ᠠᠯᠠᠱᠠ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠠᠮᠵᠢᠭᠤᠯᠤᠨ ᠨᠡᠶᠢᠲᠡᠯᠡᠭᠰᠡᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠴᠢ ᠶᠢᠨ ᠬᠠᠤᠯᠢ︾
ᠨᠡᠶᠢᠲᠡᠯᠡᠭᠰᠡᠨ ᠴᠠᠭ᠄
2023/12/18
                        ︵2021 ᠣᠨ ᠤ 8 ᠳ᠋ᠤᠭᠠᠷ ᠰᠠᠷ᠎ᠠ ᠶᠢᠨ 20 ᠤ ᠡᠳᠦᠷ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠳᠤᠭᠠᠷ ᠬᠤᠷᠠᠯ ᠠᠴᠠ ᠪᠠᠲᠤᠯᠠᠪᠠ︶            ᠭᠠᠷᠴᠠᠭ            ᠨᠢᠭᠡᠳᠦᠭᠡᠷ ᠪᠦᠯᠦᠭ ᠶᠡᠷᠦᠩᠬᠡᠢ ᠳᠦᠷᠢᠮ            ᠬᠤᠶᠠᠳᠤᠭᠠᠷ ᠪᠦᠯᠦᠭ ᠰᠢᠯᠭᠠᠬᠤ ᠪᠠ ᠪᠦᠷᠢᠳᠬᠡᠭᠦᠯᠬᠦ            ᠭᠤᠷᠪᠠᠳᠤᠭᠠᠷ ᠪᠦᠯᠦᠭ ᠠᠵᠢᠯ ᠡᠷᠬᠢᠯᠡᠬᠦ ᠳᠦᠷᠢᠮ            ᠳᠥᠷᠪᠡᠳᠦᠭᠡᠷ ᠪᠦᠯᠦᠭ ᠪᠣᠯᠪᠠᠰᠤᠷᠠᠭᠤᠯᠬᠤ ᠪᠠ ᠬᠢᠨᠠᠨ ᠰᠢᠯᠭᠠᠬᠤ            ᠲᠠᠪᠤᠳᠤᠭᠠᠷ ᠪᠦᠯᠦᠭ ᠪᠠᠲᠤᠯᠠᠭ᠎ᠠ ᠶᠢᠨ ᠠᠷᠭ᠎ᠠ ᠬᠡᠮᠵᠢᠶ᠎ᠡ            ᠵᠢᠷᠭᠤᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ            ᠳᠣᠯᠣᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ            ᠨᠢᠭᠡᠳᠦᠭᠡᠷ ᠪᠦᠯᠦᠭ ᠶᠡᠷᠦᠩᠬᠡᠢ ᠳᠦᠷᠢᠮ            ᠨᠢᠭᠡᠳᠦᠭᠡᠷ ᠵᠦᠢᠯ ᠡᠮᠴᠢ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠂ ᠡᠮᠴᠢ ᠶᠢᠨ ᠠᠵᠢᠯ ᠡᠷᠬᠢᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠡᠮᠴᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠠᠷᠠᠳ ᠲᠦᠮᠡᠨ ᠤ ᠡᠷᠡᠭᠦᠯ ᠮᠡᠨᠳᠦ ᠶᠢ ᠬᠠᠮᠠᠭᠠᠯᠠᠵᠤ᠂ ᠡᠷᠡᠭᠦᠯ ᠡᠩᠬᠡ ᠳᠤᠮᠳᠠᠳᠤ ᠤᠯᠤᠰ ᠤᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠢᠨ ᠲᠥᠯᠥᠭᠡ ᠲᠤᠰ ᠬᠠᠤᠯᠢ ᠶᠢ ᠲᠣᠭᠲᠠᠭᠠᠪᠠ᠃            ᠬᠤᠶᠠᠳᠤᠭᠠᠷ ᠵᠦᠢᠯ ᠲᠤᠰ ᠬᠠᠤᠯᠢ ᠳᠤ ᠬᠡᠯᠡᠵᠦ ᠪᠠᠶᠢᠭ᠎ᠠ ᠡᠮᠴᠢ ᠭᠡᠳᠡᠭ ᠪᠣᠯ ᠡᠮᠴᠢ ᠶᠢᠨ ᠬᠢᠷᠢ ᠬᠡᠮ ᠢ ᠬᠠᠤᠯᠢ ᠶᠣᠰᠣᠭᠠᠷ ᠣᠯᠣᠭᠰᠠᠨ᠂ ᠳᠠᠩᠰᠠᠯᠠᠭᠤᠯᠤᠭᠠᠳ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠠᠵᠢᠯ ᠡᠷᠬᠢᠯᠡᠵᠦ ᠪᠠᠶᠢᠭ᠎ᠠ ᠲᠤᠰᠬᠠᠢ ᠡᠮᠨᠡᠯᠭᠡ ᠶᠢᠨ ᠠᠵᠢᠯᠲᠠᠨ ᠢ ᠪᠠᠭᠲᠠᠭᠠᠨ᠎ᠠ᠂ ᠡᠭᠦᠨ ᠳᠤ ᠠᠵᠢᠯ ᠡᠷᠬᠢᠯᠡᠬᠦ ᠡᠮᠴᠢ ᠪᠠ ᠠᠵᠢᠯ ᠡᠷᠬᠢᠯᠡᠬᠦ ᠲᠤᠰᠠᠯᠠᠬᠤ ᠡᠮᠴᠢ ᠪᠠᠭᠲᠠᠨ᠎ᠠ᠃            ᠭᠤᠷᠪᠠᠳᠤᠭᠠᠷ ᠵᠦᠢᠯ ᠡᠮᠴᠢ ᠡᠷᠬᠡᠪᠰᠢ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠬᠥᠮᠦᠯᠢᠭ ᠦᠵᠡᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠠᠮᠢ ᠨᠠᠰᠤ ᠶᠢ ᠢᠪᠡᠭᠡᠬᠦ᠂ ᠦᠬᠦᠯ ᠠᠴᠠ ᠠᠪᠤᠷᠠᠨ ᠰᠢᠷᠬᠠᠲᠤᠭᠰᠠᠳ ᠢ ᠲᠡᠩᠬᠡᠷᠡᠭᠦᠯᠬᠦ᠂ ᠳᠤᠷᠠᠲᠠᠶ᠎ᠠ ᠬᠠᠷᠠᠮ ᠦᠭᠡᠢ ᠵᠣᠷᠢᠭᠤᠯᠬᠤ᠂ ᠬᠢᠵᠠᠭᠠᠷ ᠦᠭᠡᠢ ᠬᠠᠶᠢᠷᠠᠯᠠᠬᠤ ᠡᠷᠬᠢᠮ ᠳᠡᠭᠡᠳᠦ ᠲᠤᠬᠠᠶᠢᠯᠠᠭᠰᠠᠨ ᠠᠵᠢᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠤᠬᠠᠶᠢᠯᠠᠭᠰᠠᠨ ᠠᠵᠢᠯ ᠤᠨ ᠶᠣᠰᠣ ᠮᠣᠷᠠᠯ ᠢ ᠬᠢᠴᠢᠶᠡᠩᠭᠦᠶᠢᠯᠡᠨ ᠵᠢᠷᠤᠮᠯᠠᠵᠤ᠂ ᠠᠵᠢᠯ ᠡᠷᠬᠢᠯᠡᠬᠦ ᠵᠢᠷᠤᠮᠵᠢᠯ ᠢ ᠵᠢᠷᠤᠮᠯᠠᠵᠤ᠂ ᠠᠵᠢᠯ ᠡᠷᠬᠢᠯᠡᠬᠦ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠡᠪᠡᠳᠴᠢᠨ ᠢ ᠰᠡᠷᠭᠡᠶᠢᠯᠡᠨ ᠵᠠᠰᠠᠬᠤ᠂ ᠠᠷᠠᠳ ᠲᠦᠮᠡᠨ ᠤ ᠡᠷᠡᠭᠦᠯ ᠮᠡᠨᠳᠦ ᠶᠢ ᠬᠠᠮᠠᠭᠠᠯᠠᠬᠤ ᠲᠠᠷᠬᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃            ᠡᠮᠴᠢ ᠶᠢᠨ ᠬᠠᠤᠯᠢ ᠶᠣᠰᠣᠭᠠᠷ ᠠᠵᠢᠯ ᠡᠷᠬᠢᠯᠡᠬᠦ ᠶᠢ ᠬᠠᠤᠯᠢ ᠪᠠᠷ ᠬᠠᠮᠠᠭᠠᠯᠠᠨ᠎ᠠ᠃ ᠡᠮᠴᠢ ᠶᠢᠨ ᠨᠡᠷ᠎ᠡ ᠬᠦᠨᠳᠦ᠂ ᠪᠡᠶ᠎ᠡ ᠶᠢᠨ ᠠᠮᠤᠷ ᠲᠦᠪᠰᠢᠨ ᠳᠤ ᠬᠠᠯᠳᠠᠵᠤ ᠪᠣᠯᠬᠤ ᠦᠭᠡᠢ᠃            ᠳᠥᠷᠪᠡᠳᠦᠭᠡᠷ ᠵᠦᠢᠯ ᠲᠥᠷᠥ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠪᠦᠬᠦ ᠤᠯᠤᠰ ᠤᠨ ᠡᠮᠴᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠥᠮᠦᠵᠢᠯ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠬᠢᠲᠠᠳ ᠡᠮ ᠡᠮᠨᠡᠯᠭᠡ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠬᠤᠯᠪᠣᠭᠳᠠᠯ ᠪᠦᠬᠦᠢ ᠡᠮᠴᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃            ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠣᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠡᠮᠴᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠬᠢᠲᠠᠳ ᠡᠮ ᠡᠮᠨᠡᠯᠭᠡ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠬᠤᠯᠪᠣᠭᠳᠠᠯ ᠪᠦᠬᠦᠢ ᠡᠮᠴᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃            ᠲᠠᠪᠤᠳᠤᠭᠠᠷ ᠵᠦᠢᠯ ᠵᠢᠯ ᠪᠦᠷᠢ ᠶᠢᠨ 8 ᠰᠠᠷ᠎ᠠ ᠶᠢᠨ 19 ᠤ ᠡᠳᠦᠷ ᠢ ᠳᠤᠮᠳᠠᠳᠤ ᠤᠯᠤᠰ ᠤᠨ ᠡᠮᠴᠢ ᠶᠢᠨ            ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠠᠵᠢᠯ ᠳᠤ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠡᠮᠴᠢ ᠶᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠱᠠᠩᠨᠠᠨ᠎ᠠ᠃            ᠨᠡᠶᠢᠭᠡᠮ ᠨᠡᠶᠢᠲᠡ ᠪᠠᠷ ᠢᠶᠠᠨ ᠡᠮᠴᠢ ᠶᠢ ᠬᠦᠨᠳᠦᠳᠬᠡᠬᠦ ᠬᠡᠷᠡᠭᠲᠡᠢ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠡᠮᠴᠢ ᠶᠢ ᠬᠠᠯᠠᠮᠵᠢᠯᠠᠨ ᠬᠠᠶᠢᠷᠠᠯᠠᠵᠤ᠂ ᠲᠡᠷᠢᠭᠦᠨ ᠤ ᠦᠢᠯᠡ ᠠᠵᠢᠯᠯᠠᠭ᠎ᠠ ᠶᠢ ᠪᠠᠳᠠᠷᠠᠭᠤᠯᠤᠨ᠂ ᠲᠤᠬᠠᠶᠢᠯᠠᠭᠰᠠᠨ ᠠᠵᠢᠯ ᠤᠨ ᠰᠤᠷᠭᠠᠯᠲᠠ ᠶᠢ ᠴᠢᠩᠭᠠᠳᠬᠠᠵᠤ᠂ ᠵᠠᠮ ᠨᠡᠭᠡᠭᠡᠨ ᠰᠢᠨ᠎ᠡ ᠶᠢ ᠡᠭᠦᠳᠬᠦ ᠶᠢ ᠲᠡᠮᠵᠢᠵᠤ᠂ ᠬᠦᠴᠢᠷᠳᠡᠯ ᠢ ᠨᠢ ᠬᠠᠪᠰᠤᠷᠤᠨ ᠰᠢᠢᠳᠪᠦᠷᠢᠯᠡᠵᠦ᠂ ᠨᠡᠶᠢᠭᠡᠮ ᠳᠠᠶᠠᠭᠠᠷ ᠲᠤ ᠡᠮᠴᠢ ᠶᠢ ᠬᠦᠨᠳᠦᠳᠬᠡᠨ ᠡᠷᠡᠭᠦᠯ ᠬᠠᠮᠠᠭᠠᠯᠠᠯ ᠢ ᠴᠢᠬᠤᠯᠠᠴᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠥᠷᠭᠡᠨ ᠢᠶᠠᠷ ᠪᠤᠢ ᠪᠣᠯᠭᠠᠬᠤ ᠶᠢ ᠲᠦᠯᠬᠢᠨ ᠠᠬᠢᠭᠤᠯᠬᠤ ᠬᠡᠷᠡᠭᠲᠡᠢ᠃            ᠵᠢᠷᠭᠤᠳᠤᠭᠠᠷ ᠵᠦᠢᠯ ᠤᠯᠤᠰ ᠠᠴᠠ ᠡᠮᠴᠢ ᠶᠢᠨ ᠠᠨᠠᠭᠠᠬᠤ ᠤᠬᠠᠭᠠᠨ ᠤ ᠲᠤᠰᠬᠠᠢ ᠮᠡᠷᠭᠡᠵᠢᠯ ᠤᠨ ᠴᠣᠯᠠ ᠲᠣᠬᠢᠷᠠᠭᠤᠯᠬᠤ᠂ ᠦᠨᠡᠯᠡᠨ ᠲᠣᠭᠲᠠᠭᠠᠬᠤ ᠪᠠ ᠠᠵᠢᠯ ᠤᠨ ᠪᠠᠶᠢᠷᠢ ᠳᠤ ᠤᠷᠢᠨ ᠲᠣᠮᠢᠯᠠᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯ ᠮᠡᠷᠭᠡᠵᠢᠯ ᠤᠨ ᠶᠣᠰᠣ ᠮᠣᠷᠠᠯ᠂ ᠲᠤᠰᠬᠠᠢ ᠮᠡᠷᠭᠡᠵᠢᠯ ᠤᠨ ᠦᠢᠯᠡᠳᠦᠯᠭᠡ ᠶᠢᠨ ᠴᠢᠳᠠᠪᠤᠷᠢ ᠪᠠ ᠠᠵᠢᠯ ᠤᠨ ᠠᠮᠵᠢᠯᠲᠠ ᠪᠦᠲᠦᠮᠵᠢ ᠪᠠᠷ ᠴᠢᠬᠤᠯᠠ ᠨᠥᠬᠦᠴᠡᠯ ᠪᠣᠯᠭᠠᠵᠤ᠂ ᠦᠨᠡᠯᠡᠨ ᠲᠣᠭᠲᠠᠭᠠᠬᠤ᠂ ᠤᠷᠢᠨ ᠲᠣᠮᠢᠯᠠᠬᠤ ᠬᠤᠯᠪᠣᠭᠳᠠᠯ ᠪᠦᠬᠦᠢ ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠎ᠠ᠃            ᠳᠣᠯᠣᠳᠤᠭᠠᠷ ᠵᠦᠢᠯ ᠡᠮᠴᠢ ᠬᠠᠤᠯᠢ ᠶᠣᠰᠣᠭᠠᠷ ᠡᠮᠴᠢ ᠶᠢᠨ ᠨᠡᠶᠢᠭᠡᠮᠯᠢᠭ ᠵᠡᠷᠭᠡ ᠬᠤᠯᠪᠣᠭᠳᠠᠯ ᠪᠦᠬᠦᠢ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ᠂ ᠲᠤᠰᠬᠠᠢ ᠮᠡᠷᠭᠡᠵᠢᠯ ᠤᠨ ᠡᠷᠳᠡᠮ ᠰᠢᠨᠵᠢᠯᠡᠭᠡᠨ ᠤ ᠪᠦᠯᠬᠦᠮ ᠢ ᠵᠣᠬᠢᠶᠠᠨ ᠪᠠᠶᠢᠭᠤᠯᠬᠤ ᠪᠠ ᠲᠡᠭᠦᠨ ᠳᠤ ᠣᠷᠣᠯᠴᠠᠵᠤ ᠪᠣᠯᠣᠨ᠎ᠠ᠃            ᠶᠡᠭᠡ ᠡᠮᠴᠢ ᠶᠢᠨ ᠨᠡᠶᠢᠭᠡᠮᠯᠢᠭ ᠵᠡᠷᠭᠡ ᠬᠤᠯᠪᠣᠭᠳᠠᠯ ᠪᠦᠬᠦᠢ ᠠᠵᠢᠯ ᠲᠦᠷᠦᠯ ᠤᠨ ᠵᠣᠬᠢᠶᠠᠨ ᠪᠠᠶᠢᠭᠤᠯᠤᠯᠲᠠ ᠨᠤᠭᠤᠳ ᠠᠵᠢᠯ ᠲᠦᠷᠦᠯ ᠤᠨ ᠥᠪᠡᠷ ᠢ ᠪᠠᠨ ᠱᠠᠭᠠᠷᠳᠠᠬᠤ ᠪᠠ ᠶᠡᠭᠡ ᠡᠮᠴᠢ ᠶᠢᠨ ᠠᠵᠢᠯ ᠡᠷᠬᠢᠯᠡᠬᠦ ᠵᠢᠷᠤᠮᠵᠢᠯ ᠢ ᠴᠢᠩᠭᠠᠳᠬᠠᠵᠤ᠂ ᠶᠡᠭᠡ ᠡᠮᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠣᠨ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠬᠤᠯᠪᠣᠭᠳᠠᠯ ᠪᠦᠬᠦᠢ ᠠᠵᠢᠯ ᠢ ᠥᠷᠨᠢᠭᠦᠯᠬᠦ ᠬᠡᠷᠡᠭᠲᠡᠢ᠃            ᠬᠤᠶᠠᠳᠤᠭᠠᠷ ᠪᠦᠯᠦᠭ ᠰᠢᠯᠭᠠᠬᠤ ᠪᠠ ᠪᠦᠷᠢᠳᠬᠡᠭᠦᠯᠬᠦ            ᠨᠠᠢᠮᠠᠳᠤᠭᠠᠷ ᠵᠦᠢᠯ ᠤᠯᠤᠰ ᠠᠴᠠ ᠡᠮᠴᠢ ᠶᠢᠨ ᠬᠢᠷᠢ ᠬᠡᠮ ᠤᠨ ᠰᠢᠯᠭᠠᠯᠲᠠ ᠶᠢᠨ ᠳᠦᠷᠢᠮ ᠢ ᠬᠡᠷᠡᠭᠵᠢᠭᠦᠯᠦᠨ᠎ᠡ            ᠡᠮᠴᠢ ᠶᠢᠨ ᠬᠢᠷᠢ ᠬᠡᠮ ᠤᠨ ᠰᠢᠯᠭᠠᠯᠲᠠ ᠶᠢ ᠠᠵᠢᠯ ᠡᠷᠬᠢᠯᠡᠬᠦ ᠡᠮᠴᠢ ᠶᠢᠨ ᠬᠢᠷᠢ ᠬᠡᠮ ᠤᠨ ᠰᠢᠯᠭᠠᠯᠲᠠ ᠪᠠ ᠠᠵᠢᠯ ᠡᠷᠬᠢᠯᠡᠬᠦ ᠲᠤᠰᠠᠯᠠᠬᠤ ᠡᠮᠴᠢ ᠶᠢᠨ ᠬᠢᠷᠢ ᠬᠡᠮ ᠤᠨ ᠰᠢᠯᠭᠠᠯᠲᠠ ᠭᠡᠵᠦ ᠬᠤᠪᠢᠶᠠᠨ᠎ᠠ᠃ ᠡᠮᠴᠢ ᠶᠢᠨ ᠬᠢᠷᠢ ᠬᠡᠮ ᠤᠨ ᠰᠢᠯᠭᠠᠯᠲᠠ ᠶᠢ ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃                  ᠡᠮᠴᠢ ᠶᠢᠨ ᠬᠢᠷᠢ ᠬᠡᠮ ᠤᠨ ᠰᠢᠯᠭᠠᠯᠲᠠ ᠶᠢᠨ ᠲᠥᠷᠥᠯ ᠵᠦᠢᠯ ᠪᠠ ᠪᠣᠳᠠᠲᠠᠢ ᠠᠷᠭ᠎ᠠ ᠶᠢ ᠲᠥᠷᠥ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠡᠳᠦ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠨ᠎ᠠ᠃            ᠶᠢᠰᠦᠳᠦᠭᠡᠷ ᠵᠦᠢᠯ ᠳᠠᠷᠠᠭᠠᠬᠢ ᠵᠢᠭᠰᠠᠭᠠᠭᠰᠠᠨ ᠨᠥᠬᠦᠴᠡᠯ ᠤᠳ ᠤᠨ ᠨᠢᠭᠡ ᠨᠢ ᠪᠠᠶᠢᠪᠠᠯ᠂ ᠠᠵᠢᠯ ᠡᠷᠬᠢᠯᠡᠬᠦ ᠡᠮᠴᠢ ᠶᠢᠨ ᠬᠢᠷᠢ ᠬᠡᠮ ᠤᠨ ᠰᠢᠯᠭᠠᠯᠲᠠ ᠳᠤ ᠣᠷᠣᠯᠴᠠᠵᠤ ᠪᠣᠯᠣᠨ᠎ᠠ᠄             ︵ᠨᠢᠭᠡ︶ ᠳᠡᠭᠡᠳᠦ ᠵᠡᠷᠭᠡ ᠶᠢᠨ ᠰᠤᠷᠭᠠᠭᠤᠯᠢ ᠶᠢᠨ ᠬᠤᠯᠪᠣᠭᠳᠠᠯ ᠪᠦᠬᠦᠢ ᠠᠨᠠᠭᠠᠬᠤ ᠤᠬᠠᠭᠠᠨ ᠤ ᠲᠤᠰᠬᠠᠢ ᠮᠡᠷᠭᠡᠵᠢᠯ ᠤᠨ ᠵᠢᠩᠬᠢᠨᠢ ᠠᠩᠭᠢ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ᠂ ᠠᠵᠢᠯ ᠡᠷᠬᠢᠯᠡᠬᠦ ᠡᠮᠴᠢ ᠶᠢᠨ ᠵᠢᠯᠣᠭᠤᠳᠤᠯᠭ᠎ᠠ ᠳᠣᠣᠷ᠎ᠠ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠠᠨᠠᠭᠠᠬᠤ ᠤᠬᠠᠭᠠᠨ ᠤ ᠲᠤᠰᠬᠠᠢ ᠮᠡᠷᠭᠡᠵᠢᠯ ᠤᠨ ᠠᠵᠢᠯ ᠳᠤ ᠣᠷᠣᠯᠴᠠᠭᠠᠳ ᠪᠦᠬᠦᠯᠢ ᠨᠢᠭᠡ ᠵᠢᠯ ᠪᠣᠯᠤᠭᠰᠠᠨ᠃             ︵ᠬᠤᠶᠠᠷ︶ ᠳᠡᠭᠡᠳᠦ ᠵᠡᠷᠭᠡ ᠶᠢᠨ ᠰᠤᠷᠭᠠᠭᠤᠯᠢ ᠶᠢᠨ ᠬᠤᠯᠪᠣᠭᠳᠠᠯ ᠪᠦᠬᠦᠢ ᠠᠨᠠᠭᠠᠬᠤ ᠤᠬᠠᠭᠠᠨ ᠤ ᠲᠤᠰᠬᠠᠢ ᠮᠡᠷᠭᠡᠵᠢᠯ ᠤᠨ ᠲᠤᠰᠬᠠᠢ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠲᠠᠢ᠂ ᠠᠵᠢᠯ ᠡᠷᠬᠢᠯᠡᠬᠦ ᠲᠤᠰᠠᠯᠠᠬᠤ ᠡᠮᠴᠢ ᠶᠢᠨ ᠠᠵᠢᠯ ᠡᠷᠬᠢᠯᠡᠬᠦ ᠦᠨᠡᠮᠯᠡᠯ ᠣᠯᠣᠭᠰᠠᠨ ᠤ ᠲᠡᠷᠠᠭ᠎ᠠ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠠᠵᠢᠯ ᠡᠷᠬᠢᠯᠡᠭᠡᠳ ᠪᠦᠬᠦᠯᠢ ᠬᠤᠶᠠᠷ ᠵᠢᠯ ᠪᠣᠯᠤᠭᠰᠠᠨ᠃            ᠠᠷᠪᠠᠳᠤᠭᠠᠷ ᠵᠦᠢᠯ ᠳ᠋ᠡᠭᠡᠳᠦ ᠵᠡᠷᠭᠡ ᠶᠢᠨ ᠰᠤᠷᠭᠠᠭᠤᠯᠢ ᠶᠢᠨ ᠬᠤᠯᠪᠣᠭᠳᠠᠯ ᠪᠦᠬᠦᠢ ᠠᠨᠠᠭᠠᠬᠤ ᠤᠬᠠᠭᠠᠨ ᠤ ᠲᠤᠰᠬᠠᠢ ᠮᠡᠷᠭᠡᠵᠢᠯ ᠤᠨ ᠲᠤᠰᠬᠠᠢ ᠠᠩᠭᠢ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ ᠪᠠᠶᠢᠵᠤ᠂ ᠠᠵᠢᠯ ᠡᠷᠬᠢᠯᠡᠬᠦ ᠡᠮᠴᠢ ᠶᠢᠨ ᠵᠢᠯᠣᠭᠤᠳᠤᠯᠭ᠎ᠠ ᠳᠣᠣᠷ᠎ᠠ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠠᠨᠠᠭᠠᠬᠤ ᠤᠬᠠᠭᠠᠨ ᠤ ᠲᠤᠰᠬᠠᠢ ᠮᠡᠷᠭᠡᠵᠢᠯ ᠤᠨ ᠠᠵᠢᠯ ᠤᠨ ᠦᠢᠯᠡᠳᠦᠯᠭᠡ ᠳᠤ ᠣᠷᠣᠯᠴᠠᠭᠠᠳ ᠪᠦᠬᠦᠯᠢ ᠨᠢᠭᠡ ᠵᠢᠯ ᠪᠣᠯᠤᠭᠰᠠᠨ ᠪᠠᠶᠢᠪᠠᠯ᠂ ᠠᠵᠢᠯ ᠡᠷᠬᠢᠯᠡᠬᠦ ᠲᠤᠰᠠᠯᠠᠬᠤ ᠡᠮᠴᠢ ᠶᠢᠨ ᠬᠢᠷᠢ ᠬᠡᠮ ᠤᠨ ᠰᠢᠯᠭᠠᠯᠲᠠ ᠳᠤ ᠣᠷᠣᠯᠴᠠᠵᠤ ᠪᠣᠯᠣᠨ᠎ᠠ᠃            ᠠᠷᠪᠠᠨ ᠨᠢᠭᠡᠳᠦᠭᠡᠷ ᠵᠦᠢᠯ ᠪᠠᠭᠰᠢ ᠵᠠᠯᠭᠠᠮᠵᠢᠯᠠᠬᠤ ᠠᠷᠭ᠎ᠠ ᠮᠠᠶ᠋ᠢᠭ ᠢᠶᠠᠷ ᠬᠢᠲᠠᠳ ᠡᠮᠨᠡᠯᠭᠡ ᠶᠢ ᠪᠦᠬᠦᠯᠢ ᠭᠤᠷᠪᠠᠨ ᠵᠢᠯ ᠰᠤᠷᠤᠯᠴᠠᠭᠰᠠᠨ᠂ ᠡᠰᠡᠬᠦᠯ᠎ᠡ ᠤᠯᠠᠨ ᠵᠢᠯ ᠡᠮᠨᠡᠯᠭᠡ ᠶᠢᠨ ᠮᠡᠷᠭᠡᠵᠢᠯ ᠢ ᠦᠢᠯᠡᠳᠦᠯᠭᠡᠵᠢᠭᠦᠯᠦᠭᠡᠳ ᠦᠨᠡᠬᠡᠷ ᠲᠤᠰᠬᠠᠢ ᠮᠡᠷᠭᠡᠵᠢᠯ ᠲᠠᠢ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠨᠠᠶᠢᠳᠠᠭᠰᠠᠨ ᠬᠢᠲᠠᠳ ᠡᠮ ᠡᠮᠨᠡᠯᠭᠡ ᠶᠢᠨ ᠲᠤᠰᠬᠠᠢ ᠮᠡᠷᠭᠡᠵᠢᠯ ᠤᠨ ᠵᠣᠬᠢᠶᠠᠨ ᠪᠠᠶᠢᠭᠤᠯᠤᠯᠲᠠ ᠪᠤᠶᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠢᠨᠠᠨ ᠰᠢᠯᠭᠠᠯᠲᠠ ᠳᠤ ᠬᠢᠷᠢ ᠲᠡᠩᠴᠡᠬᠦ ᠶᠢᠨ ᠬᠠᠮᠲᠤ ᠲᠠᠨᠢᠯᠴᠠᠭᠤᠯᠤᠭᠰᠠᠨ ᠤ ᠳᠠᠷᠠᠭ᠎ᠠ ᠬᠢᠲᠠᠳ ᠡᠮᠨᠡᠯᠭᠡ ᠶᠢᠨ ᠡᠮᠴᠢ ᠶᠢᠨ ᠬᠢᠷᠢ ᠬᠡᠮ ᠤᠨ ᠰᠢᠯᠭᠠᠯᠲᠠ ᠳᠤ ᠣᠷᠣᠯᠴᠠᠵᠤ ᠪᠣᠯᠣᠨ᠎ᠠ᠃            ᠪᠠᠭᠰᠢ ᠵᠠᠯᠭᠠᠮᠵᠢᠯᠠᠬᠤ ᠠᠷᠭ᠎ᠠ ᠮᠠᠶ᠋ᠢᠭ ᠢᠶᠠᠷ ᠬᠢᠲᠠᠳ ᠡᠮᠨᠡᠯᠭᠡ ᠶᠢ ᠰᠤᠷᠤᠯᠴᠠᠭᠰᠠᠨ ᠪᠤᠶᠤ ᠤᠯᠠᠨ ᠵᠢᠯ ᠤᠨ ᠦᠢᠯᠡᠳᠦᠯᠭᠡ ᠪᠠᠷ ᠳᠠᠮᠵᠢᠭᠠᠳ ᠡᠮᠨᠡᠯᠭᠡ ᠶᠢᠨ ᠮᠡᠷᠭᠡᠵᠢᠯ ᠨᠢ ᠦᠨᠡᠬᠡᠷ ᠲᠤᠰᠬᠠᠢ ᠮᠡᠷᠭᠡᠵᠢᠯ ᠲᠠᠢ ᠪᠠᠶᠢᠪᠠᠯ᠂ ᠨᠠᠭᠠᠲᠤ ᠵᠠᠬ᠎ᠠ ᠳᠠᠭᠠᠨ ᠬᠤᠶᠠᠷ ᠨᠡᠷᠡᠰ ᠬᠢᠲᠠᠳ ᠡᠮᠨᠡᠯᠭᠡ ᠶᠢᠨ ᠡᠮᠴᠢ ᠪᠠᠷ ᠲᠠᠨᠢᠯᠴᠠᠭᠤᠯᠵᠤ᠂ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠢᠲᠠᠳ ᠡᠮ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠵᠤ ᠦᠢᠯᠡᠳᠦᠯᠭᠡ ᠶᠢᠨ ᠤᠷ᠎ᠠ ᠴᠢᠳᠠᠪᠤᠷᠢ ᠪᠠ ᠦᠷ᠎ᠡ ᠪᠦᠲᠦᠮᠵᠢ ᠶᠢ ᠨᠢ ᠬᠢᠨᠠᠨ ᠰᠢᠯᠭᠠᠭᠠᠳ ᠬᠢᠷᠢ ᠲᠡᠩᠴᠡᠭᠰᠡᠨ ᠤ ᠳᠠᠷᠠᠭ᠎ᠠ ᠳᠠᠷᠤᠢ ᠬᠢᠲᠠᠳ ᠡᠮᠨᠡᠯᠭᠡ ᠶᠢᠨ ᠡᠮᠴᠢ ᠶᠢᠨ ᠬᠢᠷᠢ ᠬᠡᠮ ᠵᠢᠴᠢ ᠵᠣᠬᠢᠴᠠᠩᠭᠤᠢ ᠬᠢᠷᠢ ᠬᠡᠮ ᠤᠨ ᠦᠨᠡᠮᠯᠡᠯ ᠢ ᠣᠯᠵᠤ ᠪᠣᠯᠣᠨ᠎ᠠ᠃            ᠲᠤᠰ ᠵᠦᠢᠯ ᠳᠤ ᠲᠣᠭᠲᠠᠭᠠᠭᠰᠠᠨ ᠬᠤᠯᠪᠣᠭᠳᠠᠯ ᠪᠦᠬᠦᠢ ᠰᠢᠯᠭᠠᠬᠤ᠂ ᠬᠢᠨᠠᠨ ᠰᠢᠯᠭᠠᠬᠤ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠬᠢᠲᠠᠳ ᠡᠮ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠲᠤᠭᠤᠷᠪᠢᠨ ᠲᠣᠭᠲᠠᠭᠠᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ ᠬᠠᠷᠭᠤᠭᠤᠯᠤᠭᠤᠯᠵᠤ ᠨᠡᠶᠢᠲᠡᠯᠡᠨ᠎ᠡ᠃            ᠠᠷᠪᠠᠨ ᠬᠤᠶᠠᠳᠤᠭᠠᠷ ᠵᠦᠢᠯ ᠡᠮᠴᠢ ᠶᠢᠨ ᠬᠢᠷᠢ ᠬᠡᠮ ᠤᠨ ᠰᠢᠯᠭᠠᠯᠲᠠ ᠳᠤ ᠬᠢᠷᠢ ᠲᠡᠩᠴᠡᠪᠡᠯ᠂ ᠠᠵᠢᠯ ᠡᠷᠬᠢᠯᠡᠬᠦ ᠡᠮᠴᠢ ᠶᠢᠨ ᠬᠢᠷᠢ ᠬᠡᠮ ᠪᠤᠶᠤ ᠠᠵᠢᠯ ᠡᠷᠬᠢᠯᠡᠬᠦ ᠲᠤᠰᠠᠯᠠᠬᠤ ᠡᠮᠴᠢ ᠶᠢᠨ ᠬᠢᠷᠢ ᠬᠡᠮ ᠢ ᠣᠯᠪᠠᠯ ᠡᠮᠴᠢ ᠶᠢᠨ ᠬᠢᠷᠢ ᠬᠡᠮ ᠤᠨ ᠦᠨᠡᠮᠯᠡᠯ ᠣᠯᠭᠤᠨ᠎ᠠ᠃            ᠠᠷᠪᠠᠨ ᠭᠤᠷᠪᠠᠳᠤᠭᠠᠷ ᠵᠦᠢᠯ ᠤᠯᠤᠰ ᠠᠴᠠ ᠡᠮᠴᠢ ᠶᠢᠨ ᠠᠵᠢᠯ ᠡᠷᠬᠢᠯᠡᠬᠦ ᠳᠠᠩᠰᠠᠯᠠᠯᠲᠠ ᠶᠢᠨ ᠳᠦᠷᠢᠮ ᠢ ᠬᠡᠷᠡᠭᠵᠢᠭᠦᠯᠦᠨ᠎ᠡ᠃            ᠡᠮᠴᠢ ᠶᠢᠨ ᠬᠢᠷᠢ ᠬᠡᠮ ᠣᠯᠣᠭᠰᠠᠳ ᠪᠠᠶᠢᠭ᠎ᠠ ᠭᠠᠵᠠᠷ ᠤᠨ ᠢᠶᠠᠨ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠡᠳᠦ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠨ ᠳᠠᠩᠰᠠᠯᠠᠭᠤᠯᠵᠤ ᠪᠣᠯᠣᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠲᠤᠰ ᠪᠠᠶᠢᠭᠤᠯᠤᠮᠵᠢ ᠳᠠᠬᠢ ᠭᠤᠶᠤᠴᠢᠯᠠᠭᠴᠢ ᠳᠤ ᠪᠦᠷᠢᠳᠬᠡᠭᠦᠯᠬᠦ ᠭᠠᠷ ᠭᠦᠢᠴᠡᠳᠬᠡᠯ ᠢ ᠬᠠᠮᠲᠤ ᠪᠠᠷ ᠬᠢᠵᠦ ᠥᠭᠴᠦ ᠪᠣᠯᠣᠨ᠎ᠠ᠃            ᠲᠤᠰ ᠬᠠᠤᠯᠢ ᠳᠤ ᠳᠠᠩᠰᠠᠯᠠᠭᠤᠯᠵᠤ ᠥᠭᠬᠦ ᠦᠭᠡᠢ ᠭᠡᠵᠦ ᠲᠣᠭᠲᠠᠭᠠᠭᠰᠠᠨ ᠪᠠᠶᠢᠳᠠᠯ ᠢ ᠭᠠᠷᠭᠠᠪᠠᠯ᠂ ᠡᠷᠡᠭᠦᠯ ᠬᠠᠮᠠᠭᠠᠯᠠᠯ ᠡᠷᠡᠭᠦᠯ ᠮᠡᠡᠳᠦ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠨᠢ ᠭᠤᠶᠤᠴᠢᠯᠠᠯ ᠢ ᠰᠢᠢᠳᠪᠦᠷᠢᠯᠡᠬᠦ ᠪᠠᠷ ᠭᠥᠯᠢᠶᠡᠨ ᠠᠪᠤᠭᠰᠠᠨ ᠡᠳᠦᠷ ᠠᠴᠠ ᠡᠬᠢᠯᠡᠨ ᠬᠤᠷᠢᠨ ᠠᠵᠢᠯ ᠤᠨ ᠡᠳᠦᠷ ᠤᠨ ᠳᠣᠲᠣᠷ᠎ᠠ ᠪᠦᠷᠢᠳᠬᠡᠭᠦᠯᠬᠦ ᠶᠢ ᠵᠥᠪᠰᠢᠶᠡᠷᠡᠵᠦ᠂ ᠳᠠᠩᠰᠠᠯᠠᠭᠤᠯᠤᠭᠰᠠᠨ ᠮᠡᠳᠡᠭᠡ ᠵᠠᠩᠭᠢ ᠶᠢ ᠤᠯᠤᠰ ᠤᠨ ᠮᠡᠳᠡᠭᠡ ᠵᠠᠩᠭᠢ ᠶᠢᠨ ᠲᠠᠪᠴᠠᠩ ᠳᠤ ᠪᠢᠴᠢᠵᠦ ᠣᠷᠣᠭᠤᠯᠬᠤ ᠶᠢᠨ ᠬᠠᠮᠲᠤ ᠡᠮᠴᠢ ᠶᠢᠨ ᠠᠵᠢᠯ ᠡᠷᠬᠢᠯᠡᠬᠦ ᠦᠨᠡᠮᠯᠡᠯ ᠣᠯᠭᠤᠬᠤ ᠬᠡᠷᠡᠭᠲᠡᠢ᠃            ᠳᠠᠩᠰᠠᠯᠠᠭᠤᠯᠤᠭᠰᠠᠨ ᠦᠭᠡᠢ ᠪᠠᠷ ᠡᠮᠴᠢ ᠶᠢᠨ ᠠᠵᠢᠯ ᠡᠷᠬᠢᠯᠡᠬᠦ ᠦᠨᠡᠮᠯᠡᠯ ᠣᠯᠣᠭᠰᠠᠨ ᠦᠭᠡᠢ ᠪᠣᠯ ᠡᠮᠴᠢ ᠶᠢᠨ ᠠᠵᠢᠯ ᠡᠷᠬᠢᠯᠡᠬᠦ ᠠᠵᠢᠯᠯᠠᠭ᠎ᠠ ᠬᠢᠵᠦ ᠪᠣᠯᠬᠤ ᠦᠭᠡᠢ᠃            ᠡᠮᠴᠢ ᠶᠢᠨ ᠠᠵᠢᠯ ᠡᠷᠬᠢᠯᠡᠬᠦ ᠳᠠᠩᠰᠠᠯᠠᠯᠲᠠ ᠶᠢ ᠬᠠᠮᠢᠶᠠᠷᠬᠤ ᠪᠣᠳᠠᠲᠠᠢ ᠠᠷᠭ᠎ᠠ ᠶᠢ ᠲᠥᠷᠥ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠡᠳᠦ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠨ᠎ᠠ᠃            ᠠᠷᠪᠠᠨ ᠳᠥᠷᠪᠡᠳᠦᠭᠡᠷ ᠵᠦᠢᠯ ᠡᠮᠴᠢ ᠳᠠᠩᠰᠠᠯᠠᠭᠤᠯᠤᠭᠰᠠᠨ ᠤ ᠲᠡᠷᠠᠭ᠎ᠠ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠳᠠᠩᠰᠠᠯᠠᠭᠤᠯᠤᠭᠰᠠᠨ ᠠᠵᠢᠯ ᠡᠷᠬᠢᠯᠡᠬᠦ ᠭᠠᠵᠠᠷ᠂ ᠠᠵᠢᠯ ᠡᠷᠬᠢᠯᠡᠬᠦ ᠲᠥᠷᠥᠯ ᠵᠦᠢᠯ ᠂ ᠠᠵᠢᠯ ᠡᠷᠬᠢᠯᠡᠬᠦ ᠬᠦᠷᠢᠶ᠎ᠡ ᠬᠡᠪᠴᠢᠶ᠎ᠡ ᠶᠢᠨ ᠶᠣᠰᠣᠭᠠᠷ ᠠᠵᠢᠯ ᠡᠷᠬᠢᠯᠡᠵᠦ᠂ ᠵᠣᠬᠢᠴᠠᠩᠭᠤᠢ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠡᠷᠬᠢᠯᠡᠵᠦ ᠪᠣᠯᠣᠨ᠎ᠠ᠃            ᠬᠢᠲᠠᠳ ᠡᠮᠨᠡᠯᠭᠡ᠂ ᠬᠢᠲᠠᠳ ᠡᠸᠦ᠋ᠷᠦᠫᠡ ᠡᠮᠨᠡᠯᠭᠡ ᠶᠢ ᠤᠶᠠᠯᠳᠤᠭᠤᠯᠤᠭᠰᠠᠨ ᠡᠮᠴᠢ ᠨᠠᠷ ᠡᠮᠴᠢᠯᠡᠭᠡᠨ ᠤ ᠪᠠᠶᠢᠭᠤᠯᠤᠮᠵᠢ ᠳᠠᠬᠢ ᠬᠢᠲᠠᠳ ᠡᠮᠨᠡᠯᠭᠡ ᠶᠢᠨ ᠰᠠᠯᠠᠭ᠎ᠠ᠂ ᠬᠢᠲᠠᠳ ᠡᠸᠦ᠋ᠷᠦᠫᠡ ᠡᠮᠨᠡᠯᠭᠡ ᠶᠢ ᠤᠶᠠᠯᠳᠤᠭᠤᠯᠤᠭᠰᠠᠨ ᠰᠠᠯᠠᠭ᠎ᠠ ᠪᠤᠶᠤ ᠪᠤᠰᠤᠳ ᠡᠮᠴᠢᠯᠡᠭᠡᠨ ᠤ ᠰᠠᠯᠠᠭ᠎ᠠ ᠲᠡᠰᠤᠬ ᠲᠤ ᠳᠠᠩᠰᠠᠯᠠᠭᠤᠯᠤᠭᠰᠠᠨ ᠠᠵᠢᠯ ᠡᠷᠬᠢᠯᠡᠬᠦ ᠲᠥᠷᠥᠯ ᠢᠯᠭᠠᠯ᠂ ᠠᠵᠢᠯ ᠡᠷᠬᠢᠯᠡᠬᠦ ᠬᠡᠪᠴᠢᠶ᠎ᠡ ᠶᠣᠰᠣᠭᠠᠷ ᠠᠵᠢᠯ ᠡᠷᠬᠢᠯᠡᠵᠦ ᠪᠣᠯᠣᠨ᠎ᠠ᠃            ᠡᠮᠴᠢ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ ᠪᠣᠯᠪᠠᠰᠤᠷᠠᠯ ᠪᠠ ᠬᠢᠨᠠᠨ ᠰᠢᠯᠭᠠᠯᠲᠠ ᠳᠤ ᠬᠢᠷᠢ ᠲᠡᠩᠴᠡᠪᠡᠯ᠂ ᠠᠵᠢᠯ ᠡᠷᠬᠢᠯᠡᠬᠦ ᠬᠦᠷᠢᠶ᠎ᠡ ᠬᠡᠪᠴᠢᠶ᠎ᠡ ᠪᠠᠨ ᠨᠡᠮᠡᠭᠳᠡᠭᠦᠯᠵᠦ ᠪᠣᠯᠣᠨ᠎ᠠ᠃ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠡᠮᠴᠢ ᠶᠢᠨ ᠣᠨᠴᠠ ᠲᠣᠭᠲᠠᠭᠠᠭᠰᠠᠨ ᠬᠡᠪᠴᠢᠶᠡᠨ ᠳᠠᠬᠢ ᠠᠵᠢᠯ ᠡᠷᠬᠢᠯᠡᠬᠦ ᠠᠵᠢᠯᠯᠠᠭ᠎ᠠ ᠬᠢᠬᠦ ᠬᠢᠷᠢ ᠴᠢᠳᠠᠯ ᠤᠨ ᠨᠥᠬᠦᠴᠡᠯ ᠤᠨ ᠲᠤᠬᠠᠢ ᠲᠣᠭᠲᠠᠭᠠᠯ ᠲᠠᠢ ᠪᠠᠶᠢᠪᠠᠯ᠂ ᠲᠡᠷᠡ ᠬᠦ ᠲᠤᠭᠲᠠᠭᠠᠯ ᠢ ᠵᠢᠷᠤᠮᠯᠠᠨ᠎ᠠ᠃            ᠰᠢᠯᠭᠠᠯᠲᠠ ᠪᠠᠷ ᠳᠠᠮᠵᠢᠭᠠᠳ ᠡᠮᠴᠢ ᠶᠢᠨ ᠬᠢᠷᠢ ᠬᠡᠮ ᠣᠯᠣᠭᠰᠠᠨ ᠬᠢᠲᠠᠳ ᠡᠮᠨᠡᠯᠭᠡ ᠶᠢᠨ ᠡᠮᠴᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠣᠯᠪᠠᠰᠤᠷᠠᠯ ᠪᠠ ᠬᠢᠨᠠᠨ ᠰᠢᠯᠭᠠᠯᠲᠠ ᠳᠤ ᠬᠢᠷᠢ ᠲᠡᠩᠴᠡᠪᠡᠯ᠂ ᠠᠵᠢᠯ ᠡᠷᠬᠢᠯᠡᠬᠦ ᠠᠵᠢᠯᠯᠠᠭ᠎ᠠ ᠶᠢᠨ ᠳᠤᠮᠳᠠ ᠪᠠᠨ ᠲᠡᠭᠦᠨ ᠤ ᠲᠤᠰᠬᠠᠢ ᠮᠡᠷᠭᠡᠵᠢᠯ ᠲᠠᠢ ᠬᠤᠯᠪᠣᠭᠳᠠᠬᠤ ᠡᠸᠦ᠋ᠷᠦᠫᠡ ᠡᠮ ᠡᠮᠨᠡᠯᠭᠡ ᠶᠢᠨ ᠮᠡᠷᠭᠡᠵᠢᠯ ᠤᠨ ᠠᠷᠭ᠎ᠠ ᠶᠢ ᠬᠡᠷᠡᠭᠯᠡᠵᠦ ᠪᠣᠯᠣᠨ᠎ᠠ᠃ ᠡᠸᠦ᠋ᠷᠦᠫᠡ ᠡᠮᠨᠡᠯᠭᠡ ᠶᠢᠨ ᠡᠮᠴᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠣᠯᠪᠠᠰᠤᠷᠠᠯ ᠪᠠ ᠬᠢᠨᠠᠨ ᠰᠢᠯᠭᠠᠯᠲᠠ ᠪᠠᠷ ᠳᠠᠮᠵᠢᠭᠠᠳ ᠬᠢᠷᠢ ᠲᠡᠩᠴᠡᠪᠡᠯ ᠂ ᠠᠵᠢᠯ ᠡᠷᠬᠢᠯᠡᠬᠦ ᠠᠵᠢᠯᠯᠠᠭ᠎ᠠ ᠶᠢᠨ ᠳᠤᠮᠳᠠ ᠪᠠᠨ ᠲᠡᠭᠦᠨ ᠤ ᠲᠤᠰᠬᠠᠢ ᠮᠡᠷᠭᠡᠵᠢᠯ ᠲᠠᠢ ᠬᠤᠯᠪᠣᠭᠳᠠᠬᠤ ᠬᠢᠲᠠᠳ ᠡᠮ ᠡᠮᠨᠡᠯᠭᠡ ᠶᠢᠨ ᠮᠡᠷᠭᠡᠵᠢᠯ ᠤᠨ ᠠᠷᠭ᠎ᠠ ᠶᠢ ᠬᠡᠷᠡᠭᠯᠡᠵᠦ ᠪᠣᠯᠣᠨ᠎ᠠ᠃            ᠠᠷᠪᠠᠨ ᠲᠠᠪᠤᠳᠤᠭᠠᠷ ᠵᠦᠢᠯ ᠡᠮᠴᠢ ᠬᠤᠶᠠᠷ ᠠᠴᠠ ᠳᠡᠭᠡᠭᠰᠢ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠲᠣᠭᠲᠠᠮᠠᠯ ᠬᠤᠭᠤᠴᠠᠭ᠎ᠠ ᠲᠠᠢ ᠪᠠᠷ ᠠᠵᠢᠯ ᠡᠷᠬᠢᠯᠡᠬᠦ ᠳᠤ ᠬᠦᠷᠪᠡᠯ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠨᠢᠭᠡ ᠪᠠᠶᠢᠭᠤᠯᠤᠮᠵᠢ ᠪᠠᠷ ᠭᠤᠤᠯᠯᠠᠬᠤ ᠶᠢᠨ ᠬᠠᠮᠲᠤ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠭᠠᠷ ᠭᠦᠢᠴᠡᠳᠬᠡᠯ ᠬᠢᠬᠦ ᠬᠡᠷᠡᠭᠲᠡᠢ᠃ ᠤᠯᠤᠰ ᠠᠴᠠ ᠡᠮᠴᠢ ᠠᠴᠠ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠵᠡᠷᠭᠡ ᠶᠢ ᠪᠠᠭᠲᠠᠭᠠᠭᠰᠠᠨ ᠰᠢᠶᠠᠨ ᠤ ᠱᠠᠲᠤᠨ ᠠᠴᠠ ᠳᠣᠷᠣᠭᠰᠢᠬᠢ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠲᠣᠭᠲᠠᠮᠠᠯ ᠬᠤᠭᠤᠴᠠᠭ᠎ᠠ ᠲᠠᠢ ᠪᠠᠷ ᠴᠡᠭ ᠲᠣᠭᠲᠠᠭᠠᠨ ᠣᠴᠢᠵᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ᠎ᠠ᠂ ᠭᠤᠣᠯ ᠠᠵᠢᠯ ᠡᠷᠬᠢᠯᠡᠬᠦ ᠪᠠᠶᠢᠭᠤᠯᠤᠮᠵᠢ ᠨᠢ ᠳᠡᠮᠵᠢᠬᠦ ᠬᠡᠷᠡᠭᠲᠡᠢ ᠪᠥᠭᠡᠳ ᠳᠦᠭᠦᠮ ᠦᠵᠡᠭᠦᠯᠬᠦ ᠬᠡᠷᠡᠭᠲᠡᠢ᠃            ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ ᠬᠤᠯᠪᠣᠭᠳᠠᠯ ᠪᠦᠬᠦᠢ ᠡᠮᠴᠢ ᠳᠤ ᠶᠠᠪᠤᠭᠤᠯᠬᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠲᠡᠳᠡᠨ ᠤ ᠠᠵᠢᠯ ᠡᠷᠬᠢᠯᠡᠬᠦ ᠠᠵᠢᠯᠯᠠᠭ᠎ᠠ ᠶᠢ ᠵᠢᠷᠤᠮᠵᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠪᠠᠲᠤᠯᠠᠬᠤ ᠬᠡᠷᠡᠭᠲᠡᠢ᠃            ᠠᠷᠪᠠᠨ ᠵᠢᠷᠭᠤᠳᠤᠭᠠᠷ ᠵᠦᠢᠯ ᠳᠠᠷᠠᠭᠠᠬᠢ ᠵᠢᠭᠰᠠᠭᠠᠭᠰᠠᠨ ᠪᠠᠶᠢᠳᠠᠯ ᠤᠨ ᠠᠯᠢ ᠨᠢᠭᠡ ᠨᠢ ᠪᠠᠶᠢᠪᠠᠯ᠂ ᠲᠠᠩᠰᠠᠯᠠᠵᠤ ᠥᠭᠬᠦ ᠦᠭᠡᠢ᠄             ︵ᠨᠢᠭᠡ︶ ᠢᠷᠭᠡᠨ ᠤ ᠬᠡᠷᠡᠭ ᠤᠨ ᠠᠵᠢᠯᠯᠠᠭ᠎ᠠ ᠶᠢᠨ ᠴᠢᠳᠠᠪᠤᠷᠢ ᠦᠭᠡᠢ ᠪᠤᠶᠤ ᠢᠷᠭᠡᠨ ᠤ ᠬᠡᠷᠡᠭ ᠤᠨ ᠬᠢᠵᠠᠭᠠᠷᠲᠤ ᠠᠵᠢᠯᠯᠠᠭ᠎ᠠ ᠶᠢᠨ ᠴᠢᠳᠠᠪᠤᠷᠢ ᠲᠠᠢ ᠪᠠᠶᠢᠬᠤ᠃             ︵ᠬᠤᠶᠠᠷ︶ ᠡᠷᠡᠭᠦᠦ ᠶᠢᠨ ᠰᠢᠢᠳᠬᠡᠯ ᠢᠶᠠᠷ ᠰᠢᠢᠳᠬᠡᠭᠳᠡᠵᠦ᠂ ᠡᠷᠡᠭᠦᠦ ᠰᠢᠢᠳᠬᠡᠯ ᠢ ᠭᠦᠢᠴᠡᠳᠬᠡᠵᠦ ᠳᠠᠭᠤᠰᠤᠭᠠᠳ ᠪᠦᠬᠦᠯᠢ ᠬᠤᠶᠠᠷ ᠵᠢᠯ ᠪᠣᠯᠣᠭᠠᠳᠤᠢ ᠪᠤᠶᠤ ᠡᠮᠴᠢ ᠶᠢᠨ ᠠᠵᠢᠯ ᠡᠷᠬᠢᠯᠡᠬᠦ ᠶᠢ ᠬᠠᠤᠯᠢ ᠶᠣᠰᠣᠭᠠᠷ ᠬᠤᠷᠢᠭᠯᠠᠭᠰᠠᠨ ᠬᠤᠭᠤᠴᠠᠭ᠎ᠠ ᠨᠢ ᠳᠠᠭᠤᠰᠤᠭᠠᠳᠤᠢ ᠪᠠᠶᠢᠬᠤ᠃             ︵ᠭᠤᠷᠪᠠ︶ ᠡᠮᠴᠢ ᠶᠢᠨ ᠠᠵᠢᠯ ᠡᠷᠬᠢᠯᠡᠬᠦ ᠦᠨᠡᠮᠯᠡᠯ ᠢᠶᠠᠨ ᠬᠤᠷᠢᠶᠠᠭᠳᠠᠵᠤ ᠬᠦᠴᠦᠨ ᠦᠭᠡᠢ ᠪᠣᠯᠭᠠᠭᠳᠠᠭᠠᠳ ᠪᠦᠬᠦᠯᠢ ᠬᠤᠶᠠᠷ ᠵᠢᠯ ᠪᠣᠯᠣᠭᠠᠳᠤᠢ ᠪᠠᠶᠢᠬᠤ᠃             ︵ᠳᠥᠷᠪᠡ︶ ᠡᠮᠴᠢ ᠶᠢᠨ ᠲᠣᠭᠲᠠᠮᠠᠯ ᠬᠤᠭᠤᠴᠠᠭ᠎ᠠ ᠲᠠᠢ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠦᠭᠡᠢ ᠠᠴᠠ ᠪᠣᠯᠵᠤ ᠳᠠᠩᠰᠠᠯᠠᠯᠲᠠ ᠪᠠᠨ ᠬᠠᠰᠤᠭᠤᠯᠤᠭᠳᠠᠭᠠᠳ ᠪᠦᠬᠦᠯᠢ ᠨᠢᠭᠡ ᠵᠢᠯ ᠪᠣᠯᠣᠭᠠᠳᠤᠢ ᠪᠠᠶᠢᠬᠤ᠃             ︵ᠲᠠᠪᠤ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠢᠵᠦ ᠪᠣᠯᠬᠤ ᠦᠭᠡᠢ ᠭᠡᠵᠦ ᠲᠣᠭᠲᠠᠭᠠᠭᠰᠠᠨ ᠪᠤᠰᠤᠳ ᠪᠠᠶᠢᠳᠠᠯ ᠤᠳ᠃            ᠭᠤᠶᠤᠴᠢᠯᠠᠯ ᠢ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠨᠢ ᠪᠦᠷᠢᠳᠬᠡᠭᠦᠯᠵᠦ ᠥᠭᠬᠦ ᠦᠭᠡᠢ ᠪᠣᠯ᠂ ᠭᠤᠶᠤᠴᠢᠯᠠᠯ ᠢ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ ᠡᠳᠦᠷ ᠠᠴᠠ ᠡᠬᠢᠯᠡᠨ ᠬᠤᠷᠢᠨ ᠠᠵᠢᠯ ᠤᠨ ᠡᠳᠦᠷ ᠤᠨ ᠳᠣᠲᠣᠷ᠎ᠠ ᠭᠤᠶᠤᠴᠢᠯᠠᠭᠴᠢ ᠪᠠ ᠲᠡᠭᠦᠨ ᠤ ᠪᠠᠶᠢᠭ᠎ᠠ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠪᠢᠴᠢᠭ ᠢᠶᠠᠷ ᠮᠡᠳᠡᠭᠳᠡᠬᠦ ᠶᠢᠨ ᠬᠠᠮᠲᠤ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠢ᠃            ᠠᠷᠪᠠᠨ ᠳᠣᠯᠣᠳᠤᠭᠠᠷ ᠵᠦᠢᠯ ᠡᠮᠴᠢ ᠳᠠᠩᠰᠠᠯᠠᠭᠤᠯᠤᠭᠰᠠᠨ ᠤ ᠲᠡᠷᠠᠭ᠎ᠠ ᠳᠠᠷᠠᠭᠠᠬᠢ ᠪᠠᠶᠢᠳᠠᠯ ᠤᠨ ᠠᠯᠢ ᠨᠢᠭᠡ  ᠨᠢ ᠪᠠᠶᠢᠪᠠᠯ᠂ ᠳᠠᠩᠰᠠᠯᠠᠯᠲᠠ ᠶᠢ ᠨᠢ ᠬᠦᠴᠦᠨ ᠦᠭᠡᠢ ᠪᠣᠯᠭᠠᠵᠤ᠂ ᠡᠮᠴᠢ ᠶᠢᠨ ᠠᠵᠢᠯ ᠡᠷᠬᠢᠯᠡᠬᠦ ᠦᠨᠡᠮᠯᠡᠯ ᠢ ᠨᠢ ᠬᠦᠴᠦᠨ ᠦᠭᠡᠢ ᠪᠣᠯᠭᠠᠨ᠎ᠠ᠄             ︵ᠨᠢᠭᠡ︶ ᠦᠬᠦᠭᠰᠡᠨ᠃             ︵ᠬᠤᠶᠠᠷ︶ ᠡᠷᠡᠭᠦᠦ ᠶᠢᠨ ᠬᠡᠷᠡᠭ ᠢᠶᠠᠷ ᠰᠢᠢᠳᠬᠡᠭᠳᠡᠭᠰᠡᠨ᠃             ︵ᠭᠤᠷᠪᠠ︶ ᠡᠮᠴᠢ ᠶᠢᠨ ᠠᠵᠢᠯ ᠡᠷᠬᠢᠯᠡᠬᠦ ᠦᠨᠡᠮᠯᠡᠯ ᠢᠶᠠᠨ ᠬᠤᠷᠢᠶᠠᠭᠳᠠᠵᠤ ᠬᠦᠴᠦᠨ ᠦᠭᠡᠢ ᠪᠣᠯᠭᠠᠭᠳᠠᠭᠰᠠᠨ᠃             ︵ᠳᠥᠷᠪᠡ︶ ᠡᠮᠴᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠰᠢᠯᠭᠠᠭᠠᠳ ᠬᠢᠷᠢ ᠲᠡᠩᠴᠡᠭᠰᠡᠨ ᠦᠭᠡᠢ᠂ ᠠᠵᠢᠯ ᠡᠷᠬᠢᠯᠡᠬᠦ ᠠᠵᠢᠯᠯᠠᠭ᠎ᠠ ᠪᠠᠨ ᠲᠦᠷ ᠵᠣᠭᠰᠣᠭᠠᠭᠰᠠᠨ ᠬᠤᠭᠤᠴᠠᠭ᠎ᠠ ᠨᠢ ᠳᠦᠭᠦᠷᠦᠭᠰᠡᠨ᠂ ᠲᠡᠬᠢᠠ ᠬᠢᠨᠠᠨ ᠰᠢᠯᠭᠠᠭᠠᠳ ᠮᠥᠨ ᠯᠡ ᠬᠢᠷᠢ ᠲᠡᠩᠴᠡᠭᠰᠡᠨ ᠦᠭᠡᠢ᠃             ︵ᠲᠠᠪᠤ︶ ᠡᠮᠴᠢ ᠶᠢᠨ ᠠᠵᠢᠯ ᠡᠷᠬᠢᠯᠡᠬᠦ ᠠᠵᠢᠯᠯᠠᠭ᠎ᠠ ᠶᠢ ᠨᠢ ᠵᠣᠭᠰᠣᠭᠠᠭᠠᠳ ᠪᠦᠬᠦᠯᠢ ᠬᠤᠶᠠᠷ ᠵᠢᠯ ᠪᠣᠯᠤᠭᠰᠠᠨ᠃             ︵ᠵᠢᠷᠭᠤᠭ᠎ᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠢᠵᠦ ᠪᠣᠯᠬᠤ ᠦᠭᠡᠢ ᠪᠤᠶᠤ ᠬᠠᠰᠤᠬᠤ ᠭᠠᠷ ᠭᠦᠢᠴᠡᠳᠬᠡᠯ ᠬᠢᠬᠦ ᠬᠡᠷᠡᠭᠲᠡᠢ ᠭᠡᠵᠦ ᠲᠣᠭᠲᠠᠭᠠᠭᠰᠠᠨ ᠪᠤᠰᠤᠳ ᠪᠠᠶᠢᠳᠠᠯ ᠤᠳ᠃            ᠡᠮᠦᠨᠡᠬᠢ ᠪᠠᠳᠠᠭ ᠲᠤ ᠲᠣᠭᠲᠠᠭᠠᠭᠰᠠᠨ ᠪᠠᠶᠢᠳᠠᠯ ᠲᠠᠢ ᠪᠠᠶᠢᠪᠠᠯ᠂ ᠡᠮᠴᠢ ᠶᠢᠨ ᠪᠠᠶᠢᠭ᠎ᠠ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠭᠤᠴᠢᠨ ᠡᠳᠦᠷ ᠤᠨ ᠳᠣᠲᠣᠷ᠎ᠠ ᠪᠦᠷᠢᠳᠬᠡᠭᠦᠯᠬᠦ ᠶᠢ ᠨᠢ ᠵᠥᠪᠰᠢᠶᠡᠷᠡᠭᠰᠡᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃ ᠡᠷᠡᠭᠦᠯ ᠬᠠᠮᠠᠭᠠᠯᠠᠯ ᠡᠷᠡᠭᠦᠯ ᠮᠡᠡᠳᠦ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠡᠷᠬᠡ ᠲᠤᠰᠢᠶᠠᠯ ᠤᠨ ᠢᠶᠠᠨ ᠶᠣᠰᠣᠭᠠᠷ ᠡᠮᠴᠢ ᠳᠤ ᠡᠮᠦᠨᠡᠬᠢ ᠪᠠᠳᠠᠭ ᠲᠤ ᠲᠣᠭᠲᠠᠭᠠᠭᠰᠠᠨ ᠪᠠᠶᠢᠳᠠᠯ ᠪᠠᠶᠢᠬᠤ ᠶᠢ ᠣᠯᠵᠤ ᠮᠡᠳᠡᠪᠡᠯ᠂ ᠪᠦᠷᠢᠳᠬᠡᠭᠦᠯᠬᠦ ᠶᠢ ᠨᠢ ᠵᠥᠪᠰᠢᠶᠡᠷᠡᠭᠰᠡᠨ ᠡᠷᠡᠭᠦᠯ ᠬᠠᠮᠠᠭᠠᠯᠠᠯ ᠡᠷᠡᠭᠦᠯ ᠮᠡᠡᠳᠦ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠢ  ᠳᠤᠨᠢ ᠮᠡᠳᠡᠭᠳᠡᠬᠦ ᠬᠡᠷᠡᠭᠲᠡᠢ᠃ ᠪᠦᠷᠢᠳᠬᠡᠭᠦᠯᠬᠦ ᠶᠢ ᠨᠢ ᠵᠥᠪᠰᠢᠶᠡᠷᠡᠭᠰᠡᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠴᠠᠭ ᠲᠤᠬᠠᠢ ᠳᠤᠨᠢ ᠳᠠᠩᠰᠠᠯᠠᠭᠤᠯᠤᠭᠰᠠᠨ ᠢ ᠨᠢ ᠬᠦᠴᠦᠨ ᠦᠭᠡᠢ ᠪᠣᠯᠭᠠᠵᠤ ᠂ ᠡᠮᠴᠢ ᠶᠢᠨ ᠠᠵᠢᠯ ᠡᠷᠬᠢᠯᠡᠬᠦ ᠦᠨᠡᠮᠯᠡᠯ ᠢ ᠨᠢ ᠬᠦᠴᠦᠨ ᠦᠭᠡᠢ ᠪᠣᠯᠭᠠᠬᠤ ᠬᠡᠷᠡᠭᠲᠡᠢ᠃            ᠠᠷᠪᠠᠨ ᠨᠠᠢᠮᠠᠳᠤᠭᠠᠷ ᠵᠦᠢᠯ ᠡᠮᠴᠢ ᠠᠵᠢᠯ ᠡᠷᠬᠢᠯᠡᠬᠦ ᠭᠠᠵᠠᠷ᠂ ᠠᠵᠢᠯ ᠡᠷᠬᠢᠯᠡᠬᠦ ᠲᠥᠷᠥᠯ ᠢᠯᠭᠠᠯ᠂ ᠠᠵᠢᠯ ᠡᠷᠬᠢᠯᠡᠬᠦ ᠬᠡᠪᠴᠢᠶ᠎ᠡ ᠵᠡᠷᠭᠡ ᠳᠠᠩᠰᠠᠯᠠᠭᠤᠯᠤᠭᠰᠠᠨ ᠵᠦᠢᠯ ᠤᠳ ᠢᠶᠠᠨ ᠬᠤᠪᠢᠷᠠᠭᠤᠯᠬᠤ ᠳᠤ ᠬᠦᠷᠪᠡᠯ᠂ ᠲᠤᠰ ᠬᠠᠤᠯᠢ ᠶᠢᠨ ᠲᠣᠭᠲᠠᠭᠠᠯ ᠶᠣᠰᠣᠭᠠᠷ ᠪᠦᠷᠢᠳᠬᠡᠭᠦᠯᠬᠦ ᠶᠢ ᠵᠥᠪᠰᠢᠶᠡᠷᠡᠭᠰᠡᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠬᠦᠷᠴᠦ ᠳᠠᠩᠰᠠᠯᠠᠭᠤᠯᠤᠯᠲᠠ ᠪᠠᠨ ᠬᠤᠪᠢᠷᠠᠭᠤᠯᠬᠤ ᠭᠠᠷ ᠭᠦᠢᠴᠡᠳᠬᠡᠯ ᠬᠢᠬᠦ ᠬᠡᠷᠡᠭᠲᠡᠢ᠃            ᠡᠮᠴᠢ ᠳᠠᠷᠠᠭᠠᠬᠢ ᠠᠵᠢᠯᠯᠠᠭ᠎ᠠ ᠨᠤᠭᠤᠳ ᠢ ᠬᠢᠭᠰᠡᠨ ᠪᠠᠶᠢᠪᠠᠯ᠂ ᠳᠠᠩᠰᠠᠯᠠᠯᠲᠠ ᠶᠢ ᠬᠤᠪᠢᠷᠠᠭᠤᠯᠬᠤ ᠬᠤᠯᠪᠣᠭᠳᠠᠯ ᠪᠦᠬᠦᠢ ᠭᠠᠷ ᠭᠦᠢᠴᠡᠳᠬᠡᠯ ᠢ ᠬᠢᠬᠦ ᠦᠭᠡᠢ ᠪᠠᠶᠢᠵᠤ ᠪᠣᠯᠣᠨ᠎ᠠ᠄             ︵ᠨᠢᠭᠡ︶ ᠵᠢᠷᠤᠮᠵᠢᠭᠰᠠᠨ ᠪᠣᠯᠪᠠᠰᠤᠷᠠᠭᠤᠯᠤᠯ᠂ ᠳᠠᠪᠲᠠᠨ ᠪᠣᠯᠪᠠᠰᠤᠷᠠᠭᠤᠯᠤᠯ᠂ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠲᠤᠰᠠᠯᠠᠬᠤ᠂ ᠬᠠᠮᠲᠤᠷᠠᠨ ᠣᠨᠣᠰᠢᠯᠠᠬᠤ᠂ ᠭᠡᠨᠡᠳᠲᠡ ᠶᠢᠨ ᠬᠡᠷᠡᠭ ᠤᠨ ᠡᠮᠴᠢᠯᠡᠭᠡᠨ ᠤ ᠠᠪᠤᠷᠠᠨ ᠲᠤᠰᠠᠯᠠᠯᠲᠠ᠂ ᠨᠢᠭᠦᠯᠡᠰᠦᠩᠭᠦᠢ ᠶᠢᠨ ᠪᠤᠶᠤ ᠪᠤᠰᠤᠳ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠡᠮᠴᠢᠯᠡᠭᠡ᠂ ᠵᠢᠷᠤᠮ ᠤᠨ ᠡᠮᠴᠢᠯᠡᠭᠡ ᠳᠤ ᠣᠷᠣᠯᠴᠠᠬᠤ᠃             ︵ᠬᠤᠶᠠᠷ︶ ᠲᠦᠷᠦ ᠶᠢᠨ ᠡᠭᠦᠷᠭᠡ ᠶᠢ ᠡᠭᠦᠷᠭᠡᠯᠡᠬᠦ ᠪᠤᠶᠤ ᠵᠠᠰᠠᠭ ᠤᠨ ᠣᠷᠳᠣᠨ ᠤ ᠵᠣᠬᠢᠶᠠᠨ ᠪᠠᠶᠢᠭᠤᠯᠤᠭᠰᠠᠨ ᠴᠢᠬᠤᠯᠠ ᠠᠵᠢᠯᠯᠠᠭ᠎ᠠ ᠳᠤ ᠣᠷᠣᠯᠴᠠᠬᠤ ᠵᠡᠷᠭᠡ᠃             ︵ᠭᠤᠷᠪᠠ︶ ᠡᠮ ᠡᠮᠨᠡᠯᠭᠡ ᠶᠢᠨ ᠬᠠᠮᠲᠤᠷᠠᠭᠰᠠᠨ ᠪᠡᠶ᠎ᠡ ᠶᠢᠨ ᠳᠣᠲᠣᠭᠠᠳᠤ ᠶᠢᠨ ᠡᠮ ᠡᠮᠨᠡᠯᠭᠡ ᠶᠢᠨ ᠪᠠᠶᠢᠭᠤᠯᠤᠮᠵᠢ ᠳᠤ ᠠᠵᠢᠯ ᠡᠷᠬᠢᠯᠡᠬᠦ᠃            ᠠᠷᠪᠠ ᠶᠢᠰᠦᠳᠦᠭᠡᠷ ᠵᠦᠢᠯ ᠡᠮᠴᠢ ᠶᠢᠨ ᠠᠵᠢᠯ ᠡᠷᠬᠢᠯᠡᠬᠦ ᠠᠵᠢᠯᠯᠠᠭ᠎ᠠ ᠶᠢ ᠲᠤᠷᠭᠤᠠ ᠵᠣᠭᠰᠣᠭᠠᠭᠠᠳ ᠬᠤᠶᠠᠷ ᠵᠢᠯ ᠠᠴᠠ ᠳᠡᠭᠡᠭᠰᠢ ᠪᠣᠯᠤᠭᠰᠠᠨ ᠪᠤᠶᠤ ᠲᠤᠰ ᠬᠠᠤᠯᠢ ᠳᠤ ᠲᠡᠩᠰᠡᠯᠡᠵᠦ ᠥᠭᠬᠦ ᠦᠭᠡᠢ ᠭᠡᠵᠦ ᠲᠣᠭᠲᠠᠭᠠᠭᠰᠠᠨ ᠪᠠᠶᠢᠳᠠᠯ ᠨᠢ ᠠᠷᠢᠯᠤᠭᠰᠠᠨ᠂ ᠲᠡᠬᠢᠵᠦ ᠠᠵᠢᠯ ᠡᠷᠬᠢᠯᠡᠬᠦ ᠪᠠᠷ ᠭᠤᠶᠤᠴᠢᠯᠠᠬᠤ ᠳᠤ ᠬᠦᠷᠪᠡᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠡᠳᠦ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠪᠤᠶᠤ ᠲᠡᠭᠦᠨ ᠤ ᠨᠠᠶᠢᠳᠠᠭᠰᠠᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠠᠴᠠ ᠬᠢᠨᠠᠨ ᠰᠢᠯᠭᠠᠯᠲᠠ ᠳᠤ ᠬᠢᠷᠢ ᠲᠡᠩᠴᠡᠬᠦ ᠶᠢᠨ ᠬᠠᠮᠲᠤ ᠲᠤᠰ ᠬᠠᠤᠯᠢ ᠶᠢᠨ ᠲᠣᠭᠲᠠᠭᠠᠯ ᠶᠣᠰᠣᠭᠠᠷ ᠲᠡᠬᠢᠵᠦ ᠪᠦᠷᠢᠳᠬᠡᠭᠦᠯᠬᠦ ᠬᠡᠷᠡᠭᠲᠡᠢ᠃            ᠬᠤᠷᠢᠳᠤᠭᠠᠷ ᠵᠦᠢᠯ ᠡᠮᠴᠢ ᠬᠤᠪᠢ ᠪᠠᠷ ᠢᠶᠠᠨ ᠡᠮᠴᠢᠯᠡᠬᠦ ᠳᠤ ᠬᠠᠤᠯᠢ ᠶᠣᠰᠣᠭᠠᠷ ᠬᠢᠨᠠᠨ ᠵᠥᠪᠰᠢᠶᠡᠷᠡᠭᠦᠯᠬᠦ ᠪᠤᠶᠤ ᠪᠦᠷᠢᠳᠬᠡᠭᠦᠯᠬᠦ ᠭᠠᠷ ᠭᠦᠢᠴᠡᠳᠬᠡᠯ ᠬᠢᠬᠦ ᠬᠡᠷᠡᠭᠲᠡᠢ᠃            ᠠᠵᠢᠯ ᠡᠷᠬᠢᠯᠡᠬᠦ ᠡᠮᠴᠢ ᠬᠤᠪᠢ ᠪᠠᠷ ᠢᠶᠠᠨ ᠡᠮᠴᠢᠯᠡᠬᠦ ᠳᠤ ᠡᠷᠬᠡᠪᠰᠢ ᠳᠠᠩᠰᠠᠯᠠᠭᠤᠯᠤᠭᠰᠠᠨ ᠤ ᠲᠡᠷᠠᠭ᠎ᠠ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠪᠦᠬᠦᠯᠢ ᠲᠠᠪᠤᠨ ᠵᠢᠯ ᠠᠵᠢᠯ ᠡᠷᠬᠢᠯᠡᠬᠦ ᠬᠡᠷᠡᠭᠲᠡᠢ᠃ ᠭᠡᠪᠡᠴᠦ ᠲᠤᠰ ᠬᠠᠤᠯᠢ ᠶᠢᠨ ᠠᠷᠪᠠᠨ ᠨᠢᠭᠡᠳᠦᠭᠡᠷ ᠵᠦᠢᠯ ᠤᠨ ᠬᠤᠶᠠᠳᠤᠭᠠᠷ ᠪᠠᠳᠠᠭ ᠤᠨ ᠲᠣᠭᠲᠠᠭᠠᠯ ᠶᠣᠰᠣᠭᠠᠷ ᠬᠢᠲᠠᠳ ᠡᠮᠨᠡᠯᠭᠡ ᠶᠢᠨ ᠡᠮᠴᠢ ᠶᠢᠨ ᠬᠢᠷᠢ ᠬᠡᠮ ᠣᠯᠣᠭᠰᠠᠨ ᠬᠥᠮᠥᠨ ᠬᠢᠨᠠᠨ ᠰᠢᠯᠭᠠᠬᠤ ᠠᠭᠤᠯᠭ᠎ᠠ ᠶᠢᠨ ᠶᠣᠰᠣᠭᠠᠷ ᠠᠵᠢᠯ ᠡᠷᠬᠢᠯᠡᠬᠦ ᠳᠠᠩᠰᠠᠯᠠᠭᠤᠯᠤᠯᠲᠠ ᠬᠢᠭᠰᠡᠨ ᠤ ᠳᠠᠷᠠᠭ᠎ᠠ᠂ ᠳᠠᠩᠰᠠᠯᠠᠭᠤᠯᠤᠭᠰᠠᠨ ᠠᠵᠢᠯ ᠡᠷᠬᠢᠯᠡᠬᠦ ᠬᠡᠪᠴᠢᠶᠡᠨ ᠳᠣᠲᠣᠷ᠎ᠠ ᠪᠠᠨ ᠬᠤᠪᠢ ᠪᠠᠷ ᠢᠶᠠᠨ ᠡᠮᠴᠢᠯᠡᠵᠦ ᠪᠣᠯᠣᠨ᠎ᠠ᠃            ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠡᠳᠦ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠬᠤᠪᠢ ᠪᠠᠷ ᠢᠶᠠᠨ ᠡᠮᠴᠢᠯᠡᠵᠦ ᠪᠠᠶᠢᠭ᠎ᠠ ᠡᠮᠴᠢ ᠶᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠢᠨᠠᠨ ᠪᠠᠶᠢᠴᠠᠭᠠᠬᠤ ᠬᠡᠷᠡᠭᠲᠡᠢ᠂ ᠲᠤᠰ ᠬᠠᠤᠯᠢ ᠳᠤ ᠳᠠᠩᠰᠠᠯᠠᠭᠤᠯᠤᠭᠰᠠᠨ ᠢ ᠨᠢ ᠬᠦᠴᠦᠨ ᠦᠭᠡᠢ ᠪᠣᠯᠭᠠᠬᠤ ᠪᠠᠷ ᠲᠣᠭᠲᠠᠭᠠᠭᠰᠠᠨ ᠪᠠᠶᠢᠳᠠᠯ ᠪᠠᠶᠢᠬᠤ ᠶᠢ ᠣᠯᠵᠤ ᠮᠡᠳᠡᠪᠡᠯ᠂ ᠳᠠᠩᠰᠠᠯᠠᠭᠤᠯᠤᠭᠰᠠᠨ ᠢ ᠨᠢ ᠴᠠᠭ ᠲᠤᠬᠠᠢ ᠳᠤᠨᠢ ᠬᠦᠴᠦᠨ ᠦᠭᠡᠢ ᠪᠣᠯᠭᠠᠵᠤ᠂ ᠡᠮᠴᠢ ᠶᠢᠨ ᠠᠵᠢᠯ ᠡᠷᠬᠢᠯᠡᠬᠦ ᠦᠨᠡᠮᠯᠡᠯ ᠢ ᠨᠢ ᠬᠦᠴᠦᠨ ᠦᠭᠡᠢ ᠪᠣᠯᠭᠠᠬᠤ ᠬᠡᠷᠡᠭᠲᠡᠢ᠃            ᠬᠤᠷᠢᠨ ᠨᠢᠭᠡᠳᠦᠭᠡᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠳ ᠪᠦᠷᠢᠳᠬᠡᠭᠦᠯᠬᠦ ᠶᠢ ᠵᠥᠪᠰᠢᠶᠡᠷᠡᠭᠰᠡᠨ ᠪᠠ ᠳᠠᠩᠰᠠᠯᠠᠭᠤᠯᠤᠭᠰᠠᠨ ᠢ ᠬᠦᠴᠦᠨ ᠦᠭᠡᠢ ᠪᠣᠯᠭᠠᠭᠰᠠᠨ ᠬᠥᠮᠥᠰ ᠤᠨ ᠨᠡᠷᠡᠰ ᠢ ᠴᠠᠭ ᠲᠤᠬᠠᠢ ᠳᠤᠨᠢ ᠵᠠᠷᠯᠠᠨ ᠨᠡᠶᠢᠲᠡᠯᠡᠵᠦ᠂ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠤᠷᠢᠶᠠᠩᠭᠤᠶᠢᠯᠠᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠪᠦᠷᠢᠳᠬᠡᠭᠦᠯᠬᠦ ᠶᠢᠨ ᠬᠠᠮᠲᠤ ᠲᠣᠭᠲᠠᠭᠠᠯ ᠶᠣᠰᠣᠭᠠᠷ ᠰᠦᠯᠵᠢᠶᠡᠨ ᠦᠷᠲᠡᠭᠡ ᠪᠠᠷ ᠳᠠᠮᠵᠢᠭᠤᠯᠤᠨ ᠡᠮᠴᠢ ᠶᠢᠨ ᠳᠠᠩᠰᠠᠯᠠᠭᠤᠯᠤᠭᠰᠠᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠦᠢᠯᠡᠴᠢᠯᠡᠭᠡ ᠬᠠᠩᠭᠠᠬᠤ ᠬᠡᠷᠡᠭᠲᠡᠢ᠃            ᠭᠤᠷᠪᠠᠳᠤᠭᠠᠷ ᠪᠦᠯᠦᠭ ᠠᠵᠢᠯ ᠡᠷᠬᠢᠯᠡᠬᠦ ᠳᠦᠷᠢᠮ            ᠬᠤᠷᠢᠨ ᠬᠤᠶᠠᠳᠤᠭᠠᠷ ᠵᠦᠢᠯ ᠡᠮᠴᠢ ᠠᠵᠢᠯ ᠡᠷᠬᠢᠯᠡᠬᠦ ᠠᠵᠢᠯᠯᠠᠭ᠎ᠠ ᠶᠢᠨ ᠳᠤᠮᠳᠠ ᠪᠠᠨ ᠳᠠᠷᠠᠭᠠᠬᠢ ᠡᠷᠬᠡ ᠨᠦᠭᠦᠳ ᠢ ᠡᠳ᠋ᠯᠡᠨ᠎ᠡ᠄             ︵ᠨᠢᠭᠡ︶ ᠳᠠᠩᠰᠠᠯᠠᠭᠤᠯᠤᠭᠰᠠᠨ ᠠᠵᠢᠯ ᠡᠷᠬᠢᠯᠡᠬᠦ ᠬᠡᠪᠴᠢᠶᠡᠨ ᠳᠣᠲᠣᠷ᠎ᠠ᠂ ᠬᠤᠯᠪᠣᠭᠳᠠᠯ ᠪᠦᠬᠦᠢ ᠵᠢᠷᠤᠮᠵᠢᠯ ᠶᠣᠰᠣᠭᠠᠷ ᠠᠨᠠᠭᠠᠬᠤ ᠤᠬᠠᠭᠠᠨ ᠤ ᠣᠨᠣᠰᠢᠯᠠᠯᠲᠠ ᠪᠠᠶᠢᠴᠠᠭᠠᠯᠲᠠ᠂ ᠡᠪᠡᠳᠴᠢᠨ ᠡᠮᠭᠡᠭ ᠤᠨ ᠪᠠᠶᠢᠴᠠᠭᠠᠯᠲᠠ᠂ ᠠᠨᠠᠭᠠᠬᠤ ᠤᠬᠠᠭᠠᠨ ᠤ ᠰᠢᠢᠳᠪᠦᠷᠢᠯᠡᠯᠲᠡ ᠬᠢᠵᠦ᠂ ᠠᠨᠠᠭᠠᠬᠤ ᠤᠬᠠᠭᠠᠨ ᠤ ᠵᠣᠬᠢᠴᠠᠩᠭᠤᠢ ᠭᠡᠷᠡᠴᠢᠯᠡᠬᠦ ᠪᠢᠴᠢᠭ ᠮᠠᠲ᠋ᠧᠷᠢᠶᠠᠯ ᠭᠠᠷᠭᠠᠵᠤ᠂ ᠡᠮᠨᠡᠬᠦ᠂ ᠤᠷᠢᠳᠴᠢᠯᠠᠨ ᠰᠡᠷᠭᠡᠶᠢᠯᠡᠬᠦ᠂ ᠡᠷᠡᠭᠦᠯ ᠮᠡᠡᠳᠦ ᠶᠢ ᠬᠠᠮᠠᠭᠠᠯᠠᠬᠤ ᠵᠦᠢ ᠵᠣᠬᠢᠰᠲᠠᠢ ᠲᠥᠰᠥᠯ ᠢ ᠰᠣᠩᠭᠤᠨ᠎ᠠ᠃             ︵ᠬᠤᠶᠠᠷ︶ ᠬᠥᠳᠡᠯᠮᠦᠷᠢ ᠶᠢᠨ ᠬᠥᠯᠥᠰᠦ ᠣᠯᠭᠤᠮᠵᠢ ᠣᠯᠵᠤ᠂ ᠤᠯᠤᠰ ᠠᠴᠠ ᠲᠣᠭᠲᠠᠭᠠᠭᠰᠠᠨ ᠠᠰᠠᠷᠠᠮᠵᠢ ᠶᠢᠨ ᠬᠠᠷᠠᠭᠠᠯᠵᠠᠯ ᠢ ᠡᠳ᠋ᠯᠡᠵᠦ᠂ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠳᠤ ᠣᠷᠣᠯᠴᠠᠬᠤ ᠶᠢᠨ ᠬᠠᠮᠲᠤ ᠵᠣᠬᠢᠴᠠᠩᠭᠤᠢ ᠬᠠᠷᠠᠭᠠᠯᠵᠠᠯ ᠢ ᠡᠳ᠋ᠯᠡᠨ᠎ᠡ᠃             ︵ᠭᠤᠷᠪᠠ︶ ᠤᠯᠤᠰ ᠠᠴᠠ ᠲᠣᠭᠲᠠᠭᠠᠭᠰᠠᠨ ᠪᠠᠷᠢᠮᠵᠢᠶ᠎ᠠ ᠳᠤ ᠨᠡᠶᠢᠴᠡᠭᠰᠡᠨ ᠠᠵᠢᠯ ᠡᠷᠬᠢᠯᠡᠬᠦ ᠦᠨᠳᠦᠰᠦᠨ ᠨᠥᠬᠦᠴᠡᠯ ᠪᠠ ᠠᠵᠢᠯ ᠮᠡᠷᠭᠡᠵᠢᠯ ᠤᠨ ᠬᠠᠮᠠᠭᠠᠯᠠᠯᠲᠠ ᠶᠢᠨ ᠲᠤᠨᠤᠭ ᠲᠥᠬᠦᠭᠡᠷᠦᠮᠵᠢ ᠶᠢ ᠣᠯᠣᠭᠰᠠᠨ᠃             ︵ᠳᠥᠷᠪᠡ︶ ᠠᠨᠠᠭᠠᠬᠤ ᠤᠬᠠᠭᠠᠨ ᠤ ᠰᠤᠷᠭᠠᠨ ᠬᠥᠮᠦᠵᠢᠯ᠂ ᠰᠤᠳᠤᠯᠭᠠᠨ᠂ ᠡᠷᠳᠡᠮ ᠰᠢᠨᠵᠢᠯᠡᠭᠡᠨ ᠤ ᠰᠣᠯᠢᠯᠴᠠᠭ᠎ᠠ ᠬᠢᠬᠦ᠃             ︵ᠲᠠᠪᠤ︶ ᠲᠤᠰᠬᠠᠢ ᠮᠡᠷᠭᠡᠵᠢᠯ ᠤᠨ ᠪᠣᠯᠪᠠᠰᠤᠷᠠᠯ ᠳᠤ ᠣᠷᠣᠯᠴᠠᠵᠤ᠂ ᠠᠨᠠᠭᠠᠬᠤ ᠤᠬᠠᠭᠠᠨ ᠤ ᠦᠷᠭᠦᠯᠵᠢᠯᠡᠭᠰᠡᠨ ᠰᠤᠷᠭᠠᠨ ᠬᠥᠮᠦᠵᠢᠯ ᠬᠦᠷᠳᠡᠬᠦ᠃             ︵ᠵᠢᠷᠭᠤᠭ᠎ᠠ︶ ᠪᠠᠶᠢᠭ᠎ᠠ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠠᠵᠢᠯ ᠳᠤ ᠰᠠᠨᠠᠯ ᠪᠠ ᠰᠠᠨᠠᠭᠤᠯᠭ᠎ᠠ ᠳᠤᠷᠠᠳᠴᠤ᠂ ᠪᠠᠶᠢᠭ᠎ᠠ ᠪᠠᠶᠢᠭᠤᠯᠤᠮᠵᠢ ᠶᠢᠨ ᠢᠶᠠᠨ ᠠᠷᠠᠳᠴᠢᠯᠠᠭᠰᠠᠨ ᠬᠠᠮᠢᠶᠠᠷᠤᠯᠲᠠ ᠳᠤ ᠬᠠᠤᠯᠢ ᠶᠣᠰᠣᠭᠠᠷ ᠣᠷᠣᠯᠴᠠᠨ᠎ᠠ᠃             ︵ᠲᠤᠯᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠡᠷᠬᠡ ᠨᠦᠭᠦᠳ᠃            ᠬᠤᠷᠢᠨ ᠭᠤᠷᠪᠠᠳᠤᠭᠠᠷ ᠵᠦᠢᠯ ᠡᠮᠴᠢ ᠠᠵᠢᠯ ᠡᠷᠬᠢᠯᠡᠬᠦ ᠠᠵᠢᠯᠯᠠᠭ᠎ᠠ ᠶᠢᠨ ᠳᠤᠮᠳᠠ ᠪᠠᠨ ᠳᠠᠷᠠᠭᠠᠬᠢ ᠡᠭᠦᠷᠭᠡ ᠨᠦᠭᠦᠳ ᠢ ᠭᠦᠢᠴᠡᠳᠬᠡᠨ᠎ᠡ᠄             ︵ᠨᠢᠭᠡ︶ ᠠᠵᠢᠯ ᠦᠢᠯᠡᠰ ᠢᠶᠠᠨ ᠳᠡᠭᠡᠳᠦᠯᠡᠬᠦ ᠵᠣᠷᠢᠭ ᠰᠠᠨᠠᠭ᠎ᠠ ᠶᠢ ᠪᠤᠢ ᠪᠣᠯᠭᠠᠵᠤ᠂ ᠠᠵᠢᠯ ᠮᠡᠷᠭᠡᠵᠢᠯ ᠤᠨ ᠶᠣᠰᠣ ᠮᠣᠷᠠᠯ ᠢ ᠬᠢᠴᠢᠶᠡᠩᠭᠦᠶᠢᠯᠡᠨ ᠰᠠᠬᠢᠵᠤ᠂ ᠡᠮᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ ᠡᠪᠡᠳᠴᠢᠲᠡᠨ ᠢ ᠠᠪᠤᠷᠠᠨ ᠵᠠᠰᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠵᠡᠷᠭᠡ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃             ︵ᠬᠤᠶᠠᠷ︶ ᠡᠮᠴᠢᠯᠡᠭᠡᠨ ᠤ ᠣᠨᠣᠰᠢᠯᠠᠨ ᠡᠮᠨᠡᠬᠦ ᠵᠦᠭᠯᠡᠭᠦᠷ ᠢ ᠵᠢᠷᠤᠮᠯᠠᠵᠤ᠂ ᠡᠮᠴᠢᠯᠡᠭᠡᠨ ᠤ ᠮᠡᠷᠭᠡᠵᠢᠯ ᠤᠨ ᠠᠵᠢᠯᠯᠠᠭᠠᠨ ᠤ ᠵᠢᠷᠤᠮᠵᠢᠯ ᠪᠠ ᠠᠨᠠᠭᠠᠬᠤ ᠤᠬᠠᠭᠠᠨ ᠤ ᠡᠰᠢ ᠶᠣᠰᠣᠨ ᠤ ᠵᠢᠷᠤᠮᠵᠢᠯ ᠢ ᠵᠢᠷᠤᠮᠯᠠᠬᠤ ᠵᠡᠷᠭᠡ᠃             ︵ᠭᠤᠷᠪᠠ︶ ᠡᠪᠡᠳᠴᠢᠲᠡᠨ ᠢ ᠬᠦᠨᠳᠦᠳᠬᠡᠵᠦ᠂ ᠬᠠᠯᠠᠮᠵᠢᠯᠠᠵᠤ᠂ ᠬᠠᠶᠢᠷᠠᠯᠠᠵᠤ᠂ ᠡᠪᠡᠳᠴᠢᠲᠡᠨ ᠤ ᠬᠤᠪᠢ ᠶᠢᠨ ᠨᠢᠭᠤᠴᠠ ᠪᠠ ᠬᠤᠪᠢ ᠬᠥᠮᠥᠨ ᠤ ᠮᠡᠳᠡᠭᠡ ᠵᠠᠩᠭᠢ ᠶᠢ ᠬᠠᠤᠯᠢ ᠶᠣᠰᠣᠭᠠᠷ ᠬᠠᠮᠠᠭᠠᠯᠠᠨ᠎ᠠ᠃             ︵ᠳᠥᠷᠪᠡ︶ ᠲᠤᠬᠠᠶᠢᠯᠠᠭᠰᠠᠨ ᠠᠵᠢᠯ ᠢᠶᠠᠨ ᠴᠢᠷᠮᠠᠶᠢᠨ ᠰᠤᠳᠤᠯᠵᠤ᠂ ᠮᠡᠳᠡᠯᠭᠡ ᠪᠠᠨ ᠰᠢᠨᠡᠳᠬᠡᠵᠦ᠂ ᠠᠨᠠᠭᠠᠬᠤ ᠤᠬᠠᠭᠠᠨ ᠤ ᠲᠤᠰᠬᠠᠢ ᠮᠡᠷᠭᠡᠵᠢᠯ ᠤᠨ ᠴᠢᠳᠠᠪᠤᠷᠢ ᠪᠠ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠦᠨ᠎ᠡ᠃             ︵ᠲᠠᠪᠤ︶ ᠠᠵᠢᠯ ᠤᠨ ᠪᠠᠶᠢᠷᠢ ᠲᠠᠢ ᠪᠠᠨ ᠵᠣᠬᠢᠴᠠᠯᠳᠤᠭᠰᠠᠨ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢ ᠤᠬᠠᠭᠤᠯᠤᠨ ᠳᠡᠯᠭᠡᠷᠡᠭᠦᠯᠵᠦ᠂ ᠡᠪᠡᠳᠴᠢᠲᠡᠨ ᠵᠢᠴᠢ ᠣᠯᠠᠨ ᠨᠡᠶᠢᠲᠡ ᠳᠤ ᠡᠷᠡᠭᠦᠯ ᠮᠡᠨᠳᠦ ᠶᠢᠨ ᠬᠥᠮᠦᠵᠢᠯ ᠪᠠ ᠡᠷᠡᠭᠦᠯ ᠮᠡᠨᠳᠦ ᠶᠢᠨ ᠵᠢᠯᠣᠭᠤᠳᠤᠯᠭ᠎ᠠ ᠬᠢᠨ᠎ᠡ᠃             ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠡᠭᠦᠷᠭᠡ ᠨᠦᠭᠦᠳ᠃            ᠬᠤᠷᠢᠨ ᠳᠥᠷᠪᠡᠳᠦᠭᠡᠷ ᠵᠦᠢᠯ ᠡᠮᠴᠢ ᠡᠮᠨᠡᠬᠦ᠂ ᠤᠷᠢᠳᠴᠢᠯᠠᠨ ᠰᠡᠷᠭᠡᠶᠢᠯᠡᠬᠦ᠂ ᠡᠷᠡᠭᠦᠯ ᠮᠡᠡᠳᠦ ᠶᠢ ᠬᠠᠮᠠᠭᠠᠯᠠᠬᠤ ᠠᠷᠭ᠎ᠠ ᠬᠡᠮᠵᠢᠶ᠎ᠡ ᠠᠪᠬᠤ ᠳᠠᠭᠠᠨ ᠠᠨᠠᠭᠠᠬᠤ ᠤᠬᠠᠭᠠᠨ ᠤ ᠬᠤᠯᠪᠣᠭᠳᠠᠯ ᠪᠦᠬᠦᠢ ᠭᠡᠷᠡᠴᠢᠯᠡᠬᠦ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠳᠠᠭᠠᠨ ᠡᠷᠬᠡᠪᠰᠢ ᠪᠡᠶ᠎ᠡ ᠪᠠᠷ ᠢᠶᠠᠨ ᠣᠨᠣᠰᠢᠯᠠᠨ ᠪᠠᠶᠢᠴᠠᠭᠠᠵᠤ᠂ ᠪᠠᠶᠢᠴᠠᠭᠠᠯᠲᠠ ᠬᠢᠬᠦ ᠶᠢᠨ ᠬᠠᠮᠲᠤ ᠡᠪᠡᠳᠴᠢᠨ ᠤ ᠲᠡᠦᠬᠡ ᠵᠡᠷᠭᠡ ᠠᠨᠠᠭᠠᠬᠤ ᠤᠬᠠᠭᠠᠨ ᠤ ᠪᠢᠴᠢᠭ ᠬᠠᠷ᠎ᠠ ᠶᠢ ᠲᠣᠭᠲᠠᠭᠠᠯ ᠶᠣᠰᠣᠭᠠᠷ ᠴᠠᠭ ᠲᠤᠬᠠᠢ ᠳᠤᠨᠢ ᠲᠠᠭᠯᠠᠨ ᠪᠢᠴᠢᠬᠦ ᠬᠡᠷᠡᠭᠲᠡᠢ᠂ ᠡᠪᠡᠳᠴᠢᠨ ᠤ ᠲᠡᠦᠬᠡ ᠵᠡᠷᠭᠡ ᠠᠨᠠᠭᠠᠬᠤ ᠤᠬᠠᠭᠠᠨ ᠤ ᠪᠢᠴᠢᠭ ᠬᠠᠷ᠎ᠠ ᠵᠢᠴᠢ ᠬᠤᠯᠪᠣᠭᠳᠠᠯ ᠪᠦᠬᠦᠢ ᠮᠠᠲ᠋ᠧᠷᠢᠶᠠᠯ ᠢ ᠨᠢᠭᠤᠨ ᠳᠠᠯᠳᠠᠯᠠᠵᠤ᠂ ᠬᠠᠭᠤᠷᠮᠠᠭᠯᠠᠨ ᠵᠣᠬᠢᠶᠠᠵᠤ᠂ ᠥᠭᠡᠷᠡᠲᠦᠭᠦᠯᠦᠨ ᠵᠠᠰᠠᠬᠤ ᠪᠤᠶᠤ ᠳᠤᠷ᠎ᠠ ᠪᠠᠷ ᠢᠶᠠᠨ ᠤᠰᠠᠳᠬᠠᠵᠤ ᠪᠣᠯᠬᠤ ᠦᠭᠡᠢ᠃            ᠡᠮᠴᠢ ᠠᠨᠠᠭᠠᠬᠤ ᠤᠬᠠᠭᠠᠨ ᠤ ᠬᠤᠳᠠᠯ ᠬᠠᠭᠤᠷᠮᠠᠭ ᠭᠡᠷᠡᠴᠢᠯᠡᠬᠦ ᠪᠢᠴᠢᠭ ᠮᠠᠲ᠋ᠧᠷᠢᠶᠠᠯ ᠵᠢᠴᠢ ᠥᠪᠡᠷ ᠤᠨ ᠠᠵᠢᠯ ᠡᠷᠬᠢᠯᠡᠬᠦ ᠬᠦᠷᠢᠶ᠎ᠡ ᠬᠡᠪᠴᠢᠶ᠎ᠡ ᠲᠠᠢ ᠪᠠᠨ ᠬᠤᠯᠪᠣᠭᠳᠠᠯ ᠦᠭᠡᠢ ᠪᠤᠶᠤ ᠠᠵᠢᠯ ᠡᠷᠬᠢᠯᠡᠬᠦ ᠲᠥᠷᠥᠯ ᠵᠦᠢᠯ ᠲᠠᠢ ᠪᠠᠨ ᠥᠯᠥ ᠨᠡᠶᠢᠴᠡᠬᠦ ᠠᠨᠠᠭᠠᠬᠤ ᠤᠬᠠᠭᠠᠨ ᠤ ᠭᠡᠷᠡᠴᠢᠯᠡᠬᠦ ᠪᠢᠴᠢᠭ ᠮᠠᠲ᠋ᠧᠷᠢᠶᠠᠯ ᠭᠠᠷᠭᠠᠵᠤ ᠥᠭᠴᠦ ᠪᠣᠯᠬᠤ ᠦᠭᠡᠢ᠃            ᠬᠤᠷᠢᠨ ᠲᠠᠪᠤᠳᠤᠭᠠᠷ ᠵᠦᠢᠯ ᠡᠮᠴᠢ ᠣᠨᠣᠰᠢᠯᠠᠨ ᠡᠮᠨᠡᠬᠦ ᠠᠵᠢᠯᠯᠠᠭ᠎ᠠ ᠶᠢᠨ ᠳᠤᠮᠳᠠ ᠪᠠᠨ ᠡᠪᠡᠳᠴᠢᠲᠡᠨ ᠳᠤ ᠡᠪᠡᠳᠴᠢᠨ ᠤ ᠪᠠᠶᠢᠳᠠᠯ᠂ ᠡᠮᠴᠢᠯᠡᠬᠦ ᠠᠷᠭ᠎ᠠ ᠬᠡᠮᠵᠢᠶ᠎ᠡ ᠪᠠ ᠮᠡᠳᠡᠭᠳᠡᠬᠦ ᠴᠢᠬᠤᠯᠠᠲᠠᠢ ᠪᠤᠰᠤᠳ ᠵᠦᠢᠯᠡᠰ ᠢ ᠲᠣᠳᠣᠷᠬᠠᠶᠢᠯᠠᠵᠤ ᠥᠭᠬᠦ ᠬᠡᠷᠡᠭᠲᠡᠢ᠃ ᠮᠡᠰᠡ ᠵᠠᠰᠠᠯ᠂ ᠣᠨᠴᠠᠭᠠᠶ ᠪᠠᠶᠢᠴᠠᠭᠠᠯᠲᠠ᠂ ᠣᠨᠴᠠᠭᠠᠶ ᠡᠮᠴᠢᠯᠡᠭᠡ ᠬᠢᠬᠦ ᠴᠢᠬᠤᠯᠠᠲᠠᠢ ᠪᠠᠶᠢᠪᠠᠯ᠂ ᠡᠮᠴᠢ ᠠᠴᠠ ᠴᠠᠭ ᠲᠤᠬᠠᠢ ᠳᠤᠨᠢ ᠡᠪᠡᠳᠴᠢᠲᠡᠨ ᠳᠤ ᠡᠮᠴᠢᠯᠡᠭᠡᠨ ᠤ ᠠᠶᠤᠯ ᠲᠦᠭᠰᠢᠭᠦᠷᠢ᠂ ᠣᠷᠣᠯᠠᠬᠤ ᠡᠮᠴᠢᠯᠡᠭᠡᠨ ᠤ ᠲᠥᠰᠥᠯ ᠵᠡᠷᠭᠡ ᠪᠠᠶᠢᠳᠠᠯ ᠢ ᠪᠣᠳᠠᠲᠠᠢ ᠪᠠᠷ ᠲᠣᠳᠣᠷᠬᠠᠶᠢᠯᠠᠬᠤ ᠶᠢᠨ ᠬᠠᠮᠲᠤ ᠲᠡᠭᠦᠨ ᠤ ᠲᠣᠳᠣᠷᠬᠠᠢ ᠵᠥᠪᠰᠢᠶᠡᠷᠡᠯ ᠢ ᠣᠯᠬᠤ ᠬᠡᠷᠡᠭᠲᠡᠢ᠃ ᠡᠪᠡᠳᠴᠢᠲᠡᠨ ᠳᠤ ᠲᠣᠳᠣᠷᠬᠠᠶᠢᠯᠠᠵᠤ ᠳᠡᠶᠢᠯᠬᠦ ᠦᠭᠡᠢ ᠪᠤᠶᠤ ᠲᠣᠳᠣᠷᠬᠠᠶᠢᠯᠠᠵᠤ ᠪᠣᠯᠬᠤ ᠦᠭᠡᠢ ᠵᠦᠢᠯ ᠢ ᠡᠪᠡᠳᠴᠢᠲᠡᠨ ᠤ ᠣᠶᠢᠷ᠎ᠠ ᠲᠥᠷᠥᠯ ᠰᠠᠳᠤᠨ ᠳᠤ ᠲᠣᠳᠣᠷᠬᠠᠶᠢᠯᠠᠵᠤ ᠥᠭᠬᠦ ᠶᠢᠨ ᠬᠠᠮᠲᠤ ᠲᠡᠳᠡᠨ ᠤ ᠲᠣᠳᠣᠷᠬᠠᠢ ᠵᠥᠪᠰᠢᠶᠡᠷᠡᠯ ᠢ ᠣᠯᠬᠤ ᠬᠡᠷᠡᠭᠲᠡᠢ᠃            ᠬᠤᠷᠢᠨ ᠵᠢᠷᠭᠤᠳᠤᠭᠠᠷ ᠵᠦᠢᠯ ᠡᠮᠴᠢ ᠡᠮ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠡᠮᠴᠢᠯᠡᠭᠡᠨ ᠤ ᠲᠤᠷᠰᠢᠯᠲᠠ ᠪᠠ ᠠᠨᠠᠭᠠᠬᠤ ᠤᠬᠠᠭᠠᠨ ᠤ ᠪᠤᠰᠤᠳ ᠡᠮᠴᠢᠯᠡᠭᠡᠨ ᠤ ᠰᠤᠳᠤᠯᠭᠠᠨ ᠢ ᠥᠷᠨᠢᠭᠦᠯᠬᠦ ᠳᠡᠭᠡᠨ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠦᠯᠵᠦ᠂ ᠠᠨᠠᠭᠠᠬᠤ ᠤᠬᠠᠭᠠᠨ ᠤ ᠶᠣᠰᠣ ᠰᠤᠷᠲᠠᠬᠤᠨ ᠤ ᠵᠢᠷᠤᠮᠵᠢᠯ ᠢ ᠵᠢᠷᠤᠮᠯᠠᠵᠤ᠂ ᠬᠠᠤᠯᠢ ᠶᠣᠰᠣᠭᠠᠷ ᠶᠣᠰᠣ ᠰᠤᠷᠲᠠᠬᠤᠨ ᠤ ᠬᠢᠨᠠᠨ ᠪᠠᠶᠢᠴᠠᠭᠠᠯᠲᠠ ᠶᠢ ᠥᠩᠭᠡᠷᠡᠭᠡᠭᠡᠳ᠂ ᠪᠠᠶᠢᠳᠠᠯ ᠢ ᠮᠡᠳᠡᠬᠦ ᠪᠢᠴᠢᠭ ᠤᠨ ᠵᠥᠪᠰᠢᠶᠡᠷᠡᠯ ᠢ ᠣᠯᠣᠭᠰᠠᠨ ᠪᠠᠶᠢᠬᠤ ᠬᠡᠷᠡᠭᠲᠡᠢ᠃            ᠬᠤᠷᠢᠨ ᠳᠣᠯᠣᠳᠤᠭᠠᠷ ᠵᠦᠢᠯ ᠡᠮᠴᠢ ᠠᠴᠠ ᠪᠠᠴᠢᠮ ᠠᠪᠤᠷᠠᠨ ᠵᠠᠰᠠᠬᠤ ᠴᠢᠬᠤᠯᠠ ᠲᠠᠢ ᠡᠪᠡᠳᠴᠢᠲᠡᠨ ᠢ ᠪᠠᠴᠢᠮ ᠠᠷᠭ᠎ᠠ ᠬᠡᠮᠵᠢᠶ᠎ᠡ ᠠᠪᠴᠤ ᠣᠨᠣᠰᠢᠯᠠᠨ ᠵᠠᠰᠠᠬᠤ ᠬᠡᠷᠡᠭᠲᠡᠢ᠂ ᠲᠦᠷᠭᠡᠨ ᠠᠪᠤᠷᠠᠨ ᠰᠢᠢᠳᠪᠦᠷᠢᠯᠡᠬᠦ ᠶᠢ ᠲᠡᠪᠴᠢᠵᠦ ᠪᠣᠯᠬᠤ ᠦᠭᠡᠢ᠃            ᠠᠮᠢ ᠨᠠᠰᠤ ᠨᠢ ᠲᠦᠭᠰᠢᠭᠦᠷᠢᠲᠡᠢ ᠪᠣᠯᠤᠭᠰᠠᠨ ᠡᠪᠡᠳᠴᠢᠲᠡᠨ ᠢ ᠲᠦᠷᠭᠡᠨ ᠠᠪᠤᠷᠠᠬᠤ ᠵᠡᠷᠭᠡ ᠪᠠᠴᠢᠮ ᠪᠠᠶᠢᠳᠠᠯ ᠤᠨ ᠳᠣᠣᠷ᠎ᠠ ᠡᠪᠡᠳᠴᠢᠲᠡᠨ ᠪᠤᠶᠤ ᠲᠡᠭᠦᠨ ᠤ ᠣᠶᠢᠷ᠎ᠠ ᠲᠥᠷᠥᠯ ᠰᠠᠳᠤᠨ ᠤ ᠰᠠᠨᠠᠯ ᠢ ᠣᠯᠵᠤ ᠴᠢᠳᠠᠬᠤ ᠦᠭᠡᠢ ᠪᠠᠶᠢᠪᠠᠯ᠂ ᠡᠮᠴᠢᠯᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠪᠤᠶᠤ ᠡᠷᠬᠡ ᠣᠯᠭᠤᠭᠰᠠᠨ ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠦᠭᠡᠳ᠂ ᠲᠡᠷᠡ ᠳᠠᠷᠤᠢ ᠳᠤᠨᠢ ᠵᠣᠬᠢᠴᠠᠩᠭᠤᠢ ᠡᠮᠴᠢᠯᠡᠭᠡᠨ ᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ ᠪᠣᠯᠣᠨ᠎ᠠ᠃            ᠤᠯᠤᠰ ᠠᠴᠠ ᠡᠮᠴᠢ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠵᠡᠷᠭᠡ ᠣᠯᠠᠨ ᠨᠡᠶᠢᠲᠡ ᠶᠢᠨ ᠲᠠᠯᠠᠪᠤᠷ ᠤᠨ ᠲᠦᠷᠭᠡᠨ ᠠᠪᠤᠷᠠᠯᠲᠠ ᠶᠢᠨ ᠦᠢᠯᠡᠴᠢᠯᠡᠭᠡ ᠳ᠋ᠦ‌ᠡᠮᠴᠢ ᠰᠠᠶᠢᠨ ᠳᠤᠷ᠎ᠠ ᠠᠴᠠ ᠪᠠᠨ ᠲᠦᠷᠭᠡᠨ ᠠᠪᠤᠷᠠᠯᠲᠠ ᠬᠢᠭᠰᠡᠨ ᠠᠴᠠ ᠪᠣᠯᠵᠤ ᠲᠤᠰᠠᠯᠠᠮᠵᠢ ᠬᠦᠷᠳᠡᠭᠴᠢ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠢᠷᠭᠡᠨ ᠤ ᠬᠡᠷᠡᠭ ᠤᠨ ᠬᠠᠷᠢᠭᠤᠴᠠᠯᠭ᠎ᠠ ᠡᠭᠦᠷᠭᠡᠯᠡᠬᠦ ᠦᠭᠡᠢ᠃            ᠬᠤᠷᠢᠨ ᠨᠠᠢᠮᠠᠳᠤᠭᠠᠷ ᠵᠦᠢᠯ ᠡᠮᠴᠢ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠪᠤᠶᠤ ᠳᠠᠩᠰᠠᠯᠠᠭᠤᠯᠤᠭᠰᠠᠨ ᠡᠮ ᠤᠨ ᠵᠦᠢᠯ᠂ ᠠᠷᠢᠭᠤᠳᠬᠠᠬᠤ ᠡᠮ᠂ ᠡᠮᠴᠢᠯᠡᠭᠡᠨ ᠤ ᠪᠠᠭᠠᠵᠢ ᠬᠡᠷᠡᠭᠰᠡᠯ ᠢ ᠬᠡᠷᠡᠭᠯᠡᠵᠦ᠂ ᠬᠠᠤᠯᠢ ᠶᠣᠰᠣᠨ ᠤ᠂ ᠲᠣᠭᠲᠠᠭᠠᠯ ᠳᠤ ᠨᠡᠶᠢᠴᠡᠭᠰᠡᠨ᠂ ᠰᠢᠨᠵᠢᠯᠡᠬᠦ ᠤᠬᠠᠭᠠᠨᠴᠢ ᠣᠨᠣᠰᠢᠯᠠᠨ ᠡᠮᠨᠡᠬᠦ ᠠᠷᠭ᠎ᠠ ᠶᠢ ᠬᠡᠷᠡᠭᠯᠡᠬᠦ ᠬᠡᠷᠡᠭᠲᠡᠢ᠃            ᠵᠢᠷᠤᠮᠵᠢᠯ ᠶᠣᠰᠣᠭᠠᠷ ᠣᠨᠣᠰᠢᠯᠠᠵᠤ ᠡᠮᠨᠡᠬᠦ ᠳᠤ ᠬᠡᠷᠡᠭᠯᠡᠬᠦ ᠠᠴᠠ ᠭᠠᠳᠠᠨ᠎ᠠ᠂ ᠮᠢᠨᠴᠦᠷᠡᠭᠦᠯᠬᠦ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠣᠷᠲᠤ ᠡᠮ ᠤᠨ ᠵᠦᠢᠯ᠂ ᠮᠡᠳᠡᠷᠡᠯ ᠤᠨ ᠡᠮ ᠤᠨ ᠵᠦᠢᠯ᠂ ᠰᠠᠴᠤᠷᠠᠭ ᠢᠳᠡᠪᠬᠢ ᠴᠢᠨᠠᠷᠲᠠᠢ ᠡᠮ ᠤᠨ ᠵᠦᠢᠯ ᠵᠡᠷᠭᠡ ᠶᠢ ᠬᠡᠷᠡᠭᠯᠡᠵᠦ ᠪᠣᠯᠬᠤ ᠦᠭᠡᠢ᠃            ᠬᠤᠷᠢ ᠶᠢᠰᠦᠳᠦᠭᠡᠷ ᠵᠦᠢᠯ ᠡᠮᠴᠢ ᠠᠶᠤᠯᠭᠦᠢ ᠪᠥᠭᠡᠳ ᠪᠦᠲᠦᠮᠵᠢᠲᠡᠶ᠂ ᠬᠢᠮᠳᠠ ᠪᠥᠭᠡᠳ ᠵᠦᠢ ᠵᠣᠬᠢᠰᠲᠠᠢ ᠪᠠᠷ ᠡᠮ ᠬᠡᠷᠡᠭᠯᠡᠬᠦ ᠵᠠᠷᠴᠢᠮ ᠢ ᠪᠠᠷᠢᠮᠲᠠᠯᠠᠵᠤ᠂ ᠡᠮ ᠤᠨ ᠵᠦᠢᠯ ᠢ ᠡᠮᠴᠢᠯᠡᠭᠡᠨ ᠳᠤ ᠬᠡᠷᠡᠭᠯᠡᠬᠦ ᠵᠢᠯᠤᠭᠤᠳᠬᠤ ᠵᠠᠷᠴᠢᠮ᠂ ᠡᠮᠴᠢᠯᠡᠭᠡᠨ ᠤ ᠣᠨᠣᠰᠢᠯᠠᠨ ᠡᠮᠨᠡᠬᠦ ᠵᠦᠭᠯᠡᠭᠦᠷ ᠪᠠ ᠡᠮ ᠤᠨ ᠵᠦᠢᠯ ᠤᠨ ᠲᠣᠳᠣᠷᠬᠠᠶᠢᠯᠠᠯᠲᠠ ᠶᠢᠨ ᠪᠢᠴᠢᠭ ᠵᠡᠷᠭᠡ ᠶᠢ ᠵᠢᠷᠤᠮᠯᠠᠨ ᠡᠮ ᠢ ᠵᠦᠢ ᠵᠣᠬᠢᠰᠲᠠᠢ ᠪᠠᠷ ᠬᠡᠷᠡᠭᠯᠡᠬᠦ ᠬᠡᠷᠡᠭᠲᠡᠢ᠃            ᠬᠦᠴᠦᠨ ᠲᠡᠭᠦᠯᠳᠡᠷ ᠪᠤᠶᠤ ᠨᠡᠩ ᠰᠠᠶᠢᠨ ᠡᠮᠨᠡᠨ ᠵᠠᠰᠠᠬᠤ ᠠᠷᠭ᠎ᠠ ᠪᠠᠷᠢᠯ ᠪᠠᠶᠢᠬᠤ ᠦᠭᠡᠢ ᠵᠡᠷᠭᠡ ᠣᠨᠴᠠᠭᠠᠶ ᠪᠠᠶᠢᠳᠠᠯ ᠤᠨ ᠳᠣᠣᠷ᠎ᠠ᠂ ᠡᠮᠴᠢ ᠠᠴᠠ ᠡᠪᠡᠳᠴᠢᠲᠡᠨ ᠤ ᠪᠠᠶᠢᠳᠠᠯ ᠢ ᠮᠡᠳᠡᠬᠦ ᠲᠣᠳᠣᠷᠬᠠᠢ ᠵᠥᠪᠰᠢᠶᠡᠷᠡᠯ ᠢ ᠣᠯᠣᠭᠰᠠᠨ ᠤ ᠳᠠᠷᠠᠭ᠎ᠠ᠂ ᠡᠮ ᠤᠨ ᠵᠦᠢᠯ ᠤᠨ ᠲᠣᠳᠣᠷᠬᠠᠶᠢᠯᠠᠯᠲᠠ ᠶᠢᠨ ᠪᠢᠴᠢᠭ ᠲᠤ ᠲᠣᠳᠣᠷᠬᠠᠢ ᠦᠭᠡᠢ ᠪᠣᠯᠪᠠᠴᠤ ᠭᠡᠷᠡᠴᠢᠯᠡᠯ ᠤᠨ ᠠᠨᠠᠭᠠᠬᠤ ᠤᠬᠠᠭᠠᠨ ᠤ ᠭᠡᠷᠡᠴᠢ ᠪᠠᠷᠢᠮᠲᠠ ᠪᠦᠬᠦᠢ ᠡᠮ ᠤᠨ ᠵᠦᠢᠯ ᠢ ᠬᠡᠷᠡᠭᠯᠡᠬᠦ ᠠᠷᠭ᠎ᠠ ᠪᠠᠷ ᠡᠮᠨᠡᠨ ᠵᠠᠰᠠᠵᠤ ᠪᠣᠯᠣᠨ᠎ᠠ᠃ ᠡᠮᠴᠢᠯᠡᠭᠡᠨ ᠤ ᠪᠠᠶᠢᠭᠤᠯᠤᠮᠵᠢ ᠨᠢ ᠬᠠᠮᠢᠶᠠᠷᠤᠯᠲᠠ ᠶᠢᠨ ᠳᠦᠷᠢᠮ ᠲᠣᠭᠲᠠᠭᠠᠵᠤ᠂ ᠡᠮᠴᠢ ᠶᠢᠨ ᠵᠣᠷ᠂ ᠡᠮ ᠬᠡᠷᠡᠭᠯᠡᠬᠦ ᠡᠮᠴᠢ ᠶᠢᠨ ᠵᠢᠭᠠᠪᠤᠷᠢ ᠶᠢᠨ ᠲᠣᠬᠢᠷᠠᠬᠤ ᠴᠢᠨᠠᠷ ᠢ ᠬᠢᠨᠠᠨ ᠬᠠᠷᠭᠤᠭᠤᠯᠵᠤ᠂ ᠡᠮᠴᠢ ᠶᠢᠨ ᠡᠮ ᠬᠡᠷᠡᠭᠯᠡᠬᠦ ᠤᠢᠢᠯᠠ ᠠᠵᠢᠯᠯᠠᠭ᠎ᠠ ᠶᠢ ᠴᠢᠩᠭ᠎ᠠ ᠵᠢᠷᠤᠮᠵᠢᠭᠤᠯᠬᠤ ᠬᠡᠷᠡᠭᠲᠡᠢ᠃            ᠭᠤᠴᠢᠳᠤᠭᠠᠷ ᠵᠦᠢᠯ ᠠᠵᠢᠯ ᠡᠷᠬᠢᠯᠡᠬᠦ ᠡᠮᠴᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠪᠠᠶᠢᠭ᠎ᠠ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠᠷ ᠢᠶᠠᠨ ᠵᠥᠪᠰᠢᠶᠡᠷᠡᠭᠦᠯᠦᠭᠡᠳ᠂ ᠢᠨᠲ᠋ᠧᠷ ᠰᠦᠯᠵᠢᠶ᠎ᠡ ᠵᠡᠷᠭᠡ ᠮᠡᠳᠡᠭᠡ ᠵᠠᠩᠭᠢ ᠶᠢᠨ ᠮᠡᠷᠭᠡᠵᠢᠯ ᠢᠶᠠᠷ ᠳᠠᠮᠵᠢᠭᠤᠯᠤᠨ ᠬᠡᠰᠡᠭ ᠪᠠᠶᠢᠩᠭᠤ ᠲᠣᠬᠢᠶᠠᠯᠳᠤᠳᠠᠭ ᠡᠪᠡᠳᠴᠢᠨ᠂ ᠤᠳᠠᠭᠠᠨ ᠴᠢᠨᠠᠷᠲᠠᠢ ᠡᠪᠡᠳᠴᠢᠨ ᠢ ᠲᠡᠬᠢᠠ ᠣᠨᠣᠰᠢᠯᠠᠬᠤ ᠵᠡᠷᠭᠡ ᠡᠮ ᠡᠮᠨᠡᠯᠭᠡ ᠡᠷᠡᠭᠦᠯ ᠬᠠᠮᠠᠭᠠᠯᠠᠯ ᠤᠨ ᠲᠣᠬᠢᠷᠠᠮᠵᠢᠲᠠᠢ ᠦᠢᠯᠡᠴᠢᠯᠡᠭᠡ ᠶᠢ ᠬᠠᠩᠭᠠᠵᠤ ᠪᠣᠯᠣᠨ᠎ᠠ᠃ ᠤᠯᠤᠰ ᠠᠴᠠ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠤᠭᠤᠷᠣᠨᠳᠤ ᠪᠠᠨ ᠢᠨᠲ᠋ᠧᠷ ᠰᠦᠯᠵᠢᠶ᠎ᠡ ᠵᠡᠷᠭᠡ ᠮᠡᠳᠡᠭᠡ ᠵᠠᠩᠭᠢ ᠶᠢᠨ ᠮᠡᠷᠭᠡᠵᠢᠯ ᠢ ᠠᠰᠢᠭᠯᠠᠨ ᠠᠯᠤᠰ ᠡᠵᠡᠮᠰᠢᠯᠲᠦ ᠡᠮᠴᠢᠯᠡᠭᠡᠨ ᠤ ᠬᠠᠮᠲᠤᠷᠠᠯᠴᠠᠭ᠎ᠠ ᠥᠷᠨᠢᠭᠦᠯᠬᠦ ᠶᠢ ᠳᠡᠮᠵᠢᠨ᠎ᠡ᠃            ᠭᠤᠴᠢᠨ ᠨᠢᠭᠡᠳᠦᠭᠡᠷ ᠵᠦᠢᠯ ᠡᠮᠴᠢ ᠡᠷᠬᠡ ᠲᠤᠰᠢᠶᠠᠯ ᠤᠨ ᠢᠶᠠᠨ ᠳᠥᠭᠦᠮ ᠢ ᠠᠰᠢᠭᠯᠠᠨ ᠵᠣᠭᠤᠰ ᠮᠥᠩᠭᠦ ᠡᠳ᠋ ᠪᠣᠳᠠᠰ ᠢ ᠨᠡᠬᠡᠨ ᠠᠪᠬᠤ᠂ ᠬᠠᠤᠯᠢ ᠪᠤᠰᠤ ᠪᠠᠷ ᠭᠥᠯᠢᠶᠡᠨ ᠠᠪᠬᠤ ᠪᠤᠶᠤ ᠪᠤᠰᠤᠳ ᠵᠦᠢ ᠪᠤᠰᠤ ᠠᠰᠢᠭ ᠣᠯᠵᠤ ᠪᠣᠯᠬᠤ ᠦᠭᠡᠢ᠃ ᠡᠪᠡᠳᠴᠢᠲᠡᠨ ᠳᠤ ᠴᠢᠬᠤᠯᠠ ᠪᠤᠰᠤ ᠪᠠᠶᠢᠴᠠᠭᠠᠯᠲᠠ ᠪᠠ ᠡᠮᠴᠢᠯᠡᠭᠡ ᠬᠢᠵᠦ ᠪᠣᠯᠬᠤ ᠦᠭᠡᠢ᠃            ᠭᠤᠴᠢᠨ ᠬᠤᠶᠠᠳᠤᠭᠠᠷ ᠵᠦᠢᠯ ᠪᠠᠶᠢᠭᠠᠯᠢ ᠶᠢᠨ ᠭᠠᠮᠰᠢᠭ᠂ ᠡ᠊ᠨᠳᠡᠯ ᠤᠨ ᠭᠠᠮᠰᠢᠭ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠪᠠ ᠨᠡᠶᠢᠭᠡᠮ ᠤᠨ ᠠᠶᠦᠯᠭᠦᠢ ᠶᠢᠨ ᠬᠡᠷᠡᠭ ᠵᠡᠷᠭᠡ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠦ ᠶᠢ ᠬᠦᠨᠳᠦ ᠨᠣᠴᠢᠲᠠᠢ ᠰᠦᠷᠳᠡᠭᠦᠯᠦᠭᠰᠡᠨ ᠭᠡᠨᠡᠳᠲᠡ ᠶᠢᠨ ᠬᠡᠷᠡᠭ ᠲᠣᠬᠢᠶᠠᠯᠳᠤᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠡᠷᠡᠭᠴᠡᠭᠡ ᠪᠠᠨ ᠦᠨᠳᠦᠰᠦᠯᠡᠨ ᠡᠮᠴᠢ ᠶᠢ ᠵᠣᠬᠢᠶᠠᠨ ᠪᠠᠶᠢᠭᠤᠯᠵᠤ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠡᠮᠨᠡᠨ ᠠᠪᠤᠷᠠᠬᠤ ᠠᠵᠢᠯ ᠳᠤ ᠣᠷᠣᠯᠴᠠᠭᠤᠯᠤᠨ᠎ᠠ᠂ ᠡᠮᠴᠢ ᠰᠢᠯᠵᠢᠭᠦᠯᠦᠨ ᠲᠣᠮᠢᠯᠠᠬᠤ ᠶᠢ ᠳᠠᠭᠠᠬᠤ ᠬᠡᠷᠡᠭᠲᠡᠢ᠃            ᠭᠤᠴᠢᠨ ᠭᠤᠷᠪᠠᠳᠤᠭᠠᠷ ᠵᠦᠢᠯ ᠠᠵᠢᠯ ᠡᠷᠬᠢᠯᠡᠬᠦ ᠠᠵᠢᠯᠯᠠᠭ᠎ᠠ ᠶᠢᠨ ᠳᠤᠮᠳᠠ ᠳᠠᠷᠠᠭᠠᠬᠢ ᠪᠠᠶᠢᠳᠠᠯ ᠤᠨ ᠠᠯᠢ ᠨᠢᠭᠡ ᠨᠢ ᠪᠠᠶᠢᠪᠠᠯ᠂ ᠡᠮᠴᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠠᠶᠢᠭ᠎ᠠ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠪᠠᠶᠢᠭᠤᠯᠤᠮᠵᠢ ᠳᠤ ᠴᠠᠭ ᠲᠤᠬᠠᠢ  ᠳᠤᠨᠢ ᠮᠡᠳᠡᠭᠦᠯᠬᠦ ᠬᠡᠷᠡᠭᠲᠡᠢ᠄             ︵ᠨᠢᠭᠡ︶ ᠬᠠᠯᠳᠠᠪᠤᠷᠢᠲᠤ ᠡᠪᠡᠳᠴᠢᠨ᠂ ᠭᠡᠨᠡᠳᠲᠡ ᠡᠭᠦᠰᠦᠭᠰᠡᠨ ᠰᠢᠯᠲᠠᠭᠠᠨ ᠨᠢ ᠲᠣᠳᠣᠷᠬᠠᠢ ᠦᠭᠡᠢ ᠡᠪᠡᠳᠴᠢᠨ ᠪᠤᠶᠤ ᠡᠷᠡᠭᠦᠯ ᠮᠡᠨᠳᠤ ᠶᠢᠨ ᠬᠡᠪ ᠤᠨ ᠪᠤᠰᠤ ᠬᠡᠷᠡᠭ ᠢ ᠣᠯᠵᠤ ᠮᠡᠳᠡᠬᠦ᠃             ︵ᠬᠤᠶᠠᠷ︶ ᠡᠮᠴᠢᠯᠡᠭᠡᠨ ᠤ ᠭᠡᠨᠡᠳᠡᠯ ᠭᠠᠷᠤᠭᠰᠠᠨ ᠪᠤᠶᠤ ᠡᠮᠴᠢᠯᠡᠭᠡᠨ ᠤ ᠭᠡᠨᠡᠳᠡᠯ ᠭᠠᠷᠤᠭᠰᠠᠨ ᠢ ᠣᠯᠵᠤ ᠮᠡᠳᠡᠭᠰᠡᠨ᠃             ︵ᠭᠤᠷᠪᠠ︶ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠲᠠᠢ ᠬᠤᠯᠪᠣᠭᠳᠠᠯ ᠲᠠᠢ ᠪᠠᠶᠢᠵᠤ ᠮᠡᠳᠡᠬᠦ ᠮᠠᠭᠤ ᠦᠢᠯᠡᠳᠦᠯ ᠪᠤᠶᠤ ᠮᠠᠭᠤ ᠬᠡᠷᠡᠭ ᠢ ᠣᠯᠵᠤ ᠮᠡᠳᠡᠬᠦ᠃             ︵ᠳᠥᠷᠪᠡ︶ ᠬᠠᠭᠤᠷᠮᠠᠭ ᠡᠮ ᠪᠤᠶᠤ ᠮᠠᠭᠤ ᠡᠮ ᠢ ᠣᠯᠵᠤ ᠮᠡᠳᠡᠬᠦ᠃             ︵ᠲᠠᠪᠤ︶ ᠡᠪᠡᠳᠴᠢᠲᠡᠨ ᠤ ᠭᠡᠮᠲᠦᠭᠡᠭᠰᠡᠨ ᠬᠡᠷᠡᠭ ᠢᠶᠠᠷ ᠰᠡᠵᠢᠭᠯᠡᠭᠳᠡᠭᠰᠡᠨ ᠪᠤᠶᠤ ᠬᠡᠪ ᠤᠨ ᠪᠤᠰᠤ ᠪᠠᠷ ᠦᠬᠦᠭᠰᠡᠨ ᠢ ᠣᠯᠵᠤ ᠮᠡᠳᠡᠭᠰᠡᠨ᠃             ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠪᠠᠶᠢᠳᠠᠯ ᠤᠳ᠃            ᠭᠤᠴᠢᠨ ᠳᠥᠷᠪᠡᠳᠦᠭᠡᠷ ᠵᠦᠢᠯ ᠠᠵᠢᠯ ᠡᠷᠬᠢᠯᠡᠬᠦ ᠲᠤᠰᠠᠯᠠᠬᠤ ᠡᠮᠴᠢ ᠨᠢ ᠠᠵᠢᠯ ᠡᠷᠬᠢᠯᠡᠬᠦ ᠡᠮᠴᠢ ᠶᠢᠨ ᠵᠢᠯᠣᠭᠤᠳᠤᠯᠭ᠎ᠠ ᠳᠣᠣᠷ᠎ᠠ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠳᠠᠩᠰᠠᠯᠠᠭᠤᠯᠤᠭᠰᠠᠨ ᠠᠵᠢᠯ ᠡᠷᠬᠢᠯᠡᠬᠦ ᠲᠥᠷᠥᠯ ᠢᠯᠭᠠᠯ᠂ ᠠᠵᠢᠯ ᠡᠷᠬᠢᠯᠡᠬᠦ ᠬᠦᠷᠢᠶ᠎ᠡ ᠬᠡᠪᠴᠢᠶ᠎ᠡ ᠶᠢᠨ ᠶᠣᠰᠣᠭᠠᠷ ᠠᠵᠢᠯ ᠡᠷᠬᠢᠯᠡᠬᠦ ᠬᠡᠷᠡᠭᠲᠡᠢ᠃            ᠰᠢᠶᠠᠩ᠂ ᠦᠨᠳᠦᠰᠦᠲᠡᠨ ᠤ ᠰᠢᠶᠠᠩ᠂ ᠪᠠᠯᠭᠠᠰᠤ ᠪᠠ ᠭᠠᠴᠠᠭᠠᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠵᠢᠴᠢ ᠬᠠᠲᠠᠭᠤ ᠪᠡᠷᠬᠡᠰᠢᠶᠡᠯ ᠲᠠᠢ ᠵᠠᠬ᠎ᠠ ᠬᠢᠵᠠᠭᠠᠷ ᠣᠷᠣᠨ ᠤ ᠰᠢᠶᠠᠨ ᠤ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠠᠵᠢᠯ ᠡᠷᠬᠢᠯᠡᠵᠦ ᠪᠠᠶᠢᠭ᠎ᠠ ᠠᠵᠢᠯ ᠡᠷᠬᠢᠯᠡᠬᠦ ᠲᠤᠰᠠᠯᠠᠬᠤ ᠡᠮᠴᠢ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠳᠠᠯ ᠪᠠ ᠲᠤᠰ ᠬᠥᠮᠥᠨ ᠤ ᠦᠢᠯᠡᠳᠦᠯᠭᠡ ᠶᠢᠨ ᠲᠤᠷᠰᠢᠯᠭ᠎ᠠ ᠶᠢ ᠦᠨᠳᠦᠰᠦᠯᠡᠨ᠂ ᠡ᠊ᠩ ᠤᠨ ᠠᠵᠢᠯ ᠡᠷᠬᠢᠯᠡᠬᠦ ᠠᠵᠢᠯᠯᠠᠭ᠎ᠠ ᠶᠢ ᠪᠡᠶ᠎ᠡ ᠪᠠᠨ ᠳᠠᠭᠠᠭᠠᠵᠤ ᠬᠢᠵᠦ ᠪᠣᠯᠣᠨ᠎ᠠ            ᠭᠤᠴᠢᠨ ᠲᠠᠪᠤᠳᠤᠭᠠᠷ ᠵᠦᠢᠯ ᠡᠮᠴᠢᠯᠡᠭᠡᠨ ᠤ ᠵᠢᠭᠠᠨ ᠰᠤᠷᠭᠠᠯᠲᠠ ᠶᠢᠨ ᠦᠢᠯᠡᠳᠦᠯᠭᠡ ᠳᠤ ᠣᠷᠣᠯᠴᠠᠭᠰᠠᠨ ᠠᠨᠠᠭᠠᠬᠤ ᠤᠬᠠᠭᠠᠨ ᠤ ᠰᠤᠷᠤᠭᠴᠢ ᠪᠠ ᠡᠮᠴᠢ ᠶᠢᠨ ᠠᠵᠢᠯ ᠡᠷᠬᠢᠯᠡᠬᠦ ᠦᠨᠡᠮᠯᠡᠯ ᠬᠠᠷᠠᠬᠠᠨ ᠣᠯᠣᠭᠠᠳᠤᠢ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠠᠨᠠᠭᠠᠬᠤ ᠤᠬᠠᠭᠠᠨ ᠤ ᠲᠤᠰᠬᠠᠢ ᠮᠡᠷᠭᠡᠵᠢᠯ ᠤᠨ ᠠᠵᠢᠯ ᠤᠨ ᠦᠢᠯᠡᠳᠦᠯᠭᠡ ᠳᠤ ᠣᠷᠣᠯᠴᠠᠭᠰᠠᠨ ᠠᠨᠠᠭᠠᠬᠤ ᠤᠬᠠᠭᠠᠨ ᠤ ᠰᠤᠷᠭᠠᠭᠤᠯᠢ ᠲᠡᠭᠦᠰᠦᠭᠰᠡᠨ ᠰᠤᠷᠤᠭᠴᠢ ᠠᠵᠢᠯ ᠡᠷᠬᠢᠯᠡᠬᠦ ᠡᠮᠴᠢ ᠶᠢᠨ ᠬᠢᠨᠠᠯᠲᠠ᠂ ᠵᠢᠯᠣᠭᠤᠳᠤᠯᠭ᠎ᠠ ᠶᠢᠨ ᠳᠣᠣᠷ᠎ᠠ ᠡᠮᠴᠢᠯᠡᠭᠡᠨ ᠤ ᠣᠨᠣᠰᠢᠯᠠᠨ ᠡᠮᠨᠡᠬᠦ ᠠᠵᠢᠯᠯᠠᠭ᠎ᠠ ᠳᠤ ᠣᠷᠣᠯᠴᠠᠬᠤ ᠬᠡᠷᠡᠭᠲᠡᠢ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠬᠤᠯᠪᠣᠭᠳᠠᠯ ᠪᠦᠬᠦᠢ ᠠᠨᠠᠭᠠᠬᠤ ᠤᠬᠠᠭᠠᠨ ᠤ ᠰᠤᠷᠤᠭᠴᠢ᠂ ᠠᠨᠠᠭᠠᠬᠤ ᠤᠬᠠᠭᠠᠨ ᠤ ᠲᠡᠭᠦᠰᠬᠦ ᠰᠤᠷᠤᠭᠴᠢᠳ ᠤᠨ ᠡᠮᠴᠢᠯᠡᠭᠡᠨ ᠤ ᠣᠨᠣᠰᠢᠯᠠᠨ ᠡᠮᠨᠡᠬᠦ ᠠᠵᠢᠯᠯᠠᠭ᠎ᠠ ᠳᠤ ᠣᠷᠣᠯᠴᠠᠬᠤ ᠳᠤ ᠴᠢᠬᠤᠯᠠ ᠪᠦᠬᠦᠢ ᠨᠥᠬᠦᠴᠡᠯ ᠬᠠᠩᠭᠠᠬᠤ ᠬᠡᠷᠡᠭᠲᠡᠢ᠃            ᠭᠤᠴᠢᠨ ᠵᠢᠷᠭᠤᠳᠤᠭᠠᠷ ᠵᠦᠢᠯ ᠬᠤᠯᠪᠣᠭᠳᠠᠯ ᠪᠦᠬᠦᠢ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠡᠮᠨᠡᠯᠭᠡ ᠶᠢᠨ ᠳᠡᠭᠡᠳᠦ ᠰᠤᠷᠭᠠᠭᠤᠯᠢ ᠨᠤᠭᠤᠳ ᠡᠮᠴᠢ ᠶᠢᠨ ᠮᠣᠷᠠᠯ ᠰᠤᠷᠲᠠᠯ ᠤᠨ ᠲᠤᠬᠠᠢ ᠬᠥᠮᠦᠵᠢᠯ ᠢ ᠴᠢᠩᠭᠠᠳᠬᠠᠬᠤ ᠬᠡᠷᠡᠭᠲᠡᠢ᠃            ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ ᠡᠮᠴᠢ ᠶᠢᠨ ᠠᠵᠢᠯ ᠤᠨ ᠪᠠᠶᠢᠷᠢ ᠶᠢᠨ ᠬᠠᠷᠢᠭᠤᠴᠠᠯᠭ᠎ᠠ᠂ ᠳᠣᠲᠣᠭᠠᠳᠤ ᠶᠢᠨ ᠬᠢᠨᠠᠯᠲᠠ᠂ ᠵᠠᠭᠠᠯᠳᠤᠯᠭ᠎ᠠ ᠶᠢ ᠰᠢᠢᠳᠪᠦᠷᠢᠯᠡᠬᠦ ᠵᠡᠷᠭᠡ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠡᠮᠴᠢ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃            ᠳᠥᠷᠪᠡᠳᠦᠭᠡᠷ ᠪᠦᠯᠦᠭ ᠪᠣᠯᠪᠠᠰᠤᠷᠠᠭᠤᠯᠬᠤ ᠪᠠ ᠬᠢᠨᠠᠨ ᠰᠢᠯᠭᠠᠬᠤ            ᠭᠤᠴᠢᠨ ᠳᠣᠯᠣᠳᠤᠭᠠᠷ ᠵᠦᠢᠯ ᠤᠯᠤᠰ ᠠᠴᠠ ᠡᠮᠴᠢ ᠬᠥᠮᠥᠵᠢᠭᠦᠯᠬᠦ ᠲᠥᠯᠦᠪᠵᠢᠭᠦᠯᠭᠡ ᠶᠢ ᠲᠣᠭᠲᠠᠭᠠᠵᠤ᠂ ᠠᠵᠢᠯ ᠲᠦᠷᠦᠯ ᠤᠨ ᠣᠨᠴᠠᠯᠢᠭ ᠪᠠ ᠨᠡᠶᠢᠭᠡᠮ ᠤᠨ ᠬᠡᠷᠡᠭᠴᠡᠭᠡ ᠳᠤ ᠵᠣᠬᠢᠴᠠᠭᠰᠠᠨ ᠡᠮᠴᠢ ᠬᠥᠮᠥᠵᠢᠭᠦᠯᠬᠦ ᠪᠠ ᠬᠠᠩᠭᠠᠯᠭ᠎ᠠ ᠬᠡᠷᠡᠭᠴᠡᠭᠡ ᠶᠢ ᠲᠡᠩᠴᠡᠭᠦᠯᠬᠦ ᠲᠣᠭᠲᠠᠴᠠ ᠶᠢ ᠪᠠᠶᠢᠭᠤᠯᠵᠤ᠂ ᠠᠨᠠᠭᠠᠬᠤ ᠤᠬᠠᠭᠠᠨ ᠤ ᠡᠯ᠎ᠡ ᠲᠦᠷᠦᠯ ᠤᠨ ᠴᠢᠳᠠᠪᠤᠷᠢᠲᠠᠨ ᠤ ᠬᠡᠷᠡᠭᠴᠡᠭᠡ ᠶᠢ ᠨᠢᠭᠡᠳᠦᠯᠲᠡᠢ ᠲᠥᠯᠥᠪᠯᠡᠵᠦ᠂ ᠶᠡᠷᠦᠩᠬᠡᠢ ᠰᠠᠯᠠᠭ᠎ᠠ᠂ ᠬᠡᠦᠬᠡᠳ ᠤᠨ ᠰᠠᠯᠠᠭ᠎ᠠ᠂ ᠮᠡᠳᠡᠷᠡᠯ ᠤᠨ ᠰᠠᠯᠠᠭ᠎ᠠ᠂ ᠨᠠᠰᠤᠲᠠᠶᠢᠴᠤᠳ ᠤᠨ ᠠᠨᠠᠭᠠᠬᠤ ᠤᠬᠠᠭᠠᠨ ᠵᠡᠷᠭᠡ ᠪᠠᠴᠢᠮ ᠳᠤᠲᠠᠭᠳᠠᠵᠤ ᠪᠠᠶᠢᠭ᠎ᠠ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠠᠵᠢᠯ ᠢ ᠴᠢᠩᠭᠠᠳᠬᠠᠨ᠎ᠠ᠃            ᠤᠯᠤᠰ ᠠᠴᠠ ᠠᠷᠭ᠎ᠠ ᠬᠡᠮᠵᠢᠶ᠎ᠡ ᠠᠪᠴᠤ ᠪᠠᠶᠢᠭᠠᠳ ᠠᠨᠠᠭᠠᠬᠤ ᠤᠬᠠᠭᠠᠨ ᠪᠠ ᠰᠤᠷᠭᠠᠨ ᠬᠥᠮᠦᠵᠢᠯ ᠤᠨ ᠬᠠᠮᠵᠢᠯᠴᠠᠭ᠎ᠠ ᠶᠢ ᠴᠢᠩᠭᠠᠳᠬᠠᠵᠤ᠂ ᠠᠨᠠᠭᠠᠬᠤ ᠤᠬᠠᠭᠠᠨ ᠤ ᠶᠡᠭᠡ ᠰᠤᠷᠭᠠᠭᠤᠯᠢ ᠳᠡᠭᠡᠳᠦ ᠰᠤᠷᠭᠠᠭᠤᠯᠢ ᠶᠢᠨ ᠰᠤᠷᠭᠠᠨ ᠬᠥᠮᠦᠵᠢᠯ᠂ ᠲᠡᠭᠦᠰᠦᠭᠰᠡᠨ ᠤ ᠳᠠᠷᠠᠭᠠᠬᠢ ᠰᠤᠷᠭᠠᠨ ᠬᠥᠮᠦᠵᠢᠯ ᠪᠠ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃            ᠤᠯᠤᠰ ᠠᠴᠠ ᠤᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ᠂ ᠶᠡᠷᠦᠩᠬᠡᠢ ᠰᠠᠯᠠᠭᠠᠨ ᠤ ᠡᠮᠴᠢ ᠪᠠᠷ ᠭᠤᠣᠯᠳᠠᠯᠭ᠎ᠠ ᠪᠣᠯᠭᠠᠭᠰᠠᠨ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠢ ᠬᠥᠮᠥᠵᠢᠭᠦᠯᠬᠦ ᠪᠠ ᠲᠣᠬᠢᠷᠠᠭᠤᠯᠬᠤ ᠠᠵᠢᠯ ᠢ ᠴᠢᠩᠭᠠᠳᠬᠠᠨ᠎ᠠ᠃            ᠤᠯᠤᠰ ᠠᠴᠠ ᠠᠷᠭ᠎ᠠ ᠬᠡᠮᠵᠢᠶ᠎ᠡ ᠠᠪᠴᠤ ᠪᠠᠶᠢᠭᠠᠳ ᠬᠢᠲᠠᠳ ᠡᠮᠨᠡᠯᠭᠡ ᠡᠸᠦ᠋ᠷᠦᠫᠡ ᠡᠮᠨᠡᠯᠭᠡ ᠶᠢᠨ ᠬᠠᠷᠢᠯᠴᠠᠨ ᠰᠤᠷᠤᠯᠴᠠᠬᠤ ᠰᠤᠷᠭᠠᠨ ᠬᠥᠮᠦᠵᠢᠯ ᠤᠨ ᠳᠦᠷᠢᠮ ᠢ ᠲᠡᠭᠦᠯᠳᠡᠷᠵᠢᠭᠦᠯᠵᠦ᠂ ᠬᠢᠲᠠᠳ ᠡᠸᠦ᠋ᠷᠦᠫᠡ ᠡᠮᠨᠡᠯᠭᠡ ᠶᠢ ᠤᠶᠠᠯᠳᠤᠭᠤᠯᠤᠭᠰᠠᠨ ᠳᠡᠭᠡᠳᠦ ᠲᠡᠰ ᠳᠠᠪᠬᠤᠷᠭ᠎ᠠ ᠶᠢᠨ ᠴᠢᠳᠠᠪᠤᠷᠢᠲᠠᠨ ᠪᠠ ᠬᠢᠲᠠᠳ ᠡᠸᠦ᠋ᠷᠦᠫᠡ ᠡᠮᠨᠡᠯᠭᠡ ᠶᠢ ᠤᠶᠠᠯᠳᠤᠭᠤᠯᠤᠭᠰᠠᠨ ᠦᠢᠯᠡᠴᠢᠯᠡᠭᠡ ᠬᠠᠩᠭᠠᠵᠤ ᠴᠢᠳᠠᠬᠤ ᠶᠡᠷᠦᠩᠬᠡᠢ ᠰᠠᠯᠠᠭᠠᠨ ᠤ ᠡᠮᠴᠢ ᠶᠢ ᠬᠥᠮᠥᠵᠢᠭᠦᠯᠦᠨ᠎ᠡ᠃            ᠭᠤᠴᠢᠨ ᠨᠠᠢᠮᠠᠳᠤᠭᠠᠷ ᠵᠦᠢᠯ ᠤᠯᠤᠰ ᠠᠴᠠ ᠡᠮᠨᠡᠯᠭᠡ ᠳᠤ ᠰᠠᠭᠤᠬᠤ ᠶᠡᠭᠡ ᠡᠮᠴᠢ ᠶᠢᠨ ᠵᠢᠷᠤᠮᠵᠢᠭᠰᠠᠨ ᠰᠤᠷᠭᠠᠯᠲᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠡᠮᠴᠢᠯᠡᠭᠡᠨ ᠤ ᠳᠠᠭᠠᠭᠤᠯᠤᠨ ᠰᠤᠷᠭᠠᠬᠤ ᠶᠢ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠡᠮᠨᠡᠯᠭᠡ ᠳᠤ ᠰᠠᠭᠤᠬᠤ ᠶᠡᠭᠡ ᠡᠮᠴᠢ ᠶᠢᠨ ᠰᠤᠷᠭᠠᠯᠲᠠ ᠶᠢᠨ ᠬᠤᠭᠤᠴᠠᠭᠠᠨ ᠳᠠᠬᠢ ᠬᠠᠷᠠᠭᠠᠯᠵᠠᠯ ᠢ ᠪᠠᠲᠤᠯᠠᠵᠤ᠂ ᠰᠤᠷᠭᠠᠯᠲᠠ ᠶᠢᠨ ᠶᠠᠪᠤᠴᠠ ᠶᠢᠨ ᠬᠠᠮᠢᠶᠠᠷᠤᠯᠲᠠ ᠪᠠ ᠰᠤᠷᠤᠯᠭ᠎ᠠ ᠲᠡᠭᠦᠰᠬᠡᠭᠰᠡᠨ ᠤ ᠬᠢᠨᠠᠨ ᠰᠢᠯᠭᠠᠯᠲᠠ ᠶᠢ ᠴᠢᠩᠳᠠᠯᠠᠨ᠎ᠠ᠃            ᠤᠯᠤᠰ ᠠᠴᠠ ᠲᠤᠰᠬᠠᠢ ᠰᠠᠯᠠᠭ᠎ᠠ ᠶᠢᠨ ᠡᠮᠴᠢ ᠶᠢ ᠵᠢᠷᠤᠮᠵᠢᠭᠤᠯᠤᠨ ᠪᠣᠯᠪᠠᠰᠤᠷᠠᠭᠤᠯᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠡᠮᠴᠢᠯᠡᠭᠡᠨ ᠤ ᠡᠮᠴᠢ ᠶᠢᠨ ᠲᠤᠰᠬᠠᠢ ᠰᠠᠯᠠᠭ᠎ᠠ ᠶᠢᠨ ᠣᠨᠣᠰᠢᠯᠠᠨ ᠡᠮᠨᠡᠬᠦ ᠬᠢᠷᠢ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃            ᠭᠤᠴᠢ ᠶᠢᠰᠦᠳᠦᠭᠡᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠡᠳᠦ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠪᠣᠯᠣᠨ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠮᠴᠢ ᠶᠢ ᠪᠣᠯᠪᠠᠰᠤᠷᠠᠭᠤᠯᠬᠤ ᠲᠥᠯᠥᠪᠯᠡᠭᠡ ᠲᠣᠭᠲᠠᠭᠠᠵᠤ᠂ ᠤᠯᠡᠠ ᠵᠦᠢᠯ ᠤᠨ ᠬᠡᠯᠪᠡᠷᠢ ᠪᠠᠷ ᠡᠮᠴᠢ ᠶᠢ ᠱᠠᠲᠤ ᠲᠥᠷᠥᠯ ᠬᠤᠪᠢᠶᠠᠨ ᠪᠣᠯᠪᠠᠰᠤᠷᠠᠭᠤᠯᠵᠤ᠂ ᠡᠮᠴᠢ ᠶᠢᠨ ᠠᠨᠠᠭᠠᠬᠤ ᠤᠬᠠᠭᠠᠨ ᠤ ᠦᠷᠭᠦᠯᠵᠢᠯᠡᠭᠰᠡᠨ ᠰᠤᠷᠭᠠᠨ ᠬᠥᠮᠦᠵᠢᠯ ᠬᠦᠷᠳᠡᠬᠦ ᠳᠤ ᠨᠥᠬᠦᠴᠡᠯ ᠬᠠᠩᠭᠠᠬᠤ ᠬᠡᠷᠡᠭᠲᠡᠢ᠃            ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠦᠨᠳᠦᠰᠦᠨ ᠱᠠᠲᠤ᠂ ᠬᠥᠭᠵᠢᠭᠡᠳᠦᠢ ᠭᠠᠵᠠᠷ ᠣᠷᠣᠨ ᠪᠠ ᠦᠨᠳᠦᠰᠦᠲᠡᠨ ᠤ ᠭᠠᠵᠠᠷ ᠣᠷᠣᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯᠲᠠᠨ ᠤ ᠠᠨᠠᠭᠠᠬᠤ ᠤᠬᠠᠭᠠᠨ ᠤ ᠦᠷᠭᠦᠯᠵᠢᠯᠡᠭᠰᠡᠨ ᠰᠤᠷᠭᠠᠨ ᠬᠥᠮᠦᠵᠢᠯ ᠬᠥᠷᠳᠡᠬᠦ ᠶᠢ ᠡᠩ ᠲᠡᠷᠢᠭᠦᠨ ᠳᠤ ᠪᠠᠲᠤᠯᠠᠬᠤ ᠬᠡᠷᠡᠭᠲᠡᠢ᠃            ᠳᠥᠴᠢᠳᠦᠭᠡᠷ ᠵᠦᠢᠯ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ ᠬᠥᠮᠥᠨ ᠤ ᠬᠦᠴᠦᠨ ᠤ ᠡᠬᠢ ᠪᠠᠶᠠᠯᠢᠭ ᠢ ᠵᠦᠢ ᠵᠣᠬᠢᠰᠲᠠᠢ ᠪᠠᠷ ᠲᠣᠬᠢᠷᠠᠭᠤᠯᠵᠤ᠂ ᠲᠤᠰ ᠪᠠᠶᠢᠭᠤᠯᠤᠮᠵᠢ ᠶᠢᠨ ᠢᠶᠠᠨ ᠡᠮᠴᠢ ᠶᠢᠨ ᠠᠨᠠᠭᠠᠬᠤ ᠤᠬᠠᠭᠠᠨ ᠤ ᠦᠷᠭᠦᠯᠵᠢᠯᠡᠭᠰᠡᠨ ᠰᠤᠷᠭᠠᠨ ᠬᠥᠮᠦᠵᠢᠯ ᠬᠦᠷᠳᠡᠬᠦ ᠶᠢ ᠲᠣᠭᠲᠠᠭᠠᠯ ᠪᠠ ᠲᠥᠯᠥᠪᠯᠡᠭᠡ ᠶᠣᠰᠣᠭᠠᠷ ᠪᠠᠲᠤᠯᠠᠬᠤ ᠬᠡᠷᠡᠭᠲᠡᠢ᠃            ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠨᠢ ᠰᠢᠶᠠᠨ ᠤ ᠱᠠᠲᠤᠨ ᠠᠴᠠ ᠳᠡᠭᠡᠭᠰᠢᠬᠢ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠲᠥᠯᠥᠪᠯᠡᠭᠡ ᠲᠠᠢ ᠪᠠᠷ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠵᠡᠷᠭᠡ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠠᠬᠢ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯᠲᠠᠨ ᠳᠤ ᠪᠣᠯᠪᠠᠰᠤᠷᠠᠭᠤᠯᠤᠯ ᠥᠷᠨᠢᠭᠦᠯᠵᠦ᠂ ᠠᠨᠠᠭᠠᠬᠤ ᠤᠬᠠᠭᠠᠨ ᠤ ᠲᠤᠰᠬᠠᠢ ᠮᠡᠷᠭᠡᠵᠢᠯ ᠤᠨ ᠴᠢᠳᠠᠪᠤᠷᠢ ᠪᠠ ᠬᠢᠷᠢ ᠬᠡᠮᠵᠢᠶ᠎ᠡ ᠶᠢ ᠨᠢ ᠳᠡᠭᠡᠭᠰᠢᠯᠡᠭᠦᠯᠬᠦ ᠬᠡᠷᠡᠭᠲᠡᠢ᠃            ᠬᠤᠯᠪᠣᠭᠳᠠᠯ ᠪᠦᠬᠦᠢ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠨᠢ ᠡᠮᠴᠢ ᠶᠢᠨ ᠠᠨᠠᠭᠠᠬᠤ ᠤᠬᠠᠭᠠᠨ ᠤ ᠦᠷᠭᠦᠯᠵᠢᠯᠡᠭᠰᠡᠨ ᠰᠤᠷᠭᠠᠨ ᠬᠥᠮᠦᠵᠢᠯ ᠬᠦᠷᠳᠡᠬᠦ ᠳᠤ ᠦᠢᠯᠡᠴᠢᠯᠡᠭᠡ ᠬᠠᠩᠭᠠᠬᠤ ᠪᠠ ᠨᠥᠬᠦᠴᠡᠯ ᠪᠦᠷᠢᠯᠳᠦᠭᠦᠯᠦᠨ ᠥᠭᠴᠦ᠂ ᠠᠨᠠᠭᠠᠬᠤ ᠤᠬᠠᠭᠠᠨ ᠤ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠵᠣᠬᠢᠶᠠᠨ ᠪᠠᠶᠢᠭᠤᠯᠤᠯᠲᠠ ᠪᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃            ᠳᠥᠴᠢᠨ ᠨᠢᠭᠡᠳᠦᠭᠡᠷ ᠵᠦᠢᠯ ᠤᠯᠤᠰ ᠠᠴᠠ ᠵᠢᠯ ᠪᠦᠷᠢ ᠶᠢᠨ ᠠᠨᠠᠭᠠᠬᠤ ᠤᠬᠠᠭᠠᠨ ᠤ ᠲᠤᠰᠬᠠᠢ ᠮᠡᠷᠭᠡᠵᠢᠯ ᠤᠨ ᠰᠤᠷᠤᠭᠴᠢ ᠡᠯᠰᠡᠬᠦ ᠲᠥᠯᠥᠪᠯᠡᠭᠡ ᠪᠠ ᠬᠥᠮᠦᠵᠢᠯ ᠪᠣᠯᠪᠠᠰᠤᠷᠠᠯ ᠤᠨ ᠲᠥᠯᠥᠪᠯᠡᠭᠡ ᠳᠤ ᠵᠣᠬᠢᠬᠤ ᠬᠠᠷᠢᠴᠠᠯ ᠢ ᠬᠢᠨᠠᠨ ᠲᠣᠭᠲᠠᠭᠠᠵᠤ᠂ ᠬᠠᠨᠳᠤᠯᠭ᠎ᠠ ᠲᠠᠢ ᠪᠠᠷ ᠬᠥᠮᠥᠵᠢᠭᠦᠯᠬᠦ᠂ ᠨᠠᠶᠢᠳᠠᠨ ᠪᠣᠯᠪᠠᠰᠤᠷᠠᠭᠤᠯᠬᠤ ᠳᠤ ᠬᠡᠷᠡᠭᠯᠡᠵᠦ᠂ ᠦᠨᠳᠦᠰᠦᠨ ᠱᠠᠲᠤᠨ ᠤ ᠪᠠ ᠪᠡᠷᠬᠡ ᠬᠠᠲᠠᠭᠤᠵᠢᠯᠲᠠᠢ ᠵᠠᠬ᠎ᠠ ᠬᠢᠵᠠᠭᠠᠷ ᠣᠷᠣᠨ ᠤ ᠶᠡᠭᠡ ᠡᠮᠴᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃            ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠬᠠᠨᠳᠤᠯᠭ᠎ᠠ ᠲᠠᠢ ᠪᠠᠷ ᠬᠥᠮᠥᠵᠢᠭᠦᠯᠬᠦ᠂ ᠨᠠᠶᠢᠳᠠᠨ ᠪᠣᠯᠪᠠᠰᠤᠷᠠᠭᠤᠯᠬᠤ ᠶᠢ ᠬᠦᠯᠢᠶᠡᠨ ᠠᠪᠤᠭᠰᠠᠨ ᠬᠥᠮᠥᠰ ᠲᠠᠢ ᠬᠡᠯᠡᠯᠴᠡᠭᠡᠷ ᠲᠣᠭᠲᠠᠵᠤ᠂ ᠬᠤᠯᠪᠣᠭᠳᠠᠯ ᠪᠦᠬᠦᠢ ᠬᠠᠷᠠᠭᠠᠯᠵᠠᠯ᠂ ᠦᠢᠯᠡᠴᠢᠯᠡᠭᠡᠨ ᠤ ᠵᠢᠯ ᠬᠤᠭᠤᠴᠠᠭ᠎ᠠ᠂ ᠪᠣᠯᠵᠤᠭ᠎ᠠ ᠵᠥᠷᠢᠴᠡᠭᠰᠡᠨ ᠬᠠᠷᠢᠭᠤᠴᠠᠯᠭ᠎ᠠ ᠵᠡᠷᠭᠡ ᠵᠦᠢᠯᠡᠰ ᠢ ᠪᠣᠯᠵᠣᠨ ᠲᠣᠭᠲᠠᠵᠤ᠂ ᠬᠤᠯᠪᠣᠭᠳᠠᠯ ᠪᠦᠬᠦᠢ ᠬᠥᠮᠥᠰ ᠬᠡᠯᠡᠯᠴᠡᠭᠡᠷ ᠲᠤ ᠪᠣᠯᠵᠣᠨ ᠲᠣᠭᠲᠠᠭᠰᠠᠨ ᠡᠭᠦᠷᠭᠡ ᠪᠠᠨ ᠭᠦᠢᠴᠡᠳᠬᠡᠬᠦ ᠬᠡᠷᠡᠭᠲᠡᠢ᠃ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠷᠭ᠎ᠠ ᠬᠡᠮᠵᠢᠶ᠎ᠡ ᠠᠪᠴᠤ ᠪᠠᠶᠢᠭᠠᠳ ᠭᠡᠷ᠎ᠡ ᠶᠢ ᠭᠦᠢᠴᠡᠳᠬᠡᠬᠦ ᠬᠠᠮᠢᠶᠠᠷᠤᠯᠲᠠ ᠪᠠᠨ ᠴᠢᠩᠭᠠᠳᠬᠠᠬᠤ‌‍ᠬᠡᠯᠡᠯᠴᠡᠭᠡᠷ ᠤᠨ ᠡᠯ᠎ᠡ ᠲᠠᠯ᠎ᠠ ᠨᠢ ᠪᠣᠯᠵᠤᠭ᠎ᠠ ᠶᠢ ᠵᠥᠷᠢᠴᠡᠭᠰᠡᠨ ᠪᠠᠶᠢᠪᠠᠯ᠂ ᠪᠣᠯᠵᠤᠭ᠎ᠠ ᠶᠢ ᠵᠥᠷᠢᠴᠡᠭᠰᠡᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃            ᠳᠥᠴᠢᠨ ᠬᠤᠶᠠᠳᠤᠭᠠᠷ ᠵᠦᠢᠯ ᠤᠯᠤᠰ ᠠᠴᠠ ᠡᠮᠴᠢ ᠶᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠰᠢᠯᠭᠠᠬᠤ ᠳᠦᠷᠢᠮ ᠢ ᠬᠡᠷᠡᠭᠵᠢᠭᠦᠯᠦᠨ᠎ᠡ᠃            ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠡᠳᠦ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠪᠤᠶᠤ ᠲᠡᠭᠦᠨ ᠤ ᠨᠠᠶᠢᠳᠠᠭᠰᠠᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠨᠤᠭᠤᠳ ᠡᠮᠴᠢ ᠶᠢᠨ ᠠᠵᠢᠯ ᠡᠷᠬᠢᠯᠡᠬᠦ ᠪᠠᠷᠢᠮᠵᠢᠶ᠎ᠠ ᠶᠣᠰᠣᠭᠠᠷ ᠡᠮᠴᠢ ᠶᠢᠨ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ᠂ ᠠᠵᠢᠯ ᠤᠨ ᠠᠮᠵᠢᠯᠲᠠ ᠪᠦᠲᠦᠮᠵᠢ ᠪᠠ ᠠᠵᠢᠯ ᠮᠡᠷᠭᠡᠵᠢᠯ ᠤᠨ ᠶᠣᠰᠣ ᠮᠣᠷᠠᠯ ᠤᠨ ᠪᠠᠶᠢᠳᠠᠯ ᠢ ᠬᠢᠨᠠᠨ ᠰᠢᠯᠭᠠᠬᠤ ᠬᠡᠷᠡᠭᠲᠡᠢ᠂ ᠬᠢᠨᠠᠨ ᠰᠢᠯᠭᠠᠬᠤ ᠦᠶᠡᠯᠡᠯ ᠨᠢ ᠭᠤᠷᠪᠠᠨ ᠵᠢᠯ ᠪᠣᠯᠣᠨ᠎ᠠ᠃ ᠨᠡᠯᠢᠶᠡᠳ ᠤᠷᠳᠦ ᠬᠤᠭᠤᠴᠠᠭ᠎ᠠ ᠪᠠᠷ ᠠᠵᠢᠯ ᠡᠷᠬᠢᠯᠡᠭᠰᠡᠠ ᠥᠩᠭᠡᠷᠡᠯᠲᠡ ᠲᠠᠢ᠂ ᠮᠠᠭᠤ ᠤᠢᠢᠯᠠ ᠠᠵᠢᠯᠯᠠᠭ᠎ᠠ ᠶᠢᠨ ᠲᠡᠮᠳᠡᠭᠯᠡᠯ ᠦᠭᠡᠢ ᠡᠮᠴᠢ ᠶᠢ ᠬᠢᠨᠠᠨ ᠰᠢᠯᠭᠠᠬᠤ ᠵᠢᠷᠤᠮ ᠢ ᠳᠥᠭᠦᠮᠴᠢᠯᠡᠵᠦ ᠪᠣᠯᠣᠨ᠎ᠠ᠃            ᠨᠠᠶᠢᠳᠠᠯᠭ᠎ᠠ ᠬᠦᠯᠢᠶᠡᠭᠰᠡᠨ ᠪᠠᠶᠢᠭᠤᠯᠤᠮᠵᠢ ᠪᠤᠶᠤ ᠵᠣᠬᠢᠶᠠᠨ ᠪᠠᠶᠢᠭᠤᠯᠤᠯᠲᠠ ᠨᠢ ᠡᠮᠴᠢ ᠶᠢ ᠬᠢᠨᠠᠨ ᠰᠢᠯᠭᠠᠭᠰᠠᠨ ᠦᠷ᠎ᠡ ᠳ᠋ᠦᠩ ᠢ ᠪᠦᠷᠢᠳᠬᠡᠭᠦᠯᠬᠦ ᠶᠢ ᠨᠢ ᠵᠥᠪᠰᠢᠶᠡᠷᠡᠭᠰᠡᠨ ᠡᠷᠡᠭᠦᠯ ᠬᠠᠮᠠᠭᠠᠯᠠᠯ ᠡᠷᠡᠭᠦᠯ ᠮᠡᠡᠳᠦ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠪᠦᠷᠢᠳᠬᠡᠭᠦᠯᠬᠦ ᠬᠡᠷᠡᠭᠲᠡᠢ᠃            ᠬᠢᠨᠠᠨ ᠰᠢᠯᠭᠠᠭᠠᠳ ᠬᠢᠷᠢ ᠲᠡᠩᠴᠡᠭᠰᠡᠨ ᠦᠭᠡᠢ ᠡᠮᠴᠢ ᠶᠢ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠡᠳᠦ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠠᠵᠢᠯ ᠡᠷᠬᠢᠯᠡᠬᠦ ᠠᠵᠢᠯᠯᠠᠭ᠎ᠠ ᠶᠢ ᠨᠢ ᠭᠤᠷᠪᠠ ᠠᠴᠠ ᠵᠢᠷᠭᠤᠭᠠᠨ ᠰᠠᠷ᠎ᠠ ᠲᠦᠷ ᠵᠣᠭᠰᠤᠭᠠᠬᠤ ᠶᠢᠨ ᠬᠠᠮᠲᠤ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ ᠪᠣᠯᠪᠠᠰᠤᠷᠠᠯ ᠬᠦᠷᠲᠡᠭᠡᠬᠦ ᠬᠡᠷᠡᠭᠲᠡᠢ᠃ ᠠᠵᠢᠯ ᠡᠷᠬᠢᠯᠡᠬᠦ ᠠᠵᠢᠯᠯᠠᠭ᠎ᠠ ᠶᠢ ᠨᠢ ᠲᠦᠷ ᠵᠣᠭᠰᠤᠭᠠᠬᠤ ᠬᠤᠭᠤᠴᠠᠭ᠎ᠠ ᠨᠢ ᠳᠦᠭᠦᠷᠦᠭᠰᠡᠨ ᠤ ᠲᠡᠷᠠᠭ᠎ᠠ ᠲᠡᠬᠢᠵᠦ ᠬᠢᠨᠠᠨ ᠰᠢᠯᠭᠠᠨ᠎ᠠ᠂ ᠬᠢᠨᠠᠨ ᠰᠢᠯᠭᠠᠭᠠᠳ ᠬᠢᠷᠢ ᠲᠡᠩᠴᠡᠭᠰᠡᠨ ᠪᠠᠶᠢᠪᠠᠯ ᠦᠷᠭᠦᠯᠵᠢᠯᠡᠨ ᠠᠵᠢᠯ ᠡᠷᠬᠢᠯᠡᠬᠦ ᠶᠢ ᠨᠢ ᠵᠥᠪᠰᠢᠶᠡᠷᠡᠨ᠎ᠡ᠃            ᠳᠥᠴᠢᠨ ᠭᠤᠷᠪᠠᠳᠤᠭᠠᠷ ᠵᠦᠢᠯ ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠡᠮᠴᠢ ᠶᠢ ᠬᠢᠨᠠᠨ ᠰᠢᠯᠭᠠᠬᠤ ᠠᠵᠢᠯ ᠢ ᠵᠢᠯᠤᠭᠤᠳᠬᠤ᠂ ᠪᠠᠶᠢᠴᠠᠭᠠᠬᠤ ᠪᠠ ᠬᠢᠨᠠᠬᠤ ᠠᠵᠢᠯ ᠢ ᠬᠠᠷᠢᠭᠤᠴᠠᠨ᠎ᠠ᠃            ᠲᠠᠪᠤᠳᠤᠭᠠᠷ ᠪᠦᠯᠦᠭ ᠪᠠᠲᠤᠯᠠᠭ᠎ᠠ ᠶᠢᠨ ᠠᠷᠭ᠎ᠠ ᠬᠡᠮᠵᠢᠶ᠎ᠡ            ᠳᠥᠴᠢᠨ ᠳᠥᠷᠪᠡᠳᠦᠭᠡᠷ ᠵᠦᠢᠯ ᠤᠯᠤᠰ ᠠᠴᠠ ᠡᠮᠴᠢ ᠶᠢᠨ ᠠᠵᠢᠯ ᠮᠡᠷᠭᠡᠵᠢᠯ ᠤᠨ ᠣᠨᠴᠠᠯᠢᠭ ᠪᠠ ᠮᠡᠷᠭᠡᠵᠢᠯ ᠤᠨ ᠬᠥᠳᠡᠯᠮᠦᠷᠢ ᠶᠢᠨ ᠦᠨ᠎ᠡ ᠥᠷᠲᠡᠭ ᠢ ᠬᠠᠷᠠᠭᠤᠯᠤᠭᠰᠠᠨ ᠠᠵᠢᠯᠲᠠᠨ ᠤ ᠶᠠᠪᠤᠳᠠᠯ᠂ ᠴᠠᠯᠢᠩ ᠬᠥᠯᠥᠰᠦ᠂ ᠮᠡᠷᠭᠡᠵᠢᠯ ᠤᠨ ᠴᠣᠯᠠ᠂ ᠱᠠᠩᠨᠠᠨ ᠬᠥᠬᠢᠭᠦᠯᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃            ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ᠂ ᠰᠠᠴᠤᠷᠠᠭ ᠤᠨ ᠠᠨᠠᠭᠠᠬᠤ ᠤᠬᠠᠭᠠᠨ ᠪᠠ ᠮᠡᠳᠡᠷᠡᠯ ᠤᠨ ᠡᠷᠡᠭᠦᠯ ᠬᠠᠮᠠᠭᠠᠯᠠᠯ ᠤᠨ ᠠᠵᠢᠯ ᠵᠢᠴᠢ ᠪᠤᠰᠤᠳ ᠣᠨᠴᠤᠭᠤᠢ ᠠᠵᠢᠯ ᠤᠨ ᠪᠠᠶᠢᠷᠢ ᠳᠤ ᠠᠵᠢᠯᠯᠠᠵᠤ ᠪᠠᠶᠢᠭ᠎ᠠ ᠡᠮᠴᠢ ᠳᠤ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠤᠰᠤᠭᠠᠷ ᠵᠣᠬᠢᠬᠤ ᠨᠡᠮᠡᠭᠦᠷᠢ ᠣᠯᠭᠤᠬᠤ ᠬᠡᠷᠡᠭᠲᠡᠢ᠃ ᠨᠡᠮᠡᠭᠦᠷᠢ ᠵᠣᠭᠤᠰᠣᠨ ᠤ ᠪᠠᠷᠢᠮᠵᠢᠶ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ ᠬᠡᠷᠡᠭᠲᠡᠶ᠃            ᠦᠨᠳᠦᠰᠦᠨ ᠱᠠᠲᠤ ᠪᠠ ᠬᠠᠲᠠᠭᠤ ᠪᠡᠷᠬᠡᠰᠢᠶᠡᠯᠲᠡᠢ ᠵᠠᠬ᠎ᠠ ᠬᠢᠵᠠᠭᠠᠷ ᠣᠷᠣᠨ ᠳᠤ ᠠᠵᠢᠯᠯᠠᠵᠤ ᠪᠠᠶᠢᠭ᠎ᠠ ᠡᠮᠴᠢ ᠨᠠᠷ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠨᠡᠮᠡᠭᠦᠷᠢ ᠮᠥᠩᠭᠦ᠂ ᠨᠥᠬᠦᠪᠦᠷᠢ ᠥᠭᠬᠦ ᠲᠦᠷᠦ ᠶᠢᠨ ᠪᠣᠳᠣᠯᠭ᠎ᠠ ᠶᠢ ᠬᠦᠷᠳᠡᠬᠦ ᠶᠢᠨ ᠬᠠᠮᠲᠤ ᠮᠡᠷᠭᠡᠵᠢᠯ ᠤᠨ ᠴᠣᠯᠠ ᠲᠣᠭᠲᠠᠭᠠᠬᠤ᠂ ᠠᠵᠢᠯ ᠮᠡᠷᠭᠡᠵᠢᠯ ᠤᠨ ᠬᠥᠭᠵᠢᠯᠲᠡ᠂ ᠬᠥᠮᠦᠵᠢᠯ ᠪᠣᠯᠪᠠᠰᠤᠷᠠᠭᠤᠯᠤᠯ ᠪᠠ ᠬᠥᠬᠢᠭᠦᠯᠦᠨ ᠱᠠᠩᠨᠠᠬᠤ ᠵᠡᠷᠭᠡ ᠲᠠᠯ᠎ᠠ ᠪᠠᠷ ᠬᠠᠷᠠᠭᠠᠯᠵᠠᠯ ᠬᠦᠷᠳᠡᠨ᠎ᠠ᠃            ᠳᠥᠴᠢᠨ ᠲᠠᠪᠤᠳᠤᠭᠠᠷ ᠵᠦᠢᠯ ᠤᠯᠤᠰ ᠠᠴᠠ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠣᠳᠣᠬᠢᠴᠢᠯᠠᠭᠰᠠᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠢᠰᠲ᠋ᠧᠮ ᠳᠤ ᠵᠣᠬᠢᠴᠠᠭᠰᠠᠨ ᠡᠮᠴᠢ ᠶᠢ ᠬᠥᠮᠥᠵᠢᠭᠦᠯᠬᠦ ᠪᠠ ᠬᠡᠷᠡᠭᠯᠡᠬᠦ ᠲᠣᠭᠲᠠᠴᠠ ᠶᠢ ᠪᠠᠶᠢᠭᠤᠯᠤᠨ᠎ᠠ᠃            ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ᠂ ᠬᠤᠶᠠᠳᠤᠭᠠᠷ ᠳᠡᠰ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠵᠢᠴᠢ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠵᠡᠷᠭᠡ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠵᠣᠬᠢᠬᠤ ᠲᠣᠭᠠᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠡᠮᠴᠢ ᠲᠣᠬᠢᠷᠠᠭᠤᠯᠬᠤ ᠬᠡᠷᠡᠭᠲᠡᠢ᠃ ᠬᠥᠮᠥᠰ ᠤᠨ ᠡᠪᠡᠳᠴᠢᠨ ᠡᠮᠭᠡᠭ ᠵᠢᠴᠢ ᠬᠤᠣᠷ ᠬᠥᠨᠥᠭᠡᠯ ᠤᠨ ᠡᠯᠧᠮᠧᠨ᠋ᠲ ᠢ ᠬᠢᠨᠠᠨ ᠬᠡᠮᠵᠢᠬᠦ᠂ ᠲᠦᠭᠰᠢᠭᠦᠷᠢ ᠶᠢ ᠦᠨᠡᠯᠡᠨ ᠵᠢᠱᠢᠵᠦ ᠰᠤᠳᠤᠯᠤᠨ ᠮᠠᠭᠠᠳᠯᠠᠬᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ᠂ ᠡᠭᠡᠯᠢᠯᠡᠭᠡ ᠶᠢᠨ ᠲᠥᠯᠦᠪᠵᠢᠭᠦᠯᠭᠡ ᠶᠢᠨ ᠬᠠᠮᠢᠶᠠᠷᠤᠯᠲᠠ᠂ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠬᠠᠮᠢᠶᠠᠷᠤᠯᠲᠠ ᠵᠡᠷᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠵᠢᠯ ᠢ ᠡᠷᠭᠢᠯᠡᠨ ᠬᠢᠨ᠎ᠡ᠃ ᠡᠮᠴᠢᠯᠡᠭᠡᠨ ᠤ ᠪᠠᠶᠢᠭᠤᠯᠤᠮᠵᠢ ᠨᠢ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠡᠮᠨᠡᠯᠭᠡ ᠶᠢᠨ ᠬᠤᠷᠢᠶ᠎ᠠ ᠶᠢᠨ ᠳᠣᠲᠣᠷᠠᠬᠢ ᠬᠠᠯᠳᠠᠪᠤᠷᠢᠯᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠃            ᠤᠯᠤᠰ ᠠᠴᠠ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠬᠢᠭᠡᠳ ᠡᠮᠴᠢᠯᠡᠭᠡᠨ ᠤ ᠠᠨᠠᠭᠠᠬᠤ ᠤᠬᠠᠭᠠᠨ ᠢ ᠤᠶᠠᠯᠳᠤᠭᠤᠯᠤᠭᠰᠠᠨ ᠴᠢᠳᠠᠪᠤᠷᠢᠲᠠᠨ ᠢ ᠬᠥᠮᠥᠵᠢᠭᠦᠯᠬᠦ ᠲᠣᠭᠲᠠᠴᠠ ᠶᠢ ᠪᠠᠶᠢᠭᠤᠯᠵᠤ᠂ ᠤᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠡᠮᠴᠢᠯᠡᠭᠡᠨ ᠤ ᠶᠡᠭᠡ ᠡᠮᠴᠢ ᠳᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠠᠷᠭᠠᠴᠠᠬᠤ ᠵᠡᠷᠭᠡ ᠲᠠᠯ᠎ᠠ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠬᠢᠵᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠶᠡᠭᠡ ᠡᠮᠴᠢ ᠳᠤ ᠡᠮᠴᠢᠯᠡᠭᠡᠨ ᠤ ᠠᠨᠠᠭᠠᠬᠤ ᠤᠬᠠᠭᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠬᠢᠵᠦ᠂ ᠡᠮᠨᠡᠬᠦ ᠪᠠ ᠰᠡᠷᠭᠡᠶᠢᠯᠡᠬᠦ ᠶᠢ ᠤᠶᠠᠯᠳᠤᠭᠤᠯᠬᠤ ᠪᠠ ᠬᠢᠲᠠᠳ ᠡᠸᠦ᠋ᠷᠦᠫᠡ ᠡᠮᠨᠡᠯᠭᠡ ᠶᠢ ᠬᠠᠮᠵᠢᠯᠴᠠᠨ ᠰᠡᠷᠭᠡᠶᠢᠯᠡᠨ ᠵᠠᠰᠠᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ᠎ᠡ᠃            ᠳᠥᠴᠢᠨ ᠵᠢᠷᠭᠤᠳᠤᠭᠠᠷ ᠵᠦᠢᠯ ᠤᠯᠤᠰ ᠠᠴᠠ ᠠᠷᠭ᠎ᠠ ᠬᠡᠮᠵᠢᠶ᠎ᠡ ᠠᠪᠴᠤ᠂ ᠬᠤᠳᠠ ᠬᠥᠳᠡᠭᠡ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠡᠩᠨᠡᠭᠡ ᠪᠠ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯᠲᠠᠨ ᠳᠤ ᠰᠢᠶᠠᠨ ᠰᠢᠶᠠᠩ ᠭᠠᠴᠠᠭᠠᠨ ᠤ ᠳᠡᠭᠡᠳᠦ ᠳᠣᠣᠷᠠᠳᠤ ᠱᠠᠲᠤ ᠶᠢ ᠬᠤᠯᠪᠣᠭᠰᠠᠨ ᠠᠵᠢᠯ ᠮᠡᠷᠭᠡᠵᠢᠯ ᠤᠨ ᠬᠥᠭᠵᠢᠯᠲᠡ ᠶᠢᠨ ᠲᠣᠭᠲᠠᠴᠠ ᠶᠢ ᠪᠠᠶᠢᠭᠤᠯᠵᠤ᠂ ᠰᠢᠶᠠᠨ ᠠᠴᠠ ᠬᠠᠮᠢᠶᠠᠷᠴᠤ ᠰᠢᠶᠠᠩ ᠬᠡᠷᠡᠭᠯᠡᠬᠦ ᠂ ᠰᠢᠶᠠᠩ ᠠᠴᠠ ᠤᠷᠢᠵᠤ ᠲᠣᠰᠬᠤᠨ ᠬᠡᠷᠡᠭᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠥᠳᠡᠭᠡ ᠲᠣᠰᠬᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯᠲᠠᠨ ᠢ ᠰᠢᠶᠠᠨ ᠤ ᠬᠡᠪᠴᠢᠶᠡᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯᠲᠠᠨ ᠤ ᠬᠠᠮᠢᠶᠠᠷᠤᠯᠲᠠ ᠳᠤ ᠣᠷᠣᠭᠤᠯᠤᠨ᠎ᠠ᠃            ᠠᠵᠢᠯ ᠡᠷᠬᠢᠯᠡᠬᠦ ᠡᠮᠴᠢ ᠶᠢ ᠳᠡᠳ᠋ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠪᠣᠯᠭᠠᠨ ᠳᠡᠪᠰᠢᠭᠦᠯᠬᠦ ᠳᠤ ᠰᠢᠶᠠᠨ ᠤ ᠱᠠᠲᠤᠨ ᠠᠴᠠ ᠳᠣᠷᠣᠭᠰᠢᠬᠢ ᠪᠤᠶᠤ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠲᠤᠰᠠᠯᠠᠭᠰᠠᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠠᠩᠭᠠᠭᠰᠠᠨ ᠨᠡᠶᠢᠲᠡ ᠨᠢᠭᠡ ᠵᠢᠯ ᠠᠴᠠ ᠳᠡᠭᠡᠭᠰᠢ ᠥᠩᠭᠡᠷᠡᠯᠲᠡ ᠲᠠᠢ ᠪᠠᠶᠢᠬᠤ ᠬᠡᠷᠡᠭᠲᠡᠢ᠃ ᠳᠡᠳ᠋ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠳᠤ ᠳᠡᠪᠰᠢᠭᠰᠡᠨ ᠤ ᠲᠡᠷᠠᠭ᠎ᠠ᠂ ᠰᠢᠶᠠᠨ ᠤ ᠱᠠᠲᠤᠨ ᠠᠴᠠ ᠳᠣᠷᠣᠭᠰᠢᠬᠢ ᠪᠤᠶᠤ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠲᠤᠰᠠᠯᠠᠭᠰᠠᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠠᠴᠠ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠠᠩᠭᠠᠵᠤ᠂ ᠨᠡᠶᠢᠳᠠ ᠨᠢᠭᠡ ᠵᠢᠯ ᠠᠴᠠ ᠳᠡᠭᠡᠭᠰᠢ ᠪᠣᠯᠤᠭᠰᠠᠨ ᠪᠠᠶᠢᠪᠠᠯ᠂ ᠠᠳᠠᠯᠢ ᠨᠥᠬᠦᠴᠡᠯ ᠤᠨ ᠳᠣᠣᠷ᠎ᠠ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢ ᠤᠷᠢᠳᠠᠪᠠᠷ ᠳᠡᠪᠰᠢᠭᠦᠯᠦᠨ᠎ᠡ᠃            ᠤᠯᠤᠰ ᠠᠴᠠ ᠠᠷᠭ᠎ᠠ ᠬᠡᠮᠵᠢᠶ᠎ᠡ ᠠᠪᠴᠤ ᠪᠠᠶᠢᠭᠠᠳ ᠠᠵᠢᠯ ᠡᠷᠬᠢᠯᠡᠬᠦ ᠡᠮᠴᠢ ᠶᠢᠨ ᠬᠢᠷᠢ ᠬᠡᠮ ᠪᠤᠶᠤ ᠠᠵᠢᠯ ᠡᠷᠬᠢᠯᠡᠬᠦ ᠲᠤᠰᠠᠯᠠᠬᠤ ᠡᠮᠴᠢ ᠶᠢᠨ ᠬᠢᠷᠢ ᠬᠡᠮ ᠣᠯᠣᠭᠰᠠᠨ ᠬᠥᠮᠥᠰ ᠤᠨ ᠬᠠᠤᠯᠢ ᠶᠣᠰᠣᠭᠠᠷ ᠭᠠᠴᠠᠭᠠᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠡᠷᠬᠢᠯᠡᠬᠦ ᠪᠤᠶᠤ ᠭᠠᠴᠠᠭᠠᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ᠎ᠠ᠃            ᠳᠥᠴᠢᠨ ᠳᠣᠯᠣᠳᠤᠭᠠᠷ ᠵᠦᠢᠯ ᠤᠯᠤᠰ ᠠᠴᠠ ᠭᠠᠴᠠᠭᠠᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠭᠠᠴᠠᠭᠠᠨ ᠤ ᠠᠷᠠᠳ ᠲᠤ ᠤᠷᠢᠳᠴᠢᠯᠠᠨ ᠰᠡᠷᠭᠡᠶᠢᠯᠡᠬᠦ᠂ ᠡᠷᠡᠭᠦᠯᠵᠢᠭᠦᠯᠬᠦ ᠪᠠ ᠡᠩ ᠤᠨ ᠡᠮ ᠡᠮᠨᠡᠯᠭᠡ ᠶᠢᠨ ᠦᠢᠯᠡᠴᠢᠯᠡᠭᠡ ᠬᠠᠩᠭᠠᠵᠤ ᠪᠠᠶᠢᠭ᠎ᠠ ᠬᠥᠳᠡᠭᠡ ᠲᠣᠰᠬᠤᠨ ᠤ ᠡᠮᠴᠢ ᠶᠢᠨ ᠠᠨᠠᠭᠠᠬᠤ ᠤᠬᠠᠭᠠᠨ ᠤ ᠰᠤᠷᠭᠠᠨ ᠬᠥᠮᠦᠵᠢᠯ ᠢᠶᠠᠷ ᠳᠠᠮᠵᠢᠭᠤᠯᠤᠨ ᠠᠨᠠᠭᠠᠬᠤ ᠤᠬᠠᠭᠠᠨ ᠤ ᠲᠤᠰᠬᠠᠢ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠣᠯᠬᠤ ᠶᠢ ᠵᠣᠷᠢᠭᠵᠢᠭᠤᠯᠤᠨ᠎ᠠ᠃ ᠨᠥᠬᠦᠴᠡᠯ ᠳᠤ ᠨᠡᠶᠢᠴᠡᠬᠦ ᠬᠥᠳᠡᠭᠡ ᠲᠣᠰᠬᠤᠨ ᠤ ᠡᠮᠴᠢ ᠶᠢᠨ ᠡᠮᠴᠢ ᠶᠢᠨ ᠬᠢᠷᠢ ᠬᠡᠮ ᠤᠨ ᠰᠢᠯᠭᠠᠯᠲᠠ ᠳᠤ ᠣᠷᠣᠯᠴᠠᠵᠤ᠂ ᠬᠠᠤᠯᠢ ᠶᠣᠰᠣᠭᠠᠷ ᠡᠮᠴᠢ ᠶᠢᠨ ᠬᠢᠷᠢ ᠬᠡᠮ ᠣᠯᠬᠤ ᠶᠢ ᠵᠣᠷᠢᠭᠵᠢᠭᠤᠯᠤᠨ᠎ᠠ᠃            ᠤᠯᠤᠰ ᠠᠴᠠ ᠠᠷᠭ᠎ᠠ ᠬᠡᠮᠵᠢᠶ᠎ᠡ ᠠᠪᠴᠤ ᠪᠠᠶᠢᠭᠠᠳ ᠮᠡᠳᠡᠭᠡ ᠵᠠᠩᠭᠢᠵᠢᠯᠲᠠ᠂ ᠣᠶᠤᠨᠴᠢᠯᠠᠯᠲᠠ ᠶᠢᠨ ᠠᠷᠭ᠎ᠠ ᠪᠠᠷᠢᠯ ᠢᠶᠠᠷ ᠳᠠᠮᠵᠢᠭᠤᠯᠤᠨ ᠬᠥᠳᠡᠭᠡ ᠲᠣᠰᠬᠤᠨ ᠤ ᠡᠮᠴᠢ ᠶᠢ ᠬᠠᠪᠰᠤᠷᠤᠨ ᠠᠨᠠᠭᠠᠬᠤ ᠤᠬᠠᠭᠠᠨ ᠤ ᠮᠡᠷᠭᠡᠵᠢᠯ ᠤᠨ ᠴᠢᠳᠠᠪᠤᠷᠢ ᠪᠠ ᠬᠢᠷᠢ ᠬᠡᠮᠵᠢᠶ᠎ᠡ ᠶᠢ ᠨᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠡᠮᠴᠢ ᠶᠢᠨ ᠦᠢᠯᠡᠴᠢᠯᠡᠭᠡᠨ ᠤ ᠣᠷᠣᠯᠭ᠎ᠠ ᠳᠤ ᠤᠯᠠᠨ ᠠᠷᠭ᠎ᠠ ᠵᠠᠮ ᠢᠶᠠᠷ ᠨᠥᠬᠦᠪᠦᠷᠢ ᠥᠭᠬᠦ ᠲᠣᠭᠲᠠᠴᠠ ᠪᠠ ᠨᠠᠰᠤᠵᠢᠯ ᠤᠨ ᠠᠰᠠᠷᠠᠮᠵᠢ ᠵᠡᠷᠭᠡ ᠲᠦᠷᠦ ᠶᠢᠨ ᠪᠣᠳᠣᠯᠭ᠎ᠠ ᠶᠢ ᠤᠯᠠᠮ ᠲᠡᠭᠦᠯᠳᠡᠷᠵᠢᠭᠦᠯᠦᠨ᠎ᠡ᠃            ᠬᠥᠳᠡᠭᠡ ᠲᠣᠰᠬᠤᠨ ᠤ ᠡᠮᠴᠢ ᠶᠢᠨ ᠪᠣᠳᠠᠲᠠᠢ ᠬᠠᠮᠢᠶᠠᠷᠤᠯᠲᠠ ᠶᠢᠨ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠨ᠎ᠠ᠃            ᠳᠥᠴᠢᠨ ᠨᠠᠢᠮᠠᠳᠤᠭᠠᠷ ᠵᠦᠢᠯ ᠡᠮᠴᠢ ᠳᠤ ᠳᠠᠷᠠᠭᠠᠬᠢ ᠪᠠᠶᠢᠳᠠᠯ ᠤᠨ ᠠᠯᠢ ᠨᠢᠭᠡ ᠨᠢ ᠪᠠᠶᠢᠪᠠᠯ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠱᠠᠩᠨᠠᠨ᠎ᠠ᠄             ︵ᠨᠢᠭᠡ︶ ᠠᠵᠢᠯ ᠡᠷᠬᠢᠯᠡᠬᠦ ᠠᠵᠢᠯᠯᠠᠭ᠎ᠠ ᠶᠢᠨ ᠳᠤᠮᠳᠠ ᠡᠮᠴᠢ ᠶᠢᠨ ᠮᠣᠷᠠᠯ ᠨᠢ ᠡᠷᠬᠢᠮ ᠳᠡᠭᠡᠳᠦ᠂ ᠤᠢᠢᠯᠠ ᠠᠵᠢᠯᠯᠠᠭ᠎ᠠ ᠨᠢ ᠲᠣᠪᠣᠶᠢᠮ᠎ᠠ ᠪᠠᠶᠢᠬᠤ᠃             ︵ᠬᠤᠶᠠᠷ︶ ᠠᠨᠠᠭᠠᠬᠤ ᠤᠬᠠᠭᠠᠨ ᠤ ᠰᠤᠳᠤᠯᠤᠯ᠂ ᠰᠤᠷᠭᠠᠨ ᠬᠥᠮᠦᠵᠢᠯ ᠤᠨ ᠳᠤᠮᠳᠠ ᠵᠡᠮ ᠨᠡᠭᠡᠭᠡᠨ ᠰᠢᠨ᠎ᠡ ᠶᠢ ᠡᠭᠦᠳᠴᠦ᠂ ᠠᠨᠠᠭᠠᠬᠤ ᠤᠬᠠᠭᠠᠨ ᠤ ᠲᠤᠰᠬᠠᠢ ᠮᠡᠷᠭᠡᠵᠢᠯ ᠤᠨ ᠲᠠᠯ᠎ᠠ ᠪᠠᠷ ᠴᠢᠬᠤᠯᠠ ᠶᠡᠭᠡ ᠰᠢᠪᠲᠤᠯᠤᠯᠲᠠ ᠲᠠᠢ ᠪᠣᠯᠵᠤ᠂ ᠢᠯᠡᠳᠲᠡ ᠬᠤᠪᠢ ᠨᠡᠮᠡᠷᠢ ᠦᠵᠡᠭᠦᠯᠦᠭᠰᠡᠨ᠃             ︵ᠭᠤᠷᠪᠠ︶ ᠭᠡᠨᠡᠳᠲᠡ ᠶᠢᠨ ᠬᠡᠷᠡᠭ ᠶᠠᠪᠤᠳᠠᠯ ᠲᠣᠬᠢᠶᠠᠯᠳᠤᠬᠤ ᠦᠶ᠎ᠡ ᠳᠤ᠂ ᠤᠷᠢᠳᠴᠢᠯᠠᠨ ᠰᠡᠷᠭᠡᠶᠢᠯᠡᠵᠦ ᠤᠷᠢᠳᠴᠢᠯᠠᠨ ᠰᠡᠷᠡᠮᠵᠢᠯᠡᠭᠦᠯᠬᠦ᠂ ᠦᠬᠦᠯ ᠠᠴᠠ ᠠᠪᠤᠷᠠᠨ ᠰᠢᠷᠬᠠᠲᠤᠭᠰᠠᠳ ᠢ ᠲᠡᠩᠬᠡᠷᠡᠭᠦᠯᠬᠦ ᠵᠡᠷᠭᠡ ᠠᠵᠢᠯ ᠤᠨ ᠳᠤᠮᠳᠠ ᠲᠣᠪᠣᠶᠢᠮ᠎ᠠ ᠢᠯᠡᠷᠡᠯ ᠲᠠᠢ ᠪᠠᠶᠢᠬᠤ᠃             ︵ᠳᠥᠷᠪᠡ︶ ᠬᠠᠲᠠᠭᠤ ᠪᠡᠷᠬᠡᠰᠢᠶᠡᠯᠲᠡᠢ ᠵᠠᠬ᠎ᠠ ᠬᠢᠵᠠᠭᠠᠷ ᠣᠷᠣᠨ ᠤ ᠰᠢᠶᠠᠨ ᠤ ᠱᠠᠲᠤᠨ ᠠᠴᠠ ᠳᠣᠷᠣᠭᠰᠢᠬᠢ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠤᠷᠳᠤ ᠬᠤᠭᠤᠴᠠᠭ᠎ᠠ ᠪᠠᠷ ᠴᠢᠷᠮᠠᠶᠢᠨ ᠠᠵᠢᠯᠯᠠᠬᠤ᠃             ︵ᠲᠠᠪᠤ︶ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ᠂ ᠡᠷᠡᠭᠦᠯ ᠮᠡᠨᠳᠤ ᠶᠢ ᠠᠬᠢᠭᠤᠯᠬᠤ ᠠᠵᠢᠯ ᠤᠨ ᠳᠤᠮᠳᠠ ᠲᠣᠪᠣᠶᠢᠮ᠎ᠠ ᠬᠤᠪᠢ ᠨᠡᠮᠡᠷᠢ ᠦᠵᠡᠭᠦᠯᠬᠦ᠃             ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠪᠠᠶᠢᠳᠠᠯ ᠤᠳ᠃            ᠳᠥᠴᠢ ᠶᠢᠰᠦᠳᠦᠭᠡᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠡᠮᠴᠢᠯᠡᠭᠡᠨ ᠤ ᠵᠠᠭᠤᠷᠠᠯᠳᠤᠭᠠᠨ ᠢ ᠤᠷᠢᠳᠴᠢᠯᠠᠨ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠢ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠰᠢᠰᠲ᠋ᠧᠮ ᠳᠤ ᠣᠷᠣᠭᠤᠯᠬᠤ ᠬᠡᠷᠡᠭᠲᠡᠢ᠃ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠵᠢᠴᠢ ᠡᠷᠬᠢᠨ ᠲᠣᠭᠤᠷᠢᠨ ᠤ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠵᠢᠯ ᠡᠷᠭᠢᠯᠡᠬᠦ ᠰᠠᠶᠢᠨ ᠰᠠᠶᠢᠬᠠᠨ ᠣᠷᠴᠢᠨ ᠲᠣᠭᠤᠷᠢᠨ ᠢ ᠬᠠᠮᠠᠭᠠᠯᠠᠨ᠂ ᠡᠮᠴᠢᠯᠡᠭᠡ ᠳᠤ ᠬᠤᠯᠪᠣᠭᠳᠠᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠪᠦᠲᠦᠮᠵᠢᠲᠡᠶ ᠰᠡᠷᠭᠡᠶᠢᠯᠡᠬᠦ ᠪᠠ ᠬᠠᠤᠯᠢ ᠶᠣᠰᠣᠭᠠᠷ ᠴᠣᠬᠢᠯᠲᠠ ᠥᠭᠴᠦ᠂ ᠡᠮᠴᠢ ᠪᠣᠯᠣᠨ ᠡᠪᠡᠳᠴᠢᠲᠡᠨ ᠬᠤᠶᠠᠷ ᠲᠠᠯ᠎ᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃            ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ ᠠᠮᠤᠷ ᠲᠦᠪᠰᠢᠨ ᠢ ᠬᠠᠮᠠᠭᠠᠯᠠᠬᠤ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ ᠰᠠᠶᠢᠨ ᠰᠠᠶᠢᠬᠠᠨ ᠡᠮ ᠡᠮᠨᠡᠯᠭᠡ ᠶᠢᠨ ᠡᠮᠬᠢ ᠵᠢᠷᠤᠮ ᠢ ᠬᠠᠮᠠᠭᠠᠯᠠᠨ᠂ ᠡᠮ ᠡᠮᠨᠡᠯᠭᠡ ᠶᠢᠨ ᠵᠢᠭᠤᠷᠠᠯᠳᠤᠭᠠᠨ ᠢ ᠴᠠᠭ ᠲᠤᠬᠠᠢ ᠳᠤᠨᠢ ᠰᠠᠨᠠᠭᠠᠴᠢᠯᠠᠭ᠎ᠠ ᠠᠴᠠ ᠪᠠᠨ ᠠᠷᠢᠯᠭᠠᠵᠤ᠂ ᠡᠮᠴᠢ ᠶᠢᠨ ᠠᠵᠢᠯ ᠡᠷᠬᠢᠯᠡᠬᠦ ᠠᠮᠤᠷ ᠲᠦᠪᠰᠢᠨ ᠢ ᠪᠠᠲᠤᠯᠠᠬᠤ ᠬᠡᠷᠡᠭᠲᠡᠢ᠃            ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠥᠨ ᠤ ᠡᠮᠴᠢ ᠶᠢᠨ ᠬᠠᠤᠯᠢ ᠶᠣᠰᠣᠭᠠᠷ ᠠᠵᠢᠯ ᠡᠷᠬᠢᠯᠡᠬᠦ ᠶᠢ ᠬᠠᠷᠰᠢᠯᠠᠬᠤ᠂ ᠡᠮᠴᠢ ᠶᠢᠨ ᠬᠡᠪ ᠤᠨ ᠠᠵᠢᠯ᠂ ᠠᠮᠢᠳᠤᠷᠠᠯ ᠢ ᠬᠠᠷᠰᠢᠯᠠᠬᠤ ᠶᠢ ᠴᠠᠭᠠᠵᠠᠯᠠᠨ᠎ᠠ᠃ ᠭᠤᠲᠤᠭᠠᠨ ᠳᠣᠷᠣᠮᠵᠢᠯᠠᠬᠤ᠂ ᠭᠦᠳᠬᠡᠬᠦ᠂ ᠰᠦᠷᠳᠡᠭᠦᠯᠬᠦ᠂ ᠵᠣᠳᠣᠬᠤ ᠵᠡᠷᠭᠡ ᠠᠷᠭ᠎ᠠ ᠮᠠᠶ᠋ᠢᠭ ᠢᠶᠠᠷ ᠡᠮᠴᠢ ᠶᠢᠨ ᠬᠥᠮᠥᠨ ᠤ ᠨᠡᠷ᠎ᠡ ᠬᠦᠨᠳᠦ᠂ ᠪᠡᠶ᠎ᠡ ᠶᠢᠨ ᠠᠮᠤᠷ ᠲᠦᠪᠰᠢᠨ ᠳᠤ ᠬᠠᠯᠳᠠᠬᠤ ᠶᠢ ᠴᠠᠭᠠᠵᠠᠯᠠᠨ᠎ᠠ᠃            ᠲᠠᠪᠢᠳᠤᠭᠠᠷ ᠵᠦᠢᠯ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠡᠮᠴᠢ ᠳᠤ ᠲᠤᠬᠠᠶᠢᠯᠠᠭᠰᠠᠨ ᠠᠵᠢᠯ ᠤᠨ ᠠᠶᠤᠯᠭᠦᠢ ᠪᠠᠶᠢᠳᠠᠯ ᠪᠠ ᠡᠷᠡᠭᠦᠯ ᠬᠠᠮᠠᠭᠠᠯᠠᠯ ᠤᠨ ᠬᠠᠮᠠᠭᠠᠯᠠᠯᠲᠠ ᠶᠢᠨ ᠬᠡᠷᠡᠭᠰᠡᠯ ᠢ ᠬᠠᠩᠭᠠᠬᠤ ᠶᠢᠨ ᠬᠠᠮᠲᠤ ᠡᠷᠡᠭᠦᠯ ᠬᠠᠮᠠᠭᠠᠯᠠᠯ ᠤᠨ ᠰᠡᠷᠭᠡᠶᠢᠯᠡᠨ ᠬᠠᠮᠠᠭᠠᠯᠠᠯᠲᠠ ᠪᠠ ᠡᠮ ᠡᠮᠨᠡᠯᠭᠡ ᠡᠷᠡᠭᠦᠯ ᠮᠡᠨᠳᠦ ᠶᠢ ᠬᠠᠮᠠᠭᠠᠯᠠᠬᠤ ᠪᠦᠲᠦᠮᠵᠢᠲᠡᠶ ᠠᠷᠭ᠎ᠠ ᠬᠡᠮᠵᠢᠶ᠎ᠡ ᠠᠪᠬᠤ ᠬᠡᠷᠡᠭᠲᠡᠢ᠃            ᠡᠮᠴᠢ ᠡ᠊ᠨᠳᠡᠯ ᠠᠴᠠ ᠪᠣᠯᠵᠤ ᠭᠡᠮᠲᠦᠭᠰᠡᠨ ᠪᠤᠶᠤ ᠲᠤᠬᠠᠶᠢᠯᠠᠭᠰᠠᠨ ᠠᠵᠢᠯ ᠤᠨ ᠠᠵᠢᠯᠯᠠᠭ᠎ᠠ ᠶᠢᠨ ᠳᠤᠮᠳᠠ ᠬᠤᠣᠷᠲᠠᠢ᠂ ᠬᠥᠨᠥᠭᠡᠯ ᠲᠠᠢ ᠡᠯᠧᠮᠧᠨ᠋ᠲ ᠲᠠᠢ ᠣᠶᠢᠷᠠᠲᠤᠭᠰᠠᠨ ᠠᠴᠠ ᠪᠣᠯᠵᠤ ᠡᠪᠡᠳᠴᠢᠯᠡᠭᠰᠡᠨ᠂ ᠦᠬᠦᠭᠰᠡᠨ ᠪᠠᠶᠢᠪᠠᠯ᠂ ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠠᠵᠢᠯ ᠤᠨ ᠬᠠᠷᠠᠭ᠎ᠠ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠬᠠᠷᠠᠭᠠᠯᠵᠠᠯ ᠢ ᠬᠦᠷᠳᠡᠨ᠎ᠠ᠃            ᠲᠠᠪᠢᠨ ᠨᠢᠭᠡᠳᠦᠭᠡᠷ ᠵᠦᠢᠯ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ ᠡᠮᠴᠢ ᠶᠢᠨ ᠠᠵᠢᠯᠯᠠᠬᠤ ᠴᠠᠭ ᠢ ᠵᠦᠢ ᠵᠣᠬᠢᠰᠲᠠᠢ ᠪᠠᠷ ᠲᠣᠬᠢᠷᠠᠭᠤᠯᠤᠨ᠂ ᠴᠠᠯᠢᠩ ᠲᠠᠢ ᠪᠠᠷ ᠠᠮᠠᠷᠠᠬᠤ ᠳᠦᠷᠢᠮ ᠢ ᠨᠠᠶᠢᠳᠠᠪᠤᠷᠢᠵᠢᠭᠤᠯᠤᠨ᠂ ᠡᠷᠡᠭᠦᠯ ᠮᠡᠨᠳᠦ ᠶᠢᠨ ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠬᠢᠬᠦ ᠬᠡᠷᠡᠭᠲᠡᠢ            ᠲᠠᠪᠢᠨ ᠬᠤᠶᠠᠳᠤᠭᠠᠷ ᠵᠦᠢᠯ ᠤᠯᠤᠰ ᠠᠴᠠ ᠡᠮᠴᠢᠯᠡᠭᠡᠨ ᠤ ᠲᠦᠭᠰᠢᠭᠦᠷᠢ ᠶᠢ ᠬᠤᠪᠢᠶᠠᠷᠢᠯᠠᠨ ᠡᠭᠦᠷᠭᠡᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠡᠮᠴᠢᠯᠡᠭᠡᠨ ᠤ ᠪᠠᠶᠢᠭᠤᠯᠤᠮᠵᠢ ᠨᠢ ᠡᠮᠴᠢᠯᠡᠭᠡᠨ ᠤ ᠬᠠᠷᠢᠭᠤᠴᠠᠯᠭ᠎ᠠ ᠶᠢᠨ ᠳᠠᠭᠠᠳᠬᠠᠯ ᠳᠤ ᠣᠷᠣᠯᠴᠠᠬᠤ ᠪᠤᠶᠤ ᠡᠮᠴᠢᠯᠡᠭᠡᠨ ᠤ ᠲᠦᠭᠰᠢᠭᠦᠷᠢ ᠶᠢᠨ ᠰᠠᠭᠤᠷᠢ ᠮᠥᠩᠭᠦ ᠪᠠᠶᠢᠭᠤᠯᠬᠤ ᠪᠠ ᠲᠡᠭᠦᠨ ᠳᠤ ᠣᠷᠣᠯᠴᠠᠬᠤ ᠬᠡᠷᠡᠭᠲᠡᠶ᠃ ᠡᠪᠡᠳᠴᠢᠲᠡᠨ ᠤ ᠡᠮᠴᠢᠯᠡᠭᠡᠨ ᠤ ᠭᠡᠨᠡᠳᠲᠡ ᠶᠢᠨ ᠣᠰᠣᠯ ᠤᠨ ᠳᠠᠭᠠᠳᠬᠠᠯ ᠳᠤ ᠣᠷᠣᠯᠴᠠᠬᠤ ᠶᠢ ᠵᠣᠷᠢᠭᠵᠢᠭᠤᠯᠤᠨ᠎ᠠ᠃            ᠲᠠᠪᠢᠨ ᠭᠤᠷᠪᠠᠳᠤᠭᠠᠷ ᠵᠦᠢᠯ ᠰᠣᠨᠢᠨ ᠮᠡᠳᠡᠭᠡᠨ ᠤ ᠵᠠᠭᠤᠴᠢᠯᠠᠭᠤᠷ ᠨᠤᠭᠤᠳ ᠡᠮ ᠡᠮᠨᠡᠯᠭᠡ ᠡᠷᠡᠭᠦᠯ ᠬᠠᠮᠠᠭᠠᠯᠠᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠡᠮ ᠡᠮᠨᠡᠯᠭᠡ ᠡᠷᠡᠭᠦᠯ ᠬᠠᠮᠠᠭᠠᠯᠠᠯ ᠤᠨ ᠮᠡᠳᠡᠯᠭᠡ ᠶᠢᠨ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢ ᠥᠷᠨᠢᠭᠦᠯᠵᠦ᠂ ᠡᠮᠴᠢ ᠶᠢᠨ ᠲᠡᠷᠢᠭᠦᠨ ᠤ ᠦᠢᠯᠡ ᠠᠵᠢᠯᠯᠠᠭ᠎ᠠ ᠶᠢ ᠪᠠᠳᠠᠷᠠᠭᠤᠯᠤᠨ ᠳᠡᠯᠭᠡᠷᠡᠭᠦᠯᠵᠦ᠂ ᠤᠯᠠᠨ ᠨᠡᠶᠢᠲᠡ ᠶᠢ ᠬᠥᠲᠥᠯᠥᠨ ᠵᠢᠯᠤᠭᠤᠳᠴᠤ ᠪᠠᠶᠢᠭᠠᠳ ᠡᠮᠴᠢ ᠶᠢ ᠬᠦᠨᠳᠦᠳᠬᠡᠵᠦ ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠠᠶᠤᠯ ᠲᠦᠭᠰᠢᠭᠦᠷᠢ ᠳᠤ ᠣᠶᠤᠨᠴᠢ ᠪᠠᠷ ᠬᠠᠨᠳᠤᠬᠤ ᠪᠣᠯᠭᠠᠬᠤ ᠬᠡᠷᠡᠭᠲᠡᠢ᠃            ᠵᠢᠷᠭᠤᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ            ᠲᠠᠪᠢᠨ ᠳᠥᠷᠪᠡᠳᠦᠭᠡᠷ ᠵᠦᠢᠯ ᠡᠮᠴᠢ ᠶᠢᠨ ᠬᠢᠷᠢ ᠬᠡᠮ ᠤᠨ ᠰᠢᠯᠭᠠᠯᠲᠠ ᠳᠤ ᠰᠢᠯᠭᠠᠯᠲᠠ ᠶᠢᠨ ᠰᠠᠬᠢᠯᠭ᠎ᠠ ᠪᠠᠲᠤ ᠶᠢ ᠵᠥᠷᠢᠴᠡᠭᠰᠡᠨ ᠵᠡᠷᠭᠡ ᠦᠢᠯᠡ ᠠᠵᠢᠯᠯᠠᠭ᠎ᠠ ᠲᠠᠢ ᠪᠠᠶᠢᠵᠤ᠂ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ ᠂ ᠨᠢᠭᠡ ᠠᠴᠠ ᠭᠤᠷᠪᠠᠨ ᠵᠢᠯ ᠤᠨ ᠳᠣᠲᠣᠷ᠎ᠠ ᠡᠮᠴᠢ ᠶᠢᠨ ᠬᠢᠷᠢ ᠬᠡᠮ ᠤᠨ ᠰᠢᠯᠭᠠᠯᠲᠠ ᠳᠤ ᠣᠷᠣᠯᠴᠠᠬᠤ ᠶᠢ ᠴᠠᠭᠠᠵᠠᠯᠠᠨ᠎ᠠ᠃            ᠵᠦᠢ ᠪᠤᠰᠤ ᠠᠷᠭ᠎ᠠ ᠪᠠᠷᠢᠯ ᠢᠶᠠᠷ ᠡᠮᠴᠢ ᠶᠢᠨ ᠬᠢᠷᠢ ᠬᠡᠮ ᠤᠨ ᠦᠨᠡᠮᠯᠡᠯ ᠪᠤᠶᠤ ᠡᠮᠴᠢ ᠶᠢᠨ ᠠᠵᠢᠯ ᠡᠷᠬᠢᠯᠡᠬᠦ ᠦᠨᠡᠮᠯᠡᠯ ᠢ ᠣᠯᠣᠭᠰᠠᠨ ᠪᠠᠶᠢᠪᠠᠯ᠂ ᠦᠨᠡᠮᠯᠡᠯ ᠣᠯᠭᠤᠭᠰᠠᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠲᠡᠭᠦᠨ ᠢ ᠬᠦᠴᠦᠨ ᠦᠭᠡᠢ ᠪᠣᠯᠭᠠᠨ᠎ᠠ᠂ ᠭᠤᠷᠪᠠᠨ ᠵᠢᠯ ᠤᠨ ᠳᠣᠲᠣᠷ᠎ᠠ ᠲᠡᠭᠦᠨ ᠤ ᠵᠣᠬᠢᠴᠠᠩᠭᠤᠢ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠦᠭᠡᠢ᠃            ᠡᠮᠴᠢ ᠶᠢᠨ ᠠᠵᠢᠯ ᠡᠷᠬᠢᠯᠡᠬᠦ ᠦᠨᠡᠮᠯᠡᠯ ᠢ ᠬᠠᠭᠤᠷᠮᠠᠭᠯᠠᠨ ᠵᠣᠬᠢᠶᠠᠭᠰᠠᠨ᠂ ᠬᠤᠪᠢᠷᠠᠭᠤᠯᠤᠨ ᠵᠣᠬᠢᠶᠠᠭᠰᠠᠨ᠂ ᠬᠤᠳᠠᠯᠳᠤᠭᠠᠯᠠᠭᠰᠠᠨ᠂ ᠲᠦᠷᠢᠶᠡᠰᠦᠯᠡᠭᠦᠯᠦᠭᠰᠡᠨ᠂ ᠵᠢᠭᠡᠯᠡᠭᠦᠯᠦᠭᠰᠡᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠡᠳᠦ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠴᠤ᠂ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠤᠨ ᠬᠢᠨᠢ ᠬᠤᠶᠠᠷ ᠲᠡᠬᠢᠠ ᠠᠴᠠ ᠳᠡᠭᠡᠭᠰᠢ ᠲᠠᠪᠤᠨ ᠲᠡᠬᠢᠠ ᠠᠴᠠ ᠳᠣᠭᠤᠭᠰᠢ ᠲᠣᠷᠭᠠᠭᠤᠯᠢ ᠣᠨᠣᠭᠳᠠᠭᠤᠯᠵᠤ ᠨᠡᠶᠢᠯᠡᠭᠦᠯᠦᠨ ᠰᠢᠢᠳᠬᠡᠨ᠎ᠡ᠂ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠨᠢ ᠲᠦᠮᠡᠨ ᠲᠥᠭᠦᠷᠢᠭ ᠲᠤ ᠬᠦᠷᠬᠦ ᠦᠭᠡᠢ ᠪᠠᠶᠢᠪᠠᠯ᠂ ᠲᠦᠮᠡᠨ ᠲᠥᠭᠦᠷᠢᠭ ᠢᠶᠠᠷ ᠪᠤᠳᠦᠨ᠎ᠡ᠃ ᠤᠢᠢᠯᠠ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠡᠮᠴᠢ ᠶᠢᠨ ᠠᠵᠢᠯ ᠡᠷᠬᠢᠯᠡᠬᠦ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ᠃            ᠲᠠᠪᠢᠨ ᠲᠠᠪᠤᠳᠤᠭᠠᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠡᠮᠴᠢ ᠠᠵᠢᠯ ᠡᠷᠬᠢᠯᠡᠬᠦ ᠠᠵᠢᠯᠯᠠᠭ᠎ᠠ ᠶᠢᠨ ᠳᠤᠮᠳᠠ ᠪᠠᠨ ᠳᠠᠷᠠᠭᠠᠬᠢ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠰᠡᠷᠡᠮᠵᠢ ᠥᠭᠭᠦᠨ᠎ᠡ᠃ ᠤᠢᠢᠯᠠ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠵᠠᠷᠯᠢᠭᠳᠠᠵᠤ ᠪᠠᠶᠢᠭᠠᠳ ᠵᠢᠷᠭᠤᠭᠠᠨ ᠰᠠᠷ᠎ᠠ ᠠᠴᠠ ᠳᠡᠭᠡᠭᠰᠢ ᠨᠢᠭᠡ ᠵᠢᠯ ᠠᠴᠠ ᠳᠣᠭᠤᠭᠰᠢ ᠠᠵᠢᠯ ᠡᠷᠬᠢᠯᠡᠬᠦ ᠠᠵᠢᠯᠯᠠᠭ᠎ᠠ ᠶᠢ ᠨᠢ ᠲᠦᠷ ᠵᠣᠭᠰᠣᠭᠠᠵᠤ᠂ ᠴᠢᠨᠠᠭᠰᠢᠯᠠᠪᠠᠯ ᠡᠮᠴᠢ ᠶᠢᠨ ᠠᠵᠢᠯ ᠡᠷᠬᠢᠯᠡᠬᠦ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ᠄             ︵ᠨᠢᠭᠡ︶ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠠᠩᠭᠠᠬᠤ ᠪᠤᠶᠤ ᠠᠨᠠᠭᠠᠬᠤ ᠤᠬᠠᠭᠠᠨ ᠤ ᠡᠮᠴᠢᠯᠡᠭᠡᠨ ᠤ ᠰᠤᠳᠤᠯᠭᠠᠨ ᠢ ᠥᠷᠨᠢᠭᠦᠯᠬᠦ ᠳᠡᠭᠡᠨ ᠲᠣᠭᠲᠠᠭᠠᠯ ᠶᠣᠰᠣᠭᠠᠷ ᠮᠡᠳᠡᠭᠳᠡᠬᠦ ᠡᠭᠦᠷᠭᠡ ᠪᠠᠨ ᠦᠯᠦ ᠭᠦᠢᠴᠡᠳᠬᠡᠭᠰᠡᠨ ᠪᠤᠶᠤ ᠪᠠᠶᠢᠳᠠᠯ ᠢ ᠮᠡᠳᠡᠬᠦ ᠵᠥᠪᠰᠢᠶᠡᠷᠡᠯ ᠢ ᠣᠯᠣᠭᠰᠠᠨ᠃             ︵ᠬᠤᠶᠠᠷ︶ ᠪᠠᠴᠢᠮ ᠠᠪᠤᠷᠠᠨ ᠵᠠᠰᠠᠬᠤ ᠴᠢᠬᠤᠯᠠᠲᠠᠢ ᠡᠪᠡᠳᠴᠢᠲᠡᠨ ᠢ ᠲᠦᠷᠭᠡᠨ ᠠᠪᠤᠷᠠᠵᠤ ᠰᠢᠢᠳᠪᠦᠷᠢᠯᠡᠬᠦ ᠶᠢ ᠲᠡᠪᠴᠢᠭᠰᠡᠨ ᠪᠤᠶᠤ ᠬᠠᠷᠢᠭᠤᠴᠠᠯᠭ᠎ᠠ ᠡᠭᠦᠷᠭᠡᠯᠡᠬᠦ ᠦᠭᠡᠢ ᠠᠴᠠ ᠪᠣᠯᠵᠤ ᠣᠨᠣᠰᠢᠯᠠᠨ ᠵᠠᠰᠠᠬᠤ ᠶᠢ ᠰᠠᠭᠠᠲᠠᠭᠠᠭᠰᠠᠨ᠃             ︵ᠭᠤᠷᠪᠠ︶ ᠪᠠᠶᠢᠭᠠᠯᠢ ᠶᠢᠨ ᠭᠠᠮᠰᠢᠭ᠂ ᠡ᠊ᠨᠳᠡᠯ ᠤᠨ ᠭᠠᠮᠰᠢᠭ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠪᠠ ᠨᠡᠶᠢᠭᠡᠮ ᠤᠨ ᠠᠶᠦᠯᠭᠦᠢ ᠶᠢᠨ ᠬᠡᠷᠡᠭ ᠵᠡᠷᠭᠡ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠤ ᠶᠢ ᠬᠦᠨᠳᠦ ᠨᠣᠴᠢᠲᠠᠢ ᠰᠦᠷᠳᠡᠭᠦᠯᠦᠭᠰᠡᠨ ᠭᠡᠨᠡᠳᠲᠡ ᠶᠢᠨ ᠬᠡᠷᠡᠭ ᠲᠣᠬᠢᠶᠠᠯᠳᠤᠪᠠᠯ᠂ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠰᠢᠯᠵᠢᠭᠦᠯᠦᠨ ᠲᠣᠮᠢᠯᠠᠬᠤ ᠶᠢ ᠦᠯᠦ ᠲᠠᠭᠠᠬᠤ᠃             ︵ᠳᠥᠷᠪᠡ︶ ᠬᠤᠯᠪᠣᠭᠳᠠᠯ ᠪᠦᠬᠦᠢ ᠪᠠᠶᠢᠳᠠᠯ ᠢ ᠲᠣᠭᠲᠠᠭᠠᠯ ᠶᠣᠰᠣᠭᠠᠷ ᠦᠯᠦ ᠮᠡᠳᠡᠭᠦᠯᠦᠭᠰᠡᠨ᠃             ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠤᠶᠤ ᠠᠵᠢᠯ ᠡᠷᠬᠢᠯᠡᠬᠦ ᠵᠢᠷᠤᠮᠵᠢᠯ ᠢ ᠵᠥᠷᠢᠴᠡᠵᠦ᠂ ᠡᠮᠴᠢᠯᠡᠭᠡᠨ ᠤ ᠭᠡᠨᠡᠳᠡᠯ ᠭᠠᠷᠭᠠᠭᠰᠠᠨ ᠪᠤᠶᠤ ᠪᠤᠰᠤᠳ ᠬᠦᠨᠳᠦ ᠨᠣᠴᠢᠲᠠᠢ ᠤᠷᠰᠢᠭ ᠲᠠᠲᠠᠭᠰᠠᠨ᠃            ᠲᠠᠪᠢᠨ ᠵᠢᠷᠭᠤᠳᠤᠭᠠᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠡᠮᠴᠢ ᠠᠵᠢᠯ ᠡᠷᠬᠢᠯᠡᠬᠦ ᠠᠵᠢᠯᠯᠠᠭ᠎ᠠ ᠶᠢᠨ ᠳᠤᠮᠳᠠ ᠪᠠᠨ ᠳᠠᠷᠠᠭᠠᠬᠢ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠳᠣᠩᠭᠤᠳᠴᠤ᠂ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠴᠤ᠂ ᠲᠦᠮᠡᠨ ᠲᠥᠭᠦᠷᠢᠭ ᠠᠴᠠ ᠳᠡᠭᠡᠭᠰᠢ ᠭᠤᠷᠪᠠᠨ ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠵᠤ ᠨᠡᠶᠢᠯᠡᠭᠦᠯᠦᠨ ᠰᠢᠢᠳᠬᠡᠨ᠎ᠡ᠃ ᠤᠢᠢᠯᠠ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠵᠠᠷᠯᠢᠭᠳᠠᠵᠤ ᠪᠠᠶᠢᠭᠠᠳ ᠵᠢᠷᠭᠤᠭᠠᠨ ᠰᠠᠷ᠎ᠠ ᠠᠴᠠ ᠳᠡᠭᠡᠭᠰᠢ ᠨᠢᠭᠡ ᠵᠢᠯ ᠠᠴᠠ ᠳᠣᠭᠤᠭᠰᠢ ᠠᠵᠢᠯ ᠡᠷᠬᠢᠯᠡᠬᠦ ᠠᠵᠢᠯᠯᠠᠭ᠎ᠠ ᠶᠢ ᠨᠢ ᠲᠦᠷ ᠵᠣᠭᠰᠣᠭᠠᠵᠤ᠂ ᠴᠢᠨᠠᠭᠰᠢᠯᠠᠪᠠᠯ ᠡᠮᠴᠢ ᠶᠢᠨ ᠠᠵᠢᠯ ᠡᠷᠬᠢᠯᠡᠬᠦ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ᠄             ︵ᠨᠢᠭᠡ︶ ᠡᠪᠡᠳᠴᠢᠲᠡᠨ ᠤ ᠬᠤᠪᠢ ᠶᠢᠨ ᠨᠢᠭᠤᠴᠠ ᠪᠤᠶᠤ ᠬᠤᠪᠢ ᠬᠥᠮᠥᠨ ᠤ ᠮᠡᠳᠡᠭᠡ ᠵᠠᠩᠭᠢ ᠶᠢ ᠵᠠᠳᠠᠷᠠᠭᠤᠯᠬᠤ᠃             ︵ᠬᠤᠶᠠᠷ︶ ᠠᠨᠠᠭᠠᠬᠤ ᠤᠬᠠᠭᠠᠨ ᠤ ᠬᠤᠳᠠᠯ ᠬᠠᠭᠤᠷᠮᠠᠭ ᠭᠡᠷᠡᠴᠢᠯᠡᠬᠦ ᠪᠢᠴᠢᠭ ᠮᠠᠲ᠋ᠧᠷᠢᠶᠠᠯ ᠭᠠᠷᠭᠠᠵᠤ ᠥᠭᠭᠦᠭᠰᠡᠨ᠂ ᠡᠰᠡᠬᠦᠯ᠎ᠡ ᠪᠡᠶ᠎ᠡ ᠪᠠᠷ ᠢᠶᠠᠨ ᠣᠨᠣᠰᠢᠯᠠᠵᠤ᠂ ᠪᠠᠶᠢᠴᠠᠭᠠᠭᠰᠠᠨ ᠦᠭᠡᠢ ᠪᠠᠷ ᠣᠨᠣᠰᠢᠯᠠᠬᠤ᠂ ᠡᠮᠨᠡᠨ ᠵᠠᠰᠠᠬᠤ᠂ ᠲᠠᠬᠤᠯ ᠡᠪᠡᠳᠴᠢᠨ ᠤ ᠰᠤᠳᠤᠯᠤᠯ ᠵᠡᠷᠭᠡ ᠶᠢ ᠭᠡᠷᠡᠴᠢᠯᠡᠬᠦ ᠪᠢᠴᠢᠭ ᠮᠠᠲ᠋ᠧᠷᠢᠶᠠᠯ ᠪᠤᠶᠤ ᠲᠥᠷᠦᠭᠰᠡᠠ᠂ ᠦᠬᠦᠭᠰᠡᠨ ᠵᠡᠷᠭᠡ ᠳᠤ ᠬᠤᠯᠪᠣᠭᠳᠠᠬᠤ ᠭᠡᠷᠡᠴᠢᠯᠡᠬᠦ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠭᠰᠠᠨ ᠦᠭᠡᠢ᠃             ︵ᠭᠤᠷᠪᠠ︶ ᠡᠪᠡᠳᠴᠢᠨ ᠤ ᠲᠡᠦᠬᠡ ᠵᠡᠷᠭᠡ ᠠᠨᠠᠭᠠᠬᠤ ᠤᠬᠠᠭᠠᠨ ᠤ ᠪᠢᠴᠢᠭ ᠬᠠᠷ᠎ᠠ ᠵᠢᠴᠢ ᠬᠤᠯᠪᠣᠭᠳᠠᠯ ᠪᠦᠬᠦᠢ ᠮᠠᠲ᠋ᠧᠷᠢᠶᠠᠯ ᠢ ᠨᠢᠭᠤᠨ ᠳᠠᠯᠳᠠᠯᠠᠬᠤ᠂ ᠬᠠᠭᠤᠷᠮᠠᠭᠯᠠᠨ ᠵᠣᠬᠢᠶᠠᠬᠤ᠂ ᠥᠭᠡᠷᠡᠲᠦᠭᠦᠯᠬᠦ ᠪᠤᠶᠤ ᠳᠤᠷ᠎ᠠ ᠪᠠᠷ ᠢᠶᠠᠨ ᠤᠰᠠᠳᠬᠠᠬᠤ᠃             ︵ᠳᠥᠷᠪᠡ︶ ᠮᠢᠨᠴᠦᠷᠡᠭᠦᠯᠬᠦ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠣᠷᠲᠤ ᠡᠮ ᠤᠨ ᠵᠦᠢᠯ᠂ ᠮᠡᠳᠡᠷᠡᠯ ᠤᠨ ᠡᠮ ᠤᠨ ᠵᠦᠢᠯ᠂ ᠰᠠᠴᠤᠷᠠᠭ ᠢᠳᠡᠪᠬᠢ ᠴᠢᠨᠠᠷ ᠲᠠᠢ ᠡᠮ ᠤᠨ ᠵᠦᠢᠯ ᠵᠡᠷᠭᠡ ᠶᠢ ᠲᠣᠭᠲᠠᠭᠠᠯ ᠶᠣᠰᠣᠭᠠᠷ ᠡᠰᠡ ᠬᠡᠷᠡᠭᠯᠡᠭᠰᠡᠨ᠃             ︵ᠲᠠᠪᠤ︶ ᠡᠭᠦᠷᠭᠡ ᠲᠤᠰᠢᠶᠠᠯ ᠤᠨ ᠢᠶᠠᠨ ᠳᠦᠭᠦᠮ ᠢ ᠠᠰᠢᠭᠯᠠᠨ᠂ ᠡᠳ᠋ ᠪᠣᠳᠠᠰ ᠨᠡᠬᠡᠵᠦ ᠠᠪᠬᠤ᠂ ᠬᠠᠤᠯᠢ ᠪᠤᠰᠤ ᠪᠠᠷ ᠬᠦᠯᠢᠶᠡᠨ ᠠᠪᠬᠤ ᠪᠤᠶᠤ ᠪᠤᠰᠤᠳ ᠵᠦᠢ ᠪᠤᠰᠤ ᠠᠰᠢᠭ ᠣᠯᠣᠭᠰᠠᠨ᠂ ᠡᠰᠡᠬᠦᠯ᠎ᠡ ᠣᠨᠣᠰᠢᠯᠠᠨ ᠡᠮᠨᠡᠬᠦ ᠵᠢᠷᠤᠮᠵᠢᠯ ᠢ ᠵᠥᠷᠢᠴᠡᠵᠦ᠂ ᠡᠪᠡᠳᠴᠢᠲᠡᠨ ᠳᠤ ᠴᠢᠬᠤᠯᠠ ᠪᠤᠰᠤ ᠪᠠᠶᠢᠴᠠᠭᠠᠯᠲᠠ᠂ ᠡᠮᠴᠢᠯᠡᠭᠡ ᠬᠢᠭᠡᠳ ᠮᠠᠭᠤ ᠦᠷ᠎ᠡ ᠳ᠋ᠦᠩ ᠭᠠᠷᠭᠠᠭᠰᠠᠨ᠃             ︵ᠵᠢᠷᠭᠤᠭ᠎ᠠ︶ ᠬᠤᠷᠢᠭᠯᠠᠬᠤ ᠲᠥᠷᠥᠯ ᠤᠨ ᠡᠮᠴᠢᠯᠡᠭᠡᠨ ᠤ ᠮᠡᠷᠭᠡᠵᠢᠯ ᠢ ᠡᠮᠴᠢᠯᠡᠭᠡᠨ ᠳᠤ ᠬᠡᠷᠡᠭᠯᠡᠬᠦ ᠶᠢ ᠥᠷᠨᠢᠭᠦᠯᠦᠨ᠎ᠡ᠃            ᠲᠠᠪᠢᠨ ᠳᠣᠯᠣᠳᠤᠭᠠᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠡᠮᠴᠢ ᠳᠠᠩᠰᠠᠯᠠᠭᠤᠯᠤᠭᠰᠠᠨ ᠠᠵᠢᠯ ᠡᠷᠬᠢᠯᠡᠬᠦ ᠭᠠᠵᠠᠷ᠂ ᠠᠵᠢᠯ ᠡᠷᠬᠢᠯᠡᠬᠦ ᠲᠦᠷᠦᠯ ᠢᠯᠭᠠᠯ᠂ ᠠᠵᠢᠯ ᠡᠷᠬᠢᠯᠡᠬᠦ ᠬᠡᠪᠴᠢᠶ᠎ᠡ ᠶᠣᠰᠣᠭᠠᠷ ᠠᠵᠢᠯ ᠡᠷᠬᠢᠯᠡᠭᠰᠡᠨ ᠦᠭᠡᠢ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠬᠢᠲᠠᠳ ᠡᠮ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠳᠣᠩᠭᠤᠳᠴᠤ᠂ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠴᠤ᠂ ᠲᠦᠮᠡᠨ ᠲᠥᠭᠦᠷᠢᠭ ᠠᠴᠠ ᠳᠡᠭᠡᠭᠰᠢ ᠭᠤᠷᠪᠠᠨ ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠵᠤ ᠨᠡᠶᠢᠯᠡᠭᠦᠯᠦᠨ ᠰᠢᠢᠳᠬᠡᠨ᠎ᠡ᠃ ᠤᠢᠢᠯᠠ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠵᠠᠷᠯᠢᠭᠳᠠᠵᠤ ᠪᠠᠶᠢᠭᠠᠳ ᠵᠢᠷᠭᠤᠭᠠᠨ ᠰᠠᠷ᠎ᠠ ᠠᠴᠠ ᠳᠡᠭᠡᠭᠰᠢ ᠨᠢᠭᠡ ᠵᠢᠯ ᠠᠴᠠ ᠳᠣᠭᠤᠭᠰᠢ ᠠᠵᠢᠯ ᠡᠷᠬᠢᠯᠡᠬᠦ ᠠᠵᠢᠯᠯᠠᠭ᠎ᠠ ᠶᠢ ᠨᠢ ᠲᠦᠷ ᠵᠣᠭᠰᠣᠭᠠᠵᠤ᠂ ᠴᠢᠨᠠᠭᠰᠢᠯᠠᠪᠠᠯ ᠡᠮᠴᠢ ᠶᠢᠨ ᠠᠵᠢᠯ ᠡᠷᠬᠢᠯᠡᠬᠦ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ᠃            ᠲᠡᠪᠢᠠ ᠨᠠᠢᠮᠠᠳᠤᠭᠠᠷ ᠵᠦᠢᠯ ᠡᠮᠴᠢ ᠶᠢᠨ ᠠᠵᠢᠯ ᠮᠡᠷᠭᠡᠵᠢᠯ ᠤᠨ ᠶᠣᠰᠣ ᠮᠣᠷᠠᠯ᠂ ᠠᠨᠠᠭᠠᠬᠤ ᠤᠬᠠᠭᠠᠨ ᠤ ᠶᠣᠰᠣ ᠰᠤᠷᠲᠠᠬᠤᠨ ᠤ ᠵᠢᠷᠤᠮᠵᠢᠯ ᠢ ᠬᠦᠨᠳᠦ ᠨᠣᠴᠢᠲᠠᠢ ᠵᠥᠷᠢᠴᠡᠵᠦ᠂ ᠨᠡᠶᠢᠭᠡᠮ ᠳᠤ ᠮᠠᠭᠤ ᠨᠥᠯᠥᠭᠡ ᠭᠠᠷᠭᠠᠭᠰᠠᠨ ᠪᠠᠶᠢᠪᠠᠯ᠂ ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠡᠳᠦ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠡᠮᠴᠢ ᠶᠢᠨ ᠠᠵᠢᠯ ᠡᠷᠬᠢᠯᠡᠬᠦ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠬᠤ ᠪᠤᠶᠤ ᠬᠠᠤᠯᠢ ᠪᠤᠰᠤ ᠪᠠᠷ ᠠᠵᠢᠯ ᠡᠷᠬᠢᠯᠡᠬᠦ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠪᠤᠶᠤ ᠠᠨᠠᠭᠠᠬᠤ ᠤᠬᠠᠭᠠᠨ ᠤ ᠡᠮᠴᠢᠯᠡᠭᠡᠨ ᠤ ᠰᠤᠳᠤᠯᠭᠠᠨ ᠬᠢᠬᠦ ᠶᠢ ᠨᠢ ᠲᠠᠪᠤᠨ ᠵᠢᠯ ᠠᠴᠠ ᠨᠠᠰᠤᠨ ᠲᠤᠷᠰᠢᠲᠠ ᠴᠠᠭᠠᠵᠠᠯᠠᠨ᠎ᠠ᠃            ᠲᠠᠪᠢ ᠶᠢᠰᠦᠳᠦᠭᠡᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠡᠮᠴᠢ ᠪᠤᠰᠤ ᠪᠠᠷ ᠡᠮᠴᠢᠯᠡᠭᠰᠡᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠪᠤᠰᠤ ᠪᠠᠷ ᠠᠵᠢᠯ ᠡᠷᠬᠢᠯᠡᠬᠦ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠪᠠ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠢ ᠨᠢ ᠬᠤᠷᠢᠶᠠᠨ ᠠᠪᠴᠤ᠂ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠤᠨ ᠬᠢᠨᠢ ᠬᠤᠶᠠᠷ ᠳᠠᠬᠢᠨ ᠠᠴᠠ ᠳᠡᠭᠡᠭᠰᠢ ᠠᠷᠪᠠᠨ ᠳᠠᠬᠢᠨ ᠠᠴᠠ ᠳᠣᠭᠤᠭᠰᠢ ᠲᠣᠷᠭᠠᠭᠤᠯᠢ ᠣᠨᠣᠭᠳᠠᠭᠤᠯᠵᠤ ᠨᠡᠶᠢᠯᠡᠭᠦᠯᠦᠨ ᠰᠢᠢᠳᠬᠡᠨ᠎ᠡ᠂ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠨᠢ ᠲᠦᠮᠡᠨ ᠲᠥᠭᠦᠷᠢᠭ ᠲᠤ ᠬᠦᠷᠬᠦ ᠦᠭᠡᠢ ᠪᠠᠶᠢᠪᠠᠯ᠂ ᠲᠦᠮᠡᠨ ᠲᠥᠭᠦᠷᠢᠭ ᠢᠶᠠᠷ ᠪᠤᠳᠤᠨ᠎ᠠ᠃            ᠵᠢᠷᠠᠳᠤᠭᠠᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠡᠮᠴᠢ ᠶᠢᠨ ᠬᠠᠤᠯᠢ ᠶᠣᠰᠣᠭᠠᠷ ᠠᠵᠢᠯ ᠡᠷᠬᠢᠯᠡᠬᠦ ᠶᠢ ᠬᠠᠷᠰᠢᠯᠠᠵᠤ᠂ ᠡᠮᠴᠢ ᠶᠢᠨ ᠬᠡᠪ ᠤᠨ ᠠᠵᠢᠯ᠂ ᠠᠮᠢᠳᠤᠷᠠᠯ ᠢ ᠬᠠᠷᠰᠢᠯᠠᠭᠰᠠᠨ ᠪᠤᠶᠤ ᠭᠤᠲᠤᠭᠠᠬᠤ᠂ ᠭᠦᠳᠬᠡᠬᠦ᠂ ᠰᠦᠷᠳᠡᠭᠦᠯᠬᠦ᠂ ᠵᠣᠳᠣᠬᠤ ᠵᠡᠷᠭᠡ ᠠᠷᠭ᠎ᠠ ᠮᠠᠶ᠋ᠢᠭ ᠢᠶᠠᠷ ᠡᠮᠴᠢ ᠶᠢᠨ ᠬᠥᠮᠥᠨ ᠤ ᠨᠡᠷ᠎ᠡ ᠬᠦᠨᠳᠦ᠂ ᠪᠡᠶ᠎ᠡ ᠶᠢᠨ ᠠᠮᠤᠷ ᠲᠦᠪᠰᠢᠨ ᠳᠤ ᠬᠠᠯᠳᠠᠵᠤ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠵᠥᠷᠢᠴᠡᠭᠰᠡᠨ ᠦᠢᠯᠡ ᠠᠵᠢᠯᠯᠠᠭ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠥᠭᠭᠦᠨ᠎ᠡ᠃            ᠵᠢᠷᠠᠨ ᠨᠢᠭᠡᠳᠦᠭᠡᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠮᠡᠳᠡᠭᠦᠯᠬᠦ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠠᠴᠠ ᠪᠣᠯᠵᠤ ᠬᠦᠨᠳᠦ ᠨᠣᠴᠢᠲᠠᠢ ᠤᠷᠰᠢᠭ ᠲᠠᠲᠠᠭᠰᠠᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠳᠣᠩᠭᠤᠳᠴᠤ᠂ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠥᠨ ᠪᠣᠯᠣᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠳᠤ ᠬᠠᠤᠯᠢ ᠶᠣᠰᠣᠭᠠᠷ ᠰᠢᠢᠳᠬᠡᠯ ᠥᠭᠭᠦᠨ᠎ᠡ᠃            ᠵᠢᠷᠠᠨ ᠬᠤᠶᠠᠳᠤᠭᠠᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠣᠨ ᠬᠤᠯᠪᠣᠭᠳᠠᠯ ᠪᠦᠬᠦᠢ ᠪᠤᠰᠤᠳ ᠰᠠᠯᠠᠭ᠎ᠠ ᠮᠥᠴᠢᠷ ᠤᠨ ᠠᠵᠢᠯᠲᠠᠨ ᠪᠤᠶᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠵᠢᠯᠲᠠᠨ ᠬᠤᠳᠠᠯ ᠬᠡᠯᠡᠵᠦ ᠬᠠᠭᠤᠷᠮᠠᠭᠯᠠᠨ ᠦᠢᠯᠡᠳᠦᠭᠰᠡᠨ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠭᠰᠠᠨ᠂ ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠥᠷᠢᠴᠡᠭᠰᠡᠨ ᠪᠠᠶᠢᠪᠠᠯ᠂ ᠬᠠᠤᠯᠢ ᠶᠣᠰᠣᠭᠠᠷ ᠰᠢᠢᠳᠬᠡᠯ ᠥᠭᠭᠦᠨ᠎ᠡ᠃            ᠵᠢᠷᠠᠨ ᠭᠤᠷᠪᠠᠳᠤᠭᠠᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠬᠥᠮᠥᠨ ᠤ ᠪᠡᠶ᠎ᠡ ᠮᠠᠬᠠᠪᠤᠳ᠂ ᠡᠳ᠋ ᠬᠥᠷᠥᠩᠭᠡ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠢᠷᠭᠡᠨ ᠤ ᠬᠡᠷᠡᠭ ᠤᠨ ᠬᠠᠷᠢᠭᠤᠴᠠᠯᠭ᠎ᠠ ᠡᠭᠦᠷᠭᠡᠯᠡᠨ᠎ᠡ᠃            ᠳᠣᠯᠣᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ            ᠵᠢᠷᠠᠨ ᠳᠥᠷᠪᠡᠳᠦᠭᠡᠷ ᠵᠦᠢᠯ ᠤᠯᠤᠰ ᠠᠴᠠ ᠠᠷᠭ᠎ᠠ ᠬᠡᠮᠵᠢᠶ᠎ᠡ ᠠᠪᠴᠤ᠂ ᠳᠤᠮᠳᠠᠳᠤ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠠᠨᠠᠭᠠᠬᠤ ᠤᠬᠠᠭᠠᠨ ᠤ ᠲᠤᠰᠬᠠᠢ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠲᠠᠢ ᠬᠥᠮᠥᠰ ᠤᠨ ᠨᠡᠩ ᠥᠨᠳᠥᠷ ᠲᠡᠰ ᠳᠠᠪᠬᠤᠷᠭ᠎ᠠ ᠶᠢᠨ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠳᠤ ᠣᠷᠣᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠨᠠᠭᠠᠬᠤ ᠤᠬᠠᠭᠠᠨ ᠤ ᠮᠡᠷᠭᠡᠵᠢᠯ ᠤᠨ ᠴᠢᠳᠠᠪᠤᠷᠢ ᠪᠠ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠶᠢ ᠵᠣᠷᠢᠭᠵᠢᠭᠤᠯᠤᠨ᠎ᠠ᠃            ᠲᠤᠰ ᠬᠠᠤᠯᠢ ᠶᠢ ᠬᠡᠷᠡᠭᠵᠢᠭᠦᠯᠬᠦ ᠠᠴᠠ ᠡᠮᠦᠨ᠎ᠡ ᠵᠢᠴᠢ ᠲᠤᠰ ᠬᠠᠤᠯᠢ ᠶᠢ ᠬᠡᠷᠡᠭᠵᠢᠭᠦᠯᠦᠭᠰᠡᠨ ᠤ ᠳᠠᠷᠠᠭ᠎ᠠ ᠵᠣᠬᠢᠬᠤ ᠬᠤᠭᠤᠴᠠᠭᠠᠨ ᠳᠣᠲᠣᠷ᠎ᠠ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠬᠠᠮᠢᠶ᠎ᠠ ᠪᠦᠬᠦᠢ ᠠᠨᠠᠭᠠᠬᠤ ᠤᠬᠠᠭᠠᠨ ᠤ ᠲᠤᠰᠬᠠᠶ ᠮᠡᠷᠭᠡᠵᠢᠯ ᠤᠨ ᠰᠤᠷᠤᠯᠴᠠᠭᠰᠠᠨ ᠨᠠᠮᠲᠠᠷ ᠢ ᠣᠯᠤᠭᠰᠠᠨ ᠬᠥᠮᠦᠰ ᠨᠢ ᠡᠮᠴᠢ ᠶᠢᠨ ᠬᠢᠷᠢ ᠭᠡᠮ ᠤᠨ ᠰᠢᠯᠭᠠᠯᠲᠠ ᠳᠤ ᠣᠷᠣᠯᠴᠠᠵᠤ ᠪᠣᠯᠤᠨ᠎ᠠ᠃ ᠪᠣᠳᠠᠲᠠᠶ ᠠᠷᠭ᠎ᠠ ᠶᠢ ᠲᠥᠷᠥ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠥᠷᠥ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠥᠮᠦᠵᠢᠯ᠂ ᠬᠢᠲᠠᠳ ᠡᠮ ᠡᠮᠨᠡᠯᠭᠡ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠣᠭᠲᠠᠭᠠᠨ᠎ᠠ᠃            ᠵᠢᠷᠠᠨ ᠲᠠᠪᠤᠳᠤᠭᠠᠷ ᠵᠦᠢᠯ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠪᠣᠯᠣᠨ ᠳᠤᠮᠳᠠᠳᠤ ᠤᠯᠤᠰ ᠤᠨ ᠠᠷᠠᠳ ᠤᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠲᠤᠰ ᠬᠠᠤᠯᠢ ᠶᠢ ᠬᠡᠷᠡᠭᠵᠢᠭᠦᠯᠬᠦ ᠪᠣᠳᠠᠲᠠᠢ ᠠᠷᠭ᠎ᠠ ᠶᠢ ᠲᠥᠷᠥ ᠶᠢᠨ ᠶᠠᠪᠤᠳᠠᠯ ᠤᠨ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠠᠴᠠ ᠲᠤᠰ ᠬᠠᠤᠯᠢ ᠶᠢ ᠦᠨᠳᠦᠰᠦᠯᠡᠵᠦ ᠲᠣᠭᠲᠠᠭᠠᠨ᠎ᠠ            ᠵᠢᠷᠠᠨ ᠵᠢᠷᠭᠤᠳᠤᠭᠠᠷ ᠵᠦᠢᠯ ᠬᠢᠯᠢ ᠶᠢᠨ ᠭᠠᠳᠠᠨᠠᠬᠢ ᠬᠥᠮᠥᠰ ᠤᠨ ᠡᠮᠴᠢ ᠶᠢᠨ ᠬᠢᠷᠢ ᠬᠡᠮ ᠤᠨ ᠰᠢᠯᠭᠠᠯᠲᠠ ᠳᠤ ᠣᠷᠣᠯᠴᠠᠬᠤ᠂ ᠪᠦᠷᠢᠳᠬᠡᠭᠦᠯᠬᠦ ᠪᠠᠷ ᠭᠤᠶᠤᠴᠢᠯᠠᠬᠤ᠂ ᠠᠵᠢᠯ ᠡᠷᠬᠢᠯᠡᠬᠦ ᠪᠤᠶᠤ ᠡᠮᠴᠢᠯᠡᠭᠡᠨ ᠤ ᠦᠵᠡᠭᠦᠯᠦᠨ ᠵᠢᠭᠠᠬᠤ᠂ ᠡᠮᠴᠢᠯᠡᠭᠡᠨ ᠤ ᠰᠤᠳᠤᠯᠭᠠᠨ᠂ ᠡᠮᠴᠢᠯᠡᠭᠡᠨ ᠤ ᠡᠷᠳᠡᠮ ᠰᠢᠨᠵᠢᠯᠡᠭᠡᠨ ᠤ ᠰᠣᠯᠢᠯᠴᠠᠭ᠎ᠠ ᠬᠢᠬᠦ ᠵᠡᠷᠭᠡ ᠠᠵᠢᠯᠯᠠᠭ᠎ᠠ ᠶᠢ ᠡᠷᠬᠢᠯᠡᠬᠦ ᠪᠣᠳᠠᠲᠠᠢ ᠬᠠᠮᠢᠶᠠᠷᠤᠯᠲᠠ ᠶᠢᠨ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠨ᠎ᠠ᠃            ᠵᠢᠷᠠᠨ ᠳᠣᠯᠣᠳᠤᠭᠠᠷ ᠵᠦᠢᠯ ᠲᠤᠰ ᠬᠠᠤᠯᠢ ᠶᠢ 2022 ᠣᠨ ᠤ 3 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠡᠷᠬᠢᠯᠡᠬᠦ ᠡᠮᠴᠢ ᠶᠢᠨ ᠬᠠᠤᠯᠢ ︾  ᠶᠢ ᠳᠠᠭᠠᠤ ᠳᠤᠨᠢ ᠬᠦᠴᠦᠨ ᠦᠭᠡᠢ ᠪᠣᠯᠭᠠᠨ᠎ᠠ᠃            ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ᠄ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠴᠢ ᠶᠢᠨ ᠬᠠᠤᠯᠢ︾ ᠶᠢᠨ ᠲᠤᠬᠠᠢ ᠠᠯᠠᠱᠠ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠠᠮᠵᠢᠭᠤᠯᠤᠨ ᠨᠡᠶᠢᠲᠡᠯᠡᠭᠰᠡᠨ ᠲᠠᠶᠢᠯᠤᠮᠵᠢ                              ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号