ᠠᠯᠠᠱᠠ ᠵᠡᠭᠦᠨ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠠᠮᠵᠢᠭᠤᠯᠤᠨ ᠨᠡᠶᠢᠲᠡᠯᠡᠭᠰᠡᠨ ︽2022 ᠣᠨ ᠤ ᠥᠪᠡᠷ ᠤᠨ ᠥᠷᠲᠡᠭ ᠢ ᠪᠠᠭᠤᠷᠠᠭᠤᠯᠬᠤ ᠭᠤᠣᠯᠳᠠᠯᠭ᠎ᠠ ᠲᠠᠢ ᠠᠵᠢᠯ ᠤᠨ ᠲᠤᠬᠠᠢ ᠮᠡᠳᠡᠭᠳᠡᠯ︾
ᠨᠡᠶᠢᠲᠡᠯᠡᠭᠰᠡᠨ ᠴᠠᠭ᠄
2023/12/18
                   ᠳᠣᠲᠣᠭᠠᠳᠤ ᠶᠢ ᠬᠠᠮᠠᠭᠠᠯᠠᠬᠤ ᠶᠠᠮᠤᠨ᠂ ᠠᠷᠠᠳ ᠤᠨ ᠶᠠᠪᠤᠳᠠᠯ ᠤᠨ ᠶᠠᠮᠤᠨ᠂ ᠬᠠᠤᠯᠢ ᠴᠠᠭᠠᠵᠠ ᠶᠢᠨ ᠶᠠᠮᠤᠨ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠠᠮᠢ ᠠᠬᠤᠢ ᠣᠷᠴᠢᠨ ᠲᠣᠭᠤᠷᠢᠨ ᠤ ᠶᠠᠮᠤᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠤᠰᠤᠨ ᠠᠰᠢᠭᠯᠠᠯᠲᠠ ᠶᠢᠨ ᠶᠠᠮᠤᠨ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠬᠤᠳᠠᠯᠳᠤᠭᠠᠨ ᠤ ᠶᠠᠪᠤᠳᠠᠯ ᠤᠨ ᠶᠠᠮᠤᠨ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠵᠥᠪᠯᠡᠯ᠂ ᠪᠣᠭᠤᠮᠲᠠ ᠶᠢᠨ ᠶᠡᠷᠦᠩᠬᠡᠢ ᠵᠠᠬᠢᠷᠭ᠎ᠠ᠂ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠪᠠᠩᠬᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠦᠨᠡᠲᠦ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠡᠨᠧᠷᠭᠢ ᠶᠢᠨ ᠲᠣᠪᠴᠢᠶ᠎ᠠ᠂ ᠣᠶ ᠰᠢᠭᠤᠢ ᠳᠤᠮᠳᠠᠳᠤ ᠤᠯᠤᠰ ᠤᠨ ᠤᠯᠤᠰ ᠤᠨ ᠲᠡᠮᠦᠷ ᠵᠠᠮ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠴᠢ ᠠᠰ ᠲᠠᠭᠠᠨ ᠲᠥᠯᠥᠪᠯᠡᠭᠡ ᠬᠢᠬᠦ ᠬᠤᠳᠠ᠂ ᠳᠡᠳ᠋ ᠮᠤᠵᠢ ᠶᠢᠨ ᠱᠠᠲᠤᠨ ᠤ ᠮᠤᠵᠢ ᠶᠢᠨ ᠲᠥᠪ ᠬᠤᠳᠠ᠂ ᠰᠢᠨᠵᠢᠶᠠᠩ ᠤᠨ ᠦᠢᠯᠡᠳᠪᠦᠷᠢᠯᠡᠬᠦ ᠠᠵᠢᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ︵ᠠᠵᠤ ᠠᠬᠤᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠠᠵᠤ ᠠᠬᠤᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠵᠤ ᠠᠬᠤᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶᠂ ᠡᠳ᠋ ᠤᠨ ᠵᠠᠰᠠᠭ ᠤᠨ ᠲᠢᠩᠬᠢᠮ ︵ᠲᠣᠪᠴᠢᠶ᠎ᠠ︶᠂ ᠠᠷᠠᠳ ᠤᠨ ᠪᠠᠩᠬᠢ ᠶᠢᠨ ᠱᠠᠩᠬᠠᠢ ᠶᠢᠨ ᠶᠡᠷᠦᠩᠬᠡᠢ ᠬᠡᠯᠲᠡᠰ᠂ ᠡᠯ᠎ᠡ ᠬᠤᠪᠢᠶᠠᠷᠢ ᠪᠠᠩᠬᠢ᠂ ᠡᠵᠡᠩᠨᠡᠯᠲᠡ ᠬᠠᠮᠢᠶᠠᠷᠤᠯᠲᠠ ᠶᠢᠨ ᠶᠠᠮᠤᠨ᠂ ᠡᠯ᠎ᠡ ᠮᠤᠵᠢ ᠶᠢᠨ ᠲᠥᠪ ︵ᠣᠷᠣᠨ ᠤ ᠲᠥᠪ︶ ᠤᠨ ᠬᠤᠳᠠ ᠶᠢᠨ ᠲᠥᠪ ᠰᠠᠯᠪᠤᠷᠢ ᠪᠠᠩᠬᠢ᠂ ᠡᠯ᠎ᠡ ᠳᠡᠳ᠋ ᠮᠤᠵᠢ ᠶᠢᠨ ᠱᠠᠲᠤᠨ ᠤ ᠬᠤᠳᠠ ᠶᠢᠨ ᠲᠥᠪ ᠰᠠᠯᠪᠤᠷᠢ ᠪᠠᠩᠬᠢ ᠳᠤ᠄                        ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ 2021 ᠣᠨ ᠤ ᠪᠣᠳᠠᠲᠤ ᠴᠣᠭᠴᠠ ᠶᠢᠨ ᠠᠵᠤ ᠠᠬᠤᠢ ᠶᠢᠨ ᠠᠵᠤ ᠠᠬᠤᠶᠢᠯᠠᠯ ᠤᠨ ᠥᠪᠡᠷ ᠤᠨ ᠥᠷᠲᠡᠭ ᠢ ᠪᠠᠭᠤᠷᠠᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠵᠠᠬ᠎ᠠ ᠳᠡᠯᠭᠡᠭᠦᠷ ᠤᠨ ᠭᠤᠤᠯ ᠴᠤᠭᠴᠠ ᠶᠢᠨ ᠬᠦᠴᠢᠷᠳᠡᠯ ᠢ ᠰᠢᠢᠳᠪᠦᠷᠢᠯᠡᠨ ᠬᠥᠭᠵᠢᠭᠦᠯᠬᠦ ᠶᠢ ᠬᠦᠴᠦᠲᠡᠢ ᠳᠡᠮᠵᠢᠵᠦ᠂ ᠠᠵᠤ ᠠᠬᠤᠢ ᠶᠢᠨ ᠦᠷᠭᠦᠯᠵᠢᠯᠡᠨ ᠲᠣᠭᠲᠠᠭᠤᠨ ᠢᠶᠠᠷ ᠰᠡᠷᠭᠦᠬᠦ ᠶᠢ ᠠᠬᠢᠭᠤᠯᠪᠠ᠃ ᠲᠥᠪ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾  ᠳᠤ ᠳᠤᠷᠠᠳᠤᠭᠰᠠᠨ ᠥᠪᠡᠷ ᠤᠨ ᠥᠷᠲᠡᠭ ᠢ ᠪᠠᠭᠤᠷᠠᠭᠤᠯᠬᠤ ᠲᠥᠷᠥᠯ ᠪᠦᠷᠢ ᠶᠢᠨ ᠭᠤᠣᠯᠳᠠᠯᠭ᠎ᠠ ᠲᠠᠢ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠰᠢᠢᠳᠪᠦᠷᠢᠯᠡᠬᠦ ᠡᠷᠴᠢᠮ ᠢ ᠦᠷᠭᠦᠯᠵᠢᠯᠡᠨ ᠴᠢᠩᠭᠠᠷᠠᠭᠤᠯᠬᠤ ᠶᠢᠨ ᠲᠥᠯᠥᠭᠡ᠂ 2022 ᠣᠨ ᠤ ᠪᠣᠳᠠᠲᠤ ᠴᠣᠭᠴᠠ ᠶᠢᠨ ᠠᠵᠤ ᠠᠬᠤᠢ ᠶᠢᠨ ᠠᠵᠤ ᠠᠬᠤᠶᠢᠯᠠᠯ ᠤᠨ ᠥᠪᠡᠷ ᠤᠨ ᠥᠷᠲᠡᠭ ᠢ ᠪᠠᠭᠤᠷᠠᠭᠤᠯᠬᠤ ᠠᠵᠢᠯ ᠤᠨ ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯᠳᠤᠭᠠᠨ ᠠᠴᠠ 8 ᠲᠠᠯ᠎ᠠ ᠶᠢᠨ 26 ᠵᠦᠢᠯ ᠤᠨ ᠡᠭᠦᠷᠭᠡ ᠶᠢ ᠭᠤᠣᠯᠳᠠᠯᠭ᠎ᠠ ᠲᠠᠢ ᠵᠣᠬᠢᠶᠠᠨ ᠪᠠᠶᠢᠭᠤᠯᠵᠤ ᠨᠠᠶᠢᠳᠠᠪᠤᠷᠢᠵᠢᠭᠤᠯᠬᠤ ᠪᠣᠯᠣᠨ᠎ᠠ᠃                        ᠨᠢᠭᠡ᠂ ᠶᠡᠷᠦᠩᠬᠡᠢ ᠱᠠᠭᠠᠷᠳᠠᠯᠭ᠎ᠠ                        ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ ᠪᠠᠶᠢᠵᠤ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠱᠤᠭᠤᠮ ᠪᠣᠯᠭᠠᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠪᠣᠳᠠᠲᠤ ᠴᠣᠭᠴᠠ ᠶᠢᠨ ᠠᠵᠤ ᠠᠬᠤᠢ ᠶᠢᠨ ᠠᠵᠤ ᠠᠬᠤᠶᠢᠯᠠᠯ ᠤᠨ ᠥᠪᠡᠷ ᠤᠨ ᠦᠷᠳᠡᠭ ᠢ ᠪᠠᠭᠤᠷᠠᠭᠤᠯᠤᠨ᠎ᠠ᠃ ᠱᠠᠲᠤ ᠦᠶ᠎ᠡ ᠶᠢᠨ ᠴᠢᠨᠠᠷᠲᠠᠢ ᠠᠷᠭ᠎ᠠ ᠬᠡᠮᠵᠢᠶ᠎ᠡ ᠶᠢ ᠳᠦᠷᠢᠮ ᠤᠨ ᠴᠢᠨᠠᠷᠲᠠᠢ ᠲᠣᠬᠢᠷᠠᠭᠤᠯᠤᠯᠲᠠ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠢᠯᠡ ᠥᠪᠡᠷ ᠤᠨ ᠥᠷᠲᠡᠭ ᠢ ᠪᠠᠭᠤᠷᠠᠭᠤᠯᠬᠤ ᠪᠠ ᠳᠠᠯᠳᠠ ᠥᠪᠡᠷ ᠤᠨ ᠥᠷᠲᠡᠭ ᠢ ᠪᠠᠭᠤᠷᠠᠭᠤᠯᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠲᠦᠭᠡᠮᠡᠯ ᠬᠠᠷᠠᠭᠠᠯᠵᠠᠯ ᠦᠵᠡᠭᠦᠯᠬᠦ ᠪᠠ ᠲᠥᠪ ᠭᠤᠥᠯᠴᠢ ᠪᠠᠶᠢᠬᠤ ᠶᠢ ᠨᠠᠷᠢᠯᠢᠭ ᠣᠨᠣᠴᠠᠲᠠᠢ ᠪᠠᠷ ᠳᠡᠮᠵᠢᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠠᠴᠠ ᠬᠠᠪᠰᠤᠷᠤᠨ ᠲᠡᠳᠬᠦᠬᠦ ᠪᠠ ᠠᠵᠤ ᠠᠬᠤᠶᠢᠯᠠᠯ ᠤᠨ ᠳᠠᠯᠳᠠ ᠬᠦᠴᠦᠨ ᠢ ᠠᠭᠤᠳᠠᠯᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠦᠴᠢᠷᠳᠡᠯ ᠢ ᠰᠢᠢᠳᠪᠦᠷᠢᠯᠡᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠢᠲᠡᠭᠡᠯ ᠢ ᠬᠦᠴᠦᠲᠡᠢ ᠨᠡᠮᠡᠭᠳᠡᠭᠦᠯᠦᠨ᠎ᠡ᠃                        ᠬᠤᠶᠠᠷ᠂ ᠰᠢᠨ᠎ᠡ ᠬᠠᠮ ᠬᠡᠯᠪᠡᠷᠢ ᠶᠢᠨ ᠭᠠᠶᠢᠯᠢ ᠰᠦᠢᠳᠬᠡᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ                         ︵ᠨᠢᠭᠡ︶ ᠬᠡᠰᠡᠭ ᠭᠠᠶᠢᠯᠢ ᠰᠦᠢᠳᠬᠡᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠦᠷᠭᠦᠯᠵᠢᠯᠡᠭᠦᠯᠬᠦ ᠶᠢᠨ ᠬᠠᠮᠲᠤ ᠰᠢᠯᠢᠳᠡᠭᠵᠢᠭᠦᠯᠦᠨ᠎ᠡ᠃ ᠦᠢᠯᠡᠳᠬᠦ ᠦᠢᠯᠡᠰ᠂ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠲᠡᠳᠬᠦᠨ ᠳᠡᠮᠵᠢᠬᠦ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠬᠦ ᠶᠢᠨ ᠬᠠᠮᠲᠤ ᠬᠠᠰᠤᠵᠤ ᠬᠡᠯᠲᠦᠷᠢᠭᠦᠯᠬᠦ ᠬᠡᠮᠵᠢᠶ᠎ᠡ ᠶᠢ ᠳᠡᠭᠡᠭᠰᠢᠯᠡᠭᠦᠯᠵᠦ᠂ ᠬᠡᠷᠡᠭᠯᠡᠬᠦ ᠬᠡᠪᠴᠢᠶ᠎ᠡ ᠶᠢ ᠥᠷᠭᠡᠳᠬᠡᠨ᠎ᠡ᠃ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ ᠠᠴᠠ ᠦᠷᠳᠡᠭ ᠨᠡᠮᠡᠭᠳᠡᠯ ᠤᠨ ᠭᠠᠶᠢᠯᠢ ᠶᠢ ᠱᠠᠲᠤ ᠦᠶᠡᠴᠢ‌ᠵᠢᠵᠢᠭ ᠪᠢᠴᠢᠯ ᠠᠵᠤ ᠠᠬᠤᠶᠢᠯᠠᠯ ᠤᠨ ᠵᠢᠯ ᠤᠨ ᠲᠤᠰᠢᠶᠠᠬᠤ ᠶᠣᠰᠣᠲᠠᠢ ᠭᠠᠶᠢᠯᠢ ᠶᠢᠨ ᠠᠰᠢᠭ ᠣᠷᠣᠯᠭ᠎ᠠ ᠶᠢᠨ ᠲᠤᠭ᠎ᠠ ᠶᠢᠨ 100 ᠲᠦᠮᠡᠨ ᠲᠥᠭᠦᠷᠢᠭ ᠠᠴᠠ 300 ᠲᠦᠮᠡᠨ ᠲᠥᠭᠦᠷᠢᠭ ᠤᠨ ᠬᠡᠰᠡᠭ ᠲᠤ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢ ᠳᠠᠬᠢᠨ ᠬᠠᠭᠠᠰ ᠢᠶᠠᠷ ᠬᠠᠰᠤᠵᠤ ᠲᠠᠲᠠᠪᠤᠷᠢᠯᠠᠨ᠎ᠠ᠃ ᠠᠵᠤ ᠦᠢᠯᠡᠳᠪᠦᠷᠢ ᠶᠢᠨ ᠨᠡᠮᠡᠭᠳᠡᠯ ᠪᠠ ᠦᠢᠯᠡᠴᠢᠯᠡᠭᠡᠨ ᠤ ᠦᠢᠯᠡᠰ ᠤᠨ ᠬᠦᠷᠢᠶᠡᠨ ᠳᠠᠬᠢ ᠬᠦᠴᠢᠷᠳᠡᠯ ᠲᠠᠢ ᠠᠵᠢᠯ ᠲᠦᠷᠦᠯ ᠢ ᠰᠡᠷᠭᠦᠭᠡᠨ ᠬᠥᠭᠵᠢᠭᠦᠯᠬᠦ ᠭᠠᠶᠢᠯᠢ ᠰᠦᠢᠳᠬᠡᠯ ᠤᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃                         ︵ᠬᠤᠶᠠᠷ︶ ᠦᠯᠡᠳᠡᠭᠡᠬᠦ ᠪᠠ ᠲᠤᠯᠭᠠᠨ ᠬᠠᠰᠤᠬᠤ ᠭᠠᠶᠢᠯᠢ ᠶᠢᠨ ᠲᠤᠭ᠎ᠠ ᠳᠤ ᠶᠡᠭᠡ ᠬᠡᠪᠴᠢᠶ᠎ᠡ ᠪᠠᠷ ᠭᠠᠶᠢᠯᠢ ᠶᠢ ᠪᠤᠴᠠᠭᠠᠬᠤ ᠶᠢ ᠤᠷᠢᠳᠴᠢᠯᠠᠨ ᠬᠡᠷᠡᠭᠵᠢᠭᠦᠯᠦᠨ᠎ᠡ᠃ ᠵᠢᠵᠢᠭ ᠪᠢᠴᠢᠯ ᠠᠵᠤ ᠠᠬᠤᠶᠢᠯᠠᠯ ᠢ ᠤᠷᠢᠳᠠᠪᠠᠷ ᠲᠣᠬᠢᠷᠠᠭᠤᠯᠵᠤ᠂ ᠵᠢᠵᠢᠭ ᠪᠢᠴᠢᠯ ᠠᠵᠤ ᠠᠬᠤᠶᠢᠯᠠᠯ ᠤᠨ ᠦᠯᠡᠳᠡᠭᠡᠯ ᠪᠠ ᠲᠤᠯᠭᠠᠨ ᠬᠠᠰᠤᠬᠤ ᠭᠠᠶᠢᠯᠢ ᠶᠢᠨ ᠲᠤᠭ᠎ᠠ ᠶᠢ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠨᠢᠭᠡ ᠤᠳᠠᠭ᠎ᠠ ᠶᠢᠨ ᠴᠢᠨᠠᠷᠲᠠᠢ ᠪᠠᠷ ᠪᠦᠬᠦᠨ ᠢ ᠪᠤᠴᠠᠭᠠᠨ ᠥᠭᠴᠦ᠂ ᠨᠡᠮᠡᠭᠳᠡᠯ ᠤᠨ ᠬᠡᠮᠵᠢᠶᠡᠨ ᠤ ᠦᠯᠡᠳᠡᠭᠡᠨ ᠲᠤᠯᠭᠠᠨ ᠬᠠᠰᠤᠬᠤ ᠭᠠᠶᠢᠯᠢ ᠶᠢᠨ ᠲᠤᠭ᠎ᠠ ᠶᠢ ᠭᠦᠢᠴᠡᠳ ᠲᠤᠭ᠎ᠠ ᠪᠠᠷ ᠪᠤᠴᠠᠭᠠᠨ ᠥᠭᠭᠦᠨ᠎ᠡ᠃ ᠦᠢᠯᠡᠳᠬᠦ ᠦᠢᠯᠡᠰ ᠢ ᠭᠤᠣᠯᠳᠠᠯᠭ᠎ᠠ ᠲᠠᠢ ᠳᠡᠮᠵᠢᠵᠦ᠂ ᠦᠢᠯᠡᠳᠬᠦ ᠦᠢᠯᠡᠰ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠴᠠᠬᠢᠯᠭᠠᠨ ᠬᠦᠴᠦᠨ ᠤ ᠰᠢᠲᠠᠮᠠᠬᠠᠢ ᠬᠡᠢ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠠᠵᠢᠯ ᠲᠥᠷᠥᠯ ᠤᠨ ᠦᠯᠡᠳᠡᠭᠡᠬᠦ ᠪᠠ ᠲᠤᠯᠭᠠᠨ ᠪᠤᠴᠠᠭᠠᠬᠤ ᠭᠠᠶᠢᠯᠢ ᠶᠢᠨ ᠪᠤᠴᠠᠭᠠᠯᠲᠠ ᠶᠢᠨ ᠠᠰᠠᠭᠤᠳᠠᠯ ᠢ ᠪᠥᠬᠦ ᠲᠠᠯ᠎ᠠ ᠪᠠᠷ ᠰᠢᠢᠳᠪᠦᠷᠢᠯᠡᠨ᠎ᠡ᠃                         ︵ᠭᠤᠷᠪᠠ︶ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠠᠶᠢᠯᠢ ᠲᠠᠲᠠᠪᠤᠷᠢ ᠶᠢᠨ ᠤᠷᠮᠠᠰᠢᠭᠤᠯᠤᠯ ᠢ ᠨᠡᠮᠡᠭᠳᠡᠭᠦᠯᠦᠨ᠎ᠡ᠃ ᠰᠤᠳᠤᠯᠤᠨ ᠨᠡᠭᠡᠭᠡᠬᠦ ᠵᠠᠷᠤᠳᠠᠯ ᠢ ᠨᠡᠮᠡᠨ ᠪᠤᠳᠤᠵᠤ ᠰᠠᠭᠤᠯᠭᠠᠨ ᠠᠪᠬᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠨᠡᠮᠡᠨ ᠪᠤᠳᠤᠵᠤ ᠰᠠᠭᠤᠯᠭᠠᠨ ᠠᠪᠬᠤ ᠬᠠᠷᠢᠴᠠᠯ ᠢ 75% ᠪᠠᠶᠢᠭᠰᠠᠨ ᠠᠴᠠ 100% ᠪᠣᠯᠲᠠᠯ᠎ᠠ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠣᠷᠣᠭᠤᠯᠤᠯᠲᠠ ᠶᠢᠨ ᠰᠠᠭᠤᠷᠢ ᠰᠤᠳᠤᠯᠭᠠᠨ ᠳᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠦᠵᠡᠭᠦᠯᠬᠦ᠂ ᠲᠥᠬᠦᠭᠡᠷᠦᠮᠵᠢ ᠪᠠᠭᠠᠵᠢ ᠬᠡᠷᠡᠭᠰᠡᠯ ᠤᠨ ᠡᠯᠡᠭᠳᠡᠯ ᠢ ᠲᠦᠷᠭᠡᠪᠴᠢᠯᠡᠨ ᠪᠤᠳᠤᠬᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢᠨ ᠬᠠᠷᠠᠭᠠᠯᠵᠠᠯ ᠦᠵᠡᠭᠦᠯᠬᠦ ᠵᠡᠷᠭᠡ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃                         ︵ᠳᠥᠷᠪᠡ︶ ᠠᠵᠤ ᠠᠬᠤᠶᠢᠯᠠᠯ ᠳᠤ ᠬᠤᠯᠪᠣᠭᠳᠠᠬᠤ ᠰᠦᠢᠳᠬᠡᠯ ᠬᠤᠷᠢᠶᠠᠯᠲᠠ ᠶᠢ ᠤᠯᠠᠮ ᠢᠯᠭᠠᠷᠠᠭᠤᠯᠤᠨ ᠵᠢᠷᠤᠮᠵᠢᠭᠤᠯᠤᠨ᠎ᠠ᠃ ᠴᠠᠬᠢᠯᠭᠠᠨ ᠰᠢᠯᠵᠢᠭᠦᠯᠦᠨ ᠬᠠᠩᠭᠠᠬᠤ ᠵᠠᠩᠭᠢᠯᠠᠭ᠎ᠠ ᠶᠢᠨ ᠵᠦᠢ ᠵᠣᠬᠢᠰ ᠦᠭᠡᠢ ᠪᠠᠷ ᠦᠨ᠎ᠡ ᠨᠡᠮᠡᠬᠦ ᠶᠢ ᠴᠡᠪᠡᠷᠯᠡᠵᠦ᠂ ᠣᠷᠣᠨ ᠨᠤᠲᠤᠭ ᠤᠨ ᠬᠢᠨ ᠤ ᠣᠨᠴᠠᠭᠠᠶ ᠬᠦᠴᠢᠷᠳᠡᠯ ᠲᠠᠢ ᠠᠵᠢᠯ ᠲᠦᠷᠦᠯ ᠤᠨ ᠴᠠᠬᠢᠯᠭᠠᠨ ᠬᠡᠷᠡᠭᠯᠡᠬᠦ ᠳᠤ ᠱᠠᠲᠤ ᠦᠶ᠎ᠡ ᠶᠢᠨ ᠴᠢᠨᠠᠷᠲᠠᠢ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠬᠡᠷᠡᠭᠵᠢᠭᠦᠯᠬᠦ ᠶᠢ ᠲᠡᠮᠵᠢᠪᠡ᠃ ᠠᠵᠢᠯ ᠲᠦᠷᠦᠯ ᠤᠨ ᠨᠡᠶᠢᠭᠡᠮᠯᠢᠭ ᠬᠤᠳᠠᠯᠳᠤᠭᠠᠨ ᠤ ᠡᠪᠯᠡᠯ᠂ ᠵᠠᠭᠤᠴᠢᠯᠠᠭᠤᠷ ᠪᠠᠶᠢᠭᠤᠯᠤᠮᠵᠢ ᠵᠡᠷᠭᠡ ᠶᠢᠨ ᠰᠦᠢᠳᠬᠡᠯ ᠬᠤᠷᠢᠶᠠᠯᠲᠠ ᠶᠢ ᠤᠯᠠᠮ ᠢᠯᠭᠠᠷᠠᠭᠤᠯᠤᠨ ᠵᠢᠷᠤᠮᠵᠢᠭᠤᠯᠤᠨ᠎ᠠ᠃ ᠠᠵᠤ ᠠᠬᠤᠶᠢᠯᠠᠯ ᠳᠤ ᠬᠤᠯᠪᠣᠭᠳᠠᠭᠰᠠᠨ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠬᠤ ᠶᠢ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠬᠠᠮᠵᠢᠯᠴᠠᠨ ᠵᠠᠰᠠᠬᠤ ᠪᠠ ᠬᠠᠮᠲᠤᠷᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠠᠶᠢᠭᠤᠯᠵᠤ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ ᠳᠤᠷ᠎ᠠ ᠪᠠᠷ ᠢᠶᠠᠨ ᠲᠣᠷᠭᠠᠭᠤᠯᠢ ᠣᠨᠣᠭᠳᠠᠭᠤᠯᠬᠤ᠂ ᠳᠤᠷ᠎ᠠ ᠪᠠᠷ ᠢᠶᠠᠨ ᠲᠡᠰᠬᠡᠨ ᠲᠠᠲᠠᠪᠤᠷᠢᠯᠠᠬᠤ ᠶᠢ ᠡᠷᠡᠰ ᠪᠠᠶᠢᠴᠠᠭᠠᠨ ᠰᠢᠢᠳᠪᠦᠷᠢᠯᠡᠨ᠎ᠡ᠃                        ᠭᠤᠷᠪᠠ᠂ ᠪᠣᠳᠠᠲᠤ ᠴᠣᠭᠴᠠ ᠶᠢᠨ ᠠᠵᠤ ᠠᠬᠤᠢ ᠳᠤ ᠦᠵᠡᠭᠦᠯᠬᠦ ᠮᠥᠩᠭᠦᠨ ᠭᠦᠢᠯᠭᠡᠭᠡᠨ ᠤ ᠪᠦᠲᠦᠮᠵᠢᠲᠡᠶ ᠳᠡᠮᠵᠢᠯᠭᠡ ᠶᠢ ᠴᠢᠩᠭᠠᠳᠬᠠᠨ᠎ᠠ                         ︵ᠲᠠᠪᠤ︶ ᠵᠣᠭᠤᠰ ᠮᠥᠩᠭᠦᠨ ᠭᠦᠢᠯᠭᠡᠭᠡᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠨ᠎ᠠ᠃ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠬᠡᠪᠴᠢᠶ᠎ᠡ ᠶᠢ ᠥᠷᠭᠡᠳᠬᠡᠵᠦ᠂ ᠵᠣᠭᠤᠰᠤᠨ ᠤ ᠬᠠᠩᠭᠠᠯᠭ᠎ᠠ ᠶᠢᠨ ᠬᠡᠮᠵᠢᠶ᠎ᠡ ᠪᠠ ᠨᠡᠶᠢᠭᠡᠮ ᠤᠨ ᠪᠡᠯᠡ ᠲᠣᠬᠢᠷᠠᠭᠤᠯᠬᠤ ᠬᠡᠪᠴᠢᠶ᠎ᠡ ᠶᠢᠨ ᠨᠡᠮᠡᠭᠳᠡᠯ ᠤᠨ ᠬᠤᠷᠳᠤᠴᠠ ᠶᠢ ᠨᠡᠷᠡᠯᠡᠭᠰᠡᠨ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠲᠠᠢ ᠦᠨᠳᠦᠰᠦᠨ ᠳᠡᠭᠡᠨ ᠵᠣᠬᠢᠴᠠᠭᠤᠯᠬᠤ ᠶᠢ ᠪᠠᠲᠤᠯᠠᠵᠤ᠂ ᠬᠤᠷᠸ᠎ᠠ ᠬᠥᠰᠢᠭᠦᠷᠭᠡ ᠶᠢᠨ ᠨᠤᠷᠮ᠎ᠠ ᠵᠢ‌ᠠᠷᠠᠳ ᠤᠨ ᠵᠣᠭᠤᠰᠤᠨ ᠤ ᠭᠤᠪᠢᠭᠤᠯᠭ᠎ᠠ ᠶᠢᠨ ᠨᠤᠷᠮ᠎ᠠ ᠶᠢ ᠵᠦᠢ ᠵᠣᠬᠢᠰᠲᠠᠢ ᠪᠥᠭᠡᠳ ᠲᠡᠩᠴᠡᠭᠦᠷᠢᠲᠡᠢ ᠬᠡᠮᠵᠢᠶᠡᠨ ᠳᠤ ᠦᠨᠳᠦᠰᠦᠨ ᠳᠡᠭᠡᠨ ᠲᠣᠭᠲᠠᠭᠤᠨ ᠪᠠᠶᠢᠯᠭᠠᠨ᠎ᠠ᠃ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠦᠨ᠎ᠡ ᠮᠡᠳᠡᠭᠦᠯᠬᠦ ᠬᠦᠦ ᠶᠢᠨ ᠨᠤᠷᠮ᠎ᠠ ︵LPR︶ ᠶᠢᠨ ᠥᠭᠡᠷᠡᠴᠢᠯᠡᠯᠲᠡ ᠶᠢᠨ ᠲᠠᠯᠳᠠ ᠬᠦᠴᠦᠨ ᠢ ᠦᠷᠭᠦᠯᠵᠢᠯᠡᠨ ᠪᠠᠳᠠᠷᠠᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ LPR ᠪᠠᠭᠤᠷᠠᠬᠤ ᠦᠷ᠎ᠡ ᠪᠦᠲᠦᠮᠵᠢ ᠶᠢ ᠵᠢᠭᠡᠯᠡᠯᠭᠡ ᠶᠢᠨ ᠬᠦᠦ ᠶᠢᠨ ᠨᠤᠷᠮ᠎ᠠ ᠳᠤ ᠭᠦᠢᠴᠡᠳ ᠳᠠᠮᠵᠢᠭᠤᠯᠬᠤ ᠶᠢ ᠲᠦᠯᠬᠢᠨ ᠠᠬᠢᠭᠤᠯᠵᠤ᠂ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠪᠡᠯᠡ ᠲᠣᠬᠢᠷᠠᠭᠤᠯᠭ᠎ᠠ ᠶᠢᠨ ᠥᠪᠡᠷ ᠤᠨ ᠦᠷᠳᠡᠭ ᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠪᠠᠭᠤᠷᠠᠭᠤᠯᠬᠤ ᠶᠢ ᠠᠬᠢᠭᠤᠯᠤᠨ᠎ᠠ᠃                         ︵ᠵᠢᠷᠭᠤᠭ᠎ᠠ︶ ᠪᠡᠯᠡ ᠮᠥᠩᠭᠦ ᠶᠢ ᠬᠥᠲᠥᠯᠥᠨ ᠵᠢᠯᠤᠭᠤᠳᠴᠤ ᠪᠠᠶᠢᠭᠠᠳ ᠭᠤᠣᠯᠳᠠᠯᠭ᠎ᠠ ᠲᠠᠢ ᠬᠦᠷᠢᠶ᠎ᠡ ᠪᠠ ᠪᠠᠭᠤᠷᠠᠢ ᠭᠤᠭᠴᠤᠭ᠎ᠠ ᠳᠤ ᠨᠡᠩ ᠢᠯᠡᠭᠦᠦ ᠣᠷᠣᠭᠤᠯᠤᠨ᠎ᠠ᠃ ᠲᠦᠭᠡᠮᠡᠯ ᠬᠠᠷᠠᠭᠠᠯᠵᠠᠯ ᠤᠨ ᠴᠢᠨᠠᠷᠲᠠᠢ ᠲᠠᠬᠢᠨ ᠵᠢᠭᠡᠯᠡᠯᠭᠡ᠂ ᠲᠠᠬᠢᠨ ᠰᠠᠭᠤᠳᠬᠠᠯᠲᠠᠶ ᠪᠠᠷ ᠪᠡᠯᠡᠨ ᠵᠣᠭᠤᠰ ᠰᠣᠯᠢᠬᠤ ᠲᠦᠷᠦ ᠶᠢᠨ ᠪᠣᠳᠣᠯᠭ᠎ᠠ ᠶᠢᠨ ᠲᠣᠭᠲᠠᠪᠤᠷᠢᠲᠤ ᠴᠢᠨᠠᠷ ᠢ ᠪᠠᠲᠤᠯᠠᠵᠤ᠂ ᠲᠠᠷᠢᠶᠠᠯᠠᠩ ᠳᠤ ᠬᠤᠯᠪᠣᠭᠳᠠᠭᠰᠠᠨ᠂ ᠵᠢᠵᠢᠭ ᠪᠢᠴᠢᠯ ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠦᠷᠭᠦᠯᠵᠢᠯᠡᠨ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠦᠷᠭᠦᠯᠵᠢᠯᠡᠭᠰᠡᠨ ᠴᠢᠨᠠᠷᠲᠠᠢ ᠪᠡᠯᠡ ᠮᠥᠩᠭᠦ ᠶᠢᠨ ᠳᠡᠮᠵᠢᠯᠭᠡ ᠬᠠᠩᠭᠠᠨ᠎ᠠ᠃ ᠨᠡᠶᠢᠳᠡᠮ ᠬᠠᠷᠠᠭᠠᠯᠵᠠᠬᠤ ᠵᠢᠵᠢᠭ ᠪᠢᠴᠢᠯ ᠵᠢᠭᠡᠯᠡᠯᠭᠡ ᠶᠢᠨ ᠳᠡᠮᠵᠢᠬᠦ ᠪᠠᠭᠠᠵᠢ ᠶᠢ ᠰᠠᠶᠢᠲᠤᠷ ᠬᠡᠷᠡᠭᠯᠡᠨ᠂ ᠲᠠᠷᠢᠶᠠᠯᠠᠩ ᠢ ᠳᠡᠮᠵᠢᠬᠦ ᠵᠢᠵᠢᠭ ᠬᠡᠯᠪᠡᠷᠢ ᠶᠢ ᠳᠡᠮᠵᠢᠬᠦ ᠲᠠᠬᠢᠨ ᠵᠢᠭᠡᠯᠡᠯᠭᠡ ᠶᠢ ᠨᠡᠮᠡᠭᠳᠡᠭᠦᠯᠵᠦ᠂ ᠬᠢᠨᠠᠨ ᠬᠠᠮᠢᠶᠠᠷᠴᠤ ᠬᠢᠨᠠᠨ ᠰᠢᠯᠭᠠᠬᠤ ᠶᠢ ᠰᠢᠯᠢᠳᠡᠭᠵᠢᠭᠦᠯᠵᠦ᠂ ᠨᠡᠶᠢᠳᠡᠮ ᠬᠠᠷᠠᠭᠠᠯᠵᠠᠬᠤ ᠵᠢᠵᠢᠭ ᠪᠢᠴᠢᠯ ᠵᠢᠭᠡᠯᠡᠯᠭᠡ ᠶᠢᠨ ᠢᠯᠡᠳᠲᠡ ᠨᠡᠮᠡᠭᠳᠡᠯ ᠢ ᠲᠦᠯᠬᠢᠨ ᠠᠬᠢᠭᠤᠯᠵᠤ᠂ ᠢᠲᠡᠭᠡᠮᠵᠢᠲᠦ ᠵᠢᠭᠡᠯᠡᠯᠭᠡ ᠪᠠ ᠠᠩᠬ᠎ᠠ ᠵᠢᠭᠡᠯᠡᠯᠭᠡ ᠲᠠᠯᠪᠢᠭᠰᠠᠨ ᠡᠷᠦᠭᠡ ᠶᠢᠨ ᠬᠤᠪᠢ ᠶᠢᠨ ᠵᠢᠩ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠣᠨᠣᠪᠴᠢᠲᠠᠶ ᠡᠵᠡᠮᠰᠢᠭᠦᠯᠵᠦ᠂ ᠬᠢᠵᠢᠭ ᠲᠠᠬᠤᠯ ᠤᠨ ᠬᠠᠯᠳᠠᠪᠤᠷᠢ ᠶᠢᠨ ᠨᠥᠯᠥᠭᠡ ᠪᠠᠷ ᠬᠦᠨᠳᠦ ᠨᠣᠴᠢᠲᠠᠢ ᠠᠵᠢᠯ ᠲᠥᠷᠥᠯ ᠤᠨ ᠠᠵᠤ ᠠᠬᠤᠶᠢᠯᠠᠯ ᠳᠤ ᠦᠷᠭᠦᠯᠵᠢᠯᠡᠨ ᠪᠡᠯᠡ ᠲᠣᠬᠢᠷᠠᠭᠤᠯᠭ᠎ᠠ ᠶᠢᠨ ᠳᠡᠮᠵᠢᠯᠭᠡ ᠦᠵᠡᠭᠦᠯᠵᠦ᠂ ᠠᠵᠢᠯ ᠲᠥᠷᠥᠯ ᠤᠨ ᠴᠢᠨᠠᠷᠲᠠᠢ ᠵᠢᠭᠡᠯᠡᠯᠭᠡ ᠶᠢ ᠬᠢᠵᠠᠭᠠᠷᠯᠠᠬᠤ᠂ ᠵᠢᠭᠡᠯᠡᠯᠭᠡ ᠰᠤᠭᠤᠯᠬᠤ᠂ ᠵᠢᠭᠡᠯᠡᠯᠭᠡ ᠶᠢ ᠲᠠᠰᠤᠯᠬᠤ ᠠᠴᠠ ᠵᠠᠶᠢᠯᠠᠰᠬᠢᠨ᠎ᠡ᠃ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠳᠡᠮᠵᠢᠬᠦ ᠪᠠᠭᠠᠵᠢ ᠪᠠ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠳᠡᠮᠵᠢᠬᠦ ᠲᠤᠰᠬᠠᠢ ᠵᠦᠢᠯ ᠤᠨ ᠲᠠᠬᠢᠨ ᠵᠢᠭᠡᠯᠡᠯᠭᠡ ᠶᠢ ᠪᠣᠳᠠᠲᠠᠢ ᠪᠠᠷ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠢᠳᠡᠪᠬᠢᠲᠡᠢ ᠪᠠᠷ ᠲᠦᠯᠬᠢᠨ ᠠᠬᠢᠭᠤᠯᠤᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠦᠢᠯᠡᠳᠬᠦ ᠦᠢᠯᠡᠰ ᠤᠨ ᠤᠷᠲᠤᠪᠲᠤᠷ ᠪᠠ ᠤᠷᠳᠤ                         ︵ᠳᠣᠯᠤᠭ᠎ᠠ︶ ᠣᠯᠠᠨ ᠲᠠᠰ ᠳᠠᠪᠬᠤᠷᠭ᠎ᠠ ᠶᠢᠨ ᠬᠥᠷᠥᠩᠭᠡ ᠶᠢᠨ ᠵᠠᠬ᠎ᠠ ᠳᠡᠯᠭᠡᠭᠦᠷ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠲᠣᠬᠢᠷᠠᠭᠤᠯᠭ᠎ᠠ ᠶᠢ ᠳᠡᠮᠵᠢᠬᠦ ᠲᠣᠭᠲᠠᠴᠠ ᠶᠢ ᠲᠡᠭᠦᠯᠳᠡᠷᠵᠢᠭᠦᠯᠵᠦ᠂ ᠰᠲ᠋ᠣᠺ ᠲᠠᠷᠬᠠᠭᠠᠵᠤ ᠳᠠᠩᠰᠠᠯᠠᠬᠤ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠵᠶ᠋ᠡᠷ‌‍ᠰᠢᠨ᠎ᠡ ᠭᠤᠷᠪᠠᠳᠤᠭᠠᠷ ᠰᠠᠮᠪᠠᠷ᠎ᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠢᠭᠤᠳ ᠪᠡᠯᠡ ᠲᠣᠬᠢᠷᠠᠭᠤᠯᠭ᠎ᠠ ᠶᠢᠨ ᠦᠢᠯᠡᠴᠢᠯᠡᠭᠡᠨ ᠤ ᠴᠢᠳᠠᠪᠤᠷᠢ ᠶᠢ ᠤᠯᠠᠮ ᠳᠡᠭᠡᠭᠰᠢᠯᠡᠭᠦᠯᠦᠨ᠎ᠡ᠃                         ︵ᠨᠠᠢᠮᠠ︶ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠳᠤ ᠬᠤᠯᠪᠣᠭᠳᠠᠬᠤ ᠢᠲᠡᠭᠡᠮᠵᠢ ᠶᠢᠨ ᠮᠡᠳᠡᠭᠡ ᠵᠠᠩᠭᠢ ᠶᠢ ᠡᠮᠬᠢᠯᠡᠨ ᠨᠡᠶᠢᠯᠡᠭᠦᠯᠵᠦ ᠬᠠᠮᠲᠤᠪᠠᠷ ᠡᠳ᠋ᠯᠡᠬᠦ ᠶᠢ ᠠᠬᠢᠭᠤᠯᠵᠤ᠂ ᠭᠠᠶᠢᠯᠢ ᠶᠢᠨ ᠶᠠᠪᠤᠳᠠᠯ᠂ ᠪᠣᠭᠤᠮᠲᠠ᠂ ᠴᠠᠬᠢᠯᠭᠠᠨ ᠬᠦᠴᠦᠨ ᠵᠡᠷᠭᠡ ᠨᠢᠭᠡᠴᠢ ᠬᠢᠭᠡᠳ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠮᠡᠳᠡᠭᠡ ᠵᠠᠩᠭᠢ ᠶᠢᠨ ᠬᠤᠯᠪᠣᠯᠳᠤᠨ ᠨᠡᠪᠲᠡᠷᠡᠯᠴᠡᠬᠦ ᠶᠢ ᠲᠦᠷᠭᠡᠳᠬᠡᠨ᠂ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠵᠢᠵᠢᠭ ᠪᠢᠴᠢᠯ ᠠᠵᠤ ᠠᠬᠤᠶᠢᠯᠠᠯ ᠳᠠᠬᠢ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠬᠤᠷᠢᠶᠠᠬᠤ ᠶᠣᠰᠣᠲᠠᠢ ᠲᠠᠩᠰᠠᠨ ᠤ ᠵᠣᠭᠤᠰ ᠤᠨ ᠪᠡᠯᠡ ᠲᠣᠬᠢᠷᠠᠭᠤᠯᠭ᠎ᠠ ᠶᠢᠨ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠬᠠᠩᠭᠠᠯᠭ᠎ᠠ ᠶᠢᠨ ᠬᠡᠯᠬᠢᠶᠡᠰᠦ ᠶᠢᠨ ᠪᠡᠯᠡ ᠲᠣᠬᠢᠷᠠᠭᠤᠯᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠠᠵᠤ ᠠᠬᠤᠶᠢᠯᠠᠯ ᠤᠨ ᠬᠥᠳᠡᠯᠬᠦ ᠬᠥᠷᠥᠩᠭᠡ ᠪᠠ ᠡᠷᠬᠡ ᠶᠢᠨ ᠪᠡᠯᠡ ᠲᠣᠬᠢᠷᠠᠭᠤᠯᠭ᠎ᠠ ᠶᠢᠨ ᠲᠥᠬᠦᠮ ᠦᠵᠡᠭᠦᠯᠬᠦ‌‍ᠪᠠᠩᠬᠢ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠲᠣᠬᠢᠷᠠᠭᠤᠯᠬᠤ ᠦᠨ᠎ᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠳᠤ ᠵᠦᠷᠢᠶᠡᠴᠢᠯᠡᠭᠰᠡᠨ ᠦᠨ᠎ᠡ ᠲᠣᠭᠲᠠᠭᠠᠬᠤ ᠪᠠ ᠦᠢᠯᠡᠴᠢᠯᠡᠭᠡᠨ ᠤ ᠬᠠᠷᠠᠭᠠᠯᠵᠠᠯ ᠦᠵᠡᠭᠦᠯᠬᠦ ᠶᠢ ᠬᠡᠷᠡᠭᠵᠢᠭᠦᠯᠬᠦ ᠶᠢ ᠵᠣᠷᠢᠭᠵᠢᠭᠤᠯᠤᠨ᠎ᠠ᠃                         ︵ᠶᠢᠰᠦ︶ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠭᠤᠪᠢᠭᠤᠯᠭ᠎ᠠ ᠶᠢᠨ ᠨᠣᠷᠮ᠎ᠠ ᠶᠢᠨ ᠲᠦᠭᠰᠢᠭᠦᠷᠢ ᠶᠢᠨ ᠬᠠᠮᠢᠶᠠᠷᠤᠯᠲᠠ ᠪᠠᠨ‌ᠠᠵᠤ ᠠᠬᠤᠶᠢᠯᠠᠯ ᠤᠨ ᠣᠯᠠᠨ ᠡᠰᠢᠵᠢᠭᠰᠡᠨ ᠭᠠᠳᠠᠭᠠᠳᠤ ᠭᠤᠪᠢᠭᠤᠯᠭ᠎ᠠ ᠶᠢᠨ ᠠᠶᠤᠯ ᠠᠴᠠ ᠵᠠᠶᠢᠯᠠᠬᠤ ᠦᠢᠯᠡᠳᠬᠦᠨ ᠢ ᠬᠡᠷᠡᠭᠯᠡᠬᠦ ᠶᠢ ᠵᠣᠷᠢᠭᠵᠢᠭᠤᠯᠵᠤ᠂ ᠵᠠᠰᠠᠭ ᠪᠠᠩᠬᠢ ᠠᠵᠤ ᠠᠬᠤᠶᠢᠯᠠᠯ ᠤᠨ ︽ᠬᠡᠳᠦᠨ ᠡᠷᠦᠬᠡ ᠶᠢ ᠥᠰᠬᠡᠬᠦ︾  ᠪᠠᠷ ᠳᠠᠮᠵᠢᠭᠤᠯᠤᠨ ᠭᠤᠪᠢᠭᠤᠯᠭ᠎ᠠ ᠶᠢᠨ ᠨᠣᠷᠮ᠎ᠠ ᠶᠢᠨ ᠠᠶᠤᠯ ᠠᠴᠠ ᠵᠠᠶᠢᠯᠠᠬᠤ ᠥᠪᠡᠷ ᠤᠨ ᠥᠷᠲᠡᠭ ᠢ ᠬᠦᠴᠦ ᠪᠠᠨ ᠬᠠᠮᠲᠤᠳᠬᠠᠨ ᠪᠠᠭᠤᠷᠠᠭᠤᠯᠵᠤ᠂ ᠪᠠᠩᠬᠢ ᠶᠢᠨ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠨᠠᠷᠢᠯᠢᠭ ᠣᠨᠣᠴᠠᠲᠠᠢ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ᠂ ᠪᠠᠩᠬᠢ ᠶᠢᠨ ᠴᠠᠬᠢᠮ ᠢᠶᠠᠷ ᠠᠷᠠᠯᠵᠢᠶᠠᠨ ᠤ ᠦᠢᠯᠡᠴᠢᠯᠡᠭᠡᠨ ᠤ ᠲᠠᠪᠴᠠᠩ ᠢ ᠬᠥᠭᠵᠢᠭᠦᠯᠬᠦ ᠶᠢ ᠳᠡᠮᠵᠢᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠭᠠᠳᠠᠭᠠᠳᠤ ᠭᠤᠪᠢᠭᠤᠯᠭ᠎ᠠ ᠶᠢᠨ ᠢᠵᠢ ᠳᠠᠭᠠᠳᠬᠠᠯ ᠤᠨ ᠦᠨ᠎ᠡ ᠯᠠᠪᠯᠠᠬᠤ ᠪᠠ ᠠᠷᠠᠯᠵᠢᠶᠠᠯᠠᠬᠤ ᠳᠤ ᠲᠥᠬᠦᠮ ᠦᠵᠡᠭᠦᠯᠦᠨ᠎ᠡ᠃                        ᠳᠥᠷᠪᠡ᠂ ᠳᠦᠷᠢᠮ ᠤᠨ ᠴᠢᠨᠠᠷᠲᠠᠢ ᠠᠷᠠᠯᠵᠢᠶᠠᠨ ᠤ ᠥᠪᠡᠷ ᠤᠨ ᠥᠷᠲᠡᠭ ᠢ ᠦᠷᠭᠦᠯᠵᠢᠯᠡᠨ ᠪᠠᠭᠤᠷᠠᠭᠤᠯᠤᠨ᠎ᠠ                         ︵ᠠᠷᠪᠠ︶ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠵᠠᠬ᠎ᠠ ᠳᠡᠯᠭᠡᠭᠦᠷᠴᠢᠯᠡᠭᠰᠡᠨ ᠬᠠᠤᠯᠢ ᠪᠠᠷ ᠵᠠᠰᠠᠭᠰᠠᠨ ᠳᠡᠯᠡᠬᠡᠶᠢᠴᠢᠯᠡᠭᠰᠡᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠬᠤ ᠶᠢᠨ ᠲᠣᠭᠤᠷᠢᠨ ᠳᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠬᠢᠨᠠᠨ ᠵᠥᠪᠰᠢᠶᠡᠷᠡᠬᠦ ᠵᠦᠢᠯᠡᠰ ᠢ ᠬᠦᠴᠦᠨ ᠦᠭᠡᠢ ᠪᠣᠯᠭᠠᠬᠤ ᠪᠠ ᠳᠣᠷᠣᠭᠰᠢ ᠪᠠᠭᠤᠯᠭᠠᠬᠤ ᠳᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠠᠷᠭ᠎ᠠ ᠬᠡᠮᠵᠢᠶ᠎ᠡ ᠶᠢ ᠵᠡᠷᠭᠡ ᠳᠤᠨᠢ ᠨᠠᠶᠢᠳᠠᠪᠤᠷᠢᠵᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠬᠤᠬᠢᠷᠠᠭᠤᠯᠤᠭᠰᠠᠨ ᠬᠡᠷᠡᠭ ᠤᠨ ᠵᠢᠱᠢᠶ᠎ᠡ ᠶᠢ ᠴᠤᠭᠯᠠᠭᠤᠯᠬᠤ ᠪᠠ ᠵᠠᠷᠯᠠᠨ ᠮᠡᠳᠡᠭᠳᠡᠬᠦ ᠳᠦᠷᠢᠮ ᠢ ᠪᠠᠶᠢᠭᠤᠯᠬᠤ ᠬᠡᠷᠡᠭᠲᠡᠢ᠃ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠲᠣᠳᠣᠷᠬᠠᠢ ᠬᠠᠭᠤᠳᠠᠰᠤ ᠵᠢᠨ‌ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠦᠷᠭᠦᠯᠵᠢᠯᠡᠨ ᠥᠷᠭᠡᠳᠬᠡᠵᠦ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠦᠢᠯᠡᠳᠦᠯ ᠴᠢᠳᠠᠪᠤᠷᠢ ᠶᠢ ᠦᠨᠡᠯᠡᠨ ᠵᠢᠱᠢᠬᠦ ᠲᠤᠷᠰᠢᠯᠲᠠ ᠶᠢ ᠥᠷᠨᠢᠭᠦᠯᠵᠦ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠠᠴᠠ ᠵᠥᠷᠢᠴᠡᠭᠰᠡᠨ ᠬᠡᠷᠡᠭ ᠤᠨ ᠵᠢᠱᠢᠶ᠎ᠡ ᠶᠢ ᠴᠤᠭᠯᠠᠭᠤᠯᠬᠤ ᠪᠠ ᠵᠠᠷᠯᠠᠨ ᠮᠡᠳᠡᠭᠳᠡᠬᠦ ᠳᠦᠷᠢᠮ ᠢ ᠪᠦᠬᠦ ᠲᠠᠯ᠎ᠠ ᠪᠠᠷ ᠪᠠᠶᠢᠭᠤᠯᠤᠨ᠎ᠠ᠃                         ︵ᠠᠷᠪᠠᠨ ᠨᠢᠭᠡ︶ ᠭᠤᠥᠯᠴᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠨ᠎ᠠ᠃ ᠡᠷᠬᠡ ᠲᠡᠭᠰᠢ ᠪᠠᠷ ᠥᠷᠢᠰᠦᠯᠳᠦᠬᠦ ᠲᠦᠷᠦ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠭᠦᠨᠵᠡᠭᠡᠢ ᠲᠦᠯᠬᠢᠨ ᠠᠬᠢᠭᠤᠯᠵᠤ᠂ ᠡᠷᠬᠡ ᠲᠡᠭᠰᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠬᠠᠮᠠᠭᠠᠯᠠᠯᠲᠠ᠂ ᠵᠠᠬ᠎ᠠ ᠳᠡᠯᠭᠡᠭᠦᠷ ᠤᠨ ᠰᠠᠯᠭᠠᠯᠲᠠ᠂ ᠵᠢᠭᠠᠨ ᠲᠣᠭᠲᠠᠭᠠᠵᠤ ᠠᠷᠠᠯᠵᠢᠶᠠᠯᠠᠬᠤ ᠵᠡᠷᠭᠡ ᠠᠭᠤᠯᠭ᠎ᠠ ᠲᠠᠢ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠬᠦ ᠶᠢ ᠰᠡᠷᠭᠡᠶᠢᠯᠡᠨ᠎ᠡ᠃ ᠮᠣᠨᠣᠫᠣᠯᠢᠴᠢᠯᠠᠯ ᠢ ᠡᠰᠡᠷᠭᠦᠴᠡᠬᠦ ᠪᠠ ᠵᠦᠢ ᠪᠤᠰᠤ ᠥᠷᠢᠰᠦᠯᠳᠦᠭᠡᠨ ᠢ ᠡᠰᠡᠷᠭᠦᠴᠡᠬᠦ ᠠᠵᠢᠯ ᠢ ᠴᠢᠩᠭᠠᠳᠬᠠᠵᠤ᠂ ᠮᠣᠨᠣᠫᠣᠯᠢᠴᠢᠯᠠᠯ ᠤᠨ ᠬᠡᠯᠡᠯᠴᠡᠭᠡᠷ᠂ ᠵᠠᠬ᠎ᠠ ᠳᠡᠯᠭᠡᠭᠦᠷ ᠢ ᠵᠠᠬᠢᠷᠬᠤ ᠪᠠᠶᠢᠷᠢ ᠰᠠᠭᠤᠷᠢ ᠶᠢ ᠳᠤᠷ᠎ᠠ ᠪᠠᠷ ᠢᠶᠠᠨ ᠬᠡᠷᠡᠭᠯᠡᠬᠦ ᠠᠵᠢᠯᠯᠠᠭ᠎ᠠ ᠪᠠ ᠵᠦᠢ ᠪᠤᠰᠤ ᠥᠷᠢᠰᠦᠯᠳᠦᠭᠡᠨ ᠤ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠲᠥᠪ ᠭᠤᠣᠯᠴᠢ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠬᠠᠮᠠᠭᠠᠯᠠᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠪᠠ ᠬᠡᠷᠡᠭᠯᠡᠯᠲᠡ ᠶᠢ ᠳᠡᠭᠡᠭᠰᠢᠯᠡᠭᠦᠯᠦᠨ᠎ᠡ᠃                         ︵ᠠᠷᠪᠠᠨ ᠬᠤᠶᠠᠷ︶ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠦᠨ᠎ᠡ᠃ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠡᠷᠴᠢᠮ ᠢ ᠴᠢᠩᠭᠠᠷᠠᠭᠤᠯᠵᠤ᠂ ᠪᠦᠬᠦ ᠤᠯᠤᠰ ᠤᠨ ᠪᠦᠷᠢᠳᠬᠡᠭᠦᠯᠦᠨ ᠪᠦᠷᠢᠳᠬᠡᠭᠦᠯᠬᠦ ᠲᠤᠬᠠᠶᠢᠯᠠᠭᠰᠠᠨ ᠠᠵᠢᠯ ᠤᠨ ᠵᠢᠷᠤᠮᠵᠢᠭᠤᠯᠤᠯᠲᠠ ᠪᠠ ᠪᠠᠷᠢᠮᠵᠢᠶᠠᠵᠢᠭᠤᠯᠤᠯᠲᠠ ᠶᠢ ᠪᠡᠶᠡᠯᠡᠭᠦᠯᠬᠦ ᠶᠢ ᠲᠦᠷᠭᠡᠪᠴᠢᠯᠡᠨ ᠲᠦᠯᠬᠢᠨ ᠠᠬᠢᠭᠤᠯᠤᠨ᠎ᠠ᠃ ᠡᠯ᠎ᠡ ᠲᠥᠷᠥᠯ ᠤᠨ ᠭᠡᠷᠡᠴᠢᠯᠡᠬᠦ ᠵᠦᠢᠯᠡᠰ ᠢ ᠤᠯᠠᠮ ᠪᠠᠭᠠᠰᠬᠠᠨ᠎ᠠ᠃ ︽ᠮᠤᠵᠢ ᠠᠯᠤᠰᠯᠠᠨ ᠨᠡᠶᠢᠳᠡᠮ ᠰᠢᠢᠳᠪᠦᠷᠢᠯᠡᠬᠦ︾ ᠬᠡᠪᠴᠢᠶ᠎ᠡ ᠶᠢ ᠥᠷᠭᠡᠳᠬᠡᠵᠦ᠂ ᠴᠠᠬᠢᠮ ᠦᠨᠡᠮᠯᠡᠯ ᠤᠨ ᠬᠠᠷᠢᠯᠴᠠᠨ ᠨᠡᠪᠲᠡᠷᠡᠯᠴᠡᠵᠦ ᠬᠠᠷᠢᠯᠴᠠᠨ ᠮᠡᠳᠡᠷᠡᠬᠦ ᠶᠢ ᠦᠨᠳᠦᠰᠦᠨ ᠳᠡᠭᠡᠨ ᠪᠡᠶᠡᠯᠡᠭᠦᠯᠵᠦ᠂ ᠠᠵᠤ ᠠᠬᠤᠶᠢᠯᠠᠯ ᠤᠨ ᠣᠷᠣᠨ ᠪᠦᠰᠡ ᠠᠯᠤᠰᠯᠠᠨ ᠡᠵᠡᠩᠨᠡᠬᠦ ᠳᠤ ᠲᠦᠬᠦᠮ ᠦᠵᠡᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠲᠥᠪᠯᠡᠷᠡᠭᠦᠯᠦᠨ ᠭᠦᠢᠴᠡᠳᠬᠡᠬᠦ ᠶᠢ ᠠᠬᠢᠭᠤᠯᠤᠨ᠎ᠠ᠃                         ︵ᠠᠷᠪᠠᠨ ᠭᠤᠷᠪᠠ︶ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ ᠳᠥᠭᠦᠮᠴᠢᠯᠡᠬᠦ ᠠᠵᠢᠯ ᠢ ᠳᠡᠭᠡᠭᠰᠢᠯᠡᠭᠦᠯᠦᠨ᠎ᠡ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠶᠢ ᠵᠥᠪᠰᠢᠶᠡᠷᠡᠬᠦ ᠠᠴᠠ ᠡᠮᠦᠨᠡᠬᠢ ᠤᠯᠤᠰ ᠠᠷᠠᠳ ᠤᠨ ᠬᠠᠷᠠᠭᠠᠯᠵᠠᠯ ᠳᠡᠭᠡᠷ᠎ᠡ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢ ᠨᠡᠮᠡᠬᠦ ᠬᠠᠮᠢᠶᠠᠷᠤᠯᠲᠠ ᠶᠢᠨ ᠳᠦᠷᠢᠮ ᠢ ᠭᠦᠨᠵᠡᠭᠡᠢ ᠬᠡᠷᠡᠭᠵᠢᠭᠦᠯᠵᠦ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ2021 ᠣᠨ ᠤ ᠬᠡᠪᠯᠡᠯ ᠤᠨ ᠪᠦᠬᠦ ᠤᠯᠤᠰ ᠤᠨ ᠪᠠ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠭᠠᠳᠠᠭᠠᠳᠤ ᠪᠡᠯᠡ ᠶᠢᠨ ᠣᠷᠣᠬᠤ ᠵᠥᠪᠰᠢᠶᠡᠷᠡᠯ ᠤᠨ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢ ᠰᠠᠶᠢᠲᠤᠷ ᠨᠠᠶᠢᠳᠠᠪᠤᠷᠢᠵᠢᠭᠤᠯᠵᠤ᠂ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠠᠴᠠ ᠭᠠᠳᠠᠨᠠᠬᠢ ᠬᠦᠷᠢᠶ᠎ᠡ ᠶᠢ ᠳᠣᠲᠣᠭᠠᠳᠤ ᠭᠠᠳᠠᠭᠠᠳᠤ ᠪᠡᠯᠡ ᠶᠢᠨ ᠨᠢᠭᠡᠳᠦᠯᠲᠡᠢ ᠪᠠᠶᠢᠬᠤ ᠵᠠᠷᠴᠢᠮ ᠶᠣᠰᠣᠭᠠᠷ ᠬᠠᠮᠢᠶᠠᠷᠴᠤ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠳᠤ ᠤᠯᠤᠰ ᠠᠷᠠᠳ ᠤᠨ ᠬᠠᠷᠠᠭᠠᠯᠵᠠᠯ ᠦᠵᠡᠭᠦᠯᠦᠨ᠎ᠡ᠃                         ︵ᠠᠷᠪᠠᠨ ᠳᠥᠷᠪᠡ︶ ᠵᠠᠰᠠᠭ ᠤᠨ ᠣᠷᠳᠣᠨ ᠤ ᠬᠤᠳᠠᠯᠳᠤᠨ ᠠᠪᠬᠤ ᠪᠠ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢ ᠦᠨᠡᠨᠬᠦ ᠵᠢᠷᠤᠮᠵᠢᠭᠤᠯᠤᠨ᠎ᠠ᠃ ᠥᠮᠴᠢᠯᠡᠯ ᠤᠨ ᠳᠦᠷᠢᠮ ᠤᠨ ᠭᠠᠳᠠᠭᠤᠷᠴᠢᠯᠠᠯ᠂ ᠣᠷᠣᠨ ᠨᠤᠲᠤᠭ ᠤᠨ ᠬᠠᠮᠠᠭᠠᠯᠠᠯᠲᠠ ᠵᠡᠷᠭᠡ ᠵᠦᠢ ᠵᠣᠬᠢᠰ ᠦᠭᠡᠢ ᠬᠢᠵᠠᠭᠠᠷᠯᠠᠯ ᠢ ᠬᠦᠴᠦᠯᠡᠨ ᠡᠪᠳᠡᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠠᠷᠠᠯᠵᠢᠶᠠᠨ ᠤ ᠳᠦᠷᠢᠮ ᠢ ᠲᠡᠭᠦᠯᠳᠡᠷᠵᠢᠭᠦᠯᠦᠨ᠎ᠡ᠃ ᠠᠳᠠᠯᠢ ᠪᠤᠰᠤ ᠥᠮᠴᠢᠯᠡᠯ ᠤᠨ ᠳᠦᠷᠢᠮᠲᠦ ᠠᠵᠤ ᠠᠬᠤᠶᠢᠯᠠᠯ᠂ ᠭᠠᠳᠠᠷ ᠣᠷᠣᠨ ᠤ ᠳᠠᠭᠠᠭᠠᠴᠢᠯᠠᠯᠲᠠ ᠬᠦᠯᠢᠶᠡᠭᠴᠢ ᠳᠤ ᠲᠣᠬᠢᠷᠠᠭᠤᠯᠤᠭᠰᠠᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠦᠢ ᠵᠣᠬᠢᠰ ᠦᠭᠡᠢ ᠬᠢᠵᠠᠭᠠᠷᠯᠠᠯ ᠪᠠ ᠪᠠᠬᠢᠯᠡᠯᠲᠡ ᠶᠢ ᠢᠯᠭᠠᠷᠠᠭᠤᠯᠤᠨ ᠬᠦᠴᠦᠨ ᠦᠭᠡᠢ ᠪᠣᠯᠭᠠᠵᠤ᠂ ᠭᠤᠣᠯᠴᠢ ᠪᠠᠷ ᠥᠷᠢᠰᠦᠯᠳᠦᠬᠦ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠤᠢ ᠪᠣᠯᠭᠠᠨ᠎ᠠ᠃ ᠡᠯᠧᠺᠲ᠋ᠣᠷᠣᠨᠴᠢᠯᠠᠭᠰᠠᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠳᠠᠭᠠᠭᠠᠴᠢᠯᠠᠯᠲᠠ ᠵᠠᠷᠯᠠᠬᠤ ᠠᠯᠪᠠᠨ ᠵᠠᠷ ᠢ ᠢᠯᠡ ᠨᠡᠶᠢᠲᠡᠯᠡᠬᠦ᠂ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠨᠡᠶᠢᠲᠡᠯᠡᠬᠦ᠂ ᠳᠠᠭᠠᠭᠠᠴᠢᠯᠠᠯᠲᠠ ᠬᠦᠯᠢᠶᠡᠬᠦ᠂ ᠳᠠᠭᠠᠭᠠᠴᠢᠯᠠᠯᠲᠠ ᠨᠡᠶᠢᠲᠡᠯᠡᠬᠦ᠂ ᠳᠠᠭᠠᠭᠠᠴᠢᠯᠠᠯᠲᠠ ᠦᠨᠡᠯᠡᠬᠦ ᠲᠤᠰᠬᠠᠢ ᠮᠡᠷᠭᠡᠵᠢᠯᠲᠡᠨ ᠠᠴᠠ ᠰᠣᠩᠭᠤᠨ ᠠᠪᠬᠤ᠂ ᠣᠨᠳᠣᠣ ᠰᠠᠨᠠᠯ ᠢ ᠢᠯᠭᠠᠷᠠᠭᠤᠯᠵᠤ ᠨᠥᠬᠦᠪᠦᠷᠢᠯᠡᠨ ᠵᠠᠯᠠᠷᠠᠭᠤᠯᠬᠤ᠂ ᠭᠡᠷ᠎ᠡ ᠲᠣᠭᠲᠠᠬᠤ᠂ ᠪᠠᠷᠢᠯᠭ᠎ᠠ ᠶᠢᠨ ᠵᠣᠭᠤᠰ ᠢ ᠲᠥᠯᠥᠬᠦ ᠵᠡᠷᠭᠡ ᠲᠤᠬᠠᠶᠢᠯᠠᠭᠰᠠᠨ ᠠᠵᠢᠯ ᠤᠨ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠦᠨ᠎ᠡ᠃                        ᠲᠠᠪᠤ᠂ ᠠᠵᠤ ᠠᠬᠤᠶᠢᠯᠠᠯ ᠤᠨ ᠬᠥᠮᠥᠨ ᠤ ᠬᠦᠴᠦᠨ ᠤ ᠥᠪᠡᠷ ᠤᠨ ᠥᠷᠳᠡᠭ ᠨᠡᠮᠡᠭᠳᠡᠬᠦ ᠳᠠᠷᠤᠯᠲᠠ ᠶᠢ ᠬᠥᠩᠭᠡᠷᠡᠭᠦᠯᠦᠨ᠎ᠡ                         ︵ᠠᠷᠪᠠᠨ ᠲᠠᠪᠤ︶ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠥᠪᠡᠷ ᠤᠨ ᠥᠷᠲᠡᠭ ᠢ ᠦᠷᠭᠦᠯᠵᠢᠯᠡᠨ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠠᠵᠢᠯ ᠠᠯᠳᠠᠯᠲᠠ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠵᠠᠷᠤᠳᠠᠯ ᠤᠨ ᠨᠤᠷᠮ᠎ᠠ ᠶᠢ ᠱᠠᠲᠤ ᠦᠶ᠎ᠡ ᠵᠢᠨ‌ᠠᠵᠢᠯᠲᠠᠨ ᠢᠶᠠᠨ ᠥᠯᠥ ᠬᠠᠰᠤᠬᠤ᠂ ᠠᠵᠢᠯᠲᠠᠨ ᠢᠶᠠᠨ ᠴᠥᠭᠡᠨ ᠬᠠᠰᠤᠬᠤ ᠠᠵᠤ ᠠᠬᠤᠶᠢᠯᠠᠯ ᠳᠤ ᠲᠦᠭᠡᠮᠡᠯ ᠬᠠᠷᠠᠭᠠᠯᠵᠠᠯ ᠤᠨ ᠴᠢᠨᠠᠷᠲᠠᠢ ᠠᠵᠢᠯ ᠠᠯᠳᠠᠯᠲᠠ ᠶᠢᠨ ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ 2022 ᠣᠨ ᠳᠤ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠤᠴᠠᠭᠠᠬᠤ ᠬᠠᠷᠢᠴᠠᠯ ᠢ 60% ᠠᠴᠠ ᠬᠠᠮᠤᠭ ᠤᠨ ᠥᠨᠳᠥᠷ ᠲᠡᠭᠡᠨ 90% ᠳᠤ ᠬᠦᠷᠭᠡᠨ᠎ᠡ᠃                         ︵ᠠᠷᠪᠠᠨ ᠵᠢᠷᠭᠤᠭ᠎ᠠ︶ ᠬᠦᠴᠢᠷᠳᠡᠯ ᠲᠠᠢ ᠠᠵᠢᠯ ᠲᠥᠷᠥᠯ ᠤᠨ ᠬᠢᠨ ᠤ ᠠᠵᠢᠯ ᠠᠯᠳᠠᠯᠲᠠ ᠶᠢᠨ ᠳᠠᠭᠠᠳᠬᠠᠯ ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠵᠠᠷᠤᠳᠠᠯ ᠢ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠠᠵᠢᠯ ᠠᠯᠳᠠᠯᠲᠠ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠦᠯᠡᠳᠡᠪᠦᠷᠢ ᠪᠠᠷ ᠨᠡᠯᠢᠶᠡᠳ ᠠᠷᠪᠢᠨ ᠮᠤᠵᠢ ᠣᠷᠣᠨ ᠤ ᠢᠳᠡᠭᠡᠨ ᠤᠮᠳᠠᠭᠠᠨ᠂ ᠵᠢᠵᠢᠭᠯᠡᠨ ᠬᠤᠳᠠᠯᠳᠤᠬᠤ᠂ ᠵᠢᠭᠤᠯᠴᠢᠯᠠᠯ ᠤᠨ ᠠᠵᠤ ᠠᠬᠤᠶᠢᠯᠠᠯ ᠳᠤ ᠠᠵᠢᠯ ᠠᠯᠳᠠᠯᠲᠠ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠵᠠᠷᠤᠳᠠᠯ ᠢ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠶᠢ ᠱᠠᠲᠤ ᠦᠶᠡᠴᠢ ᠴᠢᠨᠠᠷᠲᠠᠢ ᠪᠠᠷ ᠬᠡᠷᠡᠭᠵᠢᠭᠦᠯᠬᠦ ᠶᠢ ᠵᠥᠪᠰᠢᠶᠡᠷᠡᠵᠦ᠂ ᠬᠤᠶᠢᠰᠢᠯᠠᠭᠤᠯᠤᠨ ᠲᠤᠰᠢᠶᠠᠬᠤ ᠬᠤᠭᠤᠴᠠᠭ᠎ᠠ ᠶᠢ ᠨᠢᠭᠡ ᠵᠢᠯ ᠠᠴᠠ ᠬᠡᠲᠦᠷᠡᠭᠦᠯᠵᠦ ᠪᠣᠯᠬᠤ ᠦᠭᠡᠢ᠂ ᠬᠤᠶᠢᠰᠢᠯᠠᠭᠤᠯᠤᠨ ᠲᠤᠰᠢᠶᠠᠬᠤ ᠬᠤᠭᠤᠴᠠᠭᠠᠨ ᠳᠤ ᠬᠤᠭᠤᠴᠠᠭ᠎ᠠ ᠰᠠᠭᠠᠲᠠᠭᠤᠯᠤᠭᠰᠠᠨ ᠲᠣᠷᠭᠠᠭᠤᠯᠢ ᠶᠢᠨ ᠮᠥᠩᠭᠦ ᠬᠤᠷᠢᠶᠠᠬᠤ ᠦᠭᠡᠢ᠃                         ︵ᠠᠷᠪᠠᠨ ᠳᠣᠯᠤᠭ᠎ᠠ︶ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠰᠤᠷᠭᠠᠯᠲᠠ ᠶᠢ ᠴᠢᠩᠭᠠᠳᠬᠠᠨ᠎ᠠ᠃ ᠶᠡᠭᠡ ᠬᠡᠪᠴᠢᠶᠡᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠰᠤᠷᠭᠠᠯᠲᠠ ᠶᠢ ᠦᠷᠭᠦᠯᠵᠢᠯᠡᠨ ᠥᠷᠨᠢᠭᠦᠯᠵᠦ᠂ ᠨᠢᠭᠡ ᠪᠦᠯᠦᠭ ᠣᠯᠠᠨ ᠨᠡᠶᠢᠲᠡ ᠶᠢᠨ ᠳᠠᠳᠤᠯᠭ᠎ᠠ ᠰᠤᠷᠭᠠᠯᠲᠠ ᠶᠢᠨ ᠰᠠᠭᠤᠷᠢᠨ ᠭᠠᠵᠠᠷ ᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠨ᠎ᠡ᠃ 1000 ᠳ᠋ᠦᠩᠰᠢᠭᠤᠷ ᠲᠥᠭᠦᠷᠢᠭ ᠤᠨ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢ ᠬᠡᠷᠡᠭᠯᠡᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠠ ᠰᠤᠷᠭᠠᠯᠲᠠ ᠶᠢ ᠳᠡᠮᠵᠢᠵᠦ᠂ ᠦᠢᠯᠡᠳᠬᠦ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠪᠠᠴᠢᠮ ᠬᠡᠷᠡᠭᠴᠡᠭᠡᠨ ᠤ ᠴᠢᠳᠠᠪᠤᠷᠢᠲᠠᠨ ᠢ ᠲᠦᠷᠭᠡᠳᠬᠡᠨ ᠬᠥᠮᠥᠵᠢᠭᠦᠯᠦᠨ᠎ᠡ᠃                        ᠵᠢᠷᠭᠤᠭ᠎ᠠ᠂ ᠠᠵᠤ ᠠᠬᠤᠶᠢᠯᠠᠯ ᠤᠨ ᠬᠡᠷᠡᠭᠯᠡᠬᠦ ᠭᠠᠵᠠᠷ ᠤᠨ ᠭᠡᠷ ᠤᠨ ᠲᠦᠷᠢᠶᠡᠰᠦᠨ ᠤ ᠲᠦᠭᠦᠬᠡᠢ ᠮᠠᠲ᠋ᠧᠷᠢᠶᠠᠯ ᠤᠨ ᠥᠪᠡᠷ ᠤᠨ ᠥᠷᠳᠡᠭ ᠢ ᠪᠠᠭᠤᠷᠠᠭᠤᠯᠤᠨ᠎ᠠ                         ︵ᠠᠷᠪᠠᠨ ᠨᠠᠢᠮᠠ︶ ᠠᠵᠤ ᠠᠬᠤᠶᠢᠯᠠᠯ ᠤᠨ ᠬᠡᠷᠡᠭᠯᠡᠬᠦ ᠭᠠᠵᠠᠷ ᠤᠨ ᠥᠪᠡᠷ ᠤᠨ ᠥᠷᠲᠡᠭ ᠢ ᠪᠠᠭᠤᠷᠠᠭᠤᠯᠤᠨ᠎ᠠ ᠃ ᠠᠵᠤ ᠦᠢᠯᠡᠰ ᠲᠤ ᠬᠡᠷᠡᠭᠯᠡᠬᠦ ᠭᠠᠵᠠᠷ ᠰᠢᠷᠣᠢ ᠶᠢ ︽ᠪᠠᠷᠢᠮᠵᠢᠶᠠᠲᠤ ᠭᠠᠵᠠᠷ︾  ᠢᠶᠠᠷ ᠰᠢᠯᠵᠢᠭᠦᠯᠦᠨ ᠬᠤᠳᠠᠯᠳᠤᠬᠤ ᠶᠢ ᠲᠡᠮᠵᠢᠵᠤ᠂ ᠲᠣᠬᠢᠷᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠠᠳᠠᠯᠢ ᠪᠤᠰᠤ ᠠᠵᠤ ᠦᠢᠯᠡᠰ ᠲᠤ ᠬᠡᠷᠡᠭᠯᠡᠬᠦ ᠭᠠᠵᠠᠷ ᠰᠢᠷᠣᠢ ᠶᠢᠨ ᠲᠥᠷᠥᠯ ᠬᠡᠯᠪᠡᠷᠢ ᠶᠢ ᠲᠠᠰ ᠳᠠᠷᠠᠭᠠᠯᠠᠯ ᠶᠣᠰᠣᠭᠠᠷ ᠵᠦᠢ ᠵᠣᠬᠢᠰᠲᠠᠢ ᠬᠤᠪᠢᠷᠠᠭᠤᠯᠬᠤ ᠶᠢ ᠳᠡᠮᠵᠢᠵᠦ᠂ ᠭᠠᠵᠠᠷ ᠰᠢᠷᠣᠢ ᠶᠢᠨ ᠬᠡᠷᠡᠭᠯᠡᠯᠲᠡ ᠶᠢ ᠬᠤᠪᠢᠷᠠᠭᠤᠯᠬᠤ᠂ ᠡᠮᠬᠢᠯᠡᠨ ᠨᠡᠶᠢᠯᠡᠭᠦᠯᠬᠦ᠂ ᠰᠣᠯᠢᠬᠤ ᠵᠡᠷᠭᠡ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠣᠷᠳᠣ ᠬᠤᠭᠤᠴᠠᠭ᠎ᠠ ᠪᠠᠷ ᠲᠦᠷᠢᠶᠡᠰᠦᠯᠡᠬᠦ᠂ ᠤᠷᠢᠳᠠᠪᠠᠷ ᠲᠦᠷᠢᠶᠡᠰᠦᠯᠡᠵᠦ ᠳᠠᠷᠠᠭ᠎ᠠ ᠨᠢ ᠨᠠᠶᠢᠷ ᠲᠠᠯᠪᠢᠬᠤ᠂ ᠬᠠᠷᠢᠮᠠᠬᠠᠢ ᠴᠢᠨᠠᠷᠲᠠᠢ ᠪᠠᠷ ᠣᠨ ᠤ ᠬᠤᠭᠤᠴᠠᠭ᠎ᠠ ᠲᠠᠢ ᠪᠠᠷ ᠬᠠᠩᠭᠠᠬᠤ ᠵᠡᠷᠭᠡ ᠠᠷᠭ᠎ᠠ ᠮᠠᠶ᠋ᠢᠭ ᠢ ᠬᠡᠷᠡᠭᠯᠡᠨ ᠠᠵᠤ ᠦᠢᠯᠡᠰ ᠲᠤ ᠬᠡᠷᠡᠭᠯᠡᠬᠦ ᠭᠠᠵᠠᠷ ᠰᠢᠷᠣᠢ ᠬᠠᠩᠭᠠᠬᠤ ᠶᠢ ᠵᠣᠷᠢᠭᠵᠢᠭᠤᠯᠵᠤ᠂ ᠠᠵᠤ ᠠᠬᠤᠶᠢᠯᠠᠯ ᠤᠨ ᠡᠮᠦᠨᠡᠬᠢ ᠬᠤᠭᠤᠴᠠᠭᠠᠨ ᠤ ᠣᠷᠣᠭᠤᠯᠤᠯᠲᠠ ᠶᠢ ᠦᠨᠡᠨᠬᠦ ᠪᠠᠭᠤᠷᠠᠭᠤᠯᠤᠨ᠎ᠠ᠃                         ︵ᠠᠷᠪᠠ ᠶᠢᠰᠦ︶ ᠭᠡᠷ ᠪᠠᠶᠢᠰᠢᠩ ᠤᠨ ᠲᠦᠷᠢᠶᠡᠰᠦᠨ ᠮᠥᠩᠭᠦ ᠶᠢᠨ ᠥᠪᠡᠷ ᠤᠨ ᠥᠷᠲᠡᠭ ᠢ ᠪᠠᠭᠤᠷᠠᠭᠤᠯᠬᠤ ᠬᠡᠷᠡᠭᠲᠡᠢ᠃ 2022 ᠣᠨ ᠳᠤ ᠬᠢᠵᠢᠭ ᠤᠨ ᠪᠠᠶᠢᠳᠠᠯ ᠤᠨ ᠳᠤᠮᠳᠠ ᠠᠶᠤᠯ ᠲᠦᠭᠰᠢᠭᠦᠷᠢ ᠶᠡᠬᠡᠲᠡᠢ ᠭᠠᠵᠠᠷ ᠣᠷᠣᠨ ᠤ ᠪᠠᠶᠢᠭ᠎ᠠ ᠰᠢᠶᠠᠨ ᠤ ᠱᠠᠲᠤᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠦᠢᠯᠡᠴᠢᠯᠡᠭᠡᠨ ᠤ ᠦᠢᠯᠡᠰ ᠤᠨ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠤᠯᠤᠰ ᠤᠨ ᠥᠮᠴᠢᠯᠡᠯ ᠤᠨ ᠭᠡᠷ ᠪᠠᠶᠢᠰᠢᠩ ᠢ ᠲᠦᠷᠢᠶᠡᠰᠦᠯᠡᠪᠡᠯ᠂ 2022 ᠣᠨ ᠳᠤ 6 ᠰᠠᠷ᠎ᠠ ᠶᠢᠨ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠦᠨ᠎ᠡ᠂ ᠪᠤᠰᠤᠳ ᠭᠠᠵᠠᠷ ᠣᠷᠣᠨ ᠳᠤ 3 ᠰᠠᠷ᠎ᠠ ᠶᠢᠨ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠦᠨ᠎ᠡ᠃ ᠡᠯ᠎ᠡ ᠭᠠᠵᠠᠷ ᠨᠢ ᠡᠯ᠎ᠡ ᠲᠥᠷᠥᠯ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠵᠦ᠂ ᠤᠯᠤᠰ ᠤᠨ ᠥᠮᠴᠢᠯᠡᠯ ᠤᠨ ᠪᠤᠰᠤ ᠭᠡᠷ ᠪᠠᠶᠢᠰᠢᠩ ᠢ ᠲᠦᠷᠢᠶᠡᠰᠦᠯᠡᠭᠰᠡᠨ ᠦᠢᠯᠡᠴᠢᠯᠡᠭᠡᠨ ᠤ ᠦᠢᠯᠡᠰ ᠤᠨ ᠵᠢᠵᠢᠭ ᠪᠢᠴᠢᠯ ᠠᠵᠤ ᠠᠬᠤᠶᠢᠯᠠᠯ ᠪᠣᠯᠣᠨ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢ ᠵᠣᠬᠢᠬᠤ ᠬᠡᠮᠵᠢᠶ᠎ᠡ ᠪᠠᠷ ᠬᠠᠪᠰᠤᠷᠤᠨ ᠲᠡᠳᠬᠦᠵᠦ ᠪᠣᠯᠣᠨ᠎ᠠ᠃ ᠤᠯᠤᠰ ᠤᠨ ᠥᠮᠴᠢᠯᠡᠯ ᠤᠨ ᠪᠤᠰᠤ ᠭᠡᠷ ᠪᠠᠶᠢᠰᠢᠩ ᠲᠦᠷᠢᠶᠡᠰᠦᠯᠡᠬᠦ ᠭᠤᠣᠯ ᠴᠣᠭᠴᠠ ᠶᠢᠨ ᠡᠷᠬᠡ ᠲᠡᠭᠰᠢ ᠪᠠᠷ ᠵᠥᠪᠳᠡᠯᠴᠡᠭᠰᠡᠨ ᠰᠠᠭᠤᠷᠢᠨ ᠳᠡᠭᠡᠷ᠎ᠡ ᠬᠢᠵᠢᠭ ᠤᠨ ᠪᠠᠶᠢᠳᠠᠯ  ᠠᠴᠠ ᠪᠣᠯᠤᠭᠰᠠᠨ ᠬᠤᠬᠢᠷᠠᠯ ᠢ ᠵᠦᠢ ᠵᠣᠬᠢᠰᠲᠠᠢ ᠬᠤᠪᠢᠶᠠᠨ ᠡᠭᠦᠷᠭᠡᠯᠡᠬᠦ ᠶᠢ ᠵᠣᠷᠢᠭᠵᠢᠭᠤᠯᠤᠨ᠎ᠠ᠃                         ︵ᠬᠤᠷᠢ︶ ᠴᠢᠬᠤᠯᠠ ᠲᠦᠭᠦᠬᠡᠢ ᠮᠠᠲ᠋ᠧᠷᠢᠶᠠᠯ ᠪᠠ ᠠᠩᠬᠠᠨ ᠤ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠶᠢ ᠴᠢᠩᠭᠠᠳᠬᠠᠨ᠎ᠠ᠃ ᠡᠨᠧᠷᠭᠢ ᠶᠢᠨ ᠰᠤᠷᠪᠤᠯᠵᠢ᠂ ᠴᠢᠬᠤᠯᠠ ᠲᠦᠭᠦᠬᠡᠢ ᠡᠳ᠋ ᠮᠠᠲ᠋ᠧᠷᠢᠶᠠᠯ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠷᠠᠳ ᠤᠨ ᠠᠮᠢᠳᠤᠷᠠᠯ ᠪᠠ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠬᠦ ᠠᠵᠢᠯ ᠡᠵᠡᠩᠨᠡᠯᠲᠡ ᠳᠤ ᠬᠡᠷᠡᠭᠯᠡᠬᠦ ᠴᠠᠬᠢᠯᠭᠠᠨ ᠢ ᠪᠠᠲᠤᠯᠠᠨ᠎ᠠ᠃ ᠤᠯᠤᠰ ᠤᠨ ᠳᠣᠲᠣᠭᠠᠳᠤ ᠶᠢᠨ ᠡᠬᠢ ᠪᠠᠶᠠᠯᠢᠭ ᠤᠨ ᠦᠢᠯᠡᠳᠪᠦᠷᠢᠯᠡᠬᠦ ᠠᠵᠢᠯ ᠤᠨ ᠪᠠᠲᠤᠯᠠᠭ᠎ᠠ ᠶᠢᠨ ᠴᠢᠳᠠᠪᠤᠷᠢ ᠶᠢ ᠨᠡᠮᠡᠭᠳᠡᠭᠦᠯᠵᠦ᠂ ᠴᠢᠯᠠᠭᠤᠨ ᠲᠣᠰᠣ ᠰᠢᠲᠠᠮᠠᠬᠠᠢ ᠬᠡᠢ᠂ ᠠᠭᠤᠷᠬᠠᠢ ᠶᠢᠨ ᠭᠠᠷᠤᠯᠲᠠ ᠵᠡᠷᠭᠡ ᠡᠬᠢ ᠪᠠᠶᠠᠯᠢᠭ ᠢ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠠᠵᠢᠯ ᠢ ᠲᠦᠷᠭᠡᠳᠬᠡᠵᠦ᠂ ᠠᠩᠬᠠᠨ ᠤ ᠦᠢᠯᠡᠳᠬᠦᠨ ᠤ ᠬᠠᠩᠭᠠᠯᠭ᠎ᠠ ᠵᠢ‌‍ᠲ᠋ᠦ᠋ᠭᠦᠬᠡᠢ ᠮᠠᠲ᠋ᠧᠷᠢᠶᠠᠯ ᠤᠨ ᠦᠢᠯᠡᠳᠪᠦᠷᠢᠯᠡᠬᠦ ᠠᠵᠢᠯ ᠬᠡᠷᠡᠭᠴᠡᠭᠡ ᠶᠢ ᠵᠣᠯᠭᠠᠭᠤᠯᠬᠤ ᠶᠢ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠣᠣᠷᠠᠳᠤ ᠤᠷᠤᠰᠬᠠᠯ ᠤᠨ ᠵᠣᠯᠭᠠᠯᠳᠤᠨ ᠬᠤᠯᠪᠤᠭᠠᠯᠠᠨ ᠬᠥᠳᠡᠯᠦᠯᠴᠡᠬᠦ ᠵᠢ‌‍ᠪᠥ᠋ᠭᠡᠮ ᠲᠠᠸᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠤᠯᠠᠮ ᠴᠢᠩᠭᠠᠳᠬᠠᠵᠤ᠂ ᠪᠥᠭᠡᠮ ᠲᠠᠸᠠᠷ ᠤᠨ ᠦᠨ᠎ᠡ ᠬᠠᠩᠰᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠴᠢᠩᠭᠠᠳᠬᠠᠨ᠎ᠠ᠃                        ᠳᠣᠯᠤᠭ᠎ᠠ᠂ ᠪᠠᠷᠠᠭᠠᠨ ᠤ ᠭᠦᠢᠯᠭᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠦᠨ ᠥᠪᠡᠷ ᠤᠨ                         ︵ᠬᠤᠷᠢᠨ ᠨᠢᠭᠡ︶ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠵᠢ‌‍ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠣᠷ ᠰᠦᠯᠵᠢᠶ᠎ᠡ ᠶᠢ ᠲᠡᠭᠦᠯᠳᠡᠷᠵᠢᠭᠦᠯᠵᠦ᠂ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ᠂ ᠤᠯᠤᠰ ᠤᠨ ᠨᠢᠷᠤᠭᠤᠪᠴᠢ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ᠂ ᠶᠡᠷᠦᠩᠬᠡᠶᠢᠯᠡᠭᠰᠡᠨ ᠪᠠᠷᠠᠭᠠᠨ ᠤ ᠲᠡᠭᠡᠭᠡᠪᠦᠷᠢ ᠶᠢᠨ ᠬᠦᠢᠰᠦ ︵ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ︶ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠭᠠᠷᠠᠮ ᠥᠷᠲᠡᠭᠡ ᠶᠢᠨ ᠵᠠᠩᠭᠢᠯᠠᠭ᠎ᠠ ᠶᠢᠨ ᠲᠥᠪᠯᠡᠷᠡᠭᠦᠯᠬᠦ ᠲᠠᠷᠬᠠᠭᠠᠬᠤ ᠲᠡᠭᠡᠭᠡᠪᠦᠷᠢᠯᠡᠬᠦ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ︽ᠨᠡᠪᠲᠡᠷᠡᠬᠦ ᠵᠠᠮ + ᠬᠦᠢᠰᠦ + ᠲᠣᠣᠷ ᠰᠦᠯᠵᠢᠶ᠎ᠡ︾  ᠶᠢᠨ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠠᠵᠢᠯᠯᠠᠭᠠᠨ ᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠪᠠᠷᠠᠭᠠᠨ ᠤ ᠭᠦᠢᠯᠭᠡᠭᠡᠨ ᠬᠢᠭᠡᠳ ᠦᠢᠯᠡᠳᠬᠦ᠂ ᠠᠷᠠᠯᠵᠢᠶ᠎ᠠ ᠬᠤᠳᠠᠯᠳᠤᠭ᠎ᠠ᠂ ᠲᠠᠷᠢᠶᠠᠯᠠᠩ ᠵᠡᠷᠭᠡ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠂ ᠪᠠᠷᠠᠭᠠᠨ ᠤ ᠭᠦᠢᠯᠭᠡᠭᠡᠨ ᠤ ᠲᠥᠬᠦᠭᠡᠷᠦᠮᠵᠢ ᠲᠥᠬᠦᠭᠡᠷᠦᠮᠵᠢ ᠶᠢᠨ ᠲᠠᠰ ᠳᠡᠪᠰᠢᠬᠦ ᠪᠠ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠵᠠᠭᠪᠤᠷ ᠤᠨ ᠰᠢᠨ᠎ᠡ ᠶᠢ ᠡᠭᠦᠳᠬᠦ ᠶᠢ ᠲᠦᠷᠭᠡᠳᠬᠡᠵᠦ᠂ ᠨᠠᠩ ᠥᠨᠳᠥᠷ ᠬᠡᠮᠵᠢᠶ᠎ᠡ᠂ ᠨᠠᠩ ᠶᠡᠭᠡ ᠬᠡᠪᠴᠢᠶ᠎ᠡ᠂ ᠨᠠᠩ ᠭᠦᠨ ᠲᠠᠰ ᠳᠠᠪᠬᠤᠷᠭ᠎ᠠ ᠳᠤ ᠪᠠᠷᠠᠭᠠᠨ ᠤ ᠭᠦᠢᠯᠭᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ ᠥᠪᠡᠷ ᠤᠨ ᠥᠷᠲᠡᠭ ᠢ ᠪᠠᠭᠤᠷᠠᠭᠤᠯᠬᠤ ᠶᠢ ᠠᠬᠢᠭᠤᠯᠤᠨ᠎ᠠ᠃                         ︵ᠬᠤᠷᠢᠨ ᠬᠤᠶᠠᠷ︶ ᠲᠡᠭᠡᠭᠡᠪᠦᠷᠢ ᠶᠢᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠦᠨ᠎ᠡ᠃ ᠲᠡᠭᠡᠭᠡᠪᠦᠷᠢ ᠶᠢᠨ ᠪᠦᠲᠦᠴᠡ ᠶᠢᠨ ᠲᠣᠬᠢᠷᠠᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ ᠤᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢ ᠶᠡᠬᠡᠪᠡᠷ ᠬᠥᠭᠵᠢᠭᠦᠯᠵᠦ᠂ ᠤᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠵᠢᠱᠢᠶ᠎ᠡ ᠦᠵᠡᠭᠦᠯᠬᠦ ᠢᠨᠵᠧᠨᠧᠷᠢᠩ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ ᠶᠢ ᠲᠦᠷᠭᠡᠳᠬᠡᠨ᠎ᠡ᠃ ᠴᠢᠩᠭᠡᠯᠢᠭ ᠤᠨ ᠲᠡᠮᠦᠷ ᠵᠠᠮ ᠤᠨ ᠤᠰᠤᠨ ᠵᠠᠮ ᠤᠨ ᠬᠠᠮᠲᠤᠷᠠᠭᠰᠠᠨ ᠲᠡᠭᠡᠭᠡᠪᠦᠷᠢ ᠪᠠ ᠳᠣᠲᠣᠭᠠᠳᠤ ᠭᠤᠣᠯ ᠮᠥᠷᠡᠨ ᠤ ᠴᠢᠩᠭᠡᠯᠢᠭ ᠤᠨ ᠲᠡᠭᠡᠭᠡᠪᠦᠷᠢ ᠶᠢᠨ ᠬᠥᠭᠵᠢᠯᠲᠡ ᠶᠢ ᠠᠬᠢᠭᠤᠯᠵᠤ᠂ ᠭᠤᠣᠯ ᠮᠥᠷᠡᠨ ᠤ ᠬᠠᠮᠲᠤᠷᠠᠭᠰᠠᠨ ᠲᠡᠭᠡᠭᠡᠪᠦᠷᠢ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃                         ︵ᠬᠤᠷᠢᠨ ᠭᠤᠷᠪᠠ︶ ᠪᠠᠷᠠᠭᠠᠨ ᠤ ᠭᠦᠢᠯᠭᠡᠭᠡᠨ ᠤ ᠰᠦᠢᠳᠬᠡᠯ ᠬᠤᠷᠢᠶᠠᠬᠤ ᠶᠢ ᠵᠢᠷᠤᠮᠵᠢᠭᠤᠯᠤᠨ ᠪᠠᠭᠤᠷᠠᠭᠤᠯᠤᠨ᠎ᠠ‌‍ᠲ᠋ᠦ᠋ᠷᠭᠡᠨ ᠳᠠᠪᠬᠢᠬᠤ ᠵᠠᠰᠠᠮᠠᠯ ᠵᠠᠮ ᠤᠨ ᠵᠦᠷᠢᠶᠡᠴᠢᠯᠡᠭᠰᠡᠨ ᠰᠦᠢᠳᠬᠡᠯ ᠬᠤᠷᠢᠶᠠᠯᠲᠠ ᠵᠢ‌ᠠᠮᠢᠳᠤ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ ᠤ ᠲᠡᠭᠡᠭᠡᠪᠦᠷᠢ ᠶᠢᠨ ︽ᠰᠠᠭᠠᠳ ᠦᠭᠡᠢ ᠨᠡᠪᠲᠡᠷᠡᠬᠦ ᠵᠠᠮ︾  ᠤᠨ ᠲᠦᠷᠦ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠦᠬᠦ ᠤᠯᠤᠰ ᠤᠨ ᠨᠢᠭᠡᠳᠦᠯᠲᠡᠢ ︽ᠠᠮᠢᠳᠤ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ ᠤ ᠳᠦᠷᠦᠯ ᠵᠦᠢᠯ ᠤᠨ ᠭᠠᠷᠴᠠᠭ︾  ᠲᠠᠬᠢ ᠪᠦᠲᠦᠭᠡᠭᠳᠡᠬᠦᠨ ᠢ ᠪᠦᠬᠦᠯᠢ ᠲᠡᠷᠭᠡ ᠪᠠᠷ ᠬᠠᠤᠯᠢ ᠶᠣᠰᠣᠭᠠᠷ ᠠᠴᠢᠶᠠᠯᠠᠨ ᠲᠡᠭᠡᠭᠡᠪᠦᠷᠢᠯᠡᠭᠰᠡᠨ ᠲᠡᠷᠭᠡ ᠬᠥᠰᠬᠡ ᠠᠴᠠ ᠲᠡᠷᠭᠡ ᠬᠥᠰᠬᠡ ᠶᠢᠨ ᠨᠡᠪᠲᠡᠷᠡᠬᠦ ᠰᠦᠢᠳᠬᠡᠯ ᠬᠤᠷᠢᠶᠠᠬᠤ ᠦᠭᠡᠢ᠃ ᠭᠠᠷᠠᠮ ᠤᠨ ᠰᠦᠢᠳᠬᠡᠯ ᠬᠤᠷᠢᠶᠠᠬᠤ ᠵᠦᠢᠯᠡᠰ ᠢ ᠬᠠᠰᠤᠵᠤ ᠨᠡᠶᠢᠯᠡᠭᠦᠯᠦᠨ᠂ ᠲᠠᠯᠠᠢ ᠳᠠᠭᠠᠤ ᠭᠠᠷᠠᠮ ᠤᠨ ᠠᠶᠠᠯᠠᠯ ᠵᠠᠮᠴᠢᠯᠠᠬᠤ ᠰᠦᠢᠳᠬᠡᠯ ᠢ ᠬᠠᠨᠳᠤᠯᠭ᠎ᠠ ᠲᠠᠢ ᠪᠠᠷ ᠪᠠᠭᠤᠷᠠᠭᠤᠯᠵᠤ᠂ ᠴᠢᠷᠭᠡᠦᠯ ᠣᠩᠭᠤᠴᠠᠨ ᠤ ᠰᠦᠢᠳᠬᠡᠯ ᠬᠤᠷᠢᠶᠠᠬᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃                         ︵ᠬᠤᠷᠢᠨ ᠳᠥᠷᠪᠡ︶ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠥᠪᠡᠷ ‍ᠦᠨ‌‍ᠪᠣᠭᠤᠮᠲᠠ ᠪᠠᠷ ᠥᠩᠭᠡᠷᠡᠬᠦ ᠶᠢ ᠳᠥᠭᠦᠮᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ᠂ ᠭᠠᠳᠠᠭᠠᠳᠤ ᠠᠷᠠᠯᠵᠢᠶᠠᠨ ᠤ ᠥᠪᠡᠷ ᠤᠨ ᠦᠷᠳᠡᠭ ᠢ ᠪᠠᠭᠤᠷᠠᠭᠤᠯᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠬᠦᠴᠦ ᠨᠡᠮᠡᠷᠢᠯᠡᠨ᠎ᠡ᠃ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠤᠰᠤᠨ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠯᠤᠭ᠎ᠠ ᠣᠷᠳᠣ ᠬᠤᠭᠤᠴᠠᠭᠠᠨ ᠤ ᠵᠥᠪᠯᠡᠯᠴᠡᠭᠡᠷ ᠲᠣᠭᠲᠠᠬᠤ ᠶᠢ ᠵᠣᠷᠢᠭᠵᠢᠭᠤᠯᠵᠤ᠂ ᠡᠯ᠎ᠡ ᠭᠠᠵᠠᠷ ᠣᠷᠣᠨ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠤᠳᠠᠯᠳᠤᠭᠠᠴᠢᠨ ᠤ ᠨᠡᠶᠢᠭᠡᠮᠯᠢᠭ ᠢ ᠬᠥᠲᠥᠯᠥᠨ ᠵᠢᠯᠤᠭᠤᠳᠴᠤ ᠪᠠᠶᠢᠭᠠᠳ ᠳᠤᠮᠳᠠ ᠵᠢᠵᠢᠭ ᠪᠢᠴᠢᠯ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠤᠰᠤᠨ ᠵᠠᠮ ᠤᠨ ᠲᠡᠭᠡᠭᠡᠪᠦᠷᠢ ᠶᠢᠨ ᠠᠵᠤ‌ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠪᠠᠷ ᠳᠠᠮᠵᠢᠭᠤᠯᠤᠨ ᠪᠠᠷᠠᠭᠤᠨᠰᠢ ᠭᠠᠷᠭᠠᠬᠤ ᠶᠢ ᠥᠷᠭᠡᠳᠬᠡᠨ᠎ᠡ᠃                        ᠨᠠᠢᠮᠠ᠂ ᠠᠵᠤ ᠠᠬᠤᠶᠢᠯᠠᠯ ᠤᠨ ᠪᠡᠯᠡ ᠮᠥᠩᠭᠦ ᠪᠠᠨ ᠡᠷᠭᠢᠯᠲᠡ ᠪᠠᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ                         ︵ᠬᠤᠷᠢᠨ ᠲᠠᠪᠤ︶ ᠳᠤᠮᠳᠠ ᠵᠢᠵᠢᠭ ᠠᠵᠤ ᠠᠬᠤᠶᠢᠯᠠᠯ ᠤᠨ ᠲᠠᠩᠰᠠᠨ ᠵᠣᠭᠤᠰ ᠢ ᠤᠳᠠᠭᠠᠰᠢᠷᠠᠭᠤᠯᠤᠨ ᠥᠷᠢᠲᠦᠵᠦ ᠪᠠᠶᠢᠭ᠎ᠠ ᠠᠰᠠᠭᠤᠳᠠᠯ ᠢ ᠰᠡᠷᠭᠡᠶᠢᠯᠡᠬᠦ ᠪᠠ ᠰᠢᠢᠳᠪᠦᠷᠢᠯᠡᠨ᠎ᠡ᠃ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠲᠠᠩᠰᠠᠨ ᠤ ᠵᠣᠭᠤᠰ ᠢ ᠢᠯᠭᠠᠷᠠᠭᠤᠯᠬᠤ ᠡᠷᠴᠢᠮ ᠢ ᠨᠡᠮᠡᠭᠳᠡᠭᠦᠯᠦᠨ᠂ ᠬᠤᠳᠠᠯᠳᠤᠭᠠᠨ ᠤ ᠭᠤᠪᠢᠭᠤᠯᠭ᠎ᠠ ᠳᠠᠭᠠᠭᠠᠬᠤ ᠭᠤᠪᠢᠭᠤᠯᠭ᠎ᠠ ᠶᠢᠨ ᠬᠠᠭᠤᠳᠠᠰᠤ ᠬᠡᠷᠡᠭᠯᠡᠬᠦ ᠶᠢ ᠵᠢᠷᠤᠮᠵᠢᠭᠤᠯᠵᠤ᠂ ᠠᠯᠪᠠᠨ ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠢ ᠪᠣᠯᠣᠨ ᠤᠯᠤᠰ ᠤᠨ ᠥᠮᠴᠢᠯᠡᠯᠲᠦ ᠠᠵᠤ ᠠᠬᠤᠶᠢᠯᠠᠯ ᠲᠦᠷᠦᠭᠦᠯᠡᠨ ᠥᠷᠢ ᠰᠢᠷᠢ ᠪᠠᠨ ᠢᠯᠭᠠᠷᠠᠭᠤᠯᠵᠤ᠂ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠢ ᠬᠤᠳᠠᠯᠳᠤᠨ ᠠᠪᠤᠭᠰᠠᠨ ᠪᠠᠷᠠᠭ᠎ᠠ᠂ ᠪᠠᠷᠢᠯᠭ᠎ᠠ᠂ ᠦᠢᠯᠡᠴᠢᠯᠡᠭᠡᠨ ᠤ ᠲᠠᠩᠰᠠᠨ ᠤ ᠵᠣᠭᠤᠰ ᠢ ᠴᠠᠭ ᠲᠤᠬᠠᠢ ᠳᠤᠨᠢ ᠥᠭᠬᠦ ᠶᠢ ᠲᠦᠯᠬᠢᠨ ᠠᠬᠢᠭᠤᠯᠬᠤ ᠬᠡᠷᠡᠭᠲᠡᠢ᠃                        ᠶᠢᠰᠦ᠂ ᠠᠵᠤ ᠠᠬᠤᠶᠢᠯᠠᠯ ᠤᠨ ᠳᠣᠲᠣᠭᠠᠳᠤ ᠳᠠᠭᠠᠨ ᠲᠠᠯᠳᠠ ᠬᠦᠴᠦᠨ ᠢᠶᠠᠨ ᠠᠭᠤᠳᠠᠯᠬᠤ ᠶᠢ ᠵᠣᠷᠢᠭᠵᠢᠭᠤᠯᠤᠨ ᠬᠥᠲᠥᠯᠥᠨ ᠵᠢᠯᠣᠭᠤᠳᠤᠨ᠎ᠠ                         ︵ᠬᠤᠷᠢᠨ ᠵᠢᠷᠭᠤᠭ᠎ᠠ︶ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠠᠪᠰᠢᠵᠤ ᠥᠪᠡᠷ ᠤᠨ ᠥᠷᠲᠡᠭ ᠢᠶᠠᠨ ᠪᠠᠭᠤᠷᠠᠭᠤᠯᠬᠤ ᠶᠢ5G ᠶᠢᠨ ᠬᠡᠪᠴᠢᠶᠡᠵᠢᠭᠰᠡᠨ ᠬᠡᠷᠡᠭᠯᠡᠯᠲᠡ ᠶᠢ ᠠᠬᠢᠭᠤᠯᠵᠤ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠬᠥᠭᠵᠢᠯᠲᠡ ᠶᠢ ᠲᠦᠷᠭᠡᠳᠬᠡᠨ᠂ ᠠᠵᠤ ᠦᠢᠯᠡᠰ ᠤᠨ ᠲᠣᠭᠠᠴᠢᠯᠠᠭᠰᠠᠨ ᠬᠡᠯᠪᠡᠷᠢ ᠶᠢᠨ ᠬᠤᠪᠢᠷᠠᠭᠤᠯᠤᠯᠲᠠ ᠶᠢ ᠠᠬᠢᠭᠤᠯᠤᠨ᠎ᠠ᠃ ᠠᠵᠤ ᠠᠬᠤᠶᠢᠯᠠᠯ ᠤᠨ ᠲᠣᠭᠠᠴᠢᠯᠠᠭᠰᠠᠨ ᠮᠡᠷᠭᠡᠵᠢᠯ᠂ ᠪᠣᠬᠢᠷᠲᠤᠯ ᠦᠭᠡᠢ ᠮᠡᠷᠭᠡᠵᠢᠯ ᠢ ᠭᠦᠢᠴᠡᠳ ᠠᠰᠢᠭᠯᠠᠬᠤ ᠶᠢ ᠵᠣᠷᠢᠭᠵᠢᠭᠤᠯᠵᠤ᠂ ᠥᠪᠡᠷᠮᠢᠴᠡᠵᠢᠭᠦᠯᠦᠨ ᠲᠣᠭᠲᠠᠭᠠᠬᠤ᠂ ᠵᠥᠭᠡᠯᠡᠵᠢᠭᠦᠯᠦᠨ ᠦᠢᠯᠡᠳᠪᠦᠷᠢᠯᠡᠬᠦ᠂ ᠣᠶᠤᠨᠴᠢᠯᠠᠨ ᠦᠢᠯᠡᠳᠬᠦ᠂ ᠨᠠᠷᠢᠯᠢᠭᠵᠢᠭᠤᠯᠤᠨ ᠬᠠᠮᠢᠶᠠᠷᠬᠤ ᠶᠢ ᠬᠥᠭᠵᠢᠭᠦᠯᠵᠦ᠂ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠥᠭᠡᠷᠡᠴᠢᠯᠡᠯᠲᠡ ᠶᠢ ᠲᠦᠷᠭᠡᠳᠬᠡᠨ᠂ ᠥᠪᠡᠷ ᠤᠨ ᠥᠷᠲᠡᠭ ᠢ ᠪᠠᠭᠤᠷᠠᠭᠤᠯᠵᠤ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃                        ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠥᠪᠡᠷ ᠤᠨ ᠥᠷᠲᠡᠭ ᠢ ᠪᠠᠭᠤᠷᠠᠭᠤᠯᠬᠤ ᠠᠵᠢᠯ ᠢ ᠵᠣᠬᠢᠴᠠᠭᠤᠯᠤᠨ ᠠᠬᠢᠭᠤᠯᠬᠤ ᠲᠣᠭᠲᠠᠴᠠ ᠶᠢ ᠤᠯᠠᠮ ᠲᠡᠭᠦᠯᠳᠡᠷᠵᠢᠭᠦᠯᠵᠦ᠂ ᠵᠥᠪᠳᠡᠯᠴᠡᠬᠦ ᠪᠠᠨ ᠴᠢᠩᠭᠠᠳᠬᠠᠨ᠂ ᠭᠤᠣᠯᠳᠠᠯᠭ᠎ᠠ ᠲᠠᠢ ᠡᠭᠦᠷᠭᠡ ᠶᠢᠨ ᠠᠬᠢᠴᠠ ᠶᠢᠨ ᠪᠠᠶᠢᠳᠠᠯ ᠢ ᠨᠢᠭᠲᠠ ᠮᠥᠷᠳᠡᠵᠦ᠂ ᠥᠪᠡᠷ ᠤᠨ ᠥᠷᠲᠡᠭ ᠢ ᠪᠠᠭᠤᠷᠠᠭᠤᠯᠬᠤ ᠲᠥᠷᠥᠯ ᠪᠦᠷᠢ ᠶᠢᠨ ᠲᠥᠷᠥ ᠶᠢᠨ ᠪᠣᠳᠣᠯᠭ᠎ᠠ ᠶᠢ ᠪᠣᠳᠠᠲᠠᠢ ᠪᠠᠷ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠥᠪᠡᠷ ᠤᠨ ᠥᠷᠲᠡᠭ ᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠳᠤ ᠲᠥᠷᠥᠯ ᠪᠦᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠣᠶᠢᠯᠠᠭᠠᠭᠤᠯᠵᠤ᠂ ᠪᠣᠳᠠᠲᠤ ᠴᠣᠭᠴᠠ ᠶᠢᠨ ᠠᠵᠤ ᠠᠬᠤᠢ ᠶᠢᠨ ᠠᠵᠤ ᠠᠬᠤᠶᠢᠯᠠᠯ ᠤᠨ ᠥᠪᠡᠷ ᠤᠨ ᠦᠷᠳᠡᠭ ᠢ ᠪᠠᠭᠤᠷᠠᠭᠤᠯᠬᠤ ᠠᠵᠢᠯ ᠤᠨ ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯ ᠠᠴᠠ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢ ᠡᠮᠬᠢᠯᠡᠬᠦ ᠶᠢ ᠦᠷᠭᠦᠯᠵᠢᠯᠡᠨ ᠴᠢᠩᠭᠠᠳᠬᠠᠬᠤ ᠶᠢᠨ ᠬᠠᠮᠲᠤ ᠤᠬᠠᠭᠤᠯᠬᠤ ᠪᠠ ᠳᠡᠯᠭᠡᠷᠡᠭᠦᠯᠬᠦ ᠠᠵᠢᠯ ᠢ ᠰᠠᠶᠢᠲᠤᠷ ᠬᠢᠬᠦ ᠪᠣᠯᠣᠨ᠎ᠠ᠃                        ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ            ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ            ᠡᠳ᠋ ᠤᠨ ᠵᠠᠰᠠᠭ ᠤᠨ ᠶᠠᠮᠤᠨ            ᠠᠷᠠᠳ ᠤᠨ ᠪᠠᠩᠬᠢ            2022 ᠣᠨ ᠤ 4 ᠰᠠᠷ᠎ᠠ ᠶᠢᠨ 29 ᠤ ᠡᠳᠦᠷ             ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ᠄ ︽2022 ᠣᠨ ᠤ ᠥᠪᠡᠷ ᠤᠨ ᠥᠷᠲᠡᠭ ᠢ ᠪᠠᠭᠤᠷᠠᠭᠤᠯᠬᠤ ᠭᠤᠣᠯᠳᠠᠯᠭ᠎ᠠ ᠲᠠᠢ ᠠᠵᠢᠯ ᠤᠨ ᠲᠤᠬᠠᠢ ᠮᠡᠳᠡᠭᠳᠡᠯ︾  ᠤᠨ ᠲᠤᠬᠠᠢ ᠠᠯᠠᠱᠠ ᠵᠡᠭᠦᠨ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠠᠮᠵᠢᠭᠤᠯᠤᠨ ᠨᠡᠶᠢᠲᠡᠯᠡᠭᠰᠡᠨ ᠲᠠᠶᠢᠯᠤᠮᠵᠢ      ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号