| | | | | | ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ | ᠮᠠᠨᠵᠤᠤᠷ ᠬᠤᠲᠠ᠂ ᠡᠷᠢᠶᠡᠨ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ ᠳᠤ᠄ | | ︽ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢ ᠬᠠᠷᠢᠯᠴᠠᠨ | ᠬᠠᠷᠠᠭᠠᠯᠵᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ | ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 82 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ | ᠭᠦᠨᠵᠡᠭᠡᠢ ᠲᠤᠤᠱᠯᠠᠭᠤᠯᠤᠨ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠬᠤ ᠶᠢ ᠠᠯᠬᠤᠮ ᠠᠯᠬᠤᠮ ᠢᠶᠠᠷ ᠠᠬᠢᠭᠤᠯᠵᠤ᠂ ᠠᠵᠢᠯᠲᠠᠨ ᠠᠵᠢᠯᠴᠢᠨ ᠤ ᠡᠮᠴᠢᠯᠡᠭᠡᠨ ᠤ | ᠳᠠᠭᠠᠳᠬᠠᠯ ᠳᠤ ᠣᠷᠣᠯᠴᠠᠭᠰᠠᠳ ᠤᠨ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠠᠰᠠᠭᠤᠳᠠᠯ ᠢ ᠨᠠᠩ ᠰᠠᠶᠢᠲᠤᠷ | ᠰᠢᠢᠳᠪᠦᠷᠢᠯᠡᠬᠦ ᠶᠢᠨ ᠲᠤᠰᠠᠳᠠ᠃ ᠡᠳᠦᠭᠡ ᠮᠠᠨ ᠤ ᠣᠷᠣᠨ ᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ | ᠳᠠᠭᠠᠳᠬᠠᠯ ᠤᠨ ᠡᠩ ᠤᠨ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ | ᠲᠤᠬᠠᠢ ᠳᠣᠣᠷᠠᠬᠢ ᠮᠡᠲᠦ ᠮᠡᠳᠡᠭᠳᠡᠶ᠎ᠡ᠄ | | ᠨᠢᠭᠡ᠂ ᠠᠵᠢᠯᠲᠠᠨ ᠠᠵᠢᠯᠴᠢᠨ ᠤ ᠡᠮᠨᠡᠯᠭᠡ ᠪᠠᠨ ᠳᠠᠭᠠᠳᠬᠠᠯ ᠤᠨ ᠡᠩ ᠤᠨ ᠡᠭᠦᠳᠡᠨ ᠡᠮᠨᠡᠯᠭᠡ ᠶᠢ | ᠨᠢᠭᠡᠳᠦᠯᠲᠡᠢ ᠲᠥᠯᠥᠪᠯᠡᠬᠦ ᠳᠦᠷᠢᠮ ᠢ ᠪᠠᠶᠢᠭᠤᠯᠬᠤ ᠬᠡᠷᠡᠭᠲᠡᠢ | | | ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢᠨ ᠵᠠᠷᠤᠳᠠᠯ ᠤᠨ | ᠪᠠᠲᠤᠯᠠᠭ᠎ᠠ ᠶᠢᠨ ᠲᠣᠭᠲᠠᠴᠠ ᠶᠢ ᠲᠠᠰᠤᠷᠠᠯᠲᠠ ᠦᠭᠡᠢ ᠪᠦᠷᠢᠨᠰᠢᠭᠦᠯᠵᠦ᠂ ᠡᠪᠡᠳᠴᠢᠨ ᠤ ᠲᠥᠷᠥᠯ ᠤᠨ ᠪᠠᠲᠤᠯᠠᠭ᠎ᠠ | ᠠᠴᠠ ᠵᠠᠷᠤᠳᠠᠯ ᠤᠨ ᠪᠠᠲᠤᠯᠠᠭ᠎ᠠ ᠳᠠᠰᠢ ᠠᠯᠬᠤᠮ ᠠᠯᠬᠤᠮ ᠢᠶᠠᠷ ᠰᠢᠯᠵᠢᠵᠦ᠂ ᠡᠮᠴᠢᠯᠡᠭᠡᠨ ᠤ ᠳᠠᠭᠠᠳᠬᠠᠯ ᠤᠨ | ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦ ᠶᠢᠨ ᠳᠠᠭᠠᠭᠠᠬᠤ ᠴᠢᠳᠠᠪᠤᠷᠢ ᠶᠢ ᠦᠨᠳᠦᠰᠦᠯᠡᠨ᠂ ᠪᠠᠲᠤᠯᠠᠭ᠎ᠠ ᠶᠢᠨ ᠬᠢᠷᠢ | ᠬᠡᠮᠵᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠳᠠᠭᠠᠳᠬᠠᠯ ᠳᠤ ᠣᠷᠣᠯᠴᠠᠭᠰᠠᠳ ᠤᠨ ᠡᠭᠦᠳᠡᠨᠡᠭᠦᠳᠡᠨ | ᠡᠮᠨᠡᠯᠭᠡ ᠶᠢᠨ ᠣᠯᠠᠨ ᠡᠭᠦᠰᠳᠡᠭ ᠡᠪᠡᠳᠴᠢᠨ᠂ ᠪᠠᠶᠢᠩᠭᠤ ᠲᠣᠬᠢᠶᠠᠯᠳᠤᠳᠠᠭ ᠡᠪᠡᠳᠴᠢᠨ ᠢ ᠡᠮᠴᠢᠯᠡᠭᠡᠨ ᠤ | ᠳᠠᠭᠠᠳᠬᠠᠯ ᠤᠨ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠬᠡᠪᠴᠢᠶᠡᠨ ᠳᠤ ᠠᠯᠬᠤᠮ | ᠠᠯᠬᠤᠮ ᠢᠶᠠᠷ ᠣᠷᠣᠭᠤᠯᠤᠨ᠎ᠠ᠃ | | ︵ᠨᠢᠭᠡ︶ ᠬᠠᠮᠤᠷᠬᠤ ᠬᠡᠪᠴᠢᠶ᠎ᠡ᠃ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠳᠤ ᠣᠷᠣᠯᠴᠠᠭᠰᠠᠳ᠃ | | ︵ᠬᠤᠶᠠᠷ︶ ᠲᠥᠯᠥᠬᠦ ᠬᠡᠪᠴᠢᠶ᠎ᠡ᠃ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠡᠮ ᠤᠨ ᠵᠦᠢᠯ᠂ | ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠠ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ᠃ | | ︵ᠭᠤᠷᠪᠠ︶ ᠲᠥᠯᠥᠪᠦᠷᠢ ᠶᠢᠨ ᠲᠥᠷᠥ ᠶᠢᠨ ᠪᠤᠳᠣᠯᠭ᠎ᠠ᠃ ᠲᠥᠷᠥ ᠶᠢᠨ ᠪᠣᠳᠣᠯᠭ᠎ᠠ ᠶᠢᠨ ᠬᠡᠪᠴᠢᠶᠡᠨ | ᠳᠣᠲᠣᠷᠠᠬᠢ ᠡᠮᠴᠢᠯᠡᠭᠡᠨ ᠤ ᠵᠠᠷᠤᠳᠠᠯ ᠤᠨ ᠣᠨ ᠤ ᠡᠬᠢᠯᠡᠵᠦ ᠥᠭᠬᠦ ᠪᠠᠷᠢᠮᠵᠢᠶ᠎ᠠ ᠶᠢ 1000 ᠲᠥᠭᠦᠷᠢᠭ ᠠᠴᠠ | ᠳᠣᠤᠷ᠎ᠠ ᠪᠠᠶᠢᠯᠭᠠᠵᠤ ᠪᠣᠯᠬᠤ ᠦᠭᠡᠶ᠂ ᠣᠨ ᠤ ᠬᠠᠮᠤᠭ ᠤᠨ ᠥᠨᠳᠥᠷ ᠥᠭᠬᠦ ᠬᠢᠵᠠᠭᠠᠷᠯᠠᠭᠰᠠᠨ ᠲᠤᠭ᠎ᠠ᠂ ᠠᠵᠢᠯᠯᠠᠵᠤ | ᠪᠠᠶᠢᠭ᠎ᠠ ᠠᠵᠢᠯᠲᠠᠨ ᠠᠵᠢᠯᠴᠢᠨ ᠨᠢ 4000 ᠲᠥᠭᠦᠷᠢᠭ ᠠᠴᠠ ᠳᠣᠤᠷ᠎ᠠ ᠪᠠᠶᠢᠯᠭᠠᠵᠤ ᠪᠣᠯᠬᠤ ᠦᠭᠡᠶ᠂ | ᠠᠵᠢᠯ ᠠᠴᠠ ᠪᠠᠨ ᠪᠠᠭᠤᠵᠤ ᠠᠮᠠᠷᠠᠭᠰᠠᠳ ᠨᠢ 5000 ᠲᠥᠭᠦᠷᠢᠭ ᠠᠴᠠ ᠳᠣᠤᠷ᠎ᠠ ᠪᠠᠶᠢᠯᠭᠠᠵᠤ ᠪᠣᠯᠬᠤ ᠦᠭᠡᠶ᠃ | ᠡᠬᠢᠯᠡᠵᠦ ᠥᠭᠬᠦ ᠪᠠᠷᠢᠮᠵᠢᠶ᠎ᠠ ᠠᠴᠠ ᠳᠡᠭᠡᠭᠰᠢ᠂ ᠬᠠᠮᠤᠭ ᠤᠨ ᠥᠨᠳᠥᠷ ᠥᠭᠬᠦ ᠬᠢᠵᠠᠭᠠᠷ ᠲᠤᠭ᠎ᠠ ᠠᠴᠠ ᠳᠣᠷᠣᠭᠰᠢ | ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠵᠠᠷᠤᠳᠠᠯ ᠳᠤ ᠠᠳᠠᠯᠢ ᠪᠤᠰᠤ ᠲᠠᠰ ᠤᠨ ᠡᠮᠴᠢᠯᠡᠭᠡᠨ ᠤ | ᠪᠠᠶᠢᠭᠤᠯᠤᠮᠵᠢ ᠨᠢ ᠥᠭᠬᠦ ᠬᠠᠷᠢᠴᠠᠯ ᠤᠨ ᠵᠥᠷᠢᠶ᠎ᠡ ᠶᠢ ᠵᠣᠬᠢᠰᠲᠠᠶ ᠥᠷᠭᠡᠳᠬᠡᠬᠦ ᠶᠢᠨ ᠬᠠᠮᠲᠤ ᠠᠵᠢᠯ ᠠᠴᠠ ᠪᠠᠨ | ᠪᠠᠭᠤᠵᠤ ᠠᠮᠠᠷᠠᠭᠰᠠᠨ ᠬᠥᠮᠦᠰ ᠲᠡᠰᠢ ᠵᠣᠬᠢᠰᠲᠠᠶ ᠬᠡᠯᠪᠠᠶᠢᠯᠭᠡᠨ᠎ᠡ᠃ ᠣᠯᠭᠤᠬᠤ ᠬᠠᠷᠢᠴᠠᠯ ᠢ ᠭᠤᠷᠪᠠᠳᠤᠭᠠᠷ ᠲᠠᠰ ᠤᠨ | ᠡᠮᠴᠢᠯᠡᠭᠡᠨ ᠤ ᠪᠠᠶᠢᠭᠤᠯᠤᠮᠵᠢ 50% ᠠᠴᠠ ᠳᠣᠤᠷ᠎ᠠ ᠪᠠᠶᠢᠯᠭᠠᠵᠤ ᠪᠣᠯᠬᠤ ᠦᠭᠡᠶ᠂ ᠬᠤᠶᠠᠳᠤᠭᠠᠷ ᠳᠡᠰ ᠵᠢᠴᠢ | ᠲᠡᠭᠦᠨ ᠠᠴᠠ ᠳᠣᠷᠣᠭᠰᠢᠬᠢ ᠡᠮᠴᠢᠯᠡᠭᠡᠨ ᠤ ᠪᠠᠶᠢᠭᠤᠯᠤᠮᠵᠢ 60% ᠠᠴᠠ ᠳᠣᠤᠷ᠎ᠠ ᠪᠠᠶᠢᠯᠭᠠᠵᠤ ᠪᠣᠯᠬᠤ ᠦᠭᠡᠶ᠂ | ᠠᠵᠢᠯ ᠠᠴᠠ ᠪᠠᠨ ᠪᠠᠭᠤᠵᠤ ᠠᠮᠠᠷᠠᠭᠰᠠᠳ 5 ᠵᠠᠭᠤᠨ ᠤ ᠴᠡᠭ ᠨᠡᠮᠡᠭᠳᠡᠭᠦᠯᠦᠨ᠎ᠡ᠃ | | ︵ᠳᠥᠷᠪᠡ︶ ᠡᠭᠦᠳᠡᠨ ᠡᠮᠨᠡᠯᠭᠡ ᠪᠠ ᠡᠮᠨᠡᠯᠭᠡ ᠳᠤ ᠰᠠᠭᠤᠬᠤ ᠶᠢ ᠪᠠᠲᠤᠯᠠᠬᠤ ᠲᠥᠷᠥ ᠶᠢᠨ ᠪᠣᠳᠣᠯᠭ᠎ᠠ ᠶᠢᠨ | ᠵᠣᠯᠭᠠᠭᠤᠯᠤᠯᠲᠠ ᠶᠢ ᠰᠠᠶᠢᠲᠤᠷ ᠬᠢᠨ᠎ᠡ᠃ ᠡᠭᠦᠳᠡᠨ ᠡᠮᠨᠡᠯᠭᠡ ᠶᠢᠨ ᠣᠨ ᠤ ᠬᠠᠮᠤᠭ ᠤᠨ ᠥᠨᠳᠥᠷ ᠥᠭᠬᠦ ᠬᠢᠵᠠᠭᠠᠷ | ᠲᠤᠭ᠎ᠠ ᠶᠢ ᠡᠮᠨᠡᠯᠭᠡ ᠳᠤ ᠰᠠᠭᠤᠬᠤ ᠶᠢ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢᠨ ᠣᠨ ᠤ ᠬᠠᠮᠤᠭ ᠤᠨ | ᠥᠨᠳᠥᠷ ᠥᠭᠬᠦ ᠬᠢᠵᠠᠭᠠᠷ ᠲᠤᠭ᠎ᠠ ᠳᠤ ᠣᠷᠣᠭᠤᠯᠬᠤ ᠶᠢ ᠪᠠᠲᠤᠯᠠᠬᠤ ᠶᠢᠨ ᠬᠠᠮᠲᠤ ᠡᠮᠨᠡᠯᠭᠡ ᠳᠤ ᠰᠠᠭᠤᠭᠰᠠᠨ | ᠵᠠᠷᠤᠳᠠᠯ ᠢ ᠥᠭᠬᠦ ᠲᠥᠷᠥ ᠶᠢᠨ ᠪᠣᠳᠣᠯᠭ᠎ᠠ ᠲᠠᠢ ᠵᠣᠯᠭᠠᠭᠤᠯᠬᠤ ᠶᠢ ᠰᠠᠶᠢᠲᠤᠷ ᠬᠢᠨ᠎ᠠ᠃ | | ᠬᠤᠶᠠᠷ᠂ ᠬᠤᠯᠪᠣᠭᠳᠠᠯ ᠪᠦᠬᠦᠢ ᠱᠠᠭᠠᠷᠳᠠᠯᠭ᠎ᠠ | | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠨᠢᠭᠡᠳᠦᠯᠲᠡᠢ | ᠲᠥᠯᠥᠪᠯᠡᠬᠦ ᠭᠠᠵᠠᠷ ᠣᠷᠣᠨ ᠤ ᠡᠮᠴᠢᠯᠡᠭᠡᠨ ᠤ ᠪᠠᠲᠤᠯᠠᠭ᠎ᠠ ᠪᠠ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠰᠠᠯᠠᠭ᠎ᠠ ᠮᠥᠴᠢᠷ ᠤᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ᠂ ᠠᠵᠢᠯ ᠤᠨ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠲᠤᠬᠠᠢ ᠶᠢᠨ ᠭᠠᠵᠠᠷ ᠤᠨ ᠪᠣᠳᠠᠲᠠᠢ ᠲᠠᠢ ᠪᠠᠨ | ᠤᠶᠠᠯᠳᠤᠭᠤᠯᠤᠨ᠂ ᠡᠭᠦᠷᠭᠡ ᠬᠠᠷᠢᠭᠤᠴᠠᠯᠭ᠎ᠠ ᠶᠢᠨ ᠡᠷᠬᠡ ᠶᠢᠨ ᠬᠢᠵᠠᠭᠠᠷ ᠶᠣᠰᠣᠭᠠᠷ ᠣᠯᠭᠤᠮᠵᠢ ᠶᠢᠨ ᠪᠠᠷᠢᠮᠵᠢᠶ᠎ᠠ ᠶᠢ | ᠲᠣᠭᠲᠠᠭᠠᠵᠤ᠂ ᠲᠥᠰᠥᠪ ᠤᠨ ᠬᠠᠮᠢᠶᠠᠷᠤᠯᠲᠠ᠂ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ᠂ ᠭᠠᠷᠲᠠᠨ | ᠭᠦᠢᠴᠡᠳᠬᠡᠬᠦ ᠬᠠᠮᠢᠶᠠᠷᠤᠯᠲᠠ᠂ ᠲᠣᠭᠠᠴᠠᠭ᠎ᠠ ᠬᠢᠬᠦ ᠠᠷᠭ᠎ᠠ ᠮᠠᠶ᠋ᠢᠭ ᠵᠡᠷᠭᠡ ᠳᠦᠷᠢᠮ ᠠᠷᠭ᠎ᠠ ᠬᠡᠮᠵᠢᠶ᠎ᠡ ᠶᠢ | ᠲᠡᠭᠦᠯᠳᠡᠷᠵᠢᠭᠦᠯᠦᠨ᠂ 2022 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠣᠳᠠᠲᠠᠢ ᠠᠷᠭ᠎ᠠ ᠶᠢ | ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠪᠠ ᠡᠳ᠋ ᠤᠨ | ᠵᠠᠰᠠᠭ ᠤᠨ ᠲᠢᠩᠬᠢᠮ ᠳᠤ ᠮᠡᠳᠡᠭᠦᠯᠦᠨ ᠪᠦᠷᠢᠳᠬᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ 2023 ᠣᠨ ᠤ | ᠵᠢᠯ ᠤᠨ ᠰᠡᠭᠦᠯᠴᠢ ᠠᠴᠠ ᠡᠮᠦᠨ᠎ᠡ᠂ ᠡᠯ᠎ᠡ ᠨᠢᠭᠡᠳᠦᠯᠲᠡᠢ ᠲᠥᠯᠥᠪᠯᠡᠬᠦ ᠭᠠᠵᠠᠷ ᠣᠷᠣᠨ ᠨᠤᠭᠤᠳ ᠥᠭᠡᠷᠡᠴᠢᠯᠡᠯᠲᠡ ᠶᠢᠨ | ᠬᠡᠷᠡᠭᠵᠢᠭᠦᠯᠦᠯᠲᠡ ᠶᠢ ᠦᠨᠡᠯᠡᠨ ᠵᠢᠱᠢᠬᠦ ᠠᠵᠢᠯ ᠢ ᠥᠷᠨᠢᠭᠦᠯᠵᠦ᠂ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦ ᠶᠢᠨ | ᠠᠰᠢᠭᠯᠠᠯᠲᠠ ᠶᠢᠨ ᠪᠠᠶᠢᠳᠠᠯ ᠢ ᠦᠨᠳᠦᠰᠦᠯᠡᠨ ᠴᠠᠭ ᠲᠤᠨᠢ ᠲᠣᠬᠢᠷᠠᠭᠤᠯᠤᠨ ᠲᠣᠬᠢᠷᠠᠭᠤᠯᠤᠯᠲᠠ ᠬᠢᠵᠦ᠂ ᠠᠵᠢᠯᠲᠠᠨ | ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠡᠩ ᠤᠨ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠲᠣᠭᠲᠠᠴᠠ ᠶᠢ | ᠤᠯᠠᠮ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠢ᠃ | | ︵ᠬᠤᠶᠠᠷ︶ ᠯᠠᠪᠳᠠᠭᠤᠨ ᠪᠣᠯᠭᠤᠮᠵᠢᠲᠠᠢ ᠠᠬᠢᠭᠤᠯᠬᠤ ᠶᠢ ᠦᠨᠡᠨᠬᠦ ᠪᠠᠲᠤᠯᠠᠨ᠎ᠠ᠃ ᠡᠯ᠎ᠡ ᠭᠠᠵᠠᠷ ᠤᠨ ᠬᠢᠨ | ᠥᠭᠡᠷᠡᠴᠢᠯᠡᠯᠲᠡ ᠶᠢᠨ ᠡᠮᠦᠨ᠎ᠡ ᠬᠤᠶᠢᠨᠠᠬᠢ ᠲᠥᠷᠥ ᠶᠢᠨ ᠪᠣᠳᠣᠯᠭ᠎ᠠ ᠶᠢᠨ ᠵᠣᠯᠭᠠᠯᠴᠠᠭ᠎ᠠ ᠶᠢ ᠲᠣᠬᠢᠲᠠᠢ ᠰᠠᠶᠢᠲᠤᠷ | ᠰᠢᠢᠳᠪᠦᠷᠢᠯᠡᠵᠦ᠂ ᠢᠳᠡᠪᠬᠢᠲᠡᠢ ᠪᠥᠭᠡᠳ ᠯᠠᠪᠳᠠᠭᠤᠨ ᠢᠶᠠᠷ ᠲᠦᠯᠬᠢᠨ ᠠᠬᠢᠭᠤᠯᠵᠤ᠂ ᠳᠠᠭᠠᠳᠬᠠᠯ ᠳᠤ | ᠣᠷᠣᠯᠴᠠᠭᠰᠠᠳ ᠤᠨ ᠣᠯᠭᠤᠮᠵᠢ ᠶᠢᠨ ᠲᠣᠭᠲᠠᠭᠤᠨ ᠢᠶᠠᠷ ᠰᠢᠯᠵᠢᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠬᠠᠮᠢᠶ᠎ᠠ | ᠪᠦᠬᠦᠢ ᠠᠵᠢᠯ ᠢ ᠨᠢᠭᠡᠨᠲᠡ ᠥᠷᠨᠢᠭᠦᠯᠦᠭᠰᠡᠨ ᠪᠠᠶᠢᠪᠠᠯ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠤᠯᠠᠮ | ᠵᠢᠷᠤᠮᠵᠢᠭᠤᠯᠵᠤ᠂ ᠬᠠᠮᠢᠶ᠎ᠠ ᠪᠦᠬᠦᠢ ᠠᠵᠢᠯ ᠢ ᠬᠠᠷᠠᠬᠠᠨ ᠥᠷᠨᠢᠭᠦᠯᠦᠭᠡᠳᠦᠢ ᠪᠠᠶᠢᠪᠠᠯ ᠢᠳᠡᠪᠬᠢᠲᠡᠢ ᠪᠥᠭᠡᠳ | ᠯᠠᠪᠳᠠᠭᠤᠨ ᠢᠶᠠᠷ ᠡᠬᠢᠯᠡᠭᠦᠯᠦᠨ ᠬᠡᠷᠡᠭᠵᠢᠭᠦᠯᠬᠦ ᠬᠡᠷᠡᠭᠲᠡᠢ᠃ | | ︵ᠭᠤᠷᠪᠠ︶ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠳ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠵᠦ᠂ | ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠢ | ᠲᠥᠯᠦᠪᠵᠢᠭᠦᠯᠭᠡ ᠶᠢ ᠪᠠᠶᠢᠭᠤᠯᠤᠨ ᠪᠦᠷᠢᠨᠰᠢᠭᠦᠯᠬᠦ ᠨᠢ ᠳᠠᠭᠠᠳᠬᠠᠯ ᠳᠤ ᠣᠷᠣᠯᠴᠠᠭᠰᠠᠳ ᠤᠨ ᠡᠮ ᠡᠮᠨᠡᠯᠭᠡ ᠶᠢᠨ | ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠬᠦ᠂ ᠳᠦᠷᠢᠮ ᠤᠨ ᠨᠠᠩ ᠲᠥᠪ ᠭᠤᠥᠯᠴᠢ ᠨᠠᠩ ᠦᠷᠭᠦᠯᠵᠢᠯᠡᠬᠦ ᠶᠢ | ᠠᠬᠢᠭᠤᠯᠬᠤ ᠳ᠋ᠤ᠋ᠡᠯᠡ ᠲᠠᠯ᠎ᠠ ᠶᠢᠨ ᠬᠢᠨ ᠤ ᠥᠭᠡᠷᠡᠴᠢᠯᠡᠯᠲᠡ ᠶᠢ ᠳᠡᠮᠵᠢᠨ ᠬᠠᠮᠵᠢᠯᠴᠠᠬᠤ ᠢᠳᠡᠪᠬᠢᠵᠢᠯ ᠪᠠ | ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠵᠤ᠂ ᠨᠡᠶᠢᠭᠡᠮ ᠤᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠎ᠠ᠃ | ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ ᠪᠠ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠨᠡᠶᠢᠭᠡᠮ ᠤᠨ | ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠵᠢᠱᠢᠯᠲᠡ ᠶᠢ ᠵᠦᠢ | ᠵᠣᠬᠢᠰᠲᠠᠢ ᠪᠠᠷ ᠬᠥᠲᠥᠯᠥᠨ ᠵᠢᠯᠤᠭᠤᠳᠬᠤ ᠬᠡᠷᠡᠭᠲᠡᠢ᠃ | | ᠲᠤᠰ ᠮᠡᠳᠡᠭᠳᠡᠯ ᠢ 2022 ᠣᠨ ᠤ 10 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠲᠤᠰ ᠮᠡᠳᠡᠭᠳᠡᠯ ᠲᠠᠢ ᠨᠡᠶᠢᠴᠡᠬᠦ ᠦᠭᠡᠢ ᠪᠦᠬᠦᠨ ᠢ ᠲᠤᠰ ᠮᠡᠳᠡᠭᠳᠡᠯ ᠤᠨ ᠶᠣᠰᠣᠭᠠᠷ ᠭᠦᠢᠴᠡᠳᠬᠡᠨ᠎ᠡ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ | ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠢᠩᠬᠢᠮ | 2021 ᠣᠨ ᠤ 12 ᠰᠠᠷ᠎ᠠ ᠶᠢᠨ 31 ᠤ ᠡᠳᠦᠷ | | ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ᠄ ︽ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ | ᠳᠠᠭᠠᠳᠬᠠᠯ ᠤᠨ ᠡᠩ ᠤᠨ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ | ᠲᠤᠬᠠᠢ ᠮᠡᠳᠡᠭᠳᠡᠯ︾ ᠤᠨ ᠲᠤᠬᠠᠢ ᠠᠯᠠᠱᠠ ᠵᠡᠭᠦᠨ ᠬᠤᠰᠢᠭᠤᠨ ᠤ ᠪᠠᠶᠠᠨᠬᠤᠲᠠ ᠶᠢᠨ ᠡᠮᠦᠨ᠎ᠡ ᠲᠣᠭᠤᠷᠢᠯᠲᠠ ᠶᠢᠨ | ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠳᠠᠮᠵᠢᠭᠤᠯᠤᠨ ᠨᠡᠶᠢᠲᠡᠯᠡᠭᠰᠡᠨ ᠲᠠᠶᠢᠯᠤᠮᠵᠢ | ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠪᠠᠶᠠᠨᠬᠤᠲᠠ ᠶᠢᠨ ᠡᠮᠦᠨ᠎ᠡ | ᠲᠣᠭᠤᠷᠢᠯᠲᠠ ᠶᠢᠨ ᠵᠡᠭᠡᠯᠢ ᠶᠢᠨ ᠬᠡᠷᠡᠭ ᠡᠷᠬᠢᠯᠡᠬᠦ ᠭᠠᠵᠠᠷ |