ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠠᠮᠵᠢᠭᠤᠯᠤᠨ ᠨᠡᠶᠢᠲᠡᠯᠡᠭᠰᠡᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠤᠯᠢ
ᠨᠡᠶᠢᠲᠡᠯᠡᠭᠰᠡᠨ ᠴᠠᠭ᠄
2023/12/18
                       ᠨᠢᠭᠡᠳᠦᠭᠡᠷ ᠪᠦᠯᠦᠭ ᠶᠡᠷᠦᠩᠬᠡᠢ ᠳᠦᠷᠢᠮ                        ᠨᠢᠭᠡᠳᠦᠭᠡᠷ ᠵᠦᠢᠯ ᠡᠭᠤᠷᠬᠠᠶ ᠶᠢᠨ ᠦᠢᠯᠡᠰ ᠢ ᠬᠥᠭᠵᠢᠭᠦᠯᠵᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠨᠡᠭᠡᠭᠡᠨ ᠠᠰᠢᠭᠯᠠᠬᠤ ᠪᠠ ᠬᠠᠮᠠᠭᠠᠯᠠᠬᠤ ᠠᠵᠢᠯ ᠢ ᠴᠢᠩᠭᠠᠳᠬᠠᠵᠤ᠂ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠣᠳᠣᠬᠠᠨ ᠤ ᠪᠠ ᠠᠯᠤᠰ ᠭᠡᠳᠤ ᠶᠢᠨ ᠬᠡᠷᠡᠭᠴᠡᠭᠡ ᠶᠢ ᠪᠠᠲᠤᠯᠠᠬᠤ ᠶᠢᠨ ᠲᠥᠯᠥᠭᠡ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠶᠢ ᠦᠨᠳᠦᠰᠦᠯᠡᠨ ᠲᠤᠰ ᠬᠠᠤᠯᠢ ᠶᠢ ᠲᠣᠭᠲᠠᠭᠠᠪᠠ᠃            ᠬᠤᠶᠠᠳᠤᠭᠠᠷ ᠵᠦᠢᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠳᠡᠪᠢᠰᠬᠡᠷ ᠵᠢᠴᠢ ᠬᠠᠷᠢᠶᠠᠨ ᠳᠠᠬᠢ ᠲᠡᠯᠡᠢ ᠶᠢᠨ ᠣᠷᠣᠨ ᠳᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠨᠡᠭᠡᠭᠡᠨ ᠮᠠᠯᠲᠠᠬᠤ ᠳᠤ ᠡᠷᠬᠡᠪᠰᠢ ᠲᠤᠰ ᠬᠠᠤᠯᠢ ᠶᠢ ᠵᠢᠷᠤᠮᠯᠠᠨ᠎ᠠ᠃            ᠭᠤᠷᠪᠠᠳᠤᠭᠠᠷ ᠵᠦᠢᠯ ᠡᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠪᠣᠯ ᠤᠯᠤᠰ ᠤᠨ ᠥᠮᠴᠢᠯᠡᠯ ᠳᠤ ᠬᠠᠷᠢᠶᠠᠯᠠᠭᠳᠠᠨ᠎ᠠ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠤᠯᠤᠰ ᠠᠴᠠ ᠥᠮᠴᠢᠯᠡᠬᠦ ᠡᠷᠬᠡ ᠵᠢ‌ᠭᠠᠵᠠᠷ ᠳᠡᠭᠡᠷᠡᠬᠢ ᠪᠤᠶᠤ ᠭᠠᠵᠠᠷ ᠳᠣᠣᠷᠠᠬᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠤᠯᠤᠰ ᠠᠴᠠ ᠥᠮᠴᠢᠯᠡᠬᠦ ᠡᠷᠬᠡ ᠨᠢ ᠲᠡᠭᠦᠨ ᠤ ᠣᠷᠣᠰᠢᠵᠤ ᠪᠠᠶᠢᠭ᠎ᠠ ᠭᠠᠵᠠᠷ ᠰᠢᠷᠣᠢ ᠶᠢᠨ ᠥᠮᠴᠢᠯᠡᠬᠦ ᠡᠷᠬᠡ ᠪᠤᠶᠤ ᠬᠡᠷᠡᠭᠯᠡᠬᠦ ᠡᠷᠬᠡ ᠶᠢᠨ ᠠᠳᠠᠯᠢ ᠦᠭᠡᠢ ᠠᠴᠠ ᠪᠣᠯᠵᠤ ᠬᠤᠪᠢᠷᠠᠬᠤ ᠦᠭᠡᠢ᠃            ᠤᠯᠤᠰ ᠠᠴᠠ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠵᠦᠢ‌‍ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠥᠨ ᠤ ᠶᠠᠮᠠᠷᠪᠠ ᠠᠷᠭ᠎ᠠ ᠪᠠᠷᠢᠯ ᠢᠶᠠᠷ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠡᠵᠡᠯᠡᠬᠦ ᠪᠤᠶᠤ ᠡᠪᠳᠡᠬᠦ ᠶᠢ ᠴᠠᠭᠠᠵᠠᠯᠠᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠮᠠᠭᠠᠯᠠᠬᠤ            ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠨᠡᠭᠡᠭᠡᠨ ᠮᠠᠯᠲᠠᠬᠤ ᠳᠤ ᠡᠷᠬᠡᠪᠰᠢ ᠬᠠᠤᠯᠢ ᠶᠣᠰᠣᠭᠠᠷ ᠲᠤᠰ ᠲᠤᠰ ᠲᠤᠨᠢ ᠭᠤᠶᠤᠴᠢᠯᠠᠯ ᠭᠠᠷᠭᠠᠵᠤ᠂ ᠵᠥᠪᠰᠢᠶᠡᠷᠡᠭᠦᠯᠦᠭᠡᠳ ᠠᠭᠤᠷᠬᠠᠢ ᠬᠠᠶᠢᠬᠤ ᠡᠷᠬᠡ᠂ ᠠᠭᠤᠷᠬᠠᠢ ᠮᠠᠯᠲᠠᠬᠤ ᠡᠷᠬᠡ ᠶᠢ ᠣᠯᠬᠤ ᠶᠢᠨ ᠬᠠᠮᠲᠤ ᠪᠦᠷᠢᠳᠬᠡᠭᠦᠯᠬᠦ ᠬᠡᠷᠡᠭᠲᠡᠢ᠃ ᠭᠡᠪᠡᠴᠦ ᠠᠭᠤᠷᠬᠠᠢ ᠮᠠᠯᠲᠠᠬᠤ ᠡᠷᠬᠡ ᠣᠯᠬᠤ ᠪᠠᠷ ᠬᠠᠤᠯᠢ ᠶᠣᠰᠣᠭᠠᠷ ᠭᠤᠶᠤᠴᠢᠯᠠᠭᠰᠠᠨ ᠠᠭᠤᠷᠬᠠᠢ ᠶᠢᠨ ᠠᠵᠤ ᠠᠬᠤᠶᠢᠯᠠᠯ ᠤᠨ ᠵᠠᠭᠠᠭᠯᠠᠨ ᠲᠣᠭᠲᠠᠭᠠᠭᠰᠠᠨ ᠠᠭᠤᠷᠬᠠᠢ ᠶᠢᠨ ᠣᠷᠣᠨ ᠤ ᠬᠡᠪᠴᠢᠶᠡᠨ ᠳᠣᠲᠣᠷ᠎ᠠ ᠲᠤᠰ ᠠᠵᠤ ᠠᠬᠤᠶᠢᠯᠠᠯ ᠤᠨ ᠢᠶᠠᠨ ᠦᠢᠯᠡᠳᠪᠦᠷᠢᠯᠡᠬᠦ ᠠᠵᠢᠯ ᠤᠨ ᠲᠥᠯᠥᠭᠡ ᠬᠢᠭᠰᠡᠨ ᠬᠠᠶᠢᠨ ᠪᠠᠶᠢᠴᠠᠭᠠᠯᠲᠠ ᠡᠭᠦᠨ ᠳᠤ ᠪᠠᠭᠲᠠᠬᠤ ᠦᠭᠡᠢ᠃ ᠤᠯᠤᠰ ᠠᠴᠠ ᠠᠭᠤᠷᠬᠠᠢ ᠬᠠᠶᠢᠬᠤ ᠡᠷᠬᠡ ᠪᠠ ᠠᠭᠤᠷᠬᠠᠢ ᠮᠠᠯᠲᠠᠬᠤ ᠡᠷᠬᠡ ᠶᠢᠨ ᠬᠠᠯᠳᠠᠯᠭ᠎ᠠ ᠳᠤ ᠤᠴᠠᠷᠠᠬᠤ ᠦᠭᠡᠢ ᠪᠠᠶᠢᠬᠤ ᠶᠢ ᠬᠠᠮᠠᠭᠠᠯᠠᠵᠤ᠂ ᠠᠭᠤᠷᠬᠠᠢ ᠶᠢᠨ ᠣᠷᠣᠨ ᠪᠠ ᠬᠠᠶᠢᠨ ᠪᠠᠶᠢᠴᠠᠭᠠᠬᠤ ᠠᠵᠢᠯ ᠤᠨ ᠲᠣᠭᠤᠷᠢᠭ ᠤᠨ ᠦᠢᠯᠡᠳᠪᠦᠷᠢᠯᠡᠬᠦ ᠠᠵᠢᠯ ᠤᠨ ᠡᠮᠬᠢ ᠵᠢᠷᠤᠮ᠂ ᠠᠵᠢᠯ ᠤᠨ ᠡᠮᠬᠢ ᠵᠢᠷᠤᠮ ᠤᠨ ᠨᠥᠯᠥᠭᠡᠯᠡᠭᠳᠡᠬᠦ ᠦᠭᠡᠢ ᠪᠠ ᠡᠪᠳᠡᠭᠳᠡᠬᠦ ᠦᠭᠡᠢ ᠪᠠᠶᠢᠬᠤ ᠶᠢ ᠪᠠᠲᠤᠯᠠᠨ᠎ᠠ᠃            ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ ᠪᠠ ᠨᠡᠭᠡᠭᠡᠨ ᠮᠠᠯᠲᠠᠬᠤ ᠳᠤ ᠡᠷᠬᠡᠪᠰᠢ ᠲᠣᠭᠲᠠᠭᠠᠭᠰᠠᠨ ᠬᠢᠷᠢ ᠴᠢᠳᠠᠯ ᠤᠨ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠃            ᠳᠥᠷᠪᠡᠳᠦᠭᠡᠷ ᠵᠦᠢᠯ ᠤᠯᠤᠰ ᠠᠴᠠ ᠬᠠᠤᠯᠢ ᠶᠣᠰᠣᠭᠠᠷ ᠪᠠᠶᠢᠭᠤᠯᠤᠭᠰᠠᠨ ᠠᠭᠤᠷᠬᠠᠢ ᠶᠢᠨ ᠠᠵᠤ ᠠᠬᠤᠶᠢᠯᠠᠯ ᠤᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃            ᠤᠯᠤᠰ ᠤᠨ ᠥᠮᠴᠢᠯᠡᠯ ᠤᠨ ᠠᠭᠤᠷᠬᠠᠢ ᠶᠢᠨ ᠠᠵᠤ ᠠᠬᠤᠶᠢᠯᠠᠯ ᠪᠣᠯ ᠠᠭᠤᠷᠬᠠᠢ ᠶᠢᠨ ᠭᠠᠷᠤᠯᠲᠠ ᠶᠢᠨ ᠡᠬᠢ‌ᠤᠯᠤᠰ ᠠᠴᠠ ᠤᠯᠤᠰ ᠤᠨ ᠥᠮᠴᠢᠯᠡᠯ ᠤᠨ ᠠᠭᠤᠷᠬᠠᠢ ᠶᠢᠨ ᠠᠵᠤ ᠠᠬᠤᠢ ᠶᠢᠨ ᠪᠠᠬᠢᠵᠢᠯ ᠬᠥᠭᠵᠢᠯᠲᠡ ᠶᠢ ᠪᠠᠲᠤᠯᠠᠨ᠎ᠠ᠃            ᠲᠠᠪᠤᠳᠤᠭᠠᠷ ᠵᠦᠢᠯ ᠤᠯᠤᠰ ᠠᠴᠠ ᠠᠭᠤᠷᠬᠠᠢ ᠬᠠᠶᠢᠬᠤ ᠡᠷᠬᠡ᠂ ᠠᠭᠤᠷᠬᠠᠢ ᠮᠠᠯᠲᠠᠬᠤ ᠡᠷᠬᠡ ᠶᠢ ᠲᠥᠯᠥᠪᠦᠷᠢ ᠲᠠᠢ ᠪᠠᠷ ᠣᠯᠬᠤ ᠳᠦᠷᠢᠮ ᠢ ᠬᠡᠷᠡᠭᠵᠢᠭᠦᠯᠦᠨ᠎ᠡ᠃ ᠭᠡᠪᠡᠴᠦ ᠤᠯᠤᠰ ᠠᠴᠠ ᠠᠭᠤᠷᠬᠠᠢ ᠬᠠᠶᠢᠬᠤ ᠡᠷᠬᠡ᠂ ᠠᠭᠤᠷᠬᠠᠢ ᠮᠠᠯᠲᠠᠬᠤ ᠡᠷᠬᠡ ᠶᠢᠨ ᠲᠥᠯᠥᠪᠦᠷᠢ ᠲᠠᠢ ᠪᠠᠷ ᠣᠯᠣᠭᠰᠠᠨ ᠵᠠᠷᠤᠳᠠᠯ ᠢ ᠠᠳᠠᠯᠢ ᠪᠤᠰᠤ ᠪᠠᠶᠢᠳᠠᠯ ᠤᠨ ᠲᠣᠭᠲᠠᠭᠠᠯ ᠢ ᠦᠨᠳᠦᠰᠦᠯᠡᠨ ᠬᠠᠰᠤᠵᠤ ᠲᠤᠰᠢᠶᠠᠯᠭᠠᠬᠤ ᠪᠤᠶᠤ ᠲᠤᠰᠢᠶᠠᠬᠤ ᠠᠴᠠ ᠬᠡᠯᠲᠦᠷᠢᠭᠦᠯᠵᠦ ᠪᠣᠯᠣᠨ᠎ᠠ᠃ ᠪᠣᠳᠠᠲᠠᠢ ᠠᠷᠭ᠎ᠠ ᠪᠠ ᠬᠡᠷᠡᠭᠵᠢᠭᠦᠯᠬᠦ ᠠᠯᠬᠤᠮ ᠲᠡᠷᠠᠭ᠎ᠠ ᠶᠢ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠨ᠎ᠠ᠃            ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠳᠤ ᠡᠷᠬᠡᠪᠰᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠬᠢ ᠪᠠᠶᠠᠯᠢᠭ ᠤᠨ ᠭᠠᠶᠢᠯᠢ ᠪᠠ ᠡᠬᠢ ᠪᠠᠶᠠᠯᠢᠭ ᠤᠨ ᠨᠥᠬᠦᠪᠦᠷᠢ ᠰᠦᠢᠳᠬᠡᠯ ᠲᠤᠰᠢᠶᠠᠬᠤ ᠬᠡᠷᠡᠭᠲᠡᠢ᠃            ᠵᠢᠷᠭᠤᠳᠤᠭᠠᠷ ᠵᠦᠢᠯ ᠳᠠᠷᠠᠭᠠᠬᠢ ᠵᠢᠭᠰᠠᠭᠠᠭᠰᠠᠨ ᠲᠣᠭᠲᠠᠭᠠᠯ ᠶᠣᠰᠣᠭᠠᠷ ᠰᠢᠯᠵᠢᠭᠦᠯᠦᠨ ᠥᠭᠴᠦ ᠪᠣᠯᠬᠤ ᠶᠢ ᠭᠠᠷᠭᠠᠪᠠᠯ᠂ ᠠᠭᠤᠷᠬᠠᠢ ᠬᠠᠶᠢᠬᠤ ᠡᠷᠬᠡ᠂ ᠠᠭᠤᠷᠬᠠᠢ ᠮᠠᠯᠲᠠᠬᠤ ᠡᠷᠬᠡ ᠶᠢ ᠰᠢᠯᠵᠢᠭᠦᠯᠦᠨ ᠥᠭᠴᠦ ᠪᠣᠯᠬᠤ ᠦᠭᠡᠢ᠄             ︵ᠨᠢᠭᠡ︶ ᠠᠭᠤᠷᠬᠠᠢ ᠬᠠᠶᠢᠬᠤ ᠡᠷᠬᠡᠲᠦ ᠬᠥᠮᠥᠨ ᠨᠢ ᠵᠠᠭᠠᠭᠯᠠᠨ ᠲᠣᠭᠲᠠᠭᠠᠭᠰᠠᠨ ᠬᠠᠶᠢᠨ ᠪᠠᠶᠢᠴᠠᠭᠠᠬᠤ ᠠᠵᠢᠯ ᠤᠨ ᠲᠣᠭᠤᠷᠢᠭ ᠲᠤ ᠲᠣᠭᠲᠠᠭᠠᠭᠰᠠᠨ ᠬᠠᠶᠢᠨ ᠪᠠᠶᠢᠴᠠᠭᠠᠬᠤ ᠠᠵᠢᠯ ᠬᠢᠬᠦ ᠡᠷᠬᠡ ᠲᠠᠢ᠂ ᠬᠠᠶᠢᠨ ᠪᠠᠶᠢᠴᠠᠭᠠᠬᠤ ᠠᠵᠢᠯ ᠤᠨ ᠲᠣᠭᠤᠷᠢᠭ ᠲᠠᠬᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠠᠭᠤᠷᠬᠠᠢ ᠮᠠᠯᠲᠠᠬᠤ ᠡᠷᠬᠡ ᠶᠢ ᠤᠷᠢᠳᠠᠪᠠᠷ ᠣᠯᠬᠤ ᠡᠷᠬᠡ ᠲᠠᠢ᠃ ᠠᠭᠤᠷᠬᠠᠢ ᠬᠠᠶᠢᠬᠤ ᠡᠷᠬᠡᠲᠦ ᠬᠥᠮᠥᠨ ᠨᠢ ᠲᠣᠭᠲᠠᠭᠠᠭᠰᠠᠨ ᠬᠠᠶᠢᠨ ᠪᠠᠶᠢᠴᠠᠭᠠᠬᠤ ᠨᠠᠭᠠᠲᠤ ᠵᠠᠬ᠎ᠠ ᠶᠢᠨ ᠣᠷᠣᠭᠤᠯᠤᠯᠲᠠ ᠪᠠᠨ ᠪᠡᠶᠡᠯᠡᠭᠦᠯᠦᠭᠰᠡᠨ ᠤ ᠲᠠᠷᠠᠭ᠎ᠠ᠂ ᠬᠠᠤᠯᠢ ᠶᠣᠰᠣᠭᠠᠷ ᠵᠥᠪᠰᠢᠶᠡᠷᠡᠭᠦᠯᠦᠭᠡᠳ ᠠᠭᠤᠷᠬᠠᠢ ᠬᠠᠶᠢᠬᠤ ᠡᠷᠬᠡ ᠪᠠᠨ ᠪᠤᠰᠤᠳ ᠲᠤ ᠰᠢᠯᠵᠢᠭᠦᠯᠦᠨ ᠥᠭᠴᠦ ᠪᠣᠯᠣᠨ᠎ᠠ᠃             ︵ᠬᠤᠶᠠᠷ︶ ᠠᠭᠤᠷᠬᠠᠢ ᠮᠠᠯᠲᠠᠬᠤ ᠡᠷᠬᠡ ᠶᠢ ᠨᠢᠭᠡᠨᠲᠡ ᠣᠯᠣᠭᠰᠠᠨ ᠠᠭᠤᠷᠬᠠᠢ ᠶᠢᠨ ᠠᠵᠤ ᠠᠬᠤᠶᠢᠯᠠᠯ ᠨᠢ ᠠᠵᠤ ᠠᠬᠤᠶᠢᠯᠠᠯ ᠢᠶᠠᠨ ᠨᠡᠶᠢᠯᠡᠭᠦᠯᠬᠦ᠂ ᠰᠠᠯᠭᠠᠬᠤ᠂ ᠪᠤᠰᠤᠳ ᠲᠠᠢ ᠪᠡᠯᠡ ᠨᠡᠶᠢᠯᠡᠭᠦᠯᠬᠦ᠂ ᠬᠤᠷᠰᠢᠨ ᠡᠵᠡᠩᠨᠡᠬᠦ᠂ ᠡᠰᠡᠬᠦᠯ᠎ᠡ ᠠᠵᠤ ᠠᠬᠤᠶᠢᠯᠠᠯ ᠤᠨ ᠡᠳ᠋ ᠬᠥᠷᠥᠩᠭᠡ ᠪᠠᠨ ᠬᠤᠳᠠᠯᠳᠤᠬᠤ ᠵᠢᠴᠢ ᠠᠵᠤ ᠠᠬᠤᠶᠢᠯᠠᠯ ᠤᠨ ᠡᠳ᠋ ᠬᠥᠷᠥᠩᠭᠡ ᠶᠢᠨ ᠥᠮᠴᠢᠯᠡᠬᠦ ᠡᠷᠬᠡ ᠶᠢ ᠬᠤᠪᠢᠷᠠᠭᠤᠯᠬᠤ ᠪᠤᠰᠤᠳ ᠪᠠᠶᠢᠳᠠᠯ ᠲᠠᠢ ᠠᠴᠠ ᠪᠣᠯᠵᠤ ᠠᠭᠤᠷᠬᠠᠢ ᠮᠠᠯᠲᠠᠬᠤ ᠡᠷᠬᠡ ᠶᠢᠨ ᠭᠤᠤᠯ ᠴᠤᠭᠴᠠ ᠶᠢ ᠬᠤᠪᠢᠷᠠᠭᠤᠯᠬᠤ ᠴᠢᠬᠤᠯᠠᠲᠠᠢ ᠪᠠᠶᠢᠪᠠᠯ᠂ ᠬᠠᠤᠯᠢ ᠶᠣᠰᠣᠭᠠᠷ ᠵᠥᠪᠰᠢᠶᠡᠷᠡᠭᠦᠯᠦᠭᠡᠳ ᠠᠭᠤᠷᠬᠠᠢ ᠮᠠᠯᠲᠠᠬᠤ ᠡᠷᠬᠡ ᠪᠠᠨ ᠪᠤᠰᠤᠳ ᠲᠤ ᠰᠢᠯᠵᠢᠭᠦᠯᠦᠨ ᠥᠭᠴᠦ ᠠᠭᠤᠷᠬᠠᠢ ᠮᠠᠯᠲᠠᠭᠤᠯᠵᠤ ᠪᠣᠯᠣᠨ᠎ᠠ᠃            ᠡᠮᠦᠨᠡᠬᠢ ᠪᠠᠳᠠᠭ ᠲᠤ ᠲᠣᠭᠲᠠᠭᠠᠭᠰᠠᠨ ᠪᠣᠳᠠᠲᠠᠢ ᠠᠷᠭ᠎ᠠ ᠪᠠ ᠬᠡᠷᠡᠭᠵᠢᠭᠦᠯᠬᠦ ᠠᠯᠬᠤᠮ ᠲᠡᠷᠠᠭ᠎ᠠ ᠶᠢ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠨ᠎ᠠ᠃            ᠠᠭᠤᠷᠬᠠᠢ ᠬᠠᠶᠢᠬᠤ ᠡᠷᠬᠡ᠂ ᠠᠭᠤᠷᠬᠠᠢ ᠮᠠᠯᠲᠠᠬᠤ ᠡᠷᠬᠡ ᠶᠢ ᠰᠠᠷᠢᠭᠠᠯᠠᠵᠤ ᠠᠰᠢᠭ ᠣᠯᠬᠤ ᠶᠢ ᠴᠠᠭᠠᠵᠠᠯᠠᠨ᠎ᠠ᠃            ᠳᠣᠯᠣᠳᠤᠭᠠᠷ ᠵᠦᠢᠯ ᠤᠯᠤᠰ ᠠᠴᠠ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠨᠡᠭᠡᠭᠡᠨ ᠠᠰᠢᠭᠯᠠᠬᠤ ᠲᠠᠯ᠎ᠠ ᠪᠠᠷ ᠨᠢᠭᠡᠳᠦᠯᠲᠡᠢ ᠲᠥᠯᠥᠪᠵᠢᠭᠦᠯᠬᠦ᠂ ᠵᠦᠢ ᠵᠣᠬᠢᠰᠲᠠᠢ ᠪᠠᠶᠢᠷᠢᠯᠠᠭᠤᠯᠬᠤ᠂ ᠪᠦᠬᠦ ᠲᠠᠯ᠎ᠠ ᠪᠠᠷ ᠬᠠᠶᠢᠨ ᠪᠠᠶᠢᠴᠠᠭᠠᠬᠤ᠂ ᠵᠦᠢ ᠵᠣᠬᠢᠰᠲᠠᠢ ᠪᠠᠷ ᠨᠡᠭᠡᠭᠡᠨ ᠮᠠᠯᠲᠠᠬᠤ ᠪᠠ ᠪᠦᠬᠦ ᠲᠠᠯ᠎ᠠ ᠪᠠᠷ ᠠᠰᠢᠭᠯᠠᠬᠤ ᠴᠢᠭᠯᠡᠯᠲᠡ ᠶᠢ ᠬᠡᠷᠡᠭᠵᠢᠭᠦᠯᠦᠨ᠎ᠡ᠃            ᠨᠠᠢᠮᠠᠳᠤᠭᠠᠷ ᠵᠦᠢᠯ ᠤᠯᠤᠰ ᠠᠴᠠ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠨᠡᠭᠡᠭᠡᠨ ᠠᠰᠢᠭᠯᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠬᠢᠬᠦ ᠶᠢ ᠵᠣᠷᠢᠭᠵᠢᠭᠤᠯᠵᠤ᠂ ᠲᠡᠷᠢᠭᠦᠨ ᠤ ᠲᠧᠭᠨᠢᠭ ᠮᠡᠷᠭᠡᠵᠢᠯ ᠢ ᠳᠡᠯᠭᠡᠷᠡᠭᠦᠯᠦᠨ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠨᠡᠭᠡᠭᠡᠨ ᠠᠰᠢᠭᠯᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠷᠢ ᠲᠥᠪᠰᠢᠨ ᠢ ᠳᠡᠭᠡᠭᠰᠢᠯᠡᠭᠦᠯᠦᠨ᠎ᠡ᠃            ᠶᠢᠰᠦᠳᠦᠭᠡᠷ ᠵᠦᠢᠯ ᠡᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠨᠡᠭᠡᠭᠡᠨ ᠠᠰᠢᠭᠯᠠᠬᠤ᠂ ᠬᠠᠮᠠᠭᠠᠯᠠᠬᠤ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠬᠢᠬᠦ ᠵᠡᠷᠭᠡ ᠲᠠᠯ᠎ᠠ ᠪᠠᠷ ᠢᠯᠡᠳᠲᠡ ᠠᠮᠵᠢᠯᠲᠠ ᠣᠯᠣᠭᠰᠠᠨ ᠨᠢᠭᠡᠴᠢ ᠪᠠ ᠬᠤᠪᠢ ᠬᠥᠮᠥᠨ ᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠬᠥᠬᠢᠭᠦᠯᠦᠨ ᠱᠠᠩᠨᠠᠨ᠎ᠠ᠃            ᠠᠷᠪᠠᠳᠤᠭᠠᠷ ᠵᠦᠢᠯ ᠤᠯᠤᠰ ᠠᠴᠠ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠨᠤᠲᠤᠭ ᠲᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠮᠠᠯᠲᠠᠬᠤ ᠳᠠᠭᠠᠨ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠨᠤᠲᠤᠭ ᠤᠨ ᠠᠰᠢᠭ ᠲᠤᠰᠠ ᠶᠢ ᠬᠠᠷᠠᠭᠠᠯᠵᠠᠵᠤ᠂ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠨᠤᠲᠤᠭ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠳᠤ ᠠᠰᠢᠭᠲᠠᠢ ᠲᠣᠬᠢᠷᠠᠭᠤᠯᠤᠯᠲᠠ ᠬᠢᠵᠦ᠂ ᠲᠤᠬᠠᠢ ᠶᠢᠨ ᠭᠠᠵᠠᠷ ᠤᠨ ᠴᠥᠭᠡᠨ ᠲᠣᠭᠠᠲᠤ ᠦᠨᠳᠦᠰᠦᠲᠡᠨ ᠤ ᠤᠯᠡᠠ ᠲᠦᠮᠡᠨ ᠤ ᠦᠢᠯᠡᠳᠪᠦᠷᠢᠯᠡᠬᠦ ᠠᠵᠢᠯ ᠪᠠ ᠠᠮᠢᠳᠤᠷᠠᠯ ᠢ ᠬᠠᠷᠠᠭᠠᠯᠵᠠᠬᠤ ᠬᠡᠷᠡᠭᠲᠡᠢ᠃            ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠨᠤᠲᠤᠭ ᠤᠨ ᠥᠪᠡᠷᠲᠡᠭᠡᠨ ᠵᠠᠰᠠᠬᠤ ᠪᠠᠶᠢᠭᠤᠯᠭ᠎ᠠ ᠨᠢ ᠬᠠᠤᠯᠢ ᠶᠢᠨ ᠲᠣᠭᠲᠠᠭᠠᠯ ᠪᠠ ᠤᠯᠤᠰ ᠤᠨ ᠨᠢᠭᠡᠳᠦᠯᠲᠡᠢ ᠲᠥᠯᠦᠪᠵᠢᠭᠦᠯᠭᠡ ᠶᠢ ᠦᠨᠳᠦᠰᠦᠯᠡᠨ᠂ ᠲᠤᠰ ᠣᠷᠣᠨ ᠨᠤᠲᠤᠭ ᠤᠨ ᠨᠡᠭᠡᠭᠡᠨ ᠠᠰᠢᠭᠯᠠᠵᠤ ᠪᠣᠯᠬᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠤᠷᠢᠳᠠᠪᠠᠷ ᠵᠦᠢ ᠵᠣᠬᠢᠰᠲᠠᠢ ᠪᠠᠷ ᠨᠡᠭᠡᠭᠡᠨ ᠠᠰᠢᠭᠯᠠᠨ᠎ᠠ᠃            ᠠᠷᠪᠠᠨ ᠨᠢᠭᠡᠳᠦᠭᠡᠷ ᠵᠦᠢᠯ ᠲᠥᠷᠥ ᠶᠢᠨ ᠶᠠᠪᠤᠳᠠᠯ ᠤᠨ ᠬᠤᠷᠢᠶᠠᠨ ᠤ ᠭᠠᠵᠠᠷ ᠰᠢᠨᠵᠢᠯᠡᠭᠡ ᠠᠭᠤᠷᠬᠠᠢ ᠶᠢᠨ ᠭᠠᠷᠤᠯᠲᠠ ᠶᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠦᠬᠦ ᠤᠯᠤᠰ ᠤᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠨᠡᠭᠡᠭᠡᠨ ᠮᠠᠯᠲᠠᠬᠤ ᠵᠢ‌‍ᠲ᠋ᠦ᠋ᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠦᠷᠦ ᠶᠢᠨ ᠶᠠᠪᠤᠳᠠᠯ ᠤᠨ ᠬᠤᠷᠢᠶᠠᠨ ᠤ ᠭᠠᠵᠠᠷ ᠰᠢᠨᠵᠢᠯᠡᠭᠡ ᠠᠭᠤᠷᠬᠠᠢ ᠶᠢᠨ ᠭᠠᠷᠤᠯᠲᠠ ᠶᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠢ ᠬᠠᠮᠵᠢᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ            ᠠᠷᠪᠠᠨ ᠨᠢᠭᠡᠳᠦᠭᠡᠷ ᠵᠦᠢᠯ ᠲᠥᠷᠥ ᠶᠢᠨ ᠶᠠᠪᠤᠳᠠᠯ ᠤᠨ ᠬᠤᠷᠢᠶᠠᠨ ᠤ ᠭᠠᠵᠠᠷ ᠰᠢᠨᠵᠢᠯᠡᠭᠡᠨ ᠤ ᠠᠭᠤᠷᠬᠠᠢ ᠶᠢᠨ ᠭᠠᠷᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠪᠦᠬᠦ ᠤᠯᠤᠰ ᠤᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠨᠡᠭᠡᠭᠡᠨ ᠮᠠᠯᠲᠠᠬᠤ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠭᠤᠣᠯᠴᠢᠯᠠᠨ ᠬᠠᠮᠢᠶᠠᠷᠤᠨ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠥᠷᠥ ᠶᠢᠨ ᠶᠠᠪᠤᠳᠠᠯ ᠤᠨ ᠬᠤᠷᠢᠶᠠᠨ ᠤ ᠭᠠᠵᠠᠷ ᠰᠢᠨᠵᠢᠯᠡᠭᠡᠨ ᠤ ᠠᠭᠤᠷᠬᠠᠢ ᠶᠢᠨ ᠭᠠᠷᠤᠯᠲᠠ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠬᠠᠮᠵᠢᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠨᠡᠭᠡᠭᠡᠨ ᠮᠠᠯᠲᠠᠬᠤ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠢᠬᠦ ᠬᠡᠷᠡᠭᠲᠡᠢ᠃                ᠬᠤᠶᠠᠳᠤᠭᠠᠷ ᠪᠦᠯᠦᠭ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ ᠶᠢ ᠳᠠᠩᠰᠠᠯᠠᠬᠤ ᠪᠠ ᠨᠡᠭᠡᠭᠡᠨ ᠮᠠᠯᠲᠠᠬᠤ ᠶᠢ ᠬᠢᠨᠠᠨ ᠵᠥᠪᠰᠢᠶᠡᠷᠡᠬᠦ            ᠠᠷᠪᠠᠨ ᠬᠤᠶᠠᠳᠤᠭᠠᠷ ᠵᠦᠢᠯ ᠤᠯᠤᠰ ᠠᠴᠠ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ ᠳᠤ ᠨᠢᠭᠡᠳᠦᠯᠲᠡᠢ ᠣᠷᠣᠨ ᠬᠡᠰᠡᠭ ᠢ ᠲᠠᠩᠰᠠᠯᠠᠨ ᠬᠠᠮᠢᠶᠠᠷᠬᠤ ᠳᠦᠷᠢᠮ ᠢ ᠬᠡᠷᠡᠭᠵᠢᠭᠦᠯᠦᠨ᠎ᠡ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠵᠤ ᠳᠠᠩᠰᠠᠯᠠᠬᠤ ᠠᠵᠢᠯ ᠢ ᠲᠦᠷᠦ ᠶᠢᠨ ᠶᠠᠪᠤᠳᠠᠯ ᠤᠨ ᠬᠤᠷᠢᠶᠠᠨ ᠤ ᠭᠠᠵᠠᠷ ᠰᠢᠨᠵᠢᠯᠡᠭᠡ ᠠᠭᠤᠷᠬᠠᠢ ᠵᠢᠨ‌ᠣᠨᠴᠠᠭᠠᠶ ᠠᠭᠤᠷᠬᠠᠢ ᠶᠢᠨ ᠲᠦᠷᠦᠯ ᠤᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠵᠤ ᠳᠠᠩᠰᠠᠯᠠᠬᠤ ᠠᠵᠢᠯ ᠢ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠡᠷᠬᠡ ᠣᠯᠭᠤᠵᠤ ᠬᠠᠷᠢᠭᠤᠴᠠᠭᠤᠯᠵᠤ ᠪᠣᠯᠣᠨ᠎ᠠ᠃ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ ᠣᠷᠣᠨ ᠤ ᠬᠡᠰᠡᠭ ᠤᠨ ᠳᠠᠩᠰᠠᠯᠠᠭᠤᠯᠬᠤ ᠬᠠᠮᠢᠶᠠᠷᠤᠯᠲᠠ ᠶᠢᠨ ᠠᠷᠭ᠎ᠠ ᠶᠢ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠨ᠎ᠠ᠃            ᠠᠷᠪᠠᠨ ᠭᠤᠷᠪᠠᠳᠤᠭᠠᠷ ᠵᠦᠢᠯ ᠲᠥᠷᠥ ᠶᠢᠨ ᠶᠠᠪᠤᠳᠠᠯ ᠤᠨ ᠬᠤᠷᠢᠶᠠᠨ ᠤ ᠠᠭᠤᠷᠬᠠᠢ ᠶᠢᠨ ᠭᠠᠷᠤᠯᠲᠠ ᠶᠢᠨ ᠬᠠᠳᠠᠭᠠᠯᠠᠭᠳᠠᠴᠠ ᠶᠢ ᠬᠢᠨᠠᠨ ᠵᠥᠪᠰᠢᠶᠡᠷᠡᠬᠦ ᠪᠠᠶᠢᠭᠤᠯᠤᠮᠵᠢ ᠪᠤᠶᠤ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠭᠤᠷᠬᠠᠢ ᠶᠢᠨ ᠭᠠᠷᠤᠯᠲᠠ ᠶᠢᠨ ᠬᠠᠳᠠᠭᠠᠯᠠᠭᠳᠠᠴᠠ ᠶᠢ ᠬᠢᠨᠠᠨ ᠵᠥᠪᠰᠢᠶᠡᠷᠡᠬᠦ ᠪᠠᠶᠢᠭᠤᠯᠤᠮᠵᠢ ᠨᠤᠭᠤᠳ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠵᠢᠷᠤᠭ ᠲᠥᠯᠥᠪᠯᠡᠭᠡ ᠳᠤ ᠬᠡᠷᠡᠭᠯᠡᠬᠦ ᠬᠠᠶᠢᠨ ᠰᠢᠨᠵᠢᠯᠡᠯᠲᠡ ᠶᠢᠨ ᠮᠡᠳᠡᠭᠦᠯᠦᠯᠲᠡ ᠶᠢ ᠬᠢᠨᠠᠨ ᠪᠠᠶᠢᠴᠠᠭᠠᠵᠤ ᠵᠥᠪᠰᠢᠶᠡᠷᠡᠬᠦ ᠠᠵᠢᠯ ᠢ ᠬᠠᠷᠢᠭᠤᠴᠠᠬᠤ ᠶᠢᠨ ᠬᠠᠮᠲᠤ ᠮᠡᠳᠡᠭᠦᠯᠦᠭᠰᠡᠨ ᠨᠢᠭᠡᠴᠢ ᠳᠤ ᠲᠣᠭᠲᠠᠭᠰᠠᠨ ᠬᠤᠭᠤᠴᠠᠭᠠᠨ ᠤ ᠳᠣᠲᠣᠷ᠎ᠠ ᠴᠣᠬᠤᠯᠠᠪᠤᠷᠢᠯᠠᠨ ᠬᠠᠷᠢᠭᠤᠯᠬᠤ ᠬᠡᠷᠡᠭᠲᠡᠢ᠃ ᠬᠠᠶᠢᠨ ᠰᠢᠨᠵᠢᠯᠡᠯᠲᠡ ᠶᠢᠨ ᠮᠡᠳᠡᠭᠦᠯᠦᠯᠲᠡ ᠶᠢ ᠵᠥᠪᠰᠢᠶᠡᠷᠡᠭᠦᠯᠦᠭᠰᠡᠨ ᠦᠭᠡᠢ ᠪᠣᠯ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠵᠢᠷᠤᠭ ᠲᠥᠯᠥᠪᠯᠡᠭᠡᠨ ᠤ ᠦᠨᠳᠦᠰᠦ ᠪᠠᠷᠢᠮᠲᠠ ᠪᠣᠯᠭᠠᠵᠤ ᠪᠣᠯᠬᠤ ᠦᠭᠡᠢ᠃            ᠠᠷᠪᠠᠨ ᠳᠥᠷᠪᠡᠳᠦᠭᠡᠷ ᠵᠦᠢᠯ ᠡᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠭᠰᠠᠨ ᠦᠷ᠎ᠡ ᠪᠦᠲᠦᠭᠡᠯ ᠤᠨ ᠲᠠᠩᠰᠠ ᠡᠪᠬᠡᠮᠡᠯ ᠤᠨ ᠮᠠᠲ᠋ᠧᠷᠢᠶᠠᠯ ᠪᠣᠯᠣᠨ ᠡᠯ᠎ᠡ ᠲᠦᠷᠦᠯ ᠤᠨ ᠠᠭᠤᠷᠬᠠᠢ ᠶᠢᠨ ᠭᠠᠷᠤᠯᠲᠠ ᠶᠢᠨ ᠬᠠᠳᠠᠭᠠᠯᠠᠭᠳᠠᠴᠠ ᠶᠢᠨ ᠲᠤᠭ᠎ᠠ ᠪᠦᠷᠢᠳᠬᠡᠯ ᠤᠨ ᠮᠠᠲ᠋ᠧᠷᠢᠶᠠᠯ ᠳᠤ ᠨᠢᠭᠡᠳᠦᠯᠲᠡᠢ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠵᠦ᠂ ᠲᠦᠷᠤ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠶᠣᠰᠣᠭᠠᠷ ᠡᠮᠬᠢᠳᠬᠡᠨ ᠲᠤᠰᠢᠶᠠᠬᠤ ᠪᠤᠶᠤ ᠲᠠᠭᠯᠠᠨ ᠮᠡᠳᠡᠭᠦᠯᠦᠨ᠎ᠡ᠃            ᠠᠷᠪᠠᠨ ᠲᠠᠪᠤᠳᠤᠭᠠᠷ ᠵᠦᠢᠯ ᠡᠭᠤᠷᠬᠠᠶ ᠶᠢᠨ ᠠᠵᠤ ᠠᠬᠤᠶᠢᠯᠠᠯ ᠢ ᠪᠠᠶᠢᠭᠤᠯᠬᠤ ᠳᠤ ᠡᠷᠬᠡᠪᠰᠢ ᠤᠯᠤᠰ ᠠᠴᠠ ᠲᠣᠭᠲᠠᠭᠠᠭᠰᠠᠨ ᠬᠢᠷᠢ ᠴᠢᠳᠠᠯ ᠤᠨ ᠨᠥᠬᠦᠴᠡᠯ ᠳᠤ ᠨᠡᠶᠢᠴᠡᠭᠦᠯᠬᠦ ᠬᠡᠷᠡᠭᠲᠡᠢ ᠪᠥᠭᠡᠳ ᠬᠢᠨᠠᠨ ᠵᠥᠪᠰᠢᠶᠡᠷᠡᠬᠦ ᠪᠠᠶᠢᠭᠤᠯᠭ᠎ᠠ ᠠᠴᠠ ᠬᠠᠤᠯᠢ ᠴᠠᠭᠠᠵᠠ ᠪᠠ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠭᠤᠷᠬᠠᠢ ᠶᠢᠨ ᠣᠷᠣᠨ ᠤ ᠬᠡᠪᠴᠢᠶ᠎ᠡ᠂ ᠠᠭᠤᠷᠬᠠᠢ ᠶᠢᠨ ᠵᠢᠷᠤᠭ ᠲᠥᠯᠥᠪᠯᠡᠭᠡ ᠪᠤᠶᠤ ᠨᠡᠭᠡᠭᠡᠨ ᠮᠠᠯᠲᠠᠬᠤ ᠲᠥᠰᠥᠯ᠂ ᠦᠢᠯᠡᠳᠪᠦᠷᠢᠯᠡᠬᠦ ᠠᠵᠢᠯ ᠤᠨ ᠮᠡᠷᠭᠡᠵᠢᠯ ᠤᠨ ᠨᠥᠬᠦᠴᠡᠯ᠂ ᠠᠶᠤᠯᠭᠦᠢ ᠶᠢᠨ ᠠᠷᠭ᠎ᠠ ᠬᠡᠮᠵᠢᠶ᠎ᠡ ᠪᠠ ᠣᠷᠴᠢᠨ ᠠᠬᠤᠢ ᠶᠢ ᠬᠠᠮᠠᠭᠠᠯᠠᠬᠤ ᠠᠷᠭ᠎ᠠ ᠬᠡᠮᠵᠢᠶ᠎ᠡ ᠵᠡᠷᠭᠡ ᠶᠢ ᠬᠢᠨᠠᠨ ᠪᠠᠶᠢᠴᠠᠭᠠᠬᠤ ᠬᠡᠷᠡᠭᠲᠡᠢ᠃ ᠬᠢᠨᠠᠨ ᠪᠠᠶᠢᠴᠠᠭᠠᠭᠠᠳ ᠬᠢᠷᠢ ᠲᠡᠩᠴᠡᠪᠡᠯ ᠰᠠᠶ᠋ᠢ ᠵᠥᠪᠰᠢᠶᠡᠷᠡᠨ᠎ᠡ᠃            ᠠᠷᠪᠠᠨ ᠵᠢᠷᠭᠤᠳᠤᠭᠠᠷ ᠵᠦᠢᠯ ᠳᠣᠤᠷᠠᠬᠢ ᠮᠡᠲᠦ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠭᠠᠵᠠᠷ ᠰᠢᠨᠵᠢᠯᠡᠭᠡ ᠠᠭᠤᠷᠬᠠᠶ ᠶᠢᠨ ᠭᠠᠷᠤᠯᠲᠠ ᠶᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠵᠥᠪᠰᠢᠶᠡᠷᠡᠬᠦ ᠶᠢᠨ ᠬᠠᠮᠲᠤ ᠠᠭᠤᠷᠬᠠᠶ ᠮᠠᠯᠲᠠᠬᠤ ᠵᠥᠪᠰᠢᠶᠡᠷᠡᠯ ᠤᠨ ᠦᠨᠡᠮᠯᠡᠯ ᠣᠯᠭᠤᠨ᠎ᠠ᠄                 ︵ᠨᠢᠭᠡ︶ ᠤᠯᠤᠰ ᠠᠴᠠ ᠲᠥᠯᠥᠪᠵᠢᠭᠦᠯᠦᠭᠰᠡᠨ ᠠᠭᠤᠷᠬᠠᠢ ᠶᠢᠨ ᠣᠷᠣᠨ ᠪᠠ ᠤᠯᠤᠰ ᠠᠷᠠᠳ ᠤᠨ ᠠᠵᠤ ᠠᠬᠤᠢ ᠳᠤ ᠴᠢᠬᠤᠯᠠ ᠦᠨ᠎ᠡ ᠦᠷᠳᠡᠭ ᠲᠠᠢ ᠠᠭᠤᠷᠬᠠᠢ ᠶᠢᠨ ᠣᠷᠣᠨ ᠤ ᠳᠣᠲᠣᠷᠠᠬᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ᠃             ︵ᠬᠤᠶᠠᠷ︶ ᠡᠮᠦᠨᠡᠬᠢ ᠵᠤᠷᠪᠤᠰ ᠲᠤ ᠲᠣᠭᠲᠠᠭᠠᠭᠰᠠᠨ ᠣᠷᠣᠨ ᠠᠴᠠ ᠭᠠᠳᠠᠨᠠᠬᠢ ᠨᠡᠭᠡᠭᠡᠨ ᠮᠠᠯᠲᠠᠵᠤ ᠪᠣᠯᠬᠤ ᠠᠭᠤᠷᠬᠠᠢ ᠶᠢᠨ ᠭᠠᠷᠤᠯᠲᠠ ᠶᠢᠨ ᠬᠠᠳᠠᠭᠠᠯᠠᠭᠳᠠᠴᠠ ᠶᠢᠨ ᠬᠡᠪᠴᠢᠶ᠎ᠡ ᠨᠢ ᠲᠣᠮᠣ ᠬᠡᠯᠪᠡᠷᠢ ᠠᠴᠠ ᠳᠡᠭᠡᠭᠰᠢᠬᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ᠃             ︵ᠭᠤᠷᠪᠠ︶ ᠤᠯᠤᠰ ᠠᠴᠠ ᠬᠠᠮᠠᠭᠠᠯᠠᠯᠲᠠ ᠶᠢᠨ ᠴᠢᠨᠠᠷᠲᠠᠢ ᠨᠡᠭᠡᠭᠡᠨ ᠮᠠᠯᠲᠠᠬᠤ ᠶᠢ ᠬᠡᠷᠡᠭᠵᠢᠭᠦᠯᠬᠦ ᠪᠠᠷ ᠲᠣᠭᠲᠠᠭᠠᠭᠰᠠᠨ ᠣᠨᠴᠠ ᠲᠣᠭᠲᠠᠭᠰᠠᠨ ᠠᠭᠤᠷᠬᠠᠢ ᠶᠢᠨ ᠲᠦᠷᠦᠯ᠃             ︵ᠳᠥᠷᠪᠡ︶ ᠬᠠᠷᠢᠶ᠎ᠠ ᠲᠡᠯᠡᠢ ᠬᠢᠭᠡᠳ ᠳᠤᠮᠳᠠᠳᠤ ᠤᠯᠤᠰ ᠤᠨ ᠬᠠᠷᠢᠶᠠᠨ ᠳᠠᠬᠢ ᠪᠤᠰᠤᠳ ᠲᠡᠯᠡᠢ ᠶᠢᠨ ᠣᠷᠣᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ᠃             ︵ᠲᠠᠪᠤ︶ ᠲᠥᠷᠥ ᠶᠢᠨ ᠶᠠᠪᠤᠳᠠᠯ ᠤᠨ ᠬᠤᠷᠢᠶᠠᠨ ᠠᠴᠠ ᠲᠣᠭᠲᠠᠭᠠᠭᠰᠠᠨ ᠪᠤᠰᠤᠳ ᠠᠭᠤᠷᠬᠠᠢ ᠶᠢᠨ ᠡᠬᠢ ᠪᠠᠶᠠᠯᠢᠭ᠃            ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠢ ᠬᠡᠢ᠂ ᠰᠠᠴᠤᠷᠠᠭ ᠢᠳᠡᠪᠬᠢ ᠴᠢᠨᠠᠷᠲᠠᠢ ᠠᠭᠤᠷᠬᠠᠢ ᠶᠢᠨ ᠭᠠᠷᠤᠯᠲᠠ ᠵᠡᠷᠭᠡ ᠣᠨᠴᠠ ᠲᠣᠭᠲᠠᠭᠠᠭᠰᠠᠨ ᠠᠭᠤᠷᠬᠠᠢ ᠶᠢᠨ ᠳᠦᠷᠦᠯ ᠢ ᠨᠡᠭᠡᠭᠡᠨ ᠮᠠᠯᠲᠠᠬᠤ ᠳᠤ ᠳᠦᠷᠦ ᠶᠢᠨ ᠶᠠᠪᠤᠳᠠᠯ ᠤᠨ ᠬᠤᠷᠢᠶᠠᠨ ᠠᠴᠠ ᠡᠷᠬᠡ ᠣᠯᠭᠤᠭᠰᠠᠨ ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠵᠥᠪᠰᠢᠶᠡᠷᠡᠬᠦ ᠶᠢᠨ ᠬᠠᠮᠲᠤ ᠠᠭᠤᠷᠬᠠᠢ ᠮᠠᠯᠲᠠᠬᠤ ᠵᠥᠪᠰᠢᠶᠡᠷᠡᠯ ᠤᠨ ᠦᠨᠡᠮᠯᠡᠯ ᠣᠯᠭᠤᠵᠤ ᠪᠣᠯᠣᠨ᠎ᠠ᠃            ᠨᠢᠭᠡᠳᠦᠭᠡᠷ ᠪᠠᠳᠠᠭ᠂ ᠬᠤᠶᠠᠳᠤᠭᠠᠷ ᠪᠠᠳᠠᠭ ᠤᠨ ᠲᠣᠭᠲᠠᠭᠠᠯ ᠠᠴᠠ ᠭᠠᠳᠠᠨᠠᠬᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠳᠤ ᠲᠡᠭᠦᠨ ᠤ ᠮᠠᠯᠲᠠᠵᠤ ᠪᠣᠯᠬᠤ ᠠᠭᠤᠷᠬᠠᠢ ᠶᠢᠨ ᠭᠠᠷᠤᠯᠲᠠ ᠶᠢᠨ ᠬᠠᠳᠠᠭᠠᠯᠠᠭᠳᠠᠴᠠ ᠶᠢᠨ ᠬᠡᠪᠴᠢᠶ᠎ᠡ ᠨᠢ ᠳᠤᠮᠳᠠ ᠬᠡᠯᠪᠡᠷᠢ ᠶᠢᠨ ᠪᠠᠶᠢᠪᠠᠯ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠠᠵᠠᠷ ᠰᠢᠨᠵᠢᠯᠡᠭᠡ ᠠᠭᠤᠷᠬᠠᠢ ᠶᠢᠨ ᠭᠠᠷᠤᠯᠲᠠ ᠶᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠵᠥᠪᠰᠢᠶᠡᠷᠡᠬᠦ ᠪᠠ ᠠᠭᠤᠷᠬᠠᠢ ᠮᠠᠯᠲᠠᠬᠤ ᠵᠥᠪᠰᠢᠶᠡᠷᠡᠯ ᠤᠨ ᠦᠨᠡᠮᠯᠡᠯ ᠣᠯᠭᠤᠨ᠎ᠠ᠃            ᠨᠢᠭᠡᠳᠦᠭᠡᠷ ᠪᠠᠳᠠᠭ᠂ ᠬᠤᠶᠠᠳᠤᠭᠠᠷ ᠪᠠᠳᠠᠭ ᠪᠠ ᠭᠤᠷᠪᠠᠳᠤᠭᠠᠷ ᠪᠠᠳᠠᠭ ᠤᠨ ᠲᠣᠭᠲᠠᠭᠠᠯ ᠠᠴᠠ ᠭᠠᠳᠠᠨᠠᠬᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠬᠠᠮᠢᠶᠠᠷᠤᠯᠲᠠ ᠶᠢᠨ ᠠᠷᠭ᠎ᠠ ᠶᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠬᠠᠤᠯᠢ ᠶᠣᠰᠣᠭᠠᠷ ᠲᠣᠭᠲᠠᠭᠠᠨ᠎ᠠ᠃            ᠭᠤᠷᠪᠠᠳᠤᠭᠠᠷ ᠪᠠᠳᠠᠭ᠂ ᠳᠥᠷᠪᠡᠳᠦᠭᠡᠷ ᠪᠠᠳᠠᠭ ᠤᠨ ᠲᠣᠭᠲᠠᠭᠠᠯ ᠶᠣᠰᠣᠭᠠᠷ ᠠᠭᠤᠷᠬᠠᠢ ᠮᠠᠯᠲᠠᠬᠤ ᠵᠥᠪᠰᠢᠶᠡᠷᠡᠯ ᠤᠨ ᠦᠨᠡᠮᠯᠡᠯ ᠢ ᠬᠢᠨᠠᠨ ᠵᠥᠪᠰᠢᠶᠡᠷᠡᠬᠦ ᠪᠠ ᠣᠯᠭᠤᠬᠤ ᠳᠤ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠠᠵᠠᠷ ᠰᠢᠨᠵᠢᠯᠡᠭᠡ ᠠᠭᠤᠷᠬᠠᠢ ᠶᠢᠨ ᠭᠠᠷᠤᠯᠲᠠ ᠶᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠤᠷᠢᠶᠠᠩᠭᠤᠶᠢᠯᠠᠭᠠᠳ ᠲᠦᠷᠦ ᠶᠢᠨ ᠶᠠᠪᠤᠳᠠᠯ ᠤᠨ ᠬᠤᠷᠢᠶᠠᠨ ᠤ ᠭᠠᠵᠠᠷ ᠰᠢᠨᠵᠢᠯᠡᠭᠡ ᠠᠭᠤᠷᠬᠠᠢ ᠶᠢᠨ ᠭᠠᠷᠤᠯᠲᠠ ᠶᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠪᠦᠷᠢᠳᠬᠡᠭᠦᠯᠬᠦ ᠬᠡᠷᠡᠭᠲᠡᠢ᠃            ᠠᠭᠤᠷᠬᠠᠢ ᠶᠢᠨ ᠭᠠᠷᠤᠯᠲᠠ ᠶᠢᠨ ᠬᠠᠳᠠᠭᠠᠯᠠᠭᠳᠠᠴᠠ ᠶᠢᠨ ᠬᠡᠪᠴᠢᠶ᠎ᠡ ᠶᠢᠨ ᠲᠣᠮᠣ ᠬᠡᠯᠪᠡᠷᠢ ᠶᠢᠨ᠂ ᠳᠤᠮᠳᠠ ᠬᠡᠯᠪᠡᠷᠢ ᠶᠢ ᠬᠤᠪᠢᠶᠠᠷᠢᠯᠠᠬᠤ ᠪᠠᠷᠢᠮᠵᠢᠶ᠎ᠠ ᠶᠢ ᠳᠦᠷᠦ ᠶᠢᠨ ᠶᠠᠪᠤᠳᠠᠯ ᠤᠨ ᠬᠤᠷᠢᠶᠠᠨ ᠤ ᠠᠭᠤᠷᠬᠠᠢ ᠶᠢᠨ ᠭᠠᠷᠤᠯᠲᠠ ᠶᠢᠨ            ᠠᠷᠪᠠᠨ ᠳᠣᠯᠣᠳᠤᠭᠠᠷ ᠵᠦᠢᠯ ᠤᠯᠤᠰ ᠠᠴᠠ ᠤᠯᠤᠰ ᠠᠴᠠ ᠲᠥᠯᠥᠪᠵᠢᠭᠦᠯᠦᠭᠰᠡᠨ ᠠᠭᠤᠷᠬᠠᠢ ᠶᠢᠨ ᠣᠷᠣᠨ᠂ ᠤᠯᠤᠰ ᠠᠷᠠᠳ ᠤᠨ ᠠᠵᠤ ᠠᠬᠤᠢ ᠳᠤ ᠴᠢᠬᠤᠯᠠ ᠦᠨ᠎ᠡ ᠦᠷᠳᠡᠭ ᠲᠠᠢ ᠠᠭᠤᠷᠬᠠᠢ ᠶᠢᠨ ᠣᠷᠣᠨ ᠪᠠ ᠤᠯᠤᠰ ᠠᠴᠠ ᠬᠠᠮᠠᠭᠠᠯᠠᠯᠲᠠ ᠶᠢᠨ ᠴᠢᠨᠠᠷᠲᠠᠢ ᠨᠡᠭᠡᠭᠡᠨ ᠮᠠᠯᠲᠠᠬᠤ ᠪᠠᠷ ᠲᠣᠭᠲᠠᠭᠠᠭᠰᠠᠨ ᠣᠨᠴᠠ ᠲᠣᠭᠲᠠᠭᠰᠠᠨ ᠠᠭᠤᠷᠬᠠᠢ ᠶᠢᠨ ᠲᠦᠷᠦᠯ ᠳᠤ ᠲᠥᠯᠥᠪᠯᠡᠭᠡ ᠲᠠᠢ ᠪᠠᠷ ᠨᠡᠭᠡᠭᠡᠨ ᠮᠠᠯᠲᠠᠬᠤ ᠶᠢ ᠬᠡᠷᠡᠭᠵᠢᠭᠦᠯᠦᠨ᠎ᠡ᠃ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠤᠨ ᠵᠥᠪᠰᠢᠶᠡᠷᠡᠯ ᠦᠭᠡᠢ ᠪᠠᠷ ᠶᠠᠮᠠᠷᠪᠠ ᠨᠢᠭᠡᠴᠢ ᠪᠠ ᠬᠤᠪᠢ ᠬᠥᠮᠥᠨ ᠨᠡᠭᠡᠭᠡᠨ ᠮᠠᠯᠲᠠᠵᠤ ᠪᠣᠯᠬᠤ ᠦᠭᠡᠢ᠃            ᠠᠷᠪᠠᠨ ᠨᠠᠢᠮᠠᠳᠤᠭᠠᠷ ᠵᠦᠢᠯ ᠤᠯᠤᠰ ᠠᠴᠠ ᠲᠥᠯᠥᠪᠵᠢᠭᠦᠯᠦᠭᠰᠡᠨ ᠠᠭᠤᠷᠬᠠᠢ ᠶᠢᠨ ᠣᠷᠣᠨ ᠤ ᠬᠦᠷᠢᠶ᠎ᠡ ᠬᠡᠪᠴᠢᠶ᠎ᠡ᠂ ᠤᠯᠤᠰ ᠠᠷᠠᠳ ᠤᠨ ᠠᠵᠤ ᠠᠬᠤᠢ ᠳᠤ ᠴᠢᠬᠤᠯᠠ ᠦᠨ᠎ᠡ ᠦᠷᠳᠡᠭ ᠲᠠᠢ ᠠᠭᠤᠷᠬᠠᠢ ᠶᠢᠨ ᠣᠷᠣᠨ ᠤ ᠬᠦᠷᠢᠶ᠎ᠡ ᠬᠡᠪᠴᠢᠶ᠎ᠡ᠂ ᠠᠭᠤᠷᠬᠠᠢ ᠶᠢᠨ ᠠᠵᠤ ᠠᠬᠤᠶᠢᠯᠠᠯ ᠤᠨ ᠠᠭᠤᠷᠬᠠᠢ ᠶᠢᠨ ᠣᠷᠣᠨ ᠤ ᠬᠦᠷᠢᠶ᠎ᠡ ᠬᠡᠪᠴᠢᠶ᠎ᠡ ᠶᠢ ᠬᠠᠤᠯᠢ ᠶᠣᠰᠣᠭᠠᠷ ᠵᠠᠭᠠᠭᠯᠠᠨ ᠲᠣᠭᠲᠠᠭᠠᠭᠰᠠᠨ ᠤ ᠲᠠᠷᠠᠭ᠎ᠠ᠂ ᠠᠭᠤᠷᠬᠠᠢ ᠶᠢᠨ ᠣᠷᠣᠨ ᠤ ᠬᠦᠷᠢᠶ᠎ᠡ ᠬᠡᠪᠴᠢᠶ᠎ᠡ ᠶᠢ ᠵᠠᠭᠠᠭᠯᠠᠨ ᠲᠣᠭᠲᠠᠭᠠᠭᠰᠠᠨ ᠡᠷᠬᠢᠯᠡᠨ ᠬᠠᠮᠢᠶᠠᠷᠬᠤ ᠪᠠᠶᠢᠭᠤᠯᠭ᠎ᠠ ᠠᠴᠠ ᠬᠤᠯᠪᠣᠭᠳᠠᠯ ᠪᠦᠬᠦᠢ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠳᠡᠵᠦ ᠵᠠᠷᠯᠠᠨ ᠨᠡᠶᠢᠲᠡᠯᠡᠨ᠎ᠡ᠃            ᠠᠭᠤᠷᠬᠠᠢ ᠶᠢᠨ ᠠᠵᠤ ᠠᠬᠤᠶᠢᠯᠠᠯ ᠠᠭᠤᠷᠬᠠᠢ ᠶᠢᠨ ᠣᠷᠣᠨ ᠤ ᠬᠡᠪᠴᠢᠶ᠎ᠡ ᠪᠠᠨ ᠬᠤᠪᠢᠷᠠᠭᠤᠯᠬᠤ ᠳᠤ ᠡᠷᠬᠡᠪᠰᠢ ᠤᠤᠯ ᠤᠨ ᠬᠢᠨᠠᠨ ᠵᠥᠪᠰᠢᠶᠡᠷᠡᠭᠰᠡᠨ ᠪᠠᠶᠢᠭᠤᠯᠭ᠎ᠠ ᠳᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ ᠪᠥᠭᠡᠳ ᠤᠤᠯ ᠤᠨ ᠠᠭᠤᠷᠬᠠᠢ ᠮᠠᠯᠲᠠᠬᠤ ᠵᠥᠪᠰᠢᠶᠡᠷᠡᠯ ᠤᠨ ᠦᠨᠡᠮᠯᠡᠯ ᠣᠯᠭᠤᠭᠰᠠᠨ ᠪᠠᠶᠢᠭᠤᠯᠭ᠎ᠠ ᠳᠤ ᠮᠡᠳᠡᠭᠦᠯᠦᠨ ᠠᠭᠤᠷᠬᠠᠢ ᠮᠠᠯᠲᠠᠬᠤ ᠵᠥᠪᠰᠢᠶᠡᠷᠡᠯ ᠤᠨ ᠦᠨᠡᠮᠯᠡᠯ ᠢ ᠲᠡᠬᠢᠵᠦ ᠬᠢᠨᠠᠨ ᠣᠯᠭᠤᠭᠤᠯᠬᠤ ᠬᠡᠷᠡᠭᠲᠡᠢ᠃            ᠠᠷᠪᠠ ᠶᠢᠰᠦᠳᠦᠭᠡᠷ ᠵᠦᠢᠯ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠠᠷᠭ᠎ᠠ ᠬᠡᠮᠵᠢᠶ᠎ᠡ ᠠᠪᠴᠤ ᠪᠠᠶᠢᠭᠠᠳ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠤᠯᠤᠰ ᠤᠨ ᠥᠮᠴᠢᠯᠡᠯ ᠤᠨ ᠠᠭᠤᠷᠬᠠᠢ ᠶᠢᠨ ᠠᠵᠤ ᠠᠬᠤᠶᠢᠯᠠᠯ ᠪᠣᠯᠣᠨ ᠪᠤᠰᠤᠳ ᠠᠭᠤᠷᠬᠠᠢ ᠶᠢᠨ ᠠᠵᠤ ᠠᠬᠤᠶᠢᠯᠠᠯ ᠤᠨ ᠠᠭᠤᠷᠬᠠᠢ ᠶᠢᠨ ᠣᠷᠣᠨ ᠤ ᠬᠡᠪᠴᠢᠶᠡᠨ ᠳᠠᠬᠢ ᠬᠡᠪ ᠤᠨ ᠡᠮᠬᠢ ᠵᠢᠷᠤᠮ ᠢ ᠬᠠᠮᠠᠭᠠᠯᠠᠬᠤ ᠬᠡᠷᠡᠭᠲᠡᠢ᠃            ᠶᠠᠮᠠᠷᠪᠠ ᠨᠢᠭᠡᠴᠢ ᠪᠠ ᠬᠤᠪᠢ ᠬᠥᠮᠥᠨ ᠤ ᠪᠤᠰᠤᠳ ᠤᠨ ᠬᠠᠤᠯᠢ ᠶᠣᠰᠣᠭᠠᠷ ᠪᠠᠶᠢᠭᠤᠯᠤᠭᠰᠠᠨ ᠤᠯᠤᠰ ᠤᠨ ᠥᠮᠴᠢᠯᠡᠯ ᠤᠨ ᠠᠭᠤᠷᠬᠠᠢ ᠶᠢᠨ ᠠᠵᠤ ᠠᠬᠤᠶᠢᠯᠠᠯ ᠪᠠ ᠪᠤᠰᠤᠳ ᠠᠭᠤᠷᠬᠠᠢ ᠶᠢᠨ ᠠᠵᠤ ᠠᠬᠤᠶᠢᠯᠠᠯ ᠤᠨ ᠠᠭᠤᠷᠬᠠᠢ ᠶᠢᠨ ᠣᠷᠣᠨ ᠤ ᠬᠡᠪᠴᠢᠶᠡᠨ ᠳᠤ ᠣᠷᠣᠵᠤ ᠠᠭᠤᠷᠬᠠᠢ ᠮᠠᠯᠲᠠᠬᠤ ᠶᠢ ᠴᠠᠭᠠᠵᠠᠯᠠᠨ᠎ᠠ᠃            ᠬᠤᠷᠢᠳᠤᠭᠠᠷ ᠵᠦᠢᠯ ᠲᠥᠷᠥ ᠶᠢᠨ ᠶᠠᠪᠤᠳᠠᠯ ᠤᠨ ᠬᠤᠷᠢᠶᠠᠨ ᠠᠴᠠ ᠡᠷᠬᠡ ᠣᠯᠭᠤᠭᠰᠠᠨ ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠵᠥᠪᠰᠢᠶᠡᠷᠡᠯ ᠦᠭᠡᠢ ᠪᠠᠷ ᠳᠠᠷᠠᠭᠠᠬᠢ ᠭᠠᠵᠠᠷ ᠣᠷᠣᠨ ᠳᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠵᠤ ᠪᠣᠯᠬᠤ ᠦᠭᠡᠢ᠄             ︵ᠨᠢᠭᠡ︶ ᠭᠠᠷᠠᠮ᠂ ᠨᠢᠰᠬᠡᠯ ᠤᠨ ᠪᠠᠭᠤᠳᠠᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠠᠷᠢᠯᠭ᠎ᠠ ᠶᠢᠨ ᠲᠥᠬᠦᠭᠡᠷᠦᠮᠵᠢ ᠶᠢ ᠬᠦᠷᠢᠶᠡᠯᠡᠵᠦ ᠲᠣᠭᠲᠠᠭᠠᠭᠰᠠᠨ ᠭᠠᠵᠠᠷ ᠣᠷᠣᠨ ᠤ ᠳᠣᠲᠣᠷ᠎ᠠ᠃             ︵ᠬᠤᠶᠠᠷ︶ ᠴᠢᠬᠤᠯᠠ ᠠᠵᠤ ᠦᠢᠯᠡᠳᠪᠦᠷᠢ ᠶᠢᠨ ᠣᠷᠣᠨ᠂ ᠲᠣᠮᠣ ᠬᠡᠯᠪᠡᠷᠢ ᠶᠢᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠲᠥᠬᠦᠭᠡᠷᠦᠮᠵᠢ᠂ ᠬᠤᠲᠠ ᠪᠠᠯᠭᠠᠰᠤ ᠶᠢᠨ ᠬᠤᠳᠠ ᠶᠢᠨ ᠶᠠᠪᠤᠳᠠᠯ ᠤᠨ ᠪᠠᠷᠢᠯᠭ᠎ᠠ ᠶᠢᠨ ᠲᠥᠬᠦᠭᠡᠷᠦᠮᠵᠢ ᠶᠢᠨ ᠣᠶᠢᠷᠠᠯᠴᠠᠭ᠎ᠠ ᠵᠣᠬᠢᠬᠤ ᠵᠠᠢ ᠶᠢᠨ ᠳᠣᠲᠣᠷ᠎ᠠ  ᠃             ︵ᠭᠤᠷᠪᠠ︶ ᠲᠡᠮᠦᠷ ᠵᠡᠮ᠂ ᠴᠢᠬᠤᠯᠠ ᠵᠠᠰᠠᠮᠠᠯ ᠵᠡᠮ ᠤᠨ ᠬᠤᠶᠠᠷ ᠬᠠᠵᠠᠭᠤ ᠶᠢᠨ ᠵᠣᠬᠢᠬᠤ ᠵᠠᠢ ᠶᠢᠨ ᠳᠣᠲᠣᠷ᠎ᠠ᠃             ︵ᠳᠥᠷᠪᠡ︶ ᠴᠢᠬᠤᠯᠠ ᠭᠤᠣᠯ ᠮᠥᠷᠡᠨ᠂ ᠲᠡᠯᠡᠩ ᠬᠠᠰᠢᠯᠭ᠎ᠠ ᠶᠢᠨ ᠬᠤᠶᠠᠷ ᠬᠠᠵᠠᠭᠤ ᠶᠢᠨ ᠵᠣᠬᠢᠬᠤ ᠵᠠᠢ ᠶᠢᠨ ᠳᠣᠲᠣᠷ᠎ᠠ᠃             ︵ᠲᠠᠪᠤ︶ ᠤᠯᠤᠰ ᠠᠴᠠ ᠵᠠᠭᠠᠭᠯᠠᠨ ᠲᠣᠭᠲᠠᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠴᠢᠬᠤᠯᠠ ᠦᠵᠡᠮᠵᠢ ᠶᠢᠨ ᠣᠷᠣᠨ᠂ ᠤᠯᠤᠰ ᠤᠨ ᠭᠤᠣᠯᠳᠠᠯᠭ᠎ᠠ ᠲᠠᠢ ᠬᠠᠮᠠᠭᠠᠯᠠᠯᠲᠠ ᠳᠤ ᠪᠠᠶᠢᠭ᠎ᠠ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯ ᠪᠠ ᠠᠯᠳᠠᠷᠲᠤ ᠦᠵᠡᠮᠵᠢ ᠡᠷᠲᠡᠨ ᠤ ᠦᠯᠡᠳᠡᠭᠳᠡᠯ ᠤᠨ ᠪᠠᠶᠢᠭ᠎ᠠ ᠭᠠᠵᠠᠷ᠃             ︵ᠵᠢᠷᠭᠤᠭ᠎ᠠ︶ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠵᠤ ᠪᠣᠯᠬᠤ ᠦᠭᠡᠢ ᠭᠡᠵᠦ ᠤᠯᠤᠰ ᠠᠴᠠ ᠲᠣᠭᠲᠠᠭᠠᠭᠰᠠᠨ ᠪᠤᠰᠤᠳ ᠭᠠᠵᠠᠷ ᠣᠷᠣᠨ᠃            ᠬᠤᠷᠢᠨ ᠨᠢᠭᠡᠳᠦᠭᠡᠷ ᠵᠦᠢᠯ ᠠᠭᠤᠷᠬᠠᠢ ᠶᠢ ᠬᠠᠭᠠᠬᠤ ᠳᠤ ᠡᠷᠬᠡᠪᠰᠢ ᠠᠭᠤᠷᠬᠠᠢ ᠶᠢᠨ ᠨᠦᠬᠡ ᠬᠠᠭᠠᠭᠳᠠᠭᠰᠠᠨ ᠮᠡᠳᠡᠭᠦᠯᠦᠯᠲᠡ ᠵᠢᠴᠢ ᠮᠠᠯᠲᠠᠬᠤ ᠪᠠᠷᠢᠯᠭ᠎ᠠ᠂ ᠠᠶᠦᠯᠭᠦᠢ ᠶᠢᠨ ᠳᠠᠯᠳᠠ ᠭᠡᠮ᠂ ᠭᠠᠵᠠᠷ ᠰᠢᠷᠣᠢ ᠶᠢ ᠰᠡᠷᠭᠦᠭᠡᠨ ᠬᠠᠭᠠᠯᠪᠤᠷᠢᠯᠠᠵᠤ ᠠᠰᠢᠭᠯᠠᠬᠤ᠂ ᠣᠷᠴᠢᠨ ᠲᠣᠭᠤᠷᠢᠨ ᠢ ᠬᠠᠮᠠᠭᠠᠯᠠᠬᠤ ᠲᠤᠬᠠᠢ ᠬᠤᠯᠪᠣᠭᠳᠠᠯ ᠪᠦᠬᠦᠢ ᠮᠠᠲ᠋ᠧᠷᠢᠶᠠᠯ ᠢᠶᠠᠨ ᠳᠡᠪᠰᠢᠭᠦᠯᠬᠦ ᠶᠢᠨ ᠬᠠᠮᠲᠤ ᠤᠯᠤᠰ ᠤᠨ ᠲᠣᠭᠲᠠᠭᠠᠯ ᠶᠣᠰᠣᠭᠠᠷ ᠮᠡᠳᠡᠭᠦᠯᠵᠦ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠬᠦ ᠬᠡᠷᠡᠭᠲᠡᠢ᠃            ᠬᠤᠷᠢᠨ ᠬᠤᠶᠠᠳᠤᠭᠠᠷ ᠵᠦᠢᠯ ᠡᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠨᠡᠭᠡᠭᠡᠨ ᠮᠠᠯᠲᠠᠬᠤ ᠳᠠᠭᠠᠨ ᠴᠢᠬᠤᠯᠠ ᠶᠡᠭᠡ ᠰᠢᠨᠵᠢᠯᠡᠬᠦ ᠤᠬᠠᠭᠠᠨ ᠰᠣᠶᠣᠯ ᠤᠨ ᠦᠨ᠎ᠡ ᠦᠷᠳᠡᠭ ᠲᠠᠢ ᠬᠤᠪᠣᠷ ᠲᠣᠬᠢᠶᠠᠯᠳᠤᠬᠤ ᠭᠠᠵᠠᠷ ᠰᠢᠨᠵᠢᠯᠡᠭᠡᠨ ᠤ ᠦᠵᠡᠭᠳᠡᠯ ᠵᠢᠴᠢ ᠰᠣᠶᠣᠯ ᠤᠨ ᠡᠷᠲᠡᠨ ᠤ ᠦᠯᠡᠳᠡᠭᠳᠡᠯ ᠢ ᠣᠯᠵᠤ ᠮᠡᠳᠡᠪᠡᠯ᠂ ᠲᠡᠭᠦᠨ ᠢ ᠬᠠᠮᠠᠭᠠᠯᠠᠬᠤ ᠬᠡᠷᠡᠭᠲᠡᠢ ᠪᠥᠭᠡᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃            ᠭᠤᠷᠪᠠᠳᠤᠭᠠᠷ ᠪᠦᠯᠦᠭ ᠠᠭᠤᠷᠬᠠᠢ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ            ᠬᠤᠷᠢᠨ ᠭᠤᠷᠪᠠᠳᠤᠭᠠᠷ ᠵᠦᠢᠯ ᠣᠷᠣᠨ ᠪᠦᠰᠡ ᠶᠢᠨ ᠭᠠᠵᠠᠷ ᠰᠢᠨᠵᠢᠯᠡᠭᠡᠨ ᠤ ᠪᠠᠶᠢᠴᠠᠭᠠᠯᠲᠠ ᠶᠢ ᠤᠯᠤᠰ ᠤᠨ ᠨᠢᠭᠡᠳᠦᠯᠲᠡᠢ ᠲᠥᠯᠦᠪᠵᠢᠭᠦᠯᠭᠡ ᠶᠢᠨ ᠶᠣᠰᠣᠭᠠᠷ ᠬᠢᠨ᠎ᠡ᠃ ᠣᠷᠣᠨ ᠪᠦᠰᠡ ᠶᠢᠨ ᠭᠠᠵᠠᠷ ᠰᠢᠨᠵᠢᠯᠡᠭᠡᠨ ᠤ ᠪᠠᠶᠢᠴᠠᠭᠠᠯᠲᠠ ᠶᠢᠨ ᠮᠡᠳᠡᠭᠦᠯᠦᠯᠲᠡ ᠪᠠ ᠵᠢᠷᠤᠭ ᠢ ᠤᠯᠤᠰ ᠤᠨ ᠲᠣᠭᠲᠠᠭᠠᠯ ᠶᠣᠰᠣᠭᠠᠷ ᠰᠢᠯᠭᠠᠨ ᠠᠪᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠬᠠᠩᠭᠠᠨ ᠬᠡᠷᠡᠭᠯᠡᠭᠦᠯᠦᠨ᠎ᠡ᠃            ᠬᠤᠷᠢᠨ ᠳᠥᠷᠪᠡᠳᠦᠭᠡᠷ ᠵᠦᠢᠯ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ  ᠨᠢ ᠭᠤᠣᠯ ᠪᠣᠯᠬᠤ ᠠᠭᠤᠷᠬᠠᠢ ᠶᠢᠨ ᠲᠥᠷᠥᠯ ᠤᠨ ᠨᠡᠶᠢᠳᠡᠮ ᠪᠠᠶᠢᠴᠠᠭᠠᠯᠲᠠ ᠶᠢᠨ ᠡᠭᠦᠷᠭᠡ ᠶᠢ ᠪᠡᠶᠡᠯᠡᠭᠦᠯᠬᠦ ᠶᠢᠨ ᠵᠡᠷᠭᠡᠴᠡᠪᠡᠷ ᠠᠵᠢᠯᠯᠠᠬᠤ ᠣᠷᠣᠨ ᠤ ᠳᠣᠲᠣᠷᠠᠬᠢ ᠬᠠᠮᠲᠤ ᠣᠷᠣᠰᠢᠵᠤ ᠪᠠᠶᠢᠭ᠎ᠠ ᠪᠤᠶᠤ ᠳᠠᠭᠠᠯᠳᠤᠪᠤᠷᠢ ᠠᠭᠤᠷᠬᠠᠢ ᠶᠢᠨ ᠭᠠᠷᠤᠯᠲᠠ ᠶᠢ ᠪᠠᠭᠲᠠᠭᠠᠭᠰᠠᠨ ᠡᠷᠦᠳᠡᠰᠦ ᠶᠢᠨ ᠭᠠᠵᠠᠷ ᠰᠢᠨᠵᠢᠯᠡᠭᠡᠨ ᠤ ᠨᠥᠬᠦᠴᠡᠯ ᠪᠣᠯᠣᠨ ᠠᠭᠤᠷᠬᠠᠢ ᠶᠢᠨ ᠬᠡᠪᠲᠡᠰᠢ ᠶᠢᠨ ᠠᠵᠤ ᠦᠢᠯᠡᠳᠪᠦᠷᠢ ᠶᠢᠨ ᠠᠯᠤᠰ ᠤᠨ ᠲᠥᠯᠥᠪ ᠳᠤ ᠠᠩᠬ᠎ᠠ ᠠᠯᠬᠤᠮ ᠤᠨ ᠶᠡᠷᠦᠩᠬᠡᠶᠢᠯᠡᠭᠰᠡᠨ ᠦᠨᠡᠯᠡᠯᠲᠡ ᠬᠢᠬᠦ ᠬᠡᠷᠡᠭᠲᠡᠢ᠃            ᠬᠤᠷᠢᠨ ᠲᠠᠪᠤᠳᠤᠭᠠᠷ ᠵᠦᠢᠯ ᠠᠭᠤᠷᠬᠠᠢ ᠶᠢᠨ ᠬᠡᠪᠲᠡᠰᠢ ᠶᠢ ᠬᠠᠶᠢᠨ ᠰᠢᠨᠵᠢᠯᠡᠬᠦ ᠳᠤ ᠡᠷᠬᠡᠪᠰᠢ ᠠᠭᠤᠷᠬᠠᠢ ᠶᠢᠨ ᠣᠷᠣᠨ ᠤ ᠳᠣᠲᠣᠷᠠᠬᠢ ᠠᠵᠤ ᠦᠢᠯᠡᠳᠪᠦᠷᠢ ᠶᠢᠨ ᠦᠨ᠎ᠡ ᠥᠷᠲᠡᠭ ᠲᠠᠢ ᠬᠠᠮᠲᠤᠷᠠᠨ ᠠᠮᠢᠳᠤᠷᠠᠬᠤ ᠪᠠ ᠳᠠᠭᠠᠯᠳᠤᠬᠤ ᠠᠭᠤᠷᠬᠠᠢ ᠶᠢᠨ ᠭᠠᠷᠤᠯᠲᠠ ᠶᠢ ᠶᠡᠷᠦᠩᠬᠡᠶᠢᠯᠡᠨ ᠦᠨᠡᠯᠡᠬᠦ ᠶᠢᠨ ᠬᠠᠮᠲᠤ ᠲᠡᠭᠦᠨ ᠤ ᠬᠠᠳᠠᠭᠠᠯᠠᠭᠳᠠᠴᠠ ᠶᠢ ᠪᠣᠳᠣᠵᠤ ᠭᠠᠷᠭᠠᠬᠤ ᠬᠡᠷᠡᠭᠲᠡᠢ᠃ ᠶᠡᠷᠦᠩᠬᠡᠶᠢᠯᠡᠭᠰᠡᠨ ᠦᠨᠡᠯᠡᠯᠲᠡ ᠬᠢᠭᠰᠡᠨ ᠦᠭᠡᠢ ᠬᠠᠶᠢᠨ ᠰᠢᠨᠵᠢᠯᠡᠯᠲᠡ ᠶᠢᠨ ᠮᠡᠳᠡᠭᠦᠯᠦᠯᠲᠡ ᠶᠢ ᠵᠥᠪᠰᠢᠶᠡᠷᠡᠬᠦ ᠦᠭᠡᠢ᠃ ᠭᠡᠪᠡᠴᠦ ᠲᠥᠷᠥ ᠶᠢᠨ ᠶᠠᠪᠤᠳᠠᠯ ᠤᠨ ᠬᠤᠷᠢᠶᠠᠨ ᠤ ᠲᠥᠯᠥᠪᠯᠡᠭᠡᠨ ᠤ ᠰᠠᠯᠠᠭ᠎ᠠ ᠮᠥᠴᠢᠷ ᠤᠨ ᠠᠰᠲᠠᠭᠠᠨ ᠲᠣᠭᠲᠠᠭᠠᠯ ᠲᠠᠢ ᠠᠭᠤᠷᠬᠠᠢ ᠶᠢᠨ ᠬᠡᠪᠲᠡᠰᠢ ᠶᠢ ᠬᠠᠶᠢᠨ ᠰᠢᠨᠵᠢᠯᠡᠬᠦ ᠵᠦᠢᠯᠡᠰ ᠡᠭᠦᠨ ᠳᠤ ᠬᠠᠮᠤᠷᠤᠭᠳᠠᠬᠤ ᠦᠭᠡᠢ᠃            ᠬᠤᠷᠢᠨ ᠵᠢᠷᠭᠤᠳᠤᠭᠠᠷ ᠵᠦᠢᠯ ᠡᠮᠠᠷᠬᠠᠨ ᠡᠪᠳᠡᠷᠡᠬᠦ ᠣᠨᠴᠠ ᠲᠦᠷᠦᠯ ᠤᠨ ᠲᠡᠮᠦᠷᠯᠢᠭ ᠪᠤᠰᠤ ᠠᠭᠤᠷᠬᠠᠢ ᠶᠢᠨ ᠭᠠᠷᠤᠯᠲᠠ᠂ ᠤᠷᠤᠰᠤᠩᠭᠢ ᠠᠭᠤᠷᠬᠠᠢ ᠶᠢᠨ ᠭᠠᠷᠤᠯᠲᠠ᠂ ᠨᠣᠴᠣᠮᠠᠲᠠᠭᠠᠢ ᠳᠡᠯᠪᠡᠷᠡᠮᠡᠲᠡᠭᠡᠢ ᠠᠮᠠᠷᠬᠠᠨ ᠠᠭᠤᠰᠳᠠᠭ ᠠᠭᠤᠷᠬᠠᠢ ᠶᠢᠨ ᠭᠠᠷᠤᠯᠲᠠ ᠪᠠ ᠰᠠᠴᠤᠷᠠᠭ ᠢᠳᠡᠪᠬᠢ ᠡᠯᠧᠮᠧᠨ᠋ᠲ ᠠᠭᠤᠯᠤᠭᠰᠠᠨ ᠠᠭᠤᠷᠬᠠᠢ ᠶᠢᠨ ᠭᠠᠷᠤᠯᠲᠠ ᠶᠢ ᠨᠡᠶᠢᠳᠡᠮ ᠪᠠᠶᠢᠴᠠᠭᠠᠬᠤ᠂ ᠬᠠᠶᠢᠨ ᠰᠢᠨᠵᠢᠯᠡᠬᠦ ᠳᠤ ᠡᠷᠬᠡᠪᠰᠢ ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠭᠰᠠᠨ ᠨᠡᠶᠢᠳᠡᠮ ᠪᠠᠶᠢᠴᠠᠭᠠᠬᠤ᠂ ᠬᠠᠶᠢᠨ ᠰᠢᠨᠵᠢᠯᠡᠬᠦ ᠠᠷᠭ᠎ᠠ ᠶᠢ ᠬᠡᠷᠡᠭᠯᠡᠬᠦ ᠬᠡᠷᠡᠭᠲᠡᠢ ᠪᠥᠭᠡᠳ ᠴᠢᠬᠤᠯᠠ ᠪᠦᠬᠦᠢ ᠮᠡᠷᠭᠡᠵᠢᠯ ᠤᠨ ᠲᠣᠨᠣᠭᠯᠠᠯ ᠪᠠ ᠠᠶᠤᠯᠭᠦᠢ ᠶᠢᠨ ᠠᠷᠭ᠎ᠠ ᠬᠡᠮᠵᠢᠶ᠎ᠡ ᠲᠠᠢ ᠪᠠᠶᠢᠬᠤ ᠬᠡᠷᠡᠭᠲᠡᠢ᠃            ᠬᠤᠷᠢᠨ ᠳᠣᠯᠣᠳᠤᠭᠠᠷ ᠵᠦᠢᠯ ᠡᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠭᠰᠠᠨ ᠠᠩᠬᠠᠨ ᠤ ᠭᠠᠵᠠᠷ ᠰᠢᠨᠵᠢᠯᠡᠭᠡᠨ ᠤ ᠨᠠᠶᠢᠷᠠᠭᠤᠯᠤᠨ ᠲᠡᠮᠳᠡᠭᠯᠡᠭᠰᠡᠨ ᠪᠠ ᠵᠢᠷᠤᠭ᠂ ᠴᠢᠯᠠᠭᠤᠯᠢᠭ ᠬᠦᠳᠡᠷ ᠤᠨ ᠭᠤᠣᠯ᠂ ᠬᠡᠮᠵᠢᠨ ᠰᠢᠯᠭᠠᠭᠰᠠᠨ ᠦᠯᠢᠭᠡᠷ ᠶᠠᠩᠵᠤ ᠪᠠ ᠪᠤᠰᠤᠳ ᠪᠣᠳᠠᠲᠤ ᠶᠠᠭᠤᠮ᠎ᠠ ᠶᠢᠨ ᠦᠯᠢᠭᠡᠷ ᠳᠡᠪᠲᠡᠷ ᠤᠨ ᠮᠠᠲ᠋ᠧᠷᠢᠶᠠᠯ᠂ ᠲᠥᠷᠥᠯ ᠪᠦᠷᠢ ᠶᠢᠨ ᠬᠠᠶᠢᠨ ᠪᠠᠶᠢᠴᠠᠭᠠᠭᠰᠠᠨ ᠲᠡᠮᠳᠡᠭ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠮᠠᠭᠠᠯᠠᠨ ᠬᠠᠳᠠᠭᠠᠯᠠᠬᠤ ᠬᠡᠷᠡᠭᠲᠡᠢ᠃            ᠬᠤᠷᠢᠨ ᠨᠠᠢᠮᠠᠳᠤᠭᠠᠷ ᠵᠦᠢᠯ ᠬᠦᠳᠡᠷ ᠤᠨ ᠬᠡᠪᠲᠡᠰᠢ ᠶᠢ ᠬᠠᠶᠢᠨ ᠰᠢᠨᠵᠢᠭᠰᠡᠨ ᠮᠡᠳᠡᠭᠦᠯᠦᠯᠲᠡ ᠪᠠ ᠪᠤᠰᠤᠳ ᠦᠨ᠎ᠡ ᠦᠷᠳᠡᠭ ᠲᠠᠢ ᠬᠠᠶᠢᠨ ᠪᠠᠶᠢᠴᠠᠭᠠᠭᠰᠠᠨ ᠮᠠᠲ᠋ᠧᠷᠢᠶᠠᠯ ᠢ ᠲᠦᠷᠤ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠶᠣᠰᠣᠭᠠᠷ ᠲᠥᠯᠥᠪᠦᠷᠢ ᠲᠠᠢ ᠪᠠᠷ ᠬᠡᠷᠡᠭᠯᠡᠭᠦᠯᠦᠨ᠎ᠡ᠃            ᠳᠥᠷᠪᠡᠳᠦᠭᠡᠷ ᠪᠦᠯᠦᠭ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ            ᠬᠤᠷᠢ ᠶᠢᠰᠦᠳᠦᠭᠡᠷ ᠵᠦᠢᠯ ᠡᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠳᠤ ᠡᠷᠬᠡᠪᠰᠢ ᠵᠦᠢ ᠵᠣᠬᠢᠰᠲᠠᠢ ᠨᠡᠭᠡᠭᠡᠨ ᠮᠠᠯᠲᠠᠬᠤ ᠲᠡᠰ ᠳᠠᠷᠠᠭᠠᠯᠠᠯ᠂ ᠨᠡᠭᠡᠭᠡᠨ ᠮᠠᠯᠲᠠᠬᠤ ᠠᠷᠭ᠎ᠠ ᠪᠠ ᠬᠦᠳᠡᠷ ᠰᠢᠯᠢᠬᠦ ᠤᠷᠠᠨ ᠮᠡᠷᠭᠡᠰᠢᠯ ᠢ ᠬᠡᠷᠡᠭᠯᠡᠬᠦ ᠬᠡᠷᠡᠭᠲᠡᠢ᠃ ᠠᠭᠤᠷᠬᠠᠢ ᠶᠢᠨ ᠠᠵᠤ ᠠᠬᠤᠶᠢᠯᠠᠯ ᠤᠨ ᠨᠡᠭᠡᠭᠡᠨ ᠮᠠᠯᠲᠠᠬᠤ ᠨᠤᠷᠮ᠎ᠠ᠂ ᠠᠭᠤᠷᠬᠠᠢ ᠮᠠᠯᠲᠠᠭᠰᠠᠨ ᠤ ᠶᠠᠳᠠᠭᠤᠷᠠᠯ ᠤᠨ ᠨᠤᠷᠮ᠎ᠠ ᠪᠠ ᠬᠦᠳᠡᠷ ᠰᠢᠯᠢᠵᠦ ᠡᠭᠡᠭᠦᠯᠦᠨ ᠬᠤᠷᠢᠶᠠᠬᠤ ᠨᠤᠷᠮ᠎ᠠ ᠨᠢ ᠵᠢᠷᠤᠭ ᠲᠥᠯᠥᠪᠯᠡᠭᠡᠨ ᠤ ᠱᠠᠭᠠᠷᠳᠠᠯᠭ᠎ᠠ ᠳᠤ ᠬᠦᠷᠦᠭᠰᠡᠨ ᠪᠠᠶᠢᠬᠤ ᠬᠡᠷᠡᠭᠲᠡᠢ᠃            ᠭᠤᠴᠢᠳᠤᠭᠠᠷ ᠵᠦᠢᠯ ᠭᠤᠣᠯ ᠪᠣᠯᠬᠤ ᠠᠭᠤᠷᠬᠠᠢ ᠶᠢᠨ ᠭᠠᠷᠤᠯᠲᠠ ᠶᠢ ᠨᠡᠭᠡᠭᠡᠨ ᠮᠠᠯᠲᠠᠬᠤ ᠶᠢᠨ ᠵᠡᠷᠭᠡᠴᠡᠭᠡᠪᠡᠷ ᠠᠵᠤ ᠦᠢᠯᠡᠳᠪᠦᠷᠢ ᠶᠢᠨ ᠦᠨ᠎ᠡ ᠥᠷᠲᠡᠭ ᠲᠠᠢ ᠬᠠᠮᠲᠤ ᠪᠠᠷ ᠠᠮᠢᠳᠤᠷᠠᠬᠤ ᠪᠠ ᠳᠠᠭᠠᠯᠳᠤᠨ ᠭᠠᠷᠬᠤ ᠠᠭᠤᠷᠬᠠᠢ ᠶᠢᠨ ᠭᠠᠷᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠪᠦᠬᠦ ᠲᠠᠯ᠎ᠠ ᠪᠠᠷ ᠨᠡᠭᠡᠭᠡᠨ ᠮᠠᠯᠲᠠᠵᠤ᠂ ᠪᠦᠬᠦ ᠲᠠᠯ᠎ᠠ ᠪᠠᠷ ᠠᠰᠢᠭᠯᠠᠵᠤ᠂ ᠪᠦᠷᠢᠯᠭᠡᠨ ᠰᠦᠢᠳᠬᠡᠬᠦ ᠶᠢ ᠰᠡᠷᠭᠡᠶᠢᠯᠡᠬᠦ ᠬᠡᠷᠡᠭᠲᠡᠢ᠃ ᠲᠦᠷ ᠴᠠᠭ ᠶᠡᠷᠦᠩᠬᠡᠶᠢᠯᠡᠨ ᠮᠠᠯᠲᠠᠵᠤ ᠳᠡᠶᠢᠯᠬᠦ ᠦᠭᠡᠢ ᠪᠤᠶᠤ ᠡᠷᠬᠡᠪᠰᠢ ᠵᠡᠷᠭᠡᠪᠡᠷ ᠮᠠᠯᠲᠠᠵᠤ ᠭᠠᠷᠭᠠᠬᠤ ᠬᠡᠷᠡᠭᠲᠡᠢ ᠪᠣᠯᠪᠠᠴᠤ ᠲᠦᠷ ᠴᠠᠭ ᠶᠡᠷᠦᠩᠬᠡᠶᠢᠯᠡᠨ ᠠᠰᠢᠭᠯᠠᠵᠤ ᠳᠡᠶᠢᠯᠬᠦ ᠦᠭᠡᠢ ᠠᠭᠤᠷᠬᠠᠢ ᠶᠢᠨ ᠭᠠᠷᠤᠯᠲᠠ ᠵᠢᠴᠢ ᠬᠡᠷᠡᠭᠴᠡᠭᠡ ᠲᠠᠢ ᠨᠠᠶᠢᠷᠠᠯᠭ᠎ᠠ ᠲᠠᠢ ᠦᠯᠡᠳᠡᠭᠳᠡᠯ ᠬᠦᠳᠡᠷ ᠲᠤ ᠪᠦᠲᠦᠮᠵᠢᠲᠡᠶ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠠᠪᠴᠤ ᠪᠠᠶᠢᠭᠠᠳ ᠬᠤᠬᠢᠷᠠᠯ ᠡᠪᠳᠡᠯᠡᠭᠡ ᠶᠢ ᠰᠡᠷᠭᠡᠶᠢᠯᠡᠬᠦ ᠬᠡᠷᠡᠭᠲᠡᠢ᠃            ᠭᠤᠴᠢᠨ ᠨᠢᠭᠡᠳᠦᠭᠡᠷ ᠵᠦᠢᠯ ᠡᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠳᠤ ᠡᠷᠬᠡᠪᠰᠢ ᠬᠥᠳᠡᠯᠮᠦᠷᠢ ᠶᠢᠨ ᠠᠶᠤᠯᠭᠦᠢ ᠪᠠᠶᠢᠬᠤ ᠪᠠ ᠡᠷᠡᠭᠦᠯ ᠬᠠᠮᠠᠭᠠᠯᠠᠯ ᠤᠨ ᠲᠤᠬᠠᠢ ᠤᠯᠤᠰ ᠤᠨ ᠲᠣᠭᠲᠠᠭᠠᠯ ᠢ ᠵᠢᠷᠤᠮᠯᠠᠵᠤ᠂ ᠠᠶᠤᠯᠭᠦᠢ ᠦᠢᠯᠡᠳᠪᠦᠷᠢᠯᠡᠬᠦ ᠶᠢ ᠪᠠᠲᠤᠯᠠᠬᠤ ᠴᠢᠬᠤᠯᠠ ᠪᠦᠬᠦᠢ ᠨᠥᠬᠦᠴᠡᠯ ᠢ ᠪᠦᠷᠢᠯᠳᠦᠭᠦᠯᠬᠦ ᠬᠡᠷᠡᠭᠲᠡᠢ᠃            ᠭᠤᠴᠢᠨ ᠬᠤᠶᠠᠳᠤᠭᠠᠷ ᠵᠦᠢᠯ ᠡᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠳᠤ ᠡᠷᠬᠡᠪᠰᠢ ᠣᠷᠴᠢᠨ ᠠᠬᠤᠢ ᠶᠢ ᠬᠠᠮᠠᠭᠠᠯᠠᠬᠤ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠢ ᠵᠢᠷᠤᠮᠯᠠᠵᠤ᠂ ᠣᠷᠴᠢᠨ ᠠᠬᠤᠢ ᠶᠢ ᠪᠣᠬᠢᠷᠲᠤᠭᠤᠯᠬᠤ ᠶᠢ ᠰᠡᠷᠭᠡᠶᠢᠯᠡᠬᠦ ᠬᠡᠷᠡᠭᠲᠡᠢ᠃            ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠳᠤ ᠭᠠᠵᠠᠷ ᠢ ᠠᠷᠪᠢᠯᠠᠵᠤ‌‍ᠲ᠋ᠠᠷᠢᠶᠠᠨ ᠭᠠᠵᠠᠷ᠂ ᠨᠤᠲᠤᠭ ᠪᠡᠯᠴᠢᠭᠡᠷ᠂ ᠣᠶᠢᠲᠤ ᠭᠠᠵᠠᠷ ᠠᠭᠤᠷᠬᠠᠢ ᠮᠠᠯᠲᠠᠭᠰᠠᠨ ᠠᠴᠠ ᠪᠣᠯᠵᠤ ᠡᠪᠳᠡᠭᠳᠡᠭᠰᠡᠨ ᠪᠠᠶᠢᠪᠠᠯ᠂ ᠠᠭᠤᠷᠬᠠᠢ ᠶᠢᠨ ᠠᠵᠤ ᠠᠬᠤᠶᠢᠯᠠᠯ ᠨᠢ ᠭᠠᠵᠠᠷ ᠣᠷᠣᠨ ᠤ ᠪᠠᠨ ᠪᠠᠶᠢᠳᠠᠯ ᠳᠤ ᠲᠣᠬᠢᠷᠠᠭᠤᠯᠤᠨ ᠲᠠᠬᠢᠨ ᠬᠠᠭᠠᠯᠪᠤᠷᠢᠯᠠᠨ ᠠᠰᠢᠭᠯᠠᠬᠤ᠂ ᠡᠪᠡᠰᠦ ᠮᠣᠳᠣ ᠲᠠᠷᠢᠬᠤ ᠪᠤᠶᠤ ᠪᠤᠰᠤᠳ ᠠᠰᠢᠭᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃            ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠭᠰᠠᠨ ᠠᠴᠠ ᠪᠣᠯᠵᠤ ᠪᠤᠰᠤᠳ ᠤᠨ ᠦᠢᠯᠡᠳᠪᠦᠷᠢᠯᠡᠬᠦ ᠠᠵᠢᠯ᠂ ᠠᠮᠢᠳᠤᠷᠠᠯ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ ᠬᠠᠷᠢᠭᠤᠴᠠᠨ ᠲᠥᠯᠥᠬᠦ ᠬᠡᠷᠡᠭᠲᠡᠢ ᠪᠥᠭᠡᠳ ᠴᠢᠬᠤᠯᠠ ᠪᠦᠬᠦᠢ ᠨᠥᠬᠦᠪᠦᠷᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠢ᠃            ᠭᠤᠴᠢᠨ ᠭᠤᠷᠪᠠᠳᠤᠭᠠᠷ ᠵᠦᠢᠯ ᠲᠡᠮᠦᠷ ᠵᠡᠮ᠂ ᠦᠢᠯᠡᠳᠪᠦᠷᠢ᠂ ᠤᠰᠦᠠ ᠴᠥᠭᠦᠷᠥᠮ᠂ ᠲᠣᠰᠣ ᠳᠠᠮᠵᠢᠭᠤᠯᠬᠤ ᠬᠤᠭᠤᠯᠠᠢ᠂ ᠴᠠᠬᠢᠯᠭᠠᠨ ᠬᠦᠷᠭᠡᠬᠦ ᠱᠤᠭᠤᠮ ᠪᠠ ᠲᠥᠷᠥᠯ ᠪᠦᠷᠢ ᠶᠢᠨ ᠲᠣᠮᠣ ᠬᠡᠯᠪᠡᠷᠢ ᠶᠢᠨ ᠪᠠᠷᠢᠯᠭ᠎ᠠ ᠪᠤᠶᠤ ᠪᠠᠷᠢᠯᠭ᠎ᠠ ᠶᠢᠨ ᠪᠥᠭᠡᠮᠨᠡᠷᠡᠯ ᠢ ᠪᠦᠲᠦᠭᠡᠨ ᠪᠠᠶᠢᠭᠤᠯᠬᠤ ᠠᠴᠠ ᠡᠮᠦᠨ᠎ᠡ᠂ ᠪᠦᠲᠦᠭᠡᠨ ᠪᠠᠶᠢᠭᠤᠯᠬᠤ ᠨᠢᠭᠡᠴᠢ ᠡᠷᠬᠡᠪᠰᠢ ᠪᠠᠶᠢᠭ᠎ᠠ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠭᠠᠵᠠᠷ ᠰᠢᠨᠵᠢᠯᠡᠭᠡ ᠠᠭᠤᠷᠬᠠᠢ ᠶᠢᠨ ᠭᠠᠷᠤᠯᠲᠠ ᠶᠢ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠪᠠᠶᠢᠭᠤᠯᠬᠤ ᠪᠠᠷ ᠪᠠᠶᠢᠭ᠎ᠠ ᠪᠠᠷᠢᠯᠭ᠎ᠠ ᠶᠢᠨ ᠪᠠᠶᠢᠭ᠎ᠠ ᠭᠠᠵᠠᠷ ᠣᠷᠣᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠲᠠᠷᠬᠠᠯᠲᠠ ᠪᠠ ᠨᠡᠭᠡᠭᠡᠨ ᠮᠠᠯᠲᠠᠵᠤ ᠪᠠᠶᠢᠭ᠎ᠠ ᠪᠠᠶᠢᠳᠠᠯ ᠢ ᠣᠶᠢᠯᠠᠭᠠᠬᠤ ᠬᠡᠷᠡᠭᠲᠡᠢ᠃ ᠲᠥᠷᠥ ᠶᠢᠨ ᠶᠠᠪᠤᠳᠠᠯ ᠤᠨ ᠬᠤᠷᠢᠶᠠᠨ ᠤ ᠡᠷᠬᠡ ᠣᠯᠭᠤᠭᠰᠠᠨ ᠰᠠᠯᠠᠭ᠎ᠠ ᠮᠥᠴᠢᠷ ᠤᠨ ᠵᠥᠪᠰᠢᠶᠡᠷᠡᠯ ᠦᠭᠡᠢ ᠪᠠᠷ ᠴᠢᠬᠤᠯᠠ ᠬᠦᠳᠡᠷ ᠤᠨ ᠬᠡᠪᠲᠡᠰᠢ ᠶᠢ ᠳᠠᠷᠤᠵᠤ ᠪᠣᠯᠬᠤ ᠦᠭᠡᠢ᠃            ᠭᠤᠴᠢᠨ ᠳᠥᠷᠪᠡᠳᠦᠭᠡᠷ ᠵᠦᠢᠯ ᠲᠣᠭᠲᠠᠭᠠᠭᠰᠠᠨ ᠨᠢᠭᠡᠴᠢ ᠠᠴᠠ ᠨᠢᠭᠡᠳᠦᠯᠲᠡᠢ ᠬᠤᠳᠠᠯᠳᠤᠨ ᠠᠪᠬᠤ ᠪᠠᠷ ᠳᠦᠷᠦ ᠶᠢᠨ ᠶᠠᠪᠤᠳᠠᠯ ᠤᠨ ᠬᠤᠷᠢᠶᠠᠨ ᠠᠴᠠ ᠲᠣᠭᠲᠠᠭᠠᠭᠰᠠᠨ ᠠᠭᠤᠷᠬᠠᠢ ᠶᠢᠨ ᠭᠠᠷᠤᠯᠲᠠ ᠶᠢ ᠶᠠᠮᠠᠷᠪᠠ ᠪᠤᠰᠤᠳ ᠨᠢᠭᠡᠴᠢ ᠪᠤᠶᠤ ᠬᠤᠪᠢ ᠬᠥᠮᠥᠨ ᠬᠤᠳᠠᠯᠳᠤᠨ ᠠᠪᠴᠤ ᠪᠣᠯᠬᠤ ᠦᠭᠡᠢ᠃ ᠨᠡᠭᠡᠭᠡᠨ ᠮᠠᠯᠲᠠᠭᠴᠢᠳ ᠵᠢᠭᠠᠨ ᠲᠣᠭᠲᠠᠭᠠᠭᠰᠠᠨ ᠪᠤᠰᠤ ᠨᠢᠭᠡᠴᠢ ᠳᠤ ᠪᠣᠷᠣᠯᠠᠭᠤᠯᠵᠤ ᠪᠣᠯᠬᠤ ᠦᠭᠡᠢ᠃            ᠲᠠᠪᠤᠳᠤᠭᠠᠷ ᠪᠦᠯᠦᠭ ᠬᠠᠮᠲᠤ ᠶᠢᠨ ᠠᠭᠤᠷᠬᠠᠢ ᠶᠢᠨ ᠠᠵᠤ ᠠᠬᠤᠶᠢᠯᠠᠯ ᠪᠠ ᠬᠤᠪᠢ ᠬᠥᠮᠥᠨ ᠤ ᠠᠭᠤᠷᠬᠠᠢ ᠮᠠᠯᠲᠠᠬᠤ            ᠭᠤᠴᠢᠨ ᠲᠠᠪᠤᠳᠤᠭᠠᠷ ᠵᠦᠢᠯ ᠤᠯᠤᠰ ᠠᠴᠠ ᠬᠠᠮᠲᠤ ᠶᠢᠨ ᠠᠭᠤᠷᠬᠠᠢ ᠶᠢᠨ ᠠᠵᠤ ᠠᠬᠤᠶᠢᠯᠠᠯ ᠪᠣᠯᠣᠨ ᠬᠤᠪᠢ ᠬᠥᠮᠥᠨ ᠤ ᠠᠭᠤᠷᠬᠠᠢ ᠮᠠᠯᠲᠠᠬᠤ ᠶᠢ ᠢᠳᠡᠪᠬᠢᠲᠡᠢ ᠪᠠᠷ ᠲᠡᠳᠬᠦᠨ ᠳᠡᠮᠵᠢᠬᠦ᠂ ᠵᠦᠢ ᠵᠣᠬᠢᠰᠲᠠᠢ ᠲᠥᠯᠥᠪᠵᠢᠭᠦᠯᠬᠦ᠂ ᠵᠥᠪ ᠢᠶᠠᠷ ᠵᠢᠯᠤᠭᠤᠳᠬᠤ᠂ ᠬᠠᠮᠢᠶᠠᠷᠤᠯᠲᠠ ᠪᠠᠨ ᠴᠢᠩᠭᠠᠳᠬᠠᠬᠤ ᠴᠢᠭᠯᠡᠯᠲᠡ ᠶᠢ ᠬᠡᠷᠡᠭᠵᠢᠭᠦᠯᠦᠨ᠎ᠡ᠃ ᠬᠠᠮᠲᠤ ᠶᠢᠨ ᠠᠭᠤᠷᠬᠠᠢ ᠶᠢᠨ ᠠᠵᠤ ᠠᠬᠤᠶᠢᠯᠠᠯ ᠤᠨ ᠤᠯᠤᠰ ᠤᠨ ᠲᠣᠭᠲᠠᠭᠠᠭᠰᠠᠨ ᠬᠡᠪᠴᠢᠶᠡᠨ ᠳᠠᠬᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠶᠢ ᠵᠣᠷᠢᠭᠵᠢᠭᠤᠯᠵᠤ᠂ ᠬᠤᠪᠢ ᠬᠥᠮᠥᠨ ᠤ ᠲᠠᠷᠠᠬᠠᠢ ᠪᠤᠲᠠᠷᠬᠠᠢ ᠡᠬᠢ ᠪᠠᠶᠠᠯᠢᠭ ᠪᠠ ᠡᠩ ᠤᠨ ᠪᠠᠷᠢᠯᠭ᠎ᠠ ᠶᠢᠨ ᠮᠠᠲ᠋ᠧᠷᠢᠶᠠᠯ ᠳᠤ ᠯᠠ ᠬᠡᠷᠡᠭᠯᠡᠬᠦ ᠬᠠᠶᠢᠷ᠂ ᠴᠢᠯᠠᠭᠤ᠂ ᠨᠠᠩᠭᠢ ᠰᠢᠷᠣᠢ ᠮᠠᠯᠲᠠᠬᠤ ᠶᠢ ᠵᠥᠪᠰᠢᠶᠡᠷᠡᠬᠦ ᠵᠢᠴᠢ ᠠᠮᠢᠳᠤᠷᠠᠯ ᠤᠨ ᠥᠪᠡᠷ ᠤᠨ ᠬᠡᠷᠡᠭᠯᠡᠭᠡᠨ ᠳᠡᠭᠡᠨ ᠪᠠᠭ᠎ᠠ ᠬᠡᠮᠵᠢᠶᠡᠨ ᠤ ᠠᠭᠤᠷᠬᠠᠢ ᠶᠢᠨ ᠭᠠᠷᠤᠯᠲᠠ ᠶᠢ ᠨᠡᠭᠡᠭᠡᠨ ᠮᠠᠯᠲᠠᠬᠤ ᠶᠢ ᠵᠥᠪᠰᠢᠶᠡᠷᠡᠨ᠎ᠡ᠃            ᠠᠭᠤᠷᠬᠠᠢ ᠶᠢᠨ ᠭᠠᠷᠤᠯᠲᠠ ᠶᠢᠨ ᠬᠠᠳᠠᠭᠠᠯᠠᠭᠳᠠᠴᠠ ᠶᠢᠨ ᠬᠡᠮᠵᠢᠶ᠎ᠡ ᠨᠢ ᠠᠭᠤᠷᠬᠠᠢ ᠶᠢᠨ ᠠᠵᠤ ᠠᠬᠤᠶᠢᠯᠠᠯ ᠤᠨ ᠨᠡᠭᠡᠭᠡᠨ ᠮᠠᠯᠲᠠᠬᠤ ᠳᠤ ᠲᠣᠬᠢᠷᠠᠮᠵᠢᠲᠠᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ᠂ ᠤᠯᠤᠰ ᠠᠴᠠ ᠬᠠᠮᠠᠭᠠᠯᠠᠯᠲᠠ ᠶᠢᠨ ᠴᠢᠨᠠᠷᠲᠠᠢ ᠨᠡᠭᠡᠭᠡᠨ ᠮᠠᠯᠲᠠᠬᠤ ᠪᠠᠷ ᠲᠣᠭᠲᠠᠭᠠᠭᠰᠠᠨ ᠣᠨᠴᠠ ᠲᠣᠭᠲᠠᠭᠰᠠᠨ ᠠᠭᠤᠷᠬᠠᠢ ᠶᠢᠨ ᠲᠦᠷᠦᠯ ᠪᠠ ᠤᠯᠤᠰ ᠠᠴᠠ ᠬᠤᠪᠢ ᠬᠥᠮᠥᠨ ᠤ ᠨᠡᠭᠡᠭᠡᠨ ᠮᠠᠯᠲᠠᠬᠤ ᠶᠢ ᠬᠤᠷᠢᠭᠯᠠᠬᠤ ᠪᠠᠷ ᠲᠣᠭᠲᠠᠭᠠᠭᠰᠠᠨ ᠪᠤᠰᠤᠳ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠤᠪᠢ ᠬᠥᠮᠥᠨ ᠨᠡᠭᠡᠭᠡᠨ ᠮᠠᠯᠲᠠᠬᠤ ᠶᠢ ᠬᠤᠷᠢᠭᠯᠠᠨ᠎ᠠ᠃            ᠤᠯᠤᠰ ᠠᠴᠠ ᠬᠠᠮᠲᠤ ᠶᠢᠨ ᠠᠭᠤᠷᠬᠠᠢ ᠶᠢᠨ ᠠᠵᠤ ᠠᠬᠤᠶᠢᠯᠠᠯ ᠪᠠ ᠬᠤᠪᠢ ᠬᠥᠮᠥᠨ ᠤ ᠠᠭᠤᠷᠬᠠᠢ ᠮᠠᠯᠲᠠᠬᠤ ᠶᠢ ᠵᠢᠯᠣᠭᠤᠳᠤᠨ ᠬᠠᠪᠰᠤᠷᠴᠤ ᠪᠠᠶᠢᠭᠠᠳ ᠲᠧᠭᠨᠢᠭ ᠮᠡᠷᠭᠡᠵᠢᠯ ᠤᠨ ᠬᠢᠷᠢ ᠬᠡᠮᠵᠢᠶ᠎ᠡ᠂ ᠡᠬᠢ ᠪᠠᠶᠠᠯᠢᠭ ᠢ ᠠᠰᠢᠭᠯᠠᠬᠤ ᠨᠤᠷᠮ᠎ᠠ ᠪᠠ ᠠᠵᠤ ᠠᠬᠤᠢ ᠶᠢᠨ ᠦᠷ᠎ᠡ ᠠᠰᠢᠭ ᠢ ᠨᠢ ᠲᠡᠰᠦᠷᠡᠯᠳᠠ ᠦᠭᠡᠢ ᠳᠡᠭᠡᠭᠰᠢᠯᠡᠭᠦᠯᠦᠨ᠎ᠡ᠃            ᠭᠠᠵᠠᠷ ᠰᠢᠨᠵᠢᠯᠡᠭᠡ ᠠᠭᠤᠷᠬᠠᠢ ᠶᠢᠨ ᠭᠠᠷᠤᠯᠲᠠ ᠶᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠂ ᠭᠠᠵᠠᠷ ᠰᠢᠨᠵᠢᠯᠡᠭᠡᠨ ᠤ ᠠᠵᠢᠯ ᠤᠨ ᠨᠢᠭᠡᠴᠢ ᠪᠠ ᠤᠯᠤᠰ ᠤᠨ ᠥᠮᠴᠢᠯᠡᠯ ᠤᠨ ᠠᠭᠤᠷᠬᠠᠢ ᠶᠢᠨ ᠠᠵᠤ ᠠᠬᠤᠶᠢᠯᠠᠯ ᠤᠳ ᠢᠳᠡᠪᠬᠢᠲᠡᠢ ᠳᠡᠮᠵᠢᠬᠦ᠂ ᠦᠨ᠎ᠡ ᠲᠥᠯᠥᠪᠦᠷᠢ ᠲᠠᠢ ᠪᠠᠷ ᠬᠠᠷᠢᠯᠴᠠᠨ ᠬᠠᠷᠠᠭᠠᠯᠵᠠᠯ ᠦᠵᠡᠭᠦᠯᠬᠦ ᠵᠠᠷᠴᠢᠮ ᠶᠣᠰᠣᠭᠠᠷ ᠬᠠᠮᠲᠤ ᠶᠢᠨ ᠠᠭᠤᠷᠬᠠᠢ ᠶᠢᠨ ᠠᠵᠤ ᠠᠬᠤᠶᠢᠯᠠᠯ ᠪᠠ ᠬᠤᠪᠢ ᠬᠥᠮᠥᠨ ᠤ ᠠᠭᠤᠷᠬᠠᠢ ᠮᠠᠯᠲᠠᠬᠤ ᠳᠤ ᠭᠠᠵᠠᠷ ᠰᠢᠨᠵᠢᠯᠡᠭᠡᠨ ᠤ ᠮᠠᠲ᠋ᠧᠷᠢᠶᠠᠯ ᠪᠠ ᠲᠧᠭᠨᠢᠭ ᠮᠡᠷᠭᠡᠵᠢᠯ ᠤᠨ ᠦᠢᠯᠡᠴᠢᠯᠡᠭᠡ ᠬᠠᠩᠭᠠᠬᠤ ᠬᠡᠷᠡᠭᠲᠡᠢ᠃            ᠭᠤᠴᠢᠨ ᠵᠢᠷᠭᠤᠳᠤᠭᠠᠷ ᠵᠦᠢᠯ ᠲᠥᠷᠥ ᠶᠢᠨ ᠶᠠᠪᠤᠳᠠᠯ ᠤᠨ ᠬᠤᠷᠢᠶ᠎ᠠ ᠪᠣᠯᠣᠨ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠤᠨ ᠵᠥᠪᠰᠢᠶᠡᠷᠡᠯ ᠢᠶᠠᠷ ᠪᠠᠶᠢᠭᠤᠯᠤᠭᠰᠠᠨ ᠠᠭᠤᠷᠬᠠᠢ ᠶᠢᠨ ᠠᠵᠤ ᠠᠬᠤᠶᠢᠯᠠᠯ ᠤᠨ ᠠᠭᠤᠷᠬᠠᠢ ᠶᠢᠨ ᠣᠷᠣᠨ ᠤ ᠬᠡᠪᠴᠢᠶᠡᠨ ᠳᠠᠬᠢ ᠨᠢᠭᠡᠨᠲᠡ ᠪᠠᠶᠢᠭ᠎ᠠ ᠬᠠᠮᠲᠤ ᠶᠢᠨ ᠠᠭᠤᠷᠬᠠᠢ ᠶᠢᠨ ᠠᠵᠤ ᠠᠬᠤᠶᠢᠯᠠᠯ ᠤᠳ ᠡᠭᠦᠳᠡ ᠪᠠᠨ ᠬᠠᠭᠠᠬᠤ ᠪᠤᠶᠤ ᠵᠢᠭᠠᠨ ᠲᠣᠭᠲᠠᠭᠠᠭᠰᠠᠨ ᠪᠤᠰᠤᠳ ᠭᠠᠵᠠᠷ ᠲᠤ ᠣᠴᠢᠵᠤ ᠨᠡᠭᠡᠭᠡᠨ ᠮᠠᠯᠲᠠᠬᠤ ᠬᠡᠷᠡᠭᠲᠡᠢ᠂ ᠡᠭᠦᠨ ᠳᠤ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠨᠢᠭᠡᠴᠢ ᠠᠴᠠ ᠵᠦᠢ ᠵᠣᠬᠢᠰᠲᠠᠢ ᠲᠥᠯᠥᠪᠦᠷᠢ ᠥᠭᠬᠦ ᠶᠢᠨ ᠬᠠᠮᠲᠤ ᠤᠯᠡᠠ ᠲᠦᠮᠡᠨ ᠤ ᠠᠮᠢᠳᠤᠷᠠᠯ ᠢ ᠲᠣᠬᠢᠲᠠᠢ ᠲᠥᠪᠬᠢᠨᠡᠭᠦᠯᠦᠨ᠎ᠡ᠃ ᠲᠤᠰ ᠠᠭᠤᠷᠬᠠᠢ ᠶᠢᠨ ᠠᠵᠤ ᠠᠬᠤᠶᠢᠯᠠᠯ ᠤᠨ ᠨᠢᠭᠡᠳᠦᠯᠲᠡᠢ ᠲᠣᠬᠢᠷᠠᠭᠤᠯᠤᠭᠰᠠᠨ ᠶᠣᠰᠣᠭᠠᠷ ᠬᠤᠯᠪᠤᠭᠠᠯᠠᠨ ᠡᠵᠡᠩᠨᠡᠭᠰᠡᠨ ᠴᠦ ᠪᠣᠯᠣᠨ᠎ᠠ᠃            ᠭᠤᠴᠢᠨ ᠳᠣᠯᠣᠳᠤᠭᠠᠷ ᠵᠦᠢᠯ ᠬᠠᠮᠲᠤ ᠶᠢᠨ ᠠᠭᠤᠷᠬᠠᠶ ᠶᠢᠨ ᠠᠵᠤ ᠠᠬᠤᠶᠢᠯᠠᠯ ᠪᠣᠯᠤᠨ ᠬᠤᠪᠢ ᠶᠢᠨ ᠠᠭᠤᠷᠬᠠᠶ ᠮᠠᠯᠲᠠᠬᠤ ᠶᠠᠪᠤᠳᠠᠯ ᠳᠤ ᠮᠡᠷᠭᠡᠵᠢᠯ ᠤᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠡᠭᠡᠭᠦᠯᠦᠨ ᠬᠤᠷᠢᠶᠠᠬᠤ ᠨᠣᠷᠮ᠎ᠠ ᠪᠠᠨ ᠳᠡᠭᠡᠭᠰᠢᠯᠡᠭᠦᠯᠬᠦ ᠬᠡᠷᠡᠭᠲᠡᠶ᠃ ᠳᠤᠷ᠎ᠠ ᠪᠠᠷ ᠢᠶᠠᠨ ᠠᠭᠤᠷᠬᠠᠢ ᠮᠠᠯᠲᠠᠵᠤ ᠠᠭᠤᠷᠬᠠᠢ ᠶᠢᠨ ᠡᠬᠢ ᠪᠠᠶᠠᠯᠢᠭ ᠢ ᠡᠪᠳᠡᠬᠦ ᠶᠢ ᠬᠤᠷᠢᠭᠯᠠᠨ᠎ᠠ᠃                    ᠬᠠᠮᠲᠤ ᠶᠢᠨ ᠠᠭᠤᠷᠬᠠᠢ ᠶᠢᠨ ᠠᠵᠤ ᠠᠬᠤᠶᠢᠯᠠᠯ ᠤᠳ ᠡᠷᠬᠡᠪᠰᠢ ᠬᠤᠳᠳᠤᠭ ᠤᠨ ᠳᠡᠭᠡᠷ᠎ᠡ᠂ ᠬᠤᠳᠳᠤᠭ ᠤᠨ ᠳᠣᠣᠷᠠᠬᠢ ᠪᠠᠷᠢᠯᠭ᠎ᠠ ᠶᠢᠨ ᠬᠠᠷᠢᠴᠠᠭᠤᠯᠤᠭᠰᠠᠨ ᠵᠢᠷᠤᠭ ᠢ ᠬᠡᠮᠵᠢᠨ ᠵᠢᠷᠤᠬᠤ ᠬᠡᠷᠡᠭᠲᠡᠢ᠃            ᠭᠤᠴᠢᠨ ᠨᠠᠢᠮᠠᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠢᠬᠢ ᠠᠷᠠᠳ ᠤᠨ ᠵᠠᠰᠠᠭ ᠤᠨ ᠣᠷᠳᠣᠨ ᠨᠤᠭᠤᠳ ᠬᠠᠮᠲᠤ ᠶᠢᠨ ᠠᠭᠤᠷᠬᠠᠢ ᠶᠢᠨ ᠠᠵᠤ ᠠᠬᠤᠶᠢᠯᠠᠯ ᠪᠣᠯᠣᠨ ᠬᠤᠪᠢ ᠬᠥᠮᠥᠨ ᠤ ᠠᠭᠤᠷᠬᠠᠢ ᠮᠠᠯᠲᠠᠬᠤ ᠶᠢ ᠵᠢᠯᠣᠭᠤᠳᠤᠨ ᠬᠠᠪᠰᠤᠷᠴᠤ ᠪᠠᠶᠢᠭᠠᠳ ᠲᠧᠭᠨᠢᠭ ᠮᠡᠷᠭᠡᠵᠢᠯ ᠤᠨ ᠥᠭᠡᠷᠡᠴᠢᠯᠡᠯᠲᠡ ᠬᠢᠯᠭᠡᠵᠦ᠂ ᠡᠵᠡᠩᠨᠡᠯᠲᠡ ᠬᠠᠮᠢᠶᠠᠷᠤᠯᠲᠠ ᠶᠢ ᠨᠢ ᠰᠠᠶᠢᠵᠢᠷᠠᠭᠤᠯᠵᠤ᠂ ᠠᠶᠤᠯᠭᠦᠢ ᠦᠢᠯᠡᠳᠪᠦᠷᠢᠯᠡᠬᠦ ᠶᠢ ᠨᠢ ᠴᠢᠩᠭᠠᠳᠬᠠᠬᠤ ᠬᠡᠷᠡᠭᠲᠡᠢ᠃            ᠵᠢᠷᠭᠤᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ            ᠭᠤᠴᠢ ᠶᠢᠰᠦᠳᠦᠭᠡᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠠᠭᠤᠷᠬᠠᠢ ᠮᠠᠯᠲᠠᠬᠤ ᠵᠥᠪᠰᠢᠶᠡᠷᠡᠯ ᠤᠨ ᠦᠨᠡᠮᠯᠡᠯ ᠣᠯᠣᠭᠰᠠᠨ ᠦᠭᠡᠢ ᠪᠠᠷ ᠳᠤᠷ᠎ᠠ ᠪᠠᠷ ᠢᠶᠠᠨ ᠠᠭᠤᠷᠬᠠᠢ ᠮᠠᠯᠲᠠᠭᠰᠠᠨ᠂ ᠤᠯᠤᠰ ᠤᠨ ᠲᠥᠯᠥᠪᠵᠢᠭᠦᠯᠦᠭᠰᠡᠨ ᠠᠭᠤᠷᠬᠠᠢ ᠶᠢᠨ ᠣᠷᠣᠨ ᠳᠤ ᠳᠤᠷ᠎ᠠ ᠪᠠᠷ ᠢᠶᠠᠨ ᠣᠷᠣᠭᠰᠠᠨ᠂ ᠤᠯᠤᠰ ᠠᠷᠠᠳ ᠤᠨ ᠠᠵᠤ ᠠᠬᠤᠢ ᠳᠤ ᠴᠢᠬᠤᠯᠠ ᠦᠨ᠎ᠡ ᠦᠷᠳᠡᠭ ᠲᠠᠢ ᠠᠭᠤᠷᠬᠠᠢ ᠶᠢᠨ ᠣᠷᠣᠨ ᠤ ᠬᠡᠪᠴᠢᠶᠡᠨ ᠳᠤ ᠳᠤᠷ᠎ᠠ ᠪᠠᠷ ᠢᠶᠠᠨ ᠠᠭᠤᠷᠬᠠᠢ ᠮᠠᠯᠲᠠᠭᠰᠠᠨ᠂ ᠤᠯᠤᠰ ᠠᠴᠠ ᠬᠠᠮᠠᠭᠠᠯᠠᠯᠲᠠ ᠶᠢᠨ ᠴᠢᠨᠠᠷᠲᠠᠢ ᠨᠡᠭᠡᠭᠡᠨ ᠮᠠᠯᠲᠠᠬᠤ ᠶᠢ ᠬᠡᠷᠡᠭᠵᠢᠭᠦᠯᠬᠦ ᠪᠠᠷ ᠲᠣᠭᠲᠠᠭᠠᠭᠰᠠᠨ ᠣᠨᠴᠠ ᠲᠣᠭᠲᠠᠭᠰᠠᠨ ᠠᠭᠤᠷᠬᠠᠢ ᠶᠢᠨ ᠲᠦᠷᠦᠯ ᠢ ᠳᠤᠷ᠎ᠠ ᠪᠠᠷ ᠢᠶᠠᠨ ᠨᠡᠭᠡᠭᠡᠨ ᠮᠠᠯᠲᠠᠭᠰᠠᠨ ᠪᠠᠶᠢᠪᠠᠯ᠂ ᠵᠠᠷᠯᠢᠭᠳᠠᠵᠤ ᠪᠠᠶᠢᠭᠠᠳ ᠮᠠᠯᠲᠠᠬᠤ ᠶᠢ ᠨᠢ ᠵᠣᠭᠰᠣᠭᠠᠵᠤ᠂ ᠬᠤᠬᠢᠷᠠᠯ ᠢ ᠨᠢ ᠲᠥᠯᠥᠭᠦᠯᠵᠦ᠂ ᠮᠠᠯᠲᠠᠵᠤ ᠭᠠᠷᠭᠠᠭᠰᠠᠨ ᠠᠭᠤᠷᠬᠠᠢ ᠶᠢᠨ ᠭᠠᠷᠤᠯᠲᠠ ᠪᠠ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠬᠤ ᠪᠥᠭᠡᠳ ᠲᠣᠷᠭᠠᠭᠤᠯᠢ ᠣᠨᠣᠭᠳᠠᠭᠤᠯᠵᠤ ᠨᠡᠶᠢᠯᠡᠭᠦᠯᠦᠨ ᠰᠢᠢᠳᠭᠡᠵᠦ ᠪᠣᠯᠣᠨ᠎ᠠ᠃ ᠮᠠᠯᠲᠠᠬᠤ ᠪᠠᠨ ᠵᠣᠭᠰᠣᠬᠤ ᠶᠢ ᠲᠡᠪᠴᠢᠵᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠡᠪᠳᠡᠭᠰᠡᠨ ᠪᠠᠶᠢᠪᠠᠯ᠂ ᠡᠷᠡᠭᠦᠦ ᠶᠢᠨ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠭᠤᠳ ᠬᠠᠷᠢᠭᠤᠴᠠᠯᠭ᠎ᠠ ᠲᠠᠢ ᠬᠥᠮᠥᠨ ᠠᠴᠠ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃            ᠨᠢᠭᠡᠴᠢ ᠪᠠ ᠬᠤᠪᠢ ᠬᠥᠮᠥᠨ ᠪᠤᠰᠤᠳ ᠤᠨ ᠬᠠᠤᠯᠢ ᠶᠣᠰᠣᠭᠠᠷ ᠪᠠᠶᠢᠭᠤᠯᠤᠭᠰᠠᠨ ᠤᠯᠤᠰ ᠤᠨ ᠥᠮᠴᠢᠯᠡᠯ ᠤᠨ ᠠᠭᠤᠷᠬᠠᠢ ᠶᠢᠨ ᠠᠵᠤ ᠠᠬᠤᠶᠢᠯᠠᠯ ᠪᠠ ᠪᠤᠰᠤᠳ ᠠᠭᠤᠷᠬᠠᠢ ᠶᠢᠨ ᠠᠵᠤ ᠠᠬᠤᠶᠢᠯᠠᠯ ᠤᠨ ᠠᠭᠤᠷᠬᠠᠢ ᠶᠢᠨ ᠣᠷᠣᠨ ᠤ ᠬᠡᠪᠴᠢᠶᠡᠨ ᠳᠤ ᠣᠷᠣᠵᠤ ᠠᠭᠤᠷᠬᠠᠢ ᠮᠠᠯᠲᠠᠭᠰᠠᠨ ᠪᠠᠶᠢᠪᠠᠯ᠂ ᠡᠮᠦᠨᠡᠬᠢ ᠪᠠᠳᠠᠭ ᠤᠨ ᠲᠣᠭᠲᠠᠭᠠᠯ ᠶᠣᠰᠣᠭᠠᠷ ᠰᠢᠢᠳᠬᠡᠨ᠎ᠡ᠃            ᠳᠥᠴᠢᠳᠦᠭᠡᠷ ᠵᠦᠢᠯ ᠵᠥᠪᠰᠢᠶᠡᠷᠡᠭᠦᠯᠦᠭᠰᠡᠨ ᠠᠭᠤᠷᠬᠠᠢ ᠶᠢᠨ ᠣᠷᠣᠨ ᠤ ᠬᠡᠪᠴᠢᠶ᠎ᠡ ᠠᠴᠠ ᠳᠠᠪᠠᠵᠤ ᠠᠭᠤᠷᠬᠠᠢ ᠮᠠᠯᠲᠠᠭᠰᠠᠨ ᠪᠠᠶᠢᠪᠠᠯ᠂ ᠵᠠᠷᠯᠢᠭᠳᠠᠵᠤ ᠪᠠᠶᠢᠭᠠᠳ ᠲᠤᠰ ᠠᠭᠤᠷᠬᠠᠢ ᠶᠢᠨ ᠣᠷᠣᠨ ᠤ ᠬᠡᠪᠴᠢᠶᠡᠨ ᠳᠡᠭᠡᠨ ᠪᠤᠴᠠᠭᠠᠵᠤ ᠮᠠᠯᠲᠠᠭᠤᠯᠵᠤ᠂ ᠬᠤᠬᠢᠷᠠᠯ ᠢ ᠲᠥᠯᠥᠭᠦᠯᠵᠦ᠂ ᠵᠠᠭᠠᠭ ᠳᠠᠪᠠᠵᠤ ᠮᠠᠯᠲᠠᠭᠰᠠᠨ ᠠᠭᠤᠷᠬᠠᠢ ᠶᠢᠨ ᠭᠠᠷᠤᠯᠲᠠ ᠪᠠ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠬᠤ ᠪᠥᠭᠡᠳ ᠲᠣᠷᠭᠠᠭᠤᠯᠢ ᠣᠨᠣᠭᠳᠠᠭᠤᠯᠵᠤ ᠨᠡᠶᠢᠯᠡᠭᠦᠯᠦᠨ ᠰᠢᠢᠳᠭᠡᠵᠦ ᠪᠣᠯᠣᠨ᠎ᠠ᠃ ᠲᠤᠰ ᠠᠭᠤᠷᠬᠠᠢ ᠶᠢᠨ ᠣᠷᠣᠨ ᠤ ᠪᠠᠨ ᠬᠡᠪᠴᠢᠶᠡᠨ ᠳᠤ ᠪᠤᠴᠠᠭᠠᠵᠤ ᠮᠠᠯᠲᠠᠭᠤᠯᠬᠤ ᠶᠢ ᠲᠡᠪᠴᠢᠭᠡᠳ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠡᠪᠳᠡᠭᠰᠡᠨ ᠪᠠᠶᠢᠪᠠᠯ᠂ ᠠᠭᠤᠷᠬᠠᠢ ᠮᠠᠯᠲᠠᠬᠤ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠵᠤ᠂ ᠡᠷᠡᠭᠦᠦ ᠶᠢᠨ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠭᠤᠳ ᠬᠠᠷᠢᠭᠤᠴᠠᠯᠭ᠎ᠠ ᠲᠠᠢ ᠬᠥᠮᠥᠨ ᠠᠴᠠ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃            ᠳᠥᠴᠢᠨ ᠨᠢᠭᠡᠳᠦᠭᠡᠷ ᠵᠦᠢᠯ ᠡᠭᠤᠷᠬᠠᠶ ᠶᠢᠨ ᠠᠵᠤ ᠠᠬᠤᠶᠢᠯᠠᠯ ᠪᠠ ᠬᠠᠶᠢᠨ ᠪᠠᠶᠢᠴᠠᠭᠠᠬᠤ ᠨᠢᠭᠡᠴᠢ ᠶᠢᠨ ᠠᠭᠤᠷᠬᠠᠢ ᠶᠢᠨ ᠭᠠᠷᠤᠯᠲᠠ ᠪᠠ ᠪᠤᠰᠤᠳ ᠡᠳ᠋ ᠪᠣᠳᠠᠰ ᠢ ᠬᠤᠯᠠᠭᠠᠶᠢᠯᠠᠭᠰᠠᠨ᠂ ᠪᠤᠯᠢᠶᠠᠭᠰᠠᠨ᠂ ᠠᠭᠤᠷᠬᠠᠢ ᠮᠠᠯᠲᠠᠬᠤ᠂ ᠬᠠᠶᠢᠨ ᠪᠠᠶᠢᠴᠠᠭᠠᠬᠤ ᠲᠥᠬᠦᠭᠡᠷᠦᠮᠵᠢ ᠶᠢ ᠡᠪᠳᠡᠭᠰᠡᠨ᠂ ᠠᠭᠤᠷᠬᠠᠢ ᠶᠢᠨ ᠣᠷᠣᠨ ᠪᠠ ᠬᠠᠶᠢᠨ ᠪᠠᠶᠢᠴᠠᠭᠠᠬᠤ ᠠᠵᠢᠯ ᠤᠨ ᠲᠣᠭᠤᠷᠢᠭ ᠤᠨ ᠦᠢᠯᠡᠳᠪᠦᠷᠢᠯᠡᠬᠦ ᠠᠵᠢᠯ ᠤᠨ ᠡᠮᠬᠢ ᠵᠢᠷᠤᠮ᠂ ᠠᠵᠢᠯ ᠤᠨ ᠡᠮᠬᠢ ᠵᠢᠷᠤᠮ ᠢ ᠰᠠᠮᠠᠭᠤᠷᠠᠭᠤᠯᠤᠭᠰᠠᠨ ᠪᠠᠶᠢᠪᠠᠯ᠂ ᠡᠷᠡᠭᠦᠦ ᠶᠢᠨ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠤᠰ ᠲᠤᠰ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠦᠢᠯᠡ ᠪᠠᠶᠢᠳᠠᠯ ᠨᠢ ᠢᠯᠡᠳᠲᠡ ᠬᠥᠩᠭᠡᠪᠲᠦᠷ ᠪᠠᠶᠢᠪᠠᠯ᠂ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠬᠡᠯ ᠤᠨ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠬᠡᠨ᠎ᠡ᠃            ᠳᠥᠴᠢᠨ ᠬᠤᠶᠠᠳᠤᠭᠠᠷ ᠵᠦᠢᠯ ᠡᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠮᠠᠶᠢᠮᠠᠶᠢᠯᠠᠭᠰᠠᠨ᠂ ᠲᠦᠷᠢᠶᠡᠰᠦᠯᠡᠭᠦᠯᠦᠭᠰᠡᠨ ᠪᠤᠶᠤ ᠪᠤᠰᠤᠳ ᠬᠡᠯᠪᠡᠷᠢ ᠪᠠᠷ ᠰᠢᠯᠵᠢᠭᠦᠯᠦᠨ ᠥᠭᠭᠦᠭᠰᠡᠨ ᠪᠠᠶᠢᠪᠠᠯ᠂ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠴᠤ᠂ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠃            ᠲᠤᠰ ᠬᠠᠤᠯᠢ ᠶᠢᠨ ᠵᠢᠷᠭᠤᠳᠤᠭᠠᠷ ᠵᠦᠢᠯ ᠤᠨ ᠲᠣᠭᠲᠠᠭᠠᠯ ᠢ ᠵᠥᠷᠢᠴᠡᠵᠦ ᠠᠭᠤᠷᠬᠠᠢ ᠬᠠᠶᠢᠬᠤ ᠡᠷᠬᠡ᠂ ᠠᠭᠤᠷᠬᠠᠢ ᠮᠠᠯᠲᠠᠬᠤ ᠡᠷᠬᠡ ᠶᠢ ᠰᠠᠷᠢᠭᠠᠯᠠᠨ ᠠᠰᠢᠭ ᠬᠤᠨᠵᠢᠭᠰᠠᠨ ᠪᠠᠶᠢᠪᠠᠯ᠂ ᠬᠠᠶᠢᠨ ᠪᠠᠶᠢᠴᠠᠭᠠᠬᠤ ᠵᠥᠪᠰᠢᠶᠡᠷᠡᠯ ᠤᠨ ᠦᠨᠡᠮᠯᠡᠯ᠂ ᠠᠭᠤᠷᠬᠠᠢ ᠮᠠᠯᠲᠠᠬᠤ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠵᠤ᠂ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠴᠤ᠂ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠃            ᠳᠥᠴᠢᠨ ᠭᠤᠷᠪᠠᠳᠤᠭᠠᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ ᠤᠯᠤᠰ ᠠᠴᠠ ᠨᠢᠭᠡᠳᠦᠯᠲᠡᠢ ᠬᠤᠳᠠᠯᠳᠤᠨ ᠠᠪᠤᠭᠰᠠᠨ ᠠᠭᠤᠷᠬᠠᠢ ᠶᠢᠨ ᠭᠠᠷᠤᠯᠲᠠ ᠶᠢ ᠬᠤᠳᠠᠯᠳᠤᠨ ᠠᠪᠤᠭᠰᠠᠨ ᠪᠠ ᠪᠣᠷᠣᠯᠠᠭᠤᠯᠤᠭᠰᠠᠨ ᠪᠠᠶᠢᠪᠠᠯ᠂ ᠠᠭᠤᠷᠬᠠᠢ ᠶᠢᠨ ᠭᠠᠷᠤᠯᠲᠠ ᠪᠣᠯᠣᠨ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠬᠤ ᠪᠥᠭᠡᠳ ᠲᠣᠷᠭᠠᠭᠤᠯᠢ ᠣᠨᠣᠭᠳᠠᠭᠤᠯᠬᠤ ᠪᠠᠷ ᠳᠠᠪᠬᠤᠷ ᠰᠢᠢᠳᠭᠡᠵᠦ ᠪᠣᠯᠣᠨ᠎ᠠ᠃ ᠤᠢᠢᠯᠠ ᠪᠠᠶᠢᠳᠠᠯ ᠨᠢ ᠬᠦᠨᠳᠦ ᠨᠣᠴᠢᠲᠠᠢ ᠪᠠᠶᠢᠪᠠᠯ ᠡᠷᠡᠭᠦᠦ ᠶᠢᠨ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃            ᠳᠥᠴᠢᠨ ᠳᠥᠷᠪᠡᠳᠦᠭᠡᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠡᠪᠳᠡᠯᠡᠭᠡ ᠶᠢᠨ ᠴᠢᠨᠠᠷᠲᠠᠢ ᠮᠠᠯᠲᠠᠬᠤ ᠠᠷᠭ᠎ᠠ ᠪᠠᠷ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠮᠠᠯᠲᠠᠭᠰᠠᠨ ᠪᠠᠶᠢᠪᠠᠯ᠂ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠂ ᠠᠭᠤᠷᠬᠠᠢ ᠮᠠᠯᠲᠠᠬᠤ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠵᠤ ᠪᠣᠯᠣᠨ᠎ᠠ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠦᠨᠳᠦ ᠨᠣᠴᠢᠲᠠᠢ ᠡᠪᠳᠡᠭᠰᠡᠨ ᠪᠠᠶᠢᠪᠠᠯ᠂ ᠡᠷᠡᠭᠦᠦ ᠶᠢᠨ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠭᠤᠳ ᠬᠠᠷᠢᠭᠤᠴᠠᠯᠭ᠎ᠠ ᠲᠠᠢ ᠬᠥᠮᠥᠨ ᠠᠴᠠ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃            ᠳᠥᠴᠢᠨ ᠲᠠᠪᠤᠳᠤᠭᠠᠷ ᠵᠦᠢᠯ ᠲᠤᠰ ᠬᠠᠤᠯᠢ ᠶᠢᠨ ᠭᠤᠴᠢ ᠶᠢᠰᠦᠳᠦᠭᠡᠷ ᠵᠦᠢᠯ᠂ ᠳᠥᠴᠢᠳᠦᠭᠡᠷ ᠵᠦᠢᠯ᠂ ᠳᠥᠴᠢᠨ ᠬᠤᠶᠠᠳᠤᠭᠠᠷ ᠵᠦᠢᠯ ᠳᠤ ᠲᠣᠭᠲᠠᠭᠠᠭᠰᠠᠨ ᠵᠠᠰᠠᠭ ᠵᠠᠬᠢᠷᠭᠠᠨ ᠤ ᠰᠢᠢᠳᠬᠡᠯ ᠢ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠭᠠᠵᠠᠷ ᠰᠢᠨᠵᠢᠯᠡᠭᠡ ᠠᠭᠤᠷᠬᠠᠢ ᠶᠢᠨ ᠭᠠᠷᠤᠯᠲᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠰᠠᠯᠠᠭ᠎ᠠ ᠮᠥᠴᠢᠷ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠭᠠᠵᠠᠷ ᠰᠢᠨᠵᠢᠯᠡᠭᠡ ᠠᠭᠤᠷᠬᠠᠢ ᠶᠢᠨ ᠭᠠᠷᠤᠯᠲᠠ ᠶᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠭᠰᠠᠨ ᠡᠷᠬᠡ ᠶᠢᠨ ᠬᠡᠪᠴᠢᠶ᠎ᠡ ᠶᠣᠰᠣᠭᠠᠷ ᠲᠣᠭᠲᠠᠭᠠᠨ᠎ᠠ᠃ ᠳᠥᠴᠢᠨ ᠭᠤᠷᠪᠠᠳᠤᠭᠠᠷ ᠵᠦᠢᠯ ᠳᠤ ᠲᠣᠭᠲᠠᠭᠠᠭᠰᠠᠨ ᠵᠠᠰᠠᠭ ᠵᠠᠬᠢᠷᠭᠠᠨ ᠤ ᠰᠢᠢᠳᠬᠡᠯ ᠢ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠨ᠎ᠠ᠃ ᠳᠥᠴᠢᠨ ᠳᠥᠷᠪᠡᠳᠦᠭᠡᠷ ᠵᠦᠢᠯ ᠳᠤ ᠲᠣᠭᠲᠠᠭᠠᠭᠰᠠᠨ ᠵᠠᠰᠠᠭ ᠵᠠᠬᠢᠷᠭᠠᠨ ᠤ ᠰᠢᠢᠳᠬᠡᠯ ᠢ ᠮᠤᠵᠢ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠠᠵᠠᠷ ᠰᠢᠨᠵᠢᠯᠡᠭᠡ ᠠᠭᠤᠷᠬᠠᠢ ᠶᠢᠨ ᠭᠠᠷᠤᠯᠲᠠ ᠶᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠨ᠎ᠠ᠃ ᠬᠠᠶᠢᠨ ᠪᠠᠶᠢᠴᠠᠭᠠᠬᠤ ᠵᠥᠪᠰᠢᠶᠡᠷᠡᠯ ᠤᠨ ᠦᠨᠡᠮᠯᠡᠯ ᠪᠤᠶᠤ ᠠᠭᠤᠷᠬᠠᠢ ᠮᠠᠯᠲᠠᠬᠤ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠬᠤ ᠰᠢᠢᠳᠬᠡᠯ ᠥᠭᠬᠦ ᠳᠤ ᠬᠦᠷᠪᠡᠯ᠂ ᠡᠷᠬᠡᠪᠰᠢ ᠤᠤᠯ ᠤᠨ ᠦᠨᠡᠮᠯᠡᠯ ᠣᠯᠭᠤᠭᠰᠠᠨ ᠪᠠᠶᠢᠭᠤᠯᠭ᠎ᠠ ᠠᠴᠠ ᠲᠣᠭᠲᠠᠭᠠᠬᠤ ᠬᠡᠷᠡᠭᠲᠡᠢ᠃            ᠭᠤᠴᠢ ᠶᠢᠰᠦᠳᠦᠭᠡᠷ ᠵᠦᠢᠯ᠂ ᠳᠥᠴᠢᠳᠦᠭᠡᠷ ᠵᠦᠢᠯ᠂ ᠳᠥᠴᠢᠨ ᠬᠤᠶᠠᠳᠤᠭᠠᠷ ᠵᠦᠢᠯ᠂ ᠳᠥᠴᠢᠨ ᠳᠥᠷᠪᠡᠳᠦᠭᠡᠷ ᠵᠦᠢᠯ ᠤᠨ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠥᠭᠬᠦ ᠶᠣᠰᠣᠲᠠᠢ ᠪᠠᠶᠢᠲᠠᠯ᠎ᠠ ᠵᠠᠰᠠᠭ ᠵᠠᠬᠢᠷᠭᠠᠨ ᠤ ᠰᠢᠢᠳᠬᠡᠯ ᠥᠭᠬᠦ ᠦᠭᠡᠢ ᠪᠠᠶᠢᠪᠠᠯ᠂ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠠᠵᠠᠷ ᠰᠢᠨᠵᠢᠯᠡᠭᠡ ᠠᠭᠤᠷᠬᠠᠢ ᠶᠢᠨ ᠭᠠᠷᠤᠯᠲᠠ ᠶᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠬᠤ ᠪᠤᠶᠤ ᠰᠢᠭᠤᠳ ᠵᠠᠰᠠᠭ ᠵᠠᠬᠢᠷᠭᠠᠨ ᠤ ᠰᠢᠢᠳᠬᠡᠯ ᠥᠭᠬᠦ ᠡᠷᠬᠡ ᠲᠠᠢ᠃            ᠳᠥᠴᠢᠨ ᠵᠢᠷᠭᠤᠳᠤᠭᠠᠷ ᠵᠦᠢᠯ ᠲᠤᠬᠠᠢ ᠶᠢᠨ ᠬᠥᠮᠥᠨ ᠨᠢ ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠢ ᠬᠦᠯᠢᠶᠡᠬᠦ ᠦᠭᠡᠢ ᠪᠣᠯ ᠬᠠᠤᠯᠢ ᠶᠣᠰᠣᠭᠠᠷ ᠲᠡᠬᠢᠠ ᠵᠥᠪᠯᠡᠭᠦᠯᠬᠦ ᠪᠠᠷ ᠭᠤᠶᠤᠴᠢᠯᠠᠵᠤ ᠪᠣᠯᠣᠨ᠎ᠠ᠂ ᠬᠠᠤᠯᠢ ᠶᠣᠰᠣᠭᠠᠷ ᠠᠷᠠᠳ ᠤᠨ ᠰᠢᠭᠦᠬᠦ ᠬᠤᠷᠢᠶᠠᠨ ᠳᠤ ᠰᠢᠭᠤᠳ ᠵᠠᠭᠠᠯᠳᠤᠵᠤ ᠴᠤ ᠪᠣᠯᠣᠨ᠎ᠠ᠃            ᠲᠤᠬᠠᠢ ᠶᠢᠨ ᠬᠥᠮᠥᠨ ᠨᠢ ᠬᠤᠭᠤᠴᠠᠭ᠎ᠠ ᠬᠡᠲᠦᠷᠡᠲᠡᠯ᠎ᠡ ᠲᠡᠬᠢᠠ ᠵᠥᠪᠯᠡᠭᠦᠯᠬᠦ ᠪᠠᠷ ᠭᠤᠶᠤᠴᠢᠯᠠᠬᠤ ᠦᠭᠡᠢ ᠪᠥᠭᠡᠳ ᠠᠷᠠᠳ ᠤᠨ ᠰᠢᠭᠦᠬᠦ ᠬᠤᠷᠢᠶᠠᠨ ᠳᠤ ᠴᠤ ᠵᠠᠭᠠᠯᠳᠤᠬᠤ ᠦᠭᠡᠢ᠂ ᠰᠢᠢᠳᠬᠡᠬᠦ ᠲᠣᠭᠲᠠᠭᠠᠯ ᠢ ᠪᠠᠰᠠ ᠭᠦᠢᠴᠡᠳᠬᠡᠬᠦ ᠦᠭᠡᠢ ᠪᠠᠶᠢᠪᠠᠯ᠂ ᠰᠢᠢᠳᠬᠡᠬᠦ ᠲᠣᠭᠲᠠᠭᠠᠯ ᠭᠠᠷᠭᠠᠭᠰᠠᠨ ᠪᠠᠶᠢᠭᠤᠯᠭ᠎ᠠ ᠠᠴᠠ ᠠᠷᠠᠳ ᠤᠨ ᠰᠢᠭᠦᠬᠦ ᠬᠤᠷᠢᠶᠠᠨ ᠳᠤ ᠡᠷᠭᠦᠳᠡᠯ ᠭᠠᠷᠭᠠᠵᠤ ᠠᠯᠪᠡᠳᠡᠠ ᠭᠦᠢᠴᠡᠳᠬᠡᠭᠦᠯᠦᠨ᠎ᠡ᠃            ᠳᠥᠴᠢᠨ ᠳᠣᠯᠣᠳᠤᠭᠠᠷ ᠵᠦᠢᠯ ᠡᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠨᠡᠭᠡᠭᠡᠨ ᠮᠠᠯᠲᠠᠬᠤ ᠶᠢ ᠬᠢᠨᠠᠵᠤ ᠬᠠᠮᠢᠶᠠᠷᠬᠤ ᠠᠵᠢᠯ ᠢ ᠬᠠᠷᠢᠭᠤᠴᠠᠵᠤ ᠪᠠᠶᠢᠭ᠎ᠠ ᠲᠦᠷᠦ ᠶᠢᠨ ᠠᠵᠢᠯᠲᠠᠨ ᠪᠠ ᠲᠦᠷᠦ ᠶᠢᠨ ᠪᠤᠰᠤᠳ ᠬᠤᠯᠪᠣᠭᠳᠠᠯ ᠪᠦᠬᠦᠢ ᠠᠵᠢᠯᠲᠠᠨ ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠥᠷᠢᠴᠡᠬᠦ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠬᠦ ᠪᠤᠶᠤ ᠲᠤᠰᠢᠶᠠᠯ ᠬᠠᠷᠢᠭᠤᠴᠠᠯᠭ᠎ᠠ ᠪᠠᠨ ᠤᠮᠳᠤᠭᠠᠶᠢᠯᠠᠬᠤ᠃ ᠲᠤᠰ ᠬᠠᠤᠯᠢ ᠶᠢᠨ ᠲᠣᠭᠲᠠᠭᠠᠯ ᠢ ᠵᠥᠷᠢᠴᠡᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠨᠡᠭᠡᠭᠡᠨ ᠮᠠᠯᠲᠠᠬᠤ ᠶᠢ ᠵᠥᠪᠰᠢᠶᠡᠷᠡᠭᠰᠡᠨ ᠪᠠ ᠬᠠᠶᠢᠨ ᠪᠠᠶᠢᠴᠠᠭᠠᠬᠤ ᠵᠥᠪᠰᠢᠶᠡᠷᠡᠯ ᠤᠨ ᠦᠨᠡᠮᠯᠡᠯ᠂ ᠠᠭᠤᠷᠬᠠᠢ ᠮᠠᠯᠲᠠᠬᠤ ᠵᠥᠪᠰᠢᠶᠡᠷᠡᠯ ᠤᠨ ᠦᠨᠡᠮᠯᠡᠯ ᠣᠯᠭᠤᠭᠰᠠᠨ᠂ ᠡᠰᠡᠬᠦᠯ᠎ᠡ ᠬᠠᠤᠯᠢ ᠶᠢ ᠵᠥᠷᠢᠴᠡᠵᠦ ᠠᠭᠤᠷᠬᠠᠢ ᠮᠠᠯᠲᠠᠭᠰᠠᠨ ᠠᠵᠢᠯᠯᠠᠭ᠎ᠠ ᠶᠢ ᠬᠠᠤᠯᠢ ᠶᠣᠰᠣᠭᠠᠷ ᠬᠤᠷᠢᠭᠯᠠᠨ ᠵᠣᠭᠰᠣᠭᠠᠵᠤ᠂ ᠰᠢᠢᠳᠬᠡᠭᠰᠡᠨ ᠦᠭᠡᠢ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠶᠠᠯ᠎ᠠ ᠪᠣᠯᠵᠤ ᠪᠦᠷᠢᠯᠳᠦᠭᠰᠡᠨ ᠦᠭᠡᠢ ᠪᠣᠯ ᠵᠠᠰᠠᠭ ᠵᠠᠬᠢᠷᠭᠠᠨ ᠤ ᠰᠢᠢᠳᠬᠡᠯ ᠥᠭᠭᠦᠨ᠎ᠡ᠃ ᠬᠠᠤᠯᠢ ᠶᠢ ᠵᠥᠷᠢᠴᠡᠵᠦ ᠣᠯᠭᠤᠭᠰᠠᠨ ᠬᠠᠶᠢᠨ ᠪᠠᠶᠢᠴᠠᠭᠠᠬᠤ ᠵᠥᠪᠰᠢᠶᠡᠷᠡᠯ ᠤᠨ ᠦᠨᠡᠮᠯᠡᠯ᠂ ᠠᠭᠤᠷᠬᠠᠢ ᠮᠠᠯᠲᠠᠬᠤ ᠵᠥᠪᠰᠢᠶᠡᠷᠡᠯ ᠤᠨ ᠦᠨᠡᠮᠯᠡᠯ ᠢ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠠᠵᠠᠷ ᠰᠢᠨᠵᠢᠯᠡᠭᠡ ᠠᠭᠤᠷᠬᠠᠢ ᠶᠢᠨ ᠭᠠᠷᠤᠯᠲᠠ ᠶᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠦᠴᠦᠨ ᠦᠭᠡᠢ ᠪᠣᠯᠭᠠᠬᠤ ᠡᠷᠬᠡ ᠲᠠᠢ᠃            ᠳᠥᠴᠢᠨ ᠨᠠᠢᠮᠠᠳᠤᠭᠠᠷ ᠵᠦᠢᠯ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠨᠡᠭᠡᠭᠡᠨ ᠮᠠᠯᠲᠠᠬᠤ ᠶᠢ ᠬᠢᠨᠠᠵᠤ ᠬᠠᠮᠢᠶᠠᠷᠬᠤ ᠠᠵᠢᠯ ᠢ ᠬᠢᠵᠦ ᠪᠠᠶᠢᠭ᠎ᠠ ᠲᠥᠷᠥ ᠶᠢᠨ ᠠᠵᠢᠯᠲᠠᠨ ᠤ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠬᠦᠴᠦᠷᠬᠡᠭᠯᠡᠯ᠂ ᠰᠦᠷᠳᠡᠭᠦᠯᠦᠯ ᠤᠨ ᠠᠷᠭ᠎ᠠ ᠪᠠᠷ ᠬᠠᠷᠰᠢᠯᠠᠭᠰᠠᠨ ᠪᠠᠶᠢᠪᠠᠯ ᠂ ᠡᠷᠡᠭᠦᠦ ᠶᠢᠨ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠨᠡᠭᠡᠭᠡᠨ ᠮᠠᠯᠲᠠᠬᠤ ᠶᠢ ᠬᠢᠨᠠᠵᠤ ᠬᠠᠮᠢᠶᠠᠷᠬᠤ ᠠᠵᠢᠯ ᠢ ᠬᠢᠵᠦ ᠪᠠᠶᠢᠭ᠎ᠠ ᠲᠥᠷᠥ ᠶᠢᠨ ᠠᠵᠢᠯᠲᠠᠨ ᠤ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠲᠡᠪᠴᠢᠵᠦ᠂ ᠬᠠᠷᠰᠢᠯᠠᠭᠰᠠᠨ ᠪᠣᠯᠪᠠᠴᠤ ᠬᠦᠴᠦᠷᠬᠡᠭᠯᠡᠯ᠂ ᠰᠦᠷᠳᠡᠭᠦᠯᠦᠯ ᠤᠨ ᠠᠷᠭ᠎ᠠ ᠬᠡᠷᠡᠭᠯᠡᠭᠰᠡᠨ ᠦᠭᠡᠢ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠬᠡᠯ ᠤᠨ ᠬᠠᠤᠯᠢ ᠶᠢᠨ ᠲᠣᠭᠲᠠᠭᠠᠯ ᠶᠣᠰᠣᠭᠠᠷ ᠰᠢᠢᠳᠬᠡᠨ᠎ᠡ᠃            ᠳᠥᠴᠢ ᠶᠢᠰᠦᠳᠦᠭᠡᠷ ᠵᠦᠢᠯ ᠡᠭᠤᠷᠬᠠᠶ ᠶᠢᠨ ᠠᠵᠤ ᠠᠬᠤᠶᠢᠯᠠᠯ ᠤᠨ ᠬᠤᠭᠤᠷᠣᠨᠳᠣᠬᠢ ᠠᠭᠤᠷᠬᠠᠢ ᠶᠢᠨ ᠣᠷᠣᠨ ᠤ ᠬᠡᠪᠴᠢᠶᠡᠨ ᠤ ᠲᠤᠬᠠᠢ ᠮᠠᠷᠭᠤᠯᠳᠤᠭᠠᠨ ᠢ ᠲᠤᠬᠠᠢ ᠶᠢᠨ ᠬᠥᠮᠥᠨ ᠨᠢ ᠵᠥᠪᠳᠡᠯᠴᠡᠵᠦ ᠪᠠᠶᠢᠭᠠᠳ ᠰᠢᠢᠳᠪᠦᠷᠢᠯᠡᠨ᠎ᠡ᠂ ᠵᠥᠪᠳᠡᠯᠴᠡᠭᠡᠳ ᠪᠦᠲᠦᠭᠰᠡᠨ ᠦᠭᠡᠢ ᠪᠠᠶᠢᠪᠠᠯ᠂ ᠬᠤᠯᠪᠣᠭᠳᠠᠯ ᠪᠦᠬᠦᠢ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠬᠠᠤᠯᠢ ᠶᠣᠰᠣᠭᠠᠷ ᠬᠢᠨᠠᠨ ᠲᠣᠭᠲᠠᠭᠠᠭᠰᠠᠨ ᠠᠭᠤᠷᠬᠠᠢ ᠶᠢᠨ ᠣᠷᠣᠨ ᠤ ᠬᠡᠪᠴᠢᠶ᠎ᠡ ᠶᠢ ᠦᠨᠳᠦᠰᠦᠯᠡᠨ ᠰᠢᠢᠳᠪᠦᠷᠢᠯᠡᠨ᠎ᠡ᠃ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢ ᠠᠯᠤᠰᠯᠠᠭᠰᠠᠨ ᠠᠭᠤᠷᠬᠠᠢ ᠶᠢᠨ ᠣᠷᠣᠨ ᠤ ᠬᠡᠪᠴᠢᠶᠡᠨ ᠤ ᠲᠤᠬᠠᠢ ᠮᠠᠷᠭᠤᠯᠳᠤᠭᠠᠨ ᠢ ᠬᠤᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠥᠪᠳᠡᠯᠴᠡᠵᠦ ᠪᠠᠶᠢᠭᠠᠳ ᠰᠢᠢᠳᠪᠦᠷᠢᠯᠡᠨ᠎ᠡ᠂ ᠵᠥᠪᠳᠡᠯᠴᠡᠭᠡᠳ ᠪᠦᠲᠦᠬᠦ ᠦᠭᠡᠢ ᠪᠣᠯ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠰᠢᠢᠳᠪᠦᠷᠢᠯᠡᠨ᠎ᠡ᠃            ᠳᠣᠯᠣᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ            ᠲᠠᠪᠢᠳᠤᠭᠠᠷ ᠵᠦᠢᠯ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠵᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠨᠡᠭᠡᠭᠡᠨ ᠮᠠᠯᠲᠠᠬᠤ ᠳᠤ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠬᠦ ᠲᠤᠭᠲᠠᠭᠠᠯ ᠢ ᠵᠢᠷᠤᠮᠯᠠᠨ᠎ᠠ᠃            ᠲᠠᠪᠢᠨ ᠨᠢᠭᠡᠳᠦᠭᠡᠷ ᠵᠦᠢᠯ ᠲᠤᠰ ᠬᠠᠤᠯᠢ ᠶᠢ ᠬᠡᠷᠡᠭᠵᠢᠭᠦᠯᠬᠦ ᠠᠴᠠ ᠡᠮᠦᠨ᠎ᠡ ᠵᠥᠪᠰᠢᠶᠡᠷᠡᠭᠦᠯᠬᠦ ᠭᠠᠷ ᠭᠦᠢᠴᠡᠳᠬᠡᠯ ᠬᠢᠭᠰᠡᠨ ᠦᠭᠡᠢ᠂ ᠠᠭᠤᠷᠬᠠᠢ ᠶᠢᠨ ᠣᠷᠣᠨ ᠤ ᠬᠦᠷᠢᠶ᠎ᠡ ᠬᠡᠪᠴᠢᠶ᠎ᠡ ᠶᠢ ᠵᠠᠭᠠᠭᠯᠠᠨ ᠲᠣᠭᠲᠠᠭᠠᠭᠰᠠᠨ ᠦᠭᠡᠢ᠂ ᠠᠭᠤᠷᠬᠠᠢ ᠮᠠᠯᠲᠠᠬᠤ ᠵᠥᠪᠰᠢᠶᠡᠷᠡᠯ ᠤᠨ ᠦᠨᠡᠮᠯᠡᠯ ᠣᠯᠣᠭᠰᠠᠨ ᠦᠭᠡᠢ ᠪᠠᠷ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠭᠰᠠᠨ ᠪᠠᠶᠢᠪᠠᠯ᠂ ᠲᠤᠰ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠨᠥᠬᠦᠪᠦᠷᠢᠯᠡᠨ ᠭᠠᠷ ᠭᠦᠢᠴᠡᠳᠬᠡᠯ ᠬᠢᠯᠭᠡᠬᠦ ᠪᠠᠷ ᠭᠤᠶᠤᠴᠢᠯᠠᠬᠤ ᠬᠡᠷᠡᠭᠲᠡᠢ᠃            ᠲᠠᠪᠢᠨ ᠬᠤᠶᠠᠳᠤᠭᠠᠷ ᠵᠦᠢᠯ ᠲᠤᠰ ᠬᠠᠤᠯᠢ ᠶᠢ ᠬᠡᠷᠡᠭᠵᠢᠭᠦᠯᠬᠦ ᠨᠠᠷᠢᠨ ᠳᠦᠷᠢᠮ ᠢ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠨ᠎ᠠ            ᠲᠠᠪᠢᠨ ᠭᠤᠷᠪᠠᠳᠤᠭᠠᠷ ᠵᠦᠢᠯ ᠲᠤᠰ ᠬᠠᠤᠯᠢ ᠶᠢ 1986 ᠣᠨ ᠤ 10 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                  ᠠᠭᠤᠷᠬᠠᠢ ᠶᠢᠨ ᠡᠬᠢ ᠪᠠᠶᠠᠯᠢᠭ ᠤᠨ ᠬᠠᠤᠯᠢ            ᠨᠢᠭᠡᠳᠦᠭᠡᠷ ᠪᠦᠯᠦᠭ ᠶᠡᠷᠦᠩᠬᠡᠢ ᠳᠦᠷᠢᠮ            ᠬᠤᠶᠠᠳᠤᠭᠠᠷ ᠪᠦᠯᠦᠭ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ ᠶᠢ ᠳᠠᠩᠰᠠᠯᠠᠬᠤ ᠪᠠ ᠨᠡᠭᠡᠭᠡᠨ ᠮᠠᠯᠲᠠᠬᠤ ᠶᠢ ᠬᠢᠨᠠᠨ            ᠭᠤᠷᠪᠠᠳᠤᠭᠠᠷ ᠪᠦᠯᠦᠭ ᠠᠭᠤᠷᠬᠠᠢ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ            ᠳᠥᠷᠪᠡᠳᠦᠭᠡᠷ ᠪᠦᠯᠦᠭ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ            ᠲᠠᠪᠤᠳᠤᠭᠠᠷ ᠪᠦᠯᠦᠭ ᠬᠠᠮᠲᠤ ᠶᠢᠨ ᠠᠭᠤᠷᠬᠠᠢ ᠶᠢᠨ ᠠᠵᠤ ᠠᠬᠤᠶᠢᠯᠠᠯ ᠪᠠ ᠬᠤᠪᠢ ᠬᠥᠮᠥᠨ ᠤ ᠠᠭᠤᠷᠬᠠᠢ ᠮᠠᠯᠲᠠᠬᠤ            ᠵᠢᠷᠭᠤᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ            ᠳᠣᠯᠣᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ            ᠨᠢᠭᠡᠳᠦᠭᠡᠷ ᠪᠦᠯᠦᠭ      ᠶᠡᠷᠦᠩᠬᠡᠢ ᠳᠦᠷᠢᠮ            ᠨᠢᠭᠡᠳᠦᠭᠡᠷ ᠵᠦᠢᠯ ᠡᠭᠤᠷᠬᠠᠶ ᠶᠢᠨ ᠦᠢᠯᠡᠰ ᠢ ᠬᠥᠭᠵᠢᠭᠦᠯᠵᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠨᠡᠭᠡᠭᠡᠨ ᠠᠰᠢᠭᠯᠠᠬᠤ ᠪᠠ ᠬᠠᠮᠠᠭᠠᠯᠠᠬᠤ ᠠᠵᠢᠯ ᠢ ᠴᠢᠩᠭᠠᠳᠬᠠᠵᠤ᠂ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠣᠳᠣᠬᠠᠨ ᠤ ᠪᠠ ᠠᠯᠤᠰ ᠭᠡᠳᠤ ᠶᠢᠨ ᠬᠡᠷᠡᠭᠴᠡᠭᠡ ᠶᠢ ᠪᠠᠲᠤᠯᠠᠬᠤ ᠶᠢᠨ ᠲᠥᠯᠥᠭᠡ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠶᠢ ᠦᠨᠳᠦᠰᠦᠯᠡᠨ ᠲᠤᠰ ᠬᠠᠤᠯᠢ ᠶᠢ ᠲᠣᠭᠲᠠᠭᠠᠪᠠ᠃            ᠬᠤᠶᠠᠳᠤᠭᠠᠷ ᠵᠦᠢᠯ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠳᠡᠪᠢᠰᠭᠡᠷ ᠵᠢᠴᠢ ᠬᠠᠷᠢᠶ᠎ᠠ ᠳᠠᠯᠠᠢ ᠶᠢᠨ ᠣᠷᠣᠨ ᠳᠤ ᠠᠭᠤᠷᠬᠠᠢ ᠶᠢᠨ ᠡᠬᠢ ᠪᠠᠶᠠᠯᠢᠭ ᠢ ᠬᠠᠢᠨ ᠪᠠᠶᠢᠴᠠᠭᠠᠬᠤ᠂ ᠨᠡᠭᠡᠭᠡᠨ ᠮᠠᠯᠲᠠᠬᠤ ᠳᠤ ᠡᠷᠬᠡᠪᠰᠢ ᠲᠤᠰ ᠬᠠᠤᠯᠢ ᠶᠢ ᠵᠢᠷᠤᠮᠯᠠᠬᠤ ᠬᠡᠷᠡᠭᠲᠡᠢ᠃            ᠭᠤᠷᠪᠠᠳᠤᠭᠠᠷ ᠵᠦᠢᠯ ᠡᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠪᠣᠯ ᠤᠯᠤᠰ ᠤᠨ ᠥᠮᠴᠢᠯᠡᠯ ᠳᠤ ᠬᠠᠷᠢᠶᠠᠯᠠᠭᠳᠠᠨ᠎ᠠ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠤᠯᠤᠰ ᠠᠴᠠ ᠥᠮᠴᠢᠯᠡᠬᠦ ᠡᠷᠬᠡ ᠵᠢ‌ᠭᠠᠵᠠᠷ ᠳᠡᠭᠡᠷᠡᠬᠢ ᠪᠤᠶᠤ ᠭᠠᠵᠠᠷ ᠳᠣᠣᠷᠠᠬᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠤᠯᠤᠰ ᠠᠴᠠ ᠥᠮᠴᠢᠯᠡᠬᠦ ᠡᠷᠬᠡ ᠨᠢ ᠲᠡᠭᠦᠨ ᠤ ᠣᠷᠣᠰᠢᠵᠤ ᠪᠠᠶᠢᠭ᠎ᠠ ᠭᠠᠵᠠᠷ ᠰᠢᠷᠣᠢ ᠶᠢᠨ ᠥᠮᠴᠢᠯᠡᠬᠦ ᠡᠷᠬᠡ ᠪᠤᠶᠤ ᠬᠡᠷᠡᠭᠯᠡᠬᠦ ᠡᠷᠬᠡ ᠶᠢᠨ ᠠᠳᠠᠯᠢ ᠦᠭᠡᠢ ᠠᠴᠠ ᠪᠣᠯᠵᠤ ᠬᠤᠪᠢᠷᠠᠬᠤ ᠦᠭᠡᠢ᠃            ᠤᠯᠤᠰ ᠠᠴᠠ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠵᠦᠢ‌‍ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠥᠨ ᠤ ᠶᠠᠮᠠᠷᠪᠠ ᠠᠷᠭ᠎ᠠ ᠪᠠᠷᠢᠯ ᠢᠶᠠᠷ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠡᠵᠡᠯᠡᠬᠦ ᠪᠤᠶᠤ ᠡᠪᠳᠡᠬᠦ ᠶᠢ ᠴᠠᠭᠠᠵᠠᠯᠠᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠮᠠᠭᠠᠯᠠᠬᠤ ᠠᠵᠢᠯ ᠢ ᠴᠢᠩᠭᠠᠳᠬᠠᠬᠤ ᠬᠡᠷᠡᠭᠲᠡᠢ᠃            ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠨᠡᠭᠡᠭᠡᠨ ᠮᠠᠯᠲᠠᠬᠤ ᠳᠤ ᠡᠷᠬᠡᠪᠰᠢ ᠬᠠᠤᠯᠢ ᠶᠣᠰᠣᠭᠠᠷ ᠲᠤᠰ ᠲᠤᠰ ᠲᠤᠨᠢ ᠭᠤᠶᠤᠴᠢᠯᠠᠯ ᠭᠠᠷᠭᠠᠵᠤ᠂ ᠵᠥᠪᠰᠢᠶᠡᠷᠡᠭᠦᠯᠦᠭᠡᠳ ᠠᠭᠤᠷᠬᠠᠢ ᠬᠠᠶᠢᠬᠤ ᠡᠷᠬᠡ᠂ ᠠᠭᠤᠷᠬᠠᠢ ᠮᠠᠯᠲᠠᠬᠤ ᠡᠷᠬᠡ ᠶᠢ ᠣᠯᠬᠤ ᠶᠢᠨ ᠬᠠᠮᠲᠤ ᠪᠦᠷᠢᠳᠬᠡᠭᠦᠯᠬᠦ ᠬᠡᠷᠡᠭᠲᠡᠢ᠃ ᠭᠡᠪᠡᠴᠦ ᠠᠭᠤᠷᠬᠠᠢ ᠮᠠᠯᠲᠠᠬᠤ ᠡᠷᠬᠡ ᠣᠯᠬᠤ ᠪᠠᠷ ᠬᠠᠤᠯᠢ ᠶᠣᠰᠣᠭᠠᠷ ᠭᠤᠶᠤᠴᠢᠯᠠᠭᠰᠠᠨ ᠠᠭᠤᠷᠬᠠᠢ ᠶᠢᠨ ᠠᠵᠤ ᠠᠬᠤᠶᠢᠯᠠᠯ ᠤᠨ ᠵᠠᠭᠠᠭᠯᠠᠨ ᠲᠣᠭᠲᠠᠭᠠᠭᠰᠠᠨ ᠠᠭᠤᠷᠬᠠᠢ ᠶᠢᠨ ᠣᠷᠣᠨ ᠤ ᠬᠡᠪᠴᠢᠶᠡᠨ ᠳᠣᠲᠣᠷ᠎ᠠ ᠲᠤᠰ ᠠᠵᠤ ᠠᠬᠤᠶᠢᠯᠠᠯ ᠤᠨ ᠢᠶᠠᠨ ᠦᠢᠯᠡᠳᠪᠦᠷᠢᠯᠡᠬᠦ ᠠᠵᠢᠯ ᠤᠨ ᠲᠥᠯᠥᠭᠡ ᠬᠢᠭᠰᠡᠨ ᠬᠠᠶᠢᠨ ᠪᠠᠶᠢᠴᠠᠭᠠᠯᠲᠠ ᠡᠭᠦᠨ ᠳᠤ ᠪᠠᠭᠲᠠᠬᠤ ᠦᠭᠡᠢ᠃            ᠤᠯᠤᠰ ᠠᠴᠠ ᠠᠭᠤᠷᠬᠠᠢ ᠬᠠᠶᠢᠬᠤ ᠡᠷᠬᠡ ᠪᠠ ᠠᠭᠤᠷᠬᠠᠢ ᠮᠠᠯᠲᠠᠬᠤ ᠡᠷᠬᠡ ᠶᠢᠨ ᠬᠠᠯᠳᠠᠯᠭ᠎ᠠ ᠳᠤ ᠤᠴᠠᠷᠠᠬᠤ ᠦᠭᠡᠢ ᠪᠠᠶᠢᠬᠤ ᠶᠢ ᠬᠠᠮᠠᠭᠠᠯᠠᠵᠤ᠂ ᠠᠭᠤᠷᠬᠠᠢ ᠶᠢᠨ ᠣᠷᠣᠨ ᠪᠠ ᠬᠠᠶᠢᠨ ᠪᠠᠶᠢᠴᠠᠭᠠᠬᠤ ᠠᠵᠢᠯ ᠤᠨ ᠲᠣᠭᠤᠷᠢᠭ ᠤᠨ ᠦᠢᠯᠡᠳᠪᠦᠷᠢᠯᠡᠬᠦ ᠠᠵᠢᠯ ᠤᠨ ᠡᠮᠬᠢ ᠵᠢᠷᠤᠮ᠂ ᠠᠵᠢᠯ ᠤᠨ ᠡᠮᠬᠢ ᠵᠢᠷᠤᠮ ᠤᠨ ᠨᠥᠯᠥᠭᠡᠯᠡᠭᠳᠡᠬᠦ ᠦᠭᠡᠢ ᠪᠠ ᠡᠪᠳᠡᠭᠳᠡᠬᠦ ᠦᠭᠡᠢ ᠪᠠᠶᠢᠬᠤ ᠶᠢ ᠪᠠᠲᠤᠯᠠᠨ᠎ᠠ᠃            ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ ᠪᠠ ᠨᠡᠭᠡᠭᠡᠨ ᠮᠠᠯᠲᠠᠬᠤ ᠳᠤ ᠡᠷᠬᠡᠪᠰᠢ ᠲᠣᠭᠲᠠᠭᠠᠭᠰᠠᠨ ᠬᠢᠷᠢ ᠴᠢᠳᠠᠯ ᠤᠨ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠃            ᠳᠥᠷᠪᠡᠳᠦᠭᠡᠷ ᠵᠦᠶᠢᠯ ᠤᠯᠤᠰ ᠠᠴᠠ ᠬᠠᠤᠯᠢ ᠶᠣᠰᠣᠭᠠᠷ ᠪᠠᠢᠭᠤᠯᠤᠭᠰᠠᠨ ᠠᠭᠤᠷᠬᠠᠢ ᠶᠢᠨ ᠠᠵᠤ ᠠᠬᠤᠢᠯᠠᠯ ᠤᠨ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃            ᠤᠯᠤᠰ ᠤᠨ ᠥᠮᠴᠢᠯᠡᠯ ᠤᠨ ᠠᠭᠤᠷᠬᠠᠢ ᠶᠢᠨ ᠠᠵᠤ ᠠᠬᠤᠶᠢᠯᠠᠯ ᠪᠣᠯ ᠠᠭᠤᠷᠬᠠᠢ ᠶᠢᠨ ᠭᠠᠷᠤᠯᠲᠠ ᠶᠢᠨ ᠡᠬᠢ‌ᠤᠯᠤᠰ ᠠᠴᠠ ᠤᠯᠤᠰ ᠤᠨ ᠥᠮᠴᠢᠯᠡᠯ ᠤᠨ ᠠᠭᠤᠷᠬᠠᠢ ᠶᠢᠨ ᠠᠵᠤ ᠠᠬᠤᠢ ᠶᠢᠨ ᠪᠠᠬᠢᠵᠢᠯ ᠬᠥᠭᠵᠢᠯᠲᠡ ᠶᠢ ᠪᠠᠲᠤᠯᠠᠨ᠎ᠠ᠃            ᠲᠠᠪᠤᠳᠤᠭᠠᠷ ᠵᠦᠢᠯ ᠤᠯᠤᠰ ᠠᠴᠠ ᠠᠭᠤᠷᠬᠠᠢ ᠬᠠᠶᠢᠬᠤ ᠡᠷᠬᠡ᠂ ᠠᠭᠤᠷᠬᠠᠢ ᠮᠠᠯᠲᠠᠬᠤ ᠡᠷᠬᠡ ᠶᠢ ᠲᠥᠯᠥᠪᠦᠷᠢ ᠲᠠᠢ ᠪᠠᠷ ᠣᠯᠬᠤ ᠳᠦᠷᠢᠮ ᠢ ᠬᠡᠷᠡᠭᠵᠢᠭᠦᠯᠦᠨ᠎ᠡ᠃ ᠭᠡᠪᠡᠴᠦ ᠤᠯᠤᠰ ᠠᠴᠠ ᠠᠭᠤᠷᠬᠠᠢ ᠬᠠᠶᠢᠬᠤ ᠡᠷᠬᠡ᠂ ᠠᠭᠤᠷᠬᠠᠢ ᠮᠠᠯᠲᠠᠬᠤ ᠡᠷᠬᠡ ᠶᠢᠨ ᠲᠥᠯᠥᠪᠦᠷᠢ ᠲᠠᠢ ᠪᠠᠷ ᠣᠯᠣᠭᠰᠠᠨ ᠵᠠᠷᠤᠳᠠᠯ ᠢ ᠠᠳᠠᠯᠢ ᠪᠤᠰᠤ ᠪᠠᠶᠢᠳᠠᠯ ᠤᠨ ᠲᠣᠭᠲᠠᠭᠠᠯ ᠢ ᠦᠨᠳᠦᠰᠦᠯᠡᠨ ᠬᠠᠰᠤᠵᠤ ᠲᠤᠰᠢᠶᠠᠯᠭᠠᠬᠤ ᠪᠤᠶᠤ ᠲᠤᠰᠢᠶᠠᠬᠤ ᠠᠴᠠ ᠬᠡᠯᠲᠦᠷᠢᠭᠦᠯᠵᠦ ᠪᠣᠯᠣᠨ᠎ᠠ᠃ ᠪᠣᠳᠠᠲᠠᠢ ᠠᠷᠭ᠎ᠠ ᠪᠠ ᠬᠡᠷᠡᠭᠵᠢᠭᠦᠯᠬᠦ ᠠᠯᠬᠤᠮ ᠲᠡᠷᠠᠭ᠎ᠠ ᠶᠢ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠨ᠎ᠠ᠃            ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠳᠤ ᠡᠷᠬᠡᠪᠰᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠬᠢ ᠪᠠᠶᠠᠯᠢᠭ ᠤᠨ ᠭᠠᠶᠢᠯᠢ ᠪᠠ ᠡᠬᠢ ᠪᠠᠶᠠᠯᠢᠭ ᠤᠨ ᠨᠥᠬᠦᠪᠦᠷᠢ ᠰᠦᠢᠳᠬᠡᠯ ᠲᠤᠰᠢᠶᠠᠬᠤ ᠬᠡᠷᠡᠭᠲᠡᠢ᠃            ᠵᠢᠷᠭᠤᠳᠤᠭᠠᠷ ᠵᠦᠢᠯ ᠳᠠᠷᠠᠭᠠᠬᠢ ᠵᠢᠭᠰᠠᠭᠠᠭᠰᠠᠨ ᠲᠣᠭᠲᠠᠭᠠᠯ ᠶᠣᠰᠣᠭᠠᠷ ᠰᠢᠯᠵᠢᠭᠦᠯᠦᠨ ᠥᠭᠴᠦ ᠪᠣᠯᠬᠤ ᠶᠢ ᠭᠠᠷᠭᠠᠪᠠᠯ᠂ ᠠᠭᠤᠷᠬᠠᠢ ᠬᠠᠶᠢᠬᠤ ᠡᠷᠬᠡ᠂ ᠠᠭᠤᠷᠬᠠᠢ ᠮᠠᠯᠲᠠᠬᠤ ᠡᠷᠬᠡ ᠶᠢ ᠰᠢᠯᠵᠢᠭᠦᠯᠦᠨ ᠥᠭᠴᠦ ᠪᠣᠯᠬᠤ ᠦᠭᠡᠢ᠄             ︵ᠨᠢᠭᠡ︶ ᠠᠭᠤᠷᠬᠠᠢ ᠬᠠᠶᠢᠬᠤ ᠡᠷᠬᠡᠲᠦ ᠬᠥᠮᠥᠨ ᠨᠢ ᠵᠠᠭᠠᠭᠯᠠᠨ ᠲᠣᠭᠲᠠᠭᠠᠭᠰᠠᠨ ᠬᠠᠶᠢᠨ ᠪᠠᠶᠢᠴᠠᠭᠠᠬᠤ ᠠᠵᠢᠯ ᠤᠨ ᠲᠣᠭᠤᠷᠢᠭ ᠲᠤ ᠲᠣᠭᠲᠠᠭᠠᠭᠰᠠᠨ ᠬᠠᠶᠢᠨ ᠪᠠᠶᠢᠴᠠᠭᠠᠬᠤ ᠠᠵᠢᠯ ᠬᠢᠬᠦ ᠡᠷᠬᠡ ᠲᠠᠢ᠂ ᠬᠠᠶᠢᠨ ᠪᠠᠶᠢᠴᠠᠭᠠᠬᠤ ᠠᠵᠢᠯ ᠤᠨ ᠲᠣᠭᠤᠷᠢᠭ ᠲᠠᠬᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠠᠭᠤᠷᠬᠠᠢ ᠮᠠᠯᠲᠠᠬᠤ ᠡᠷᠬᠡ ᠶᠢ ᠤᠷᠢᠳᠠᠪᠠᠷ ᠣᠯᠬᠤ ᠡᠷᠬᠡ ᠲᠠᠢ᠃ ᠠᠭᠤᠷᠬᠠᠢ ᠬᠠᠶᠢᠬᠤ ᠡᠷᠬᠡᠲᠦ ᠬᠥᠮᠥᠨ ᠨᠢ ᠲᠣᠭᠲᠠᠭᠠᠭᠰᠠᠨ ᠬᠠᠶᠢᠨ ᠪᠠᠶᠢᠴᠠᠭᠠᠬᠤ ᠨᠠᠭᠠᠲᠤ ᠵᠠᠬ᠎ᠠ ᠶᠢᠨ ᠣᠷᠣᠭᠤᠯᠤᠯᠲᠠ ᠪᠠᠨ ᠪᠡᠶᠡᠯᠡᠭᠦᠯᠦᠭᠰᠡᠨ ᠤ ᠲᠠᠷᠠᠭ᠎ᠠ᠂ ᠬᠠᠤᠯᠢ ᠶᠣᠰᠣᠭᠠᠷ ᠵᠥᠪᠰᠢᠶᠡᠷᠡᠭᠦᠯᠦᠭᠡᠳ ᠠᠭᠤᠷᠬᠠᠢ ᠬᠠᠶᠢᠬᠤ ᠡᠷᠬᠡ ᠪᠠᠨ ᠪᠤᠰᠤᠳ ᠲᠤ ᠰᠢᠯᠵᠢᠭᠦᠯᠦᠨ ᠥᠭᠴᠦ ᠪᠣᠯᠣᠨ᠎ᠠ᠃             ︵ᠬᠤᠶᠠᠷ︶ ᠠᠭᠤᠷᠬᠠᠢ ᠮᠠᠯᠲᠠᠬᠤ ᠡᠷᠬᠡ ᠶᠢ ᠨᠢᠭᠡᠨᠲᠡ ᠣᠯᠣᠭᠰᠠᠨ ᠠᠭᠤᠷᠬᠠᠢ ᠶᠢᠨ ᠠᠵᠤ ᠠᠬᠤᠶᠢᠯᠠᠯ ᠨᠢ ᠠᠵᠤ ᠠᠬᠤᠶᠢᠯᠠᠯ ᠢᠶᠠᠨ ᠨᠡᠶᠢᠯᠡᠭᠦᠯᠬᠦ᠂ ᠰᠠᠯᠭᠠᠬᠤ᠂ ᠪᠤᠰᠤᠳ ᠲᠠᠢ ᠪᠡᠯᠡ ᠨᠡᠶᠢᠯᠡᠭᠦᠯᠬᠦ᠂ ᠬᠤᠷᠰᠢᠨ ᠡᠵᠡᠩᠨᠡᠬᠦ᠂ ᠡᠰᠡᠬᠦᠯ᠎ᠡ ᠠᠵᠤ ᠠᠬᠤᠶᠢᠯᠠᠯ ᠤᠨ ᠡᠳ᠋ ᠬᠥᠷᠥᠩᠭᠡ ᠪᠠᠨ ᠬᠤᠳᠠᠯᠳᠤᠬᠤ ᠵᠢᠴᠢ ᠠᠵᠤ ᠠᠬᠤᠶᠢᠯᠠᠯ ᠤᠨ ᠡᠳ᠋ ᠬᠥᠷᠥᠩᠭᠡ ᠶᠢᠨ ᠥᠮᠴᠢᠯᠡᠬᠦ ᠡᠷᠬᠡ ᠶᠢ ᠬᠤᠪᠢᠷᠠᠭᠤᠯᠬᠤ ᠪᠤᠰᠤᠳ ᠪᠠᠶᠢᠳᠠᠯ ᠲᠠᠢ ᠠᠴᠠ ᠪᠣᠯᠵᠤ ᠠᠭᠤᠷᠬᠠᠢ ᠮᠠᠯᠲᠠᠬᠤ ᠡᠷᠬᠡ ᠶᠢᠨ ᠭᠤᠤᠯ ᠴᠤᠭᠴᠠ ᠶᠢ ᠬᠤᠪᠢᠷᠠᠭᠤᠯᠬᠤ ᠴᠢᠬᠤᠯᠠᠲᠠᠢ ᠪᠠᠶᠢᠪᠠᠯ᠂ ᠬᠠᠤᠯᠢ ᠶᠣᠰᠣᠭᠠᠷ ᠵᠥᠪᠰᠢᠶᠡᠷᠡᠭᠦᠯᠦᠭᠡᠳ ᠠᠭᠤᠷᠬᠠᠢ ᠮᠠᠯᠲᠠᠬᠤ ᠡᠷᠬᠡ ᠪᠠᠨ ᠪᠤᠰᠤᠳ ᠲᠤ ᠰᠢᠯᠵᠢᠭᠦᠯᠦᠨ ᠥᠭᠴᠦ ᠠᠭᠤᠷᠬᠠᠢ ᠮᠠᠯᠲᠠᠭᠤᠯᠵᠤ ᠪᠣᠯᠣᠨ᠎ᠠ᠃            ᠡᠮᠦᠨᠡᠬᠢ ᠪᠠᠳᠠᠭ ᠲᠤ ᠲᠣᠭᠲᠠᠭᠠᠭᠰᠠᠨ ᠪᠣᠳᠠᠲᠠᠢ ᠠᠷᠭ᠎ᠠ ᠪᠠ ᠬᠡᠷᠡᠭᠵᠢᠭᠦᠯᠬᠦ ᠠᠯᠬᠤᠮ ᠲᠡᠷᠠᠭ᠎ᠠ ᠶᠢ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠨ᠎ᠠ᠃            ᠠᠭᠤᠷᠬᠠᠢ ᠬᠠᠶᠢᠬᠤ ᠡᠷᠬᠡ᠂ ᠠᠭᠤᠷᠬᠠᠢ ᠮᠠᠯᠲᠠᠬᠤ ᠡᠷᠬᠡ ᠶᠢ ᠰᠠᠷᠢᠭᠠᠯᠠᠵᠤ ᠠᠰᠢᠭ ᠣᠯᠬᠤ ᠶᠢ ᠴᠠᠭᠠᠵᠠᠯᠠᠨ᠎ᠠ᠃            ᠳᠣᠯᠣᠳᠤᠭᠠᠷ ᠵᠦᠢᠯ ᠤᠯᠤᠰ ᠠᠴᠠ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠨᠡᠭᠡᠭᠡᠨ ᠠᠰᠢᠭᠯᠠᠬᠤ ᠲᠠᠯ᠎ᠠ ᠪᠠᠷ ᠨᠢᠭᠡᠳᠦᠯᠲᠡᠢ ᠲᠥᠯᠥᠪᠵᠢᠭᠦᠯᠬᠦ᠂ ᠵᠦᠢ ᠵᠣᠬᠢᠰᠲᠠᠢ ᠪᠠᠶᠢᠷᠢᠯᠠᠭᠤᠯᠬᠤ᠂ ᠪᠦᠬᠦ ᠲᠠᠯ᠎ᠠ ᠪᠠᠷ ᠬᠠᠶᠢᠨ ᠪᠠᠶᠢᠴᠠᠭᠠᠬᠤ᠂ ᠵᠦᠢ ᠵᠣᠬᠢᠰᠲᠠᠢ ᠪᠠᠷ ᠨᠡᠭᠡᠭᠡᠨ ᠮᠠᠯᠲᠠᠬᠤ ᠪᠠ ᠪᠦᠬᠦ ᠲᠠᠯ᠎ᠠ ᠪᠠᠷ ᠠᠰᠢᠭᠯᠠᠬᠤ ᠴᠢᠭᠯᠡᠯᠲᠡ ᠶᠢ ᠬᠡᠷᠡᠭᠵᠢᠭᠦᠯᠦᠨ᠎ᠡ᠃            ᠨᠠᠢᠮᠠᠳᠤᠭᠠᠷ ᠵᠦᠢᠯ ᠤᠯᠤᠰ ᠠᠴᠠ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠨᠡᠭᠡᠭᠡᠨ ᠠᠰᠢᠭᠯᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠬᠢᠬᠦ ᠶᠢ ᠵᠣᠷᠢᠭᠵᠢᠭᠤᠯᠵᠤ᠂ ᠲᠡᠷᠢᠭᠦᠨ ᠤ ᠲᠧᠭᠨᠢᠭ ᠮᠡᠷᠭᠡᠵᠢᠯ ᠢ ᠳᠡᠯᠭᠡᠷᠡᠭᠦᠯᠦᠨ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠨᠡᠭᠡᠭᠡᠨ ᠠᠰᠢᠭᠯᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠷᠢ ᠲᠥᠪᠰᠢᠨ ᠢ ᠳᠡᠭᠡᠭᠰᠢᠯᠡᠭᠦᠯᠦᠨ᠎ᠡ᠃            ᠶᠢᠰᠦᠳᠦᠭᠡᠷ ᠵᠦᠢᠯ ᠡᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠨᠡᠭᠡᠭᠡᠨ ᠠᠰᠢᠭᠯᠠᠬᠤ᠂ ᠬᠠᠮᠠᠭᠠᠯᠠᠬᠤ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠬᠢᠬᠦ ᠵᠡᠷᠭᠡ ᠲᠠᠯ᠎ᠠ ᠪᠠᠷ ᠢᠯᠡᠳᠲᠡ ᠠᠮᠵᠢᠯᠲᠠ ᠣᠯᠣᠭᠰᠠᠨ ᠨᠢᠭᠡᠴᠢ ᠪᠠ ᠬᠤᠪᠢ ᠬᠥᠮᠥᠨ ᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠬᠥᠬᠢᠭᠦᠯᠦᠨ ᠱᠠᠩᠨᠠᠨ᠎ᠠ᠃            ᠠᠷᠪᠠᠳᠤᠭᠠᠷ ᠵᠦᠢᠯ ᠤᠯᠤᠰ ᠠᠴᠠ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠨᠤᠲᠤᠭ ᠲᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠮᠠᠯᠲᠠᠬᠤ ᠳᠠᠭᠠᠨ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠨᠤᠲᠤᠭ ᠤᠨ ᠠᠰᠢᠭ ᠲᠤᠰᠠ ᠶᠢ ᠬᠠᠷᠠᠭᠠᠯᠵᠠᠵᠤ᠂ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠨᠤᠲᠤᠭ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠳᠤ ᠠᠰᠢᠭᠲᠠᠢ ᠲᠣᠬᠢᠷᠠᠭᠤᠯᠤᠯᠲᠠ ᠬᠢᠵᠦ᠂ ᠲᠤᠬᠠᠢ ᠶᠢᠨ ᠭᠠᠵᠠᠷ ᠤᠨ ᠴᠥᠭᠡᠨ ᠲᠣᠭᠠᠲᠤ ᠦᠨᠳᠦᠰᠦᠲᠡᠨ ᠤ ᠤᠯᠡᠠ ᠲᠦᠮᠡᠨ ᠤ ᠦᠢᠯᠡᠳᠪᠦᠷᠢᠯᠡᠬᠦ ᠠᠵᠢᠯ ᠪᠠ ᠠᠮᠢᠳᠤᠷᠠᠯ ᠢ ᠬᠠᠷᠠᠭᠠᠯᠵᠠᠬᠤ ᠬᠡᠷᠡᠭᠲᠡᠢ᠃            ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠨᠤᠲᠤᠭ ᠤᠨ ᠥᠪᠡᠷᠲᠡᠭᠡᠨ ᠵᠠᠰᠠᠬᠤ ᠪᠠᠶᠢᠭᠤᠯᠭ᠎ᠠ ᠨᠢ ᠬᠠᠤᠯᠢ ᠶᠢᠨ ᠲᠣᠭᠲᠠᠭᠠᠯ ᠪᠠ ᠤᠯᠤᠰ ᠤᠨ ᠨᠢᠭᠡᠳᠦᠯᠲᠡᠢ ᠲᠥᠯᠦᠪᠵᠢᠭᠦᠯᠭᠡ ᠶᠢ ᠦᠨᠳᠦᠰᠦᠯᠡᠨ᠂ ᠲᠤᠰ ᠣᠷᠣᠨ ᠨᠤᠲᠤᠭ ᠤᠨ ᠨᠡᠭᠡᠭᠡᠨ ᠠᠰᠢᠭᠯᠠᠵᠤ ᠪᠣᠯᠬᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠤᠷᠢᠳᠠᠪᠠᠷ ᠵᠦᠢ ᠵᠣᠬᠢᠰᠲᠠᠢ ᠪᠠᠷ ᠨᠡᠭᠡᠭᠡᠨ ᠠᠰᠢᠭᠯᠠᠨ᠎ᠠ᠃            ᠠᠷᠪᠠᠨ ᠨᠢᠭᠡᠳᠦᠭᠡᠷ ᠵᠦᠢᠯ ᠲᠥᠷᠥ ᠶᠢᠨ ᠶᠠᠪᠤᠳᠠᠯ ᠤᠨ ᠬᠤᠷᠢᠶᠠᠨ ᠤ ᠭᠠᠵᠠᠷ ᠰᠢᠨᠵᠢᠯᠡᠭᠡᠨ ᠤ ᠠᠭᠤᠷᠬᠠᠶ ᠶᠢᠨ ᠭᠠᠷᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠪᠦᠬᠦ ᠤᠯᠤᠰ ᠤᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠨᠡᠭᠡᠭᠡᠨ ᠮᠠᠯᠲᠠᠬᠤ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠭᠤᠤᠯᠴᠢᠯᠠᠨ ᠬᠠᠮᠢᠶᠠᠷᠤᠨ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠥᠷᠥ ᠶᠢᠨ ᠶᠠᠪᠤᠳᠠᠯ ᠤᠨ ᠬᠤᠷᠢᠶᠠᠨ ᠤ ᠭᠠᠵᠠᠷ ᠰᠢᠨᠵᠢᠯᠡᠭᠡᠨ ᠤ ᠠᠭᠤᠷᠬᠠᠶ ᠶᠢᠨ ᠭᠠᠷᠤᠯᠲᠠ ᠶᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠬᠠᠮᠵᠢᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠨᠡᠭᠡᠭᠡᠨ ᠮᠠᠯᠲᠠᠬᠤ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠢᠬᠦ ᠬᠡᠷᠡᠭᠲᠡᠶ᠃                              ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠠᠵᠠᠷ ᠰᠢᠨᠵᠢᠯᠡᠭᠡ ᠠᠭᠤᠷᠬᠠᠢ ᠶᠢᠨ ᠭᠠᠷᠤᠯᠲᠠ ᠶᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠨᠡᠭᠡᠭᠡᠨ ᠮᠠᠯᠲᠠᠬᠤ ᠶᠢ ᠬᠢᠨᠠᠵᠤ ᠬᠠᠮᠢᠶᠠᠷᠬᠤ‌ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠳᠠᠯᠢ ᠱᠠᠲᠤᠨ ᠤ ᠪᠠᠨ ᠭᠠᠵᠠᠷ ᠰᠢᠨᠵᠢᠯᠡᠭᠡ ᠠᠭᠤᠷᠬᠠᠢ ᠶᠢᠨ ᠭᠠᠷᠤᠯᠲᠠ ᠶᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠢ ᠬᠠᠪᠰᠤᠷᠴᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠨᠡᠭᠡᠭᠡᠨ ᠮᠠᠯᠲᠠᠬᠤ ᠶᠢ ᠬᠢᠨᠠᠵᠤ ᠬᠠᠮᠢᠶᠠᠷᠬᠤ ᠠᠵᠢᠯ ᠢ ᠬᠠᠷᠢᠭᠤᠴᠠᠨ᠎ᠠ᠃            ᠬᠤᠶᠠᠳᠤᠭᠠᠷ ᠪᠦᠯᠦᠭ      ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ ᠶᠢ ᠳᠠᠩᠰᠠᠯᠠᠬᠤ ᠪᠠ ᠨᠡᠭᠡᠭᠡᠨ            ᠠᠷᠪᠠᠨ ᠬᠤᠶᠠᠳᠤᠭᠠᠷ ᠵᠦᠢᠯ ᠤᠯᠤᠰ ᠠᠴᠠ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ ᠳᠤ ᠨᠢᠭᠡᠳᠦᠯᠲᠡᠢ ᠣᠷᠣᠨ ᠬᠡᠰᠡᠭ ᠢ ᠲᠠᠩᠰᠠᠯᠠᠨ ᠬᠠᠮᠢᠶᠠᠷᠬᠤ ᠳᠦᠷᠢᠮ ᠢ ᠬᠡᠷᠡᠭᠵᠢᠭᠦᠯᠦᠨ᠎ᠡ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠵᠤ ᠳᠠᠩᠰᠠᠯᠠᠬᠤ ᠠᠵᠢᠯ ᠢ ᠲᠦᠷᠦ ᠶᠢᠨ ᠶᠠᠪᠤᠳᠠᠯ ᠤᠨ ᠬᠤᠷᠢᠶᠠᠨ ᠤ ᠭᠠᠵᠠᠷ ᠰᠢᠨᠵᠢᠯᠡᠭᠡ ᠠᠭᠤᠷᠬᠠᠢ ᠶᠢᠨ ᠣᠨᠴᠠᠭᠠᠶ ᠠᠭᠤᠷᠬᠠᠢ ᠶᠢᠨ ᠲᠦᠷᠦᠯ ᠤᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠵᠤ ᠳᠠᠩᠰᠠᠯᠠᠬᠤ ᠠᠵᠢᠯ ᠢ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠡᠷᠬᠡ ᠣᠯᠭᠤᠵᠤ ᠬᠠᠷᠢᠭᠤᠴᠠᠭᠤᠯᠵᠤ ᠪᠣᠯᠣᠨ᠎ᠠ᠃ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ ᠣᠷᠣᠨ ᠤ ᠬᠡᠰᠡᠭ ᠤᠨ ᠳᠠᠩᠰᠠᠯᠠᠭᠤᠯᠬᠤ ᠬᠠᠮᠢᠶᠠᠷᠤᠯᠲᠠ ᠶᠢᠨ ᠠᠷᠭ᠎ᠠ ᠶᠢ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠨ᠎ᠠ᠃            ᠠᠷᠪᠠᠨ ᠭᠤᠷᠪᠠᠳᠤᠭᠠᠷ ᠵᠦᠢᠯ ᠲᠥᠷᠥ ᠶᠢᠨ ᠶᠠᠪᠤᠳᠠᠯ ᠤᠨ ᠬᠤᠷᠢᠶᠠᠨ ᠤ ᠠᠭᠤᠷᠬᠠᠢ ᠶᠢᠨ ᠭᠠᠷᠤᠯᠲᠠ ᠶᠢᠨ ᠬᠠᠳᠠᠭᠠᠯᠠᠭᠳᠠᠴᠠ ᠶᠢ ᠬᠢᠨᠠᠨ ᠵᠥᠪᠰᠢᠶᠡᠷᠡᠬᠦ ᠪᠠᠶᠢᠭᠤᠯᠤᠮᠵᠢ ᠪᠤᠶᠤ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠭᠤᠷᠬᠠᠢ ᠶᠢᠨ ᠭᠠᠷᠤᠯᠲᠠ ᠶᠢᠨ ᠬᠠᠳᠠᠭᠠᠯᠠᠭᠳᠠᠴᠠ ᠶᠢ ᠬᠢᠨᠠᠨ ᠵᠥᠪᠰᠢᠶᠡᠷᠡᠬᠦ ᠪᠠᠶᠢᠭᠤᠯᠤᠮᠵᠢ ᠨᠤᠭᠤᠳ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠵᠢᠷᠤᠭ ᠲᠥᠯᠥᠪᠯᠡᠭᠡ ᠳᠤ ᠬᠡᠷᠡᠭᠯᠡᠬᠦ ᠬᠠᠶᠢᠨ ᠰᠢᠨᠵᠢᠯᠡᠯᠲᠡ ᠶᠢᠨ ᠮᠡᠳᠡᠭᠦᠯᠦᠯᠲᠡ ᠶᠢ ᠬᠢᠨᠠᠨ ᠪᠠᠶᠢᠴᠠᠭᠠᠵᠤ ᠵᠥᠪᠰᠢᠶᠡᠷᠡᠬᠦ ᠠᠵᠢᠯ ᠢ ᠬᠠᠷᠢᠭᠤᠴᠠᠬᠤ ᠶᠢᠨ ᠬᠠᠮᠲᠤ ᠮᠡᠳᠡᠭᠦᠯᠦᠭᠰᠡᠨ ᠨᠢᠭᠡᠴᠢ ᠳᠤ ᠲᠣᠭᠲᠠᠭᠰᠠᠨ ᠬᠤᠭᠤᠴᠠᠭᠠᠨ ᠤ ᠳᠣᠲᠣᠷ᠎ᠠ ᠴᠣᠬᠤᠯᠠᠪᠤᠷᠢᠯᠠᠨ ᠬᠠᠷᠢᠭᠤᠯᠬᠤ ᠬᠡᠷᠡᠭᠲᠡᠢ᠃ ᠬᠠᠶᠢᠨ ᠰᠢᠨᠵᠢᠯᠡᠯᠲᠡ ᠶᠢᠨ ᠮᠡᠳᠡᠭᠦᠯᠦᠯᠲᠡ ᠶᠢ ᠵᠥᠪᠰᠢᠶᠡᠷᠡᠭᠦᠯᠦᠭᠰᠡᠨ ᠦᠭᠡᠢ ᠪᠣᠯ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠵᠢᠷᠤᠭ ᠲᠥᠯᠥᠪᠯᠡᠭᠡᠨ ᠤ ᠦᠨᠳᠦᠰᠦ ᠪᠠᠷᠢᠮᠲᠠ ᠪᠣᠯᠭᠠᠵᠤ ᠪᠣᠯᠬᠤ ᠦᠭᠡᠢ᠃            ᠠᠷᠪᠠᠨ ᠳᠥᠷᠪᠡᠳᠦᠭᠡᠷ ᠵᠦᠢᠯ ᠡᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠭᠰᠠᠨ ᠦᠷ᠎ᠡ ᠪᠦᠲᠦᠭᠡᠯ ᠤᠨ ᠲᠠᠩᠰᠠ ᠡᠪᠬᠡᠮᠡᠯ ᠤᠨ ᠮᠠᠲ᠋ᠧᠷᠢᠶᠠᠯ ᠪᠣᠯᠣᠨ ᠡᠯ᠎ᠡ ᠲᠦᠷᠦᠯ ᠤᠨ ᠠᠭᠤᠷᠬᠠᠢ ᠶᠢᠨ ᠭᠠᠷᠤᠯᠲᠠ ᠶᠢᠨ ᠬᠠᠳᠠᠭᠠᠯᠠᠭᠳᠠᠴᠠ ᠶᠢᠨ ᠲᠤᠭ᠎ᠠ ᠪᠦᠷᠢᠳᠬᠡᠯ ᠤᠨ ᠮᠠᠲ᠋ᠧᠷᠢᠶᠠᠯ ᠳᠤ ᠨᠢᠭᠡᠳᠦᠯᠲᠡᠢ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠵᠦ᠂ ᠲᠦᠷᠤ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠶᠣᠰᠣᠭᠠᠷ ᠡᠮᠬᠢᠳᠬᠡᠨ ᠲᠤᠰᠢᠶᠠᠬᠤ ᠪᠤᠶᠤ ᠲᠠᠭᠯᠠᠨ ᠮᠡᠳᠡᠭᠦᠯᠦᠨ᠎ᠡ᠃            ᠠᠷᠪᠠᠨ ᠲᠠᠪᠤᠳᠤᠭᠠᠷ ᠵᠦᠢᠯ ᠡᠭᠤᠷᠬᠠᠶ ᠶᠢᠨ ᠠᠵᠤ ᠠᠬᠤᠶᠢᠯᠠᠯ ᠢ ᠪᠠᠶᠢᠭᠤᠯᠬᠤ ᠳᠤ ᠡᠷᠬᠡᠪᠰᠢ ᠤᠯᠤᠰ ᠠᠴᠠ ᠲᠣᠭᠲᠠᠭᠠᠭᠰᠠᠨ ᠬᠢᠷᠢ ᠴᠢᠳᠠᠯ ᠤᠨ ᠨᠥᠬᠦᠴᠡᠯ ᠳᠤ ᠨᠡᠶᠢᠴᠡᠭᠦᠯᠬᠦ ᠬᠡᠷᠡᠭᠲᠡᠢ ᠪᠥᠭᠡᠳ ᠬᠢᠨᠠᠨ ᠵᠥᠪᠰᠢᠶᠡᠷᠡᠬᠦ ᠪᠠᠶᠢᠭᠤᠯᠭ᠎ᠠ ᠠᠴᠠ ᠬᠠᠤᠯᠢ ᠴᠠᠭᠠᠵᠠ ᠪᠠ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠭᠤᠷᠬᠠᠢ ᠶᠢᠨ ᠣᠷᠣᠨ ᠤ ᠬᠡᠪᠴᠢᠶ᠎ᠡ᠂ ᠠᠭᠤᠷᠬᠠᠢ ᠶᠢᠨ ᠵᠢᠷᠤᠭ ᠲᠥᠯᠥᠪᠯᠡᠭᠡ ᠪᠤᠶᠤ ᠨᠡᠭᠡᠭᠡᠨ ᠮᠠᠯᠲᠠᠬᠤ ᠲᠥᠰᠥᠯ᠂ ᠦᠢᠯᠡᠳᠪᠦᠷᠢᠯᠡᠬᠦ ᠠᠵᠢᠯ ᠤᠨ ᠮᠡᠷᠭᠡᠵᠢᠯ ᠤᠨ ᠨᠥᠬᠦᠴᠡᠯ᠂ ᠠᠶᠤᠯᠭᠦᠢ ᠶᠢᠨ ᠠᠷᠭ᠎ᠠ ᠬᠡᠮᠵᠢᠶ᠎ᠡ ᠪᠠ ᠣᠷᠴᠢᠨ ᠠᠬᠤᠢ ᠶᠢ ᠬᠠᠮᠠᠭᠠᠯᠠᠬᠤ ᠠᠷᠭ᠎ᠠ ᠬᠡᠮᠵᠢᠶ᠎ᠡ ᠵᠡᠷᠭᠡ ᠶᠢ ᠬᠢᠨᠠᠨ ᠪᠠᠶᠢᠴᠠᠭᠠᠬᠤ ᠬᠡᠷᠡᠭᠲᠡᠢ᠃ ᠬᠢᠨᠠᠨ ᠪᠠᠶᠢᠴᠠᠭᠠᠭᠠᠳ ᠬᠢᠷᠢ ᠲᠡᠩᠴᠡᠪᠡᠯ ᠰᠠᠶ᠋ᠢ ᠵᠥᠪᠰᠢᠶᠡᠷᠡᠨ᠎ᠡ᠃            ᠠᠷᠪᠠᠨ ᠵᠢᠷᠭᠤᠳᠤᠭᠠᠷ ᠵᠦᠢᠯ ᠳᠣᠤᠷᠠᠬᠢ ᠮᠡᠲᠦ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠭᠠᠵᠠᠷ ᠰᠢᠨᠵᠢᠯᠡᠭᠡ ᠠᠭᠤᠷᠬᠠᠶ ᠶᠢᠨ ᠭᠠᠷᠤᠯᠲᠠ ᠶᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠵᠥᠪᠰᠢᠶᠡᠷᠡᠬᠦ ᠶᠢᠨ ᠬᠠᠮᠲᠤ ᠠᠭᠤᠷᠬᠠᠶ ᠮᠠᠯᠲᠠᠬᠤ ᠵᠥᠪᠰᠢᠶᠡᠷᠡᠯ ᠤᠨ ᠦᠨᠡᠮᠯᠡᠯ ᠣᠯᠭᠤᠨ᠎ᠠ᠄                 ︵ᠨᠢᠭᠡ︶ ᠤᠯᠤᠰ ᠠᠴᠠ ᠲᠥᠯᠥᠪᠵᠢᠭᠦᠯᠦᠭᠰᠡᠨ ᠠᠭᠤᠷᠬᠠᠢ ᠶᠢᠨ ᠣᠷᠣᠨ ᠪᠠ ᠤᠯᠤᠰ ᠠᠷᠠᠳ ᠤᠨ ᠠᠵᠤ ᠠᠬᠤᠢ ᠳᠤ ᠴᠢᠬᠤᠯᠠ ᠦᠨ᠎ᠡ ᠦᠷᠳᠡᠭ ᠲᠠᠢ ᠠᠭᠤᠷᠬᠠᠢ ᠶᠢᠨ ᠣᠷᠣᠨ ᠤ ᠳᠣᠲᠣᠷᠠᠬᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ᠃             ︵ᠬᠤᠶᠠᠷ︶ ᠡᠮᠦᠨᠡᠬᠢ ᠵᠤᠷᠪᠤᠰ ᠲᠤ ᠲᠣᠭᠲᠠᠭᠠᠭᠰᠠᠨ ᠣᠷᠣᠨ ᠠᠴᠠ ᠭᠠᠳᠠᠨᠠᠬᠢ ᠨᠡᠭᠡᠭᠡᠨ ᠮᠠᠯᠲᠠᠵᠤ ᠪᠣᠯᠬᠤ ᠠᠭᠤᠷᠬᠠᠢ ᠶᠢᠨ ᠭᠠᠷᠤᠯᠲᠠ ᠶᠢᠨ ᠬᠠᠳᠠᠭᠠᠯᠠᠭᠳᠠᠴᠠ ᠶᠢᠨ ᠬᠡᠪᠴᠢᠶ᠎ᠡ ᠨᠢ ᠲᠣᠮᠣ ᠬᠡᠯᠪᠡᠷᠢ ᠠᠴᠠ ᠳᠡᠭᠡᠭᠰᠢᠬᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ᠃             ︵ᠭᠤᠷᠪᠠ︶ ᠤᠯᠤᠰ ᠠᠴᠠ ᠬᠠᠮᠠᠭᠠᠯᠠᠯᠲᠠ ᠶᠢᠨ ᠴᠢᠨᠠᠷᠲᠠᠢ ᠨᠡᠭᠡᠭᠡᠨ ᠮᠠᠯᠲᠠᠬᠤ ᠶᠢ ᠬᠡᠷᠡᠭᠵᠢᠭᠦᠯᠬᠦ ᠪᠠᠷ ᠲᠣᠭᠲᠠᠭᠠᠭᠰᠠᠨ ᠣᠨᠴᠠ ᠲᠣᠭᠲᠠᠭᠰᠠᠨ ᠠᠭᠤᠷᠬᠠᠢ ᠶᠢᠨ ᠲᠦᠷᠦᠯ᠃             ︵ᠳᠥᠷᠪᠡ︶ ᠬᠠᠷᠢᠶ᠎ᠠ ᠲᠡᠯᠡᠢ ᠬᠢᠭᠡᠳ ᠳᠤᠮᠳᠠᠳᠤ ᠤᠯᠤᠰ ᠤᠨ ᠬᠠᠷᠢᠶᠠᠨ ᠳᠠᠬᠢ ᠪᠤᠰᠤᠳ ᠲᠡᠯᠡᠢ ᠶᠢᠨ ᠣᠷᠣᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ᠃             ︵ᠲᠠᠪᠤ︶ ᠲᠦᠷᠦ ᠶᠢᠨ ᠶᠠᠪᠤᠳᠠᠯ ᠤᠨ ᠬᠤᠷᠢᠶᠠᠨ ᠠᠴᠠ ᠲᠣᠭᠲᠠᠭᠠᠭᠰᠠᠨ ᠪᠤᠰᠤᠳ ᠠᠭᠤᠷᠬᠠᠢ ᠶᠢᠨ ᠭᠠᠷᠤᠯᠲᠠ ᠶᠢᠨ ᠡᠬᠢ            ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠢ ᠬᠡᠢ᠂ ᠰᠠᠴᠤᠷᠠᠭ ᠢᠳᠡᠪᠬᠢ ᠴᠢᠨᠠᠷᠲᠠᠢ ᠠᠭᠤᠷᠬᠠᠢ ᠶᠢᠨ ᠭᠠᠷᠤᠯᠲᠠ ᠵᠡᠷᠭᠡ ᠣᠨᠴᠠ ᠲᠣᠭᠲᠠᠭᠠᠭᠰᠠᠨ ᠠᠭᠤᠷᠬᠠᠢ ᠶᠢᠨ ᠳᠦᠷᠦᠯ ᠢ ᠨᠡᠭᠡᠭᠡᠨ ᠮᠠᠯᠲᠠᠬᠤ ᠳᠤ ᠳᠦᠷᠦ ᠶᠢᠨ ᠶᠠᠪᠤᠳᠠᠯ ᠤᠨ ᠬᠤᠷᠢᠶᠠᠨ ᠠᠴᠠ ᠡᠷᠬᠡ ᠣᠯᠭᠤᠭᠰᠠᠨ ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠵᠥᠪᠰᠢᠶᠡᠷᠡᠬᠦ ᠶᠢᠨ ᠬᠠᠮᠲᠤ ᠠᠭᠤᠷᠬᠠᠢ ᠮᠠᠯᠲᠠᠬᠤ ᠵᠥᠪᠰᠢᠶᠡᠷᠡᠯ ᠤᠨ ᠦᠨᠡᠮᠯᠡᠯ ᠣᠯᠭᠤᠵᠤ ᠪᠣᠯᠣᠨ᠎ᠠ᠃            ᠨᠢᠭᠡᠳᠦᠭᠡᠷ ᠪᠠᠳᠠᠭ᠂ ᠬᠤᠶᠠᠳᠤᠭᠠᠷ ᠪᠠᠳᠠᠭ ᠤᠨ ᠲᠣᠭᠲᠠᠭᠠᠯ ᠠᠴᠠ ᠭᠠᠳᠠᠨᠠᠬᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠳᠤ ᠲᠡᠭᠦᠨ ᠤ ᠮᠠᠯᠲᠠᠵᠤ ᠪᠣᠯᠬᠤ ᠠᠭᠤᠷᠬᠠᠢ ᠶᠢᠨ ᠭᠠᠷᠤᠯᠲᠠ ᠶᠢᠨ ᠬᠠᠳᠠᠭᠠᠯᠠᠭᠳᠠᠴᠠ ᠶᠢᠨ ᠬᠡᠪᠴᠢᠶ᠎ᠡ ᠨᠢ ᠳᠤᠮᠳᠠ ᠬᠡᠯᠪᠡᠷᠢ ᠶᠢᠨ ᠪᠠᠶᠢᠪᠠᠯ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠠᠵᠠᠷ ᠰᠢᠨᠵᠢᠯᠡᠭᠡ ᠠᠭᠤᠷᠬᠠᠢ ᠶᠢᠨ ᠭᠠᠷᠤᠯᠲᠠ ᠶᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠵᠥᠪᠰᠢᠶᠡᠷᠡᠬᠦ ᠪᠠ ᠠᠭᠤᠷᠬᠠᠢ ᠮᠠᠯᠲᠠᠬᠤ ᠵᠥᠪᠰᠢᠶᠡᠷᠡᠯ ᠤᠨ ᠦᠨᠡᠮᠯᠡᠯ ᠣᠯᠭᠤᠨ᠎ᠠ᠃            ᠨᠢᠭᠡᠳᠦᠭᠡᠷ ᠪᠠᠳᠠᠭ᠂ ᠬᠤᠶᠠᠳᠤᠭᠠᠷ ᠪᠠᠳᠠᠭ ᠪᠠ ᠭᠤᠷᠪᠠᠳᠤᠭᠠᠷ ᠪᠠᠳᠠᠭ ᠤᠨ ᠲᠣᠭᠲᠠᠭᠠᠯ ᠠᠴᠠ ᠭᠠᠳᠠᠨᠠᠬᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠬᠠᠮᠢᠶᠠᠷᠤᠯᠲᠠ ᠶᠢᠨ ᠠᠷᠭ᠎ᠠ ᠶᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠬᠠᠤᠯᠢ ᠶᠣᠰᠣᠭᠠᠷ ᠲᠣᠭᠲᠠᠭᠠᠨ᠎ᠠ᠃            ᠭᠤᠷᠪᠠᠳᠤᠭᠠᠷ ᠪᠠᠳᠠᠭ᠂ ᠳᠥᠷᠪᠡᠳᠦᠭᠡᠷ ᠪᠠᠳᠠᠭ ᠤᠨ ᠲᠣᠭᠲᠠᠭᠠᠯ ᠶᠣᠰᠣᠭᠠᠷ ᠠᠭᠤᠷᠬᠠᠢ ᠮᠠᠯᠲᠠᠬᠤ ᠵᠥᠪᠰᠢᠶᠡᠷᠡᠯ ᠤᠨ ᠦᠨᠡᠮᠯᠡᠯ ᠢ ᠬᠢᠨᠠᠨ ᠵᠥᠪᠰᠢᠶᠡᠷᠡᠬᠦ ᠪᠠ ᠣᠯᠭᠤᠬᠤ ᠳᠤ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠠᠵᠠᠷ ᠰᠢᠨᠵᠢᠯᠡᠭᠡ ᠠᠭᠤᠷᠬᠠᠢ ᠶᠢᠨ ᠭᠠᠷᠤᠯᠲᠠ ᠶᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠤᠷᠢᠶᠠᠩᠭᠤᠶᠢᠯᠠᠭᠠᠳ ᠲᠦᠷᠦ ᠶᠢᠨ ᠶᠠᠪᠤᠳᠠᠯ ᠤᠨ ᠬᠤᠷᠢᠶᠠᠨ ᠤ ᠭᠠᠵᠠᠷ ᠰᠢᠨᠵᠢᠯᠡᠭᠡ ᠠᠭᠤᠷᠬᠠᠢ ᠶᠢᠨ ᠭᠠᠷᠤᠯᠲᠠ ᠶᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠪᠦᠷᠢᠳᠬᠡᠭᠦᠯᠬᠦ ᠬᠡᠷᠡᠭᠲᠡᠢ᠃            ᠠᠭᠤᠷᠬᠠᠶ ᠶᠢᠨ ᠭᠠᠷᠤᠯᠲᠠ ᠶᠢᠨ ᠬᠠᠳᠠᠭᠠᠯᠠᠭᠳᠠᠴᠠ ᠶᠢᠨ ᠬᠡᠪᠴᠢᠶ᠎ᠡ ᠨᠢ ᠲᠣᠮᠣ ᠬᠡᠯᠪᠡᠷᠢ ᠶᠢᠨ᠂ ᠳᠤᠮᠳᠠ ᠬᠡᠯᠪᠡᠷᠢ ᠶᠢᠨ ᠬᠤᠪᠢᠶᠠᠷᠢᠯᠠᠬᠤ ᠪᠠᠷᠢᠮᠵᠢᠶ᠎ᠠ ᠶᠢ ᠲᠥᠷᠥ ᠶᠢᠨ ᠶᠠᠪᠤᠳᠠᠯ ᠤᠨ ᠬᠤᠷᠢᠶᠠᠨ ᠤ ᠠᠭᠤᠷᠬᠠᠶ ᠶᠢᠨ ᠭᠠᠷᠤᠯᠲᠠ ᠶᠢᠨ ᠬᠠᠳᠠᠭᠠᠯᠠᠭᠳᠠᠴᠠ ᠶᠢ ᠬᠢᠨᠠᠨ ᠵᠥᠪᠰᠢᠶᠡᠷᠡᠬᠦ ᠪᠠᠶᠢᠭᠤᠯᠤᠮᠵᠢ ᠠᠴᠠ ᠲᠣᠭᠲᠠᠭᠠᠨ᠎ᠠ᠃                ᠠᠷᠪᠠᠨ ᠳᠣᠯᠣᠳᠤᠭᠠᠷ ᠵᠦᠢᠯ ᠤᠯᠤᠰ ᠠᠴᠠ ᠤᠯᠤᠰ ᠠᠴᠠ ᠲᠥᠯᠥᠪᠵᠢᠭᠦᠯᠦᠭᠰᠡᠨ ᠠᠭᠤᠷᠬᠠᠢ ᠶᠢᠨ ᠣᠷᠣᠨ᠂ ᠤᠯᠤᠰ ᠠᠷᠠᠳ ᠤᠨ ᠠᠵᠤ ᠠᠬᠤᠢ ᠳᠤ ᠴᠢᠬᠤᠯᠠ ᠦᠨ᠎ᠡ ᠦᠷᠳᠡᠭ ᠲᠠᠢ ᠠᠭᠤᠷᠬᠠᠢ ᠶᠢᠨ ᠣᠷᠣᠨ ᠪᠠ ᠤᠯᠤᠰ ᠠᠴᠠ ᠬᠠᠮᠠᠭᠠᠯᠠᠯᠲᠠ ᠶᠢᠨ ᠴᠢᠨᠠᠷᠲᠠᠢ ᠨᠡᠭᠡᠭᠡᠨ ᠮᠠᠯᠲᠠᠬᠤ ᠪᠠᠷ ᠲᠣᠭᠲᠠᠭᠠᠭᠰᠠᠨ ᠣᠨᠴᠠ ᠲᠣᠭᠲᠠᠭᠰᠠᠨ ᠠᠭᠤᠷᠬᠠᠢ ᠶᠢᠨ ᠲᠦᠷᠦᠯ ᠳᠤ ᠲᠥᠯᠥᠪᠯᠡᠭᠡ ᠲᠠᠢ ᠪᠠᠷ ᠨᠡᠭᠡᠭᠡᠨ ᠮᠠᠯᠲᠠᠬᠤ ᠶᠢ ᠬᠡᠷᠡᠭᠵᠢᠭᠦᠯᠦᠨ᠎ᠡ᠃ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠤᠨ ᠵᠥᠪᠰᠢᠶᠡᠷᠡᠯ ᠦᠭᠡᠢ ᠪᠠᠷ ᠶᠠᠮᠠᠷᠪᠠ ᠨᠢᠭᠡᠴᠢ ᠪᠠ ᠬᠤᠪᠢ ᠬᠥᠮᠥᠨ ᠨᠡᠭᠡᠭᠡᠨ ᠮᠠᠯᠲᠠᠵᠤ ᠪᠣᠯᠬᠤ ᠦᠭᠡᠢ᠃            ᠠᠷᠪᠠᠨ ᠨᠠᠢᠮᠠᠳᠤᠭᠠᠷ ᠵᠦᠢᠯ ᠤᠯᠤᠰ ᠠᠴᠠ ᠲᠥᠯᠥᠪᠵᠢᠭᠦᠯᠦᠭᠰᠡᠨ ᠠᠭᠤᠷᠬᠠᠢ ᠶᠢᠨ ᠣᠷᠣᠨ ᠤ ᠬᠦᠷᠢᠶ᠎ᠡ ᠬᠡᠪᠴᠢᠶ᠎ᠡ᠂ ᠤᠯᠤᠰ ᠠᠷᠠᠳ ᠤᠨ ᠠᠵᠤ ᠠᠬᠤᠢ ᠳᠤ ᠴᠢᠬᠤᠯᠠ ᠦᠨ᠎ᠡ ᠦᠷᠳᠡᠭ ᠲᠠᠢ ᠠᠭᠤᠷᠬᠠᠢ ᠶᠢᠨ ᠣᠷᠣᠨ ᠤ ᠬᠦᠷᠢᠶ᠎ᠡ ᠬᠡᠪᠴᠢᠶ᠎ᠡ᠂ ᠠᠭᠤᠷᠬᠠᠢ ᠶᠢᠨ ᠠᠵᠤ ᠠᠬᠤᠶᠢᠯᠠᠯ ᠤᠨ ᠠᠭᠤᠷᠬᠠᠢ ᠶᠢᠨ ᠣᠷᠣᠨ ᠤ ᠬᠦᠷᠢᠶ᠎ᠡ ᠬᠡᠪᠴᠢᠶ᠎ᠡ ᠶᠢ ᠬᠠᠤᠯᠢ ᠶᠣᠰᠣᠭᠠᠷ ᠵᠠᠭᠠᠭᠯᠠᠨ ᠲᠣᠭᠲᠠᠭᠠᠭᠰᠠᠨ ᠤ ᠲᠠᠷᠠᠭ᠎ᠠ᠂ ᠠᠭᠤᠷᠬᠠᠢ ᠶᠢᠨ ᠣᠷᠣᠨ ᠤ ᠬᠦᠷᠢᠶ᠎ᠡ ᠬᠡᠪᠴᠢᠶ᠎ᠡ ᠶᠢ ᠵᠠᠭᠠᠭᠯᠠᠨ ᠲᠣᠭᠲᠠᠭᠠᠭᠰᠠᠨ ᠡᠷᠬᠢᠯᠡᠨ ᠬᠠᠮᠢᠶᠠᠷᠬᠤ ᠪᠠᠶᠢᠭᠤᠯᠭ᠎ᠠ ᠠᠴᠠ ᠬᠤᠯᠪᠣᠭᠳᠠᠯ ᠪᠦᠬᠦᠢ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠳᠡᠵᠦ ᠵᠠᠷᠯᠠᠨ ᠨᠡᠶᠢᠲᠡᠯᠡᠨ᠎ᠡ᠃            ᠠᠭᠤᠷᠬᠠᠢ ᠶᠢᠨ ᠠᠵᠤ ᠠᠬᠤᠶᠢᠯᠠᠯ ᠠᠭᠤᠷᠬᠠᠢ ᠶᠢᠨ ᠣᠷᠣᠨ ᠤ ᠬᠡᠪᠴᠢᠶ᠎ᠡ ᠪᠠᠨ ᠬᠤᠪᠢᠷᠠᠭᠤᠯᠬᠤ ᠳᠤ ᠡᠷᠬᠡᠪᠰᠢ ᠤᠤᠯ ᠤᠨ ᠬᠢᠨᠠᠨ ᠵᠥᠪᠰᠢᠶᠡᠷᠡᠭᠰᠡᠨ ᠪᠠᠶᠢᠭᠤᠯᠭ᠎ᠠ ᠳᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ ᠪᠥᠭᠡᠳ ᠤᠤᠯ ᠤᠨ ᠠᠭᠤᠷᠬᠠᠢ ᠮᠠᠯᠲᠠᠬᠤ ᠵᠥᠪᠰᠢᠶᠡᠷᠡᠯ ᠤᠨ ᠦᠨᠡᠮᠯᠡᠯ ᠣᠯᠭᠤᠭᠰᠠᠨ ᠪᠠᠶᠢᠭᠤᠯᠭ᠎ᠠ ᠳᠤ ᠮᠡᠳᠡᠭᠦᠯᠦᠨ ᠠᠭᠤᠷᠬᠠᠢ ᠮᠠᠯᠲᠠᠬᠤ ᠵᠥᠪᠰᠢᠶᠡᠷᠡᠯ ᠤᠨ ᠦᠨᠡᠮᠯᠡᠯ ᠢ ᠲᠡᠬᠢᠵᠦ ᠬᠢᠨᠠᠨ ᠣᠯᠭᠤᠭᠤᠯᠬᠤ ᠬᠡᠷᠡᠭᠲᠡᠢ᠃            ᠠᠷᠪᠠ ᠶᠢᠰᠦᠳᠦᠭᠡᠷ ᠵᠦᠢᠯ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠠᠷᠭ᠎ᠠ ᠬᠡᠮᠵᠢᠶ᠎ᠡ ᠠᠪᠴᠤ ᠪᠠᠶᠢᠭᠠᠳ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠤᠯᠤᠰ ᠤᠨ ᠥᠮᠴᠢᠯᠡᠯ ᠤᠨ ᠠᠭᠤᠷᠬᠠᠢ ᠶᠢᠨ ᠠᠵᠤ ᠠᠬᠤᠶᠢᠯᠠᠯ ᠪᠣᠯᠣᠨ ᠪᠤᠰᠤᠳ ᠠᠭᠤᠷᠬᠠᠢ ᠶᠢᠨ ᠠᠵᠤ ᠠᠬᠤᠶᠢᠯᠠᠯ ᠤᠨ ᠠᠭᠤᠷᠬᠠᠢ ᠶᠢᠨ ᠣᠷᠣᠨ ᠤ ᠬᠡᠪᠴᠢᠶᠡᠨ ᠳᠠᠬᠢ ᠬᠡᠪ ᠤᠨ ᠡᠮᠬᠢ ᠵᠢᠷᠤᠮ ᠢ ᠬᠠᠮᠠᠭᠠᠯᠠᠬᠤ ᠬᠡᠷᠡᠭᠲᠡᠢ            ᠶᠠᠮᠠᠷᠪᠠ ᠨᠢᠭᠡᠴᠢ ᠪᠠ ᠬᠤᠪᠢ ᠬᠥᠮᠥᠨ ᠤ ᠪᠤᠰᠤᠳ ᠤᠨ ᠬᠠᠤᠯᠢ ᠶᠣᠰᠣᠭᠠᠷ ᠪᠠᠶᠢᠭᠤᠯᠤᠭᠰᠠᠨ ᠤᠯᠤᠰ ᠤᠨ ᠥᠮᠴᠢᠯᠡᠯ ᠤᠨ ᠠᠭᠤᠷᠬᠠᠢ ᠶᠢᠨ ᠠᠵᠤ ᠠᠬᠤᠶᠢᠯᠠᠯ ᠪᠠ ᠪᠤᠰᠤᠳ ᠠᠭᠤᠷᠬᠠᠢ ᠶᠢᠨ ᠠᠵᠤ ᠠᠬᠤᠶᠢᠯᠠᠯ ᠤᠨ ᠠᠭᠤᠷᠬᠠᠢ ᠶᠢᠨ ᠣᠷᠣᠨ ᠤ ᠬᠡᠪᠴᠢᠶᠡᠨ ᠳᠤ ᠣᠷᠣᠵᠤ ᠠᠭᠤᠷᠬᠠᠢ ᠮᠠᠯᠲᠠᠬᠤ ᠶᠢ ᠴᠠᠭᠠᠵᠠᠯᠠᠨ᠎ᠠ᠃            ᠬᠤᠷᠢᠳᠤᠭᠠᠷ ᠵᠦᠢᠯ ᠲᠥᠷᠥ ᠶᠢᠨ ᠶᠠᠪᠤᠳᠠᠯ ᠤᠨ ᠬᠤᠷᠢᠶᠠᠨ ᠠᠴᠠ ᠡᠷᠬᠡ ᠣᠯᠭᠤᠭᠰᠠᠨ ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠵᠥᠪᠰᠢᠶᠡᠷᠡᠯ ᠦᠭᠡᠢ ᠪᠠᠷ ᠳᠠᠷᠠᠭᠠᠬᠢ ᠭᠠᠵᠠᠷ ᠣᠷᠣᠨ ᠳᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠵᠤ ᠪᠣᠯᠬᠤ ᠦᠭᠡᠢ᠄             ︵ᠨᠢᠭᠡ︶ ᠭᠠᠷᠠᠮ᠂ ᠨᠢᠰᠬᠡᠯ ᠤᠨ ᠪᠠᠭᠤᠳᠠᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠠᠷᠢᠯᠭ᠎ᠠ ᠶᠢᠨ ᠲᠥᠬᠦᠭᠡᠷᠦᠮᠵᠢ ᠶᠢ ᠬᠦᠷᠢᠶᠡᠯᠡᠵᠦ ᠲᠣᠭᠲᠠᠭᠠᠭᠰᠠᠨ ᠭᠠᠵᠠᠷ ᠣᠷᠣᠨ ᠤ ᠳᠣᠲᠣᠷ᠎ᠠ᠃             ︵ᠬᠤᠶᠠᠷ︶ ᠴᠢᠬᠤᠯᠠ ᠠᠵᠤ ᠦᠢᠯᠡᠳᠪᠦᠷᠢ ᠶᠢᠨ ᠣᠷᠣᠨ᠂ ᠲᠣᠮᠣ ᠬᠡᠯᠪᠡᠷᠢ ᠶᠢᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠲᠥᠬᠦᠭᠡᠷᠦᠮᠵᠢ᠂ ᠬᠤᠲᠠ ᠪᠠᠯᠭᠠᠰᠤ ᠶᠢᠨ ᠬᠤᠳᠠ ᠶᠢᠨ ᠶᠠᠪᠤᠳᠠᠯ ᠤᠨ ᠪᠠᠷᠢᠯᠭ᠎ᠠ ᠶᠢᠨ ᠲᠥᠬᠦᠭᠡᠷᠦᠮᠵᠢ ᠶᠢᠨ ᠣᠶᠢᠷᠠᠯᠴᠠᠭ᠎ᠠ ᠵᠣᠬᠢᠬᠤ ᠵᠠᠢ ᠶᠢᠨ ᠳᠣᠲᠣᠷ᠎ᠠ             ︵ᠭᠤᠷᠪᠠ︶ ᠲᠡᠮᠦᠷ ᠵᠡᠮ᠂ ᠴᠢᠬᠤᠯᠠ ᠵᠠᠰᠠᠮᠠᠯ ᠵᠡᠮ ᠤᠨ ᠬᠤᠶᠠᠷ ᠬᠠᠵᠠᠭᠤ ᠶᠢᠨ ᠵᠣᠬᠢᠬᠤ ᠵᠠᠢ ᠶᠢᠨ ᠳᠣᠲᠣᠷ᠎ᠠ᠃             ︵ᠳᠥᠷᠪᠡ︶ ᠴᠢᠬᠤᠯᠠ ᠭᠤᠣᠯ ᠮᠥᠷᠡᠨ᠂ ᠲᠡᠯᠡᠩ ᠬᠠᠰᠢᠯᠭ᠎ᠠ ᠶᠢᠨ ᠬᠤᠶᠠᠷ ᠬᠠᠵᠠᠭᠤ ᠶᠢᠨ ᠵᠣᠬᠢᠬᠤ ᠵᠠᠢ ᠶᠢᠨ ᠳᠣᠲᠣᠷ᠎ᠠ᠃             ︵ᠲᠠᠪᠤ︶ ᠤᠯᠤᠰ ᠠᠴᠠ ᠵᠠᠭᠠᠭᠯᠠᠨ ᠲᠣᠭᠲᠠᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠴᠢᠬᠤᠯᠠ ᠦᠵᠡᠮᠵᠢ ᠶᠢᠨ ᠣᠷᠣᠨ᠂ ᠤᠯᠤᠰ ᠤᠨ ᠭᠤᠣᠯᠳᠠᠯᠭ᠎ᠠ ᠲᠠᠢ ᠬᠠᠮᠠᠭᠠᠯᠠᠯᠲᠠ ᠳᠤ ᠪᠠᠶᠢᠭ᠎ᠠ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯ ᠪᠠ ᠠᠯᠳᠠᠷᠲᠤ ᠦᠵᠡᠮᠵᠢ ᠡᠷᠲᠡᠨ ᠤ ᠦᠯᠡᠳᠡᠭᠳᠡᠯ ᠤᠨ ᠪᠠᠶᠢᠭ᠎ᠠ ᠭᠠᠵᠠᠷ᠃             ︵ᠵᠢᠷᠭᠤᠭ᠎ᠠ︶ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠵᠤ ᠪᠣᠯᠬᠤ ᠦᠭᠡᠢ ᠭᠡᠵᠦ ᠤᠯᠤᠰ ᠠᠴᠠ ᠲᠣᠭᠲᠠᠭᠠᠭᠰᠠᠨ ᠪᠤᠰᠤᠳ ᠭᠠᠵᠠᠷ ᠣᠷᠣᠨ᠃            ᠬᠤᠷᠢᠨ ᠨᠢᠭᠡᠳᠦᠭᠡᠷ ᠵᠦᠢᠯ ᠠᠭᠤᠷᠬᠠᠢ ᠶᠢ ᠬᠠᠭᠠᠬᠤ ᠳᠤ ᠡᠷᠬᠡᠪᠰᠢ ᠠᠭᠤᠷᠬᠠᠢ ᠶᠢᠨ ᠨᠦᠬᠡ ᠬᠠᠭᠠᠭᠳᠠᠭᠰᠠᠨ ᠮᠡᠳᠡᠭᠦᠯᠦᠯᠲᠡ ᠵᠢᠴᠢ ᠮᠠᠯᠲᠠᠬᠤ ᠪᠠᠷᠢᠯᠭ᠎ᠠ᠂ ᠠᠮᠤᠷ ᠲᠦᠪᠰᠢᠨ ᠪᠤᠰᠤ ᠳᠠᠯᠳᠠ ᠭᠡᠮ᠂ ᠭᠠᠵᠠᠷ ᠰᠢᠷᠣᠢ ᠶᠢ ᠰᠡᠷᠭᠦᠭᠡᠨ ᠬᠠᠭᠠᠯᠪᠤᠷᠢᠯᠠᠵᠤ ᠠᠰᠢᠭᠯᠠᠬᠤ᠂ ᠣᠷᠴᠢᠨ ᠲᠣᠭᠤᠷᠢᠨ ᠢ ᠬᠠᠮᠠᠭᠠᠯᠠᠬᠤ ᠲᠤᠬᠠᠢ ᠬᠤᠯᠪᠣᠭᠳᠠᠯ ᠪᠦᠬᠦᠢ ᠮᠠᠲ᠋ᠧᠷᠢᠶᠠᠯ ᠢᠶᠠᠨ ᠳᠡᠪᠰᠢᠭᠦᠯᠬᠦ ᠶᠢᠨ ᠬᠠᠮᠲᠤ ᠤᠯᠤᠰ ᠤᠨ ᠲᠣᠭᠲᠠᠭᠠᠯ ᠶᠣᠰᠣᠭᠠᠷ ᠮᠡᠳᠡᠭᠦᠯᠵᠦ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠬᠦ ᠬᠡᠷᠡᠭᠲᠡᠢ᠃            ᠬᠤᠷᠢᠨ ᠬᠤᠶᠠᠳᠤᠭᠠᠷ ᠵᠦᠢᠯ ᠡᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠨᠡᠭᠡᠭᠡᠨ ᠮᠠᠯᠲᠠᠬᠤ ᠳᠠᠭᠠᠨ ᠴᠢᠬᠤᠯᠠ ᠶᠡᠭᠡ ᠰᠢᠨᠵᠢᠯᠡᠬᠦ ᠤᠬᠠᠭᠠᠨ ᠰᠣᠶᠣᠯ ᠤᠨ ᠦᠨ᠎ᠡ ᠦᠷᠳᠡᠭ ᠲᠠᠢ ᠬᠤᠪᠣᠷ ᠲᠣᠬᠢᠶᠠᠯᠳᠤᠬᠤ ᠭᠠᠵᠠᠷ ᠰᠢᠨᠵᠢᠯᠡᠭᠡᠨ ᠤ ᠦᠵᠡᠭᠳᠡᠯ ᠵᠢᠴᠢ ᠰᠣᠶᠣᠯ ᠤᠨ ᠡᠷᠲᠡᠨ ᠤ ᠦᠯᠡᠳᠡᠭᠳᠡᠯ ᠢ ᠣᠯᠵᠤ ᠮᠡᠳᠡᠪᠡᠯ᠂ ᠲᠡᠭᠦᠨ ᠢ ᠬᠠᠮᠠᠭᠠᠯᠠᠬᠤ ᠬᠡᠷᠡᠭᠲᠡᠢ ᠪᠥᠭᠡᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃            ᠭᠤᠷᠪᠠᠳᠤᠭᠠᠷ ᠪᠦᠯᠦᠭ      ᠠᠭᠤᠷᠬᠠᠢ ᠶᠢᠨ ᠡᠬᠢ ᠪᠠᠶᠠᠯᠢᠭ ᠤᠨ ᠬᠠᠶᠢᠨ ᠪᠠᠶᠢᠴᠠᠭᠠᠯᠲᠠ            ᠬᠤᠷᠢᠨ ᠭᠤᠷᠪᠠᠳᠤᠭᠠᠷ ᠵᠦᠢᠯ ᠣᠷᠣᠨ ᠪᠦᠰᠡ ᠶᠢᠨ ᠭᠠᠵᠠᠷ ᠰᠢᠨᠵᠢᠯᠡᠭᠡᠨ ᠤ ᠪᠠᠶᠢᠴᠠᠭᠠᠯᠲᠠ ᠶᠢ ᠤᠯᠤᠰ ᠤᠨ ᠨᠢᠭᠡᠳᠦᠯᠲᠡᠢ ᠲᠥᠯᠦᠪᠵᠢᠭᠦᠯᠭᠡ ᠶᠢᠨ ᠶᠣᠰᠣᠭᠠᠷ ᠬᠢᠨ᠎ᠡ᠃ ᠣᠷᠣᠨ ᠪᠦᠰᠡ ᠶᠢᠨ ᠭᠠᠵᠠᠷ ᠰᠢᠨᠵᠢᠯᠡᠭᠡᠨ ᠤ ᠪᠠᠶᠢᠴᠠᠭᠠᠯᠲᠠ ᠶᠢᠨ ᠮᠡᠳᠡᠭᠦᠯᠦᠯᠲᠡ ᠪᠠ ᠵᠢᠷᠤᠭ ᠢ ᠤᠯᠤᠰ ᠤᠨ ᠲᠣᠭᠲᠠᠭᠠᠯ ᠶᠣᠰᠣᠭᠠᠷ ᠰᠢᠯᠭᠠᠨ ᠠᠪᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠬᠠᠩᠭᠠᠨ ᠬᠡᠷᠡᠭᠯᠡᠭᠦᠯᠦᠨ᠎ᠡ᠃            ᠬᠤᠷᠢᠨ ᠳᠥᠷᠪᠡᠳᠦᠭᠡᠷ ᠵᠦᠢᠯ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ  ᠨᠢ ᠭᠤᠣᠯ ᠪᠣᠯᠬᠤ ᠠᠭᠤᠷᠬᠠᠢ ᠶᠢᠨ ᠲᠥᠷᠥᠯ ᠤᠨ ᠨᠡᠶᠢᠳᠡᠮ ᠪᠠᠶᠢᠴᠠᠭᠠᠯᠲᠠ ᠶᠢᠨ ᠡᠭᠦᠷᠭᠡ ᠶᠢ ᠪᠡᠶᠡᠯᠡᠭᠦᠯᠬᠦ ᠶᠢᠨ ᠵᠡᠷᠭᠡᠴᠡᠪᠡᠷ ᠠᠵᠢᠯᠯᠠᠬᠤ ᠣᠷᠣᠨ ᠤ ᠳᠣᠲᠣᠷᠠᠬᠢ ᠬᠠᠮᠲᠤ ᠣᠷᠣᠰᠢᠵᠤ ᠪᠠᠶᠢᠭ᠎ᠠ ᠪᠤᠶᠤ ᠳᠠᠭᠠᠯᠳᠤᠪᠤᠷᠢ ᠠᠭᠤᠷᠬᠠᠢ ᠶᠢᠨ ᠭᠠᠷᠤᠯᠲᠠ ᠶᠢ ᠪᠠᠭᠲᠠᠭᠠᠭᠰᠠᠨ ᠡᠷᠦᠳᠡᠰᠦ ᠶᠢᠨ ᠭᠠᠵᠠᠷ ᠰᠢᠨᠵᠢᠯᠡᠭᠡᠨ ᠤ ᠨᠥᠬᠦᠴᠡᠯ ᠪᠣᠯᠣᠨ ᠠᠭᠤᠷᠬᠠᠢ ᠶᠢᠨ ᠬᠡᠪᠲᠡᠰᠢ ᠶᠢᠨ ᠠᠵᠤ ᠦᠢᠯᠡᠳᠪᠦᠷᠢ ᠶᠢᠨ ᠠᠯᠤᠰ ᠤᠨ ᠲᠥᠯᠥᠪ ᠳᠤ ᠠᠩᠬ᠎ᠠ ᠠᠯᠬᠤᠮ ᠤᠨ ᠶᠡᠷᠦᠩᠬᠡᠶᠢᠯᠡᠭᠰᠡᠨ ᠦᠨᠡᠯᠡᠯᠲᠡ ᠬᠢᠬᠦ ᠬᠡᠷᠡᠭᠲᠡᠢ᠃            ᠬᠤᠷᠢᠨ ᠲᠠᠪᠤᠳᠤᠭᠠᠷ ᠵᠦᠶᠢᠯ ᠠᠭᠤᠷᠬᠠᠢ ᠶᠢᠨ ᠬᠡᠪᠲᠡᠰᠢ ᠬᠠᠢᠨ ᠰᠢᠨᠵᠢᠯᠡᠬᠦ ᠳᠡᠭᠡᠨ ᠡᠷᠬᠡᠪᠰᠢ ᠠᠭᠤᠷᠬᠠᠢ ᠶᠢᠨ ᠣᠷᠣᠨ ᠤ ᠳᠣᠲᠣᠷᠠᠬᠢ ᠠᠵᠤ ᠦᠶᠢᠯᠡᠳᠪᠦᠷᠢ ᠶᠢᠨ ᠦᠨ᠎ᠡ ᠥᠷᠲᠡᠭ ᠲᠠᠢ ᠬᠠᠮᠲᠤ ᠣᠷᠣᠰᠢᠬᠤ ᠪᠠ ᠳᠠᠭᠠᠯᠳᠤᠨ ᠭᠠᠷᠬᠤ ᠠᠭᠤᠷᠬᠠᠢ ᠶᠢᠨ ᠭᠠᠷᠤᠯᠲᠠ ᠳᠤ ᠶᠡᠷᠦᠩᠬᠡᠢ ᠦᠨᠡᠯᠡᠯᠲᠡ ᠬᠢᠬᠦ ᠶᠢᠨ ᠬᠠᠮᠲᠤ ᠬᠠᠳᠠᠭᠠᠯᠠᠭᠳᠠᠴᠠ ᠶᠢ ᠨᠢ ᠪᠣᠳᠣᠬᠤ ᠬᠡᠷᠡᠭᠲᠡᠢ ᠶᠡᠷᠦᠩᠬᠡᠶᠢᠯᠡᠨ ᠦᠨᠡᠯᠡᠯᠲᠡ ᠬᠢᠭᠰᠡᠨ ᠦᠭᠡᠶ ᠬᠠᠶᠢᠨ ᠪᠠᠶᠢᠴᠠᠭᠠᠭᠰᠠᠨ ᠮᠡᠳᠡᠭᠦᠯᠦᠯᠲᠡ ᠶᠢ ᠵᠥᠪᠰᠢᠶᠡᠷᠡᠭᠰᠡᠨ ᠦᠭᠡᠶ᠃ ᠭᠡᠪᠡᠴᠦ ᠲᠥᠷᠥ ᠶᠢᠨ ᠶᠠᠪᠤᠳᠠᠯ ᠤᠨ ᠬᠤᠷᠢᠶᠠᠨ ᠤ ᠲᠥᠯᠥᠪᠯᠡᠭᠡᠨ ᠤ ᠰᠠᠯᠠᠭ᠎ᠠ ᠮᠥᠴᠢᠷ ᠠᠴᠠ ᠠᠰᠲᠠᠭᠠᠨ ᠲᠣᠭᠲᠠᠭᠠᠯ ᠲᠠᠢ ᠬᠦᠳᠡᠷ ᠤᠨ ᠬᠡᠪᠲᠡᠰᠢ ᠬᠠᠶᠢᠨ ᠰᠢᠨᠵᠢᠬᠦ ᠲᠥᠷᠥᠯ ᠵᠦᠢᠯ ᠨᠢ ᠡᠭᠦᠨ ᠳᠤ ᠪᠠᠭᠲᠠᠬᠤ ᠦᠭᠡᠶ᠃            ᠬᠤᠷᠢᠨ ᠵᠢᠷᠭᠤᠳᠤᠭᠠᠷ ᠵᠦᠢᠯ ᠡᠮᠠᠷᠬᠠᠨ ᠡᠪᠳᠡᠷᠡᠬᠦ ᠣᠨᠴᠠ ᠲᠦᠷᠦᠯ ᠤᠨ ᠲᠡᠮᠦᠷᠯᠢᠭ ᠪᠤᠰᠤ ᠠᠭᠤᠷᠬᠠᠢ ᠶᠢᠨ ᠭᠠᠷᠤᠯᠲᠠ᠂ ᠤᠷᠤᠰᠤᠩᠭᠢ ᠠᠭᠤᠷᠬᠠᠢ ᠶᠢᠨ ᠭᠠᠷᠤᠯᠲᠠ᠂ ᠨᠣᠴᠣᠮᠠᠲᠠᠭᠠᠢ ᠳᠡᠯᠪᠡᠷᠡᠮᠡᠲᠡᠭᠡᠢ ᠠᠮᠠᠷᠬᠠᠨ ᠠᠭᠤᠰᠳᠠᠭ ᠠᠭᠤᠷᠬᠠᠢ ᠶᠢᠨ ᠭᠠᠷᠤᠯᠲᠠ ᠪᠠ ᠰᠠᠴᠤᠷᠠᠭ ᠢᠳᠡᠪᠬᠢ ᠡᠯᠧᠮᠧᠨ᠋ᠲ ᠠᠭᠤᠯᠤᠭᠰᠠᠨ ᠠᠭᠤᠷᠬᠠᠢ ᠶᠢᠨ ᠭᠠᠷᠤᠯᠲᠠ ᠶᠢ ᠨᠡᠶᠢᠳᠡᠮ ᠪᠠᠶᠢᠴᠠᠭᠠᠬᠤ᠂ ᠬᠠᠶᠢᠨ ᠰᠢᠨᠵᠢᠯᠡᠬᠦ ᠳᠤ ᠡᠷᠬᠡᠪᠰᠢ ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠭᠰᠠᠨ ᠨᠡᠶᠢᠳᠡᠮ ᠪᠠᠶᠢᠴᠠᠭᠠᠬᠤ᠂ ᠬᠠᠶᠢᠨ ᠰᠢᠨᠵᠢᠯᠡᠬᠦ ᠠᠷᠭ᠎ᠠ ᠶᠢ ᠬᠡᠷᠡᠭᠯᠡᠬᠦ ᠬᠡᠷᠡᠭᠲᠡᠢ ᠪᠥᠭᠡᠳ ᠴᠢᠬᠤᠯᠠ ᠪᠦᠬᠦᠢ ᠮᠡᠷᠭᠡᠵᠢᠯ ᠤᠨ ᠲᠣᠨᠣᠭᠯᠠᠯ ᠪᠠ ᠠᠶᠤᠯᠭᠦᠢ ᠶᠢᠨ ᠠᠷᠭ᠎ᠠ ᠬᠡᠮᠵᠢᠶ᠎ᠡ ᠲᠠᠢ ᠪᠠᠶᠢᠬᠤ ᠬᠡᠷᠡᠭᠲᠡᠢ᠃            ᠬᠤᠷᠢᠨ ᠳᠣᠯᠣᠳᠤᠭᠠᠷ ᠵᠦᠢᠯ ᠡᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠭᠰᠠᠨ ᠠᠩᠬᠠᠨ ᠤ ᠭᠠᠵᠠᠷ ᠰᠢᠨᠵᠢᠯᠡᠭᠡᠨ ᠤ ᠨᠠᠶᠢᠷᠠᠭᠤᠯᠤᠨ ᠲᠡᠮᠳᠡᠭᠯᠡᠭᠰᠡᠨ ᠪᠠ ᠵᠢᠷᠤᠭ᠂ ᠴᠢᠯᠠᠭᠤᠯᠢᠭ ᠬᠦᠳᠡᠷ ᠤᠨ ᠭᠤᠣᠯ᠂ ᠬᠡᠮᠵᠢᠨ ᠰᠢᠯᠭᠠᠭᠰᠠᠨ ᠦᠯᠢᠭᠡᠷ ᠶᠠᠩᠵᠤ ᠪᠠ ᠪᠤᠰᠤᠳ ᠪᠣᠳᠠᠲᠤ ᠶᠠᠭᠤᠮ᠎ᠠ ᠶᠢᠨ ᠦᠯᠢᠭᠡᠷ ᠳᠡᠪᠲᠡᠷ ᠤᠨ ᠮᠠᠲ᠋ᠧᠷᠢᠶᠠᠯ᠂ ᠲᠥᠷᠥᠯ ᠪᠦᠷᠢ ᠶᠢᠨ ᠬᠠᠶᠢᠨ ᠪᠠᠶᠢᠴᠠᠭᠠᠭᠰᠠᠨ ᠲᠡᠮᠳᠡᠭ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠮᠠᠭᠠᠯᠠᠨ ᠬᠠᠳᠠᠭᠠᠯᠠᠬᠤ ᠬᠡᠷᠡᠭᠲᠡᠢ᠃            ᠬᠤᠷᠢᠨ ᠨᠠᠢᠮᠠᠳᠤᠭᠠᠷ ᠵᠦᠢᠯ ᠬᠦᠳᠡᠷ ᠤᠨ ᠬᠡᠪᠲᠡᠰᠢ ᠶᠢ ᠬᠠᠶᠢᠨ ᠰᠢᠨᠵᠢᠭᠰᠡᠨ ᠮᠡᠳᠡᠭᠦᠯᠦᠯᠲᠡ ᠪᠠ ᠪᠤᠰᠤᠳ ᠦᠨ᠎ᠡ ᠦᠷᠳᠡᠭ ᠲᠠᠢ ᠬᠠᠶᠢᠨ ᠪᠠᠶᠢᠴᠠᠭᠠᠭᠰᠠᠨ ᠮᠠᠲ᠋ᠧᠷᠢᠶᠠᠯ ᠢ ᠲᠦᠷᠤ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠶᠣᠰᠣᠭᠠᠷ ᠲᠥᠯᠥᠪᠦᠷᠢ ᠲᠠᠢ ᠪᠠᠷ ᠬᠡᠷᠡᠭᠯᠡᠭᠦᠯᠦᠨ᠎ᠡ᠃            ᠳᠥᠷᠪᠡᠳᠦᠭᠡᠷ ᠪᠦᠯᠦᠭ      ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠮᠠᠯᠲᠠᠬᠤ            ᠬᠤᠷᠢ ᠶᠢᠰᠦᠳᠦᠭᠡᠷ ᠵᠦᠢᠯ ᠡᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠳᠤ ᠡᠷᠬᠡᠪᠰᠢ ᠵᠦᠢ ᠵᠣᠬᠢᠰᠲᠠᠢ ᠨᠡᠭᠡᠭᠡᠨ ᠮᠠᠯᠲᠠᠬᠤ ᠲᠡᠰ ᠳᠠᠷᠠᠭᠠᠯᠠᠯ᠂ ᠨᠡᠭᠡᠭᠡᠨ ᠮᠠᠯᠲᠠᠬᠤ ᠠᠷᠭ᠎ᠠ ᠪᠠ ᠬᠦᠳᠡᠷ ᠰᠢᠯᠢᠬᠦ ᠤᠷᠠᠨ ᠮᠡᠷᠭᠡᠰᠢᠯ ᠢ ᠬᠡᠷᠡᠭᠯᠡᠬᠦ ᠬᠡᠷᠡᠭᠲᠡᠢ᠃ ᠠᠭᠤᠷᠬᠠᠢ ᠶᠢᠨ ᠠᠵᠤ ᠠᠬᠤᠶᠢᠯᠠᠯ ᠤᠨ ᠨᠡᠭᠡᠭᠡᠨ ᠮᠠᠯᠲᠠᠬᠤ ᠨᠤᠷᠮ᠎ᠠ᠂ ᠠᠭᠤᠷᠬᠠᠢ ᠮᠠᠯᠲᠠᠭᠰᠠᠨ ᠤ ᠶᠠᠳᠠᠭᠤᠷᠠᠯ ᠤᠨ ᠨᠤᠷᠮ᠎ᠠ ᠪᠠ ᠬᠦᠳᠡᠷ ᠰᠢᠯᠢᠵᠦ ᠡᠭᠡᠭᠦᠯᠦᠨ ᠬᠤᠷᠢᠶᠠᠬᠤ ᠨᠤᠷᠮ᠎ᠠ ᠨᠢ ᠵᠢᠷᠤᠭ ᠲᠥᠯᠥᠪᠯᠡᠭᠡᠨ ᠤ ᠱᠠᠭᠠᠷᠳᠠᠯᠭ᠎ᠠ ᠳᠤ ᠬᠦᠷᠦᠭᠰᠡᠨ ᠪᠠᠶᠢᠬᠤ ᠬᠡᠷᠡᠭᠲᠡᠢ᠃            ᠭᠤᠴᠢᠳᠤᠭᠠᠷ ᠵᠦᠢᠯ ᠭᠤᠣᠯ ᠪᠣᠯᠬᠤ ᠠᠭᠤᠷᠬᠠᠢ ᠶᠢᠨ ᠭᠠᠷᠤᠯᠲᠠ ᠶᠢ ᠨᠡᠭᠡᠭᠡᠨ ᠮᠠᠯᠲᠠᠬᠤ ᠶᠢᠨ ᠵᠡᠷᠭᠡᠴᠡᠭᠡᠪᠡᠷ ᠠᠵᠤ ᠦᠢᠯᠡᠳᠪᠦᠷᠢ ᠶᠢᠨ ᠦᠨ᠎ᠡ ᠥᠷᠲᠡᠭ ᠲᠠᠢ ᠬᠠᠮᠲᠤ ᠪᠠᠷ ᠠᠮᠢᠳᠤᠷᠠᠬᠤ ᠪᠠ ᠳᠠᠭᠠᠯᠳᠤᠨ ᠭᠠᠷᠬᠤ ᠠᠭᠤᠷᠬᠠᠢ ᠶᠢᠨ ᠭᠠᠷᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠪᠦᠬᠦ ᠲᠠᠯ᠎ᠠ ᠪᠠᠷ ᠨᠡᠭᠡᠭᠡᠨ ᠮᠠᠯᠲᠠᠵᠤ᠂ ᠪᠦᠬᠦ ᠲᠠᠯ᠎ᠠ ᠪᠠᠷ ᠠᠰᠢᠭᠯᠠᠵᠤ᠂ ᠪᠦᠷᠢᠯᠭᠡᠨ ᠰᠦᠢᠳᠬᠡᠬᠦ ᠶᠢ ᠰᠡᠷᠭᠡᠶᠢᠯᠡᠬᠦ ᠬᠡᠷᠡᠭᠲᠡᠢ᠃ ᠲᠦᠷ ᠴᠠᠭ ᠶᠡᠷᠦᠩᠬᠡᠶᠢᠯᠡᠨ ᠮᠠᠯᠲᠠᠵᠤ ᠳᠡᠶᠢᠯᠬᠦ ᠦᠭᠡᠢ ᠪᠤᠶᠤ ᠡᠷᠬᠡᠪᠰᠢ ᠵᠡᠷᠭᠡᠪᠡᠷ ᠮᠠᠯᠲᠠᠵᠤ ᠭᠠᠷᠭᠠᠬᠤ ᠬᠡᠷᠡᠭᠲᠡᠢ ᠪᠣᠯᠪᠠᠴᠤ ᠲᠦᠷ ᠴᠠᠭ ᠶᠡᠷᠦᠩᠬᠡᠶᠢᠯᠡᠨ ᠠᠰᠢᠭᠯᠠᠵᠤ ᠳᠡᠶᠢᠯᠬᠦ ᠦᠭᠡᠢ ᠠᠭᠤᠷᠬᠠᠢ ᠶᠢᠨ ᠭᠠᠷᠤᠯᠲᠠ ᠵᠢᠴᠢ ᠬᠡᠷᠡᠭᠴᠡᠭᠡ ᠲᠠᠢ ᠨᠠᠶᠢᠷᠠᠯᠭ᠎ᠠ ᠲᠠᠢ ᠦᠯᠡᠳᠡᠭᠳᠡᠯ ᠬᠦᠳᠡᠷ ᠲᠤ ᠪᠦᠲᠦᠮᠵᠢᠲᠡᠶ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠠᠪᠴᠤ ᠪᠠᠶᠢᠭᠠᠳ ᠬᠤᠬᠢᠷᠠᠯ ᠡᠪᠳᠡᠯᠡᠭᠡ ᠶᠢ ᠰᠡᠷᠭᠡᠶᠢᠯᠡᠬᠦ ᠬᠡᠷᠡᠭᠲᠡᠢ᠃            ᠭᠤᠴᠢᠨ ᠨᠢᠭᠡᠳᠦᠭᠡᠷ ᠵᠦᠢᠯ ᠡᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠳᠤ ᠡᠷᠬᠡᠪᠰᠢ ᠬᠥᠳᠡᠯᠮᠦᠷᠢ ᠶᠢᠨ ᠠᠶᠤᠯᠭᠦᠢ ᠪᠠᠶᠢᠬᠤ ᠪᠠ ᠡᠷᠡᠭᠦᠯ ᠬᠠᠮᠠᠭᠠᠯᠠᠯ ᠤᠨ ᠲᠤᠬᠠᠢ ᠤᠯᠤᠰ ᠤᠨ ᠲᠣᠭᠲᠠᠭᠠᠯ ᠢ ᠵᠢᠷᠤᠮᠯᠠᠵᠤ᠂ ᠠᠶᠤᠯᠭᠦᠢ ᠦᠢᠯᠡᠳᠪᠦᠷᠢᠯᠡᠬᠦ ᠶᠢ ᠪᠠᠲᠤᠯᠠᠬᠤ ᠴᠢᠬᠤᠯᠠ ᠪᠦᠬᠦᠢ ᠨᠥᠬᠦᠴᠡᠯ ᠢ ᠪᠦᠷᠢᠯᠳᠦᠭᠦᠯᠬᠦ ᠬᠡᠷᠡᠭᠲᠡᠢ᠃            ᠭᠤᠴᠢᠨ ᠬᠤᠶᠠᠳᠤᠭᠠᠷ ᠵᠦᠢᠯ ᠡᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠳᠤ ᠡᠷᠬᠡᠪᠰᠢ ᠣᠷᠴᠢᠨ ᠠᠬᠤᠢ ᠶᠢ ᠬᠠᠮᠠᠭᠠᠯᠠᠬᠤ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠢ ᠵᠢᠷᠤᠮᠯᠠᠵᠤ᠂ ᠣᠷᠴᠢᠨ ᠠᠬᠤᠢ ᠶᠢ ᠪᠣᠬᠢᠷᠲᠤᠭᠤᠯᠬᠤ ᠶᠢ ᠰᠡᠷᠭᠡᠶᠢᠯᠡᠬᠦ ᠬᠡᠷᠡᠭᠲᠡᠢ᠃            ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠳᠤ ᠭᠠᠵᠠᠷ ᠢ ᠠᠷᠪᠢᠯᠠᠵᠤ‌‍ᠲ᠋ᠠᠷᠢᠶᠠᠨ ᠭᠠᠵᠠᠷ᠂ ᠨᠤᠲᠤᠭ ᠪᠡᠯᠴᠢᠭᠡᠷ᠂ ᠣᠶᠢᠲᠤ ᠭᠠᠵᠠᠷ ᠠᠭᠤᠷᠬᠠᠢ ᠮᠠᠯᠲᠠᠭᠰᠠᠨ ᠠᠴᠠ ᠪᠣᠯᠵᠤ ᠡᠪᠳᠡᠭᠳᠡᠭᠰᠡᠨ ᠪᠠᠶᠢᠪᠠᠯ᠂ ᠠᠭᠤᠷᠬᠠᠢ ᠶᠢᠨ ᠠᠵᠤ ᠠᠬᠤᠶᠢᠯᠠᠯ ᠨᠢ ᠭᠠᠵᠠᠷ ᠣᠷᠣᠨ ᠤ ᠪᠠᠨ ᠪᠠᠶᠢᠳᠠᠯ ᠳᠤ ᠲᠣᠬᠢᠷᠠᠭᠤᠯᠤᠨ ᠲᠠᠬᠢᠨ ᠬᠠᠭᠠᠯᠪᠤᠷᠢᠯᠠᠨ ᠠᠰᠢᠭᠯᠠᠬᠤ᠂ ᠡᠪᠡᠰᠦ ᠮᠣᠳᠣ ᠲᠠᠷᠢᠬᠤ ᠪᠤᠶᠤ ᠪᠤᠰᠤᠳ ᠠᠰᠢᠭᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃            ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠭᠰᠠᠨ ᠠᠴᠠ ᠪᠣᠯᠵᠤ ᠪᠤᠰᠤᠳ ᠤᠨ ᠦᠢᠯᠡᠳᠪᠦᠷᠢᠯᠡᠬᠦ ᠠᠵᠢᠯ᠂ ᠠᠮᠢᠳᠤᠷᠠᠯ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ ᠬᠠᠷᠢᠭᠤᠴᠠᠨ ᠲᠥᠯᠥᠬᠦ ᠬᠡᠷᠡᠭᠲᠡᠢ ᠪᠥᠭᠡᠳ ᠴᠢᠬᠤᠯᠠ ᠪᠦᠬᠦᠢ ᠨᠥᠬᠦᠪᠦᠷᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠢ᠃            ᠭᠤᠴᠢᠨ ᠭᠤᠷᠪᠠᠳᠤᠭᠠᠷ ᠵᠦᠢᠯ ᠲᠡᠮᠦᠷ ᠵᠡᠮ᠂ ᠦᠢᠯᠡᠳᠪᠦᠷᠢ᠂ ᠤᠰᠦᠠ ᠴᠥᠭᠦᠷᠥᠮ᠂ ᠲᠣᠰᠣ ᠳᠠᠮᠵᠢᠭᠤᠯᠬᠤ ᠬᠤᠭᠤᠯᠠᠢ᠂ ᠴᠠᠬᠢᠯᠭᠠᠨ ᠬᠦᠷᠭᠡᠬᠦ ᠱᠤᠭᠤᠮ ᠪᠠ ᠲᠥᠷᠥᠯ ᠪᠦᠷᠢ ᠶᠢᠨ ᠲᠣᠮᠣ ᠬᠡᠯᠪᠡᠷᠢ ᠶᠢᠨ ᠪᠠᠷᠢᠯᠭ᠎ᠠ ᠪᠤᠶᠤ ᠪᠠᠷᠢᠯᠭ᠎ᠠ ᠶᠢᠨ ᠪᠥᠭᠡᠮᠨᠡᠷᠡᠯ ᠢ ᠪᠦᠲᠦᠭᠡᠨ ᠪᠠᠶᠢᠭᠤᠯᠬᠤ ᠠᠴᠠ ᠡᠮᠦᠨ᠎ᠡ᠂ ᠪᠦᠲᠦᠭᠡᠨ ᠪᠠᠶᠢᠭᠤᠯᠬᠤ ᠨᠢᠭᠡᠴᠢ ᠡᠷᠬᠡᠪᠰᠢ ᠪᠠᠶᠢᠭ᠎ᠠ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠭᠠᠵᠠᠷ ᠰᠢᠨᠵᠢᠯᠡᠭᠡ ᠠᠭᠤᠷᠬᠠᠢ ᠶᠢᠨ ᠭᠠᠷᠤᠯᠲᠠ ᠶᠢ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠪᠠᠶᠢᠭᠤᠯᠬᠤ ᠪᠠᠷ ᠪᠠᠶᠢᠭ᠎ᠠ ᠪᠠᠷᠢᠯᠭ᠎ᠠ ᠶᠢᠨ ᠪᠠᠶᠢᠭ᠎ᠠ ᠭᠠᠵᠠᠷ ᠣᠷᠣᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠲᠠᠷᠬᠠᠯᠲᠠ ᠪᠠ ᠨᠡᠭᠡᠭᠡᠨ ᠮᠠᠯᠲᠠᠵᠤ ᠪᠠᠶᠢᠭ᠎ᠠ ᠪᠠᠶᠢᠳᠠᠯ ᠢ ᠣᠶᠢᠯᠠᠭᠠᠬᠤ ᠬᠡᠷᠡᠭᠲᠡᠢ᠃ ᠲᠥᠷᠥ ᠶᠢᠨ ᠶᠠᠪᠤᠳᠠᠯ ᠤᠨ ᠬᠤᠷᠢᠶᠠᠨ ᠤ ᠡᠷᠬᠡ ᠣᠯᠭᠤᠭᠰᠠᠨ ᠰᠠᠯᠠᠭ᠎ᠠ ᠮᠥᠴᠢᠷ ᠤᠨ ᠵᠥᠪᠰᠢᠶᠡᠷᠡᠯ ᠦᠭᠡᠢ ᠪᠠᠷ ᠴᠢᠬᠤᠯᠠ ᠬᠦᠳᠡᠷ ᠤᠨ ᠬᠡᠪᠲᠡᠰᠢ ᠶᠢ ᠳᠠᠷᠤᠵᠤ ᠪᠣᠯᠬᠤ ᠦᠭᠡᠢ᠃            ᠭᠤᠴᠢᠨ ᠳᠥᠷᠪᠡᠳᠦᠭᠡᠷ ᠵᠦᠢᠯ ᠲᠣᠭᠲᠠᠭᠠᠭᠰᠠᠨ ᠨᠢᠭᠡᠴᠢ ᠠᠴᠠ ᠨᠢᠭᠡᠳᠦᠯᠲᠡᠢ ᠬᠤᠳᠠᠯᠳᠤᠨ ᠠᠪᠬᠤ ᠪᠠᠷ ᠳᠦᠷᠦ ᠶᠢᠨ ᠶᠠᠪᠤᠳᠠᠯ ᠤᠨ ᠬᠤᠷᠢᠶᠠᠨ ᠠᠴᠠ ᠲᠣᠭᠲᠠᠭᠠᠭᠰᠠᠨ ᠠᠭᠤᠷᠬᠠᠢ ᠶᠢᠨ ᠭᠠᠷᠤᠯᠲᠠ ᠶᠢ ᠶᠠᠮᠠᠷᠪᠠ ᠪᠤᠰᠤᠳ ᠨᠢᠭᠡᠴᠢ ᠪᠤᠶᠤ ᠬᠤᠪᠢ ᠬᠥᠮᠥᠨ ᠬᠤᠳᠠᠯᠳᠤᠨ ᠠᠪᠴᠤ ᠪᠣᠯᠬᠤ ᠦᠭᠡᠢ᠃ ᠨᠡᠭᠡᠭᠡᠨ ᠮᠠᠯᠲᠠᠭᠴᠢᠳ ᠵᠢᠭᠠᠨ ᠲᠣᠭᠲᠠᠭᠠᠭᠰᠠᠨ ᠪᠤᠰᠤ ᠨᠢᠭᠡᠴᠢ ᠳᠤ ᠪᠣᠷᠣᠯᠠᠭᠤᠯᠵᠤ ᠪᠣᠯᠬᠤ ᠦᠭᠡᠢ᠃            ᠲᠠᠪᠤᠳᠤᠭᠠᠷ ᠪᠦᠯᠦᠭ      ᠬᠠᠮᠲᠤ ᠶᠢᠨ ᠠᠭᠤᠷᠬᠠᠢ ᠶᠢᠨ ᠠᠵᠤ ᠠᠬᠤᠶᠢᠯᠠᠯ ᠪᠠ ᠬᠤᠪᠢ ᠪᠠᠷ ᠢᠶᠠᠨ ᠠᠭᠤᠷᠬᠠᠢ ᠮᠠᠯᠲᠠᠬᠤ            ᠭᠤᠴᠢᠨ ᠲᠠᠪᠤᠳᠤᠭᠠᠷ ᠵᠦᠢᠯ ᠤᠯᠤᠰ ᠠᠴᠠ ᠬᠠᠮᠲᠤ ᠶᠢᠨ ᠠᠭᠤᠷᠬᠠᠢ ᠶᠢᠨ ᠠᠵᠤ ᠠᠬᠤᠶᠢᠯᠠᠯ ᠪᠣᠯᠣᠨ ᠬᠤᠪᠢ ᠬᠥᠮᠥᠨ ᠤ ᠠᠭᠤᠷᠬᠠᠢ ᠮᠠᠯᠲᠠᠬᠤ ᠶᠢ ᠢᠳᠡᠪᠬᠢᠲᠡᠢ ᠪᠠᠷ ᠲᠡᠳᠬᠦᠨ ᠳᠡᠮᠵᠢᠬᠦ᠂ ᠵᠦᠢ ᠵᠣᠬᠢᠰᠲᠠᠢ ᠲᠥᠯᠥᠪᠵᠢᠭᠦᠯᠬᠦ᠂ ᠵᠥᠪ ᠢᠶᠠᠷ ᠵᠢᠯᠤᠭᠤᠳᠬᠤ᠂ ᠬᠠᠮᠢᠶᠠᠷᠤᠯᠲᠠ ᠪᠠᠨ ᠴᠢᠩᠭᠠᠳᠬᠠᠬᠤ ᠴᠢᠭᠯᠡᠯᠲᠡ ᠶᠢ ᠬᠡᠷᠡᠭᠵᠢᠭᠦᠯᠦᠨ᠎ᠡ᠃ ᠬᠠᠮᠲᠤ ᠶᠢᠨ ᠠᠭᠤᠷᠬᠠᠢ ᠶᠢᠨ ᠠᠵᠤ ᠠᠬᠤᠶᠢᠯᠠᠯ ᠤᠨ ᠤᠯᠤᠰ ᠤᠨ ᠲᠣᠭᠲᠠᠭᠠᠭᠰᠠᠨ ᠬᠡᠪᠴᠢᠶᠡᠨ ᠳᠠᠬᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠶᠢ ᠵᠣᠷᠢᠭᠵᠢᠭᠤᠯᠵᠤ᠂ ᠬᠤᠪᠢ ᠬᠥᠮᠥᠨ ᠤ ᠲᠠᠷᠠᠬᠠᠢ ᠪᠤᠲᠠᠷᠬᠠᠢ ᠡᠬᠢ ᠪᠠᠶᠠᠯᠢᠭ ᠪᠠ ᠡᠩ ᠤᠨ ᠪᠠᠷᠢᠯᠭ᠎ᠠ ᠶᠢᠨ ᠮᠠᠲ᠋ᠧᠷᠢᠶᠠᠯ ᠳᠤ ᠯᠠ ᠬᠡᠷᠡᠭᠯᠡᠬᠦ ᠬᠠᠶᠢᠷ᠂ ᠴᠢᠯᠠᠭᠤ᠂ ᠨᠠᠩᠭᠢ ᠰᠢᠷᠣᠢ ᠮᠠᠯᠲᠠᠬᠤ ᠶᠢ ᠵᠥᠪᠰᠢᠶᠡᠷᠡᠬᠦ ᠵᠢᠴᠢ ᠠᠮᠢᠳᠤᠷᠠᠯ ᠤᠨ ᠥᠪᠡᠷ ᠤᠨ ᠬᠡᠷᠡᠭᠯᠡᠭᠡᠨ ᠳᠡᠭᠡᠨ ᠪᠠᠭ᠎ᠠ ᠬᠡᠮᠵᠢᠶᠡᠨ ᠤ ᠠᠭᠤᠷᠬᠠᠢ ᠶᠢᠨ ᠭᠠᠷᠤᠯᠲᠠ ᠶᠢ ᠨᠡᠭᠡᠭᠡᠨ ᠮᠠᠯᠲᠠᠬᠤ ᠶᠢ ᠵᠥᠪᠰᠢᠶᠡᠷᠡᠨ᠎ᠡ᠃            ᠠᠭᠤᠷᠬᠠᠶ ᠶᠢᠨ ᠭᠠᠷᠤᠯᠲᠠ ᠶᠢᠨ ᠬᠠᠳᠠᠭᠠᠯᠠᠭᠳᠠᠴᠠ ᠶᠢᠨ ᠬᠡᠪᠴᠢᠶ᠎ᠡ ᠶᠢ ᠠᠭᠤᠷᠬᠠᠶ ᠶᠢᠨ ᠠᠵᠤ ᠠᠬᠤᠶᠢᠯᠠᠯ ᠠᠴᠠ ᠨᠡᠭᠡᠭᠡᠨ ᠮᠠᠯᠲᠠᠬᠤ ᠳᠤ ᠳᠣᠭᠢᠷᠠᠬᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ᠂ ᠬᠠᠮᠠᠭᠠᠯᠠᠯᠲᠠ ᠶᠢᠨ ᠴᠢᠨᠠᠷᠲᠠᠶ ᠨᠡᠭᠡᠭᠡᠨ ᠮᠠᠯᠲᠠᠬᠤ ᠣᠨᠴᠠ ᠲᠣᠭᠲᠠᠭᠰᠠᠨ ᠠᠭᠤᠷᠬᠠᠶ ᠶᠢᠨ ᠲᠥᠷᠥᠯ ᠪᠠ ᠬᠤᠪᠢ ᠬᠥᠮᠦᠨ ᠤ ᠨᠡᠭᠡᠭᠡᠨ ᠮᠠᠯᠲᠠᠬᠤ ᠶᠢ ᠤᠯᠤᠰ ᠠᠴᠠ ᠲᠣᠭᠲᠠᠭᠠᠭᠰᠠᠨ ᠪᠤᠰᠤᠳ ᠠᠭᠤᠷᠬᠠᠶ ᠶᠢᠨ ᠡᠬᠢ ᠪᠠᠶᠠᠯᠢᠭ ᠪᠣᠯ ᠬᠤᠪᠢ ᠬᠥᠮᠦᠨ ᠨᠡᠭᠡᠭᠡᠨ ᠮᠠᠯᠲᠠᠬᠤ ᠳᠤ ᠲᠣᠬᠢᠷᠠᠨ᠎ᠠ᠂ ᠬᠤᠪᠢ ᠬᠥᠮᠦᠨ ᠨᠡᠭᠡᠭᠡᠨ ᠮᠠᠯᠲᠠᠵᠤ ᠪᠣᠯᠬᠤ ᠥᠬᠡᠶ᠃            ᠤᠯᠤᠰ ᠠᠴᠠ ᠬᠠᠮᠲᠤ ᠶᠢᠨ ᠠᠭᠤᠷᠬᠠᠢ ᠶᠢᠨ ᠠᠵᠤ ᠠᠬᠤᠶᠢᠯᠠᠯ ᠪᠠ ᠬᠤᠪᠢ ᠬᠥᠮᠥᠨ ᠤ ᠠᠭᠤᠷᠬᠠᠢ ᠮᠠᠯᠲᠠᠬᠤ ᠶᠢ ᠵᠢᠯᠣᠭᠤᠳᠤᠨ ᠬᠠᠪᠰᠤᠷᠴᠤ ᠪᠠᠶᠢᠭᠠᠳ ᠲᠧᠭᠨᠢᠭ ᠮᠡᠷᠭᠡᠵᠢᠯ ᠤᠨ ᠬᠢᠷᠢ ᠬᠡᠮᠵᠢᠶ᠎ᠡ᠂ ᠡᠬᠢ ᠪᠠᠶᠠᠯᠢᠭ ᠢ ᠠᠰᠢᠭᠯᠠᠬᠤ ᠨᠤᠷᠮ᠎ᠠ ᠪᠠ ᠠᠵᠤ ᠠᠬᠤᠢ ᠶᠢᠨ ᠦᠷ᠎ᠡ ᠠᠰᠢᠭ ᠢ ᠨᠢ ᠲᠡᠰᠦᠷᠡᠯᠳᠠ ᠦᠭᠡᠢ ᠳᠡᠭᠡᠭᠰᠢᠯᠡᠭᠦᠯᠦᠨ᠎ᠡ᠃            ᠭᠠᠵᠠᠷ ᠰᠢᠨᠵᠢᠯᠡᠭᠡ ᠠᠭᠤᠷᠬᠠᠢ ᠶᠢᠨ ᠭᠠᠷᠤᠯᠲᠠ ᠶᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠂ ᠭᠠᠵᠠᠷ ᠰᠢᠨᠵᠢᠯᠡᠭᠡᠨ ᠤ ᠠᠵᠢᠯ ᠤᠨ ᠨᠢᠭᠡᠴᠢ ᠪᠠ ᠤᠯᠤᠰ ᠤᠨ ᠥᠮᠴᠢᠯᠡᠯ ᠤᠨ ᠠᠭᠤᠷᠬᠠᠢ ᠶᠢᠨ ᠠᠵᠤ ᠠᠬᠤᠶᠢᠯᠠᠯ ᠤᠳ ᠢᠳᠡᠪᠬᠢᠲᠡᠢ ᠳᠡᠮᠵᠢᠬᠦ᠂ ᠦᠨ᠎ᠡ ᠲᠥᠯᠥᠪᠦᠷᠢ ᠲᠠᠢ ᠪᠠᠷ ᠬᠠᠷᠢᠯᠴᠠᠨ ᠬᠠᠷᠠᠭᠠᠯᠵᠠᠯ ᠦᠵᠡᠭᠦᠯᠬᠦ ᠵᠠᠷᠴᠢᠮ ᠶᠣᠰᠣᠭᠠᠷ ᠬᠠᠮᠲᠤ ᠶᠢᠨ ᠠᠭᠤᠷᠬᠠᠢ ᠶᠢᠨ ᠠᠵᠤ ᠠᠬᠤᠶᠢᠯᠠᠯ ᠪᠠ ᠬᠤᠪᠢ ᠬᠥᠮᠥᠨ ᠤ ᠠᠭᠤᠷᠬᠠᠢ ᠮᠠᠯᠲᠠᠬᠤ ᠳᠤ ᠭᠠᠵᠠᠷ ᠰᠢᠨᠵᠢᠯᠡᠭᠡᠨ ᠤ ᠮᠠᠲ᠋ᠧᠷᠢᠶᠠᠯ ᠪᠠ ᠲᠧᠭᠨᠢᠭ ᠮᠡᠷᠭᠡᠵᠢᠯ ᠤᠨ ᠦᠢᠯᠡᠴᠢᠯᠡᠭᠡ ᠬᠠᠩᠭᠠᠬᠤ ᠬᠡᠷᠡᠭᠲᠡᠢ᠃            ᠭᠤᠴᠢᠨ ᠵᠢᠷᠭᠤᠳᠤᠭᠠᠷ ᠵᠦᠢᠯ ᠲᠥᠷᠥ ᠶᠢᠨ ᠶᠠᠪᠤᠳᠠᠯ ᠤᠨ ᠬᠤᠷᠢᠶ᠎ᠠ ᠪᠣᠯᠣᠨ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠤᠨ ᠵᠥᠪᠰᠢᠶᠡᠷᠡᠯ ᠢᠶᠠᠷ ᠪᠠᠶᠢᠭᠤᠯᠤᠭᠰᠠᠨ ᠠᠭᠤᠷᠬᠠᠢ ᠶᠢᠨ ᠠᠵᠤ ᠠᠬᠤᠶᠢᠯᠠᠯ ᠤᠨ ᠠᠭᠤᠷᠬᠠᠢ ᠶᠢᠨ ᠣᠷᠣᠨ ᠤ ᠬᠡᠪᠴᠢᠶᠡᠨ ᠳᠠᠬᠢ ᠨᠢᠭᠡᠨᠲᠡ ᠪᠠᠶᠢᠭ᠎ᠠ ᠬᠠᠮᠲᠤ ᠶᠢᠨ ᠠᠭᠤᠷᠬᠠᠢ ᠶᠢᠨ ᠠᠵᠤ ᠠᠬᠤᠶᠢᠯᠠᠯ ᠤᠳ ᠡᠭᠦᠳᠡ ᠪᠠᠨ ᠬᠠᠭᠠᠬᠤ ᠪᠤᠶᠤ ᠵᠢᠭᠠᠨ ᠲᠣᠭᠲᠠᠭᠠᠭᠰᠠᠨ ᠪᠤᠰᠤᠳ ᠭᠠᠵᠠᠷ ᠲᠤ ᠣᠴᠢᠵᠤ ᠨᠡᠭᠡᠭᠡᠨ ᠮᠠᠯᠲᠠᠬᠤ ᠬᠡᠷᠡᠭᠲᠡᠢ᠂ ᠡᠭᠦᠨ ᠳᠤ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠨᠢᠭᠡᠴᠢ ᠠᠴᠠ ᠵᠦᠢ ᠵᠣᠬᠢᠰᠲᠠᠢ ᠲᠥᠯᠥᠪᠦᠷᠢ ᠥᠭᠬᠦ ᠶᠢᠨ ᠬᠠᠮᠲᠤ ᠤᠯᠡᠠ ᠲᠦᠮᠡᠨ ᠤ ᠠᠮᠢᠳᠤᠷᠠᠯ ᠢ ᠲᠣᠬᠢᠲᠠᠢ ᠲᠥᠪᠬᠢᠨᠡᠭᠦᠯᠦᠨ᠎ᠡ᠃ ᠲᠤᠰ ᠠᠭᠤᠷᠬᠠᠢ ᠶᠢᠨ ᠠᠵᠤ ᠠᠬᠤᠶᠢᠯᠠᠯ ᠤᠨ ᠨᠢᠭᠡᠳᠦᠯᠲᠡᠢ ᠲᠣᠬᠢᠷᠠᠭᠤᠯᠤᠭᠰᠠᠨ ᠶᠣᠰᠣᠭᠠᠷ ᠬᠤᠯᠪᠤᠭᠠᠯᠠᠨ ᠡᠵᠡᠩᠨᠡᠭᠰᠡᠨ ᠴᠦ ᠪᠣᠯᠣᠨ᠎ᠠ᠃            ᠭᠤᠴᠢᠨ ᠳᠣᠯᠣᠳᠤᠭᠠᠷ ᠵᠦᠢᠯ ᠬᠠᠮᠲᠤ ᠶᠢᠨ ᠠᠭᠤᠷᠬᠠᠢ ᠶᠢᠨ ᠠᠵᠤ ᠠᠬᠤᠶᠢᠯᠠᠯ ᠪᠣᠯᠣᠨ ᠬᠤᠪᠢ ᠬᠥᠮᠥᠨ ᠤ ᠠᠭᠤᠷᠬᠠᠢ ᠮᠠᠯᠲᠠᠬᠤ ᠳᠠᠭᠠᠨ ᠮᠡᠷᠭᠡᠵᠢᠯ ᠤᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠡᠭᠡᠭᠦᠯᠦᠨ ᠬᠤᠷᠢᠶᠠᠬᠤ‌ᠠᠭᠤᠷᠬᠠᠢ ᠶᠢᠨ ᠡᠬᠢ ᠪᠠᠶᠠᠯᠢᠭ ᠢ ᠳᠤᠷ᠎ᠠ ᠪᠠᠷ ᠢᠶᠠᠨ ᠮᠠᠯᠲᠠᠬᠤ ᠪᠠ ᠡᠪᠳᠡᠬᠦ ᠶᠢ ᠴᠠᠭᠠᠵᠠᠯᠠᠨ᠎ᠠ᠃            ᠬᠠᠮᠲᠤ ᠶᠢᠨ ᠠᠭᠤᠷᠬᠠᠢ ᠶᠢᠨ ᠠᠵᠤ ᠠᠬᠤᠶᠢᠯᠠᠯ ᠤᠳ ᠡᠷᠬᠡᠪᠰᠢ ᠬᠤᠳᠳᠤᠭ ᠤᠨ ᠳᠡᠭᠡᠷ᠎ᠡ᠂ ᠬᠤᠳᠳᠤᠭ ᠤᠨ ᠳᠣᠣᠷᠠᠬᠢ ᠪᠠᠷᠢᠯᠭ᠎ᠠ ᠶᠢᠨ ᠬᠠᠷᠢᠴᠠᠭᠤᠯᠤᠭᠰᠠᠨ ᠵᠢᠷᠤᠭ ᠢ ᠬᠡᠮᠵᠢᠨ ᠵᠢᠷᠤᠬᠤ ᠬᠡᠷᠡᠭᠲᠡᠢ᠃            ᠭᠤᠴᠢᠨ ᠨᠠᠢᠮᠠᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠢᠬᠢ ᠠᠷᠠᠳ ᠤᠨ ᠵᠠᠰᠠᠭ ᠤᠨ ᠣᠷᠳᠣᠨ ᠨᠤᠭᠤᠳ ᠬᠠᠮᠲᠤ ᠶᠢᠨ ᠠᠭᠤᠷᠬᠠᠢ ᠶᠢᠨ ᠠᠵᠤ ᠠᠬᠤᠶᠢᠯᠠᠯ ᠪᠣᠯᠣᠨ ᠬᠤᠪᠢ ᠬᠥᠮᠥᠨ ᠤ ᠠᠭᠤᠷᠬᠠᠢ ᠮᠠᠯᠲᠠᠬᠤ ᠶᠢ ᠵᠢᠯᠣᠭᠤᠳᠤᠨ ᠬᠠᠪᠰᠤᠷᠴᠤ ᠪᠠᠶᠢᠭᠠᠳ ᠲᠧᠭᠨᠢᠭ ᠮᠡᠷᠭᠡᠵᠢᠯ ᠤᠨ ᠥᠭᠡᠷᠡᠴᠢᠯᠡᠯᠲᠡ ᠬᠢᠯᠭᠡᠵᠦ᠂ ᠡᠵᠡᠩᠨᠡᠯᠲᠡ ᠬᠠᠮᠢᠶᠠᠷᠤᠯᠲᠠ ᠶᠢ ᠨᠢ ᠰᠠᠶᠢᠵᠢᠷᠠᠭᠤᠯᠵᠤ᠂ ᠠᠶᠤᠯᠭᠦᠢ ᠦᠢᠯᠡᠳᠪᠦᠷᠢᠯᠡᠬᠦ ᠶᠢ ᠨᠢ ᠴᠢᠩᠭᠠᠳᠬᠠᠬᠤ ᠬᠡᠷᠡᠭᠲᠡᠢ᠃            ᠵᠢᠷᠭᠤᠳᠤᠭᠠᠷ ᠪᠦᠯᠦᠭ      ᠬᠠᠤᠯᠢ ᠴᠠᠭᠠᠵᠠ ᠶᠢᠨ ᠬᠠᠷᠢᠭᠤᠴᠠᠯᠭ᠎ᠠ            ᠭᠤᠴᠢ ᠶᠢᠰᠦᠳᠦᠭᠡᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠠᠭᠤᠷᠬᠠᠢ ᠮᠠᠯᠲᠠᠬᠤ ᠵᠥᠪᠰᠢᠶᠡᠷᠡᠯ ᠤᠨ ᠦᠨᠡᠮᠯᠡᠯ ᠣᠯᠣᠭᠰᠠᠨ ᠦᠭᠡᠢ ᠪᠠᠷ ᠳᠤᠷ᠎ᠠ ᠪᠠᠷ ᠢᠶᠠᠨ ᠠᠭᠤᠷᠬᠠᠢ ᠮᠠᠯᠲᠠᠭᠰᠠᠨ᠂ ᠤᠯᠤᠰ ᠤᠨ ᠲᠥᠯᠥᠪᠵᠢᠭᠦᠯᠦᠭᠰᠡᠨ ᠠᠭᠤᠷᠬᠠᠢ ᠶᠢᠨ ᠣᠷᠣᠨ ᠳᠤ ᠳᠤᠷ᠎ᠠ ᠪᠠᠷ ᠢᠶᠠᠨ ᠣᠷᠣᠭᠰᠠᠨ᠂ ᠤᠯᠤᠰ ᠠᠷᠠᠳ ᠤᠨ ᠠᠵᠤ ᠠᠬᠤᠢ ᠳᠤ ᠴᠢᠬᠤᠯᠠ ᠦᠨ᠎ᠡ ᠦᠷᠳᠡᠭ ᠲᠠᠢ ᠠᠭᠤᠷᠬᠠᠢ ᠶᠢᠨ ᠣᠷᠣᠨ ᠤ ᠬᠡᠪᠴᠢᠶᠡᠨ ᠳᠤ ᠳᠤᠷ᠎ᠠ ᠪᠠᠷ ᠢᠶᠠᠨ ᠠᠭᠤᠷᠬᠠᠢ ᠮᠠᠯᠲᠠᠭᠰᠠᠨ᠂ ᠤᠯᠤᠰ ᠠᠴᠠ ᠬᠠᠮᠠᠭᠠᠯᠠᠯᠲᠠ ᠶᠢᠨ ᠴᠢᠨᠠᠷᠲᠠᠢ ᠨᠡᠭᠡᠭᠡᠨ ᠮᠠᠯᠲᠠᠬᠤ ᠶᠢ ᠬᠡᠷᠡᠭᠵᠢᠭᠦᠯᠬᠦ ᠪᠠᠷ ᠲᠣᠭᠲᠠᠭᠠᠭᠰᠠᠨ ᠣᠨᠴᠠ ᠲᠣᠭᠲᠠᠭᠰᠠᠨ ᠠᠭᠤᠷᠬᠠᠢ ᠶᠢᠨ ᠲᠦᠷᠦᠯ ᠢ ᠳᠤᠷ᠎ᠠ ᠪᠠᠷ ᠢᠶᠠᠨ ᠨᠡᠭᠡᠭᠡᠨ ᠮᠠᠯᠲᠠᠭᠰᠠᠨ ᠪᠠᠶᠢᠪᠠᠯ᠂ ᠵᠠᠷᠯᠢᠭᠳᠠᠵᠤ ᠪᠠᠶᠢᠭᠠᠳ ᠮᠠᠯᠲᠠᠬᠤ ᠶᠢ ᠨᠢ ᠵᠣᠭᠰᠣᠭᠠᠵᠤ᠂ ᠬᠤᠬᠢᠷᠠᠯ ᠢ ᠨᠢ ᠲᠥᠯᠥᠭᠦᠯᠵᠦ᠂ ᠮᠠᠯᠲᠠᠵᠤ ᠭᠠᠷᠭᠠᠭᠰᠠᠨ ᠠᠭᠤᠷᠬᠠᠢ ᠶᠢᠨ ᠭᠠᠷᠤᠯᠲᠠ ᠪᠠ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠬᠤ ᠪᠥᠭᠡᠳ ᠲᠣᠷᠭᠠᠭᠤᠯᠢ ᠣᠨᠣᠭᠳᠠᠭᠤᠯᠵᠤ ᠨᠡᠶᠢᠯᠡᠭᠦᠯᠦᠨ ᠰᠢᠢᠳᠭᠡᠵᠦ ᠪᠣᠯᠣᠨ᠎ᠠ᠃ ᠮᠠᠯᠲᠠᠬᠤ ᠪᠠᠨ ᠵᠣᠭᠰᠣᠬᠤ ᠶᠢ ᠲᠡᠪᠴᠢᠵᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠡᠪᠳᠡᠭᠰᠡᠨ ᠪᠠᠶᠢᠪᠠᠯ᠂ ᠡᠷᠡᠭᠦᠦ ᠶᠢᠨ ᠬᠠᠤᠯᠢ ᠶᠢᠨ ᠵᠠᠭᠤ ᠲᠠᠪᠢᠨ ᠵᠢᠷᠭᠤᠳᠤᠭᠠᠷ ᠵᠦᠢᠯ ᠤᠨ ᠲᠣᠭᠲᠠᠭᠠᠯ ᠶᠣᠰᠣᠭᠠᠷ ᠰᠢᠭᠤᠳ ᠬᠠᠷᠢᠭᠤᠴᠠᠯᠭ᠎ᠠ ᠲᠠᠢ ᠬᠥᠮᠥᠨ ᠠᠴᠠ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃            ᠨᠢᠭᠡᠴᠢ ᠪᠠ ᠬᠤᠪᠢ ᠬᠥᠮᠥᠨ ᠪᠤᠰᠤᠳ ᠤᠨ ᠬᠠᠤᠯᠢ ᠶᠣᠰᠣᠭᠠᠷ ᠪᠠᠶᠢᠭᠤᠯᠤᠭᠰᠠᠨ ᠤᠯᠤᠰ ᠤᠨ ᠥᠮᠴᠢᠯᠡᠯ ᠤᠨ ᠠᠭᠤᠷᠬᠠᠢ ᠶᠢᠨ ᠠᠵᠤ ᠠᠬᠤᠶᠢᠯᠠᠯ ᠪᠠ ᠪᠤᠰᠤᠳ ᠠᠭᠤᠷᠬᠠᠢ ᠶᠢᠨ ᠠᠵᠤ ᠠᠬᠤᠶᠢᠯᠠᠯ ᠤᠨ ᠠᠭᠤᠷᠬᠠᠢ ᠶᠢᠨ ᠣᠷᠣᠨ ᠤ ᠬᠡᠪᠴᠢᠶᠡᠨ ᠳᠤ ᠣᠷᠣᠵᠤ ᠠᠭᠤᠷᠬᠠᠢ ᠮᠠᠯᠲᠠᠭᠰᠠᠨ ᠪᠠᠶᠢᠪᠠᠯ᠂ ᠡᠮᠦᠨᠡᠬᠢ ᠪᠠᠳᠠᠭ ᠤᠨ ᠲᠣᠭᠲᠠᠭᠠᠯ ᠶᠣᠰᠣᠭᠠᠷ ᠰᠢᠢᠳᠬᠡᠨ᠎ᠡ᠃            ᠳᠥᠴᠢᠳᠦᠭᠡᠷ ᠵᠦᠢᠯ ᠵᠥᠪᠰᠢᠶᠡᠷᠡᠭᠦᠯᠦᠭᠰᠡᠨ ᠠᠭᠤᠷᠬᠠᠢ ᠶᠢᠨ ᠣᠷᠣᠨ ᠤ ᠬᠡᠪᠴᠢᠶ᠎ᠡ ᠠᠴᠠ ᠳᠠᠪᠠᠵᠤ ᠠᠭᠤᠷᠬᠠᠢ ᠮᠠᠯᠲᠠᠭᠰᠠᠨ ᠪᠠᠶᠢᠪᠠᠯ᠂ ᠵᠠᠷᠯᠢᠭᠳᠠᠵᠤ ᠪᠠᠶᠢᠭᠠᠳ ᠲᠤᠰ ᠠᠭᠤᠷᠬᠠᠢ ᠶᠢᠨ ᠣᠷᠣᠨ ᠤ ᠬᠡᠪᠴᠢᠶᠡᠨ ᠳᠡᠭᠡᠨ ᠪᠤᠴᠠᠭᠠᠵᠤ ᠮᠠᠯᠲᠠᠭᠤᠯᠵᠤ᠂ ᠬᠤᠬᠢᠷᠠᠯ ᠢ ᠲᠥᠯᠥᠭᠦᠯᠵᠦ᠂ ᠵᠠᠭᠠᠭ ᠳᠠᠪᠠᠵᠤ ᠮᠠᠯᠲᠠᠭᠰᠠᠨ ᠠᠭᠤᠷᠬᠠᠢ ᠶᠢᠨ ᠭᠠᠷᠤᠯᠲᠠ ᠪᠠ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠬᠤ ᠪᠥᠭᠡᠳ ᠲᠣᠷᠭᠠᠭᠤᠯᠢ ᠣᠨᠣᠭᠳᠠᠭᠤᠯᠵᠤ ᠨᠡᠶᠢᠯᠡᠭᠦᠯᠦᠨ ᠰᠢᠢᠳᠭᠡᠵᠦ ᠪᠣᠯᠣᠨ᠎ᠠ᠃ ᠲᠤᠰ ᠠᠭᠤᠷᠬᠠᠢ ᠶᠢᠨ ᠣᠷᠣᠨ ᠤ ᠪᠠᠨ ᠬᠡᠪᠴᠢᠶᠡᠨ ᠳᠤ ᠪᠤᠴᠠᠭᠠᠵᠤ ᠮᠠᠯᠲᠠᠭᠤᠯᠬᠤ ᠶᠢ ᠲᠡᠪᠴᠢᠭᠡᠳ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠡᠪᠳᠡᠭᠰᠡᠨ ᠪᠠᠶᠢᠪᠠᠯ᠂ ᠠᠭᠤᠷᠬᠠᠢ ᠮᠠᠯᠲᠠᠬᠤ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠵᠤ᠂ ᠡᠷᠡᠭᠦᠦ ᠶᠢᠨ ᠬᠠᠤᠯᠢ ᠶᠢᠨ ᠵᠠᠭᠤ ᠲᠠᠪᠢᠨ ᠵᠢᠷᠭᠤᠳᠤᠭᠠᠷ ᠵᠦᠢᠯ ᠤᠨ ᠲᠣᠭᠲᠠᠭᠠᠯ ᠶᠣᠰᠣᠭᠠᠷ ᠰᠢᠭᠤᠳ ᠬᠠᠷᠢᠭᠤᠴᠠᠯᠭ᠎ᠠ ᠲᠠᠢ ᠬᠥᠮᠥᠨ ᠠᠴᠠ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃            ᠳᠥᠴᠢᠨ ᠨᠢᠭᠡᠳᠦᠭᠡᠷ ᠵᠦᠢᠯ ᠡᠭᠤᠷᠬᠠᠶ ᠶᠢᠨ ᠠᠵᠤ ᠠᠬᠤᠶᠢᠯᠠᠯ ᠪᠠ ᠬᠠᠶᠢᠨ ᠪᠠᠶᠢᠴᠠᠭᠠᠬᠤ ᠨᠢᠭᠡᠴᠢ ᠶᠢᠨ ᠠᠭᠤᠷᠬᠠᠢ ᠶᠢᠨ ᠭᠠᠷᠤᠯᠲᠠ ᠪᠠ ᠪᠤᠰᠤᠳ ᠡᠳ᠋ ᠪᠣᠳᠠᠰ ᠢ ᠬᠤᠯᠠᠭᠠᠶᠢᠯᠠᠭᠰᠠᠨ᠂ ᠪᠤᠯᠢᠶᠠᠭᠰᠠᠨ᠂ ᠠᠭᠤᠷᠬᠠᠢ ᠮᠠᠯᠲᠠᠬᠤ᠂ ᠬᠠᠶᠢᠨ ᠪᠠᠶᠢᠴᠠᠭᠠᠬᠤ ᠲᠥᠬᠦᠭᠡᠷᠦᠮᠵᠢ ᠶᠢ ᠡᠪᠳᠡᠭᠰᠡᠨ᠂ ᠠᠭᠤᠷᠬᠠᠢ ᠶᠢᠨ ᠣᠷᠣᠨ ᠪᠠ ᠬᠠᠶᠢᠨ ᠪᠠᠶᠢᠴᠠᠭᠠᠬᠤ ᠠᠵᠢᠯ ᠤᠨ ᠲᠣᠭᠤᠷᠢᠭ ᠤᠨ ᠦᠢᠯᠡᠳᠪᠦᠷᠢᠯᠡᠬᠦ ᠠᠵᠢᠯ ᠤᠨ ᠡᠮᠬᠢ ᠵᠢᠷᠤᠮ᠂ ᠠᠵᠢᠯ ᠤᠨ ᠡᠮᠬᠢ ᠵᠢᠷᠤᠮ ᠢ ᠰᠠᠮᠠᠭᠤᠷᠠᠭᠤᠯᠤᠭᠰᠠᠨ ᠪᠠᠶᠢᠪᠠᠯ᠂ ᠡᠷᠡᠭᠦᠦ ᠶᠢᠨ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠤᠰ ᠲᠤᠰ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠦᠢᠯᠡ ᠪᠠᠶᠢᠳᠠᠯ ᠨᠢ ᠢᠯᠡᠳᠲᠡ ᠬᠥᠩᠭᠡᠪᠲᠦᠷ ᠪᠠᠶᠢᠪᠠᠯ᠂ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠬᠡᠬᠦ ᠳᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠬᠡᠨ᠎ᠡ᠃            ᠳᠥᠴᠢᠨ ᠬᠤᠶᠠᠳᠤᠭᠠᠷ ᠵᠦᠢᠯ ᠡᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠮᠠᠶᠢᠮᠠᠶᠢᠯᠠᠭᠰᠠᠨ᠂ ᠲᠦᠷᠢᠶᠡᠰᠦᠯᠡᠭᠦᠯᠦᠭᠰᠡᠨ ᠪᠤᠶᠤ ᠪᠤᠰᠤᠳ ᠬᠡᠯᠪᠡᠷᠢ ᠪᠠᠷ ᠰᠢᠯᠵᠢᠭᠦᠯᠦᠨ ᠥᠭᠭᠦᠭᠰᠡᠨ ᠪᠠᠶᠢᠪᠠᠯ᠂ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠴᠤ᠂ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠃            ᠲᠤᠰ ᠬᠠᠤᠯᠢ ᠶᠢᠨ ᠵᠢᠷᠭᠤᠳᠤᠭᠠᠷ ᠵᠦᠢᠯ ᠤᠨ ᠲᠣᠭᠲᠠᠭᠠᠯ ᠢ ᠵᠥᠷᠢᠴᠡᠵᠦ ᠠᠭᠤᠷᠬᠠᠢ ᠬᠠᠶᠢᠬᠤ ᠡᠷᠬᠡ᠂ ᠠᠭᠤᠷᠬᠠᠢ ᠮᠠᠯᠲᠠᠬᠤ ᠡᠷᠬᠡ ᠶᠢ ᠰᠠᠷᠢᠭᠠᠯᠠᠨ ᠠᠰᠢᠭ ᠬᠤᠨᠵᠢᠭᠰᠠᠨ ᠪᠠᠶᠢᠪᠠᠯ᠂ ᠬᠠᠶᠢᠨ ᠪᠠᠶᠢᠴᠠᠭᠠᠬᠤ ᠵᠥᠪᠰᠢᠶᠡᠷᠡᠯ ᠤᠨ ᠦᠨᠡᠮᠯᠡᠯ᠂ ᠠᠭᠤᠷᠬᠠᠢ ᠮᠠᠯᠲᠠᠬᠤ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠵᠤ᠂ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠴᠤ᠂ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠃            ᠳᠥᠴᠢᠨ ᠭᠤᠷᠪᠠᠳᠤᠭᠠᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ ᠤᠯᠤᠰ ᠠᠴᠠ ᠨᠢᠭᠡᠳᠦᠯᠲᠡᠢ ᠬᠤᠳᠠᠯᠳᠤᠨ ᠠᠪᠤᠭᠰᠠᠨ ᠠᠭᠤᠷᠬᠠᠢ ᠶᠢᠨ ᠭᠠᠷᠤᠯᠲᠠ ᠶᠢ ᠬᠤᠳᠠᠯᠳᠤᠨ ᠠᠪᠤᠭᠰᠠᠨ ᠪᠠ ᠪᠣᠷᠣᠯᠠᠭᠤᠯᠤᠭᠰᠠᠨ ᠪᠠᠶᠢᠪᠠᠯ᠂ ᠠᠭᠤᠷᠬᠠᠢ ᠶᠢᠨ ᠭᠠᠷᠤᠯᠲᠠ ᠪᠣᠯᠣᠨ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠬᠤ ᠪᠥᠭᠡᠳ ᠲᠣᠷᠭᠠᠭᠤᠯᠢ ᠣᠨᠣᠭᠳᠠᠭᠤᠯᠬᠤ ᠪᠠᠷ ᠳᠠᠪᠬᠤᠷ ᠰᠢᠢᠳᠭᠡᠵᠦ ᠪᠣᠯᠣᠨ᠎ᠠ᠃ ᠤᠢᠢᠯᠠ ᠪᠠᠶᠢᠳᠠᠯ ᠨᠢ ᠬᠦᠨᠳᠦ ᠨᠣᠴᠢᠲᠠᠢ ᠪᠠᠶᠢᠪᠠᠯ ᠡᠷᠡᠭᠦᠦ ᠶᠢᠨ ᠬᠠᠤᠯᠢ ᠶᠢᠨ ᠵᠠᠭᠤ ᠠᠷᠪᠠᠨ ᠳᠣᠯᠣᠳᠤᠭᠠᠷ ᠵᠦᠢᠯ᠂ ᠵᠠᠭᠤ ᠠᠷᠪᠠᠨ ᠨᠠᠢᠮᠠᠳᠤᠭᠠᠷ ᠵᠦᠢᠯ ᠤᠨ ᠲᠣᠭᠲᠠᠭᠠᠯ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃            ᠳᠥᠴᠢᠨ ᠳᠥᠷᠪᠡᠳᠦᠭᠡᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠡᠪᠳᠡᠯᠡᠭᠡ ᠶᠢᠨ ᠴᠢᠨᠠᠷᠲᠠᠢ ᠮᠠᠯᠲᠠᠬᠤ ᠠᠷᠭ᠎ᠠ ᠪᠠᠷ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠮᠠᠯᠲᠠᠭᠰᠠᠨ ᠪᠠᠶᠢᠪᠠᠯ᠂ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠂ ᠠᠭᠤᠷᠬᠠᠢ ᠮᠠᠯᠲᠠᠬᠤ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠵᠤ ᠪᠣᠯᠣᠨ᠎ᠠ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠦᠨᠳᠦ ᠨᠣᠴᠢᠲᠠᠢ ᠡᠪᠳᠡᠭᠰᠡᠨ ᠪᠠᠶᠢᠪᠠᠯ᠂ ᠡᠷᠡᠭᠦᠦ ᠶᠢᠨ ᠬᠠᠤᠯᠢ ᠶᠢᠨ ᠵᠠᠭᠤ ᠲᠠᠪᠢᠨ ᠵᠢᠷᠭᠤᠳᠤᠭᠠᠷ ᠵᠦᠢᠯ ᠤᠨ ᠲᠣᠭᠲᠠᠭᠠᠯ ᠶᠣᠰᠣᠭᠠᠷ ᠰᠢᠭᠤᠳ ᠬᠠᠷᠢᠭᠤᠴᠠᠯᠭ᠎ᠠ ᠲᠠᠢ ᠬᠥᠮᠥᠨ ᠠᠴᠠ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃            ᠳᠥᠴᠢᠨ ᠲᠠᠪᠤᠳᠤᠭᠠᠷ ᠵᠦᠢᠯ ᠲᠤᠰ ᠬᠠᠤᠯᠢ ᠶᠢᠨ ᠭᠤᠴᠢ ᠶᠢᠰᠦᠳᠦᠭᠡᠷ ᠵᠦᠢᠯ᠂ ᠳᠥᠴᠢᠳᠦᠭᠡᠷ ᠵᠦᠢᠯ᠂ ᠳᠥᠴᠢᠨ ᠬᠤᠶᠠᠳᠤᠭᠠᠷ ᠵᠦᠢᠯ ᠳᠤ ᠲᠣᠭᠲᠠᠭᠠᠭᠰᠠᠨ ᠵᠠᠰᠠᠭ ᠵᠠᠬᠢᠷᠭᠠᠨ ᠤ ᠰᠢᠢᠳᠬᠡᠯ ᠢ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠭᠠᠵᠠᠷ ᠰᠢᠨᠵᠢᠯᠡᠭᠡ ᠠᠭᠤᠷᠬᠠᠢ ᠶᠢᠨ ᠭᠠᠷᠤᠯᠲᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠰᠠᠯᠠᠭ᠎ᠠ ᠮᠥᠴᠢᠷ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠭᠠᠵᠠᠷ ᠰᠢᠨᠵᠢᠯᠡᠭᠡ ᠠᠭᠤᠷᠬᠠᠢ ᠶᠢᠨ ᠭᠠᠷᠤᠯᠲᠠ ᠶᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠭᠰᠠᠨ ᠡᠷᠬᠡ ᠶᠢᠨ ᠬᠡᠪᠴᠢᠶ᠎ᠡ ᠶᠣᠰᠣᠭᠠᠷ ᠲᠣᠭᠲᠠᠭᠠᠨ᠎ᠠ᠃ ᠳᠥᠴᠢᠨ ᠭᠤᠷᠪᠠᠳᠤᠭᠠᠷ ᠵᠦᠢᠯ ᠳᠤ ᠲᠣᠭᠲᠠᠭᠠᠭᠰᠠᠨ ᠵᠠᠰᠠᠭ ᠵᠠᠬᠢᠷᠭᠠᠨ ᠤ ᠰᠢᠢᠳᠬᠡᠯ ᠢ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠨ᠎ᠠ᠃            ᠳᠥᠴᠢᠨ ᠳᠥᠷᠪᠡᠳᠦᠭᠡᠷ ᠵᠦᠢᠯ ᠳᠤ ᠲᠣᠭᠲᠠᠭᠠᠭᠰᠠᠨ ᠵᠠᠰᠠᠭ ᠵᠠᠬᠢᠷᠭᠠᠨ ᠤ ᠰᠢᠢᠳᠬᠡᠯ ᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠠᠵᠠᠷ ᠰᠢᠨᠵᠢᠯᠡᠭᠡ ᠠᠭᠤᠷᠬᠠᠢ ᠶᠢᠨ ᠭᠠᠷᠤᠯᠲᠠ ᠶᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠨ᠎ᠠ᠃ ᠬᠠᠶᠢᠨ ᠪᠠᠶᠢᠴᠠᠭᠠᠬᠤ ᠵᠥᠪᠰᠢᠶᠡᠷᠡᠯ ᠤᠨ ᠦᠨᠡᠮᠯᠡᠯ ᠪᠤᠶᠤ ᠠᠭᠤᠷᠬᠠᠢ ᠮᠠᠯᠲᠠᠬᠤ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠬᠤ ᠰᠢᠢᠳᠬᠡᠯ ᠥᠭᠬᠦ ᠳᠤ ᠬᠦᠷᠪᠡᠯ᠂ ᠡᠷᠬᠡᠪᠰᠢ ᠤᠤᠯ ᠤᠨ ᠦᠨᠡᠮᠯᠡᠯ ᠣᠯᠭᠤᠭᠰᠠᠨ ᠪᠠᠶᠢᠭᠤᠯᠭ᠎ᠠ ᠠᠴᠠ ᠲᠣᠭᠲᠠᠭᠠᠬᠤ ᠬᠡᠷᠡᠭᠲᠡᠢ᠃            ᠭᠤᠴᠢ ᠶᠢᠰᠦᠳᠦᠭᠡᠷ ᠵᠦᠢᠯ᠂ ᠳᠥᠴᠢᠳᠦᠭᠡᠷ ᠵᠦᠢᠯ᠂ ᠳᠥᠴᠢᠨ ᠬᠤᠶᠠᠳᠤᠭᠠᠷ ᠵᠦᠢᠯ᠂ ᠳᠥᠴᠢᠨ ᠳᠥᠷᠪᠡᠳᠦᠭᠡᠷ ᠵᠦᠢᠯ ᠤᠨ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠥᠭᠬᠦ ᠶᠣᠰᠣᠲᠠᠢ ᠪᠠᠶᠢᠲᠠᠯ᠎ᠠ ᠵᠠᠰᠠᠭ ᠵᠠᠬᠢᠷᠭᠠᠨ ᠤ ᠰᠢᠢᠳᠬᠡᠯ ᠥᠭᠬᠦ ᠦᠭᠡᠢ ᠪᠠᠶᠢᠪᠠᠯ᠂ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠠᠵᠠᠷ ᠰᠢᠨᠵᠢᠯᠡᠭᠡ ᠠᠭᠤᠷᠬᠠᠢ ᠶᠢᠨ ᠭᠠᠷᠤᠯᠲᠠ ᠶᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠬᠤ ᠪᠤᠶᠤ ᠰᠢᠭᠤᠳ ᠵᠠᠰᠠᠭ ᠵᠠᠬᠢᠷᠭᠠᠨ ᠤ ᠰᠢᠢᠳᠬᠡᠯ ᠥᠭᠬᠦ ᠡᠷᠬᠡ ᠲᠠᠢ᠃            ᠳᠥᠴᠢᠨ ᠵᠢᠷᠭᠤᠳᠤᠭᠠᠷ ᠵᠦᠢᠯ ᠲᠤᠬᠠᠢ ᠶᠢᠨ ᠬᠥᠮᠥᠨ ᠨᠢ ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠢ ᠬᠦᠯᠢᠶᠡᠬᠦ ᠦᠭᠡᠢ ᠪᠣᠯ ᠬᠠᠤᠯᠢ ᠶᠣᠰᠣᠭᠠᠷ ᠲᠡᠬᠢᠠ ᠵᠥᠪᠯᠡᠭᠦᠯᠬᠦ ᠪᠠᠷ ᠭᠤᠶᠤᠴᠢᠯᠠᠵᠤ ᠪᠣᠯᠣᠨ᠎ᠠ᠂ ᠬᠠᠤᠯᠢ ᠶᠣᠰᠣᠭᠠᠷ ᠠᠷᠠᠳ ᠤᠨ ᠰᠢᠭᠦᠬᠦ ᠬᠤᠷᠢᠶᠠᠨ ᠳᠤ ᠰᠢᠭᠤᠳ ᠵᠠᠭᠠᠯᠳᠤᠵᠤ ᠴᠤ ᠪᠣᠯᠣᠨ᠎ᠠ᠃            ᠲᠤᠬᠠᠢ ᠶᠢᠨ ᠬᠥᠮᠥᠨ ᠨᠢ ᠬᠤᠭᠤᠴᠠᠭ᠎ᠠ ᠬᠡᠲᠦᠷᠡᠲᠡᠯ᠎ᠡ ᠲᠡᠬᠢᠠ ᠵᠥᠪᠯᠡᠭᠦᠯᠬᠦ ᠪᠠᠷ ᠭᠤᠶᠤᠴᠢᠯᠠᠬᠤ ᠦᠭᠡᠢ ᠪᠥᠭᠡᠳ ᠠᠷᠠᠳ ᠤᠨ ᠰᠢᠭᠦᠬᠦ ᠬᠤᠷᠢᠶᠠᠨ ᠳᠤ ᠴᠤ ᠵᠠᠭᠠᠯᠳᠤᠬᠤ ᠦᠭᠡᠢ᠂ ᠰᠢᠢᠳᠬᠡᠬᠦ ᠲᠣᠭᠲᠠᠭᠠᠯ ᠢ ᠪᠠᠰᠠ ᠭᠦᠢᠴᠡᠳᠬᠡᠬᠦ ᠦᠭᠡᠢ ᠪᠠᠶᠢᠪᠠᠯ᠂ ᠰᠢᠢᠳᠬᠡᠬᠦ ᠲᠣᠭᠲᠠᠭᠠᠯ ᠭᠠᠷᠭᠠᠭᠰᠠᠨ ᠪᠠᠶᠢᠭᠤᠯᠭ᠎ᠠ ᠠᠴᠠ ᠠᠷᠠᠳ ᠤᠨ ᠰᠢᠭᠦᠬᠦ ᠬᠤᠷᠢᠶᠠᠨ ᠳᠤ ᠡᠷᠭᠦᠳᠡᠯ ᠭᠠᠷᠭᠠᠵᠤ ᠠᠯᠪᠡᠳᠡᠠ ᠭᠦᠢᠴᠡᠳᠬᠡᠭᠦᠯᠦᠨ᠎ᠡ᠃            ᠳᠦᠴᠢᠨ ᠳᠤᠯᠤᠳᠤᠭᠠᠷ ᠵᠦᠢᠯ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠨᠡᠭᠡᠭᠡᠨ ᠮᠠᠯᠳᠠᠬᠤ ᠳᠤ ᠬᠢᠨᠠᠯᠳᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠵᠤ ᠪᠠᠶᠢᠭ᠎ᠠ ᠤᠯᠤᠰ ᠤᠨ ᠠᠵᠢᠯᠳᠠᠨ ᠪᠠ ᠲᠦᠷᠦ ᠶᠢᠨ ᠪᠤᠰᠤᠳ ᠠᠵᠢᠯᠳᠠᠨ ᠬᠤᠪᠢ ᠶᠢᠨ ᠨᠠᠶᠢᠷ ᠢᠶᠠᠷ ᠬᠠᠤᠯᠢ ᠶᠤᠰᠤ ᠪᠠᠷ ᠵᠦᠷᠢᠴᠡᠭᠰᠡᠨ᠂ ᠡᠷᠭᠡ ᠲᠤᠰᠢᠶᠠᠯ ᠢᠶᠠᠨ ᠲᠤᠷ᠎ᠠ ᠪᠠᠷ ᠢᠶᠠᠨ ᠬᠡᠷᠡᠭᠯᠡᠭᠰᠡᠨ ᠪᠤᠶᠤ ᠲᠤᠰᠢᠶᠠᠯ ᠬᠠᠷᠢᠭᠤᠴᠠᠯᠭ᠎ᠠ ᠳᠠᠭᠠᠨ ᠤᠰᠤᠯᠳᠠᠵᠤ ᠪᠠᠶᠢᠭᠠᠳ ᠲᠤᠰ ᠬᠠᠤᠯᠢ ᠶᠢᠨ ᠲᠤᠭᠳᠠᠭᠠᠯ ᠢ ᠵᠦᠷᠢᠴᠡᠵᠦ ᠬᠠᠶᠢᠨ ᠪᠠᠶᠢᠴᠠᠭᠠᠬᠤ᠂ ᠠᠭᠤᠷᠬᠠᠢ ᠶᠢᠨ ᠭᠠᠷᠤᠯᠳᠠ ᠶᠢᠨ ᠡᠬᠢ ᠪᠠᠶᠠᠯᠢᠭ ᠢ ᠨᠡᠭᠡᠭᠡᠨ ᠮᠠᠯᠳᠠᠬᠤ ᠶᠢ ᠵᠦᠪᠰᠢᠶᠡᠷᠡᠭᠰᠡᠨ ᠪᠠ ᠬᠠᠶᠢᠨ ᠪᠠᠶᠢᠴᠠᠭᠠᠬᠤ ᠵᠦᠪᠰᠢᠶᠡᠷᠡᠯ ᠤᠨ ᠦᠨᠡᠮᠯᠡᠯ᠂ ᠠᠭᠤᠷᠬᠠᠢ ᠮᠠᠯᠳᠠᠬᠤ ᠵᠦᠪᠰᠢᠶᠡᠷᠡᠯ ᠤᠨ ᠦᠨᠡᠮᠯᠡᠯ ᠤᠯᠭᠤᠭᠰᠠᠨ᠂ ᠡᠰᠡᠭᠦᠯ᠎ᠡ ᠬᠠᠤᠯᠢ ᠵᠦᠷᠢᠴᠡᠨ ᠠᠭᠤᠷᠬᠠᠢ ᠮᠠᠯᠳᠠᠭᠰᠠᠨ ᠦᠢᠯᠡ ᠠᠵᠢᠯᠯᠠᠭ᠎ᠠ ᠶᠢ ᠬᠠᠤᠯᠢ ᠶᠤᠰᠤᠭᠠᠷ ᠬᠤᠷᠢᠭᠯᠠᠨ ᠵᠤᠭᠰᠤᠭᠠᠵᠤ᠂ ᠰᠢᠳᠭᠡᠭᠰᠡᠨ ᠦᠭᠡᠢ᠂ ᠶᠠᠯ᠎ᠠ ᠬᠢᠭᠰᠡᠨ ᠳᠤ ᠲᠤᠭᠠᠴᠠᠭᠳᠠᠭᠰᠠᠨ ᠪᠠᠶᠢᠪᠠᠯ᠂ ᠬᠠᠤᠯᠢ ᠶᠤᠰᠤᠭᠠᠷ ᠡᠷᠡᠭᠦᠤ ᠶᠢᠨ ᠬᠠᠷᠢᠭᠤᠴᠠᠯᠭ᠎ᠠ ᠨᠡᠭᠡᠮᠵᠢᠯᠡᠨ᠎ᠡ᠃            ᠳᠥᠴᠢᠨ ᠨᠠᠢᠮᠠᠳᠤᠭᠠᠷ ᠵᠦᠢᠯ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠨᠡᠭᠡᠭᠡᠨ ᠮᠠᠯᠲᠠᠬᠤ ᠶᠢ ᠬᠢᠨᠠᠵᠤ ᠬᠠᠮᠢᠶᠠᠷᠬᠤ ᠠᠵᠢᠯ ᠢ ᠬᠢᠵᠦ ᠪᠠᠶᠢᠭ᠎ᠠ ᠲᠥᠷᠥ ᠶᠢᠨ ᠠᠵᠢᠯᠲᠠᠨ ᠤ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠬᠦᠴᠦᠷᠬᠡᠭᠯᠡᠯ᠂ ᠰᠦᠷᠳᠡᠭᠦᠯᠦᠯ ᠤᠨ ᠠᠷᠭ᠎ᠠ ᠪᠠᠷ ᠬᠠᠷᠰᠢᠯᠠᠭᠰᠠᠨ ᠪᠠᠶᠢᠪᠠᠯ ᠂ ᠡᠷᠡᠭᠦᠦ ᠶᠢᠨ ᠬᠠᠤᠯᠢ ᠶᠢᠨ ᠵᠠᠭᠤ ᠲᠡᠪᠢᠠ ᠳᠣᠯᠣᠳᠤᠭᠠᠷ ᠵᠦᠢᠯ ᠤᠨ ᠲᠣᠭᠲᠠᠭᠠᠯ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠨᠡᠭᠡᠭᠡᠨ ᠮᠠᠯᠲᠠᠬᠤ ᠶᠢ ᠬᠢᠨᠠᠵᠤ ᠬᠠᠮᠢᠶᠠᠷᠬᠤ ᠠᠵᠢᠯ ᠢ ᠬᠢᠵᠦ ᠪᠠᠶᠢᠭ᠎ᠠ ᠲᠥᠷᠥ ᠶᠢᠨ ᠠᠵᠢᠯᠲᠠᠨ ᠤ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠲᠡᠪᠴᠢᠵᠦ᠂ ᠬᠠᠷᠰᠢᠯᠠᠬᠤ ᠳᠠᠭᠠᠨ ᠬᠦᠴᠦᠷᠬᠡᠭᠯᠡᠯ᠂ ᠰᠦᠷᠳᠡᠭᠦᠯᠦᠯ ᠤᠨ ᠠᠷᠭ᠎ᠠ ᠬᠡᠷᠡᠭᠯᠡᠭᠰᠡᠨ ᠦᠭᠡᠢ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠬᠡᠬᠦ ᠳᠦᠷᠢᠮ ᠤᠨ ᠲᠣᠭᠲᠠᠭᠠᠯ ᠶᠣᠰᠣᠭᠠᠷ ᠰᠢᠢᠳᠬᠡᠨ᠎ᠡ᠃            ᠳᠥᠴᠢ ᠶᠢᠰᠦᠳᠦᠭᠡᠷ ᠵᠦᠢᠯ ᠡᠭᠤᠷᠬᠠᠶ ᠶᠢᠨ ᠠᠵᠤ ᠠᠬᠤᠶᠢᠯᠠᠯ ᠤᠨ ᠬᠤᠭᠤᠷᠣᠨᠳᠣᠬᠢ ᠠᠭᠤᠷᠬᠠᠢ ᠶᠢᠨ ᠣᠷᠣᠨ ᠤ ᠬᠡᠪᠴᠢᠶᠡᠨ ᠤ ᠲᠤᠬᠠᠢ ᠮᠠᠷᠭᠤᠯᠳᠤᠭᠠᠨ ᠢ ᠲᠤᠬᠠᠢ ᠶᠢᠨ ᠬᠥᠮᠥᠨ ᠨᠢ ᠵᠥᠪᠳᠡᠯᠴᠡᠵᠦ ᠪᠠᠶᠢᠭᠠᠳ ᠰᠢᠢᠳᠪᠦᠷᠢᠯᠡᠨ᠎ᠡ᠂ ᠵᠥᠪᠳᠡᠯᠴᠡᠭᠡᠳ ᠪᠦᠲᠦᠭᠰᠡᠨ ᠦᠭᠡᠢ ᠪᠠᠶᠢᠪᠠᠯ᠂ ᠬᠤᠯᠪᠣᠭᠳᠠᠯ ᠪᠦᠬᠦᠢ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠬᠠᠤᠯᠢ ᠶᠣᠰᠣᠭᠠᠷ ᠬᠢᠨᠠᠨ ᠲᠣᠭᠲᠠᠭᠠᠭᠰᠠᠨ ᠠᠭᠤᠷᠬᠠᠢ ᠶᠢᠨ ᠣᠷᠣᠨ ᠤ ᠬᠡᠪᠴᠢᠶ᠎ᠡ ᠶᠢ ᠦᠨᠳᠦᠰᠦᠯᠡᠨ ᠰᠢᠢᠳᠪᠦᠷᠢᠯᠡᠨ᠎ᠡ᠃ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢ ᠠᠯᠤᠰᠯᠠᠭᠰᠠᠨ ᠠᠭᠤᠷᠬᠠᠢ ᠶᠢᠨ ᠣᠷᠣᠨ ᠤ ᠬᠡᠪᠴᠢᠶᠡᠨ ᠤ ᠲᠤᠬᠠᠢ ᠮᠠᠷᠭᠤᠯᠳᠤᠭᠠᠨ ᠢ ᠬᠤᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠥᠪᠳᠡᠯᠴᠡᠵᠦ ᠪᠠᠶᠢᠭᠠᠳ ᠰᠢᠢᠳᠪᠦᠷᠢᠯᠡᠨ᠎ᠡ᠂ ᠵᠥᠪᠳᠡᠯᠴᠡᠭᠡᠳ ᠪᠦᠲᠦᠬᠦ ᠦᠭᠡᠢ ᠪᠣᠯ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠰᠢᠢᠳᠪᠦᠷᠢᠯᠡᠨ᠎ᠡ᠃            ᠳᠣᠯᠣᠳᠤᠭᠠᠷ ᠪᠦᠯᠦᠭ      ᠳᠠᠭᠠᠯᠳᠤᠭᠤᠯᠤᠭᠰᠠᠨ ᠳᠦᠷᠢᠮ            ᠲᠠᠪᠢᠳᠤᠭᠠᠷ ᠵᠦᠢᠯ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠵᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠨᠡᠭᠡᠭᠡᠨ ᠮᠠᠯᠲᠠᠬᠤ ᠳᠤ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠬᠦ ᠲᠤᠭᠲᠠᠭᠠᠯ ᠢ ᠵᠢᠷᠤᠮᠯᠠᠨ᠎ᠠ᠃            ᠲᠠᠪᠢᠨ ᠨᠢᠭᠡᠳᠦᠭᠡᠷ ᠵᠦᠢᠯ ᠲᠤᠰ ᠬᠠᠤᠯᠢ ᠶᠢ ᠬᠡᠷᠡᠭᠵᠢᠭᠦᠯᠬᠦ ᠠᠴᠠ ᠡᠮᠦᠨ᠎ᠡ ᠵᠥᠪᠰᠢᠶᠡᠷᠡᠭᠦᠯᠬᠦ ᠭᠠᠷ ᠭᠦᠢᠴᠡᠳᠬᠡᠯ ᠬᠢᠭᠰᠡᠨ ᠦᠭᠡᠢ᠂ ᠠᠭᠤᠷᠬᠠᠢ ᠶᠢᠨ ᠣᠷᠣᠨ ᠤ ᠬᠦᠷᠢᠶ᠎ᠡ ᠬᠡᠪᠴᠢᠶ᠎ᠡ ᠶᠢ ᠵᠠᠭᠠᠭᠯᠠᠨ ᠲᠣᠭᠲᠠᠭᠠᠭᠰᠠᠨ ᠦᠭᠡᠢ᠂ ᠠᠭᠤᠷᠬᠠᠢ ᠮᠠᠯᠲᠠᠬᠤ ᠵᠥᠪᠰᠢᠶᠡᠷᠡᠯ ᠤᠨ ᠦᠨᠡᠮᠯᠡᠯ ᠣᠯᠣᠭᠰᠠᠨ ᠦᠭᠡᠢ ᠪᠠᠷ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠭᠰᠠᠨ ᠪᠠᠶᠢᠪᠠᠯ᠂ ᠲᠤᠰ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠨᠥᠬᠦᠪᠦᠷᠢᠯᠡᠨ ᠭᠠᠷ ᠭᠦᠢᠴᠡᠳᠬᠡᠯ ᠬᠢᠯᠭᠡᠬᠦ ᠪᠠᠷ ᠭᠤᠶᠤᠴᠢᠯᠠᠬᠤ ᠬᠡᠷᠡᠭᠲᠡᠢ᠃            ᠲᠠᠪᠢᠨ ᠬᠤᠶᠠᠳᠤᠭᠠᠷ ᠵᠦᠢᠯ ᠲᠤᠰ ᠬᠠᠤᠯᠢ ᠶᠢ ᠬᠡᠷᠡᠭᠵᠢᠭᠦᠯᠬᠦ ᠨᠠᠷᠢᠨ ᠳᠦᠷᠢᠮ ᠢ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠨ᠎ᠠ            ᠲᠠᠪᠢᠨ ᠭᠤᠷᠪᠠᠳᠤᠭᠠᠷ ᠵᠦᠢᠯ ᠲᠤᠰ ᠬᠠᠤᠯᠢ ᠶᠢ 1986 ᠣᠨ ᠤ 10 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃            ᠳᠠᠭᠠᠯᠳᠤᠭᠤᠯᠤᠯ᠄            ᠡᠷᠡᠭᠦᠦ ᠶᠢᠨ ᠬᠠᠤᠯᠢ ᠶᠢᠨ ᠬᠤᠯᠪᠣᠭᠳᠠᠯ ᠪᠦᠬᠦᠢ ᠵᠦᠢᠯ ᠵᠤᠷᠪᠤᠰ            ᠵᠠᠭᠤ ᠠᠷᠪᠠᠨ ᠳᠣᠯᠣᠳᠤᠭᠠᠷ ᠵᠦᠢᠯ ᠮᠥᠩᠭᠦᠨ ᠭᠦᠢᠯᠭᠡᠭᠡ᠂ ᠭᠠᠳᠠᠭᠠᠳᠤ ᠭᠤᠪᠢᠭᠤᠯᠭ᠎ᠠ᠂ ᠠᠯᠳᠠ ᠮᠥᠩᠭᠦ᠂ ᠦᠢᠯᠡᠳᠪᠦᠷᠢ ᠬᠤᠳᠠᠯᠳᠤᠭᠠᠨ ᠤ ᠬᠠᠮᠢᠶᠠᠷᠤᠯᠲᠠ ᠶᠢᠨ ᠬᠠᠤᠯᠢ ᠲᠣᠭᠲᠠᠭᠠᠯ ᠢ ᠵᠥᠷᠢᠴᠡᠵᠦ᠂ ᠵᠠᠪᠰᠢᠨ ᠰᠠᠷᠢᠭᠠᠯᠠᠭᠠᠳ ᠤᠢᠢᠯᠠ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠭᠤᠷᠪᠠᠨ ᠵᠢᠯ ᠠᠴᠠ ᠳᠣᠭᠤᠭᠰᠢ ᠬᠤᠭᠤᠴᠠᠭ᠎ᠠ ᠲᠠᠢ ᠬᠤᠷᠢᠬᠤ ᠪᠤᠶᠤ ᠬᠤᠷᠢᠵᠤ ᠬᠥᠳᠡᠯᠮᠦᠷᠢᠯᠡᠭᠦᠯᠬᠦ ᠪᠠᠷ ᠰᠢᠢᠳᠭᠡᠵᠦ᠂ ᠲᠣᠷᠭᠠᠭᠤᠯᠢ ᠣᠨᠣᠭᠳᠠᠭᠤᠯᠬᠤ ᠪᠤᠶᠤ ᠡᠳ᠋ ᠬᠥᠷᠥᠩᠭᠡ ᠶᠢ  ᠨᠢ ᠬᠤᠷᠢᠶᠠᠵᠤ ᠠᠪᠬᠤ ᠪᠠᠷ ᠨᠡᠶᠢᠯᠡᠭᠦᠯᠦᠨ ᠰᠢᠢᠳᠭᠡᠵᠦ᠂ ᠲᠡᠩ ᠢᠶᠠᠷ ᠰᠢᠢᠳᠭᠡᠵᠦ ᠪᠣᠯᠣᠨ᠎ᠠ᠃            ᠵᠠᠭᠤ ᠠᠷᠪᠠᠨ ᠨᠠᠢᠮᠠᠳᠤᠭᠠᠷ ᠵᠦᠢᠯ ᠨᠢᠭᠤᠴᠠ ᠪᠠᠷ ᠠᠷᠠᠯᠵᠢᠶᠠᠯᠠᠬᠤ᠂ ᠵᠠᠪᠰᠢᠨ ᠰᠠᠷᠢᠭᠠᠯᠠᠬᠤ ᠪᠠᠷ ᠪᠠᠶᠢᠩᠭᠤ ᠶᠢᠨ ᠠᠵᠢᠯ ᠢᠶᠠᠨ ᠪᠣᠯᠭᠠᠭᠰᠠᠨ᠂ ᠨᠢᠭᠤᠴᠠ ᠪᠠᠷ ᠠᠷᠠᠯᠵᠢᠶᠠᠯᠠᠭᠰᠠᠨ᠂ ᠵᠠᠪᠰᠢᠨ ᠰᠠᠷᠢᠭᠠᠯᠠᠭᠰᠠᠨ ᠲᠤᠭ᠎ᠠ ᠬᠡᠮᠵᠢᠶ᠎ᠡ ᠨᠢ ᠯᠤᠲᠤ ᠶᠡᠭᠡ ᠪᠤᠶᠤ ᠨᠢᠭᠤᠴᠠ ᠪᠠᠷ ᠠᠷᠠᠯᠵᠢᠶᠠᠯᠠᠭᠰᠠᠨ᠂ ᠵᠠᠪᠰᠢᠨ ᠰᠠᠷᠢᠭᠠᠯᠠᠭᠰᠠᠨ ᠪᠦᠯᠦᠭ ᠤᠨ ᠲᠣᠯᠣᠭᠠᠶᠢᠯᠠᠭᠴᠢ ᠶᠢ ᠭᠤᠷᠪᠠᠨ ᠵᠢᠯ ᠠᠴᠠ ᠳᠡᠭᠡᠭᠰᠢ ᠠᠷᠪᠠᠨ ᠵᠢᠯ ᠠᠴᠠ ᠳᠣᠭᠤᠭᠰᠢ ᠬᠤᠭᠤᠴᠠᠭ᠎ᠠ ᠲᠠᠢ ᠬᠤᠷᠢᠬᠤ ᠪᠠᠷ ᠰᠢᠢᠳᠭᠡᠵᠦ᠂ ᠡᠳ᠋ ᠬᠥᠷᠥᠩᠭᠡ ᠶᠢ ᠨᠢ ᠬᠤᠷᠢᠶᠠᠵᠤ ᠠᠪᠬᠤ ᠪᠠᠷ ᠨᠡᠶᠢᠯᠡᠭᠦᠯᠦᠨ ᠰᠢᠢᠳᠭᠡᠵᠦ ᠪᠣᠯᠣᠨ᠎ᠠ᠃            ᠵᠠᠭᠤ ᠲᠠᠪᠢᠨ ᠵᠢᠷᠭᠤᠳᠤᠭᠠᠷ ᠵᠦᠢᠯ ᠠᠯᠪᠠᠨ ᠤ ᠪᠠ ᠬᠤᠪᠢ ᠶᠢᠨ ᠡᠳ᠋ ᠬᠤᠭᠰᠢᠯ ᠢ ᠵᠣᠷᠢᠭᠤᠳᠠ ᠡᠪᠳᠡᠨ ᠰᠦᠢᠳᠬᠡᠭᠰᠡᠨ ᠪᠥᠭᠡᠳ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ 3 ᠵᠢᠯ ᠠᠴᠠ ᠳᠣᠭᠤᠭᠰᠢ ᠬᠤᠭᠤᠴᠠᠭ᠎ᠠ ᠲᠠᠢ ᠬᠤᠷᠢᠬᠤ᠂ ᠬᠤᠷᠢᠵᠤ ᠬᠥᠳᠡᠯᠮᠦᠷᠢᠯᠡᠭᠦᠯᠬᠦ ᠪᠤᠶᠤ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ            ᠵᠠᠭᠤ ᠲᠡᠪᠢᠠ ᠳᠣᠯᠣᠳᠤᠭᠠᠷ ᠵᠦᠢᠯ ᠲᠥᠷᠥ ᠶᠢᠨ ᠠᠵᠢᠯᠲᠠᠨ ᠤ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠬᠦᠴᠦᠷᠬᠡᠭᠯᠡᠯ᠂ ᠰᠦᠷᠳᠡᠭᠦᠯᠦᠯ ᠤᠨ ᠠᠷᠭ᠎ᠠ ᠪᠠᠷ ᠬᠠᠷᠰᠢᠯᠠᠭᠰᠠᠨ ᠪᠤᠶᠤ ᠠᠷᠠᠳ ᠤᠨ ᠰᠢᠭᠦᠬᠦ ᠬᠤᠷᠢᠶᠠᠨ ᠤ ᠨᠢᠭᠡᠨᠲᠡ ᠬᠠᠤᠯᠢ ᠴᠠᠭᠠᠵᠠ ᠶᠢᠨ ᠬᠦᠴᠦᠨ ᠲᠠᠢ ᠪᠣᠯᠤᠭᠰᠠᠨ ᠰᠢᠭᠦᠨ ᠲᠡᠰᠦᠯᠦᠯᠳᠠ᠂ ᠲᠣᠭᠲᠠᠭᠠᠯᠲᠠ ᠶᠢ ᠭᠦᠢᠴᠡᠳᠬᠡᠬᠦ ᠶᠢ ᠲᠡᠪᠴᠢᠭᠰᠡᠨ ᠪᠠᠶᠢᠪᠠᠯ᠂ ᠭᠤᠷᠪᠠᠨ ᠵᠢᠯ ᠠᠴᠠ ᠳᠣᠭᠤᠭᠰᠢ ᠬᠤᠭᠤᠴᠠᠭ᠎ᠠ ᠲᠠᠢ ᠬᠤᠷᠢᠬᠤ᠂ ᠬᠤᠷᠢᠵᠤ ᠬᠥᠳᠡᠯᠮᠦᠷᠢᠯᠡᠭᠦᠯᠬᠦ᠂ ᠲᠣᠷᠭᠠᠭᠤᠯᠢ ᠣᠨᠣᠭᠳᠠᠭᠤᠯᠬᠤ ᠪᠤᠶᠤ ᠤᠯᠤᠰ ᠲᠥᠷᠥ ᠶᠢᠨ ᠡᠷᠬᠡ ᠶᠢ ᠨᠢ ᠬᠠᠰᠤᠬᠤ ᠪᠠᠷ ᠰᠢᠢᠳᠬᠡᠨ᠎ᠡ᠃            ᠵᠠᠭᠤ ᠲᠠᠪᠢᠨ ᠨᠠᠢᠮᠠᠳᠤᠭᠠᠷ ᠵᠦᠢᠯ ᠶᠠᠮᠠᠷᠪᠠ ᠬᠥᠮᠥᠨ ᠤ ᠶᠠᠮᠠᠷᠪᠠ ᠠᠷᠭ᠎ᠠ ᠪᠠᠷᠢᠯ ᠢᠶᠠᠷ ᠨᠡᠶᠢᠭᠡᠮ ᠤᠨ ᠡᠮᠬᠢ ᠵᠢᠷᠤᠮ ᠢ ᠰᠠᠮᠠᠭᠤᠷᠠᠭᠤᠯᠬᠤ ᠶᠢ ᠴᠠᠭᠠᠵᠠᠯᠠᠨ᠎ᠠ᠃ ᠨᠡᠶᠢᠭᠡᠮ ᠤᠨ ᠡᠮᠬᠢ ᠵᠢᠷᠤᠮ ᠢ ᠰᠠᠮᠠᠭᠤᠷᠠᠭᠤᠯᠤᠭᠰᠠᠨ ᠤᠢᠢᠯᠠ ᠪᠠᠶᠢᠳᠠᠯ ᠨᠢ ᠬᠦᠨᠳᠦ ᠨᠣᠴᠢᠲᠠᠢ ᠪᠠᠶᠢᠵᠤ᠂ ᠠᠵᠢᠯ᠂ ᠦᠢᠯᠡᠳᠪᠦᠷᠢᠯᠡᠬᠦ ᠠᠵᠢᠯ᠂ ᠡᠵᠡᠩᠨᠡᠯᠲᠡ ᠪᠠ ᠬᠢᠴᠢᠶᠡᠯ ᠬᠥᠮᠦᠵᠢᠯ᠂ ᠰᠢᠨᠵᠢᠯᠡᠬᠦ ᠤᠬᠠᠭᠠᠨ ᠤ ᠰᠤᠳᠤᠯᠭᠠᠨ ᠢ ᠬᠢᠬᠦ ᠶᠢᠨ ᠠᠷᠭ᠎ᠠ ᠦᠭᠡᠢ ᠪᠣᠯᠭᠠᠵᠤ᠂ ᠤᠯᠤᠰ ᠣᠷᠣᠨ ᠪᠠ ᠨᠡᠶᠢᠭᠡᠮ ᠨᠡᠶᠢᠲᠡ ᠳᠤ ᠬᠦᠨᠳᠦ ᠨᠣᠴᠢᠲᠠᠢ ᠬᠤᠬᠢᠷᠠᠯ ᠤᠴᠠᠷᠠᠭᠤᠯᠤᠭᠰᠠᠨ ᠪᠠᠶᠢᠪᠠᠯ᠂ ᠲᠣᠯᠣᠭᠠᠶᠢᠯᠠᠭᠴᠢ ᠶᠢ ᠨᠢ ᠲᠠᠪᠤᠨ ᠵᠢᠯ ᠠᠴᠠ ᠳᠣᠭᠤᠭᠰᠢ ᠬᠤᠭᠤᠴᠠᠭ᠎ᠠ ᠲᠠᠢ ᠬᠤᠷᠢᠬᠤ᠂ ᠬᠤᠷᠢᠵᠤ ᠬᠥᠳᠡᠯᠮᠦᠷᠢᠯᠡᠭᠦᠯᠬᠦ᠂ ᠵᠠᠬᠢᠷᠤᠨ ᠬᠠᠮᠢᠶᠠᠷᠬᠤ ᠪᠤᠶᠤ ᠤᠯᠤᠰ ᠲᠥᠷᠥ ᠶᠢᠨ ᠡᠷᠬᠡ ᠶᠢ ᠨᠢ ᠬᠠᠰᠤᠬᠤ ᠪᠠᠷ ᠰᠢᠢᠳᠬᠡᠨ᠎ᠡ᠃                        ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ᠄ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠤᠯᠢ︾  ᠶᠢᠨ ᠲᠤᠬᠠᠢ ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠲᠠᠶᠢᠯᠤᠮᠵᠢ            ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ            
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号