| | ᠨᠢᠭᠡᠳᠦᠭᠡᠷ ᠪᠦᠯᠦᠭ ᠶᠡᠷᠦᠩᠬᠡᠢ ᠳᠦᠷᠢᠮ | | ᠨᠢᠭᠡᠳᠦᠭᠡᠷ ᠵᠦᠢᠯ ᠤᠰᠤᠨ ᠤ ᠡᠬᠢ ᠪᠠᠶᠠᠯᠢᠭ ᠢ ᠵᠦᠢ ᠵᠣᠬᠢᠰᠲᠠᠢ ᠨᠡᠭᠡᠭᠡᠬᠦ᠂ ᠰᠢᠯᠢᠳᠡᠭᠵᠢᠭᠦᠯᠦᠨ | ᠲᠣᠬᠢᠷᠠᠭᠤᠯᠬᠤ ᠪᠠ ᠦᠷᠭᠦᠯᠵᠢᠯᠡᠨ ᠠᠰᠢᠭᠯᠠᠬᠤ ᠶᠢ ᠪᠡᠶᠡᠯᠡᠭᠦᠯᠵᠦ᠂ ᠤᠰᠤᠨ ᠤ ᠡᠬᠢ ᠪᠠᠶᠠᠯᠢᠭ ᠢ ᠠᠷᠪᠢᠯᠠᠬᠤ ᠪᠠ | ᠬᠠᠮᠠᠭᠠᠯᠠᠬᠤ ᠶᠢ ᠠᠬᠢᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠤᠰᠤᠨ ᠤ ᠬᠠᠤᠯᠢ︾ ᠪᠣᠯᠣᠨ ᠲᠥᠷᠥ ᠶᠢᠨ ᠶᠠᠪᠤᠳᠠᠯ ᠤᠨ ᠬᠤᠷᠢᠶᠠᠨ ᠤ ︽ᠤᠰᠤ ᠲᠠᠲᠠᠬᠤ ᠵᠥᠪᠰᠢᠶᠡᠷᠡᠯ ᠪᠣᠯᠣᠨ | ᠤᠰᠤᠨ ᠤ ᠡᠬᠢ ᠪᠠᠶᠠᠯᠢᠭ ᠤᠨ ᠵᠠᠷᠤᠳᠠᠯ ᠲᠠᠲᠠᠪᠤᠷᠢᠯᠠᠬᠤ ᠬᠠᠮᠢᠶᠠᠷᠤᠯᠲᠠ ᠶᠢᠨ ᠳᠦᠷᠢᠮ︾ ︵ᠳᠣᠷᠣᠭᠰᠢ ︽ᠳᠦᠷᠢᠮ | ︾ ᠭᠡᠵᠦ ᠲᠣᠪᠴᠢᠯᠠᠨ᠎ᠠ︶ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ | ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃ ᠬᠤᠶᠠᠳᠤᠭᠠᠷ ᠵᠦᠢᠯ | ᠥᠪᠡᠷᠲᠡᠭᠡᠨ ᠵᠠᠰᠠᠬᠤ ᠣᠷᠣᠨ ᠤ ᠬᠢᠯᠢ ᠳᠣᠲᠣᠷᠠᠬᠢ ᠤᠰᠤ ᠲᠠᠲᠠᠬᠤ ᠪᠠᠷᠢᠯᠭ᠎ᠠ ᠪᠤᠶᠤ ᠲᠥᠬᠦᠭᠡᠷᠦᠮᠵᠢ ᠶᠢ ᠠᠰᠢᠭᠯᠠᠨ | ᠭᠤᠣᠯ ᠮᠥᠷᠡᠨ᠂ ᠨᠠᠭᠤᠷ ᠴᠥᠭᠦᠷᠥᠮ ᠪᠤᠶᠤ ᠭᠠᠵᠠᠷ ᠳᠣᠣᠷ᠎ᠠ ᠠᠴᠠ ᠤᠰᠤᠨ ᠤ ᠡᠬᠢ ᠪᠠᠶᠠᠯᠢᠭ ᠢ ᠰᠢᠭᠤᠳ ᠲᠠᠲᠠᠵᠤ | ᠬᠡᠷᠡᠭᠯᠡᠬᠦ ᠨᠢᠭᠡᠴᠢ ᠪᠣᠯᠣᠨ ᠬᠤᠪᠢ ᠬᠥᠮᠥᠨ ᠲᠤᠰ ᠠᠷᠭ᠎ᠠ ᠶᠢᠨ ᠵᠢᠷᠭᠤᠳᠤᠭᠠᠷ ᠵᠦᠢᠯ ᠳᠤ ᠲᠣᠭᠲᠠᠭᠠᠭᠰᠠᠨ | ᠪᠠᠶᠢᠳᠠᠯ ᠠᠴᠠ ᠭᠠᠳᠠᠨ᠎ᠠ᠂ ᠴᠥᠮ ᠤᠰᠤ ᠲᠠᠲᠠᠬᠤ ᠵᠥᠪᠰᠢᠶᠡᠷᠡᠯ ᠤᠨ ᠦᠨᠡᠮᠯᠡᠯ ᠭᠤᠶᠤᠴᠢᠯᠠᠨ ᠠᠪᠬᠤ ᠪᠠᠨ ᠬᠠᠮᠲᠤ | ᠤᠰᠤᠨ ᠤ ᠡᠬᠢ ᠪᠠᠶᠠᠯᠢᠭ ᠤᠨ ᠰᠦᠢᠳᠬᠡᠯ ᠲᠤᠰᠢᠶᠠᠬᠤ ᠬᠡᠷᠡᠭᠲᠡᠢ᠃ ᠭᠤᠷᠪᠠᠳᠤᠭᠠᠷ ᠵᠦᠢᠯ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠳ ᠱᠠᠲᠤ ᠬᠤᠪᠢᠶᠠᠨ ᠬᠠᠮᠢᠶᠠᠷᠬᠤ ᠡᠷᠬᠡ ᠮᠡᠳᠡᠯ ᠤᠨ ᠶᠣᠰᠣᠭᠠᠷ᠂ ᠲᠤᠰ ᠵᠠᠰᠠᠭ | ᠵᠠᠬᠢᠷᠭᠠᠨ ᠤ ᠣᠷᠣᠨ ᠤ ᠪᠠᠨ ᠳᠣᠲᠣᠷᠠᠬᠢ ᠤᠰᠤ ᠲᠠᠲᠠᠬᠤ ᠵᠥᠪᠰᠢᠶᠡᠷᠡᠯ ᠤᠨ ᠳᠦᠷᠢᠮ ᠢ ᠵᠣᠬᠢᠶᠠᠨ ᠪᠠᠶᠢᠭᠤᠯᠤᠨ | ᠬᠡᠷᠡᠭᠵᠢᠭᠦᠯᠬᠦ ᠪᠠ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠳᠥᠷᠪᠡᠳᠦᠭᠡᠷ ᠵᠦᠢᠯ ᠤᠰᠤ ᠲᠠᠲᠠᠬᠤ | ᠵᠥᠪᠰᠢᠶᠡᠷᠡᠯ ᠢ ᠬᠡᠷᠡᠭᠵᠢᠭᠦᠯᠬᠦ ᠳᠤ ᠤᠰᠤᠨ ᠤ ᠬᠡᠮᠵᠢᠶ᠎ᠡ ᠤᠰᠤᠨ ᠤ ᠴᠢᠨᠠᠷ᠂ ᠭᠠᠵᠠᠷ ᠤᠨ ᠭᠠᠳᠠᠷᠭᠤ ᠭᠠᠵᠠᠷ | ᠳᠣᠣᠷᠠᠬᠢ ᠤᠰᠤ᠂ ᠠᠮᠢᠳᠤᠷᠠᠯ ᠦᠢᠯᠡᠳᠪᠦᠷᠢᠯᠡᠬᠦ ᠠᠵᠢᠯ ᠠᠮᠢ ᠠᠬᠤᠢ ᠳᠤ ᠬᠡᠷᠡᠭᠯᠡᠬᠦ ᠤᠰᠤ ᠶᠢ ᠨᠢᠭᠡᠳᠦᠯᠲᠡᠢ | ᠲᠥᠯᠥᠪᠯᠡᠵᠦ᠂ ᠡᠬᠢ ᠰᠤᠷᠪᠤᠯᠵᠢ ᠶᠢ ᠨᠡᠭᠡᠭᠡᠬᠦ ᠪᠠ ᠤᠷᠤᠰᠬᠠᠯ ᠢ ᠠᠷᠪᠢᠯᠠᠬᠤ᠂ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ | ᠪᠠ ᠨᠤᠷᠮ᠎ᠠ ᠲᠣᠭᠲᠠᠭᠠᠨ ᠬᠠᠮᠢᠶᠠᠷᠬᠤ ᠶᠢ ᠬᠠᠷᠢᠯᠴᠠᠨ ᠤᠶᠠᠯᠳᠤᠭᠤᠯᠬᠤ ᠵᠠᠷᠴᠢᠮ ᠢ ᠪᠠᠷᠢᠮᠲᠠᠯᠠᠨ᠂ ᠳᠠᠬᠢᠯᠲᠠ ᠤᠰᠤ᠂ | ᠰᠡᠶᠢᠷᠡᠭ ᠬᠠᠭᠤᠷᠠᠢ ᠤᠰᠤ᠂ ᠪᠣᠷᠣᠭᠠᠨ ᠦᠶᠡᠷ ᠤᠨ ᠤᠰᠤ᠂ ᠭᠠᠰᠢᠭᠤᠨ ᠱᠣᠷᠪᠣᠭ ᠤᠰᠤ ᠵᠡᠷᠭᠡ ᠬᠡᠪ ᠤᠨ ᠪᠤᠰᠤ | ᠤᠰᠤᠨ ᠰᠤᠷᠪᠤᠯᠵᠢ ᠶᠢ ᠬᠡᠷᠡᠭᠯᠡᠬᠦ ᠶᠢ ᠵᠣᠷᠢᠭᠵᠢᠭᠤᠯᠬᠤ ᠬᠡᠷᠡᠭᠲᠡᠢ᠃ ᠤᠰᠤᠨ ᠤ ᠡᠬᠢ ᠪᠠᠶᠠᠯᠢᠭ ᠢ ᠠᠷᠪᠢᠯᠠᠬᠤ ᠪᠠ | ᠬᠠᠮᠠᠭᠠᠯᠠᠬᠤ ᠳᠤ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠢ ᠪᠣᠯᠣᠨ ᠬᠤᠪᠢ ᠬᠥᠮᠥᠨ ᠢ ᠬᠤᠰᠢᠭᠤ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠰᠠᠶᠢᠰᠢᠶᠠᠨ ᠬᠥᠬᠢᠭᠦᠯᠬᠦ ᠪᠠ | ᠱᠠᠩᠨᠠᠨ᠎ᠠ᠃ | | ᠬᠤᠶᠠᠳᠤᠭᠠᠷ ᠪᠦᠯᠦᠭ ᠤᠰᠤ ᠠᠪᠬᠤ ᠪᠠᠷ ᠭᠤᠶᠤᠴᠢᠯᠠᠬᠤ ᠪᠠ ᠬᠦᠯᠢᠶᠡᠨ ᠠᠪᠴᠤ ᠰᠢᠢᠳᠪᠦᠷᠢᠯᠡᠬᠦ | | ᠲᠠᠪᠤᠳᠤᠭᠠᠷ ᠵᠦᠢᠯ ᠤᠰᠤ ᠲᠠᠲᠠᠬᠤ ᠪᠠᠷ ᠭᠤᠶᠤᠴᠢᠯᠠᠭᠰᠠᠨ ᠨᠢᠭᠡᠴᠢ ᠪᠤᠶᠤ ᠬᠤᠪᠢ ᠬᠥᠮᠥᠨ ︵ᠳᠣᠷᠣᠭᠰᠢ | ᠭᠤᠶᠤᠴᠢᠯᠠᠭᠴᠢ ᠭᠡᠵᠦ ᠲᠣᠪᠴᠢᠯᠠᠨ᠎ᠠ︶ ᠨᠢ ᠬᠢᠨᠠᠨ ᠵᠥᠪᠰᠢᠶᠡᠷᠡᠬᠦ ᠡᠷᠬᠡ ᠮᠡᠳᠡᠯ ᠲᠠᠢ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠲᠤ ᠤᠰᠤ ᠲᠠᠲᠠᠬᠤ ᠭᠤᠶᠤᠴᠢᠯᠠᠯ ᠢᠶᠠᠨ ᠳᠤᠷᠠᠳᠬᠤ ᠬᠡᠷᠡᠭᠲᠡᠢ᠂ ᠡᠭᠦᠨ ᠳᠤ ᠤᠰᠤ | ᠲᠠᠲᠠᠬᠤ ᠶᠢ ᠬᠢᠨᠠᠨ ᠵᠥᠪᠰᠢᠶᠡᠷᠡᠬᠦ ᠡᠷᠬᠡ ᠮᠡᠳᠡᠯ ᠨᠢ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠳᠤ | ᠬᠠᠷᠢᠶᠠᠯᠠᠭᠳᠠᠪᠠᠯ᠂ ᠥᠪᠡᠷᠲᠡᠭᠡᠨ ᠵᠠᠰᠠᠬᠤ ᠣᠷᠣᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠲᠤ ᠭᠤᠶᠤᠴᠢᠯᠠᠯ ᠢᠶᠠᠨ ᠳᠤᠷᠠᠳᠬᠤ ᠬᠡᠷᠡᠭᠲᠡᠢ᠃ ᠤᠯᠠᠨ ᠵᠦᠢᠯ ᠤᠨ ᠤᠰᠤᠨ ᠤ ᠰᠤᠷᠪᠤᠯᠵᠢ ᠶᠢ | ᠠᠪᠴᠤ ᠬᠡᠷᠡᠭᠯᠡᠬᠦ ᠪᠠᠷ ᠭᠤᠶᠤᠴᠢᠯᠠᠭᠰᠠᠨ ᠪᠥᠭᠡᠳ ᠲᠥᠷᠥᠯ ᠪᠦᠷᠢ ᠶᠢᠨ ᠤᠰᠤᠨ ᠤ ᠰᠤᠷᠪᠤᠯᠵᠢ ᠶᠢᠨ ᠤᠰᠤ | ᠠᠪᠬᠤ ᠶᠢ ᠬᠢᠨᠠᠨ ᠵᠥᠪᠰᠢᠶᠡᠷᠡᠬᠦ ᠪᠠᠶᠢᠭᠤᠯᠭ᠎ᠠ ᠨᠢ ᠠᠳᠠᠯᠢ ᠦᠭᠡᠢ ᠪᠠᠶᠢᠪᠠᠯ᠂ ᠲᠡᠭᠦᠨ ᠤ ᠳᠣᠲᠣᠷᠠᠬᠢ ᠬᠠᠮᠤᠭ ᠤᠨ | ᠳᠡᠭᠡᠳᠦ ᠨᠢᠭᠡ ᠱᠠᠲᠤᠨ ᠤ ᠬᠢᠨᠠᠨ ᠵᠥᠪᠰᠢᠶᠡᠷᠡᠬᠦ ᠪᠠᠶᠢᠭᠤᠯᠭ᠎ᠠ ᠳᠤ ᠭᠤᠶᠤᠴᠢᠯᠠᠯ ᠭᠠᠷᠭᠠᠬᠤ ᠬᠡᠷᠡᠭᠲᠡᠢ᠃ ᠵᠠᠰᠠᠭ | ᠵᠠᠬᠢᠷᠭᠠᠨ ᠤ ᠣᠷᠣᠨ ᠢ ᠠᠯᠤᠰᠯᠠᠭᠰᠠᠨ ᠪᠤᠶᠤ ᠵᠠᠭᠠᠭ ᠭᠤᠣᠯ ᠠᠴᠠ ᠤᠰᠤ ᠲᠠᠲᠠᠬᠤ ᠳᠤ ᠭᠤᠶᠤᠴᠢᠯᠠᠭᠴᠢ ᠨᠢ ᠤᠰᠤ | ᠲᠠᠲᠠᠬᠤ ᠶᠢ ᠬᠢᠨᠠᠨ ᠵᠥᠪᠰᠢᠶᠡᠷᠡᠬᠦ ᠡᠷᠬᠡ ᠮᠡᠳᠡᠯ ᠲᠠᠢ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠤᠰᠤ ᠠᠪᠬᠤ ᠪᠠᠷ | ᠭᠤᠶᠤᠴᠢᠯᠠᠬᠤ ᠬᠡᠷᠡᠭᠲᠡᠢ᠃ ᠤᠰᠤ ᠲᠠᠲᠠᠬᠤ ᠶᠢ ᠬᠢᠨᠠᠨ ᠵᠥᠪᠰᠢᠶᠡᠷᠡᠬᠦ ᠪᠠᠶᠢᠭᠤᠯᠭ᠎ᠠ ᠨᠢ ︽ᠳᠦᠷᠢᠮ︾ ᠤᠨ | ᠲᠣᠭᠲᠠᠭᠠᠯ ᠶᠣᠰᠣᠭᠠᠷ ᠭᠥᠯᠢᠶᠡᠨ ᠠᠪᠴᠤ ᠰᠢᠢᠳᠪᠦᠷᠢᠯᠡᠬᠦ ᠪᠤᠶᠤ ᠭᠥᠯᠢᠶᠡᠨ ᠠᠪᠴᠤ ᠰᠢᠢᠳᠪᠦᠷᠢᠯᠡᠬᠦ ᠦᠭᠡᠢ ᠪᠠᠶᠢᠬᠤ | ᠬᠡᠷᠡᠭᠲᠡᠢ᠃ ᠵᠢᠷᠭᠤᠳᠤᠭᠠᠷ ᠵᠦᠢᠯ ᠳᠠᠷᠠᠭᠠᠬᠢ ᠵᠢᠭᠰᠠᠭᠠᠭᠰᠠᠨ ᠪᠠᠶᠢᠳᠠᠯ ᠳᠤ ᠤᠰᠤ ᠲᠠᠲᠠᠬᠤ ᠵᠥᠪᠰᠢᠶᠡᠷᠡᠯ ᠤᠨ | ᠦᠨᠡᠮᠯᠡᠯ ᠢ ᠭᠤᠶᠤᠴᠢᠯᠠᠨ ᠠᠪᠬᠤ ᠴᠢᠬᠤᠯᠠ ᠦᠭᠡᠢ᠄ ︵ᠨᠢᠭᠡ︶ ᠬᠥᠮᠥᠨ ᠤ ᠬᠦᠴᠦ ᠪᠤᠶᠤ ᠤᠨᠤᠭ᠎ᠠ ᠶᠢᠨ ᠬᠦᠴᠦ | ᠵᠡᠷᠭᠡ ᠮᠠᠰᠢᠨ ᠴᠠᠬᠢᠯᠭᠠᠨ ᠤ ᠪᠤᠰᠤ ᠠᠷᠭ᠎ᠠ ᠮᠠᠶ᠋ᠢᠭ ᠢᠶᠠᠷ ᠤᠰᠤ ᠠᠪᠤᠭᠰᠠᠨ᠃ ︵ᠬᠤᠶᠠᠷ︶ ᠭᠡᠷ ᠪᠦᠯᠢ ᠶᠢᠨ | ᠠᠮᠢᠳᠤᠷᠠᠯ ᠪᠠ ᠲᠠᠷᠠᠬᠠᠢ ᠪᠤᠲᠠᠷᠬᠠᠢ ᠲᠡᠵᠢᠭᠡᠨ ᠠᠷᠠᠴᠢᠯᠠᠬᠤ᠂ ᠬᠤᠷᠢᠵᠤ ᠲᠡᠵᠢᠭᠡᠬᠦ ᠳᠤ ᠵᠢᠯ ᠳᠤ 1000 ᠪᠣᠰᠤᠭ᠎ᠠ | ᠳᠥᠷᠪᠡᠯᠵᠢᠨ ᠮᠧᠲᠷ ᠠᠴᠠ ᠳᠣᠷᠣᠭᠰᠢ ᠤᠰᠤ ᠲᠠᠲᠠᠬᠤ᠃ ᠳᠣᠯᠣᠳᠤᠭᠠᠷ ᠵᠦᠢᠯ ᠭᠤᠶᠤᠴᠢᠯᠠᠭᠴᠢ ︽ᠳᠦᠷᠢᠮ︾ | ᠤᠨ ᠲᠣᠭᠲᠠᠭᠠᠯ ᠶᠣᠰᠣᠭᠠᠷ ᠤᠰᠤ ᠲᠠᠲᠠᠬᠤ ᠵᠥᠪᠰᠢᠶᠡᠷᠡᠯ ᠤᠨ ᠭᠤᠶᠤᠴᠢᠯᠠᠯ ᠤᠨ ᠪᠢᠴᠢᠭ ᠢ ᠲᠠᠭᠯᠠᠨ ᠪᠢᠴᠢᠬᠦ ᠪᠠᠨ | ᠬᠠᠮᠲᠤ ᠬᠤᠯᠪᠣᠭᠳᠠᠯ ᠪᠦᠬᠦᠢ ᠮᠠᠲ᠋ᠧᠷᠢᠶᠠᠯ ᠢᠶᠠᠨ ᠲᠤᠰᠢᠶᠠᠬᠤ ᠬᠡᠷᠡᠭᠲᠡᠢ᠃ ᠪᠦᠲᠦᠭᠡᠨ ᠪᠠᠶᠢᠭᠤᠯᠤᠯᠲᠠ ᠶᠢᠨ | ᠵᠦᠢᠯᠡᠰ ᠤᠨ ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢᠨ ᠮᠡᠳᠡᠭᠦᠯᠦᠯᠲᠡ ᠶᠢᠨ ᠪᠢᠴᠢᠭ ᠢ ᠨᠠᠶᠢᠷᠠᠭᠤᠯᠤᠨ | ᠵᠣᠬᠢᠶᠠᠬᠤ ᠴᠢᠬᠤᠯᠠᠲᠠᠢ ᠪᠠᠶᠢᠪᠠᠯ᠂ ᠬᠢᠨᠠᠨ ᠲᠣᠭᠲᠠᠭᠠᠭᠰᠠᠨ ᠲᠤᠰ ᠮᠡᠳᠡᠭᠦᠯᠦᠯᠲᠡ ᠶᠢᠨ ᠪᠢᠴᠢᠭ ᠤᠨ ᠬᠢᠨᠠᠨ | ᠪᠠᠶᠢᠴᠠᠭᠠᠭᠰᠠᠨ ᠰᠠᠨᠠᠯ ᠢ ᠲᠤᠰᠢᠶᠠᠬᠤ ᠬᠡᠷᠡᠭᠲᠡᠢ᠃ ᠨᠠᠢᠮᠠᠳᠤᠭᠠᠷ ᠵᠦᠢᠯ ᠣᠰᠤ ᠠᠪᠬᠤ ᠪᠠᠷ ᠭᠤᠶᠤᠴᠢᠯᠠᠬᠤ ᠶᠢᠨ | ᠬᠠᠮᠲᠤ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠᠰᠠᠷ ᠭᠠᠷᠭᠠᠬᠤ ᠴᠢᠬᠤᠯᠠᠲᠠᠢ ᠪᠠᠶᠢᠪᠠᠯ᠂ | ᠭᠤᠶᠤᠴᠢᠯᠠᠭᠴᠢ ᠨᠢ ᠤᠰᠤ ᠲᠠᠲᠠᠬᠤ ᠵᠥᠪᠰᠢᠶᠡᠷᠡᠯ ᠠᠪᠬᠤ ᠪᠠᠷ ᠭᠤᠶᠤᠴᠢᠯᠠᠬᠤ ᠳᠠᠭᠠᠨ ᠤᠯᠤᠰ ᠤᠨ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠᠰᠠᠷ ᠭᠠᠷᠭᠠᠬᠤ ᠭᠤᠶᠤᠴᠢᠯᠠᠯ | ᠭᠠᠷᠭᠠᠬᠤ ᠶᠢᠨ ᠬᠠᠮᠲᠤ ᠬᠤᠯᠪᠣᠭᠳᠠᠯ ᠪᠦᠬᠦᠢ ᠮᠠᠲ᠋ᠧᠷᠢᠶᠠᠯ ᠢᠶᠠᠨ ᠲᠤᠰᠢᠶᠠᠬᠤ ᠬᠡᠷᠡᠭᠲᠡᠢ᠃ ᠶᠢᠰᠦᠳᠦᠭᠡᠷ ᠵᠦᠢᠯ ᠬᠢᠨᠠᠨ | ᠵᠥᠪᠰᠢᠶᠡᠷᠡᠬᠦ᠂ ᠬᠢᠨᠠᠨ ᠵᠥᠪᠰᠢᠶᠡᠷᠡᠬᠦ᠂ ᠪᠦᠷᠢᠳᠬᠡᠭᠦᠯᠬᠦ ᠳᠦᠷᠢᠮ ᠢ ᠬᠡᠷᠡᠭᠵᠢᠭᠦᠯᠵᠦ ᠪᠠᠶᠢᠭ᠎ᠠ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠳᠤ ᠪᠣᠯ ᠤᠰᠤ ᠲᠠᠲᠠᠬᠤ ᠪᠠᠷ ᠭᠤᠶᠤᠴᠢᠯᠠᠭᠴᠢ ᠨᠢ ᠡᠯ᠎ᠡ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠠᠳᠠᠯᠢ ᠪᠤᠰᠤ ᠲᠡᠰ ᠳᠠᠷᠠᠭᠠᠯᠠᠯ ᠤᠨ ᠱᠠᠭᠠᠷᠳᠠᠯᠭ᠎ᠠ ᠶᠣᠰᠣᠭᠠᠷ᠂ ᠬᠢᠨᠠᠨ | ᠵᠥᠪᠰᠢᠶᠡᠷᠡᠬᠦ ᠡᠷᠬᠡ ᠮᠡᠳᠡᠯ ᠲᠠᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠤᠰᠤ ᠲᠠᠲᠠᠬᠤ ᠪᠠᠷ | ᠭᠤᠶᠤᠴᠢᠯᠠᠬᠤ ᠬᠡᠷᠡᠭᠲᠡᠢ᠃ | | ᠭᠤᠷᠪᠠᠳᠤᠭᠠᠷ ᠪᠦᠯᠦᠭ ᠤᠰᠤ ᠲᠠᠲᠠᠬᠤ ᠵᠥᠪᠰᠢᠶᠡᠷᠡᠯ ᠢ ᠬᠢᠨᠠᠨ ᠵᠥᠪᠰᠢᠶᠡᠷᠡᠬᠦ | | ᠠᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠤᠰᠤ ᠲᠠᠲᠠᠬᠤ ᠵᠥᠪᠰᠢᠶᠡᠷᠡᠯ ᠢ ᠱᠠᠲᠤ ᠬᠤᠪᠢᠶᠠᠨ | ᠬᠢᠨᠠᠨ ᠵᠥᠪᠰᠢᠶᠡᠷᠡᠬᠦ ᠶᠢ ᠬᠡᠷᠡᠭᠵᠢᠭᠦᠯᠦᠨ᠎ᠡ᠂ ᠤᠯᠤᠰ ᠠᠴᠠ ᠲᠣᠭᠲᠠᠭᠠᠯ ᠲᠠᠢ ᠪᠣᠯ ᠲᠡᠷᠡ ᠬᠦ ᠲᠤᠭᠲᠠᠭᠠᠯ ᠢ | ᠵᠢᠷᠤᠮᠯᠠᠨ᠎ᠠ᠃ ︵ᠨᠢᠭᠡ︶ ᠠᠵᠤ ᠦᠢᠯᠡᠳᠪᠦᠷᠢ ᠪᠠᠨ ᠬᠡᠷᠡᠭᠯᠡᠬᠦ ᠤᠰᠤᠨ ᠤ ᠣᠨ ᠤ ᠭᠠᠵᠠᠷ ᠳᠡᠭᠡᠷᠡᠬᠢ ᠤᠰᠤ ᠪᠤᠶᠤ | ᠭᠠᠵᠠᠷ ᠳᠣᠣᠷᠠᠬᠢ ᠤᠰᠤ ᠶᠢ 300 ᠲᠦᠮᠡᠨ ᠪᠣᠰᠤᠭ᠎ᠠ ᠳᠥᠷᠪᠡᠯᠵᠢᠨ ᠮᠧᠲ ᠠᠴᠠ ᠳᠡᠭᠡᠭᠰᠢ ᠲᠠᠲᠠᠭᠰᠠᠨ᠂ | ᠲᠠᠷᠢᠶᠠᠯᠠᠩ᠂ ᠠᠮᠢ ᠠᠬᠤᠢ ᠪᠠᠨ ᠬᠡᠷᠡᠭᠯᠡᠬᠦ ᠤᠰᠤᠨ ᠤ ᠣᠨ ᠤ ᠭᠠᠵᠠᠷ ᠳᠣᠣᠷᠠᠬᠢ ᠤᠰᠤ ᠶᠢ 1000 ᠲᠦᠮᠡᠨ | ᠪᠣᠰᠤᠭ᠎ᠠ ᠳᠥᠷᠪᠡᠯᠵᠢᠨ ᠮᠧᠲ ᠠᠴᠠ ᠳᠡᠭᠡᠭᠰᠢ ᠲᠠᠲᠠᠭᠰᠠᠨ ᠪᠤᠶᠤ ᠭᠠᠵᠠᠷ ᠳᠡᠭᠡᠷᠡᠬᠢ ᠤᠰᠤ ᠶᠢ 3000 ᠲᠦᠮᠡᠨ | ᠪᠣᠰᠤᠭ᠎ᠠ ᠳᠥᠷᠪᠡᠯᠵᠢᠨ ᠮᠧᠲ ᠠᠴᠠ ᠳᠡᠭᠡᠭᠰᠢ ᠲᠠᠲᠠᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ | ᠵᠥᠪᠰᠢᠶᠡᠷᠡᠨ᠎ᠡ ︵ᠬᠤᠶᠠᠷ︶ ᠠᠵᠤ ᠦᠢᠯᠡᠳᠪᠦᠷᠢ ᠳᠤ ᠬᠡᠷᠡᠭᠯᠡᠬᠦ ᠤᠰᠤᠨ ᠤ ᠵᠢᠯ ᠳᠤ ᠭᠠᠵᠠᠷ ᠳᠡᠭᠡᠷᠡᠬᠢ ᠤᠰᠤ ᠪᠤᠶᠤ | ᠭᠠᠵᠠᠷ ᠳᠣᠣᠷᠠᠬᠢ ᠤᠰᠤ ᠶᠢ 100 ᠲᠦᠮᠡ ᠠᠴᠠ 300 ᠲᠦᠮᠡᠨ ᠪᠣᠰᠤᠭ᠎ᠠ ᠳᠥᠷᠪᠡᠯᠵᠢᠨ ᠮᠧᠲᠷ ᠲᠠᠲᠠᠵᠤ | ᠠᠪᠤᠭᠰᠠᠨ᠂ ᠲᠠᠷᠢᠶᠠᠯᠠᠩ᠂ ᠠᠮᠢ ᠠᠬᠤᠢ ᠳᠤ ᠬᠡᠷᠡᠭᠯᠡᠬᠦ ᠤᠰᠤᠨ ᠤ ᠵᠢᠯ ᠳᠤ ᠭᠠᠵᠠᠷ ᠳᠣᠣᠷᠠᠬᠢ ᠤᠰᠤ ᠶᠢ 500 | ᠲᠦᠮᠡ ᠠᠴᠠ 1000 ᠲᠦᠮᠡᠨ ᠪᠣᠰᠤᠭ᠎ᠠ ᠳᠥᠷᠪᠡᠯᠵᠢᠨ ᠮᠧᠲᠷ ᠲᠠᠲᠠᠵᠤ ᠠᠪᠤᠭᠰᠠᠨ ᠪᠤᠶᠤ ᠭᠠᠵᠠᠷ ᠳᠡᠭᠡᠷᠡᠬᠢ | ᠤᠰᠤ ᠶᠢ 1000 ᠲᠦᠮᠡ ᠠᠴᠠ 3000 ᠲᠦᠮᠡᠨ ᠪᠣᠰᠤᠭ᠎ᠠ ᠳᠥᠷᠪᠡᠯᠵᠢᠨ ᠮᠧᠲᠷ ᠲᠠᠲᠠᠵᠤ ᠠᠪᠤᠭᠰᠠᠨ ᠪᠠᠶᠢᠪᠠᠯ᠂ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠵᠥᠪᠰᠢᠶᠡᠷᠡᠨ᠎ᠡ᠃ ︵ᠭᠤᠷᠪᠠ︶ ᠠᠵᠤ ᠦᠢᠯᠡᠳᠪᠦᠷᠢ | ᠪᠠᠨ ᠬᠡᠷᠡᠭᠯᠡᠬᠦ ᠤᠰᠤᠨ ᠤ ᠣᠨ ᠤ ᠭᠠᠵᠠᠷ ᠳᠡᠭᠡᠷᠡᠬᠢ ᠤᠰᠤ ᠲᠠᠲᠠᠬᠤ ᠪᠤᠶᠤ ᠭᠠᠵᠠᠷ ᠳᠣᠣᠷᠠᠬᠢ ᠤᠰᠤ 100 | ᠲᠦᠮᠡᠨ ᠪᠣᠰᠤᠭ᠎ᠠ ᠳᠥᠷᠪᠡᠯᠵᠢᠨ ᠮᠧᠲ ᠲᠤ ᠬᠦᠷᠬᠦ ᠦᠭᠡᠢ᠂ ᠲᠠᠷᠢᠶᠠᠯᠠᠩ᠂ ᠠᠮᠢ ᠠᠬᠤᠢ ᠪᠠᠨ ᠬᠡᠷᠡᠭᠯᠡᠬᠦ ᠤᠰᠤᠨ ᠤ | ᠣᠨ ᠤ ᠭᠠᠵᠠᠷ ᠳᠣᠣᠷᠠᠬᠢ ᠤᠰᠤ 500 ᠲᠦᠮᠡᠨ ᠪᠣᠰᠤᠭ᠎ᠠ ᠳᠥᠷᠪᠡᠯᠵᠢᠨ ᠮᠧᠲ ᠲᠤ ᠬᠦᠷᠬᠦ ᠦᠭᠡᠢ ᠪᠤᠶᠤ ᠭᠠᠵᠠᠷ | ᠳᠡᠭᠡᠷᠡᠬᠢ ᠤᠰᠤ 1000 ᠲᠦᠮᠡᠨ ᠪᠣᠰᠤᠭ᠎ᠠ ᠳᠥᠷᠪᠡᠯᠵᠢᠨ ᠮᠧᠲ ᠲᠤ ᠬᠦᠷᠬᠦ ᠦᠭᠡᠢ ᠪᠣᠯ᠂ ᠬᠤᠰᠢᠭᠤ ᠰᠢᠶᠠᠨ ᠤ | ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠬᠢᠨᠠᠨ ᠵᠥᠪᠰᠢᠶᠡᠷᠡᠨ᠎ᠡ ︵ᠳᠥᠷᠪᠡ︶ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠪᠠᠶᠢᠭ᠎ᠠ ᠭᠠᠵᠠᠷ ᠤᠨ ᠬᠤᠲᠠ ᠶᠢᠨ ᠠᠮᠢᠳᠤᠷᠠᠯ ᠳᠤ ᠬᠡᠷᠡᠭᠯᠡᠬᠦ ᠤᠰᠤ ᠶᠢ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠵᠥᠪᠰᠢᠶᠡᠷᠡᠨ᠎ᠡ᠃ ᠬᠤᠰᠢᠭᠤ ᠰᠢᠶᠠᠨ ᠤ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠪᠠᠶᠢᠭ᠎ᠠ ᠭᠠᠵᠠᠷ ᠪᠤᠶᠤ ᠲᠥᠪᠯᠡᠷᠡᠭᠦᠯᠦᠨ ᠨᠢᠭᠡᠳᠦᠯᠲᠡᠢ ᠤᠰᠤ ᠬᠠᠩᠭᠠᠬᠤ ᠶᠢ ᠬᠡᠷᠡᠭᠵᠢᠭᠦᠯᠵᠦ | ᠪᠠᠶᠢᠭ᠎ᠠ ᠰᠢᠶᠠᠩ ᠪᠠᠯᠭᠠᠰᠤ ᠶᠢᠨ ᠠᠮᠢᠳᠤᠷᠠᠯ ᠳᠤ ᠬᠡᠷᠡᠭᠯᠡᠬᠦ ᠤᠰᠤ ᠶᠢ ᠬᠤᠰᠢᠭᠤ ᠰᠢᠶᠠᠨ ᠤ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ | ᠵᠥᠪᠰᠢᠶᠡᠷᠡᠨ᠎ᠡ᠃ ᠡᠭᠦᠨ ᠳᠤ᠂ ᠵᠢᠯ ᠳᠤ 300 ᠲᠦᠮᠡᠨ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠤᠰᠤ | ᠲᠠᠲᠠᠪᠠᠯ ᠥᠪᠡᠷᠲᠡᠭᠡᠨ ᠵᠠᠰᠠᠬᠤ ᠣᠷᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠲᠤ ᠮᠡᠳᠡᠭᠦᠯᠵᠦ ᠪᠦᠷᠢᠳᠬᠡᠭᠦᠯᠬᠦ ᠬᠡᠷᠡᠭᠲᠡᠢ᠃ ᠲᠥᠪᠯᠡᠷᠡᠭᠦᠯᠦᠨ ᠨᠢᠭᠡᠳᠦᠯᠲᠡᠢ ᠤᠰᠤ ᠬᠠᠩᠭᠠᠬᠤ ᠶᠢ | ᠬᠡᠷᠡᠭᠵᠢᠭᠦᠯᠵᠦ ᠪᠠᠶᠢᠭ᠎ᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠣᠯᠣᠨ ᠡᠯ᠎ᠡ ᠲᠥᠷᠥᠯ ᠤᠨ | ᠨᠡᠭᠡᠭᠡᠯᠲᠡ ᠶᠢᠨ ᠲᠣᠭᠤᠷᠢᠭ ᠤᠨ ᠬᠡᠷᠡᠭᠯᠡᠬᠦ ᠤᠰᠤ ᠶᠢ ᠡᠮᠦᠨᠡᠬᠢ ᠵᠤᠷᠪᠤᠰ ᠤᠨ ︵ᠨᠢᠭᠡ︶᠂ ︵ᠬᠤᠶᠠᠷ︶᠂ ︵ᠭᠤᠷᠪᠠ | ︶ ᠳ᠋ᠤᠭᠠᠷ ᠵᠤᠷᠪᠤᠰ ᠤᠨ ᠲᠣᠭᠲᠠᠭᠠᠯ ᠶᠣᠰᠣᠭᠠᠷ ᠬᠢᠨᠠᠨ ᠵᠥᠪᠰᠢᠶᠡᠷᠡᠭᠦᠯᠬᠦ ᠬᠡᠷᠡᠭᠲᠡᠢ᠃ ᠠᠷᠪᠠᠨ ᠨᠢᠭᠡᠳᠦᠭᠡᠷ ᠵᠦᠢᠯ | ᠭᠠᠵᠠᠷ ᠳᠣᠣᠷᠠᠬᠢ ᠤᠰᠤ ᠶᠢ ᠬᠢᠵᠠᠭᠠᠷ ᠲᠠᠢ ᠪᠠᠷ ᠨᠡᠭᠡᠭᠡᠨ ᠮᠠᠯᠲᠠᠬᠤ ᠣᠷᠣᠨ ᠨᠢ ᠭᠠᠵᠠᠷ ᠳᠣᠣᠷᠠᠬᠢ ᠤᠰᠤ ᠶᠢ | ᠨᠡᠭᠡᠭᠡᠨ ᠮᠠᠯᠲᠠᠬᠤ ᠬᠡᠮᠵᠢᠶ᠎ᠡ ᠶᠢ ᠰᠢᠨ᠎ᠡ ᠪᠠᠷ ᠨᠡᠮᠡᠭᠳᠡᠭᠦᠯᠬᠦ ᠪᠠᠨ ᠤᠰᠤ ᠲᠠᠲᠠᠬᠤ ᠭᠤᠶᠤᠴᠢᠯᠠᠯ ᠢ ᠬᠢᠨᠠᠨ | ᠵᠥᠪᠰᠢᠶᠡᠷᠡᠬᠦ ᠶᠢ ᠴᠢᠩᠭ᠎ᠠ ᠬᠢᠵᠠᠭᠠᠷᠯᠠᠬᠤ ᠬᠡᠷᠡᠭᠲᠡᠢ ᠭᠠᠵᠠᠷ ᠳᠣᠣᠷᠠᠬᠢ ᠤᠰᠤ ᠶᠢ ᠨᠡᠭᠡᠭᠡᠨ ᠮᠠᠯᠲᠠᠬᠤ ᠶᠢ ᠴᠠᠭᠠᠵᠠᠯᠠᠭ | ᠣᠷᠣᠨ ᠳᠤ ᠰᠢᠨ᠎ᠡ ᠪᠠᠷ ᠪᠠᠶᠢᠭᠤᠯᠬᠤ ᠭᠠᠵᠠᠷ ᠳᠣᠣᠷᠠᠬᠢ ᠤᠰᠤᠨ ᠤ ᠤᠰᠤ ᠲᠠᠲᠠᠬᠤ ᠪᠠᠷᠢᠯᠭ᠎ᠠ ᠶᠢ ᠬᠢᠨᠠᠨ | ᠵᠥᠪᠰᠢᠶᠡᠷᠡᠬᠦ ᠶᠢ ᠴᠢᠩᠭ᠎ᠠ ᠴᠠᠭᠠᠵᠠᠯᠠᠵᠤ᠂ ᠨᠢᠭᠡᠨᠲᠡ ᠪᠠᠶᠢᠭᠤᠯᠤᠭᠰᠠᠨ ᠭᠠᠵᠠᠷ ᠳᠣᠣᠷᠠᠬᠢ ᠤᠰᠤ ᠶᠢ ᠲᠠᠲᠠᠵᠤ | ᠬᠡᠷᠡᠭᠯᠡᠬᠦ ᠲᠦᠷᠦᠯ ᠵᠦᠢᠯ ᠳᠤ ᠭᠠᠵᠠᠷ ᠳᠣᠣᠷᠠᠬᠢ ᠤᠰᠤ ᠶᠢ ᠨᠡᠭᠡᠭᠡᠨ ᠠᠰᠢᠭᠯᠠᠬᠤ ᠲᠥᠯᠦᠪᠵᠢᠭᠦᠯᠭᠡ ᠶᠢ | ᠦᠨᠳᠦᠰᠦᠯᠡᠨ᠂ ᠤᠰᠤ ᠠᠷᠪᠢᠯᠠᠬᠤ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ ᠴᠢᠩᠭᠠᠳᠬᠠᠨ᠂ ᠤᠰᠤᠨ ᠤ ᠡᠬᠢ | ᠪᠠᠶᠠᠯᠢᠭ ᠤᠨ ᠰᠦᠢᠳᠬᠡᠯ ᠲᠠᠲᠠᠪᠤᠷᠢᠯᠠᠬᠤ ᠵᠦᠢ ᠵᠣᠬᠢᠰᠲᠠᠢ ᠪᠠᠷᠢᠮᠵᠢᠶ᠎ᠠ ᠶᠢ ᠲᠣᠭᠲᠠᠭᠠᠵᠤ᠂ ᠨᠢᠭᠡᠨᠲᠡ ᠬᠢᠨᠠᠨ | ᠵᠥᠪᠰᠢᠶᠡᠷᠡᠭᠰᠡᠨ ᠤᠰᠤ ᠲᠠᠲᠠᠬᠤ ᠬᠡᠮᠵᠢᠶ᠎ᠡ ᠶᠢ ᠲᠥᠯᠥᠪᠯᠡᠭᠡ ᠲᠠᠢ ᠪᠠᠷ ᠠᠯᠬᠤᠮ ᠠᠯᠬᠤᠮ ᠢᠶᠠᠷ ᠪᠠᠭᠠᠰᠬᠠᠬᠤ ᠬᠡᠷᠡᠭᠲᠡᠢ | ᠃ ᠭᠠᠵᠠᠷ ᠳᠣᠣᠷᠠᠬᠢ ᠤᠰᠤ ᠶᠢ ᠨᠡᠭᠡᠭᠡᠨ ᠮᠠᠯᠲᠠᠬᠤ ᠶᠢ ᠬᠤᠷᠢᠭᠯᠠᠬᠤ ᠣᠷᠣᠨ ᠪᠣᠯᠣᠨ ᠬᠢᠵᠠᠭᠠᠷ ᠲᠠᠢ ᠨᠡᠭᠡᠭᠡᠨ | ᠮᠠᠯᠲᠠᠬᠤ ᠣᠷᠣᠨ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ | ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠭᠤᠴᠠᠨ ᠬᠤᠪᠢᠶᠠᠷᠢᠯᠠᠨ ᠲᠣᠭᠲᠠᠭᠠᠵᠤ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ | ᠳᠠᠷᠠᠭ᠎ᠠ ᠵᠠᠷᠯᠠᠨ ᠨᠡᠶᠢᠲᠡᠯᠡᠨ᠎ᠡ᠃ ᠠᠷᠪᠠᠨ ᠬᠤᠶᠠᠳᠤᠭᠠᠷ ᠵᠦᠢᠯ ᠣᠰᠤ ᠲᠠᠲᠠᠬᠤ ᠭᠤᠶᠤᠴᠢᠯᠠᠯ ᠢ ᠬᠢᠨᠠᠨ ᠵᠥᠪᠰᠢᠶᠡᠷᠡᠬᠦ | ᠪᠠᠶᠢᠭᠤᠯᠭ᠎ᠠ ᠪᠠᠷ ᠵᠥᠪᠰᠢᠶᠡᠷᠡᠭᠦᠯᠦᠭᠰᠡᠨ ᠤ ᠲᠠᠷᠠᠭ᠎ᠠ᠂ ᠭᠤᠶᠤᠴᠢᠯᠠᠭᠴᠢ ᠨᠢ ᠰᠠᠶ᠋ᠢ ᠤᠰᠤ ᠲᠠᠲᠠᠬᠤ ᠪᠠᠷᠢᠯᠭ᠎ᠠ ᠪᠤᠶᠤ | ᠲᠥᠬᠦᠭᠡᠷᠦᠮᠵᠢ ᠶᠢ ᠪᠠᠶᠢᠭᠤᠯᠵᠤ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠪᠤᠶᠤ ᠠᠶᠢᠮᠠᠭ ᠬᠤᠲᠠ ᠪᠠᠷ ᠬᠢᠨᠠᠨ | ᠵᠥᠪᠰᠢᠶᠡᠷᠡᠭᠦᠯᠬᠦ᠂ ᠬᠢᠨᠠᠨ ᠵᠥᠪᠰᠢᠶᠡᠷᠡᠭᠦᠯᠬᠦ ᠴᠢᠬᠤᠯᠠᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠤᠰᠤ | ᠲᠠᠲᠠᠬᠤ ᠭᠤᠶᠤᠴᠢᠯᠠᠯ ᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠢ ᠣᠯᠣᠭᠰᠠᠨ ᠦᠭᠡᠢ ᠪᠠᠶᠢᠪᠠᠯ᠂ ᠲᠥᠷᠥᠯ | ᠵᠦᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠣᠰ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠢ ᠬᠢᠨᠠᠨ ᠵᠥᠪᠰᠢᠶᠡᠷᠡᠬᠦ ᠪᠠ ᠬᠢᠨᠠᠨ ᠵᠥᠪᠰᠢᠶᠡᠷᠡᠵᠦ ᠪᠣᠯᠬᠤ ᠦᠭᠡᠢ᠃ ᠠᠷᠪᠠᠨ ᠭᠤᠷᠪᠠᠳᠤᠭᠠᠷ ᠵᠦᠢᠯ ᠣᠰᠤ | ᠲᠠᠲᠠᠵᠤ ᠭᠠᠷᠭᠠᠬᠤ ᠪᠠᠷᠢᠯᠭ᠎ᠠ ᠪᠤᠶᠤ ᠲᠥᠬᠦᠭᠡᠷᠦᠮᠵᠢ ᠶᠢ ᠪᠠᠷᠢᠵᠤ ᠳᠠᠭᠤᠰᠬᠠᠭᠰᠠᠨ ᠤ ᠲᠠᠷᠠᠭ᠎ᠠ᠂ ᠭᠤᠶᠤᠴᠢᠯᠠᠭᠴᠢ ᠨᠢ | ᠲᠣᠭᠲᠠᠭᠠᠯ ᠶᠣᠰᠣᠭᠠᠷ ᠤᠰᠤ ᠲᠠᠲᠠᠵᠤ ᠠᠪᠬᠤ ᠶᠢ ᠬᠢᠨᠠᠨ ᠵᠥᠪᠰᠢᠶᠡᠷᠡᠬᠦ ᠪᠠᠶᠢᠭᠤᠯᠭ᠎ᠠ ᠳᠤ ᠰᠢᠯᠭᠠᠨ ᠠᠪᠤᠭᠤᠯᠬᠤ ᠪᠠᠷ | ᠭᠤᠶᠤᠴᠢᠯᠠᠬᠤ ᠶᠢᠨ ᠬᠠᠮᠲᠤ ᠳᠣᠣᠷᠠᠬᠢ ᠮᠠᠲ᠋ᠧᠷᠢᠶᠠᠯ ᠤᠳ ᠢ ᠲᠤᠰᠢᠶᠠᠬᠤ ᠬᠡᠷᠡᠭᠲᠡᠢ᠄ ︵ᠨᠢᠭᠡ︶ | ᠵᠥᠪᠰᠢᠶᠡᠷᠡᠭᠦᠯᠦᠭᠰᠡᠨ ᠤᠰᠤ ᠲᠠᠲᠠᠵᠤ ᠭᠠᠷᠭᠠᠬᠤ ᠪᠠᠷᠢᠯᠭ᠎ᠠ ᠪᠤᠶᠤ ᠲᠥᠬᠦᠭᠡᠷᠦᠮᠵᠢ ᠶᠢᠨ ᠵᠢᠷᠤᠭ ᠲᠥᠯᠥᠪᠯᠡᠭᠡᠨ ᠤ | ᠮᠡᠳᠡᠭᠦᠯᠦᠯᠲᠡ᠃ ︵ᠬᠤᠶᠠᠷ︶ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠵᠥᠪᠰᠢᠶᠡᠷᠡᠭᠰᠡᠨ ᠪᠤᠶᠤ ᠬᠢᠨᠠᠨ | ᠵᠥᠪᠰᠢᠶᠡᠷᠡᠭᠰᠡᠨ ᠪᠢᠴᠢᠭ ᠮᠠᠲ᠋ᠧᠷᠢᠶᠠᠯ᠃ ︵ᠭᠤᠷᠪᠠ︶ ᠤᠰᠤ ᠲᠠᠲᠠᠬᠤ ᠤᠰᠤ ᠲᠠᠲᠠᠬᠤ ᠪᠠᠷᠢᠯᠭ᠎ᠠ ᠪᠠ | ᠬᠡᠮᠵᠢᠯᠲᠡ ᠶᠢᠨ ᠲᠥᠬᠦᠭᠡᠷᠦᠮᠵᠢ ᠶᠢ ᠲᠤᠷᠰᠢᠨ ᠠᠵᠢᠯᠯᠠᠭᠤᠯᠤᠭᠰᠠᠨ ᠪᠠᠶᠢᠳᠠᠯ᠃ ︵ᠳᠥᠷᠪᠡ︶ ᠪᠦᠲᠦᠭᠡᠨ | ᠪᠠᠶᠢᠭᠤᠯᠤᠯᠲᠠ ᠶᠢᠨ ᠵᠦᠢᠯᠡᠰ ᠢ ᠲᠤᠷᠰᠢᠨ ᠠᠵᠢᠯᠯᠠᠭᠤᠯᠬᠤ ᠬᠤᠭᠤᠴᠠᠭᠠᠨ ᠳᠠᠬᠢ ᠤᠰᠦᠠ ᠤ ᠬᠡᠮᠵᠢᠶ᠎ᠡ ᠪᠠ ᠤᠰᠦᠠ ᠤ | ᠴᠢᠨᠠᠷ ᠤᠨ ᠪᠠᠶᠢᠳᠠᠯ᠃ ︵ᠲᠠᠪᠤ︶ ᠳᠡᠪᠰᠢᠭᠦᠯᠦᠨ ᠲᠤᠰᠢᠶᠠᠬᠤ ᠴᠢᠬᠤᠯᠠᠲᠠᠢ ᠪᠤᠰᠤᠳ ᠮᠠᠲ᠋ᠧᠷᠢᠶᠠᠯ᠃ ᠤᠰᠤ | ᠲᠠᠲᠠᠬᠤ ᠶᠢ ᠬᠢᠨᠠᠨ ᠵᠥᠪᠰᠢᠶᠡᠷᠡᠬᠦ ᠪᠠᠶᠢᠭᠤᠯᠤᠯᠭ᠎ᠠ ᠨᠢ ᠳᠡᠭᠡᠷ᠎ᠡ ᠳᠤᠷᠠᠳᠤᠭᠰᠠᠨ ᠮᠠᠲ᠋ᠧᠷᠢᠶᠠᠯ ᠢ ᠭᠥᠯᠢᠶᠡᠨ ᠠᠪᠤᠭᠰᠠᠨ | 20 ᠠᠵᠢᠯᠯᠠᠬᠤ ᠡᠳᠦᠷ ᠤᠨ ᠳᠣᠲᠣᠷ᠎ᠠ᠂ ᠲᠤᠬᠠᠢ ᠶᠢᠨ ᠭᠠᠵᠠᠷ ᠲᠤᠨᠢ ᠬᠢᠨᠠᠨ ᠰᠢᠯᠭᠠᠬᠤ ᠬᠡᠷᠡᠭᠲᠡᠢ᠃ ᠰᠢᠯᠭᠠᠨ | ᠠᠪᠬᠤ ᠳᠤ ᠬᠢᠷᠢ ᠲᠡᠩᠴᠡᠭᠰᠡᠨ ᠪᠠᠶᠢᠪᠠᠯ ᠰᠢᠯᠭᠠᠨ ᠠᠪᠤᠭᠰᠠᠨ ᠰᠠᠨᠠᠯ ᠭᠠᠷᠭᠠᠬᠤ ᠶᠢᠨ ᠬᠠᠮᠲᠤ᠂ ᠤᠰᠤ ᠲᠠᠲᠠᠬᠤ | ᠵᠥᠪᠰᠢᠶᠡᠷᠡᠯ ᠤᠨ ᠦᠨᠡᠮᠯᠡᠯ ᠢ ᠬᠢᠨᠠᠨ ᠣᠯᠭᠤᠨ᠎ᠠ᠃ ᠠᠷᠪᠠᠨ ᠳᠥᠷᠪᠡᠳᠦᠭᠡᠷ ᠵᠦᠢᠯ ᠠᠳᠠᠯᠢ ᠨᠢᠭᠡᠨ ᠬᠠᠤᠯᠢ ᠪᠠᠨ | ᠡᠷᠬᠡᠲᠡᠨ ᠤ ᠠᠳᠠᠯᠢ ᠨᠢᠭᠡᠨ ᠤᠰᠤ ᠬᠡᠷᠡᠭᠯᠡᠬᠦ ᠲᠦᠷᠦᠯ ᠵᠦᠢᠯ ᠳᠤ ᠤᠰᠤ ᠲᠠᠲᠠᠬᠤ ᠵᠥᠪᠰᠢᠶᠡᠷᠡᠯ ᠤᠨ ᠦᠨᠡᠮᠯᠡᠯ | ᠤᠯᠠᠨ ᠣᠯᠭᠤᠬᠤ ᠶᠢ ᠴᠠᠭᠠᠵᠠᠯᠠᠨ᠎ᠠ᠃ ᠠᠷᠪᠠᠨ ᠲᠠᠪᠤᠳᠤᠭᠠᠷ ᠵᠦᠢᠯ ᠤᠰᠤ ᠲᠠᠲᠠᠬᠤ ᠵᠥᠪᠰᠢᠶᠡᠷᠡᠯ ᠤᠨ ᠦᠨᠡᠮᠯᠡᠯ ᠤᠨ | ᠬᠦᠴᠦᠨ ᠲᠠᠢ ᠬᠤᠭᠤᠴᠠᠭ᠎ᠠ ᠨᠢ 5 ᠵᠢᠯ ᠪᠣᠯᠣᠨ᠎ᠠ᠂ ᠬᠦᠴᠦᠨ ᠲᠠᠢ ᠬᠤᠭᠤᠴᠠᠭ᠎ᠠ ᠨᠢ ᠳᠦᠭᠦᠷᠦᠭᠰᠡᠨ ᠤ ᠳᠠᠷᠠᠭ᠎ᠠ | ᠦᠷᠭᠦᠯᠵᠢᠯᠡᠭᠦᠯᠬᠦ ᠴᠢᠬᠤᠯᠠ ᠲᠠᠢ ᠪᠣᠯ ᠤᠰᠤ ᠲᠠᠲᠠᠬᠤ ᠨᠢᠭᠡᠴᠢ ᠪᠤᠶᠤ ᠬᠤᠪᠢ ᠬᠥᠮᠥᠨ ᠬᠦᠴᠦᠨ ᠲᠠᠢ ᠬᠤᠭᠤᠴᠠᠭ᠎ᠠ | ᠳᠦᠭᠦᠷᠬᠦ ᠠᠴᠠ 45 ᠡᠳᠦᠷ ᠤᠨ ᠡᠮᠦᠨ᠎ᠡ ᠤᠤᠯ ᠤᠨ ᠤᠰᠤ ᠲᠠᠲᠠᠬᠤ ᠶᠢ ᠬᠢᠨᠠᠨ ᠵᠥᠪᠰᠢᠶᠡᠷᠡᠭᠰᠡᠨ | ᠪᠠᠶᠢᠭᠤᠯᠤᠯᠭ᠎ᠠ ᠳᠤ ᠭᠤᠶᠤᠴᠢᠯᠠᠯ ᠭᠠᠷᠭᠠᠬᠤ ᠪᠠᠨ ᠬᠠᠮᠲᠤ ᠳᠣᠣᠷᠠᠬᠢ ᠮᠠᠲ᠋ᠧᠷᠢᠶᠠ ᠤᠳ ᠢ ᠲᠤᠰᠢᠶᠠᠬᠤ ᠬᠡᠷᠡᠭᠲᠡᠢ᠄ ︵ | ᠨᠢᠭᠡ︶ ᠤᠰᠤᠨ ᠤ ᠲᠡᠩᠴᠡᠭᠦᠷᠢ ᠶᠢ ᠬᠡᠮᠵᠢᠨ ᠰᠢᠯᠭᠠᠭᠰᠠᠨ ᠮᠡᠳᠡᠭᠦᠯᠦᠯᠲᠡ ᠬᠢᠭᠡᠳ ᠬᠢᠨᠠᠨ ᠪᠠᠶᠢᠴᠠᠭᠠᠭᠰᠠᠨ ᠰᠠᠨᠠᠯ ︵ | ᠬᠤᠶᠠᠷ︶ ᠤᠰᠤ ᠲᠠᠲᠠᠵᠤ ᠪᠤᠴᠠᠭᠠᠭᠰᠠᠨ ᠪᠠ ᠤᠰᠤᠨ ᠤ ᠡᠬᠢ ᠪᠠᠶᠠᠯᠢᠭ ᠤᠨ ᠰᠦᠢᠳᠬᠡᠯ ᠢ ᠲᠤᠰᠢᠶᠠᠭᠰᠠᠨ ᠪᠠᠶᠢᠳᠠᠯ᠃ | ︵ᠭᠤᠷᠪᠠ︶ ᠤᠰᠤ ᠠᠷᠪᠢᠯᠠᠬᠤ ᠲᠥᠬᠦᠭᠡᠷᠦᠮᠵᠢ᠂ ᠬᠠᠶᠠᠭᠳᠠᠯ ᠤᠰᠤ ᠰᠢᠢᠳᠪᠦᠷᠢᠯᠡᠬᠦ ᠲᠥᠬᠦᠭᠡᠷᠦᠮᠵᠢ ᠶᠢᠨ | ᠠᠰᠢᠭᠯᠠᠯᠲᠠ ᠶᠢᠨ ᠪᠠᠶᠢᠳᠠᠯ ︵ᠳᠥᠷᠪᠡ︶ ᠤᠤᠯ ᠤᠨ ᠤᠰᠤ ᠲᠠᠲᠠᠬᠤ ᠵᠥᠪᠰᠢᠶᠡᠷᠡᠯ ᠤᠨ ᠵᠦᠢᠯᠡᠰ ᠢ ᠬᠤᠪᠢᠷᠠᠭᠤᠯᠬᠤ | ᠲᠣᠳᠣᠷᠬᠠᠶᠢᠯᠠᠯᠲᠠ᠃ ︵ᠲᠠᠪᠤ︶ ᠤᠰᠤ ᠲᠠᠲᠠᠬᠤ ᠵᠥᠪᠰᠢᠶᠡᠷᠡᠯ ᠢ ᠦᠷᠭᠦᠯᠵᠢᠯᠡᠭᠦᠯᠬᠦ ᠳᠤ ᠬᠤᠯᠪᠣᠭᠳᠠᠬᠤ ᠪᠤᠰᠤᠳ | ᠮᠠᠲ᠋ᠧᠷᠢᠶᠠᠯ᠃ ᠤᠰᠤ ᠲᠠᠲᠠᠬᠤ ᠶᠢ ᠬᠢᠨᠠᠨ ᠵᠥᠪᠰᠢᠶᠡᠷᠡᠬᠦ ᠪᠠᠶᠢᠭᠤᠯᠭ᠎ᠠ ᠨᠢ ᠳᠡᠭᠡᠷ᠎ᠡ ᠳᠤᠷᠠᠳᠤᠭᠰᠠᠨ ᠮᠠᠲ᠋ᠧᠷᠢᠶᠠᠯ ᠢ | ᠦᠨᠡᠯᠡᠨ ᠵᠢᠱᠢᠭᠰᠡᠨ ᠤ ᠳᠠᠷᠠᠭ᠎ᠠ᠂ ᠤᠰᠤ ᠲᠠᠲᠠᠬᠤ ᠵᠥᠪᠰᠢᠶᠡᠷᠡᠯ ᠤᠨ ᠦᠨᠡᠮᠯᠡᠯ ᠤᠨ ᠬᠤᠭᠤᠴᠠᠭ᠎ᠠ ᠳᠦᠭᠦᠷᠬᠦ ᠠᠴᠠ | ᠡᠮᠦᠨ᠎ᠡ ᠦᠷᠭᠦᠯᠵᠢᠯᠡᠭᠦᠯᠬᠦ ᠪᠤᠶᠤ ᠥᠯᠥ ᠦᠷᠭᠦᠯᠵᠢᠯᠡᠭᠦᠯᠬᠦ ᠪᠠᠷ ᠲᠣᠭᠲᠠᠭᠠᠨ᠎ᠠ᠃ ᠠᠷᠪᠠᠨ ᠵᠢᠷᠭᠤᠳᠤᠭᠠᠷ ᠵᠦᠢᠯ | ᠤᠰᠤ ᠲᠠᠲᠠᠬᠤ ᠵᠥᠪᠰᠢᠶᠡᠷᠡᠯ ᠤᠨ ᠦᠨᠡᠮᠯᠡᠯ ᠤᠨ ᠬᠦᠴᠦᠨ ᠲᠠᠢ ᠬᠤᠭᠤᠴᠠᠭᠠᠨ ᠳᠤ᠂ ᠳᠠᠷᠠᠭᠠᠬᠢ ᠪᠠᠶᠢᠳᠠᠯ ᠤᠨ ᠨᠢᠭᠡ | ᠨᠢ ᠭᠠᠷᠪᠠᠯ᠂ ᠤᠰᠤ ᠲᠠᠲᠠᠬᠤ ᠨᠢᠭᠡᠴᠢ ᠪᠤᠶᠤ ᠬᠤᠪᠢ ᠬᠥᠮᠥᠨ ᠨᠢ ᠤᠤᠯ ᠤᠨ ᠤᠰᠤ ᠲᠠᠲᠠᠬᠤ ᠶᠢ ᠬᠢᠨᠠᠨ | ᠵᠥᠪᠰᠢᠶᠡᠷᠡᠭᠰᠡᠨ ᠪᠠᠶᠢᠭᠤᠯᠤᠯᠭ᠎ᠠ ᠳᠤ ᠭᠤᠶᠤᠴᠢᠯᠠᠯ ᠢᠶᠠᠨ ᠳᠤᠷᠠᠳᠴᠤ᠂ ᠵᠥᠪᠰᠢᠶᠡᠷᠡᠭᠦᠯᠦᠭᠰᠡᠨ ᠤ ᠳᠠᠷᠠᠭ᠎ᠠ | ᠬᠤᠯᠪᠣᠭᠳᠠᠯ ᠪᠦᠬᠦᠢ ᠬᠤᠪᠢᠷᠠᠭᠤᠯᠬᠤ ᠭᠠᠷᠳᠠᠮ ᠢ ᠭᠦᠢᠴᠡᠳᠬᠡᠬᠦ ᠬᠡᠷᠡᠭᠲᠡᠢ᠃ ︵ᠨᠢᠭᠡ︶ ᠤᠰᠤ ᠲᠠᠲᠠᠬᠤ ᠤᠰᠤᠨ ᠤ | ᠡᠬᠢ ᠰᠤᠷᠪᠤᠯᠵᠢ᠂ ᠤᠰᠤ ᠲᠠᠲᠠᠬᠤ ᠠᠷᠭ᠎ᠠ ᠮᠠᠶ᠋ᠢᠭ ᠪᠤᠶᠤ ᠤᠰᠤ ᠲᠠᠲᠠᠬᠤ ᠭᠠᠵᠠᠷ ᠲᠤ ᠨᠡᠯᠢᠶᠡᠳ ᠶᠡᠭᠡ | ᠬᠤᠪᠢᠷᠠᠯᠲᠠ ᠭᠠᠷᠤᠭᠰᠠᠨ᠃ ︵ᠬᠤᠶᠠᠷ︶ ᠤᠰᠤ ᠠᠪᠬᠤ ᠬᠡᠮᠵᠢᠶ᠎ᠡ ᠨᠢ ᠨᠡᠯᠢᠶᠡᠳ ᠶᠡᠭᠡ ᠬᠤᠪᠢᠷᠠᠯᠲᠠ ᠭᠠᠷᠤᠭᠰᠠᠨ᠃ | ︵ᠭᠤᠷᠪᠠ︶ ᠤᠰᠤ ᠲᠠᠲᠠᠬᠤ ᠬᠡᠷᠡᠭᠴᠡᠭᠡ ᠳᠤ ᠨᠡᠯᠢᠶᠡᠳ ᠶᠡᠭᠡ ᠬᠤᠪᠢᠷᠠᠯᠲᠠ ᠭᠠᠷᠤᠭᠰᠠᠨ ︵ᠳᠥᠷᠪᠡ︶ ᠤᠰᠤ | ᠲᠠᠲᠠᠬᠤ ᠭᠠᠵᠠᠷ᠂ ᠤᠰᠤ ᠲᠠᠲᠠᠬᠤ ᠠᠷᠭ᠎ᠠ ᠮᠠᠶ᠋ᠢᠭ ᠪᠤᠶᠤ ᠤᠰᠤ ᠲᠠᠲᠠᠬᠤ ᠬᠡᠮᠵᠢᠶ᠎ᠡ ᠳᠤ ᠨᠡᠯᠢᠶᠡᠳ ᠶᠡᠭᠡ | ᠬᠤᠪᠢᠷᠠᠯᠲᠠ ᠭᠠᠷᠤᠭᠰᠠᠨ᠃ ︵ᠲᠠᠪᠤ︶ ᠤᠰᠤ ᠲᠠᠲᠠᠷᠠᠭᠤᠯᠬᠤ ᠪᠣᠬᠢᠷᠲᠤᠯ ᠪᠣᠳᠠᠰ ᠤᠨ ᠲᠦᠷᠦᠯ ᠵᠦᠢᠯ ᠪᠤᠶᠤ | ᠭᠠᠳᠠᠭᠰᠢᠯᠠᠭᠤᠯᠬᠤ ᠥᠳᠬᠡᠴᠡ ᠶᠢᠨ ᠬᠡᠮᠵᠢᠶ᠎ᠡ ᠨᠢ ᠨᠡᠯᠢᠶᠡᠳ ᠶᠡᠭᠡ ᠬᠤᠪᠢᠷᠠᠯᠲᠠ ᠭᠠᠷᠤᠭᠰᠠᠨ᠃ | | ᠳᠥᠷᠪᠡᠳᠦᠭᠡᠷ ᠪᠦᠯᠦᠭ ᠤᠰᠤᠨ ᠤ ᠡᠬᠢ ᠪᠠᠶᠠᠯᠢᠭ ᠤᠨ ᠵᠠᠷᠤᠳᠠᠯ ᠢ ᠲᠠᠲᠠᠪᠤᠷᠢᠯᠠᠬᠤ ᠪᠠ ᠬᠡᠷᠡᠭᠯᠡᠬᠦ ᠶᠢ | ᠬᠠᠮᠢᠶᠠᠷᠬᠤ | | ᠠᠷᠪᠠᠨ ᠳᠣᠯᠣᠳᠤᠭᠠᠷ ᠵᠦᠢᠯ ᠤᠰᠤ ᠲᠠᠲᠠᠬᠤ ᠨᠢᠭᠡᠴᠢ ᠪᠤᠶᠤ ᠬᠤᠪᠢ ᠬᠥᠮᠥᠨ ᠤᠰᠤ ᠲᠠᠲᠠᠬᠤ ᠬᠡᠮᠵᠢᠶ᠎ᠡ ᠪᠠ | ᠤᠰᠤᠨ ᠤ ᠡᠬᠢ ᠪᠠᠶᠠᠯᠢᠭ ᠤᠨ ᠰᠦᠢᠳᠬᠡᠯ ᠲᠠᠲᠠᠪᠤᠷᠢᠯᠠᠬᠤ ᠪᠠᠷᠢᠮᠵᠢᠶ᠎ᠠ ᠶᠣᠰᠣᠭᠠᠷ ᠤᠰᠤᠨ ᠤ ᠡᠬᠢ ᠪᠠᠶᠠᠯᠢᠭ ᠤᠨ | ᠰᠦᠢᠳᠬᠡᠯ ᠲᠤᠰᠢᠶᠠᠬᠤ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠮᠠᠯᠴᠢᠨ ᠲᠠᠷᠢᠶᠠᠴᠢᠳ ᠤᠨ ᠤᠰᠤ ᠬᠡᠷᠡᠭᠯᠡᠬᠦ | ᠲᠥᠯᠥᠪᠯᠡᠭᠡ ᠶᠢᠨ ᠳᠣᠲᠣᠷᠠᠬᠢ ᠪᠤᠶᠤ ᠲᠣᠭᠲᠠᠭᠰᠠᠨ ᠨᠣᠷᠮ᠎ᠠ ᠶᠢᠨ ᠳᠣᠲᠣᠷᠠᠬᠢ ᠲᠠᠷᠢᠶᠠᠯᠠᠩ ᠤᠨ ᠤᠰᠤᠯᠠᠯᠲᠠ ᠳᠤ | ᠬᠡᠷᠡᠭᠯᠡᠬᠦ ᠤᠰᠤ ᠪᠣᠯᠣᠨ ᠤᠤᠭᠤᠬᠤ ᠤᠰᠤᠨ ᠳᠤ ᠤᠰᠤᠨ ᠤ ᠡᠬᠢ ᠪᠠᠶᠠᠯᠢᠭ ᠤᠨ ᠰᠦᠢᠳᠬᠡᠯ ᠠᠴᠠ ᠬᠡᠯᠲᠦᠷᠢᠭᠦᠯᠬᠦ | ᠬᠡᠷᠡᠭᠲᠡᠢ᠃ ᠠᠷᠪᠠᠨ ᠨᠠᠢᠮᠠᠳᠤᠭᠠᠷ ᠵᠦᠢᠯ ᠣᠰᠤᠨ ᠤ ᠡᠬᠢ ᠪᠠᠶᠠᠯᠢᠭ ᠤᠨ ᠰᠦᠢᠳᠬᠡᠯ ᠢ ᠤᠰᠤ ᠲᠠᠲᠠᠬᠤ ᠶᠢ ᠬᠢᠨᠠᠨ | ᠵᠥᠪᠰᠢᠶᠡᠷᠡᠬᠦ ᠪᠠᠶᠢᠭᠤᠯᠭ᠎ᠠ ᠠᠴᠠ ᠬᠠᠷᠢᠭᠤᠴᠠᠨ ᠲᠠᠲᠠᠪᠤᠷᠢᠯᠠᠨ᠎ᠠ᠃ ᠡᠭᠦᠨ ᠳᠤ ᠰᠠᠪᠠ ᠭᠠᠵᠠᠷ ᠤᠨ | ᠬᠠᠮᠢᠶᠠᠷᠤᠯᠲᠠ ᠶᠢᠨ ᠪᠠᠶᠢᠭᠤᠯᠤᠮᠵᠢ ᠠᠴᠠ ᠬᠢᠨᠠᠨ ᠵᠥᠪᠰᠢᠶᠡᠷᠡᠭᠰᠡᠨ ᠪᠣᠯ ᠤᠰᠤᠨ ᠤ ᠡᠬᠢ ᠪᠠᠶᠠᠯᠢᠭ ᠤᠨ ᠵᠠᠷᠤᠳᠠᠯ ᠢ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠣᠷᠣᠯᠠᠨ ᠲᠠᠲᠠᠪᠤᠷᠢᠯᠠᠨ᠎ᠠ᠃ ᠤᠰᠤ ᠲᠠᠲᠠᠬᠤ ᠶᠢ ᠬᠢᠨᠠᠨ ᠵᠥᠪᠰᠢᠶᠡᠷᠡᠬᠦ | ᠪᠠᠶᠢᠭᠤᠯᠭ᠎ᠠ ᠨᠢ ᠬᠠᠷᠢᠶ᠎ᠠ ᠤᠰᠤᠨ ᠤ ᠶᠠᠪᠤᠳᠠᠯ ᠢ ᠬᠢᠨᠠᠨ ᠪᠠᠶᠢᠴᠠᠭᠠᠬᠤ ᠪᠠᠶᠢᠭᠤᠯᠤᠮᠵᠢ ᠪᠤᠶᠤ ᠤᠰᠤ ᠲᠠᠲᠠᠬᠤ | ᠠᠮᠠᠰᠠᠷ ᠤᠨ ᠪᠠᠶᠢᠭ᠎ᠠ ᠭᠠᠵᠠᠷ ᠤᠨ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠲᠤ ᠨᠠᠶᠢᠳᠠᠵᠤ ᠤᠰᠤᠨ ᠤ ᠡᠬᠢ ᠪᠠᠶᠠᠯᠢᠭ ᠤᠨ ᠰᠦᠢᠳᠬᠡᠯ ᠲᠠᠲᠠᠪᠤᠷᠢᠯᠠᠵᠤ ᠪᠣᠯᠣᠨ᠎ᠠ᠃ ᠠᠷᠪᠠ ᠶᠢᠰᠦᠳᠦᠭᠡᠷ | ᠵᠦᠢᠯ ᠤᠰᠤᠨ ᠤ ᠡᠬᠢ ᠪᠠᠶᠠᠯᠢᠭ ᠤᠨ ᠵᠠᠷᠤᠳᠠᠯ ᠢ ᠱᠠᠲᠤ ᠬᠤᠪᠢᠶᠠᠨ ᠰᠠᠷ᠎ᠠ ᠪᠠᠷ ᠲᠠᠲᠠᠪᠤᠷᠢᠯᠠᠬᠤ ᠶᠢ ᠬᠡᠷᠡᠭᠵᠢᠭᠦᠯᠵᠦ᠂ | ᠲᠠᠲᠠᠪᠤᠷᠢᠯᠠᠬᠤ ᠪᠠᠶᠢᠭᠤᠯᠤᠯᠭ᠎ᠠ ᠨᠢ ᠤᠰᠤ ᠲᠠᠲᠠᠬᠤ ᠨᠢᠭᠡᠴᠢ ᠪᠤᠶᠤ ᠬᠤᠪᠢ ᠬᠥᠮᠥᠨ ᠳᠤ ᠤᠰᠤᠨ ᠤ ᠡᠬᠢ | ᠪᠠᠶᠠᠯᠢᠭ ᠤᠨ ᠵᠠᠷᠤᠳᠠᠯ ᠲᠤᠰᠢᠶᠠᠬᠤ ᠮᠡᠳᠡᠭᠳᠡᠯ ᠤᠨ ᠬᠠᠭᠤᠳᠠᠰᠤ ᠶᠢ ᠰᠠᠷ᠎ᠠ ᠪᠠᠷ ᠬᠦᠷᠭᠡᠬᠦ ᠬᠡᠷᠡᠭᠲᠡᠢ᠃ ᠬᠤᠷᠢᠳᠤᠭᠠᠷ | ᠵᠦᠢᠯ ᠣᠰᠤᠨ ᠤ ᠡᠬᠢ ᠪᠠᠶᠠᠯᠢᠭ ᠤᠨ ᠰᠦᠢᠳᠬᠡᠯ ᠢ ᠬᠠᠤᠯᠢ ᠶᠢᠨ ᠬᠥᠮᠥᠨ ᠢᠶᠠᠷ ᠪᠤᠳᠤᠵᠤ ᠬᠤᠷᠢᠶᠠᠬᠤ ᠨᠢᠭᠡᠴᠢ | ᠪᠣᠯᠭᠠᠵᠤ ᠨᠢᠭᠡᠳᠦᠯᠲᠡᠢ ᠲᠤᠰᠢᠶᠠᠬᠤ ᠬᠡᠷᠡᠭᠲᠡᠢ᠃ ᠬᠠᠤᠯᠢ ᠶᠢᠨ ᠡᠲᠡᠭᠡᠳ ᠤ ᠬᠢᠷᠢ ᠬᠡᠮ ᠦᠭᠡᠢ ᠪᠣᠯ ᠡᠳ᠋ ᠤᠨ | ᠶᠠᠪᠤᠳᠠᠯ ᠤᠨ ᠪᠡᠶ᠎ᠡ ᠪᠠᠨ ᠳᠠᠭᠠᠭᠠᠵᠤ ᠲᠣᠭᠠᠴᠠᠭ᠎ᠠ ᠬᠢᠬᠦ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠥᠨ ᠢᠶᠠᠷ | ᠪᠤᠳᠤᠵᠤ ᠬᠤᠷᠢᠶᠠᠬᠤ ᠨᠢᠭᠡᠴᠢ ᠪᠣᠯᠭᠠᠵᠤ ᠤᠰᠤᠨ ᠤ ᠡᠬᠢ ᠪᠠᠶᠠᠯᠢᠭ ᠤᠨ ᠵᠠᠷᠤᠳᠠᠯ ᠲᠤᠰᠢᠶᠠᠨ᠎ᠠ᠃ ᠮᠠᠯᠴᠢᠨ | ᠲᠠᠷᠢᠶᠠᠴᠢᠳ ᠤᠨ ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ ᠤᠰᠤᠨ ᠤ ᠲᠥᠯᠥᠪᠯᠡᠭᠡ ᠠᠴᠠ ᠬᠡᠲᠦᠷᠡᠭᠰᠡᠨ ᠪᠤᠶᠤ | ᠲᠣᠭᠲᠠᠭᠰᠠᠨ ᠲᠣᠭᠠᠨ ᠤ ᠤᠰᠤᠨ ᠤ ᠬᠡᠮᠵᠢᠶ᠎ᠡ ᠠᠴᠠ ᠬᠡᠲᠦᠷᠡᠭᠰᠡᠨ ᠤᠰᠤᠨ ᠤ ᠡᠬᠢ ᠪᠠᠶᠠᠯᠢᠭ ᠤᠨ ᠰᠦᠢᠳᠬᠡᠯ ᠢ | ᠤᠰᠤ ᠬᠠᠩᠭᠠᠬᠤ ᠪᠠᠷᠢᠯᠭ᠎ᠠ ᠶᠢᠨ ᠨᠢᠭᠡᠴᠢ ᠪᠤᠶᠤ ᠤᠰᠤᠯᠠᠯᠲᠠ ᠶᠢᠨ ᠣᠷᠣᠨ ᠤ ᠬᠠᠮᠢᠶᠠᠷᠤᠯᠲᠠ ᠶᠢᠨ ᠨᠢᠭᠡᠴᠢ ᠠᠴᠠ | ᠤᠰᠤᠨ ᠤ ᠰᠦᠢᠳᠬᠡᠯ ᠢ ᠲᠠᠲᠠᠪᠤᠷᠢᠯᠠᠬᠤ ᠳᠠᠭᠠᠨ ᠵᠡᠷᠭᠡᠪᠡᠷ ᠲᠠᠲᠠᠪᠤᠷᠢᠯᠠᠵᠤ᠂ ᠤᠰᠤᠨ ᠤ ᠡᠬᠢ ᠪᠠᠶᠠᠯᠢᠭ ᠤᠨ | ᠰᠦᠢᠳᠬᠡᠯ ᠢ ᠲᠠᠲᠠᠪᠤᠷᠢᠯᠠᠬᠤ ᠪᠠᠶᠢᠭᠤᠯᠤᠯᠭ᠎ᠠ ᠳᠤ ᠨᠢᠭᠡᠳᠦᠯᠲᠡᠢ ᠲᠤᠰᠢᠶᠠᠨ᠎ᠠ᠃ ᠬᠤᠲᠠ ᠪᠠᠯᠭᠠᠰᠤ ᠶᠢᠨ ᠣᠯᠠᠨ | ᠨᠡᠶᠢᠲᠡ ᠶᠢᠨ ᠬᠠᠩᠭᠠᠬᠤ ᠤᠰᠤᠨ ᠤ ᠦᠨ᠎ᠡ ᠬᠠᠩᠰᠢ ᠳᠤ ᠤᠰᠤᠨ ᠤ ᠡᠬᠢ ᠪᠠᠶᠠᠯᠢᠭ ᠤᠨ ᠰᠦᠢᠳᠬᠡᠯ ᠢ ᠪᠠᠭᠲᠠᠭᠠᠵᠤ᠂ | ᠤᠰᠤ ᠬᠠᠩᠭᠠᠬᠤ ᠬᠠᠮᠢᠶᠠᠷᠤᠯᠲᠠ ᠶᠢᠨ ᠨᠢᠭᠡᠴᠢ ᠨᠢ ᠤᠰᠤᠨ ᠤ ᠡᠬᠢ ᠪᠠᠶᠠᠯᠢᠭ ᠤᠨ ᠰᠦᠢᠳᠬᠡᠯ ᠢ | ᠲᠠᠲᠠᠪᠤᠷᠢᠯᠠᠬᠤᠬᠤᠷᠢᠨ ᠨᠢᠭᠡᠳᠦᠭᠡᠷ ᠵᠦᠢᠯ ᠠᠵᠤ ᠠᠬᠤᠶᠢᠯᠠᠯ ᠤᠨ ᠲᠤᠰᠢᠶᠠᠭᠰᠠᠨ ᠤᠰᠤᠨ ᠤ ᠡᠬᠢ ᠪᠠᠶᠠᠯᠢᠭ ᠤᠨ | ᠵᠠᠷᠤᠳᠠᠯ ᠢ ᠦᠢᠯᠡᠳᠪᠦᠷᠢᠯᠡᠬᠦ ᠠᠵᠢᠯ᠂ ᠡᠵᠡᠩᠨᠡᠯᠲᠡ ᠶᠢᠨ ᠥᠪᠡᠷ ᠤᠨ ᠥᠷᠳᠡᠭ ᠪᠤᠶᠤ ᠵᠠᠷᠤᠳᠠᠯ ᠳᠤ ᠪᠤᠳᠤᠵᠤ | ᠣᠷᠣᠭᠤᠯᠬᠤ ᠬᠡᠷᠡᠭᠲᠡᠢ᠂ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠶᠢᠨ ᠲᠤᠰᠢᠶᠠᠭᠰᠠᠨ ᠤᠰᠤᠨ ᠤ ᠡᠬᠢ | ᠪᠠᠶᠠᠯᠢᠭ ᠤᠨ ᠵᠠᠷᠤᠳᠠᠯ ᠢ ᠵᠠᠰᠠᠭ ᠵᠠᠬᠢᠷᠭᠠᠨ ᠤ ᠠᠵᠢᠯ ᠦᠢᠯᠡᠰ ᠤᠨ ᠵᠠᠷᠤᠳᠠᠯ ᠤᠨ ᠳᠣᠲᠣᠷ᠎ᠠ ᠠᠴᠠ ᠭᠠᠷᠭᠠᠨ᠎ᠠ᠃ | ᠭᠡᠬᠦ ᠳᠡᠭᠡᠨ ᠤᠰᠤ ᠲᠠᠲᠠᠬᠤ ᠨᠢᠭᠡᠴᠢ ᠶᠢᠨ ᠲᠥᠯᠥᠪᠯᠡᠭᠡ ᠠᠴᠠ ᠳᠠᠪᠠᠭᠤᠯᠤᠭᠰᠠᠨ ᠪᠤᠶᠤ ᠲᠣᠭᠲᠠᠭᠰᠠᠨ ᠨᠤᠷᠮ᠎ᠠ ᠠᠴᠠ | ᠳᠠᠪᠠᠭᠤᠯᠤᠭᠰᠠᠨ ᠤᠰᠤ ᠬᠡᠷᠡᠭᠯᠡᠭᠰᠡᠨ ᠬᠡᠮᠵᠢᠶ᠎ᠡ ᠪᠠᠨ ᠤᠰᠤᠨ ᠤ ᠡᠬᠢ ᠪᠠᠶᠠᠯᠢᠭ ᠤᠨ ᠵᠠᠷᠤᠳᠠᠯ ᠪᠣᠯᠣᠨ ᠬᠤᠭᠤᠴᠠᠭ᠎ᠠ | ᠰᠠᠭᠠᠲᠠᠭᠤᠯᠤᠭᠰᠠᠨ ᠲᠣᠷᠭᠠᠭᠤᠯᠢ ᠶᠢᠨ ᠮᠥᠩᠭᠦ ᠶᠢ ᠥᠪᠡᠷ ᠤᠨ ᠥᠷᠳᠡᠭ ᠪᠤᠶᠤ ᠵᠠᠷᠤᠳᠠᠯ ᠳᠤ ᠪᠤᠳᠤᠵᠤ ᠣᠷᠣᠭᠤᠯᠵᠤ | ᠪᠣᠯᠬᠤ ᠦᠭᠡᠢ᠃ ᠬᠤᠷᠢᠨ ᠬᠤᠶᠠᠳᠤᠭᠠᠷ ᠵᠦᠢᠯ ᠶᠠᠮᠠᠷᠪᠠ ᠨᠢᠭᠡᠴᠢ ᠪᠣᠯᠣᠨ ᠬᠤᠪᠢ ᠬᠥᠮᠥᠨ ᠭᠡᠳ ᠤᠰᠤ ᠬᠡᠷᠡᠭᠯᠡᠬᠦ | ᠨᠢᠭᠡᠴᠢ ᠪᠣᠯᠣᠨ ᠬᠤᠪᠢ ᠬᠥᠮᠥᠨ ᠤ ᠤᠰᠤᠨ ᠤ ᠡᠬᠢ ᠪᠠᠶᠠᠯᠢᠭ ᠤᠨ ᠵᠠᠷᠤᠳᠠᠯ ᠢ ᠬᠠᠰᠤᠵᠤ ᠬᠤᠷᠢᠶᠠᠬᠤ ᠪᠤᠶᠤ | ᠬᠤᠷᠢᠶᠠᠬᠤ ᠠᠴᠠ ᠬᠡᠯᠲᠦᠷᠢᠭᠦᠯᠵᠦ ᠪᠣᠯᠬᠤ ᠦᠭᠡᠢ᠃ ᠤᠰᠤᠨ ᠤ ᠡᠬᠢ ᠪᠠᠶᠠᠯᠢᠭ ᠤᠨ ᠵᠠᠷᠤᠳᠠᠯ ᠢ ᠳᠤᠷ᠎ᠠ ᠪᠠᠷ ᠢᠶᠠᠨ | ᠬᠠᠰᠤᠵᠤ ᠬᠡᠯᠲᠦᠷᠢᠭᠦᠯᠦᠭᠰᠡᠨ ᠪᠣᠯ ᠳᠡᠭᠡᠷ᠎ᠡ ᠨᠢᠭᠡ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠰᠢᠭᠤᠳ ᠲᠠᠲᠠᠪᠤᠷᠢᠯᠠᠬᠤ ᠶᠢᠨ ᠬᠠᠮᠲᠤ ᠠᠳᠠᠯᠢ ᠱᠠᠲᠤᠨ ᠤ ᠤᠯᠤᠰ ᠤᠨ | ᠬᠥᠮᠥᠷᠭᠡ ᠳᠤ ᠲᠤᠰᠢᠶᠠᠵᠤ ᠥᠭᠬᠦ ᠬᠡᠷᠡᠭᠲᠡᠢ᠃ ᠬᠤᠷᠢᠨ ᠭᠤᠷᠪᠠᠳᠤᠭᠠᠷ ᠵᠦᠢᠯ ᠤᠰᠤᠨ ᠤ ᠡᠬᠢ ᠪᠠᠶᠠᠯᠢᠭ ᠤᠨ | ᠵᠠᠷᠤᠳᠠᠯ ᠲᠠᠲᠠᠪᠤᠷᠢᠯᠠᠬᠤ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠳ᠋ ᠤᠨ | ᠵᠠᠰᠠᠭ ᠤᠨ ᠰᠠᠯᠠᠭ᠎ᠠ ᠮᠥᠴᠢᠷ ᠤᠨ ᠨᠢᠭᠡᠳᠦᠯᠲᠡᠢ ᠬᠡᠪᠯᠡᠨ ᠵᠣᠬᠢᠶᠠᠭᠰᠠᠨ ᠲᠤᠰᠬᠠᠢ ᠬᠡᠷᠡᠭᠯᠡᠬᠦ ᠫᠢᠶᠣᠣ ᠪᠠᠷᠢᠮᠲᠠ ᠶᠢ | ᠬᠡᠷᠡᠭᠯᠡᠬᠦ ᠬᠡᠷᠡᠭᠲᠡᠢ᠃ ᠲᠠᠲᠠᠪᠤᠷᠢᠯᠠᠭᠰᠠᠨ ᠤᠰᠤᠨ ᠤ ᠡᠬᠢ ᠪᠠᠶᠠᠯᠢᠭ ᠤᠨ ᠵᠠᠷᠤᠳᠠᠯ ᠢ ᠪᠥᠬᠦ ᠲᠤᠭ᠎ᠠ ᠪᠠᠷ ᠨᠢ ᠠᠳᠠᠯᠢ | ᠱᠠᠲᠤᠨ ᠤ ᠤᠯᠤᠰ ᠤᠨ ᠬᠥᠮᠥᠷᠭᠡ ᠳᠤ ᠲᠤᠰᠢᠶᠠᠨ ᠣᠷᠣᠭᠤᠯᠵᠤ᠂ ᠡᠳ᠋ ᠤᠨ ᠵᠠᠰᠠᠭ ᠤᠨ ᠲᠥᠰᠥᠪ ᠤᠨ | ᠬᠠᠮᠢᠶᠠᠷᠤᠯᠲᠠ᠂ ᠲᠤᠰᠬᠠᠢ ᠲᠠᠩᠰᠠᠨ ᠡᠷᠥᠭᠡ ᠪᠠᠷ ᠬᠠᠳᠠᠭᠠᠯᠠᠬᠤ᠂ ︽ᠣᠷᠣᠯᠭ᠎ᠠ ᠵᠠᠷᠤᠯᠭ᠎ᠠ ᠶᠢ ᠠᠰ ᠲᠤᠨᠢ | ᠪᠠᠶᠢᠯᠭᠠᠬᠤ︾ ᠬᠠᠮᠢᠶᠠᠷᠤᠯᠲᠠ ᠶᠢ ᠬᠡᠷᠡᠭᠵᠢᠭᠦᠯᠵᠦ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠵᠥᠪᠰᠢᠶᠡᠷᠡᠭᠰᠡᠨ | ᠰᠠᠯᠠᠭ᠎ᠠ ᠮᠥᠴᠢᠷ ᠤᠨ ᠡᠳ᠋ ᠤᠨ ᠵᠠᠰᠠᠭ ᠤᠨ ᠲᠥᠰᠥᠪ ᠤᠨ ᠶᠣᠰᠣᠭᠠᠷ ᠨᠢᠭᠡᠳᠦᠯᠲᠡᠢ ᠲᠥᠯᠥᠪᠯᠡᠨ ᠲᠣᠬᠢᠷᠠᠭᠤᠯᠬᠤ | ᠬᠡᠷᠡᠭᠲᠡᠢ᠃ ᠬᠤᠷᠢᠨ ᠳᠥᠷᠪᠡᠳᠦᠭᠡᠷ ᠵᠦᠢᠯ ᠣᠰᠤᠨ ᠤ ᠡᠬᠢ ᠪᠠᠶᠠᠯᠢᠭ ᠤᠨ ᠰᠦᠢᠳᠬᠡᠯ ᠢ ᠭᠤᠣᠯᠳᠠᠭᠤ ᠤᠰᠤᠨ ᠤ | ᠡᠬᠢ ᠪᠠᠶᠠᠯᠢᠭ ᠢ ᠠᠷᠪᠢᠯᠠᠬᠤ᠂ ᠬᠠᠮᠠᠭᠠᠯᠠᠬᠤ ᠪᠠ ᠬᠠᠮᠢᠶᠠᠷᠬᠤ ᠳᠤ ᠬᠡᠷᠡᠭᠯᠡᠨ᠎ᠡ᠂ ᠤᠰᠤᠨ ᠤ ᠡᠬᠢ ᠪᠠᠶᠠᠯᠢᠭ ᠢ ᠵᠦᠢ | ᠵᠣᠬᠢᠰᠲᠠᠢ ᠨᠡᠭᠡᠭᠡᠨ ᠠᠰᠢᠭᠯᠠᠬᠤ ᠳᠤ ᠴᠤ ᠬᠡᠷᠡᠭᠯᠡᠵᠦ ᠪᠣᠯᠣᠨ᠎ᠠ᠃ ᠪᠣᠳᠠᠲᠠᠢ ᠬᠡᠷᠡᠭᠯᠡᠬᠦ ᠬᠡᠪᠴᠢᠶ᠎ᠡ ᠨᠢ ᠳᠣᠣᠷᠠᠬᠢ ᠮᠡᠲᠦ | ᠄ ︵ᠨᠢᠭᠡ︶ ᠤᠰᠤᠨ ᠤ ᠡᠬᠢ ᠪᠠᠶᠠᠯᠢᠭ ᠢ ᠪᠠᠶᠢᠴᠠᠭᠠᠨ ᠦᠨᠡᠯᠡᠬᠦ᠂ ᠮᠡᠳᠡᠭᠡ ᠵᠠᠩᠭᠢ ᠴᠤᠭᠯᠠᠭᠤᠯᠬᠤ᠂ ᠤᠰᠤᠨ ᠤ | ᠤᠷᠲᠤᠪᠲᠤᠷ ᠪᠠ ᠣᠷᠳᠣ ᠬᠤᠭᠤᠴᠠᠭᠠᠨ ᠤ ᠬᠠᠩᠭᠠᠯᠭ᠎ᠠ ᠬᠡᠷᠡᠭᠴᠡᠭᠡ ᠶᠢᠨ ᠲᠥᠯᠦᠪᠵᠢᠭᠦᠯᠭᠡ ᠵᠢᠴᠢ ᠲᠥᠷᠥ ᠶᠢᠨ | ᠪᠣᠳᠣᠯᠭ᠎ᠠ ᠬᠠᠤᠯᠢ ᠲᠣᠭᠲᠠᠭᠠᠯ ᠤᠨ ᠰᠤᠳᠤᠯᠤᠯ᠃ ︵ᠬᠤᠶᠠᠷ︶ ᠤᠰᠤᠨ ᠤ ᠡᠬᠢ ᠪᠠᠶᠠᠯᠢᠭ ᠢ ᠬᠢᠨᠠᠨ ᠬᠠᠮᠢᠶᠠᠷᠬᠤ | ᠴᠢᠳᠠᠪᠤᠷᠢ ᠶᠢᠨ ᠪᠠᠶᠢᠭᠤᠯᠤᠯᠲᠠ ᠵᠢᠴᠢ ᠲᠡᠭᠦᠨ ᠤ ᠠᠵᠢᠯᠯᠠᠭᠠᠨ ᠤ ᠬᠠᠮᠠᠭᠠᠯᠠᠯᠲᠠ᠃ ︵ᠭᠤᠷᠪᠠ︶ ᠤᠰᠤᠨ ᠤ ᠡᠬᠢ | ᠪᠠᠶᠠᠯᠢᠭ ᠤᠨ ᠬᠠᠮᠢᠶᠠᠷᠤᠯᠲᠠ ᠪᠣᠯᠣᠨ ᠮᠡᠷᠭᠡᠵᠢᠯ ᠤᠨ ᠠᠵᠢᠯᠲᠠᠨ ᠤ ᠪᠣᠯᠪᠠᠰᠤᠷᠠᠭᠤᠯᠤᠯ ᠵᠢᠴᠢ ᠤᠰᠤᠨ ᠤ ᠬᠠᠤᠯᠢ | ᠲᠣᠭᠲᠠᠭᠠᠯ ᠤᠨ ᠤᠬᠠᠭᠤᠯᠭ᠎ᠠ ᠬᠥᠮᠦᠵᠢᠯ ︵ᠳᠥᠷᠪᠡ︶ ᠤᠰᠤᠨ ᠤ ᠡᠬᠢ ᠪᠠᠶᠠᠯᠢᠭ ᠢ ᠠᠷᠪᠢᠯᠠᠭᠰᠠᠨ᠂ | ᠬᠠᠮᠠᠭᠠᠯᠠᠭᠰᠠᠨ ᠪᠠ ᠬᠠᠮᠢᠶᠠᠷᠤᠭᠰᠠᠨ ᠤ ᠱᠠᠩᠨᠠᠯ ᠵᠢᠴᠢ ᠤᠰᠤᠨ ᠤ ᠡᠬᠢ ᠪᠠᠶᠠᠯᠢᠭ ᠤᠨ ᠵᠠᠷᠤᠳᠠᠯ ᠲᠠᠲᠠᠪᠤᠷᠢᠯᠠᠭᠰᠠᠨ | ᠵᠠᠷᠤᠳᠠᠯ ᠤᠨ ᠨᠥᠬᠦᠪᠦᠷᠢ ︵ᠲᠠᠪᠤ︶ ᠤᠰᠤ ᠲᠠᠲᠠᠬᠤ ᠠᠮᠠᠰᠠᠷ ᠤᠨ ᠪᠠᠶᠢᠭ᠎ᠠ ᠭᠠᠵᠠᠷ ᠤᠨ ᠤᠰᠤᠨ ᠤ ᠡᠬᠢ ᠪᠠᠶᠠᠯᠢᠭ ᠢ | ᠬᠢᠨᠠᠨ ᠬᠡᠮᠵᠢᠬᠦ ᠪᠠ ᠤᠰᠤᠨ ᠤ ᠡᠬᠢ ᠰᠤᠷᠪᠤᠯᠵᠢ ᠶᠢᠨ ᠭᠠᠵᠠᠷ ᠢ ᠬᠠᠮᠠᠭᠠᠯᠠᠬᠤ᠃ ︵ᠵᠢᠷᠭᠤᠭ᠎ᠠ︶ ᠤᠯᠤᠰ ᠠᠴᠠ | ᠲᠣᠭᠲᠠᠭᠠᠭᠰᠠᠨ ᠪᠤᠰᠤᠳ ᠬᠡᠷᠡᠭᠯᠡᠬᠦ ᠬᠦᠷᠢᠶ᠎ᠡ ᠬᠡᠪᠴᠢᠶ᠎ᠡ᠃ ᠬᠤᠷᠢᠨ ᠲᠠᠪᠤᠳᠤᠭᠠᠷ ᠵᠦᠢᠯ ᠣᠰᠤᠨ ᠤ ᠡᠬᠢ | ᠪᠠᠶᠠᠯᠢᠭ ᠤᠨ ᠵᠠᠷᠤᠳᠠᠯ ᠤᠨ ᠬᠡᠷᠡᠭᠯᠡᠯᠲᠡ ᠶᠢ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ | ᠰᠠᠯᠠᠭ᠎ᠠ ᠮᠥᠴᠢᠷ ᠠᠴᠠ ᠣᠨ ᠤ ᠬᠡᠷᠡᠭᠯᠡᠬᠦ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ᠂ ᠠᠳᠠᠯᠢ ᠱᠠᠲᠤᠨ ᠤ | ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ ᠲᠣᠭᠲᠠᠭᠠᠯᠭᠠᠭᠰᠠᠨ ᠤ ᠳᠠᠷᠠᠭ᠎ᠠ᠂ ᠤᠰᠤᠨ ᠤ | ᠶᠠᠪᠤᠳᠠᠯ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠡᠳ᠋ ᠤᠨ ᠵᠠᠰᠠᠭ ᠤᠨ ᠰᠠᠯᠠᠭ᠎ᠠ | ᠮᠥᠴᠢᠷ ᠤᠨ ᠪᠠᠭᠤᠯᠭᠠᠭᠰᠠᠨ ᠲᠥᠯᠥᠪᠯᠡᠭᠡ ᠶᠣᠰᠣᠭᠠᠷ ᠬᠡᠷᠡᠭᠯᠡᠨ᠎ᠡ᠃ | | ᠲᠠᠪᠤᠳᠤᠭᠠᠷ ᠪᠦᠯᠦᠭ ᠬᠢᠨᠠᠵᠤ ᠬᠠᠮᠢᠶᠠᠷᠬᠤ | | ᠬᠤᠷᠢᠨ ᠵᠢᠷᠭᠤᠳᠤᠭᠠᠷ ᠵᠦᠢᠯ ᠤᠰᠤ ᠲᠠᠲᠠᠬᠤ ᠶᠢ ᠬᠢᠨᠠᠨ ᠵᠥᠪᠰᠢᠶᠡᠷᠡᠬᠦ ᠪᠠᠶᠢᠭᠤᠯᠤᠯᠭ᠎ᠠ ᠨᠢ ᠤᠰᠤ ᠲᠠᠲᠠᠬᠤ | ᠵᠥᠪᠰᠢᠶᠡᠷᠡᠯ ᠳᠤ ᠬᠢᠨᠠᠯᠲᠠ ᠲᠠᠯᠪᠢᠵᠤ ᠪᠠᠶᠢᠴᠠᠭᠠᠬᠤ ᠳᠦᠷᠢᠮ ᠪᠠᠶᠢᠭᠤᠯᠵᠤ᠂ ᠲᠡᠭᠦᠨ ᠤ ᠬᠢᠨᠠᠨ ᠵᠥᠪᠰᠢᠶᠡᠷᠡᠭᠰᠡᠨ | ᠤᠰᠤ ᠲᠠᠲᠠᠬᠤ ᠵᠥᠪᠰᠢᠶᠡᠷᠡᠯ ᠵᠢᠴᠢ ᠳᠣᠣᠷ᠎ᠠ ᠱᠠᠲᠤᠨ ᠤ ᠤᠰᠤ ᠲᠠᠲᠠᠬᠤ ᠵᠥᠪᠰᠢᠶᠡᠷᠡᠯ ᠤᠨ ᠳᠦᠷᠢᠮ ᠢ | ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠬᠠᠮᠢᠶᠠᠷᠬᠤ ᠬᠡᠷᠡᠭᠲᠡᠢ᠃ ᠬᠤᠷᠢᠨ ᠳᠣᠯᠣᠳᠤᠭᠠᠷ ᠵᠦᠢᠯ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ | ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠤᠰᠤ ᠲᠠᠲᠠᠬᠤ ᠨᠢᠭᠡᠴᠢ ᠪᠤᠶᠤ ᠬᠤᠪᠢ ᠬᠥᠮᠥᠨ ᠢ | ᠲᠥᠯᠥᠪᠯᠡᠭᠡ ᠲᠠᠢ ᠪᠠᠷ ᠵᠢᠯᠤᠭᠤᠳᠴᠤ ᠪᠠᠶᠢᠭᠠᠳ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ | ᠪᠠᠷᠢᠮᠵᠢᠶ᠎ᠠ ᠶᠣᠰᠣᠭᠠᠷ ᠤᠰᠤᠨ ᠤ ᠲᠡᠩᠴᠡᠭᠦᠷᠢ ᠶᠢᠨ ᠬᠡᠮᠵᠢᠯᠲᠡ ᠬᠢᠯᠭᠡᠵᠦ᠂ ᠤᠰᠤ ᠬᠡᠷᠡᠭᠯᠡᠬᠦ ᠤᠷᠠᠨ ᠳᠠᠷᠬ᠎ᠠ ᠶᠢ | ᠬᠠᠯᠠᠨ ᠰᠠᠶᠢᠵᠢᠷᠠᠭᠤᠯᠵᠤ᠂ ᠤᠰᠤᠨ ᠤ ᠡᠷᠭᠢᠯᠳᠦᠭᠦᠯᠦᠨ ᠠᠰᠢᠭᠯᠠᠬᠤ ᠨᠤᠷᠮ᠎ᠠ ᠪᠣᠯᠣᠨ ᠬᠠᠶᠠᠭᠳᠠᠮᠠᠯ ᠪᠣᠬᠢᠷ ᠤᠰᠤ ᠶᠢ | ᠡᠭᠡᠭᠦᠯᠦᠨ ᠬᠡᠷᠡᠭᠯᠡᠬᠦ ᠨᠤᠷᠮ᠎ᠠ ᠶᠢ ᠳᠡᠭᠡᠭᠰᠢᠯᠡᠭᠦᠯᠬᠦ ᠬᠡᠷᠡᠭᠲᠡᠢ᠃ ᠬᠤᠷᠢᠨ ᠨᠠᠢᠮᠠᠳᠤᠭᠠᠷ ᠵᠦᠢᠯ ᠤᠯᠠᠨ ᠨᠡᠶᠢᠲᠡ ᠶᠢᠨ ᠪᠠ | ᠠᠷᠠᠳ ᠤᠨ ᠬᠡᠷᠡᠭᠯᠡᠭᠡᠨ ᠤ ᠪᠠᠷᠢᠯᠭ᠎ᠠ ᠵᠡᠷᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠤᠰᠤ ᠠᠷᠪᠢᠯᠠᠬᠤ | ᠲᠥᠬᠦᠭᠡᠷᠦᠮᠵᠢ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠵᠤ᠂ ᠤᠰᠤ ᠠᠷᠪᠢᠯᠠᠬᠤ ᠪᠠᠭᠠᠵᠢ ᠬᠡᠷᠡᠭᠰᠡᠯ | ᠤᠭᠰᠠᠷᠠᠵᠤ᠂ ᠪᠠᠷᠢᠯᠭ᠎ᠠ ᠶᠢᠨ ᠠᠵᠢᠯ ᠳᠠᠭᠤᠰᠤᠭᠰᠠᠨ ᠤ ᠲᠠᠷᠠᠭ᠎ᠠ ᠲᠥᠷᠥᠯ ᠵᠦᠢᠯ ᠤᠨ ᠪᠠᠶᠢᠭ᠎ᠠ ᠭᠠᠵᠠᠷ ᠤᠨ ᠤᠰᠤ | ᠠᠷᠪᠢᠯᠠᠵᠤ ᠬᠡᠷᠡᠭᠯᠡᠬᠦ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠤᠰᠤ ᠠᠷᠪᠢᠯᠠᠬᠤ ᠲᠤᠰᠬᠠᠢ ᠵᠦᠢᠯ ᠤᠨ | ᠰᠢᠯᠭᠠᠨ ᠠᠪᠬᠤ ᠶᠢ ᠵᠣᠬᠢᠶᠠᠨ ᠪᠠᠶᠢᠭᠤᠯᠬᠤ ᠬᠡᠷᠡᠭᠲᠡᠢ᠃ ᠬᠤᠷᠢ ᠶᠢᠰᠦᠳᠦᠭᠡᠷ ᠵᠦᠢᠯ ᠤᠰᠤ ᠲᠠᠲᠠᠬᠤ ᠨᠢᠭᠡᠴᠢ ᠪᠤᠶᠤ | ᠬᠤᠪᠢ ᠬᠥᠮᠥᠨ ᠲᠣᠭᠲᠠᠭᠠᠯ ᠶᠣᠰᠣᠭᠠᠷ ᠤᠰᠤ ᠪᠤᠴᠠᠭᠠᠭᠰᠠᠨ ᠤᠰᠤᠨ ᠤ ᠴᠢᠨᠠᠷ ᠢ ᠬᠢᠨᠠᠨ ᠬᠡᠮᠵᠢᠬᠦ ᠦᠭᠡᠢ ᠪᠣᠯ | ᠤᠰᠤ ᠲᠠᠲᠠᠬᠤ ᠶᠢ ᠬᠢᠨᠠᠨ ᠵᠥᠪᠰᠢᠶᠡᠷᠡᠬᠦ ᠪᠠᠶᠢᠭᠤᠯᠤᠯᠭ᠎ᠠ ᠠᠴᠠ ᠬᠢᠷᠢ ᠴᠢᠳᠠᠮᠵᠢ ᠪᠠᠨ ᠱᠠᠭᠠᠷᠳᠠᠯᠭ᠎ᠠ ᠳᠤ ᠨᠡᠶᠢᠴᠡᠬᠦ | ᠬᠢᠨᠠᠨ ᠬᠡᠮᠵᠢᠬᠦ ᠨᠢᠭᠡᠴᠢ ᠶᠢ ᠵᠢᠭᠠᠨ ᠲᠣᠭᠲᠠᠭᠠᠵᠤ ᠬᠢᠨᠠᠨ ᠬᠡᠮᠵᠢᠵᠦ ᠪᠣᠯᠣᠨ᠎ᠠ᠂ ᠵᠠᠷᠤᠳᠠᠯ ᠢ ᠨᠢ ᠤᠰᠤ ᠲᠠᠲᠠᠬᠤ | ᠨᠢᠭᠡᠴᠢ ᠪᠤᠶᠤ ᠬᠤᠪᠢ ᠬᠥᠮᠥᠨ ᠡᠭᠦᠷᠭᠡᠯᠡᠨ᠎ᠡ᠃ ᠭᠤᠴᠢᠳᠤᠭᠠᠷ ᠵᠦᠢᠯ ᠣᠰᠤ ᠲᠠᠲᠠᠬᠤ ᠨᠢᠭᠡᠴᠢ ᠪᠤᠶᠤ ᠬᠤᠪᠢ | ᠬᠥᠮᠥᠨ ᠤᠯᠤᠰ ᠤᠨ ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠭᠰᠡᠨ ᠤᠰᠤ ᠲᠠᠲᠠᠬᠤ ᠬᠡᠮᠵᠢᠯᠲᠡ ᠶᠢᠨ | ᠲᠥᠬᠦᠭᠡᠷᠦᠮᠵᠢ ᠶᠢ ᠤᠭᠰᠠᠷᠠᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ ᠬᠠᠷᠭᠤᠭᠤᠯᠤᠨ | ᠪᠠᠶᠢᠴᠠᠭᠠᠵᠤ᠂ ᠤᠰᠤ ᠲᠠᠲᠠᠬᠤ ᠬᠡᠮᠵᠢᠯᠲᠡ ᠶᠢᠨ ᠲᠥᠬᠦᠭᠡᠷᠦᠮᠵᠢ ᠶᠢᠨ ᠬᠡᠪ ᠤᠨ ᠬᠡᠷᠡᠭᠯᠡᠯᠲᠡ ᠪᠠ ᠰᠢᠨᠵᠢᠯᠡᠬᠦ | ᠤᠬᠠᠭᠠᠨᠴᠢ ᠪᠠᠷ ᠬᠡᠮᠵᠢᠬᠦ ᠶᠢ ᠪᠠᠲᠤᠯᠠᠬᠤ ᠬᠡᠷᠡᠭᠲᠡᠢ᠂ ᠤᠰᠤᠨ ᠤ ᠬᠡᠮᠵᠢᠯᠲᠡ ᠶᠢᠨ ᠲᠥᠬᠦᠭᠡᠷᠦᠮᠵᠢ ᠶᠢ | ᠳᠤᠷ᠎ᠠ ᠪᠠᠷ ᠢᠶᠠᠨ ᠵᠠᠳᠠᠯᠵᠤ ᠬᠠᠶᠠᠬᠤ ᠪᠤᠶᠤ ᠰᠣᠯᠢᠵᠤ ᠠᠪᠴᠤ ᠪᠣᠯᠬᠤ ᠦᠭᠡᠢ᠃ ᠭᠤᠴᠢᠨ ᠨᠢᠭᠡᠳᠦᠭᠡᠷ ᠵᠦᠢᠯ | ᠳᠠᠷᠠᠭᠠᠬᠢ ᠨᠥᠬᠦᠴᠡᠯ ᠪᠠᠶᠢᠳᠠᠯ ᠤᠨ ᠠᠯᠢ ᠨᠢᠭᠡ ᠨᠢ ᠪᠠᠶᠢᠪᠠᠯ᠂ ᠤᠰᠤ ᠲᠠᠲᠠᠬᠤ ᠶᠢ ᠬᠢᠨᠠᠨ ᠵᠥᠪᠰᠢᠶᠡᠷᠡᠬᠦ | ᠪᠠᠶᠢᠭᠤᠯᠤᠯᠭ᠎ᠠ ᠨᠢ ᠤᠰᠤ ᠲᠠᠲᠠᠬᠤ ᠲᠥᠬᠦᠭᠡᠷᠦᠮᠵᠢ ᠶᠢᠨ ᠵᠢᠷᠤᠭᠯᠠᠨ ᠲᠥᠯᠥᠪᠯᠡᠭᠰᠡᠨ ᠬᠠᠮᠤᠭ ᠤᠨ ᠶᠡᠭᠡ ᠤᠰᠤ | ᠲᠠᠲᠠᠬᠤ ᠴᠢᠳᠠᠪᠤᠷᠢ ᠪᠠᠷ ᠤᠰᠤ ᠲᠠᠲᠠᠬᠤ ᠬᠡᠮᠵᠢᠶ᠎ᠡ ᠶᠢ ᠪᠤᠳᠤᠵᠤ ᠪᠣᠯᠣᠨ᠎ᠠ᠄ ︵ᠨᠢᠭᠡ︶ ᠤᠰᠤ ᠲᠠᠲᠠᠬᠤ ᠶᠢ ᠬᠡᠮᠵᠢᠬᠦ | ᠲᠥᠬᠦᠭᠡᠷᠦᠮᠵᠢ ᠤᠭᠰᠠᠷᠠᠭᠰᠠᠨ ᠦᠭᠡᠢ ᠪᠤᠶᠤ ᠤᠰᠤ ᠲᠠᠲᠠᠬᠤ ᠶᠢ ᠬᠡᠮᠵᠢᠬᠦ ᠲᠥᠬᠦᠭᠡᠷᠦᠮᠵᠢ ᠨᠢ ᠬᠡᠪ ᠤᠨ ᠶᠣᠰᠣᠭᠠᠷ | ᠠᠵᠢᠯᠯᠠᠵᠤ ᠳᠡᠶᠢᠯᠬᠦ ᠦᠭᠡᠢ᠃ ︵ᠬᠤᠶᠠᠷ︶ ᠤᠰᠤ ᠲᠠᠲᠠᠭᠰᠠᠨ ᠨᠢᠭᠡᠴᠢ ᠪᠤᠶᠤ ᠬᠤᠪᠢ ᠬᠥᠮᠥᠨ ᠤᠰᠤ ᠲᠠᠲᠠᠭᠰᠠᠨ | ᠬᠡᠮᠵᠢᠯᠲᠡ ᠶᠢᠨ ᠲᠤᠭ᠎ᠠ ᠪᠠᠷᠢᠮᠲᠠ ᠶᠢᠨ ᠮᠠᠲ᠋ᠧᠷᠢᠶᠠᠯ ᠢ ᠬᠠᠩᠭᠠᠬᠤ ᠶᠢ ᠲᠡᠪᠴᠢᠭᠰᠡᠨ ᠪᠤᠶᠤ ᠬᠠᠭᠤᠷᠮᠠᠭᠯᠠᠨ | ᠵᠣᠬᠢᠶᠠᠭᠰᠠᠨ᠃ ᠭᠤᠴᠢᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ | ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠨᠢ ᠤᠰᠤ ᠲᠠᠲᠠᠬᠤ ᠲᠠᠩᠰᠠᠯᠠᠯ ᠤᠨ ᠳᠦᠷᠢᠮ ᠪᠠᠶᠢᠭᠤᠯᠵᠤ᠂ ᠤᠰᠤ ᠲᠠᠲᠠᠬᠤ ᠶᠢ ᠬᠢᠨᠠᠨ | ᠵᠥᠪᠰᠢᠶᠡᠷᠡᠵᠦ ᠦᠨᠡᠮᠯᠡᠯ ᠣᠯᠭᠤᠭᠰᠠᠨ ᠪᠠᠶᠢᠳᠠᠯ ᠢᠶᠠᠨ ᠵᠢᠯ ᠪᠦᠷᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠭᠡᠮ ᠳᠤ | ᠵᠠᠷᠯᠠᠨ ᠮᠡᠳᠡᠭᠳᠡᠬᠦ ᠶᠢᠨ ᠬᠠᠮᠲᠤ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ | ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ ᠤᠨ ᠬᠠᠮᠢᠶᠠᠷᠤᠯᠲᠠ ᠶᠢᠨ | ᠪᠠᠶᠢᠭᠤᠯᠤᠮᠵᠢ ᠳᠤ ᠬᠠᠭᠤᠯᠤᠨ ᠬᠦᠷᠭᠡᠬᠦ ᠬᠡᠷᠡᠭᠲᠡᠢ᠃ | | ᠵᠢᠷᠭᠤᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | | ᠭᠤᠴᠢᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠪᠤᠰᠤᠳ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠣᠭᠲᠠᠭᠠᠯ ᠠᠴᠠ ᠵᠥᠷᠢᠴᠡᠨ ᠤᠰᠤ ᠲᠠᠲᠠᠬᠤ ᠵᠥᠪᠰᠢᠶᠡᠷᠡᠯ ᠢ | ᠬᠡᠷᠡᠭᠵᠢᠭᠦᠯᠦᠭᠰᠡᠨ᠂ ᠡᠰᠡᠬᠦᠯ᠎ᠡ ᠤᠰᠤᠨ ᠤ ᠡᠬᠢ ᠪᠠᠶᠠᠯᠢᠭ ᠤᠨ ᠵᠠᠷᠤᠳᠠᠯ ᠢ ᠲᠣᠭᠲᠠᠭᠠᠯ ᠶᠣᠰᠣᠭᠠᠷ ᠲᠠᠲᠠᠪᠤᠷᠢᠯᠠᠭᠰᠠᠨ | ᠂ ᠬᠠᠮᠢᠶᠠᠷᠤᠭᠰᠠᠨ ᠪᠠ ᠬᠡᠷᠡᠭᠯᠡᠭᠰᠡᠨ ᠦᠭᠡᠢ ᠪᠣᠯ᠂ ︽ᠳᠦᠷᠢᠮ︾ ᠤᠨ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃ | ᠭᠤᠴᠢᠨ ᠳᠥᠷᠪᠡᠳᠦᠭᠡᠷ ᠵᠦᠢᠯ ᠤᠰᠤ ᠲᠠᠲᠠᠬᠤ ᠨᠢᠭᠡᠴᠢ ᠪᠤᠶᠤ ᠬᠤᠪᠢ ᠬᠥᠮᠥᠨ ᠳᠣᠣᠷᠠᠬᠢ ᠮᠡᠲᠦ ᠥᠢᠯᠡ | ᠠᠵᠢᠯᠯᠠᠭ᠎ᠠ ᠶᠢᠨ ᠨᠢᠭᠡ ᠨᠢ ᠪᠠᠶᠢᠪᠠᠯ᠂ ᠤᠰᠤ ᠲᠠᠲᠠᠬᠤ ᠶᠢ ᠬᠢᠨᠠᠨ ᠵᠥᠪᠰᠢᠶᠡᠷᠡᠬᠦ ᠪᠠᠶᠢᠭᠤᠯᠤᠯᠭ᠎ᠠ ᠠᠴᠠ ᠵᠠᠷᠯᠢᠭᠳᠠᠵᠤ | ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠭᠤᠯᠬᠤ ᠶᠢᠨ ᠬᠠᠮᠲᠤ 5000 ᠲᠥᠭᠦᠷᠢᠭ ᠠᠴᠠ ᠳᠡᠭᠡᠭᠰᠢ 3 | ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ ᠪᠣᠯᠣᠨ᠎ᠠ᠄ ︵ᠨᠢᠭᠡ︶ ᠤᠰᠤ ᠠᠷᠪᠢᠯᠠᠬᠤ | ᠲᠥᠬᠦᠭᠡᠷᠦᠮᠵᠢ ᠪᠣᠯᠣᠨ ᠤᠰᠤ ᠲᠠᠲᠠᠬᠤ ᠶᠢ ᠬᠡᠮᠵᠢᠬᠦ ᠲᠥᠬᠦᠭᠡᠷᠦᠮᠵᠢ ᠶᠢ ᠬᠡᠷᠡᠭᠯᠡᠬᠦ ᠪᠠᠨ ᠳᠤᠷ᠎ᠠ ᠪᠠᠷ ᠢᠶᠠᠨ | ᠵᠣᠭᠰᠣᠭᠠᠭᠰᠠᠨ᠃ ︵ᠬᠤᠶᠠᠷ︶ ᠬᠤᠳᠠᠯ ᠬᠠᠭᠤᠷᠮᠠᠭ ᠢᠶᠠᠷ ᠤᠰᠤ ᠲᠠᠲᠠᠭᠰᠠᠨ ᠬᠡᠮᠵᠢᠯᠲᠡ ᠶᠢᠨ ᠲᠤᠭ᠎ᠠ | ᠪᠠᠷᠢᠮᠲᠠ ᠶᠢᠨ ᠮᠠᠲ᠋ᠧᠷᠢᠶᠠᠯ ᠢ ᠲᠣᠭᠲᠠᠭᠠᠯ ᠶᠣᠰᠣᠭᠠᠷ ᠬᠠᠩᠭᠠᠭᠰᠠᠨ ᠦᠭᠡᠢ ᠪᠤᠶᠤ ᠬᠠᠩᠭᠠᠭᠰᠠᠨ ᠦᠭᠡᠢ᠃ ︵ᠭᠤᠷᠪᠠ | ︶ ᠲᠣᠭᠲᠠᠭᠠᠯ ᠶᠣᠰᠣᠭᠠᠷ ᠤᠰᠤ ᠪᠤᠴᠠᠭᠠᠭᠰᠠᠨ ᠤᠰᠤᠨ ᠤ ᠴᠢᠨᠠᠷ ᠢ ᠬᠢᠨᠠᠨ ᠬᠡᠮᠵᠢᠭᠰᠡᠨ ᠦᠭᠡᠢ ᠪᠤᠶᠤ ᠬᠤᠳᠠᠯ | ᠬᠠᠭᠤᠷᠮᠠᠭ ᠬᠢᠨᠠᠨ ᠬᠡᠮᠵᠢᠭᠰᠡᠨ ᠲᠤᠭ᠎ᠠ ᠪᠠᠷᠢᠮᠲᠠ ᠬᠠᠩᠭᠠᠭᠰᠠᠨ ᠦᠭᠡᠢ᠃ | | ᠳᠣᠯᠣᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | | ᠭᠤᠴᠢᠨ ᠲᠠᠪᠤᠳᠤᠭᠠᠷ ᠵᠦᠢᠯ ᠲᠤᠰ ᠠᠷᠭ᠎ᠠ ᠶᠢ 2008 ᠣᠨ ᠤ 3 ᠳᠤᠭᠠᠷ ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ 2000 ᠣᠨ ᠤ 10 ᠳ᠋ᠤᠭᠠᠷ ᠰᠠᠷ᠎ᠠ ᠶᠢᠨ 31 ᠤ ᠡᠳᠦᠷ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠤᠰᠤ ᠲᠠᠲᠠᠬᠤ ᠵᠥᠪᠰᠢᠶᠡᠷᠡᠯ ᠤᠨ ᠳᠦᠷᠢᠮ ᠤᠨ ᠬᠡᠷᠡᠭᠵᠢᠭᠦᠯᠬᠦ ᠨᠠᠷᠢᠨ ᠳᠦᠷᠢᠮ︾ ︵106 | ᠳ᠋ᠤᠭᠠᠷ ᠲᠣᠭᠠᠲᠤ ᠵᠠᠷᠯᠢᠭ︶ ᠢ ᠵᠡᠷᠭᠡᠪᠡᠷ ᠬᠦᠴᠦᠨ ᠦᠭᠡᠢ ᠪᠣᠯᠭᠠᠨ᠎ᠠ᠃ | | | | ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ᠄ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠰᠦᠢᠳᠬᠡᠯ ᠢ ᠲᠠᠲᠠᠪᠤᠷᠢᠯᠠᠬᠤ ᠬᠠᠮᠢᠶᠠᠷᠤᠯᠲᠠ ᠶᠢᠨ | ᠬᠡᠷᠡᠭᠵᠢᠭᠦᠯᠬᠦ ᠠᠷᠭ᠎ᠠ︾ ᠶᠢᠨ ᠲᠤᠬᠠᠢ ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠲᠠᠶᠢᠯᠤᠮᠵᠢ | | ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ |