| | | | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠲᠤᠤᠱᠯᠠᠭᠤᠯᠤᠨ ᠳᠠᠭᠠᠳᠬᠠᠯ ᠳᠤ ᠣᠷᠣᠯᠴᠠᠭᠰᠠᠳ ᠤᠨ ᠡᠮ ᠬᠡᠷᠡᠭᠯᠡᠬᠦ ᠪᠠᠲᠤᠯᠠᠭ᠎ᠠ ᠶᠢᠨ ᠬᠢᠷᠢ | ᠲᠦᠪᠰᠢᠨ ᠢ ᠤᠯᠠᠮ ᠳᠡᠭᠡᠭᠰᠢᠯᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠡᠮ ᠬᠡᠷᠡᠭᠯᠡᠬᠦ ᠡᠮ ᠡᠮᠨᠡᠯᠭᠡ ᠶᠢᠨ | ᠳᠠᠭᠠᠳᠬᠠᠯ ᠤᠨ ᠵᠠᠷᠤᠳᠠᠯ ᠥᠭᠬᠦ ᠪᠦᠲᠦᠮᠵᠢᠲᠡᠶ ᠥᠨᠳᠥᠷ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠤᠨ ᠳᠠᠭᠠᠳᠬᠠᠯ ᠤᠨ ᠬᠠᠤᠯᠢ︾ ︽ᠡᠮᠴᠢᠯᠡᠭᠡᠨ ᠤ | ᠪᠠᠲᠤᠯᠠᠭ᠎ᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︽ᠦᠨᠳᠦᠰᠦᠨ ᠡᠮᠴᠢᠯᠡᠭᠡᠨ ᠤ | ᠳᠠᠭᠠᠳᠬᠠᠯ ᠤᠨ ᠬᠡᠷᠡᠭᠯᠡᠬᠦ ᠡᠮ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠵᠡᠷᠭᠡ ᠲᠥᠷᠥ ᠶᠢᠨ | ᠪᠣᠳᠣᠯᠭ᠎ᠠ ᠬᠠᠤᠯᠢ ᠲᠣᠭᠲᠠᠭᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ︽2022 ᠣᠨ ᠤ ᠤᠯᠤᠰ ᠤᠨ | ᠦᠨᠳᠦᠰᠦᠨ ᠡᠮᠴᠢᠯᠡᠭᠡᠨ ᠤ ᠳᠠᠭᠠᠳᠬᠠᠯ᠂ ᠠᠵᠢᠯ ᠤᠨ ᠭᠡᠮᠲᠦᠯ ᠤᠨ ᠳᠠᠭᠠᠳᠬᠠᠯ ᠪᠠ ᠦᠷᠡᠵᠢᠯ ᠤᠨ ᠳᠠᠭᠠᠳᠬᠠᠯ ᠤᠨ | ᠡᠮ ᠤᠨ ᠵᠦᠢᠯ ᠤᠨ ᠭᠠᠷᠴᠠᠭ ᠲᠤ ᠲᠣᠬᠢᠷᠠᠭᠤᠯᠤᠯᠲᠠ ᠬᠢᠬᠦ ᠠᠵᠢᠯ ᠤᠨ ᠲᠥᠰᠥᠯ︾ ︵ᠳᠣᠷᠣᠭᠰᠢ ︽ᠠᠵᠢᠯ ᠤᠨ | ᠲᠥᠰᠥᠯ︾ ᠭᠡᠵᠦ ᠲᠣᠪᠴᠢᠯᠠᠨ᠎ᠠ︶ ᠢ ᠳᠣᠣᠷᠠᠬᠢ ᠮᠡᠲᠦ ᠲᠣᠭᠲᠠᠭᠠᠪᠠ᠃ | ᠨᠢᠭᠡ᠂ ᠬᠠᠷᠠᠯᠲᠠ ᠶᠢᠨ ᠡᠭᠦᠷᠭᠡ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ | ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠣᠨ ᠲᠥᠪ ᠤᠨ ᠠᠵᠤ ᠠᠬᠤᠢ ᠶᠢᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠷᠠᠳ ᠲᠦᠮᠡᠨ ᠤ ᠡᠷᠡᠭᠦᠯ | ᠮᠡᠨᠳᠤ ᠪᠠᠷ ᠭᠤᠤᠯᠯᠠᠬᠤ ᠶᠢ ᠪᠠᠷᠢᠮᠲᠠᠯᠠᠵᠤ᠂ ᠡᠮ ᠡᠮᠨᠡᠯᠭᠡ ᠶᠢᠨ ᠪᠠᠲᠤᠯᠠᠪᠤᠷᠢ ᠶᠢᠨ ᠳᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠡᠮ ᠤᠨ ᠵᠦᠢᠯ ᠤᠨ ᠭᠠᠷᠴᠠᠭ ᠲᠤ ᠬᠥᠳᠡᠯᠦᠩᠭᠦᠢ ᠲᠣᠬᠢᠷᠠᠭᠤᠯᠤᠯᠲᠠ ᠬᠢᠬᠦ ᠲᠣᠭᠲᠠᠴᠠ ᠶᠢ | ᠲᠡᠭᠦᠯᠳᠡᠷᠵᠢᠭᠦᠯᠦᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠳᠠᠭᠠᠳᠬᠠᠯ ᠳᠤ ᠣᠷᠣᠯᠴᠠᠭᠰᠠᠳ ᠤᠨ | ᠬᠡᠷᠡᠭᠴᠡᠭᠡ ᠱᠠᠭᠠᠷᠳᠠᠯᠭ᠎ᠠ ᠪᠠ ᠰᠠᠭᠤᠷᠢ ᠮᠥᠩᠭᠦᠨ ᠤ ᠲᠥᠯᠥᠬᠦ ᠴᠢᠳᠠᠪᠤᠷᠢ ᠵᠡᠷᠭᠡ ᠶᠢ ᠨᠢᠭᠡᠳᠦᠯᠲᠡᠢ ᠲᠥᠯᠥᠪᠯᠡᠬᠦ ᠶᠢ | ᠥᠷᠨᠢᠭᠦᠯᠪᠡ | 2022 ᠣᠨ ᠤ ᠡᠮ ᠤᠨ ᠵᠦᠢᠯ ᠤᠨ ᠭᠠᠷᠴᠠᠭ ᠲᠤ ᠲᠣᠬᠢᠷᠠᠭᠤᠯᠤᠯᠲᠠ ᠬᠢᠬᠦ ᠠᠵᠢᠯ ᠢ ᠬᠢᠵᠦ᠂ ᠡᠮ ᠤᠨ | ᠵᠦᠢᠯ ᠤᠨ ᠭᠠᠷᠴᠠᠭ ᠤᠨ ᠪᠦᠲᠦᠴᠡ ᠶᠢ ᠨᠡᠩ ᠵᠦᠢ ᠵᠣᠬᠢᠰᠲᠠᠢ ᠰᠢᠯᠢᠳᠡᠭᠵᠢᠭᠦᠯᠬᠦ᠂ ᠬᠠᠮᠢᠶᠠᠷᠤᠯᠲᠠ ᠶᠢ ᠨᠡᠩ | ᠰᠢᠨᠵᠢᠯᠡᠬᠦ ᠤᠬᠠᠭᠠᠨᠴᠢ ᠵᠢᠷᠤᠮᠵᠢᠯ ᠲᠠᠢ ᠪᠣᠯᠭᠠᠬᠤ᠂ ᠵᠣᠭᠤᠰ ᠥᠭᠬᠦ ᠶᠢ ᠨᠡᠩ ᠪᠦᠲᠦᠮᠵᠢᠲᠡᠢ ᠪᠣᠯᠭᠠᠬᠤ᠂ | ᠪᠠᠲᠤᠯᠠᠭ᠎ᠠ ᠶᠢ ᠨᠡᠩ ᠲᠥᠪ ᠭᠤᠣᠯᠴᠢ ᠪᠠᠶᠢᠯᠭᠠᠬᠤ ᠪᠠᠷ ᠴᠢᠷᠮᠠᠶᠢᠵᠤ᠂ ᠠᠷᠠᠳ ᠤᠯᠠᠨ ᠤ ᠡᠪᠡᠳᠴᠢᠨ ᠦᠵᠡᠭᠦᠯᠬᠦ ᠪᠠ | ᠡᠪᠡᠳᠴᠢᠨ ᠦᠵᠡᠭᠦᠯᠬᠦ ᠶᠢᠨ ᠬᠤᠶᠢᠰᠢᠳᠠ ᠶᠢᠨ ᠵᠣᠪᠠᠨᠢᠯ ᠢ ᠰᠢᠢᠳᠪᠦᠷᠢᠯᠡᠬᠦ ᠳᠤ ᠬᠦᠴᠦᠨ ᠨᠡᠮᠡᠷᠢᠯᠡᠬᠦ ᠪᠠᠷ ᠴᠢᠷᠮᠠᠶᠢᠪᠠ᠃ | | ᠬᠤᠶᠠᠷ᠂ ᠲᠣᠬᠢᠷᠠᠭᠤᠯᠬᠤ ᠬᠡᠪᠴᠢᠶ᠎ᠡ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠣᠯᠣᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ | ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠶᠡᠷᠦᠩᠬᠡᠶᠢᠯᠡᠨ ᠪᠣᠳᠣᠯᠬᠢᠯᠠᠵᠤ᠂ ᠡᠮ ᠤᠨ ᠵᠦᠢᠯ ᠤᠨ ᠬᠡᠷᠡᠭᠴᠡᠭᠡ᠂ | ᠰᠠᠭᠤᠷᠢ ᠮᠥᠩᠭᠦᠨ ᠤ ᠳᠠᠭᠠᠭᠠᠬᠤ ᠴᠢᠳᠠᠪᠤᠷᠢ᠂ 2022 ᠣᠨ ᠤ ᠡᠮ ᠤᠨ ᠵᠦᠢᠯ ᠤᠨ ᠭᠠᠷᠴᠠᠭ ᠲᠤ | ᠲᠣᠬᠢᠷᠠᠭᠤᠯᠤᠯᠲᠠ ᠬᠢᠬᠦ ᠬᠡᠪᠴᠢᠶ᠎ᠡ ᠨᠢ ᠳᠣᠣᠷᠠᠬᠢ ᠮᠡᠲᠦ᠄ | ︵ᠨᠢᠭᠡ︶ ᠭᠠᠷᠴᠠᠭ ᠠᠴᠠ ᠭᠠᠳᠠᠨᠠᠬᠢ ᠡᠸᠦ᠋ᠷᠦᠫᠡ ᠡᠮ ᠪᠠ ᠬᠢᠲᠠᠳ ᠪᠡᠯᠡᠨ ᠡᠮ | ︽ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠡᠷᠡᠭᠯᠡᠬᠦ ᠡᠮ ᠤᠨ ᠬᠠᠮᠢᠶᠠᠷᠤᠯᠲᠠ ᠶᠢᠨ ᠲᠦᠷ | ᠬᠡᠷᠡᠭᠵᠢᠭᠦᠯᠬᠦ ᠠᠷᠭ᠎ᠠ︾ ᠶᠢᠨ ᠳᠣᠯᠣᠳᠤᠭᠠᠷ ᠵᠦᠢᠯ᠂ ᠨᠠᠢᠮᠠᠳᠤᠭᠠᠷ ᠵᠦᠢᠯ ᠤᠨ ᠲᠣᠭᠲᠠᠭᠠᠯ ᠳᠤ ᠨᠡᠶᠢᠴᠡᠬᠦ ᠪᠥᠭᠡᠳ | ᠳᠠᠷᠠᠭᠠᠬᠢ ᠨᠥᠬᠦᠴᠡᠯ ᠪᠠᠶᠢᠳᠠᠯ ᠤᠨ ᠨᠢᠭᠡ ᠶᠢ ᠪᠦᠷᠢᠯᠳᠦᠭᠦᠯᠦᠭᠰᠡᠨ ᠭᠠᠷᠴᠠᠭ ᠠᠴᠠ ᠭᠠᠳᠠᠨᠠᠬᠢ ᠡᠮ ᠤᠨ ᠵᠦᠢᠯ ᠳᠤ | ᠣᠷᠣᠯᠴᠠᠬᠤ ᠪᠠᠷ ᠮᠡᠳᠡᠭᠦᠯᠵᠦ ᠪᠣᠯᠣᠨ᠎ᠠ | 2022 ᠣᠨ ᠤ ᠡᠮ ᠤᠨ ᠵᠦᠢᠯ ᠤᠨ ᠭᠠᠷᠴᠠᠭ ᠲᠤ ᠲᠣᠬᠢᠷᠠᠭᠤᠯᠤᠯᠲᠠ ᠬᠢᠪᠡ᠃ | 1.2017 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 2022 ᠣᠨ ᠤ 6 ᠳ᠋ᠤᠭᠠᠷ ᠰᠠᠷ᠎ᠠ ᠶᠢᠨ | 30 ᠤ ᠡᠳᠦᠷ ︵ᠪᠠᠭᠲᠠᠨ᠎ᠠ᠂ ᠳᠣᠷᠣᠭᠰᠢ ᠠᠳᠠᠯᠢ︶ ᠤᠨ ᠬᠤᠭᠤᠴᠠᠭᠠᠨ ᠳᠤ᠂ ᠤᠯᠤᠰ ᠤᠨ ᠡᠮ ᠤᠨ ᠵᠦᠢᠯ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠥᠪᠰᠢᠶᠡᠷᠡᠯ ᠢᠶᠠᠷ ᠵᠠᠬ᠎ᠠ ᠳᠡᠯᠭᠡᠭᠦᠷ ᠲᠤ ᠭᠠᠷᠭᠠᠭᠰᠠᠨ ᠨᠡᠶᠢᠳᠡᠮ | ᠬᠡᠷᠡᠭᠯᠡᠬᠦ ᠰᠢᠨ᠎ᠡ ᠨᠠᠷᠠᠲᠤ ᠡᠮ ᠤᠨ ᠵᠦᠢᠯ᠃ | 2. 2017 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 2022 ᠣᠨ ᠤ 6 ᠳ᠋ᠤᠭᠠᠷ ᠰᠠᠷ᠎ᠠ ᠶᠢᠨ | 30 ᠤ ᠡᠳᠦᠷ ᠪᠣᠯᠲᠠᠯᠠᠬᠢ ᠬᠤᠭᠤᠴᠠᠭᠠᠨ ᠳᠤ᠂ ᠤᠯᠤᠰ ᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠤᠨ ᠵᠥᠪᠰᠢᠶᠡᠷᠡᠯ ᠢᠶᠠᠷ᠂ ᠡᠪᠡᠳᠴᠢᠨ ᠳᠤ ᠲᠣᠬᠢᠷᠠᠬᠤ ᠪᠤᠶᠤ ᠴᠢᠳᠠᠮᠵᠢ ᠶᠢ ᠭᠤᠣᠯᠯᠠᠨ ᠵᠠᠰᠠᠬᠤ ᠳᠤ | ᠴᠢᠬᠤᠯᠠ ᠶᠡᠭᠡ ᠬᠤᠪᠢᠷᠠᠯᠲᠠ ᠭᠠᠷᠤᠭᠰᠠᠨ ᠡᠮ ᠤᠨ ᠵᠦᠢᠯ᠃ | 3. ᠬᠠᠮᠤᠭ ᠤᠨ ᠰᠢᠨ᠎ᠡ ᠬᠡᠪᠯᠡᠯ ᠤᠨ ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ | ᠦᠷᠪᠢᠰᠦᠯ ᠢ ᠣᠨᠣᠰᠢᠯᠠᠨ ᠡᠮᠨᠡᠬᠦ ᠲᠥᠰᠥᠯ︾ ᠳᠤ ᠣᠷᠣᠭᠤᠯᠤᠭᠰᠠᠨ ᠡᠮ ᠤᠨ ᠵᠦᠢᠯ᠃ | 4. ︽ᠤᠯᠤᠰ ᠤᠨ ᠦᠨᠳᠦᠰᠦᠨ ᠡᠮ ᠤᠨ ᠵᠦᠢᠯ ᠤᠨ ᠭᠠᠷᠴᠠᠭ ︵2018 ᠣᠨ ᠤ ᠬᠡᠪᠯᠡᠯ︶︾ ᠳᠤ | ᠣᠷᠣᠭᠤᠯᠤᠭᠰᠠᠨ ᠡᠮ ᠤᠨ ᠵᠦᠢᠯ᠃ | 5. ᠡᠮ ᠤᠨ ᠵᠦᠢᠯ ᠤᠨ ᠭᠠᠷᠴᠠᠭ ᠢ ᠳᠠᠭᠤᠷᠢᠶᠠᠨ ᠦᠢᠯᠡᠳᠬᠦ ᠶᠢ ᠵᠣᠷᠢᠭᠵᠢᠭᠤᠯᠬᠤ ᠪᠤᠶᠤ ᠬᠡᠦᠬᠡᠳ ᠤᠨ | ᠡᠮ ᠤᠨ ᠵᠦᠢᠯ ᠢ ᠭᠤᠶᠤᠴᠢᠯᠠᠨ ᠮᠡᠳᠡᠭᠦᠯᠬᠦ ᠨᠠᠷᠢᠨ ᠬᠠᠭᠤᠳᠠᠰᠤ ᠶᠢ ᠰᠤᠳᠤᠯᠤᠨ ᠨᠡᠭᠡᠭᠡᠬᠦ ᠶᠢ ᠵᠣᠷᠢᠭᠵᠢᠭᠤᠯᠬᠤ ᠶᠢᠨ | ᠬᠠᠮᠲᠤ 2022 ᠣᠨ ᠤ 6 ᠰᠠᠷ᠎ᠠ ᠶᠢᠨ 30 ᠤ ᠡᠳᠦᠷ ᠠᠴᠠ ᠡᠮᠦᠨ᠎ᠡ᠂ ᠤᠯᠤᠰ ᠤᠨ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠥᠪᠰᠢᠶᠡᠷᠡᠯ ᠢᠶᠠᠷ ᠵᠠᠬ᠎ᠠ ᠳᠡᠯᠭᠡᠭᠦᠷ ᠲᠤ ᠭᠠᠷᠭᠠᠭᠰᠠᠨ ᠡᠮ ᠤᠨ ᠵᠦᠢᠯ᠃ | | 6. 2022 ᠣᠨ ᠤ 6 ᠰᠠᠷ᠎ᠠ ᠶᠢᠨ 30 ᠤ ᠡᠳᠦᠷ ᠤᠨ ᠡᠮᠦᠨ᠎ᠡ᠂ ᠤᠯᠤᠰ ᠤᠨ ᠡᠮ ᠤᠨ ᠵᠦᠢᠯ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠥᠪᠰᠢᠶᠡᠷᠡᠯ ᠢᠶᠠᠷ ᠵᠠᠬ᠎ᠠ ᠳᠡᠯᠭᠡᠭᠦᠷ ᠲᠤ ᠭᠠᠷᠭᠠᠭᠰᠠᠨ ᠬᠤᠪᠣᠷ | ᠲᠣᠬᠢᠶᠠᠯᠳᠤᠬᠤ ᠡᠪᠡᠳᠴᠢᠨ ᠢ ᠡᠮᠨᠡᠨ ᠵᠠᠰᠠᠬᠤ ᠡᠮ ᠤᠨ ᠵᠦᠢᠯ᠃ | ︵ᠬᠤᠶᠠᠷ︶ ᠭᠠᠷᠴᠠᠭ ᠲᠠᠬᠢ ᠡᠸᠦ᠋ᠷᠦᠫᠡ ᠡᠮ ᠪᠠ ᠬᠢᠲᠠᠳ ᠪᠡᠯᠡᠨ ᠡᠮ | 1.2022 ᠣᠨ ᠤ 12 ᠰᠠᠷ᠎ᠠ ᠶᠢᠨ 31 ᠤ ᠡᠳᠦᠷ ᠬᠡᠯᠡᠯᠴᠡᠭᠡᠷ ᠢᠶᠠᠷ ᠬᠤᠭᠤᠴᠠᠭ᠎ᠠ ᠨᠢ ᠲᠤᠯᠤᠭᠰᠠᠨ | ᠡᠮ ᠤᠨ ᠦᠢᠯᠡᠳᠪᠦᠷᠢ ᠲᠠᠢ ᠬᠠᠷᠢᠯᠴᠠᠵᠤ ᠬᠢᠮᠳᠠᠷᠠᠭᠤᠯᠤᠭᠰᠠᠨ ᠡᠮ ᠤᠨ ᠵᠦᠢᠯ᠃ | 2. 2023 ᠣᠨ ᠤ 12 ᠰᠠᠷ᠎ᠠ ᠶᠢᠨ 31 ᠤ ᠡᠳᠦᠷ ᠬᠡᠯᠡᠯᠴᠡᠭᠡᠷ ᠤᠨ ᠬᠤᠭᠤᠴᠠᠭ᠎ᠠ ᠨᠢ ᠲᠤᠯᠤᠭᠰᠠᠨ | ᠪᠥᠭᠡᠳ 2017 ᠣᠨ ᠤ 1 ᠰᠠᠷ᠎ᠠ ᠶᠢᠨ 1 ᠤ ᠡᠳᠦᠷ ᠠᠴᠠ | 2022 ᠣᠨ ᠤ 6 ᠰᠠᠷ᠎ᠠ ᠶᠢᠨ 30 ᠤ ᠡᠳᠦᠷ ᠤᠨ ᠬᠤᠭᠤᠴᠠᠭᠠᠨ ᠳᠤ᠂ ᠤᠯᠤᠰ ᠤᠨ ᠡᠮ ᠤᠨ ᠵᠦᠢᠯ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ᠂ ᠲᠣᠬᠢᠷᠠᠬᠤ ᠡᠪᠡᠳᠴᠢᠨ ᠪᠤᠶᠤ ᠭᠤᠣᠯ | ᠴᠢᠳᠠᠮᠵᠢ ᠳᠤ ᠴᠢᠬᠤᠯᠠ ᠶᠡᠭᠡ ᠬᠤᠪᠢᠷᠠᠯᠲᠠ ᠭᠠᠷᠴᠤ᠂ ᠠᠵᠤ ᠠᠬᠤᠶᠢᠯᠠᠯ ᠰᠠᠨᠠᠭᠠᠴᠢᠯᠠᠭ᠎ᠠ ᠠᠴᠠ ᠪᠠᠨ ᠡᠮ | ᠡᠮᠨᠡᠯᠭᠡ ᠶᠢᠨ ᠳᠠᠭᠠᠳᠬᠠᠯ ᠤᠨ ᠲᠥᠯᠥᠬᠦ ᠬᠡᠪᠴᠢᠶ᠎ᠡ ᠳᠤ ᠲᠣᠬᠢᠷᠠᠭᠤᠯᠤᠯᠲᠠ ᠬᠢᠬᠦ ᠡᠮ ᠤᠨ ᠦᠢᠯᠡᠳᠪᠦᠷᠢ ᠲᠠᠢ | ᠬᠠᠷᠢᠯᠴᠠᠵᠤ ᠬᠢᠮᠳᠠᠷᠠᠭᠤᠯᠤᠭᠰᠠᠨ ᠡᠮ ᠤᠨ ᠵᠦᠢᠯ ᠢ ᠭᠤᠶᠤᠴᠢᠯᠠᠨ ᠮᠡᠳᠡᠭᠦᠯᠪᠡ᠃ | 3. 2017 ᠣᠨ ᠤ 1 ᠰᠠᠷ᠎ᠠ ᠶᠢᠨ 1 ᠤ ᠡᠳᠦᠷ ᠠᠴᠠ 2022 ᠣᠨ ᠤ 6 ᠰᠠᠷ᠎ᠠ ᠶᠢᠨ 30 ᠤ ᠡᠳᠦᠷ | ᠪᠣᠯᠲᠠᠯᠠᠬᠢ ᠬᠤᠭᠤᠴᠠᠭᠠᠨ ᠳᠤ ᠤᠯᠤᠰ ᠤᠨ ᠡᠮ ᠢ ᠬᠢᠨᠠᠯᠲᠠ ᠲᠠᠯᠪᠢᠬᠤ ᠰᠠᠯᠠᠭ᠎ᠠ ᠮᠥᠴᠢᠷ ᠤᠨ ᠵᠥᠪᠰᠢᠶᠡᠷᠡᠯ ᠢᠶᠠᠷ᠂ | ᠲᠣᠬᠢᠷᠠᠬᠤ ᠡᠪᠡᠳᠴᠢᠨ ᠪᠤᠶᠤ ᠭᠤᠣᠯ ᠴᠢᠳᠠᠮᠵᠢ ᠳᠤ ᠴᠢᠬᠤᠯᠠ ᠶᠡᠭᠡ ᠬᠤᠪᠢᠷᠠᠯᠲᠠ ᠭᠠᠷᠴᠤ᠂ ᠠᠵᠤ ᠠᠬᠤᠶᠢᠯᠠᠯ ᠤᠳ | ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶ᠎ᠡ ᠶᠢᠨ ᠡᠩ ᠤᠨ ᠭᠠᠷᠴᠠᠭ ᠤᠨ ᠬᠡᠰᠡᠭ ᠲᠤ | ᠲᠣᠬᠢᠷᠠᠭᠤᠯᠤᠯᠲᠠ ᠬᠢᠬᠦ ᠪᠠᠷ ᠰᠠᠨᠠᠭᠠᠴᠢᠯᠠᠭ᠎ᠠ ᠠᠴᠠ ᠪᠠᠨ ᠮᠡᠳᠡᠭᠦᠯᠦᠨ᠎ᠡ᠃ | 4. ︽ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠡᠷᠡᠭᠯᠡᠬᠦ ᠡᠮ ᠤᠨ ᠬᠠᠮᠢᠶᠠᠷᠤᠯᠲᠠ ᠶᠢᠨ ᠲᠦᠷ | ᠬᠡᠷᠡᠭᠵᠢᠭᠦᠯᠬᠦ ᠠᠷᠭ᠎ᠠ︾ ᠶᠢᠨ ᠶᠢᠰᠦᠳᠦᠭᠡᠷ ᠵᠦᠢᠯ᠂ ᠠᠷᠪᠠᠳᠤᠭᠠᠷ ᠵᠦᠢᠯ ᠤᠨ ᠲᠣᠭᠲᠠᠭᠠᠯ ᠳᠤ ᠨᠡᠶᠢᠴᠡᠭᠰᠡᠨ | ᠡᠮ ᠤᠨ ᠵᠦᠢᠯ᠃ | ︵ᠭᠤᠷᠪᠠ︶ ᠪᠤᠰᠤᠳ ᠵᠦᠢᠯ | 1.ᠨᠥᠬᠦᠴᠡᠯ ᠳᠤ ᠨᠡᠶᠢᠴᠡᠬᠦ ᠬᠢᠲᠠᠳ ᠬᠡᠷᠴᠢᠮ ᠡᠮ ᠢ ᠲᠣᠭᠲᠠᠭᠠᠯ ᠶᠣᠰᠣᠭᠠᠷ ᠲᠣᠬᠢᠷᠠᠭᠤᠯᠬᠤ ᠬᠡᠪᠴᠢᠶᠡᠨ ᠳᠤ | ᠣᠷᠣᠭᠤᠯᠤᠨ᠎ᠠ᠃ | 2. ᠡᠮ ᠤᠨ ᠵᠦᠢᠯ ᠤᠨ ᠭᠠᠷᠴᠠᠭ ᠤᠨ ᠡᠩ ᠤᠨ ᠵᠢᠱᠢᠶ᠎ᠡ ᠶᠢ ᠲᠡᠭᠦᠯᠳᠡᠷᠵᠢᠭᠦᠯᠵᠦ᠂ ᠡᠮ ᠤᠨ ᠵᠦᠢᠯ ᠤᠨ | ᠨᠡᠷᠡᠶᠢᠳᠦᠯ ᠤᠨ ᠨᠠᠶᠢᠷᠠᠯᠭ᠎ᠠ ᠶᠢᠨ ᠬᠡᠯᠪᠡᠷᠢ ᠶᠢ ᠵᠢᠷᠤᠮᠵᠢᠭᠤᠯᠤᠨ᠂ ᠡᠮ ᠤᠨ ᠵᠦᠢᠯ ᠤᠨ ᠬᠥᠬᠡ ᠬᠥᠬᠡᠭᠴᠢᠨ ᠲᠥᠷᠥᠯ | ᠢᠯᠭᠠᠯ᠂ ᠭᠠᠷᠴᠠᠭ ᠤᠨ ᠲᠥᠷᠥᠯ ᠠᠩᠭᠢᠯᠠᠯ ᠤᠨ ᠪᠦᠲᠦᠴᠡ᠂ ᠲᠠᠶᠢᠯᠪᠤᠷᠢ ᠵᠡᠷᠭᠡ ᠠᠭᠤᠯᠭ᠎ᠠ ᠳᠤ ᠵᠣᠬᠢᠰᠲᠠᠢ | ᠲᠣᠬᠢᠷᠠᠭᠤᠯᠤᠯᠲᠠ ᠬᠢᠨ᠎ᠡ᠃ | 3.ᠲᠤᠰᠠᠭᠠᠷ ᠡᠮ ᠤᠨ ᠵᠦᠢᠯ ᠢ ᠮᠠᠭᠠᠳᠯᠠᠨ ᠲᠣᠭᠲᠠᠭᠠᠬᠤ ᠳᠤ 2022 ᠣᠨ ᠤ 6 ᠰᠠᠷ᠎ᠠ ᠶᠢᠨ 30 ᠤ | ᠡᠳᠦᠷ ᠢᠶᠠᠷ ᠪᠠᠷᠢᠮᠵᠢᠶ᠎ᠠ ᠪᠣᠯᠭᠠᠨ᠎ᠠ᠃ | 4. ᠡᠮ ᠤᠨ ᠵᠦᠢᠯ ᠤᠨ ᠭᠠᠷᠴᠠᠭ ᠲᠤ ᠣᠷᠣᠭᠤᠯᠬᠤ ᠪᠠᠷ ᠪᠠᠶᠢᠭ᠎ᠠ ᠲᠤᠰᠠᠭᠠᠷ ᠪᠤᠰᠤ ᠡᠮ ᠤᠨ ᠵᠦᠢᠯ ᠳᠤ᠂ | ᠦᠨ᠎ᠡ ᠬᠠᠶᠠᠯᠴᠠᠬᠤ ᠵᠡᠷᠭᠡ ᠠᠷᠭ᠎ᠠ ᠮᠠᠶ᠋ᠢᠭ ᠢ ᠠᠪᠴᠤ ᠪᠠᠶᠢᠭᠠᠳ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ | ᠪᠠᠷᠢᠮᠵᠢᠶ᠎ᠠ ᠶᠢ ᠵᠡᠷᠭᠡ ᠳᠤᠨᠢ ᠲᠣᠭᠲᠠᠭᠠᠨ᠎ᠠ᠃ | ᠭᠤᠷᠪᠠ᠂ ᠠᠵᠢᠯ ᠤᠨ ᠲᠠᠰ ᠳᠠᠷᠠᠭᠠᠯᠠᠯ | 2022 ᠣᠨ ᠤ ᠤᠯᠤᠰ ᠤᠨ ᠡᠮ ᠤᠨ ᠵᠦᠢᠯ ᠤᠨ ᠭᠠᠷᠴᠠᠭ ᠲᠤ ᠲᠣᠬᠢᠷᠠᠭᠤᠯᠤᠯᠲᠠ ᠬᠢᠬᠦ ᠳᠤ ᠪᠡᠯᠡᠳᠬᠡᠬᠦ᠂ | ᠭᠤᠶᠤᠴᠢᠯᠠᠨ ᠮᠡᠳᠡᠭᠦᠯᠬᠦ᠂ ᠲᠤᠰᠬᠠᠢ ᠮᠡᠷᠭᠡᠵᠢᠯᠲᠡᠨ ᠢᠶᠠᠷ ᠬᠢᠨᠠᠨ ᠲᠣᠭᠲᠠᠭᠠᠯᠭᠠᠬᠤ ᠭᠡᠵᠦ ᠬᠤᠪᠢᠶᠠᠨ᠎ᠠ᠂ | ᠬᠡᠯᠡᠯᠴᠡᠭᠡ ᠬᠢᠬᠦ/ᠦᠨ᠎ᠡ ᠥᠷᠢᠰᠦᠯᠳᠦᠬᠦ᠂ ᠦᠷ᠎ᠡ ᠳ᠋ᠦᠩ ᠢ ᠨᠡᠶᠢᠲᠡᠯᠡᠬᠦ 5 ᠱᠠᠲᠤ ᠦᠶ᠎ᠡ᠄ | ︵ᠨᠢᠭᠡ︶ ᠪᠡᠯᠡᠳᠬᠡᠬᠦ ᠱᠠᠲᠤ ᠦᠶ᠎ᠡ ︵2022 ᠣᠨ ᠤ 5 — 6 ᠳ᠋ᠤᠭᠠᠷ ᠰᠠᠷ᠎ᠠ︶ | 1.ᠠᠵᠢᠯ ᠤᠨ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠂ | ᠲᠤᠰᠬᠠᠢ ᠮᠡᠷᠭᠡᠵᠢᠯᠲᠡᠨ ᠤ ᠬᠥᠮᠥᠷᠭᠡ ᠶᠢ ᠲᠡᠭᠦᠯᠳᠡᠷᠵᠢᠭᠦᠯᠵᠦ᠂ ᠠᠵᠢᠯ ᠤᠨ ᠳᠦᠷᠢᠮ ᠪᠠ ᠠᠷᠢᠭᠤᠨ ᠴᠢᠬᠡᠴᠢ ᠪᠠᠷ | ᠵᠠᠰᠠᠭ ᠪᠠᠷᠢᠬᠤ ᠨᠢᠭᠤᠴᠠ ᠶᠢ ᠬᠠᠮᠠᠭᠠᠯᠠᠬᠤ᠂ ᠠᠰᠢᠭ ᠲᠤᠰᠠ ᠶᠢ ᠵᠠᠶᠢᠯᠠᠭᠤᠯᠬᠤ ᠵᠡᠷᠭᠡ ᠲᠣᠭᠲᠠᠭᠠᠯ ᠢ ᠲᠣᠭᠲᠠᠭᠠᠨ᠎ᠠ᠃ | | 2. ᠤᠯᠤᠰ ᠤᠨ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠶᠢᠨ ᠲᠣᠪᠴᠢᠶ᠎ᠠ ᠪᠠᠷ ᠲᠦᠷᠦᠭᠦᠯᠡᠭᠦᠯᠦᠨ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠢᠯ ᠤᠨ ᠲᠥᠰᠥᠯ ᠢ ᠰᠤᠳᠤᠯᠤᠨ ᠲᠣᠭᠲᠠᠭᠠᠵᠤ᠂ | ᠭᠠᠷᠴᠠᠭ ᠲᠤ ᠲᠣᠬᠢᠷᠠᠭᠤᠯᠤᠯᠲᠠ ᠬᠢᠬᠦ ᠵᠠᠷᠴᠢᠮ᠂ ᠬᠡᠪᠴᠢᠶ᠎ᠡ᠂ ᠲᠠᠰ ᠳᠠᠷᠠᠭᠠᠯᠠᠯ ᠢ ᠲᠣᠭᠲᠠᠭᠠᠨ᠎ᠠ᠃ ᠨᠡᠶᠢᠭᠡᠮ ᠤᠨ | ᠰᠠᠨᠠᠯ ᠢ ᠬᠤᠷᠢᠶᠠᠭᠰᠠᠨ ᠤ ᠳᠠᠷᠠᠭ᠎ᠠ ᠵᠢᠩᠬᠢᠨᠢ ᠪᠠᠷ ᠨᠡᠶᠢᠲᠡᠯᠡᠨ᠎ᠡ᠃ | 3. ᠲᠤᠰᠠᠭᠠᠷ ᠪᠤᠰᠤ ᠡᠮ ᠤᠨ ᠵᠦᠢᠯ ᠤᠨ ᠦᠨ᠎ᠡ ᠬᠠᠶᠠᠯᠴᠠᠬᠤ ᠳᠦᠷᠢᠮ ᠢ ᠲᠣᠭᠲᠠᠭᠠᠵᠤ᠂ ᠡᠮ ᠤᠨ | ᠦᠢᠯᠡᠳᠪᠦᠷᠢ ᠲᠠᠢ ᠬᠠᠷᠢᠯᠴᠠᠵᠤ ᠬᠢᠮᠳᠠᠷᠠᠭᠤᠯᠤᠭᠰᠠᠨ ᠡᠮ ᠤᠨ ᠵᠦᠢᠯ ᠤᠨ ᠭᠡᠷ᠎ᠡ ᠶᠢ ᠦᠷᠭᠦᠯᠵᠢᠯᠡᠭᠦᠯᠬᠦ ᠵᠡᠷᠭᠡ | ᠳᠦᠷᠢᠮ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠨ᠎ᠡ᠃ | 4. ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠬᠦ᠂ ᠲᠤᠰᠬᠠᠢ ᠮᠡᠷᠭᠡᠵᠢᠯᠲᠡᠨ ᠤ ᠰᠢᠯᠭᠠᠷᠠᠭᠤᠯᠤᠨ | ᠲᠣᠭᠲᠠᠭᠠᠬᠤ᠂ ᠬᠡᠯᠡᠯᠴᠡᠭᠡ ᠬᠢᠬᠦ ᠮᠠᠲ᠋ᠧᠷᠢᠶᠠᠯ ᠢ ᠲᠠᠭᠯᠠᠨ ᠮᠡᠳᠡᠭᠦᠯᠬᠦ ᠵᠡᠷᠭᠡ ᠮᠡᠳᠡᠭᠡ ᠵᠠᠩᠭᠢ ᠶᠢ ᠰᠢᠯᠢᠳᠡᠭᠵᠢᠭᠦᠯᠦᠨ | ᠲᠡᠭᠦᠯᠳᠡᠷᠵᠢᠭᠦᠯᠬᠦ ᠰᠢᠰᠲ᠋ᠧᠮ ᠢᠶᠠᠨ ᠥᠭᠡᠷᠡᠴᠢᠯᠡᠵᠦ᠂ ᠴᠠᠬᠢᠮ ᠵᠥᠪᠯᠡᠯᠴᠡᠭᠡᠷ ᠤᠨ ᠰᠦᠯᠵᠢᠶᠡᠨ ᠳᠡᠭᠡᠷ᠎ᠡ ᠭᠠᠷ ᠤᠨ | ᠥᠰᠥᠭ ᠵᠢᠷᠤᠬᠤ ᠬᠡᠰᠡᠭ ᠢ ᠨᠡᠭᠡᠭᠡᠨ ᠬᠥᠭᠵᠢᠭᠦᠯᠦᠨ᠎ᠡ᠃ | ︵ᠬᠤᠶᠠᠷ︶ ᠮᠡᠳᠡᠭᠦᠯᠬᠦ ᠱᠠᠲᠤ ᠦᠶ᠎ᠡ ︵2022 ᠣᠨ ᠤ 7 — 8 ᠳ᠋ᠤᠭᠠᠷ ᠰᠠᠷ᠎ᠠ︶ | 1.ᠠᠵᠤ ᠠᠬᠤᠶᠢᠯᠠᠯ ᠭᠤᠶᠤᠴᠢᠯᠠᠨ ᠮᠡᠳᠡᠭᠦᠯᠬᠦ᠃ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ︵ᠪᠤᠰᠤᠳ | ᠮᠡᠳᠡᠭᠦᠯᠬᠦ ᠭᠤᠣᠯ ᠴᠣᠭᠴᠠ ᠶᠢ ᠪᠠᠭᠲᠠᠭᠠᠨ᠎ᠠ᠂ ᠳᠣᠷᠣᠭᠰᠢ ᠠᠳᠠᠯᠢ︶ ᠨᠢ ᠲᠣᠭᠲᠠᠭᠠᠯ ᠶᠣᠰᠣᠭᠠᠷ ᠤᠯᠤᠰ ᠤᠨ | ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠳᠤ ᠴᠢᠬᠤᠯᠠ ᠪᠦᠬᠦᠢ ᠮᠠᠲ᠋ᠧᠷᠢᠶᠠᠯ ᠢ ᠲᠤᠰᠢᠶᠠᠵᠤ᠂ ᠡᠭᠦᠨ ᠳᠤ | ᠲᠣᠪᠴᠢᠯᠠᠭᠰᠠᠨ ᠬᠤᠸᠠᠨᠳᠧᠩ ᠤᠨ ᠹᠢᠯᠢᠮ ᠢ ᠲᠤᠰᠢᠶᠠᠬᠤ ᠴᠢᠬᠤᠯᠠᠲᠠᠢ ᠡᠮ ᠤᠨ ᠵᠦᠢᠯ ᠢ ᠪᠣᠯ ᠠᠵᠤ ᠠᠬᠤᠶᠢᠯᠠᠯ ᠨᠢ | ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠬᠤ ᠳᠠᠭᠠᠨ ᠲᠣᠪᠴᠢᠯᠠᠭᠰᠠᠨ ᠬᠤᠸᠠᠨᠳᠧᠩ ᠤᠨ ᠹᠢᠯᠢᠮ ᠢ ᠵᠡᠷᠭᠡ ᠳᠤᠨᠢ | ᠲᠤᠰᠢᠶᠠᠬᠤ ᠬᠡᠷᠡᠭᠲᠡᠢ᠃ | 2.ᠬᠡᠯᠪᠡᠷᠢ ᠶᠢᠨ ᠬᠢᠨᠠᠨ ᠪᠠᠶᠢᠴᠠᠭᠠᠯᠲᠠ᠃ ᠠᠵᠤ ᠠᠬᠤᠶᠢᠯᠠᠯ ᠤᠨ ᠲᠤᠰᠢᠶᠠᠭᠰᠠᠨ ᠮᠠᠲ᠋ᠧᠷᠢᠶᠠᠯ ᠳᠤ | ᠬᠡᠯᠪᠡᠷᠢ ᠶᠢᠨ ᠬᠢᠨᠠᠨ ᠪᠠᠶᠢᠴᠠᠭᠠᠯᠲᠠ ᠬᠢᠵᠦ᠂ ᠬᠢᠨᠠᠨ ᠪᠠᠶᠢᠴᠠᠭᠠᠭᠰᠠᠨ ᠦᠷ᠎ᠡ ᠳ᠋ᠦᠩ ᠢ ︽ᠪᠠᠲᠤᠯᠠᠬᠤ︾ ᠪᠠ ︽ | ᠥᠯᠥ ᠪᠠᠲᠤᠯᠠᠬᠤ︾ ᠭᠡᠵᠦ ᠬᠤᠪᠢᠶᠠᠨ᠎ᠠ᠃ ᠬᠡᠯᠪᠡᠷᠢ ᠶᠢᠨ ᠬᠢᠨᠠᠨ ᠪᠠᠶᠢᠴᠠᠭᠠᠯᠲᠠ ᠶᠢ ᠥᠩᠭᠡᠷᠡᠭᠡᠭᠰᠡᠨ ᠡᠮ ᠤᠨ | ᠵᠦᠢᠯ ᠤᠨ ᠲᠣᠪᠴᠢᠯᠠᠯ ᠤᠨ ᠬᠤᠸᠠᠨᠳᠧᠩ ᠤᠨ ᠹᠢᠯᠢᠮ ᠳᠤ ᠠᠭᠤᠯᠭ᠎ᠠ ᠶᠢᠨ ᠠᠩᠬᠠᠨ ᠤ ᠬᠢᠨᠠᠯᠲᠠ ᠬᠢᠵᠦ᠂ | ᠱᠠᠭᠠᠷᠳᠠᠯᠭ᠎ᠠ ᠳᠤ ᠨᠡᠶᠢᠴᠡᠬᠦ ᠦᠭᠡᠢ ᠶᠢ ᠨᠢ ᠬᠡᠷᠡᠭᠯᠡᠬᠦ ᠦᠭᠡᠢ᠂ ᠲᠤᠰᠬᠠᠢ ᠮᠡᠷᠭᠡᠵᠢᠯᠲᠡᠨ ᠠᠴᠠ ᠠᠵᠤ ᠠᠬᠤᠶᠢᠯᠠᠯ ᠤᠨ | ᠲᠤᠰᠢᠶᠠᠭᠰᠠᠨ ᠪᠤᠰᠤᠳ ᠮᠠᠲ᠋ᠧᠷᠢᠶᠠᠯ ᠢ ᠦᠨᠳᠦᠰᠦᠯᠡᠨ ᠬᠢᠨᠠᠨ ᠲᠣᠭᠲᠠᠭᠠᠨ᠎ᠠ᠃ | 3. ᠢᠯᠡ ᠨᠡᠶᠢᠲᠡᠯᠡᠨ᠎ᠡ᠃ ᠬᠡᠯᠪᠡᠷᠢ ᠶᠢᠨ ᠬᠢᠨᠠᠨ ᠪᠠᠶᠢᠴᠠᠭᠠᠯᠲᠠ ᠪᠠᠷ ᠳᠠᠮᠵᠢᠭᠰᠠᠨ ᠡᠮ ᠤᠨ ᠵᠦᠢᠯ ᠵᠢᠴᠢ | ᠬᠠᠮᠢᠶ᠎ᠠ ᠪᠦᠬᠦᠢ ᠮᠠᠲ᠋ᠧᠷᠢᠶᠠᠯ ︵ᠠᠵᠤ ᠠᠬᠤᠢ ᠶᠢᠨ ᠴᠢᠨᠠᠷᠲᠠᠢ ᠮᠡᠳᠡᠭᠡ ᠵᠠᠩᠭᠢ ᠶᠢ ᠪᠠᠭᠲᠠᠭᠠᠬᠤ ᠦᠭᠡᠢ︶ ᠢ ᠢᠯᠡ | ᠨᠡᠶᠢᠲᠡᠯᠡᠵᠦ᠂ ᠬᠢᠨᠠᠯᠲᠠ ᠶᠢ ᠬᠦᠯᠢᠶᠡᠨ᠎ᠡ᠃ | 4.ᠲᠠᠬᠢᠨ ᠬᠢᠨᠠᠬᠤ᠃ ᠵᠠᠷᠯᠠᠨ ᠨᠡᠶᠢᠲᠡᠯᠡᠬᠦ ᠬᠤᠭᠤᠴᠠᠭᠠᠨ ᠳᠤ ᠬᠤᠯᠪᠣᠭᠳᠠᠯ ᠪᠦᠬᠦᠢ ᠲᠠᠯ᠎ᠠ ᠶᠢᠨ ᠬᠢᠨ ᠤ | ᠬᠠᠷᠢᠭᠤ ᠲᠤᠰᠬᠠᠭᠰᠠᠨ ᠰᠠᠨᠠᠯ ᠢ ᠡᠮᠬᠢᠯᠡᠨ ᠬᠠᠷᠭᠤᠭᠤᠯᠤᠨ ᠪᠠᠶᠢᠴᠠᠭᠠᠵᠤ᠂ ᠬᠡᠯᠪᠡᠷᠢ ᠶᠢᠨ ᠬᠢᠨᠠᠨ ᠪᠠᠶᠢᠴᠠᠭᠠᠯᠲᠠ ᠶᠢᠨ | ᠡᠴᠦᠰ ᠤᠨ ᠦᠷ᠎ᠡ ᠳ᠋ᠦᠩ ᠢ ᠪᠣᠶ ᠪᠣᠯᠭᠠᠨ᠎ᠠ᠃ | 5.ᠠᠯᠪᠠᠨ ᠵᠠᠷ᠃ ᠬᠠᠮᠤᠭ ᠤᠨ ᠡᠴᠦᠰ ᠲᠤ ᠬᠡᠯᠪᠡᠷᠢ ᠶᠢᠨ ᠬᠢᠨᠠᠨ ᠪᠠᠶᠢᠴᠠᠭᠠᠯᠲᠠ ᠶᠢ ᠥᠩᠭᠡᠷᠡᠭᠡᠭᠰᠡᠨ | ᠡᠮ ᠤᠨ ᠵᠦᠢᠯ ᠤᠨ ᠨᠡᠷᠡᠰ ᠢ ᠵᠠᠷᠯᠠᠨ ᠨᠡᠶᠢᠲᠡᠯᠡᠬᠦ ᠶᠢᠨ ᠬᠠᠮᠲᠤ ᠮᠡᠳᠡᠭᠦᠯᠬᠦ ᠰᠢᠰᠲ᠋ᠧᠮ ᠢᠶᠠᠷ ᠳᠠᠮᠵᠢᠭᠤᠯᠤᠨ ᠬᠠᠮᠢᠶ᠎ᠠ | ᠪᠦᠬᠦᠢ ᠠᠵᠤ ᠠᠬᠤᠶᠢᠯᠠᠯ ᠳᠤ ᠬᠠᠷᠢᠭᠤ ᠲᠤᠰᠬᠠᠬᠤ ᠬᠡᠷᠡᠭᠲᠡᠢ᠃ | ︵ᠭᠤᠷᠪᠠ︶ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠱᠠᠲᠤ ᠦᠶ᠎ᠡ ︵2022 ᠣᠨ ᠤ 8 | ᠳ᠋ᠤᠭᠠᠷ ᠰᠠᠷ᠎ᠠ︶ | 1. ᠲᠤᠰᠬᠠᠢ ᠮᠡᠷᠭᠡᠵᠢᠯᠲᠡᠨ ᠢᠶᠠᠷ ᠬᠢᠨᠠᠨ ᠰᠢᠯᠭᠠᠷᠠᠭᠤᠯᠤᠨ᠎ᠠ᠃ ᠠᠵᠤ ᠠᠬᠤᠶᠢᠯᠠᠯ ᠤᠨ ᠮᠡᠳᠡᠭᠦᠯᠦᠭᠰᠡᠨ | ᠪᠠᠶᠢᠳᠠᠯ ᠢ ᠦᠨᠳᠦᠰᠦᠯᠡᠨ᠂ ᠬᠢᠨᠠᠨ ᠲᠣᠭᠲᠠᠭᠠᠬᠤ ᠡᠮ ᠤᠨ ᠵᠦᠢᠯ ᠤᠨ ᠳ᠋ᠠᠶᠢᠲ᠋ᠠ ᠬᠥᠮᠥᠷᠭᠡ ᠶᠢ ᠪᠠᠶᠢᠭᠤᠯᠬᠤ ᠬᠡᠷᠡᠭᠲᠡᠢ | ᠃ ᠬᠢᠨᠠᠨ ᠲᠣᠭᠲᠠᠭᠠᠬᠤ ᠮᠡᠷᠭᠡᠵᠢᠯ ᠤᠨ ᠭᠤᠣᠯᠳᠠᠯᠭ᠎ᠠ ᠶᠢ ᠨᠤᠲᠠᠯᠠᠨ ᠲᠣᠭᠲᠠᠭᠠᠨ᠎ᠠ᠃ ᠡᠮ ᠤᠨ ᠤᠬᠠᠭᠠᠨ᠂ | ᠡᠮᠴᠢᠯᠡᠭᠡ᠂ ᠡᠮ ᠤᠨ ᠠᠵᠤ ᠠᠬᠤᠢ ᠶᠢᠨ ᠤᠬᠠᠭᠠᠨ᠂ ᠡᠮ ᠡᠮᠨᠡᠯᠭᠡ ᠶᠢᠨ ᠳᠠᠭᠠᠳᠬᠠᠯ ᠤᠨ ᠬᠠᠮᠢᠶᠠᠷᠤᠯᠲᠠ᠂ | ᠠᠵᠢᠯ ᠠᠴᠠ ᠪᠣᠯᠤᠭᠰᠠᠨ ᠭᠡᠮᠲᠦᠯ ᠵᠡᠷᠭᠡ ᠲᠠᠯ᠎ᠠ ᠶᠢᠨ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠵᠤ ᠬᠠᠮᠲᠤᠷᠠᠨ | ᠬᠢᠨᠠᠨ ᠲᠣᠭᠲᠠᠭᠠᠬᠤ ᠠᠵᠢᠯ ᠢ ᠥᠷᠨᠢᠭᠦᠯᠦᠨ᠎ᠡ᠃ ᠬᠢᠨᠠᠨ ᠲᠣᠭᠲᠠᠭᠠᠬᠤ ᠪᠠᠷ ᠳᠡᠮᠵᠢᠨ᠂ ᠰᠢᠭᠤᠳ ᠰᠢᠯᠵᠢᠭᠦᠯᠦᠨ | ᠣᠷᠣᠭᠤᠯᠬᠤ ᠪᠠᠷ ᠪᠠᠶᠢᠭ᠎ᠠ᠂ ᠬᠡᠯᠡᠯᠴᠡᠭᠡ ᠬᠢᠬᠦ/ᠦᠨ᠎ᠡ ᠥᠷᠢᠰᠦᠯᠳᠦᠭᠦᠯᠦᠨ ᠰᠢᠯᠵᠢᠭᠦᠯᠦᠨ ᠣᠷᠣᠭᠤᠯᠬᠤ᠂ ᠰᠢᠭᠤᠳ | ᠰᠢᠯᠵᠢᠭᠦᠯᠦᠨ ᠭᠠᠷᠭᠠᠬᠤ ᠪᠠᠷ ᠪᠠᠶᠢᠭ᠎ᠠ᠂ ᠭᠡᠷ᠎ᠡ ᠶᠢ ᠦᠷᠭᠦᠯᠵᠢᠯᠡᠭᠦᠯᠬᠦ ᠳᠦᠷᠢᠮ ᠢᠶᠠᠷ ᠰᠢᠢᠳᠪᠦᠷᠢᠯᠡᠬᠦ ᠪᠠᠷ ᠪᠠᠶᠢᠭ᠎ᠠ | ᠵᠡᠷᠭᠡ 4 ᠲᠠᠯ᠎ᠠ ᠶᠢᠨ ᠡᠮ ᠤᠨ ᠵᠦᠢᠯ ᠤᠨ ᠰᠠᠨᠠᠭᠤᠯᠭ᠎ᠠ ᠶᠢᠨ ᠨᠡᠷᠡᠰ ᠢ ᠪᠣᠶ ᠪᠣᠯᠭᠠᠨ᠎ᠠ᠃ ᠡᠭᠦᠨ ᠤ ᠵᠡᠷᠭᠡᠴᠡᠭᠡᠪᠡᠷ᠂ | ᠬᠡᠯᠡᠯᠴᠡᠭᠡ ᠬᠢᠬᠦ ᠪᠠᠷ ᠪᠠᠶᠢᠭ᠎ᠠ ᠶᠢ | ᠦᠨ᠎ᠡ ᠬᠠᠶᠠᠯᠴᠠᠬᠤ ᠡᠮ ᠤᠨ ᠵᠦᠢᠯ ᠤᠨ ᠬᠡᠯᠡᠯᠴᠡᠭᠡᠷ ᠤᠨ ᠭᠤᠣᠯ ᠪᠠᠷᠢᠮᠵᠢᠶ᠎ᠠ᠂ ᠡᠮ ᠤᠨ ᠵᠦᠢᠯ ᠪᠠ ᠡᠮ | ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶ᠎ᠡ ᠪᠠᠷ ᠯᠠᠪᠯᠠᠯᠲᠠ ᠪᠣᠯᠭᠠᠬᠤ ᠵᠢᠴᠢ ᠡᠮ ᠤᠨ ᠵᠦᠢᠯ ᠤᠨ | ᠭᠠᠷᠴᠠᠭ ᠤᠨ ᠵᠢᠱᠢᠶ᠎ᠡ᠂ ᠡᠮ ᠤᠨ ᠵᠦᠢᠯ ᠤᠨ ᠨᠡᠷᠡᠶᠢᠳᠦᠯ ᠨᠠᠶᠢᠷᠠᠯᠭ᠎ᠠ ᠶᠢᠨ ᠬᠡᠯᠪᠡᠷᠢ᠂ ᠡᠮ ᠤᠨ ᠵᠦᠢᠯ ᠤᠨ ᠬᠥᠬᠡ | ᠬᠥᠬᠡᠭᠴᠢᠨ ᠲᠥᠷᠥᠯ ᠢᠯᠭᠠᠯ᠂ ᠭᠠᠷᠴᠠᠭ ᠤᠨ ᠲᠥᠷᠥᠯ ᠠᠩᠭᠢᠯᠠᠯ ᠤᠨ ᠪᠦᠲᠦᠴᠡ᠂ ᠲᠠᠶᠢᠯᠪᠤᠷᠢ ᠵᠡᠷᠭᠡ | ᠠᠭᠤᠯᠭ᠎ᠠ ᠳᠤ ᠲᠣᠬᠢᠷᠠᠭᠤᠯᠤᠯᠲᠠ ᠬᠢᠨ᠎ᠡ᠃ | 2.ᠭᠡᠷ᠎ᠡ ᠶᠢ ᠬᠢᠯᠪᠠᠷᠬᠠᠨ ᠢᠶᠠᠷ ᠦᠷᠭᠦᠯᠵᠢᠯᠡᠭᠦᠯᠬᠦ ᠡᠮ ᠤᠨ ᠵᠦᠢᠯ ᠳᠤ᠂ ᠲᠤᠰᠬᠠᠢ ᠮᠡᠷᠭᠡᠵᠢᠯᠲᠡᠨ ᠢ ᠵᠣᠬᠢᠶᠠᠨ | ᠪᠠᠶᠢᠭᠤᠯᠵᠤ ᠲᠡᠷᠡᠭᠠᠴᠢ ᠶᠢᠨ ᠬᠡᠯᠡᠯᠴᠡᠭᠡᠷ ᠤᠨ ᠬᠤᠭᠤᠴᠠᠭᠠᠨ ᠤ ᠲᠥᠯᠥᠬᠦ ᠪᠠᠷᠢᠮᠵᠢᠶ᠎ᠠ ᠶᠢ ᠳᠦᠷᠢᠮ ᠶᠣᠰᠣᠭᠠᠷ | ᠲᠣᠭᠲᠠᠭᠠᠨ᠎ᠠ᠃ | 3.ᠬᠠᠷᠢᠭᠤ ᠲᠤᠰᠬᠠᠭᠰᠠᠨ ᠦᠷ᠎ᠡ ᠳ᠋ᠦᠩ᠃ ᠮᠡᠳᠡᠭᠦᠯᠬᠦ ᠰᠢᠰᠲ᠋ᠧᠮ ᠢᠶᠠᠷ ᠳᠡᠮᠵᠢᠨ ᠬᠠᠮᠢᠶ᠎ᠠ ᠪᠦᠬᠦᠢ ᠠᠵᠤ | ᠠᠬᠤᠶᠢᠯᠠᠯ ᠳᠤ ᠦᠷ᠎ᠡ ᠳ᠋ᠦᠩ ᠢ ᠬᠠᠷᠢᠭᠤ ᠲᠤᠰᠬᠠᠨ᠎ᠠ᠃ | ︵ᠳᠥᠷᠪᠡ︶ ᠬᠡᠯᠡᠯᠴᠡᠭᠡ ᠬᠢᠬᠦ/ᠦᠨ᠎ᠡ ᠬᠠᠶᠠᠯᠴᠠᠬᠤ ᠱᠠᠲᠤ ᠦᠶ᠎ᠡ ︵2022 ᠣᠨ ᠤ 9 — 10 | ᠳ᠋ᠤᠭᠠᠷ ᠰᠠᠷ᠎ᠠ︶ | 1. ᠬᠡᠯᠡᠯᠴᠡᠭᠡ ᠬᠢᠬᠦ/ᠦᠨ᠎ᠡ ᠬᠠᠶᠠᠯᠴᠠᠬᠤ ᠡᠮ ᠤᠨ ᠵᠦᠢᠯ ᠤᠨ ᠮᠡᠳᠡᠭᠦᠯᠦᠨ ᠬᠦᠷᠭᠡᠬᠦ ᠮᠠᠲ᠋ᠧᠷᠢᠶᠠᠯ ᠤᠨ | ᠵᠠᠭᠪᠤᠷ ᠢ ᠲᠡᠭᠦᠯᠳᠡᠷᠵᠢᠭᠦᠯᠦᠨ᠎ᠡ᠃ | 2. ᠠᠵᠤ ᠠᠬᠤᠶᠢᠯᠠᠯ ᠤᠨ ᠰᠠᠨᠠᠮᠵᠢ ᠶᠢ ᠦᠨᠳᠦᠰᠦᠯᠡᠨ᠂ ᠵᠣᠬᠢᠶᠠᠨ ᠪᠠᠶᠢᠭᠤᠯᠤᠯᠲᠠ ᠠᠴᠠ ᠬᠠᠮᠢᠶ᠎ᠠ ᠪᠦᠬᠦᠢ | ᠮᠠᠲ᠋ᠧᠷᠢᠶᠠᠯ ᠢ ᠲᠤᠰᠢᠶᠠᠨ᠎ᠠ᠃ | 3. ᠦᠨ᠎ᠡ ᠬᠠᠩᠰᠢ ᠶᠢ ᠲᠥᠰᠥᠭᠡᠯᠡᠨ ᠪᠤᠳᠤᠵᠤ ᠦᠨᠡᠯᠡᠨ ᠵᠢᠱᠢᠬᠦ ᠶᠢ ᠥᠷᠨᠢᠭᠦᠯᠦᠨ᠎ᠡ᠃ ᠲᠥᠰᠥᠭᠡᠯᠡᠨ | ᠪᠤᠳᠤᠬᠤ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠰᠠᠭᠤᠷᠢ ᠮᠥᠩᠭᠦ ᠶᠢ ᠲᠥᠰᠥᠭᠡᠯᠡᠨ ᠪᠤᠳᠤᠬᠤ᠂ ᠡᠮ ᠤᠨ | ᠵᠦᠢᠯ ᠤᠨ ᠠᠵᠤ ᠠᠬᠤᠢ ᠶᠢᠨ ᠤᠬᠠᠭᠠᠨ ᠵᠡᠷᠭᠡ ᠠᠷᠭ᠎ᠠ ᠪᠠᠷ ᠳᠠᠮᠵᠢᠭᠤᠯᠤᠨ ᠦᠨᠡᠯᠡᠨ ᠵᠢᠱᠢᠯᠲᠡ ᠬᠢᠬᠦ ᠶᠢᠨ ᠬᠠᠮᠲᠤ | ᠦᠨᠡᠯᠡᠨ ᠵᠢᠱᠢᠭᠰᠡᠨ ᠰᠠᠨᠠᠯ ᠢᠶᠠᠨ ᠳᠤᠷᠠᠳᠬᠤ ᠬᠡᠷᠡᠭᠲᠡᠢ᠃ | 4. ᠨᠡᠪᠲᠡᠷᠡᠯᠴᠡᠭᠡ ᠰᠣᠯᠢᠯᠴᠠᠭ᠎ᠠ ᠪᠠᠨ ᠴᠢᠩᠭᠠᠳᠬᠠᠨ᠎ᠠ᠃ ᠠᠵᠤ ᠠᠬᠤᠶᠢᠯᠠᠯ ᠯᠤᠭ᠎ᠠ ᠶᠢᠨ ᠨᠡᠪᠲᠡᠷᠡᠯᠴᠡᠬᠦ | ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠤᠨ ᠰᠠᠨᠠᠯ ᠰᠠᠨᠠᠭᠤᠯᠭ᠎ᠠ ᠵᠢᠴᠢ ᠬᠦᠰᠡᠯ ᠱᠠᠭᠠᠷᠳᠠᠯᠭ᠎ᠠ ᠶᠢ | ᠳᠡᠩᠰᠡᠯᠡᠨ ᠲᠡᠮᠳᠡᠭᠯᠡᠬᠦ ᠶᠢᠨ ᠬᠠᠮᠲᠤ ᠴᠠᠭ ᠲᠤᠬᠠᠢ ᠳᠤᠨᠢ ᠬᠠᠷᠢᠭᠤ ᠥᠭᠬᠦ ᠬᠡᠷᠡᠭᠲᠡᠢ᠃ ᠡᠮ ᠤᠨ ᠵᠦᠢᠯ ᠢ | ᠲᠥᠰᠥᠭᠡᠯᠡᠨ ᠪᠤᠳᠤᠵᠤ ᠦᠨᠡᠯᠡᠨ ᠵᠢᠱᠢᠬᠦ ᠰᠡᠳᠬᠢᠴᠡ ᠪᠠ ᠭᠤᠣᠯᠳᠠᠯᠭ᠎ᠠ ᠶᠢᠨ ᠲᠠᠯ᠎ᠠ ᠪᠠᠷ ᠠᠵᠤ ᠠᠬᠤᠶᠢᠯᠠᠯ ᠲᠠᠢ | ᠨᠢᠭᠤᠷᠲᠠᠨ ᠨᠡᠪᠲᠡᠷᠡᠯᠴᠡᠵᠦ᠂ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ | 5. ᠲᠤᠬᠠᠢ ᠶᠢᠨ ᠲᠠᠯᠠᠪᠤᠷ ᠲᠤ ᠬᠡᠯᠡᠯᠴᠡᠭᠡ ᠬᠢᠬᠦ/ᠦᠨ᠎ᠡ ᠬᠠᠶᠠᠯᠴᠠᠬᠤ ᠠᠵᠢᠯᠯᠠᠭ᠎ᠠ ᠥᠷᠨᠢᠭᠦᠯᠦᠨ᠎ᠡ᠃ | ᠦᠨᠡᠯᠡᠨ ᠵᠢᠱᠢᠭᠰᠡᠨ ᠰᠠᠨᠠᠯ ᠢ ᠦᠨᠳᠦᠰᠦᠯᠡᠨ ᠬᠡᠯᠡᠯᠴᠡᠭᠡ ᠬᠢᠬᠦ/ᠦᠨ᠎ᠡ ᠥᠷᠢᠰᠦᠯᠳᠦᠬᠦ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠬᠡᠯᠡᠯᠴᠡᠭᠡ ᠬᠢᠬᠦ/ᠦᠨ᠎ᠡ ᠥᠷᠢᠰᠦᠯᠳᠦᠬᠦ ᠦᠷ᠎ᠡ ᠳ᠋ᠦᠩ ᠢ ᠨᠤᠲᠠᠯᠠᠬᠤ ᠪᠢᠴᠢᠭ ᠲᠤ | ᠲᠤᠬᠠᠢ ᠶᠢᠨ ᠲᠠᠯᠠᠪᠤᠷ ᠲᠤᠨᠢ ᠭᠠᠷ ᠤᠨ ᠥᠰᠥᠭ ᠵᠢᠷᠤᠨ᠎ᠠ᠃ ᠬᠡᠯᠡᠯᠴᠡᠭᠡ ᠬᠢᠭᠰᠡᠨ/ᠦᠨ᠎ᠡ ᠥᠷᠢᠰᠦᠯᠳᠦᠭᠡᠳ | ᠠᠮᠵᠢᠯᠲᠠ ᠣᠯᠣᠭᠰᠠᠨ ᠡᠮ ᠤᠨ ᠵᠦᠢᠯ ᠳᠤ᠂ ᠪᠥᠬᠦ ᠤᠯᠤᠰ ᠤᠨ ᠨᠢᠭᠡᠳᠦᠯᠲᠡᠢ ᠡᠮᠴᠢᠯᠡᠭᠡᠨ ᠤ ᠳᠠᠭᠠᠳᠬᠠᠯ ᠤᠨ | ᠲᠣᠭᠠᠴᠠᠭ᠎ᠠ ᠬᠢᠬᠦ ᠪᠠᠷᠢᠮᠵᠢᠶ᠎ᠠ ᠶᠢ ᠲᠣᠭᠲᠠᠭᠠᠵᠤ᠂ ᠬᠠᠮᠢᠶᠠᠷᠤᠯᠲᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠨ᠎ᠠ᠃ | 6.ᠬᠡᠯᠡᠯᠴᠡᠭᠡ ᠶᠢ ᠵᠣᠬᠢᠶᠠᠨ ᠪᠠᠶᠢᠭᠤᠯᠵᠤ ᠠᠮᠵᠢᠯᠲᠠ ᠣᠯᠣᠭᠰᠠᠨ ᠪᠠ ᠭᠡᠷ᠎ᠡ ᠶᠢ ᠳᠥᠭᠦᠮᠬᠡᠨ ᠦᠷᠭᠦᠯᠵᠢᠯᠡᠭᠦᠯᠬᠦ | ᠠᠵᠤ ᠠᠬᠤᠶᠢᠯᠠᠯ ᠤᠳ ᠬᠡᠯᠡᠯᠴᠡᠭᠡᠷ ᠲᠤ ᠭᠠᠷ ᠤᠨ ᠦᠰᠦᠭ ᠵᠢᠷᠤᠬᠤ᠃ | ︵ᠲᠠᠪᠤ︶ ᠦᠷ᠎ᠡ ᠳ᠋ᠦᠩ ᠢ ᠨᠡᠶᠢᠲᠡᠯᠡᠬᠦ ᠱᠠᠲᠤ ᠦᠶ᠎ᠡ ︵2022 ᠣᠨ ᠤ 11 ᠳ᠋ᠦ᠋ᠭᠡᠷ ᠰᠠᠷ᠎ᠠ︶ | ᠭᠠᠷᠴᠠᠭ ᠲᠤ ᠲᠣᠬᠢᠷᠠᠭᠤᠯᠤᠯᠲᠠ ᠬᠢᠬᠦ ᠲᠤᠬᠠᠢ ᠪᠢᠴᠢᠭ ᠮᠠᠲ᠋ᠧᠷᠢᠶᠠᠯ ᠢ ᠬᠡᠪᠯᠡᠨ ᠲᠠᠷᠬᠠᠭᠠᠵᠤ᠂ ᠡᠮ ᠤᠨ | ᠵᠦᠢᠯ ᠤᠨ ᠭᠠᠷᠴᠠᠭ ᠲᠤ ᠲᠣᠬᠢᠷᠠᠭᠤᠯᠤᠯᠲᠠ ᠬᠢᠭᠰᠡᠨ ᠦᠷ᠎ᠡ ᠳ᠋ᠦᠩ ᠢ ᠨᠡᠶᠢᠲᠡᠯᠡᠵᠦ᠂ ᠰᠢᠨ᠎ᠡ ᠬᠡᠪ ᠤᠨ ᠡᠮ ᠤᠨ | ᠵᠦᠢᠯ ᠤᠨ ᠭᠠᠷᠴᠠᠭ ᠢ ᠨᠡᠶᠢᠲᠡᠯᠡᠨ᠎ᠡ᠃ | ᠳᠥᠷᠪᠡ᠂ ᠲᠤᠰᠬᠠᠢ ᠮᠡᠷᠭᠡᠵᠢᠯᠲᠡᠨ ᠤ ᠪᠦᠷᠢᠯᠳᠦᠯ ᠵᠢᠴᠢ ᠡᠭᠦᠷᠭᠡ ᠬᠠᠷᠢᠭᠤᠴᠠᠯᠭ᠎ᠠ | ︵ᠨᠢᠭᠡ︶ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ | ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠢ ᠶᠡᠷᠦᠩᠬᠡᠶᠢᠯᠡᠭᠰᠡᠨ ᠳᠤᠭᠤᠶᠢᠯᠠᠩ ᠤᠨ ᠲᠤᠰᠬᠠᠢ ᠮᠡᠷᠭᠡᠵᠢᠯᠲᠡᠨ | ᠪᠠ ᠲᠤᠰᠬᠠᠢ ᠮᠡᠷᠭᠡᠵᠢᠯ ᠤᠨ ᠳᠤᠭᠤᠶᠢᠯᠠᠩ ᠤᠨ ᠲᠤᠰᠬᠠᠢ ᠮᠡᠷᠭᠡᠵᠢᠯᠲᠡᠨ ᠭᠡᠵᠦ ᠬᠤᠪᠢᠶᠠᠨ᠎ᠠ᠃ ᠶᠡᠷᠦᠩᠬᠡᠶᠢᠯᠡᠭᠰᠡᠨ | ᠳᠤᠭᠤᠶᠢᠯᠠᠩ ᠤᠨ ᠲᠤᠰᠬᠠᠢ ᠮᠡᠷᠭᠡᠵᠢᠯᠲᠡᠨ ᠨᠢ ᠣᠪᠣᠷ ᠰᠤᠷᠲᠠᠯ ᠲᠥᠪ᠂ ᠲᠤᠬᠠᠶᠢᠯᠠᠭᠰᠠᠨ ᠠᠵᠢᠯ ᠢᠶᠠᠷ ᠴᠢᠩᠭ᠎ᠠ᠂ | ᠡᠮᠴᠢᠯᠡᠭᠡᠨ ᠤ ᠪᠠᠲᠤᠯᠠᠭ᠎ᠠ ᠶᠢᠨ ᠦᠢᠯᠡᠰ ᠲᠤ ᠳᠠᠳᠮᠠᠭᠠᠢ ᠪᠥᠭᠡᠳ ᠬᠠᠯᠠᠭᠤᠨ ᠰᠡᠳᠬᠢᠯ ᠲᠠᠢ᠂ ᠭᠠᠷᠴᠠᠭ ᠤᠨ | ᠰᠢᠯᠭᠠᠷᠠᠭᠤᠯᠤᠯᠲᠠ ᠳᠤ ᠰᠠᠶᠢᠨ ᠳᠤᠷ᠎ᠠ ᠠᠴᠠ ᠪᠠᠨ ᠣᠷᠣᠯᠴᠠᠬᠤ ᠡᠮ ᠤᠨ ᠤᠬᠠᠭᠠᠨ᠂ ᠡᠮᠴᠢᠯᠡᠭᠡ᠂ ᠡᠮ ᠤᠨ ᠠᠵᠤ | ᠠᠬᠤᠢ ᠶᠢᠨ ᠤᠬᠠᠭᠠᠨ᠂ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠶᠢᠨ ᠲᠤᠰᠬᠠᠢ ᠮᠡᠷᠭᠡᠵᠢᠯᠲᠡᠨ ᠵᠢᠴᠢ ᠠᠵᠢᠯ | ᠠᠴᠠ ᠪᠣᠯᠤᠭᠰᠠᠨ ᠭᠡᠮᠲᠦᠯ ᠤᠨ ᠲᠤᠰᠬᠠᠢ ᠮᠡᠷᠭᠡᠵᠢᠯᠲᠡᠨ ᠵᠶ᠋ᠡᠷᠲ᠋ᠤᠰᠬᠠᠢ ᠮᠡᠷᠭᠡᠵᠢᠯ ᠤᠨ ᠳᠤᠭᠤᠶᠢᠯᠠᠩ ᠤᠨ ᠲᠤᠰᠬᠠᠢ | ᠮᠡᠷᠭᠡᠵᠢᠯᠲᠡᠨ ᠢ ᠬᠠᠮᠢᠶ᠎ᠠ ᠪᠦᠬᠦᠢ ᠡᠷᠳᠡᠮ ᠰᠢᠨᠵᠢᠯᠡᠭᠡᠨ ᠤ ᠪᠦᠯᠬᠦᠮ ᠪᠠ ᠠᠵᠢᠯ ᠲᠥᠷᠥᠯ ᠤᠨ ᠡᠷᠳᠡᠮ ᠰᠢᠨᠵᠢᠯᠡᠭᠡᠨ ᠤ | ︵ᠨᠡᠶᠢᠭᠡᠮᠯᠢᠭ︶ ᠠᠴᠠ ᠲᠠᠨᠢᠯᠴᠠᠭᠤᠯᠤᠨ᠎ᠠ᠃ | ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠭᠤᠣᠯᠳᠠᠭᠤ ᠬᠢᠨᠠᠨ ᠲᠣᠭᠲᠠᠭᠠᠬᠤ ᠬᠡᠪᠴᠢᠶᠡᠨ ᠳᠤ | ᠣᠷᠣᠭᠤᠯᠤᠭᠰᠠᠨ ᠡᠮ ᠤᠨ ᠵᠦᠢᠯ ᠤᠨ ᠨᠡᠷᠡᠰ ᠲᠤ ᠬᠢᠨᠠᠨ ᠲᠣᠭᠲᠠᠭᠠᠬᠤ ᠰᠠᠨᠠᠯ ᠳᠤᠷᠠᠳᠴᠤ᠂ ᠬᠡᠯᠡᠯᠴᠡᠭᠡᠷ ᠤᠨ ᠭᠤᠣᠯ | ᠬᠡᠪ ᠪᠠᠷᠢᠮᠵᠢᠶ᠎ᠠ᠂ ᠡᠮ ᠤᠨ ᠵᠦᠢᠯ᠂ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶ᠎ᠡ ︵ᠵᠠᠷᠴᠢᠮ | ᠳᠡᠭᠡᠷ᠎ᠡ ᠪᠠᠨ ᠲᠣᠳᠣᠷᠬᠠᠶᠢᠯᠠᠯᠲᠠ ᠶᠢᠨ ᠪᠢᠴᠢᠭ ᠲᠠᠢ ᠨᠢᠭᠡᠳᠦᠯᠲᠡᠢ ᠪᠠᠶᠢᠬᠤ︶ ᠵᠢᠴᠢ ᠡᠮ ᠤᠨ ᠵᠦᠢᠯ ᠤᠨ | ᠭᠠᠷᠴᠠᠭ ᠤᠨ ᠵᠢᠱᠢᠶ᠎ᠡ᠂ ᠡᠮ ᠤᠨ ᠵᠦᠢᠯ ᠤᠨ ᠨᠡᠷᠡᠶᠢᠳᠦᠯ ᠨᠠᠶᠢᠷᠠᠯᠭ᠎ᠠ ᠶᠢᠨ ᠬᠡᠯᠪᠡᠷᠢ᠂ ᠡᠮ ᠤᠨ ᠵᠦᠢᠯ ᠤᠨ ᠬᠥᠬᠡ | ᠬᠥᠬᠡᠭᠴᠢᠨ ᠲᠥᠷᠥᠯ ᠢᠯᠭᠠᠯ᠂ ᠭᠠᠷᠴᠠᠭ ᠤᠨ ᠲᠥᠷᠥᠯ ᠠᠩᠭᠢᠯᠠᠯ ᠤᠨ ᠪᠦᠲᠦᠴᠡ᠂ ᠲᠠᠶᠢᠯᠪᠤᠷᠢ ᠵᠡᠷᠭᠡ | ᠠᠭᠤᠯᠭ᠎ᠠ ᠳᠤ ᠲᠣᠬᠢᠷᠠᠭᠤᠯᠤᠯᠲᠠ ᠬᠢᠬᠦ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠬᠤ ᠶᠢ ᠬᠠᠷᠢᠭᠤᠴᠠᠨ᠎ᠠ᠃ ᠡᠭᠦᠨ ᠳᠤ | ᠲᠤᠰᠬᠠᠢ ᠮᠡᠷᠭᠡᠵᠢᠯ ᠤᠨ ᠳᠤᠭᠤᠶᠢᠯᠠᠩ ᠤᠨ ᠲᠤᠰᠬᠠᠢ ᠮᠡᠷᠭᠡᠵᠢᠯᠲᠡᠨ ᠭᠤᠣᠯᠳᠠᠭᠤ ᠲᠣᠰ ᠲᠤᠰᠬᠠᠢ ᠮᠡᠷᠭᠡᠵᠢᠯ ᠤᠨ | ᠬᠦᠷᠢᠶ᠎ᠡ ᠬᠡᠪᠴᠢᠶᠡᠨ ᠳᠠᠬᠢ ᠡᠮ ᠤᠨ ᠵᠦᠢᠯ ᠢ ᠬᠢᠨᠠᠨ ᠲᠣᠭᠲᠠᠭᠠᠬᠤ ᠠᠵᠢᠯ ᠳᠤ ᠣᠷᠣᠯᠴᠠᠨ᠎ᠠ᠃ | | ︵ᠬᠤᠶᠠᠷ︶ ᠲᠥᠰᠥᠭᠡᠯᠡᠨ ᠪᠤᠳᠤᠬᠤ ᠲᠤᠰᠬᠠᠢ ᠮᠡᠷᠭᠡᠵᠢᠯᠲᠡᠨ | | ᠣᠷᠣᠨ ᠨᠤᠲᠤᠭ ᠤᠨ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠵᠢᠴᠢ ᠬᠠᠮᠢᠶ᠎ᠠ ᠪᠦᠬᠦᠢ ᠨᠢᠭᠡᠴᠢ ᠶᠢᠨ | ᠲᠠᠨᠢᠯᠴᠠᠭᠤᠯᠤᠭᠰᠠᠨ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ᠂ ᠡᠮ ᠤᠨ ᠠᠵᠤ ᠠᠬᠤᠢ ᠶᠢᠨ ᠤᠬᠠᠭᠠᠨ ᠵᠡᠷᠭᠡ | ᠲᠠᠯ᠎ᠠ ᠶᠢᠨ ᠲᠤᠰᠬᠠᠢ ᠮᠡᠷᠭᠡᠵᠢᠯᠲᠡᠨ ᠢᠶᠠᠷ ᠪᠦᠷᠢᠯᠳᠦᠨ᠎ᠡ᠃ ᠰᠠᠭᠤᠷᠢ ᠮᠥᠩᠭᠦᠨ ᠤ ᠬᠡᠮᠵᠢᠨ ᠪᠣᠳᠣᠬᠤ ᠳᠤᠭᠤᠶᠢᠯᠠᠩ | ᠪᠠ ᠡᠮ ᠤᠨ ᠠᠵᠤ ᠠᠬᠤᠢ ᠶᠢᠨ ᠤᠬᠠᠭᠠᠨ ᠤ ᠬᠡᠮᠵᠢᠨ ᠪᠣᠳᠣᠬᠤ ᠳᠤᠭᠤᠶᠢᠯᠠᠩ ᠭᠡᠵᠦ ᠬᠤᠪᠢᠶᠠᠨ᠎ᠠ᠂ ᠲᠤᠰ ᠪᠦᠷᠢ | ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦᠨ ᠤ ᠨᠥᠯᠥᠭᠡ ᠪᠠ ᠡᠮ ᠤᠨ ᠠᠵᠤ ᠠᠬᠤᠢ ᠶᠢᠨ ᠤᠬᠠᠭᠠᠨ ᠤ | ᠦᠨᠡᠯᠡᠯᠲᠡ ᠬᠤᠶᠠᠷ ᠲᠠᠯ᠎ᠠ ᠠᠴᠠ ᠬᠡᠯᠡᠯᠴᠡᠭᠡ ᠳᠤ ᠴᠢᠭᠯᠡᠭᠦᠯᠦᠨ᠎ᠡ | | ᠦᠨ᠎ᠡ ᠥᠷᠢᠰᠦᠯᠳᠦᠬᠦ ᠡᠮ ᠤᠨ ᠵᠦᠢᠯ ᠳᠤ ᠦᠨᠡᠯᠡᠨ ᠵᠢᠱᠢᠭᠰᠡᠨ ᠰᠠᠨᠠᠯ ᠢᠶᠠᠨ ᠳᠤᠷᠠᠳᠤᠨ᠎ᠠ᠃ | | ︵ᠭᠤᠷᠪᠠ︶ ᠬᠡᠯᠡᠯᠴᠡᠭᠡ ᠬᠢᠬᠦ ᠲᠤᠰᠬᠠᠢ ᠮᠡᠷᠭᠡᠵᠢᠯᠲᠡᠨ | | ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠨ ᠲᠥᠯᠥᠭᠡᠯᠡᠭᠴᠢ ᠵᠢᠴᠢ ᠬᠠᠮᠢᠶ᠎ᠠ ᠪᠦᠬᠦᠢ ᠲᠤᠰᠬᠠᠢ | ᠮᠡᠷᠭᠡᠵᠢᠯᠲᠡᠨ ᠢᠶᠠᠷ ᠪᠦᠷᠢᠯᠳᠦᠵᠦ᠂ ᠠᠵᠤ ᠠᠬᠤᠶᠢᠯᠠᠯ ᠯᠤᠭ᠎ᠠ ᠲᠤᠬᠠᠢ ᠶᠢᠨ ᠲᠠᠯᠠᠪᠤᠷ ᠲᠤ ᠬᠡᠯᠡᠯᠴᠡᠭᠡ ᠬᠢᠬᠦ/ᠦᠨ᠎ᠡ | ᠥᠷᠢᠰᠦᠯᠳᠦᠬᠦ ᠶᠢ ᠬᠠᠷᠢᠭᠤᠴᠠᠨ᠎ᠠ᠃ | | ᠲᠠᠪᠤ᠂ ᠬᠢᠨᠠᠯᠲᠠ ᠲᠠᠯᠪᠢᠬᠤ ᠲᠣᠭᠲᠠᠴᠠ | | ︵ᠨᠢᠭᠡ︶ ᠰᠠᠨᠠᠭᠠᠴᠢᠯᠠᠭ᠎ᠠ ᠠᠴᠠ ᠪᠠᠨ ᠬᠢᠨᠠᠯᠲᠠ ᠶᠢ ᠬᠦᠯᠢᠶᠡᠬᠦ | | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢ ᠰᠠᠨᠠᠭᠠᠴᠢᠯᠠᠭ᠎ᠠ ᠠᠴᠠ ᠪᠠᠨ ᠤᠷᠢᠵᠤ | ᠪᠡᠯᠡᠳᠬᠡᠬᠦ᠂ ᠮᠡᠳᠡᠭᠦᠯᠬᠦ᠂ ᠲᠤᠰᠬᠠᠢ ᠮᠡᠷᠭᠡᠵᠢᠯᠲᠡᠨ ᠢᠶᠠᠷ ᠬᠢᠨᠠᠨ ᠲᠣᠭᠲᠠᠭᠠᠯᠭᠠᠬᠤ᠂ ᠬᠡᠯᠡᠯᠴᠡᠭᠡ ᠬᠢᠯᠭᠡᠬᠦ | | ᠦᠨ᠎ᠡ ᠬᠠᠶᠠᠯᠴᠠᠬᠤ᠂ ᠦᠷ᠎ᠡ ᠳ᠋ᠦᠩ ᠢ ᠨᠡᠶᠢᠲᠡᠯᠡᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠳᠤ ᠬᠢᠨᠠᠯᠲᠠ | ᠲᠠᠯᠪᠢᠨ᠎ᠠ᠃ ᠠᠵᠢᠯ ᠤᠨ ᠲᠥᠰᠥᠯ ᠢᠶᠠᠨ ᠢᠯᠡ ᠪᠠᠷ ᠨᠡᠶᠢᠲᠡᠯᠡᠵᠦ᠂ ᠦᠨ᠎ᠡ ᠬᠠᠶᠠᠯᠴᠠᠬᠤ ᠳᠦᠷᠢᠮ᠂ ᠭᠡᠷ᠎ᠡ ᠶᠢ | ᠦᠷᠭᠦᠯᠵᠢᠯᠡᠭᠦᠯᠬᠦ ᠳᠦᠷᠢᠮ ᠵᠡᠷᠭᠡ ᠲᠠᠯ᠎ᠠ ᠪᠠᠷ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠰᠠᠨᠠᠯ ᠰᠠᠨᠠᠭᠤᠯᠭ᠎ᠠ ᠶᠢ | ᠥᠷᠭᠡᠨ ᠢᠶᠠᠷ ᠬᠤᠷᠢᠶᠠᠵᠤ᠂ ᠬᠡᠯᠪᠡᠷᠢ ᠶᠢᠨ ᠬᠢᠨᠠᠨ ᠪᠠᠶᠢᠴᠠᠭᠠᠯᠲᠠ ᠪᠠᠷ ᠳᠠᠮᠵᠢᠭᠰᠠᠨ ᠡᠮ ᠤᠨ ᠵᠦᠢᠯ ᠵᠢᠴᠢ ᠬᠠᠮᠢᠶ᠎ᠠ | ᠪᠦᠬᠦᠢ ᠮᠠᠲ᠋ᠧᠷᠢᠶᠠᠯ ᠢ ᠵᠠᠷᠯᠠᠨ ᠨᠡᠶᠢᠲᠡᠯᠡᠬᠦ ᠶᠢᠨ ᠬᠠᠮᠲᠤ ᠬᠡᠯᠪᠡᠷᠢ ᠶᠢᠨ ᠬᠢᠨᠠᠨ ᠪᠠᠶᠢᠴᠠᠭᠠᠯᠲᠠ ᠶᠢᠨ ᠡᠴᠦᠰ ᠤᠨ ᠦᠷ᠎ᠡ | ᠳ᠋ᠦᠩ ᠢ ᠵᠠᠷᠯᠠᠨ ᠨᠡᠶᠢᠲᠡᠯᠡᠨ᠎ᠡ᠃ ᠠᠵᠤ ᠠᠬᠤᠶᠢᠯᠠᠯ ᠯᠤᠭ᠎ᠠ ᠶᠢᠨ ᠨᠡᠪᠲᠡᠷᠡᠯᠴᠡᠭᠡ ᠪᠠᠨ ᠴᠢᠩᠭᠠᠳᠬᠠᠵᠤ᠂ ᠶᠠᠷᠢᠯᠴᠠᠬᠤ | ᠬᠤᠷᠠᠯ ᠬᠤᠷᠠᠯᠳᠤᠭᠤᠯᠬᠤ ᠪᠠᠷ ᠳᠠᠮᠵᠢᠭᠤᠯᠤᠨ᠂ ᠨᠢᠭᠤᠷᠲᠠᠨ ᠶᠠᠷᠢᠯᠴᠠᠬᠤ | | | ᠨᠡᠪᠲᠡᠷᠡᠯᠴᠡᠬᠦ ᠵᠡᠷᠭᠡ ᠠᠷᠭ᠎ᠠ ᠮᠠᠶ᠋ᠢᠭ ᠢᠶᠠᠷ ᠨᠡᠪᠲᠡᠷᠡᠯᠴᠡᠬᠦ ᠲᠣᠭᠲᠠᠴᠠ ᠶᠢ ᠪᠠᠶᠢᠭᠤᠯᠵᠤ᠂ ᠭᠠᠷᠴᠠᠭ ᠲᠤ | ᠲᠣᠬᠢᠷᠠᠭᠤᠯᠤᠯᠲᠠ ᠬᠢᠬᠦ ᠠᠵᠢᠯ ᠤᠨ ᠢᠯᠡ ᠲᠣᠳᠣ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠭᠠᠷᠴᠠᠭ ᠲᠤ | ᠲᠣᠬᠢᠷᠠᠭᠤᠯᠤᠯᠲᠠ ᠬᠢᠬᠦ ᠬᠤᠭᠤᠴᠠᠭᠠᠨ ᠳᠤ᠂ ᠲᠤᠰᠬᠠᠢ ᠵᠦᠢᠯ ᠤᠨ ᠤᠲᠠᠰᠤ ᠪᠠ ᠰᠢᠤᠳᠠᠨ ᠤ ᠬᠠᠶᠢᠷᠴᠠᠭ ᠭᠠᠷᠭᠠᠵᠤ᠂ | ᠡᠯ᠎ᠡ ᠲᠠᠯ᠎ᠠ ᠶᠢᠨ ᠬᠢᠨ ᠤ ᠬᠠᠷᠢᠭᠤ ᠲᠤᠰᠬᠠᠭᠰᠠᠨ ᠰᠠᠨᠠᠯ ᠰᠠᠨᠠᠭᠤᠯᠭ᠎ᠠ ᠶᠢ ᠭᠥᠯᠢᠶᠡᠨ ᠠᠪᠴᠤ᠂ ᠨᠡᠶᠢᠭᠡᠮ ᠤᠨ ᠣᠯᠠᠨ | ᠲᠦᠮᠡᠨ᠂ ᠰᠣᠨᠢᠨ ᠮᠡᠳᠡᠭᠡᠨ ᠤ ᠵᠠᠭᠤᠴᠢᠯᠠᠭᠤᠷ᠂ ᠡᠮ ᠡᠮᠨᠡᠯᠭᠡ ᠶᠢᠨ ᠠᠵᠤ ᠠᠬᠤᠶᠢᠯᠠᠯ ᠵᠡᠷᠭᠡ ᠶᠢᠨ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠢ᠃ | | ︵ᠬᠤᠶᠠᠷ︶ ᠳᠣᠲᠣᠭᠠᠳᠤ ᠡᠵᠡᠮᠳᠡᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ | | ᠠᠵᠢᠯ ᠤᠨ ᠪᠠᠶᠢᠷᠢ ᠪᠠ ᠠᠵᠢᠯᠲᠠᠨ ᠤ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠮᠡᠳᠡᠭᠡ ᠵᠠᠩᠭᠢ ᠶᠢᠨ | ᠨᠢᠭᠤᠴᠠ ᠶᠢ ᠬᠠᠮᠠᠭᠠᠯᠠᠬᠤ᠂ ᠠᠰᠢᠭ ᠲᠤᠰᠠ ᠠᠴᠠ ᠵᠠᠶᠢᠯᠠᠬᠤ᠂ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠳᠦᠷᠢᠮ ᠢ | ᠲᠣᠭᠲᠠᠭᠠᠵᠤ᠂ ᠭᠠᠷᠴᠠᠭ ᠲᠤ ᠲᠣᠬᠢᠷᠠᠭᠤᠯᠤᠯᠲᠠ ᠬᠢᠬᠦ ᠠᠵᠢᠯ ᠤᠨ ᠲᠥᠪ ᠭᠤᠥᠯᠴᠢ᠂ ᠠᠮᠤᠷ ᠲᠦᠪᠰᠢᠨ᠂ ᠡᠮᠬᠢ | ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ | | ︵ᠭᠤᠷᠪᠠ︶ ᠲᠤᠰᠬᠠᠢ ᠮᠡᠷᠭᠡᠵᠢᠯᠲᠡᠨ ᠤ ᠬᠢᠨᠠᠯᠲᠠ ᠲᠠᠯᠪᠢᠯᠲᠠ ᠶᠢ ᠴᠢᠩᠭᠠᠷᠠᠭᠤᠯᠤᠨ᠎ᠠ | | ᠲᠤᠰᠬᠠᠢ ᠮᠡᠷᠭᠡᠵᠢᠯᠲᠡᠨ ᠬᠠᠷᠢᠭᠤᠴᠠᠬᠤ᠂ ᠠᠰᠢᠭ ᠲᠤᠰᠠ ᠠᠴᠠ ᠵᠠᠶᠢᠯᠠᠬᠤ᠂ ᠬᠠᠷᠢᠭᠤᠴᠠᠯᠭ᠎ᠠ ᠨᠡᠬᠡᠮᠵᠢᠯᠡᠬᠦ | ᠵᠡᠷᠭᠡ ᠳᠦᠷᠢᠮ ᠢ ᠪᠠᠶᠢᠭᠤᠯᠵᠤ᠂ ᠪᠣᠶ ᠪᠦᠬᠦᠢ ᠬᠢᠨᠠᠨ ᠲᠣᠭᠲᠠᠭᠠᠬᠤ᠂ ᠲᠥᠰᠥᠭᠡᠯᠡᠨ ᠪᠤᠳᠤᠬᠤ ᠠᠵᠢᠯ ᠤᠨ ᠪᠥᠬᠦ | ᠶᠠᠪᠤᠴᠠ ᠳᠤ ᠣᠷᠣ ᠮᠥᠷ ᠦᠯᠡᠳᠡᠭᠡᠵᠦ᠂ ᠲᠤᠰᠬᠠᠢ ᠮᠡᠷᠭᠡᠵᠢᠯᠲᠡᠨ ᠤ ᠪᠡᠶ᠎ᠡ ᠪᠠᠨ ᠳᠠᠭᠠᠭᠠᠵᠤ᠂ ᠲᠥᠪ ᠭᠤᠥᠯᠴᠢ ᠪᠠᠷ | ᠰᠠᠨᠠᠯ ᠳᠤᠷᠠᠳᠬᠤ ᠶᠢ ᠦᠨᠡᠨᠬᠦ ᠪᠠᠲᠤᠯᠠᠨ᠎ᠠ᠃ | | ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ᠄ ︽2022 ᠣᠨ ᠤ ᠤᠯᠤᠰ ᠤᠨ ᠦᠨᠳᠦᠰᠦᠨ ᠡᠮ | ᠡᠮᠨᠡᠯᠭᠡ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠪᠠ ᠦᠷᠡᠵᠢᠯ ᠤᠨ ᠳᠠᠭᠠᠳᠬᠠᠯ ᠤᠨ | ᠡᠮ ᠤᠨ ᠵᠦᠢᠯ ᠤᠨ ᠭᠠᠷᠴᠠᠭ ᠲᠤ ᠲᠣᠬᠢᠷᠠᠭᠤᠯᠤᠯᠲᠠ ᠬᠢᠬᠦ ᠠᠵᠢᠯ ᠤᠨ ᠲᠥᠰᠥᠯ︾ ᠤᠨ ᠲᠤᠬᠠᠢ ᠠᠯᠠᠱᠠ ᠵᠡᠭᠦᠨ | ᠬᠤᠰᠢᠭᠤᠨ ᠤ ᠪᠠᠶᠠᠨᠬᠤᠲᠠ ᠶᠢᠨ ᠡᠮᠦᠨ᠎ᠡ ᠲᠣᠭᠤᠷᠢᠯᠲᠠ ᠶᠢᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠤᠨ ᠲᠠᠶᠢᠯᠤᠮᠵᠢ | | ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠪᠠᠶᠠᠨᠬᠤᠲᠠ ᠶᠢᠨ ᠡᠮᠦᠨ᠎ᠡ ᠲᠣᠭᠤᠷᠢᠯᠲᠠ ᠶᠢᠨ ᠵᠠᠮ ᠤᠨ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ |