ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠠᠮᠵᠢᠭᠤᠯᠤᠨ ᠨᠡᠶᠢᠲᠡᠯᠡᠭᠰᠡᠨ ︽ᠮᠠᠯ ᠤᠨ ᠡᠮ ᠤᠨ ᠬᠠᠮᠢᠶᠠᠷᠤᠯᠲᠠ ᠶᠢᠨ ᠳᠦᠷᠢᠮ︾
ᠨᠡᠶᠢᠲᠡᠯᠡᠭᠰᠡᠨ ᠴᠠᠭ᠄
2023/12/18
                                                       ᠨᠢᠭᠡᠳᠦᠭᠡᠷ ᠪᠦᠯᠦᠭ ᠶᠡᠷᠦᠩᠬᠡᠢ ᠳᠦᠷᠢᠮ                              ᠨᠢᠭᠡᠳᠦᠭᠡᠷ ᠵᠦᠢᠯ ᠮᠠᠯ ᠤᠨ ᠡᠮ ᠤᠨ ᠬᠠᠮᠢᠶᠠᠷᠤᠯᠲᠠ ᠶᠢ ᠴᠢᠩᠭᠠᠳᠬᠠᠨ᠂ ᠮᠠᠯ ᠤᠨ ᠡᠮ ᠤᠨ ᠴᠢᠨᠠᠷ ᠴᠢᠨᠰᠠᠭ᠎ᠠ ᠶᠢ ᠪᠠᠲᠤᠯᠠᠵᠤ᠂ ᠠᠮᠢᠲᠠᠨ ᠤ ᠡᠪᠡᠳᠴᠢᠨ ᠡᠮᠭᠡᠭ ᠢ ᠰᠡᠷᠭᠡᠶᠢᠯᠡᠨ ᠵᠠᠰᠠᠵᠤ᠂ ᠲᠡᠵᠢᠭᠡᠨ ᠦᠷᠡᠵᠢᠭᠦᠯᠬᠦ ᠦᠢᠯᠡᠰ ᠤᠨ ᠬᠥᠭᠵᠢᠯᠲᠡ ᠶᠢ ᠠᠬᠢᠭᠤᠯᠵᠤ᠂ ᠬᠥᠮᠥᠨ ᠤ ᠪᠡᠶ᠎ᠡ ᠶᠢᠨ ᠡᠷᠡᠭᠦᠯ ᠮᠡᠨᠳᠦ ᠶᠢ ᠬᠠᠮᠠᠭᠠᠯᠠᠬᠤ ᠶᠢᠨ ᠲᠥᠯᠥᠭᠡ ᠲᠤᠰ ᠳᠦᠷᠢᠮ ᠢ ᠲᠣᠭᠲᠠᠭᠠᠪᠠ᠃                  ᠬᠤᠶᠠᠳᠤᠭᠠᠷ ᠵᠦᠢᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ ᠳᠣᠲᠣᠷ᠎ᠠ ᠮᠠᠯ ᠤᠨ ᠡᠮ ᠢ ᠰᠤᠳᠤᠯᠤᠨ ᠦᠢᠯᠡᠳᠬᠦ᠂ ᠦᠢᠯᠡᠳᠪᠦᠷᠢᠯᠡᠬᠦ᠂ ᠡᠵᠡᠩᠨᠡᠬᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ᠂ ᠬᠡᠷᠡᠭᠯᠡᠬᠦ ᠪᠠ ᠬᠢᠨᠠᠵᠤ ᠬᠠᠮᠢᠶᠠᠷᠬᠤ ᠳᠤ ᠲᠤᠰ ᠳᠦᠷᠢᠮ ᠢ ᠵᠢᠷᠤᠮᠯᠠᠬᠤ ᠬᠡᠷᠡᠭᠲᠡᠢ᠃                  ᠭᠤᠷᠪᠠᠳᠤᠭᠠᠷ ᠵᠦᠢᠯ ᠲᠥᠷᠥ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠦᠬᠦ ᠤᠯᠤᠰ ᠤᠨ ᠮᠠᠯ ‍ᠤᠨ‌‍ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠮᠠᠯ ᠤᠨ ᠡᠮ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃                  ᠳᠥᠷᠪᠡᠳᠦᠭᠡᠷ ᠵᠦᠢᠯ ᠤᠯᠤᠰ ᠠᠴᠠ ᠮᠠᠯ ᠳᠤ ᠬᠡᠷᠡᠭᠯᠡᠬᠦ ᠵᠣᠷ ᠤᠨ ᠡᠮ ᠪᠠ ᠵᠣᠷ ᠤᠨ ᠪᠤᠰᠤ ᠡᠮ ᠢ ᠲᠦᠷᠦᠯ ᠬᠤᠪᠢᠶᠠᠨ ᠬᠠᠮᠢᠶᠠᠷᠬᠤ ᠳᠦᠷᠢᠮ ᠢ ᠬᠡᠷᠡᠭᠵᠢᠭᠦᠯᠦᠨ᠎ᠡ᠃ ᠮᠠᠯ ᠳᠤ ᠬᠡᠷᠡᠭᠯᠡᠬᠦ ᠵᠣᠷ ᠤᠨ ᠡᠮ ᠪᠠ ᠵᠣᠷ ᠤᠨ ᠪᠤᠰᠤ ᠡᠮ ᠢ ᠲᠦᠷᠦᠯ ᠬᠤᠪᠢᠶᠠᠨ ᠬᠠᠮᠢᠶᠠᠷᠬᠤ ᠠᠷᠭ᠎ᠠ ᠪᠠ ᠪᠣᠳᠠᠲᠠᠢ ᠬᠡᠷᠡᠭᠵᠢᠭᠦᠯᠬᠦ ᠠᠯᠬᠤᠮ ᠳᠠᠷᠠᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠣᠭᠲᠠᠭᠠᠨ᠎ᠠ᠃                  ᠲᠠᠪᠤᠳᠤᠭᠠᠷ ᠵᠦᠢᠯ ᠤᠯᠤᠰ ᠠᠴᠠ ᠮᠠᠯ ᠤᠨ ᠡᠮ ᠨᠥᠭᠡᠴᠡᠯᠡᠬᠦ ᠳᠦᠷᠢᠮ ᠢ ᠬᠡᠷᠡᠭᠵᠢᠭᠦᠯᠦᠨ᠎ᠡ᠃ ᠬᠦᠨᠳᠦ ᠨᠣᠴᠢᠲᠠᠢ ᠠᠮᠢᠲᠠᠨ ᠤ ᠬᠢᠵᠢᠭ ᠤᠨ ᠪᠠᠶᠢᠳᠠᠯ᠂ ᠭᠠᠮᠰᠢᠭ ᠤᠨ ᠪᠠᠶᠢᠳᠠᠯ ᠪᠤᠶᠤ ᠪᠤᠰᠤᠳ ᠭᠡᠨᠡᠳᠲᠡ ᠶᠢᠨ ᠬᠡᠷᠡᠭ ᠭᠠᠷᠤᠭᠰᠠᠨ ᠦᠶ᠎ᠡ ᠳᠤ᠂ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠤᠯᠤᠰ ᠠᠴᠠ ᠨᠥᠭᠡᠴᠡᠯᠡᠵᠦ ᠪᠠᠶᠢᠭ᠎ᠠ ᠮᠠᠯ ᠤᠨ ᠡᠮ ᠢ ᠪᠠᠴᠢᠮ ᠰᠢᠯᠵᠢᠭᠦᠯᠦᠨ ᠬᠡᠷᠡᠭᠯᠡᠵᠦ ᠪᠣᠯᠣᠨ᠎ᠠ᠃ ᠴᠢᠬᠤᠯᠠᠲᠠᠢ ᠦᠶ᠎ᠡ ᠳᠤ ᠪᠠᠰᠠ ᠤᠯᠤᠰ ᠠᠴᠠ ᠨᠥᠭᠡᠴᠡᠯᠡᠬᠦ ᠠᠴᠠ ᠭᠠᠳᠠᠨᠠᠬᠢ ᠮᠠᠯ ᠤᠨ ᠡᠮ ᠢ ᠰᠢᠯᠵᠢᠭᠦᠯᠦᠨ ᠬᠡᠷᠡᠭᠯᠡᠵᠦ ᠪᠣᠯᠣᠨ᠎ᠠ᠃                  ᠬᠤᠶᠠᠳᠤᠭᠠᠷ ᠪᠦᠯᠦᠭᠮᠠᠯ ᠤᠨ ᠰᠢᠨ᠎ᠡ ᠡᠮ ᠢ ᠰᠤᠳᠤᠯᠤᠨ ᠦᠢᠯᠡᠳᠬᠦ                              ᠵᠢᠷᠭᠤᠳᠤᠭᠠᠷ ᠵᠦᠢᠯ ᠤᠯᠤᠰ ᠠᠴᠠ ᠮᠠᠯ ᠤᠨ ᠰᠢᠨ᠎ᠡ ᠡᠮ ᠰᠤᠳᠤᠯᠤᠨ ᠦᠢᠯᠡᠳᠬᠦ ᠶᠢ ᠵᠣᠷᠢᠭᠵᠢᠭᠤᠯᠵᠤ᠂ ᠰᠤᠳᠤᠯᠤᠨ ᠦᠢᠯᠡᠳᠦᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠨ᠎ᠠ᠃                  ᠳᠣᠯᠣᠳᠤᠭᠠᠷ ᠵᠦᠢᠯ ᠮᠠᠯ ᠤᠨ ᠰᠢᠨ᠎ᠡ ᠡᠮ ᠢ ᠰᠤᠳᠤᠯᠤᠨ ᠦᠢᠯᠡᠳᠬᠦ ᠳᠤ ᠰᠤᠳᠤᠯᠤᠨ ᠦᠢᠯᠡᠳᠬᠦ ᠯᠦᠭᠡ ᠵᠣᠬᠢᠴᠠᠯᠳᠤᠭᠰᠠᠨ ᠲᠠᠯᠠᠪᠤᠷ᠂ ᠬᠡᠮᠵᠢᠭᠦᠷᠯᠢᠭ ᠲᠥᠬᠦᠭᠡᠷᠦᠮᠵᠢ᠂ ᠲᠤᠰᠬᠠᠢ ᠮᠡᠷᠭᠡᠵᠢᠯ ᠤᠨ ᠠᠵᠢᠯᠲᠠᠨ᠂ ᠠᠶᠤᠯᠭᠦᠢ ᠶᠢᠨ ᠬᠠᠮᠢᠶᠠᠷᠤᠯᠲᠠ ᠶᠢᠨ ᠵᠢᠷᠤᠮᠵᠢᠯ ᠪᠠ ᠠᠷᠭ᠎ᠠ ᠬᠡᠮᠵᠢᠶ᠎ᠡ ᠲᠠᠢ ᠪᠠᠶᠢᠬᠤ ᠬᠡᠷᠡᠭᠲᠡᠢ᠃ ᠮᠠᠯ ᠤᠨ ᠰᠢᠨ᠎ᠡ ᠡᠮ ᠢ ᠰᠤᠳᠤᠯᠤᠨ ᠦᠢᠯᠡᠳᠬᠦ ᠳᠤ ᠠᠶᠤᠯᠭᠦᠢ ᠴᠢᠨᠠᠷ ᠤᠨ ᠦᠨᠡᠯᠡᠯᠲᠡ ᠬᠢᠬᠦ ᠬᠡᠷᠡᠭᠲᠡᠢ᠃ ᠮᠠᠯ ᠤᠨ ᠡᠮ ᠤᠨ ᠠᠶᠤᠯᠭᠦᠢ ᠴᠢᠨᠠᠷ ᠤᠨ ᠦᠨᠡᠯᠡᠯᠲᠡ ᠬᠢᠬᠦ ᠨᠢᠭᠡᠴᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠣᠭᠲᠠᠭᠠᠭᠰᠠᠨ ᠮᠠᠯ ᠤᠨ ᠡᠮ ᠤᠨ ᠡᠮᠴᠢᠯᠡᠭᠡᠨ ᠤ ᠪᠤᠰᠤ ᠰᠤᠳᠤᠯᠭᠠᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠪᠠ ᠮᠠᠯ ᠤᠨ ᠡᠮ ᠤᠨ ᠡᠮᠴᠢᠯᠡᠭᠡᠨ ᠤ ᠲᠤᠷᠰᠢᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠪᠠᠷᠢᠮᠵᠢᠶ᠎ᠠ ᠶᠢ ᠵᠢᠷᠤᠮᠯᠠᠨ᠎ᠠ᠃                   ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠮᠠᠯ ᠤᠨ ᠡᠮ ᠤᠨ ᠠᠶᠤᠯ ᠦᠭᠡᠶ ᠶᠢᠨ ᠴᠢᠨᠠᠷ ᠤᠨ ᠦᠨᠡᠯᠡᠯᠲᠡ ᠬᠢᠬᠦ ᠨᠢᠭᠡᠴᠡ ᠮᠠᠯ ᠤᠨ ᠡᠮ ᠤᠨ ᠡᠮᠴᠢᠯᠡᠭᠡᠨ ᠤ ᠪᠤᠰᠤ ᠰᠤᠳᠤᠯᠤᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠪᠣᠯᠤᠨ ᠮᠠᠯ ᠤᠨ ᠡᠮ ᠤᠨ ᠡᠮᠴᠢᠯᠡᠭᠡᠨ ᠤ ᠲᠤᠷᠰᠢᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠤᠨ ᠱᠠᠭᠠᠷᠳᠠᠯᠭ᠎ᠠ ᠳᠤ ᠨᠡᠶᠢᠴᠡᠬᠦ ᠡᠰᠡᠬᠦ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠶᠢᠨ ᠬᠠᠮᠲᠤ ᠬᠢᠨᠠᠯᠲᠠ ᠲᠠᠯᠪᠢᠵᠤ ᠪᠠᠶᠢᠴᠠᠭᠠᠭᠰᠠᠨ ᠦᠷ᠎ᠡ ᠳ᠋ᠦᠩ ᠢᠶᠠᠨ ᠨᠡᠶᠢᠲᠡᠯᠡᠬᠦ ᠬᠡᠷᠡᠭᠲᠡᠶ᠃                      ᠨᠠᠢᠮᠠᠳᠤᠭᠠᠷ ᠵᠦᠢᠯ ᠮᠠᠯ ᠤᠨ ᠰᠢᠨ᠎ᠡ ᠡᠮ ᠢ ᠰᠤᠳᠤᠯᠤᠨ ᠦᠢᠯᠡᠳᠬᠦ ᠳᠤ ᠡᠮᠴᠢᠯᠡᠭᠡᠨ ᠤ ᠲᠤᠷᠰᠢᠯᠲᠠ ᠬᠢᠬᠦ ᠠᠴᠠ ᠡᠮᠦᠨ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠬᠤ ᠶᠢᠨ ᠬᠠᠮᠲᠤ ᠲᠤᠰ ᠮᠠᠯ ᠤᠨ ᠰᠢᠨ᠎ᠡ ᠡᠮ ᠤᠨ ᠲᠤᠷᠰᠢᠯᠲᠠ ᠶᠢᠨ ᠲᠠᠰᠤᠭ ᠤᠨ ᠱᠠᠲᠤᠨ ᠤ ᠠᠶᠤᠯᠭᠦᠢ ᠶᠢᠨ ᠴᠢᠨᠠᠷ ᠤᠨ ᠦᠨᠡᠯᠡᠯᠲᠡ ᠶᠢᠨ ᠮᠡᠳᠡᠭᠦᠯᠦᠯᠲᠡ ᠵᠢᠴᠢ ᠡᠮᠴᠢᠯᠡᠭᠡ ᠠᠴᠠ ᠡᠮᠦᠨᠡᠬᠢ ᠪᠤᠰᠤᠳ ᠰᠤᠳᠤᠯᠭᠠᠨ ᠤ ᠮᠠᠲ᠋ᠧᠷᠢᠶᠠᠯ ᠢ ᠳᠠᠭᠠᠯᠳᠤᠭᠤᠯᠬᠤ ᠬᠡᠷᠡᠭᠲᠡᠢ᠃ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠭᠤᠶᠤᠴᠢᠯᠠᠯ ᠢ ᠣᠯᠣᠭᠰᠠᠨ ᠡᠳᠦᠷ ᠠᠴᠠ ᠡᠬᠢᠯᠡᠨ 60 ᠠᠵᠢᠯ ᠤᠨ ᠡᠳᠦᠷ ᠤᠨ ᠳᠣᠲᠣᠷ᠎ᠠ ᠬᠢᠨᠠᠨ ᠪᠠᠶᠢᠴᠠᠭᠠᠭᠰᠠᠨ ᠦᠷ᠎ᠡ ᠳ᠋ᠦᠩ ᠢᠶᠠᠨ ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠬᠡᠷᠡᠭᠲᠡᠢ᠃                  ᠰᠤᠳᠤᠯᠤᠨ ᠦᠢᠯᠡᠳᠦᠭᠰᠡᠨ ᠮᠠᠯ ᠤᠨ ᠰᠢᠨ᠎ᠡ ᠡᠮ ᠨᠢ ᠠᠮᠢᠳᠤ ᠪᠣᠳᠠᠰ ᠤᠨ ᠪᠦᠲᠦᠭᠡᠭᠳᠡᠬᠦᠨ ᠳᠤ ᠲᠣᠭᠠᠴᠠᠭᠳᠠᠪᠠᠯ᠂ ᠡᠮᠴᠢᠯᠡᠭᠡᠨ ᠤ ᠲᠤᠷᠰᠢᠯᠲᠠ ᠬᠢᠬᠦ ᠠᠴᠠ ᠡᠮᠦᠨ᠎ᠡ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠬᠤ ᠬᠡᠷᠡᠭᠲᠡᠢ᠂ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠭᠤᠶᠤᠴᠢᠯᠠᠯ ᠢ ᠣᠯᠣᠭᠰᠠᠨ ᠡᠳᠦᠷ ᠠᠴᠠ ᠡᠬᠢᠯᠡᠨ 60 ᠠᠵᠢᠯ ᠤᠨ ᠡᠳᠦᠷ ᠤᠨ ᠳᠣᠲᠣᠷ᠎ᠠ ᠬᠢᠨᠠᠨ ᠪᠠᠶᠢᠴᠠᠭᠠᠭᠰᠠᠨ ᠦᠷ᠎ᠡ ᠳ᠋ᠦᠩ ᠢᠶᠠᠨ ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠬᠡᠷᠡᠭᠲᠡᠢ᠃                  ᠮᠠᠯ ᠤᠨ ᠰᠢᠨ᠎ᠡ ᠡᠮ ᠢ ᠰᠤᠳᠤᠯᠤᠨ ᠦᠢᠯᠡᠳᠬᠦ ᠳᠤ ᠨᠢᠭᠡᠳᠦᠭᠡᠷ ᠲᠦᠷᠦᠯ ᠤᠨ ᠡᠪᠡᠳᠴᠢᠨ ᠡᠭᠦᠰᠬᠡᠬᠦ ᠮᠢᠺᠷᠣᠪ ᠢ ᠬᠡᠷᠡᠭᠯᠡᠬᠦ ᠴᠢᠬᠤᠯᠠᠲᠠᠢ ᠪᠠᠶᠢᠪᠠᠯ᠂ ᠪᠠᠰᠠ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠣᠭᠲᠠᠭᠠᠭᠰᠠᠨ ᠨᠥᠬᠦᠴᠡᠯ ᠢ ᠪᠦᠷᠢᠯᠳᠦᠭᠦᠯᠬᠦ ᠬᠡᠷᠡᠭᠲᠡᠢ ᠪᠥᠭᠡᠳ ᠲᠤᠷᠰᠢᠯᠲᠠ ᠶᠢᠨ ᠲᠠᠰᠤᠭ ᠤᠨ ᠱᠠᠲᠤᠨ ᠠᠴᠠ ᠡᠮᠦᠨ᠎ᠡ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠨᠢᠭᠡᠴᠢ ᠠᠴᠠ ᠵᠥᠪᠰᠢᠶᠡᠷᠡᠯ ᠣᠯᠬᠤ ᠬᠡᠷᠡᠭᠲᠡᠢ᠃                  ᠶᠢᠰᠦᠳᠦᠭᠡᠷ ᠵᠦᠢᠯ ᠡᠮᠴᠢᠯᠡᠭᠡᠨ ᠤ ᠲᠤᠷᠰᠢᠯᠲᠠ ᠬᠢᠵᠦ ᠳᠠᠭᠤᠰᠤᠭᠰᠠᠨ ᠤ ᠳᠠᠷᠠᠭ᠎ᠠ᠂ ᠮᠠᠯ ᠤᠨ ᠰᠢᠨ᠎ᠡ ᠡᠮ ᠢ ᠰᠤᠳᠤᠯᠤᠨ ᠦᠢᠯᠡᠳᠦᠭᠴᠢ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠠᠯ ᠤᠨ ᠰᠢᠨ᠎ᠡ ᠡᠮ ᠢ ᠪᠦᠷᠢᠳᠬᠡᠭᠦᠯᠬᠦ ᠭᠤᠶᠤᠴᠢᠯᠠᠯ ᠭᠠᠷᠭᠠᠬᠤ ᠳᠠᠭᠠᠨ ᠲᠤᠰ ᠮᠠᠯ ᠤᠨ ᠰᠢᠨ᠎ᠡ ᠡᠮ ᠤᠨ ᠦᠯᠢᠭᠡᠷ ᠡᠳ᠋ ᠪᠠ ᠳᠠᠷᠠᠭᠠᠬᠢ ᠮᠠᠲ᠋ᠧᠷᠢᠶᠠᠯ ᠢ ᠲᠤᠰᠢᠶᠠᠬᠤ ᠬᠡᠷᠡᠭᠲᠡᠢ᠄                   ︵ᠨᠢᠭᠡ︶ ᠨᠡᠷᠡᠶᠢᠳᠦᠯ᠂ ᠭᠤᠣᠯ ᠪᠦᠷᠢᠯᠳᠦᠭᠦᠨ᠂ ᠹᠢᠽᠢᠺ ᠬᠢᠮᠢ ᠶᠢᠨ ᠰᠢᠨᠵᠢ ᠴᠢᠨᠠᠷ᠃                   ︵ᠬᠤᠶᠠᠷ︶ ᠰᠤᠳᠤᠯᠤᠨ ᠦᠢᠯᠡᠳᠬᠦ ᠠᠷᠭ᠎ᠠ᠂ ᠦᠢᠯᠡᠳᠪᠦᠷᠢᠯᠡᠬᠦ ᠠᠵᠢᠯ ᠤᠨ ᠤᠷᠠᠯᠠᠯ᠂ ᠶᠠᠰᠤ ᠴᠢᠨᠠᠷ ᠤᠨ ᠪᠠᠷᠢᠮᠵᠢᠶ᠎ᠠ ᠪᠠ ᠰᠢᠯᠭᠠᠨ ᠬᠡᠮᠵᠢᠬᠦ ᠠᠷᠭ᠎ᠠ᠃                   ︵ᠭᠤᠷᠪᠠ︶ ᠡᠮ ᠤᠨ ᠵᠦᠢ ᠪᠠ ᠬᠤᠣᠷ ᠤᠨ ᠵᠦᠢ ᠶᠢᠨ ᠲᠤᠷᠰᠢᠯᠲᠠ ᠶᠢᠨ ᠦᠷ᠎ᠡ ᠳ᠋ᠦᠩ᠂ ᠡᠮᠴᠢᠯᠡᠭᠡᠨ ᠤ ᠲᠤᠷᠰᠢᠯᠲᠠ ᠶᠢᠨ ᠮᠡᠳᠡᠭᠦᠯᠦᠯᠲᠡ ᠪᠠ ᠲᠣᠭᠲᠠᠪᠤᠷᠢᠲᠤ ᠴᠢᠨᠠᠷ ᠤᠨ ᠲᠤᠷᠰᠢᠯᠲᠠ ᠶᠢᠨ ᠮᠡᠳᠡᠭᠦᠯᠦᠯᠲᠡ᠃                   ︵ᠳᠥᠷᠪᠡ︶ ᠣᠷᠴᠢᠨ ᠲᠣᠭᠤᠷᠢᠨ ᠤ ᠨᠥᠯᠥᠭᠡᠯᠡᠯ ᠤᠨ ᠮᠡᠳᠡᠭᠦᠯᠦᠯᠲᠡ ᠪᠠ ᠪᠣᠬᠢᠷᠲᠤᠯ ᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ᠃                  ᠰᠤᠳᠤᠯᠤᠨ ᠦᠢᠯᠡᠳᠦᠭᠰᠡᠨ ᠮᠠᠯ ᠤᠨ ᠰᠢᠨ᠎ᠡ ᠡᠮ ᠨᠢ ᠠᠮᠢᠳᠤ ᠪᠣᠳᠠᠰ ᠤᠨ ᠪᠦᠲᠦᠭᠡᠭᠳᠡᠬᠦᠨ ᠳᠤ ᠲᠣᠭᠠᠴᠠᠭᠳᠠᠪᠠᠯ᠂ ᠪᠠᠰᠠ ᠪᠠᠺᠲ᠋ᠧᠷᠢ ︵ᠬᠤᠣᠷ᠂ ᠬᠤᠷᠣᠬᠠᠢ︶ ᠶᠢᠨ ᠦᠷ᠎ᠡ᠂ ᠡᠰ ᠵᠡᠷᠭᠡ ᠬᠤᠯᠪᠣᠭᠳᠠᠯ ᠪᠦᠬᠦᠢ ᠮᠠᠲ᠋ᠧᠷᠢᠶᠠᠯ ᠪᠠ ᠮᠠᠲ᠋ᠧᠷᠢᠶᠠᠯ ᠢ ᠬᠠᠩᠭᠠᠬᠤ ᠬᠡᠷᠡᠭᠲᠡᠢ᠃ ᠪᠠᠺᠲ᠋ᠧᠷᠢ ︵ᠬᠤᠣᠷ᠂ ᠬᠤᠷᠣᠬᠠᠢ︶ ᠶᠢᠨ ᠦᠷ᠎ᠡ᠂ ᠡᠰ ᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠢᠭᠠᠨ ᠲᠣᠭᠲᠠᠭᠠᠭᠰᠠᠨ ᠪᠠᠶᠢᠭᠤᠯᠤᠮᠵᠢ ᠠᠴᠠ ᠬᠠᠳᠠᠭᠠᠯᠠᠨ᠎ᠠ᠃                  ᠢᠳᠡᠰᠢᠨ ᠤ ᠠᠮᠢᠲᠠᠨ ᠳᠤ ᠬᠡᠷᠡᠭᠯᠡᠬᠦ ᠮᠠᠯ ᠤᠨ ᠰᠢᠨ᠎ᠡ ᠡᠮ ᠢ ᠰᠤᠳᠤᠯᠤᠨ ᠦᠢᠯᠡᠳᠬᠦ ᠳᠤ ᠪᠠᠰᠠ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠣᠭᠲᠠᠭᠠᠯ ᠶᠣᠰᠣᠭᠠᠷ ᠮᠠᠯ ᠤᠨ ᠡᠮ ᠤᠨ ᠦᠯᠡᠳᠡᠭᠳᠡᠯ ᠤᠨ ᠲᠤᠷᠰᠢᠯᠲᠠ ᠬᠢᠬᠦ ᠶᠢᠨ ᠬᠠᠮᠲᠤ ᠡᠮ ᠢᠶᠠᠨ ᠵᠣᠭᠰᠤᠭᠠᠬᠤ ᠬᠤᠭᠤᠴᠠᠭ᠎ᠠ᠂ ᠬᠠᠮᠤᠭ ᠤᠨ ᠶᠡᠭᠡ ᠦᠯᠡᠳᠡᠭᠳᠡᠯ ᠤᠨ ᠬᠢᠵᠠᠭᠠᠷ ᠬᠡᠮᠵᠢᠶ᠎ᠡ ᠶᠢᠨ ᠪᠠᠷᠢᠮᠵᠢᠶ᠎ᠠ᠂ ᠦᠯᠡᠳᠡᠭᠳᠡᠯ ᠢ ᠪᠠᠶᠢᠴᠠᠭᠠᠨ ᠰᠢᠯᠭᠠᠬᠤ ᠠᠷᠭ᠎ᠠ ᠵᠢᠴᠢ ᠲᠡᠭᠦᠨ ᠢ ᠲᠣᠭᠲᠠᠭᠠᠬᠤ ᠦᠨᠳᠦᠰᠦᠯᠡᠯ ᠵᠡᠷᠭᠡ ᠮᠠᠲ᠋ᠧᠷᠢᠶᠠᠯ ᠢ ᠬᠠᠩᠭᠠᠬᠤ ᠬᠡᠷᠡᠭᠲᠡᠢ᠃                  ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠭᠤᠶᠤᠴᠢᠯᠠᠯ ᠢ ᠣᠯᠣᠭᠰᠠᠨ ᠡᠳᠦᠷ ᠠᠴᠠ ᠡᠬᠢᠯᠡᠨ 10 ᠠᠵᠢᠯ ᠤᠨ ᠡᠳᠦᠷ ᠤᠨ ᠳᠣᠲᠣᠷ᠎ᠠ᠂ ᠬᠦᠯᠢᠶᠡᠨ ᠠᠪᠴᠤ ᠰᠢᠢᠳᠪᠦᠷᠢᠯᠡᠬᠦ ᠪᠠᠷ ᠲᠣᠭᠲᠠᠭᠰᠠᠨ ᠮᠠᠯ ᠤᠨ ᠡᠮ ᠤᠨ ᠰᠢᠨ᠎ᠡ ᠮᠠᠲ᠋ᠧᠷᠢᠶᠠᠯ ᠢ ᠲᠡᠭᠦᠨ ᠤ ᠪᠠᠶᠢᠭᠤᠯᠤᠭᠰᠠᠨ ᠮᠠᠯ ᠤᠨ ᠡᠮ ᠤᠨ ᠬᠢᠨᠠᠨ ᠲᠣᠭᠲᠠᠭᠠᠬᠤ ᠪᠠᠶᠢᠭᠤᠯᠤᠮᠵᠢ ᠳᠤ ᠬᠦᠷᠭᠡᠨ ᠬᠢᠨᠠᠨ ᠲᠣᠭᠲᠠᠭᠠᠯᠭᠠᠵᠤ᠂ ᠮᠠᠯ ᠤᠨ ᠡᠮ ᠤᠨ ᠰᠢᠨ᠎ᠡ ᠦᠯᠢᠭᠡᠷ ᠡᠳ᠋ ᠢ ᠲᠡᠭᠦᠨ ᠤ ᠵᠢᠭᠠᠨ ᠲᠣᠭᠲᠠᠭᠠᠭᠰᠠᠨ ᠰᠢᠯᠭᠠᠨ ᠪᠠᠶᠢᠴᠠᠭᠠᠬᠤ ᠪᠠᠶᠢᠭᠤᠯᠤᠮᠵᠢ ᠳᠤ ᠬᠦᠷᠭᠡᠨ ᠳᠠᠬᠢᠨ ᠬᠢᠨᠠᠭᠤᠯᠵᠤ ᠰᠢᠯᠭᠠᠨ ᠪᠠᠶᠢᠴᠠᠭᠠᠯᠭᠠᠬᠤ ᠶᠢᠨ ᠬᠠᠮᠲᠤ ᠬᠢᠨᠠᠨ ᠲᠣᠭᠲᠠᠭᠠᠭᠰᠠᠨ ᠪᠠ ᠳᠠᠬᠢᠨ ᠬᠢᠨᠠᠭᠰᠠᠨ ᠰᠢᠯᠭᠠᠨ ᠪᠠᠶᠢᠴᠠᠭᠠᠯᠲᠠ ᠶᠢᠨ ᠳ᠋ᠦᠩ ᠢ ᠣᠯᠣᠭᠰᠠᠨ ᠡᠳᠦᠷ ᠠᠴᠠ ᠡᠬᠢᠯᠡᠨ 60 ᠠᠵᠢᠯ ᠤᠨ ᠡᠳᠦᠷ ᠤᠨ ᠳᠣᠲᠣᠷ᠎ᠠ ᠬᠢᠨᠠᠨ ᠪᠠᠶᠢᠴᠠᠭᠠᠵᠤ ᠳᠠᠭᠤᠰᠬᠠᠬᠤ ᠬᠡᠷᠡᠭᠲᠡᠢ᠃ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠪᠠᠶᠢᠪᠠᠯ᠂ ᠮᠠᠯ ᠤᠨ ᠰᠢᠨ᠎ᠡ ᠡᠮ ᠢ ᠳᠠᠩᠰᠠᠯᠠᠭᠤᠯᠤᠭᠰᠠᠨ ᠦᠨᠡᠮᠯᠡᠯ ᠣᠯᠭᠤᠬᠤ ᠶᠢᠨ ᠬᠠᠮᠲᠤ ᠲᠤᠰ ᠮᠠᠯ ᠤᠨ ᠡᠮ ᠤᠨ ᠶᠠᠰᠤ ᠴᠢᠨᠠᠷ ᠤᠨ ᠪᠠᠷᠢᠮᠵᠢᠶ᠎ᠠ ᠶᠢ ᠨᠡᠶᠢᠲᠡᠯᠡᠨ᠎ᠡ᠃ ᠬᠢᠷᠢ ᠲᠡᠩᠴᠡᠭᠰᠡᠨ ᠦᠭᠡᠢ ᠪᠠᠶᠢᠪᠠᠯ᠂ ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠬᠡᠷᠡᠭᠲᠡᠢ᠃                  ᠠᠷᠪᠠᠳᠤᠭᠠᠷ ᠵᠦᠢᠯ ᠤᠯᠤᠰ ᠠᠴᠠ ᠬᠠᠤᠯᠢ ᠶᠣᠰᠣᠭᠠᠷ ᠳᠠᠩᠰᠠᠯᠠᠭᠤᠯᠤᠭᠰᠠᠨ᠂ ᠰᠢᠨ᠎ᠡ ᠨᠡᠶᠢᠯᠡᠮᠡᠯ ᠪᠣᠳᠠᠰ ᠠᠭᠤᠯᠤᠭᠰᠠᠨ ᠮᠠᠯ ᠤᠨ ᠡᠮ ᠤᠨ ᠭᠤᠶᠤᠴᠢᠯᠠᠭᠴᠢ ᠶᠢᠨ ᠲᠤᠰᠢᠶᠠᠭᠰᠠᠨ ᠥᠪᠡᠷ ᠤᠨ ᠣᠯᠣᠭᠰᠠᠨ ᠮᠥᠷᠲᠡᠭᠡᠨ ᠨᠡᠶᠢᠲᠡᠯᠡᠭᠡᠳᠦᠢ ᠲᠤᠷᠰᠢᠯᠲᠠ ᠶᠢᠨ ᠲᠤᠭ᠎ᠠ ᠪᠠᠷᠢᠮᠲᠠ ᠪᠠ ᠪᠤᠰᠤᠳ ᠲᠤᠭ᠎ᠠ ᠪᠠᠷᠢᠮᠲᠠ ᠶᠢ ᠬᠠᠮᠠᠭᠠᠯᠠᠨ᠎ᠠ᠃                  ᠳᠠᠩᠰᠠᠯᠠᠭᠤᠯᠤᠭᠰᠠᠨ ᠡᠳᠦᠷ ᠠᠴᠠ ᠡᠬᠢᠯᠡᠨ 6 ᠵᠢᠯ ᠤᠨ ᠳᠣᠲᠣᠷ᠎ᠠ᠂ ᠪᠤᠰᠤᠳ ᠭᠤᠶᠤᠴᠢᠯᠠᠭᠴᠢ ᠨᠢᠭᠡᠨᠲᠡ ᠳᠠᠩᠰᠠᠯᠠᠭᠤᠯᠤᠭᠰᠠᠨ ᠮᠠᠯ ᠤᠨ ᠡᠮ ᠢ ᠣᠯᠣᠭᠰᠠᠨ ᠭᠤᠶᠤᠴᠢᠯᠠᠭᠴᠢ ᠶᠢᠨ ᠵᠥᠪᠰᠢᠶᠡᠷᠡᠯ ᠦᠭᠡᠢ ᠪᠠᠷ ᠡᠮᠦᠨᠡᠬᠢ ᠪᠠᠳᠠᠭ ᠲᠤ ᠲᠣᠭᠲᠠᠭᠠᠭᠰᠠᠨ ᠲᠤᠭ᠎ᠠ ᠪᠠᠷᠢᠮᠲᠠ ᠶᠢ ᠬᠡᠷᠡᠭᠯᠡᠨ ᠮᠠᠯ ᠤᠨ ᠡᠮ ᠢ ᠪᠦᠷᠢᠳᠬᠡᠭᠦᠯᠬᠦ ᠪᠠᠷ ᠭᠤᠶᠤᠴᠢᠯᠠᠭᠰᠠᠨ ᠪᠠᠶᠢᠪᠠᠯ᠂ ᠮᠠᠯ ᠤᠨ ᠡᠮ ᠢ ᠳᠠᠩᠰᠠᠯᠠᠬᠤ ᠪᠠᠶᠢᠭᠤᠯᠭ᠎ᠠ ᠠᠴᠠ ᠳᠠᠩᠰᠠᠯᠠᠭᠤᠯᠵᠤ ᠥᠭᠬᠦ ᠦᠭᠡᠢ᠃ ᠭᠡᠪᠡᠴᠦ ᠪᠤᠰᠤᠳ ᠭᠤᠶᠤᠴᠢᠯᠠᠭᠴᠢ ᠶᠢᠨ ᠥᠪᠡᠷ ᠤᠨ ᠣᠯᠣᠭᠰᠠᠨ ᠲᠤᠭ᠎ᠠ ᠪᠠᠷᠢᠮᠲᠠ ᠪᠠᠨ ᠲᠤᠰᠢᠶᠠᠭᠰᠠᠨ ᠨᠢ ᠡᠭᠦᠨ ᠳᠤ ᠪᠠᠭᠲᠠᠬᠤ ᠦᠭᠡᠢ᠃                  ᠳᠠᠷᠠᠭᠠᠬᠢ ᠪᠠᠶᠢᠳᠠᠯ ᠢ ᠭᠠᠷᠭᠠᠪᠠᠯ᠂ ᠮᠠᠯ ᠤᠨ ᠡᠮ ᠢ ᠳᠠᠩᠰᠠᠯᠠᠬᠤ ᠪᠠᠶᠢᠭᠤᠯᠭ᠎ᠠ ᠠᠴᠠ ᠲᠤᠰ ᠵᠦᠢᠯ ᠤᠨ ᠨᠢᠭᠡᠳᠦᠭᠡᠷ ᠪᠠᠳᠠᠭ ᠲᠤ ᠲᠣᠭᠲᠠᠭᠠᠭᠰᠠᠨ ᠲᠤᠭ᠎ᠠ ᠪᠠᠷᠢᠮᠲᠠ ᠶᠢ ᠵᠠᠳᠠᠷᠠᠭᠤᠯᠵᠤ ᠪᠣᠯᠬᠤ ᠦᠭᠡᠢ᠄                   ︵ᠨᠢᠭᠡ︶ ᠤᠯᠠᠨ ᠨᠡᠶᠢᠲᠡ ᠶᠢᠨ ᠠᠰᠢᠭ ᠲᠤᠰᠠ ᠶᠢᠨ ᠬᠡᠷᠡᠭᠴᠡᠭᠡ᠃             ︵ᠬᠤᠶᠠᠷ︶ ᠨᠢᠭᠡᠨᠲᠡ ᠠᠷᠭ᠎ᠠ ᠬᠡᠮᠵᠢᠶ᠎ᠡ ᠠᠪᠴᠤ ᠪᠠᠶᠢᠭᠠᠳ ᠲᠤᠰ ᠲᠦᠷᠦᠯ ᠤᠨ ᠮᠡᠳᠡᠭᠡ ᠵᠠᠩᠭᠢ ᠶᠢ ᠵᠦᠢ ᠪᠤᠰᠤ ᠪᠠᠷ ᠬᠤᠳᠠᠯᠳᠤᠭᠠᠨ ᠳᠤ ᠬᠡᠷᠡᠭᠯᠡᠬᠦ ᠦᠭᠡᠢ ᠪᠠᠶᠢᠬᠤ ᠶᠢ ᠦᠨᠡᠨ ᠬᠦ ᠪᠠᠲᠤᠯᠠᠭᠰᠠᠨ᠃            ᠭᠤᠷᠪᠠᠳᠤᠭᠠᠷ ᠪᠦᠯᠦᠭᠮᠠᠯ ᠤᠨ ᠡᠮ ᠤᠨ ᠦᠢᠯᠡᠳᠪᠦᠷᠢᠯᠡᠬᠦ ᠠᠵᠢᠯ                        ᠠᠷᠪᠠᠨ ᠨᠢᠭᠡᠳᠦᠭᠡᠷ ᠵᠦᠢᠯ ᠮᠠᠯ ᠤᠨ ᠡᠮ ᠦᠢᠯᠡᠳᠪᠦᠷᠢᠯᠡᠬᠦ ᠠᠵᠤ ᠠᠬᠤᠶᠢᠯᠠᠯ ᠨᠢ ᠤᠯᠤᠰ ᠤᠨ ᠮᠠᠯ ᠤᠨ ᠡᠮ ᠤᠨ ᠠᠵᠢᠯ ᠲᠦᠷᠦᠯ ᠤᠨ ᠬᠥᠭᠵᠢᠯᠲᠡ ᠶᠢᠨ ᠲᠥᠯᠦᠪᠵᠢᠭᠦᠯᠭᠡ ᠪᠠ ᠠᠵᠤ ᠦᠢᠯᠡᠰ ᠤᠨ ᠲᠦᠷᠦ ᠶᠢᠨ ᠪᠣᠳᠣᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ ᠪᠥᠭᠡᠳ ᠳᠠᠷᠠᠭᠠᠬᠢ ᠨᠥᠬᠦᠴᠡᠯ ᠪᠠᠶᠢᠳᠠᠯ ᠤᠳ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠄             ︵ᠨᠢᠭᠡ︶ ᠦᠢᠯᠡᠳᠪᠦᠷᠢᠯᠡᠵᠦ ᠪᠠᠶᠢᠭ᠎ᠠ ᠮᠠᠯ ᠤᠨ ᠡᠮ ᠲᠠᠢ ᠪᠠᠨ ᠲᠣᠬᠢᠷᠠᠯᠴᠠᠭᠰᠠᠨ ᠮᠠᠯ ᠤᠨ ᠠᠨᠠᠭᠠᠬᠤ ᠤᠬᠠᠭᠠᠨ᠂ ᠡᠮ ᠤᠨ ᠤᠬᠠᠭᠠᠨ ᠪᠤᠶᠤ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ ᠠᠵᠢᠯᠲᠠᠨ᠃             ︵ᠬᠤᠶᠠᠷ︶ ᠦᠢᠯᠡᠳᠪᠦᠷᠢᠯᠡᠭᠰᠡᠨ ᠮᠠᠯ ᠤᠨ ᠡᠮ ᠲᠠᠢ ᠪᠠᠨ ᠵᠣᠬᠢᠴᠠᠯᠳᠤᠭᠰᠠᠨ ᠦᠢᠯᠡᠳᠪᠦᠷᠢ ᠶᠢᠨ ᠭᠡᠷ ᠪᠠᠶᠢᠰᠢᠩ᠂ ᠲᠥᠬᠦᠭᠡᠷᠦᠮᠵᠢ᠃             ︵ᠭᠤᠷᠪᠠ︶ ᠦᠢᠯᠡᠳᠪᠦᠷᠢᠯᠡᠭᠰᠡᠨ ᠮᠠᠯ ᠤᠨ ᠡᠮ ᠲᠠᠢ ᠪᠠᠨ ᠵᠣᠬᠢᠴᠠᠯᠳᠤᠭᠰᠠᠨ ᠮᠠᠯ ᠤᠨ ᠡᠮ ᠤᠨ ᠶᠠᠰᠤ ᠴᠢᠨᠠᠷ ᠤᠨ ᠬᠠᠮᠢᠶᠠᠷᠤᠯᠲᠠ ᠪᠠ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠶᠢᠨ ᠪᠠᠶᠢᠭᠤᠯᠤᠮᠵᠢ᠂ ᠠᠵᠢᠯᠲᠠᠨ᠂ ᠬᠡᠮᠵᠢᠭᠦᠷᠯᠢᠭ ᠲᠥᠬᠦᠭᠡᠷᠦᠮᠵᠢ᠃             ︵ᠳᠥᠷᠪᠡ︶ ᠠᠶᠤᠯᠭᠦᠢ᠂ ᠡᠷᠡᠭᠦᠯ ᠬᠠᠮᠠᠭᠠᠯᠠᠯ ᠤᠨ ᠱᠠᠭᠠᠷᠳᠠᠯᠭ᠎ᠠ ᠳᠤ ᠨᠡᠶᠢᠴᠡᠭᠰᠡᠨ ᠦᠢᠯᠡᠳᠪᠦᠷᠢᠯᠡᠬᠦ ᠠᠵᠢᠯ ᠤᠨ ᠣᠷᠴᠢᠨ ᠨᠥᠬᠦᠴᠡᠯ᠃             ︵ᠲᠠᠪᠤ︶ ᠮᠠᠯ ᠤᠨ ᠡᠮ ᠤᠨ ᠦᠢᠯᠡᠳᠪᠦᠷᠢᠯᠡᠬᠦ ᠠᠵᠢᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠳᠤ ᠲᠣᠭᠲᠠᠭᠠᠭᠰᠠᠨ ᠪᠤᠰᠤᠳ ᠦᠢᠯᠡᠳᠪᠦᠷᠢᠯᠡᠬᠦ ᠠᠵᠢᠯ ᠤᠨ ᠨᠥᠬᠦᠴᠡᠯ᠃            ᠡᠮᠦᠨᠡᠬᠢ ᠪᠠᠳᠠᠭ ᠲᠤ ᠲᠣᠭᠲᠠᠭᠠᠭᠰᠠᠨ ᠨᠥᠬᠦᠴᠡᠯ ᠳᠤ ᠨᠡᠶᠢᠴᠡᠭᠰᠡᠨ ᠪᠠᠶᠢᠪᠠᠯ᠂ ᠭᠤᠶᠤᠴᠢᠯᠠᠭᠴᠢ ᠨᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠬᠤ ᠶᠢᠨ ᠬᠠᠮᠲᠤ ᠡᠮᠦᠨᠡᠬᠢ ᠪᠠᠳᠠᠭ ᠲᠤ ᠲᠣᠭᠲᠠᠭᠠᠭᠰᠠᠨ ᠨᠥᠬᠦᠴᠡᠯ ᠳᠤ ᠨᠡᠶᠢᠴᠡᠭᠰᠡᠨ ᠭᠡᠷᠡᠴᠢᠯᠡᠬᠦ ᠮᠠᠲ᠋ᠧᠷᠢᠶᠠᠯ ᠢ ᠳᠠᠭᠠᠯᠳᠤᠭᠤᠯᠵᠤ ᠪᠣᠯᠣᠨ᠎ᠠ᠃ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠭᠤᠶᠤᠴᠢᠯᠠᠯ ᠢ ᠣᠯᠣᠭᠰᠠᠨ ᠡᠳᠦᠷ ᠠᠴᠠ ᠡᠬᠢᠯᠡᠨ 40 ᠠᠵᠢᠯ ᠤᠨ ᠡᠳᠦᠷ ᠤᠨ ᠳᠣᠲᠣᠷ᠎ᠠ ᠬᠢᠨᠠᠨ ᠪᠠᠶᠢᠴᠠᠭᠠᠵᠤ ᠳᠠᠭᠤᠰᠬᠠᠬᠤ ᠬᠡᠷᠡᠭᠲᠡᠢ᠃ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠪᠠᠶᠢᠪᠠᠯ᠂ ᠮᠠᠯ ᠤᠨ ᠡᠮ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠣᠯᠭᠤᠨ᠎ᠠ᠃ ᠬᠢᠷᠢ ᠲᠡᠩᠴᠡᠭᠰᠡᠨ ᠦᠭᠡᠢ ᠪᠠᠶᠢᠪᠠᠯ᠂ ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠬᠡᠷᠡᠭᠲᠡᠢ᠃            ᠠᠷᠪᠠᠨ ᠬᠤᠶᠠᠳᠤᠭᠠᠷ ᠵᠦᠢᠯ ᠮᠠᠯ ᠤᠨ ᠡᠮ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠳᠤ ᠦᠢᠯᠡᠳᠪᠦᠷᠢᠯᠡᠬᠦ ᠬᠦᠷᠢᠶ᠎ᠡ ᠬᠡᠪᠴᠢᠶ᠎ᠡ᠂ ᠦᠢᠯᠡᠳᠪᠦᠷᠢᠯᠡᠬᠦ ᠭᠠᠵᠠᠷ᠂ ᠬᠦᠴᠦᠨ ᠲᠠᠢ ᠬᠤᠭᠤᠴᠠᠭ᠎ᠠ ᠪᠠ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠣᠪᠣᠭ ᠨᠡᠷ᠎ᠡ᠂ ᠣᠷᠣᠨ ᠰᠠᠭᠤᠴᠠ ᠵᠡᠷᠭᠡ ᠵᠦᠢᠯᠡᠰ ᠢ ᠲᠣᠳᠣᠷᠬᠠᠢ ᠲᠡᠮᠳᠡᠭᠯᠡᠭᠰᠡᠨ ᠪᠠᠶᠢᠬᠤ ᠬᠡᠷᠡᠭᠲᠡᠢ᠃            ᠮᠠᠯ ᠤᠨ ᠡᠮ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ 5 ᠵᠢᠯ ᠪᠣᠯᠣᠨ᠎ᠠ᠃ ᠬᠦᠴᠦᠨ ᠲᠠᠢ ᠬᠤᠭᠤᠴᠠᠭ᠎ᠠ ᠨᠢ ᠳᠦᠭᠦᠷᠦᠭᠡᠳ᠂ ᠮᠠᠯ ᠤᠨ ᠡᠮ ᠢ ᠦᠷᠭᠦᠯᠵᠢᠯᠡᠨ ᠦᠢᠯᠡᠳᠪᠦᠷᠢᠯᠡᠬᠦ ᠴᠢᠬᠤᠯᠠᠲᠠᠢ ᠪᠠᠶᠢᠪᠠᠯ᠂ ᠵᠥᠪᠰᠢᠶᠡᠷᠡᠯ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠳᠦᠭᠦᠷᠬᠦ ᠠᠴᠠ 6 ᠰᠠᠷ᠎ᠠ ᠶᠢᠨ ᠡᠮᠦᠨ᠎ᠡ ᠦᠨᠡᠮᠯᠡᠯ ᠣᠯᠭᠤᠭᠰᠠᠨ ᠪᠠᠶᠢᠭᠤᠯᠭ᠎ᠠ ᠳᠤ ᠬᠦᠷᠴᠦ ᠮᠠᠯ ᠤᠨ ᠡᠮ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠢ ᠰᠣᠯᠢᠵᠤ ᠣᠯᠭᠤᠬᠤ ᠪᠠᠷ ᠭᠤᠶᠤᠴᠢᠯᠠᠬᠤ ᠬᠡᠷᠡᠭᠲᠡᠢ᠃            ᠠᠷᠪᠠᠨ ᠭᠤᠷᠪᠠᠳᠤᠭᠠᠷ ᠵᠦᠢᠯ ᠮᠠᠯ ᠤᠨ ᠡᠮ ᠦᠢᠯᠡᠳᠪᠦᠷᠢᠯᠡᠬᠦ ᠠᠵᠤ ᠠᠬᠤᠶᠢᠯᠠᠯ ᠦᠢᠯᠡᠳᠪᠦᠷᠢᠯᠡᠬᠦ ᠬᠦᠷᠢᠶ᠎ᠡ ᠬᠡᠪᠴᠢᠶ᠎ᠡ᠂ ᠦᠢᠯᠡᠳᠪᠦᠷᠢᠯᠡᠬᠦ ᠭᠠᠵᠠᠷ ᠢᠶᠠᠨ ᠬᠤᠪᠢᠷᠠᠭᠤᠯᠬᠤ ᠳᠤ ᠬᠦᠷᠪᠡᠯ᠂ ᠲᠤᠰ ᠳᠦᠷᠢᠮ ᠤᠨ ᠠᠷᠪᠠᠨ ᠨᠢᠭᠡᠳᠦᠭᠡᠷ ᠵᠦᠢᠯ ᠤᠨ ᠲᠣᠭᠲᠠᠭᠠᠯ ᠶᠣᠰᠣᠭᠠᠷ ᠮᠠᠯ ᠤᠨ ᠡᠮ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠢ ᠰᠣᠯᠢᠵᠤ ᠣᠯᠭᠤᠬᠤ ᠪᠠᠷ ᠭᠤᠶᠤᠴᠢᠯᠠᠬᠤ ᠬᠡᠷᠡᠭᠲᠡᠢ᠃ ᠠᠵᠤ ᠠᠬᠤᠶᠢᠯᠠᠯ ᠤᠨ ᠨᠡᠷᠡᠶᠢᠳᠦᠯ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢ ᠬᠤᠪᠢᠷᠠᠭᠤᠯᠬᠤ ᠳᠤ ᠬᠦᠷᠪᠡᠯ᠂ ᠦᠢᠯᠡᠳᠪᠦᠷᠢ ᠬᠤᠳᠠᠯᠳᠤᠭᠠᠨ ᠤ ᠳᠠᠩᠰᠠᠯᠠᠯᠲᠠ ᠶᠢ ᠬᠤᠪᠢᠷᠠᠭᠤᠯᠬᠤ ᠭᠠᠷ ᠭᠦᠢᠴᠡᠳᠬᠡᠯ ᠬᠢᠭᠰᠡᠨ ᠤ ᠳᠠᠷᠠᠭᠠᠬᠢ 15 ᠠᠵᠢᠯᠯᠠᠬᠤ ᠡᠳᠦᠷ ᠤᠨ ᠳᠣᠲᠣᠷ᠎ᠠ᠂ ᠦᠨᠡᠮᠯᠡᠯ ᠣᠯᠭᠤᠭᠰᠠᠨ ᠪᠠᠶᠢᠭᠤᠯᠭ᠎ᠠ ᠳᠤ ᠬᠦᠷᠴᠦ ᠮᠠᠯ ᠤᠨ ᠡᠮ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠢ ᠰᠣᠯᠢᠬᠤ ᠪᠠᠷ ᠭᠤᠶᠤᠴᠢᠯᠠᠬᠤ ᠬᠡᠷᠡᠭᠲᠡᠢ᠃            ᠠᠷᠪᠠᠨ ᠳᠥᠷᠪᠡᠳᠦᠭᠡᠷ ᠵᠦᠢᠯ ᠮᠠᠯ ᠤᠨ ᠡᠮ ᠦᠢᠯᠡᠳᠪᠦᠷᠢᠯᠡᠬᠦ ᠠᠵᠤ ᠠᠬᠤᠶᠢᠯᠠᠯ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠣᠭᠲᠠᠭᠠᠭᠰᠠᠨ ᠮᠠᠯ ᠤᠨ ᠡᠮ ᠤᠨ ᠦᠢᠯᠡᠳᠪᠦᠷᠢᠯᠡᠬᠦ ᠠᠵᠢᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠶᠣᠰᠣᠭᠠᠷ ᠵᠣᠬᠢᠶᠠᠨ ᠪᠠᠶᠢᠭᠤᠯᠤᠨ ᠦᠢᠯᠡᠳᠪᠦᠷᠢᠯᠡᠬᠦ ᠬᠡᠷᠡᠭᠲᠡᠢ᠃            ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠮᠠᠯ ᠤᠨ ᠡᠮ ᠦᠢᠯᠡᠳᠪᠦᠷᠢᠯᠡᠬᠦ ᠠᠵᠤ ᠠᠬᠤᠶᠢᠯᠠᠯ ᠤᠨ ᠮᠠᠯ ᠤᠨ ᠡᠮ ᠤᠨ ᠦᠢᠯᠡᠳᠪᠦᠷᠢᠯᠡᠬᠦ ᠠᠵᠢᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠤᠨ ᠱᠠᠭᠠᠷᠳᠠᠯᠭ᠎ᠠ ᠳᠤ ᠨᠡᠶᠢᠴᠡᠬᠦ ᠡᠰᠡᠬᠦ ᠶᠢ ᠬᠢᠨᠠᠨ ᠪᠠᠶᠢᠴᠠᠭᠠᠬᠤ ᠶᠢᠨ ᠬᠠᠮᠲᠤ ᠪᠠᠶᠢᠴᠠᠭᠠᠭᠰᠠᠨ            ᠠᠷᠪᠠᠨ ᠲᠠᠪᠤᠳᠤᠭᠠᠷ ᠵᠦᠢᠯ ᠮᠠᠯ ᠤᠨ ᠡᠮ ᠦᠢᠯᠡᠳᠪᠦᠷᠢᠯᠡᠬᠦ ᠠᠵᠤ ᠠᠬᠤᠶᠢᠯᠠᠯ ᠮᠠᠯ ᠤᠨ ᠡᠮ ᠦᠢᠯᠡᠳᠪᠦᠷᠢᠯᠡᠬᠦ ᠳᠡᠭᠡᠨ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠨ ᠣᠯᠭᠤᠭᠰᠠᠨ ᠪᠦᠲᠦᠭᠡᠭᠳᠡᠬᠦᠨ ᠤ ᠵᠥᠪᠰᠢᠶᠡᠷᠡᠯ ᠤᠨ ᠪᠢᠴᠢᠭ ᠤᠨ ᠳ᠋ᠤᠭᠠᠷᠯᠠᠯ ᠢ ᠣᠯᠣᠭᠰᠠᠨ ᠪᠠᠶᠢᠬᠤ ᠬᠡᠷᠡᠭᠲᠡᠢ᠂ ᠪᠦᠲᠦᠭᠡᠭᠳᠡᠬᠦᠨ ᠤ ᠵᠥᠪᠰᠢᠶᠡᠷᠡᠯ ᠤᠨ ᠪᠢᠴᠢᠭ ᠤᠨ ᠳ᠋ᠤᠭᠠᠷᠯᠠᠯ ᠤᠨ ᠬᠦᠴᠦᠨ ᠲᠠᠢ ᠬᠤᠭᠤᠴᠠᠭ᠎ᠠ ᠨᠢ 5 ᠵᠢᠯ ᠪᠣᠯᠣᠨ᠎ᠠ᠃ ᠮᠠᠯ ᠤᠨ ᠡᠮ ᠤᠨ ᠪᠦᠲᠦᠭᠡᠭᠳᠡᠬᠦᠨ ᠢ ᠵᠥᠪᠰᠢᠶᠡᠷᠡᠭᠰᠡᠨ ᠪᠢᠴᠢᠭ ᠤᠨ ᠳ᠋ᠤᠭᠠᠷᠯᠠᠯ ᠢ ᠬᠢᠨᠠᠨ ᠣᠯᠭᠤᠬᠤ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠠᠶᠢᠭᠤᠯᠭ᠎ᠠ ᠨᠢᠭᠡᠴᠢ ᠠᠴᠠ ᠲᠣᠭᠲᠠᠭᠠᠨ᠎ᠠ᠃            ᠠᠷᠪᠠᠨ ᠵᠢᠷᠭᠤᠳᠤᠭᠠᠷ ᠵᠦᠢᠯ ᠮᠠᠯ ᠤᠨ ᠡᠮ ᠦᠢᠯᠡᠳᠪᠦᠷᠢᠯᠡᠬᠦ ᠠᠵᠤ ᠠᠬᠤᠶᠢᠯᠠᠯ ᠮᠠᠯ ᠤᠨ ᠡᠮ ᠤᠨ ᠤᠯᠤᠰ ᠤᠨ ᠪᠠᠷᠢᠮᠵᠢᠶ᠎ᠠ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠥᠪᠰᠢᠶᠡᠷᠡᠭᠰᠡᠨ ᠦᠢᠯᠡᠳᠪᠦᠷᠢᠯᠡᠬᠦ ᠠᠵᠢᠯ ᠤᠨ ᠤᠷᠠᠯᠠᠯ ᠶᠣᠰᠣᠭᠠᠷ ᠦᠢᠯᠡᠳᠪᠦᠷᠢᠯᠡᠬᠦ ᠬᠡᠷᠡᠭᠲᠡᠢ᠃ ᠮᠠᠯ ᠤᠨ ᠡᠮ ᠦᠢᠯᠡᠳᠪᠦᠷᠢᠯᠡᠬᠦ ᠠᠵᠤ ᠠᠬᠤᠶᠢᠯᠠᠯ ᠮᠠᠯ ᠤᠨ ᠡᠮ ᠤᠨ ᠴᠢᠨᠠᠷ ᠴᠢᠨᠰᠠᠭ᠎ᠠ ᠶᠢ ᠨᠥᠯᠥᠭᠡᠯᠡᠬᠦ ᠦᠢᠯᠡᠳᠪᠦᠷᠢᠯᠡᠬᠦ ᠠᠵᠢᠯ ᠤᠨ ᠤᠷᠠᠯᠠᠯ ᠢᠶᠠᠨ ᠬᠤᠪᠢᠷᠠᠭᠤᠯᠬᠤ ᠳᠤ ᠬᠦᠷᠪᠡᠯ᠂ ᠤᠤᠯ ᠤᠨ ᠵᠥᠪᠰᠢᠶᠡᠷᠡᠭᠰᠡᠨ ᠰᠠᠯᠠᠭ᠎ᠠ ᠮᠥᠴᠢᠷ ᠲᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠡᠷᠡᠭᠲᠡᠢ᠃            ᠮᠠᠯ ᠤᠨ ᠡᠮ ᠦᠢᠯᠡᠳᠪᠦᠷᠢᠯᠡᠬᠦ ᠠᠵᠤ ᠠᠬᠤᠶᠢᠯᠠᠯ ᠦᠢᠯᠡᠳᠪᠦᠷᠢᠯᠡᠬᠦ ᠠᠵᠢᠯ ᠤᠨ ᠲᠡᠮᠳᠡᠭᠯᠡᠯ ᠬᠢᠵᠦ᠂ ᠦᠢᠯᠡᠳᠪᠦᠷᠢᠯᠡᠬᠦ ᠠᠵᠢᠯ ᠤᠨ ᠲᠡᠮᠳᠡᠭᠯᠡᠯ ᠨᠢ ᠪᠦᠷᠢᠨ ᠪᠦᠲᠦᠨ᠂ ᠣᠨᠣᠪᠴᠢᠲᠠᠶ ᠪᠠᠶᠢᠬᠤ ᠬᠡᠷᠡᠭᠲᠡᠢ᠃            ᠠᠷᠪᠠᠨ ᠳᠣᠯᠣᠳᠤᠭᠠᠷ ᠵᠦᠢᠯ ᠮᠠᠯ ᠤᠨ ᠡᠮ ᠦᠢᠯᠡᠳᠪᠦᠷᠢᠯᠡᠬᠦ ᠳᠤ ᠬᠡᠷᠡᠭᠰᠡᠬᠦ ᠲᠦᠭᠦᠬᠡᠢ ᠮᠠᠲ᠋ᠧᠷᠢᠶᠠᠯ᠂ ᠲᠤᠰᠠᠯᠠᠬᠤ ᠮᠠᠲ᠋ᠧᠷᠢᠶᠠᠯ ᠨᠢ ᠤᠯᠤᠰ ᠤᠨ ᠪᠠᠷᠢᠮᠵᠢᠶ᠎ᠠ ᠪᠤᠶᠤ ᠦᠢᠯᠡᠳᠪᠦᠷᠢᠯᠡᠭᠰᠡᠨ ᠮᠠᠯ ᠤᠨ ᠡᠮ ᠤᠨ ᠶᠠᠰᠤ ᠴᠢᠨᠠᠷ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃            ᠮᠠᠯ ᠤᠨ ᠡᠮ ᠲᠠᠢ ᠰᠢᠭᠤᠳ ᠬᠦᠷᠦᠯᠴᠡᠬᠦ ᠪᠣᠭᠤᠳᠠᠯ ᠪᠠᠭᠯᠠᠭ᠎ᠠ ᠶᠢᠨ ᠮᠠᠲ᠋ᠧᠷᠢᠶᠠᠯ ᠪᠠ ᠰᠠᠪᠠ ᠬᠡᠷᠡᠭᠰᠡᠯ ᠨᠢ ᠡᠮ ᠳᠤ ᠬᠡᠷᠡᠭᠯᠡᠬᠦ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃            ᠠᠷᠪᠠᠨ ᠨᠠᠢᠮᠠᠳᠤᠭᠠᠷ ᠵᠦᠢᠯ ᠮᠠᠯ ᠤᠨ ᠡᠮ ᠢ ᠦᠢᠯᠡᠳᠪᠦᠷᠢ ᠠᠴᠠ ᠭᠠᠷᠭᠠᠬᠤ ᠠᠴᠠ ᠡᠮᠦᠨ᠎ᠡ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠶᠢ ᠥᠩᠭᠡᠷᠡᠭᠡᠬᠦ ᠬᠡᠷᠡᠭᠲᠡᠢ᠂ ᠶᠠᠰᠤ ᠴᠢᠨᠠᠷ ᠤᠨ ᠪᠠᠷᠢᠮᠵᠢᠶ᠎ᠠ ᠳᠤ ᠨᠡᠶᠢᠴᠡᠬᠦ ᠦᠭᠡᠢ ᠪᠠᠶᠢᠪᠠᠯ ᠦᠢᠯᠡᠳᠪᠦᠷᠢ ᠠᠴᠠ ᠭᠠᠷᠭᠠᠵᠤ ᠪᠣᠯᠬᠤ ᠦᠭᠡᠢ᠃            ᠮᠠᠯ ᠤᠨ ᠡᠮ ᠢ ᠦᠢᠯᠡᠳᠪᠦᠷᠢ ᠠᠴᠠ ᠭᠠᠷᠭᠠᠬᠤ ᠳᠤ ᠪᠦᠲᠦᠭᠡᠭᠳᠡᠬᠦᠨ ᠤ ᠶᠠᠰᠤ ᠴᠢᠨᠠᠷ ᠤᠨ ᠬᠢᠷᠢ ᠲᠡᠩᠴᠡᠭᠰᠡᠨ ᠦᠨᠡᠮᠯᠡᠯ ᠢ ᠳᠠᠭᠠᠯᠳᠤᠭᠤᠯᠬᠤ ᠬᠡᠷᠡᠭᠲᠡᠢ᠃            ᠬᠠᠭᠤᠷᠮᠠᠭ᠂ ᠮᠠᠭᠤ ᠮᠠᠯ ᠤᠨ ᠡᠮ ᠦᠢᠯᠡᠳᠪᠦᠷᠢᠯᠡᠬᠦ ᠶᠢ ᠴᠠᠭᠠᠵᠠᠯᠠᠨ᠎ᠠ᠃            ᠠᠷᠪᠠ ᠶᠢᠰᠦᠳᠦᠭᠡᠷ ᠵᠦᠢᠯ ᠮᠠᠯ ᠤᠨ ᠡᠮ ᠦᠢᠯᠡᠳᠪᠦᠷᠢᠯᠡᠬᠦ ᠠᠵᠤ ᠠᠬᠤᠶᠢᠯᠠᠯ ᠤᠨ ᠦᠢᠯᠡᠳᠪᠦᠷᠢᠯᠡᠭᠰᠡᠨ ᠮᠠᠯ ᠳᠤ ᠬᠡᠷᠡᠭᠯᠡᠬᠦ ᠪᠦᠯᠦᠭ ᠪᠦᠷᠢ ᠶᠢᠨ ᠠᠮᠢᠳᠤ ᠪᠣᠳᠠᠰ ᠤᠨ ᠪᠦᠲᠦᠭᠡᠭᠳᠡᠬᠦᠨ ᠢ ᠦᠢᠯᠡᠳᠪᠦᠷᠢ ᠠᠴᠠ ᠭᠠᠷᠭᠠᠬᠤ ᠠᠴᠠ ᠡᠮᠦᠨ᠎ᠡ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠢᠭᠠᠨ ᠲᠣᠭᠲᠠᠭᠠᠭᠰᠠᠨ ᠰᠢᠯᠭᠠᠨ ᠪᠠᠶᠢᠴᠠᠭᠠᠬᠤ ᠪᠠᠶᠢᠭᠤᠯᠤᠮᠵᠢ ᠠᠴᠠ ᠬᠢᠨᠠᠨ ᠪᠠᠶᠢᠴᠠᠭᠠᠵᠤ ᠬᠠᠷᠭᠤᠭᠤᠯᠬᠤ ᠶᠢᠨ ᠬᠠᠮᠲᠤ ᠴᠢᠬᠤᠯᠠᠲᠠᠢ ᠦᠶ᠎ᠡ ᠳᠤ ᠰᠣᠩᠭᠤᠨ ᠪᠠᠶᠢᠴᠠᠭᠠᠵᠤ ᠰᠢᠯᠭᠠᠨ ᠪᠠᠶᠢᠴᠠᠭᠠᠬᠤ ᠬᠡᠷᠡᠭᠲᠡᠢ᠃ ᠬᠢᠨᠠᠨ ᠪᠠᠶᠢᠴᠠᠭᠠᠯᠭᠠᠵᠤ ᠬᠠᠷᠭᠤᠭᠤᠯᠤᠭᠰᠠᠨ ᠦᠭᠡᠢ ᠪᠤᠶᠤ ᠰᠣᠩᠭᠤᠨ ᠪᠠᠶᠢᠴᠠᠭᠠᠵᠤ ᠰᠢᠯᠭᠠᠭᠠᠳ ᠬᠢᠷᠢ ᠲᠡᠩᠴᠡᠭᠰᠡᠨ ᠦᠭᠡᠢ ᠪᠠᠶᠢᠪᠠᠯ ᠪᠣᠷᠣᠯᠠᠭᠤᠯᠵᠤ ᠪᠣᠯᠬᠤ ᠦᠭᠡᠢ᠃            ᠠᠯᠪᠠᠳᠠᠯᠭ᠎ᠠ ᠪᠠᠷ ᠴᠠᠷᠤᠯᠲᠠ ᠬᠢᠯᠭᠡᠬᠦ ᠳᠤ ᠬᠡᠷᠡᠭᠰᠡᠬᠦ ᠮᠠᠯ ᠳᠤ ᠬᠡᠷᠡᠭᠯᠡᠬᠦ ᠠᠮᠢᠳᠤ ᠪᠣᠳᠠᠰ ᠤᠨ ᠪᠦᠲᠦᠭᠡᠭᠳᠡᠬᠦᠨ ᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠭᠲᠠᠭᠠᠭᠰᠠᠨ ᠠᠵᠤ ᠠᠬᠤᠶᠢᠯᠠᠯ ᠤᠨ ᠦᠢᠯᠡᠳᠪᠦᠷᠢ ᠪᠠᠷ ᠦᠢᠯᠡᠳᠪᠦᠷᠢᠯᠡᠨ᠎ᠡ᠃            ᠬᠤᠷᠢᠳᠤᠭᠠᠷ ᠵᠦᠢᠯ ᠮᠠᠯ ᠤᠨ ᠡᠮ ᠤᠨ ᠪᠣᠭᠤᠳᠠᠯ ᠪᠠᠭᠯᠠᠭ᠎ᠠ ᠳᠤ ᠲᠣᠭᠲᠠᠭᠠᠯ ᠶᠣᠰᠣᠭᠠᠷ ᠱᠣᠰᠢᠭ᠎ᠠ ᠳᠠᠷᠤᠮᠠᠯᠯᠠᠬᠤ ᠪᠤᠶᠤ ᠨᠠᠭᠠᠵᠤ᠂ ᠲᠣᠳᠣᠷᠬᠠᠶᠢᠯᠠᠯᠲᠠ ᠶᠢᠨ ᠪᠢᠴᠢᠭ ᠢ ᠳᠠᠭᠠᠯᠳᠤᠭᠤᠯᠬᠤ ᠶᠢᠨ ᠬᠠᠮᠲᠤ ᠢᠯᠡᠷᠬᠡᠢ ᠭᠠᠵᠠᠷ ᠲᠤ ︽ᠮᠠᠯ ᠳᠤ ᠬᠡᠷᠡᠭᠯᠡᠬᠦ︾ ᠭᠡᠰᠡᠨ ᠦᠰᠦᠭ ᠢ ᠲᠣᠳᠣᠷᠬᠠᠶᠢᠯᠠᠬᠤ ᠬᠡᠷᠡᠭᠲᠡᠢ᠃            ᠮᠠᠯ ᠤᠨ ᠡᠮ ᠤᠨ ᠱᠣᠰᠢᠭ᠎ᠠ ᠪᠠ ᠲᠣᠳᠣᠷᠬᠠᠶᠢᠯᠠᠯᠲᠠ ᠶᠢᠨ ᠪᠢᠴᠢᠭ ᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ ᠨᠡᠶᠢᠲᠡᠯᠡᠭᠰᠡᠨ ᠤ ᠳᠠᠷᠠᠭ᠎ᠠ᠂ ᠬᠡᠷᠡᠭᠯᠡᠵᠦ ᠪᠣᠯᠣᠨ᠎ᠠ᠃            ᠮᠠᠯ ᠤᠨ ᠡᠮ ᠤᠨ ᠱᠣᠰᠢᠭ᠎ᠠ ᠪᠤᠶᠤ ᠲᠣᠳᠣᠷᠬᠠᠶᠢᠯᠠᠯᠲᠠ ᠶᠢᠨ ᠪᠢᠴᠢᠭ ᠬᠢᠲᠠᠳ ᠦᠰᠦᠭ ᠢᠶᠠᠷ ᠮᠠᠯ ᠤᠨ ᠡᠮ ᠤᠨ ᠨᠡᠶᠢᠳᠡᠮ ᠬᠡᠷᠡᠭᠯᠡᠭᠳᠡᠬᠦ ᠨᠡᠷᠡᠶᠢᠳᠦᠯ᠂ ᠪᠦᠷᠢᠯᠳᠦᠭᠦᠨ ᠵᠢᠴᠢ ᠲᠡᠭᠦᠨ ᠤ ᠠᠭᠤᠯᠤᠭᠳᠠᠴᠠ᠂ ᠬᠡᠪ ᠪᠠᠷᠢᠮᠵᠢᠶ᠎ᠠ᠂ ᠦᠢᠯᠡᠳᠪᠦᠷᠢᠯᠡᠭᠰᠡᠨ ᠠᠵᠤ ᠠᠬᠤᠶᠢᠯᠠᠯ᠂ ᠪᠦᠲᠦᠭᠡᠭᠳᠡᠬᠦᠨ ᠤ ᠵᠥᠪᠰᠢᠶᠡᠷᠡᠯ ᠤᠨ ᠪᠢᠴᠢᠭ ᠤᠨ ᠳ᠋ᠤᠭᠠᠷ ︵ᠭᠠᠳᠠᠭᠠᠳᠤ ᠠᠴᠠ ᠣᠷᠣᠭᠤᠯᠤᠭᠰᠠᠨ ᠮᠠᠯ ᠤᠨ ᠡᠮ ᠢ ᠳᠠᠩᠰᠠᠯᠠᠭᠤᠯᠤᠭᠰᠠᠨ ᠦᠨᠡᠮᠯᠡᠯ ᠤᠨ ᠳ᠋ᠤᠭᠠᠷ︶᠂ ᠪᠦᠲᠦᠭᠡᠭᠳᠡᠬᠦᠨ ᠤ ᠪᠥᠭᠡᠮ ᠤᠨ ᠳ᠋ᠤᠭᠠᠷ᠂ ᠦᠢᠯᠡᠳᠪᠦᠷᠢᠯᠡᠭᠰᠡᠨ ᠡᠳᠦᠷ ᠬᠤᠭᠤᠴᠠᠭ᠎ᠠ᠂ ᠬᠦᠴᠦᠨ ᠲᠠᠢ ᠬᠤᠭᠤᠴᠠᠭ᠎ᠠ᠂ ᠲᠣᠬᠢᠷᠠᠬᠤ ᠡᠪᠡᠳᠴᠢᠨ ᠪᠤᠶᠤ ᠴᠢᠳᠠᠮᠵᠢ ᠶᠢ ᠭᠤᠣᠯᠯᠠᠨ ᠵᠠᠰᠠᠬᠤ᠂ ᠬᠡᠷᠡᠭᠯᠡᠬᠦ ᠠᠷᠭ᠎ᠠ᠂ ᠬᠡᠷᠡᠭᠯᠡᠬᠦ ᠬᠡᠮᠵᠢᠶ᠎ᠡ᠂ ᠡᠮ ᠢᠶᠠᠨ ᠵᠣᠭᠰᠤᠭᠠᠬᠤ ᠬᠤᠭᠤᠴᠠᠭ᠎ᠠ᠂ ᠴᠡᠭᠡᠷᠯᠡᠬᠦ ᠵᠦᠢᠯ᠂ ᠮᠠᠭᠤ ᠨᠥᠯᠥᠭᠡ᠂ ᠠᠩᠬᠠᠷᠬᠤ ᠵᠦᠢᠯᠡᠰ᠂ ᠲᠡᠭᠡᠭᠡᠪᠦᠷᠢᠯᠡᠬᠦ ᠬᠠᠳᠠᠭᠠᠯᠠᠬᠤ ᠬᠠᠳᠠᠭᠠᠯᠠᠬᠤ ᠬᠠᠮᠢᠶᠠᠷᠬᠤ ᠨᠥᠬᠦᠴᠡᠯ ᠵᠢᠴᠢ ᠲᠣᠳᠣᠷᠬᠠᠶᠢᠯᠠᠬᠤ ᠶᠣᠰᠣᠲᠠᠢ ᠪᠤᠰᠤᠳ ᠠᠭᠤᠯᠭ᠎ᠠ ᠶᠢ ᠲᠣᠳᠣᠷᠬᠠᠶᠢᠯᠠᠬᠤ ᠬᠡᠷᠡᠭᠲᠡᠢ᠃ ᠲᠠᠸᠠᠷ ᠤᠨ ᠨᠡᠷᠡᠶᠢᠳᠦᠯ ᠲᠠᠢ ᠪᠠᠶᠢᠪᠠᠯ᠂ ᠪᠠᠰᠠ ᠲᠠᠸᠠᠷ ᠤᠨ ᠨᠡᠷᠡᠶᠢᠳᠦᠯ ᠢ ᠲᠣᠳᠣᠷᠬᠠᠶᠢᠯᠠᠬᠤ ᠬᠡᠷᠡᠭᠲᠡᠢ᠃            ᠡᠮᠦᠨᠡᠬᠢ ᠪᠠᠳᠠᠭ ᠲᠤ ᠲᠣᠭᠲᠠᠭᠠᠭᠰᠠᠨ ᠠᠭᠤᠯᠭ᠎ᠠ ᠠᠴᠠ ᠭᠠᠳᠠᠨ᠎ᠠ᠂ ᠮᠠᠯ ᠳᠤ ᠬᠡᠷᠡᠭᠯᠡᠬᠦ ᠵᠣᠷ ᠤᠨ ᠡᠮ ᠤᠨ ᠱᠣᠰᠢᠭ᠎ᠠ ᠪᠤᠶᠤ ᠲᠣᠳᠣᠷᠬᠠᠶᠢᠯᠠᠯᠲᠠ ᠶᠢᠨ ᠪᠢᠴᠢᠭ ᠲᠤ ᠪᠠᠰᠠ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠣᠭᠲᠠᠭᠠᠭᠰᠠᠨ ᠰᠡᠷᠡᠮᠵᠢᠯᠡᠭᠦᠯᠬᠦ ᠠᠭᠤᠯᠭ᠎ᠠ ᠶᠢ ᠳᠠᠷᠤᠮᠠᠯᠯᠠᠭᠰᠠᠨ ᠪᠠᠶᠢᠬᠤ ᠬᠡᠷᠡᠭᠲᠡᠢ᠂ ᠡᠭᠦᠨ ᠳᠤ ᠮᠠᠯ ᠳᠤ ᠬᠡᠷᠡᠭᠯᠡᠬᠦ ᠮᠢᠨᠴᠦᠷᠡᠭᠦᠯᠬᠦ ᠡᠮ ᠤᠨ ᠵᠦᠢᠯ᠂ ᠮᠡᠳᠡᠷᠡᠯ ᠤᠨ ᠡᠮ ᠤᠨ ᠵᠦᠢᠯ᠂ ᠬᠤᠣᠷᠲᠤ ᠴᠢᠨᠠᠷᠲᠠᠢ ᠡᠮ ᠤᠨ ᠵᠦᠢᠯ ᠪᠠ ᠰᠠᠴᠤᠷᠠᠭ ᠢᠳᠡᠪᠬᠢ ᠴᠢᠨᠠᠷᠲᠠᠢ ᠡᠮ ᠤᠨ ᠵᠦᠢᠯ ᠳᠤ ᠪᠠᠰᠠ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠣᠭᠲᠠᠭᠠᠭᠰᠠᠨ ᠣᠨᠴᠠᠭᠠᠶ ᠲᠡᠮᠳᠡᠭ ᠢ ᠳᠠᠷᠤᠮᠠᠯᠯᠠᠭᠰᠠᠨ ᠪᠠᠶᠢᠬᠤ ᠬᠡᠷᠡᠭᠲᠡᠢ ᠃ ᠮᠠᠯ ᠳᠤ ᠬᠡᠷᠡᠭᠯᠡᠬᠦ ᠵᠣᠷ ᠤᠨ ᠪᠤᠰᠤ ᠡᠮ ᠤᠨ ᠱᠣᠰᠢᠭ᠎ᠠ ᠪᠤᠶᠤ ᠲᠣᠳᠣᠷᠬᠠᠶᠢᠯᠠᠯᠲᠠ ᠶᠢᠨ ᠪᠢᠴᠢᠭ ᠲᠤ ᠪᠠᠰᠠ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠣᠭᠲᠠᠭᠠᠭᠰᠠᠨ ᠵᠣᠷ ᠤᠨ ᠪᠤᠰᠤ ᠡᠮ ᠤᠨ ᠲᠡᠮᠳᠡᠭ ᠢ ᠳᠠᠷᠤᠮᠠᠯᠯᠠᠭᠰᠠᠨ ᠪᠠᠶᠢᠬᠤ ᠬᠡᠷᠡᠭᠲᠡᠢ᠃            ᠬᠤᠷᠢᠨ ᠨᠢᠭᠡᠳᠦᠭᠡᠷ ᠵᠦᠢᠯ ᠲᠥᠷᠥ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠠᠮᠢᠲᠠᠨ ᠤ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯᠭᠦᠢ ᠪᠠᠶᠢᠬᠤ ᠪᠠ ᠬᠥᠮᠥᠨ ᠤ ᠪᠡᠶ᠎ᠡ ᠶᠢᠨ ᠡᠷᠡᠭᠦᠯ ᠮᠡᠨᠳᠦ ᠶᠢ ᠪᠠᠲᠤᠯᠠᠬᠤ ᠬᠡᠷᠡᠭᠴᠡᠭᠡ ᠶᠢ ᠦᠨᠳᠦᠰᠦᠯᠡᠨ᠂ ᠮᠠᠯ ᠤᠨ ᠰᠢᠨ᠎ᠡ ᠡᠮ ᠳᠤ 5 ᠵᠢᠯ ᠠᠴᠠ ᠬᠡᠲᠦᠷᠡᠬᠦ ᠦᠭᠡᠢ ᠬᠢᠨᠠᠨ ᠬᠡᠮᠵᠢᠬᠦ ᠬᠤᠭᠤᠴᠠᠭ᠎ᠠ ᠲᠣᠭᠲᠠᠭᠠᠵᠤ ᠪᠣᠯᠣᠨ᠎ᠠ᠃ ᠬᠢᠨᠠᠨ ᠬᠡᠮᠵᠢᠬᠦ ᠬᠤᠭᠤᠴᠠᠭᠠᠨ ᠳᠤ᠂ ᠪᠤᠰᠤᠳ ᠠᠵᠤ ᠠᠬᠤᠶᠢᠯᠠᠯ ᠤᠨ ᠲᠤᠰ ᠮᠠᠯ ᠤᠨ ᠰᠢᠨ᠎ᠡ ᠡᠮ ᠢ ᠦᠢᠯᠡᠳᠪᠦᠷᠢᠯᠡᠬᠦ ᠪᠤᠶᠤ ᠭᠠᠳᠠᠭᠠᠳᠤ ᠠᠴᠠ ᠣᠷᠣᠭᠤᠯᠬᠤ ᠶᠢ ᠵᠥᠪᠰᠢᠶᠡᠷᠡᠵᠦ ᠪᠣᠯᠬᠤ ᠦᠭᠡᠢ᠃ ᠦᠢᠯᠡᠳᠪᠦᠷᠢᠯᠡᠬᠦ ᠠᠵᠢᠯ ᠤᠨ ᠠᠵᠤ ᠠᠬᠤᠶᠢᠯᠠᠯ ᠨᠢ ᠬᠢᠨᠠᠨ ᠰᠢᠯᠭᠠᠬᠤ ᠬᠤᠭᠤᠴᠠᠭᠠᠨ ᠳᠤ ᠲᠤᠰ ᠮᠠᠯ ᠤᠨ ᠰᠢᠨ᠎ᠡ ᠡᠮ ᠤᠨ ᠡᠮᠴᠢᠯᠡᠭᠡᠨ ᠤ ᠦᠢᠯᠡᠳᠦᠯ᠂ ᠮᠠᠭᠤ ᠦᠢᠯᠡᠳᠦᠯ ᠵᠡᠷᠭᠡ ᠮᠠᠲ᠋ᠧᠷᠢᠶᠠᠯ ᠢ ᠴᠤᠭᠯᠠᠭᠤᠯᠬᠤ ᠶᠢᠨ ᠬᠠᠮᠲᠤ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠮᠡᠳᠡᠭᠦᠯᠦᠨ ᠬᠦᠷᠭᠡᠬᠦ ᠬᠡᠷᠡᠭᠲᠡᠢ᠃            ᠳᠥᠷᠪᠡᠳᠦᠭᠡᠷ ᠪᠦᠯᠦᠭᠮᠠᠯ ᠤᠨ ᠡᠮ ᠤᠨ ᠡᠵᠡᠩᠨᠡᠯᠲᠡ            ᠬᠤᠷᠢᠨ ᠬᠤᠶᠠᠳᠤᠭᠠᠷ ᠵᠦᠢᠯ ᠮᠠᠯ ᠤᠨ ᠡᠮ ᠡᠵᠡᠩᠨᠡᠬᠦ ᠠᠵᠤ ᠠᠬᠤᠶᠢᠯᠠᠯ ᠳᠠᠷᠠᠭᠠᠬᠢ ᠨᠥᠬᠦᠴᠡᠯ ᠪᠠᠶᠢᠳᠠᠯ ᠤᠳ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠄             ︵ᠨᠢᠭᠡ︶ ᠡᠵᠡᠩᠨᠡᠵᠦ ᠪᠠᠶᠢᠭ᠎ᠠ ᠮᠠᠯ ᠤᠨ ᠡᠮ ᠲᠠᠢ ᠪᠠᠨ ᠵᠣᠬᠢᠴᠠᠯᠳᠤᠭᠰᠠᠨ ᠮᠠᠯ ᠤᠨ ᠡᠮ ᠤᠨ ᠮᠡᠷᠭᠡᠵᠢᠯ ᠤᠨ ᠠᠵᠢᠯᠲᠠᠨ᠃             ︵ᠬᠤᠶᠠᠷ︶ ᠡᠵᠡᠩᠨᠡᠵᠦ ᠪᠠᠶᠢᠭ᠎ᠠ ᠮᠠᠯ ᠤᠨ ᠡᠮ ᠲᠠᠢ ᠪᠠᠨ ᠵᠣᠬᠢᠴᠠᠯᠳᠤᠭᠰᠠᠨ ᠡᠵᠡᠩᠨᠡᠯᠲᠡ ᠶᠢᠨ ᠲᠠᠯᠠᠪᠤᠷ ᠭᠠᠵᠠᠷ᠂ ᠲᠤᠨᠤᠭ ᠲᠥᠬᠦᠭᠡᠷᠦᠮᠵᠢ᠂ ᠰᠠᠩ ᠬᠥᠮᠥᠷᠭᠡ ᠶᠢᠨ ᠲᠥᠬᠦᠭᠡᠷᠦᠮᠵᠢ᠃             ︵ᠭᠤᠷᠪᠠ︶ ᠡᠵᠡᠩᠨᠡᠵᠦ ᠪᠠᠶᠢᠭ᠎ᠠ ᠮᠠᠯ ᠤᠨ ᠡᠮ ᠲᠠᠢ ᠪᠠᠨ ᠵᠣᠬᠢᠴᠠᠯᠳᠤᠭᠰᠠᠨ ᠶᠠᠰᠤ ᠴᠢᠨᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠤᠶᠤ ᠠᠵᠢᠯᠲᠠᠨ᠃             ︵ᠳᠥᠷᠪᠡ︶ ᠮᠠᠯ ᠤᠨ ᠡᠮ ᠤᠨ ᠡᠵᠡᠩᠨᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠳᠤ ᠲᠣᠭᠲᠠᠭᠠᠭᠰᠠᠨ ᠪᠤᠰᠤᠳ ᠡᠵᠡᠩᠨᠡᠯᠲᠡ ᠶᠢᠨ ᠨᠥᠬᠦᠴᠡᠯ᠃            ᠡᠮᠦᠨᠡᠬᠢ ᠪᠠᠳᠠᠭ ᠲᠤ ᠲᠣᠭᠲᠠᠭᠠᠭᠰᠠᠨ ᠨᠥᠬᠦᠴᠡᠯ ᠳᠤ ᠨᠡᠶᠢᠴᠡᠭᠰᠡᠨ ᠪᠠᠶᠢᠪᠠᠯ᠂ ᠭᠤᠶᠤᠴᠢᠯᠠᠭᠴᠢ ᠨᠢ ᠬᠤᠲᠠ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠬᠤ ᠶᠢᠨ ᠬᠠᠮᠲᠤ ᠡᠮᠦᠨᠡᠬᠢ ᠪᠠᠳᠠᠭ ᠲᠤ ᠲᠣᠭᠲᠠᠭᠠᠭᠰᠠᠨ ᠨᠥᠬᠦᠴᠡᠯ ᠳᠤ ᠨᠡᠶᠢᠴᠡᠭᠰᠡᠨ ᠭᠡᠷᠡᠴᠢᠯᠡᠬᠦ ᠮᠠᠲ᠋ᠧᠷᠢᠶᠠᠯ ᠢ ᠳᠠᠭᠠᠯᠳᠤᠭᠤᠯᠵᠤ ᠪᠣᠯᠣᠨ᠎ᠠ᠃ ᠮᠠᠯ ᠳᠤ ᠬᠡᠷᠡᠭᠯᠡᠬᠦ ᠠᠮᠢᠳᠤ ᠪᠣᠳᠠᠰ ᠤᠨ ᠪᠦᠲᠦᠭᠡᠭᠳᠡᠬᠦᠨ ᠢ ᠡᠵᠡᠩᠨᠡᠬᠦ ᠳᠤ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠬᠤ ᠶᠢᠨ ᠬᠠᠮᠲᠤ ᠡᠮᠦᠨᠡᠬᠢ ᠪᠠᠳᠠᠭ ᠲᠤ ᠲᠣᠭᠲᠠᠭᠠᠭᠰᠠᠨ ᠨᠥᠬᠦᠴᠡᠯ ᠳᠤ ᠨᠡᠶᠢᠴᠡᠭᠰᠡᠨ ᠭᠡᠷᠡᠴᠢᠯᠡᠬᠦ ᠮᠠᠲ᠋ᠧᠷᠢᠶᠠᠯ ᠢ ᠳᠠᠭᠠᠯᠳᠤᠭᠤᠯᠬᠤ ᠬᠡᠷᠡᠭᠲᠡᠢ᠃            ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠭᠤᠶᠤᠴᠢᠯᠠᠯ ᠢ ᠣᠯᠣᠭᠰᠠᠨ ᠡᠳᠦᠷ ᠠᠴᠠ ᠡᠬᠢᠯᠡᠨ 30 ᠠᠵᠢᠯ ᠤᠨ ᠡᠳᠦᠷ ᠤᠨ ᠳᠣᠲᠣᠷ᠎ᠠ ᠬᠢᠨᠠᠨ ᠪᠠᠶᠢᠴᠠᠭᠠᠵᠤ ᠳᠠᠭᠤᠰᠬᠠᠬᠤ ᠬᠡᠷᠡᠭᠲᠡᠢ᠃ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠪᠠᠶᠢᠪᠠᠯ᠂ ᠮᠠᠯ ᠤᠨ ᠡᠮ ᠡᠵᠡᠩᠨᠡᠬᠦ ᠵᠥᠪᠰᠢᠶᠡᠷᠡᠯ ᠤᠨ ᠦᠨᠡᠮᠯᠡᠯ ᠣᠯᠭᠤᠨ᠎ᠠ᠃ ᠬᠢᠷᠢ ᠲᠡᠩᠴᠡᠭᠰᠡᠨ ᠦᠭᠡᠢ ᠪᠠᠶᠢᠪᠠᠯ᠂ ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠬᠡᠷᠡᠭᠲᠡᠢ᠃            ᠬᠤᠷᠢᠨ ᠭᠤᠷᠪᠠᠳᠤᠭᠠᠷ ᠵᠦᠢᠯ ᠮᠠᠯ ᠤᠨ ᠡᠮ ᠡᠵᠡᠩᠨᠡᠬᠦ ᠵᠥᠪᠰᠢᠶᠡᠷᠡᠯ ᠤᠨ ᠦᠨᠡᠮᠯᠡᠯ ᠳᠤ ᠡᠵᠡᠩᠨᠡᠯᠲᠡ ᠶᠢᠨ ᠬᠡᠪᠴᠢᠶ᠎ᠡ᠂ ᠡᠵᠡᠩᠨᠡᠯᠲᠡ ᠶᠢᠨ ᠭᠠᠵᠠᠷ᠂ ᠬᠦᠴᠦᠨ ᠲᠠᠢ ᠬᠤᠭᠤᠴᠠᠭ᠎ᠠ ᠪᠠ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠣᠪᠣᠭ ᠨᠡᠷ᠎ᠡ᠂ ᠣᠷᠣᠨ ᠰᠠᠭᠤᠴᠠ ᠵᠡᠷᠭᠡ ᠵᠦᠢᠯᠡᠰ ᠢ ᠲᠣᠳᠣᠷᠬᠠᠢ ᠲᠡᠮᠳᠡᠭᠯᠡᠭᠰᠡᠨ ᠪᠠᠶᠢᠬᠤ ᠬᠡᠷᠡᠭᠲᠡᠢ᠃            ᠮᠠᠯ ᠤᠨ ᠡᠮ ᠡᠵᠡᠩᠨᠡᠬᠦ ᠵᠥᠪᠰᠢᠶᠡᠷᠡᠯ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ 5 ᠵᠢᠯ ᠪᠣᠯᠣᠨ᠎ᠠ᠃ ᠬᠦᠴᠦᠨ ᠲᠠᠢ ᠬᠤᠭᠤᠴᠠᠭ᠎ᠠ ᠨᠢ ᠳᠦᠭᠦᠷᠦᠭᠡᠳ᠂ ᠮᠠᠯ ᠤᠨ ᠡᠮ ᠢ ᠦᠷᠭᠦᠯᠵᠢᠯᠡᠨ ᠡᠵᠡᠩᠨᠡᠬᠦ ᠴᠢᠬᠤᠯᠠᠲᠠᠢ ᠪᠠᠶᠢᠪᠠᠯ᠂ ᠵᠥᠪᠰᠢᠶᠡᠷᠡᠯ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠳᠦᠭᠦᠷᠬᠦ ᠠᠴᠠ 6 ᠰᠠᠷ᠎ᠠ ᠶᠢᠨ ᠡᠮᠦᠨ᠎ᠡ ᠦᠨᠡᠮᠯᠡᠯ ᠣᠯᠭᠤᠭᠰᠠᠨ ᠪᠠᠶᠢᠭᠤᠯᠭ᠎ᠠ ᠳᠤ ᠬᠦᠷᠴᠦ ᠮᠠᠯ ᠤᠨ ᠡᠮ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠰᠣᠯᠢᠵᠤ ᠣᠯᠭᠤᠬᠤ ᠪᠠᠷ ᠭᠤᠶᠤᠴᠢᠯᠠᠬᠤ ᠬᠡᠷᠡᠭᠲᠡᠢ᠃            ᠬᠤᠷᠢᠨ ᠳᠥᠷᠪᠡᠳᠦᠭᠡᠷ ᠵᠦᠢᠯ ᠮᠠᠯ ᠤᠨ ᠡᠮ ᠡᠵᠡᠩᠨᠡᠬᠦ ᠠᠵᠤ ᠠᠬᠤᠶᠢᠯᠠᠯ ᠡᠵᠡᠩᠨᠡᠯᠲᠡ ᠶᠢᠨ ᠬᠡᠪᠴᠢᠶ᠎ᠡ᠂ ᠡᠵᠡᠩᠨᠡᠯᠲᠡ ᠶᠢᠨ ᠭᠠᠵᠠᠷ ᠢᠶᠠᠨ ᠬᠤᠪᠢᠷᠠᠭᠤᠯᠬᠤ ᠳᠤ ᠬᠦᠷᠪᠡᠯ᠂ ᠲᠤᠰ ᠳᠦᠷᠢᠮ ᠤᠨ ᠬᠤᠷᠢᠨ ᠬᠤᠶᠠᠳᠤᠭᠠᠷ ᠵᠦᠢᠯ ᠤᠨ ᠲᠣᠭᠲᠠᠭᠠᠯ ᠶᠣᠰᠣᠭᠠᠷ ᠮᠠᠯ ᠤᠨ ᠡᠮ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠰᠣᠯᠢᠵᠤ ᠣᠯᠭᠤᠬᠤ ᠪᠠᠷ ᠭᠤᠶᠤᠴᠢᠯᠠᠬᠤ ᠬᠡᠷᠡᠭᠲᠡᠢ᠃ ᠠᠵᠤ ᠠᠬᠤᠶᠢᠯᠠᠯ ᠤᠨ ᠨᠡᠷᠡᠶᠢᠳᠦᠯ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢ ᠬᠤᠪᠢᠷᠠᠭᠤᠯᠬᠤ ᠳᠤ ᠬᠦᠷᠪᠡᠯ᠂ ᠦᠢᠯᠡᠳᠪᠦᠷᠢ ᠬᠤᠳᠠᠯᠳᠤᠭᠠᠨ ᠤ ᠳᠠᠩᠰᠠᠯᠠᠯᠲᠠ ᠶᠢ ᠬᠤᠪᠢᠷᠠᠭᠤᠯᠬᠤ ᠭᠠᠷ ᠭᠦᠢᠴᠡᠳᠬᠡᠯ ᠬᠢᠭᠰᠡᠨ ᠤ ᠳᠠᠷᠠᠭᠠᠬᠢ 15 ᠠᠵᠢᠯᠯᠠᠬᠤ ᠡᠳᠦᠷ ᠤᠨ ᠳᠣᠲᠣᠷ᠎ᠠ᠂ ᠦᠨᠡᠮᠯᠡᠯ ᠣᠯᠭᠤᠭᠰᠠᠨ ᠪᠠᠶᠢᠭᠤᠯᠭ᠎ᠠ ᠳᠤ ᠬᠦᠷᠴᠦ ᠮᠠᠯ ᠤᠨ ᠡᠮ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠰᠣᠯᠢᠬᠤ ᠪᠠᠷ ᠭᠤᠶᠤᠴᠢᠯᠠᠬᠤ ᠬᠡᠷᠡᠭᠲᠡᠢ᠃            ᠬᠤᠷᠢᠨ ᠲᠠᠪᠤᠳᠤᠭᠠᠷ ᠵᠦᠢᠯ ᠮᠠᠯ ᠤᠨ ᠡᠮ ᠡᠵᠡᠩᠨᠡᠬᠦ ᠠᠵᠤ ᠠᠬᠤᠶᠢᠯᠠᠯ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠣᠭᠲᠠᠭᠠᠭᠰᠠᠨ ᠮᠠᠯ ᠤᠨ ᠡᠮ ᠡᠵᠡᠩᠨᠡᠬᠦ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠢ ᠵᠢᠷᠤᠮᠯᠠᠬᠤ ᠬᠡᠷᠡᠭᠲᠡᠢ᠃            ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠮᠠᠯ ᠤᠨ ᠡᠮ ᠡᠵᠡᠩᠨᠡᠬᠦ ᠠᠵᠤ ᠠᠬᠤᠶᠢᠯᠠᠯ ᠤᠨ ᠮᠠᠯ ᠤᠨ ᠡᠮ ᠡᠵᠡᠩᠨᠡᠬᠦ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠤᠨ ᠱᠠᠭᠠᠷᠳᠠᠯᠭ᠎ᠠ ᠳᠤ ᠨᠡᠶᠢᠴᠡᠬᠦ ᠡᠰᠡᠬᠦ ᠶᠢ ᠬᠢᠨᠠᠨ ᠪᠠᠶᠢᠴᠠᠭᠠᠬᠤ ᠶᠢᠨ ᠬᠠᠮᠲᠤ ᠪᠠᠶᠢᠴᠠᠭᠠᠭᠰᠠᠨ ᠦᠷ᠎ᠡ ᠳ᠋ᠦᠩ ᠢᠶᠠᠨ ᠨᠡᠶᠢᠲᠡᠯᠡᠬᠦ ᠬᠡᠷᠡᠭᠲᠡᠢ᠃            ᠬᠤᠷᠢᠨ ᠵᠢᠷᠭᠤᠳᠤᠭᠠᠷ ᠵᠦᠢᠯ ᠮᠠᠯ ᠤᠨ ᠡᠮ ᠡᠵᠡᠩᠨᠡᠬᠦ ᠠᠵᠤ ᠠᠬᠤᠶᠢᠯᠠᠯ ᠮᠠᠯ ᠤᠨ ᠡᠮ ᠬᠤᠳᠠᠯᠳᠤᠨ ᠣᠷᠣᠭᠤᠯᠬᠤ ᠳᠠᠭᠠᠨ ᠮᠠᠯ ᠤᠨ ᠡᠮ ᠤᠨ ᠪᠦᠲᠦᠭᠡᠭᠳᠡᠬᠦᠨ ᠢ ᠪᠦᠲᠦᠭᠡᠭᠳᠡᠬᠦᠨ ᠤ ᠱᠣᠰᠢᠭ᠎ᠠ ᠲᠡᠮᠳᠡᠭ ᠪᠤᠶᠤ ᠲᠣᠳᠣᠷᠬᠠᠶᠢᠯᠠᠯᠲᠠ ᠶᠢᠨ ᠪᠢᠴᠢᠭ᠂ ᠪᠦᠲᠦᠭᠡᠭᠳᠡᠬᠦᠨ ᠤ ᠶᠠᠰᠤ ᠴᠢᠨᠠᠷ ᠤᠨ ᠬᠢᠷᠢ ᠲᠡᠩᠴᠡᠭᠰᠡᠨ ᠦᠨᠡᠮᠯᠡᠯ ᠲᠠᠢ ᠬᠠᠷᠭᠤᠭᠤᠯᠤᠭᠠᠳ ᠪᠤᠷᠤᠭᠤ ᠦᠭᠡᠢ ᠪᠠᠶᠢᠬᠤ ᠬᠡᠷᠡᠭᠲᠡᠢ᠃            ᠬᠤᠷᠢᠨ ᠳᠣᠯᠣᠳᠤᠭᠠᠷ ᠵᠦᠢᠯ ᠮᠠᠯ ᠤᠨ ᠡᠮ ᠡᠵᠡᠩᠨᠡᠬᠦ ᠠᠵᠤ ᠠᠬᠤᠶᠢᠯᠠᠯ ᠨᠢ ᠮᠠᠯ ᠤᠨ ᠡᠮ ᠤᠨ ᠴᠢᠳᠠᠮᠵᠢ ᠶᠢ ᠭᠤᠣᠯᠯᠠᠨ ᠵᠠᠰᠠᠬᠤ᠂ ᠬᠡᠷᠡᠭᠯᠡᠬᠦ ᠠᠷᠭ᠎ᠠ᠂ ᠬᠡᠷᠡᠭᠯᠡᠬᠦ ᠬᠡᠮᠵᠢᠶ᠎ᠡ ᠪᠠ ᠠᠩᠬᠠᠷᠬᠤ ᠵᠦᠢᠯᠡᠰ ᠢ ᠬᠤᠳᠠᠯᠳᠤᠨ ᠠᠪᠤᠭᠴᠢ ᠳᠤ ᠲᠣᠳᠣᠷᠬᠠᠶᠢᠯᠠᠵᠤ ᠥᠭᠬᠦ ᠬᠡᠷᠡᠭᠲᠡᠢ᠃ ᠮᠠᠯ ᠳᠤ ᠬᠡᠷᠡᠭᠯᠡᠬᠦ ᠵᠣᠷ ᠤᠨ ᠡᠮ ᠢ ᠪᠣᠷᠣᠯᠠᠭᠤᠯᠬᠤ ᠳᠠᠭᠠᠨ ᠮᠠᠯ ᠳᠤ ᠬᠡᠷᠡᠭᠯᠡᠬᠦ ᠵᠣᠷ ᠤᠨ ᠡᠮ ᠤᠨ ᠬᠠᠮᠢᠶᠠᠷᠤᠯᠲᠠ ᠶᠢᠨ ᠠᠷᠭ᠎ᠠ ᠶᠢ ᠵᠢᠷᠤᠮᠯᠠᠬᠤ ᠬᠡᠷᠡᠭᠲᠡᠢ᠃            ᠮᠠᠯ ᠤᠨ ᠡᠮ ᠡᠵᠡᠩᠨᠡᠬᠦ ᠠᠵᠤ ᠠᠬᠤᠶᠢᠯᠠᠯ ᠮᠠᠯ ᠳᠤ ᠬᠡᠷᠡᠭᠯᠡᠬᠦ ᠬᠢᠲᠠᠳ ᠡᠮ ᠤᠨ ᠮᠠᠲ᠋ᠧᠷᠢᠶᠠᠯ ᠢ ᠪᠣᠷᠣᠯᠠᠭᠤᠯᠬᠤ ᠳᠠᠭᠠᠨ ᠦᠢᠯᠡᠳᠪᠦᠷᠢᠯᠡᠭᠰᠡᠨ ᠭᠠᠵᠠᠷ ᠢ ᠨᠢ ᠲᠣᠳᠣᠷᠬᠠᠶᠢᠯᠠᠬᠤ ᠬᠡᠷᠡᠭᠲᠡᠢ᠃            ᠮᠠᠯ ᠤᠨ ᠡᠮ ᠡᠵᠡᠩᠨᠡᠬᠦ ᠠᠵᠤ ᠠᠬᠤᠶᠢᠯᠠᠯ ᠤᠨ ᠬᠥᠮᠥᠨ ᠤ ᠬᠡᠷᠡᠭᠯᠡᠬᠦ ᠡᠮ ᠤᠨ ᠵᠦᠢᠯ ᠪᠠ ᠬᠠᠭᠤᠷᠮᠠᠭ᠂ ᠮᠠᠭᠤ ᠮᠠᠯ ᠤᠨ ᠡᠮ ᠡᠵᠡᠩᠨᠡᠬᠦ ᠶᠢ ᠴᠠᠭᠠᠵᠠᠯᠠᠨ᠎ᠠ᠃            ᠬᠤᠷᠢᠨ ᠨᠠᠢᠮᠠᠳᠤᠭᠠᠷ ᠵᠦᠢᠯ ᠮᠠᠯ ᠤᠨ ᠡᠮ ᠡᠵᠡᠩᠨᠡᠬᠦ ᠠᠵᠤ ᠠᠬᠤᠶᠢᠯᠠᠯ ᠮᠠᠯ ᠤᠨ ᠡᠮ ᠬᠤᠳᠠᠯᠳᠤᠨ ᠠᠪᠬᠤ ᠪᠠ ᠪᠣᠷᠣᠯᠠᠭᠤᠯᠬᠤ ᠳᠠᠭᠠᠨ ᠬᠤᠳᠠᠯᠳᠤᠨ ᠠᠪᠬᠤ ᠪᠠ ᠪᠣᠷᠣᠯᠠᠭᠤᠯᠤᠭᠰᠠᠨ ᠲᠡᠮᠳᠡᠭᠯᠡᠯ ᠬᠢᠬᠦ ᠬᠡᠷᠡᠭᠲᠡᠢ᠃ ᠬᠤᠳᠠᠯᠳᠤᠨ ᠠᠪᠬᠤ ᠪᠠ ᠪᠣᠷᠣᠯᠠᠭᠤᠯᠬᠤ ᠲᠡᠮᠳᠡᠭᠯᠡᠯ ᠳᠤ ᠮᠠᠯ ᠤᠨ ᠡᠮ ᠤᠨ ᠲᠠᠸᠠᠷ ᠤᠨ ᠨᠡᠷᠡᠶᠢᠳᠦᠯ᠂ ᠨᠡᠶᠢᠳᠡᠮ ᠬᠡᠷᠡᠭᠯᠡᠬᠦ ᠨᠡᠷᠡᠶᠢᠳᠦᠯ᠂ ᠨᠠᠶᠢᠷᠠᠯᠭ᠎ᠠ ᠶᠢᠨ ᠬᠡᠯᠪᠡᠷᠢ᠂ ᠬᠡᠪ ᠪᠠᠷᠢᠮᠵᠢᠶ᠎ᠠ᠂ ᠪᠥᠭᠡᠮ ᠤᠨ ᠳ᠋ᠤᠭᠠᠷ᠂ ᠬᠦᠴᠦᠨ ᠲᠠᠢ ᠬᠤᠭᠤᠴᠠᠭ᠎ᠠ᠂ ᠦᠢᠯᠡᠳᠪᠦᠷᠢᠯᠡᠭᠰᠡᠨ ᠦᠢᠯᠡᠳᠪᠦᠷᠢ ᠬᠤᠳᠠᠯᠳᠤᠭᠠᠴᠢᠨ᠂ ᠬᠤᠳᠠᠯᠳᠤᠨ ᠠᠪᠬᠤ ᠪᠠ ᠪᠣᠷᠣᠯᠠᠭᠤᠯᠬᠤ ᠨᠢᠭᠡᠴᠢ᠂ ᠬᠤᠳᠠᠯᠳᠤᠨ ᠠᠪᠬᠤ ᠪᠠ ᠪᠣᠷᠣᠯᠠᠭᠤᠯᠬᠤ ᠲᠤᠭ᠎ᠠ ᠬᠡᠮᠵᠢᠶ᠎ᠡ᠂ ᠬᠤᠳᠠᠯᠳᠤᠨ ᠠᠪᠬᠤ ᠪᠠ ᠪᠣᠷᠣᠯᠠᠭᠤᠯᠬᠤ ᠡᠳᠦᠷ ᠬᠤᠭᠤᠴᠠᠭ᠎ᠠ ᠪᠣᠯᠣᠨ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠣᠭᠲᠠᠭᠠᠭᠰᠠᠨ ᠪᠤᠰᠤᠳ ᠵᠦᠢᠯᠡᠰ ᠢ ᠲᠣᠳᠣᠷᠬᠠᠢ ᠲᠡᠮᠳᠡᠭᠯᠡᠭᠰᠡᠨ ᠪᠠᠶᠢᠬᠤ ᠬᠡᠷᠡᠭᠲᠡᠢ᠃            ᠬᠤᠷᠢ ᠶᠢᠰᠦᠳᠦᠭᠡᠷ ᠵᠦᠢᠯ ᠮᠠᠯ ᠤᠨ ᠡᠮ ᠡᠵᠡᠩᠨᠡᠬᠦ ᠠᠵᠤ ᠠᠬᠤᠶᠢᠯᠠᠯ ᠤᠳ ᠮᠠᠯ ᠤᠨ ᠡᠮ ᠢ ᠬᠠᠳᠠᠭᠠᠯᠠᠨ ᠬᠠᠮᠢᠶᠠᠷᠬᠤ ᠳᠦᠷᠢᠮ ᠢ ᠪᠠᠶᠢᠭᠤᠯᠵᠤ᠂ ᠬᠦᠢᠲᠡᠨ ᠢᠶᠠᠷ ᠬᠠᠳᠠᠭᠠᠯᠠᠬᠤ᠂ ᠬᠥᠯᠳᠡᠬᠦ ᠠᠴᠠ ᠰᠡᠷᠭᠡᠶᠢᠯᠡᠬᠦ᠂ ᠴᠢᠭᠢᠭᠲᠦᠬᠦ ᠠᠴᠠ ᠰᠡᠷᠭᠡᠶᠢᠯᠡᠬᠦ᠂ ᠬᠤᠷᠣᠬᠠᠶᠢᠲᠤᠬᠤ ᠠᠴᠠ ᠰᠡᠷᠭᠡᠶᠢᠯᠡᠬᠦ᠂ ᠬᠤᠯᠤᠭᠠᠨ᠎ᠠ ᠠᠴᠠ ᠰᠡᠷᠭᠡᠶᠢᠯᠡᠬᠦ ᠵᠡᠷᠭᠡ ᠴᠢᠬᠤᠯᠠ ᠪᠦᠬᠦᠢ ᠠᠷᠭ᠎ᠠ ᠬᠡᠮᠵᠢᠶ᠎ᠡ ᠠᠪᠴᠤ᠂ ᠡᠵᠡᠩᠨᠡᠵᠦ ᠪᠠᠶᠢᠭ᠎ᠠ ᠮᠠᠯ ᠤᠨ ᠡᠮ ᠤᠨ ᠴᠢᠨᠠᠷ ᠴᠢᠨᠰᠠᠭ᠎ᠠ ᠶᠢ ᠪᠠᠲᠤᠯᠠᠬᠤ ᠬᠡᠷᠡᠭᠲᠡᠢ᠃            ᠮᠠᠯ ᠤᠨ ᠡᠮ ᠢ ᠬᠥᠮᠥᠷᠭᠡ ᠳᠤ ᠣᠷᠣᠭᠤᠯᠬᠤ᠂ ᠬᠥᠮᠥᠷᠭᠡ ᠠᠴᠠ ᠭᠠᠷᠭᠠᠬᠤ ᠳᠤ ᠪᠠᠶᠢᠴᠠᠭᠠᠵᠤ ᠰᠢᠯᠭᠠᠨ ᠠᠪᠬᠤ ᠳᠦᠷᠢᠮ ᠢ ᠬᠡᠷᠡᠭᠵᠢᠭᠦᠯᠬᠦ ᠬᠡᠷᠡᠭᠲᠡᠢ ᠪᠥᠭᠡᠳ ᠣᠨᠣᠪᠴᠢᠲᠠᠶ ᠲᠡᠮᠳᠡᠭᠯᠡᠯ ᠲᠠᠢ ᠪᠠᠶᠢᠬᠤ ᠬᠡᠷᠡᠭᠲᠡᠢ᠃            ᠭᠤᠴᠢᠳᠤᠭᠠᠷ ᠵᠦᠢᠯ ᠡᠯᠪᠠᠳᠠᠯᠭ᠎ᠠ ᠪᠠᠷ ᠴᠠᠷᠤᠯᠲᠠ ᠬᠢᠯᠭᠡᠬᠦ ᠳᠤ ᠬᠡᠷᠡᠭᠰᠡᠬᠦ ᠮᠠᠯ ᠳᠤ ᠬᠡᠷᠡᠭᠯᠡᠬᠦ ᠠᠮᠢᠳᠤ ᠪᠣᠳᠠᠰ ᠤᠨ ᠪᠦᠲᠦᠭᠡᠭᠳᠡᠬᠦᠨ ᠤ ᠡᠵᠡᠩᠨᠡᠯᠲᠡ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠳᠦᠷᠢᠮ ᠳᠤ ᠨᠡᠶᠢᠴᠡᠭᠰᠡᠨ ᠪᠠᠶᠢᠬᠤ ᠬᠡᠷᠡᠭᠲᠡᠢ᠃            ᠭᠤᠴᠢᠨ ᠨᠢᠭᠡᠳᠦᠭᠡᠷ ᠵᠦᠢᠯ ᠮᠠᠯ ᠤᠨ ᠡᠮ ᠤᠨ ᠵᠠᠷ ᠤᠨ ᠠᠭᠤᠯᠭ᠎ᠠ ᠨᠢ ᠮᠠᠯ ᠤᠨ ᠡᠮ ᠤᠨ ᠲᠣᠳᠣᠷᠬᠠᠶᠢᠯᠠᠯᠲᠠ ᠶᠢᠨ ᠠᠭᠤᠯᠭ᠎ᠠ ᠲᠠᠢ ᠨᠢᠭᠡᠳᠦᠯᠲᠡᠢ ᠪᠠᠶᠢᠬᠤ ᠬᠡᠷᠡᠭᠲᠡᠢ᠂ ᠪᠦᠬᠦ ᠤᠯᠤᠰ ᠤᠨ ᠭᠤᠣᠯᠳᠠᠯᠭ᠎ᠠ ᠲᠠᠢ ᠵᠠᠭᠤᠴᠢᠯᠠᠭᠤᠷ ᠲᠤ ᠮᠠᠯ ᠤᠨ ᠡᠮ ᠤᠨ ᠵᠠᠷ ᠨᠡᠶᠢᠲᠡᠯᠡᠬᠦ ᠳᠤ ᠬᠦᠷᠪᠡᠯ᠂ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠡᠳ᠂ ᠮᠠᠯ ᠤᠨ ᠡᠮ ᠤᠨ ᠵᠠᠷ ᠢ ᠬᠢᠨᠠᠨ ᠪᠠᠶᠢᠴᠠᠭᠠᠵᠤ ᠵᠥᠪᠰᠢᠶᠡᠷᠡᠭᠰᠡᠨ ᠪᠢᠴᠢᠭ ᠤᠨ ᠳ᠋ᠤᠭᠠᠷ ᠢ ᠣᠯᠣᠭᠰᠠᠨ ᠪᠠᠶᠢᠬᠤ ᠬᠡᠷᠡᠭᠲᠡᠢ᠃ ᠣᠷᠣᠨ ᠨᠤᠲᠤᠭ ᠤᠨ ᠵᠠᠭᠤᠴᠢᠯᠠᠭᠤᠷ ᠲᠤ ᠮᠠᠯ ᠤᠨ ᠡᠮ ᠤᠨ ᠵᠠᠷ ᠨᠡᠶᠢᠲᠡᠯᠡᠬᠦ ᠳᠤ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠡᠳ᠂ ᠮᠠᠯ ᠤᠨ ᠡᠮ ᠤᠨ ᠵᠠᠷ ᠢ ᠬᠢᠨᠠᠨ ᠪᠠᠶᠢᠴᠠᠭᠠᠵᠤ ᠵᠥᠪᠰᠢᠶᠡᠷᠡᠭᠰᠡᠨ ᠪᠢᠴᠢᠭ ᠤᠨ ᠳ᠋ᠤᠭᠠᠷ ᠢ ᠣᠯᠣᠭᠰᠠᠨ ᠪᠠᠶᠢᠬᠤ ᠬᠡᠷᠡᠭᠲᠡᠢ᠃ ᠵᠥᠪᠰᠢᠶᠡᠷᠡᠭᠦᠯᠦᠭᠰᠡᠨ ᠦᠭᠡᠢ ᠪᠣᠯ ᠨᠡᠶᠢᠲᠡᠯᠡᠵᠦ ᠪᠣᠯᠬᠤ ᠦᠭᠡᠢ᠃            ᠲᠠᠪᠤᠳᠤᠭᠠᠷ ᠪᠦᠯᠦᠭᠮᠠᠯ ᠤᠨ ᠡᠮ ᠢ ᠭᠠᠳᠠᠭᠠᠳᠤ ᠠᠴᠠ ᠣᠷᠣᠭᠤᠯᠵᠤ            ᠭᠤᠴᠢᠨ ᠬᠤᠶᠠᠳᠤᠭᠠᠷ ᠵᠦᠢᠯ ᠡᠩᠬ᠎ᠠ ᠤᠳᠠᠭ᠎ᠠ ᠳᠤᠮᠳᠠᠳᠤ ᠤᠯᠤᠰ ᠲᠤ ᠭᠠᠷᠭᠠᠬᠤ ᠮᠠᠯ ᠤᠨ ᠡᠮ ᠢ ᠭᠠᠳᠠᠭᠠᠳᠤ ᠳᠤ ᠭᠠᠷᠭᠠᠬᠤ ᠲᠠᠯ᠎ᠠ ᠶᠢᠨ ᠳᠤᠮᠳᠠᠳᠤ ᠤᠯᠤᠰ ᠤᠨ ᠬᠢᠯᠢ ᠶᠢᠨ ᠳᠣᠲᠣᠷ᠎ᠠ ᠰᠠᠭᠤᠭ᠎ᠠ ᠬᠡᠷᠡᠭ ᠡᠷᠬᠢᠯᠡᠬᠦ ᠪᠠᠶᠢᠭᠤᠯᠤᠮᠵᠢ ᠪᠤᠶᠤ ᠲᠡᠭᠦᠨ ᠤ ᠨᠠᠶᠢᠳᠠᠭᠰᠠᠨ ᠳᠤᠮᠳᠠᠳᠤ ᠤᠯᠤᠰ ᠤᠨ ᠬᠢᠯᠢ ᠶᠢᠨ ᠳᠣᠲᠣᠷᠠᠬᠢ ᠣᠷᠣᠯᠠᠬᠤ ᠪᠠᠶᠢᠭᠤᠯᠤᠮᠵᠢ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠪᠦᠷᠢᠳᠬᠡᠭᠦᠯᠬᠦ ᠪᠠᠷ ᠭᠤᠶᠤᠴᠢᠯᠠᠬᠤ ᠶᠢᠨ ᠬᠠᠮᠲᠤ ᠳᠠᠷᠠᠭᠠᠬᠢ ᠮᠠᠲ᠋ᠧᠷᠢᠶᠠᠯ ᠪᠠ ᠡᠳ᠋ ᠪᠣᠳᠠᠰ ᠢ ᠲᠤᠰᠢᠶᠠᠨ᠎ᠠ᠄             ︵ᠨᠢᠭᠡ︶ ᠦᠢᠯᠡᠳᠪᠦᠷᠢᠯᠡᠬᠦ ᠠᠵᠢᠯ ᠤᠨ ᠠᠵᠤ ᠠᠬᠤᠶᠢᠯᠠᠯ ᠤᠨ ᠪᠠᠶᠢᠭ᠎ᠠ ᠤᠯᠤᠰ ︵ᠭᠠᠵᠠᠷ ᠣᠷᠣᠨ︶ ᠤᠨ ᠮᠠᠯ ᠤᠨ ᠡᠮ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠦᠢᠯᠡᠳᠪᠦᠷᠢᠯᠡᠬᠦ᠂ ᠪᠣᠷᠣᠯᠠᠭᠤᠯᠬᠤ ᠶᠢ ᠵᠥᠪᠰᠢᠶᠡᠷᠡᠭᠰᠡᠨ ᠭᠡᠷᠡᠴᠢᠯᠡᠬᠦ ᠪᠢᠴᠢᠭ ᠮᠠᠲ᠋ᠧᠷᠢᠶᠠᠯ᠃             ︵ᠬᠤᠶᠠᠷ︶ ᠦᠢᠯᠡᠳᠪᠦᠷᠢᠯᠡᠬᠦ ᠠᠵᠢᠯ ᠤᠨ ᠠᠵᠤ ᠠᠬᠤᠶᠢᠯᠠᠯ ᠤᠨ ᠪᠠᠶᠢᠭ᠎ᠠ ᠤᠯᠤᠰ ︵ᠭᠠᠵᠠᠷ ᠣᠷᠣᠨ︶  ᠤᠨ ᠮᠠᠯ ᠤᠨ ᠡᠮ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠣᠯᠭᠤᠭᠰᠠᠨ ᠮᠠᠯ ᠤᠨ ᠡᠮ ᠤᠨ ᠦᠢᠯᠡᠳᠪᠦᠷᠢᠯᠡᠬᠦ ᠠᠵᠢᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠳᠤ ᠨᠡᠶᠢᠴᠡᠭᠰᠡᠨ ᠭᠡᠷᠡᠴᠢᠯᠡᠬᠦ ᠪᠢᠴᠢᠭ ᠮᠠᠲ᠋ᠧᠷᠢᠶᠠᠯ᠃             ︵ᠭᠤᠷᠪᠠ︶ ᠮᠠᠯ ᠤᠨ ᠡᠮ ᠢ ᠦᠢᠯᠡᠳᠬᠦ ᠠᠷᠭ᠎ᠠ᠂ ᠦᠢᠯᠡᠳᠪᠦᠷᠢᠯᠡᠬᠦ ᠤᠷᠠᠯᠠᠯ᠂ ᠶᠠᠰᠤ ᠴᠢᠨᠠᠷ ᠤᠨ ᠪᠠᠷᠢᠮᠵᠢᠶ᠎ᠠ᠂ ᠰᠢᠯᠭᠠᠨ ᠬᠡᠮᠵᠢᠬᠦ ᠠᠷᠭ᠎ᠠ᠂ ᠡᠮ ᠤᠨ ᠵᠦᠢ ᠪᠠ ᠬᠤᠣᠷ ᠵᠦᠢ ᠶᠢᠨ ᠲᠤᠷᠰᠢᠯᠲᠠ ᠶᠢᠨ ᠦᠷ᠎ᠡ ᠳ᠋ᠦᠩ᠂ ᠡᠮᠴᠢᠯᠡᠭᠡᠨ ᠤ ᠲᠤᠷᠰᠢᠯᠲᠠ ᠶᠢᠨ ᠮᠡᠳᠡᠭᠦᠯᠦᠯᠲᠡ᠂ ᠲᠣᠭᠲᠠᠪᠤᠷᠢᠲᠤ ᠴᠢᠨᠠᠷ ᠤᠨ ᠲᠤᠷᠰᠢᠯᠲᠠ ᠶᠢᠨ ᠮᠡᠳᠡᠭᠦᠯᠦᠯᠲᠡ ᠵᠢᠴᠢ ᠪᠤᠰᠤᠳ ᠬᠤᠯᠪᠣᠭᠳᠠᠯ ᠪᠦᠬᠦᠢ ᠮᠠᠲ᠋ᠧᠷᠢᠶᠠᠯ᠃ ᠢᠳᠡᠰᠢᠨ ᠤ ᠠᠮᠢᠲᠠᠨ ᠳᠤ ᠬᠡᠷᠡᠭᠯᠡᠬᠦ ᠮᠠᠯ ᠤᠨ ᠡᠮ ᠤᠨ ᠡᠮ ᠢᠶᠠᠨ ᠵᠣᠭᠰᠤᠭᠠᠬᠤ ᠬᠤᠭᠤᠴᠠᠭ᠎ᠠ᠂ ᠬᠠᠮᠤᠭ ᠤᠨ ᠥᠨᠳᠥᠷ ᠦᠯᠡᠳᠡᠭᠳᠡᠯ ᠤᠨ ᠬᠢᠵᠠᠭᠠᠷ ᠬᠡᠮᠵᠢᠶ᠎ᠡ ᠶᠢᠨ ᠪᠠᠷᠢᠮᠵᠢᠶ᠎ᠠ᠂ ᠦᠯᠡᠳᠡᠭᠳᠡᠯ ᠢ ᠰᠢᠯᠭᠠᠨ ᠪᠠᠶᠢᠴᠠᠭᠠᠬᠤ ᠠᠷᠭ᠎ᠠ ᠵᠢᠴᠢ ᠲᠡᠭᠦᠨ ᠢ ᠲᠣᠭᠲᠠᠭᠠᠬᠤ ᠦᠨᠳᠦᠰᠦᠯᠡᠯ ᠵᠡᠷᠭᠡ ᠮᠠᠲ᠋ᠧᠷᠢᠶᠠᠯ᠃             ︵ᠳᠥᠷᠪᠡ︶ ᠮᠠᠯ ᠤᠨ ᠡᠮ ᠤᠨ ᠱᠣᠰᠢᠭ᠎ᠠ ᠪᠠ ᠲᠣᠳᠣᠷᠬᠠᠶᠢᠯᠠᠯᠲᠠ ᠶᠢᠨ ᠦᠯᠢᠭᠡᠷ ᠳᠡᠪᠲᠡᠷ᠃             ︵ᠲᠠᠪᠤ︶ ᠮᠠᠯ ᠤᠨ ᠡᠮ ᠤᠨ ᠦᠯᠢᠭᠡᠷ ᠡᠳ᠋᠂ ᠬᠠᠷᠢᠴᠠᠭᠤᠯᠤᠭᠰᠠᠨ ᠵᠦᠢᠯ᠂ ᠪᠠᠷᠢᠮᠵᠢᠶᠠᠲᠤ ᠡᠳ᠋᠃             ︵ᠵᠢᠷᠭᠤᠭ᠎ᠠ︶ ᠣᠷᠴᠢᠨ ᠲᠣᠭᠤᠷᠢᠨ ᠤ ᠨᠥᠯᠥᠭᠡᠯᠡᠯ ᠤᠨ ᠮᠡᠳᠡᠭᠦᠯᠦᠯᠲᠡ ᠪᠠ ᠪᠣᠬᠢᠷᠲᠤᠯ ᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ᠃             ︵ᠲᠤᠯᠤᠭ᠎ᠠ︶ ᠮᠠᠯ ᠤᠨ ᠡᠮ ᠤᠨ ᠠᠶᠤᠯᠭᠦᠢ ᠴᠢᠨᠠᠷ ᠲᠤ ᠬᠤᠯᠪᠣᠭᠳᠠᠬᠤ ᠪᠤᠰᠤᠳ ᠮᠠᠲ᠋ᠧᠷᠢᠶᠠᠯ᠃ ᠳᠤᠮᠳᠠᠳᠤ ᠤᠯᠤᠰ ᠲᠤ ᠮᠠᠯ ᠳᠤ ᠬᠡᠷᠡᠭᠯᠡᠬᠦ ᠠᠮᠢᠳᠤ ᠪᠣᠳᠠᠰ ᠤᠨ ᠪᠦᠲᠦᠭᠡᠭᠳᠡᠬᠦᠨ ᠢ ᠭᠠᠳᠠᠭᠠᠳᠤ ᠳᠤ ᠭᠠᠷᠭᠠᠬᠤ ᠪᠠᠷ ᠭᠤᠶᠤᠴᠢᠯᠠᠬᠤ ᠳᠤ ᠪᠠᠰᠠ ᠪᠠᠺᠲ᠋ᠧᠷᠢ ︵ᠬᠤᠣᠷ᠂ ᠬᠤᠷᠣᠬᠠᠢ︶ ᠶᠢᠨ ᠦᠷ᠎ᠡ᠂ ᠡᠰ ᠵᠡᠷᠭᠡ ᠬᠤᠯᠪᠣᠭᠳᠠᠯ ᠪᠦᠬᠦᠢ ᠮᠠᠲ᠋ᠧᠷᠢᠶᠠᠯ ᠪᠠ ᠮᠠᠲ᠋ᠧᠷᠢᠶᠠᠯ ᠢ ᠬᠠᠩᠭᠠᠬᠤ ᠬᠡᠷᠡᠭᠲᠡᠢ᠃            ᠭᠤᠴᠢᠨ ᠭᠤᠷᠪᠠᠳᠤᠭᠠᠷ ᠵᠦᠢᠯ ᠲᠥᠷᠥ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠭᠤᠶᠤᠴᠢᠯᠠᠯ ᠢ ᠣᠯᠣᠭᠰᠠᠨ ᠡᠳᠦᠷ ᠠᠴᠠ ᠡᠬᠢᠯᠡᠨ 10 ᠠᠵᠢᠯ ᠤᠨ ᠡᠳᠦᠷ ᠤᠨ ᠳᠣᠲᠣᠷ᠎ᠠ ᠠᠩᠬ᠎ᠠ ᠠᠯᠬᠤᠮ ᠤᠨ ᠬᠢᠨᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠬᠤ ᠬᠡᠷᠡᠭᠲᠡᠢ᠃ ᠠᠩᠬ᠎ᠠ ᠠᠯᠬᠤᠮ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠪᠠᠶᠢᠪᠠᠯ᠂ ᠬᠦᠯᠢᠶᠡᠨ ᠠᠪᠴᠤ ᠰᠢᠢᠳᠪᠦᠷᠢᠯᠡᠬᠦ ᠪᠠᠷ ᠲᠣᠭᠲᠠᠭᠰᠠᠨ ᠮᠠᠯ ᠤᠨ ᠡᠮ ᠤᠨ ᠮᠠᠲ᠋ᠧᠷᠢᠶᠠᠯ ᠢ ᠲᠡᠭᠦᠨ ᠤ ᠪᠠᠶᠢᠭᠤᠯᠤᠭᠰᠠᠨ ᠮᠠᠯ ᠤᠨ ᠡᠮ ᠤᠨ ᠬᠢᠨᠠᠨ ᠲᠣᠭᠲᠠᠭᠠᠬᠤ ᠪᠠᠶᠢᠭᠤᠯᠤᠮᠵᠢ ᠳᠤ ᠬᠦᠷᠭᠡᠨ ᠬᠢᠨᠠᠨ ᠲᠣᠭᠲᠠᠭᠠᠯᠭᠠᠵᠤ᠂ ᠲᠤᠰ ᠮᠠᠯ ᠤᠨ ᠡᠮ ᠤᠨ ᠦᠯᠢᠭᠡᠷ ᠡᠳ᠋ ᠢ ᠲᠡᠭᠦᠨ ᠤ ᠵᠢᠭᠠᠨ ᠲᠣᠭᠲᠠᠭᠠᠭᠰᠠᠨ ᠰᠢᠯᠭᠠᠨ ᠪᠠᠶᠢᠴᠠᠭᠠᠬᠤ ᠪᠠᠶᠢᠭᠤᠯᠤᠮᠵᠢ ᠳᠤ ᠬᠦᠷᠭᠡᠨ ᠳᠠᠬᠢᠨ ᠬᠢᠨᠠᠭᠤᠯᠵᠤ ᠰᠢᠯᠭᠠᠨ ᠪᠠᠶᠢᠴᠠᠭᠠᠯᠭᠠᠬᠤ ᠶᠢᠨ ᠬᠠᠮᠲᠤ ᠬᠢᠨᠠᠨ ᠲᠣᠭᠲᠠᠭᠠᠭᠰᠠᠨ ᠪᠠ ᠳᠠᠬᠢᠨ ᠬᠢᠨᠠᠭᠰᠠᠨ ᠰᠢᠯᠭᠠᠨ ᠪᠠᠶᠢᠴᠠᠭᠠᠯᠲᠠ ᠶᠢᠨ ᠳ᠋ᠦᠩ ᠢ ᠣᠯᠣᠭᠰᠠᠨ ᠡᠳᠦᠷ ᠠᠴᠠ ᠡᠬᠢᠯᠡᠨ 60 ᠠᠵᠢᠯ ᠤᠨ ᠡᠳᠦᠷ ᠤᠨ ᠳᠣᠲᠣᠷ᠎ᠠ ᠬᠢᠨᠠᠨ ᠪᠠᠶᠢᠴᠠᠭᠠᠯᠲᠠ ᠶᠢ ᠳᠠᠭᠤᠰᠬᠠᠬᠤ ᠬᠡᠷᠡᠭᠲᠡᠢ᠃ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠪᠠᠶᠢᠪᠠᠯ᠂ ᠭᠠᠳᠠᠭᠠᠳᠤ ᠠᠴᠠ ᠣᠷᠣᠭᠤᠯᠬᠤ ᠮᠠᠯ ᠤᠨ ᠡᠮ ᠢ ᠳᠠᠩᠰᠠᠯᠠᠭᠤᠯᠤᠭᠰᠠᠨ ᠦᠨᠡᠮᠯᠡᠯ ᠣᠯᠭᠤᠬᠤ ᠶᠢᠨ ᠬᠠᠮᠲᠤ ᠲᠤᠰ ᠮᠠᠯ ᠤᠨ ᠡᠮ ᠤᠨ ᠶᠠᠰᠤ ᠴᠢᠨᠠᠷ ᠤᠨ ᠪᠠᠷᠢᠮᠵᠢᠶ᠎ᠠ ᠶᠢ ᠨᠡᠶᠢᠲᠡᠯᠡᠨ᠎ᠡ᠃ ᠬᠢᠷᠢ ᠲᠡᠩᠴᠡᠭᠰᠡᠨ ᠦᠭᠡᠢ ᠪᠠᠶᠢᠪᠠᠯ᠂ ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠬᠡᠷᠡᠭᠲᠡᠢ᠃            ᠬᠢᠨᠠᠨ ᠪᠠᠶᠢᠴᠠᠭᠠᠬᠤ ᠶᠠᠪᠤᠴᠠ ᠳᠤ᠂ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠳᠤᠮᠳᠠᠳᠤ ᠤᠯᠤᠰ ᠲᠤ ᠮᠠᠯ ᠤᠨ ᠡᠮ ᠭᠠᠷᠭᠠᠵᠤ ᠪᠠᠶᠢᠭ᠎ᠠ ᠠᠵᠤ ᠠᠬᠤᠶᠢᠯᠠᠯ ᠤᠨ ᠮᠠᠯ ᠤᠨ ᠡᠮ ᠤᠨ ᠦᠢᠯᠡᠳᠪᠦᠷᠢᠯᠡᠬᠦ ᠠᠵᠢᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠤᠨ ᠱᠠᠭᠠᠷᠳᠠᠯᠭ᠎ᠠ ᠳᠤ ᠨᠡᠶᠢᠴᠡᠬᠦ ᠡᠰᠡᠬᠦ ᠶᠢ ᠰᠢᠯᠭᠠᠨ ᠪᠠᠶᠢᠴᠠᠭᠠᠵᠤ ᠪᠣᠯᠬᠤ ᠪᠥᠭᠡᠳ ᠲᠤᠰ ᠠᠵᠤ ᠠᠬᠤᠶᠢᠯᠠᠯ ᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠢᠭᠠᠨ ᠲᠣᠭᠲᠠᠭᠠᠭᠰᠠᠨ ᠪᠠᠶᠢᠭᠤᠯᠤᠮᠵᠢ ᠳᠤ ᠲᠤᠰ ᠮᠠᠯ ᠤᠨ ᠡᠮ ᠤᠨ ᠠᠶᠤᠯᠭᠦᠢ ᠴᠢᠨᠠᠷ ᠪᠠ ᠬᠦᠴᠦᠨ ᠪᠦᠬᠦᠢ ᠴᠢᠨᠠᠷ ᠤᠨ ᠲᠤᠷᠰᠢᠯᠲᠠ ᠬᠢᠯᠭᠡᠬᠦ ᠪᠠᠷ ᠱᠠᠭᠠᠷᠳᠠᠬᠤ ᠡᠷᠬᠡ ᠲᠠᠢ᠃            ᠤᠯᠤᠰ ᠤᠨ ᠳᠣᠲᠣᠭᠠᠳᠤ ᠳᠤ ᠪᠠᠴᠢᠮ ᠬᠡᠷᠡᠭᠰᠡᠬᠦ ᠮᠠᠯ ᠤᠨ ᠡᠮ᠂ ᠪᠠᠭ᠎ᠠ ᠬᠡᠮᠵᠢᠶᠡᠨ ᠤ ᠰᠢᠨᠵᠢᠯᠡᠬᠦ ᠤᠬᠠᠭᠠᠨ ᠤ ᠰᠤᠳᠤᠯᠭᠠᠨ ᠳᠤ ᠬᠡᠷᠡᠭᠯᠡᠬᠦ ᠮᠠᠯ ᠤᠨ ᠡᠮ ᠪᠤᠶᠤ ᠳᠠᠩᠰᠠᠯᠠᠭᠤᠯᠤᠭᠰᠠᠨ ᠮᠠᠯ ᠤᠨ ᠡᠮ ᠤᠨ ᠦᠯᠢᠭᠡᠷ ᠡᠳ᠋᠂ ᠬᠠᠷᠢᠴᠠᠭᠤᠯᠤᠭᠰᠠᠨ ᠡᠳ᠋᠂ ᠪᠠᠷᠢᠮᠵᠢᠶᠠᠲᠤ ᠡᠳ᠋ ᠢ ᠭᠠᠳᠠᠭᠠᠳᠤ ᠠᠴᠠ ᠣᠷᠣᠭᠤᠯᠬᠤ ᠳᠤ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠣᠭᠲᠠᠭᠠᠯ ᠶᠣᠰᠣᠭᠠᠷ ᠭᠦᠢᠴᠡᠳᠬᠡᠨ᠎ᠡ᠃            ᠭᠤᠴᠢᠨ ᠳᠥᠷᠪᠡᠳᠦᠭᠡᠷ ᠵᠦᠢᠯ ᠭᠠᠳᠠᠭᠠᠳᠤ ᠠᠴᠠ ᠣᠷᠣᠭᠤᠯᠬᠤ ᠮᠠᠯ ᠤᠨ ᠡᠮ ᠤᠨ ᠳᠠᠩᠰᠠᠯᠠᠭᠤᠯᠤᠭᠰᠠᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ 5 ᠵᠢᠯ ᠪᠣᠯᠣᠨ᠎ᠠ᠃ ᠬᠦᠴᠦᠨ ᠲᠠᠢ ᠬᠤᠭᠤᠴᠠᠭ᠎ᠠ ᠨᠢ ᠳᠦᠭᠦᠷᠦᠭᠡᠳ ᠂ ᠳᠤᠮᠳᠠᠳᠤ ᠤᠯᠤᠰ ᠲᠤ ᠮᠠᠯ ᠤᠨ ᠡᠮ ᠢ ᠦᠷᠭᠦᠯᠵᠢᠯᠡᠨ ᠭᠠᠳᠠᠭᠠᠳᠤ ᠳᠤ ᠭᠠᠷᠭᠠᠬᠤ ᠴᠢᠬᠤᠯᠠᠲᠠᠢ ᠪᠠᠶᠢᠪᠠᠯ᠂ ᠬᠦᠴᠦᠨ ᠲᠠᠢ ᠬᠤᠭᠤᠴᠠᠭ᠎ᠠ ᠳᠦᠭᠦᠷᠬᠦ ᠠᠴᠠ 6 ᠰᠠᠷ᠎ᠠ ᠶᠢᠨ ᠡᠮᠦᠨ᠎ᠡ ᠦᠨᠡᠮᠯᠡᠯ ᠣᠯᠭᠤᠭᠰᠠᠨ ᠪᠠᠶᠢᠭᠤᠯᠭ᠎ᠠ ᠳᠤ ᠬᠦᠷᠴᠦ ᠲᠠᠬᠢᠨ ᠪᠦᠷᠢᠳᠬᠡᠭᠦᠯᠬᠦ ᠪᠠᠷ ᠭᠤᠶᠤᠴᠢᠯᠠᠬᠤ ᠬᠡᠷᠡᠭᠲᠡᠢ᠃            ᠭᠤᠴᠢᠨ ᠲᠠᠪᠤᠳᠤᠭᠠᠷ ᠵᠦᠢᠯ ᠬᠢᠯᠢ ᠶᠢᠨ ᠭᠠᠳᠠᠨᠠᠬᠢ ᠠᠵᠤ ᠠᠬᠤᠶᠢᠯᠠᠯ ᠳᠤᠮᠳᠠᠳᠤ ᠤᠯᠤᠰ ᠲᠤ ᠮᠠᠯ ᠤᠨ ᠡᠮ ᠢ ᠰᠢᠭᠤᠳ ᠪᠣᠷᠣᠯᠠᠭᠤᠯᠵᠤ ᠪᠣᠯᠬᠤ ᠦᠭᠡᠢ᠃ ᠬᠢᠯᠢ ᠶᠢᠨ ᠭᠠᠳᠠᠨᠠᠬᠢ ᠠᠵᠤ ᠠᠬᠤᠶᠢᠯᠠᠯ ᠳᠤᠮᠳᠠᠳᠤ ᠤᠯᠤᠰ ᠲᠤ ᠮᠠᠯ ᠤᠨ ᠡᠮ ᠪᠣᠷᠣᠯᠠᠭᠤᠯᠬᠤ ᠳᠠᠭᠠᠨ ᠬᠠᠤᠯᠢ ᠶᠣᠰᠣᠭᠠᠷ ᠳᠤᠮᠳᠠᠳᠤ ᠤᠯᠤᠰ ᠤᠨ ᠬᠢᠯᠢ ᠶᠢᠨ ᠳᠣᠲᠣᠷ᠎ᠠ ᠪᠣᠷᠣᠯᠠᠭᠤᠯᠬᠤ ᠪᠠᠶᠢᠭᠤᠯᠤᠮᠵᠢ ᠪᠠᠶᠢᠭᠤᠯᠬᠤ ᠪᠤᠶᠤ ᠨᠥᠬᠦᠴᠡᠯ ᠳᠤ ᠨᠡᠶᠢᠴᠡᠭᠰᠡᠨ ᠳᠤᠮᠳᠠᠳᠤ ᠤᠯᠤᠰ ᠤᠨ ᠬᠢᠯᠢ ᠶᠢᠨ ᠳᠣᠲᠣᠷᠠᠬᠢ ᠣᠷᠣᠯᠠᠬᠤ ᠪᠠᠶᠢᠭᠤᠯᠤᠮᠵᠢ ᠳᠤ ᠨᠠᠶᠢᠳᠠᠬᠤ ᠬᠡᠷᠡᠭᠲᠡᠢ᠃             ᠳᠤᠮᠳᠠᠳᠤ ᠤᠯᠤᠰ ᠲᠤ ᠨᠢᠭᠡᠨᠲᠡ ᠭᠠᠳᠠᠭᠠᠳᠤ ᠠᠴᠠ ᠣᠷᠣᠭᠤᠯᠤᠭᠰᠠᠨ ᠮᠠᠯ ᠤᠨ ᠡᠮ ᠳᠠᠩᠰᠠᠯᠠᠭᠤᠯᠤᠭᠰᠠᠨ ᠦᠨᠡᠮᠯᠡᠯ ᠣᠯᠤᠭᠰᠠᠨ ᠮᠠᠯ ᠳᠤ ᠬᠡᠷᠡᠭᠯᠡᠬᠦ ᠠᠮᠢᠳᠤ ᠪᠣᠳᠠᠰ ᠤᠨ ᠪᠦᠲᠦᠭᠡᠭᠳᠡᠬᠦᠨ ᠢ ᠭᠠᠳᠠᠭᠠᠳᠤ ᠠᠴᠠ ᠣᠷᠣᠭᠤᠯᠬᠤ ᠳᠤ ᠬᠦᠷᠪᠡᠯ᠂ ᠳᠤᠮᠳᠠᠳᠤ ᠤᠯᠤᠰ ᠤᠨ ᠬᠢᠯᠢ ᠶᠢᠨ ᠳᠣᠲᠣᠷᠠᠬᠢ ᠣᠷᠣᠯᠠᠬᠤ ᠪᠠᠶᠢᠭᠤᠯᠤᠮᠵᠢ ᠨᠢ ᠲᠥᠷᠥ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠭᠤᠶᠤᠴᠢᠯᠠᠨ ᠮᠠᠯ ᠠᠵᠤ ᠠᠬᠤᠶ ᠳᠤ ᠬᠡᠷᠡᠭᠯᠡᠬᠦ ᠠᠮᠢᠳᠤ ᠪᠣᠳᠠᠰ ᠤᠨ ᠪᠦᠲᠦᠭᠡᠭᠳᠡᠬᠦᠨ ᠤ ᠭᠡᠷᠡᠴᠢ ᠪᠢᠴᠢᠭ ᠮᠠᠲ᠋ᠧᠷᠢᠶᠠᠯ ᠢ ᠭᠠᠳᠠᠭᠠᠳᠤ ᠠᠴᠠ ᠣᠷᠣᠭᠤᠯᠬᠤ ᠶᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠢᠶᠠᠷ ᠢᠶᠠᠨ ᠪᠣᠭᠤᠮᠲᠠ ᠶᠢᠨ ᠪᠠᠶᠢᠭ᠎ᠠ ᠭᠠᠵᠠᠷ ᠤᠨ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠦᠷᠴᠦ ᠭᠠᠳᠠᠭᠠᠳᠤ ᠠᠴᠠ ᠣᠷᠣᠭᠤᠯᠬᠤ ᠮᠠᠯ ᠤᠨ ᠡᠮ ᠤᠨ ᠪᠣᠭᠤᠮᠲᠠ ᠪᠠᠷ ᠥᠩᠭᠡᠷᠡᠬᠦ ᠬᠠᠭᠤᠳᠠᠰᠤ ᠬᠢᠯᠭᠡᠬᠦ ᠬᠡᠷᠡᠭᠲᠡᠶ᠃ ᠳᠤᠮᠳᠠᠳᠤ ᠤᠯᠤᠰ ᠲᠤ ᠨᠢᠭᠡᠨᠲᠡ ᠭᠠᠳᠠᠭᠠᠳᠤ ᠠᠴᠠ ᠣᠷᠣᠭᠤᠯᠬᠤ ᠮᠠᠯ ᠤᠨ ᠡᠮ ᠤᠨ ᠳᠠᠩᠰᠠᠯᠠᠭᠤᠯᠤᠭᠰᠠᠨ ᠦᠨᠡᠮᠯᠡᠯ ᠣᠯᠤᠭᠰᠠᠨ ᠪᠤᠰᠤᠳ ᠮᠠᠯ ᠤᠨ ᠡᠮ ᠳᠤ ᠪᠣᠯ ᠭᠠᠳᠠᠭᠠᠳᠤ ᠠᠴᠠ ᠣᠷᠣᠭᠤᠯᠬᠤ ᠮᠠᠯ ᠤᠨ ᠡᠮ ᠤᠨ ᠳᠠᠩᠰᠠᠯᠠᠭᠤᠯᠤᠭᠰᠠᠨ ᠦᠨᠡᠮᠯᠡᠯ ᠢᠶᠠᠨ ᠠᠪᠴᠤ ᠪᠣᠭᠤᠮᠲᠠ ᠶᠢᠨ ᠪᠠᠶᠢᠭ᠎ᠠ ᠭᠠᠵᠠᠷ ᠤᠨ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠦᠷᠴᠦ ᠭᠠᠳᠠᠭᠠᠳᠤ ᠠᠴᠠ ᠣᠷᠣᠭᠤᠯᠬᠤ ᠮᠠᠯ ᠤᠨ ᠡᠮ ᠤᠨ ᠪᠣᠭᠤᠮᠲᠠ ᠪᠠᠷ ᠥᠩᠭᠡᠷᠡᠬᠦ ᠬᠠᠭᠤᠳᠠᠰᠤ ᠭᠦᠢᠴᠡᠳᠬᠡᠬᠦ ᠬᠡᠷᠡᠭᠲᠡᠶ᠃ ᠪᠣᠭᠤᠮᠲᠠ ᠨᠤᠭᠤᠳ ᠭᠠᠳᠠᠭᠠᠳᠤ ᠠᠴᠠ ᠣᠷᠣᠭᠤᠯᠤᠭᠰᠠᠨ ᠮᠠᠯ ᠤᠨ ᠡᠮ ᠤᠨ ᠪᠣᠭᠤᠮᠲᠠ ᠪᠠᠷ ᠥᠩᠭᠡᠷᠡᠭᠦᠯᠬᠦ ᠬᠠᠭᠤᠳᠠᠰᠤ ᠶᠢ ᠶᠠᠪᠤᠭᠤᠯᠬᠤ ᠬᠡᠷᠡᠭᠲᠡᠶ᠃ ᠮᠠᠯ ᠤᠨ ᠡᠮ ᠢ ᠭᠠᠳᠠᠭᠠᠳᠤ ᠠᠴᠠ ᠣᠷᠣᠭᠤᠯᠬᠤ ᠶᠢᠨ ᠬᠠᠮᠢᠶᠠᠷᠤᠯᠲᠠ ᠶᠢᠨ ᠠᠷᠭ᠎ᠠ ᠶᠢ ᠲᠥᠷᠥ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠪᠣᠭᠤᠮᠲᠠ ᠶᠢᠨ ᠶᠡᠷᠦᠩᠬᠡᠶ ᠵᠠᠬᠢᠷᠭ᠎ᠠ ᠲᠠᠢ ᠬᠠᠮᠲᠤᠷᠠᠨ ᠲᠣᠭᠲᠠᠭᠠᠨ᠎ᠠ᠃             ᠮᠠᠯ ᠳᠤ ᠬᠡᠷᠡᠭᠯᠡᠬᠦ ᠠᠮᠢᠳᠤ ᠪᠣᠳᠠᠰ ᠤᠨ ᠪᠦᠲᠦᠭᠡᠭᠳᠡᠬᠦᠨ ᠢ ᠭᠠᠳᠠᠭᠠᠳᠤ ᠠᠴᠠ ᠣᠷᠣᠭᠤᠯᠤᠭᠰᠠᠨ ᠤ ᠳᠠᠷᠠᠭ᠎ᠠ᠂ ᠲᠤᠰ ᠳᠦᠷᠢᠮ ᠤᠨ ᠠᠷᠪᠠ ᠶᠢᠰᠦᠳᠦᠭᠡᠷ ᠵᠦᠢᠯ ᠤᠨ ᠲᠣᠭᠲᠠᠭᠠᠯ ᠶᠣᠰᠣᠭᠠᠷ ᠬᠢᠨᠠᠨ ᠪᠠᠶᠢᠴᠠᠭᠠᠵᠤ ᠬᠠᠷᠭᠤᠭᠤᠯᠬᠤ ᠪᠠ ᠰᠤᠭᠤᠴᠢᠨ ᠪᠠᠶᠢᠴᠠᠭᠠᠵᠤ ᠰᠢᠯᠭᠠᠨ ᠪᠠᠶᠢᠴᠠᠭᠠᠬᠤ ᠬᠡᠷᠡᠭᠲᠡᠶ᠃ ᠪᠤᠰᠤᠳ ᠮᠠᠯ ᠤᠨ ᠡᠮ ᠢ ᠭᠠᠳᠠᠭᠠᠳᠤ ᠠᠴᠠ ᠣᠷᠣᠭᠤᠯᠤᠭᠰᠠᠨ ᠤ ᠳᠠᠷᠠᠭ᠎ᠠ᠂ ᠲᠤᠬᠠᠶ ᠶᠢᠨ ᠭᠠᠵᠠᠷ ᠤᠨ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠮᠠᠯ ᠤᠨ ᠡᠮ ᠢ ᠰᠢᠯᠭᠠᠨ ᠪᠠᠶᠢᠴᠠᠭᠠᠬᠤ ᠪᠠᠶᠢᠭᠤᠯᠤᠮᠵᠢ ᠳᠤ ᠮᠡᠳᠡᠭᠳᠡᠵᠦ ᠰᠤᠭᠤᠴᠢᠨ ᠪᠠᠶᠢᠴᠠᠭᠠᠵᠤ ᠰᠢᠯᠭᠠᠨ ᠪᠠᠶᠢᠴᠠᠭᠠᠬᠤ ᠬᠡᠷᠡᠭᠲᠡᠶ᠃                      ᠭᠤᠴᠢᠨ ᠵᠢᠷᠭᠤᠳᠤᠭᠠᠷ ᠵᠦᠢᠯ ᠳᠠᠷᠠᠭᠠᠬᠢ ᠵᠢᠭᠰᠠᠭᠠᠭᠰᠠᠨ ᠮᠠᠯ ᠤᠨ ᠡᠮ ᠢ ᠭᠠᠳᠠᠭᠠᠳᠤ ᠠᠴᠠ ᠣᠷᠣᠭᠤᠯᠬᠤ ᠶᠢ  ᠬᠤᠷᠢᠭᠯᠠᠨ᠎ᠠ᠄             ︵ᠨᠢᠭᠡ︶ ᠡᠮ ᠤᠨ ᠦᠢᠯᠡᠳᠦᠯ ᠨᠢ ᠲᠣᠳᠣᠷᠬᠠᠢ ᠦᠭᠡᠢ᠂ ᠮᠠᠭᠤ ᠦᠢᠯᠡᠳᠦᠯ ᠶᠡᠭᠡ ᠵᠢᠴᠢ ᠲᠡᠵᠢᠭᠡᠨ ᠦᠷᠡᠵᠢᠭᠦᠯᠬᠦ ᠦᠢᠯᠡᠰ᠂ ᠬᠥᠮᠥᠨ ᠤ ᠪᠡᠶ᠎ᠡ ᠶᠢᠨ ᠡᠷᠡᠭᠦᠯ ᠮᠡᠨᠳᠦ ᠳᠤ ᠬᠤᠣᠷ ᠬᠥᠨᠥᠭᠡᠯ ᠤᠴᠠᠷᠠᠭᠤᠯᠵᠤ ᠮᠡᠳᠡᠬᠦ ᠪᠤᠶᠤ ᠳᠠᠯᠳᠠ ᠠᠶᠤᠯ ᠲᠦᠭᠰᠢᠭᠦᠷᠢ ᠣᠷᠣᠰᠢᠵᠤ ᠮᠡᠳᠡᠬᠦ᠃             ︵ᠬᠤᠶᠠᠷ︶ ᠬᠢᠵᠢᠭᠲᠦ ᠣᠷᠣᠨ ᠠᠴᠠ ᠢᠷᠡᠭᠰᠡᠨ ᠬᠢᠵᠢᠭ ᠡᠪᠡᠳᠴᠢᠨ ᠢ ᠳᠤᠮᠳᠠᠳᠤ ᠤᠯᠤᠰ ᠤᠨ ᠬᠢᠯᠢ ᠶᠢᠨ ᠳᠣᠲᠣᠷ᠎ᠠ ᠲᠠᠷᠬᠠᠭᠠᠵᠤ ᠮᠡᠳᠡᠬᠦ ᠮᠠᠯ ᠳᠤ ᠬᠡᠷᠡᠭᠯᠡᠬᠦ ᠠᠮᠢᠳᠤ ᠪᠣᠳᠠᠰ ᠤᠨ ᠪᠦᠲᠦᠭᠡᠭᠳᠡᠬᠦᠨ᠃             ︵ᠭᠤᠷᠪᠠ︶ ᠰᠢᠯᠭᠠᠨ ᠪᠠᠶᠢᠴᠠᠭᠠᠭᠠᠳ ᠦᠢᠯᠡᠳᠪᠦᠷᠢᠯᠡᠬᠦ ᠠᠵᠢᠯ ᠤᠨ ᠨᠥᠬᠦᠴᠡᠯ ᠨᠢ ᠲᠣᠭᠲᠠᠭᠠᠯ ᠳᠤ ᠥᠯᠥ ᠨᠡᠶᠢᠴᠡᠭᠰᠡᠨ᠃             ︵ᠳᠥᠷᠪᠡ︶ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠦᠢᠯᠡᠳᠪᠦᠷᠢᠯᠡᠬᠦ᠂ ᠡᠵᠡᠩᠨᠡᠬᠦ ᠪᠠ ᠬᠡᠷᠡᠭᠯᠡᠭᠰᠡᠨ᠃             ᠭᠤᠴᠢᠨ ᠳᠣᠯᠣᠳᠤᠭᠠᠷ ᠵᠦᠢᠯ ᠳᠤᠮᠳᠠᠳᠤ ᠤᠯᠤᠰ ᠤᠨ ᠬᠢᠯᠢ ᠶᠢᠨ ᠭᠠᠳᠠᠨ᠎ᠠ ᠭᠠᠷᠬᠤ ᠮᠠᠯ ᠤᠨ ᠡᠮ᠂ ᠭᠠᠳᠠᠭᠠᠳᠤ ᠠᠴᠠ ᠣᠷᠣᠭᠤᠯᠬᠤ ᠲᠠᠯ᠎ᠠ ᠨᠢ ᠮᠠᠯ ᠤᠨ ᠡᠮ ᠢ ᠭᠠᠳᠠᠭᠠᠳᠤ ᠳᠤ ᠭᠠᠷᠭᠠᠬᠤ ᠭᠡᠷᠡᠴᠢ ᠪᠢᠴᠢᠭ ᠮᠠᠲ᠋ᠧᠷᠢᠶᠠᠯ ᠬᠠᠩᠭᠠᠯᠭᠠᠬᠤ ᠪᠠᠷ ᠱᠠᠭᠠᠷᠳᠠᠭᠰᠠᠨ ᠪᠣᠯ ᠲᠥᠷᠥ ᠶᠢᠨ ᠶᠠᠪᠤᠳᠠᠯ ᠤᠨ ᠬᠤᠷᠢᠶᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ ᠠᠵᠤ ᠠᠬᠤᠶᠢᠯᠠᠯ ᠤᠨ ᠪᠠᠶᠢᠭ᠎ᠠ ᠭᠠᠵᠠᠷ ᠤᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠭᠠᠳᠠᠭᠠᠳᠤ ᠳᠤ ᠭᠠᠷᠭᠠᠬᠤ ᠮᠠᠯ ᠤᠨ ᠡᠮ ᠤᠨ ᠭᠡᠷᠡᠴᠢ ᠪᠢᠴᠢᠭ ᠮᠠᠲ᠋ᠧᠷᠢᠶᠠᠯ ᠭᠠᠷᠭᠠᠵᠤ ᠥᠭᠴᠦ ᠪᠣᠯᠤᠨ᠎ᠠ᠃             ᠤᠯᠤᠰ ᠤᠨ ᠳᠣᠲᠣᠭᠠᠳᠤ ᠶᠢᠨ ᠬᠢᠵᠢᠭ ᠰᠡᠷᠭᠡᠶᠢᠯᠡᠬᠦ ᠳᠤ ᠪᠠᠴᠢᠮ ᠬᠡᠷᠡᠭᠰᠡᠬᠦ ᠸᠠᠺᠼᠢᠨ ᠢ ᠲᠥᠷᠥ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠭᠠᠳᠠᠭᠠᠳᠤ ᠳᠤ ᠭᠠᠷᠭᠠᠬᠤ ᠶᠢ ᠬᠢᠵᠠᠭᠠᠷᠯᠠᠬᠤ ᠪᠤᠶᠤ ᠴᠠᠭᠠᠵᠠᠯᠠᠵᠤ ᠪᠣᠯᠤᠨ᠎ᠠ᠃                ᠵᠢᠷᠭᠤᠳᠤᠭᠠᠷ ᠪᠦᠯᠦᠭᠮᠠᠯ ᠤᠨ ᠡᠮ ᠢ ᠬᠡᠷᠡᠭᠯᠡᠬᠦ            ᠭᠤᠴᠢᠨ ᠨᠠᠢᠮᠠᠳᠤᠭᠠᠷ ᠵᠦᠢᠯ ᠮᠠᠯ ᠤᠨ ᠡᠮ ᠢ ᠬᠡᠷᠡᠭᠯᠡᠬᠦ ᠨᠢᠭᠡᠴᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠣᠭᠲᠠᠭᠠᠭᠰᠠᠨ ᠮᠠᠯ ᠤᠨ ᠡᠮ ᠢ ᠠᠶᠤᠯᠭᠦᠢ ᠬᠡᠷᠡᠭᠯᠡᠬᠦ ᠲᠣᠭᠲᠠᠭᠠᠯ ᠢ ᠵᠢᠷᠤᠮᠯᠠᠬᠤ ᠬᠡᠷᠡᠭᠲᠡᠢ ᠪᠥᠭᠡᠳ ᠡᠮ ᠬᠡᠷᠡᠭᠯᠡᠭᠰᠡᠨ ᠲᠡᠮᠳᠡᠭᠯᠡᠯ ᠬᠢᠬᠦ ᠬᠡᠷᠡᠭᠲᠡᠢ᠃            ᠭᠤᠴᠢ ᠶᠢᠰᠦᠳᠦᠭᠡᠷ ᠵᠦᠢᠯ ᠬᠠᠭᠤᠷᠮᠠᠭ᠂ ᠮᠠᠭᠤ ᠮᠠᠯ ᠤᠨ ᠡᠮ ᠵᠢᠴᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠡᠷᠡᠭᠯᠡᠬᠦ ᠶᠢ ᠬᠤᠷᠢᠭᠯᠠᠬᠤ ᠪᠠᠷ ᠲᠣᠭᠲᠠᠭᠠᠭᠰᠠᠨ ᠡᠮ ᠤᠨ ᠵᠦᠢᠯ ᠪᠣᠯᠣᠨ ᠪᠤᠰᠤᠳ ᠨᠡᠶᠢᠯᠡᠮᠡᠯ ᠪᠣᠳᠠᠰ ᠬᠡᠷᠡᠭᠯᠡᠬᠦ ᠶᠢ ᠴᠠᠭᠠᠵᠠᠯᠠᠨ᠎ᠠ᠃ ᠬᠡᠷᠡᠭᠯᠡᠬᠦ ᠶᠢ ᠴᠠᠭᠠᠵᠠᠯᠠᠭᠰᠠᠨ ᠡᠮ ᠤᠨ ᠵᠦᠢᠯ ᠪᠣᠯᠤᠨ ᠪᠤᠰᠤᠳ ᠨᠢᠭᠡᠳᠪᠦᠷᠢ ᠶᠢᠨ ᠭᠠᠷᠴᠠᠭ ᠢ ᠲᠥᠷᠥ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠣᠭᠲᠠᠭᠠᠵᠤ ᠨᠡᠶᠢᠲᠡᠯᠡᠨ᠎ᠡ᠃                ᠳᠥᠴᠢᠳᠦᠭᠡᠷ ᠵᠦᠢᠯ ᠡᠮ ᠵᠣᠭᠰᠤᠭᠠᠬᠤ ᠬᠤᠭᠤᠴᠠᠭᠠᠨ ᠳᠤ ᠲᠣᠭᠲᠠᠭᠠᠭᠰᠠᠨ ᠮᠠᠯ ᠤᠨ ᠡᠮ ᠢ ᠢᠳᠡᠰᠢᠨ ᠤ ᠠᠮᠢᠲᠠᠨ ᠳᠤ ᠬᠡᠷᠡᠭᠯᠡᠬᠦ ᠦᠶ᠎ᠡ ᠳᠤ᠂ ᠲᠡᠵᠢᠭᠡᠭᠴᠢ ᠨᠢ ᠬᠤᠳᠠᠯᠳᠤᠨ ᠠᠪᠤᠭᠴᠢ ᠪᠤᠶᠤ ᠨᠢᠲᠤᠯᠤᠭᠴᠢ ᠳᠤ ᠡᠮ ᠬᠡᠷᠡᠭᠯᠡᠭᠰᠡᠨ ᠣᠨᠣᠪᠴᠢᠲᠠᠶ᠂ ᠦᠨᠡᠨ ᠪᠣᠳᠠᠲᠠᠢ ᠲᠡᠮᠳᠡᠭᠯᠡᠯ ᠢ ᠬᠠᠩᠭᠠᠬᠤ ᠬᠡᠷᠡᠭᠲᠡᠢ᠃ ᠬᠤᠳᠠᠯᠳᠤᠨ ᠠᠪᠤᠭᠴᠢ ᠪᠤᠶᠤ ᠨᠢᠲᠤᠯᠤᠭᠴᠢ ᠨᠢ ᠠᠮᠢᠲᠠᠨ ᠵᠢᠴᠢ ᠲᠡᠭᠦᠨ ᠤ ᠪᠦᠲᠦᠭᠡᠭᠳᠡᠬᠦᠨ ᠢ ᠡᠮ ᠬᠡᠷᠡᠭᠯᠡᠬᠦ ᠬᠤᠭᠤᠴᠠᠭ᠎ᠠ᠂ ᠡᠮ ᠬᠡᠷᠡᠭᠯᠡᠬᠦ ᠪᠠᠨ ᠵᠣᠭᠰᠣᠭᠰᠠᠨ ᠬᠤᠭᠤᠴᠠᠭᠠᠨ ᠳᠤ ᠢᠳᠡᠭᠡᠨ ᠤ ᠬᠡᠷᠡᠭᠯᠡᠭᠡᠨ ᠳᠤ ᠬᠡᠷᠡᠭᠯᠡᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃             ᠳᠥᠴᠢᠨ ᠨᠢᠭᠡᠳᠦᠭᠡᠷ ᠵᠦᠢᠯ ᠲᠥᠷᠥ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠪᠣᠷᠳᠣᠭᠠᠨ ᠤ ᠳᠣᠲᠣᠷ᠎ᠠ ᠨᠡᠮᠡᠬᠦ ᠶᠢ ᠵᠥᠪᠰᠢᠶᠡᠷᠡᠭᠰᠡᠨ ᠡᠮ ᠤᠨ ᠵᠦᠢᠯ ᠤᠨ ᠨᠡᠮᠡᠯᠲᠡ ᠡᠳ᠋ ᠤᠨ ᠲᠥᠷᠥᠯ ᠵᠦᠢᠯ ᠤᠨ ᠭᠠᠷᠴᠠᠭ ᠢ ᠬᠠᠷᠢᠭᠤᠴᠠᠨ ᠲᠣᠭᠲᠠᠭᠠᠵᠤ ᠨᠡᠶᠢᠲᠡᠯᠡᠬᠦ ᠬᠡᠷᠡᠭᠲᠡᠢ᠃             ᠪᠣᠷᠳᠤᠭ᠎ᠠ ᠪᠣᠯᠤᠨ ᠠᠮᠢᠲᠠᠨ ᠤ ᠤᠤᠭᠤᠬᠤ ᠤᠰᠤᠨ ᠳᠤ ᠬᠤᠷᠮᠣᠨ ᠤ ᠲᠥᠷᠥᠯ ᠤᠨ ᠡᠮ ᠤᠨ ᠵᠦᠢᠯ ᠪᠣᠯᠤᠨ ᠲᠥᠷᠥ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠣᠭᠲᠠᠭᠠᠭᠰᠠᠨ ᠪᠤᠰᠤᠳ ᠴᠠᠭᠠᠵᠠᠯᠠᠬᠤ ᠡᠮ ᠤᠨ ᠵᠦᠢᠯ ᠨᠡᠮᠡᠬᠦ ᠶᠢ ᠴᠠᠭᠠᠵᠠᠯᠠᠨ᠎ᠠ᠃                ᠵᠥᠪᠰᠢᠶᠡᠷᠡᠭᠦᠯᠦᠭᠡᠳ ᠲᠡᠵᠢᠭᠡᠯ ᠪᠣᠷᠳᠣᠭᠠᠨ ᠳᠤ ᠬᠤᠯᠢᠵᠤ ᠪᠣᠯᠬᠤ ᠮᠠᠯ ᠤᠨ ᠡᠮ ᠢ ᠮᠠᠯ ᠤᠨ ᠡᠮ ᠦᠢᠯᠡᠳᠪᠦᠷᠢᠯᠡᠬᠦ ᠠᠵᠤ ᠠᠬᠤᠶᠢᠯᠠᠯ ᠠᠴᠠ ᠡᠮᠲᠦ ᠲᠡᠵᠢᠭᠡᠯ ᠪᠣᠷᠳᠣᠭᠠᠨ ᠤ ᠨᠡᠮᠡᠯᠲᠡ ᠡᠳ᠋ ᠪᠣᠯᠭᠠᠭᠰᠠᠨ ᠤ ᠳᠠᠷᠠᠭ᠎ᠠ ᠰᠠᠶ᠋ᠢ ᠨᠡᠮᠡᠵᠦ ᠪᠣᠯᠣᠨ᠎ᠠ᠃ ᠲᠦᠭᠦᠬᠡᠢ ᠮᠠᠲ᠋ᠧᠷᠢᠶᠠᠯ ᠤᠨ ᠡᠮ ᠢ ᠲᠡᠵᠢᠭᠡᠯ ᠪᠣᠷᠳᠤᠭ᠎ᠠ ᠵᠢᠴᠢ ᠠᠮᠢᠲᠠᠨ ᠤ ᠤᠤᠭᠤᠬᠤ ᠤᠰᠤᠨ ᠳᠤ ᠰᠢᠭᠤᠳ ᠨᠡᠮᠡᠬᠦ ᠪᠤᠶᠤ ᠠᠮᠢᠲᠠᠨ ᠢ ᠰᠢᠭᠤᠳ ᠲᠡᠵᠢᠭᠡᠬᠦ ᠶᠢ ᠴᠠᠭᠠᠵᠠᠯᠠᠨ᠎ᠠ᠃            ᠬᠥᠮᠥᠨ ᠤ ᠬᠡᠷᠡᠭᠯᠡᠬᠦ ᠡᠮ ᠤᠨ ᠵᠦᠢᠯ ᠢ ᠠᠮᠢᠳᠡᠠ ᠳᠤ ᠬᠡᠷᠡᠭᠯᠡᠬᠦ ᠶᠢ ᠴᠠᠭᠠᠵᠠᠯᠠᠨ᠎ᠠ᠃            ᠳᠥᠴᠢᠨ ᠬᠤᠶᠠᠳᠤᠭᠠᠷ ᠵᠦᠢᠯ ᠲᠥᠷᠥ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠯᠤᠰ ᠤᠨ ᠠᠮᠢᠲᠠᠨ ᠵᠢᠴᠢ ᠠᠮᠢᠲᠠᠨ ᠤ ᠠᠰᠢᠭ ᠰᠢᠮ᠎ᠡ ᠶᠢᠨ ᠮᠠᠯ ᠤᠨ ᠡᠮ ᠤᠨ ᠦᠯᠡᠳᠡᠭᠳᠡᠯ ᠢ ᠬᠢᠨᠠᠨ ᠡᠵᠡᠮᠳᠡᠬᠦ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠢ᠃            ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠠᠮᠢᠲᠠᠨ ᠤ ᠭᠠᠷᠤᠯ ᠲᠠᠢ ᠬᠢᠲᠠᠳ ᠮᠠᠯ ᠤᠨ ᠡᠮ ᠤᠨ ᠦᠯᠡᠳᠡᠯ ᠤᠨ ᠬᠡᠮᠵᠢᠶ᠎ᠡ ᠶᠢ ᠪᠠᠶᠢᠴᠠᠭᠠᠨ ᠬᠡᠮᠵᠢᠬᠦ ᠶᠢ ᠬᠠᠷᠢᠭᠤᠴᠠᠨ ᠵᠣᠬᠢᠶᠠᠨ ᠪᠠᠶᠢᠭᠤᠯᠬᠤ ᠬᠡᠷᠡᠭᠲᠡᠶ᠃ ᠮᠠᠯ ᠤᠨ ᠡᠮ ᠤᠨ ᠦᠯᠡᠳᠡᠯ ᠢ ᠪᠠᠶᠢᠴᠠᠭᠠᠨ ᠬᠡᠮᠵᠢᠭᠰᠡᠨ ᠦᠷ᠎ᠡ ᠲᠦᠩ ᠢ ᠲᠥᠷᠥ ᠶᠢᠨ ᠶᠠᠪᠤᠳᠠᠯ ᠤᠨ ᠬᠤᠷᠢᠶᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠡᠷᠬᠡ ᠮᠡᠳᠡᠯ ᠤᠨ ᠶᠣᠰᠣᠭᠠᠷ ᠨᠡᠶᠢᠲᠡᠯᠡᠨ᠎ᠡ᠃                ᠠᠮᠢᠲᠠᠨ ᠤ ᠠᠰᠢᠭ ᠰᠢᠮ᠎ᠡ ᠶᠢᠨ ᠦᠢᠯᠡᠳᠪᠦᠷᠢᠯᠡᠭᠴᠢ᠂ ᠪᠣᠷᠣᠯᠠᠭᠤᠯᠤᠭᠴᠢ ᠪᠠᠶᠢᠴᠠᠭᠠᠨ ᠰᠢᠯᠭᠠᠭᠰᠠᠨ ᠦᠷ᠎ᠡ ᠳ᠋ᠦᠩ ᠳᠤ ᠣᠨᠳᠣᠣ ᠰᠠᠨᠠᠯ ᠲᠠᠢ ᠪᠠᠶᠢᠪᠠᠯ᠂ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠣᠯᠣᠭᠰᠠᠨ ᠡᠳᠦᠷ ᠠᠴᠠ ᠡᠬᠢᠯᠡᠨ 7 ᠠᠵᠢᠯᠯᠠᠬᠤ ᠡᠳᠦᠷ ᠤᠨ ᠳᠣᠲᠣᠷ᠎ᠠ ᠮᠠᠯ ᠤᠨ ᠡᠮ ᠤᠨ ᠦᠯᠡᠳᠡᠭᠳᠡᠯ ᠢ ᠪᠠᠶᠢᠴᠠᠭᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠵᠤ ᠬᠢᠭᠰᠡᠨ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ ᠲᠡᠭᠦᠨ ᠤ ᠳᠡᠭᠡᠳᠦ ᠱᠠᠲᠤᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠵᠤ᠂ ᠭᠤᠶᠤᠴᠢᠯᠠᠯ ᠢ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠰᠢᠯᠭᠠᠨ ᠪᠠᠶᠢᠴᠠᠭᠠᠬᠤ ᠪᠠᠶᠢᠭᠤᠯᠤᠮᠵᠢ ᠶᠢ ᠵᠢᠭᠠᠨ ᠲᠣᠭᠲᠠᠭᠠᠵᠤ ᠳᠠᠬᠢᠨ ᠪᠠᠶᠢᠴᠠᠭᠠᠯᠭᠠᠵᠤ ᠪᠣᠯᠣᠨ᠎ᠠ᠃            ᠮᠠᠯ ᠤᠨ ᠡᠮ ᠤᠨ ᠦᠯᠡᠳᠡᠭᠳᠡᠯ ᠢ ᠬᠢᠵᠠᠭᠠᠷᠯᠠᠬᠤ ᠪᠠᠷᠢᠮᠵᠢᠶ᠎ᠠ ᠪᠠ ᠦᠯᠡᠳᠡᠭᠳᠡᠯ ᠢ ᠪᠠᠶᠢᠴᠠᠭᠠᠨ ᠰᠢᠯᠭᠠᠬᠤ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠣᠭᠲᠠᠭᠠᠵᠤ ᠨᠡᠶᠢᠲᠡᠯᠡᠨ᠎ᠡ᠃            ᠳᠥᠴᠢᠨ ᠭᠤᠷᠪᠠᠳᠤᠭᠠᠷ ᠵᠦᠢᠯ ᠴᠠᠭᠠᠵᠠ ᠲᠠᠢ ᠡᠮ ᠤᠨ ᠵᠦᠢᠯ ᠪᠤᠶᠤ ᠮᠠᠯ ᠤᠨ ᠡᠮ ᠤᠨ ᠦᠯᠡᠳᠡᠭᠳᠡᠯ ᠤᠨ ᠬᠡᠮᠵᠢᠶ᠎ᠡ ᠨᠢ ᠪᠠᠷᠢᠮᠵᠢᠶ᠎ᠠ ᠠᠴᠠ ᠬᠡᠲᠦᠷᠡᠭᠰᠡᠨ ᠢᠳᠡᠰᠢᠨ ᠤ ᠠᠮᠢᠲᠠᠨ ᠤ ᠠᠰᠢᠭ ᠰᠢᠮ᠎ᠡ ᠶᠢ ᠪᠣᠷᠣᠯᠠᠭᠤᠯᠬᠤ ᠶᠢ ᠴᠠᠭᠠᠵᠠᠯᠠᠨ᠎ᠠ᠃            ᠳᠣᠯᠣᠳᠤᠭᠠᠷ ᠪᠦᠯᠦᠭᠮᠠᠯ ᠤᠨ ᠡᠮ ᠤᠨ ᠬᠢᠨᠠᠯᠲᠠ ᠬᠠᠮᠢᠶᠠᠷᠤᠯᠲᠠ                        ᠳᠥᠴᠢᠨ ᠳᠥᠷᠪᠡᠳᠦᠭᠡᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠮᠠᠯ ᠤᠨ ᠡᠮ ᠢ‌ᠮᠠᠯ ᠤᠨ ᠡᠮ ᠢ ᠰᠢᠯᠭᠠᠨ ᠪᠠᠶᠢᠴᠠᠭᠠᠬᠤ ᠠᠵᠢᠯ ᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ‍ᠦᠨ‌‍ᠲ᠋ᠦ᠋ᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠬᠡᠷᠡᠭᠴᠡᠭᠡ ᠪᠠᠨ ᠦᠨᠳᠦᠰᠦᠯᠡᠨ ᠪᠤᠰᠤᠳ ᠰᠢᠯᠭᠠᠨ ᠪᠠᠶᠢᠴᠠᠭᠠᠬᠤ ᠪᠠᠶᠢᠭᠤᠯᠤᠮᠵᠢ ᠪᠠᠷ ᠮᠠᠭᠠᠳᠯᠠᠨ ᠲᠣᠭᠲᠠᠭᠠᠵᠤ ᠮᠠᠯ ᠤᠨ ᠡᠮ ᠢ ᠰᠢᠯᠭᠠᠨ ᠪᠠᠶᠢᠴᠠᠭᠠᠬᠤ ᠠᠵᠢᠯ ᠢ‌‍ᠲ᠋ᠤᠬᠠᠢ ᠶᠢᠨ ᠬᠥᠮᠥᠨ ᠨᠢ ᠮᠠᠯ ᠤᠨ ᠡᠮ ᠢ ᠰᠢᠯᠭᠠᠨ ᠪᠠᠶᠢᠴᠠᠭᠠᠭᠰᠠᠨ ᠦᠷ᠎ᠡ ᠳ᠋ᠦᠩ ᠳᠤ ᠣᠨᠳᠣᠣ ᠰᠠᠨᠠᠯ ᠲᠠᠢ ᠪᠠᠶᠢᠪᠠᠯ᠂ ᠰᠢᠯᠭᠠᠨ ᠪᠠᠶᠢᠴᠠᠭᠠᠭᠰᠠᠨ ᠦᠷ᠎ᠡ ᠳ᠋ᠦᠩ ᠢ ᠣᠯᠣᠭᠰᠠᠨ ᠡᠳᠦᠷ ᠠᠴᠠ ᠡᠬᠢᠯᠡᠨ 7 ᠠᠵᠢᠯᠯᠠᠬᠤ ᠡᠳᠦᠷ ᠤᠨ ᠳᠣᠲᠣᠷ᠎ᠠ ᠰᠢᠯᠭᠠᠨ ᠪᠠᠶᠢᠴᠠᠭᠠᠬᠤ ᠶᠢ ᠬᠡᠷᠡᠭᠵᠢᠭᠦᠯᠦᠭᠰᠡᠨ ᠪᠠᠶᠢᠭᠤᠯᠤᠮᠵᠢ ᠪᠤᠶᠤ ᠳᠡᠭᠡᠳᠦ ᠱᠠᠲᠤᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠪᠠᠶᠢᠭᠤᠯᠤᠭᠰᠠᠨ ᠰᠢᠯᠭᠠᠨ ᠪᠠᠶᠢᠴᠠᠭᠠᠬᠤ ᠪᠠᠶᠢᠭᠤᠯᠤᠮᠵᠢ ᠳᠤ ᠳᠠᠬᠢᠨ ᠪᠠᠶᠢᠴᠠᠭᠠᠯᠭᠠᠬᠤ ᠪᠠᠷ ᠭᠤᠶᠤᠴᠢᠯᠠᠵᠤ ᠪᠣᠯᠣᠨ᠎ᠠ᠃            ᠳᠥᠴᠢᠨ ᠲᠠᠪᠤᠳᠤᠭᠠᠷ ᠵᠦᠢᠯ ᠮᠠᠯ ᠤᠨ ᠡᠮ ᠨᠢ ᠮᠠᠯ ᠤᠨ ᠡᠮ ᠤᠨ ᠤᠯᠤᠰ ᠤᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃ ᠤᠯᠤᠰ ᠤᠨ ᠮᠠᠯ ᠤᠨ ᠡᠮ ᠤᠨ ᠲᠣᠯᠢ ᠶᠢᠨ ᠵᠥᠪᠯᠡᠯ ᠤᠨ ᠲᠤᠭᠤᠷᠪᠢᠨ ᠲᠣᠭᠲᠠᠭᠠᠭᠰᠠᠨ᠂ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠨᠡᠶᠢᠲᠡᠯᠡᠭᠰᠡᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠮᠠᠯ ᠤᠨ ᠡᠮ ᠤᠨ ᠲᠣᠯᠢ︾ ᠪᠣᠯᠣᠨ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠨᠡᠶᠢᠲᠡᠯᠡᠭᠰᠡᠨ ᠮᠠᠯ ᠤᠨ ᠡᠮ ᠤᠨ ᠶᠠᠰᠤ ᠴᠢᠨᠠᠷ ‍ᠤᠨ‌ᠮᠠᠯ ᠤᠨ ᠡᠮ ᠤᠨ ᠤᠯᠤᠰ ᠤᠨ ᠪᠠᠷᠢᠮᠵᠢᠶ᠎ᠠ ᠶᠢᠨ ᠪᠠᠷᠢᠮᠵᠢᠶᠠᠲᠤ ᠡᠳ᠋ ᠪᠠ ᠬᠠᠷᠢᠴᠠᠭᠤᠯᠤᠭᠰᠠᠨ ᠡᠳ᠋ ᠢ ᠬᠡᠮᠵᠢᠨ ᠲᠣᠭᠲᠠᠭᠠᠬᠤ ᠠᠵᠢᠯ ᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠪᠠᠶᠢᠭᠤᠯᠤᠭᠰᠠᠨ ᠮᠠᠯ ᠤᠨ ᠡᠮ ᠢ ᠰᠢᠯᠭᠠᠨ ᠪᠠᠶᠢᠴᠠᠭᠠᠬᠤ ᠪᠠᠶᠢᠭᠤᠯᠤᠮᠵᠢ ᠠᠴᠠ ᠬᠠᠷᠢᠭᠤᠴᠠᠨ᠎ᠠ᠃            ᠳᠥᠴᠢᠨ ᠵᠢᠷᠭᠤᠳᠤᠭᠠᠷ ᠵᠦᠢᠯ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠤᠯᠢ ᠶᠣᠰᠣᠭᠠᠷ ᠬᠢᠨᠠᠯᠲᠠ ᠲᠠᠯᠪᠢᠵᠤ ᠪᠠᠶᠢᠴᠠᠭᠠᠬᠤ ᠦᠶ᠎ᠡ ᠳᠤ᠂ ᠬᠤᠳᠠᠯ ᠬᠠᠭᠤᠷᠮᠠᠭ᠂ ᠴᠢᠨᠠᠷ ᠮᠠᠭᠤᠲᠠᠢ ᠮᠠᠯ ᠤᠨ ᠡᠮ ᠪᠣᠯᠬᠤ ᠶᠢ ᠭᠡᠷᠡᠴᠢᠯᠡᠬᠦ ᠭᠡᠷᠡᠴᠢ ᠪᠠᠷᠢᠮᠲᠠ ᠲᠠᠢ ᠪᠣᠯ ᠪᠠᠶᠢᠴᠠᠭᠠᠨ ᠪᠢᠲᠡᠭᠦᠮᠵᠢᠯᠡᠬᠦ᠂ ᠳᠠᠷᠤᠵᠤ ᠠᠪᠤᠭᠰᠠᠨ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠬᠤ ᠶᠢᠨ ᠬᠠᠮᠲᠤ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠤᠭᠰᠠᠨ ᠡᠳᠦᠷ ᠠᠴᠠ ᠡᠬᠢᠯᠡᠨ 7 ᠠᠵᠢᠯᠯᠠᠬᠤ ᠡᠳᠦᠷ ᠤᠨ ᠳᠣᠲᠣᠷ᠎ᠠ ᠬᠡᠷᠡᠭ ᠪᠣᠯᠭᠠᠨ ᠳᠠᠩᠰᠠᠯᠠᠬᠤ ᠡᠰᠡᠬᠦ ᠲᠣᠭᠲᠠᠭᠠᠯ ᠭᠠᠷᠭᠠᠬᠤ ᠬᠡᠷᠡᠭᠲᠡᠢ ᠰᠢᠯᠭᠠᠨ ᠪᠠᠶᠢᠴᠠᠭᠠᠬᠤ ᠴᠢᠬᠤᠯᠠ ᠲᠠᠢ ᠪᠣᠯ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠶᠢᠨ ᠪᠢᠴᠢᠭ ᠶᠠᠪᠤᠭᠤᠯᠤᠭᠰᠠᠨ ᠡᠳᠦᠷ ᠠᠴᠠ ᠡᠬᠢᠯᠡᠨ 15 ᠠᠵᠢᠯᠯᠠᠬᠤ ᠡᠳᠦᠷ ᠤᠨ ᠳᠣᠲᠣᠷ᠎ᠠ ᠬᠡᠷᠡᠭ ᠪᠣᠯᠭᠠᠬᠤ ᠡᠰᠡᠬᠦ ᠲᠣᠭᠲᠠᠭᠠᠯ ᠭᠠᠷᠭᠠᠬᠤ ᠬᠡᠷᠡᠭᠲᠡᠢ ᠬᠡᠷᠡᠭ ᠪᠣᠯᠭᠠᠨ ᠳᠠᠩᠰᠠᠯᠠᠬᠤ ᠨᠥᠬᠦᠴᠡᠯ ᠳᠤ ᠨᠡᠶᠢᠴᠡᠬᠦ ᠦᠭᠡᠢ ᠪᠣᠯ ᠲᠥᠷᠥ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠡᠷᠬᠡ ᠮᠡᠳᠡᠯ ᠤᠨ ᠶᠣᠰᠣᠭᠠᠷ ᠢᠶᠠᠨ ᠲᠣᠭᠲᠠᠭᠠᠯ ᠭᠠᠷᠭᠠᠬᠤ ᠬᠡᠷᠡᠭᠲᠡᠢ᠃ ᠡᠵᠡᠩᠨᠡᠬᠦ ᠶᠢ ᠨᠢ ᠲᠦᠷ ᠵᠣᠭᠰᠣᠭᠠᠬᠤ ᠴᠢᠬᠤᠯᠠ ᠲᠠᠢ ᠪᠣᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠡᠷᠬᠡ ᠮᠡᠳᠡᠯ ᠤᠨ ᠶᠣᠰᠣᠭᠠᠷ ᠢᠶᠠᠨ ᠲᠣᠭᠲᠠᠭᠠᠯ ᠭᠠᠷᠭᠠᠬᠤ ᠬᠡᠷᠡᠭᠲᠡᠢ᠃            ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠪᠠᠷ ᠲᠣᠭᠲᠠᠭᠠᠭᠰᠠᠨ ᠪᠠᠶᠢᠭᠤᠯᠭ᠎ᠠ ᠪᠤᠶᠤ ᠲᠡᠭᠦᠨ ᠤ ᠳᠡᠭᠡᠳᠦ ᠱᠠᠲᠤᠨ ᠤ ᠪᠠᠶᠢᠭᠤᠯᠭ᠎ᠠ ᠪᠠᠷ ᠵᠥᠪᠰᠢᠶᠡᠷᠡᠭᠦᠯᠦᠭᠰᠡᠨ ᠦᠭᠡᠢ ᠪᠠᠷ ᠪᠠᠶᠢᠴᠠᠭᠠᠨ ᠪᠢᠲᠡᠭᠦᠮᠵᠢᠯᠡᠭᠰᠡᠨ ᠪᠤᠶᠤ ᠳᠠᠷᠤᠵᠤ ᠠᠪᠤᠭᠰᠠᠨ ᠮᠠᠯ ᠤᠨ ᠡᠮ ᠵᠢᠴᠢ ᠬᠤᠯᠪᠣᠭᠳᠠᠯ ᠪᠦᠬᠦᠢ ᠮᠠᠲ᠋ᠧᠷᠢᠶᠠᠯ ᠢ ᠳᠤᠷ᠎ᠠ ᠪᠠᠷ ᠢᠶᠠᠨ ᠰᠢᠯᠵᠢᠭᠦᠯᠵᠦ᠂ ᠬᠡᠷᠡᠭᠯᠡᠵᠦ᠂ ᠤᠰᠠᠳᠬᠠᠵᠤ᠂ ᠪᠣᠷᠣᠯᠠᠭᠤᠯᠵᠤ ᠪᠣᠯᠬᠤ ᠦᠭᠡᠢ᠃            ᠳᠥᠴᠢᠨ ᠳᠣᠯᠣᠳᠤᠭᠠᠷ ᠵᠦᠢᠯ ᠳᠠᠷᠠᠭᠠᠬᠢ ᠵᠢᠭᠰᠠᠭᠠᠭᠰᠠᠨ ᠪᠠᠶᠢᠳᠠᠯ ᠤᠨ ᠠᠯᠢ ᠨᠢᠭᠡ ᠨᠢ ᠪᠠᠶᠢᠪᠠᠯ᠂ ᠬᠠᠭᠤᠷᠮᠠᠭ ᠮᠠᠯ ᠤᠨ ᠡᠮ ᠳᠤ ᠲᠣᠭᠠᠴᠠᠭᠳᠠᠨ᠎ᠠ᠄             ︵ᠨᠢᠭᠡ︶ ᠮᠠᠯ ᠤᠨ ᠡᠮ ᠪᠤᠰᠤ ᠵᠦᠢᠯ ᠢᠶᠠᠷ ᠮᠠᠯ ᠤᠨ ᠡᠮ ᠢ ᠣᠷᠣᠯᠠᠭᠤᠯᠤᠭᠰᠠᠨ ᠪᠤᠶᠤ ᠪᠤᠰᠤᠳ ᠵᠦᠢᠯ ᠤᠨ ᠮᠠᠯ ᠤᠨ ᠡᠮ ᠢᠶᠠᠷ ᠲᠤᠰ ᠵᠦᠢᠯ ᠤᠨ ᠮᠠᠯ ᠤᠨ ᠡᠮ ᠢ ᠣᠷᠣᠯᠠᠭᠤᠯᠤᠭᠰᠠᠨ᠃             ︵ᠬᠤᠶᠠᠷ︶ ᠮᠠᠯ ᠤᠨ ᠡᠮ ᠳᠤ ᠠᠭᠤᠯᠤᠭᠳᠠᠬᠤ ᠪᠦᠷᠢᠯᠳᠦᠭᠦᠨ ᠤ ᠲᠦᠷᠦᠯ ᠵᠦᠢᠯ᠂ ᠨᠡᠷᠡᠶᠢᠳᠦᠯ ᠨᠢ ᠮᠠᠯ ᠤᠨ ᠡᠮ ᠤᠨ ᠤᠯᠤᠰ ᠤᠨ ᠪᠠᠷᠢᠮᠵᠢᠶ᠎ᠠ ᠲᠠᠢ ᠦᠯᠦ ᠨᠡᠶᠢᠴᠡᠬᠦ᠃            ᠳᠠᠷᠠᠭᠠᠬᠢ ᠪᠠᠶᠢᠳᠠᠯ ᠤᠨ ᠠᠯᠢ ᠨᠢᠭᠡ ᠨᠢ ᠪᠠᠶᠢᠪᠠᠯ᠂ ᠬᠠᠭᠤᠷᠮᠠᠭ ᠮᠠᠯ ᠤᠨ ᠡᠮ ᠢᠶᠠᠷ ᠰᠢᠢᠳᠪᠦᠷᠢᠯᠡᠨ᠎ᠡ᠄             ︵ᠨᠢᠭᠡ︶ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠡᠷᠡᠭᠯᠡᠬᠦ ᠶᠢ ᠬᠤᠷᠢᠭᠯᠠᠭᠰᠠᠨ᠃             ︵ᠬᠤᠶᠠᠷ︶ ᠲᠤᠰ ᠳᠦᠷᠢᠮ ᠤᠨ ᠲᠣᠭᠲᠠᠭᠠᠯ ᠶᠣᠰᠣᠭᠠᠷ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠬᠦ ᠶᠣᠰᠣᠲᠠᠢ ᠪᠠᠶᠢᠲᠠᠯ᠎ᠠ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠰᠡᠨ ᠦᠭᠡᠢ ᠪᠠᠷ ᠦᠢᠯᠡᠳᠪᠦᠷᠢᠯᠡᠭᠰᠡᠨ᠂ ᠭᠠᠳᠠᠭᠠᠳᠤ ᠠᠴᠠ ᠣᠷᠣᠭᠤᠯᠤᠭᠰᠠᠨ᠂ ᠡᠰᠡᠬᠦᠯ᠎ᠡ ᠲᠤᠰ ᠳᠦᠷᠢᠮ ᠤᠨ ᠲᠣᠭᠲᠠᠭᠠᠯ ᠶᠣᠰᠣᠭᠠᠷ ᠰᠣᠩᠭᠤᠨ ᠪᠠᠶᠢᠴᠠᠭᠠᠵᠤ ᠰᠢᠯᠭᠠᠨ ᠪᠠᠶᠢᠴᠠᠭᠠᠵᠤ᠂ ᠬᠢᠨᠠᠨ ᠪᠠᠶᠢᠴᠠᠭᠠᠵᠤ ᠬᠠᠷᠭᠤᠭᠤᠯᠬᠤ ᠶᠣᠰᠣᠲᠠᠢ ᠪᠠᠶᠢᠲᠠᠯ᠎ᠠ ᠰᠣᠩᠭᠤᠨ ᠪᠠᠶᠢᠴᠠᠭᠠᠵᠤ ᠰᠢᠯᠭᠠᠨ ᠪᠠᠶᠢᠴᠠᠭᠠᠵᠤ᠂ ᠬᠢᠨᠠᠨ ᠪᠠᠶᠢᠴᠠᠭᠠᠵᠤ ᠬᠠᠷᠭᠤᠭᠤᠯᠤᠭᠰᠠᠨ ᠦᠭᠡᠢ ᠪᠠᠷ ᠪᠣᠷᠣᠯᠠᠭᠤᠯᠤᠭᠰᠠᠨ᠂ ᠭᠠᠳᠠᠭᠠᠳᠤ ᠠᠴᠠ ᠣᠷᠣᠭᠤᠯᠤᠭᠰᠠᠨ᠃             ︵ᠭᠤᠷᠪᠠ︶ ᠴᠢᠨᠠᠷ ᠨᠢ ᠬᠤᠪᠢᠷᠠᠭᠰᠠᠨ᠃             ︵ᠳᠥᠷᠪᠡ︶ ᠪᠣᠬᠢᠷᠲᠤᠭᠳᠠᠭᠰᠠᠨ᠃             ︵ᠲᠠᠪᠤ︶ ᠲᠣᠬᠢᠷᠠᠬᠤ ᠡᠪᠡᠳᠴᠢᠨ ᠤ ᠭᠡᠮ ᠪᠤᠶᠤ ᠦᠢᠯᠡᠳᠦᠯ ᠴᠢᠳᠠᠯ ᠪᠠ ᠭᠤᠣᠯᠯᠠᠨ ᠵᠠᠰᠠᠬᠤ ᠭᠡᠵᠦ ᠲᠣᠳᠣᠷᠬᠠᠶᠢᠯᠠᠭᠰᠠᠨ ᠵᠦᠢᠯ ᠨᠢ ᠲᠣᠭᠲᠠᠭᠠᠭᠰᠠᠨ ᠬᠡᠪᠴᠢᠶᠡᠨ ᠠᠴᠠ ᠬᠡᠲᠦᠷᠡᠭᠰᠡᠨ᠃            ᠳᠥᠴᠢᠨ ᠨᠠᠢᠮᠠᠳᠤᠭᠠᠷ ᠵᠦᠢᠯ ᠳᠠᠷᠠᠭᠠᠬᠢ ᠵᠢᠭᠰᠠᠭᠠᠭᠰᠠᠨ ᠪᠠᠶᠢᠳᠠᠯ ᠤᠨ ᠠᠯᠢ ᠨᠢᠭᠡ ᠨᠢ ᠪᠠᠶᠢᠪᠠᠯ᠂ ᠴᠢᠨᠠᠷ ᠮᠠᠭᠤᠲᠠᠢ ᠮᠠᠯ ᠤᠨ ᠡᠮ ᠳᠤ ᠲᠣᠭᠠᠴᠠᠭᠳᠠᠨ᠎ᠠ᠄             ︵ᠨᠢᠭᠡ︶ ᠪᠦᠷᠢᠯᠳᠦᠭᠦᠨ ᠤ ᠠᠭᠤᠯᠤᠭᠳᠠᠴᠠ ᠨᠢ ᠮᠠᠯ ᠤᠨ ᠡᠮ ᠤᠨ ᠤᠯᠤᠰ ᠤᠨ ᠪᠠᠷᠢᠮᠵᠢᠶ᠎ᠠ ᠳᠤ ᠨᠡᠶᠢᠴᠡᠬᠦ ᠦᠭᠡᠢ ᠪᠤᠶᠤ ᠬᠦᠴᠦᠨ ᠲᠠᠢ ᠪᠦᠷᠢᠯᠳᠦᠭᠦᠨ ᠢ ᠲᠣᠳᠣᠷᠬᠠᠶᠢᠯᠠᠭᠰᠠᠨ ᠦᠭᠡᠢ᠃             ︵ᠬᠤᠶᠠᠷ︶ ᠬᠦᠴᠦᠨ ᠲᠠᠢ ᠬᠤᠭᠤᠴᠠᠭ᠎ᠠ ᠶᠢ ᠨᠢ ᠲᠣᠳᠣᠷᠬᠠᠶᠢᠯᠠᠭᠰᠠᠨ ᠦᠭᠡᠢ ᠪᠤᠶᠤ ᠥᠭᠡᠷᠡᠴᠢᠯᠡᠭᠰᠡᠨ ᠪᠤᠶᠤ ᠬᠦᠴᠦᠨ ᠲᠠᠢ ᠬᠤᠭᠤᠴᠠᠭ᠎ᠠ ᠠᠴᠠ ᠬᠡᠲᠦᠷᠡᠭᠰᠡᠨ᠃             ︵ᠭᠤᠷᠪᠠ︶ ᠦᠢᠯᠡᠳᠬᠦᠨ ᠤ ᠵᠥᠪᠰᠢᠶᠡᠷᠡᠭᠰᠡᠨ ᠳ᠋ᠤᠭᠠᠷ ᠢ ᠲᠣᠳᠣᠷᠬᠠᠶᠢᠯᠠᠭᠰᠠᠨ ᠦᠭᠡᠢ ᠪᠤᠶᠤ ᠥᠭᠡᠷᠡᠴᠢᠯᠡᠭᠰᠡᠨ᠃             ︵ᠳᠥᠷᠪᠡ︶ ᠮᠠᠯ ᠤᠨ ᠡᠮ ᠤᠨ ᠤᠯᠤᠰ ᠤᠨ ᠪᠠᠷᠢᠮᠵᠢᠶ᠎ᠠ ᠳᠤ ᠨᠡᠶᠢᠴᠡᠬᠦ ᠦᠭᠡᠢ ᠪᠣᠯᠪᠠᠴᠤ ᠬᠠᠭᠤᠷᠮᠠᠭ ᠮᠠᠯ ᠤᠨ ᠡᠮ ᠳᠤ ᠲᠣᠭᠠᠴᠠᠭᠳᠠᠬᠤ ᠦᠭᠡᠢ ᠪᠤᠰᠤᠳ ᠪᠠᠶᠢᠳᠠᠯ᠃            ᠳᠥᠴᠢ ᠶᠢᠰᠦᠳᠦᠭᠡᠷ ᠵᠦᠢᠯ ᠮᠠᠯ ᠳᠤ ᠬᠡᠷᠡᠭᠯᠡᠬᠦ ᠲᠦᠭᠦᠬᠡᠢ ᠮᠠᠲ᠋ᠧᠷᠢᠶᠠᠯ ᠤᠨ ᠡᠮ ᠢ ᠰᠠᠯᠭᠠᠵᠤ ᠵᠢᠵᠢᠭᠯᠡᠨ ᠪᠣᠷᠣᠯᠠᠭᠤᠯᠬᠤ ᠪᠤᠶᠤ ᠮᠠᠯ ᠤᠨ ᠡᠮ ᠦᠢᠯᠡᠳᠪᠦᠷᠢᠯᠡᠬᠦ ᠠᠵᠤ ᠠᠬᠤᠶᠢᠯᠠᠯ ᠠᠴᠠ ᠭᠠᠳᠠᠨᠠᠬᠢ ᠨᠢᠭᠡᠴᠢ ᠪᠠ ᠬᠤᠪᠢ ᠬᠥᠮᠥᠨ ᠳᠤ ᠪᠣᠷᠣᠯᠠᠭᠤᠯᠬᠤ ᠶᠢ ᠴᠠᠭᠠᠵᠠᠯᠠᠨ᠎ᠠ᠃ ᠮᠠᠯ ᠤᠨ ᠡᠮᠴᠢ ᠪᠠᠷ ᠵᠣᠷ ᠪᠢᠴᠢᠭᠦᠯᠦᠭᠰᠡᠨ ᠦᠭᠡᠢ ᠪᠠᠷ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠣᠷ ᠤᠨ ᠡᠮ ᠤᠨ ᠬᠠᠮᠢᠶᠠᠷᠤᠯᠲᠠ ᠶᠠᠪᠤᠭᠤᠯᠬᠤ ᠪᠠᠷ ᠲᠣᠭᠲᠠᠭᠠᠭᠰᠠᠨ ᠮᠠᠯ ᠤᠨ ᠡᠮ ᠢ ᠪᠣᠷᠣᠯᠠᠭᠤᠯᠬᠤ᠂ ᠬᠤᠳᠠᠯᠳᠤᠨ ᠠᠪᠬᠤ᠂ ᠬᠡᠷᠡᠭᠯᠡᠬᠦ ᠶᠢ ᠴᠠᠭᠠᠵᠠᠯᠠᠨ᠎ᠠ᠃            ᠲᠠᠪᠢᠳᠤᠭᠠᠷ ᠵᠦᠢᠯ ᠤᠯᠤᠰ ᠠᠴᠠ ᠮᠠᠯ ᠤᠨ ᠡᠮ ᠤᠨ ᠮᠠᠭᠤ ᠤᠷᠪᠠᠯ ᠢ ᠮᠡᠳᠡᠭᠦᠯᠬᠦ ᠳᠦᠷᠢᠮ ᠢ ᠬᠡᠷᠡᠭᠵᠢᠭᠦᠯᠦᠨ᠎ᠡ᠃            ᠮᠠᠯ ᠤᠨ ᠡᠮ ᠦᠢᠯᠡᠳᠪᠦᠷᠢᠯᠡᠬᠦ ᠠᠵᠤ ᠠᠬᠤᠶᠢᠯᠠᠯ᠂ ᠡᠵᠡᠩᠨᠡᠬᠦ ᠠᠵᠤ ᠠᠬᠤᠶᠢᠯᠠᠯ᠂ ᠮᠠᠯ ᠤᠨ ᠡᠮ ᠬᠡᠷᠡᠭᠯᠡᠬᠦ ᠨᠢᠭᠡᠴᠢ ᠪᠠ ᠵᠣᠷ ᠪᠢᠴᠢᠵᠦ ᠥᠭᠭᠦᠭᠰᠡᠨ ᠮᠠᠯ ᠤᠨ ᠡᠮᠴᠢ ᠶᠢᠨ ᠠᠵᠢᠯᠲᠠᠨ ᠮᠠᠯ ᠤᠨ ᠡᠮ ᠬᠡᠷᠡᠭᠯᠡᠬᠦ ᠲᠠᠢ ᠬᠤᠯᠪᠣᠭᠳᠠᠬᠤ ᠬᠦᠨᠳᠦ ᠨᠣᠴᠢᠲᠠᠢ ᠮᠠᠭᠤ ᠤᠷᠪᠠᠯ ᠢ ᠣᠯᠵᠤ ᠮᠡᠳᠡᠪᠡᠯ᠂ ᠪᠠᠶᠢᠭ᠎ᠠ ᠭᠠᠵᠠᠷ ᠤᠨ ᠢᠶᠠᠨ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠲᠡᠷᠡ ᠳᠠᠷᠤᠢ ᠳᠤᠨᠢ ᠮᠡᠳᠡᠭᠦᠯᠬᠦ ᠬᠡᠷᠡᠭᠲᠡᠢ᠃            ᠲᠠᠪᠢᠨ ᠨᠢᠭᠡᠳᠦᠭᠡᠷ ᠵᠦᠢᠯ ᠮᠠᠯ ᠤᠨ ᠡᠮ ᠦᠢᠯᠡᠳᠪᠦᠷᠢᠯᠡᠬᠦ ᠠᠵᠤ ᠠᠬᠤᠶᠢᠯᠠᠯ᠂ ᠡᠵᠡᠩᠨᠡᠬᠦ ᠠᠵᠤ ᠠᠬᠤᠶᠢᠯᠠᠯ ᠦᠢᠯᠡᠳᠪᠦᠷᠢᠯᠡᠬᠦ᠂ ᠡᠵᠡᠩᠨᠡᠬᠦ ᠪᠠᠨ ᠵᠣᠭᠰᠣᠭᠠᠳ 6 ᠰᠠᠷ᠎ᠠ ᠬᠡᠲᠦᠷᠡᠭᠰᠡᠨ ᠪᠤᠶᠤ ᠡᠭᠦᠳᠡ ᠪᠠᠨ ᠬᠠᠭᠠᠭᠰᠠᠨ ᠪᠠᠶᠢᠪᠠᠯ᠂ ᠦᠨᠡᠮᠯᠡᠯ ᠣᠯᠭᠤᠭᠰᠠᠨ ᠪᠠᠶᠢᠭᠤᠯᠭ᠎ᠠ ᠠᠴᠠ ᠲᠡᠭᠦᠨ ᠢ ᠵᠠᠷᠯᠢᠭᠳᠠᠵᠤ ᠪᠠᠶᠢᠭᠠᠳ ᠮᠠᠯ ᠤᠨ ᠡᠮ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ᠂ ᠮᠠᠯ ᠤᠨ ᠡᠮ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠨᠢ ᠪᠤᠴᠠᠭᠠᠯᠭᠠᠨ᠎ᠠ᠃            ᠲᠠᠪᠢᠨ ᠬᠤᠶᠠᠳᠤᠭᠠᠷ ᠵᠦᠢᠯ ᠮᠠᠯ ᠤᠨ ᠡᠮ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ᠂ ᠮᠠᠯ ᠤᠨ ᠡᠮ ᠡᠵᠡᠩᠨᠡᠬᠦ ᠵᠥᠪᠰᠢᠶᠡᠷᠡᠯ ᠤᠨ ᠦᠨᠡᠮᠯᠡᠯ ᠪᠠ ᠮᠠᠯ ᠤᠨ ᠡᠮ ᠤᠨ ᠵᠥᠪᠰᠢᠶᠡᠷᠡᠯ ᠤᠨ ᠭᠡᠷᠡᠴᠢ ᠪᠢᠴᠢᠭ ᠮᠠᠲ᠋ᠧᠷᠢᠶᠠᠯ ᠢ ᠬᠤᠳᠠᠯᠳᠤᠭᠠᠯᠠᠬᠤ᠂ ᠲᠦᠷᠢᠶᠡᠰᠦᠯᠡᠭᠦᠯᠬᠦ᠂ ᠵᠢᠭᠡᠯᠡᠭᠦᠯᠬᠦ ᠶᠢ ᠴᠠᠭᠠᠵᠠᠯᠠᠨ᠎ᠠ᠃            ᠲᠠᠪᠢᠨ ᠭᠤᠷᠪᠠᠳᠤᠭᠠᠷ ᠵᠦᠢᠯ ᠮᠠᠯ ᠤᠨ ᠡᠮ ᠢ ᠬᠢᠨᠠᠨ ᠲᠣᠭᠲᠠᠭᠠᠵᠤ ᠰᠢᠯᠭᠠᠨ ᠪᠠᠶᠢᠴᠠᠭᠠᠬᠤ ᠶᠢᠨ ᠰᠦᠢᠳᠬᠡᠯ ᠬᠤᠷᠢᠶᠠᠬᠤ ᠵᠦᠢᠯᠡᠰ ᠪᠠ ᠪᠠᠷᠢᠮᠵᠢᠶ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠦᠨ᠎ᠡ ᠬᠠᠩᠰᠢ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠲᠣᠭᠲᠠᠭᠠᠬᠤ ᠪᠥᠭᠡᠳ ᠵᠠᠷᠯᠠᠨ ᠨᠡᠶᠢᠲᠡᠯᠡᠨ᠎ᠡ᠃            ᠲᠠᠪᠢᠨ ᠳᠥᠷᠪᠡᠳᠦᠭᠡᠷ ᠵᠦᠢᠯ ᠡᠯ᠎ᠡ ᠱᠠᠲᠤᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠮᠠᠯ ᠤᠨ ᠡᠮ ᠢ ᠰᠢᠯᠭᠠᠨ ᠪᠠᠶᠢᠴᠠᠭᠠᠬᠤ ᠪᠠᠶᠢᠭᠤᠯᠤᠮᠵᠢ ᠵᠢᠴᠢ ᠲᠡᠭᠦᠨ ᠤ ᠠᠵᠢᠯᠲᠠᠳ ᠮᠠᠯ ᠤᠨ ᠡᠮ ᠤᠨ ᠦᠢᠯᠡᠳᠪᠦᠷᠢᠯᠡᠬᠦ ᠠᠵᠢᠯ᠂ ᠡᠵᠡᠩᠨᠡᠯᠲᠡ ᠶᠢᠨ ᠠᠵᠢᠯᠯᠠᠭ᠎ᠠ ᠳᠤ ᠣᠷᠣᠯᠴᠠᠵᠤ ᠪᠣᠯᠬᠤ ᠦᠭᠡᠢ᠂ ᠲᠡᠭᠦᠨ ᠤ ᠨᠡᠷ᠎ᠡ ᠪᠠᠷ ᠮᠠᠯ ᠤᠨ ᠡᠮ ᠢ ᠲᠠᠨᠢᠯᠴᠠᠭᠤᠯᠬᠤ ᠪᠤᠶᠤ ᠬᠢᠨᠠᠨ ᠦᠢᠯᠡᠳᠴᠦ᠂ ᠬᠢᠨᠠᠨ ᠪᠣᠷᠣᠯᠠᠭᠤᠯᠵᠤ ᠪᠣᠯᠬᠤ ᠦᠭᠡᠢ᠃            ᠨᠠᠢᠮᠠᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ                        ᠲᠠᠪᠢᠨ ᠲᠠᠪᠤᠳᠤᠭᠠᠷ ᠵᠦᠢᠯ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠲᠡᠭᠦᠨ ᠤ ᠠᠵᠢᠯᠲᠠᠨ ᠡᠭᠦᠷᠭᠡ ᠲᠤᠰᠢᠶᠠᠯ ᠤᠨ ᠢᠶᠠᠨ ᠲᠦᠬᠦᠮ ᠢ ᠠᠰᠢᠭᠯᠠᠨ ᠪᠤᠰᠤᠳ ᠤᠨ ᠵᠣᠭᠤᠰ ᠮᠥᠩᠭᠦ ᠡᠳ᠋ ᠪᠣᠳᠠᠰ ᠢ ᠬᠤᠷᠢᠶᠠᠨ ᠠᠪᠬᠤ ᠪᠤᠶᠤ ᠪᠤᠰᠤᠳ ᠠᠰᠢᠭ ᠲᠤᠰᠠ ᠣᠯᠬᠤ᠃ ᠬᠠᠤᠯᠢ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠦᠭᠡᠢ ᠨᠢᠭᠡᠴᠢ ᠪᠠ ᠬᠤᠪᠢ ᠬᠥᠮᠥᠨ ᠳᠤ ᠵᠥᠪᠰᠢᠶᠡᠷᠡᠯ ᠤᠨ ᠦᠨᠡᠮᠯᠡᠯ ᠢ ᠬᠢᠨᠠᠨ ᠣᠯᠭᠤᠵᠤ᠂ ᠬᠢᠨᠠᠨ ᠪᠠᠶᠢᠴᠠᠭᠠᠵᠤ ᠵᠥᠪᠰᠢᠶᠡᠷᠡᠭᠰᠡᠨ ᠰᠠᠨᠠᠯ ᠳᠤ ᠭᠠᠷ ᠤᠨ ᠦᠰᠦᠭ ᠵᠢᠷᠤᠵᠤ᠂ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ᠂ ᠡᠰᠡᠬᠦᠯ᠎ᠡ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠣᠯᠵᠤ ᠮᠡᠳᠡᠭᠡᠳ ᠪᠠᠶᠢᠴᠠᠭᠠᠨ ᠰᠢᠢᠳᠪᠦᠷᠢᠯᠡᠭᠰᠡᠨ ᠦᠭᠡᠢ᠂ ᠬᠦᠨᠳᠦ ᠨᠣᠴᠢᠲᠠᠢ ᠤᠷᠰᠢᠭ ᠲᠠᠲᠠᠵᠤ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠬᠠᠷᠠᠬᠠᠨ ᠶᠠᠯ᠎ᠠ ᠪᠣᠯᠵᠤ ᠪᠦᠷᠢᠯᠳᠦᠭᠰᠡᠨ ᠦᠭᠡᠢ ᠪᠣᠯ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠥᠭᠭᠦᠨ᠎ᠡ᠃            ᠲᠠᠪᠢᠨ ᠵᠢᠷᠭᠤᠳᠤᠭᠠᠷ ᠵᠦᠢᠯ ᠲᠤᠰ ᠳᠦᠷᠢᠮ ᠤᠨ ᠲᠣᠭᠲᠠᠭᠠᠯ ᠢ ᠵᠥᠷᠢᠴᠡᠵᠦ᠂ ᠮᠠᠯ ᠤᠨ ᠡᠮ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ᠂ ᠮᠠᠯ ᠤᠨ ᠡᠮ ᠡᠵᠡᠩᠨᠡᠬᠦ ᠵᠥᠪᠰᠢᠶᠡᠷᠡᠯ ᠤᠨ ᠦᠨᠡᠮᠯᠡᠯ ᠦᠭᠡᠢ ᠪᠠᠷ ᠮᠠᠯ ᠤᠨ ᠡᠮ ᠦᠢᠯᠡᠳᠪᠦᠷᠢᠯᠡᠵᠦ᠂ ᠡᠵᠡᠩᠨᠡᠭᠰᠡᠨ ᠪᠠᠶᠢᠪᠠᠯ᠂ ᠡᠰᠡᠬᠦᠯ᠎ᠡ ᠬᠡᠳᠦᠶᠢᠪᠡᠷ ᠮᠠᠯ ᠤᠨ ᠡᠮ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ᠂ ᠮᠠᠯ ᠤᠨ ᠡᠮ ᠡᠵᠡᠩᠨᠡᠬᠦ ᠵᠥᠪᠰᠢᠶᠡᠷᠡᠯ ᠤᠨ ᠦᠨᠡᠮᠯᠡᠯ ᠲᠠᠢ ᠪᠣᠯᠪᠠᠴᠤ ᠬᠠᠭᠤᠷᠮᠠᠭ᠂ ᠮᠠᠭᠤ ᠮᠠᠯ ᠤᠨ ᠡᠮ ᠦᠢᠯᠡᠳᠪᠦᠷᠢᠯᠡᠵᠦ ᠡᠵᠡᠩᠨᠡᠭᠰᠡᠨ ᠪᠠᠶᠢᠪᠠᠯ᠂ ᠡᠰᠡᠬᠦᠯ᠎ᠡ ᠮᠠᠯ ᠤᠨ ᠡᠮ ᠡᠵᠡᠩᠨᠡᠬᠦ ᠠᠵᠤ ᠠᠬᠤᠶᠢᠯᠠᠯ  ᠨᠢ ᠬᠥᠮᠥᠨ ᠤ ᠬᠡᠷᠡᠭᠯᠡᠬᠦ ᠡᠮ ᠤᠨ ᠵᠦᠢᠯ ᠢ ᠡᠵᠡᠩᠨᠡᠵᠦ ᠪᠠᠶᠢᠪᠠᠯ᠂ ᠲᠡᠭᠦᠨ ᠢ ᠵᠠᠷᠯᠢᠭᠳᠠᠵᠤ ᠪᠠᠶᠢᠭᠠᠳ ᠦᠢᠯᠡᠳᠪᠦᠷᠢᠯᠡᠬᠦ᠂ ᠡᠵᠡᠩᠨᠡᠬᠦ ᠶᠢ ᠨᠢ ᠵᠣᠭᠰᠣᠭᠠᠵᠤ᠂ ᠬᠠᠤᠯᠢ ᠶᠢ ᠵᠥᠷᠢᠴᠡᠨ ᠦᠢᠯᠡᠳᠪᠦᠷᠢᠯᠡᠬᠦ ᠳᠤ ᠬᠡᠷᠡᠭᠯᠡᠭᠰᠡᠨ ᠲᠦᠭᠦᠬᠡᠢ ᠮᠠᠲ᠋ᠧᠷᠢᠶᠠᠯ᠂ ᠲᠤᠰᠠᠯᠠᠬᠤ ᠮᠠᠲ᠋ᠧᠷᠢᠶᠠᠯ᠂ ᠪᠣᠭᠤᠳᠠᠯ ᠪᠠᠭᠯᠠᠭ᠎ᠠ ᠶᠢᠨ ᠮᠠᠲ᠋ᠧᠷᠢᠶᠠᠯ ᠵᠢᠴᠢ ᠦᠢᠯᠡᠳᠪᠦᠷᠢᠯᠡᠵᠦ᠂ ᠡᠵᠡᠩᠨᠡᠵᠦ ᠪᠠᠶᠢᠭ᠎ᠠ ᠮᠠᠯ ᠤᠨ ᠡᠮ ᠪᠠ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠬᠤ ᠶᠢᠨ ᠬᠠᠮᠲᠤ ᠬᠠᠤᠯᠢ ᠶᠢ ᠵᠥᠷᠢᠴᠡᠨ ᠦᠢᠯᠡᠳᠪᠦᠷᠢᠯᠡᠵᠦ᠂ ᠡᠵᠡᠩᠨᠡᠵᠦ ᠪᠠᠶᠢᠭ᠎ᠠ ᠮᠠᠯ ᠤᠨ ᠡᠮ ︵ᠨᠢᠭᠡᠨᠲᠡ ᠬᠤᠳᠠᠯᠳᠤᠭᠰᠠᠨ ᠪᠠ ᠬᠤᠳᠠᠯᠳᠤᠭᠠᠳᠤᠢ ᠮᠠᠯ ᠤᠨ ᠡᠮ ᠪᠠᠭᠲᠠᠨ᠎ᠠ᠂ ᠳᠣᠷᠣᠭᠰᠢ ᠠᠳᠠᠯᠢ︶ ᠤᠨ ᠪᠠᠷᠠᠭᠠᠨ ᠤ ᠦᠷᠳᠡᠭ ᠤᠨ ᠵᠣᠭᠤᠰ ᠤᠨ ᠲᠤᠭ᠎ᠠ ᠶᠢᠨ 2 ᠳᠠᠬᠢᠨ ᠠᠴᠠ ᠳᠡᠭᠡᠭᠰᠢ 5 ᠳᠠᠬᠢᠨ ᠠᠴᠠ ᠳᠣᠭᠤᠭᠰᠢ ᠲᠣᠷᠭᠠᠭᠤᠯᠢ ᠣᠨᠣᠭᠳᠠᠭᠤᠯᠵᠤ ᠨᠡᠶᠢᠯᠡᠭᠦᠯᠦᠨ ᠰᠢᠢᠳᠬᠡᠨ᠎ᠡ᠂ ᠪᠠᠷᠠᠭᠠᠨ ᠤ ᠦᠷᠳᠡᠭ ᠤᠨ ᠵᠣᠭᠤᠰ ᠤᠨ ᠲᠤᠭ᠎ᠠ ᠶᠢ ᠪᠠᠶᠢᠴᠠᠭᠠᠨ ᠲᠣᠳᠣᠯᠠᠵᠤ ᠬᠢᠨᠠᠨ ᠬᠠᠷᠭᠤᠭᠤᠯᠬᠤ ᠶᠢᠨ ᠠᠷᠭ᠎ᠠ ᠦᠭᠡᠢ ᠪᠠᠶᠢᠪᠠᠯ᠂ 10 ᠲᠦᠮᠡᠨ ᠲᠥᠭᠦᠷᠢᠭ ᠠᠴᠠ ᠳᠡᠭᠡᠭᠰᠢ 20 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠃ ᠮᠠᠯ ᠤᠨ ᠡᠮ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠦᠭᠡᠢ ᠪᠠᠷ ᠮᠠᠯ ᠤᠨ ᠡᠮ ᠦᠢᠯᠡᠳᠪᠦᠷᠢᠯᠡᠭᠰᠡᠨ ᠪᠥᠭᠡᠳ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠲᠡᠭᠦᠨ ᠤ ᠦᠢᠯᠡᠳᠪᠦᠷᠢᠯᠡᠬᠦ ᠠᠵᠢᠯ ᠤᠨ ᠲᠤᠨᠤᠭ ᠲᠥᠬᠦᠭᠡᠷᠦᠮᠵᠢ ᠶᠢ ᠨᠢ ᠬᠤᠷᠢᠶᠠᠨ ᠠᠪᠤᠨ᠎ᠠ᠃ ᠬᠠᠭᠤᠷᠮᠠᠭ᠂ ᠮᠠᠭᠤ ᠮᠠᠯ ᠤᠨ ᠡᠮ ᠢ ᠦᠢᠯᠡᠳᠪᠦᠷᠢᠯᠡᠵᠦ᠂ ᠡᠵᠡᠩᠨᠡᠭᠡᠳ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠮᠠᠯ ᠤᠨ ᠡᠮ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ᠂ ᠮᠠᠯ ᠤᠨ ᠡᠮ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ᠃ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠪᠤᠰᠤᠳ ᠬᠥᠮᠥᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠭᠦᠯᠦᠨ᠎ᠡ᠃ ᠦᠢᠯᠡᠳᠪᠦᠷᠢᠯᠡᠬᠦ᠂ ᠡᠵᠡᠩᠨᠡᠬᠦ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠪᠠ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠥᠨ ᠨᠢ ᠨᠠᠰᠤᠨ ᠲᠤᠷᠰᠢᠲᠠ ᠮᠠᠯ ᠤᠨ ᠡᠮ ᠤᠨ ᠦᠢᠯᠡᠳᠪᠦᠷᠢᠯᠡᠬᠦ ᠠᠵᠢᠯ᠂ ᠡᠵᠡᠩᠨᠡᠯᠲᠡ ᠶᠢᠨ ᠠᠵᠢᠯᠯᠠᠭ᠎ᠠ ᠶᠢ ᠬᠢᠵᠦ ᠪᠣᠯᠬᠤ ᠦᠭᠡᠢ᠃            ᠠᠯᠪᠠᠳᠠᠯᠭ᠎ᠠ ᠪᠠᠷ ᠴᠠᠷᠤᠯᠲᠠ ᠬᠢᠯᠭᠡᠬᠦ ᠳᠤ ᠬᠡᠷᠡᠭᠰᠡᠬᠦ ᠮᠠᠯ ᠳᠤ ᠬᠡᠷᠡᠭᠯᠡᠬᠦ ᠠᠮᠢᠳᠤ ᠪᠣᠳᠠᠰ ᠤᠨ ᠪᠦᠲᠦᠭᠡᠭᠳᠡᠬᠦᠨ ᠢ ᠳᠤᠷ᠎ᠠ ᠪᠠᠷ ᠢᠶᠠᠨ ᠦᠢᠯᠡᠳᠪᠦᠷᠢᠯᠡᠭᠰᠡᠨ ᠪᠠᠶᠢᠪᠠᠯ᠂ ᠮᠠᠯ ᠤᠨ ᠡᠮ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠦᠭᠡᠢ ᠪᠠᠷ ᠮᠠᠯ ᠤᠨ ᠡᠮ ᠦᠢᠯᠡᠳᠪᠦᠷᠢᠯᠡᠭᠰᠡᠨ ᠢᠶᠠᠷ ᠰᠢᠢᠳᠬᠡᠨ᠎ᠡ᠃            ᠲᠠᠪᠢᠨ ᠳᠣᠯᠣᠳᠤᠭᠠᠷ ᠵᠦᠢᠯ ᠲᠤᠰ ᠳᠦᠷᠢᠮ ᠤᠨ ᠲᠣᠭᠲᠠᠭᠠᠯ ᠢ ᠵᠥᠷᠢᠴᠡᠵᠦ᠂ ᠬᠤᠳᠠᠯ ᠬᠠᠭᠤᠷᠮᠠᠭ ᠮᠠᠲ᠋ᠧᠷᠢᠶᠠᠯ᠂ ᠦᠯᠢᠭᠡᠷ ᠡᠳ᠋ ᠬᠠᠩᠭᠠᠬᠤ ᠪᠤᠶᠤ ᠪᠤᠰᠤᠳ ᠮᠡᠬᠡᠯᠡᠬᠦ ᠠᠷᠭ᠎ᠠ ᠪᠠᠷᠢᠯ ᠢᠶᠠᠷ ᠮᠠᠯ ᠤᠨ ᠡᠮ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ᠂ ᠮᠠᠯ ᠤᠨ ᠡᠮ ᠡᠵᠡᠩᠨᠡᠬᠦ ᠵᠥᠪᠰᠢᠶᠡᠷᠡᠯ ᠤᠨ ᠦᠨᠡᠮᠯᠡᠯ ᠪᠤᠶᠤ ᠮᠠᠯ ᠤᠨ ᠡᠮ ᠤᠨ ᠵᠥᠪᠰᠢᠶᠡᠷᠡᠯ ᠤᠨ ᠭᠡᠷᠡᠴᠢᠯᠡᠬᠦ ᠪᠢᠴᠢᠭ ᠮᠠᠲ᠋ᠧᠷᠢᠶᠠᠯ ᠢ ᠣᠯᠣᠭᠰᠠᠨ ᠪᠠᠶᠢᠪᠠᠯ᠂ ᠮᠠᠯ ᠤᠨ ᠡᠮ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ᠂ ᠮᠠᠯ ᠤᠨ ᠡᠮ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠬᠤ ᠪᠤᠶᠤ ᠮᠠᠯ ᠤᠨ ᠡᠮ ᠤᠨ ᠵᠥᠪᠰᠢᠶᠡᠷᠡᠯ ᠤᠨ ᠭᠡᠷᠡᠴᠢᠯᠡᠬᠦ ᠪᠢᠴᠢᠭ ᠮᠠᠲ᠋ᠧᠷᠢᠶᠠᠯ ᠢ ᠨᠢ ᠬᠦᠴᠦᠨ ᠦᠭᠡᠢ ᠪᠣᠯᠭᠠᠵᠤ᠂ 5 ᠲᠦᠮᠡᠨ ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠵᠤ ᠨᠡᠶᠢᠯᠡᠭᠦᠯᠦᠨ ᠰᠢᠢᠳᠬᠡᠨ᠎ᠡ᠃ ᠪᠤᠰᠤᠳ ᠬᠥᠮᠥᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠭᠦᠯᠦᠨ᠎ᠡ᠃ ᠲᠡᠭᠦᠨ ᠤ ᠭᠤᠣᠯ ᠬᠠᠷᠢᠭᠤᠴᠠᠯᠭᠠᠲᠠᠨ ᠪᠠ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠥᠨ ᠨᠢ ᠨᠠᠰᠤ ᠪᠠᠷ ᠢᠶᠠᠨ ᠮᠠᠯ ᠤᠨ ᠡᠮ ᠢ ᠦᠢᠯᠡᠳᠪᠦᠷᠢᠯᠡᠬᠦ᠂ ᠡᠵᠡᠩᠨᠡᠬᠦ ᠪᠠ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠢᠯᠯᠠᠭ᠎ᠠ ᠶᠢ ᠬᠢᠵᠦ ᠪᠣᠯᠬᠤ ᠦᠭᠡᠢ᠃            ᠲᠠᠪᠢᠨ ᠨᠠᠢᠮᠠᠳᠤᠭᠠᠷ ᠵᠦᠢᠯ ᠮᠠᠯ ᠤᠨ ᠡᠮ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ᠂ ᠮᠠᠯ ᠤᠨ ᠡᠮ ᠡᠵᠡᠩᠨᠡᠬᠦ ᠵᠥᠪᠰᠢᠶᠡᠷᠡᠯ ᠤᠨ ᠦᠨᠡᠮᠯᠡᠯ ᠪᠠ ᠮᠠᠯ ᠤᠨ ᠡᠮ ᠤᠨ ᠵᠥᠪᠰᠢᠶᠡᠷᠡᠯ ᠤᠨ ᠭᠡᠷᠡᠴᠢᠯᠡᠬᠦ ᠪᠢᠴᠢᠭ ᠮᠠᠲ᠋ᠧᠷᠢᠶᠠᠯ ᠢ ᠮᠠᠶᠢᠮᠠᠶᠢᠯᠠᠭᠰᠠᠨ᠂ ᠲᠦᠷᠢᠶᠡᠰᠦᠯᠡᠭᠦᠯᠦᠭᠰᠡᠨ᠂ ᠵᠢᠭᠡᠯᠡᠭᠦᠯᠦᠭᠰᠡᠨ ᠪᠠᠶᠢᠪᠠᠯ᠂ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠴᠤ᠂ 1 ᠲᠦᠮᠡᠨ ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠵᠤ ᠨᠡᠶᠢᠯᠡᠭᠦᠯᠦᠨ ᠰᠢᠢᠳᠬᠡᠨ᠎ᠡ᠃ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠮᠠᠯ ᠤᠨ ᠡᠮ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ᠂ ᠮᠠᠯ ᠤᠨ ᠡᠮ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠬᠤ ᠪᠤᠶᠤ ᠮᠠᠯ ᠤᠨ ᠡᠮ ᠤᠨ ᠵᠥᠪᠰᠢᠶᠡᠷᠡᠯ ᠤᠨ ᠭᠡᠷᠡᠴᠢ ᠪᠢᠴᠢᠭ ᠮᠠᠲ᠋ᠧᠷᠢᠶᠠᠯ ᠢ ᠨᠢ ᠬᠦᠴᠦᠨ ᠦᠭᠡᠢ ᠪᠣᠯᠭᠠᠨ᠎ᠠ᠃ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠪᠤᠰᠤᠳ ᠬᠥᠮᠥᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠭᠦᠯᠦᠨ᠎ᠡ᠃            ᠲᠠᠪᠢ ᠶᠢᠰᠦᠳᠦᠭᠡᠷ ᠵᠦᠢᠯ ᠲᠤᠰ ᠳᠦᠷᠢᠮ ᠤᠨ ᠲᠣᠭᠲᠠᠭᠠᠯ ᠢ ᠵᠥᠷᠢᠴᠡᠵᠦ᠂ ᠮᠠᠯ ᠤᠨ ᠡᠮ ᠤᠨ ᠠᠶᠤᠯᠭᠦᠢ ᠴᠢᠨᠠᠷ ᠢ ᠦᠨᠡᠯᠡᠬᠦ ᠨᠢᠭᠡᠴᠢ᠂ ᠡᠮᠴᠢᠯᠡᠭᠡᠨ ᠤ ᠲᠤᠷᠰᠢᠯᠲᠠ ᠶᠢᠨ ᠨᠢᠭᠡᠴᠢ᠂ ᠦᠢᠯᠡᠳᠪᠦᠷᠢᠯᠡᠬᠦ ᠪᠠ ᠡᠵᠡᠩᠨᠡᠬᠦ ᠠᠵᠤ ᠠᠬᠤᠶᠢᠯᠠᠯ ᠨᠢ ᠮᠠᠯ ᠤᠨ ᠡᠮ ᠤᠨ ᠰᠤᠳᠤᠯᠭᠠᠨ ᠤ ᠲᠤᠷᠰᠢᠯᠲᠠ᠂ ᠦᠢᠯᠡᠳᠪᠦᠷᠢᠯᠡᠬᠦ ᠠᠵᠢᠯ᠂ ᠡᠵᠡᠩᠨᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠢ ᠲᠣᠭᠲᠠᠭᠠᠯ ᠶᠣᠰᠣᠭᠠᠷ ᠬᠡᠷᠡᠭᠵᠢᠭᠦᠯᠦᠭᠰᠡᠨ ᠦᠭᠡᠢ ᠪᠠᠶᠢᠪᠠᠯ᠂ ᠳᠣᠩᠭᠤᠳᠴᠤ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ᠃ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ ᠮᠠᠯ ᠤᠨ ᠡᠮ ᠤᠨ ᠰᠤᠳᠤᠯᠭᠠᠨ ᠤ ᠲᠤᠷᠰᠢᠯᠲᠠ᠂ ᠦᠢᠯᠡᠳᠪᠦᠷᠢᠯᠡᠬᠦ ᠠᠵᠢᠯ᠂ ᠡᠵᠡᠩᠨᠡᠯᠲᠡ ᠶᠢᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ 5 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠵᠤ ᠨᠡᠶᠢᠯᠡᠭᠦᠯᠦᠨ ᠰᠢᠢᠳᠬᠡᠨ᠎ᠡ᠃ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠮᠠᠯ ᠤᠨ ᠡᠮ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ᠂ ᠮᠠᠯ ᠤᠨ ᠡᠮ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ᠃ ᠪᠤᠰᠤᠳ ᠬᠥᠮᠥᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠭᠦᠯᠦᠨ᠎ᠡ᠃            ᠲᠤᠰ ᠳᠦᠷᠢᠮ ᠤᠨ ᠲᠣᠭᠲᠠᠭᠠᠯ ᠢ ᠵᠥᠷᠢᠴᠡᠵᠦ᠂ ᠮᠠᠯ ᠤᠨ ᠰᠢᠨ᠎ᠡ ᠡᠮ ᠢ ᠰᠤᠳᠤᠯᠤᠨ ᠦᠢᠯᠡᠳᠬᠦ ᠳᠤ ᠲᠣᠭᠲᠠᠭᠠᠭᠰᠠᠨ ᠨᠥᠬᠦᠴᠡᠯ ᠢ ᠪᠦᠷᠢᠳᠦᠭᠦᠯᠦᠭᠰᠡᠨ ᠦᠭᠡᠢ ᠪᠠᠷ ᠨᠢᠭᠡᠳᠦᠭᠡᠷ ᠲᠦᠷᠦᠯ ᠤᠨ ᠡᠪᠡᠳᠴᠢᠨ ᠡᠭᠦᠰᠬᠡᠬᠦ ᠮᠢᠺᠷᠣᠪ ᠢ ᠳᠤᠷ᠎ᠠ ᠪᠠᠷ ᠢᠶᠠᠨ ᠬᠡᠷᠡᠭᠯᠡᠭᠰᠡᠨ ᠪᠤᠶᠤ ᠲᠤᠷᠰᠢᠯᠲᠠ ᠶᠢᠨ ᠲᠠᠰᠤᠭ ᠤᠨ ᠱᠠᠲᠤᠨ ᠠᠴᠠ ᠡᠮᠦᠨ᠎ᠡ ᠵᠥᠪᠰᠢᠶᠡᠷᠡᠭᠦᠯᠦᠭᠰᠡᠨ ᠦᠭᠡᠢ ᠪᠠᠶᠢᠪᠠᠯ᠂ ᠲᠡᠭᠦᠨ ᠢ ᠵᠠᠷᠯᠢᠭᠳᠠᠵᠤ ᠪᠠᠶᠢᠭᠠᠳ ᠲᠤᠷᠰᠢᠯᠲᠠ ᠶᠢ ᠨᠢ ᠵᠣᠭᠰᠣᠭᠠᠵᠤ᠂ 5 ᠲᠦᠮᠡᠨ ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠵᠤ ᠨᠡᠶᠢᠯᠡᠭᠦᠯᠦᠨ ᠰᠢᠢᠳᠬᠡᠨ᠎ᠡ᠃ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠪᠤᠰᠤᠳ ᠬᠥᠮᠥᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠭᠦᠯᠦᠨ᠎ᠡ᠃            ᠵᠢᠷᠠᠳᠤᠭᠠᠷ ᠵᠦᠢᠯ ᠲᠤᠰ ᠳᠦᠷᠢᠮ ᠤᠨ ᠲᠣᠭᠲᠠᠭᠠᠯ ᠢ ᠵᠥᠷᠢᠴᠡᠵᠦ᠂ ᠮᠠᠯ ᠤᠨ ᠡᠮ ᠤᠨ ᠱᠣᠰᠢᠭ᠎ᠠ ᠪᠠ ᠲᠣᠳᠣᠷᠬᠠᠶᠢᠯᠠᠯᠲᠠ ᠶᠢᠨ ᠪᠢᠴᠢᠭ ᠢ ᠵᠥᠪᠰᠢᠶᠡᠷᠡᠭᠦᠯᠦᠭᠰᠡᠨ ᠦᠭᠡᠢ ᠪᠠᠶᠢᠪᠠᠯ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ᠃ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ ᠬᠠᠭᠤᠷᠮᠠᠭ ᠮᠠᠯ ᠤᠨ ᠡᠮ ᠦᠢᠯᠡᠳᠪᠦᠷᠢᠯᠡᠭᠰᠡᠨ᠂ ᠡᠵᠡᠩᠨᠡᠭᠰᠡᠨ ᠢᠶᠠᠷ ᠰᠢᠢᠳᠬᠡᠨ᠎ᠡ᠃ ᠮᠠᠯ ᠤᠨ ᠡᠮ ᠤᠨ ᠪᠦᠲᠦᠭᠡᠭᠳᠡᠬᠦᠨ ᠤ ᠵᠥᠪᠰᠢᠶᠡᠷᠡᠯ ᠤᠨ ᠪᠢᠴᠢᠭ ᠤᠨ ᠳ᠋ᠤᠭᠠᠷ ᠲᠠᠢ ᠪᠠᠶᠢᠪᠠᠯ᠂ ᠮᠠᠯ ᠤᠨ ᠡᠮ ᠤᠨ ᠪᠦᠲᠦᠭᠡᠭᠳᠡᠬᠦᠨ ᠤ ᠵᠥᠪᠰᠢᠶᠡᠷᠡᠯ ᠤᠨ ᠪᠢᠴᠢᠭ ᠤᠨ ᠳ᠋ᠤᠭᠠᠷ ᠢ ᠬᠦᠴᠦᠨ ᠦᠭᠡᠢ ᠪᠣᠯᠭᠠᠨ᠎ᠠ᠃ ᠪᠤᠰᠤᠳ ᠬᠥᠮᠥᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ ᠂ ᠬᠠᠤᠯᠢ ᠶᠣᠰᠣᠭᠠᠷ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠭᠦᠯᠦᠨ᠎ᠡ᠃ ᠮᠠᠯ ᠤᠨ ᠡᠮ ᠤᠨ ᠪᠣᠭᠤᠳᠠᠯ ᠳᠡᠭᠡᠷ᠎ᠡ ᠱᠣᠰᠢᠭ᠎ᠠ ᠪᠠ ᠲᠣᠳᠣᠷᠬᠠᠶᠢᠯᠠᠯᠲᠠ ᠶᠢᠨ ᠪᠢᠴᠢᠭ ᠳᠠᠭᠠᠯᠳᠤᠭᠤᠯᠤᠭᠰᠠᠨ ᠦᠭᠡᠢ᠂ ᠡᠰᠡᠬᠦᠯ᠎ᠡ ᠱᠣᠰᠢᠭ᠎ᠠ ᠪᠠ ᠲᠣᠳᠣᠷᠬᠠᠶᠢᠯᠠᠯᠲᠠ ᠶᠢᠨ ᠪᠢᠴᠢᠭ ᠨᠢ ᠵᠥᠪᠰᠢᠶᠡᠷᠡᠭᠰᠡᠨ ᠠᠭᠤᠯᠭ᠎ᠠ ᠲᠠᠢ ᠪᠠᠨ ᠨᠢᠭᠡᠳᠦᠯ ᠦᠭᠡᠢ ᠪᠠᠶᠢᠪᠠᠯ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ᠃ ᠤᠢᠢᠯᠠ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠡᠮᠦᠨᠡᠬᠢ ᠪᠠᠳᠠᠭ ᠤᠨ ᠲᠣᠭᠲᠠᠭᠠᠯ ᠶᠣᠰᠣᠭᠠᠷ ᠰᠢᠢᠳᠬᠡᠨ᠎ᠡ᠃            ᠵᠢᠷᠠᠨ ᠨᠢᠭᠡᠳᠦᠭᠡᠷ ᠵᠦᠢᠯ ᠲᠤᠰ ᠳᠦᠷᠢᠮ ᠤᠨ ᠲᠣᠭᠲᠠᠭᠠᠯ ᠢ ᠵᠥᠷᠢᠴᠡᠵᠦ᠂ ᠬᠢᠯᠢ ᠶᠢᠨ ᠭᠠᠳᠠᠨᠠᠬᠢ ᠠᠵᠤ ᠠᠬᠤᠶᠢᠯᠠᠯ ᠳᠤᠮᠳᠠᠳᠤ ᠤᠯᠤᠰ ᠲᠤ ᠮᠠᠯ ᠤᠨ ᠡᠮ ᠢ ᠰᠢᠭᠤᠳ ᠪᠣᠷᠣᠯᠠᠭᠤᠯᠤᠭᠰᠠᠨ ᠪᠠᠶᠢᠪᠠᠯ᠂ ᠲᠡᠭᠦᠨ ᠢ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠵᠤ᠂ ᠰᠢᠭᠤᠳ ᠪᠣᠷᠣᠯᠠᠭᠤᠯᠤᠭᠰᠠᠨ ᠮᠠᠯ ᠤᠨ ᠡᠮ ᠪᠠ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠴᠤ᠂ 5 ᠲᠦᠮᠡᠨ ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠵᠤ ᠨᠡᠶᠢᠯᠡᠭᠦᠯᠦᠨ ᠰᠢᠢᠳᠬᠡᠨ᠎ᠡ᠃ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠭᠠᠳᠠᠭᠠᠳᠤ ᠠᠴᠠ ᠣᠷᠣᠭᠤᠯᠤᠭᠰᠠᠨ ᠮᠠᠯ ᠤᠨ ᠡᠮ ᠤᠨ ᠳᠠᠩᠰᠠᠯᠠᠭᠤᠯᠤᠭᠰᠠᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ᠃ ᠪᠤᠰᠤᠳ ᠬᠥᠮᠥᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠭᠦᠯᠦᠨ᠎ᠡ᠃            ᠵᠢᠷᠠᠨ ᠬᠤᠶᠠᠳᠤᠭᠠᠷ ᠵᠦᠢᠯ ᠲᠤᠰ ᠳᠦᠷᠢᠮ ᠤᠨ ᠲᠣᠭᠲᠠᠭᠠᠯ ᠢ ᠵᠥᠷᠢᠴᠡᠵᠦ᠂ ᠮᠠᠯ ᠤᠨ ᠡᠮ ᠢ ᠠᠶᠤᠯᠭᠦᠢ ᠬᠡᠷᠡᠭᠯᠡᠬᠦ ᠲᠤᠬᠠᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠮᠠᠯ ᠤᠨ ᠡᠮ ᠢ ᠬᠡᠷᠡᠭᠯᠡᠭᠰᠡᠨ ᠦᠭᠡᠢ᠂ ᠡᠮ ᠬᠡᠷᠡᠭᠯᠡᠭᠰᠡᠨ ᠲᠡᠮᠳᠡᠭᠯᠡᠯ ᠬᠢᠭᠰᠡᠨ ᠦᠭᠡᠢ ᠪᠤᠶᠤ ᠲᠡᠮᠳᠡᠭᠯᠡᠯ ᠨᠢ ᠪᠦᠷᠢᠨ ᠪᠦᠲᠦᠨ ᠦᠨᠡᠨ ᠪᠣᠳᠠᠲᠠᠢ ᠪᠢᠰᠢ ᠪᠠᠶᠢᠪᠠᠯ ᠂ ᠡᠰᠡᠬᠦᠯ᠎ᠡ ᠬᠡᠷᠡᠭᠯᠡᠬᠦ ᠶᠢ ᠬᠤᠷᠢᠭᠯᠠᠭᠰᠠᠨ ᠡᠮ ᠤᠨ ᠵᠦᠢᠯ ᠪᠣᠯᠣᠨ ᠪᠤᠰᠤᠳ ᠨᠡᠶᠢᠯᠡᠮᠡᠯ ᠪᠣᠳᠠᠰ ᠢ ᠬᠡᠷᠡᠭᠯᠡᠭᠰᠡᠨ᠂ ᠡᠰᠡᠬᠦᠯ᠎ᠡ ᠬᠥᠮᠥᠨ ᠤ ᠬᠡᠷᠡᠭᠯᠡᠬᠦ ᠡᠮ ᠤᠨ ᠵᠦᠢᠯ ᠢ ᠠᠮᠢᠳᠡᠠ ᠳᠤ ᠬᠡᠷᠡᠭᠯᠡᠭᠰᠡᠨ ᠪᠠᠶᠢᠪᠠᠯ᠂ ᠵᠠᠷᠯᠢᠭᠳᠠᠵᠤ ᠪᠠᠶᠢᠭᠠᠳ ᠲᠡᠷᠡ ᠳᠠᠷᠤᠢ ᠳᠤᠨᠢ ᠵᠠᠯᠠᠷᠠᠭᠤᠯᠤᠭᠤᠯᠬᠤ ᠶᠢᠨ ᠬᠠᠮᠲᠤ ᠴᠠᠭᠠᠵᠠᠲᠠᠢ ᠡᠮ ᠤᠨ ᠵᠦᠢᠯ ᠪᠣᠯᠣᠨ ᠪᠤᠰᠤᠳ ᠨᠡᠶᠢᠯᠡᠮᠡᠯ ᠪᠣᠳᠠᠰ ᠢ ᠲᠡᠵᠢᠭᠡᠵᠦ ᠪᠠᠶᠢᠭ᠎ᠠ ᠠᠮᠢᠳᠡᠠ ᠵᠢᠴᠢ ᠲᠡᠭᠦᠨ ᠤ ᠤᠢᠢᠯᠡᠦᠡᠭᠡᠬᠦᠠ ᠢ ᠬᠤᠣᠷ ᠦᠭᠡᠶᠢᠵᠢᠬᠦᠯᠦᠠ ᠰᠢᠢᠳᠪᠦᠷᠢᠯᠡᠭᠦᠯᠦᠨ᠎ᠡ᠃ ᠬᠠᠤᠯᠢ ᠶᠢ ᠵᠥᠷᠢᠴᠡᠭᠰᠡᠨ ᠨᠢᠭᠡᠴᠢ ᠶᠢ 1 ᠲᠦᠮᠡᠨ ᠲᠥᠭᠦᠷᠢᠭ ᠠᠴᠠ ᠳᠡᠭᠡᠭᠰᠢ 5 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠃ ᠪᠤᠰᠤᠳ ᠬᠥᠮᠥᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠭᠦᠯᠦᠨ᠎ᠡ᠃            ᠵᠢᠷᠠᠨ ᠭᠤᠷᠪᠠᠳᠤᠭᠠᠷ ᠵᠦᠢᠯ ᠲᠤᠰ ᠳᠦᠷᠢᠮ ᠤᠨ ᠲᠣᠭᠲᠠᠭᠠᠯ ᠢ ᠵᠥᠷᠢᠴᠡᠵᠦ᠂ ᠡᠮ ᠬᠡᠷᠡᠭᠯᠡᠬᠦ ᠬᠤᠭᠤᠴᠠᠭ᠎ᠠ᠂ ᠡᠮ ᠬᠡᠷᠡᠭᠯᠡᠬᠦ ᠪᠠᠨ ᠵᠣᠭᠰᠣᠬᠤ ᠬᠤᠭᠤᠴᠠᠭᠠᠨ ᠳᠤ ᠪᠠᠶᠢᠭ᠎ᠠ ᠠᠮᠢᠲᠠᠨ ᠵᠢᠴᠢ ᠲᠡᠭᠦᠨ ᠤ ᠪᠦᠲᠦᠭᠡᠭᠳᠡᠬᠦᠨ ᠢ ᠢᠳᠡᠭᠡᠨ ᠤ ᠬᠡᠷᠡᠭᠯᠡᠭᠡᠨ ᠳᠤ ᠬᠡᠷᠡᠭᠯᠡᠭᠰᠡᠨ ᠪᠠᠶᠢᠪᠠᠯ᠂ ᠡᠰᠡᠬᠦᠯ᠎ᠡ ᠴᠠᠭᠠᠵᠠᠲᠠᠢ ᠡᠮ ᠪᠠ ᠮᠠᠯ ᠤᠨ ᠡᠮ ᠤᠨ ᠦᠯᠡᠳᠡᠭᠳᠡᠯ ᠨᠢ ᠪᠠᠷᠢᠮᠵᠢᠶ᠎ᠠ ᠠᠴᠠ ᠬᠡᠲᠦᠷᠡᠭᠰᠡᠨ ᠠᠮᠢᠲᠠᠨ ᠤ ᠠᠰᠢᠭ ᠰᠢᠮ᠎ᠡ ᠶᠢ ᠪᠣᠷᠣᠯᠠᠭᠤᠯᠤᠨ ᠢᠳᠡᠭᠡᠨ ᠤ ᠬᠡᠷᠡᠭᠯᠡᠭᠡᠨ ᠳᠤ ᠬᠡᠷᠡᠭᠯᠡᠭᠰᠡᠨ ᠪᠠᠶᠢᠪᠠᠯ᠂ ᠲᠡᠭᠦᠨ ᠢ ᠵᠠᠷᠯᠢᠭᠳᠠᠵᠤ ᠪᠠᠶᠢᠭᠠᠳ ᠴᠠᠭᠠᠵᠠᠲᠠᠢ ᠡᠮ ᠪᠠ ᠮᠠᠯ ᠤᠨ ᠡᠮ ᠤᠨ ᠦᠯᠡᠳᠡᠭᠳᠡᠯ ᠨᠢ ᠪᠠᠷᠢᠮᠵᠢᠶ᠎ᠠ ᠠᠴᠠ ᠬᠡᠲᠦᠷᠡᠭᠰᠡᠨ ᠠᠮᠢᠲᠠᠨ ᠤ ᠠᠰᠢᠭ ᠰᠢᠮ᠎ᠡ ᠶᠢ ᠬᠤᠣᠷ ᠦᠭᠡᠶᠢᠵᠢᠭᠦᠯᠦᠨ ᠰᠢᠢᠳᠪᠦᠷᠢᠯᠡᠭᠦᠯᠵᠦ᠂ ᠬᠠᠤᠯᠢ ᠶᠢ ᠵᠥᠷᠢᠴᠡᠵᠦ ᠣᠯᠣᠭᠰᠠᠨ ᠠᠰᠢᠭ ᠣᠯᠵᠠᠪᠤᠷᠢ ᠶᠢ ᠨᠢ ᠬᠤᠷᠢᠶᠠᠨ ᠠᠪᠴᠤ᠂ 3 ᠲᠦᠮᠡᠨ ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠵᠤ ᠨᠡᠶᠢᠯᠡᠭᠦᠯᠦᠨ ᠰᠢᠢᠳᠬᠡᠨ᠎ᠡ᠃ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠪᠤᠰᠤᠳ ᠬᠥᠮᠥᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠭᠦᠯᠦᠨ᠎ᠡ᠃            ᠵᠢᠷᠠᠨ ᠳᠥᠷᠪᠡᠳᠦᠭᠡᠷ ᠵᠦᠢᠯ ᠲᠤᠰ ᠳᠦᠷᠢᠮ ᠤᠨ ᠲᠣᠭᠲᠠᠭᠠᠯ ᠢ ᠵᠥᠷᠢᠴᠡᠵᠦ᠂ ᠪᠠᠶᠢᠴᠠᠭᠠᠨ ᠪᠢᠲᠡᠭᠦᠮᠵᠢᠯᠡᠭᠰᠡᠨ ᠪᠤᠶᠤ ᠳᠠᠷᠤᠵᠤ ᠠᠪᠤᠭᠰᠠᠨ ᠮᠠᠯ ᠤᠨ ᠡᠮ ᠵᠢᠴᠢ ᠬᠤᠯᠪᠣᠭᠳᠠᠯ ᠪᠦᠬᠦᠢ ᠮᠠᠲ᠋ᠧᠷᠢᠶᠠᠯ ᠢ ᠳᠤᠷ᠎ᠠ ᠪᠠᠷ ᠢᠶᠠᠨ ᠰᠢᠯᠵᠢᠭᠦᠯᠦᠭᠰᠡᠨ᠂ ᠬᠡᠷᠡᠭᠯᠡᠭᠰᠡᠨ᠂ ᠤᠰᠠᠳᠬᠠᠭᠰᠠᠨ᠂ ᠪᠣᠷᠣᠯᠠᠭᠤᠯᠤᠭᠰᠠᠨ ᠪᠠᠶᠢᠪᠠᠯ᠂ ᠲᠡᠭᠦᠨ ᠢ ᠵᠠᠷᠯᠢᠭᠳᠠᠵᠤ ᠪᠠᠶᠢᠭᠠᠳ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠣᠭᠰᠣᠭᠠᠵᠤ᠂ ᠳᠣᠩᠭᠤᠳᠴᠤ᠂ 5 ᠲᠦᠮᠡᠨ ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠵᠤ ᠨᠡᠶᠢᠯᠡᠭᠦᠯᠦᠨ ᠰᠢᠢᠳᠬᠡᠨ᠎ᠡ᠃            ᠵᠢᠷᠠᠨ ᠲᠠᠪᠤᠳᠤᠭᠠᠷ ᠵᠦᠢᠯ ᠲᠤᠰ ᠳᠦᠷᠢᠮ ᠤᠨ ᠲᠣᠭᠲᠠᠭᠠᠯ ᠢ ᠵᠥᠷᠢᠴᠡᠵᠦ᠂ ᠮᠠᠯ ᠤᠨ ᠡᠮ ᠦᠢᠯᠡᠳᠪᠦᠷᠢᠯᠡᠬᠦ ᠠᠵᠤ ᠠᠬᠤᠶᠢᠯᠠᠯ᠂ ᠡᠵᠡᠩᠨᠡᠬᠦ ᠠᠵᠤ ᠠᠬᠤᠶᠢᠯᠠᠯ᠂ ᠮᠠᠯ ᠤᠨ ᠡᠮ ᠬᠡᠷᠡᠭᠯᠡᠬᠦ ᠨᠢᠭᠡᠴᠢ ᠪᠠ ᠵᠣᠷ ᠪᠢᠴᠢᠵᠦ ᠥᠭᠭᠦᠭᠰᠡᠨ ᠮᠠᠯ ᠤᠨ ᠡᠮᠴᠢ ᠶᠢᠨ ᠠᠵᠢᠯᠲᠠᠨ ᠮᠠᠯ ᠤᠨ ᠡᠮ ᠬᠡᠷᠡᠭᠯᠡᠬᠦ ᠲᠠᠢ ᠬᠤᠯᠪᠣᠭᠳᠠᠬᠤ ᠬᠦᠨᠳᠦ ᠨᠣᠴᠢᠲᠠᠢ ᠮᠠᠭᠤ ᠲᠤᠰᠬᠠᠯ ᠭᠠᠷᠴᠤ ᠮᠡᠳᠡᠬᠦ ᠶᠢ ᠣᠯᠵᠤ ᠮᠡᠳᠡᠭᠡᠳ᠂ ᠪᠠᠶᠢᠭ᠎ᠠ ᠭᠠᠵᠠᠷ ᠤᠨ ᠢᠶᠠᠨ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠭᠰᠡᠨ ᠦᠭᠡᠢ ᠪᠠᠶᠢᠪᠠᠯ᠂ ᠳᠣᠩᠭᠤᠳᠴᠤ᠂ 5000 ᠲᠥᠭᠦᠷᠢᠭ ᠠᠴᠠ ᠳᠡᠭᠡᠭᠰᠢ 1 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠵᠤ ᠨᠡᠶᠢᠯᠡᠭᠦᠯᠦᠨ ᠰᠢᠢᠳᠬᠡᠨ᠎ᠡ᠃            ᠦᠢᠯᠡᠳᠪᠦᠷᠢᠯᠡᠬᠦ ᠠᠵᠢᠯ ᠤᠨ ᠠᠵᠤ ᠠᠬᠤᠶᠢᠯᠠᠯ ᠮᠠᠯ ᠤᠨ ᠰᠢᠨ᠎ᠡ ᠡᠮ ᠢ ᠬᠢᠨᠠᠨ ᠬᠡᠮᠵᠢᠬᠦ ᠬᠤᠭᠤᠴᠠᠭᠠᠨ ᠳᠤ ᠲᠤᠰ ᠮᠠᠯ ᠤᠨ ᠰᠢᠨ᠎ᠡ ᠡᠮ ᠤᠨ ᠡᠮᠴᠢᠯᠡᠭᠡᠨ ᠤ ᠦᠢᠯᠡᠳᠦᠯ᠂ ᠮᠠᠭᠤ ᠦᠢᠯᠡᠳᠦᠯ ᠵᠡᠷᠭᠡ ᠮᠠᠲ᠋ᠧᠷᠢᠶᠠᠯ ᠢ ᠴᠤᠭᠯᠠᠭᠤᠯᠤᠭᠰᠠᠨ ᠦᠭᠡᠢ ᠪᠤᠶᠤ ᠴᠠᠭ ᠲᠤᠬᠠᠢ ᠳᠤᠨᠢ ᠮᠡᠳᠡᠭᠦᠯᠦᠨ ᠬᠦᠷᠭᠡᠭᠰᠡᠨ ᠦᠭᠡᠢ ᠪᠠᠶᠢᠪᠠᠯ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠵᠤ᠂ 1 ᠲᠦᠮᠡᠨ ᠲᠥᠭᠦᠷᠢᠭ ᠠᠴᠠ ᠳᠡᠭᠡᠭᠰᠢ 5 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠵᠤ ᠨᠡᠶᠢᠯᠡᠭᠦᠯᠦᠨ ᠰᠢᠢᠳᠬᠡᠨ᠎ᠡ᠃ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠲᠤᠰ ᠰᠢᠨ᠎ᠡ ᠮᠠᠯ ᠤᠨ ᠡᠮ ᠤᠨ ᠪᠦᠲᠦᠭᠡᠭᠳᠡᠬᠦᠨ ᠤ ᠵᠥᠪᠰᠢᠶᠡᠷᠡᠯ ᠤᠨ ᠪᠢᠴᠢᠭ ᠤᠨ ᠳ᠋ᠤᠭᠠᠷᠯᠠᠯ ᠢ ᠨᠢ ᠬᠦᠴᠦᠨ ᠦᠭᠡᠢ ᠪᠣᠯᠭᠠᠨ᠎ᠠ᠃            ᠵᠢᠷᠠᠨ ᠵᠢᠷᠭᠤᠳᠤᠭᠠᠷ ᠵᠦᠢᠯ ᠲᠤᠰ ᠳᠦᠷᠢᠮ ᠤᠨ ᠲᠣᠭᠲᠠᠭᠠᠯ ᠢ ᠵᠥᠷᠢᠴᠡᠵᠦ᠂ ᠮᠠᠯ ᠤᠨ ᠡᠮᠴᠢ ᠪᠠᠷ ᠵᠣᠷ ᠪᠢᠴᠢᠭᠦᠯᠦᠭᠰᠡᠨ ᠦᠭᠡᠢ ᠪᠠᠷ ᠮᠠᠯ ᠳᠤ ᠬᠡᠷᠡᠭᠯᠡᠬᠦ ᠵᠣᠷ ᠤᠨ ᠡᠮ ᠢ ᠪᠣᠷᠣᠯᠠᠭᠤᠯᠵᠤ᠂ ᠬᠤᠳᠠᠯᠳᠤᠨ ᠠᠪᠴᠤ᠂ ᠬᠡᠷᠡᠭᠯᠡᠭᠰᠡᠨ ᠪᠠᠶᠢᠪᠠᠯ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠵᠤ᠂ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠴᠤ᠂ 5 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠵᠤ ᠨᠡᠶᠢᠯᠡᠭᠦᠯᠦᠨ ᠰᠢᠢᠳᠬᠡᠨ᠎ᠡ᠃ ᠪᠤᠰᠤᠳ ᠬᠥᠮᠥᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠭᠦᠯᠦᠨ᠎ᠡ᠃            ᠵᠢᠷᠠᠨ ᠳᠣᠯᠣᠳᠤᠭᠠᠷ ᠵᠦᠢᠯ ᠲᠤᠰ ᠳᠦᠷᠢᠮ ᠤᠨ ᠲᠣᠭᠲᠠᠭᠠᠯ ᠢ ᠵᠥᠷᠢᠴᠡᠵᠦ᠂ ᠮᠠᠯ ᠤᠨ ᠡᠮ ᠦᠢᠯᠡᠳᠪᠦᠷᠢᠯᠡᠬᠦ᠂ ᠡᠵᠡᠩᠨᠡᠬᠦ ᠠᠵᠤ ᠠᠬᠤᠶᠢᠯᠠᠯ ᠲᠦᠭᠦᠬᠡᠢ ᠮᠠᠲ᠋ᠧᠷᠢᠶᠠᠯ ᠤᠨ ᠡᠮ ᠢᠶᠠᠨ ᠮᠠᠯ ᠤᠨ ᠡᠮ ᠦᠢᠯᠡᠳᠪᠦᠷᠢᠯᠡᠬᠦ ᠠᠵᠤ ᠠᠬᠤᠶᠢᠯᠠᠯ ᠠᠴᠠ ᠪᠤᠰᠤᠳ ᠨᠢᠭᠡᠴᠢ ᠪᠠ ᠬᠤᠪᠢ ᠬᠥᠮᠥᠨ ᠳᠤ ᠬᠤᠳᠠᠯᠳᠤᠨ ᠥᠭᠭᠦᠭᠰᠡᠨ᠂ ᠡᠰᠡᠬᠦᠯ᠎ᠡ ᠮᠠᠯ ᠤᠨ ᠡᠮ ᠡᠵᠡᠩᠨᠡᠬᠦ ᠠᠵᠤ ᠠᠬᠤᠶᠢᠯᠠᠯ ᠲᠦᠭᠦᠬᠡᠢ ᠮᠠᠲ᠋ᠧᠷᠢᠶᠠᠯ ᠤᠨ ᠡᠮ ᠢ ᠵᠢᠵᠢᠭᠯᠡᠨ ᠪᠣᠷᠣᠯᠠᠭᠤᠯᠤᠭᠰᠠᠨ ᠪᠠᠶᠢᠪᠠᠯ᠂ ᠲᠡᠭᠦᠨ ᠢ ᠵᠠᠷᠯᠢᠭᠳᠠᠵᠤ ᠪᠠᠶᠢᠭᠠᠳ ᠲᠡᠷᠡ ᠳᠠᠷᠤᠢ ᠳᠤᠨᠢ ᠵᠠᠯᠠᠷᠠᠭᠤᠯᠤᠭᠤᠯᠵᠤ᠂ ᠳᠣᠩᠭᠤᠳᠴᠤ᠂ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠬᠤ ᠶᠢᠨ ᠬᠠᠮᠲᠤ 2 ᠲᠦᠮᠡᠨ ᠲᠥᠭᠦᠷᠢᠭ ᠠᠴᠠ ᠳᠡᠭᠡᠭᠰᠢ 5 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠵᠤ ᠨᠡᠶᠢᠯᠡᠭᠦᠯᠦᠨ ᠰᠢᠢᠳᠬᠡᠨ᠎ᠡ᠃ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠮᠠᠯ ᠤᠨ ᠡᠮ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ᠂ ᠮᠠᠯ ᠤᠨ ᠡᠮ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ᠃ ᠪᠤᠰᠤᠳ ᠬᠥᠮᠥᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠭᠦᠯᠦᠨ᠎ᠡ᠃            ᠵᠢᠷᠠᠨ ᠨᠠᠢᠮᠠᠳᠤᠭᠠᠷ ᠵᠦᠢᠯ ᠲᠤᠰ ᠳᠦᠷᠢᠮ ᠤᠨ ᠲᠣᠭᠲᠠᠭᠠᠯ ᠢ ᠵᠥᠷᠢᠴᠡᠵᠦ᠂ ᠲᠡᠵᠢᠭᠡᠯ ᠪᠣᠷᠳᠤᠭ᠎ᠠ ᠪᠠ ᠠᠮᠢᠲᠠᠨ ᠤ ᠤᠤᠭᠤᠬᠤ ᠤᠰᠤᠨ ᠳᠤ ᠬᠤᠷᠮᠣᠨ ᠤ ᠲᠦᠷᠦᠯ ᠤᠨ ᠡᠮ ᠤᠨ ᠵᠦᠢᠯ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠣᠭᠲᠠᠭᠠᠭᠰᠠᠨ ᠪᠤᠰᠤᠳ ᠴᠠᠭᠠᠵᠠ ᠲᠠᠢ ᠡᠮ ᠤᠨ ᠵᠦᠢᠯ ᠢ ᠨᠡᠮᠡᠪᠡᠯ᠂ ︽ᠲᠡᠵᠢᠭᠡᠯ ᠪᠣᠷᠳᠤᠭ᠎ᠠ ᠪᠠ ᠲᠡᠵᠢᠭᠡᠯ ᠪᠣᠷᠳᠣᠭᠠᠨ ᠤ ᠨᠡᠮᠡᠯᠲᠡ ᠡᠳ᠋ ᠤᠨ ᠬᠠᠮᠢᠶᠠᠷᠤᠯᠲᠠ ᠶᠢᠨ ᠳᠦᠷᠢᠮ︾  ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠬᠡᠨ᠎ᠡ᠃ ᠲᠦᠭᠦᠬᠡᠢ ᠮᠠᠲ᠋ᠧᠷᠢᠶᠠᠯ ᠤᠨ ᠡᠮ ᠢ ᠰᠢᠭᠤᠳ ᠲᠡᠵᠢᠭᠡᠯ ᠪᠣᠷᠳᠤᠭ᠎ᠠ ᠵᠢᠴᠢ ᠠᠮᠢᠲᠠᠨ ᠤ ᠤᠤᠭᠤᠬᠤ ᠤᠰᠤᠨ ᠳᠤ ᠨᠡᠮᠡᠵᠦ ᠣᠷᠣᠭᠤᠯᠤᠭᠰᠠᠨ ᠪᠤᠶᠤ ᠠᠮᠢᠲᠠᠨ ᠢ ᠲᠡᠵᠢᠭᠡᠭᠰᠡᠨ ᠪᠠᠶᠢᠪᠠᠯ᠂ ᠲᠡᠭᠦᠨ ᠢ ᠵᠠᠷᠯᠢᠭᠳᠠᠵᠤ ᠪᠠᠶᠢᠭᠠᠳ ᠲᠡᠷᠡ ᠳᠠᠷᠤᠢ ᠳᠤᠨᠢ ᠵᠠᠯᠠᠷᠠᠭᠤᠯᠤᠭᠤᠯᠵᠤ᠂ 1 ᠲᠦᠮᠡᠨ ᠲᠥᠭᠦᠷᠢᠭ ᠠᠴᠠ ᠳᠡᠭᠡᠭᠰᠢ 3 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠵᠤ ᠨᠡᠶᠢᠯᠡᠭᠦᠯᠦᠨ ᠰᠢᠢᠳᠬᠡᠨ᠎ᠡ᠃ ᠪᠤᠰᠤᠳ ᠬᠥᠮᠥᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠭᠦᠯᠦᠨ᠎ᠡ᠃            ᠵᠢᠷᠠ ᠶᠢᠰᠦᠳᠦᠭᠡᠷ ᠵᠦᠢᠯ ᠳᠠᠷᠠᠭᠠᠬᠢ ᠵᠢᠭᠰᠠᠭᠠᠭᠰᠠᠨ ᠪᠠᠶᠢᠳᠠᠯ ᠤᠨ ᠠᠯᠢ ᠨᠢᠭᠡ ᠨᠢ ᠪᠠᠶᠢᠪᠠᠯ᠂ ᠮᠠᠯ ᠤᠨ ᠡᠮ ᠤᠨ ᠪᠦᠲᠦᠭᠡᠭᠳᠡᠬᠦᠨ ᠤ ᠵᠥᠪᠰᠢᠶᠡᠷᠡᠯ ᠤᠨ ᠪᠢᠴᠢᠭ ᠤᠨ ᠳ᠋ᠤᠭᠠᠷ ᠢ ᠬᠦᠴᠦᠨ ᠦᠭᠡᠢ ᠪᠣᠯᠭᠠᠬᠤ ᠪᠤᠶᠤ ᠭᠠᠳᠠᠭᠠᠳᠤ ᠠᠴᠠ ᠣᠷᠣᠭᠤᠯᠤᠭᠰᠠᠨ ᠮᠠᠯ ᠤᠨ ᠡᠮ ᠤᠨ ᠳᠠᠩᠰᠠᠯᠠᠭᠤᠯᠤᠭᠰᠠᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ᠄             ︵ᠨᠢᠭᠡ︶ ᠰᠤᠭᠤᠴᠢᠨ ᠪᠠᠶᠢᠴᠠᠭᠠᠵᠤ ᠰᠢᠯᠭᠠᠨ ᠪᠠᠶᠢᠴᠠᠭᠠᠭᠠᠳ ᠵᠠᠯᠭᠠᠭᠠᠪᠠᠷ 2 ᠤᠳᠠᠭ᠎ᠠ ᠬᠢᠷᠢ ᠲᠡᠩᠴᠡᠭᠰᠡᠨ ᠦᠭᠡᠢ             ︵ᠬᠤᠶᠠᠷ︶ ᠡᠮ ᠤᠨ ᠦᠢᠯᠡᠳᠦᠯ ᠨᠢ ᠲᠣᠳᠣᠷᠬᠠᠢ ᠦᠭᠡᠢ᠂ ᠮᠠᠭᠤ ᠦᠢᠯᠡᠳᠦᠯ ᠶᠡᠭᠡ ᠵᠢᠴᠢ ᠲᠡᠵᠢᠭᠡᠨ ᠦᠷᠡᠵᠢᠭᠦᠯᠬᠦ ᠦᠢᠯᠡᠰ᠂ ᠬᠥᠮᠥᠨ ᠤ ᠪᠡᠶ᠎ᠡ ᠶᠢᠨ ᠡᠷᠡᠭᠦᠯ ᠮᠡᠨᠳᠦ ᠳᠤ ᠬᠤᠣᠷ ᠬᠥᠨᠥᠭᠡᠯ ᠤᠴᠠᠷᠠᠭᠤᠯᠵᠤ ᠮᠡᠳᠡᠬᠦ ᠪᠤᠶᠤ ᠳᠠᠯᠳᠠ ᠠᠶᠤᠯ ᠲᠦᠭᠰᠢᠭᠦᠷᠢ ᠣᠷᠣᠰᠢᠵᠤ ᠮᠡᠳᠡᠬᠦ᠃             ︵ᠭᠤᠷᠪᠠ︶ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠦᠢᠯᠡᠳᠪᠦᠷᠢᠯᠡᠬᠦ᠂ ᠡᠵᠡᠩᠨᠡᠬᠦ ᠪᠠ ᠬᠡᠷᠡᠭᠯᠡᠬᠦ ᠶᠢ ᠬᠤᠷᠢᠭᠯᠠᠭᠰᠠᠨ ᠮᠠᠯ ᠤᠨ ᠡᠮ᠃            ᠪᠦᠲᠦᠭᠡᠭᠳᠡᠬᠦᠨ ᠤ ᠵᠥᠪᠰᠢᠶᠡᠷᠡᠯ ᠤᠨ ᠪᠢᠴᠢᠭ ᠤᠨ ᠳ᠋ᠤᠭᠠᠷᠯᠠᠯ ᠢᠶᠠᠨ ᠬᠦᠴᠦᠨ ᠦᠭᠡᠢ ᠪᠣᠯᠭᠠᠭᠳᠠᠭᠰᠠᠨ ᠪᠤᠶᠤ ᠭᠠᠳᠠᠭᠠᠳᠤ ᠠᠴᠠ ᠣᠷᠣᠭᠤᠯᠬᠤ ᠮᠠᠯ ᠤᠨ ᠡᠮ ᠤᠨ ᠳᠠᠩᠰᠠᠯᠠᠭᠤᠯᠤᠭᠰᠠᠨ ᠦᠨᠡᠮᠯᠡᠯ ᠢᠶᠠᠨ ᠬᠤᠷᠢᠶᠠᠭᠳᠠᠨ ᠬᠦᠴᠦᠨ ᠦᠭᠡᠢ ᠪᠣᠯᠭᠠᠭᠳᠠᠭᠰᠠᠨ ᠮᠠᠯ ᠤᠨ ᠡᠮ ᠢ ᠦᠷᠭᠦᠯᠵᠢᠯᠡᠨ ᠦᠢᠯᠡᠳᠪᠦᠷᠢᠯᠡᠵᠦ᠂ ᠭᠠᠳᠠᠭᠠᠳᠤ ᠠᠴᠠ ᠣᠷᠣᠭᠤᠯᠵᠤ᠂ ᠡᠵᠡᠩᠨᠡᠬᠦ ᠪᠠ ᠬᠡᠷᠡᠭᠯᠡᠵᠦ ᠪᠣᠯᠬᠤ ᠦᠭᠡᠢ᠃ ᠨᠢᠭᠡᠨᠲᠡ ᠦᠢᠯᠡᠳᠪᠦᠷᠢᠯᠡᠭᠰᠡᠨ᠂ ᠭᠠᠳᠠᠭᠠᠳᠤ ᠠᠴᠠ ᠣᠷᠣᠭᠤᠯᠤᠭᠰᠠᠨ ᠪᠠᠶᠢᠪᠠᠯ᠂ ᠪᠠᠶᠢᠭ᠎ᠠ ᠭᠠᠵᠠᠷ ᠤᠨ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠢᠨᠠᠯᠲᠠ ᠲᠠᠯᠪᠢᠵᠤ ᠪᠠᠶᠢᠭᠠᠳ ᠤᠰᠠᠳᠬᠠᠵᠤ᠂ ᠬᠡᠷᠡᠭᠰᠡᠬᠦ ᠵᠠᠷᠤᠳᠠᠯ ᠢ ᠬᠠᠤᠯᠢ ᠶᠢ ᠵᠥᠷᠢᠴᠡᠭᠰᠡᠨ ᠦᠢᠯᠡ ᠠᠵᠢᠯᠯᠠᠭᠠᠲᠤ ᠬᠥᠮᠥᠨ ᠡᠭᠦᠷᠭᠡᠯᠡᠨ᠎ᠡ᠃ ᠪᠤᠰᠤᠳ ᠬᠥᠮᠥᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠭᠦᠯᠦᠨ᠎ᠡ᠃            ᠳᠠᠯᠠᠳᠤᠭᠠᠷ ᠵᠦᠢᠯ ᠲᠤᠰ ᠳᠦᠷᠢᠮ ᠳᠤ ᠲᠣᠭᠲᠠᠭᠠᠭᠰᠠᠨ ᠵᠠᠰᠠᠭ ᠵᠠᠬᠢᠷᠭᠠᠨ ᠤ ᠰᠢᠢᠳᠬᠡᠯ ᠢ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ‍ᠤ‌ᠡᠭᠦᠨ ᠳᠤ ᠮᠠᠯ ᠤᠨ ᠡᠮ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ᠂ ᠮᠠᠯ ᠤᠨ ᠡᠮ ᠡᠵᠡᠩᠨᠡᠬᠦ ᠵᠥᠪᠰᠢᠶᠡᠷᠡᠯ ᠤᠨ ᠦᠨᠡᠮᠯᠡᠯ ᠢ  ᠨᠢ ᠬᠤᠷᠢᠶᠠᠨ ᠠᠪᠴᠤ ᠬᠦᠴᠦᠨ ᠦᠭᠡᠢ ᠪᠣᠯᠭᠠᠬᠤ᠂ ᠮᠠᠯ ᠤᠨ ᠡᠮ ᠤᠨ ᠵᠥᠪᠰᠢᠶᠡᠷᠡᠯ ᠤᠨ ᠭᠡᠷᠡᠴᠢ ᠪᠢᠴᠢᠭ ᠮᠠᠲ᠋ᠧᠷᠢᠶᠠᠯ ᠢ ᠨᠢ ᠬᠦᠴᠦᠨ ᠦᠭᠡᠢ ᠪᠣᠯᠭᠠᠬᠤ ᠪᠤᠶᠤ ᠮᠠᠯ ᠤᠨ ᠡᠮ ᠤᠨ ᠰᠤᠳᠤᠯᠭᠠᠨ ᠲᠤᠷᠰᠢᠯᠲᠠ ᠶᠢ ᠵᠠᠷᠯᠢᠭᠳᠠᠨ ᠵᠣᠭᠰᠤᠭᠠᠬᠤ ᠶᠢ ᠦᠨᠡᠮᠯᠡᠯ ᠣᠯᠭᠤᠬᠤ᠂ ᠵᠥᠪᠰᠢᠶᠡᠷᠡᠬᠦ ᠰᠠᠯᠠᠭ᠎ᠠ ᠮᠥᠴᠢᠷ ᠠᠴᠠ ᠲᠣᠭᠲᠠᠭᠠᠨ᠎ᠠ᠃            ᠳᠡᠭᠡᠳᠦ ᠱᠠᠲᠤᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠳᠣᠣᠷᠠᠳᠤ ᠱᠠᠲᠤᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠤᠰ ᠳᠦᠷᠢᠮ ᠢ ᠵᠥᠷᠢᠴᠡᠭᠰᠡᠨ ᠵᠠᠰᠠᠭ ᠵᠠᠬᠢᠷᠭᠠᠨ ᠤ ᠦᠢᠯᠡ‌ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ ᠂ ᠬᠤᠪᠢᠷᠠᠭᠤᠯᠬᠤ ᠪᠤᠶᠤ ᠬᠦᠴᠦᠨ ᠦᠭᠡᠢ ᠪᠣᠯᠭᠠᠬᠤ ᠡᠷᠬᠡ ᠲᠠᠢ᠃            ᠲᠠᠯᠠᠨ ᠨᠢᠭᠡᠳᠦᠭᠡᠷ ᠵᠦᠢᠯ ᠲᠤᠰ ᠳᠦᠷᠢᠮ ᠳᠤ ᠲᠣᠭᠲᠠᠭᠠᠭᠰᠠᠨ ᠪᠠᠷᠠᠭᠠᠨ ᠤ ᠦᠷᠳᠡᠭ ᠤᠨ ᠵᠣᠭᠤᠰ ᠤᠨ ᠲᠤᠭ᠎ᠠ ᠶᠢ ᠬᠠᠤᠯᠢ ᠶᠢ ᠵᠥᠷᠢᠴᠡᠵᠦ ᠦᠢᠯᠡᠳᠪᠦᠷᠢᠯᠡᠭᠰᠡᠨ᠂ ᠡᠵᠡᠩᠨᠡᠭᠰᠡᠨ ᠮᠠᠯ ᠤᠨ ᠡᠮ ᠤᠨ ᠬᠠᠳᠠᠭᠰᠠᠨ ᠦᠨ᠎ᠡ ᠪᠠᠷ ᠪᠤᠳᠤᠨ᠎ᠠ᠃ ᠦᠨ᠎ᠡ ᠬᠠᠳᠠᠭᠰᠠᠨ ᠦᠭᠡᠢ ᠪᠠᠶᠢᠪᠠᠯ᠂ ᠠᠳᠠᠯᠢ ᠲᠦᠷᠦᠯ ᠤᠨ ᠮᠠᠯ ᠤᠨ ᠡᠮ ᠤᠨ ᠵᠠᠬ᠎ᠠ ᠳᠡᠯᠭᠡᠭᠦᠷ ᠤᠨ ᠦᠨ᠎ᠡ ᠪᠠᠷ ᠪᠤᠳᠤᠨ᠎ᠠ᠃            ᠶᠢᠰᠦᠳᠦᠭᠡᠷ ᠪᠦᠯᠦᠭ ᠳᠠᠭᠠᠯᠳᠤᠭᠤᠯᠤᠭᠰᠠᠨ ᠳᠦᠷᠢᠮ            ᠲᠠᠯᠠᠨ ᠬᠤᠶᠠᠳᠤᠭᠠᠷ ᠵᠦᠢᠯ ᠲᠤᠰ ᠳᠦᠷᠢᠮ ᠤᠨ ᠳᠠᠷᠠᠭᠠᠬᠢ ᠬᠡᠯᠡᠯᠭᠡ ᠶᠢᠨ ᠤᠳᠬ᠎ᠠ ᠪᠣᠯ᠄             ︵ᠨᠢᠭᠡ︶ ᠮᠠᠯ ᠤᠨ ᠡᠮ ᠭᠡᠳᠡᠭ ᠨᠢ ᠠᠮᠢᠲᠠᠨ ᠤ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ᠂ ᠡᠮᠨᠡᠨ ᠵᠠᠰᠠᠬᠤ᠂ ᠣᠨᠣᠰᠢᠯᠠᠬᠤ ᠳᠤ ᠬᠡᠷᠡᠭᠯᠡᠬᠦ ᠪᠤᠶᠤ ᠠᠮᠢᠲᠠᠨ ᠤ ᠹᠢᠽᠢᠣᠯᠣᠭᠢ ᠶᠢᠨ ᠠᠵᠢᠯᠯᠠᠭ᠎ᠠ ᠶᠢ ᠵᠣᠷᠢᠯᠭ᠎ᠠ ᠲᠠᠢ ᠪᠠᠷ ᠲᠣᠬᠢᠷᠠᠭᠤᠯᠬᠤ ᠪᠣᠳᠠᠰ ︵ᠡᠮᠲᠦ ᠲᠡᠵᠢᠭᠡᠯ ᠪᠣᠷᠳᠣᠭᠠᠨ ᠤ ᠨᠡᠮᠡᠯᠲᠡ ᠡᠳ᠋ ᠪᠠᠭᠲᠠᠨ᠎ᠠ︶ ᠢ ᠪᠠᠭᠲᠠᠭᠠᠨ᠎ᠠ᠂ ᠡᠭᠦᠨ ᠳᠤ ᠭᠤᠣᠯᠳᠠᠭᠤ᠄ ᠴᠢᠰᠤᠨ ᠲᠤᠩᠭᠠᠯᠠᠭ ᠤᠨ ᠪᠦᠲᠦᠭᠡᠭᠳᠡᠬᠦᠨ᠂ ᠸᠠᠺᠽᠢᠨ᠂ ᠣᠨᠣᠰᠢᠯᠠᠬᠤ ᠪᠦᠲᠦᠭᠡᠭᠳᠡᠬᠦᠨ᠂ ᠪᠢᠴᠢᠯ ᠠᠮᠢ ᠠᠬᠤᠢ ᠶᠢᠨ ᠪᠦᠲᠦᠭᠡᠭᠳᠡᠬᠦᠨ᠂ ᠬᠢᠲᠠᠳ ᠡᠮ ᠤᠨ ᠮᠠᠲ᠋ᠧᠷᠢᠶᠠᠯ᠂ ᠬᠢᠲᠠᠳ ᠪᠡᠯᠡᠨ ᠡᠮ᠂ ᠬᠢᠮᠢ ᠶᠢᠨ ᠡᠮ᠂ ᠨᠢᠶᠠᠨ ᠳᠠᠷᠤᠭᠴᠢ᠂ ᠠᠮᠢᠳᠤ ᠪᠣᠳᠠᠰ ᠤᠨ ᠬᠢᠮᠢ ᠶᠢᠨ ᠡᠮ᠂ ᠰᠠᠴᠤᠷᠠᠭ ᠢᠳᠡᠪᠬᠢ ᠴᠢᠨᠠᠷᠲᠠᠢ ᠡᠮ ᠤᠨ ᠵᠦᠢᠯ ᠵᠢᠴᠢ ᠭᠠᠳᠠᠷ ᠬᠡᠷᠡᠭᠯᠡᠬᠦ ᠬᠤᠷᠣᠬᠠᠢ ᠠᠯᠠᠬᠤ ᠡᠮ᠂ ᠠᠷᠢᠭᠤᠳᠬᠠᠬᠤ ᠡᠮ ᠵᠡᠷᠭᠡ ᠪᠠᠭᠲᠠᠨ᠎ᠠ᠃             ︵ᠬᠤᠶᠠᠷ︶ ᠮᠠᠯ ᠳᠤ ᠬᠡᠷᠡᠭᠯᠡᠬᠦ ᠵᠣᠷ ᠤᠨ ᠡᠮ ᠭᠡᠳᠡᠭ ᠨᠢ ᠮᠠᠯ ᠤᠨ ᠡᠮᠴᠢ ᠶᠢᠨ ᠵᠣᠷ ᠢᠶᠠᠷ ᠰᠠᠶ᠋ᠢ ᠬᠤᠳᠠᠯᠳᠤᠨ ᠠᠪᠬᠤ ᠪᠠ ᠬᠡᠷᠡᠭᠯᠡᠵᠦ ᠪᠣᠯᠬᠤ ᠮᠠᠯ ᠤᠨ ᠡᠮ ᠢ ᠪᠠᠭᠲᠠᠭᠠᠨ᠎ᠠ᠃             ︵ᠭᠤᠷᠪᠠ︶ ᠮᠠᠯ ᠳᠤ ᠬᠡᠷᠡᠭᠯᠡᠬᠦ ᠵᠣᠷ ᠤᠨ ᠪᠤᠰᠤ ᠡᠮ ᠭᠡᠳᠡᠭ ᠪᠣᠯ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠨᠡᠶᠢᠲᠡᠯᠡᠭᠰᠡᠨ᠂ ᠮᠠᠯ ᠤᠨ ᠡᠮᠴᠢ ᠶᠢᠨ ᠵᠣᠷ ᠢ ᠦᠨᠳᠦᠰᠦᠯᠡᠬᠦ ᠦᠭᠡᠢ ᠪᠠᠷ ᠥᠪᠡᠰᠦᠪᠡᠨ ᠬᠤᠳᠠᠯᠳᠤᠨ ᠠᠪᠴᠤ ᠪᠣᠯᠬᠤ ᠪᠥᠭᠡᠳ ᠲᠣᠳᠣᠷᠬᠠᠶᠢᠯᠠᠯᠲᠠ ᠶᠢᠨ ᠪᠢᠴᠢᠭ ᠶᠣᠰᠣᠭᠠᠷ ᠬᠡᠷᠡᠭᠯᠡᠵᠦ ᠪᠣᠯᠬᠤ ᠮᠠᠯ ᠤᠨ ᠡᠮ ᠢ ᠪᠠᠭᠲᠠᠭᠠᠨ᠎ᠠ᠃             ︵ᠳᠥᠷᠪᠡ︶ ᠮᠠᠯ ᠤᠨ ᠡᠮ ᠦᠢᠯᠡᠳᠪᠦᠷᠢᠯᠡᠬᠦ ᠠᠵᠤ ᠠᠬᠤᠶᠢᠯᠠᠯ ᠭᠡᠳᠡᠭ ᠨᠢ ᠮᠠᠯ ᠤᠨ ᠡᠮ ᠦᠢᠯᠡᠳᠪᠦᠷᠢᠯᠡᠬᠦ ᠲᠤᠰᠬᠠᠢ ᠠᠵᠤ ᠠᠬᠤᠶᠢᠯᠠᠯ ᠪᠠ ᠮᠠᠯ ᠤᠨ ᠡᠮ ᠬᠠᠪᠰᠤᠷᠭᠠᠨ ᠦᠢᠯᠡᠳᠪᠦᠷᠢᠯᠡᠬᠦ ᠠᠵᠤ ᠠᠬᠤᠶᠢᠯᠠᠯ ᠢ ᠪᠠᠭᠲᠠᠭᠠᠨ᠎ᠠ᠂ ᠡᠭᠦᠨ ᠳᠤ ᠮᠠᠯ ᠤᠨ ᠡᠮ ᠢ ᠰᠠᠯᠭᠠᠨ ᠰᠠᠪᠠᠯᠠᠬᠤ ᠠᠵᠤ ᠠᠬᠤᠶᠢᠯᠠᠯ ᠪᠠᠭᠲᠠᠨ᠎ᠠ᠃             ︵ᠲᠠᠪᠤ︶ ᠮᠠᠯ ᠤᠨ ᠡᠮ ᠡᠵᠡᠩᠨᠡᠬᠦ ᠠᠵᠤ ᠠᠬᠤᠶᠢᠯᠠᠯ ᠭᠡᠳᠡᠭ ᠨᠢ ᠮᠠᠯ ᠤᠨ ᠡᠮ ᠡᠵᠡᠩᠨᠡᠬᠦ ᠲᠤᠰᠬᠠᠢ ᠡᠵᠡᠩᠨᠡᠯᠲᠡ ᠶᠢᠨ ᠠᠵᠤ ᠠᠬᠤᠶᠢᠯᠠᠯ ᠪᠤᠶᠤ ᠬᠠᠪᠰᠤᠷᠭᠠᠨ ᠡᠵᠡᠩᠨᠡᠬᠦ ᠠᠵᠤ ᠠᠬᠤᠶᠢᠯᠠᠯ ᠢ ᠪᠠᠭᠲᠠᠭᠠᠨ᠎ᠠ᠃             ︵ᠵᠢᠷᠭᠤᠭ᠎ᠠ︶ ᠮᠠᠯ ᠤᠨ ᠰᠢᠨ᠎ᠡ ᠡᠮ ᠭᠡᠳᠡᠭ ᠨᠢ ᠳᠤᠮᠳᠠᠳᠤ ᠤᠯᠤᠰ ᠤᠨ ᠬᠢᠯᠢ ᠶᠢᠨ ᠳᠣᠲᠣᠷ᠎ᠠ ᠵᠠᠬ᠎ᠠ ᠳᠡᠯᠭᠡᠭᠦᠷ ᠲᠤ ᠭᠠᠷᠭᠠᠨ ᠪᠣᠷᠣᠯᠠᠭᠤᠯᠵᠤ ᠥᠩᠭᠡᠷᠡᠭᠰᠡᠨ ᠦᠭᠡᠢ ᠮᠠᠯ ᠳᠤ ᠬᠡᠷᠡᠭᠯᠡᠬᠦ ᠡᠮ ᠤᠨ ᠵᠦᠢᠯ ᠢ ᠪᠠᠭᠲᠠᠭᠠᠨ᠎ᠠ᠃             ︵ᠲᠤᠯᠤᠭ᠎ᠠ︶ ᠮᠠᠯ ᠤᠨ ᠡᠮ ᠢ ᠵᠥᠪᠰᠢᠶᠡᠷᠡᠭᠰᠡᠨ ᠭᠡᠷᠡᠴᠢᠯᠡᠬᠦ ᠪᠢᠴᠢᠭ ᠮᠠᠲ᠋ᠧᠷᠢᠶᠠᠯ ᠭᠡᠳᠡᠭ ᠨᠢ ᠮᠠᠯ ᠤᠨ ᠡᠮ ᠤᠨ ᠪᠦᠲᠦᠭᠡᠭᠳᠡᠬᠦᠨ ᠢ ᠵᠥᠪᠰᠢᠶᠡᠷᠡᠭᠰᠡᠨ ᠪᠢᠴᠢᠭ ᠤᠨ ᠳ᠋ᠤᠭᠠᠷ᠂ ᠭᠠᠳᠠᠭᠠᠳᠤ ᠠᠴᠠ ᠣᠷᠣᠭᠤᠯᠤᠭᠰᠠᠨ ᠮᠠᠯ ᠤᠨ ᠡᠮ ᠢ ᠳᠠᠩᠰᠠᠯᠠᠭᠤᠯᠤᠭᠰᠠᠨ ᠦᠨᠡᠮᠯᠡᠯ᠂ ᠭᠠᠳᠠᠭᠠᠳᠤ ᠠᠴᠠ ᠣᠷᠣᠭᠤᠯᠬᠤ ᠶᠢ ᠵᠥᠪᠰᠢᠶᠡᠷᠡᠭᠰᠡᠨ ᠮᠠᠯ ᠳᠤ ᠬᠡᠷᠡᠭᠯᠡᠬᠦ ᠠᠮᠢᠳᠤ ᠪᠣᠳᠠᠰ ᠤᠨ ᠪᠦᠲᠦᠭᠡᠭᠳᠡᠬᠦᠨ ᠢ ᠭᠡᠷᠡᠴᠢᠯᠡᠬᠦ ᠪᠢᠴᠢᠭ ᠮᠠᠲ᠋ᠧᠷᠢᠶᠠᠯ᠂ ᠭᠠᠳᠠᠭᠠᠳᠤ ᠳᠤ ᠭᠠᠷᠭᠠᠬᠤ ᠶᠢ ᠵᠥᠪᠰᠢᠶᠡᠷᠡᠭᠰᠡᠨ ᠮᠠᠯ ᠤᠨ ᠡᠮ ᠢ ᠭᠡᠷᠡᠴᠢᠯᠡᠬᠦ ᠪᠢᠴᠢᠭ ᠮᠠᠲ᠋ᠧᠷᠢᠶᠠᠯ᠂ ᠮᠠᠯ ᠤᠨ ᠰᠢᠨ᠎ᠡ ᠡᠮ ᠢ ᠳᠠᠩᠰᠠᠯᠠᠭᠤᠯᠤᠭᠰᠠᠨ ᠦᠨᠡᠮᠯᠡᠯ ᠵᠡᠷᠭᠡ ᠪᠢᠴᠢᠭ ᠮᠠᠲ᠋ᠧᠷᠢᠶᠠᠯ ᠢ ᠪᠠᠭᠲᠠᠭᠠᠨ᠎ᠠ᠃            ᠲᠠᠯᠠᠨ ᠭᠤᠷᠪᠠᠳᠤᠭᠠᠷ ᠵᠦᠢᠯ ᠮᠠᠯ ᠳᠤ ᠬᠡᠷᠡᠭᠯᠡᠬᠦ ᠮᠢᠨᠴᠦᠷᠡᠭᠦᠯᠬᠦ ᠡᠮ ᠤᠨ ᠵᠦᠢᠯ᠂ ᠮᠡᠳᠡᠷᠡᠯ ᠤᠨ ᠡᠮ ᠤᠨ ᠵᠦᠢᠯ᠂ ᠬᠤᠣᠷᠲᠤ ᠡᠮ ᠤᠨ ᠵᠦᠢᠯ ᠪᠠ ᠰᠠᠴᠤᠷᠠᠭ ᠢᠳᠡᠪᠬᠢ ᠴᠢᠨᠠᠷᠲᠠᠢ ᠡᠮ ᠤᠨ ᠵᠦᠢᠯ ᠵᠡᠷᠭᠡ ᠣᠨᠴᠠᠭᠠᠶ ᠡᠮ ᠤᠨ ᠵᠦᠢᠯ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠮᠢᠶᠠᠷᠤᠨ᠎ᠠ᠃            ᠲᠠᠯᠠᠨ ᠳᠥᠷᠪᠡᠳᠦᠭᠡᠷ ᠵᠦᠢᠯ ᠣᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠶᠠᠪᠤᠴᠠ ᠳᠠᠬᠢ ᠮᠠᠯ ᠤᠨ ᠡᠮ ᠤᠨ ᠬᠡᠷᠡᠭᠯᠡᠯᠲᠡ᠂ ᠮᠠᠯ ᠤᠨ ᠡᠮ ᠤᠨ ᠦᠯᠡᠳᠡᠭᠳᠡᠯ ᠢ ᠪᠠᠶᠢᠴᠠᠭᠠᠨ ᠰᠢᠯᠭᠠᠬᠤ ᠪᠠ ᠬᠢᠨᠠᠵᠤ ᠬᠠᠮᠢᠶᠠᠷᠬᠤ ᠵᠢᠴᠢ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠶᠠᠪᠤᠴᠠ ᠳᠤ ᠬᠠᠤᠯᠢ ᠶᠢ ᠵᠥᠷᠢᠴᠡᠨ ᠡᠮ ᠬᠡᠷᠡᠭᠯᠡᠭᠰᠡᠨ ᠵᠠᠰᠠᠭ ᠵᠠᠬᠢᠷᠭᠠᠨ ᠤ ᠰᠢᠢᠳᠬᠡᠯ ᠢ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠢᠭᠠᠰᠤᠨ ᠠᠵᠤ ᠠᠬᠤᠢ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠵᠢᠭᠠᠰᠤᠨ ᠶᠠᠪᠤᠳᠠᠯ ᠢ ᠬᠢᠨᠠᠵᠤ ᠬᠠᠮᠢᠶᠠᠷᠬᠤ ᠪᠠᠶᠢᠭᠤᠯᠤᠮᠵᠢ ᠠᠴᠠ ᠬᠠᠷᠢᠭᠤᠴᠠᠨ᠎ᠠ᠃            ᠳᠠᠯᠠᠨ ᠲᠠᠪᠤᠳᠤᠭᠠᠷ ᠵᠦᠢᠯ ᠲᠤᠰ ᠳᠦᠷᠢᠮ ᠢ 2004 ᠣᠨ ᠤ 11 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                        ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ᠄ ︽ᠮᠠᠯ ᠤᠨ ᠡᠮ ᠤᠨ ᠬᠠᠮᠢᠶᠠᠷᠤᠯᠲᠠ ᠶᠢᠨ ᠳᠦᠷᠢᠮ︾ ᠤᠨ ᠲᠤᠬᠠᠢ ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠲᠠᠶᠢᠯᠤᠮᠵᠢ                  ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号