| | | | | | ︵2003 ᠣᠨ ᠤ 9 ᠰᠠᠷ᠎ᠠ ᠶᠢᠨ 30 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠲᠠᠪᠤᠳᠤᠭᠠᠷ ᠬᠤᠷᠠᠯᠳᠤᠭᠠᠨ ᠠᠴᠠ ᠪᠠᠲᠤᠯᠠᠭᠠᠳ 2008 ᠣᠨ ᠤ 7 ᠳ᠋ᠤᠭᠠᠷ ᠰᠠᠷ᠎ᠠ ᠶᠢᠨ 25 ᠤ ᠡᠳᠦᠷ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠷᠪᠠᠳᠤᠭᠠᠷ ᠬᠤᠷᠠᠯᠳᠤᠭᠠᠨ ᠤ ︽︿ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠠᠬᠤᠶ ᠶᠢᠨ ᠬᠠᠮᠢᠶᠠᠷᠤᠯᠲᠠ ᠶᠢᠨ ᠲᠦᠷᠢᠮ﹀ ᠳᠤ ᠵᠠᠰᠠᠪᠤᠷᠢ | ᠣᠷᠣᠭᠤᠯᠬᠤ ᠲᠤᠬᠠᠶ ᠲᠣᠭᠲᠠᠭᠠᠯ︾ ᠢ ᠦᠨᠳᠦᠰᠦᠯᠡᠨ ᠠᠩᠬ᠎ᠠ ᠤᠳᠠᠭ᠎ᠠ ᠵᠠᠰᠠᠪᠤᠷᠢ ᠣᠷᠣᠭᠤᠯᠪᠠ᠂ 2012 ᠣᠨ ᠤ | 3 ᠳ᠋ᠤᠭᠠᠷ ᠰᠠᠷ᠎ᠠ ᠶᠢᠨ 31 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ | ᠨᠠᠢᠮᠠᠳᠤᠭᠠᠷ ᠬᠤᠷᠠᠯᠳᠤᠭᠠᠨ ᠤ ︽ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ | ᠲᠤᠬᠠᠶ ᠲᠣᠭᠲᠠᠭᠠᠯ ︵ᠲᠠᠪᠤ︶︶ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠠᠬᠤᠢ ᠶᠢᠨ | ᠬᠠᠮᠢᠶᠠᠷᠤᠯᠲᠠ ᠶᠢᠨ ᠳᠦᠷᠢᠮ﹀ ᠳᠤ ᠵᠠᠰᠠᠪᠤᠷᠢ ᠣᠷᠣᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠲᠣᠭᠲᠠᠭᠠᠯ︾ ᠳᠤ ᠬᠤᠶᠠᠳᠤᠭᠠᠷ ᠤᠳᠠᠭ᠎ᠠ ᠵᠠᠰᠠᠪᠤᠷᠢ ᠣᠷᠣᠭᠤᠯᠪᠠ︶᠃ | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯᠯᠠᠭ᠎ᠠ ᠶᠢ ᠵᠢᠷᠤᠮᠵᠢᠭᠤᠯᠤᠨ᠂ ᠥᠮᠴᠢᠲᠡᠨ | ᠪᠠ ᠠᠳᠠᠯ ᠠᠬᠤᠢ ᠶᠢᠨ ᠦᠢᠯᠡᠴᠢᠯᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠠᠮᠢᠳᠤᠷᠠᠯ ᠪᠠ | ᠠᠵᠢᠯ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠪᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ | ᠠᠳᠠᠯ ᠠᠬᠤᠢ ᠶᠢᠨ ᠬᠠᠮᠢᠶᠠᠷᠤᠯᠲᠠ ᠶᠢᠨ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ | ᠵᠠᠬᠢᠷᠭᠠᠨ ᠤ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ | ᠤᠶᠠᠯᠳᠤᠭᠤᠯᠵᠤ᠂ ᠲᠣᠰ ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠠᠳᠠᠯ | ᠠᠬᠤᠢ ᠶᠢᠨ ᠬᠡᠷᠡᠭᠯᠡᠯᠲᠡ᠂ ᠬᠠᠮᠠᠭᠠᠯᠠᠯᠲᠠ᠂ ᠦᠢᠯᠡᠴᠢᠯᠡᠭᠡᠨ ᠵᠢᠴᠢ ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ ᠶᠢᠨ | ᠠᠵᠢᠯᠯᠠᠭ᠎ᠠ ᠳᠤ ᠲᠣᠰ ᠳᠦᠷᠢᠮ ᠲᠣᠬᠢᠷᠠᠨ᠎ᠠ᠃ | ᠭᠤᠷᠪᠠᠳᠤᠭᠠᠷ ᠵᠦᠢᠯ ᠠᠳᠠᠯ ᠠᠬᠤᠢ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯᠯᠠᠭ᠎ᠠ ᠨᠢ ᠨᠠᠮ ᠤᠨ | ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ᠂ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠬᠤ᠂ ᠬᠠᠷᠢᠶ᠎ᠠ | ᠣᠷᠣᠨ ᠨᠢ ᠬᠠᠮᠢᠶᠠᠷᠬᠤ᠂ ᠥᠮᠴᠢᠲᠡᠨ ᠨᠢ ᠥᠪᠡᠷᠲᠡᠭᠡᠨ ᠵᠠᠰᠠᠬᠤ᠂ ᠲᠤᠰᠬᠠᠢ ᠦᠢᠯᠡᠴᠢᠯᠡᠭᠡᠨ ᠤ ᠵᠠᠷᠴᠢᠮ ᠢ | ᠵᠢᠷᠤᠮᠯᠠᠬᠤ ᠬᠡᠷᠡᠭᠲᠡᠢ᠃ | ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠠᠳᠠᠯ ᠠᠬᠤᠢ ᠶᠢᠨ ᠬᠠᠮᠢᠶᠠᠷᠤᠯᠲᠠ ᠶᠢ ᠬᠤᠲᠠ ᠶᠢᠨ ᠬᠠᠮᠢᠶᠠᠷᠤᠯᠲᠠ ᠶᠢᠨ ᠠᠵᠢᠯ ᠤᠨ ᠰᠢᠰᠲ᠋ᠧᠮᠵᠢ | ᠪᠠ ᠶᠡᠷᠦᠩᠬᠡᠶᠢᠯᠡᠭᠰᠡᠨ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ ᠰᠢᠰᠲ᠋ᠧᠮᠵᠢ ᠳᠤ | ᠣᠷᠣᠭᠤᠯᠵᠤ᠂ ᠠᠳᠠᠯ ᠠᠬᠤᠢ ᠶᠢᠨ ᠬᠠᠮᠢᠶᠠᠷᠤᠯᠲᠠ ᠶᠢᠨ ᠶᠡᠷᠦᠩᠬᠡᠶᠢᠯᠡᠨ ᠵᠣᠬᠢᠴᠠᠭᠤᠯᠬᠤ ᠲᠣᠭᠲᠠᠴᠠ ᠪᠠ | ᠲᠤᠰᠬᠠᠶᠢᠵᠢᠭᠰᠠᠨ᠂ ᠨᠡᠶᠢᠭᠡᠮᠴᠢᠯᠡᠭᠰᠡᠨ᠂ ᠵᠠᠬ᠎ᠠ ᠳᠡᠯᠭᠡᠭᠦᠷᠴᠢᠯᠡᠭᠰᠡᠨ ᠠᠳᠠᠯ ᠠᠬᠤᠢ ᠶᠢᠨ ᠦᠢᠯᠡᠴᠢᠯᠡᠭᠡᠨ ᠤ | ᠲᠣᠭᠲᠠᠴᠠ ᠶᠢ ᠪᠠᠶᠢᠭᠤᠯᠬᠤ ᠬᠡᠷᠡᠭᠲᠡᠢ᠃ | ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠠᠳᠠᠯ ᠠᠬᠤᠢ ᠶᠢᠨ ᠬᠠᠮᠢᠶᠠᠷᠤᠯᠲᠠ ᠶᠢᠨ ᠪᠡᠯᠡ ᠮᠥᠩᠭᠦ ᠶᠢᠨ ᠣᠷᠣᠭᠤᠯᠤᠯᠲᠠ ᠶᠢᠨ | ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠵᠤ᠂ ᠬᠠᠭᠤᠴᠢᠨ ᠬᠤᠷᠢᠶᠠᠯᠠᠯ ᠤᠨ ᠥᠭᠡᠷᠡᠴᠢᠯᠡᠯᠲᠡ ᠶᠢ ᠴᠢᠩᠭᠠᠳᠬᠠᠨ᠂ | ᠨᠡᠶᠢᠭᠡᠮ ᠤᠨ ᠬᠥᠷᠥᠩᠭᠡ ᠶᠢᠨ ᠣᠷᠣᠯᠴᠠᠬᠤ ᠶᠢ ᠳᠡᠮᠵᠢᠵᠦ᠂ ᠲᠥᠬᠦᠷ ᠲᠥᠬᠦᠭᠡᠷᠦᠮᠵᠢ ᠨᠢ ᠪᠦᠷᠢᠨ ᠪᠤᠰᠤ᠂ ᠠᠳᠠᠯ | ᠠᠬᠤᠢ ᠶᠢᠨ ᠦᠢᠯᠡᠴᠢᠯᠡᠭᠡᠨ ᠤ ᠨᠥᠬᠦᠴᠡᠯ ᠢ ᠪᠦᠷᠢᠳᠦᠭᠦᠯᠦᠭᠰᠡᠨ ᠦᠭᠡᠢ ᠠᠳᠠᠯ ᠠᠬᠤᠢ ᠶᠢᠨ ᠣᠷᠣᠨ ᠪᠦᠰᠡ ᠶᠢ | ᠶᠡᠷᠦᠩᠬᠡᠶᠢᠯᠡᠨ ᠵᠠᠰᠠᠵᠤ᠂ ᠣᠷᠣᠨ ᠰᠠᠭᠤᠴᠠ ᠶᠢᠨ ᠣᠷᠣᠨ ᠪᠦᠰᠡ ᠶᠢᠨ ᠠᠳᠠᠯ ᠠᠬᠤᠢ ᠶᠢᠨ ᠬᠠᠮᠢᠶᠠᠷᠤᠯᠲᠠ ᠶᠢ | ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ | ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠠᠳᠠᠯ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰ ᠵᠠᠰᠠᠭ ᠵᠠᠬᠢᠷᠭᠠᠨ ᠤ | ᠣᠷᠣᠨ ᠤ ᠪᠠᠨ ᠳᠣᠲᠣᠷᠠᠬᠢ ᠠᠳᠠᠯ ᠠᠬᠤᠢ ᠶᠢᠨ ᠦᠢᠯᠡᠴᠢᠯᠡᠭᠡᠨ ᠤ ᠠᠵᠢᠯᠯᠠᠭ᠎ᠠ ᠳᠤ ᠬᠢᠨᠠᠯᠲᠠ ᠲᠠᠯᠪᠢᠵᠤ ᠬᠠᠮᠢᠶᠠᠷᠬᠤ | ᠠᠵᠢᠯ ᠢ ᠬᠠᠷᠢᠭᠤᠴᠠᠨ᠎ᠠ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ᠂ | ᠠᠮᠢ ᠠᠬᠤᠢ ᠶᠢᠨ ᠣᠷᠴᠢᠨ ᠲᠣᠭᠤᠷᠢᠨ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠦᠯᠲᠡ᠂ ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠪᠠᠶᠢᠭᠠᠯᠢ ᠶᠢᠨ | ᠡᠬᠢ ᠪᠠᠶᠠᠯᠢᠭ᠂ ᠠᠷᠠᠳ ᠤᠨ ᠠᠭᠠᠷ ᠤᠨ ᠰᠡᠷᠭᠡᠶᠢᠯᠡᠯᠲᠡ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠵᠡᠷᠭᠡ ᠰᠠᠯᠠᠭ᠎ᠠ | ᠮᠥᠴᠢᠷ ᠪᠠ ᠪᠠᠶᠢᠭᠤᠯᠤᠮᠵᠢ ᠨᠤᠭᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ᠠᠳᠠᠯ | ᠠᠬᠤᠢ ᠶᠢᠨ ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ | ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠨᠢ ᠲᠣᠰ ᠬᠠᠷᠢᠶ᠎ᠠ ᠣᠷᠣᠨ ᠤ ᠳᠣᠲᠣᠷᠠᠬᠢ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠤ | ᠦᠮᠴᠢᠳᠠᠳ ᠤᠨ ᠶᠡᠭᠡ ᠬᠤᠷᠠᠯ ᠤᠨ ᠠᠵᠢᠯ ᠢ ᠵᠣᠬᠢᠶᠠᠨ ᠪᠠᠶᠢᠭᠤᠯᠬᠤ᠂ ᠵᠢᠯᠤᠭᠤᠳᠬᠤ᠂ ᠵᠣᠬᠢᠴᠠᠭᠤᠯᠬᠤ ᠶᠢ | ᠬᠠᠷᠢᠭᠤᠴᠠᠵᠤ᠂ ᠦᠮᠴᠢᠳᠠᠳ ᠤᠨ ᠶᠡᠭᠡ ᠬᠤᠷᠠᠯ ᠤᠨ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠶᠢ ᠰᠢᠮᠳᠠᠭᠤᠯᠵᠤ᠂ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠬᠢᠭᠡᠳ ᠠᠳᠠᠯ ᠠᠬᠤᠢ ᠶᠢᠨ | ᠦᠢᠯᠡᠴᠢᠯᠡᠭᠡᠨ ᠤ ᠬᠠᠷᠢᠴᠠᠭ᠎ᠠ ᠶᠢ ᠵᠣᠬᠢᠴᠠᠭᠤᠯᠤᠨ᠂ ᠠᠳᠠᠯ ᠠᠬᠤᠢ ᠶᠢᠨ ᠦᠢᠯᠡᠴᠢᠯᠡᠭᠡᠨ ᠤ ᠵᠢᠭᠤᠷᠠᠯᠳᠤᠭᠠᠨ ᠢ | ᠰᠢᠢᠳᠪᠦᠷᠢᠯᠡᠨ᠎ᠡ᠃ | ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠨᠢ ᠰᠤᠮᠤ ᠰᠢᠶᠠᠩ | ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠬᠠᠮᠵᠢᠨ | ᠠᠳᠠᠯ ᠠᠬᠤᠢ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃ | ᠤᠰᠤ ᠬᠠᠩᠭᠠᠬᠤ᠂ ᠴᠠᠬᠢᠯᠭᠠᠨ ᠬᠠᠩᠭᠠᠬᠤ᠂ ᠳᠤᠯᠠᠭᠠᠯᠠᠭ᠎ᠠ ᠬᠠᠩᠭᠠᠬᠤ᠂ ᠬᠡᠢ ᠬᠠᠩᠭᠠᠬᠤ᠂ ᠴᠢᠮᠡᠭᠡ | ᠬᠤᠯᠪᠣᠭ᠎ᠠ᠂ ᠤᠲᠠᠰᠤᠲᠤ ᠲᠧᠯᠸᠢᠰ ᠵᠡᠷᠭᠡ ᠨᠢᠭᠡᠴᠢ ᠨᠦᠭᠦᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ | ᠶᠣᠰᠣᠭᠠᠷ ᠬᠠᠮᠢᠶ᠎ᠠ ᠪᠦᠬᠦᠢ ᠠᠳᠠᠯ ᠠᠬᠤᠢ ᠶᠢᠨ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠬᠡᠷᠡᠭᠲᠡᠢ᠃ | ᠳᠣᠯᠣᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠠᠳᠠᠯ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠠᠳᠠᠯ ᠠᠬᠤᠢ ᠶᠢᠨ | ᠬᠠᠮᠢᠶᠠᠷᠤᠯᠲᠠ ᠶᠢᠨ ᠣᠷᠣᠨ ᠪᠦᠰᠡ ᠶᠢᠨ ᠳᠣᠲᠣᠷᠠᠬᠢ ᠢᠯᠡᠷᠬᠡᠢ ᠣᠷᠣᠨ ᠪᠠᠶᠢᠷᠢ ᠳᠤ ᠵᠠᠭᠠᠯᠳᠤᠵᠤ ᠢᠯᠡᠴᠢᠯᠡᠨ | ᠮᠡᠳᠡᠭᠦᠯᠬᠦ ᠶᠢ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ ᠢᠶᠠᠨ ᠨᠡᠶᠢᠲᠡᠯᠡᠵᠦ᠂ ᠥᠮᠴᠢᠲᠡᠨ ᠪᠠ ᠬᠠᠮᠢᠶ᠎ᠠ | ᠪᠦᠬᠦᠢ ᠨᠢᠭᠡᠴᠢ ᠶᠢᠨ ᠵᠠᠭᠠᠯᠳᠤᠵᠤ ᠢᠯᠡᠴᠢᠯᠡᠨ ᠮᠡᠳᠡᠭᠦᠯᠬᠦ ᠶᠢ ᠴᠠᠭ ᠲᠤᠬᠠᠢ ᠳᠤᠨᠢ ᠭᠥᠯᠢᠶᠡᠨ ᠠᠪᠴᠤ | ᠰᠢᠢᠳᠪᠦᠷᠢᠯᠡᠵᠦ᠂ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢᠦᠨᠡᠨ ᠨᠡᠷ᠎ᠡ ᠪᠠᠷ ᠢᠶᠠᠨ ᠵᠠᠭᠠᠯᠳᠤᠵᠤ | ᠢᠯᠡᠴᠢᠯᠡᠨ ᠮᠡᠳᠡᠭᠦᠯᠬᠦ ᠳᠤ ᠴᠠᠭ ᠬᠢᠵᠠᠭᠠᠷᠯᠠᠨ ᠬᠠᠷᠢᠭᠤᠯᠲᠠ ᠥᠭᠴᠦ᠂ ᠦᠨᠡᠨ ᠨᠡᠷ᠎ᠡ ᠪᠠᠷ ᠢᠶᠠᠨ ᠵᠠᠭᠠᠯᠳᠤᠵᠤ | ᠢᠯᠡᠴᠢᠯᠡᠨ ᠮᠡᠳᠡᠭᠦᠯᠦᠭᠴᠢ ᠶᠢᠨ ᠨᠢᠭᠤᠴᠠ ᠶᠢ ᠬᠠᠮᠠᠭᠠᠯᠠᠬᠤ ᠬᠡᠷᠡᠭᠲᠡᠢ᠃ | ᠨᠠᠢᠮᠠᠳᠤᠭᠠᠷ ᠵᠦᠢᠯ ᠠᠳᠠᠯ ᠠᠬᠤᠢ ᠶᠢᠨ ᠬᠠᠮᠢᠶᠠᠷᠤᠯᠲᠠ ᠳᠤ ᠬᠠᠮᠲᠤᠷᠠᠭᠰᠠᠨ ᠬᠤᠷᠠᠯ ᠤᠨ ᠳᠦᠷᠢᠮ ᠢ | ᠬᠡᠷᠡᠭᠵᠢᠭᠦᠯᠦᠨ᠎ᠡ᠃ ᠬᠠᠮᠲᠤᠷᠠᠭᠰᠠᠨ ᠬᠤᠷᠠᠯ ᠢ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠬᠠᠷᠢᠭᠤᠴᠠᠨ ᠬᠤᠷᠠᠯᠳᠤᠭᠤᠯᠵᠤ᠂ ᠬᠤᠰᠢᠭᠤ ᠰᠢᠶᠠᠨ ᠤ | ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠳᠠᠯ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠵᠢᠴᠢ | ᠪᠦᠲᠦᠭᠡᠨ ᠪᠠᠶᠢᠭᠤᠯᠬᠤ ᠨᠢᠭᠡᠴᠢ᠂ ᠠᠳᠠᠯ ᠠᠬᠤᠢ ᠶᠢᠨ ᠦᠢᠯᠡᠴᠢᠯᠡᠭᠴᠢ ᠶᠢᠨ ᠵᠥᠪᠯᠡᠯ᠂ ᠥᠮᠴᠢᠲᠡᠨ ᠤ ᠵᠥᠪᠯᠡᠯ᠂ | ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠵᠡᠷᠭᠡ ᠡᠯ᠎ᠡ ᠲᠠᠯ᠎ᠠ ᠶᠢᠨ | ᠲᠥᠯᠥᠭᠡᠯᠡᠭᠴᠢ ᠶᠢ ᠣᠷᠣᠯᠴᠠᠭᠤᠯᠤᠨ᠎ᠠ᠃ ᠥᠮᠴᠢᠲᠡᠨ ᠤ ᠵᠥᠪᠯᠡᠯ ᠪᠠᠶᠢᠭᠤᠯᠤᠭᠰᠠᠨ ᠦᠭᠡᠢ ᠪᠠᠶᠢᠪᠠᠯ᠂ ᠥᠮᠴᠢᠲᠡᠨ ᠤ | ᠲᠥᠯᠥᠭᠡᠯᠡᠭᠴᠢ ᠣᠷᠣᠯᠴᠠᠨ᠎ᠠ᠃ | ᠠᠳᠠᠯ ᠠᠬᠤᠢ ᠶᠢᠨ ᠬᠠᠮᠢᠶᠠᠷᠤᠯᠲᠠ ᠶᠢᠨ ᠬᠠᠮᠲᠤᠷᠠᠭᠰᠠᠨ ᠬᠤᠷᠠᠯ ᠨᠢ ᠭᠤᠣᠯᠳᠠᠭᠤ ᠳᠣᠣᠷᠠᠬᠢ ᠮᠡᠲᠦ ᠴᠢᠬᠤᠯᠠ | ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠄ | ︵ᠨᠢᠭᠡ︶ ᠥᠮᠴᠢᠲᠡᠨ ᠤ ᠵᠥᠪᠯᠡᠯ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠦᠯᠦ | ᠭᠦᠢᠴᠡᠳᠬᠡᠭᠰᠡᠨ᠃ | ︵ᠬᠤᠶᠠᠷ︶ ᠦᠮᠴᠢᠳᠡᠳ ᠤᠨ ᠵᠥᠪᠯᠡᠯ ᠤᠨ ᠰᠣᠩᠭᠤᠭᠤᠯᠢ ᠶᠠᠪᠤᠭᠤᠯᠬᠤ ᠪᠠ ᠬᠤᠭᠤᠴᠠᠭ᠎ᠠ ᠰᠣᠯᠢᠬᠤ | ᠶᠠᠪᠤᠴᠠ ᠳᠤ ᠠᠰᠠᠭᠤᠳᠠᠯ ᠭᠠᠷᠤᠭᠰᠠᠨ᠃ | ︵ᠭᠤᠷᠪᠠ︶ ᠠᠳᠠᠯ ᠠᠬᠤᠢ ᠶᠢᠨ ᠦᠢᠯᠡᠴᠢᠯᠡᠭᠴᠢ ᠶᠢᠨ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠶᠢ | ᠭᠦᠢᠴᠡᠳᠬᠡᠬᠦ ᠳᠤᠮᠳᠠ ᠠᠰᠠᠭᠤᠳᠠᠯ ᠭᠠᠷᠤᠭᠰᠠᠨ᠃ | ︵ᠳᠥᠷᠪᠡ︶ ᠠᠳᠠᠯ ᠠᠬᠤᠢ ᠶᠢᠨ ᠦᠢᠯᠡᠴᠢᠯᠡᠭᠴᠢ ᠶᠢᠨ ᠲᠤᠰᠢᠶᠠᠬᠤ ᠪᠠ ᠬᠦᠯᠢᠶᠡᠨ ᠠᠪᠬᠤ ᠶᠠᠪᠤᠴᠠ ᠳᠤ | ᠠᠰᠠᠭᠤᠳᠠᠯ ᠭᠠᠷᠤᠭᠰᠠᠨ᠃ | ︵ᠲᠠᠪᠤ︶ ᠵᠣᠬᠢᠴᠠᠭᠤᠯᠤᠨ ᠰᠢᠢᠳᠪᠦᠷᠢᠯᠡᠬᠦ ᠴᠢᠬᠤᠯᠠᠲᠠᠢ ᠠᠳᠠᠯ ᠠᠬᠤᠢ ᠶᠢᠨ ᠦᠢᠯᠡᠴᠢᠯᠡᠭᠡᠨ ᠤ ᠪᠤᠰᠤᠳ | ᠵᠢᠭᠤᠷᠠᠯᠳᠤᠭᠠᠨ᠃ | ᠶᠢᠰᠦᠳᠦᠭᠡᠷ ᠵᠦᠢᠯ ᠠᠳᠠᠯ ᠠᠬᠤᠶ ᠶᠢᠨ ᠦᠢᠯᠡᠴᠢᠯᠡᠭᠡᠨ ᠤ ᠠᠵᠢᠯ ᠲᠥᠷᠥᠯ ᠤᠨ ᠨᠡᠶᠢᠭᠡᠮᠯᠢᠭ ᠨᠢ ᠠᠵᠢᠯ | ᠲᠥᠷᠥᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠵᠤ᠂ ᠠᠵᠢᠯ ᠲᠥᠷᠥᠯ ᠤᠨ ᠠᠵᠢᠯᠯᠠᠭ᠎ᠠ ᠶᠢ ᠵᠢᠷᠤᠮᠵᠢᠭᠤᠯᠤᠨ | ᠂ ᠠᠳᠠᠯ ᠠᠬᠤᠶ ᠶᠢᠨ ᠦᠢᠯᠡᠴᠢᠯᠡᠭᠡᠨ ᠤ ᠠᠵᠢᠯ ᠲᠥᠷᠥᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ᠃ | ᠬᠤᠶᠠᠳᠤᠭᠠᠷ ᠪᠦᠯᠦᠭ ᠥᠮᠴᠢᠲᠡᠨ ᠵᠢᠴᠢ ᠦᠮᠴᠢᠳᠡᠳ ᠤᠨ ᠶᠡᠭᠡ ᠬᠤᠷᠠᠯ | ᠠᠷᠪᠠᠳᠤᠭᠠᠷ ᠵᠦᠢᠯ ᠭᠡᠷ ᠪᠠᠶᠢᠰᠢᠩ ᠤᠨ ᠥᠮᠴᠢᠯᠡᠯ ᠤᠨ ᠡᠷᠬᠡᠲᠦ ᠬᠥᠮᠥᠨ ᠨᠢ ᠥᠮᠴᠢᠲᠡᠨ ᠪᠣᠯᠣᠨ᠎ᠠ᠃ | ᠥᠮᠴᠢᠲᠡᠨ ᠪᠠᠷᠢᠯᠭ᠎ᠠ ᠶᠢᠨ ᠳᠣᠲᠣᠷᠠᠬᠢ ᠣᠷᠣᠨ ᠰᠠᠭᠤᠴᠠ᠂ ᠡᠵᠡᠩᠨᠡᠯᠲᠡ ᠶᠢᠨ ᠴᠢᠨᠠᠷᠲᠠᠢ ᠬᠡᠷᠡᠭᠯᠡᠬᠦ ᠭᠡᠷ | ᠪᠠᠶᠢᠰᠢᠩ ᠵᠡᠷᠭᠡ ᠲᠤᠰᠬᠠᠢ ᠥᠮᠴᠢᠯᠡᠬᠦ ᠬᠡᠰᠡᠭ ᠲᠤ ᠥᠮᠴᠢᠯᠡᠬᠦ ᠡᠷᠬᠡ ᠶᠢ ᠡᠳ᠋ᠯᠡᠨ᠎ᠡ᠂ ᠲᠤᠰᠬᠠᠢ ᠥᠮᠴᠢᠯᠡᠬᠦ | ᠬᠡᠰᠡᠭ ᠠᠴᠠ ᠭᠠᠳᠠᠨᠠᠬᠢ ᠬᠠᠮᠲᠤ ᠪᠠᠷ ᠥᠮᠴᠢᠯᠡᠬᠦ ᠬᠡᠰᠡᠭ ᠲᠤ ᠬᠠᠮᠲᠤ ᠪᠠᠷ ᠥᠮᠴᠢᠯᠡᠬᠦ ᠪᠠ ᠬᠠᠮᠲᠤ ᠪᠠᠷ ᠬᠠᠮᠢᠶᠠᠷᠬᠤ | ᠡᠷᠬᠡ ᠶᠢ ᠡᠳ᠋ᠯᠡᠨ᠎ᠡ᠃ ᠥᠮᠴᠢᠲᠡᠨ ᠡᠷᠬᠡ ᠪᠠᠨ ᠬᠡᠷᠡᠭᠵᠢᠭᠦᠯᠬᠦ ᠳᠡᠭᠡᠨ ᠪᠠᠷᠢᠯᠭ᠎ᠠ ᠶᠢᠨ ᠠᠮᠤᠷ ᠲᠦᠪᠰᠢᠨ ᠳᠤ ᠠᠶᠤᠯ | ᠤᠴᠠᠷᠠᠭᠤᠯᠵᠤ ᠪᠣᠯᠬᠤ ᠦᠭᠡᠢ᠂ ᠪᠤᠰᠤᠳ ᠥᠮᠴᠢᠲᠡᠨ ᠤ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠵᠤ | ᠪᠣᠯᠬᠤ ᠦᠭᠡᠢ᠃ | ᠮᠠᠶᠢᠮᠠᠶᠢᠯᠠᠬᠤ᠂ ᠪᠡᠯᠡᠭᠯᠡᠬᠦ᠂ ᠵᠠᠯᠭᠠᠮᠵᠢᠯᠠᠬᠤ ᠵᠡᠷᠭᠡ ᠬᠠᠤᠯᠢ ᠴᠠᠭᠠᠵᠠ ᠶᠢᠨ ᠬᠠᠷᠢᠴᠠᠭ᠎ᠠ ᠠᠴᠠ ᠪᠣᠯᠵᠤ ᠭᠡᠷ | ᠪᠠᠶᠢᠰᠢᠩ ᠢ ᠨᠢᠭᠡᠨᠲᠡ ᠪᠣᠳᠠᠲᠠᠢ ᠡᠵᠡᠮᠰᠢᠭᠰᠡᠨ ᠪᠣᠯᠪᠠᠴᠤ ᠥᠮᠴᠢᠯᠡᠯ ᠤᠨ ᠡᠷᠬᠡ ᠶᠢᠨ ᠳᠠᠩᠰᠠᠯᠠᠯᠲᠠ ᠶᠢ ᠬᠠᠷᠠᠬᠠᠨ | ᠬᠠᠤᠯᠢ ᠶᠣᠰᠣᠭᠠᠷ ᠬᠢᠭᠡᠳᠦᠢ ᠪᠠᠶᠢᠪᠠᠯ᠂ ᠭᠡᠷ ᠪᠠᠶᠢᠰᠢᠩ ᠤᠨ ᠡᠵᠡᠮᠰᠢᠭᠴᠢ ᠨᠢ ᠠᠳᠠᠯ ᠠᠬᠤᠢ ᠶᠢᠨ ᠦᠢᠯᠡᠴᠢᠯᠡᠭᠡᠨ ᠤ | ᠳᠤᠮᠳᠠ ᠥᠮᠴᠢᠲᠡᠨ ᠤ ᠡᠷᠬᠡ ᠶᠢ ᠡᠳ᠋ᠯᠡᠵᠦ᠂ ᠥᠮᠴᠢᠲᠡᠨ ᠤ ᠡᠭᠦᠷᠭᠡ ᠶᠢ ᠡᠭᠦᠷᠭᠡᠯᠡᠨ᠎ᠡ᠃ | ᠠᠷᠪᠠᠨ ᠨᠢᠭᠡᠳᠦᠭᠡᠷ ᠵᠦᠢᠯ ᠥᠮᠴᠢᠲᠡᠨ ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯᠯᠠᠭ᠎ᠠ ᠶᠢᠨ ᠳᠤᠮᠳᠠ᠂ | ᠳᠣᠣᠷᠠᠬᠢ ᠮᠡᠲᠦ ᠡᠷᠬᠡ ᠶᠢ ᠡᠳ᠋ᠯᠡᠨ᠎ᠡ᠄ | ︵ᠨᠢᠭᠡ︶ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠶᠢᠨ ᠪᠣᠯᠵᠣᠯ ᠶᠣᠰᠣᠭᠠᠷ᠂ ᠠᠳᠠᠯ ᠠᠬᠤᠢ ᠶᠢᠨ | ᠦᠢᠯᠡᠴᠢᠯᠡᠭᠴᠢ ᠶᠢᠨ ᠦᠢᠯᠡᠴᠢᠯᠡᠭᠡ ᠶᠢ ᠬᠦᠯᠢᠶᠡᠨ ᠠᠪᠬᠤ᠃ | ︵ᠬᠤᠶᠠᠷ︶ ᠦᠮᠴᠢᠳᠠᠳ ᠤᠨ ᠶᠡᠭᠡ ᠬᠤᠷᠠᠯ ᠤᠨ ᠬᠤᠷᠠᠯᠳᠤᠭᠠᠨ ᠢ ᠬᠤᠷᠠᠯᠳᠤᠭᠤᠯᠬᠤ ᠳᠤᠷᠠᠳᠤᠯᠭ᠎ᠠ | ᠭᠠᠷᠭᠠᠵᠤ᠂ ᠠᠳᠠᠯ ᠠᠬᠤᠢ ᠶᠢᠨ ᠦᠢᠯᠡᠴᠢᠯᠡᠭᠡᠨ ᠤ ᠬᠤᠯᠪᠣᠭᠳᠠᠯ ᠪᠦᠬᠦᠢ ᠵᠦᠢᠯᠡᠰ ᠤᠨ ᠲᠤᠬᠠᠢ ᠰᠠᠨᠠᠭᠤᠯᠭ᠎ᠠ | ᠳᠤᠷᠠᠳᠤᠨ᠎ᠠ᠃ | ︵ᠭᠤᠷᠪᠠ︶ ᠬᠠᠮᠢᠶᠠᠷᠤᠯᠲᠠ ᠶᠢᠨ ᠨᠡᠶᠢᠲᠡ ᠶᠢᠨ ᠭᠡᠷ᠎ᠡ᠂ ᠦᠮᠴᠢᠳᠡᠳ ᠤᠨ ᠶᠡᠭᠡ ᠬᠤᠷᠠᠯ ᠤᠨ ᠬᠡᠷᠡᠭ | ᠵᠥᠪᠯᠡᠬᠦ ᠳᠦᠷᠢᠮ ᠢ ᠲᠣᠭᠲᠠᠭᠠᠬᠤ ᠪᠠ ᠲᠡᠭᠦᠨ ᠳᠤ ᠵᠠᠰᠠᠪᠤᠷᠢ ᠣᠷᠣᠭᠤᠯᠬᠤ ᠰᠠᠨᠠᠭᠤᠯᠭ᠎ᠠ ᠳᠤᠷᠠᠳᠬᠤ᠃ | ︵ᠳᠥᠷᠪᠡ︶ ᠦᠮᠴᠢᠳᠡᠳ ᠤᠨ ᠶᠡᠭᠡ ᠬᠤᠷᠠᠯ ᠤᠨ ᠬᠤᠷᠠᠯᠳᠤᠭᠠᠨ ᠳᠤ ᠣᠷᠣᠯᠴᠠᠵᠤ᠂ ᠫᠢᠶᠣᠣ ᠥᠭᠬᠦ | ᠡᠷᠬᠡ ᠪᠠᠨ ᠬᠡᠷᠡᠭᠵᠢᠭᠦᠯᠬᠦ᠃ | ︵ᠲᠠᠪᠤ︶ ᠦᠮᠴᠢᠳᠡᠳ ᠤᠨ ᠵᠥᠪᠯᠡᠯ ᠤᠨ ᠪᠦᠷᠢᠯᠳᠦᠭᠦᠨ ᠢ ᠰᠣᠩᠭᠤᠬᠤ ᠪᠥᠭᠡᠳ ᠰᠣᠩᠭᠤᠭᠳᠠᠬᠤ | ᠡᠷᠬᠡ ᠲᠠᠢ᠃ | ︵ᠵᠢᠷᠭᠤᠭ᠎ᠠ︶ ᠥᠮᠴᠢᠲᠡᠨ ᠤ ᠵᠥᠪᠯᠡᠯ ᠤᠨ ᠠᠵᠢᠯ ᠳᠤ ᠬᠢᠨᠠᠯᠲᠠ ᠲᠠᠯᠪᠢᠨ᠎ᠠ᠃ | ︵ᠲᠤᠯᠤᠭ᠎ᠠ︶ ᠠᠳᠠᠯ ᠠᠬᠤᠢ ᠶᠢᠨ ᠦᠢᠯᠡᠴᠢᠯᠡᠭᠴᠢ ᠶᠢᠨ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠪᠠᠨ | ᠭᠦᠢᠴᠡᠳᠬᠡᠬᠦ ᠳᠤ ᠬᠢᠨᠠᠯᠲᠠ ᠲᠠᠯᠪᠢᠨ᠎ᠠ᠃ | ︵ᠨᠠᠢᠮᠠ︶ ᠠᠳᠠᠯ ᠠᠬᠤᠢ ᠶᠢᠨ ᠬᠠᠮᠲᠤ ᠪᠠᠷ ᠬᠡᠷᠡᠭᠯᠡᠬᠦ ᠣᠷᠣᠨ ᠪᠠᠶᠢᠷᠢ᠂ ᠬᠠᠮᠲᠤ ᠪᠠᠷ ᠬᠡᠷᠡᠭᠯᠡᠬᠦ | ᠲᠥᠬᠦᠭᠡᠷᠦᠮᠵᠢ ᠲᠥᠬᠦᠭᠡᠷᠦᠮᠵᠢ ᠪᠠ ᠬᠠᠮᠢᠶ᠎ᠠ ᠪᠦᠬᠦᠢ ᠲᠠᠯᠠᠪᠤᠷ ᠭᠠᠵᠠᠷ ᠤᠨ ᠬᠡᠷᠡᠭᠯᠡᠯᠲᠡ ᠶᠢᠨ ᠪᠠᠶᠢᠳᠠᠯ ᠳᠤ ᠪᠠᠶᠢᠳᠠᠯ ᠢ | ᠮᠡᠳᠡᠬᠦ ᠡᠷᠬᠡ᠂ ᠬᠢᠨᠠᠯᠲᠠ ᠲᠠᠯᠪᠢᠬᠤ ᠡᠷᠬᠡ ᠪᠠ ᠠᠰᠢᠭ ᠭᠥᠷᠳᠡᠬᠦ ᠡᠷᠬᠡ ᠶᠢ ᠡᠳ᠋ᠯᠡᠨ᠎ᠡ᠃ | ︵ᠶᠢᠰᠦ︶ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠡᠯᠡ ᠮᠥᠩᠭᠦ ᠶᠢᠨ ᠬᠠᠮᠢᠶᠠᠷᠤᠯᠲᠠ ᠪᠠ | ᠬᠡᠷᠡᠭᠯᠡᠯᠲᠡ ᠳᠤ ᠬᠢᠨᠠᠯᠲᠠ ᠲᠠᠯᠪᠢᠨ᠎ᠠ᠃ | ︵ᠠᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠡᠷᠬᠡ ᠨᠦᠭᠦᠳ᠃ | ᠠᠷᠪᠠᠨ ᠬᠤᠶᠠᠳᠤᠭᠠᠷ ᠵᠦᠢᠯ ᠥᠮᠴᠢᠲᠡᠨ ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯᠯᠠᠭ᠎ᠠ ᠶᠢᠨ ᠳᠤᠮᠳᠠ᠂ | ᠳᠣᠣᠷᠠᠬᠢ ᠮᠡᠲᠦ ᠡᠭᠦᠷᠭᠡ ᠶᠢ ᠭᠦᠢᠴᠡᠳᠬᠡᠨ᠎ᠡ᠄ | ︵ᠨᠢᠭᠡ︶ ᠬᠠᠮᠢᠶᠠᠷᠤᠯᠲᠠ ᠶᠢᠨ ᠨᠡᠶᠢᠲᠡ ᠶᠢᠨ ᠭᠡᠷ᠎ᠡ ᠪᠤᠶᠤ ᠲᠦᠷ ᠴᠠᠭ ᠤᠨ ᠬᠠᠮᠢᠶᠠᠷᠤᠯᠲᠠ ᠶᠢᠨ | ᠨᠡᠶᠢᠲᠡ ᠶᠢᠨ ᠭᠡᠷ᠎ᠡ᠂ ᠦᠮᠴᠢᠳᠡᠳ ᠤᠨ ᠶᠡᠭᠡ ᠬᠤᠷᠠᠯ ᠤᠨ ᠬᠡᠷᠡᠭ ᠵᠥᠪᠯᠡᠬᠦ ᠳᠦᠷᠢᠮ ᠢ ᠵᠢᠷᠤᠮᠯᠠᠨ ᠰᠠᠬᠢᠬᠤ᠃ | ︵ᠬᠤᠶᠠᠷ︶ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠤ ᠳᠣᠲᠣᠷᠠᠬᠢ ᠠᠳᠠᠯ ᠠᠬᠤᠢ ᠶᠢᠨ | ᠬᠠᠮᠲᠤ ᠪᠠᠷ ᠬᠡᠷᠡᠭᠯᠡᠬᠦ ᠣᠷᠣᠨ ᠪᠠᠶᠢᠷᠢ ᠪᠠ ᠬᠠᠮᠲᠤ ᠪᠠᠷ ᠬᠡᠷᠡᠭᠯᠡᠬᠦ ᠲᠥᠬᠦᠭᠡᠷᠦᠮᠵᠢ ᠲᠥᠬᠦᠭᠡᠷᠦᠮᠵᠢ ᠶᠢᠨ ᠬᠡᠷᠡᠭᠯᠡᠯᠲᠡ᠂ | ᠣᠯᠠᠨ ᠨᠡᠶᠢᠲᠡ ᠶᠢᠨ ᠡᠮᠬᠢ ᠵᠢᠷᠤᠮ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠠᠭᠠᠯᠠᠯᠲᠠ ᠵᠢᠴᠢ | ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠢ ᠠᠷᠭᠠᠴᠠᠬᠤ ᠵᠡᠷᠭᠡ ᠲᠠᠯ᠎ᠠ ᠶᠢᠨ ᠳᠦᠷᠢᠮ ᠲᠣᠭᠲᠠᠭᠠᠯ ᠢ ᠵᠢᠷᠤᠮᠯᠠᠬᠤ | ᠬᠡᠷᠡᠭᠲᠡᠢ᠃ | ︵ᠭᠤᠷᠪᠠ︶ ᠦᠮᠴᠢᠳᠠᠳ ᠤᠨ ᠶᠡᠭᠡ ᠬᠤᠷᠠᠯ ᠪᠠ ᠦᠮᠴᠢᠳᠠᠳ ᠤᠨ ᠵᠥᠪᠯᠡᠯ ᠤᠨ ᠭᠠᠷᠭᠠᠭᠰᠠᠨ | ᠲᠣᠭᠲᠠᠭᠠᠯ ᠢ ᠬᠡᠷᠡᠭᠵᠢᠭᠦᠯᠦᠨ᠎ᠡ᠃ | ︵ᠳᠥᠷᠪᠡ︶ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠣᠷᠣᠨ ᠰᠠᠭᠤᠴᠠ ᠶᠢ | ᠲᠤᠰᠬᠠᠶᠢᠯᠠᠨ ᠰᠡᠯᠪᠢᠨ ᠵᠠᠰᠠᠬᠤ ᠪᠡᠯᠡ ᠮᠥᠩᠭᠦ ᠲᠤᠰᠢᠶᠠᠨ᠎ᠠ᠃ | ︵ᠲᠠᠪᠤ︶ ᠪᠣᠯᠵᠣᠯ ᠶᠣᠰᠣᠭᠠᠷ ᠠᠳᠠᠯ ᠠᠬᠤᠢ ᠶᠢᠨ ᠦᠢᠯᠡᠴᠢᠯᠡᠭᠡᠨ ᠤ ᠵᠠᠷᠤᠳᠠᠯ ᠢ ᠥᠭᠬᠦ᠃ | ︵ᠵᠢᠷᠭᠤᠭ᠎ᠠ︶ ᠭᠡᠷ ᠪᠠᠶᠢᠰᠢᠩ ᠢ ᠠᠶᠤᠯᠭᠦᠢ ᠬᠡᠷᠡᠭᠯᠡᠬᠦ ᠬᠠᠷᠢᠭᠤᠴᠠᠯᠭ᠎ᠠ ᠶᠢ ᠭᠦᠢᠴᠡᠳᠬᠡᠬᠦ᠃ | ︵ᠳᠣᠯᠤᠭ᠎ᠠ︶ ᠠᠳᠠᠯ ᠠᠬᠤᠢ ᠶᠢᠨ ᠦᠢᠯᠡᠴᠢᠯᠡᠭᠴᠢ ᠲᠠᠢ ᠬᠠᠮᠵᠢᠯᠴᠠᠨ ᠠᠳᠠᠯ ᠠᠬᠤᠢ ᠶᠢᠨ | ᠬᠠᠮᠢᠶᠠᠷᠤᠯᠲᠠ ᠶᠢ ᠬᠡᠷᠡᠭᠵᠢᠭᠦᠯᠦᠨ᠎ᠡ᠃ | ︵ᠨᠠᠢᠮᠠ︶ ᠲᠣᠭᠲᠠᠭᠠᠯ ᠶᠣᠰᠣᠭᠠᠷ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠨ ᠲᠠᠯᠪᠢᠬᠤ᠃ | ︵ᠶᠢᠰᠦ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠡᠭᠦᠷᠭᠡ ᠨᠦᠭᠦᠳ᠃ | ᠠᠷᠪᠠᠨ ᠭᠤᠷᠪᠠᠳᠤᠭᠠᠷ ᠵᠦᠢᠯ ᠠᠳᠠᠯ ᠠᠬᠤᠢ ᠶᠢᠨ ᠬᠡᠷᠡᠭᠯᠡᠭᠴᠢ ᠶᠢᠨ ᠠᠳᠠᠯ ᠠᠬᠤᠢ ᠶᠢᠨ ᠦᠢᠯᠡᠴᠢᠯᠡᠭᠡᠨ ᠤ | ᠠᠵᠢᠯᠯᠠᠭ᠎ᠠ ᠳᠠᠬᠢ ᠡᠷᠬᠡ᠂ ᠡᠭᠦᠷᠭᠡ ᠶᠢ ᠥᠮᠴᠢᠲᠡᠨ ᠪᠠ ᠠᠳᠠᠯ ᠠᠬᠤᠢ ᠶᠢᠨ ᠬᠡᠷᠡᠭᠯᠡᠭᠴᠢ ᠠᠴᠠ ᠪᠣᠯᠵᠣᠨ | ᠲᠣᠭᠲᠠᠭᠠᠨ᠎ᠠ᠂ ᠭᠡᠬᠦ ᠳᠡᠭᠡᠨ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠬᠠᠮᠢᠶᠠᠷᠤᠯᠲᠠ ᠶᠢᠨ ᠨᠡᠶᠢᠲᠡ ᠶᠢᠨ | ᠭᠡᠷ᠎ᠡ ᠶᠢᠨ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠵᠦ ᠪᠣᠯᠬᠤ ᠦᠭᠡᠢ᠃ | ᠠᠷᠪᠠᠨ ᠳᠥᠷᠪᠡᠳᠦᠭᠡᠷ ᠵᠦᠢᠯ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠢ ᠬᠤᠪᠢᠶᠠᠷᠢᠯᠠᠬᠤ ᠳᠤ ᠠᠳᠠᠯ | ᠠᠬᠤᠢ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠳᠤ ᠠᠰᠢᠭᠲᠠᠢ ᠪᠠᠶᠢᠯᠭᠠᠬᠤ ᠵᠠᠷᠴᠢᠮ ᠶᠣᠰᠣᠭᠠᠷ᠂ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠦᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠳᠤ ᠲᠣᠭᠲᠠᠭᠠᠭᠰᠠᠨ | ᠬᠡᠷᠡᠭᠯᠡᠬᠦ ᠭᠠᠵᠠᠷ ᠤᠨ ᠬᠡᠪᠴᠢᠶ᠎ᠡ ᠪᠠᠷ ᠰᠠᠭᠤᠷᠢ ᠪᠣᠯᠭᠠᠵᠤ᠂ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢᠨ | ᠬᠠᠷᠢᠶᠠᠯᠠᠭᠳᠠᠬᠤ ᠬᠡᠪᠴᠢᠶ᠎ᠡ᠂ ᠪᠠᠷᠢᠯᠭ᠎ᠠ ᠶᠢᠨ ᠬᠡᠪᠴᠢᠶ᠎ᠡ᠂ ᠬᠠᠮᠲᠤ ᠪᠠᠷ ᠬᠡᠷᠡᠭᠯᠡᠬᠦ ᠲᠥᠬᠦᠭᠡᠷᠦᠮᠵᠢ ᠲᠥᠬᠦᠭᠡᠷᠦᠮᠵᠢ᠂ | ᠪᠠᠶᠢᠭᠠᠯᠢ ᠶᠢᠨ ᠵᠠᠭᠠᠭ ᠬᠢᠵᠠᠭᠠᠷ᠂ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠵᠡᠷᠭᠡ ᠡᠯᠧᠮᠧᠨ᠋ᠲ ᠢ | ᠶᠡᠷᠦᠩᠬᠡᠶᠢᠯᠡᠨ ᠪᠣᠳᠣᠯᠬᠢᠯᠠᠬᠤ ᠬᠡᠷᠡᠭᠲᠡᠢ᠃ | ᠠᠳᠠᠯ ᠠᠬᠤᠢ ᠶᠢᠨ ᠬᠠᠮᠢᠶᠠᠷᠤᠯᠲᠠ ᠳᠤ ᠬᠡᠷᠡᠭᠯᠡᠬᠦ ᠭᠡᠷ ᠪᠠᠶᠢᠰᠢᠩ᠂ ᠤᠰᠤ ᠬᠠᠩᠭᠠᠬᠤ᠂ ᠴᠠᠬᠢᠯᠭᠠᠨ ᠬᠠᠩᠭᠠᠬᠤ | ᠂ ᠳᠤᠯᠠᠭᠠᠯᠠᠭ᠎ᠠ ᠬᠠᠩᠭᠠᠬᠤ᠂ ᠭᠠᠯ ᠤᠨᠲᠠᠷᠠᠭᠠᠬᠤ ᠵᠡᠷᠭᠡ ᠢᠵᠢ ᠪᠦᠷᠢᠳᠦᠭᠦᠯᠬᠦ ᠲᠥᠬᠦᠭᠡᠷᠦᠮᠵᠢ ᠪᠠ ᠬᠠᠮᠢᠶ᠎ᠠ ᠪᠦᠬᠦᠢ | ᠲᠠᠯᠠᠪᠤᠷ ᠭᠠᠵᠠᠷ ᠢ ᠬᠠᠮᠲᠤ ᠪᠠᠷ ᠬᠡᠷᠡᠭᠯᠡᠬᠦ ᠳᠤ ᠰᠠᠯᠭᠠᠵᠤ ᠪᠣᠯᠬᠤ ᠦᠭᠡᠢ ᠪᠠᠶᠢᠪᠠᠯ᠂ ᠠᠳᠠᠯ ᠠᠬᠤᠢ ᠶᠢᠨ | ᠬᠠᠮᠢᠶᠠᠷᠤᠯᠲᠠ ᠶᠢᠨ ᠨᠢᠭᠡ ᠣᠷᠣᠨ ᠪᠦᠰᠡ ᠪᠠᠷ ᠵᠠᠭᠠᠭᠯᠠᠨ ᠲᠣᠭᠲᠠᠭᠠᠬᠤ ᠬᠡᠷᠡᠭᠲᠡᠢ᠃ ᠰᠠᠯᠭᠠᠵᠤ ᠲᠤᠰᠠᠭᠠᠷ ᠬᠡᠷᠡᠭᠯᠡᠵᠦ | ᠪᠣᠯᠬᠤ ᠶᠢ ᠨᠢ ᠠᠳᠠᠯ ᠠᠬᠤᠢ ᠶᠢᠨ ᠬᠠᠮᠢᠶᠠᠷᠤᠯᠲᠠ ᠶᠢᠨ ᠠᠳᠠᠯᠢ ᠪᠤᠰᠤ ᠣᠷᠣᠨ ᠪᠦᠰᠡ ᠪᠠᠷ ᠬᠤᠪᠢᠶᠠᠵᠤ ᠪᠣᠯᠣᠨ᠎ᠠ᠃ | | ᠠᠷᠪᠠᠨ ᠲᠠᠪᠤᠳᠤᠭᠠᠷ ᠵᠦᠢᠯ ᠪᠦᠲᠦᠭᠡᠨ ᠪᠠᠶᠢᠭᠤᠯᠬᠤ ᠨᠢᠭᠡᠴᠢ ᠨᠢ ᠲᠠᠸᠠᠷ ᠤᠨ ᠭᠡᠷ ᠪᠠᠶᠢᠰᠢᠩ ᠢ | ᠤᠷᠢᠳᠴᠢᠯᠠᠨ ᠬᠤᠳᠠᠯᠳᠤᠬᠤ ᠵᠥᠪᠰᠢᠶᠡᠷᠡᠯ ᠤᠨ ᠦᠨᠡᠮᠯᠡᠯ ᠪᠤᠶᠤ ᠲᠠᠸᠠᠷ ᠤᠨ ᠭᠡᠷ ᠪᠠᠶᠢᠰᠢᠩ ᠤᠨ ᠪᠡᠯᠡᠨ ᠭᠡᠷ | ᠪᠠᠶᠢᠰᠢᠩ ᠢ ᠪᠣᠷᠣᠯᠠᠭᠤᠯᠬᠤ ᠠᠴᠠ ᠡᠮᠦᠨ᠎ᠡ᠂ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠢ ᠬᠤᠪᠢᠶᠠᠷᠢᠯᠠᠨ | ᠲᠣᠭᠲᠠᠭᠠᠭᠰᠠᠨ ᠮᠠᠲ᠋ᠧᠷᠢᠶᠠᠯ ᠢᠶᠠᠨ ᠠᠳᠠᠯ ᠠᠬᠤᠢ ᠶᠢᠨ ᠲᠥᠷᠥᠯ ᠵᠦᠢᠯ ᠤᠨ ᠪᠠᠶᠢᠭ᠎ᠠ ᠭᠠᠵᠠᠷ ᠤᠨ ᠬᠤᠰᠢᠭᠤ | ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠳᠠᠯ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠵᠦ ᠪᠦᠷᠢᠳᠬᠡᠭᠦᠯᠬᠦ ᠬᠡᠷᠡᠭᠲᠡᠢ᠃ ᠠᠳᠠᠯ ᠠᠬᠤᠢ ᠶᠢᠨ ᠵᠠᠰᠠᠭ | ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠳᠠᠩᠰᠠᠯᠠᠭᠤᠯᠤᠭᠰᠠᠨ ᠪᠠᠶᠢᠳᠠᠯ ᠢᠶᠠᠨ ᠲᠥᠷᠥᠯ | ᠵᠦᠢᠯ ᠤᠨ ᠪᠠᠶᠢᠭ᠎ᠠ ᠭᠠᠵᠠᠷ ᠤᠨ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠪᠢᠴᠢᠭ ᠢᠶᠠᠷ ᠮᠡᠳᠡᠭᠳᠡᠬᠦ ᠬᠡᠷᠡᠭᠲᠡᠢ᠃ | ᠪᠦᠲᠦᠭᠡᠨ ᠪᠠᠶᠢᠭᠤᠯᠬᠤ ᠨᠢᠭᠡᠴᠢ ᠨᠢ ᠲᠠᠸᠠᠷ ᠤᠨ ᠭᠡᠷ ᠪᠠᠶᠢᠰᠢᠩ ᠢ ᠬᠤᠳᠠᠯᠳᠤᠭᠠᠯᠠᠬᠤ ᠭᠡᠷ᠎ᠡ ᠳᠤ | ᠪᠦᠷᠢᠳᠬᠡᠭᠦᠯᠬᠦ ᠪᠠᠷ ᠲᠣᠳᠣᠷᠬᠠᠢ ᠢᠯᠡᠷᠬᠡᠶᠢᠯᠡᠭᠰᠡᠨ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠪᠠᠶᠢᠬᠤ | ᠬᠡᠷᠡᠭᠲᠡᠢ᠃ | ᠠᠷᠪᠠᠨ ᠵᠢᠷᠭᠤᠳᠤᠭᠠᠷ ᠵᠦᠢᠯ ᠨᠢᠭᠡᠨᠲᠡ ᠠᠰᠢᠭᠯᠠᠯᠲᠠ ᠳᠤ ᠣᠷᠣᠭᠤᠯᠤᠭᠰᠠᠨ ᠪᠣᠯᠪᠠᠴᠤ ᠠᠳᠠᠯ ᠠᠬᠤᠢ ᠶᠢᠨ | ᠬᠠᠮᠢᠶᠠᠷᠤᠯᠲᠠ ᠶᠢᠨ ᠣᠷᠣᠨ ᠲᠣᠭᠤᠷᠢᠭ ᠢ ᠬᠠᠷᠠᠬᠠᠨ ᠬᠤᠪᠢᠶᠠᠷᠢᠯᠠᠭᠠᠳᠤᠢ᠂ ᠡᠰᠡᠬᠦᠯ᠎ᠡ ᠠᠳᠠᠯ ᠠᠬᠤᠢ ᠶᠢᠨ | ᠬᠠᠮᠢᠶᠠᠷᠤᠯᠲᠠ ᠶᠢᠨ ᠣᠷᠣᠨ ᠪᠦᠰᠡ ᠳᠤ ᠲᠣᠬᠢᠷᠠᠭᠤᠯᠤᠯᠲᠠ ᠬᠢᠬᠦ ᠴᠢᠬᠤᠯᠠ ᠲᠠᠢ ᠪᠣᠯ ᠠᠳᠠᠯ ᠠᠬᠤᠢ ᠶᠢᠨ ᠲᠥᠷᠥᠯ | ᠵᠦᠢᠯ ᠤᠨ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠳᠠᠯ | ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠰᠤᠮᠤ ᠰᠢᠶᠠᠩ ᠪᠠᠯᠭᠠᠰᠤ ᠶᠢᠨ | ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠢ ᠬᠠᠮᠲᠤᠷᠠᠨ᠂ | ᠥᠮᠴᠢᠲᠡᠨ ᠤ ᠰᠠᠨᠠᠯ ᠢ ᠬᠤᠷᠢᠶᠠᠭᠰᠠᠨ ᠤ ᠳᠠᠷᠠᠭ᠎ᠠ ᠬᠤᠪᠢᠶᠠᠷᠢᠯᠠᠬᠤ ᠪᠤᠶᠤ ᠲᠣᠬᠢᠷᠠᠭᠤᠯᠤᠯᠲᠠ ᠬᠢᠬᠦ ᠶᠢᠨ ᠬᠠᠮᠲᠤ | ᠵᠣᠬᠢᠬᠤ ᠣᠷᠣᠨ ᠪᠦᠰᠡ ᠶᠢᠨ ᠳᠣᠲᠣᠷᠠᠬᠢ ᠢᠯᠡᠷᠬᠡᠢ ᠣᠷᠣᠨ ᠪᠠᠶᠢᠷᠢ ᠳᠤ ᠠᠯᠪᠠᠨ ᠵᠠᠷ ᠨᠡᠶᠢᠲᠡᠯᠡᠬᠦ ᠬᠡᠷᠡᠭᠲᠡᠢ᠃ | ᠠᠷᠪᠠᠨ ᠳᠣᠯᠣᠳᠤᠭᠠᠷ ᠵᠦᠢᠯ ᠠᠳᠠᠯ ᠠᠬᠤᠢ ᠶᠢᠨ ᠬᠠᠮᠢᠶᠠᠷᠤᠯᠲᠠ ᠶᠢᠨ ᠨᠢᠭᠡ ᠣᠷᠣᠨ ᠪᠦᠰᠡ ᠳᠤ | ᠥᠮᠴᠢᠲᠡᠨ ᠤ ᠶᠡᠭᠡ ᠬᠤᠷᠠᠯ ᠢ ᠨᠢᠭᠡ ᠪᠠᠶᠢᠭᠤᠯᠤᠨ᠎ᠠ᠃ | ᠠᠳᠠᠯᠢ ᠨᠢᠭᠡᠨ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠤ ᠳᠣᠲᠣᠷᠠᠬᠢ ᠥᠮᠴᠢᠲᠡᠨ ᠨᠢ ᠠᠳᠠᠯ | ᠠᠬᠤᠢ ᠶᠢᠨ ᠲᠥᠷᠥᠯ ᠵᠦᠢᠯ ᠤᠨ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠠᠳᠠᠯ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠤᠮᠤ | ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ | ᠵᠢᠯᠣᠭᠤᠳᠤᠯᠭ᠎ᠠ ᠳᠣᠣᠷ᠎ᠠ ᠥᠮᠴᠢᠲᠡᠨ ᠤ ᠶᠡᠭᠡ ᠬᠤᠷᠠᠯ ᠢ ᠪᠠᠶᠢᠭᠤᠯᠬᠤ ᠶᠢᠨ ᠬᠠᠮᠲᠤ ᠥᠮᠴᠢᠲᠡᠨ ᠤ ᠵᠥᠪᠯᠡᠯ ᠢ | ᠰᠣᠩᠭᠤᠨ ᠭᠠᠷᠭᠠᠬᠤ ᠬᠡᠷᠡᠭᠲᠡᠢ᠃ ᠭᠡᠪᠡᠴᠦ ᠨᠢᠭᠡ ᠯᠡ ᠥᠮᠴᠢᠲᠡᠨ ᠲᠠᠢ᠂ ᠡᠰᠡᠬᠦᠯ᠎ᠡ ᠥᠮᠴᠢᠲᠡᠨ ᠤ ᠬᠥᠮᠥᠨ ᠤ | ᠲᠤᠭ᠎ᠠ ᠨᠢ ᠨᠡᠯᠢᠶᠡᠳ ᠴᠥᠭᠡᠨ ᠪᠥᠭᠡᠳ ᠪᠦᠭᠦᠳᠡᠭᠡᠷ ᠢᠶᠠᠨ ᠰᠠᠨᠠᠯ ᠨᠢᠭᠡᠲᠡᠢ ᠵᠥᠪᠰᠢᠶᠡᠷᠡᠭᠡᠳ᠂ ᠦᠮᠴᠢᠳᠡᠳ ᠤᠨ | ᠶᠡᠭᠡ ᠬᠤᠷᠠᠯ ᠢ ᠪᠠᠶᠢᠭᠤᠯᠬᠤ ᠦᠭᠡᠢ ᠭᠡᠵᠦ ᠲᠣᠭᠲᠠᠭᠠᠭᠰᠠᠨ ᠪᠠᠶᠢᠪᠠᠯ᠂ ᠦᠮᠴᠢᠳᠡᠳ ᠤᠨ ᠶᠡᠭᠡ ᠬᠤᠷᠠᠯ᠂ | ᠦᠮᠴᠢᠳᠡᠳ ᠤᠨ ᠵᠥᠪᠯᠡᠯ ᠤᠨ ᠲᠤᠰᠢᠶᠠᠯ ᠬᠠᠷᠢᠭᠤᠴᠠᠯᠭ᠎ᠠ ᠶᠢ ᠥᠮᠴᠢᠲᠡᠨ ᠬᠠᠮᠲᠤ ᠪᠠᠷ ᠭᠦᠢᠴᠡᠳᠬᠡᠨ᠎ᠡ᠃ | ᠥᠮᠴᠢᠲᠡᠨ ᠤ ᠶᠡᠭᠡ ᠬᠤᠷᠠᠯ ᠨᠢ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠤ ᠪᠥᠬᠦ ᠥᠮᠴᠢᠲᠡᠨ ᠢᠶᠠᠷ | ᠪᠦᠷᠢᠯᠳᠦᠨ᠎ᠡ᠃ | ᠦᠮᠴᠢᠳᠠᠳ ᠤᠨ ᠶᠡᠭᠡ ᠬᠤᠷᠠᠯ ᠨᠢ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠤ ᠳᠣᠲᠣᠷᠠᠬᠢ ᠪᠥᠬᠦ | ᠦᠮᠴᠢᠳᠠᠳ ᠤᠨ ᠠᠳᠠᠯ ᠠᠬᠤᠢ ᠶᠢᠨ ᠦᠢᠯᠡᠴᠢᠯᠡᠭᠡᠨ ᠤ ᠠᠵᠢᠯᠯᠠᠭ᠎ᠠ ᠳᠠᠬᠢ ᠬᠠᠤᠯᠢ ᠶᠣᠰᠣᠨ ᠤ ᠡᠷᠬᠡ ᠠᠰᠢᠭ ᠢ | ᠲᠥᠯᠥᠭᠡᠯᠡᠬᠦ ᠪᠠ ᠬᠠᠮᠠᠭᠠᠯᠠᠵᠤ᠂ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠦᠮᠴᠢᠳᠠᠳ ᠤᠨ ᠶᠡᠭᠡ ᠬᠤᠷᠠᠯ ᠤᠨ | ᠬᠡᠷᠡᠭ ᠵᠥᠪᠯᠡᠬᠦ ᠳᠦᠷᠢᠮ ᠤᠨ ᠲᠣᠭᠲᠠᠭᠠᠯ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ | ᠠᠷᠪᠠᠨ ᠨᠠᠢᠮᠠᠳᠤᠭᠠᠷ ᠵᠦᠢᠯ ᠠᠳᠠᠯ ᠠᠬᠤᠢ ᠶᠢᠨ ᠬᠠᠮᠢᠶᠠᠷᠤᠯᠲᠠ ᠶᠢᠨ ᠨᠢᠭᠡ ᠣᠷᠣᠨ ᠪᠦᠰᠡ ᠶᠢᠨ ᠳᠣᠲᠣᠷ᠎ᠠ᠂ | ᠨᠢᠭᠡᠨᠲᠡ ᠲᠤᠰᠢᠶᠠᠨ ᠥᠭᠴᠦ ᠬᠡᠷᠡᠭᠯᠡᠭᠦᠯᠦᠭᠰᠡᠨ ᠠᠳᠠᠯ ᠠᠬᠤᠢ ᠶᠢᠨ ᠪᠠᠷᠢᠯᠭ᠎ᠠ ᠶᠢᠨ ᠲᠠᠯᠠᠪᠠᠢ ᠨᠢ ᠵᠠᠭᠤᠨ ᠤ | ᠲᠠᠪᠢ ᠠᠴᠠ ᠳᠡᠭᠡᠭᠰᠢ ᠪᠣᠯᠤᠭᠰᠠᠨ᠂ ᠡᠰᠡᠬᠦᠯ᠎ᠡ ᠨᠢᠭᠡᠨᠲᠡ ᠲᠤᠰᠢᠶᠠᠨ ᠥᠭᠴᠦ ᠬᠡᠷᠡᠭᠯᠡᠭᠦᠯᠦᠭᠰᠡᠨ ᠠᠳᠠᠯ ᠠᠬᠤᠢ ᠶᠢᠨ | ᠪᠠᠷᠢᠯᠭ᠎ᠠ ᠶᠢᠨ ᠲᠠᠯᠠᠪᠠᠢ ᠨᠢ ᠵᠠᠭᠤᠨ ᠤ ᠭᠤᠴᠢ ᠨᠢ ᠵᠠᠭᠤᠨ ᠤ ᠲᠠᠪᠢ ᠳᠤ ᠬᠦᠷᠬᠦ ᠦᠭᠡᠢ ᠪᠣᠯᠤᠭᠰᠠᠨ ᠪᠣᠯᠪᠠᠴᠤ | ᠬᠡᠷᠡᠭᠯᠡᠭᠡᠳ ᠨᠢᠭᠡᠨᠲᠡ ᠬᠤᠶᠠᠷ ᠵᠢᠯ ᠠᠴᠠ ᠬᠡᠲᠦᠷᠡᠭᠰᠡᠨ ᠪᠠᠶᠢᠪᠠᠯ᠂ ᠦᠮᠴᠢᠳᠠᠳ ᠤᠨ ᠶᠡᠭᠡ ᠬᠤᠷᠠᠯ ᠪᠠᠶᠢᠭᠤᠯᠬᠤ ᠪᠠᠷ | ᠪᠡᠯᠡᠳᠬᠡᠬᠦ ᠬᠡᠷᠡᠭᠲᠡᠢ᠃ | ᠠᠷᠪᠠ ᠶᠢᠰᠦᠳᠦᠭᠡᠷ ᠵᠦᠢᠯ ᠠᠳᠠᠯᠢ ᠨᠢᠭᠡᠨ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠤ ᠳᠣᠲᠣᠷᠠᠬᠢ | ᠦᠮᠴᠢᠳᠠᠳ ᠤᠨ ᠶᠡᠭᠡ ᠬᠤᠷᠠᠯ ᠤᠨ ᠪᠡᠯᠡᠳᠬᠡᠯ ᠳᠤᠭᠤᠶᠢᠯᠠᠩ ᠨᠢ ᠥᠮᠴᠢᠲᠡᠨ᠂ ᠪᠦᠲᠦᠭᠡᠨ ᠪᠠᠶᠢᠭᠤᠯᠬᠤ ᠨᠢᠭᠡᠴᠢ᠂ | ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ | ᠪᠣᠯᠣᠨ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠤᠨ ᠲᠥᠯᠥᠭᠡᠯᠡᠭᠴᠢ ᠪᠠᠷ | ᠪᠦᠷᠢᠯᠳᠦᠨ᠎ᠡ᠃ ᠪᠡᠯᠡᠳᠬᠡᠯ ᠳᠤᠭᠤᠶᠢᠯᠠᠩ ᠤᠨ ᠪᠦᠷᠢᠯᠳᠦᠭᠦᠨ ᠤ ᠬᠥᠮᠥᠨ ᠤ ᠲᠤᠭ᠎ᠠ ᠨᠢ ᠰᠣᠨᠳᠣᠭᠤᠢ ᠲᠤᠭ᠎ᠠ | ᠪᠠᠶᠢᠬᠤ ᠬᠡᠷᠡᠭᠲᠡᠢ᠂ ᠡᠭᠦᠨ ᠳᠤ ᠥᠮᠴᠢᠲᠡᠨ ᠤ ᠲᠥᠯᠥᠭᠡᠯᠡᠭᠴᠢ ᠶᠢᠨ ᠬᠥᠮᠥᠨ ᠤ ᠲᠤᠭ᠎ᠠ ᠨᠢ ᠪᠡᠯᠡᠳᠬᠡᠯ | ᠳᠤᠭᠤᠶᠢᠯᠠᠩ ᠤᠨ ᠪᠥᠬᠦ ᠬᠥᠮᠥᠨ ᠤ ᠲᠣᠭᠠᠨ ᠤ ᠬᠠᠭᠠᠰ ᠠᠴᠠ ᠳᠣᠣᠷ᠎ᠠ ᠪᠠᠶᠢᠵᠤ ᠪᠣᠯᠬᠤ ᠦᠭᠡᠢ᠂ ᠪᠡᠯᠡᠳᠬᠡᠯ | ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠲᠥᠯᠥᠭᠡᠯᠡᠭᠴᠢ ᠡᠭᠦᠷᠭᠡᠯᠡᠨ᠎ᠡ᠃ | ᠪᠦᠲᠦᠭᠡᠨ ᠪᠠᠶᠢᠭᠤᠯᠬᠤ ᠨᠢᠭᠡᠴᠢ ᠪᠠᠶᠢᠬᠤ ᠦᠭᠡᠢ ᠪᠤᠶᠤ ᠪᠢᠴᠢᠭ ᠢᠶᠠᠷ ᠮᠡᠳᠡᠭᠳᠡᠭᠰᠡᠨ ᠤ ᠲᠠᠷᠠᠭ᠎ᠠ | ᠲᠥᠯᠥᠭᠡᠯᠡᠭᠴᠢ ᠳᠤ ᠨᠠᠶᠢᠳᠠᠵᠤ ᠪᠡᠯᠡᠳᠬᠡᠯ ᠳᠤᠭᠤᠶᠢᠯᠠᠩ ᠳᠤ ᠣᠷᠣᠯᠴᠠᠭᠤᠯᠤᠭᠰᠠᠨ ᠦᠭᠡᠢ ᠪᠠᠶᠢᠪᠠᠯ᠂ ᠪᠡᠯᠡᠳᠬᠡᠯ | ᠳᠤᠭᠤᠶᠢᠯᠠᠩ ᠤᠨ ᠪᠦᠷᠢᠯᠳᠦᠭᠦᠨ ᠪᠣᠯᠭᠠᠬᠤ ᠦᠭᠡᠢ ᠪᠠᠶᠢᠵᠤ ᠪᠣᠯᠣᠨ᠎ᠠ᠃ | ᠪᠡᠯᠡᠳᠬᠡᠯ ᠳᠤᠭᠤᠶᠢᠯᠠᠩ ᠤᠨ ᠥᠮᠴᠢᠲᠡᠨ ᠤ ᠲᠥᠯᠥᠭᠡᠯᠡᠭᠴᠢ ᠶᠢ ᠰᠣᠩᠭᠤᠨ ᠭᠠᠷᠭᠠᠬᠤ ᠳᠤ ᠰᠤᠮᠤ ᠰᠢᠶᠠᠩ | ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠤᠶᠤ ᠭᠠᠴᠠᠭ᠎ᠠ | ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠠᠴᠠ ᠥᠮᠴᠢᠲᠡᠨ ᠢ ᠵᠣᠬᠢᠶᠠᠨ ᠪᠠᠶᠢᠭᠤᠯᠤᠨ | ᠲᠠᠨᠢᠯᠴᠠᠭᠤᠯᠬᠤ ᠬᠡᠷᠡᠭᠲᠡᠢ᠃ | ᠪᠡᠯᠡᠳᠬᠡᠯ ᠳᠤᠭᠤᠶᠢᠯᠠᠩ ᠨᠢ ᠪᠦᠷᠢᠯᠳᠦᠭᠦᠨ ᠤ ᠨᠡᠷᠡᠰ ᠢ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ | ᠪᠦᠰᠡ ᠶᠢᠨ ᠳᠣᠲᠣᠷ᠎ᠠ ᠪᠢᠴᠢᠭ ᠤᠨ ᠬᠡᠯᠪᠡᠷᠢ ᠪᠠᠷ ᠵᠠᠷᠯᠠᠨ ᠨᠡᠶᠢᠲᠡᠯᠡᠬᠦ ᠬᠡᠷᠡᠭᠲᠡᠢ᠃ ᠥᠮᠴᠢᠲᠡᠨ ᠨᠢ ᠪᠡᠯᠡᠳᠬᠡᠯ | ᠳᠤᠭᠤᠶᠢᠯᠠᠩ ᠤᠨ ᠪᠦᠷᠢᠯᠳᠦᠭᠦᠨ ᠳᠤ ᠣᠨᠳᠣᠣ ᠰᠠᠨᠠᠯ ᠲᠠᠢ ᠪᠠᠶᠢᠪᠠᠯ᠂ ᠰᠤᠮᠤ ᠰᠢᠶᠠᠩ ᠪᠠᠯᠭᠠᠰᠤ ᠶᠢᠨ ᠠᠷᠠᠳ ᠤᠨ | ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠵᠣᠬᠢᠴᠠᠭᠤᠯᠤᠨ ᠰᠢᠢᠳᠪᠦᠷᠢᠯᠡᠨ᠎ᠡ᠃ | ᠪᠦᠲᠦᠭᠡᠨ ᠪᠠᠶᠢᠭᠤᠯᠬᠤ ᠨᠢᠭᠡᠴᠢ ᠪᠠ ᠠᠳᠠᠯ ᠠᠬᠤᠢ ᠶᠢᠨ ᠦᠢᠯᠡᠴᠢᠯᠡᠭᠴᠢ ᠨᠢ ᠪᠡᠯᠡᠳᠬᠡᠯ ᠳᠤᠭᠤᠶᠢᠯᠠᠩ ᠤᠨ | ᠠᠵᠢᠯ ᠢᠶᠠᠨ ᠥᠷᠨᠢᠭᠦᠯᠬᠦ ᠳᠤᠨᠢ ᠬᠠᠮᠵᠢᠯᠴᠠᠨ ᠬᠠᠮᠵᠢᠯᠴᠠᠬᠤ ᠬᠡᠷᠡᠭᠲᠡᠢ᠃ | ᠬᠤᠷᠢᠳᠤᠭᠠᠷ ᠵᠦᠢᠯ ᠪᠡᠯᠡᠳᠬᠡᠯ ᠳᠤᠭᠤᠶᠢᠯᠠᠩ ᠨᠢ ᠪᠠᠶᠢᠭᠤᠯᠤᠭᠳᠠᠭᠰᠠᠨ ᠡᠳᠦᠷ ᠠᠴᠠ ᠪᠠᠨ ᠡᠬᠢᠯᠡᠨ ᠵᠢᠷᠠᠨ | ᠡᠳᠦᠷ ᠤᠨ ᠳᠣᠲᠣᠷ᠎ᠠ ᠦᠮᠴᠢᠳᠠᠳ ᠤᠨ ᠶᠡᠭᠡ ᠬᠤᠷᠠᠯ ᠤᠨ ᠬᠤᠷᠠᠯᠳᠤᠭᠠᠨ ᠢ ᠠᠩᠬ᠎ᠠ ᠤᠳᠠᠭ᠎ᠠ | ᠬᠤᠷᠠᠯᠳᠤᠭᠤᠯᠬᠤ ᠶᠢᠨ ᠬᠠᠮᠲᠤ ᠬᠠᠮᠢᠶᠠᠷᠤᠯᠲᠠ ᠶᠢᠨ ᠨᠡᠶᠢᠲᠡ ᠶᠢᠨ ᠭᠡᠷ᠎ᠡ᠂ ᠦᠮᠴᠢᠳᠠᠳ ᠤᠨ ᠶᠡᠭᠡ ᠬᠤᠷᠠᠯ ᠤᠨ | ᠬᠡᠷᠡᠭ ᠵᠥᠪᠯᠡᠬᠦ ᠳᠦᠷᠢᠮ ᠢᠶᠠᠷ ᠳᠠᠮᠵᠢᠭᠤᠯᠤᠨ ᠦᠮᠴᠢᠳᠠᠳ ᠤᠨ ᠵᠥᠪᠯᠡᠯ ᠢ ᠰᠣᠩᠭᠤᠵᠤ ᠭᠠᠷᠭᠠᠬᠤ ᠬᠡᠷᠡᠭᠲᠡᠢ᠃ | ᠥᠮᠴᠢᠲᠡᠨ ᠤ ᠵᠥᠪᠯᠡᠯ ᠪᠠᠶᠢᠭᠤᠯᠤᠭᠳᠠᠭᠰᠠᠨ ᠤ ᠲᠠᠷᠠᠭ᠎ᠠ ᠪᠡᠯᠡᠳᠬᠡᠯ ᠳᠤᠭᠤᠶᠢᠯᠠᠩ ᠠᠶᠠᠨᠳᠠᠭᠠᠨ ᠲᠠᠷᠬᠠᠨ᠎ᠠ᠃ | | ᠬᠤᠷᠢᠨ ᠨᠢᠭᠡᠳᠦᠭᠡᠷ ᠵᠦᠢᠯ ᠦᠮᠴᠢᠳᠡᠳ ᠤᠨ ᠶᠡᠭᠡ ᠬᠤᠷᠠᠯ ᠤᠨ ᠬᠤᠷᠠᠯᠳᠤᠭᠠᠨ ᠨᠢ ᠬᠠᠮᠲᠤ ᠪᠠᠷ ᠶᠠᠷᠢᠯᠴᠠᠬᠤ | ᠬᠡᠯᠪᠡᠷᠢ ᠶᠢ ᠠᠪᠴᠤ ᠪᠣᠯᠣᠨ᠎ᠠ᠂ ᠪᠢᠴᠢᠭ ᠢᠶᠠᠷ ᠰᠠᠨᠠᠯ ᠬᠤᠷᠢᠶᠠᠬᠤ ᠬᠡᠯᠪᠡᠷᠢ ᠶᠢ ᠠᠪᠤᠭᠰᠠᠨ ᠴᠤ ᠪᠣᠯᠣᠨ᠎ᠠ᠃ | ᠭᠡᠬᠦ ᠳᠡᠭᠡᠨ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠤ ᠳᠣᠲᠣᠷᠠᠬᠢ ᠲᠤᠰᠬᠠᠢ ᠪᠦᠬᠦᠢ ᠬᠡᠰᠡᠭ ᠨᠢ | ᠪᠠᠷᠢᠯᠭ᠎ᠠ ᠶᠢᠨ ᠶᠡᠷᠦᠩᠬᠡᠢ ᠲᠠᠯᠠᠪᠠᠶ ᠶᠢᠨ ᠬᠠᠭᠠᠰ ᠠᠴᠠ ᠳᠡᠭᠡᠭᠰᠢᠬᠢ ᠶᠢ ᠡᠵᠡᠯᠡᠬᠦ ᠥᠮᠴᠢᠲᠡᠨ ᠮᠥᠷᠲᠡᠭᠡᠨ ᠪᠥᠬᠦ | ᠬᠥᠮᠥᠨ ᠤ ᠲᠤᠭ᠎ᠠ ᠶᠢᠨ ᠬᠠᠭᠠᠰ ᠠᠴᠠ ᠳᠡᠭᠡᠭᠰᠢᠬᠢ ᠶᠢ ᠡᠵᠡᠯᠡᠬᠦ ᠥᠮᠴᠢᠲᠡᠨ ᠣᠷᠣᠯᠴᠠᠭᠰᠠᠨ ᠪᠠᠶᠢᠬᠤ ᠬᠡᠷᠡᠭᠲᠡᠢ᠃ | ᠥᠮᠴᠢᠲᠡᠨ ᠨᠢ ᠦᠮᠴᠢᠳᠠᠳ ᠤᠨ ᠶᠡᠭᠡ ᠬᠤᠷᠠᠯ ᠤᠨ ᠬᠤᠷᠠᠯᠳᠤᠭᠠᠨ ᠳᠤ ᠣᠷᠣᠯᠴᠠᠬᠤ ᠬᠡᠷᠡᠭᠲᠡᠢ᠃ ᠶᠠᠮᠠᠷ | ᠨᠢᠭᠡᠨ ᠰᠢᠯᠲᠠᠭᠠᠨ ᠠᠴᠠ ᠪᠣᠯᠵᠤ ᠣᠷᠣᠯᠴᠠᠵᠤ ᠴᠢᠳᠠᠬᠤ ᠦᠭᠡᠢ ᠪᠣᠯ ᠨᠠᠶᠢᠳᠠᠯᠭ᠎ᠠ ᠶᠢᠨ ᠣᠷᠣᠯᠠᠭᠴᠢ ᠪᠠᠨ | ᠪᠢᠴᠢᠭ ᠢᠶᠠᠷ ᠣᠷᠣᠯᠴᠠᠭᠤᠯᠵᠤ᠂ ᠨᠠᠶᠢᠳᠠᠭᠰᠠᠨ ᠵᠦᠢᠯ᠂ ᠨᠠᠶᠢᠳᠠᠭᠰᠠᠨ ᠡᠷᠬᠡ ᠶᠢᠨ ᠬᠡᠪᠴᠢᠶ᠎ᠡ ᠵᠢᠴᠢ ᠬᠤᠭᠤᠴᠠᠭ᠎ᠠ ᠶᠢ | ᠲᠣᠳᠣᠷᠬᠠᠢ ᠲᠡᠮᠳᠡᠭᠯᠡᠵᠦ ᠪᠣᠯᠣᠨ᠎ᠠ᠃ | ᠣᠷᠣᠯᠠᠭᠴᠢ ᠨᠢᠭᠡᠪᠦᠷᠢ ᠶᠢᠨ ᠭᠥᠯᠢᠶᠡᠨ ᠠᠪᠬᠤ ᠨᠠᠶᠢᠳᠠᠯᠭ᠎ᠠ ᠶᠢᠨ ᠲᠤᠭ᠎ᠠ ᠨᠢ ᠭᠤᠷᠪᠠ ᠠᠴᠠ ᠬᠡᠲᠦᠷᠡᠵᠦ | ᠪᠣᠯᠬᠤ ᠦᠭᠡᠢ᠃ | ᠬᠤᠷᠢᠨ ᠬᠤᠶᠠᠳᠤᠭᠠᠷ ᠵᠦᠢᠯ ᠳᠠᠷᠠᠭᠠᠬᠢ ᠵᠢᠭᠰᠠᠭᠠᠭᠰᠠᠨ ᠵᠦᠢᠯᠡᠰ ᠢ ᠥᠮᠴᠢᠲᠡᠨ ᠬᠠᠮᠲᠤ ᠪᠠᠷ ᠲᠣᠭᠲᠠᠭᠠᠨ᠎ᠠ᠄ | | ︵ᠨᠢᠭᠡ︶ ᠦᠮᠴᠢᠳᠠᠳ ᠤᠨ ᠶᠡᠭᠡ ᠬᠤᠷᠠᠯ ᠤᠨ ᠬᠡᠷᠡᠭ ᠵᠥᠪᠯᠡᠬᠦ ᠳᠦᠷᠢᠮ ᠢ ᠲᠣᠭᠲᠠᠭᠠᠬᠤ ᠪᠠ ᠲᠡᠭᠦᠨ ᠳᠤ | ᠵᠠᠰᠠᠪᠤᠷᠢ ᠣᠷᠣᠭᠤᠯᠬᠤ᠃ | ︵ᠬᠤᠶᠠᠷ︶ ᠬᠠᠮᠢᠶᠠᠷᠤᠯᠲᠠ ᠶᠢᠨ ᠨᠡᠶᠢᠲᠡ ᠶᠢᠨ ᠭᠡᠷ᠎ᠡ ᠶᠢ ᠲᠣᠭᠲᠠᠭᠠᠬᠤ ᠪᠠ ᠲᠡᠭᠦᠨ ᠳᠤ ᠵᠠᠰᠠᠪᠤᠷᠢ | ᠣᠷᠣᠭᠤᠯᠬᠤ᠃ | ︵ᠭᠤᠷᠪᠠ︶ ᠦᠮᠴᠢᠳᠡᠳ ᠤᠨ ᠵᠥᠪᠯᠡᠯ ᠢ ᠰᠣᠩᠭᠤᠬᠤ ᠪᠤᠶᠤ ᠦᠮᠴᠢᠳᠡᠳ ᠤᠨ ᠵᠥᠪᠯᠡᠯ ᠤᠨ ᠭᠡᠰᠢᠭᠦᠨ ᠢ | ᠰᠣᠯᠢᠬᠤ᠃ | ︵ᠳᠥᠷᠪᠡ︶ ᠠᠳᠠᠯ ᠠᠬᠤᠢ ᠶᠢᠨ ᠦᠢᠯᠡᠴᠢᠯᠡᠭᠴᠢ ᠪᠤᠶᠤ ᠪᠤᠰᠤᠳ ᠬᠠᠮᠢᠶᠠᠷᠤᠭᠴᠢ ᠶᠢ ᠰᠣᠩᠭᠤᠨ ᠤᠷᠢᠬᠤ | ᠪᠠ ᠤᠷᠢᠬᠤ ᠪᠠᠨ ᠵᠣᠭᠰᠤᠭᠠᠬᠤ᠃ | ︵ᠲᠠᠪᠤ︶ ᠪᠠᠷᠢᠯᠭ᠎ᠠ ᠵᠢᠴᠢ ᠲᠡᠭᠦᠨ ᠤ ᠳᠠᠭᠠᠯᠲᠠ ᠲᠥᠬᠦᠭᠡᠷᠦᠮᠵᠢ ᠶᠢ ᠬᠡᠷᠡᠭᠯᠡᠬᠦ ᠳᠤ ᠰᠡᠯᠪᠢᠨ ᠵᠠᠰᠠᠬᠤ ᠪᠡᠯᠡ | ᠮᠥᠩᠭᠦ᠃ | ︵ᠵᠢᠷᠭᠤᠭ᠎ᠠ︶ ᠪᠠᠷᠢᠯᠭ᠎ᠠ ᠵᠢᠴᠢ ᠲᠡᠭᠦᠨ ᠤ ᠳᠠᠭᠠᠯᠲᠠ ᠲᠥᠬᠦᠭᠡᠷᠦᠮᠵᠢ ᠶᠢ ᠰᠡᠯᠪᠢᠨ ᠵᠠᠰᠠᠬᠤ ᠪᠡᠯᠡ ᠮᠥᠩᠭᠦ | ᠴᠤᠭᠯᠠᠭᠤᠯᠬᠤ᠃ | ︵ᠲᠤᠯᠤᠭ᠎ᠠ︶ ᠪᠠᠷᠢᠯᠭ᠎ᠠ ᠵᠢᠴᠢ ᠲᠡᠭᠦᠨ ᠤ ᠳᠠᠭᠠᠯᠲᠠ ᠲᠥᠬᠦᠭᠡᠷᠦᠮᠵᠢ ᠶᠢ ᠥᠭᠡᠷᠡᠴᠢᠯᠡᠨ ᠪᠠᠶᠢᠭᠤᠯᠬᠤ᠂ | ᠲᠠᠬᠢᠨ ᠪᠠᠶᠢᠭᠤᠯᠬᠤ᠃ | ︵ᠨᠠᠢᠮᠠ︶ ᠬᠠᠮᠲᠤ ᠪᠠᠷ ᠥᠮᠴᠢᠯᠡᠬᠦ ᠬᠡᠰᠡᠭ ᠤᠨ ᠬᠡᠷᠡᠭᠴᠡᠭᠡ ᠶᠢ ᠬᠤᠪᠢᠷᠠᠭᠤᠯᠬᠤ ᠪᠤᠶᠤ ᠬᠠᠮᠲᠤ ᠪᠠᠷ | ᠥᠮᠴᠢᠯᠡᠬᠦ ᠬᠡᠰᠡᠭ ᠢ ᠠᠰᠢᠭᠯᠠᠨ ᠡᠵᠡᠩᠨᠡᠯᠲᠡ ᠶᠢᠨ ᠠᠵᠢᠯᠯᠠᠭ᠎ᠠ ᠬᠢᠬᠦ᠃ | ︵ᠶᠢᠰᠦ︶ ᠦᠮᠴᠢᠳᠡᠳ ᠤᠨ ᠶᠡᠭᠡ ᠬᠤᠷᠠᠯ᠂ ᠦᠮᠴᠢᠳᠡᠳ ᠤᠨ ᠵᠥᠪᠯᠡᠯ ᠤᠨ ᠠᠵᠢᠯ ᠤᠨ ᠵᠠᠷᠤᠳᠠᠯ ᠢ | ᠴᠤᠭᠯᠠᠭᠤᠯᠬᠤ᠂ ᠬᠠᠮᠢᠶᠠᠷᠬᠤ᠂ ᠬᠡᠷᠡᠭᠯᠡᠬᠦ ᠪᠠ ᠦᠮᠴᠢᠳᠡᠳ ᠤᠨ ᠵᠥᠪᠯᠡᠯ ᠤᠨ ᠭᠡᠰᠢᠭᠦᠨ ᠤ ᠠᠵᠢᠯ ᠤᠨ ᠨᠥᠬᠦᠪᠦᠷᠢ | ᠵᠢᠴᠢ ᠪᠠᠷᠢᠮᠵᠢᠶ᠎ᠠ ᠶᠢ ᠲᠣᠭᠲᠠᠭᠠᠨ᠎ᠠ᠃ | ︵ᠠᠷᠪᠠ︶ ᠬᠠᠮᠲᠤ ᠪᠠᠷ ᠥᠮᠴᠢᠯᠡᠬᠦ ᠪᠠ ᠬᠠᠮᠲᠤ ᠪᠠᠷ ᠬᠠᠮᠢᠶᠠᠷᠬᠤ ᠡᠷᠬᠡ ᠳᠤ ᠬᠤᠯᠪᠣᠭᠳᠠᠬᠤ ᠪᠤᠰᠤᠳ | ᠴᠢᠬᠤᠯᠠ ᠶᠡᠭᠡ ᠵᠦᠢᠯᠡᠰ᠃ | ᠥᠮᠴᠢᠲᠡᠨ ᠤ ᠬᠠᠮᠲᠤ ᠪᠠᠷ ᠲᠣᠭᠲᠠᠭᠠᠬᠤ ᠵᠦᠢᠯᠡᠰ ᠢ ᠲᠤᠰᠬᠠᠢ ᠥᠮᠴᠢᠯᠡᠬᠦ ᠬᠡᠰᠡᠭ ᠤᠨ ᠲᠠᠯᠠᠪᠠᠢ ᠶᠢᠨ | ᠭᠤᠷᠪᠠᠨ ᠤ ᠬᠤᠶᠠᠷ ᠬᠤᠪᠢ ᠠᠴᠠ ᠳᠡᠭᠡᠭᠰᠢᠬᠢ ᠶᠢ ᠡᠵᠡᠯᠡᠬᠦ ᠥᠮᠴᠢᠲᠡᠨ ᠪᠥᠭᠡᠳ ᠬᠥᠮᠥᠨ ᠤ ᠲᠤᠭ᠎ᠠ ᠨᠢ | ᠭᠤᠷᠪᠠᠨ ᠤ ᠬᠤᠶᠠᠷ ᠬᠤᠪᠢ ᠠᠴᠠ ᠳᠡᠭᠡᠭᠰᠢᠬᠢ ᠶᠢ ᠡᠵᠡᠯᠡᠬᠦ ᠥᠮᠴᠢᠲᠡᠨ ᠪᠠᠲᠤᠯᠠᠯᠲᠠ ᠳᠤ ᠣᠷᠣᠯᠴᠠᠬᠤ ᠬᠡᠷᠡᠭᠲᠡᠢ᠃ | ᠡᠮᠦᠨᠡᠬᠢ ᠪᠠᠳᠠᠭ ᠤᠨ ᠵᠢᠷᠭᠤᠳᠤᠭᠠᠷ ᠵᠤᠷᠪᠤᠰ ᠠᠴᠠ ᠨᠠᠢᠮᠠᠳᠤᠭᠠᠷ ᠵᠤᠷᠪᠤᠰ ᠲᠤ ᠲᠣᠭᠲᠠᠭᠠᠭᠰᠠᠨ ᠵᠦᠢᠯᠡᠰ ᠢ | ᠲᠣᠭᠲᠠᠭᠠᠬᠤ ᠳᠠᠭᠠᠨ ᠪᠠᠲᠤᠯᠠᠯᠲᠠ ᠳᠤ ᠣᠷᠣᠯᠴᠠᠭᠰᠠᠨ ᠲᠤᠰᠬᠠᠢ ᠪᠦᠬᠦᠢ ᠬᠡᠰᠡᠭ ᠤᠨ ᠲᠠᠯᠠᠪᠠᠢ ᠶᠢᠨ ᠲᠦᠷᠪᠡᠨ ᠤ | ᠭᠤᠷᠪᠠᠨ ᠬᠤᠪᠢ ᠠᠴᠠ ᠳᠡᠭᠡᠭᠰᠢᠬᠢ ᠥᠮᠴᠢᠲᠡᠨ ᠮᠥᠷᠲᠡᠭᠡᠨ ᠪᠠᠲᠤᠯᠠᠯᠲᠠ ᠳᠤ ᠣᠷᠣᠯᠴᠠᠭᠰᠠᠨ ᠬᠥᠮᠥᠨ ᠤ | ᠲᠤᠭ᠎ᠠ ᠶᠢᠨ ᠲᠦᠷᠪᠡᠨ ᠤ ᠭᠤᠷᠪᠠᠨ ᠬᠤᠪᠢ ᠠᠴᠠ ᠳᠡᠭᠡᠭᠰᠢᠬᠢ ᠥᠮᠴᠢᠲᠡᠨ ᠢᠶᠠᠷ ᠵᠥᠪᠰᠢᠶᠡᠷᠡᠭᠦᠯᠬᠦ ᠬᠡᠷᠡᠭᠲᠡᠢ᠃ | ᠡᠮᠦᠨᠡᠬᠢ ᠪᠠᠳᠠᠭ ᠤᠨ ᠪᠤᠰᠤᠳ ᠵᠦᠢᠯᠡᠰ ᠢ ᠲᠣᠭᠲᠠᠭᠠᠬᠤ ᠳᠠᠭᠠᠨ ᠪᠠᠲᠤᠯᠠᠯᠲᠠ ᠳᠤ ᠣᠷᠣᠯᠴᠠᠬᠤ ᠲᠤᠰᠬᠠᠢ ᠪᠦᠬᠦᠢ | ᠬᠡᠰᠡᠭ ᠤᠨ ᠲᠠᠯᠠᠪᠠᠢ ᠶᠢᠨ ᠬᠠᠭᠠᠰ ᠲᠤᠭ᠎ᠠ ᠠᠴᠠ ᠳᠡᠭᠡᠭᠰᠢᠬᠢ ᠥᠮᠴᠢᠲᠡᠨ ᠮᠥᠷᠲᠡᠭᠡᠨ ᠪᠠᠲᠤᠯᠠᠯᠲᠠ ᠳᠤ | ᠣᠷᠣᠯᠴᠠᠭᠰᠠᠨ ᠬᠥᠮᠥᠨ ᠤ ᠲᠤᠭ᠎ᠠ ᠨᠢ ᠬᠠᠭᠠᠰ ᠲᠤᠭ᠎ᠠ ᠠᠴᠠ ᠳᠡᠭᠡᠭᠰᠢᠬᠢ ᠥᠮᠴᠢᠲᠡᠨ ᠢᠶᠠᠷ ᠵᠥᠪᠰᠢᠶᠡᠷᠡᠭᠦᠯᠬᠦ | ᠬᠡᠷᠡᠭᠲᠡᠢ᠃ | ᠲᠤᠰᠬᠠᠢ ᠥᠮᠴᠢᠯᠡᠬᠦ ᠬᠡᠰᠡᠭ ᠤᠨ ᠲᠠᠯᠠᠪᠠᠢ ᠶᠢ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ | ᠳᠡᠪᠲᠡᠷ ᠲᠤ ᠲᠡᠮᠳᠡᠭᠯᠡᠭᠰᠡᠨ ᠲᠠᠯᠠᠪᠠᠢ ᠪᠠᠷ ᠪᠤᠳᠤᠨ᠎ᠠ᠃ ᠪᠣᠳᠠᠰ ᠤᠨ ᠡᠷᠬᠡ ᠶᠢᠨ ᠳᠠᠩᠰᠠᠯᠠᠯᠲᠠ ᠬᠢᠭᠡᠳᠦᠢ ᠪᠠᠶᠢᠪᠠᠯ᠂ | ᠬᠡᠮᠵᠢᠨ ᠵᠢᠷᠤᠬᠤ ᠪᠠᠶᠢᠭᠤᠯᠤᠮᠵᠢ ᠶᠢᠨ ᠪᠣᠳᠠᠲᠠᠢ ᠬᠡᠮᠵᠢᠭᠰᠡᠨ ᠲᠠᠯᠠᠪᠠᠢ ᠪᠠᠷ ᠲᠦᠷ ᠪᠤᠳᠤᠨ᠎ᠠ᠃ ᠪᠣᠳᠠᠲᠠᠢ | ᠬᠡᠮᠵᠢᠯᠲᠡ ᠶᠢ ᠬᠠᠷᠠᠬᠠᠨ ᠬᠢᠭᠡᠳᠦᠢ ᠪᠠᠶᠢᠪᠠᠯ᠂ ᠲᠠᠸᠠᠷ ᠤᠨ ᠭᠡᠷ ᠪᠠᠶᠢᠰᠢᠩ ᠢ ᠬᠤᠳᠠᠯᠳᠤᠭᠠᠯᠠᠬᠤ ᠭᠡᠷ᠎ᠡ ᠳᠤ | ᠲᠡᠮᠳᠡᠭᠯᠡᠭᠰᠡᠨ ᠲᠠᠯᠠᠪᠠᠢ ᠪᠠᠷ ᠲᠦᠷ ᠪᠤᠳᠤᠨ᠎ᠠ᠃ | ᠥᠮᠴᠢᠲᠡᠨ ᠤ ᠲᠤᠭ᠎ᠠ ᠶᠢ ᠲᠤᠰᠬᠠᠢ ᠥᠮᠴᠢᠯᠡᠬᠦ ᠬᠡᠰᠡᠭ ᠤᠨ ᠲᠤᠭ᠎ᠠ ᠪᠠᠷ ᠪᠤᠳᠤᠵᠤ᠂ ᠨᠢᠭᠡ ᠲᠤᠰᠬᠠᠢ | ᠥᠮᠴᠢᠯᠡᠬᠦ ᠬᠡᠰᠡᠭ ᠢ ᠨᠢᠭᠡ ᠬᠥᠮᠥᠨ ᠢᠶᠠᠷ ᠪᠤᠳᠤᠨ᠎ᠠ᠃ ᠭᠡᠪᠡᠴᠦ ᠪᠦᠲᠦᠭᠡᠨ ᠪᠠᠶᠢᠭᠤᠯᠬᠤ ᠨᠢᠭᠡᠴᠢ ᠶᠢᠨ ᠬᠠᠷᠠᠬᠠᠨ | ᠬᠤᠳᠠᠯᠳᠤᠭᠠᠳᠤᠢ ᠪᠤᠶᠤ ᠨᠢᠭᠡᠨᠲᠡ ᠬᠤᠳᠠᠯᠳᠤᠭᠰᠠᠨ ᠪᠣᠯᠪᠠᠴᠤ ᠬᠠᠷᠠᠬᠠᠨ ᠲᠤᠰᠢᠶᠠᠭᠠᠳᠤᠢ ᠬᠡᠰᠡᠭ ᠵᠢᠴᠢ ᠠᠳᠠᠯᠢ | ᠨᠢᠭᠡᠨ ᠬᠤᠳᠠᠯᠳᠤᠨ ᠠᠪᠤᠭᠴᠢ ᠳᠤ ᠨᠢᠭᠡ ᠠᠴᠠ ᠳᠡᠭᠡᠭᠰᠢ ᠲᠤᠰᠬᠠᠢ ᠥᠮᠴᠢᠯᠡᠬᠦ ᠬᠡᠰᠡᠭ ᠲᠠᠢ ᠪᠠᠶᠢᠪᠠᠯ᠂ ᠨᠢᠭᠡ | ᠬᠥᠮᠥᠨ ᠢᠶᠠᠷ ᠪᠤᠳᠦᠨ᠎ᠡ᠃ | ᠬᠤᠷᠢᠨ ᠭᠤᠷᠪᠠᠳᠤᠭᠠᠷ ᠵᠦᠢᠯ ᠦᠮᠴᠢᠳᠠᠳ ᠤᠨ ᠶᠡᠭᠡ ᠬᠤᠷᠠᠯ ᠤᠨ ᠬᠤᠷᠠᠯᠳᠤᠭᠠᠨ ᠢ ᠲᠣᠭᠲᠠᠮᠠᠯ | ᠬᠤᠭᠤᠴᠠᠭᠠᠲᠤ ᠬᠤᠷᠠᠯᠳᠤᠭᠠᠨ ᠪᠠ ᠲᠦᠷ ᠴᠠᠭ ᠤᠨ ᠬᠤᠷᠠᠯᠳᠤᠭᠠᠨ ᠭᠡᠵᠦ ᠬᠤᠪᠢᠶᠠᠨ᠎ᠠ᠃ | ᠦᠮᠴᠢᠳᠠᠳ ᠤᠨ ᠶᠡᠭᠡ ᠬᠤᠷᠠᠯ ᠤᠨ ᠲᠣᠭᠲᠠᠮᠠᠯ ᠬᠤᠭᠤᠴᠠᠭᠠᠲᠤ ᠬᠤᠷᠠᠯᠳᠤᠭᠠᠨ ᠢ ᠦᠮᠴᠢᠳᠠᠳ ᠤᠨ ᠶᠡᠭᠡ | ᠬᠤᠷᠠᠯ ᠤᠨ ᠬᠡᠷᠡᠭ ᠵᠥᠪᠯᠡᠬᠦ ᠳᠦᠷᠢᠮ ᠤᠨ ᠲᠣᠭᠲᠠᠭᠠᠯ ᠶᠣᠰᠣᠭᠠᠷ ᠦᠮᠴᠢᠳᠠᠳ ᠤᠨ ᠵᠥᠪᠯᠡᠯ ᠠᠴᠠ ᠵᠣᠬᠢᠶᠠᠨ | ᠪᠠᠶᠢᠭᠤᠯᠵᠤ ᠬᠤᠷᠠᠯᠳᠤᠭᠤᠯᠬᠤ ᠬᠡᠷᠡᠭᠲᠡᠢ᠃ | ᠳᠠᠷᠠᠭᠠᠬᠢ ᠪᠠᠶᠢᠳᠠᠯ ᠤᠨ ᠠᠯᠢ ᠨᠢᠭᠡ ᠨᠢ ᠪᠠᠶᠢᠪᠠᠯ᠂ ᠦᠮᠴᠢᠳᠠᠳ ᠤᠨ ᠵᠥᠪᠯᠡᠯ ᠠᠴᠠ ᠦᠮᠴᠢᠳᠠᠳ ᠤᠨ ᠶᠡᠭᠡ | ᠬᠤᠷᠠᠯ ᠤᠨ ᠲᠦᠷ ᠴᠠᠭ ᠤᠨ ᠬᠤᠷᠠᠯᠳᠤᠭᠠᠨ ᠢ ᠴᠠᠭ ᠲᠤᠬᠠᠢ ᠳᠤᠨᠢ ᠵᠣᠬᠢᠶᠠᠨ ᠪᠠᠶᠢᠭᠤᠯᠵᠤ ᠬᠤᠷᠠᠯᠳᠤᠭᠤᠯᠬᠤ | ᠬᠡᠷᠡᠭᠲᠡᠢ᠄ | ︵ᠨᠢᠭᠡ︶ ᠵᠠᠭᠤᠨ ᠤ ᠬᠤᠷᠢ ᠠᠴᠠ ᠳᠡᠭᠡᠭᠰᠢᠬᠢ ᠥᠮᠴᠢᠲᠡᠨ ᠤ ᠳᠤᠷᠠᠳᠤᠯᠭ᠎ᠠ᠃ | ︵ᠬᠤᠶᠠᠷ︶ ᠬᠦᠨᠳᠦ ᠨᠣᠴᠢᠲᠠᠢ ᠡ᠊ᠨᠳᠡᠯ ᠪᠤᠶᠤ ᠪᠠᠴᠢᠮ ᠬᠡᠷᠡᠭ ᠭᠠᠷᠤᠭᠠᠳ ᠴᠠᠭ ᠲᠤᠬᠠᠢ ᠳᠤᠨᠢ | ᠰᠢᠢᠳᠪᠦᠷᠢᠯᠡᠬᠦ ᠴᠢᠬᠤᠯᠠᠲᠠᠢ ᠪᠠᠶᠢᠬᠤ᠃ | ︵ᠭᠤᠷᠪᠠ︶ ᠥᠮᠴᠢᠲᠡᠨ ᠤ ᠵᠥᠪᠯᠡᠯ ᠤᠨ ᠪᠦᠷᠢᠯᠳᠦᠭᠦᠨ ᠤ ᠳᠤᠲᠠᠭᠳᠠᠵᠤ ᠪᠠᠶᠢᠭ᠎ᠠ ᠬᠥᠮᠥᠨ ᠤ ᠲᠤᠭ᠎ᠠ ᠨᠢ | ᠬᠠᠭᠠᠰ ᠠᠴᠠ ᠬᠡᠲᠦᠷᠡᠭᠰᠡᠨ᠃ | ︵ᠳᠥᠷᠪᠡ︶ ᠦᠮᠴᠢᠳᠡᠳ ᠤᠨ ᠶᠡᠭᠡ ᠬᠤᠷᠠᠯ ᠤᠨ ᠬᠡᠷᠡᠭ ᠵᠥᠪᠯᠡᠬᠦ ᠳᠦᠷᠢᠮ ᠪᠤᠶᠤ ᠬᠠᠮᠢᠶᠠᠷᠤᠯᠲᠠ ᠶᠢᠨ | ᠨᠡᠶᠢᠲᠡ ᠶᠢᠨ ᠭᠡᠷ᠎ᠡ ᠳᠤ ᠲᠣᠭᠲᠠᠭᠠᠭᠰᠠᠨ ᠪᠤᠰᠤᠳ ᠪᠠᠶᠢᠳᠠᠯ᠃ | ᠦᠮᠴᠢᠳᠠᠳ ᠤᠨ ᠶᠡᠭᠡ ᠬᠤᠷᠠᠯ ᠤᠨ ᠲᠦᠷ ᠴᠠᠭ ᠤᠨ ᠬᠤᠷᠠᠯ ᠬᠤᠷᠠᠯᠳᠤᠭᠤᠯᠬᠤ ᠴᠢᠬᠤᠯᠠᠲᠠᠢ ᠦᠶ᠎ᠡ ᠳᠤ᠂ | ᠦᠮᠴᠢᠳᠠᠳ ᠤᠨ ᠵᠥᠪᠯᠡᠯ ᠨᠢ ᠬᠤᠷᠠᠯ ᠵᠣᠬᠢᠶᠠᠨ ᠪᠠᠶᠢᠭᠤᠯᠵᠤ ᠬᠤᠷᠠᠯᠳᠤᠭᠤᠯᠬᠤ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠦᠭᠡᠢ ᠪᠠᠶᠢᠪᠠᠯ᠂ ᠠᠳᠠᠯ ᠠᠬᠤᠢ ᠶᠢᠨ ᠲᠥᠷᠥᠯ ᠵᠦᠢᠯ ᠤᠨ ᠪᠠᠶᠢᠭ᠎ᠠ ᠭᠠᠵᠠᠷ ᠤᠨ ᠰᠤᠮᠤ ᠰᠢᠶᠠᠩ | ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ | ᠦᠮᠴᠢᠳᠠᠳ ᠤᠨ ᠵᠥᠪᠯᠡᠯ ᠢ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠬᠤᠷᠠᠯᠳᠤᠭᠤᠯᠬᠤ ᠬᠡᠷᠡᠭᠲᠡᠢ᠃ | ᠬᠤᠭᠤᠴᠠᠭ᠎ᠠ ᠬᠡᠲᠦᠷᠡᠲᠡᠯ᠎ᠡ ᠬᠤᠷᠠᠯᠳᠤᠭᠤᠯᠬᠤ ᠦᠭᠡᠢ ᠪᠣᠯ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ | ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠣᠬᠢᠶᠠᠨ ᠪᠠᠶᠢᠭᠤᠯᠤᠨ ᠬᠤᠷᠠᠯᠳᠤᠭᠤᠯᠵᠤ ᠪᠣᠯᠣᠨ᠎ᠠ᠃ | ᠬᠤᠷᠢᠨ ᠳᠥᠷᠪᠡᠳᠦᠭᠡᠷ ᠵᠦᠢᠯ ᠥᠮᠴᠢᠳᠡᠳ ᠤᠨ ᠵᠥᠪᠯᠡᠯ ᠪᠣᠯ ᠦᠮᠴᠢᠳᠡᠳ ᠤᠨ ᠶᠡᠭᠡ ᠬᠤᠷᠠᠯ ᠤᠨ | ᠭᠦᠢᠴᠡᠳᠬᠡᠬᠦ ᠪᠠᠶᠢᠭᠤᠯᠤᠮᠵᠢ ᠮᠥᠨ᠂ ᠳᠠᠷᠠᠭᠠᠬᠢ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠢ᠄ | ︵ᠨᠢᠭᠡ︶ ᠦᠮᠴᠢᠳᠠᠳ ᠤᠨ ᠶᠡᠭᠡ ᠬᠤᠷᠠᠯ ᠤᠨ ᠲᠣᠭᠲᠠᠭᠠᠯ ᠪᠠ ᠰᠢᠢᠳᠪᠦᠷᠢ ᠶᠢ ᠬᠡᠷᠡᠭᠵᠢᠭᠦᠯᠦᠨ᠎ᠡ᠃ | ︵ᠬᠤᠶᠠᠷ︶ ᠦᠮᠴᠢᠳᠠᠳ ᠤᠨ ᠶᠡᠭᠡ ᠬᠤᠷᠠᠯ ᠤᠨ ᠬᠤᠷᠠᠯ ᠢ ᠬᠤᠷᠠᠯᠳᠤᠭᠤᠯᠵᠤ᠂ ᠦᠮᠴᠢᠳᠠᠳ ᠤᠨ ᠶᠡᠭᠡ | ᠬᠤᠷᠠᠯ ᠳᠤ ᠠᠵᠢᠯ ᠢᠶᠠᠨ ᠮᠡᠳᠡᠭᠦᠯᠬᠦ ᠶᠢᠨ ᠬᠠᠮᠲᠤ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠶᠢᠨ | ᠳᠣᠲᠣᠷᠠᠬᠢ ᠢᠯᠡᠷᠬᠡᠢ ᠭᠠᠵᠠᠷ ᠲᠤ ᠦᠮᠴᠢᠳᠠᠳ ᠲᠤ ᠨᠡᠶᠢᠲᠡᠯᠡᠵᠦ᠂ ᠦᠮᠴᠢᠳᠠᠳ ᠤᠨ ᠬᠢᠨᠠᠯᠲᠠ ᠶᠢ ᠬᠦᠯᠢᠶᠡᠨ᠎ᠡ᠃ | ︵ᠭᠤᠷᠪᠠ︶ ᠦᠮᠴᠢᠳᠡᠳ ᠤᠨ ᠶᠡᠭᠡ ᠬᠤᠷᠠᠯ ᠤᠨ ᠲᠣᠭᠲᠠᠭᠠᠯ ᠢ ᠦᠨᠳᠦᠰᠦᠯᠡᠨ᠂ ᠦᠮᠴᠢᠳᠡᠳ ᠢ | ᠲᠥᠯᠥᠭᠡᠯᠡᠨ ᠦᠮᠴᠢᠳᠡᠳ ᠤᠨ ᠶᠡᠭᠡ ᠬᠤᠷᠠᠯ ᠠᠴᠠ ᠰᠣᠩᠭᠤᠨ ᠤᠷᠢᠭᠰᠠᠨ ᠠᠳᠠᠯ ᠠᠬᠤᠢ ᠶᠢᠨ ᠦᠢᠯᠡᠴᠢᠯᠡᠭᠴᠢ ᠲᠠᠢ | ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠲᠣᠭᠲᠠᠭᠠᠨ᠎ᠠ᠃ | ︵ᠳᠥᠷᠪᠡ︶ ᠥᠮᠴᠢᠲᠡᠨ᠂ ᠠᠳᠠᠯ ᠠᠬᠤᠢ ᠶᠢᠨ ᠬᠡᠷᠡᠭᠯᠡᠭᠴᠢ ᠶᠢᠨ ᠰᠠᠨᠠᠯ ᠪᠠ ᠰᠠᠨᠠᠭᠤᠯᠭ᠎ᠠ ᠶᠢ ᠴᠠᠭ ᠲᠤᠬᠠᠢ | ᠳᠤᠨᠢ ᠣᠶᠢᠯᠠᠭᠠᠵᠤ᠂ ᠠᠳᠠᠯ ᠠᠬᠤᠢ ᠶᠢᠨ ᠦᠢᠯᠡᠴᠢᠯᠡᠭᠴᠢ ᠶᠢᠨ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠶᠢ | ᠭᠦᠢᠴᠡᠳᠬᠡᠬᠦ ᠳᠤ ᠬᠢᠨᠠᠯᠲᠠ ᠲᠠᠯᠪᠢᠨ᠎ᠠ᠃ | ︵ᠲᠠᠪᠤ︶ ᠥᠮᠴᠢᠲᠡᠨ᠂ ᠠᠳᠠᠯ ᠠᠬᠤᠢ ᠶᠢᠨ ᠬᠡᠷᠡᠭᠯᠡᠭᠴᠢ ᠶᠢ ᠰᠢᠪᠠᠳᠠᠵᠤ ᠪᠠᠶᠢᠭᠠᠳ ᠬᠠᠮᠢᠶᠠᠷᠤᠯᠲᠠ ᠶᠢᠨ | ᠨᠡᠶᠢᠲᠡ ᠶᠢᠨ ᠭᠡᠷ᠎ᠡ ᠶᠢ ᠵᠢᠷᠤᠮᠯᠠᠭᠤᠯᠵᠤ᠂ ᠠᠳᠠᠯ ᠠᠬᠤᠢ ᠶᠢᠨ ᠬᠡᠷᠡᠭᠯᠡᠯᠲᠡ᠂ ᠬᠠᠮᠠᠭᠠᠯᠠᠯᠲᠠ ᠪᠠ ᠦᠢᠯᠡᠴᠢᠯᠡᠭᠡ ᠠᠴᠠ | ᠪᠣᠯᠤᠭᠰᠠᠨ ᠵᠢᠭᠤᠷᠠᠯᠳᠤᠭᠠᠨ ᠢ ᠡᠶᠡᠳᠡᠭᠦᠯᠦᠨ᠎ᠡ᠃ | ︵ᠵᠢᠷᠭᠤᠭ᠎ᠠ︶ ᠥᠮᠴᠢᠲᠡᠨ ᠢ ᠰᠢᠮᠳᠠᠭᠤᠯᠵᠤ ᠪᠠᠶᠢᠭᠠᠳ ᠠᠳᠠᠯ ᠠᠬᠤᠢ ᠶᠢᠨ ᠦᠢᠯᠡᠴᠢᠯᠡᠭᠡᠨ ᠤ ᠵᠠᠷᠤᠳᠠᠯ | ᠵᠢᠴᠢ ᠪᠤᠰᠤᠳ ᠬᠠᠮᠢᠶ᠎ᠠ ᠪᠦᠬᠦᠢ ᠵᠠᠷᠤᠳᠠᠯ ᠢ ᠲᠤᠰᠢᠶᠠᠯᠭᠠᠨ᠎ᠠ᠃ | ︵ᠲᠤᠯᠤᠭ᠎ᠠ︶ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠡᠯᠡ ᠮᠥᠩᠭᠦ ᠶᠢ ᠴᠤᠭᠯᠠᠭᠤᠯᠬᠤ | ᠪᠠ ᠬᠡᠷᠡᠭᠯᠡᠬᠦ ᠶᠢ ᠵᠣᠬᠢᠶᠠᠨ ᠪᠠᠶᠢᠭᠤᠯᠬᠤ ᠪᠠ ᠲᠡᠭᠦᠨ ᠳᠤ ᠬᠢᠨᠠᠯᠲᠠ ᠲᠠᠯᠪᠢᠨ᠎ᠠ᠃ | ︵ᠨᠠᠢᠮᠠ︶ ᠬᠠᠮᠢᠶᠠᠷᠤᠯᠲᠠ ᠶᠢᠨ ᠨᠡᠶᠢᠲᠡ ᠶᠢᠨ ᠭᠡᠷ᠎ᠡ ᠪᠠ ᠦᠮᠴᠢᠳᠡᠳ ᠤᠨ ᠶᠡᠭᠡ ᠬᠤᠷᠠᠯ ᠤᠨ ᠬᠡᠷᠡᠭ | ᠵᠥᠪᠯᠡᠬᠦ ᠳᠦᠷᠢᠮ ᠢ ᠦᠨᠳᠦᠰᠦᠯᠡᠨ᠂ ᠬᠠᠮᠲᠤ ᠪᠠᠷ ᠬᠡᠷᠡᠭᠯᠡᠬᠦ ᠭᠠᠵᠠᠷ᠂ ᠬᠠᠮᠲᠤ ᠪᠠᠷ ᠬᠡᠷᠡᠭᠯᠡᠬᠦ ᠲᠥᠬᠦᠭᠡᠷᠦᠮᠵᠢ | ᠲᠥᠬᠦᠭᠡᠷᠦᠮᠵᠢ ᠶᠢᠨ ᠡᠵᠡᠩᠨᠡᠯᠲᠡ ᠶᠢᠨ ᠠᠷᠭ᠎ᠠ ᠮᠠᠶ᠋ᠢᠭ ᠢ ᠲᠣᠭᠲᠠᠭᠠᠵᠤ᠂ ᠡᠵᠡᠩᠨᠡᠯᠲᠡ ᠶᠢᠨ ᠠᠰᠢᠭ ᠣᠷᠣᠯᠭ᠎ᠠ ᠶᠢ | ᠬᠠᠮᠢᠶᠠᠷᠬᠤ ᠪᠥᠭᠡᠳ ᠨᠡᠶᠢᠲᠡᠯᠡᠨ᠎ᠡ᠃ | ︵ᠶᠢᠰᠦ︶ ᠵᠠᠷ ᠮᠡᠳᠡᠭᠡ᠂ ᠲᠡᠷᠭᠡᠨ ᠵᠣᠭᠰᠣᠭᠠᠯ ᠢ ᠲᠦᠷᠢᠶᠡᠰᠦᠯᠡᠨ ᠡᠵᠡᠩᠨᠡᠭᠰᠡᠨ ᠣᠷᠣᠯᠭ᠎ᠠ ᠵᠢᠴᠢ | ᠬᠡᠷᠡᠭᠯᠡᠭᠰᠡᠨ ᠪᠠᠶᠢᠳᠠᠯ ᠳᠤ ᠬᠢᠨᠠᠯᠲᠠ ᠲᠠᠯᠪᠢᠨ᠎ᠠ᠃ | ︵ᠠᠷᠪᠠ︶ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ᠂ | ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠵᠡᠷᠭᠡ ᠲᠠᠢ ᠬᠠᠮᠵᠢᠯᠴᠠᠨ ᠠᠳᠠᠯ ᠠᠬᠤᠢ ᠶᠢᠨ ᠬᠠᠮᠢᠶᠠᠷᠤᠯᠲᠠ ᠶᠢᠨ | ᠣᠷᠣᠨ ᠪᠦᠰᠡ ᠶᠢᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠ ᠨᠡᠶᠢᠭᠡᠮ ᠤᠨ ᠠᠮᠤᠷ ᠲᠦᠪᠰᠢᠨ ᠢ | ᠬᠠᠮᠠᠭᠠᠯᠠᠬᠤ ᠵᠡᠷᠭᠡ ᠠᠵᠢᠯ ᠢ ᠰᠠᠶᠢᠲᠤᠷ ᠬᠢᠨ᠎ᠡ᠃ | ︵ᠠᠷᠪᠠᠨ ᠨᠢᠭᠡ︶ ᠦᠮᠴᠢᠳᠡᠳ ᠤᠨ ᠶᠡᠭᠡ ᠬᠤᠷᠠᠯ ᠠᠴᠠ ᠣᠯᠭᠤᠭᠰᠠᠨ ᠪᠤᠰᠤᠳ ᠲᠤᠰᠢᠶᠠᠯ | ᠬᠠᠷᠢᠭᠤᠴᠠᠯᠭ᠎ᠠ᠃ | ᠬᠤᠷᠢᠨ ᠲᠠᠪᠤᠳᠤᠭᠠᠷ ᠵᠦᠢᠯ ᠥᠮᠴᠢᠳᠡᠳ ᠤᠨ ᠶᠡᠭᠡ ᠬᠤᠷᠠᠯ ᠪᠤᠶᠤ ᠦᠮᠴᠢᠳᠡᠳ ᠤᠨ ᠵᠥᠪᠯᠡᠯ ᠤᠨ | ᠲᠣᠭᠲᠠᠭᠠᠯ ᠨᠢ ᠦᠮᠴᠢᠳᠡᠳ ᠢ ᠬᠢᠵᠠᠭᠠᠷᠯᠠᠬᠤ ᠬᠦᠴᠦᠨ ᠲᠠᠢ᠃ | ᠦᠮᠴᠢᠳᠠᠳ ᠤᠨ ᠶᠡᠭᠡ ᠬᠤᠷᠠᠯ ᠪᠤᠶᠤ ᠦᠮᠴᠢᠳᠠᠳ ᠤᠨ ᠵᠥᠪᠯᠡᠯ ᠤᠨ ᠭᠠᠷᠭᠠᠭᠰᠠᠨ ᠲᠣᠭᠲᠠᠭᠠᠯ ᠨᠢ ᠬᠠᠤᠯᠢ | ᠴᠠᠭᠠᠵᠠ᠂ ᠬᠠᠤᠯᠢ ᠲᠣᠭᠲᠠᠭᠠᠯ ᠠᠴᠠ ᠵᠥᠷᠢᠴᠡᠭᠰᠡᠨ ᠪᠠᠶᠢᠪᠠᠯ᠂ ᠬᠤᠰᠢᠭᠤ ᠰᠢᠶᠠᠨ ᠤ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠠᠳᠠᠯ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ | ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ | ᠨᠢ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠪᠤᠶᠤ ᠲᠣᠭᠲᠠᠭᠠᠯ ᠢ ᠨᠢ ᠬᠦᠴᠦᠨ ᠦᠭᠡᠢ | ᠪᠣᠯᠭᠠᠬᠤ ᠶᠢᠨ ᠬᠠᠮᠲᠤ ᠪᠥᠬᠦ ᠦᠮᠴᠢᠳᠠᠳ ᠲᠤ ᠮᠡᠳᠡᠭᠳᠡᠬᠦ ᠬᠡᠷᠡᠭᠲᠡᠢ᠃ | ᠦᠮᠴᠢᠳᠠᠳ ᠤᠨ ᠶᠡᠭᠡ ᠬᠤᠷᠠᠯ ᠪᠤᠶᠤ ᠦᠮᠴᠢᠳᠠᠳ ᠤᠨ ᠵᠥᠪᠯᠡᠯ ᠤᠨ ᠭᠠᠷᠭᠠᠭᠰᠠᠨ ᠲᠣᠭᠲᠠᠭᠠᠯ ᠨᠢ | ᠦᠮᠴᠢᠳᠠᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠪᠠᠶᠢᠪᠠᠯ᠂ ᠬᠠᠯᠳᠠᠯᠭ᠎ᠠ ᠳᠤ ᠤᠴᠠᠷᠠᠭᠰᠠᠨ | ᠥᠮᠴᠢᠲᠡᠨ ᠨᠢ ᠲᠡᠭᠦᠨ ᠢ ᠬᠦᠴᠦᠨ ᠦᠭᠡᠢ ᠪᠣᠯᠭᠠᠭᠤᠯᠬᠤ ᠪᠠᠷ ᠠᠷᠠᠳ ᠤᠨ ᠰᠢᠭᠦᠬᠦ ᠬᠤᠷᠢᠶᠠᠨ ᠳᠤ ᠭᠤᠶᠤᠴᠢᠯᠠᠵᠤ | ᠪᠣᠯᠣᠨ᠎ᠠ᠃ | ᠬᠤᠷᠢᠨ ᠵᠢᠷᠭᠤᠳᠤᠭᠠᠷ ᠵᠦᠢᠯ ᠥᠮᠴᠢᠳᠡᠳ ᠤᠨ ᠵᠥᠪᠯᠡᠯ ᠪᠠ ᠦᠮᠴᠢᠳᠡᠳ ᠤᠨ ᠵᠥᠪᠯᠡᠯ ᠤᠨ ᠭᠡᠰᠢᠭᠦᠨ | ᠳᠠᠷᠠᠭᠠᠬᠢ ᠠᠵᠢᠯᠯᠠᠭ᠎ᠠ ᠨᠤᠭᠤᠳ ᠢ ᠬᠢᠵᠦ ᠪᠣᠯᠬᠤ ᠦᠭᠡᠢ᠄ | ︵ᠨᠢᠭᠡ︶ ᠦᠮᠴᠢᠳᠡᠳ ᠤᠨ ᠶᠡᠭᠡ ᠬᠤᠷᠠᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ | ᠬᠠᠷᠰᠢᠯᠠᠵᠤ᠂ ᠡᠰᠡᠷᠭᠦᠴᠡᠬᠦ᠃ | ︵ᠬᠤᠶᠠᠷ︶ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ᠂ ᠪᠣᠳᠠᠲᠤ ᠬᠡᠷᠡᠭ ᠤᠨ ᠦᠨᠡᠨ ᠪᠠᠶᠢᠳᠠᠯ ᠢ | ᠨᠢᠭᠤᠨ ᠳᠠᠯᠳᠠᠯᠠᠬᠤ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠮᠠᠲ᠋ᠧᠷᠢᠶᠠᠯ ᠢ ᠰᠢᠯᠵᠢᠭᠦᠯᠬᠦ᠂ ᠨᠢᠭᠤᠬᠤ᠂ | ᠥᠭᠡᠷᠡᠲᠦᠭᠦᠯᠬᠦ᠂ ᠰᠦᠢᠳᠬᠡᠬᠦ ᠪᠤᠶᠤ ᠲᠡᠪᠴᠢᠬᠦ᠂ ᠤᠳᠠᠭᠠᠰᠢᠷᠠᠭᠤᠯᠤᠨ ᠬᠠᠩᠭᠠᠬᠤ᠃ | ︵ᠭᠤᠷᠪᠠ︶ ᠡᠭᠦᠷᠭᠡ ᠲᠤᠰᠢᠶᠠᠯ ᠤᠨ ᠢᠶᠠᠨ ᠲᠦᠬᠦᠮ ᠢ ᠠᠰᠢᠭᠯᠠᠨ ᠠᠳᠠᠯ ᠠᠬᠤᠢ ᠶᠢᠨ ᠰᠦᠢᠳᠬᠡᠯ᠂ | ᠲᠡᠷᠭᠡ ᠵᠣᠭᠰᠤᠭᠠᠬᠤ ᠰᠦᠢᠳᠬᠡᠯ ᠢ ᠬᠠᠰᠤᠵᠤ ᠬᠡᠯᠲᠦᠷᠢᠭᠦᠯᠬᠦ ᠶᠢ ᠬᠦᠯᠢᠶᠡᠨ ᠠᠪᠬᠤ᠂ ᠡᠰᠡᠬᠦᠯ᠎ᠡ ᠪᠦᠲᠦᠭᠡᠨ | ᠪᠠᠶᠢᠭᠤᠯᠤᠯᠲᠠ ᠶᠢᠨ ᠨᠢᠭᠡᠴᠢ᠂ ᠠᠳᠠᠯ ᠠᠬᠤᠢ ᠶᠢᠨ ᠦᠢᠯᠡᠴᠢᠯᠡᠭᠴᠢ ᠶᠢᠨ ᠬᠠᠩᠭᠠᠭᠰᠠᠨ ᠠᠰᠢᠭ ᠲᠤᠰᠠ᠂ ᠬᠥᠯᠥᠰᠦ | ᠣᠯᠭᠤᠮᠵᠢ ᠶᠢ ᠨᠡᠬᠡᠵᠦ ᠠᠪᠬᠤ᠂ ᠬᠠᠤᠯᠢ ᠪᠤᠰᠤ ᠪᠠᠷ ᠬᠦᠯᠢᠶᠡᠨ ᠠᠪᠬᠤ᠃ | ︵ᠳᠥᠷᠪᠡ︶ ᠦᠮᠴᠢᠳᠡᠳ ᠤᠨ ᠶᠡᠭᠡ ᠬᠤᠷᠠᠯ ᠤᠨ ᠬᠡᠷᠡᠭ ᠵᠥᠪᠯᠡᠬᠦ ᠳᠦᠷᠢᠮ ᠢ ᠵᠥᠷᠢᠴᠡᠬᠦ ᠪᠤᠶᠤ | ᠦᠮᠴᠢᠳᠡᠳ ᠤᠨ ᠶᠡᠭᠡ ᠬᠤᠷᠠᠯ ᠠᠴᠠ ᠡᠷᠬᠡ ᠣᠯᠭᠤᠭᠰᠠᠨ ᠦᠭᠡᠢ ᠪᠠᠷ ᠦᠮᠴᠢᠳᠡᠳ ᠤᠨ ᠶᠡᠭᠡ ᠬᠤᠷᠠᠯ ᠪᠤᠶᠤ | ᠦᠮᠴᠢᠳᠡᠳ ᠤᠨ ᠵᠥᠪᠯᠡᠯ ᠤᠨ ᠲᠠᠮᠠᠭ᠎ᠠ ᠶᠢ ᠳᠤᠷ᠎ᠠ ᠪᠠᠷ ᠢᠶᠠᠨ ᠬᠡᠷᠡᠭᠯᠡᠬᠦ᠃ | ︵ᠲᠠᠪᠤ︶ ᠬᠤᠯᠪᠣᠭᠳᠠᠯ ᠪᠦᠬᠦᠢ ᠵᠠᠭᠠᠯᠳᠤᠭᠴᠢ᠂ ᠢᠯᠡᠴᠢᠯᠡᠭᠴᠢ ᠳᠤ ᠴᠣᠬᠢᠯᠲᠠ ᠥᠭᠬᠦ᠂ ᠬᠠᠷᠢᠭᠤ ᠠᠪᠬᠤ᠂ | ᠭᠦᠳᠬᠡᠬᠦ᠃ | ︵ᠵᠢᠷᠭᠤᠭ᠎ᠠ︶ ᠦᠮᠴᠢᠳᠡᠳ ᠤᠨ ᠶᠡᠭᠡ ᠬᠤᠷᠠᠯ ᠠᠴᠠ ᠡᠷᠬᠡ ᠣᠯᠭᠤᠭᠰᠠᠨ ᠦᠭᠡᠢ ᠪᠠᠷ ᠠᠳᠠᠯ ᠠᠬᠤᠢ ᠶᠢᠨ | ᠦᠢᠯᠡᠴᠢᠯᠡᠭᠴᠢ ᠶᠢ ᠳᠤᠷ᠎ᠠ ᠪᠠᠷ ᠢᠶᠠᠨ ᠤᠷᠢᠬᠤ ᠪᠠᠨ ᠪᠣᠯᠢᠬᠤ ᠪᠤᠶᠤ ᠰᠣᠩᠭᠤᠨ ᠤᠷᠢᠬᠤ᠃ | ︵ᠲᠤᠯᠤᠭ᠎ᠠ︶ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠡᠯᠡ ᠮᠥᠩᠭᠦ ᠶᠢ ᠳᠤᠷ᠎ᠠ ᠪᠠᠷ ᠢᠶᠠᠨ | ᠬᠥᠳᠡᠯᠭᠡᠨ ᠬᠡᠷᠡᠭᠯᠡᠵᠦ᠂ ᠥᠮᠴᠢᠲᠡᠨ ᠤ ᠬᠠᠮᠲᠤ ᠪᠠᠷ ᠥᠮᠴᠢᠯᠡᠬᠦ ᠡᠳ᠋ ᠬᠥᠷᠥᠩᠭᠡ ᠶᠢ ᠡᠵᠡᠯᠡᠨ ᠠᠪᠬᠤ᠃ | ︵ᠨᠠᠢᠮᠠ︶ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠢ ᠵᠥᠷᠢᠴᠡᠭᠰᠡᠨ ᠪᠤᠶᠤ | ᠦᠮᠴᠢᠳᠡᠳ ᠤᠨ ᠶᠡᠭᠡ ᠬᠤᠷᠠᠯ ᠠᠴᠠ ᠣᠯᠭᠤᠭᠰᠠᠨ ᠡᠷᠬᠡ ᠲᠤᠰᠢᠶᠠᠯ ᠠᠴᠠ ᠪᠠᠨ ᠳᠠᠪᠠᠵᠤ᠂ ᠦᠮᠴᠢᠳᠡᠳ ᠤᠨ | ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠪᠤᠰᠤᠳ ᠦᠢᠯᠡ ᠠᠵᠢᠯᠯᠠᠭ᠎ᠠ᠃ | ᠬᠤᠷᠢᠨ ᠳᠣᠯᠣᠳᠤᠭᠠᠷ ᠵᠦᠢᠯ ᠥᠮᠴᠢᠳᠡᠳ ᠤᠨ ᠵᠥᠪᠯᠡᠯ ᠤᠨ ᠬᠥᠮᠥᠨ ᠤ ᠲᠤᠭ᠎ᠠ ᠶᠢ ᠦᠮᠴᠢᠳᠡᠳ ᠤᠨ ᠶᠡᠭᠡ | ᠬᠤᠷᠠᠯ ᠠᠴᠠ ᠪᠣᠳᠠᠲᠤ ᠪᠠᠶᠢᠳᠠᠯ ᠢ ᠦᠨᠳᠦᠰᠦᠯᠡᠨ ᠭᠤᠷᠪᠠ ᠠᠴᠠ ᠠᠷᠪᠠᠨ ᠨᠢᠭᠡᠨ ᠬᠥᠮᠥᠨ ᠤ ᠰᠣᠨᠳᠣᠭᠤᠢ | ᠲᠤᠭ᠎ᠠ ᠪᠠᠷ ᠲᠣᠭᠲᠠᠭᠠᠨ᠎ᠠ᠃ ᠥᠮᠴᠢᠲᠡᠨ ᠤ ᠳᠣᠲᠣᠷᠠᠬᠢ ᠨᠥᠬᠦᠴᠡᠯ ᠳᠤ ᠨᠡᠶᠢᠴᠡᠬᠦ ᠳᠤᠮᠳᠠᠳᠤ ᠤᠯᠤᠰ ᠤᠨ ᠡᠪ | ᠬᠠᠮᠲᠤ ᠨᠠᠮ ᠤᠨ ᠭᠡᠰᠢᠭᠦᠨ ᠬᠠᠤᠯᠢ ᠳᠤ ᠲᠣᠭᠲᠠᠭᠠᠭᠰᠠᠨ ᠵᠢᠷᠤᠮ ᠢᠶᠠᠷ ᠥᠮᠴᠢᠲᠡᠨ ᠤ ᠵᠥᠪᠯᠡᠯ ᠤᠨ ᠭᠡᠰᠢᠭᠦᠨ | ᠪᠣᠯᠬᠤ ᠶᠢ ᠵᠣᠷᠢᠭᠵᠢᠭᠤᠯᠤᠨ ᠲᠡᠮᠵᠢᠵᠤ᠂ ᠥᠮᠴᠢᠲᠡᠨ ᠤ ᠵᠥᠪᠯᠡᠯ ᠤᠨ ᠨᠠᠮ ᠤᠨ ᠵᠣᠬᠢᠶᠠᠨ ᠪᠠᠶᠢᠭᠤᠯᠤᠯᠲᠠ | ᠪᠠᠶᠢᠭᠤᠯᠬᠤ ᠶᠢ ᠠᠬᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠤ ᠲᠠᠶᠢᠴᠢᠨ ᠪᠠᠬᠢᠯᠡᠯᠲᠡ | ᠪᠠ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠠᠳᠠᠯ ᠠᠬᠤᠢ ᠶᠢᠨ ᠬᠠᠮᠢᠶᠠᠷᠤᠯᠲᠠ ᠶᠢᠨ | ᠡᠷᠡᠭᠦᠯ ᠢᠶᠠᠷ ᠬᠥᠭᠵᠢᠬᠦ ᠶᠢ ᠪᠠᠲᠤᠯᠠᠨ᠎ᠠ᠃ | ᠥᠮᠴᠢᠲᠡᠨ ᠤ ᠵᠥᠪᠯᠡᠯ ᠨᠢ ᠥᠮᠴᠢᠲᠡᠨ ᠤ ᠵᠥᠪᠯᠡᠯ ᠤᠨ ᠭᠡᠰᠢᠭᠦᠳ ᠤᠨ ᠳᠣᠲᠣᠷ᠎ᠠ ᠠᠴᠠ ᠡᠷᠬᠢᠯᠡᠭᠴᠢ ᠨᠢᠭᠡ | ᠬᠥᠮᠥᠨ᠂ ᠳᠡᠳ᠋ ᠡᠷᠬᠢᠯᠡᠭᠴᠢ ᠨᠢᠭᠡ ᠠᠴᠠ ᠭᠤᠷᠪᠠᠨ ᠬᠥᠮᠥᠨ ᠢ ᠰᠣᠩᠭᠤᠨ ᠭᠠᠷᠭᠠᠬᠤ ᠬᠡᠷᠡᠭᠲᠡᠢ᠃ ᠥᠮᠴᠢᠲᠡᠨ ᠤ | ᠵᠥᠪᠯᠡᠯ ᠨᠢ ᠰᠣᠩᠭᠤᠵᠤ ᠭᠠᠷᠭᠠᠭᠰᠠᠨ ᠡᠳᠦᠷ ᠠᠴᠠ ᠡᠬᠢᠯᠡᠨ ᠭᠤᠴᠢᠨ ᠡᠳᠦᠷ ᠤᠨ ᠳᠣᠲᠣᠷ᠎ᠠ᠂ ᠠᠳᠠᠯ ᠠᠬᠤᠢ ᠶᠢᠨ | ᠲᠥᠷᠥᠯ ᠵᠦᠢᠯ ᠤᠨ ᠪᠠᠶᠢᠭ᠎ᠠ ᠭᠠᠵᠠᠷ ᠤᠨ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠳᠠᠩᠰᠠᠯᠠᠭᠤᠯᠵᠤ᠂ ᠰᠤᠮᠤ ᠰᠢᠶᠠᠩ ᠪᠠᠯᠭᠠᠰᠤ ᠶᠢᠨ ᠠᠷᠠᠳ ᠤᠨ | ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠳᠠᠩᠰᠠᠯᠠᠭᠤᠯᠤᠭᠰᠠᠨ ᠪᠠᠶᠢᠳᠠᠯ ᠢᠶᠠᠨ | ᠠᠳᠠᠯ ᠠᠬᠤᠢ ᠶᠢᠨ ᠲᠥᠷᠥᠯ ᠵᠦᠢᠯ ᠤᠨ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠠᠳᠠᠯ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ | ᠪᠢᠴᠢᠭ ᠢᠶᠠᠷ ᠮᠡᠳᠡᠭᠳᠡᠬᠦ ᠬᠡᠷᠡᠭᠲᠡᠢ᠃ ᠥᠮᠴᠢᠲᠡᠨ ᠤ ᠵᠥᠪᠯᠡᠯ ᠤᠨ ᠳᠠᠩᠰᠠᠯᠠᠭᠤᠯᠤᠭᠰᠠᠨ ᠬᠤᠯᠪᠣᠭᠳᠠᠯ ᠪᠦᠬᠦᠢ | ᠠᠭᠤᠯᠭ᠎ᠠ ᠳᠤ ᠬᠤᠪᠢᠷᠠᠯᠲᠠ ᠭᠠᠷᠤᠭᠰᠠᠨ ᠪᠠᠶᠢᠪᠠᠯ᠂ ᠲᠠᠬᠢᠵᠤ ᠪᠦᠷᠢᠳᠬᠡᠭᠦᠯᠬᠦ ᠬᠡᠷᠡᠭᠲᠡᠢ᠃ | ᠬᠤᠷᠢᠨ ᠨᠠᠢᠮᠠᠳᠤᠭᠠᠷ ᠵᠦᠢᠯ ᠥᠮᠴᠢᠳᠡᠳ ᠤᠨ ᠵᠥᠪᠯᠡᠯ ᠤᠨ ᠬᠤᠭᠤᠴᠠᠭ᠎ᠠ ᠪᠦᠷᠢ ᠶᠢᠨ ᠲᠤᠰᠢᠶᠠᠯ ᠤᠨ | ᠬᠤᠭᠤᠴᠠᠭ᠎ᠠ ᠨᠢ ᠭᠤᠷᠪᠠ ᠠᠴᠠ ᠲᠠᠪᠤᠨ ᠵᠢᠯ ᠪᠣᠯᠣᠨ᠎ᠠ᠂ ᠪᠣᠳᠠᠲᠠᠢ ᠵᠢᠯ ᠬᠤᠭᠤᠴᠠᠭ᠎ᠠ ᠶᠢ ᠦᠮᠴᠢᠳᠡᠳ ᠤᠨ ᠶᠡᠭᠡ | ᠬᠤᠷᠠᠯ ᠤᠨ ᠬᠡᠷᠡᠭ ᠵᠥᠪᠯᠡᠬᠦ ᠳᠦᠷᠢᠮ ᠳᠤ ᠪᠣᠯᠵᠣᠨ ᠲᠣᠭᠲᠠᠭᠠᠵᠤ ᠪᠣᠯᠣᠨ᠎ᠠ᠃ ᠲᠤᠰᠢᠶᠠᠯ ᠤᠨ ᠬᠤᠭᠤᠴᠠᠭ᠎ᠠ | ᠳᠠᠭᠤᠰᠬᠤ ᠠᠴᠠ ᠬᠤᠶᠠᠷ ᠰᠠᠷ᠎ᠠ ᠶᠢᠨ ᠡᠮᠦᠨ᠎ᠡ᠂ ᠦᠮᠴᠢᠳᠠᠳ ᠤᠨ ᠶᠡᠭᠡ ᠬᠤᠷᠠᠯ ᠤᠨ ᠬᠤᠷᠠᠯ ᠬᠤᠷᠠᠯᠳᠤᠭᠤᠯᠵᠤ | ᠦᠮᠴᠢᠳᠠᠳ ᠤᠨ ᠵᠥᠪᠯᠡᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠠᠪᠤᠭᠤᠯᠬᠤ ᠶᠢᠨ ᠬᠠᠮᠲᠤ᠂ ᠠᠳᠠᠯ | ᠠᠬᠤᠢ ᠶᠢᠨ ᠲᠥᠷᠥᠯ ᠵᠦᠢᠯ ᠤᠨ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠠᠳᠠᠯ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠰᠤᠮᠤ | ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ | ᠲᠥᠯᠥᠭᠡᠯᠡᠭᠴᠢ ᠲᠣᠮᠢᠯᠠᠨ ᠣᠷᠣᠯᠴᠠᠭᠤᠯᠬᠤ ᠪᠠᠷ ᠮᠡᠳᠡᠭᠳᠡᠬᠦ ᠬᠡᠷᠡᠭᠲᠡᠢ᠃ ᠬᠤᠭᠤᠴᠠᠭ᠎ᠠ ᠬᠡᠲᠦᠷᠡᠲᠡᠯ᠎ᠡ ᠬᠤᠭᠤᠴᠠᠭ᠎ᠠ | ᠰᠣᠯᠢᠭᠰᠠᠨ ᠦᠭᠡᠢ ᠪᠠᠶᠢᠪᠠᠯ᠂ ᠦᠮᠴᠢᠳᠡᠳ ᠤᠨ ᠵᠥᠪᠯᠡᠯ ᠨᠢ ᠥᠪᠡᠷ ᠢᠶᠠᠨ ᠵᠣᠭᠰᠣᠨ᠎ᠠ᠃ | ᠤᠤᠯ ᠤᠨ ᠥᠮᠴᠢᠲᠡᠨ ᠤ ᠵᠥᠪᠯᠡᠯ ᠨᠢ ᠲᠡᠭᠦᠨ ᠤ ᠲᠤᠰᠢᠶᠠᠯ ᠤᠨ ᠬᠤᠭᠤᠴᠠᠭ᠎ᠠ ᠳᠠᠭᠤᠰᠤᠭᠰᠠᠨ ᠡᠳᠦᠷ ᠠᠴᠠ | ᠡᠬᠢᠯᠡᠨ ᠠᠷᠪᠠᠨ ᠡᠳᠦᠷ ᠤᠨ ᠳᠣᠲᠣᠷ᠎ᠠ ᠰᠢᠨ᠎ᠡ ᠨᠢᠭᠡ ᠬᠤᠭᠤᠴᠠᠭᠠᠨ ᠤ ᠥᠮᠴᠢᠲᠡᠨ ᠤ ᠵᠥᠪᠯᠡᠯ ᠲᠠᠢ ᠲᠤᠰᠢᠶᠠᠬᠤ ᠪᠠ | ᠬᠦᠯᠢᠶᠡᠨ ᠠᠪᠬᠤ ᠭᠠᠷ ᠭᠦᠢᠴᠡᠳᠬᠡᠯ ᠢ ᠰᠠᠶᠢᠲᠤᠷ ᠬᠢᠬᠦ ᠬᠡᠷᠡᠭᠲᠡᠢ᠃ ᠰᠢᠨ᠎ᠡ ᠨᠢᠭᠡ ᠬᠤᠭᠤᠴᠠᠭᠠᠨ ᠤ ᠥᠮᠴᠢᠲᠡᠨ ᠤ | ᠵᠥᠪᠯᠡᠯ ᠪᠣᠶ ᠪᠣᠯᠤᠭᠰᠠᠨ ᠦᠭᠡᠢ ᠪᠣᠯ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ | ᠵᠥᠪᠯᠡᠯ ᠯᠦᠭᠡ ᠲᠤᠰᠢᠶᠠᠬᠤ ᠪᠠ ᠭᠥᠯᠢᠶᠡᠨ ᠠᠪᠬᠤ ᠭᠠᠷᠳᠠᠮ ᠢ ᠰᠠᠶᠢᠲᠤᠷ ᠭᠦᠢᠴᠡᠳᠬᠡᠨ᠎ᠡ᠃ | ᠬᠤᠷᠢ ᠶᠢᠰᠦᠳᠦᠭᠡᠷ ᠵᠦᠢᠯ ᠥᠮᠴᠢᠲᠡᠨ ᠤ ᠵᠥᠪᠯᠡᠯ ᠤᠨ ᠭᠤᠷᠪᠠᠨ ᠤ ᠨᠢᠭᠡ ᠬᠤᠪᠢ ᠠᠴᠠ ᠳᠡᠭᠡᠭᠰᠢᠬᠢ | ᠭᠡᠰᠢᠭᠦᠳ ᠳᠤᠷᠠᠳᠤᠯᠭ᠎ᠠ ᠭᠠᠷᠭᠠᠭᠰᠠᠨ ᠪᠤᠶᠤ ᠥᠮᠴᠢᠲᠡᠨ ᠤ ᠵᠥᠪᠯᠡᠯ ᠤᠨ ᠡᠷᠬᠢᠯᠡᠭᠴᠢ ᠴᠢᠬᠤᠯᠠ ᠲᠠᠢ ᠭᠡᠵᠦ | ᠦᠵᠡᠪᠡᠯ᠂ ᠥᠮᠴᠢᠲᠡᠨ ᠤ ᠵᠥᠪᠯᠡᠯ ᠤᠨ ᠬᠤᠷᠠᠯ ᠢ ᠴᠠᠭ ᠲᠤᠬᠠᠢ ᠳᠤᠨᠢ ᠬᠤᠷᠠᠯᠳᠤᠭᠤᠯᠬᠤ ᠬᠡᠷᠡᠭᠲᠡᠢ᠃ | ᠭᠤᠴᠢᠳᠤᠭᠠᠷ ᠵᠦᠢᠯ ᠥᠮᠴᠢᠳᠡᠳ ᠤᠨ ᠵᠥᠪᠯᠡᠯ ᠤᠨ ᠬᠤᠷᠠᠯᠳᠤᠭᠠᠨ ᠳᠤ ᠬᠠᠭᠠᠰ ᠠᠴᠠ ᠳᠡᠭᠡᠭᠰᠢᠬᠢ | ᠲᠣᠭᠠᠨ ᠤ ᠭᠡᠰᠢᠭᠦᠳ ᠣᠷᠣᠯᠴᠠᠭᠰᠠᠨ ᠪᠠᠶᠢᠬᠤ ᠬᠡᠷᠡᠭᠲᠡᠢ᠂ ᠲᠣᠭᠲᠠᠭᠠᠯ ᠭᠠᠷᠭᠠᠬᠤ ᠳᠠᠭᠠᠨ ᠣᠷᠣᠯᠴᠠᠭᠰᠠᠨ | ᠭᠡᠰᠢᠭᠦᠳ ᠤᠨ ᠬᠠᠭᠠᠰ ᠠᠴᠠ ᠳᠡᠭᠡᠭᠰᠢᠬᠢ ᠲᠣᠭᠠᠨ ᠤ ᠬᠥᠮᠥᠰ ᠢᠶᠠᠷ ᠵᠥᠪᠰᠢᠶᠡᠷᠡᠭᠦᠯᠬᠦ ᠬᠡᠷᠡᠭᠲᠡᠢ᠃ | ᠥᠮᠴᠢᠲᠡᠨ ᠤ ᠵᠥᠪᠯᠡᠯ ᠤᠨ ᠲᠣᠭᠲᠠᠭᠠᠯ ᠢ ᠪᠢᠴᠢᠭ ᠤᠨ ᠬᠡᠯᠪᠡᠷᠢ ᠪᠠᠷ ᠠᠳᠠᠯ ᠠᠬᠤᠢ ᠶᠢᠨ ᠬᠠᠮᠢᠶᠠᠷᠤᠯᠲᠠ ᠶᠢᠨ | ᠣᠷᠣᠨ ᠪᠦᠰᠡ ᠶᠢᠨ ᠳᠣᠲᠣᠷ᠎ᠠ ᠴᠠᠭ ᠲᠤᠬᠠᠢ ᠳᠤᠨᠢ ᠵᠠᠷᠯᠠᠨ ᠨᠡᠶᠢᠲᠡᠯᠡᠬᠦ ᠬᠡᠷᠡᠭᠲᠡᠢ᠃ | ᠥᠮᠴᠢᠲᠡᠨ ᠤ ᠵᠥᠪᠯᠡᠯ ᠨᠢ ᠬᠠᠤᠯᠢ ᠳᠤ ᠲᠣᠭᠲᠠᠭᠠᠭᠰᠠᠨ ᠵᠢᠷᠤᠮ ᠶᠣᠰᠣᠭᠠᠷ ᠲᠣᠭᠲᠠᠭᠠᠯ ᠭᠠᠷᠭᠠᠭᠰᠠᠨ | ᠦᠭᠡᠢ ᠠᠴᠠ ᠪᠣᠯᠵᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠲᠣᠭᠲᠠᠭᠠᠯ ᠭᠠᠷᠭᠠᠬᠤ ᠶᠢ ᠵᠥᠪᠰᠢᠶᠡᠷᠡᠭᠰᠡᠨ | ᠭᠡᠰᠢᠭᠦᠳ ᠬᠠᠮᠲᠤ ᠪᠠᠷ ᠬᠠᠷᠢᠭᠤᠴᠠᠯᠭ᠎ᠠ ᠡᠭᠦᠷᠭᠡᠯᠡᠨ᠎ᠡ᠃ | ᠭᠤᠴᠢᠨ ᠨᠢᠭᠡᠳᠦᠭᠡᠷ ᠵᠦᠢᠯ ᠥᠮᠴᠢᠳᠡᠳ ᠤᠨ ᠵᠥᠪᠯᠡᠯ ᠤᠨ ᠭᠡᠰᠢᠭᠦᠨ ᠢ ᠨᠡᠶᠢᠲᠡ ᠶᠢᠨ ᠠᠰᠠᠷᠠᠮᠵᠢ ᠶᠢᠨ | ᠦᠢᠯᠡᠰ ᠲᠤ ᠬᠠᠯᠠᠭᠤᠨ ᠰᠡᠳᠬᠢᠯ ᠲᠠᠢ᠂ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ᠂ ᠲᠥᠪ ᠭᠤᠣᠯᠴᠢ ᠠᠷᠢᠭᠤᠨ | ᠴᠢᠬᠡᠴᠢ᠂ ᠵᠣᠬᠢᠬᠤ ᠵᠣᠬᠢᠶᠠᠨ ᠪᠠᠶᠢᠭᠤᠯᠵᠤ ᠵᠣᠬᠢᠴᠠᠭᠤᠯᠬᠤ ᠴᠢᠳᠠᠪᠤᠷᠢ ᠲᠠᠢ᠂ ᠥᠮᠴᠢᠲᠡᠨ ᠤ ᠡᠭᠦᠷᠭᠡ ᠶᠢ | ᠰᠠᠨᠠᠭᠠᠴᠢᠯᠠᠭ᠎ᠠ ᠠᠴᠠ ᠪᠠᠨ ᠭᠦᠢᠴᠡᠳᠬᠡᠵᠦ ᠴᠢᠳᠠᠬᠤ ᠥᠮᠴᠢᠲᠡᠨ ᠢᠶᠠᠷ ᠡᠭᠦᠷᠭᠡᠯᠡᠭᠦᠯᠬᠦ ᠬᠡᠷᠡᠭᠲᠡᠢ᠃ | ᠥᠮᠴᠢᠲᠡᠨ ᠤ ᠵᠥᠪᠯᠡᠯ ᠤᠨ ᠭᠡᠰᠢᠭᠦᠨ ᠲᠣᠰ ᠬᠥᠮᠥᠨ᠂ ᠬᠤᠯᠪᠣᠰᠤ ᠵᠢᠴᠢ ᠲᠡᠭᠦᠨ ᠤ ᠰᠢᠭᠤᠳ ᠲᠥᠷᠥᠯ | ᠰᠠᠳᠤᠨ ᠨᠢ ᠲᠣᠰ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠤ ᠳᠣᠲᠣᠷᠠᠬᠢ ᠠᠳᠠᠯ ᠠᠬᠤᠢ ᠶᠢᠨ | ᠦᠢᠯᠡᠴᠢᠯᠡᠭᠴᠢ ᠳᠤ ᠲᠤᠰᠢᠶᠠᠯ ᠬᠠᠪᠰᠤᠷᠭᠠᠬᠤ ᠪᠤᠶᠤ ᠲᠣᠰ ᠠᠳᠠᠯ ᠠᠬᠤᠢ ᠶᠢᠨ ᠦᠢᠯᠡᠴᠢᠯᠡᠭᠴᠢ ᠯᠦᠭᠡ ᠪᠤᠰᠤᠳ | ᠠᠰᠢᠭ ᠬᠤᠣᠷ ᠤᠨ ᠬᠠᠷᠢᠴᠠᠭ᠎ᠠ ᠲᠠᠢ ᠪᠠᠶᠢᠵᠤ ᠪᠣᠯᠬᠤ ᠦᠭᠡᠢ᠃ | ᠭᠤᠴᠢᠨ ᠬᠤᠶᠠᠳᠤᠭᠠᠷ ᠵᠦᠢᠯ ᠥᠮᠴᠢᠳᠡᠳ ᠤᠨ ᠵᠥᠪᠯᠡᠯ ᠤᠨ ᠭᠡᠰᠢᠭᠦᠨ ᠳᠤ ᠳᠠᠷᠠᠭᠠᠬᠢ ᠪᠠᠶᠢᠳᠠᠯ ᠤᠨ ᠠᠯᠢ | ᠨᠢᠭᠡ ᠨᠢ ᠪᠠᠶᠢᠪᠠᠯ᠂ ᠦᠮᠴᠢᠳᠡᠳ ᠤᠨ ᠵᠥᠪᠯᠡᠯ ᠤᠨ ᠭᠡᠰᠢᠭᠦᠨ ᠤ ᠬᠢᠷᠢ ᠬᠡᠮ ᠢ ᠳᠠᠭᠤᠰᠬᠠᠨ᠎ᠠ᠄ | ︵ᠨᠢᠭᠡ︶ ᠠᠳᠠᠯ ᠠᠬᠤᠢ ᠶᠢ ᠰᠢᠯᠵᠢᠭᠦᠯᠦᠨ ᠥᠭᠭᠦᠭᠰᠡᠨ᠂ ᠤᠰᠠᠳᠤᠭᠰᠠᠨ ᠵᠡᠷᠭᠡ ᠰᠢᠯᠲᠠᠭᠠᠨ ᠠᠴᠠ ᠪᠣᠯᠵᠤ | ᠥᠮᠴᠢᠲᠡᠨ ᠪᠢᠰᠢ ᠪᠣᠯᠤᠭᠰᠠᠨ᠃ | ︵ᠬᠤᠶᠠᠷ︶ ᠥᠮᠴᠢᠲᠡᠨ ᠤ ᠵᠥᠪᠯᠡᠯ ᠤᠨ ᠬᠤᠷᠠᠯᠳᠤᠭᠠᠨ ᠳᠤ ᠤᠴᠢᠷ ᠰᠢᠯᠲᠠᠭᠠᠨ ᠦᠭᠡᠢ ᠪᠠᠷ ᠵᠠᠯᠭᠠᠭ᠎ᠠ ᠪᠠᠷ | ᠭᠤᠷᠪᠠ ᠤᠳᠠᠭ᠎ᠠ ᠠᠴᠠ ᠳᠡᠭᠡᠭᠰᠢ ᠣᠷᠣᠯᠴᠠᠭᠰᠠᠨ ᠦᠭᠡᠢ᠃ | ︵ᠭᠤᠷᠪᠠ︶ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠠᠯᠳᠠᠭᠰᠠᠨ᠃ | ︵ᠳᠥᠷᠪᠡ︶ ᠥᠮᠴᠢᠲᠡᠨ ᠤ ᠵᠥᠪᠯᠡᠯ ᠳᠤ ᠪᠢᠴᠢᠭ ᠤᠨ ᠬᠡᠯᠪᠡᠷᠢ ᠪᠠᠷ ᠲᠤᠰᠢᠶᠠᠯ ᠠᠴᠠ ᠪᠠᠨ ᠪᠠᠭᠤᠬᠤ | ᠡᠷᠭᠦᠳᠡᠯ ᠭᠠᠷᠭᠠᠭᠰᠠᠨ᠃ | ︵ᠲᠠᠪᠤ︶ ᠥᠮᠴᠢᠲᠡᠨ ᠤ ᠡᠭᠦᠷᠭᠡ ᠪᠠᠨ ᠭᠦᠢᠴᠡᠳᠬᠡᠬᠦ ᠶᠢ ᠲᠡᠪᠴᠢᠭᠰᠡᠨ᠃ | ︵ᠵᠢᠷᠭᠤᠭ᠎ᠠ︶ ᠠᠳᠠᠯ ᠠᠬᠤᠢ ᠶᠢᠨ ᠦᠢᠯᠡᠴᠢᠯᠡᠭᠴᠢ ᠳᠤ ᠲᠠᠸᠠᠷ ᠪᠣᠷᠣᠯᠠᠭᠤᠯᠵᠤ᠂ ᠲᠤᠬᠠᠶᠢᠯᠠᠭᠰᠠᠨ | ᠠᠵᠢᠯ ᠢ ᠳᠠᠭᠠᠭᠠᠨ ᠠᠪᠴᠤ᠂ ᠵᠦᠢ ᠪᠤᠰᠤ ᠠᠰᠢᠭ ᠣᠯᠣᠭᠰᠠᠨ᠃ | ︵ᠲᠤᠯᠤᠭ᠎ᠠ︶ ᠥᠮᠴᠢᠲᠡᠨ ᠤ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ᠃ | ︵ᠨᠠᠢᠮᠠ︶ ᠪᠤᠰᠤᠳ ᠰᠢᠯᠲᠠᠭᠠᠨ ᠠᠴᠠ ᠪᠣᠯᠵᠤ ᠦᠮᠴᠢᠳᠡᠳ ᠤᠨ ᠵᠥᠪᠯᠡᠯ ᠤᠨ ᠭᠡᠰᠢᠭᠦᠨ ᠤ ᠲᠤᠰᠢᠶᠠᠯ ᠢ | ᠡᠭᠦᠷᠭᠡᠯᠡᠬᠦ ᠳᠤ ᠲᠣᠬᠢᠷᠠᠬᠤ ᠦᠭᠡᠢ ᠪᠣᠯᠤᠭᠰᠠᠨ ᠪᠠᠶᠢᠳᠠᠯ᠃ | ᠦᠮᠴᠢᠳᠠᠳ ᠤᠨ ᠵᠥᠪᠯᠡᠯ ᠤᠨ ᠪᠦᠷᠢᠯᠳᠦᠭᠦᠨ ᠤ ᠬᠢᠷᠢ ᠬᠡᠮ ᠢ ᠳᠠᠭᠤᠰᠬᠠᠬᠤ ᠵᠢᠷᠤᠮ ᠢ ᠦᠮᠴᠢᠳᠠᠳ ᠤᠨ | ᠶᠡᠭᠡ ᠬᠤᠷᠠᠯ ᠤᠨ ᠬᠡᠷᠡᠭ ᠵᠥᠪᠯᠡᠬᠦ ᠳᠦᠷᠢᠮ ᠳᠤ ᠲᠣᠭᠲᠠᠭᠠᠨ᠎ᠠ᠃ | ᠭᠤᠴᠢᠨ ᠭᠤᠷᠪᠠᠳᠤᠭᠠᠷ ᠵᠦᠢᠯ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠳᠤ ᠬᠤᠪᠢᠷᠠᠯᠲᠠ | ᠭᠠᠷᠤᠭᠰᠠᠨ ᠵᠡᠷᠭᠡ ᠰᠢᠯᠲᠠᠭᠠᠨ ᠠᠴᠠ ᠪᠣᠯᠵᠤ ᠦᠮᠴᠢᠳᠠᠳ ᠤᠨ ᠶᠡᠭᠡ ᠬᠤᠷᠠᠯ ᠢ ᠲᠠᠷᠬᠠᠭᠠᠭᠰᠠᠨ ᠪᠠᠶᠢᠪᠠᠯ᠂ | ᠲᠠᠷᠬᠠᠭᠠᠬᠤ ᠠᠴᠠ ᠡᠮᠦᠨ᠎ᠡ ᠦᠮᠴᠢᠳᠠᠳ ᠤᠨ ᠶᠡᠭᠡ ᠬᠤᠷᠠᠯ᠂ ᠦᠮᠴᠢᠳᠠᠳ ᠤᠨ ᠵᠥᠪᠯᠡᠯ ᠨᠢ ᠰᠤᠮᠤ ᠰᠢᠶᠠᠩ | ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ | ᠵᠢᠯᠣᠭᠤᠳᠤᠯᠭ᠎ᠠ ᠬᠢᠨᠠᠯᠲᠠ ᠶᠢᠨ ᠳᠣᠣᠷ᠎ᠠ᠂ ᠦᠮᠴᠢᠳᠠᠳ ᠤᠨ ᠬᠠᠮᠲᠤ ᠶᠢᠨ ᠡᠳ᠋ ᠬᠥᠷᠥᠩᠭᠡ ᠶᠢ ᠢᠯᠭᠠᠷᠠᠭᠤᠯᠤᠨ | ᠪᠤᠳᠤᠬᠤ ᠪᠠ ᠲᠠᠩᠰᠠ ᠡᠪᠬᠡᠮᠡᠯ ᠤᠨ ᠮᠠᠲ᠋ᠧᠷᠢᠶᠠᠯ ᠢ ᠰᠢᠯᠵᠢᠭᠦᠯᠦᠨ ᠲᠤᠰᠢᠶᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ | | ᠭᠤᠴᠢᠨ ᠳᠥᠷᠪᠡᠳᠦᠭᠡᠷ ᠵᠦᠢᠯ ᠥᠮᠴᠢᠳᠡᠳ ᠤᠨ ᠶᠡᠭᠡ ᠬᠤᠷᠠᠯ᠂ ᠦᠮᠴᠢᠳᠡᠳ ᠤᠨ ᠵᠥᠪᠯᠡᠯ ᠤᠨ | ᠠᠵᠢᠯ ᠢᠶᠠᠨ ᠥᠷᠨᠢᠭᠦᠯᠬᠦ ᠵᠠᠷᠤᠳᠠᠯ ᠪᠠ ᠦᠮᠴᠢᠳᠡᠳ ᠤᠨ ᠵᠥᠪᠯᠡᠯ ᠤᠨ ᠭᠡᠰᠢᠭᠦᠨ ᠤ ᠠᠵᠢᠯ ᠤᠨ ᠨᠥᠬᠦᠪᠦᠷᠢ ᠶᠢ ᠪᠦᠬᠦ | ᠥᠮᠴᠢᠲᠡᠨ ᠡᠭᠦᠷᠭᠡᠯᠡᠨ᠎ᠡ᠂ ᠥᠮᠴᠢᠲᠡᠨ ᠤ ᠬᠠᠮᠲᠤ ᠪᠠᠷ ᠥᠮᠴᠢᠯᠡᠵᠦ ᠪᠠᠶᠢᠭ᠎ᠠ ᠬᠡᠰᠡᠭ ᠡᠵᠡᠩᠨᠡᠯᠲᠡ ᠶᠢᠨ ᠠᠰᠢᠭ | ᠣᠷᠣᠯᠭ᠎ᠠ ᠶᠢᠨ ᠳᠣᠲᠣᠷ᠎ᠠ ᠠᠴᠠ ᠭᠠᠷᠭᠠᠭᠰᠠᠨ ᠴᠤ ᠪᠣᠯᠣᠨ᠎ᠠ᠃ | ᠦᠮᠴᠢᠳᠠᠳ ᠤᠨ ᠶᠡᠭᠡ ᠬᠤᠷᠠᠯ ᠪᠠ ᠦᠮᠴᠢᠳᠠᠳ ᠤᠨ ᠵᠥᠪᠯᠡᠯ ᠤᠨ ᠠᠵᠢᠯ ᠤᠨ ᠵᠠᠷᠤᠳᠠᠯ ᠢ ᠬᠡᠷᠡᠭᠯᠡᠭᠰᠡᠨ | ᠪᠠᠶᠢᠳᠠᠯ᠂ ᠦᠮᠴᠢᠳᠠᠳ ᠤᠨ ᠵᠥᠪᠯᠡᠯ ᠤᠨ ᠭᠡᠰᠢᠭᠦᠨ ᠤ ᠠᠵᠢᠯ ᠤᠨ ᠨᠥᠬᠦᠪᠦᠷᠢ ᠵᠢᠴᠢ ᠪᠠᠷᠢᠮᠵᠢᠶ᠎ᠠ ᠶᠢ | ᠦᠮᠴᠢᠳᠠᠳ ᠤᠨ ᠵᠥᠪᠯᠡᠯ ᠠᠴᠠ ᠲᠣᠭᠲᠠᠮᠠᠯ ᠬᠤᠭᠤᠴᠠᠭ᠎ᠠ ᠲᠠᠢ ᠪᠠᠷ ᠪᠢᠴᠢᠭ ᠤᠨ ᠬᠡᠯᠪᠡᠷᠢ ᠪᠠᠷ ᠠᠳᠠᠯ ᠠᠬᠤᠢ ᠶᠢᠨ | ᠬᠠᠮᠢᠶᠠᠷᠤᠯᠲᠠ ᠶᠢᠨ ᠣᠷᠣᠨ ᠪᠦᠰᠡ ᠶᠢᠨ ᠳᠣᠲᠣᠷ᠎ᠠ ᠵᠠᠷᠯᠠᠨ ᠨᠡᠶᠢᠲᠡᠯᠡᠵᠦ᠂ ᠦᠮᠴᠢᠳᠠᠳ ᠤᠨ ᠬᠢᠨᠠᠯᠲᠠ ᠶᠢ ᠬᠦᠯᠢᠶᠡᠬᠦ | ᠬᠡᠷᠡᠭᠲᠡᠢ᠃ | ᠭᠤᠴᠢᠨ ᠲᠠᠪᠤᠳᠤᠭᠠᠷ ᠵᠦᠢᠯ ᠦᠮᠴᠢᠳᠡᠳ ᠤᠨ ᠶᠡᠭᠡ ᠬᠤᠷᠠᠯ ᠢ ᠪᠠᠶᠢᠭᠤᠯᠬᠤ ᠨᠥᠬᠦᠴᠡᠯ ᠢ | ᠪᠦᠷᠢᠳᠦᠭᠦᠯᠦᠭᠰᠡᠨ ᠦᠭᠡᠢ᠂ ᠡᠰᠡᠬᠦᠯ᠎ᠡ ᠦᠮᠴᠢᠳᠠᠳ ᠤᠨ ᠶᠡᠭᠡ ᠬᠤᠷᠠᠯ ᠢ ᠪᠠᠶᠢᠭᠤᠯᠬᠤ ᠨᠥᠬᠦᠴᠡᠯ ᠢ | ᠪᠦᠷᠢᠯᠳᠦᠭᠦᠯᠦᠭᠰᠡᠨ ᠪᠣᠯᠪᠠᠴᠤ ᠦᠮᠴᠢᠳᠠᠳ ᠤᠨ ᠶᠡᠭᠡ ᠬᠤᠷᠠᠯ ᠢ ᠪᠠᠶᠢᠭᠤᠯᠤᠭᠰᠠᠨ ᠦᠭᠡᠢ᠂ ᠦᠮᠴᠢᠳᠠᠳ ᠤᠨ ᠶᠡᠭᠡ | ᠬᠤᠷᠠᠯ ᠢ ᠪᠠᠶᠢᠭᠤᠯᠤᠭᠰᠠᠨ ᠤ ᠳᠠᠷᠠᠭ᠎ᠠ ᠦᠮᠴᠢᠳᠠᠳ ᠤᠨ ᠵᠥᠪᠯᠡᠯ ᠢ ᠰᠣᠩᠭᠤᠨ ᠭᠠᠷᠭᠠᠵᠤ ᠳᠡᠶᠢᠯᠦᠭᠰᠡᠨ ᠦᠭᠡᠢ | ᠣᠷᠣᠨ ᠰᠠᠭᠤᠴᠠ ᠶᠢᠨ ᠬᠤᠷᠢᠶᠠᠯᠠᠯ ᠢ ᠠᠳᠠᠯ ᠠᠬᠤᠢ ᠶᠢᠨ ᠲᠥᠷᠥᠯ ᠵᠦᠢᠯ ᠤᠨ ᠪᠠᠶᠢᠭ᠎ᠠ ᠭᠠᠵᠠᠷ ᠤᠨ ᠰᠤᠮᠤ ᠰᠢᠶᠠᠩ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ | ᠵᠢᠯᠣᠭᠤᠳᠤᠯᠭ᠎ᠠ ᠶᠢ ᠳᠠᠮᠵᠢᠭᠠᠳ ᠮᠥᠨ ᠬᠦ ᠦᠮᠴᠢᠳᠠᠳ ᠤᠨ ᠶᠡᠭᠡ ᠬᠤᠷᠠᠯ ᠢ ᠪᠠᠶᠢᠭᠤᠯᠵᠤ ᠳᠡᠶᠢᠯᠬᠦ ᠦᠭᠡᠢ ᠪᠠ | ᠦᠮᠴᠢᠳᠠᠳ ᠤᠨ ᠵᠥᠪᠯᠡᠯ ᠢ ᠰᠣᠩᠭᠤᠨ ᠭᠠᠷᠭᠠᠵᠤ ᠳᠡᠶᠢᠯᠬᠦ ᠦᠭᠡᠢ ᠪᠠᠶᠢᠪᠠᠯ᠂ ᠰᠤᠮᠤ ᠰᠢᠶᠠᠩ ᠪᠠᠯᠭᠠᠰᠤ ᠶᠢᠨ | ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠭᠠᠴᠠᠭ᠎ᠠ ᠲᠣᠰᠬᠤᠨ ᠤ | ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ᠂ ᠥᠮᠴᠢᠲᠡᠨ ᠢ ᠵᠣᠬᠢᠶᠠᠨ ᠪᠠᠶᠢᠭᠤᠯᠤᠨ ᠠᠳᠠᠯ ᠠᠬᠤᠢ ᠶᠢᠨ | ᠬᠠᠮᠢᠶᠠᠷᠤᠯᠲᠠ ᠶᠢᠨ ᠵᠥᠪᠯᠡᠯ ᠢ ᠵᠣᠬᠢᠶᠠᠨ ᠪᠠᠶᠢᠭᠤᠯᠵᠤ᠂ ᠦᠮᠴᠢᠳᠠᠳ ᠤᠨ ᠶᠡᠭᠡ ᠬᠤᠷᠠᠯ᠂ ᠦᠮᠴᠢᠳᠠᠳ ᠤᠨ | ᠵᠥᠪᠯᠡᠯ ᠤᠨ ᠡᠭᠦᠷᠭᠡ ᠬᠠᠷᠢᠭᠤᠴᠠᠯᠭ᠎ᠠ ᠶᠢ ᠲᠦᠷ ᠴᠠᠭ ᠭᠦᠢᠴᠡᠳᠬᠡᠵᠦ᠂ ᠨᠥᠬᠦᠴᠡᠯ ᠳᠤ ᠨᠡᠶᠢᠴᠡᠬᠦ ᠣᠷᠣᠨ | ᠰᠠᠭᠤᠴᠠ ᠶᠢᠨ ᠬᠤᠷᠢᠶᠠᠯᠠᠯ ᠲᠤ ᠦᠮᠴᠢᠳᠠᠳ ᠤᠨ ᠶᠡᠭᠡ ᠬᠤᠷᠠᠯ ᠪᠠᠶᠢᠭᠤᠯᠬᠤ ᠶᠢ ᠠᠬᠢᠭᠤᠯᠵᠤ᠂ ᠦᠮᠴᠢᠳᠠᠳ ᠤᠨ | ᠵᠥᠪᠯᠡᠯ ᠢ ᠰᠣᠩᠭᠤᠨ ᠭᠠᠷᠭᠠᠨ᠎ᠠ᠃ | ᠭᠤᠴᠢᠨ ᠵᠢᠷᠭᠤᠳᠤᠭᠠᠷ ᠵᠦᠢᠯ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠨᠢ ᠭᠠᠴᠠᠭ᠎ᠠ ᠲᠣᠰᠬᠤᠨ ᠤ | ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ᠂ ᠥᠮᠴᠢᠲᠡᠨ᠂ ᠠᠳᠠᠯ ᠠᠬᠤᠢ ᠶᠢᠨ ᠬᠡᠷᠡᠭᠯᠡᠭᠴᠢ ᠶᠢᠨ | ᠲᠥᠯᠥᠭᠡᠯᠡᠭᠴᠢ ᠵᠡᠷᠭᠡ ᠭᠤᠷᠪᠠ ᠠᠴᠠ ᠳᠡᠭᠡᠭᠰᠢ ᠭᠠᠭᠴᠠ ᠲᠤᠭ᠎ᠠ ᠪᠠᠷ ᠪᠦᠷᠢᠯᠳᠦᠨ᠎ᠡ᠂ ᠡᠭᠦᠨ ᠳᠤ ᠥᠮᠴᠢᠲᠡᠨ ᠤ | ᠲᠥᠯᠥᠭᠡᠯᠡᠭᠴᠢ ᠨᠢ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠤᠨ ᠭᠡᠰᠢᠭᠦᠨ ᠤ ᠬᠥᠮᠥᠨ ᠤ ᠲᠤᠭ᠎ᠠ ᠶᠢᠨ | ᠬᠤᠶᠠᠷ ᠬᠤᠪᠢ ᠶᠢᠨ ᠨᠢᠭᠡ ᠠᠴᠠ ᠳᠤᠲᠠᠭᠤ ᠪᠠᠶᠢᠵᠤ ᠪᠣᠯᠬᠤ ᠦᠭᠡᠢ᠃ | ᠥᠮᠴᠢᠲᠡᠨ ᠤ ᠲᠥᠯᠥᠭᠡᠯᠡᠭᠴᠢ ᠶᠢ ᠰᠣᠩᠭᠤᠨ ᠭᠠᠷᠭᠠᠬᠤ ᠪᠠ ᠬᠢᠷᠢ ᠬᠡᠮ ᠢ ᠬᠢᠨᠠᠨ ᠪᠠᠶᠢᠴᠠᠭᠠᠬᠤ ᠳᠤ ᠲᠣᠰ | ᠳᠦᠷᠢᠮ ᠤᠨ ᠥᠮᠴᠢᠲᠡᠨ ᠤ ᠵᠥᠪᠯᠡᠯ ᠤᠨ ᠭᠡᠰᠢᠭᠦᠨ ᠤ ᠵᠢᠱᠢᠭᠳᠡᠭᠰᠡᠳ ᠤᠨ ᠬᠤᠯᠪᠣᠭᠳᠠᠯ ᠪᠦᠬᠦᠢ ᠲᠣᠭᠲᠠᠭᠠᠯ ᠢᠶᠠᠷ | ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ | ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠶᠢᠨ ᠲᠤᠰᠢᠶᠠᠯ ᠢ ᠭᠠᠴᠠᠭ᠎ᠠ ᠲᠣᠰᠬᠤᠨ ᠤ | ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠤᠨ ᠲᠥᠯᠥᠭᠡᠯᠡᠭᠴᠢ ᠡᠭᠦᠷᠭᠡᠯᠡᠵᠦ᠂ ᠳᠡᠳ᠋ ᠡᠷᠬᠢᠯᠡᠭᠴᠢ ᠶᠢᠨ | ᠲᠤᠰᠢᠶᠠᠯ ᠢ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠠᠴᠠ ᠨᠢᠭᠡ | ᠥᠮᠴᠢᠲᠡᠨ ᠤ ᠲᠥᠯᠥᠭᠡᠯᠡᠭᠴᠢ ᠶᠢ ᠵᠢᠭᠠᠨ ᠲᠣᠭᠲᠠᠭᠠᠵᠤ ᠡᠭᠦᠷᠭᠡᠯᠡᠭᠦᠯᠦᠨ᠎ᠡ᠃ ᠠᠳᠠᠯ ᠠᠬᠤᠢ ᠶᠢᠨ | ᠬᠠᠮᠢᠶᠠᠷᠤᠯᠲᠠ ᠶᠢᠨ ᠵᠥᠪᠯᠡᠯ ᠤᠨ ᠭᠡᠰᠢᠭᠦᠨ ᠤ ᠨᠡᠷᠡᠰ ᠢ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠶᠢᠨ | ᠳᠣᠲᠣᠷᠠᠬᠢ ᠢᠯᠡᠷᠬᠡᠢ ᠪᠠᠶᠢᠷᠢᠨ ᠳ᠋ᠤ᠋ᠥᠮᠴᠢᠲᠡᠨ ᠨᠢ ᠥᠮᠴᠢᠲᠡᠨ ᠤ ᠲᠥᠯᠥᠭᠡᠯᠡᠭᠴᠢ ᠪᠠᠷ ᠵᠢᠱᠢᠭᠳᠡᠭᠰᠡᠳ ᠲᠤ ᠣᠨᠳᠣᠣ | ᠰᠠᠨᠠᠯ ᠲᠠᠢ ᠪᠠᠶᠢᠪᠠᠯ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ ᠠᠴᠠ ᠵᠣᠬᠢᠴᠠᠭᠤᠯᠤᠨ ᠰᠢᠢᠳᠪᠦᠷᠢᠯᠡᠨ᠎ᠡ᠃ | ᠭᠤᠴᠢᠨ ᠳᠣᠯᠣᠳᠤᠭᠠᠷ ᠵᠦᠢᠯ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠤᠨ ᠠᠵᠢᠯᠯᠠᠬᠤ | ᠬᠤᠭᠤᠴᠠᠭ᠎ᠠ ᠶᠢ ᠡᠩ ᠤᠨ ᠪᠠᠶᠢᠳᠠᠯ ᠳᠤ ᠭᠤᠷᠪᠠᠨ ᠵᠢᠯ ᠠᠴᠠ ᠬᠡᠲᠦᠷᠡᠭᠦᠯᠬᠦ ᠦᠭᠡᠢ᠂ ᠬᠤᠭᠤᠴᠠᠭ᠎ᠠ ᠨᠢ | ᠳᠦᠭᠦᠷᠦᠭᠰᠡᠨ ᠪᠠᠶᠢᠲᠠᠯ᠎ᠠ ᠮᠥᠨ ᠬᠦ ᠦᠮᠴᠢᠳᠠᠳ ᠤᠨ ᠶᠡᠭᠡ ᠬᠤᠷᠠᠯ ᠪᠠᠶᠢᠭᠤᠯᠬᠤ ᠶᠢ ᠲᠦᠯᠬᠢᠨ ᠠᠬᠢᠭᠤᠯᠤᠭᠰᠠᠨ | ᠦᠭᠡᠢ᠂ ᠦᠮᠴᠢᠳᠠᠳ ᠤᠨ ᠵᠥᠪᠯᠡᠯ ᠢ ᠰᠣᠩᠭᠤᠨ ᠭᠠᠷᠭᠠᠭᠰᠠᠨ ᠪᠠᠶᠢᠪᠠᠯ᠂ ᠰᠤᠮᠤ ᠰᠢᠶᠠᠩ ᠪᠠᠯᠭᠠᠰᠤ ᠶᠢᠨ | ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠠᠳᠠᠯ ᠠᠬᠤᠢ ᠶᠢᠨ | ᠬᠠᠮᠢᠶᠠᠷᠤᠯᠲᠠ ᠶᠢᠨ ᠵᠥᠪᠯᠡᠯ ᠢ ᠳᠠᠭᠢᠵᠤ ᠰᠢᠨ᠎ᠡ ᠪᠠᠷ ᠪᠠᠶᠢᠭᠤᠯᠤᠨ᠎ᠠ᠃ | ᠨᠢᠭᠡᠨᠲᠡ ᠦᠮᠴᠢᠳᠡᠳ ᠤᠨ ᠶᠡᠭᠡ ᠬᠤᠷᠠᠯ ᠢ ᠪᠠᠶᠢᠭᠤᠯᠵᠤ᠂ ᠦᠮᠴᠢᠳᠡᠳ ᠤᠨ ᠵᠥᠪᠯᠡᠯ ᠢ ᠰᠣᠩᠭᠤᠨ | ᠭᠠᠷᠭᠠᠭᠰᠠᠨ ᠪᠤᠶᠤ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠳᠤ ᠲᠣᠬᠢᠷᠠᠭᠤᠯᠤᠯᠲᠠ ᠬᠢᠭᠰᠡᠨ᠂ ᠭᠡᠷ | ᠪᠠᠶᠢᠰᠢᠩ ᠤᠰᠠᠳᠤᠭᠰᠠᠨ ᠵᠡᠷᠭᠡ ᠪᠤᠰᠤᠳ ᠪᠤᠰᠤᠳᠴᠢ ᠰᠢᠯᠲᠠᠭᠠᠨ ᠠᠴᠠ ᠪᠣᠯᠵᠤ ᠠᠳᠠᠯ ᠠᠬᠤᠢ ᠶᠢᠨ | ᠬᠠᠮᠢᠶᠠᠷᠤᠯᠲᠠ ᠶᠢᠨ ᠵᠥᠪᠯᠡᠯ ᠢ ᠣᠷᠣᠰᠢᠨ ᠦᠷᠭᠦᠯᠵᠢᠯᠡᠬᠦ ᠶᠢᠨ ᠠᠷᠭ᠎ᠠ ᠦᠭᠡᠢ ᠪᠣᠯᠭᠠᠭᠰᠠᠨ ᠪᠠᠶᠢᠪᠠᠯ᠂ ᠰᠤᠮᠤ | ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ | ᠭᠤᠴᠢᠨ ᠡᠳᠦᠷ ᠤᠨ ᠳᠣᠲᠣᠷ᠎ᠠ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠢ ᠲᠠᠷᠬᠠᠭᠠᠬᠤ ᠶᠢᠨ ᠬᠠᠮᠲᠤ ᠠᠳᠠᠯ | ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠶᠢᠨ ᠳᠣᠲᠣᠷᠠᠬᠢ ᠢᠯᠡᠷᠬᠡᠢ ᠭᠠᠵᠠᠷ ᠲᠤ ᠵᠠᠷᠯᠠᠨ ᠨᠡᠶᠢᠲᠡᠯᠡᠬᠦ | ᠬᠡᠷᠡᠭᠲᠡᠢ᠃ | ᠭᠤᠴᠢᠨ ᠨᠠᠢᠮᠠᠳᠤᠭᠠᠷ ᠵᠦᠢᠯ ᠥᠮᠴᠢᠳᠡᠳ ᠪᠠᠷᠢᠯᠭ᠎ᠠ ᠶᠢᠨ ᠲᠤᠰᠬᠠᠢ ᠥᠮᠴᠢᠯᠡᠬᠦ ᠬᠡᠰᠡᠭ ᠠᠴᠠ ᠭᠠᠳᠠᠨᠠᠬᠢ | ᠬᠠᠮᠲᠤ ᠪᠠᠷ ᠥᠮᠴᠢᠯᠡᠬᠦ ᠬᠡᠰᠡᠭ ᠲᠤ ᠡᠷᠬᠡ ᠡᠳ᠋ᠯᠡᠵᠦ᠂ ᠡᠭᠦᠷᠭᠡ ᠡᠭᠦᠷᠭᠡᠯᠡᠨ᠎ᠡ᠂ ᠡᠷᠬᠡ ᠪᠠᠨ ᠬᠠᠶᠠᠭᠰᠠᠨ ᠢᠶᠠᠷ | ᠰᠢᠯᠲᠠᠭᠠᠨ ᠪᠣᠯᠭᠠᠵᠤ ᠡᠭᠦᠷᠭᠡ ᠪᠠᠨ ᠭᠦᠢᠴᠡᠳᠬᠡᠬᠦ ᠦᠭᠡᠢ ᠪᠠᠶᠢᠵᠤ ᠪᠣᠯᠬᠤ ᠦᠭᠡᠢ᠃ ᠥᠮᠴᠢᠲᠡᠨ ᠪᠠᠷᠢᠯᠭ᠎ᠠ ᠶᠢᠨ | ᠳᠣᠲᠣᠷᠠᠬᠢ ᠣᠷᠣᠨ ᠰᠠᠭᠤᠴᠠ᠂ ᠡᠵᠡᠩᠨᠡᠯᠲᠡ ᠶᠢᠨ ᠴᠢᠨᠠᠷᠲᠠᠢ ᠬᠡᠷᠡᠭᠯᠡᠬᠦ ᠭᠡᠷ ᠪᠠᠶᠢᠰᠢᠩ ᠢᠶᠠᠨ ᠰᠢᠯᠵᠢᠭᠦᠯᠦᠨ | ᠥᠭᠬᠦ ᠳᠤ᠂ ᠲᠡᠭᠦᠨ ᠤ ᠬᠠᠮᠲᠤ ᠪᠠᠷ ᠥᠮᠴᠢᠯᠡᠬᠦ ᠬᠡᠰᠡᠭ ᠲᠠᠬᠢ ᠬᠠᠮᠲᠤ ᠪᠠᠷ ᠥᠮᠴᠢᠯᠡᠬᠦ ᠪᠠ ᠬᠠᠮᠲᠤ ᠪᠠᠷ ᠬᠠᠮᠢᠶᠠᠷᠬᠤ | ᠡᠷᠬᠡ ᠶᠢ ᠵᠡᠷᠭᠡᠪᠡᠷ ᠰᠢᠯᠵᠢᠭᠦᠯᠦᠨ ᠥᠭᠭᠦᠨ᠎ᠡ᠃ | ᠥᠮᠴᠢᠲᠡᠨ ᠠᠳᠠᠯ ᠠᠬᠤᠢ ᠶᠢ ᠰᠢᠯᠵᠢᠭᠦᠯᠦᠨ ᠥᠭᠬᠦ ᠪᠤᠶᠤ ᠲᠦᠷᠢᠶᠡᠰᠦᠯᠡᠭᠦᠯᠬᠦ ᠳᠡᠭᠡᠨ ᠬᠠᠮᠢᠶᠠᠷᠤᠯᠲᠠ ᠶᠢᠨ | ᠨᠡᠶᠢᠲᠡ ᠶᠢᠨ ᠭᠡᠷ᠎ᠡ᠂ ᠠᠳᠠᠯ ᠠᠬᠤᠢ ᠶᠢᠨ ᠦᠢᠯᠡᠴᠢᠯᠡᠭᠡᠨ ᠤ ᠰᠦᠢᠳᠬᠡᠯ ᠬᠤᠷᠢᠶᠠᠬᠤ ᠪᠠᠷᠢᠮᠵᠢᠶ᠎ᠠ ᠵᠡᠷᠭᠡ ᠵᠦᠢᠯᠡᠰ ᠢ | ᠰᠢᠯᠵᠢᠭᠦᠯᠦᠨ ᠠᠪᠤᠭᠴᠢ ᠪᠤᠶᠤ ᠲᠦᠷᠢᠶᠡᠰᠦᠯᠡᠭᠴᠢ ᠳᠤ ᠮᠡᠳᠡᠭᠳᠡᠬᠦ ᠶᠢᠨ ᠬᠠᠮᠲᠤ ᠠᠳᠠᠯ ᠠᠬᠤᠢ ᠶᠢᠨ ᠦᠢᠯᠡᠴᠢᠯᠡᠭᠡᠨ ᠤ | ᠰᠦᠢᠳᠬᠡᠯ ᠲᠤᠰᠢᠶᠠᠭᠰᠠᠨ ᠭᠡᠷᠡᠴᠢ ᠭᠠᠷᠭᠠᠵᠤ ᠥᠭᠬᠦ ᠪᠤᠶᠤ ᠠᠳᠠᠯ ᠠᠬᠤᠢ ᠶᠢᠨ ᠦᠢᠯᠡᠴᠢᠯᠡᠭᠡᠨ ᠤ ᠰᠦᠢᠳᠬᠡᠯ ᠢ | ᠳ᠋ᠦᠩᠨᠡᠨ ᠪᠤᠳᠤᠬᠤ ᠲᠤᠬᠠᠢ ᠲᠣᠳᠣᠷᠬᠠᠢ ᠪᠣᠯᠵᠣᠨ ᠲᠣᠭᠲᠠᠬᠤ ᠬᠡᠷᠡᠭᠲᠡᠢ᠃ ᠰᠢᠯᠵᠢᠭᠦᠯᠦᠨ ᠠᠪᠤᠭᠴᠢ ᠨᠢ ᠥᠮᠴᠢᠯᠡᠬᠦ | ᠡᠷᠬᠡ ᠶᠢ ᠠᠷᠠᠯᠵᠢᠶᠠᠯᠠᠬᠤ ᠭᠠᠷᠳᠠᠮ ᠢ ᠭᠦᠢᠴᠡᠳᠬᠡᠭᠰᠡᠨ ᠡᠳᠦᠷ ᠠᠴᠠ ᠡᠬᠢᠯᠡᠨ ᠭᠤᠴᠢᠨ ᠡᠳᠦᠷ ᠤᠨ ᠳᠣᠲᠣᠷ᠎ᠠ᠂ | ᠠᠳᠠᠯ ᠠᠬᠤᠢ ᠶᠢᠨ ᠥᠮᠴᠢᠯᠡᠬᠦ ᠡᠷᠬᠡ ᠶᠢ ᠰᠢᠯᠵᠢᠭᠦᠯᠦᠭᠰᠡᠨ ᠪᠠᠶᠢᠳᠠᠯ᠂ ᠥᠮᠴᠢᠲᠡᠨ ᠤ ᠣᠪᠣᠭ ᠨᠡᠷ᠎ᠡ᠂ ᠬᠠᠷᠢᠯᠴᠠᠬᠤ | ᠠᠷᠭ᠎ᠠ ᠮᠠᠶ᠋ᠢᠭ ᠵᠡᠷᠭᠡ ᠶᠢ ᠠᠳᠠᠯ ᠠᠬᠤᠢ ᠶᠢᠨ ᠦᠢᠯᠡᠴᠢᠯᠡᠭᠴᠢ ᠪᠠ ᠥᠮᠴᠢᠲᠡᠨ ᠤ ᠵᠥᠪᠯᠡᠯ ᠳᠤ ᠮᠡᠳᠡᠭᠳᠡᠬᠦ ᠬᠡᠷᠡᠭᠲᠡᠢ᠃ | | ᠭᠤᠴᠢ ᠶᠢᠰᠦᠳᠦᠭᠡᠷ ᠵᠦᠢᠯ ᠠᠳᠠᠯ ᠠᠬᠤᠢ ᠶᠢᠨ ᠦᠢᠯᠡᠴᠢᠯᠡᠭᠴᠢ ᠭᠡᠷ᠎ᠡ ᠳᠤ ᠪᠣᠯᠵᠣᠨ ᠲᠣᠭᠲᠠᠭᠰᠠᠨ ᠵᠢᠴᠢ ︽ | ᠠᠳᠠᠯ ᠠᠬᠤᠢ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠪᠠᠷᠢᠮᠵᠢᠶ᠎ᠠ︾ ᠵᠡᠷᠭᠡ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠦᠢᠯᠡᠴᠢᠯᠡᠭᠡ ᠬᠠᠩᠭᠠᠭᠰᠠᠨ ᠪᠠᠶᠢᠪᠠᠯ᠂ ᠥᠮᠴᠢᠲᠡᠨ ᠨᠢ ᠠᠳᠠᠯ ᠠᠬᠤᠢ ᠶᠢ ᠰᠤᠯᠠ ᠪᠠᠶᠢᠯᠭᠠᠬᠤ᠂ ᠭᠡᠷ | ᠪᠠᠶᠢᠰᠢᠩ ᠤᠨ ᠶᠠᠰᠤ ᠴᠢᠨᠠᠷ ᠪᠠ ᠠᠳᠠᠯ ᠠᠬᠤᠢ ᠶᠢᠨ ᠦᠢᠯᠡᠴᠢᠯᠡᠭᠡ ᠬᠥᠷᠳᠡᠬᠦ ᠦᠭᠡᠢ ᠪᠤᠶᠤ ᠬᠤᠯᠪᠣᠭᠳᠠᠯ ᠪᠦᠬᠦᠢ | ᠠᠳᠠᠯ ᠠᠬᠤᠢ ᠶᠢᠨ ᠦᠢᠯᠡᠴᠢᠯᠡᠭᠡ ᠶᠢ ᠭᠥᠯᠢᠶᠡᠨ ᠠᠪᠬᠤ ᠴᠢᠬᠤᠯᠠ ᠦᠭᠡᠢ ᠭᠡᠳᠡᠭ ᠢᠶᠠᠷ ᠰᠢᠯᠲᠠᠭᠠᠨ ᠪᠣᠯᠭᠠᠵᠤ ᠠᠳᠠᠯ | ᠠᠬᠤᠢ ᠶᠢᠨ ᠦᠢᠯᠡᠴᠢᠯᠡᠭᠡᠨ ᠤ ᠰᠦᠢᠳᠬᠡᠯ ᠲᠤᠰᠢᠶᠠᠬᠤ ᠶᠢ ᠲᠡᠪᠴᠢᠵᠦ ᠪᠣᠯᠬᠤ ᠦᠭᠡᠢ᠃ | ᠥᠮᠴᠢᠲᠡᠨ ᠨᠢ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠶᠢᠨ ᠪᠣᠯᠵᠣᠯ ᠶᠣᠰᠣᠭᠠᠷ ᠠᠳᠠᠯ ᠠᠬᠤᠢ ᠶᠢᠨ | ᠦᠢᠯᠡᠴᠢᠯᠡᠭᠡᠨ ᠤ ᠰᠦᠢᠳᠬᠡᠯ ᠢ ᠲᠤᠰᠢᠶᠠᠭᠰᠠᠨ ᠦᠭᠡᠢ ᠪᠠᠶᠢᠪᠠᠯ᠂ ᠠᠳᠠᠯ ᠠᠬᠤᠢ ᠶᠢᠨ ᠦᠢᠯᠡᠴᠢᠯᠡᠭᠴᠢ ᠪᠤᠶᠤ | ᠥᠮᠴᠢᠲᠡᠨ ᠤ ᠵᠥᠪᠯᠡᠯ ᠠᠴᠠ ᠰᠢᠪᠠᠳᠠᠨ ᠲᠤᠰᠢᠶᠠᠯᠭᠠᠵᠤ ᠪᠣᠯᠣᠨ᠎ᠠ᠃ ᠬᠤᠭᠤᠴᠠᠭ᠎ᠠ ᠬᠡᠲᠦᠷᠡᠲᠡᠯ᠎ᠡ ᠮᠥᠨ ᠲᠤᠰᠢᠶᠠᠬᠤ | ᠦᠭᠡᠢ ᠪᠠᠶᠢᠪᠠᠯ᠂ ᠠᠳᠠᠯ ᠠᠬᠤᠢ ᠶᠢᠨ ᠦᠢᠯᠡᠴᠢᠯᠡᠭᠴᠢ ᠠᠴᠠ ᠬᠠᠤᠯᠢ ᠶᠣᠰᠣᠭᠠᠷ ᠬᠥᠨᠳᠡᠯᠡᠨ ᠠᠴᠠ | ᠲᠠᠰᠤᠯᠤᠭᠤᠯᠬᠤ ᠪᠠᠷ ᠭᠤᠶᠤᠴᠢᠯᠠᠬᠤ ᠪᠤᠶᠤ ᠵᠠᠭᠠᠯᠳᠤᠵᠤ ᠪᠣᠯᠣᠨ᠎ᠠ᠃ | ᠥᠮᠴᠢᠲᠡᠨ ᠬᠢᠭᠡᠳ ᠠᠳᠠᠯ ᠠᠬᠤᠢ ᠶᠢᠨ ᠬᠡᠷᠡᠭᠯᠡᠭᠴᠢ ᠠᠴᠠ ᠠᠳᠠᠯ ᠠᠬᠤᠢ ᠶᠢᠨ ᠦᠢᠯᠡᠴᠢᠯᠡᠭᠡᠨ ᠤ ᠵᠠᠷᠤᠳᠠᠯ ᠢ | ᠠᠳᠠᠯ ᠠᠬᠤᠢ ᠶᠢᠨ ᠬᠡᠷᠡᠭᠯᠡᠭᠴᠢ ᠪᠠᠷ ᠲᠤᠰᠢᠶᠠᠯᠭᠠᠬᠤ ᠪᠠᠷ ᠪᠣᠯᠵᠣᠨ ᠲᠣᠭᠲᠠᠭᠰᠠᠨ ᠪᠠᠶᠢᠪᠠᠯ᠂ ᠲᠡᠷᠡ ᠪᠣᠯᠵᠣᠯ ᠠᠴᠠ | ᠡᠬᠢᠯᠡᠬᠦ ᠶᠢᠨ ᠬᠠᠮᠲᠤ ᠪᠣᠯᠵᠣᠨ ᠲᠣᠭᠲᠠᠭᠰᠠᠨ ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ ᠳᠣᠲᠣᠷ᠎ᠠ ᠠᠳᠠᠯ | ᠠᠬᠤᠢ ᠶᠢᠨ ᠦᠢᠯᠡᠴᠢᠯᠡᠭᠴᠢ ᠳᠤ ᠮᠡᠳᠡᠭᠳᠡᠬᠦ ᠬᠡᠷᠡᠭᠲᠡᠢ᠃ ᠠᠳᠠᠯ ᠠᠬᠤᠢ ᠶᠢᠨ ᠬᠡᠷᠡᠭᠯᠡᠭᠴᠢ ᠨᠢ ᠠᠳᠠᠯ ᠠᠬᠤᠢ ᠶᠢᠨ | ᠦᠢᠯᠡᠴᠢᠯᠡᠭᠡᠨ ᠤ ᠵᠠᠷᠤᠳᠠᠯ ᠢ ᠲᠤᠰᠢᠶᠠᠬᠤ ᠦᠭᠡᠢ ᠪᠠᠶᠢᠪᠠᠯ᠂ ᠥᠮᠴᠢᠲᠡᠨ ᠨᠢ ᠬᠤᠯᠪᠣᠯᠳᠤᠭᠰᠠᠨ ᠲᠤᠰᠢᠶᠠᠬᠤ | ᠬᠠᠷᠢᠭᠤᠴᠠᠯᠭ᠎ᠠ ᠶᠢ ᠡᠭᠦᠷᠭᠡᠯᠡᠨ᠎ᠡ᠃ | ᠭᠤᠷᠪᠠᠳᠤᠭᠠᠷ ᠪᠦᠯᠦᠭ ᠡᠮᠦᠨᠡᠬᠢ ᠬᠤᠭᠤᠴᠠᠭᠠᠨ ᠤ ᠠᠳᠠᠯ ᠠᠬᠤᠢ ᠶᠢᠨ ᠬᠠᠮᠢᠶᠠᠷᠤᠯᠲᠠ | ᠳᠥᠴᠢᠳᠦᠭᠡᠷ ᠵᠦᠢᠯ ᠥᠮᠴᠢᠲᠡᠨ᠂ ᠦᠮᠴᠢᠳᠡᠳ ᠤᠨ ᠶᠡᠭᠡ ᠬᠤᠷᠠᠯ ᠠᠴᠠ ᠠᠳᠠᠯ ᠠᠬᠤᠢ ᠶᠢᠨ | ᠦᠢᠯᠡᠴᠢᠯᠡᠭᠴᠢ ᠶᠢ ᠰᠣᠩᠭᠤᠨ ᠤᠷᠢᠬᠤ ᠠᠴᠠ ᠡᠮᠦᠨ᠎ᠡ᠂ ᠪᠦᠲᠦᠭᠡᠨ ᠪᠠᠶᠢᠭᠤᠯᠬᠤ ᠨᠢᠭᠡᠴᠢ ᠠᠴᠠ ᠠᠳᠠᠯ ᠠᠬᠤᠢ ᠶᠢᠨ | ᠦᠢᠯᠡᠴᠢᠯᠡᠭᠴᠢ ᠶᠢ ᠰᠣᠩᠭᠤᠨ ᠤᠷᠢᠪᠠᠯ᠂ ᠤᠯᠤᠰ ᠪᠤᠶᠤ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ | ᠡᠮᠦᠨᠡᠬᠢ ᠬᠤᠭᠤᠴᠠᠭᠠᠨ ᠤ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠶᠢᠨ ᠵᠢᠱᠢᠶ᠎ᠡ ᠦᠵᠡᠭᠦᠯᠬᠦ ᠲᠣᠪᠬᠢᠮᠠᠯ ᠢᠶᠠᠷ | ᠯᠠᠪᠯᠠᠯᠲᠠ ᠪᠣᠯᠭᠠᠵᠤ ᠡᠮᠦᠨᠡᠬᠢ ᠬᠤᠭᠤᠴᠠᠭᠠᠨ ᠤ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠳᠤ ᠭᠠᠷ ᠤᠨ ᠥᠰᠥᠭ | ᠵᠢᠷᠤᠬᠤ ᠬᠡᠷᠡᠭᠲᠡᠢ᠃ | ᠡᠮᠦᠨᠡᠬᠢ ᠬᠤᠭᠤᠴᠠᠭᠠᠨ ᠤ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠳᠤ ᠠᠳᠠᠯ ᠠᠬᠤᠢ ᠶᠢᠨ ᠦᠨᠳᠦᠰᠦᠨ | ᠪᠠᠶᠢᠳᠠᠯ᠂ ᠬᠤᠶᠠᠷ ᠲᠠᠯ᠎ᠠ ᠶᠢᠨ ᠡᠷᠬᠡ ᠡᠭᠦᠷᠭᠡ᠂ ᠦᠢᠯᠡᠴᠢᠯᠡᠭᠡᠨ ᠤ ᠠᠭᠤᠯᠭ᠎ᠠ᠂ ᠦᠢᠯᠡᠴᠢᠯᠡᠭᠡᠨ ᠤ ᠪᠠᠷᠢᠮᠵᠢᠶ᠎ᠠ᠂ | ᠦᠢᠯᠡᠴᠢᠯᠡᠭᠡᠨ ᠤ ᠵᠠᠷᠤᠳᠠᠯ ᠪᠠ ᠪᠣᠯᠵᠤᠭ᠎ᠠ ᠶᠢ ᠵᠥᠷᠢᠴᠡᠭᠰᠡᠨ ᠬᠠᠷᠢᠭᠤᠴᠠᠯᠭ᠎ᠠ ᠵᠡᠷᠭᠡ ᠶᠢ ᠪᠠᠭᠲᠠᠭᠠᠬᠤ ᠬᠡᠷᠡᠭᠲᠡᠢ᠃ | ᠳᠥᠴᠢᠨ ᠨᠢᠭᠡᠳᠦᠭᠡᠷ ᠵᠦᠢᠯ ᠪᠠᠷᠢᠯᠭ᠎ᠠ ᠪᠠᠷᠢᠭᠤᠯᠬᠤ ᠨᠢᠭᠡᠴᠢ ᠨᠢ ᠭᠡᠷ ᠪᠠᠶᠢᠰᠢᠩ ᠢ ᠪᠣᠷᠣᠯᠠᠭᠤᠯᠬᠤ ᠠᠴᠠ | ᠡᠮᠦᠨ᠎ᠡ ᠲᠥᠷ ᠴᠠᠭ ᠤᠨ ᠬᠠᠮᠢᠶᠠᠷᠤᠯᠲᠠ ᠶᠢᠨ ᠨᠡᠶᠢᠲᠡ ᠶᠢᠨ ᠭᠡᠷ᠎ᠡ ᠲᠣᠭᠲᠠᠭᠠᠬᠤ ᠬᠡᠷᠡᠭᠲᠡᠢ᠂ ᠭᠡᠬᠦ ᠳᠡᠭᠡᠨ ᠭᠡᠷ | ᠪᠠᠶᠢᠰᠢᠩ ᠬᠤᠳᠠᠯᠳᠤᠨ ᠠᠪᠤᠭᠴᠢ ᠶᠢᠨ ᠠᠰᠢᠭ ᠲᠤᠰᠠ ᠳᠤ ᠬᠠᠯᠳᠠᠵᠤ ᠪᠣᠯᠬᠤ ᠦᠭᠡᠢ ᠶᠢᠨ ᠬᠠᠮᠲᠤ ᠭᠡᠷ ᠪᠠᠶᠢᠰᠢᠩ ᠢ | ᠤᠷᠢᠳᠴᠢᠯᠠᠨ ᠬᠤᠳᠠᠯᠳᠤᠬᠤ ᠵᠥᠪᠰᠢᠶᠡᠷᠡᠯ ᠢ ᠭᠤᠶᠤᠴᠢᠯᠠᠬᠤ ᠠᠴᠠ ᠡᠮᠦᠨ᠎ᠡ ᠡᠮᠦᠨᠡᠬᠢ ᠬᠤᠭᠤᠴᠠᠭᠠᠨ ᠤ ᠠᠳᠠᠯ | ᠠᠬᠤᠢ ᠶᠢᠨ ᠦᠢᠯᠡᠴᠢᠯᠡᠭᠡᠨ ᠤ ᠭᠡᠷ᠎ᠡ᠂ ᠲᠥᠷ ᠴᠠᠭ ᠤᠨ ᠬᠠᠮᠢᠶᠠᠷᠤᠯᠲᠠ ᠶᠢᠨ ᠨᠡᠶᠢᠲᠡ ᠶᠢᠨ ᠭᠡᠷ᠎ᠡ ᠪᠠᠨ ᠠᠳᠠᠯ | ᠠᠬᠤᠢ ᠶᠢᠨ ᠲᠥᠷᠥᠯ ᠵᠦᠢᠯ ᠤᠨ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠠᠳᠠᠯ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ | ᠪᠦᠷᠢᠳᠬᠡᠭᠦᠯᠬᠦ ᠬᠡᠷᠡᠭᠲᠡᠢ᠃ ᠠᠳᠠᠯ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ | ᠨᠢ ᠳᠠᠩᠰᠠᠯᠠᠭᠤᠯᠤᠭᠰᠠᠨ ᠪᠠᠶᠢᠳᠠᠯ ᠢᠶᠠᠨ ᠲᠥᠷᠥᠯ ᠵᠦᠢᠯ ᠤᠨ ᠪᠠᠶᠢᠭ᠎ᠠ ᠭᠠᠵᠠᠷ ᠤᠨ ᠰᠤᠮᠤ ᠰᠢᠶᠠᠩ ᠪᠠᠯᠭᠠᠰᠤ ᠶᠢᠨ | ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠪᠢᠴᠢᠭ ᠢᠶᠠᠷ ᠮᠡᠳᠡᠭᠳᠡᠬᠦ | ᠬᠡᠷᠡᠭᠲᠡᠢ᠃ | ᠪᠦᠲᠦᠭᠡᠨ ᠪᠠᠶᠢᠭᠤᠯᠬᠤ ᠨᠢᠭᠡᠴᠢ ᠨᠢ ᠭᠡᠷ ᠪᠠᠶᠢᠰᠢᠩ ᠪᠣᠷᠣᠯᠠᠭᠤᠯᠬᠤ ᠲᠤᠬᠠᠢ ᠶᠢᠨ ᠲᠠᠯᠠᠪᠤᠷ ᠲᠤ ᠭᠡᠷ | ᠪᠠᠶᠢᠰᠢᠩ ᠬᠤᠳᠠᠯᠳᠤᠨ ᠠᠪᠤᠭᠴᠢ ᠳᠤ ᠡᠮᠦᠨᠡᠬᠢ ᠬᠤᠭᠤᠴᠠᠭᠠᠨ ᠤ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠪᠠ | ᠲᠦᠷ ᠴᠠᠭ ᠤᠨ ᠬᠠᠮᠢᠶᠠᠷᠤᠯᠲᠠ ᠶᠢᠨ ᠨᠡᠶᠢᠲᠡ ᠶᠢᠨ ᠭᠡᠷ᠎ᠡ ᠶᠢ ᠲᠣᠳᠣᠷᠬᠠᠢ ᠢᠯᠡᠳᠬᠡᠬᠦ ᠶᠢᠨ ᠬᠠᠮᠲᠤ | ᠲᠣᠳᠣᠷᠬᠠᠶᠢᠯᠠᠯᠲᠠ ᠬᠢᠬᠦ ᠬᠡᠷᠡᠭᠲᠡᠢ᠃ ᠭᠡᠷ ᠪᠠᠶᠢᠰᠢᠩ ᠬᠤᠳᠠᠯᠳᠤᠨ ᠠᠪᠤᠭᠴᠢ ᠨᠢ ᠪᠦᠲᠦᠭᠡᠨ ᠪᠠᠶᠢᠭᠤᠯᠬᠤ | ᠨᠢᠭᠡᠴᠢ ᠲᠠᠢ ᠭᠡᠷ ᠪᠠᠶᠢᠰᠢᠩ ᠬᠤᠳᠠᠯᠳᠤᠭᠠᠯᠠᠬᠤ ᠭᠡᠷ᠎ᠡ ᠲᠣᠭᠲᠠᠭᠠᠬᠤ ᠳᠠᠭᠠᠨ ᠡᠮᠦᠨᠡᠬᠢ ᠬᠤᠭᠤᠴᠠᠭᠠᠨ ᠤ ᠠᠳᠠᠯ | ᠠᠬᠤᠢ ᠶᠢᠨ ᠦᠢᠯᠡᠴᠢᠯᠡᠭᠡᠨ ᠤ ᠭᠡᠷ᠎ᠡ ᠶᠢ ᠭᠦᠢᠴᠡᠳᠬᠡᠬᠦ ᠪᠠ ᠲᠦᠷ ᠴᠠᠭ ᠤᠨ ᠬᠠᠮᠢᠶᠠᠷᠤᠯᠲᠠ ᠶᠢᠨ ᠨᠡᠶᠢᠲᠡ ᠶᠢᠨ | ᠭᠡᠷ᠎ᠡ ᠶᠢ ᠵᠢᠷᠤᠮᠯᠠᠨ ᠰᠠᠬᠢᠬᠤ ᠲᠤᠬᠠᠢ ᠪᠢᠴᠢᠭ ᠤᠨ ᠠᠮᠠᠯᠠᠯᠲᠠ ᠬᠢᠬᠦ ᠬᠡᠷᠡᠭᠲᠡᠢ᠃ | ᠭᠡᠷ ᠪᠠᠶᠢᠰᠢᠩ ᠢ ᠬᠤᠳᠠᠯᠳᠤᠨ ᠠᠪᠤᠭᠴᠢ ᠳᠤ ᠲᠤᠰᠢᠶᠠᠬᠤ ᠠᠴᠠ ᠡᠮᠦᠨ᠎ᠡ ᠡᠭᠦᠰᠦᠭᠰᠡᠨ ᠠᠳᠠᠯ ᠠᠬᠤᠢ ᠶᠢᠨ | ᠦᠢᠯᠡᠴᠢᠯᠡᠭᠡᠨ ᠤ ᠰᠦᠢᠳᠬᠡᠯ ᠢ ᠪᠦᠲᠦᠭᠡᠨ ᠪᠠᠶᠢᠭᠤᠯᠬᠤ ᠨᠢᠭᠡᠴᠢ ᠡᠭᠦᠷᠭᠡᠯᠡᠨ᠎ᠡ᠃ ᠭᠡᠷ ᠪᠠᠶᠢᠰᠢᠩ ᠢ ᠬᠤᠳᠠᠯᠳᠤᠨ | ᠠᠪᠤᠭᠴᠢ ᠳᠤ ᠲᠤᠰᠢᠶᠠᠭᠰᠠᠨ ᠤ ᠲᠠᠷᠠᠭ᠎ᠠ ᠡᠭᠦᠰᠦᠭᠰᠡᠨ ᠠᠳᠠᠯ ᠠᠬᠤᠢ ᠶᠢᠨ ᠦᠢᠯᠡᠴᠢᠯᠡᠭᠡᠨ ᠤ ᠵᠠᠷᠤᠳᠠᠯ ᠢ | ᠬᠤᠳᠠᠯᠳᠤᠨ ᠠᠪᠤᠭᠴᠢ ᠡᠮᠦᠨᠡᠬᠢ ᠬᠤᠭᠤᠴᠠᠭᠠᠨ ᠤ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠳᠤ ᠪᠣᠯᠵᠣᠨ | ᠲᠣᠭᠲᠠᠭᠰᠠᠨ ᠠᠳᠠᠯ ᠠᠬᠤᠢ ᠶᠢᠨ ᠦᠢᠯᠡᠴᠢᠯᠡᠭᠡᠨ ᠤ ᠰᠦᠢᠳᠬᠡᠯ ᠬᠤᠷᠢᠶᠠᠬᠤ ᠪᠠᠷᠢᠮᠵᠢᠶ᠎ᠠ ᠶᠣᠰᠣᠭᠠᠷ ᠡᠭᠦᠷᠭᠡᠯᠡᠨ᠎ᠡ᠃ | | ᠭᠡᠷ ᠪᠠᠶᠢᠰᠢᠩ ᠨᠢ ᠲᠤᠰᠢᠶᠠᠨ ᠥᠭᠬᠦ ᠨᠥᠬᠦᠴᠡᠯ ᠳᠤ ᠬᠦᠷᠴᠦ᠂ ᠬᠤᠳᠠᠯᠳᠤᠨ ᠠᠪᠤᠭᠴᠢ ᠨᠢ ᠭᠡᠷ | ᠪᠠᠶᠢᠰᠢᠩ ᠤᠨ ᠲᠤᠰᠢᠶᠠᠨ ᠥᠭᠬᠦ ᠶᠢ ᠬᠤᠶᠢᠰᠢᠯᠠᠭᠤᠯᠤᠨ ᠬᠦᠯᠢᠶᠡᠨ ᠠᠪᠤᠭᠰᠠᠨ ᠪᠠᠶᠢᠪᠠᠯ᠂ ᠡᠮᠦᠨᠡᠬᠢ ᠪᠠᠳᠠᠭ ᠲᠤ | ᠲᠣᠭᠲᠠᠭᠠᠭᠰᠠᠨ ᠠᠳᠠᠯ ᠠᠬᠤᠢ ᠶᠢᠨ ᠦᠢᠯᠡᠴᠢᠯᠡᠭᠡᠨ ᠤ ᠰᠦᠢᠳᠬᠡᠯ ᠤᠨ ᠡᠬᠢᠯᠡᠵᠦ ᠳᠠᠭᠤᠰᠬᠤ ᠡᠳᠦᠷ | ᠬᠤᠭᠤᠴᠠᠭ᠎ᠠ ᠶᠢ ᠪᠦᠲᠦᠭᠡᠨ ᠪᠠᠶᠢᠭᠤᠯᠬᠤ ᠨᠢᠭᠡᠴᠢ ᠠᠴᠠ ᠲᠤᠰᠢᠶᠠᠨ ᠥᠭᠬᠦ ᠶᠢ ᠬᠦᠯᠢᠶᠡᠨ ᠠᠪᠬᠤ ᠪᠠᠷ ᠬᠤᠳᠠᠯᠳᠤᠨ | ᠠᠪᠤᠭᠴᠢ ᠳᠤ ᠰᠢᠪᠠᠳᠠᠨ ᠮᠡᠳᠡᠭᠳᠡᠭᠰᠡᠨ ᠬᠤᠭᠤᠴᠠᠭ᠎ᠠ ᠳᠠᠭᠤᠰᠤᠭᠰᠠᠨ ᠤ ᠲᠠᠷᠠᠭ᠎ᠠ ᠡᠳᠦᠷ ᠠᠴᠠ ᠡᠬᠢᠯᠡᠵᠦ ᠪᠤᠳᠤᠨ᠎ᠠ᠃ | ᠪᠦᠲᠦᠭᠡᠨ ᠪᠠᠶᠢᠭᠤᠯᠬᠤ ᠨᠢᠭᠡᠴᠢ ᠨᠢ ᠬᠤᠳᠠᠯᠳᠤᠨ ᠠᠪᠤᠭᠴᠢ ᠲᠠᠢ ᠠᠳᠠᠯ ᠠᠬᠤᠢ ᠶᠢᠨ ᠦᠢᠯᠡᠴᠢᠯᠡᠭᠡᠨ ᠤ | ᠰᠦᠢᠳᠬᠡᠯ ᠢ ᠬᠠᠰᠤᠵᠤ ᠬᠡᠯᠲᠦᠷᠢᠭᠦᠯᠬᠦ ᠪᠠᠷ ᠪᠣᠯᠵᠣᠨ ᠲᠣᠭᠲᠠᠵᠤ ᠪᠣᠯᠬᠤ ᠦᠭᠡᠢ᠃ | ᠳᠥᠴᠢᠨ ᠬᠤᠶᠠᠳᠤᠭᠠᠷ ᠵᠦᠢᠯ ᠠᠳᠠᠯ ᠠᠬᠤᠢ ᠶᠢᠨ ᠦᠢᠯᠡᠴᠢᠯᠡᠭᠡᠨ ᠤ ᠵᠦᠢᠯᠡᠰ ᠢ ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠬᠦᠯᠢᠶᠡᠬᠦ ᠠᠷᠭ᠎ᠠ ᠮᠠᠶ᠋ᠢᠭ ᠢᠶᠠᠷ ᠠᠳᠠᠯ ᠠᠬᠤᠢ ᠶᠢᠨ ᠦᠢᠯᠡᠴᠢᠯᠡᠭᠴᠢ ᠶᠢ ᠰᠣᠩᠭᠤᠨ ᠤᠷᠢᠬᠤ | ᠬᠡᠷᠡᠭᠲᠡᠢ᠂ ᠡᠭᠦᠨ ᠢ ᠢᠯᠡ ᠪᠠᠷ ᠳᠠᠭᠠᠭᠠᠴᠢᠯᠠᠯᠲᠠ ᠵᠠᠷᠯᠠᠬᠤ ᠪᠠ ᠤᠷᠢᠵᠤ ᠳᠠᠭᠠᠭᠠᠴᠢᠯᠠᠯᠲᠠ ᠵᠠᠷᠯᠠᠬᠤ ᠭᠡᠵᠦ | ᠬᠤᠪᠢᠶᠠᠨ᠎ᠠ᠃ | ᠣᠷᠣᠨ ᠰᠠᠭᠤᠴᠠ ᠶᠢᠨ ᠠᠳᠠᠯ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠨᠢᠭᠡᠴᠢ ᠨᠢ ᠳᠠᠭᠠᠭᠠᠴᠢᠯᠠᠯᠲᠠ | ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠷᠭ᠎ᠠ ᠮᠠᠶ᠋ᠢᠭ ᠢᠶᠠᠷ ᠠᠳᠠᠯ ᠠᠬᠤᠢ ᠶᠢᠨ ᠦᠢᠯᠡᠴᠢᠯᠡᠭᠴᠢ ᠶᠢ ᠰᠣᠩᠭᠤᠨ | ᠤᠷᠢᠬᠤ ᠬᠡᠷᠡᠭᠲᠡᠢ᠃ ᠳᠠᠭᠠᠭᠠᠴᠢᠯᠠᠯᠲᠠ ᠬᠦᠯᠢᠶᠡᠭᠴᠢ ᠨᠢ ᠭᠤᠷᠪᠠ ᠠᠴᠠ ᠳᠤᠲᠠᠭᠤ ᠪᠤᠶᠤ ᠪᠦᠲᠦᠭᠡᠨ ᠪᠠᠶᠢᠭᠤᠯᠬᠤ | ᠬᠡᠪᠴᠢᠶ᠎ᠡ ᠨᠢ ᠬᠤᠶᠠᠷ ᠲᠦᠮᠡᠨ ᠲᠡᠭᠰᠢ ᠳᠥᠷᠪᠡᠯᠵᠢᠨ ᠮᠧᠲᠷ ᠠᠴᠠ ᠪᠠᠭ᠎ᠠ ᠪᠠᠶᠢᠪᠠᠯ᠂ ᠠᠳᠠᠯ ᠠᠬᠤᠢ ᠶᠢᠨ ᠲᠥᠷᠥᠯ | ᠵᠦᠢᠯ ᠤᠨ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠳᠠᠯ | ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ᠂ | ᠬᠡᠯᠡᠯᠴᠡᠭᠡᠷ ᠤᠨ ᠠᠷᠭ᠎ᠠ ᠮᠠᠶ᠋ᠢᠭ ᠢ ᠬᠡᠷᠡᠭᠯᠡᠨ ᠠᠳᠠᠯ ᠠᠬᠤᠢ ᠶᠢᠨ ᠦᠢᠯᠡᠴᠢᠯᠡᠭᠴᠢ ᠶᠢ ᠰᠣᠩᠭᠤᠨ ᠤᠷᠢᠵᠤ ᠪᠣᠯᠣᠨ᠎ᠠ᠃ | | ᠳᠥᠴᠢᠨ ᠭᠤᠷᠪᠠᠳᠤᠭᠠᠷ ᠵᠦᠢᠯ ᠳᠠᠭᠠᠭᠠᠴᠢᠯᠠᠯᠲᠠ ᠵᠠᠷᠯᠠᠭᠴᠢ ᠨᠢ ᠢᠯᠠ ᠪᠠᠷ ᠳᠠᠭᠠᠭᠠᠴᠢᠯᠠᠯᠲᠠ ᠵᠠᠷᠯᠠᠬᠤ | ᠠᠷᠭ᠎ᠠ ᠮᠠᠶ᠋ᠢᠭ ᠢ ᠠᠪᠤᠭᠰᠠᠨ ᠪᠠᠶᠢᠪᠠᠯ᠂ ᠤᠯᠡᠠ ᠨᠡᠶᠢᠲᠡ ᠶᠢᠨ ᠵᠠᠭᠤᠴᠢᠯᠠᠭᠤᠷ ᠪᠣᠯᠣᠨ ᠰᠦᠯᠵᠢᠶᠡᠨ ᠥᠷᠲᠡᠭᠡ | ᠳᠡᠭᠡᠷ᠎ᠡ ᠳᠠᠭᠠᠭᠠᠴᠢᠯᠠᠯᠲᠠ ᠵᠠᠷᠯᠠᠬᠤ ᠠᠯᠪᠠᠨ ᠵᠡᠷ ᠨᠡᠶᠢᠲᠡᠯᠡᠬᠦ ᠬᠡᠷᠡᠭᠲᠡᠢ᠃ | ᠳᠠᠭᠠᠭᠠᠴᠢᠯᠠᠯᠲᠠ ᠵᠠᠷᠯᠠᠬᠤ ᠠᠯᠪᠠᠨ ᠵᠡᠷ ᠲᠤ ᠳᠠᠭᠠᠭᠠᠴᠢᠯᠠᠯᠲᠠ ᠵᠠᠷᠯᠠᠭᠴᠢ ᠶᠢᠨ ᠨᠡᠷᠡᠶᠢᠳᠦᠯ ᠪᠠ ᠬᠠᠶ᠋ᠢᠭ᠂ | ᠳᠠᠭᠠᠭᠠᠴᠢᠯᠠᠯᠲᠠ ᠵᠠᠷᠯᠠᠬᠤ ᠵᠦᠢᠯᠡᠰ ᠤᠨ ᠦᠨᠳᠦᠰᠦᠨ ᠪᠠᠶᠢᠳᠠᠯ ᠵᠢᠴᠢ ᠳᠠᠭᠠᠭᠠᠴᠢᠯᠠᠯᠲᠠ ᠵᠠᠷᠯᠠᠬᠤ ᠪᠢᠴᠢᠭ | ᠮᠠᠲ᠋ᠧᠷᠢᠶᠠᠯ ᠢ ᠣᠯᠵᠤ ᠠᠪᠬᠤ ᠠᠷᠭ᠎ᠠ ᠮᠠᠶ᠋ᠢᠭ ᠵᠡᠷᠭᠡ ᠵᠦᠢᠯᠡᠰ ᠢ ᠲᠣᠳᠣᠷᠬᠠᠢ ᠪᠢᠴᠢᠬᠦ ᠬᠡᠷᠡᠭᠲᠡᠢ᠃ | ᠳᠠᠭᠠᠭᠠᠴᠢᠯᠠᠯᠲᠠ ᠵᠠᠷᠯᠠᠭᠴᠢ ᠨᠢ ᠤᠷᠢᠵᠤ ᠳᠠᠭᠠᠭᠠᠴᠢᠯᠠᠯᠲᠠ ᠵᠠᠷᠯᠠᠬᠤ ᠠᠷᠭ᠎ᠠ ᠮᠠᠶ᠋ᠢᠭ ᠢ ᠠᠪᠤᠭᠰᠠᠨ ᠪᠠᠶᠢᠪᠠᠯ᠂ | ᠠᠳᠠᠯ ᠠᠬᠤᠢ ᠶᠢᠨ ᠦᠢᠯᠡᠴᠢᠯᠡᠭᠴᠢ ᠶᠢᠨ ᠭᠤᠷᠪᠠ ᠠᠴᠠ ᠳᠡᠭᠡᠭᠰᠢ ᠬᠥᠮᠥᠨ ᠳᠤ ᠳᠠᠭᠠᠭᠠᠴᠢᠯᠠᠯᠲᠠ ᠳᠤ ᠣᠷᠣᠭᠤᠯᠬᠤ | ᠤᠷᠢᠯᠭ᠎ᠠ ᠶᠢᠨ ᠪᠢᠴᠢᠭ ᠶᠠᠪᠤᠭᠤᠯᠬᠤ ᠬᠡᠷᠡᠭᠲᠡᠢ᠂ ᠳᠠᠭᠠᠭᠠᠴᠢᠯᠠᠯᠲᠠ ᠳᠤ ᠣᠷᠣᠭᠤᠯᠬᠤ ᠤᠷᠢᠯᠭ᠎ᠠ ᠶᠢᠨ ᠪᠢᠴᠢᠭ ᠲᠤ | ᠲᠤᠰ ᠵᠦᠢᠯ ᠤᠨ ᠬᠤᠶᠠᠳᠤᠭᠠᠷ ᠪᠠᠳᠠᠭ ᠲᠤ ᠲᠣᠭᠲᠠᠭᠠᠭᠰᠠᠨ ᠵᠦᠢᠯᠡᠰ ᠢ ᠪᠠᠭᠲᠠᠭᠠᠭᠰᠠᠨ ᠪᠠᠶᠢᠬᠤ ᠬᠡᠷᠡᠭᠲᠡᠢ᠃ | ᠳᠥᠴᠢᠨ ᠳᠥᠷᠪᠡᠳᠦᠭᠡᠷ ᠵᠦᠢᠯ ᠳᠠᠭᠠᠭᠠᠴᠢᠯᠠᠯᠲᠠ ᠵᠠᠷᠯᠠᠭᠴᠢ ᠨᠢ ᠳᠠᠭᠠᠭᠠᠴᠢᠯᠠᠯᠲᠠ ᠵᠠᠷᠯᠠᠬᠤ ᠠᠯᠪᠠᠨ ᠵᠠᠷ | ᠨᠡᠶᠢᠲᠡᠯᠡᠬᠦ ᠪᠤᠶᠤ ᠳᠠᠭᠠᠭᠠᠴᠢᠯᠠᠯᠲᠠ ᠬᠦᠯᠢᠶᠡᠬᠦ ᠤᠷᠢᠯᠭ᠎ᠠ ᠶᠢᠨ ᠪᠢᠴᠢᠭ ᠶᠠᠪᠤᠭᠤᠯᠬᠤ ᠠᠴᠠ ᠠᠷᠪᠠᠨ ᠡᠳᠦᠷ ᠤᠨ | ᠡᠮᠦᠨ᠎ᠡ᠂ ᠠᠳᠠᠯ ᠠᠬᠤᠢ ᠶᠢᠨ ᠲᠥᠷᠥᠯ ᠵᠦᠢᠯ ᠤᠨ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠠᠳᠠᠯ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠲᠤ ᠳᠣᠣᠷᠠᠬᠢ ᠮᠠᠲ᠋ᠧᠷᠢᠶᠠᠯ ᠢ ᠲᠤᠰᠢᠶᠠᠬᠤ ᠬᠡᠷᠡᠭᠲᠡᠢ᠄ | ︵ᠨᠢᠭᠡ︶ ᠠᠳᠠᠯ ᠠᠬᠤᠢ ᠶᠢᠨ ᠦᠢᠯᠡᠴᠢᠯᠡᠭᠡ ᠯᠦᠭᠡ ᠬᠤᠯᠪᠣᠭᠳᠠᠯ ᠲᠠᠢ ᠠᠳᠠᠯ ᠠᠬᠤᠢ ᠶᠢᠨ ᠲᠥᠷᠥᠯ | ᠵᠦᠢᠯ ᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠵᠠᠰᠠᠭ ᠤᠨ ᠣᠷᠳᠣᠨ ᠤ ᠵᠥᠪᠰᠢᠶᠡᠷᠡᠭᠰᠡᠨ ᠮᠠᠲ᠋ᠧᠷᠢᠶᠠᠯ | ︵ᠬᠤᠶᠠᠷ︶ ᠳᠠᠭᠠᠭᠠᠴᠢᠯᠠᠯᠲᠠ ᠵᠠᠷᠯᠠᠬᠤ ᠵᠡᠷ ᠪᠤᠶᠤ ᠳᠠᠭᠠᠭᠠᠴᠢᠯᠠᠯᠲᠠ ᠳᠤ ᠣᠷᠣᠭᠤᠯᠬᠤ ᠤᠷᠢᠯᠭ᠎ᠠ ᠶᠢᠨ | ᠪᠢᠴᠢᠭ᠃ | ︵ᠭᠤᠷᠪᠠ︶ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠃ | ︵ᠳᠥᠷᠪᠡ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠮᠠᠲ᠋ᠧᠷᠢᠶᠠᠯ᠃ | ᠳᠥᠴᠢᠨ ᠲᠠᠪᠤᠳᠤᠭᠠᠷ ᠵᠦᠢᠯ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠷᠭ᠎ᠠ ᠮᠠᠶ᠋ᠢᠭ ᠢᠶᠠᠷ | ᠠᠳᠠᠯ ᠠᠬᠤᠢ ᠶᠢᠨ ᠦᠢᠯᠡᠴᠢᠯᠡᠭᠴᠢ ᠶᠢ ᠰᠣᠩᠭᠤᠨ ᠤᠷᠢᠭᠰᠠᠨ ᠪᠠᠶᠢᠪᠠᠯ᠂ ᠳᠠᠭᠠᠭᠠᠴᠢᠯᠠᠯᠲᠠ ᠵᠠᠷᠯᠠᠭᠴᠢ ᠨᠢ | ᠳᠠᠷᠠᠭᠠᠬᠢ ᠲᠣᠭᠲᠠᠭᠠᠭᠰᠠᠨ ᠴᠠᠭ ᠬᠤᠭᠤᠴᠠᠭ᠎ᠠ ᠶᠣᠰᠣᠭᠠᠷ ᠠᠳᠠᠯ ᠠᠬᠤᠢ ᠶᠢᠨ ᠦᠢᠯᠡᠴᠢᠯᠡᠭᠡᠨ ᠤ ᠳᠠᠭᠠᠭᠠᠴᠢᠯᠠᠯᠲᠠ | ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯ ᠢ ᠪᠡᠶᠡᠯᠡᠭᠦᠯᠬᠦ ᠬᠡᠷᠡᠭᠲᠡᠢ᠄ | ︵ᠨᠢᠭᠡ︶ ᠰᠢᠨ᠎ᠡ ᠪᠠᠷ ᠪᠠᠶᠢᠭᠤᠯᠤᠭᠰᠠᠨ ᠪᠡᠯᠡᠨ ᠬᠤᠳᠠᠯᠳᠤᠬᠤ ᠲᠠᠸᠠᠷ ᠤᠨ ᠭᠡᠷ ᠪᠠᠶᠢᠰᠢᠩ ᠤᠨ ᠵᠦᠢᠯᠡᠰ ᠢ | ᠪᠡᠯᠡᠨ ᠬᠤᠳᠠᠯᠳᠤᠬᠤ ᠠᠴᠠ ᠭᠤᠴᠢᠨ ᠡᠳᠦᠷ ᠤᠨ ᠡᠮᠦᠨ᠎ᠡ ᠳᠠᠭᠤᠰᠬᠠᠬᠤ ᠬᠡᠷᠡᠭᠲᠡᠢ᠃ | ︵ᠬᠤᠶᠠᠷ︶ ᠤᠷᠢᠳᠴᠢᠯᠠᠨ ᠬᠤᠳᠠᠯᠳᠤᠬᠤ ᠲᠠᠸᠠᠷ ᠤᠨ ᠭᠡᠷ ᠪᠠᠶᠢᠰᠢᠩ ᠤᠨ ᠵᠦᠢᠯᠡᠰ ᠢ ︽ᠲᠠᠸᠠᠷ ᠤᠨ ᠭᠡᠷ | ᠪᠠᠶᠢᠰᠢᠩ ᠢ ᠤᠷᠢᠳᠴᠢᠯᠠᠨ ᠬᠤᠳᠠᠯᠳᠤᠬᠤ ᠵᠥᠪᠰᠢᠶᠡᠷᠡᠯ ᠤᠨ ᠦᠨᠡᠮᠯᠡᠯ︾ ᠢ ᠣᠯᠬᠤ ᠠᠴᠠ ᠡᠮᠦᠨ᠎ᠡ ᠳᠠᠭᠤᠰᠬᠠᠬᠤ | ᠬᠡᠷᠡᠭᠲᠡᠢ᠃ | ︵ᠭᠤᠷᠪᠠ︶ ᠥᠯᠥ ᠬᠤᠳᠠᠯᠳᠤᠬᠤ ᠰᠢᠨ᠎ᠡ ᠪᠠᠷ ᠪᠠᠶᠢᠭᠤᠯᠤᠭᠰᠠᠨ ᠠᠳᠠᠯ ᠠᠬᠤᠢ ᠶᠢᠨ ᠲᠥᠷᠥᠯ ᠵᠦᠢᠯ ᠢ | ᠲᠤᠰᠢᠶᠠᠨ ᠬᠡᠷᠡᠭᠯᠡᠭᠦᠯᠬᠦ ᠠᠴᠠ ᠶᠡᠷᠡᠨ ᠡᠳᠦᠷ ᠤᠨ ᠡᠮᠦᠨ᠎ᠡ ᠪᠡᠶᠡᠯᠡᠭᠦᠯᠬᠦ ᠬᠡᠷᠡᠭᠲᠡᠢ᠃ | ᠳᠥᠴᠢᠨ ᠵᠢᠷᠭᠤᠳᠤᠭᠠᠷ ᠵᠦᠢᠯ ᠡᠮᠦᠨᠡᠬᠢ ᠬᠤᠭᠤᠴᠠᠭᠠᠨ ᠤ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠶᠢᠨ | ᠬᠤᠭᠤᠴᠠᠭ᠎ᠠ ᠶᠢ ᠠᠳᠠᠯ ᠠᠬᠤᠢ ᠶᠢᠨ ᠵᠦᠢᠯᠡᠰ ᠢ ᠲᠤᠰᠢᠶᠠᠨ ᠥᠭᠴᠦ ᠬᠡᠷᠡᠭᠯᠡᠭᠦᠯᠦᠭᠰᠡᠨ ᠡᠳᠦᠷ ᠠᠴᠠ ᠡᠬᠢᠯᠡᠵᠦ | ᠪᠤᠳᠤᠬᠤ ᠳᠠᠭᠠᠨ ᠬᠠᠮᠤᠭ ᠤᠨ ᠤᠷᠳᠤ ᠳᠠᠭᠠᠨ ᠬᠤᠶᠠᠷ ᠵᠢᠯ ᠠᠴᠠ ᠬᠡᠲᠦᠷᠡᠭᠦᠯᠵᠦ ᠪᠣᠯᠬᠤ ᠦᠭᠡᠢ᠃ ᠭᠡᠪᠡᠴᠦ | ᠬᠤᠭᠤᠴᠠᠭ᠎ᠠ ᠨᠢ ᠳᠦᠭᠦᠷᠦᠭᠡᠳᠦᠢ᠂ ᠥᠮᠴᠢᠲᠡᠨ ᠤ ᠵᠥᠪᠯᠡᠯ ᠤᠨ ᠠᠳᠠᠯ ᠠᠬᠤᠢ ᠶᠢᠨ ᠦᠢᠯᠡᠴᠢᠯᠡᠭᠴᠢ ᠯᠦᠭᠡ | ᠲᠣᠭᠲᠠᠭᠠᠭᠰᠠᠨ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠬᠦᠴᠦᠨ ᠲᠠᠢ ᠪᠣᠯᠤᠭᠰᠠᠨ ᠪᠠᠶᠢᠪᠠᠯ᠂ ᠡᠮᠦᠨᠡᠬᠢ | ᠬᠤᠭᠤᠴᠠᠭᠠᠨ ᠤ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠳᠠᠭᠤᠰᠤᠨ᠎ᠠ᠃ ᠬᠤᠭᠤᠴᠠᠭ᠎ᠠ ᠨᠢ ᠳᠦᠭᠦᠷᠦᠭᠰᠡᠨ᠂ | ᠦᠮᠴᠢᠳᠠᠳ ᠤᠨ ᠶᠡᠭᠡ ᠬᠤᠷᠠᠯ ᠨᠢ ᠬᠠᠷᠠᠬᠠᠨ ᠪᠠᠶᠢᠭᠤᠯᠤᠭᠳᠠᠭᠠᠳᠤᠢ᠂ ᠤᠤᠯ ᠤᠨ ᠭᠡᠷ᠎ᠡ ᠲᠣᠭᠲᠠᠭᠰᠠᠨ ᠬᠤᠶᠠᠷ | ᠲᠠᠯ᠎ᠠ ᠶᠢᠨ ᠨᠢᠭᠡ ᠲᠠᠯ᠎ᠠ ᠨᠢ ᠭᠡᠷ᠎ᠡ ᠪᠠᠨ ᠦᠷᠭᠦᠯᠵᠢᠯᠡᠭᠦᠯᠬᠦ ᠳᠤᠷ᠎ᠠ ᠦᠭᠡᠢ ᠪᠤᠶᠤ ᠨᠢᠭᠡᠨᠲᠡ ᠣᠷᠣᠵᠤ ᠰᠠᠭᠤᠭᠰᠠᠨ | ᠥᠮᠴᠢᠲᠡᠨ ᠤ ᠵᠠᠭᠤᠨ ᠤ ᠲᠠᠪᠢ ᠠᠴᠠ ᠳᠡᠭᠡᠭᠰᠢᠬᠢ ᠨᠢ ᠤᠤᠯ ᠤᠨ ᠠᠳᠠᠯ ᠠᠬᠤᠢ ᠶᠢᠨ ᠦᠢᠯᠡᠴᠢᠯᠡᠭᠴᠢ ᠶᠢᠨ | ᠦᠢᠯᠡᠴᠢᠯᠡᠭᠡ ᠳᠤ ᠬᠠᠨᠤᠮᠵᠢ ᠦᠭᠡᠢ ᠪᠠᠶᠢᠪᠠᠯ᠂ ᠠᠳᠠᠯ ᠠᠬᠤᠢ ᠶᠢᠨ ᠲᠥᠷᠥᠯ ᠵᠦᠢᠯ ᠤᠨ ᠪᠠᠶᠢᠭ᠎ᠠ ᠭᠠᠵᠠᠷ ᠤᠨ ᠰᠤᠮᠤ | ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ | ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠢ ᠵᠣᠬᠢᠶᠠᠨ ᠪᠠᠶᠢᠭᠤᠯᠵᠤ᠂ ᠪᠥᠬᠦ ᠥᠮᠴᠢᠲᠡᠨ ᠢ ᠵᠣᠬᠢᠶᠠᠨ | ᠪᠠᠶᠢᠭᠤᠯᠵᠤ ᠠᠳᠠᠯ ᠠᠬᠤᠢ ᠶᠢᠨ ᠦᠢᠯᠡᠴᠢᠯᠡᠭᠴᠢ ᠶᠢ ᠰᠣᠩᠭᠤᠨ ᠤᠷᠢᠬᠤ ᠶᠢ ᠲᠣᠭᠲᠠᠭᠠᠨ᠎ᠠ᠃ | ᠳᠥᠴᠢᠨ ᠳᠣᠯᠣᠳᠤᠭᠠᠷ ᠵᠦᠢᠯ ᠠᠳᠠᠯ ᠠᠬᠤᠢ ᠶᠢᠨ ᠦᠢᠯᠡᠴᠢᠯᠡᠭᠴᠢ ᠡᠮᠦᠨᠡᠬᠢ ᠬᠤᠭᠤᠴᠠᠭᠠᠨ ᠤ ᠠᠳᠠᠯ | ᠠᠬᠤᠢ ᠶᠢᠨ ᠦᠢᠯᠡᠴᠢᠯᠡᠭᠡᠨ ᠤ ᠵᠦᠢᠯᠡᠰ ᠢ ᠬᠦᠯᠢᠶᠡᠨ ᠠᠪᠬᠤ ᠳᠠᠭᠠᠨ ᠪᠦᠲᠦᠭᠡᠨ ᠪᠠᠶᠢᠭᠤᠯᠬᠤ ᠨᠢᠭᠡᠴᠢ ᠲᠠᠢ | ᠬᠠᠮᠲᠤ ᠪᠠᠷ ᠠᠳᠠᠯ ᠠᠬᠤᠢ ᠶᠢᠨ ᠬᠠᠮᠲᠤ ᠪᠠᠷ ᠬᠡᠷᠡᠭᠯᠡᠬᠦ ᠬᠡᠰᠡᠭ᠂ ᠬᠠᠮᠲᠤ ᠪᠠᠷ ᠬᠡᠷᠡᠭᠯᠡᠬᠦ ᠲᠥᠬᠦᠭᠡᠷᠦᠮᠵᠢ | ᠲᠥᠬᠦᠭᠡᠷᠦᠮᠵᠢ ᠶᠢ ᠪᠠᠶᠢᠴᠠᠭᠠᠨ ᠰᠢᠯᠭᠠᠬᠤ ᠬᠡᠷᠡᠭᠲᠡᠢ᠂ ᠪᠠᠶᠢᠴᠠᠭᠠᠨ ᠰᠢᠯᠭᠠᠭᠰᠠᠨ ᠲᠡᠮᠳᠡᠭᠯᠡᠯ ᠢ ᠬᠤᠶᠠᠷ | ᠲᠠᠯ᠎ᠠ ᠪᠠᠷ ᠢᠶᠠᠨ ᠭᠠᠷ ᠤᠨ ᠦᠰᠦᠭ ᠵᠢᠷᠤᠵᠤ ᠨᠤᠲᠠᠯᠠᠬᠤ ᠬᠡᠷᠡᠭᠲᠡᠢ᠃ ᠪᠦᠲᠦᠭᠡᠨ ᠪᠠᠶᠢᠭᠤᠯᠬᠤ ᠨᠢᠭᠡᠴᠢ ᠨᠢ ᠠᠳᠠᠯ | ᠠᠬᠤᠢ ᠶᠢᠨ ᠦᠢᠯᠡᠴᠢᠯᠡᠭᠴᠢ ᠳᠤ ᠬᠤᠯᠪᠣᠭᠳᠠᠯ ᠪᠦᠬᠦᠢ ᠮᠠᠲ᠋ᠧᠷᠢᠶᠠᠯ ᠢ ᠰᠢᠯᠵᠢᠭᠦᠯᠦᠨ ᠲᠤᠰᠢᠶᠠᠬᠤ ᠬᠡᠷᠡᠭᠲᠡᠢ᠃ | ᠡᠮᠦᠨᠡᠬᠢ ᠬᠤᠭᠤᠴᠠᠭᠠᠨ ᠤ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠳᠠᠭᠤᠰᠬᠤ ᠦᠶ᠎ᠡ ᠳᠤ᠂ ᠠᠳᠠᠯ ᠠᠬᠤᠢ ᠶᠢᠨ | ᠦᠢᠯᠡᠴᠢᠯᠡᠭᠴᠢ ᠠᠴᠠ ᠬᠤᠯᠪᠣᠭᠳᠠᠯ ᠪᠦᠬᠦᠢ ᠮᠠᠲ᠋ᠧᠷᠢᠶᠠᠯ ᠢ ᠥᠮᠴᠢᠲᠡᠨ ᠤ ᠵᠥᠪᠯᠡᠯ ᠳᠤ ᠰᠢᠯᠵᠢᠭᠦᠯᠦᠨ ᠲᠤᠰᠢᠶᠠᠬᠤ | ᠬᠡᠷᠡᠭᠲᠡᠢ᠃ ᠥᠮᠴᠢᠲᠡᠨ ᠤ ᠵᠥᠪᠯᠡᠯ ᠪᠠᠶᠢᠭᠤᠯᠤᠭᠰᠠᠨ ᠦᠭᠡᠢ ᠪᠣᠯ ᠪᠠᠶᠢᠭ᠎ᠠ ᠭᠠᠵᠠᠷ ᠤᠨ ᠭᠠᠴᠠᠭ᠎ᠠ ᠲᠣᠰᠬᠤᠨ ᠤ | ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠳᠤ ᠰᠢᠯᠵᠢᠭᠦᠯᠦᠨ ᠲᠤᠰᠢᠶᠠᠬᠤ ᠬᠡᠷᠡᠭᠲᠡᠢ᠃ | ᠠᠳᠠᠯ ᠠᠬᠤᠢ ᠶᠢᠨ ᠦᠢᠯᠡᠴᠢᠯᠡᠭᠴᠢ ᠨᠢ ᠪᠠᠶᠢᠴᠠᠭᠠᠨ ᠰᠢᠯᠭᠠᠭᠤᠯᠤᠭᠰᠠᠨ ᠦᠭᠡᠢ ᠪᠤᠶᠤ ᠲᠤᠰᠢᠶᠠᠨ ᠥᠭᠬᠦ | ᠨᠥᠬᠦᠴᠡᠯ ᠳᠤ ᠦᠯᠦ ᠨᠡᠶᠢᠴᠡᠬᠦ ᠠᠳᠠᠯ ᠠᠬᠤᠢ ᠶᠢ ᠬᠦᠯᠢᠶᠡᠨ ᠠᠪᠤᠭᠰᠠᠨ ᠪᠥᠭᠡᠳ ᠠᠳᠠᠯ ᠠᠬᠤᠢ ᠶᠢᠨ ᠬᠠᠮᠲᠤ ᠪᠠᠷ | ᠬᠡᠷᠡᠭᠯᠡᠬᠦ ᠬᠡᠰᠡᠭ᠂ ᠬᠠᠮᠲᠤ ᠪᠠᠷ ᠬᠡᠷᠡᠭᠯᠡᠬᠦ ᠲᠥᠬᠦᠭᠡᠷᠦᠮᠵᠢ ᠲᠥᠬᠦᠭᠡᠷᠦᠮᠵᠢ ᠶᠢᠨ ᠭᠡᠮ ᠰᠣᠭᠤᠭ ᠠᠴᠠ ᠪᠣᠯᠵᠤ | ᠥᠮᠴᠢᠲᠡᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠵᠣᠬᠢᠴᠠᠩᠭᠤᠢ ᠲᠥᠯᠥᠪᠦᠷᠢ ᠶᠢᠨ ᠬᠠᠷᠢᠭᠤᠴᠠᠯᠭ᠎ᠠ | ᠡᠭᠦᠷᠭᠡᠯᠡᠬᠦ ᠬᠡᠷᠡᠭᠲᠡᠢ᠃ | ᠳᠥᠴᠢᠨ ᠨᠠᠢᠮᠠᠳᠤᠭᠠᠷ ᠵᠦᠢᠯ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠪᠦᠲᠦᠭᠡᠨ | ᠪᠠᠶᠢᠭᠤᠯᠤᠯᠲᠠ ᠶᠢᠨ ᠨᠢᠭᠡᠴᠢ ᠨᠢ ᠤᠰᠤ᠂ ᠴᠠᠬᠢᠯᠭᠠᠨ᠂ ᠰᠠᠯᠬᠢ ᠨᠡᠪᠲᠡᠷᠡᠭᠦᠯᠬᠦ᠂ ᠬᠡᠷᠡᠯ ᠲᠤᠰᠬᠠᠬᠤ ᠵᠡᠷᠭᠡ | ᠦᠨᠳᠦᠰᠦᠨ ᠬᠡᠷᠡᠭᠯᠡᠭᠡᠨ ᠤ ᠴᠢᠳᠠᠮᠵᠢ ᠪᠠ ᠨᠥᠬᠦᠴᠡᠯ ᠢ ᠪᠦᠷᠢᠯᠳᠦᠭᠦᠯᠦᠭᠰᠡᠨ ᠠᠳᠠᠯ ᠠᠬᠤᠢ ᠶᠢᠨ ᠦᠢᠯᠡᠴᠢᠯᠡᠭᠡᠨ ᠳᠤ | ᠬᠡᠷᠡᠭᠯᠡᠬᠦ ᠭᠡᠷ ᠪᠠᠶᠢᠰᠢᠩ᠂ ᠥᠮᠴᠢᠲᠡᠨ ᠤ ᠵᠥᠪᠯᠡᠯ ᠤᠨ ᠬᠡᠷᠡᠭ ᠵᠥᠪᠯᠡᠬᠦ ᠠᠵᠢᠯᠯᠠᠭ᠎ᠠ ᠳᠤ ᠬᠡᠷᠡᠭᠯᠡᠬᠦ ᠭᠡᠷ ᠪᠠᠶᠢᠰᠢᠩ ᠢ | ᠵᠢᠷᠤᠭᠯᠠᠨ ᠲᠥᠯᠥᠪᠯᠡᠵᠦ ᠲᠣᠬᠢᠷᠠᠭᠤᠯᠬᠤ ᠬᠡᠷᠡᠭᠲᠡᠢ᠃ ᠠᠳᠠᠯ ᠠᠬᠤᠢ ᠶᠢᠨ ᠦᠢᠯᠡᠴᠢᠯᠡᠭᠡᠨ ᠳᠤ ᠬᠡᠷᠡᠭᠯᠡᠬᠦ ᠭᠡᠷ | ᠪᠠᠶᠢᠰᠢᠩ ᠢ ᠭᠡᠷ ᠪᠠᠶᠢᠰᠢᠩ ᠤᠨ ᠪᠠᠷᠢᠯᠭ᠎ᠠ ᠶᠢᠨ ᠶᠡᠷᠦᠩᠬᠡᠢ ᠲᠠᠯᠠᠪᠠᠶ ᠶᠢᠨ ᠮᠢᠩᠭᠠᠨ ᠤ ᠭᠤᠷᠪᠠᠨ ᠬᠤᠪᠢ ᠶᠢ | ᠦᠨᠳᠦᠰᠦᠯᠡᠬᠦ ᠮᠥᠷᠲᠡᠭᠡᠨ ᠵᠠᠭᠤᠨ ᠲᠡᠭᠰᠢ ᠳᠥᠷᠪᠡᠯᠵᠢᠨ ᠮᠧᠲᠷ ᠠᠴᠠ ᠳᠣᠣᠷ᠎ᠠ ᠦᠭᠡᠢ ᠲᠣᠬᠢᠷᠠᠭᠤᠯᠤᠨ᠎ᠠ᠃ | ᠥᠮᠴᠢᠲᠡᠨ ᠤ ᠵᠥᠪᠯᠡᠯ ᠤᠨ ᠬᠡᠷᠡᠭ ᠵᠥᠪᠯᠡᠬᠦ ᠳᠤ ᠬᠡᠷᠡᠭᠯᠡᠬᠦ ᠭᠡᠷ ᠪᠠᠶᠢᠰᠢᠩ ᠢ 30 ᠲᠡᠭᠰᠢ ᠳᠥᠷᠪᠡᠯᠵᠢᠨ ᠮᠧᠲᠷ ᠠᠴᠠ | ᠳᠣᠣᠷ᠎ᠠ ᠦᠭᠡᠢ ᠪᠠᠶᠢᠯᠭᠠᠬᠤ ᠶᠣᠰᠣᠭᠠᠷ ᠲᠣᠬᠢᠷᠠᠭᠤᠯᠤᠨ᠎ᠠ᠃ | ᠬᠤᠭᠤᠴᠠᠭ᠎ᠠ ᠬᠤᠪᠢᠶᠠᠨ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠳᠤ᠂ ᠠᠳᠠᠯ ᠠᠬᠤᠢ ᠶᠢᠨ | ᠦᠢᠯᠡᠴᠢᠯᠡᠭᠡ ᠳᠤ ᠬᠡᠷᠡᠭᠯᠡᠬᠦ ᠭᠡᠷ ᠪᠠᠶᠢᠰᠢᠩ ᠢ ᠬᠠᠷᠠᠬᠠᠨ ᠲᠤᠰᠢᠶᠠᠵᠤ ᠥᠭᠬᠦ ᠠᠴᠠ ᠡᠮᠦᠨ᠎ᠡ᠂ ᠪᠦᠲᠦᠭᠡᠨ ᠪᠠᠶᠢᠭᠤᠯᠬᠤ | ᠨᠢᠭᠡᠴᠢ ᠨᠢ ᠵᠠᠭᠤᠨ ᠲᠡᠭᠰᠢ ᠳᠥᠷᠪᠡᠯᠵᠢᠨ ᠮᠧᠲᠷ ᠠᠴᠠ ᠳᠤᠲᠠᠭᠤ ᠦᠭᠡᠢ ᠲᠦᠷ ᠴᠠᠭ ᠤᠨ ᠠᠳᠠᠯ ᠠᠬᠤᠢ ᠶᠢᠨ | ᠦᠢᠯᠡᠴᠢᠯᠡᠭᠡ ᠳᠤ ᠬᠡᠷᠡᠭᠯᠡᠬᠦ ᠭᠡᠷ ᠪᠠᠶᠢᠰᠢᠩ ᠬᠠᠩᠭᠠᠬᠤ ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠲᠠ | ᠬᠥᠳᠡᠭᠡ ᠶᠢᠨ ᠲᠥᠯᠥᠪᠵᠢᠭᠦᠯᠭᠡ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠢ ᠬᠢᠨᠠᠨ ᠣᠯᠭᠤᠬᠤ ᠳᠠᠭᠠᠨ᠂ | ᠵᠥᠪᠰᠢᠶᠡᠷᠡᠯ ᠤᠨ ᠦᠨᠡᠮᠯᠡᠯ ᠵᠢᠴᠢ ᠳᠠᠭᠠᠯᠳᠤᠭᠤᠯᠤᠯ ᠵᠢᠷᠤᠭ ᠳᠡᠭᠡᠷ᠎ᠡ ᠢᠵᠢ ᠪᠦᠷᠢᠳᠦᠭᠦᠯᠦᠨ ᠪᠦᠲᠦᠭᠡᠨ | ᠪᠠᠶᠢᠭᠤᠯᠤᠭᠰᠠᠨ ᠠᠳᠠᠯ ᠠᠬᠤᠶ ᠶᠢᠨ ᠦᠢᠯᠡᠴᠢᠯᠡᠭᠡᠨ ᠤ ᠭᠡᠷ ᠪᠠᠶᠢᠰᠢᠩ ᠤᠨ ᠪᠠᠷᠢᠯᠭ᠎ᠠ ᠶᠢᠨ ᠲᠠᠯᠠᠪᠠᠶ ᠪᠣᠯᠤᠨ ᠣᠷᠣᠨ | ᠪᠠᠶᠢᠷᠢ ᠶᠢ ᠲᠣᠳᠣᠷᠬᠠᠶᠢᠯᠠᠬᠤ ᠬᠡᠷᠡᠭᠲᠡᠶ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠭᠡᠷ ᠪᠠᠶᠢᠰᠢᠩ ᠤᠷᠢᠳᠴᠢᠯᠠᠨ ᠬᠤᠳᠠᠯᠳᠤᠬᠤ ᠵᠥᠪᠰᠢᠶᠡᠷᠡᠯ ᠤᠨ ᠦᠨᠡᠮᠯᠡᠯ ᠬᠢᠨᠠᠨ ᠣᠯᠭᠤᠬᠤ ᠪᠠ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠦᠯᠦ ᠬᠥᠳᠡᠯᠬᠦ | ᠬᠥᠷᠥᠩᠭᠡ ᠶᠢ ᠳᠠᠩᠰᠠᠯᠠᠬᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠭᠡᠷ ᠪᠠᠶᠢᠰᠢᠩ ᠤᠨ | ᠥᠮᠴᠢᠯᠡᠬᠦ ᠡᠷᠬᠡ ᠶᠢᠨ ᠠᠩᠬᠠᠨ ᠤ ᠳᠠᠩᠰᠠᠯᠠᠯ ᠢ ᠭᠦᠢᠴᠡᠳᠬᠡᠬᠦ ᠳᠤ᠂ ᠠᠳᠠᠯ ᠠᠬᠤᠶ ᠶᠢᠨ ᠦᠢᠯᠡᠴᠢᠯᠡᠭᠡᠨ ᠤ ᠬᠡᠷᠡᠭᠯᠡᠬᠦ | ᠭᠡᠷ ᠪᠠᠶᠢᠰᠢᠩ ᠤᠨ ᠳ᠋ᠤᠭᠠᠷ ᠢ ᠲᠣᠳᠣᠷᠬᠠᠶᠢᠯᠠᠬᠤ ᠬᠡᠷᠡᠭᠲᠡᠶ᠃ | ᠠᠳᠠᠯ ᠠᠬᠤᠢ ᠶᠢᠨ ᠦᠢᠯᠡᠴᠢᠯᠡᠭᠡᠨ ᠳᠤ ᠬᠡᠷᠡᠭᠯᠡᠬᠦ ᠭᠡᠷ ᠪᠠᠶᠢᠰᠢᠩ᠂ ᠥᠮᠴᠢᠲᠡᠨ ᠤ ᠵᠥᠪᠯᠡᠯ ᠤᠨ ᠬᠡᠷᠡᠭ | ᠵᠥᠪᠯᠡᠬᠦ ᠳᠤ ᠬᠡᠷᠡᠭᠯᠡᠬᠦ ᠭᠡᠷ ᠪᠠᠶᠢᠰᠢᠩ ᠢ ᠪᠥᠬᠦ ᠥᠮᠴᠢᠲᠡᠨ ᠳᠤ ᠬᠠᠮᠲᠤ ᠪᠠᠷ ᠥᠮᠴᠢᠯᠡᠭᠦᠯᠵᠦ᠂ ᠲᠣᠰ ᠲᠣᠰ ᠠᠳᠠᠯ | ᠠᠬᠤᠢ ᠶᠢᠨ ᠦᠢᠯᠡᠴᠢᠯᠡᠭᠡᠨ ᠤ ᠠᠵᠢᠯᠲᠠᠨ ᠪᠠ ᠥᠮᠴᠢᠲᠡᠨ ᠤ ᠵᠥᠪᠯᠡᠯ ᠳᠤ ᠲᠤᠰᠢᠶᠠᠵᠤ ᠲᠥᠯᠥᠪᠦᠷᠢ ᠦᠭᠡᠢ ᠪᠠᠷ | ᠬᠡᠷᠡᠭᠯᠡᠭᠦᠯᠦᠨ᠎ᠡ᠃ ᠶᠠᠮᠠᠷᠪᠠ ᠨᠢᠭᠡᠴᠢ ᠪᠠ ᠬᠤᠪᠢ ᠬᠥᠮᠥᠨ ᠳᠤᠷ᠎ᠠ ᠪᠠᠷ ᠢᠶᠠᠨ ᠬᠡᠷᠡᠭᠴᠡᠭᠡ ᠶᠢ ᠬᠤᠪᠢᠷᠠᠭᠤᠯᠵᠤ ᠪᠣᠯᠬᠤ | ᠦᠭᠡᠢ᠃ ᠰᠠᠯᠭᠠᠵᠤ᠂ ᠰᠢᠯᠵᠢᠭᠦᠯᠦᠨ ᠥᠭᠴᠦ᠂ ᠪᠠᠷᠢᠴᠠᠭᠠᠯᠠᠵᠤ ᠪᠣᠯᠬᠤ ᠦᠭᠡᠢ᠃ | ᠳᠥᠴᠢ ᠶᠢᠰᠦᠳᠦᠭᠡᠷ ᠵᠦᠢᠯ ᠪᠦᠲᠦᠭᠡᠨ ᠪᠠᠶᠢᠭᠤᠯᠬᠤ ᠨᠢᠭᠡᠴᠢ ᠨᠢ ᠤᠯᠤᠰ ᠠᠴᠠ ᠲᠣᠭᠲᠠᠭᠠᠭᠰᠠᠨ ᠵᠠᠰᠠᠬᠤ ᠶᠢ | ᠪᠠᠲᠤᠯᠠᠬᠤ ᠬᠤᠭᠤᠴᠠᠭ᠎ᠠ ᠪᠠ ᠵᠠᠰᠠᠬᠤ ᠶᠢ ᠪᠠᠲᠤᠯᠠᠬᠤ ᠬᠦᠷᠢᠶ᠎ᠡ ᠬᠡᠪᠴᠢᠶ᠎ᠡ ᠶᠢᠨ ᠶᠣᠰᠣᠭᠠᠷ ᠠᠳᠠᠯ ᠠᠬᠤᠢ ᠶᠢᠨ | ᠵᠠᠰᠠᠬᠤ ᠶᠢ ᠪᠠᠲᠤᠯᠠᠬᠤ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ ᠠᠳᠠᠯ ᠠᠬᠤᠢ ᠶᠢᠨ ᠵᠠᠰᠠᠬᠤ ᠶᠢ ᠪᠠᠲᠤᠯᠠᠬᠤ | ᠬᠤᠭᠤᠴᠠᠭ᠎ᠠ ᠪᠠ ᠵᠠᠰᠠᠬᠤ ᠶᠢ ᠪᠠᠲᠤᠯᠠᠬᠤ ᠬᠡᠪᠴᠢᠶᠡᠨ ᠳᠣᠲᠣᠷ᠎ᠠ ᠶᠠᠰᠤ ᠴᠢᠨᠠᠷ ᠤᠨ ᠠᠰᠠᠭᠤᠳᠠᠯ ᠭᠠᠷᠪᠠᠯ᠂ ᠠᠳᠠᠯ | ᠠᠬᠤᠢ ᠶᠢᠨ ᠦᠢᠯᠡᠴᠢᠯᠡᠭᠴᠢ ᠠᠴᠠ ᠴᠠᠭ ᠲᠤᠬᠠᠢ ᠳᠤᠨᠢ ᠪᠦᠲᠦᠭᠡᠨ ᠪᠠᠶᠢᠭᠤᠯᠬᠤ ᠨᠢᠭᠡᠴᠢ ᠳᠤ ᠮᠡᠳᠡᠭᠳᠡᠵᠦ᠂ | ᠪᠦᠲᠦᠭᠡᠨ ᠪᠠᠶᠢᠭᠤᠯᠬᠤ ᠨᠢᠭᠡᠴᠢ ᠶᠢ ᠰᠢᠪᠠᠳᠠᠵᠤ ᠪᠠᠶᠢᠭᠠᠳ ᠵᠠᠰᠠᠬᠤ ᠶᠢ ᠪᠠᠲᠤᠯᠠᠬᠤ ᠠᠵᠢᠯ ᠢ ᠴᠠᠭ ᠲᠤᠬᠠᠢ ᠳᠤᠨᠢ | ᠪᠡᠶᠡᠯᠡᠭᠦᠯᠬᠦ ᠬᠡᠷᠡᠭᠲᠡᠢ᠃ ᠪᠦᠲᠦᠭᠡᠨ ᠪᠠᠶᠢᠭᠤᠯᠬᠤ ᠨᠢᠭᠡᠴᠢ ᠨᠢ ᠠᠳᠠᠯ ᠠᠬᠤᠢ ᠶᠢᠨ ᠦᠢᠯᠡᠴᠢᠯᠡᠭᠴᠢ ᠳᠤ ᠨᠠᠶᠢᠳᠠᠵᠤ | ᠰᠡᠯᠪᠢᠨ ᠵᠠᠰᠠᠭᠤᠯᠬᠤ ᠳᠤ ᠬᠦᠷᠪᠡᠯ᠂ ᠠᠳᠠᠯ ᠠᠬᠤᠢ ᠶᠢᠨ ᠦᠢᠯᠡᠴᠢᠯᠡᠭᠴᠢ ᠲᠠᠢ ᠨᠠᠶᠢᠳᠠᠯᠭ᠎ᠠ ᠶᠢᠨ ᠬᠡᠯᠡᠯᠴᠡᠭᠡᠷ | ᠲᠣᠭᠲᠠᠭᠠᠬᠤ ᠬᠡᠷᠡᠭᠲᠡᠢ᠃ | ᠪᠦᠲᠦᠭᠡᠨ ᠪᠠᠶᠢᠭᠤᠯᠬᠤ ᠨᠢᠭᠡᠴᠢ ᠨᠢ ᠣᠷᠣᠨ ᠰᠠᠭᠤᠴᠠ ᠶᠢᠨ ᠠᠳᠠᠯ ᠠᠬᠤᠢ ᠶᠢ ᠲᠤᠰᠢᠶᠠᠨ ᠥᠭᠬᠦ ᠳᠡᠭᠡᠨ ᠭᠡᠷ | ᠪᠠᠶᠢᠰᠢᠩ ᠬᠤᠳᠠᠯᠳᠤᠨ ᠠᠪᠤᠭᠴᠢ ᠳᠤ ᠣᠷᠣᠨ ᠰᠠᠭᠤᠴᠠ ᠶᠢᠨ ᠶᠠᠰᠤ ᠴᠢᠨᠠᠷ ᠤᠨ ᠪᠠᠲᠤᠯᠠᠭ᠎ᠠ ᠶᠢᠨ ᠪᠢᠴᠢᠭ᠂ ᠣᠷᠣᠨ | ᠰᠠᠭᠤᠴᠠ ᠶᠢ ᠬᠡᠷᠡᠭᠯᠡᠬᠦ ᠲᠣᠳᠣᠷᠬᠠᠶᠢᠯᠠᠯᠲᠠ ᠶᠢᠨ ᠪᠢᠴᠢᠭ᠂ ᠡᠮᠦᠨᠡᠬᠢ ᠬᠤᠭᠤᠴᠠᠭᠠᠨ ᠤ ᠠᠳᠠᠯ ᠠᠬᠤᠢ ᠶᠢᠨ | ᠦᠢᠯᠡᠴᠢᠯᠡᠭᠡᠨ ᠤ ᠭᠡᠷ᠎ᠡ ᠵᠡᠷᠭᠡ ᠮᠠᠲ᠋ᠧᠷᠢᠶᠠᠯ ᠢ ᠬᠠᠩᠭᠠᠬᠤ ᠬᠡᠷᠡᠭᠲᠡᠢ᠃ | ᠳᠥᠷᠪᠡᠳᠦᠭᠡᠷ ᠪᠦᠯᠦᠭ ᠠᠳᠠᠯ ᠠᠬᠤᠢ ᠶᠢᠨ ᠬᠠᠮᠢᠶᠠᠷᠤᠯᠲᠠ ᠶᠢᠨ ᠦᠢᠯᠡᠴᠢᠯᠡᠭᠡ | ᠲᠠᠪᠢᠳᠤᠭᠠᠷ ᠵᠦᠢᠯ ᠠᠳᠠᠯ ᠠᠬᠤᠢ ᠶᠢᠨ ᠦᠢᠯᠡᠴᠢᠯᠡᠭᠡᠨ ᠤ ᠠᠵᠢᠯᠯᠠᠭ᠎ᠠ ᠬᠢᠵᠦ ᠪᠠᠶᠢᠭ᠎ᠠ ᠠᠵᠤ ᠠᠬᠤᠶᠢᠯᠠᠯ ᠨᠢ | ᠬᠠᠤᠯᠢ ᠶᠣᠰᠣᠭᠠᠷ ᠵᠠᠬ᠎ᠠ ᠳᠡᠯᠭᠡᠭᠦᠷ ᠤᠨ ᠬᠢᠨᠠᠨ ᠬᠠᠮᠢᠶᠠᠷᠬᠤ ᠰᠠᠯᠠᠭ᠎ᠠ ᠮᠥᠴᠢᠷ ᠲᠤ ᠳᠠᠩᠰᠠᠯᠠᠭᠤᠯᠤᠨ ᠪᠦᠷᠢᠳᠬᠡᠭᠦᠯᠬᠦ | ᠭᠠᠷ ᠭᠦᠢᠴᠡᠳᠬᠡᠯ ᠬᠢᠵᠦ᠂ ᠠᠵᠤ ᠠᠬᠤᠶᠢᠯᠠᠯ ᠬᠠᠤᠯᠢ ᠶᠢᠨ ᠬᠥᠮᠥᠨ ᠤ ᠡᠵᠡᠩᠨᠡᠯᠲᠡ ᠶᠢᠨ ᠦᠨᠡᠮᠯᠡᠯ ᠢ ᠠᠪᠬᠤ | ᠬᠡᠷᠡᠭᠲᠡᠢ᠃ | ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠨᠢ ᠠᠵᠤ ᠠᠬᠤᠶᠢᠯᠠᠯ ᠤᠨ ᠬᠠᠤᠯᠢ ᠶᠢᠨ ᠡᠲᠡᠭᠡᠳ ᠤ | ᠡᠵᠡᠩᠨᠡᠯᠲᠡ ᠶᠢᠨ ᠦᠨᠡᠮᠯᠡᠯ ᠢ ᠣᠯᠣᠭᠰᠠᠨ ᠡᠳᠦᠷ ᠠᠴᠠ ᠡᠬᠢᠯᠡᠨ ᠭᠤᠴᠢᠨ ᠡᠳᠦᠷ ᠤᠨ ᠳᠣᠲᠣᠷ᠎ᠠ᠂ ᠬᠤᠰᠢᠭᠤ | ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠳᠠᠯ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ | ᠬᠠᠮᠢᠶᠠᠷᠬᠤ ᠰᠠᠯᠠᠭ᠎ᠠ | ᠲᠠᠪᠢᠨ ᠨᠢᠭᠡᠳᠦᠭᠡᠷ ᠵᠦᠢᠯ ᠦᠮᠴᠢᠳᠠᠳ ᠤᠨ ᠵᠥᠪᠯᠡᠯ ᠨᠢ ᠦᠮᠴᠢᠳᠠᠳ ᠤᠨ ᠶᠡᠭᠡ ᠬᠤᠷᠠᠯ ᠠᠴᠠ ᠰᠣᠩᠭᠤᠨ | ᠤᠷᠢᠭᠰᠠᠨ ᠠᠳᠠᠯ ᠠᠬᠤᠢ ᠶᠢᠨ ᠦᠢᠯᠡᠴᠢᠯᠡᠭᠴᠢ ᠲᠠᠢ ᠠᠳᠠᠯ ᠠᠬᠤᠢ ᠶᠢᠨ ᠦᠢᠯᠡᠴᠢᠯᠡᠭᠡᠨ ᠤ ᠪᠢᠴᠢᠭ ᠤᠨ ᠭᠡᠷ᠎ᠡ | ᠲᠣᠭᠲᠠᠭᠠᠬᠤ ᠬᠡᠷᠡᠭᠲᠡᠢ᠃ | ᠥᠮᠴᠢᠲᠡᠨ ᠤ ᠵᠥᠪᠯᠡᠯ ᠬᠢᠭᠡᠳ ᠠᠳᠠᠯ ᠠᠬᠤᠢ ᠶᠢᠨ ᠦᠢᠯᠡᠴᠢᠯᠡᠭᠴᠢ ᠶᠢᠨ ᠬᠠᠤᠯᠢ ᠶᠣᠰᠣᠭᠠᠷ | ᠲᠣᠭᠲᠠᠭᠠᠭᠰᠠᠨ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠨᠢ ᠪᠦᠬᠦ ᠥᠮᠴᠢᠲᠡᠨ ᠳᠤ ᠬᠢᠵᠠᠭᠠᠷᠯᠠᠬᠤ ᠬᠦᠴᠦᠨ ᠲᠠᠢ | ᠃ | ᠥᠮᠴᠢᠲᠡᠨ ᠤ ᠶᠡᠭᠡ ᠬᠤᠷᠠᠯ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠷᠭ᠎ᠠ ᠮᠠᠶ᠋ᠢᠭ ᠢ | ᠬᠡᠷᠡᠭᠯᠡᠨ ᠠᠳᠠᠯ ᠠᠬᠤᠢ ᠶᠢᠨ ᠦᠢᠯᠡᠴᠢᠯᠡᠭᠴᠢ ᠶᠢ ᠰᠣᠩᠭᠤᠨ ᠤᠷᠢᠬᠤ ᠶᠢ ᠵᠣᠷᠢᠭᠵᠢᠭᠤᠯᠤᠨ᠎ᠠ᠃ | ᠠᠳᠠᠯ ᠠᠬᠤᠢ ᠶᠢᠨ ᠦᠢᠯᠡᠴᠢᠯᠡᠭᠴᠢ ᠨᠢ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠲᠣᠭᠲᠠᠭᠰᠠᠨ ᠪᠤᠶᠤ | ᠬᠤᠪᠢᠷᠠᠭᠤᠯᠤᠭᠰᠠᠨ ᠡᠳᠦᠷ ᠠᠴᠠ ᠡᠬᠢᠯᠡᠨ ᠭᠤᠴᠢᠨ ᠡᠳᠦᠷ ᠤᠨ ᠳᠣᠲᠣᠷ᠎ᠠ᠂ ᠠᠳᠠᠯ ᠠᠬᠤᠢ ᠶᠢᠨ ᠦᠢᠯᠡᠴᠢᠯᠡᠭᠡᠨ ᠤ | ᠭᠡᠷ᠎ᠡ ᠪᠠᠨ ᠠᠳᠠᠯ ᠠᠬᠤᠢ ᠶᠢᠨ ᠲᠥᠷᠥᠯ ᠵᠦᠢᠯ ᠤᠨ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠠᠳᠠᠯ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠲᠤ ᠮᠡᠳᠡᠭᠦᠯᠦᠨ ᠳᠠᠩᠰᠠᠯᠠᠭᠤᠯᠵᠤ᠂ ᠠᠳᠠᠯ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠨᠢ ᠳᠠᠩᠰᠠᠯᠠᠭᠤᠯᠤᠭᠰᠠᠨ ᠪᠠᠶᠢᠳᠠᠯ ᠢᠶᠠᠨ ᠠᠳᠠᠯ ᠠᠬᠤᠢ ᠶᠢᠨ ᠲᠥᠷᠥᠯ ᠵᠦᠢᠯ ᠤᠨ ᠪᠠᠶᠢᠭ᠎ᠠ | ᠭᠠᠵᠠᠷ ᠤᠨ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠲᠤ ᠪᠢᠴᠢᠭ ᠢᠶᠠᠷ ᠮᠡᠳᠡᠭᠳᠡᠬᠦ ᠬᠡᠷᠡᠭᠲᠡᠢ᠃ | ᠲᠠᠪᠢᠨ ᠬᠤᠶᠠᠳᠤᠭᠠᠷ ᠵᠦᠢᠯ ᠠᠳᠠᠯ ᠠᠬᠤᠢ ᠶᠢᠨ ᠦᠢᠯᠡᠴᠢᠯᠡᠭᠴᠢ ᠳᠠᠷᠠᠭᠠᠬᠢ ᠡᠷᠬᠡ ᠨᠦᠭᠦᠳ ᠢ ᠡᠳ᠋ᠯᠡᠨ᠎ᠡ᠄ | ︵ᠨᠢᠭᠡ︶ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠪᠠ ᠬᠠᠮᠢᠶᠠᠷᠤᠯᠲᠠ ᠶᠢᠨ ᠳᠦᠷᠢᠮ ᠤᠨ ᠶᠣᠰᠣᠭᠠᠷ | ᠠᠳᠠᠯ ᠠᠬᠤᠢ ᠳᠤ ᠬᠠᠮᠢᠶᠠᠷᠤᠯᠲᠠ ᠶᠠᠪᠤᠭᠤᠯᠤᠨ᠎ᠠ᠃ | ︵ᠬᠤᠶᠠᠷ︶ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠠᠳᠠᠯ | ᠠᠬᠤᠢ ᠶᠢᠨ ᠦᠢᠯᠡᠴᠢᠯᠡᠭᠡᠨ ᠤ ᠰᠦᠢᠳᠬᠡᠯ ᠬᠤᠷᠢᠶᠠᠬᠤ᠃ | ︵ᠭᠤᠷᠪᠠ︶ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠤ ᠳᠣᠲᠣᠷᠠᠬᠢ ᠲᠤᠰᠬᠠᠢ ᠦᠢᠯᠡᠴᠢᠯᠡᠭᠡᠨ ᠤ | ᠲᠤᠬᠠᠶᠢᠯᠠᠭᠰᠠᠨ ᠠᠵᠢᠯ ᠢ ᠲᠤᠰᠬᠠᠢ ᠦᠢᠯᠡᠴᠢᠯᠡᠭᠡᠨ ᠤ ᠠᠵᠤ ᠠᠬᠤᠶᠢᠯᠠᠯ ᠳᠤ ᠨᠠᠶᠢᠳᠠᠵᠤ ᠪᠣᠯᠣᠨ᠎ᠠ᠂ ᠭᠡᠬᠦ ᠳᠡᠭᠡᠨ | ᠲᠣᠰ ᠣᠷᠣᠨ ᠤ ᠳᠣᠲᠣᠷᠠᠬᠢ ᠪᠥᠬᠦ ᠠᠳᠠᠯ ᠠᠬᠤᠢ ᠶᠢᠨ ᠦᠢᠯᠡᠴᠢᠯᠡᠭᠡ ᠶᠢ ᠵᠡᠷᠭᠡᠪᠡᠷ ᠪᠤᠰᠤᠳ ᠲᠤ ᠨᠠᠶᠢᠳᠠᠵᠤ ᠪᠣᠯᠬᠤ | ᠦᠭᠡᠢ᠃ | ︵ᠳᠥᠷᠪᠡ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠠ ᠠᠳᠠᠯ ᠠᠬᠤᠢ ᠶᠢᠨ | ᠦᠢᠯᠡᠴᠢᠯᠡᠭᠡᠨ ᠤ ᠭᠡᠷ᠎ᠡ ᠳᠤ ᠪᠣᠯᠵᠣᠨ ᠲᠣᠭᠲᠠᠭᠰᠠᠨ ᠪᠤᠰᠤᠳ ᠡᠷᠬᠡ ᠨᠦᠭᠦᠳ᠃ | ᠲᠠᠪᠢᠨ ᠭᠤᠷᠪᠠᠳᠤᠭᠠᠷ ᠵᠦᠢᠯ ᠠᠳᠠᠯ ᠠᠬᠤᠢ ᠶᠢᠨ ᠦᠢᠯᠡᠴᠢᠯᠡᠭᠴᠢ ᠳᠠᠷᠠᠭᠠᠬᠢ ᠡᠭᠦᠷᠭᠡ ᠶᠢ ᠭᠦᠢᠴᠡᠳᠬᠡᠬᠦ | ᠬᠡᠷᠡᠭᠲᠡᠢ᠄ | ︵ᠨᠢᠭᠡ︶ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠶᠣᠰᠣᠭᠠᠷ᠂ ᠤᠯᠤᠰ ᠪᠠ ᠥᠪᠡᠷᠲᠡᠭᠡᠨ ᠵᠠᠰᠠᠬᠤ | ᠣᠷᠣᠨ ᠤ ᠠᠳᠠᠯ ᠠᠬᠤᠢ ᠶᠢᠨ ᠦᠢᠯᠡᠴᠢᠯᠡᠭᠡᠨ ᠤ ᠬᠤᠯᠪᠣᠭᠳᠠᠯ ᠪᠦᠬᠦᠢ ᠪᠠᠷᠢᠮᠵᠢᠶ᠎ᠠ ᠶᠣᠰᠣᠭᠠᠷ ᠠᠳᠠᠯ ᠠᠬᠤᠢ ᠶᠢᠨ | ᠦᠢᠯᠡᠴᠢᠯᠡᠭᠡ ᠬᠠᠩᠭᠠᠨ᠎ᠠ᠃ | ︵ᠬᠤᠶᠠᠷ︶ ᠥᠮᠴᠢᠲᠡᠨ᠂ ᠠᠳᠠᠯ ᠠᠬᠤᠢ ᠶᠢᠨ ᠬᠡᠷᠡᠭᠯᠡᠭᠴᠢ ᠨᠢ ᠠᠳᠠᠯ ᠠᠬᠤᠢ ᠶᠢ ᠬᠡᠷᠡᠭᠯᠡᠬᠦ ᠠᠴᠠ ᠡᠮᠦᠨ᠎ᠡ | ᠂ ᠠᠳᠠᠯ ᠠᠬᠤᠢ ᠶᠢᠨ ᠬᠠᠮᠲᠤ ᠪᠠᠷ ᠬᠡᠷᠡᠭᠯᠡᠬᠦ ᠬᠡᠰᠡᠭ᠂ ᠬᠠᠮᠲᠤ ᠪᠠᠷ ᠬᠡᠷᠡᠭᠯᠡᠬᠦ ᠲᠥᠬᠦᠭᠡᠷᠦᠮᠵᠢ ᠲᠥᠬᠦᠭᠡᠷᠦᠮᠵᠢ ᠶᠢ | ᠬᠡᠷᠡᠭᠯᠡᠬᠦ ᠠᠷᠭ᠎ᠠ᠂ ᠬᠠᠮᠠᠭᠠᠯᠠᠬᠤ ᠱᠠᠭᠠᠷᠳᠠᠯᠭ᠎ᠠ᠂ ᠠᠩᠬᠠᠷᠬᠤ ᠵᠦᠢᠯᠡᠰ ᠵᠡᠷᠭᠡ ᠬᠤᠯᠪᠣᠭᠳᠠᠯ ᠪᠦᠬᠦᠢ ᠲᠣᠭᠲᠠᠭᠠᠯ ᠢ | ᠥᠮᠴᠢᠲᠡᠨ᠂ ᠠᠳᠠᠯ ᠠᠬᠤᠢ ᠶᠢᠨ ᠬᠡᠷᠡᠭᠯᠡᠭᠴᠢ ᠳᠤ ᠪᠢᠴᠢᠭ ᠢᠶᠠᠷ ᠮᠡᠳᠡᠭᠳᠡᠨ᠎ᠡ᠃ | ︵ᠭᠤᠷᠪᠠ︶ ᠠᠶᠤᠯᠭᠦᠢ ᠶᠢᠨ ᠰᠡᠷᠭᠡᠶᠢᠯᠡᠯᠲᠡ ᠶᠢᠨ ᠠᠵᠢᠯᠲᠠᠨ᠂ ᠲᠥᠬᠦᠭᠡᠷᠦᠮᠵᠢ ᠵᠢᠴᠢ ᠠᠶᠤᠯᠭᠦᠢ ᠶᠢᠨ | ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠶᠤᠯᠭᠦᠢ ᠶᠢᠨ ᠰᠡᠷᠭᠡᠶᠢᠯᠡᠯᠲᠡ ᠶᠢᠨ ᠬᠢᠨᠠᠨ | ᠡᠵᠡᠮᠳᠡᠬᠦ ᠲᠥᠬᠦᠭᠡᠷᠦᠮᠵᠢ ᠶᠢᠨ ᠬᠡᠪ ᠤᠨ ᠶᠣᠰᠣᠭᠠᠷ ᠠᠵᠢᠯᠯᠠᠬᠤ ᠶᠢ ᠦᠨᠡᠨᠬᠦ ᠪᠠᠲᠤᠯᠠᠵᠤ᠂ ᠠᠶᠤᠯᠭᠦᠢ ᠶᠢᠨ ᠠᠶᠤᠯ | ᠲᠦᠭᠰᠢᠭᠦᠷᠢ ᠶᠢᠨ ᠲᠠᠯᠳᠠ ᠭᠡᠮ ᠪᠠᠶᠢᠬᠤ ᠶᠢ ᠣᠯᠵᠤ ᠮᠡᠳᠡᠪᠡᠯ᠂ ᠴᠠᠭ ᠲᠤᠬᠠᠢ ᠳᠤᠨᠢ ᠰᠡᠷᠡᠮᠵᠢᠯᠡᠭᠦᠯᠬᠦ ᠲᠡᠮᠳᠡᠭ | ᠲᠠᠯᠪᠢᠵᠤ᠂ ᠠᠷᠭ᠎ᠠ ᠬᠡᠮᠵᠢᠶ᠎ᠡ ᠠᠪᠴᠤ ᠪᠠᠶᠢᠭᠠᠳ ᠲᠠᠯᠳᠠ ᠭᠡᠮ ᠢ ᠠᠷᠢᠯᠭᠠᠬᠤ ᠪᠤᠶᠤ ᠬᠠᠮᠢᠶ᠎ᠠ ᠪᠦᠬᠦᠢ ᠰᠠᠯᠠᠭ᠎ᠠ | ᠮᠥᠴᠢᠷ ᠪᠤᠶᠤ ᠪᠠᠶᠢᠭᠤᠯᠤᠮᠵᠢ ᠳᠤ ᠮᠡᠳᠡᠭᠦᠯᠬᠦ ᠬᠡᠷᠡᠭᠲᠡᠢ | ︵ᠳᠥᠷᠪᠡ︶ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠳᠦᠷᠢᠮ ᠢ ᠲᠣᠭᠲᠠᠭᠠᠨ᠂ ᠭᠠᠯ ᠤᠨᠲᠠᠷᠠᠭᠠᠵᠤ | ᠠᠶᠤᠯ ᠠᠴᠠ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠭᠠᠯ ᠰᠡᠷᠭᠡᠶᠢᠯᠡᠬᠦ ᠲᠣᠭᠤᠷᠢᠨ ᠪᠠᠶᠢᠴᠠᠭᠠᠬᠤ᠂ | ᠪᠠᠶᠢᠴᠠᠭᠠᠬᠤ ᠪᠠ ᠭᠠᠯ ᠤᠨᠲᠠᠷᠠᠭᠠᠬᠤ ᠤᠬᠠᠭᠤᠯᠭ᠎ᠠ ᠬᠥᠮᠦᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ | ᠭᠠᠯ ᠤᠨ ᠠᠶᠤᠯ ᠤᠨ ᠲᠠᠯᠳᠠ ᠭᠡᠮ ᠢ ᠴᠠᠭ ᠲᠤᠬᠠᠢ ᠳᠤᠨᠢ ᠠᠷᠢᠯᠭᠠᠨ᠂ ᠭᠠᠯ ᠤᠨᠲᠠᠷᠠᠭᠠᠵᠤ ᠠᠶᠤᠯ ᠠᠴᠠ | ᠬᠠᠮᠠᠭᠠᠯᠠᠬᠤ ᠰᠡᠷᠭᠡᠶᠢᠯᠡᠯᠲᠡ ᠶᠢᠨ ᠦᠢᠯᠡᠴᠢᠯᠡᠭᠡᠨ ᠬᠠᠩᠭᠠᠵᠤ᠂ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠨ | ᠲᠠᠷᠬᠠᠭᠠᠬᠤ ᠪᠡᠯᠡᠳᠬᠡᠯ ᠲᠥᠰᠥᠯ ᠲᠣᠭᠲᠠᠭᠠᠵᠤ᠂ ᠠᠳᠠᠯ ᠠᠬᠤᠢ ᠶᠢᠨ ᠦᠢᠯᠡᠴᠢᠯᠡᠭᠡᠨ ᠤ ᠬᠥᠮᠥᠰ ᠵᠢᠴᠢ | ᠥᠮᠴᠢᠲᠡᠨ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠭᠠᠯ ᠤᠨᠲᠠᠷᠠᠭᠠᠵᠤ ᠠᠶᠤᠯ ᠠᠴᠠ | ᠬᠠᠮᠠᠭᠠᠯᠠᠬᠤ ᠰᠣᠷᠢᠯᠲᠠ ᠬᠢᠵᠦ᠂ ᠭᠠᠯ ᠤᠨᠲᠠᠷᠠᠭᠠᠬᠤ ᠲᠥᠬᠦᠭᠡᠷᠦᠮᠵᠢ ᠶᠢᠨ ᠬᠡᠪ ᠤᠨ ᠶᠣᠰᠣᠭᠠᠷ ᠬᠡᠷᠡᠭᠯᠡᠭᠳᠡᠬᠦ ᠶᠢ | ᠦᠨᠡᠨᠬᠦ ᠪᠠᠲᠤᠯᠠᠨ᠎ᠠ | ︵ᠲᠠᠪᠤ︶ ᠠᠳᠠᠯ ᠠᠬᠤᠢ ᠶᠢᠨ ᠣᠷᠣᠨ ᠪᠦᠰᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ | ᠬᠠᠮᠠᠭᠠᠯᠠᠵᠤ᠂ ᠥᠮᠴᠢᠲᠡᠨ ᠢ ᠬᠥᠲᠥᠯᠥᠨ ᠵᠢᠯᠤᠭᠤᠳᠴᠤ ᠪᠠᠶᠢᠭᠠᠳ ᠬᠤᠭ ᠨᠣᠪᠰᠢ ᠶᠢ ᠲᠥᠷᠥᠯ ᠬᠤᠪᠢᠶᠠᠨ ᠬᠠᠶᠠᠬᠤ | ᠃ | ︵ᠵᠢᠷᠭᠤᠭ᠎ᠠ︶ ᠠᠳᠠᠯ ᠠᠬᠤᠢ ᠶᠢᠨ ᠬᠠᠮᠲᠤ ᠪᠠᠷ ᠬᠡᠷᠡᠭᠯᠡᠬᠦ ᠬᠡᠰᠡᠭ᠂ ᠬᠠᠮᠲᠤ ᠪᠠᠷ ᠬᠡᠷᠡᠭᠯᠡᠬᠦ ᠲᠥᠬᠦᠭᠡᠷᠦᠮᠵᠢ | ᠲᠥᠬᠦᠭᠡᠷᠦᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠠᠷᠠᠴᠢᠯᠠᠨ ᠬᠠᠮᠠᠭᠠᠯᠠᠵᠤ᠂ ᠠᠳᠠᠯ ᠠᠬᠤᠢ ᠶᠢᠨ | ᠦᠢᠯᠡᠴᠢᠯᠡᠭᠡᠨ ᠤ ᠭᠡᠷ᠎ᠡ ᠶᠢᠨ ᠪᠣᠯᠵᠣᠯ ᠶᠣᠰᠣᠭᠠᠷ ᠵᠣᠬᠢᠶᠠᠨ ᠪᠠᠶᠢᠭᠤᠯᠵᠤ ᠰᠡᠯᠪᠢᠨ ᠵᠠᠰᠠᠬᠤ᠃ | ︵ᠳᠣᠯᠤᠭ᠎ᠠ︶ ᠠᠳᠠᠯ ᠠᠬᠤᠢ ᠶᠢᠨ ᠰᠡᠯᠪᠢᠨ ᠵᠠᠰᠠᠬᠤ᠂ ᠠᠷᠠᠴᠢᠯᠠᠨ ᠬᠠᠮᠠᠭᠠᠯᠠᠬᠤ᠂ ᠰᠢᠨᠡᠳᠬᠡᠬᠦ ᠵᠢᠴᠢ | ᠵᠠᠷᠤᠳᠠᠯ ᠤᠨ ᠣᠷᠣᠯᠭ᠎ᠠ ᠵᠠᠷᠤᠯᠭ᠎ᠠ ᠶᠢᠨ ᠲᠥᠷᠥᠯ ᠪᠦᠷᠢ ᠶᠢᠨ ᠲᠡᠮᠳᠡᠭᠯᠡᠯ ᠢ ᠰᠠᠶᠢᠲᠤᠷ ᠬᠢᠵᠦ᠂ ᠠᠳᠠᠯ ᠠᠬᠤᠢ ᠶᠢᠨ | ᠲᠠᠩᠰᠠ ᠡᠪᠬᠡᠮᠡᠯ ᠤᠨ ᠮᠠᠲ᠋ᠧᠷᠢᠶᠠᠯ ᠪᠠ ᠬᠤᠯᠪᠣᠭᠳᠠᠯ ᠪᠦᠬᠦᠢ ᠡᠳ᠋ ᠤᠨ ᠶᠠᠪᠤᠳᠠᠯ ᠤᠨ ᠲᠠᠩᠰᠠ ᠶᠢ ᠲᠣᠬᠢᠲᠠᠢ | ᠬᠠᠳᠠᠭᠠᠯᠠᠨ ᠬᠠᠮᠢᠶᠠᠷᠴᠤ᠂ ᠠᠳᠠᠯ ᠠᠬᠤᠢ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠤᠨ᠂ | ᠥᠮᠴᠢᠲᠡᠨ ᠳᠤ ᠰᠦᠢᠳᠬᠡᠯ ᠬᠤᠷᠢᠶᠠᠬᠤ ᠦᠭᠡᠢ ᠪᠠᠷ ᠪᠠᠶᠢᠴᠠᠭᠠᠨ ᠯᠠᠪᠯᠠᠬᠤ ᠦᠢᠯᠡᠴᠢᠯᠡᠭᠡ ᠬᠠᠩᠭᠠᠨ᠎ᠠ᠃ | ︵ᠨᠠᠢᠮᠠ︶ ᠬᠤᠷᠢᠨ ᠳᠥᠷᠪᠡᠨ ᠴᠠᠭ ᠢᠶᠠᠷ ᠵᠢᠵᠢᠭᠦᠷᠯᠡᠬᠦ ᠳᠦᠷᠢᠮ ᠢ ᠬᠡᠷᠡᠭᠵᠢᠭᠦᠯᠵᠦ᠂ ᠠᠳᠠᠯ ᠠᠬᠤᠢ ᠶᠢᠨ | ᠦᠢᠯᠡᠴᠢᠯᠡᠭᠡᠨ ᠤ ᠠᠵᠢᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠪᠠᠶᠢᠭᠤᠯᠤᠨ | ᠲᠡᠭᠦᠯᠳᠡᠷᠵᠢᠭᠦᠯᠵᠦ᠂ ᠠᠳᠠᠯ ᠠᠬᠤᠢ ᠶᠢᠨ ᠦᠢᠯᠡᠴᠢᠯᠡᠭᠡᠨ ᠤ ᠳᠤᠮᠳᠠᠬᠢ ᠭᠡᠨᠡᠳᠲᠡ ᠶᠢᠨ ᠬᠡᠷᠡᠭ ᠢ ᠴᠠᠭ ᠲᠤᠬᠠᠢ ᠳᠤᠨᠢ | ᠰᠢᠢᠳᠪᠦᠷᠢᠯᠡᠨ᠎ᠡ᠃ | ︵ᠶᠢᠰᠦ︶ ᠥᠮᠴᠢᠲᠡᠨ ᠤ ᠵᠥᠪᠯᠡᠯ᠂ ᠥᠮᠴᠢᠲᠡᠨ᠂ ᠠᠳᠠᠯ ᠠᠬᠤᠢ ᠶᠢᠨ ᠬᠡᠷᠡᠭᠯᠡᠭᠴᠢ ᠶᠢᠨ ᠰᠠᠨᠠᠯ ᠢ | ᠰᠣᠨᠣᠰᠴᠤ᠂ ᠠᠳᠠᠯ ᠠᠬᠤᠢ ᠶᠢᠨ ᠦᠢᠯᠡᠴᠢᠯᠡᠭᠡ ᠶᠢ ᠰᠠᠶᠢᠵᠢᠷᠠᠭᠤᠯᠤᠨ ᠲᠡᠭᠦᠯᠳᠡᠷᠵᠢᠭᠦᠯᠦᠨ᠎ᠡ᠃ | ︵ᠠᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠠ ᠠᠳᠠᠯ ᠠᠬᠤᠢ ᠶᠢᠨ | ᠦᠢᠯᠡᠴᠢᠯᠡᠭᠡᠨ ᠤ ᠭᠡᠷ᠎ᠡ ᠳᠤ ᠪᠣᠯᠵᠣᠨ ᠲᠣᠭᠲᠠᠭᠰᠠᠨ ᠪᠤᠰᠤᠳ ᠡᠭᠦᠷᠭᠡ ᠨᠦᠭᠦᠳ᠃ | ᠲᠠᠪᠢᠨ ᠳᠥᠷᠪᠡᠳᠦᠭᠡᠷ ᠵᠦᠢᠯ ᠠᠳᠠᠯ ᠠᠬᠤᠢ ᠶᠢᠨ ᠦᠢᠯᠡᠴᠢᠯᠡᠭᠴᠢ ᠬᠠᠤᠯᠢ ᠴᠠᠭᠠᠵᠠ ᠬᠠᠤᠯᠢ ᠲᠣᠭᠲᠠᠭᠠᠯ ᠪᠠ | ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠶᠢᠨ ᠪᠣᠯᠵᠣᠯ ᠢ ᠵᠢᠷᠤᠮᠯᠠᠬᠤ ᠬᠡᠷᠡᠭᠲᠡᠢ᠃ ᠥᠮᠴᠢᠲᠡᠨ ᠤ ᠶᠡᠭᠡ | ᠬᠤᠷᠠᠯ ᠢᠶᠠᠷ ᠵᠥᠪᠰᠢᠶᠡᠷᠡᠭᠦᠯᠦᠭᠰᠡᠨ ᠦᠭᠡᠢ ᠪᠤᠶᠤ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠳᠤ ᠬᠠᠮᠢᠶ᠎ᠠ ᠪᠦᠬᠦᠢ | ᠪᠣᠯᠵᠤᠭ᠎ᠠ ᠦᠭᠡᠢ ᠪᠣᠯ᠂ ᠠᠳᠠᠯ ᠠᠬᠤᠢ ᠶᠢᠨ ᠦᠢᠯᠡᠴᠢᠯᠡᠭᠡᠨ ᠤ ᠵᠠᠷᠤᠳᠠᠯ᠂ ᠣᠯᠠᠨ ᠨᠡᠶᠢᠲᠡ ᠶᠢᠨ ᠤᠰᠤᠨ | ᠴᠠᠬᠢᠯᠭᠠᠨ ᠤ ᠬᠤᠪᠢᠶᠠᠨ ᠳᠠᠭᠠᠭᠠᠬᠤ ᠵᠠᠷᠤᠳᠠᠯ᠂ ᠲᠡᠷᠭᠡ ᠬᠥᠰᠬᠡ ᠶᠢ ᠵᠣᠭᠰᠤᠭᠠᠬᠤ ᠵᠠᠷᠤᠳᠠᠯ ᠵᠡᠷᠭᠡ ᠶᠢ ᠨᠡᠶᠢᠯᠡᠭᠦᠯᠦᠨ | ᠰᠦᠢᠳᠬᠡᠯ ᠬᠤᠷᠢᠶᠠᠵᠤ ᠪᠣᠯᠬᠤ ᠦᠭᠡᠢ᠃ ᠤᠰᠤ ᠬᠠᠩᠭᠠᠬᠤ᠂ ᠴᠠᠬᠢᠯᠭᠠᠨ ᠬᠠᠩᠭᠠᠬᠤ᠂ ᠳᠤᠯᠠᠭᠠᠯᠠᠭ᠎ᠠ ᠬᠠᠩᠭᠠᠬᠤ᠂ | ᠬᠡᠢ ᠬᠠᠩᠭᠠᠬᠤ ᠶᠢ ᠵᠣᠭᠰᠤᠭᠠᠬᠤ ᠵᠢᠴᠢ ᠥᠮᠴᠢᠲᠡᠨ ᠤ ᠬᠤᠷᠢᠶᠠᠯᠠᠯ ᠲᠤ ᠣᠷᠣᠬᠤ᠂ ᠡᠷᠦᠬᠡ ᠳᠤ ᠣᠷᠣᠬᠤ ᠶᠢ | ᠬᠢᠵᠠᠭᠠᠷᠯᠠᠬᠤ ᠵᠡᠷᠭᠡ ᠠᠷᠭ᠎ᠠ ᠮᠠᠶ᠋ᠢᠭ ᠢᠶᠠᠷ ᠠᠳᠠᠯ ᠠᠬᠤᠢ ᠶᠢᠨ ᠦᠢᠯᠡᠴᠢᠯᠡᠭᠡᠨ ᠤ ᠰᠦᠢᠳᠬᠡᠯ ᠢ ᠰᠢᠪᠠᠳᠠᠨ | ᠲᠤᠰᠢᠶᠠᠯᠭᠠᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠰᠢᠪᠠᠳᠠᠨ ᠲᠤᠰᠢᠶᠠᠯᠭᠠᠵᠤ ᠪᠣᠯᠬᠤ ᠦᠭᠡᠢ᠃ | ᠥᠮᠴᠢᠲᠡᠨ ᠳᠤ ᠬᠠᠷᠢᠶᠠᠯᠠᠭᠳᠠᠬᠤ ᠬᠠᠮᠲᠤ ᠶᠢᠨ ᠡᠳ᠋ ᠬᠥᠷᠥᠩᠭᠡ ᠶᠢ ᠰᠢᠢᠳᠪᠦᠷᠢᠯᠡᠵᠦ ᠪᠣᠯᠬᠤ ᠦᠭᠡᠢ᠃ | ᠠᠳᠠᠯ ᠠᠬᠤᠢ ᠶᠢᠨ ᠦᠢᠯᠡᠴᠢᠯᠡᠭᠴᠢ ᠨᠢ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠶᠢᠨ ᠪᠣᠯᠵᠣᠯ ᠢ | ᠭᠦᠢᠴᠡᠳᠬᠡᠭᠰᠡᠨ ᠦᠭᠡᠢ ᠠᠴᠠ ᠪᠣᠯᠵᠤ ᠥᠮᠴᠢᠲᠡᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠵᠣᠬᠢᠴᠠᠩᠭᠤᠢ | ᠬᠠᠤᠯᠢ ᠶᠢᠨ ᠬᠠᠷᠢᠭᠤᠴᠠᠯᠭ᠎ᠠ ᠡᠭᠦᠷᠭᠡᠯᠡᠨ᠎ᠡ᠃ | ᠲᠠᠪᠢᠨ ᠲᠠᠪᠤᠳᠤᠭᠠᠷ ᠵᠦᠢᠯ ᠠᠳᠠᠯ ᠠᠬᠤᠢ ᠶᠢᠨ ᠦᠢᠯᠡᠴᠢᠯᠡᠭᠴᠢ ᠨᠢ ᠳᠠᠷᠠᠭᠠᠬᠢ ᠮᠡᠳᠡᠭᠡ ᠵᠠᠩᠭᠢ ᠶᠢ ᠠᠳᠠᠯ | ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠶᠢᠨ ᠳᠣᠲᠣᠷᠠᠬᠢ ᠢᠯᠡᠷᠬᠡᠢ ᠪᠠᠶᠢᠷᠢᠨ ᠳᠤ ᠢᠯᠡ ᠨᠡᠶᠢᠲᠡᠯᠡᠬᠦ | ᠬᠡᠷᠡᠭᠲᠡᠢ᠄ | ︵ᠨᠢᠭᠡ︶ ᠲᠥᠷᠥᠯ ᠵᠦᠢᠯ ᠤᠨ ᠬᠠᠷᠢᠭᠤᠴᠠᠯᠭᠠᠲᠠᠨ ᠤ ᠦᠨᠳᠦᠰᠦᠨ ᠪᠠᠶᠢᠳᠠᠯ᠂ ᠬᠠᠷᠢᠯᠴᠠᠬᠤ ᠠᠷᠭ᠎ᠠ ᠮᠠᠶ᠋ᠢᠭ | ᠪᠠ ᠠᠳᠠᠯ ᠠᠬᠤᠢ ᠶᠢᠨ ᠵᠠᠭᠠᠯᠳᠤᠯᠭ᠎ᠠ ᠶᠢᠨ ᠤᠲᠠᠰᠤ᠃ | ︵ᠬᠤᠶᠠᠷ︶ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠳᠤ ᠪᠣᠯᠵᠣᠨ ᠲᠣᠭᠲᠠᠭᠠᠭᠰᠠᠨ ᠦᠢᠯᠡᠴᠢᠯᠡᠭᠡᠨ ᠤ | ᠠᠭᠤᠯᠭ᠎ᠠ᠂ ᠦᠢᠯᠡᠴᠢᠯᠡᠭᠡᠨ ᠤ ᠪᠠᠷᠢᠮᠵᠢᠶ᠎ᠠ᠂ ᠰᠦᠢᠳᠬᠡᠯ ᠬᠤᠷᠢᠶᠠᠬᠤ ᠵᠦᠢᠯᠡᠰ᠂ ᠰᠦᠢᠳᠬᠡᠯ ᠬᠤᠷᠢᠶᠠᠬᠤ ᠪᠠᠷᠢᠮᠵᠢᠶ᠎ᠠ | ᠪᠠ ᠰᠦᠢᠳᠬᠡᠯ ᠬᠤᠷᠢᠶᠠᠬᠤ ᠠᠷᠭ᠎ᠠ ᠮᠠᠶ᠋ᠢᠭ᠃ | ︵ᠭᠤᠷᠪᠠ︶ ᠠᠳᠠᠯ ᠠᠬᠤᠢ ᠶᠢᠨ ᠦᠢᠯᠡᠴᠢᠯᠡᠭᠴᠢ ᠶᠢᠨ ᠡᠷᠬᠡ ᠪᠠ ᠡᠭᠦᠷᠭᠡ᠃ | ︵ᠳᠥᠷᠪᠡ︶ ᠴᠠᠬᠢᠯᠭᠠᠨ ᠱᠠᠲᠤ᠂ ᠭᠠᠯ ᠤᠨᠲᠠᠷᠠᠭᠠᠬᠤ᠂ ᠬᠢᠨᠠᠨ ᠡᠵᠡᠮᠳᠡᠬᠦ ᠵᠡᠷᠭᠡ ᠲᠤᠰᠬᠠᠢ ᠵᠦᠢᠯ ᠤᠨ | ᠲᠥᠬᠦᠭᠡᠷᠦᠮᠵᠢ ᠲᠥᠬᠦᠭᠡᠷᠦᠮᠵᠢ ᠶᠢᠨ ᠡᠳᠦᠷ ᠲᠤᠳᠤᠮ ᠤᠨ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠨᠢᠭᠡᠴᠢ ᠶᠢᠨ | ᠨᠡᠷᠡᠶᠢᠳᠦᠯ᠂ ᠬᠢᠷᠢ ᠬᠡᠮ᠂ ᠬᠠᠷᠢᠯᠴᠠᠬᠤ ᠠᠷᠭ᠎ᠠ ᠮᠠᠶ᠋ᠢᠭ ᠪᠣᠯᠣᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠲᠥᠰᠥᠯ | ︵ᠲᠠᠪᠤ︶ ᠥᠮᠴᠢᠲᠡᠨ ᠤ ᠠᠳᠠᠯ ᠠᠬᠤᠢ ᠶᠢᠨ ᠦᠢᠯᠡᠴᠢᠯᠡᠭᠡᠨ ᠤ ᠵᠠᠷᠤᠳᠠᠯ᠂ ᠣᠯᠠᠨ ᠨᠡᠶᠢᠲᠡ ᠶᠢᠨ ᠤᠰᠤᠨ | ᠴᠠᠬᠢᠯᠭᠠᠨ ᠤ ᠬᠤᠪᠢᠶᠠᠨ ᠳᠠᠭᠠᠭᠠᠬᠤ ᠵᠠᠷᠤᠳᠠᠯ ᠢ ᠲᠤᠰᠢᠶᠠᠭᠰᠠᠨ ᠪᠠᠶᠢᠳᠠᠯ᠂ ᠣᠷᠣᠨ ᠰᠠᠭᠤᠴᠠ ᠶᠢ ᠲᠤᠰᠬᠠᠶᠢᠯᠠᠨ | ᠰᠡᠯᠪᠢᠨ ᠵᠠᠰᠠᠬᠤ ᠪᠡᠯᠡ ᠮᠥᠩᠭᠦ ᠶᠢ ᠬᠡᠷᠡᠭᠯᠡᠭᠰᠡᠨ ᠪᠠᠶᠢᠳᠠᠯ᠂ ᠠᠳᠠᠯ ᠠᠬᠤᠢ ᠶᠢᠨ ᠬᠠᠮᠲᠤ ᠪᠠᠷ ᠬᠡᠷᠡᠭᠯᠡᠬᠦ ᠣᠷᠣᠨ | ᠪᠠᠶᠢᠷᠢ᠂ ᠬᠠᠮᠲᠤ ᠪᠠᠷ ᠬᠡᠷᠡᠭᠯᠡᠬᠦ ᠲᠥᠬᠦᠭᠡᠷᠦᠮᠵᠢ ᠲᠥᠬᠦᠭᠡᠷᠦᠮᠵᠢ ᠶᠢ ᠡᠵᠡᠩᠨᠡᠭᠡᠳ ᠣᠯᠣᠭᠰᠠᠨ ᠠᠰᠢᠭ ᠣᠷᠣᠯᠭ᠎ᠠ᠃ | ︵ᠵᠢᠷᠭᠤᠭ᠎ᠠ︶ ᠭᠡᠷ ᠪᠠᠶᠢᠰᠢᠩ ᠤᠨ ᠵᠠᠰᠠᠯ ᠴᠢᠮᠡᠭᠯᠡᠯ ᠵᠢᠴᠢ ᠬᠡᠷᠡᠭᠯᠡᠬᠦ ᠶᠠᠪᠤᠴᠠ ᠳᠠᠬᠢ ᠪᠦᠲᠦᠴᠡ ᠶᠢᠨ | ᠬᠤᠪᠢᠷᠠᠯᠲᠠ ᠵᠡᠷᠭᠡ ᠠᠶᠤᠯᠭᠦᠢ ᠶᠢᠨ ᠵᠦᠢᠯᠡᠰ᠃ | ︵ᠲᠤᠯᠤᠭ᠎ᠠ︶ ᠵᠠᠷᠯᠠᠨ ᠨᠡᠶᠢᠲᠡᠯᠡᠬᠦ ᠶᠣᠰᠣᠲᠠᠢ ᠪᠤᠰᠤᠳ ᠠᠭᠤᠯᠭ᠎ᠠ᠃ | ᠥᠮᠴᠢᠲᠡᠨ ᠨᠢ ᠵᠠᠷᠯᠠᠨ ᠨᠡᠶᠢᠲᠡᠯᠡᠭᠰᠡᠨ ᠠᠭᠤᠯᠭ᠎ᠠ ᠳᠤ ᠣᠨᠳᠣᠣ ᠰᠠᠨᠠᠯ ᠲᠠᠢ ᠪᠠᠶᠢᠪᠠᠯ᠂ ᠠᠳᠠᠯ ᠠᠬᠤᠢ ᠶᠢᠨ | ᠦᠢᠯᠡᠴᠢᠯᠡᠭᠴᠢ ᠠᠴᠠ ᠬᠠᠷᠢᠭᠤᠯᠲᠠ ᠥᠭᠬᠦ ᠬᠡᠷᠡᠭᠲᠡᠢ᠃ | ᠲᠠᠪᠢᠨ ᠵᠢᠷᠭᠤᠳᠤᠭᠠᠷ ᠵᠦᠢᠯ ᠠᠳᠠᠯ ᠠᠬᠤᠢ ᠶᠢᠨ ᠦᠢᠯᠡᠴᠢᠯᠡᠭᠴᠢ ᠠᠳᠠᠯ ᠠᠬᠤᠢ ᠶᠢᠨ ᠦᠢᠯᠡᠴᠢᠯᠡᠭᠡᠨ ᠤ | ᠵᠦᠢᠯᠡᠰ ᠠᠴᠠ ᠪᠠᠨ ᠤᠬᠤᠷᠢᠨ ᠭᠠᠷᠬᠤ ᠳᠤ ᠬᠦᠷᠪᠡᠯ᠂ ᠭᠤᠴᠢᠨ ᠡᠳᠦᠷ ᠤᠨ ᠡᠮᠦᠨ᠎ᠡ ᠥᠮᠴᠢᠲᠡᠨ ᠪᠤᠶᠤ | ᠥᠮᠴᠢᠲᠡᠨ ᠤ ᠵᠥᠪᠯᠡᠯ ᠳᠤ ᠪᠢᠴᠢᠭ ᠢᠶᠠᠷ ᠮᠡᠳᠡᠭᠳᠡᠬᠦ ᠶᠢᠨ ᠬᠠᠮᠲᠤ ᠲᠣᠭᠲᠠᠭᠠᠯ ᠪᠠ ᠭᠡᠷ᠎ᠡ ᠶᠢᠨ ᠪᠣᠯᠵᠣᠯ ᠶᠣᠰᠣᠭᠠᠷ | ᠰᠢᠯᠵᠢᠭᠦᠯᠦᠨ ᠲᠤᠰᠢᠶᠠᠬᠤ ᠭᠠᠷ ᠭᠦᠢᠴᠡᠳᠬᠡᠯ ᠬᠢᠬᠦ ᠶᠢᠨ ᠬᠠᠮᠲᠤ ᠳᠠᠷᠠᠭᠠᠬᠢ ᠮᠠᠲ᠋ᠧᠷᠢᠶᠠᠯ ᠢ ᠰᠢᠯᠵᠢᠭᠦᠯᠦᠨ | ᠲᠤᠰᠢᠶᠠᠬᠤ ᠬᠡᠷᠡᠭᠲᠡᠢ᠄ | ︵ᠨᠢᠭᠡ︶ ᠪᠦᠲᠦᠭᠡᠨ ᠪᠠᠶᠢᠭᠤᠯᠬᠤ ᠨᠢᠭᠡᠴᠢ ᠠᠴᠠ ᠠᠳᠠᠯ ᠠᠬᠤᠢ ᠶᠢᠨ ᠦᠢᠯᠡᠴᠢᠯᠡᠭᠴᠢ ᠳᠤ ᠰᠢᠯᠵᠢᠭᠦᠯᠦᠨ | ᠲᠤᠰᠢᠶᠠᠭᠰᠠᠨ ᠬᠠᠮᠢᠶ᠎ᠠ ᠪᠦᠬᠦᠢ ᠮᠠᠲ᠋ᠧᠷᠢᠶᠠᠯ᠃ | ︵ᠬᠤᠶᠠᠷ︶ ᠴᠠᠬᠢᠯᠭᠠᠨ ᠱᠠᠲᠤ᠂ ᠭᠠᠯ ᠤᠨᠲᠠᠷᠠᠭᠠᠬᠤ᠂ ᠬᠢᠨᠠᠨ ᠡᠵᠡᠮᠳᠡᠬᠦ ᠵᠡᠷᠭᠡ ᠲᠤᠰᠬᠠᠢ ᠵᠦᠢᠯ ᠤᠨ | ᠲᠥᠬᠦᠭᠡᠷᠦᠮᠵᠢ ᠲᠥᠬᠦᠭᠡᠷᠦᠮᠵᠢ ᠶᠢᠨ ᠮᠡᠷᠭᠡᠵᠢᠯ ᠤᠨ ᠭᠠᠷ ᠳᠡᠪᠲᠡᠷ᠂ ᠬᠠᠮᠠᠭᠠᠯᠠᠵᠤ ᠠᠷᠠᠴᠢᠯᠠᠭᠰᠠᠨ ᠲᠡᠮᠳᠡᠭᠯᠡᠯ ᠵᠡᠷᠭᠡ | ᠬᠠᠮᠢᠶ᠎ᠠ ᠪᠦᠬᠦᠢ ᠮᠠᠲ᠋ᠧᠷᠢᠶᠠᠯ | ︵ᠭᠤᠷᠪᠠ︶ ᠠᠳᠠᠯ ᠠᠬᠤᠢ ᠶᠢᠨ ᠦᠢᠯᠡᠴᠢᠯᠡᠭᠡ ᠳᠤ ᠬᠡᠷᠡᠭᠯᠡᠬᠦ ᠭᠡᠷ ᠪᠠᠶᠢᠰᠢᠩ᠂ ᠥᠮᠴᠢᠲᠡᠨ ᠤ ᠬᠠᠮᠲᠤ ᠪᠠᠷ | ᠬᠡᠷᠡᠭᠯᠡᠬᠦ ᠲᠠᠯᠠᠪᠤᠷ ᠭᠠᠵᠠᠷ ᠪᠠ ᠲᠥᠬᠦᠭᠡᠷᠦᠮᠵᠢ ᠲᠥᠬᠦᠭᠡᠷᠦᠮᠵᠢ ᠶᠢᠨ ᠮᠠᠲ᠋ᠧᠷᠢᠶᠠᠯ᠃ | ︵ᠳᠥᠷᠪᠡ︶ ᠠᠳᠠᠯ ᠠᠬᠤᠢ ᠶᠢᠨ ᠦᠢᠯᠡᠴᠢᠯᠡᠭᠡᠨ ᠤ ᠬᠤᠭᠤᠴᠠᠭᠠᠨ ᠳᠤ ᠲᠣᠬᠢᠷᠠᠭᠤᠯᠤᠭᠰᠠᠨ ᠲᠣᠭᠲᠠᠮᠠᠯ | ᠲᠥᠬᠦᠭᠡᠷᠦᠮᠵᠢ ᠶᠢᠨ ᠲᠥᠬᠦᠭᠡᠷᠦᠮᠵᠢ ᠶᠢᠨ ᠮᠠᠲ᠋ᠧᠷᠢᠶᠠᠯ᠃ | ︵ᠲᠠᠪᠤ︶ ᠠᠳᠠᠯ ᠠᠬᠤᠢ ᠶᠢᠨ ᠦᠢᠯᠡᠴᠢᠯᠡᠭᠴᠢ ᠶᠢᠨ ᠲᠠᠩᠰᠠ ᠡᠪᠬᠡᠮᠡᠯ ᠪᠠᠶᠢᠭᠤᠯᠵᠤ ᠬᠠᠳᠠᠭᠠᠯᠠᠭᠰᠠᠨ ᠠᠳᠠᠯ | ᠠᠬᠤᠢ ᠶᠢ ᠥᠭᠡᠷᠡᠴᠢᠯᠡᠬᠦ᠂ ᠰᠡᠯᠪᠢᠨ ᠵᠠᠰᠠᠬᠤ᠂ ᠠᠷᠠᠴᠢᠯᠠᠨ ᠬᠠᠮᠠᠭᠠᠯᠠᠬᠤ ᠮᠠᠲ᠋ᠧᠷᠢᠶᠠᠯ᠃ | ︵ᠵᠢᠷᠭᠤᠭ᠎ᠠ︶ ᠬᠠᠮᠲᠤ ᠪᠠᠷ ᠬᠡᠷᠡᠭᠯᠡᠬᠦ ᠣᠷᠣᠨ ᠪᠠᠶᠢᠷᠢ᠂ ᠬᠠᠮᠲᠤ ᠪᠠᠷ ᠬᠡᠷᠡᠭᠯᠡᠬᠦ ᠲᠥᠬᠦᠭᠡᠷᠦᠮᠵᠢ | ᠲᠥᠬᠦᠭᠡᠷᠦᠮᠵᠢ ᠶᠢ ᠠᠰᠢᠭᠯᠠᠨ ᠡᠵᠡᠩᠨᠡᠭᠰᠡᠨ ᠬᠤᠯᠪᠣᠭᠳᠠᠯ ᠪᠦᠬᠦᠢ ᠮᠠᠲ᠋ᠧᠷᠢᠶᠠᠯ᠃ | ︵ᠲᠤᠯᠤᠭ᠎ᠠ︶ ᠰᠢᠯᠵᠢᠭᠦᠯᠦᠨ ᠲᠤᠰᠢᠶᠠᠬᠤ ᠶᠣᠰᠣᠲᠠᠢ ᠪᠤᠰᠤᠳ ᠮᠠᠲ᠋ᠧᠷᠢᠶᠠᠯ᠃ | ᠠᠳᠠᠯ ᠠᠬᠤᠢ ᠶᠢᠨ ᠦᠢᠯᠡᠴᠢᠯᠡᠭᠴᠢ ᠨᠢ ᠲᠤᠰᠢᠶᠠᠬᠤ ᠪᠠ ᠭᠥᠯᠢᠶᠡᠨ ᠠᠪᠬᠤ ᠭᠠᠷᠳᠠᠮ ᠢ ᠭᠦᠢᠴᠡᠳᠬᠡᠭᠰᠡᠨ | ᠦᠭᠡᠢ ᠪᠠᠶᠢᠪᠠᠯ᠂ ᠠᠳᠠᠯ ᠠᠬᠤᠢ ᠶᠢᠨ ᠬᠠᠮᠢᠶᠠᠷᠤᠯᠲᠠ ᠶᠢᠨ ᠬᠡᠪ ᠤᠨ ᠡᠮᠬᠢ ᠳᠢᠭᠯᠢᠮ ᠢ ᠪᠠᠲᠤᠯᠠᠬᠤ ᠬᠡᠷᠡᠭᠲᠡᠢ᠂ ᠠᠳᠠᠯ | ᠠᠬᠤᠢ ᠶᠢᠨ ᠬᠠᠮᠢᠶᠠᠷᠤᠯᠲᠠ ᠶᠢᠨ ᠣᠷᠣᠨ ᠠᠴᠠ ᠳᠤᠷ᠎ᠠ ᠪᠠᠷ ᠢᠶᠠᠨ ᠤᠬᠤᠷᠢᠨ ᠭᠠᠷᠴᠤ ᠪᠣᠯᠬᠤ ᠦᠭᠡᠢ᠂ ᠠᠳᠠᠯ | ᠠᠬᠤᠢ ᠶᠢᠨ | ᠲᠠᠪᠢᠨ ᠳᠣᠯᠣᠳᠤᠭᠠᠷ ᠵᠦᠢᠯ ᠠᠳᠠᠯ ᠠᠬᠤᠢ ᠶᠢᠨ ᠦᠢᠯᠡᠴᠢᠯᠡᠭᠴᠢ ᠨᠢ ᠥᠮᠴᠢᠲᠡᠨ ᠤ ᠵᠥᠪᠯᠡᠯ ᠯᠦᠭᠡ ᠪᠤᠶᠤ | ᠲᠡᠭᠦᠨ ᠤ ᠰᠢᠨ᠎ᠡ ᠪᠠᠷ ᠰᠣᠩᠭᠤᠨ ᠤᠷᠢᠭᠰᠠᠨ ᠠᠳᠠᠯ ᠠᠬᠤᠢ ᠶᠢᠨ ᠦᠢᠯᠡᠴᠢᠯᠡᠭᠴᠢ ᠳᠤ ᠨᠠᠶᠢᠳᠠᠵᠤ ᠲᠤᠰᠢᠶᠠᠨ ᠥᠭᠬᠦ | ᠪᠠ ᠭᠥᠯᠢᠶᠡᠨ ᠠᠪᠬᠤ ᠶᠢ ᠭᠦᠢᠴᠡᠳᠬᠡᠭᠰᠡᠨ ᠪᠠᠶᠢᠪᠠᠯ᠂ ᠲᠤᠰᠢᠶᠠᠨ ᠥᠭᠬᠦ ᠪᠠ ᠭᠥᠯᠢᠶᠡᠨ ᠠᠪᠬᠤ ᠬᠤᠶᠠᠷ | ᠲᠠᠯ᠎ᠠ ᠪᠠᠷ ᠢᠶᠠᠨ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠤ ᠳᠣᠲᠣᠷᠠᠬᠢ ᠴᠠᠬᠢᠯᠭᠠᠨ ᠱᠠᠲᠤ᠂ ᠭᠠᠯ | ᠤᠨᠲᠠᠷᠠᠭᠠᠬᠤ᠂ ᠬᠢᠨᠠᠨ ᠡᠵᠡᠮᠳᠡᠬᠦ ᠵᠡᠷᠭᠡ ᠬᠠᠮᠲᠤ ᠪᠠᠷ ᠬᠡᠷᠡᠭᠯᠡᠬᠦ ᠲᠥᠬᠦᠭᠡᠷᠦᠮᠵᠢ ᠲᠥᠬᠦᠭᠡᠷᠦᠮᠵᠢ ᠶᠢ ᠬᠡᠷᠡᠭᠯᠡᠵᠦ | ᠬᠠᠮᠠᠭᠠᠯᠠᠵᠤ ᠪᠠᠶᠢᠭ᠎ᠠ ᠣᠳᠣᠬᠢ ᠪᠠᠶᠢᠳᠠᠯ ᠢ ᠨᠤᠲᠠᠯᠠᠬᠤ ᠶᠢᠨ ᠬᠠᠮᠲᠤ ᠠᠳᠠᠯ ᠠᠬᠤᠢ ᠶᠢᠨ ᠲᠥᠷᠥᠯ ᠵᠦᠢᠯ ᠤᠨ | ᠪᠠᠶᠢᠭ᠎ᠠ ᠭᠠᠵᠠᠷ ᠤᠨ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ ᠲᠤ ᠮᠡᠳᠡᠭᠦᠯᠵᠦ ᠪᠦᠷᠢᠳᠬᠡᠭᠦᠯᠬᠦ ᠬᠡᠷᠡᠭᠲᠡᠢ᠃ | ᠴᠠᠬᠢᠯᠭᠠᠨ ᠱᠠᠲᠤ᠂ ᠭᠠᠯ ᠤᠨᠲᠠᠷᠠᠭᠠᠬᠤ᠂ ᠬᠢᠨᠠᠨ ᠡᠵᠡᠮᠳᠡᠬᠦ ᠵᠡᠷᠭᠡ ᠬᠠᠮᠲᠤ ᠪᠠᠷ ᠬᠡᠷᠡᠭᠯᠡᠬᠦ ᠲᠥᠬᠦᠭᠡᠷᠦᠮᠵᠢ | ᠲᠥᠬᠦᠭᠡᠷᠦᠮᠵᠢ ᠶᠢ ᠬᠡᠪ ᠤᠨ ᠪᠠᠶᠢᠳᠠᠯ ᠢᠶᠠᠷ ᠬᠡᠷᠡᠭᠯᠡᠬᠦ ᠶᠢᠨ ᠠᠷᠭ᠎ᠠ ᠦᠭᠡᠢ ᠪᠠᠶᠢᠪᠠᠯ᠂ ᠤᠤᠯ ᠤᠨ ᠠᠳᠠᠯ ᠠᠬᠤᠢ ᠶᠢᠨ | ᠦᠢᠯᠡᠴᠢᠯᠡᠭᠴᠢ ᠨᠢ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠵᠠᠰᠠᠨ | ᠰᠡᠷᠭᠦᠭᠡᠬᠦ ᠪᠤᠶᠤ ᠵᠣᠬᠢᠴᠠᠩᠭᠤᠢ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ | ᠤᠤᠯ ᠤᠨ ᠠᠳᠠᠯ ᠠᠬᠤᠢ ᠶᠢᠨ ᠦᠢᠯᠡᠴᠢᠯᠡᠭᠴᠢ ᠨᠢ ᠥᠮᠴᠢᠲᠡᠨ ᠤ ᠠᠳᠠᠯ ᠠᠬᠤᠢ ᠶᠢᠨ ᠦᠢᠯᠡᠴᠢᠯᠡᠭᠡᠨ ᠤ | ᠰᠦᠢᠳᠬᠡᠯ ᠢ ᠳᠤᠲᠠᠭᠤ ᠲᠤᠰᠢᠶᠠᠭᠰᠠᠨ ᠵᠡᠷᠭᠡ ᠪᠠᠷ ᠰᠢᠯᠲᠠᠭ ᠪᠣᠯᠭᠠᠵᠤ ᠲᠤᠰᠢᠶᠠᠬᠤ ᠪᠠ ᠬᠦᠯᠢᠶᠡᠨ ᠠᠪᠬᠤ ᠶᠢ | ᠲᠡᠪᠴᠢᠵᠦ ᠪᠣᠯᠬᠤ ᠦᠭᠡᠢ᠂ ᠰᠢᠨ᠎ᠡ ᠪᠠᠷ ᠰᠣᠩᠭᠤᠨ ᠤᠷᠢᠭᠰᠠᠨ ᠠᠳᠠᠯ ᠠᠬᠤᠢ ᠶᠢᠨ ᠦᠢᠯᠡᠴᠢᠯᠡᠭᠴᠢ ᠶᠢᠨ | ᠲᠠᠯᠠᠪᠤᠷ ᠲᠤ ᠣᠷᠣᠵᠤ ᠦᠢᠯᠡᠴᠢᠯᠡᠬᠦ ᠶᠢ ᠬᠠᠷᠰᠢᠯᠠᠵᠤ ᠪᠣᠯᠬᠤ ᠦᠭᠡᠢ᠃ | ᠲᠠᠪᠢᠨ ᠨᠠᠢᠮᠠᠳᠤᠭᠠᠷ ᠵᠦᠢᠯ ᠠᠳᠠᠯ ᠠᠬᠤᠢ ᠶᠢᠨ ᠦᠢᠯᠡᠴᠢᠯᠡᠭᠴᠢ ᠳᠤ ᠳᠣᠣᠷᠠᠬᠢ ᠮᠡᠲᠦ ᠢᠲᠡᠭᠡᠯ ᠠᠯᠳᠠᠭᠰᠠᠨ | ᠠᠵᠢᠯᠯᠠᠭ᠎ᠠ ᠶᠢᠨ ᠨᠢᠭᠡ ᠨᠢ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠳᠠᠯ ᠠᠬᠤᠢ ᠶᠢᠨ | ᠦᠢᠯᠡᠴᠢᠯᠡᠭᠴᠢ ᠶᠢᠨ ᠢᠲᠡᠭᠡᠮᠵᠢ ᠶᠢᠨ ᠲᠠᠩᠰᠠ ᠡᠪᠬᠡᠮᠡᠯ ᠳᠤ ᠣᠷᠣᠭᠤᠯᠵᠤ᠂ ᠠᠵᠤ ᠠᠬᠤᠶᠢᠯᠠᠯ ᠤᠨ ᠢᠲᠡᠭᠡᠮᠵᠢ ᠶᠢᠨ | ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠳᠤ ᠣᠷᠣᠭᠤᠯᠬᠤ ᠬᠡᠷᠡᠭᠲᠡᠢ᠄ | ︵ᠨᠢᠭᠡ︶ ᠠᠳᠠᠯ ᠠᠬᠤᠢ ᠶᠢᠨ ᠵᠦᠢᠯᠡᠰ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ | ᠠᠵᠢᠯᠯᠠᠭ᠎ᠠ ᠶᠢᠨ ᠳᠤᠮᠳᠠ ᠬᠤᠳᠠᠯ ᠬᠠᠭᠤᠷᠮᠠᠭ ᠮᠡᠳᠡᠭᠡ ᠵᠠᠩᠭᠢ ᠬᠠᠩᠭᠠᠵᠤ᠂ ᠳᠠᠭᠠᠭᠠᠴᠢᠯᠠᠯᠲᠠ ᠣᠯᠣᠭᠰᠠᠨ ᠢ ᠮᠡᠬᠡᠯᠡᠨ | ᠣᠯᠣᠭᠰᠠᠨ᠃ | ︵ᠬᠤᠶᠠᠷ︶ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠶᠢ ᠬᠠᠤᠯᠢ ᠶᠣᠰᠣᠭᠠᠷ ᠴᠤᠴᠠᠯᠤᠭᠰᠠᠨ ᠪᠤᠶᠤ | ᠳᠠᠭᠤᠰᠬᠠᠭᠰᠠᠨ ᠤ ᠲᠠᠷᠠᠭ᠎ᠠ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠠᠴᠠ ᠤᠬᠤᠷᠢᠨ ᠭᠠᠷᠬᠤ ᠶᠢ | ᠲᠡᠪᠴᠢᠵᠦ᠂ ᠤᠬᠤᠷᠢᠨ ᠭᠠᠷᠬᠤ ᠳᠠᠭᠠᠨ ᠲᠣᠭᠲᠠᠭᠠᠯ ᠶᠣᠰᠣᠭᠠᠷ ᠲᠤᠰᠢᠶᠠᠬᠤ ᠪᠠ ᠬᠦᠯᠢᠶᠡᠨ ᠠᠪᠬᠤ ᠭᠠᠷ | ᠭᠦᠢᠴᠡᠳᠬᠡᠯ ᠬᠢᠭᠰᠡᠨ ᠦᠭᠡᠢ᠂ ᠡᠰᠡᠬᠦᠯ᠎ᠡ ᠲᠣᠭᠲᠠᠭᠠᠯ ᠶᠣᠰᠣᠭᠠᠷ ᠮᠠᠲ᠋ᠧᠷᠢᠶᠠᠯ ᠢᠶᠠᠨ ᠰᠢᠯᠵᠢᠭᠦᠯᠦᠨ ᠲᠤᠰᠢᠶᠠᠭᠰᠠᠨ | ᠦᠭᠡᠢ ᠠᠴᠠ ᠪᠣᠯᠵᠤ ᠠᠳᠠᠯ ᠠᠬᠤᠢ ᠶᠢᠨ ᠦᠢᠯᠡᠴᠢᠯᠡᠭᠡ ᠶᠢ ᠡᠮᠬᠢ ᠵᠠᠮᠪᠠᠷᠠᠭ᠎ᠠ ᠦᠭᠡᠢ ᠪᠣᠯᠭᠠᠭᠰᠠᠨ᠃ | ︵ᠭᠤᠷᠪᠠ︶ ᠲᠣᠭᠲᠠᠭᠠᠯ ᠪᠠ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠭᠡᠷ ᠪᠠᠶᠢᠰᠢᠩ ᠤᠨ | ᠠᠶᠦᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠪᠠᠨ ᠭᠦᠢᠴᠡᠳᠬᠡᠭᠰᠡᠨ ᠦᠭᠡᠢ ᠠᠴᠠ ᠪᠣᠯᠵᠤ ᠠᠳᠠᠯ | ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠶᠢᠨ ᠳᠣᠲᠣᠷ᠎ᠠ ᠭᠡᠷ ᠪᠠᠶᠢᠰᠢᠩ ᠤᠨ ᠠᠶᠦᠯᠭᠦᠢ ᠶᠢᠨ ᠬᠦᠨᠳᠦ | ᠨᠣᠴᠢᠲᠠᠢ ᠠᠳᠡᠯ ᠭᠠᠷᠬᠤ ᠳᠤ ᠬᠦᠷᠦᠭᠦᠯᠦᠭᠰᠡᠨ᠃ | ︵ᠳᠥᠷᠪᠡ︶ ᠥᠮᠴᠢᠲᠡᠨ ᠤ ᠮᠡᠳᠡᠭᠡ ᠵᠠᠩᠭᠢ ᠶᠢ ᠵᠠᠳᠠᠷᠠᠭᠤᠯᠤᠭᠰᠠᠨ᠃ | ︵ᠲᠠᠪᠤ︶ ᠥᠮᠴᠢᠲᠡᠨ᠂ ᠥᠮᠴᠢᠲᠡᠨ ᠤ ᠵᠥᠪᠯᠡᠯ ᠤᠨ ᠭᠡᠰᠢᠭᠦᠨ ᠢ ᠰᠦᠷᠳᠡᠭᠦᠯᠦᠭᠰᠡᠨ᠂ ᠰᠦᠷᠳᠡᠭᠦᠯᠦᠭᠰᠡᠨ | ᠪᠤᠶᠤ ᠴᠣᠬᠢᠯᠲᠠ ᠥᠭᠴᠦ ᠬᠠᠷᠢᠭᠤ ᠠᠪᠤᠭᠰᠠᠨ᠃ | ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠠᠴᠠ ᠵᠥᠷᠢᠴᠡᠭᠰᠡᠨ ᠪᠤᠰᠤᠳ | ᠪᠠᠶᠢᠳᠠᠯ ᠤᠳ᠃ | ᠲᠠᠪᠢ ᠶᠢᠰᠦᠳᠦᠭᠡᠷ ᠵᠦᠢᠯ ᠠᠳᠠᠯ ᠠᠬᠤᠢ ᠶᠢᠨ ᠦᠢᠯᠡᠴᠢᠯᠡᠭᠡᠨ ᠤ ᠰᠦᠢᠳᠬᠡᠯ ᠬᠤᠷᠢᠶᠠᠬᠤ ᠳᠤ ᠵᠦᠢ | ᠵᠣᠬᠢᠰᠲᠠᠢ᠂ ᠢᠯᠡ ᠪᠠᠶᠢᠯᠭᠠᠬᠤ ᠵᠢᠴᠢ ᠵᠠᠷᠤᠳᠠᠯ ᠪᠣᠯᠣᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠬᠠᠷᠢᠯᠴᠠᠨ | ᠵᠣᠬᠢᠴᠠᠭᠤᠯᠬᠤ ᠵᠠᠷᠴᠢᠮ ᠢ ᠵᠢᠷᠤᠮᠯᠠᠵᠤ᠂ ᠠᠳᠠᠯᠢ ᠪᠤᠰᠤ ᠠᠳᠠᠯ ᠠᠬᠤᠢ ᠶᠢᠨ ᠰᠢᠨᠵᠢ ᠴᠢᠨᠠᠷ ᠪᠠ ᠣᠨᠴᠠᠯᠢᠭ ᠢ | ᠢᠯᠭᠠᠵᠤ᠂ ᠵᠠᠰᠠᠭ ᠤᠨ ᠣᠷᠳᠣᠨ ᠤ ᠵᠢᠯᠤᠭᠤᠳᠬᠤ ᠦᠨ᠎ᠡ ᠪᠠ ᠵᠠᠬ᠎ᠠ ᠳᠡᠯᠭᠡᠭᠦᠷ ᠤᠨ ᠲᠣᠬᠢᠷᠠᠭᠤᠯᠬᠤ ᠦᠨ᠎ᠡ ᠶᠢ | ᠲᠤᠰ ᠲᠤᠰ ᠬᠡᠷᠡᠭᠵᠢᠭᠦᠯᠬᠦ ᠬᠡᠷᠡᠭᠲᠡᠢ᠄ | ︵ᠨᠢᠭᠡ︶ ᠬᠢᠮᠳᠠ ᠲᠦᠷᠢᠶᠡᠰᠦᠨ ᠣᠷᠣᠨ ᠰᠠᠭᠤᠴᠠ᠂ ᠣᠯᠠᠨ ᠨᠡᠶᠢᠲᠡ ᠶᠢᠨ ᠲᠦᠷᠢᠶᠡᠰᠦᠨ ᠣᠷᠣᠨ | ᠰᠠᠭᠤᠴᠠ ᠵᠡᠷᠭᠡ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠠᠳᠠᠯ ᠠᠬᠤᠢ ᠶᠢᠨ ᠦᠢᠯᠡᠴᠢᠯᠡᠭᠡᠨ ᠤ | ᠰᠦᠢᠳᠬᠡᠯ ᠬᠤᠷᠢᠶᠠᠬᠤ ᠳᠤ ᠵᠠᠰᠠᠭ ᠤᠨ ᠣᠷᠳᠣᠨ ᠤ ᠵᠢᠯᠤᠭᠤᠳᠬᠤ ᠦᠨ᠎ᠡ ᠶᠢ ᠬᠡᠷᠡᠭᠵᠢᠭᠦᠯᠵᠦ᠂ ᠪᠣᠳᠠᠲᠠᠢ | ᠰᠦᠢᠳᠬᠡᠯ ᠬᠤᠷᠢᠶᠠᠬᠤ ᠪᠠᠷᠢᠮᠵᠢᠶ᠎ᠠ ᠶᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠠᠳᠠᠯ ᠠᠬᠤᠢ ᠶᠢᠨ ᠵᠠᠰᠠᠭ | ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠤᠬᠠᠢ ᠶᠢᠨ ᠭᠠᠵᠠᠷ ᠤᠨ ᠪᠣᠳᠠᠲᠠᠢ ᠲᠠᠢ ᠪᠠᠨ | ᠤᠶᠠᠯᠳᠤᠭᠤᠯᠤᠨ ᠨᠢᠭᠡᠳᠦᠯᠲᠡᠢ ᠲᠣᠭᠲᠠᠭᠠᠨ᠎ᠠ᠃ | ︵ᠬᠤᠶᠠᠷ︶ ᠡᠩ ᠤᠨ ᠣᠷᠣᠨ ᠰᠠᠭᠤᠴᠠ ᠶᠢᠨ ᠠᠳᠠᠯ ᠠᠬᠤᠢ ᠶᠢᠨ ᠦᠢᠯᠡᠴᠢᠯᠡᠭᠡᠨ ᠤ ᠵᠠᠷᠤᠳᠠᠯ ᠳᠤ ᠵᠠᠬ᠎ᠠ | ᠳᠡᠯᠭᠡᠭᠦᠷ ᠤᠨ ᠲᠣᠬᠢᠷᠠᠭᠤᠯᠤᠯᠲᠠ ᠶᠢᠨ ᠦᠨ᠎ᠡ ᠶᠢ ᠬᠡᠷᠡᠭᠵᠢᠭᠦᠯᠵᠦ᠂ ᠥᠮᠴᠢᠲᠡᠨ ᠤ ᠵᠥᠪᠯᠡᠯ ᠪᠠ ᠠᠳᠠᠯ ᠠᠬᠤᠢ ᠶᠢᠨ | ᠦᠢᠯᠡᠴᠢᠯᠡᠭᠴᠢ ᠠᠴᠠ ᠬᠤᠶᠠᠷ ᠲᠠᠯ᠎ᠠ ᠶᠢᠨ ᠲᠣᠭᠲᠠᠭᠠᠭᠰᠠᠨ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠳᠤ | ᠪᠣᠯᠵᠣᠨ ᠲᠣᠭᠲᠠᠭᠠᠨ᠎ᠠ᠃ ᠥᠮᠴᠢᠲᠡᠨ ᠤ ᠵᠥᠪᠯᠡᠯ ᠪᠠᠶᠢᠭᠤᠯᠤᠭᠰᠠᠨ ᠦᠭᠡᠢ ᠪᠣᠯ᠂ ᠭᠠᠴᠠᠭ᠎ᠠ ᠲᠣᠰᠬᠤᠨ ᠤ | ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠠᠴᠠ ᠥᠮᠴᠢᠲᠡᠨ ᠤ ᠲᠥᠯᠥᠭᠡᠯᠡᠭᠴᠢ ᠪᠠ ᠠᠳᠠᠯ | ᠠᠬᠤᠢ ᠶᠢᠨ ᠦᠢᠯᠡᠴᠢᠯᠡᠭᠴᠢ ᠶᠢ ᠵᠣᠬᠢᠶᠠᠨ ᠪᠠᠶᠢᠭᠤᠯᠵᠤ ᠵᠥᠪᠳᠡᠯᠴᠡᠨ ᠲᠣᠭᠲᠠᠭᠠᠨ᠎ᠠ᠃ | ︵ᠭᠤᠷᠪᠠ︶ ᠨᠡᠶᠢᠲᠡ ᠶᠢᠨ ᠪᠠᠶᠢᠷᠢ᠂ ᠵᠤᠰᠠᠯᠠᠩ ᠵᠡᠷᠭᠡ ᠡᠩ ᠤᠨ ᠪᠤᠰᠤ ᠣᠷᠣᠨ ᠰᠠᠭᠤᠴᠠ ᠪᠠ | ᠬᠤᠳᠠᠯᠳᠤᠭᠠᠨ ᠤ ᠲᠠᠯᠠᠪᠤᠷ᠂ ᠪᠠᠭᠤᠳᠠᠯ᠂ ᠠᠯᠪᠠᠯᠠᠬᠤ ᠠᠰᠠᠷ ᠵᠡᠷᠭᠡ ᠣᠷᠣᠨ ᠰᠠᠭᠤᠴᠠ ᠶᠢᠨ ᠪᠤᠰᠤ ᠠᠳᠠᠯ | ᠠᠬᠤᠢ ᠶᠢᠨ ᠦᠢᠯᠡᠴᠢᠯᠡᠭᠡᠨ ᠤ ᠰᠦᠢᠳᠬᠡᠯ ᠬᠤᠷᠢᠶᠠᠬᠤ ᠳᠤ ᠵᠠᠬ᠎ᠠ ᠳᠡᠯᠭᠡᠭᠦᠷ ᠤᠨ ᠲᠣᠬᠢᠷᠠᠭᠤᠯᠤᠯᠲᠠ ᠶᠢᠨ ᠦᠨ᠎ᠡ ᠶᠢ | ᠬᠡᠷᠡᠭᠵᠢᠭᠦᠯᠵᠦ᠂ ᠪᠣᠳᠠᠲᠠᠢ ᠰᠦᠢᠳᠬᠡᠯ ᠬᠤᠷᠢᠶᠠᠬᠤ ᠪᠠᠷᠢᠮᠵᠢᠶ᠎ᠠ ᠶᠢ ᠥᠮᠴᠢᠲᠡᠨ᠂ ᠠᠳᠠᠯ ᠠᠬᠤᠢ ᠶᠢᠨ ᠬᠡᠷᠡᠭᠯᠡᠭᠴᠢ | ᠬᠢᠭᠡᠳ ᠠᠳᠠᠯ ᠠᠬᠤᠢ ᠶᠢᠨ ᠦᠢᠯᠡᠴᠢᠯᠡᠭᠴᠢ ᠠᠴᠠ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠳᠤ ᠪᠣᠯᠵᠣᠨ | ᠲᠣᠭᠲᠠᠭᠠᠨ᠎ᠠ᠃ | ᠠᠳᠠᠯ ᠠᠬᠤᠢ ᠶᠢᠨ ᠦᠢᠯᠡᠴᠢᠯᠡᠭᠴᠢ ᠨᠢ ᠥᠮᠴᠢᠲᠡᠨ ᠤ ᠨᠠᠶᠢᠳᠠᠯᠭ᠎ᠠ ᠶᠢ ᠦᠨᠳᠦᠰᠦᠯᠡᠨ᠂ ᠠᠳᠠᠯ ᠠᠬᠤᠢ ᠶᠢᠨ | ᠦᠢᠯᠡᠴᠢᠯᠡᠭᠡᠨ ᠤ ᠭᠡᠷ᠎ᠡ ᠳᠤ ᠪᠣᠯᠵᠣᠨ ᠲᠣᠭᠲᠠᠭᠰᠠᠨ ᠠᠴᠠ ᠭᠠᠳᠠᠨᠠᠬᠢ ᠦᠢᠯᠡᠴᠢᠯᠡᠭᠡᠨ ᠤ ᠵᠦᠢᠯᠡᠰ ᠢ ᠬᠠᠩᠭᠠᠵᠤ | ᠪᠣᠯᠣᠨ᠎ᠠ᠂ ᠦᠢᠯᠡᠴᠢᠯᠡᠭᠡᠨ ᠤ ᠬᠥᠯᠥᠰᠦ ᠣᠯᠭᠤᠮᠵᠢ ᠶᠢ ᠬᠤᠶᠠᠷ ᠲᠠᠯ᠎ᠠ ᠪᠠᠷ ᠢᠶᠠᠨ ᠪᠣᠯᠵᠣᠨ ᠲᠣᠭᠲᠠᠭᠠᠨ᠎ᠠ᠃ | ᠡᠩ ᠤᠨ ᠣᠷᠣᠨ ᠰᠠᠭᠤᠴᠠ ᠶᠢᠨ ᠠᠳᠠᠯ ᠠᠬᠤᠢ ᠶᠢᠨ ᠦᠢᠯᠡᠴᠢᠯᠡᠭᠡᠨ ᠤ ᠰᠦᠢᠳᠬᠡᠯ ᠬᠤᠷᠢᠶᠠᠬᠤ ᠳᠤ ᠵᠠᠬ᠎ᠠ | ᠳᠡᠯᠭᠡᠭᠦᠷ ᠤᠨ ᠦᠨ᠎ᠡ ᠬᠠᠩᠰᠢ ᠶᠢᠨ ᠪᠠᠶᠢᠳᠠᠯ᠂ ᠠᠳᠠᠯ ᠠᠬᠤᠢ ᠶᠢᠨ ᠦᠢᠯᠡᠴᠢᠯᠡᠭᠡᠨ ᠤ ᠠᠭᠤᠯᠭ᠎ᠠ ᠪᠠ | ᠦᠢᠯᠡᠴᠢᠯᠡᠭᠡᠨ ᠤ ᠲᠠᠰ ᠢ ᠦᠨᠳᠦᠰᠦᠯᠡᠨ ᠲᠣᠬᠢᠷᠠᠭᠤᠯᠤᠯᠲᠠ ᠬᠢᠵᠦ ᠪᠣᠯᠣᠨ᠎ᠠ᠃ ᠠᠳᠠᠯ ᠠᠬᠤᠢ ᠶᠢᠨ ᠦᠢᠯᠡᠴᠢᠯᠡᠭᠴᠢ | ᠨᠢ ᠥᠮᠴᠢᠲᠡᠨ ᠤ ᠵᠥᠪᠯᠡᠯ ᠤᠨ ᠬᠢᠨᠠᠯᠲᠠ ᠲᠠᠯᠪᠢᠯᠲᠠ ᠶᠢᠨ ᠳᠣᠣᠷ᠎ᠠ᠂ ᠠᠳᠠᠯ ᠠᠬᠤᠢ ᠶᠢᠨ ᠬᠠᠮᠢᠶᠠᠷᠤᠯᠲᠠ ᠶᠢᠨ | ᠣᠷᠣᠨ ᠪᠦᠰᠡ ᠶᠢᠨ ᠳᠣᠲᠣᠷᠠᠬᠢ ᠲᠤᠰᠬᠠᠢ ᠪᠦᠬᠦᠢ ᠬᠡᠰᠡᠭ ᠤᠨ ᠲᠠᠯᠠᠪᠠᠶ ᠨᠢ ᠭᠤᠷᠪᠠᠨ ᠤ ᠬᠤᠶᠠᠷ ᠠᠴᠠ | ᠳᠡᠭᠡᠭᠰᠢᠬᠢ ᠶᠢ ᠡᠵᠡᠯᠡᠬᠦ ᠥᠮᠴᠢᠲᠡᠨ ᠢ ᠵᠣᠬᠢᠶᠠᠨ ᠪᠠᠶᠢᠭᠤᠯᠤᠨ ᠪᠠᠲᠤᠯᠠᠭᠤᠯᠵᠤ᠂ ᠪᠠᠲᠤᠯᠠᠯᠲᠠ ᠳᠤ ᠣᠷᠣᠯᠴᠠᠬᠤ | ᠲᠤᠰᠬᠠᠢ ᠪᠦᠬᠦᠢ ᠬᠡᠰᠡᠭ ᠤᠨ ᠲᠠᠯᠠᠪᠠᠶ ᠨᠢ ᠬᠠᠭᠠᠰ ᠠᠴᠠ ᠳᠡᠭᠡᠭᠰᠢᠬᠢ ᠲᠣᠭᠠᠨ ᠤ ᠥᠮᠴᠢᠲᠡᠨ ᠵᠢᠴᠢ ᠬᠥᠮᠥᠨ ᠤ | ᠲᠤᠭ᠎ᠠ ᠨᠢ ᠬᠠᠭᠠᠰ ᠠᠴᠠ ᠳᠡᠭᠡᠭᠰᠢᠬᠢ ᠲᠣᠭᠠᠨ ᠤ ᠥᠮᠴᠢᠲᠡᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠠᠳᠠᠯ | ᠠᠬᠤᠢ ᠶᠢᠨ ᠦᠢᠯᠡᠴᠢᠯᠡᠭᠡᠨ ᠤ ᠰᠦᠢᠳᠬᠡᠯ ᠳᠤ ᠲᠣᠬᠢᠷᠠᠭᠤᠯᠤᠯᠲᠠ ᠬᠢᠵᠦ ᠪᠣᠯᠣᠨ᠎ᠠ᠃ | ᠵᠢᠷᠠᠳᠤᠭᠠᠷ ᠵᠦᠢᠯ ᠠᠳᠠᠯ ᠠᠬᠤᠢ ᠶᠢᠨ ᠦᠢᠯᠡᠴᠢᠯᠡᠭᠡ ᠶᠢ ᠬᠡᠷᠡᠭᠵᠢᠭᠦᠯᠦᠭᠡᠳᠦᠢ ᠠᠳᠠᠯ ᠠᠬᠤᠢ ᠶᠢᠨ | ᠬᠠᠮᠢᠶᠠᠷᠤᠯᠲᠠ ᠶᠢᠨ ᠣᠷᠣᠨ ᠪᠦᠰᠡ ᠳᠤ ᠪᠣᠯ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ | ᠠᠷᠠᠳ ᠤᠨ ᠵᠥᠪᠯᠡᠯ ᠠᠴᠠ ᠥᠮᠴᠢᠲᠡᠨ ᠤ ᠲᠥᠯᠥᠭᠡᠯᠡᠭᠴᠢᠳ ᠤᠨ ᠬᠤᠷᠠᠯ ᠢ ᠵᠣᠬᠢᠶᠠᠨ ᠪᠠᠶᠢᠭᠤᠯᠵᠤ ᠠᠷᠢᠭᠤᠨ | ᠴᠡᠪᠡᠷ ᠢ ᠬᠠᠮᠠᠭᠠᠯᠠᠭᠴᠢ ᠶᠢ ᠰᠣᠩᠭᠤᠨ ᠤᠷᠢᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠵᠤ᠂ | ᠵᠠᠷᠤᠳᠠᠯ ᠢ ᠪᠥᠬᠦ ᠥᠮᠴᠢᠲᠡᠨ ᠠᠴᠠ ᠡᠭᠦᠷᠭᠡᠯᠡᠨ᠎ᠡ᠃ ᠭᠡᠷ ᠪᠠᠶᠢᠰᠢᠩ ᠰᠡᠯᠪᠢᠨ ᠵᠠᠰᠠᠬᠤ ᠠᠵᠢᠯᠲᠠᠨ ᠢ ᠰᠣᠩᠭᠤᠨ | ᠤᠷᠢᠵᠤ ᠬᠠᠮᠲᠤ ᠪᠠᠷ ᠬᠡᠷᠡᠭᠯᠡᠬᠦ ᠲᠥᠬᠦᠭᠡᠷᠦᠮᠵᠢ ᠲᠥᠬᠦᠭᠡᠷᠦᠮᠵᠢ ᠳᠤ ᠡᠳᠦᠷ ᠲᠤᠲᠤᠮ ᠤᠨ ᠰᠡᠯᠪᠢᠨ ᠵᠠᠰᠠᠵᠤ | ᠠᠷᠠᠴᠢᠯᠠᠨ ᠬᠠᠮᠠᠭᠠᠯᠠᠬᠤ ᠳᠤ᠂ ᠵᠠᠷᠤᠳᠠᠯ ᠢ ᠬᠠᠮᠢᠶ᠎ᠠ ᠪᠦᠬᠦᠢ ᠥᠮᠴᠢᠲᠡᠨ ᠠᠴᠠ ᠡᠭᠦᠷᠭᠡᠯᠡᠨ᠎ᠡ᠃ | ᠵᠢᠷᠠᠨ ᠨᠢᠭᠡᠳᠦᠭᠡᠷ ᠵᠦᠢᠯ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠤ ᠳᠣᠲᠣᠷᠠᠬᠢ ᠤᠰᠤ ᠬᠠᠩᠭᠠᠬᠤ᠂ | ᠴᠠᠬᠢᠯᠭᠠᠨ ᠬᠠᠩᠭᠠᠬᠤ᠂ ᠬᠡᠢ ᠬᠠᠩᠭᠠᠬᠤ᠂ ᠳᠤᠯᠠᠭᠠᠯᠠᠭ᠎ᠠ ᠬᠠᠩᠭᠠᠬᠤ᠂ ᠴᠢᠮᠡᠭᠡ ᠬᠤᠯᠪᠣᠭ᠎ᠠ᠂ ᠤᠲᠠᠰᠤᠲᠤ ᠲᠧᠯᠸᠢᠰ | ᠵᠡᠷᠭᠡ ᠨᠢᠭᠡᠴᠢ ᠨᠦᠭᠦᠳ ᠬᠠᠮᠤᠭ ᠡᠴᠦᠰ ᠤᠨ ᠬᠡᠷᠡᠭᠯᠡᠭᠴᠢ ᠠᠴᠠ ᠬᠤᠯᠪᠣᠭᠳᠠᠯ ᠪᠦᠬᠦᠢ ᠰᠦᠢᠳᠬᠡᠯ ᠬᠤᠷᠢᠶᠠᠬᠤ | ᠬᠡᠷᠡᠭᠲᠡᠢ᠂ ᠭᠡᠬᠦ ᠳᠡᠭᠡᠨ ᠬᠡᠰᠡᠭ ᠬᠠᠮᠤᠭ ᠡᠴᠦᠰ ᠤᠨ ᠬᠡᠷᠡᠭᠯᠡᠭᠴᠢ ᠶᠢᠨ ᠰᠦᠢᠳᠬᠡᠯ ᠲᠤᠰᠢᠶᠠᠬᠤ ᠡᠭᠦᠷᠭᠡ ᠪᠠᠨ | ᠭᠦᠢᠴᠡᠳᠬᠡᠭᠰᠡᠨ ᠦᠭᠡᠢ ᠠᠴᠠ ᠪᠣᠯᠵᠤ ᠨᠢᠭᠡᠨᠲᠡ ᠰᠦᠢᠳᠬᠡᠯ ᠲᠤᠰᠢᠶᠠᠭᠰᠠᠨ ᠬᠡᠷᠡᠭᠯᠡᠭᠴᠢ ᠪᠠ ᠬᠠᠮᠲᠤ ᠪᠠᠷ ᠬᠡᠷᠡᠭᠯᠡᠬᠦ | ᠬᠡᠰᠡᠭ ᠤᠨ ᠦᠢᠯᠡᠴᠢᠯᠡᠭᠡ ᠪᠠᠨ ᠵᠣᠭᠰᠣᠭᠠᠵᠤ ᠪᠣᠯᠬᠤ ᠦᠭᠡᠢ᠃ | ᠶᠠᠮᠠᠷᠪᠠ ᠨᠢᠭᠡᠴᠢ ᠠᠳᠠᠯ ᠠᠬᠤᠢ ᠶᠢᠨ ᠦᠢᠯᠡᠴᠢᠯᠡᠭᠴᠢ ᠶᠢ ᠠᠯᠪᠠᠳᠠᠵᠤ ᠪᠠᠶᠢᠭᠠᠳ ᠡᠮᠦᠨᠡᠬᠢ ᠪᠠᠳᠠᠭ ᠤᠨ | ᠵᠠᠷᠤᠳᠠᠯ ᠢ ᠣᠷᠣᠯᠠᠨ ᠬᠤᠷᠢᠶᠠᠯᠭᠠᠵᠤ ᠪᠣᠯᠬᠤ ᠦᠭᠡᠢ᠂ ᠠᠳᠠᠯ ᠠᠬᠤᠢ ᠶᠢᠨ ᠦᠢᠯᠡᠴᠢᠯᠡᠭᠴᠢ ᠶᠢᠨ ᠡᠮᠦᠨᠡᠬᠢ | ᠪᠠᠳᠠᠭ ᠤᠨ ᠵᠠᠷᠤᠳᠠᠯ ᠢ ᠣᠷᠣᠯᠠᠨ ᠬᠤᠷᠢᠶᠠᠯᠭᠠᠬᠤ ᠶᠢ ᠲᠡᠪᠴᠢᠭᠰᠡᠨ ᠠᠴᠠ ᠪᠣᠯᠵᠤ ᠦᠢᠯᠡᠴᠢᠯᠡᠭᠡ ᠬᠠᠩᠭᠠᠬᠤ ᠪᠠᠨ | ᠵᠣᠭᠰᠣᠭᠠᠵᠤ ᠪᠠᠰᠠ ᠪᠣᠯᠬᠤ ᠦᠭᠡᠢ᠃ | ᠠᠳᠠᠯ ᠠᠬᠤᠢ ᠶᠢᠨ ᠦᠢᠯᠡᠴᠢᠯᠡᠭᠴᠢ ᠨᠠᠶᠢᠳᠠᠯᠭ᠎ᠠ ᠶᠢ ᠬᠦᠯᠢᠶᠡᠵᠦ ᠲᠤᠰ ᠵᠦᠢᠯ ᠤᠨ ᠨᠢᠭᠡᠳᠦᠭᠡᠷ ᠪᠠᠳᠠᠭ ᠤᠨ | ᠵᠠᠷᠤᠳᠠᠯ ᠢ ᠣᠷᠣᠯᠠᠨ ᠬᠤᠷᠢᠶᠠᠬᠤ ᠳᠤ ᠬᠦᠷᠪᠡᠯ᠂ ᠥᠮᠴᠢᠲᠡᠨ ᠠᠴᠠ ᠭᠠᠷ ᠭᠦᠢᠴᠡᠳᠬᠡᠯ ᠤᠨ ᠵᠠᠷᠤᠳᠠᠯ ᠵᠡᠷᠭᠡ | ᠢᠯᠡᠭᠦᠴᠡ ᠵᠠᠷᠤᠳᠠᠯ ᠬᠤᠷᠢᠶᠠᠵᠤ ᠪᠣᠯᠬᠤ ᠦᠭᠡᠢ᠃ | ᠲᠠᠪᠤᠳᠤᠭᠠᠷ ᠪᠦᠯᠦᠭ ᠠᠳᠠᠯ ᠠᠬᠤᠢ ᠶᠢ ᠬᠡᠷᠡᠭᠯᠡᠬᠦ ᠪᠠ ᠬᠠᠮᠠᠭᠠᠯᠠᠬᠤ | ᠵᠢᠷᠠᠨ ᠬᠤᠶᠠᠳᠤᠭᠠᠷ ᠵᠦᠢᠯ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠶᠢᠨ ᠳᠣᠲᠣᠷ᠎ᠠ | ᠳᠣᠣᠷᠠᠬᠢ ᠮᠡᠲᠦ ᠦᠶᠯᠡ ᠠᠵᠢᠯᠯᠠᠭ᠎ᠠ ᠶᠢ ᠴᠠᠭᠠᠵᠠᠯᠠᠨ᠎ᠠ᠄ | ︵ᠨᠢᠭᠡ︶ ᠭᠡᠷ ᠪᠠᠶᠢᠰᠢᠩ ᠤᠨ ᠳᠠᠭᠠᠭᠠᠴᠠ ᠶᠢᠨ ᠪᠦᠲᠦᠴᠡ᠂ ᠭᠤᠣᠯ ᠴᠣᠭᠴᠠᠲᠤ ᠪᠦᠲᠦᠴᠡ ᠪᠠ ᠭᠡᠷ | ᠪᠠᠶᠢᠰᠢᠩ ᠤᠨ ᠭᠠᠳᠠᠷ ᠳᠦᠷᠰᠦ᠂ ᠳᠠᠭᠠᠭᠠᠴᠠ ᠠᠴᠠ ᠬᠡᠲᠦᠷᠡᠲᠡᠯ᠎ᠡ ᠬᠠᠳᠠᠭᠠᠯᠠᠵᠤ ᠪᠠᠶᠢᠭ᠎ᠠ ᠡᠳ᠋ ᠪᠣᠳᠠᠰ ᠢ ᠡᠪᠳᠡᠬᠦ᠃ | | ︵ᠬᠤᠶᠠᠷ︶ ᠤᠰᠤ ᠰᠡᠷᠭᠡᠶᠢᠯᠡᠬᠦ ᠱᠠᠭᠠᠷᠳᠠᠯᠭ᠎ᠠ ᠦᠭᠡᠢ ᠭᠡᠷ ᠪᠠᠶᠢᠰᠢᠩ ᠪᠤᠶᠤ ᠨᠠᠷᠠᠪᠴᠢ ᠶᠢ ᠠᠷᠢᠭᠤᠨ | ᠴᠡᠪᠡᠷ ᠤᠨ ᠲᠠᠰᠤᠯᠭ᠎ᠠ᠂ ᠲᠣᠭᠤᠭᠠᠨ ᠭᠡᠷ ᠪᠣᠯᠭᠠᠨ ᠥᠭᠡᠷᠡᠴᠢᠯᠡᠬᠦ᠂ ᠡᠰᠡᠬᠦᠯ᠎ᠡ ᠠᠷᠢᠭᠤᠨ ᠴᠡᠪᠡᠷ ᠤᠨ ᠲᠠᠰᠤᠯᠭ᠎ᠠ ᠶᠢ | ᠳᠣᠣᠷᠠᠳᠤ ᠳᠠᠪᠬᠤᠷᠭ᠎ᠠ ᠶᠢᠨ ᠰᠠᠭᠤᠭᠠᠯᠢ ᠡᠷᠦᠭᠡ ᠶᠢᠨ ᠲᠣᠭᠤᠭᠠᠨ ᠭᠡᠷ᠂ ᠤᠨᠲᠠᠬᠤ ᠥᠷᠥᠭᠡ᠂ ᠤᠨᠲᠠᠬᠤ ᠥᠷᠥᠭᠡ | ᠪᠠ ᠪᠢᠴᠢᠭ ᠤᠨ ᠭᠡᠷ ᠤᠨ ᠳᠡᠭᠡᠷ᠎ᠡ ᠲᠠᠯ᠎ᠠ ᠳᠤ ᠥᠭᠡᠷᠡᠴᠢᠯᠡᠬᠦ᠃ | ︵ᠭᠤᠷᠪᠠ︶ ᠳᠦᠷᠢᠮ ᠢ ᠵᠥᠷᠢᠴᠡᠨ ᠪᠠᠷᠢᠯᠭ᠎ᠠ᠂ ᠪᠠᠷᠢᠯᠭ᠎ᠠ ᠶᠢᠨ ᠵᠦᠢᠯ ᠢ ᠪᠠᠷᠢᠵᠤ᠂ ᠭᠠᠵᠠᠷ ᠳᠣᠣᠷᠠᠬᠢ | ᠣᠷᠣᠨ ᠵᠠᠢ ᠶᠢ ᠠᠭᠤᠳᠠᠯᠤᠨ ᠮᠠᠯᠲᠠᠬᠤ᠃ | ︵ᠳᠥᠷᠪᠡ︶ ᠲᠥᠯᠦᠪᠵᠢᠭᠦᠯᠭᠡ ᠶᠢᠨ ᠶᠣᠰᠣᠭᠠᠷ ᠪᠦᠲᠦᠭᠡᠨ ᠪᠠᠶᠢᠭᠤᠯᠤᠭᠰᠠᠨ ᠤᠯᠠᠨ ᠨᠡᠶᠢᠲᠡ ᠶᠢᠨ | ᠪᠠᠷᠢᠯᠭ᠎ᠠ ᠪᠠ ᠬᠠᠮᠲᠤ ᠪᠠᠷ ᠬᠡᠷᠡᠭᠯᠡᠬᠦ ᠲᠥᠬᠦᠭᠡᠷᠦᠮᠵᠢ ᠲᠥᠬᠦᠭᠡᠷᠦᠮᠵᠢ ᠶᠢᠨ ᠬᠡᠷᠡᠭᠴᠡᠭᠡ ᠶᠢ ᠬᠤᠪᠢᠷᠠᠭᠤᠯᠬᠤ᠃ | ︵ᠲᠠᠪᠤ︶ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠶᠢᠨ ᠳᠣᠲᠣᠷᠠᠬᠢ ᠵᠠᠮ᠂ ᠲᠠᠯᠠᠪᠤᠷ | ᠭᠠᠵᠠᠷ ᠢ ᠳᠤᠷ᠎ᠠ ᠪᠠᠷ ᠢᠶᠠᠨ ᠡᠵᠡᠯᠡᠨ ᠬᠡᠷᠡᠭᠯᠡᠬᠦ ᠪᠠ ᠠᠭᠤᠳᠠᠯᠵᠤ᠂ ᠲᠣᠭᠲᠠᠭᠰᠠᠨ ᠣᠷᠣᠨ ᠪᠦᠰᠡ ᠠᠴᠠ ᠭᠠᠳᠠᠨ᠎ᠠ | ᠲᠡᠷᠭᠡ ᠬᠥᠰᠬᠡ ᠶᠢ ᠵᠣᠭᠰᠤᠭᠠᠬᠤ᠃ | ︵ᠵᠢᠷᠭᠤᠭ᠎ᠠ︶ ᠠᠳᠠᠯ ᠠᠬᠤᠢ ᠶᠢᠨ ᠬᠠᠮᠲᠤ ᠪᠠᠷ ᠬᠡᠷᠡᠭᠯᠡᠬᠦ ᠬᠡᠰᠡᠭ᠂ ᠬᠠᠮᠲᠤ ᠪᠠᠷ ᠬᠡᠷᠡᠭᠯᠡᠬᠦ ᠲᠥᠬᠦᠭᠡᠷᠦᠮᠵᠢ | ᠲᠥᠬᠦᠭᠡᠷᠦᠮᠵᠢ ᠶᠢ ᠡᠵᠡᠯᠡᠨ ᠬᠡᠷᠡᠭᠯᠡᠬᠦ᠂ ᠡᠪᠳᠡᠨ ᠰᠦᠢᠳᠬᠡᠬᠦ ᠪᠤᠶᠤ ᠳᠤᠷ᠎ᠠ ᠪᠠᠷ ᠢᠶᠠᠨ ᠰᠢᠯᠵᠢᠭᠦᠯᠬᠦ᠃ | ︵ᠲᠤᠯᠤᠭ᠎ᠠ︶ ᠳᠤᠷ᠎ᠠ ᠪᠠᠷ ᠢᠶᠠᠨ ᠭᠠᠵᠠᠷ ᠤᠨ ᠪᠠᠭᠠᠨ᠎ᠠ᠂ ᠭᠠᠵᠠᠷ ᠤᠨ ᠣᠨᠢᠰᠤ ᠪᠣᠰᠬᠠᠵᠤ ᠤᠯᠠᠨ | ᠨᠡᠶᠢᠲᠡ ᠶᠢᠨ ᠨᠣᠭᠤᠭᠠᠨ ᠭᠠᠵᠠᠷ᠂ ᠤᠯᠠᠨ ᠨᠡᠶᠢᠲᠡ ᠶᠢᠨ ᠵᠠᠮ ᠢ ᠡᠵᠡᠯᠡᠨ ᠬᠡᠷᠡᠭᠯᠡᠬᠦ | ︵ᠨᠠᠢᠮᠠ︶ ᠳᠤᠷ᠎ᠠ ᠪᠠᠷ ᠢᠶᠠᠨ ᠳᠡᠯᠭᠡᠭᠦᠷ ᠪᠠ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠭᠠᠷᠭᠠᠬᠤ᠃ | ︵ᠶᠢᠰᠦ︶ ᠬᠤᠭ ᠨᠣᠪᠰᠢ᠂ ᠶᠠᠭᠤᠮ᠎ᠠ ᠬᠡᠦᠮ᠎ᠡ ᠶᠢ ᠳᠤᠷ᠎ᠠ ᠪᠠᠷ ᠢᠶᠠᠨ ᠬᠠᠶᠠᠵᠤ᠂ ᠵᠦᠯᠭᠡ ᠭᠠᠵᠠᠷ ᠢ ᠡᠵᠡᠯᠡᠬᠦ | ᠪᠠ ᠡᠪᠳᠡᠬᠦ᠃ | ︵ᠠᠷᠪᠠ︶ ᠪᠠᠷᠢᠯᠭ᠎ᠠ ᠶᠢᠨ ᠳᠡᠭᠡᠪᠦᠷ᠂ ᠭᠠᠳᠠᠷ ᠬᠡᠷᠡᠮ ᠳᠡᠭᠡᠷ᠎ᠡ ᠳᠤᠷ᠎ᠠ ᠪᠠᠷ ᠢᠶᠠᠨ ᠶᠠᠭᠤᠮ᠎ᠠ ᠲᠠᠭᠠᠷᠠᠭᠤᠯᠬᠤ᠂ | ᠡᠯᠭᠦᠬᠦ᠂ ᠨᠠᠭᠠᠬᠤ ᠪᠤᠶᠤ ᠡᠷᠢᠶᠡᠴᠢᠵᠦ ᠪᠢᠴᠢᠬᠦ᠂ ᠰᠡᠶᠢᠯᠵᠦ ᠵᠢᠷᠤᠬᠤ; | ︵ᠠᠷᠪᠠᠨ ᠨᠢᠭᠡ︶ ᠠᠰᠠᠷ ᠤᠨ ᠬᠤᠩᠭᠢᠯ ᠵᠡᠷᠭᠡ ᠥᠮᠴᠢᠲᠡᠨ ᠤ ᠬᠠᠮᠲᠤ ᠶᠢᠨ ᠥᠮᠴᠢᠯᠡᠯ ᠤᠨ ᠭᠠᠵᠠᠷ ᠲᠤ | ᠡᠳ᠋ ᠪᠣᠳᠠᠰ ᠣᠪᠣᠭᠠᠯᠠᠨ ᠲᠠᠯᠪᠢᠬᠤ᠃ | ︵ᠠᠷᠪᠠᠨ ᠬᠤᠶᠠᠷ︶ ᠲᠣᠭᠲᠠᠭᠠᠯ ᠢ ᠵᠥᠷᠢᠴᠡᠨ ᠠᠮᠢᠲᠠᠨ ᠲᠡᠵᠢᠭᠡᠬᠦ᠃ | ︵ᠠᠷᠪᠠᠨ ᠭᠤᠷᠪᠠ︶ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠨ ᠨᠣᠴᠣᠮᠠᠲᠠᠭᠠᠢ᠂ ᠳᠡᠯᠪᠡᠷᠡᠮᠡᠲᠡᠭᠡᠢ᠂ | ᠲᠤᠬᠰᠢᠠ ᠬᠤᠣᠷᠲᠠᠢ ᠡᠳ᠋ ᠪᠣᠳᠠᠰ ᠢ ᠬᠠᠳᠠᠭᠠᠯᠠᠵᠤ᠂ ᠬᠤᠣᠷ ᠬᠥᠨᠥᠭᠡᠯ ᠲᠠᠢ ᠬᠡᠢ ᠪᠡᠶᠡᠲᠦ ᠪᠠ ᠬᠠᠶᠠᠭᠳᠠᠮᠠᠯ ᠪᠣᠳᠠᠰ ᠢ | ᠢᠯᠭᠠᠨ ᠬᠠᠶᠠᠵᠤ᠂ ᠲᠣᠭᠲᠠᠭᠠᠭᠰᠠᠨ ᠪᠠᠷᠢᠮᠵᠢᠶ᠎ᠠ ᠠᠴᠠ ᠬᠡᠲᠦᠷᠡᠭᠰᠡᠨ ᠱᠤᠤᠭᠢᠶ᠎ᠠ ᠲᠡᠭᠤ ᠭᠠᠷᠭᠠᠬᠤ᠃ | ︵ᠠᠷᠪᠠᠨ ᠳᠥᠷᠪᠡ︶ ᠤᠯᠠᠨ ᠨᠡᠶᠢᠲᠡ ᠶᠢᠨ ᠡᠭᠦᠳᠡᠨ ᠲᠢᠩᠬᠢᠮ᠂ ᠠᠰᠠᠷ ᠤᠨ ᠱᠠᠲᠤᠨ ᠤ ᠬᠤᠭᠤᠷᠣᠨᠳᠤ᠂ | ᠲᠠᠷᠬᠠᠭᠠᠬᠤ ᠵᠠᠮ᠂ ᠠᠶᠤᠯᠭᠦᠢ ᠭᠠᠷᠬᠤ ᠡᠭᠦᠳᠡᠨ ᠳᠤ ᠲᠡᠷᠭᠡ ᠬᠥᠰᠬᠡ ᠵᠣᠭᠰᠤᠭᠠᠬᠤ ᠪᠤᠶᠤ ᠴᠠᠬᠢᠯᠭᠠᠨ | ᠬᠥᠳᠡᠯᠭᠡᠭᠦᠷᠲᠦ ᠲᠡᠷᠭᠡ ᠬᠥᠰᠬᠡ ᠳᠤ ᠴᠠᠬᠢᠯᠭᠠᠨ ᠴᠡᠨᠡᠭᠯᠡᠬᠦ᠃ | ︵ᠠᠷᠪᠠᠨ ᠲᠠᠪᠤ︶ ᠠᠳᠠᠯ ᠠᠬᠤᠢ ᠶᠢ ᠠᠰᠢᠭᠯᠠᠨ ᠤᠯᠠᠨ ᠨᠡᠶᠢᠲᠡ ᠶᠢᠨ ᠠᠰᠢᠭ ᠲᠤᠰᠠ ᠶᠢ ᠬᠤᠬᠢᠷᠠᠭᠤᠯᠬᠤ | ᠪᠠ ᠪᠤᠰᠤᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠬᠤ ᠠᠵᠢᠯᠯᠠᠭ᠎ᠠ ᠬᠢᠬᠦ᠃ | ︵ᠠᠷᠪᠠᠨ ᠵᠢᠷᠭᠤᠭ᠎ᠠ︶ ᠴᠠᠬᠢᠯᠭᠠᠨ ᠤᠲᠠᠰᠤ ᠶᠢ ᠳᠤᠷ᠎ᠠ ᠪᠠᠷ ᠢᠶᠠᠨ ᠲᠠᠲᠠᠵᠤ ᠳᠤᠷ᠎ᠠ ᠪᠠᠷ ᠢᠶᠠᠨ | ᠥᠭᠡᠷᠡᠴᠢᠯᠡᠵᠦ᠂ ᠣᠶᠤᠨᠴᠢᠯᠠᠭᠰᠠᠨ ᠲᠥᠬᠦᠭᠡᠷᠦᠮᠵᠢ ᠲᠥᠬᠦᠭᠡᠷᠦᠮᠵᠢ ᠶᠢ ᠵᠠᠳᠠᠯᠵᠤ ᠥᠭᠡᠷᠡᠴᠢᠯᠡᠬᠦ᠃ | ︵ᠠᠷᠪᠠᠨ ᠲᠤᠯᠤᠭ᠎ᠠ︶ ᠨᠡᠭᠡᠯᠡᠭᠡᠢ᠂ ᠪᠠᠶᠢᠴᠠᠭᠠᠬᠤ ᠠᠮᠠᠰᠠᠷ ᠵᠢᠴᠢ ᠭᠤᠣᠯ ᠬᠠᠮᠢᠶᠠᠷᠬᠤ ᠵᠡᠮ ᠵᠡᠷᠭᠡ ᠶᠢ | ᠪᠢᠲᠡᠭᠦᠮᠵᠢᠯᠡᠵᠦ᠂ ᠬᠠᠯᠬᠠᠯᠠᠬᠤ᠃ | ︵ᠠᠷᠪᠠᠨ ᠨᠠᠢᠮᠠ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠬᠠᠮᠢᠶᠠᠷᠤᠯᠲᠠ ᠶᠢᠨ ᠨᠡᠶᠢᠲᠡ ᠶᠢᠨ | ᠭᠡᠷ᠎ᠡ ᠳᠤ ᠬᠤᠷᠢᠭᠯᠠᠭᠰᠠᠨ ᠪᠤᠰᠤᠳ ᠦᠢᠯᠡ ᠠᠵᠢᠯᠯᠠᠭ᠎ᠠ᠃ | ᠠᠳᠠᠯ ᠠᠬᠤᠢ ᠶᠢᠨ ᠦᠢᠯᠡᠴᠢᠯᠡᠭᠴᠢ᠂ ᠥᠮᠴᠢᠲᠡᠨ᠂ ᠠᠳᠠᠯ ᠠᠬᠤᠢ ᠶᠢᠨ ᠬᠡᠷᠡᠭᠯᠡᠭᠴᠢ ᠡᠮᠦᠨᠡᠬᠢ ᠪᠠᠳᠠᠭ ᠲᠤ | ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠨᠢ ᠪᠠᠶᠢᠬᠤ ᠶᠢ ᠣᠯᠵᠤ ᠮᠡᠳᠡᠪᠡᠯ᠂ ᠴᠠᠭ ᠲᠤᠬᠠᠢ ᠳᠤᠨᠢ ᠢᠳᠬᠠᠨ | ᠬᠤᠷᠢᠭᠯᠠᠵᠤ᠂ ᠬᠤᠷᠢᠭᠯᠠᠨ ᠵᠣᠭᠰᠤᠭᠠᠬᠤ ᠬᠡᠷᠡᠭᠲᠡᠢ᠃ ᠢᠳᠬᠠᠨ ᠬᠤᠷᠢᠭᠯᠠᠵᠤ᠂ ᠬᠤᠷᠢᠭᠯᠠᠨ ᠵᠣᠭᠰᠣᠭᠠᠭᠠᠳ | ᠲᠤᠰᠠ ᠭᠠᠷᠬᠤ ᠦᠭᠡᠢ ᠪᠣᠯ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠨᠢᠭᠡᠴᠢ ᠳᠤ ᠴᠠᠭ ᠲᠤᠬᠠᠢ ᠳᠤᠨᠢ ᠮᠡᠳᠡᠭᠦᠯᠬᠦ | ᠬᠡᠷᠡᠭᠲᠡᠢ᠂ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠨᠢᠭᠡᠴᠢ ᠴᠠᠭ ᠲᠤᠬᠠᠢ ᠳᠤᠨᠢ ᠬᠠᠤᠯᠢ ᠶᠣᠰᠣᠭᠠᠷ | ᠰᠢᠢᠳᠪᠦᠷᠢᠯᠡᠬᠦ ᠬᠡᠷᠡᠭᠲᠡᠢ᠃ ᠥᠮᠴᠢᠲᠡᠨ᠂ ᠠᠳᠠᠯ ᠠᠬᠤᠢ ᠶᠢᠨ ᠬᠡᠷᠡᠭᠯᠡᠭᠴᠢ ᠨᠢ ᠲᠤᠰ ᠪᠡᠶ᠎ᠡ ᠶᠢᠨ ᠬᠠᠤᠯᠢ ᠶᠣᠰᠣᠨ ᠤ | ᠡᠷᠬᠡ ᠠᠰᠢᠭ ᠲᠤ ᠬᠠᠯᠳᠠᠭᠰᠠᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠠᠷᠠᠳ ᠤᠨ ᠰᠢᠭᠦᠬᠦ ᠬᠤᠷᠢᠶᠠᠨ ᠳᠤ | ᠵᠠᠭᠠᠯᠳᠤᠵᠤ ᠪᠣᠯᠣᠨ᠎ᠠ᠃ ᠥᠮᠴᠢᠲᠡᠨ ᠤ ᠵᠥᠪᠯᠡᠯ ᠨᠢ ᠥᠮᠴᠢᠲᠡᠨ ᠤ ᠬᠠᠮᠲᠤ ᠶᠢᠨ ᠠᠰᠢᠭ ᠲᠤᠰᠠ ᠳᠤ ᠬᠠᠯᠳᠠᠭᠰᠠᠨ | ᠠᠵᠢᠯᠯᠠᠭ᠎ᠠ ᠶᠢ ᠬᠠᠤᠯᠢ ᠶᠣᠰᠣᠭᠠᠷ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠵᠤ ᠪᠣᠯᠣᠨ᠎ᠠ᠃ | ᠵᠢᠷᠠᠨ ᠭᠤᠷᠪᠠᠳᠤᠭᠠᠷ ᠵᠦᠢᠯ ᠠᠳᠠᠯ ᠠᠬᠤᠢ ᠳᠤ ᠠᠶᠦᠯᠭᠦᠢ ᠶᠢᠨ ᠳᠠᠯᠳᠠ ᠭᠡᠮ ᠣᠷᠣᠰᠢᠵᠤ᠂ ᠣᠯᠠᠨ | ᠨᠡᠶᠢᠲᠡ ᠶᠢᠨ ᠠᠰᠢᠭ ᠲᠤᠰᠠ ᠵᠢᠴᠢ ᠪᠤᠰᠤᠳ ᠥᠮᠴᠢᠲᠡᠨ ᠤ ᠬᠠᠤᠯᠢ ᠶᠣᠰᠣᠨ ᠤ ᠡᠷᠬᠡ ᠠᠰᠢᠭ ᠲᠤ ᠰᠦᠷᠳᠡᠭᠦᠯᠦᠯ | ᠤᠴᠠᠷᠠᠭᠤᠯᠤᠭᠰᠠᠨ ᠪᠠᠶᠢᠪᠠᠯ᠂ ᠬᠠᠷᠢᠭᠤᠴᠠᠯᠭ᠎ᠠ ᠲᠠᠢ ᠬᠥᠮᠥᠨ ᠨᠢ ᠴᠠᠭ ᠲᠤᠬᠠᠢ ᠳᠤᠨᠢ ᠰᠡᠯᠪᠢᠨ ᠵᠠᠰᠠᠵᠤ ᠠᠷᠠᠴᠢᠯᠠᠨ | ᠬᠠᠮᠠᠭᠠᠯᠠᠵᠤ᠂ ᠳᠠᠯᠳᠠ ᠭᠡᠮ ᠢ ᠠᠷᠢᠯᠭᠠᠬᠤ ᠬᠡᠷᠡᠭᠲᠡᠢ᠂ ᠬᠤᠯᠪᠣᠭᠳᠠᠯ ᠪᠦᠬᠦᠢ ᠥᠮᠴᠢᠲᠡᠨ ᠬᠠᠮᠵᠢᠯᠴᠠᠬᠤ ᠬᠡᠷᠡᠭᠲᠡᠢ᠃ | | ᠬᠠᠷᠢᠭᠤᠴᠠᠯᠭ᠎ᠠ ᠲᠠᠢ ᠬᠥᠮᠥᠨ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠡᠭᠦᠷᠭᠡ ᠪᠠᠨ ᠭᠦᠢᠴᠡᠳᠬᠡᠬᠦ ᠦᠭᠡᠢ | ᠪᠠᠶᠢᠪᠠᠯ᠂ ᠦᠮᠴᠢᠳᠡᠳ ᠤᠨ ᠶᠡᠭᠡ ᠬᠤᠷᠠᠯ ᠢᠶᠠᠷ ᠵᠥᠪᠰᠢᠶᠡᠷᠡᠭᠦᠯᠦᠭᠡᠳ᠂ ᠠᠳᠠᠯ ᠠᠬᠤᠢ ᠶᠢᠨ ᠦᠢᠯᠡᠴᠢᠯᠡᠭᠴᠢ ᠠᠴᠠ | ᠰᠡᠯᠪᠢᠨ ᠵᠠᠰᠠᠵᠤ ᠠᠷᠠᠴᠢᠯᠠᠨ ᠬᠠᠮᠠᠭᠠᠯᠠᠵᠤ ᠪᠣᠯᠣᠨ᠎ᠠ᠂ ᠵᠠᠷᠤᠳᠠᠯ ᠢ ᠬᠠᠷᠢᠭᠤᠴᠠᠯᠭ᠎ᠠ ᠲᠠᠢ ᠬᠥᠮᠥᠨ ᠡᠭᠦᠷᠭᠡᠯᠡᠨ᠎ᠡ᠃ | ᠵᠢᠷᠠᠨ ᠳᠥᠷᠪᠡᠳᠦᠭᠡᠷ ᠵᠦᠢᠯ ᠥᠮᠴᠢᠲᠡᠨ᠂ ᠠᠳᠠᠯ ᠠᠬᠤᠢ ᠶᠢᠨ ᠬᠡᠷᠡᠭᠯᠡᠭᠴᠢ ᠭᠡᠷ ᠪᠠᠶᠢᠰᠢᠩ ᠢᠶᠠᠨ ᠵᠠᠰᠠᠵᠤ | ᠴᠢᠮᠡᠭᠯᠡᠬᠦ ᠳᠡᠭᠡᠨ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠬᠠᠮᠢᠶᠠᠷᠤᠯᠲᠠ ᠶᠢᠨ ᠨᠡᠶᠢᠲᠡ ᠶᠢᠨ ᠭᠡᠷ᠎ᠡ ᠪᠤᠶᠤ | ᠲᠦᠷ ᠴᠠᠭ ᠤᠨ ᠬᠠᠮᠢᠶᠠᠷᠤᠯᠲᠠ ᠶᠢᠨ ᠨᠡᠶᠢᠲᠡ ᠶᠢᠨ ᠭᠡᠷ᠎ᠡ ᠶᠢ ᠵᠢᠷᠤᠮᠯᠠᠵᠤ᠂ ᠠᠳᠠᠯ ᠠᠬᠤᠢ ᠶᠢᠨ ᠦᠢᠯᠡᠴᠢᠯᠡᠭᠴᠢ ᠳᠤ | ᠤᠷᠢᠳᠠᠪᠠᠷ ᠮᠡᠳᠡᠭᠳᠡᠵᠦ᠂ ᠠᠳᠠᠯ ᠠᠬᠤᠢ ᠶᠢᠨ ᠦᠢᠯᠡᠴᠢᠯᠡᠭᠴᠢ ᠶᠢᠨ ᠰᠠᠨᠠᠭᠤᠯᠤᠭᠰᠠᠨ ᠵᠦᠢ ᠵᠣᠬᠢᠰᠲᠠᠢ ᠠᠩᠬᠠᠷᠬᠤ | ᠵᠦᠢᠯᠡᠰ ᠢ ᠵᠢᠷᠤᠮᠯᠠᠬᠤ ᠶᠢᠨ ᠬᠠᠮᠲᠤ ᠲᠡᠭᠦᠨ ᠲᠠᠢ ᠬᠠᠮᠵᠢᠯᠴᠠᠨ ᠴᠢᠬᠤᠯᠠ ᠪᠦᠬᠦᠢ ᠲᠤᠬᠠᠢ ᠶᠢᠨ ᠲᠠᠯᠠᠪᠤᠷ ᠤᠨ | ᠪᠠᠶᠢᠴᠠᠭᠠᠯᠲᠠ ᠬᠢᠬᠦ ᠬᠡᠷᠡᠭᠲᠡᠢ᠃ ᠤᠷᠢᠳᠠᠪᠠᠷ ᠮᠡᠳᠡᠭᠳᠡᠭᠰᠡᠨ ᠦᠭᠡᠢ ᠪᠠᠶᠢᠪᠠᠯ᠂ ᠠᠳᠠᠯ ᠠᠬᠤᠢ ᠶᠢᠨ ᠦᠢᠯᠡᠴᠢᠯᠡᠭᠴᠢ | ᠨᠢ ᠬᠠᠮᠢᠶᠠᠷᠤᠯᠲᠠ ᠶᠢᠨ ᠨᠡᠶᠢᠲᠡ ᠶᠢᠨ ᠭᠡᠷ᠎ᠡ ᠪᠤᠶᠤ ᠲᠦᠷ ᠴᠠᠭ ᠤᠨ ᠬᠠᠮᠢᠶᠠᠷᠤᠯᠲᠠ ᠶᠢᠨ ᠨᠡᠶᠢᠲᠡ ᠶᠢᠨ ᠭᠡᠷ᠎ᠡ | ᠶᠣᠰᠣᠭᠠᠷ ᠵᠠᠰᠠᠯ ᠴᠢᠮᠡᠭᠯᠡᠯ ᠤᠨ ᠪᠠᠷᠢᠯᠭ᠎ᠠ ᠶᠢᠨ ᠠᠵᠢᠯᠲᠠᠨ ᠤ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠳᠤ | ᠣᠷᠣᠬᠤ ᠶᠢ ᠴᠠᠭᠠᠵᠠᠯᠠᠵᠤ ᠪᠣᠯᠣᠨ᠎ᠠ᠃ | ᠠᠳᠠᠯ ᠠᠬᠤᠢ ᠶᠢᠨ ᠦᠢᠯᠡᠴᠢᠯᠡᠭᠴᠢ ᠨᠢ ᠵᠠᠰᠠᠯ ᠴᠢᠮᠡᠭᠯᠡᠯ ᠤᠨ ᠬᠤᠷᠢᠭᠯᠠᠬᠤ ᠠᠵᠢᠯᠯᠠᠭ᠎ᠠ ᠪᠠ ᠠᠩᠬᠠᠷᠬᠤ | ᠵᠦᠢᠯᠡᠰ ᠢ ᠥᠮᠴᠢᠲᠡᠨ᠂ ᠠᠳᠠᠯ ᠠᠬᠤᠢ ᠶᠢᠨ ᠬᠡᠷᠡᠭᠯᠡᠭᠴᠢ ᠳᠤ ᠪᠢᠴᠢᠭ ᠢᠶᠠᠷ ᠮᠡᠳᠡᠭᠳᠡᠬᠦ ᠬᠡᠷᠡᠭᠲᠡᠢ᠃ ᠭᠡᠷ ᠪᠠᠶᠢᠰᠢᠩ ᠢ | ᠵᠠᠰᠠᠵᠤ ᠴᠢᠮᠡᠭᠯᠡᠬᠦ ᠶᠠᠪᠤᠴᠠ ᠳᠤ᠂ ᠠᠳᠠᠯ ᠠᠬᠤᠢ ᠶᠢᠨ ᠦᠢᠯᠡᠴᠢᠯᠡᠭᠴᠢ ᠠᠴᠠ ᠲᠤᠬᠠᠢ ᠶᠢᠨ ᠲᠠᠯᠠᠪᠤᠷ ᠤᠨ ᠲᠣᠭᠤᠷᠢᠨ | ᠪᠠᠶᠢᠴᠠᠭᠠᠯᠲᠠ ᠪᠠ ᠬᠢᠨᠠᠯᠲᠠ ᠪᠠᠨ ᠴᠢᠩᠭᠠᠳᠬᠠᠵᠤ᠂ ᠥᠮᠴᠢᠲᠡᠨ᠂ ᠠᠳᠠᠯ ᠠᠬᠤᠢ ᠶᠢᠨ ᠬᠡᠷᠡᠭᠯᠡᠭᠴᠢ᠂ ᠵᠠᠰᠠᠯ | ᠴᠢᠮᠡᠭᠯᠡᠯ ᠤᠨ ᠠᠵᠢᠯᠲᠠᠨ ᠤ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠬᠠᠮᠢᠶᠠᠷᠤᠯᠲᠠ ᠶᠢᠨ | ᠨᠡᠶᠢᠲᠡ ᠶᠢᠨ ᠭᠡᠷ᠎ᠡ ᠪᠤᠶᠤ ᠲᠦᠷ ᠴᠠᠭ ᠤᠨ ᠬᠠᠮᠢᠶᠠᠷᠤᠯᠲᠠ ᠶᠢᠨ ᠨᠡᠶᠢᠲᠡ ᠶᠢᠨ ᠭᠡᠷ᠎ᠡ ᠶᠢ ᠵᠥᠷᠢᠴᠡᠭᠰᠡᠨ ᠢ ᠣᠯᠵᠤ | ᠮᠡᠳᠡᠪᠡᠯ᠂ ᠴᠠᠭ ᠲᠤᠬᠠᠢ ᠳᠤᠨᠢ ᠢᠳᠬᠠᠨ ᠬᠤᠷᠢᠭᠯᠠᠵᠤ᠂ ᠬᠤᠷᠢᠭᠯᠠᠨ ᠵᠣᠭᠰᠤᠭᠠᠬᠤ ᠬᠡᠷᠡᠭᠲᠡᠢ᠃ ᠢᠳᠬᠠᠨ | ᠬᠤᠷᠢᠭᠯᠠᠵᠤ᠂ ᠬᠤᠷᠢᠭᠯᠠᠨ ᠵᠣᠭᠰᠣᠭᠠᠭᠠᠳ ᠲᠤᠰᠠ ᠭᠠᠷᠬᠤ ᠦᠭᠡᠢ ᠪᠠᠶᠢᠪᠠᠯ᠂ ᠴᠠᠭ ᠲᠤᠬᠠᠢ ᠳᠤᠨᠢ ᠬᠤᠯᠪᠣᠭᠳᠠᠯ | ᠪᠦᠬᠦᠢ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠂ ᠦᠮᠴᠢᠳᠡᠳ ᠤᠨ ᠵᠥᠪᠯᠡᠯ ᠳᠤ ᠮᠡᠳᠡᠭᠦᠯᠬᠦ | ᠬᠡᠷᠡᠭᠲᠡᠢ᠃ | ᠵᠠᠰᠠᠯ ᠴᠢᠮᠡᠭᠯᠡᠯ ᠤᠨ ᠠᠵᠢᠯ ᠨᠢ ᠠᠳᠠᠯ ᠠᠬᠤᠢ ᠶᠢᠨ ᠬᠠᠮᠲᠤ ᠪᠠᠷ ᠬᠡᠷᠡᠭᠯᠡᠬᠦ ᠬᠡᠰᠡᠭ ᠢ ᠪᠣᠬᠢᠷᠲᠤᠭᠤᠯᠵᠤ᠂ | ᠬᠠᠮᠲᠤ ᠪᠠᠷ ᠬᠡᠷᠡᠭᠯᠡᠬᠦ ᠲᠥᠬᠦᠭᠡᠷᠦᠮᠵᠢ ᠲᠥᠬᠦᠭᠡᠷᠦᠮᠵᠢ ᠶᠢ ᠡᠪᠳᠡᠭᠰᠡᠨ ᠪᠠᠶᠢᠪᠠᠯ᠂ ᠠᠳᠠᠯ ᠠᠬᠤᠢ ᠶᠢᠨ | ᠦᠢᠯᠡᠴᠢᠯᠡᠭᠴᠢ ᠠᠴᠠ ᠥᠮᠴᠢᠲᠡᠨ᠂ ᠠᠳᠠᠯ ᠠᠬᠤᠢ ᠶᠢᠨ ᠬᠡᠷᠡᠭᠯᠡᠭᠴᠢ ᠳᠤ ᠮᠡᠳᠡᠭᠳᠡᠵᠦ ᠵᠠᠰᠠᠨ ᠰᠡᠷᠭᠦᠭᠡᠯᠭᠡᠵᠦ᠂ | ᠴᠡᠪᠡᠷᠯᠡᠭᠦᠯᠵᠦ᠂ ᠤᠤᠯ ᠤᠨ ᠪᠠᠶᠢᠳᠠᠯ ᠢ ᠨᠢ ᠰᠡᠷᠭᠦᠭᠡᠬᠦ ᠬᠡᠷᠡᠭᠲᠡᠢ᠃ ᠥᠮᠴᠢᠲᠡᠨ᠂ ᠠᠳᠠᠯ ᠠᠬᠤᠢ ᠶᠢᠨ ᠬᠡᠷᠡᠭᠯᠡᠭᠴᠢ | ᠨᠢ ᠠᠳᠠᠯ ᠠᠬᠤᠢ ᠶᠢᠨ ᠦᠢᠯᠡᠴᠢᠯᠡᠭᠴᠢ ᠶᠢᠨ ᠮᠡᠳᠡᠭᠳᠡᠭᠰᠡᠨ ᠬᠤᠭᠤᠴᠠᠭᠠᠨ ᠳᠤ ᠰᠡᠯᠪᠢᠨ ᠵᠠᠰᠠᠵᠤ᠂ ᠴᠡᠪᠡᠷᠯᠡᠵᠦ᠂ | ᠤᠤᠯ ᠤᠨ ᠪᠠᠶᠢᠳᠠᠯ ᠢ ᠨᠢ ᠰᠡᠷᠭᠦᠭᠡᠭᠰᠡᠨ ᠦᠭᠡᠢ ᠪᠠᠶᠢᠪᠠᠯ᠂ ᠠᠳᠠᠯ ᠠᠬᠤᠢ ᠶᠢᠨ ᠦᠢᠯᠡᠴᠢᠯᠡᠭᠴᠢ ᠠᠴᠠ | ᠰᠢᠢᠳᠪᠦᠷᠢᠯᠡᠵᠦ᠂ ᠬᠡᠷᠡᠭᠰᠡᠬᠦ ᠵᠠᠷᠤᠳᠠᠯ ᠢ ᠥᠮᠴᠢᠲᠡᠨ᠂ ᠠᠳᠠᠯ ᠠᠬᠤᠢ ᠶᠢᠨ ᠬᠡᠷᠡᠭᠯᠡᠭᠴᠢ ᠠᠴᠠ ᠡᠭᠦᠷᠭᠡᠯᠡᠨ᠎ᠡ᠃ | ᠵᠢᠷᠠᠨ ᠲᠠᠪᠤᠳᠤᠭᠠᠷ ᠵᠦᠢᠯ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠤ ᠳᠣᠲᠣᠷᠠᠬᠢ ᠤᠰᠤ ᠬᠠᠩᠭᠠᠬᠤ | ᠂ ᠴᠠᠬᠢᠯᠭᠠᠨ ᠬᠠᠩᠭᠠᠬᠤ᠂ ᠳᠤᠯᠠᠭᠠᠯᠠᠭ᠎ᠠ ᠬᠠᠩᠭᠠᠬᠤ᠂ ᠬᠡᠢ ᠬᠠᠩᠭᠠᠬᠤ᠂ ᠴᠢᠮᠡᠭᠡ ᠨᠡᠪᠲᠡᠷᠡᠯᠭᠡ᠂ ᠤᠲᠠᠰᠤᠲᠤ | ᠲᠧᠯᠸᠢᠰ ᠵᠡᠷᠭᠡ ᠲᠤᠰᠬᠠᠢ ᠡᠵᠡᠩᠨᠡᠯᠲᠡ ᠶᠢᠨ ᠲᠥᠬᠦᠭᠡᠷᠦᠮᠵᠢ ᠲᠥᠬᠦᠭᠡᠷᠦᠮᠵᠢ ᠵᠢᠴᠢ ᠬᠠᠮᠢᠶ᠎ᠠ ᠪᠦᠬᠦᠢ ᠬᠤᠭᠤᠯᠠᠢ | ᠤᠲᠠᠰᠤ ᠨᠢ ᠤᠯᠤᠰ ᠤᠨ ᠮᠡᠷᠭᠡᠵᠢᠯ ᠤᠨ ᠪᠠᠷᠢᠮᠵᠢᠶ᠎ᠠ ᠪᠠ ᠮᠡᠷᠭᠡᠵᠢᠯ ᠤᠨ ᠵᠢᠷᠤᠮᠵᠢᠯ ᠳᠤ ᠨᠡᠶᠢᠴᠡᠭᠰᠡᠨ ᠪᠠᠶᠢᠬᠤ | ᠬᠡᠷᠡᠭᠲᠡᠢ᠃ | ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ | ᠪᠦᠰᠡ ᠶᠢᠨ ᠳᠣᠲᠣᠷᠠᠬᠢ ᠲᠤᠰᠬᠠᠢ ᠡᠵᠡᠩᠨᠡᠯᠲᠡ ᠶᠢᠨ ᠲᠥᠬᠦᠭᠡᠷᠦᠮᠵᠢ ᠶᠢ ᠭᠤᠣᠯ ᠴᠣᠭᠴᠠᠲᠤ ᠪᠠᠷᠢᠯᠭ᠎ᠠ ᠯᠤᠭ᠎ᠠ | ᠵᠡᠷᠭᠡᠪᠡᠷ ᠵᠢᠷᠤᠭᠯᠠᠨ ᠲᠥᠯᠥᠪᠯᠡᠵᠦ᠂ ᠵᠡᠷᠭᠡᠪᠡᠷ ᠪᠠᠷᠢᠵᠤ᠂ ᠵᠡᠷᠭᠡᠪᠡᠷ ᠲᠤᠰᠢᠶᠠᠨ ᠥᠭᠬᠦ ᠬᠡᠷᠡᠭᠲᠡᠢ᠃ ᠪᠦᠲᠦᠭᠡᠨ | ᠪᠠᠶᠢᠭᠤᠯᠬᠤ ᠨᠢᠭᠡᠴᠢ ᠨᠢ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠠᠪᠬᠤ ᠠᠵᠢᠯ ᠢ ᠵᠣᠬᠢᠶᠠᠨ | ᠪᠠᠶᠢᠭᠤᠯᠬᠤ ᠳᠠᠭᠠᠨ ᠤᠰᠤ ᠬᠠᠩᠭᠠᠬᠤ᠂ ᠴᠠᠬᠢᠯᠭᠠᠨ ᠬᠠᠩᠭᠠᠬᠤ᠂ ᠳᠤᠯᠠᠭᠠᠯᠠᠭ᠎ᠠ ᠬᠠᠩᠭᠠᠬᠤ᠂ ᠬᠡᠢ ᠬᠠᠩᠭᠠᠬᠤ ᠵᠡᠷᠭᠡ | ᠬᠤᠯᠪᠣᠭᠳᠠᠯ ᠪᠦᠬᠦᠢ ᠲᠤᠰᠬᠠᠢ ᠡᠵᠡᠩᠨᠡᠯᠲᠡ ᠶᠢᠨ ᠨᠢᠭᠡᠴᠢ ᠳᠤ ᠮᠡᠳᠡᠭᠳᠡᠵᠦ ᠣᠷᠣᠯᠴᠠᠭᠤᠯᠬᠤ ᠬᠡᠷᠡᠭᠲᠡᠢ᠃ ᠰᠢᠯᠭᠠᠨ | ᠠᠪᠬᠤ ᠳᠤ ᠬᠢᠷᠢ ᠲᠡᠩᠴᠡᠭᠰᠡᠨ ᠤ ᠳᠠᠷᠠᠭ᠎ᠠ᠂ ᠪᠦᠲᠦᠭᠡᠨ ᠪᠠᠶᠢᠭᠤᠯᠬᠤ ᠨᠢᠭᠡᠴᠢ ᠨᠢ ᠲᠤᠰᠬᠠᠢ ᠮᠡᠷᠭᠡᠵᠢᠯ ᠤᠨ | ᠡᠵᠡᠩᠨᠡᠯᠲᠡ ᠶᠢᠨ ᠲᠥᠬᠦᠭᠡᠷᠦᠮᠵᠢ ᠲᠥᠬᠦᠭᠡᠷᠦᠮᠵᠢ ᠵᠢᠴᠢ ᠬᠠᠮᠢᠶ᠎ᠠ ᠪᠦᠬᠦᠢ ᠬᠤᠭᠤᠯᠠᠢ ᠤᠲᠠᠰᠤ ᠶᠢ ᠲᠤᠰᠬᠠᠢ | ᠮᠡᠷᠭᠡᠵᠢᠯ ᠤᠨ ᠡᠵᠡᠩᠨᠡᠯᠲᠡ ᠶᠢᠨ ᠨᠢᠭᠡᠴᠢ ᠳᠤ ᠰᠢᠯᠵᠢᠭᠦᠯᠦᠨ ᠥᠭᠴᠦ ᠬᠠᠮᠠᠭᠠᠯᠠᠨ ᠬᠠᠮᠢᠶᠠᠷᠤᠭᠤᠯᠵᠤ᠂ ᠲᠤᠰᠬᠠᠢ | ᠮᠡᠷᠭᠡᠵᠢᠯ ᠤᠨ ᠡᠵᠡᠩᠨᠡᠯᠲᠡ ᠶᠢᠨ ᠨᠢᠭᠡᠴᠢ ᠨᠢ ᠭᠥᠯᠢᠶᠡᠨ ᠠᠪᠬᠤ ᠬᠡᠷᠡᠭᠲᠡᠢ᠃ | ᠨᠢᠭᠡᠨᠲᠡ ᠠᠰᠢᠭᠯᠠᠯᠲᠠ ᠳᠤ ᠣᠷᠣᠭᠤᠯᠤᠭᠰᠠᠨ ᠲᠥᠬᠦᠭᠡᠷᠦᠮᠵᠢ ᠲᠥᠬᠦᠭᠡᠷᠦᠮᠵᠢ ᠵᠢᠴᠢ ᠬᠠᠮᠢᠶ᠎ᠠ ᠪᠦᠬᠦᠢ | ᠬᠤᠭᠤᠯᠠᠢ ᠱᠤᠭᠤᠮ ᠢ ᠲᠤᠰᠬᠠᠢ ᠡᠵᠡᠩᠨᠡᠯᠲᠡ ᠶᠢᠨ ᠨᠢᠭᠡᠴᠢ ᠳᠤ ᠬᠠᠷᠠᠬᠠᠨ ᠰᠢᠯᠵᠢᠭᠦᠯᠦᠨ ᠲᠤᠰᠢᠶᠠᠵᠤ ᠬᠠᠮᠠᠭᠠᠯᠠᠨ | ᠬᠠᠮᠢᠶᠠᠷᠤᠭᠤᠯᠤᠭᠰᠠᠨ ᠦᠭᠡᠢ ᠪᠠᠶᠢᠪᠠᠯ᠂ ᠠᠳᠠᠯ ᠠᠬᠤᠢ ᠶᠢᠨ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ | ᠠᠷᠠᠳ ᠤᠨ ᠵᠠᠰᠠᠭ ᠤᠨ ᠣᠷᠳᠣᠨ ᠠᠴᠠ ᠲᠤᠰᠬᠠᠢ ᠡᠵᠡᠩᠨᠡᠯᠲᠡ ᠶᠢᠨ ᠨᠢᠭᠡᠴᠢ ᠶᠢ ᠵᠣᠬᠢᠶᠠᠨ ᠪᠠᠶᠢᠭᠤᠯᠵᠤ ᠰᠢᠯᠭᠠᠨ | ᠠᠪᠤᠨ᠎ᠠ᠃ ᠰᠢᠯᠭᠠᠨ ᠠᠪᠬᠤ ᠳᠤ ᠬᠢᠷᠢ ᠲᠡᠩᠴᠡᠭᠰᠡᠳ ᠢ ᠲᠤᠰᠬᠠᠢ ᠠᠵᠢᠯ ᠤᠨ ᠡᠵᠡᠩᠨᠡᠯᠲᠡ ᠶᠢᠨ ᠨᠢᠭᠡᠴᠢ ᠠᠴᠠ | ᠭᠥᠯᠢᠶᠡᠨ ᠠᠪᠤᠨ᠎ᠠ᠃ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠪᠠᠶᠢᠪᠠᠯ᠂ ᠬᠤᠰᠢᠭᠤ ᠰᠢᠶᠠᠨ ᠤ ᠱᠠᠲᠤᠨ ᠤ | ᠠᠷᠠᠳ ᠤᠨ ᠵᠠᠰᠠᠭ ᠤᠨ ᠣᠷᠳᠣᠨ ᠠᠴᠠ ᠬᠠᠮᠢᠶ᠎ᠠ ᠪᠦᠬᠦᠢ ᠨᠢᠭᠡᠴᠢ ᠶᠢ ᠵᠣᠬᠢᠶᠠᠨ ᠪᠠᠶᠢᠭᠤᠯᠤᠨ ᠴᠡᠭᠴᠡᠯᠡᠨ | ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠳᠤ ᠬᠢᠷᠢ ᠲᠡᠩᠴᠡᠭᠰᠡᠨ ᠤ ᠳᠠᠷᠠᠭ᠎ᠠ᠂ ᠲᠤᠰᠬᠠᠢ ᠡᠵᠡᠩᠨᠡᠯᠲᠡ ᠶᠢᠨ | ᠨᠢᠭᠡᠴᠢ ᠠᠴᠠ ᠭᠥᠯᠢᠶᠡᠨ ᠠᠪᠤᠨ᠎ᠠ᠃ | ᠲᠤᠰᠬᠠᠢ ᠠᠵᠢᠯ ᠤᠨ ᠡᠵᠡᠩᠨᠡᠯᠲᠡ ᠶᠢᠨ ᠨᠢᠭᠡᠴᠢ ᠳᠤ ᠰᠢᠯᠵᠢᠭᠦᠯᠦᠨ ᠲᠤᠰᠢᠶᠠᠭᠰᠠᠨ ᠲᠥᠬᠦᠭᠡᠷᠦᠮᠵᠢ | ᠲᠥᠬᠦᠭᠡᠷᠦᠮᠵᠢ ᠵᠢᠴᠢ ᠬᠤᠯᠪᠣᠭᠳᠠᠯ ᠪᠦᠬᠦᠢ ᠬᠤᠭᠤᠯᠠᠢ ᠤᠲᠠᠰᠤ ᠶᠢᠨ ᠰᠡᠯᠪᠢᠨ ᠵᠠᠰᠠᠬᠤ᠂ ᠠᠷᠠᠴᠢᠯᠠᠨ ᠬᠠᠮᠠᠭᠠᠯᠠᠬᠤ᠂ | ᠰᠢᠨᠡᠳᠬᠡᠬᠦ ᠵᠡᠷᠭᠡ ᠵᠠᠷᠤᠳᠠᠯ ᠢ ᠲᠤᠰᠬᠠᠢ ᠠᠵᠢᠯ ᠤᠨ ᠡᠵᠡᠩᠨᠡᠯᠲᠡ ᠶᠢᠨ ᠨᠢᠭᠡᠴᠢ ᠠᠴᠠ ᠬᠠᠤᠯᠢ ᠶᠣᠰᠣᠭᠠᠷ ᠡᠭᠦᠷᠭᠡᠯᠡᠨ᠎ᠡ | ᠃ ᠵᠠᠰᠠᠬᠤ ᠶᠢ ᠪᠠᠲᠤᠯᠠᠬᠤ ᠬᠤᠭᠤᠴᠠᠭᠠᠨ ᠳᠤ ᠪᠠᠶᠢᠪᠠᠯ ᠲᠡᠭᠦᠨ ᠤ ᠵᠠᠷᠤᠳᠠᠯ ᠢ ᠪᠦᠲᠦᠭᠡᠨ ᠪᠠᠶᠢᠭᠤᠯᠬᠤ ᠨᠢᠭᠡᠴᠢ | ᠳᠠᠭᠠᠭᠠᠨ᠎ᠠ᠃ | ᠵᠢᠷᠠᠨ ᠵᠢᠷᠭᠤᠳᠤᠭᠠᠷ ᠵᠦᠢᠯ ᠤᠰᠤ ᠬᠠᠩᠭᠠᠬᠤ᠂ ᠴᠠᠬᠢᠯᠭᠠᠨ ᠬᠠᠩᠭᠠᠬᠤ᠂ ᠳᠤᠯᠠᠭᠠᠯᠠᠭ᠎ᠠ ᠬᠠᠩᠭᠠᠬᠤ᠂ ᠬᠡᠢ | ᠬᠠᠩᠭᠠᠬᠤ᠂ ᠴᠢᠮᠡᠭᠡ ᠬᠤᠯᠪᠣᠭ᠎ᠠ᠂ ᠤᠲᠠᠰᠤᠲᠤ ᠲᠧᠯᠸᠢᠰ ᠵᠡᠷᠭᠡ ᠨᠢᠭᠡᠴᠢ ᠨᠦᠭᠦᠳ ᠠᠳᠠᠯ ᠠᠬᠤᠢ ᠶᠢᠨ | ᠬᠠᠮᠢᠶᠠᠷᠤᠯᠲᠠ ᠶᠢᠨ ᠣᠷᠣᠨ ᠪᠦᠰᠡ ᠶᠢᠨ ᠳᠣᠲᠣᠷᠠᠬᠢ ᠡᠷᠦᠬᠡ ᠬᠤᠪᠢᠶᠠᠭᠰᠠᠨ ᠦᠵᠦᠭᠦᠷ ᠤᠨ ᠬᠡᠮᠵᠢᠯᠲᠡ ᠶᠢᠨ | ᠲᠣᠨᠣᠭᠯᠠᠯ ᠵᠢᠴᠢ ᠲᠡᠭᠦᠨ ᠠᠴᠠ ᠪᠤᠰᠤᠳ ᠲᠥᠬᠦᠭᠡᠷᠦᠮᠵᠢ ᠲᠥᠬᠦᠭᠡᠷᠦᠮᠵᠢ ᠪᠤᠶᠤ ᠡᠷᠦᠬᠡ ᠳᠤ ᠣᠷᠣᠬᠤ | ᠦᠵᠦᠭᠦᠷ ᠠᠴᠠ ᠭᠠᠳᠠᠨᠠᠬᠢ ᠲᠥᠬᠦᠭᠡᠷᠦᠮᠵᠢ ᠲᠥᠬᠦᠭᠡᠷᠦᠮᠵᠢ ᠶᠢ ᠰᠡᠯᠪᠢᠨ ᠵᠠᠰᠠᠬᠤ᠂ ᠠᠷᠠᠴᠢᠯᠠᠨ ᠬᠠᠮᠠᠭᠠᠯᠠᠬᠤ᠂ | ᠰᠢᠨᠡᠳᠬᠡᠬᠦ ᠶᠢ ᠬᠠᠷᠢᠭᠤᠴᠠᠬᠤ ᠶᠢᠨ ᠬᠠᠮᠲᠤ ᠬᠠᠮᠢᠶ᠎ᠠ ᠪᠦᠬᠦᠢ ᠵᠠᠷᠤᠳᠠᠯ ᠢ ᠡᠭᠦᠷᠭᠡᠯᠡᠬᠦ ᠬᠡᠷᠡᠭᠲᠡᠢ᠃ | ᠤᠰᠤ ᠬᠠᠩᠭᠠᠬᠤ᠂ ᠴᠠᠬᠢᠯᠭᠠᠨ ᠬᠠᠩᠭᠠᠬᠤ᠂ ᠳᠤᠯᠠᠭᠠᠯᠠᠭ᠎ᠠ ᠬᠠᠩᠭᠠᠬᠤ᠂ ᠬᠡᠢ ᠬᠠᠩᠭᠠᠬᠤ᠂ ᠮᠡᠳᠡᠭᠡ | ᠬᠤᠯᠪᠣᠭ᠎ᠠ᠂ ᠤᠲᠠᠰᠤᠲᠤ ᠲᠧᠯᠸᠢᠰ ᠵᠡᠷᠭᠡ ᠨᠢᠭᠡᠴᠢ ᠨᠦᠭᠦᠳ ᠲᠤᠰᠬᠠᠢ ᠡᠵᠡᠩᠨᠡᠯᠲᠡ ᠶᠢᠨ ᠲᠥᠬᠦᠭᠡᠷᠦᠮᠵᠢ | ᠲᠥᠬᠦᠭᠡᠷᠦᠮᠵᠢ ᠶᠢ ᠰᠡᠯᠪᠢᠨ ᠵᠠᠰᠠᠬᠤ᠂ ᠠᠷᠠᠴᠢᠯᠠᠨ ᠬᠠᠮᠠᠭᠠᠯᠠᠬᠤ᠂ ᠰᠢᠨᠡᠳᠬᠡᠬᠦ ᠦᠶ᠎ᠡ ᠳᠤ᠂ ᠥᠮᠴᠢᠲᠡᠨ᠂ ᠠᠳᠠᠯ | ᠠᠬᠤᠢ ᠶᠢᠨ ᠦᠢᠯᠡᠴᠢᠯᠡᠭᠴᠢ ᠨᠠᠷ ᠬᠠᠮᠵᠢᠯᠴᠠᠬᠤ ᠬᠡᠷᠡᠭᠲᠡᠢ᠃ | ᠤᠰᠤ ᠬᠠᠩᠭᠠᠬᠤ᠂ ᠴᠠᠬᠢᠯᠭᠠᠨ ᠬᠠᠩᠭᠠᠬᠤ᠂ ᠳᠤᠯᠠᠭᠠᠯᠠᠭ᠎ᠠ ᠬᠠᠩᠭᠠᠬᠤ᠂ ᠬᠡᠢ ᠬᠠᠩᠭᠠᠬᠤ᠂ ᠴᠢᠮᠡᠭᠡ | ᠬᠤᠯᠪᠣᠭ᠎ᠠ᠂ ᠤᠲᠠᠰᠤᠲᠤ ᠲᠧᠯᠸᠢᠰ ᠵᠡᠷᠭᠡ ᠨᠢᠭᠡᠴᠢ ᠨᠦᠭᠦᠳ ᠠᠳᠠᠯ ᠠᠬᠤᠢ ᠶᠢᠨ ᠦᠢᠯᠡᠴᠢᠯᠡᠭᠴᠢ ᠳᠤ ᠨᠠᠶᠢᠳᠠᠵᠤ | ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠤ ᠳᠣᠲᠣᠷᠠᠬᠢ ᠬᠤᠯᠪᠣᠭᠳᠠᠯ ᠪᠦᠬᠦᠢ ᠲᠥᠬᠦᠭᠡᠷᠦᠮᠵᠢ | ᠲᠥᠬᠦᠭᠡᠷᠦᠮᠵᠢ ᠶᠢ ᠡᠳᠦᠷ ᠲᠤᠲᠤᠮ ᠤᠨ ᠰᠡᠯᠪᠢᠨ ᠵᠠᠰᠠᠵᠤ ᠠᠷᠠᠴᠢᠯᠠᠨ ᠬᠠᠮᠠᠭᠠᠯᠠᠭᠤᠯᠤᠭᠰᠠᠨ ᠪᠠᠶᠢᠪᠠᠯ᠂ ᠬᠤᠶᠠᠷ | ᠲᠠᠯ᠎ᠠ ᠪᠠᠷ ᠢᠶᠠᠨ ᠨᠠᠶᠢᠳᠠᠯᠭ᠎ᠠ ᠶᠢᠨ ᠵᠥᠪᠯᠡᠯᠴᠡᠭᠡᠷ ᠲᠣᠭᠲᠠᠵᠤ᠂ ᠨᠠᠶᠢᠳᠠᠭᠰᠠᠨ ᠭᠤᠣᠯ ᠵᠦᠢᠯᠡᠰ ᠪᠠ ᠵᠠᠷᠤᠳᠠᠯ ᠥᠭᠬᠦ | ᠪᠠᠷᠢᠮᠵᠢᠶ᠎ᠠ ᠪᠠ ᠠᠷᠭ᠎ᠠ ᠮᠠᠶ᠋ᠢᠭ ᠢ ᠲᠣᠳᠣᠷᠬᠠᠶᠢᠯᠠᠬᠤ ᠬᠡᠷᠡᠭᠲᠡᠢ᠃ | ᠵᠢᠷᠠᠨ ᠳᠣᠯᠣᠳᠤᠭᠠᠷ ᠵᠦᠢᠯ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠶᠢᠨ ᠳᠣᠲᠣᠷ᠎ᠠ᠂ | ᠥᠮᠴᠢᠲᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠤᠰᠠᠳᠠ᠂ ᠤᠯᠤᠰ ᠪᠠ ᠥᠪᠡᠷᠲᠡᠭᠡᠨ ᠵᠠᠰᠠᠬᠤ | ᠣᠷᠣᠨ ᠤ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠴᠠᠬᠢᠯᠭᠠᠨ ᠴᠡᠨᠡᠭᠯᠡᠬᠦ ᠱᠣᠩ᠂ ᠲᠦᠷᠭᠡᠨ ᠬᠦᠷᠭᠡᠬᠦ | ᠠᠪᠳᠠᠷ᠎ᠠ ᠵᠡᠷᠭᠡ ᠦᠢᠯᠡᠴᠢᠯᠡᠭᠡᠨ ᠤ ᠲᠥᠬᠦᠭᠡᠷᠦᠮᠵᠢ ᠲᠥᠬᠦᠭᠡᠷᠦᠮᠵᠢ ᠶᠢ ᠪᠦᠲᠦᠭᠡᠨ ᠪᠠᠶᠢᠭᠤᠯᠬᠤ ᠳᠤ ᠠᠳᠠᠯ | ᠠᠬᠤᠢ ᠶᠢᠨ ᠦᠢᠯᠡᠴᠢᠯᠡᠭᠴᠢ ᠨᠢ ᠬᠠᠮᠵᠢᠯᠴᠠᠬᠤ ᠬᠡᠷᠡᠭᠲᠡᠢ᠃ | ᠵᠢᠷᠠᠨ ᠨᠠᠢᠮᠠᠳᠤᠭᠠᠷ ᠵᠦᠢᠯ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠳᠤ ᠲᠡᠷᠭᠡ ᠬᠥᠰᠬᠡ | ᠵᠣᠭᠰᠤᠭᠠᠬᠤ ᠳᠤ᠂ ᠪᠤᠰᠤᠳ ᠲᠡᠷᠭᠡ ᠬᠥᠰᠬᠡ ᠪᠣᠯᠣᠨ ᠶᠠᠪᠠᠭᠠᠨ ᠬᠥᠮᠥᠨ ᠤ ᠬᠡᠪ ᠤᠨ ᠶᠣᠰᠣᠭᠠᠷ ᠨᠡᠪᠲᠡᠷᠡᠬᠦ ᠶᠢ | ᠨᠥᠯᠥᠭᠡᠯᠡᠵᠦ ᠪᠣᠯᠬᠤ ᠦᠭᠡᠢ᠂ ᠲᠠᠷᠬᠠᠭᠠᠬᠤ ᠵᠠᠮ᠂ ᠠᠮᠤᠷ ᠲᠦᠪᠰᠢᠨ ᠭᠠᠷᠬᠤ ᠡᠭᠦᠳᠡ᠂ ᠭᠠᠯ ᠤᠨᠲᠠᠷᠠᠭᠠᠬᠤ | ᠲᠡᠷᠭᠡᠨ ᠤ ᠨᠡᠪᠲᠡᠷᠡᠬᠦ ᠵᠠᠮ᠂ ᠴᠠᠬᠢᠯᠭᠠᠨ ᠴᠡᠨᠡᠭᠯᠡᠬᠦ ᠪᠠᠭᠠᠨ᠎ᠠ ᠶᠢᠨ ᠲᠡᠷᠭᠡᠨ ᠵᠣᠭᠰᠣᠭᠠᠯ ᠢ ᠡᠵᠡᠯᠡᠨ ᠬᠡᠷᠡᠭᠯᠡᠵᠦ᠂ | ᠪᠥᠭᠯᠡᠵᠦ᠂ ᠪᠢᠲᠡᠭᠦᠮᠵᠢᠯᠡᠵᠦ ᠪᠣᠯᠬᠤ ᠦᠭᠡᠢ᠃ ᠣᠷᠳᠣ ᠬᠤᠭᠤᠴᠠᠭ᠎ᠠ ᠪᠠᠷ ᠬᠠᠶᠠᠭᠳᠠᠭᠰᠠᠨ ᠪᠥᠭᠡᠳ ᠭᠠᠯ | ᠤᠨᠲᠠᠷᠠᠭᠠᠬᠤ ᠨᠡᠪᠲᠡᠷᠡᠬᠦ ᠵᠠᠮ ᠢ ᠬᠦᠨᠳᠦ ᠨᠣᠴᠢᠲᠠᠢ ᠨᠥᠯᠥᠭᠡᠯᠡᠭᠰᠡᠨ ᠲᠡᠷᠭᠡ ᠬᠥᠰᠬᠡ ᠶᠢ ᠠᠳᠠᠯ ᠠᠬᠤᠢ ᠶᠢᠨ | ᠦᠢᠯᠡᠴᠢᠯᠡᠭᠴᠢ ᠨᠢ ᠠᠳᠠᠯ ᠠᠬᠤᠢ ᠶᠢᠨ ᠲᠥᠷᠥᠯ ᠵᠦᠢᠯ ᠤᠨ ᠪᠠᠶᠢᠭ᠎ᠠ ᠭᠠᠵᠠᠷ ᠤᠨ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ | ᠪᠠᠶᠢᠭᠤᠯᠤᠮᠵᠢ ᠳᠤ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃ | ᠠᠳᠠᠯ ᠠᠬᠤᠢ ᠶᠢᠨ ᠦᠢᠯᠡᠴᠢᠯᠡᠭᠴᠢ ᠨᠢ ᠠᠷᠭ᠎ᠠ ᠬᠡᠮᠵᠢᠶ᠎ᠡ ᠠᠪᠴᠤ ᠪᠠᠶᠢᠭᠠᠳ ᠣᠷᠣᠨ ᠰᠠᠭᠤᠴᠠ ᠶᠢᠨ ᠠᠳᠠᠯ | ᠠᠬᠤᠢ ᠶᠢᠨ ᠬᠠᠮᠢᠶᠠᠷᠤᠯᠲᠠ ᠶᠢᠨ ᠣᠷᠣᠨ ᠳᠤ ᠣᠷᠣᠭᠰᠠᠨ ᠲᠡᠷᠭᠡ ᠬᠥᠰᠬᠡ ᠶᠢ ᠴᠢᠩᠭ᠎ᠠ ᠬᠠᠮᠢᠶᠠᠷᠬᠤ ᠬᠡᠷᠡᠭᠲᠡᠢ᠃ | ᠪᠠᠷᠢᠯᠭ᠎ᠠ ᠶᠢᠨ ᠲᠡᠷᠭᠡ ᠬᠥᠰᠬᠡ᠂ ᠲᠣᠮᠣ ᠳᠤᠮᠳᠠ ᠬᠡᠯᠪᠡᠷᠢ ᠶᠢᠨ ᠠᠶᠠᠨᠴᠢᠨ ᠪᠠ ᠪᠠᠷᠠᠭᠠᠨ ᠤ ᠲᠡᠷᠭᠡ | ᠬᠥᠰᠬᠡ ᠶᠢ ᠣᠷᠣᠨ ᠰᠠᠭᠤᠴᠠ ᠶᠢᠨ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠳᠤ ᠣᠷᠣᠭᠤᠯᠵᠤ | ᠵᠣᠭᠰᠣᠭᠠᠵᠤ ᠪᠣᠯᠬᠤ ᠦᠭᠡᠢ᠂ ᠭᠡᠬᠦ ᠳᠡᠭᠡᠨ ᠪᠠᠷᠢᠯᠭ᠎ᠠ ᠶᠢᠨ ᠲᠡᠷᠭᠡ ᠬᠥᠰᠬᠡ ᠶᠢ ᠲᠣᠰ ᠠᠳᠠᠯ ᠠᠬᠤᠢ ᠶᠢᠨ | ᠬᠠᠮᠢᠶᠠᠷᠤᠯᠲᠠ ᠶᠢᠨ ᠣᠷᠣᠨ ᠪᠦᠰᠡ ᠶᠢᠨ ᠪᠦᠲᠦᠭᠡᠨ ᠪᠠᠶᠢᠭᠤᠯᠤᠯᠲᠠ᠂ ᠲᠥᠬᠦᠭᠡᠷᠦᠮᠵᠢ ᠲᠥᠬᠦᠭᠡᠷᠦᠮᠵᠢ ᠶᠢ ᠰᠡᠯᠪᠢᠨ | ᠵᠠᠰᠠᠬᠤ ᠠᠴᠠ ᠪᠣᠯᠵᠤ ᠦᠨᠡᠨᠬᠦ ᠵᠣᠭᠰᠤᠭᠠᠬᠤ ᠴᠢᠬᠤᠯᠠ ᠲᠠᠢ ᠪᠠᠶᠢᠪᠠᠯ ᠡᠭᠦᠨ ᠳᠤ ᠪᠠᠭᠲᠠᠬᠤ ᠦᠭᠡᠢ᠃ | ᠵᠢᠷᠠ ᠶᠢᠰᠦᠳᠦᠭᠡᠷ ᠵᠦᠢᠯ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠤ ᠳᠣᠲᠣᠷ᠎ᠠ᠂ ᠮᠠᠰᠢᠨ ᠲᠡᠷᠭᠡ | ᠵᠣᠭᠰᠤᠭᠠᠬᠤ ᠳᠤ ᠬᠡᠷᠡᠭᠯᠡᠬᠦ ᠲᠡᠷᠭᠡᠨ ᠵᠣᠭᠰᠣᠭᠠᠯ᠂ ᠲᠡᠷᠭᠡᠨ ᠬᠥᠮᠥᠷᠭᠡ ᠨᠢ ᠡᠩ ᠲᠡᠷᠢᠭᠦᠨ ᠳᠤ ᠥᠮᠴᠢᠲᠡᠨ ᠤ | ᠬᠡᠷᠡᠭᠴᠡᠭᠡ ᠶᠢ ᠬᠠᠩᠭᠠᠬᠤ ᠬᠡᠷᠡᠭᠲᠡᠢ᠃ | ᠥᠮᠴᠢᠲᠡᠨ ᠤ ᠬᠠᠮᠲᠤ ᠶᠢᠨ ᠥᠮᠴᠢᠯᠡᠯ ᠤᠨ ᠵᠠᠮ ᠪᠤᠶᠤ ᠪᠤᠰᠤᠳ ᠲᠠᠯᠠᠪᠤᠷ ᠤᠨ ᠮᠠᠰᠢᠨ ᠲᠡᠷᠭᠡ | ᠵᠣᠭᠰᠤᠭᠠᠬᠤ ᠳᠤ ᠬᠡᠷᠡᠭᠯᠡᠬᠦ ᠲᠡᠷᠭᠡᠨ ᠵᠣᠭᠰᠣᠭᠠᠯ ᠢ ᠡᠵᠡᠯᠡᠨ ᠬᠡᠷᠡᠭᠯᠡᠵᠦ᠂ ᠥᠮᠴᠢᠲᠡᠨ ᠤ ᠬᠠᠮᠲᠤ ᠶᠢᠨ ᠥᠮᠴᠢᠯᠡᠯ ᠳᠤ | ᠬᠠᠷᠢᠶᠠᠯᠠᠭᠳᠠᠵᠤ᠂ ᠥᠮᠴᠢᠲᠡᠨ ᠤ ᠵᠥᠪᠯᠡᠯ ᠢᠶᠠᠷ ᠵᠥᠪᠰᠢᠶᠡᠷᠡᠭᠦᠯᠦᠭᠡᠳ ᠠᠳᠠᠯ ᠠᠬᠤᠢ ᠶᠢᠨ ᠦᠢᠯᠡᠴᠢᠯᠡᠭᠴᠢ ᠪᠠᠷ | ᠲᠦᠷᠢᠶᠡᠰᠦᠯᠡᠭᠦᠯᠦᠨ ᠡᠵᠡᠩᠨᠡᠭᠦᠯᠦᠭᠰᠡᠨ ᠪᠠᠶᠢᠪᠠᠯ᠂ ᠤᠳᠠᠭ᠎ᠠ ᠪᠦᠷᠢ ᠶᠢᠨ ᠲᠦᠷᠢᠶᠡᠰᠦᠯᠡᠭᠦᠯᠬᠦ ᠬᠤᠭᠤᠴᠠᠭ᠎ᠠ ᠶᠢ ᠨᠢᠭᠡ | ᠵᠢᠯ ᠠᠴᠠ ᠬᠡᠲᠦᠷᠡᠭᠦᠯᠵᠦ ᠪᠣᠯᠬᠤ ᠦᠭᠡᠢ᠃ ᠲᠦᠷᠢᠶᠡᠰᠦᠨ ᠮᠥᠩᠭᠦ ᠶᠢᠨ ᠣᠷᠣᠯᠭ᠎ᠠ ᠠᠴᠠ ᠠᠳᠠᠯ ᠠᠬᠤᠢ ᠶᠢᠨ | ᠦᠢᠯᠡᠴᠢᠯᠡᠭᠴᠢ ᠶᠢᠨ ᠲᠡᠷᠭᠡᠨ ᠵᠣᠭᠰᠣᠭᠠᠯ᠂ ᠲᠡᠷᠭᠡᠨ ᠬᠥᠮᠥᠷᠭᠡ ᠶᠢᠨ ᠰᠡᠯᠪᠢᠨ ᠵᠠᠰᠠᠯᠲᠠ᠂ ᠬᠠᠮᠢᠶᠠᠷᠤᠯᠲᠠ ᠶᠢᠨ | ᠵᠠᠷᠤᠳᠠᠯ ᠢ ᠬᠠᠰᠤᠭᠰᠠᠨ ᠤ ᠳᠠᠷᠠᠭ᠎ᠠ ᠦᠯᠡᠳᠡᠭᠰᠡᠨ ᠬᠡᠰᠡᠭ ᠢ ᠥᠮᠴᠢᠲᠡᠨ ᠤ ᠶᠡᠭᠡ ᠬᠤᠷᠠᠯ ᠠᠴᠠ ᠬᠡᠷᠡᠭᠯᠡᠬᠦ ᠪᠠᠷ | ᠲᠣᠭᠲᠠᠭᠠᠨ᠎ᠠ᠃ | ᠲᠥᠯᠥᠪᠵᠢᠭᠦᠯᠵᠦ ᠪᠦᠲᠦᠭᠡᠨ ᠪᠠᠶᠢᠭᠤᠯᠬᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢ | ᠡᠩ ᠤᠨ ᠦᠶ᠎ᠡ ᠳᠤ ᠮᠠᠰᠢᠨ ᠲᠡᠷᠭᠡ ᠵᠣᠭᠰᠤᠭᠠᠬᠤ ᠳᠤ ᠬᠡᠷᠡᠭᠯᠡᠬᠦ ᠲᠡᠷᠭᠡᠨ ᠵᠣᠭᠰᠣᠭᠠᠯ ᠢ ᠪᠦᠲᠦᠭᠡᠨ ᠪᠠᠶᠢᠭᠤᠯᠬᠤ | ᠨᠢᠭᠡᠴᠢ ᠨᠢ ᠬᠤᠳᠠᠯᠳᠤᠬᠤ᠂ ᠳᠠᠭᠠᠯᠳᠤᠭᠤᠯᠤᠨ ᠪᠡᠯᠡᠭᠯᠡᠵᠦ ᠪᠣᠯᠬᠤ ᠦᠭᠡᠢ᠂ ᠲᠦᠷᠢᠶᠡᠰᠦᠯᠡᠨ ᠡᠵᠡᠩᠨᠡᠬᠦ ᠳᠤ | ᠬᠡᠷᠡᠭᠯᠡᠬᠦ ᠳᠤ ᠪᠣᠯ ᠤᠳᠠᠭ᠎ᠠ ᠪᠦᠷᠢ ᠶᠢᠨ ᠲᠦᠷᠢᠶᠡᠰᠦᠯᠡᠬᠦ ᠬᠤᠭᠤᠴᠠᠭ᠎ᠠ ᠬᠢᠵᠠᠭᠠᠷ ᠨᠢ ᠨᠢᠭᠡ ᠵᠢᠯ ᠠᠴᠠ ᠬᠡᠲᠦᠷᠡᠵᠦ | ᠪᠣᠯᠬᠤ ᠦᠭᠡᠢ᠃ | ᠳᠠᠯᠠᠳᠤᠭᠠᠷ ᠵᠦᠢᠯ ᠠᠳᠠᠯ ᠠᠬᠤᠢ ᠶᠢᠨ ᠦᠢᠯᠡᠴᠢᠯᠡᠭᠴᠢ ᠦᠮᠴᠢᠳᠡᠳ ᠤᠨ ᠶᠡᠭᠡ ᠬᠤᠷᠠᠯ ᠤᠨ ᠲᠣᠭᠲᠠᠭᠠᠯ | ᠪᠤᠶᠤ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠶᠢᠨ ᠪᠣᠯᠵᠣᠯ ᠢ ᠦᠨᠳᠦᠰᠦᠯᠡᠵᠦ᠂ ᠠᠳᠠᠯ ᠠᠬᠤᠢ ᠶᠢᠨ | ᠬᠠᠮᠢᠶᠠᠷᠤᠯᠲᠠ ᠶᠢᠨ ᠣᠷᠣᠨ ᠪᠦᠰᠡ ᠶᠢᠨ ᠳᠣᠲᠣᠷᠠᠬᠢ ᠬᠠᠮᠲᠤ ᠪᠠᠷ ᠬᠡᠷᠡᠭᠯᠡᠬᠦ ᠣᠷᠣᠨ ᠪᠠᠶᠢᠷᠢ᠂ ᠬᠠᠮᠲᠤ ᠪᠠᠷ ᠬᠡᠷᠡᠭᠯᠡᠬᠦ | ᠲᠥᠬᠦᠭᠡᠷᠦᠮᠵᠢ ᠲᠥᠬᠦᠭᠡᠷᠦᠮᠵᠢ ᠶᠢ ᠠᠰᠢᠭᠯᠠᠨ ᠡᠵᠡᠩᠨᠡᠯᠲᠡ ᠬᠢᠵᠦ᠂ ᠠᠰᠢᠭ ᠣᠯᠵᠠᠪᠤᠷᠢ ᠶᠢ ᠪᠥᠬᠦ ᠥᠮᠴᠢᠲᠡᠨ ᠳᠤ | ᠥᠮᠴᠢᠯᠡᠭᠦᠯᠵᠦ᠂ ᠭᠤᠣᠯᠳᠠᠭᠤ ᠲᠤᠰᠬᠠᠢ ᠰᠡᠯᠪᠢᠨ ᠵᠠᠰᠠᠬᠤ ᠪᠡᠯᠡ ᠮᠥᠩᠭᠦ ᠶᠢ ᠨᠥᠬᠦᠪᠦᠷᠢᠯᠡᠬᠦ ᠳᠤ ᠬᠡᠷᠡᠭᠯᠡᠵᠦ | ᠪᠣᠯᠣᠨ᠎ᠠ᠂ ᠪᠠᠰᠠ ᠦᠮᠴᠢᠳᠠᠳ ᠤᠨ ᠶᠡᠭᠡ ᠬᠤᠷᠠᠯ ᠤᠨ ᠲᠣᠭᠲᠠᠭᠠᠯ ᠢ ᠦᠨᠳᠦᠰᠦᠯᠡᠨ ᠦᠮᠴᠢᠳᠠᠳ ᠤᠨ ᠶᠡᠭᠡ ᠬᠤᠷᠠᠯ | ᠂ ᠦᠮᠴᠢᠳᠠᠳ ᠤᠨ ᠵᠥᠪᠯᠡᠯ ᠤᠨ ᠠᠵᠢᠯᠯᠠᠭᠠᠨ ᠤ ᠵᠠᠷᠤᠳᠠᠯ ᠪᠤᠶᠤ ᠠᠳᠠᠯ ᠠᠬᠤᠢ ᠶᠢᠨ ᠬᠠᠮᠢᠶᠠᠷᠤᠯᠲᠠ ᠶᠢᠨ ᠪᠤᠰᠤᠳ | ᠬᠡᠷᠡᠭᠴᠡᠭᠡ ᠳᠤ ᠬᠡᠷᠡᠭᠯᠡᠵᠦ ᠪᠣᠯᠣᠨ᠎ᠠ᠃ | ᠲᠠᠯᠠᠨ ᠨᠢᠭᠡᠳᠦᠭᠡᠷ ᠵᠦᠢᠯ ᠣᠷᠣᠨ ᠰᠠᠭᠤᠴᠠ ᠶᠢᠨ ᠠᠳᠠᠯ ᠠᠬᠤᠢ᠂ ᠣᠷᠣᠨ ᠰᠠᠭᠤᠴᠠ ᠶᠢᠨ ᠬᠤᠷᠢᠶᠠᠯᠠᠯ ᠤᠨ | ᠳᠣᠲᠣᠷᠠᠬᠢ ᠣᠷᠣᠨ ᠰᠠᠭᠤᠴᠠ ᠶᠢᠨ ᠪᠤᠰᠤ ᠠᠳᠠᠯ ᠠᠬᠤᠢ ᠪᠤᠶᠤ ᠭᠠᠭᠴᠠ ᠰᠠᠭᠤᠷᠢ ᠣᠷᠣᠨ ᠰᠠᠭᠤᠴᠠ ᠶᠢᠨ | ᠠᠰᠠᠷ ᠤᠨ ᠪᠦᠲᠦᠴᠡ ᠲᠠᠢ ᠬᠤᠯᠪᠣᠯᠳᠤᠭᠰᠠᠨ ᠣᠷᠣᠨ ᠰᠠᠭᠤᠴᠠ ᠶᠢᠨ ᠪᠤᠰᠤ ᠠᠳᠠᠯ ᠠᠬᠤᠢ ᠶᠢᠨ ᠥᠮᠴᠢᠲᠡᠨ ᠨᠢ | ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ | ᠪᠡᠯᠡ ᠮᠥᠩᠭᠦ ᠲᠤᠰᠢᠶᠠᠬᠤ ᠬᠡᠷᠡᠭᠲᠡᠢ᠂ ᠨᠡᠭᠡᠭᠡᠨ ᠠᠰᠢᠭᠯᠠᠬᠤ ᠬᠤᠳᠠᠯᠳᠤᠭᠠᠴᠢᠨ ᠢᠶᠠᠷ ᠣᠷᠣᠯᠠᠨ ᠬᠤᠷᠢᠶᠠᠯᠭᠠᠵᠤ᠂ | ᠣᠷᠣᠯᠠᠨ ᠲᠤᠰᠢᠶᠠᠯᠭᠠᠵᠤ ᠪᠣᠯᠬᠤ ᠦᠭᠡᠢ᠃ | ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠡᠯᠡ ᠮᠥᠩᠭᠦ ᠨᠢ ᠥᠮᠴᠢᠲᠡᠨ ᠳᠤ ᠥᠮᠴᠢᠯᠡᠭᠳᠡᠨ᠎ᠡ᠂ | ᠰᠠᠭᠤᠷᠢ ᠲᠤᠭ᠎ᠠ ᠪᠠᠷ ᠲᠠᠩᠰᠠ ᠪᠠᠶᠢᠭᠤᠯᠵᠤ᠂ ᠲᠤᠰᠬᠠᠢ ᠲᠠᠩᠰᠠᠨ ᠡᠷᠦᠬᠡ ᠪᠠᠷ ᠬᠠᠳᠠᠭᠠᠯᠠᠨ᠂ ᠡᠷᠦᠬᠡ ᠳᠤ ᠬᠦᠷᠲᠡᠯ᠎ᠡ | ᠲᠣᠭᠠᠴᠠᠭ᠎ᠠ ᠬᠢᠵᠦ᠂ ᠠᠳᠠᠯ ᠠᠬᠤᠢ ᠶᠢᠨ ᠵᠠᠰᠠᠬᠤ ᠶᠢ ᠪᠠᠲᠤᠯᠠᠬᠤ ᠬᠤᠭᠤᠴᠠᠭ᠎ᠠ ᠳᠦᠭᠦᠷᠦᠭᠰᠡᠨ ᠤ ᠳᠠᠷᠠᠭᠠᠬᠢ ᠠᠳᠠᠯ | ᠠᠬᠤᠢ ᠶᠢᠨ ᠬᠠᠮᠲᠤ ᠪᠠᠷ ᠬᠡᠷᠡᠭᠯᠡᠬᠦ ᠣᠷᠣᠨ ᠪᠠᠶᠢᠷᠢ᠂ ᠬᠠᠮᠲᠤ ᠪᠠᠷ ᠬᠡᠷᠡᠭᠯᠡᠬᠦ ᠲᠥᠬᠦᠭᠡᠷᠦᠮᠵᠢ ᠲᠥᠬᠦᠭᠡᠷᠦᠮᠵᠢ ᠶᠢ | ᠰᠡᠯᠪᠢᠨ ᠵᠠᠰᠠᠬᠤ ᠪᠠ ᠰᠢᠨᠡᠳᠬᠡᠬᠦ᠂ ᠥᠭᠡᠷᠡᠴᠢᠯᠡᠬᠦ ᠳᠤ ᠲᠤᠰᠬᠠᠢ ᠵᠦᠢᠯ ᠢᠶᠠᠷ ᠬᠡᠷᠡᠭᠯᠡᠬᠦ ᠬᠡᠷᠡᠭᠲᠡᠢ᠂ ᠪᠤᠰᠤᠳ | ᠵᠦᠢᠯ ᠳᠤ ᠨᠡᠭᠦᠯᠭᠡᠨ ᠬᠡᠷᠡᠭᠯᠡᠵᠦ ᠪᠣᠯᠬᠤ ᠦᠭᠡᠢ᠃ | ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠡᠯᠡ ᠮᠥᠩᠭᠦ ᠶᠢᠨ ᠬᠠᠮᠢᠶᠠᠷᠤᠯᠲᠠ ᠪᠠ | ᠬᠡᠷᠡᠭᠯᠡᠯᠲᠡ ᠶᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠬᠡᠷᠡᠭᠵᠢᠭᠦᠯᠦᠨ᠎ᠡ᠃ | ᠲᠠᠯᠠᠨ ᠬᠤᠶᠠᠳᠤᠭᠠᠷ ᠵᠦᠢᠯ ᠭᠡᠷ ᠪᠠᠶᠢᠰᠢᠩ ᠤᠨ ᠬᠡᠷᠡᠭᠯᠡᠯᠲᠡ ᠪᠠ ᠬᠥᠮᠥᠨ ᠤ ᠪᠡᠶ᠎ᠡ ᠡᠳ᠋ ᠬᠥᠷᠥᠩᠭᠡ ᠶᠢᠨ | ᠠᠮᠤᠷ ᠲᠦᠪᠰᠢᠨ ᠳᠤ ᠰᠦᠷᠳᠡᠭᠦᠯᠦᠯ ᠪᠣᠯᠬᠤ ᠳᠠᠷᠠᠭᠠᠬᠢ ᠪᠠᠴᠢᠮ ᠪᠠᠶᠢᠳᠠᠯ ᠭᠠᠷᠴᠤ᠂ ᠣᠷᠣᠨ ᠰᠠᠭᠤᠴᠠ ᠶᠢ | ᠲᠤᠰᠬᠠᠶᠢᠯᠠᠨ ᠰᠡᠯᠪᠢᠨ ᠵᠠᠰᠠᠬᠤ ᠪᠡᠯᠡ ᠮᠥᠩᠭᠦ ᠶᠢ ᠬᠡᠷᠡᠭᠯᠡᠨ ᠲᠡᠷᠡ ᠳᠠᠷᠤᠢ ᠳᠤᠨᠢ ᠰᠡᠯᠪᠢᠨ ᠵᠠᠰᠠᠬᠤ ᠪᠤᠶᠤ | ᠰᠢᠨᠡᠳᠬᠡᠨ ᠥᠭᠡᠷᠡᠴᠢᠯᠡᠬᠦ ᠴᠢᠬᠤᠯᠠᠲᠠᠢ ᠪᠠᠶᠢᠪᠠᠯ᠂ ᠥᠮᠴᠢᠲᠡᠨ ᠤ ᠵᠥᠪᠯᠡᠯ ᠢᠶᠠᠷ ᠲᠤᠬᠠᠢ ᠶᠢᠨ ᠭᠠᠵᠠᠷ ᠲᠤᠨᠢ | ᠪᠠᠶᠢᠴᠠᠭᠠᠨ ᠰᠢᠯᠭᠠᠭᠤᠯᠵᠤ ᠨᠤᠲᠠᠯᠠᠭᠤᠯᠤᠭᠰᠠᠨ ᠤ ᠲᠠᠷᠠᠭ᠎ᠠ᠂ ᠰᠡᠯᠪᠢᠨ ᠵᠠᠰᠠᠬᠤ ᠪᠡᠯᠡ ᠮᠥᠩᠭᠦ ᠶᠢ ᠬᠡᠷᠡᠭᠯᠡᠬᠦ ᠪᠠᠷ | ᠰᠢᠭᠤᠳ ᠭᠤᠶᠤᠴᠢᠯᠠᠵᠤ ᠪᠣᠯᠣᠨ᠎ᠠ᠄ | ︵ᠨᠢᠭᠡ︶ ᠴᠠᠬᠢᠯᠭᠠᠨ ᠱᠠᠲᠤ ᠪᠠᠨ ᠭᠡᠮᠲᠦᠯ | ︵ᠬᠤᠶᠠᠷ︶ ᠭᠠᠯ ᠰᠡᠷᠭᠡᠶᠢᠯᠡᠨ ᠤᠨᠲᠠᠷᠠᠭᠠᠬᠤ ᠲᠥᠬᠦᠭᠡᠷᠦᠮᠵᠢ ᠶᠢᠨ ᠭᠡᠮ ᠰᠣᠭᠤᠭ᠃ | ︵ᠭᠤᠷᠪᠠ︶ ᠭᠡᠷ ᠤᠨ ᠭᠠᠳᠠᠷᠭᠤ᠂ ᠭᠠᠳᠠᠷ ᠬᠡᠷᠡᠮ ᠨᠡᠪᠴᠢᠵᠦ ᠭᠤᠭᠤᠵᠢᠭᠰᠠᠨ᠃ | ︵ᠳᠥᠷᠪᠡ︶ ᠬᠤᠶᠠᠳᠠᠭᠢ ᠤᠳᠠᠭ᠎ᠠ ᠶᠢᠨ ᠤᠰᠤ ᠬᠠᠩᠭᠠᠬᠤ ᠤᠰᠤᠨ ᠬᠥᠭᠡᠷᠭᠡ ᠶᠢᠨ ᠠᠵᠢᠯᠯᠠᠭ᠎ᠠ | ᠲᠠᠰᠤᠯᠳᠠᠭᠰᠠᠨ | ︵ᠲᠠᠪᠤ︶ ᠤᠰᠤ ᠲᠠᠲᠠᠷᠠᠭᠤᠯᠬᠤ ᠲᠥᠬᠦᠭᠡᠷᠦᠮᠵᠢ ᠪᠥᠭᠯᠡᠷᠡᠭᠰᠡᠨ᠂ ᠳᠡᠯᠪᠡᠷᠡᠭᠰᠡᠨ᠃ | ︵ᠵᠢᠷᠭᠤᠭ᠎ᠠ︶ ᠠᠰᠠᠷ ᠤᠨ ᠭᠠᠳᠠᠷ ᠪᠣᠰᠤᠭ᠎ᠠ ᠲᠠᠯ᠎ᠠ ᠨᠢ ᠬᠤᠪᠬᠤᠷᠠᠨ ᠤᠨᠠᠬᠤ ᠠᠶᠤᠯ ᠲᠠᠢ ᠪᠠᠶᠢᠬᠤ | ︵ᠲᠤᠯᠤᠭ᠎ᠠ︶ ᠭᠡᠷ ᠪᠠᠶᠢᠰᠢᠩ ᠤᠨ ᠬᠡᠷᠡᠭᠯᠡᠯᠲᠡ ᠪᠠ ᠬᠥᠮᠥᠨ ᠤ ᠪᠡᠶ᠎ᠡ ᠪᠠ ᠡᠳ᠋ ᠬᠥᠷᠥᠩᠭᠡ ᠶᠢᠨ ᠠᠮᠤᠷ | ᠲᠦᠪᠰᠢᠨ ᠳᠤ ᠰᠦᠷᠳᠡᠭᠦᠯᠦᠯ ᠪᠣᠯᠬᠤ ᠪᠤᠰᠤᠳ ᠪᠠᠴᠢᠮ ᠪᠠᠶᠢᠳᠠᠯ᠃ | ᠪᠠᠴᠢᠮ ᠪᠠᠶᠢᠳᠠᠯ ᠢ ᠠᠷᠭᠠᠴᠠᠨ ᠬᠡᠷᠡᠭᠯᠡᠬᠦ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠡᠯᠡ | ᠮᠥᠩᠭᠦ ᠶᠢ ᠬᠡᠷᠡᠭᠰᠡᠬᠦ ᠴᠢᠬᠤᠯᠠᠲᠠᠢ ᠪᠠᠶᠢᠪᠠᠯ᠂ ᠥᠮᠴᠢᠲᠡᠨ ᠤ ᠵᠥᠪᠯᠡᠯ ᠪᠤᠶᠤ ᠠᠳᠠᠯ ᠠᠬᠤᠢ ᠶᠢᠨ ᠦᠢᠯᠡᠴᠢᠯᠡᠭᠴᠢ ᠨᠢ | ᠠᠳᠠᠯ ᠠᠬᠤᠢ ᠶᠢᠨ ᠲᠥᠷᠥᠯ ᠵᠦᠢᠯ ᠤᠨ ᠪᠠᠶᠢᠭ᠎ᠠ ᠭᠠᠵᠠᠷ ᠤᠨ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ | ᠪᠡᠯᠡ ᠮᠥᠩᠭᠦ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠵᠤ᠂ ᠣᠷᠣᠨ ᠰᠠᠭᠤᠴᠠ ᠶᠢ | ᠲᠤᠰᠬᠠᠶᠢᠯᠠᠨ ᠰᠡᠯᠪᠢᠨ ᠵᠠᠰᠠᠬᠤ ᠪᠡᠯᠡ ᠮᠥᠩᠭᠦ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠪᠠᠴᠢᠮ ᠪᠠᠶᠢᠳᠠᠯ ᠢ | ᠠᠷᠭᠠᠴᠠᠨ ᠬᠡᠷᠡᠭᠯᠡᠬᠦ ᠰᠡᠯᠪᠢᠨ ᠵᠠᠰᠠᠬᠤ ᠪᠡᠯᠡ ᠮᠥᠩᠭᠦ ᠶᠢᠨ ᠪᠢᠴᠢᠭᠯᠡᠭᠰᠡᠨ ᠭᠤᠶᠤᠴᠢᠯᠠᠯ ᠢ ᠣᠯᠣᠭᠰᠠᠨ ᠡᠳᠦᠷ ᠠᠴᠠ | ᠡᠬᠢᠯᠡᠨ ᠬᠤᠶᠠᠷ ᠠᠵᠢᠯᠯᠠᠬᠤ ᠡᠳᠦᠷ ᠲᠤ ᠭᠦᠢᠴᠡᠳᠬᠡᠵᠦ ᠳᠠᠭᠤᠰᠬᠠᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠵᠤ | ᠰᠡᠯᠪᠢᠨ ᠵᠠᠰᠠᠬᠤ ᠢᠨᠵᠧᠨᠧᠷᠢᠩ ᠤᠨ ᠪᠠᠷᠢᠯᠭ᠎ᠠ ᠳᠠᠭᠤᠰᠴᠤ ᠰᠢᠯᠭᠠᠨ ᠠᠪᠤᠭᠰᠠᠨ ᠤ ᠳᠠᠷᠠᠭ᠎ᠠ᠂ ᠬᠡᠷᠡᠭᠯᠡᠬᠦ ᠣᠷᠣᠨ | ᠰᠠᠭᠤᠴᠠ ᠶᠢᠨ ᠲᠤᠰᠬᠠᠶᠢᠯᠠᠨ ᠰᠡᠯᠪᠢᠨ ᠵᠠᠰᠠᠬᠤ ᠪᠡᠯᠡ ᠮᠥᠩᠭᠦ ᠶᠢᠨ ᠶᠡᠷᠦᠩᠬᠡᠢ ᠲᠤᠭ᠎ᠠ ᠵᠢᠴᠢ ᠥᠮᠴᠢᠲᠡᠨ ᠤ | ᠨᠣᠭᠳᠠᠭᠤᠯᠤᠭᠰᠠᠨ ᠪᠠᠶᠢᠳᠠᠯ ᠢ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠶᠢᠨ ᠳᠣᠲᠣᠷᠠᠬᠢ ᠢᠯᠡᠷᠬᠡᠢ | ᠣᠷᠣᠨ ᠪᠠᠶᠢᠷᠢ ᠳᠤ ᠢᠯᠡ ᠨᠡᠶᠢᠲᠡᠯᠡᠬᠦ ᠬᠡᠷᠡᠭᠲᠡᠢ᠃ | ᠥᠮᠴᠢᠲᠡᠨ ᠤ ᠵᠥᠪᠯᠡᠯ ᠪᠤᠶᠤ ᠠᠳᠠᠯ ᠠᠬᠤᠢ ᠶᠢᠨ ᠦᠢᠯᠡᠴᠢᠯᠡᠭᠡᠨ ᠤ ᠬᠥᠮᠥᠨ ᠪᠠᠶᠢᠬᠤ ᠦᠭᠡᠢ ᠪᠣᠯ᠂ | ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠠᠴᠠ ᠭᠤᠶᠤᠴᠢᠯᠠᠯ ᠭᠠᠷᠭᠠᠬᠤ ᠶᠢᠨ | ᠬᠠᠮᠲᠤ ᠣᠷᠣᠯᠠᠨ ᠵᠠᠰᠠᠬᠤ ᠶᠢ ᠵᠣᠬᠢᠶᠠᠨ ᠪᠠᠶᠢᠭᠤᠯᠵᠤ᠂ ᠣᠷᠣᠯᠠᠨ ᠵᠠᠰᠠᠬᠤ ᠵᠠᠷᠤᠳᠠᠯ ᠢ ᠣᠷᠣᠨ ᠰᠠᠭᠤᠴᠠ ᠶᠢᠨ | ᠲᠤᠰᠬᠠᠶᠢᠯᠠᠨ ᠰᠡᠯᠪᠢᠨ ᠵᠠᠰᠠᠬᠤ ᠪᠡᠯᠡ ᠮᠥᠩᠭᠦ ᠶᠢᠨ ᠲᠠᠩᠰᠠᠨ ᠡᠷᠦᠬᠡ ᠠᠴᠠ ᠭᠠᠷᠭᠠᠨ᠎ᠠ᠃ | ᠵᠢᠷᠭᠤᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | ᠳᠠᠯᠠᠨ ᠭᠤᠷᠪᠠᠳᠤᠭᠠᠷ ᠵᠦᠢᠯ ᠲᠣᠰ ᠳᠦᠷᠢᠮ ᠤᠨ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠠᠳᠠᠯ ᠠᠬᠤᠢ ᠶᠢᠨ ᠬᠠᠮᠢᠶᠠᠷᠤᠯᠲᠠ ᠶᠢᠨ ᠳᠦᠷᠢᠮ︾ ᠵᠡᠷᠭᠡ ᠤᠯᠤᠰ ᠤᠨ | ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠨᠢᠭᠡᠨᠲᠡ ᠪᠣᠳᠠᠲᠠᠢ ᠰᠢᠢᠳᠬᠡᠬᠦ ᠲᠣᠭᠲᠠᠭᠠᠯ | ᠭᠠᠷᠭᠠᠭᠰᠠᠨ ᠪᠠᠶᠢᠪᠠᠯ᠂ ᠲᠡᠷᠡ ᠬᠦ ᠲᠤᠭᠲᠠᠭᠠᠯ ᠢ ᠵᠢᠷᠤᠮᠯᠠᠨ᠎ᠠ᠃ | ᠲᠠᠯᠠᠨ ᠳᠥᠷᠪᠡᠳᠦᠭᠡᠷ ᠵᠦᠢᠯ ᠲᠤᠰ ᠳᠦᠷᠢᠮ ᠤᠨ ᠲᠣᠭᠲᠠᠭᠠᠯ ᠠᠴᠠ ᠵᠥᠷᠢᠴᠡᠵᠦ᠂ ᠪᠦᠲᠦᠭᠡᠨ ᠪᠠᠶᠢᠭᠤᠯᠬᠤ | ᠨᠢᠭᠡᠴᠢ ᠨᠢ ᠳᠣᠣᠷᠠᠬᠢ ᠮᠡᠲᠦ ᠥᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠳᠠᠯ ᠠᠬᠤᠢ ᠶᠢᠨ ᠵᠠᠰᠠᠭ ᠵᠠᠬᠢᠷᠭᠠᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠰᠢᠢᠳᠬᠡᠨ ᠲᠣᠷᠭᠠᠨ᠎ᠠ᠄ | ︵ᠨᠢᠭᠡ︶ ᠲᠣᠰ ᠳᠦᠷᠢᠮ ᠤᠨ ᠠᠷᠪᠠᠨ ᠲᠠᠪᠤᠳᠤᠭᠠᠷ ᠵᠦᠢᠯ ᠤᠨ ᠨᠢᠭᠡᠳᠦᠭᠡᠷ ᠵᠤᠷᠪᠤᠰ᠂ ᠳᠥᠴᠢᠨ | ᠨᠢᠭᠡᠳᠦᠭᠡᠷ ᠵᠦᠢᠯ ᠤᠨ ᠨᠢᠭᠡᠳᠦᠭᠡᠷ ᠵᠤᠷᠪᠤᠰ ᠤᠨ ᠲᠣᠭᠲᠠᠭᠠᠯ ᠶᠣᠰᠣᠭᠠᠷ ᠠᠳᠠᠯ ᠠᠬᠤᠢ ᠶᠢᠨ ᠬᠠᠮᠢᠶᠠᠷᠤᠯᠲᠠ ᠶᠢᠨ | ᠣᠷᠣᠨ ᠪᠦᠰᠡ᠂ ᠡᠮᠦᠨᠡᠬᠢ ᠬᠤᠭᠤᠴᠠᠭᠠᠨ ᠤ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ᠂ ᠲᠦᠷ ᠴᠠᠭ ᠤᠨ | ᠬᠠᠮᠢᠶᠠᠷᠤᠯᠲᠠ ᠶᠢᠨ ᠨᠡᠶᠢᠲᠡ ᠶᠢᠨ ᠭᠡᠷ᠎ᠡ ᠶᠢ ᠳᠠᠩᠰᠠᠯᠠᠭᠤᠯᠤᠭᠰᠠᠨ ᠦᠭᠡᠢ ᠪᠠᠶᠢᠪᠠᠯ᠂ ᠵᠠᠷᠯᠢᠭᠳᠠᠵᠤ ᠪᠠᠶᠢᠭᠠᠳ | ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠨ᠎ᠠ᠃ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ | 5000 ᠲᠥᠭᠦᠷᠢᠭ ᠠᠴᠠ ᠳᠡᠭᠡᠭᠰᠢ 1 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ | ᠰᠢᠢᠳᠬᠡᠨ᠎ᠡ᠃ | ︵ᠬᠤᠶᠠᠷ︶ ᠲᠤᠰ ᠳᠦᠷᠢᠮ ᠤᠨ ᠳᠥᠴᠢ ᠶᠢᠰᠦᠳᠦᠭᠡᠷ ᠵᠦᠢᠯ ᠤᠨ ᠨᠢᠭᠡᠳᠦᠭᠡᠷ ᠪᠠᠳᠠᠭ ᠤᠨ ᠲᠣᠭᠲᠠᠭᠠᠯ | ᠶᠣᠰᠣᠭᠠᠷ ᠠᠳᠠᠯ ᠠᠬᠤᠢ ᠶᠢᠨ ᠵᠠᠰᠠᠬᠤ ᠶᠢ ᠪᠠᠲᠤᠯᠠᠬᠤ ᠬᠠᠷᠢᠭᠤᠴᠠᠯᠭ᠎ᠠ ᠶᠢ ᠡᠭᠦᠷᠭᠡᠯᠡᠭᠰᠡᠨ ᠦᠭᠡᠢ ᠪᠠᠶᠢᠪᠠᠯ᠂ | ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ᠃ ᠬᠤᠭᠤᠴᠠᠭ᠎ᠠ ᠬᠡᠲᠦᠷᠡᠲᠡᠯ᠎ᠡ | ᠵᠠᠯᠠᠷᠠᠭᠤᠯᠤᠭᠰᠠᠨ ᠦᠭᠡᠢ ᠪᠠᠶᠢᠪᠠᠯ᠂ 10 ᠲᠦᠮᠡᠨ ᠲᠥᠭᠦᠷᠢᠭ ᠠᠴᠠ ᠳᠡᠭᠡᠭᠰᠢ 20 ᠲᠦᠮᠡᠨ ᠲᠥᠭᠦᠷᠢᠭ ᠠᠴᠠ | ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠃ ᠥᠮᠴᠢᠲᠡᠨ ᠳᠤ ᠬᠤᠬᠢᠷᠠᠯ ᠤᠴᠠᠷᠠᠭᠤᠯᠤᠭᠰᠠᠨ | ᠪᠠᠶᠢᠪᠠᠯ᠂ ᠬᠠᠤᠯᠢ ᠶᠣᠰᠣᠭᠠᠷ ᠲᠥᠯᠥᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ | ᠳᠠᠯᠠᠨ ᠲᠠᠪᠤᠳᠤᠭᠠᠷ ᠵᠦᠢᠯ ᠲᠣᠰ ᠳᠦᠷᠢᠮ ᠤᠨ ᠲᠣᠭᠲᠠᠭᠠᠯ ᠠᠴᠠ ᠵᠥᠷᠢᠴᠡᠵᠦ᠂ ᠠᠳᠠᠯ ᠠᠬᠤᠢ ᠶᠢᠨ | ᠦᠢᠯᠡᠴᠢᠯᠡᠭᠴᠢ ᠨᠢ ᠳᠣᠣᠷᠠᠬᠢ ᠮᠡᠲᠦ ᠦᠶᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠳᠠᠯ ᠠᠬᠤᠢ ᠶᠢᠨ ᠵᠠᠰᠠᠭ ᠵᠠᠬᠢᠷᠭᠠᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠰᠢᠢᠳᠬᠡᠨ ᠲᠣᠷᠭᠠᠨ᠎ᠠ᠄ | ︵ᠨᠢᠭᠡ︶ ᠲᠤᠰ ᠳᠦᠷᠢᠮ ᠤᠨ ᠲᠠᠪᠢᠨ ᠨᠢᠭᠡᠳᠦᠭᠡᠷ ᠵᠦᠢᠯ ᠤᠨ ᠳᠥᠷᠪᠡᠳᠦᠭᠡᠷ ᠪᠠᠳᠠᠭ᠂ ᠲᠠᠪᠢᠨ | ᠳᠣᠯᠣᠳᠤᠭᠠᠷ ᠵᠦᠢᠯ ᠤᠨ ᠨᠢᠭᠡᠳᠦᠭᠡᠷ ᠪᠠᠳᠠᠭ ᠤᠨ ᠲᠣᠭᠲᠠᠭᠠᠯ ᠶᠣᠰᠣᠭᠠᠷ ᠠᠳᠠᠯ ᠠᠬᠤᠢ ᠶᠢᠨ ᠦᠢᠯᠡᠴᠢᠯᠡᠭᠡᠨ ᠤ | ᠭᠡᠷ᠎ᠡ᠂ ᠠᠳᠠᠯ ᠠᠬᠤᠢ ᠶᠢᠨ ᠵᠦᠢᠯᠡᠰ ᠢ ᠲᠤᠰᠢᠶᠠᠬᠤ ᠪᠠ ᠬᠦᠯᠢᠶᠡᠨ ᠠᠪᠬᠤ ᠶᠢ ᠳᠠᠩᠰᠠᠯᠠᠭᠤᠯᠤᠭᠰᠠᠨ ᠦᠭᠡᠢ ᠪᠠᠶᠢᠪᠠᠯ | ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ᠃ ᠬᠤᠭᠤᠴᠠᠭ᠎ᠠ ᠬᠡᠲᠦᠷᠡᠲᠡᠯ᠎ᠡ | ᠵᠠᠯᠠᠷᠠᠭᠤᠯᠤᠭᠰᠠᠨ ᠦᠭᠡᠢ ᠪᠠᠶᠢᠪᠠᠯ᠂ 5000 ᠲᠥᠭᠦᠷᠢᠭ ᠠᠴᠠ ᠳᠡᠭᠡᠭᠰᠢ 1 ᠲᠦᠮᠡᠨ ᠲᠥᠭᠦᠷᠢᠭ ᠠᠴᠠ ᠳᠣᠭᠤᠭᠰᠢ | ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠃ | ︵ᠬᠤᠶᠠᠷ︶ ᠲᠣᠰ ᠳᠦᠷᠢᠮ ᠤᠨ ᠲᠠᠪᠢᠨ ᠲᠠᠪᠤᠳᠤᠭᠠᠷ ᠵᠦᠢᠯ ᠤᠨ ᠲᠣᠭᠲᠠᠭᠠᠯ ᠶᠣᠰᠣᠭᠠᠷ ᠠᠳᠠᠯ | ᠠᠬᠤᠢ ᠶᠢᠨ ᠬᠠᠮᠢᠶᠠᠷᠤᠯᠲᠠ ᠶᠢᠨ ᠣᠷᠣᠨ ᠤ ᠢᠯᠡᠷᠬᠡᠢ ᠪᠠᠶᠢᠷᠢᠨ ᠳᠤ ᠬᠠᠮᠢᠶ᠎ᠠ ᠪᠦᠬᠦᠢ ᠮᠡᠳᠡᠭᠡ ᠵᠠᠩᠭᠢ ᠶᠢ ᠵᠠᠷᠯᠠᠨ | ᠨᠡᠶᠢᠲᠡᠯᠡᠭᠰᠡᠨ ᠦᠭᠡᠢ ᠪᠠᠶᠢᠪᠠᠯ᠂ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠨ᠎ᠠ᠃ | ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ 1000 ᠲᠥᠭᠦᠷᠢᠭ ᠠᠴᠠ ᠳᠡᠭᠡᠭᠰᠢ 5000 | ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠃ | ︵ᠭᠤᠷᠪᠠ︶ ᠲᠣᠰ ᠳᠦᠷᠢᠮ ᠤᠨ ᠲᠠᠪᠢᠨ ᠵᠢᠷᠭᠤᠳᠤᠭᠠᠷ ᠵᠦᠢᠯ ᠤᠨ ᠬᠤᠶᠠᠳᠤᠭᠠᠷ ᠵᠤᠷᠪᠤᠰ ᠤᠨ | ᠲᠣᠭᠲᠠᠭᠠᠯ ᠢ ᠵᠥᠷᠢᠴᠡᠵᠦ᠂ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠠᠴᠠ ᠳᠤᠷ᠎ᠠ ᠪᠠᠷ ᠢᠶᠠᠨ ᠵᠠᠶᠢᠯᠠᠨ | ᠭᠠᠷᠴᠤ᠂ ᠠᠳᠠᠯ ᠠᠬᠤᠢ ᠶᠢᠨ ᠦᠢᠯᠡᠴᠢᠯᠡᠭᠡ ᠶᠢ ᠵᠣᠭᠰᠣᠭᠠᠭᠰᠠᠨ ᠪᠠᠶᠢᠪᠠᠯ᠂ ᠵᠠᠷᠯᠢᠭᠳᠠᠵᠤ ᠪᠠᠶᠢᠭᠠᠳ ᠬᠤᠭᠤᠴᠠᠭ᠎ᠠ | ᠲᠣᠭᠲᠠᠭᠠᠨ ᠵᠠᠯᠠᠷᠠᠭᠤᠯᠤᠭᠤᠯᠤᠨ᠎ᠠ᠃ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ 1 ᠲᠦᠮᠡᠨ | ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ | ᠰᠢᠢᠳᠬᠡᠨ᠎ᠡ᠃ ᠥᠮᠴᠢᠲᠡᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠥᠯᠥᠬᠦ | ᠬᠠᠷᠢᠭᠤᠴᠠᠯᠭ᠎ᠠ ᠡᠭᠦᠷᠭᠡᠯᠡᠭᠦᠯᠦᠨ᠎ᠡ᠃ | ︵ᠳᠥᠷᠪᠡ︶ ᠲᠣᠰ ᠳᠦᠷᠢᠮ ᠤᠨ ᠲᠠᠪᠢᠨ ᠳᠣᠯᠣᠳᠤᠭᠠᠷ ᠵᠦᠢᠯ ᠤᠨ ᠭᠤᠷᠪᠠᠳᠤᠭᠠᠷ ᠵᠤᠷᠪᠤᠰ ᠤᠨ | ᠲᠣᠭᠲᠠᠭᠠᠯ ᠢ ᠵᠥᠷᠢᠴᠡᠵᠦ᠂ ᠥᠮᠴᠢᠲᠡᠨ ᠠᠳᠠᠯ ᠠᠬᠤᠢ ᠶᠢᠨ ᠦᠢᠯᠡᠴᠢᠯᠡᠭᠡᠨ ᠤ ᠵᠠᠷᠤᠳᠠᠯ ᠢ ᠳᠤᠲᠠᠭᠤ ᠲᠤᠰᠢᠶᠠᠭᠰᠠᠨ | ᠵᠡᠷᠭᠡ ᠪᠠᠷ ᠰᠢᠯᠲᠠᠭ ᠪᠣᠯᠭᠠᠵᠤ ᠲᠤᠰᠢᠶᠠᠬᠤ ᠪᠠ ᠭᠥᠯᠢᠶᠡᠨ ᠠᠪᠬᠤ ᠶᠢ ᠲᠡᠪᠴᠢᠵᠦ᠂ ᠰᠢᠨ᠎ᠡ ᠪᠠᠷ ᠰᠣᠩᠭᠤᠨ | ᠤᠷᠢᠭᠰᠠᠨ ᠠᠳᠠᠯ ᠠᠬᠤᠢ ᠶᠢᠨ ᠦᠢᠯᠡᠴᠢᠯᠡᠭᠴᠢ ᠶᠢᠨ ᠲᠠᠯᠠᠪᠤᠷ ᠲᠤ ᠣᠷᠣᠵᠤ ᠦᠢᠯᠡᠴᠢᠯᠡᠬᠦ ᠶᠢ ᠬᠠᠷᠰᠢᠯᠠᠭᠰᠠᠨ | ᠪᠠᠶᠢᠪᠠᠯ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ᠃ ᠬᠤᠭᠤᠴᠠᠭ᠎ᠠ ᠬᠡᠲᠦᠷᠡᠲᠡᠯ᠎ᠡ | ᠵᠠᠯᠠᠷᠠᠭᠤᠯᠤᠭᠰᠠᠨ ᠦᠭᠡᠢ ᠪᠠᠶᠢᠪᠠᠯ᠂ 1 ᠲᠦᠮᠡᠨ ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ | ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠃ ᠥᠮᠴᠢᠲᠡᠨ ᠳᠤ ᠬᠤᠬᠢᠷᠠᠯ ᠤᠴᠠᠷᠠᠭᠤᠯᠤᠭᠰᠠᠨ | ᠪᠠᠶᠢᠪᠠᠯ᠂ ᠬᠠᠤᠯᠢ ᠶᠣᠰᠣᠭᠠᠷ ᠲᠥᠯᠥᠬᠦ ᠬᠠᠷᠢᠭᠤᠴᠠᠯᠭ᠎ᠠ ᠡᠭᠦᠷᠭᠡᠯᠡᠭᠦᠯᠦᠨ᠎ᠡ᠃ | ᠳᠠᠯᠠᠨ ᠵᠢᠷᠭᠤᠳᠤᠭᠠᠷ ᠵᠦᠢᠯ ᠲᠣᠰ ᠳᠦᠷᠢᠮ ᠤᠨ ᠵᠢᠷᠠᠨ ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ ᠤᠨ | ᠳᠣᠯᠣᠳᠤᠭᠠᠷ ᠵᠤᠷᠪᠤᠰ᠂ ᠨᠠᠢᠮᠠᠳᠤᠭᠠᠷ ᠵᠤᠷᠪᠤᠰ᠂ ᠶᠢᠰᠦᠳᠦᠭᠡᠷ ᠵᠤᠷᠪᠤᠰ᠂ ᠠᠷᠪᠠᠳᠤᠭᠠᠷ ᠵᠤᠷᠪᠤᠰ᠂ ᠠᠷᠪᠠᠨ | ᠨᠢᠭᠡᠳᠦᠭᠡᠷ ᠵᠤᠷᠪᠤᠰ ᠤᠨ ᠲᠣᠭᠲᠠᠭᠠᠯ ᠠᠴᠠ ᠵᠥᠷᠢᠴᠡᠭᠰᠡᠨ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠳᠠᠯ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠠᠴᠠ ᠰᠡᠷᠡᠮᠵᠢ ᠥᠭᠴᠦ᠂ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠨ᠎ᠠ᠃ | ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ 1000 ᠲᠥᠭᠦᠷᠢᠭ ᠠᠴᠠ ᠳᠡᠭᠡᠭᠰᠢ 1 ᠲᠦᠮᠡᠨ | ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠭᠡᠵᠦ ᠪᠣᠯᠣᠨ᠎ᠠ᠃ ᠪᠤᠰᠤᠳ ᠬᠥᠮᠥᠨ ᠳᠤ | ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠭᠦᠯᠦᠨ᠎ᠡ᠃ | | ᠳᠠᠯᠠᠨ ᠳᠣᠯᠣᠳᠤᠭᠠᠷ ᠵᠦᠢᠯ ᠲᠤᠰ ᠳᠦᠷᠢᠮ ᠤᠨ ᠵᠢᠷᠠᠨ ᠲᠠᠪᠤᠳᠤᠭᠠᠷ ᠵᠦᠢᠯ ᠤᠨ ᠬᠤᠶᠠᠳᠤᠭᠠᠷ ᠪᠠᠳᠠᠭ ᠪᠠ | ᠭᠤᠷᠪᠠᠳᠤᠭᠠᠷ ᠪᠠᠳᠠᠭ᠂ ᠵᠢᠷᠠᠨ ᠵᠢᠷᠭᠤᠳᠤᠭᠠᠷ ᠵᠦᠢᠯ ᠤᠨ ᠨᠢᠭᠡᠳᠦᠭᠡᠷ ᠪᠠᠳᠠᠭ ᠤᠨ ᠲᠣᠭᠲᠠᠭᠠᠯ ᠢ ᠵᠥᠷᠢᠴᠡᠵᠦ᠂ | ᠤᠰᠤ ᠬᠠᠩᠭᠠᠬᠤ᠂ ᠴᠠᠬᠢᠯᠭᠠᠨ ᠬᠠᠩᠭᠠᠬᠤ᠂ ᠳᠤᠯᠠᠭᠠᠯᠠᠭ᠎ᠠ ᠬᠠᠩᠭᠠᠬᠤ᠂ ᠬᠡᠢ ᠬᠠᠩᠭᠠᠬᠤ᠂ ᠴᠢᠮᠡᠭᠡ ᠬᠤᠯᠪᠣᠭ᠎ᠠ᠂ | ᠤᠲᠠᠰᠤᠲᠤ ᠲᠧᠯᠸᠢᠰ ᠵᠡᠷᠭᠡ ᠨᠢᠭᠡᠴᠢ ᠨᠦᠭᠦᠳ ᠲᠤᠰᠬᠠᠢ ᠡᠵᠡᠩᠨᠡᠯᠲᠡ ᠶᠢᠨ ᠲᠥᠬᠦᠭᠡᠷᠦᠮᠵᠢ ᠲᠥᠬᠦᠭᠡᠷᠦᠮᠵᠢ ᠵᠢᠴᠢ | ᠬᠠᠮᠢᠶ᠎ᠠ ᠪᠦᠬᠦᠢ ᠬᠤᠭᠤᠯᠠᠢ ᠤᠲᠠᠰᠤ ᠶᠢ ᠭᠥᠯᠢᠶᠡᠨ ᠠᠪᠬᠤ ᠶᠢ ᠲᠡᠪᠴᠢᠵᠦ᠂ ᠠᠳᠠᠯ ᠠᠬᠤᠢ ᠶᠢᠨ ᠬᠠᠮᠢᠶᠠᠷᠤᠯᠲᠠ ᠶᠢᠨ | ᠣᠷᠣᠨ ᠤ ᠳᠣᠲᠣᠷᠠᠬᠢ ᠬᠠᠮᠢᠶ᠎ᠠ ᠪᠦᠬᠦᠢ ᠲᠥᠬᠦᠭᠡᠷᠦᠮᠵᠢ ᠲᠥᠬᠦᠭᠡᠷᠦᠮᠵᠢ ᠶᠢ ᠰᠡᠯᠪᠢᠨ ᠵᠠᠰᠠᠬᠤ᠂ ᠠᠷᠠᠴᠢᠯᠠᠨ | ᠬᠠᠮᠠᠭᠠᠯᠠᠬᠤ ᠪᠤᠶᠤ ᠰᠢᠨᠡᠳᠬᠡᠬᠦ ᠬᠠᠷᠢᠭᠤᠴᠠᠯᠭ᠎ᠠ ᠶᠢ ᠡᠭᠦᠷᠭᠡᠯᠡᠬᠦ ᠶᠢ ᠲᠡᠪᠴᠢᠭᠰᠡᠨ ᠪᠠᠶᠢᠪᠠᠯ᠂ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠨ᠎ᠠ᠃ | ᠥᠮᠴᠢᠲᠡᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠥᠯᠥᠬᠦ ᠬᠠᠷᠢᠭᠤᠴᠠᠯᠭ᠎ᠠ ᠡᠭᠦᠷᠭᠡᠯᠡᠬᠦ | ᠬᠡᠷᠡᠭᠲᠡᠢ᠃ | ᠳᠠᠯᠠᠨ ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠠᠳᠠᠯ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠤᠰᠤᠳ | ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠲᠡᠭᠦᠨ ᠤ ᠠᠵᠢᠯᠲᠠᠨ ᠲᠣᠰ | ᠳᠦᠷᠢᠮ ᠤᠨ ᠲᠣᠭᠲᠠᠭᠠᠯ ᠠᠴᠠ ᠵᠥᠷᠢᠴᠡᠵᠦ᠂ ᠳᠣᠣᠷᠠᠬᠢ ᠦᠶᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ | ᠰᠢᠭᠤᠳ ᠬᠠᠷᠢᠭᠤᠴᠠᠵᠤ ᠪᠠᠶᠢᠭ᠎ᠠ ᠭᠤᠣᠯᠴᠢᠯᠠᠨ ᠬᠠᠮᠢᠶᠠᠷᠬᠤ ᠠᠵᠢᠯᠲᠠᠨ ᠪᠠ ᠪᠤᠰᠤᠳ ᠰᠢᠭᠤᠳ | ᠬᠠᠷᠢᠭᠤᠴᠠᠯᠭ᠎ᠠ ᠲᠠᠢ ᠬᠥᠮᠥᠰ ᠲᠤ ᠬᠠᠤᠯᠢ ᠶᠣᠰᠣᠭᠠᠷ ᠰᠢᠢᠳᠬᠡᠯ ᠥᠭᠭᠦᠨ᠎ᠡ᠃ ᠬᠤᠬᠢᠷᠠᠯ ᠤᠴᠠᠷᠠᠭᠤᠯᠤᠭᠰᠠᠨ | ᠪᠠᠶᠢᠪᠠᠯ᠂ ᠬᠠᠤᠯᠢ ᠶᠣᠰᠣᠭᠠᠷ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠭᠦᠯᠦᠨ᠎ᠡ᠃ ᠶᠠᠯ᠎ᠠ ᠪᠣᠯᠵᠤ ᠪᠦᠷᠢᠯᠳᠦᠭᠰᠡᠨ | ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠡᠭᠦᠷᠭᠡ ᠲᠤᠰᠢᠶᠠᠯ ᠤᠨ ᠢᠶᠠᠨ ᠳᠥᠭᠦᠮ ᠢ ᠠᠰᠢᠭᠯᠠᠨ ᠪᠤᠰᠤᠳ ᠤᠨ ᠵᠣᠭᠤᠰ ᠮᠥᠩᠭᠦ ᠡᠳ᠋ | ᠪᠣᠳᠠᠰ ᠪᠤᠶᠤ ᠪᠤᠰᠤᠳ ᠠᠰᠢᠭ ᠲᠤᠰᠠ ᠶᠢ ᠭᠥᠯᠢᠶᠡᠨ ᠠᠪᠤᠭᠰᠠᠨ᠃ | ︵ᠬᠤᠶᠠᠷ︶ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠦᠭᠡᠢ | ᠂ ᠡᠰᠡᠬᠦᠯ᠎ᠡ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠭᠡᠳ ᠪᠠᠶᠢᠴᠠᠭᠠᠨ ᠰᠢᠢᠳᠪᠦᠷᠢᠯᠡᠭᠰᠡᠨ | ᠦᠭᠡᠢ᠃ | ︵ᠭᠤᠷᠪᠠ︶ ᠠᠳᠠᠯ ᠠᠬᠤᠢ ᠶᠢᠨ ᠦᠢᠯᠡᠴᠢᠯᠡᠭᠡᠨ ᠤ ᠵᠠᠭᠠᠯᠳᠤᠯᠭ᠎ᠠ ᠶᠢ ᠲᠣᠭᠲᠠᠭᠠᠯ ᠶᠣᠰᠣᠭᠠᠷ ᠬᠦᠯᠢᠶᠡᠨ | ᠠᠪᠴᠤ ᠰᠢᠢᠳᠪᠦᠷᠢᠯᠡᠭᠰᠡᠨ ᠦᠭᠡᠢ ᠠᠴᠠ ᠪᠣᠯᠵᠤ ᠬᠦᠨᠳᠦ ᠨᠣᠴᠢᠲᠠᠢ ᠤᠷᠰᠢᠭ ᠲᠠᠲᠠᠭᠰᠠᠨ᠃ | ︵ᠳᠥᠷᠪᠡ︶ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠭᠰᠠᠨ᠂ ᠡᠷᠬᠡ ᠲᠤᠰᠢᠶᠠᠯ ᠢᠶᠠᠨ | ᠳᠤᠷ᠎ᠠ ᠪᠠᠷ ᠢᠶᠠᠨ ᠬᠡᠷᠡᠭᠯᠡᠭᠰᠡᠨ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠪᠤᠰᠤᠳ | ᠠᠵᠢᠯᠯᠠᠭ᠎ᠠ ᠨᠤᠭᠤᠳ᠃ | ᠳᠠᠯ᠎ᠠ ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠳᠠᠯ | ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠡᠷᠡᠭᠵᠢᠭᠦᠯᠵᠦ ᠪᠦᠬᠦᠢ | ᠰᠢᠢᠳᠬᠡᠨ ᠲᠣᠷᠭᠠᠬᠤ ᠡᠷᠬᠡ ᠶᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠤᠶᠤ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ | ᠠᠴᠠ ᠵᠠᠰᠠᠭ ᠵᠠᠬᠢᠷᠭᠠᠨ ᠤ ᠰᠢᠢᠳᠬᠡᠨ ᠲᠣᠷᠭᠠᠬᠤ ᠡᠷᠬᠡ ᠶᠢ ᠬᠠᠷᠢᠴᠠᠩᠭᠤᠢ ᠪᠠᠷ ᠲᠥᠪᠯᠡᠷᠡᠭᠦᠯᠦᠨ ᠬᠡᠷᠡᠭᠵᠢᠭᠦᠯᠵᠦ | ᠪᠠᠶᠢᠭᠠᠳ ᠶᠡᠷᠦᠩᠬᠡᠶᠢᠯᠡᠨ ᠬᠠᠤᠯᠢ ᠬᠡᠷᠡᠭᠵᠢᠭᠦᠯᠦᠭᠰᠡᠨ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠬᠡᠷᠡᠭᠵᠢᠭᠦᠯᠦᠨ᠎ᠡ᠃ | ᠳᠣᠯᠣᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | ᠨᠠᠶᠠᠳᠤᠭᠠᠷ ᠵᠦᠢᠯ ᠲᠤᠰ ᠳᠦᠷᠢᠮ ᠤᠨ ᠳᠠᠷᠠᠭᠠᠬᠢ ᠬᠡᠯᠡᠯᠭᠡ ᠶᠢᠨ ᠤᠳᠬ᠎ᠠ ᠪᠣᠯ᠄ | ︵ᠨᠢᠭᠡ︶ ᠠᠳᠠᠯ ᠠᠬᠤᠢ ᠶᠢᠨ ᠬᠡᠷᠡᠭᠯᠡᠭᠴᠢ ᠭᠡᠳᠡᠭ ᠨᠢ ᠠᠳᠠᠯ ᠠᠬᠤᠢ ᠶᠢᠨ ᠲᠦᠷᠢᠶᠡᠰᠦᠯᠡᠭᠴᠢ ᠪᠠ ᠠᠳᠠᠯ | ᠠᠬᠤᠢ ᠶᠢ ᠪᠣᠳᠠᠲᠠᠢ ᠬᠡᠷᠡᠭᠯᠡᠵᠦ ᠪᠠᠶᠢᠭ᠎ᠠ ᠪᠤᠰᠤᠳ ᠬᠥᠮᠥᠨ ᠢ ᠪᠠᠭᠲᠠᠭᠠᠨ᠎ᠠ᠃ | ︵ᠬᠤᠶᠠᠷ︶ ᠭᠡᠷ ᠪᠠᠶᠢᠰᠢᠩ ᠤᠨ ᠳᠠᠭᠠᠭᠠᠴᠠ ᠶᠢᠨ ᠪᠦᠲᠦᠴᠡ ᠭᠡᠳᠡᠭ ᠨᠢ ᠭᠡᠷ ᠪᠠᠶᠢᠰᠢᠩ ᠤᠨ ᠰᠠᠭᠤᠷᠢ᠂ | ᠠᠰᠠᠷ ᠤᠨ ᠬᠠᠪᠲᠠᠰᠤ᠂ ᠭᠡᠷ ᠤᠨ ᠳᠡᠭᠡᠪᠦᠷ᠂ ᠨᠢᠷᠤᠭᠤ᠂ ᠲᠤᠯᠭᠠᠭᠤᠷᠢ᠂ ᠳᠠᠭᠠᠭᠠᠴᠠ ᠶᠢᠨ ᠬᠡᠷᠡᠮ ᠵᠡᠷᠭᠡ ᠶᠢ | ᠪᠠᠭᠲᠠᠭᠠᠨ᠎ᠠ᠃ | ︵ᠭᠤᠷᠪᠠ︶ ᠬᠠᠮᠲᠤ ᠪᠠᠷ ᠬᠡᠷᠡᠭᠯᠡᠬᠦ ᠣᠷᠣᠨ ᠪᠠᠶᠢᠷᠢ ᠭᠡᠳᠡᠭ ᠨᠢ ᠥᠮᠴᠢᠲᠡᠨ ᠤ ᠬᠠᠮᠲᠤ ᠪᠠᠷ ᠬᠡᠷᠡᠭᠯᠡᠵᠦ | ᠪᠠᠶᠢᠭ᠎ᠠ ᠠᠰᠠᠷ ᠤᠨ ᠱᠠᠲᠤᠨ ᠤ ᠲᠠᠰᠤᠯᠭ᠎ᠠ᠂ ᠤᠰᠤᠨ ᠬᠥᠭᠡᠷᠭᠡ ᠶᠢᠨ ᠲᠠᠰᠤᠯᠭ᠎ᠠ᠂ ᠴᠠᠬᠢᠯᠭᠠᠨ ᠬᠡᠮᠵᠢᠭᠦᠷ ᠤᠨ | ᠲᠠᠰᠤᠯᠭ᠎ᠠ᠂ ᠴᠠᠬᠢᠯᠭᠠᠨ ᠱᠠᠲᠤ ᠶᠢᠨ ᠲᠠᠰᠤᠯᠭ᠎ᠠ᠂ ᠤᠲᠠᠰᠤ ᠶᠢᠨ ᠬᠤᠪᠢᠶᠠᠷᠢ ᠱᠤᠭᠤᠮ ᠤᠨ ᠲᠠᠰᠤᠯᠭ᠎ᠠ᠂ ᠴᠠᠬᠢᠯᠭᠠᠨ | ᠱᠠᠲᠤ ᠶᠢᠨ ᠮᠠᠰᠢᠨ ᠤ ᠦᠷᠦᠭᠡ᠂ ᠬᠤᠩᠭᠢᠯ ᠤᠨ ᠨᠡᠪᠲᠡᠷᠡᠬᠦ ᠵᠠᠮ᠂ ᠡᠭᠦᠳᠡᠨ ᠲᠢᠩᠬᠢᠮ᠂ ᠳᠠᠮᠵᠢᠭᠤᠯᠬᠤ ᠲᠠᠰᠤᠭ᠂ | ᠳᠣᠲᠣᠷ᠎ᠠ ᠲᠡᠭᠷᠢ ᠶᠢᠨ ᠬᠤᠳᠳᠤᠭ ᠵᠢᠴᠢ ᠭᠡᠷ ᠪᠠᠶᠢᠰᠢᠩ ᠤᠨ ᠳᠠᠭᠠᠭᠠᠴᠠ ᠶᠢᠨ ᠪᠦᠲᠦᠴᠡ᠂ ᠭᠠᠳᠠᠷ ᠬᠡᠷᠡᠮ᠂ | ᠬᠤᠩᠭᠢᠯ ᠤᠨ ᠬᠡᠷᠡᠮ ᠵᠡᠷᠭᠡ ᠣᠷᠣᠨ ᠪᠠᠶᠢᠷᠢ ᠶᠢ ᠪᠠᠭᠲᠠᠭᠠᠨ᠎ᠠ᠃ | ︵ᠳᠥᠷᠪᠡ︶ ᠬᠠᠮᠲᠤ ᠪᠠᠷ ᠬᠡᠷᠡᠭᠯᠡᠬᠦ ᠲᠥᠬᠦᠭᠡᠷᠦᠮᠵᠢ ᠲᠥᠬᠦᠭᠡᠷᠦᠮᠵᠢ ᠭᠡᠳᠡᠭ ᠨᠢ ᠥᠮᠴᠢᠲᠡᠨ ᠤ ᠬᠠᠮᠲᠤ ᠪᠠᠷ | ᠬᠡᠷᠡᠭᠯᠡᠵᠦ ᠪᠠᠶᠢᠭ᠎ᠠ ᠳᠡᠭᠡᠭᠰᠢ ᠳᠣᠷᠣᠭᠰᠢ ᠬᠡᠷᠡᠭᠯᠡᠬᠦ ᠤᠰᠤᠨ ᠬᠤᠭᠤᠯᠠᠢ᠂ ᠤᠰᠤ ᠲᠠᠲᠠᠷᠠᠭᠤᠯᠬᠤ ᠬᠤᠭᠤᠯᠠᠢ᠂ | ᠭᠡᠷᠡᠯᠲᠦᠭᠦᠯᠭᠡ ᠶᠢᠨ ᠳ᠋ᠧᠩ ᠤᠨ ᠬᠡᠷᠡᠭᠰᠡᠯ᠂ ᠬᠤᠭ ᠨᠣᠪᠰᠢ ᠶᠢᠨ ᠨᠡᠪᠲᠡᠷᠡᠬᠦ ᠵᠠᠮ᠂ ᠠᠨᠲ᠋ᠢᠨ᠎ᠠ᠂ ᠤᠰᠤᠨ ᠬᠠᠶᠢᠷᠴᠠᠭ᠂ | ᠤᠰᠤᠨ ᠬᠥᠭᠡᠷᠭᠡ᠂ ᠴᠠᠬᠢᠯᠭᠠᠨ ᠱᠠᠲᠤ᠂ ᠠᠶᠤᠩᠭ᠎ᠠ ᠠᠴᠠ ᠵᠠᠶᠢᠯᠠᠬᠤ ᠲᠣᠨᠣᠭᠯᠠᠯ᠂ ᠭᠠᠯ ᠤᠨᠲᠠᠷᠠᠭᠠᠬᠤ | ᠲᠥᠬᠦᠭᠡᠷᠦᠮᠵᠢ ᠵᠢᠴᠢ ᠵᠠᠮ᠂ ᠰᠣᠬᠤᠷ ᠬᠤᠳᠳᠤᠭ᠂ ᠪᠠᠭᠠᠰᠤᠨ ᠲᠠᠲᠠᠭᠠᠯ᠂ ᠬᠤᠭ ᠨᠣᠪᠰᠢ ᠬᠠᠶᠠᠭᠳᠠᠮᠠᠯ ᠪᠣᠳᠠᠰ ᠢ | ᠬᠠᠳᠠᠭᠠᠯᠠᠬᠤ ᠲᠥᠬᠦᠭᠡᠷᠦᠮᠵᠢ᠂ ᠨᠣᠭᠤᠭᠠᠷᠠᠭᠤᠯᠬᠤ ᠭᠠᠵᠠᠷ ᠵᠡᠷᠭᠡ ᠶᠢ ᠪᠠᠭᠲᠠᠭᠠᠨ᠎ᠠ᠃ ︵ᠳᠥᠷᠪᠡ︶ ᠨᠡᠶᠢᠲᠡ ᠶᠢᠨ | ᠬᠡᠷᠡᠭᠯᠡᠭᠡᠨ ᠤ ᠲᠥᠬᠦᠭᠡᠷᠦᠮᠵᠢ ᠲᠥᠬᠦᠭᠡᠷᠦᠮᠵᠢ ᠭᠡᠳᠡᠭ ᠨᠢ ᠥᠮᠴᠢᠲᠡᠨ ᠤ ᠬᠠᠮᠲᠤ ᠪᠠᠷ ᠬᠡᠷᠡᠭᠯᠡᠵᠦ ᠪᠠᠶᠢᠭ᠎ᠠ ᠤᠰᠤ | ᠲᠠᠲᠠᠷᠠᠭᠤᠯᠬᠤ ᠬᠤᠭᠤᠯᠠᠢ᠂ ᠤᠰᠤ ᠲᠠᠲᠠᠷᠠᠭᠤᠯᠬᠤ ᠬᠤᠭᠤᠯᠠᠢ᠂ ᠤᠰᠤ ᠲᠠᠲᠠᠷᠠᠭᠤᠯᠬᠤ ᠬᠤᠭᠤᠯᠠᠢ᠂ ᠤᠰᠤ | ᠲᠠᠲᠠᠷᠠᠭᠤᠯᠬᠤ ᠬᠤᠭᠤᠯᠠᠢ᠂ ᠭᠡᠷᠡᠯᠲᠦᠭᠦᠯᠭᠡ ᠶᠢᠨ ᠳ᠋ᠧᠩ ᠤᠨ ᠬᠡᠷᠡᠭᠰᠡᠯ᠂ ᠬᠤᠭ ᠨᠣᠪᠰᠢ ᠶᠢ ᠬᠠᠳᠠᠭᠠᠯᠠᠬᠤ | ᠲᠥᠬᠦᠭᠡᠷᠦᠮᠵᠢ᠂ ᠨᠣᠭᠤᠭᠠᠷᠠᠭᠤᠯᠬᠤ ᠭᠠᠵᠠᠷ ᠵᠡᠷᠭᠡ ᠶᠢ ᠬᠡᠯᠡᠵᠦ ᠪᠠᠶᠢᠨ᠎ᠠ᠃ | ᠨᠠᠶᠠᠨ ᠨᠢᠭᠡᠳᠦᠭᠡᠷ ᠵᠦᠢᠯ ᠲᠣᠰ ᠳᠦᠷᠢᠮ ᠢ 2018 ᠣᠨ ᠤ 8 ᠳ᠋ᠤᠭᠠᠷ ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ | | ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ᠄ ︽ᠠᠳᠠᠯ ᠠᠬᠤᠢ ᠶᠢᠨ ᠬᠠᠮᠢᠶᠠᠷᠤᠯᠲᠠ ᠶᠢᠨ ᠰᠠᠭᠤᠷᠢ | ᠮᠡᠳᠡᠯᠭᠡ︾ ᠶᠢᠨ ᠲᠤᠬᠠᠢ ᠠᠯᠠᠱᠠ ᠵᠡᠭᠦᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ᠶᠢᠨ ᠲᠠᠶᠢᠯᠤᠮᠵᠢ | | ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ | | |