| | | ᠠᠯᠠᠱᠠ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠠᠮᠵᠢᠭᠤᠯᠤᠨ | ᠨᠡᠶᠢᠲᠡᠯᠡᠭᠰᠡᠨ ︽ᠠᠯᠠᠱᠠ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ | ᠳᠠᠮᠵᠢᠭᠤᠯᠤᠨ ᠨᠡᠶᠢᠲᠡᠯᠡᠭᠰᠡᠨ᠄ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠰᠤᠳᠤᠯᠤᠯ ᠡᠭᠦᠳᠡᠨ ᠡᠮᠨᠡᠯᠭᠡ ᠶᠢᠨ | ᠦᠢᠯᠡᠴᠢᠯᠡᠭᠡᠨ ᠤ ᠳᠦᠷᠢᠮ ᠵᠡᠷᠭᠡ 5 ᠵᠦᠢᠯ ᠤᠨ ᠵᠢᠷᠤᠮᠵᠢᠯ ᠢ ᠬᠡᠪᠯᠡᠨ ᠲᠠᠷᠬᠠᠭᠠᠬᠤ ᠲᠤᠬᠠᠢ ᠤᠯᠤᠰ ᠤᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠲᠢᠩᠬᠢᠮ ᠤᠨ ᠮᠡᠳᠡᠭᠳᠡᠯ︾ | | ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠤᠬᠠᠭᠠᠨ ᠤ ᠡᠭᠦᠳᠡᠨ ᠡᠮᠨᠡᠯᠭᠡ ᠶᠢᠨ ᠦᠢᠯᠡᠴᠢᠯᠡᠭᠡᠨ ᠤ | ᠳᠦᠷᠢᠮᠵᠢᠯ | | ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠰᠤᠳᠤᠯᠤᠯ ᠤᠨ ᠡᠭᠦᠳᠡᠨ ᠡᠮᠨᠡᠯᠭᠡ ᠶᠢᠨ ᠦᠢᠯᠡᠴᠢᠯᠡᠭᠡ ᠶᠢ | ᠵᠢᠷᠤᠮᠵᠢᠭᠤᠯᠵᠤ᠂ ᠡᠮ ᠤᠨ ᠰᠤᠳᠤᠯᠤᠯ ᠤᠨ ᠡᠭᠦᠳᠡᠨ ᠡᠮᠨᠡᠯᠭᠡ ᠶᠢᠨ ᠠᠵᠢᠯ ᠤᠨ ᠴᠢᠨᠠᠷ ᠴᠢᠨᠰᠠᠭ᠎ᠠ ᠶᠢ ᠪᠠᠲᠤᠯᠠᠬᠤ ᠶᠢᠨ | ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮ ᠤᠨ ᠵᠦᠢᠯ ᠤᠨ ᠬᠠᠮᠢᠶᠠᠷᠤᠯᠲᠠ ᠶᠢᠨ | ᠬᠠᠤᠯᠢ︾ ︽ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠳᠦᠷᠢᠮ︾ ︽ᠵᠣᠷ ᠤᠨ ᠬᠠᠮᠢᠶᠠᠷᠤᠯᠲᠠ ᠶᠢᠨ | ᠠᠷᠭ᠎ᠠ︾ ︽ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠶᠠᠪᠤᠳᠠᠯ ᠤᠨ ᠬᠠᠮᠢᠶᠠᠷᠤᠯᠲᠠ ᠶᠢᠨ ᠲᠣᠭᠲᠠᠭᠠᠯ︾ ᠵᠡᠷᠭᠡ | ᠬᠠᠤᠯᠢ ᠴᠠᠭᠠᠵᠠ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠦᠨᠳᠦᠰᠦᠯᠡᠨ᠂ ᠲᠣᠰ ᠵᠢᠷᠤᠮᠵᠢᠯ ᠢ ᠲᠣᠭᠲᠠᠭᠠᠪᠠ᠃ | ᠲᠤᠰ ᠵᠢᠷᠤᠮᠵᠢᠯ ᠢ ᠬᠤᠶᠠᠳᠤᠭᠠᠷ ᠳᠡᠰ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠳᠤ ᠬᠡᠷᠡᠭᠯᠡᠨ᠎ᠡ᠂ ᠪᠤᠰᠤᠳ | ᠡᠮᠴᠢᠯᠡᠭᠡᠨ ᠤ ᠪᠠᠶᠢᠭᠤᠯᠤᠮᠵᠢ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ | ᠡᠮ ᠤᠨ ᠤᠬᠠᠭᠠᠨ ᠤ ᠡᠭᠦᠳᠡᠨ ᠡᠮᠨᠡᠯᠭᠡ ᠶᠢᠨ ᠦᠢᠯᠡᠴᠢᠯᠡᠭᠡ ᠭᠡᠳᠡᠭ ᠨᠢ ᠡᠮᠴᠢᠯᠡᠭᠡᠨ ᠤ ᠪᠠᠶᠢᠭᠤᠯᠤᠮᠵᠢ ᠶᠢᠨ | ᠡᠮ ᠨᠠᠶᠢᠷᠠᠭᠴᠢ ᠶᠢᠨ ᠡᠭᠦᠳᠡᠨ ᠡᠮᠨᠡᠯᠭᠡ ᠳᠤ ᠡᠪᠡᠳᠴᠢᠲᠡᠨ ᠳᠤ ᠬᠠᠩᠭᠠᠭᠰᠠᠨ ᠡᠮ ᠬᠡᠷᠡᠭᠯᠡᠬᠦ ᠶᠢ ᠦᠨᠡᠯᠡᠨ ᠵᠢᠱᠢᠬᠦ᠂ | ᠡᠮ ᠬᠡᠷᠡᠭᠯᠡᠬᠦ ᠵᠥᠪᠯᠡᠯᠭᠡ ᠥᠭᠬᠦ᠂ ᠡᠮ ᠬᠡᠷᠡᠭᠯᠡᠬᠦ ᠰᠤᠷᠭᠠᠨ ᠬᠥᠮᠦᠵᠢᠯ᠂ ᠡᠮ ᠬᠡᠷᠡᠭᠯᠡᠬᠦ ᠲᠥᠰᠥᠯ ᠳᠤ | ᠲᠣᠬᠢᠷᠠᠭᠤᠯᠤᠯᠲᠠ ᠬᠢᠬᠦ ᠰᠠᠨᠠᠭᠤᠯᠭ᠎ᠠ ᠵᠡᠷᠭᠡ ᠠᠯᠢ ᠣᠯᠠᠨ ᠲᠤᠰᠬᠠᠶᠢᠵᠢᠭᠰᠠᠨ ᠡᠮ ᠤᠨ ᠤᠬᠠᠭᠠᠨ ᠤ ᠦᠢᠯᠡᠴᠢᠯᠡᠭᠡ ᠶᠢ | ᠵᠢᠭᠠᠵᠤ ᠪᠣᠶ᠃ | ᠨᠢᠭᠡ᠂ ᠦᠨᠳᠦᠰᠦᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠵᠤ ᠬᠠᠮᠢᠶᠠᠷᠤᠨ᠎ᠠ᠃ ᠡᠮ ᠤᠨ ᠰᠤᠳᠤᠯᠤᠯ ᠤᠨ ᠡᠭᠦᠳᠡᠨ ᠡᠮᠨᠡᠯᠭᠡ ᠶᠢ | ᠡᠮᠴᠢᠯᠡᠭᠡᠨ ᠤ ᠪᠠᠶᠢᠭᠤᠯᠤᠮᠵᠢ ᠶᠢᠨ ᠡᠭᠦᠳᠡᠨ ᠡᠮᠨᠡᠯᠭᠡ ᠳᠤ ᠣᠷᠣᠭᠤᠯᠤᠨ ᠨᠢᠭᠡᠳᠦᠯᠲᠡᠢ ᠬᠠᠮᠢᠶᠠᠷᠴᠤ᠂ ᠡᠮ ᠤᠨ | ᠰᠤᠳᠤᠯᠤᠯ ᠤᠨ ᠰᠠᠯᠠᠭ᠎ᠠ ᠮᠥᠴᠢᠷ ᠠᠴᠠ ᠬᠠᠷᠢᠭᠤᠴᠠᠨ ᠬᠡᠷᠡᠭᠵᠢᠭᠦᠯᠦᠨ᠎ᠡ᠃ ᠡᠮᠴᠢᠯᠡᠭᠡᠨ ᠤ ᠪᠠᠶᠢᠭᠤᠯᠤᠮᠵᠢ ᠨᠤᠭᠤᠳ | ᠡᠮ ᠤᠨ ᠰᠤᠳᠤᠯᠤᠯ ᠤᠨ ᠡᠭᠦᠳᠡᠨ ᠡᠮᠨᠡᠯᠭᠡ ᠶᠢᠨ ᠦᠢᠯᠡᠴᠢᠯᠡᠭᠡᠨ ᠤ ᠬᠠᠮᠢᠶ᠎ᠠ ᠪᠦᠬᠦᠢ ᠬᠠᠮᠢᠶᠠᠷᠤᠯᠲᠠ ᠶᠢᠨ ᠳᠦᠷᠢᠮ᠂ | ᠠᠵᠢᠯᠲᠠᠨ ᠤ ᠰᠤᠷᠭᠠᠯᠲᠠ ᠶᠢᠨ ᠳᠦᠷᠢᠮ ᠵᠡᠷᠭᠡ ᠶᠢ ᠪᠠᠶᠢᠭᠤᠯᠤᠨ ᠲᠡᠭᠦᠯᠳᠡᠷᠵᠢᠭᠦᠯᠬᠦ ᠶᠢᠨ ᠬᠠᠮᠲᠤ ᠡᠮ ᠤᠨ | ᠰᠤᠳᠤᠯᠤᠯ ᠤᠨ ᠡᠭᠦᠳᠡᠨ ᠡᠮᠨᠡᠯᠭᠡ ᠳᠤ ᠵᠣᠬᠢᠬᠤ ᠵᠥᠭᠡᠯᠡᠨ ᠬᠠᠲᠠᠭᠤ ᠲᠣᠨᠤᠭ ᠤᠨ ᠳᠡᠮᠵᠢᠯᠭᠡ ᠬᠠᠩᠭᠠᠬᠤ ᠬᠡᠷᠡᠭᠲᠡᠢ᠃ | | ︵ᠬᠤᠶᠠᠷ︶ ᠠᠵᠢᠯᠲᠠᠨ ᠤ ᠱᠠᠭᠠᠷᠳᠠᠯᠭ᠎ᠠ᠃ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮ ᠤᠨ | ᠰᠤᠳᠤᠯᠤᠯ ᠤᠨ ᠰᠠᠯᠠᠭ᠎ᠠ ᠮᠥᠴᠢᠷ ᠨᠢ ᠡᠮ ᠤᠨ ᠰᠤᠳᠤᠯᠤᠯ ᠤᠨ ᠡᠭᠦᠳᠡᠨ ᠡᠮᠨᠡᠯᠭᠡ ᠶᠢᠨ ᠦᠢᠯᠡᠴᠢᠯᠡᠭᠡ ᠬᠢᠵᠦ | ᠪᠠᠶᠢᠭ᠎ᠠ ᠡᠮ ᠨᠠᠶᠢᠷᠠᠭᠴᠢ ᠶᠢᠨ ᠨᠥᠬᠦᠴᠡᠯ ᠢ ᠬᠢᠨᠠᠨ ᠬᠠᠷᠭᠤᠭᠤᠯᠵᠤ᠂ ᠲᠤᠰ ᠪᠠᠶᠢᠭᠤᠯᠤᠮᠵᠢ ᠶᠢᠨ ᠡᠮ ᠡᠮᠨᠡᠯᠭᠡ ᠶᠢᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠳᠠᠩᠰᠠᠯᠠᠭᠤᠯᠤᠨ ᠬᠠᠮᠢᠶᠠᠷᠬᠤ ᠬᠡᠷᠡᠭᠲᠡᠢ᠃ ᠡᠮ ᠤᠨ ᠰᠤᠳᠤᠯᠤᠯ ᠤᠨ | ᠡᠭᠦᠳᠡᠨ ᠡᠮᠨᠡᠯᠭᠡ ᠶᠢᠨ ᠦᠢᠯᠡᠴᠢᠯᠡᠭᠡ ᠬᠢᠵᠦ ᠪᠠᠶᠢᠭ᠎ᠠ ᠡᠮ ᠨᠠᠶᠢᠷᠠᠭᠴᠢ ᠳᠣᠣᠷᠠᠬᠢ ᠨᠥᠬᠦᠴᠡᠯ ᠤᠳ ᠤᠨ ᠨᠢᠭᠡ ᠳᠤᠨᠢ | ᠨᠡᠶᠢᠴᠡᠭᠰᠡᠨ ᠪᠠᠶᠢᠬᠤ ᠬᠡᠷᠡᠭᠲᠡᠢ᠄ | 1.ᠭᠤᠣᠯ ᠬᠠᠮᠢᠶᠠᠷᠬᠤ ᠡᠮ ᠨᠠᠶᠢᠷᠠᠭᠴᠢ ᠵᠢᠴᠢ ᠲᠡᠭᠦᠨ ᠠᠴᠠ ᠳᠡᠭᠡᠭᠰᠢᠬᠢ ᠲᠤᠰᠬᠠᠢ ᠮᠡᠷᠭᠡᠵᠢᠯ ᠤᠨ | ᠲᠤᠰᠢᠶᠠᠯ ᠤᠨ ᠲᠤᠰᠢᠶᠠᠯ ᠡᠭᠦᠷᠭᠡᠯᠡᠬᠦ ᠬᠢᠷᠢ ᠬᠡᠮ ᠲᠠᠢ᠂ ᠡᠮᠴᠢᠯᠡᠭᠡᠨ ᠤ ᠡᠮ ᠤᠨ ᠤᠬᠠᠭᠠᠨ ᠤ ᠠᠵᠢᠯ ᠢ 3 ᠵᠢᠯ ᠠᠴᠠ | ᠳᠡᠭᠡᠭᠰᠢ ᠬᠢᠭᠰᠡᠨ ᠪᠠᠶᠢᠬᠤ᠃ | 2. ᠳᠡᠳ᠋ ᠡᠷᠬᠢᠯᠡᠭᠴᠢ ᠡᠮ ᠨᠠᠶᠢᠷᠠᠭᠴᠢ ᠵᠢᠴᠢ ᠲᠡᠭᠦᠨ ᠠᠴᠠ ᠳᠡᠭᠡᠭᠰᠢᠬᠢ ᠲᠤᠰᠬᠠᠢ ᠮᠡᠷᠭᠡᠵᠢᠯ ᠤᠨ | ᠲᠤᠰᠢᠶᠠᠯ ᠤᠨ ᠲᠤᠰᠢᠶᠠᠯ ᠡᠭᠦᠷᠭᠡᠯᠡᠬᠦ ᠬᠢᠷᠢ ᠬᠡᠮ ᠲᠠᠢ᠂ ᠡᠮᠴᠢᠯᠡᠭᠡᠨ ᠤ ᠡᠮ ᠤᠨ ᠤᠬᠠᠭᠠᠨ ᠤ ᠠᠵᠢᠯ ᠢ 2 ᠵᠢᠯ ᠠᠴᠠ | ᠳᠡᠭᠡᠭᠰᠢ ᠬᠢᠭᠰᠡᠨ ᠪᠠᠶᠢᠬᠤ ᠬᠡᠷᠡᠭᠲᠡᠢ᠃ | ︵ᠭᠤᠷᠪᠠ︶ ᠵᠥᠭᠡᠯᠡᠨ ᠬᠠᠲᠠᠭᠤ ᠲᠣᠨᠤᠭ ᠤᠨ ᠲᠥᠬᠦᠭᠡᠷᠦᠮᠵᠢ᠃ ᠡᠮ ᠤᠨ ᠰᠤᠳᠤᠯᠤᠯ ᠤᠨ ᠡᠭᠦᠳᠡᠨ | ᠡᠮᠨᠡᠯᠭᠡ ᠶᠢ ᠡᠮᠴᠢᠯᠡᠭᠡᠨ ᠤ ᠪᠠᠶᠢᠭᠤᠯᠤᠮᠵᠢ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠬᠠᠮᠢᠶᠠᠷᠤᠯᠲᠠ ᠳᠤ ᠣᠷᠣᠭᠤᠯᠬᠤ | ᠬᠡᠷᠡᠭᠲᠡᠢ᠂ ᠡᠮ ᠨᠠᠶᠢᠷᠠᠭᠴᠢ ᠡᠪᠡᠳᠴᠢᠲᠡᠨ ᠤ ᠣᠨᠣᠰᠢᠯᠠᠭᠰᠠᠨ᠂ ᠰᠢᠯᠭᠠᠨ ᠪᠠᠶᠢᠴᠠᠭᠠᠭᠰᠠᠨ᠂ ᠡᠮ ᠬᠡᠷᠡᠭᠯᠡᠭᠰᠡᠨ ᠵᠡᠷᠭᠡ | ᠣᠨᠣᠰᠢᠯᠠᠨ ᠡᠮᠨᠡᠭᠰᠡᠨ ᠲᠡᠮᠳᠡᠭᠯᠡᠯ ᠢ ᠪᠠᠶᠢᠴᠠᠭᠠᠨ ᠯᠠᠪᠯᠠᠬᠤ ᠶᠢᠨ ᠬᠠᠮᠲᠤ ᠡᠮ ᠤᠨ ᠰᠤᠳᠤᠯᠤᠯ ᠤᠨ ᠡᠭᠦᠳᠡᠨ | ᠡᠮᠨᠡᠯᠭᠡ ᠶᠢᠨ ᠬᠤᠯᠪᠣᠭᠳᠠᠯ ᠪᠦᠬᠦᠢ ᠮᠡᠳᠡᠭᠡ ᠵᠠᠩᠭᠢ ᠶᠢ ᠲᠡᠮᠳᠡᠭᠯᠡᠵᠦ ᠪᠣᠯᠣᠨ᠎ᠠ᠃ ᠡᠮ ᠤᠨ ᠰᠤᠳᠤᠯᠤᠯ ᠤᠨ ᠡᠭᠦᠳᠡᠨ | ᠡᠮᠨᠡᠯᠭᠡ ᠨᠢ ᠡᠮᠴᠢᠯᠡᠬᠦ ᠲᠠᠰᠤᠭ ᠤᠨ ᠬᠠᠲᠠᠭᠤ ᠬᠡᠷᠡᠭᠰᠡᠯ ᠤᠨ ᠲᠥᠬᠦᠭᠡᠷᠦᠮᠵᠢ ᠶᠢᠨ ᠱᠠᠭᠠᠷᠳᠠᠯᠭ᠎ᠠ ᠳᠤ ᠨᠡᠶᠢᠴᠡᠭᠰᠡᠨ | ᠪᠠᠶᠢᠬᠤ ᠬᠡᠷᠡᠭᠲᠡᠢ᠃ | ᠬᠤᠶᠠᠷ᠂ ᠦᠢᠯᠡᠴᠢᠯᠡᠭᠡᠨ ᠤ ᠬᠠᠮᠢᠶᠠᠷᠤᠯᠲᠠ | ︵ᠨᠢᠭᠡ︶ ᠦᠢᠯᠡᠴᠢᠯᠡᠬᠦ ᠡᠲᠡᠭᠡᠳ᠃ ᠡᠮ ᠤᠨ ᠤᠬᠠᠭᠠᠨ ᠤ ᠡᠭᠦᠳᠡᠨ ᠡᠮᠨᠡᠯᠭᠡ ᠶᠢᠨ ᠦᠢᠯᠡᠴᠢᠯᠡᠬᠦ ᠡᠲᠡᠭᠡᠳ | ᠨᠢ ᠭᠤᠣᠯᠳᠠᠭᠤ ᠣᠨᠣᠰᠢᠯᠠᠯ ᠲᠣᠳᠣᠷᠬᠠᠢ᠂ ᠡᠮ ᠬᠡᠷᠡᠭᠯᠡᠬᠦ ᠳᠤ ᠮᠠᠳᠠᠭ ᠲᠠᠢ ᠡᠪᠡᠳᠴᠢᠲᠡᠨ ᠪᠣᠯᠣᠨ᠎ᠠ᠂ ᠡᠭᠦᠨ ᠳᠤ | ᠳᠣᠣᠷᠠᠬᠢ ᠬᠡᠳᠦᠨ ᠲᠠᠯ᠎ᠠ ᠶᠢ ᠪᠠᠭᠲᠠᠭᠠᠵᠤ ᠪᠣᠯᠣᠨ᠎ᠠ᠄ | 1.ᠨᠢᠭᠡ ᠵᠦᠢᠯ ᠤᠨ ᠪᠤᠶᠤ ᠣᠯᠠᠨ ᠵᠦᠢᠯ ᠤᠨ ᠤᠳᠠᠭᠠᠨ ᠴᠢᠨᠠᠷᠲᠠᠢ ᠡᠪᠡᠳᠴᠢᠨ ᠳᠤ ᠨᠡᠷᠪᠡᠭᠳᠡᠭᠰᠡᠨ᠂ ᠣᠯᠠᠨ | ᠰᠢᠰᠲ᠋ᠧᠮ ᠲᠠᠢ ᠡᠮ ᠪᠤᠶᠤ ᠣᠯᠠᠨ ᠲᠤᠰᠬᠠᠢ ᠡᠮᠴᠢᠯᠡᠭᠡᠨ ᠤ ᠡᠮᠴᠢᠯᠡᠭᠡ ᠶᠢ ᠬᠦᠯᠢᠶᠡᠭᠰᠡᠨ ᠡᠪᠡᠳᠴᠢᠲᠡᠨ᠃ | 2.ᠣᠯᠠᠨ ᠵᠦᠢᠯ ᠤᠨ ᠡᠮ ᠢ ᠵᠡᠷᠭᠡᠪᠡᠷ ᠬᠡᠷᠡᠭᠯᠡᠵᠦ ᠪᠠᠶᠢᠭ᠎ᠠ ᠡᠪᠡᠳᠴᠢᠲᠡᠨ᠃ | 3.ᠣᠨᠴᠠ ᠲᠣᠭᠲᠠᠭᠰᠠᠨ ᠡᠮ ᠢ ᠬᠡᠷᠡᠭᠯᠡᠵᠦ ᠪᠠᠶᠢᠭ᠎ᠠ ᠡᠪᠡᠳᠴᠢᠲᠡᠨ᠂ ᠣᠨᠴᠠ ᠲᠣᠭᠲᠠᠭᠰᠠᠨ ᠡᠮ ᠳᠤ᠄ | ᠣᠨᠴᠠᠭᠠᠶ ᠬᠠᠮᠢᠶᠠᠷᠤᠯᠲᠠ ᠶᠢᠨ ᠡᠮ᠂ ᠥᠨᠳᠥᠷ ᠰᠡᠷᠡᠮᠵᠢᠯᠡᠭᠦᠯᠬᠦ ᠡᠮ᠂ ᠬᠥᠷᠥᠰᠦᠯᠢᠭ ᠡᠳ᠋ ᠤᠨ ᠰᠢᠬᠢᠷᠲᠦ ᠬᠤᠷᠮᠣᠨ᠂ | ᠣᠨᠴᠠᠭᠠᠶ ᠨᠠᠶᠢᠷᠠᠯᠭ᠎ᠠ ᠶᠢᠨ ᠬᠡᠯᠪᠡᠷᠢ ᠶᠢᠨ ᠡᠮ᠂ ᠣᠨᠴᠠᠭᠠᠶ ᠡᠮ ᠥᠭᠬᠦ ᠲᠣᠨᠣᠭᠯᠠᠯ ᠤᠨ ᠡᠮ ᠵᠡᠷᠭᠡ ᠪᠠᠭᠲᠠᠨ᠎ᠠ᠃ | 4.ᠣᠨᠴᠠᠭᠠᠶ ᠬᠥᠮᠥᠰ᠄ ᠨᠠᠰᠤᠲᠠᠶᠢᠴᠤᠳ᠂ ᠬᠡᠦᠬᠡᠳ᠂ ᠵᠢᠷᠮᠦᠰᠦᠨ ᠬᠤᠭᠤᠴᠠᠭᠠᠨ ᠤ ᠪᠠ ᠬᠥᠬᠦᠭᠦᠯ | ᠬᠤᠭᠤᠴᠠᠭᠠᠨ ᠤ ᠡᠮᠡᠭᠲᠡᠶᠢᠴᠦᠳ᠂ ᠡᠯᠢᠭᠡ ᠪᠥᠭᠡᠷᠡᠨ ᠤ ᠠᠵᠢᠯᠯᠠᠭ᠎ᠠ ᠪᠦᠷᠢᠨ ᠪᠤᠰᠤ ᠡᠪᠡᠳᠴᠢᠲᠡᠨ᠃ | 5. ᠡᠮ ᠤᠨ ᠭᠠᠵᠢᠭᠤ ᠤᠷᠪᠠᠯ ᠡᠭᠦᠰᠦᠭᠰᠡᠨ ᠰᠡᠵᠢᠭ ᠲᠠᠢ ᠡᠪᠡᠳᠴᠢᠲᠡᠨ᠃ | 6. ᠡᠮ ᠨᠠᠶᠢᠷᠠᠭᠴᠢ ᠠᠴᠠ ᠡᠮᠨᠡᠨ ᠵᠠᠰᠠᠭᠰᠠᠨ ᠡᠮ ᠤᠨ ᠬᠢᠨᠠᠨ ᠬᠡᠮᠵᠢᠯᠲᠡ ︵ᠵᠢᠱᠢᠶᠡᠯᠡᠪᠡᠯ ᠴᠢᠰᠤᠨ ᠳᠠᠬᠢ | ᠡᠮ ᠤᠨ ᠥᠳᠬᠡᠴᠡ ᠪᠠ ᠡᠮ ᠤᠨ ᠭᠧᠨ ᠤ ᠬᠢᠨᠠᠨ ᠬᠡᠮᠵᠢᠯᠲᠡ︶ ᠶᠢᠨ ᠦᠷ᠎ᠡ ᠳ᠋ᠦᠩ ᠢ ᠲᠠᠶᠢᠯᠪᠤᠷᠢᠯᠠᠬᠤ | ᠴᠢᠬᠤᠯᠠ ᠲᠠᠢ ᠡᠪᠡᠳᠴᠢᠲᠡᠨ᠃ | 7. ᠪᠤᠰᠤᠳ ᠡᠮ ᠤᠨ ᠰᠤᠳᠤᠯᠤᠯ ᠤᠨ ᠦᠢᠯᠡᠴᠢᠯᠡᠭᠡᠨ ᠤ ᠱᠠᠭᠠᠷᠳᠠᠯᠭ᠎ᠠ ᠲᠠᠢ ᠡᠪᠡᠳᠴᠢᠲᠡᠨ᠃ | ︵ᠬᠤᠶᠠᠷ︶ ᠠᠵᠢᠯ ᠤᠨ ᠠᠭᠤᠯᠭ᠎ᠠ᠃ ᠡᠮ ᠤᠨ ᠤᠬᠠᠭᠠᠨ ᠤ ᠡᠭᠦᠳᠡᠨ ᠡᠮᠨᠡᠯᠭᠡ ᠶᠢᠨ ᠦᠢᠯᠡᠴᠢᠯᠡᠭᠡᠨ ᠤ | ᠠᠭᠤᠯᠭ᠎ᠠ ᠳᠤ ᠡᠪᠡᠳᠴᠢᠲᠡᠨ ᠤ ᠮᠡᠳᠡᠭᠡ ᠵᠠᠩᠭᠢ ᠶᠢ ᠣᠶᠢᠯᠠᠭᠠᠬᠤ᠂ ᠡᠪᠡᠳᠴᠢᠲᠡᠨ ᠤ ᠡᠮ ᠬᠡᠷᠡᠭᠯᠡᠵᠦ ᠪᠠᠶᠢᠭ᠎ᠠ | ᠪᠠᠶᠢᠳᠠᠯ ᠢ ᠦᠨᠡᠯᠡᠨ ᠵᠢᠱᠢᠬᠦ᠂ ᠡᠮ ᠬᠡᠷᠡᠭᠯᠡᠬᠦ ᠵᠥᠪᠯᠡᠯᠭᠡ ᠬᠠᠩᠭᠠᠬᠤ᠂ ᠡᠮ ᠬᠡᠷᠡᠭᠯᠡᠬᠦ ᠬᠥᠮᠦᠵᠢᠯ ᠥᠷᠨᠢᠭᠦᠯᠬᠦ᠂ ᠡᠮ | ᠬᠡᠷᠡᠭᠯᠡᠬᠦ ᠲᠥᠰᠥᠯ ᠳᠤ ᠲᠣᠬᠢᠷᠠᠭᠤᠯᠤᠯᠲᠠ ᠬᠢᠬᠦ ᠰᠠᠨᠠᠭᠤᠯᠭ᠎ᠠ ᠳᠤᠷᠠᠳᠬᠤ ᠵᠡᠷᠭᠡ ᠠᠭᠤᠯᠭ᠎ᠠ ᠪᠠᠭᠲᠠᠨ᠎ᠠ᠃ | 1.ᠡᠪᠡᠳᠴᠢᠲᠡᠨ ᠤ ᠰᠤᠷᠠᠭ ᠵᠠᠩᠭᠢ ᠶᠢ ᠣᠶᠢᠯᠠᠭᠠᠬᠤ᠄ ᠯᠠᠪᠯᠠᠨ ᠠᠰᠠᠭᠤᠬᠤ᠂ ᠡᠪᠡᠳᠴᠢᠲᠡᠨ ᠤ ᠡᠪᠡᠳᠴᠢᠨ ᠤ | ᠥᠩᠭᠡᠷᠡᠯᠲᠡ ᠶᠢ ᠪᠠᠶᠢᠴᠠᠭᠠᠨ ᠦᠵᠡᠬᠦ ᠵᠡᠷᠭᠡ ᠠᠷᠭ᠎ᠠ ᠪᠠᠷ ᠳᠡᠮᠵᠢᠨ᠂ ᠡᠪᠡᠳᠴᠢᠲᠡᠨ ᠤ ᠡᠮ ᠬᠡᠷᠡᠭᠯᠡᠬᠦ ᠬᠠᠮᠢᠶ᠎ᠠ | ᠪᠦᠬᠦᠢ ᠮᠡᠳᠡᠭᠡ ᠵᠠᠩᠭᠢ ᠶᠢ ᠣᠶᠢᠯᠠᠭᠠᠨ᠎ᠠ᠂ ᠡᠭᠦᠨ ᠳᠤ ᠡᠪᠡᠳᠴᠢᠲᠡᠨ ᠤ ᠦᠨᠳᠦᠰᠦᠨ ᠮᠡᠳᠡᠭᠡ ᠵᠠᠩᠭᠢ ︵ᠨᠠᠰᠤ ᠵᠢᠯ᠂ | ᠬᠦᠢᠰᠦ ᠶᠢᠨ ᠢᠯᠭᠠᠯ᠂ ᠠᠵᠢᠯ ᠮᠡᠷᠭᠡᠵᠢᠯ᠂ ᠣᠷᠣᠨ ᠰᠠᠭᠤᠴᠠ᠂ ᠰᠣᠶᠣᠯ ᠤᠨ ᠬᠡᠮᠵᠢᠶ᠎ᠡ᠂ ᠡᠮ ᠡᠮᠨᠡᠯᠭᠡ ᠶᠢᠨ | ᠳᠠᠭᠠᠳᠬᠠᠯ ᠵᠡᠷᠭᠡ︶᠂ ᠡᠷᠡᠭᠦᠯ ᠮᠡᠨᠳᠦ ᠶᠢᠨ ᠮᠡᠳᠡᠭᠡ ᠵᠠᠩᠭᠢ ︵ᠬᠤᠪᠢ ᠬᠥᠮᠥᠨ ᠤ ᠲᠡᠦᠬᠡ᠂ ᠭᠡᠷ ᠪᠦᠯᠢ ᠶᠢᠨ | ᠲᠡᠦᠬᠡ᠂ ᠦᠷᠡᠵᠢᠯ ᠤᠨ ᠲᠡᠦᠬᠡ᠂ ᠥᠩᠭᠡᠷᠡᠭᠰᠡᠨ ᠤ ᠲᠡᠦᠬᠡ᠂ ᠣᠳᠣᠬᠢ ᠡᠪᠡᠳᠴᠢᠨ ᠤ ᠲᠡᠦᠬᠡ᠂ ᠠᠮᠢᠳᠤᠷᠠᠯ ᠤᠨ | ᠳᠠᠳᠬᠠᠯ ᠵᠡᠷᠭᠡ︶᠂ ᠡᠮ ᠬᠡᠷᠡᠭᠯᠡᠬᠦ ᠮᠡᠳᠡᠭᠡ ᠵᠠᠩᠭᠢ ︵ᠡᠮ ᠬᠡᠷᠡᠭᠯᠡᠭᠰᠡᠨ ᠲᠡᠦᠬᠡ᠂ ᠡᠮ ᠤᠨ ᠮᠠᠭᠤ ᠲᠤᠰᠬᠠᠯ ᠤᠨ | ᠲᠡᠦᠬᠡ᠂ ᠡᠭᠡᠯᠢᠯᠡᠭᠡ ᠶᠢᠨ ᠲᠠᠷᠢᠯᠭ᠎ᠠ ᠶᠢᠨ ᠲᠡᠦᠬᠡ ᠵᠡᠷᠭᠡ︶᠂ ᠬᠡᠷᠡᠭᠴᠡᠭᠡ ᠱᠠᠭᠠᠷᠳᠠᠯᠭ᠎ᠠ ᠶᠢᠨ ᠮᠡᠳᠡᠭᠡ ᠵᠠᠩᠭᠢ ︵ | ᠡᠮ ᠤᠨ ᠡᠮᠴᠢᠯᠡᠭᠡ᠂ ᠡᠷᠡᠭᠦᠯ ᠮᠡᠨᠳᠦ ᠶᠢᠨ ᠪᠠᠶᠢᠳᠠᠯ᠂ ᠡᠮ ᠤᠨ ᠰᠤᠳᠤᠯᠤᠯ ᠤᠨ ᠦᠢᠯᠡᠴᠢᠯᠡᠭᠡ ᠵᠡᠷᠭᠡ︶ ᠵᠡᠷᠭᠡ | ᠪᠠᠭᠲᠠᠨ᠎ᠠ᠃ | 2.ᠡᠪᠡᠳᠴᠢᠲᠡᠨ ᠤ ᠡᠮ ᠬᠡᠷᠡᠭᠯᠡᠭᠰᠡᠨ ᠪᠠᠶᠢᠳᠠᠯ ᠢ ᠦᠨᠡᠯᠡᠨ ᠵᠢᠱᠢᠬᠦ᠄ ᠡᠪᠡᠳᠴᠢᠲᠡᠨ ᠤ ᠡᠮ ᠬᠡᠷᠡᠭᠯᠡᠭᠰᠡᠨ ᠤ | ᠳᠠᠷᠠᠭᠠᠬᠢ ᠲᠤᠰᠬᠠᠯ ᠵᠡᠷᠭᠡ ᠶᠢ ᠦᠨᠳᠦᠰᠦᠯᠡᠨ᠂ ᠡᠮ ᠢᠶᠠᠷ ᠵᠠᠰᠠᠬᠤ ᠳᠤ ᠲᠣᠬᠢᠷᠠᠬᠤ ᠡᠪᠡᠳᠴᠢᠨ᠂ ᠪᠦᠲᠦᠮᠵᠢᠲᠦ | ᠴᠢᠨᠠᠷ᠂ ᠠᠶᠤᠯᠭᠦᠢ ᠴᠢᠨᠠᠷ᠂ ᠬᠢᠮᠳᠠ ᠴᠢᠨᠠᠷ᠂ ᠲᠦᠰᠢᠭᠯᠡᠬᠦ ᠴᠢᠨᠠᠷ ᠵᠡᠷᠭᠡ ᠲᠠᠯ᠎ᠠ ᠠᠴᠠ ᠦᠨᠡᠯᠡᠨ ᠵᠢᠱᠢᠵᠦ᠂ | ᠭᠡᠷᠡᠴᠢᠯᠡᠯ ᠤᠨ ᠭᠡᠷᠡᠴᠢ ᠪᠠᠷᠢᠮᠲᠠ ᠵᠢᠴᠢ ᠡᠪᠡᠳᠴᠢᠲᠡᠨ ᠤ ᠪᠣᠳᠠᠲᠠᠢ ᠪᠠᠶᠢᠳᠠᠯ ᠳᠤ ᠰᠠᠭᠤᠷᠢᠯᠠᠨ ᠶᠡᠷᠦᠩᠬᠡᠶᠢᠯᠡᠨ | ᠵᠠᠳᠠᠯᠤᠯᠲᠠ ᠬᠢᠨ᠎ᠡ᠃ ᠡᠪᠡᠳᠴᠢᠲᠡᠨ ᠤ ᠡᠮᠴᠢᠯᠡᠭᠡᠨ ᠤ ᠱᠠᠭᠠᠷᠳᠠᠯᠭ᠎ᠠ ᠶᠢ ᠭᠤᠣᠯᠳᠠᠯᠭ᠎ᠠ ᠲᠠᠢ ᠠᠩᠬᠠᠷᠴᠤ᠂ ᠲᠤᠰᠠᠭᠠᠷ | ᠬᠡᠷᠡᠭᠯᠡᠬᠦ ᠡᠮ ᠵᠢᠴᠢ ᠪᠤᠰᠤᠳ ᠵᠦᠢ ᠵᠣᠬᠢᠰᠲᠠᠢ ᠬᠡᠷᠡᠭᠯᠡᠬᠦ ᠡᠮ ᠤᠨ ᠬᠠᠮᠢᠶ᠎ᠠ ᠪᠦᠬᠦᠢ ᠠᠰᠠᠭᠤᠳᠠᠯ ᠢ ᠰᠢᠢᠳᠪᠦᠷᠢᠯᠡᠨ᠎ᠡ᠃ | | 3.ᠡᠮ ᠬᠡᠷᠡᠭᠯᠡᠬᠦ ᠲᠤᠬᠠᠢ ᠯᠠᠪᠯᠠᠯᠭ᠎ᠠ ᠬᠠᠩᠭᠠᠬᠤ᠄ ᠡᠪᠡᠳᠴᠢᠲᠡᠨ ᠳᠤ ᠣᠷᠣᠰᠢᠵᠤ ᠪᠠᠶᠢᠭ᠎ᠠ ᠡᠮ ᠬᠡᠷᠡᠭᠯᠡᠬᠦ | ᠲᠤᠬᠠᠢ ᠮᠠᠳᠠᠭ ᠲᠠᠢ ᠠᠰᠠᠭᠤᠳᠠᠯ ᠳᠤ ᠬᠠᠷᠢᠭᠤᠯᠲᠠ ᠥᠭᠭᠦᠨ᠎ᠡ᠃ | 4.ᠡᠮ ᠬᠡᠷᠡᠭᠯᠡᠬᠦ ᠰᠤᠷᠭᠠᠨ ᠬᠥᠮᠦᠵᠢᠯ ᠢ ᠥᠷᠨᠢᠭᠦᠯᠬᠦ᠄ ᠠᠮᠠ᠂ ᠪᠢᠴᠢᠭ ᠤᠨ ᠮᠠᠲ᠋ᠧᠷᠢᠶᠠᠯ᠂ ᠪᠣᠳᠠᠲᠤ | ᠪᠣᠳᠠᠰ ᠤᠨ ᠦᠵᠡᠭᠦᠯᠦᠯᠭᠡ ᠵᠡᠷᠭᠡ ᠬᠡᠯᠪᠡᠷᠢ ᠪᠠᠷ ᠡᠪᠡᠳᠴᠢᠲᠡᠨ ᠳᠤ ᠰᠤᠷᠭᠠᠨ ᠬᠥᠮᠦᠵᠢᠯ ᠤᠨ ᠵᠢᠯᠣᠭᠤᠳᠤᠮᠵᠢ | ᠬᠠᠩᠭᠠᠨ᠎ᠠ᠂ ᠡᠭᠦᠨ ᠳᠤ ᠡᠮ ᠤᠨ ᠲᠣᠬᠢᠷᠠᠬᠤ ᠡᠪᠡᠳᠴᠢᠨ᠂ ᠴᠡᠭᠡᠷᠯᠡᠬᠦ ᠡᠪᠡᠳᠴᠢᠨ᠂ ᠬᠡᠷᠡᠭᠯᠡᠬᠦ ᠠᠷᠭ᠎ᠠ᠂ ᠬᠡᠷᠡᠭᠯᠡᠬᠦ | ᠬᠡᠮᠵᠢᠶ᠎ᠡ᠂ ᠡᠮ ᠬᠡᠷᠡᠭᠯᠡᠬᠦ ᠴᠠᠭ᠂ ᠡᠮ ᠬᠡᠷᠡᠭᠯᠡᠬᠦ ᠬᠤᠭᠤᠴᠠᠭ᠎ᠠ᠂ ᠠᠩᠬᠠᠷᠬᠤ ᠵᠦᠢᠯ᠂ ᠡᠮ ᠤᠨ ᠮᠠᠭᠤ ᠦᠢᠯᠡᠳᠦᠯ | ᠵᠢᠴᠢ ᠠᠮᠢᠳᠤᠷᠠᠯ ᠤᠨ ᠠᠷᠭ᠎ᠠ ᠮᠠᠶ᠋ᠢᠭ ᠤᠨ ᠵᠢᠯᠣᠭᠤᠳᠤᠮᠵᠢ ᠵᠡᠷᠭᠡ ᠶᠢ ᠪᠠᠭᠲᠠᠭᠠᠨ᠎ᠠ᠃ ᠯᠠᠪᠯᠠᠨ ᠠᠰᠠᠭᠤᠬᠤ ᠪᠤᠶᠤ | ᠲᠡᠭᠦᠨ ᠢᠶᠠᠷ ᠳᠠᠪᠲᠠᠨ ᠶᠠᠷᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠪᠡᠳᠴᠢᠲᠡᠨ ᠪᠤᠶᠤ ᠲᠡᠭᠦᠨ ᠤ | ᠬᠠᠷᠠᠭᠠᠯᠵᠠᠨ ᠠᠰᠠᠷᠠᠭᠴᠢ ᠬᠤᠯᠪᠣᠭᠳᠠᠯ ᠪᠦᠬᠦᠢ ᠠᠭᠤᠯᠭ᠎ᠠ ᠶᠢ ᠨᠢᠭᠡᠨᠲᠡ ᠣᠶᠢᠯᠠᠭᠠᠭᠰᠠᠨ ᠢ ᠨᠤᠲᠠᠯᠠᠬᠤ ᠶᠢᠨ ᠬᠠᠮᠲᠤ | ᠳᠤᠷᠠᠳᠤᠭᠰᠠᠨ ᠰᠠᠨᠠᠭᠤᠯᠭ᠎ᠠ ᠶᠢ ᠬᠦᠯᠢᠶᠡᠨ ᠠᠪᠤᠨ᠎ᠠ᠃ ᠪᠣᠳᠠᠲᠠᠢ ᠪᠠᠷ ︽ᠡᠮᠴᠢᠯᠡᠭᠡᠨ ᠤ ᠪᠠᠶᠢᠭᠤᠯᠤᠮᠵᠢ ᠶᠢᠨ ᠡᠮ | ᠬᠡᠷᠡᠭᠯᠡᠬᠦ ᠰᠤᠷᠭᠠᠨ ᠬᠥᠮᠦᠵᠢᠯ ᠤᠨ ᠦᠢᠯᠡᠴᠢᠯᠡᠭᠡᠨ ᠤ ᠳᠦᠷᠢᠮ︾ ᠢᠶᠠᠷ ᠯᠠᠪᠯᠠᠯᠲᠠ ᠪᠣᠯᠭᠠᠵᠤ ᠪᠣᠯᠣᠨ᠎ᠠ᠃ | 5. ᠡᠮ ᠬᠡᠷᠡᠭᠯᠡᠬᠦ ᠲᠥᠰᠥᠯ ᠳᠤ ᠲᠣᠬᠢᠷᠠᠭᠤᠯᠤᠯᠲᠠ ᠬᠢᠬᠦ ᠰᠠᠨᠠᠭᠤᠯᠭ᠎ᠠ ᠳᠤᠷᠠᠳᠬᠤ ᠵᠡᠷᠭᠡ᠄ ᠦᠨᠡᠯᠡᠨ | ᠵᠢᠱᠢᠭᠰᠡᠨ ᠤ ᠳᠠᠷᠠᠭ᠎ᠠ ᠡᠪᠡᠳᠴᠢᠲᠡᠨ ᠳᠤ ᠡᠮ ᠬᠡᠷᠡᠭᠯᠡᠬᠦ ᠨᠢ ᠲᠣᠬᠢᠷᠠᠮᠵᠢ ᠦᠭᠡᠢ ᠠᠰᠠᠭᠤᠳᠠᠯ ᠣᠷᠣᠰᠢᠵᠤ ᠪᠠᠶᠢᠬᠤ ᠶᠢ | ᠣᠯᠵᠤ ᠮᠡᠳᠡᠪᠡᠯ᠂ ᠡᠮ ᠨᠠᠶᠢᠷᠠᠭᠴᠢ ᠡᠮ ᠬᠡᠷᠡᠭᠯᠡᠬᠦ ᠲᠥᠰᠥᠯ ᠳᠤ ᠲᠣᠬᠢᠷᠠᠭᠤᠯᠤᠯᠲᠠ ᠬᠢᠬᠦ ᠰᠠᠨᠠᠭᠤᠯᠭ᠎ᠠ ᠳᠤᠷᠠᠳᠬᠤ | ᠬᠡᠷᠡᠭᠲᠡᠢ᠃ ᠡᠮ ᠨᠠᠶᠢᠷᠠᠭᠴᠢ ᠶᠢᠨ ᠳᠤᠷᠠᠳᠤᠭᠰᠠᠨ ᠰᠠᠨᠠᠭᠤᠯᠭ᠎ᠠ ᠶᠢ ᠡᠮᠴᠢᠯᠡᠭᠡᠨ ᠳᠤ ᠡᠮ ᠬᠡᠷᠡᠭᠯᠡᠬᠦ ᠶᠢᠨ ᠠᠰᠢᠭᠲᠠᠢ | ᠯᠠᠪᠯᠠᠯᠲᠠ ᠪᠣᠯᠭᠠᠵᠤ᠂ ᠬᠠᠮᠤᠭ ᠡᠴᠦᠰ ᠤᠨ ᠡᠮ ᠬᠡᠷᠡᠭᠯᠡᠬᠦ ᠲᠥᠰᠥᠯ ᠢ ᠡᠮᠴᠢ ᠠᠴᠠ ᠲᠣᠭᠲᠠᠭᠠᠨ᠎ᠠ᠃ | ︵ᠭᠤᠷᠪᠠ︶ ᠨᠡᠪᠲᠡᠷᠡᠯᠴᠡᠬᠦ ᠤᠷ᠎ᠠ ᠳᠡᠮ᠃ ᠡᠮ ᠨᠠᠶᠢᠷᠠᠭᠴᠢ ᠡᠷᠬᠡᠪᠰᠢ ᠬᠠᠷᠢᠯᠴᠠᠬᠤ ᠤᠷ᠎ᠠ ᠳᠡᠮ ᠢ | ᠠᠩᠬᠠᠷᠴᠤ᠂ ᠣᠨᠴᠠᠭᠠᠶ ᠡᠪᠡᠳᠴᠢᠲᠡᠨ ᠤ ᠬᠠᠷᠢᠯᠴᠠᠬᠤ ᠠᠷᠭ᠎ᠠ ᠮᠠᠶ᠋ᠢᠭ ᠢ ᠠᠩᠬᠠᠷᠬᠤ ᠬᠡᠷᠡᠭᠲᠡᠢ᠂ ᠵᠢᠱᠢᠶᠡᠯᠡᠪᠡᠯ | ᠰᠣᠨᠣᠷ ᠤᠨ ᠭᠡᠮᠲᠦᠯ ᠲᠠᠢ ᠡᠪᠡᠳᠴᠢᠲᠡᠨ᠂ ᠬᠠᠷᠠᠭᠠᠨ ᠤ ᠭᠡᠮᠲᠦᠯ ᠲᠠᠢ ᠡᠪᠡᠳᠴᠢᠲᠡᠨ᠂ ᠦᠭᠡ ᠬᠡᠯᠡᠨ ᠤ ᠭᠡᠮᠲᠦᠯ ᠲᠠᠢ | ᠡᠪᠡᠳᠴᠢᠲᠡᠨ ᠵᠡᠷᠭᠡ ᠶᠢ ᠠᠩᠬᠠᠷᠴᠤ᠂ ᠨᠠᠰᠤᠨ ᠳᠤ ᠦᠯᠦ ᠬᠦᠷᠦᠭᠰᠡᠳ ᠪᠤᠶᠤ ᠪᠡᠶ᠎ᠡ ᠪᠠᠨ ᠳᠠᠭᠠᠭᠠᠭᠰᠠᠨ | ᠠᠵᠢᠯᠯᠠᠭ᠎ᠠ ᠶᠢᠨ ᠴᠢᠳᠠᠪᠤᠷᠢ ᠦᠭᠡᠢ ᠬᠥᠮᠥᠰ ᠲᠠᠢ ᠬᠢᠨᠠᠨ ᠬᠠᠮᠠᠭᠠᠯᠠᠭᠴᠢ ᠲᠠᠢ ᠪᠠᠨ ᠨᠡᠪᠲᠡᠷᠡᠯᠴᠡᠬᠦ ᠬᠡᠷᠡᠭᠲᠡᠢ᠃ | ︵ᠳᠥᠷᠪᠡ︶ ᠡᠮᠴᠢᠯᠡᠭᠡᠨ ᠤ ᠪᠢᠴᠢᠭ ᠬᠠᠷ᠎ᠠ ᠶᠢᠨ ᠬᠠᠮᠢᠶᠠᠷᠤᠯᠲᠠ᠃ ᠡᠮ ᠨᠠᠶᠢᠷᠠᠭᠴᠢ ᠡᠮ ᠤᠨ | ᠰᠤᠳᠤᠯᠤᠯ ᠤᠨ ᠡᠭᠦᠳᠡᠨ ᠡᠮᠨᠡᠯᠭᠡ ᠶᠢᠨ ᠦᠢᠯᠡᠴᠢᠯᠡᠭᠡ ᠬᠠᠩᠭᠠᠬᠤ ᠳᠠᠭᠠᠨ ᠡᠮᠴᠢᠯᠡᠭᠡᠨ ᠤ ᠪᠢᠴᠢᠭ ᠬᠠᠷ᠎ᠠ ᠪᠢᠴᠢᠬᠦ | ᠬᠡᠷᠡᠭᠲᠡᠢ᠂ ᠲᠤᠰ ᠪᠢᠴᠢᠭ ᠬᠠᠷ᠎ᠠ ᠶᠢ ᠡᠭᠦᠳᠡᠨ ᠡᠮᠨᠡᠯᠭᠡ ᠶᠢᠨ ᠡᠪᠡᠳᠴᠢᠨ ᠤ ᠲᠡᠦᠬᠡ ᠶᠢᠨ ᠬᠠᠮᠢᠶᠠᠷᠤᠯᠲᠠ ᠳᠤ | ᠣᠷᠣᠭᠤᠯᠬᠤ ᠬᠡᠷᠡᠭᠲᠡᠢ᠃ | ᠭᠤᠷᠪᠠ᠂ ᠶᠠᠰᠤ ᠴᠢᠨᠠᠷ ᠤᠨ ᠬᠠᠮᠢᠶᠠᠷᠤᠯᠲᠠ ᠬᠢᠭᠡᠳ ᠦᠨᠡᠯᠡᠯᠲᠡ ᠶᠢᠨ ᠰᠠᠶᠢᠵᠢᠷᠠᠭᠤᠯᠤᠯᠲᠠ | ︵ᠨᠢᠭᠡ︶ ᠶᠠᠰᠤ ᠴᠢᠨᠠᠷ ᠤᠨ ᠬᠠᠮᠢᠶᠠᠷᠤᠯᠲᠠ᠃ ᠡᠮᠴᠢᠯᠡᠭᠡᠨ ᠤ ᠪᠠᠶᠢᠭᠤᠯᠤᠮᠵᠢ ᠨᠤᠭᠤᠳ ᠡᠮ ᠤᠨ | ᠰᠤᠳᠤᠯᠤᠯ ᠤᠨ ᠡᠭᠦᠳᠡᠨ ᠡᠮᠨᠡᠯᠭᠡ ᠶᠢ ᠲᠣᠰ ᠪᠠᠶᠢᠭᠤᠯᠤᠮᠵᠢ ᠶᠢᠨ ᠢᠶᠠᠨ ᠡᠮᠴᠢᠯᠡᠭᠡᠨ ᠤ ᠶᠠᠰᠤ ᠴᠢᠨᠠᠷ ᠤᠨ | ᠬᠠᠮᠢᠶᠠᠷᠤᠯᠲᠠ ᠬᠢᠭᠡᠳ ᠡᠵᠡᠮᠳᠡᠬᠦ ᠰᠢᠰᠲ᠋ᠧᠮᠵᠢ ᠳᠤ ᠣᠷᠣᠭᠤᠯᠵᠤ᠂ ᠬᠠᠮᠢᠶ᠎ᠠ ᠪᠦᠬᠦᠢ ᠬᠠᠮᠢᠶᠠᠷᠤᠯᠲᠠ ᠶᠢᠨ ᠵᠢᠷᠤᠮᠵᠢᠯ | ᠬᠢᠭᠡᠳ ᠳᠦᠷᠢᠮ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠤᠨ᠂ ᠡᠮ ᠤᠨ ᠰᠤᠳᠤᠯᠤᠯ ᠤᠨ ᠡᠭᠦᠳᠡᠨ ᠡᠮᠨᠡᠯᠭᠡ ᠳᠤ | ᠴᠠᠭ ᠲᠤᠨᠢ ᠲᠣᠬᠢᠷᠠᠭᠤᠯᠤᠨ ᠪᠠᠶᠢᠴᠠᠭᠠᠯᠲᠠ ᠪᠠ ᠬᠢᠨᠠᠨ ᠰᠢᠯᠭᠠᠯᠲᠠ ᠬᠢᠵᠦ᠂ ᠡᠮᠴᠢᠯᠡᠭᠡᠨ ᠤ ᠶᠠᠰᠤ ᠴᠢᠨᠠᠷ ᠪᠠ | ᠡᠮᠴᠢᠯᠡᠭᠡᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ | ︵ᠬᠤᠶᠠᠷ︶ ᠦᠨᠡᠯᠡᠨ ᠰᠠᠶᠢᠵᠢᠷᠠᠭᠤᠯᠤᠨ᠎ᠠ᠃ ᠡᠮᠴᠢᠯᠡᠭᠡᠨ ᠤ ᠪᠠᠶᠢᠭᠤᠯᠤᠮᠵᠢ ᠨᠢ ᠡᠮᠴᠢᠯᠡᠭᠡᠨ ᠤ | ᠭᠦᠢᠴᠡᠳᠬᠡᠯ ᠲᠤᠭ᠎ᠠ᠂ ᠬᠥᠮᠥᠨ ᠨᠡᠶᠢᠭᠡᠮ ᠤᠨ ᠭᠦᠢᠴᠡᠳᠬᠡᠯ ᠲᠤᠭ᠎ᠠ᠂ ᠠᠵᠤ ᠠᠬᠤᠢ ᠶᠢᠨ ᠭᠦᠢᠴᠡᠳᠬᠡᠯ ᠲᠤᠭ᠎ᠠ | ᠵᠡᠷᠭᠡ ᠶᠢ ᠦᠨᠳᠦᠰᠦᠯᠡᠨ᠂ ᠡᠮ ᠤᠨ ᠰᠤᠳᠤᠯᠤᠯ ᠤᠨ ᠡᠭᠦᠳᠡᠨ ᠡᠮᠨᠡᠯᠭᠡ ᠶᠢᠨ ᠠᠵᠢᠯ ᠢ ᠲᠣᠭᠲᠠᠮᠠᠯ | ᠬᠤᠭᠤᠴᠠᠭ᠎ᠠ ᠲᠠᠢ ᠪᠠᠷ ᠳ᠋ᠦᠩᠨᠡᠵᠦ᠂ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ ᠰᠢᠢᠳᠪᠦᠷᠢᠯᠡᠬᠦ ᠠᠷᠭ᠎ᠠ | ᠬᠡᠮᠵᠢᠶ᠎ᠡ ᠳᠤᠷᠠᠳᠴᠤ᠂ ᠡᠮ ᠤᠨ ᠰᠤᠳᠤᠯᠤᠯ ᠤᠨ ᠡᠭᠦᠳᠡᠨ ᠡᠮᠨᠡᠯᠭᠡ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ | ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠢ᠃ ᠡᠮ ᠤᠨ ᠰᠤᠳᠤᠯᠤᠯ ᠤᠨ ᠰᠠᠯᠠᠭ᠎ᠠ ᠮᠥᠴᠢᠷ ᠤᠳ ᠡᠮ ᠤᠨ | ᠰᠤᠳᠤᠯᠤᠯ ᠤᠨ ᠡᠭᠦᠳᠡᠨ ᠡᠮᠨᠡᠯᠭᠡ ᠶᠢᠨ ᠦᠢᠯᠡᠴᠢᠯᠡᠭᠡᠨ ᠤ ᠲᠣᠬᠢᠷᠠᠮᠵᠢᠲᠠᠢ ᠵᠠᠭᠪᠤᠷ ᠢ ᠢᠳᠡᠪᠬᠢᠲᠡᠢ ᠪᠠᠷ ᠬᠠᠶᠢᠨ | ᠰᠦᠪᠡᠭᠴᠢᠯᠡᠵᠦ᠂ ᠡᠮ ᠤᠨ ᠰᠤᠳᠤᠯᠤᠯ ᠤᠨ ᠡᠭᠦᠳᠡᠨ ᠡᠮᠨᠡᠯᠭᠡ ᠶᠢᠨ ᠦᠷᠭᠦᠯᠵᠢᠯᠡᠨ ᠬᠥᠭᠵᠢᠬᠦ ᠶᠢ ᠲᠦᠯᠬᠢᠨ | ᠠᠬᠢᠭᠤᠯᠬᠤ ᠬᠡᠷᠡᠭᠲᠡᠢ᠃ ᠡᠮᠴᠢᠯᠡᠭᠡᠨ ᠳᠤ ᠭᠠᠷᠬᠤ ᠡᠮ ᠨᠠᠶᠢᠷᠠᠭᠴᠢ ᠡᠷᠳᠡᠮ ᠰᠢᠨᠵᠢᠯᠡᠭᠡᠨ ᠤ ᠰᠣᠯᠢᠯᠴᠠᠭᠠᠨ ᠤ | ᠰᠤᠷᠤᠯᠴᠠᠯᠭ᠎ᠠ ᠳᠤ ᠢᠳᠡᠪᠬᠢᠲᠡᠢ ᠣᠷᠣᠯᠴᠠᠵᠤ᠂ ᠬᠠᠮᠢᠶ᠎ᠠ ᠪᠦᠬᠦᠢ ᠰᠤᠳᠤᠯᠭᠠᠨ ᠢ ᠢᠳᠡᠪᠬᠢᠲᠡᠢ ᠥᠷᠨᠢᠭᠦᠯᠦᠨ᠂ | ᠦᠢᠯᠡᠴᠢᠯᠡᠭᠡᠨ ᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ | | | | | | ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯ ᠢ ᠳᠠᠬᠢᠨ ᠴᠡᠭᠴᠡᠯᠡᠬᠦ ᠦᠢᠯᠡᠴᠢᠯᠡᠭᠡᠨ ᠤ ᠳᠦᠷᠢᠮᠵᠢᠯ | | ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯ ᠢ ᠳᠠᠬᠢᠨ ᠴᠡᠭᠴᠡᠯᠡᠬᠦ ᠦᠢᠯᠡᠴᠢᠯᠡᠭᠡ ᠶᠢ ᠵᠢᠷᠤᠮᠵᠢᠭᠤᠯᠵᠤ᠂ | ᠡᠮ ᠤᠨ ᠵᠦᠢᠯ ᠢ ᠳᠠᠬᠢᠨ ᠴᠡᠭᠴᠡᠯᠡᠬᠦ ᠠᠵᠢᠯ ᠤᠨ ᠴᠢᠨᠠᠷ ᠴᠢᠨᠰᠠᠭ᠎ᠠ ᠶᠢ ᠪᠠᠲᠤᠯᠠᠬᠤ ᠶᠢᠨ ᠲᠤᠰᠠᠳᠠ᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮ ᠤᠨ ᠵᠦᠢᠯ ᠤᠨ ᠬᠠᠮᠢᠶᠠᠷᠤᠯᠲᠠ ᠶᠢᠨ ᠬᠠᠤᠯᠢ︾ ︽ᠡᠮᠴᠢᠯᠡᠭᠡᠨ ᠤ | ᠪᠠᠶᠢᠭᠤᠯᠤᠮᠵᠢ ᠶᠢᠨ ᠬᠠᠮᠢᠶᠠᠷᠤᠯᠲᠠ ᠶᠢᠨ ᠳᠦᠷᠢᠮ︾ ︽ᠵᠣᠷ ᠤᠨ ᠬᠠᠮᠢᠶᠠᠷᠤᠯᠲᠠ ᠶᠢᠨ ᠠᠷᠭ᠎ᠠ︾ ︽ᠡᠮᠴᠢᠯᠡᠭᠡᠨ ᠤ | ᠪᠠᠶᠢᠭᠤᠯᠤᠮᠵᠢ ᠶᠢᠨ ᠡᠮ ᠤᠨ ᠶᠠᠪᠤᠳᠠᠯ ᠤᠨ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠬᠠᠤᠯᠢ ᠴᠠᠭᠠᠵᠠ ᠬᠠᠤᠯᠢ | ᠲᠣᠭᠲᠠᠭᠠᠯ᠂ ᠳᠦᠷᠢᠮ ᠲᠣᠭᠲᠠᠭᠠᠯ ᠢ ᠦᠨᠳᠦᠰᠦᠯᠡᠨ᠂ ᠲᠣᠰ ᠵᠢᠷᠤᠮᠵᠢᠯ ᠢ ᠲᠣᠭᠲᠠᠭᠠᠪᠠ᠃ ᠲᠤᠰ ᠵᠢᠷᠤᠮᠵᠢᠯ ᠢ | ᠡᠮᠨᠡᠯᠭᠡ ᠳᠤ ᠰᠠᠭᠤᠵᠤ ᠡᠮᠨᠡᠭᠦᠯᠬᠦ ᠦᠢᠯᠡᠴᠢᠯᠡᠭᠡ ᠬᠠᠩᠭᠠᠬᠤ ᠡᠯ᠎ᠡ ᠱᠠᠲᠤᠨ ᠤ ᠡᠯ᠎ᠡ ᠲᠦᠷᠦᠯ ᠤᠨ ᠡᠮᠴᠢᠯᠡᠭᠡᠨ ᠤ | ᠪᠠᠶᠢᠭᠤᠯᠤᠮᠵᠢ ᠳᠤ ᠬᠡᠷᠡᠭᠯᠡᠨ᠎ᠡ᠃ | ᠡᠮ ᠢ ᠳᠠᠬᠢᠨ ᠴᠡᠭᠴᠡᠯᠡᠬᠦ ᠭᠡᠳᠡᠭ ᠨᠢ ᠡᠮ ᠨᠠᠶᠢᠷᠠᠭᠴᠢ ᠡᠮᠨᠡᠯᠭᠡ ᠳᠤ ᠰᠠᠭᠤᠭᠰᠠᠨ ᠡᠪᠡᠳᠴᠢᠲᠡᠨ ᠤ | ᠡᠮᠨᠡᠯᠭᠡ ᠳᠤ ᠣᠷᠣᠬᠤ᠂ ᠡᠮᠨᠡᠯᠭᠡ ᠰᠢᠯᠵᠢᠬᠦ ᠪᠤᠶᠤ ᠡᠮᠨᠡᠯᠭᠡ ᠠᠴᠠ ᠭᠠᠷᠬᠤ ᠵᠡᠷᠭᠡ ᠴᠢᠬᠤᠯᠠ ᠵᠠᠩᠭᠢᠯᠠᠭ᠎ᠠ ᠶᠢ | ᠪᠠᠭᠲᠠᠭᠠᠨ᠎ᠠ᠃ ᠡᠪᠡᠳᠴᠢᠲᠡᠨ ᠲᠠᠢ ᠨᠡᠪᠲᠡᠷᠡᠯᠴᠡᠬᠦ᠂ ᠬᠠᠮᠢᠶ᠎ᠠ ᠪᠦᠬᠦᠢ ᠮᠠᠲ᠋ᠧᠷᠢᠶᠠᠯ ᠢ ᠪᠠᠶᠢᠴᠠᠭᠠᠨ ᠦᠵᠡᠬᠦ ᠵᠡᠷᠭᠡ | ᠠᠷᠭ᠎ᠠ ᠪᠠᠷ ᠡᠪᠡᠳᠴᠢᠲᠡᠨ ᠤ ᠡᠮ ᠬᠡᠷᠡᠭᠯᠡᠵᠦ ᠪᠠᠶᠢᠭ᠎ᠠ ᠪᠠᠶᠢᠳᠠᠯ ᠢ ᠣᠶᠢᠯᠠᠭᠠᠵᠤ᠂ ᠣᠳᠣᠬᠠᠨ ᠳᠤ ᠶᠠᠭ ᠬᠡᠷᠡᠭᠯᠡᠵᠦ | ᠪᠠᠶᠢᠭ᠎ᠠ ᠠᠯᠢᠪᠠ ᠡᠮ ᠨᠢ ᠡᠮ ᠬᠡᠷᠡᠭᠯᠡᠬᠦ ᠡᠮᠴᠢ ᠶᠢᠨ ᠵᠢᠭᠠᠪᠤᠷᠢ ᠲᠠᠢ ᠵᠦᠢ ᠵᠣᠬᠢᠰᠲᠠᠢ ᠪᠥᠭᠡᠳ ᠨᠢᠭᠡᠳᠦᠯᠲᠡᠢ ᠪᠠᠶᠢᠬᠤ | ᠡᠰᠡᠬᠦ ᠶᠢ ᠬᠠᠷᠢᠴᠠᠭᠤᠯᠵᠤ᠂ ᠡᠮ ᠬᠡᠷᠡᠭᠯᠡᠬᠦ ᠲᠥᠰᠥᠯ ᠳᠤ ᠲᠣᠬᠢᠷᠠᠭᠤᠯᠤᠯᠲᠠ ᠬᠢᠬᠦ ᠰᠠᠨᠠᠭᠤᠯᠭ᠎ᠠ ᠭᠠᠷᠭᠠᠬᠤ ᠶᠢᠨ | ᠬᠠᠮᠲᠤ ᠡᠮᠴᠢᠯᠡᠭᠡᠨ ᠤ ᠪᠦᠯᠬᠦᠮ ᠲᠠᠢ ᠬᠠᠮᠲᠤ ᠪᠠᠷ ᠡᠮ ᠬᠡᠷᠡᠭᠯᠡᠬᠦ ᠳᠤ ᠲᠣᠬᠢᠷᠠᠮᠵᠢ ᠦᠭᠡᠢ ᠪᠠᠶᠢᠳᠠᠯ ᠳᠤ | ᠲᠣᠬᠢᠷᠠᠭᠤᠯᠤᠯᠲᠠ ᠬᠢᠬᠦ ᠶᠠᠪᠤᠴᠠ ᠶᠢ ᠥᠩᠭᠡᠷᠡᠭᠡᠬᠦ ᠬᠡᠷᠡᠭᠲᠡᠢ᠃ | ᠨᠢᠭᠡ᠂ ᠦᠨᠳᠦᠰᠦᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠵᠤ ᠬᠠᠮᠢᠶᠠᠷᠤᠨ᠎ᠠ᠃ ᠡᠮ ᠢ ᠲᠡᠬᠢᠠ ᠴᠡᠭᠴᠡᠯᠡᠬᠦ ᠦᠢᠯᠡᠴᠢᠯᠡᠭᠡ ᠶᠢ ᠡᠮ ᠤᠨ | ᠰᠤᠳᠤᠯᠤᠯ ᠤᠨ ᠰᠠᠯᠠᠭ᠎ᠠ ᠮᠥᠴᠢᠷ ᠠᠴᠠ ᠬᠠᠷᠢᠭᠤᠴᠠᠨ ᠶᠠᠪᠤᠭᠳᠠᠭᠤᠯᠬᠤ ᠶᠢᠨ ᠬᠠᠮᠲᠤ ᠬᠠᠮᠢᠶᠠᠷᠬᠤ ᠬᠡᠷᠡᠭᠲᠡᠢ᠃ ᠡᠮ | ᠡᠮᠨᠡᠯᠭᠡ ᠶᠢᠨ ᠪᠠᠶᠢᠭᠤᠯᠤᠮᠵᠢ ᠨᠢ ᠲᠤᠰ ᠪᠠᠶᠢᠭᠤᠯᠤᠮᠵᠢ ᠳᠤ ᠲᠣᠬᠢᠷᠠᠬᠤ ᠡᠮ ᠢ ᠲᠠᠬᠢᠨ ᠴᠡᠭᠴᠡᠯᠡᠬᠦ ᠦᠢᠯᠡᠴᠢᠯᠡᠭᠡᠨ ᠤ | ᠠᠵᠢᠯ ᠤᠨ ᠳᠦᠷᠢᠮ ᠵᠡᠷᠭᠡ ᠶᠢ ᠪᠠᠶᠢᠭᠤᠯᠬᠤ ᠬᠡᠷᠡᠭᠲᠡᠢ᠃ | ︵ᠬᠤᠶᠠᠷ︶ ᠠᠵᠢᠯᠲᠠᠨ ᠤ ᠱᠠᠭᠠᠷᠳᠠᠯᠭ᠎ᠠ᠃ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮ ᠢ ᠲᠠᠬᠢᠨ | ᠴᠡᠭᠴᠡᠯᠡᠬᠦ ᠦᠢᠯᠡᠴᠢᠯᠡᠭᠡ ᠬᠢᠵᠦ ᠪᠠᠶᠢᠭ᠎ᠠ ᠡᠮ ᠨᠠᠶᠢᠷᠠᠭᠴᠢ ᠳᠣᠣᠷᠠᠬᠢ ᠨᠥᠬᠦᠴᠡᠯ ᠤᠳ ᠤᠨ ᠨᠢᠭᠡ ᠳᠤ ᠨᠡᠶᠢᠴᠡᠭᠰᠡᠨ | ᠪᠠᠶᠢᠬᠤ ᠬᠡᠷᠡᠭᠲᠡᠢ᠄ | 1.