ᠠᠯᠠᠱᠠ ᠵᠡᠭᠦᠨ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠳᠠᠮᠵᠢᠭᠤᠯᠤᠨ ᠨᠡᠶᠢᠲᠡᠯᠡᠭᠰᠡᠨ ︽ᠴᠡᠷᠢᠭ ᠤᠨ ᠠᠯᠪᠠᠨ ᠠᠴᠠ ᠪᠠᠭᠤᠭᠰᠠᠳ᠂ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠤᠨ ᠬᠠᠷᠠᠭᠠᠯᠵᠠᠯ ᠤᠨ ᠦᠨᠡᠮᠯᠡᠯ ᠤᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾
ᠨᠡᠶᠢᠲᠡᠯᠡᠭᠰᠡᠨ ᠴᠠᠭ᠄
2023/12/18
               ᠴᠡᠷᠢᠭ ᠤᠨ ᠠᠯᠪᠠᠨ ᠠᠴᠠ ᠪᠠᠭᠤᠭᠰᠠᠳ ᠤᠨ ᠶᠠᠮᠤᠨ ᠲᠠᠷᠬᠠᠭᠠᠭᠰᠠᠨ ﹇2021﹈ 67 ᠳ᠋ᠤᠭᠠᠷ ᠲᠣᠭᠠᠲᠤ            ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠢᠩᠬᠢᠮ ︵ᠲᠣᠪᠴᠢᠶ᠎ᠠ︶᠂ ᠰᠢᠨᠵᠢᠶᠠᠩ ᠤᠨ ᠦᠢᠯᠡᠳᠪᠦᠷᠢᠯᠡᠬᠦ ᠠᠵᠢᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ             ︽ᠴᠡᠷᠢᠭ ᠠᠴᠠ ᠬᠠᠯᠠᠭᠳᠠᠭᠰᠠᠳ ᠤᠨ ᠪᠠᠲᠤᠯᠠᠭ᠎ᠠ ᠶᠢᠨ ᠬᠠᠤᠯᠢ︾  ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠴᠡᠷᠢᠭ ᠠᠴᠠ ᠬᠠᠯᠠᠭᠳᠠᠭᠰᠠᠳ᠂ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠤᠨ ᠬᠠᠷᠠᠭᠠᠯᠵᠠᠯ ᠤᠨ ᠦᠨᠡᠮᠯᠡᠯ ᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠶᠢᠨ ᠲᠥᠯᠥᠭᠡ᠂ ᠮᠠᠨ ᠤ ᠶᠠᠮᠤᠨ ᠠᠴᠠ ︽ᠴᠡᠷᠢᠭ ᠠᠴᠠ ᠬᠠᠯᠠᠭᠳᠠᠭᠰᠠᠳ᠂ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠤᠨ ᠬᠠᠷᠠᠭᠠᠯᠵᠠᠯ ᠤᠨ ᠦᠨᠡᠮᠯᠡᠯ ᠤᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾  ᠶᠢ ᠲᠣᠭᠲᠠᠭᠠᠪᠠ᠃ ᠡᠳᠦᠭᠡ ᠲᠠᠨᠠᠷ ᠲᠤ ᠬᠡᠪᠯᠡᠨ ᠲᠠᠷᠬᠠᠭᠠᠯ᠎ᠠ᠂ ᠵᠢᠷᠤᠮᠯᠠᠨ ᠬᠡᠷᠡᠭᠵᠢᠭᠦᠯᠲᠦᠭᠡᠢ᠃            ᠴᠡᠷᠢᠭ ᠠᠴᠠ ᠬᠠᠯᠠᠭᠳᠠᠭᠰᠠᠳ ᠤᠨ ᠬᠡᠯᠲᠡᠰ            2021 ᠣᠨ ᠤ 11 ᠰᠠᠷ᠎ᠠ ᠶᠢᠨ 15                        ᠴᠡᠷᠢᠭ ᠤᠨ ᠠᠯᠪᠠᠨ ᠠᠴᠠ ᠪᠠᠭᠤᠭᠰᠠᠳ᠂ ᠪᠤᠰᠤᠳ ᠬᠠᠷᠠᠭᠠᠯᠵᠠᠯ ᠭᠥᠷᠳᠡᠬᠦ ᠡᠲᠡᠭᠡᠳ ᠤᠨ ᠬᠠᠷᠠᠭᠠᠯᠵᠠᠯ ᠤᠨ ᠦᠨᠡᠮᠯᠡᠯ ᠤᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶                  ᠨᠢᠭᠡᠳᠦᠭᠡᠷ ᠪᠦᠯᠦᠭ ᠶᠡᠷᠦᠩᠬᠡᠢ ᠳᠦᠷᠢᠮ                  ᠨᠢᠭᠡᠳᠦᠭᠡᠷ ᠵᠦᠢᠯ ᠴᠡᠷᠢᠭ ᠤᠨ ᠠᠯᠪᠠᠨ ᠠᠴᠠ ᠪᠠᠭᠤᠭᠰᠠᠳ ᠪᠣᠯᠣᠨ ᠨᠥᠭᠴᠢᠭᠰᠡᠨ ᠪᠠᠭᠠᠲᠤᠷᠴᠤᠳ ᠤᠨ ᠭᠡᠷ ᠪᠦᠯᠢ ᠶᠢᠨ ᠬᠢᠨ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠴᠡᠷᠢᠭ ᠤᠨ ᠭᠡᠷ ᠪᠦᠯᠢ ᠶᠢᠨ ᠬᠢᠨ᠂ ᠡᠪᠡᠳᠴᠢᠨ ᠢᠶᠠᠷ ᠨᠠᠰᠤ ᠪᠠᠷᠠᠭᠰᠠᠨ ᠴᠡᠷᠢᠭ ᠤᠨ ᠭᠡᠷ ᠪᠦᠯᠢ ᠶᠢᠨ ᠬᠢᠨ ᠵᠡᠷᠭᠡ ᠪᠤᠰᠤᠳ ᠬᠠᠷᠠᠭᠠᠯᠵᠠᠯ ᠤᠨ ᠡᠲᠡᠭᠡᠳ ᠤᠨ ᠬᠠᠷᠠᠭᠠᠯᠵᠠᠯ ᠤᠨ ᠦᠨᠡᠮᠯᠡᠯ ᠢ ᠦᠢᠯᠡᠳᠦᠨ ᠣᠯᠭᠤᠬᠤ᠂ ᠬᠡᠷᠡᠭᠯᠡᠬᠦ ᠪᠠ ᠦᠢᠯᠡᠴᠢᠯᠡᠭᠡᠨ ᠤ ᠬᠠᠮᠢᠶᠠᠷᠤᠯᠲᠠ ᠶᠢ ᠵᠢᠷᠤᠮᠵᠢᠭᠤᠯᠵᠤ᠂ ᠦᠨᠡᠮᠯᠡᠯ ᠠᠪᠴᠤ ᠪᠠᠶᠢᠭ᠎ᠠ ᠬᠥᠮᠥᠰ ᠤᠨ ᠡᠷᠬᠡ ᠠᠰᠢᠭ ᠢ ᠬᠠᠮᠠᠭᠠᠯᠠᠨ᠂ ᠬᠠᠷᠠᠭᠠᠯᠵᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠡᠷᠢᠭ ᠤᠨ ᠠᠯᠪᠠᠨ ᠠᠴᠠ ᠪᠠᠭᠤᠭᠰᠠᠳ ᠤᠨ ᠪᠠᠲᠤᠯᠠᠭ᠎ᠠ ᠶᠢᠨ ᠬᠠᠤᠯᠢ︾ ᠪᠣᠯᠣᠨ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠲᠤᠰ ᠠᠷᠭ᠎ᠠ ᠶᠢ ᠲᠣᠭᠲᠠᠭᠠᠪᠠ᠃            ᠬᠤᠶᠠᠳᠤᠭᠠᠷ ᠵᠦᠢᠯ ᠬᠠᠷᠠᠭᠠᠯᠵᠠᠯ ᠤᠨ ᠦᠨᠡᠮᠯᠡᠯ ᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠡᠷᠢᠭ ᠤᠨ ᠠᠯᠪᠠᠨ ᠠᠴᠠ ᠪᠠᠭᠤᠭᠰᠠᠳ ᠤᠨ ᠬᠠᠷᠠᠭᠠᠯᠵᠠᠯ ᠤᠨ ᠦᠨᠡᠮᠯᠡᠯ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠥᠭᠴᠢᠭᠰᠡᠨ ᠪᠠᠭᠠᠲᠤᠷ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠴᠡᠷᠢᠭ᠂ ᠡᠪᠡᠳᠴᠢᠨ ᠢᠶᠠᠷ ᠨᠠᠰᠤ ᠪᠠᠷᠠᠭᠰᠠᠨ ᠴᠡᠷᠢᠭ ᠤᠨ ᠭᠡᠷ ᠪᠦᠯᠢ ᠪᠠᠨ ᠬᠠᠷᠠᠭᠠᠯᠵᠠᠯ ᠤᠨ ᠦᠨᠡᠮᠯᠡᠯ︾ ᠭᠡᠵᠦ ᠬᠤᠶᠠᠷ ᠵᠦᠢᠯ ᠬᠤᠪᠢᠶᠠᠨ᠎ᠠ᠂ ᠨᠥᠬᠦᠴᠡᠯ ᠳᠤ ᠨᠡᠶᠢᠴᠡᠬᠦ ᠴᠡᠷᠢᠭ ᠤᠨ ᠠᠯᠪᠠᠨ ᠠᠴᠠ ᠪᠠᠭᠤᠭᠰᠠᠳ ᠪᠣᠯᠣᠨ ᠨᠥᠭᠴᠢᠭᠰᠡᠨ ᠪᠠᠭᠠᠲᠤᠷ ᠤᠨ ᠭᠡᠷ ᠪᠦᠯᠢ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠴᠡᠷᠢᠭ ᠤᠨ ᠭᠡᠷ ᠪᠦᠯᠢ᠂ ᠡᠪᠡᠳᠴᠢᠨ ᠢᠶᠠᠷ ᠨᠠᠰᠤ ᠪᠠᠷᠠᠭᠰᠠᠨ ᠴᠡᠷᠢᠭ ᠤᠨ ᠭᠡᠷ ᠪᠦᠯᠢ ᠵᠡᠷᠭᠡ ᠪᠤᠰᠤᠳ ᠬᠠᠷᠠᠭᠠᠯᠵᠠᠯ ᠤᠨ ᠡᠲᠡᠭᠡᠳ ᠳᠤ ᠲᠤᠰ ᠲᠤᠰ ᠣᠯᠭᠤᠨ᠎ᠠ᠃            ᠲᠣᠰ ᠠᠷᠭ᠎ᠠ ᠶᠢ ᠬᠠᠷᠠᠭᠠᠯᠵᠠᠯ ᠤᠨ ᠦᠨᠡᠮᠯᠡᠯ ᠢ ᠭᠤᠶᠤᠴᠢᠯᠠᠬᠤ᠂ ᠬᠢᠨᠠᠨ ᠬᠠᠷᠭᠤᠭᠤᠯᠬᠤ᠂ ᠦᠢᠯᠡᠳᠬᠦ᠂ ᠣᠯᠭᠤᠬᠤ᠂ ᠬᠡᠷᠡᠭᠯᠡᠬᠦ᠂ ᠦᠢᠯᠡᠴᠢᠯᠡᠬᠦ᠂ ᠬᠠᠮᠢᠶᠠᠷᠬᠤ ᠵᠢᠴᠢ ᠪᠤᠰᠤᠳ ᠬᠠᠮᠢᠶ᠎ᠠ ᠪᠦᠬᠦᠢ ᠠᠵᠢᠯ ᠳᠤ ᠬᠡᠷᠡᠭᠯᠡᠨ᠎ᠡ᠃            ᠭᠤᠷᠪᠠᠳᠤᠭᠠᠷ ᠵᠦᠢᠯ ᠬᠠᠷᠠᠭᠠᠯᠵᠠᠯ ᠤᠨ ᠦᠨᠡᠮᠯᠡᠯ ᠪᠣᠯ ᠦᠨᠡᠮᠯᠡᠯ ᠭᠠᠷᠳᠠᠭᠴᠢ ᠶᠢᠨ ᠢᠷᠠᠭᠤ ᠠᠯᠳᠠᠷ ᠢᠶᠠᠨ ᠢᠯᠡᠷᠡᠭᠦᠯᠬᠦ ᠠᠴᠢᠶᠠᠯᠠᠪᠤᠷᠢ᠂ ᠬᠠᠷᠠᠭᠠᠯᠵᠠᠯ ᠭᠥᠷᠳᠡᠬᠦ ᠭᠡᠷᠡᠴᠢ ᠪᠠᠷᠢᠮᠲᠠ ᠪᠣᠯᠣᠨ᠎ᠠ᠃            ᠳᠥᠷᠪᠡᠳᠦᠭᠡᠷ ᠵᠦᠢᠯ ᠬᠠᠷᠠᠭᠠᠯᠵᠠᠯ ᠤᠨ ᠦᠨᠡᠮᠯᠡᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠳᠤ ᠢᠷᠠᠭᠤ ᠠᠯᠳᠠᠷ ᠢ ᠢᠯᠡᠷᠡᠭᠦᠯᠬᠦ᠂ ᠵᠢᠷᠤᠮᠵᠢᠯ ᠲᠠᠢ ᠡᠮᠬᠢ ᠵᠢᠷᠤᠮ ᠲᠠᠢ᠂ ᠨᠠᠷᠢᠯᠢᠭ ᠣᠨᠣᠴᠠᠲᠠᠢ ᠬᠥᠳᠡᠯᠦᠩᠭᠦᠢ᠂ ᠳᠥᠭᠦᠮ ᠳᠥᠲᠡ ᠠᠮᠤᠷ ᠲᠦᠪᠰᠢᠨ ᠪᠠᠶᠢᠬᠤ ᠵᠠᠷᠴᠢᠮ ᠢ ᠪᠠᠷᠢᠮᠲᠠᠯᠠᠨ᠎ᠠ᠃            ᠲᠠᠪᠤᠳᠤᠭᠠᠷ ᠵᠦᠢᠯ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠶᠠᠮᠤᠨ ᠠᠴᠠ ᠪᠦᠬᠦ ᠤᠯᠤᠰ ᠤᠨ ᠬᠠᠷᠠᠭᠠᠯᠵᠠᠯ ᠤᠨ ᠦᠨᠡᠮᠯᠡᠯ ᠢ ᠦᠢᠯᠡᠳᠦᠨ ᠣᠯᠭᠤᠬᠤ ᠪᠠ ᠦᠢᠯᠡᠴᠢᠯᠡᠭᠡ ᠬᠠᠮᠢᠶᠠᠷᠤᠯᠲᠠ ᠶᠢᠨ ᠠᠵᠢᠯ ᠢ ᠬᠠᠷᠢᠭᠤᠴᠠᠨ ᠵᠢᠯᠤᠭᠤᠳᠴᠤ᠂ ᠬᠤᠷᠰᠢᠭᠰᠠᠨ ᠪᠠᠩᠬᠢ ᠶᠢᠨ ᠬᠡᠪᠴᠢᠶ᠎ᠡ ᠶᠢ ᠲᠣᠭᠲᠠᠭᠠᠬᠤ ᠶᠢᠨ ᠬᠠᠮᠲᠤ ᠴᠠᠭ ᠲᠤᠨᠢ ᠲᠣᠬᠢᠷᠠᠭᠤᠯᠤᠨ ᠲᠣᠬᠢᠷᠠᠭᠤᠯᠤᠨ᠎ᠠ᠃ ᠮᠤᠵᠢ ︵ᠣᠷᠣᠨ᠂ ᠬᠤᠲᠠ︶ ᠶᠢᠨ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠲᠢᠩᠬᠢᠮ ︵ᠲᠣᠪᠴᠢᠶ᠎ᠠ︶ ᠠᠴᠠ ᠲᠣᠰ ᠭᠠᠵᠠᠷ ᠣᠷᠣᠨ ᠤ ᠬᠠᠷᠠᠭᠠᠯᠵᠠᠯ ᠤᠨ ᠦᠨᠡᠮᠯᠡᠯ ᠤᠨ ᠦᠢᠯᠡᠴᠢᠯᠡᠭᠡ ᠬᠠᠮᠢᠶᠠᠷᠤᠯᠲᠠ ᠶᠢᠨ ᠪᠣᠳᠠᠲᠠᠢ ᠱᠠᠭᠠᠷᠳᠠᠯᠭ᠎ᠠ ᠶᠢ ᠲᠣᠳᠣᠷᠬᠠᠶᠢᠯᠠᠬᠤ ᠶᠢ ᠬᠠᠷᠢᠭᠤᠴᠠᠵᠤ᠂ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠶᠠᠮᠤᠨ ᠤ ᠲᠣᠭᠲᠠᠭᠠᠭᠰᠠᠨ ᠬᠤᠷᠰᠢᠭᠰᠠᠨ ᠪᠠᠩᠬᠢ ᠶᠢᠨ ᠬᠡᠪᠴᠢᠶᠡᠨ ᠳᠣᠲᠣᠷ᠎ᠠ᠂ ᠲᠣᠰ ᠭᠠᠵᠠᠷ ᠣᠷᠣᠨ ᠤ ᠬᠤᠷᠰᠢᠭᠰᠠᠨ ᠪᠠᠩᠬᠢ ᠶᠢ ᠲᠣᠭᠲᠠᠭᠠᠵᠤ᠂ ᠬᠠᠷᠠᠭᠠᠯᠵᠠᠯ ᠤᠨ ᠦᠨᠡᠮᠯᠡᠯ ᠢ ᠲᠣᠰ ᠭᠠᠵᠠᠷ ᠣᠷᠣᠨ ᠳᠤ ᠬᠡᠷᠡᠭᠯᠡᠬᠦ ᠶᠢ ᠠᠬᠢᠭᠤᠯᠤᠨ᠎ᠠ᠃ ᠬᠤᠲᠠ᠂ ᠰᠢᠶᠠᠨ ᠤ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠠᠴᠠ ᠲᠤᠰ ᠭᠠᠵᠠᠷ ᠣᠷᠣᠨ ᠤ ᠪᠠᠨ ᠬᠠᠷᠠᠭᠠᠯᠵᠠᠯ ᠤᠨ ᠦᠨᠡᠮᠯᠡᠯ ᠣᠯᠭᠤᠬᠤ ᠪᠠ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃            ᠵᠢᠷᠭᠤᠳᠤᠭᠠᠷ ᠵᠦᠢᠯ ᠬᠠᠷᠠᠭᠠᠯᠵᠠᠯ ᠤᠨ ᠦᠨᠡᠮᠯᠡᠯ ᠢ ᠪᠥᠬᠦ ᠤᠯᠤᠰ ᠲᠤ ᠨᠢᠭᠡᠳᠦᠯᠲᠡᠢ ᠦᠢᠯᠡᠳᠦᠨ ᠲᠠᠷᠬᠠᠭᠠᠵᠤ ᠂ ᠨᠢᠭᠡᠳᠦᠯᠲᠡᠢ ᠬᠡᠪ ᠵᠠᠭᠪᠤᠷ ᠲᠠᠢ ᠪᠠᠶᠢᠯᠭᠠᠨ᠎ᠠ᠂ ᠬᠠᠷᠠᠭᠠᠯᠵᠠᠯ ᠤᠨ ᠦᠨᠡᠮᠯᠡᠯ ᠤᠨ ᠲᠥᠷᠥᠯ ᠵᠦᠢᠯ ᠤᠨ ᠨᠡᠷᠡᠶᠢᠳᠦᠯ᠂ ᠦᠨᠡᠮᠯᠡᠯ ᠭᠠᠷᠳᠠᠭᠴᠢ ᠶᠢᠨ ᠣᠪᠣᠭ ᠨᠡᠷ᠎ᠡ᠂ ᠦᠨᠡᠮᠯᠡᠯ ᠭᠠᠷᠳᠠᠭᠴᠢ ᠶᠢᠨ ᠬᠦᠢᠰᠦ ᠶᠢᠨ ᠢᠯᠭᠠᠯ᠂ ᠦᠨᠡᠮᠯᠡᠯ ᠭᠠᠷᠳᠠᠭᠴᠢ ᠶᠢᠨ ᠬᠡᠷᠡᠯ ᠵᠢᠷᠤᠭ᠂ ᠣᠯᠭᠤᠭᠰᠠᠨ ᠨᠢᠭᠡᠴᠢ ᠵᠡᠷᠭᠡ ᠮᠡᠳᠡᠭᠡ ᠵᠠᠩᠭᠢ ᠶᠢ ᠳᠠᠷᠤᠮᠠᠯᠯᠠᠨ᠎ᠠ᠃            ᠬᠠᠷᠠᠭᠠᠯᠵᠠᠯ ᠤᠨ ᠦᠨᠡᠮᠯᠡᠯ ᠢ ᠪᠥᠬᠦ ᠤᠯᠤᠰ ᠲᠤ ᠨᠢᠭᠡᠳᠦᠯᠲᠡᠢ ᠳ᠋ᠤᠭᠠᠷᠯᠠᠬᠤ ᠶᠢᠨ ᠬᠠᠮᠲᠤ ᠨᠢᠭᠤᠴᠠᠯᠠᠬᠤ ᠠᠷᠭ᠎ᠠ ᠮᠠᠶ᠋ᠢᠭ ᠢᠶᠠᠷ ᠬᠠᠷᠠᠭᠠᠯᠵᠠᠯ ᠤᠨ ᠦᠨᠡᠮᠯᠡᠯ ᠤᠨ ᠴᠠᠬᠢᠮ ᠳᠤ ᠬᠠᠳᠠᠭᠠᠯᠠᠵᠤ᠂ ᠲᠤᠭ᠎ᠠ ᠪᠠᠷᠢᠮᠲᠠ ᠶᠢᠨ ᠦᠢᠯᠡᠴᠢᠯᠡᠭᠡᠨ ᠤ ᠬᠡᠷᠡᠭᠯᠡᠯᠲᠡ ᠶᠢ ᠬᠠᠩᠭᠠᠨ᠎ᠠ᠃            ᠳᠣᠯᠣᠳᠤᠭᠠᠷ ᠵᠦᠢᠯ ᠦᠨᠡᠮᠯᠡᠯ ᠠᠪᠴᠤ ᠪᠠᠶᠢᠭ᠎ᠠ ᠬᠥᠮᠥᠨ ᠬᠠᠤᠯᠢ ᠴᠠᠭᠠᠵᠠ ᠬᠠᠤᠯᠢ ᠲᠣᠭᠲᠠᠭᠠᠯ ᠢ ᠵᠢᠱᠢᠶᠡᠴᠢ ᠪᠠᠷ ᠵᠢᠷᠤᠮᠯᠠᠨ ᠰᠠᠬᠢᠵᠤ᠂ ᠤᠯᠤᠰ ᠣᠷᠣᠨ ᠪᠠ ᠴᠡᠷᠢᠭ ᠤᠨ ᠶᠠᠪᠤᠳᠠᠯ ᠤᠨ ᠨᠢᠭᠤᠴᠠ ᠶᠢ ᠬᠠᠮᠠᠭᠠᠯᠠᠵᠤ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠦᠢᠯᠡᠳᠦᠯᠭᠡᠵᠢᠭᠦᠯᠦᠨ᠂ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠨᠡᠶᠢᠭᠡᠮ ᠤᠨ ᠠᠮᠢᠳᠤᠷᠠᠯ ᠳᠤᠮᠳᠠ ᠬᠤᠰᠢᠭᠤᠴᠢ ᠦᠢᠯᠡᠳᠦᠯ ᠢᠶᠠᠨ ᠪᠠᠳᠠᠷᠠᠭᠤᠯᠤᠨ᠂ ᠰᠠᠶᠢᠨ ᠰᠠᠶᠢᠬᠠᠨ ᠶᠣᠰᠣ ᠮᠣᠷᠠᠯ ᠬᠡᠪ ᠰᠤᠷᠲᠠᠯ ᠢ ᠬᠥᠲᠥᠯᠥᠨ ᠳᠠᠭᠠᠭᠤᠯᠵᠤ᠂ ᠢᠷᠠᠭᠤ ᠠᠯᠳᠠᠷ ᠢᠶᠠᠨ ᠨᠠᠨᠳᠢᠩᠨᠠᠨ ᠬᠠᠮᠠᠭᠠᠯᠠᠵᠤ᠂ ᠬᠠᠷᠠᠭᠠᠯᠵᠠᠯ ᠤᠨ ᠦᠨᠡᠮᠯᠡᠯ ᠢ ᠨᠠᠨᠳᠢᠩᠨᠠᠨ ᠬᠠᠶᠢᠷᠠᠯᠠᠬᠤ ᠬᠡᠷᠡᠭᠲᠡᠢ᠃            ᠨᠠᠢᠮᠠᠳᠤᠭᠠᠷ ᠵᠦᠢᠯ ᠴᠡᠷᠢᠭ ᠤᠨ ᠠᠯᠪᠠᠨ ᠠᠴᠠ ᠪᠠᠭᠤᠭᠰᠠᠳ ᠤᠨ ᠶᠠᠪᠤᠳᠠᠯ ᠤᠨ ᠶᠠᠮᠤᠨ ᠬᠠᠷᠠᠭᠠᠯᠵᠠᠯ ᠤᠨ ᠦᠨᠡᠮᠯᠡᠯ ᠤᠨ ᠦᠢᠯᠡᠴᠢᠯᠡᠭᠡᠨ ᠤ ᠬᠠᠮᠢᠶᠠᠷᠤᠯᠲᠠ ᠪᠠᠨ ᠠᠵᠢᠯ ᠤᠨ ᠮᠡᠳᠡᠭᠡ ᠵᠠᠩᠭᠢᠵᠢᠭᠤᠯᠬᠤ ᠪᠠᠶᠢᠭᠤᠯᠤᠯᠲᠠ ᠶᠢ ᠴᠢᠩᠭᠠᠳᠬᠠᠨ᠂ ᠪᠦᠬᠦ ᠤᠯᠤᠰ ᠤᠨ ᠬᠠᠷᠠᠭᠠᠯᠵᠠᠯ ᠤᠨ ᠦᠨᠡᠮᠯᠡᠯ ᠤᠨ ᠬᠠᠮᠢᠶᠠᠷᠤᠯᠲᠠ ᠪᠠᠨ ᠮᠡᠳᠡᠭᠡ ᠵᠠᠩᠭᠢ ᠪᠠᠨ ᠰᠢᠰᠲ᠋ᠧ ᠢ ᠪᠠᠶᠢᠭᠤᠯᠤᠨ ᠲᠡᠭᠦᠯᠳᠡᠷᠵᠢᠭᠦᠯᠵᠦ᠂ ᠬᠠᠷᠠᠭᠠᠯᠵᠠᠯ ᠤᠨ ᠦᠨᠡᠮᠯᠡᠯ ᠤᠨ ᠦᠢᠯᠡᠴᠢᠯᠡᠭᠡᠨ ᠤ ᠬᠠᠮᠢᠶᠠᠷᠤᠯᠲᠠ  ᠪᠠᠨ ᠠᠵᠢᠯ ᠢ ᠰᠠᠶᠢᠲᠤᠷ ᠬᠢᠬᠦ ᠳᠤ ᠳᠡᠮᠵᠢᠯᠭᠡ ᠬᠠᠩᠭᠠᠬᠤ ᠬᠡᠷᠡᠭᠲᠡᠢ᠃                  ᠬᠤᠶᠠᠳᠤᠭᠠᠷ ᠪᠦᠯᠦᠭ ᠦᠢᠯᠡᠳᠦᠯ                  ᠶᠢᠰᠦᠳᠦᠭᠡᠷ ᠵᠦᠢᠯ ᠬᠠᠷᠠᠭᠠᠯᠵᠠᠯ ᠤᠨ ᠦᠨᠡᠮᠯᠡᠯ ᠢ ᠴᠡᠷᠢᠭ ᠤᠨ ᠠᠯᠪᠠᠨ ᠠᠴᠠ ᠪᠠᠭᠤᠭᠰᠠᠳ ᠤᠨ ᠶᠠᠪᠤᠳᠠᠯ ᠤᠨ ᠶᠠᠮᠤᠨ ᠠᠴᠠ ᠬᠠᠮᠢᠶ᠎ᠠ ᠪᠦᠬᠦᠢ ᠬᠤᠷᠰᠢᠭᠰᠠᠨ ᠪᠠᠩᠬᠢ ᠲᠠᠢ ᠬᠠᠮᠲᠤᠷᠠᠨ ᠬᠠᠮᠲᠤᠪᠠᠷ ᠦᠢᠯᠡᠳᠴᠦ᠂ ᠬᠠᠷᠠᠭᠠᠯᠵᠠᠯ ᠤᠨ ᠦᠨᠡᠮᠯᠡᠯ ᠢ ᠪᠠᠩᠬᠢ ᠶᠢᠨ ᠵᠢᠭᠡᠯᠡᠨ ᠲᠡᠮᠳᠡᠭᠯᠡᠬᠦ ᠺᠠᠷᠲ ᠢᠶᠠᠷ ᠠᠴᠢᠶᠠᠯᠠᠪᠤᠷᠢ ᠪᠣᠯᠭᠠᠨ᠎ᠠ᠂ ᠬᠡᠲᠦᠷᠡᠭᠦᠯᠦᠨ ᠵᠠᠷᠤᠬᠤ ᠴᠢᠳᠠᠮᠵᠢ ᠦᠭᠡᠢ ᠪᠠᠶᠢᠬᠤ ᠬᠡᠷᠡᠭᠲᠡᠢ᠃            ᠬᠠᠷᠠᠭᠠᠯᠵᠠᠯ ᠤᠨ ᠦᠨᠡᠮᠯᠡᠯ ᠲᠠᠢ ᠬᠤᠯᠪᠣᠭᠳᠠᠬᠤ ᠬᠤᠪᠢ ᠬᠥᠮᠥᠨ ᠤ ᠪᠠᠩᠬᠢ ᠶᠢᠨ ᠲᠠᠩᠰᠠᠨ ᠡᠷᠦᠬᠡ ᠶᠢ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠠᠮᠢᠶᠠᠷᠤᠨ᠎ᠠ᠃            ᠬᠤᠷᠰᠢᠭᠰᠠᠨ ᠪᠠᠩᠬᠢ ᠨᠢ ᠤᠯᠤᠰ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠮᠥᠩᠭᠦᠨ ᠭᠦᠢᠯᠭᠡᠭᠡᠨ ᠤ ᠴᠢᠳᠠᠮᠵᠢ ᠶᠢᠨ ᠬᠠᠮᠢᠶ᠎ᠠ ᠪᠦᠬᠦᠢ ᠦᠢᠯᠡᠴᠢᠯᠡᠭᠡᠨ ᠤ ᠬᠠᠮᠢᠶᠠᠷᠤᠯᠲᠠ ᠶᠢ ᠰᠠᠶᠢᠲᠤᠷ ᠬᠢᠵᠦ᠂ ᠬᠠᠷᠠᠭᠠᠯᠵᠠᠯ ᠤᠨ ᠦᠨᠡᠮᠯᠡᠯ ᠤᠨ ᠦᠢᠯᠡᠴᠢᠯᠡᠭᠡᠨ ᠤ ᠬᠠᠮᠢᠶᠠᠷᠤᠯᠲᠠ ᠵᠢᠴᠢ ᠬᠠᠷᠠᠭᠠᠯᠵᠠᠯ ᠤᠨ ᠲᠥᠷᠥᠯ ᠵᠦᠢᠯ ᠢ ᠥᠷᠭᠡᠳᠬᠡᠬᠦ ᠵᠡᠷᠭᠡ ᠠᠵᠢᠯ ᠢ ᠬᠠᠮᠵᠢᠯᠴᠠᠨ ᠰᠠᠶᠢᠲᠤᠷ ᠬᠢᠵᠦ᠂ ᠦᠨᠡᠮᠯᠡᠯ ᠭᠠᠷᠳᠠᠭᠴᠢ ᠳᠤ ᠤᠷᠢᠳᠠᠪᠠᠷ ᠬᠠᠷᠠᠭᠠᠯᠵᠠᠯ ᠦᠵᠡᠭᠦᠯᠬᠦ ᠵᠡᠷᠭᠡ ᠬᠠᠷᠠᠭᠠᠯᠵᠠᠯ ᠤᠨ ᠦᠢᠯᠡᠴᠢᠯᠡᠭᠡ ᠬᠠᠩᠭᠠᠨ᠎ᠠ᠃            ᠠᠷᠪᠠᠳᠤᠭᠠᠷ ᠵᠦᠢᠯ ᠦᠨᠡᠮᠯᠡᠯ ᠠᠪᠴᠤ ᠪᠠᠶᠢᠭ᠎ᠠ ᠬᠥᠮᠥᠨ ᠬᠠᠷᠠᠭᠠᠯᠵᠠᠯ ᠤᠨ ᠦᠨᠡᠮᠯᠡᠯ ᠢᠶᠠᠷ ᠢᠶᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠡᠷᠢᠭ ᠤᠨ ᠠᠯᠪᠠᠨ ᠠᠴᠠ ᠪᠠᠭᠤᠭᠰᠠᠳ ᠤᠨ ᠪᠠᠲᠤᠯᠠᠭ᠎ᠠ ᠶᠢᠨ ᠬᠠᠤᠯᠢ︾ ᠪᠣᠯᠣᠨ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠤᠯᠠᠨ ᠨᠡᠶᠢᠲᠡ ᠶᠢᠨ ᠵᠠᠮ ᠬᠠᠷᠢᠯᠴᠠᠭ᠎ᠠ᠂ ᠰᠣᠶᠣᠯ᠂ ᠵᠢᠭᠤᠯᠴᠢᠯᠠᠯ ᠵᠡᠷᠭᠡ ᠲᠠᠯ᠎ᠠ ᠶᠢᠨ ᠬᠠᠷᠠᠭᠠᠯᠵᠠᠯ ᠤᠨ ᠦᠢᠯᠡᠴᠢᠯᠡᠭᠡᠨ ᠢ ᠬᠥᠷᠳᠡᠨ᠎ᠡ᠃            ᠤᠯᠤᠰ ᠠᠴᠠ ᠦᠨᠳᠦᠰᠦᠨ ᠬᠠᠷᠠᠭᠠᠯᠵᠠᠯ ᠤᠨ ᠭᠠᠷᠴᠠᠭ ᠤᠨ ᠲᠣᠳᠣᠷᠬᠠᠢ ᠬᠠᠭᠤᠳᠠᠰᠤ ᠶᠢᠨ ᠵᠦᠢᠯᠡᠰ ᠲᠤ ᠲᠠᠰᠤᠷᠠᠯᠲᠠ ᠦᠭᠡᠢ ᠲᠣᠬᠢᠷᠠᠭᠤᠯᠤᠯᠲᠠ ᠬᠢᠵᠦ᠂ ᠬᠠᠷᠠᠭᠠᠯᠵᠠᠯ ᠤᠨ ᠦᠨᠡᠮᠯᠡᠯ ᠢᠶᠠᠷ ᠢᠯᠭᠠᠨ ᠲᠠᠨᠢᠬᠤ ᠭᠡᠷᠡᠴᠢᠯᠡᠯ ᠤᠨ ᠠᠴᠢᠶᠠᠯᠠᠪᠤᠷᠢ ᠪᠣᠯᠭᠠᠵᠤ᠂ ᠬᠠᠷᠠᠭᠠᠯᠵᠠᠯ ᠤᠨ ᠦᠨᠡᠮᠯᠡᠯ ᠤᠨ ᠦᠢᠯᠡᠴᠢᠯᠡᠭᠡᠨ ᠤ ᠬᠡᠷᠡᠭᠯᠡᠬᠦ ᠴᠢᠳᠠᠮᠵᠢ ᠶᠢ ᠭᠦᠢᠴᠡᠳ ᠪᠠᠳᠠᠷᠠᠭᠤᠯᠤᠨ᠂ ᠦᠨᠡᠮᠯᠡᠯ ᠭᠠᠷᠳᠠᠭᠴᠢ ᠳᠤ ᠨᠠᠩ ᠰᠠᠶᠢᠨ ᠦᠢᠯᠡᠴᠢᠯᠡᠨ᠎ᠡ᠃            ᠠᠷᠪᠠᠨ ᠨᠢᠭᠡᠳᠦᠭᠡᠷ ᠵᠦᠢᠯ ᠦᠨᠡᠮᠯᠡᠯ ᠠᠪᠴᠤ ᠪᠠᠶᠢᠭ᠎ᠠ ᠬᠥᠮᠥᠨ ᠬᠠᠷᠠᠭᠠᠯᠵᠠᠯ ᠤᠨ ᠦᠨᠡᠮᠯᠡᠯ ᠢᠶᠠᠷ ᠢᠶᠠᠨ ᠣᠯᠭᠤᠭᠰᠠᠨ ᠮᠤᠵᠢ ᠶᠢᠨ ᠬᠠᠩᠭᠠᠭᠰᠠᠨ ᠬᠠᠷᠠᠭᠠᠯᠵᠠᠯ ᠤᠨ ᠦᠢᠯᠡᠴᠢᠯᠡᠭᠡ ᠶᠢ ᠭᠥᠷᠳᠡᠨ᠎ᠡ᠃            ᠡᠯ᠎ᠡ ᠭᠠᠵᠠᠷ ᠣᠷᠣᠨ ᠤ ᠨᠥᠬᠦᠴᠡᠯ ᠲᠠᠢ ᠰᠠᠭᠤᠷᠢᠨ ᠳᠡᠭᠡᠷ᠎ᠡ᠂ ᠲᠣᠰ ᠭᠠᠵᠠᠷ ᠣᠷᠣᠨ ᠤ ᠬᠠᠩᠭᠠᠭᠰᠠᠨ ᠬᠠᠷᠠᠭᠠᠯᠵᠠᠯ ᠤᠨ ᠦᠢᠯᠡᠴᠢᠯᠡᠭᠡ ᠶᠢ ᠪᠥᠬᠦ ᠤᠯᠤᠰ ᠤᠨ ᠦᠨᠡᠮᠯᠡᠯ ᠭᠠᠷᠳᠠᠭᠴᠢ ᠳᠤ ᠬᠠᠨᠳᠤᠭᠤᠯᠤᠨ ᠨᠡᠭᠡᠭᠡᠬᠦ ᠶᠢ ᠵᠣᠷᠢᠭᠵᠢᠭᠤᠯᠤᠨ᠎ᠠ᠃            ᠠᠷᠪᠠᠨ ᠬᠤᠶᠠᠳᠤᠭᠠᠷ ᠵᠦᠢᠯ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠨᠡᠶᠢᠭᠡᠮ ᠤᠨ ᠡᠯ᠎ᠡ ᠡᠲᠡᠭᠡᠳ ᠤᠨ ᠬᠢᠨ ᠤ ᠦᠨᠡᠮᠯᠡᠯ ᠭᠠᠷᠳᠠᠭᠴᠢ ᠳᠤ ᠣᠯᠠᠨ ᠡᠰᠢᠵᠢᠭᠰᠡᠨ ᠬᠠᠷᠠᠭᠠᠯᠵᠠᠯ ᠤᠨ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ᠎ᠠ᠃            ᠠᠷᠪᠠᠨ ᠭᠤᠷᠪᠠᠳᠤᠭᠠᠷ ᠵᠦᠢᠯ ᠣᠷᠣᠨ ᠨᠤᠲᠤᠭ ᠤᠨ ᠡᠯ᠎ᠡ ᠱᠠᠲᠤᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠬᠠᠷᠠᠭᠠᠯᠵᠠᠯ ᠤᠨ ᠦᠨᠡᠮᠯᠡᠯ ᠢ ᠲᠣᠰ ᠭᠠᠵᠠᠷ ᠣᠷᠣᠨ᠂ ᠬᠠᠮᠢᠶ᠎ᠠ ᠪᠦᠬᠦᠢ ᠠᠵᠢᠯ ᠲᠥᠷᠥᠯ ᠤᠨ ᠬᠦᠷᠢᠶ᠎ᠡ ᠴᠠᠷᠠᠭ᠎ᠠ ᠳᠤ ᠬᠡᠷᠡᠭᠯᠡᠬᠦ ᠶᠢ ᠢᠳᠡᠪᠬᠢᠲᠡᠢ ᠪᠠᠷ ᠳᠡᠯᠭᠡᠷᠡᠭᠦᠯᠵᠦ᠂ ᠬᠠᠷᠠᠭᠠᠯᠵᠠᠯ ᠤᠨ ᠦᠨᠡᠮᠯᠡᠯ ᠢ ᠬᠡᠷᠡᠭᠯᠡᠬᠦ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠨ᠂ ᠬᠠᠷᠠᠭᠠᠯᠵᠠᠯ ᠤᠨ ᠦᠨᠡᠮᠯᠡᠯ ᠢ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃            ᠶᠠᠩᠵᠤ ᠬᠡᠯᠪᠡᠷᠢ ᠶᠢᠨ ᠪᠠᠷᠢᠮᠵᠢᠶ᠎ᠠ ᠶᠢ ᠬᠤᠪᠢᠷᠠᠭᠤᠯᠬᠤ ᠦᠭᠡᠢ᠂ ᠭᠤᠣᠯ ᠴᠢᠳᠠᠮᠵᠢ ᠶᠢ ᠬᠤᠪᠢᠷᠠᠭᠤᠯᠬᠤ ᠦᠭᠡᠢ ᠂ ᠬᠠᠮᠢᠶᠠᠷᠤᠯᠲᠠ ᠶᠢᠨ ᠭᠤᠣᠯ ᠴᠣᠭᠴᠠ ᠶᠢ ᠬᠤᠪᠢᠷᠠᠭᠤᠯᠬᠤ ᠦᠭᠡᠢ᠂ ᠠᠵᠢᠯ ᠤᠨ ᠶᠠᠪᠤᠴᠠ ᠶᠢ ᠬᠤᠪᠢᠷᠠᠭᠤᠯᠬᠤ ᠦᠭᠡᠢ ᠪᠠᠶᠢᠬᠤ ᠶᠢ ᠪᠠᠲᠤᠯᠠᠭᠰᠠᠨ ᠤᠷᠢᠲᠠᠯ ᠳᠣᠣᠷ᠎ᠠ᠂ ᠬᠠᠷᠠᠭᠠᠯᠵᠠᠯ ᠤᠨ ᠦᠨᠡᠮᠯᠡᠯ ᠢᠶᠠᠷ ᠪᠤᠰᠤᠳ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠮᠵᠢ ᠶᠢ ᠠᠴᠢᠶᠠᠯᠠᠵᠤ ᠪᠣᠯᠣᠨ᠎ᠠ᠃            ᠠᠷᠪᠠᠨ ᠳᠥᠷᠪᠡᠳᠦᠭᠡᠷ ᠵᠦᠢᠯ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠶᠠᠮᠤᠨ ᠴᠠᠭ ᠲᠤᠨᠢ ᠲᠣᠬᠢᠷᠠᠭᠤᠯᠤᠨ ᠴᠠᠬᠢᠮ ᠬᠠᠷᠠᠭᠠᠯᠵᠠᠯ ᠤᠨ ᠦᠨᠡᠮᠯᠡᠯ ᠭᠠᠷᠭᠠᠵᠤ᠂ ᠦᠨᠡᠮᠯᠡᠯ ᠭᠠᠷᠳᠠᠭᠰᠠᠳ ᠤᠨ ᠮᠡᠳᠡᠭᠡ ᠵᠠᠩᠭᠢ ᠶᠢ ᠰᠦᠯᠵᠢᠶᠡᠨ ᠳᠡᠭᠡᠷ᠎ᠡ ᠪᠠᠶᠢᠴᠠᠭᠠᠨ ᠰᠢᠯᠭᠠᠬᠤ᠂ ᠬᠠᠷᠠᠭᠠᠯᠵᠠᠯ ᠤᠨ ᠲᠥᠷᠥᠯ ᠵᠦᠢᠯ ᠤᠨ ᠴᠠᠬᠢᠮ ᠢᠶᠠᠷ ᠦᠢᠯᠡᠴᠢᠯᠡᠭᠡ ᠬᠢᠭᠡᠳ ᠰᠦᠯᠵᠢᠶᠡᠨ ᠠᠴᠠ ᠭᠠᠳᠠᠭᠤᠷᠬᠢ ᠠᠷᠭ᠎ᠠ ᠵᠠᠮ ᠢ ᠪᠦᠲᠦᠮᠵᠢᠲᠡᠶ ᠵᠣᠯᠭᠠᠭᠤᠯᠬᠤ ᠵᠡᠷᠭᠡ ᠴᠢᠳᠠᠮᠵᠢ ᠶᠢ ᠪᠡᠶᠡᠯᠡᠭᠦᠯᠦᠨ᠎ᠡ᠃            ᠠᠷᠪᠠᠨ ᠲᠠᠪᠤᠳᠤᠭᠠᠷ ᠵᠦᠢᠯ ᠬᠠᠷᠠᠭᠠᠯᠵᠠᠯ ᠤᠨ ᠦᠨᠡᠮᠯᠡᠯ ᠳᠤ ᠰᠠᠭᠤᠷᠢᠯᠠᠨ ᠮᠥᠩᠭᠦᠨ ᠭᠦᠢᠯᠭᠡᠭᠡᠨ ᠤ ᠬᠦᠷᠢᠶᠡᠨ ᠳᠠᠬᠢ ᠬᠡᠷᠡᠭᠯᠡᠯᠲᠡ ᠶᠢ ᠥᠷᠨᠢᠭᠦᠯᠬᠦ ᠦᠶ᠎ᠡ ᠳᠤ᠂ ᠰᠦᠯᠵᠢᠶᠡᠨ ᠤ ᠠᠮᠤᠷ ᠲᠦᠪᠰᠢᠨ᠂ ᠬᠤᠪᠢ ᠬᠥᠮᠥᠨ ᠤ ᠮᠡᠳᠡᠭᠡ ᠵᠠᠩᠭᠢ ᠶᠢᠨ ᠬᠠᠮᠠᠭᠠᠯᠠᠯᠲᠠ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠤᠨ ᠱᠠᠭᠠᠷᠳᠠᠯᠭ᠎ᠠ ᠶᠣᠰᠣᠭᠠᠷ᠂ ᠬᠤᠪᠢ ᠬᠥᠮᠥᠨ ᠤ ᠮᠥᠩᠭᠦᠨ ᠭᠦᠢᠯᠭᠡᠭᠡᠨ ᠤ ᠮᠡᠳᠡᠭᠡ ᠵᠠᠩᠭᠢ ᠶᠢᠨ ᠬᠠᠮᠠᠭᠠᠯᠠᠯᠲᠠ ᠶᠢᠨ ᠬᠠᠷᠢᠭᠤᠴᠠᠯᠭ᠎ᠠ ᠪᠠᠨ ᠭᠦᠢᠴᠡᠳᠬᠡᠵᠦ᠂ ᠦᠨᠡᠮᠯᠡᠯ ᠭᠠᠷᠳᠠᠭᠴᠢ ᠶᠢᠨ ᠪᠡᠯᠡ ᠮᠥᠩᠭᠦ ᠪᠠ ᠮᠡᠳᠡᠭᠡ ᠵᠠᠩᠭᠢ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃            ᠠᠷᠪᠠᠨ ᠵᠢᠷᠭᠤᠳᠤᠭᠠᠷ ᠵᠦᠢᠯ ᠡᠯ᠎ᠡ ᠱᠠᠲᠤᠨ ᠤ ᠴᠡᠷᠢᠭ ᠤᠨ ᠠᠯᠪᠠᠨ ᠠᠴᠠ ᠪᠠᠭᠤᠭᠰᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠬᠠᠷᠠᠭᠠᠯᠵᠠᠯ ᠤᠨ ᠦᠨᠡᠮᠯᠡᠯ ᠯᠦᠭᠡ ᠬᠤᠯᠪᠣᠭᠳᠠᠯ ᠲᠠᠢ ᠬᠤᠪᠢ ᠬᠥᠮᠥᠨ ᠤ ᠪᠠᠩᠬᠢ ᠶᠢᠨ ᠲᠠᠩᠰᠠᠨ ᠡᠷᠥᠭᠡ ᠪᠠᠷ ᠳᠠᠮᠵᠢᠭᠤᠯᠤᠨ ᠠᠰᠠᠷᠠᠮᠵᠢ ᠶᠢᠨ ᠲᠤᠰᠠᠯᠠᠮᠵᠢ ᠶᠢᠨ ᠮᠥᠩᠭᠦ᠂ ᠲᠣᠬᠤᠨᠢᠭᠤᠯᠬᠤ ᠮᠥᠩᠭᠦ ᠵᠡᠷᠭᠡ ᠶᠢ ᠣᠯᠭᠤᠬᠤ ᠶᠢ ᠠᠯᠬᠤᠮ ᠠᠯᠬᠤᠮ ᠢᠶᠠᠷ ᠪᠡᠶᠡᠯᠡᠭᠦᠯᠬᠦ ᠬᠡᠷᠡᠭᠲᠡᠢ᠃                  ᠭᠤᠷᠪᠠᠳᠤᠭᠠᠷ ᠪᠦᠯᠦᠭ ᠭᠤᠶᠤᠴᠢᠯᠠᠬᠤ                  ᠠᠷᠪᠠᠨ ᠳᠣᠯᠣᠳᠤᠭᠠᠷ ᠵᠦᠢᠯ ᠴᠡᠷᠢᠭ ᠤᠨ ᠠᠯᠪᠠᠨ ᠠᠴᠠ ᠪᠠᠭᠤᠭᠰᠠᠳ ᠪᠠ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠴᠡᠷᠢᠭ ᠤᠨ ᠭᠡᠷ ᠪᠦᠯᠢ᠂ ᠡᠪᠡᠳᠴᠢᠨ ᠢᠶᠠᠷ ᠨᠠᠰᠤ ᠪᠠᠷᠠᠭᠰᠠᠨ ᠴᠡᠷᠢᠭ ᠤᠨ ᠭᠡᠷ ᠪᠦᠯᠢ ᠵᠡᠷᠭᠡ ᠪᠤᠰᠤᠳ ᠬᠠᠷᠠᠭᠠᠯᠵᠠᠬᠤ ᠡᠲᠡᠭᠡᠳ ᠨᠢ ᠵᠠᠷᠴᠢᠮ ᠳᠡᠭᠡᠷ᠎ᠡ ᠪᠠᠨ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡᠨ ᠤ ᠥᠷᠲᠡᠭᠡ ᠳᠤ ᠭᠤᠶᠤᠴᠢᠯᠠᠯ ᠭᠠᠷᠭᠠᠬᠤ ᠬᠡᠷᠡᠭᠲᠡᠢ᠃ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠲᠠᠭᠠᠨ ᠪᠠᠶᠢᠩᠭᠤ ᠰᠠᠭᠤᠭ᠎ᠠ ᠦᠭᠡᠢ ᠪᠣᠯ ᠪᠠᠶᠢᠩᠭᠤ ᠰᠠᠭᠤᠭ᠎ᠠ ᠭᠠᠵᠠᠷ ᠤᠨ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡᠨ ᠤ ᠥᠷᠲᠡᠭᠡ ᠳᠤ ᠭᠤᠶᠤᠴᠢᠯᠠᠯ ᠭᠠᠷᠭᠠᠵᠤ ᠪᠣᠯᠣᠨ᠎ᠠ᠃            ᠲᠣᠰ ᠠᠷᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ᠂ ᠲᠥᠪᠬᠢᠨᠡᠭᠦᠯᠬᠦ ᠭᠠᠵᠠᠷ ᠤᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ ᠨᠢ ᠴᠡᠷᠢᠭ ᠠᠴᠠ ᠬᠠᠯᠠᠭᠳᠠᠭᠰᠠᠳ ᠢ ᠭᠥᠯᠢᠶᠡᠨ ᠠᠪᠬᠤ ᠳᠠᠭᠠᠨ ᠂ ᠲᠣᠰ ᠡᠲᠡᠭᠡᠳ ᠤᠨ ᠢᠶᠠᠨ ᠬᠦᠰᠡᠯ ᠰᠠᠨᠠᠭ᠎ᠠ ᠪᠠᠷ ᠭᠤᠶᠤᠴᠢᠯᠠᠨ ᠠᠪᠬᠤ ᠶᠢ ᠪᠡᠶᠡᠯᠡᠭᠦᠯᠵᠦ ᠪᠣᠯᠣᠨ᠎ᠠ᠃            ᠢᠷᠭᠡᠨ ᠤ ᠬᠡᠷᠡᠭ ᠤᠨ ᠠᠵᠢᠯᠯᠠᠭ᠎ᠠ ᠶᠢᠨ ᠴᠢᠳᠠᠪᠤᠷᠢ ᠦᠭᠡᠢ ᠪᠤᠶᠤ ᠢᠷᠭᠡᠨ ᠤ ᠬᠡᠷᠡᠭ ᠤᠨ ᠬᠢᠵᠠᠭᠠᠷᠲᠤ ᠠᠵᠢᠯᠯᠠᠭ᠎ᠠ ᠶᠢᠨ ᠴᠢᠳᠠᠪᠤᠷᠢ ᠲᠠᠢ ᠬᠥᠮᠥᠨ ᠪᠣᠯ ᠬᠢᠨᠠᠨ ᠬᠠᠮᠠᠭᠠᠯᠠᠭᠴᠢ ᠨᠢ ᠭᠤᠶᠤᠴᠢᠯᠠᠯ ᠭᠠᠷᠭᠠᠬᠤ ᠬᠡᠷᠡᠭᠲᠡᠢ᠃            ᠠᠷᠪᠠᠨ ᠨᠠᠢᠮᠠᠳᠤᠭᠠᠷ ᠵᠦᠢᠯ ᠬᠤᠶᠠᠷ ᠵᠦᠢᠯ ᠤᠨ ᠬᠠᠷᠠᠭᠠᠯᠵᠠᠯ ᠤᠨ ᠦᠨᠡᠮᠯᠡᠯ ᠭᠤᠶᠤᠴᠢᠯᠠᠨ ᠠᠪᠬᠤ ᠨᠥᠬᠦᠴᠡᠯ ᠳᠤ ᠴᠥᠮ ᠨᠡᠶᠢᠴᠡᠬᠦ ᠭᠤᠶᠤᠴᠢᠯᠠᠭᠴᠢ ᠨᠢ ᠬᠦᠰᠡᠯ ᠰᠠᠨᠠᠭ᠎ᠠ ᠪᠠᠨ ᠦᠨᠳᠦᠰᠦᠯᠡᠨ ᠲᠡᠭᠦᠨ ᠤ ᠳᠣᠲᠣᠷᠠᠬᠢ ᠨᠢᠭᠡ ᠵᠦᠢᠯ ᠢ ᠨᠢ ᠭᠤᠶᠤᠴᠢᠯᠠᠨ ᠠᠪᠴᠤ ᠪᠣᠯᠣᠨ᠎ᠠ᠃            ᠳᠠᠪᠬᠤᠷ ᠪᠤᠶᠤ ᠣᠯᠠᠨ ᠳᠠᠪᠬᠤᠷ ᠪᠡᠶ᠎ᠡ ᠶᠢᠨ ᠭᠠᠷᠤᠯ ᠲᠠᠢ ᠡᠲᠡᠭᠡᠳ ᠤᠨ ᠬᠠᠮᠢᠶ᠎ᠠ ᠪᠦᠬᠦᠢ ᠪᠡᠶ᠎ᠡ ᠶᠢᠨ ᠭᠠᠷᠤᠯ ᠢ ᠴᠥᠮ ᠬᠠᠷᠠᠭᠠᠯᠵᠠᠯ ᠤᠨ ᠦᠨᠡᠮᠯᠡᠯ ᠤᠨ ᠴᠠᠬᠢᠮ ᠳᠤ ᠪᠢᠴᠢᠨ ᠣᠷᠣᠭᠤᠯᠵᠤ᠂ ᠲᠣᠭᠲᠠᠭᠠᠯ ᠶᠣᠰᠣᠭᠠᠷ ᠵᠣᠬᠢᠬᠤ ᠬᠠᠷᠠᠭᠠᠯᠵᠠᠯ ᠤᠨ ᠦᠢᠯᠡᠴᠢᠯᠡᠭᠡ ᠶᠢ ᠬᠦᠷᠲᠡᠭᠡᠨ᠎ᠡ᠃            ᠠᠷᠪᠠ ᠶᠢᠰᠦᠳᠦᠭᠡᠷ ᠵᠦᠢᠯ ᠭᠤᠶᠤᠴᠢᠯᠠᠭᠴᠢ ᠠᠴᠠ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠪᠤᠶᠤ ᠪᠠᠶᠢᠩᠭᠤ ᠰᠠᠭᠤᠭ᠎ᠠ ᠭᠠᠵᠠᠷ ᠤᠨ ᠮᠤᠵᠢ ᠠᠴᠠ ᠬᠠᠷᠠᠭᠠᠯᠵᠠᠯ ᠤᠨ ᠦᠨᠡᠮᠯᠡᠯ ᠣᠯᠭᠤᠬᠤ ᠪᠠᠷ ᠭᠤᠶᠤᠴᠢᠯᠠᠵᠤ ᠪᠣᠯᠣᠨ᠎ᠠ᠃            ᠬᠡᠷᠪᠡ ᠪᠠᠶᠢᠩᠭᠤ ᠰᠠᠭᠤᠭ᠎ᠠ ᠭᠠᠵᠠᠷ ᠤᠨ ᠮᠤᠵᠢ ᠠᠴᠠ ᠬᠠᠷᠠᠭᠠᠯᠵᠠᠯ ᠤᠨ ᠦᠨᠡᠮᠯᠡᠯ ᠣᠯᠭᠤᠬᠤ ᠪᠠᠷ ᠭᠤᠶᠤᠴᠢᠯᠠᠬᠤ ᠳᠤ ᠭᠦᠷᠪᠡᠯ᠂ ᠪᠠᠶᠢᠩᠭᠤ ᠰᠠᠭᠤᠭ᠎ᠠ ᠭᠠᠵᠠᠷ ᠤᠨ ᠮᠤᠵᠢ ︵ᠣᠷᠣᠨ᠂ ᠬᠤᠲᠠ︶ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠢᠩᠬᠢᠮ ︵ᠲᠣᠪᠴᠢᠶ᠎ᠠ︶ ᠤᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ᠃ ᠬᠡᠷᠪᠡ ᠪᠠᠶᠢᠩᠭᠤ ᠰᠠᠭᠤᠭ᠎ᠠ ᠭᠠᠵᠠᠷ ᠤᠨ ᠮᠤᠵᠢ ︵ᠣᠷᠣᠨ᠂ ᠬᠤᠲᠠ︶ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠢᠩᠬᠢᠮ ︵ᠲᠣᠪᠴᠢᠶ᠎ᠠ︶ ᠤᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠦᠭᠡᠢ ᠪᠣᠯ᠂ ᠭᠤᠶᠤᠴᠢᠯᠠᠭᠴᠢ ᠶᠢᠨ ᠬᠦᠰᠡᠯ ᠰᠠᠨᠠᠭ᠎ᠠ ᠶᠢ ᠦᠨᠳᠦᠰᠦᠯᠡᠨ ᠡᠷᠦᠬᠡ ᠠᠮᠠ ᠶᠢᠨ ᠲᠠᠩᠰᠠ ᠭᠤᠶᠤᠴᠢᠯᠠᠭᠰᠠᠨ ᠭᠠᠵᠠᠷ ᠤᠨ ᠮᠤᠵᠢ ᠣᠷᠣᠨ ᠳᠤ ᠰᠢᠯᠵᠢᠭᠦᠯᠦᠨ ᠬᠠᠷᠠᠭᠠᠯᠵᠠᠯ ᠤᠨ ᠦᠨᠡᠮᠯᠡᠯ ᠣᠯᠭᠤᠵᠤ ᠪᠣᠯᠣᠨ᠎ᠠ᠃            ᠬᠤᠷᠢᠳᠤᠭᠠᠷ ᠵᠦᠢᠯ ᠭᠤᠶᠤᠴᠢᠯᠠᠭᠴᠢ ᠭᠤᠶᠤᠴᠢᠯᠠᠯ ᠭᠠᠷᠭᠠᠬᠤ ᠠᠴᠠ ᠡᠮᠦᠨ᠎ᠡ᠂ ᠲᠠᠩᠰᠠ ᠡᠪᠬᠡᠮᠡᠯ ᠪᠠᠶᠢᠭᠤᠯᠤᠨ ᠺᠠᠷᠲᠯᠠᠨ ᠳᠠᠩᠰᠠᠯᠠᠬᠤ ᠬᠡᠷᠡᠭᠲᠡᠢ᠃            ᠭᠤᠶᠤᠴᠢᠯᠠᠭᠴᠢ ᠨᠢ ᠲᠠᠩᠰᠠ ᠡᠪᠬᠡᠮᠡᠯ ᠪᠠᠶᠢᠭᠤᠯᠵᠤ ᠺᠠᠷᠲᠯᠠᠨ ᠳᠠᠩᠰᠠᠯᠠᠭᠰᠠᠨ ᠤ ᠳᠠᠷᠠᠭ᠎ᠠ᠂ ᠢᠨᠲ᠋ᠧᠷ ᠰᠦᠯᠵᠢᠶ᠎ᠡ ᠪᠠᠷ ᠳᠠᠮᠵᠢᠭᠤᠯᠤᠨ ᠰᠦᠯᠵᠢᠶᠡᠨ ᠳᠡᠭᠡᠷ᠎ᠡ ᠭᠤᠶᠤᠴᠢᠯᠠᠯ ᠭᠠᠷᠭᠠᠵᠤ ᠪᠣᠯᠣᠨ᠎ᠠ᠂ ᠪᠠᠰᠠ ᠡᠷᠦᠬᠡ ᠠᠮᠠ ᠶᠢᠨ ᠲᠠᠩᠰᠠ ᠶᠢᠨ ᠪᠠᠶᠢᠭ᠎ᠠ ᠭᠠᠵᠠᠷ ᠪᠤᠶᠤ ᠪᠠᠶᠢᠩᠭᠤ ᠰᠠᠭᠤᠭ᠎ᠠ ᠭᠠᠵᠠᠷ ᠤᠨ ᠰᠢᠶᠠᠩ ᠪᠠᠯᠭᠠᠰᠤ ︵ᠵᠡᠭᠡᠯᠢ ᠭᠤᠳᠤᠮᠵᠢ︶  ᠶᠢᠨ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡᠨ ᠤ ᠥᠷᠲᠡᠭᠡ ᠳᠤ ᠭᠤᠶᠤᠴᠢᠯᠠᠯ ᠭᠠᠷᠭᠠᠵᠤ ᠪᠣᠯᠣᠨ᠎ᠠ᠃            ᠬᠤᠷᠢᠨ ᠨᠢᠭᠡᠳᠦᠭᠡᠷ ᠵᠦᠢᠯ ᠲᠣᠰ ᠬᠥᠮᠥᠨ ᠨᠢ ᠭᠤᠶᠤᠴᠢᠯᠠᠯ ᠭᠠᠷᠭᠠᠭᠰᠠᠨ ᠪᠠᠶᠢᠪᠠᠯ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠣᠶᠢᠷ᠎ᠠ ᠶᠢᠨ ᠬᠤᠭᠤᠴᠠᠭᠠᠨ ᠤ 1 ᠢᠮᠠᠬᠤ ᠶᠢᠨ ᠮᠠᠯᠠᠭᠠᠢ ᠦᠭᠡᠢ ᠴᠠᠬᠢᠮ ᠬᠡᠷᠡᠯ ᠵᠢᠷᠤᠭ ᠵᠡᠷᠭᠡ ᠬᠠᠮᠢᠶ᠎ᠠ ᠪᠦᠬᠦᠢ ᠦᠨᠡᠮᠯᠡᠯ ᠪᠤᠶᠤ ᠮᠠᠲ᠋ᠧᠷᠢᠶᠠᠯ ᠢ ᠬᠠᠩᠭᠠᠬᠤ ᠬᠡᠷᠡᠭᠲᠡᠢ᠃            ᠪᠤᠰᠤᠳ ᠬᠥᠮᠥᠨ ᠳᠤ ᠨᠠᠶᠢᠳᠠᠵᠤ ᠭᠤᠶᠤᠴᠢᠯᠠᠭᠤᠯᠤᠭᠰᠠᠨ ᠪᠠᠶᠢᠪᠠᠯ᠂ ᠨᠠᠶᠢᠳᠠᠯᠭ᠎ᠠ ᠬᠦᠯᠢᠶᠡᠭᠴᠢ ᠨᠢ ᠪᠠᠰᠠ ᠨᠠᠶᠢᠳᠠᠯᠭ᠎ᠠ ᠬᠦᠯᠢᠶᠡᠭᠴᠢ ᠶᠢᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠵᠢᠴᠢ ᠨᠠᠶᠢᠳᠠᠯᠭ᠎ᠠ ᠶᠢᠨ ᠪᠢᠴᠢᠭ ᠵᠡᠷᠭᠡ ᠬᠤᠯᠪᠣᠭᠳᠠᠯ ᠪᠦᠬᠦᠢ ᠦᠨᠡᠮᠯᠡᠯ ᠪᠤᠶᠤ ᠮᠠᠲ᠋ᠧᠷᠢᠶᠠᠯ ᠢ ᠬᠠᠩᠭᠠᠬᠤ ᠬᠡᠷᠡᠭᠲᠡᠢ᠃                  ᠳᠥᠷᠪᠡᠳᠦᠭᠡᠷ ᠪᠦᠯᠦᠭ ᠬᠢᠨᠠᠨ ᠬᠠᠷᠭᠤᠭᠤᠯᠬᠤ                  ᠬᠤᠷᠢᠨ ᠬᠤᠶᠠᠳᠤᠭᠠᠷ ᠵᠦᠢᠯ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠨᠢ ᠭᠥᠯᠢᠶᠡᠨ ᠠᠪᠴᠤ ᠰᠢᠢᠳᠪᠦᠷᠢᠯᠡᠬᠦ ᠨᠥᠬᠦᠴᠡᠯ ᠳᠤ ᠨᠡᠶᠢᠴᠡᠪᠡᠯ ᠂ ᠭᠤᠶᠤᠴᠢᠯᠠᠭᠰᠠᠨ ᠮᠠᠲ᠋ᠧᠷᠢᠶᠠᠯ ᠤᠨ ᠠᠭᠤᠯᠭ᠎ᠠ ᠨᠢ ᠪᠦᠷᠢᠨ ᠭᠦᠢᠴᠡᠳ ᠪᠠᠶᠢᠬᠤ ᠡᠰᠡᠬᠦ᠂ ᠭᠤᠶᠤᠴᠢᠯᠠᠭᠰᠠᠨ ᠬᠠᠷᠠᠭᠠᠯᠵᠠᠯ ᠤᠨ ᠦᠨᠡᠮᠯᠡᠯ ᠤᠨ ᠲᠥᠷᠥᠯ ᠵᠦᠢᠯ ᠨᠢ ᠲᠣᠳᠣᠷᠬᠠᠢ ᠪᠠᠶᠢᠬᠤ ᠡᠰᠡᠬᠦ ᠶᠢ ᠪᠠᠶᠢᠴᠠᠭᠠᠬᠤ ᠬᠡᠷᠡᠭᠲᠡᠢ᠃            ᠱᠠᠭᠠᠷᠳᠠᠯᠭ᠎ᠠ ᠳᠤ ᠨᠡᠶᠢᠴᠡᠭᠰᠡᠨ ᠪᠠᠶᠢᠪᠠᠯ᠂ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ᠲᠤ ᠲᠤᠰᠢᠶᠠᠵᠤ            ᠬᠤᠷᠢᠨ ᠭᠤᠷᠪᠠᠳᠤᠭᠠᠷ ᠵᠦᠢᠯ ᠰᠢᠶᠠᠨ ᠤ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡᠨ ᠤ ᠲᠥᠪ ᠭᠤᠶᠤᠴᠢᠯᠠᠯ ᠤᠨ ᠮᠠᠲ᠋ᠧᠷᠢᠶᠠᠯ ᠢ ᠦᠨᠳᠦᠰᠦᠯᠡᠨ᠂ ᠳ᠋ᠦᠢᠰᠢᠶᠠᠩ ᠤᠨ ᠪᠡᠶ᠎ᠡ ᠶᠢᠨ ᠬᠢᠷᠢ ᠬᠡᠮ ᠤᠨ ᠦᠨᠡᠨ ᠪᠣᠳᠠᠲᠠᠢ ᠪᠠᠶᠢᠬᠤ ᠡᠰᠡᠬᠦ᠂ ᠬᠠᠷᠠᠭᠠᠯᠵᠠᠯ ᠭᠤᠶᠤᠴᠢᠯᠠᠬᠤ ᠦᠨᠡᠮᠯᠡᠯ ᠤᠨ ᠲᠦᠷᠦᠯ ᠵᠦᠢᠯ ᠤᠨ ᠵᠥᠪ ᠣᠨᠣᠪᠴᠢᠲᠠᠶ ᠪᠠᠶᠢᠬᠤ ᠡᠰᠡᠬᠦ ᠶᠢ ᠬᠢᠨᠠᠨ ᠬᠠᠷᠭᠤᠭᠤᠯᠤᠨ᠎ᠠ᠃ ᠱᠠᠭᠠᠷᠳᠠᠯᠭ᠎ᠠ ᠳᠤ ᠨᠡᠶᠢᠴᠡᠭᠰᠡᠨ ᠪᠠᠶᠢᠪᠠᠯ᠂ ᠰᠢᠶᠠᠨ ᠤ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠡᠷᠬᠢᠯᠡᠬᠦ ᠲᠣᠪᠴᠢᠶ᠎ᠠ ᠳᠤ ᠮᠡᠳᠡᠭᠦᠯᠵᠦ ᠠᠩᠬ᠎ᠠ ᠬᠢᠨᠠᠭᠤᠯᠬᠤ ᠬᠡᠷᠡᠭᠲᠡᠢ᠃            ᠠᠩᠬᠠᠨ ᠤ ᠬᠢᠨᠠᠯᠲᠠ ᠳᠤ ᠪᠠᠲᠤᠯᠠᠭᠰᠠᠨ ᠪᠠᠶᠢᠪᠠᠯ᠂ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠳᠤ ᠮᠡᠳᠡᠭᠦᠯᠵᠦ ᠬᠢᠨᠠᠭᠤᠯᠬᠤ            ᠬᠢᠨᠠᠨ ᠬᠠᠷᠭᠤᠭᠤᠯᠵᠤ ᠪᠠᠲᠤᠯᠠᠭᠰᠠᠨ ᠪᠠᠶᠢᠪᠠᠯ᠂ ᠮᠤᠵᠢ ︵ᠣᠷᠣᠨ᠂ ᠬᠤᠲᠠ︶ ᠶᠢᠨ ᠴᠡᠷᠢᠭ ᠤᠨ ᠠᠯᠪᠠᠨ  ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠲᠢᠩᠬᠢᠮ ︵ᠲᠣᠪᠴᠢᠶ᠎ᠠ︶ ᠳᠤ ᠮᠡᠳᠡᠭᠦᠯᠵᠦ ᠪᠦᠷᠢᠳᠬᠡᠭᠦᠯᠬᠦ ᠬᠡᠷᠡᠭᠲᠡᠢ᠃            ᠠᠩᠬᠠᠨ ᠤ ᠬᠢᠨᠠᠯᠲᠠ ᠶᠢ ᠪᠠᠲᠤᠯᠠᠭᠰᠠᠨ ᠤ ᠳᠠᠷᠠᠭ᠎ᠠ᠂ 30 ᠠᠵᠢᠯᠯᠠᠬᠤ ᠡᠳᠦᠷ ᠤᠨ ᠳᠣᠲᠣᠷ᠎ᠠ ᠬᠢᠨᠠᠨ ᠬᠠᠷᠭᠤᠭᠤᠯᠬᠤ ᠪᠠ ᠪᠦᠷᠢᠳᠬᠡᠭᠦᠯᠬᠦ ᠶᠢ ᠪᠡᠶᠡᠯᠡᠭᠦᠯᠬᠦ ᠬᠡᠷᠡᠭᠲᠡᠢ᠃            ᠬᠤᠷᠢᠨ ᠳᠥᠷᠪᠡᠳᠦᠭᠡᠷ ᠵᠦᠢᠯ ᠪᠠᠶᠢᠩᠭᠤ ᠰᠠᠭᠤᠭ᠎ᠠ ᠭᠠᠵᠠᠷ ᠤᠨ ᠮᠤᠵᠢ ᠠᠴᠠ ᠬᠠᠷᠠᠭᠠᠯᠵᠠᠯ ᠤᠨ ᠦᠨᠡᠮᠯᠡᠯ ᠣᠯᠭᠤᠬᠤ ᠪᠠᠷ ᠭᠤᠶᠤᠴᠢᠯᠠᠪᠠᠯ᠂ ᠪᠠᠶᠢᠩᠭᠤ ᠰᠠᠭᠤᠭ᠎ᠠ ᠭᠠᠵᠠᠷ ᠤᠨ ᠪᠠᠶᠢᠭ᠎ᠠ ᠮᠤᠵᠢ ︵ᠣᠷᠣᠨ᠂ ᠬᠤᠲᠠ︶ ᠶᠢᠨ ᠴᠡᠷᠢᠭ ᠤᠨ ᠠᠯᠪᠠᠨ ᠠᠴᠠ ᠪᠠᠭᠤᠭᠰᠠᠳ ᠤᠨ ᠶᠠᠪᠤᠳᠠᠯ ᠤᠨ ᠲᠢᠩᠬᠢᠮ ︵ᠲᠣᠪᠴᠢᠶ᠎ᠠ︶ ᠠᠴᠠ ᠬᠠᠷᠢᠭᠤᠴᠠᠨ ᠬᠢᠨᠠᠨ ᠬᠠᠷᠭᠤᠭᠤᠯᠵᠤ ᠳᠠᠩᠰᠠᠯᠠᠭᠤᠯᠤᠨ᠎ᠠ᠃            ᠬᠤᠷᠢᠨ ᠲᠠᠪᠤᠳᠤᠭᠠᠷ ᠵᠦᠢᠯ ᠭᠤᠶᠤᠴᠢᠯᠠᠭᠴᠢ ᠳᠤ ᠳᠠᠷᠠᠭᠠᠬᠢ ᠪᠠᠶᠢᠳᠠᠯ ᠤᠨ ᠠᠯᠢ ᠨᠢᠭᠡ ᠨᠢ ᠪᠠᠶᠢᠪᠠᠯ᠂ ᠬᠢᠨᠠᠨ ᠬᠠᠷᠭᠤᠭᠤᠯᠤᠭᠠᠳ ᠪᠠᠲᠤᠯᠠᠭᠤᠯᠬᠤ ᠦᠭᠡᠢ᠃             ︵ᠨᠢᠭᠡ︶ ᠴᠡᠷᠢᠭ ᠤᠨ ᠠᠯᠪᠠ ᠬᠠᠭᠠᠵᠤ ᠪᠠᠶᠢᠬᠤ ᠬᠤᠭᠤᠴᠠᠭᠠᠨ ᠳᠠᠭᠠᠨ ᠴᠡᠷᠢᠭ ᠠᠩᠭᠢ ᠶᠢᠨ ᠨᠡᠷ᠎ᠡ ᠶᠢ ᠬᠠᠰᠤᠭᠰᠠᠨ᠂ ᠴᠡᠷᠢᠭ ᠠᠴᠠ ᠬᠥᠭᠡᠭᠡᠭᠳᠡᠭᠰᠡᠨ᠃             ︵ᠬᠤᠶᠠᠷ︶ ᠤᠯᠤᠰ ᠲᠥᠷᠥ ᠶᠢᠨ ᠡᠷᠬᠡ ᠪᠠᠨ ᠬᠠᠰᠤᠭᠳᠠᠭᠰᠠᠨ ᠬᠤᠭᠤᠴᠠᠭᠠᠨ ᠳᠤ ᠪᠠᠶᠢᠬᠤ᠃             ︵ᠭᠤᠷᠪᠠ︶ ᠡᠷᠡᠭᠦᠦ ᠰᠢᠢᠳᠬᠡᠯ ᠭᠦᠢᠴᠡᠳᠬᠡᠬᠦ᠂ ᠬᠤᠷᠢᠬᠤ᠂ ᠨᠡᠬᠡᠮᠵᠢᠯᠡᠨ ᠪᠠᠷᠢᠪᠴᠢᠯᠠᠬᠤ ᠪᠠᠷ ᠵᠠᠷᠯᠠᠬᠤ ᠬᠤᠭᠤᠴᠠᠭᠠᠨ ᠳᠤ ᠪᠠᠶᠢᠬᠤ᠃            ᠬᠤᠷᠢᠨ ᠵᠢᠷᠭᠤᠳᠤᠭᠠᠷ ᠵᠦᠢᠯ ᠭᠤᠶᠤᠴᠢᠯᠠᠭᠴᠢ ᠡᠷᠡᠭᠦᠦ ᠶᠢᠨ ᠰᠢᠢᠳᠬᠡᠯ ᠣᠯᠵᠤ ᠥᠩᠭᠡᠷᠡᠭᠰᠡᠨ᠂ ᠳᠤᠮᠳᠠᠳᠤ ᠤᠯᠤᠰ ᠤᠨ ᠡᠪ ᠬᠠᠮᠲᠤ ᠨᠠᠮ ᠠᠴᠠ ᠬᠥᠭᠡᠭᠡᠭᠳᠡᠭᠰᠡᠨ᠂ ᠠᠯᠪᠠᠨ ᠲᠤᠰᠢᠶᠠᠯ ᠠᠴᠠ ᠪᠠᠨ ᠬᠥᠭᠡᠭᠡᠭᠳᠡᠭᠰᠡᠨ ᠪᠤᠶᠤ ᠪᠡᠶ᠎ᠡ ᠬᠡᠮ ᠢᠷᠠᠭᠤ ᠠᠯᠳᠠᠷ ᠢᠶᠠᠨ ᠬᠦᠨᠳᠦ ᠨᠣᠴᠢᠲᠠᠢ ᠨᠥᠯᠥᠭᠡᠯᠡᠭᠰᠡᠨ ᠪᠤᠰᠤᠳ ᠪᠠᠶᠢᠳᠠᠯ ᠲᠠᠢ ᠪᠠᠶᠢᠪᠠᠯ᠂ ᠮᠤᠵᠢ ︵ᠣᠷᠣᠨ ᠂ ᠬᠤᠳᠠ︶ ᠶᠢᠨ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠲᠢᠩᠬᠢᠮ ︵ᠲᠣᠪᠴᠢᠶ᠎ᠠ︶  ᠠᠴᠠ ᠬᠤᠯᠪᠣᠭᠳᠠᠯ ᠪᠦᠬᠦᠢ ᠡᠯᠧᠮᠧᠨ᠋ᠲ ᠢ ᠶᠡᠷᠦᠩᠬᠡᠶᠢᠯᠡᠨ ᠪᠣᠳᠣᠯᠬᠢᠯᠠᠵᠤ ᠪᠠᠶᠢᠭᠠᠳ ᠬᠢᠨᠠᠨ ᠬᠠᠷᠭᠤᠭᠤᠯᠵᠤ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠶᠠᠮᠤᠨ ᠳᠤ ᠮᠡᠳᠡᠭᠦᠯᠵᠦ ᠳᠠᠩᠰᠠᠯᠠᠭᠤᠯᠤᠨ᠎ᠠ᠃            ᠬᠤᠷᠢᠨ ᠳᠣᠯᠣᠳᠤᠭᠠᠷ ᠵᠦᠢᠯ ᠮᠤᠵᠢ ︵ᠣᠷᠣᠨ᠂ ᠬᠤᠳᠠ︶ ᠶᠢᠨ ᠴᠡᠷᠢᠭ ᠤᠨ ᠠᠯᠪᠠᠨ ᠠᠴᠠ ᠪᠠᠭᠤᠭᠰᠠᠳ ᠤᠨ ᠶᠠᠪᠤᠳᠠᠯ ᠤᠨ ᠲᠢᠩᠬᠢᠮ ︵ᠲᠣᠪᠴᠢᠶ᠎ᠠ︶ ᠢ ᠳᠠᠩᠰᠠᠯᠠᠭᠤᠯᠤᠭᠰᠠᠨ ᠤ ᠲᠠᠷᠠᠭ᠎ᠠ᠂ ᠦᠨᠡᠮᠯᠡᠯ ᠦᠢᠯᠡᠳᠬᠦ ᠳᠤ ᠬᠡᠷᠡᠭᠰᠡᠬᠦ ᠮᠡᠳᠡᠭᠡ ᠵᠠᠩᠭᠢ ᠶᠢ ᠬᠤᠷᠰᠢᠭᠰᠠᠨ ᠪᠠᠩᠬᠢ ᠳᠤ ᠬᠠᠩᠭᠠᠬᠤ ᠬᠡᠷᠡᠭᠲᠡᠢ᠃ ᠬᠤᠷᠰᠢᠭᠰᠠᠨ ᠪᠠᠩᠬᠢ ᠨᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠰᠢᠢᠳᠪᠦᠷᠢᠯᠡᠵᠦ ᠥᠭᠭᠦᠨ᠎ᠡ᠃            ᠬᠤᠷᠢᠨ ᠨᠠᠢᠮᠠᠳᠤᠭᠠᠷ ᠵᠦᠢᠯ ᠮᠤᠵᠢ ︵ᠣᠷᠣᠨ᠂ ᠬᠤᠲᠠ︶ ᠶᠢᠨ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠲᠢᠩᠬᠢᠮ ︵ᠲᠣᠪᠴᠢᠶ᠎ᠠ︶ ᠨᠢ ᠬᠠᠷᠠᠭᠠᠯᠵᠠᠯ ᠤᠨ ᠦᠨᠡᠮᠯᠡᠯ ᠢ ᠦᠢᠯᠡᠳᠦᠨ ᠣᠯᠭᠤᠭᠰᠠᠨ ᠪᠠᠶᠢᠳᠠᠯ ᠢᠶᠠᠨ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠶᠠᠮᠤᠨ ᠳᠤ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ ᠬᠡᠷᠡᠭᠲᠡᠢ᠃            ᠬᠤᠷᠢ ᠶᠢᠰᠦᠳᠦᠭᠡᠷ ᠵᠦᠢᠯ ᠭᠥᠯᠢᠶᠡᠨ ᠠᠪᠴᠤ ᠰᠢᠢᠳᠪᠦᠷᠢᠯᠡᠭᠰᠡᠨ ᠦᠭᠡᠢ ᠪᠤᠶᠤ ᠬᠢᠨᠠᠨ ᠬᠠᠷᠭᠤᠭᠤᠯᠬᠤ᠂ ᠠᠩᠬ᠎ᠠ ᠬᠢᠨᠠᠬᠤ᠂ ᠬᠢᠨᠠᠨ ᠬᠠᠷᠭᠤᠭᠤᠯᠬᠤ ᠶᠢ ᠥᠩᠭᠡᠷᠡᠭᠡᠭᠰᠡᠨ ᠦᠭᠡᠢ ᠪᠣᠯ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠭᠰᠡᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠳᠡᠭᠡ ᠨᠦᠭᠦᠳ ᠭᠤᠶᠤᠴᠢᠯᠠᠭᠴᠢ ᠳᠤ ᠪᠠᠶᠢᠳᠠᠯ ᠢ ᠴᠠᠭ ᠲᠤᠬᠠᠢ ᠳᠤᠨᠢ ᠬᠠᠷᠢᠭᠤ ᠲᠤᠰᠬᠠᠬᠤ ᠶᠢᠨ ᠬᠠᠮᠲᠤ ᠲᠣᠳᠣᠷᠬᠠᠶᠢᠯᠠᠯᠲᠠ ᠬᠢᠬᠦ ᠬᠡᠷᠡᠭᠲᠡᠢ᠃                  ᠲᠠᠪᠤᠳᠤᠭᠠᠷ ᠪᠦᠯᠦᠭ ᠦᠢᠯᠡᠳᠦᠨ ᠲᠠᠷᠬᠠᠭᠠᠬᠤ                  ᠭᠤᠴᠢᠳᠤᠭᠠᠷ ᠵᠦᠢᠯ ᠮᠤᠵᠢ ︵ᠣᠷᠣᠨ᠂ ᠬᠤᠲᠠ︶ ᠶᠢᠨ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠲᠢᠩᠬᠢᠮ ︵ᠲᠣᠪᠴᠢᠶ᠎ᠠ︶ ᠠᠴᠠ ᠬᠤᠯᠪᠣᠭᠳᠠᠯ ᠪᠦᠬᠦᠢ ᠨᠢᠭᠡᠴᠢ ᠳᠤ ᠬᠢᠨᠠᠯᠲᠠ ᠲᠠᠯᠪᠢᠵᠤ ︽ᠳᠤᠮᠳᠠᠳᠤ ᠤᠯᠤᠰ ᠤᠨ ᠮᠥᠩᠭᠦᠨ ᠭᠦᠢᠯᠭᠡᠭᠡᠨ ᠤ ᠬᠤᠷᠠᠮᠠᠯ ᠴᠠᠬᠢᠯᠭᠠᠨ ᠬᠡᠯᠬᠢᠶ᠎ᠡ ᠶᠢᠨ ︵IC︶ ᠺᠠᠷᠲ ᠤᠨ ᠵᠢᠷᠤᠮᠵᠢᠯ ︾ ᠵᠡᠷᠭᠡ ᠬᠠᠮᠢᠶ᠎ᠠ ᠪᠦᠬᠦᠢ ᠱᠠᠭᠠᠷᠳᠠᠯᠭ᠎ᠠ ᠪᠠ ᠪᠠᠷᠢᠮᠵᠢᠶ᠎ᠠ ᠶᠣᠰᠣᠭᠠᠷ ᠬᠠᠷᠠᠭᠠᠯᠵᠠᠯ ᠤᠨ ᠦᠨᠡᠮᠯᠡᠯ ᠵᠣᠬᠢᠶᠠᠵᠤ᠂ ᠲᠤᠭ᠎ᠠ ᠪᠠᠷᠢᠮᠲᠠ ᠶᠢ ᠬᠠᠳᠠᠭᠠᠯᠠᠬᠤ᠂ ᠳᠠᠮᠵᠢᠭᠤᠯᠬᠤ᠂ ᠬᠡᠷᠡᠭᠯᠡᠬᠦ ᠶᠢᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃            ᠭᠤᠴᠢᠨ ᠨᠢᠭᠡᠳᠦᠭᠡᠷ ᠵᠦᠢᠯ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠳᠡᠭᠡ ᠨᠢ ᠬᠠᠷᠠᠭᠠᠯᠵᠠᠯ ᠤᠨ ᠦᠨᠡᠮᠯᠡᠯ ᠢ ᠣᠯᠣᠭᠰᠠᠨ ᠤ ᠲᠠᠷᠠᠭ᠎ᠠ᠂ ᠰᠠᠶᠢᠲᠤᠷ ᠳᠠᠩᠰᠠᠯᠠᠬᠤ ᠶᠢᠨ ᠬᠠᠮᠲᠤ ᠲᠤᠭ᠎ᠠ ᠬᠡᠮᠵᠢᠶ᠎ᠡ ᠶᠢ ᠨᠢ ᠲᠣᠭᠠᠯᠠᠨ ᠪᠦᠷᠢᠳᠬᠡᠵᠦ᠂ ᠭᠠᠳᠠᠷ ᠪᠣᠭᠤᠳᠠᠯ ᠨᠢ ᠡᠪᠳᠡᠷᠡᠭᠰᠡᠨ ᠡᠰᠡᠬᠦ ᠶᠢ ᠪᠠᠶᠢᠴᠠᠭᠠᠬᠤ ᠬᠡᠷᠡᠭᠲᠡᠢ᠃            ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠨᠢ ᠡᠩ ᠤᠨ ᠪᠠᠶᠢᠳᠠᠯ ᠳᠤ ᠬᠠᠷᠠᠭᠠᠯᠵᠠᠯ ᠤᠨ ᠦᠨᠡᠮᠯᠡᠯ ᠢ ᠣᠯᠣᠭᠰᠠᠨ ᠤ ᠳᠠᠷᠠᠭ᠎ᠠ 10 ᠠᠵᠢᠯᠯᠠᠬᠤ ᠡᠳᠦᠷ ᠤᠨ ᠳᠣᠲᠣᠷ᠎ᠠ ᠰᠠᠨᠠᠭᠠᠴᠢᠯᠠᠭ᠎ᠠ ᠠᠴᠠ ᠪᠠᠨ ᠬᠦᠷᠭᠡᠬᠦ᠂ ᠬᠠᠮᠲᠤ ᠨᠡᠶᠢᠲᠡ ᠠᠴᠠ ᠣᠯᠭᠤᠬᠤ ᠪᠤᠶᠤ ᠬᠤᠶᠠᠷ ᠲᠠᠯ᠎ᠠ ᠪᠠᠷ ᠢᠶᠠᠨ ᠪᠣᠯᠵᠣᠨ ᠲᠣᠭᠲᠠᠭᠰᠠᠨ ᠪᠤᠰᠤᠳ ᠠᠷᠭ᠎ᠠ ᠮᠠᠶ᠋ᠢᠭ ᠢᠶᠠᠷ ᠣᠯᠭᠤᠬᠤ ᠶᠢᠨ ᠬᠠᠮᠲᠤ ᠰᠠᠶᠢᠲᠤᠷ ᠳᠠᠩᠰᠠᠯᠠᠬᠤ ᠬᠡᠷᠡᠭᠲᠡᠢ᠃            ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠨᠢ ᠬᠠᠷᠠᠭᠠᠯᠵᠠᠯ ᠤᠨ ᠦᠨᠡᠮᠯᠡᠯ ᠢ ᠣᠯᠣᠭᠠᠳ 3 ᠰᠠᠷ᠎ᠠ ᠪᠣᠯᠤᠭᠰᠠᠨ ᠤ ᠳᠠᠷᠠᠭ᠎ᠠ ᠮᠥᠨ ᠬᠦ ᠭᠤᠶᠤᠴᠢᠯᠠᠭᠴᠢ ᠲᠠᠢ ᠬᠠᠷᠢᠯᠴᠠᠵᠤ ᠳᠡᠶᠢᠯᠬᠦ ᠦᠭᠡᠢ ᠪᠠᠶᠢᠪᠠᠯ ᠂ ᠲᠣᠰ ᠬᠠᠷᠠᠭᠠᠯᠵᠠᠯ ᠤᠨ ᠦᠨᠡᠮᠯᠡᠯ ᠢ ᠱᠠᠲᠤ ᠳᠠᠷᠠᠭᠠᠯᠠᠨ ᠮᠤᠵᠢ ︵ᠣᠷᠣᠨ᠂ ᠬᠤᠲᠠ︶ ᠶᠢᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ᠲᠤ ᠲᠤᠰᠢᠶᠠᠬᠤ ᠬᠡᠷᠡᠭᠲᠡᠢ᠃            ᠭᠤᠴᠢᠨ ᠬᠤᠶᠠᠳᠤᠭᠠᠷ ᠵᠦᠢᠯ ᠭᠤᠶᠤᠴᠢᠯᠠᠭᠴᠢ ᠬᠠᠷᠠᠭᠠᠯᠵᠠᠯ ᠤᠨ ᠦᠨᠡᠮᠯᠡᠯ ᠢ ᠬᠢᠨᠠᠨ ᠬᠠᠷᠭᠤᠭᠤᠯᠤᠭᠰᠠᠨ ᠭᠡᠷᠡᠴᠢ ᠳᠡᠭᠡᠷᠡᠬᠢ ᠮᠡᠳᠡᠭᠡ ᠵᠠᠩᠭᠢ ᠶᠢ ᠣᠯᠣᠭᠰᠠᠨ ᠤ ᠲᠠᠷᠠᠭ᠎ᠠ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠮᠥᠩᠭᠦᠨ ᠭᠦᠢᠯᠭᠡᠭᠡᠨ ᠤ ᠴᠢᠳᠠᠮᠵᠢ ᠶᠢ ᠠᠮᠢᠯᠠᠭᠤᠯᠤᠨ᠎ᠠ᠃            ᠦᠨᠡᠮᠯᠡᠯ ᠤᠨ ᠨᠢᠭᠤᠷ ᠤᠨ ᠮᠡᠳᠡᠭᠡ ᠵᠠᠩᠭᠢ ᠨᠢ ᠪᠤᠷᠤᠭᠤ ᠲᠠᠢ ᠪᠠᠶᠢᠪᠠᠯ᠂ ᠭᠤᠶᠤᠴᠢᠯᠠᠯ ᠢ ᠭᠥᠯᠢᠶᠡᠨ ᠠᠪᠤᠭᠰᠠᠨ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡᠨ ᠤ ᠥᠷᠲᠡᠭᠡ ᠲᠠᠢ ᠴᠠᠭ ᠲᠤᠬᠠᠢ ᠳᠤᠨᠢ ᠬᠠᠷᠢᠯᠴᠠᠵᠤ᠂ ᠨᠢᠭᠡᠨᠲᠡ ᠣᠯᠣᠭᠰᠠᠨ ᠬᠠᠷᠠᠭᠠᠯᠵᠠᠯ ᠤᠨ ᠦᠨᠡᠮᠯᠡᠯ ᠢᠶᠠᠨ ᠲᠤᠰᠢᠶᠠᠬᠤ ᠶᠢᠨ ᠬᠠᠮᠲᠤ ᠮᠤᠵᠢ ︵ᠣᠷᠣᠨ᠂ ᠬᠤᠲᠠ︶ ᠶᠢᠨ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠲᠢᠩᠬᠢᠮ ︵ᠲᠣᠪᠴᠢᠶ᠎ᠠ︶ ᠠᠴᠠ ᠬᠠᠮᠢᠶ᠎ᠠ ᠪᠦᠬᠦᠢ ᠲᠠᠰ ᠳᠠᠷᠠᠭᠠᠯᠠᠯ ᠢᠶᠠᠷ ᠳᠠᠭᠢᠵᠤ ᠰᠢᠨ᠎ᠡ ᠪᠠᠷ ᠦᠢᠯᠡᠳᠬᠦ ᠬᠡᠷᠡᠭᠲᠡᠢ᠃                  ᠵᠢᠷᠭᠤᠳᠤᠭᠠᠷ ᠪᠦᠯᠦᠭ ᠨᠥᠬᠦᠪᠦᠷᠢᠯᠡᠨ ᠰᠣᠯᠢᠬᠤ                  ᠭᠤᠴᠢᠨ ᠭᠤᠷᠪᠠᠳᠤᠭᠠᠷ ᠵᠦᠢᠯ ᠬᠠᠷᠠᠭᠠᠯᠵᠠᠯ ᠤᠨ ᠦᠨᠡᠮᠯᠡᠯ ᠢᠶᠠᠨ ᠭᠡᠭᠡᠭᠰᠡᠨ ᠤ ᠲᠠᠷᠠᠭ᠎ᠠ᠂ ᠦᠨᠡᠮᠯᠡᠯ ᠠᠪᠴᠤ ᠪᠠᠶᠢᠭ᠎ᠠ ᠬᠥᠮᠥᠨ ᠨᠢ ᠭᠤᠶᠤᠴᠢᠯᠠᠯ ᠢ ᠭᠥᠯᠢᠶᠡᠨ ᠠᠪᠤᠭᠰᠠᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠳᠡᠭᠡ ᠳᠤ ᠴᠠᠭ ᠲᠤᠬᠠᠢ ᠳᠤᠨᠢ ᠮᠡᠳᠡᠭᠳᠡᠬᠦ ᠶᠢᠨ ᠬᠠᠮᠲᠤ ᠪᠠᠩᠬᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠡᠭᠡᠭᠰᠡᠨ ᠢᠶᠠᠨ ᠮᠡᠳᠡᠭᠦᠯᠬᠦ ᠬᠡᠷᠡᠭᠲᠡᠢ᠃            ᠭᠤᠴᠢᠨ ᠳᠥᠷᠪᠡᠳᠦᠭᠡᠷ ᠵᠦᠢᠯᠬᠠᠷᠠᠭᠠᠯᠵᠠᠯ ᠤᠨ ᠦᠨᠡᠮᠯᠡᠯ ᠢᠶᠠᠨ ᠭᠡᠭᠡᠭᠰᠡᠨ ᠪᠠᠶᠢᠪᠠᠯ᠂ ᠦᠨᠡᠮᠯᠡᠯ ᠠᠪᠴᠤ ᠪᠠᠶᠢᠭ᠎ᠠ ᠬᠥᠮᠥᠨ ᠨᠢ ᠭᠡᠭᠡᠭᠰᠡᠨ ᠢᠶᠠᠨ ᠵᠢᠩᠬᠢᠨᠢ ᠪᠠᠷ ᠮᠡᠳᠡᠭᠦᠯᠬᠦ ᠭᠠᠷ ᠭᠦᠢᠴᠡᠳᠬᠡᠯ ᠬᠢᠭᠰᠡᠨ ᠤ ᠲᠠᠷᠠᠭ᠎ᠠ᠂ ᠨᠥᠬᠦᠵᠦ ᠠᠪᠬᠤ ᠭᠤᠶᠤᠴᠢᠯᠠᠯ ᠭᠠᠷᠭᠠᠵᠤ ᠪᠣᠯᠣᠨ᠎ᠠ᠃            ᠰᠢᠨ᠎ᠡ ᠦᠨᠡᠮᠯᠡᠯ ᠢ ᠨᠥᠬᠦᠵᠦ ᠠᠪᠤᠭᠰᠠᠨ ᠤ ᠲᠠᠷᠠᠭ᠎ᠠ ᠤᠤᠯ ᠤᠨ ᠦᠨᠡᠮᠯᠡᠯ ᠢᠶᠠᠨ ᠡᠷᠢᠵᠦ ᠣᠯᠣᠭᠰᠠᠨ ᠪᠠᠶᠢᠪᠠᠯ᠂ ᠦᠨᠡᠮᠯᠡᠯ ᠠᠪᠴᠤ ᠪᠠᠶᠢᠭ᠎ᠠ ᠬᠥᠮᠥᠨ ᠨᠢ ᠤᠤᠯ ᠦᠨᠡᠮᠯᠡᠯ ᠢᠶᠠᠨ ᠭᠤᠶᠤᠴᠢᠯᠠᠯ ᠢ ᠰᠢᠢᠳᠪᠦᠷᠢᠯᠡᠬᠦ ᠪᠠᠷ ᠭᠥᠯᠢᠶᠡᠨ ᠠᠪᠤᠭᠰᠠᠨ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡᠨ ᠤ ᠦᠷᠳᠡᠭᠡ ᠳᠤ ᠪᠤᠴᠠᠭᠠᠵᠤ ᠥᠭᠬᠦ ᠬᠡᠷᠡᠭᠲᠡᠢ᠃            ᠭᠤᠴᠢᠨ ᠲᠠᠪᠤᠳᠤᠭᠠᠷ ᠵᠦᠢᠯ ᠳᠠᠷᠠᠭᠠᠬᠢ ᠵᠢᠭᠰᠠᠭᠠᠭᠰᠠᠨ ᠪᠠᠶᠢᠳᠠᠯ ᠤᠨ ᠨᠢᠭᠡ ᠨᠢ ᠭᠠᠷᠤᠭᠰᠠᠨ ᠪᠠᠶᠢᠪᠠᠯ᠂ ᠦᠨᠡᠮᠯᠡᠯ ᠠᠪᠴᠤ ᠪᠠᠶᠢᠭ᠎ᠠ ᠬᠥᠮᠥᠨ ᠨᠢ ᠬᠠᠷᠠᠭᠠᠯᠵᠠᠯ ᠤᠨ ᠦᠨᠡᠮᠯᠡᠯ ᠢᠶᠠᠨ ᠰᠣᠯᠢᠬᠤ ᠪᠠᠷ ᠭᠤᠶᠤᠴᠢᠯᠠᠵᠤ ᠪᠣᠯᠣᠨ᠎ᠠ᠃             ︵ᠨᠢᠭᠡ︶ ᠬᠠᠷᠠᠭᠠᠯᠵᠠᠯ ᠤᠨ ᠦᠨᠡᠮᠯᠡᠯ ᠨᠢ ᠡᠪᠳᠡᠷᠡᠭᠡᠳ ᠺᠠᠷᠲ ᠤᠩᠰᠢᠬᠤ ᠲᠥᠬᠦᠭᠡᠷᠦᠮᠵᠢ ᠳᠡᠭᠡᠷ᠎ᠡ ᠠᠴᠠ ᠬᠡᠪ ᠤᠨ ᠶᠣᠰᠣᠭᠠᠷ ᠤᠩᠰᠢᠵᠤ ᠳᠡᠶᠢᠯᠬᠦ ᠦᠭᠡᠢ ᠪᠣᠯᠤᠭᠰᠠᠨ᠃             ︵ᠬᠤᠶᠠᠷ︶ ᠭᠡᠷᠡᠴᠢ ᠦᠨᠡᠮᠯᠡᠯ ᠤᠨ ᠨᠢᠭᠤᠷ ᠲᠠᠯ᠎ᠠ ᠨᠢ ᠭᠬᠢᠷᠲᠦᠭᠰᠡᠨ᠂ ᠤᠷᠠᠭᠳᠠᠵᠤ ᠵᠡᠮᠳᠡᠭ ᠪᠣᠯᠤᠭᠰᠠᠨ᠂ ᠮᠡᠳᠡᠭᠡ ᠵᠠᠩᠭᠢ ᠶᠢ ᠢᠯᠭᠠᠨ ᠲᠠᠨᠢᠬᠤ ᠶᠢᠨ ᠠᠷᠭ᠎ᠠ ᠦᠭᠡᠢ ᠪᠠᠶᠢᠬᠤ ᠶᠢ ᠬᠠᠷᠠᠭᠠᠯᠵᠠᠭᠰᠠᠨ᠃             ︵ᠭᠤᠷᠪᠠ︶ ᠭᠡᠷᠡᠴᠢ ᠦᠨᠡᠮᠯᠡᠯ ᠤᠨ ᠨᠢᠭᠤᠷ ᠤᠨ ᠮᠡᠳᠡᠭᠡ ᠵᠠᠩᠭᠢ ᠶᠢ ᠬᠠᠷᠠᠭᠠᠯᠵᠠᠬᠤ ᠲᠠᠯ᠎ᠠ ᠪᠠᠷ ᠬᠤᠪᠢᠷᠠᠭᠤᠯᠬᠤ ᠴᠢᠬᠤᠯᠠᠲᠠᠢ ᠪᠠᠶᠢᠬᠤ᠃             ︵ᠳᠥᠷᠪᠡ︶ ᠦᠨᠡᠮᠯᠡᠯ ᠠᠪᠴᠤ ᠪᠠᠶᠢᠭ᠎ᠠ ᠬᠥᠮᠥᠨ ᠤ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠪᠤᠶᠤ ᠪᠠᠶᠢᠩᠭᠤ ᠰᠠᠭᠤᠭ᠎ᠠ ᠭᠠᠵᠠᠷ ᠤᠨ ᠮᠤᠵᠢ ᠣᠷᠣᠨ ᠳᠤ ᠬᠤᠪᠢᠷᠠᠯᠲᠠ ᠭᠠᠷᠤᠭᠰᠠᠨ᠃             ︵ᠲᠠᠪᠤ︶ ᠬᠤᠶᠠᠷ ᠵᠦᠢᠯ ᠤᠨ ᠬᠠᠷᠠᠭᠠᠯᠵᠠᠯ ᠤᠨ ᠦᠨᠡᠮᠯᠡᠯ ᠭᠤᠶᠤᠴᠢᠯᠠᠨ ᠠᠪᠬᠤ ᠨᠥᠬᠦᠴᠡᠯ ᠳᠤ ᠴᠥᠮ ᠨᠡᠶᠢᠴᠡᠭᠰᠡᠨ ᠦᠨᠡᠮᠯᠡᠯ ᠠᠪᠴᠤ ᠪᠠᠶᠢᠭ᠎ᠠ ᠬᠥᠮᠥᠨ ᠨᠢ ᠬᠠᠷᠠᠭᠠᠯᠵᠠᠯ ᠤᠨ ᠦᠨᠡᠮᠯᠡᠯ ᠤᠨ ᠲᠦᠷᠦᠯ ᠵᠦᠢᠯ ᠢ ᠬᠤᠪᠢᠷᠠᠭᠤᠯᠬᠤ ᠴᠢᠬᠤᠯᠠᠲᠠᠢ ᠪᠠᠶᠢᠬᠤ᠃             ︵ᠵᠢᠷᠭᠤᠭ᠎ᠠ︶ ᠰᠣᠯᠢᠬᠤ ᠴᠢᠬᠤᠯᠠ ᠲᠠᠢ ᠪᠤᠰᠤᠳ ᠪᠠᠶᠢᠳᠠᠯ ᠤᠳ᠃            ᠡᠮᠦᠨᠡᠬᠢ ᠪᠠᠳᠠᠭ ᠤᠨ ᠨᠢᠭᠡᠳᠦᠭᠡᠷ ᠵᠤᠷᠪᠤᠰ᠂ ᠬᠤᠶᠠᠳᠤᠭᠠᠷ ᠵᠤᠷᠪᠤᠰ ᠤᠨ ᠪᠠᠶᠢᠳᠠᠯ ᠭᠠᠷᠤᠭᠰᠠᠨ ᠪᠠᠶᠢᠪᠠᠯ᠂ ᠦᠨᠡᠮᠯᠡᠯ ᠠᠪᠴᠤ ᠪᠠᠶᠢᠭ᠎ᠠ ᠬᠥᠮᠥᠨ ᠨᠢ ᠲᠤᠰ ᠬᠥᠮᠥᠨ ᠤ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠨ ᠠᠪᠴᠤ ᠬᠤᠷᠰᠢᠭᠰᠠᠨ ᠪᠠᠩᠬᠢ ᠳᠤ ᠣᠴᠢᠵᠤ ᠰᠣᠯᠢᠬᠤ ᠬᠡᠷᠡᠭᠲᠡᠢ᠃ ᠡᠮᠦᠨᠡᠬᠢ ᠵᠤᠷᠪᠤᠰ ᠤᠨ ᠭᠤᠷᠪᠠᠳᠤᠭᠠᠷ ᠵᠤᠷᠪᠤᠰ᠂ ᠳᠥᠷᠪᠡᠳᠦᠭᠡᠷ ᠵᠤᠷᠪᠤᠰ᠂ ᠲᠠᠪᠤᠳᠤᠭᠠᠷ ᠵᠤᠷᠪᠤᠰ᠂ ᠵᠢᠷᠭᠤᠳᠤᠭᠠᠷ ᠵᠤᠷᠪᠤᠰ ᠤᠨ ᠪᠠᠶᠢᠳᠠᠯ ᠭᠠᠷᠪᠠᠯ᠂ ᠦᠨᠡᠮᠯᠡᠯ ᠠᠪᠴᠤ ᠪᠠᠶᠢᠭ᠎ᠠ ᠬᠥᠮᠥᠨ ᠨᠢ ᠭᠤᠶᠤᠴᠢᠯᠠᠯ ᠢ ᠭᠥᠯᠢᠶᠡᠨ ᠠᠪᠤᠭᠰᠠᠨ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡᠨ ᠤ ᠥᠷᠳᠡᠭᠡ ᠳᠤ ᠰᠣᠯᠢᠬᠤ ᠭᠤᠶᠤᠴᠢᠯᠠᠯ  ᠢᠶᠠᠨ ᠳᠤᠷᠠᠳᠬᠤ ᠶᠢᠨ ᠬᠠᠮᠲᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠦᠢᠴᠡᠳᠬᠡᠬᠦ ᠬᠡᠷᠡᠭᠲᠡᠢ᠃            ᠭᠤᠴᠢᠨ ᠵᠢᠷᠭᠤᠳᠤᠭᠠᠷ ᠵᠦᠢᠯ ᠬᠠᠷᠠᠭᠠᠯᠵᠠᠯ ᠤᠨ ᠦᠨᠡᠮᠯᠡᠯ ᠣᠯᠭᠤᠬᠤ ᠮᠤᠵᠢ ᠶᠢ ᠬᠤᠪᠢᠷᠠᠭᠤᠯᠬᠤ ᠴᠢᠬᠤᠯᠠᠲᠠᠢ ᠪᠠᠶᠢᠪᠠᠯ᠂ ᠦᠨᠡᠮᠯᠡᠯ ᠠᠪᠴᠤ ᠪᠠᠶᠢᠭ᠎ᠠ ᠬᠥᠮᠥᠨ ᠨᠢ ᠤᠷᠢᠳᠠᠪᠠᠷ ᠵᠣᠬᠢᠴᠠᠩᠭᠤᠢ ᠪᠠᠩᠬᠢ ᠶᠢᠨ ᠮᠥᠩᠭᠦᠨ ᠭᠦᠢᠯᠭᠡᠭᠡᠨ ᠤ ᠲᠠᠩᠰᠠᠨ ᠡᠷᠦᠬᠡ ᠶᠢ ᠬᠦᠴᠦᠨ ᠦᠭᠡᠢ ᠪᠣᠯᠭᠠᠵᠤ᠂ ᠪᠠᠩᠬᠢ ᠶᠢᠨ ᠭᠠᠷᠭᠠᠭᠰᠠᠨ ᠮᠥᠩᠭᠦᠨ ᠭᠦᠢᠯᠭᠡᠭᠡᠨ ᠤ ᠲᠠᠩᠰᠠᠨ ᠡᠷᠦᠬᠡ ᠶᠢ ᠬᠦᠴᠦᠨ ᠦᠭᠡᠢ ᠪᠣᠯᠭᠠᠭᠰᠠᠨ ᠭᠡᠷᠡᠴᠢ ᠶᠢ ᠦᠨᠳᠦᠰᠦᠯᠡᠨ ᠰᠣᠯᠢᠬᠤ ᠪᠠᠷ ᠭᠤᠶᠤᠴᠢᠯᠠᠬᠤ ᠬᠡᠷᠡᠭᠲᠡᠢ᠃            ᠭᠤᠴᠢᠨ ᠳᠣᠯᠣᠳᠤᠭᠠᠷ ᠵᠦᠢᠯ ᠦᠨᠡᠮᠯᠡᠯ ᠠᠪᠴᠤ ᠪᠠᠶᠢᠭ᠎ᠠ ᠬᠥᠮᠥᠨ ᠨᠢ ᠬᠠᠷᠠᠭᠠᠯᠵᠠᠯ ᠤᠨ ᠦᠨᠡᠮᠯᠡᠯ ᠢᠶᠠᠨ ᠰᠣᠯᠢᠬᠤ ᠪᠠᠷ ᠭᠤᠶᠤᠴᠢᠯᠠᠬᠤ ᠳᠠᠭᠠᠨ ᠡᠷᠬᠡᠪᠰᠢ ᠤᠤᠯ ᠤᠨ ᠪᠠᠶᠢᠭᠰᠠᠨ ᠬᠠᠷᠠᠭᠠᠯᠵᠠᠯ ᠤᠨ ᠦᠨᠡᠮᠯᠡᠯ ᠢᠶᠠᠨ ᠲᠤᠰᠢᠶᠠᠬᠤ ᠬᠡᠷᠡᠭᠲᠡᠢ᠃            ᠭᠤᠴᠢᠨ ᠨᠠᠢᠮᠠᠳᠤᠭᠠᠷ ᠵᠦᠢᠯ ᠬᠠᠷᠠᠭᠠᠯᠵᠠᠯ ᠤᠨ ᠦᠨᠡᠮᠯᠡᠯ ᠢ ᠠᠩᠬ᠎ᠠ ᠤᠳᠠᠭ᠎ᠠ ᠭᠤᠶᠤᠴᠢᠯᠠᠨ ᠠᠪᠬᠤ ᠳᠤ ᠰᠦᠢᠳᠬᠡᠯ ᠬᠤᠷᠢᠶᠠᠬᠤ ᠦᠭᠡᠢ᠃            ᠬᠠᠷᠠᠭᠠᠯᠵᠠᠯ ᠤᠨ ᠦᠨᠡᠮᠯᠡᠯ ᠤᠨ ᠺᠠᠷᠲ ᠤᠨ ᠶᠠᠰᠤ ᠴᠢᠨᠠᠷ ᠤᠨ ᠠᠰᠠᠭᠤᠳᠠᠯ ᠠᠴᠠ ᠪᠣᠯᠵᠤ ᠬᠡᠷᠡᠭᠯᠡᠬᠦ ᠶᠢᠨ ᠠᠷᠭ᠎ᠠ ᠦᠭᠡᠢ ᠪᠣᠯᠤᠭᠰᠠᠨ ᠪᠠᠶᠢᠪᠠᠯ᠂ ᠬᠤᠯᠪᠣᠭᠳᠠᠯ ᠪᠦᠬᠦᠢ ᠮᠥᠩᠭᠦᠨ ᠭᠦᠢᠯᠭᠡᠭᠡᠨ ᠤ ᠲᠣᠭᠲᠠᠭᠠᠯ ᠶᠣᠰᠣᠭᠠᠷ ᠮᠠᠭᠠᠳᠯᠠᠨ ᠲᠣᠭᠲᠠᠭᠠᠭᠰᠠᠨ ᠤ ᠳᠠᠷᠠᠭ᠎ᠠ᠂ ᠰᠦᠢᠳᠬᠡᠯ ᠬᠤᠷᠢᠶᠠᠬᠤ ᠦᠭᠡᠢ ᠪᠠᠷ ᠰᠣᠯᠢᠵᠤ ᠪᠣᠯᠣᠨ᠎ᠠ᠃ ᠭᠤᠴᠢᠨ ᠲᠠᠪᠤᠳᠤᠭᠠᠷ ᠵᠦᠢᠯ ᠤᠨ ᠭᠤᠷᠪᠠᠳᠤᠭᠠᠷ ᠵᠤᠷᠪᠤᠰ᠂ ᠳᠥᠷᠪᠡᠳᠦᠭᠡᠷ ᠵᠤᠷᠪᠤᠰ᠂ ᠲᠠᠪᠤᠳᠤᠭᠠᠷ ᠵᠤᠷᠪᠤᠰ ᠤᠨ ᠪᠠᠶᠢᠳᠠᠯ ᠳᠤ ᠨᠡᠶᠢᠴᠡᠭᠰᠡᠨ ᠪᠠᠶᠢᠪᠠᠯ᠂ ᠦᠨ᠎ᠡ ᠲᠥᠯᠥᠪᠦᠷᠢ ᠦᠭᠡᠢ ᠪᠠᠷ ᠰᠣᠯᠢᠵᠤ ᠪᠣᠯᠣᠨ᠎ᠠ᠃            ᠳᠡᠭᠡᠷ᠎ᠡ ᠳᠤᠷᠠᠳᠤᠭᠰᠠᠨ ᠪᠠᠶᠢᠳᠠᠯ ᠠᠴᠠ ᠭᠠᠳᠠᠨ᠎ᠠ᠂ ᠰᠣᠯᠢᠬᠤ ᠪᠤᠶᠤ ᠨᠥᠬᠦᠵᠦ ᠠᠪᠬᠤ ᠴᠢᠬᠤᠯᠠᠲᠠᠢ ᠪᠠᠶᠢᠪᠠᠯ ᠂ ᠬᠠᠮᠢᠶ᠎ᠠ ᠪᠦᠬᠦᠢ ᠵᠠᠷᠤᠳᠠᠯ ᠢ ᠬᠤᠷᠰᠢᠭᠰᠠᠨ ᠪᠠᠩᠬᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃                  ᠳᠣᠯᠣᠳᠤᠭᠠᠷ ᠪᠦᠯᠦᠭ ᠪᠤᠴᠠᠭᠠᠨ ᠠᠪᠬᠤ                  ᠭᠤᠴᠢ ᠶᠢᠰᠦᠳᠦᠭᠡᠷ ᠵᠦᠢᠯ ᠦᠨᠡᠮᠯᠡᠯ ᠠᠪᠴᠤ ᠪᠠᠶᠢᠭ᠎ᠠ ᠬᠥᠮᠥᠨ ᠳᠤ ᠳᠠᠷᠠᠭᠠᠬᠢ ᠪᠠᠶᠢᠳᠠᠯ ᠤᠨ ᠠᠯᠢ ᠨᠢᠭᠡ  ᠨᠢ ᠪᠠᠶᠢᠪᠠᠯ᠂ ᠮᠤᠵᠢ ︵ᠣᠷᠣᠨ᠂ ᠬᠤᠳᠠ︶ ᠶᠢᠨ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠲᠢᠩᠬᠢᠮ ︵ᠲᠣᠪᠴᠢᠶ᠎ᠠ︶ ᠢᠶᠠᠷ ᠵᠥᠪᠰᠢᠶᠡᠷᠡᠭᠦᠯᠦᠭᠡᠳ᠂ ᠭᠤᠶᠤᠴᠢᠯᠠᠯ ᠢ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡᠨ ᠤ ᠦᠷᠳᠡᠭᠡ ᠠᠴᠠ ᠲᠡᠳᠡᠨ ᠤ ᠬᠠᠷᠠᠭᠠᠯᠵᠠᠯ ᠤᠨ ᠦᠨᠡᠮᠯᠡᠯ ᠢ ᠬᠤᠷᠢᠶᠠᠨ ᠠᠪᠬᠤ ᠶᠢᠨ ᠬᠠᠮᠲᠤ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠶᠠᠮᠤᠨ ᠳᠤ ᠮᠡᠳᠡᠭᠦᠯᠵᠦ ᠳᠠᠩᠰᠠᠯᠠᠭᠤᠯᠤᠨ᠎ᠠ᠃             ︵ᠨᠢᠭᠡ︶ ᠬᠠᠷᠠᠭᠠᠯᠵᠠᠯ ᠤᠨ ᠦᠨᠡᠮᠯᠡᠯ ᠢ ᠬᠠᠭᠤᠷᠮᠠᠭᠯᠠᠨ ᠵᠣᠬᠢᠶᠠᠭᠰᠠᠨ᠂ ᠬᠤᠪᠢᠷᠠᠭᠤᠯᠤᠨ ᠵᠣᠬᠢᠶᠠᠭᠰᠠᠨ᠂ ᠬᠤᠳᠠᠯᠳᠤᠭᠠᠯᠠᠭᠰᠠᠨ᠂ ᠲᠦᠷᠢᠶᠡᠰᠦᠯᠡᠭᠦᠯᠦᠭᠰᠡᠨ᠂ ᠵᠢᠭᠡᠯᠡᠭᠦᠯᠦᠭᠰᠡᠨ᠃             ︵ᠬᠤᠶᠠᠷ︶ ᠬᠤᠳᠠᠯ ᠬᠠᠭᠤᠷᠮᠠᠭ ᠭᠡᠷᠡᠴᠢᠯᠡᠬᠦ ᠮᠠᠲ᠋ᠧᠷᠢᠶᠠᠯ ᠢ ᠬᠡᠷᠡᠭᠯᠡᠨ ᠬᠠᠷᠠᠭᠠᠯᠵᠠᠯ ᠤᠨ ᠦᠨᠡᠮᠯᠡᠯ ᠢ ᠮᠡᠬᠡᠯᠡᠨ ᠠᠪᠤᠭᠰᠠᠨ᠃             ︵ᠭᠤᠷᠪᠠ︶ ᠡᠷᠥᠭᠡ ᠠᠮᠠ ᠶᠢᠨ ᠲᠠᠩᠰᠠ ᠪᠠᠨ ᠬᠠᠰᠤᠭᠰᠠᠨ             ︵ᠳᠥᠷᠪᠡ︶ ᠤᠯᠤᠰ ᠲᠥᠷᠥ ᠶᠢᠨ ᠡᠷᠬᠡ ᠪᠠᠨ ᠬᠠᠰᠤᠭᠤᠯᠤᠭᠰᠠᠨ᠃             ︵ᠲᠠᠪᠤ︶ ᠡᠷᠡᠭᠦᠦ ᠰᠢᠢᠳᠬᠡᠯ ᠭᠦᠢᠴᠡᠳᠬᠡᠬᠦ᠂ ᠬᠤᠷᠢᠬᠤ᠂ ᠨᠡᠬᠡᠮᠵᠢᠯᠡᠨ ᠪᠠᠷᠢᠪᠴᠢᠯᠠᠬᠤ ᠪᠠᠷ ᠵᠠᠷᠯᠠᠬᠤ ᠬᠤᠭᠤᠴᠠᠭᠠᠨ ᠳᠤ ᠪᠠᠶᠢᠬᠤ᠃             ︵ᠵᠢᠷᠭᠤᠭ᠎ᠠ︶ ᠳᠤᠮᠳᠠᠳᠤ ᠤᠯᠤᠰ ᠤᠨ ᠡᠪ ᠬᠠᠮᠲᠤ ᠨᠠᠮ ᠠᠴᠠ ᠬᠥᠭᠡᠭᠡᠭᠳᠡᠭᠰᠡᠨ ᠪᠤᠶᠤ ᠠᠯᠪᠠᠨ ᠲᠤᠰᠢᠶᠠᠯ ᠠᠴᠠ ᠪᠠᠨ ᠬᠥᠭᠡᠭᠡᠭᠳᠡᠭᠰᠡᠨ᠃             ︵ᠲᠤᠯᠤᠭ᠎ᠠ︶ ᠪᠡᠶ᠎ᠡ ᠶᠢᠨ ᠬᠢᠷᠢ ᠬᠡᠮ ᠢᠷᠠᠭᠤ ᠠᠯᠳᠠᠷ ᠢ ᠬᠦᠨᠳᠦ ᠨᠣᠴᠢᠲᠠᠢ ᠨᠥᠯᠥᠭᠡᠯᠡᠭᠰᠡᠨ ᠪᠤᠰᠤᠳ ᠪᠠᠶᠢᠳᠠᠯ ᠲᠠᠢ ᠪᠠᠶᠢᠬᠤ᠃            ᠳᠥᠴᠢᠳᠦᠭᠡᠷ ᠵᠦᠢᠯ ᠪᠤᠴᠠᠭᠠᠨ ᠠᠪᠬᠤ ᠶᠢ ᠨᠤᠲᠠᠯᠠᠭᠰᠠᠨ ᠪᠠᠶᠢᠪᠠᠯ᠂ ᠮᠤᠵᠢ ︵ᠣᠷᠣᠨ᠂ ᠬᠤᠳᠠ︶ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠢᠩᠬᠢᠮ ︵ᠲᠣᠪᠴᠢᠶ᠎ᠠ︶ ᠠᠴᠠ ᠬᠤᠷᠰᠢᠭᠰᠠᠨ ᠪᠠᠩᠬᠢ ᠳᠤ ᠬᠠᠷᠠᠭᠠᠯᠵᠠᠯ ᠤᠨ ᠦᠨᠡᠮᠯᠡᠯ ᠢ ᠬᠤᠷᠢᠶᠠᠨ ᠠᠪᠬᠤ ᠶᠣᠰᠣᠲᠠᠢ ᠯᠠᠩᠭᠦᠢ ᠶᠢᠨ ᠪᠤᠰᠤ ᠲᠤᠬᠠᠶᠢᠯᠠᠭᠰᠠᠨ ᠠᠵᠢᠯ ᠤᠨ ᠭᠦᠢᠴᠡᠳᠬᠡᠬᠦ ᠴᠢᠳᠠᠮᠵᠢ ᠶᠢ ᠲᠦᠷ ᠵᠣᠭᠰᠤᠭᠠᠬᠤ ᠪᠠᠷ ᠴᠠᠭ ᠲᠤᠬᠠᠢ ᠳᠤᠨᠢ ᠮᠡᠳᠡᠭᠳᠡᠨ᠎ᠡ᠃ ᠮᠥᠨ ᠬᠦ ᠬᠤᠯᠪᠣᠭᠳᠠᠯ ᠪᠦᠬᠦᠢ ᠮᠥᠩᠭᠦᠨ ᠭᠦᠢᠯᠭᠡᠭᠡᠨ ᠤ ᠴᠢᠳᠠᠮᠵᠢ ᠶᠢ ᠬᠡᠷᠡᠭᠯᠡᠬᠦ ᠴᠢᠬᠤᠯᠠᠲᠠᠢ ᠪᠠᠶᠢᠪᠠᠯ᠂ ᠬᠤᠷᠰᠢᠭᠰᠠᠨ ᠪᠠᠩᠬᠢ ᠠᠴᠠ ᠮᠥᠩᠭᠦᠨ ᠭᠦᠢᠯᠭᠡᠭᠡᠨ ᠤ ᠴᠢᠳᠠᠮᠵᠢ ᠶᠢ ᠰᠢᠯᠵᠢᠭᠦᠯᠦᠭᠰᠡᠨ ᠤ ᠳᠠᠷᠠᠭ᠎ᠠ ᠬᠠᠮᠵᠢᠨ ᠪᠤᠴᠠᠭᠠᠨ ᠠᠪᠤᠨ᠎ᠠ᠃            ᠳᠥᠴᠢᠨ ᠨᠢᠭᠡᠳᠦᠭᠡᠷ ᠵᠦᠢᠯ ᠬᠤᠷᠢᠶᠠᠨ ᠠᠪᠤᠭᠰᠠᠨ ᠬᠠᠷᠠᠭᠠᠯᠵᠠᠯ ᠤᠨ ᠦᠨᠡᠮᠯᠡᠯ ᠢ ᠮᠤᠵᠢ ︵ᠣᠷᠣᠨ᠂ ᠬᠤᠳᠠ︶ ᠪᠠᠨ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡᠨ ᠤ ᠲᠥᠪ ᠬᠠᠷᠢᠭᠤᠴᠠᠨ ᠲᠠᠩᠰᠠᠯᠠᠵᠤ ᠤᠰᠠᠳᠬᠠᠨ᠎ᠠ᠃            ᠳᠥᠴᠢᠨ ᠬᠤᠶᠠᠳᠤᠭᠠᠷ ᠵᠦᠢᠯ ᠦᠨᠡᠮᠯᠡᠯ ᠠᠪᠴᠤ ᠪᠠᠶᠢᠭ᠎ᠠ ᠬᠥᠮᠥᠨ ᠨᠢ ᠬᠠᠷᠠᠭᠠᠯᠵᠠᠯ ᠤᠨ ᠦᠨᠡᠮᠯᠡᠯ ᠢᠶᠠᠨ ᠬᠤᠷᠢᠶᠠᠭᠳᠠᠭᠰᠠᠨ ᠤ ᠲᠠᠷᠠᠭ᠎ᠠ᠂ ᠬᠤᠯᠪᠣᠭᠳᠠᠯ ᠪᠦᠬᠦᠢ ᠪᠠᠶᠢᠳᠠᠯ ᠨᠢ ᠠᠷᠢᠯᠵᠤ᠂ ᠠᠯᠳᠠᠭ᠎ᠠ ᠪᠠᠨ ᠰᠠᠨᠠᠭᠠᠴᠢᠯᠠᠭ᠎ᠠ ᠠᠴᠠ ᠪᠠᠨ ᠵᠠᠯᠠᠷᠠᠭᠤᠯᠬᠤ ᠶᠢᠨ ᠬᠠᠮᠲᠤ ᠨᠠᠵᠠᠭᠠᠢ ᠲᠠᠯ᠎ᠠ ᠶᠢᠨ ᠨᠥᠯᠥᠭᠡ ᠶᠢ ᠢᠳᠡᠪᠬᠢᠲᠡᠢ ᠠᠷᠢᠯᠭᠠᠵᠤ ᠴᠢᠳᠠᠪᠠᠯ᠂ ᠬᠠᠷᠠᠭᠠᠯᠵᠠᠯ ᠤᠨ ᠦᠨᠡᠮᠯᠡᠯ ᠢ ᠲᠠᠬᠢᠨ ᠭᠤᠶᠤᠴᠢᠯᠠᠵᠤ ᠪᠣᠯᠣᠨ᠎ᠠ᠂ ᠮᠤᠵᠢ ︵ᠣᠷᠣᠨ᠂ ᠬᠤᠳᠠ︶ ᠶᠢᠨ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠲᠢᠩᠬᠢᠮ ︵ᠲᠣᠪᠴᠢᠶ᠎ᠠ︶ ᠠᠴᠠ ᠬᠤᠯᠪᠣᠭᠳᠠᠯ ᠪᠦᠬᠦᠢ ᠡᠯᠧᠮᠧᠨ᠋ᠲ ᠢ ᠶᠡᠷᠦᠩᠬᠡᠶᠢᠯᠡᠨ ᠪᠣᠳᠣᠯᠬᠢᠯᠠᠵᠤ ᠪᠠᠶᠢᠭᠠᠳ ᠬᠢᠨᠠᠨ ᠬᠠᠷᠭᠤᠭᠤᠯᠵᠤ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠶᠠᠮᠤᠨ ᠳᠤ ᠮᠡᠳᠡᠭᠦᠯᠵᠦ ᠳᠠᠩᠰᠠᠯᠠᠭᠤᠯᠤᠨ᠎ᠠ᠃                  ᠨᠠᠢᠮᠠᠳᠤᠭᠠᠷ ᠪᠦᠯᠦᠭ ᠬᠢᠨᠠᠵᠤ ᠬᠠᠮᠢᠶᠠᠷᠬᠤ                  ᠳᠥᠴᠢᠨ ᠭᠤᠷᠪᠠᠳᠤᠭᠠᠷ ᠵᠦᠢᠯ ᠬᠠᠷᠠᠭᠠᠯᠵᠠᠯ ᠤᠨ ᠦᠨᠡᠮᠯᠡᠯ ᠢ ᠬᠠᠭᠤᠷᠮᠠᠭᠯᠠᠨ ᠵᠣᠬᠢᠶᠠᠭᠰᠠᠨ᠂ ᠬᠤᠪᠢᠷᠠᠭᠤᠯᠤᠨ ᠵᠣᠬᠢᠶᠠᠭᠰᠠᠨ᠂ ᠬᠤᠳᠠᠯᠳᠤᠭᠠᠯᠠᠭᠰᠠᠨ᠂ ᠲᠦᠷᠢᠶᠡᠰᠦᠯᠡᠭᠦᠯᠦᠭᠰᠡᠨ᠂ ᠵᠢᠭᠡᠯᠡᠭᠦᠯᠦᠭᠰᠡᠨ᠂ ᠬᠠᠷᠠᠭᠠᠯᠵᠠᠯ ᠤᠨ ᠦᠨᠡᠮᠯᠡᠯ ᠢ ᠵᠣᠷᠢᠭᠤᠳᠠ ᠭᠬᠢᠷᠲᠦᠭᠦᠯᠦᠭᠰᠡᠨ᠂ ᠰᠡᠶᠢᠯᠦᠭᠰᠡᠨ᠂ ᠡᠪᠳᠡᠭᠰᠡᠨ ᠪᠤᠶᠤ ᠬᠠᠷᠠᠭᠠᠯᠵᠠᠯ ᠤᠨ ᠦᠨᠡᠮᠯᠡᠯ ᠤᠨ ᠳᠦᠷᠢ ᠲᠥᠷᠬᠦ ᠶᠢ ᠮᠠᠭᠤᠰᠢᠶᠠᠵᠤ ᠮᠠᠭᠤᠰᠢᠶᠠᠭᠰᠠᠨ᠂ ᠪᠤᠵᠠᠷᠯᠠᠭᠰᠠᠨ᠂ ᠬᠠᠷᠠᠭᠠᠯᠵᠠᠯ ᠤᠨ ᠦᠨᠡᠮᠯᠡᠯ ᠢ ᠬᠤᠳᠠᠯᠳᠤᠭ᠎ᠠ᠂ ᠵᠤᠭ᠎ᠠ ᠴᠡᠩᠭᠡᠯ ᠤᠨ ᠠᠵᠢᠯᠯᠠᠭ᠎ᠠ ᠳᠤ ᠬᠡᠷᠡᠭᠯᠡᠭᠰᠡᠨ ᠵᠢᠴᠢ ᠬᠠᠷᠠᠭᠠᠯᠵᠠᠯ ᠤᠨ ᠦᠨᠡᠮᠯᠡᠯ ᠢ ᠵᠣᠬᠢᠰ ᠦᠭᠡᠢ ᠬᠡᠷᠡᠭᠯᠡᠭᠰᠡᠨ ᠪᠤᠰᠤᠳ ᠥᠢᠯᠡ ᠠᠵᠢᠯᠯᠠᠭ᠎ᠠ ᠶᠢ ᠴᠡᠷᠢᠭ ᠤᠨ ᠠᠯᠪᠠᠨ ᠠᠴᠠ ᠪᠠᠭᠤᠭᠰᠠᠳ ᠤᠨ ᠶᠠᠪᠤᠳᠠᠯ ᠤᠨ ᠡᠯ᠎ᠡ ᠱᠠᠲᠤᠨ ᠤ ᠰᠠᠯᠠᠭ᠎ᠠ ᠮᠥᠴᠢᠷ ᠴᠠᠭ ᠲᠤᠬᠠᠢ ᠳᠤᠨᠢ ᠬᠤᠷᠢᠭᠯᠠᠵᠤ᠂ ᠰᠢᠮᠳᠠᠭᠤᠯᠤᠨ ᠵᠠᠯᠠᠷᠠᠭᠤᠯᠵᠤ᠂ ᠰᠢᠭᠦᠮᠵᠢᠯᠡᠨ ᠰᠤᠷᠭᠠᠬᠤ ᠬᠡᠷᠡᠭᠲᠡᠢ᠃ ᠬᠠᠤᠯᠢ ᠶᠢ ᠵᠥᠷᠢᠴᠡᠵᠦ ᠶᠠᠯ᠎ᠠ ᠬᠢᠭᠰᠡᠨ ᠰᠡᠵᠢᠭᠯᠡᠯᠲᠡᠢ ᠪᠠᠶᠢᠪᠠᠯ᠂ ᠬᠠᠤᠯᠢ ᠶᠣᠰᠣᠭᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠵᠣᠬᠢᠴᠠᠭᠤᠯᠵᠤ ᠰᠢᠢᠳᠪᠦᠷᠢᠯᠡᠨ᠎ᠡ᠃            ᠳᠥᠴᠢᠨ ᠳᠥᠷᠪᠡᠳᠦᠭᠡᠷ ᠵᠦᠢᠯ ᠮᠤᠵᠢ ︵ᠣᠷᠣᠨ᠂ ᠬᠤᠲᠠ︶ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠢᠩᠬᠢᠮ ︵ᠲᠣᠪᠴᠢᠶ᠎ᠠ︶ ᠨᠢ ᠲᠣᠭᠲᠠᠮᠠᠯ ᠬᠤᠭᠤᠴᠠᠭ᠎ᠠ ᠲᠠᠢ ᠪᠠᠷ ᠠᠳᠠᠯᠢ ᠱᠠᠲᠤᠨ ᠤ ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠣᠷᠣᠰᠢᠨ ᠠᠮᠢᠳᠤᠷᠠᠬᠤ᠂ ᠣᠷᠤᠭ ᠬᠤᠷᠢᠮ᠂ ᠨᠡᠶᠢᠭᠡᠮ ᠤᠨ ᠪᠠᠲᠤᠯᠠᠭ᠎ᠠ ᠵᠡᠷᠭᠡ ᠮᠡᠳᠡᠭᠡ ᠵᠠᠩᠭᠢ ᠶᠢ ᠬᠠᠷᠢᠴᠠᠭᠤᠯᠤᠨ ᠬᠠᠷᠭᠤᠭᠤᠯᠵᠤ᠂ ᠡᠲᠡᠭᠡᠳ ᠤᠨ ᠢᠶᠠᠨ ᠮᠡᠳᠡᠭᠡ ᠵᠠᠩᠭᠢ ᠶᠢ ᠴᠠᠭ ᠲᠤᠬᠠᠢ ᠳᠤᠨᠢ ᠰᠢᠨᠡᠳᠬᠡᠵᠦ᠂ ᠨᠠᠷᠢᠯᠢᠭ ᠣᠨᠣᠴᠠᠲᠠᠢ ᠪᠠᠷ ᠬᠠᠮᠢᠶᠠᠷᠬᠤ ᠶᠢ ᠪᠡᠶᠡᠯᠡᠭᠦᠯᠬᠦ ᠬᠡᠷᠡᠭᠲᠡᠢ᠃            ᠳᠥᠴᠢᠨ ᠲᠠᠪᠤᠳᠤᠭᠠᠷ ᠵᠦᠢᠯ ᠡᠯ᠎ᠡ ᠱᠠᠲᠤᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ︵ᠥᠷᠲᠡᠭᠡ︶ ᠵᠢᠴᠢ ᠬᠤᠯᠪᠣᠭᠳᠠᠯ ᠪᠦᠬᠦᠢ ᠨᠢᠭᠡᠴᠢ ᠶᠢᠨ ᠠᠵᠢᠯᠲᠠᠳ ᠬᠠᠷᠠᠭᠠᠯᠵᠠᠯ ᠤᠨ ᠦᠨᠡᠮᠯᠡᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠤᠨ ᠳᠤᠮᠳᠠ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠠᠵᠢᠯ ᠢᠶᠠᠨ ᠰᠠᠶᠢᠲᠤᠷ ᠬᠢᠬᠦ ᠬᠡᠷᠡᠭᠲᠡᠢ᠃ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠭᠰᠡᠨ ᠦᠭᠡᠢ ᠠᠴᠠ ᠪᠣᠯᠵᠤ ᠬᠦᠨᠳᠦ ᠨᠣᠴᠢᠲᠠᠢ ᠨᠡᠶᠢᠭᠡᠮ ᠤᠨ ᠨᠥᠯᠥᠭᠡ ᠭᠠᠷᠭᠠᠭᠰᠠᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃            ᠳᠥᠴᠢᠨ ᠵᠢᠷᠭᠤᠳᠤᠭᠠᠷ ᠵᠦᠢᠯ ᠣᠷᠣᠨ ᠨᠤᠲᠤᠭ ᠤᠨ ᠡᠯ᠎ᠡ ᠱᠠᠲᠤᠨ ᠤ ᠴᠡᠷᠢᠭ ᠤᠨ ᠠᠯᠪᠠᠨ ᠠᠴᠠ ᠪᠠᠭᠤᠭᠰᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠬᠠᠷᠢᠶ᠎ᠠ ᠪᠦᠬᠦᠢ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡᠨ ᠤ ᠲᠥᠪ ᠲᠤ ᠨᠠᠶᠢᠳᠠᠵᠤ ᠬᠠᠮᠢᠶ᠎ᠠ ᠪᠦᠬᠦᠢ ᠠᠵᠢᠯ ᠢ ᠬᠠᠮᠵᠢᠯᠴᠠᠭᠤᠯᠤᠨ ᠥᠷᠨᠢᠭᠦᠯᠵᠦ ᠪᠣᠯᠣᠨ᠎ᠠ᠃            ᠳᠥᠴᠢᠨ ᠳᠣᠯᠣᠳᠤᠭᠠᠷ ᠵᠦᠢᠯ ᠡᠯ᠎ᠡ ᠱᠠᠲᠤᠨ ᠤ ᠴᠡᠷᠢᠭ ᠤᠨ ᠠᠯᠪᠠᠨ ᠠᠴᠠ ᠪᠠᠭᠤᠭᠰᠠᠳ ᠤᠨ ᠶᠠᠪᠤᠳᠠᠯ ᠤᠨ ᠰᠠᠯᠠᠭ᠎ᠠ ᠮᠥᠴᠢᠷ᠂ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡᠨ ᠤ ᠲᠥᠪ ︵ᠦᠷᠳᠡᠭᠡ︶ ᠨᠢ ᠮᠡᠷᠭᠡᠵᠢᠯ ᠤᠨ ᠠᠷᠭ᠎ᠠ ᠪᠠᠷᠢᠯ ᠪᠣᠯᠣᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠠᠪᠴᠤ᠂ ᠦᠨᠡᠮᠯᠡᠯ ᠠᠪᠴᠤ ᠪᠠᠶᠢᠭ᠎ᠠ ᠬᠥᠮᠥᠨ ᠤ ᠬᠤᠪᠢ ᠬᠥᠮᠥᠨ ᠤ ᠨᠢᠭᠤᠴᠠ ᠶᠢ ᠬᠠᠮᠠᠭᠠᠯᠠᠵᠤ᠂ ᠬᠤᠯᠪᠣᠭᠳᠠᠯ ᠪᠦᠬᠦᠢ ᠮᠡᠳᠡᠭᠡ ᠵᠠᠩᠭᠢ ᠶᠢ ᠬᠠᠤᠯᠢ ᠶᠣᠰᠣᠭᠠᠷ ᠬᠡᠷᠡᠭᠯᠡᠬᠦ ᠬᠡᠷᠡᠭᠲᠡᠢ᠃            ᠳᠥᠴᠢᠨ ᠨᠠᠢᠮᠠᠳᠤᠭᠠᠷ ᠵᠦᠢᠯ ᠡᠯ᠎ᠡ ᠱᠠᠲᠤᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ︵ᠥᠷᠲᠡᠭᠡ︶᠂ ᠬᠤᠷᠰᠢᠭᠰᠠᠨ ᠪᠠᠩᠬᠢ ᠨᠤᠭᠤᠳ ᠬᠠᠮᠲᠤᠷᠠᠯᠴᠠᠭ᠎ᠠ ᠪᠠᠨ ᠴᠢᠩᠭᠠᠳᠬᠠᠵᠤ᠂ ᠦᠢᠯᠡᠴᠢᠯᠡᠭᠡᠨ ᠤ ᠰᠢᠰᠲ᠋ᠧᠮᠵᠢ ᠶᠢ ᠬᠠᠮᠲᠤᠪᠠᠷ ᠪᠠᠶᠢᠭᠤᠯᠵᠤ ᠂ ᠬᠠᠷᠠᠭᠠᠯᠵᠠᠯ ᠤᠨ ᠦᠨᠡᠮᠯᠡᠯ ᠢ ᠭᠤᠶᠤᠴᠢᠯᠠᠨ ᠬᠡᠷᠡᠭᠯᠡᠬᠦ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ᠂ ᠬᠠᠷᠠᠭᠠᠯᠵᠠᠯ ᠤᠨ ᠲᠥᠷᠥᠯ ᠵᠦᠢᠯ ᠵᠡᠷᠭᠡ ᠶᠢᠨ ᠲᠤᠬᠠᠢ ᠡᠲᠡᠭᠡᠳ ᠤᠨ ᠯᠠᠪᠯᠠᠭ᠎ᠠ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠵᠠᠭᠠᠯᠳᠤᠯᠭ᠎ᠠ ᠶᠢ ᠲᠣᠬᠢᠲᠠᠢ ᠰᠢᠢᠳᠪᠦᠷᠢᠯᠡᠨ᠂ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠤᠨ᠂ ᠨᠡᠶᠢᠭᠡᠮ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠢ᠃                  ᠶᠢᠰᠦᠳᠦᠭᠡᠷ ᠪᠦᠯᠦᠭ ᠳᠠᠭᠠᠯᠳᠤᠭᠤᠯᠤᠭᠰᠠᠨ ᠳᠦᠷᠢᠮ                  ᠳᠥᠴᠢ ᠶᠢᠰᠦᠳᠦᠭᠡᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠨᠥᠭᠴᠢᠭᠰᠡᠨ ᠪᠠᠭᠠᠲᠤᠷ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠴᠡᠷᠢᠭ᠂ ᠡᠪᠡᠳᠴᠢᠨ ᠢᠶᠠᠷ ᠨᠠᠰᠤ ᠪᠠᠷᠠᠭᠰᠠᠨ ᠴᠡᠷᠢᠭ ᠤᠨ ᠬᠥᠮᠥᠨ ᠤ ᠭᠡᠷ ᠪᠦᠯᠢ ᠭᠡᠳᠡᠭ ᠨᠢ ᠨᠥᠭᠴᠢᠭᠰᠡᠨ ᠪᠠᠭᠠᠲᠤᠷ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠴᠡᠷᠢᠭ᠂ ᠡᠪᠡᠳᠴᠢᠨ ᠢᠶᠠᠷ ᠨᠠᠰᠤ ᠪᠠᠷᠠᠭᠰᠠᠨ ᠴᠡᠷᠢᠭ ᠤᠨ ᠬᠥᠮᠥᠨ ᠤ ᠬᠤᠯᠪᠣᠰᠤ᠂ ᠡᠴᠢᠭᠡ ᠡᠬᠡ ︵ᠠᠰᠠᠷᠠᠨ ᠲᠡᠵᠢᠭᠡᠭᠴᠢ︶᠂ ᠦᠷ᠎ᠡ ᠬᠡᠦᠬᠡᠳ ᠵᠢᠴᠢ ᠲᠡᠭᠦᠨ ᠤ ᠠᠰᠠᠷᠠᠨ ᠲᠡᠵᠢᠭᠡᠬᠦ ᠡᠭᠦᠷᠭᠡ ᠶᠢ ᠡᠭᠦᠷᠭᠡᠯᠡᠵᠦ ᠪᠠᠶᠢᠭ᠎ᠠ ᠠᠬ᠎ᠠ ᠳᠡᠭᠦᠦ ᠡᠭᠡᠴᠢ ᠥᠬᠢᠨ ᠳᠡᠭᠦᠦ ᠶᠢ ᠪᠠᠭᠲᠠᠭᠠᠨ᠎ᠠ᠃            ᠲᠠᠪᠢᠳᠤᠭᠠᠷ ᠵᠦᠢᠯ ᠡᠷᠮᠢ ᠶᠢᠨ ᠲᠡᠰ ᠠᠴᠠ ᠳᠡᠭᠡᠭᠰᠢᠬᠢ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠮᠤᠵᠢ ᠶᠢᠨ ᠴᠡᠷᠢᠭ ᠤᠨ ᠲᠣᠭᠤᠷᠢᠭ ᠤᠨ ᠰᠢᠰᠲ᠋ᠧᠮ ᠳᠤ ᠰᠢᠯᠵᠢᠭᠦᠯᠦᠨ ᠲᠤᠰᠢᠶᠠᠭᠰᠠᠨ ᠤ ᠲᠠᠷᠠᠭ᠎ᠠ ᠬᠠᠷᠠᠭᠠᠯᠵᠠᠯ ᠤᠨ ᠦᠨᠡᠮᠯᠡᠯ ᠠᠪᠬᠤ ᠪᠠᠷ ᠭᠤᠶᠤᠴᠢᠯᠠᠭᠰᠠᠨ ᠪᠠᠶᠢᠪᠠᠯ᠂ ᠪᠣᠳᠠᠲᠠᠢ ᠪᠠᠷ ᠮᠤᠵᠢ ᠶᠢᠨ ᠴᠡᠷᠢᠭ ᠤᠨ ᠲᠣᠭᠤᠷᠢᠭ ︵ᠬᠤᠳᠠ ᠬᠠᠮᠠᠭᠠᠯᠠᠬᠤ ᠲᠣᠭᠤᠷᠢᠭ᠂ ᠰᠡᠷᠭᠡᠶᠢᠯᠡᠯᠲᠡ ᠶᠢᠨ ᠲᠣᠭᠤᠷᠢᠭ︶ ᠤᠨ ᠤᠯᠤᠰ ᠲᠦᠷᠦ ᠶᠢᠨ ᠠᠵᠢᠯ ᠤᠨ ᠰᠠᠯᠠᠭ᠎ᠠ ᠮᠥᠴᠢᠷ ᠠᠴᠠ ᠮᠤᠵᠢ ︵ᠣᠷᠣᠨ᠂ ᠬᠤᠳᠠ︶ ᠶᠢᠨ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠲᠢᠩᠬᠢᠮ ︵ᠲᠣᠪᠴᠢᠶ᠎ᠠ︶ ᠲᠠᠢ ᠵᠣᠯᠭᠠᠭᠤᠯᠤᠨ ᠭᠦᠢᠴᠡᠳᠬᠡᠨ᠎ᠡ᠃            ᠲᠠᠪᠢᠨ ᠨᠢᠭᠡᠳᠦᠭᠡᠷ ᠵᠦᠢᠯ ᠳᠤᠮᠳᠠᠳᠤ ᠤᠯᠤᠰ ᠤᠨ ᠠᠷᠠᠳ ᠤᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠬᠠᠤᠯᠢ ᠶᠣᠰᠣᠭᠠᠷ ᠵᠢᠩᠬᠢᠨᠢ ᠠᠯᠪᠠᠨ ᠠᠴᠠ ᠪᠠᠭᠤᠭᠰᠠᠨ ᠴᠠᠭᠳᠠᠭᠠᠨ ᠳᠠᠷᠤᠭ᠎ᠠ᠂ ᠴᠠᠭᠳᠠᠭᠠᠨ ᠲᠦᠷᠦᠭᠦᠴᠢ ᠪᠠ ᠠᠯᠪᠠᠨ ᠵᠢᠷᠤᠮ ᠤᠨ ᠴᠡᠷᠢᠭ ᠵᠡᠷᠭᠡ ᠬᠥᠮᠥᠰ ᠲᠤ ᠲᠤᠰ ᠠᠷᠭ᠎ᠠ ᠶᠢ ᠬᠡᠷᠡᠭᠯᠡᠨ᠎ᠡ᠃            ᠲᠠᠪᠢᠨ ᠬᠤᠶᠠᠳᠤᠭᠠᠷ ᠵᠦᠢᠯ ᠲᠤᠰ ᠠᠷᠭ᠎ᠠ ᠶᠢ ᠬᠡᠪᠯᠡᠨ ᠶᠠᠪᠤᠭᠤᠯᠤᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃            ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ᠄ ︽ᠴᠡᠷᠢᠭ ᠤᠨ ᠠᠯᠪᠠᠨ ᠠᠴᠠ ᠪᠠᠭᠤᠭᠰᠠᠳ᠂ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠤᠨ ᠬᠠᠷᠠᠭᠠᠯᠵᠠᠯ ᠤᠨ ᠦᠨᠡᠮᠯᠡᠯ ᠤᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢᠨ ᠲᠤᠬᠠᠢ ᠠᠯᠠᠱᠠ ᠵᠡᠭᠦᠨ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ             ᠡᠬᠢ ᠰᠤᠷᠪᠤᠯᠵᠢ᠄  ᠠᠯᠠᠱᠠ ᠵᠡᠭᠦᠨ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号