ᠠᠯᠠᠱᠠ ᠵᠡᠭᠦᠨ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠠᠮᠵᠢᠭᠤᠯᠤᠨ ᠨᠡᠶᠢᠲᠡᠯᠡᠭᠰᠡᠨ  ︽ᠰᠢᠨ᠎ᠡ ᠴᠠᠭ ᠦᠶ᠎ᠡ ᠶᠢᠨ ᠰᠢᠨ᠎ᠡ ᠡᠨᠧᠷᠭᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ︾
ᠨᠡᠶᠢᠲᠡᠯᠡᠭᠰᠡᠨ ᠴᠠᠭ᠄
2023/12/18
                                         ᠣᠶᠢᠷ᠎ᠠ ᠶᠢᠨ ᠵᠢᠯ ᠠᠴᠠ ᠨᠠᠰᠢ᠂ ᠮᠠᠨ ᠤ ᠤᠯᠤᠰ ᠤᠨ ᠰᠠᠯᠬᠢᠨ ᠬᠦᠴᠦᠨ ᠤ ᠴᠠᠬᠢᠯᠭᠠᠨ᠂ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠪᠠᠷ ᠲᠥᠯᠥᠭᠡᠯᠡᠭᠦᠯᠦᠭᠰᠡᠨ ᠰᠢᠨ᠎ᠡ ᠡᠨᠧᠷᠭᠢ ᠶᠢᠨ ᠬᠥᠭᠵᠢᠯᠲᠡ ᠢᠯᠡᠳᠲᠡ ᠦᠷ᠎ᠡ ᠪᠦᠲᠦᠮᠵᠢ ᠣᠯᠵᠤ᠂ ᠮᠠᠰᠢᠨ ᠴᠣᠭᠴᠠᠯᠠᠪᠤᠷᠢ ᠶᠢᠨ ᠬᠡᠪᠴᠢᠶ᠎ᠡ ᠪᠥᠬᠦ ᠳᠡᠯᠡᠬᠡᠢ ᠶᠢᠨ ᠲᠡᠷᠢᠭᠦᠨ ᠳᠤ ᠣᠷᠣᠵᠤ᠂ ᠴᠠᠬᠢᠯᠭᠠᠨ ᠭᠠᠷᠭᠠᠬᠤ ᠬᠡᠮᠵᠢᠶ᠎ᠡ ᠶᠢᠨ ᠡᠵᠡᠯᠡᠬᠦ ᠬᠠᠷᠢᠴᠠᠯ ᠲᠣᠭᠲᠠᠭᠤᠨ ᠢᠶᠠᠷ ᠳᠡᠭᠡᠭᠰᠢᠯᠡᠨ᠂ ᠥᠪᠡᠷ ᠤᠨ ᠥᠷᠲᠡᠭ ᠲᠦᠷᠭᠡᠨ ᠢᠶᠠᠷ ᠪᠠᠭᠤᠷᠠᠵᠤ᠂ ᠨᠢᠭᠡᠨᠲᠡ ᠡᠩ ᠤᠨ ᠦᠨ᠎ᠡ ᠶᠢᠨ ᠨᠥᠬᠦᠪᠦᠷᠢ ᠦᠭᠡᠢ ᠬᠥᠭᠵᠢᠯᠲᠡ ᠶᠢᠨ ᠰᠢᠨ᠎ᠡ ᠱᠠᠲᠤᠨ ᠳᠤ ᠦᠨᠳᠦᠰᠦᠨ ᠳᠡᠭᠡᠨ ᠣᠷᠣᠭᠰᠠᠨ ᠪᠠᠶᠢᠨ᠎ᠠ᠃ ᠡᠭᠦᠨ ᠤ ᠵᠡᠷᠭᠡ ᠳᠤ᠂ ᠰᠢᠨ᠎ᠡ ᠡᠨᠧᠷᠭᠢ ᠶᠢᠨ ᠰᠤᠷᠪᠤᠯᠵᠢ ᠶᠢ ᠨᠡᠭᠡᠭᠡᠨ ᠠᠰᠢᠭᠯᠠᠬᠤ ᠳᠤ ᠮᠥᠨ ᠬᠦ ᠴᠠᠬᠢᠯᠭᠠᠨ ᠬᠦᠴᠦᠨ ᠤ ᠰᠢᠰᠲ᠋ᠧᠮ ᠤᠨ ᠶᠡᠭᠡ ᠬᠡᠪᠴᠢᠶᠡᠨ ᠤ ᠥᠨᠳᠥᠷ ᠬᠠᠷᠢᠴᠠᠯᠳᠤ ᠰᠢᠨ᠎ᠡ ᠡᠨᠧᠷᠭᠢ ᠶᠢᠨ ᠰᠤᠷᠪᠤᠯᠵᠢ ᠶᠢ ᠲᠣᠣᠷ ᠲᠤ ᠵᠠᠯᠭᠠᠬᠤ ᠪᠠ ᠰᠢᠩᠭᠡᠬᠡᠨ ᠠᠪᠬᠤ ᠳᠤ ᠵᠣᠬᠢᠴᠠᠬᠤ ᠴᠢᠨᠠᠷ ᠢᠶᠠᠷ ᠳᠤᠲᠠᠮᠠᠭ ᠪᠠᠶᠢᠬᠤ᠂ ᠭᠠᠵᠠᠷ ᠰᠢᠷᠣᠢ ᠶᠢᠨ ᠡᠬᠢ ᠪᠠᠶᠠᠯᠢᠭ ᠤᠨ ᠬᠢᠵᠠᠭᠠᠷᠯᠠᠯ ᠢᠯᠡᠷᠬᠡᠢ ᠪᠠᠶᠢᠬᠤ ᠵᠡᠷᠭᠡ ᠬᠢᠵᠠᠭᠠᠷᠯᠠᠬᠤ ᠡᠯᠧᠮᠧᠨ᠋ᠲ ᠣᠷᠣᠰᠢᠵᠤ ᠪᠠᠶᠢᠨ᠎ᠠ᠃ 2030 ᠣᠨ ᠪᠣᠯᠬᠤ ᠳᠤ ᠰᠠᠯᠬᠢᠨ ᠬᠦᠴᠦᠨ ᠤ ᠴᠠᠬᠢᠯᠭᠠᠨ᠂ ᠨᠡᠷᠡᠨ ᠤ ᠡᠨᠧᠷᠭᠢ ᠪᠠᠷ ᠴᠠᠬᠢᠯᠭᠠᠨ ᠭᠠᠷᠭᠠᠬᠤ ᠶᠡᠷᠦᠩᠬᠡᠢ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ 12 ᠳ᠋ᠦᠩᠰᠢᠭᠤᠷ ᠺᠢᠯᠣᠸᠠᠲ ᠠᠴᠠ ᠳᠡᠭᠡᠭᠰᠢ ᠪᠣᠯᠭᠠᠬᠤ ᠬᠠᠷᠠᠯᠲᠠ ᠶᠢ ᠪᠡᠶᠡᠯᠡᠭᠦᠯᠵᠦ᠂ ᠠᠷᠢᠭᠤᠨ ᠴᠡᠪᠡᠷ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠠᠮᠤᠷ ᠲᠦᠪᠰᠢᠨ ᠥᠨᠳᠥᠷ ᠪᠦᠲᠦᠮᠵᠢᠲᠡᠶ ᠡᠨᠧᠷᠭᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠡᠷᠬᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠲᠡᠭᠦᠯᠳᠡᠷ᠂ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠪᠦᠬᠦ ᠲᠠᠯ᠎ᠠ ᠪᠠᠷ ᠲᠥᠯᠥᠪᠵᠢᠭᠦᠯᠵᠦ᠂ ᠰᠢᠨ᠎ᠡ ᠡᠨᠧᠷᠭᠢ ᠶᠢᠨ ᠬᠠᠩᠭᠠᠯᠭ᠎ᠠ ᠶᠢ ᠪᠠᠲᠤᠯᠠᠵᠤ ᠬᠠᠩᠭᠠᠯᠭ᠎ᠠ ᠶᠢ ᠨᠡᠮᠡᠭᠳᠡᠭᠦᠯᠬᠦ ᠲᠠᠯ᠎ᠠ ᠪᠠᠷ ᠬᠢ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠨᠡᠭᠦᠷᠡᠰᠦᠲᠥ᠋ᠷᠥᠭᠴᠢ ᠶᠢᠨ ᠤᠷᠬᠢᠯ ᠳᠤ ᠬᠦᠷᠬᠦ᠂ ᠨᠡᠭᠦᠷᠡᠰᠦᠲᠥ᠋ᠷᠥᠭᠴᠢ ᠶᠢᠨ ᠳᠤᠮᠳᠠ ᠪᠠ ᠳᠤᠮᠳᠠ ᠵᠡᠷᠭᠡ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠳᠤ ᠬᠦᠴᠦ ᠨᠡᠮᠡᠷᠢᠯᠡᠬᠦ ᠬᠡᠷᠡᠭᠲᠡᠢ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠣᠲᠣ ᠰᠢᠨ᠎ᠡ ᠴᠠᠭ ᠦᠶ᠎ᠡ ᠶᠢᠨ ᠰᠢᠨ᠎ᠡ ᠡᠨᠧᠷᠭᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠳᠣᠣᠷᠠᠬᠢ ᠮᠡᠲᠦ ᠬᠡᠷᠡᠭᠵᠢᠭᠦᠯᠬᠦ ᠲᠥᠰᠥᠯ ᠢ ᠲᠣᠭᠲᠠᠭᠠᠪᠠ᠃            ᠨᠢᠭᠡ᠂ ᠰᠢᠨ᠎ᠡ ᠡᠨᠧᠷᠭᠢ ᠶᠢ ᠨᠡᠭᠡᠭᠡᠨ ᠠᠰᠢᠭᠯᠠᠬᠤ ᠵᠠᠭᠪᠤᠷ ᠲᠤ ᠰᠢᠨ᠎ᠡ ᠶᠢ ᠡᠭᠦᠳᠦᠨ᠎ᠡ             ︵ᠨᠢᠭᠡ︶ ᠡᠯᠡᠰᠦ ᠮᠠᠩᠬ᠎ᠠ᠂ ᠭᠤᠪᠢ ᠨᠤᠲᠤᠭ᠂ ᠡᠯᠡᠰᠦᠨ ᠴᠥᠯ ᠤᠨ ᠭᠠᠵᠠᠷ ᠣᠷᠣᠨ ᠢᠶᠠᠷ ᠭᠤᠣᠯᠳᠠᠯᠭ᠎ᠠ ᠪᠣᠯᠭᠠᠭᠰᠠᠨ ᠲᠣᠮᠣ ᠬᠡᠯᠪᠡᠷᠢ ᠶᠢᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠬᠡᠷᠡᠯ ᠴᠡᠨᠡᠭ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠲᠣᠮᠣ ᠬᠡᠯᠪᠡᠷᠢ ᠶᠢᠨ ᠰᠠᠯᠬᠢᠨ ᠭᠡᠷᠡᠯ ᠤᠨ ᠴᠠᠬᠢᠯᠭᠠᠨ ᠤ ᠰᠠᠭᠤᠷᠢᠨ ᠭᠠᠵᠠᠷ ᠢᠶᠠᠷ ᠰᠠᠭᠤᠷᠢ ᠪᠣᠯᠭᠠᠭᠰᠠᠨ᠂ ᠡᠷᠬᠢᠨ ᠲᠣᠭᠤᠷᠢᠨ ᠤ ᠠᠷᠢᠭᠤᠨ ᠴᠡᠪᠡᠷ ᠥᠨᠳᠥᠷ ᠦᠷ᠎ᠡ ᠠᠰᠢᠭ ᠲᠠᠢ ᠲᠡᠷᠢᠭᠦᠨ ᠤ ᠡᠨᠧᠷᠭᠢ ᠠᠷᠪᠢᠯᠠᠬᠤ ᠨᠡᠭᠦᠷᠡᠰᠦ ᠴᠠᠬᠢᠯᠭᠠᠨ ᠢᠶᠠᠷ ᠲᠤᠯᠭᠠᠭᠤᠷᠢᠯᠠᠭᠤᠯᠤᠭᠰᠠᠨ᠂ ᠲᠣᠭᠲᠠᠭᠤᠨ ᠪᠥᠭᠡᠳ ᠠᠮᠤᠷ ᠲᠦᠪᠰᠢᠨ ᠪᠥᠭᠡᠳ ᠨᠠᠶᠢᠳᠠᠪᠤᠷᠢᠲᠠᠢ ᠣᠨᠴᠠ ᠥᠨᠳᠥᠷ ᠬᠦᠴᠦᠳᠡᠯᠲᠦ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠬᠡᠯᠬᠢᠶ᠎ᠡ ᠪᠠᠷ ᠠᠴᠢᠶᠠᠯᠠᠪᠤᠷᠢ ᠪᠣᠯᠭᠠᠭᠰᠠᠨ ᠰᠢᠨ᠎ᠡ ᠡᠨᠧᠷᠭᠢ ᠶᠢᠨ ᠬᠠᠩᠭᠠᠯᠭ᠎ᠠ ᠶᠢ ᠰᠢᠩᠭᠡᠭᠡᠬᠦ ᠰᠢᠰᠲ᠋ᠧᠮ ᠢ ᠲᠥᠯᠥᠪᠵᠢᠭᠦᠯᠦᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠤ᠂ ᠭᠠᠵᠠᠷ ᠰᠢᠷᠣᠢ ᠶᠢ ᠤᠷᠢᠳᠴᠢᠯᠠᠨ ᠬᠢᠨᠠᠬᠤ᠂ ᠲᠥᠯᠦᠪᠵᠢᠭᠦᠯᠭᠡ ᠶᠢᠨ ᠭᠠᠵᠠᠷ ᠰᠣᠩᠭᠤᠬᠤ᠂ ᠣᠷᠴᠢᠨ ᠠᠬᠤᠢ ᠶᠢ ᠬᠠᠮᠠᠭᠠᠯᠠᠬᠤ ᠵᠡᠷᠭᠡ ᠲᠠᠯ᠎ᠠ ᠪᠠᠷ ᠵᠣᠬᠢᠴᠠᠭᠤᠯᠤᠨ ᠵᠢᠯᠤᠭᠤᠳᠬᠤ ᠪᠠᠨ ᠴᠢᠩᠭᠠᠳᠬᠠᠵᠤ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠨᠡᠭᠦᠷᠡᠰᠦ ᠪᠠ ᠰᠢᠨ᠎ᠡ ᠡᠨᠧᠷᠭᠢ ᠶᠢᠨ ᠰᠢᠯᠢᠳᠡᠭᠴᠢᠯᠡᠨ ᠵᠣᠬᠢᠶᠠᠨ ᠪᠠᠶᠢᠭᠤᠯᠬᠤ ᠶᠢ ᠠᠬᠢᠭᠤᠯᠬᠤ ᠱᠠᠭᠠᠷᠳᠠᠯᠭ᠎ᠠ ᠶᠣᠰᠣᠭᠠᠷ᠂ ᠨᠡᠭᠦᠷᠡᠰᠦ ᠴᠠᠬᠢᠯᠭᠠᠨ ᠤ ᠠᠵᠤ ᠠᠬᠤᠶᠢᠯᠠᠯ ᠬᠢᠭᠡᠳ ᠰᠢᠨ᠎ᠡ ᠡᠨᠧᠷᠭᠢ ᠶᠢᠨ ᠠᠵᠤ ᠠᠬᠤᠶᠢᠯᠠᠯ ᠤᠨ ᠦᠨᠡᠨ ᠪᠣᠳᠠᠲᠠᠢ ᠪᠠᠷ ᠬᠤᠯᠪᠤᠭᠠᠯᠠᠨ ᠡᠵᠡᠩᠨᠡᠬᠦ ᠶᠢ ᠵᠣᠷᠢᠭᠵᠢᠭᠤᠯᠤᠨ᠎ᠠ᠃             ︵ᠬᠤᠶᠠᠷ︶ ᠰᠢᠨ᠎ᠡ ᠡᠨᠧᠷᠭᠢ ᠶᠢ ᠨᠡᠭᠡᠭᠡᠨ ᠠᠰᠢᠭᠯᠠᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠲᠠᠷᠢᠶᠠᠴᠢᠳ ᠤᠨ ᠥᠪᠡᠷ ᠤᠨ ᠪᠠᠷᠢᠯᠭ᠎ᠠ ᠶᠢᠨ ᠳᠡᠭᠡᠪᠦᠷ ᠢᠶᠠᠨ ᠠᠰᠢᠭᠯᠠᠨ ᠡᠷᠦᠬᠡ ᠳᠤ ᠬᠡᠷᠡᠭᠯᠡᠬᠦ ᠬᠡᠷᠡᠯ ᠴᠡᠨᠡᠭ ᠪᠠᠶᠢᠭᠤᠯᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠶᠢ ᠵᠣᠷᠢᠭᠵᠢᠭᠤᠯᠵᠤ᠂ ᠬᠥᠳᠡᠭᠡ ᠲᠣᠰᠬᠤᠨ ᠤ ᠲᠠᠷᠠᠬᠠᠢ ᠪᠤᠲᠠᠷᠬᠠᠢ ᠮᠠᠶ᠋ᠢᠭ ᠤᠨ ᠰᠠᠯᠬᠢᠨ ᠬᠦᠴᠦᠨ ᠤ ᠴᠠᠬᠢᠯᠭᠠᠨ ᠤ ᠨᠡᠭᠡᠭᠡᠨ‌‍ᠬᠥ᠋ᠳᠡᠭᠡ ᠲᠣᠰᠬᠤᠨ ᠤ ᠡᠨᠧᠷᠭᠢ ᠶᠢᠨ ᠰᠤᠷᠪᠤᠯᠵᠢ ᠶᠢᠨ ᠬᠤᠪᠢᠰᠬᠠᠯ ᠬᠢᠭᠡᠳ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠯᠡᠵᠦ᠂ ᠬᠥᠳᠡᠭᠡ ᠲᠣᠰᠬᠤᠨ ᠤ ᠡᠨᠧᠷᠭᠢ ᠶᠢᠨ ᠰᠤᠷᠪᠤᠯᠵᠢ ᠶᠢᠨ ᠬᠤᠷᠰᠢᠶ᠎ᠠ ᠵᠡᠷᠭᠡ ᠰᠢᠨ᠎ᠡ ᠬᠡᠯᠪᠡᠷᠢ ᠶᠢᠨ ᠵᠠᠬ᠎ᠠ ᠳᠡᠯᠭᠡᠭᠦᠷ ᠤᠨ ᠭᠤᠤᠯ ᠴᠤᠭᠴᠠ ᠶᠢ ᠪᠣᠶᠢᠵᠢᠭᠤᠯᠤᠨ᠂ ᠭᠠᠴᠠᠭ᠎ᠠ ᠨᠡᠶᠢᠲᠡ ᠶᠢᠨ ᠬᠠᠳᠠᠭᠠᠯᠠᠵᠤ ᠪᠠᠶᠢᠭ᠎ᠠ ᠬᠠᠮᠲᠤ ᠶᠢᠨ ᠭᠠᠵᠠᠷ ᠰᠢᠷᠣᠢ ᠶᠢ ᠬᠠᠤᠯᠢ ᠶᠣᠰᠣᠭᠠᠷ ᠠᠰᠢᠭᠯᠠᠨ ᠦᠨ᠎ᠡ ᠲᠣᠭᠲᠠᠭᠠᠨ ᠬᠤᠪᠢ ᠣᠷᠣᠭᠤᠯᠬᠤ᠂ ᠠᠰᠢᠭ ᠣᠷᠣᠯᠭ᠎ᠠ ᠶᠢ ᠬᠠᠮᠲᠤ ᠪᠠᠷ ᠡᠳ᠋ᠯᠡᠬᠦ ᠵᠡᠷᠭᠡ ᠲᠣᠭᠲᠠᠴᠠ ᠪᠠᠷ ᠳᠠᠮᠵᠢᠭᠤᠯᠤᠨ ᠰᠢᠨ᠎ᠡ ᠡᠨᠧᠷᠭᠢ ᠶᠢᠨ ᠰᠤᠷᠪᠤᠯᠵᠢ ᠶᠢᠨ ᠵᠦᠢᠯᠡᠰ ᠢ ᠨᠡᠭᠡᠭᠡᠨ ᠬᠥᠭᠵᠢᠭᠦᠯᠬᠦ ᠳ᠋ᠦ‌ᠮᠥ᠋ᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠠᠷᠢᠶᠠᠴᠢᠳ ᠤᠨ ᠰᠢᠨ᠎ᠡ ᠡᠨᠧᠷᠭᠢ ᠶᠢᠨ ᠵᠦᠢᠯᠡᠰ ᠲᠤ ᠪᠡᠯᠡ ᠣᠷᠣᠭᠤᠯᠬᠤ ᠳᠤ ᠰᠢᠨ᠎ᠡ ᠶᠢ ᠡᠭᠦᠳᠬᠦ ᠦᠢᠯᠡᠳᠬᠦᠨ ᠪᠠ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ᠎ᠠ᠃             ︵ᠭᠤᠷᠪᠠ︶ ᠰᠢᠨ᠎ᠡ ᠡᠨᠧᠷᠭᠢ ᠶᠢ ᠠᠵᠤ ᠦᠢᠯᠡᠳᠪᠦᠷᠢ ᠪᠠ ᠪᠠᠷᠢᠯᠭ᠎ᠠ ᠶᠢᠨ ᠬᠦᠷᠢᠶᠡᠨ ᠳᠤ ᠬᠡᠷᠡᠭᠯᠡᠬᠦ ᠶᠢ ᠠᠬᠢᠭᠤᠯᠤᠨ᠎ᠠ᠃ ᠨᠥᠬᠦᠴᠡᠯ ᠪᠦᠷᠢᠳᠦᠭᠦᠯᠦᠭᠰᠡᠨ ᠠᠵᠤ ᠦᠢᠯᠡᠳᠪᠦᠷᠢ ᠶᠢᠨ ᠠᠵᠤ ᠠᠬᠤᠶᠢᠯᠠᠯ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ᠂ ᠲᠠᠷᠬᠠᠮᠠᠯ ᠬᠡᠯᠪᠡᠷᠢ ᠶᠢᠨ ᠬᠡᠷᠡᠯ ᠸᠣᠯᠲ᠂ ᠲᠠᠷᠠᠬᠠᠢ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠵᠡᠷᠭᠡ ᠰᠢᠨ᠎ᠡ ᠡᠨᠧᠷᠭᠢ ᠶᠢᠨ ᠲᠥᠷᠥᠯ ᠵᠦᠢᠯ ᠢ ᠲᠦᠷᠭᠡᠳᠬᠡᠨ ᠬᠥᠭᠵᠢᠭᠦᠯᠵᠦ᠂ ᠠᠵᠤ ᠦᠢᠯᠡᠳᠪᠦᠷᠢ ᠶᠢᠨ ᠪᠣᠬᠢᠷᠲᠤᠯ ᠦᠭᠡᠢ ᠪᠢᠴᠢᠯ ᠴᠠᠬᠢᠯᠭᠠᠨ ᠲᠣᠣᠷ ᠪᠠ ᠡᠬᠢ ᠰᠤᠷᠪᠤᠯᠵᠢ ᠶᠢᠨ ᠲᠣᠣᠷ ᠤᠨ ᠴᠡᠨᠡᠭ ᠨᠥᠭᠡᠴᠡᠯᠡᠬᠦ ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠣᠯᠠᠨ ᠡᠨᠧᠷᠭᠢ ᠶᠢᠨ ᠬᠠᠷᠢᠯᠴᠠᠨ ᠨᠥᠬᠦᠪᠦᠷᠢᠯᠡᠵᠦ ᠥᠨᠳᠥᠷ ᠦᠷ᠎ᠡ ᠪᠦᠲᠦᠮᠵᠢᠲᠡᠶ ᠠᠰᠢᠭᠯᠠᠬᠤ ᠶᠢ ᠠᠬᠢᠭᠤᠯᠤᠨ᠂ ᠰᠢᠨ᠎ᠡ ᠡᠨᠧᠷᠭᠢ ᠶᠢᠨ ᠴᠠᠬᠢᠯᠭᠠᠨ ᠬᠦᠴᠦᠨ ᠤ ᠰᠢᠭᠤᠳ ᠴᠠᠬᠢᠯᠭᠠᠨ ᠬᠠᠩᠭᠠᠬᠤ ᠲᠤᠷᠰᠢᠯᠲᠠ ᠶᠢᠨ ᠴᠢᠭ᠋ ᠢ ᠥᠷᠨᠢᠭᠦᠯᠵᠦ᠂ ᠦᠵᠦᠭᠦᠷ ᠤᠨ ᠡᠨᠧᠷᠭᠢ ᠬᠡᠷᠡᠭᠯᠡᠬᠦ ᠰᠢᠨ᠎ᠡ ᠡᠨᠧᠷᠭᠢ ᠶᠢᠨ ᠴᠠᠬᠢᠯᠭᠠᠨ ᠬᠦᠴᠦᠨ ᠤ ᠬᠤᠪᠢ ᠶᠢᠨ ᠵᠢᠩ ᠢ ᠳᠡᠭᠡᠭᠰᠢᠯᠡᠭᠦᠯᠦᠨ᠎ᠡ᠃ ᠨᠡᠷᠡᠨ ᠡᠨᠧᠷᠭᠢ ᠬᠢᠭᠡᠳ ᠪᠠᠷᠢᠯᠭ᠎ᠠ ᠶᠢᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠤᠨ᠎ᠠ ᠃ ᠬᠡᠷᠡᠯ ᠴᠡᠨᠡᠭ ᠤᠨ ᠪᠠᠷᠢᠯᠭ᠎ᠠ ᠶᠢ ᠨᠢᠭᠡ ᠴᠣᠭᠴᠠᠵᠢᠭᠤᠯᠤᠨ ᠬᠡᠷᠡᠭᠯᠡᠬᠦ ᠮᠡᠷᠭᠡᠵᠢᠯ ᠤᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠬᠡᠷᠡᠯ ᠴᠡᠨᠡᠭ ᠤᠨ ᠴᠠᠬᠢᠯᠭᠠᠨ ᠬᠦᠴᠦᠨ ᠤ ᠦᠢᠯᠡᠳᠪᠦᠷᠢᠯᠡᠬᠦ ᠠᠵᠢᠯ ᠤᠨ ᠬᠡᠯᠪᠡᠷᠢ ᠶᠢᠨ ᠬᠡᠷᠡᠭᠯᠡᠭᠴᠢᠳ ᠤᠨ ᠬᠠᠮᠲᠤᠯᠢᠭ ᠢ ᠪᠤᠵᠠᠭᠠᠶᠢᠷᠠᠭᠤᠯᠤᠨ᠎ᠠ᠃ 2025 ᠣᠨ ᠪᠣᠯᠬᠤ ᠳᠤ᠂ ᠣᠯᠠᠨ ᠨᠡᠶᠢᠲᠡ ᠶᠢᠨ ᠪᠠᠶᠢᠭᠤᠯᠤᠮᠵᠢ ᠶᠢᠨ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠶᠢᠨ ᠭᠡᠷ ᠤᠨ ᠣᠷᠣᠢ ᠶᠢᠨ ᠬᠡᠷᠡᠯ ᠴᠡᠨᠡᠭ ᠤᠨ ᠪᠦᠷᠬᠦᠴᠡ ᠶᠢᠨ ᠨᠣᠷᠮ᠎ᠠ ᠶᠢ 50% ᠳ᠋ᠤ᠋‌ᠣᠯᠠᠨ ᠨᠡᠶᠢᠲᠡ ᠶᠢᠨ ᠪᠠᠶᠢᠭᠤᠯᠤᠮᠵᠢ ᠶᠢᠨ ᠨᠢᠭᠡᠨᠲᠡ ᠪᠠᠶᠢᠭ᠎ᠠ ᠪᠠᠷᠢᠯᠭ᠎ᠠ ᠵᠡᠷᠭᠡ ᠳᠤ ᠬᠡᠷᠡᠯ ᠸᠣᠯᠲ ᠪᠤᠶᠤ ᠨᠡᠷᠡᠨ ᠡᠨᠧᠷᠭᠢ ᠶᠢᠨ ᠢᠯᠴᠢ ᠶᠢᠨ ᠠᠰᠢᠭᠯᠠᠯᠲᠠ ᠶᠢᠨ ᠲᠥᠬᠦᠭᠡᠷᠦᠮᠵᠢ ᠤᠭᠰᠠᠷᠠᠬᠤ ᠶᠢ ᠵᠣᠷᠢᠭᠵᠢᠭᠤᠯᠤᠨ᠎ᠠ᠃             ︵ᠳᠥᠷᠪᠡ︶ ᠪᠥᠬᠦ ᠨᠡᠶᠢᠭᠡᠮ ᠢᠶᠠᠷ ᠢᠶᠠᠨ ᠰᠢᠨ᠎ᠡ ᠡᠨᠧᠷᠭᠢ ᠵᠡᠷᠭᠡ ᠪᠣᠬᠢᠷᠲᠤᠯ ᠦᠭᠡᠢ ᠴᠠᠬᠢᠯᠭᠠᠨ ᠬᠦᠴᠦᠨ ᠢ ᠬᠡᠷᠡᠭᠯᠡᠬᠦ ᠶᠢ ᠬᠥᠲᠥᠯᠥᠨ ᠵᠢᠯᠣᠭᠤᠳᠤᠨ᠎ᠠ᠃ ᠪᠣᠬᠢᠷᠲᠤᠯ ᠦᠭᠡᠢ ᠴᠠᠬᠢᠯᠭᠠᠨ ᠬᠦᠴᠦᠨ ᠤ ᠠᠷᠠᠯᠵᠢᠶ᠎ᠠ ᠶᠢᠨ ᠲᠤᠷᠰᠢᠯᠲᠠ ᠶᠢ ᠥᠷᠨᠢᠭᠦᠯᠵᠦ᠂ ᠪᠣᠬᠢᠷᠲᠤᠯ ᠦᠭᠡᠢ ᠴᠠᠬᠢᠯᠭᠠᠨ ᠬᠦᠴᠦᠨ ᠤ ᠠᠷᠠᠯᠵᠢᠶ᠎ᠠ ᠶᠢᠨ ᠵᠣᠬᠢᠶᠠᠨ ᠪᠠᠶᠢᠭᠤᠯᠤᠯᠲᠠ ᠂ ᠴᠠᠬᠢᠯᠭᠠᠨ ᠲᠣᠣᠷ ᠤᠨ ᠲᠣᠬᠢᠷᠠᠭᠤᠯᠤᠯᠲᠠ᠂ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠵᠡᠷᠭᠡ ᠲᠠᠯ᠎ᠠ ᠪᠠᠷ ᠲᠡᠷᠢᠭᠦᠯᠡᠬᠦ ᠪᠠᠶᠢᠷᠢ ᠰᠠᠭᠤᠷᠢ ᠶᠢ ᠢᠯᠡᠷᠡᠭᠦᠯᠬᠦ ᠶᠢ ᠠᠬᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠴᠢᠳᠠᠮᠵᠢ ᠪᠠᠷ ᠪᠦᠷᠢᠨ ᠲᠡᠭᠦᠯᠳᠡᠷ᠂ ᠬᠡᠷᠡᠭᠯᠡᠬᠦ ᠳᠤ ᠲᠥᠬᠦᠮ ᠪᠥᠭᠡᠳ ᠬᠡᠷᠡᠭᠯᠡᠬᠦ ᠳᠤ ᠲᠥᠬᠦᠮ ᠪᠣᠬᠢᠷᠲᠤᠯ ᠦᠭᠡᠢ ᠴᠠᠬᠢᠯᠭᠠᠨ ᠬᠦᠴᠦᠨ ᠤ ᠠᠷᠠᠯᠵᠢᠶ᠎ᠠ ᠶᠢᠨ ᠦᠢᠯᠡᠴᠢᠯᠡᠭᠡᠨ ᠢ ᠬᠠᠩᠭᠠᠨ᠎ᠠ᠃ ᠰᠢᠨ᠎ᠡ ᠡᠨᠧᠷᠭᠢ ᠶᠢᠨ ᠪᠣᠬᠢᠷᠲᠤᠯ ᠦᠭᠡᠢ ᠬᠡᠷᠡᠭᠯᠡᠭᠡ ᠶᠢ ᠭᠡᠷᠡᠴᠢᠯᠡᠬᠦ᠂ ᠢᠯᠡᠳᠬᠡᠮᠵᠢ ᠲᠡᠮᠳᠡᠭ ᠤᠨ ᠰᠢᠰᠲ᠋ᠧᠮᠵᠢ ᠪᠠ ᠢᠯᠡ ᠨᠡᠶᠢᠲᠡᠯᠡᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠪᠣᠬᠢᠷᠲᠤᠯ ᠦᠭᠡᠢ ᠴᠠᠬᠢᠯᠭᠠᠨ ᠬᠦᠴᠦᠨ ᠤ ᠦᠨᠡᠮᠯᠡᠯ ᠤᠨ ᠳᠦᠷᠢᠮ ᠢ ᠲᠡᠭᠦᠯᠳᠡᠷᠵᠢᠭᠦᠯᠵᠦ᠂ ᠪᠣᠬᠢᠷᠲᠤᠯ ᠦᠭᠡᠢ ᠴᠠᠬᠢᠯᠭᠠᠨ ᠬᠦᠴᠦᠨ ᠤ ᠦᠨᠡᠮᠯᠡᠯ ᠤᠨ ᠠᠷᠠᠯᠵᠢᠶ᠎ᠠ ᠶᠢ ᠳᠡᠯᠭᠡᠷᠡᠭᠦᠯᠦᠨ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶ᠎ᠠ ᠶᠢᠨ ᠵᠠᠬ᠎ᠠ ᠳᠡᠯᠭᠡᠭᠦᠷ ᠯᠦᠭᠡ ᠪᠦᠲᠦᠮᠵᠢᠲᠡᠶ ᠵᠣᠯᠭᠠᠭᠤᠯᠬᠤ ᠶᠢ ᠴᠢᠩᠭᠠᠳᠬᠠᠨ᠎ᠠ᠃ ᠭᠡᠷᠡᠴᠢᠯᠡᠭᠡ ᠬᠢᠵᠦ ᠢᠲᠡᠭᠡᠮᠵᠢ ᠣᠯᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠰᠢᠨ᠎ᠡ ᠡᠨᠧᠷᠭᠢ ᠵᠡᠷᠭᠡ ᠪᠣᠬᠢᠷᠲᠤᠯ ᠦᠭᠡᠢ ᠴᠠᠬᠢᠯᠭᠠᠨ ᠬᠦᠴᠦᠨ ᠢ ᠠᠰᠢᠭᠯᠠᠨ ᠦᠢᠯᠡᠳᠬᠦᠨ ᠦᠢᠯᠡᠳᠬᠦ ᠪᠠ ᠦᠢᠯᠡᠴᠢᠯᠡᠭᠡ ᠬᠠᠩᠭᠠᠬᠤ ᠶᠢ ᠬᠥᠲᠥᠯᠥᠨ ᠵᠢᠯᠣᠭᠤᠳᠤᠨ᠎ᠠ᠃ ᠡᠯ᠎ᠡ ᠲᠥᠷᠥᠯ ᠤᠨ ᠬᠡᠷᠡᠭᠯᠡᠭᠴᠢᠳ ᠤᠨ ᠰᠢᠨ᠎ᠡ ᠡᠨᠧᠷᠭᠢ ᠵᠡᠷᠭᠡ ᠪᠣᠬᠢᠷᠲᠤᠯ ᠦᠭᠡᠢ ᠴᠠᠬᠢᠯᠭᠠᠨ ᠬᠦᠴᠦᠨ ᠢᠶᠠᠷ ᠦᠢᠯᠡᠳᠦᠭᠰᠡᠨ ᠦᠢᠯᠡᠳᠬᠦᠨ ᠬᠤᠳᠠᠯᠳᠤᠨ ᠠᠪᠬᠤ ᠶᠢ ᠵᠣᠷᠢᠭᠵᠢᠭᠤᠯᠤᠨ᠎ᠠ᠃            ᠬᠤᠶᠠᠷ᠂ ᠰᠢᠨ᠎ᠡ ᠡᠨᠧᠷᠭᠢ ᠶᠢᠨ ᠡᠵᠡᠯᠡᠬᠦ ᠬᠠᠷᠢᠴᠠᠯ ᠢ ᠢᠳᠡᠭ ᠢᠳᠡᠭ ᠢᠶᠠᠷ ᠳᠡᠭᠡᠭᠰᠢᠯᠡᠭᠦᠯᠬᠦ ᠳᠤ ᠵᠣᠬᠢᠴᠠᠭᠰᠠᠨ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ             ︵ᠲᠠᠪᠤ︶ ᠴᠠᠬᠢᠯᠭᠠᠨ ᠬᠦᠴᠦᠨ ᠤ ᠰᠢᠰᠲ᠋ᠧᠮ ᠤᠨ ᠲᠣᠬᠢᠷᠠᠭᠤᠯᠬᠤ ᠴᠢᠳᠠᠪᠤᠷᠢ ᠪᠠ ᠠᠮᠢᠳᠤᠯᠢᠭ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠴᠠᠬᠢᠯᠭᠠᠨ ᠤ ᠲᠣᠣᠷ ᠤᠨ ᠠᠵᠤ ᠠᠬᠤᠶᠢᠯᠠᠯ ᠤᠨ ᠰᠢᠨ᠎ᠡ ᠮᠠᠶ᠋ᠢᠭ ᠤᠨ ᠴᠠᠬᠢᠯᠭᠠᠨ ᠬᠦᠴᠦᠨ ᠤ ᠰᠢᠰᠲ᠋ᠧᠮ ᠢ ᠴᠣᠭᠴᠠᠯᠠᠨ ᠪᠠᠶᠢᠭᠤᠯᠬᠤ  ᠳᠠᠬᠢ ᠲᠠᠪᠴᠠᠩ ᠪᠣᠯᠣᠨ ᠵᠠᠩᠭᠢᠯᠠᠭ᠎ᠠ ᠪᠣᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠴᠠᠬᠢᠯᠭᠠᠨ ᠤ ᠲᠣᠣᠷ ᠤᠨ ᠠᠵᠤ ᠠᠬᠤᠶᠢᠯᠠᠯ ᠤᠨ ᠰᠢᠨ᠎ᠡ ᠡᠨᠧᠷᠬ ᠶᠢ ᠢᠳᠡᠪᠬᠢᠲᠡᠢ ᠪᠠᠷ ᠵᠠᠯᠭᠠᠨ ᠣᠷᠣᠭᠤᠯᠬᠤ ᠪᠠ ᠰᠢᠩᠭᠡᠬᠡᠨ ᠠᠪᠬᠤ ᠶᠢ ᠳᠡᠮᠵᠢᠬᠦ ᠪᠠ ᠵᠢᠯᠣᠭᠤᠳᠤᠨ᠎ᠠ᠃ ᠤᠷᠬᠢᠯ ᠢ ᠲᠣᠬᠢᠷᠠᠭᠤᠯᠬᠤ ᠳᠠᠪᠲᠠᠮᠵᠢ ᠲᠣᠬᠢᠷᠠᠭᠤᠯᠬᠤ ᠴᠠᠬᠢᠯᠭᠠᠨ ᠡᠭᠦᠰᠬᠡᠭᠴᠢ ᠶᠢᠨ ᠨᠥᠬᠦᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠠᠮᠢᠳᠤᠯᠢᠭ ᠴᠢᠨᠠᠷᠲᠠᠢ ᠥᠭᠡᠷᠡᠴᠢᠯᠡᠯᠲᠡ᠂ ᠤᠰᠤ ᠴᠠᠬᠢᠯᠭᠠᠨ ᠤ ᠮᠠᠰᠢᠨ ᠢ ᠥᠷᠭᠡᠳᠬᠡᠬᠦ᠂ ᠤᠰᠤ ᠲᠠᠲᠠᠵᠤ ᠡᠨᠧᠷᠭᠢ ᠬᠠᠳᠠᠭᠠᠯᠠᠬᠤ ᠪᠠ ᠨᠡᠷᠡᠨ ᠡᠨᠧᠷᠭᠢ ᠶᠢᠨ ᠢᠯᠴᠢ ᠪᠠᠷ ᠴᠠᠬᠢᠯᠭᠠᠨ ᠭᠠᠷᠭᠠᠬᠤ ᠵᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠶᠢᠨ ᠲᠦᠷᠭᠡᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠡᠨᠧᠷᠭᠢ ᠬᠠᠳᠠᠭᠠᠯᠠᠬᠤ ᠥᠪᠡᠷ ᠤᠨ ᠥᠷᠲᠡᠭ ᠢ ᠪᠤᠴᠠᠭᠠᠨ ᠬᠤᠷᠢᠶᠠᠬᠤ ᠲᠣᠭᠲᠠᠴᠠ ᠶᠢ ᠰᠤᠳᠤᠯᠤᠨ᠎ᠠ᠃ ᠪᠠᠷᠠᠭᠤᠨ ᠬᠡᠰᠡᠭ ᠤᠨ ᠭᠠᠵᠠᠷ ᠣᠷᠣᠨ ᠵᠡᠷᠭᠡ ᠭᠡᠷᠡᠯ ᠲᠤᠰᠬᠤ ᠨᠥᠬᠦᠴᠡᠯ ᠢᠶᠠᠷ ᠰᠠᠶᠢᠨ ᠭᠠᠵᠠᠷ ᠣᠷᠣᠨ ᠤ ᠨᠡᠷᠡᠨ ᠡᠨᠧᠷᠭᠢ ᠶᠢᠨ ᠢᠯᠴᠢ ᠪᠠᠷ ᠴᠠᠬᠢᠯᠭᠠᠨ ᠭᠠᠷᠭᠠᠬᠤ ᠪᠠᠷ ᠤᠷᠬᠢᠯ ᠢ ᠲᠣᠬᠢᠷᠠᠭᠤᠯᠬᠤ ᠴᠠᠬᠢᠯᠭᠠᠨ ᠡᠭᠦᠰᠬᠡᠭᠴᠢ ᠪᠣᠯᠭᠠᠬᠤ ᠶᠢ ᠵᠣᠷᠢᠭᠵᠢᠭᠤᠯᠤᠨ᠎ᠠ᠃ ᠬᠡᠷᠡᠭᠴᠡᠭᠡ ᠱᠠᠭᠠᠷᠳᠠᠯᠭ᠎ᠠ ᠶᠢ ᠳᠠᠭᠠᠬᠤ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠳᠠᠭᠠᠭᠠᠴᠠ ᠶᠢᠨ ᠲᠠᠯ᠎ᠠ ᠶᠢᠨ ᠰᠢᠨ᠎ᠡ ᠡᠨᠧᠷᠭᠢ ᠶᠢᠨ ᠲᠣᠬᠢᠷᠠᠭᠤᠯᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃             ︵ᠵᠢᠷᠭᠤᠭ᠎ᠠ︶ ᠴᠠᠬᠢᠯᠭᠠᠨ ᠲᠦᠭᠡᠭᠡᠬᠦ ᠲᠣᠣᠷ ᠤᠨ ᠲᠠᠷᠬᠠᠮᠠᠯ ᠮᠠᠶ᠋ᠢᠭ ᠤᠨ ᠰᠢᠨ᠎ᠡ ᠡᠨᠧᠷᠭᠢ ᠶᠢ ᠭᠥᠯᠢᠶᠡᠨ ᠠᠪᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠡ᠃ ᠲᠠᠷᠬᠠᠮᠠᠯ ᠮᠠᠶ᠋ᠢᠭ ᠤᠨ ᠣᠶᠤᠨᠲᠤ ᠴᠠᠬᠢᠯᠭᠠᠨ ᠲᠣᠣᠷ ᠢ ᠬᠥᠭᠵᠢᠭᠦᠯᠵᠦ᠂ ᠴᠠᠬᠢᠯᠭᠠᠨ ᠲᠣᠣᠷ ᠤᠨ ᠠᠵᠤ ᠠᠬᠤᠶᠢᠯᠠᠯ ᠤᠨ ᠡᠬᠢᠲᠦ ᠴᠠᠬᠢᠯᠭᠠᠨ ᠲᠦᠭᠡᠭᠡᠬᠦ ᠲᠣᠣᠷ ︵ᠰᠠᠨᠠᠭᠠᠴᠢᠯᠠᠭ᠎ᠠ ᠠᠴᠠ ᠪᠠᠨ ᠴᠠᠬᠢᠯᠭᠠᠨ ᠲᠦᠭᠡᠭᠡᠬᠦ ᠲᠣᠣᠷ︶ ᠤᠨ ᠲᠥᠯᠦᠪᠵᠢᠭᠦᠯᠭᠡ᠂ ᠵᠢᠷᠤᠭ ᠲᠥᠯᠥᠪᠯᠡᠭᠡ᠂ ᠠᠵᠢᠯᠯᠠᠭᠠᠨ ᠤ ᠠᠷᠭ᠎ᠠ ᠶᠢᠨ ᠰᠤᠳᠤᠯᠤᠯ ᠢ ᠴᠢᠩᠭᠠᠳᠬᠠᠬᠤ ᠶᠢ ᠠᠬᠢᠭᠤᠯᠵᠤ᠂ ᠪᠡᠯᠡ ᠣᠷᠣᠭᠤᠯᠵᠤ ᠪᠦᠲᠦᠭᠡᠨ ᠪᠠᠶᠢᠭᠤᠯᠬᠤ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠤᠨ᠂ ᠴᠠᠬᠢᠯᠭᠠᠨ ᠲᠦᠭᠡᠭᠡᠬᠦ ᠲᠣᠣᠷ ᠤᠨ ᠣᠶᠤᠨᠴᠢᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠴᠠᠬᠢᠯᠭᠠᠨ ᠲᠦᠭᠡᠭᠡᠬᠦ ᠲᠣᠣᠷ ᠤᠨ ᠲᠠᠷᠬᠠᠮᠠᠯ ᠮᠠᠶ᠋ᠢᠭ ᠤᠨ ᠰᠢᠨ᠎ᠡ ᠡᠨᠧᠷᠭᠢ ᠳᠤ ᠵᠠᠯᠭᠠᠵᠤ ᠣᠷᠣᠭᠤᠯᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠡ᠃ ᠴᠠᠬᠢᠯᠭᠠᠨ ᠲᠦᠭᠡᠭᠡᠬᠦ ᠲᠣᠣᠷ ᠤᠨ ᠲᠠᠷᠬᠠᠮᠠᠯ ᠮᠠᠶ᠋ᠢᠭ ᠤᠨ ᠰᠢᠨ᠎ᠡ ᠡᠨᠧᠷᠭᠢ ᠶᠢᠨ ᠰᠤᠷᠪᠤᠯᠵᠢ ᠶᠢ ᠵᠠᠯᠭᠠᠵᠤ ᠣᠷᠣᠭᠤᠯᠬᠤ ᠬᠠᠷᠢᠴᠠᠯ ᠤᠨ ᠱᠠᠭᠠᠷᠳᠠᠯᠭ᠎ᠠ ᠶᠢ ᠵᠦᠢ ᠵᠣᠬᠢᠰᠲᠠᠢ ᠪᠠᠷ ᠲᠣᠭᠲᠠᠭᠠᠨ᠎ᠠ᠃ ᠲᠠᠷᠬᠠᠮᠠᠯ ᠮᠠᠶ᠋ᠢᠭ ᠤᠨ ᠰᠢᠨ᠎ᠡ ᠡᠨᠧᠷᠭᠢ ᠶᠢᠨ ᠰᠤᠷᠪᠤᠯᠵᠢ ᠶᠢ ᠵᠠᠯᠭᠠᠵᠤ ᠣᠷᠣᠭᠤᠯᠬᠤ ᠳᠤ ᠵᠣᠬᠢᠴᠠᠭᠰᠠᠨ ᠲᠣᠭᠲᠠᠮᠠᠯ ᠭᠦᠶᠦᠳᠡᠯᠲᠦ ᠴᠠᠬᠢᠯᠭᠠᠨ ᠲᠦᠭᠡᠭᠡᠬᠦ ᠲᠣᠣᠷ ᠤᠨ ᠢᠨᠵᠧᠨᠧᠷᠢᠩ ᠤᠨ ᠵᠢᠱᠢᠶ᠎ᠡ ᠦᠵᠡᠭᠦᠯᠬᠦ ᠠᠵᠢᠯ ᠢ ᠰᠦᠪᠡᠭᠴᠢᠯᠡᠨ ᠥᠷᠨᠢᠭᠦᠯᠦᠨ᠎ᠡ᠃             ︵ᠳᠣᠯᠤᠭ᠎ᠠ︶ ᠰᠢᠨ᠎ᠡ ᠡᠨᠧᠷᠭᠢ ᠶᠢᠨ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠠᠷᠠᠯᠵᠢᠶ᠎ᠠ ᠳᠤ ᠣᠷᠣᠯᠴᠠᠬᠤ ᠶᠢ ᠯᠠᠪᠳᠠᠭᠤᠨ ᠢᠶᠠᠷ ᠠᠬᠢᠭᠤᠯᠤᠨ᠎ᠠ᠃ ᠰᠢᠨ᠎ᠡ ᠡᠨᠧᠷᠭᠢ ᠶᠢᠨ ᠲᠥᠷᠥᠯ ᠵᠦᠢᠯ ᠤᠨ ᠬᠡᠷᠡᠭᠯᠡᠭᠴᠢ ᠯᠦᠭᠡ ᠰᠢᠭᠤᠳ ᠠᠷᠠᠯᠵᠢᠶᠠᠯᠠᠬᠤ ᠶᠢ ᠳᠡᠮᠵᠢᠵᠦ᠂ ᠣᠷᠳᠣ ᠬᠤᠭᠤᠴᠠᠭ᠎ᠠ ᠪᠠᠷ ᠴᠠᠬᠢᠯᠭᠠᠨ ᠬᠤᠳᠠᠯᠳᠤᠨ ᠠᠪᠬᠤ ᠪᠠ ᠪᠣᠷᠣᠯᠠᠭᠤᠯᠬᠤ ᠵᠥᠪᠯᠡᠯᠴᠡᠭᠡᠷ ᠲᠣᠭᠲᠠᠬᠤ ᠶᠢ ᠵᠣᠷᠢᠭᠵᠢᠭᠤᠯᠤᠨ᠂ ᠴᠠᠬᠢᠯᠭᠠᠨ ᠤ ᠲᠣᠣᠷ ᠤᠨ ᠠᠵᠤ ᠠᠬᠤᠶᠢᠯᠠᠯ ᠤᠳ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠵᠥᠪᠯᠡᠯᠴᠡᠭᠡᠷ ᠢ ᠬᠡᠷᠡᠭᠵᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠤᠯᠤᠰ ᠠᠴᠠ ᠨᠢᠭᠡᠨᠲᠡ ᠲᠣᠳᠣᠷᠬᠠᠢ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠲᠠᠢ ᠪᠣᠯᠤᠭᠰᠠᠨ ᠰᠢᠨ᠎ᠡ ᠡᠨᠧᠷᠭᠢ ᠶᠢᠨ ᠲᠥᠷᠥᠯ ᠵᠦᠢᠯ ᠳᠤ᠂ ᠴᠠᠬᠢᠯᠭᠠᠨ ᠤ ᠲᠣᠣᠷ ᠤᠨ ᠠᠵᠤ ᠠᠬᠤᠶᠢᠯᠠᠯ ᠨᠢ ᠬᠤᠯᠪᠣᠭᠳᠠᠯ ᠪᠦᠬᠦᠢ ᠬᠠᠤᠯᠢ ᠲᠣᠭᠲᠠᠭᠠᠯ ᠶᠣᠰᠣᠭᠠᠷ ᠪᠥᠬᠦ ᠲᠤᠭ᠎ᠠ ᠶᠢᠨ ᠪᠠᠲᠤᠯᠠᠭ᠎ᠠ ᠶᠢᠨ ᠴᠢᠨᠠᠷᠲᠠᠢ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ ᠨᠢ ᠵᠦᠢ ᠵᠣᠬᠢᠰᠲᠠᠢ ᠴᠠᠭ ᠤᠨ ᠲᠤᠭ᠎ᠠ ᠠᠴᠠ ᠭᠠᠳᠠᠨᠠᠬᠢ ᠴᠠᠬᠢᠯᠭᠠᠨ ᠤ ᠬᠡᠮᠵᠢᠶ᠎ᠡ ᠶᠢ ᠴᠠᠬᠢᠯᠭᠠᠨ ᠬᠦᠴᠦᠨ ᠤ ᠵᠠᠬ᠎ᠠ ᠳᠡᠯᠭᠡᠭᠦᠷ ‍ᠦᠨ‌‍ᠴᠠᠬᠢᠯᠭᠠᠨ ᠬᠦᠴᠦᠨ ᠤ ᠪᠡᠯᠡᠨ ᠪᠠᠷᠠᠭ᠎ᠠ ᠪᠠᠨ ᠵᠠᠬ᠎ᠠ ᠳᠡᠯᠭᠡᠭᠦᠷ ᠤᠨ ᠲᠤᠷᠰᠢᠯᠲᠠ ᠪᠠᠨ ᠭᠠᠵᠠᠷ ᠣᠷᠣᠨ ᠳᠤ᠂ ᠰᠢᠨ᠎ᠡ ᠡᠨᠧᠷᠬ ᠪᠠᠨ ᠲᠦᠷᠦᠯ ᠵᠦᠢᠯ ᠤᠨ ᠵᠥᠷᠢᠶᠡᠲᠦ ᠦᠨ᠎ᠡ ᠪᠠᠨ ᠭᠡᠷ᠎ᠡ ᠪᠠᠨ ᠬᠡᠯᠪᠡᠷᠢ ᠪᠠᠷ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠠᠷᠠᠯᠵᠢᠶ᠎ᠠ ᠳᠤ ᠣᠷᠣᠯᠴᠠᠬᠤ ᠶᠢ ᠵᠣᠷᠢᠭᠵᠢᠭᠤᠯᠤᠨ᠎ᠠ᠃             ︵ᠨᠠᠢᠮᠠ︶ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠴᠠᠬᠢᠯᠭᠠᠨ ᠬᠦᠴᠦᠨ ᠢ ᠰᠢᠩᠭᠡᠬᠡᠨ ᠠᠪᠬᠤ ᠬᠠᠷᠢᠭᠤᠴᠠᠯᠭ᠎ᠠ ᠶᠢᠨ ᠡᠷᠬᠡ ᠬᠦᠨᠳᠦ ᠶᠢᠨ ᠳᠦᠷᠢᠮ ᠢ ᠲᠡᠭᠦᠯᠳᠡᠷᠵᠢᠭᠦᠯᠦᠨ᠎ᠡ᠃ ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠶᠢᠨ ᠤᠷᠳᠤ ᠰᠢᠭ᠋ ᠬᠤᠭᠤᠴᠠᠭᠠᠨ ᠤ ᠪᠠ ᠤᠷᠳᠤ ᠬᠤᠭᠤᠴᠠᠭᠠᠨ ᠤ ᠳᠠᠬᠢᠠ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠴᠠᠬᠢᠯᠭᠠᠨ ᠬᠦᠴᠦᠨ ᠢ ᠰᠢᠩᠭᠡᠬᠡᠨ ᠠᠪᠬᠤ ᠬᠠᠷᠢᠭᠤᠴᠠᠯᠭ᠎ᠠ ᠶᠢᠨ ᠡᠵᠡᠯᠡᠬᠦᠨ ᠤ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠭᠲᠠᠭᠠᠵᠤ᠂ ᠳᠠᠬᠢᠠ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠴᠠᠬᠢᠯᠭᠠᠨ ᠬᠦᠴᠦᠨ ᠢ ᠰᠢᠩᠭᠡᠬᠡᠨ ᠠᠪᠬᠤ ᠬᠠᠷᠢᠭᠤᠴᠠᠯᠭ᠎ᠠ ᠶᠢᠨ ᠡᠵᠡᠯᠡᠬᠦᠨ ᠤ ᠳᠦᠷᠢᠮ ᠢ ᠰᠢᠨ᠎ᠡ ᠪᠠᠷ ᠨᠡᠮᠡᠭᠳᠡᠬᠦ ᠳᠠᠬᠢᠠ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠶᠡᠷᠦᠩᠬᠡᠢ ᠬᠡᠮᠵᠢᠶ᠎ᠡ ᠵᠢᠨ‌‍ᠲ᠋ᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠴᠠᠬᠢᠯᠭᠠᠨ ᠬᠦᠴᠦᠨ ᠢ ᠰᠢᠩᠭᠡᠬᠡᠨ ᠠᠪᠬᠤ ᠬᠠᠷᠢᠭᠤᠴᠠᠯᠭ᠎ᠠ ᠶᠢ ᠰᠢᠯᠭᠠᠨ ᠦᠨᠡᠯᠡᠬᠦ ᠭᠦᠢᠴᠡᠳᠬᠡᠯ ᠲᠣᠭᠠᠨ ᠤ ᠰᠢᠰᠲ᠋ᠧᠮ ᠪᠠ ᠱᠠᠩᠨᠠᠵᠤ ᠲᠣᠷᠭᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃            ᠭᠤᠷᠪᠠ᠂ ᠰᠢᠨ᠎ᠡ ᠡᠨᠧᠷᠭᠢ ᠶᠢᠨ ᠬᠦᠷᠢᠶᠡᠨ ᠳᠠᠬᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ             ︵ᠶᠢᠰᠦ︶ ᠲᠥᠷᠥᠯ ᠵᠦᠢᠯ ᠤᠨ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠰᠢᠨ᠎ᠡ ᠡᠨᠧᠷᠭᠢ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢ ᠬᠠᠷᠭᠤᠭᠤᠯᠤᠨ ᠵᠥᠪᠰᠢᠶᠡᠷᠡᠬᠦ ︵ᠳᠠᠩᠰᠠᠯᠠᠬᠤ︶ ᠳᠦᠷᠢᠮ ᠢ ᠲᠡᠭᠦᠯᠳᠡᠷᠵᠢᠭᠦᠯᠵᠦ᠂ ᠤᠴᠢᠷ ᠶᠠᠪᠤᠳᠠᠯ ᠤᠨ ᠡᠮᠦᠨ᠎ᠡ ᠤᠴᠢᠷ ᠶᠠᠪᠤᠳᠠᠯ ᠤᠨ ᠳᠤᠮᠳᠠ ᠪᠠ ᠤᠴᠢᠷ ᠶᠠᠪᠤᠳᠠᠯ ᠤᠨ ᠳᠠᠷᠠᠭᠠᠬᠢ ᠪᠥᠬᠦ ᠬᠡᠯᠬᠢᠶ᠎ᠡ ᠪᠥᠬᠦ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠪᠥᠬᠦ ᠤᠯᠤᠰ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠵᠦ ᠬᠢᠨᠠᠨ ᠬᠠᠮᠢᠶᠠᠷᠬᠤ ᠲᠠᠪᠴᠠᠩ ᠳᠤ ᠲᠦᠰᠢᠭᠯᠡᠨ᠂ ᠰᠢᠨ᠎ᠡ ᠡᠨᠧᠷᠭᠢ ᠶᠢᠨ ᠲᠥᠷᠥᠯ ᠵᠦᠢᠯ ᠢ ᠲᠥᠪᠯᠡᠷᠡᠭᠦᠯᠦᠨ ᠬᠢᠨᠠᠨ ᠵᠥᠪᠰᠢᠶᠡᠷᠡᠬᠦ ᠰᠠᠭᠠᠳ ᠦᠭᠡᠢ ᠨᠡᠪᠲᠡᠷᠡᠬᠦ ᠵᠠᠮ ᠢ ᠪᠠᠶᠢᠭᠤᠯᠵᠤ᠂ ᠲᠥᠷᠥᠯ ᠵᠦᠢᠯ ᠤᠨ ᠣᠷᠣᠬᠤ ᠵᠥᠪᠰᠢᠶᠡᠷᠡᠯ ᠤᠨ ᠨᠠᠵᠠᠭᠠᠢ ᠲᠠᠯ᠎ᠠ ᠶᠢᠨ ᠨᠠᠷᠢᠨ ᠬᠠᠭᠤᠳᠠᠰᠤ ᠪᠠ ᠠᠵᠤ ᠠᠬᠤᠶᠢᠯᠠᠯ ᠤᠨ ᠠᠮᠠᠯᠳᠠᠭᠰᠠᠨ ᠵᠦᠢᠯᠡᠰ ᠤᠨ ᠨᠠᠷᠢᠨ ᠬᠠᠭᠤᠳᠠᠰᠤ ᠶᠢ ᠲᠣᠭᠲᠠᠭᠠᠵᠤ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠠᠮᠠᠯᠠᠯᠲᠠ ᠶᠢᠨ ᠳᠦᠷᠢᠮ ᠢ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠶᠠᠮᠠᠷᠪᠠ ᠨᠡᠷ᠎ᠡ ᠪᠠᠷ ᠰᠢᠨ᠎ᠡ ᠡᠨᠧᠷᠭᠢ ᠶᠢᠨ ᠠᠵᠤ ᠠᠬᠤᠶᠢᠯᠠᠯ ᠤᠨ ᠵᠦᠢ ᠵᠣᠬᠢᠰ ᠦᠭᠡᠢ ᠪᠡᠯᠡ ᠣᠷᠣᠭᠤᠯᠤᠯᠲᠠ ᠶᠢᠨ ᠥᠪᠡᠷ ᠤᠨ ᠥᠷᠲᠡᠭ ᠢ ᠨᠡᠮᠡᠭᠳᠡᠭᠦᠯᠵᠦ ᠪᠣᠯᠬᠤ ᠦᠭᠡᠢ᠃ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠠᠴᠠ ᠳᠡᠩᠰᠡᠯᠡᠨ ᠲᠡᠮᠳᠡᠭᠯᠡᠬᠦ ᠳᠦᠷᠢᠮ ᠪᠣᠯᠭᠠᠨ ᠲᠣᠬᠢᠷᠠᠭᠤᠯᠬᠤ ᠶᠢ ᠲᠦᠯᠬᠢᠨ ᠠᠬᠢᠭᠤᠯᠤᠨ᠎ᠠ᠃ ᠰᠢᠨ᠎ᠡ ᠡᠨᠧᠷᠭᠢ ᠪᠠᠷ ᠭᠤᠣᠯ ᠴᠣᠭᠴᠠ ᠪᠣᠯᠭᠠᠭᠰᠠᠨ ᠣᠯᠠᠨ ᠡᠨᠧᠷᠭᠢ ᠶᠢᠨ ᠬᠠᠷᠢᠯᠴᠠᠨ ᠨᠥᠬᠦᠪᠦᠷᠢᠯᠡᠬᠦ᠂ ᠡᠬᠢ ᠰᠤᠷᠪᠤᠯᠵᠢ ᠶᠢᠨ ᠲᠣᠣᠷ ᠤᠨ ᠨᠥᠭᠡᠴᠡᠯᠡᠬᠦ᠂ ᠪᠢᠴᠢᠯ ᠴᠠᠬᠢᠯᠭᠠᠨ ᠲᠣᠣᠷ ᠵᠡᠷᠭᠡ ᠶᠡᠷᠦᠩᠬᠡᠶᠢᠯᠡᠭᠰᠡᠨ ᠡᠨᠧᠷᠭᠢ ᠶᠢᠨ ᠲᠥᠷᠥᠯ ᠵᠦᠢᠯ ᠢ ᠪᠦᠬᠦᠯᠢ ᠴᠣᠭᠴᠠ ᠶᠢᠨ ᠬᠤᠪᠢ ᠪᠠᠷ ᠬᠢᠨᠠᠨ ᠵᠥᠪᠰᠢᠶᠡᠷᠡᠬᠦ ︵ᠪᠦᠷᠢᠳᠬᠡᠭᠦᠯᠬᠦ︶ ᠭᠠᠷᠳᠠᠮ ᠢ ᠨᠢᠭᠡᠳᠦᠯᠲᠡᠢ ᠭᠦᠢᠴᠡᠳᠬᠡᠨ᠎ᠡ᠃             ︵ᠠᠷᠪᠠ︶ ᠰᠢᠨ᠎ᠡ ᠡᠨᠧᠷᠭᠢ ᠶᠢᠨ ᠲᠥᠷᠥᠯ ᠵᠦᠢᠯ ᠤᠨ ᠲᠣᠣᠷ ᠵᠠᠯᠭᠠᠬᠤ ᠴᠤᠪᠤᠷᠠᠯ ᠢ ᠰᠢᠯᠢᠳᠡᠭᠵᠢᠭᠦᠯᠦᠨ᠎ᠡ᠃ ᠣᠷᠣᠨ ᠨᠤᠲᠤᠭ ᠤᠨ ᠡᠨᠧᠷᠭᠢ ᠶᠢᠨ ᠰᠤᠷᠪᠤᠯᠵᠢ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠂ ᠴᠠᠬᠢᠯᠭᠠᠨ ᠤ ᠲᠣᠣᠷ ᠤᠨ ᠠᠵᠤ ᠠᠬᠤᠶᠢᠯᠠᠯ ᠤᠳ ᠰᠢᠨ᠎ᠡ ᠡᠨᠧᠷᠭᠢ ᠶᠢᠨ ᠰᠤᠷᠪᠤᠯᠵᠢ ᠶᠢᠨ ᠵᠦᠢᠯᠡᠰ ᠤᠨ ᠬᠥᠭᠵᠢᠯᠲᠡ ᠶᠢᠨ ᠬᠡᠷᠡᠭᠴᠡᠭᠡ ᠲᠠᠢ ᠤᠶᠠᠯᠳᠤᠭᠤᠯᠤᠨ᠂ ᠴᠠᠬᠢᠯᠭᠠᠨ ᠤ ᠲᠣᠣᠷ ᠤᠨ ᠲᠥᠯᠦᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠰᠥᠯ ᠪᠠ ᠪᠡᠯᠡ ᠣᠷᠣᠭᠤᠯᠤᠯᠲᠠ ᠵᠢᠨ‌‍ᠴᠠᠬᠢᠯᠭᠠᠨ ᠤ ᠲᠣᠣᠷ ᠤᠨ ᠠᠵᠤ ᠠᠬᠤᠶᠢᠯᠠᠯ ᠤᠨ ᠰᠢᠨ᠎ᠡ ᠡᠨᠧᠷᠭᠢ ᠶᠢᠨ ᠲᠥᠷᠥᠯ ᠵᠦᠢᠯ ᠤᠨ ᠲᠣᠣᠷ ᠲᠤ ᠵᠠᠯᠭᠠᠬᠤ ᠨᠢᠭᠡ ᠥᠷᠲᠡᠭᠡᠨ ᠤ ᠮᠠᠶ᠋ᠢᠭ ᠤᠨ ᠦᠢᠯᠡᠴᠢᠯᠡᠭᠡᠨ ᠤ ᠲᠠᠪᠴᠠᠩ ᠪᠠᠶᠢᠭᠤᠯᠬᠤ ᠶᠢ ᠲᠦᠯᠬᠢᠨ ᠠᠬᠢᠭᠤᠯᠵᠤ᠂ ᠰᠢᠨ᠎ᠡ ᠡᠨᠧᠷᠭᠢ ᠶᠢᠨ ᠲᠥᠷᠥᠯ ᠵᠦᠢᠯ ᠤᠨ ᠬᠡᠷᠡᠭᠯᠡᠵᠦ ᠪᠣᠯᠬᠤ ᠵᠠᠯᠭᠠᠯᠲᠠ ᠶᠢᠨ ᠴᠡᠭ᠂ ᠵᠠᠯᠭᠠᠵᠤ ᠪᠣᠯᠬᠤ ᠪᠠᠭᠲᠠᠭᠠᠮᠵᠢ᠂ ᠮᠡᠷᠭᠡᠵᠢᠯ ᠤᠨ ᠵᠢᠷᠤᠮᠵᠢᠯ ᠵᠡᠷᠭᠡ ᠮᠡᠳᠡᠭᠡ ᠵᠠᠩᠭᠢ ᠶᠢ ᠬᠠᠩᠭᠠᠵᠤ᠂ ᠰᠢᠨ᠎ᠡ ᠡᠨᠧᠷᠭᠢ ᠶᠢᠨ ᠲᠥᠷᠥᠯ ᠵᠦᠢᠯ ᠤᠨ ᠲᠣᠣᠷ ᠲᠤ ᠵᠠᠯᠭᠠᠬᠤ ᠪᠥᠬᠦ ᠴᠤᠪᠤᠷᠠᠯ ᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠦᠨ᠂ ᠲᠣᠣᠷ ᠲᠤ ᠵᠠᠯᠭᠠᠬᠤ ᠴᠠᠭ ᠢ ᠶᠡᠭᠡ ᠪᠠᠷ ᠪᠠᠭᠠᠰᠬᠠᠨ᠎ᠠ᠃ ᠲᠣᠣᠷ ᠲᠤ ᠵᠠᠯᠭᠠᠬᠤ ᠪᠠ ᠬᠦᠷᠭᠡᠵᠦ ᠭᠠᠷᠭᠠᠬᠤ ᠢᠨᠵᠧᠨᠧᠷᠢᠩ ᠢ ᠵᠠᠷᠴᠢᠮ ᠳᠡᠭᠡᠷ᠎ᠡ ᠪᠠᠨ ᠴᠠᠬᠢᠯᠭᠠᠨ ᠤ ᠲᠣᠣᠷ ᠤᠨ ᠠᠵᠤ ᠠᠬᠤᠶᠢᠯᠠᠯ ᠠᠴᠠ ᠪᠡᠯᠡ ᠣᠷᠣᠭᠤᠯᠤᠨ ᠪᠦᠲᠦᠭᠡᠨ ᠪᠠᠶᠢᠭᠤᠯᠵᠤ᠂ ᠴᠠᠬᠢᠯᠭᠠᠨ ᠤ ᠲᠣᠣᠷ ᠤᠨ ᠠᠵᠤ ᠠᠬᠤᠶᠢᠯᠠᠯ ᠤᠳ ᠳᠣᠲᠣᠭᠠᠳᠤ ᠶᠢᠨ ᠬᠢᠨᠠᠨ ᠵᠥᠪᠰᠢᠶᠡᠷᠡᠬᠦ ᠶᠠᠪᠤᠴᠠ ᠪᠠᠨ ᠰᠠᠶᠢᠵᠢᠷᠠᠭᠤᠯᠤᠨ ᠲᠡᠭᠦᠯᠳᠡᠷᠵᠢᠭᠦᠯᠵᠦ᠂ ᠪᠦᠲᠦᠭᠡᠨ ᠪᠠᠶᠢᠭᠤᠯᠬᠤ ᠴᠠᠭ ᠤᠨ ᠳᠠᠷᠠᠭᠠᠯᠠᠯ ᠢᠶᠠᠨ ᠵᠦᠢ ᠵᠣᠬᠢᠰᠲᠠᠢ ᠲᠣᠬᠢᠷᠠᠭᠤᠯᠵᠤ᠂ ᠬᠦᠷᠭᠡᠵᠦ ᠭᠠᠷᠭᠠᠬᠤ ᠢᠨᠵᠧᠨᠧᠷᠢᠩ ᠬᠢᠭᠡᠳ ᠴᠠᠬᠢᠯᠭᠠᠨ ᠡᠭᠦᠰᠬᠡᠭᠴᠢ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠬᠠᠷᠢᠯᠴᠠᠨ ᠵᠣᠬᠢᠴᠠᠯᠳᠤᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠪᠠᠶᠢᠭᠤᠯᠤᠭᠰᠠᠨ ᠰᠢᠨ᠎ᠡ ᠡᠨᠧᠷᠭᠢ ᠶᠢᠨ ᠲᠣᠣᠷ ᠲᠤ ᠵᠠᠯᠭᠠᠬᠤ ᠵᠢᠴᠢ ᠬᠦᠷᠭᠡᠵᠦ ᠭᠠᠷᠭᠠᠬᠤ ᠪᠠᠷᠢᠯᠭ᠎ᠠ ᠶᠢ ᠪᠣᠯ ᠴᠠᠬᠢᠯᠭᠠᠨ ᠤ ᠲᠣᠣᠷ ᠤᠨ ᠠᠵᠤ ᠠᠬᠤᠶᠢᠯᠠᠯ ᠨᠢ ᠬᠤᠶᠠᠷ ᠲᠠᠯ᠎ᠠ ᠪᠠᠷ ᠢᠶᠠᠨ ᠵᠥᠪᠳᠡᠯᠴᠡᠭᠡᠳ ᠵᠥᠪᠰᠢᠶᠡᠷᠡᠭᠰᠡᠨ ᠤ ᠲᠠᠷᠠᠭ᠎ᠠ ᠬᠠᠤᠯᠢ ᠲᠣᠭᠲᠠᠭᠠᠯ ᠶᠣᠰᠣᠭᠠᠷ ᠡᠭᠡᠭᠦᠯᠦᠨ ᠬᠤᠳᠠᠯᠳᠤᠨ ᠠᠪᠴᠤ ᠪᠣᠯᠣᠨ᠎ᠠ᠃             ︵ᠠᠷᠪᠠᠨ ᠨᠢᠭᠡ︶ ᠰᠢᠨ᠎ᠡ ᠡᠨᠧᠷᠭᠢ ᠶᠢᠨ ᠬᠠᠮᠢᠶ᠎ᠠ ᠪᠦᠬᠦᠢ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠦᠨ᠎ᠡ᠃ ᠪᠦᠬᠦ ᠤᠯᠤᠰ ᠤᠨ ᠰᠢᠨ᠎ᠡ ᠡᠨᠧᠷᠭᠢ ᠶᠢᠨ ᠰᠤᠷᠪᠤᠯᠵᠢ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ ᠪᠠ ᠦᠨᠡᠯᠡᠬᠦ ᠠᠵᠢᠯ ᠢ ᠥᠷᠨᠢᠭᠦᠯᠵᠦ᠂ ᠨᠡᠭᠡᠭᠡᠨ ᠠᠰᠢᠭᠯᠠᠵᠤ ᠪᠣᠯᠬᠤ ᠡᠬᠢ ᠪᠠᠶᠠᠯᠢᠭ ᠤᠨ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠡᠯ᠎ᠡ ᠲᠦᠷᠦᠯ ᠤᠨ ᠰᠢᠨ᠎ᠡ ᠡᠨᠧᠷᠭᠢ ᠶᠢᠨ ᠰᠤᠷᠪᠤᠯᠵᠢ ᠶᠢᠨ ᠡᠬᠢ ᠪᠠᠶᠠᠯᠢᠭ ᠢ ᠨᠠᠷᠢᠨ ᠪᠠᠶᠢᠴᠠᠭᠠᠵᠤ ᠦᠨᠡᠯᠡᠭᠰᠡᠨ ᠦᠷ᠎ᠡ ᠪᠦᠲᠦᠭᠡᠯ ᠪᠠ ᠵᠢᠷᠤᠭ ᠤᠨ ᠵᠢᠭᠰᠠᠯ ᠢ ᠪᠤᠢ ᠪᠣᠯᠭᠠᠬᠤ ᠶᠢᠨ ᠬᠠᠮᠲᠤ ᠨᠡᠶᠢᠭᠡᠮ ᠳᠤ ᠨᠡᠶᠢᠲᠡᠯᠡᠨ᠎ᠡ᠃ ᠰᠠᠯᠬᠢ ᠬᠡᠮᠵᠢᠬᠦ ᠰᠤᠪᠤᠷᠭ᠎ᠠ ᠵᠢᠴᠢ ᠰᠠᠯᠬᠢ ᠬᠡᠮᠵᠢᠬᠦ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠲᠣᠭᠲᠠᠴᠠ ᠶᠢ ᠪᠠᠶᠢᠭᠤᠯᠤᠨ᠎ᠠ᠃ ᠰᠢᠨ᠎ᠡ ᠡᠨᠧᠷᠭᠢ ᠶᠢᠨ ᠠᠵᠤ ᠦᠢᠯᠡᠰ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠰᠢᠨ᠎ᠡ ᠡᠨᠧᠷᠭᠢ ᠶᠢᠨ ᠲᠣᠨᠣᠭᠯᠠᠯ ᠤᠨ ᠪᠠᠷᠢᠮᠵᠢᠶ᠎ᠠ ᠪᠠ ᠪᠠᠶᠢᠴᠠᠭᠠᠨ ᠰᠢᠯᠭᠠᠵᠤ ᠭᠡᠷᠡᠴᠢᠯᠡᠬᠦ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠯᠤᠰ ᠤᠨ ᠰᠢᠨ᠎ᠡ ᠡᠨᠧᠷᠭᠢ ᠶᠢᠨ ᠲᠣᠨᠣᠭᠯᠠᠯ ᠤᠨ ᠶᠠᠰᠤ ᠴᠢᠨᠠᠷ ᠤᠨ ᠠᠯᠪᠠᠨ ᠵᠠᠷ ᠤᠨ ᠲᠠᠪᠴᠠᠩ ᠪᠠ ᠵᠠᠩᠭᠢᠯᠠᠭ᠎ᠠ ᠶᠢᠨ ᠦᠢᠯᠡᠳᠬᠦᠨ ᠤ ᠣᠯᠠᠨ ᠨᠡᠶᠢᠲᠡ ᠶᠢᠨ ᠪᠠᠶᠢᠴᠠᠭᠠᠨ ᠰᠢᠯᠭᠠᠬᠤ ᠲᠠᠪᠴᠠᠩ ᠪᠠᠶᠢᠭᠤᠯᠬᠤ ᠶᠢ ᠳᠡᠮᠵᠢᠨ᠎ᠡ᠃            ᠳᠥᠷᠪᠡ᠂ ᠰᠢᠨ᠎ᠡ ᠡᠨᠧᠷᠭᠢ ᠶᠢᠨ ᠠᠵᠤ ᠦᠢᠯᠡᠰ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠳᠡᠮᠵᠢᠵᠦ ᠬᠥᠲᠥᠯᠥᠨ ᠵᠢᠯᠣᠭᠤᠳᠤᠨ᠎ᠠ             ︵ᠠᠷᠪᠠᠨ ᠬᠤᠶᠠᠷ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠤᠨ᠎ᠠ᠃ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠨᠢᠭᠡ ᠴᠣᠭᠴᠠᠵᠢᠭᠤᠯᠬᠤ ᠲᠠᠪᠴᠠᠩ ᠢ ᠪᠠᠶᠢᠭᠤᠯᠵᠤ᠂ ᠤᠯᠤᠰ ᠤᠨ ᠲᠡᠰ ᠤᠨ ᠰᠢᠨ᠎ᠡ ᠡᠨᠧᠷᠭᠢ ᠶᠢᠨ ᠰᠤᠷᠪᠤᠯᠵᠢ ᠶᠢᠨ ᠲᠤᠷᠰᠢᠯᠲᠠ ᠶᠢᠨ ᠲᠠᠰᠤᠭ ᠪᠠ ᠰᠤᠳᠤᠯᠤᠨ ᠨᠡᠭᠡᠭᠡᠬᠦ ᠲᠠᠪᠴᠠᠩ ᠢ ᠪᠠᠶᠢᠭᠤᠯᠵᠤ ᠂ ᠰᠠᠭᠤᠷᠢ ᠤᠨᠤᠯ ᠤᠨ ᠰᠤᠳᠤᠯᠭᠠᠨ ᠤ ᠣᠷᠣᠭᠤᠯᠤᠯᠲᠠ ᠶᠢ ᠨᠡᠮᠡᠭᠳᠡᠭᠦᠯᠵᠦ᠂ ᠬᠤᠰᠢᠭᠤᠷᠠᠯ ᠮᠡᠷᠭᠡᠵᠢᠯ ᠪᠠ ᠨᠤᠷᠠᠭᠠᠯᠲᠠ ᠶᠢᠨ ᠴᠢᠨᠠᠷᠲᠠᠢ ᠮᠡᠷᠭᠡᠵᠢᠯ ᠢ ᠤᠷᠢᠳᠴᠢᠯᠠᠨ ᠪᠠᠶᠢᠷᠢᠯᠠᠭᠤᠯᠤᠨ᠎ᠠ᠃ ︽ᠵᠠᠷᠯᠠᠨ ᠮᠠᠩᠯᠠᠶᠢᠯᠠᠭᠤᠯᠬᠤ︾᠂ ︽ᠮᠣᠷᠢ ᠤᠷᠤᠯᠳᠤᠬᠤ︾ ᠵᠡᠷᠭᠡ ᠲᠣᠭᠲᠠᠴᠠ ᠶᠢ ᠬᠡᠷᠡᠭᠵᠢᠭᠦᠯᠵᠦ᠂ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠳᠡᠭᠡᠳᠦ ᠰᠤᠷᠭᠠᠭᠤᠯᠢ ᠵᠡᠷᠭᠡ ᠶᠢᠨ ᠰᠢᠨ᠎ᠡ ᠡᠨᠧᠷᠭᠢ ᠶᠢᠨ ᠡᠵᠡᠯᠡᠬᠦ ᠬᠠᠷᠢᠴᠠᠯ ᠢ ᠢᠳᠡᠭ ᠢᠳᠡᠭ ᠢᠶᠠᠷ ᠳᠡᠭᠡᠭᠰᠢᠯᠡᠭᠦᠯᠵᠦ ᠪᠠᠶᠢᠭ᠎ᠠ ᠴᠠᠬᠢᠯᠭᠠᠨ ᠬᠦᠴᠦᠨ ᠤ ᠰᠢᠰᠲ᠋ᠧᠮ ᠤᠨ ᠠᠮᠤᠷ ᠲᠦᠪᠰᠢᠨ ᠲᠣᠭᠲᠠᠭᠤᠨ ᠨᠠᠶᠢᠳᠠᠪᠤᠷᠢᠲᠠᠢ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ ᠰᠢᠰᠲ᠋ᠧᠮᠲᠦ ᠴᠢᠨᠠᠷᠲᠠᠢ ᠰᠤᠳᠤᠯᠭᠠᠨ ᠥᠷᠨᠢᠭᠦᠯᠬᠦ ᠶᠢ ᠲᠦᠯᠬᠢᠨ ᠠᠬᠢᠭᠤᠯᠵᠤ᠂ ᠰᠢᠢᠳᠪᠦᠷᠢᠯᠡᠬᠦ ᠲᠥᠰᠥᠯ ᠢ ᠳᠤᠷᠠᠳᠤᠨ ᠭᠠᠷᠭᠠᠨ᠎ᠠ᠃ ᠠᠵᠤ ᠦᠢᠯᠡᠰ ᠤᠨ ᠤᠶᠤᠯᠢᠭ ᠦᠢᠯᠡᠳᠬᠦ ᠪᠠ ᠲᠣᠭᠠᠴᠢᠯᠠᠨ ᠲᠡᠰ ᠳᠡᠪᠰᠢᠭᠦᠯᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠣᠶᠤᠨᠲᠤ ᠬᠡᠷᠡᠯ ᠴᠡᠨᠡᠭ ᠤᠨ ᠠᠵᠤ ᠦᠢᠯᠡᠰ ᠤᠨ ᠬᠥᠭᠵᠢᠯᠲᠡ ᠶᠢᠨ ᠠᠵᠢᠯᠯᠠᠭᠠᠨ ᠤ ᠲᠥᠯᠥᠪᠯᠡᠭᠡ ᠶᠢ ᠨᠠᠶᠢᠷᠠᠭᠤᠯᠤᠨ ᠬᠡᠷᠡᠭᠵᠢᠭᠦᠯᠵᠦ᠂ ᠦᠢᠯᠡᠳᠬᠦᠨ ᠤ ᠪᠥᠬᠦ ᠦᠶᠡᠯᠡᠯ ᠤᠨ ᠬᠤᠭᠤᠴᠠᠭᠠᠨ ᠤ ᠣᠶᠤᠨᠴᠢᠯᠠᠯᠲᠠ᠂ ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠥᠨᠳᠥᠷ ᠪᠦᠲᠦᠮᠵᠢᠲᠡᠶ ᠨᠡᠷᠡᠨ ᠤ ᠡᠨᠧᠷᠭᠢ ᠶᠢᠨ ᠳ᠋ᠢᠶᠠᠨ ᡂᠢ᠂ ᠲᠡᠷᠢᠭᠦᠨ ᠤ ᠰᠠᠯᠬᠢᠨ ᠬᠦᠴᠦᠨ ᠤ ᠴᠠᠬᠢᠯᠭᠠᠨ ᠤ ᠲᠥᠬᠦᠭᠡᠷᠦᠮᠵᠢ ᠵᠡᠷᠭᠡ ᠵᠠᠩᠭᠢᠯᠠᠭ᠎ᠠ ᠶᠢᠨ ᠮᠡᠷᠭᠡᠵᠢᠯ ᠤᠨ ᠰᠢᠪᠲᠤᠯᠤᠯᠲᠠ ᠶᠢ ᠲᠦᠯᠬᠢᠨ ᠠᠬᠢᠭᠤᠯᠵᠤ᠂ ᠵᠠᠩᠭᠢᠯᠠᠭ᠎ᠠ ᠶᠢᠨ ᠰᠠᠭᠤᠷᠢ ᠮᠠᠲ᠋ᠧᠷᠢᠶᠠᠯ᠂ ᠲᠥᠬᠦᠭᠡᠷᠦᠮᠵᠢ᠂ ᠰᠡᠯᠪᠢᠭ ᠲᠤᠨᠤᠭ ᠵᠡᠷᠭᠡ ᠮᠡᠷᠭᠡᠵᠢᠯ ᠤᠨ ᠲᠡᠰ ᠳᠡᠪᠰᠢᠬᠦ ᠶᠢ ᠲᠦᠷᠭᠡᠪᠴᠢᠯᠡᠨ ᠠᠬᠢᠭᠤᠯᠤᠨ᠎ᠠ᠃ ᠴᠡᠷᠢᠭ ᠤᠨ ᠠᠯᠪᠠᠨ ᠠᠴᠠ ᠪᠠᠭᠤᠭᠰᠠᠨ ᠰᠠᠯᠬᠢᠨ ᠬᠦᠴᠦᠨ ᠤ ᠴᠠᠬᠢᠯᠭᠠᠨ ᠤ ᠮᠠᠰᠢᠨ ᠴᠣᠭᠴᠠᠯᠠᠪᠤᠷᠢ᠂ ᠬᠡᠷᠡᠯ ᠴᠡᠨᠡᠭ ᠤᠨ ᠲᠣᠨᠣᠭᠯᠠᠭᠠᠰᠤ ᠶᠢ ᠬᠤᠷᠢᠶᠠᠨ ᠠᠪᠴᠤ ᠰᠢᠢᠳᠪᠦᠷᠢᠯᠡᠬᠦ ᠮᠡᠷᠭᠡᠵᠢᠯ ᠪᠠ ᠬᠠᠮᠢᠶ᠎ᠠ ᠪᠦᠬᠦᠢ ᠰᠢᠨ᠎ᠡ ᠠᠵᠤ ᠦᠢᠯᠡᠰ ᠤᠨ ᠬᠡᠯᠬᠢᠶᠡᠨ ᠤ ᠬᠥᠭᠵᠢᠯᠲᠡ ᠶᠢ ᠠᠬᠢᠭᠤᠯᠵᠤ᠂ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠪᠢᠲᠡᠭᠦᠦ ᠴᠠᠭᠠᠷᠢᠭ ᠮᠠᠶ᠋ᠢᠭ ᠤᠨ ᠪᠣᠬᠢᠷᠲᠤᠯ ᠦᠭᠡᠢ ᠬᠥᠭᠵᠢᠯᠲᠡ ᠶᠢ ᠪᠡᠶᠡᠯᠡᠭᠦᠯᠦᠨ᠎ᠡ᠃             ︵ᠠᠷᠪᠠᠨ ᠭᠤᠷᠪᠠ︶ ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠢ ᠳᠡᠭᠡᠭᠰᠢᠯᠡᠭᠦᠯᠦᠨ᠎ᠡ᠃ ᠡᠨᠧᠷᠭᠢ ᠶᠢᠨ ᠰᠤᠷᠪᠤᠯᠵᠢ ᠴᠠᠬᠢᠮ ᠤ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠬᠤ ᠵᠢᠯᠤᠭᠤᠳᠬᠤ ᠰᠠᠨᠠᠯ ᠢ ᠨᠡᠶᠢᠲᠡᠯᠡᠵᠦ᠂ ᠴᠠᠬᠢᠮ ᠮᠡᠳᠡᠭᠡ ᠵᠠᠩᠭᠢ ᠶᠢᠨ ᠮᠡᠷᠭᠡᠵᠢᠯ ᠪᠣᠯᠣᠨ ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠠᠭᠤᠰᠤᠯᠳᠤᠨ ᠰᠢᠨ᠎ᠡ ᠶᠢ ᠡᠭᠦᠳᠬᠦ ᠵᠢ‌‍ᠬᠡᠯᠬᠢᠶ᠎ᠡ ᠶᠢ ᠴᠢᠩᠭᠠᠳᠬᠠᠵᠤ ᠬᠡᠯᠬᠢᠶ᠎ᠡ ᠶᠢ ᠨᠥᠬᠦᠪᠦᠷᠢᠯᠡᠬᠦ ᠶᠢ ᠠᠬᠢᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠩᠭᠠᠯᠭ᠎ᠠ ᠶᠢᠨ ᠬᠡᠯᠬᠢᠶ᠎ᠡ ᠶᠢᠨ ᠳᠡᠭᠡᠳᠦ ᠳᠣᠣᠷᠠᠳᠤ ᠤᠷᠤᠰᠬᠠᠯ ᠳᠤ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠯᠡᠨ ᠬᠠᠮᠢᠶᠠᠷᠬᠤ ᠵᠢ‌ᠦᠢᠯᠡᠳᠪᠦᠷᠢᠯᠡᠬᠦ ᠠᠵᠢᠯ ᠢᠶᠠᠨ ᠥᠷᠭᠡᠳᠬᠡᠬᠦ ᠵᠦᠢᠯᠡᠰ ᠤᠨ ᠮᠡᠳᠡᠭᠡ ᠵᠠᠩᠭᠢ ᠶᠢᠨ ᠢᠯᠡ ᠲᠣᠳᠣ ᠶᠢᠨ ᠬᠡᠮᠵᠢᠶ᠎ᠡ ᠶᠢ ᠨᠡᠮᠡᠭᠳᠡᠭᠦᠯᠵᠦ᠂ ᠲᠥᠬᠦᠭᠡᠷᠦᠮᠵᠢ᠂ ᠮᠠᠲ᠋ᠧᠷᠢᠶᠠᠯ ᠤᠨ ᠠᠵᠤ ᠠᠬᠤᠶᠢᠯᠠᠯ ᠤᠨ ᠠᠵᠤ ᠦᠢᠯᠡᠰ ᠤᠨ ᠬᠠᠩᠭᠠᠯᠭ᠎ᠠ ᠬᠡᠷᠡᠭᠴᠡᠭᠡ ᠶᠢᠨ ᠬᠤᠪᠢᠷᠠᠯᠲᠠ ᠶᠢ ᠳᠠᠭᠠᠬᠤ ᠴᠢᠳᠠᠪᠤᠷᠢ ᠶᠢ ᠨᠡᠮᠡᠭᠳᠡᠭᠦᠯᠵᠦ᠂ ᠦᠨ᠎ᠡ ᠬᠠᠩᠰᠢ ᠶᠢᠨ ᠬᠡᠪ ᠤᠨ ᠪᠤᠰᠤ ᠬᠡᠯᠪᠡᠯᠵᠡᠯ ᠢ ᠰᠡᠷᠭᠡᠶᠢᠯᠡᠨ ᠡᠵᠡᠮᠳᠡᠵᠦ᠂ ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠢ ᠨᠡᠮᠡᠭᠳᠡᠭᠦᠯᠦᠨ᠎ᠡ᠃ ᠣᠷᠣᠨ ᠨᠤᠲᠤᠭ ᠤᠨ ᠵᠠᠰᠠᠭ ᠤᠨ ᠣᠷᠳᠣᠨ ᠢ ᠵᠢᠯᠣᠭᠤᠳᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠲᠥᠯᠦᠪᠵᠢᠭᠦᠯᠭᠡ ᠶᠢ ᠰᠠᠶᠢᠲᠤᠷ ᠬᠢᠵᠦ᠂ ᠬᠡᠷᠡᠯ ᠴᠡᠨᠡᠭ ᠤᠨ ᠠᠵᠤ ᠦᠢᠯᠡᠰ ᠤᠨ ᠵᠢᠷᠤᠮᠵᠢᠯ ‍ᠤᠨ‌‍ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠷᠴᠢᠨ ᠠᠬᠤᠢ ᠶᠢ ᠬᠠᠮᠠᠭᠠᠯᠠᠬᠤ ᠶᠢ ᠰᠢᠯᠢᠳᠡᠭᠵᠢᠭᠦᠯᠵᠦ᠂ ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠬᠥᠭᠵᠢᠯᠲᠡ ᠶᠢᠨ ᠡᠮᠬᠢ ᠵᠢᠷᠤᠮ ᠢ ᠵᠢᠷᠤᠮᠵᠢᠭᠤᠯᠵᠤ᠂ ᠳᠣᠣᠷ᠎ᠠ ᠬᠢᠷᠢ ᠬᠡᠮᠵᠢᠶᠡᠨ ᠤ ᠵᠦᠢᠯᠡᠰ ᠤᠨ ᠰᠣᠬᠤᠷ ᠪᠠᠯᠠᠢ ᠪᠠᠷ ᠬᠥᠭᠵᠢᠬᠦ ᠶᠢ ᠬᠤᠷᠢᠭᠯᠠᠵᠤ᠂ ᠭᠤᠣᠯᠴᠢ ᠥᠷᠢᠰᠦᠯᠳᠦᠭᠡᠨ ᠠᠴᠠ ᠵᠥᠷᠢᠴᠡᠭᠰᠡᠨ ᠠᠷᠭ᠎ᠠ ᠬᠢᠳᠡᠯ ᠢ ᠴᠠᠭ ᠲᠤᠬᠠᠢ ᠳᠤᠨᠢ ᠵᠠᠯᠠᠷᠠᠭᠤᠯᠵᠤ᠂ ᠣᠷᠣᠨ ᠨᠤᠲᠤᠭ ᠤᠨ ᠬᠠᠮᠠᠭᠠᠯᠠᠬᠤ ᠦᠵᠡᠯ ᠢ ᠡᠪᠳᠡᠵᠦ᠂ ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠨᠡᠶᠢᠯᠡᠭᠦᠯᠵᠦ ᠲᠠᠬᠢᠨ ᠵᠣᠬᠢᠶᠠᠨ ᠪᠠᠶᠢᠭᠤᠯᠬᠤ ᠪᠠ ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠦᠨ᠎ᠡ᠃             ︵ᠠᠷᠪᠠᠨ ᠳᠥᠷᠪᠡ︶ ᠰᠢᠨ᠎ᠡ ᠡᠨᠧᠷᠭᠢ ᠶᠢᠨ ᠠᠵᠤ ᠦᠢᠯᠡᠰ ᠤᠨ ᠳᠡᠯᠡᠬᠡᠶᠢᠴᠢᠯᠡᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠢᠨ᠎ᠡ ᠡᠨᠧᠷᠭᠢ ᠶᠢᠨ ᠠᠵᠤ ᠦᠢᠯᠡᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠮᠵᠢᠬᠦ᠂ ᠰᠢᠯᠭᠠᠨ ᠬᠡᠮᠵᠢᠬᠦ ᠪᠠ ᠲᠤᠷᠰᠢᠯᠲᠠ ᠬᠢᠵᠦ ᠰᠤᠳᠤᠯᠬᠤ ᠴᠢᠳᠠᠪᠤᠷᠢ ᠶᠢ ᠳᠡᠯᠡᠬᠡᠢ ᠶᠢᠨ ᠲᠡᠷᠢᠭᠦᠨ ᠤ ᠬᠢᠷᠢ ᠲᠦᠪᠰᠢᠨ ᠳᠤ ᠬᠦᠷᠭᠡᠬᠦ ᠶᠢ ᠠᠬᠢᠭᠤᠯᠵᠤ᠂ ᠰᠠᠯᠬᠢᠨ ᠬᠦᠴᠦᠨ ᠤ ᠴᠠᠬᠢᠯᠭᠠᠨ᠂ ᠭᠡᠷᠡᠯ ᠴᠡᠨᠡᠭ᠂ ᠳᠠᠯᠠᠢ ᠲᠠᠩᠭᠢᠰ ᠤᠨ ᠡᠨᠧᠷᠭᠢ᠂ ᠤᠰᠤᠲᠥ᠋ᠷᠥᠭᠴᠢ ᠶᠢᠨ ᠡᠨᠧᠷᠭᠢ᠂ ᠬᠠᠳᠠᠭᠠᠯᠠᠮᠵᠢ ᠶᠢᠨ ᠡᠨᠧᠷᠭᠢ᠂ ᠣᠶᠤᠨᠲᠤ ᠡᠨᠧᠷᠭᠢ ᠵᠢᠴᠢ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡ ᠵᠡᠷᠭᠡ ᠬᠦᠷᠢᠶᠡᠨ ᠳᠠᠬᠢ ᠤᠯᠠᠨ ᠤᠯᠤᠰ ᠤᠨ ᠪᠠᠷᠢᠮᠵᠢᠶ᠎ᠠ᠂ ᠬᠢᠷᠢ ᠲᠡᠩᠴᠡᠬᠦ ᠶᠢ ᠦᠨᠡᠯᠡᠨ ᠲᠣᠭᠲᠠᠭᠠᠬᠤ ᠵᠢᠷᠤᠮ ᠢ ᠲᠣᠭᠲᠠᠭᠠᠬᠤ ᠪᠠ ᠵᠠᠰᠠᠪᠤᠷᠢᠯᠠᠨ ᠲᠣᠭᠲᠠᠭᠠᠬᠤ ᠳᠤ ᠢᠳᠡᠪᠬᠢᠲᠡᠢ ᠣᠷᠣᠯᠴᠠᠵᠤ᠂ ᠬᠡᠮᠵᠢᠯᠲᠡ ᠶᠢᠨ ᠪᠠ ᠬᠢᠷᠢ ᠲᠡᠩᠴᠡᠬᠦ ᠶᠢ ᠦᠨᠡᠯᠡᠨ ᠲᠣᠭᠲᠠᠭᠠᠭᠰᠠᠨ ᠦᠷ᠎ᠡ ᠳ᠋ᠦᠩ ᠢ ᠬᠠᠷᠢᠯᠴᠠᠨ ᠮᠡᠳᠡᠷᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠮᠠᠨ ᠤ ᠤᠯᠤᠰ ᠤᠨ ᠪᠠᠷᠢᠮᠵᠢᠶ᠎ᠠ ᠪᠠ ᠪᠠᠶᠢᠴᠠᠭᠠᠨ ᠰᠢᠯᠭᠠᠵᠤ ᠭᠡᠷᠡᠴᠢᠯᠡᠬᠦ ᠪᠠᠶᠢᠭᠤᠯᠤᠮᠵᠢ ᠶᠢᠨ ᠤᠯᠠᠨ ᠤᠯᠤᠰ ᠲᠤ ᠮᠡᠳᠡᠷᠡᠭᠳᠡᠬᠦ ᠬᠡᠮᠵᠢᠶ᠎ᠡ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃            ᠲᠠᠪᠤ᠂ ᠰᠢᠨ᠎ᠡ ᠡᠨᠧᠷᠭᠢ ᠶᠢᠨ ᠬᠥᠭᠵᠢᠯᠲᠡ ᠶᠢᠨ ᠵᠦᠢ ᠵᠣᠬᠢᠰᠲᠠᠢ ᠣᠷᠣᠨ ᠵᠠᠢ ᠶᠢᠨ ᠬᠡᠷᠡᠭᠴᠡᠭᠡ ᠶᠢ ᠪᠠᠲᠤᠯᠠᠨ᠎ᠠ             ︵ᠠᠷᠪᠠᠨ ᠲᠠᠪᠤ︶ ᠰᠢᠨ᠎ᠡ ᠡᠨᠧᠷᠭᠢ ᠶᠢᠨ ᠲᠥᠷᠥᠯ ᠵᠦᠢᠯ ᠤᠨ ᠭᠠᠵᠠᠷ ᠬᠡᠷᠡᠭᠯᠡᠬᠦ ᠶᠢ ᠵᠠᠬᠢᠷᠤᠨ ᠬᠠᠮᠢᠶᠠᠷᠬᠤ ᠳᠦᠷᠢᠮ ᠢ ᠲᠡᠭᠦᠯᠳᠡᠷᠵᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠶᠢᠨ ᠣᠷᠴᠢᠨ ᠨᠥᠬᠦᠴᠡᠯ᠂ ᠡᠨᠧᠷᠭᠢ ᠶᠢᠨ ᠰᠤᠷᠪᠤᠯᠵᠢ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠵᠡᠷᠭᠡ ᠬᠤᠯᠪᠣᠭᠳᠠᠯ ᠪᠦᠬᠦᠢ ᠨᠢᠭᠡᠴᠢ ᠶᠢᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ᠎ᠠ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠪᠠ ᠬᠡᠷᠡᠭᠴᠡᠭᠡ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠳᠤ ᠨᠡᠶᠢᠴᠡᠭᠰᠡᠨ ᠰᠠᠭᠤᠷᠢᠨ ᠳᠡᠭᠡᠷ᠎ᠡ᠂ ᠡᠯᠡᠰᠦ ᠮᠠᠩᠬ᠎ᠠ᠂ ᠭᠤᠪᠢ᠂ ᠡᠯᠡᠰᠦᠨ ᠴᠥᠯ ᠵᠡᠷᠭᠡ ᠠᠰᠢᠭᠯᠠᠭᠠᠳᠤᠢ ᠭᠠᠵᠠᠷ ᠢ ᠭᠦᠢᠴᠡᠳ ᠠᠰᠢᠭᠯᠠᠨ᠂ ᠲᠣᠮᠣ ᠬᠡᠯᠪᠡᠷᠢ ᠶᠢᠨ ᠥᠩᠭᠡ ᠦᠵᠡᠮᠵᠢ ᠶᠢᠨ ᠴᠠᠬᠢᠯᠭᠠᠨ ᠤ ᠰᠠᠭᠤᠷᠢᠨ ᠭᠠᠵᠠᠷ ᠢ ᠪᠠᠶᠢᠷᠢᠰᠢᠭᠤᠯᠤᠨ ᠪᠦᠲᠦᠭᠡᠨ ᠪᠠᠶᠢᠭᠤᠯᠤᠨ᠎ᠠ ᠃ ᠰᠢᠨ᠎ᠡ ᠡᠨᠧᠷᠭᠢ ᠶᠢᠨ ᠲᠥᠷᠥᠯ ᠵᠦᠢᠯ ᠤᠨ ᠣᠷᠣᠨ ᠵᠠᠢ ᠶᠢᠨ ᠮᠡᠳᠡᠭᠡ ᠵᠠᠩᠭᠢ ᠶᠢ ᠲᠣᠭᠲᠠᠭᠠᠯ ᠶᠣᠰᠣᠭᠠᠷ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ︽ᠨᠢᠭᠡ ᠵᠢᠷᠤᠭ︾  ᠲᠤ ᠣᠷᠣᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠲᠣᠮᠣ ᠬᠡᠯᠪᠡᠷᠢ ᠶᠢᠨ ᠥᠩᠭᠡ ᠦᠵᠡᠮᠵᠢ ᠶᠢᠨ ᠴᠠᠬᠢᠯᠭᠠᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠯᠡᠬᠦ ᠭᠠᠵᠠᠷ ᠰᠢᠷᠣᠢ ᠬᠡᠷᠡᠭᠯᠡᠬᠦ ᠣᠶ ᠰᠢᠭᠤᠢ ᠬᠡᠷᠡᠭᠯᠡᠬᠦ ᠡᠪᠡᠰᠦ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠤᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠨᠤᠭᠤᠳ ᠭᠠᠵᠠᠷ ᠰᠢᠷᠣᠢ ᠬᠡᠷᠡᠭᠯᠡᠬᠦ ᠭᠠᠶᠢᠯᠢ ᠰᠦᠢᠳᠬᠡᠯ ᠢ ᠬᠠᠤᠯᠢ ᠶᠣᠰᠣᠭᠠᠷ ᠴᠢᠩᠭ᠎ᠠ ᠲᠠᠲᠠᠪᠤᠷᠢᠯᠠᠬᠤ ᠬᠡᠷᠡᠭᠲᠡᠢ᠂ ᠬᠠᠤᠯᠢ ᠴᠠᠭᠠᠵᠠ ᠶᠢᠨ ᠲᠣᠭᠲᠠᠭᠠᠯ ᠠᠴᠠ ᠬᠡᠲᠦᠷᠡᠭᠦᠯᠦᠨ ᠰᠦᠢᠳᠬᠡᠯ ᠬᠤᠷᠢᠶᠠᠵᠤ ᠪᠣᠯᠬᠤ ᠦᠭᠡᠢ᠃             ︵ᠠᠷᠪᠠᠨ ᠵᠢᠷᠭᠤᠭ᠎ᠠ︶ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠰᠢᠨ᠎ᠡ ᠡᠨᠧᠷᠭᠢ ᠶᠢᠨ ᠲᠥᠷᠥᠯ ᠵᠦᠢᠯ ᠢ ᠰᠢᠨ᠎ᠡ ᠪᠠᠷ ᠪᠠᠶᠢᠭᠤᠯᠬᠤ ᠳᠤ ᠭᠠᠵᠠᠷ ᠰᠢᠷᠣᠢ ᠬᠡᠷᠡᠭᠯᠡᠬᠦ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠪᠠᠷᠢᠮᠵᠢᠶ᠎ᠠ ᠶᠢᠨ ᠡᠵᠡᠮᠳᠡᠯ ᠠᠴᠠ ᠳᠠᠪᠠᠵᠤ ᠪᠣᠯᠬᠤ ᠦᠭᠡᠢ᠂ ᠭᠠᠵᠠᠷ ᠠᠷᠪᠢᠯᠠᠬᠤ ᠮᠡᠷᠭᠡᠵᠢᠯ ᠪᠠ ᠭᠠᠵᠠᠷ ᠠᠷᠪᠢᠯᠠᠬᠤ ᠵᠠᠭᠪᠤᠷ ᠢ ᠳᠡᠯᠭᠡᠷᠡᠭᠦᠯᠦᠨ ᠬᠡᠷᠡᠭᠯᠡᠬᠦ ᠶᠢ ᠵᠣᠷᠢᠭᠵᠢᠭᠤᠯᠵᠤ᠂ ᠭᠠᠵᠠᠷ ᠬᠡᠷᠡᠭᠯᠡᠬᠦ ᠶᠢ ᠠᠷᠪᠢᠯᠠᠨ ᠡᠷᠴᠢᠮᠵᠢᠭᠦᠯᠦᠭᠰᠡᠨ ᠬᠡᠮᠵᠢᠶ᠎ᠡ ᠶᠢ ᠡᠷᠬᠡᠪᠰᠢ ᠤᠯᠤᠰ ᠤᠨ ᠳᠣᠲᠣᠭᠠᠳᠤ ᠶᠢᠨ ᠠᠳᠠᠯᠢ ᠠᠵᠢᠯ ᠲᠥᠷᠥᠯ ᠤᠨ ᠲᠡᠷᠢᠭᠦᠨ ᠤ ᠬᠢᠷᠢ ᠬᠡᠮᠵᠢᠶ᠎ᠡ ᠳᠤ ᠬᠦᠷᠦᠭᠦᠯᠬᠦ ᠬᠡᠷᠡᠭᠲᠡᠢ᠃ ᠡᠷᠭᠢ ᠣᠶᠢᠷᠠᠯᠴᠠᠭ᠎ᠠ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠣᠷᠣᠨ ᠤ ᠪᠠᠶᠢᠷᠢᠰᠢᠯ ᠢ ᠰᠢᠯᠢᠳᠡᠭᠵᠢᠭᠦᠯᠦᠨ ᠲᠣᠬᠢᠷᠠᠭᠤᠯᠵᠤ᠂ ᠠᠯᠤᠰ ᠬᠡᠲᠦ ᠶᠢᠨ ᠲᠡᠯᠡᠶ ᠶᠢᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠢ ᠵᠣᠷᠢᠭᠵᠢᠭᠤᠯᠤᠨ ᠬᠥᠭᠵᠢᠭᠦᠯᠦᠨ᠎ᠡ᠃ ᠬᠠᠭᠤᠷᠠᠢ ᠳᠤ ᠭᠠᠷᠬᠤ ᠴᠠᠬᠢᠯᠭᠠᠨ ᠳᠡᠭᠡᠰᠦᠨ ᠤ ᠬᠤᠭᠤᠯᠠᠢ ᠶᠢᠨ ᠬᠤᠩᠭᠢᠯ ᠢ ᠵᠢᠷᠤᠮᠵᠢᠭᠤᠯᠤᠨ ᠲᠣᠬᠢᠷᠠᠭᠤᠯᠵᠤ᠂ ᠡᠷᠭᠢ ᠶᠢᠨ ᠱᠤᠭᠤᠮ ᠢ ᠡᠵᠡᠯᠡᠨ ᠬᠡᠷᠡᠭᠯᠡᠬᠦ ᠪᠠ ᠨᠥᠯᠥᠭᠡᠯᠡᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃ ︽ᠥᠩᠭᠡ ᠦᠵᠡᠮᠵᠢ ᠵᠢᠭᠠᠰᠤ︾  ᠶᠢᠨ ᠠᠭᠤᠰᠤᠯᠴᠠᠨ ᠬᠥᠭᠵᠢᠬᠦ ᠶᠢ ᠵᠣᠷᠢᠭᠵᠢᠭᠤᠯᠵᠤ᠂ ᠰᠠᠯᠬᠢᠨ ᠬᠦᠴᠦᠨ ᠤ ᠴᠠᠬᠢᠯᠭᠠᠨ᠂ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠤᠨ ᠲᠡᠯᠡᠶ ᠶᠢᠨ ᠣᠷᠣᠨ ᠤ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠦᠨ᠎ᠡ᠃            ᠵᠢᠷᠭᠤᠭ᠎ᠠ᠂ ᠰᠢᠨ᠎ᠡ ᠡᠨᠧᠷᠭᠢ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠷ᠎ᠡ ᠠᠰᠢᠭ ᠢ ᠭᠦᠢᠴᠡᠳ ᠪᠠᠳᠠᠷᠠᠭᠤᠯᠤᠨ᠎ᠠ             ︵ᠠᠷᠪᠠᠨ ᠳᠣᠯᠤᠭ᠎ᠠ︶ ᠠᠮᠢ ᠠᠬᠤᠢ ᠶᠢ ᠰᠡᠷᠭᠦᠭᠡᠬᠦ ᠲᠥᠷᠥᠯ ᠤᠨ ᠰᠢᠨ᠎ᠡ ᠡᠨᠧᠷᠭᠢ ᠶᠢᠨ ᠲᠥᠷᠥᠯ ᠵᠦᠢᠯ ᠢ ᠶᠡᠬᠡᠪᠡᠷ ᠳᠡᠯᠭᠡᠷᠡᠭᠦᠯᠦᠨ᠎ᠡ᠃ ᠠᠮᠢ ᠠᠬᠤᠢ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ ᠰᠢᠨ᠎ᠡ ᠡᠨᠧᠷᠭᠢ ᠶᠢᠨ ᠲᠥᠷᠥᠯ ᠵᠦᠢᠯ ᠤᠨ ᠠᠮᠢ ᠠᠬᠤᠢ ᠶᠢᠨ ᠣᠷᠴᠢᠨ ᠲᠣᠭᠤᠷᠢᠨ ᠤ ᠨᠥᠯᠥᠭᠡᠯᠡᠯ ᠪᠠ ᠦᠷ᠎ᠡ ᠠᠰᠢᠭ ᠢ ᠰᠢᠨᠵᠢᠯᠡᠬᠦ ᠤᠬᠠᠭᠠᠨᠴᠢ ᠪᠠᠷ ᠦᠨᠡᠯᠡᠵᠦ᠂ ᠬᠡᠷᠡᠯ ᠴᠡᠨᠡᠭ ᠢᠶᠠᠷ ᠡᠯᠡᠰᠦ ᠶᠢ ᠵᠠᠰᠠᠬᠤ ᠵᠡᠷᠭᠡ ᠠᠮᠢ ᠠᠬᠤᠢ ᠶᠢ ᠰᠡᠷᠭᠦᠭᠡᠬᠦ ᠲᠥᠷᠥᠯ ᠤᠨ ᠰᠢᠨ᠎ᠡ ᠡᠨᠧᠷᠭᠢ ᠶᠢᠨ ᠲᠥᠷᠥᠯ ᠵᠦᠢᠯ ᠤᠨ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠠᠵᠢᠯᠯᠠᠭᠤᠯᠵᠤ ᠬᠠᠮᠠᠭᠠᠯᠠᠬᠤ ᠵᠡᠷᠭᠡ ᠪᠠᠷᠢᠮᠵᠢᠶ᠎ᠠ ᠶᠢᠨ ᠵᠢᠷᠤᠮᠵᠢᠯ ᠢ ᠰᠤᠳᠤᠯᠤᠨ ᠨᠡᠶᠢᠲᠡᠯᠡᠵᠦ᠂ ᠬᠠᠶᠢᠷᠬᠠᠭ ᠴᠦᠯᠵᠢᠯ᠂ ᠡᠯᠡᠰᠦᠷᠬᠡᠭᠵᠢᠯ ᠭᠠᠵᠠᠷ ᠰᠢᠷᠣᠢ ᠵᠢᠴᠢ ᠨᠡᠭᠦᠷᠡᠰᠦ ᠮᠠᠯᠲᠠᠭᠰᠠᠨ ᠠᠴᠠ ᠪᠣᠯᠵᠤ ᠳᠣᠷᠣᠭᠰᠢ ᠰᠠᠭᠤᠭᠰᠠᠨ ᠣᠷᠣᠨ ᠵᠡᠷᠭᠡ ᠠᠭᠤᠷᠬᠠᠢ ᠶᠢᠨ ᠣᠷᠣᠨ ᠳᠤ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠ ᠰᠡᠷᠭᠦᠭᠡᠬᠦ ᠦᠷ᠎ᠡ ᠠᠰᠢᠭ ᠲᠠᠢ ᠰᠢᠨ᠎ᠡ ᠡᠨᠧᠷᠭᠢ ᠶᠢᠨ ᠲᠥᠷᠥᠯ ᠵᠦᠢᠯ ᠢ ᠥᠷᠨᠢᠭᠦᠯᠬᠦ ᠶᠢ ᠳᠡᠮᠵᠢᠨ᠎ᠡ᠃             ︵ᠠᠷᠪᠠᠨ ᠨᠠᠢᠮᠠ︶ ᠬᠥᠳᠡᠭᠡ ᠲᠣᠰᠬᠤᠨ ᠤ ᠬᠥᠮᠥᠰ ᠤᠨ ᠰᠠᠭᠤᠷᠢᠰᠢᠯ ᠤᠨ ᠣᠷᠴᠢᠨ ᠢ ᠴᠡᠭᠴᠡᠯᠡᠨ ᠰᠠᠶᠢᠵᠢᠷᠠᠭᠤᠯᠬᠤ ᠳᠤ ᠬᠦᠴᠦ ᠨᠡᠮᠡᠷᠢᠯᠡᠨ᠎ᠡ᠃ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠮᠢᠳᠤ ᠪᠣᠳᠠᠰ ᠤᠨ ᠮᠠᠰ ᠡᠨᠧᠷᠭᠢ᠂ ᠭᠠᠵᠠᠷ ᠤᠨ ᠢᠯᠴᠢ ᠶᠢᠨ ᠡᠨᠧᠷᠭᠢ᠂ ᠨᠡᠷᠡᠨ ᠤ ᠡᠨᠧᠷᠭᠢ ᠪᠠᠷ ᠢᠯᠴᠢ ᠬᠠᠩᠭᠠᠬᠤ ᠶᠢ ᠲᠦᠯᠬᠢᠨ ᠠᠬᠢᠭᠤᠯᠵᠤ᠂ ᠡᠨᠧᠷᠭᠢ ᠶᠢᠨ ᠰᠤᠷᠪᠤᠯᠵᠢ ᠶᠢᠨ ᠠᠶᠤᠯᠭᠦᠢ ᠪᠥᠭᠡᠳ ᠲᠣᠭᠲᠠᠭᠤᠨ ᠬᠠᠩᠭᠠᠯᠭ᠎ᠠ ᠶᠢ ᠪᠠᠲᠤᠯᠠᠭᠰᠠᠨ ᠰᠠᠭᠤᠷᠢᠨ ᠳᠡᠭᠡᠷ᠎ᠡ ᠰᠢᠨ᠎ᠡ ᠡᠨᠧᠷᠭᠢ ᠶᠢᠨ ᠰᠤᠷᠪᠤᠯᠵᠢ ᠪᠠᠷ ᠲᠠᠷᠠᠬᠠᠢ ᠨᠡᠭᠦᠷᠡᠰᠦ ᠶᠢ ᠣᠷᠣᠯᠠᠭᠤᠯᠬᠤ ᠠᠵᠢᠯᠯᠠᠭ᠎ᠠ ᠶᠢ ᠡᠮᠬᠢ ᠵᠢᠷᠤᠮ ᠲᠠᠢ ᠪᠠᠷ ᠥᠷᠨᠢᠭᠦᠯᠵᠦ᠂ ᠬᠥᠳᠡᠭᠡ ᠲᠣᠰᠬᠤᠨ ᠤ ᠪᠣᠬᠢᠷᠳᠣᠯ ᠦᠭᠡᠢ ᠳᠤᠯᠠᠭᠠᠯᠠᠭ᠎ᠠ᠂ ᠲᠠᠷᠢᠶᠠᠯᠠᠩ ᠤᠨ ᠠᠷᠢᠭᠤᠨ ᠴᠡᠪᠡᠷ ᠦᠢᠯᠡᠳᠪᠦᠷᠢᠯᠡᠬᠦ ᠠᠵᠢᠯ ᠢ ᠠᠬᠢᠭᠤᠯᠤᠨ᠎ᠠ᠃ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠪᠠ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠭᠦᠨᠵᠡᠭᠡᠢ ᠲᠦᠯᠬᠢᠨ ᠠᠬᠢᠭᠤᠯᠤᠨ᠎ᠠ᠃ ᠠᠮᠢᠳᠤ ᠪᠣᠳᠠᠰ ᠤᠨ ᠪᠣᠳᠠᠰ ᠤᠨ ᠰᠢᠲᠠᠯᠲᠠ ᠶᠢᠨ ᠥᠪᠡᠷᠮᠢᠴᠡ ᠴᠢᠨᠠᠷ ᠲᠤ ᠨᠡᠶᠢᠴᠡᠬᠦ ᠲᠤᠰᠬᠠᠢ ᠬᠡᠷᠡᠭᠯᠡᠭᠡᠨ ᠤ ᠲᠥᠬᠦᠭᠡᠷᠦᠮᠵᠢ ᠶᠢᠨ ᠮᠡᠷᠭᠡᠵᠢᠯ ᠤᠨ ᠪᠠᠷᠢᠮᠵᠢᠶ᠎ᠠ ᠶᠢ ᠲᠣᠭᠲᠠᠭᠠᠵᠤ᠂ ᠠᠮᠢᠳᠤ ᠪᠣᠳᠠᠰ ᠤᠨ ᠪᠣᠳᠠᠰ ᠤᠨ ᠬᠡᠯᠪᠡᠷᠢᠵᠢᠭᠰᠡᠨ ᠲᠦᠯᠡᠰᠢ ᠶᠢ ᠠᠰᠢᠭᠯᠠᠬᠤ ᠶᠢ ᠳᠡᠯᠭᠡᠷᠡᠭᠦᠯᠦᠨ᠎ᠡ᠃            ᠲᠤᠯᠤᠭ᠎ᠠ᠂ ᠰᠢᠨ᠎ᠡ ᠡᠨᠧᠷᠭᠢ ᠶᠢᠨ ᠬᠥᠭᠵᠢᠯᠲᠡ ᠶᠢ ᠳᠡᠮᠵᠢᠬᠦ ᠡᠳ᠋ ᠤᠨ ᠵᠠᠰᠠᠭ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ             ︵ᠠᠷᠪᠠ ᠶᠢᠰᠦ︶ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢ ᠰᠢᠯᠢᠳᠡᠭᠵᠢᠭᠦᠯᠦᠨ᠎ᠡ᠃ ᠲᠥᠪ ᠪᠠ ᠣᠷᠣᠨ ᠨᠤᠲᠤᠭ ᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠣᠷᠣᠯᠭ᠎ᠠ ᠪᠠᠷ ᠵᠠᠷᠤᠯᠭ᠎ᠠ ᠶᠢ ᠲᠣᠭᠲᠠᠭᠠᠬᠤ ᠵᠠᠷᠴᠢᠮ ᠶᠣᠰᠣᠭᠠᠷ ᠳᠠᠬᠢᠠ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢ ᠬᠥᠭᠵᠢᠭᠦᠯᠬᠦ ᠰᠠᠭᠤᠷᠢ ᠮᠥᠩᠭᠦ ᠶᠢ ᠰᠠᠶᠢᠲᠤᠷ ᠬᠡᠷᠡᠭᠯᠡᠨ᠎ᠡ᠃ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠳᠠᠬᠢᠠ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠬᠥᠭᠵᠢᠯᠲᠡ ᠶᠢᠨ ᠰᠠᠭᠤᠷᠢ ᠮᠥᠩᠭᠦ ᠲᠠᠲᠠᠪᠤᠷᠢᠯᠠᠬᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠷᠢᠶᠠᠬᠤ ᠶᠣᠰᠣᠲᠠᠢ ᠶᠢ ᠨᠢ‌ᠣᠲᠣ ᠶᠢᠨ ᠪᠠᠶᠢᠭ᠎ᠠ ᠪᠡᠯᠡ ᠮᠥᠩᠭᠦ ᠶᠢᠨ ᠠᠷᠭ᠎ᠠ ᠵᠠᠮ ᠢ ᠰᠠᠶᠢᠲᠤᠷ ᠠᠰᠢᠭᠯᠠᠨ ᠰᠢᠨ᠎ᠡ ᠡᠨᠧᠷᠭᠢ ᠶᠢᠨ ᠬᠥᠭᠵᠢᠯᠲᠡ ᠶᠢ ᠳᠡᠮᠵᠢᠨ᠎ᠡ᠃ ᠰᠢᠨ᠎ᠡ ᠡᠨᠧᠷᠭᠢ ᠶᠢᠨ ᠰᠤᠷᠪᠤᠯᠵᠢ ᠶᠢᠨ ᠬᠦᠷᠢᠶᠡᠨ ᠳᠠᠬᠢ ᠨᠥᠬᠦᠴᠡᠯ ᠳᠤ ᠨᠡᠶᠢᠴᠡᠬᠦ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢ ᠳᠡᠮᠵᠢᠬᠦ ᠬᠦᠷᠢᠶᠡᠨ ᠳᠤ ᠬᠠᠮᠤᠷᠤᠭᠤᠯᠤᠨ᠎ᠠ᠃             ︵ᠬᠤᠷᠢ︶ ᠮᠥᠩᠭᠦᠨ ᠭᠦᠢᠯᠭᠡᠭᠡᠨ ᠤ ᠬᠠᠮᠢᠶ᠎ᠠ ᠪᠦᠬᠦᠢ ᠳᠡᠮᠵᠢᠯᠭᠡ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠬᠦ᠂ ᠲᠦᠭᠰᠢᠭᠦᠷᠢ ᠶᠢ ᠡᠵᠡᠮᠳᠡᠵᠦ ᠪᠣᠯᠬᠤ᠂ ᠬᠤᠳᠠᠯᠳᠤᠭ᠎ᠠ ᠶᠢ ᠦᠷᠭᠦᠯᠵᠢᠯᠡᠭᠦᠯᠵᠦ ᠪᠣᠯᠬᠤ ᠤᠷᠢᠲᠠᠯ ᠳᠣᠣᠷ᠎ᠠ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠨᠢᠭᠡᠨᠲᠡ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠴᠠᠬᠢᠯᠭᠠᠨ ᠭᠠᠷᠭᠠᠯᠲᠠ ᠶᠢᠨ ᠨᠥᠬᠦᠪᠦᠷᠢ ᠶᠢᠨ ᠨᠠᠷᠢᠨ ᠬᠠᠭᠤᠳᠠᠰᠤᠨ ᠳᠤ ᠣᠷᠣᠭᠤᠯᠤᠭᠰᠠᠨ ᠲᠥᠷᠥᠯ ᠵᠦᠢᠯ ᠳᠤ ᠨᠥᠬᠦᠪᠦᠷᠢ ᠶᠢᠨ ᠡᠷᠬᠡ ᠶᠢ ᠨᠤᠲᠠᠯᠠᠨ ᠲᠣᠭᠲᠠᠭᠠᠬᠤ ᠵᠢᠭᠡᠯᠡᠯᠭᠡ ᠲᠠᠯᠪᠢᠬᠤ ᠡᠰᠡᠬᠦ ᠶᠢ ᠪᠡᠶ᠎ᠡ ᠪᠠᠨ ᠳᠠᠭᠠᠭᠠᠨ ᠲᠣᠭᠲᠠᠭᠠᠵᠤ ᠪᠣᠯᠣᠨ᠎ᠠ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠ ᠠᠵᠤ ᠠᠬᠤᠶᠢᠯᠠᠯ ᠨᠢ ᠵᠢᠭᠡᠯᠡᠯᠭᠡ ᠶᠢᠨ ᠵᠣᠭᠤᠰ ᠤᠨ ᠲᠤᠭ᠎ᠠ᠂ ᠬᠤᠭᠤᠴᠠᠭ᠎ᠠ ᠬᠢᠵᠠᠭᠠᠷ᠂ ᠬᠦᠦ ᠶᠢᠨ ᠨᠣᠷᠮ᠎ᠠ᠂ ᠵᠣᠭᠤᠰ ᠪᠤᠴᠠᠭᠠᠬᠤ ᠲᠥᠯᠥᠪᠯᠡᠭᠡ ᠵᠡᠷᠭᠡ ᠶᠢ ᠪᠡᠶ᠎ᠡ ᠪᠠᠨ ᠳᠠᠭᠠᠭᠠᠨ ᠵᠥᠪᠳᠡᠯᠴᠡᠨ ᠲᠣᠭᠲᠠᠭᠠᠵᠤ ᠪᠣᠯᠣᠨ᠎ᠠ᠃ ᠴᠠᠬᠢᠯᠭᠠᠨ ᠤ ᠲᠣᠣᠷ ᠤᠨ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠡᠯᠡ ᠮᠥᠩᠭᠦ ᠶᠢᠨ ᠢᠷᠡᠯᠲᠡ ᠶᠢ ᠢᠳᠡᠪᠬᠢᠲᠡᠢ ᠪᠠᠷ ᠥᠷᠭᠡᠳᠬᠡᠨ᠂ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠪᠠᠷ ᠴᠠᠬᠢᠯᠭᠠᠨ ᠭᠠᠷᠭᠠᠬᠤ ᠶᠢ ᠦᠷᠭᠦᠯᠵᠢᠯᠡᠭᠦᠯᠬᠦ ᠨᠥᠬᠦᠪᠦᠷᠢ ᠶᠢᠨ ᠪᠡᠯᠡ ᠮᠥᠩᠭᠦ ᠶᠢᠨ ᠣᠨ ‍ᠤ‌ᠨᠥ᠋ᠬᠦᠴᠡᠯ ᠳᠤ ᠨᠡᠶᠢᠴᠡᠬᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠣᠬᠢᠷᠲᠤᠯ ᠦᠭᠡᠢ ᠡᠳ᠋ ᠬᠥᠷᠥᠩᠭᠡ ᠶᠢᠨ ᠳᠡᠮᠵᠢᠯᠭᠡ ︵ᠬᠤᠳᠠᠯᠳᠤᠭ᠎ᠠ︶ ᠶᠢᠨ ᠫᠢᠶᠣᠣ ᠪᠠᠷᠢᠮᠲᠠ᠂ ᠪᠠᠲᠤᠯᠠᠨ ᠬᠠᠮᠢᠶᠠᠷᠬᠤ ᠵᠡᠷᠭᠡ ᠰᠢᠨ᠎ᠡ ᠶᠢ ᠡᠭᠦᠳᠬᠦ ᠲᠥᠰᠥᠯ ᠬᠠᠩᠭᠠᠬᠤ ᠶᠢ ᠳᠡᠮᠵᠢᠵᠦ᠂ ᠰᠢᠨ᠎ᠡ ᠡᠨᠧᠷᠭᠢ ᠶᠢᠨ ᠠᠵᠤ ᠠᠬᠤᠶᠢᠯᠠᠯ ᠤᠨ ᠪᠡᠯᠡ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠶᠢ ᠰᠢᠢᠳᠪᠦᠷᠢᠯᠡᠨ᠎ᠡ᠃             ︵ᠬᠤᠷᠢᠨ ᠨᠢᠭᠡ︶ ᠵᠦᠢ ᠶᠣᠰᠣᠨ ᠤ ᠮᠥᠩᠭᠦᠨ ᠭᠦᠢᠯᠭᠡᠭᠡᠨ ᠤ ᠦᠢᠯᠡᠳᠬᠦᠨ ᠤ ᠦᠢᠯᠡᠴᠢᠯᠡᠭᠡ ᠶᠢ ᠪᠠᠶᠠᠯᠢᠭᠵᠢᠭᠤᠯᠤᠨ᠎ᠠ᠃ ᠰᠢᠨ᠎ᠡ ᠡᠨᠧᠷᠭᠢ ᠶᠢᠨ ᠵᠦᠢ ᠶᠣᠰᠣᠨ ᠤ ᠮᠥᠩᠭᠦᠨ ᠭᠦᠢᠯᠭᠡᠭᠡᠨ ᠤ ᠲᠥᠷᠥᠯ ᠵᠦᠢᠯ ᠤᠨ ᠢᠲᠡᠭᠡᠮᠵᠢ ᠶᠢᠨ ᠲᠠᠰ ᠲᠣᠭᠲᠠᠭᠠᠬᠤ ᠪᠠᠷᠢᠮᠵᠢᠶ᠎ᠠ ᠪᠠ ᠦᠨᠡᠯᠡᠨ ᠵᠢᠱᠢᠵᠦ ᠵᠥᠪᠰᠢᠶᠡᠷᠡᠨ ᠣᠷᠣᠭᠤᠯᠬᠤ ᠨᠥᠬᠦᠴᠡᠯ ᠢ ᠵᠦᠢ ᠵᠣᠬᠢᠰᠲᠠᠢ ᠵᠠᠭᠠᠭᠯᠠᠨ ᠲᠣᠭᠲᠠᠭᠠᠨ᠎ᠠ᠃ ᠵᠦᠢ ᠶᠣᠰᠣᠨ ᠤ ᠵᠢᠭᠡᠯᠡᠯᠭᠡ ᠶᠢᠨ ᠲᠡᠮᠳᠡᠭᠲᠦ᠂ ᠵᠦᠢ ᠶᠣᠰᠣᠨ ᠤ ᠢᠲᠡᠭᠡᠮᠵᠢᠲᠦ ᠵᠢᠭᠡᠯᠡᠯᠭᠡ ᠶᠢᠨ ᠰᠢᠨ᠎ᠡ ᠡᠨᠧᠷᠭᠢ ᠶᠢᠨ ᠲᠥᠷᠥᠯ ᠵᠦᠢᠯ ᠢ ᠳᠡᠮᠵᠢᠬᠦ ᠡᠷᠴᠢᠮ ᠢ ᠴᠢᠩᠭᠠᠷᠠᠭᠤᠯᠤᠨ᠎ᠠ᠃ ᠰᠢᠨ᠎ᠡ ᠡᠨᠧᠷᠭᠢ ᠶᠢᠨ ᠲᠥᠷᠥᠯ ᠵᠦᠢᠯ ᠢ ᠰᠠᠭᠤᠷᠢ ᠲᠥᠬᠦᠭᠡᠷᠦᠮᠵᠢ ᠶᠢᠨ ᠥᠯᠥ ᠬᠥᠳᠡᠯᠬᠦ ᠬᠥᠷᠥᠩᠭᠡ ᠶᠢᠨ ᠪᠡᠯᠡ ᠣᠷᠣᠭᠤᠯᠤᠯᠲᠠ ᠶᠢᠨ ᠢᠲᠡᠭᠡᠮᠵᠢᠲᠦ ᠨᠠᠶᠢᠳᠠᠯᠭ᠎ᠠ ᠶᠢᠨ ᠰᠠᠭᠤᠷᠢ ᠮᠥᠩᠭᠦ ︵REITs︶ ᠶᠢᠨ ᠲᠤᠷᠰᠢᠯᠲᠠ ᠶᠢᠨ ᠳᠡᠮᠵᠢᠬᠦ ᠬᠡᠪᠴᠢᠶᠡᠨ ᠳᠤ ᠣᠷᠣᠭᠤᠯᠬᠤ ᠶᠢ ᠰᠤᠳᠤᠯᠤᠨ ᠰᠦᠪᠡᠭᠴᠢᠯᠡᠨ᠎ᠡ᠃ ᠨᠥᠬᠦᠴᠡᠯ ᠳᠤ ᠨᠡᠶᠢᠴᠡᠬᠦ ᠰᠢᠨ᠎ᠡ ᠡᠨᠧᠷᠭᠢ ᠶᠢᠨ ᠵᠦᠢᠯᠡᠰ ᠤᠨ ᠬᠦᠯᠡᠮᠵᠢ ᠶᠢᠨ ᠬᠡᠢ ᠪᠡᠶᠡᠲᠦ ᠶᠢᠨ ᠬᠠᠷᠭᠤᠭᠤᠯᠤᠨ ᠭᠡᠷᠡᠴᠢᠯᠡᠬᠦ ᠭᠠᠳᠠᠭᠰᠢᠯᠠᠭᠤᠯᠤᠯᠲᠠ ᠶᠢ ᠪᠠᠭᠠᠰᠬᠠᠬᠤ ᠬᠡᠮᠵᠢᠶ᠎ᠡ ᠶᠢ ᠪᠥᠬᠦ ᠤᠯᠤᠰ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠲᠤ ᠣᠷᠣᠭᠤᠯᠤᠨ ᠲᠦᠭᠡᠭᠡᠯ ᠲᠤᠭ᠎ᠠ ᠶᠢ ᠢᠯᠭᠠᠷᠠᠭᠤᠯᠤᠨ ᠲᠤᠰᠢᠶᠠᠵᠤ ᠲᠤᠯᠭᠠᠨ ᠬᠠᠰᠤᠬᠤ ᠶᠢ ᠳᠡᠮᠵᠢᠨ᠎ᠡ᠃             ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ᠄ ︽ᠰᠢᠨ᠎ᠡ ᠴᠠᠭ ᠦᠶ᠎ᠡ ᠶᠢᠨ ᠰᠢᠨ᠎ᠡ ᠡᠨᠧᠷᠭᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ︾ ᠤᠨ ᠲᠤᠬᠠᠢ ᠠᠯᠠᠱᠠ ᠵᠡᠭᠦᠨ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠠᠮᠵᠢᠭᠤᠯᠤᠨ ᠨᠡᠶᠢᠲᠡᠯᠡᠭᠰᠡᠨ ᠲᠠᠶᠢᠯᠤᠮᠵᠢ                    ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号