ᠭᠤᠣᠯ ᠬᠠᠮᠢᠶᠠᠷᠬᠤ ᠡᠮ ᠨᠠᠶᠢᠷᠠᠭᠴᠢ ᠵᠢᠴᠢ ᠲᠡᠭᠦᠨ ᠠᠴᠠ ᠳᠡᠭᠡᠭᠰᠢᠬᠢ ᠲᠤᠰᠬᠠᠢ ᠮᠡᠷᠭᠡᠵᠢᠯ ᠤᠨ | ᠲᠤᠰᠢᠶᠠᠯ ᠤᠨ ᠲᠤᠰᠢᠶᠠᠯ ᠡᠭᠦᠷᠭᠡᠯᠡᠬᠦ ᠬᠢᠷᠢ ᠬᠡᠮ ᠲᠠᠢ᠂ ᠡᠮᠴᠢᠯᠡᠭᠡᠨ ᠤ ᠡᠮ ᠤᠨ ᠤᠬᠠᠭᠠᠨ ᠤ ᠠᠵᠢᠯ ᠢ 3 ᠵᠢᠯ ᠠᠴᠠ | ᠳᠡᠭᠡᠭᠰᠢ ᠬᠢᠭᠰᠡᠨ ᠪᠠᠶᠢᠬᠤ᠃ | 2. ᠳᠡᠳ᠋ ᠡᠷᠬᠢᠯᠡᠭᠴᠢ ᠡᠮ ᠨᠠᠶᠢᠷᠠᠭᠴᠢ ᠵᠢᠴᠢ ᠲᠡᠭᠦᠨ ᠠᠴᠠ ᠳᠡᠭᠡᠭᠰᠢᠬᠢ ᠲᠤᠰᠬᠠᠢ ᠮᠡᠷᠭᠡᠵᠢᠯ ᠤᠨ | ᠲᠤᠰᠢᠶᠠᠯ ᠤᠨ ᠲᠤᠰᠢᠶᠠᠯ ᠡᠭᠦᠷᠭᠡᠯᠡᠬᠦ ᠬᠢᠷᠢ ᠬᠡᠮ ᠲᠠᠢ᠂ ᠡᠮᠴᠢᠯᠡᠭᠡᠨ ᠤ ᠡᠮ ᠤᠨ ᠤᠬᠠᠭᠠᠨ ᠤ ᠠᠵᠢᠯ ᠢ 2 ᠵᠢᠯ ᠠᠴᠠ | ᠳᠡᠭᠡᠭᠰᠢ ᠬᠢᠭᠰᠡᠨ ᠪᠠᠶᠢᠬᠤ ᠬᠡᠷᠡᠭᠲᠡᠢ᠃ | ᠬᠤᠶᠠᠷ᠂ ᠦᠢᠯᠡᠴᠢᠯᠡᠭᠡᠨ ᠤ ᠬᠠᠮᠢᠶᠠᠷᠤᠯᠲᠠ | ︵ᠨᠢᠭᠡ︶ ᠦᠢᠯᠡᠴᠢᠯᠡᠬᠦ ᠡᠲᠡᠭᠡᠳ᠃ ᠡᠮ ᠢ ᠳᠠᠬᠢᠨ ᠨᠠᠶᠢᠷᠠᠭᠤᠯᠬᠤ ᠳᠤ ᠦᠢᠯᠡᠴᠢᠯᠡᠬᠦ ᠡᠲᠡᠭᠡᠳ ᠪᠣᠯ | ᠡᠮᠨᠡᠯᠭᠡ ᠳᠤ ᠰᠠᠭᠤᠬᠤ ᠡᠪᠡᠳᠴᠢᠲᠡᠨ ᠪᠣᠯᠣᠨ᠎ᠠ᠂ ᠡᠭᠦᠨ ᠢ ᠭᠤᠣᠯᠳᠠᠭᠤ ᠳᠣᠣᠷᠠᠬᠢ ᠡᠪᠡᠳᠴᠢᠲᠡᠨ ᠳᠤ | ᠬᠠᠨᠳᠤᠭᠤᠯᠤᠨ᠎ᠠ᠄ | 1.ᠤᠳᠠᠭᠠᠨ ᠴᠢᠨᠠᠷᠲᠠᠢ ᠪᠥᠭᠡᠷᠡᠨ ᠡᠪᠡᠳᠴᠢᠨ᠂ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ | ᠂ ᠴᠢᠰᠤᠨ ᠤ ᠥᠭᠡᠬᠦ ᠥᠨᠳᠥᠷᠵᠢᠭᠰᠡᠨ ᠭᠡᠮ᠂ ᠵᠢᠷᠦᠬᠡᠨ ᠲᠢᠲᠢᠮ ᠤᠨ ᠡᠪᠡᠳᠴᠢᠨ᠂ ᠲᠠᠷᠢᠬᠢᠨ ᠤ ᠰᠠ ᠳᠠᠭᠠᠷᠢᠬᠤ | ᠵᠡᠷᠭᠡ ᠣᠯᠠᠨ ᠰᠢᠰᠲ᠋ᠧᠮ ᠲᠠᠢ᠂ ᠣᠯᠠᠨ ᠲᠤᠰᠬᠠᠢ ᠰᠠᠯᠠᠭ᠎ᠠ ᠶᠢ ᠵᠡᠷᠭᠡᠪᠡᠷ ᠡᠮᠨᠡᠭᠦᠯᠦᠭᠰᠡᠨ ᠤᠳᠠᠭᠠᠨ ᠴᠢᠨᠠᠷᠲᠠᠢ | ᠡᠪᠡᠳᠴᠢᠲᠡᠨ᠃ ᠵᠢᠱᠢᠶᠡᠯᠡᠪᠡᠯ ᠤᠳᠠᠭᠠᠨ ᠴᠢᠨᠠᠷᠲᠠᠢ ᠪᠥᠭᠡᠷᠡᠨ ᠡᠪᠡᠳᠴᠢᠨ᠂ ᠴᠢᠰᠤᠨ ᠳᠠᠷᠤᠯᠲᠠ ᠥᠨᠳᠥᠷ᠂ ᠰᠢᠬᠢᠷ | ᠰᠢᠵᠢᠩ ᠡᠪᠡᠳᠴᠢᠨ᠂ ᠴᠢᠰᠤᠨ ᠤ ᠥᠭᠡᠬᠦ ᠥᠨᠳᠥᠷᠵᠢᠭᠰᠡᠨ ᠭᠡᠮ᠂ ᠵᠢᠷᠦᠬᠡᠨ ᠲᠢᠲᠢᠮ ᠤᠨ ᠡᠪᠡᠳᠴᠢᠨ᠂ ᠲᠠᠷᠢᠬᠢᠨ ᠤ | ᠰᠠ ᠡᠪᠡᠳᠴᠢᠨ ᠳᠤ ᠨᠡᠷᠪᠡᠭᠳᠡᠭᠰᠡᠨ ᠡᠪᠡᠳᠴᠢᠲᠡᠨ᠃ | 2.5 ᠵᠦᠢᠯ ᠵᠢᠴᠢ 5 ᠵᠦᠢᠯ ᠠᠴᠠ ᠳᠡᠭᠡᠭᠰᠢ ᠡᠮ ᠢ ᠵᠡᠷᠭᠡᠪᠡᠷ ᠬᠡᠷᠡᠭᠯᠡᠭᠰᠡᠨ ᠡᠪᠡᠳᠴᠢᠲᠡᠨ᠃ | 3.ᠡᠮᠴᠢ ᠠᠴᠠ ᠡᠮ ᠢ ᠳᠠᠬᠢᠨ ᠴᠡᠭᠴᠡᠯᠡᠬᠦ ᠱᠠᠭᠠᠷᠳᠠᠯᠭ᠎ᠠ ᠲᠠᠢ ᠭᠡᠵᠦ ᠳᠤᠷᠠᠳᠤᠭᠰᠠᠨ ᠡᠪᠡᠳᠴᠢᠲᠡᠨ᠃ | ︵ᠬᠤᠶᠠᠷ︶ ᠠᠵᠢᠯ ᠤᠨ ᠠᠭᠤᠯᠭ᠎ᠠ᠃ ᠡᠮ ᠢ ᠳᠠᠬᠢᠨ ᠴᠡᠭᠴᠡᠯᠡᠬᠦ ᠦᠢᠯᠡᠴᠢᠯᠡᠭᠡ ᠳᠤ ᠭᠤᠣᠯᠳᠠᠭᠤ | ᠳᠣᠣᠷᠠᠬᠢ ᠠᠭᠤᠯᠭ᠎ᠠ ᠶᠢ ᠪᠠᠭᠲᠠᠭᠠᠨ᠎ᠠ᠄ | 1. ᠡᠮᠨᠡᠯᠭᠡ ᠳᠤ ᠣᠷᠣᠭᠰᠠᠨ ᠡᠪᠡᠳᠴᠢᠲᠡᠨ ᠤ ᠡᠮ ᠤᠨ ᠵᠦᠢᠯ ᠢ ᠳᠠᠬᠢᠨ ᠴᠡᠭᠴᠡᠯᠡᠬᠦ ᠦᠢᠯᠡᠴᠢᠯᠡᠭᠡ᠄ | ᠡᠪᠡᠳᠴᠢᠲᠡᠨ ᠪᠤᠶᠤ ᠲᠡᠭᠦᠨ ᠤ ᠭᠡᠷ ᠪᠦᠯᠢ ᠶᠢᠨ ᠬᠢᠨ ᠲᠠᠢ ᠨᠢᠭᠤᠷᠲᠠᠨ ᠶᠠᠷᠢᠯᠴᠠᠬᠤ᠂ ᠡᠪᠡᠳᠴᠢᠲᠡᠨ ᠤ | ᠥᠩᠭᠡᠷᠡᠭᠰᠡᠨ ᠤ ᠡᠪᠡᠳᠴᠢᠨ ᠤ ᠲᠡᠦᠬᠡ ᠵᠢᠴᠢ ᠵᠣᠷ ᠤᠨ ᠮᠡᠳᠡᠭᠡ ᠵᠠᠩᠭᠢ ᠶᠢ ᠪᠠᠶᠢᠴᠠᠭᠠᠨ ᠦᠵᠡᠬᠦ ᠵᠡᠷᠭᠡ ᠠᠷᠭ᠎ᠠ | ᠮᠠᠶ᠋ᠢᠭ ᠢᠶᠠᠷ ᠳᠡᠮᠵᠢᠨ᠂ ᠥᠩᠭᠡᠷᠡᠭᠰᠡᠨ ᠤ ᠡᠮ ᠬᠡᠷᠡᠭᠯᠡᠭᠰᠡᠨ ᠲᠡᠦᠬᠡ᠂ ᠡᠮ ᠵᠢᠴᠢ ᠢᠳᠡᠭᠡᠨ ᠤ ᠬᠠᠷᠰᠢᠯ ᠤᠨ ᠲᠡᠦᠬᠡ᠂ | ᠡᠮ ᠤᠨ ᠵᠦᠢᠯ ᠤᠨ ᠮᠠᠭᠤ ᠲᠤᠰᠬᠠᠯ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠶᠢ ᠴᠤᠭᠯᠠᠭᠤᠯᠤᠨ᠎ᠠ᠃ ᠪᠣᠳᠠᠲᠠᠢ ᠪᠠᠷ | ᠬᠡᠯᠡᠪᠡᠯ ᠣᠳᠣᠬᠠᠨ ᠳᠤ ᠶᠠᠭ ᠬᠡᠷᠡᠭᠯᠡᠵᠦ ᠪᠠᠶᠢᠭ᠎ᠠ ᠡᠮᠲᠦ ᠪᠣᠳᠠᠰ᠂ ᠥᠩᠭᠡᠷᠡᠭᠰᠡᠨ ᠳᠤ ᠬᠡᠷᠡᠭᠯᠡᠵᠦ ᠥᠩᠭᠡᠷᠡᠭᠰᠡᠨ | ᠡᠪᠡᠳᠴᠢᠨ ᠡᠮᠭᠡᠭ ᠲᠠᠢ ᠨᠢᠭᠲᠠ ᠬᠤᠯᠪᠣᠭ᠎ᠠ ᠲᠠᠢ ᠡᠮᠲᠦ ᠪᠣᠳᠠᠰ ᠪᠠ ᠡᠷᠡᠭᠦᠯᠵᠢᠯ ᠤᠨ ᠡᠳ᠋ ᠤᠨ ᠨᠡᠷᠡᠶᠢᠳᠦᠯ᠂ | ᠡᠮ ᠤᠨ ᠬᠡᠯᠪᠡᠷᠢ ᠬᠡᠪ ᠪᠠᠷᠢᠮᠵᠢᠶ᠎ᠠ᠂ ᠬᠡᠷᠡᠭᠯᠡᠬᠦ ᠠᠷᠭ᠎ᠠ᠂ ᠬᠡᠷᠡᠭᠯᠡᠬᠦ ᠬᠡᠮᠵᠢᠶ᠎ᠡ᠂ ᠡᠮ ᠬᠡᠷᠡᠭᠯᠡᠬᠦ ᠶᠢᠨ ᠡᠬᠢᠯᠡᠬᠦ ᠪᠠ | ᠳᠠᠭᠤᠰᠬᠤ ᠴᠠᠭ᠂ ᠡᠮ ᠬᠡᠷᠡᠭᠯᠡᠬᠦ ᠪᠠᠨ ᠵᠣᠭᠰᠣᠭᠰᠠᠨ ᠰᠢᠯᠲᠠᠭᠠᠨ᠂ ᠲᠦᠰᠢᠭᠯᠡᠬᠦ ᠴᠢᠨᠠᠷ ᠵᠡᠷᠭᠡ ᠶᠢ ᠪᠠᠭᠲᠠᠭᠠᠨ᠎ᠠ᠃ | ᠡᠮ ᠨᠠᠶᠢᠷᠠᠭᠴᠢ ᠣᠨᠣᠰᠢᠯᠠᠭᠰᠠᠨ ᠪᠠ ᠴᠤᠭᠯᠠᠭᠤᠯᠤᠭᠰᠠᠨ ᠡᠮ ᠤᠨ ᠰᠤᠷᠠᠭ ᠵᠠᠩᠭᠢ ᠶᠢ ᠦᠨᠳᠦᠰᠦᠯᠡᠨ᠂ | ᠡᠪᠡᠳᠴᠢᠲᠡᠨ ᠤ ᠶᠠᠭ ᠬᠡᠷᠡᠭᠯᠡᠵᠦ ᠪᠠᠶᠢᠭ᠎ᠠ ᠡᠮ ᠪᠣᠯᠣᠨ ᠡᠮᠴᠢ ᠶᠢᠨ ᠵᠢᠭᠠᠪᠤᠷᠢ ᠶᠢᠨ ᠵᠥᠷᠢᠶ᠎ᠡ ᠶᠢ ᠬᠠᠷᠢᠴᠠᠭᠤᠯᠳᠠᠭ᠃ | ᠬᠡᠷᠪᠡ ᠶᠠᠭ ᠬᠡᠷᠡᠭᠯᠡᠵᠦ ᠪᠠᠶᠢᠭ᠎ᠠ ᠡᠮ ᠨᠢ ᠡᠮᠴᠢ ᠶᠢᠨ ᠵᠢᠭᠠᠪᠤᠷᠢ ᠲᠠᠢ ᠡᠮ ᠬᠡᠷᠡᠭᠯᠡᠬᠦ ᠳᠤ ᠲᠣᠬᠢᠷᠠᠮᠵᠢ ᠦᠭᠡᠢ ᠪᠤᠶᠤ | ᠨᠢᠭᠡᠳᠦᠯ ᠦᠭᠡᠢ ᠪᠠᠶᠢᠳᠠᠯ ᠭᠠᠷᠪᠠᠯ᠂ ᠡᠮ ᠨᠠᠶᠢᠷᠠᠭᠴᠢ ᠡᠮ ᠬᠡᠷᠡᠭᠯᠡᠬᠦ ᠲᠥᠰᠥᠯ ᠳᠤ ᠲᠣᠬᠢᠷᠠᠭᠤᠯᠤᠯᠲᠠ ᠬᠢᠬᠦ | ᠰᠠᠨᠠᠭᠤᠯᠭ᠎ᠠ ᠳᠤᠷᠠᠳᠬᠤ ᠶᠢᠨ ᠬᠠᠮᠲᠤ ᠡᠮᠨᠡᠨ ᠵᠠᠰᠠᠬᠤ ᠡᠮᠴᠢ ᠲᠠᠢ ᠨᠡᠪᠲᠡᠷᠡᠯᠴᠡᠵᠦ᠂ ᠡᠮᠴᠢ ᠪᠠᠷ ᠨᠤᠲᠠᠯᠠᠭᠤᠯᠤᠭᠰᠠᠨ ᠤ | ᠳᠠᠷᠠᠭ᠎ᠠ ᠲᠣᠬᠢᠷᠠᠭᠤᠯᠤᠯᠲᠠ ᠬᠢᠬᠦ ᠬᠡᠷᠡᠭᠲᠡᠢ᠃ | ᠡᠮ ᠨᠠᠶᠢᠷᠠᠭᠴᠢ ᠳᠡᠭᠡᠷᠡᠬᠢ ᠮᠡᠳᠡᠭᠡ ᠵᠠᠩᠭᠢ ᠶᠢ ᠦᠨᠳᠦᠰᠦᠯᠡᠨ ᠡᠮᠲᠦ ᠪᠣᠳᠠᠰ ᠢ ᠳᠠᠬᠢᠨ ᠴᠡᠭᠴᠡᠯᠡᠬᠦ | ᠲᠡᠮᠳᠡᠭᠯᠡᠯ ᠤᠨ ᠬᠦᠰᠦᠨᠦᠭ ᠵᠣᠬᠢᠶᠠᠵᠤ᠂ ᠡᠪᠡᠳᠴᠢᠲᠡᠨ ᠪᠤᠶᠤ ᠲᠡᠭᠦᠨ ᠤ ᠭᠡᠷ ᠪᠦᠯᠢ ᠶᠢᠨ ᠬᠢᠨ ᠢᠶᠠᠷ ᠨᠤᠲᠠᠯᠠᠭᠤᠯᠵᠤ᠂ | ᠡᠮᠨᠡᠨ ᠵᠠᠰᠠᠬᠤ ᠡᠮᠴᠢ ᠪᠠᠷ ᠭᠠᠷ ᠤᠨ ᠦᠰᠦᠭ ᠵᠢᠷᠤᠭᠤᠯᠬᠤ ᠬᠡᠷᠡᠭᠲᠡᠢ᠃ | 2. ᠡᠮᠨᠡᠯᠭᠡ ᠰᠢᠯᠵᠢᠬᠦ᠂ ᠡᠮᠨᠡᠯᠭᠡ ᠠᠴᠠ ᠭᠠᠷᠬᠤ ᠡᠪᠡᠳᠴᠢᠲᠡᠨ ᠤ ᠡᠮ ᠢ ᠳᠠᠬᠢᠨ ᠴᠡᠭᠴᠡᠯᠡᠬᠦ ᠦᠢᠯᠡᠴᠢᠯᠡᠭᠡ᠄ | ᠡᠮ ᠨᠠᠶᠢᠷᠠᠭᠴᠢ ᠡᠮᠨᠡᠯᠭᠡ ᠰᠢᠯᠵᠢᠬᠦ ᠪᠤᠶᠤ ᠡᠮᠨᠡᠯᠭᠡ ᠠᠴᠠ ᠭᠠᠷᠬᠤ ᠡᠮᠴᠢ ᠶᠢᠨ ᠵᠢᠭᠠᠪᠤᠷᠢ ᠶᠢ ᠦᠨᠳᠦᠰᠦᠯᠡᠨ᠂ ᠶᠠᠭ | ᠬᠡᠷᠡᠭᠯᠡᠵᠦ ᠪᠠᠶᠢᠭ᠎ᠠ ᠡᠮ ᠪᠣᠯᠣᠨ ᠡᠮᠴᠢ ᠶᠢᠨ ᠵᠢᠭᠠᠪᠤᠷᠢ ᠶᠢᠨ ᠵᠥᠷᠢᠶ᠎ᠡ ᠶᠢ ᠠᠳᠠᠯᠢᠳᠬᠠᠨ᠎ᠠ᠃ ᠬᠡᠷᠪᠡ ᠶᠠᠭ ᠬᠡᠷᠡᠭᠯᠡᠵᠦ | ᠪᠠᠶᠢᠭ᠎ᠠ ᠡᠮ ᠨᠢ ᠡᠮᠴᠢ ᠶᠢᠨ ᠵᠢᠭᠠᠪᠤᠷᠢ ᠲᠠᠢ ᠡᠮ ᠬᠡᠷᠡᠭᠯᠡᠬᠦ ᠳᠤ ᠲᠣᠬᠢᠷᠠᠮᠵᠢ ᠦᠭᠡᠢ ᠪᠤᠶᠤ ᠨᠢᠭᠡᠳᠦᠯ ᠦᠭᠡᠢ ᠪᠠᠶᠢᠳᠠᠯ | ᠭᠠᠷᠪᠠᠯ᠂ ᠡᠮ ᠨᠠᠶᠢᠷᠠᠭᠴᠢ ᠡᠮ ᠬᠡᠷᠡᠭᠯᠡᠬᠦ ᠲᠥᠰᠥᠯ ᠳᠤ ᠲᠣᠬᠢᠷᠠᠭᠤᠯᠤᠯᠲᠠ ᠬᠢᠬᠦ ᠰᠠᠨᠠᠭᠤᠯᠭ᠎ᠠ ᠳᠤᠷᠠᠳᠬᠤ ᠶᠢᠨ | ᠬᠠᠮᠲᠤ ᠡᠮᠨᠡᠨ ᠵᠠᠰᠠᠬᠤ ᠡᠮᠴᠢ ᠲᠠᠢ ᠨᠡᠪᠲᠡᠷᠡᠯᠴᠡᠵᠦ᠂ ᠡᠮᠴᠢ ᠪᠠᠷ ᠨᠤᠲᠠᠯᠠᠭᠤᠯᠤᠭᠰᠠᠨ ᠤ ᠳᠠᠷᠠᠭ᠎ᠠ ᠲᠣᠬᠢᠷᠠᠭᠤᠯᠤᠯᠲᠠ | ᠬᠢᠬᠦ ᠬᠡᠷᠡᠭᠲᠡᠢ᠃ ᠡᠮ ᠨᠠᠶᠢᠷᠠᠭᠴᠢ ᠡᠮ ᠢ ᠳᠠᠬᠢᠨ ᠴᠡᠭᠴᠡᠯᠡᠬᠦ ᠲᠡᠮᠳᠡᠭᠯᠡᠯ ᠤᠨ ᠬᠦᠰᠦᠨᠦᠭ ᠵᠣᠬᠢᠶᠠᠪᠠ᠃ | ︵ᠭᠤᠷᠪᠠ︶ ᠭᠤᠣᠯᠳᠠᠯᠭ᠎ᠠ ᠶᠢ ᠠᠩᠬᠠᠷᠬᠤ ᠬᠡᠷᠡᠭᠲᠡᠢ᠃ ᠡᠮ ᠢ ᠳᠠᠬᠢᠨ ᠴᠡᠭᠴᠡᠯᠡᠬᠦ ᠦᠢᠯᠡᠴᠢᠯᠡᠭᠡ ᠳᠤ | ᠳᠣᠣᠷᠠᠬᠢ ᠭᠤᠣᠯᠳᠠᠯᠭ᠎ᠠ ᠶᠢ ᠭᠤᠣᠯᠳᠠᠯᠭ᠎ᠠ ᠲᠠᠢ ᠠᠩᠬᠠᠷᠬᠤ ᠬᠡᠷᠡᠭᠲᠡᠢ᠄ | 1. ᠡᠮ ᠬᠡᠷᠡᠭᠯᠡᠬᠦ ᠳᠤ ᠲᠣᠬᠢᠷᠠᠬᠤ ᠡᠪᠡᠳᠴᠢᠨ ᠵᠢᠴᠢ ᠴᠡᠭᠡᠷᠯᠡᠬᠦ ᠡᠪᠡᠳᠴᠢᠨ ᠢ ᠬᠠᠷᠭᠤᠭᠤᠯᠤᠨ ᠪᠠᠶᠢᠴᠠᠭᠠᠨ᠎ᠠ᠃ | | 2. ᠳᠠᠪᠬᠤᠷᠳᠠᠭᠤᠯᠤᠨ ᠬᠡᠷᠡᠭᠯᠡᠬᠦ ᠡᠮ ᠪᠠᠶᠢᠬᠤ ᠡᠰᠡᠬᠦ ᠶᠢ ᠬᠢᠨᠠᠨ ᠪᠠᠶᠢᠴᠠᠭᠠᠨ᠎ᠠ᠃ | 3.ᠬᠡᠷᠡᠭᠯᠡᠬᠦ ᠠᠷᠭ᠎ᠠ ᠬᠡᠷᠡᠭᠯᠡᠬᠦ ᠬᠡᠮᠵᠢᠶ᠎ᠡ ᠶᠢᠨ ᠵᠥᠪ ᠡᠰᠡᠬᠦ ᠶᠢ ᠬᠢᠨᠠᠨ ᠪᠠᠶᠢᠴᠠᠭᠠᠬᠤ᠃ | 4. ᠣᠨᠴᠠᠭᠠᠶ ᠨᠠᠶᠢᠷᠠᠯᠭ᠎ᠠ ᠶᠢᠨ ᠬᠡᠯᠪᠡᠷᠢ/ᠲᠣᠨᠣᠭᠯᠠᠯ ᠤᠨ ᠡᠮ ᠢᠶᠠᠷ ᠡᠮ ᠥᠭᠬᠦ ᠠᠷᠭ᠎ᠠ ᠨᠢ ᠲᠣᠬᠢᠷᠠᠮᠵᠢᠲᠠᠢ | ᠡᠰᠡᠬᠦ ᠶᠢ ᠠᠩᠬᠠᠷᠬᠤ ᠬᠡᠷᠡᠭᠲᠡᠢ᠃ | 5. ᠡᠮ ᠤᠨ ᠬᠡᠮᠵᠢᠶ᠎ᠡ ᠳᠤ ᠲᠣᠬᠢᠷᠠᠭᠤᠯᠤᠯᠲᠠ ᠬᠢᠬᠦ ᠴᠢᠬᠤᠯᠠᠲᠠᠢ ᠡᠰᠡᠬᠦ ᠶᠢ ᠬᠢᠨᠠᠨ ᠪᠠᠶᠢᠴᠠᠭᠠᠵᠤ᠂ ᠡᠯᠢᠭᠡ | ᠪᠥᠭᠡᠷᠡᠨ ᠤ ᠠᠵᠢᠯᠯᠠᠭ᠎ᠠ ᠶᠢ ᠦᠨᠳᠦᠰᠦᠯᠡᠨ ᠡᠮ ᠤᠨ ᠬᠡᠮᠵᠢᠶ᠎ᠡ ᠳᠤ ᠲᠣᠬᠢᠷᠠᠭᠤᠯᠤᠯᠲᠠ ᠬᠢᠬᠦ ᠴᠢᠬᠤᠯᠠᠲᠠᠢ ᠡᠮ ᠢ | ᠭᠤᠣᠯᠳᠠᠯᠭ᠎ᠠ ᠲᠠᠢ ᠠᠩᠬᠠᠷᠬᠤ ᠬᠡᠷᠡᠭᠲᠡᠢ᠃ | 6. ᠡᠮᠴᠢᠯᠡᠭᠡᠨ ᠤ ᠠᠴᠢ ᠬᠤᠯᠪᠣᠭᠳᠠᠯ ᠤᠨ ᠲᠠᠯ᠎ᠠ ᠪᠠᠷ ᠬᠠᠷᠢᠯᠴᠠᠨ ᠦᠢᠯᠡᠳᠦᠯ ᠦᠵᠡᠭᠦᠯᠬᠦ᠂ ᠮᠠᠭᠤ | ᠦᠢᠯᠡᠳᠦᠯ ᠭᠠᠷᠭᠠᠬᠤ ᠡᠮ ᠤᠨ ᠵᠦᠢᠯ ᠢ ᠠᠩᠬᠠᠷᠴᠤ᠂ ᠡᠮ ᠢᠶᠠᠷ ᠵᠠᠰᠠᠬᠤ ᠲᠥᠰᠥᠯ ᠳᠤ ᠲᠣᠬᠢᠷᠠᠭᠤᠯᠤᠯᠲᠠ ᠬᠢᠬᠦ | ᠴᠢᠬᠤᠯᠠᠲᠠᠢ ᠡᠰᠡᠬᠦ ᠶᠢ ᠪᠣᠳᠣᠯᠬᠢᠯᠠᠨ᠎ᠠ᠃ | 7. ᠡᠪᠡᠳᠴᠢᠨ ᠤ ᠢᠯᠡᠷᠡᠯ ᠢ ᠨᠠᠮᠳᠠᠭᠤᠯᠬᠤ ᠦᠢᠯᠡᠳᠦᠯ ᠲᠠᠢ ᠡᠮ ᠤᠨ ᠵᠦᠢᠯ ᠢ ᠠᠩᠬᠠᠷᠴᠤ᠂ ᠲᠣᠰ | ᠲᠥᠷᠥᠯ ᠤᠨ ᠡᠮ ᠢ ᠣᠷᠳᠣ ᠬᠤᠭᠤᠴᠠᠭ᠎ᠠ ᠪᠠᠷ ᠬᠡᠷᠡᠭᠯᠡᠬᠦ ᠴᠢᠬᠤᠯᠠᠲᠠᠢ ᠡᠰᠡᠬᠦ ᠶᠢ ᠲᠣᠳᠣᠷᠬᠠᠶᠢᠯᠠᠨ᠎ᠠ᠃ | 8.ᠨᠠᠰᠤᠲᠠᠶᠢᠴᠤᠳ᠂ ᠬᠡᠦᠬᠡᠳ᠂ ᠵᠢᠷᠮᠦᠰᠦᠨ ᠬᠤᠭᠤᠴᠠᠭᠠᠨ ᠤ ᠪᠠ ᠬᠥᠬᠦᠭᠦᠯ ᠬᠤᠭᠤᠴᠠᠭᠠᠨ ᠤ | ᠡᠮᠡᠭᠲᠡᠶᠢᠴᠦᠳ᠂ ᠡᠯᠢᠭᠡ ᠪᠥᠭᠡᠷᠡᠨ ᠤ ᠠᠵᠢᠯᠯᠠᠭ᠎ᠠ ᠪᠦᠷᠢᠨ ᠪᠤᠰᠤ ᠬᠥᠮᠥᠰ᠂ ᠮᠡᠳᠡᠷᠡᠯ ᠤᠨ ᠡᠪᠡᠳᠴᠢᠨ ᠲᠠᠢ | ᠡᠪᠡᠳᠴᠢᠲᠡᠨ ᠵᠡᠷᠭᠡ ᠣᠨᠴᠠᠭᠠᠶ ᠬᠥᠮᠥᠰ ᠲᠤ ᠡᠮ ᠬᠡᠷᠡᠭᠯᠡᠬᠦ ᠶᠢ ᠠᠩᠬᠠᠷᠴᠤ᠂ ᠡᠪᠡᠳᠴᠢᠲᠡᠨ ᠤ ᠡᠮᠲᠦ ᠪᠣᠳᠠᠰ ᠢᠶᠠᠷ | ᠡᠮᠨᠡᠨ ᠵᠠᠰᠠᠬᠤ ᠶᠢᠨ ᠠᠶᠤᠯᠭᠦᠢ ᠴᠢᠨᠠᠷ᠂ ᠪᠦᠲᠦᠮᠵᠢᠲᠦ ᠴᠢᠨᠠᠷ᠂ ᠬᠢᠮᠳᠠ ᠴᠢᠨᠠᠷ᠂ ᠵᠣᠬᠢᠴᠠᠬᠤ ᠴᠢᠨᠠᠷ ᠵᠢᠴᠢ | ᠳᠠᠭᠠᠯᠲᠠ ᠴᠢᠨᠠᠷ ᠢ ᠶᠡᠷᠦᠩᠬᠡᠶᠢᠯᠡᠨ ᠪᠣᠳᠣᠯᠬᠢᠯᠠᠨ᠎ᠠ᠃ ᠡᠭᠦᠨ ᠳᠤ ᠣᠨᠴᠠᠭᠠᠶ ᠬᠥᠮᠥᠰ ᠤᠨ ᠡᠮ ᠬᠡᠷᠡᠭᠯᠡᠬᠦ ᠶᠢ | ᠠᠩᠬᠠᠷᠴᠤ᠂ ᠡᠪᠡᠳᠴᠢᠲᠡᠨ ᠤ ᠡᠮᠲᠦ ᠪᠣᠳᠠᠰ ᠢᠶᠠᠷ ᠡᠮᠨᠡᠨ ᠵᠠᠰᠠᠬᠤ ᠶᠢᠨ ᠠᠶᠤᠯᠭᠦᠢ ᠴᠢᠨᠠᠷ᠂ ᠪᠦᠲᠦᠮᠵᠢᠲᠦ ᠴᠢᠨᠠᠷ᠂ | ᠠᠵᠤ ᠠᠬᠤᠢ ᠶᠢᠨ ᠴᠢᠨᠠᠷ᠂ ᠵᠣᠬᠢᠴᠠᠬᠤ ᠴᠢᠨᠠᠷ ᠵᠢᠴᠢ ᠳᠠᠭᠠᠯᠲᠠ ᠴᠢᠨᠠᠷ ᠢ ᠶᠡᠷᠦᠩᠬᠡᠶᠢᠯᠡᠨ ᠪᠣᠳᠣᠯᠬᠢᠯᠠᠨ᠎ᠠ᠃ | 9. ᠬᠡᠷᠡᠭᠵᠢᠭᠦᠯᠬᠦ ᠪᠠᠷ ᠪᠠᠶᠢᠭ᠎ᠠ ᠣᠨᠴᠠᠭᠠᠶ ᠪᠠᠶᠢᠴᠠᠭᠠᠯᠲᠠ ᠪᠤᠶᠤ ᠡᠮᠴᠢᠯᠡᠭᠡ ᠬᠢᠬᠦ ᠠᠴᠠ ᠡᠮᠦᠨ᠎ᠡ ᠵᠠᠷᠢᠮ | ᠡᠮ ᠢ ᠬᠡᠷᠡᠭᠯᠡᠬᠦ ᠪᠠᠨ ᠲᠦᠷ ᠵᠣᠭᠰᠣᠬᠤ ᠴᠢᠬᠤᠯᠠᠲᠠᠢ ᠡᠰᠡᠬᠦ ᠶᠢ ᠬᠢᠨᠠᠨ ᠪᠠᠶᠢᠴᠠᠭᠠᠵᠤ᠂ ᠪᠠᠶᠢᠴᠠᠭᠠᠯᠲᠠ ᠪᠤᠶᠤ | ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠦᠷᠭᠦᠯᠵᠢᠯᠡᠨ ᠬᠡᠷᠡᠭᠯᠡᠬᠦ ᠡᠰᠡᠬᠦ ᠶᠢ ᠦᠨᠡᠯᠡᠨ ᠵᠢᠱᠢᠬᠦ ᠬᠡᠷᠡᠭᠲᠡᠢ᠃ | 10.ᠨᠠᠮᠵᠢᠭᠤᠨ ᠰᠤᠳᠠᠯ ᠤᠨ ᠡᠮ ᠵᠢᠴᠢ ᠡᠮᠴᠢᠯᠡᠭᠡᠨ ᠤ ᠬᠤᠭᠤᠴᠠᠭ᠎ᠠ ᠨᠢ ᠲᠣᠳᠣᠷᠬᠠᠢ ᠡᠮ ᠢ ᠦᠷᠭᠦᠯᠵᠢᠯᠡᠨ | ᠬᠡᠷᠡᠭᠯᠡᠬᠦ ᠡᠰᠡᠬᠦ ᠶᠢ ᠠᠩᠬᠠᠷᠬᠤ ᠬᠡᠷᠡᠭᠲᠡᠢ᠃ | ︵ᠳᠥᠷᠪᠡ︶ ᠡᠮᠴᠢᠯᠡᠭᠡᠨ ᠤ ᠪᠢᠴᠢᠭ ᠬᠠᠷ᠎ᠠ ᠶᠢᠨ ᠬᠠᠮᠢᠶᠠᠷᠤᠯᠲᠠ᠃ ᠡᠮ ᠨᠠᠶᠢᠷᠠᠭᠴᠢ ᠡᠮ ᠢ ᠲᠡᠬᠢᠠ | ᠴᠡᠭᠴᠡᠯᠡᠬᠦ ᠲᠡᠮᠳᠡᠭᠯᠡᠯ ᠤᠨ ᠬᠦᠰᠦᠨᠦᠭᠲᠦ ᠶᠢ ᠪᠢᠴᠢᠬᠦ ᠶᠢᠨ ᠬᠠᠮᠲᠤ ᠡᠮᠨᠡᠯᠭᠡ ᠳᠤ ᠰᠠᠭᠤᠭᠰᠠᠨ ᠡᠪᠡᠳᠴᠢᠨ ᠤ | ᠲᠡᠦᠬᠡ ᠶᠢᠨ ᠬᠠᠮᠢᠶᠠᠷᠤᠯᠲᠠ ᠳᠤ ᠣᠷᠣᠭᠤᠯᠬᠤ ᠬᠡᠷᠡᠭᠲᠡᠢ᠃ | ᠭᠤᠷᠪᠠ᠂ ᠶᠠᠰᠤ ᠴᠢᠨᠠᠷ ᠤᠨ ᠬᠠᠮᠢᠶᠠᠷᠤᠯᠲᠠ ᠬᠢᠭᠡᠳ ᠦᠨᠡᠯᠡᠯᠲᠡ ᠶᠢᠨ ᠰᠠᠶᠢᠵᠢᠷᠠᠭᠤᠯᠤᠯᠲᠠ | ︵ᠨᠢᠭᠡ︶ ᠶᠠᠰᠤ ᠴᠢᠨᠠᠷ ᠤᠨ ᠬᠠᠮᠢᠶᠠᠷᠤᠯᠲᠠ᠃ ᠡᠮᠴᠢᠯᠡᠭᠡᠨ ᠤ ᠪᠠᠶᠢᠭᠤᠯᠤᠮᠵᠢ ᠡᠮ ᠤᠨ ᠵᠦᠢᠯ ᠢ ᠲᠠᠬᠢᠨ | ᠴᠡᠭᠴᠡᠯᠡᠬᠦ ᠦᠢᠯᠡᠴᠢᠯᠡᠭᠡᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠵᠤ᠂ ᠡᠮ ᠤᠨ ᠵᠦᠢᠯ ᠢ | ᠲᠠᠬᠢᠨ ᠴᠡᠭᠴᠡᠯᠡᠬᠦ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠡᠵᠡᠮᠳᠡᠬᠦ ᠬᠡᠷᠡᠭᠲᠡᠢ᠂ | ᠲᠡᠭᠦᠨ ᠤ ᠠᠭᠤᠯᠭ᠎ᠠ ᠳᠤ ᠲᠡᠮᠳᠡᠭᠯᠡᠯ ᠨᠢ ᠪᠦᠷᠢᠨ ᠪᠦᠲᠦᠨ ᠪᠠᠶᠢᠬᠤ ᠡᠰᠡᠬᠦ᠂ ᠡᠮ ᠤᠨ ᠵᠦᠢᠯ ᠢ ᠲᠠᠬᠢᠨ ᠴᠡᠭᠴᠡᠯᠡᠬᠦ | ᠠᠭᠤᠯᠭ᠎ᠠ ᠶᠢ ᠡᠮᠴᠢ ᠪᠠᠷ ᠬᠠᠷᠭᠤᠭᠤᠯᠤᠨ ᠵᠥᠪᠰᠢᠶᠡᠷᠡᠭᠦᠯᠦᠭᠰᠡᠨ ᠡᠰᠡᠬᠦ᠂ ᠡᠮ ᠤᠨ ᠵᠦᠢᠯ ᠢ ᠲᠠᠬᠢᠨ ᠴᠡᠭᠴᠡᠯᠡᠬᠦ | ᠠᠭᠤᠯᠭ᠎ᠠ ᠶᠢᠨ ᠵᠣᠬᠢᠰᠲᠠᠢ ᠪᠠᠶᠢᠬᠤ ᠡᠰᠡᠬᠦ ᠶᠢ ᠠᠩᠬᠠᠷᠴᠤ᠂ ᠡᠮᠴᠢᠯᠡᠭᠡᠨ ᠤ ᠶᠠᠰᠤ ᠴᠢᠨᠠᠷ ᠪᠠ ᠡᠮᠴᠢᠯᠡᠭᠡᠨ ᠤ ᠠᠮᠤᠷ | ᠲᠦᠪᠰᠢᠨ ᠢ ᠪᠠᠲᠤᠯᠠᠬᠤ ᠵᠡᠷᠭᠡ ᠪᠠᠭᠲᠠᠨ᠎ᠠ᠃ | ︵ᠬᠤᠶᠠᠷ︶ ᠦᠨᠡᠯᠡᠯᠲᠡ ᠶᠢ ᠥᠭᠡᠷᠡᠴᠢᠯᠡᠵᠦ᠃ ᠡᠮᠴᠢᠯᠡᠭᠡᠨ ᠤ ᠪᠠᠶᠢᠭᠤᠯᠤᠮᠵᠢ ᠨᠤᠭᠤᠳ ᠲᠤᠰ | ᠪᠠᠶᠢᠭᠤᠯᠤᠮᠵᠢ ᠶᠢᠨ ᠢᠶᠠᠨ ᠡᠮ ᠬᠡᠷᠡᠭᠯᠡᠬᠦ ᠰᠤᠷᠭᠠᠨ ᠬᠥᠮᠦᠵᠢᠯ ᠤᠨ ᠦᠢᠯᠡᠴᠢᠯᠡᠭᠡᠨ ᠥᠷᠨᠢᠭᠦᠯᠦᠭᠰᠡᠨ ᠪᠠᠶᠢᠳᠠᠯ ᠢ | ᠲᠣᠭᠲᠠᠮᠠᠯ ᠬᠤᠭᠤᠴᠠᠭ᠎ᠠ ᠲᠠᠢ ᠪᠠᠷ ᠳ᠋ᠦᠩᠨᠡᠵᠦ᠂ ᠡᠪᠡᠳᠴᠢᠲᠡᠨ᠂ ᠡᠮᠨᠡᠯᠭᠡ ᠶᠢᠨ ᠠᠵᠢᠯᠲᠠᠳ ᠤᠨ ᠡᠮ ᠬᠡᠷᠡᠭᠯᠡᠬᠦ | ᠬᠥᠮᠦᠵᠢᠯ ᠤᠨ ᠲᠤᠬᠠᠢ ᠰᠠᠨᠠᠯ ᠰᠠᠨᠠᠭᠤᠯᠭ᠎ᠠ ᠶᠢ ᠴᠤᠭᠯᠠᠭᠤᠯᠵᠤ᠂ ᠠᠵᠢᠯ ᠤᠨ ᠦᠷ᠎ᠡ ᠪᠦᠲᠦᠮᠵᠢ ᠪᠠ ᠣᠷᠣᠰᠢᠵᠤ | ᠪᠠᠶᠢᠭ᠎ᠠ ᠠᠰᠠᠭᠤᠳᠠᠯ ᠢ ᠵᠠᠳᠠᠯᠵᠤ᠂ ᠠᠵᠢᠯ ᠤᠨ ᠦᠷ᠎ᠡ ᠪᠦᠲᠦᠮᠵᠢ ᠶᠢ ᠦᠨᠡᠯᠡᠬᠦ ᠬᠡᠷᠡᠭᠲᠡᠢ᠃ ᠬᠠᠨᠳᠤᠯᠭᠠᠲᠤ ᠴᠢᠨᠠᠷᠲᠠᠢ | ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠬᠤ ᠶᠢᠨ ᠬᠠᠮᠲᠤ ᠰᠢᠮᠳᠠᠭᠤᠯᠤᠨ ᠨᠠᠶᠢᠳᠠᠪᠤᠷᠢᠵᠢᠭᠤᠯᠵᠤ᠂ ᠡᠮ ᠬᠡᠷᠡᠭᠯᠡᠬᠦ | ᠰᠤᠷᠭᠠᠨ ᠬᠥᠮᠦᠵᠢᠯ ᠤᠨ ᠦᠢᠯᠡᠴᠢᠯᠡᠭᠡᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠤᠨ᠎ᠠ᠃ | | | | ᠡᠮᠴᠢᠯᠡᠭᠡᠨ ᠤ ᠪᠠᠶᠢᠭᠤᠯᠤᠮᠵᠢ ᠶᠢᠨ ᠡᠮ ᠬᠡᠷᠡᠭᠯᠡᠬᠦ ᠰᠤᠷᠭᠠᠨ ᠬᠥᠮᠦᠵᠢᠯ ᠤᠨ ᠦᠢᠯᠡᠴᠢᠯᠡᠭᠡᠨ ᠤ ᠳᠦᠷᠢᠮᠵᠢᠯ | | ᠡᠮᠴᠢᠯᠡᠭᠡᠨ ᠤ ᠪᠠᠶᠢᠭᠤᠯᠤᠮᠵᠢ ᠶᠢᠨ ᠡᠮ ᠬᠡᠷᠡᠭᠯᠡᠬᠦ ᠰᠤᠷᠭᠠᠨ ᠬᠥᠮᠦᠵᠢᠯ ᠤᠨ ᠦᠢᠯᠡᠴᠢᠯᠡᠭᠡ ᠶᠢ ᠵᠢᠷᠤᠮᠵᠢᠭᠤᠯᠵᠤ | ᠂ ᠡᠮ ᠬᠡᠷᠡᠭᠯᠡᠬᠦ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠪᠠᠲᠤᠯᠠᠬᠤ ᠶᠢᠨ ᠲᠤᠰᠠᠳᠠ᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮ ᠤᠨ ᠵᠦᠢᠯ ᠤᠨ ᠬᠠᠮᠢᠶᠠᠷᠤᠯᠲᠠ ᠶᠢᠨ ᠬᠠᠤᠯᠢ︾ ︽ᠡᠮᠴᠢᠯᠡᠭᠡᠨ ᠤ | ᠪᠠᠶᠢᠭᠤᠯᠤᠮᠵᠢ ᠶᠢᠨ ᠬᠠᠮᠢᠶᠠᠷᠤᠯᠲᠠ ᠶᠢᠨ ᠳᠦᠷᠢᠮ︾ ︽ᠵᠣᠷ ᠤᠨ ᠬᠠᠮᠢᠶᠠᠷᠤᠯᠲᠠ ᠶᠢᠨ ᠠᠷᠭ᠎ᠠ︾ ︽ᠡᠮᠴᠢᠯᠡᠭᠡᠨ ᠤ | ᠪᠠᠶᠢᠭᠤᠯᠤᠮᠵᠢ ᠶᠢᠨ ᠡᠮ ᠤᠨ ᠶᠠᠪᠤᠳᠠᠯ ᠤᠨ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠬᠠᠤᠯᠢ ᠴᠠᠭᠠᠵᠠ ᠬᠠᠤᠯᠢ | ᠲᠣᠭᠲᠠᠭᠠᠯ᠂ ᠳᠦᠷᠢᠮ ᠲᠣᠭᠲᠠᠭᠠᠯ ᠢ ᠦᠨᠳᠦᠰᠦᠯᠡᠨ᠂ ᠲᠣᠰ ᠵᠢᠷᠤᠮᠵᠢᠯ ᠢ ᠲᠣᠭᠲᠠᠭᠠᠪᠠ᠃ ᠲᠣᠰ ᠵᠢᠷᠤᠮᠵᠢᠯ ᠢ ᠡᠯ᠎ᠡ | ᠱᠠᠲᠤᠨ ᠤ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠳᠤ | ᠡᠮ ᠬᠡᠷᠡᠭᠯᠡᠬᠦ ᠰᠤᠷᠭᠠᠨ ᠬᠥᠮᠦᠵᠢᠯ ᠭᠡᠳᠡᠭ ᠨᠢ ᠡᠮ ᠨᠠᠶᠢᠷᠠᠭᠴᠢ ᠠᠴᠠ ᠡᠪᠡᠳᠴᠢᠲᠡᠨ ᠳᠤ ᠵᠣᠬᠢᠰᠲᠠᠢ ᠡᠮ | ᠬᠡᠷᠡᠭᠯᠡᠬᠦ ᠵᠢᠯᠣᠭᠤᠳᠤᠯᠭ᠎ᠠ ᠬᠠᠩᠭᠠᠬᠤ᠂ ᠵᠣᠬᠢᠰᠲᠠᠢ ᠡᠮ ᠬᠡᠷᠡᠭᠯᠡᠬᠦ ᠮᠡᠳᠡᠯᠭᠡ ᠶᠢ ᠲᠦᠭᠡᠮᠡᠯᠵᠢᠭᠦᠯᠬᠦ ᠵᠡᠷᠭᠡ ᠡᠮ ᠤᠨ | ᠤᠬᠠᠭᠠᠨ ᠤ ᠦᠢᠯᠡᠴᠢᠯᠡᠭᠡᠨ ᠤ ᠶᠠᠪᠤᠴᠠ ᠶᠢ ᠬᠡᠯᠡᠵᠦ᠂ ᠡᠪᠡᠳᠴᠢᠲᠡᠨ ᠤ ᠡᠮ ᠬᠡᠷᠡᠭᠯᠡᠬᠦ ᠮᠡᠳᠡᠯᠭᠡ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠂ ᠡᠮ ᠬᠡᠷᠡᠭᠯᠡᠬᠦ ᠳᠤ ᠲᠦᠰᠢᠭᠯᠡᠬᠦ ᠴᠢᠨᠠᠷ ᠢ ᠳᠡᠭᠡᠭᠰᠢᠯᠡᠭᠦᠯᠵᠦ᠂ ᠪᠤᠷᠤᠭᠤ ᠡᠮ ᠬᠡᠷᠡᠭᠯᠡᠬᠦ | ᠨᠣᠷᠮ᠎ᠠ ᠶᠢ ᠳᠣᠷᠣᠭᠰᠢᠯᠠᠭᠤᠯᠵᠤ᠂ ᠡᠮᠴᠢᠯᠡᠭᠡᠨ ᠤ ᠶᠠᠰᠤ ᠴᠢᠨᠠᠷ ᠪᠠ ᠡᠮᠴᠢᠯᠡᠭᠡᠨ ᠤ ᠠᠮᠤᠷ ᠲᠦᠪᠰᠢᠨ ᠢ | ᠪᠠᠲᠤᠯᠠᠬᠤ ᠶᠢ ᠪᠠᠭᠲᠠᠭᠠᠨ᠎ᠠ᠃ | ᠨᠢᠭᠡ᠂ ᠦᠨᠳᠦᠰᠦᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠵᠤ ᠬᠠᠮᠢᠶᠠᠷᠤᠨ᠎ᠠ᠃ ᠡᠮ ᠬᠡᠷᠡᠭᠯᠡᠬᠦ ᠬᠥᠮᠦᠵᠢᠯ ᠤᠨ ᠦᠢᠯᠡᠴᠢᠯᠡᠭᠡ ᠶᠢ ᠡᠮ | ᠡᠮᠨᠡᠯᠭᠡ ᠶᠢᠨ ᠪᠠᠶᠢᠭᠤᠯᠤᠮᠵᠢ ᠶᠢᠨ ᠡᠮ ᠤᠨ ᠰᠤᠳᠤᠯᠤᠯ ᠤᠨ ᠰᠠᠯᠠᠭ᠎ᠠ ᠮᠥᠴᠢᠷ ᠠᠴᠠ ᠬᠠᠷᠢᠭᠤᠴᠠᠨ ᠬᠡᠷᠡᠭᠵᠢᠭᠦᠯᠬᠦ | ᠪᠥᠭᠡᠳ ᠬᠠᠮᠢᠶᠠᠷᠬᠤ ᠬᠡᠷᠡᠭᠲᠡᠢ᠃ ᠡᠮ ᠡᠮᠨᠡᠯᠭᠡ ᠶᠢᠨ ᠪᠠᠶᠢᠭᠤᠯᠤᠮᠵᠢ ᠨᠢ ᠲᠤᠰ ᠪᠠᠶᠢᠭᠤᠯᠤᠮᠵᠢ ᠳᠤ ᠲᠣᠬᠢᠷᠠᠭᠰᠠᠨ ᠡᠮ | ᠬᠡᠷᠡᠭᠯᠡᠬᠦ ᠰᠤᠷᠭᠠᠨ ᠬᠥᠮᠦᠵᠢᠯ ᠤᠨ ᠦᠢᠯᠡᠴᠢᠯᠡᠭᠡᠨ ᠤ ᠠᠵᠢᠯ ᠤᠨ ᠳᠦᠷᠢᠮ ᠵᠡᠷᠭᠡ ᠶᠢ ᠪᠠᠶᠢᠭᠤᠯᠬᠤ ᠬᠡᠷᠡᠭᠲᠡᠢ᠃ | ︵ᠬᠤᠶᠠᠷ︶ ᠠᠵᠢᠯᠲᠠᠨ ᠤ ᠱᠠᠭᠠᠷᠳᠠᠯᠭ᠎ᠠ᠃ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮ ᠬᠡᠷᠡᠭᠯᠡᠬᠦ | ᠬᠥᠮᠦᠵᠢᠯ ᠤᠨ ᠦᠢᠯᠡᠴᠢᠯᠡᠭᠡ ᠬᠢᠵᠦ ᠪᠠᠶᠢᠭ᠎ᠠ ᠡᠮ ᠨᠠᠶᠢᠷᠠᠭᠴᠢ ᠨᠢ ᠡᠮ ᠨᠠᠶᠢᠷᠠᠭᠴᠢ ᠵᠢᠴᠢ ᠲᠡᠭᠦᠨ ᠠᠴᠠ ᠳᠡᠭᠡᠭᠰᠢᠬᠢ | ᠲᠤᠰᠬᠠᠢ ᠮᠡᠷᠭᠡᠵᠢᠯ ᠤᠨ ᠲᠤᠰᠢᠶᠠᠯ ᠤᠨ ᠲᠤᠰᠢᠶᠠᠯ ᠡᠭᠦᠷᠭᠡᠯᠡᠬᠦ ᠬᠢᠷᠢ ᠬᠡᠮ ᠲᠠᠢ ᠪᠠᠶᠢᠬᠤ ᠬᠡᠷᠡᠭᠲᠡᠢ᠃ | ︵ᠭᠤᠷᠪᠠ︶ ᠵᠥᠭᠡᠯᠡᠨ ᠬᠠᠲᠠᠭᠤ ᠲᠣᠨᠤᠭ ᠤᠨ ᠲᠥᠬᠦᠭᠡᠷᠦᠮᠵᠢ᠃ ᠡᠮ ᠬᠡᠷᠡᠭᠯᠡᠬᠦ ᠰᠤᠷᠭᠠᠨ ᠬᠥᠮᠦᠵᠢᠯ ᠤᠨ | ᠣᠷᠴᠢᠨ ᠲᠣᠭᠤᠷᠢᠨ ᠨᠢ ᠠᠮᠤᠷ ᠲᠦᠪᠰᠢᠨ᠂ ᠲᠠᠭᠠᠯᠠᠮᠵᠢᠲᠠᠢ᠂ ᠰᠣᠯᠢᠯᠴᠠᠬᠤ ᠳᠤ ᠳᠥᠭᠦᠮ ᠪᠠᠶᠢᠬᠤ ᠬᠡᠷᠡᠭᠲᠡᠢ᠃ | ᠨᠥᠬᠦᠴᠡᠯ ᠲᠠᠢ ᠡᠮᠴᠢᠯᠡᠭᠡᠨ ᠤ ᠪᠠᠶᠢᠭᠤᠯᠤᠮᠵᠢ ᠨᠢ ᠡᠪᠡᠳᠴᠢᠲᠡᠨ ᠤ ᠬᠤᠪᠢ ᠶᠢᠨ ᠨᠢᠭᠤᠴᠠ ᠶᠢ ᠬᠠᠮᠠᠭᠠᠯᠠᠬᠤ ᠶᠢᠨ | ᠲᠥᠯᠥᠭᠡ ᠲᠤᠰᠬᠠᠢ ᠲᠠᠯᠠᠪᠤᠷ ᠬᠠᠩᠭᠠᠵᠤ ᠪᠣᠯᠣᠨ᠎ᠠ᠃ ᠡᠮᠴᠢᠯᠡᠭᠡᠨ ᠤ ᠪᠠᠶᠢᠭᠤᠯᠤᠮᠵᠢ ᠨᠢ ᠲᠤᠰᠬᠠᠢ ᠮᠡᠷᠭᠡᠵᠢᠯ ᠤᠨ | ᠳ᠋ᠠᠶᠢᠲ᠋ᠠ ᠬᠥᠮᠥᠷᠭᠡ᠂ ᠬᠢᠲᠠᠳ ᠠᠩᠭ᠍ᠯᠢ ᠬᠡᠯᠡᠨ ᠤ ᠬᠤᠭᠤᠴᠠᠭᠠᠲᠤ ᠰᠡᠳᠬᠦᠯ ᠢ ᠡᠷᠢᠵᠦ ᠴᠢᠳᠠᠬᠤ ᠴᠠᠬᠢᠮ | ᠲᠥᠬᠦᠭᠡᠷᠦᠮᠵᠢ ᠪᠠ ᠡᠮ ᠬᠡᠷᠡᠭᠯᠡᠬᠦ ᠰᠤᠷᠭᠠᠨ ᠬᠥᠮᠦᠵᠢᠯ ᠤᠨ ᠲᠥᠷᠥᠯ ᠪᠦᠷᠢ ᠶᠢᠨ ᠬᠡᠯᠪᠡᠷᠢ ᠶᠢᠨ ᠮᠠᠲ᠋ᠧᠷᠢᠶᠠᠯ ᠢ | ᠬᠠᠩᠭᠠᠬᠤ ᠬᠡᠷᠡᠭᠲᠡᠢ᠃ | ᠬᠤᠶᠠᠷ᠂ ᠦᠢᠯᠡᠴᠢᠯᠡᠭᠡᠨ ᠤ ᠬᠠᠮᠢᠶᠠᠷᠤᠯᠲᠠ | ︵ᠨᠢᠭᠡ︶ ᠦᠢᠯᠡᠴᠢᠯᠡᠭᠡᠨ ᠤ ᠠᠷᠭ᠎ᠠ ᠮᠠᠶ᠋ᠢᠭ᠃ ᠡᠮ ᠬᠡᠷᠡᠭᠯᠡᠬᠦ ᠬᠥᠮᠦᠵᠢᠯ ᠤᠨ ᠠᠷᠭ᠎ᠠ ᠮᠠᠶ᠋ᠢᠭ ᠲᠤ | ᠶᠠᠷᠢᠶᠠᠨ ᠤ ᠬᠡᠯᠡ᠂ ᠪᠢᠴᠢᠭ ᠤᠨ ᠮᠠᠲ᠋ᠧᠷᠢᠶᠠᠯ᠂ ᠪᠣᠳᠠᠲᠤ ᠪᠣᠳᠠᠰ ᠤᠨ ᠦᠵᠡᠭᠦᠯᠦᠯᠭᠡ᠂ ᠬᠠᠷᠠᠭᠠᠨ ᠳᠠᠪᠲᠠᠮᠵᠢ ᠶᠢᠨ | ᠲᠠᠭᠤᠨ ᠳᠠᠪᠲᠠᠮᠵᠢ᠂ ᠤᠬᠠᠭᠤᠯᠭ᠎ᠠ ᠬᠥᠮᠦᠵᠢᠯ ᠤᠨ ᠲᠠᠶᠢᠯᠤᠮᠵᠢ᠂ ᠤᠲᠠᠰᠤ ᠪᠤᠶᠤ ᠢᠨᠲ᠋ᠧᠷ ᠰᠦᠯᠵᠢᠶᠡᠨ ᠤ | ᠬᠥᠮᠦᠵᠢᠯ ᠵᠡᠷᠭᠡ ᠪᠠᠭᠲᠠᠨ᠎ᠠ᠃ | ᠡᠮ ᠲᠦᠭᠡᠭᠡᠬᠦ ᠴᠣᠩᠬᠤᠪᠴᠢ ᠤ ᠡᠪᠡᠳᠴᠢᠲᠡᠨ ᠳᠤ᠂ ᠡᠮ ᠨᠠᠶᠢᠷᠠᠭᠴᠢ ᠦᠭᠡ ᠬᠡᠯᠡ᠂ ᠬᠠᠷᠠᠭᠠᠨ | ᠳᠠᠪᠲᠠᠮᠵᠢ ᠶᠢᠨ ᠲᠠᠭᠤᠨ ᠳᠠᠪᠲᠠᠮᠵᠢ᠂ ᠡᠮ ᠬᠡᠷᠡᠭᠯᠡᠬᠦ ᠳᠤ ᠠᠩᠬᠠᠷᠬᠤ ᠵᠦᠢᠯᠡᠰ ᠤᠨ ᠱᠣᠰᠢᠭ᠎ᠠ ᠵᠡᠷᠭᠡ ᠲᠣᠬᠢᠷᠠᠮᠵᠢᠲᠠᠢ | ᠠᠷᠭ᠎ᠠ ᠮᠠᠶ᠋ᠢᠭ ᠢᠶᠠᠷ ᠡᠮ ᠬᠡᠷᠡᠭᠯᠡᠬᠦ ᠪᠠᠨ ᠲᠤᠰᠢᠶᠠᠬᠤ ᠬᠡᠷᠡᠭᠲᠡᠢ᠃ ᠡᠮ ᠲᠦᠭᠡᠭᠡᠬᠦ ᠴᠣᠩᠬᠤᠪᠴᠢ ᠤ ᠡᠮ ᠨᠠᠶᠢᠷᠠᠭᠴᠢ | ᠡᠪᠡᠳᠴᠢᠲᠡᠨ ᠤ ᠱᠠᠭᠠᠷᠳᠠᠯᠭ᠎ᠠ ᠶᠢ ᠬᠠᠩᠭᠠᠵᠤ ᠳᠡᠶᠢᠯᠬᠦ ᠦᠭᠡᠢ ᠦᠶ᠎ᠡ ᠳᠤ᠂ ᠡᠪᠡᠳᠴᠢᠲᠡᠨ ᠢ ᠬᠥᠲᠥᠯᠥᠨ | ᠵᠢᠯᠤᠭᠤᠳᠴᠤ ᠪᠠᠶᠢᠭᠠᠳ ᠬᠠᠷᠢᠴᠠᠩᠭᠤᠢ ᠪᠠᠷ ᠪᠡᠶ᠎ᠡ ᠪᠠᠨ ᠳᠠᠭᠠᠭᠠᠭᠰᠠᠨ᠂ ᠰᠣᠯᠢᠯᠴᠠᠬᠤ ᠳᠤ ᠲᠣᠬᠢᠷᠠᠮᠵᠢᠲᠠᠢ ᠣᠷᠴᠢᠨ | ᠲᠣᠭᠤᠷᠢᠨ ᠳᠤ ᠡᠮ ᠬᠡᠷᠡᠭᠯᠡᠬᠦ ᠲᠤᠬᠠᠢ ᠨᠠᠷᠢᠨ ᠨᠢᠭᠲᠠ ᠬᠥᠮᠦᠵᠢᠯ ᠬᠢᠯᠭᠡᠬᠦ ᠬᠡᠷᠡᠭᠲᠡᠢ᠃ ᠡᠮᠨᠡᠯᠭᠡ ᠳᠤ ᠰᠠᠭᠤᠭᠰᠠᠨ | ᠡᠪᠡᠳᠴᠢᠲᠡᠨ ᠳᠤ ᠪᠣᠯ ᠡᠪᠡᠳᠴᠢᠲᠡᠨ ᠤ ᠣᠷᠣ ᠶᠢᠨ ᠬᠠᠵᠠᠭᠤ ᠳᠤ ᠠᠮᠠ᠂ ᠪᠢᠴᠢᠭ ᠤᠨ ᠮᠠᠲ᠋ᠧᠷᠢᠶᠠᠯ᠂ ᠪᠣᠳᠠᠲᠤ | ᠶᠠᠭᠤᠮ᠎ᠠ ᠶᠢᠨ ᠦᠵᠡᠭᠦᠯᠦᠯᠭᠡ᠂ ᠬᠠᠷᠠᠭᠠᠨ ᠳᠠᠪᠲᠠᠮᠵᠢ ᠶᠢᠨ ᠦᠵᠡᠭᠦᠯᠦᠯᠭᠡ ᠵᠡᠷᠭᠡ ᠠᠷᠭ᠎ᠠ ᠮᠠᠶ᠋ᠢᠭ ᠢᠶᠠᠷ ᠡᠮ ᠬᠡᠷᠡᠭᠯᠡᠬᠦ | ᠬᠥᠮᠦᠵᠢᠯ ᠬᠢᠬᠦ ᠬᠡᠷᠡᠭᠲᠡᠢ᠃ ᠨᠡᠶᠢᠭᠡᠮ ᠲᠣᠭᠤᠷᠢᠭ ᠤᠨ ᠡᠪᠡᠳᠴᠢᠲᠡᠨ ᠳᠤ ᠲᠥᠪᠯᠡᠷᠡᠭᠦᠯᠦᠨ ᠤᠬᠠᠭᠤᠯᠭ᠎ᠠ | ᠬᠥᠮᠦᠵᠢᠯ ᠤᠨ ᠲᠠᠶᠢᠯᠤᠮᠵᠢ ᠬᠢᠬᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠠᠷᠠᠭᠠᠨ ᠳᠠᠪᠲᠠᠮᠵᠢ ᠶᠢᠨ | ᠤᠬᠠᠭᠤᠯᠭ᠎ᠠ ᠬᠥᠮᠦᠵᠢᠯ ᠬᠢᠬᠦ᠂ ᠤᠲᠠᠰᠤ ᠪᠤᠶᠤ ᠢᠨᠲ᠋ᠧᠷ ᠰᠦᠯᠵᠢᠶ᠎ᠡ ᠵᠡᠷᠭᠡ ᠠᠷᠭ᠎ᠠ ᠮᠠᠶ᠋ᠢᠭ ᠢᠶᠠᠷ ᠡᠮ ᠬᠡᠷᠡᠭᠯᠡᠬᠦ | ᠬᠥᠮᠦᠵᠢᠯ ᠬᠢᠵᠦ ᠪᠣᠯᠣᠨ᠎ᠠ᠃ | ︵ᠬᠤᠶᠠᠷ︶ ᠠᠵᠢᠯ ᠤᠨ ᠠᠭᠤᠯᠭ᠎ᠠ᠃ ᠡᠮ ᠬᠡᠷᠡᠭᠯᠡᠬᠦ ᠰᠤᠷᠭᠠᠨ ᠬᠥᠮᠦᠵᠢᠯ ᠤᠨ ᠠᠭᠤᠯᠭ᠎ᠠ ᠳᠤ᠄ | 1.ᠡᠮᠲᠦ ᠪᠣᠳᠠᠰ ︵ᠪᠤᠶᠤ ᠡᠮᠲᠦ ᠪᠣᠳᠠᠰ ᠤᠨ ᠲᠣᠨᠣᠭᠯᠠᠯ︶ ᠤᠨ ᠨᠡᠶᠢᠳᠡᠮ ᠬᠡᠷᠡᠭᠯᠡᠭᠳᠡᠬᠦ ᠨᠡᠷ᠎ᠡ᠂ ᠲᠠᠸᠠᠷ ᠤᠨ | ᠨᠡᠷ᠎ᠡ ᠪᠤᠶᠤ ᠪᠤᠰᠤᠳ ᠦᠷᠭᠦᠯᠵᠢ ᠬᠡᠷᠡᠭᠯᠡᠭᠳᠡᠬᠦ ᠨᠡᠷᠡᠶᠢᠳᠦᠯ᠂ ᠵᠢᠴᠢ ᠡᠮᠲᠦ ᠪᠣᠳᠠᠰ ᠤᠨ ᠠᠩᠭᠢᠯᠠᠯ᠂ ᠬᠡᠷᠡᠭᠴᠡᠭᠡ | ᠵᠢᠴᠢ ᠵᠢᠱᠢᠭᠰᠡᠨ ᠡᠮᠴᠢᠯᠡᠭᠡᠨ ᠤ ᠠᠴᠢ ᠲᠤᠰᠠ᠃ | 2.ᠡᠮ ᠤᠨ ᠨᠠᠶᠢᠷᠠᠯᠭ᠎ᠠ ᠶᠢᠨ ᠬᠡᠯᠪᠡᠷᠢ᠂ ᠡᠮ ᠥᠭᠬᠦ ᠠᠷᠭ᠎ᠠ ᠵᠠᠮ᠂ ᠡᠮ ᠤᠨ ᠬᠡᠮᠵᠢᠶ᠎ᠡ᠂ ᠡᠮ ᠬᠡᠷᠡᠭᠯᠡᠬᠦ ᠴᠠᠭ | ᠪᠠ ᠡᠮᠴᠢᠯᠡᠭᠡᠨ ᠤ ᠬᠤᠭᠤᠴᠠᠭ᠎ᠠ᠂ ᠭᠤᠣᠯ ᠪᠣᠯᠬᠤ ᠡᠮ ᠬᠡᠷᠡᠭᠯᠡᠬᠦ ᠳᠤ ᠠᠩᠬᠠᠷᠬᠤ ᠵᠦᠢᠯ᠃ | 3.ᠡᠮ ᠤᠨ ᠣᠨᠴᠠᠭᠠᠶ ᠨᠠᠶᠢᠷᠠᠯᠭ᠎ᠠ ᠶᠢᠨ ᠬᠡᠯᠪᠡᠷᠢ᠂ ᠣᠨᠴᠠᠭᠠᠶ ᠲᠣᠨᠣᠭᠯᠠᠯ᠂ ᠣᠨᠴᠠᠭᠠᠶ ᠨᠠᠶᠢᠷᠠᠭᠤᠯᠬᠤ | ᠠᠷᠭ᠎ᠠ ᠶᠢᠨ ᠲᠤᠬᠠᠢ ᠡᠮ ᠳᠤ ᠲᠣᠳᠣᠷᠬᠠᠶᠢᠯᠠᠯᠲᠠ ᠬᠢᠨ᠎ᠡ᠃ | 4. ᠡᠮ ᠬᠡᠷᠡᠭᠯᠡᠵᠦ ᠪᠠᠶᠢᠭ᠎ᠠ ᠬᠤᠭᠤᠴᠠᠭᠠᠨ ᠳᠤ ᠬᠢᠨᠠᠨ ᠬᠡᠮᠵᠢᠬᠦ ᠶᠣᠰᠣᠲᠠᠢ ᠡᠪᠡᠳᠴᠢᠨ ᠤ ᠪᠠᠶᠢᠳᠠᠯ | ᠪᠡᠶ᠎ᠡ ᠶᠢᠨ ᠢᠯᠡᠷᠡᠯ᠂ ᠰᠢᠯᠭᠠᠨ ᠪᠠᠶᠢᠴᠠᠭᠠᠬᠤ ᠭᠦᠢᠴᠡᠳᠬᠡᠯ ᠲᠤᠭ᠎ᠠ ᠵᠢᠴᠢ ᠬᠢᠨᠠᠨ ᠬᠡᠮᠵᠢᠬᠦ ᠳᠠᠪᠲᠠᠮᠵᠢ ᠶᠢᠨ ᠲᠤᠬᠠᠢ᠂ | ᠡᠮᠲᠦ ᠪᠣᠳᠠᠰ ᠤᠨ ᠬᠤᠯᠪᠣᠭᠳᠠᠯ ᠪᠦᠬᠦᠢ ᠡᠮᠴᠢᠯᠡᠭᠡᠨ ᠤ ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠳᠤ ᠦᠵᠡᠭᠦᠯᠬᠦ | ᠬᠠᠷᠰᠢᠯᠠᠯ ᠵᠢᠴᠢ ᠢᠯᠭᠠᠳᠠᠰᠤ ᠶᠢᠨ ᠥᠩᠭᠡ ᠳᠤ ᠤᠴᠠᠷᠠᠭᠤᠯᠵᠤ ᠮᠡᠳᠡᠬᠦ ᠬᠤᠪᠢᠷᠠᠯᠲᠠ ᠶᠢ ᠲᠠᠶᠢᠯᠪᠤᠷᠢᠯᠠᠨ᠎ᠠ᠃ | 5. ᠭᠠᠷᠴᠤ ᠮᠡᠳᠡᠬᠦ ᠪᠠᠶᠢᠩᠭᠤ ᠲᠣᠬᠢᠶᠠᠯᠳᠤᠬᠤ ᠪᠠ ᠬᠦᠨᠳᠦ ᠨᠣᠴᠢᠲᠠᠢ ᠮᠠᠭᠤ ᠤᠷᠪᠠᠯ᠂ ᠠᠪᠴᠤ ᠪᠣᠯᠬᠤ | ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠵᠢᠴᠢ ᠮᠠᠭᠤ ᠤᠷᠪᠠᠯ ᠭᠠᠷᠤᠭᠰᠠᠨ ᠤ ᠳᠠᠷᠠᠭ᠎ᠠ ᠠᠪᠬᠤ ᠴᠢᠬᠤᠯᠠᠲᠠᠢ | ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ᠂ ᠡᠮ ᠬᠡᠷᠡᠭᠯᠡᠭᠰᠡᠨ ᠨᠢ ᠪᠤᠷᠤᠭᠤ ︵ᠵᠢᠱᠢᠶᠡᠯᠡᠪᠡᠯ ᠡᠮ ᠤᠨ ᠵᠦᠢᠯ ᠢ | ᠣᠷᠬᠢᠭᠳᠠᠭᠤᠯᠤᠭᠰᠠᠨ︶ ᠦᠶ᠎ᠡ ᠳᠤ ᠭᠠᠷᠴᠤ ᠮᠡᠳᠡᠬᠦ ᠦᠷ᠎ᠡ ᠳ᠋ᠦᠩ ᠵᠢᠴᠢ ᠠᠷᠭᠠᠴᠠᠬᠤ ᠠᠷᠭ᠎ᠠ ᠬᠡᠮᠵᠢᠶ᠎ᠡ᠃ | 6. ᠨᠢᠭᠤᠭᠳᠠᠮᠠᠯ ᠡᠮᠲᠦ ᠪᠣᠳᠠᠰ — ᠡᠮᠲᠦ ᠪᠣᠳᠠᠰ᠂ ᠡᠮᠲᠦ ᠪᠣᠳᠠᠰ — ᠢᠳᠡᠭᠡᠨ/ ᠡᠷᠡᠭᠦᠯᠵᠢᠯ ᠤᠨ | ᠡᠳ᠋᠂ ᠡᠮᠲᠦ ᠪᠣᠳᠠᠰ — ᠡᠪᠡᠳᠴᠢᠨ ᠡᠮᠭᠡᠭ ᠵᠢᠴᠢ ᠡᠮᠲᠦ ᠪᠣᠳᠠᠰ — ᠣᠷᠴᠢᠨ ᠲᠣᠭᠤᠷᠢᠨ ᠤ ᠬᠠᠷᠢᠯᠴᠠᠨ | ᠦᠢᠯᠡᠳᠦᠯᠴᠡᠬᠦ ᠪᠤᠶᠤ ᠴᠡᠭᠡᠷᠯᠡᠬᠦ᠃ | 7.ᠡᠮ ᠤᠨ ᠵᠦᠢᠯ ᠢ ᠬᠠᠳᠠᠭᠠᠯᠠᠬᠤ ᠳᠤ ᠲᠣᠬᠢᠷᠠᠮᠵᠢᠲᠠᠢ ᠨᠥᠬᠦᠴᠡᠯ᠂ ᠬᠤᠭᠤᠴᠠᠭ᠎ᠠ ᠨᠢ ᠥᠩᠭᠡᠷᠡᠭᠰᠡᠨ ᠡᠮ | ᠪᠤᠶᠤ ᠬᠠᠶᠠᠭᠳᠠᠮᠠᠯ ᠲᠣᠨᠣᠭᠯᠠᠯ ᠢ ᠰᠢᠢᠳᠪᠦᠷᠢᠯᠡᠬᠦ᠃ | 8.ᠡᠪᠡᠳᠴᠢᠲᠡᠨ ᠤ ᠡᠮ ᠪᠠ ᠡᠪᠡᠳᠴᠢᠨ ᠤ ᠲᠤᠬᠠᠢ ᠲᠠᠨᠢᠯᠲᠠ ᠨᠢ ᠡᠪᠡᠳᠴᠢᠲᠡᠨ ᠤ ᠲᠦᠰᠢᠭᠯᠡᠬᠦ ᠴᠢᠨᠠᠷ ᠢ | ᠳᠡᠭᠡᠭᠰᠢᠯᠡᠭᠦᠯᠦᠨ᠎ᠡ᠃ | 9. ᠢᠳᠡᠭᠡᠨ ᠤᠮᠳᠠᠭᠠᠨ᠂ ᠪᠡᠶ᠎ᠡ ᠶᠢᠨ ᠲᠠᠮᠢᠷ ᠵᠡᠷᠭᠡ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠤᠨ | ᠵᠢᠯᠣᠭᠤᠳᠤᠯᠭ᠎ᠠ᠃ | 10.ᠡᠪᠡᠳᠴᠢᠲᠡᠨ ᠡᠮ ᠬᠡᠷᠡᠭᠯᠡᠭᠰᠡᠨ ᠲᠡᠮᠳᠡᠭᠯᠡᠯ ᠪᠠ ᠥᠪᠡᠷ ᠤᠨ ᠬᠢᠨᠠᠨ ᠬᠡᠮᠵᠢᠯᠲᠡ ᠶᠢ ᠬᠡᠷᠬᠢᠨ ᠰᠠᠶᠢᠲᠤᠷ | ᠬᠢᠬᠦ ᠵᠢᠴᠢ ᠡᠮᠴᠢ᠂ ᠡᠮ ᠨᠠᠶᠢᠷᠠᠭᠴᠢ ᠲᠠᠢ ᠬᠡᠷᠬᠢᠨ ᠴᠠᠭ ᠲᠤᠬᠠᠢ ᠳᠤᠨᠢ ᠬᠠᠷᠢᠯᠴᠠᠬᠤ ᠵᠡᠷᠭᠡ᠃ | ᠣᠨᠴᠠᠭᠠᠶ ᠬᠥᠮᠥᠰ᠂ ᠵᠢᠱᠢᠶᠡᠯᠡᠪᠡᠯ ᠨᠠᠰᠤᠲᠠᠶᠢᠴᠤᠳ᠂ ᠬᠡᠦᠬᠡᠳ᠂ ᠵᠢᠷᠮᠦᠰᠦᠨ ᠬᠤᠭᠤᠴᠠᠭ᠎ᠠ ᠪᠠ ᠬᠥᠬᠦᠭᠦᠯ | ᠬᠤᠭᠤᠴᠠᠭᠠᠨ ᠤ ᠡᠮᠡᠭᠲᠡᠶᠢᠴᠦᠳ᠂ ᠡᠯᠢᠭᠡ ᠪᠥᠭᠡᠷᠡᠨ ᠤ ᠠᠵᠢᠯᠯᠠᠭ᠎ᠠ ᠪᠦᠷᠢᠨ ᠪᠤᠰᠤ ᠬᠥᠮᠥᠰ᠂ ᠣᠯᠠᠨ ᠵᠦᠢᠯ ᠤᠨ | ᠡᠮ ᠬᠡᠷᠡᠭᠯᠡᠵᠦ ᠪᠠᠶᠢᠭ᠎ᠠ ᠡᠪᠡᠳᠴᠢᠲᠡᠨ ᠵᠢᠴᠢ ᠲᠠᠨᠢᠨ ᠮᠡᠳᠡᠬᠦ᠂ ᠰᠣᠨᠣᠷ ᠪᠤᠶᠤ ᠬᠠᠷᠠᠭ᠎ᠠ ᠮᠠᠭᠤᠳᠠᠭᠰᠠᠨ ᠡᠪᠡᠳᠴᠢᠲᠡᠨ | ᠵᠡᠷᠭᠡ ᠳᠤ ᠡᠪᠡᠳᠴᠢᠨ ᠤ ᠵᠦᠢ᠂ ᠹᠢᠽᠢᠣᠯᠣᠭᠢ ᠶᠢᠨ ᠣᠨᠴᠠᠯᠢᠭ ᠵᠢᠴᠢ ᠡᠮᠲᠦ ᠪᠣᠳᠠᠰ ᠤᠨ ᠰᠣᠯᠢᠯᠴᠠᠭ᠎ᠠ ᠶᠢᠨ | ᠬᠥᠳᠡᠯᠭᠡᠭᠴᠢ ᠬᠦᠴᠦᠨ ᠤ ᠤᠬᠠᠭᠠᠨ᠂ ᠡᠮ ᠤᠨ ᠬᠦᠴᠦᠨ ᠤ ᠤᠬᠠᠭᠠᠨ ᠵᠡᠷᠭᠡ ᠪᠠᠶᠢᠳᠠᠯ ᠢ ᠦᠨᠳᠦᠰᠦᠯᠡᠨ᠂ | ᠲᠤᠰᠠᠭᠠᠷ ᠡᠮ ᠬᠡᠷᠡᠭᠯᠡᠬᠦ ᠰᠤᠷᠭᠠᠨ ᠬᠥᠮᠦᠵᠢᠯ ᠤᠨ ᠲᠥᠰᠥᠯ ᠲᠣᠭᠲᠠᠭᠠᠵᠤ᠂ ᠡᠪᠡᠳᠴᠢᠲᠡᠨ ᠤ ᠡᠮ ᠬᠡᠷᠡᠭᠯᠡᠬᠦ ᠠᠮᠤᠷ | ᠲᠦᠪᠰᠢᠨ᠂ ᠦᠷ᠎ᠡ ᠠᠰᠢᠭ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ | ︵ᠭᠤᠷᠪᠠ︶ ᠠᠵᠢᠯ ᠤᠨ ᠠᠯᠬᠤᠮ ᠳᠠᠷᠠᠭ᠎ᠠ᠃ | 1.ᠡᠮᠨᠡᠯᠭᠡ ᠳᠤ ᠰᠠᠭᠤᠬᠤ ᠡᠪᠡᠳᠴᠢᠲᠡᠨ ᠤ ᠡᠮ ᠬᠡᠷᠡᠭᠯᠡᠬᠦ ᠰᠤᠷᠭᠠᠨ ᠬᠥᠮᠦᠵᠢᠯ ᠤᠨ ᠠᠯᠬᠤᠮ ᠳᠠᠷᠠᠭ᠎ᠠ᠄ | ① ᠡᠪᠡᠳᠴᠢᠲᠡᠨ ᠳᠤ ᠥᠪᠡᠷ ᠤᠨ ᠪᠡᠶ᠎ᠡ ᠪᠠᠨ ᠲᠠᠨᠢᠯᠴᠠᠭᠤᠯᠵᠤ᠂ ᠲᠤᠰ ᠤᠳᠠᠭᠠᠨ ᠤ ᠰᠤᠷᠭᠠᠨ | ᠬᠥᠮᠦᠵᠢᠯ ᠤᠨ ᠵᠣᠷᠢᠯᠭ᠎ᠠ ᠪᠠ ᠵᠢᠱᠢᠭᠰᠡᠨ ᠴᠠᠭ ᠢ ᠲᠣᠳᠣᠷᠬᠠᠶᠢᠯᠠᠨ᠎ᠠ᠃ | ② ᠡᠪᠡᠳᠴᠢᠲᠡᠨ ᠤ ᠡᠪᠡᠳᠴᠢᠨ ᠤ ᠲᠡᠦᠬᠡ᠂ ᠡᠮ ᠬᠡᠷᠡᠭᠯᠡᠭᠰᠡᠨ ᠲᠡᠦᠬᠡ᠂ ᠰᠣᠶᠣᠯ ᠤᠨ ᠬᠡᠮᠵᠢᠶ᠎ᠡ ᠵᠡᠷᠭᠡ ᠶᠢᠨ | ᠰᠤᠷᠠᠭ ᠵᠠᠩᠭᠢ ᠶᠢ ᠴᠤᠭᠯᠠᠭᠤᠯᠵᠤ᠂ ᠠᠩᠬ᠎ᠠ ᠠᠯᠬᠤᠮ ᠤᠨ ᠪᠠᠶᠢᠳᠠᠯ ᠢ ᠦᠨᠳᠦᠰᠦᠯᠡᠨ ᠡᠮ ᠬᠡᠷᠡᠭᠯᠡᠬᠦ ᠰᠤᠷᠭᠠᠨ | ᠬᠥᠮᠦᠵᠢᠯ ᠤᠨ ᠠᠷᠭ᠎ᠠ ᠶᠢ ᠲᠣᠭᠲᠠᠭᠠᠵᠤ᠂ ᠡᠪᠡᠳᠴᠢᠲᠡᠨ ᠤ ᠣᠨᠴᠠᠭᠠᠶ ᠪᠠᠶᠢᠳᠠᠯ ᠢ ᠭᠦᠢᠴᠡᠳ ᠪᠣᠳᠣᠯᠬᠢᠯᠠᠨ᠎ᠠ᠂ | ᠵᠢᠱᠢᠶᠡᠯᠡᠪᠡᠯ ᠬᠠᠷᠠᠭ᠎ᠠ ᠮᠠᠭᠤᠳᠠᠬᠤ᠂ ᠰᠣᠨᠣᠷ ᠮᠠᠭᠤᠳᠠᠬᠤ᠂ ᠦᠭᠡ ᠬᠡᠯᠡ ᠨᠡᠪᠲᠡᠷᠡᠯᠴᠡᠬᠦ ᠦᠭᠡᠢ ᠵᠡᠷᠭᠡ᠃ | ᠭᠤᠷᠪᠠ᠂ ᠡᠪᠡᠳᠴᠢᠲᠡᠨ ᠤ ᠥᠪᠡᠷ ᠤᠨ ᠪᠡᠶ᠎ᠡ ᠶᠢᠨ ᠡᠷᠡᠭᠦᠯ ᠮᠡᠨᠳᠦ ᠶᠢᠨ ᠠᠰᠠᠭᠤᠳᠠᠯ ᠪᠠ ᠡᠮ ᠬᠡᠷᠡᠭᠯᠡᠵᠦ | ᠪᠠᠶᠢᠭ᠎ᠠ ᠪᠠᠶᠢᠳᠠᠯ ᠤᠨ ᠲᠤᠬᠠᠢ ᠣᠶᠢᠯᠠᠭᠠᠯᠲᠠ ᠪᠠ ᠬᠦᠰᠡᠯ ᠡᠷᠡᠮᠡᠯᠵᠡᠯ᠂ ᠡᠮ ᠢ ᠵᠥᠪ ᠬᠡᠷᠡᠭᠯᠡᠬᠦ ᠴᠢᠳᠠᠪᠤᠷᠢ ᠵᠢᠴᠢ | ᠡᠮᠴᠢᠯᠡᠭᠡ ᠳᠤ ᠲᠦᠰᠢᠭᠯᠡᠬᠦ ᠴᠢᠨᠠᠷ ᠢ ᠦᠨᠡᠯᠡᠨ᠎ᠡ᠃ | ᠳᠥᠷᠪᠡ᠂ ᠯᠠᠪᠯᠠᠨ ᠠᠰᠠᠭᠤᠬᠤ ᠪᠠᠷ ᠳᠡᠮᠵᠢᠨ ᠡᠪᠡᠳᠴᠢᠲᠡᠨ ᠤ ᠡᠮ ᠬᠡᠷᠡᠭᠯᠡᠬᠦ ᠵᠣᠷᠢᠯᠭ᠎ᠠ᠂ ᠡᠮ ᠤᠤᠭᠤᠬᠤ | ᠠᠷᠭ᠎ᠠ᠂ ᠡᠮ ᠤᠨ ᠬᠡᠮᠵᠢᠶ᠎ᠡ᠂ ᠡᠮᠴᠢᠯᠡᠭᠡᠨ ᠤ ᠬᠤᠭᠤᠴᠠᠭ᠎ᠠ᠂ ᠡᠮ ᠬᠡᠷᠡᠭᠯᠡᠬᠦ ᠳᠤ ᠠᠩᠬᠠᠷᠬᠤ ᠵᠦᠢᠯ᠂ ᠦᠷᠭᠦᠯᠵᠢ | ᠲᠣᠬᠢᠶᠠᠯᠳᠤᠬᠤ ᠡᠷᠡᠭᠦᠯ ᠪᠤᠰᠤ ᠲᠤᠰᠬᠠᠯ ᠵᠡᠷᠭᠡ ᠶᠢ ᠡᠵᠡᠮᠰᠢᠭᠰᠡᠨ ᠬᠡᠮᠵᠢᠶ᠎ᠡ ᠶᠢ ᠣᠶᠢᠯᠠᠭᠠᠵᠤ᠂ ᠲᠤᠰᠬᠠᠶᠢᠯᠠᠭᠰᠠᠨ ᠡᠮ | ᠬᠡᠷᠡᠭᠯᠡᠬᠦ ᠰᠤᠷᠭᠠᠨ ᠬᠥᠮᠦᠵᠢᠯ ᠤᠨ ᠲᠥᠰᠥᠯ ᠢ ᠲᠣᠭᠲᠠᠭᠠᠨ᠎ᠠ᠃ | ⑤ ᠡᠪᠡᠳᠴᠢᠲᠡᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠮᠠ᠂ ᠪᠢᠴᠢᠭ ᠤᠨ ᠮᠠᠲ᠋ᠧᠷᠢᠶᠠᠯ᠂ | ᠪᠣᠳᠠᠲᠤ ᠪᠣᠳᠠᠰ ᠤᠨ ᠦᠵᠡᠭᠦᠯᠦᠯᠭᠡ ᠵᠡᠷᠭᠡ ᠠᠷᠭ᠎ᠠ ᠪᠠᠷ ᠡᠮ ᠬᠡᠷᠡᠭᠯᠡᠬᠦ ᠬᠥᠮᠦᠵᠢᠯ ᠬᠢᠵᠦ᠂ ᠡᠪᠡᠳᠴᠢᠲᠡᠨ ᠳᠤ | ᠡᠮ ᠢᠶᠠᠷ ᠡᠮᠨᠡᠨ ᠵᠠᠰᠠᠬᠤ ᠶᠢᠨ ᠴᠢᠬᠤᠯᠠ ᠴᠢᠨᠠᠷ ᠪᠠ ᠡᠮ ᠢ ᠵᠥᠪ ᠬᠡᠷᠡᠭᠯᠡᠬᠦ ᠠᠷᠭ᠎ᠠ ᠶᠢ ᠭᠦᠢᠴᠡᠳ ᠣᠶᠢᠯᠠᠭᠠᠭᠤᠯᠤᠨ᠎ᠠ | ᠃ | ⑥ ᠡᠮ ᠬᠡᠷᠡᠭᠯᠡᠬᠦ ᠬᠥᠮᠦᠵᠢᠯ ᠳᠠᠭᠤᠰᠬᠤ ᠠᠴᠠ ᠡᠮᠦᠨ᠎ᠡ᠂ ᠡᠪᠡᠳᠴᠢᠲᠡᠨ ᠠᠴᠠ ᠯᠠᠪᠯᠠᠨ ᠠᠰᠠᠭᠤᠬᠤ ᠪᠤᠶᠤ | ᠳᠠᠪᠲᠠᠨ ᠶᠠᠷᠢᠭᠤᠯᠬᠤ ᠵᠡᠷᠭᠡ ᠠᠷᠭ᠎ᠠ ᠪᠠᠷ ᠡᠪᠡᠳᠴᠢᠲᠡᠨ ᠤ ᠡᠮ ᠬᠡᠷᠡᠭᠯᠡᠬᠦ ᠲᠤᠬᠠᠢ ᠮᠡᠳᠡᠯᠭᠡ ᠶᠢ ᠡᠵᠡᠮᠰᠢᠭᠰᠡᠨ | ᠬᠡᠮᠵᠢᠶ᠎ᠡ ᠶᠢ ᠲᠣᠳᠣᠯᠠᠨ᠎ᠠ᠃ ᠪᠠᠶᠢᠳᠠᠯ ᠢ ᠨᠢ ᠰᠠᠶᠢᠨ ᠣᠶᠢᠯᠠᠭᠠᠭᠰᠠᠨ ᠦᠭᠡᠢ ᠪᠠᠶᠢᠪᠠᠯ᠂ ᠡᠮ ᠬᠡᠷᠡᠭᠯᠡᠬᠦ ᠬᠥᠮᠦᠵᠢᠯ ᠢ | ᠳᠠᠭᠢᠵᠤ ᠬᠢᠬᠦ ᠬᠡᠷᠡᠭᠲᠡᠢ᠃ | ⑦ ᠡᠮ ᠬᠡᠷᠡᠭᠯᠡᠭᠰᠡᠨ ᠰᠤᠷᠭᠠᠨ ᠬᠥᠮᠦᠵᠢᠯ ᠤᠨ ᠲᠡᠮᠳᠡᠭᠯᠡᠯ ᠢ ᠦᠨᠡᠨ ᠮᠥᠨ ᠢᠶᠠᠷ ᠨᠢ ᠲᠠᠭᠯᠠᠨ᠎ᠠ᠃ | 2.ᠡᠮᠨᠡᠯᠭᠡ ᠳᠤ ᠰᠠᠭᠤᠬᠤ ᠦᠭᠡᠢ ᠡᠪᠡᠳᠴᠢᠲᠡᠨ ᠤ ᠡᠮ ᠬᠡᠷᠡᠭᠯᠡᠬᠦ ᠰᠤᠷᠭᠠᠨ ᠬᠥᠮᠦᠵᠢᠯ ᠤᠨ ᠠᠯᠬᠤᠮ | ᠳᠠᠷᠠᠭ᠎ᠠ ᠶᠢ ︽ᠡᠮᠨᠡᠯᠭᠡ ᠳᠤ ᠰᠠᠭᠤᠬᠤ ᠡᠪᠡᠳᠴᠢᠲᠡᠨ ᠤ ᠡᠮ ᠬᠡᠷᠡᠭᠯᠡᠬᠦ ᠰᠤᠷᠭᠠᠨ ᠬᠥᠮᠦᠵᠢᠯ ᠤᠨ ᠠᠯᠬᠤᠮ ᠳᠠᠷᠠᠭ᠎ᠠ︾ | ᠪᠠᠷ ᠯᠠᠪᠯᠠᠯᠲᠠ ᠪᠣᠯᠭᠠᠬᠤ ᠶᠢᠨ ᠬᠠᠮᠲᠤ ᠦᠢᠯᠡᠴᠢᠯᠡᠭᠡᠨ ᠤ ᠲᠠᠯᠠᠪᠤᠷ᠂ ᠡᠪᠡᠳᠴᠢᠲᠡᠨ ᠤ ᠪᠣᠳᠠᠲᠠᠢ ᠪᠠᠶᠢᠳᠠᠯ ᠵᠡᠷᠭᠡ ᠶᠢ | ᠦᠨᠳᠦᠰᠦᠯᠡᠨ ᠵᠣᠬᠢᠰᠲᠠᠢ ᠪᠠᠷ ᠳᠥᠭᠦᠮᠴᠢᠯᠡᠨ᠎ᠡ᠃ | ︵ᠳᠥᠷᠪᠡ︶ ᠮᠡᠳᠡᠭᠡ ᠵᠠᠩᠭᠢ ᠶᠢᠨ ᠲᠡᠮᠳᠡᠭᠯᠡᠯ᠃ ᠡᠮ ᠡᠮᠨᠡᠯᠭᠡ ᠶᠢᠨ ᠪᠠᠶᠢᠭᠤᠯᠤᠮᠵᠢ ᠡᠮ ᠬᠡᠷᠡᠭᠯᠡᠬᠦ | ᠬᠥᠮᠦᠵᠢᠯ ᠤᠨ ᠲᠡᠮᠳᠡᠭᠯᠡᠯ ᠬᠢᠬᠦ ᠶᠢᠨ ᠬᠠᠮᠲᠤ ᠨᠡᠬᠡᠮᠵᠢᠯᠡᠵᠦ ᠪᠣᠯᠣᠨ᠎ᠠ᠂ ᠲᠡᠮᠳᠡᠭᠯᠡᠯ ᠢ ᠪᠢᠴᠢᠬᠦ ᠳᠡᠭᠡᠨ ᠪᠤᠰᠤᠳᠴᠢ᠂ | ᠵᠢᠷᠤᠮᠵᠢᠯ ᠲᠠᠢ᠂ ᠴᠠᠭ ᠲᠤᠬᠠᠢ ᠳᠤᠨᠢ ᠪᠢᠴᠢᠬᠦ ᠬᠡᠷᠡᠭᠲᠡᠢ᠃ ᠡᠮ ᠬᠡᠷᠡᠭᠯᠡᠬᠦ ᠰᠤᠷᠭᠠᠨ ᠬᠥᠮᠦᠵᠢᠯ ᠤᠨ ᠲᠡᠮᠳᠡᠭᠯᠡᠯ ᠳᠤ | ᠳᠣᠣᠷᠠᠬᠢ ᠠᠭᠤᠯᠭ᠎ᠠ ᠶᠢ ᠪᠠᠭᠲᠠᠭᠠᠪᠠᠯ ᠵᠣᠬᠢᠨ᠎ᠠ᠄ 1.ᠡᠪᠡᠳᠴᠢᠲᠡᠨ ᠤ ᠦᠨᠳᠦᠰᠦᠨ ᠮᠡᠳᠡᠭᠡ ᠵᠠᠩᠭᠢ ᠵᠢᠴᠢ ᠡᠮᠲᠦ | ᠪᠣᠳᠠᠰ ᠤᠨ ᠡᠮᠴᠢᠯᠡᠭᠡ ᠲᠠᠢ ᠬᠤᠯᠪᠣᠭᠳᠠᠬᠤ ᠮᠡᠳᠡᠭᠡ ᠵᠠᠩᠭᠢ᠃ 2.ᠡᠮ ᠬᠡᠷᠡᠭᠯᠡᠬᠦ ᠬᠥᠮᠦᠵᠢᠯ ᠤᠨ ᠡᠮ ᠤᠨ ᠵᠦᠢᠯ ᠤᠨ | ᠮᠡᠳᠡᠭᠡ ᠵᠠᠩᠭᠢ᠃ 3.ᠡᠮ ᠬᠡᠷᠡᠭᠯᠡᠬᠦ ᠬᠥᠮᠦᠵᠢᠯ ᠤᠨ ᠭᠤᠣᠯ ᠠᠭᠤᠯᠭ᠎ᠠ᠃ 4.ᠡᠪᠡᠳᠴᠢᠲᠡᠨ ᠡᠮ ᠬᠡᠷᠡᠭᠯᠡᠬᠦ ᠰᠤᠷᠭᠠᠨ | ᠬᠥᠮᠦᠵᠢᠯ ᠤᠨ ᠦᠷ᠎ᠡ ᠳ᠋ᠦᠩ ᠢ ᠣᠶᠢᠯᠠᠭᠠᠬᠤ ᠪᠠ ᠬᠦᠯᠢᠶᠡᠨ ᠠᠪᠬᠤ ᠡᠰᠡᠬᠦ᠃ 5. ᠡᠮ ᠨᠠᠶᠢᠷᠠᠭᠴᠢ ᠶᠢᠨ ᠭᠠᠷ ᠤᠨ | ᠥᠰᠥᠭ ᠵᠢᠷᠤᠬᠤ ᠶᠢᠨ ᠬᠠᠮᠲᠤ ᠡᠮ ᠬᠡᠷᠡᠭᠯᠡᠬᠦ ᠰᠤᠷᠭᠠᠨ ᠬᠥᠮᠦᠵᠢᠯ ᠤᠨ ᠴᠠᠭ ᠬᠤᠭᠤᠴᠠᠭ᠎ᠠ ᠶᠢ ᠲᠣᠳᠣᠷᠬᠠᠶᠢᠯᠠᠨ᠎ᠠ᠃ | | ᠭᠤᠷᠪᠠ᠂ ᠶᠠᠰᠤ ᠴᠢᠨᠠᠷ ᠤᠨ ᠬᠠᠮᠢᠶᠠᠷᠤᠯᠲᠠ ᠬᠢᠭᠡᠳ ᠦᠨᠡᠯᠡᠯᠲᠡ ᠶᠢᠨ ᠰᠠᠶᠢᠵᠢᠷᠠᠭᠤᠯᠤᠯᠲᠠ | ︵ᠨᠢᠭᠡ︶ ᠶᠠᠰᠤ ᠴᠢᠨᠠᠷ ᠤᠨ ᠬᠠᠮᠢᠶᠠᠷᠤᠯᠲᠠ᠃ ᠡᠮᠴᠢᠯᠡᠭᠡᠨ ᠤ ᠪᠠᠶᠢᠭᠤᠯᠤᠮᠵᠢ ᠨᠢ ᠡᠮ ᠨᠠᠶᠢᠷᠠᠭᠴᠢ ᠶᠢᠨ | ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢᠨ ᠰᠤᠷᠭᠠᠯᠲᠠ ᠶᠢ ᠦᠷᠭᠦᠯᠵᠢᠯᠡᠨ ᠴᠢᠩᠭᠠᠳᠬᠠᠵᠤ᠂ ᠡᠮ | ᠨᠠᠶᠢᠷᠠᠭᠴᠢ ᠶᠢᠨ ᠲᠤᠰᠬᠠᠢ ᠮᠡᠷᠭᠡᠵᠢᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠡᠮ ᠬᠡᠷᠡᠭᠯᠡᠬᠦ | ᠬᠥᠮᠦᠵᠢᠯ ᠤᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ | ︵ᠬᠤᠶᠠᠷ︶ ᠦᠨᠡᠯᠡᠨ ᠰᠠᠶᠢᠵᠢᠷᠠᠭᠤᠯᠤᠨ᠎ᠠ᠃ ᠡᠮᠴᠢᠯᠡᠭᠡᠨ ᠤ ᠪᠠᠶᠢᠭᠤᠯᠤᠮᠵᠢ ᠨᠢ ᠲᠣᠰ | ᠪᠠᠶᠢᠭᠤᠯᠤᠮᠵᠢ ᠶᠢᠨ ᠢᠶᠠᠨ ᠡᠮ ᠬᠡᠷᠡᠭᠯᠡᠬᠦ ᠬᠥᠮᠦᠵᠢᠯ ᠤᠨ ᠦᠢᠯᠡᠴᠢᠯᠡᠭᠡ ᠶᠢ ᠥᠷᠨᠢᠭᠦᠯᠦᠭᠰᠡᠨ ᠪᠠᠶᠢᠳᠠᠯ ᠢ ᠲᠣᠭᠲᠠᠮᠠᠯ | ᠬᠤᠭᠤᠴᠠᠭ᠎ᠠ ᠲᠠᠢ ᠪᠠᠷ ᠳ᠋ᠦᠩᠨᠡᠵᠦ᠂ ᠡᠪᠡᠳᠴᠢᠲᠡᠨ᠂ ᠡᠮᠨᠡᠯᠭᠡ ᠶᠢᠨ ᠠᠵᠢᠯᠲᠠᠨ ᠤ ᠡᠮ ᠬᠡᠷᠡᠭᠯᠡᠬᠦ ᠬᠥᠮᠦᠵᠢᠯ ᠤᠨ | ᠲᠤᠬᠠᠢ ᠰᠠᠨᠠᠯ ᠰᠠᠨᠠᠭᠤᠯᠭ᠎ᠠ ᠶᠢ ᠴᠤᠭᠯᠠᠭᠤᠯᠤᠨ᠂ ᠠᠵᠢᠯ ᠤᠨ ᠦᠷ᠎ᠡ ᠪᠦᠲᠦᠮᠵᠢ ᠪᠠ ᠣᠷᠣᠰᠢᠵᠤ ᠪᠠᠶᠢᠭ᠎ᠠ | ᠠᠰᠠᠭᠤᠳᠠᠯ ᠢ ᠵᠠᠳᠠᠯᠵᠤ᠂ ᠠᠵᠢᠯ ᠤᠨ ᠦᠷ᠎ᠡ ᠪᠦᠲᠦᠮᠵᠢ ᠶᠢ ᠦᠨᠡᠯᠡᠬᠦ ᠬᠡᠷᠡᠭᠲᠡᠢ᠃ ᠴᠢᠭᠯᠡᠭᠦᠯᠬᠦ ᠴᠢᠨᠠᠷᠲᠠᠢ | ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠰᠢᠮᠳᠠᠭᠤᠯᠤᠨ ᠨᠠᠶᠢᠳᠠᠪᠤᠷᠢᠵᠢᠭᠤᠯᠵᠤ᠂ ᠡᠮ | ᠬᠡᠷᠡᠭᠯᠡᠬᠦ ᠰᠤᠷᠭᠠᠨ ᠬᠥᠮᠦᠵᠢᠯ ᠤᠨ ᠦᠢᠯᠡᠴᠢᠯᠡᠭᠡᠨ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ᠃ | | | ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠰᠤᠳᠤᠯᠤᠯ ᠤᠨ ᠬᠠᠷᠠᠭᠠᠯᠵᠠᠨ ᠬᠠᠮᠠᠭᠠᠯᠠᠬᠤ ᠦᠢᠯᠡᠴᠢᠯᠡᠭᠡᠨ ᠤ | ᠳᠦᠷᠢᠮᠵᠢᠯ | | ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠰᠤᠳᠤᠯᠤᠯ ᠤᠨ ᠬᠠᠷᠠᠭᠠᠯᠵᠠᠨ ᠬᠠᠮᠠᠭᠠᠯᠠᠬᠤ ᠦᠢᠯᠡᠴᠢᠯᠡᠭᠡ ᠶᠢ | ᠵᠢᠷᠤᠮᠵᠢᠭᠤᠯᠵᠤ᠂ ᠡᠮ ᠤᠨ ᠰᠤᠳᠤᠯᠤᠯ ᠤᠨ ᠬᠠᠷᠠᠭᠠᠯᠵᠠᠨ ᠬᠠᠮᠠᠭᠠᠯᠠᠬᠤ ᠦᠢᠯᠡᠴᠢᠯᠡᠭᠡᠨ ᠤ ᠴᠢᠨᠠᠷ ᠴᠢᠨᠰᠠᠭ᠎ᠠ ᠶᠢ | ᠪᠠᠲᠤᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮ ᠤᠨ ᠵᠦᠢᠯ ᠤᠨ | ᠬᠠᠮᠢᠶᠠᠷᠤᠯᠲᠠ ᠶᠢᠨ ᠬᠠᠤᠯᠢ︾ ︽ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠳᠦᠷᠢᠮ︾ ︽ᠵᠣᠷ ᠤᠨ | ᠬᠠᠮᠢᠶᠠᠷᠤᠯᠲᠠ ᠶᠢᠨ ᠠᠷᠭ᠎ᠠ︾ ︽ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠶᠠᠪᠤᠳᠠᠯ ᠤᠨ ᠬᠠᠮᠢᠶᠠᠷᠤᠯᠲᠠ ᠶᠢᠨ | ᠲᠣᠭᠲᠠᠭᠠᠯ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ | ᠦᠨᠳᠦᠰᠦᠯᠡᠨ᠂ ᠲᠣᠰ ᠵᠢᠷᠤᠮᠵᠢᠯ ᠢ ᠲᠣᠭᠲᠠᠭᠠᠪᠠ᠃ ᠲᠤᠰ ᠵᠢᠷᠤᠮᠵᠢᠯ ᠢ ᠡᠮᠨᠡᠯᠭᠡ ᠳᠤ ᠰᠠᠭᠤᠵᠤ ᠡᠮᠨᠡᠭᠦᠯᠬᠦ | ᠦᠢᠯᠡᠴᠢᠯᠡᠭᠡ ᠬᠠᠩᠭᠠᠬᠤ ᠡᠯ᠎ᠡ ᠱᠠᠲᠤᠨ ᠤ ᠡᠯ᠎ᠡ ᠲᠦᠷᠦᠯ ᠤᠨ ᠡᠮᠴᠢᠯᠡᠭᠡᠨ ᠤ ᠪᠠᠶᠢᠭᠤᠯᠤᠮᠵᠢ ᠳᠤ ᠬᠡᠷᠡᠭᠯᠡᠨ᠎ᠡ᠃ | ᠡᠮ ᠤᠨ ᠤᠬᠠᠭᠠᠨ ᠤ ᠬᠢᠨᠠᠨ ᠬᠠᠮᠠᠭᠠᠯᠠᠯᠲᠠ ᠭᠡᠳᠡᠭ ᠨᠢ ᠡᠮ ᠨᠠᠶᠢᠷᠠᠭᠴᠢ ᠡᠮ ᠤᠨ ᠤᠬᠠᠭᠠᠨ ᠤ ᠲᠤᠰᠬᠠᠢ | ᠮᠡᠷᠭᠡᠵᠢᠯ ᠤᠨ ᠮᠡᠳᠡᠯᠭᠡ ᠪᠠᠷ ᠡᠮᠨᠡᠯᠭᠡ ᠳᠤ ᠰᠠᠭᠤᠬᠤ ᠡᠪᠡᠳᠴᠢᠲᠡᠨ ᠳᠤ ᠰᠢᠭᠤᠳ᠂ ᠡᠮ ᠤᠨ ᠬᠡᠷᠡᠭᠯᠡᠯᠲᠡ ᠳᠤ | ᠬᠤᠯᠪᠣᠭᠳᠠᠬᠤ ᠡᠮ ᠤᠨ ᠤᠬᠠᠭᠠᠨ ᠤ ᠦᠢᠯᠡᠴᠢᠯᠡᠭᠡ ᠬᠠᠩᠭᠠᠵᠤ᠂ ᠡᠮ ᠤᠨ ᠡᠮᠴᠢᠯᠡᠭᠡᠨ ᠤ ᠠᠶᠤᠯᠭᠦᠢ ᠴᠢᠨᠠᠷ᠂ | ᠪᠦᠲᠦᠮᠵᠢᠲᠦ ᠴᠢᠨᠠᠷ ᠪᠠ ᠠᠵᠤ ᠠᠬᠤᠢ ᠶᠢᠨ ᠴᠢᠨᠠᠷ ᠢ ᠳᠡᠭᠡᠭᠰᠢᠯᠡᠭᠦᠯᠬᠦ ᠶᠢ ᠵᠢᠭᠠᠵᠤ ᠪᠣᠶ᠃ | ᠨᠢᠭᠡ᠂ ᠦᠨᠳᠦᠰᠦᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠵᠤ ᠬᠠᠮᠢᠶᠠᠷᠤᠨ᠎ᠠ᠃ ᠡᠮ ᠤᠨ ᠰᠤᠳᠤᠯᠤᠯ ᠤᠨ ᠬᠢᠨᠠᠨ ᠬᠠᠮᠠᠭᠠᠯᠠᠬᠤ | ᠦᠢᠯᠡᠴᠢᠯᠡᠭᠡ ᠶᠢ ᠡᠮ ᠤᠨ ᠰᠤᠳᠤᠯᠤᠯ ᠤᠨ ᠰᠠᠯᠠᠭ᠎ᠠ ᠮᠥᠴᠢᠷ ᠠᠴᠠ ᠬᠠᠷᠢᠭᠤᠴᠠᠨ ᠶᠠᠪᠤᠭᠳᠠᠭᠤᠯᠬᠤ ᠶᠢᠨ ᠬᠠᠮᠲᠤ | ᠬᠠᠮᠢᠶᠠᠷᠬᠤ ᠬᠡᠷᠡᠭᠲᠡᠢ᠃ ᠡᠮᠴᠢᠯᠡᠭᠡᠨ ᠤ ᠪᠠᠶᠢᠭᠤᠯᠤᠮᠵᠢ ᠨᠢ ᠲᠣᠰ ᠪᠠᠶᠢᠭᠤᠯᠤᠮᠵᠢ ᠳᠤ ᠲᠣᠬᠢᠷᠠᠬᠤ ᠡᠮ ᠤᠨ | ᠰᠤᠳᠤᠯᠤᠯ ᠤᠨ ᠬᠢᠨᠠᠨ ᠬᠠᠮᠠᠭᠠᠯᠠᠬᠤ ᠦᠢᠯᠡᠴᠢᠯᠡᠭᠡᠨ ᠤ ᠠᠵᠢᠯ ᠤᠨ ᠳᠦᠷᠢᠮ ᠵᠡᠷᠭᠡ ᠶᠢ ᠪᠠᠶᠢᠭᠤᠯᠬᠤ ᠬᠡᠷᠡᠭᠲᠡᠢ᠃ | ︵ᠬᠤᠶᠠᠷ︶ ᠠᠵᠢᠯᠲᠠᠨ ᠤ ᠱᠠᠭᠠᠷᠳᠠᠯᠭ᠎ᠠ᠃ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠰᠤᠳᠤᠯᠤᠯ ᠤᠨ | ᠬᠢᠨᠠᠨ ᠬᠠᠮᠠᠭᠠᠯᠠᠬᠤ ᠦᠢᠯᠡᠴᠢᠯᠡᠭᠡ ᠡᠷᠭᠢᠯᠡᠵᠦ ᠪᠠᠶᠢᠭ᠎ᠠ ᠡᠮ ᠨᠠᠶᠢᠷᠠᠭᠴᠢ ᠳᠣᠣᠷᠠᠬᠢ ᠨᠥᠬᠦᠴᠡᠯ ᠤᠳ ᠤᠨ ᠨᠢᠭᠡ ᠳᠤᠨᠢ | ᠨᠡᠶᠢᠴᠡᠭᠰᠡᠨ ᠪᠠᠶᠢᠬᠤ ᠬᠡᠷᠡᠭᠲᠡᠢ᠄ | 1.ᠲᠤᠰ ᠪᠠᠶᠢᠭᠤᠯᠤᠮᠵᠢ ᠶᠢᠨ ᠵᠣᠬᠢᠴᠠᠩᠭᠤᠢ ᠱᠠᠭᠠᠷᠳᠠᠯᠭ᠎ᠠ ᠳᠤ ᠨᠡᠶᠢᠴᠡᠭᠰᠡᠨ ᠡᠮᠴᠢᠯᠡᠭᠡᠨ ᠤ ᠡᠮ ᠤᠨ | ᠰᠤᠳᠤᠯᠤᠯ ᠤᠨ ᠠᠵᠢᠯ ᠬᠢᠵᠦ ᠪᠠᠶᠢᠭ᠎ᠠ ᠡᠮ ᠨᠠᠶᠢᠷᠠᠭᠴᠢ᠃ | 2.ᠡᠮᠴᠢᠯᠡᠭᠡᠨ ᠤ ᠡᠮ ᠤᠨ ᠤᠬᠠᠭᠠᠨ ᠤ ᠠᠵᠢᠯ ᠤᠨ ᠲᠤᠷᠰᠢᠯᠭ᠎ᠠ ᠲᠠᠢ ᠳᠡᠳ᠋ ᠡᠷᠬᠢᠯᠡᠭᠴᠢ ᠡᠮ ᠨᠠᠶᠢᠷᠠᠭᠴᠢ | ᠵᠢᠴᠢ ᠲᠡᠭᠦᠨ ᠠᠴᠠ ᠳᠡᠭᠡᠭᠰᠢᠬᠢ ᠲᠤᠰᠬᠠᠢ ᠮᠡᠷᠭᠡᠵᠢᠯ ᠤᠨ ᠲᠤᠰᠢᠶᠠᠯ ᠤᠨ ᠲᠤᠰᠢᠶᠠᠯ ᠡᠭᠦᠷᠭᠡᠯᠡᠬᠦ ᠬᠢᠷᠢ ᠬᠡᠮ ᠲᠠᠢ ᠡᠮ | ᠨᠠᠶᠢᠷᠠᠭᠴᠢ᠃ | ︵ᠭᠤᠷᠪᠠ︶ ᠵᠥᠭᠡᠯᠡᠨ ᠬᠠᠲᠠᠭᠤ ᠲᠣᠨᠤᠭ ᠤᠨ ᠲᠥᠬᠦᠭᠡᠷᠦᠮᠵᠢ᠃ ᠡᠮᠴᠢᠯᠡᠭᠡᠨ ᠤ ᠪᠠᠶᠢᠭᠤᠯᠤᠮᠵᠢ ᠨᠢ | ᠲᠣᠬᠢᠷᠠᠮᠵᠢᠲᠠᠢ ᠠᠵᠢᠯᠯᠠᠬᠤ ᠲᠠᠯᠠᠪᠤᠷ ᠭᠠᠵᠠᠷ ᠪᠣᠯᠣᠨ ᠵᠥᠭᠡᠯᠡᠨ ᠬᠠᠲᠠᠭᠤ ᠬᠡᠷᠡᠭᠰᠡᠯ ᠤᠨ ᠲᠥᠬᠦᠭᠡᠷᠦᠮᠵᠢ ᠶᠢᠨ | ᠨᠥᠬᠦᠴᠡᠯ ᠢ ᠲᠣᠬᠢᠷᠠᠭᠤᠯᠬᠤ ᠬᠡᠷᠡᠭᠲᠡᠢ᠃ ᠵᠥᠭᠡᠯᠡᠨ ᠬᠡᠷᠡᠭᠰᠡᠯ ᠤᠨ ᠲᠥᠬᠦᠭᠡᠷᠦᠮᠵᠢ ᠳᠤ ᠡᠮᠴᠢ ᠶᠢᠨ ᠵᠢᠭᠠᠪᠤᠷᠢ ᠪᠠ | ᠡᠪᠡᠳᠴᠢᠨ ᠤ ᠥᠩᠭᠡᠷᠡᠯᠲᠡ ᠶᠢ ᠪᠠᠶᠢᠴᠠᠭᠠᠨ ᠦᠵᠡᠬᠦ ᠡᠮᠴᠢᠯᠡᠭᠡᠨ ᠤ ᠮᠡᠳᠡᠭᠡ ᠵᠠᠩᠭᠢ ᠶᠢᠨ ᠰᠢᠰᠲ᠋ᠧᠮ ᠵᠢᠴᠢ | ᠵᠣᠬᠢᠴᠠᠩᠭᠤᠢ ᠡᠷᠬᠡ ᠮᠡᠳᠡᠯ ᠤᠨ ᠬᠡᠪᠴᠢᠶ᠎ᠡ᠂ ᠡᠮ ᠤᠨ ᠤᠬᠠᠭᠠᠨ ᠤ ᠮᠡᠳᠡᠭᠡ ᠵᠠᠩᠭᠢ ᠶᠢᠨ ᠵᠥᠭᠡᠯᠡᠨ ᠬᠡᠷᠡᠭᠰᠡᠯ ᠢ | ᠡᠷᠢᠬᠦ ᠵᠡᠷᠭᠡ ᠪᠠᠭᠲᠠᠨ᠎ᠠ᠃ | ᠬᠤᠶᠠᠷ᠂ ᠦᠢᠯᠡᠴᠢᠯᠡᠭᠡᠨ ᠤ ᠬᠠᠮᠢᠶᠠᠷᠤᠯᠲᠠ | ︵ᠨᠢᠭᠡ︶ ᠦᠢᠯᠡᠴᠢᠯᠡᠬᠦ ᠡᠲᠡᠭᠡᠳ᠃ ᠡᠮ ᠤᠨ ᠤᠬᠠᠭᠠᠨ ᠤ ᠬᠠᠷᠠᠭᠠᠯᠵᠠᠨ ᠬᠠᠮᠠᠭᠠᠯᠠᠬᠤ ᠶᠢᠨ ᠦᠢᠯᠡᠴᠢᠯᠡᠬᠦ | ᠡᠲᠡᠭᠡᠳ ᠨᠢ ᠡᠮᠨᠡᠯᠭᠡ ᠳᠤ ᠰᠠᠭᠤᠭᠰᠠᠨ ᠡᠪᠡᠳᠴᠢᠲᠡᠨ ᠪᠠᠶᠢᠵᠤ᠂ ᠳᠣᠣᠷᠠᠬᠢ ᠮᠡᠲᠦ ᠡᠪᠡᠳᠴᠢᠲᠡᠨ ᠪᠠ ᠡᠪᠡᠳᠴᠢᠨ | ᠡᠮᠭᠡᠭ ᠤᠨ ᠪᠠᠶᠢᠳᠠᠯ ᠳᠤ ᠭᠤᠣᠯᠳᠠᠯᠭ᠎ᠠ ᠲᠠᠢ ᠦᠢᠯᠡᠴᠢᠯᠡᠨ᠎ᠡ᠄ | 1.ᠡᠪᠡᠳᠴᠢᠨ ᠤ ᠵᠦᠢ ᠶᠢᠨ ᠹᠢᠽᠢᠣᠯᠣᠭᠢ ᠶᠢᠨ ᠪᠠᠶᠢᠳᠠᠯ᠄ ᠳᠣᠲᠣᠷ ᠡᠷᠬᠡᠲᠡᠨ ᠤ ᠠᠵᠢᠯᠯᠠᠭ᠎ᠠ ᠶᠢᠨ | ᠭᠡᠮᠲᠦᠯ ᠲᠠᠢ᠂ ᠬᠡᠦᠬᠡᠳ᠂ ᠨᠠᠰᠤᠲᠠᠶᠢᠴᠤᠳ᠂ ᠳᠠᠪᠬᠤᠴᠠᠭᠰᠠᠨ ᠡᠪᠡᠳᠴᠢᠨ ᠲᠠᠢ ᠡᠪᠡᠳᠴᠢᠲᠡᠨ᠂ ᠵᠢᠷᠮᠦᠰᠦᠯᠡᠭᠰᠡᠨ | ᠪᠠ ᠬᠥᠬᠦᠭᠦᠯᠵᠦ ᠪᠠᠶᠢᠭ᠎ᠠ ᠬᠤᠭᠤᠴᠠᠭᠠᠨ ᠤ ᠡᠪᠡᠳᠴᠢᠲᠡᠨ᠃ | 2.ᠡᠪᠡᠳᠴᠢᠨ ᠤ ᠣᠨᠴᠠᠯᠢᠭ᠄ ᠬᠦᠨᠳᠦ ᠡᠪᠡᠳᠴᠢᠨ ᠤ ᠬᠠᠯᠳᠠᠪᠤᠷᠢᠯᠠᠯ᠂ ᠴᠢᠰᠤᠨ ᠳᠠᠷᠤᠯᠲᠠ ᠥᠨᠳᠥᠷ | ᠡᠪᠡᠳᠴᠢᠨ ᠤ ᠠᠶᠤᠯᠲᠤ ᠦᠵᠡᠭᠳᠡᠯ᠂ ᠲᠦᠷᠭᠡᠨ ᠴᠢᠨᠠᠷᠲᠠᠢ ᠵᠢᠷᠦᠬᠡᠨ ᠤ ᠳᠣᠷᠣᠶᠢᠲᠠᠯ᠂ ᠲᠦᠷᠭᠡᠨ ᠴᠢᠨᠠᠷᠲᠠᠢ ᠵᠢᠷᠦᠬᠡᠨ | ᠪᠤᠯᠴᠢᠩ ᠤᠨ ᠦᠬᠦᠵᠢᠯ᠂ ᠬᠢᠷᠬᠢᠷ᠎ᠡ ᠶᠢᠨ ᠦᠷᠭᠦᠯᠵᠢᠯᠡᠬᠦ ᠪᠠᠶᠢᠳᠠᠯ᠂ ᠤᠨᠠᠳᠠᠭ ᠡᠪᠡᠳᠴᠢᠨ ᠤ ᠦᠷᠭᠦᠯᠵᠢᠯᠡᠬᠦ ᠪᠠᠶᠢᠳᠠᠯ | ᠂ ᠪᠠᠮᠪᠠᠢ ᠪᠤᠯᠴᠢᠷᠬᠠᠢ ᠶᠢᠨ ᠠᠶᠤᠯᠲᠤ ᠦᠵᠡᠭᠳᠡᠯ᠂ ᠺᠥ᠋ᠲ᠋ᠤᠨᠲᠤ ᠬᠦᠴᠢᠯ ᠤᠨ ᠬᠤᠣᠷᠳᠠᠭᠳᠠᠯ᠂ ᠴᠢᠰᠤ ᠡᠭᠡᠳᠡᠷᠡᠬᠦ | ᠴᠢᠳᠠᠪᠤᠷᠢ ᠰᠠᠭᠠᠲᠠᠯ ᠲᠠᠢ ᠡᠪᠡᠳᠴᠢᠲᠡᠨ᠂ ᠡᠮᠴᠢᠯᠡᠭᠡᠨ ᠤ ᠪᠠᠶᠢᠴᠠᠭᠠᠯᠲᠠ ᠶᠢᠨ ᠲᠦᠭᠰᠢᠭᠦᠷᠢᠲᠦ ᠬᠡᠮᠵᠢᠭᠳᠡᠯ ᠢᠯᠡᠷᠡᠭᠰᠡᠨ | ᠡᠪᠡᠳᠴᠢᠲᠡᠨ᠂ ᠤᠳᠠᠭᠠᠨ ᠴᠢᠨᠠᠷᠲᠠᠢ ᠵᠢᠷᠦᠬᠡᠨ ᠬᠦᠴᠦᠨ ᠤ ᠳᠣᠷᠣᠶᠢᠲᠠᠯ᠂ ᠤᠳᠠᠭᠠᠨ ᠴᠢᠨᠠᠷᠲᠠᠢ ᠲᠦᠭᠵᠢᠷᠡᠯ ᠤᠨ | ᠴᠢᠨᠠᠷᠲᠠᠢ ᠠᠭᠤᠰᠬᠢᠨ ᠡᠪᠡᠳᠴᠢᠨ᠂ ᠡᠮ ᠳᠤ ᠬᠤᠣᠷᠳᠠᠭᠳᠠᠭᠰᠠᠨ ᠡᠪᠡᠳᠴᠢᠲᠡᠨ ᠵᠡᠷᠭᠡ᠃ ᠥᠩᠭᠡᠷᠡᠭᠰᠡᠨ ᠳᠤ | ᠡᠮ ᠳᠤ ᠬᠠᠷᠰᠢᠭᠰᠠᠨ ᠲᠡᠦᠬᠡ᠂ ᠰᠢᠩᠭᠡᠭᠡᠯᠲᠡ ᠶᠢᠨ ᠵᠠᠮ ᠤᠨ ᠳᠡᠭᠡᠳᠦ ᠬᠡᠰᠡᠭ ᠠᠴᠠ ᠴᠢᠰᠤ ᠭᠠᠷᠤᠭᠰᠠᠨ ᠲᠡᠦᠬᠡ ᠲᠠᠢ | ᠪᠤᠶᠤ ᠤᠨᠠᠳᠠᠭ ᠡᠪᠡᠳᠴᠢᠨ ᠤ ᠲᠡᠦᠬᠡ ᠲᠠᠢ ᠪᠠᠶᠢᠭᠰᠠᠨ᠃ | 3.ᠡᠮ ᠬᠡᠷᠡᠭᠯᠡᠭᠰᠡᠨ ᠪᠠᠶᠢᠳᠠᠯ᠄ ᠴᠣᠩᠬᠤᠪᠴᠢ ᠤ ᠨᠠᠷᠢᠨ ᠢ ᠵᠠᠰᠠᠬᠤ ᠡᠮ᠂ ᠬᠠᠯᠳᠠᠪᠤᠷᠢᠯᠠᠯ ᠢ ᠡᠰᠡᠷᠭᠦᠴᠡᠬᠦ ᠡᠮ | ᠂ ᠬᠠᠪᠤᠳᠠᠷ ᠢ ᠡᠰᠡᠷᠭᠦᠴᠡᠬᠦ ᠡᠮ᠂ ᠡᠭᠡᠯᠢᠯᠡᠭᠡ ᠶᠢ ᠬᠤᠷᠢᠭᠯᠠᠬᠤ ᠡᠮ᠂ ᠴᠢᠰᠤᠨ ᠤ ᠪᠦᠲᠦᠭᠡᠭᠳᠡᠬᠦᠨ ᠵᠡᠷᠭᠡ ᠶᠢ | ᠬᠡᠷᠡᠭᠯᠡᠨ᠎ᠡ᠃ ᠰᠢᠭᠢᠳᠦᠭᠡᠰᠦ ᠶᠢ ᠬᠠᠶᠢᠯᠤᠭᠤᠯᠬᠤ ᠵᠠᠰᠠᠯ ᠢ ᠬᠦᠯᠢᠶᠡᠵᠦ᠂ ᠰᠠᠭᠤᠷᠢ ᠡᠪᠡᠳᠴᠢᠨ ᠲᠠᠢ ᠡᠪᠡᠳᠴᠢᠲᠡᠨ | ᠮᠡᠰᠡ ᠵᠠᠰᠠᠯ ᠤᠨ ᠬᠤᠭᠤᠴᠠᠭᠠᠨ ᠳᠤ ᠡᠮ ᠬᠡᠷᠡᠭᠯᠡᠬᠦ᠂ ᠴᠢᠰᠤᠨ ᠳᠠᠬᠢ ᠡᠮ ᠤᠨ ᠥᠳᠬᠡᠴᠡ ᠶᠢ ᠬᠢᠨᠠᠨ ᠬᠡᠮᠵᠢᠬᠦ | ᠬᠡᠮᠵᠢᠭᠳᠡᠯ ᠬᠡᠪ ᠤᠨ ᠪᠤᠰᠤ᠂ ᠬᠦᠨᠳᠦ ᠨᠣᠴᠢᠲᠠᠢ ᠡᠮ ᠤᠨ ᠭᠠᠵᠢᠭᠤ ᠤᠷᠪᠠᠯ ᠭᠠᠷᠬᠤ᠂ ᠬᠠᠷᠢᠯᠴᠠᠨ ᠦᠢᠯᠡᠳᠦᠯ | ᠦᠵᠡᠭᠦᠯᠬᠦ ᠲᠣᠳᠣᠷᠬᠠᠢ ᠡᠮ ᠢ ᠬᠠᠮᠲᠤᠷᠠᠨ ᠬᠡᠷᠡᠭᠯᠡᠬᠦ᠂ 5 ᠵᠦᠢᠯ ᠠᠴᠠ ᠳᠡᠭᠡᠭᠰᠢ ᠡᠮ ᠢ ᠬᠠᠮᠲᠤᠷᠠᠨ ᠬᠡᠷᠡᠭᠯᠡᠬᠦ᠂ | ᠨᠠᠮᠵᠢᠭᠤᠨ ᠰᠤᠳᠠᠯ ᠢᠶᠠᠷ ᠡᠮ ᠥᠭᠬᠦ᠂ ᠬᠠᠮᠠᠷ ᠢᠶᠠᠷ ᠲᠡᠵᠢᠭᠡᠬᠦ ᠪᠤᠶᠤ ᠠᠩᠬ᠎ᠠ ᠤᠳᠠᠭ᠎ᠠ ᠣᠨᠴᠠᠭᠠᠢ ᠡᠮ ᠤᠨ | ᠬᠡᠯᠪᠡᠷᠢ ᠶᠢᠨ ᠡᠮ ᠢᠶᠠᠷ ᠡᠮᠨᠡᠨ ᠵᠠᠰᠠᠬᠤ ᠶᠢ ᠬᠦᠯᠢᠶᠡᠨ᠎ᠡ᠃ | 4.ᠣᠨᠴᠠᠭᠠᠶ ᠡᠮᠴᠢᠯᠡᠭᠡᠨ ᠤ ᠪᠠᠶᠢᠳᠠᠯ᠄ ᠴᠢᠰᠤ ᠶᠢ ᠨᠡᠪᠲᠡᠷᠡᠭᠦᠯᠦᠨ ᠢᠯᠭᠠᠷᠠᠭᠤᠯᠬᠤ᠂ ᠴᠢᠰᠤ ᠶᠢ ᠰᠢᠭᠦᠷᠡᠭᠦᠯᠬᠦ | ᠂ ᠴᠢᠰᠤ ᠶᠢ ᠰᠣᠯᠢᠬᠤ᠂ ᠪᠡᠶ᠎ᠡ ᠶᠢᠨ ᠭᠠᠳᠠᠷ ᠪᠦᠷᠬᠦᠪᠴᠢ ᠶᠢᠨ ᠠᠭᠤᠰᠬᠢᠨ ᠤ ᠬᠦᠴᠢᠯᠲᠥ᠋ᠷᠥᠭᠴᠢ ᠶᠢ ᠨᠡᠶᠢᠯᠡᠭᠦᠯᠦᠭᠰᠡᠨ | ᠡᠪᠡᠳᠴᠢᠲᠡᠨ᠃ | ︵ᠬᠤᠶᠠᠷ︶ ᠠᠵᠢᠯ ᠤᠨ ᠠᠭᠤᠯᠭ᠎ᠠ᠃ ᠡᠮᠨᠡᠯᠭᠡ ᠳᠤ ᠰᠠᠭᠤᠭᠰᠠᠨ ᠡᠪᠡᠳᠴᠢᠲᠡᠨ ᠤ ᠡᠮ ᠤᠨ ᠤᠬᠠᠭᠠᠨ ᠤ | ᠬᠢᠨᠠᠨ ᠬᠠᠮᠠᠭᠠᠯᠠᠬᠤ ᠦᠢᠯᠡᠴᠢᠯᠡᠭᠡ ᠶᠢ ᠡᠪᠡᠳᠴᠢᠲᠡᠨ ᠤ ᠡᠮ ᠢᠶᠠᠷ ᠡᠮᠨᠡᠨ ᠵᠠᠰᠠᠬᠤ ᠪᠥᠬᠦ ᠶᠠᠪᠤᠴᠠ ᠳᠤ | ᠲᠤᠤᠱᠯᠠᠭᠤᠯᠵᠤ᠂ ᠡᠪᠡᠳᠴᠢᠲᠡᠨ ᠢ ᠬᠢᠨᠠᠨ ᠬᠠᠮᠠᠭᠠᠯᠠᠬᠤ ᠡᠲᠡᠭᠡᠳ ᠪᠣᠯᠬᠤ ᠶᠢ ᠨᠤᠲᠠᠯᠠᠬᠤ ᠠᠴᠠ ᠡᠬᠢᠯᠡᠨ᠂ ᠡᠮᠨᠡᠨ | ᠵᠠᠰᠠᠬᠤ ᠬᠠᠷᠠᠯᠲᠠ ᠪᠠᠨ ᠪᠡᠶᠡᠯᠡᠭᠦᠯᠬᠦ᠂ ᠡᠮᠨᠡᠯᠭᠡ ᠰᠢᠯᠵᠢᠭᠦᠯᠬᠦ ᠪᠤᠶᠤ ᠡᠮᠨᠡᠯᠭᠡ ᠠᠴᠠ ᠭᠠᠷᠬᠤ ᠬᠦᠷᠲᠡᠯ᠎ᠡ᠃ ᠬᠡᠷᠪᠡ | ᠡᠪᠡᠳᠴᠢᠲᠡᠨ ᠡᠮᠨᠡᠯᠭᠡ ᠰᠢᠯᠵᠢᠭᠰᠡᠨ ᠪᠠᠶᠢᠪᠠᠯ᠂ ᠡᠪᠡᠳᠴᠢᠲᠡᠨ ᠤ ᠲᠣᠭᠤᠷᠢᠭ ᠲᠤ ᠳᠠᠬᠢᠨ ᠰᠢᠯᠵᠢᠭᠦᠯᠦᠭᠰᠡᠨ ᠤ | ᠳᠠᠷᠠᠭ᠎ᠠ᠂ ᠲᠡᠭᠦᠨ ᠢ ᠡᠮ ᠤᠨ ᠤᠬᠠᠭᠠᠨ ᠤ ᠬᠢᠨᠠᠨ ᠬᠠᠮᠠᠭᠠᠯᠠᠬᠤ ᠡᠲᠡᠭᠡᠳ ᠲᠤ ᠣᠷᠣᠭᠤᠯᠤᠭᠰᠠᠨ ᠡᠰᠡᠬᠦ ᠶᠢ ᠳᠠᠬᠢᠵᠤ | ᠦᠨᠡᠯᠡᠨ ᠵᠢᠱᠢᠬᠦ ᠬᠡᠷᠡᠭᠲᠡᠢ᠃ ᠡᠪᠡᠳᠴᠢᠲᠡᠨ ᠳᠤ ᠡᠮ ᠤᠨ ᠤᠬᠠᠭᠠᠨ ᠤ ᠬᠢᠨᠠᠨ ᠬᠠᠮᠠᠭᠠᠯᠠᠬᠤ ᠦᠢᠯᠡᠴᠢᠯᠡᠭᠡ | ᠥᠷᠨᠢᠭᠦᠯᠬᠦ ᠶᠢᠨ ᠭᠤᠣᠯᠳᠠᠯᠭ᠎ᠠ ᠨᠢ ᠳᠣᠣᠷᠠᠬᠢ ᠮᠡᠲᠦ᠄ | 1.ᠡᠮ ᠬᠡᠷᠡᠭᠯᠡᠬᠦ ᠲᠥᠰᠥᠯ ᠤᠨ ᠵᠦᠢ ᠵᠣᠬᠢᠰᠲᠠᠢ ᠴᠢᠨᠠᠷ ᠢ ᠦᠨᠡᠯᠡᠨ ᠵᠢᠱᠢᠬᠦ᠄ ᠡᠭᠦᠨ ᠳᠤ ᠡᠮ ᠳᠤ | ᠲᠣᠬᠢᠷᠠᠬᠤ ᠡᠪᠡᠳᠴᠢᠨ᠂ ᠴᠡᠭᠡᠷᠯᠡᠬᠦ ᠡᠪᠡᠳᠴᠢᠨ᠂ ᠬᠡᠷᠡᠭᠯᠡᠬᠦ ᠠᠷᠭ᠎ᠠ᠂ ᠬᠡᠷᠡᠭᠯᠡᠬᠦ ᠬᠡᠮᠵᠢᠶ᠎ᠡ᠂ ᠡᠮ ᠨᠠᠶᠢᠷᠠᠭᠤᠯᠬᠤ ᠳᠤ | ᠴᠡᠭᠡᠷᠯᠡᠬᠦ᠂ ᠬᠠᠷᠢᠯᠴᠠᠨ ᠦᠢᠯᠡᠳᠦᠯᠴᠡᠬᠦ᠂ ᠡᠮ ᠬᠡᠷᠡᠭᠯᠡᠬᠦ ᠡᠮᠴᠢᠯᠡᠭᠡᠨ ᠤ ᠬᠤᠭᠤᠴᠠᠭ᠎ᠠ ᠵᠡᠷᠭᠡ ᠶᠢ ᠪᠠᠭᠲᠠᠭᠠᠨ᠎ᠠ᠃ | ᠡᠮ ᠢᠶᠠᠷ ᠡᠮᠨᠡᠨ ᠵᠠᠰᠠᠬᠤ ᠵᠦᠢ ᠵᠣᠬᠢᠰ ᠦᠭᠡᠢ ᠲᠥᠰᠥᠯ ᠳᠤ ᠴᠢᠭᠯᠡᠭᠦᠯᠦᠨ᠂ ᠡᠮ ᠨᠠᠶᠢᠷᠠᠭᠴᠢ ᠲᠤᠰᠬᠠᠢ | ᠮᠡᠷᠭᠡᠵᠢᠯ ᠤᠨ ᠴᠢᠨᠠᠷᠲᠠᠢ ᠲᠣᠬᠢᠷᠠᠭᠤᠯᠤᠯᠲᠠ ᠬᠢᠬᠦ ᠰᠠᠨᠠᠯ ᠭᠠᠷᠭᠠᠬᠤ ᠶᠢᠨ ᠬᠠᠮᠲᠤ ᠪᠣᠳᠠᠲᠠᠢ ᠰᠠᠨᠠᠭᠤᠯᠭ᠎ᠠ᠂ | ᠯᠠᠪᠯᠠᠯᠲᠠ ᠶᠢᠨ ᠦᠨᠳᠦᠰᠦᠯᠡᠯ ᠢᠶᠠᠨ ᠡᠮᠴᠢ/ ᠰᠤᠪᠢᠯᠠᠭᠴᠢ ᠳᠤ ᠴᠠᠭ ᠲᠤᠬᠠᠢ ᠳᠤᠨᠢ ᠬᠠᠷᠢᠭᠤ ᠲᠤᠰᠬᠠᠬᠤ ᠬᠡᠷᠡᠭᠲᠡᠢ᠃ | ᠨᠡᠶᠢᠲᠡᠯᠢᠭ ᠴᠢᠨᠠᠷᠲᠠᠢ ᠠᠰᠠᠭᠤᠳᠠᠯ ᠢ ᠡᠮ ᠤᠨ ᠰᠤᠳᠤᠯᠤᠯ ᠤᠨ ᠰᠠᠯᠠᠭ᠎ᠠ ᠮᠥᠴᠢᠷ ᠠᠴᠠ ᠲᠣᠭᠲᠠᠮᠠᠯ | ᠬᠤᠭᠤᠴᠠᠭ᠎ᠠ ᠲᠠᠢ ᠪᠠᠷ ᠡᠮᠴᠢᠯᠡᠭᠡᠨ ᠤ ᠰᠠᠯᠠᠭ᠎ᠠ ᠲᠠᠰᠤᠭ ᠲᠠᠢ ᠨᠡᠪᠲᠡᠷᠡᠯᠴᠡᠨ ᠵᠠᠯᠠᠷᠠᠭᠤᠯᠵᠤ᠂ ᠨᠡᠪᠲᠡᠷᠡᠯᠴᠡᠭᠰᠡᠨ | ᠶᠠᠪᠤᠴᠠ ᠪᠠ ᠵᠠᠯᠠᠷᠠᠭᠤᠯᠤᠭᠰᠠᠨ ᠦᠷ᠎ᠡ ᠳ᠋ᠦᠩ ᠢ ᠲᠡᠮᠳᠡᠭᠯᠡᠬᠦ ᠬᠡᠷᠡᠭᠲᠡᠢ᠃ | 2. ᠡᠮ ᠬᠡᠷᠡᠭᠯᠡᠬᠦ ᠲᠥᠰᠥᠯ ᠤᠨ ᠡᠮᠴᠢᠯᠡᠭᠡᠨ ᠤ ᠠᠴᠢ ᠲᠤᠰᠠ ᠶᠢ ᠬᠢᠨᠠᠨ ᠬᠠᠮᠠᠭᠠᠯᠠᠬᠤ᠄ ᠡᠮ ᠢᠶᠠᠷ ᠡᠮᠨᠡᠨ | ᠵᠠᠰᠠᠭᠰᠠᠨ ᠦᠷ᠎ᠡ ᠳ᠋ᠦᠩ ᠢ ᠮᠠᠭᠠᠳᠯᠠᠨ᠎ᠠ᠂ ᠬᠡᠷᠪᠡ ᠡᠮᠴᠢᠯᠡᠭᠡᠨ ᠤ ᠠᠴᠢ ᠲᠤᠰᠠ ᠮᠠᠭᠤ ᠪᠤᠶᠤ ᠲᠤᠰᠠ ᠭᠠᠷᠬᠤ | ᠦᠭᠡᠢ ᠪᠣᠯ᠂ ᠡᠮ ᠨᠠᠶᠢᠷᠠᠭᠴᠢ ᠡᠮᠴᠢ ᠶᠢ ᠬᠠᠪᠰᠤᠷᠤᠨ ᠰᠢᠯᠲᠠᠭᠠᠨ ᠢ ᠨᠢ ᠵᠠᠳᠠᠯᠬᠤ ᠶᠢᠨ ᠬᠠᠮᠲᠤ ᠡᠮ ᠢᠶᠠᠷ ᠡᠮᠨᠡᠨ | ᠵᠠᠰᠠᠬᠤ ᠲᠥᠰᠥᠯ ᠳᠤ ᠳᠠᠬᠢᠨ ᠲᠣᠬᠢᠷᠠᠭᠤᠯᠤᠯᠲᠠ ᠬᠢᠬᠦ ᠶᠢ ᠶᠠᠷᠢᠯᠴᠠᠨ᠎ᠠ᠃ | 3.ᠡᠮ ᠤᠨ ᠵᠦᠢᠯ ᠤᠨ ᠮᠠᠭᠤ ᠤᠷᠪᠠᠯ ᠢ ᠬᠢᠨᠠᠨ ᠬᠠᠮᠠᠭᠠᠯᠠᠬᠤ᠄ ᠭᠠᠷᠴᠤ ᠮᠡᠳᠡᠬᠦ ᠡᠮ ᠤᠨ ᠵᠦᠢᠯ ᠤᠨ ᠮᠠᠭᠤ | ᠤᠷᠪᠠᠯ ᠢ ᠤᠷᠢᠳᠴᠢᠯᠠᠨ ᠰᠡᠷᠭᠡᠶᠢᠯᠡᠬᠦ ᠪᠠ ᠬᠢᠨᠠᠨ ᠬᠡᠮᠵᠢᠵᠦ᠂ ᠴᠠᠭ ᠲᠤᠬᠠᠢ ᠳᠤᠨᠢ ᠣᠯᠵᠤ ᠮᠡᠳᠡᠨ᠂ | ᠮᠠᠭᠠᠳᠯᠠᠬᠤ ᠶᠢᠨ ᠬᠠᠮᠲᠤ ᠰᠢᠢᠳᠪᠦᠷᠢᠯᠡᠨ᠎ᠡ᠃ | 4. ᠡᠮ ᠢᠶᠠᠷ ᠡᠮᠨᠡᠨ ᠵᠠᠰᠠᠬᠤ ᠶᠠᠪᠤᠴᠠ ᠶᠢ ᠬᠠᠷᠠᠭᠠᠯᠵᠠᠨ ᠬᠠᠮᠠᠭᠠᠯᠠᠬᠤ᠄ ᠡᠮ ᠬᠡᠷᠡᠭᠯᠡᠬᠦ ᠲᠥᠰᠥᠯ ᠤᠨ ᠵᠥᠪ | ᠣᠨᠣᠪᠴᠢᠲᠠᠶ ᠬᠡᠷᠡᠭᠵᠢᠭᠦᠯᠦᠭᠳᠡᠬᠦ ᠶᠢ ᠠᠩᠬᠠᠷᠬᠤ ᠬᠡᠷᠡᠭᠲᠡᠢ᠂ ᠡᠭᠦᠨ ᠳᠤ ᠡᠮ ᠶᠡᠭᠦᠯᠡᠬᠦ ᠡᠮᠴᠢᠯᠡᠭᠡ ᠶᠢᠨ | ᠠᠶᠦᠯᠭᠦᠢ ᠶᠢᠨ ᠴᠢᠨᠠᠷᠲᠠᠢ ᠬᠠᠷᠠᠭᠠᠯᠵᠠᠨ ᠬᠠᠮᠠᠭᠠᠯᠠᠬᠤ ᠪᠠ ᠠᠩᠬ᠎ᠠ ᠤᠳᠠᠭ᠎ᠠ ᠣᠨᠴᠠᠭᠠᠶ ᠡᠮ ᠤᠨ ᠬᠡᠯᠪᠡᠷᠢ ᠶᠢᠨ ᠡᠮ ᠢ | ᠬᠡᠷᠡᠭᠯᠡᠬᠦ ᠳᠤ ᠬᠡᠷᠡᠭᠯᠡᠬᠦ ᠡᠮ ᠤᠨ ᠵᠢᠯᠣᠭᠤᠳᠤᠯᠭ᠎ᠠ ᠪᠠᠭᠲᠠᠨ᠎ᠠ᠃ | 5. ᠡᠪᠡᠳᠴᠢᠲᠡᠨ ᠤ ᠳᠠᠭᠠᠯᠲᠠ ᠴᠢᠨᠠᠷᠲᠠᠢ ᠬᠠᠷᠠᠭᠠᠯᠵᠠᠨ ᠬᠠᠮᠠᠭᠠᠯᠠᠬᠤ᠄ ᠡᠪᠡᠳᠴᠢᠲᠡᠨ ᠤ ᠡᠮᠨᠡᠨ ᠵᠠᠰᠠᠬᠤ | ᠲᠥᠰᠥᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠠᠷᠠᠭᠠᠯᠵᠠᠨ ᠬᠠᠮᠠᠭᠠᠯᠠᠨ᠎ᠠ᠃ | 6. ᠡᠮ ᠨᠠᠶᠢᠷᠠᠭᠴᠢ ᠡᠮᠲᠦ ᠪᠣᠳᠠᠰ ᠤᠨ ᠭᠧᠨ ᠢ ᠰᠢᠯᠭᠠᠨ ᠪᠠᠶᠢᠴᠠᠭᠠᠭᠰᠠᠨ᠂ ᠡᠮᠨᠡᠨ ᠵᠠᠰᠠᠭᠰᠠᠨ ᠡᠮᠲᠦ | ᠪᠣᠳᠠᠰ ᠢ ᠬᠢᠨᠠᠨ ᠬᠡᠮᠵᠢᠭᠰᠡᠨ ᠵᠡᠷᠭᠡ ᠦᠷ᠎ᠡ ᠳ᠋ᠦᠩ ᠳᠤ ᠲᠠᠶᠢᠯᠤᠮᠵᠢ ᠬᠢᠬᠦ ᠶᠢᠨ ᠬᠠᠮᠲᠤ ᠦᠷ᠎ᠡ ᠳ᠋ᠦᠩ ᠢ ᠨᠢ | ᠦᠨᠳᠦᠰᠦᠯᠡᠨ ᠡᠮ ᠤᠨ ᠤᠬᠠᠭᠠᠨ ᠤ ᠬᠢᠨᠠᠨ ᠬᠠᠮᠠᠭᠠᠯᠠᠯᠲᠠ ᠬᠢᠬᠦ ᠬᠡᠷᠡᠭᠲᠡᠢ᠃ | ︵ᠭᠤᠷᠪᠠ︶ ᠪᠢᠴᠢᠭ ᠬᠠᠷ᠎ᠠ ᠶᠢᠨ ᠱᠠᠭᠠᠷᠳᠠᠯᠭ᠎ᠠ᠃ ᠡᠮ ᠨᠠᠶᠢᠷᠠᠭᠴᠢ ᠡᠮ ᠤᠨ ᠤᠬᠠᠭᠠᠨ ᠤ ᠬᠢᠨᠠᠨ | ᠬᠠᠮᠠᠭᠠᠯᠠᠬᠤ ᠲᠡᠮᠳᠡᠭᠯᠡᠯ ᠤᠨ ᠬᠦᠰᠦᠨᠦᠭᠲᠦ ᠪᠢᠴᠢᠬᠦ ᠬᠡᠷᠡᠭᠲᠡᠢ᠃ ᠡᠮᠨᠡᠯᠭᠡ ᠳᠤ ᠰᠢᠨ᠎ᠡ ᠪᠠᠷ ᠣᠷᠣᠭᠰᠠᠨ | ᠡᠪᠡᠳᠴᠢᠲᠡᠨ ᠤ ᠡᠮ ᠤᠨ ᠰᠤᠳᠤᠯᠤᠯ ᠤᠨ ᠬᠢᠨᠠᠨ ᠬᠠᠮᠠᠭᠠᠯᠠᠯᠲᠠ ᠶᠢᠨ ᠲᠡᠮᠳᠡᠭᠯᠡᠯ ᠢ ᠳᠠᠭᠠᠯᠳᠤᠭᠤᠯᠤᠯ ᠬᠦᠰᠦᠨᠦᠭᠲᠦ | 1 ᠪᠠᠷ ᠯᠠᠪᠯᠠᠯᠲᠠᠡᠮᠨᠡᠯᠭᠡ ᠳᠤ ᠪᠠᠶᠢᠭ᠎ᠠ ᠡᠪᠡᠳᠴᠢᠲᠡᠨ ᠤ ᠡᠮ ᠤᠨ ᠤᠬᠠᠭᠠᠨ ᠤ ᠬᠢᠨᠠᠨ ᠬᠠᠮᠠᠭᠠᠯᠠᠯᠲᠠ ᠶᠢᠨ | ᠲᠡᠮᠳᠡᠭᠯᠡᠯ ᠢ ᠳᠠᠭᠠᠯᠳᠤᠭᠤᠯᠤᠯ ᠬᠦᠰᠦᠨᠦᠭ 2 ᠢᠶᠠᠷ ᠯᠠᠪᠯᠠᠯᠲᠠ ᠪᠣᠯᠭᠠᠵᠤᠡᠮ ᠤᠨ ᠤᠬᠠᠭᠠᠨ ᠤ ᠬᠢᠨᠠᠨ ᠬᠠᠮᠠᠭᠠᠯᠠᠬᠤ | ᠡᠲᠡᠭᠡᠳ ᠤᠨ ᠡᠪᠡᠳᠴᠢᠨ ᠡᠮᠭᠡᠭ ᠤᠨ ᠣᠨᠴᠠᠯᠢᠭ᠂ ᠡᠮ ᠬᠡᠷᠡᠭᠯᠡᠭᠰᠡᠨ ᠪᠠᠶᠢᠳᠠᠯ ᠪᠠ ᠪᠤᠰᠤᠳ ᠪᠣᠳᠠᠭᠠᠯᠢ ᠪᠡᠶ᠎ᠡ ᠶᠢᠨ | ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠬᠦᠰᠦᠨᠦᠭᠲᠦ ᠶᠢ ᠵᠢᠷᠤᠵᠤ ᠲᠥᠯᠥᠪᠯᠡᠬᠦ ᠶᠢᠨ ᠬᠠᠮᠲᠤ ᠵᠣᠬᠢᠬᠤ | ᠮᠠᠲ᠋ᠧᠷᠢᠶᠠᠯ ᠢ ᠪᠡᠯᠡᠳᠬᠡᠵᠦ ᠪᠣᠯᠣᠨ᠎ᠠ᠃ | ᠭᠤᠷᠪᠠ᠂ ᠶᠠᠰᠤ ᠴᠢᠨᠠᠷ ᠤᠨ ᠬᠠᠮᠢᠶᠠᠷᠤᠯᠲᠠ ᠬᠢᠭᠡᠳ ᠦᠨᠡᠯᠡᠯᠲᠡ ᠶᠢᠨ ᠰᠠᠶᠢᠵᠢᠷᠠᠭᠤᠯᠤᠯᠲᠠ | ︵ᠨᠢᠭᠡ︶ ᠶᠠᠰᠤ ᠴᠢᠨᠠᠷ ᠤᠨ ᠬᠠᠮᠢᠶᠠᠷᠤᠯᠲᠠ᠃ ᠡᠮᠴᠢᠯᠡᠭᠡᠨ ᠤ ᠪᠠᠶᠢᠭᠤᠯᠤᠮᠵᠢ ᠨᠤᠭᠤᠳ ᠠᠵᠢᠯᠲᠠᠨ ᠢᠶᠠᠨ | ᠵᠣᠬᠢᠶᠠᠨ ᠪᠠᠶᠢᠭᠤᠯᠤᠨ ᠲᠣᠭᠲᠠᠮᠠᠯ ᠬᠤᠭᠤᠴᠠᠭ᠎ᠠ ᠲᠠᠢ ᠪᠠᠷ ᠡᠮ ᠤᠨ ᠰᠤᠳᠤᠯᠤᠯ ᠤᠨ ᠬᠠᠷᠠᠭᠠᠯᠵᠠᠨ ᠬᠠᠮᠠᠭᠠᠯᠠᠬᠤ | ᠦᠢᠯᠡᠴᠢᠯᠡᠭᠡᠨ ᠳᠤ ᠴᠢᠨᠠᠷ ᠴᠢᠨᠰᠠᠭ᠎ᠠ ᠶᠢ ᠡᠵᠡᠮᠳᠡᠨ ᠬᠠᠮᠢᠶᠠᠷᠴᠤ᠂ ᠡᠮ ᠤᠨ ᠰᠤᠳᠤᠯᠤᠯ ᠤᠨ ᠬᠠᠷᠠᠭᠠᠯᠵᠠᠨ | ᠬᠠᠮᠠᠭᠠᠯᠠᠬᠤ ᠠᠭᠤᠯᠭ᠎ᠠ ᠵᠢᠴᠢ ᠶᠠᠪᠤᠴᠠ ᠶᠢᠨ ᠵᠣᠬᠢᠰᠲᠠᠢ ᠡᠰᠡᠬᠦ ᠶᠢ ᠠᠩᠬᠠᠷᠴᠤ᠂ ᠡᠮᠴᠢᠯᠡᠭᠡᠨ ᠤ ᠶᠠᠰᠤ ᠴᠢᠨᠠᠷ ᠪᠠ | ᠡᠮᠴᠢᠯᠡᠭᠡᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ | ︵ᠬᠤᠶᠠᠷ︶ ᠦᠨᠡᠯᠡᠨ ᠰᠠᠶᠢᠵᠢᠷᠠᠭᠤᠯᠤᠨ᠎ᠠ᠃ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠰᠤᠳᠤᠯᠤᠯ ᠤᠨ | ᠰᠠᠯᠠᠭ᠎ᠠ ᠮᠥᠴᠢᠷ ᠤᠳ ᠡᠮ ᠤᠨ ᠰᠤᠳᠤᠯᠤᠯ ᠤᠨ ᠬᠢᠨᠠᠨ ᠬᠠᠮᠠᠭᠠᠯᠠᠬᠤ ᠦᠢᠯᠡᠴᠢᠯᠡᠭᠡ ᠪᠠᠨ ᠦᠷᠭᠦᠯᠵᠢᠯᠡᠨ | ᠰᠠᠶᠢᠵᠢᠷᠠᠭᠤᠯᠵᠤ᠂ ᠬᠠᠮᠢᠶ᠎ᠠ ᠪᠦᠬᠦᠢ ᠠᠵᠢᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠳ᠋ᠦᠩᠨᠡᠨ᠂ ᠦᠢᠯᠡᠴᠢᠯᠡᠭᠡᠨ ᠤ | ᠶᠠᠰᠤ ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ | | | | | | | | | ᠭᠡᠷ ᠲᠡᠭᠡᠨ ᠡᠮᠴᠢᠯᠡᠭᠦᠯᠦᠭᠰᠡᠳ ᠤᠨ ᠡᠮ ᠵᠦᠢ ᠶᠢᠨ ᠦᠢᠯᠡᠴᠢᠯᠡᠭᠡᠨ ᠤ ᠳᠦᠷᠢᠮᠵᠢᠯ | | ᠭᠡᠷ ᠲᠡᠭᠡᠨ ᠡᠮᠴᠢᠯᠡᠭᠦᠯᠦᠭᠰᠡᠳ ᠤᠨ ᠡᠮ ᠵᠦᠢ ᠶᠢᠨ ᠦᠢᠯᠡᠴᠢᠯᠡᠭᠡ ᠶᠢ ᠵᠢᠷᠤᠮᠵᠢᠭᠤᠯᠵᠤ᠂ ᠭᠡᠷ ᠲᠡᠭᠡᠨ | ᠰᠠᠭᠤᠵᠤ ᠪᠠᠶᠢᠭ᠎ᠠ ᠡᠪᠡᠳᠴᠢᠲᠡᠨ ᠤ ᠵᠦᠢ ᠵᠣᠬᠢᠰᠲᠠᠢ ᠡᠮ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠬᠤ ᠶᠢᠨ | ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮ ᠤᠨ ᠵᠦᠢᠯ ᠤᠨ ᠬᠠᠮᠢᠶᠠᠷᠤᠯᠲᠠ ᠶᠢᠨ | ᠬᠠᠤᠯᠢ︾ ︽ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠳᠦᠷᠢᠮ︾ ︽ᠵᠣᠷ ᠤᠨ ᠬᠠᠮᠢᠶᠠᠷᠤᠯᠲᠠ ᠶᠢᠨ | ᠠᠷᠭ᠎ᠠ︾ ︽ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠶᠠᠪᠤᠳᠠᠯ ᠤᠨ ᠬᠠᠮᠢᠶᠠᠷᠤᠯᠲᠠ ᠶᠢᠨ ᠲᠣᠭᠲᠠᠭᠠᠯ︾ ᠵᠡᠷᠭᠡ | ᠬᠠᠤᠯᠢ ᠴᠠᠭᠠᠵᠠ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠦᠨᠳᠦᠰᠦᠯᠡᠨ᠂ ᠲᠣᠰ ᠵᠢᠷᠤᠮᠵᠢᠯ ᠢ ᠲᠣᠭᠲᠠᠭᠠᠪᠠ᠃ | ᠲᠤᠰ ᠵᠢᠷᠤᠮᠵᠢᠯ ᠢ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠬᠡᠷᠡᠭᠯᠡᠵᠦ᠂ | ᠪᠤᠰᠤᠳ ᠡᠮ ᠡᠮᠨᠡᠯᠭᠡ ᠶᠢᠨ ᠪᠠᠶᠢᠭᠤᠯᠤᠮᠵᠢ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ | ᠭᠡᠷ ᠲᠡᠭᠡᠨ ᠡᠮᠴᠢᠯᠡᠭᠦᠯᠦᠭᠰᠡᠳ ᠤᠨ ᠡᠮ ᠵᠦᠢ ᠶᠢᠨ ᠦᠢᠯᠡᠴᠢᠯᠡᠭᠡ ᠭᠡᠳᠡᠭ ᠨᠢ ᠡᠮ ᠨᠠᠶᠢᠷᠠᠭᠴᠢ ᠭᠡᠷ ᠲᠡᠭᠡᠨ | ᠰᠠᠭᠤᠵᠤ ᠪᠠᠶᠢᠭ᠎ᠠ ᠡᠮ ᠢᠶᠠᠷ ᠡᠪᠡᠳᠴᠢᠲᠡᠨ ᠢ ᠭᠡᠷ ᠲᠤᠨᠢ ᠬᠦᠷᠭᠡᠬᠦ ᠳᠤ ᠡᠷᠡᠭᠦᠯ ᠮᠡᠨᠳᠦ ᠶᠢᠨ ᠮᠡᠳᠡᠯᠭᠡ ᠶᠢ | ᠲᠦᠭᠡᠮᠡᠯᠵᠢᠭᠦᠯᠬᠦ᠂ ᠡᠮ ᠬᠡᠷᠡᠭᠯᠡᠬᠦ ᠶᠢ ᠦᠨᠡᠯᠡᠨ ᠵᠢᠱᠢᠬᠦ ᠪᠠ ᠡᠮ ᠬᠡᠷᠡᠭᠯᠡᠬᠦ ᠬᠥᠮᠦᠵᠢᠯ ᠢ ᠥᠷᠨᠢᠭᠦᠯᠬᠦ᠂ ᠡᠮ ᠤᠨ | ᠵᠦᠢᠯ ᠢ ᠬᠠᠳᠠᠭᠠᠯᠠᠬᠤ ᠪᠠ ᠬᠡᠷᠡᠭᠯᠡᠬᠦ ᠶᠢ ᠵᠢᠯᠤᠭᠤᠳᠬᠤ᠂ ᠭᠡᠷ ᠪᠦᠯᠢ ᠶᠢᠨ ᠡᠮ ᠤᠨ ᠬᠠᠶᠢᠷᠴᠠᠭ ᠤᠨ ᠬᠠᠮᠢᠶᠠᠷᠤᠯᠲᠠ | ᠬᠢᠬᠦ᠂ ᠡᠪᠡᠳᠴᠢᠲᠡᠨ ᠤ ᠡᠮ ᠬᠡᠷᠡᠭᠯᠡᠬᠦ ᠳᠤ ᠲᠦᠰᠢᠭᠯᠡᠬᠦ ᠴᠢᠨᠠᠷ ᠢ ᠳᠡᠭᠡᠭᠰᠢᠯᠡᠭᠦᠯᠬᠦ ᠵᠡᠷᠭᠡ ᠪᠣᠳᠠᠭᠠᠯᠢ ᠪᠡᠶ᠎ᠡ᠂ ᠪᠥᠬᠦ | ᠶᠠᠪᠤᠴᠠ ᠶᠢᠨ᠂ ᠦᠷᠭᠦᠯᠵᠢᠯᠡᠭᠰᠡᠨ ᠡᠮ ᠤᠨ ᠰᠤᠳᠤᠯᠤᠯ ᠤᠨ ᠦᠢᠯᠡᠴᠢᠯᠡᠭᠡ ᠶᠢ ᠵᠢᠭᠠᠵᠤ ᠪᠣᠶ᠃ | ᠨᠢᠭᠡ᠂ ᠦᠨᠳᠦᠰᠦᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠵᠤ ᠬᠠᠮᠢᠶᠠᠷᠤᠨ᠎ᠠ᠃ ᠭᠡᠷ ᠲᠡᠭᠡᠨ ᠡᠮᠴᠢᠯᠡᠭᠦᠯᠦᠭᠰᠡᠳ ᠤᠨ ᠡᠮ ᠵᠦᠢ ᠶᠢᠨ | ᠦᠢᠯᠡᠴᠢᠯᠡᠭᠡ ᠶᠢ ᠲᠣᠰ ᠪᠠᠶᠢᠭᠤᠯᠤᠮᠵᠢ ᠶᠢᠨ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠭᠰᠠᠨ ᠦᠢᠯᠡᠴᠢᠯᠡᠭᠡᠨ ᠤ | ᠬᠠᠮᠢᠶᠠᠷᠤᠯᠲᠠ ᠳᠤ ᠣᠷᠣᠭᠤᠯᠬᠤ ᠶᠢᠨ ᠬᠠᠮᠲᠤ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠭᠰᠠᠨ ᠦᠢᠯᠡᠴᠢᠯᠡᠭᠡᠨ ᠤ | ᠵᠥᠪᠯᠡᠯᠴᠡᠭᠡᠷ ᠲᠤ ᠡᠮ ᠤᠨ ᠰᠤᠳᠤᠯᠤᠯ ᠤᠨ ᠦᠢᠯᠡᠴᠢᠯᠡᠭᠡᠨ ᠤ ᠠᠭᠤᠯᠭ᠎ᠠ ᠶᠢ ᠲᠣᠳᠣᠷᠬᠠᠶᠢᠯᠠᠵᠤ᠂ ᠡᠮ ᠤᠨ | ᠰᠤᠳᠤᠯᠤᠯ ᠤᠨ ᠰᠠᠯᠠᠭ᠎ᠠ ᠮᠥᠴᠢᠷ ᠠᠴᠠ ᠬᠠᠷᠢᠭᠤᠴᠠᠨ ᠬᠡᠷᠡᠭᠵᠢᠭᠦᠯᠦᠨ᠎ᠡ᠃ | ︵ᠬᠤᠶᠠᠷ︶ ᠠᠵᠢᠯᠲᠠᠨ ᠤ ᠱᠠᠭᠠᠷᠳᠠᠯᠭ᠎ᠠ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠭᠡᠷ ᠲᠡᠭᠡᠨ ᠡᠮᠴᠢᠯᠡᠭᠦᠯᠦᠭᠰᠡᠳ ᠤᠨ ᠡᠮ ᠵᠦᠢ ᠶᠢᠨ ᠦᠢᠯᠡᠴᠢᠯᠡᠭᠡ ᠡᠷᠭᠢᠯᠡᠵᠦ ᠪᠠᠶᠢᠭ᠎ᠠ ᠡᠮ | ᠨᠠᠶᠢᠷᠠᠭᠴᠢ ᠶᠢ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠭᠰᠠᠨ ᠪᠦᠯᠬᠦᠮ ᠨᠡᠶᠢᠲᠡ ᠶᠢᠨ ᠬᠠᠮᠢᠶᠠᠷᠤᠯᠲᠠ ᠳᠤ | ᠣᠷᠣᠭᠤᠯᠵᠤ᠂ ᠡᠮ ᠨᠠᠶᠢᠷᠠᠭᠴᠢ ᠵᠢᠴᠢ ᠲᠡᠭᠦᠨ ᠠᠴᠠ ᠳᠡᠭᠡᠭᠰᠢᠬᠢ ᠲᠤᠰᠬᠠᠢ ᠮᠡᠷᠭᠡᠵᠢᠯ ᠤᠨ ᠲᠤᠰᠢᠶᠠᠯ ᠤᠨ ᠲᠤᠰᠢᠶᠠᠯ | ᠡᠭᠦᠷᠭᠡᠯᠡᠬᠦ ᠬᠢᠷᠢ ᠬᠡᠮ ᠲᠠᠢ ᠪᠥᠭᠡᠳ 2 ᠵᠢᠯ ᠵᠢᠴᠢ ᠲᠡᠭᠦᠨ ᠠᠴᠠ ᠳᠡᠭᠡᠭᠰᠢᠬᠢ ᠡᠮ ᠤᠨ ᠰᠤᠳᠤᠯᠤᠯ ᠤᠨ | ᠦᠢᠯᠡᠴᠢᠯᠡᠭᠡᠨ ᠤ ᠠᠵᠢᠯ ᠤᠨ ᠲᠤᠷᠰᠢᠯᠭ᠎ᠠ ᠲᠠᠢ ᠪᠠᠶᠢᠬᠤ ᠬᠡᠷᠡᠭᠲᠡᠢ᠃ | ︵ᠭᠤᠷᠪᠠ︶ ᠵᠥᠭᠡᠯᠡᠨ ᠬᠠᠲᠠᠭᠤ ᠲᠣᠨᠤᠭ ᠤᠨ ᠲᠥᠬᠦᠭᠡᠷᠦᠮᠵᠢ᠃ ᠦᠨᠳᠦᠰᠦᠨ ᠱᠠᠲᠤᠨ ᠤ ᠡᠮ ᠡᠮᠨᠡᠯᠭᠡ | ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ ᠭᠡᠷ ᠲᠡᠭᠡᠨ ᠡᠮᠴᠢᠯᠡᠭᠦᠯᠦᠭᠰᠡᠳ ᠤᠨ ᠡᠮ ᠵᠦᠢ ᠶᠢᠨ | ᠦᠢᠯᠡᠴᠢᠯᠡᠭᠡᠨ ᠤ ᠠᠵᠢᠯ ᠢ ᠥᠷᠨᠢᠭᠦᠯᠬᠦ ᠳᠤ ᠴᠢᠬᠤᠯᠠ ᠪᠦᠬᠦᠢ ᠵᠥᠭᠡᠯᠡᠨ ᠬᠠᠲᠠᠭᠤ ᠲᠣᠨᠤᠭ ᠲᠥᠬᠦᠭᠡᠷᠦᠮᠵᠢ ᠶᠢ | ᠲᠣᠬᠢᠷᠠᠭᠤᠯᠬᠤ ᠬᠡᠷᠡᠭᠲᠡᠢ᠂ ᠵᠢᠱᠢᠶᠡᠯᠡᠪᠡᠯ᠄ ᠦᠢᠯᠡᠴᠢᠯᠡᠭᠡᠨ ᠤ ᠲᠥᠬᠦᠭᠡᠷᠦᠮᠵᠢ᠂ ᠡᠮ ᠤᠨ ᠰᠤᠳᠤᠯᠤᠯ ᠤᠨ ᠮᠡᠳᠡᠭᠡ | ᠵᠠᠩᠭᠢ ᠶᠢᠨ ᠵᠥᠭᠡᠯᠡᠨ ᠲᠣᠨᠤᠭ᠂ ᠯᠠᠪᠯᠠᠯᠲᠠ ᠶᠢᠨ ᠨᠣᠮ ᠪᠢᠴᠢᠭ᠂ ᠬᠠᠮᠠᠭᠠᠯᠠᠯᠲᠠ ᠶᠢᠨ ᠬᠡᠷᠡᠭᠰᠡᠯ ᠵᠡᠷᠭᠡ᠃ | ᠡᠭᠦᠨ ᠠᠴᠠ ᠭᠠᠳᠠᠨ᠎ᠠ᠂ ᠡᠮ ᠤᠨ ᠰᠤᠳᠤᠯᠤᠯ ᠤᠨ ᠦᠢᠯᠡᠴᠢᠯᠡᠭᠡᠨ ᠤ ᠬᠡᠷᠡᠭᠴᠡᠭᠡ ᠶᠢ ᠦᠨᠳᠦᠰᠦᠯᠡᠨ ᠡᠮ ᠤᠨ | ᠬᠠᠶᠢᠷᠴᠠᠭ᠂ ᠡᠮ ᠤᠨ ᠵᠢᠭᠠᠨ ᠰᠤᠷᠭᠠᠯᠲᠠ ᠶᠢᠨ ᠪᠠᠭᠠᠵᠢ ᠵᠡᠷᠭᠡ ᠶᠢ ᠬᠤᠪᠢᠶᠠᠨ ᠲᠣᠬᠢᠷᠠᠭᠤᠯᠵᠤ ᠪᠣᠯᠣᠨ᠎ᠠ᠃ | ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠮᠡᠳᠡᠭᠡ ᠵᠠᠩᠭᠢᠵᠢᠯᠲᠠ ᠶᠢᠨ | ᠠᠷᠭ᠎ᠠ ᠪᠠᠷᠢᠯ ᠢ ᠠᠰᠢᠭᠯᠠᠨ ᠭᠡᠷ ᠲᠡᠭᠡᠨ ᠡᠮᠴᠢᠯᠡᠭᠦᠯᠦᠭᠰᠡᠳ ᠤᠨ ᠡᠮ ᠵᠦᠢ ᠶᠢᠨ ᠦᠢᠯᠡᠴᠢᠯᠡᠭᠡ ᠥᠷᠨᠢᠭᠦᠯᠬᠦ ᠳᠤ | ᠲᠤᠯᠭᠠᠭᠤᠷᠢᠯᠠᠯ ᠬᠠᠩᠭᠠᠵᠤ᠂ ᠭᠡᠷ ᠲᠡᠭᠡᠨ ᠰᠠᠭᠤᠵᠤ ᠪᠠᠶᠢᠭ᠎ᠠ ᠡᠪᠡᠳᠴᠢᠲᠡᠨ ᠳᠤ ᠬᠡᠷᠡᠭᠯᠡᠬᠦ ᠡᠮ ᠤᠨ ᠲᠠᠩᠰᠠ ᠡᠪᠬᠡᠮᠡᠯ | ᠪᠠᠶᠢᠭᠤᠯᠤᠨ᠂ ᠡᠮ ᠤᠨ ᠡᠮᠴᠢᠯᠡᠭᠡ ᠶᠢᠨ ᠬᠠᠮᠢᠶ᠎ᠠ ᠪᠦᠬᠦᠢ ᠠᠰᠠᠭᠤᠳᠠᠯ ᠢ ᠲᠡᠮᠳᠡᠭᠯᠡᠨ ᠬᠤᠷᠢᠶᠠᠩᠭᠤᠶᠢᠯᠠᠵᠤ᠂ ᠪᠥᠬᠦ | ᠶᠠᠪᠤᠴᠠ ᠳᠤ ᠨᠡᠬᠡᠮᠵᠢᠯᠡᠵᠦ ᠪᠣᠯᠬᠤ ᠶᠢ ᠪᠠᠲᠤᠯᠠᠬᠤ ᠬᠡᠷᠡᠭᠲᠡᠢ᠃ | ᠬᠤᠶᠠᠷ᠂ ᠦᠢᠯᠡᠴᠢᠯᠡᠭᠡᠨ ᠤ ᠬᠠᠮᠢᠶᠠᠷᠤᠯᠲᠠ | ︵ᠨᠢᠭᠡ︶ ᠦᠢᠯᠡᠴᠢᠯᠡᠬᠦ ᠡᠲᠡᠭᠡᠳ᠃ ᠭᠡᠷ ᠲᠡᠭᠡᠨ ᠡᠮᠴᠢᠯᠡᠭᠦᠯᠦᠭᠰᠡᠳ ᠤᠨ ᠡᠮ ᠵᠦᠢ ᠶᠢᠨ ᠦᠢᠯᠡᠴᠢᠯᠡᠬᠦ | ᠡᠲᠡᠭᠡᠳ ᠨᠢ ᠭᠡᠷ ᠪᠦᠯᠢ ᠶᠢᠨ ᠡᠮᠴᠢ ᠶᠢᠨ ᠪᠦᠯᠬᠦᠮ ᠨᠡᠶᠢᠲᠡ ᠲᠠᠢ ᠭᠡᠷ᠎ᠡ ᠲᠣᠭᠲᠠᠭᠰᠠᠨ ᠭᠡᠷ ᠲᠡᠭᠡᠨ ᠰᠠᠭᠤᠵᠤ | ᠪᠠᠶᠢᠭ᠎ᠠ ᠡᠪᠡᠳᠴᠢᠲᠡᠨ ᠪᠠᠶᠢᠬᠤ ᠬᠡᠷᠡᠭᠲᠡᠢ᠂ ᠡᠭᠦᠨ ᠳᠤ ᠤᠳᠠᠭᠠᠨ ᠴᠢᠨᠠᠷᠲᠠᠢ ᠡᠪᠡᠳᠴᠢᠲᠡᠨ᠂ ᠳᠠᠬᠢᠨ ᠳᠠᠪᠲᠠᠨ | ᠡᠮᠨᠡᠭᠦᠯᠦᠭᠰᠡᠨ ᠡᠪᠡᠳᠴᠢᠲᠡᠨ᠂ ᠨᠡᠶᠢᠯᠡᠭᠦᠯᠦᠨ ᠬᠡᠷᠡᠭᠯᠡᠬᠦ ᠡᠮ ᠤᠨ ᠲᠥᠷᠥᠯ ᠵᠦᠢᠯ ᠢᠶᠠᠷ ᠣᠯᠠᠨ ᠡᠪᠡᠳᠴᠢᠲᠡᠨ᠂ | ᠣᠨᠴᠣᠭᠤᠢ ᠬᠥᠮᠥᠰ ᠲᠠᠢ ᠡᠪᠡᠳᠴᠢᠲᠡᠨ ᠵᠡᠷᠭᠡ ᠪᠠᠭᠲᠠᠨ᠎ᠠ᠃ | ︵ᠬᠤᠶᠠᠷ︶ ᠠᠵᠢᠯ ᠤᠨ ᠠᠭᠤᠯᠭ᠎ᠠ᠃ ᠦᠢᠯᠡᠴᠢᠯᠡᠭᠡᠨ ᠤ ᠠᠭᠤᠯᠭ᠎ᠠ ᠳᠤ ᠨᠠᠭᠠᠲᠤ ᠵᠠᠬ᠎ᠠ ᠳᠠᠭᠠᠨ ᠳᠣᠣᠷᠠᠬᠢ | ᠬᠡᠳᠦᠨ | 1. ᠭᠡᠷ ᠲᠡᠭᠡᠨ ᠰᠠᠭᠤᠵᠤ ᠪᠠᠶᠢᠭ᠎ᠠ ᠡᠪᠡᠳᠴᠢᠲᠡᠨ ᠤ ᠡᠮ ᠢᠶᠠᠷ ᠡᠮᠨᠡᠨ ᠵᠠᠰᠠᠬᠤ ᠬᠡᠷᠡᠭᠴᠡᠭᠡ ᠱᠠᠭᠠᠷᠳᠠᠯᠭ᠎ᠠ ᠶᠢ | ᠦᠨᠡᠯᠡᠨ ᠵᠢᠱᠢᠨ᠎ᠡ᠄ ᠦᠨᠡᠯᠡᠨ ᠵᠢᠱᠢᠬᠦ ᠦᠨᠳᠦᠰᠦ ᠪᠠᠷᠢᠮᠲᠠ ᠳᠤ ᠡᠪᠡᠳᠴᠢᠲᠡᠨ ᠤ ᠬᠦᠢᠰᠦ ᠶᠢᠨ ᠢᠯᠭᠠᠯ᠂ ᠨᠠᠰᠤ᠂ | ᠡᠪᠡᠳᠴᠢᠨ ᠳᠤ ᠨᠡᠷᠪᠡᠭᠳᠡᠭᠰᠡᠨ ᠲᠥᠷᠥᠯ ᠵᠦᠢᠯ ᠤᠨ ᠲᠤᠭ᠎ᠠ᠂ ᠪᠡᠶ᠎ᠡ ᠶᠢᠨ ᠪᠠᠶᠢᠳᠠᠯ ︵ᠪᠡᠶ᠎ᠡ ᠶᠢᠨ ᠬᠦᠨᠳᠦ ᠶᠢᠨ | ᠵᠢᠭᠠᠯᠲᠠ ᠲᠤᠭ᠎ᠠ ᠪᠠᠭᠲᠠᠨ᠎ᠠ᠃ ᠦᠵᠡᠯ ᠤᠬᠠᠮᠰᠠᠷ ᠤᠨ ᠪᠠᠶᠢᠳᠠᠯ ᠵᠢᠴᠢ ᠡᠮ ᠢ ᠪᠦᠷᠢᠨ ᠪᠦᠲᠦᠨ ᠵᠠᠯᠭᠢᠬᠤ ᠴᠢᠳᠠᠪᠤᠷᠢ | ᠲᠠᠢ ᠪᠠᠶᠢᠬᠤ ᠡᠰᠡᠬᠦ︶᠂ ᠬᠠᠷᠰᠢᠮᠠᠲᠠᠭᠠᠢ ᠶᠢᠨ ᠲᠡᠦᠬᠡ᠂ ᠡᠮ ᠤᠨ ᠵᠦᠢᠯ ᠤᠨ ᠮᠠᠭᠤ ᠤᠷᠪᠠᠯ ᠤᠨ ᠲᠡᠦᠬᠡ᠂ ᠪᠥᠬᠦ | ᠵᠢᠯ ᠤᠨ ᠡᠮᠨᠡᠭᠦᠯᠦᠭᠰᠡᠨ ᠤᠳᠠᠭ᠎ᠠ᠂ ᠡᠮ ᠤᠨ ᠬᠡᠷᠡᠭᠯᠡᠬᠦ ᠲᠥᠷᠥᠯ ᠵᠦᠢᠯ ᠤᠨ ᠲᠤᠭ᠎ᠠ᠂ ᠬᠡᠷᠡᠭᠯᠡᠬᠦ ᠡᠮ ᠤᠨ ᠳᠠᠭᠠᠯᠲᠠ | ᠪᠠᠶᠢᠳᠠᠯ᠂ ᠬᠡᠷᠡᠭᠯᠡᠬᠦ ᠡᠮ ᠤᠨ ᠵᠦᠢᠯ ᠳᠤ ᠣᠨᠴᠠᠭᠠᠶ ᠡᠮ ᠥᠭᠬᠦ ᠠᠷᠭ᠎ᠠ ᠵᠠᠮ ᠢ ᠬᠡᠷᠡᠭᠯᠡᠬᠦ ᠴᠢᠬᠤᠯᠠᠲᠠᠢ ᠡᠮ ᠤᠨ | ᠵᠦᠢᠯ ᠪᠠ ᠡᠰᠡᠬᠦᠯ᠎ᠡ ᠥᠨᠳᠥᠷ ᠰᠡᠷᠡᠮᠵᠢᠯᠡᠭᠦᠯᠬᠦ ᠡᠮ ᠤᠨ ᠵᠦᠢᠯ ᠪᠠᠶᠢᠬᠤ ᠡᠰᠡᠬᠦ᠂ ᠣᠶᠢᠷ᠎ᠠ ᠳᠤ ᠨᠡᠯᠢᠶᠡᠳ ᠶᠡᠭᠡ | ᠬᠡᠮᠵᠢᠶᠡᠨ ᠤ ᠡᠮ ᠬᠡᠷᠡᠭᠯᠡᠭᠰᠡᠨ ᠡᠰᠡᠬᠦ᠂ ᠭᠡᠷ ᠲᠡᠭᠡᠨ ᠦᠯᠡᠳᠡᠭᠰᠡᠨ ᠡᠮ ᠨᠢ ᠨᠡᠯᠢᠶᠡᠳ ᠠᠷᠪᠢᠨ ᠪᠠᠶᠢᠬᠤ ᠡᠰᠡᠬᠦ ᠵᠢᠴᠢ | ᠬᠤᠭᠤᠴᠠᠭ᠎ᠠ ᠬᠡᠲᠦᠷᠡᠭᠦᠯᠦᠨ ᠡᠮ ᠬᠡᠷᠡᠭᠯᠡᠬᠦ ᠠᠶᠤᠯ ᠲᠦᠭᠰᠢᠭᠦᠷᠢ ᠣᠷᠣᠰᠢᠵᠤ ᠪᠠᠶᠢᠬᠤ ᠡᠰᠡᠬᠦ ᠵᠡᠷᠭᠡ᠃ ᠡᠮ | ᠨᠠᠶᠢᠷᠠᠭᠴᠢ ᠦᠨᠡᠯᠡᠨ ᠵᠢᠱᠢᠭᠰᠡᠨ ᠦᠷ᠎ᠡ ᠳ᠋ᠦᠩ ᠢ ᠦᠨᠳᠦᠰᠦᠯᠡᠨ᠂ ᠭᠡᠷ ᠲᠡᠭᠡᠨ ᠰᠠᠭᠤᠵᠤ ᠪᠠᠶᠢᠭ᠎ᠠ | ᠡᠪᠡᠳᠴᠢᠲᠡᠨ ᠲᠠᠢ ᠬᠠᠮᠲᠤ ᠪᠠᠷ ᠡᠮ ᠤᠨ ᠰᠤᠳᠤᠯᠤᠯ ᠤᠨ ᠦᠢᠯᠡᠴᠢᠯᠡᠭᠡᠨ ᠤ ᠲᠥᠯᠥᠪᠯᠡᠭᠡ ᠲᠣᠭᠲᠠᠭᠠᠬᠤ ᠬᠡᠷᠡᠭᠲᠡᠢ᠃ | | 2.ᠡᠮ ᠬᠡᠷᠡᠭᠯᠡᠭᠰᠡᠨ ᠲᠣᠳᠣᠷᠬᠠᠢ ᠬᠠᠭᠤᠳᠠᠰᠤ ᠶᠢ ᠡᠮᠬᠢᠳᠬᠡᠬᠦ ᠪᠠ ᠵᠣᠬᠢᠶᠠᠬᠤ᠄ ᠳᠠᠬᠢᠨ ᠳᠠᠪᠲᠠᠨ | ᠡᠮᠨᠡᠭᠦᠯᠦᠭᠰᠡᠨ ᠡᠪᠡᠳᠴᠢᠲᠡᠨ ᠵᠢᠴᠢ ᠣᠯᠠᠨ ᠵᠦᠢᠯ ᠤᠨ ᠡᠮ ᠬᠡᠷᠡᠭᠯᠡᠭᠰᠡᠨ ᠡᠪᠡᠳᠴᠢᠲᠡᠨ ᠳᠤ᠂ ᠡᠮ ᠨᠠᠶᠢᠷᠠᠭᠴᠢ ᠡᠮ | ᠬᠡᠷᠡᠭᠯᠡᠭᠰᠡᠨ ᠲᠣᠳᠣᠷᠬᠠᠢ ᠬᠠᠭᠤᠳᠠᠰᠤ ᠶᠢ ᠡᠮᠬᠢᠳᠬᠡᠬᠦ ᠪᠠ ᠵᠣᠬᠢᠶᠠᠬᠤ ᠳᠤ ᠬᠠᠪᠰᠤᠷᠤᠨ᠎ᠠ᠃ | 3.ᠡᠮ ᠬᠡᠷᠡᠭᠯᠡᠬᠦ ᠯᠠᠪᠯᠠᠯᠭ᠎ᠠ᠄ ᠭᠡᠷ ᠲᠡᠭᠡᠨ ᠰᠠᠭᠤᠵᠤ ᠪᠠᠶᠢᠭ᠎ᠠ ᠡᠪᠡᠳᠴᠢᠲᠡᠨ ᠬᠡᠷᠡᠭᠯᠡᠬᠦ ᠡᠮ ᠳᠤ ᠮᠠᠳᠠᠭ ᠲᠠᠢ | ᠦᠶ᠎ᠡ ᠳᠤ᠂ ᠡᠮ ᠨᠠᠶᠢᠷᠠᠭᠴᠢ ᠡᠮ ᠬᠡᠷᠡᠭᠯᠡᠬᠦ ᠯᠠᠪᠯᠠᠯᠭ᠎ᠠ ᠶᠢᠨ ᠦᠢᠯᠡᠴᠢᠯᠡᠭᠡ ᠬᠠᠩᠭᠠᠪᠠᠯ ᠵᠣᠬᠢᠨ᠎ᠠ᠃ | 4.ᠡᠮ ᠬᠡᠷᠡᠭᠯᠡᠬᠦ ᠰᠤᠷᠭᠠᠨ ᠬᠥᠮᠦᠵᠢᠯ᠄ ᠡᠮ ᠨᠠᠶᠢᠷᠠᠭᠴᠢ ᠡᠷᠬᠡᠪᠰᠢ ᠭᠡᠷ ᠲᠡᠭᠡᠨ ᠰᠠᠭᠤᠵᠤ ᠪᠠᠶᠢᠭ᠎ᠠ | ᠡᠪᠡᠳᠴᠢᠲᠡᠨ ᠤ ᠡᠮ ᠬᠡᠷᠡᠭᠯᠡᠬᠦ ᠳᠤ ᠲᠦᠰᠢᠭᠯᠡᠬᠦ ᠴᠢᠨᠠᠷ ᠢ ᠣᠶᠢᠯᠠᠭᠠᠵᠤ᠂ ᠡᠮ ᠬᠡᠷᠡᠭᠯᠡᠬᠦ ᠵᠣᠷᠢᠯᠭ᠎ᠠ᠂ ᠬᠡᠷᠡᠭᠯᠡᠬᠦ | ᠠᠷᠭ᠎ᠠ᠂ ᠬᠡᠷᠡᠭᠯᠡᠬᠦ ᠬᠡᠮᠵᠢᠶ᠎ᠡ᠂ ᠠᠩᠬᠠᠷᠬᠤ ᠵᠦᠢᠯ ᠵᠡᠷᠭᠡ ᠶᠢᠨ ᠰᠤᠷᠭᠠᠨ ᠬᠥᠮᠦᠵᠢᠯ ᠢ ᠬᠢᠬᠦ ᠬᠡᠷᠡᠭᠲᠡᠢ᠃ ︽ | ᠡᠮᠴᠢᠯᠡᠭᠡᠨ ᠤ ᠪᠠᠶᠢᠭᠤᠯᠤᠮᠵᠢ ᠶᠢᠨ ᠡᠮ ᠬᠡᠷᠡᠭᠯᠡᠬᠦ ᠰᠤᠷᠭᠠᠨ ᠬᠥᠮᠦᠵᠢᠯ ᠤᠨ ᠦᠢᠯᠡᠴᠢᠯᠡᠭᠡᠨ ᠤ ᠳᠦᠷᠢᠮ︾ ᠢ | ᠯᠠᠪᠯᠠᠵᠤ ᠪᠣᠯᠣᠨ᠎ᠠ᠃ | 5. ᠭᠡᠷ ᠪᠦᠯᠢ ᠶᠢᠨ ᠡᠮ ᠤᠨ ᠬᠠᠶᠢᠷᠴᠠᠭ ᠢ ᠡᠮᠬᠢᠯᠡᠬᠦ᠄ ᠡᠮ ᠨᠠᠶᠢᠷᠠᠭᠴᠢ ᠬᠡᠷᠡᠭᠴᠡᠭᠡ ᠲᠠᠢ ᠭᠡᠷ ᠲᠡᠭᠡᠨ | ᠰᠠᠭᠤᠵᠤ ᠪᠠᠶᠢᠭ᠎ᠠ ᠡᠪᠡᠳᠴᠢᠲᠡᠨ ᠢ ᠵᠢᠯᠣᠭᠤᠳᠤᠨ ᠭᠡᠷ ᠪᠦᠯᠢ ᠶᠢᠨ ᠡᠮ ᠤᠨ ᠬᠠᠶᠢᠷᠴᠠᠭ ᠢ ᠴᠡᠪᠡᠷᠯᠡᠭᠦᠯᠵᠦ᠂ | ᠭᠡᠷ ᠲᠡᠭᠡᠨ ᠰᠠᠭᠤᠵᠤ ᠪᠠᠶᠢᠭ᠎ᠠ ᠡᠮ ᠤᠨ ᠵᠦᠢᠯ ᠤᠨ ᠬᠦᠴᠦᠨ ᠲᠠᠢ ᠬᠤᠭᠤᠴᠠᠭ᠎ᠠ᠂ ᠰᠢᠨᠵᠢ ᠪᠠᠶᠢᠳᠠᠯ ᠪᠠ | ᠬᠠᠳᠠᠭᠠᠯᠠᠬᠤ ᠨᠥᠬᠦᠴᠡᠯ ᠵᠡᠷᠭᠡ ᠶᠢ ᠠᠩᠬᠠᠷᠴᠤ᠂ ᠭᠡᠷ ᠲᠡᠭᠡᠨ ᠰᠠᠭᠤᠵᠤ ᠪᠠᠶᠢᠭ᠎ᠠ ᠡᠪᠡᠳᠴᠢᠲᠡᠨ ᠳᠤ ᠡᠮ ᠤᠨ | ᠵᠦᠢᠯ ᠢ ᠡᠮᠬᠢᠯᠡᠬᠦ᠂ ᠲᠥᠷᠥᠯ ᠬᠤᠪᠢᠶᠠᠨ ᠬᠠᠳᠠᠭᠠᠯᠠᠬᠤ᠂ ᠬᠤᠭᠤᠴᠠᠭ᠎ᠠ ᠨᠢ ᠥᠩᠭᠡᠷᠡᠭᠰᠡᠨ ᠪᠤᠶᠤ ᠴᠢᠨᠠᠷ | ᠬᠤᠪᠢᠷᠠᠭᠰᠠᠨ ᠡᠮ ᠤᠨ ᠵᠦᠢᠯ ᠢ ᠴᠡᠪᠡᠷᠯᠡᠬᠦ ᠳᠤ ᠦᠢᠯᠡᠴᠢᠯᠡᠭᠡᠨ ᠤ ᠵᠢᠯᠣᠭᠤᠳᠤᠯᠭ᠎ᠠ ᠬᠠᠩᠭᠠᠬᠤ ᠵᠡᠷᠭᠡ ᠠᠵᠢᠯ ᠢ | ᠬᠢᠵᠦ ᠪᠣᠯᠣᠨ᠎ᠠ᠃ | 6. ᠡᠮ ᠤᠨ ᠵᠦᠢᠯ ᠤᠨ ᠮᠠᠭᠤ ᠤᠷᠪᠠᠯ ᠢ ᠰᠢᠭᠰᠢᠨ ᠪᠠᠶᠢᠴᠠᠭᠠᠬᠤ᠄ ᠡᠮ ᠨᠠᠶᠢᠷᠠᠭᠴᠢ ᠭᠡᠷ ᠲᠡᠭᠡᠨ ᠰᠠᠭᠤᠵᠤ | ᠪᠠᠶᠢᠭ᠎ᠠ ᠡᠪᠡᠳᠴᠢᠲᠡᠨ ᠤ ᠦᠷᠭᠦᠯᠵᠢ ᠬᠡᠷᠡᠭᠯᠡᠳᠡᠭ ᠡᠮ ᠤᠨ ᠵᠦᠢᠯ ᠤᠨ ᠮᠠᠭᠤ ᠤᠷᠪᠠᠯ ᠢ ᠯᠠᠪᠯᠠᠨ ᠠᠰᠠᠭᠤᠬᠤ ᠪᠠ | ᠰᠢᠭᠰᠢᠨ ᠪᠠᠶᠢᠴᠠᠭᠠᠨ᠎ᠠ᠃ | 7. ᠡᠮᠲᠦ ᠪᠣᠳᠠᠰ ᠤᠨ ᠬᠠᠷᠢᠯᠴᠠᠨ ᠦᠢᠯᠡᠳᠦᠯᠴᠡᠬᠦ ᠶᠢ ᠰᠢᠭᠰᠢᠨ ᠪᠠᠶᠢᠴᠠᠭᠠᠬᠤ᠄ ᠡᠮ ᠨᠠᠶᠢᠷᠠᠭᠴᠢ ᠭᠡᠷ ᠲᠡᠭᠡᠨ | ᠰᠠᠭᠤᠵᠤ ᠪᠠᠶᠢᠭ᠎ᠠ ᠡᠪᠡᠳᠴᠢᠲᠡᠨ ᠳᠤ ᠬᠡᠷᠡᠭᠯᠡᠬᠦ ᠡᠮ ᠢ ᠡᠮᠬᠢᠯᠡᠬᠦ ᠪᠠᠷ ᠳᠠᠮᠵᠢᠨ᠂ ᠡᠮᠲᠦ ᠪᠣᠳᠠᠰ ᠤᠨ ᠬᠠᠷᠢᠯᠴᠠᠨ | ᠦᠢᠯᠡᠳᠦᠯ ᠣᠷᠣᠰᠢᠵᠤ ᠪᠠᠶᠢᠬᠤ ᠡᠰᠡᠬᠦ ᠶᠢ ᠮᠠᠭᠠᠳᠯᠠᠨ᠎ᠠ᠃ | 8. ᠡᠮ ᠬᠡᠷᠡᠭᠯᠡᠬᠦ ᠲᠥᠰᠥᠯ ᠳᠤ ᠲᠣᠬᠢᠷᠠᠭᠤᠯᠤᠯᠲᠠ ᠬᠢᠬᠦ ᠰᠠᠨᠠᠭᠤᠯᠭ᠎ᠠ᠄ ᠠᠶᠢᠯᠴᠢᠯᠠᠨ ᠦᠵᠡᠬᠦ ᠶᠠᠪᠤᠴᠠ ᠳᠤ | ᠭᠡᠷ ᠲᠡᠭᠡᠨ ᠰᠠᠭᠤᠵᠤ ᠪᠠᠶᠢᠭ᠎ᠠ ᠡᠪᠡᠳᠴᠢᠲᠡᠨ ᠳᠤ ᠡᠮ ᠤᠨ ᠡᠮᠴᠢᠯᠡᠭᠡᠨ ᠤ ᠠᠰᠠᠭᠤᠳᠠᠯ ᠣᠷᠣᠰᠢᠵᠤ ᠪᠠᠶᠢᠬᠤ ᠶᠢ | ᠣᠯᠵᠤ ᠮᠡᠳᠡᠪᠡᠯ᠂ ᠡᠮ ᠨᠠᠶᠢᠷᠠᠭᠴᠢ ᠴᠠᠭ ᠲᠤᠬᠠᠢ ᠳᠤᠨᠢ ᠭᠡᠷ ᠪᠦᠯᠢ ᠶᠢᠨ ᠡᠮᠴᠢ ᠲᠠᠢ ᠨᠡᠪᠲᠡᠷᠡᠯᠴᠡᠵᠦ᠂ ᠭᠡᠷ | ᠪᠦᠯᠢ ᠶᠢᠨ ᠡᠮᠴᠢ ᠪᠠᠷ ᠡᠮ ᠤᠨ ᠡᠮᠴᠢᠯᠡᠭᠡᠨ ᠤ ᠲᠥᠰᠥᠯ ᠳᠤ ᠲᠣᠬᠢᠷᠠᠭᠤᠯᠤᠯᠲᠠ ᠬᠢᠬᠦ ᠴᠢᠬᠤᠯᠠᠲᠠᠢ ᠡᠰᠡᠬᠦ ᠶᠢ | ᠲᠣᠭᠲᠠᠭᠠᠯᠭᠠᠬᠤ ᠬᠡᠷᠡᠭᠲᠡᠢ᠃ | ︵ᠭᠤᠷᠪᠠ︶ ᠮᠡᠳᠡᠭᠡ ᠵᠠᠩᠭᠢ ᠶᠢᠨ ᠲᠡᠮᠳᠡᠭᠯᠡᠯ᠃ ᠡᠮ ᠨᠠᠶᠢᠷᠠᠭᠴᠢ ᠭᠤᠣᠯ ᠦᠢᠯᠡᠴᠢᠯᠡᠭᠡᠨ ᠤ ᠠᠭᠤᠯᠭ᠎ᠠ ᠶᠢ | ᠲᠡᠮᠳᠡᠭᠯᠡᠵᠦ᠂ ᠰᠤᠷᠪᠤᠯᠵᠢᠯᠠᠨ ᠦᠵᠡᠬᠦ ᠬᠦᠰᠦᠨᠦᠭᠲᠦ ᠶᠢ ᠲᠠᠭᠯᠠᠨ ᠪᠢᠴᠢᠬᠦ ᠬᠡᠷᠡᠭᠲᠡᠢ᠃ ᠡᠮ ᠬᠡᠷᠡᠭᠯᠡᠬᠦ ᠲᠥᠰᠥᠯ ᠳᠤ | ᠲᠣᠬᠢᠷᠠᠭᠤᠯᠤᠯᠲᠠ ᠬᠢᠬᠦ ᠳᠤ ᠬᠤᠯᠪᠣᠭᠳᠠᠪᠠᠯ᠂ ᠬᠠᠮᠤᠭ ᠡᠴᠦᠰ ᠤᠨ ᠡᠮ ᠬᠡᠷᠡᠭᠯᠡᠬᠦ ᠲᠥᠰᠥᠯ ᠢ ᠭᠡᠷ ᠪᠦᠯᠢ ᠶᠢᠨ | ᠡᠮᠴᠢ ᠠᠴᠠ ᠨᠤᠲᠠᠯᠠᠨ ᠵᠥᠪᠰᠢᠶᠡᠷᠡᠬᠦ ᠶᠢᠨ ᠬᠠᠮᠲᠤ ᠭᠠᠷ ᠤᠨ ᠥᠰᠥᠭ ᠵᠢᠷᠤᠨ᠎ᠠ᠂ ᠪᠣᠳᠠᠲᠠᠢ ᠪᠠᠷ ᠳᠠᠭᠠᠯᠳᠤᠭᠤᠯᠤᠯ | ᠬᠦᠰᠦᠨᠦᠭᠲᠦ ᠪᠠᠷ ᠯᠠᠪᠯᠠᠯᠲᠠ ᠪᠣᠯᠭᠠᠵᠤ ᠪᠣᠯᠣᠨ᠎ᠠ᠃ ᠬᠡᠷᠪᠡ ᠡᠮ ᠨᠠᠶᠢᠷᠠᠭᠴᠢ ᠭᠡᠷ ᠲᠡᠭᠡᠨ ᠰᠠᠭᠤᠵᠤ ᠪᠠᠶᠢᠭ᠎ᠠ | ᠡᠪᠡᠳᠴᠢᠲᠡᠨ ᠳᠤ ᠡᠮ ᠬᠡᠷᠡᠭᠯᠡᠭᠰᠡᠨ ᠲᠣᠳᠣᠷᠬᠠᠢ ᠬᠠᠭᠤᠳᠠᠰᠤ ᠶᠢ ᠡᠮᠬᠢᠯᠡᠵᠦ ᠵᠣᠬᠢᠶᠠᠭᠰᠠᠨ ᠪᠠᠶᠢᠪᠠᠯ᠂ | ᠡᠮᠬᠢᠳᠬᠡᠭᠰᠡᠨ ᠤ ᠳᠠᠷᠠᠭᠠᠬᠢ ᠡᠮ ᠬᠡᠷᠡᠭᠯᠡᠭᠰᠡᠨ ᠲᠣᠳᠣᠷᠬᠠᠢ ᠬᠠᠭᠤᠳᠠᠰᠤ ᠶᠢᠨ ᠤᠭ ᠮᠠᠲ᠋ᠧᠷᠢᠶᠠᠯ ᠪᠤᠶᠤ ᠬᠠᠭᠤᠯᠪᠤᠷᠢ | ᠳᠡᠪᠲᠡᠷ ᠢ ᠡᠪᠡᠳᠴᠢᠲᠡᠨ ᠳᠤ ᠥᠭᠴᠦ ᠯᠠᠪᠯᠠᠯᠲᠠ ᠪᠣᠯᠭᠠᠨ ᠬᠡᠷᠡᠭᠵᠢᠭᠦᠯᠬᠦ ᠬᠡᠷᠡᠭᠲᠡᠢ᠃ | ︵ᠳᠥᠷᠪᠡ︶ ᠶᠣᠰᠣᠯᠠᠯ ᠵᠢᠷᠤᠮ᠃ ᠭᠡᠷ ᠲᠤᠨᠢ ᠣᠴᠢᠵᠤ ᠦᠢᠯᠡᠴᠢᠯᠡᠬᠦ ᠳᠡᠭᠡᠨ ᠤᠷᠢᠳᠴᠢᠯᠠᠨ ᠪᠣᠯᠵᠣᠵᠤ᠂ | ᠡᠪᠡᠳᠴᠢᠲᠡᠨ ᠤ ᠵᠠᠩ ᠳᠠᠳᠬᠠᠯ ᠢ ᠬᠦᠨᠳᠦᠳᠬᠡᠬᠦ ᠬᠡᠷᠡᠭᠲᠡᠢ᠃ | ᠭᠤᠷᠪᠠ᠂ ᠶᠠᠰᠤ ᠴᠢᠨᠠᠷ ᠤᠨ ᠬᠠᠮᠢᠶᠠᠷᠤᠯᠲᠠ ᠬᠢᠭᠡᠳ ᠦᠨᠡᠯᠡᠯᠲᠡ ᠶᠢᠨ ᠰᠠᠶᠢᠵᠢᠷᠠᠭᠤᠯᠤᠯᠲᠠ | ︵ᠨᠢᠭᠡ︶ ᠶᠠᠰᠤ ᠴᠢᠨᠠᠷ ᠤᠨ ᠬᠠᠮᠢᠶᠠᠷᠤᠯᠲᠠ᠃ ᠭᠡᠷ ᠲᠡᠭᠡᠨ ᠡᠮᠴᠢᠯᠡᠭᠦᠯᠦᠭᠰᠡᠳ ᠤᠨ ᠡᠮ ᠵᠦᠢ ᠶᠢᠨ | ᠦᠢᠯᠡᠴᠢᠯᠡᠭᠡᠨ ᠢ ᠤᠯᠤᠰ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠪᠠᠷᠢᠮᠵᠢᠶ᠎ᠠ ᠵᠢᠷᠤᠮᠵᠢᠯ | ᠵᠡᠷᠭᠡ ᠶᠢ ᠴᠢᠩᠭ᠎ᠠ ᠵᠢᠷᠤᠮᠯᠠᠨ᠂ ᠬᠠᠤᠯᠢ ᠲᠣᠭᠲᠠᠭᠠᠯ ᠶᠣᠰᠣᠭᠠᠷ ᠥᠷᠨᠢᠭᠦᠯᠬᠦ ᠬᠡᠷᠡᠭᠲᠡᠢ᠃ ᠦᠨᠳᠦᠰᠦᠨ ᠱᠠᠲᠤᠨ ᠤ | ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ ᠭᠡᠷ ᠲᠡᠭᠡᠨ ᠰᠠᠭᠤᠵᠤ ᠪᠠᠶᠢᠭ᠎ᠠ ᠡᠮ ᠤᠨ ᠰᠤᠳᠤᠯᠤᠯ ᠤᠨ | ᠦᠢᠯᠡᠴᠢᠯᠡᠭᠡ ᠶᠢ ᠲᠤᠰ ᠪᠠᠶᠢᠭᠤᠯᠤᠮᠵᠢ ᠶᠢᠨ ᠢᠶᠠᠨ ᠡᠮᠴᠢᠯᠡᠭᠡᠨ ᠤ ᠶᠠᠰᠤ ᠴᠢᠨᠠᠷ ᠤᠨ ᠬᠠᠮᠢᠶᠠᠷᠤᠯᠲᠠ ᠬᠢᠭᠡᠳ ᠡᠵᠡᠮᠳᠡᠬᠦ | ᠰᠢᠰᠲ᠋ᠧᠮᠵᠢ ᠳᠤ ᠣᠷᠣᠭᠤᠯᠵᠤ᠂ ᠶᠠᠰᠤ ᠴᠢᠨᠠᠷ ᠤᠨ ᠬᠠᠮᠢᠶᠠᠷᠤᠯᠲᠠ ᠶᠢ ᠨᠢ ᠴᠢᠩᠳᠠᠯᠠᠨ᠂ ᠡᠮᠴᠢᠯᠡᠭᠡᠨ ᠤ ᠶᠠᠰᠤ ᠴᠢᠨᠠᠷ | ᠪᠣᠯᠣᠨ ᠡᠮᠴᠢᠯᠡᠭᠡᠨ ᠤ ᠠᠶᠤᠯᠭᠦᠢ ᠶᠢ ᠦᠨᠡᠨᠬᠦ ᠪᠠᠲᠤᠯᠠᠬᠤ ᠬᠡᠷᠡᠭᠲᠡᠢ᠃ | ︵ᠬᠤᠶᠠᠷ︶ ᠦᠨᠡᠯᠡᠨ ᠰᠠᠶᠢᠵᠢᠷᠠᠭᠤᠯᠤᠨ᠎ᠠ᠃ ᠦᠨᠳᠦᠰᠦᠨ ᠱᠠᠲᠤᠨ ᠤ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠨᠤᠭᠤᠳ ᠭᠡᠷ ᠲᠡᠭᠡᠨ ᠰᠠᠭᠤᠵᠤ ᠪᠠᠶᠢᠭ᠎ᠠ ᠡᠮ ᠤᠨ ᠰᠤᠳᠤᠯᠤᠯ ᠤᠨ ᠦᠢᠯᠡᠴᠢᠯᠡᠭᠡᠨ ᠢ ᠥᠷᠨᠢᠭᠦᠯᠦᠭᠰᠡᠨ | ᠪᠠᠶᠢᠳᠠᠯ ᠢᠶᠠᠨ ᠴᠠᠭ ᠲᠤᠬᠠᠢ ᠳᠤᠨᠢ ᠳ᠋ᠦᠩᠨᠡᠨ ᠦᠨᠡᠯᠡᠨ ᠵᠢᠱᠢᠵᠦ᠂ ᠣᠯᠵᠤ ᠮᠡᠳᠡᠭᠰᠡᠨ ᠠᠰᠠᠭᠤᠳᠠᠯ ᠳᠤ ᠴᠢᠭᠯᠡᠭᠦᠯᠦᠨ | ᠰᠢᠢᠳᠪᠦᠷᠢᠯᠡᠬᠦ ᠠᠷᠭ᠎ᠠ ᠬᠡᠮᠵᠢᠶ᠎ᠡ ᠳᠤᠷᠠᠳᠬᠤ ᠶᠢᠨ ᠬᠠᠮᠲᠤ ᠮᠥᠷᠳᠡᠨ ᠬᠡᠷᠡᠭᠵᠢᠭᠦᠯᠬᠦ ᠪᠠ ᠦᠷᠭᠦᠯᠵᠢᠯᠡᠨ ᠬᠠᠯᠠᠨ | ᠰᠠᠶᠢᠵᠢᠷᠠᠭᠤᠯᠬᠤ ᠬᠡᠷᠡᠭᠲᠡᠢ᠃ | | ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ᠄ ︽ᠠᠯᠠᠱᠠ ᠵᠡᠭᠦᠨ ᠬᠤᠰᠢᠭᠤᠨ ᠤ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠠᠴᠠ ᠳᠠᠮᠵᠢᠭᠤᠯᠤᠨ ᠨᠡᠶᠢᠲᠡᠯᠡᠭᠰᠡᠨ᠄ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ | ᠰᠤᠳᠤᠯᠤᠯ ᠡᠭᠦᠳᠡᠨ ᠡᠮᠨᠡᠯᠭᠡ ᠶᠢᠨ ᠦᠢᠯᠡᠴᠢᠯᠡᠭᠡᠨ ᠤ ᠳᠦᠷᠢᠮ ᠵᠡᠷᠭᠡ 5 ᠵᠦᠢᠯ ᠤᠨ ᠵᠢᠷᠤᠮᠵᠢᠯ ᠢ ᠬᠡᠪᠯᠡᠨ | ᠲᠠᠷᠬᠠᠭᠠᠬᠤ ᠲᠤᠬᠠᠢ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠲᠢᠩᠬᠢᠮ ᠤᠨ | ᠮᠡᠳᠡᠭᠳᠡᠯ︾ ᠤᠨ ᠲᠤᠬᠠᠢ ᠠᠯᠠᠱᠠ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ | ᠲᠠᠶᠢᠯᠤᠮᠵᠢ | | ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ |