| | ᠬᠤᠰᠢᠭᠤᠨ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠲᠤ᠄ | | ︽ᠠᠯᠠᠱᠠ ᠵᠡᠭᠦᠨ ᠬᠤᠰᠢᠭᠤᠨ ᠤ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠡᠵᠡᠩᠨᠡᠯᠲᠡ | ᠦᠢᠯᠡᠴᠢᠯᠡᠭᠡᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ᠢ ᠠᠯᠠᠱᠠ | ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 12 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ | ᠰᠤᠳᠤᠯᠤᠨ ᠪᠠᠲᠤᠯᠠᠭᠠᠳ᠂ ᠡᠳᠦᠭᠡ ᠲᠠᠨᠠᠷ ᠲᠤ ᠬᠡᠪᠯᠡᠨ ᠲᠠᠷᠬᠠᠭᠠᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ | ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃ | | | | ᠳᠠᠭᠠᠯᠳᠤᠭᠤᠯᠤᠯ᠄ ︽ᠠᠯᠠᠱᠠ ᠵᠡᠭᠦᠨ ᠬᠤᠰᠢᠭᠤᠨ ᠤ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ | ᠡᠵᠡᠩᠨᠡᠯᠲᠡ ᠦᠢᠯᠡᠴᠢᠯᠡᠭᠡᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ | | 2022 ᠣᠨ ᠤ 8 ᠰᠠᠷ᠎ᠠ ᠶᠢᠨ 1 ᠤ ᠡᠳᠦᠷ | | | | ᠳᠠᠭᠠᠯᠳᠤᠭᠤᠯᠤᠯ | | | | ᠠᠯᠠᠱᠠ ᠵᠡᠭᠦᠨ ᠬᠤᠰᠢᠭᠤᠨ ᠤ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠡᠵᠡᠩᠨᠡᠯᠲᠡ | ᠦᠢᠯᠡᠴᠢᠯᠡᠭᠡᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶ | | | | ᠨᠢᠭᠡᠳᠦᠭᠡᠷ ᠪᠦᠯᠦᠭ ᠶᠡᠷᠦᠩᠬᠡᠢ ᠳᠦᠷᠢᠮ | | ᠨᠢᠭᠡᠳᠦᠭᠡᠷ ᠵᠦᠢᠯ ᠨᠡᠶᠢᠭᠡᠮ ᠤᠨ ᠣᠯᠠᠨ ᠨᠡᠶᠢᠲᠡ ᠶᠢᠨ ᠶᠠᠪᠤᠵᠤ ᠰᠠᠭᠤᠬᠤ ᠣᠯᠠᠨ ᠶᠠᠩᠵᠤ ᠶᠢᠨ ᠬᠡᠷᠡᠭᠴᠡᠭᠡ | ᠶᠢ ᠨᠡᠩ ᠰᠠᠶᠢᠨ ᠬᠠᠩᠭᠠᠬᠤ ᠶᠢᠨ ᠲᠥᠯᠥᠭᠡ᠂ ᠲᠦᠷᠢᠶᠡᠰᠦᠨ ᠮᠠᠰᠢᠨ ᠤ ᠦᠢᠯᠡᠴᠢᠯᠡᠭᠡᠨ ᠤ ᠰᠢᠨ᠎ᠡ ᠶᠢ ᠡᠭᠦᠳᠬᠦ ᠶᠢ | ᠵᠣᠷᠢᠭᠵᠢᠭᠤᠯᠵᠤ᠂ ᠠᠯᠠᠱᠠ ᠵᠡᠭᠦᠨ ᠬᠤᠰᠢᠭᠤᠨ ᠤ ᠲᠦᠷᠢᠶᠡᠰᠦᠨ ᠮᠠᠰᠢᠨ ᠲᠡᠷᠭᠡᠨ ᠤ ᠣᠯᠠᠨ ᠡᠰᠢᠵᠢᠭᠰᠡᠨ | ᠦᠢᠯᠡᠴᠢᠯᠡᠭᠡᠨ ᠤ ᠠᠭᠤᠰᠤᠯᠴᠠᠨ ᠬᠥᠭᠵᠢᠬᠦ ᠶᠢ ᠠᠬᠢᠭᠤᠯᠵᠤ᠂ ᠰᠦᠯᠵᠢᠶ᠎ᠡ ᠪᠠᠷ ᠲᠦᠷᠢᠶᠡᠰᠦᠨ ᠮᠠᠰᠢᠨ ᠲᠡᠷᠭᠡ | ᠪᠣᠯᠵᠣᠵᠤ ᠡᠵᠡᠩᠨᠡᠬᠦ ᠦᠢᠯᠡᠴᠢᠯᠡᠭᠡᠨ ᠤ ᠠᠵᠢᠯᠯᠠᠭ᠎ᠠ ᠶᠢ ᠵᠢᠷᠤᠮᠵᠢᠭᠤᠯᠵᠤ᠂ ︽ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ | ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠢᠯᠤᠭᠤᠳᠬᠤ ᠰᠠᠨᠠᠯ︾ ︽ᠴᠠᠬᠢᠮ ᠢᠶᠠᠷ | ᠲᠦᠷᠢᠶᠡᠰᠦᠨ ᠮᠠᠰᠢᠨ ᠵᠠᠬᠢᠶᠠᠯᠠᠬᠤ ᠡᠵᠡᠩᠨᠡᠯᠲᠡ ᠦᠢᠯᠡᠴᠢᠯᠡᠭᠡᠨ ᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ | ︽ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠠᠵᠢᠯ ᠡᠷᠭᠢᠯᠡᠬᠦ ᠬᠢᠷᠢ ᠬᠡᠮ ᠤᠨ ᠬᠠᠮᠢᠶᠠᠷᠤᠯᠲᠠ ᠶᠢᠨ | ᠲᠣᠭᠲᠠᠭᠠᠯ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠠᠯᠠᠱᠠ ᠵᠡᠭᠦᠨ ᠬᠤᠰᠢᠭᠤᠨ ᠤ | ᠪᠣᠳᠠᠲᠠᠢ ᠲᠠᠢ ᠤᠶᠠᠯᠳᠤᠭᠤᠯᠵᠤ᠂ ᠲᠣᠰ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠪᠠ᠃ | | | | ᠬᠤᠶᠠᠳᠤᠭᠠᠷ ᠵᠦᠢᠯ ᠠᠯᠠᠱᠠ ᠵᠡᠭᠦᠨ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠴᠠᠬᠢᠮ ᠢᠶᠠᠷ | ᠲᠦᠷᠢᠶᠡᠰᠦᠨ ᠮᠠᠰᠢᠨ ᠵᠠᠬᠢᠶᠠᠯᠠᠬᠤ ︵ᠳᠣᠷᠣᠭᠰᠢ ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠲᠡᠷᠭᠡ ᠭᠡᠵᠦ | ᠲᠣᠪᠴᠢᠯᠠᠨ᠎ᠠ︶ ᠡᠵᠡᠩᠨᠡᠯᠲᠡ ᠶᠢᠨ ᠦᠢᠯᠡᠴᠢᠯᠡᠭᠡ ᠬᠢᠬᠦ ᠳᠤ ᠲᠣᠰ ᠨᠠᠷᠢᠨ ᠳᠦᠷᠢᠮ ᠢ ᠵᠢᠷᠤᠮᠯᠠᠬᠤ ᠬᠡᠷᠡᠭᠲᠡᠢ᠃ | | ᠲᠣᠰ ᠨᠠᠷᠢᠨ ᠳᠦᠷᠢᠮ ᠳᠤ ᠬᠡᠯᠡᠵᠦ ᠪᠠᠶᠢᠭ᠎ᠠ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ | ᠡᠵᠡᠩᠨᠡᠯᠲᠡ ᠶᠢᠨ ᠦᠢᠯᠡᠴᠢᠯᠡᠭᠡ ᠭᠡᠳᠡᠭ ᠨᠢ ᠢᠨᠲ᠋ᠧᠷ ᠰᠦᠯᠵᠢᠶᠡᠨ ᠤ ᠮᠡᠷᠭᠡᠵᠢᠯ ᠢᠶᠠᠷ ᠲᠦᠰᠢᠭ ᠪᠣᠯᠭᠠᠨ | ᠦᠢᠯᠡᠴᠢᠯᠡᠭᠡᠨ ᠤ ᠲᠠᠪᠴᠠᠩ ᠪᠠᠶᠢᠭᠤᠯᠵᠤ᠂ ᠬᠠᠩᠭᠠᠯᠭ᠎ᠠ ᠬᠡᠷᠡᠭᠴᠡᠭᠡᠨ ᠤ ᠮᠡᠳᠡᠭᠡ ᠵᠠᠩᠭᠢ ᠶᠢ ᠡᠮᠬᠢᠯᠡᠨ ᠨᠡᠶᠢᠯᠡᠭᠦᠯᠵᠦ᠂ | ᠨᠥᠬᠦᠴᠡᠯ ᠳᠤ ᠨᠡᠶᠢᠴᠡᠬᠦ ᠲᠡᠷᠭᠡ ᠬᠥᠰᠬᠡ ᠪᠠ ᠵᠢᠯᠣᠭᠤᠴᠢ ᠶᠢ ᠬᠡᠷᠡᠭᠯᠡᠨ᠂ ᠲᠣᠭᠤᠷᠢᠨ ᠵᠤᠭᠠᠴᠠᠬᠤ ᠪᠤᠰᠤ | ᠪᠣᠯᠵᠤᠭᠠᠲᠤ ᠲᠦᠷᠢᠶᠡᠰᠦᠨ ᠮᠠᠰᠢᠨ ᠲᠡᠷᠭᠡᠨ ᠤ ᠦᠢᠯᠡᠴᠢᠯᠡᠭᠡ ᠬᠠᠩᠭᠠᠬᠤ ᠡᠵᠡᠩᠨᠡᠯᠲᠡ ᠶᠢᠨ ᠠᠵᠢᠯᠯᠠᠭ᠎ᠠ ᠶᠢ ᠵᠢᠭᠠᠵᠤ | ᠪᠣᠶ᠃ | | ᠲᠣᠰ ᠨᠠᠷᠢᠨ ᠳᠦᠷᠢᠮ ᠳᠤ ᠬᠡᠯᠡᠵᠦ ᠪᠠᠶᠢᠭ᠎ᠠ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠯᠲᠠ ᠶᠢᠨ | ᠡᠵᠡᠩᠨᠡᠭᠴᠢ ︵ᠳᠣᠷᠣᠭᠰᠢ ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠤ ᠲᠠᠪᠴᠠᠩ ᠤᠨ ᠺᠣᠮᠫᠠᠨᠢ ᠭᠡᠵᠦ | ᠲᠣᠪᠴᠢᠯᠠᠨ᠎ᠠ︶ ᠭᠡᠳᠡᠭ ᠨᠢ ᠰᠦᠯᠵᠢᠶ᠎ᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠴᠠᠬᠢᠮ ᠢᠶᠠᠷ ᠵᠠᠬᠢᠶᠠᠯᠠᠬᠤ | ᠲᠦᠷᠢᠶᠡᠰᠦᠨ ᠮᠠᠰᠢᠨ ᠤ ᠡᠵᠡᠩᠨᠡᠯᠲᠡ ᠶᠢᠨ ᠦᠢᠯᠡᠴᠢᠯᠡᠭᠡ ᠡᠷᠭᠢᠯᠡᠵᠦ ᠪᠠᠶᠢᠭ᠎ᠠ ᠠᠵᠤ ᠠᠬᠤᠶᠢᠯᠠᠯ ᠤᠨ ᠬᠠᠤᠯᠢ ᠶᠢᠨ | ᠡᠲᠡᠭᠡᠳ ᠢ ᠵᠢᠭᠠᠵᠤ ᠪᠣᠶ᠃ | | ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠲᠠᠪᠴᠠᠩ ᠤᠨ ᠺᠣᠮᠫᠠᠨᠢ᠂ ᠲᠡᠷᠭᠡ ᠬᠥᠰᠬᠡ᠂ ᠵᠢᠯᠣᠭᠤᠴᠢ ᠨᠢ | ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠵᠦ᠂ ᠵᠣᠬᠢᠬᠤ ᠵᠠᠰᠠᠭ ᠵᠠᠬᠢᠷᠭᠠᠨ ᠤ ᠵᠥᠪᠰᠢᠶᠡᠷᠡᠯ ᠢ ᠣᠯᠣᠭᠰᠠᠨ ᠤ ᠳᠠᠷᠠᠭ᠎ᠠ | ᠰᠠᠶ᠋ᠢ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠡᠵᠡᠩᠨᠡᠯᠲᠡ ᠶᠢᠨ ᠠᠵᠢᠯᠯᠠᠭ᠎ᠠ ᠶᠢ ᠡᠷᠭᠢᠯᠡᠵᠦ ᠪᠣᠯᠣᠨ᠎ᠠ᠃ | | ᠭᠤᠷᠪᠠᠳᠤᠭᠠᠷ ᠵᠦᠢᠯ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠤᠷᠢᠳᠠᠪᠠᠷ ᠬᠥᠭᠵᠢᠭᠦᠯᠬᠦ ᠶᠢ | ᠪᠠᠷᠢᠮᠲᠠᠯᠠᠨ᠂ ᠲᠦᠷᠢᠶᠡᠰᠦᠨ ᠮᠠᠰᠢᠨ ᠲᠡᠷᠭᠡ ᠶᠢ ᠵᠣᠬᠢᠬᠤ ᠬᠡᠮᠵᠢᠶ᠎ᠡ ᠪᠠᠷ ᠬᠥᠭᠵᠢᠭᠦᠯᠵᠦ᠂ ᠴᠢᠨᠠᠷ ᠰᠠᠶᠢᠲᠠᠢ | ᠦᠢᠯᠡᠴᠢᠯᠡᠬᠦ᠂ ᠵᠦᠷᠢᠶᠡᠵᠢᠬᠦᠯᠦᠨ ᠡᠵᠡᠩᠨᠡᠬᠦ ᠵᠠᠷᠴᠢᠮ ᠶᠣᠰᠣᠭᠠᠷ᠂ ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ | ᠲᠡᠷᠭᠡ ᠶᠢ ᠡᠮᠬᠢ ᠵᠢᠷᠤᠮ ᠲᠠᠢ ᠬᠥᠭᠵᠢᠭᠦᠯᠦᠨ᠎ᠡ᠃ | | ᠠᠯᠠᠱᠠ ᠵᠡᠭᠦᠨ ᠬᠤᠰᠢᠭᠤᠨ ᠤ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠲᠤᠭ᠎ᠠ ᠬᠡᠮᠵᠢᠶ᠎ᠡ ᠳᠤ ᠵᠠᠬ᠎ᠠ | ᠳᠡᠯᠭᠡᠭᠦᠷ ᠤᠨ ᠲᠣᠬᠢᠷᠠᠭᠤᠯᠤᠯᠲᠠ ᠶᠢ ᠬᠡᠷᠡᠭᠵᠢᠭᠦᠯᠦᠨ᠎ᠡ᠃ ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠨᠢ | ᠭᠤᠣᠯᠳᠠᠭᠤ ᠨᠥᠬᠦᠴᠡᠯ ᠳᠤ ᠨᠡᠶᠢᠴᠡᠬᠦ ᠨᠡᠶᠢᠭᠡᠮ ᠤᠨ ᠲᠡᠷᠭᠡ ᠬᠥᠰᠬᠡ ᠶᠢᠨ ᠬᠡᠷᠡᠭᠯᠡᠬᠦ ᠰᠢᠨᠵᠢ ᠴᠢᠨᠠᠷ ᠢ | ᠬᠤᠪᠢᠷᠠᠭᠤᠯᠬᠤ ᠪᠠᠷ ᠳᠠᠮᠵᠢᠭᠤᠯᠤᠨ ︽ᠰᠦᠯᠵᠢᠶ᠎ᠡ ᠪᠠᠷ ᠪᠣᠯᠵᠣᠵᠤ ᠲᠦᠷᠢᠶᠡᠰᠦᠯᠡᠭᠦᠯᠬᠦ ᠠᠶᠠᠨᠴᠢᠳ ᠤᠨ ᠲᠡᠭᠡᠭᠡᠪᠦᠷᠢ︾ | ᠪᠣᠯᠭᠠᠵᠤ᠂ ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠤ ᠲᠤᠰᠬᠠᠢ ᠫᠠᠶᠢᠰᠠ ᠦᠨᠡᠮᠯᠡᠯ ᠤᠨ ᠳ᠋ᠤᠭᠠᠷ ᠭᠠᠷᠭᠠᠬᠤ | ᠦᠭᠡᠢ᠂ ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠤ ᠲᠡᠭᠡᠭᠡᠪᠦᠷᠢ ᠶᠢᠨ ᠦᠨ᠎ᠡ ᠳᠤ ᠵᠠᠬ᠎ᠠ ᠳᠡᠯᠭᠡᠭᠦᠷ ᠤᠨ | ᠲᠣᠬᠢᠷᠠᠭᠤᠯᠤᠯᠲᠠ ᠶᠢᠨ ᠦᠨ᠎ᠡ ᠶᠢ ᠬᠡᠷᠡᠭᠵᠢᠭᠦᠯᠦᠨ᠎ᠡ᠃ | | ᠳᠥᠷᠪᠡᠳᠦᠭᠡᠷ ᠵᠦᠢᠯ ᠠᠯᠠᠱᠠ ᠵᠡᠭᠦᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ | ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠳᠣᠣᠷ᠎ᠠ᠂ ᠲᠣᠰ ᠵᠠᠰᠠᠭ | ᠵᠠᠬᠢᠷᠭᠠᠨ ᠤ ᠣᠷᠣᠨ ᠤ ᠳᠣᠲᠣᠷᠠᠬᠢ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ | | ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢ᠂ ᠳᠣᠲᠣᠭᠠᠳᠤ ᠶᠢ | ᠬᠠᠮᠠᠭᠠᠯᠠᠬᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠠᠷᠠᠳ ᠤᠨ ᠪᠠᠩᠬᠢ᠂ | ᠭᠠᠶᠢᠯᠢ ᠶᠢᠨ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠰᠦᠯᠵᠢᠶᠡᠨ ᠤ ᠮᠡᠳᠡᠭᠡ ᠵᠠᠩᠭᠢ ᠵᠡᠷᠭᠡ | ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠴᠠᠬᠢᠮ ᠢᠶᠠᠷ | ᠲᠦᠷᠢᠶᠡᠰᠦᠨ ᠮᠠᠰᠢᠨ ᠵᠠᠬᠢᠶᠠᠯᠠᠬᠤ ᠡᠵᠡᠩᠨᠡᠯᠲᠡ ᠶᠢᠨ ᠠᠵᠢᠯᠯᠠᠭ᠎ᠠ ᠳᠤ ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ ᠶᠢ | ᠬᠡᠷᠡᠭᠵᠢᠭᠦᠯᠦᠨ᠎ᠡ᠃ | | | | ᠬᠤᠶᠠᠳᠤᠭᠠᠷ ᠪᠦᠯᠦᠭ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠲᠠᠪᠴᠠᠩ ᠤᠨ ᠺᠣᠮᠫᠠᠨᠢ | | | | ᠲᠠᠪᠤᠳᠤᠭᠠᠷ ᠵᠦᠢᠯ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠲᠠᠪᠴᠠᠩ ᠤᠨ ᠺᠣᠮᠫᠠᠨᠢ ᠨᠢ | ᠲᠠᠪᠴᠠᠩ ᠳᠤ ᠣᠷᠣᠭᠰᠠᠨ ᠲᠡᠷᠭᠡ ᠬᠥᠰᠬᠡ᠂ ᠵᠢᠯᠣᠭᠤᠴᠢ ᠵᠢᠴᠢ ᠦᠢᠯᠡᠴᠢᠯᠡᠭᠡᠨ ᠤ ᠶᠠᠰᠤ ᠴᠢᠨᠠᠷ ᠪᠠ | ᠡᠵᠡᠩᠨᠡᠯᠲᠡ ᠶᠢᠨ ᠠᠮᠤᠷ ᠲᠦᠪᠰᠢᠨ ᠵᠡᠷᠭᠡ ᠳᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠬᠦ ᠶᠢᠨ ᠬᠠᠮᠲᠤ | ᠳᠠᠭᠠᠭᠠᠨ ᠲᠡᠭᠡᠭᠡᠪᠦᠷᠢᠯᠡᠭᠴᠢ ᠶᠢᠨ ᠬᠠᠷᠢᠭᠤᠴᠠᠯᠭ᠎ᠠ ᠪᠠ ᠵᠣᠬᠢᠴᠠᠩᠭᠤᠢ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠵᠦ᠂ | ᠡᠵᠡᠩᠨᠡᠯᠲᠡ ᠶᠢᠨ ᠠᠮᠤᠷ ᠲᠦᠪᠰᠢᠨ ᠢ ᠪᠠᠲᠤᠯᠠᠨ᠂ ᠠᠶᠠᠨᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ | ᠃ | | ᠠᠯᠠᠱᠠ ᠵᠡᠭᠦᠨ ᠬᠤᠰᠢᠭᠤᠨ ᠳᠤ ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠲᠡᠷᠭᠡ ᠶᠢᠨ ᠡᠵᠡᠩᠨᠡᠯᠲᠡ | ᠬᠢᠬᠦ ᠳᠤ᠂ ᠳᠣᠣᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠄ | | ︵ᠨᠢᠭᠡ︶ ᠠᠯᠠᠱᠠ ᠵᠡᠭᠦᠨ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠬᠠᠤᠯᠢ ᠶᠣᠰᠣᠭᠠᠷ | ᠪᠠᠶᠢᠭᠤᠯᠤᠭᠰᠠᠨ ᠠᠵᠤ ᠠᠬᠤᠶᠢᠯᠠᠯ ᠤᠨ ᠬᠠᠤᠯᠢ ᠶᠢᠨ ᠡᠲᠡᠭᠡᠳ ᠪᠤᠶᠤ ᠠᠯᠠᠱᠠ ᠵᠡᠭᠦᠨ ᠬᠤᠰᠢᠭᠤᠨ ᠤ | ᠡᠵᠡᠩᠨᠡᠯᠲᠡ ᠶᠢᠨ ᠦᠨᠡᠮᠯᠡᠯ ᠲᠠᠢ ᠭᠠᠳᠠᠷ ᠣᠷᠣᠨ ᠤ ᠠᠵᠤ ᠠᠬᠤᠶᠢᠯᠠᠯ ᠤᠨ ᠬᠠᠤᠯᠢ ᠶᠢᠨ ᠡᠲᠡᠭᠡᠳ ᠤ ᠰᠠᠯᠪᠤᠷᠢ | ᠪᠠᠶᠢᠭᠤᠯᠤᠮᠵᠢ᠃ | | ︵ᠬᠤᠶᠠᠷ︶ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠳᠤ ᠮᠠᠭᠠᠳᠯᠠᠨ | ᠲᠣᠭᠲᠠᠭᠠᠭᠰᠠᠨ ᠴᠠᠬᠢᠮ ᠢᠶᠠᠷ ᠪᠠ ᠰᠦᠯᠵᠢᠶᠡᠨ ᠠᠴᠠ ᠭᠠᠳᠠᠭᠤᠷᠬᠢ ᠦᠢᠯᠡᠴᠢᠯᠡᠭᠡᠨ ᠤ ᠴᠢᠳᠠᠪᠤᠷᠢ ᠶᠢ | ᠪᠦᠷᠢᠳᠦᠭᠦᠯᠦᠭᠰᠡᠨ ᠪᠠᠶᠢᠬᠤ ᠬᠡᠷᠡᠭᠲᠡᠢ᠃ | | ︵ᠭᠤᠷᠪᠠ︶ ᠠᠯᠠᠱᠠ ᠵᠡᠭᠦᠨ ᠬᠤᠰᠢᠭᠤᠨ ᠳᠤ ᠵᠣᠬᠢᠬᠤ ᠦᠢᠯᠡᠴᠢᠯᠡᠭᠡᠨ ᠤ ᠪᠠᠶᠢᠭᠤᠯᠤᠮᠵᠢ ᠵᠢᠴᠢ | ᠦᠢᠯᠡᠴᠢᠯᠡᠭᠡᠨ ᠤ ᠴᠢᠳᠠᠪᠤᠷᠢ ᠲᠠᠢ ᠪᠠᠶᠢᠬᠤ᠃ | | ︵ᠳᠥᠷᠪᠡ︶ ᠴᠠᠬᠢᠮ ᠲᠥᠯᠥᠪᠦᠷᠢ ᠶᠢ ᠬᠡᠷᠡᠭᠯᠡᠬᠦ ᠳᠤ ᠬᠦᠷᠪᠡᠯ᠂ ᠪᠠᠩᠬᠢ᠂ ᠪᠠᠩᠬᠢ ᠶᠢᠨ ᠪᠤᠰᠤ | ᠲᠥᠯᠥᠪᠦᠷᠢ ᠶᠢᠨ ᠪᠠᠶᠢᠭᠤᠯᠤᠮᠵᠢ ᠲᠠᠢ ᠲᠥᠯᠥᠪᠦᠷᠢ ᠶᠢᠨ ᠲᠠᠰᠤᠯᠤᠨ ᠪᠤᠳᠤᠬᠤ ᠦᠢᠯᠡᠴᠢᠯᠡᠭᠡ ᠬᠠᠩᠭᠠᠬᠤ ᠬᠡᠯᠡᠯᠴᠡᠭᠡᠷ | ᠲᠣᠭᠲᠠᠭᠠᠬᠤ ᠬᠡᠷᠡᠭᠲᠡᠢ᠃ | | ︵ᠲᠠᠪᠤ︶ ᠪᠦᠷᠢᠨ ᠲᠡᠭᠦᠯᠳᠡᠷ ᠡᠵᠡᠩᠨᠡᠯᠲᠡ ᠬᠠᠮᠢᠶᠠᠷᠤᠯᠲᠠ ᠶᠢᠨ ᠳᠦᠷᠢᠮ᠂ ᠠᠶᠤᠯᠭᠦᠢ ᠦᠢᠯᠡᠳᠪᠦᠷᠢᠯᠡᠬᠦ | ᠠᠵᠢᠯ ᠤᠨ ᠳᠦᠷᠢᠮ ᠪᠠ ᠦᠢᠯᠡᠴᠢᠯᠡᠭᠡᠨ ᠤ ᠶᠠᠰᠤ ᠴᠢᠨᠠᠷ ᠤᠨ ᠪᠠᠲᠤᠯᠠᠭ᠎ᠠ ᠶᠢᠨ ᠳᠦᠷᠢᠮ ᠲᠠᠢ ᠪᠠᠶᠢᠬᠤ᠃ | | ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ | ᠪᠤᠰᠤᠳ ᠨᠥᠬᠦᠴᠡᠯ ᠤᠳ᠃ | | ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠴᠠᠬᠢᠮ ᠲᠦᠷᠢᠶᠡᠰᠦᠨ ᠮᠠᠰᠢᠨ ᠵᠠᠬᠢᠶᠠᠯᠠᠬᠤ | ᠦᠢᠯᠡᠴᠢᠯᠡᠭᠡ ᠶᠢ ᠶᠠᠪᠤᠭᠳᠠᠭᠤᠯᠤᠭᠰᠠᠨ ᠪᠠᠶᠢᠪᠠᠯ᠂ ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠠᠴᠠ ᠭᠠᠳᠠᠨ᠎ᠠ | ᠂ ᠪᠠᠰᠠ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠬᠠᠮᠢᠶ᠎ᠠ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ ᠤᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ᠃ | | ᠵᠢᠷᠭᠤᠳᠤᠭᠠᠷ ᠵᠦᠢᠯ ᠠᠯᠠᠱᠠ ᠵᠡᠭᠦᠨ ᠬᠤᠰᠢᠭᠤᠨ ᠳᠤ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠵᠤ | ᠡᠵᠡᠩᠨᠡᠬᠦ ᠪᠠᠷ ᠭᠤᠶᠤᠴᠢᠯᠠᠬᠤ ᠳᠤ᠂ ᠠᠯᠠᠱᠠ ᠵᠡᠭᠦᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ ᠳᠤ ᠭᠤᠶᠤᠴᠢᠯᠠᠬᠤ ᠶᠢᠨ ᠬᠠᠮᠲᠤ ᠳᠣᠣᠷᠠᠬᠢ ᠮᠠᠲ᠋ᠧᠷᠢᠶᠠᠯ ᠤᠳ ᠢ ᠲᠤᠰᠢᠶᠠᠬᠤ ᠬᠡᠷᠡᠭᠲᠡᠢ᠄ | | ︵ᠨᠢᠭᠡ︶ ᠰᠦᠯᠵᠢᠶᠡᠨ ᠳᠡᠭᠡᠷ᠎ᠡ ᠪᠣᠯᠵᠣᠭᠰᠠᠨ ᠲᠦᠷᠢᠶᠡᠰᠦᠨ ᠮᠠᠰᠢᠨ ᠲᠡᠷᠭᠡ ᠡᠵᠡᠩᠨᠡᠬᠦ ᠭᠤᠶᠤᠴᠢᠯᠠᠯ ᠤᠨ | ᠬᠦᠰᠦᠨᠦᠭᠲᠦ | | ︵ᠬᠤᠶᠠᠷ︶ ᠪᠡᠯᠡ ᠣᠷᠣᠭᠤᠯᠤᠭᠴᠢ᠂ ᠬᠠᠷᠢᠭᠤᠴᠠᠯᠭᠠᠲᠠᠨ ᠤ ᠪᠡᠶ᠎ᠡ ᠶᠢᠨ ᠬᠢᠷᠢ ᠬᠡᠮ᠂ ᠬᠥᠷᠥᠩᠭᠡ | ᠢᠲᠡᠭᠡᠮᠵᠢ ᠶᠢᠨ ᠭᠡᠷᠡᠴᠢ ᠵᠢᠴᠢ ᠲᠡᠭᠦᠨ ᠤ ᠪᠠᠭᠤᠯᠭᠠᠪᠤᠷᠢ᠂ ᠭᠠᠷᠳᠠᠨ ᠭᠦᠢᠴᠡᠳᠭᠡᠭᠴᠢ ᠶᠢᠨ ᠪᠡᠶ᠎ᠡ ᠶᠢᠨ ᠬᠢᠷᠢ ᠬᠡᠮ ᠤᠨ | ᠭᠡᠷᠡᠴᠢ ᠵᠢᠴᠢ ᠪᠠᠭᠤᠯᠭᠠᠪᠤᠷᠢ ᠪᠠ ᠨᠠᠶᠢᠳᠠᠯᠭ᠎ᠠ ᠶᠢᠨ ᠪᠢᠴᠢᠭ᠃ | | ︵ᠭᠤᠷᠪᠠ︶ ᠠᠵᠤ ᠠᠬᠤᠶᠢᠯᠠᠯ ᠤᠨ ᠬᠠᠤᠯᠢ ᠶᠢᠨ ᠬᠥᠮᠥᠨ ᠤ ᠡᠵᠡᠩᠨᠡᠯᠲᠡ ᠶᠢᠨ ᠦᠨᠡᠮᠯᠡᠯ ᠵᠢᠴᠢ | ᠪᠠᠭᠤᠯᠭᠠᠪᠤᠷᠢ᠃ ᠰᠠᠯᠪᠤᠷᠢ ᠪᠠᠶᠢᠭᠤᠯᠤᠮᠵᠢ ᠳᠤ ᠬᠠᠷᠢᠶᠠᠯᠠᠭᠳᠠᠪᠠᠯ᠂ ᠪᠠᠰᠠ ᠠᠯᠠᠱᠠ ᠵᠡᠭᠦᠨ ᠬᠤᠰᠢᠭᠤᠨ ᠳᠤ | ᠳᠠᠩᠰᠠᠯᠠᠭᠤᠯᠤᠨ ᠪᠦᠷᠢᠳᠬᠡᠭᠦᠯᠦᠭᠰᠡᠨ ᠡᠵᠡᠩᠨᠡᠯᠲᠡ ᠶᠢᠨ ᠦᠨᠡᠮᠯᠡᠯ ᠵᠢᠴᠢ ᠠᠵᠤ ᠠᠬᠤᠶᠢᠯᠠᠯ ᠤᠨ ᠬᠠᠤᠯᠢ ᠶᠢᠨ | ᠡᠲᠡᠭᠡᠳ ᠠᠴᠠ ᠲᠣᠰ ᠰᠠᠯᠪᠤᠷᠢ ᠪᠠᠶᠢᠭᠤᠯᠤᠮᠵᠢ ᠶᠢᠨ ᠬᠠᠷᠢᠭᠤᠴᠠᠯᠭᠠᠲᠠᠨ ᠳᠤ ᠡᠷᠬᠡ ᠣᠯᠭᠤᠵᠤ ᠲᠣᠰ ᠬᠤᠰᠢᠭᠤᠨ ᠤ | ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠡᠵᠡᠩᠨᠡᠯᠲᠡ ᠶᠢᠨ ᠦᠢᠯᠡᠴᠢᠯᠡᠭᠡ᠂ ᠳᠠᠭᠠᠭᠠᠨ ᠲᠡᠭᠡᠭᠡᠪᠦᠷᠢᠯᠡᠭᠴᠢ ᠶᠢᠨ | ᠬᠠᠷᠢᠭᠤᠴᠠᠯᠭ᠎ᠠ ᠪᠠ ᠵᠣᠬᠢᠴᠠᠩᠭᠤᠢ ᠨᠡᠶᠢᠭᠡᠮ ᠤᠨ ᠬᠠᠷᠢᠭᠤᠴᠠᠯᠭ᠎ᠠ ᠵᠡᠷᠭᠡ ᠠᠵᠤ ᠠᠬᠤᠶᠢᠯᠠᠯ ᠤᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠪᠦᠷᠢᠨ ᠡᠷᠬᠡ ᠲᠠᠢ ᠪᠠᠷ ᠡᠭᠦᠷᠭᠡᠯᠡᠭᠦᠯᠬᠦ ᠡᠷᠬᠡ ᠣᠯᠭᠤᠭᠰᠠᠨ ᠨᠠᠶᠢᠳᠠᠯᠭ᠎ᠠ ᠶᠢᠨ | ᠪᠢᠴᠢᠭ ᠢ ᠲᠤᠰᠢᠶᠠᠬᠤ ᠬᠡᠷᠡᠭᠲᠡᠢ᠃ | | ︵ᠳᠥᠷᠪᠡ︶ ᠠᠵᠤ ᠠᠬᠤᠶᠢᠯᠠᠯ ᠬᠠᠤᠯᠢ ᠶᠢᠨ ᠬᠥᠮᠥᠨ ᠤ ᠳᠠᠩᠰᠠᠯᠠᠭᠤᠯᠤᠭᠰᠠᠨ ᠭᠠᠵᠠᠷ ᠤᠨ ᠮᠤᠵᠢ ᠶᠢᠨ | ᠱᠠᠲᠤᠨ ᠤ ᠵᠠᠮ ᠲᠡᠭᠡᠭᠡᠪᠦᠷᠢ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠲᠡᠭᠦᠨ ᠤ ᠬᠤᠯᠪᠣᠭᠳᠠᠯ ᠪᠦᠬᠦᠢ ᠴᠠᠬᠢᠮ ᠢᠶᠠᠷ ᠦᠢᠯᠡᠴᠢᠯᠡᠭᠡᠨ ᠤ ᠴᠢᠳᠠᠪᠤᠷᠢ ᠶᠢ | ᠪᠦᠷᠢᠳᠦᠭᠦᠯᠦᠭᠰᠡᠨ᠂ ᠬᠤᠯᠪᠣᠭᠳᠠᠯ ᠪᠦᠬᠦᠢ ᠱᠠᠭᠠᠷᠳᠠᠯᠭ᠎ᠠ ᠳᠤ ᠨᠡᠶᠢᠴᠡᠭᠰᠡᠨ ᠬᠢᠨᠠᠨ ᠬᠠᠷᠭᠤᠭᠤᠯᠵᠤ ᠮᠠᠭᠠᠳᠯᠠᠨ | ᠲᠣᠭᠲᠠᠭᠠᠭᠰᠠᠨ ᠦᠷ᠎ᠡ ᠳ᠋ᠦᠩ᠃ | | ︵ᠲᠠᠪᠤ︶ ᠠᠯᠠᠱᠠ ᠵᠡᠭᠦᠨ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠲᠣᠭᠲᠠᠮᠠᠯ | ᠠᠯᠪᠠᠯᠠᠬᠤ ᠭᠠᠵᠠᠷ ᠤᠨ ᠬᠠᠮᠢᠶ᠎ᠠ ᠪᠦᠬᠦᠢ ᠭᠡᠷᠡᠴᠢ ᠪᠤᠶᠤ ᠠᠮᠠᠯᠠᠯᠲᠠ ᠶᠢᠨ ᠮᠠᠲ᠋ᠧᠷᠢᠶᠠᠯ᠂ ᠰᠠᠯᠪᠤᠷᠢ ᠪᠠᠶᠢᠭᠤᠯᠤᠮᠵᠢ ᠶᠢᠨ | ᠬᠠᠷᠢᠭᠤᠴᠠᠯᠭᠠᠲᠠᠨ ᠵᠢᠴᠢ ᠬᠠᠮᠢᠶᠠᠷᠤᠯᠲᠠ ᠶᠢᠨ ᠠᠵᠢᠯᠲᠠᠨ ᠵᠡᠷᠭᠡ ᠮᠡᠳᠡᠭᠡ ᠵᠠᠩᠭᠢ ᠲᠠᠢ ᠪᠠᠶᠢᠬᠤ ᠬᠡᠷᠡᠭᠲᠡᠢ᠃ | | ︵ᠵᠢᠷᠭᠤᠭ᠎ᠠ︶ ᠴᠠᠬᠢᠮ ᠲᠥᠯᠥᠪᠦᠷᠢ ᠶᠢ ᠬᠡᠷᠡᠭᠯᠡᠬᠦ ᠳᠤ ᠪᠠᠩᠬᠢ᠂ ᠪᠠᠩᠬᠢ ᠶᠢᠨ ᠪᠤᠰᠤ ᠲᠥᠯᠥᠪᠦᠷᠢ ᠶᠢᠨ | ᠪᠠᠶᠢᠭᠤᠯᠤᠮᠵᠢ ᠯᠤᠭ᠎ᠠ ᠲᠣᠭᠲᠠᠭᠠᠭᠰᠠᠨ ᠲᠥᠯᠥᠪᠦᠷᠢ ᠶᠢᠨ ᠲᠠᠰᠤᠯᠤᠨ ᠪᠤᠳᠤᠬᠤ ᠦᠢᠯᠡᠴᠢᠯᠡᠭᠡᠨ ᠤ ᠬᠡᠯᠡᠯᠴᠡᠭᠡᠷ ᠢ | ᠬᠠᠩᠭᠠᠬᠤ ᠬᠡᠷᠡᠭᠲᠡᠢ᠃ | | ︵ᠳᠣᠯᠤᠭ᠎ᠠ︶ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠬᠦ ᠠᠵᠢᠯ | ᠪᠠ ᠦᠢᠯᠡᠴᠢᠯᠡᠭᠡᠨ ᠤ ᠶᠠᠰᠤ ᠴᠢᠨᠠᠷ ᠤᠨ ᠪᠠᠲᠤᠯᠠᠭ᠎ᠠ ᠶᠢᠨ ᠳᠦᠷᠢᠮ ᠤᠨ ᠲᠣᠪᠬᠢᠮᠠᠯ᠃ ᠡᠭᠦᠨ ᠳᠤ᠄ ᠵᠠᠯᠭᠠᠵᠤ | ᠣᠷᠣᠭᠤᠯᠬᠤ ᠲᠡᠷᠭᠡᠨ ᠤ ᠮᠡᠷᠭᠡᠵᠢᠯ ᠤᠨ ᠪᠠᠷᠢᠮᠵᠢᠶ᠎ᠠ ᠪᠣᠯᠣᠨ ᠬᠠᠮᠢᠶᠠᠷᠤᠯᠲᠠ ᠶᠢᠨ ᠳᠦᠷᠢᠮ᠂ ᠵᠢᠯᠣᠭᠤᠴᠢ ᠶᠢᠨ | ᠬᠠᠮᠢᠶᠠᠷᠤᠯᠲᠠ ᠶᠢᠨ ᠳᠦᠷᠢᠮ᠂ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠶᠢ ᠲᠣᠬᠢᠷᠠᠭᠤᠯᠬᠤ ᠳᠦᠷᠢᠮ᠂ | ᠠᠶᠤᠯᠭᠦᠢ ᠦᠢᠯᠡᠳᠪᠦᠷᠢᠯᠡᠬᠦ ᠠᠵᠢᠯ ᠤᠨ ᠬᠠᠮᠢᠶᠠᠷᠤᠯᠲᠠ ᠶᠢᠨ ᠳᠦᠷᠢᠮ᠂ ᠰᠦᠯᠵᠢᠶᠡᠨ ᠤ ᠮᠡᠳᠡᠭᠡ ᠵᠠᠩᠭᠢ ᠶᠢᠨ | ᠠᠶᠦᠯᠭᠦᠢ ᠶᠢᠨ ᠳᠣᠲᠣᠭᠠᠳᠤ ᠶᠢᠨ ᠠᠶᠦᠯᠭᠦᠢ ᠶᠢᠨ ᠬᠠᠮᠠᠭᠠᠯᠠᠯᠲᠠ ᠶᠢᠨ ᠳᠦᠷᠢᠮ᠂ ᠦᠢᠯᠡᠴᠢᠯᠡᠭᠡᠨ ᠤ ᠶᠠᠰᠤ ᠴᠢᠨᠠᠷ | ᠵᠢᠴᠢ ᠵᠠᠭᠠᠯᠳᠤᠯᠭ᠎ᠠ ᠶᠢᠨ ᠬᠠᠮᠢᠶᠠᠷᠤᠯᠲᠠ ᠶᠢᠨ ᠳᠦᠷᠢᠮ᠂ ᠮᠡᠳᠡᠭᠡ ᠵᠠᠩᠭᠢ ᠶᠢᠨ ᠠᠮᠤᠷ ᠲᠦᠪᠰᠢᠨ ᠵᠢᠴᠢ | ᠠᠶᠠᠨᠴᠢᠳ ᠤᠨ ᠬᠤᠪᠢ ᠶᠢᠨ ᠨᠢᠭᠤᠴᠠ ᠶᠢ ᠬᠠᠮᠠᠭᠠᠯᠠᠬᠤ ᠳᠦᠷᠢᠮ᠂ ᠲᠠᠪᠴᠠᠩ ᠤᠨ ᠲᠤᠭ᠎ᠠ ᠪᠠᠷᠢᠮᠲᠠ ᠶᠢ ᠵᠠᠯᠭᠠᠨ | ᠣᠷᠣᠭᠤᠯᠬᠤ ᠶᠢ ᠬᠢᠨᠠᠨ ᠬᠠᠮᠢᠶᠠᠷᠬᠤ ᠲᠠᠪᠴᠠᠩ ᠤᠨ ᠬᠠᠮᠠᠭᠠᠯᠠᠯᠲᠠ ᠪᠠᠲᠤᠯᠠᠭ᠎ᠠ ᠶᠢᠨ ᠳᠦᠷᠢᠮ᠂ ᠲᠡᠭᠡᠭᠡᠪᠦᠷᠢ ᠶᠢᠨ | ᠦᠨ᠎ᠡ ᠶᠢᠨ ᠳᠦᠷᠢᠮ ᠤᠨ ᠳᠦᠷᠢᠮ ᠵᠢᠴᠢ ᠦᠨ᠎ᠡ ᠬᠠᠩᠰᠢ ᠶᠢ ᠵᠠᠷᠯᠠᠨ ᠨᠡᠶᠢᠲᠡᠯᠡᠬᠦ ᠳᠦᠷᠢᠮ᠂ ᠲᠡᠷᠭᠡ ᠬᠥᠰᠬᠡ | ᠬᠢᠭᠡᠳ ᠵᠢᠯᠣᠭᠤᠴᠢ ᠶᠢᠨ ᠵᠥᠪᠰᠢᠶᠡᠷᠡᠨ ᠣᠷᠣᠭᠤᠯᠬᠤ ᠪᠠ ᠤᠬᠤᠷᠢᠨ ᠭᠠᠷᠬᠤ ᠶᠢ ᠬᠥᠳᠡᠯᠦᠩᠭᠦᠢ ᠪᠠᠷ ᠮᠡᠳᠡᠭᠦᠯᠬᠦ | ᠳᠦᠷᠢᠮ ᠵᠡᠷᠭᠡ ᠡᠵᠡᠩᠨᠡᠯᠲᠡ ᠵᠢᠴᠢ ᠡᠵᠡᠩᠨᠡᠯᠲᠡ ᠶᠢᠨ ᠠᠶᠦᠯᠭᠦᠢ ᠶᠢᠨ ᠰᠠᠭᠠᠳ ᠦᠭᠡᠢ ᠶᠠᠪᠤᠭᠳᠠᠬᠤ ᠶᠢ ᠪᠠᠲᠤᠯᠠᠬᠤ | ᠬᠠᠮᠢᠶ᠎ᠠ ᠪᠦᠬᠦᠢ ᠳᠦᠷᠢᠮ᠃ | | ︵ᠨᠠᠢᠮᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠣᠯᠭᠤᠨ ᠥᠭᠭᠦᠭᠦᠯᠬᠦ ᠪᠠᠷ | ᠱᠠᠭᠠᠷᠳᠠᠭᠰᠠᠨ ᠪᠤᠰᠤᠳ ᠮᠠᠲ᠋ᠧᠷᠢᠶᠠᠯ᠃ | | ᠳᠣᠯᠣᠳᠤᠭᠠᠷ ᠵᠦᠢᠯ ᠠᠯᠠᠱᠠ ᠵᠡᠭᠦᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ | ᠭᠥᠯᠢᠶᠡᠨ ᠠᠪᠤᠭᠰᠠᠨ ᠡᠳᠦᠷ ᠠᠴᠠ ᠡᠬᠢᠯᠡᠨ 20 ᠡᠳᠦᠷ ᠤᠨ ᠳᠣᠲᠣᠷ᠎ᠠ ᠵᠥᠪᠰᠢᠶᠡᠷᠡᠬᠦ ᠪᠤᠶᠤ ᠥᠯᠥ ᠵᠥᠪᠰᠢᠶᠡᠷᠡᠬᠦ | ᠲᠣᠭᠲᠠᠭᠠᠯ ᠭᠠᠷᠭᠠᠬᠤ ᠬᠡᠷᠡᠭᠲᠡᠢ᠃ 20 ᠡᠳᠦᠷ ᠤᠨ ᠳᠣᠲᠣᠷ᠎ᠠ ᠲᠣᠭᠲᠠᠭᠠᠯ ᠭᠠᠷᠭᠠᠵᠤ ᠳᠡᠶᠢᠯᠬᠦ ᠦᠭᠡᠢ ᠪᠠᠶᠢᠪᠠᠯ᠂ | ᠠᠯᠠᠱᠠ ᠵᠡᠭᠦᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠢᠶᠠᠷ | ᠵᠥᠪᠰᠢᠶᠡᠷᠡᠭᠦᠯᠦᠭᠡᠳ᠂ 10 ᠡᠳᠦᠷ ᠤᠷᠲᠤᠳᠬᠠᠵᠤ ᠪᠣᠯᠬᠤ ᠪᠥᠭᠡᠳ ᠬᠤᠭᠤᠴᠠᠭ᠎ᠠ ᠶᠢ ᠤᠷᠲᠤᠳᠬᠠᠭᠰᠠᠨ | ᠰᠢᠯᠲᠠᠭᠠᠨ ᠢᠶᠠᠨ ᠭᠤᠶᠤᠴᠢᠯᠠᠭᠴᠢ ᠳᠤ ᠮᠡᠳᠡᠭᠳᠡᠬᠦ ᠬᠡᠷᠡᠭᠲᠡᠢ᠃ | | ᠨᠠᠢᠮᠠᠳᠤᠭᠠᠷ ᠵᠦᠢᠯ ᠠᠯᠠᠱᠠ ᠵᠡᠭᠦᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ | ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠵᠤ ᠡᠵᠡᠩᠨᠡᠬᠦ ᠭᠤᠶᠤᠴᠢᠯᠠᠯ ᠳᠤ ᠵᠠᠰᠠᠭ ᠵᠠᠬᠢᠷᠭᠠᠨ ᠤ ᠵᠥᠪᠰᠢᠶᠡᠷᠡᠯ ᠤᠨ | ᠲᠣᠭᠲᠠᠭᠠᠯ ᠭᠠᠷᠭᠠᠭᠰᠠᠨ ᠪᠠᠶᠢᠪᠠᠯ᠂ ︽ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠯᠲᠠ ᠶᠢᠨ ᠡᠵᠡᠩᠨᠡᠬᠦ | ᠵᠥᠪᠰᠢᠶᠡᠷᠡᠯ ᠤᠨ ᠦᠨᠡᠮᠯᠡᠯ︾ ᠣᠯᠭᠤᠬᠤ ᠳᠤ᠂ ᠡᠵᠡᠩᠨᠡᠯᠲᠡ ᠶᠢᠨ ᠬᠦᠷᠢᠶ᠎ᠡ ᠬᠡᠪᠴᠢᠶ᠎ᠡ ᠨᠢ ᠴᠠᠬᠢᠮ ᠢᠶᠠᠷ ᠵᠠᠬᠢᠶᠠᠯᠠᠬᠤ | ᠠᠶᠠᠨᠴᠢᠳ ᠤᠨ ᠲᠡᠭᠡᠭᠡᠪᠦᠷᠢ᠂ ᠡᠵᠡᠩᠨᠡᠯᠲᠡ ᠶᠢᠨ ᠣᠷᠣᠨ ᠪᠦᠰᠡ ᠨᠢ ᠠᠯᠠᠱᠠ ᠵᠡᠭᠦᠨ ᠬᠤᠰᠢᠭᠤᠨ ᠤ ᠬᠠᠷᠢᠶᠠᠨ ᠳᠠᠬᠢ | 11 ᠰᠤᠮᠤ ᠪᠠᠯᠭᠠᠰᠤ᠂ ᠡᠵᠡᠩᠨᠡᠯᠲᠡ ᠶᠢᠨ ᠬᠤᠭᠤᠴᠠᠭ᠎ᠠ ᠬᠢᠵᠠᠭᠠᠷ ᠨᠢ 4 ᠵᠢᠯ ᠪᠣᠯᠣᠨ᠎ᠠ ᠭᠡᠵᠦ ᠲᠣᠳᠣᠷᠬᠠᠶᠢᠯᠠᠬᠤ | ᠬᠡᠷᠡᠭᠲᠡᠢ᠃ | | ᠠᠯᠠᠱᠠ ᠵᠡᠭᠦᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ ᠲᠣᠭᠲᠠᠭᠠᠭᠰᠠᠨ | ᠨᠥᠬᠦᠴᠡᠯ ᠳᠤ ᠨᠡᠶᠢᠴᠡᠬᠦ ᠦᠭᠡᠢ ᠭᠤᠶᠤᠴᠢᠯᠠᠯ ᠳᠤ ᠵᠠᠰᠠᠭ ᠵᠠᠬᠢᠷᠭᠠᠨ ᠤ ᠵᠥᠪᠰᠢᠶᠡᠷᠡᠯ ᠥᠯᠥ ᠣᠯᠭᠤᠬᠤ ᠲᠣᠭᠲᠠᠭᠠᠯ | ᠭᠠᠷᠭᠠᠭᠰᠠᠨ ᠪᠠᠶᠢᠪᠠᠯ᠂ ᠭᠤᠶᠤᠴᠢᠯᠠᠭᠴᠢ ᠳᠤ ︽ᠵᠠᠰᠠᠭ ᠵᠠᠬᠢᠷᠭᠠᠨ ᠤ ᠵᠥᠪᠰᠢᠶᠡᠷᠡᠯ ᠥᠯᠥ ᠣᠯᠭᠤᠬᠤ | ᠲᠣᠭᠲᠠᠭᠠᠯ ᠤᠨ ᠪᠢᠴᠢᠭ︾ ᠢ ᠭᠠᠷᠭᠠᠵᠤ ᠥᠭᠬᠦ ᠬᠡᠷᠡᠭᠲᠡᠢ᠃ | | ᠶᠢᠰᠦᠳᠦᠭᠡᠷ ᠵᠦᠢᠯ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠲᠠᠪᠴᠠᠩ ᠤᠨ ᠺᠣᠮᠫᠠᠨᠢ ᠨᠢ | ᠵᠣᠬᠢᠴᠠᠩᠭᠤᠢ ︽ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠯᠲᠠ ᠶᠢᠨ ᠡᠵᠡᠩᠨᠡᠯᠲᠡ ᠶᠢᠨ ᠵᠥᠪᠰᠢᠶᠡᠷᠡᠯ ᠤᠨ | ᠦᠨᠡᠮᠯᠡᠯ︾ ᠢ ᠣᠯᠬᠤ ᠶᠢᠨ ᠬᠠᠮᠲᠤ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠭᠠᠵᠠᠷ ᠤᠨ ᠮᠤᠵᠢ ᠶᠢᠨ | ᠱᠠᠲᠤᠨ ᠤ ᠴᠢᠮᠡᠭᠡ ᠬᠤᠯᠪᠣᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠢᠨᠲ᠋ᠧᠷ ᠰᠦᠯᠵᠢᠶᠡᠨ ᠤ | ᠮᠡᠳᠡᠭᠡ ᠵᠠᠩᠭᠢ ᠶᠢᠨ ᠦᠢᠯᠡᠴᠢᠯᠡᠭᠡ ᠶᠢ ᠪᠦᠷᠢᠳᠬᠡᠭᠦᠯᠬᠦ ᠪᠠᠷ ᠭᠤᠶᠤᠴᠢᠯᠠᠭᠰᠠᠨ ᠤ ᠳᠠᠷᠠᠭ᠎ᠠ ᠰᠠᠶ᠋ᠢ ᠬᠠᠮᠢᠶ᠎ᠠ ᠪᠦᠬᠦᠢ | ᠲᠤᠬᠠᠶᠢᠯᠠᠭᠰᠠᠨ ᠠᠵᠢᠯ ᠢ ᠥᠷᠨᠢᠭᠦᠯᠵᠦ ᠪᠣᠯᠣᠨ᠎ᠠ᠃ ᠪᠦᠷᠢᠳᠬᠡᠭᠦᠯᠬᠦ ᠠᠭᠤᠯᠭ᠎ᠠ ᠳᠤ ᠡᠵᠡᠩᠨᠡᠭᠴᠢ ᠶᠢᠨ ᠦᠨᠡᠨ ᠪᠡᠶ᠎ᠡ | ᠬᠡᠮ ᠤᠨ ᠮᠡᠳᠡᠭᠡ ᠵᠠᠩᠭᠢ᠂ ᠵᠠᠯᠭᠠᠵᠤ ᠣᠷᠣᠭᠤᠯᠤᠭᠰᠠᠨ ᠮᠡᠳᠡᠭᠡ ᠵᠠᠩᠭᠢ᠂ ᠵᠠᠮ ᠲᠡᠭᠡᠭᠡᠪᠦᠷᠢ ᠶᠢᠨ ᠰᠠᠯᠠᠭ᠎ᠠ | ᠮᠥᠴᠢᠷ ᠤᠨ ᠬᠢᠨᠠᠨ ᠣᠯᠭᠤᠭᠰᠠᠨ ︽ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠯᠲᠠ ᠶᠢᠨ ᠡᠵᠡᠩᠨᠡᠬᠦ | ᠵᠥᠪᠰᠢᠶᠡᠷᠡᠯ ᠤᠨ ᠦᠨᠡᠮᠯᠡᠯ︾ ᠵᠡᠷᠭᠡ ᠪᠠᠭᠲᠠᠨ᠎ᠠ᠃ ᠴᠠᠬᠢᠯᠭᠠᠨ ᠬᠤᠯᠪᠣᠭᠠᠨ ᠤ ᠲᠤᠬᠠᠶᠢᠯᠠᠭᠰᠠᠨ ᠠᠵᠢᠯ ᠢ | ᠡᠵᠡᠩᠨᠡᠬᠦ ᠳᠤ ᠬᠤᠯᠪᠣᠭᠳᠠᠭᠰᠠᠨ ᠪᠠᠶᠢᠪᠠᠯ᠂ ᠪᠠᠰᠠ ᠴᠠᠬᠢᠯᠭᠠᠨ ᠬᠤᠯᠪᠣᠭᠠᠨ ᠤ ᠬᠠᠮᠢᠶᠠᠷᠤᠯᠲᠠ ᠶᠢᠨ ᠬᠤᠯᠪᠣᠭᠳᠠᠯ | ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ᠃ | | ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠲᠠᠪᠴᠠᠩ ᠤᠨ ᠺᠣᠮᠫᠠᠨᠢ ᠨᠢ ᠰᠦᠯᠵᠢᠶ᠎ᠡ ᠵᠢᠩᠬᠢᠨᠢ ᠪᠠᠷ | ᠬᠤᠯᠪᠤᠭᠠᠯᠠᠨ ᠨᠡᠪᠲᠡᠷᠡᠭᠰᠡᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ᠴᠠᠬᠢᠮ ᠢᠶᠠᠷ ᠲᠦᠷᠢᠶᠡᠰᠦᠨ ᠮᠠᠰᠢᠨ | ᠵᠠᠬᠢᠶᠠᠯᠠᠬᠤ ᠲᠠᠪᠴᠠᠩ ᠤᠨ ᠺᠣᠮᠫᠠᠨᠢ ᠶᠢᠨ ᠬᠠᠮᠢᠶᠠᠷᠤᠯᠲᠠ ᠡᠵᠡᠩᠨᠡᠯᠲᠡ ᠶᠢᠨ ᠪᠠᠶᠢᠭᠤᠯᠤᠮᠵᠢ ᠶᠢᠨ ᠪᠠᠶᠢᠭ᠎ᠠ ᠭᠠᠵᠠᠷ ᠤᠨ | ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠢᠭᠠᠨ | ᠲᠣᠭᠲᠠᠭᠠᠭᠰᠠᠨ ᠭᠥᠯᠢᠶᠡᠨ ᠠᠪᠴᠤ ᠰᠢᠢᠳᠪᠦᠷᠢᠯᠡᠬᠦ ᠪᠠᠶᠢᠭᠤᠯᠤᠮᠵᠢ ᠳᠤ ᠬᠦᠷᠴᠦ ᠪᠦᠷᠢᠳᠬᠡᠭᠦᠯᠬᠦ ᠭᠠᠷ ᠭᠦᠢᠴᠡᠳᠬᠡᠯ | ᠬᠢᠬᠦ ᠬᠡᠷᠡᠭᠲᠡᠢ᠃ | | ᠠᠷᠪᠠᠳᠤᠭᠠᠷ ᠵᠦᠢᠯ ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠤ ᠲᠠᠪᠴᠠᠩ ᠤᠨ ᠺᠣᠮᠫᠠᠨᠢ ︵ᠰᠠᠯᠪᠤᠷᠢ | ᠪᠠᠶᠢᠭᠤᠯᠤᠮᠵᠢ︶ ᠨᠢ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ︵ᠬᠠᠷᠢᠭᠤᠴᠠᠯᠭᠠᠲᠠᠨ︶᠂ ᠨᠡᠷᠡᠶᠢᠳᠦᠯ᠂ ᠬᠠᠶ᠋ᠢᠭ | ︵ᠡᠵᠡᠩᠨᠡᠯᠲᠡ ᠶᠢᠨ ᠲᠠᠯᠠᠪᠤᠷ ᠭᠠᠵᠠᠷ︶ ᠢ ᠬᠤᠪᠢᠷᠠᠭᠤᠯᠬᠤ ᠳᠤ᠂ ᠤᠤᠯ ᠤᠨ ᠵᠥᠪᠰᠢᠶᠡᠷᠡᠭᠰᠡᠨ ᠪᠠᠶᠢᠭᠤᠯᠭ᠎ᠠ ᠳᠤ | ᠬᠦᠷᠴᠦ ᠬᠤᠪᠢᠷᠠᠭᠤᠯᠬᠤ ᠶᠢ ᠵᠥᠪᠰᠢᠶᠡᠷᠡᠬᠦ ᠭᠠᠷᠳᠠᠮ ᠢ ᠭᠦᠢᠴᠡᠳᠬᠡᠬᠦ ᠬᠡᠷᠡᠭᠲᠡᠢ᠃ ᠴᠠᠬᠢᠮ ᠢᠶᠠᠷ ᠲᠦᠷᠢᠶᠡᠰᠦᠨ | ᠮᠠᠰᠢᠨ ᠵᠠᠬᠢᠶᠠᠯᠠᠬᠤ ᠲᠠᠪᠴᠠᠩ ᠤᠨ ᠺᠣᠮᠫᠠᠨᠢ ︵ᠰᠠᠯᠪᠤᠷᠢ ᠪᠠᠶᠢᠭᠤᠯᠤᠮᠵᠢ︶ ᠨᠢ ᠵᠥᠪᠰᠢᠶᠡᠷᠡᠯ ᠣᠯᠣᠭᠰᠠᠨ ᠪᠤᠶᠤ | ᠳᠡᠭᠡᠷ᠎ᠡ ᠳᠤᠷᠠᠳᠤᠭᠰᠠᠨ ᠬᠤᠪᠢᠷᠠᠭᠤᠯᠬᠤ ᠭᠠᠷᠳᠠᠮ ᠢ ᠭᠦᠢᠴᠡᠳᠬᠡᠭᠰᠡᠨ ᠤ ᠳᠠᠷᠠᠭ᠎ᠠ᠂ ᠲᠤᠬᠠᠢ ᠶᠢᠨ ᠭᠠᠵᠠᠷ ᠤᠨ | ᠰᠦᠯᠵᠢᠶᠡᠨ ᠤ ᠮᠡᠳᠡᠭᠡ ᠵᠠᠩᠭᠢ ᠶᠢᠨ ᠰᠠᠯᠠᠭ᠎ᠠ ᠮᠥᠴᠢᠷ ᠲᠤ ᠬᠦᠷᠴᠦ ᠪᠦᠷᠢᠳᠬᠡᠭᠦᠯᠬᠦ ᠬᠡᠷᠡᠭᠲᠡᠢ᠃ | | ᠠᠷᠪᠠᠨ ᠨᠢᠭᠡᠳᠦᠭᠡᠷ ᠵᠦᠢᠯ ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠤ ᠲᠠᠪᠴᠠᠩ ᠤᠨ ᠺᠣᠮᠫᠠᠨᠢ | ᠡᠵᠡᠩᠨᠡᠯᠲᠡ ᠪᠠᠨ ᠲᠦᠷ ᠵᠣᠭᠰᠤᠭᠠᠬᠤ ᠪᠤᠶᠤ ᠵᠣᠭᠰᠤᠭᠠᠬᠤ ᠳᠤ᠂ 30 ᠡᠳᠦᠷ ᠤᠨ ᠡᠮᠦᠨ᠎ᠡ ᠠᠯᠠᠱᠠ ᠵᠡᠭᠦᠨ | ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠳᠤ ᠪᠢᠴᠢᠭ ᠢᠶᠠᠷ ᠮᠡᠳᠡᠭᠦᠯᠵᠦ᠂ ᠬᠤᠯᠪᠣᠭᠳᠠᠯ ᠪᠦᠬᠦᠢ | ᠪᠠᠶᠢᠳᠠᠯ ᠢ ᠲᠣᠳᠣᠷᠬᠠᠶᠢᠯᠠᠨ᠂ ᠦᠢᠯᠡᠴᠢᠯᠡᠭᠡ ᠬᠠᠩᠭᠠᠬᠤ ᠲᠡᠷᠭᠡ ᠬᠥᠰᠬᠡ ᠶᠢᠨ ᠥᠮᠴᠢᠯᠡᠭᠴᠢ ᠪᠠ ᠵᠢᠯᠣᠭᠤᠴᠢ ᠳᠤ | ᠮᠡᠳᠡᠭᠳᠡᠬᠦ ᠶᠢᠨ ᠬᠠᠮᠲᠤ ᠨᠡᠶᠢᠭᠡᠮ ᠳᠤ ᠵᠠᠷᠯᠠᠬᠤ ᠬᠡᠷᠡᠭᠲᠡᠢ᠃ ᠡᠵᠡᠩᠨᠡᠯᠲᠡ ᠪᠠᠨ ᠳᠠᠭᠤᠰᠬᠠᠭᠰᠠᠨ ᠪᠠᠶᠢᠪᠠᠯ᠂ | ᠵᠣᠬᠢᠴᠠᠩᠭᠤᠢ ︽ᠰᠦᠯᠵᠢᠶᠡᠨ ᠳᠡᠭᠡᠷ᠎ᠡ ᠪᠣᠯᠵᠣᠭᠰᠠᠨ ᠲᠦᠷᠢᠶᠡᠰᠦᠨ ᠮᠠᠰᠢᠨ ᠲᠡᠷᠭᠡ ᠡᠵᠡᠩᠨᠡᠬᠦ ᠵᠥᠪᠰᠢᠶᠡᠷᠡᠯ ᠤᠨ | ᠦᠨᠡᠮᠯᠡᠯ︾ ᠢ ᠤᠤᠯ ᠤᠨ ᠵᠥᠪᠰᠢᠶᠡᠷᠡᠭᠰᠡᠨ ᠪᠠᠶᠢᠭᠤᠯᠭ᠎ᠠ ᠳᠤ ᠪᠤᠴᠠᠭᠠᠬᠤ ᠬᠡᠷᠡᠭᠲᠡᠢ᠃ | | ᠠᠷᠪᠠᠨ ᠬᠤᠶᠠᠳᠤᠭᠠᠷ ᠵᠦᠢᠯ ᠡᠵᠡᠩᠨᠡᠯᠲᠡ ᠶᠢᠨ ᠬᠤᠭᠤᠴᠠᠭ᠎ᠠ ᠳᠦᠭᠦᠷᠦᠭᠡᠳ ᠴᠠᠬᠢᠮ ᠢᠶᠠᠷ ᠵᠠᠬᠢᠶᠠᠯᠠᠬᠤ | ᠲᠦᠷᠢᠶᠡᠰᠦᠨ ᠮᠠᠰᠢᠨ ᠤ ᠡᠵᠡᠩᠨᠡᠯᠲᠡ ᠶᠢ ᠦᠷᠭᠦᠯᠵᠢᠯᠡᠨ ᠬᠢᠬᠦ ᠴᠢᠬᠤᠯᠠᠲᠠᠢ ᠪᠠᠶᠢᠪᠠᠯ᠂ ᠡᠵᠡᠩᠨᠡᠯᠲᠡ ᠶᠢᠨ | ᠬᠤᠭᠤᠴᠠᠭ᠎ᠠ ᠳᠦᠭᠦᠷᠬᠦ ᠠᠴᠠ 30 ᠡᠳᠦᠷ ᠤᠨ ᠡᠮᠦᠨ᠎ᠡ᠂ ᠤᠤᠯ ᠤᠨ ᠵᠥᠪᠰᠢᠶᠡᠷᠡᠭᠰᠡᠨ ᠪᠠᠶᠢᠭᠤᠯᠭ᠎ᠠ ᠳᠤ | ᠡᠵᠡᠩᠨᠡᠯᠲᠡ ᠶᠢᠨ ᠭᠤᠶᠤᠴᠢᠯᠠᠯ ᠢᠶᠠᠨ ᠳᠠᠭᠢᠵᠤ ᠳᠤᠷᠠᠳᠬᠤ ᠬᠡᠷᠡᠭᠲᠡᠢ᠃ | | | | ᠭᠤᠷᠪᠠᠳᠤᠭᠠᠷ ᠪᠦᠯᠦᠭ ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠪᠠ ᠵᠢᠯᠣᠭᠤᠴᠢ | | | | ᠠᠷᠪᠠᠨ ᠭᠤᠷᠪᠠᠳᠤᠭᠠᠷ ᠵᠦᠢᠯ ᠠᠯᠠᠱᠠ ᠵᠡᠭᠦᠨ ᠬᠤᠰᠢᠭᠤᠨ ᠳᠤ ᠴᠠᠬᠢᠮ ᠢᠶᠠᠷ ᠵᠠᠬᠢᠶᠠᠯᠠᠬᠤ ᠲᠦᠷᠢᠶᠡᠰᠦᠨ | ᠮᠠᠰᠢᠨ ᠡᠵᠡᠩᠨᠡᠬᠦ ᠪᠠᠷ ᠪᠠᠶᠢᠭ᠎ᠠ ᠲᠡᠷᠭᠡ ᠬᠥᠰᠬᠡ ᠨᠢ ᠳᠣᠣᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠄ | | ︵ᠨᠢᠭᠡ︶ ᠲᠡᠷᠭᠡ ᠬᠥᠰᠬᠡ ᠶᠢᠨ ᠬᠡᠷᠡᠭᠯᠡᠭᠡᠨ ᠤ ᠰᠢᠨᠵᠢ ᠴᠢᠨᠠᠷ ᠢ ︽ᠲᠣᠣᠷ ᠰᠦᠯᠵᠢᠶ᠎ᠡ ᠪᠠᠷ ᠤᠷᠢᠳᠴᠢᠯᠠᠨ | ᠪᠣᠯᠵᠣᠵᠤ ᠲᠦᠷᠢᠶᠡᠰᠦᠯᠡᠭᠦᠯᠦᠭᠰᠡᠨ ᠠᠶᠠᠨᠴᠢᠳ ᠤᠨ ᠲᠡᠭᠡᠭᠡᠪᠦᠷᠢ︾ ᠪᠠᠷ ᠳᠠᠩᠰᠠᠯᠠᠭᠤᠯᠤᠭᠰᠠᠨ 7 ᠰᠠᠭᠤᠳᠠᠯ ᠵᠢᠴᠢ | ᠲᠡᠭᠦᠨ ᠠᠴᠠ ᠳᠣᠷᠣᠭᠰᠢᠬᠢ ᠰᠠᠭᠤᠳᠠᠯ ᠤᠨ ᠮᠠᠰᠢᠨ ᠲᠡᠷᠭᠡ᠂ ᠲᠡᠷᠭᠡ ᠬᠥᠰᠬᠡ ᠶᠢᠨ ᠠᠶᠠᠯᠠᠨ ᠶᠠᠪᠤᠬᠤ ᠦᠨᠡᠮᠯᠡᠯ ᠳᠤ | ᠲᠡᠮᠳᠡᠭᠯᠡᠭᠰᠡᠨ ᠠᠩᠬ᠎ᠠ ᠤᠳᠠᠭ᠎ᠠ ᠳᠠᠩᠰᠠᠯᠠᠭᠤᠯᠤᠭᠰᠠᠨ ᠡᠳᠦᠷ ᠬᠤᠭᠤᠴᠠᠭ᠎ᠠ ᠠᠴᠠ ᠭᠤᠶᠤᠴᠢᠯᠠᠭᠰᠠᠨ ᠡᠳᠦᠷ | ᠪᠣᠯᠲᠠᠯ᠎ᠠ 24 ᠰᠠᠷ᠎ᠠ ᠥᠯᠥ ᠳᠦᠭᠦᠷᠦᠭᠰᠡᠨ ᠢ ᠲᠡᠮᠳᠡᠭᠯᠡᠬᠦ ᠬᠡᠷᠡᠭᠲᠡᠢ᠃ ᠰᠢᠢᠳᠪᠦᠷᠢᠯᠡᠵᠦ ᠳᠠᠭᠤᠰᠤᠭᠠᠳᠤᠢ ᠵᠠᠮ | ᠬᠠᠷᠢᠯᠴᠠᠭᠠᠨ ᠤ ᠭᠡᠨᠡᠳᠡᠯ ᠪᠠ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠲᠡᠮᠳᠡᠭᠯᠡᠯ ᠪᠠᠶᠢᠬᠤ ᠦᠭᠡᠢ᠃ | | ︵ᠬᠤᠶᠠᠷ︶ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠲᠡᠷᠭᠡ ᠬᠥᠰᠬᠡ ᠪᠠᠨ | ᠳᠠᠭᠠᠭᠤᠯᠢ ᠤᠳᠤᠨ ᠤ ᠣᠷᠣᠨ ᠪᠠᠶᠢᠷᠢ ᠲᠣᠭᠲᠠᠭᠠᠬᠤ ᠲᠣᠨᠣᠭᠯᠠᠯ᠂ ᠪᠠᠴᠢᠮ ᠪᠠᠶᠢᠳᠠᠯ ᠢ ᠠᠷᠭᠠᠴᠠᠬᠤ ᠲᠦᠭᠰᠢᠭᠦᠷᠢ | ᠮᠡᠳᠡᠭᠡᠯᠡᠬᠦ ᠲᠣᠨᠣᠭᠯᠠᠯ ᠢ ᠤᠭᠰᠠᠷᠠᠭᠤᠯᠬᠤ ᠬᠡᠷᠡᠭᠲᠡᠢ᠃ | | ︵ᠭᠤᠷᠪᠠ︶ ᠲᠡᠷᠭᠡ ᠬᠥᠰᠬᠡ ᠶᠢᠨ ᠮᠡᠷᠭᠡᠵᠢᠯ ᠤᠨ ᠴᠢᠳᠠᠮᠵᠢ ᠨᠢ ᠡᠵᠡᠩᠨᠡᠯᠲᠡ ᠶᠢᠨ ᠠᠶᠦᠯᠭᠦᠢ ᠶᠢᠨ ᠬᠠᠮᠢᠶ᠎ᠠ | ᠪᠦᠬᠦᠢ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠵᠦ᠂ ᠰᠢᠨ᠎ᠡ ᠡᠨᠧᠷᠭᠢ ᠶᠢᠨ ᠮᠠᠰᠢᠨ ᠲᠡᠷᠭᠡ ᠬᠡᠷᠡᠭᠯᠡᠬᠦ ᠶᠢ | ᠵᠣᠷᠢᠭᠵᠢᠭᠤᠯᠤᠨ᠎ᠠ᠃ | | ︵ᠳᠥᠷᠪᠡ︶ ᠲᠡᠷᠭᠡ ᠤᠨᠤᠭ᠎ᠠ ᠵᠣᠬᠢᠴᠠᠩᠭᠤᠢ ᠳᠠᠭᠠᠳᠬᠠᠯ ᠳᠤ ᠣᠷᠣᠬᠤ ᠬᠡᠷᠡᠭᠲᠡᠢ᠃ | | ︵ᠲᠠᠪᠤ︶ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡ ᠯᠦᠭᠡ ᠠᠳᠠᠯᠢ ᠪᠤᠶᠤ ᠠᠳᠠᠯᠢᠪᠲᠤᠷ ᠲᠡᠷᠭᠡ | ᠬᠥᠰᠬᠡ ᠶᠢᠨ ᠭᠠᠳᠠᠷ ᠪᠠᠶᠢᠳᠠᠯ ᠪᠣᠯᠣᠨ ᠥᠩᠭᠡ ᠣᠷᠣᠭᠤᠯᠵᠤ ᠪᠣᠯᠬᠤ ᠦᠭᠡᠢ᠂ ᠣᠷᠣᠢ ᠶᠢᠨ ᠳ᠋ᠧᠩ᠂ ᠬᠤᠭᠤᠰᠤᠨ | ᠠᠴᠢᠶᠠᠨ ᠤ ᠳ᠋ᠧᠩ᠂ ᠦᠨ᠎ᠡ ᠪᠤᠳᠤᠬᠤ ᠮᠠᠰᠢᠨ ᠵᠡᠷᠭᠡ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡᠨ ᠤ | ᠲᠤᠰᠬᠠᠢ ᠦᠢᠯᠡᠴᠢᠯᠡᠭᠡᠨ ᠤ ᠪᠡᠯᠡᠳᠬᠡᠮᠵᠢ ᠲᠥᠬᠦᠭᠡᠷᠦᠮᠵᠢ ᠤᠭᠰᠠᠷᠠᠵᠤ ᠪᠣᠯᠬᠤ ᠦᠭᠡᠢ᠃ ︵119 ᠳ᠋ᠦ᠋ᠭᠡᠷ | ᠨᠢᠭᠤᠷ ᠤᠨ ᠦᠷᠭᠦᠯᠵᠢᠯᠡᠯ︶ ᠲᠡᠷᠭᠡ ᠬᠥᠰᠬᠡ ᠶᠢᠨ ᠭᠠᠳᠠᠷ ᠪᠠᠶᠢᠳᠠᠯ ᠪᠣᠯᠣᠨ ᠥᠩᠬ᠋ᠡ ᠶᠢ ᠪᠠᠶᠢᠷᠢᠯᠠᠭᠤᠯᠵᠤ ᠪᠣᠯᠬᠤ | ᠦᠭᠡᠢ︶ ᠲᠡᠭᠡᠭᠡᠪᠦᠷᠢ ᠶᠢᠨ ᠳ᠋ᠧᠩ᠂ ᠬᠤᠭᠤᠰᠤᠨ ᠠᠴᠢᠶᠠᠨ ᠤ ᠳ᠋ᠧᠩ᠂ ᠦᠨ᠎ᠡ ᠪᠤᠳᠤᠬᠤ ᠮᠠᠰᠢᠨ ᠲᠡᠷᠭᠡ ᠵᠡᠷᠭᠡ | ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡᠨ ᠤ ᠲᠤᠰᠬᠠᠢ ᠦᠢᠯᠡᠴᠢᠯᠡᠭᠡᠨ ᠤ ᠪᠡᠯᠡᠳᠬᠡᠮᠵᠢ | ᠲᠥᠬᠦᠭᠡᠷᠦᠮᠵᠢ ᠶᠢ ᠤᠭᠰᠠᠷᠠᠵᠤ ᠪᠣᠯᠬᠤ ᠦᠭᠡᠢ᠃ | | ᠠᠷᠪᠠᠨ ᠳᠥᠷᠪᠡᠳᠦᠭᠡᠷ ᠵᠦᠢᠯ ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠤ ᠡᠵᠡᠩᠨᠡᠯᠲᠡ ᠬᠢᠬᠦ ᠪᠠᠷ | ᠪᠠᠶᠢᠭ᠎ᠠ ᠲᠡᠷᠭᠡ ᠬᠥᠰᠬᠡ ᠶᠢ ᠠᠯᠠᠱᠠ ᠵᠡᠭᠦᠨ ᠬᠤᠰᠢᠭᠤᠨ ᠳᠤ ᠡᠵᠡᠩᠨᠡᠬᠦ ᠶᠢ ᠨᠢᠭᠡᠨᠲᠡ ᠵᠥᠪᠰᠢᠶᠡᠷᠡᠭᠰᠡᠨ ᠴᠠᠬᠢᠮ ᠢᠶᠠᠷ | ᠵᠠᠬᠢᠶᠠᠯᠠᠬᠤ ᠲᠦᠷᠢᠶᠡᠰᠦᠨ ᠮᠠᠰᠢᠨ ᠤ ᠲᠠᠪᠴᠠᠩ ᠤᠨ ᠺᠣᠮᠫᠠᠨᠢ ᠠᠴᠠ ᠭᠤᠶᠤᠴᠢᠯᠠᠨ ᠭᠦᠢᠴᠡᠳᠬᠡᠬᠦ ᠶᠢᠨ ᠬᠠᠮᠲᠤ | ᠳᠣᠣᠷᠠᠬᠢ ᠮᠠᠲ᠋ᠧᠷᠢᠶᠠᠯ ᠤᠳ ᠢ ᠲᠤᠰᠢᠶᠠᠬᠤ ᠬᠡᠷᠡᠭᠲᠡᠢ᠄ | | ︵ᠨᠢᠭᠡ︶ ᠰᠦᠯᠵᠢᠶᠡᠨ ᠳᠡᠭᠡᠷ᠎ᠡ ᠲᠦᠷᠢᠶᠡᠰᠦᠨ ᠮᠠᠰᠢᠨ ᠲᠡᠷᠭᠡᠨ ᠤ ᠲᠡᠭᠡᠭᠡᠪᠦᠷᠢ ᠶᠢᠨ ᠦᠨᠡᠮᠯᠡᠯ | ᠪᠣᠯᠵᠣᠬᠤ ᠪᠠᠷ ᠭᠤᠶᠤᠴᠢᠯᠠᠬᠤ ᠬᠦᠰᠦᠨᠦᠭᠲᠦ | | ︵ᠬᠤᠶᠠᠷ︶ ᠲᠡᠷᠭᠡ ᠬᠥᠰᠬᠡ ᠶᠢᠨ ᠥᠮᠴᠢᠯᠡᠭᠴᠢ ᠶᠢᠨ ᠪᠡᠶ᠎ᠡ ᠶᠢᠨ ᠦᠨᠡᠮᠯᠡᠯ ᠬᠢᠭᠡᠳ ᠪᠠᠭᠤᠯᠭᠠᠪᠤᠷᠢ | | ︵ᠭᠤᠷᠪᠠ︶ ᠲᠡᠷᠭᠡ ᠬᠥᠰᠬᠡ ᠶᠢᠨ ᠠᠷᠪᠠᠨ ᠭᠤᠷᠪᠠᠳᠤᠭᠠᠷ ᠵᠦᠢᠯ ᠤᠨ ᠱᠠᠭᠠᠷᠳᠠᠯᠭ᠎ᠠ ᠳᠤ ᠨᠡᠶᠢᠴᠡᠭᠰᠡᠨ | ᠭᠡᠷᠡᠴᠢ ᠮᠠᠲ᠋ᠧᠷᠢᠶᠠᠯ᠃ | | ︵ᠳᠥᠷᠪᠡ︶ ᠲᠡᠷᠭᠡ ᠬᠥᠰᠬᠡ ᠶᠢᠨ ᠥᠮᠴᠢᠯᠡᠭᠴᠢ ᠬᠢᠭᠡᠳ ᠴᠠᠬᠢᠮ ᠢᠶᠠᠷ ᠵᠠᠬᠢᠶᠠᠯᠠᠬᠤ ᠲᠦᠷᠢᠶᠡᠰᠦᠨ | ᠮᠠᠰᠢᠨ ᠤ ᠲᠠᠪᠴᠠᠩ ᠤᠨ ᠺᠣᠮᠫᠠᠨᠢ ᠶᠢᠨ ᠲᠣᠭᠲᠠᠭᠠᠭᠰᠠᠨ ᠰᠦᠯᠵᠢᠶᠡᠨ ᠳᠤ ᠣᠷᠣᠬᠤ ᠬᠠᠮᠲᠤᠷᠠᠯᠴᠠᠭᠠᠨ ᠤ | ᠵᠥᠪᠯᠡᠯᠴᠡᠭᠡᠷ᠃ | | ︵ᠲᠠᠪᠤ︶ ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠡᠵᠡᠩᠨᠡᠬᠦ ᠦᠢᠯᠡᠴᠢᠯᠡᠭᠡᠨ ᠤ ᠲᠡᠷᠭᠡ | ᠬᠥᠰᠬᠡ ᠶᠢᠨ ᠮᠠᠰᠢᠨᠲᠤ ᠲᠡᠷᠭᠡ ᠳᠠᠩᠰᠠᠯᠠᠭᠤᠯᠤᠭᠰᠠᠨ ᠦᠨᠡᠮᠯᠡᠯ᠂ ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ | ᠶᠡᠷᠦᠩᠬᠡᠶᠢᠯᠡᠭᠰᠡᠨ ᠴᠢᠨᠠᠷᠲᠠᠢ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠭᠡᠷᠡᠴᠢ ᠵᠢᠴᠢ ᠪᠠᠭᠤᠯᠭᠠᠪᠤᠷᠢ᠃ | | ᠠᠷᠪᠠᠨ ᠲᠠᠪᠤᠳᠤᠭᠠᠷ ᠵᠦᠢᠯ ᠠᠯᠠᠱᠠ ᠵᠡᠭᠦᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ | ᠨᠢ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠲᠠᠪᠴᠠᠩ ᠤᠨ ᠺᠣᠮᠫᠠᠨᠢ ᠶᠢᠨ ᠭᠤᠶᠤᠴᠢᠯᠠᠯ ᠢ ᠦᠨᠳᠦᠰᠦᠯᠡᠨ᠂ | ᠭᠤᠶᠤᠴᠢᠯᠠᠯ ᠤᠨ ᠮᠠᠲ᠋ᠧᠷᠢᠶᠠᠯ ᠢ ᠲᠣᠭᠲᠠᠭᠠᠯ ᠶᠣᠰᠣᠭᠠᠷ ᠬᠢᠨᠠᠨ ᠬᠠᠷᠭᠤᠭᠤᠯᠵᠤ᠂ ᠭᠤᠶᠤᠴᠢᠯᠠᠭᠴᠢ ᠶᠢᠨ | ᠲᠤᠰᠢᠶᠠᠭᠰᠠᠨ ᠮᠠᠲ᠋ᠧᠷᠢᠶᠠᠯ᠂ ᠲᠤᠰᠢᠶᠠᠵᠤ ᠰᠢᠯᠭᠠᠭᠤᠯᠤᠭᠰᠠᠨ ᠲᠡᠷᠭᠡ ᠬᠥᠰᠬᠡ ᠶᠢ ᠭᠥᠯᠢᠶᠡᠨ ᠠᠪᠤᠭᠰᠠᠨ 5 | ᠠᠵᠢᠯᠯᠠᠬᠤ ᠡᠳᠦᠷ ᠤᠨ ᠳᠣᠲᠣᠷ᠎ᠠ᠂ ᠬᠢᠨᠠᠨ ᠬᠠᠷᠭᠤᠭᠤᠯᠤᠭᠠᠳ ᠨᠥᠬᠦᠴᠡᠯ ᠳᠤ ᠨᠡᠶᠢᠴᠡᠭᠰᠡᠨ ᠲᠡᠷᠭᠡ ᠬᠥᠰᠬᠡ ᠶᠢᠨ | ᠮᠡᠳᠡᠭᠡ ᠵᠠᠩᠭᠢ ᠶᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠠᠷᠢᠭᠤ ᠲᠤᠰᠬᠠᠬᠤ ᠶᠢᠨ ᠬᠠᠮᠲᠤ ᠬᠢᠨᠠᠨ | ᠬᠠᠷᠭᠤᠭᠤᠯᠤᠭᠰᠠᠨ ᠦᠷ᠎ᠡ ᠳ᠋ᠦᠩ ᠢᠶᠠᠨ ᠭᠤᠶᠤᠴᠢᠯᠠᠭᠴᠢ ᠳᠤ ᠮᠡᠳᠡᠭᠳᠡᠨ᠎ᠡ᠃ | | ᠬᠢᠨᠠᠨ ᠬᠠᠷᠭᠤᠭᠤᠯᠤᠭᠠᠳ ᠨᠥᠬᠦᠴᠡᠯ ᠳᠤ ᠨᠡᠶᠢᠴᠡᠭᠰᠡᠨ ᠲᠡᠷᠭᠡ ᠬᠥᠰᠬᠡ ᠭᠤᠶᠤᠴᠢᠯᠠᠭᠴᠢ ᠠᠴᠠ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠦᠷᠴᠦ ᠲᠡᠷᠭᠡ ᠬᠥᠰᠬᠡ ᠶᠢ ᠪᠦᠷᠢᠳᠬᠡᠭᠦᠯᠬᠦ ᠪᠤᠶᠤ ᠬᠤᠪᠢᠷᠠᠭᠤᠯᠬᠤ | ᠭᠠᠷ ᠭᠦᠢᠴᠡᠳᠬᠡᠯ ᠬᠢᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠨᠢ ᠠᠯᠠᠱᠠ ᠵᠡᠭᠦᠨ ᠬᠤᠰᠢᠭᠤᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠯᠤᠭ᠎ᠠ ᠮᠡᠳᠡᠭᠡ ᠵᠠᠩᠭᠢ ᠰᠣᠯᠢᠯᠴᠠᠬᠤ ᠪᠠᠷ ᠳᠡᠮᠵᠢᠨ ᠬᠠᠮᠢᠶ᠎ᠠ ᠪᠦᠬᠦᠢ | ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠵᠤ᠂ ᠭᠤᠶᠤᠴᠢᠯᠠᠯ ᠢ ᠭᠥᠯᠢᠶᠡᠨ ᠠᠪᠤᠭᠰᠠᠨ 5 ᠠᠵᠢᠯ ᠤᠨ ᠡᠳᠦᠷ ᠤᠨ | ᠳᠣᠲᠣᠷ᠎ᠠ᠂ ᠨᠢᠭᠡᠨᠲᠡ ᠠᠯᠠᠱᠠ ᠵᠡᠭᠦᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠬᠢᠨᠠᠨ | ᠬᠠᠷᠭᠤᠭᠤᠯᠤᠯᠲᠠ ᠶᠢ ᠥᠩᠭᠡᠷᠡᠭᠡᠭᠰᠡᠨ ᠲᠡᠷᠭᠡ ᠬᠥᠰᠬᠡ ᠶᠢ ︽ᠤᠷᠢᠳᠴᠢᠯᠠᠨ ᠲᠦᠷᠢᠶᠡᠰᠦᠯᠡᠬᠦ ᠠᠶᠠᠨᠴᠢᠳ ᠤᠨ | ᠲᠡᠭᠡᠭᠡᠪᠦᠷᠢ︾ ᠪᠣᠯᠭᠠᠨ ᠳᠠᠩᠰᠠᠯᠠᠬᠤ ᠪᠤᠶᠤ ᠬᠤᠪᠢᠷᠠᠭᠤᠯᠬᠤ ᠶᠢᠨ ᠬᠠᠮᠲᠤ ᠬᠠᠮᠢᠶ᠎ᠠ ᠪᠦᠬᠦᠢ ᠮᠡᠳᠡᠭᠡ ᠵᠠᠩᠭᠢ ᠶᠢ | ᠠᠯᠠᠱᠠ ᠵᠡᠭᠦᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠳᠤ ᠬᠠᠷᠢᠭᠤ ᠲᠤᠰᠬᠠᠨ᠎ᠠ᠃ | | ᠠᠯᠠᠱᠠ ᠵᠡᠭᠦᠨ ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ ᠳᠣᠲᠣᠭᠠᠳᠤ ᠶᠢ ᠬᠠᠮᠠᠭᠠᠯᠠᠬᠤ | ᠪᠠᠶᠢᠭᠤᠯᠤᠯᠭ᠎ᠠ ᠶᠢᠨ ᠬᠠᠷᠢᠭᠤ ᠲᠤᠰᠬᠠᠭᠰᠠᠨ ᠮᠡᠳᠡᠭᠡ ᠵᠠᠩᠭᠢ ᠶᠢ ᠣᠯᠣᠭᠰᠠᠨ ᠤ ᠳᠠᠷᠠᠭᠠᠬᠢ 5 ᠠᠵᠢᠯᠯᠠᠬᠤ ᠡᠳᠦᠷ ᠤᠨ | ᠳᠣᠲᠣᠷ᠎ᠠ᠂ ᠮᠠᠰᠢᠨᠲᠤ ᠲᠡᠷᠭᠡᠨ ᠤ ᠠᠶᠠᠯᠠᠨ ᠶᠠᠪᠤᠬᠤ ᠦᠨᠡᠮᠯᠡᠯ ᠢ ᠨᠢᠭᠡᠨᠲᠡ ︽ᠤᠷᠢᠳᠴᠢᠯᠠᠨ ᠲᠦᠷᠢᠶᠡᠰᠦᠯᠡᠵᠦ ᠥᠭᠬᠦ | ᠠᠶᠠᠨᠴᠢᠳ ᠤᠨ ᠲᠡᠭᠡᠭᠡᠪᠦᠷᠢ︾ ᠭᠡᠵᠦ ᠳᠠᠩᠰᠠᠯᠠᠭᠤᠯᠤᠭᠰᠠᠨ ᠲᠡᠷᠭᠡᠨ ᠳᠤ ︽ᠰᠦᠯᠵᠢᠶ᠎ᠡ ᠪᠠᠷ ᠤᠷᠢᠳᠴᠢᠯᠠᠨ | ᠲᠦᠷᠢᠶᠡᠰᠦᠯᠡᠬᠦ ᠮᠠᠰᠢᠨ ᠲᠡᠷᠭᠡᠨ ᠤ ᠲᠡᠭᠡᠭᠡᠪᠦᠷᠢ ᠶᠢᠨ ᠦᠨᠡᠮᠯᠡᠯ︾ ᠣᠯᠭᠤᠬᠤ ᠶᠢᠨ ᠬᠠᠮᠲᠤ ᠭᠤᠶᠤᠴᠢᠯᠠᠭᠴᠢ ᠳᠤ | ᠮᠡᠳᠡᠭᠳᠡᠬᠦ ᠶᠢᠨ ᠬᠠᠮᠲᠤ ᠮᠡᠳᠡᠭᠡ ᠵᠠᠩᠭᠢ ᠶᠢᠨ ᠰᠣᠯᠢᠯᠴᠠᠭ᠎ᠠ ᠪᠠᠷ ᠳᠠᠮᠵᠢᠭᠤᠯᠤᠨ ᠬᠤᠯᠪᠣᠭᠳᠠᠯ ᠪᠦᠬᠦᠢ ᠲᠡᠷᠭᠡᠨ ᠤ | ᠮᠡᠳᠡᠭᠡ ᠵᠠᠩᠭᠢ ᠶᠢ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠤ ᠬᠠᠷᠢᠭᠤ ᠲᠤᠰᠬᠠᠨ᠎ᠠ᠃ | | ᠠᠷᠪᠠᠨ ᠵᠢᠷᠭᠤᠳᠤᠭᠠᠷ ᠵᠦᠢᠯ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠳᠤ ᠲᠡᠷᠭᠡ ᠬᠥᠰᠬᠡ ᠶᠢᠨ | ᠳᠠᠩᠰᠠᠯᠠᠯᠲᠠ ᠶᠢᠨ ᠥᠮᠴᠢᠯᠡᠭᠴᠢ ᠪᠤᠶᠤ ᠲᠡᠷᠭᠡ ᠬᠥᠰᠬᠡ ᠶᠢᠨ ᠬᠡᠷᠡᠭᠯᠡᠬᠦ ᠰᠢᠨᠵᠢ ᠴᠢᠨᠠᠷ ᠢ ᠬᠤᠪᠢᠷᠠᠭᠤᠯᠬᠤ | ᠴᠢᠬᠤᠯᠠ ᠲᠠᠢ ᠪᠣᠯ᠂ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠲᠠᠪᠴᠠᠩ ᠤᠨ ᠺᠣᠮᠫᠠᠨᠢ ᠨᠢ ᠠᠯᠠᠱᠠ ᠵᠡᠭᠦᠨ | ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠳᠤ ︽ᠴᠠᠬᠢᠮ ᠢᠶᠠᠷ ᠲᠦᠷᠢᠶᠡᠰᠦᠨ ᠮᠠᠰᠢᠨ | ᠵᠠᠬᠢᠶᠠᠯᠠᠬᠤ ᠲᠡᠭᠡᠭᠡᠪᠦᠷᠢ ᠶᠢᠨ ᠦᠨᠡᠮᠯᠡᠯ︾ ᠢ ᠬᠦᠴᠦᠨ ᠦᠭᠡᠢ ᠪᠣᠯᠭᠠᠬᠤ ᠪᠠᠷ ᠭᠤᠶᠤᠴᠢᠯᠠᠵᠤ᠂ ᠬᠦᠴᠦᠨ ᠦᠭᠡᠢ | ᠪᠣᠯᠭᠠᠭᠰᠠᠨ ᠭᠡᠷᠡᠴᠢ ᠪᠠᠷ ᠢᠶᠠᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ | ᠮᠥᠴᠢᠷ ᠲᠤ ᠬᠤᠪᠢᠷᠠᠭᠤᠯᠬᠤ ᠭᠤᠶᠤᠴᠢᠯᠠᠯ ᠭᠠᠷᠭᠠᠬᠤ ᠬᠡᠷᠡᠭᠲᠡᠢ᠃ | | ᠠᠷᠪᠠᠨ ᠳᠣᠯᠣᠳᠤᠭᠠᠷ ᠵᠦᠢᠯ ᠳᠠᠷᠠᠭᠠᠬᠢ ᠨᠥᠬᠦᠴᠡᠯ ᠪᠠᠶᠢᠳᠠᠯ ᠤᠳ ᠤᠨ ᠠᠯᠢ ᠨᠢᠭᠡ ᠨᠢ ᠪᠠᠶᠢᠪᠠᠯ᠂ | ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠤ ᠡᠵᠡᠩᠨᠡᠯᠲᠡ ᠠᠴᠠ ᠭᠠᠷᠬᠤ ᠬᠡᠷᠡᠭᠲᠡᠢ᠄ | | ︵ᠨᠢᠭᠡ︶ ᠰᠦᠯᠵᠢᠶᠡᠨ ᠳᠡᠭᠡᠷ᠎ᠡ ᠪᠣᠯᠵᠣᠭᠰᠠᠨ ᠲᠡᠷᠭᠡ ᠶᠢᠨ ᠠᠶᠠᠯᠠᠭᠰᠠᠨ ᠵᠠᠮ ᠤᠨ ᠤᠷᠳᠤ ᠨᠢ 60 | ᠲᠦᠮᠡᠨ ᠺᠢᠯᠣᠮᠧᠲᠷ ᠲᠤ ᠬᠥᠷᠥᠭᠰᠡᠨ ᠪᠣᠯ ᠠᠯᠪᠠᠳᠠᠯᠭ᠎ᠠ ᠪᠠᠷ ᠬᠡᠷᠡᠭᠯᠡᠭᠡᠨ ᠠᠴᠠ ᠭᠠᠷᠭᠠᠬᠤ ᠠᠶᠠᠯᠠᠭᠰᠠᠨ ᠵᠠᠮ ᠤᠨ | ᠣᠷᠳᠣ ᠨᠢ 60 ᠲᠦᠮᠡᠨ ᠺᠢᠯᠣᠮᠧᠲᠷ ᠲᠤ ᠭᠦᠷᠦᠭᠰᠡᠨ ᠦᠭᠡᠢ ᠪᠣᠯᠪᠠᠴᠤ ᠬᠡᠷᠡᠭᠯᠡᠭᠰᠡᠨ ᠵᠢᠯ ᠬᠤᠭᠤᠴᠠᠭ᠎ᠠ ᠨᠢ 8 ᠵᠢᠯ | ᠪᠣᠯᠬᠤ ᠦᠶ᠎ᠡ ᠳᠤ᠂ ᠰᠦᠯᠵᠢᠶᠡᠨ ᠳᠡᠭᠡᠷ᠎ᠡ ᠪᠣᠯᠵᠣᠭᠰᠠᠨ ᠲᠡᠷᠭᠡ ᠠᠴᠠ ᠤᠬᠤᠷᠢᠨ ᠭᠠᠷᠴᠤ ᠡᠵᠡᠩᠨᠡᠨ᠎ᠡ᠃ | | ︵ᠬᠤᠶᠠᠷ︶ ᠠᠵᠤ ᠠᠬᠤᠶᠢᠯᠠᠯ ᠤᠨ ᠲᠡᠷᠭᠡ ᠬᠥᠰᠬᠡ ᠶᠢᠨ ᠠᠵᠤ ᠠᠬᠤᠶᠢᠯᠠᠯ ᠬᠠᠤᠯᠢ ᠶᠢᠨ ᠬᠥᠮᠥᠨ ᠤ | ᠡᠵᠡᠩᠨᠡᠯᠲᠡ ᠶᠢᠨ ᠦᠨᠡᠮᠯᠡᠯ ᠨᠢ ᠬᠦᠴᠦᠨ ᠦᠭᠡᠢ ᠪᠣᠯᠭᠠᠭᠳᠠᠭᠰᠠᠨ᠂ ᠬᠦᠴᠦᠨ ᠦᠭᠡᠢ ᠪᠣᠯᠭᠠᠭᠳᠠᠭᠰᠠᠨ ᠪᠤᠶᠤ | ᠬᠦᠴᠦᠨ ᠦᠭᠡᠢ ᠪᠣᠯᠭᠠᠭᠳᠠᠭᠰᠠᠨ᠃ | | ︵ᠭᠤᠷᠪᠠ︶ ᠬᠤᠪᠢ ᠬᠥᠮᠥᠨ ᠤ ᠲᠡᠷᠭᠡ ᠬᠥᠰᠬᠡ ᠥᠮᠴᠢᠯᠡᠭᠴᠢ ᠶᠢᠨ ︽ᠲᠦᠷᠢᠶᠡᠰᠦᠨ ᠮᠠᠰᠢᠨ ᠲᠡᠷᠭᠡᠨ ᠤ | ᠵᠢᠯᠣᠭᠤᠴᠢ ᠶᠢᠨ ᠠᠵᠢᠯ ᠡᠷᠬᠢᠯᠡᠬᠦ ᠬᠢᠷᠢ ᠬᠡᠮ ᠤᠨ ᠦᠨᠡᠮᠯᠡᠯ︾ ᠨᠢ ᠬᠦᠴᠦᠨ ᠦᠭᠡᠢ ᠪᠣᠯᠭᠠᠭᠳᠠᠭᠰᠠᠨ ᠪᠤᠶᠤ | ᠬᠦᠴᠦᠨ ᠦᠭᠡᠢ ᠪᠣᠯᠭᠠᠭᠳᠠᠭᠰᠠᠨ᠃ | | ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠡᠮᠦᠨᠡᠬᠢ ᠵᠤᠷᠪᠤᠰ ᠲᠤ ᠲᠣᠭᠲᠠᠭᠠᠭᠰᠠᠨ ᠪᠠᠶᠢᠳᠠᠯ ᠪᠤᠶᠤ | ᠲᠡᠷᠭᠡ ᠬᠥᠰᠬᠡ ᠶᠢᠨ ᠥᠮᠴᠢᠯᠡᠭᠴᠢ ᠰᠠᠶᠢᠨ ᠳᠤᠷ᠎ᠠ ᠠᠴᠠ ᠪᠠᠨ ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠠᠴᠠ | ᠤᠬᠤᠷᠢᠨ ᠭᠠᠷᠴᠤ ᠡᠵᠡᠩᠨᠡᠭᠰᠡᠨ ᠪᠠᠶᠢᠪᠠᠯ᠂ ᠠᠯᠠᠱᠠ ᠵᠡᠭᠦᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ ᠨᠢ ᠲᠡᠭᠦᠨ ᠤ ︽ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠲᠡᠭᠡᠭᠡᠪᠦᠷᠢ ᠶᠢᠨ ᠦᠨᠡᠮᠯᠡᠯ︾ ᠢ | ᠬᠦᠴᠦᠨ ᠦᠭᠡᠢ ᠪᠣᠯᠭᠠᠬᠤ ᠶᠢᠨ ᠬᠠᠮᠲᠤ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ | ᠰᠠᠯᠠᠭ᠎ᠠ ᠮᠥᠴᠢᠷ ᠲᠠᠢ ᠬᠠᠮᠵᠢᠯᠴᠠᠨ ᠲᠡᠷᠭᠡ ᠬᠥᠰᠬᠡ ᠶᠢᠨ ᠬᠡᠷᠡᠭᠯᠡᠯᠲᠡ ᠶᠢᠨ ᠰᠢᠨᠵᠢ ᠴᠢᠨᠠᠷ ᠢ ᠬᠤᠪᠢᠷᠠᠭᠤᠯᠬᠤ | ᠠᠵᠢᠯ ᠢ ᠰᠠᠶᠢᠲᠤᠷ ᠬᠢᠵᠦ᠂ ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠤ ᠲᠠᠪᠴᠠᠩ ᠤᠨ ᠺᠣᠮᠫᠠᠨᠢ ᠨᠢ | ᠬᠦᠴᠦᠨ ᠦᠭᠡᠢ ᠪᠣᠯᠭᠠᠭᠰᠠᠨ ᠲᠡᠷᠭᠡ ᠶᠢ ᠴᠠᠭ ᠲᠤᠬᠠᠢ ᠳᠤᠨᠢ ᠢᠯᠭᠠᠷᠠᠭᠤᠯᠤᠨ ᠪᠤᠴᠠᠭᠠᠬᠤ ᠬᠡᠷᠡᠭᠲᠡᠢ᠃ | | ᠠᠯᠠᠱᠠ ᠵᠡᠭᠦᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠬᠢᠭᠡᠳ ᠳᠣᠲᠣᠭᠠᠳᠤ ᠶᠢ | ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠠᠮᠲᠤᠷᠠᠨ ᠬᠥᠳᠡᠯᠦᠯᠴᠡᠬᠦ | ᠲᠣᠭᠲᠠᠴᠠ ᠶᠢ ᠪᠠᠶᠢᠭᠤᠯᠵᠤ᠂ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠢ᠃ | | ᠠᠷᠪᠠᠨ ᠨᠠᠢᠮᠠᠳᠤᠭᠠᠷ ᠵᠦᠢᠯ ᠠᠯᠠᠱᠠ ᠵᠡᠭᠦᠨ ᠬᠤᠰᠢᠭᠤᠨ ᠳᠤ ᠴᠠᠬᠢᠮ ᠢᠶᠠᠷ ᠵᠠᠬᠢᠶᠠᠯᠠᠬᠤ ᠲᠦᠷᠢᠶᠡᠰᠦᠨ | ᠮᠠᠰᠢᠨ ᠤ ᠡᠵᠡᠩᠨᠡᠯᠲᠡ ᠶᠢᠨ ᠦᠢᠯᠡᠴᠢᠯᠡᠭᠡ ᠡᠷᠭᠢᠯᠡᠵᠦ ᠪᠠᠶᠢᠭ᠎ᠠ ᠵᠢᠯᠣᠭᠤᠴᠢ ᠳᠣᠣᠷᠠᠬᠢ ᠨᠥᠬᠦᠴᠡᠯ ᠳᠤ ᠨᠡᠶᠢᠴᠡᠭᠰᠡᠨ | ᠪᠠᠶᠢᠬᠤ ᠬᠡᠷᠡᠭᠲᠡᠢ᠄ | | ︵ᠨᠢᠭᠡ︶ ᠵᠣᠬᠢᠴᠠᠩᠭᠤᠢ ᠵᠢᠯᠤᠭᠤᠳᠴᠤ ᠪᠣᠯᠬᠤ ᠬᠡᠯᠪᠡᠷᠢ ᠶᠢᠨ ᠮᠠᠰᠢᠨᠲᠤ ᠲᠡᠷᠭᠡ ᠵᠢᠯᠤᠭᠤᠳᠬᠤ ᠦᠨᠡᠮᠯᠡᠯ ᠢ | ᠣᠯᠣᠭᠰᠠᠨ ᠪᠥᠭᠡᠳ 3 ᠵᠢᠯ ᠠᠴᠠ ᠳᠡᠭᠡᠭᠰᠢ ᠲᠡᠷᠭᠡ ᠵᠢᠯᠣᠭᠤᠳᠤᠭᠰᠠᠨ ᠥᠩᠭᠡᠷᠡᠯᠲᠡ ᠲᠠᠢ ᠪᠠᠶᠢᠬᠤ᠃ | | ︵ᠬᠤᠶᠠᠷ︶ ᠪᠦᠬᠦᠯᠢ 60 ᠨᠠᠰᠤᠨ ᠠᠴᠠ ᠦᠯᠦ ᠬᠡᠲᠦᠷᠡᠭᠰᠡᠨ᠃ | | ︵ᠭᠤᠷᠪᠠ︶ ᠵᠠᠮ ᠬᠠᠷᠢᠯᠴᠠᠭᠠᠨ ᠤ ᠭᠡᠨᠡᠳᠡᠯ ᠭᠠᠷᠭᠠᠭᠰᠠᠨ ᠶᠠᠯ᠎ᠠ᠂ ᠠᠶᠤᠯᠲᠠᠢ ᠪᠠᠷ ᠲᠡᠷᠭᠡ ᠵᠢᠯᠣᠭᠤᠳᠤᠭᠰᠠᠨ | ᠶᠠᠯ᠎ᠠ ᠶᠢᠨ ᠲᠡᠮᠳᠡᠭᠯᠡᠯ ᠦᠭᠡᠢ᠂ ᠬᠤᠣᠷ ᠲᠠᠲᠠᠭᠰᠠᠨ ᠲᠡᠮᠳᠡᠭᠯᠡᠯ ᠦᠭᠡᠢ᠂ ᠠᠷᠢᠬᠢ ᠤᠤᠭᠤᠭᠰᠠᠨ ᠤ ᠳᠠᠷᠠᠭ᠎ᠠ ᠲᠡᠷᠭᠡ | ᠵᠢᠯᠣᠭᠤᠳᠤᠭᠰᠠᠨ ᠲᠡᠮᠳᠡᠭᠯᠡᠯ ᠦᠭᠡᠢ᠂ ᠣᠶᠢᠷ᠎ᠠ ᠳᠤ ᠵᠠᠯᠭᠠᠭ᠎ᠠ ᠪᠠᠷ 3 ᠬᠤᠪᠢ ᠲᠡᠮᠳᠡᠭᠯᠡᠬᠦ ᠦᠶᠡᠯᠡᠯ ᠤᠨ | ᠬᠤᠭᠤᠴᠠᠭᠠᠨ ᠳᠤ 12 ᠬᠤᠪᠢ ᠶᠢᠨ ᠲᠡᠮᠳᠡᠭᠯᠡᠯ ᠢ ᠳᠦᠭᠦᠷᠲᠡᠯ᠎ᠡ ᠲᠡᠮᠳᠡᠭᠯᠡᠭᠰᠡᠨ ᠦᠭᠡᠢ᠃ | | ︵ᠳᠥᠷᠪᠡ︶ ᠬᠦᠴᠦᠷᠬᠡᠭᠯᠡᠯ ᠤᠨ ᠶᠠᠯ᠎ᠠ ᠬᠢᠭᠰᠡᠨ ᠲᠡᠮᠳᠡᠭᠯᠡᠯ ᠦᠭᠡᠢ᠃ | | ︵ᠲᠠᠪᠤ︶ ᠭᠤᠶᠤᠴᠢᠯᠠᠭᠰᠠᠨ ᠡᠳᠦᠷ ᠠᠴᠠ ᠡᠮᠦᠨ᠎ᠡ 3 ᠵᠢᠯ ᠤᠨ ᠳᠣᠲᠣᠷ᠎ᠠ ᠲᠦᠷᠢᠶᠡᠰᠦᠨ ᠮᠠᠰᠢᠨ | ᠲᠡᠷᠭᠡᠨ ᠤ ᠵᠢᠯᠣᠭᠤᠴᠢ ᠶᠢᠨ ᠠᠵᠢᠯ ᠡᠷᠭᠢᠯᠡᠬᠦ ᠬᠢᠷᠢ ᠬᠡᠮ ᠤᠨ ᠦᠨᠡᠮᠯᠡᠯ ᠢᠶᠠᠨ ᠬᠤᠷᠢᠶᠠᠭᠳᠠᠨ ᠬᠦᠴᠦᠨ ᠦᠭᠡᠢ | ᠪᠣᠯᠭᠠᠭᠳᠠᠭᠰᠠᠨ ᠲᠡᠮᠳᠡᠭᠯᠡᠯ ᠪᠠᠶᠢᠬᠤ ᠦᠭᠡᠢ᠃ | | ᠠᠷᠪᠠ ᠶᠢᠰᠦᠳᠦᠭᠡᠷ ᠵᠦᠢᠯ ᠠᠯᠠᠱᠠ ᠵᠡᠭᠦᠨ ᠬᠤᠰᠢᠭᠤᠨ ᠳᠤ ᠴᠠᠬᠢᠮ ᠢᠶᠠᠷ ᠵᠠᠬᠢᠶᠠᠯᠠᠬᠤ ᠲᠦᠷᠢᠶᠡᠰᠦᠨ | ᠮᠠᠰᠢᠨ ᠤ ᠡᠵᠡᠩᠨᠡᠯᠲᠡ ᠶᠢᠨ ᠦᠢᠯᠡᠴᠢᠯᠡᠭᠡ ᠡᠷᠭᠢᠯᠡᠵᠦ ᠪᠠᠶᠢᠭ᠎ᠠ ᠵᠢᠯᠣᠭᠤᠴᠢ ᠲᠦᠷᠢᠶᠡᠰᠦᠨ ᠮᠠᠰᠢᠨ ᠲᠡᠷᠭᠡᠨ ᠤ | ᠵᠢᠯᠣᠭᠤᠴᠢ ᠶᠢᠨ ᠠᠵᠢᠯ ᠡᠷᠭᠢᠯᠡᠬᠦ ᠬᠢᠷᠢ ᠬᠡᠮ ᠤᠨ ᠦᠨᠡᠮᠯᠡᠯ ᠢ ᠣᠯᠣᠭᠰᠠᠨ ᠪᠠᠶᠢᠬᠤ ᠬᠡᠷᠡᠭᠲᠡᠢ᠃ | | ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠤ ᠵᠢᠯᠣᠭᠤᠴᠢ ᠶᠢᠨ ᠠᠵᠢᠯ ᠡᠷᠭᠢᠯᠡᠬᠦ ᠬᠢᠷᠢ ᠬᠡᠮ ᠤᠨ | ᠬᠠᠮᠢᠶᠠᠷᠤᠯᠲᠠ ᠶᠢ ︽ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠠᠵᠢᠯ ᠡᠷᠭᠢᠯᠡᠬᠦ ᠬᠢᠷᠢ ᠬᠡᠮ ᠤᠨ | ᠬᠠᠮᠢᠶᠠᠷᠤᠯᠲᠠ ᠶᠢᠨ ᠲᠣᠭᠲᠠᠭᠠᠯ︾ ᠪᠣᠯᠣᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠬᠡᠷᠡᠭᠵᠢᠭᠦᠯᠦᠨ᠎ᠡ᠃ | | | | ᠳᠥᠷᠪᠡᠳᠦᠭᠡᠷ ᠪᠦᠯᠦᠭ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠡᠵᠡᠩᠨᠡᠯᠲᠡ ᠦᠢᠯᠡᠴᠢᠯᠡᠭᠡᠨ ᠤ | ᠬᠠᠮᠢᠶᠠᠷᠤᠯᠲᠠ | | | | ᠬᠤᠷᠢᠳᠤᠭᠠᠷ ᠵᠦᠢᠯ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠲᠠᠪᠴᠠᠩ ᠤᠨ ᠺᠣᠮᠫᠠᠨᠢ ᠨᠢ | ᠦᠢᠯᠡᠴᠢᠯᠡᠭᠡ ᠬᠠᠩᠭᠠᠬᠤ ᠲᠡᠷᠭᠡ ᠬᠥᠰᠬᠡ ᠶᠢᠨ ᠬᠠᠤᠯᠢ ᠶᠣᠰᠣᠨ ᠤ ᠡᠵᠡᠩᠨᠡᠯᠲᠡ ᠶᠢᠨ ᠬᠢᠷᠢ ᠬᠡᠮ ᠲᠠᠢ᠂ | ᠮᠡᠷᠭᠡᠵᠢᠯ ᠤᠨ ᠪᠠᠶᠢᠳᠠᠯ ᠨᠢ ᠰᠠᠶᠢᠨ᠂ ᠠᠶᠦᠯᠭᠦᠢ ᠶᠢᠨ ᠴᠢᠳᠠᠮᠵᠢ ᠨᠢ ᠨᠠᠶᠢᠳᠠᠪᠤᠷᠢᠲᠠᠢ᠂ ᠡᠵᠡᠩᠨᠡᠯᠲᠡ ᠶᠢᠨ ᠲᠡᠷᠭᠡ | ᠬᠥᠰᠬᠡ ᠶᠢᠨ ᠬᠠᠮᠢᠶ᠎ᠠ ᠪᠦᠬᠦᠢ ᠳᠠᠭᠠᠳᠬᠠᠯ ᠲᠠᠢ ᠪᠠᠶᠢᠬᠤ ᠶᠢ ᠪᠠᠲᠤᠯᠠᠵᠤ᠂ ᠰᠦᠯᠵᠢᠶᠡᠨ ᠳᠡᠭᠡᠷ᠎ᠡ ᠦᠢᠯᠡᠴᠢᠯᠡᠭᠡ | ᠬᠠᠩᠭᠠᠬᠤ ᠲᠡᠷᠭᠡ ᠬᠥᠰᠬᠡ ᠨᠢ ᠰᠦᠯᠵᠢᠶᠡᠨ ᠭᠠᠳᠠᠨ᠎ᠠ ᠪᠣᠳᠠᠲᠠᠢ ᠦᠢᠯᠡᠴᠢᠯᠡᠭᠡ ᠬᠠᠩᠭᠠᠬᠤ ᠲᠡᠷᠭᠡ ᠬᠥᠰᠬᠡ ᠯᠦᠭᠡ | ᠨᠢᠭᠡᠳᠦᠯᠲᠡᠢ ᠪᠠᠶᠢᠬᠤ ᠶᠢ ᠪᠠᠲᠤᠯᠠᠬᠤ ᠶᠢᠨ ᠬᠠᠮᠲᠤ᠂ ᠲᠡᠷᠭᠡ ᠬᠥᠰᠬᠡ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢ | ᠠᠯᠠᠱᠠ ᠵᠡᠭᠦᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠳᠤ ᠮᠡᠳᠡᠭᠦᠯᠦᠨ ᠪᠦᠷᠢᠳᠬᠡᠭᠦᠯᠬᠦ | ᠬᠡᠷᠡᠭᠲᠡᠢ᠃ | | ᠬᠤᠷᠢᠨ ᠨᠢᠭᠡᠳᠦᠭᠡᠷ ᠵᠦᠢᠯ ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠤ ᠲᠠᠪᠴᠠᠩ ᠤᠨ ᠺᠣᠮᠫᠠᠨᠢ ᠨᠢ | ᠦᠢᠯᠡᠴᠢᠯᠡᠭᠡ ᠬᠠᠩᠭᠠᠬᠤ ᠵᠢᠯᠣᠭᠤᠴᠢ ᠶᠢᠨ ᠬᠠᠤᠯᠢ ᠶᠣᠰᠣᠨ ᠤ ᠠᠵᠢᠯ ᠡᠷᠬᠢᠯᠡᠬᠦ ᠬᠢᠷᠢ ᠬᠡᠮ ᠲᠠᠢ ᠪᠠᠶᠢᠬᠤ ᠶᠢ | ᠪᠠᠲᠤᠯᠠᠵᠤ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ᠂ | ᠵᠢᠯᠣᠭᠤᠴᠢ ᠲᠠᠢ ᠬᠥᠳᠡᠯᠮᠦᠷᠢ ᠶᠢᠨ ᠭᠡᠷ᠎ᠡ ᠪᠤᠶᠤ ᠬᠠᠮᠲᠤᠷᠠᠯᠴᠠᠬᠤ ᠬᠡᠯᠡᠯᠴᠡᠭᠡᠷ ᠲᠣᠭᠲᠠᠭᠠᠵᠤ᠂ ᠬᠤᠶᠠᠷ ᠲᠠᠯ᠎ᠠ ᠶᠢᠨ | ᠡᠷᠬᠡ ᠪᠠ ᠡᠭᠦᠷᠭᠡ ᠶᠢ ᠲᠣᠳᠣᠷᠬᠠᠶᠢᠯᠠᠬᠤ ᠬᠡᠷᠡᠭᠲᠡᠢ᠃ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ | ᠲᠠᠪᠴᠠᠩ ᠤᠨ ᠺᠣᠮᠫᠠᠨᠢ ᠨᠢ ᠵᠢᠯᠣᠭᠤᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ ᠪᠠᠲᠤᠯᠠᠵᠤ᠂ | ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠠᠵᠢᠯ ᠮᠡᠷᠭᠡᠵᠢᠯ ᠤᠨ ᠶᠣᠰᠣ ᠮᠣᠷᠠᠯ᠂ | ᠦᠢᠯᠡᠴᠢᠯᠡᠭᠡᠨ ᠤ ᠵᠢᠷᠤᠮᠵᠢᠯ᠂ ᠠᠮᠤᠷ ᠲᠦᠪᠰᠢᠨ ᠡᠵᠡᠩᠨᠡᠯᠲᠡ ᠵᠡᠷᠭᠡ ᠲᠠᠯ᠎ᠠ ᠶᠢᠨ ᠠᠵᠢᠯ ᠤᠨ ᠪᠠᠶᠢᠷᠢ ᠳᠤ ᠭᠠᠷᠬᠤ | ᠠᠴᠠ ᠡᠮᠦᠨᠡᠬᠢ ᠪᠣᠯᠪᠠᠰᠤᠷᠠᠭᠤᠯᠤᠯ ᠪᠠ ᠡᠳᠦᠷ ᠲᠤᠲᠤᠮ ᠤᠨ ᠬᠥᠮᠦᠵᠢᠯ ᠢ ᠥᠷᠨᠢᠭᠦᠯᠵᠦ᠂ ᠰᠦᠯᠵᠢᠶᠡᠨ ᠳᠡᠭᠡᠷ᠎ᠡ | ᠦᠢᠯᠡᠴᠢᠯᠡᠭᠡ ᠬᠠᠩᠭᠠᠵᠤ ᠪᠠᠶᠢᠭ᠎ᠠ ᠵᠢᠯᠣᠭᠤᠴᠢ ᠬᠢᠭᠡᠳ ᠰᠦᠯᠵᠢᠶᠡᠨ ᠭᠠᠳᠠᠨ᠎ᠠ ᠪᠣᠳᠠᠲᠠᠢ ᠦᠢᠯᠡᠴᠢᠯᠡᠭᠡ ᠬᠠᠩᠭᠠᠵᠤ | ᠪᠠᠶᠢᠭ᠎ᠠ ᠵᠢᠯᠣᠭᠤᠴᠢ ᠶᠢᠨ ᠨᠢᠭᠡᠳᠦᠯᠲᠡᠢ ᠪᠠᠶᠢᠬᠤ ᠶᠢ ᠪᠠᠲᠤᠯᠠᠬᠤ ᠶᠢᠨ ᠬᠠᠮᠲᠤ᠂ ᠵᠢᠯᠣᠭᠤᠴᠢ ᠶᠢᠨ ᠬᠠᠮᠢᠶ᠎ᠠ ᠪᠦᠬᠦᠢ | ᠮᠡᠳᠡᠭᠡ ᠵᠠᠩᠭᠢ ᠶᠢ ᠠᠯᠠᠱᠠ ᠵᠡᠭᠦᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠳᠤ ᠮᠡᠳᠡᠭᠦᠯᠦᠨ | ᠪᠦᠷᠢᠳᠬᠡᠭᠦᠯᠬᠦ ᠬᠡᠷᠡᠭᠲᠡᠢ᠃ | | ᠬᠤᠷᠢᠨ ᠬᠤᠶᠠᠳᠤᠭᠠᠷ ᠵᠦᠢᠯ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠲᠠᠪᠴᠠᠩ ᠤᠨ ᠺᠣᠮᠫᠠᠨᠢ ᠨᠢ | ᠵᠢᠯᠣᠭᠤᠴᠢ᠂ ᠲᠡᠷᠭᠡ ᠵᠠᠬᠢᠶᠠᠯᠠᠭᠴᠢ ᠶᠢᠨ ᠦᠢᠯᠡᠴᠢᠯᠡᠭᠡᠨ ᠤ ᠲᠠᠪᠴᠠᠩ ᠳᠤ ᠨᠡᠶᠢᠲᠡᠯᠡᠭᠰᠡᠨ ᠮᠡᠳᠡᠭᠡ ᠵᠠᠩᠭᠢ ᠶᠢᠨ | ᠠᠭᠤᠯᠭ᠎ᠠ᠂ ᠬᠡᠷᠡᠭᠯᠡᠭᠴᠢ ᠶᠢᠨ ᠳᠠᠩᠰᠠᠯᠠᠭᠤᠯᠤᠭᠰᠠᠨ ᠮᠡᠳᠡᠭᠡ ᠵᠠᠩᠭᠢ᠂ ᠪᠡᠶ᠎ᠡ ᠬᠡᠮ ᠤᠨ ᠭᠡᠷᠡᠴᠢᠯᠡᠯ ᠤᠨ ᠮᠡᠳᠡᠭᠡ ᠵᠠᠩᠭᠢ | ᠂ ᠵᠠᠬᠢᠶᠠᠯᠠᠭ᠎ᠠ ᠶᠢᠨ ᠡᠳᠦᠷ ᠤᠨ ᠲᠡᠮᠳᠡᠭᠯᠡᠯ᠂ ᠰᠦᠯᠵᠢᠶᠡᠨ ᠳᠤ ᠭᠠᠷᠤᠭᠰᠠᠨ ᠡᠳᠦᠷ ᠤᠨ ᠲᠡᠮᠳᠡᠭᠯᠡᠯ᠂ ᠰᠦᠯᠵᠢᠶᠡᠨ | ᠳᠡᠭᠡᠷ᠎ᠡ ᠠᠷᠠᠯᠵᠢᠶᠠᠯᠠᠭᠰᠠᠨ ᠡᠳᠦᠷ ᠤᠨ ᠲᠡᠮᠳᠡᠭᠯᠡᠯ᠂ ᠠᠶᠠᠯᠠᠭᠰᠠᠨ ᠵᠠᠮ ᠤᠨ ᠡᠳᠦᠷ ᠤᠨ ᠲᠡᠮᠳᠡᠭᠯᠡᠯ ᠵᠡᠷᠭᠡ ᠲᠤᠭ᠎ᠠ | ᠪᠠᠷᠢᠮᠲᠠ ᠶᠢ ᠲᠡᠮᠳᠡᠭᠯᠡᠬᠦ ᠶᠢᠨ ᠬᠠᠮᠲᠤ ᠪᠡᠯᠡᠳᠬᠡᠯ ᠬᠤᠪᠢ ᠪᠡᠯᠡᠳᠬᠡᠬᠦ ᠬᠡᠷᠡᠭᠲᠡᠢ᠃ | | ᠬᠤᠷᠢᠨ ᠭᠤᠷᠪᠠᠳᠤᠭᠠᠷ ᠵᠦᠢᠯ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠲᠠᠪᠴᠠᠩ ᠤᠨ ᠺᠣᠮᠫᠠᠨᠢ ᠨᠢ | ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠵᠠᠮ ᠪᠤᠳᠤᠵᠤ ᠦᠨ᠎ᠡ ᠪᠤᠳᠤᠬᠤ ᠠᠷᠭ᠎ᠠ ᠮᠠᠶ᠋ᠢᠭ ᠢ | ᠨᠡᠶᠢᠲᠡᠯᠡᠨ ᠲᠣᠭᠲᠠᠭᠠᠵᠤ᠂ ᠦᠢᠯᠡᠴᠢᠯᠡᠭᠡᠨ ᠤ ᠲᠥᠷᠥᠯ ᠵᠦᠢᠯ ᠪᠠ ᠦᠢᠯᠡᠴᠢᠯᠡᠭᠡᠨ ᠤ ᠶᠠᠰᠤ ᠴᠢᠨᠠᠷ ᠤᠨ | ᠠᠮᠠᠯᠠᠯᠲᠠ ᠪᠠᠨ ᠢᠯᠡ ᠪᠣᠯᠭᠠᠨ᠂ ᠦᠢᠯᠡᠴᠢᠯᠡᠭᠡᠨ ᠤ ᠦᠨᠡᠯᠡᠯᠲᠡ ᠶᠢᠨ ᠰᠢᠰᠲ᠋ᠧᠮᠵᠢ ᠪᠠ ᠠᠶᠠᠨᠴᠢᠳ ᠤᠨ | ᠵᠠᠭᠠᠯᠳᠤᠯᠭ᠎ᠠ ᠶᠢ ᠰᠢᠢᠳᠪᠦᠷᠢᠯᠡᠬᠦ ᠳᠦᠷᠢᠮ ᠢ ᠪᠠᠶᠢᠭᠤᠯᠵᠤ᠂ ᠦᠢᠯᠡᠴᠢᠯᠡᠭᠡᠨ ᠤ ᠬᠢᠨᠠᠯᠲᠠ ᠲᠠᠯᠪᠢᠬᠤ ᠤᠲᠠᠰᠤ ᠪᠠᠨ | ᠨᠡᠶᠢᠲᠡᠯᠡᠨ᠂ ᠵᠢᠯᠣᠭᠤᠴᠢ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢ ᠦᠨᠡᠨ ᠮᠥᠨ ᠢᠶᠠᠷ ᠨᠢ ᠴᠤᠭᠯᠠᠭᠤᠯᠵᠤ | ᠲᠡᠮᠳᠡᠭᠯᠡᠬᠦ ᠬᠡᠷᠡᠭᠲᠡᠢ᠃ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠦᠢᠯᠡᠴᠢᠯᠡᠭᠡ ᠬᠠᠩᠭᠠᠬᠤ ᠳᠠᠭᠠᠨ᠂ | ᠵᠢᠯᠣᠭᠤᠴᠢ ᠶᠢᠨ ᠣᠪᠣᠭ ᠨᠡᠷ᠎ᠡ᠂ ᠬᠡᠷᠡᠯ ᠵᠢᠷᠤᠭ᠂ ᠭᠠᠷ ᠤᠲᠠᠰᠤᠨ ᠤ ᠨᠣᠮᠧᠷ ᠪᠠ ᠦᠢᠯᠡᠴᠢᠯᠡᠭᠡ ᠶᠢᠨ | ᠦᠨᠡᠯᠡᠯᠲᠡ ᠶᠢᠨ ᠦᠷ᠎ᠡ ᠳ᠋ᠦᠩ ᠵᠢᠴᠢ ᠲᠡᠷᠭᠡᠨ ᠤ ᠫᠠᠶᠢᠰᠠ ᠦᠨᠡᠮᠯᠡᠯ ᠵᠡᠷᠭᠡ ᠮᠡᠳᠡᠭᠡ ᠵᠠᠩᠭᠢ ᠶᠢ ᠬᠠᠩᠭᠠᠨ᠎ᠠ᠃ | | ᠬᠤᠷᠢᠨ ᠳᠥᠷᠪᠡᠳᠦᠭᠡᠷ ᠵᠦᠢᠯ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠲᠠᠪᠴᠠᠩ ᠤᠨ ᠺᠣᠮᠫᠠᠨᠢ ᠨᠢ | ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠲᠡᠭᠡᠭᠡᠪᠦᠷᠢ ᠶᠢᠨ ᠦᠨ᠎ᠡ ᠶᠢ ᠵᠦᠢ ᠵᠣᠬᠢᠰᠲᠠᠢ ᠲᠣᠭᠲᠠᠭᠠᠵᠤ᠂ | ᠦᠨ᠎ᠡ ᠬᠠᠩᠰᠢ ᠶᠢ ᠢᠯᠡ ᠲᠡᠮᠳᠡᠭᠯᠡᠬᠦ ᠶᠢ ᠬᠡᠷᠡᠭᠵᠢᠭᠦᠯᠦᠨ᠂ ᠠᠶᠠᠨᠴᠢᠳ ᠲᠤ ᠲᠦᠷᠢᠶᠡᠰᠦᠨ ᠮᠠᠰᠢᠨ ᠲᠡᠷᠭᠡᠨ ᠤ | ᠪᠠᠷᠢᠮᠲᠠ ᠶᠢ ᠬᠠᠩᠭᠠᠬᠤ ᠬᠡᠷᠡᠭᠲᠡᠢ᠃ ᠲᠡᠭᠡᠭᠡᠪᠦᠷᠢ ᠶᠢᠨ ᠦᠨ᠎ᠡ ᠶᠢᠨ ᠳᠦᠷᠢᠮ ᠳᠤ ᠲᠣᠬᠢᠷᠠᠭᠤᠯᠤᠯᠲᠠ ᠬᠢᠬᠦ ᠳᠡᠭᠡᠨ | 15 ᠡᠳᠦᠷ ᠤᠨ ᠡᠮᠦᠨ᠎ᠡ ᠨᠡᠶᠢᠭᠡᠮ ᠳᠤ ᠨᠡᠶᠢᠲᠡᠯᠡᠬᠦ ᠬᠡᠷᠡᠭᠲᠡᠢ᠃ | | ᠬᠤᠷᠢᠨ ᠲᠠᠪᠤᠳᠤᠭᠠᠷ ᠵᠦᠢᠯ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠲᠠᠪᠴᠠᠩ ᠤᠨ ᠺᠣᠮᠫᠠᠨᠢ ᠨᠢ | ᠤᠯᠤᠰ ᠤᠨ ᠡᠷᠬᠡ ᠲᠡᠭᠰᠢ ᠪᠠᠷ ᠥᠷᠢᠰᠦᠯᠳᠦᠬᠦ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ | ᠵᠢᠷᠤᠮᠯᠠᠬᠤ ᠬᠡᠷᠡᠭᠲᠡᠢ᠃ | | ᠬᠤᠷᠢᠨ ᠵᠢᠷᠭᠤᠳᠤᠭᠠᠷ ᠵᠦᠢᠯ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠲᠠᠪᠴᠠᠩ ᠤᠨ ᠺᠣᠮᠫᠠᠨᠢ ᠨᠢ | ᠬᠠᠤᠯᠢ ᠶᠣᠰᠣᠭᠠᠷ ᠭᠠᠶᠢᠯᠢ ᠲᠤᠰᠢᠶᠠᠵᠤ᠂ ᠠᠶᠠᠨᠴᠢᠳ ᠲᠤ ᠳᠠᠭᠠᠭᠠᠨ ᠲᠡᠭᠡᠭᠡᠪᠦᠷᠢᠯᠡᠭᠴᠢ ᠶᠢᠨ ᠬᠠᠷᠢᠭᠤᠴᠠᠯᠭ᠎ᠠ ᠶᠢᠨ | ᠳᠠᠭᠠᠳᠬᠠᠯ ᠵᠡᠷᠭᠡ ᠬᠤᠯᠪᠣᠭᠳᠠᠯ ᠪᠦᠬᠦᠢ ᠳᠠᠭᠠᠳᠬᠠᠯ ᠢ ᠬᠤᠳᠠᠯᠳᠤᠨ ᠠᠪᠴᠤ ᠥᠭᠴᠦ᠂ ᠠᠶᠠᠨᠴᠢᠳ ᠤᠨ ᠡᠷᠬᠡ | ᠠᠰᠢᠭ ᠢ ᠭᠦᠢᠴᠡᠳ ᠪᠠᠲᠤᠯᠠᠬᠤ ᠬᠡᠷᠡᠭᠲᠡᠢ᠃ | | ᠬᠤᠷᠢᠨ ᠳᠣᠯᠣᠳᠤᠭᠠᠷ ᠵᠦᠢᠯ ᠴᠠᠬᠢᠮ ᠢᠶᠠᠷ ᠵᠠᠬᠢᠶᠠᠯᠠᠬᠤ ᠨᠢᠭᠡ ᠲᠡᠷᠭᠡ ᠶᠢ ᠵᠥᠪᠬᠡᠨ ᠴᠠᠬᠢᠮ ᠢᠶᠠᠷ ᠵᠠᠬᠢᠶᠠᠯᠠᠬᠤ | ᠨᠢᠭᠡ ᠲᠠᠪᠴᠠᠩ ᠳᠤ ᠵᠠᠯᠭᠠᠨ ᠣᠷᠣᠭᠤᠯᠵᠤ ᠪᠣᠯᠣᠨ᠎ᠠ᠂ ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠬᠥᠰᠬᠡ ᠶᠢᠨ | ᠥᠮᠴᠢᠯᠡᠭᠴᠢ ᠨᠢ ᠲᠡᠷᠭᠡ ᠬᠥᠰᠬᠡ ᠶᠢᠨ ᠰᠦᠯᠵᠢᠶ᠎ᠡ ᠶᠢᠨ ᠦᠢᠯᠡᠴᠢᠯᠡᠭᠡᠨ ᠤ ᠲᠠᠪᠴᠠᠩ ᠢ ᠬᠤᠪᠢᠷᠠᠭᠤᠯᠵᠤ ᠪᠣᠯᠣᠨ᠎ᠠ᠃ | ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠨᠢ ᠵᠥᠪᠰᠢᠶᠡᠷᠡᠭᠰᠡᠨ ᠡᠵᠡᠩᠨᠡᠯᠲᠡ ᠶᠢᠨ ᠣᠷᠣᠨ ᠪᠦᠰᠡ ᠶᠢᠨ | ᠳᠣᠲᠣᠷ᠎ᠠ ᠡᠵᠡᠩᠨᠡᠯᠲᠡ ᠶᠢᠨ ᠠᠵᠢᠯᠯᠠᠭ᠎ᠠ ᠬᠢᠬᠦ ᠬᠡᠷᠡᠭᠲᠡᠢ᠂ ᠵᠥᠪᠰᠢᠶᠡᠷᠡᠭᠰᠡᠨ ᠡᠵᠡᠩᠨᠡᠯᠲᠡ ᠶᠢᠨ ᠣᠷᠣᠨ ᠪᠦᠰᠡ ᠠᠴᠠ | ᠬᠡᠲᠦᠷᠡᠭᠰᠡᠨ ᠪᠠᠶᠢᠪᠠᠯ᠂ ᠡᠬᠢᠯᠡᠯᠲᠡ ᠶᠢᠨ ᠴᠡᠭ ᠤᠨ ᠨᠢᠭᠡ ᠦᠵᠦᠭᠦᠷ ᠨᠢ ᠵᠥᠪᠰᠢᠶᠡᠷᠡᠭᠰᠡᠨ ᠡᠵᠡᠩᠨᠡᠯᠲᠡ ᠶᠢᠨ ᠣᠷᠣᠨ | ᠪᠦᠰᠡ ᠶᠢᠨ ᠳᠣᠲᠣᠷ᠎ᠠ ᠪᠠᠶᠢᠬᠤ ᠬᠡᠷᠡᠭᠲᠡᠢ᠃ ᠴᠠᠬᠢᠮ ᠢᠶᠠᠷ ᠵᠠᠬᠢᠶᠠᠯᠠᠬᠤ ᠠᠷᠭ᠎ᠠ ᠮᠠᠶ᠋ᠢᠭ ᠢᠶᠠᠷ ᠦᠢᠯᠡᠴᠢᠯᠡᠭᠡ ᠬᠠᠩᠭᠠᠬᠤ | ᠬᠡᠷᠡᠭᠲᠡᠢ᠂ ᠲᠣᠭᠤᠷᠢᠨ ᠵᠤᠭᠠᠴᠠᠵᠤ ᠵᠣᠴᠢᠨ ᠲᠠᠲᠠᠵᠤ ᠪᠣᠯᠬᠤ ᠦᠭᠡᠢ᠂ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠤ | ᠥᠷᠲᠡᠭᠡ᠂ ᠮᠠᠰᠢᠨ ᠲᠡᠷᠭᠡᠨ ᠤ ᠥᠷᠲᠡᠭᠡ ᠵᠡᠷᠭᠡ ᠭᠠᠵᠠᠷ ᠲᠤ ᠪᠠᠶᠢᠭᠤᠯᠤᠭᠰᠠᠨ ᠲᠣᠭᠤᠷᠢᠨ ᠵᠤᠭᠠᠴᠠᠬᠤ ᠲᠦᠷᠢᠶᠡᠰᠦᠨ | ᠮᠠᠰᠢᠨ ᠲᠡᠷᠭᠡᠨ ᠤ ᠲᠤᠰᠬᠠᠢ ᠬᠡᠷᠡᠭᠯᠡᠬᠦ ᠲᠣᠭᠤᠷᠢᠭ᠂ ᠥᠷᠲᠡᠭᠡ ᠴᠡᠭ ᠲᠤ ᠵᠣᠴᠢᠨ ᠬᠦᠯᠢᠶᠡᠵᠦ ᠪᠣᠯᠬᠤ ᠦᠭᠡᠢ᠃ | | ᠬᠤᠷᠢᠨ ᠨᠠᠢᠮᠠᠳᠤᠭᠠᠷ ᠵᠦᠢᠯ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠲᠠᠪᠴᠠᠩ ᠤᠨ ᠺᠣᠮᠫᠠᠨᠢ ᠨᠢ | ᠠᠶᠦᠯᠭᠦᠢ ᠶᠢᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠬᠤ ᠶᠢᠨ ᠬᠠᠮᠲᠤ ᠨᠠᠶᠢᠳᠠᠪᠤᠷᠢᠵᠢᠭᠤᠯᠵᠤ᠂ ᠠᠶᠦᠯᠭᠦᠢ ᠶᠢᠨ | ᠬᠠᠮᠢᠶᠠᠷᠤᠯᠲᠠ ᠶᠢ ᠴᠢᠩᠭᠠᠳᠬᠠᠨ᠂ ᠡᠵᠡᠩᠨᠡᠯᠲᠡ᠂ ᠲᠣᠣᠷ ᠰᠦᠯᠵᠢᠶ᠎ᠡ ᠵᠡᠷᠭᠡ ᠠᠶᠦᠯᠭᠦᠢ ᠶᠢᠨ ᠰᠡᠷᠭᠡᠶᠢᠯᠡᠯᠲᠡ ᠶᠢᠨ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠲᠤᠭ᠎ᠠ ᠪᠠᠷᠢᠮᠲᠠ ᠶᠢᠨ ᠠᠶᠦᠯᠭᠦᠢ ᠶᠢᠨ ᠬᠠᠮᠠᠭᠠᠯᠠᠯᠲᠠ ᠪᠠ | ᠬᠠᠮᠢᠶᠠᠷᠤᠯᠲᠠ ᠶᠢ ᠴᠢᠩᠳᠠᠯᠠᠵᠤ᠂ ᠠᠶᠦᠯᠭᠦᠢ ᠶᠢᠨ ᠰᠡᠷᠭᠡᠶᠢᠯᠡᠯᠲᠡ ᠪᠠ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠪᠠᠨ | ᠳᠡᠭᠡᠭᠰᠢᠯᠡᠭᠦᠯᠦᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠬᠠᠮᠢᠶ᠎ᠠ ᠪᠦᠬᠦᠢ ᠠᠵᠢᠯ | ᠥᠷᠨᠢᠭᠦᠯᠬᠦ ᠶᠢ ᠳᠡᠮᠵᠢᠬᠦ ᠬᠡᠷᠡᠭᠲᠡᠢ᠃ | | ᠬᠤᠷᠢ ᠶᠢᠰᠦᠳᠦᠭᠡᠷ ᠵᠦᠢᠯ ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠤ ᠲᠠᠪᠴᠠᠩ ᠤᠨ ᠺᠣᠮᠫᠠᠨᠢ | ᠪᠣᠯᠣᠨ ᠵᠢᠯᠣᠭᠤᠴᠢ ᠡᠵᠡᠩᠨᠡᠯᠲᠡ ᠶᠢᠨ ᠦᠢᠯᠡᠴᠢᠯᠡᠭᠡ ᠬᠠᠩᠭᠠᠬᠤ ᠳᠠᠭᠠᠨ ᠤᠯᠤᠰ ᠤᠨ ᠬᠤᠯᠪᠣᠭᠳᠠᠯ ᠪᠦᠬᠦᠢ | ᠡᠵᠡᠩᠨᠡᠯᠲᠡ ᠶᠢᠨ ᠦᠢᠯᠡᠴᠢᠯᠡᠭᠡᠨ ᠤ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠂ ᠵᠠᠮ ᠵᠠᠭᠤᠷ᠎ᠠ ᠪᠠᠨ | ᠵᠣᠴᠢᠨ ᠢᠶᠠᠨ ᠬᠠᠶᠠᠬᠤ ᠪᠤᠶᠤ ᠵᠣᠷᠢᠭᠤᠳᠠ ᠲᠣᠭᠤᠷᠢᠤ ᠵᠠᠮ ᠢᠶᠠᠷ ᠶᠠᠪᠤᠵᠤ ᠪᠣᠯᠬᠤ ᠦᠭᠡᠢ᠂ ᠲᠣᠭᠲᠠᠭᠠᠯ ᠠᠴᠠ | ᠵᠥᠷᠢᠴᠡᠨ ᠰᠦᠢᠳᠬᠡᠯ ᠬᠤᠷᠢᠶᠠᠵᠤ ᠪᠣᠯᠬᠤ ᠦᠭᠡᠢ᠂ ᠲᠡᠭᠦᠨ ᠤ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠢᠯᠡᠴᠢᠯᠡᠨ | ᠮᠡᠳᠡᠭᠦᠯᠦᠭᠰᠡᠨ᠂ ᠵᠠᠭᠠᠯᠳᠤᠭᠰᠠᠨ ᠪᠤᠶᠤ ᠲᠡᠭᠦᠨ ᠤ ᠦᠢᠯᠡᠴᠢᠯᠡᠭᠡ ᠳᠤ ᠬᠠᠨᠤᠮᠵᠢ ᠦᠭᠡᠢ ᠦᠨᠡᠯᠡᠯᠲᠡ ᠬᠢᠭᠰᠡᠨ | ᠠᠶᠠᠨᠴᠢᠳ ᠠᠴᠠ ᠬᠠᠷᠢᠭᠤ ᠠᠪᠬᠤ ᠦᠶᠯᠡ ᠠᠵᠢᠯᠯᠠᠭ᠎ᠠ ᠬᠢᠵᠦ ᠪᠣᠯᠬᠤ ᠦᠭᠡᠢ᠃ | | ᠭᠤᠴᠢᠳᠤᠭᠠᠷ ᠵᠦᠢᠯ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠲᠠᠪᠴᠠᠩ ᠤᠨ ᠺᠣᠮᠫᠠᠨᠢ ᠨᠢ | ᠦᠢᠯᠡᠴᠢᠯᠡᠭᠡᠨ ᠤ ᠲᠠᠪᠴᠠᠩ ᠢᠶᠠᠷ ᠢᠶᠠᠨ ᠳᠠᠮᠵᠢᠭᠤᠯᠤᠨ ᠵᠢᠯᠣᠭᠤᠴᠢ᠂ ᠲᠡᠷᠭᠡ ᠵᠠᠬᠢᠶᠠᠯᠠᠭᠴᠢ ᠪᠠ ᠠᠶᠠᠨᠴᠢᠨ ᠵᠡᠷᠭᠡ | ᠬᠤᠪᠢ ᠬᠥᠮᠥᠨ ᠤ ᠮᠡᠳᠡᠭᠡ ᠵᠠᠩᠭᠢ ᠶᠢ ᠴᠤᠭᠯᠠᠭᠤᠯᠬᠤ ᠪᠠ ᠬᠡᠷᠡᠭᠯᠡᠬᠦ ᠵᠣᠷᠢᠯᠭ᠎ᠠ᠂ ᠠᠷᠭ᠎ᠠ ᠮᠠᠶ᠋ᠢᠭ ᠪᠠ ᠬᠦᠷᠢᠶ᠎ᠡ | ᠬᠡᠪᠴᠢᠶ᠎ᠡ ᠪᠠᠨ ᠢᠯᠡᠷᠬᠡᠢ ᠠᠷᠭ᠎ᠠ ᠮᠠᠶ᠋ᠢᠭ ᠢᠶᠠᠷ ᠮᠡᠳᠡᠭᠳᠡᠬᠦ ᠬᠡᠷᠡᠭᠲᠡᠢ᠃ ᠮᠡᠳᠡᠭᠡ ᠵᠠᠩᠭᠢ ᠶᠢᠨ ᠭᠤᠣᠯ ᠴᠣᠭᠴᠠ ᠶᠢᠨ | ᠲᠣᠳᠣᠷᠬᠠᠢ ᠵᠥᠪᠰᠢᠶᠡᠷᠡᠯ ᠦᠭᠡᠢ ᠪᠠᠷ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠲᠠᠪᠴᠠᠩ ᠤᠨ ᠺᠣᠮᠫᠠᠨᠢ ᠨᠢ | ᠡᠮᠦᠨ᠎ᠡ ᠳᠤᠷᠠᠳᠤᠭᠰᠠᠨ ᠬᠤᠪᠢ ᠬᠥᠮᠥᠨ ᠤ ᠮᠡᠳᠡᠭᠡ ᠵᠠᠩᠭᠢ ᠶᠢ ᠪᠤᠰᠤᠳ ᠲᠤᠬᠠᠶᠢᠯᠠᠭᠰᠠᠨ ᠠᠵᠢᠯ ᠥᠷᠨᠢᠭᠦᠯᠬᠦ ᠳᠤ | ᠬᠡᠷᠡᠭᠯᠡᠵᠦ ᠪᠣᠯᠬᠤ ᠦᠭᠡᠢ᠃ | | ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠲᠠᠪᠴᠠᠩ ᠤᠨ ᠺᠣᠮᠫᠠᠨᠢ ᠨᠢ ᠵᠢᠯᠣᠭᠤᠴᠢ᠂ ᠲᠡᠷᠭᠡ | ᠵᠠᠬᠢᠶᠠᠯᠠᠭᠴᠢ ᠪᠠ ᠠᠶᠠᠨᠴᠢᠳ ᠤᠨ ᠬᠤᠪᠢ ᠬᠥᠮᠥᠨ ᠤ ᠮᠡᠳᠡᠭᠡ ᠵᠠᠩᠭᠢ ᠶᠢ ᠴᠤᠭᠯᠠᠭᠤᠯᠬᠤ ᠳᠠᠭᠠᠨ ᠴᠠᠬᠢᠮ ᠢᠶᠠᠷ | ᠲᠦᠷᠢᠶᠡᠰᠦᠨ ᠮᠠᠰᠢᠨ ᠵᠠᠬᠢᠶᠠᠯᠠᠬᠤ ᠲᠤᠬᠠᠶᠢᠯᠠᠭᠰᠠᠨ ᠠᠵᠢᠯ ᠢ ᠬᠠᠩᠭᠠᠬᠤ ᠳᠤ ᠵᠠᠪᠠᠯ ᠱᠠᠭᠠᠷᠳᠠᠭᠳᠠᠬᠤ ᠬᠡᠪᠴᠢᠶ᠎ᠡ ᠠᠴᠠ | ᠳᠠᠪᠠᠵᠤ ᠪᠣᠯᠬᠤ ᠦᠭᠡᠢ᠃ | | ᠲᠥᠷᠥ ᠶᠢᠨ ᠪᠠᠶᠢᠭᠤᠯᠭ᠎ᠠ ᠶᠢᠨ ᠬᠠᠤᠯᠢ ᠶᠣᠰᠣᠭᠠᠷ ᠬᠢᠨᠠᠯᠲᠠ ᠲᠠᠯᠪᠢᠵᠤ ᠪᠠᠶᠢᠴᠠᠭᠠᠬᠤ ᠡᠷᠬᠡ ᠪᠤᠶᠤ | ᠡᠷᠡᠭᠦᠦ ᠶᠢᠨ ᠬᠡᠷᠡᠭ ᠤᠨ ᠲᠤᠷᠰᠢᠨ ᠪᠠᠶᠢᠴᠠᠭᠠᠬᠤ ᠡᠷᠬᠡ ᠪᠠᠨ ᠬᠡᠷᠡᠭᠵᠢᠭᠦᠯᠬᠦ ᠳᠤ ᠬᠠᠮᠵᠢᠯᠴᠠᠬᠤ ᠠᠴᠠ ᠭᠠᠳᠠᠨ᠎ᠠ᠂ | ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠲᠠᠪᠴᠠᠩ ᠤᠨ ᠺᠣᠮᠫᠠᠨᠢ ᠶᠠᠮᠠᠷᠪᠠ ᠭᠤᠷᠪᠠᠳᠠᠭᠢ ᠡᠲᠡᠭᠡᠳ ᠲᠤ | ᠵᠢᠯᠣᠭᠤᠴᠢ᠂ ᠲᠡᠷᠭᠡ ᠵᠠᠬᠢᠶᠠᠯᠠᠭᠴᠢ ᠪᠠ ᠠᠶᠠᠨᠴᠢᠳ ᠤᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ᠂ ᠭᠡᠷ | ᠪᠦᠯᠢ ᠶᠢᠨ ᠬᠠᠶ᠋ᠢᠭ᠂ ᠪᠠᠩᠬᠢ ᠶᠢᠨ ᠲᠠᠩᠰᠠᠨ ᠡᠷᠦᠬᠡ ᠪᠤᠶᠤ ᠲᠣᠭᠠᠴᠠᠭ᠎ᠠ ᠬᠢᠬᠦ ᠲᠠᠩᠰᠠᠨ ᠡᠷᠦᠬᠡ᠂ ᠭᠠᠵᠠᠷ ᠵᠦᠢ ᠶᠢᠨ | ᠪᠠᠶᠢᠷᠢᠰᠢᠯ᠂ ᠶᠠᠪᠤᠵᠤ ᠰᠠᠭᠤᠬᠤ ᠵᠠᠮ ᠱᠤᠭᠤᠮ ᠵᠡᠷᠭᠡ ᠬᠤᠪᠢ ᠬᠥᠮᠥᠨ ᠤ ᠮᠡᠳᠡᠭᠡ ᠵᠠᠩᠭᠢ ᠶᠢ ᠬᠠᠩᠭᠠᠵᠤ ᠪᠣᠯᠬᠤ | ᠦᠭᠡᠢ᠂ ᠭᠠᠵᠠᠷ ᠵᠦᠢ ᠶᠢᠨ ᠪᠠᠶᠢᠷᠢᠰᠢᠯ᠂ ᠭᠠᠵᠠᠷ ᠵᠦᠢ ᠶᠢᠨ ᠲᠡᠮᠳᠡᠭ ᠪᠣᠳᠠᠰ ᠵᠡᠷᠭᠡ ᠤᠯᠤᠰ ᠤᠨ ᠠᠮᠤᠷ | ᠲᠦᠪᠰᠢᠨ ᠳᠤ ᠬᠤᠯᠪᠣᠭᠳᠠᠬᠤ ᠰᠡᠷᠭᠡᠭ ᠮᠡᠳᠡᠭᠡ ᠵᠠᠩᠭᠢ ᠶᠢ ᠵᠠᠳᠠᠷᠠᠭᠤᠯᠵᠤ ᠪᠣᠯᠬᠤ ᠦᠭᠡᠢ᠃ ᠮᠡᠳᠡᠭᠡ ᠵᠠᠩᠭᠢ | ᠯᠡᠪᠡᠷᠡᠭᠰᠡᠨ ᠤ ᠳᠠᠷᠠᠭ᠎ᠠ᠂ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠲᠠᠪᠴᠠᠩ ᠤᠨ ᠺᠣᠮᠫᠠᠨᠢ ᠨᠢ ᠴᠠᠭ ᠲᠤᠬᠠᠢ | ᠳᠤᠨᠢ ᠬᠠᠮᠢᠶ᠎ᠠ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠶᠢᠨ ᠬᠠᠮᠲᠤ ᠴᠠᠭ ᠲᠤᠬᠠᠢ | ᠳᠤᠨᠢ ᠪᠦᠲᠦᠮᠵᠢᠲᠡᠶ ᠨᠥᠬᠦᠪᠦᠷᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠢ᠃ | | ᠭᠤᠴᠢᠨ ᠨᠢᠭᠡᠳᠦᠭᠡᠷ ᠵᠦᠢᠯ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠲᠠᠪᠴᠠᠩ ᠤᠨ ᠺᠣᠮᠫᠠᠨᠢ ᠨᠢ | ᠤᠯᠤᠰ ᠤᠨ ᠰᠦᠯᠵᠢᠶ᠎ᠡ ᠪᠠ ᠮᠡᠳᠡᠭᠡ ᠵᠠᠩᠭᠢ ᠶᠢᠨ ᠠᠶᠦᠯᠭᠦᠢ ᠶᠢᠨ ᠬᠤᠯᠪᠣᠭᠳᠠᠯ ᠪᠦᠬᠦᠢ ᠲᠣᠭᠲᠠᠭᠠᠯ ᠢ ᠵᠢᠷᠤᠮᠯᠠᠵᠤ᠂ | ᠴᠤᠭᠯᠠᠭᠤᠯᠤᠭᠰᠠᠨ ᠬᠤᠪᠢ ᠬᠥᠮᠥᠨ ᠤ ᠮᠡᠳᠡᠭᠡ ᠵᠠᠩᠭᠢ ᠪᠠ ᠪᠣᠶ ᠪᠣᠯᠭᠠᠭᠰᠠᠨ ᠲᠤᠬᠠᠶᠢᠯᠠᠭᠰᠠᠨ ᠠᠵᠢᠯ ᠤᠨ ᠲᠤᠭ᠎ᠠ | ᠪᠠᠷᠢᠮᠲᠠ ᠪᠠᠨ ᠳᠤᠮᠳᠠᠳᠤ ᠤᠯᠤᠰ ᠤᠨ ᠳᠣᠲᠣᠷ᠎ᠠ ᠭᠠᠵᠠᠷ ᠲᠤ ᠬᠠᠳᠠᠭᠠᠯᠠᠬᠤ ᠪᠠ ᠬᠡᠷᠡᠭᠯᠡᠬᠦ ᠬᠡᠷᠡᠭᠲᠡᠢ᠂ ᠬᠠᠳᠠᠭᠠᠯᠠᠬᠤ | ᠬᠤᠭᠤᠴᠠᠭ᠎ᠠ ᠶᠢ 2 ᠵᠢᠯ ᠠᠴᠠ ᠳᠤᠲᠠᠭᠤ ᠪᠠᠶᠢᠯᠭᠠᠵᠤ ᠪᠣᠯᠬᠤ ᠦᠭᠡᠢ᠂ ᠬᠠᠤᠯᠢ ᠴᠠᠭᠠᠵᠠ ᠬᠠᠤᠯᠢ ᠲᠣᠭᠲᠠᠭᠠᠯ ᠳᠤ | ᠠᠰᠲᠠᠭᠠᠨ ᠲᠣᠭᠲᠠᠭᠠᠯ ᠲᠠᠢ ᠪᠠᠶᠢᠬᠤ ᠶᠢ ᠭᠠᠷᠭᠠᠪᠠᠯ᠂ ᠳᠡᠭᠡᠷ᠎ᠡ ᠳᠤᠷᠠᠳᠤᠭᠰᠠᠨ ᠮᠡᠳᠡᠭᠡ ᠵᠠᠩᠭᠢ ᠪᠠ ᠲᠤᠭ᠎ᠠ | ᠪᠠᠷᠢᠮᠲᠠ ᠶᠢ ᠭᠠᠳᠠᠭᠰᠢ ᠭᠠᠷᠭᠠᠵᠤ ᠪᠣᠯᠬᠤ ᠦᠭᠡᠢ᠃ | | ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠲᠠᠪᠴᠠᠩ ᠤᠨ ᠺᠣᠮᠫᠠᠨᠢ ᠨᠢ ᠦᠢᠯᠡᠴᠢᠯᠡᠭᠡᠨ ᠤ | ᠲᠠᠪᠴᠠᠩ ᠢᠶᠠᠨ ᠠᠰᠢᠭᠯᠠᠨ ᠬᠠᠤᠯᠢ ᠴᠠᠭᠠᠵᠠ ᠬᠠᠤᠯᠢ ᠲᠣᠭᠲᠠᠭᠠᠯ ᠳᠤ ᠤᠯᠠᠮᠵᠢᠯᠠᠨ ᠲᠠᠷᠬᠠᠭᠠᠬᠤ ᠶᠢ ᠬᠤᠷᠢᠭᠯᠠᠭᠰᠠᠨ | ᠮᠡᠳᠡᠭᠡ ᠵᠠᠩᠭᠢ ᠶᠢ ᠨᠡᠶᠢᠲᠡᠯᠡᠵᠦ ᠪᠣᠯᠬᠤ ᠦᠭᠡᠢ᠂ ᠠᠵᠤ ᠠᠬᠤᠶᠢᠯᠠᠯ᠂ ᠬᠤᠪᠢ ᠬᠥᠮᠥᠨ ᠵᠢᠴᠢ ᠪᠤᠰᠤᠳ ᠪᠦᠯᠬᠦᠮ᠂ | ᠵᠣᠬᠢᠶᠠᠨ ᠪᠠᠶᠢᠭᠤᠯᠤᠯᠲᠠ ᠶᠢᠨ ᠬᠤᠣᠷ ᠬᠥᠨᠥᠭᠡᠯ ᠲᠠᠢ ᠮᠡᠳᠡᠭᠡ ᠵᠠᠩᠭᠢ ᠨᠡᠶᠢᠲᠡᠯᠡᠬᠦ ᠳᠤ ᠲᠥᠬᠦᠮ ᠦᠵᠡᠭᠦᠯᠬᠦ ᠶᠢᠨ | ᠬᠠᠮᠲᠤ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠬᠤᠣᠷ ᠬᠥᠨᠥᠭᠡᠯ ᠲᠠᠢ ᠮᠡᠳᠡᠭᠡ ᠵᠠᠩᠭᠢ ᠳᠠᠮᠵᠢᠭᠤᠯᠬᠤ ᠶᠢ | ᠲᠡᠰᠦᠯᠦᠨ ᠵᠣᠭᠰᠣᠭᠠᠵᠤ ᠪᠣᠯᠬᠤ ᠦᠭᠡᠢ᠃ ᠪᠤᠰᠤᠳ ᠬᠥᠮᠥᠨ ᠤ ᠲᠣᠣᠷ ᠰᠦᠯᠵᠢᠶᠡᠨ ᠤ ᠦᠢᠯᠡᠴᠢᠯᠡᠭᠡᠨ ᠤ | ᠲᠠᠪᠴᠠᠩ ᠢ ᠠᠰᠢᠭᠯᠠᠨ ᠬᠤᠣᠷ ᠬᠥᠨᠥᠭᠡᠯ ᠲᠠᠢ ᠮᠡᠳᠡᠭᠡ ᠵᠠᠩᠭᠢ ᠳᠠᠮᠵᠢᠭᠤᠯᠬᠤ ᠶᠢ ᠣᠯᠵᠤ ᠮᠡᠳᠡᠪᠡᠯ᠂ | ᠳᠠᠮᠵᠢᠭᠤᠯᠬᠤ ᠪᠠᠨ ᠲᠡᠷᠡ ᠳᠠᠷᠤᠢ ᠳᠤᠨᠢ ᠵᠣᠭᠰᠣᠭᠠᠵᠤ᠂ ᠬᠤᠯᠪᠣᠭᠳᠠᠯ ᠪᠦᠬᠦᠢ ᠲᠡᠮᠳᠡᠭᠯᠡᠯ ᠢ ᠬᠠᠳᠠᠭᠠᠯᠠᠬᠤ ᠶᠢᠨ | ᠬᠠᠮᠲᠤ ᠤᠯᠤᠰ ᠤᠨ ᠬᠤᠯᠪᠣᠭᠳᠠᠯ ᠪᠦᠬᠦᠢ ᠪᠠᠶᠢᠭᠤᠯᠭ᠎ᠠ ᠳᠤ ᠮᠡᠳᠡᠭᠦᠯᠬᠦ ᠬᠡᠷᠡᠭᠲᠡᠢ᠃ | | ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠤ ᠲᠠᠪᠴᠠᠩ ᠤᠨ ᠺᠣᠮᠫᠠᠨᠢ ᠨᠢ ᠬᠠᠤᠯᠢ ᠴᠠᠭᠠᠵᠠ ᠶᠢᠨ | ᠲᠣᠭᠲᠠᠭᠠᠯ ᠶᠣᠰᠣᠭᠠᠷ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠶᠣᠰᠣᠭᠠᠷ ᠤᠯᠤᠰ ᠤᠨ | ᠠᠶᠦᠯᠭᠦᠢ ᠶᠢᠨ ᠠᠵᠢᠯ ᠢ ᠥᠷᠨᠢᠭᠦᠯᠬᠦ᠂ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠬᠦ ᠪᠠ | ᠪᠠᠶᠢᠴᠠᠭᠠᠬᠤ ᠳᠤ ᠴᠢᠬᠤᠯᠠ ᠪᠦᠬᠦᠢ ᠮᠡᠷᠭᠡᠵᠢᠯ ᠤᠨ ᠳᠡᠮᠵᠢᠯᠭᠡ ᠪᠠ ᠬᠠᠮᠵᠢᠯᠴᠠᠭ᠎ᠠ ᠬᠠᠩᠭᠠᠬᠤ ᠬᠡᠷᠡᠭᠲᠡᠢ᠃ | | ᠭᠤᠴᠢᠨ ᠬᠤᠶᠠᠳᠤᠭᠠᠷ ᠵᠦᠢᠯ ᠶᠠᠮᠠᠷᠪᠠ ᠠᠵᠤ ᠠᠬᠤᠶᠢᠯᠠᠯ ᠪᠠ ᠬᠤᠪᠢ ᠬᠥᠮᠥᠨ ᠭᠡᠳ ᠬᠠᠤᠯᠢ ᠶᠣᠰᠣᠨ ᠤ | ᠬᠢᠷᠢ ᠬᠡᠮ ᠣᠯᠣᠭᠰᠠᠨ ᠦᠭᠡᠢ ᠲᠡᠷᠭᠡ ᠬᠥᠰᠬᠡ᠂ ᠵᠢᠯᠣᠭᠤᠴᠢ ᠳᠤ ᠮᠡᠳᠡᠭᠡ ᠵᠠᠩᠭᠢ ᠶᠢ ᠵᠣᠯᠭᠠᠭᠤᠯᠤᠨ ᠴᠠᠬᠢᠮ ᠢᠶᠠᠷ | ᠲᠦᠷᠢᠶᠡᠰᠦᠨ ᠮᠠᠰᠢᠨ ᠵᠠᠬᠢᠶᠠᠯᠠᠬᠤ ᠡᠵᠡᠩᠨᠡᠯᠲᠡ ᠶᠢᠨ ᠦᠢᠯᠡᠴᠢᠯᠡᠭᠡ ᠬᠠᠩᠭᠠᠵᠤ ᠪᠣᠯᠬᠤ ᠦᠭᠡᠢ᠃ ᠬᠤᠪᠢ ᠬᠥᠮᠥᠨ ᠤ | ᠵᠢᠵᠢᠭ ᠰᠠᠭᠤᠳᠠᠯ ᠤᠨ ᠮᠠᠰᠢᠨ ᠬᠠᠮᠲᠤᠷᠠᠨ ᠰᠠᠭᠤᠬᠤ ᠨᠡᠷ᠎ᠡ ᠪᠠᠷ ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ | ᠲᠡᠷᠭᠡ ᠶᠢᠨ ᠡᠵᠡᠩᠨᠡᠯᠲᠡ ᠶᠢᠨ ᠦᠢᠯᠡᠴᠢᠯᠡᠭᠡ ᠬᠠᠩᠭᠠᠵᠤ ᠪᠣᠯᠬᠤ ᠦᠭᠡᠢ᠃ | | ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠬᠥᠰᠬᠡ ᠪᠣᠯᠣᠨ ᠵᠢᠯᠣᠭᠤᠴᠢ ᠡᠵᠡᠩᠨᠡᠯᠲᠡ ᠶᠢᠨ ᠵᠥᠪᠰᠢᠶᠡᠷᠡᠯ | ᠣᠯᠣᠭᠰᠠᠨ ᠦᠭᠡᠢ ᠰᠦᠯᠵᠢᠶᠡᠨ ᠤ ᠦᠢᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ ᠡᠵᠡᠩᠨᠡᠯᠲᠡ ᠶᠢᠨ | ᠦᠢᠯᠡᠴᠢᠯᠡᠭᠡ ᠬᠠᠩᠭᠠᠵᠤ ᠪᠣᠯᠬᠤ ᠦᠭᠡᠢ᠃ | | ᠲᠡᠷᠭᠡ ᠵᠠᠬᠢᠶᠠᠯᠠᠭᠴᠢ ᠪᠤᠶᠤ ᠠᠶᠠᠨᠴᠢᠨ ᠲᠡᠷᠭᠡᠨ ᠤ ᠫᠠᠶᠢᠰᠠ ᠶᠢᠨ ᠨᠣᠮᠧᠷ ᠪᠤᠶᠤ ᠵᠢᠯᠣᠭᠤᠴᠢ ᠶᠢᠨ ᠮᠡᠳᠡᠭᠡ | ᠵᠠᠩᠭᠢ ᠨᠢ ᠪᠣᠯᠵᠣᠭᠰᠠᠨ ᠮᠡᠳᠡᠭᠡ ᠵᠠᠩᠭᠢ ᠲᠠᠢ ᠨᠡᠶᠢᠴᠡᠬᠦ ᠦᠭᠡᠢ ᠪᠠᠶᠢᠬᠤ ᠶᠢ ᠣᠯᠵᠤ ᠮᠡᠳᠡᠪᠡᠯ᠂ ᠲᠡᠷᠭᠡᠨ ᠳᠤ | ᠰᠠᠭᠤᠬᠤ ᠶᠢ ᠲᠡᠪᠴᠢᠵᠦ ᠪᠣᠯᠣᠨ᠎ᠠ᠃ | | | | ᠲᠠᠪᠤᠳᠤᠭᠠᠷ ᠪᠦᠯᠦᠭ ᠬᠢᠨᠠᠯᠲᠠ ᠲᠠᠯᠪᠢᠵᠤ ᠪᠠᠶᠢᠴᠠᠭᠠᠬᠤ | | | | ᠭᠤᠴᠢᠨ ᠭᠤᠷᠪᠠᠳᠤᠭᠠᠷ ᠵᠦᠢᠯ ᠠᠯᠠᠱᠠ ᠵᠡᠭᠦᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ ᠨᠢ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠲᠠᠪᠴᠠᠩ ᠯᠤᠭ᠎ᠠ ᠮᠡᠳᠡᠭᠡ ᠵᠠᠩᠭᠢ ᠶᠢ ᠬᠠᠮᠲᠤᠪᠠᠷ | ᠭᠥᠷᠳᠡᠬᠦ ᠶᠢ ᠪᠡᠶᠡᠯᠡᠭᠦᠯᠬᠦ ᠬᠡᠷᠡᠭᠲᠡᠢ᠃ ᠬᠠᠮᠲᠤ ᠪᠠᠷ ᠡᠳ᠋ᠯᠡᠬᠦ ᠮᠡᠳᠡᠭᠡ ᠵᠠᠩᠭᠢ ᠳᠤ ᠲᠡᠷᠭᠡ ᠪᠣᠯᠣᠨ ᠵᠢᠯᠣᠭᠤᠴᠢ ᠶᠢᠨ | ᠦᠨᠳᠦᠰᠦᠨ ᠮᠡᠳᠡᠭᠡ ᠵᠠᠩᠭᠢ᠂ ᠦᠢᠯᠡᠴᠢᠯᠡᠭᠡᠨ ᠤ ᠶᠠᠰᠤ ᠴᠢᠨᠠᠷ ᠵᠢᠴᠢ ᠠᠶᠠᠨᠴᠢᠳ ᠤᠨ ᠦᠨᠡᠯᠡᠯᠲᠡ ᠶᠢᠨ ᠮᠡᠳᠡᠭᠡ | ᠵᠠᠩᠭᠢ ᠵᠡᠷᠭᠡ ᠶᠢ ᠪᠠᠭᠲᠠᠭᠠᠬᠤ ᠬᠡᠷᠡᠭᠲᠡᠢ᠃ | | ᠠᠯᠠᠱᠠ ᠵᠡᠭᠦᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ ᠴᠠᠬᠢᠮ ᠢᠶᠠᠷ | ᠲᠦᠷᠢᠶᠡᠰᠦᠨ ᠮᠠᠰᠢᠨ ᠵᠠᠬᠢᠶᠠᠯᠠᠬᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ | ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠲᠠᠪᠴᠠᠩ ᠤᠨ ᠺᠣᠮᠫᠠᠨᠢ᠂ ᠲᠡᠷᠭᠡ ᠬᠥᠰᠬᠡ ᠪᠣᠯᠣᠨ ᠵᠢᠯᠣᠭᠤᠴᠢ ᠶᠢᠨ | ᠬᠢᠷᠢ ᠴᠢᠳᠠᠮᠵᠢ ᠶᠢ ᠬᠢᠨᠠᠨ ᠪᠠᠶᠢᠴᠠᠭᠠᠬᠤ ᠪᠠ ᠦᠨᠡᠮᠯᠡᠯ ᠣᠯᠭᠤᠬᠤ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃ | ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠰᠢᠯᠭᠠᠨ ᠦᠨᠡᠯᠡᠬᠦ ᠶᠢ | ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠬᠠᠮᠲᠤ ᠲᠣᠰ ᠭᠠᠵᠠᠷ ᠣᠷᠣᠨ ᠤ | ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠲᠠᠪᠴᠠᠩ ᠤᠨ ᠺᠣᠮᠫᠠᠨᠢ ᠶᠢᠨ ᠦᠨᠳᠦᠰᠦᠨ ᠮᠡᠳᠡᠭᠡ ᠵᠠᠩᠭᠢ᠂ | ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠰᠢᠯᠭᠠᠨ ᠦᠨᠡᠯᠡᠭᠰᠡᠨ ᠦᠷ᠎ᠡ ᠳ᠋ᠦᠩ ᠵᠡᠷᠭᠡ ᠮᠡᠳᠡᠭᠡ ᠵᠠᠩᠭᠢ ᠶᠢ ᠴᠠᠭ ᠲᠤᠬᠠᠢ | ᠳᠤᠨᠢ ᠨᠡᠶᠢᠭᠡᠮ ᠳᠤ ᠨᠡᠶᠢᠲᠡᠯᠡᠬᠦ ᠬᠡᠷᠡᠭᠲᠡᠢ᠃ | | ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠤᠳ | ᠬᠠᠮᠢᠶᠠᠷᠤᠯᠲᠠ ᠶᠢᠨ ᠬᠡᠷᠡᠭᠴᠡᠭᠡ ᠪᠠᠨ ᠦᠨᠳᠦᠰᠦᠯᠡᠨ ᠬᠠᠷᠢᠶᠠᠯᠠᠬᠤ ᠬᠡᠪᠴᠢᠶᠡᠨ ᠳᠠᠬᠢ ᠴᠠᠬᠢᠮ ᠢᠶᠠᠷ ᠲᠦᠷᠢᠶᠡᠰᠦᠨ | ᠮᠠᠰᠢᠨ ᠵᠠᠬᠢᠶᠠᠯᠠᠬᠤ ᠲᠠᠪᠴᠠᠩ ᠤᠨ ᠺᠣᠮᠫᠠᠨᠢ ᠶᠢᠨ ᠳᠠᠩᠰᠠᠯᠠᠯᠲᠠ᠂ ᠡᠵᠡᠩᠨᠡᠯᠲᠡ ᠪᠠ ᠠᠷᠠᠯᠵᠢᠶ᠎ᠠ ᠵᠡᠷᠭᠡ ᠬᠠᠮᠢᠶ᠎ᠠ | ᠪᠦᠬᠦᠢ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠬᠠᠤᠯᠢ ᠶᠣᠰᠣᠭᠠᠷ ᠰᠢᠯᠵᠢᠭᠦᠯᠦᠨ ᠠᠪᠴᠤ ᠪᠠᠶᠢᠴᠠᠭᠠᠨ ᠦᠵᠡᠬᠦ | ᠡᠷᠬᠡ ᠲᠠᠢ᠃ | | ᠭᠤᠴᠢᠨ ᠳᠥᠷᠪᠡᠳᠦᠭᠡᠷ ᠵᠦᠢᠯ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ ᠪᠠ | ᠳᠣᠲᠣᠭᠠᠳᠤ ᠶᠢ ᠬᠠᠮᠠᠭᠠᠯᠠᠬᠤ᠂ ᠰᠦᠯᠵᠢᠶᠡᠨ ᠤ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ ᠲᠤᠰ ᠲᠤᠰ ᠤᠨ | ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠲᠠᠪᠴᠠᠩ ᠤᠨ | ᠺᠣᠮᠫᠠᠨᠢ ᠶᠢᠨ ᠬᠤᠯᠪᠣᠭᠳᠠᠯ ᠪᠦᠬᠦᠢ ᠬᠤᠪᠢ ᠬᠥᠮᠥᠨ ᠤ ᠮᠡᠳᠡᠭᠡ ᠵᠠᠩᠭᠢ ᠶᠢ ᠬᠠᠤᠯᠢ ᠪᠤᠰᠤ ᠪᠠᠷ ᠴᠤᠭᠯᠠᠭᠤᠯᠵᠤ᠂ | ᠬᠠᠳᠠᠭᠠᠯᠠᠵᠤ᠂ ᠰᠢᠢᠳᠪᠦᠷᠢᠯᠡᠭᠰᠡᠨ ᠪᠠ ᠠᠰᠢᠭᠯᠠᠭᠰᠠᠨ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ | ᠦᠢᠯᠡᠴᠢᠯᠡᠭᠡᠨ ᠤ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠵᠦ᠂ ᠰᠦᠯᠵᠢᠶ᠎ᠡ ᠪᠠ ᠮᠡᠳᠡᠭᠡ ᠵᠠᠩᠭᠢ ᠶᠢᠨ ᠠᠮᠤᠷ | ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ᠂ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ | ᠦᠢᠯᠡᠴᠢᠯᠡᠭᠡᠨ ᠤ ᠲᠠᠪᠴᠠᠩ ᠢ ᠬᠡᠷᠡᠭᠯᠡᠨ ᠬᠤᠣᠷ ᠬᠥᠨᠥᠭᠡᠯ ᠲᠠᠢ ᠮᠡᠳᠡᠭᠡ ᠵᠠᠩᠭᠢ ᠨᠡᠶᠢᠲᠡᠯᠡᠭᠰᠡᠨ ᠪᠤᠶᠤ ᠠᠵᠤ | ᠠᠬᠤᠶᠢᠯᠠᠯ᠂ ᠬᠤᠪᠢ ᠬᠥᠮᠥᠨ ᠵᠢᠴᠢ ᠪᠤᠰᠤᠳ ᠪᠦᠯᠬᠦᠮ ᠵᠣᠬᠢᠶᠠᠨ ᠪᠠᠶᠢᠭᠤᠯᠤᠯᠲᠠ ᠶᠢᠨ ᠬᠤᠣᠷ ᠬᠥᠨᠥᠭᠡᠯ ᠲᠠᠢ | ᠮᠡᠳᠡᠭᠡ ᠵᠠᠩᠭᠢ ᠨᠡᠶᠢᠲᠡᠯᠡᠬᠦ ᠳᠤ ᠲᠥᠬᠦᠮ ᠦᠵᠡᠭᠦᠯᠦᠭᠰᠡᠨ ᠦᠶᠯᠡ ᠠᠵᠢᠯᠯᠠᠭ᠎ᠠ ᠳᠤ᠂ ᠬᠠᠤᠯᠢ ᠶᠣᠰᠣᠭᠠᠷ ᠪᠠᠶᠢᠴᠠᠭᠠᠨ | ᠰᠢᠢᠳᠪᠦᠷᠢᠯᠡᠬᠦ ᠶᠢᠨ ᠬᠠᠮᠲᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠲᠠᠢ ᠬᠠᠮᠵᠢᠯᠴᠠᠨ ᠬᠠᠤᠯᠢ | ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠣᠷᠣᠰᠢᠵᠤ ᠪᠠᠶᠢᠬᠤ ᠶᠢ ᠮᠠᠭᠠᠳᠯᠠᠨ ᠲᠣᠭᠲᠠᠭᠠᠭᠰᠠᠨ | ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠤ ᠲᠠᠪᠴᠠᠩ ᠤᠨ ᠺᠣᠮᠫᠠᠨᠢ ᠶᠢ ᠬᠠᠤᠯᠢ ᠶᠣᠰᠣᠭᠠᠷ ᠰᠢᠢᠳᠪᠦᠷᠢᠯᠡᠬᠦ | ᠬᠡᠷᠡᠭᠲᠡᠢ᠃ | | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠰᠠᠯᠠᠭ᠎ᠠ ᠮᠥᠴᠢᠷ | ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠶᠢᠨ ᠢᠶᠠᠨ ᠶᠣᠰᠣᠭᠠᠷ ᠰᠦᠯᠵᠢᠶᠡᠨ ᠤ ᠠᠶᠦᠯᠭᠦᠢ ᠶᠢᠨ | ᠬᠠᠮᠢᠶᠠᠷᠤᠯᠲᠠ ᠶᠢᠨ ᠳᠦᠷᠢᠮ ᠪᠠ ᠠᠶᠦᠯᠭᠦᠢ ᠶᠢᠨ ᠬᠠᠮᠠᠭᠠᠯᠠᠯᠲᠠ ᠶᠢᠨ ᠮᠡᠷᠭᠡᠵᠢᠯ ᠤᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠪᠠᠶᠢᠴᠠᠭᠠᠵᠤ᠂ ᠬᠠᠤᠯᠢ ᠶᠢ ᠵᠥᠷᠢᠴᠡᠭᠰᠡᠨ ᠬᠤᠯᠪᠣᠭᠳᠠᠯ ᠪᠦᠬᠦᠢ ᠶᠠᠯᠠᠲᠤ | ᠠᠵᠢᠯᠯᠠᠭ᠎ᠠ ᠶᠢ ᠰᠡᠷᠭᠡᠶᠢᠯᠡᠨ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ | | ᠭᠤᠴᠢᠨ ᠲᠠᠪᠤᠳᠤᠭᠠᠷ ᠵᠦᠢᠯ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠰᠠᠯᠠᠭ᠎ᠠ ᠮᠥᠴᠢᠷ ᠤᠳ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠡᠵᠡᠩᠨᠡᠯᠲᠡ ᠶᠢᠨ ᠦᠶᠯᠡ ᠠᠵᠢᠯᠯᠠᠭ᠎ᠠ ᠳᠤ | ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ | ᠡᠵᠡᠩᠨᠡᠯᠲᠡ ᠶᠢ ᠬᠠᠤᠯᠢ ᠪᠤᠰᠤ ᠪᠠᠷ ᠡᠷᠭᠢᠯᠡᠬᠦ ᠵᠢᠴᠢ ᠪᠤᠰᠤᠳ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ | ᠠᠵᠢᠯᠯᠠᠭ᠎ᠠ ᠶᠢ ᠵᠠᠯᠠᠷᠠᠭᠤᠯᠤᠨ ᠬᠤᠷᠢᠭᠯᠠᠵᠤ᠂ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠵᠠᠬ᠎ᠠ ᠳᠡᠯᠭᠡᠭᠦᠷ ᠤᠨ | ᠡᠮᠬᠢ ᠳᠢᠭᠯᠢᠮ ᠢ ᠬᠠᠮᠠᠭᠠᠯᠠᠬᠤ ᠬᠡᠷᠡᠭᠲᠡᠢ᠃ | | ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠳ ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ | ᠬᠥᠰᠬᠡ ᠶᠢᠨ ᠳᠡᠩᠰᠡᠯᠡᠨ ᠬᠠᠮᠢᠶᠠᠷᠬᠤ ᠠᠵᠢᠯ ᠢ ᠰᠠᠶᠢᠲᠤᠷ ᠬᠢᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ | ᠮᠥᠴᠢᠷ ᠯᠦᠭᠡ ᠬᠠᠮᠵᠢᠯᠴᠠᠨ᠂ ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠬᠥᠰᠬᠡ᠂ ᠵᠢᠯᠣᠭᠤᠴᠢ ᠶᠢᠨ | ᠵᠥᠪᠰᠢᠶᠡᠷᠡᠨ ᠣᠷᠣᠭᠤᠯᠬᠤ ᠬᠢᠷᠢ ᠬᠡᠮ ᠤᠨ ᠬᠠᠮᠢᠶ᠎ᠠ ᠪᠦᠬᠦᠢ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ | ᠦᠢᠯᠡᠴᠢᠯᠡᠭᠡ ᠶᠢ ᠰᠠᠶᠢᠲᠤᠷ ᠬᠢᠬᠦ ᠬᠡᠷᠡᠭᠲᠡᠢ᠃ | | ᠭᠤᠴᠢᠨ ᠵᠢᠷᠭᠤᠳᠤᠭᠠᠷ ᠵᠦᠢᠯ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ | ᠰᠠᠯᠠᠭ᠎ᠠ ᠮᠥᠴᠢᠷ ᠤᠳ ᠰᠦᠯᠵᠢᠶᠡᠨ ᠳᠡᠭᠡᠷ᠎ᠡ ᠪᠣᠯᠵᠣᠭᠰᠠᠨ ᠲᠡᠷᠭᠡᠨ ᠤ ᠵᠢᠯᠣᠭᠤᠴᠢ ᠶᠢᠨ ᠬᠠᠤᠯᠢ ᠶᠣᠰᠣᠨ ᠤ ᠡᠷᠬᠡ | ᠠᠰᠢᠭ ᠢ ᠬᠠᠮᠠᠭᠠᠯᠠᠬᠤ ᠪᠠᠲᠤᠯᠠᠭ᠎ᠠ ᠶᠢᠨ ᠲᠣᠭᠲᠠᠴᠠ ᠶᠢ ᠰᠤᠳᠤᠯᠤᠨ ᠲᠣᠭᠲᠠᠭᠠᠵᠤ᠂ ᠰᠦᠯᠵᠢᠶᠡᠨ ᠳᠡᠭᠡᠷ᠎ᠡ | ᠪᠣᠯᠵᠣᠭᠰᠠᠨ ᠲᠡᠷᠭᠡᠨ ᠤ ᠲᠠᠪᠴᠠᠩ ᠤᠨ ᠺᠣᠮᠫᠠᠨᠢ ᠶᠢ ᠰᠢᠮᠳᠠᠭᠤᠯᠵᠤ ᠪᠠᠶᠢᠭᠠᠳ ᠲᠡᠭᠦᠨ ᠤ ᠬᠠᠷᠢᠶ᠎ᠠ ᠪᠦᠬᠦᠢ | ᠵᠢᠯᠣᠭᠤᠴᠢ ᠶᠢᠨ ᠣᠯᠭᠤᠮᠵᠢ ᠪᠠ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠨᠢ ᠰᠠᠶᠢᠵᠢᠷᠠᠭᠤᠯᠬᠤ ᠬᠡᠷᠡᠭᠲᠡᠢ᠃ ᠴᠠᠬᠢᠮ ᠢᠶᠠᠷ | ᠲᠦᠷᠢᠶᠡᠰᠦᠨ ᠮᠠᠰᠢᠨ ᠵᠠᠬᠢᠶᠠᠯᠠᠬᠤ ᠲᠠᠪᠴᠠᠩ ᠤᠨ ᠺᠣᠮᠫᠠᠨᠢ ᠶᠢᠨ ᠡᠵᠡᠩᠨᠡᠯᠲᠡ ᠶᠢᠨ ᠶᠠᠪᠤᠴᠠ ᠳᠤ ᠵᠢᠯᠣᠭᠤᠴᠢ ᠶᠢᠨ | ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ | ᠰᠢᠢᠳᠪᠦᠷᠢᠯᠡᠨ᠎ᠡ᠃ | | ᠭᠤᠴᠢᠨ ᠳᠣᠯᠣᠳᠤᠭᠠᠷ ᠵᠦᠢᠯ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ | ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠲᠠᠪᠴᠠᠩ ᠤᠨ ᠺᠣᠮᠫᠠᠨᠢ ᠶᠢᠨ ᠳᠠᠩᠰᠠᠯᠠᠯᠲᠠ ᠶᠢ ᠬᠠᠤᠯᠢ ᠶᠣᠰᠣᠭᠠᠷ | ᠭᠦᠢᠴᠡᠳᠬᠡᠨ᠎ᠡ᠃ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠲᠠᠪᠴᠠᠩ ᠤᠨ ᠺᠣᠮᠫᠠᠨᠢ ᠶᠢ ᠰᠢᠮᠳᠠᠭᠤᠯᠵᠤ | ᠪᠠᠶᠢᠭᠠᠳ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠵᠠᠮ ᠪᠤᠳᠤᠵᠤ ᠦᠨ᠎ᠡ ᠪᠤᠳᠤᠬᠤ ᠠᠷᠭ᠎ᠠ ᠮᠠᠶ᠋ᠢᠭ ᠢ | ᠨᠡᠶᠢᠲᠡᠯᠡᠬᠦ ᠶᠢᠨ ᠬᠠᠮᠲᠤ᠂ ᠦᠨ᠎ᠡ ᠬᠠᠩᠰᠢ ᠶᠢᠨ ᠬᠢᠨᠠᠯᠲᠠ ᠪᠠᠶᠢᠴᠠᠭᠠᠯᠲᠠ ᠶᠢ ᠥᠷᠨᠢᠭᠦᠯᠦᠨ᠎ᠡ᠃ ᠴᠠᠬᠢᠮ ᠢᠶᠠᠷ | ᠲᠦᠷᠢᠶᠡᠰᠦᠨ ᠮᠠᠰᠢᠨ ᠵᠠᠬᠢᠶᠠᠯᠠᠬᠤ ᠲᠠᠪᠴᠠᠩ ᠤᠨ ᠺᠣᠮᠫᠠᠨᠢ ᠶᠢᠨ ᠡᠵᠡᠩᠨᠡᠯᠲᠡ ᠶᠢᠨ ᠶᠠᠪᠤᠴᠠ ᠳᠠᠬᠢ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠡᠭᠦᠷᠭᠡ | ᠬᠠᠷᠢᠭᠤᠴᠠᠯᠭ᠎ᠠ ᠳᠤ ᠬᠤᠯᠪᠣᠭᠳᠠᠭᠰᠠᠨ ᠵᠦᠢ ᠪᠤᠰᠤ ᠥᠷᠢᠰᠦᠯᠳᠦᠭᠡᠨ ᠤ ᠠᠵᠢᠯᠯᠠᠭ᠎ᠠ ᠶᠢ ᠬᠠᠤᠯᠢ ᠶᠣᠰᠣᠭᠠᠷ | ᠪᠠᠶᠢᠴᠠᠭᠠᠨ ᠰᠢᠢᠳᠪᠦᠷᠢᠯᠡᠨ᠎ᠡ᠃ | | ᠭᠤᠴᠢᠨ ᠨᠠᠢᠮᠠᠳᠤᠭᠠᠷ ᠵᠦᠢᠯ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠳ ᠴᠠᠬᠢᠮ ᠢᠶᠠᠷ ᠲᠦᠷᠢᠶᠡᠰᠦᠨ | ᠮᠠᠰᠢᠨ ᠵᠠᠬᠢᠶᠠᠯᠠᠬᠤ ᠲᠠᠪᠴᠠᠩ ᠤᠨ ᠺᠣᠮᠫᠠᠨᠢ ᠶᠢ ᠰᠢᠮᠳᠠᠭᠤᠯᠵᠤ ᠪᠠᠶᠢᠭᠠᠳ ᠭᠠᠶᠢᠯᠢ ᠲᠠᠲᠠᠪᠤᠷᠢ ᠶᠢᠨ ᠬᠠᠮᠢᠶ᠎ᠠ ᠪᠦᠬᠦᠢ | ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ᠂ ᠠᠶᠠᠨᠴᠢᠳ ᠲᠤ ᠵᠣᠬᠢᠬᠤ ᠪᠠᠷᠢᠮᠲᠠ ᠬᠠᠩᠭᠠᠬᠤ ᠶᠢᠨ ᠬᠠᠮᠲᠤ | ᠬᠠᠤᠯᠢ ᠶᠣᠰᠣᠭᠠᠷ ᠭᠠᠶᠢᠯᠢ ᠲᠤᠰᠢᠶᠠᠵᠤ᠂ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠲᠠᠪᠴᠠᠩ ᠤᠨ | ᠺᠣᠮᠫᠠᠨᠢ ᠶᠢᠨ ᠡᠵᠡᠩᠨᠡᠯᠲᠡ ᠶᠢᠨ ᠶᠠᠪᠤᠴᠠ ᠳᠠᠬᠢ ᠭᠠᠶᠢᠯᠢ ᠲᠠᠲᠠᠪᠤᠷᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠠᠴᠠ | ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ | | ᠭᠤᠴᠢ ᠶᠢᠰᠦᠳᠦᠭᠡᠷ ᠵᠦᠢᠯ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ | ᠬᠠᠷᠢᠭᠤᠴᠠᠯᠭ᠎ᠠ ᠶᠢᠨ ᠢᠶᠠᠨ ᠶᠣᠰᠣᠭᠠᠷ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠲᠠᠪᠴᠠᠩ ᠤᠨ ᠺᠣᠮᠫᠠᠨᠢ ᠪᠠ | ᠵᠢᠯᠣᠭᠤᠴᠢ ᠶᠢᠨ ᠢᠲᠡᠭᠡᠮᠵᠢ ᠶᠢᠨ ᠲᠡᠮᠳᠡᠭᠯᠡᠯ ᠢ ᠪᠠᠶᠢᠭᠤᠯᠬᠤ ᠶᠢᠨ ᠬᠠᠮᠲᠤ᠂ ᠬᠤᠰᠢᠭᠤᠨ ᠱᠠᠲᠤᠨ ᠤ ᠢᠲᠡᠭᠡᠮᠵᠢ ᠶᠢᠨ | ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠲᠠᠪᠴᠠᠩ ᠳᠤ ᠣᠷᠣᠭᠤᠯᠬᠤ ᠶᠢᠨ ᠬᠠᠮᠲᠤ᠂ ᠴᠠᠬᠢᠮ ᠢᠶᠠᠷ ᠲᠦᠷᠢᠶᠡᠰᠦᠨ | ᠮᠠᠰᠢᠨ ᠵᠠᠬᠢᠶᠠᠯᠠᠬᠤ ᠲᠠᠪᠴᠠᠩ ᠤᠨ ᠺᠣᠮᠫᠠᠨᠢ ᠶᠢᠨ ᠵᠠᠰᠠᠭ ᠵᠠᠬᠢᠷᠭᠠᠨ ᠤ ᠵᠥᠪᠰᠢᠶᠡᠷᠡᠯ ᠪᠠ ᠵᠠᠰᠠᠭ ᠵᠠᠬᠢᠷᠭᠠᠨ ᠤ | ᠰᠢᠢᠳᠬᠡᠯ ᠲᠣᠷᠭᠠᠭᠤᠯᠢ ᠵᠡᠷᠭᠡ ᠢᠲᠡᠭᠡᠮᠵᠢ ᠶᠢᠨ ᠮᠡᠳᠡᠭᠡ ᠵᠠᠩᠭᠢ ᠶᠢ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ | ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠳᠤ ᠢᠯᠡ ᠨᠡᠶᠢᠲᠡᠯᠡᠬᠦ ᠬᠡᠷᠡᠭᠲᠡᠢ᠃ | | ᠳᠥᠴᠢᠳᠦᠭᠡᠷ ᠵᠦᠢᠯ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠤᠨ ᠨᠡᠶᠢᠭᠡᠮᠯᠢᠭ ᠤᠨ ᠵᠣᠬᠢᠶᠠᠨ | ᠪᠠᠶᠢᠭᠤᠯᠤᠯᠲᠠ ᠨᠢ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠲᠠᠪᠴᠠᠩ ᠤᠨ ᠺᠣᠮᠫᠠᠨᠢ ᠪᠣᠯᠣᠨ ᠵᠢᠯᠣᠭᠤᠴᠢ ᠶᠢᠨ | ᠡᠷᠡᠭᠦᠯ ᠪᠤᠰᠤ ᠲᠡᠮᠳᠡᠭᠯᠡᠯ ᠤᠨ ᠨᠡᠷᠡᠰ ᠤᠨ ᠳᠦᠷᠢᠮ ᠢ ᠪᠠᠶᠢᠭᠤᠯᠵᠤ᠂ ᠠᠵᠢᠯ ᠲᠥᠷᠥᠯ ᠤᠨ ᠥᠪᠡᠷ ᠢ ᠪᠠᠨ | ᠱᠠᠭᠠᠷᠳᠠᠬᠤ ᠶᠢ ᠴᠢᠩᠭᠠᠳᠬᠠᠬᠤ ᠬᠡᠷᠡᠭᠲᠡᠢ᠃ | | | | ᠵᠢᠷᠭᠤᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | | | | ᠳᠥᠴᠢᠨ ᠨᠢᠭᠡᠳᠦᠭᠡᠷ ᠵᠦᠢᠯ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠲᠠᠪᠴᠠᠩ ᠤᠨ ᠺᠣᠮᠫᠠᠨᠢ ᠵᠢᠴᠢ | ᠵᠢᠯᠣᠭᠤᠴᠢ ᠳᠤ ︽ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠡᠵᠡᠩᠨᠡᠯᠲᠡ ᠦᠢᠯᠡᠴᠢᠯᠡᠭᠡᠨ ᠤ | ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︽ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠠᠵᠢᠯ | ᠡᠷᠭᠢᠯᠡᠬᠦ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ︾ ᠵᠢᠴᠢ ᠲᠣᠰ ︽ᠨᠠᠷᠢᠨ ᠳᠦᠷᠢᠮ︾ ᠵᠡᠷᠭᠡ ᠠᠴᠠ | ᠵᠥᠷᠢᠴᠡᠭᠰᠡᠨ ᠦᠶᠯᠡ ᠠᠵᠢᠯᠯᠠᠭ᠎ᠠ ᠲᠠᠢ ᠪᠠᠶᠢᠪᠠᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠰᠠᠯᠠᠭ᠎ᠠ ᠮᠥᠴᠢᠷ ᠠᠴᠠ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ ᠰᠢᠢᠳᠬᠡᠨ ᠲᠣᠷᠭᠠᠨ᠎ᠠ᠃ | | ᠳᠥᠴᠢᠨ ᠬᠤᠶᠠᠳᠤᠭᠠᠷ ᠵᠦᠢᠯ ᠬᠢᠨᠠᠯᠲᠠ ᠬᠠᠮᠢᠶᠠᠷᠤᠯᠲᠠ ᠶᠢᠨ ᠳᠤᠮᠳᠠ ᠢᠯᠡᠷᠡᠭᠦᠯᠦᠭᠰᠡᠨ ᠬᠠᠤᠯᠢ ᠲᠣᠭᠲᠠᠭᠠᠯ | ᠠᠴᠠ ᠵᠥᠷᠢᠴᠡᠭᠰᠡᠨ ᠪᠤᠰᠤᠳ ᠦᠶᠯᠡ ᠠᠵᠢᠯᠯᠠᠭ᠎ᠠ ᠶᠢ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ | ᠪᠠ ᠮᠡᠳᠡᠭᠡ ᠵᠠᠩᠭᠢ᠂ ᠳᠣᠲᠣᠭᠠᠳᠤ ᠶᠢ ᠬᠠᠮᠠᠭᠠᠯᠠᠬᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ᠂ ᠠᠷᠠᠳ ᠤᠨ ᠪᠠᠩᠬᠢ᠂ ᠭᠠᠶᠢᠯᠢ ᠶᠢᠨ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ | ᠰᠦᠯᠵᠢᠶᠡᠨ ᠤ ᠮᠡᠳᠡᠭᠡ ᠵᠠᠩᠭᠢ ᠵᠡᠷᠭᠡ ᠰᠠᠯᠠᠭ᠎ᠠ ᠮᠥᠴᠢᠷ ᠠᠴᠠ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ | ᠶᠣᠰᠣᠭᠠᠷ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ | | | | ᠳᠣᠯᠣᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | | | | ᠳᠥᠴᠢᠨ ᠭᠤᠷᠪᠠᠳᠤᠭᠠᠷ ᠵᠦᠢᠯ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡ ᠪᠠᠷ ᠴᠠᠬᠢᠯᠭᠠᠨ | ᠬᠤᠯᠪᠣᠭ᠎ᠠ᠂ ᠲᠣᠣᠷ ᠰᠦᠯᠵᠢᠶ᠎ᠡ ᠵᠡᠷᠭᠡ ᠴᠠᠬᠢᠯᠭᠠᠨ ᠳᠠᠭᠤᠳᠠᠯᠭ᠎ᠠ ᠶᠢᠨ ᠦᠢᠯᠡᠴᠢᠯᠡᠭᠡᠨ ᠤ ᠠᠷᠭ᠎ᠠ ᠮᠠᠶ᠋ᠢᠭ ᠢᠶᠠᠷ | ᠠᠶᠠᠨᠴᠢᠳ ᠳᠤ ᠡᠵᠡᠩᠨᠡᠯᠲᠡ ᠶᠢᠨ ᠦᠢᠯᠡᠴᠢᠯᠡᠭᠡᠨ ᠬᠠᠩᠭᠠᠬᠤ ᠵᠢᠴᠢ ᠬᠤᠪᠢ ᠬᠥᠮᠥᠨ ᠤ ᠵᠢᠵᠢᠭ ᠰᠠᠭᠤᠳᠠᠯ ᠤᠨ | ᠮᠠᠰᠢᠨ ᠲᠡᠷᠭᠡᠨ ᠳᠤ ᠬᠠᠮᠲᠤᠷᠠᠨ ᠰᠠᠭᠤᠬᠤ ᠳᠤ ᠲᠤᠰ ᠬᠡᠷᠡᠭᠵᠢᠭᠦᠯᠬᠦ ᠨᠠᠷᠢᠨ ᠳᠦᠷᠢᠮ ᠲᠣᠬᠢᠷᠠᠬᠤ ᠦᠭᠡᠢ᠃ | | ᠳᠥᠴᠢᠨ ᠳᠥᠷᠪᠡᠳᠦᠭᠡᠷ ᠵᠦᠢᠯ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠲᠠᠪᠴᠠᠩ ᠢᠶᠠᠷ | ᠳᠠᠮᠵᠢᠭᠤᠯᠤᠨ ᠴᠠᠬᠢᠯᠭᠠᠨ ᠢᠶᠠᠷ ᠳᠠᠭᠤᠳᠠᠬᠤ ᠦᠢᠯᠡᠴᠢᠯᠡᠭᠡ ᠬᠠᠩᠭᠠᠬᠤ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ | ᠲᠡᠷᠭᠡ ᠨᠢ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡᠨ ᠤ ᠬᠠᠮᠢᠶᠠᠷᠤᠯᠲᠠ ᠶᠢᠨ ᠬᠠᠮᠢᠶ᠎ᠠ ᠪᠦᠬᠦᠢ | ᠲᠣᠭᠲᠠᠭᠠᠯ ᠢ ᠵᠢᠷᠤᠮᠯᠠᠬᠤ ᠬᠡᠷᠡᠭᠲᠡᠢ᠃ | | ᠳᠥᠴᠢᠨ ᠲᠠᠪᠤᠳᠤᠭᠠᠷ ᠵᠦᠢᠯ ᠲᠤᠰ ᠨᠠᠷᠢᠨ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ ᠬᠤᠶᠠᠷ ᠵᠢᠯ ᠪᠣᠯᠣᠨ᠎ᠠ᠃ | | | | ᠳᠠᠭᠠᠯᠳᠤᠭᠤᠯᠤᠯ᠄ ︽ᠠᠯᠠᠱᠠ ᠵᠡᠭᠦᠨ ᠬᠤᠰᠢᠭᠤᠨ ᠤ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ | ᠡᠵᠡᠩᠨᠡᠯᠲᠡ ᠦᠢᠯᠡᠴᠢᠯᠡᠭᠡᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ | | ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ︽ᠠᠯᠠᠱᠠ ᠵᠡᠭᠦᠨ ᠬᠤᠰᠢᠭᠤᠨ ᠤ ᠴᠠᠬᠢᠮ ᠢᠶᠠᠷ | ᠲᠦᠷᠢᠶᠡᠰᠦᠨ ᠮᠠᠰᠢᠨ ᠵᠠᠬᠢᠶᠠᠯᠠᠬᠤ ᠡᠵᠡᠩᠨᠡᠯᠲᠡ ᠦᠢᠯᠡᠴᠢᠯᠡᠭᠡᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ | ᠳᠦᠷᠢᠮ ︵ᠲᠤᠷᠰᠢᠨ ᠬᠡᠷᠡᠭᠵᠢᠭᠦᠯᠬᠦ︶︾ ᠲᠤᠬᠠᠢ ᠲᠠᠶᠢᠯᠤᠮᠵᠢ | | | | ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ | | |