷᠭᠡ ᠭᠤᠣᠯ | ᠪᠣᠬᠢᠷᠲᠤᠯ ᠤᠨ ᠡᠬᠢ ᠰᠤᠷᠪᠤᠯᠵᠢ ᠳᠤ ᠴᠢᠭᠯᠡᠭᠦᠯᠦᠨ ᠦᠶᠡᠷ ᠠᠴᠠ ᠡᠮᠦᠨᠡᠬᠢ ᠠᠰᠠᠭᠤᠳᠠᠯ ᠢ ᠨᠠᠷᠢᠪᠴᠢᠯᠠᠨ | ᠪᠠᠶᠢᠴᠠᠭᠠᠵᠤ ᠴᠡᠭᠴᠡᠯᠡᠨ ᠵᠠᠰᠠᠬᠤ ᠶᠢ ᠥᠷᠨᠢᠭᠦᠯᠵᠦ᠂ ᠦᠶᠡᠷ ᠤᠨ ᠬᠤᠭᠤᠴᠠᠭᠠᠨ ᠤ ᠬᠠᠤᠯᠢ ᠲᠣᠭᠲᠠᠭᠠᠯ ᠢ ᠵᠥᠷᠢᠴᠡᠨ | ᠪᠣᠬᠢᠷᠲᠤᠯ ᠭᠠᠳᠠᠭᠰᠢᠯᠠᠭᠤᠯᠬᠤ ᠶᠢ ᠡᠷᠡᠰ ᠬᠤᠷᠢᠭᠯᠠᠬᠤ ᠬᠡᠷᠡᠭᠲᠡᠢ᠃ ᠪᠣᠷᠣᠭᠠᠨ ᠤ ᠤᠰᠤ ᠪᠠᠷ ᠪᠣᠬᠢᠷᠲᠤᠯ | ᠭᠠᠳᠠᠭᠰᠢᠯᠠᠭᠤᠯᠬᠤ᠂ ᠭᠤᠸ ᠰᠤᠪᠠᠭ ᠢᠶᠠᠷ ᠪᠣᠬᠢᠷᠲᠤᠯ ᠭᠠᠳᠠᠭᠰᠢᠯᠠᠭᠤᠯᠬᠤ᠂ ᠬᠤᠭᠤᠯᠠᠢ ᠲᠣᠣᠷ ᠢᠶᠠᠷ ᠪᠢᠯᠬᠠᠨ | ᠪᠣᠬᠢᠷᠲᠤᠯ ᠭᠠᠳᠠᠭᠰᠢᠯᠠᠭᠤᠯᠬᠤ ᠵᠡᠷᠭᠡ ᠲᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠵᠣᠷᠢᠭᠤᠳᠠ ᠶᠢᠨ | ᠪᠣᠬᠢᠷᠲᠤᠯ ᠠᠴᠠ ᠪᠣᠯᠵᠤ ᠤᠰᠤᠨ ᠤ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠢᠯᠡᠳᠲᠡ ᠪᠠᠭᠤᠷᠠᠭᠤᠯᠬᠤ ᠦᠭᠡᠢ | ᠪᠠᠶᠢᠬᠤ ᠶᠢ ᠦᠨᠡᠨᠬᠦ ᠪᠠᠲᠤᠯᠠᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠠᠮᠢ ᠠᠬᠤᠢ ᠣᠷᠴᠢᠨ | ᠲᠣᠭᠤᠷᠢᠨ ᠤ ᠲᠣᠪᠴᠢᠶ᠎ᠠ ᠶᠢᠨ ᠠᠯᠠᠱᠠ ᠵᠡᠭᠦᠨ ᠬᠤᠰᠢᠭᠤᠨ ᠤ ᠬᠤᠪᠢᠶᠠᠷᠢ ᠲᠣᠪᠴᠢᠶ᠎ᠠ᠂ ᠬᠤᠰᠢᠭᠤᠨ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠠᠮᠵᠢᠯᠴᠠᠬᠤ ᠰᠠᠯᠠᠭ᠎ᠠ ᠮᠥᠴᠢᠷ᠄ ᠬᠤᠰᠢᠭᠤᠨ ᠤᠰᠤᠨ ᠤ | ᠶᠠᠪᠤᠳᠠᠯ ᠤᠨ ᠲᠣᠪᠴᠢᠶ᠎ᠠ︶ | | ︵2︶ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠤᠨ᠎ᠠ᠃ ᠭᠤᠣᠯ ᠮᠥᠷᠡᠨ ᠨᠠᠭᠤᠷ ᠴᠥᠭᠦᠷᠥᠮ ᠤᠨ ︽ᠳᠦᠷᠪᠡᠨ ᠳᠤᠷ᠎ᠠ ᠪᠠᠷ ᠢᠶᠠᠨ ᠰᠠᠮᠠᠭᠤᠷᠠᠬᠤ︾ | ᠶᠢ ᠳᠦᠷᠢᠮᠵᠢᠭᠦᠯᠬᠦ᠂ ᠪᠠᠶᠢᠩᠭᠤᠵᠢᠭᠤᠯᠬᠤ ᠶᠢ ᠲᠦᠯᠬᠢᠨ ᠠᠬᠢᠭᠤᠯᠵᠤ᠂ ᠤᠰᠤᠨ ᠤ ᠡᠬᠢ ᠰᠤᠷᠪᠤᠯᠵᠢ ᠶᠢ | ᠬᠠᠳᠠᠭᠠᠯᠠᠬᠤ ᠣᠷᠣᠨ᠂ ᠤᠰᠤᠨ ᠣᠷᠣᠨ ᠤ ᠡᠷᠭᠢ ᠶᠢᠨ ᠱᠤᠭᠤᠮ ᠤᠨ ᠬᠠᠮᠠᠭᠠᠯᠠᠯᠲᠠ ᠶᠢᠨ ᠱᠠᠭᠠᠷᠳᠠᠯᠭ᠎ᠠ ᠳᠤ ᠦᠯᠦ | ᠨᠡᠶᠢᠴᠡᠬᠦ ᠬᠥᠮᠥᠨ ᠲᠥᠷᠥᠯᠬᠢᠲᠡᠨ ᠤ ᠠᠵᠢᠯᠯᠠᠭ᠎ᠠ ᠶᠢ ᠴᠡᠭᠴᠡᠯᠡᠨ ᠵᠠᠰᠠᠨ᠎ᠠ᠃ ᠭᠤᠣᠯ ᠮᠥᠷᠡᠨ ᠨᠠᠭᠤᠷ | ᠴᠥᠭᠦᠷᠥᠮ ᠤᠨ ᠠᠮᠢ ᠠᠬᠤᠢ ᠶᠢᠨ ᠨᠠᠮᠬᠠᠳᠬᠠᠬᠤ ᠪᠦᠰᠡ ᠶᠢ ᠬᠠᠮᠠᠭᠠᠯᠠᠨ ᠰᠡᠷᠭᠦᠭᠡᠬᠦ ᠠᠵᠢᠯ ᠢ ᠥᠷᠨᠢᠭᠦᠯᠵᠦ᠂ | ᠬᠠᠲᠠᠭᠤ ᠴᠢᠨᠠᠷᠲᠠᠢ ᠡᠷᠭᠢ ᠶᠢᠨ ᠱᠤᠭᠤᠮ ᠢ ᠠᠮᠢ ᠠᠬᠤᠶᠢᠵᠢᠭᠤᠯᠬᠤ ᠥᠭᠡᠷᠡᠴᠢᠯᠡᠯᠲᠡ ᠶᠢ ᠰᠢᠨᠵᠢᠯᠡᠬᠦ ᠤᠬᠠᠭᠠᠨᠴᠢ ᠪᠠᠷ | ᠬᠡᠷᠡᠭᠵᠢᠭᠦᠯᠵᠦ᠂ ᠡᠷᠭᠢ ᠶᠢᠨ ᠱᠤᠭᠤᠮ ᠤᠨ ᠠᠮᠢ ᠠᠬᠤᠢ ᠶᠢᠨ ᠴᠢᠳᠠᠮᠵᠢ ᠶᠢ ᠳᠡᠭᠡᠭᠰᠢᠯᠡᠭᠦᠯᠦᠨ᠎ᠡ᠃ 2022 ᠣᠨ ᠤ | ᠦᠵᠡᠰᠬᠦᠯᠡᠩᠲᠦ ᠰᠠᠶᠢᠬᠠᠨ ᠭᠤᠣᠯ ᠮᠥᠷᠡᠨ ᠨᠠᠭᠤᠷ ᠴᠥᠭᠦᠷᠥᠮ ᠤᠨ ᠰᠢᠯᠢᠳᠡᠭ ᠬᠡᠷᠡᠭ ᠤᠨ ᠵᠢᠱᠢᠶ᠎ᠡ ᠶᠢ ᠮᠡᠳᠡᠭᠦᠯᠬᠦ | ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃ ︵ᠲᠦᠷᠦᠭᠦᠯᠡᠬᠦ ᠰᠠᠯᠠᠭ᠎ᠠ ᠮᠥᠴᠢᠷ᠄ ᠬᠤᠰᠢᠭᠤᠨ ᠤᠰᠤᠨ ᠤ | ᠶᠠᠪᠤᠳᠠᠯ ᠤᠨ ᠲᠣᠪᠴᠢᠶ᠎ᠠ᠂ ᠬᠠᠮᠵᠢᠯᠴᠠᠬᠤ ᠰᠠᠯᠠᠭ᠎ᠠ ᠮᠥᠴᠢᠷ᠄ ᠬᠤᠰᠢᠭᠤᠨ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ | ᠬᠢᠭᠡᠳ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ | ᠲᠣᠪᠴᠢᠶ᠎ᠠ ᠶᠢᠨ ᠠᠯᠠᠱᠠ ᠵᠡᠭᠦᠨ ᠬᠤᠰᠢᠭᠤᠨ ᠤ ᠬᠤᠪᠢᠶᠠᠷᠢ ᠲᠣᠪᠴᠢᠶ᠎ᠠ︶ | | 2᠃ ᠭᠤᠣᠯᠳᠠᠯᠭ᠎ᠠ ᠲᠠᠢ ᠨᠠᠭᠤᠷ ᠴᠥᠭᠦᠷᠥᠮ ᠢ ᠬᠠᠮᠠᠭᠠᠯᠠᠨ ᠵᠠᠰᠠᠬᠤ ᠠᠵᠢᠯ ᠢ ᠪᠦᠭᠦ ᠬᠦᠴᠦᠨ ᠢᠶᠠᠷ | | ᠡᠳᠦᠷ ᠲᠤᠲᠤᠮ ᠤᠨ ᠬᠢᠨᠠᠯᠲᠠ ᠲᠠᠯᠪᠢᠵᠤ ᠪᠠᠶᠢᠴᠠᠭᠠᠬᠤ ᠲᠣᠭᠤᠷᠢᠨ ᠪᠠᠶᠢᠴᠠᠭᠠᠬᠤ ᠶᠢ ᠴᠢᠩᠭᠠᠳᠬᠠᠵᠤ᠂ | ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ | ᠭᠤᠣᠯᠳᠠᠯᠭ᠎ᠠ ᠲᠠᠢ ᠨᠠᠭᠤᠷ ᠴᠥᠭᠦᠷᠥᠮ ᠤᠨ ᠤᠰᠤᠨ ᠤ ᠬᠥᠭᠵᠢᠯᠲᠡ ᠶᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ | ᠬᠢᠵᠦ᠂ ᠭᠠᠵᠠᠷ ᠳᠡᠭᠡᠷᠡᠬᠢ ᠤᠰᠤᠨ ᠤ ᠢᠷᠡᠯᠲᠡ ᠶᠢᠨ ᠭᠠᠵᠠᠷ ᠵᠡᠷᠭᠡ ᠭᠤᠣᠯᠳᠠᠯᠭ᠎ᠠ ᠲᠠᠢ ᠨᠠᠭᠤᠷ ᠴᠥᠭᠦᠷᠥᠮ ᠤᠨ | ᠤᠰᠤᠨ ᠤ ᠬᠥᠭᠵᠢᠯᠲᠡ ᠶᠢ ᠬᠢᠨᠠᠨ ᠡᠵᠡᠮᠳᠡᠬᠦ ᠪᠠ ᠰᠡᠷᠭᠡᠶᠢᠯᠡᠨ ᠵᠠᠰᠠᠬᠤ ᠠᠵᠢᠯ ᠢ ᠦᠨᠡᠨᠬᠦ ᠰᠠᠶᠢᠲᠤᠷ ᠬᠢᠵᠦ᠂ | ᠪᠠᠶᠢᠳᠠᠯ ᠢ ᠰᠤᠳᠤᠯᠤᠨ ᠮᠠᠭᠠᠳᠯᠠᠬᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠨᠠᠭᠤᠷ | ᠴᠥᠭᠦᠷᠥᠮ ᠤᠨ ᠤᠰᠤᠨ ᠤ ᠠᠮᠢ ᠠᠬᠤᠢ ᠶᠢᠨ ᠡᠷᠡᠭᠦᠯ ᠮᠡᠨᠳᠦ ᠶᠢ ᠬᠠᠮᠠᠭᠠᠯᠠᠨ᠎ᠠ᠃ ︵ᠲᠦᠷᠦᠭᠦᠯᠡᠬᠦ ᠰᠠᠯᠠᠭ᠎ᠠ | ᠮᠥᠴᠢᠷ᠄ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠠᠯᠠᠱᠠ ᠵᠡᠭᠦᠨ ᠬᠤᠰᠢᠭᠤᠨ ᠤ | ᠬᠤᠪᠢᠶᠠᠷᠢ ᠲᠣᠪᠴᠢᠶ᠎ᠠ᠂ ᠬᠠᠮᠵᠢᠯᠴᠠᠬᠤ ᠰᠠᠯᠠᠭ᠎ᠠ ᠮᠥᠴᠢᠷ᠄ ᠬᠤᠰᠢᠭᠤᠨ ᠴᠠᠭ ᠠᠭᠤᠷ ᠤᠨ ᠲᠣᠪᠴᠢᠶ᠎ᠠ᠂ | ᠬᠤᠰᠢᠭᠤᠨ ᠤᠰᠤᠨ ᠤ ᠶᠠᠪᠤᠳᠠᠯ ᠤᠨ ᠲᠣᠪᠴᠢᠶ᠎ᠠ︶ | | 3.ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠬᠠᠮᠠᠭᠠᠯᠠᠯᠲᠠ ᠶᠢ ᠦᠷᠭᠦᠯᠵᠢᠯᠡᠨ | ᠴᠢᠩᠭᠠᠳᠬᠠᠨ᠎ᠠ | | ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠬᠢᠨᠠᠯᠲᠠᠪᠠᠷᠢᠮᠵᠢᠶᠠ ᠳᠤ ᠥᠯᠥ | ᠬᠦᠷᠬᠦ ᠤᠰᠤᠨ ᠤ ᠡᠬᠢ ᠰᠤᠷᠪᠤᠯᠵᠢ ᠶᠢ ᠪᠠᠷᠢᠮᠵᠢᠶ᠎ᠠ ᠳᠤ ᠬᠦᠷᠦᠭᠦᠯᠦᠨ ᠵᠠᠰᠠᠬᠤ ᠶᠢ ᠲᠦᠷᠭᠡᠳᠬᠡᠨ ᠠᠬᠢᠭᠤᠯᠵᠤ᠂ | ᠤᠰᠤ ᠬᠠᠩᠭᠠᠬᠤ ᠦᠢᠯᠡᠳᠪᠦᠷᠢ ᠳᠤ ᠵᠣᠬᠢᠬᠤ ᠰᠢᠢᠳᠪᠦᠷᠢᠯᠡᠬᠦ ᠪᠡᠯᠡᠳᠬᠡᠮᠵᠢ ᠤᠭᠰᠠᠷᠠᠬᠤ ᠪᠠᠷ ᠳᠠᠮᠵᠢᠭᠤᠯᠤᠨ᠂ | ᠪᠠᠷᠢᠮᠵᠢᠶ᠎ᠠ ᠳᠤ ᠬᠦᠷᠦᠭᠦᠯᠦᠨ ᠠᠵᠢᠯᠯᠠᠭᠤᠯᠵᠤ ᠪᠠᠲᠤᠯᠠᠬᠤ ᠶᠢ ᠴᠢᠩᠭᠠᠷᠠᠭᠤᠯᠤᠨ᠂ ᠤᠰᠤ ᠬᠠᠩᠭᠠᠬᠤ ᠤᠰᠤᠨ ᠤ | ᠴᠢᠨᠠᠷ ᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ᠬᠤᠰᠢᠭᠤ ᠰᠢᠶᠠᠨ ᠤ ᠱᠠᠲᠤᠨ | ᠠᠴᠠ ᠳᠡᠭᠡᠭᠰᠢᠬᠢ ᠤᠤᠭᠤᠬᠤ ᠤᠰᠤᠨ ᠤ ᠡᠬᠢ ᠰᠤᠷᠪᠤᠯᠵᠢ ᠶᠢᠨ ᠣᠷᠣᠨ ᠢᠶᠠᠷ ᠭᠤᠣᠯᠳᠠᠯᠭ᠎ᠠ ᠪᠣᠯᠭᠠᠵᠤ᠂ ᠤᠤᠭᠤᠬᠤ | ᠤᠰᠤᠨ ᠤ ᠡᠬᠢ ᠰᠤᠷᠪᠤᠯᠵᠢ ᠶᠢᠨ ᠣᠷᠣᠨ ᠤ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ ᠮᠡᠳᠡᠭᠡ | ᠵᠠᠩᠭᠢᠵᠢᠯᠲᠠ ᠶᠢᠨ ᠬᠢᠷᠢᠤᠤᠭᠤᠬᠤ ᠤᠰᠤᠨ ᠤ ᠤᠰᠤᠨ ᠰᠤᠷᠪᠤᠯᠵᠢ ᠶᠢᠨ ᠭᠠᠵᠠᠷ ᠤᠨ ᠵᠢᠷᠤᠮᠵᠢᠭᠰᠠᠨ | ᠪᠠᠶᠢᠭᠤᠯᠤᠯᠲᠠ ᠶᠢ ᠴᠢᠩᠭᠠᠳᠬᠠᠵᠤ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠂ ᠭᠠᠵᠠᠷ ᠳᠡᠭᠡᠷᠡᠬᠢ ᠤᠰᠤᠨ ᠤ ᠬᠡᠯᠪᠡᠷᠢ ᠶᠢᠨ | ᠤᠤᠭᠤᠬᠤ ᠤᠰᠤᠨ ᠤ ᠤᠰᠤᠨ ᠰᠤᠷᠪᠤᠯᠵᠢ ᠶᠢᠨ ᠭᠠᠵᠠᠷ ᠤᠨ ᠤᠷᠢᠳᠴᠢᠯᠠᠨ ᠰᠡᠷᠡᠮᠵᠢᠯᠡᠭᠦᠯᠵᠦ ᠬᠢᠨᠠᠨ ᠡᠵᠡᠮᠳᠡᠬᠦ | ᠴᠢᠳᠠᠪᠤᠷᠢ ᠶᠢᠨ ᠪᠠᠶᠢᠭᠤᠯᠤᠯᠲᠠ ᠶᠢ ᠤᠯᠠᠮ ᠴᠢᠩᠭᠠᠳᠬᠠᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠬᠤᠰᠢᠭᠤᠨ | ᠤᠰᠤᠨ ᠤ ᠶᠠᠪᠤᠳᠠᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ᠂ ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠠᠯᠠᠱᠠ | ᠵᠡᠭᠦᠨ ᠬᠤᠰᠢᠭᠤᠨ ᠤ ᠬᠤᠪᠢᠶᠠᠷᠢ ᠲᠣᠪᠴᠢᠶ᠎ᠠ᠂ ᠬᠠᠮᠵᠢᠯᠴᠠᠬᠤ ᠰᠠᠯᠠᠭ᠎ᠠ ᠮᠥᠴᠢᠷ᠄ ᠬᠤᠰᠢᠭᠤᠨ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠢᠨᠵᠢᠯᠡᠬᠦ ᠤᠬᠠᠭᠠᠨ ᠮᠡᠷᠭᠡᠵᠢᠯ | ᠬᠢᠭᠡᠳ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ︶ | | 4. ᠵᠠᠩᠭᠢᠯᠠᠭ᠎ᠠ ᠶᠢᠨ ᠬᠦᠷᠢᠶᠡᠨ ᠳᠠᠬᠢ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ | | ᠠᠮᠢᠳᠤᠷᠠᠯ ᠤᠨ ᠪᠣᠬᠢᠷ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤᠪᠣᠬᠢᠷ ᠤᠰᠤ ᠰᠢᠢᠳᠪᠦᠷᠢᠯᠡᠬᠦ | ᠦᠢᠯᠡᠳᠪᠦᠷᠢ ᠶᠢᠨ ᠪᠠᠷᠢᠮᠵᠢᠶ᠎ᠠ ᠳᠤ ᠬᠦᠷᠭᠡᠬᠦ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠪᠠᠷᠢᠮᠵᠢᠶ᠎ᠠ ᠠᠴᠠ | ᠬᠡᠲᠦᠷᠡᠭᠦᠯᠦᠨ ᠭᠠᠳᠠᠭᠰᠢᠯᠠᠭᠤᠯᠬᠤ᠂ ᠪᠢᠯᠬᠠᠨ ᠤᠷᠤᠰᠬᠠᠵᠤ ᠰᠢᠭᠤᠳ ᠭᠠᠳᠠᠭᠰᠢᠯᠠᠭᠤᠯᠬᠤ ᠵᠡᠷᠭᠡ ᠠᠰᠠᠭᠤᠳᠠᠯ ᠢ | ᠪᠠᠶᠢᠴᠠᠭᠠᠨ ᠰᠢᠢᠳᠪᠦᠷᠢᠯᠡᠬᠦ ᠡᠷᠴᠢᠮ ᠢ ᠴᠢᠩᠭᠠᠷᠠᠭᠤᠯᠤᠨ᠎ᠠ᠃ ᠬᠤᠲᠠ ᠶᠢᠨ ᠠᠮᠢᠳᠤᠷᠠᠯ ᠤᠨ ᠪᠣᠬᠢᠷ ᠤᠰᠤ ᠶᠢ | ᠬᠤᠷᠢᠶᠠᠨ ᠴᠤᠭᠯᠠᠭᠤᠯᠬᠤ᠂ ᠰᠢᠢᠳᠪᠦᠷᠢᠯᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠤᠲᠠ ᠶᠢᠨ | ᠪᠣᠷᠣᠭᠠᠨ ᠤ ᠪᠣᠬᠢᠷ ᠤᠰᠤ ᠶᠢ ᠰᠠᠯᠭᠠᠬᠤ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠶᠢ ᠲᠦᠷᠭᠡᠳᠬᠡᠨ | ᠠᠬᠢᠭᠤᠯᠵᠤ᠂ ᠥᠭᠡᠷᠡᠴᠢᠯᠡᠬᠦ ᠨᠥᠬᠦᠴᠡᠯ ᠢ ᠲᠦᠷ ᠪᠦᠷᠢᠯᠳᠦᠭᠦᠯᠦᠭᠡᠳᠦᠢ ᠪᠣᠯ ᠬᠤᠭᠤᠯᠠᠢ ᠶᠢᠨ ᠲᠣᠣᠷ ᠢ | ᠨᠡᠪᠲᠡᠷᠡᠭᠦᠯᠦᠨ ᠴᠡᠪᠡᠷᠯᠡᠵᠦ᠂ ᠪᠣᠷᠣᠭᠠᠨ ᠤ ᠪᠣᠬᠢᠷ ᠤᠰᠤ ᠶᠢ ᠲᠣᠬᠢᠷᠠᠭᠤᠯᠤᠨ ᠬᠠᠳᠠᠭᠠᠯᠠᠬᠤ ᠵᠢᠴᠢ ᠲᠦᠷ ᠴᠠᠭ ᠤᠨ | ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢ ᠪᠦᠲᠦᠭᠡᠨ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠪᠠᠷ | ᠳᠠᠮᠵᠢᠭᠤᠯᠤᠨ᠂ ᠪᠣᠷᠣᠭᠠᠨ ᠤ ᠪᠣᠬᠢᠷ ᠤᠰᠤ ᠶᠢᠨ ᠪᠢᠯᠬᠠᠨ ᠤᠷᠤᠰᠬᠤ ᠪᠣᠬᠢᠷᠲᠤᠯ ᠢ ᠪᠠᠭᠠᠰᠬᠠᠬᠤ ᠬᠡᠷᠡᠭᠲᠡᠢ᠃ ︵ | ᠲᠦᠷᠦᠭᠦᠯᠡᠬᠦ ᠰᠠᠯᠠᠭ᠎ᠠ ᠮᠥᠴᠢᠷ᠄ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ᠂ ᠬᠠᠮᠵᠢᠯᠴᠠᠬᠤ ᠰᠠᠯᠠᠭ᠎ᠠ ᠮᠥᠴᠢᠷ᠄ ᠠᠶᠢᠮᠠᠭ ᠤᠨ ᠠᠮᠢ ᠠᠬᠤᠢ ᠶᠢᠨ ᠣᠷᠴᠢᠨ | ᠲᠣᠭᠤᠷᠢᠨ ᠤ ᠲᠣᠪᠴᠢᠶ᠎ᠠ ᠶᠢᠨ ᠠᠯᠠᠱᠠ ᠵᠡᠭᠦᠨ ᠬᠤᠰᠢᠭᠤᠨ ᠤ ᠬᠤᠪᠢᠶᠠᠷᠢ ᠲᠣᠪᠴᠢᠶ᠎ᠠ︶ | | ︵1︶ ᠠᠵᠤ ᠦᠢᠯᠡᠳᠪᠦᠷᠢ ᠶᠢᠨ ᠬᠠᠶᠠᠭᠳᠠᠮᠠᠯ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ | ᠭᠦᠨᠵᠡᠭᠡᠶᠢᠷᠡᠭᠦᠯᠦᠨ᠎ᠡ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠶᠠᠭᠳᠠᠮᠠᠯ ᠤᠰᠤ ᠶᠢ | ᠲᠥᠪᠯᠡᠷᠡᠭᠦᠯᠦᠨ ᠰᠢᠢᠳᠪᠦᠷᠢᠯᠡᠬᠦ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠤᠯᠤᠰ ᠤᠨ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢ ᠨᠠᠷᠢᠪᠴᠢᠯᠠᠨ | ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠲᠠᠢ ᠤᠶᠠᠯᠳᠤᠭᠤᠯᠤᠨ᠂ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ︵ᠲᠥᠪᠯᠡᠷᠡᠭᠰᠡᠨ ᠲᠣᠭᠤᠷᠢᠭ︶ ᠤᠨ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ | ᠪᠡᠯᠡᠳᠬᠡᠮᠵᠢ ᠶᠢ ᠪᠠᠶᠢᠭᠤᠯᠬᠤ ᠶᠢᠨ ᠬᠠᠮᠲᠤ ᠪᠠᠷᠢᠮᠵᠢᠶ᠎ᠠ ᠳᠤ ᠬᠦᠷᠦᠭᠦᠯᠦᠨ ᠠᠵᠢᠯᠯᠠᠭᠤᠯᠬᠤ ᠶᠢ ᠠᠬᠢᠭᠤᠯᠵᠤ᠂ | ᠴᠠᠬᠢᠮ ᠢᠶᠠᠷ ᠠᠦ᠋ᠲ᠋ᠣ᠋ ᠬᠢᠨᠠᠨ ᠡᠵᠡᠮᠳᠡᠬᠦ ᠲᠣᠨᠣᠭᠯᠠᠯ ᠤᠨ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠤ ᠪᠠᠶᠢᠳᠠᠯ ᠢ | ᠪᠥᠬᠦ ᠲᠠᠯ᠎ᠠ ᠪᠠᠷ ᠬᠠᠷᠭᠤᠭᠤᠯᠤᠨ ᠪᠠᠶᠢᠴᠠᠭᠠᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷ | ᠤᠰᠤ ᠶᠢ ᠬᠤᠷᠢᠶᠠᠨ ᠴᠤᠭᠯᠠᠭᠤᠯᠬᠤ ᠬᠤᠭᠤᠯᠠᠢ ᠶᠢᠨ ᠲᠣᠣᠷ ᠢ ᠲᠡᠭᠦᠯᠳᠡᠷᠵᠢᠭᠦᠯᠦᠨ᠂ ᠬᠦᠷᠢᠶᠡᠯᠡᠩ ᠲᠣᠭᠤᠷᠢᠭ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠬᠢᠮᠢ ᠶᠢᠨ ᠠᠵᠤ ᠦᠢᠯᠡᠳᠪᠦᠷᠢ᠂ ᠬᠡᠦᠷᠰᠢᠭᠦᠯᠬᠦ᠂ ᠡᠮ ᠦᠢᠯᠡᠳᠬᠦ | ᠂ ᠬᠡᠪᠯᠡᠨ ᠪᠤᠳᠤᠬᠤ ᠵᠡᠷᠭᠡ ᠠᠵᠢᠯ ᠲᠦᠷᠦᠯ ᠤᠨ ᠭᠠᠳᠠᠭᠰᠢᠯᠠᠭᠤᠯᠤᠯᠲᠠ ᠶᠢ ᠪᠠᠷᠢᠮᠵᠢᠶ᠎ᠠ ᠳᠤ ᠬᠦᠷᠭᠡᠬᠦ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠴᠡᠪᠡᠷᠰᠢᠭᠦᠯᠦᠨ ᠥᠭᠡᠷᠡᠴᠢᠯᠡᠬᠦ ᠶᠢ | ᠲᠦᠯᠬᠢᠨ ᠠᠬᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠣᠬᠢᠷᠲᠤᠯ ᠦᠭᠡᠢ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠤᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠠᠮᠢ ᠠᠬᠤᠢ ᠣᠷᠴᠢᠨ | ᠲᠣᠭᠤᠷᠢᠨ ᠤ ᠲᠣᠪᠴᠢᠶ᠎ᠠ ᠶᠢᠨ ᠠᠯᠠᠱᠠ ᠵᠡᠭᠦᠨ ᠬᠤᠰᠢᠭᠤᠨ ᠤ ᠬᠤᠪᠢᠶᠠᠷᠢ ᠲᠣᠪᠴᠢᠶ᠎ᠠ᠂ ᠬᠤᠰᠢᠭᠤᠨ ᠤ ᠠᠵᠤ | ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ︶ | | ︵2︶ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠡᠮᠴᠢᠯᠡᠭᠡᠨ ᠤ ᠬᠠᠶᠠᠭᠳᠠᠮᠠᠯ ᠤᠰᠤᠨ ᠤ ᠬᠢᠨᠠᠯᠲᠠ | | ᠲᠣᠭᠤᠷᠢᠭ ᠤᠨ ᠡᠮᠴᠢᠯᠡᠭᠡᠨ ᠤ ᠪᠠᠶᠢᠭᠤᠯᠤᠮᠵᠢ ᠶᠢᠨ ᠪᠣᠬᠢᠷ ᠤᠰᠤ ᠶᠢ ᠰᠢᠢᠳᠪᠦᠷᠢᠯᠡᠬᠦ ᠲᠥᠬᠦᠭᠡᠷᠦᠮᠵᠢ ᠶᠢᠨ | ᠳᠤᠲᠠᠭᠤᠳᠠᠯ ᠢ ᠲᠦᠷᠭᠡᠨ ᠨᠥᠬᠦᠪᠦᠷᠢᠯᠡᠵᠦ᠂ ᠪᠣᠬᠢᠷᠲᠤᠯ ᠢ ᠵᠠᠰᠠᠬᠤ ᠴᠢᠳᠠᠪᠤᠷᠢ ᠶᠢ ᠤᠯᠠᠮ ᠳᠡᠭᠡᠭᠰᠢᠯᠡᠭᠦᠯᠬᠦ ᠲᠤᠬᠠᠢ | ᠮᠡᠳᠡᠭᠳᠡᠯ︾ ᠤᠨ ᠬᠤᠯᠪᠣᠭᠳᠠᠯ ᠪᠦᠬᠦᠢ ᠱᠠᠭᠠᠷᠳᠠᠯᠭ᠎ᠠ ᠳᠤ᠂ ᠬᠤᠰᠢᠭᠤᠨ ᠳᠣᠲᠣᠷᠠᠬᠢ ᠬᠠᠯᠳᠠᠪᠤᠷᠢᠲᠤ ᠡᠪᠡᠳᠴᠢᠨ ᠤ | ᠡᠮᠴᠢᠯᠡᠭᠡᠨ ᠤ ᠪᠠᠶᠢᠭᠤᠯᠤᠮᠵᠢ᠂ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠡᠮᠴᠢᠯᠡᠭᠡᠨ ᠤ | ᠪᠠᠶᠢᠭᠤᠯᠤᠮᠵᠢ ᠶᠢᠨ ᠪᠣᠬᠢᠷ ᠤᠰᠤ ᠶᠢ ᠰᠢᠢᠳᠪᠦᠷᠢᠯᠡᠬᠦ ᠠᠰᠠᠭᠤᠳᠠᠯ ᠳᠤ ᠲᠣᠭᠲᠠᠭᠰᠠᠨ ᠬᠤᠭᠤᠴᠠᠭᠠᠨ ᠤ ᠴᠡᠭᠴᠡᠯᠡᠨ | ᠰᠠᠶᠢᠵᠢᠷᠠᠭᠤᠯᠬᠤ ᠲᠥᠰᠥᠯ ᠲᠣᠭᠲᠠᠭᠠᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠶᠢ ᠰᠢᠪᠠᠳᠠᠨ ᠱᠠᠭᠠᠷᠳᠠᠨ᠎ᠠ᠃ | ᠡᠮᠴᠢᠯᠡᠭᠡᠨ ᠤ ᠪᠠᠶᠢᠭᠤᠯᠤᠮᠵᠢ ᠶᠢ ᠰᠢᠮᠳᠠᠭᠤᠯᠤᠨ ᠵᠢᠯᠤᠭᠤᠳᠴᠤ ᠪᠠᠶᠢᠭᠠᠳ ᠪᠣᠬᠢᠷ ᠤᠰᠤ ᠶᠢ ᠰᠢᠢᠳᠪᠦᠷᠢᠯᠡᠬᠦ | ᠪᠡᠯᠡᠳᠬᠡᠮᠵᠢ ᠶᠢᠨ ᠠᠵᠢᠯᠯᠠᠭᠠᠨ ᠤ ᠬᠠᠮᠠᠭᠠᠯᠠᠯᠲᠠ ᠶᠢ ᠴᠢᠩᠭᠠᠳᠬᠠᠵᠤ᠂ ᠪᠣᠬᠢᠷ ᠤᠰᠤ ᠶᠢ ᠰᠢᠢᠳᠪᠦᠷᠢᠯᠡᠬᠦ ᠵᠢᠴᠢ | ᠠᠷᠢᠭᠤᠳᠬᠠᠬᠤ ᠪᠡᠯᠡᠳᠬᠡᠮᠵᠢ ᠶᠢᠨ ᠠᠵᠢᠯᠯᠠᠭᠠᠨ ᠤ ᠬᠠᠮᠢᠶᠠᠷᠤᠯᠲᠠ ᠶᠢᠨ ᠡᠬᠡ ᠲᠠᠩᠰᠠ ᠶᠢ ᠪᠠᠶᠢᠭᠤᠯᠤᠨ | ᠪᠦᠷᠢᠨᠰᠢᠭᠦᠯᠦᠨ᠎ᠡ᠃ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠲᠣᠭᠲᠠᠴᠠ ᠶᠢ ᠪᠠᠶᠢᠭᠤᠯᠵᠤ᠂ ᠪᠠᠶᠢᠳᠠᠯ ᠢ ᠨᠢ | ᠦᠵᠡᠵᠦ ᠪᠠᠶᠢᠭᠠᠳ ᠡᠮᠴᠢᠯᠡᠭᠡᠨ ᠤ ᠬᠠᠶᠠᠭᠳᠠᠮᠠᠯ ᠤᠰᠤ ᠶᠢ ᠰᠢᠢᠳᠪᠦᠷᠢᠯᠡᠵᠦ ᠰᠢᠢᠳᠪᠦᠷᠢᠯᠡᠬᠦ ᠳᠤ ᠬᠠᠮᠲᠤᠷᠠᠨ | ᠬᠢᠨᠠᠯᠲᠠ ᠲᠠᠯᠪᠢᠵᠤ ᠪᠠᠶᠢᠴᠠᠭᠠᠬᠤ ᠶᠢ ᠥᠷᠨᠢᠭᠦᠯᠵᠦ᠂ ᠡᠮᠴᠢᠯᠡᠭᠡᠨ ᠤ ᠪᠠᠶᠢᠭᠤᠯᠤᠮᠵᠢ ᠶᠢᠨ ᠪᠣᠬᠢᠷ ᠤᠰᠤ ᠶᠢ | ᠴᠤᠭᠯᠠᠭᠤᠯᠬᠤ᠂ ᠰᠢᠢᠳᠪᠦᠷᠢᠯᠡᠬᠦ᠂ ᠭᠠᠳᠠᠭᠰᠢᠯᠠᠭᠤᠯᠬᠤ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ | ᠪᠡᠶᠡᠯᠡᠭᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠬᠤᠰᠢᠭᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠠᠯᠠᠱᠠ ᠵᠡᠭᠦᠨ ᠬᠤᠰᠢᠭᠤᠨ ᠤ | ᠬᠤᠪᠢᠶᠠᠷᠢ ᠲᠣᠪᠴᠢᠶ᠎ᠠ︶ | | ︵ᠭᠤᠷᠪᠠ︶ ᠴᠡᠪᠡᠷ ᠬᠥᠷᠥᠰᠥ ᠶᠢ ᠬᠠᠮᠠᠭᠠᠯᠠᠬᠤ ᠲᠡᠶᠢᠨ ᠢ ᠭᠦᠨᠵᠡᠭᠡᠢ ᠠᠬᠢᠭᠤᠯᠤᠨ᠎ᠠ | | 1᠃ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ | ᠠᠵᠢᠯᠯᠠᠭ᠎ᠠ ᠶᠢ ᠦᠷᠭᠦᠯᠵᠢᠯᠡᠨ ᠬᠡᠷᠠᠭᠵᠢᠭᠦᠯᠣᠨᠠ | | ︵1︶ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ | ᠪᠠ ᠠᠶᠤᠯᠭᠦᠢ ᠠᠰᠢᠭᠯᠠᠬᠤ ᠶᠢ ᠲᠦᠯᠬᠢᠨ ᠠᠬᠢᠭᠤᠯᠤᠨ᠎ᠠ᠃ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠥᠷᠥᠰᠥ | ᠰᠢᠷᠣᠢ ᠶᠢᠨ ᠺᠠᠳ᠋ᠮᠢ ᠵᠡᠷᠭᠡ ᠬᠦᠨᠳᠦ ᠲᠡᠮᠦᠷᠯᠢᠭ ᠤᠨ ᠪᠣᠬᠢᠷᠲᠤᠯ ᠤᠨ ᠡᠬᠢ ᠰᠤᠷᠪᠤᠯᠵᠢ ᠶᠢ ᠰᠡᠷᠭᠡᠶᠢᠯᠡᠨ ᠵᠠᠰᠠᠬᠤ | ᠠᠵᠢᠯᠯᠠᠭ᠎ᠠ ᠪᠠ ᠠᠭᠤᠷᠬᠠᠢ ᠶᠢᠨ ᠣᠷᠣᠨ ᠤ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠲᠠᠭᠤ ᠪᠡᠶᠡᠲᠦ ᠬᠠᠶᠠᠭᠳᠠᠮᠠᠯ | ᠪᠣᠳᠠᠰ ᠵᠡᠷᠭᠡ ᠬᠦᠨᠳᠦ ᠲᠡᠮᠦᠷᠯᠢᠭ ᠤᠨ ᠪᠣᠬᠢᠷᠲᠤᠯ ᠤᠨ ᠡᠬᠢ ᠰᠤᠷᠪᠤᠯᠵᠢ ᠶᠢᠨ ᠪᠠᠶᠢᠴᠠᠭᠠᠯᠲᠠ ᠶᠢ ᠥᠷᠨᠢᠭᠦᠯᠵᠦ᠂ | ᠪᠣᠬᠢᠷᠲᠤᠭᠳᠠᠭᠰᠠᠨ ᠲᠠᠷᠢᠶᠠᠨ ᠭᠠᠵᠠᠷ ᠤᠨ ᠬᠥᠷᠥᠰᠥ ᠰᠢᠷᠣᠢ ᠶᠢᠨ ᠪᠣᠬᠢᠷᠲᠤᠯ ᠤᠨ ᠪᠠᠶᠢᠳᠠᠯ ᠢ ᠨᠢᠭᠤᠴᠠᠯᠠᠨ | ᠪᠠᠶᠢᠴᠠᠭᠠᠬᠤ ᠶᠢ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ | ᠲᠣᠪᠴᠢᠶ᠎ᠠ ᠶᠢᠨ ᠠᠯᠠᠱᠠ ᠵᠡᠭᠦᠨ ᠬᠤᠰᠢᠭᠤᠨ ᠤ ᠬᠤᠪᠢᠶᠠᠷᠢ ᠲᠣᠪᠴᠢᠶ᠎ᠠ᠂ ᠬᠠᠮᠵᠢᠯᠴᠠᠬᠤ ᠰᠠᠯᠠᠭ᠎ᠠ ᠮᠥᠴᠢᠷ᠄ | ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ | ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ︶ | | ︵2︶ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠢ ᠶᠢᠨ ᠪᠣᠬᠢᠷᠲᠤᠯ ᠤᠨ | ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠳᠠᠯᠠᠨ᠎ᠠ᠃ ᠡᠩ ᠲᠡᠷᠢᠭᠦᠨ ᠳᠤ ᠬᠠᠮᠢᠶᠠᠷᠤᠨ ᠡᠵᠡᠮᠳᠡᠬᠦ ᠨᠡᠷᠡᠰ ᠤᠨ | ᠵᠢᠭᠰᠠᠭᠠᠯᠲᠠ ᠳᠤ ᠣᠷᠣᠭᠤᠯᠤᠭᠰᠠᠨ ᠪᠣᠬᠢᠷᠲᠤᠯ ᠲᠠᠢ ᠭᠠᠵᠠᠷ ᠢ ᠪᠠᠶᠢᠴᠠᠭᠠᠬᠤ ᠪᠠ ᠲᠦᠭᠰᠢᠭᠦᠷᠢ ᠶᠢ ᠬᠠᠮᠢᠶᠠᠷᠤᠨ | ᠡᠵᠡᠮᠳᠡᠬᠦ ᠶᠢ ᠪᠥᠬᠦ ᠲᠠᠯ᠎ᠠ ᠪᠠᠷ ᠴᠢᠩᠭᠠᠳᠬᠠᠵᠤ᠂ ᠬᠥᠷᠥᠰᠥ ᠰᠢᠷᠣᠢ ᠶᠢᠨ ᠪᠣᠬᠢᠷᠲᠤᠯ ᠤᠨ ᠭᠤᠣᠯᠳᠠᠯᠭ᠎ᠠ ᠲᠠᠢ ᠬᠢᠨᠠᠨ | ᠬᠠᠮᠢᠶᠠᠷᠬᠤ ᠨᠢᠭᠡᠴᠢ ᠶᠢᠨ ᠬᠥᠷᠥᠰᠥ ᠰᠢᠷᠣᠢ ᠪᠠ ᠭᠠᠵᠠᠷ ᠳᠣᠣᠷᠠᠬᠢ ᠤᠰᠤ ᠶᠢ ᠥᠪᠡᠰᠦᠪᠡᠨ ᠬᠢᠨᠠᠨ ᠬᠡᠮᠵᠢᠬᠦ ᠵᠢᠴᠢ | ᠳᠠᠯᠳᠠ ᠬᠡᠮ ᠢ ᠨᠠᠷᠢᠪᠴᠢᠯᠠᠨ ᠪᠠᠶᠢᠴᠠᠭᠠᠬᠤ ᠶᠢ ᠦᠷᠭᠦᠯᠵᠢᠯᠡᠨ ᠠᠬᠢᠭᠤᠯᠤᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ | ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠠᠯᠠᠱᠠ ᠵᠡᠭᠦᠨ ᠬᠤᠰᠢᠭᠤᠨ ᠤ ᠬᠤᠪᠢᠶᠠᠷᠢ | ᠲᠣᠪᠴᠢᠶ᠎ᠠ᠂ ᠬᠠᠮᠵᠢᠯᠴᠠᠬᠤ ᠰᠠᠯᠠᠭ᠎ᠠ ᠮᠥᠴᠢᠷ᠄ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︶ | | ︵3︶ ᠬᠦᠨᠳᠦ ᠲᠡᠮᠦᠷᠯᠢᠭ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠦᠷᠭᠦᠯᠵᠢᠯᠡᠨ | ᠴᠢᠩᠭᠠᠳᠬᠠᠨ᠎ᠠ᠃ ᠬᠦᠨᠳᠦ ᠲᠡᠮᠦᠷᠯᠢᠭ ᠲᠤ ᠬᠤᠯᠪᠣᠭᠳᠠᠬᠤ ᠭᠤᠣᠯᠳᠠᠯᠭ᠎ᠠ ᠲᠠᠢ ᠠᠵᠤ ᠠᠬᠤᠶᠢᠯᠠᠯ ᠢ ᠨᠠᠷᠢᠪᠴᠢᠯᠠᠨ | ᠪᠠᠶᠢᠴᠠᠭᠠᠵᠤ ᠴᠡᠭᠴᠡᠯᠡᠨ ᠵᠠᠰᠠᠬᠤ ᠶᠢ ᠭᠦᠨᠵᠡᠭᠡᠢ ᠠᠬᠢᠭᠤᠯᠵᠤ᠂ ᠭᠤᠣᠯᠳᠠᠯᠭ᠎ᠠ ᠲᠠᠢ ᠣᠷᠣᠨ ᠪᠦᠰᠡ ᠶᠢᠨ ᠬᠦᠨᠳᠦ | ᠲᠡᠮᠦᠷᠯᠢᠭ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠳᠤ | ᠵᠥᠪᠰᠢᠶᠡᠷᠡᠨ ᠣᠷᠣᠭᠤᠯᠬᠤ ᠶᠢ ᠴᠢᠩᠳᠠᠯᠠᠵᠤ᠂ ᠡᠬᠢ ᠪᠣᠬᠢᠷᠲᠤᠯ ᠤᠨ ᠦᠵᠦᠭᠦᠷ ᠢ ᠬᠠᠮᠢᠶᠠᠷᠤᠨᠬᠦ᠋ᠨᠳᠦ | ᠲᠡᠮᠦᠷᠯᠢᠭ ᠲᠤ ᠬᠤᠯᠪᠣᠭᠳᠠᠬᠤ ᠪᠦᠬᠦ ᠰᠢᠰᠲ᠋ᠧᠮ ᠤᠨ ᠭᠤᠣᠯᠳᠠᠯᠭ᠎ᠠ ᠲᠠᠢ ᠠᠵᠢᠯ ᠲᠦᠷᠦᠯ ᠤᠨ ᠠᠵᠤ ᠠᠬᠤᠶᠢᠯᠠᠯ ᠤᠨ | ᠲᠣᠳᠣᠷᠬᠠᠢ ᠬᠠᠭᠤᠳᠠᠰᠤ ᠶᠢ ᠬᠥᠳᠡᠯᠦᠩᠭᠦᠢ ᠪᠠᠷ ᠰᠢᠨᠡᠳᠬᠡᠵᠦ᠂ ᠨᠥᠬᠦᠪᠦᠷᠢᠯᠡᠨ ᠲᠡᠭᠦᠯᠳᠡᠷᠵᠢᠭᠦᠯᠵᠦ᠂ ᠬᠦᠨᠳᠦ | ᠲᠡᠮᠦᠷᠯᠢᠭ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠶᠢ ᠲᠦᠯᠬᠢᠨ ᠠᠬᠢᠭᠤᠯᠤᠨ᠎ᠠ᠃ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠦᠨᠳᠦ | ᠲᠡᠮᠦᠷᠯᠢᠭ ᠵᠡᠷᠭᠡ ᠬᠤᠣᠷ ᠬᠥᠨᠥᠭᠡᠯ ᠲᠠᠢ ᠪᠣᠳᠠᠰ ᠤᠨ ᠪᠠᠷᠢᠮᠵᠢᠶ᠎ᠠ ᠠᠴᠠ ᠬᠡᠲᠦᠷᠡᠭᠰᠡᠨ ᠪᠣᠷᠳᠣᠭᠤᠷ᠂ ᠲᠠᠷᠢᠶᠠᠨ ᠡᠮ᠂ | ᠬᠥᠷᠥᠰᠥ ᠰᠢᠷᠣᠢ ᠶᠢ ᠲᠣᠬᠢᠷᠠᠭᠤᠯᠬᠤ ᠡᠳ᠋ ᠵᠡᠷᠭᠡ ᠲᠠᠷᠢᠶᠠᠯᠠᠩ ᠳᠤ ᠣᠷᠣᠭᠤᠯᠬᠤ ᠡᠳ᠋ ᠢ ᠲᠠᠷᠢᠶᠠᠨ ᠭᠠᠵᠠᠷ ᠲᠤ | ᠣᠷᠣᠭᠤᠯᠬᠤ ᠶᠢ ᠴᠢᠩᠭ᠎ᠠ ᠴᠠᠭᠠᠵᠠᠯᠠᠵᠤ᠂ ᠪᠣᠬᠢᠷᠲᠤᠯ ᠢ ᠰᠢᠨ᠎ᠡ ᠪᠠᠷ ᠨᠡᠮᠡᠭᠳᠡᠭᠦᠯᠬᠦ ᠶᠢ ᠰᠡᠷᠭᠡᠶᠢᠯᠡᠨ᠎ᠡ᠃ ︵ | ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠠᠯᠠᠱᠠ | ᠵᠡᠭᠦᠨ ᠬᠤᠰᠢᠭᠤᠨ ᠤ ᠬᠤᠪᠢᠶᠠᠷᠢ ᠲᠣᠪᠴᠢᠶ᠎ᠠ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ | ᠬᠠᠮᠵᠢᠯᠴᠠᠬᠤ ᠰᠠᠯᠠᠭ᠎ᠠ ᠮᠥᠴᠢᠷ᠄ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠶᠡᠭᠡ ᠠᠩᠭᠢ︶ | | ︵4︶ ᠭᠠᠵᠠᠷ ᠳᠣᠣᠷᠠᠬᠢ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠨ᠎ᠠ᠃ ᠪᠥᠬᠦ | ᠬᠤᠰᠢᠭᠤᠨ ᠤ ᠭᠠᠵᠠᠷ ᠳᠣᠣᠷᠠᠬᠢ ᠤᠰᠤᠨ ᠤ ᠣᠷᠴᠢᠨ ᠲᠣᠭᠤᠷᠢᠨ ᠤ ᠪᠠᠶᠢᠳᠠᠯ ᠢ ᠪᠠᠶᠢᠴᠠᠭᠠᠨ ᠦᠨᠡᠯᠡᠬᠦ ᠶᠢ | ᠪᠡᠶᠡᠯᠡᠭᠦᠯᠵᠦ᠂ ᠭᠤᠣᠯᠳᠠᠯᠭ᠎ᠠ ᠲᠠᠢ ᠪᠣᠬᠢᠷᠲᠤᠯ ᠤᠨ ᠡᠬᠢ ᠰᠤᠷᠪᠤᠯᠵᠢ ᠶᠢᠨ ᠨᠠᠷᠢᠨᠭᠠᠵᠠᠷ ᠳᠣᠣᠷᠠᠬᠢ ᠤᠰᠤᠨ ᠤ | ᠬᠡᠯᠪᠡᠷᠢ ᠶᠢᠨ ᠤᠤᠭᠤᠬᠤ ᠤᠰᠤᠨ ᠤ ᠡᠬᠢ ᠰᠤᠷᠪᠤᠯᠵᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ | ᠴᠢᠩᠭᠠᠳᠬᠠᠵᠤ᠂ ᠡᠷᠬᠢᠨ ᠲᠣᠭᠤᠷᠢᠨ ᠤ ᠪᠣᠬᠢᠷᠲᠤᠯ ᠤᠨ ᠲᠠᠯᠳᠠ ᠭᠡᠮ ᠢ ᠳᠠᠷᠠᠭᠠᠯᠠᠨ ᠪᠠᠶᠢᠴᠠᠭᠠᠬᠤ ᠪᠠ ᠵᠠᠰᠠᠬᠤ | ᠠᠵᠢᠯ ᠢ ᠥᠷᠨᠢᠭᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ | ᠲᠣᠪᠴᠢᠶ᠎ᠠ ᠶᠢᠨ ᠠᠯᠠᠱᠠ ᠵᠡᠭᠦᠨ ᠬᠤᠰᠢᠭᠤᠨ ᠤ ᠬᠤᠪᠢᠶᠠᠷᠢ ᠲᠣᠪᠴᠢᠶ᠎ᠠ᠂ ᠡᠯ᠎ᠡ ᠰᠤᠮᠤ ᠪᠠᠯᠭᠠᠰᠤ ᠶᠢᠨ ᠠᠷᠠᠳ ᠤᠨ | ᠵᠠᠰᠠᠭ ᠤᠨ ᠣᠷᠳᠣᠨ᠂ ᠬᠤᠰᠢᠭᠤᠨ ᠤᠰᠤᠨ ᠤ ᠶᠠᠪᠤᠳᠠᠯ ᠤᠨ ᠲᠣᠪᠴᠢᠶ᠎ᠠ᠂ ᠬᠠᠮᠵᠢᠯᠴᠠᠬᠤ ᠰᠠᠯᠠᠭ᠎ᠠ ᠮᠥᠴᠢᠷ᠄ | ᠬᠤᠰᠢᠭᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︶ | | 2.ᠬᠥᠳᠡᠭᠡ ᠲᠣᠰᠬᠤᠨ ᠤ ᠠᠮᠢ ᠠᠬᠤᠢ ᠣᠷᠴᠢᠨ ᠠᠬᠤᠢ ᠶᠢᠨ ᠬᠠᠮᠠᠭᠠᠯᠠᠯᠲᠠ | | ︵5︶ ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠬᠢᠨᠠᠵᠤ | ᠵᠢᠯᠣᠭᠤᠳᠤᠨ᠎ᠠ᠃ ᠲᠠᠷᠢᠶᠠᠯᠠᠩ ᠤᠨ ︽ᠳᠥᠷᠪᠡ ᠶᠢ ᠬᠢᠵᠠᠭᠠᠷᠯᠠᠬᠤ︾ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ | ᠬᠡᠪᠴᠢᠶᠡᠵᠢᠭᠰᠡᠨ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠶᠢᠨ ᠪᠠᠭᠠᠰᠤᠨ ᠪᠣᠬᠢᠷᠲᠤᠯ ᠢ ᠬᠤᠷᠢᠶᠠᠨ ᠴᠤᠭᠯᠠᠭᠤᠯᠵᠤ | ᠬᠠᠳᠠᠭᠠᠯᠠᠬᠤ ᠢᠵᠢ ᠪᠦᠷᠢᠳᠦᠭᠦᠯᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠷᠢᠨᠰᠢᠭᠦᠯᠦᠨ᠎ᠡ᠃ ︽ᠠᠯᠠᠱᠠ | ᠵᠡᠭᠦᠨ ᠬᠤᠰᠢᠭᠤᠨ ᠤ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠶᠢᠨ ᠪᠣᠬᠢᠷᠲᠤᠯ ᠢ ᠰᠡᠷᠭᠡᠶᠢᠯᠡᠨ ᠵᠠᠰᠠᠬᠤ | ᠲᠥᠯᠦᠪᠵᠢᠭᠦᠯᠭᠡ︾ ᠶᠢ ᠨᠠᠶᠢᠷᠠᠭᠤᠯᠤᠨ ᠵᠣᠬᠢᠶᠠᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠬᠤᠰᠢᠭᠤᠨ ᠤ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠠᠮᠵᠢᠯᠴᠠᠬᠤ ᠰᠠᠯᠠᠭ᠎ᠠ ᠮᠥᠴᠢᠷ᠄ ᠠᠶᠢᠮᠠᠭ ᠤᠨ ᠠᠮᠢ ᠠᠬᠤᠢ ᠶᠢᠨ | ᠣᠷᠴᠢᠨ ᠲᠣᠭᠤᠷᠢᠨ ᠤ ᠲᠣᠪᠴᠢᠶ᠎ᠠ ᠶᠢᠨ ᠠᠯᠠᠱᠠ ᠵᠡᠭᠦᠨ ᠬᠤᠰᠢᠭᠤᠨ ᠤ ᠬᠤᠪᠢᠶᠠᠷᠢ ᠲᠣᠪᠴᠢᠶ᠎ᠠ᠂ ᠲᠠᠷᠢᠶᠠᠯᠠᠩ ᠮᠠᠯ | ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ︶ | | ︵6︶ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠲᠥᠯᠦᠪᠵᠢᠭᠦᠯᠭᠡ ᠶᠢ | ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢᠨ | ᠠᠵᠢᠯᠯᠠᠭᠠᠨ ᠢ ᠬᠠᠮᠠᠭᠠᠯᠠᠬᠤ ᠬᠠᠮᠢᠶᠠᠷᠤᠯᠲᠠ ᠶᠢᠨ ᠠᠷᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠠᠯᠠᠱᠠ ᠵᠡᠭᠦᠨ | ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠲᠥᠯᠦᠪᠵᠢᠭᠦᠯᠭᠡ ᠪᠤᠶᠤ | ᠲᠥᠰᠥᠯ ᠢ ᠨᠠᠶᠢᠷᠠᠭᠤᠯᠤᠨ ᠵᠣᠬᠢᠶᠠᠬᠤ ᠠᠵᠢᠯ ᠢ ᠥᠷᠨᠢᠭᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ | ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠠᠯᠠᠱᠠ ᠵᠡᠭᠦᠨ ᠬᠤᠰᠢᠭᠤᠨ ᠤ ᠬᠤᠪᠢᠶᠠᠷᠢ ᠲᠣᠪᠴᠢᠶ᠎ᠠ᠂ | ᠬᠠᠮᠵᠢᠯᠴᠠᠬᠤ ᠰᠠᠯᠠᠭ᠎ᠠ ᠮᠥᠴᠢᠷ᠄ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ︽ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠦᠪᠵᠢᠭᠦᠯᠭᠡ ᠶᠢᠨ ᠬᠤᠭᠤᠴᠠᠭᠠᠨ ᠳᠠᠬᠢ 12 ᠵᠠᠰᠠᠭ ᠵᠠᠬᠢᠷᠭᠠᠨ ᠤ ᠲᠣᠰᠬᠤᠨ ᠤ ᠠᠮᠢᠳᠤᠷᠠᠯ ᠤᠨ ᠪᠣᠬᠢᠷ | ᠤᠰᠤ ᠶᠢ ᠵᠠᠰᠠᠬᠤ ᠡᠭᠦᠷᠭᠡ ᠶᠢ ᠡᠮᠬᠢ ᠵᠢᠷᠤᠮ ᠲᠠᠢ ᠥᠷᠨᠢᠭᠦᠯᠵᠦ᠂ ᠵᠢᠯ ᠤᠨ ᠳᠣᠲᠣᠷ᠎ᠠ 3 ᠵᠠᠰᠠᠭ ᠵᠠᠬᠢᠷᠭᠠᠨ ᠤ | ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠠᠵᠢᠯ ᠢ ᠪᠡᠶᠡᠯᠡᠭᠦᠯᠦᠨ᠎ᠡ᠃ ︵ᠲᠦᠷᠦᠭᠦᠯᠡᠬᠦ ᠰᠠᠯᠠᠭ᠎ᠠ | ᠮᠥᠴᠢᠷ᠄ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠠᠮᠵᠢᠯᠴᠠᠬᠤ ᠰᠠᠯᠠᠭ᠎ᠠ ᠮᠥᠴᠢᠷ | ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ︶ | | ︵7︶ ᠮᠠᠯᠵᠢᠬᠤ ᠲᠠᠷᠢᠶᠠᠯᠠᠬᠤ ᠣᠷᠣᠨ ᠤ ᠪᠣᠬᠢᠷ ᠦᠮᠡᠬᠡᠢ ᠤᠰᠤᠨ ᠴᠣᠭᠴᠠ ᠶᠢ ᠨᠠᠷᠢᠪᠴᠢᠯᠠᠨ | ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠠᠬᠢᠭᠤᠯᠤᠨ᠎ᠠ᠃ ᠡᠯ᠎ᠡ ᠰᠤᠮᠤ ᠪᠠᠯᠭᠠᠰᠤ ᠪᠠᠷ ᠨᠠᠷᠢᠪᠴᠢᠯᠠᠨ ᠪᠠᠶᠢᠴᠠᠭᠠᠬᠤ | ᠭᠤᠣᠯ ᠴᠣᠭᠴᠠ ᠪᠣᠯᠭᠠᠵᠤ᠂ ᠰᠠᠭᠤᠷᠢ ᠲᠤᠭ᠎ᠠ ᠶᠢ ᠪᠥᠬᠦ ᠲᠠᠯ᠎ᠠ ᠪᠠᠷ ᠣᠶᠢᠯᠠᠭᠠᠨ᠂ ᠵᠠᠰᠠᠬᠤ ᠡᠬᠡ ᠲᠠᠩᠰᠠ | ᠪᠠᠶᠢᠭᠤᠯᠵᠤ᠂ ᠵᠠᠰᠠᠬᠤ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠲᠣᠳᠣᠷᠬᠠᠶᠢᠯᠠᠬᠤ ᠬᠡᠷᠡᠭᠲᠡᠢ᠃ ︵ᠲᠦᠷᠦᠭᠦᠯᠡᠬᠦ | ᠰᠠᠯᠠᠭ᠎ᠠ ᠮᠥᠴᠢᠷ᠄ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠠᠮᠢ ᠠᠬᠤᠢ ᠶᠢᠨ | ᠣᠷᠴᠢᠨ ᠲᠣᠭᠤᠷᠢᠨ ᠤ ᠲᠣᠪᠴᠢᠶ᠎ᠠ ᠶᠢᠨ ᠠᠯᠠᠱᠠ ᠵᠡᠭᠦᠨ ᠬᠤᠰᠢᠭᠤᠨ ᠤ ᠬᠤᠪᠢᠶᠠᠷᠢ ᠲᠣᠪᠴᠢᠶ᠎ᠠ᠂ ᠬᠠᠮᠵᠢᠯᠴᠠᠬᠤ | ᠰᠠᠯᠠᠭ᠎ᠠ ᠮᠥᠴᠢᠷ᠄ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ︶ | | 3.ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠨ᠎ᠠ | | ︵8︶ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ | ᠴᠢᠩᠭᠠᠳᠬᠠᠨ᠎ᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠠᠭᠤ ᠪᠡᠶᠡᠲᠦ ᠬᠠᠶᠠᠭᠳᠠᠮᠠᠯ | ᠪᠣᠳᠠᠰ ᠤᠨ ᠣᠷᠴᠢᠨ ᠠᠬᠤᠢ ᠶᠢ ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ ᠬᠠᠤᠯᠢ︾ ᠶᠢ ᠭᠦᠨᠵᠡᠭᠡᠢ ᠤᠬᠠᠭᠤᠯᠤᠨ | ᠲᠤᠤᠱᠯᠠᠭᠤᠯᠤᠨ᠎ᠠ᠃ ᠬᠠᠶᠠᠭᠳᠠᠮᠠᠯ ᠪᠣᠳᠠᠰ ᠦᠢᠯᠡᠳᠪᠦᠷᠢᠯᠡᠬᠦ ᠨᠢᠭᠡᠴᠢ ᠶᠢᠨ ᠬᠠᠮᠢᠶᠠᠷᠤᠯᠲᠠ ᠶᠢᠨ ᠳᠦᠷᠢᠮ ᠪᠠ ᠡᠬᠡ | ᠲᠠᠩᠰᠠ ᠶᠢ ᠪᠠᠶᠢᠭᠤᠯᠤᠨ ᠲᠡᠭᠦᠯᠳᠡᠷᠵᠢᠭᠦᠯᠬᠦ ᠶᠢ ᠲᠦᠯᠬᠢᠨ ᠠᠬᠢᠭᠤᠯᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ | ᠰᠢᠰᠲ᠋ᠧᠮ ᠤᠨ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠠᠲᠠᠭᠤ ᠪᠡᠶᠡᠲᠦ ᠬᠠᠶᠠᠭᠳᠠᠮᠠᠯ | ᠪᠣᠳᠠᠰ ᠢ ᠨᠡᠬᠡᠮᠵᠢᠯᠡᠵᠦ ᠪᠣᠯᠬᠤ᠂ ᠪᠠᠶᠢᠴᠠᠭᠠᠨ ᠯᠠᠪᠯᠠᠵᠤ ᠪᠣᠯᠬᠤ ᠶᠢ ᠦᠨᠡᠨ ᠬᠦ ᠪᠠᠲᠤᠯᠠᠨ᠎ᠠ᠃ ᠬᠠᠲᠤᠨ ᠭᠤᠣᠯ ᠤᠨ | ᠰᠠᠪᠠ ᠭᠠᠵᠠᠷ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢᠨ | ᠬᠡᠮ ᠰᠣᠭᠤᠭ ᠢ ᠨᠠᠷᠢᠪᠴᠢᠯᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠦᠷᠭᠦᠯᠵᠢᠯᠡᠨ ᠥᠷᠨᠢᠭᠦᠯᠵᠦ᠂ ᠬᠠᠲᠤᠨ | ᠭᠤᠣᠯ ᠤᠨ ᠰᠠᠪᠠ ᠭᠠᠵᠠᠷ ᠤᠨ ︽︿ᠬᠠᠶᠠᠭᠳᠠᠮᠠᠯ ᠪᠣᠳᠠᠰ ᠢ ᠠᠷᠢᠯᠭᠠᠬᠤ ᠠᠵᠢᠯᠯᠠᠭ᠎ᠠ﹀ ᠶᠢᠨ ᠡᠷᠬᠢᠨ ᠬᠠᠷᠠᠬᠤ︾ ᠶᠢ | ᠵᠣᠬᠢᠶᠠᠨ ᠪᠠᠶᠢᠭᠤᠯᠤᠨ ᠥᠷᠨᠢᠭᠦᠯᠵᠦ᠂ ᠬᠠᠲᠤᠨ ᠭᠤᠣᠯ ᠤᠨ ᠭᠤᠣᠯ ᠤᠷᠤᠰᠬᠠᠯ ᠪᠠ ᠭᠤᠣᠯ ᠰᠠᠯᠪᠤᠷᠢ | ᠤᠷᠤᠰᠬᠠᠯ ᠤᠨ 3 ᠺᠢᠯᠣᠮᠧᠲᠷ ᠤᠨ ᠬᠡᠪᠴᠢᠶᠡᠨ ᠳᠣᠲᠣᠷᠠᠬᠢ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ | ᠲᠣᠭᠤᠷᠢᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠨᠠᠷᠢᠪᠴᠢᠯᠠᠨ ᠪᠠᠶᠢᠴᠠᠭᠠᠵᠤ ᠴᠡᠭᠴᠡᠯᠡᠨ ᠵᠠᠰᠠᠬᠤ ᠪᠠ | ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠶᠢ ᠲᠦᠷᠭᠡᠳᠬᠡᠨ ᠠᠬᠢᠭᠤᠯᠤᠨ᠎ᠠ᠃ ︵ | ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠠᠯᠠᠱᠠ | ᠵᠡᠭᠦᠨ ᠬᠤᠰᠢᠭᠤᠨ ᠤ ᠬᠤᠪᠢᠶᠠᠷᠢ ᠲᠣᠪᠴᠢᠶ᠎ᠠ᠂ ᠬᠠᠮᠵᠢᠯᠴᠠᠬᠤ ᠰᠠᠯᠠᠭ᠎ᠠ ᠮᠥᠴᠢᠷ᠄ ᠬᠤᠰᠢᠭᠤᠨ ᠠᠵᠤ ᠦᠢᠯᠡᠳᠪᠦᠷᠢ | ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ | ᠤᠰᠤᠨ ᠤ ᠶᠠᠪᠤᠳᠠᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠶᠡᠭᠡ ᠠᠩᠭᠢ︶ | | ︵9︶ ︽ᠬᠠᠶᠠᠭᠳᠠᠮᠠᠯ ᠪᠣᠳᠠᠰ ᠦᠭᠡᠢ ᠬᠤᠳᠠ︾ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ | ᠠᠬᠢᠭᠤᠯᠤᠨ᠎ᠠ᠃ ᠪᠤᠭᠤᠲᠤ ᠬᠤᠲᠠ ᠶᠢᠨ ︽ᠬᠠᠶᠠᠭᠳᠠᠮᠠᠯ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ | ᠲᠤᠷᠰᠢᠯᠭ᠎ᠠ ᠶᠢ ᠢᠳᠡᠪᠬᠢᠲᠡᠢ ᠪᠠᠷ ᠳᠡᠯᠭᠡᠷᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠪᠣᠬᠢᠷᠲᠤᠯ ᠢ | ᠰᠡᠷᠭᠡᠶᠢᠯᠡᠨ ᠵᠠᠰᠠᠬᠤ ᠪᠡᠯᠡ ᠮᠥᠩᠭᠦ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠂ ᠬᠠᠲᠠᠭᠤ ᠪᠡᠶᠡᠲᠦ | ᠬᠠᠶᠠᠭᠳᠠᠮᠠᠯ ᠪᠣᠳᠠᠰ ᠤᠨ ᠡᠬᠢ ᠰᠤᠷᠪᠤᠯᠵᠢ ᠠᠴᠠ ᠬᠡᠮᠵᠢᠶ᠎ᠡ ᠶᠢ ᠪᠠᠭᠠᠰᠬᠠᠬᠤ ᠪᠠ ᠡᠬᠢ ᠪᠠᠶᠠᠯᠢᠭᠵᠢᠭᠤᠯᠤᠨ | ᠠᠰᠢᠭᠯᠠᠬᠤ ᠶᠢ ᠦᠷᠭᠦᠯᠵᠢᠯᠡᠨ ᠠᠬᠢᠭᠤᠯᠤᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠠᠮᠢ ᠠᠬᠤᠢ | ᠣᠷᠴᠢᠨ ᠲᠣᠭᠤᠷᠢᠨ ᠤ ᠲᠣᠪᠴᠢᠶ᠎ᠠ ᠶᠢᠨ ᠠᠯᠠᠱᠠ ᠵᠡᠭᠦᠨ ᠬᠤᠰᠢᠭᠤᠨ ᠤ ᠬᠤᠪᠢᠶᠠᠷᠢ ᠲᠣᠪᠴᠢᠶ᠎ᠠ᠂ ᠬᠠᠮᠵᠢᠯᠴᠠᠬᠤ | ᠰᠠᠯᠠᠭ᠎ᠠ ᠮᠥᠴᠢᠷ᠄ ᠬᠤᠰᠢᠭᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ | ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠰᠣᠶᠣᠯ ᠵᠢᠭᠤᠯᠴᠢᠯᠠᠯ ᠤᠨ ᠲᠣᠪᠴᠢᠶ᠎ᠠ︶ | | ︵10︶ ᠬᠠᠷᠢ ᠶᠢᠨ ᠬᠤᠭ ᠨᠣᠪᠰᠢ ᠶᠢ ᠬᠢᠯᠢ ᠪᠠᠷ ᠣᠷᠣᠭᠤᠯᠬᠤ ᠶᠢ ᠬᠤᠷᠢᠭᠯᠠᠬᠤ ᠠᠵᠢᠯ ᠤᠨ ᠦᠷ᠎ᠡ | ᠪᠦᠲᠦᠮᠵᠢ ᠶᠢ ᠪᠠᠬᠢᠵᠢᠭᠦᠯᠦᠨ᠎ᠡ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠬᠠᠤᠯᠢ ᠪᠤᠰᠤ ᠪᠠᠷ ᠭᠠᠳᠠᠭᠠᠳᠤ ᠠᠴᠠ | ᠣᠷᠣᠭᠤᠯᠬᠤ ᠳᠤ ᠴᠢᠭᠯᠡᠭᠦᠯᠦᠨ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠨᠢᠭᠤᠴᠠ ᠪᠠᠷ ᠠᠷᠠᠯᠵᠢᠶᠠᠯᠠᠬᠤ ᠳᠤ | ᠴᠣᠬᠢᠯᠲᠠ ᠥᠭᠬᠦ ᠣᠷᠴᠢᠨ ᠠᠬᠤᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ︵ᠲᠦᠷᠦᠭᠦᠯᠡᠬᠦ ᠰᠠᠯᠠᠭ᠎ᠠ | ᠮᠥᠴᠢᠷ᠄ ᠥᠯᠵᠡᠢ ᠪᠣᠭᠤᠮᠲᠠ ᠶᠢᠨ ᠠᠯᠪᠠᠨ ᠭᠡᠷ᠂ ᠬᠠᠮᠵᠢᠯᠴᠠᠬᠤ ᠰᠠᠯᠠᠭ᠎ᠠ ᠮᠥᠴᠢᠷ᠄ ᠬᠤᠰᠢᠭᠤᠨ ᠤ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ | ᠠᠯᠠᠱᠠ ᠵᠡᠭᠦᠨ ᠬᠤᠰᠢᠭᠤᠨ ᠤ ᠬᠤᠪᠢᠶᠠᠷᠢ ᠲᠣᠪᠴᠢᠶ᠎ᠠ᠂ ᠬᠤᠰᠢᠭᠤᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︶ | | ︵11︶ ᠰᠦᠯᠢᠶᠥᠦ ᠶᠢᠨ ᠪᠣᠬᠢᠷᠲᠤᠯ ᠢ ᠵᠠᠰᠠᠬᠤ ᠠᠵᠢᠯ ᠢ ᠴᠢᠩᠭᠠᠳᠬᠠᠨ᠎ᠠ᠃ 2022 ᠣᠨ ᠤ | ᠰᠦᠯᠢᠶᠥᠦ ᠶᠢᠨ ᠪᠣᠬᠢᠷᠲᠤᠯ ᠢ ᠵᠠᠰᠠᠬᠤ ᠬᠠᠮᠲᠤᠷᠠᠭᠰᠠᠨ ᠲᠤᠰᠬᠠᠢ ᠠᠵᠢᠯᠯᠠᠭ᠎ᠠ ᠶᠢ ᠥᠷᠨᠢᠭᠦᠯᠦᠨ᠎ᠡ᠃ ᠬᠠᠶᠠᠭᠳᠠᠮᠠᠯ | ᠰᠦᠯᠢᠶᠥᠦ ᠶᠢ ᠳᠠᠬᠢᠨ ᠠᠰᠢᠭᠯᠠᠬᠤ ᠠᠵᠤ ᠠᠬᠤᠶᠢᠯᠠᠯ᠂ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ | ᠪᠣᠳᠠᠰ ᠢ ᠬᠤᠷᠢᠶᠠᠨ ᠠᠪᠴᠤ ᠰᠢᠢᠳᠪᠦᠷᠢᠯᠡᠬᠦ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠬᠠᠶᠠᠭᠳᠠᠮᠠᠯ ᠰᠦᠯᠢᠶᠥᠦ ᠶᠢ ᠦᠢᠯᠡᠳᠪᠦᠷᠢᠯᠡᠵᠦ ᠡᠳ᠋ᠰᠢᠭᠦᠯᠬᠦ ᠠᠵᠤ ᠠᠬᠤᠶᠢᠯᠠᠯ ᠤᠨ ᠬᠠᠤᠯᠢ ᠠᠴᠠ ᠵᠥᠷᠢᠴᠡᠨ | ᠪᠣᠬᠢᠷᠲᠤᠯ ᠭᠠᠳᠠᠭᠰᠢᠯᠠᠭᠤᠯᠬᠤ ᠠᠰᠠᠭᠤᠳᠠᠯ ᠤᠨ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠬᠤ ᠪᠠ | ᠰᠦᠯᠢᠶᠥᠦ ᠶᠢᠨ ᠪᠣᠬᠢᠷᠲᠤᠯ ᠢ ᠵᠠᠰᠠᠬᠤ ᠠᠵᠢᠯ ᠤᠨ ᠦᠷ᠎ᠡ ᠪᠦᠲᠦᠮᠵᠢ ᠵᠢᠴᠢ ᠨᠡᠶᠢᠲᠡᠯᠢᠭ ᠲᠤᠷᠰᠢᠯᠭ᠎ᠠ ᠶᠢ | ᠤᠬᠠᠭᠤᠯᠤᠨ ᠮᠡᠳᠡᠭᠡᠯᠡᠬᠦ ᠶᠢ ᠴᠢᠩᠭᠠᠷᠠᠭᠤᠯᠤᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠬᠤᠰᠢᠭᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠠᠮᠵᠢᠯᠴᠠᠬᠤ ᠰᠠᠯᠠᠭ᠎ᠠ ᠮᠥᠴᠢᠷ᠄ ᠬᠤᠰᠢᠭᠤᠨ ᠨᠠᠮ ᠤᠨ | ᠬᠤᠷᠢᠶ᠎ᠠ ᠶᠢᠨ ᠤᠬᠠᠭᠤᠯᠬᠤ ᠬᠡᠯᠲᠡᠰ᠂ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠠᠷᠢᠶᠠᠯᠠᠩ | ᠮᠠᠯ ᠠᠵᠤ ᠠᠬᠤᠢ ᠶᠢᠨ ᠲᠣᠪᠴᠢᠶ᠎ᠠ᠂ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠠᠯᠠᠱᠠ | ᠵᠡᠭᠦᠨ ᠬᠤᠰᠢᠭᠤᠨ ᠤ ᠬᠤᠪᠢᠶᠠᠷᠢ ᠲᠣᠪᠴᠢᠶ᠎ᠠ︶ | | ︵12︶ ᠦᠯᠡᠳᠡᠭᠳᠡᠯ ᠬᠦᠳᠡᠷ ᠤᠨ ᠬᠥᠮᠥᠷᠭᠡ ᠶᠢᠨ ᠪᠣᠬᠢᠷᠲᠤᠯ ᠢ ᠵᠠᠰᠠᠬᠤ ᠠᠵᠢᠯ ᠢ ᠥᠷᠨᠢᠭᠦᠯᠦᠨ᠎ᠡ᠃ | ᠦᠯᠡᠳᠡᠭᠳᠡᠯ ᠬᠦᠳᠡᠷ ᠤᠨ ᠬᠥᠮᠥᠷᠭᠡ ᠶᠢᠨ ᠲᠠᠰ ᠲᠥᠷᠥᠯ ᠬᠤᠪᠢᠶᠠᠭᠰᠠᠨ ᠣᠷᠴᠢᠨ ᠲᠣᠭᠤᠷᠢᠨ ᠤ ᠬᠢᠨᠠᠯᠲᠠ | ᠬᠠᠮᠢᠶᠠᠷᠤᠯᠲᠠ ᠶᠢᠨ ᠨᠠᠷᠢᠨ ᠬᠠᠭᠤᠳᠠᠰᠤ ᠶᠢ ᠭᠠᠷᠭᠠᠵᠤ᠂ ᠦᠶᠡᠷ ᠤᠨ ᠬᠤᠭᠤᠴᠠᠭᠠᠨ ᠤ ᠦᠯᠡᠳᠡᠭᠳᠡᠯ ᠬᠦᠳᠡᠷ ᠤᠨ | ᠬᠥᠮᠥᠷᠭᠡ ᠶᠢᠨ ᠣᠷᠴᠢᠨ ᠲᠣᠭᠤᠷᠢᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠴᠢᠩᠭᠠᠳᠬᠠᠨ᠎ᠠ᠃ ᠠᠵᠤ | ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠵᠤ᠂ ᠬᠠᠲᠤᠨ ᠭᠤᠣᠯ ᠤᠨ ᠰᠠᠪᠠ | ᠭᠠᠵᠠᠷ ᠤᠨ ᠦᠯᠡᠳᠡᠭᠳᠡᠯ ᠬᠦᠳᠡᠷ ᠤᠨ ᠬᠥᠮᠥᠷᠭᠡ ᠪᠠᠷ ᠭᠤᠣᠯᠳᠠᠯᠭ᠎ᠠ ᠪᠣᠯᠭᠠᠨ᠂ ᠦᠯᠡᠳᠡᠭᠳᠡᠯ ᠬᠦᠳᠡᠷ ᠤᠨ | ᠬᠥᠮᠥᠷᠭᠡ ᠶᠢᠨ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠨᠠᠷᠢᠪᠴᠢᠯᠠᠨ ᠪᠠᠶᠢᠴᠠᠭᠠᠬᠤ ᠪᠠ | ᠪᠣᠬᠢᠷᠲᠤᠯ ᠢ ᠵᠠᠰᠠᠬᠤ ᠠᠵᠢᠯ ᠢ ᠥᠷᠨᠢᠭᠦᠯᠵᠦ᠂ ᠦᠯᠡᠳᠡᠭᠳᠡᠯ ᠬᠦᠳᠡᠷ ᠤᠨ ᠬᠥᠮᠥᠷᠭᠡ ᠶᠢᠨ ᠣᠷᠴᠢᠨ ᠲᠣᠭᠤᠷᠢᠨ ᠤ | ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠬᠤᠰᠢᠭᠤᠨ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ | ᠲᠣᠪᠴᠢᠶ᠎ᠠ ᠶᠢᠨ ᠠᠯᠠᠱᠠ ᠵᠡᠭᠦᠨ ᠬᠤᠰᠢᠭᠤᠨ ᠤ ᠬᠤᠪᠢᠶᠠᠷᠢ ᠲᠣᠪᠴᠢᠶ᠎ᠠ︶ | | 4. ᠠᠶᠤᠯᠲᠠᠢ ᠬᠠᠶᠠᠭᠳᠠᠮᠠᠯ ᠪᠣᠳᠠᠰ ᠤᠨ ᠪᠣᠬᠢᠷᠲᠤᠯ ᠢ ᠰᠡᠷᠭᠡᠶᠢᠯᠡᠨ ᠵᠠᠰᠠᠬᠤ | | ︵13︶ ᠠᠶᠤᠯᠲᠠᠢ ᠬᠠᠶᠠᠭᠳᠠᠮᠠᠯ ᠪᠣᠳᠠᠰ ᠤᠨ ᠣᠷᠴᠢᠨ ᠠᠬᠤᠢ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠎ᠠ᠃ ᠠᠶᠤᠯᠲᠠᠢ ᠬᠠᠶᠠᠭᠳᠠᠮᠠᠯ ᠪᠣᠳᠠᠰ ᠤᠨ ︽ᠭᠤᠷᠪᠠᠨ ᠴᠢᠳᠠᠪᠤᠷᠢ︾ ᠶᠢᠨ ᠪᠦᠲᠦᠭᠡᠨ | ᠪᠠᠶᠢᠭᠤᠯᠤᠯᠲᠠ ᠶᠢ ᠦᠷᠭᠦᠯᠵᠢᠯᠡᠨ ᠳᠡᠭᠡᠭᠰᠢᠯᠡᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ | ᠠᠷᠪᠠᠨ ᠳᠥᠷᠪᠡᠳᠦᠭᠡᠷ ᠲᠠᠪᠤᠨ ᠵᠢᠯ﹀ ᠤᠨ ᠠᠶᠤᠯᠲᠠᠢ ᠬᠠᠶᠠᠭᠳᠠᠮᠠᠯ ᠪᠣᠳᠠᠰ ᠢ ᠲᠥᠪᠯᠡᠷᠡᠭᠦᠯᠦᠨ ᠰᠢᠢᠳᠪᠦᠷᠢᠯᠡᠬᠦ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ︾ ᠶᠢ ᠴᠢᠩᠭ᠎ᠠ ᠨᠠᠶᠢᠳᠠᠪᠤᠷᠢᠵᠢᠭᠤᠯᠤᠨ᠂ | ᠠᠶᠤᠯᠲᠠᠢ ᠬᠠᠶᠠᠭᠳᠠᠮᠠᠯ ᠪᠣᠳᠠᠰ ᠢ ᠲᠥᠪᠯᠡᠷᠡᠭᠦᠯᠦᠨ ᠰᠢᠢᠳᠪᠦᠷᠢᠯᠡᠬᠦ ᠴᠢᠳᠠᠪᠤᠷᠢ ᠶᠢ ᠪᠣᠳᠠᠲᠠᠢ ᠬᠡᠷᠡᠭᠴᠡᠭᠡ ᠱᠠᠭᠠᠷᠳᠠᠯᠭ᠎ᠠ | ᠯᠤᠭ᠎ᠠ ᠦᠨᠳᠦᠰᠦᠨ ᠳᠡᠭᠡᠨ ᠲᠣᠬᠢᠷᠠᠭᠤᠯᠬᠤ ᠶᠢ ᠠᠬᠢᠭᠤᠯᠵᠤ᠂ ᠣᠷᠣᠨ ᠪᠦᠰᠡ ᠶᠢᠨ ᠴᠢᠳᠠᠪᠤᠷᠢ ᠶᠢᠨ | ᠪᠠᠶᠢᠷᠢᠰᠢᠭᠤᠯᠤᠯᠲᠠ ᠶᠢ ᠵᠦᠢ ᠵᠣᠬᠢᠰᠲᠠᠢ ᠪᠣᠯᠭᠠᠨ᠎ᠠ᠃ ᠠᠶᠤᠯᠲᠠᠢ ᠬᠠᠶᠠᠭᠳᠠᠮᠠᠯ ᠪᠣᠳᠠᠰ ᠢ ᠲᠤᠰᠬᠠᠢ ᠴᠡᠭᠴᠡᠯᠡᠨ | ᠵᠠᠰᠠᠬᠤ ᠠᠵᠢᠯ ᠢ ᠪᠠᠬᠢᠵᠢᠭᠦᠯᠦᠨ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠦᠨ᠎ᠡ᠃ ᠠᠶᠤᠯᠲᠠᠢ | ᠬᠠᠶᠠᠭᠳᠠᠮᠠᠯ ᠪᠣᠳᠠᠰ ᠢ ᠮᠡᠳᠡᠭᠦᠯᠵᠦ ᠪᠦᠷᠢᠳᠬᠡᠭᠦᠯᠬᠦ ᠳᠦᠷᠢᠮ ᠪᠠ ᠠᠶᠤᠯᠲᠠᠢ ᠬᠠᠶᠠᠭᠳᠠᠮᠠᠯ ᠪᠣᠳᠠᠰ ᠢ ᠴᠠᠬᠢᠮ ᠢᠶᠠᠷ | ᠰᠢᠯᠵᠢᠭᠦᠯᠬᠦ ᠬᠤᠯᠪᠣᠭᠠᠰᠤ ᠬᠠᠭᠤᠳᠠᠰᠤ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠲᠠᠢ ᠬᠠᠶᠠᠭᠳᠠᠮᠠᠯ | ᠪᠣᠳᠠᠰ ᠤᠨ ᠬᠠᠮᠢᠶᠠᠷᠤᠯᠲᠠ ᠶᠢᠨ ᠡᠬᠡ ᠲᠠᠩᠰᠠ ᠶᠢ ᠲᠡᠭᠦᠯᠳᠡᠷᠵᠢᠭᠦᠯᠦᠨ᠎ᠡ᠃ ᠠᠶᠤᠯᠲᠠᠢ ᠬᠠᠶᠠᠭᠳᠠᠮᠠᠯ ᠪᠣᠳᠠᠰ | ᠭᠠᠷᠭᠠᠬᠤ᠂ ᠡᠵᠡᠩᠨᠡᠬᠦ ᠠᠵᠤ ᠠᠬᠤᠶᠢᠯᠠᠯ ᠤᠨ ᠬᠠᠷᠠᠭᠠᠨ ᠳᠠᠪᠲᠠᠮᠵᠢ ᠶᠢᠨ ᠬᠢᠨᠠᠯᠲᠠ ᠬᠠᠮᠢᠶᠠᠷᠤᠯᠲᠠ ᠶᠢ ᠡᠮᠬᠢ | ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃ ᠬᠠᠶᠠᠭᠳᠠᠮᠠᠯ ᠬᠠᠷ᠎ᠠ ᠲᠤᠭᠤᠯᠭ᠎ᠠ ᠶᠢᠨ ᠬᠡᠯᠬᠢᠶ᠎ᠡ ᠳ᠋ᠢᠶᠠᠨ ᡂᠢ᠂ | ᠬᠠᠶᠠᠭᠳᠠᠮᠠᠯ ᠡᠷᠦᠳᠡᠰᠦ ᠶᠢᠨ ᠲᠣᠰᠣ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢ ᠬᠠᠮᠲᠤᠷᠠᠨ ᠥᠷᠨᠢᠭᠦᠯᠵᠦ | ᠂ ᠨᠡᠶᠢᠭᠡᠮ ᠠᠴᠠ ᠢᠷᠡᠯᠲᠡ ᠲᠠᠢ ᠠᠶᠤᠯᠲᠠᠢ ᠬᠠᠶᠠᠭᠳᠠᠮᠠᠯ ᠪᠣᠳᠠᠰ ᠢ ᠭᠠᠷᠭᠠᠬᠤ᠂ ᠴᠤᠭᠯᠠᠭᠤᠯᠬᠤ᠂ ᠬᠠᠳᠠᠭᠠᠯᠠᠬᠤ᠂ | ᠰᠢᠯᠵᠢᠭᠦᠯᠬᠦ᠂ ᠲᠡᠭᠡᠭᠡᠪᠦᠷᠢᠯᠡᠬᠦ᠂ ᠠᠰᠢᠭᠯᠠᠬᠤ᠂ ᠰᠢᠢᠳᠪᠦᠷᠢᠯᠡᠬᠦ ᠵᠡᠷᠭᠡ ᠪᠦᠬᠦ ᠶᠠᠪᠤᠴᠠ ᠶᠢ ᠬᠠᠮᠢᠶᠠᠷᠤᠨ ᠡᠵᠡᠮᠳᠡᠬᠦ ᠶᠢ | ᠴᠢᠩᠭᠠᠳᠬᠠᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ | ᠲᠣᠪᠴᠢᠶ᠎ᠠ ᠶᠢᠨ ᠠᠯᠠᠱᠠ ᠵᠡᠭᠦᠨ ᠬᠤᠰᠢᠭᠤᠨ ᠤ ᠬᠤᠪᠢᠶᠠᠷᠢ ᠲᠣᠪᠴᠢᠶ᠎ᠠ᠂ ᠬᠠᠮᠵᠢᠯᠴᠠᠬᠤ ᠰᠠᠯᠠᠭ᠎ᠠ ᠮᠥᠴᠢᠷ᠄ | ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | | ︵14︶ ᠡᠮᠴᠢᠯᠡᠭᠡᠨ ᠤ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠎ᠠ᠃ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ | ᠨᠢ ᠲᠥᠷᠥᠯ ᠬᠤᠪᠢᠶᠠᠨ ᠴᠤᠭᠯᠠᠭᠤᠯᠬᠤ᠂ ᠠᠮᠤᠷ ᠲᠦᠪᠰᠢᠨ ᠢᠶᠠᠷ ᠳᠠᠮᠵᠢᠭᠤᠯᠤᠨ ᠲᠡᠭᠡᠭᠡᠪᠦᠷᠢᠯᠡᠬᠦ᠂ ᠵᠢᠷᠤᠮᠵᠢᠭᠤᠯᠤᠨ | ᠰᠢᠢᠳᠪᠦᠷᠢᠯᠡᠬᠦ ᠶᠢ ᠬᠢᠨᠠᠨ ᠵᠢᠯᠣᠭᠤᠳᠤᠨ᠎ᠠ᠃ ᠬᠦᠨᠳᠦ ᠨᠣᠴᠢᠲᠠᠢ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ | ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠠᠵᠢᠯ ᠢ ᠴᠢᠩᠭ᠎ᠠ ᠠᠩᠬᠠᠷᠴᠤ᠂ ᠬᠠᠮᠢᠶ᠎ᠠ ᠪᠦᠬᠦᠢ ᠬᠤᠰᠢᠭᠤ | ᠣᠷᠣᠨ ᠢ ᠵᠢᠯᠣᠭᠤᠳᠤᠨ ᠰᠢᠮᠳᠠᠭᠤᠯᠵᠤ ᠪᠠᠶᠢᠭᠠᠳ ︽ᠬᠤᠶᠠᠷ ᠢ 100%︾ ᠶᠢᠨ ᠠᠵᠢᠯ ᠤᠨ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠡᠮᠴᠢᠯᠡᠭᠡᠨ ᠤ ᠬᠠᠶᠠᠭᠳᠠᠮᠠᠯ ᠪᠣᠳᠠᠰ ᠢ ᠲᠥᠪᠯᠡᠷᠡᠭᠦᠯᠦᠨ ᠰᠢᠢᠳᠪᠦᠷᠢᠯᠡᠬᠦ | ᠴᠢᠳᠠᠪᠤᠷᠢ ᠶᠢᠨ ᠪᠠᠶᠢᠭᠤᠯᠤᠯᠲᠠ ᠶᠢ ᠤᠯᠠᠮ ᠴᠢᠩᠭᠠᠳᠬᠠᠵᠤ᠂ ᠪᠠᠶᠢᠭ᠎ᠠ ᠭᠠᠵᠠᠷ ᠣᠷᠣᠨ ᠤ ᠡᠮᠴᠢᠯᠡᠭᠡᠨ ᠤ ᠬᠠᠶᠠᠭᠳᠠᠮᠠᠯ | ᠪᠣᠳᠠᠰ ᠢ ᠰᠢᠢᠳᠪᠦᠷᠢᠯᠡᠬᠦ ᠪᠡᠯᠡᠳᠬᠡᠮᠵᠢ ᠶᠢᠨ ᠪᠡᠯᠡ ᠮᠥᠩᠭᠦ ᠶᠢᠨ ᠳᠡᠮᠵᠢᠯᠭᠡ ᠶᠢ ᠨᠡᠮᠡᠭᠳᠡᠭᠦᠯᠦᠨ᠂ ᠬᠢᠵᠢᠭ ᠤᠨ | ᠪᠠᠶᠢᠳᠠᠯ ᠤᠨ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠪᠡᠯᠡᠳᠬᠡᠮᠵᠢ ᠶᠢᠨ ᠳᠤᠲᠠᠭᠤᠳᠠᠯ ᠢ | ᠨᠥᠬᠦᠪᠦᠷᠢᠯᠡᠨ᠎ᠡ᠃ | | ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ | ᠠᠯᠠᠱᠠ ᠵᠡᠭᠦᠨ ᠬᠤᠰᠢᠭᠤᠨ ᠤ ᠬᠤᠪᠢᠶᠠᠷᠢ ᠲᠣᠪᠴᠢᠶ᠎ᠠ᠂ ᠬᠠᠮᠵᠢᠯᠴᠠᠬᠤ ᠰᠠᠯᠠᠭ᠎ᠠ ᠮᠥᠴᠢᠷ᠄ ᠬᠤᠰᠢᠭᠤᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | | | ︵15︶ ᠰᠢᠨ᠎ᠡ ᠪᠣᠬᠢᠷᠲᠤᠯ ᠪᠣᠳᠠᠰ ᠢ ᠵᠠᠰᠠᠬᠤ ᠠᠵᠢᠯ ᠢ ᠲᠦᠯᠬᠢᠨ ᠠᠬᠢᠭᠤᠯᠬᠤ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠦᠨ᠎ᠡ᠃ ᠰᠢᠨ᠎ᠡ ᠪᠣᠬᠢᠷᠲᠤᠯ ᠪᠣᠳᠠᠰ ᠢ ᠵᠠᠰᠠᠬᠤ ᠠᠵᠢᠯᠯᠠᠭ᠎ᠠ ᠶᠢᠨ ᠬᠤᠯᠪᠣᠭᠳᠠᠯ ᠪᠦᠬᠦᠢ | ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠬᠠᠭᠤᠯᠤᠨ ᠲᠠᠶᠢᠯᠪᠤᠷᠢᠯᠠᠬᠤ ᠪᠠ | ᠪᠣᠯᠪᠠᠰᠤᠷᠠᠭᠤᠯᠬᠤ ᠠᠵᠢᠯ ᠢ ᠰᠠᠶᠢᠲᠤᠷ ᠬᠢᠨ᠎ᠡ᠃ ᠭᠤᠣᠯᠳᠠᠯᠭ᠎ᠠ ᠲᠠᠢ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ | ᠮᠡᠳᠡᠭᠡ ᠵᠠᠩᠭᠢ ᠶᠢᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢ ᠥᠷᠨᠢᠭᠦᠯᠵᠦ᠂ ᠰᠢᠨ᠎ᠡ ᠬᠢᠮᠢ ᠶᠢᠨ ᠪᠣᠳᠠᠰ ᠤᠨ | ᠣᠷᠴᠢᠨ ᠲᠣᠭᠤᠷᠢᠨ ᠤ ᠬᠠᠮᠢᠶᠠᠷᠤᠯᠲᠠ ᠶᠢᠨ ᠳᠠᠩᠰᠠᠯᠠᠬᠤ ᠠᠷᠭ᠎ᠠ ᠶᠢ ︵ᠲᠦᠷᠦᠭᠦᠯᠡᠬᠦ ᠰᠠᠯᠠᠭ᠎ᠠ ᠮᠥᠴᠢᠷ᠄ | ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠠᠯᠠᠱᠠ ᠵᠡᠭᠦᠨ ᠬᠤᠰᠢᠭᠤᠨ ᠤ ᠬᠤᠪᠢᠶᠠᠷᠢ | ᠲᠣᠪᠴᠢᠶ᠎ᠠ᠂ ᠬᠠᠮᠵᠢᠯᠴᠠᠬᠤ ᠰᠠᠯᠠᠭ᠎ᠠ ᠮᠥᠴᠢᠷ᠄ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶ | | 5. ᠴᠥᠮ᠎ᠡ ᠪᠣᠯᠣᠨ ᠰᠠᠴᠤᠷᠠᠭ ᠤᠨ ᠠᠶᠦᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ | ᠳᠡᠭᠡᠭᠰᠢᠯᠡᠭᠦᠯᠦᠨ᠎ᠡ | | ︵16︶ ᠴᠥᠮ᠎ᠡ ᠪᠣᠯᠣᠨ ᠰᠠᠴᠤᠷᠠᠭ ᠤᠨ ᠠᠶᠤᠯᠭᠦᠢ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠬᠢᠨᠠᠨ | ᠬᠠᠮᠢᠶᠠᠷᠬᠤ ᠠᠵᠢᠯᠲᠠᠨ ᠤ ᠰᠤᠷᠭᠠᠯᠲᠠ ᠶᠢ ᠴᠢᠩᠭᠠᠳᠬᠠᠵᠤ᠂ ᠪᠣᠯᠪᠠᠰᠤᠷᠠᠭᠤᠯᠬᠤ ᠲᠥᠯᠥᠪᠯᠡᠭᠡ ᠲᠣᠭᠲᠠᠭᠠᠨ᠂ | ᠲᠤᠰᠬᠠᠢ ᠮᠡᠷᠭᠡᠵᠢᠯ ᠤᠨ ᠬᠡᠪ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠵᠤ ᠠᠬᠤᠶᠢᠯᠠᠯ ᠢ | ᠵᠣᠬᠢᠶᠠᠨ ᠪᠠᠶᠢᠭᠤᠯᠤᠨ 2022 ᠣᠨ ᠤ ᠴᠥᠮ᠎ᠡ ᠶᠢᠨ ᠪᠠ ᠰᠠᠴᠤᠷᠠᠭ ᠤᠨ ᠠᠳᠡᠯ ᠤᠨ ᠪᠠᠴᠢᠮ ᠪᠠᠶᠢᠳᠠᠯ ᠢ | ᠠᠷᠭᠠᠴᠠᠬᠤ ᠰᠣᠷᠢᠯᠲᠠ ᠶᠢ ᠥᠷᠨᠢᠭᠦᠯᠵᠦ᠂ ᠠᠵᠢᠯᠯᠠᠭᠴᠢᠳ ᠤᠨ ᠠᠶᠦᠯᠭᠦᠢ ᠶᠢᠨ ᠦᠵᠡᠯ ᠤᠬᠠᠮᠰᠠᠷ ᠢ | ᠴᠢᠩᠭᠠᠷᠠᠭᠤᠯᠤᠨ᠂ ᠠᠵᠢᠯᠯᠠᠬᠤ ᠳᠦᠷᠢᠮ ᠢ ᠴᠢᠩᠭ᠎ᠠ ᠵᠢᠷᠤᠮᠯᠠᠵᠤ᠂ ᠰᠠᠴᠤᠷᠠᠭ ᠤᠨ ᠠᠮᠤᠷ ᠲᠦᠪᠰᠢᠨ ᠢ ᠦᠨᠡᠨᠬᠦ | ᠪᠠᠲᠤᠯᠠᠨ᠎ᠠ᠃ ᠪᠥᠬᠦ ᠬᠤᠰᠢᠭᠤᠨ ᠤ ᠡᠬᠢ ᠰᠤᠷᠪᠤᠯᠵᠢ ᠳᠤ ᠬᠤᠯᠪᠣᠭᠳᠠᠬᠤ ᠠᠵᠤ ᠠᠬᠤᠶᠢᠯᠠᠯ ᠳᠤ ᠰᠠᠴᠤᠷᠠᠭ ᠤᠨ | ᠠᠶᠦᠯᠭᠦᠢ ᠶᠢᠨ ᠬᠢᠨᠠᠨ ᠪᠠᠶᠢᠴᠠᠭᠠᠯᠲᠠ ᠬᠢᠬᠦ ᠪᠠ ᠰᠠᠴᠤᠷᠠᠭ ᠤᠨ ᠡᠬᠢ ᠰᠤᠷᠪᠤᠯᠵᠢ ᠶᠢ ᠬᠦᠷᠭᠡᠨ ᠬᠠᠳᠠᠭᠠᠯᠠᠬᠤ ᠠᠵᠢᠯ ᠢ | ᠴᠢᠩᠭᠠᠳᠬᠠᠵᠤ᠂ ᠠᠮᠤᠷ ᠲᠦᠪᠰᠢᠨ ᠢᠶᠠᠷ ᠬᠠᠳᠠᠭᠠᠯᠠᠬᠤ ᠨᠣᠷᠮ᠎ᠠ ᠪᠠ ᠬᠠᠶᠠᠭᠳᠠᠮᠠᠯ ᠬᠠᠭᠤᠴᠢᠨ ᠰᠠᠴᠤᠷᠠᠭ ᠤᠨ ᠡᠬᠢ | ᠰᠤᠷᠪᠤᠯᠵᠢ ᠶᠢ ᠠᠮᠤᠷ ᠲᠦᠪᠰᠢᠨ ᠢᠶᠠᠷ ᠬᠤᠷᠢᠶᠠᠨ ᠬᠠᠳᠠᠭᠠᠯᠠᠬᠤ ᠨᠣᠷᠮ᠎ᠠ ᠶᠢ 100% ᠳᠤ ᠬᠦᠷᠦᠭᠦᠯᠦᠨ᠎ᠡ᠃ ︵ | ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠠᠯᠠᠱᠠ | ᠵᠡᠭᠦᠨ ᠬᠤᠰᠢᠭᠤᠨ ᠤ ᠬᠤᠪᠢᠶᠠᠷᠢ ᠲᠣᠪᠴᠢᠶ᠎ᠠ᠂ ᠬᠠᠮᠵᠢᠯᠴᠠᠬᠤ ᠰᠠᠯᠠᠭ᠎ᠠ ᠮᠥᠴᠢᠷ᠄ ᠬᠤᠰᠢᠭᠤᠨ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠰᠢᠭᠤᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ︶ | | ᠭᠤᠷᠪᠠ᠂ ᠠᠵᠢᠯ ᠤᠨ ᠱᠠᠭᠠᠷᠳᠠᠯᠭ᠎ᠠ | | ︵ᠨᠢᠭᠡ︶ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠎ᠠ᠃ ᠬᠤᠰᠢᠭᠤᠨ ᠰᠢᠭᠤᠳ ᠬᠠᠷᠢᠶ᠎ᠠ | ᠡᠯ᠎ᠡ ᠲᠦᠷᠦᠭᠦᠯᠡᠬᠦ ᠰᠠᠯᠠᠭ᠎ᠠ ᠮᠥᠴᠢᠷ᠂ ᠬᠠᠮᠵᠢᠯᠴᠠᠬᠤ ᠰᠠᠯᠠᠭ᠎ᠠ ᠮᠥᠴᠢᠷ ᠤᠳ ᠲᠦᠷᠦᠭᠦᠯᠡᠬᠦ ᠪᠠ ᠬᠠᠮᠵᠢᠯᠴᠠᠬᠤ | ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠭᠦᠢᠴᠡᠳᠬᠡᠵᠦ᠂ ᠭᠤᠣᠯᠳᠠᠯᠭ᠎ᠠ ᠲᠠᠢ ᠠᠵᠢᠯ ᠤᠨ ᠡᠭᠦᠷᠭᠡ ᠪᠠ ᠭᠦᠢᠴᠡᠳᠬᠡᠬᠦ | ᠲᠤᠭ᠎ᠠ ᠶᠢᠨ ᠬᠤᠪᠢᠶᠠᠷᠢᠯᠠᠯᠲᠠ ᠶᠢ ᠰᠠᠶᠢᠲᠤᠷ ᠬᠢᠵᠦ᠂ ᠴᠠᠭ ᠤᠨ ᠠᠬᠢᠴᠠ ᠲᠠᠢ ᠤᠶᠠᠯᠳᠤᠭᠤᠯᠤᠨ | ᠲᠣᠬᠢᠷᠠᠭᠤᠯᠤᠯᠲᠠ ᠪᠠᠨ ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠬᠢᠨᠠᠮᠠᠭᠠᠢ | ᠨᠠᠶᠢᠳᠠᠪᠤᠷᠢᠵᠢᠭᠤᠯᠬᠤ ᠬᠡᠷᠡᠭᠲᠡᠢ᠃ | | ︵ᠬᠤᠶᠠᠷ︶ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠪᠥᠬᠦ ᠬᠤᠰᠢᠭᠤᠨ ᠤ ᠣᠷᠴᠢᠨ ᠲᠣᠭᠤᠷᠢᠨ ᠤ ᠬᠢᠨᠠᠨ ᠬᠠᠮᠢᠶᠠᠷᠤᠯᠲᠠ ᠶᠢᠨ ᠲᠣᠥᠷᠵᠢᠭᠤᠯᠤᠭᠰᠠᠨ ᠬᠠᠮᠢᠶᠠᠷᠤᠯᠲᠠ ᠶᠢᠨ | ᠠᠵᠢᠯ ᠢ ᠭᠦᠨᠵᠡᠭᠡᠶᠢᠷᠡᠭᠦᠯᠦᠨ᠂ ᠣᠷᠴᠢᠨ ᠲᠣᠭᠤᠷᠢᠨ ᠤ ᠬᠢᠨᠠᠨ ᠬᠠᠮᠢᠶᠠᠷᠤᠯᠲᠠ ᠶᠢᠨ ᠲᠣᠥᠷᠵᠢᠭᠤᠯᠤᠭᠰᠠᠨ | ᠬᠠᠮᠢᠶᠠᠷᠤᠯᠲᠠ ᠶᠢ ᠦᠷᠭᠦᠯᠵᠢᠯᠡᠨ ᠭᠦᠨᠵᠡᠭᠡᠢ ᠬᠡᠷᠡᠭᠵᠢᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ | ᠬᠠᠮᠢᠶᠠᠷᠤᠯᠲᠠ ᠶᠢᠨ ︽ᠪᠥᠬᠦ ᠲᠠᠯ᠎ᠠ ᠶᠢᠨ᠂ ᠪᠦᠬᠦᠨ ᠢ ᠬᠠᠮᠤᠷᠤᠭᠰᠠᠨ᠂ ᠪᠠᠯᠠᠢ ᠣᠷᠣᠨ ᠦᠭᠡᠢ︾ ᠪᠠᠶᠢᠬᠤ ᠶᠢ | ᠪᠡᠶᠡᠯᠡᠭᠦᠯᠦᠨ᠎ᠡ᠃ ᠠᠮᠢ ᠠᠬᠤᠢ ᠶᠢᠨ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠲᠣᠣᠷ ᠰᠦᠯᠵᠢᠶ᠎ᠡ ᠶᠢᠨ | ᠪᠦᠲᠦᠭᠡᠨ ᠪᠠᠶᠢᠭᠤᠯᠤᠯᠲᠠ ᠶᠢ ᠤᠯᠠᠮ ᠰᠢᠯᠢᠳᠡᠭᠵᠢᠭᠦᠯᠵᠦ᠂ ᠭᠤᠣᠯᠳᠠᠯᠭ᠎ᠠ ᠲᠠᠢ ᠪᠣᠬᠢᠷᠲᠤᠯ ᠭᠠᠳᠠᠭᠰᠢᠯᠠᠭᠤᠯᠬᠤ | ᠨᠢᠭᠡᠴᠢ ᠳᠤ ᠲᠣᠥᠷᠵᠢᠭᠤᠯᠤᠭᠰᠠᠨ ᠬᠢᠨᠠᠨ ᠬᠡᠮᠵᠢᠯᠲᠡ ᠶᠢ ᠬᠡᠷᠡᠭᠵᠢᠭᠦᠯᠦᠨ᠎ᠡ᠃ ᠠᠮᠢ ᠠᠬᠤᠢ ᠶᠢᠨ ᠣᠷᠴᠢᠨ | ᠲᠣᠭᠤᠷᠢᠨ ᠤ ᠴᠢᠨᠠᠷ ᠴᠢᠨᠰᠠᠭ᠎ᠠ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠴᠢᠩᠭᠠᠳᠬᠠᠵᠤ᠂ | ᠬᠢᠨᠠᠨ ᠬᠡᠮᠵᠢᠵᠦ ᠬᠠᠤᠯᠢ ᠬᠡᠷᠡᠭᠵᠢᠭᠦᠯᠬᠦ ᠶᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠂ ᠣᠷᠴᠢᠨ ᠲᠣᠭᠤᠷᠢᠨ ᠤ ᠬᠠᠮᠢᠶᠠᠷᠤᠯᠲᠠ ᠪᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ | ᠮᠡᠷᠭᠡᠵᠢᠯ ᠤᠨ ᠳᠡᠮᠵᠢᠯᠭᠡ ᠬᠠᠩᠭᠠᠨ᠎ᠠ᠃ | | ︵ᠭᠤᠷᠪᠠ︶ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ | ᠥᠭᠭᠦᠨ᠎ᠡ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠪᠠᠶᠢᠴᠠᠭᠠᠯᠲᠠ ᠶᠢ ᠭᠦᠨᠵᠡᠭᠡᠢ ᠥᠷᠨᠢᠭᠦᠯᠵᠦ᠂ | ᠪᠣᠬᠢᠷᠲᠤᠯ ᠭᠠᠳᠠᠭᠰᠢᠯᠠᠭᠤᠯᠬᠤ ᠠᠵᠤ ᠠᠬᠤᠶᠢᠯᠠᠯ ᠢ ᠲᠣᠬᠢᠶᠠᠯᠳᠤᠯ ᠢᠶᠠᠷ ᠰᠤᠭᠤᠴᠢᠨ ᠪᠠᠶᠢᠴᠠᠭᠠᠬᠤ ᠡᠷᠴᠢᠮ ᠢᠶᠠᠨ | ᠴᠢᠩᠭᠠᠳᠬᠠᠨ᠂ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠪᠠ ᠬᠡᠷᠡᠭ ᠢ ᠴᠢᠩᠭ᠎ᠠ | ᠪᠠᠶᠢᠴᠠᠭᠠᠨ ᠰᠢᠢᠳᠪᠦᠷᠢᠯᠡᠨ᠎ᠡ᠃ ᠬᠠᠮᠲᠤᠷᠠᠨ ᠬᠠᠤᠯᠢ ᠬᠡᠷᠡᠭᠵᠢᠭᠦᠯᠬᠦ᠂ ᠣᠷᠣᠨ ᠪᠦᠰᠡ ᠪᠠᠷ ᠬᠠᠤᠯᠢ ᠬᠡᠷᠡᠭᠵᠢᠭᠦᠯᠬᠦ᠂ | ᠰᠣᠯᠪᠢᠴᠠᠭᠤᠯᠤᠨ ᠬᠠᠤᠯᠢ ᠬᠡᠷᠡᠭᠵᠢᠭᠦᠯᠬᠦ ᠶᠢ ᠥᠷᠨᠢᠭᠦᠯᠵᠦ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠ | ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠨ᠎ᠠ᠃ ᠰᠠᠯᠠᠭ᠎ᠠ ᠮᠥᠴᠢᠷ ᠤᠨ ᠬᠠᠮᠲᠤᠷᠠᠨ ᠬᠠᠤᠯᠢ ᠬᠡᠷᠡᠭᠵᠢᠭᠦᠯᠬᠦ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠭᠡᠳ | ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢ ᠵᠣᠯᠭᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ | | ︵ᠳᠥᠷᠪᠡ︶ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ ᠶᠢ ᠴᠢᠩᠭᠠᠷᠠᠭᠤᠯᠤᠨ᠎ᠠ᠃ ᠡᠯ᠎ᠡ | ᠨᠢᠭᠡᠴᠢ᠂ ᠡᠯ᠎ᠡ ᠰᠠᠯᠠᠭ᠎ᠠ ᠮᠥᠴᠢᠷ ᠤᠳ ᠡᠭᠦᠷᠭᠡ ᠶᠢᠨ ᠨᠠᠷᠢᠨ ᠲᠠᠩᠰᠠ ᠲᠠᠢ ᠬᠠᠷᠢᠴᠠᠭᠤᠯᠵᠤ᠂ ᠰᠠᠷ᠎ᠠ ᠪᠦᠷᠢ ᠶᠢᠨ | 23 ᠤ ᠡᠳᠦᠷ ᠠᠴᠠ ᠡᠮᠦᠨ᠎ᠡ ᠲᠣᠰ ᠰᠠᠷ᠎ᠠ ᠶᠢᠨ ᠠᠵᠢᠯ ᠢᠶᠠᠨ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠠᠶᠢᠮᠠᠭ ᠤᠨ | ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠠᠯᠠᠱᠠ ᠵᠡᠭᠦᠨ ᠬᠤᠰᠢᠭᠤᠨ ᠤ ᠬᠤᠪᠢᠶᠠᠷᠢ | ᠲᠣᠪᠴᠢᠶ᠎ᠠ ᠳᠤ ᠮᠡᠳᠡᠭᠦᠯᠬᠦ ᠬᠡᠷᠡᠭᠲᠡᠢ᠃ ᠬᠤᠰᠢᠭᠤᠨ ᠵᠠᠰᠠᠭ ᠤᠨ ᠣᠷᠳᠣᠨ ᠲᠣᠭᠲᠠᠮᠠᠯ ᠬᠤᠭᠤᠴᠠᠭ᠎ᠠ ᠲᠠᠢ ᠪᠠᠷ | ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠲᠣᠬᠢᠷᠠᠭᠤᠯᠤᠯᠲᠠ ᠶᠢᠨ ᠬᠤᠷᠠᠯ | ᠬᠤᠷᠠᠯᠳᠤᠭᠤᠯᠵᠤ᠂ ᠡᠯ᠎ᠡ ᠨᠢᠭᠡᠴᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ | ᠵᠢᠴᠢ ᠲᠥᠷᠥᠯ ᠵᠦᠢᠯ ᠤᠨ ᠨᠠᠷᠢᠨ ᠲᠠᠩᠰᠠ ᠶᠢ ᠪᠡᠶᠡᠯᠡᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠤᠨ᠎ᠠ᠃ ᠲᠣᠭᠤᠷᠢᠨ ᠪᠠᠶᠢᠴᠠᠭᠠᠬᠤ᠂ ᠰᠢᠮᠳᠠᠭᠤᠯᠤᠨ ᠰᠢᠢᠳᠪᠦᠷᠢᠯᠡᠬᠦ᠂ ᠮᠡᠳᠡᠭᠡᠯᠡᠬᠦ᠂ ᠢᠯᠡᠴᠢᠯᠡᠬᠦ | ᠲᠣᠭᠲᠠᠴᠠ ᠶᠢ ᠪᠠᠶᠢᠭᠤᠯᠵᠤ᠂ ᠴᠠᠭ ᠤᠨ ᠳᠠᠷᠠᠭᠠᠯᠠᠯ ᠤᠨ ᠱᠠᠭᠠᠷᠳᠠᠯᠭ᠎ᠠ ᠳᠤ ᠭᠦᠷᠦᠭᠰᠡᠨ ᠦᠭᠡᠢ᠂ ᠠᠵᠢᠯ ᠤᠨ | ᠠᠬᠢᠴᠠ ᠤᠳᠠᠭᠠᠨ ᠪᠠᠶᠢᠭ᠎ᠠ ᠨᠢᠭᠡᠴᠢ ᠪᠠ ᠰᠠᠯᠠᠭ᠎ᠠ ᠮᠥᠴᠢᠷ ᠢ ᠬᠤᠰᠢᠭᠤᠨ ᠨᠠᠮ ᠤᠨ ᠬᠤᠷᠢᠶ᠎ᠠ ᠶᠢᠨ ᠰᠢᠮᠳᠠᠭᠤᠯᠤᠨ | ᠪᠠᠶᠢᠴᠠᠭᠠᠬᠤ ᠲᠠᠰᠤᠭ ᠠᠴᠠ ᠭᠤᠣᠯᠳᠠᠯᠭ᠎ᠠ ᠲᠠᠢ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠰᠢᠢᠳᠪᠦᠷᠢᠯᠡᠵᠦ᠂ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠨ᠎ᠠ᠃ | | ︵ᠲᠠᠪᠤ︶ ᠣᠯᠠᠨ ᠨᠡᠶᠢᠲᠡ ᠪᠠᠷ ᠢᠶᠠᠨ ᠣᠷᠣᠯᠴᠠᠬᠤ ᠶᠢ ᠴᠢᠩᠭᠠᠷᠠᠭᠤᠯᠤᠨ᠎ᠠ᠃ ᠰᠣᠨᠢᠨ ᠮᠡᠳᠡᠭᠡ ᠨᠡᠶᠢᠲᠡᠯᠡᠬᠦ᠂ | ᠵᠠᠭᠤᠴᠢᠯᠠᠭᠤᠷ ᠤᠨ ᠤᠬᠠᠭᠤᠯᠭ᠎ᠠ ᠮᠡᠳᠡᠭᠡᠯᠡᠯ ᠵᠡᠷᠭᠡ ᠬᠡᠯᠪᠡᠷᠢ ᠪᠠᠷ ᠳᠠᠮᠵᠢᠭᠤᠯᠤᠨ᠂ ᠣᠷᠴᠢᠨ ᠲᠣᠭᠤᠷᠢᠨ ᠤ ᠶᠠᠰᠤ | ᠴᠢᠨᠠᠷ ᠤᠨ ᠪᠠᠶᠢᠳᠠᠯ᠂ ᠭᠤᠣᠯᠳᠠᠯᠭ᠎ᠠ ᠲᠠᠢ ᠪᠣᠬᠢᠷᠲᠤᠯ ᠭᠠᠳᠠᠭᠰᠢᠯᠠᠭᠤᠯᠬᠤ ᠨᠢᠭᠡᠴᠢ ᠶᠢᠨ ᠭᠠᠳᠠᠭᠰᠢᠯᠠᠭᠤᠯᠤᠯᠲᠠ ᠵᠡᠷᠭᠡ | ᠮᠡᠳᠡᠭᠡ ᠵᠠᠩᠭᠢ ᠶᠢ ᠢᠯᠡ ᠪᠣᠯᠭᠠᠬᠤ ᠡᠷᠴᠢᠮ ᠢ ᠴᠢᠩᠭᠠᠷᠠᠭᠤᠯᠵᠤ᠂ ᠪᠥᠬᠦ ᠨᠡᠶᠢᠭᠡᠮ ᠢ ᠳᠠᠶᠢᠴᠢᠯᠠᠨ ᠠᠮᠢ ᠠᠬᠤᠢ ᠶᠢᠨ | ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠵᠤ᠂ ᠣᠯᠠᠨ | ᠨᠡᠶᠢᠲᠡ ᠶᠢᠨ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠣᠷᠴᠢᠨ ᠲᠣᠭᠤᠷᠢᠨ ᠤ ᠬᠠᠤᠯᠢ ᠠᠴᠠ | ᠵᠥᠷᠢᠴᠡᠭᠰᠡᠨ ᠦᠶᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠤᠨ᠂ ᠣᠯᠠᠨ ᠨᠡᠶᠢᠲᠡ ᠶᠢᠨ | ᠠᠩᠬᠠᠷᠴᠤ ᠪᠠᠶᠢᠭ᠎ᠠ ᠠᠮᠢ ᠠᠬᠤᠢ ᠶᠢᠨ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ | ᠲᠣᠪᠣᠶᠢᠮ᠎ᠠ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤ ᠥᠭᠬᠦ ᠪᠠ ᠰᠢᠢᠳᠪᠦᠷᠢᠯᠡᠵᠦ᠂ ᠢᠳᠡᠪᠬᠢᠲᠡᠢ ᠵᠥᠪ | ᠲᠠᠯ᠎ᠠ ᠶᠢᠨ ᠨᠡᠶᠢᠭᠡᠮ ᠤᠨ ᠶᠠᠷᠢᠶ᠎ᠠ ᠬᠡᠯᠡᠯᠴᠡᠭᠡ ᠶᠢ ᠪᠣᠢ ᠪᠣᠯᠭᠠᠨ᠎ᠠ᠃ | ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ᠄ ︽ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠭᠡᠷ ᠤᠨ ᠠᠯᠠᠱᠠ ᠵᠡᠭᠦᠨ ᠬᠤᠰᠢᠭᠤᠨ ᠤ 2022 ᠣᠨ ᠤ ᠪᠣᠬᠢᠷᠲᠤᠯ ᠢ ᠰᠡᠷᠭᠡᠶᠢᠯᠡᠨ ᠵᠠᠰᠠᠬᠤ | ᠰᠢᠪᠲᠤᠯᠤᠯᠲᠠ ᠶᠢᠨ ᠠᠵᠢᠯ ᠤᠨ ᠲᠥᠰᠥᠯ ᠢ ᠬᠡᠪᠯᠡᠨ ᠲᠠᠷᠬᠠᠭᠠᠬᠤ ᠲᠤᠬᠠᠢ ᠮᠡᠳᠡᠭᠳᠡᠯ︾ ᠤᠨ ᠲᠤᠬᠠᠢ ᠠᠯᠠᠱᠠ | ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠠᠯᠠᠱᠠ ᠵᠡᠭᠦᠨ ᠬᠤᠰᠢᠭᠤᠨ ᠤ ᠬᠤᠪᠢᠶᠠᠷᠢ | ᠲᠣᠪᠴᠢᠶ᠎ᠠ ᠶᠢᠨ ᠨᠡᠶᠢᠲᠡᠯᠡᠭᠰᠡᠨ ᠲᠠᠶᠢᠯᠤᠮᠵᠢ | | | ᠡᠬᠢ ᠰᠤᠷᠪᠤᠯᠵᠢ᠄ ᠠᠯᠠᠱᠠ ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ | ᠠᠯᠠᠱᠠ ᠵᠡᠭᠦᠨ ᠬᠤᠰᠢᠭᠤᠨ ᠤ ᠬᠤᠪᠢᠶᠠᠷᠢ ᠲᠣᠪᠴᠢᠶ᠎ᠠ | |