| | | | ᠰᠣᠶᠣᠯ ᠪᠠ ᠵᠢᠭᠤᠯᠴᠢᠯᠠᠯ ᠤᠨ ᠶᠠᠮᠤᠨ ᠤ ᠳᠣᠲᠣᠭᠠᠳᠤ ᠶᠢ ᠬᠠᠮᠠᠭᠠᠯᠠᠬᠤ ᠶᠠᠮᠤᠨ ᠤ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠶᠠᠮᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ | ᠠᠮᠢᠳᠤ ᠳᠦᠷᠢ ᠶᠢᠨ ᠵᠤᠭ᠎ᠠ ᠶᠢᠨ ᠡᠵᠡᠩᠨᠡᠯᠲᠡ ᠶᠢᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠮᠡᠳᠡᠭᠳᠡᠯ | | ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠰᠣᠶᠣᠯ ᠪᠠ | ᠵᠢᠭᠤᠯᠴᠢᠯᠠᠯ ᠤᠨ ᠲᠢᠩᠬᠢᠮ ︵ᠲᠣᠪᠴᠢᠶ᠎ᠠ︶᠂ ᠳᠣᠲᠣᠭᠠᠳᠤ ᠶᠢ ᠬᠠᠮᠠᠭᠠᠯᠠᠬᠤ ᠲᠢᠩᠬᠢᠮ ︵ᠲᠣᠪᠴᠢᠶ᠎ᠠ︶᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ︵ᠵᠥᠪᠯᠡᠯ᠂ ᠲᠣᠪᠴᠢᠶ᠎ᠠ︶᠂ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ︵ᠲᠣᠪᠴᠢᠶ᠎ᠠ︶᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ︵ᠲᠢᠩᠬᠢᠮ᠂ ᠵᠥᠪᠯᠡᠯ︶᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠷᠦᠩᠬᠡᠶ | ᠠᠩᠭᠢ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠰᠣᠶᠣᠯ ᠪᠡᠶ᠎ᠡ ᠶᠢᠨ | ᠲᠠᠮᠢᠷ ᠷᠠᠳᠢᠣ᠋ ᠲᠧᠯᠸᠢᠰ ᠪᠠ ᠵᠢᠭᠤᠯᠴᠢᠯᠠᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠪᠡᠭᠡᠵᠢᠩ | ᠬᠤᠲᠠ ᠶᠢᠨ ᠲᠥᠯᠥᠪᠵᠢᠭᠦᠯᠭᠡ ᠪᠠ ᠪᠠᠶᠢᠭᠠᠯᠢ ᠶᠢᠨ ᠡᠬᠢ ᠪᠠᠶᠠᠯᠢᠭ ᠤᠨ ᠵᠥᠪᠯᠡᠯ ᠳᠤ᠄ | ᠣᠶᠢᠷ᠎ᠠ ᠶᠢᠨ ᠵᠢᠯ ᠤᠳ ᠲᠤ᠂ ︽ᠠᠮᠢᠳᠤ ᠳᠦᠷᠢ ᠶᠢᠨ ᠵᠤᠭ᠎ᠠ ᠶᠢᠨ ᠲᠣᠭᠯᠠᠭᠠᠮ︾ ︽ᠨᠢᠭᠤᠴᠠ | ᠲᠠᠰᠤᠭ ᠠᠴᠠ ᠳᠤᠲᠠᠭᠠᠬᠤ ᠲᠣᠭᠯᠠᠭᠠᠮ︾ ᠲᠥᠯᠥᠭᠡᠯᠡᠭᠴᠢ ᠪᠣᠯᠭᠠᠭᠰᠠᠨ ᠲᠤᠬᠠᠶ ᠶᠢᠨ ᠲᠠᠯᠠᠪᠤᠷ ᠲᠤ ᠬᠡᠷᠡᠭᠯᠡᠭᠴᠢᠳ ᠢ | ᠵᠣᠬᠢᠶᠠᠨ ᠪᠠᠶᠢᠭᠤᠯᠤᠨ ᠳᠦᠷᠢ ᠦᠵᠡᠭᠦᠯᠦᠨ ᠡᠭᠦᠷᠭᠡ ᠪᠠᠨ ᠪᠡᠶᠡᠯᠡᠭᠦᠯᠦᠭᠰᠡᠨ ᠠᠮᠢᠳᠤ ᠳᠦᠷᠢ ᠶᠢᠨ ᠵᠤᠭ᠎ᠠ ᠶᠢᠨ | ᠡᠵᠡᠩᠨᠡᠯᠲᠡ ᠶᠢᠨ ᠲᠠᠯᠠᠪᠤᠷ ᠲᠦᠷᠭᠡᠨ ᠬᠥᠭᠵᠢᠵᠦ᠂ ᠰᠣᠶᠣᠯ ᠤᠨ ᠬᠠᠩᠭᠠᠯᠭ᠎ᠠ ᠶᠢ ᠪᠠᠶᠠᠯᠢᠭᠵᠢᠭᠤᠯᠤᠨ᠂ ᠠᠷᠠᠳ | ᠣᠯᠠᠨ ᠤ ᠰᠣᠶᠣᠯ ᠴᠡᠩᠭᠡᠯ ᠤᠨ ᠬᠡᠷᠡᠭᠯᠡᠭᠡᠨ ᠤ ᠬᠡᠷᠡᠭᠴᠡᠭᠡ ᠶᠢ ᠬᠠᠩᠭᠠᠬᠤ ᠶᠢᠨ ᠬᠠᠮᠲᠤ ᠪᠠᠰᠠ ᠵᠠᠷᠢᠮ ᠮᠠᠭᠤ | ᠠᠭᠤᠯᠭ᠎ᠠ ᠵᠢᠴᠢ ᠠᠮᠤᠷ ᠲᠦᠪᠰᠢᠨ ᠤ ᠳᠠᠯᠳᠠ ᠬᠡᠮ ᠢᠯᠡᠷᠡᠭᠰᠡᠨ ᠪᠠᠶᠢᠨ᠎ᠠ᠃ ᠠᠮᠢᠳᠤ ᠳᠦᠷᠢ ᠶᠢᠨ ᠵᠤᠭ᠎ᠠ ᠶᠢᠨ | ᠡᠵᠡᠩᠨᠡᠯᠲᠡ ᠶᠢᠨ ᠲᠠᠯᠠᠪᠤᠷ ᠤᠨ ᠬᠠᠮᠢᠶᠠᠷᠤᠯᠲᠠ ᠶᠢ ᠴᠢᠩᠭᠠᠳᠬᠠᠵᠤ᠂ ᠠᠵᠢᠯ ᠲᠥᠷᠥᠯ ᠤᠨ ᠡᠷᠡᠭᠦᠯ ᠪᠥᠭᠡᠳ ᠡᠮᠬᠢ | ᠵᠢᠷᠤᠮ ᠲᠠᠢ ᠬᠥᠭᠵᠢᠬᠦ ᠶᠢ ᠠᠬᠢᠭᠤᠯᠬᠤ ᠶᠢᠨ ᠲᠤᠰᠠᠳᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ | ᠮᠡᠳᠡᠭᠳᠡᠶ᠎ᠡ᠄ | ᠨᠢᠭᠡ᠂ ᠬᠠᠤᠯᠢ ᠶᠣᠰᠣᠭᠠᠷ ᠳᠠᠩᠰᠠᠯᠠᠭᠤᠯᠵᠤ᠂ ᠳᠠᠩᠰᠠᠯᠠᠭᠤᠯᠬᠤ ᠭᠠᠷ ᠭᠦᠢᠴᠡᠳᠬᠡᠯ ᠢ ᠭᠦᠢᠴᠡᠳᠬᠡᠨ᠎ᠡ | ︵ᠨᠢᠭᠡ︶ ᠡᠵᠡᠩᠨᠡᠯᠲᠡ ᠶᠢᠨ ᠬᠦᠷᠢᠶ᠎ᠡ ᠬᠡᠪᠴᠢᠶ᠎ᠡ ᠶᠢ ᠲᠤᠳᠣᠷᠬᠠᠶᠢᠯᠠᠬᠤ᠃ ᠠᠮᠢᠳᠤ ᠳᠦᠷᠢ ᠶᠢᠨ ᠵᠤᠭ᠎ᠠ ᠶᠢᠨ | ᠡᠵᠡᠩᠨᠡᠯᠲᠡ ᠶᠢᠨ ᠠᠵᠢᠯᠯᠠᠭ᠎ᠠ ᠡᠷᠬᠢᠯᠡᠵᠦ ᠪᠠᠶᠢᠭ᠎ᠠ ᠭᠠᠵᠠᠷ ᠨᠢ ᠪᠠᠶᠢᠭ᠎ᠠ ᠭᠠᠵᠠᠷ ᠤᠨ ᠰᠢᠶᠠᠨ ᠤ ᠱᠠᠲᠤᠨ ᠠᠴᠠ | ᠳᠡᠭᠡᠭᠰᠢᠬᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠠᠤᠯᠢ ᠶᠣᠰᠣᠭᠠᠷ | ᠳᠠᠩᠰᠠᠯᠠᠭᠤᠯᠬᠤ ᠶᠢᠨ ᠬᠠᠮᠲᠤ ᠡᠵᠡᠩᠨᠡᠯᠲᠡ ᠶᠢᠨ ᠦᠨᠡᠮᠯᠡᠯ ᠠᠪᠴᠤ᠂ ᠡᠵᠡᠩᠨᠡᠯᠲᠡ ᠶᠢᠨ ᠬᠦᠷᠢᠶ᠎ᠡ ᠬᠡᠪᠴᠢᠶ᠎ᠡ ᠶᠢ ᠨᠢ ︽ | ᠠᠮᠢᠳᠤ ᠳᠦᠷᠢ ᠶᠢᠨ ᠵᠤᠭ᠎ᠠ᠂ ᠵᠤᠭ᠎ᠠ ᠴᠡᠩᠭᠡᠯ ᠤᠨ ᠠᠵᠢᠯᠯᠠᠭ᠎ᠠ︾ ᠪᠠᠷ ᠳᠠᠩᠰᠠᠯᠠᠭᠤᠯᠤᠨ᠎ᠠ᠃ | ︵ᠬᠤᠶᠠᠷ︶ ᠮᠡᠳᠡᠭᠳᠡᠬᠦ ᠴᠢᠨᠠᠷᠲᠠᠢ ᠳᠠᠩᠰᠠᠯᠠᠭᠤᠯᠬᠤ ᠬᠡᠷᠡᠭᠲᠡᠢ᠃ ᠠᠮᠢᠳᠤ ᠳᠦᠷᠢ ᠶᠢᠨ ᠵᠤᠭ᠎ᠠ ᠶᠢᠨ | ᠡᠵᠡᠩᠨᠡᠯᠲᠡ ᠶᠢᠨ ᠭᠠᠵᠠᠷ ᠲᠠᠯᠠᠪᠤᠷ ᠤᠳ ᠡᠵᠡᠩᠨᠡᠵᠦ ᠪᠠᠶᠢᠭ᠎ᠠ ᠡᠳᠦᠷ ᠠᠴᠠ ᠪᠠᠨ ᠡᠬᠢᠯᠡᠨ 30 ᠡᠳᠦᠷ ᠤᠨ ᠳᠣᠲᠣᠷ᠎ᠠ | ᠡᠵᠡᠩᠨᠡᠯᠲᠡ ᠶᠢᠨ ᠭᠠᠵᠠᠷ ᠤᠨ ᠬᠠᠶ᠋ᠢᠭ ᠵᠢᠴᠢ ᠲᠠᠯᠠᠪᠤᠷ ᠭᠠᠵᠠᠷ ᠤᠨ ᠬᠡᠷᠡᠭᠯᠡᠭᠰᠡᠨ ᠠᠮᠢᠳᠤ ᠳᠦᠷᠢ ᠶᠢᠨ ᠵᠤᠭ᠎ᠠ ᠶᠢᠨ | ᠳᠡᠪᠲᠡᠷ ᠤᠨ ᠨᠡᠷᠡᠶᠢᠳᠦᠯ᠂ ᠵᠣᠬᠢᠶᠠᠭᠴᠢ᠂ ᠲᠣᠪᠴᠢ ᠲᠠᠨᠢᠯᠴᠠᠭᠤᠯᠭ᠎ᠠ᠂ ᠲᠣᠬᠢᠷᠠᠬᠤ ᠨᠠᠰᠤᠨ ᠤ ᠬᠡᠪᠴᠢᠶ᠎ᠡ ᠵᠡᠷᠭᠡ | ᠮᠡᠳᠡᠭᠡ ᠵᠠᠩᠭᠢ ᠪᠠᠨ ᠪᠦᠬᠦ ᠤᠯᠤᠰ ᠤᠨ ᠰᠣᠶᠣᠯ ᠤᠨ ᠵᠠᠬ᠎ᠠ ᠳᠡᠯᠭᠡᠭᠦᠷ ᠤᠨ ᠮᠡᠷᠭᠡᠵᠢᠯ ᠤᠨ ᠬᠢᠨᠠᠯᠲᠠ ᠬᠠᠮᠢᠶᠠᠷᠤᠯᠲᠠ | ᠬᠢᠭᠡᠳ ᠦᠢᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ᠂ ᠡᠵᠡᠩᠨᠡᠯᠲᠡ ᠶᠢᠨ ᠭᠠᠵᠠᠷ ᠤᠨ ᠰᠢᠶᠠᠨ ᠤ ᠱᠠᠲᠤᠨ ᠤ | ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ | ᠰᠢᠨ᠎ᠡ ᠪᠠᠷ ᠨᠡᠮᠡᠭᠳᠡᠭᠰᠡᠨ ᠠᠮᠢᠳᠤ ᠳᠦᠷᠢ ᠶᠢᠨ ᠵᠤᠭ᠎ᠠ ᠶᠢᠨ ᠳᠡᠪᠲᠡᠷ ᠪᠤᠶᠤ ᠠᠮᠢᠳᠤ ᠳᠦᠷᠢ ᠶᠢᠨ ᠵᠤᠭ᠎ᠠ ᠶᠢᠨ | ᠳᠡᠪᠲᠡᠷ ᠤᠨ ᠦᠯᠢᠭᠡᠷ ᠳᠡᠪᠲᠡᠷ ᠤᠨ ᠦᠯᠢᠭᠡᠷ ᠤᠨ ᠠᠬᠤᠢ ᠪᠠᠢᠳᠠᠯ᠂ ᠠᠮᠢᠳᠤ ᠳᠦᠷᠢ ᠶᠢᠨ ᠵᠤᠭ᠎ᠠ ᠶᠢᠨ ᠪᠠᠶᠢᠳᠠᠯ | ᠵᠡᠷᠭᠡ ᠭᠤᠣᠯ ᠠᠭᠤᠯᠭ᠎ᠠ ᠳᠤ ᠮᠥᠨ ᠴᠢᠨᠠᠷ ᠤᠨ ᠬᠤᠪᠢᠷᠠᠯᠲᠠ ᠭᠠᠷᠪᠠᠯ᠂ ᠬᠡᠷᠡᠭᠯᠡᠭᠰᠡᠨ ᠡᠳᠦᠷ ᠠᠴᠠ ᠡᠬᠢᠯᠡᠨ 30 | ᠡᠳᠦᠷ ᠤᠨ ᠳᠣᠲᠣᠷ᠎ᠠ ᠠᠮᠢᠳᠤ ᠳᠦᠷᠢ ᠶᠢᠨ ᠵᠤᠭ᠎ᠠ ᠶᠢᠨ ᠳᠡᠪᠲᠡᠷ ᠤᠨ ᠦᠯᠢᠭᠡᠷ ᠳᠡᠪᠲᠡᠷ ᠤᠨ ᠳᠡᠭᠡᠷ᠎ᠡ ᠳᠤᠷᠠᠳᠤᠭᠰᠠᠨ | ᠮᠡᠳᠡᠭᠡ ᠵᠠᠩᠭᠢ ᠶᠢ ᠤᠤᠯ ᠤᠨ ᠳᠠᠩᠰᠠᠯᠠᠭᠤᠯᠤᠭᠰᠠᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃ | ᠰᠣᠶᠣᠯ ᠪᠠ ᠵᠢᠭᠤᠯᠴᠢᠯᠠᠯ ᠤᠨ ᠶᠠᠮᠤᠨ ᠠᠴᠠ ᠠᠮᠢᠳᠤ ᠳᠦᠷᠢ ᠶᠢᠨ ᠵᠤᠭ᠎ᠠ ᠶᠢᠨ ᠠᠵᠢᠯᠯᠠᠭ᠎ᠠ ᠶᠢ ᠳᠠᠩᠰᠠᠯᠠᠭᠤᠯᠬᠤ | ᠵᠦᠭᠯᠡᠭᠦᠷ ᠲᠣᠭᠲᠠᠭᠠᠬᠤ ᠶᠢ ᠬᠠᠷᠢᠭᠤᠴᠠᠨ᠎ᠠ᠃ | ᠬᠤᠶᠠᠷ᠂ ᠬᠤᠷᠢᠭ᠎ᠠ ᠱᠤᠭᠤᠮ ᠢ ᠪᠠᠲᠤ ᠰᠠᠬᠢᠵᠤ᠂ ᠡᠵᠡᠩᠨᠡᠯᠲᠡ ᠶᠢ ᠵᠢᠷᠤᠮᠵᠢᠭᠤᠯᠬᠤ ᠬᠡᠷᠡᠭᠲᠡᠶ | ︵ᠭᠤᠷᠪᠠ︶ ᠠᠭᠤᠯᠭ᠎ᠠ ᠶᠢᠨ ᠬᠠᠮᠢᠶᠠᠷᠤᠯᠲᠠ ᠶᠢ ᠴᠢᠩᠳᠠᠯᠠᠨ᠎ᠠ᠃ ᠠᠮᠢᠳᠤ ᠳᠦᠷᠢ ᠶᠢᠨ ᠵᠤᠭ᠎ᠠ ᠶᠢᠨ | ᠡᠵᠡᠩᠨᠡᠯᠲᠡ ᠶᠢᠨ ᠲᠠᠯᠠᠪᠤᠷ ᠨᠢ ᠵᠥᠪ ᠤᠳᠤᠷᠢᠳᠤᠮᠵᠢ ᠶᠢ ᠪᠠᠷᠢᠮᠲᠠᠯᠠᠵᠤ᠂ ᠠᠭᠤᠯᠭ᠎ᠠ ᠨᠢ ᠡᠷᠡᠭᠦᠯ᠂ ᠢᠳᠡᠪᠬᠢᠲᠡᠢ | ᠥᠭᠡᠳᠡᠯᠡᠨ ᠲᠠᠪᠰᠢᠬᠤ ᠠᠮᠢᠳᠤ ᠳᠦᠷᠢ ᠶᠢᠨ ᠵᠤᠭ᠎ᠠ ᠶᠢᠨ ᠦᠯᠢᠭᠡᠷ ᠳᠡᠪᠲᠡᠷ ᠢ ᠬᠡᠷᠡᠭᠯᠡᠵᠦ᠂ ᠭᠤᠣᠯ ᠬᠥᠭ ᠠᠶᠠᠰ | ᠭᠠᠷᠭᠠᠬᠤ᠂ ᠢᠳᠡᠪᠬᠢ ᠡᠨᠧᠷᠭᠢ ᠳᠠᠮᠵᠢᠭᠤᠯᠬᠤ ᠠᠮᠢᠳᠤ ᠳᠦᠷᠢ ᠶᠢᠨ ᠵᠤᠭ᠎ᠠ ᠶᠢᠨ ᠦᠯᠢᠭᠡᠷ ᠳᠡᠪᠲᠡᠷ ᠢ ᠬᠡᠷᠡᠭᠯᠡᠬᠦ ᠶᠢ | ᠵᠣᠷᠢᠭᠵᠢᠭᠤᠯᠬᠤ ᠬᠡᠷᠡᠭᠲᠡᠢ︔ ᠠᠭᠤᠯᠭ᠎ᠠ ᠶᠢᠨ ᠥᠪᠡᠰᠦᠪᠡᠨ ᠬᠢᠨᠠᠬᠤ ᠳᠦᠷᠢᠮ ᠢ ᠪᠠᠢᠭᠤᠯᠵᠤ᠂ ᠠᠮᠢᠳᠤ ᠳᠦᠷᠢ ᠶᠢᠨ | ᠵᠤᠭ᠎ᠠ ᠶᠢᠨ ᠦᠯᠢᠭᠡᠷ ᠳᠡᠪᠲᠡᠷ ᠵᠢᠴᠢ ᠲᠣᠭᠯᠠᠯᠲᠠ᠂ ᠠᠬᠤᠢ ᠪᠠᠢᠳᠠᠯ᠂ ᠪᠠᠭᠠᠵᠢ ᠬᠡᠷᠡᠭᠰᠡᠯ᠂ ᠬᠤᠪᠴᠠᠰᠤ ᠵᠠᠰᠠᠯ | ᠵᠡᠷᠭᠡ ᠳᠤ ᠠᠭᠤᠯᠭ᠎ᠠ ᠶᠢ ᠨᠢ ᠥᠪᠡᠷ ᠢᠶᠠᠨ ᠬᠢᠨᠠᠵᠤ᠂ ᠠᠭᠤᠯᠭ᠎ᠠ ᠨᠢ ᠬᠠᠤᠯᠢ ᠶᠣᠰᠣᠨ ᠳᠤ ᠨᠡᠢᠴᠡᠬᠦ ᠶᠢ ᠦᠨᠡᠨᠬᠦ | ᠪᠠᠲᠤᠯᠠᠬᠤ ᠬᠡᠷᠡᠭᠲᠡᠢ᠃ ᠠᠮᠢᠳᠤ ᠳᠦᠷᠢ ᠶᠢᠨ ᠵᠤᠭ᠎ᠠ ᠶᠢᠨ ᠡᠵᠡᠩᠨᠡᠯᠲᠡ ᠶᠢᠨ ᠲᠠᠯᠠᠪᠤᠷ ᠲᠠᠬᠢ ᠠᠮᠢᠳᠤ ᠳᠦᠷᠢ ᠶᠢᠨ | ᠵᠤᠭ᠎ᠠ ᠶᠢᠨ ᠠᠵᠢᠯᠯᠠᠭ᠎ᠠ ᠳᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠦᠯᠦ | ᠬᠦᠷᠦᠭᠰᠡᠳ ᠢ ᠬᠠᠮᠠᠭᠠᠯᠠᠬᠤ ᠬᠠᠤᠯᠢ︾᠂ ︽ᠵᠤᠭ᠎ᠠ ᠴᠡᠩᠭᠡᠯ ᠤᠨ ᠭᠠᠵᠠᠷ ᠤᠨ ᠬᠠᠮᠢᠶᠠᠷᠤᠯᠲᠠ ᠶᠢᠨ ᠳᠦᠷᠢᠮ︾᠂ ︽ | ᠡᠵᠡᠩᠨᠡᠯᠲᠡ ᠶᠢᠨ ᠴᠢᠨᠠᠷᠲᠠᠶ ᠲᠣᠭᠯᠠᠯᠲᠠ ᠶᠢᠨ ᠬᠠᠮᠢᠶᠠᠷᠤᠯᠲᠠ ᠶᠢᠨ ᠳᠦᠷᠢᠮ︾ ᠵᠡᠷᠭᠡ ᠬᠠᠤᠯᠢ ᠴᠠᠭᠠᠵᠠ ᠬᠠᠤᠯᠢ | ᠲᠣᠭᠲᠠᠭᠠᠯ ᠳᠤ ᠴᠠᠭᠠᠵᠠᠯᠠᠭᠰᠠᠨ ᠠᠭᠤᠯᠭ᠎ᠠ ᠶᠢ ᠪᠠᠭᠲᠠᠭᠠᠵᠤ ᠪᠣᠯᠬᠤ ᠦᠭᠡᠶ᠃ | ︵ᠲᠦᠷᠪᠡ︶ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠠᠵᠢᠯ ᠢ ᠴᠢᠩᠭᠠᠳᠬᠠᠨ᠎ᠠ᠃ ᠠᠮᠢᠳᠤ | ᠳᠦᠷᠢ ᠶᠢᠨ ᠵᠤᠭ᠎ᠠ ᠶᠢᠨ ᠡᠵᠡᠩᠨᠡᠯᠲᠡ ᠶᠢᠨ ᠲᠠᠯᠠᠪᠤᠷ ᠲᠤ ᠬᠡᠷᠡᠭᠯᠡᠬᠦ ᠠᠮᠢᠳᠤ ᠳᠦᠷᠢ ᠶᠢᠨ ᠵᠤᠭ᠎ᠠ ᠶᠢᠨ ᠦᠯᠢᠭᠡᠷ | ᠳᠡᠪᠲᠡᠷ ᠨᠢ ᠲᠣᠬᠢᠷᠠᠬᠤ ᠨᠠᠰᠤᠨ ᠤ ᠰᠠᠨᠠᠭᠤᠯᠤᠮᠵᠢ ᠲᠣᠬᠢᠷᠠᠭᠤᠯᠵᠤ᠂ ᠲᠣᠬᠢᠷᠠᠬᠤ ᠨᠠᠰᠤᠨ ᠤ ᠬᠦᠷᠢᠶ᠎ᠡ ᠬᠡᠪᠴᠢᠶ᠎ᠡ ᠶᠢ | ᠲᠣᠳᠣᠷᠬᠠᠢᠯᠠᠬᠤ ᠬᠡᠷᠡᠭᠲᠡᠢ︔ ᠲᠣᠬᠢᠷᠠᠭᠤᠯᠤᠭᠰᠠᠨ ᠪᠠᠢᠳᠠᠯ ᠨᠢ ᠨᠠᠰᠤᠨ ᠳᠤ ᠦᠯᠦ ᠬᠦᠷᠦᠭᠰᠡᠳ ᠲᠤ ᠲᠣᠬᠢᠷᠠᠬᠤ | ᠦᠭᠡᠢ ᠪᠣᠯ ᠢᠯᠡᠷᠬᠡᠢ ᠣᠷᠣᠨ ᠪᠠᠢᠷᠢ ᠳᠤ ᠰᠠᠨᠠᠭᠤᠯᠤᠮᠵᠢ ᠥᠭᠬᠦ ᠬᠡᠷᠡᠭᠲᠡᠢ᠂ ᠨᠠᠰᠤᠨ ᠳᠤ ᠦᠯᠦ ᠬᠦᠷᠦᠭᠰᠡᠳ ᠤᠨ | ᠣᠷᠣᠬᠤ ᠶᠢ ᠵᠥᠪᠰᠢᠶᠡᠷᠡᠵᠦ ᠪᠣᠯᠬᠤ ᠦᠭᠡᠢ᠃ ᠠᠮᠢᠳᠤ ᠳᠦᠷᠢ ᠶᠢᠨ ᠵᠤᠭ᠎ᠠ ᠶᠢᠨ ᠡᠵᠡᠩᠨᠡᠯᠲᠡ ᠶᠢᠨ ᠲᠠᠯᠠᠪᠤᠷ ᠠᠴᠠ | ᠠᠷᠭ᠎ᠠ ᠬᠡᠮᠵᠢᠶ᠎ᠡ ᠠᠪᠴᠤ ᠨᠠᠰᠤᠨ ᠳᠤ ᠦᠯᠦ ᠬᠦᠷᠦᠭᠰᠡᠳ ᠤᠨ ᠰᠢᠨᠤᠬᠠᠶᠢᠷᠠᠬᠤ ᠶᠢ ᠰᠡᠷᠭᠡᠢᠯᠡᠬᠦ ᠬᠡᠷᠡᠭᠲᠡᠢ᠃ | ᠤᠯᠤᠰ ᠤᠨ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ᠂ ᠠᠮᠠᠷᠠᠯᠲᠠ ᠶᠢᠨ ᠡᠳᠦᠷ ᠵᠢᠴᠢ | ᠡᠪᠦᠯ ᠵᠣᠨ ᠤ ᠠᠮᠠᠷᠠᠯᠲᠠ ᠠᠴᠠ ᠭᠠᠳᠠᠨ᠎ᠠ᠂ ᠠᠮᠢᠳᠤ ᠳᠦᠷᠢ ᠶᠢᠨ ᠵᠤᠭ᠎ᠠ ᠶᠢᠨ ᠡᠵᠡᠩᠨᠡᠯᠲᠡ ᠶᠢᠨ ᠲᠠᠯᠠᠪᠤᠷ ᠨᠢ | ᠨᠠᠰᠤᠨ ᠳᠤ ᠥᠯᠥ ᠭᠦᠷᠦᠭᠰᠡᠳ ᠲᠤ ᠠᠮᠢᠳᠤ ᠳᠦᠷᠢ ᠶᠢᠨ ᠵᠤᠭ᠎ᠠ ᠶᠢᠨ ᠠᠵᠢᠯᠯᠠᠭ᠎ᠠ ᠬᠠᠩᠭᠠᠵᠤ ᠪᠣᠯᠬᠤ ᠥᠬᠡᠶ᠃ | ︵ᠲᠠᠪᠤ᠂ ᠠᠶᠤᠯ ᠦᠭᠡᠶ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠬᠤ | ᠬᠡᠷᠡᠭᠲᠡᠶ᠃ ᠠᠮᠢᠳᠤ ᠳᠦᠷᠢ ᠶᠢᠨ ᠵᠤᠭ᠎ᠠ ᠶᠢᠨ ᠡᠵᠡᠩᠨᠡᠯᠲᠡ ᠶᠢᠨ ᠲᠠᠯᠠᠪᠤᠷ ᠭᠠᠵᠠᠷ ᠨᠢ ᠠᠶᠤᠯ ᠦᠭᠡᠢ | ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠵᠦ᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠠᠶᠤᠯ ᠦᠭᠡᠢ ᠦᠢᠯᠡᠳᠪᠦᠷᠢᠯᠡᠯ ᠤᠨ ᠬᠠᠤᠯᠢ︾᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠭᠠᠯ ᠤᠨᠲᠠᠷᠠᠭᠠᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ | ᠬᠤᠯᠪᠣᠭᠳᠠᠯ ᠪᠦᠬᠦᠢ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠬᠤ ᠬᠡᠷᠡᠭᠲᠡᠶ︔ ᠭᠠᠯ ᠤᠨ ᠠᠶᠤᠯ ᠤᠨ ᠲᠦᠭᠰᠢᠭᠦᠷᠢ ᠶᠢ ᠥᠪᠡᠰᠦᠪᠡᠨ ᠮᠡᠳᠡᠬᠦ᠂ ᠥᠪᠡᠰᠦᠪᠡᠨ | ᠪᠠᠶᠢᠴᠠᠭᠠᠬᠤ᠂ ᠥᠪᠡᠰᠦᠪᠡᠨ ᠥᠭᠡᠷᠡᠴᠢᠯᠡᠬᠦ ᠶᠢ ᠪᠠᠶᠢᠩᠭᠤᠵᠢᠭᠤᠯᠤᠨ ᠥᠷᠨᠢᠭᠦᠯᠵᠦ᠂ ᠪᠠᠴᠢᠮ ᠪᠠᠶᠢᠳᠠᠯ ᠳᠣᠣᠷᠠᠬᠢ | ᠲᠠᠷᠬᠠᠭᠠᠨ ᠵᠠᠶᠢᠯᠠᠬᠤ ᠶᠢ ᠵᠣᠬᠢᠶᠠᠨ ᠪᠠᠶᠢᠭᠤᠯᠬᠤ ᠪᠠ ᠠᠩᠬᠠᠨ ᠤ ᠭᠠᠯ ᠤᠨ ᠠᠶᠤᠯ ᠠᠴᠠ ᠠᠪᠤᠷᠠᠨ ᠲᠤᠰᠠᠯᠠᠬᠤ | ᠴᠢᠳᠠᠪᠤᠷᠢ ᠪᠠᠨ ᠳᠡᠭᠡᠭᠰᠢᠯᠡᠭᠦᠯᠵᠦ᠂ ᠠᠮᠤᠷ ᠲᠦᠪᠰᠢᠨ ᠤ ᠰᠠᠨᠠᠭᠤᠯᠤᠮᠵᠢ ᠪᠠ ᠮᠡᠳᠡᠭᠳᠡᠬᠦ ᠡᠭᠦᠷᠭᠡ ᠪᠠᠨ ᠦᠨᠡᠨᠬᠦ | ᠭᠦᠢᠴᠡᠳᠬᠡᠵᠦ᠂ ᠬᠡᠷᠡᠭᠯᠡᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠠᠮᠤᠷ ᠲᠦᠪᠰᠢᠨ ᠤ ᠰᠡᠷᠭᠡᠶᠢᠯᠡᠯᠲᠡ ᠶᠢᠨ | ᠤᠬᠠᠮᠰᠠᠷ ᠢ ᠨᠢ ᠨᠡᠮᠡᠭᠳᠡᠭᠦᠯᠵᠦ᠂ ᠠᠶᠤᠯ ᠦᠭᠡᠢ ᠡᠵᠡᠩᠨᠡᠬᠦ ᠶᠢ ᠪᠠᠲᠤᠯᠠᠬᠤ ᠬᠡᠷᠡᠭᠲᠡᠶ᠃ ᠠᠮᠢᠳᠤ ᠳᠦᠷᠢ ᠶᠢᠨ | ᠵᠤᠭ᠎ᠠ ᠶᠢᠨ ᠡᠵᠡᠩᠨᠡᠯᠲᠡ ᠶᠢᠨ ᠲᠠᠯᠠᠪᠤᠷ ᠢ ᠰᠠᠭᠤᠭᠠᠯᠢ ᠠᠷᠠᠳ ᠤᠨ ᠠᠰᠠᠷ ᠳᠣᠲᠣᠷ᠎ᠠ᠂ ᠪᠠᠷᠢᠯᠭ᠎ᠠ ᠶᠢᠨ ᠭᠠᠵᠠᠷ | ᠳᠣᠣᠷᠠᠬᠢ ᠨᠢᠭᠡ ᠳᠠᠪᠬᠤᠷᠭ᠎ᠠ ᠠᠴᠠ ᠳᠣᠷᠣᠭᠰᠢ ᠪᠠᠢᠯᠭᠠᠵᠤ ᠪᠣᠯᠬᠤ ᠦᠭᠡᠢ ︵ᠭᠠᠵᠠᠷ ᠳᠣᠣᠷᠠᠬᠢ ᠨᠢᠭᠡ ᠳᠠᠪᠬᠤᠷᠭ᠎ᠠ | ᠪᠠᠭᠲᠠᠬᠤ ᠦᠭᠡᠢ︶︶ ᠵᠡᠷᠭᠡ ᠭᠠᠵᠠᠷ᠃ | ︵ᠵᠢᠷᠭᠤᠭ᠎ᠠ︶ ᠦᠨᠡᠨᠴᠢ ᠢᠲᠡᠭᠡᠮᠵᠢᠲᠡᠢ ᠬᠠᠤᠯᠢ ᠶᠢ ᠰᠠᠬᠢᠵᠤ ᠡᠵᠡᠩᠨᠡᠬᠦ ᠶᠢ ᠴᠢᠩᠭᠠᠳᠬᠠᠨ᠎ᠠ᠃ ᠠᠮᠢᠳᠤ | ᠳᠦᠷᠢ ᠶᠢᠨ ᠵᠤᠭ᠎ᠠ ᠶᠢᠨ ᠡᠵᠡᠩᠨᠡᠯᠲᠡ ᠶᠢᠨ ᠲᠠᠯᠠᠪᠤᠷ ᠦᠨ᠎ᠡ ᠬᠠᠩᠰᠢ ᠶᠢ ᠢᠯᠡ ᠬᠠᠳᠠᠵᠤ᠂ ᠦᠨᠡᠨᠴᠢ ᠰᠢᠳᠤᠷᠭᠤ | ᠡᠵᠡᠩᠨᠡᠬᠦ ᠬᠡᠷᠡᠭᠲᠡᠶ᠂ ᠬᠤᠳᠠᠯ ᠬᠠᠭᠤᠷᠮᠠᠭ ᠤᠬᠠᠭᠤᠯᠭ᠎ᠠ᠂ ᠦᠨ᠎ᠡ ᠬᠠᠩᠰᠢ ᠶᠢᠨ ᠮᠡᠬᠡᠯᠡᠯ ᠬᠢᠬᠦ᠂ ᠭᠤᠣᠯᠴᠢ ᠪᠤᠰᠤ | ᠬᠡᠯᠪᠡᠷᠢᠵᠢᠭᠰᠡᠨ ᠵᠦᠢᠯ ᠵᠤᠷᠪᠤᠰ ᠢ ᠠᠰᠢᠭᠯᠠᠨ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠲᠤ | ᠬᠠᠯᠳᠠᠭᠰᠠᠨ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠪᠠᠶᠢᠵᠤ ᠪᠣᠯᠬᠤ ᠦᠭᠡᠢ᠃ | ︵ᠳᠤᠯᠤᠭ᠎ᠠ︶ ᠠᠵᠢᠯ ᠲᠥᠷᠥᠯ ᠤᠨ ᠪᠡᠶ᠎ᠡ ᠪᠠᠨ ᠱᠠᠭᠠᠷᠳᠠᠬᠤ ᠶᠢ ᠴᠢᠩᠭᠠᠳᠬᠠᠨ᠎ᠠ᠃ ᠠᠵᠢᠯ ᠲᠥᠷᠥᠯ ᠤᠨ | ᠨᠡᠶᠢᠭᠡᠮᠯᠢᠭ ᠤᠳ ᠠᠵᠢᠯ ᠲᠥᠷᠥᠯ ᠤᠨ ᠵᠢᠷᠤᠮᠵᠢᠯ ᠲᠣᠭᠲᠠᠭᠠᠵᠤ᠂ ᠭᠡᠰᠢᠭᠦᠨ ᠨᠢᠭᠡᠴᠡ ᠶᠢ ᠵᠢᠯᠣᠭᠤᠳᠤᠨ | ᠠᠭᠤᠯᠭ᠎ᠠ ᠶᠢᠨ ᠥᠪᠡᠷᠲᠡᠭᠡᠨ ᠬᠢᠨᠠᠬᠤ ᠪᠠ ᠠᠵᠢᠯ ᠡᠷᠬᠢᠯᠡᠭᠴᠢᠳ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠠᠵᠢᠯ | ᠲᠥᠷᠥᠯ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠶ᠃ | ᠭᠤᠷᠪᠠ᠂ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠬᠢᠨᠠᠯᠲᠠ ᠬᠠᠮᠢᠶᠠᠷᠤᠯᠲᠠ ᠶᠢᠨ ᠨᠡᠶᠢᠯᠡᠮᠡᠯ ᠬᠦᠴᠦᠨ ᠢ | ᠪᠣᠶ ᠪᠣᠯᠭᠠᠬᠤ ᠬᠡᠷᠡᠭᠲᠡᠶ | ︵ᠨᠠᠢᠮᠠ︶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠤᠳᠣᠷᠬᠠᠶᠢᠯᠠᠬᠤ᠃ ᠰᠣᠶᠣᠯ ᠪᠠ | ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠠᠮᠢᠳᠤ ᠳᠦᠷᠢ ᠶᠢᠨ ᠵᠤᠭ᠎ᠠ ᠶᠢᠨ ᠡᠵᠡᠩᠨᠡᠯᠲᠡ ᠶᠢᠨ | ᠲᠠᠯᠠᠪᠤᠷ ᠳᠣᠲᠣᠷᠠᠬᠢ ᠠᠮᠢᠳᠤ ᠳᠦᠷᠢ ᠶᠢᠨ ᠵᠤᠭ᠎ᠠ ᠶᠢᠨ ᠠᠵᠢᠯᠯᠠᠭ᠎ᠠ ᠶᠢᠨ ᠠᠭᠤᠯᠭ᠎ᠠ ᠶᠢᠨ ᠬᠠᠮᠢᠶᠠᠷᠤᠯᠲᠠ ᠪᠠ | ᠬᠤᠯᠪᠣᠭᠳᠠᠯ ᠪᠦᠬᠦᠢ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠢ ᠬᠠᠷᠢᠭᠤᠴᠠᠵᠤ᠂ ᠠᠮᠢᠳᠤ | ᠳᠦᠷᠢ ᠶᠢᠨ ᠵᠤᠭ᠎ᠠ ᠶᠢᠨ ᠡᠵᠡᠩᠨᠡᠯᠲᠡ ᠶᠢᠨ ᠲᠠᠯᠠᠪᠤᠷ ᠭᠠᠵᠠᠷ ᠤᠨ ᠠᠶᠤᠯ ᠥᠬᠡᠶ ᠦᠢᠯᠡᠳᠪᠦᠷᠢᠯᠡᠯ ᠪᠠ ᠭᠠᠯ | ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢ ᠭᠦᠢᠴᠡᠳᠭᠡᠬᠦ ᠶᠢ ᠵᠢᠯᠣᠭᠤᠳᠤᠨ ᠰᠢᠮᠳᠠᠭᠤᠯᠤᠨ᠎ᠠ︔ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠠᠮᠢᠳᠤ ᠳᠦᠷᠢ ᠶᠢᠨ ᠵᠤᠭ᠎ᠠ ᠶᠢᠨ ᠡᠵᠡᠩᠨᠡᠯᠲᠡ ᠶᠢᠨ ᠲᠠᠯᠠᠪᠤᠷ | ᠭᠠᠵᠠᠷ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠠᠮᠢᠶ᠎ᠠ ᠪᠦᠬᠦᠢ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ︔ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ᠠᠮᠢᠳᠤ ᠳᠦᠷᠢ ᠶᠢᠨ ᠵᠤᠭ᠎ᠠ ᠶᠢᠨ | ᠡᠵᠡᠩᠨᠡᠯᠲᠡ ᠶᠢᠨ ᠲᠠᠯᠠᠪᠤᠷ ᠭᠠᠵᠠᠷ ᠤᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ | ᠠᠪᠴᠤ ᠳᠠᠩᠰᠠᠯᠠᠬᠤ ᠠᠵᠢᠯ ᠢ ᠬᠠᠤᠯᠢ ᠶᠣᠰᠣᠭᠠᠷ ᠬᠠᠷᠢᠭᠤᠴᠠᠨ᠎ᠠ︔ ᠭᠠᠯ ᠤᠨᠲᠠᠷᠠᠭᠠᠵᠤ ᠠᠪᠤᠷᠠᠨ ᠲᠤᠰᠠᠯᠠᠬᠤ | ᠪᠠᠶᠢᠭᠤᠯᠤᠮᠵᠢ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠠᠮᠢᠳᠤ ᠳᠦᠷᠢ ᠶᠢᠨ ᠵᠤᠭ᠎ᠠ ᠶᠢᠨ ᠡᠵᠡᠩᠨᠡᠯᠲᠡ ᠶᠢᠨ | ᠲᠠᠯᠠᠪᠤᠷ ᠭᠠᠵᠠᠷ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯ ᠢ ᠬᠠᠤᠯᠢ ᠲᠣᠭᠲᠠᠭᠠᠯ ᠶᠣᠰᠣᠭᠠᠷ | ᠬᠠᠷᠢᠭᠤᠴᠠᠨ᠎ᠠ︔ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠠᠮᠢᠳᠤ ᠳᠦᠷᠢ ᠶᠢᠨ | ᠵᠤᠭ᠎ᠠ ᠶᠢᠨ ᠠᠵᠢᠯ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠠᠩᠰᠠᠯᠠᠨ ᠲᠡᠮᠳᠡᠭᠯᠡᠬᠦ ᠠᠵᠢᠯ ᠢ | ᠬᠠᠷᠢᠭᠤᠴᠠᠨ᠎ᠠ᠃ | ︵ᠶᠢᠰᠦ︶ ᠬᠠᠮᠵᠢᠯᠴᠠᠨ ᠬᠢᠨᠠᠵᠤ ᠬᠠᠮᠢᠶᠠᠷᠬᠤ ᠶᠢ ᠴᠢᠩᠭᠠᠳᠬᠠᠨ᠎ᠠ᠃ ᠡᠯ᠎ᠡ ᠭᠠᠵᠠᠷ ᠤᠨ ᠰᠣᠶᠣᠯ ᠪᠠ | ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠭᠠᠯ ᠤᠨᠲᠠᠷᠠᠭᠠᠵᠤ ᠠᠪᠤᠷᠠᠨ ᠲᠤᠰᠠᠯᠠᠬᠤ | ᠪᠠᠶᠢᠭᠤᠯᠤᠮᠵᠢ ᠵᠡᠷᠭᠡ ᠯᠦᠭᠡ ᠬᠠᠮᠵᠢᠯᠴᠠᠨ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠵᠤ᠂ ᠮᠡᠳᠡᠭᠡ ᠵᠠᠩᠭᠢ | ᠮᠡᠳᠡᠭᠡᠯᠡᠬᠦ᠂ ᠰᠦᠪᠡᠭᠴᠢ ᠶᠢ ᠰᠢᠯᠵᠢᠭᠦᠯᠦᠨ ᠬᠦᠷᠭᠡᠬᠦ ᠪᠠ ᠬᠠᠮᠲᠤᠷᠠᠨ ᠬᠠᠤᠯᠢ ᠬᠡᠷᠡᠭᠵᠢᠭᠦᠯᠬᠦ ᠵᠡᠷᠭᠡ ᠠᠵᠢᠯ ᠤᠨ | ᠲᠣᠭᠲᠠᠴᠠ ᠶᠢ ᠪᠠᠶᠢᠭᠤᠯᠵᠤ᠂ ᠴᠤᠭᠭᠠᠷ ᠠᠳᠬᠤᠨ ᠬᠠᠮᠲᠤᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠣᠶ ᠪᠣᠯᠭᠠᠬᠤ | ᠬᠡᠷᠡᠭᠲᠡᠶ᠃ | ᠳᠥᠷᠪᠡ᠂ ᠲᠥᠷᠥ ᠶᠢᠨ ᠪᠣᠳᠣᠯᠭ᠎ᠠ ᠶᠢᠨ ᠰᠢᠯᠵᠢᠯᠲᠡ ᠶᠢᠨ ᠬᠤᠭᠤᠴᠠᠭ᠎ᠠ ᠭᠠᠷᠭᠠᠵᠤ᠂ ᠲᠠᠯᠠᠪᠤᠷ ᠭᠠᠵᠠᠷ ᠤᠨ | ᠲᠣᠭᠲᠠᠭᠠᠯ ᠳᠤ ᠨᠡᠶᠢᠴᠡᠭᠦᠯᠦᠨ ᠡᠵᠡᠩᠨᠡᠬᠦ ᠶᠢ ᠬᠥᠲᠥᠯᠥᠨ ᠵᠢᠯᠣᠭᠤᠳᠬᠤ ᠬᠡᠷᠡᠭᠲᠡᠶ | ︵ᠠᠷᠪᠠ︶ ᠥᠪᠡᠷ ᠢᠶᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠬᠤ ᠠᠵᠢᠯ ᠢ ᠥᠷᠨᠢᠭᠦᠯᠦᠨ᠎ᠡ᠃ ᠲᠣᠰ | ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ 2023 ᠣᠨ ᠤ 6 ᠰᠠᠷ᠎ᠠ ᠶᠢᠨ 30 ᠤ ᠡᠳᠦᠷ | ᠪᠣᠯᠲᠠᠯ᠎ᠠ ᠲᠥᠷᠥ ᠶᠢᠨ ᠪᠣᠳᠣᠯᠭ᠎ᠠ ᠶᠢᠨ ᠰᠢᠯᠵᠢᠯᠲᠡ ᠶᠢᠨ ᠬᠤᠭᠤᠴᠠᠭ᠎ᠠ ᠪᠣᠯᠤᠨ᠎ᠠ᠃ ᠰᠢᠯᠵᠢᠯᠲᠡ ᠶᠢᠨ | ᠬᠤᠭᠤᠴᠠᠭᠠᠨ ᠳᠤ᠂ ᠠᠮᠢᠳᠤ ᠳᠦᠷᠢ ᠶᠢᠨ ᠵᠤᠭ᠎ᠠ ᠶᠢᠨ ᠡᠵᠡᠩᠨᠡᠯᠲᠡ ᠶᠢᠨ ᠲᠠᠯᠠᠪᠤᠷ ᠲᠣᠰ ᠮᠡᠳᠡᠭᠳᠡᠯ ᠤᠨ ᠬᠤᠯᠪᠣᠭᠳᠠᠯ | ᠪᠥᠬᠦᠶ ᠱᠠᠭᠠᠷᠳᠠᠯᠭ᠎ᠠ ᠶᠢ ᠦᠨᠳᠦᠰᠦᠯᠡᠨ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠶᠢ ᠥᠷᠨᠢᠭᠦᠯᠵᠦ᠂ | ᠡᠵᠡᠩᠨᠡᠯᠲᠡ ᠶᠢᠨ ᠬᠦᠷᠢᠶ᠎ᠡ ᠬᠡᠪᠴᠢᠶ᠎ᠡ ᠪᠠᠨ ᠬᠠᠤᠯᠢ ᠶᠣᠰᠣᠭᠠᠷ ᠬᠤᠪᠢᠷᠠᠭᠤᠯᠤᠨ᠂ ᠡᠵᠡᠩᠨᠡᠯᠲᠡ ᠶᠢᠨ ᠬᠢᠷᠢ ᠬᠡᠮ ᠢᠶᠠᠨ | ᠲᠡᠭᠦᠯᠳᠡᠷᠵᠢᠭᠦᠯᠵᠦ᠂ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠳᠠᠩᠰᠠᠯᠠᠭᠤᠯᠬᠤ | ᠭᠠᠷᠳᠠᠮ ᠢ ᠭᠦᠢᠴᠡᠳᠬᠡᠵᠦ᠂ ᠠᠭᠤᠯᠭ᠎ᠠ ᠶᠢ ᠥᠪᠡᠰᠦᠪᠡᠨ ᠬᠢᠨᠠᠬᠤ ᠲᠦᠷᠢᠮ ᠢ ᠪᠠᠶᠢᠭᠤᠯᠤᠨ᠂ ᠭᠠᠯ ᠤᠨᠲᠠᠷᠠᠭᠠᠬᠤ | ᠵᠡᠷᠭᠡ ᠠᠮᠤᠷ ᠲᠦᠪᠰᠢᠨ ᠤ ᠳᠠᠯᠳᠠ ᠬᠡᠮ ᠢ ᠢᠳᠡᠪᠬᠢᠲᠡᠶ ᠪᠠᠷ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠠᠷᠢᠯᠭᠠᠬᠤ | ᠬᠡᠷᠡᠭᠲᠡᠶ᠃ ᠡᠯ᠎ᠡ ᠰᠠᠯᠠᠭ᠎ᠠ ᠮᠥᠴᠢᠷ ᠤᠳ ᠲᠥᠷᠥ ᠶᠢᠨ ᠪᠣᠳᠣᠯᠭ᠎ᠠ ᠶᠢᠨ ᠰᠢᠯᠵᠢᠯᠲᠡ ᠶᠢᠨ ᠬᠤᠭᠤᠴᠠᠭ᠎ᠠ ᠶᠢ | ᠠᠰᠢᠭᠯᠠᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠡᠯ᠎ᠡ ᠱᠠᠲᠤᠨ ᠤ ᠫᠤᠷᠲ᠋ᠤᠯ ᠰᠦᠯᠵᠢᠶ᠎ᠡ᠂ | ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠲᠠᠪᠴᠠᠩ ᠢ ᠰᠠᠶᠢᠲᠤᠷ ᠬᠡᠷᠡᠭᠯᠡᠨ᠂ ᠰᠣᠨᠢᠨ ᠮᠡᠳᠡᠭᠡᠨ ᠤ | ᠵᠠᠭᠤᠴᠢᠯᠠᠭᠤᠷ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠵᠡᠷᠭᠡ ᠶᠢᠨ ᠦᠢᠯᠡᠳᠦᠯ ᠢ ᠪᠠᠳᠠᠷᠠᠭᠤᠯᠵᠤ᠂ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠪᠠ ᠣᠶᠢᠯᠠᠭᠠᠬᠤ ᠬᠡᠮᠵᠢᠶ᠎ᠡ ᠶᠢ ᠥᠷᠭᠡᠳᠬᠡᠬᠦ | ᠬᠡᠷᠡᠭᠲᠡᠶ᠃ | ︵ᠠᠷᠪᠠᠨ ᠨᠢᠭᠡ︶ ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠬᠤ ᠶᠢ ᠥᠷᠨᠢᠭᠦᠯᠦᠨ᠎ᠡ᠃ ᠰᠣᠶᠣᠯ ᠪᠠ | ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ | ᠪᠠᠶᠢᠳᠠᠯ ᠢ ᠤᠶᠢᠯᠠᠭᠠᠨ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠪᠠᠶᠢᠳᠠᠯ ᠢ ᠤᠶᠢᠯᠠᠭᠠᠨ ᠵᠢᠭᠰᠠᠭᠠᠨ | ᠪᠠᠶᠢᠴᠠᠭᠠᠬᠤ ᠳᠤᠮᠳᠠ ᠬᠠᠤᠯᠢ ᠴᠠᠭᠠᠵᠠ ᠬᠠᠤᠯᠢ ᠲᠣᠭᠲᠠᠭᠠᠯ ᠤᠨ ᠴᠠᠭᠠᠵᠠᠯᠠᠬᠤ ᠠᠭᠤᠯᠭ᠎ᠠ ᠪᠦᠬᠦᠢ ᠪᠤᠶᠤ ᠨᠠᠰᠤᠨ ᠳᠤ | ᠥᠯᠥ ᠭᠦᠷᠦᠭᠰᠡᠳ ᠢ ᠬᠠᠮᠠᠭᠠᠯᠠᠬᠤ ᠬᠠᠷᠢᠭᠤᠴᠠᠯᠭ᠎ᠠ ᠪᠠᠨ ᠭᠦᠢᠴᠡᠳᠬᠡᠭᠰᠡᠨ ᠥᠬᠡᠶ ᠪᠠᠶᠢᠬᠤ ᠶᠢ ᠣᠯᠵᠤ ᠮᠡᠳᠡᠪᠡᠯ᠂ | ᠡᠵᠡᠩᠨᠡᠯᠲᠡ ᠶᠢᠨ ᠨᠢᠭᠡᠴᠡ ᠶᠢ ᠵᠠᠷᠯᠢᠭᠳᠠᠵᠤ ᠪᠠᠶᠢᠭᠠᠳ ᠵᠠᠯᠠᠷᠠᠭᠤᠯᠬᠤ ᠶᠢᠨ ᠬᠠᠮᠲᠤ ᠬᠤᠯᠪᠣᠭᠳᠠᠯ ᠪᠥᠬᠦᠶ ᠠᠮᠢᠳᠤ | ᠳᠦᠷᠢ ᠶᠢᠨ ᠵᠤᠭ᠎ᠠ ᠶᠢᠨ ᠦᠯᠢᠭᠡᠷ ᠢ ᠬᠡᠷᠡᠭᠯᠡᠬᠦ ᠶᠢ ᠵᠣᠭᠰᠣᠭᠠᠬᠤ ᠬᠡᠷᠡᠭᠲᠡᠶ᠃ ᠡᠯ᠎ᠡ ᠮᠤᠵᠢ ᠶᠢᠨ ᠱᠠᠲᠤᠨ ᠤ ᠰᠣᠶᠣᠯ | ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ 2022 ᠣᠨ ᠤ 8 ᠳ᠋ᠤᠭᠠᠷ ᠰᠠᠷ᠎ᠠ ᠶᠢᠨ 31 ᠤ | ᠡᠳᠦᠷ ᠠᠴᠠ ᠡᠮᠦᠨ᠎ᠡ᠂ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠭᠰᠠᠨ ᠪᠠᠶᠢᠳᠠᠯ ᠢᠶᠠᠨ ᠰᠣᠶᠣᠯ ᠪᠠ | ᠵᠢᠭᠤᠯᠴᠢᠯᠠᠯ ᠤᠨ ᠶᠠᠮᠤᠨ ᠳᠤ ᠮᠡᠳᠡᠭᠦᠯᠬᠦ ᠬᠡᠷᠡᠭᠲᠡᠶ᠃ | ︵ᠠᠷᠪᠠᠨ ᠬᠤᠶᠠᠷ︶ ᠲᠤᠰᠬᠠᠢ ᠪᠠᠶᠢᠴᠠᠭᠠᠯᠲᠠ ᠥᠷᠨᠢᠭᠦᠯᠵᠦ᠃ ᠰᠢᠯᠵᠢᠯᠲᠡ ᠶᠢᠨ ᠬᠤᠭᠤᠴᠠᠭᠠᠨ ᠤ ᠳᠠᠷᠠᠭ᠎ᠠ᠂ | ᠡᠯ᠎ᠡ ᠭᠠᠵᠠᠷ ᠤᠨ ᠬᠢᠨ ᠲᠤᠰᠬᠠᠶ ᠵᠦᠢᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠳᠦᠷ | ᠲᠤᠲᠤᠮ ᠤᠨ ᠲᠣᠭᠤᠷᠢᠨ ᠪᠠᠶᠢᠴᠠᠭᠠᠬᠤ ᠪᠠᠨ ᠴᠢᠩᠭᠠᠳᠬᠠᠨ᠂ ᠪᠠᠶᠢᠴᠠᠭᠠᠯᠲᠠ ᠶᠢᠨ ᠳᠤᠮᠳᠠ ᠠᠰᠠᠭᠤᠳᠠᠯ ᠪᠠᠶᠢᠬᠤ ᠶᠢ | ᠣᠯᠵᠤ ᠮᠡᠳᠡᠪᠡᠯ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠪᠠᠷᠢᠮᠵᠢᠶ᠎ᠠ ᠶᠢᠨ ᠵᠢᠷᠤᠮᠵᠢᠯ ᠪᠣᠯᠤᠨ | ᠲᠤᠰ ᠮᠡᠳᠡᠭᠳᠡᠯ ᠤᠨ ᠱᠠᠭᠠᠷᠳᠠᠯᠭ᠎ᠠ ᠶᠣᠰᠣᠭᠠᠷ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ᠃ | ᠡᠯ᠎ᠡ ᠭᠠᠵᠠᠷ ᠤᠨ ᠰᠣᠶᠣᠯ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠳᠣᠲᠣᠭᠠᠳᠤ ᠶᠢ | ᠬᠠᠮᠠᠭᠠᠯᠠᠬᠤ ᠪᠠᠶᠢᠭᠤᠯᠤᠯᠭ᠎ᠠ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ | ᠮᠥᠴᠢᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠭᠠᠯ ᠤᠨᠲᠠᠷᠠᠭᠠᠵᠤ ᠠᠪᠤᠷᠠᠨ | ᠲᠤᠰᠠᠯᠠᠬᠤ ᠪᠠᠶᠢᠭᠤᠯᠤᠮᠵᠢ ᠨᠤᠭᠤᠳ ᠲᠤᠰ ᠮᠡᠳᠡᠭᠳᠡᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠡᠯ᠎ᠡ ᠰᠠᠯᠠᠭ᠎ᠠ | ᠮᠥᠴᠢᠷ ᠤᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠵᠤ᠂ ᠠᠮᠢᠳᠤ ᠳᠦᠷᠢ ᠶᠢᠨ ᠵᠤᠭ᠎ᠠ ᠶᠢᠨ | ᠡᠵᠡᠩᠨᠡᠯᠲᠡ ᠶᠢᠨ ᠲᠠᠯᠠᠪᠤᠷ ᠭᠠᠵᠠᠷ ᠲᠤ ᠬᠢᠨᠠᠯᠲᠠ ᠲᠠᠯᠪᠢᠵᠤ ᠵᠢᠯᠣᠭᠤᠳᠬᠤ ᠪᠠᠨ ᠦᠨᠡᠨᠬᠦ ᠴᠢᠩᠭᠠᠳᠬᠠᠬᠤ ᠬᠡᠷᠡᠭᠲᠡᠶ᠃ | ᠠᠵᠢᠯ ᠤᠨ ᠳᠤᠮᠳᠠ ᠲᠤᠯᠭᠠᠷᠠᠭᠰᠠᠨ ᠴᠢᠬᠤᠯᠠ ᠪᠠᠶᠢᠳᠠᠯ ᠪᠣᠯᠤᠨ ᠠᠰᠠᠭᠤᠳᠠᠯ ᠢ ᠴᠠᠭ ᠲᠤᠬᠠᠶ ᠳᠤᠨᠢ ᠳᠡᠭᠡᠳᠦ | ᠱᠠᠲᠤᠨ ᠤ ᠰᠠᠯᠠᠭ᠎ᠠ ᠮᠥᠴᠢᠷ ᠠᠴᠠ ᠵᠢᠭᠠᠪᠤᠷᠢ ᠠᠪᠴᠤ ᠬᠠᠷᠢᠭᠤ ᠮᠡᠳᠡᠭᠦᠯᠦᠨ᠎ᠡ᠃ | ᠣᠨᠴᠠᠭᠠᠶᠢᠯᠠᠨ ᠮᠡᠳᠡᠭᠳᠡᠪᠡ᠃ | ᠰᠣᠶᠣᠯ ᠪᠠ ᠵᠢᠭᠤᠯᠴᠢᠯᠠᠯ ᠤᠨ ᠶᠠᠮᠤᠨ ᠤ ᠳᠣᠲᠣᠭᠠᠳᠤ ᠶᠢ ᠬᠠᠮᠠᠭᠠᠯᠠᠬᠤ ᠶᠠᠮᠤᠨ ᠤ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠶᠠᠮᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ | | ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ᠄ ︽ᠠᠮᠢᠳᠤ ᠳᠦᠷᠢ ᠶᠢᠨ ᠵᠤᠭ᠎ᠠ ᠶᠢᠨ ᠡᠵᠡᠩᠨᠡᠯᠲᠡ ᠶᠢᠨ | ᠭᠠᠵᠠᠷ ᠤᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠮᠡᠳᠡᠭᠳᠡᠯ︾ ᠤᠨ ᠲᠤᠬᠠᠢ ᠠᠯᠠᠱᠠ ᠵᠡᠭᠦᠨ ᠬᠤᠰᠢᠭᠤᠨ ᠤ | ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ ᠲᠠᠶᠢᠯᠤᠮᠵᠢ | | ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ | | |