| | | ᠲᠥᠷᠥ ᠠᠯᠪᠠᠨ ᠲᠠᠷᠬᠠᠭᠠᠭᠰᠠᠨ ﹇2022﹈ 9 ᠳ᠋ᠦ᠋ᠭᠡᠷ ᠲᠣᠭᠠᠲᠤ | | | ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ | ᠣᠷᠳᠣᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠡᠯ᠎ᠡ ᠶᠠᠮᠤᠨ ᠵᠥᠪᠯᠡᠯ᠂ ᠡᠯ᠎ᠡ ᠰᠢᠭᠤᠳ ᠬᠠᠷᠢᠶ᠎ᠠ | ᠪᠠᠶᠢᠭᠤᠯᠤᠮᠵᠢ ᠳᠤ᠄ | | ᠬᠡᠷᠡᠭᠯᠡᠭᠡ ᠪᠣᠯ ᠡᠴᠦᠰ ᠤᠨ ᠬᠡᠷᠡᠭᠴᠡᠭᠡ ᠮᠥᠨ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠰᠠᠭᠠᠳ | ᠦᠭᠡᠢ ᠨᠡᠪᠲᠡᠷᠡᠭᠦᠯᠬᠦ ᠵᠠᠩᠭᠢᠯᠠᠭ᠎ᠠ ᠶᠢᠨ ᠭᠤᠭᠴᠤᠭ᠎ᠠ ᠪᠠ ᠴᠢᠬᠤᠯᠠ ᠬᠥᠳᠡᠯᠭᠡᠭᠦᠷ ᠮᠥᠨ᠂ ᠲᠡᠷᠡ ᠨᠢ ᠠᠵᠤ | ᠠᠬᠤᠢ ᠳᠤ ᠥᠨᠢ ᠤᠳᠠᠭᠠᠨ ᠤ ᠲᠠᠲᠠᠬᠤ ᠬᠦᠴᠦᠨ ᠲᠠᠢ ᠪᠠᠶᠢᠵᠤ᠂ ᠠᠷᠠᠳ ᠤᠨ ᠠᠮᠢᠳᠤᠷᠠᠯ ᠢ ᠪᠠᠲᠤᠯᠠᠨ | ᠰᠠᠶᠢᠵᠢᠷᠠᠭᠤᠯᠬᠤ ᠲᠠᠢ ᠬᠤᠯᠪᠣᠭᠳᠠᠵᠤ ᠪᠠᠶᠢᠳᠠᠭ᠃ ᠣᠳᠣᠬᠠᠨ ᠳᠤ᠂ ᠰᠢᠨ᠎ᠡ ᠲᠢᠲᠢᠮ ᠲᠠᠢ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠵᠡᠷᠭᠡ ᠡᠯᠧᠮᠧᠨ᠋ᠲ ᠤᠨ ᠨᠥᠯᠥᠭᠡ ᠠᠴᠠ ᠪᠣᠯᠵᠤ᠂ ᠬᠡᠷᠡᠭᠯᠡᠭᠡ ᠢᠯᠠᠩᠭᠤᠶ᠎ᠠ | ᠬᠦᠷᠦᠯᠴᠡᠬᠦ ᠬᠡᠯᠪᠡᠷᠢ ᠶᠢᠨ ᠬᠡᠷᠡᠭᠯᠡᠭᠡ ᠶᠢᠨ ᠰᠡᠷᠭᠦᠯᠲᠡ ᠨᠡᠯᠢᠶᠡᠳ ᠤᠳᠠᠭᠠᠨ ᠪᠠᠶᠢᠵᠤ᠂ ᠳᠤᠮᠳᠠ ᠵᠢᠵᠢᠭ ᠪᠢᠴᠢᠯ ᠠᠵᠤ | ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠠ ᠦᠢᠯᠡᠴᠢᠯᠡᠭᠡᠨ ᠤ ᠦᠢᠯᠡᠰ ᠤᠨ | ᠬᠦᠷᠢᠶᠡᠨ ᠳᠤ ᠨᠡᠯᠢᠶᠡᠳ ᠣᠯᠠᠨ ᠬᠦᠴᠢᠷᠳᠡᠯ ᠲᠤᠯᠭᠠᠷᠠᠵᠤ ᠪᠠᠶᠢᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ | ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠵᠤ᠂ ᠬᠠᠮᠵᠢᠯᠴᠠᠨ ᠬᠦᠴᠦᠯᠡᠵᠦ᠂ | ᠬᠤᠯᠠ ᠣᠶᠢᠷ᠎ᠠ ᠶᠢ ᠵᠡᠷᠭᠡᠪᠡᠷ ᠬᠠᠷᠠᠭᠠᠯᠵᠠᠵᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ ᠪᠠᠶᠢᠭᠠᠳ | ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠵᠤ᠂ ᠬᠡᠷᠡᠭᠯᠡᠭᠡᠨ ᠤ ᠦᠷᠭᠦᠯᠵᠢᠯᠡᠨ ᠰᠡᠷᠭᠦᠬᠦ ᠶᠢ ᠠᠬᠢᠭᠤᠯᠬᠤ ᠶᠢᠨ | ᠲᠥᠯᠥᠭᠡ᠂ ᠲᠦᠷᠦ ᠶᠢᠨ ᠶᠠᠪᠤᠳᠠᠯ ᠣᠨ ᠬᠤᠷᠢᠶ᠎ᠠ ᠶᠢᠨ ᠵᠥᠪᠰᠢᠶᠡᠷᠡᠯ ᠢᠶᠠᠷ᠂ ᠡᠳᠦᠭᠡ ᠳᠣᠣᠷᠠᠬᠢ ᠮᠡᠲᠦ ᠰᠠᠨᠠᠯ ᠢ | ᠳᠤᠷᠠᠳᠤᠶ᠎ᠠ᠃ | | ᠨᠢᠭᠡ᠂ ᠬᠢᠵᠢᠭ ᠤᠨ ᠪᠠᠶᠢᠳᠠᠯ ᠤᠨ ᠨᠥᠯᠥᠭᠡ ᠶᠢ ᠠᠷᠭᠠᠴᠠᠵᠤ᠂ ᠬᠡᠷᠡᠭᠯᠡᠭᠡ ᠶᠢᠨ ᠡᠮᠬᠢ ᠵᠢᠷᠤᠮ ᠲᠠᠢ ᠪᠠᠷ | ᠰᠡᠷᠭᠦᠨ ᠬᠥᠭᠵᠢᠬᠦ ᠶᠢ ᠠᠬᠢᠭᠤᠯᠤᠨ᠎ᠠ | | ︵ᠨᠢᠭᠡ︶ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠠᠲᠤᠯᠠᠬᠤ ᠶᠢᠨ ᠲᠣᠭᠤᠷᠢᠨ ᠳᠤ ᠠᠵᠤ ᠠᠬᠤᠶᠢᠯᠠᠯ ᠢ | ᠳᠡᠮᠵᠢᠨ ᠬᠦᠴᠢᠷᠳᠡᠯ ᠢ ᠲᠠᠶᠢᠯᠬᠤ ᠡᠷᠴᠢᠮ ᠢᠶᠠᠨ ᠴᠢᠩᠭᠠᠷᠠᠭᠤᠯᠤᠨ᠎ᠠ᠃ ᠦᠢᠯᠡᠳᠬᠦ ᠦᠢᠯᠡᠰ᠂ ᠵᠢᠵᠢᠭ ᠪᠢᠴᠢᠯ ᠠᠵᠤ | ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠲᠡᠳᠬᠦᠨ ᠳᠡᠮᠵᠢᠬᠦ ᠭᠠᠶᠢᠯᠢ ᠶᠢ | ᠬᠥᠩᠭᠡᠯᠡᠵᠦ ᠭᠠᠶᠢᠯᠢ ᠶᠢ ᠪᠤᠴᠠᠭᠠᠬᠤ ᠰᠦᠢᠳᠬᠡᠯ ᠢ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ ᠭᠦᠨᠵᠡᠭᠡᠢ | ᠨᠠᠶᠢᠳᠠᠪᠤᠷᠢᠵᠢᠭᠤᠯᠤᠨ᠎ᠠ᠃ ᠮᠥᠩᠭᠦᠨ ᠭᠦᠢᠯᠭᠡᠭᠡᠨ ᠤ ᠰᠢᠰᠲ᠋ᠧᠮ ᠤᠨ ᠬᠦᠦ ᠮᠥᠩᠭᠦ ᠶᠢᠨ ᠨᠤᠷᠮ᠎ᠠ ᠶᠢ ᠪᠠᠭᠤᠷᠠᠭᠤᠯᠬᠤ᠂ | ᠰᠦᠢᠳᠬᠡᠯ ᠬᠤᠷᠢᠶᠠᠬᠤ ᠶᠢ ᠪᠠᠭᠠᠰᠬᠠᠬᠤ ᠵᠡᠷᠭᠡ ᠤᠯᠠᠨ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ ᠪᠣᠳᠠᠲᠤ | ᠴᠣᠭᠴᠠ ᠶᠢᠨ ᠠᠵᠤ ᠠᠬᠤᠢ ᠳᠤ ᠠᠰᠢᠭ ᠣᠯᠭᠤᠬᠤ ᠶᠢ ᠲᠦᠯᠬᠢᠨ ᠠᠬᠢᠭᠤᠯᠤᠨ᠎ᠠ᠃ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠢᠲᠡᠭᠡᠮᠵᠢᠲᠦ ᠵᠢᠭᠡᠯᠡᠯᠭᠡ ᠶᠢᠨ ᠬᠠᠮᠢᠶᠠᠷᠤᠯᠲᠠ ᠶᠢ | ᠰᠢᠯᠢᠳᠡᠭᠵᠢᠭᠦᠯᠵᠦ᠂ ᠬᠢᠵᠢᠭ ᠤᠨ ᠪᠠᠶᠢᠳᠠᠯ ᠳᠤ ᠬᠦᠨᠳᠦ ᠨᠣᠴᠢᠲᠠᠢ ᠨᠥᠯᠥᠭᠡᠯᠡᠭᠳᠡᠭᠰᠡᠨ ᠠᠵᠢᠯ ᠲᠥᠷᠥᠯ ᠤᠨ ᠠᠵᠤ | ᠠᠬᠤᠶᠢᠯᠠᠯ ᠳᠤ ᠪᠡᠯᠡ ᠲᠣᠬᠢᠷᠠᠭᠤᠯᠭ᠎ᠠ ᠶᠢᠨ ᠳᠡᠮᠵᠢᠯᠭᠡ ᠦᠵᠡᠭᠦᠯᠵᠦ᠂ ᠠᠵᠢᠯ ᠲᠥᠷᠥᠯ ᠤᠨ ᠴᠢᠨᠠᠷᠲᠠᠢ ᠵᠢᠭᠡᠯᠡᠯᠭᠡ ᠶᠢ | ᠬᠢᠵᠠᠭᠠᠷᠯᠠᠬᠤ᠂ ᠵᠢᠭᠡᠯᠡᠯᠭᠡ ᠰᠤᠭᠤᠯᠬᠤ᠂ ᠵᠢᠭᠡᠯᠡᠯᠭᠡ ᠶᠢ ᠲᠠᠰᠤᠯᠳᠠᠭᠤᠯᠬᠤ ᠪᠠᠶᠢᠳᠠᠯ ᠭᠠᠷᠬᠤ ᠠᠴᠠ ᠵᠠᠶᠢᠯᠠᠰᠬᠢᠨ᠎ᠡ᠃ | ᠠᠵᠢᠯ ᠠᠯᠳᠠᠯᠲᠠ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠵᠠᠷᠤᠳᠠᠯ ᠤᠨ | ᠨᠤᠷᠮ᠎ᠠ ᠶᠢ ᠱᠠᠲᠤ ᠦᠶ᠎ᠡ ᠵᠢᠨᠠᠵᠢᠯᠲᠠᠨ ᠢ ᠨᠢ ᠬᠠᠰᠤᠬᠤ ᠦᠭᠡᠢ ᠴᠥᠭᠡᠨ ᠬᠠᠰᠤᠭᠰᠠᠨ ᠠᠵᠤ ᠠᠬᠤᠶᠢᠯᠠᠯ ᠳᠤ | ᠠᠵᠢᠯ ᠠᠯᠳᠠᠯᠲᠠ ᠶᠢᠨ ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠲᠦᠷᠦ ᠶᠢᠨ | ᠪᠣᠳᠣᠯᠭ᠎ᠠ ᠶᠢ ᠰᠠᠶᠢᠲᠤᠷ ᠬᠡᠷᠡᠭᠵᠢᠭᠦᠯᠦᠨ᠎ᠡ᠃ ᠳᠠᠮᠵᠢᠭᠤᠯᠤᠨ ᠴᠠᠬᠢᠯᠭᠠᠨ ᠬᠠᠩᠭᠠᠬᠤ ᠵᠠᠩᠭᠢᠯᠠᠭ᠎ᠠ ᠶᠢᠨ ᠵᠦᠢ ᠵᠣᠬᠢᠰ | ᠦᠭᠡᠢ ᠪᠠᠷ ᠦᠨ᠎ᠡ ᠨᠡᠮᠡᠬᠦ ᠶᠢ ᠢᠯᠭᠠᠷᠠᠭᠤᠯᠤᠨ ᠲᠢᠭᠯᠡᠨ᠎ᠡ᠃ ᠦᠨᠡᠨ ᠬᠦ ᠪᠦᠲᠦᠮᠵᠢᠲᠡᠶ ᠠᠷᠭ᠎ᠠ ᠬᠡᠮᠵᠢᠶ᠎ᠡ ᠠᠪᠴᠤ | ᠪᠠᠶᠢᠭᠠᠳ ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ ᠳᠤᠷ᠎ᠠ ᠪᠠᠷ ᠢᠶᠠᠨ ᠲᠡᠰᠬᠡᠨ ᠲᠠᠲᠠᠪᠤᠷᠢᠯᠠᠬᠤ᠂ | ᠳᠤᠷ᠎ᠠ ᠪᠠᠷ ᠢᠶᠠᠨ ᠲᠣᠷᠭᠠᠭᠤᠯᠢ ᠣᠨᠣᠭᠳᠠᠭᠤᠯᠬᠤ ᠦᠢᠯᠡ ᠠᠵᠢᠯᠯᠠᠭ᠎ᠠ ᠶᠢ ᠬᠤᠷᠢᠭᠯᠠᠨ ᠵᠣᠭᠰᠤᠭᠠᠬᠤ ᠬᠡᠷᠡᠭᠲᠡᠢ᠃ | ᠨᠥᠬᠦᠴᠡᠯ ᠲᠠᠢ ᠭᠠᠵᠠᠷ ᠣᠷᠣᠨ ᠨᠢ ᠵᠢᠵᠢᠭᠯᠡᠨ ᠬᠤᠳᠠᠯᠳᠤᠬᠤ᠂ ᠢᠳᠡᠭᠡᠨ ᠤᠮᠳᠠᠭᠠᠨ ᠵᠡᠷᠭᠡ ᠠᠵᠢᠯ ᠲᠥᠷᠥᠯ ᠤᠨ | ᠠᠵᠤ ᠠᠬᠤᠶᠢᠯᠠᠯ ᠤᠨ ᠠᠵᠢᠯᠲᠠᠨ ᠠᠵᠢᠯᠴᠢᠨ ᠳᠤ ᠲᠣᠭᠲᠠᠮᠠᠯ ᠬᠤᠭᠤᠴᠠᠭ᠎ᠠ ᠲᠠᠢ ᠪᠠᠷ ᠪᠥᠭᠡᠮ ᠬᠦᠴᠢᠯ ᠤᠨ | ᠪᠠᠶᠢᠴᠠᠭᠠᠨ ᠬᠡᠮᠵᠢᠯᠲᠡ ᠶᠢ ᠰᠦᠢᠳᠬᠡᠯ ᠬᠤᠷᠢᠶᠠᠬᠤ ᠦᠭᠡᠢ ᠪᠠᠷ ᠥᠷᠨᠢᠭᠦᠯᠬᠦ ᠶᠢ ᠵᠣᠷᠢᠭᠵᠢᠭᠤᠯᠵᠤ᠂ ᠠᠵᠤ | ᠠᠬᠤᠶᠢᠯᠠᠯ ᠤᠨ ᠬᠢᠵᠢᠭ ᠢ ᠰᠡᠷᠭᠡᠶᠢᠯᠡᠬᠦ᠂ ᠤᠰᠠᠳᠬᠠᠬᠤ ᠵᠠᠷᠤᠯᠭ᠎ᠠ ᠳᠤ ᠨᠥᠬᠦᠪᠦᠷᠢ ᠳᠡᠮᠵᠢᠯᠭᠡ ᠦᠵᠡᠭᠦᠯᠬᠦ ᠬᠡᠷᠡᠭᠲᠡᠢ᠃ | ᠢᠳᠡᠭᠡᠨ ᠤᠮᠳᠠᠭᠠᠨ᠂ ᠵᠢᠵᠢᠭᠯᠡᠨ ᠬᠤᠳᠠᠯᠳᠤᠬᠤ᠂ ᠵᠢᠭᠤᠯᠴᠢᠯᠠᠯ᠂ ᠠᠷᠠᠳ ᠤᠨ ᠠᠭᠠᠷ ᠤᠨ ᠲᠡᠭᠡᠭᠡᠪᠦᠷᠢ᠂ ᠵᠠᠰᠠᠮᠠᠯ | ᠵᠠᠮ ᠤᠰᠤᠨ ᠵᠠᠮ ᠲᠡᠮᠦᠷ ᠵᠠᠮ ᠤᠨ ᠲᠡᠭᠡᠭᠡᠪᠦᠷᠢ ᠵᠡᠷᠭᠡ ᠣᠨᠴᠠ ᠬᠦᠴᠢᠷᠳᠡᠯ ᠲᠠᠢ ᠠᠵᠢᠯ ᠲᠦᠷᠦᠯ ᠤᠨ ᠬᠦᠴᠢᠷᠳᠡᠯ ᠢ | ᠰᠢᠢᠳᠪᠦᠷᠢᠯᠡᠬᠦ ᠶᠢ ᠲᠡᠳᠬᠦᠨ ᠳᠡᠮᠵᠢᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠣᠷᠣᠨ | ᠨᠤᠲᠤᠭ ᠤᠨ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠬᠤ ᠶᠢ ᠵᠣᠷᠢᠭᠵᠢᠭᠤᠯᠵᠤ᠂ ᠡᠯ᠎ᠡ ᠭᠠᠵᠠᠷ ᠣᠷᠣᠨ ᠤ | ᠪᠣᠳᠠᠲᠠᠢ ᠲᠠᠢ ᠪᠠᠨ ᠤᠶᠠᠯᠳᠤᠭᠤᠯᠤᠨ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ ᠵᠡᠷᠭᠡ ᠠᠷᠭ᠎ᠠ ᠬᠡᠮᠵᠢᠶ᠎ᠡ ᠶᠢ | ᠬᠠᠤᠯᠢ ᠶᠣᠰᠣᠭᠠᠷ ᠨᠡᠶᠢᠲᠡᠯᠡᠬᠦ ᠶᠢ ᠳᠡᠮᠵᠢᠵᠦ᠂ ᠣᠨᠴᠠ ᠬᠦᠴᠢᠷᠳᠡᠯᠲᠡᠢ ᠠᠵᠢᠯ ᠲᠥᠷᠥᠯ ᠳᠤ ᠴᠠᠬᠢᠯᠭᠠᠨ ᠬᠡᠷᠡᠭᠯᠡᠬᠦ ᠳᠤ | ᠱᠠᠲᠤ ᠦᠶ᠎ᠡ ᠶᠢᠨ ᠴᠢᠨᠠᠷᠲᠠᠢ ᠬᠠᠷᠠᠭᠠᠯᠵᠠᠯ ᠦᠵᠡᠭᠦᠯᠬᠦ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ | ᠲᠤᠰᠢᠶᠠᠬᠤ ᠶᠢ ᠲᠦᠷ ᠬᠤᠶᠢᠰᠢᠯᠠᠭᠤᠯᠬᠤ ᠵᠡᠷᠭᠡ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠤᠯᠤᠰ ᠤᠨ | ᠥᠮᠴᠢᠯᠡᠯ ᠤᠨ ᠪᠤᠰᠤ ᠭᠡᠷ ᠪᠠᠶᠢᠰᠢᠩ ᠢ ᠲᠦᠷᠢᠶᠡᠰᠦᠯᠡᠭᠰᠡᠨ ᠦᠢᠯᠡᠴᠢᠯᠡᠭᠡᠨ ᠤ ᠦᠢᠯᠡᠰ ᠤᠨ ᠵᠢᠵᠢᠭ ᠪᠢᠴᠢᠯ ᠠᠵᠤ | ᠠᠬᠤᠶᠢᠯᠠᠯ ᠪᠠ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠳᠤ ᠵᠣᠬᠢᠬᠤ ᠬᠡᠮᠵᠢᠶᠡᠨ ᠤ ᠬᠠᠪᠰᠤᠷᠤᠨ | ᠲᠡᠳᠬᠦᠵᠦ᠂ ᠨᠠᠩ ᠣᠯᠠᠨ ᠬᠡᠷᠡᠭᠯᠡᠭᠡᠨ ᠤ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠶᠢ | ᠲᠣᠭᠲᠠᠪᠤᠷᠢᠵᠢᠭᠤᠯᠤᠨ᠎ᠠ᠃ | | ︵ᠬᠤᠶᠠᠷ︶ ᠦᠨᠳᠦᠰᠦᠨ ᠬᠡᠷᠡᠭᠯᠡᠭᠡᠨ ᠤ ᠵᠦᠢᠯ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ | ᠲᠣᠭᠲᠠᠭᠤᠨ ᠪᠠᠶᠢᠯᠭᠠᠬᠤ ᠶᠢ ᠰᠠᠶᠢᠲᠤᠷ ᠬᠢᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠪᠠ | ᠬᠡᠷᠡᠭᠴᠡᠭᠡ ᠲᠠᠢ ᠤᠶᠠᠯᠳᠤᠭᠤᠯᠤᠨ᠂ ᠠᠮᠢᠳᠤᠷᠠᠯ ᠤᠨ ᠡᠳ᠋ ᠪᠣᠳᠠᠰ ᠤᠨ ᠪᠠᠲᠤᠯᠠᠭ᠎ᠠ ᠶᠢᠨ ᠰᠢᠰᠲ᠋ᠧᠮ ᠢ ᠲᠦᠷᠭᠡᠪᠴᠢᠯᠡᠨ | ᠪᠠᠶᠢᠭᠤᠯᠤᠨ ᠲᠡᠭᠦᠯᠳᠡᠷᠵᠢᠭᠦᠯᠵᠦ᠂ ᠴᠢᠬᠤᠯᠠ ᠠᠮᠢᠳᠤᠷᠠᠯ ᠤᠨ ᠡᠳ᠋ ᠪᠣᠳᠠᠰ ᠤᠨ ᠭᠦᠢᠯᠭᠡᠭᠡᠨ ᠤ ᠵᠠᠮ ᠢ ᠰᠠᠭᠠᠳ | ᠦᠭᠡᠢ ᠨᠡᠪᠲᠡᠷᠡᠭᠦᠯᠦᠨ᠎ᠡ᠃ ᠡᠯ᠎ᠡ ᠲᠣᠮᠣ ᠳᠤᠮᠳᠠ ᠬᠤᠲᠠ ᠳᠤ ᠨᠢᠭᠡ ᠪᠦᠯᠦᠭ ᠬᠥᠮᠥᠷᠭᠡᠯᠡᠨ ᠬᠠᠳᠠᠭᠠᠯᠠᠬᠤ᠂ | ᠢᠯᠭᠠᠬᠤ᠂ ᠡᠳ᠋ᠰᠢᠭᠦᠯᠬᠦ᠂ ᠪᠣᠭᠤᠳᠠᠯᠯᠠᠬᠤ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠬᠤᠲᠠ ᠶᠢᠨ | ᠲᠡᠭᠦᠷᠭᠡ ᠶᠢᠨ ᠲᠣᠮᠣ ᠬᠥᠮᠥᠷᠭᠡ ᠶᠢᠨ ᠰᠠᠭᠤᠷᠢᠨ ᠭᠠᠵᠠᠷ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ | ᠪᠦᠲᠦᠭᠡᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠪᠠᠶᠢᠳᠠᠯ ᠳᠣᠣᠷ᠎ᠠ ᠠᠮᠢᠳᠤᠷᠠᠯ ᠤᠨ ᠡᠳ᠋ ᠪᠠᠷᠠᠭ᠎ᠠ ᠶᠢ ᠴᠠᠭ | ᠲᠤᠬᠠᠢ ᠳᠤᠨᠢ ᠣᠶᠢᠷ᠎ᠠ ᠬᠠᠪᠢ ᠳᠠᠭᠠᠨ ᠰᠢᠯᠵᠢᠭᠦᠯᠦᠨ ᠲᠡᠭᠡᠭᠡᠪᠦᠷᠢᠯᠡᠬᠦ ᠶᠢ ᠦᠨᠡᠨᠬᠦ ᠪᠠᠲᠤᠯᠠᠵᠤ᠂ ᠬᠡᠷᠡᠭᠯᠡᠭᠡᠨ ᠤ | ᠵᠦᠢᠯ ᠤᠨ ᠭᠦᠢᠯᠭᠡᠭᠡᠨ ᠤ ᠲᠠᠰᠤᠷᠠᠯᠲᠠ ᠦᠭᠡᠢ ᠰᠠᠮᠠᠭᠤᠷᠠᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ | ᠴᠢᠬᠤᠯᠠ ᠲᠠᠸᠠᠷ ᠢ ᠬᠤᠳᠠᠯᠳᠤᠨ ᠠᠪᠴᠤ ᠬᠠᠳᠠᠭᠠᠯᠠᠬᠤ ᠪᠠ ᠣᠷᠣᠭᠤᠯᠵᠤ ᠭᠠᠷᠭᠠᠬᠤ ᠶᠢ ᠲᠣᠬᠢᠷᠠᠭᠤᠯᠬᠤ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠳᠦᠷ ᠲᠤᠳᠤᠮ ᠤᠨ ᠬᠢᠨᠠᠨ ᠬᠡᠮᠵᠢᠬᠦ ᠪᠠ ᠬᠥᠳᠡᠯᠦᠩᠭᠦᠢ | ᠲᠣᠬᠢᠷᠠᠭᠤᠯᠤᠯ ᠡᠵᠡᠮᠳᠡᠯ ᠢ ᠦᠷᠭᠦᠯᠵᠢᠯᠡᠨ ᠰᠠᠶᠢᠲᠤᠷ ᠬᠢᠵᠦ᠂ ᠠᠮᠤ ᠪᠤᠳᠠᠭ᠎ᠠ ᠲᠣᠰᠣ ᠮᠢᠬ᠎ᠠ ᠥᠨᠳᠡᠭᠡ ᠰᠦ᠋ ᠵᠢᠮᠢᠰ | ᠨᠣᠭᠤᠭ᠎ᠠ ᠪᠠ ᠶᠡᠭᠡ ᠬᠡᠮᠵᠢᠶᠡᠨ ᠤ ᠲᠠᠸᠠᠷ ᠵᠡᠷᠭᠡ ᠶᠢᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ | ᠲᠣᠭᠲᠠᠪᠤᠷᠢᠵᠢᠭᠤᠯᠬᠤ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ | | ︵ᠭᠤᠷᠪᠠ︶ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠪᠠ ᠵᠠᠭᠪᠤᠷ ᠲᠤ ᠰᠢᠨ᠎ᠡ ᠶᠢ ᠡᠭᠦᠳᠦᠨ᠎ᠡ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠬᠡᠷᠡᠭᠴᠡᠭᠡ ᠳᠤ ᠵᠣᠬᠢᠴᠠᠭᠤᠯᠤᠨ᠂ ᠰᠢᠨ᠎ᠡ | ᠬᠡᠯᠪᠡᠷᠢ ᠶᠢᠨ ᠬᠡᠷᠡᠭᠯᠡᠭᠡ ᠶᠢ ᠠᠬᠢᠭᠤᠯᠵᠤ᠂ ᠴᠠᠬᠢᠮ ᠢᠶᠠᠷ ᠪᠠ ᠰᠦᠯᠵᠢᠶᠡᠨ ᠭᠠᠳᠠᠨᠠᠬᠢ ᠬᠡᠷᠡᠭᠯᠡᠭᠡ ᠶᠢ ᠣᠷᠭᠠᠨᠢᠭ ᠢᠶᠠᠷ | ᠠᠭᠤᠰᠤᠯᠴᠠᠭᠤᠯᠬᠤ ᠶᠢ ᠲᠦᠷᠭᠡᠳᠬᠡᠵᠦ᠂ ᠮᠡᠳᠡᠭᠡ ᠵᠠᠩᠭᠢ ᠶᠢᠨ ᠬᠡᠷᠡᠭᠯᠡᠭᠡ ᠶᠢ ᠲᠡᠰ ᠳᠡᠪᠰᠢᠭᠦᠯᠬᠦ ᠶᠢ ᠥᠷᠭᠡᠳᠬᠡᠵᠦ᠂ | ᠣᠶᠤᠨᠲᠤ ᠦᠢᠯᠡᠳᠬᠦᠨ ᠪᠠ ᠣᠶᠤᠨᠲᠤ ᠵᠢᠵᠢᠭᠯᠡᠨ ᠬᠤᠳᠠᠯᠳᠤᠬᠤ᠂ ᠣᠶᠤᠨᠲᠤ ᠵᠢᠭᠤᠯᠴᠢᠯᠠᠯ᠂ ᠣᠶᠤᠨᠲᠤ ᠷᠠᠳᠢᠣ᠋ | ᠲᠧᠯᠸᠢᠰ᠂ ᠣᠶᠤᠨᠲᠤ ᠨᠠᠰᠤᠵᠢᠯ ᠤᠨ ᠠᠰᠠᠷᠠᠮᠵᠢ᠂ ᠣᠶᠤᠨᠲᠤ ᠭᠡᠷ ᠤᠨ ᠶᠠᠪᠤᠳᠠᠯ᠂ ᠲᠣᠭᠠᠴᠢᠯᠠᠭᠰᠠᠨ ᠰᠣᠶᠣᠯ᠂ | ᠣᠶᠤᠨᠲᠤ ᠪᠡᠶ᠎ᠡ ᠶᠢᠨ ᠲᠠᠮᠢᠷ᠂ ︽ᠢᠨᠲ᠋ᠥᠷ ᠰᠦᠯᠵᠢᠶ᠎ᠡ + ᠡᠮ ᠡᠮᠨᠡᠯᠭᠡ ᠡᠷᠡᠭᠦᠯ ᠮᠡᠨᠳᠤ︾᠂ ︽ᠢᠨᠲ᠋ᠥᠷ | ᠰᠦᠯᠵᠢᠶ᠎ᠡ + ᠦᠷ᠎ᠡ ᠶᠢᠨ ᠬᠥᠮᠦᠵᠢᠯ︾᠂ ︽ᠢᠨᠲ᠋ᠥᠷ ᠰᠦᠯᠵᠢᠶ᠎ᠡ + ᠭᠡᠷ ᠤᠨ ᠬᠤᠪᠴᠠᠰᠤ︾ ᠵᠡᠷᠭᠡ | ᠬᠡᠷᠡᠭᠯᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶᠢᠵᠢᠭᠤᠯᠤᠨ ᠪᠤᠵᠠᠭᠠᠶᠢᠷᠠᠭᠤᠯᠤᠨ᠎ᠠ᠃ ᠬᠤᠳᠠᠯᠳᠤᠭ᠎ᠠ᠂ | ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ᠂ ᠡᠷᠡᠭᠦᠯ ᠮᠡᠨᠳᠤ᠂ ᠵᠠᠮ ᠬᠠᠷᠢᠯᠴᠠᠭ᠎ᠠ ᠵᠡᠷᠭᠡ ᠬᠡᠷᠡᠭᠯᠡᠭᠡ ᠶᠢᠨ ᠵᠠᠭᠠᠭ | ᠠᠯᠤᠰᠯᠠᠨ ᠠᠭᠤᠰᠤᠯᠴᠠᠬᠤ ᠶᠢ ᠴᠢᠩᠭᠠᠳᠬᠠᠵᠤ᠂ ᠵᠢᠬᠡᠭᠦᠨ ᠮᠠᠶ᠋ᠢᠭ ᠤᠨ᠂ ᠪᠡᠶ᠎ᠡ ᠪᠠᠷ ᠢᠶᠠᠨ ᠣᠶᠢᠯᠠᠭᠠᠬᠤ ᠮᠠᠶ᠋ᠢᠭ ᠤᠨ᠂ | ᠬᠠᠷᠢᠯᠴᠠᠨ ᠬᠥᠳᠡᠯᠦᠯᠴᠡᠬᠦ ᠮᠠᠶ᠋ᠢᠭ ᠤᠨ ᠬᠡᠷᠡᠭᠯᠡᠭᠡ ᠶᠢᠨ ᠰᠢᠨ᠎ᠡ ᠠᠬᠤᠢ ᠪᠠᠶᠢᠳᠠᠯ ᠢ ᠢᠳᠡᠪᠬᠢᠲᠡᠢ ᠪᠠᠷ ᠥᠷᠭᠡᠳᠬᠡᠨ᠎ᠡ᠃ | ᠰᠦᠯᠵᠢᠶᠡᠨ ᠤ ᠰᠢᠭᠤᠳ ᠨᠡᠪᠲᠡᠷᠡᠭᠦᠯᠭᠡ ᠵᠡᠷᠭᠡ ᠵᠢᠷᠤᠮᠵᠢᠭᠤᠨ ᠬᠥᠭᠵᠢᠯᠲᠡ ᠶᠢ ᠡᠮᠬᠢ ᠵᠢᠷᠤᠮ ᠲᠠᠢ ᠪᠠᠷ ᠬᠥᠲᠥᠯᠥᠨ | ᠵᠢᠯᠣᠭᠤᠳᠤᠨ᠎ᠠ᠃ ᠤᠯᠤᠰ ᠤᠨ ᠴᠠᠬᠢᠮ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠ | ᠵᠢᠱᠢᠶ᠎ᠡ ᠦᠵᠡᠭᠦᠯᠬᠦ ᠠᠵᠤ ᠠᠬᠤᠶᠢᠯᠠᠯ ᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠢ | ᠥᠷᠨᠢᠭᠦᠯᠦᠨᠡᠦᠢᠯᠡᠴᠢᠯᠡᠭᠡᠨ ᠤ ᠬᠦᠷᠢᠶᠡᠨ ᠳᠠᠬᠢ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ | ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠶᠢ ᠶᠡᠬᠡᠪᠡᠷ ᠬᠡᠷᠡᠭᠵᠢᠭᠦᠯᠵᠦ᠂ ᠳᠤᠮᠳᠠ ᠬᠡᠰᠡᠭ ᠪᠠᠷᠠᠭᠤᠨ ᠬᠡᠰᠡᠭ ᠤᠨ ᠭᠠᠵᠠᠷ | ᠣᠷᠣᠨ ᠢᠯᠠᠩᠭᠤᠶ᠎ᠠ ᠬᠥᠭᠵᠢᠭᠡᠳᠦᠢ ᠭᠠᠵᠠᠷ ᠣᠷᠣᠨ ᠤ ᠬᠥᠭᠵᠢᠯᠲᠡ ᠶᠢᠨ ᠴᠢᠳᠠᠪᠤᠷᠢ ᠪᠠ ᠬᠡᠷᠡᠭᠯᠡᠭᠡᠨ ᠤ ᠬᠢᠷᠢ | ᠬᠡᠮᠵᠢᠶ᠎ᠡ ᠪᠠᠨ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠨ᠎ᠡ᠃ | | ᠬᠤᠶᠠᠷ᠂ ᠪᠥᠬᠦ ᠲᠠᠯ᠎ᠠ ᠪᠠᠷ ᠰᠢᠨ᠎ᠡ ᠶᠢ ᠡᠭᠦᠳᠦᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠬᠡᠷᠡᠭᠯᠡᠭᠡᠨ ᠤ | ᠦᠨᠳᠦᠰᠦᠨ ᠦᠨ᠎ᠡ ᠶᠢ ᠬᠦᠴᠦᠯᠡᠨ ᠲᠣᠭᠲᠠᠪᠤᠷᠢᠵᠢᠭᠤᠯᠤᠨ᠎ᠠ | | ︵ᠳᠥᠷᠪᠡ︶ ᠪᠣᠳᠠᠲᠤ ᠪᠣᠳᠠᠰ ᠤᠨ ᠬᠡᠷᠡᠭᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠲᠠᠰ | ᠳᠡᠪᠰᠢᠭᠦᠯᠬᠦ ᠶᠢ ᠢᠳᠡᠪᠬᠢᠲᠡᠢ ᠠᠬᠢᠭᠤᠯᠤᠨ᠎ᠠ᠃ ᠲᠠᠷᠢᠶᠠᠯᠠᠩ ᠪᠠ ᠦᠢᠯᠡᠳᠬᠦ ᠦᠢᠯᠡᠰ ᠤᠨ ᠲᠠᠸᠠᠷ ᠤᠨ ᠶᠠᠰᠤ ᠴᠢᠨᠠᠷ᠂ | ᠨᠠᠷᠠᠲᠤ ᠲᠥᠷᠥᠯ ᠲᠡᠮᠳᠡᠭᠲᠦ ᠪᠠ ᠪᠠᠷᠢᠮᠵᠢᠶ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠥᠷᠥᠯ ᠵᠦᠢᠯ ᠢ | ᠰᠢᠯᠢᠳᠡᠭᠵᠢᠭᠦᠯᠬᠦ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠪᠠ | ᠪᠠᠷᠢᠮᠵᠢᠶᠠᠵᠢᠭᠤᠯᠤᠨ ᠦᠢᠯᠡᠳᠪᠦᠷᠢᠯᠡᠬᠦ ᠶᠢ ᠠᠬᠢᠭᠤᠯᠤᠨ᠎ᠠ᠃ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ | ᠠᠮᠠᠯᠠᠯᠲᠠ ᠶᠢᠨ ᠪᠠᠷᠢᠮᠵᠢᠶ᠎ᠠ ᠳᠤ ᠬᠦᠷᠦᠭᠰᠡᠨ ᠬᠢᠷᠢ ᠲᠡᠩᠴᠡᠭᠰᠡᠨ ᠦᠨᠡᠮᠯᠡᠯ ᠦᠨᠪᠡᠶ᠎ᠡ ᠪᠠᠨ ᠳᠠᠭᠠᠭᠠᠭᠰᠠᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠲᠠᠢ᠂ ᠰᠢᠨᠵᠢᠯᠡᠬᠦ ᠤᠬᠠᠭᠠᠨ ᠮᠡᠷᠭᠡᠵᠢᠯ ᠪᠠ ᠬᠡᠷᠡᠭᠯᠡᠭᠡᠨ ᠤ ᠤᠷᠤᠰᠬᠠᠯ ᠢ | ᠬᠥᠲᠥᠯᠥᠨ ᠳᠠᠭᠠᠭᠤᠯᠤᠭᠰᠠᠨ᠂ ᠬᠡᠷᠡᠭᠯᠡᠭᠡᠨ ᠤ ᠬᠡᠲᠦ ᠶᠢᠨ ᠲᠥᠯᠥᠪ ᠥᠷᠭᠡᠨ ᠠᠭᠤᠳᠠᠮ ᠰᠢᠨ᠎ᠡ ᠦᠢᠯᠡᠳᠬᠦᠨ ᠰᠢᠨ᠎ᠡ | ᠲᠥᠬᠦᠭᠡᠷᠦᠮᠵᠢ ᠶᠢ ᠨᠡᠩ ᠤᠯᠠᠨ ᠰᠤᠳᠤᠯᠤᠨ ᠨᠡᠭᠡᠭᠡᠵᠦ ᠦᠢᠯᠡᠳᠪᠦᠷᠢᠯᠡᠬᠦ ᠶᠢ ᠳᠡᠮᠵᠢᠨ᠎ᠡ᠃ ᠦᠢᠯᠡᠳᠬᠦ ᠠᠵᠤ | ᠠᠬᠤᠶᠢᠯᠠᠯ ᠬᠢᠭᠡᠳ ᠢᠨᠲ᠋ᠧᠷ ᠰᠦᠯᠵᠢᠶᠡᠨ ᠤ ᠲᠠᠪᠴᠠᠩ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ | ᠠᠬᠤᠶᠢᠯᠠᠯ ᠤᠨ ᠦᠢᠯᠡᠳᠪᠦᠷᠢᠯᠡᠬᠦ ᠠᠵᠢᠯ ᠪᠣᠷᠤᠯᠠᠭᠤᠯᠭ᠎ᠠ ᠶᠢ ᠵᠣᠯᠭᠠᠭᠤᠯᠬᠤ ᠶᠢ ᠰᠠᠭᠠᠳ ᠦᠭᠡᠢ ᠨᠠᠪᠲᠠᠷᠡᠭᠦᠯᠵᠦ᠂ | ᠡᠰᠡᠷᠭᠦ ᠴᠢᠭᠯᠡᠯ ᠢᠶᠠᠷ ᠵᠠᠬᠢᠶᠠᠯᠠᠨ ᠦᠢᠯᠡᠳᠬᠦ ︵C2M︶ ᠪᠠ ᠥᠪᠡᠷᠮᠢᠴᠡᠵᠢᠭᠦᠯᠦᠨ ᠵᠢᠷᠤᠭᠯᠠᠨ ᠲᠥᠯᠥᠪᠯᠡᠬᠦ᠂ | ᠵᠥᠭᠡᠯᠡᠵᠢᠭᠦᠯᠦᠨ ᠦᠢᠯᠡᠳᠪᠦᠷᠢᠯᠡᠬᠦ ᠶᠢ ᠵᠣᠷᠢᠭᠵᠢᠭᠤᠯᠤᠨ ᠬᠥᠭᠵᠢᠭᠦᠯᠦᠨ᠎ᠡ᠃ ᠬᠠᠭᠤᠴᠢᠨ ᠨᠠᠷᠠᠲᠤ ᠲᠡᠮᠳᠡᠭᠲᠦ ᠶᠢᠨ | ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ᠂ ᠭᠠᠵᠠᠷ ᠵᠦᠢ ᠶᠢᠨ ᠪᠡᠯᠭᠡ ᠲᠡᠮᠳᠡᠭᠲᠦ ᠪᠦᠲᠦᠭᠡᠭᠳᠡᠬᠦᠨ ᠢ | ᠮᠠᠭᠠᠳᠯᠠᠨ ᠲᠣᠭᠲᠠᠭᠠᠬᠤ᠂ ᠬᠠᠮᠢᠶᠠᠷᠬᠤ ᠪᠠ ᠬᠠᠮᠠᠭᠠᠯᠠᠬᠤ ᠶᠢ ᠴᠢᠩᠭᠠᠳᠬᠠᠵᠤ᠂ ᠨᠠᠩ ᠣᠯᠠᠨ ᠲᠣᠰ ᠭᠠᠵᠠᠷ | ᠣᠷᠣᠨ ᠤ ᠣᠨᠴᠠᠯᠢᠭ ᠲᠠᠢ ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠤᠨ᠎ᠠ᠃ | | ︵ᠲᠠᠪᠤ︶ ᠡᠷᠡᠭᠦᠯᠵᠢᠯ ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠵᠡᠷᠭᠡ ᠦᠢᠯᠡᠴᠢᠯᠡᠭᠡᠨ ᠤ | ᠬᠡᠷᠡᠭᠯᠡᠭᠡ ᠶᠢ ᠬᠦᠴᠦᠯᠡᠨ ᠠᠬᠢᠭᠤᠯᠤᠨ᠎ᠠ᠃ ᠣᠯᠠᠨ ᠲᠠᠰ ᠳᠠᠪᠬᠤᠷᠭ᠎ᠠ ᠶᠢᠨ ᠣᠯᠠᠨ ᠶᠠᠩᠵᠤ ᠶᠢᠨ ᠡᠮᠴᠢᠯᠡᠭᠡ ᠡᠷᠡᠭᠦᠯ | ᠮᠡᠨᠳᠦ ᠶᠢᠨ ᠦᠢᠯᠡᠴᠢᠯᠡᠭᠡ ᠶᠢ ᠭᠦᠨᠵᠡᠭᠡᠢ ᠬᠥᠭᠵᠢᠭᠦᠯᠵᠦ᠂ ᠬᠢᠲᠠᠳ ᠡᠮᠨᠡᠯᠭᠡ ᠶᠢᠨ ᠡᠮᠴᠢᠯᠡᠭᠡ ᠪᠠ ᠪᠡᠶ᠎ᠡ ᠰᠤᠪᠢᠯᠠᠯᠲᠠ | ᠡᠷᠡᠭᠦᠯᠵᠢᠯ ᠵᠡᠷᠭᠡ ᠦᠢᠯᠡᠴᠢᠯᠡᠭᠡ ᠶᠢ ᠢᠳᠡᠪᠬᠢᠲᠡᠢ ᠬᠥᠭᠵᠢᠭᠦᠯᠵᠦ᠂ ᠡᠮᠴᠢᠯᠡᠭᠡ ᠡᠷᠡᠭᠦᠯᠵᠢᠯ ᠤᠨ ᠬᠡᠷᠡᠭᠯᠡᠭᠡ ᠪᠠ | ᠬᠠᠮᠠᠭᠠᠯᠠᠯᠲᠠ ᠶᠢᠨ ᠬᠡᠷᠡᠭᠰᠡᠯ ᠤᠨ ᠬᠡᠷᠡᠭᠯᠡᠭᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠲᠠᠰ ᠳᠡᠪᠰᠢᠬᠦ ᠶᠢ | ᠠᠬᠢᠭᠤᠯᠤᠨ᠎ᠠ᠃ ᠨᠠᠰᠤᠲᠠᠨ ᠢ ᠣᠶᠤᠨᠴᠢ ᠪᠠᠷ ᠲᠤᠰᠠᠯᠠᠬᠤ ᠠᠵᠢᠯᠯᠠᠭ᠎ᠠ ᠶᠢ ᠬᠡᠷᠡᠭᠵᠢᠭᠦᠯᠵᠦ᠂ ᠨᠠᠰᠤᠵᠢᠯᠲᠠ ᠳᠤ | ᠵᠣᠬᠢᠴᠠᠬᠤ ᠥᠭᠡᠷᠡᠴᠢᠯᠡᠯᠲᠡ ᠪᠠ ᠣᠶᠤᠨᠴᠢᠯᠠᠭᠰᠠᠨ ᠦᠢᠯᠡᠳᠬᠦᠨ ᠤ ᠨᠡᠭᠡᠭᠡᠨ ᠬᠥᠭᠵᠢᠭᠦᠯᠦᠯᠲᠡ ᠶᠢ ᠲᠦᠷᠭᠡᠪᠴᠢᠯᠡᠨ | ᠠᠬᠢᠭᠤᠯᠵᠤ᠂ ᠨᠠᠰᠤᠲᠠᠶᠢᠴᠤᠳ ᠤᠨ ᠬᠡᠷᠡᠭᠯᠡᠭᠡ ᠳᠤ ᠲᠣᠬᠢᠷᠠᠭᠰᠠᠨ ᠵᠢᠭᠤᠯᠴᠢᠯᠠᠯ᠂ ᠪᠡᠶ᠎ᠡ ᠰᠤᠪᠢᠯᠠᠯᠲᠠ᠂ ᠡᠷᠡᠭᠦᠯ | ᠮᠡᠨᠳᠦ ᠶᠢᠨ ᠵᠥᠪᠯᠡᠯᠭᠡ ᠥᠭᠬᠦ᠂ ᠠᠮᠢᠳᠤᠷᠠᠯ ᠤᠨ ᠠᠰᠠᠷᠠᠮᠵᠢ᠂ ᠤᠳᠠᠭᠠᠨ ᠴᠢᠨᠠᠷᠲᠠᠢ ᠡᠪᠡᠳᠴᠢᠨ ᠤ ᠬᠠᠮᠢᠶᠠᠷᠤᠯᠲᠠ | ᠵᠡᠷᠭᠡ ᠦᠢᠯᠡᠳᠬᠦᠨ ᠪᠠ ᠦᠢᠯᠡᠴᠢᠯᠡᠭᠡ ᠶᠢ ᠬᠥᠭᠵᠢᠭᠦᠯᠵᠦ᠂ ᠮᠤᠵᠢ ᠶᠢᠨ ᠬᠤᠭᠤᠷᠣᠨᠳᠣᠬᠢ ᠵᠢᠭᠤᠯᠴᠢᠯᠠᠵᠤ ᠰᠠᠭᠤᠬᠤ | ᠪᠠ ᠨᠠᠰᠤᠵᠢᠯ ᠤᠨ ᠠᠰᠠᠷᠠᠮᠵᠢ ᠶᠢᠨ ᠬᠠᠮᠲᠤᠷᠠᠯᠴᠠᠭ᠎ᠠ ᠥᠷᠨᠢᠭᠦᠯᠬᠦ ᠶᠢ ᠲᠡᠮᠵᠢᠨ᠎ᠡ᠃ ᠨᠡᠶᠢᠳᠡᠮ ᠠᠰᠢᠭ ᠬᠦᠷᠲᠡᠭᠡᠬᠦ | ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠨᠡᠶᠢᠭᠡᠮ ᠤᠨ ᠬᠦᠴᠦᠨ ᠤ | ᠣᠯᠠᠨ ᠡᠰᠢᠵᠢᠭᠰᠡᠨ᠂ ᠵᠢᠷᠤᠮᠵᠢᠭᠰᠠᠨ ᠬᠡᠦᠬᠡᠳ ᠰᠠᠭᠠᠲᠠᠭᠤᠯᠬᠤ ᠦᠢᠯᠡᠴᠢᠯᠡᠭᠡ ᠬᠠᠩᠭᠠᠬᠤ ᠶᠢ ᠳᠡᠮᠵᠢᠵᠦ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢ ᠬᠥᠲᠥᠯᠥᠨ ᠵᠢᠯᠤᠭᠤᠳᠴᠤ ᠪᠠᠶᠢᠭᠠᠳ ᠤᠯᠤᠰ ᠲᠠᠭᠠᠨ ᠦᠢᠯᠡᠳᠪᠦᠷᠢᠯᠡᠭᠰᠡᠨ ᠨᠠᠩ | ᠣᠯᠠᠨ ᠠᠮᠤᠷ ᠲᠦᠪᠰᠢᠨ ᠡᠷᠡᠭᠦᠯ ᠴᠢᠭᠢᠷᠠᠭ ᠨᠢᠯᠬ᠎ᠠ ᠬᠡᠦᠬᠡᠳ ᠤᠨ ᠬᠡᠷᠡᠭᠯᠡᠭᠡᠨ ᠤ ᠵᠦᠢᠯ ᠢ ᠨᠡᠭᠡᠭᠡᠨ ᠬᠥᠭᠵᠢᠭᠦᠯᠦᠨ᠎ᠡ᠃ | | | ︵ᠵᠢᠷᠭᠤᠭ᠎ᠠ︶ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠶᠢ ᠦᠷᠭᠦᠯᠵᠢᠯᠡᠨ ᠥᠷᠭᠡᠳᠬᠡᠨ᠎ᠡ᠃ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠶᠢ ᠲᠦᠯᠬᠢᠨ | ᠠᠬᠢᠭᠤᠯᠵᠤ᠂ ᠬᠡᠪᠯᠡᠯ᠂ ᠺᠢᠨᠣ᠋᠂ ᠷᠠᠳᠢᠣ᠋ ᠨᠡᠪᠲᠡᠷᠡᠭᠦᠯᠭᠡ ᠲᠧᠯᠸᠢᠰ ᠵᠡᠷᠭᠡ ᠶᠢᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠤᠨ᠎ᠠ᠃ ᠪᠥᠬᠦ ᠣᠷᠣᠨ ᠪᠦᠰᠡ ᠶᠢᠨ ᠵᠢᠭᠤᠯᠴᠢᠯᠠᠯ ᠢ ᠶᠡᠬᠡᠪᠡᠷ ᠬᠥᠭᠵᠢᠭᠦᠯᠵᠦ᠂ ᠬᠤᠪᠢᠰᠬᠠᠯ ᠤᠨ | ᠳᠤᠷᠠᠰᠬᠠᠯᠲᠤ ᠵᠢᠭᠤᠯᠴᠢᠯᠠᠯ᠂ ᠰᠡᠯᠡᠭᠦᠴᠡᠯ ᠠᠮᠠᠷᠠᠯᠲᠠ ᠶᠢᠨ ᠵᠢᠭᠤᠯᠴᠢᠯᠠᠯ᠂ ᠠᠵᠤ ᠦᠢᠯᠡᠳᠪᠦᠷᠢ ᠶᠢᠨ ᠵᠢᠭᠤᠯᠴᠢᠯᠠᠯ᠂ | ᠵᠢᠭᠤᠯᠴᠢᠯᠠᠯ ᠤᠨ ᠲᠣᠭᠯᠠᠯᠲᠠ ᠶᠢᠨ ᠤᠷᠠᠯᠢᠭ ᠵᠡᠷᠭᠡ ᠶᠢᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ᠂ | ᠪᠣᠳᠠᠰ ᠤᠨ ᠪᠤᠰᠤ ᠰᠣᠶᠣᠯ ᠤᠨ ᠥᠪ ᠤᠨ ᠭᠤᠣᠯ ᠰᠡᠳᠦᠪᠲᠦ ᠵᠢᠭᠤᠯᠴᠢᠯᠠᠯ ᠤᠨ ᠬᠥᠭᠵᠢᠯᠲᠡ ᠶᠢ ᠠᠬᠢᠭᠤᠯᠤᠨ᠎ᠠ᠃ | ᠮᠥᠰᠥ ᠴᠠᠰᠤᠨ ᠤ ᠵᠢᠭᠤᠯᠴᠢᠯᠠᠯ ᠤᠨ ᠬᠥᠭᠵᠢᠯᠲᠡ ᠶᠢᠨ ᠠᠵᠢᠯᠯᠠᠭᠠᠨ ᠤ ᠲᠥᠯᠥᠪᠯᠡᠭᠡ ᠶᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ | ᠲᠡᠭᠦᠯᠳᠡᠷᠵᠢᠭᠦᠯᠵᠦ᠂ ᠴᠡᠴᠡᠷᠯᠢᠭ᠂ ᠦᠵᠡᠮᠵᠢ ᠶᠢᠨ ᠣᠷᠣᠨ᠂ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ᠂ ᠰᠣᠶᠣᠯ | ᠦᠵᠡᠰᠬᠦᠯᠡᠩ ᠤᠨ ᠲᠠᠯᠠᠪᠤᠷ ᠣᠷᠳᠣᠨ ᠵᠡᠷᠭᠡ ᠶᠢ ᠬᠥᠲᠥᠯᠥᠨ ᠵᠢᠯᠤᠭᠤᠳᠴᠤ ᠪᠠᠶᠢᠭᠠᠳ ᠲᠥᠬᠦᠭᠡᠷᠦᠮᠵᠢ ᠪᠠ | ᠦᠢᠯᠡᠴᠢᠯᠡᠭᠡᠨ ᠤ ᠨᠥᠬᠦᠴᠡᠯ ᠢ ᠨᠢ ᠰᠠᠶᠢᠵᠢᠷᠠᠭᠤᠯᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠡᠭᠡᠭᠡᠬᠦ | ᠴᠠᠭ ᠢ ᠨᠢ ᠤᠷᠲᠤᠳᠬᠠᠨ᠎ᠠ᠃ ᠬᠤᠳᠠ ᠶᠢᠨ ᠪᠥᠭᠡᠮᠨᠡᠷᠡᠯ᠂ ᠬᠤᠳᠠ ᠶᠢᠨ ᠬᠦᠷᠢᠶ᠎ᠡ ᠵᠡᠷᠭᠡ ᠶᠢᠨ ᠣᠷᠣᠨ ᠪᠦᠰᠡ | ᠠᠯᠤᠰᠯᠠᠭᠰᠠᠨ ᠰᠣᠶᠣᠯ ᠤᠨ ᠪᠠ ᠵᠢᠭᠤᠯᠴᠢᠯᠠᠯ ᠤᠨ ᠣᠨ ᠤ ᠪᠢᠯᠧᠲ᠂ ᠬᠤᠯᠪᠣᠭᠠᠯᠠᠭᠰᠠᠨ ᠪᠢᠯᠧᠲ ᠵᠡᠷᠭᠡ ᠶᠢ ᠨᠡᠭᠡᠭᠡᠨ | ᠬᠥᠭᠵᠢᠭᠦᠯᠬᠦ ᠶᠢ ᠵᠣᠷᠢᠭᠵᠢᠭᠤᠯᠤᠨ᠎ᠠ᠃ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠲᠤᠷᠰᠢᠯᠲᠠ ᠶᠢᠨ ᠵᠢᠱᠢᠶ᠎ᠡ | ᠦᠵᠡᠭᠦᠯᠬᠦ ᠠᠵᠢᠯ ᠢ ᠭᠦᠨᠵᠡᠭᠡᠢ ᠲᠦᠯᠬᠢᠨ ᠠᠬᠢᠭᠤᠯᠤᠨ᠎ᠠ᠃ ᠴᠠᠯᠢᠩ ᠲᠠᠢ ᠪᠠᠷ ᠠᠮᠠᠷᠠᠬᠤ ᠳᠦᠷᠢᠮ ᠢ ᠢᠳᠡᠪᠬᠢᠲᠡᠢ | ᠨᠠᠶᠢᠳᠠᠪᠤᠷᠢᠵᠢᠭᠤᠯᠵᠤ᠂ ᠴᠠᠯᠢᠩ ᠲᠠᠢ ᠪᠠᠷ ᠠᠮᠠᠷᠠᠬᠤ ᠪᠠ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ | ᠪᠠ ᠠᠮᠠᠷᠠᠯᠲᠠ ᠶᠢᠨ ᠡᠳᠦᠷ᠂ ᠭᠠᠷᠠᠭ ᠤᠨ ᠠᠮᠠᠷᠠᠯᠲᠠ ᠶᠢᠨ ᠡᠳᠦᠷ ᠤᠨ ᠵᠦᠢ ᠵᠣᠬᠢᠰᠲᠠᠢ ᠲᠠᠷᠬᠠᠯᠲᠠ᠂ | ᠲᠡᠩᠴᠡᠭᠦᠷᠢᠲᠡᠢ ᠲᠣᠬᠢᠷᠠᠭᠤᠯᠤᠯᠲᠠ ᠶᠢ ᠠᠬᠢᠭᠤᠯᠤᠨ᠎ᠠ᠃ | | ︵ᠳᠣᠯᠤᠭ᠎ᠠ︶ ᠪᠣᠬᠢᠷᠲᠤᠯ ᠦᠭᠡᠢ ᠬᠡᠷᠡᠭᠯᠡᠭᠡ ᠶᠢ ᠶᠡᠬᠡᠪᠡᠷ ᠬᠥᠭᠵᠢᠭᠦᠯᠦᠨ᠎ᠡ᠃ ᠠᠷᠠᠳ ᠨᠡᠶᠢᠲᠡ ᠪᠠᠷ ᠢᠶᠠᠨ | ᠠᠷᠪᠢᠯᠠᠨ ᠭᠠᠮᠨᠠᠬᠤ ᠤᠬᠠᠮᠰᠠᠷ ᠢ ᠴᠢᠩᠭᠠᠷᠠᠭᠤᠯᠵᠤ᠂ ᠬᠡᠭᠡᠨᠴᠢᠷᠯᠡᠨ ᠪᠦᠷᠢᠯᠭᠡᠬᠦ ᠪᠠ ᠬᠡᠳᠦ ᠬᠡᠷᠡᠭᠯᠡᠬᠦ ᠶᠢ ᠡᠰᠡᠷᠭᠦᠴᠡᠵᠦ᠂ | ᠳᠥᠭᠦᠮ ᠪᠥᠭᠡᠳ ᠲᠣᠬᠢᠷᠠᠮᠵᠢᠲᠠᠢ᠂ ᠪᠣᠬᠢᠷᠲᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠠᠮᠢᠳᠤᠷᠠᠯ ᠤᠨ ᠠᠷᠭ᠎ᠠ ᠮᠠᠶ᠋ᠢᠭ ᠪᠠ ᠬᠡᠷᠡᠭᠯᠡᠭᠡᠨ ᠤ ᠵᠠᠭᠪᠤᠷ ᠢ ᠪᠤᠢ ᠪᠣᠯᠭᠠᠨ᠎ᠠ᠃ ᠪᠣᠬᠢᠷᠲᠤᠯ ᠦᠭᠡᠢ ᠣᠷᠭᠠᠨᠢᠭ | ᠢᠳᠡᠭᠡᠨ᠂ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠷᠡᠭᠦᠯᠦᠨ᠎ᠡ᠃ ᠪᠣᠬᠢᠷᠲᠤᠯ ᠦᠭᠡᠢ ᠪᠠᠷ ᠠᠶᠠᠯᠠᠬᠤ ᠶᠢ | ᠰᠠᠨᠠᠭᠠᠴᠢᠯᠠᠵᠤ᠂ ᠬᠤᠲᠠ ᠶᠢᠨ ᠣᠯᠠᠨ ᠨᠡᠶᠢᠲᠡ ᠶᠢᠨ ᠮᠠᠰᠢᠨ ᠲᠡᠷᠭᠡ ᠴᠠᠬᠢᠯᠭᠠᠨ ᠲᠡᠷᠭᠡ᠂ ᠲᠡᠮᠦᠷ ᠵᠠᠮᠲᠤ ᠵᠠᠮ | ᠬᠠᠷᠢᠯᠴᠠᠭᠠᠨ ᠤ ᠠᠶᠠᠯᠠᠯ ᠤᠨ ᠡᠵᠡᠯᠡᠬᠦ ᠬᠠᠷᠢᠴᠠᠯ ᠢ ᠳᠡᠭᠡᠭᠰᠢᠯᠡᠭᠦᠯᠦᠨ᠂ ᠣᠯᠠᠨ ᠨᠡᠶᠢᠲᠡ ᠶᠢᠨ ᠦᠢᠯᠡᠴᠢᠯᠡᠭᠡᠨ ᠤ | ᠲᠡᠷᠭᠡ ᠬᠥᠰᠬᠡ ᠶᠢᠨ ᠴᠠᠬᠢᠯᠭᠠᠨᠵᠢᠭᠤᠯᠤᠯᠲᠠ ᠶᠢ ᠠᠬᠢᠭᠤᠯᠤᠨ᠎ᠠ᠃ ᠪᠣᠬᠢᠷᠲᠤᠯ ᠦᠭᠡᠢ ᠪᠠᠷᠢᠯᠭ᠎ᠠ ᠶᠢ | ᠬᠡᠪᠴᠢᠶᠡᠵᠢᠭᠦᠯᠦᠨ ᠬᠥᠭᠵᠢᠭᠦᠯᠬᠦ ᠶᠢ ᠲᠦᠯᠬᠢᠨ ᠠᠬᠢᠭᠤᠯᠵᠤ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢ ᠶᠡᠬᠡᠪᠡᠷ | ᠬᠥᠭᠵᠢᠭᠦᠯᠦᠨ᠂ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠢ ᠢᠳᠡᠪᠬᠢᠲᠡᠢ ᠪᠠᠷ ᠳᠡᠯᠭᠡᠷᠡᠭᠦᠯᠵᠦ᠂ ᠪᠠᠷᠢᠯᠭ᠎ᠠ ᠶᠢᠨ | ᠡᠨᠧᠷᠭᠢ ᠠᠷᠪᠢᠯᠠᠬᠤ ᠥᠭᠡᠷᠡᠴᠢᠯᠡᠯᠲᠡ ᠶᠢ ᠲᠦᠷᠭᠡᠳᠬᠡᠨ᠎ᠡ᠃ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ | ᠲᠡᠷᠭᠡ ᠶᠢᠨ ᠲᠦᠷᠭᠡᠪᠴᠢᠯᠡᠨ ᠬᠥᠭᠵᠢᠬᠦ ᠶᠢ ᠲᠡᠮᠵᠢᠨ᠎ᠡ᠃ ᠪᠣᠬᠢᠷᠲᠤᠯ ᠦᠭᠡᠢ ᠭᠡᠷ ᠤᠨ ᠬᠤᠪᠴᠠᠰᠤ ᠶᠢ ᠶᠡᠬᠡᠪᠡᠷ | ᠬᠥᠭᠵᠢᠭᠦᠯᠵᠦ᠂ ᠬᠡᠷᠡᠭᠯᠡᠭᠴᠢᠳ ᠤᠨ ᠪᠣᠬᠢᠷᠲᠤᠯ ᠦᠭᠡᠢ ᠡᠨᠧᠷᠭᠢ ᠠᠷᠪᠢᠯᠠᠬᠤ ᠭᠡᠷ ᠤᠨ ᠴᠠᠬᠢᠯᠭᠠᠨ ᠬᠡᠷᠡᠭᠰᠡᠯ᠂ | ᠣᠷᠴᠢᠨ ᠠᠬᠤᠢ ᠶᠢ ᠬᠠᠮᠠᠭᠠᠯᠠᠬᠤ ᠭᠡᠷ ᠤᠨ ᠬᠡᠷᠡᠭᠰᠡᠯ ᠵᠡᠷᠭᠡ ᠭᠡᠷ ᠤᠨ ᠬᠡᠷᠡᠭᠰᠡᠯ ᠤᠨ ᠦᠢᠯᠡᠳᠬᠦᠨ ᠢᠶᠠᠨ ᠰᠣᠯᠢᠬᠤ | ᠪᠤᠶᠤ ᠰᠢᠨ᠎ᠡ ᠪᠠᠷ ᠬᠤᠳᠠᠯᠳᠤᠨ ᠠᠪᠬᠤ ᠶᠢ ᠵᠣᠷᠢᠭᠵᠢᠭᠤᠯᠤᠨ᠎ᠠ᠃ ᠬᠠᠶᠠᠭᠳᠠᠮᠠᠯ ᠬᠠᠭᠤᠴᠢᠨ ᠡᠳ᠋ ᠪᠣᠳᠠᠰ ᠢ | ᠣᠷᠴᠢᠯᠳᠤᠭᠤᠯᠤᠨ ᠠᠰᠢᠭᠯᠠᠬᠤ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠮᠠᠰᠢᠨ ᠲᠡᠷᠭᠡ᠂ ᠭᠡᠷ ᠤᠨ ᠴᠠᠬᠢᠯᠭᠠᠨ | ᠬᠡᠷᠡᠭᠰᠡᠯ᠂ ᠭᠡᠷ ᠤᠨ ᠬᠡᠷᠡᠭᠰᠡᠯ᠂ ᠳ᠋ᠢᠶᠠᠨ ᡂᠢ᠂ ᠴᠠᠬᠢᠮ ᠦᠢᠯᠡᠳᠬᠦᠨ ᠵᠡᠷᠭᠡ ᠶᠢ ᠬᠤᠷᠢᠶᠠᠨ ᠠᠪᠴᠤ ᠠᠰᠢᠭᠯᠠᠬᠤ ᠶᠢ | ᠲᠦᠯᠬᠢᠨ ᠠᠬᠢᠭᠤᠯᠵᠤ᠂ ᠬᠠᠶᠠᠭᠳᠠᠮᠠᠯ ᠬᠠᠭᠤᠴᠢᠨ ᠡᠳ᠋ ᠪᠣᠳᠠᠰ ᠢ ᠬᠤᠷᠢᠶᠠᠨ ᠠᠪᠬᠤ ᠲᠡᠷᠭᠡ ᠬᠥᠰᠬᠡ ᠶᠢ ᠬᠤᠳᠠ ᠳᠤ | ᠣᠷᠣᠭᠤᠯᠬᠤ᠂ ᠵᠢᠵᠢᠭ ᠲᠣᠭᠤᠷᠢᠭ ᠲᠤ ᠣᠷᠣᠭᠤᠯᠬᠤ ᠬᠢᠵᠠᠭᠠᠷᠯᠠᠯ ᠢ ᠵᠣᠬᠢᠰᠲᠠᠢ ᠪᠠᠷ ᠠᠭᠤᠵᠢᠭᠤ ᠪᠣᠯᠭᠠᠨ᠎ᠠ᠃ | ᠲᠠᠸᠠᠷ ᠤᠨ ᠪᠣᠭᠤᠳᠠᠯ ᠪᠠᠭᠯᠠᠭ᠎ᠠ ᠪᠠ ᠭᠦᠢᠯᠭᠡᠭᠡᠨ ᠤ ᠵᠠᠩᠭᠢᠯᠠᠭ᠎ᠠ ᠶᠢᠨ ᠪᠣᠭᠤᠳᠠᠯ ᠪᠠᠭᠯᠠᠭ᠎ᠠ ᠶᠢ ᠪᠣᠬᠢᠷᠲᠤᠯ ᠦᠭᠡᠢ | ᠪᠣᠯᠭᠠᠬᠤ᠂ ᠬᠡᠮᠵᠢᠶ᠎ᠡ ᠶᠢ ᠪᠠᠭᠠᠰᠬᠠᠬᠤ᠂ ᠤᠷᠴᠢᠯᠵᠢᠭᠤᠯᠬᠤ ᠶᠢ ᠲᠦᠯᠬᠢᠨ ᠠᠬᠢᠭᠤᠯᠤᠨ᠎ᠠ᠃ ᠪᠣᠬᠢᠷᠲᠤᠯ ᠦᠭᠡᠢ | ᠬᠡᠷᠡᠭᠯᠡᠭᠡ ᠶᠢ ᠠᠬᠢᠭᠤᠯᠬᠤ ᠲᠤᠷᠰᠢᠯᠲᠠ ᠶᠢ ᠥᠷᠨᠢᠭᠦᠯᠦᠨ᠎ᠡ᠃ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ᠂ | ᠪᠣᠬᠢᠷᠲᠤᠯ ᠦᠭᠡᠢ ᠭᠡᠷ ᠪᠦᠯᠢ᠂ ᠪᠣᠬᠢᠷᠲᠤᠯ ᠦᠭᠡᠢ ᠨᠡᠶᠢᠭᠡᠮ ᠲᠣᠭᠤᠷᠢᠭ᠂ ᠪᠣᠬᠢᠷᠲᠤᠯ ᠦᠭᠡᠢ ᠶᠠᠪᠤᠵᠤ ᠰᠠᠭᠤᠬᠤ | ᠵᠡᠷᠭᠡ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠎ᠡ᠃ | | ︵ᠨᠠᠢᠮᠠ︶ ᠰᠢᠶᠠᠨ ᠰᠤᠮᠤᠨ ᠤ ᠬᠡᠷᠡᠭᠯᠡᠭᠡᠨ ᠤ ᠳᠠᠯᠳᠠ ᠬᠦᠴᠦᠨ ᠢ ᠭᠦᠢᠴᠡᠳ ᠠᠭᠤᠳᠠᠯᠤᠨ᠎ᠠ᠃ ᠰᠢᠶᠠᠨ ᠤ | ᠬᠡᠪᠴᠢᠶ᠎ᠡ ᠶᠢ ᠨᠢᠭᠡᠳᠦᠯᠲᠡᠢ ᠲᠥᠯᠥᠪᠵᠢᠭᠦᠯᠦᠭᠰᠡᠨ᠂ ᠰᠢᠶᠠᠨ ᠤ ᠬᠤᠳᠠ ᠪᠠᠷ ᠲᠥᠪ ᠪᠣᠯᠭᠠᠭᠰᠠᠨ᠂ ᠰᠢᠶᠠᠩ | ᠪᠠᠯᠭᠠᠰᠤ ᠪᠠᠷ ᠭᠤᠣᠯᠳᠠᠯᠭ᠎ᠠ ᠪᠣᠯᠭᠠᠭᠰᠠᠨ᠂ ᠭᠠᠴᠠᠭ᠎ᠠ ᠲᠣᠰᠬᠤᠨ ᠢᠶᠠᠷ ᠰᠠᠭᠤᠷᠢ ᠪᠣᠯᠭᠠᠭᠰᠠᠨ ᠰᠢᠶᠠᠨ ᠤ | ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ︽ᠲᠣᠭᠠᠨ ᠤ | ᠬᠤᠳᠠᠯᠳᠤᠭ᠎ᠠ ᠪᠠᠷ ᠲᠠᠷᠢᠶᠠᠯᠠᠩ ᠢ ᠬᠥᠭᠵᠢᠭᠦᠯᠬᠦ︾᠂ ︽ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ︾ | ᠪᠠ ︽ᠢᠨᠲ᠋ᠧᠷ ᠰᠦᠯᠵᠢᠶ᠎ᠡ +︾ ᠲᠠᠷᠢᠶᠠᠯᠠᠩ ᠤᠨ ᠪᠦᠲᠦᠭᠡᠭᠳᠡᠬᠦᠨ ᠢ ᠲᠣᠰᠬᠤᠨ ᠠᠴᠠ ᠭᠠᠷᠭᠠᠵᠤ ᠬᠤᠲᠠ ᠳᠤ | ᠣᠷᠣᠭᠤᠯᠬᠤ ᠵᠡᠷᠭᠡ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ | ᠰᠢᠰᠲ᠋ᠧᠮ ᠤᠨ ᠡᠬᠢ ᠪᠠᠶᠠᠯᠢᠭ ᠢ ᠤᠯᠠᠮ ᠠᠮᠢᠳᠤᠯᠢᠭ ᠪᠣᠯᠭᠠᠵᠤ᠂ ᠨᠡᠶᠢᠭᠡᠮ ᠤᠨ ᠡᠬᠢ ᠪᠠᠶᠠᠯᠢᠭ ᠤᠨ ᠥᠷᠭᠡᠨ ᠢᠶᠠᠷ | ᠣᠷᠣᠯᠴᠠᠬᠤ ᠶᠢ ᠬᠥᠲᠥᠯᠥᠨ ᠵᠢᠯᠤᠭᠤᠳᠴᠤ᠂ ᠠᠷᠭ᠎ᠠ ᠵᠠᠮ ᠪᠠ ᠦᠢᠯᠡᠴᠢᠯᠡᠭᠡ ᠶᠢ ᠳᠣᠷᠣᠭᠰᠢ ᠪᠠᠭᠤᠯᠭᠠᠬᠤ ᠶᠢ | ᠠᠬᠢᠭᠤᠯᠤᠨ᠎ᠠ᠃ ᠲᠣᠮᠣ ᠬᠡᠯᠪᠡᠷᠢ ᠶᠢᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ᠂ ᠴᠠᠬᠢᠮ | ᠬᠤᠳᠠᠯᠳᠤᠭᠠᠨ ᠤ ᠲᠠᠪᠴᠠᠩ ᠪᠠ ᠣᠲᠣ ᠦᠶ᠎ᠡ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠬᠥᠳᠡᠭᠡ ᠲᠣᠰᠬᠤᠨ | ᠳᠠᠰᠢ ᠥᠷᠭᠡᠵᠢᠬᠦ ᠶᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ᠂ ᠨᠠᠷᠠᠲᠤ ᠲᠥᠷᠥᠯ ᠲᠡᠮᠳᠡᠭᠲᠦ ᠶᠢᠨ | ᠬᠡᠷᠡᠭᠯᠡᠭᠡ᠂ ᠶᠠᠰᠤ ᠴᠢᠨᠠᠷ ᠤᠨ ᠬᠡᠷᠡᠭᠯᠡᠭᠡ ᠶᠢ ᠬᠥᠳᠡᠭᠡ ᠲᠣᠰᠬᠤᠨ ᠳᠤ ᠣᠷᠣᠭᠤᠯᠬᠤ ᠶᠢ ᠠᠬᠢᠭᠤᠯᠤᠨ᠎ᠠ᠃ ᠮᠠᠰᠢᠨ | ᠲᠡᠷᠭᠡ᠂ ᠭᠡᠷ ᠤᠨ ᠴᠠᠬᠢᠯᠭᠠᠨ ᠬᠡᠷᠡᠭᠰᠡᠯ ᠢᠶᠠᠷ ᠭᠤᠣᠯᠳᠠᠯᠭ᠎ᠠ ᠪᠣᠯᠭᠠᠨ᠂ ᠠᠵᠤ ᠠᠬᠤᠶᠢᠯᠠᠯ ᠤᠨ ᠬᠥᠳᠡᠭᠡ | ᠲᠣᠰᠬᠤᠨ ᠳᠤ ᠬᠠᠨᠳᠤᠭᠤᠯᠤᠨ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠥᠷᠨᠢᠭᠦᠯᠬᠦ ᠶᠢ ᠬᠥᠲᠥᠯᠥᠨ | ᠵᠢᠯᠤᠭᠤᠳᠴᠤ᠂ ᠨᠥᠬᠦᠴᠡᠯ ᠲᠠᠢ ᠭᠠᠵᠠᠷ ᠣᠷᠣᠨ ᠤ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡ ᠪᠠ | ᠪᠣᠬᠢᠷᠲᠤᠯ ᠦᠭᠡᠢ ᠣᠶᠤᠨᠲᠤ ᠭᠡᠷ ᠤᠨ ᠴᠠᠬᠢᠯᠭᠠᠨ ᠬᠡᠷᠡᠭᠰᠡᠯ ᠢ ᠬᠥᠳᠡᠭᠡ ᠪᠠᠭᠤᠯᠭᠠᠬᠤ ᠶᠢ ᠵᠣᠷᠢᠭᠵᠢᠭᠤᠯᠵᠤ᠂ | ᠴᠠᠬᠢᠯᠭᠠᠨ ᠴᠡᠨᠡᠭᠯᠡᠬᠦ ᠱᠣᠩ ︵ᠦᠷᠳᠡᠭᠡ︶ ᠵᠡᠷᠭᠡ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠬᠥᠳᠡᠭᠡ ᠲᠣᠰᠬᠤᠨ ᠤ ᠵᠢᠭᠤᠯᠴᠢᠯᠠᠯ᠂ ᠰᠡᠯᠡᠭᠦᠴᠡᠯ ᠤᠨ ᠲᠠᠷᠢᠶᠠᠯᠠᠩ᠂ | ᠰᠣᠶᠣᠯ ᠤᠨ ᠣᠶᠢᠯᠠᠭᠠᠯᠲᠠ᠂ ᠡᠷᠡᠭᠦᠯ ᠮᠡᠨᠳᠦ ᠨᠠᠰᠤᠵᠢᠯ ᠤᠨ ᠠᠰᠠᠷᠠᠮᠵᠢ᠂ ᠠᠷᠠᠳ ᠤᠨ ᠣᠷᠣᠨ ᠰᠠᠭᠤᠴᠠ ᠶᠢᠨ | ᠠᠵᠤ ᠠᠬᠤᠢ᠂ ᠭᠡᠷ ᠤᠨ ᠭᠠᠳᠠᠨᠠᠬᠢ ᠬᠥᠳᠡᠯᠭᠡᠭᠡᠨ ᠵᠡᠷᠭᠡ ᠦᠢᠯᠡᠴᠢᠯᠡᠭᠡᠨ ᠤ ᠣᠷᠴᠢᠨ ᠲᠣᠭᠤᠷᠢᠨ ᠪᠠ ᠴᠢᠨᠠᠷ | ᠴᠢᠨᠰᠠᠭ᠎ᠠ ᠶᠢ ᠳᠡᠭᠡᠭᠰᠢᠯᠡᠭᠦᠯᠦᠨ᠎ᠡ᠃ | | ᠭᠤᠷᠪᠠ᠂ ᠲᠤᠯᠭᠠᠭᠤᠷᠢᠯᠠᠬᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠬᠡᠷᠡᠭᠯᠡᠭᠡᠨ ᠤ ᠬᠥᠭᠵᠢᠯᠲᠡ ᠶᠢᠨ | ᠶᠡᠷᠦᠩᠬᠡᠶᠢᠯᠡᠭᠰᠡᠨ ᠴᠢᠳᠠᠪᠤᠷᠢ ᠶᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ | | ︵ᠶᠢᠰᠦ︶ ᠬᠡᠷᠡᠭᠯᠡᠭᠡᠨ ᠤ ᠲᠠᠪᠴᠠᠩ ᠤᠨ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠠᠬᠢᠭᠤᠯᠤᠨ᠎ᠠ᠃ | ᠤᠯᠠᠨ ᠤᠯᠤᠰ ᠤᠨ ᠬᠡᠷᠡᠭᠯᠡᠭᠡᠨ ᠤ ᠲᠥᠪ ᠬᠤᠳᠠ ᠶᠢ ᠪᠣᠶᠢᠵᠢᠭᠤᠯᠬᠤ ᠪᠦᠲᠦᠭᠡᠨ ᠪᠠᠶᠢᠭᠤᠯᠤᠯᠲᠠ ᠶᠢ ᠲᠦᠷᠭᠡᠪᠴᠢᠯᠡᠨ | ᠠᠬᠢᠭᠤᠯᠤᠨ᠎ᠠ᠃ ᠨᠢᠭᠡ ᠪᠦᠯᠦᠭ ᠣᠷᠣᠨ ᠪᠦᠰᠡ ᠶᠢᠨ ᠬᠡᠷᠡᠭᠯᠡᠭᠡᠨ ᠤ ᠲᠥᠪ ᠢ ᠢᠳᠡᠪᠬᠢᠲᠡᠢ ᠪᠠᠷ ᠪᠠᠶᠢᠭᠤᠯᠵᠤ᠂ | ᠰᠠᠭᠤᠷᠢ ᠲᠥᠬᠦᠭᠡᠷᠦᠮᠵᠢ ᠪᠠ ᠦᠢᠯᠡᠴᠢᠯᠡᠭᠡᠨ ᠤ ᠣᠷᠴᠢᠨ ᠨᠥᠬᠦᠴᠡᠯ ᠢ ᠰᠠᠶᠢᠵᠢᠷᠠᠭᠤᠯᠵᠤ᠂ ᠭᠦᠢᠯᠭᠡᠭᠡᠨ ᠤ | ᠣᠷᠴᠢᠯ ᠤᠨ ᠦᠷ᠎ᠡ ᠪᠦᠲᠦᠮᠵᠢ ᠪᠠ ᠬᠡᠷᠡᠭᠯᠡᠭᠡᠨ ᠤ ᠳᠠᠭᠠᠭᠠᠴᠠ ᠶᠢ ᠳᠡᠭᠡᠭᠰᠢᠯᠡᠭᠦᠯᠦᠨ᠎ᠡ᠃ ᠨᠥᠬᠦᠴᠡᠯ ᠲᠠᠢ ᠭᠠᠵᠠᠷ | ᠣᠷᠣᠨ ᠤ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠵᠡᠷᠭᠡ ᠳᠤ ᠲᠦᠰᠢᠭᠯᠡᠨ᠂ ᠤᠯᠤᠰ ︵ᠬᠢᠯᠢ︶ ᠤᠨ | ᠭᠠᠳᠠᠨᠠᠬᠢ ᠪᠠᠶᠢᠭᠤᠯᠤᠮᠵᠢ ᠲᠠᠢ ᠬᠠᠮᠲᠤᠷᠠᠨ ᠭᠠᠳᠠᠭᠠᠳᠤ ᠳᠤ ᠬᠤᠯᠪᠣᠭᠳᠠᠬᠤ ᠬᠡᠷᠡᠭᠯᠡᠭᠡᠨ ᠤ ᠲᠤᠰᠬᠠᠢ ᠣᠷᠣᠨ | ᠪᠠᠶᠢᠭᠤᠯᠬᠤ ᠶᠢ ᠲᠡᠮᠵᠢᠨ᠎ᠡ᠃ ᠡᠯ᠎ᠡ ᠭᠠᠵᠠᠷ ᠣᠷᠣᠨ ᠤ ᠬᠤᠳᠠᠯᠳᠤᠭ᠎ᠠ᠂ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ | ᠵᠡᠷᠭᠡ ᠭᠤᠣᠯ ᠰᠡᠳᠦᠪ ᠤᠨ ᠲᠣᠭᠤᠷᠢᠨ ᠳᠤ ᠨᠢᠭᠡ ᠪᠦᠯᠦᠭ ᠲᠥᠬᠦᠭᠡᠷᠦᠮᠵᠢ ᠪᠦᠷᠢᠨ ᠲᠡᠭᠦᠯᠳᠡᠷ᠂ ᠡᠵᠡᠩᠨᠡᠯᠲᠡ ᠶᠢᠨ | ᠬᠡᠯᠪᠡᠷᠢ ᠪᠠᠶᠢᠳᠠᠯ ᠡᠯᠪᠡᠭ ᠪᠠᠶᠠᠯᠢᠭ᠂ ᠡᠷᠡᠭᠦᠯ ᠪᠥᠭᠡᠳ ᠪᠣᠬᠢᠷᠲᠤᠯ ᠦᠭᠡᠢ ᠬᠡᠷᠡᠭᠯᠡᠭᠡᠨ ᠤ ᠴᠤᠭᠯᠠᠷᠠᠯ ᠤᠨ ᠣᠷᠣᠨ ᠢ | ᠡᠮᠬᠢ ᠵᠢᠷᠤᠮ ᠲᠠᠢ ᠪᠦᠲᠦᠭᠡᠨ ᠪᠠᠶᠢᠭᠤᠯᠬᠤ ᠶᠢ ᠵᠣᠷᠢᠭᠵᠢᠭᠤᠯᠵᠤ᠂ ᠣᠲᠣ ᠶᠢᠨ ᠪᠠᠶᠢᠭ᠎ᠠ ᠶᠠᠪᠠᠭᠠᠨ ᠵᠡᠭᠡᠯᠢ ᠶᠢᠨ | ᠲᠥᠬᠦᠭᠡᠷᠦᠮᠵᠢ ᠶᠢᠨ ᠥᠭᠡᠷᠡᠴᠢᠯᠡᠯᠲᠡ ᠪᠠ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠲᠠᠰ ᠳᠡᠪᠰᠢᠬᠦ ᠶᠢ ᠯᠠᠪᠳᠠᠭᠤᠨ | ᠪᠥᠭᠡᠳ ᠡᠮᠬᠢ ᠵᠢᠷᠤᠮ ᠲᠠᠢ ᠠᠬᠢᠭᠤᠯᠵᠤ᠂ ᠣᠶᠤᠨᠲᠤ ᠬᠤᠳᠠᠯᠳᠤᠭᠠᠨ ᠤ ᠲᠣᠭᠤᠷᠢᠭ ᠢ ᠢᠳᠡᠪᠬᠢᠲᠡᠢ ᠬᠥᠭᠵᠢᠭᠦᠯᠦᠨ᠎ᠡ | ᠃ ᠬᠤᠲᠠ ᠶᠢᠨ ᠨᠢᠭᠡ ᠮᠥᠴᠡ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠬᠦᠷᠢᠶ᠎ᠡ ᠬᠡᠪᠴᠢᠶ᠎ᠡ ᠶᠢ ᠪᠦᠲᠦᠭᠡᠨ | ᠪᠠᠶᠢᠭᠤᠯᠬᠤ ᠶᠢ ᠠᠬᠢᠭᠤᠯᠵᠤ᠂ ᠨᠡᠶᠢᠭᠡᠮ ᠲᠣᠭᠤᠷᠢᠭ ᠤᠨ ᠠᠮᠢᠳᠤᠷᠠᠯ ᠤᠨ ᠬᠡᠷᠡᠭᠯᠡᠭᠡᠨ ᠤ ᠦᠢᠯᠡᠴᠢᠯᠡᠭᠡᠨ ᠤ | ᠶᠡᠷᠦᠩᠬᠡᠶᠢᠯᠡᠭᠰᠡᠨ ᠴᠣᠭᠴᠠ ᠶᠢ ᠰᠢᠯᠢᠳᠡᠭᠵᠢᠭᠦᠯᠦᠨ ᠲᠣᠬᠢᠷᠠᠭᠤᠯᠤᠨ᠎ᠠ᠃ ︽ᠳᠤᠮᠳᠠᠳᠤ ᠤᠯᠤᠰ ᠤᠨ ᠨᠡᠷᠡᠲᠦ | ᠲᠡᠮᠳᠡᠭᠲᠦ ᠶᠢᠨ ᠡᠳᠦᠷ︾᠂ ᠪᠦᠬᠦ ᠤᠯᠤᠰ ᠤᠨ ᠬᠡᠷᠡᠭᠯᠡᠭᠡ ᠶᠢ ᠠᠬᠢᠭᠤᠯᠬᠤ ᠰᠠᠷ᠎ᠠ ᠵᠡᠷᠭᠡ ᠠᠵᠢᠯᠯᠠᠭ᠎ᠠ ᠶᠢ ᠥᠨᠳᠥᠷ | ᠲᠦᠪᠰᠢᠨ ᠢᠶᠠᠷ ᠰᠠᠶᠢᠲᠤᠷ ᠡᠷᠬᠢᠯᠡᠨ᠎ᠡ᠃ ᠡᠯ᠎ᠡ ᠭᠠᠵᠠᠷ ᠣᠷᠣᠨ ᠤ ᠬᠡᠷᠡᠭᠯᠡᠭᠡ ᠶᠢ ᠠᠬᠢᠭᠤᠯᠬᠤ ᠪᠠᠶᠢᠩᠭᠤᠵᠢᠭᠤᠯᠬᠤ | ᠲᠣᠭᠲᠠᠴᠠ ᠪᠠᠶᠢᠭᠤᠯᠬᠤ ᠶᠢ ᠳᠡᠮᠵᠢᠵᠦ᠂ ᠨᠢᠭᠡ ᠪᠦᠯᠦᠭ ᠣᠨᠴᠠᠯᠢᠭᠲᠤ ᠠᠵᠢᠯᠯᠠᠭ᠎ᠠ ᠶᠢᠨ ᠨᠠᠷᠠᠲᠤ ᠲᠥᠷᠥᠯ | ᠲᠡᠮᠳᠡᠭᠲᠦ ᠶᠢ ᠪᠣᠶᠢᠵᠢᠭᠤᠯᠤᠨ᠎ᠠ᠃ ᠳᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ ᠣᠷᠣᠭᠤᠯᠤᠯᠲᠠ ᠶᠢᠨ | ᠦᠵᠡᠰᠬᠦᠯᠡᠩ᠂ ᠳᠤᠮᠳᠠᠳᠤ ᠤᠯᠤᠰ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠠᠸᠠᠷ ᠤᠨ | ᠠᠷᠠᠯᠵᠢᠶᠠᠨ ᠤ ᠴᠤᠭᠯᠠᠭᠠᠨ᠂ ᠳᠤᠮᠳᠠᠳᠤ ᠤᠯᠤᠰ ᠤᠨ ᠤᠯᠠᠨ ᠤᠯᠤᠰ ᠤᠨ ᠦᠢᠯᠡᠴᠢᠯᠡᠭᠡᠨ ᠤ ᠠᠷᠠᠯᠵᠢᠶᠠᠨ ᠤ | ᠴᠤᠭᠯᠠᠭᠠᠨ᠂ ᠳᠤᠮᠳᠠᠳᠤ ᠤᠯᠤᠰ ᠤᠨ ᠤᠯᠠᠨ ᠤᠯᠤᠰ ᠤᠨ ᠬᠡᠷᠡᠭᠯᠡᠭᠡᠨ ᠦᠬᠤᠳᠠ ᠶᠢᠨ ᠳᠣᠲᠣᠷᠠᠬᠢ ᠭᠠᠶᠢᠯᠢ ᠠᠴᠠ | ᠬᠡᠯᠲᠦᠷᠢᠭᠦᠯᠬᠦ ᠳᠡᠯᠭᠡᠭᠦᠷ ᠤᠨ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠳᠤᠮᠳᠠᠳᠤ ᠤᠯᠤᠰ ᠤᠨ ᠣᠨᠴᠠᠯᠢᠭ | ᠪᠦᠬᠦᠢ ᠬᠤᠳᠠ ᠶᠢᠨ ᠳᠣᠲᠣᠷᠠᠬᠢ ᠭᠠᠶᠢᠯᠢ ᠠᠴᠠ ᠬᠡᠯᠲᠦᠷᠢᠭᠦᠯᠬᠦ ᠨᠢᠭᠡ ᠪᠦᠯᠦᠭ ᠳᠡᠯᠭᠡᠭᠦᠷ ᠢ ᠲᠥᠯᠥᠪᠵᠢᠭᠦᠯᠦᠨ | ᠪᠦᠲᠦᠭᠡᠨ ᠪᠠᠶᠢᠭᠤᠯᠤᠨ᠎ᠠ᠃ | | ︵ᠠᠷᠪᠠ︶ ᠬᠡᠷᠡᠭᠯᠡᠭᠡᠨ ᠤ ᠵᠦᠢᠯ ᠤᠨ ᠭᠦᠢᠯᠭᠡᠭᠡᠨ ᠤ ᠰᠢᠰᠲ᠋ᠧᠮᠵᠢ ᠶᠢ ᠲᠦᠷᠭᠡᠳᠬᠡᠨ ᠪᠦᠷᠢᠨᠰᠢᠭᠦᠯᠦᠨ᠎ᠡ᠃ | ᠴᠠᠬᠢᠮ ᠬᠤᠳᠠᠯᠳᠤᠭᠠᠨ ᠤ ᠶᠠᠪᠤᠳᠠᠯ ᠤᠨ ᠰᠢᠰᠲ᠋ᠧᠮᠵᠢ ᠪᠠ ᠲᠦᠷᠭᠡᠨ ᠬᠦᠷᠭᠡᠬᠦ ᠪᠠᠷᠠᠭᠠᠨ ᠤ ᠭᠦᠢᠯᠭᠡᠭᠡᠨ ᠤ | ᠲᠣᠬᠢᠷᠠᠭᠤᠯᠤᠨ ᠬᠦᠷᠭᠡᠬᠦ ᠰᠢᠰᠲ᠋ᠧᠮᠵᠢ ᠶᠢ ᠤᠯᠠᠮ ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠣᠷᠣᠨ ᠪᠦᠰᠡ ᠠᠯᠤᠰᠯᠠᠨ ᠬᠠᠷᠢᠯᠴᠠᠨ ᠵᠣᠯᠭᠠᠭᠤᠯᠬᠤ ᠶᠢ ᠴᠢᠩᠭᠠᠳᠬᠠᠨ᠂ ᠪᠠᠷᠠᠭᠠᠨ ᠤ | ᠭᠦᠢᠯᠭᠡᠭᠡᠨ ᠤ ᠶᠡᠭᠡ ᠵᠠᠮ ᠢ ᠰᠠᠭᠠᠳ ᠦᠭᠡᠢ ᠨᠠᠪᠲᠠᠷᠡᠭᠦᠯᠵᠦ᠂ ᠪᠥᠬᠦ ᠪᠥᠮᠪᠥᠷᠴᠡᠭ ᠢ ᠬᠠᠮᠤᠷᠤᠭᠰᠠᠨ᠂ ᠠᠮᠤᠷ | ᠲᠦᠪᠰᠢᠨ ᠪᠥᠭᠡᠳ ᠨᠠᠶᠢᠳᠠᠪᠤᠷᠢᠲᠠᠢ᠂ ᠥᠨᠳᠥᠷ ᠪᠦᠲᠦᠮᠵᠢᠲᠡᠶ ᠪᠥᠭᠡᠳ ᠰᠠᠭᠠᠳ ᠦᠭᠡᠢ ᠨᠡᠪᠲᠡᠷᠡᠬᠦ ᠭᠦᠢᠯᠭᠡᠭᠡᠨ ᠤ | ᠲᠣᠣᠷ ᠰᠦᠯᠵᠢᠶ᠎ᠡ ᠶᠢ ᠲᠦᠷᠭᠡᠳᠬᠡᠨ ᠪᠠᠶᠢᠭᠤᠯᠤᠨ᠎ᠠ᠃ ᠣᠶᠤᠨᠲᠤ ᠲᠦᠷᠭᠡᠨ ᠬᠦᠷᠭᠡᠬᠦ ᠵᠦᠢᠯ ᠤᠨ ᠬᠠᠶᠢᠷᠴᠠᠭ ︵ | ᠵᠠᠬᠢᠳᠠᠯ ᠤᠨ ᠪᠣᠭᠤᠳᠠᠯ ᠤᠨ ᠬᠠᠶᠢᠷᠴᠠᠭ︶᠂ ᠲᠦᠷᠭᠡᠨ ᠬᠦᠷᠭᠡᠬᠦ ᠦᠢᠯᠡᠴᠢᠯᠡᠭᠡᠨ ᠤ ᠥᠷᠲᠡᠭᠡ ᠶᠢ ᠨᠡᠶᠢᠭᠡᠮ | ᠲᠣᠭᠤᠷᠢᠭ ᠲᠤ ᠣᠷᠣᠭᠤᠯᠬᠤ ᠶᠢ ᠳᠡᠮᠵᠢᠵᠦ᠂ ᠡᠴᠦᠰ ᠤᠨ ᠭᠤᠭᠴᠤᠭ᠎ᠠ ᠵᠢᠴᠢ ᠢᠵᠢ ᠪᠦᠷᠢᠳᠦᠭᠦᠯᠬᠦ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠬᠥᠯᠳᠡᠭᠡᠵᠦ ᠬᠡᠯᠬᠢᠶᠡᠵᠢᠭᠦᠯᠬᠦ ᠪᠠᠷᠠᠭᠠᠨ ᠤ | ᠭᠦᠢᠯᠭᠡᠭᠡᠨ ᠢ ᠲᠦᠷᠭᠡᠳᠬᠡᠨ ᠬᠥᠭᠵᠢᠭᠦᠯᠵᠦ᠂ ᠤᠯᠤᠰ ᠤᠨ ᠨᠢᠷᠤᠭᠤᠪᠴᠢ ᠬᠥᠯᠳᠡᠭᠡᠵᠦ ᠬᠡᠯᠬᠢᠶᠡᠵᠢᠭᠦᠯᠬᠦ ᠪᠠᠷᠠᠭᠠᠨ ᠤ | ᠭᠦᠢᠯᠭᠡᠭᠡᠨ ᠤ ᠰᠠᠭᠤᠷᠢᠨ ᠭᠠᠵᠠᠷ ᠤᠨ ᠲᠥᠬᠦᠭᠡᠷᠦᠮᠵᠢ ᠶᠢᠨ ᠨᠥᠬᠦᠴᠡᠯ ᠢ ᠲᠡᠭᠦᠯᠳᠡᠷᠵᠢᠭᠦᠯᠦᠨ᠂ ᠨᠢᠭᠡ ᠪᠦᠯᠦᠭ | ᠲᠤᠰᠬᠠᠶᠢᠵᠢᠭᠰᠠᠨ ᠰᠢᠨ᠎ᠡ ᠰᠣᠷᠭᠤᠭ ᠬᠥᠯᠳᠡᠭᠡᠵᠦ ᠬᠡᠯᠬᠢᠶᠡᠵᠢᠭᠦᠯᠬᠦ ᠪᠠᠷᠠᠭᠠᠨ ᠤ ᠭᠦᠢᠯᠭᠡᠭᠡᠨ ᠤ ᠬᠥᠲᠥᠴᠢ ᠠᠵᠤ | ᠠᠬᠤᠶᠢᠯᠠᠯ ᠢ ᠪᠣᠶᠢᠵᠢᠭᠤᠯᠤᠨ᠎ᠠ᠃ ᠪᠠᠷᠢᠮᠵᠢᠶᠠᠵᠢᠭᠤᠯᠤᠭᠰᠠᠨ ᠬᠥᠯᠳᠡᠭᠡᠨ ᠬᠠᠳᠠᠭᠠᠯᠠᠬᠤ ᠲᠡᠷᠭᠡ ᠶᠢ ᠶᠡᠬᠡᠪᠡᠷ | ᠳᠡᠯᠭᠡᠷᠡᠭᠦᠯᠵᠦ᠂ ᠠᠵᠤ ᠠᠬᠤᠶᠢᠯᠠᠯ ᠤᠨ ᠵᠢᠮᠢᠰ ᠢᠳᠡᠰᠢᠨ ᠨᠣᠭᠤᠭ᠎ᠠ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠳᠤ | ᠲᠣᠬᠢᠷᠠᠬᠤ ᠬᠡᠰᠡᠭᠴᠢᠯᠡᠭᠰᠡᠨ ᠪᠣᠭᠤᠳᠠᠯ ᠪᠠᠭᠯᠠᠭ᠎ᠠ ᠶᠢ ᠰᠤᠳᠤᠯᠤᠨ ᠨᠡᠭᠡᠭᠡᠵᠦ ᠬᠡᠷᠡᠭᠯᠡᠬᠦ ᠶᠢ ᠵᠣᠷᠢᠭᠵᠢᠭᠤᠯᠵᠤ᠂ ᠪᠦᠬᠦ | ᠶᠠᠪᠤᠴᠠ ᠳᠤ ︽ᠲᠣᠩᠭᠤᠷᠤᠭᠤᠯᠬᠤ ᠦᠭᠡᠢ︾᠂ ︽ᠬᠠᠶᠢᠷᠴᠠᠭ ᠢ ᠲᠣᠩᠭᠤᠷᠤᠭᠤᠯᠬᠤ ᠦᠭᠡᠢ︾ ᠶᠢ ᠪᠡᠶᠡᠯᠡᠭᠦᠯᠬᠦ ᠶᠢ | ᠲᠦᠯᠬᠢᠨ ᠠᠬᠢᠭᠤᠯᠤᠨ᠎ᠠ᠃ ᠭᠠᠳᠠᠭᠠᠳᠤ ᠠᠴᠠ ᠣᠷᠣᠭᠤᠯᠬᠤ ᠶᠢᠨ ᠬᠦᠢᠲᠡᠨ ᠬᠡᠯᠬᠢᠶᠡᠲᠦ ᠢᠳᠡᠭᠡᠨ ᠢ ᠰᠢᠯᠭᠠᠨ | ᠪᠠᠶᠢᠴᠠᠭᠠᠬᠤ ᠬᠢᠵᠢᠭ ᠪᠠᠶᠢᠴᠠᠭᠠᠬᠤ ᠳᠦᠷᠢᠮ ᠢ ᠪᠦᠷᠢᠨᠰᠢᠭᠦᠯᠵᠦ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ | ᠣᠶᠤᠨᠴᠢ ᠬᠢᠨᠠᠨ ᠬᠡᠮᠵᠢᠯᠲᠡ ᠶᠢᠨ ᠮᠥᠷᠳᠡᠨ ᠤᠬᠤᠴᠢᠯᠠᠬᠤ ᠰᠢᠰᠲ᠋ᠧᠮ ᠤᠨ ᠪᠠᠶᠢᠭᠤᠯᠤᠯᠲᠠ ᠳᠠᠬᠢ ᠣᠷᠣᠨ ᠬᠡᠰᠡᠭ ᠤᠨ | ᠬᠡᠯᠬᠢᠶᠡᠨ ᠤ ᠮᠡᠷᠭᠡᠵᠢᠯ ᠤᠨ ᠬᠡᠷᠡᠭᠯᠡᠯᠲᠡ ᠶᠢ ᠲᠦᠷᠭᠡᠳᠬᠡᠨ᠂ ᠪᠥᠬᠦ ᠬᠡᠯᠬᠢᠶᠡᠨ ᠤ ᠪᠢᠲᠡᠭᠦᠦ ᠴᠠᠭᠠᠷᠢᠭ ᠤᠨ ᠮᠥᠷᠳᠡᠨ | ᠤᠬᠤᠴᠢᠯᠠᠬᠤ ᠬᠠᠮᠢᠶᠠᠷᠤᠯᠲᠠ ᠶᠢ ᠠᠬᠢᠭᠤᠯᠵᠤ᠂ ᠢᠳᠡᠭᠡᠨ ᠪᠠ ᠡᠮ ᠤᠨ ᠵᠦᠢᠯ ᠤᠨ ᠭᠦᠢᠯᠭᠡᠭᠡᠨ ᠤ ᠦᠷ᠎ᠡ ᠪᠦᠲᠦᠮᠵᠢ | ᠪᠠ ᠠᠶᠦᠯᠭᠦᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠭᠠᠳᠠᠭᠠᠳᠤ ᠠᠴᠠ ᠣᠷᠣᠭᠤᠯᠬᠤ ᠡᠳ᠋ ᠪᠣᠳᠠᠰ | ᠵᠡᠷᠭᠡ ᠠᠴᠠ ᠡᠭᠦᠰᠴᠦ ᠮᠡᠳᠡᠬᠦ ᠭᠠᠳᠠᠭᠠᠳᠤ ᠠᠴᠠ ᠣᠷᠣᠭᠤᠯᠬᠤ ᠴᠢᠨᠠᠷᠲᠠᠢ ᠬᠢᠵᠢᠭ ᠤᠨ ᠪᠠᠶᠢᠳᠠᠯ ᠳᠤ ᠴᠢᠭᠯᠡᠭᠦᠯᠦᠨ᠂ | ᠬᠢᠯᠢ ᠪᠠᠷ ᠣᠷᠣᠭᠤᠯᠬᠤ᠂ ᠬᠥᠮᠥᠷᠭᠡᠯᠡᠨ ᠬᠠᠳᠠᠭᠠᠯᠠᠬᠤ᠂ ᠪᠣᠯᠪᠠᠰᠤᠷᠠᠭᠤᠯᠬᠤ᠂ ᠲᠡᠭᠡᠭᠡᠪᠦᠷᠢᠯᠡᠬᠦ᠂ ᠪᠣᠷᠣᠯᠠᠭᠤᠯᠬᠤ | ᠵᠡᠷᠭᠡ ᠵᠠᠩᠭᠢᠯᠠᠭ᠎ᠠ ᠶᠢ ᠴᠢᠩᠭ᠎ᠠ ᠨᠠᠷᠢᠪᠴᠢᠯᠠᠨ ᠪᠠᠶᠢᠴᠠᠭᠠᠵᠤ᠂ ᠭᠠᠳᠠᠭᠠᠳᠤ ᠠᠴᠠ ᠣᠷᠣᠭᠤᠯᠬᠤ ᠬᠥᠯᠳᠡᠭᠦᠦ ᠡᠳ᠋ ᠢ | ᠲᠥᠪᠯᠡᠷᠡᠭᠦᠯᠦᠨ ᠬᠢᠨᠠᠨ ᠬᠠᠮᠢᠶᠠᠷᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠤᠨ | ᠭᠠᠳᠠᠭᠠᠳᠤ ᠠᠴᠠ ᠣᠷᠣᠭᠤᠯᠬᠤ ᠶᠢ ᠰᠡᠷᠭᠡᠶᠢᠯᠡᠬᠦ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃ | | ︵ᠠᠷᠪᠠᠨ ᠨᠢᠭᠡ︶ ᠠᠵᠢᠯ ᠣᠯᠭᠤᠯᠲᠠ ᠶᠢᠨ ᠣᠷᠣᠯᠭ᠎ᠠ ᠶᠢ ᠨᠡᠮᠡᠭᠳᠡᠭᠦᠯᠵᠦ ᠬᠡᠷᠡᠭᠯᠡᠭᠡᠨ ᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠵᠣᠷᠢᠭᠵᠢᠭᠤᠯᠵᠤ᠂ | ᠡᠯ᠎ᠡ ᠲᠦᠷᠦᠯ ᠤᠨ ᠬᠥᠳᠡᠯᠮᠦᠷᠢ ᠶᠢᠨ ᠬᠦᠴᠦᠨ ᠤ ᠵᠠᠬ᠎ᠠ ᠳᠡᠯᠭᠡᠭᠦᠷ᠂ ᠴᠢᠳᠠᠪᠤᠷᠢᠲᠠᠨ ᠤ ᠵᠠᠬ᠎ᠠ ᠳᠡᠯᠭᠡᠭᠦᠷ᠂ | ᠡᠳᠦᠷ ᠤᠨ ᠬᠦᠴᠦᠨ ᠤ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠲᠡᠮᠵᠢᠵᠤ᠂ ᠬᠤᠪᠢ ᠶᠢᠨ ᠡᠵᠡᠩᠨᠡᠯᠲᠡ ᠶᠢᠨ | ᠬᠥᠭᠵᠢᠯᠲᠡ ᠶᠢ ᠲᠡᠮᠵᠢᠵᠤ᠂ ᠪᠦᠬᠦᠯᠢ ᠡᠳᠦᠷ ᠤᠨ ᠪᠤᠰᠤ ᠳᠦᠷᠢᠮᠲᠦ ᠠᠵᠢᠯ ᠣᠯᠭᠤᠯᠲᠠ ᠶᠢᠨ ᠲᠣᠬᠢᠶᠠᠯ ᠢ | ᠨᠡᠮᠡᠭᠳᠡᠭᠦᠯᠦᠨ᠂ ᠠᠵᠢᠯ ᠣᠯᠭᠤᠯᠲᠠ ᠶᠢᠨ ᠰᠢᠨ᠎ᠡ ᠬᠡᠯᠪᠡᠷᠢ ᠪᠠᠶᠢᠳᠠᠯ ᠢ ᠵᠢᠷᠤᠮᠵᠢᠭᠤᠯᠤᠨ ᠬᠥᠭᠵᠢᠭᠦᠯᠵᠦ᠂ ᠴᠢᠯᠦᠭᠡᠲᠡᠢ | ᠠᠵᠢᠯ ᠣᠯᠬᠤ ᠬᠥᠳᠡᠯᠮᠦᠷᠢ ᠶᠢᠨ ᠠᠵᠢᠯᠴᠢᠨ ᠬᠡᠷᠡᠭᠯᠡᠬᠦ ᠪᠠ ᠨᠡᠶᠢᠭᠡᠮ ᠤᠨ ᠪᠠᠲᠤᠯᠠᠭ᠎ᠠ ᠶᠢᠨ ᠲᠦᠷᠦ ᠶᠢᠨ ᠪᠣᠳᠣᠯᠭ᠎ᠠ ᠶᠢ | ᠲᠡᠭᠦᠯᠳᠡᠷᠵᠢᠭᠦᠯᠦᠨ᠎ᠡ᠃ ᠠᠵᠢᠯ ᠣᠯᠭᠤᠯᠲᠠ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ | ᠢᠨᠵᠧᠨᠧᠷᠢᠩ ᠢ ᠬᠡᠷᠡᠭᠵᠢᠭᠦᠯᠵᠦ᠂ ᠬᠦᠴᠢᠷᠳᠡᠯ ᠲᠠᠢ ᠬᠥᠮᠥᠰ ᠤᠨ ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠶᠢ | ᠴᠢᠩᠭᠠᠳᠬᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ ᠢ ᠲᠡᠭᠦᠯᠳᠡᠷᠵᠢᠭᠦᠯᠦᠨ᠂ ᠶᠡᠭᠡ | ᠬᠡᠪᠴᠢᠶᠡᠨ ᠤ᠂ ᠤᠯᠠᠨ ᠲᠡᠰ ᠳᠠᠪᠬᠤᠷᠭ᠎ᠠ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠰᠤᠷᠭᠠᠯᠲᠠ ᠶᠢ | ᠥᠷᠨᠢᠭᠦᠯᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠥᠮᠥᠨ ᠤ ᠬᠦᠴᠦᠨ ᠤ ᠬᠥᠷᠥᠩᠭᠡ ᠵᠢᠨᠲ᠋ᠡᠭᠡᠳᠦ ᠰᠤᠷᠭᠠᠭᠤᠯᠢ | ᠲᠡᠭᠦᠰᠦᠭᠰᠡᠨ ᠰᠤᠷᠤᠭᠴᠢᠳ ᠵᠡᠷᠭᠡ ᠵᠠᠯᠠᠭᠤᠴᠤᠳ ᠤᠨ ᠠᠵᠢᠯ ᠣᠯᠭᠤᠯᠲᠠ ᠶᠢᠨ ᠠᠰᠠᠭᠤᠳᠠᠯ ᠢ ᠰᠠᠶᠢᠲᠤᠷ | ᠰᠢᠢᠳᠪᠦᠷᠢᠯᠡᠨ᠎ᠡ᠃ ᠴᠠᠯᠢᠩ ᠢ ᠲᠣᠭᠲᠠᠭᠠᠬᠤ᠂ ᠵᠦᠢ ᠵᠣᠬᠢᠰᠲᠠᠢ ᠪᠠᠷ ᠨᠡᠮᠡᠭᠳᠡᠭᠦᠯᠬᠦ ᠪᠠ ᠣᠯᠭᠤᠬᠤ ᠶᠢ ᠪᠠᠲᠤᠯᠠᠬᠤ | ᠲᠣᠭᠲᠠᠴᠠ ᠶᠢ ᠲᠡᠭᠦᠯᠳᠡᠷᠵᠢᠭᠦᠯᠵᠦ᠂ ᠬᠥᠳᠡᠯᠮᠦᠷᠢᠴᠢᠳ ᠤᠨ ᠴᠠᠯᠢᠩ ᠤᠨ ᠴᠢᠨᠠᠷᠲᠠᠢ ᠣᠷᠣᠯᠭ᠎ᠠ ᠢᠯᠠᠩᠭᠤᠶ᠎ᠠ | ᠬᠤᠳᠠ ᠶᠢᠨ ᠴᠠᠯᠢᠩ ᠤᠨ ᠳᠠᠪᠬᠤᠷᠭ᠎ᠠ᠂ ᠬᠥᠯᠥᠰᠦᠨ ᠠᠵᠢᠯᠴᠢᠨ ᠤ ᠣᠷᠣᠯᠭ᠎ᠠ ᠶᠢᠨ ᠬᠢᠷᠢ ᠬᠡᠮᠵᠢᠶ᠎ᠡ ᠶᠢ | ᠲᠣᠭᠲᠠᠭᠤᠨ ᠢᠶᠠᠷ ᠳᠡᠭᠡᠭᠰᠢᠯᠡᠭᠦᠯᠵᠦ᠂ ᠨᠠᠭᠠᠲᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠶᠢ ᠲᠣᠬᠢᠷᠠᠭᠤᠯᠬᠤ | ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠤ ᠠᠷᠠᠳ ᠢ ᠪᠠᠶᠠᠵᠢᠭᠤᠯᠬᠤ ᠠᠵᠤ ᠦᠢᠯᠡᠰ ᠤᠨ | ᠬᠥᠭᠵᠢᠯᠲᠡ ᠶᠢ ᠵᠠᠯᠭᠠᠭ᠎ᠠ ᠪᠠᠷ ᠲᠦᠯᠬᠢᠨ ᠠᠬᠢᠭᠤᠯᠵᠤ᠂ ᠲᠠᠷᠢᠶᠠᠴᠢᠳ ᠲᠤ ᠰᠢᠭᠤᠳ ᠨᠥᠬᠦᠪᠦᠷᠢ ᠥᠭᠬᠦ ᠲᠦᠷᠦ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠬᠥᠳᠡᠭᠡ ᠲᠣᠰᠬᠤᠨ ᠢᠯᠠᠩᠭᠤᠶ᠎ᠠ ᠶᠠᠳᠠᠭᠤᠷᠠᠯ ᠠᠴᠠ | ᠠᠩᠭᠢᠵᠢᠷᠠᠭᠰᠠᠨ ᠭᠠᠵᠠᠷ ᠣᠷᠣᠨ ᠤ ᠲᠠᠷᠢᠶᠠᠴᠢᠳ ᠲᠤ ᠲᠣᠭᠲᠠᠪᠤᠷᠢᠲᠠᠢ ᠠᠵᠢᠯ ᠣᠯᠭᠤᠬᠤ ᠪᠠ ᠣᠷᠣᠯᠭ᠎ᠠ ᠪᠠᠨ | ᠦᠷᠭᠦᠯᠵᠢᠯᠡᠨ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠨ᠎ᠡ᠃ | | ︵ᠠᠷᠪᠠᠨ ᠬᠤᠶᠠᠷ︶ ᠣᠯᠠᠨ ᠨᠡᠶᠢᠲᠡ ᠶᠢᠨ ᠬᠡᠷᠡᠭᠯᠡᠭᠡ ᠶᠢ ᠵᠦᠢ ᠵᠣᠬᠢᠰᠲᠠᠢ ᠨᠡᠮᠡᠭᠳᠡᠭᠦᠯᠦᠨ᠎ᠡ᠃ ᠪᠠᠶᠢᠩᠭᠤ | ᠰᠠᠭᠤᠭ᠎ᠠ ᠭᠠᠵᠠᠷ ᠤᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠬᠠᠩᠭᠠᠬᠤ ᠳᠦᠷᠢᠮ ᠢ ᠲᠡᠭᠦᠯᠳᠡᠷᠵᠢᠭᠦᠯᠵᠦ᠂ | ᠪᠠᠲᠤᠯᠠᠭ᠎ᠠ ᠶᠢᠨ ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠨ᠎ᠠ᠃ ᠠᠷᠠᠳ ᠤᠯᠠᠨ ᠤ ︽ᠪᠠᠴᠢᠮ ᠪᠡᠷᠬᠡ ᠵᠣᠪᠠᠨᠢᠯ | ᠬᠦᠰᠡᠯ︾ ᠲᠠᠢ ᠨᠢᠭᠲᠠ ᠤᠶᠠᠯᠳᠤᠭᠤᠯᠤᠨ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠤᠯᠠᠨ ᠨᠡᠶᠢᠲᠡ ᠶᠢᠨ | ᠦᠨᠳᠦᠰᠦᠨ ᠪᠤᠰᠤ ᠦᠢᠯᠡᠴᠢᠯᠡᠭᠡᠨ ᠤ ᠬᠠᠩᠭᠠᠯᠭ᠎ᠠ ᠶᠢ ᠤᠯᠠᠨ ᠡᠰᠢᠴᠢᠯᠡᠨ ᠥᠷᠭᠡᠳᠬᠡᠨ᠎ᠡ᠃ ᠰᠤᠷᠭᠠᠨ ᠬᠥᠮᠦᠵᠢᠯ᠂ | ᠡᠮ ᠡᠮᠨᠡᠯᠭᠡ᠂ ᠨᠠᠰᠤᠵᠢᠯ ᠤᠨ ᠠᠰᠠᠷᠠᠮᠵᠢ᠂ ᠨᠢᠯᠬ᠎ᠠ ᠬᠡᠦᠬᠡᠳ ᠢ ᠬᠥᠮᠥᠵᠢᠭᠦᠯᠬᠦ ᠵᠡᠷᠭᠡ ᠤᠯᠠᠨ ᠨᠡᠶᠢᠲᠡ ᠶᠢᠨ | ᠦᠢᠯᠡᠴᠢᠯᠡᠭᠡᠨ ᠤ ᠵᠠᠷᠤᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠤᠷᠳᠤ ᠬᠤᠭᠤᠴᠠᠭ᠎ᠠ ᠪᠠᠷ ᠣᠷᠣᠨ | ᠰᠠᠭᠤᠴᠠ ᠲᠦᠷᠢᠶᠡᠰᠦᠯᠡᠬᠦ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠪᠠᠲᠤᠯᠠᠭ᠎ᠠ ᠶᠢᠨ ᠴᠢᠨᠠᠷᠲᠠᠢ | ᠲᠦᠷᠢᠶᠡᠰᠦᠨ ᠣᠷᠣᠨ ᠰᠠᠭᠤᠴᠠ ᠶᠢᠨ ᠬᠠᠩᠭᠠᠯᠭ᠎ᠠ ᠶᠢ ᠥᠷᠭᠡᠳᠬᠡᠨ᠎ᠡ᠃ ᠲᠤᠰᠢᠶᠠᠨ ᠬᠠᠳᠠᠭᠠᠯᠠᠭᠤᠯᠤᠭᠴᠢ ᠶᠢᠨ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠨ ᠭᠠᠷᠭᠠᠨ ᠠᠪᠴᠤ ᠲᠦᠷᠢᠶᠡᠰᠦᠨ ᠣᠷᠣᠨ | ᠰᠠᠭᠤᠴᠠ ᠳᠤ ᠬᠡᠷᠡᠭᠯᠡᠬᠦ ᠶᠢ ᠳᠡᠮᠵᠢᠵᠦ᠂ ᠬᠤᠲᠠ ᠪᠠᠯᠭᠠᠰᠤ ᠶᠢᠨ ᠬᠠᠭᠤᠴᠢᠨ ᠪᠠ ᠬᠠᠭᠤᠴᠢᠨ ᠵᠢᠵᠢᠭ ᠲᠣᠭᠤᠷᠢᠭ ᠤᠨ | ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠨ ᠭᠠᠷᠭᠠᠨ ᠠᠪᠴᠤ | ᠴᠠᠬᠢᠯᠭᠠᠨ ᠱᠠᠲᠤ ᠨᠡᠮᠡᠵᠦ ᠤᠭᠰᠠᠷᠠᠬᠤ ᠵᠡᠷᠭᠡ ᠥᠪᠡᠷᠲᠡᠭᠡᠨ ᠰᠠᠭᠤᠬᠤ ᠣᠷᠣᠨ ᠰᠠᠭᠤᠴᠠ ᠶᠢᠨ ᠥᠭᠡᠷᠡᠴᠢᠯᠡᠯᠲᠡ ᠳᠤ | ᠬᠡᠷᠡᠭᠯᠡᠬᠦ ᠶᠢ ᠦᠷᠭᠦᠯᠵᠢᠯᠡᠨᠦᠨᠳᠦᠰᠦᠨ ᠠᠮᠢᠳᠤᠷᠠᠯ ᠤᠨ ᠠᠪᠤᠷᠠᠨ ᠲᠤᠰᠠᠯᠠᠬᠤ ᠳᠦᠷᠢᠮ ᠪᠠ ᠲᠤᠰᠬᠠᠢ ᠵᠦᠢᠯ ᠤᠨ | ᠠᠪᠤᠷᠠᠨ ᠲᠤᠰᠠᠯᠠᠬᠤ ᠳᠦᠷᠢᠮ ᠢ ᠲᠡᠭᠦᠯᠳᠡᠷᠵᠢᠭᠦᠯᠵᠦ᠂ ᠦᠢᠯᠡᠴᠢᠯᠡᠭᠡᠨ ᠤ ᠲᠦᠷᠦᠯ ᠤᠨ ᠨᠡᠶᠢᠭᠡᠮ ᠤᠨ ᠠᠪᠤᠷᠠᠨ | ᠲᠤᠰᠠᠯᠠᠯᠲᠠ ᠶᠢ ᠢᠳᠡᠪᠬᠢᠲᠡᠢ ᠬᠥᠭᠵᠢᠭᠦᠯᠵᠦ᠂ ︽ᠪᠣᠳᠠᠰ + ᠦᠢᠯᠡᠴᠢᠯᠡᠭᠡ︾ ᠶᠢᠨ ᠤᠯᠠᠨ ᠶᠠᠩᠵᠤᠴᠢᠯᠠᠭᠰᠠᠨ | ᠶᠡᠷᠦᠩᠬᠡᠶᠢᠯᠡᠭᠰᠡᠨ ᠠᠪᠤᠷᠠᠨ ᠲᠤᠰᠠᠯᠠᠬᠤ ᠠᠷᠭ᠎ᠠ ᠮᠠᠶ᠋ᠢᠭ ᠢ ᠪᠤᠢ ᠪᠣᠯᠭᠠᠨ᠎ᠠ᠃ ᠨᠡᠶᠢᠭᠡᠮ ᠤᠨ ᠠᠪᠤᠷᠠᠨ ᠲᠤᠰᠠᠯᠠᠬᠤ ᠪᠠ | ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠦᠯᠲᠡ ᠲᠠᠢ ᠬᠤᠯᠪᠣᠭᠳᠠᠭᠤᠯᠤᠨ ᠬᠤᠯᠪᠣᠯᠳᠤᠭᠤᠯᠬᠤ | ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ | | ᠳᠥᠷᠪᠡ᠂ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠮᠤᠷ ᠲᠦᠪᠰᠢᠨ ᠰᠠᠨᠠᠭ᠎ᠠ ᠠᠮᠤᠷ | ᠦᠨᠡᠨᠴᠢ ᠢᠲᠡᠭᠡᠮᠵᠢᠲᠡᠢ ᠬᠡᠷᠡᠭᠯᠡᠭᠡᠨ ᠤ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠨ᠎ᠠ | | ︵ᠠᠷᠪᠠᠨ ᠭᠤᠷᠪᠠ︶ ᠬᠡᠷᠡᠭᠯᠡᠭᠡ ᠶᠢ ᠬᠢᠵᠠᠭᠠᠷᠯᠠᠬᠤ ᠬᠠᠷᠰᠢ ᠰᠠᠭᠠᠳ ᠤᠨ ᠪᠠᠬᠢᠯᠡᠯᠲᠡ ᠶᠢ ᠡᠪᠳᠡᠬᠦ ᠬᠡᠷᠡᠭᠲᠡᠢ᠃ | ᠵᠠᠷᠢᠮ ᠭᠤᠣᠯᠳᠠᠯᠭ᠎ᠠ ᠲᠠᠢ ᠦᠢᠯᠡᠴᠢᠯᠡᠭᠡᠨ ᠤ ᠬᠡᠷᠡᠭᠯᠡᠭᠡᠨ ᠤ ᠬᠦᠷᠢᠶᠡᠨ ᠳᠠᠬᠢ ᠪᠠᠶᠢᠭᠤᠯᠤᠯ ᠲᠣᠭᠲᠠᠴᠠ ᠶᠢᠨ ᠬᠠᠷᠰᠢ | ᠰᠠᠭᠠᠳ ᠪᠠ ᠲᠠᠯᠳᠠ ᠪᠠᠬᠢᠯᠡᠯᠲᠡ ᠶᠢ ᠡᠮᠬᠢ ᠵᠢᠷᠤᠮ ᠲᠠᠢ ᠪᠠᠷ ᠡᠪᠳᠡᠵᠦ᠂ ᠠᠳᠠᠯᠢ ᠪᠤᠰᠤ ᠭᠠᠵᠠᠷ ᠣᠷᠣᠨ ᠪᠠ ᠠᠵᠢᠯ | ᠲᠦᠷᠦᠯ ᠤᠨ ᠪᠠᠷᠢᠮᠵᠢᠶ᠎ᠠ᠂ ᠳᠦᠷᠢᠮ᠂ ᠲᠦᠷᠦ ᠶᠢᠨ ᠪᠣᠳᠣᠯᠭ᠎ᠠ ᠶᠢᠨ ᠵᠣᠬᠢᠴᠠᠩᠭᠤᠢ ᠨᠢᠭᠡᠳᠦᠯ ᠢ ᠠᠬᠢᠭᠤᠯᠵᠤ᠂ | ᠬᠤᠯᠪᠣᠭᠳᠠᠯ ᠪᠦᠬᠦᠢ ᠦᠨᠡᠮᠯᠡᠯ ᠪᠤᠶᠤ ᠭᠡᠷᠡᠴᠢᠯᠡᠯ ᠬᠢᠬᠦ ᠶᠠᠪᠤᠴᠠ ᠶᠢᠨ ᠭᠠᠷ ᠭᠦᠢᠴᠡᠳᠬᠡᠯ ᠢ ᠳᠥᠭᠦᠮᠴᠢᠯᠡᠨ | ᠰᠢᠯᠢᠳᠡᠭᠵᠢᠭᠦᠯᠦᠨ᠎ᠡ᠃ ᠮᠠᠰᠢᠨ ᠲᠡᠷᠭᠡ ᠵᠡᠷᠭᠡ ᠶᠡᠭᠡ ᠬᠡᠮᠵᠢᠶᠡᠨ ᠤ ᠬᠡᠷᠡᠭᠯᠡᠭᠡ ᠶᠢ ᠲᠣᠭᠲᠠᠭᠤᠨ ᠢᠶᠠᠷ ᠨᠡᠮᠡᠭᠳᠡᠭᠦᠯᠵᠦ᠂ | ᠡᠯ᠎ᠡ ᠭᠠᠵᠠᠷ ᠣᠷᠣᠨ ᠤ ᠬᠢᠨ ᠮᠠᠰᠢᠨ ᠲᠡᠷᠭᠡ ᠬᠤᠳᠠᠯᠳᠤᠨ ᠠᠪᠬᠤ ᠶᠢ ᠬᠢᠵᠠᠭᠠᠷᠯᠠᠬᠤ ᠠᠷᠭ᠎ᠠ ᠬᠡᠮᠵᠢᠶ᠎ᠡ ᠶᠢ | ᠰᠢᠨ᠎ᠡ ᠪᠠᠷ ᠨᠡᠮᠡᠭᠳᠡᠭᠦᠯᠵᠦ ᠪᠣᠯᠬᠤ ᠦᠭᠡᠢ᠂ ᠨᠢᠭᠡᠨᠲᠡ ᠬᠤᠳᠠᠯᠳᠤᠨ ᠠᠪᠬᠤ ᠶᠢ ᠬᠢᠵᠠᠭᠠᠷᠯᠠᠭᠰᠠᠨ ᠭᠠᠵᠠᠷ ᠣᠷᠣᠨ ᠤ | ᠬᠢᠨ ᠮᠠᠰᠢᠨ ᠲᠡᠷᠭᠡᠨ ᠤ ᠨᠡᠮᠡᠭᠳᠡᠯ ᠤᠨ ᠭᠦᠢᠴᠡᠳᠬᠡᠬᠦ ᠲᠤᠭ᠎ᠠ ᠶᠢᠨ ᠲᠤᠭ᠎ᠠ ᠬᠡᠮᠵᠢᠶ᠎ᠡ ᠶᠢ ᠠᠯᠬᠤᠮ ᠠᠯᠬᠤᠮ ᠢᠶᠠᠷ | ᠨᠡᠮᠡᠭᠳᠡᠭᠦᠯᠵᠦ᠂ ᠮᠠᠰᠢᠨ ᠲᠡᠷᠭᠡ ᠬᠤᠳᠠᠯᠳᠤᠨ ᠠᠪᠬᠤ ᠬᠥᠮᠥᠰ ᠤᠨ ᠬᠢᠷᠢ ᠬᠡᠮ ᠤᠨ ᠬᠢᠵᠠᠭᠠᠷᠯᠠᠯ ᠢ ᠠᠭᠤᠵᠢᠭᠤ | ᠪᠣᠯᠭᠠᠵᠤ᠂ ᠣᠨᠴᠠ ᠵᠠᠷᠢᠮ ᠬᠡᠲᠦ ᠲᠣᠮᠣ ᠬᠤᠲᠠ ᠠᠴᠠ ᠭᠠᠳᠠᠨᠠᠬᠢ ᠬᠤᠳᠠᠯᠳᠤᠨ ᠠᠪᠬᠤ ᠶᠢ ᠬᠢᠵᠠᠭᠠᠷᠯᠠᠭᠰᠠᠨ ᠭᠠᠵᠠᠷ | ᠣᠷᠣᠨ ᠳᠤ ᠬᠤᠲᠠ ᠶᠢᠨ ᠲᠣᠭᠤᠷᠢᠭ᠂ ᠬᠤᠲᠠ ᠶᠢᠨ ᠲᠡᠭᠦᠷᠭᠡ ᠶᠢᠨ ᠭᠦᠢᠴᠡᠳᠬᠡᠯ ᠲᠤᠭ᠎ᠠ ᠶᠢ ᠵᠦᠷᠢᠶᠡᠵᠢᠬᠦᠯᠬᠦ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠵᠣᠷᠢᠭᠵᠢᠭᠤᠯᠵᠤ᠂ ᠨᠠᠩ ᠣᠯᠠᠨ ᠬᠠᠤᠯᠢ ᠴᠠᠭᠠᠵᠠ᠂ ᠠᠵᠤ ᠠᠬᠤᠢ ᠪᠠ | ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢᠶᠠᠷ ᠳᠠᠮᠵᠢᠭᠤᠯᠤᠨ ᠮᠠᠰᠢᠨ ᠲᠡᠷᠭᠡᠨ ᠤ ᠬᠡᠷᠡᠭᠯᠡᠯᠲᠡ ᠶᠢ | ᠲᠣᠬᠢᠷᠠᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠮᠠᠰᠢᠨ ᠲᠡᠷᠭᠡ ᠬᠤᠳᠠᠯᠳᠤᠨ ᠠᠪᠬᠤ ᠶᠢ | ᠬᠢᠵᠠᠭᠠᠷᠯᠠᠬᠤ ᠶᠢ ᠠᠯᠬᠤᠮ ᠠᠯᠬᠤᠮ ᠢᠶᠠᠷ ᠬᠦᠴᠦᠨ ᠦᠭᠡᠢ ᠪᠣᠯᠭᠠᠵᠤ᠂ ᠮᠠᠰᠢᠨ ᠲᠡᠷᠭᠡ ᠵᠡᠷᠭᠡ ᠬᠡᠷᠡᠭᠯᠡᠭᠡᠨ ᠤ | ᠵᠦᠢᠯ ᠢ ᠬᠤᠳᠠᠯᠳᠤᠨ ᠠᠪᠬᠤ ᠬᠠᠮᠢᠶᠠᠷᠤᠯᠲᠠ ᠠᠴᠠ ᠬᠡᠷᠡᠭᠯᠡᠬᠦ ᠬᠠᠮᠢᠶᠠᠷᠤᠯᠲᠠ ᠳᠠᠰᠢ ᠬᠤᠪᠢᠷᠠᠭᠤᠯᠬᠤ ᠶᠢ | ᠠᠬᠢᠭᠤᠯᠤᠨ᠎ᠠ᠃ ᠮᠠᠰᠢᠨ ᠲᠡᠷᠭᠡ ᠶᠢ ᠥᠭᠡᠷᠡᠴᠢᠯᠡᠨ ᠤᠭᠰᠠᠷᠠᠬᠤ ᠠᠵᠢᠯ ᠲᠥᠷᠥᠯ ᠤᠨ ᠬᠠᠮᠢᠶᠠᠷᠤᠯᠲᠠ ᠶᠢᠨ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠮᠠᠰᠢᠨ ᠲᠡᠷᠭᠡᠨ ᠤ ᠬᠤᠶᠢᠨᠠᠬᠢ ᠵᠠᠬ᠎ᠠ ᠳᠡᠯᠭᠡᠭᠦᠷ ᠢ ᠲᠦᠷᠭᠡᠳᠬᠡᠨ | ᠬᠥᠭᠵᠢᠭᠦᠯᠦᠨ᠎ᠡ᠃ ᠭᠠᠷ ᠳᠠᠮᠵᠢᠭᠰᠠᠨ ᠮᠠᠰᠢᠨ ᠲᠡᠷᠭᠡ ᠶᠢ ᠨᠡᠭᠦᠯᠭᠡᠬᠦ ᠶᠢ ᠬᠢᠵᠠᠭᠠᠷᠯᠠᠬᠤ ᠲᠥᠷᠥ ᠶᠢᠨ ᠪᠣᠳᠣᠯᠭ᠎ᠠ ᠶᠢ | ᠪᠥᠬᠦ ᠲᠠᠯ᠎ᠠ ᠪᠠᠷ ᠬᠦᠴᠦᠨ ᠦᠭᠡᠢ ᠪᠣᠯᠭᠠᠵᠤ᠂ ᠵᠢᠵᠢᠭ ᠬᠡᠯᠪᠡᠷᠢ ᠶᠢᠨ ᠡᠵᠡᠩᠨᠡᠯᠲᠡ ᠶᠢᠨ ᠪᠤᠰᠤ ᠭᠠᠷ ᠳᠠᠮᠵᠢᠭᠰᠠᠨ | ᠮᠠᠰᠢᠨ ᠲᠡᠷᠭᠡ ᠶᠢᠨ ᠠᠷᠠᠯᠵᠢᠶᠠᠨ ᠤ ᠳᠠᠩᠰᠠᠯᠠᠯᠲᠠ ᠶᠢ ᠮᠤᠵᠢ ᠠᠯᠤᠰᠯᠠᠨ ᠨᠡᠶᠢᠳᠡᠮ ᠬᠡᠷᠡᠭᠵᠢᠭᠦᠯᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ᠎ᠠ᠃ ᠠᠷᠠᠰᠤᠨ ᠠᠴᠢᠶᠠᠨ ᠤ ᠮᠠᠰᠢᠨ ᠤ ᠬᠤᠲᠠ ᠳᠤ ᠣᠷᠣᠬᠤ ᠳᠤ ᠨᠠᠷᠢᠯᠢᠭᠵᠢᠭᠤᠯᠤᠭᠰᠠᠨ | ᠬᠠᠮᠢᠶᠠᠷᠤᠯᠲᠠ ᠶᠢ ᠬᠡᠷᠡᠭᠵᠢᠭᠦᠯᠵᠦ᠂ ᠠᠷᠠᠰᠤᠨ ᠠᠴᠢᠶᠠᠨ ᠤ ᠮᠠᠰᠢᠨ ᠤ ᠬᠤᠲᠠ ᠳᠤ ᠣᠷᠣᠬᠤ ᠬᠢᠵᠠᠭᠠᠷᠯᠠᠯ ᠢ ᠤᠯᠠᠮ | ᠠᠭᠤᠵᠢᠭᠤ ᠪᠣᠯᠭᠠᠬᠤ ᠶᠢ ᠰᠤᠳᠤᠯᠤᠨ᠎ᠠ᠃ | | ︵ᠠᠷᠪᠠᠨ ᠳᠥᠷᠪᠡ︶ ᠬᠡᠷᠡᠭᠯᠡᠭᠡᠨ ᠤ ᠪᠠᠷᠢᠮᠵᠢᠶ᠎ᠠ ᠶᠢᠨ ᠰᠢᠰᠲ᠋ᠧᠮᠵᠢ ᠶᠢ ᠪᠦᠷᠢᠨᠰᠢᠭᠦᠯᠦᠨ᠎ᠡ᠃ ᠬᠡᠷᠡᠭᠯᠡᠭᠡᠨ ᠤ | ᠵᠦᠢᠯ ᠤᠨ ᠶᠠᠰᠤ ᠴᠢᠨᠠᠷ ᠤᠨ ᠪᠠᠷᠢᠮᠵᠢᠶ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠦᠢᠯᠡᠳᠬᠦᠨ ᠤ ᠶᠠᠰᠤ ᠴᠢᠨᠠᠷ ᠤᠨ | ᠲᠡᠰ ᠬᠤᠪᠢᠶᠠᠬᠤ ᠶᠠᠪᠤᠳᠠᠯ ᠢ ᠶᠡᠬᠡᠪᠡᠷᠡᠨᠧᠷᠭᠢ ᠠᠷᠪᠢᠯᠠᠬᠤ ᠪᠠ ᠪᠣᠬᠢᠷᠲᠤᠯ ᠦᠭᠡᠢ ᠦᠢᠯᠡᠳᠬᠦ ᠪᠠᠷᠢᠮᠵᠢᠶ᠎ᠠ ᠶᠢᠨ | ᠰᠢᠰᠲ᠋ᠧᠮ᠂ ᠪᠣᠬᠢᠷᠲᠤᠯ ᠦᠭᠡᠢ ᠪᠦᠲᠦᠭᠡᠭᠳᠡᠬᠦᠨ ᠤ ᠭᠡᠷᠡᠴᠢᠯᠡᠯ ᠤᠨ ᠢᠯᠡᠳᠬᠡᠮᠵᠢ ᠲᠡᠮᠳᠡᠭ ᠤᠨ ᠰᠢᠰᠲ᠋ᠧᠮ ᠵᠢᠴᠢ | ᠲᠠᠪᠴᠠᠩ ᠤᠨ ᠠᠵᠤ ᠠᠬᠤᠢ᠂ ᠬᠢᠯᠢ ᠠᠯᠤᠰᠯᠠᠭᠰᠠᠨ ᠴᠠᠬᠢᠮ ᠬᠤᠳᠠᠯᠳᠤᠭ᠎ᠠ᠂ ᠵᠢᠭᠤᠯᠴᠢᠯᠠᠯ ᠠᠮᠠᠷᠠᠯᠲᠠ᠂ ᠢᠳᠡᠭᠡᠨ | ᠤᠮᠳᠠᠭᠠᠨ᠂ ᠨᠠᠰᠤᠵᠢᠯ ᠤᠨ ᠠᠰᠠᠷᠠᠮᠵᠢ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠵᠡᠷᠭᠡ ᠬᠦᠷᠢᠶᠡᠨ ᠳᠠᠬᠢ | ᠦᠢᠯᠡᠴᠢᠯᠡᠭᠡᠨ ᠤ ᠪᠠᠷᠢᠮᠵᠢᠶ᠎ᠠ ᠶᠢ ᠲᠡᠭᠦᠯᠳᠡᠷᠵᠢᠭᠦᠯᠦᠨ᠎ᠡ᠃ ᠲᠠᠪᠤᠳᠤᠭᠠᠷ ᠦᠶ᠎ᠡ ᠶᠢᠨ ᠰᠢᠯᠵᠢᠮᠡᠯ ᠮᠡᠳᠡᠭᠡ ᠬᠤᠯᠪᠣᠭ᠎ᠠ ︵ | 5G︶᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠡᠭᠦᠯᠡᠨ ᠪᠣᠳᠣᠯᠲᠠ᠂ ᠵᠣᠬᠢᠶᠠᠮᠠᠯ ᠣᠶᠤᠨ ᠴᠢᠳᠠᠪᠤᠷᠢ | ᠂ ᠣᠷᠣᠨ ᠬᠡᠰᠡᠭ ᠤᠨ ᠴᠥᠷᠬᠡᠯᠡᠭᠡ᠂ ᠲᠣᠮᠣ ᠳ᠋ᠠᠶᠢᠲ᠋ᠠ ᠵᠡᠷᠭᠡ ᠬᠦᠷᠢᠶ᠎ᠡ ᠴᠠᠷᠠᠭ᠎ᠠ ᠶᠢᠨ ᠪᠠᠷᠢᠮᠵᠢᠶ᠎ᠠ ᠶᠢ ᠰᠤᠳᠤᠯᠤᠨ | ᠦᠢᠯᠡᠳᠬᠦ ᠶᠢ ᠠᠬᠢᠭᠤᠯᠵᠤ᠂ ᠬᠡᠲᠦ ᠲᠣᠳᠣ ᠬᠠᠷᠠᠭᠠᠨ ᠳᠠᠪᠲᠠᠮᠵᠢ᠂ ᠦᠢᠯᠡᠳᠦᠯᠴᠡᠯ ᠤᠨ ᠬᠠᠷᠠᠭᠠᠨ ᠳᠠᠪᠲᠠᠮᠵᠢ᠂ | ᠵᠢᠪᠦᠮᠡᠯ ᠬᠠᠷᠠᠭᠠᠨ ᠳᠠᠪᠲᠠᠮᠵᠢ᠂ ᠡᠭᠦᠯᠡᠨ ᠲᠣᠭᠯᠠᠭᠠᠮ᠂ ᠵᠢᠱᠢᠮᠡᠭ ᠠᠬᠤᠢ᠂ ᠴᠢᠩᠭᠠᠷᠠᠭᠤᠯᠤᠭᠰᠠᠨ ᠪᠣᠳᠠᠲᠤ ᠠᠬᠤᠢ᠂ | ᠡᠮᠦᠰᠴᠦ ᠵᠡᠭᠦᠵᠦ ᠪᠣᠯᠬᠤ ᠵᠡᠷᠭᠡ ᠮᠡᠷᠭᠡᠵᠢᠯ ᠤᠨ ᠪᠠᠷᠢᠮᠵᠢᠶ᠎ᠠ ᠶᠢ ᠤᠷᠢᠳᠴᠢᠯᠠᠨ ᠰᠤᠳᠤᠯᠵᠤ᠂ ᠬᠠᠮᠢᠶ᠎ᠠ ᠪᠦᠬᠦᠢ | ᠬᠡᠷᠡᠭᠯᠡᠭᠡᠨ ᠤ ᠪᠠᠷᠢᠮᠵᠢᠶ᠎ᠠ ᠯᠤᠭ᠎ᠠ ᠵᠣᠯᠭᠠᠭᠤᠯᠤᠨ ᠲᠥᠬᠦᠷᠵᠢᠭᠦᠯᠬᠦ ᠶᠢ ᠴᠢᠩᠭᠠᠳᠬᠠᠨ᠎ᠠ᠃ | | ︵ᠠᠷᠪᠠᠨ ᠲᠠᠪᠤ︶ ᠬᠡᠷᠡᠭᠯᠡᠭᠡᠨ ᠤ ᠬᠦᠷᠢᠶᠡᠨ ᠳᠠᠬᠢ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠎ᠠ᠃ ᠭᠤᠣᠯᠴᠢ ᠥᠷᠢᠰᠦᠯᠳᠦᠭᠡᠨ ᠤ ᠲᠦᠷᠦ ᠶᠢᠨ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ | ᠮᠣᠨᠣᠫᠣᠯᠢᠴᠢᠯᠠᠯ ᠢ ᠡᠰᠡᠷᠭᠦᠴᠡᠬᠦ ᠪᠠ ᠵᠦᠢ ᠪᠤᠰᠤ ᠥᠷᠢᠰᠦᠯᠳᠦᠭᠡᠨ ᠢ ᠡᠰᠡᠷᠭᠦᠴᠡᠬᠦ ᠬᠠᠤᠯᠢ ᠬᠡᠷᠡᠭᠵᠢᠭᠦᠯᠦᠯᠲᠡ ᠶᠢ | ᠴᠢᠩᠭᠠᠳᠬᠠᠵᠤ᠂ ᠪᠦᠬᠦ ᠲᠠᠯ᠎ᠠ ᠶᠢᠨ᠂ ᠤᠯᠠᠨ ᠳᠡᠰ ᠳᠠᠪᠬᠤᠷᠭ᠎ᠠ ᠶᠢᠨ᠂ ᠪᠣᠰᠤᠭ᠎ᠠ ᠴᠣᠭᠴᠠᠲᠤ ᠬᠢᠨᠠᠨ | ᠬᠠᠮᠢᠶᠠᠷᠤᠯᠲᠠ ᠶᠢᠨ ᠰᠢᠰᠲ᠋ᠧᠮ ᠢ ᠲᠦᠷᠭᠡᠪᠴᠢᠯᠡᠨ ᠪᠠᠶᠢᠭᠤᠯᠤᠨ ᠲᠡᠭᠦᠯᠳᠡᠷᠵᠢᠭᠦᠯᠵᠦ᠂ ᠬᠥᠷᠥᠩᠭᠡ ᠶᠢᠨ ᠡᠮᠬᠢ ᠵᠢᠷᠤᠮ | ᠦᠭᠡᠢ ᠪᠠᠷ ᠥᠷᠭᠡᠳᠬᠦ ᠶᠢ ᠰᠡᠷᠭᠡᠶᠢᠯᠡᠨ᠎ᠡ᠃ ᠬᠤᠳᠠᠯ ᠬᠠᠭᠤᠷᠮᠠᠭ ᠢᠶᠠᠷ ᠤᠬᠠᠭᠤᠯᠬᠤ᠂ ᠬᠠᠭᠤᠷᠮᠠᠭᠯᠠᠨ ᠦᠢᠯᠡᠳᠬᠦ ᠶᠢ | ᠬᠤᠳᠬᠤᠯᠳᠤᠭᠤᠯᠬᠤ᠂ ᠬᠤᠳᠠᠯ ᠬᠠᠭᠤᠷᠮᠠᠭ ᠵᠦᠢᠯ ᠢ ᠦᠢᠯᠡᠳᠴᠦ ᠪᠣᠷᠣᠯᠠᠭᠤᠯᠬᠤ᠂ ᠵᠢᠩ ᠯᠠᠩ ᠳᠤᠲᠠᠭᠤᠯᠬᠤ ᠵᠡᠷᠭᠡ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠢᠨᠠᠨ ᠬᠠᠮᠢᠶᠠᠷᠬᠤ ᠪᠠ ᠰᠢᠢᠳᠬᠡᠬᠦ ᠡᠷᠴᠢᠮ ᠢᠶᠠᠨ | ᠴᠢᠩᠭᠠᠷᠠᠭᠤᠯᠤᠨ᠎ᠠ᠃ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠪᠦᠬᠦ ᠶᠠᠪᠤᠴᠠ ᠪᠠᠷ | ᠬᠠᠮᠵᠢᠯᠴᠠᠨ ᠬᠢᠨᠠᠨ ᠬᠠᠮᠢᠶᠠᠷᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠦᠢᠯᠡᠳᠪᠦᠷᠢᠯᠡᠬᠦ ᠠᠵᠢᠯ᠂ ᠭᠦᠢᠯᠭᠡᠭᠡ᠂ | ᠪᠣᠷᠤᠯᠠᠭᠤᠯᠭ᠎ᠠ ᠵᠡᠷᠭᠡ ᠡᠯ᠎ᠡ ᠭᠤᠭᠴᠤᠭ᠎ᠠ ᠶᠢᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ | ᠬᠡᠷᠡᠭᠯᠡᠭᠡᠨ ᠤ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ᠂ ᠢᠲᠡᠭᠡᠮᠵᠢ ᠶᠢᠨ ᠲᠠᠰ ᠲᠥᠷᠥᠯ | ᠬᠤᠪᠢᠶᠠᠨ ᠬᠢᠨᠠᠨ ᠬᠠᠮᠢᠶᠠᠷᠬᠤ ᠶᠢ ᠠᠬᠢᠭᠤᠯᠵᠤ᠂ ᠦᠨᠡᠨᠴᠢ ᠢᠲᠡᠭᠡᠮᠵᠢ ᠶᠢᠨ ᠬᠡᠮᠵᠢᠯᠲᠡ ᠶᠢᠨ ᠵᠢᠱᠢᠶ᠎ᠡ ᠦᠵᠡᠭᠦᠯᠬᠦ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠶᠢ ᠬᠠᠤᠯᠢ | ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠬᠢᠮᠳᠠ ᠦᠨ᠎ᠡ ᠪᠠᠷ ᠬᠤᠳᠠᠯᠳᠤᠬᠤ᠂ ᠦᠨ᠎ᠡ ᠬᠠᠩᠰᠢ ᠶᠢᠨ ᠮᠡᠬᠡᠯᠡᠯ ᠬᠢᠬᠦ ᠵᠡᠷᠭᠡ ᠬᠠᠤᠯᠢ ᠠᠴᠠ ᠵᠥᠷᠢᠴᠡᠭᠰᠡᠨ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠠᠪᠴᠠᠩ ᠤᠨ ᠡᠵᠡᠩᠨᠡᠭᠴᠢ ᠶᠢᠨ ᠪᠡᠶ᠎ᠡ ᠪᠠᠨ ᠳᠠᠭᠠᠭᠠᠵᠤ ᠦᠨ᠎ᠡ | ᠲᠣᠭᠲᠠᠭᠠᠬᠤ ᠶᠢ ᠴᠢᠩᠭ᠎ᠠ ᠵᠢᠷᠤᠮᠵᠢᠭᠤᠯᠤᠨ᠎ᠠ᠃ ᠬᠡᠷᠡᠭᠯᠡᠭᠡ ᠶᠢᠨ ᠵᠦᠢᠯᠡᠰ ᠤᠨ ᠶᠠᠰᠤ ᠴᠢᠨᠠᠷ ᠤᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠬᠡᠷᠡᠭᠯᠡᠭᠡ ᠶᠢᠨ ᠵᠦᠢᠯᠡᠰ ᠤᠨ ᠶᠠᠰᠤ ᠴᠢᠨᠠᠷ ᠤᠨ ᠬᠢᠷᠢ | ᠲᠡᠩᠴᠡᠭᠰᠡᠨ ᠨᠣᠷᠮ᠎ᠠ ᠶᠢ ᠪᠦᠷᠢᠳᠬᠡᠨ ᠪᠠᠶᠢᠴᠠᠭᠠᠬᠤ ᠶᠢ ᠥᠷᠨᠢᠭᠦᠯᠦᠨ᠂ ᠵᠡᠷᠡᠮᠳᠡᠭ ᠦᠢᠯᠡᠳᠬᠦᠨ ᠢ ᠡᠭᠡᠭᠦᠯᠦᠨ | ᠪᠤᠴᠠᠭᠠᠵᠤ ᠬᠢᠨᠠᠨ ᠬᠠᠮᠢᠶᠠᠷᠬᠤ ᠡᠷᠴᠢᠮ ᠢ ᠴᠢᠩᠭᠠᠷᠠᠭᠤᠯᠤᠨ᠎ᠠ᠃ ᠭᠤᠣᠯᠳᠠᠯᠭ᠎ᠠ ᠲᠠᠢ ᠦᠢᠯᠡᠴᠢᠯᠡᠭᠡᠨ ᠤ | ᠬᠦᠷᠢᠶᠡᠨ ᠳᠠᠬᠢ ᠶᠠᠰᠤ ᠴᠢᠨᠠᠷ ᠢ ᠬᠢᠨᠠᠨ ᠬᠡᠮᠵᠢᠵᠦ ᠦᠨᠡᠯᠡᠬᠦ ᠶᠢ ᠴᠢᠩᠭᠠᠳᠬᠠᠨ᠎ᠠ᠃ | | ︵ᠠᠷᠪᠠᠨ ᠵᠢᠷᠭᠤᠭ᠎ᠠ︶ ᠬᠡᠷᠡᠭᠯᠡᠭᠴᠢᠳ ᠤᠨ ᠡᠷᠬᠡ ᠠᠰᠢᠭ ᠤᠨ ᠬᠠᠮᠠᠭᠠᠯᠠᠯᠲᠠ ᠶᠢ ᠪᠥᠬᠦ ᠲᠠᠯ᠎ᠠ ᠪᠠᠷ | ᠴᠢᠩᠭᠠᠳᠬᠠᠨ᠎ᠠ᠃ ᠰᠠᠨᠠᠭ᠎ᠠ ᠠᠮᠤᠷ ᠬᠡᠷᠡᠭᠯᠡᠭᠡ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠶᠡᠬᠡᠪᠡᠷ ᠥᠷᠨᠢᠭᠦᠯᠦᠨ᠎ᠡ᠃ | ᠲᠠᠪᠴᠠᠩ ᠤᠨ ᠠᠵᠤ ᠠᠬᠤᠢ ᠶᠢᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠳᠦᠷᠢᠮ ᠢ ᠲᠡᠭᠦᠯᠳᠡᠷᠵᠢᠭᠦᠯᠦᠨ᠎ᠡ | ᠃ ᠪᠥᠬᠦ ᠤᠯᠤᠰ ᠤᠨ 12315 ᠲᠠᠪᠴᠠᠩ ᠢ ᠦᠷᠭᠦᠯᠵᠢᠯᠡᠨ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠣᠷᠣᠨ | ᠨᠤᠲᠤᠭ ᠤᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ | ᠤᠲᠠᠰᠤᠨ ᠤ ᠦᠢᠯᠡᠳᠦᠯ ᠢ ᠭᠦᠢᠴᠡᠳ ᠪᠠᠳᠠᠷᠠᠭᠤᠯᠤᠨ᠂ ᠬᠡᠷᠡᠭᠯᠡᠭᠴᠢᠳ ᠤᠨ ᠵᠠᠭᠠᠯᠳᠤᠵᠤ ᠢᠯᠡᠴᠢᠯᠡᠨ ᠮᠡᠳᠡᠭᠦᠯᠬᠦ | ᠠᠷᠭ᠎ᠠ ᠵᠠᠮ ᠢ ᠤᠯᠠᠮ ᠰᠠᠭᠠᠳ ᠦᠭᠡᠢ ᠨᠡᠪᠲᠡᠷᠡᠭᠦᠯᠦᠨ᠎ᠡ᠃ ᠬᠡᠷᠡᠭᠯᠡᠭᠡᠨ ᠤ ᠵᠠᠭᠠᠯᠳᠤᠯᠭ᠎ᠠ ᠶᠢᠨ ᠮᠡᠳᠡᠭᠡ ᠵᠠᠩᠭᠢ ᠶᠢ | ᠢᠯᠡ ᠨᠡᠶᠢᠲᠡᠯᠡᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠬᠡᠷᠡᠭᠯᠡᠭᠡᠨ ᠤ ᠮᠠᠷᠭᠤᠯᠳᠤᠭᠠᠨ ᠢ ᠣᠯᠠᠨ | ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠶᠢ ᠤᠯᠠᠮ ᠰᠢᠯᠢᠳᠡᠭᠵᠢᠭᠦᠯᠵᠦ᠂ ᠴᠠᠬᠢᠮ ᠢᠶᠠᠷ ᠬᠡᠷᠡᠭᠯᠡᠭᠡᠨ ᠤ | ᠵᠢᠭᠤᠷᠠᠯᠳᠤᠭᠠᠨ ᠢ ᠰᠢᠢᠳᠪᠦᠷᠢᠯᠡᠬᠦ ᠲᠣᠭᠲᠠᠴᠠ ᠶᠢᠨ ᠦᠢᠯᠡᠳᠦᠯ ᠴᠢᠳᠠᠪᠤᠷᠢ ᠶᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠳᠦᠷᠢᠮ ᠢ ᠲᠡᠭᠦᠯᠳᠡᠷᠵᠢᠭᠦᠯᠵᠦ᠂ | ᠬᠡᠷᠡᠭᠯᠡᠭᠴᠢᠳ ᠤᠨ ᠬᠠᠮᠲᠤ ᠶᠢᠨ ᠵᠠᠷᠭᠤ ᠶᠢᠨ ᠳᠦᠷᠢᠮ ᠢ ᠰᠦᠪᠡᠭᠴᠢᠯᠡᠨ ᠪᠠᠶᠢᠭᠤᠯᠵᠤ᠂ ᠬᠡᠷᠡᠭᠯᠡᠭᠡᠨ ᠤ | ᠮᠠᠷᠭᠤᠯᠳᠤᠭᠠᠨ ᠢ ᠤᠷᠢᠳᠠᠪᠠᠷ ᠲᠥᠯᠥᠵᠦ ᠥᠭᠬᠦ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠰᠦᠯᠵᠢᠶᠡᠨ ᠠᠴᠠ | ᠭᠠᠳᠠᠭᠤᠷᠬᠢ ᠪᠣᠳᠠᠲᠤ ᠴᠣᠭᠴᠠ ᠶᠢᠨ ᠳᠡᠯᠭᠡᠭᠦᠷ ᠢ ᠥᠷᠭᠡᠨ ᠢᠶᠠᠷ ᠬᠥᠲᠥᠯᠥᠨ ᠵᠢᠯᠤᠭᠤᠳᠴᠤ ᠪᠠᠶᠢᠭᠠᠳ ᠰᠢᠯᠲᠠᠭᠠᠨ | ᠦᠭᠡᠢ ᠪᠠᠷ ᠪᠠᠷᠠᠭ᠎ᠠ ᠪᠤᠴᠠᠭᠠᠬᠤ ᠠᠮᠠᠯᠠᠯᠲᠠ ᠶᠢ ᠢᠳᠡᠪᠬᠢᠲᠡᠢ ᠥᠷᠨᠢᠭᠦᠯᠦᠨ᠎ᠡ᠃ | | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠵᠤ᠂ ᠬᠡᠷᠡᠭᠯᠡᠭᠡ ᠶᠢᠨ ᠴᠢᠨᠠᠷ ᠰᠠᠶᠢᠲᠠᠢ | ᠬᠥᠭᠵᠢᠯᠲᠡ ᠶᠢᠨ ᠰᠠᠭᠤᠷᠢ ᠶᠢ ᠤᠯᠠᠮ ᠪᠠᠲᠤᠳᠬᠠᠨ᠎ᠠ | | ︵ᠠᠷᠪᠠᠨ ᠳᠣᠯᠤᠭ᠎ᠠ︶ ᠡᠳ᠋ ᠤᠨ ᠵᠠᠰᠠᠭ ᠭᠠᠶᠢᠯᠢ ᠶᠢᠨ ᠳᠡᠮᠵᠢᠯᠭᠡ ᠶᠢ ᠴᠢᠩᠭᠠᠳᠬᠠᠨ᠎ᠠ᠃ ᠣᠲᠣ ᠶᠢᠨ | ᠪᠠᠶᠢᠭ᠎ᠠ ᠡᠳ᠋ ᠤᠨ ᠵᠠᠰᠠᠭ ᠤᠨ ᠪᠡᠯᠡ ᠮᠥᠩᠭᠦ ᠶᠢᠨ ᠠᠷᠭ᠎ᠠ ᠵᠠᠮ ᠢ ᠨᠢᠭᠡᠳᠦᠯᠲᠡᠢ ᠲᠥᠯᠥᠪᠯᠡᠨ ᠠᠰᠢᠭᠯᠠᠵᠤ᠂ | ᠬᠡᠷᠡᠭᠯᠡᠭᠡ ᠶᠢᠨ ᠬᠠᠮᠢᠶ᠎ᠠ ᠪᠦᠬᠦᠢ ᠰᠠᠭᠤᠷᠢ ᠲᠥᠬᠦᠭᠡᠷᠦᠮᠵᠢ ᠪᠠ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢᠨ | ᠪᠠᠶᠢᠭᠤᠯᠤᠯᠲᠠ ᠶᠢ ᠳᠡᠮᠵᠢᠵᠦ᠂ ᠨᠥᠬᠦᠴᠡᠯ ᠳᠤ ᠨᠡᠶᠢᠴᠡᠬᠦ ᠲᠥᠷᠥᠯ ᠵᠦᠢᠯ ᠢ ᠣᠷᠣᠨ ᠨᠤᠲᠤᠭ ᠤᠨ ᠵᠠᠰᠠᠭ ᠤᠨ | ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠳᠡᠮᠵᠢᠬᠦ ᠬᠡᠪᠴᠢᠶᠡᠨ ᠳᠤ ᠣᠷᠣᠭᠤᠯᠵᠤ᠂ ᠪᠡᠯᠡ | ᠣᠷᠣᠭᠤᠯᠤᠯᠲᠠ ᠪᠠᠷ ᠬᠡᠷᠡᠭᠯᠡᠭᠡ ᠶᠢ ᠨᠠᠩ ᠰᠠᠶᠢᠨ ᠳᠠᠶᠢᠴᠢᠯᠠᠨ᠎ᠠ᠃ ᠵᠠᠰᠠᠭ ᠤᠨ ᠣᠷᠳᠣᠨ ᠤ ᠪᠣᠬᠢᠷᠲᠤᠯ ᠦᠭᠡᠢ | ᠬᠤᠳᠠᠯᠳᠤᠨ ᠠᠪᠬᠤ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠦᠢᠯᠡᠳᠬᠦᠨ ᠢ ᠬᠤᠳᠠᠯᠳᠤᠨ ᠠᠪᠬᠤ ᠡᠷᠴᠢᠮ ᠢ ᠴᠢᠩᠭᠠᠷᠠᠭᠤᠯᠤᠨ᠎ᠠ᠃ ᠨᠥᠬᠦᠴᠡᠯ ᠲᠠᠢ ᠭᠠᠵᠠᠷ | ᠣᠷᠣᠨ ᠤ ᠪᠣᠬᠢᠷᠲᠤᠯ ᠦᠭᠡᠢ ᠣᠶᠤᠨᠲᠤ ᠭᠡᠷ ᠤᠨ ᠴᠠᠬᠢᠯᠭᠠᠨ ᠬᠡᠷᠡᠭᠰᠡᠯ᠂ ᠪᠣᠬᠢᠷᠲᠤᠯ ᠦᠭᠡᠢ ᠪᠠᠷᠢᠯᠭ᠎ᠠ ᠶᠢᠨ | ᠮᠠᠲ᠋ᠧᠷᠢᠶᠠᠯ᠂ ᠡᠨᠧᠷᠭᠢ ᠠᠷᠪᠢᠯᠠᠬᠤ ᠦᠢᠯᠡᠳᠬᠦᠨ ᠵᠡᠷᠭᠡ ᠶᠢᠨ ᠬᠡᠷᠡᠭᠯᠡᠭᠡᠨ ᠳᠤ ᠵᠣᠬᠢᠬᠤ ᠨᠥᠬᠦᠪᠦᠷᠢ ᠪᠤᠶᠤ | ᠵᠢᠭᠡᠯᠡᠯᠭᠡ ᠶᠢᠨ ᠳᠠᠮ ᠬᠦᠦ ᠥᠭᠬᠦ ᠶᠢ ᠵᠣᠷᠢᠭᠵᠢᠭᠤᠯᠤᠨ᠎ᠠ᠃ ᠠᠷᠠᠳ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ᠂ | ᠬᠡᠷᠡᠭᠴᠡᠭᠡ ᠶᠡᠬᠡᠲᠡᠢ ᠴᠢᠨᠠᠷ ᠰᠠᠶᠢᠲᠠᠢ ᠬᠡᠷᠡᠭᠯᠡᠭᠡᠨ ᠤ ᠵᠦᠢᠯ ᠤᠨ ᠭᠠᠳᠠᠭᠠᠳᠤ ᠠᠴᠠ ᠣᠷᠣᠭᠤᠯᠬᠤ ᠪᠣᠭᠤᠮᠲᠠ ᠶᠢᠨ | ᠭᠠᠶᠢᠯᠢ ᠶᠢ ᠤᠯᠠᠮ ᠪᠠᠭᠤᠷᠠᠭᠤᠯᠬᠤ ᠶᠢ ᠰᠤᠳᠤᠯᠤᠨ᠎ᠠ᠃ | | ︵ᠠᠷᠪᠠᠨ ᠨᠠᠢᠮᠠ︶ ᠪᠠᠩᠬᠢ ᠶᠢᠨ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠨᠡᠶᠢᠳᠡᠮ | ᠬᠠᠷᠠᠭᠠᠯᠵᠠᠬᠤ ᠮᠥᠩᠭᠦᠨ ᠭᠦᠢᠯᠭᠡᠭᠡᠨ ᠢ ᠢᠳᠡᠪᠬᠢᠲᠡᠢ ᠬᠥᠭᠵᠢᠭᠦᠯᠵᠦ᠂ ᠦᠨᠡᠨ ᠪᠣᠳᠠᠲᠠᠢ ᠪᠠᠩᠬᠢ ᠶᠢᠨ ᠤᠷᠤᠰᠬᠠᠯ | ᠤᠰᠤ᠂ ᠭᠤᠷᠪᠠᠳᠠᠬᠢ ᠡᠲᠡᠭᠡᠳ ᠤᠨ ᠲᠠᠪᠴᠠᠩ ᠤᠨ ᠵᠣᠭᠤᠰ ᠬᠤᠷᠢᠶᠠᠬᠤ ᠲᠤᠭ᠎ᠠ ᠪᠠᠷᠢᠮᠲᠠ᠂ ᠤᠷᠢᠳᠴᠢᠯᠠᠨ | ᠵᠠᠬᠢᠶᠠᠯᠠᠬᠤ ᠬᠠᠭᠤᠳᠠᠰᠤ ᠶᠢᠨ ᠲᠤᠭ᠎ᠠ ᠪᠠᠷᠢᠮᠲᠠ ᠵᠡᠷᠭᠡ ᠶᠢ ᠪᠠᠷᠢᠴᠠᠭ᠎ᠠ ᠦᠭᠡᠢ ᠵᠢᠭᠡᠯᠡᠯᠭᠡ ᠶᠢᠨ ᠢᠲᠡᠭᠡᠮᠵᠢ | ᠣᠯᠭᠤᠬᠤ ᠶᠢ ᠬᠢᠨᠠᠨ ᠵᠥᠪᠰᠢᠶᠡᠷᠡᠬᠦ ᠶᠢᠨ ᠯᠠᠪᠯᠠᠬᠤ ᠦᠨᠳᠦᠰᠦᠯᠡᠯ ᠪᠣᠯᠭᠠᠵᠤ᠂ ᠢᠲᠡᠭᠡᠮᠵᠢ ᠶᠢᠨ ᠪᠠᠶᠢᠳᠠᠯ ᠢᠶᠠᠷ ᠰᠠᠶᠢᠨ | ᠳᠤᠮᠳᠠ ᠵᠢᠵᠢᠭ ᠪᠢᠴᠢᠯ ᠠᠵᠤ ᠠᠬᠤᠶᠢᠯᠠᠯ ᠪᠠ ᠬᠡᠷᠡᠭᠯᠡᠭᠴᠢᠳ ᠤᠨ ᠵᠢᠭᠡᠯᠡᠯᠭᠡ ᠶᠢᠨ ᠪᠣᠯᠤᠮᠵᠢᠲᠤ ᠴᠢᠨᠠᠷ ᠢ | ᠳᠡᠭᠡᠭᠰᠢᠯᠡᠭᠦᠯᠦᠨ᠎ᠡ᠃ ᠬᠤᠳᠠᠯᠳᠤᠭᠠᠨ ᠤ ᠪᠠᠩᠬᠢ᠂ ᠮᠠᠰᠢᠨ ᠲᠡᠷᠭᠡᠨ ᠤ ᠮᠥᠩᠭᠦᠨ ᠭᠦᠢᠯᠭᠡᠭᠡᠨ ᠤ ᠺᠣᠮᠫᠠᠨᠢ᠂ | ᠬᠡᠷᠡᠭᠯᠡᠭᠡᠨ ᠤ ᠮᠥᠩᠭᠦᠨ ᠭᠦᠢᠯᠭᠡᠭᠡᠨ ᠤ ᠺᠣᠮᠫᠠᠨᠢ ᠵᠡᠷᠭᠡ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠰᠢᠶᠠᠨ ᠤ ᠬᠡᠪᠴᠢᠶᠡᠨ ᠤ ᠪᠠᠩᠬᠢ ᠶᠢᠨ ᠪᠠᠶᠢᠭᠤᠯᠤᠮᠵᠢ ᠶᠢᠨ | ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠳ ᠲᠤ ᠦᠢᠯᠡᠴᠢᠯᠡᠬᠦ ᠶᠢ ᠤᠷᠮᠠᠰᠢᠭᠤᠯᠬᠤ ᠪᠠ ᠬᠢᠵᠠᠭᠠᠷᠯᠠᠬᠤ | ᠲᠣᠭᠲᠠᠴᠠ ᠶᠢ ᠴᠢᠩᠭᠠᠷᠠᠭᠤᠯᠵᠤ᠂ ᠬᠥᠳᠡᠭᠡ ᠲᠣᠰᠬᠤᠨ ᠤ ᠬᠡᠷᠡᠭᠯᠡᠭᠡᠨ ᠤ ᠢᠲᠡᠭᠡᠮᠵᠢᠲᠦ ᠵᠢᠭᠡᠯᠡᠯᠭᠡ ᠶᠢᠨ ᠦᠢᠯᠡᠳᠬᠦᠨ | ᠪᠣᠯᠤᠨ ᠦᠢᠯᠡᠴᠢᠯᠡᠭᠡᠨ ᠢ ᠪᠠᠶᠠᠯᠢᠭᠵᠢᠭᠤᠯᠤᠨ᠂ ᠬᠥᠳᠡᠭᠡ ᠲᠣᠰᠬᠤᠨ ᠤ ᠬᠤᠳᠠᠯᠳᠤᠭ᠎ᠠ ᠠᠷᠠᠯᠵᠢᠶᠠᠨ ᠤ ᠭᠦᠢᠯᠭᠡᠭᠡᠨ | ᠪᠣᠯᠤᠨ ᠰᠠᠭᠤᠭᠠᠯᠢ ᠠᠷᠠᠳ ᠤᠨ ᠬᠡᠷᠡᠭᠯᠡᠭᠡᠨ ᠳᠤ ᠦᠵᠡᠭᠦᠯᠬᠦ ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠬᠦ | ᠡᠷᠴᠢᠮ ᠢ ᠨᠡᠮᠡᠭᠳᠡᠭᠦᠯᠬᠦ ᠬᠡᠷᠡᠭᠲᠡᠢ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ | ᠪᠠᠶᠢᠭᠠᠳ ᠲᠦᠭᠰᠢᠭᠦᠷᠢ ᠶᠢ ᠡᠵᠡᠮᠳᠡᠵᠦ ᠪᠣᠯᠬᠤ ᠪᠠ ᠬᠤᠳᠠᠯᠳᠤᠭ᠎ᠠ ᠶᠢ ᠦᠷᠭᠦᠯᠵᠢᠯᠡᠭᠦᠯᠬᠦ ᠤᠷᠢᠲᠠᠯ ᠳᠣᠣᠷ᠎ᠠ ᠶᠡᠭᠡ | ᠬᠡᠮᠵᠢᠶᠡᠨ ᠤ ᠬᠡᠷᠡᠭᠯᠡᠭᠡᠨ ᠤ ᠮᠥᠩᠭᠦᠨ ᠭᠦᠢᠯᠭᠡᠭᠡᠨ ᠤ ᠦᠢᠯᠡᠳᠬᠦᠨ ᠢ ᠪᠠᠶᠠᠯᠢᠭᠵᠢᠭᠤᠯᠤᠨ᠎ᠠ᠃ ᠳᠠᠭᠠᠳᠬᠠᠯ ᠤᠨ | ᠺᠣᠮᠫᠠᠨᠢ ᠶᠢ ᠵᠣᠷᠢᠭᠵᠢᠭᠤᠯᠵᠤ ᠪᠠᠶᠢᠭᠠᠳ ᠬᠡᠷᠡᠭᠯᠡᠭᠡᠨ ᠤ ᠬᠦᠷᠢᠶᠡᠨ ᠳᠤ ᠴᠢᠭᠯᠡᠭᠦᠯᠦᠨ ᠳᠠᠭᠠᠳᠬᠠᠯ ᠤᠨ ᠦᠢᠯᠡᠴᠢᠯᠡᠭᠡ | ᠬᠠᠩᠭᠠᠬᠤ ᠬᠡᠷᠡᠭᠲᠡᠢ᠃ ᠢᠨᠲ᠋ᠧᠷ ᠰᠦᠯᠵᠢᠶᠡᠨ ᠤ ᠲᠠᠪᠴᠠᠩ ᠵᠡᠷᠭᠡ ᠳᠤᠮᠳᠠ ᠵᠢᠵᠢᠭ ᠪᠢᠴᠢᠯ ᠠᠵᠤ ᠠᠬᠤᠶᠢᠯᠠᠯ᠂ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠰᠦᠢᠳᠬᠡᠯ | ᠬᠤᠷᠢᠶᠠᠬᠤ ᠠᠵᠢᠯᠯᠠᠭ᠎ᠠ ᠶᠢ ᠵᠢᠷᠤᠮᠵᠢᠭᠤᠯᠤᠨ᠎ᠠ᠃ ᠃ | | ︵ᠠᠷᠪᠠ ᠶᠢᠰᠦ︶ ᠭᠠᠵᠠᠷ ᠰᠢᠷᠣᠢ ᠬᠡᠷᠡᠭᠯᠡᠬᠦ ᠭᠡᠷ ᠪᠠᠶᠢᠰᠢᠩ ᠤᠨ ᠪᠠᠲᠤᠯᠠᠭ᠎ᠠ ᠶᠢ ᠴᠢᠩᠭᠠᠷᠠᠭᠤᠯᠤᠨ᠎ᠠ᠃ | ᠭᠠᠵᠠᠷ ᠰᠢᠷᠣᠢ᠂ ᠭᠡᠷ ᠪᠠᠶᠢᠰᠢᠩ ᠢ ᠠᠷᠪᠢᠯᠠᠨ ᠡᠷᠴᠢᠮᠵᠢᠭᠦᠯᠬᠦ ᠪᠠ ᠨᠡᠶᠢᠯᠡᠭᠦᠯᠦᠨ ᠠᠰᠢᠭᠯᠠᠬᠤ ᠡᠷᠴᠢᠮ ᠢ | ᠴᠢᠩᠭᠠᠷᠠᠭᠤᠯᠵᠤ᠂ ᠡᠵᠡᠩᠨᠡᠬᠦ ᠳᠤ ᠬᠦᠴᠢᠷᠲᠡᠢ ᠪᠦᠷᠢᠨ ᠪᠠᠷᠠᠭᠠᠲᠤ ᠳᠡᠯᠭᠡᠭᠦᠷ᠂ ᠬᠠᠭᠤᠴᠢᠨ ᠬᠠᠭᠤᠴᠢᠨ | ᠦᠢᠯᠡᠳᠪᠦᠷᠢ ᠶᠢᠨ ᠲᠣᠭᠤᠷᠢᠭ ᠵᠡᠷᠭᠡ ᠶᠢ ᠰᠢᠨ᠎ᠡ ᠬᠡᠯᠪᠡᠷᠢ ᠶᠢᠨ ᠬᠡᠷᠡᠭᠯᠡᠭᠡᠨ ᠤ ᠠᠴᠢᠶᠠᠯᠠᠪᠤᠷᠢ ᠪᠣᠯᠭᠠᠨ | ᠥᠭᠡᠷᠡᠴᠢᠯᠡᠬᠦ ᠶᠢ ᠵᠣᠷᠢᠭᠵᠢᠭᠤᠯᠤᠨ᠎ᠠ᠃ ᠤᠷᠢᠳᠠᠪᠠᠷ ᠲᠦᠷᠢᠶᠡᠰᠦᠯᠡᠵᠦ ᠳᠠᠷᠠᠭ᠎ᠠ ᠨᠢ ᠰᠢᠯᠵᠢᠭᠦᠯᠦᠨ ᠥᠭᠬᠦ᠂ | ᠲᠦᠷᠢᠶᠡᠰᠦᠯᠡᠭᠦᠯᠬᠦ ᠪᠠ ᠰᠢᠯᠵᠢᠭᠦᠯᠦᠨ ᠥᠭᠬᠦ ᠶᠢ ᠤᠶᠠᠯᠳᠤᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | ᠲᠦᠷᠭᠡᠨ ᠬᠦᠷᠭᠡᠬᠦ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠳᠤ ᠭᠠᠵᠠᠷ ᠰᠢᠷᠣᠢ ᠬᠠᠩᠭᠠᠬᠤ ᠶᠢ | ᠵᠣᠷᠢᠭᠵᠢᠭᠤᠯᠤᠨ᠎ᠠ᠃ ᠬᠥᠳᠡᠭᠡ ᠲᠣᠰᠬᠤᠨ ᠤ ᠵᠢᠭᠤᠯᠴᠢᠯᠠᠯ᠂ ᠠᠷᠠᠳ ᠤᠨ ᠣᠷᠣᠨ ᠰᠠᠭᠤᠴᠠ᠂ ᠭᠡᠷ ᠤᠨ ᠭᠠᠳᠠᠨᠠᠬᠢ | ᠲᠠᠮᠢᠷ ᠤᠨ ᠬᠥᠳᠡᠯᠭᠡᠭᠡᠨ ᠤ ᠬᠤᠸᠠᠷᠠᠨ ᠵᠢᠴᠢ ᠬᠠᠮᠢᠶ᠎ᠠ ᠪᠦᠬᠦᠢ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢᠨ ᠪᠠᠭ᠎ᠠ ᠬᠡᠪᠴᠢᠶ᠎ᠡ ᠪᠠᠷ ᠭᠠᠵᠠᠷ ᠬᠡᠷᠡᠭᠯᠡᠬᠦ ᠬᠡᠷᠡᠭᠴᠡᠭᠡ ᠳᠤ ᠵᠣᠬᠢᠴᠠᠭᠤᠯᠤᠨ᠂ ᠭᠠᠵᠠᠷ | ᠬᠠᠩᠭᠠᠬᠤ ᠳᠤ ᠲᠣᠬᠢᠷᠠᠬᠤ ᠠᠷᠭ᠎ᠠ ᠮᠠᠶ᠋ᠢᠭ ᠢ ᠢᠳᠡᠪᠬᠢᠲᠡᠢ ᠪᠠᠷ ᠰᠦᠪᠡᠭᠴᠢᠯᠡᠵᠦ᠂ ᠬᠠᠮᠢᠶ᠎ᠠ ᠪᠦᠬᠦᠢ | ᠲᠥᠬᠦᠭᠡᠷᠦᠮᠵᠢ ᠶᠢ ᠠᠭᠤᠰᠤᠯᠴᠠᠭᠤᠯᠤᠨ ᠴᠤᠭᠯᠠᠷᠠᠭᠤᠯᠵᠤ ᠪᠦᠲᠦᠭᠡᠨ ᠪᠠᠶᠢᠭᠤᠯᠬᠤ ᠶᠢ ᠵᠣᠷᠢᠭᠵᠢᠭᠤᠯᠤᠨ᠎ᠠ᠃ | ᠤᠯᠤᠰ ᠤᠨ ᠥᠮᠴᠢᠯᠡᠯ ᠤᠨ ᠠᠳᠠᠯ ᠠᠬᠤᠢ ᠶᠢᠨ ᠡᠬᠢ ᠪᠠᠶᠠᠯᠢᠭ ᠢ ᠲᠦᠷᠢᠶᠡᠰᠦᠯᠡᠭᠦᠯᠬᠦ ᠬᠠᠮᠢᠶᠠᠷᠤᠯᠲᠠ ᠶᠢ | ᠰᠢᠯᠢᠳᠡᠭᠵᠢᠭᠦᠯᠵᠦ᠂ ᠲᠦᠷᠢᠶᠡᠰᠦᠯᠡᠬᠦ ᠬᠤᠭᠤᠴᠠᠭ᠎ᠠ ᠶᠢ ᠵᠣᠬᠢᠰᠲᠠᠢ ᠪᠠᠷ ᠤᠷᠲᠤᠳᠬᠠᠵᠤ᠂ ᠬᠡᠳᠦ ᠳᠡᠯᠭᠡᠭᠦᠷ᠂ ᠳᠥᠲᠡ | ᠳᠡᠯᠭᠡᠭᠦᠷ ᠵᠡᠷᠭᠡ ᠬᠡᠷᠡᠭᠯᠡᠭᠡᠨ ᠤ ᠲᠠᠯᠠᠪᠤᠷ ᠭᠠᠵᠠᠷ ᠤᠨ ᠭᠠᠵᠠᠷ ᠰᠢᠷᠣᠢ ᠬᠡᠷᠡᠭᠯᠡᠬᠦ ᠭᠡᠷ ᠪᠠᠶᠢᠰᠢᠩ ᠤᠨ ᠬᠡᠷᠡᠭᠴᠡᠭᠡ ᠶᠢ | ᠨᠡᠩ ᠰᠠᠶᠢᠲᠤᠷ ᠬᠠᠩᠭᠠᠨ᠎ᠠ᠃ ᠨᠡᠶᠢᠭᠡᠮ ᠲᠣᠭᠤᠷᠢᠭ ᠤᠨ ᠦᠯᠡᠳᠡᠭᠡᠯ ᠭᠡᠷ ᠬᠥᠷᠥᠩᠭᠡ᠂ ᠰᠤᠯᠠ ᠪᠠᠶᠢᠬᠤ ᠭᠡᠷ | ᠪᠠᠶᠢᠰᠢᠩ ᠵᠡᠷᠭᠡ ᠶᠢ ᠠᠰᠢᠭᠯᠠᠨ ᠠᠷᠠᠳ ᠲᠤ ᠲᠥᠬᠦᠮ ᠦᠵᠡᠭᠦᠯᠬᠦ ᠲᠣᠣᠷ ᠴᠢᠭ᠋ ᠪᠠᠶᠢᠭᠤᠯᠬᠤ ᠶᠢ ᠳᠡᠮᠵᠢᠨ᠎ᠡ᠃ | ᠨᠥᠬᠦᠴᠡᠯ ᠲᠠᠢ ᠨᠡᠶᠢᠭᠡᠮ ᠲᠣᠭᠤᠷᠢᠭ ᠤᠨ ᠡᠷᠬᠢᠨ ᠲᠣᠭᠤᠷᠢᠨ ᠤ ᠰᠤᠯᠠ ᠭᠠᠵᠠᠷ ᠰᠢᠷᠣᠢ ᠪᠤᠶᠤ ᠵᠠᠭᠠᠭᠯᠠᠨ | ᠲᠣᠭᠲᠠᠭᠠᠭᠰᠠᠨ ᠣᠨᠴᠠᠭᠠᠶ ᠣᠷᠣᠨ ᠵᠠᠢ ᠶᠢ ᠠᠰᠢᠭᠯᠠᠨ ᠬᠠᠭᠤᠴᠢᠨ ᠪᠠᠷᠠᠭᠠᠨ ᠤ ᠵᠠᠬ᠎ᠠ ᠳᠡᠯᠭᠡᠭᠦᠷ ᠢ ᠡᠮᠬᠢ | ᠵᠢᠷᠤᠮ ᠲᠠᠢ ᠪᠠᠷ ᠬᠥᠭᠵᠢᠭᠦᠯᠬᠦ ᠶᠢ ᠵᠥᠪᠰᠢᠶᠡᠷᠡᠨ᠎ᠡ᠃ | | ︵ᠬᠤᠷᠢ︶ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠤᠯᠤᠰ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠶᠠᠮᠤᠨ ᠵᠡᠷᠭᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠬᠡᠷᠡᠭᠯᠡᠭᠡᠨ ᠤ ᠪᠠᠶᠢᠭᠤᠯᠤᠯ ᠲᠣᠭᠲᠠᠴᠠ ᠶᠢ ᠠᠬᠢᠭᠤᠯᠬᠤ ᠶᠠᠮᠤᠨ ᠤ ᠬᠤᠭᠤᠷᠣᠨᠳᠣᠬᠢ ᠬᠠᠮᠲᠤᠷᠠᠭᠰᠠᠨ | ᠬᠤᠷᠠᠯ ᠤᠨ ᠳᠦᠷᠢᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠨ | ᠂ ᠰᠢᠪᠠᠳᠠᠨ ᠰᠢᠢᠳᠪᠦᠷᠢᠯᠡᠭᠦᠯᠵᠦ ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠬᠡᠷᠡᠭᠲᠡᠢ᠃ ᠤᠯᠤᠰ ᠤᠨ ᠲᠤᠭ᠎ᠠ | ᠪᠦᠷᠢᠳᠬᠡᠯ ᠤᠨ ᠲᠣᠪᠴᠢᠶ᠎ᠠ ᠨᠢ ᠦᠢᠯᠡᠴᠢᠯᠡᠭᠡᠨ ᠤ ᠬᠡᠷᠡᠭᠯᠡᠭᠡ ᠶᠢ ᠪᠦᠷᠢᠳᠬᠡᠨ ᠬᠢᠨᠠᠨ ᠬᠡᠮᠵᠢᠬᠦ ᠶᠢ ᠲᠡᠭᠦᠯᠳᠡᠷᠵᠢᠭᠦᠯᠵᠦ | ᠂ ᠰᠦᠯᠵᠢᠶᠡᠨ ᠤ ᠬᠡᠷᠡᠭᠯᠡᠭᠡ ᠵᠡᠷᠭᠡ ᠬᠡᠷᠡᠭᠯᠡᠭᠡ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠢ | ᠪᠦᠷᠢᠳᠬᠡᠨ ᠪᠦᠷᠢᠳᠬᠡᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠨᠤᠭᠤᠳ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠢᠵᠢ ᠪᠦᠷᠢᠳᠦᠭᠦᠯᠬᠦ ᠲᠥᠰᠥᠯ ᠢᠶᠠᠨ | ᠲᠡᠭᠦᠯᠳᠡᠷᠵᠢᠭᠦᠯᠦᠨ᠂ ᠲᠣᠰ ᠰᠠᠨᠠᠯ ᠳᠤ ᠳᠤᠷᠠᠳᠤᠭᠰᠠᠨ ᠲᠥᠷᠥᠯ ᠪᠦᠷᠢ ᠶᠢᠨ ᠡᠭᠦᠷᠭᠡ ᠠᠷᠭ᠎ᠠ ᠬᠡᠮᠵᠢᠶ᠎ᠡ ᠶᠢ | ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠦᠨᠡᠨᠬᠦ ᠠᠬᠢᠭᠤᠯᠬᠤ ᠬᠡᠷᠡᠭᠲᠡᠢ᠃ | | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ | | 2022 ᠣᠨ ᠤ 4 ᠰᠠᠷ᠎ᠠ ᠶᠢᠨ 20 ᠤ ᠡᠳᠦᠷ | | | ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ᠄ ︽ᠬᠡᠷᠡᠭᠯᠡᠭᠡᠨ ᠤ ᠳᠠᠯᠳᠠ ᠬᠦᠴᠦᠨ ᠢ ᠤᠯᠠᠮ ᠪᠠᠳᠠᠷᠠᠭᠤᠯᠵᠤ | ᠬᠡᠷᠡᠭᠯᠡᠭᠡ ᠶᠢ ᠦᠷᠭᠦᠯᠵᠢᠯᠡᠨ ᠰᠡᠷᠭᠦᠭᠡᠬᠦ ᠶᠢ ᠠᠬᠢᠭᠤᠯᠬᠤ ᠲᠤᠬᠠᠢ ᠰᠠᠨᠠᠯ︾ ᠤᠨ ᠲᠤᠬᠠᠢ ᠠᠯᠠᠱᠠ ᠵᠡᠭᠦᠨ | ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠠᠮᠵᠢᠭᠤᠯᠤᠨ ᠨᠡᠶᠢᠲᠡᠯᠡᠭᠰᠡᠨ ᠲᠠᠶᠢᠯᠤᠮᠵᠢ | | ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ | | |